ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠣᠷᠢᠵᠢᠭᠤᠯᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ | ᠪᠠᠲᠤᠯᠠᠬᠤ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠦᠷᠭᠡᠳᠬᠡᠬᠦ ᠶᠢᠨ ᠳᠣᠰᠠᠳᠠ᠂ ︽ | ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ | ᠪᠡᠶᠡᠯᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ︵ᠥᠪᠥᠷ | ᠰᠤᠷᠭᠠᠨ ᠲᠠᠷᠬᠠᠭᠠᠭᠰᠠᠨ ︹ 2021 ︺ 7 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠤᠷᠭᠠᠨ ᠬᠥᠮᠦᠵᠢᠯ ᠢᠶᠠᠷ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠳᠡᠩᠰᠡᠯᠡᠨ ᠺᠠᠷᠲᠯᠠᠭᠰᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠡᠷ ᠪᠦᠯᠢ ᠶᠢᠨ ᠦᠷ᠎ᠡ ᠬᠡᠤᠬᠡᠳ ᠲᠤ | ᠭᠤᠤᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ | ᠰᠤᠷᠤᠯᠭ᠎ᠠ ᠶᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠠᠵᠢᠯ ᠤᠨ | ᠪᠠᠷᠢᠮᠵᠢᠶ᠎ᠠ ᠶᠢ ᠪᠠᠭᠤᠷᠠᠭᠤᠯᠬᠤ ᠥᠬᠡᠶ᠂ ᠡᠷᠴᠢᠮ ᠢ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠪᠡᠶ᠎ᠡ | ᠮᠠᠬᠠᠪᠣᠳ ᠤᠨ ᠰᠢᠯᠲᠠᠭᠠᠨ ᠠᠴᠠ ᠪᠣᠯᠵᠣ ᠰᠤᠷᠤᠯᠴᠠᠬᠤ ᠴᠢᠳᠠᠪᠤᠷᠢ ᠥᠬᠡᠶ ᠪᠠᠶᠢᠬᠤ ᠶᠢ ᠭᠠᠷᠭᠠᠪᠠᠯ᠂ ᠶᠠᠳᠠᠭᠤ ᠠᠴᠠ | ᠠᠩᠭᠢᠵᠢᠷᠠᠭᠰᠠᠨ ᠬᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠬᠤ ᠨᠠᠰᠤᠨ ᠤ | ᠬᠡᠤᠬᠡᠳ ᠪᠠᠭᠠᠴᠤᠳ ᠤᠨ ᠶᠠᠳᠠᠭᠤ ᠬᠦᠴᠢᠷᠳᠡᠯᠲᠡᠶ ᠠᠴᠠ ᠪᠣᠯᠵᠣ ᠰᠣᠷᠣᠯᠭ᠎ᠠ ᠪᠠᠨ ᠵᠣᠭᠰᠣᠬᠤ ᠦᠵᠡᠭᠳᠡᠯ ᠢ ᠡᠷᠡᠰ | ᠴᠡᠭᠡᠷᠯᠡᠨ᠎ᠡ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠠᠤᠯᠢ ᠶᠣᠰᠣᠭᠠᠷ ᠬᠢᠵᠠᠭᠠᠷᠯᠠᠬᠤ ᠶᠢ ᠪᠠᠷᠢᠮᠲᠠᠯᠠᠨ᠎ᠠ | 1. ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠬᠢᠨ ︽ᠬᠤᠶᠠᠷ ᠱᠤᠭᠤᠮ | ᠳᠥᠷᠪᠡᠨ ᠳᠠᠭᠠᠭᠠᠴᠢᠯᠠᠯᠲᠠ︾ ᠶᠢᠨ ᠠᠵᠢᠯ ᠤᠨ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠠᠰᠠᠭ ᠤᠨ | ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ | ᠮᠥᠴᠢᠷ ᠤᠨ ᠲᠦᠷᠦᠭᠦᠯᠡᠬᠦ ᠬᠠᠷᠢᠭᠤᠴᠠᠯᠭ᠎ᠠ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠷᠭᠠᠭᠤᠯᠢ᠂ ᠬᠡᠷ | ᠪᠦᠯᠢ ᠶᠢᠨ ᠣᠯᠠᠨ ᠲᠠᠯ᠎ᠠ ᠶᠢᠨ ᠬᠤᠯᠪᠣᠭᠠᠯᠠᠨ ᠡᠵᠡᠮᠳᠡᠵᠦ ᠬᠤᠯᠪᠣᠭᠠᠯᠠᠨ ᠪᠠᠲᠤᠯᠠᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ︽ᠨᠢᠭᠡ ᠭᠠᠵᠠᠷ ᠨᠢᠭᠡ ᠬᠡᠷᠡᠭ︾ ︽ᠨᠢᠭᠡ ᠰᠤᠷᠭᠠᠭᠤᠯᠢ ᠨᠢᠭᠡ ᠬᠡᠷᠡᠭ︾ ᠤᠨ ᠶᠣᠰᠣᠭᠠᠷ | ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠪᠠᠨ ᠪᠠᠲᠤᠯᠠᠬᠤ ᠠᠵᠢᠯ ᠤᠨ ᠲᠥᠰᠦᠯ ᠢ | ᠲᠡᠭᠦᠯᠳᠡᠷᠵᠢᠭᠦᠯᠵᠦ᠂ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠵᠦ᠂ ᠲᠣᠰ ᠲᠣᠰ ᠤᠨ | ᠬᠠᠷᠢᠭᠤᠴᠠᠯᠭ᠎ᠠ ᠪᠠᠨ ᠬᠦᠢᠴᠡᠳᠭᠡᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ | ᠪᠠᠲᠤᠯᠠᠬᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ᠂ ᠵᠡᠷᠭᠡ ᠪᠠᠷ ᠠᠳᠬᠤᠵᠦ᠂ ᠬᠠᠮᠳᠣ ᠪᠠᠷ | ᠬᠠᠮᠢᠶᠠᠷᠣᠨ᠂ ᠣᠷᠳᠣ ᠬᠤᠭᠤᠴᠠᠭ᠎ᠠ ᠬᠦᠴᠦᠨ ᠲᠠᠢ ᠪᠠᠶᠢᠯᠭᠠᠨ᠎ᠠ᠃ | 2. ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠪᠠᠨ ᠪᠠᠲᠤᠯᠠᠬᠤ ᠶᠢ ᠵᠢᠭᠰᠠᠭᠠᠨ | ᠪᠠᠶᠢᠴᠠᠭᠠᠬᠤ ᠶᠢ ᠲᠥᠪᠯᠡᠷᠡᠭᠦᠯᠦᠨ ᠥᠷᠨᠢᠭᠦᠯᠦᠨ᠎ᠡ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠨᠢ ᠬᠠᠷᠢᠶᠠᠲᠤ | ᠣᠷᠣᠨ ᠤ ᠳᠣᠲᠣᠷᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠯᠭ᠎ᠠ ᠠᠯᠳᠠᠭᠰᠠᠨ | ᠰᠡᠵᠢᠭᠯᠡᠯᠲᠡᠶ ᠬᠡᠤᠬᠡᠳ ᠪᠠᠭᠠᠴᠤᠳ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ | ᠰᠠᠶᠢᠲᠤᠷ ᠬᠢᠵᠦ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠡᠷᠦᠬᠡ ᠠᠮᠠ ᠶᠢᠨ ᠲᠠᠩᠰᠠ᠂ ᠰᠤᠷᠭᠠᠭᠤᠯᠢ ᠶᠢᠨ | ᠬᠠᠷᠢᠶ᠎ᠠ ᠶᠢᠨ ᠰᠢᠰᠲ᠋ᠧᠮ᠂ ᠰᠤᠷᠭᠠᠭᠤᠯᠢ ᠳᠤ ᠪᠠᠶᠢᠭ᠎ᠠ ᠰᠣᠷᠣᠭᠴᠢ᠂ ᠳᠡᠩᠰᠡᠯᠡᠨ ᠺᠠᠷᠲᠯᠠᠭᠰᠠᠨ ᠶᠠᠳᠠᠭᠤ ᠠᠴᠠ | ᠠᠩᠭᠢᠵᠢᠷᠠᠭᠰᠠᠨ ᠬᠡᠷ ᠪᠦᠯᠢ ᠶᠢᠨ ᠰᠣᠷᠣᠭᠴᠢ ᠵᠡᠷᠭᠡ ᠶᠢᠨ ᠲᠤᠭ᠎ᠠ ᠪᠠᠷᠢᠮᠲᠠ ᠶᠢᠨ ᠬᠠᠷᠢᠴᠠᠭᠤᠯᠤᠯ ᠳᠤ ᠲᠦᠰᠢᠭᠯᠡᠨ᠂ | ᠰᠤᠷᠬᠤ ᠨᠠᠰᠤᠨ ᠳᠠᠭᠠᠨ ᠰᠤᠷᠭᠠᠭᠤᠯᠢ ᠳᠤ ᠣᠷᠤᠭ᠎ᠠ ᠥᠬᠡᠶ᠂ ᠬᠠᠷᠢᠶ᠎ᠠ ᠨᠢ ᠪᠠᠶᠢᠬᠤ ᠨᠢ ᠰᠤᠷᠭᠠᠭᠤᠯᠢ ᠳᠤ ᠪᠠᠶᠢᠬᠤ | ᠥᠬᠡᠶ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠬᠦ ᠬᠡᠷᠡᠭᠲᠡᠶ᠃ ᠰᠤᠷᠭᠠᠭᠤᠯᠢ ᠨᠤᠭᠤᠳ ᠰᠢᠯᠲᠠᠭᠠᠨ ᠥᠬᠡᠶ ᠪᠠᠷ | ᠰᠤᠷᠭᠠᠭᠤᠯᠢ ᠳᠤ ᠬᠢᠴᠢᠶᠡᠯ ᠣᠷᠣᠬᠤ ᠥᠬᠡᠶ ᠰᠣᠷᠣᠭᠴᠢ ᠶᠢᠨ ᠬᠡᠷ ᠤᠨ ᠰᠤᠷᠪᠤᠯᠵᠢᠯᠠᠭ᠎ᠠ ᠪᠠ ᠮᠥᠷᠳᠡᠬᠦ ᠠᠵᠢᠯ ᠢ | ᠰᠠᠶᠢᠲᠤᠷ ᠬᠢᠬᠦ ᠶᠢᠨ ᠬᠠᠮᠲᠤ᠂ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠰᠤᠷᠤᠯᠭ᠎ᠠ ᠡᠬᠢᠯᠡᠬᠦ ᠶᠢᠨ ᠤᠷᠢᠳ | ᠬᠤᠵᠢᠳ ᠢᠶᠠᠷ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠪᠠᠨ ᠪᠠᠲᠤᠯᠠᠬᠤ ᠶᠢ ᠵᠢᠭᠰᠠᠭᠠᠨ | ᠪᠠᠶᠢᠴᠠᠭᠠᠬᠤ ᠶᠢ ᠲᠥᠪᠯᠡᠷᠡᠭᠦᠯᠦᠨ ᠥᠷᠨᠢᠭᠦᠯᠬᠦ ᠶᠢᠨ ᠬᠠᠮᠲᠤ ᠰᠤᠷᠤᠯᠭ᠎ᠠ ᠪᠠᠨ ᠳᠣᠷᠭᠤᠨ ᠵᠣᠭᠰᠣᠭᠰᠠᠨ ᠢᠶᠠᠷ | ᠰᠡᠵᠢᠭᠯᠡᠭᠳᠡᠭᠰᠡᠨ ᠰᠣᠷᠣᠭᠴᠢ ᠶᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠠ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠵᠦ᠂ ᠵᠠᠰᠠᠭ ᠵᠠᠬᠢᠷᠭᠠᠨ ᠤ ᠬᠦᠴᠦᠨ ᠤ ᠦᠳᠲᠡᠷ | ᠲᠦᠷᠭᠡᠨ ᠣᠷᠣᠯᠴᠠᠬᠤ ᠶᠢ ᠦᠨᠡᠨ ᠬᠦ ᠪᠠᠲᠤᠯᠠᠵᠤ᠂ ᠰᠤᠷᠤᠯᠭ᠎ᠠ ᠪᠠᠨ ᠳᠣᠷᠭᠤᠨ ᠵᠣᠭᠰᠣᠭᠰᠠᠨ ᠠᠰᠠᠭᠤᠳᠠᠯ ᠢ | ᠴᠤᠬᠤᠶᠢᠵᠤ ᠪᠠᠶᠢᠭ᠎ᠠ ᠬᠤᠭᠤᠴᠠᠭᠠᠨ ᠳᠤᠨᠢ ᠰᠢᠢᠳᠪᠦᠷᠢᠯᠡᠨ᠎ᠡ᠃ ᠡᠭᠦᠨ ᠤ ᠵᠡᠷᠭᠡᠴᠡᠭᠡᠪᠡᠷ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠤᠨ ᠰᠤᠷᠤᠯᠭ᠎ᠠ ᠳᠠᠭᠠᠨ ᠬᠦᠴᠢᠷᠳᠡᠬᠦ᠂ ᠭᠠᠳᠠᠭᠰᠢ ᠭᠠᠷᠴᠤ | ᠬᠥᠯᠥᠰᠥᠨ ᠠᠵᠢᠯ ᠬᠢᠬᠦ᠂ ᠡᠷᠲᠡ ᠤᠷᠤᠭᠯᠠᠵᠤ ᠡᠷᠲᠡ ᠬᠡᠦᠬᠡᠳ ᠠᠪᠬᠤ᠂ ᠱᠠᠰᠢᠨ ᠰᠢᠲᠦᠬᠦ ᠵᠡᠷᠭᠡ ᠰᠢᠯᠲᠠᠭᠠᠨ ᠠᠴᠠ | ᠪᠤᠯᠵᠤ ᠰᠤᠷᠤᠯᠭ᠎ᠠ ᠪᠠᠨ ᠲᠤᠷᠭᠤᠨ ᠵᠣᠭᠰᠣᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠤᠷᠭᠠᠭᠤᠯᠢ ᠳᠤ | ᠣᠷᠣᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠵᠤ ᠠᠯᠪᠠᠨ ᠵᠢᠷᠤᠮ ᠤᠨ ᠰᠤᠷᠭᠠᠨ ᠬᠥᠮᠦᠵᠢᠯ | ᠬᠥᠷᠳᠡᠬᠦ ᠶᠢ ᠲᠣᠬᠢᠲᠠᠶ ᠲᠣᠬᠢᠷᠠᠭᠤᠯᠬᠤ ᠬᠡᠷᠡᠭᠲᠡᠶ᠃ | 3. ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠠᠤᠯᠢ ᠶᠣᠰᠣᠭᠠᠷ ᠬᠢᠵᠠᠭᠠᠷᠯᠠᠨ ᠵᠠᠰᠠᠬᠤ ᠲᠣᠭᠲᠠᠴᠠ ᠶᠢ | ᠪᠦᠷᠢᠨᠰᠢᠭᠦᠯᠦᠨ᠎ᠡ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠬᠢᠨ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠠᠤᠯᠢ ᠶᠣᠰᠣᠭᠠᠷ ᠬᠢᠵᠠᠭᠠᠷᠯᠠᠨ ᠵᠠᠰᠠᠬᠤ ᠲᠣᠭᠲᠠᠴᠠ ᠶᠢ ᠪᠦᠷᠢᠨᠰᠢᠬᠦᠯᠵᠦ᠂ ᠬᠠᠤᠯᠢ ᠴᠠᠭᠠᠵᠠ ᠶᠢᠨ ᠠᠷᠭ᠎ᠠ | ᠪᠠᠷᠢᠯ ᠢᠶᠠᠷ ᠰᠤᠷᠤᠯᠭ᠎ᠠ ᠪᠠᠨ ᠰᠡᠷᠭᠦᠭᠡᠬᠦ ᠶᠢ ᠢᠳᠬᠠᠬᠤ ᠠᠵᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ | ᠰᠤᠷᠤᠯᠭ᠎ᠠ ᠠᠯᠳᠠᠭᠰᠠᠨ ᠪᠠ ᠰᠤᠷᠤᠯᠭ᠎ᠠ ᠪᠠᠨ ᠳᠣᠷᠭᠤᠨ ᠵᠣᠭᠰᠣᠭᠰᠠᠨ ᠬᠡᠤᠬᠡᠳ ᠢ ᠢᠳᠬᠠᠨ ᠪᠤᠴᠠᠭᠠᠬᠤ ᠠᠵᠢᠯ ᠤᠨ | ᠡᠷᠴᠢᠮ ᠢᠶᠠᠨ ᠴᠢᠩᠭᠠᠷᠠᠭᠤᠯᠵᠤ᠂ ᠢᠳᠬᠠᠨ ᠪᠤᠴᠠᠭᠠᠬᠤ ᠤᠳᠠᠭ᠎ᠠ ᠶᠢ 5 ᠤᠳᠠᠭ᠎ᠠ ᠠᠴᠠ ᠳᠤᠲᠠᠭᠤ ᠪᠠᠶᠢᠯᠭᠠᠵᠤ | ᠪᠣᠯᠬᠤ ᠥᠬᠡᠶ᠂ ᠰᠤᠷᠤᠯᠭ᠎ᠠ ᠠᠯᠳᠠᠭᠰᠠᠨ ᠪᠠ ᠰᠤᠷᠤᠯᠭ᠎ᠠ ᠪᠠᠨ ᠳᠣᠷᠭᠤᠨ ᠵᠣᠭᠰᠣᠭᠰᠠᠨ ᠰᠣᠷᠣᠭᠴᠢ ᠶᠢ ︽ᠡᠷᠢᠵᠦ | ᠤᠯᠬᠤ᠂ ᠢᠳᠬᠠᠨ ᠪᠤᠴᠠᠭᠠᠵᠤ ᠳᠡᠶᠢᠯᠬᠦ︾ ᠶᠢ ᠦᠨᠡᠨᠬᠦ ᠪᠠᠲᠤᠯᠠᠬᠤ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ ᠶᠢᠨ | ᠬᠠᠷᠢᠶ᠎ᠠ ᠶᠢᠨ ᠰᠢᠰᠲ᠋ᠧᠮ ᠪᠠ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ | ᠬᠠᠮᠢᠶᠠᠷᠤᠯᠲᠠ ᠶᠢᠨ ᠬᠥᠳᠡᠯᠦᠩᠭᠦᠶ ᠳ᠋ᠠᠶᠢᠲ᠋ᠠ ᠬᠥᠮᠥᠷᠭᠡ︾ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ | ᠬᠠᠷᠭᠤᠭᠤᠯᠬᠤ᠂ ᠢᠳᠬᠠᠨ ᠪᠤᠴᠠᠭᠠᠬᠤ ᠠᠵᠢᠯ ᠢᠶᠠᠷ ᠳᠡᠮᠵᠢᠨ᠂ ᠰᠤᠷᠤᠯᠭ᠎ᠠ ᠠᠯᠳᠠᠭᠰᠠᠨ ᠪᠠ ᠰᠤᠷᠤᠯᠭ᠎ᠠ ᠪᠠᠨ | ᠳᠣᠷᠭᠤᠨ ᠵᠣᠭᠰᠣᠭᠰᠠᠨ ᠰᠡᠵᠢᠭᠯᠡᠯᠲᠡᠶ ᠰᠣᠷᠣᠭᠴᠢ ᠶᠢᠨ ᠪᠣᠳᠠᠲᠠᠶ ᠪᠠᠶᠢᠳᠠᠯ ᠳᠤ ᠬᠤᠪᠢᠷᠠᠯᠲᠠ ᠭᠠᠷᠤᠭᠰᠠᠨ ᠪᠠᠶᠢᠪᠠᠯ᠂ | ᠰᠤᠷᠭᠠᠭᠤᠯᠢ ᠶᠢᠨ ᠬᠠᠷᠢᠶ᠎ᠠ ᠶᠢᠨ ᠪᠠᠶᠢᠳᠠᠯ ᠢ ᠵᠠᠯᠠᠷᠠᠭᠤᠯᠬᠤ ᠶᠢᠨ ᠬᠠᠮᠲᠤ᠂ ᠰᠤᠷᠭᠠᠭᠤᠯᠢ ᠶᠢᠨ ᠬᠠᠷᠢᠶ᠎ᠠ ᠶᠢᠨ | ᠰᠢᠰᠲ᠋ᠧᠮ ᠤᠨ ᠳᠣᠲᠣᠷᠠᠬᠢ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠡᠬᠡ | ᠲᠠᠩᠰᠠᠨ ᠳᠤ ᠴᠠᠭ ᠲᠤᠬᠠᠶ ᠳᠤᠨᠢ ᠲᠤᠭ᠎ᠠ ᠪᠠᠷᠢᠮᠲᠠ ᠶᠢ ᠰᠢᠨᠡᠳᠬᠡᠬᠦ ᠬᠡᠷᠡᠭᠲᠡᠶ᠃ | 4. ᠰᠤᠷᠤᠭᠴᠢᠳ ᠢ ᠲᠥᠪᠬᠢᠨᠡᠭᠦᠯᠬᠦ ᠬᠠᠮᠢᠶᠠᠷᠤᠯᠲᠠ ᠶᠢᠨ ᠲᠣᠭᠲᠠᠴᠠ ᠶᠢ ᠪᠥᠷᠢᠨᠰᠢᠬᠦᠯᠥᠨ᠎ᠡ᠃ | ᠰᠤᠷᠤᠯᠭ᠎ᠠ ᠪᠠᠨ ᠰᠡᠷᠭᠦᠭᠡᠬᠦ ᠪᠠᠷ ᠢᠳᠬᠠᠭᠰᠠᠨ ᠰᠤᠷᠤᠭᠴᠢᠳ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠵᠢᠭᠠᠨ | ᠰᠤᠷᠭᠠᠬᠤ ᠲᠥᠯᠥᠪᠯᠡᠭᠡ ᠶᠢ ᠴᠢᠭᠯᠡᠭᠦᠯᠬᠦ ᠴᠢᠨᠠᠷᠲᠠᠶ ᠪᠠᠷ ᠲᠣᠭᠲᠠᠭᠠᠵᠤ᠂ ᠠᠩᠭᠢ ᠳᠤ ᠪᠠᠭᠤᠬᠤ᠂ ᠲᠤᠰᠠᠭᠠᠷ ᠠᠩᠭᠢ | ᠬᠤᠪᠢᠶᠠᠬᠤ᠂ ᠡᠩ ᠤᠨ ᠪᠠ ᠠᠵᠢᠯ ᠮᠡᠷᠭᠡᠵᠢᠯ ᠢ ᠠᠭᠤᠰᠤᠯᠴᠠᠭᠤᠯᠬᠤ᠂ ᠲᠤᠰᠬᠠᠶ ᠬᠠᠪᠰᠤᠷᠤᠨ ᠵᠢᠯᠣᠭᠤᠳᠬᠤ ᠵᠡᠷᠭᠡ | ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠯᠭ᠎ᠠ ᠪᠠᠨ ᠰᠡᠷᠭᠦᠭᠡᠬᠦ ᠪᠠᠷ ᠢᠳᠬᠠᠭᠰᠠᠨ | ᠰᠤᠷᠤᠭᠴᠢᠳ ᠢ ᠲᠥᠪᠬᠢᠨᠡᠭᠦᠯᠬᠦ ᠠᠵᠢᠯ ᠢ ᠦᠨᠡᠨᠬᠦ ᠰᠠᠶᠢᠲᠤᠷ ᠬᠢᠵᠦ᠂ ᠰᠤᠷᠤᠯᠭ᠎ᠠ ᠪᠠᠨ ᠰᠡᠷᠭᠦᠭᠡᠬᠦ ᠪᠠᠷ ᠢᠳᠬᠠᠭᠰᠠᠨ | ᠰᠤᠷᠤᠭᠴᠢᠳ ᠤᠨ ︽ᠦᠯᠡᠳᠡᠵᠦ ᠳᠡᠶᠢᠯᠬᠦ᠂ ᠰᠠᠶᠢᠨ ᠰᠤᠷᠴᠤ ᠳᠡᠶᠢᠯᠬᠦ︾ ᠶᠢ ᠦᠨᠡᠨᠬᠦ ᠪᠠᠲᠤᠯᠠᠵᠤ᠂ ᠰᠤᠷᠤᠯᠭ᠎ᠠ ᠪᠠᠨ | ᠳᠣᠷᠭᠤᠨ ᠵᠣᠭᠰᠣᠬᠤ ᠶᠢᠨ ᠳᠠᠬᠢᠨ ᠳᠠᠪᠲᠠᠨ ᠰᠡᠷᠭᠦᠬᠦ ᠶᠢ ᠡᠷᠡᠰ ᠬᠤᠷᠢᠭᠯᠠᠬᠤ ᠬᠡᠷᠡᠭᠲᠡᠶ᠃ ᠡᠭᠦᠨ ᠤ ᠬᠠᠮᠲᠤ᠂ | ᠰᠤᠷᠭᠠᠭᠤᠯᠢ ᠳᠠᠭᠠᠨ ᠪᠤᠴᠠᠵᠤ ᠰᠤᠷᠤᠯᠭ᠎ᠠ ᠪᠠᠨ ᠰᠡᠷᠭᠦᠭᠡᠬᠦ ᠰᠤᠷᠤᠭᠴᠢᠳ ᠤᠨ ᠦᠵᠡᠯ ᠰᠠᠨᠠᠭᠠᠨ ᠤ ᠵᠢᠯᠣᠭᠤᠳᠣᠯᠭ᠎ᠠ᠂ | ᠰᠤᠷᠭᠠᠨ ᠬᠥᠮᠦᠵᠢᠯ ᠤᠨ ᠵᠠᠯᠠᠷᠠᠭᠤᠯᠭ᠎ᠠ ᠪᠠ ᠬᠠᠪᠰᠤᠷᠤᠨ ᠲᠡᠳᠬᠦᠬᠦ ᠵᠢᠯᠣᠭᠤᠳᠣᠯᠭ᠎ᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ | ︵ᠬᠤᠶᠠᠷ︶ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ ᠶᠢ ᠪᠠᠳᠣᠯᠠᠨ ᠴᠢᠩᠭᠠᠷᠠᠭᠤᠯᠤᠨ᠎ᠠ | 1. ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠵᠠᠩᠭᠢᠯᠠᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ | ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠤᠨ᠂ ᠰᠢᠯᠢᠳᠡᠭ ᠡᠷᠳᠡᠮ ᠤᠨ ᠴᠣᠯᠠ ᠶᠢᠨ ᠬᠠᠩᠭᠠᠯᠭ᠎ᠠ ᠶᠢ ᠡᠮᠬᠢ ᠵᠢᠷᠤᠮ ᠲᠠᠢ ᠨᠡᠮᠡᠭᠳᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠤᠨ ᠳᠤᠲᠠᠭᠤᠳᠠᠯ ᠢ | ᠲᠦᠷᠭᠡᠨ ᠨᠥᠬᠦᠪᠥᠷᠢᠯᠡᠵᠦ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠢᠵᠢ ᠪᠦᠷᠢᠳᠦᠭᠦᠯᠬᠦ ᠰᠤᠷᠭᠠᠭᠤᠯᠢ ᠶᠢ ᠦᠷᠭᠦᠯᠵᠢᠯᠡᠨ ᠲᠡᠳᠬᠦᠨ | ᠳᠡᠮᠵᠢᠬᠦ ᠠᠵᠢᠯ ᠢ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ | ᠲᠡᠭᠦᠯᠳᠡᠷᠵᠢᠭᠦᠯᠦᠨ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠭᠡᠷ ᠠᠴᠠ ᠪᠠᠨ ᠣᠶᠢᠷᠠᠬᠠᠨ ᠰᠤᠷᠭᠠᠭᠤᠯᠢ ᠳᠤ ᠣᠷᠣᠬᠤ ᠶᠢ ᠪᠠᠲᠤᠯᠠᠨ᠎ᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠰᠢᠯ ᠤᠨ ᠪᠦᠲᠦᠴᠡ ᠶᠢᠨ ᠲᠣᠬᠢᠷᠠᠭᠤᠯᠤᠯᠲᠠ ᠶᠢᠨ | ᠠᠵᠢᠯ ᠢ ᠨᠢᠭᠡᠳᠦᠯᠲᠡᠶ ᠲᠥᠯᠥᠪᠯᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ᠂ | ᠦᠨᠡᠨ ᠠᠴᠠ ᠵᠥᠪ ᠢ ᠡᠷᠢᠬᠦ᠂ ᠬᠡᠪᠴᠢᠶ᠎ᠡ ᠶᠢ ᠲᠣᠬᠢᠷᠠᠮᠵᠢᠲᠠᠶ ᠪᠠᠶᠢᠯᠭᠠᠬᠤ ᠪᠠ ᠰᠤᠷᠭᠠᠨ ᠬᠥᠮᠦᠵᠢᠯ ᠤᠨ ᠶᠠᠰᠤ | ᠴᠢᠨᠠᠷ ᠢ ᠪᠠᠲᠤᠯᠠᠬᠤ ᠳᠤ ᠠᠰᠢᠭᠲᠠᠶ ᠪᠠᠶᠢᠯᠭᠠᠬᠤ ᠵᠠᠷᠴᠢᠮ ᠢ ᠪᠠᠷᠢᠮᠲᠠᠯᠠᠨ᠂ ᠰᠤᠷᠭᠠᠭᠤᠯᠢ ᠶᠢᠨ ᠪᠠᠶᠢᠷᠢᠰᠢᠯ ᠤᠨ | ᠪᠠᠶᠢᠭᠤᠯᠤᠯᠲᠠ ᠬᠢᠭᠡᠳ ᠬᠥᠮᠦᠨ ᠠᠮᠠ ᠶᠢᠨ ᠰᠢᠯᠵᠢᠯᠲᠡ ᠶᠢᠨ ᠬᠠᠨᠳᠤᠰᠢ ᠶᠢᠨ ᠬᠠᠷᠢᠯᠴᠠᠨ ᠰᠢᠶᠠᠩ ᠪᠠᠯᠭᠠᠰᠤᠨ ᠤ | ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠᠶᠢᠭᠤᠯᠬᠤ ᠶᠢ ᠳᠡᠮᠵᠢᠵᠦ᠂ ᠴᠢᠬᠤᠯᠠ ᠪᠦᠬᠦᠢ ᠬᠥᠳᠡᠭᠡ | ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢ ᠦᠯᠡᠳᠡᠭᠡᠵᠦ ᠰᠠᠶᠢᠲᠤᠷ ᠡᠷᠬᠢᠯᠡᠬᠦ ᠬᠡᠷᠡᠭᠲᠡᠶ᠃ | 2. ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠬᠡᠷᠡᠭᠯᠡᠯᠲᠡ ᠶᠢ ᠶᠡᠬᠡᠪᠡᠷ ᠠᠬᠢᠭᠤᠯᠤᠨ᠎ᠠ᠃ | ᠰᠤᠷᠭᠠᠭᠤᠯᠢ ᠶᠢᠨ ᠰᠦᠯᠵᠢᠶᠡᠨ ᠤ ᠰᠠᠭᠤᠷᠢ ᠳᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ | ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠬᠡᠷᠡᠭᠯᠡᠯᠲᠡ ᠶᠢ ᠠᠬᠢᠭᠤᠯᠤᠨ᠂ ᠮᠡᠳᠡᠭᠡ ᠵᠠᠩᠬᠢᠴᠢᠯᠠᠯᠳᠠ ᠶᠢᠨ | ᠠᠷᠭ᠎ᠠ ᠪᠠᠷᠢᠯ ᠢ ᠠᠰᠢᠭᠯᠠᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ | ᠥᠷᠭᠡᠳᠬᠡᠬᠦ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︽ᠭᠤᠷᠪᠠᠨ ᠬᠢᠴᠢᠶᠡᠯ ᠤᠨ ᠲᠠᠩᠬᠢᠮ︾ | ᠤᠨ ᠵᠠᠭᠪᠤᠷ ᠤᠨ ᠬᠡᠷᠡᠭᠯᠡᠯᠲᠡ ᠶᠢ ᠴᠢᠩᠭᠠᠳᠬᠠᠵᠤ᠂ ︽ᠠᠳᠠᠯᠢ ᠳᠠᠪᠲᠠᠮᠵᠢ ᠪᠠᠷ ᠬᠠᠷᠢᠯᠴᠠᠨ ᠦᠢᠯᠡᠳᠦᠯᠴᠡᠬᠦ | ᠬᠢᠴᠢᠶᠡᠯ ᠤᠨ ᠲᠠᠩᠬᠢᠮ︾ ᠤᠨ ᠪᠠᠶᠢᠭᠤᠯᠤᠯᠲᠠ ᠪᠠ ᠬᠡᠷᠡᠭᠯᠡᠯᠲᠡ ᠶᠢ ᠦᠷᠭᠦᠯᠵᠢᠯᠡᠨ ᠠᠬᠢᠭᠤᠯᠵᠤ᠂ ᠢᠨᠲ᠋ᠧᠷ | ᠰᠦᠯᠵᠢᠶ᠎ᠡ ᠶᠢ ᠠᠰᠢᠭᠯᠠᠨ ᠬᠤᠲᠠ ᠪᠠᠯᠭᠠᠰᠤ ᠶᠢᠨ ᠴᠢᠨᠠᠷ ᠰᠠᠶᠢᠲᠠᠶ ᠰᠤᠷᠭᠠᠭᠤᠯᠢ ᠪᠠ ᠮᠠᠯᠵᠢᠬᠤ ᠲᠠᠷᠢᠶᠠᠯᠠᠬᠤ | ᠣᠷᠣᠨ ᠤ ᠪᠠᠭᠤᠷᠠᠶ ᠰᠤᠷᠭᠠᠭᠤᠯᠢ ᠶᠢᠨ ᠬᠤᠭᠤᠷᠣᠨᠳᠣ ᠠᠯᠤᠰ ᠠᠴᠠ ᠬᠠᠷᠢᠯᠴᠠᠨ ᠦᠢᠯᠡᠳᠦᠯᠴᠡᠬᠦ ᠵᠢᠭᠠᠨ ᠰᠤᠷᠭᠠᠯᠲᠠ | ᠪᠠ ᠵᠢᠭᠠᠨ ᠰᠤᠳᠤᠯᠬᠤ ᠠᠵᠢᠯ ᠢ ᠥᠷᠨᠢᠭᠦᠯᠵᠦ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠵᠥᠷᠢᠶ᠎ᠡ ᠶᠢ | ᠪᠠᠭᠠᠰᠬᠠᠬᠤ ᠶᠢ ᠲᠦᠷᠭᠡᠳᠬᠡᠨ᠎ᠠ᠃ ︽ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠳᠡᠭᠡ | ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ 2.0︾ ︽ᠠᠯᠠᠱᠠ | ᠠᠶᠢᠮᠠᠭ ᠤᠨ ᠤᠶᠤᠨᠲᠤ ᠰᠤᠷᠭᠠᠨ ᠬᠥᠮᠦᠵᠢᠯ ᠤᠨ ᠡᠭᠦᠯᠡᠨ ᠲᠠᠪᠴᠠᠩ ᠤᠨ ᠬᠡᠷᠡᠭᠯᠡᠯᠲᠡ︾ ᠶᠢᠨ ᠲᠥᠷᠥᠯ ᠵᠦᠢᠯ ᠢ | ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ᠂ ᠵᠢᠭᠠᠨ ᠰᠤᠳᠤᠯᠤᠭᠴᠢ᠂ ᠮᠡᠳᠡᠭᠡ ᠵᠠᠩᠭᠢ ᠶᠢᠨ ᠮᠡᠷᠭᠡᠵᠢᠯ ᠤᠨ | ᠲᠤᠰᠬᠠᠶ ᠪᠠᠭᠰᠢ ᠪᠠ ᠰᠢᠨᠵᠢᠯᠡᠭᠡᠨ ᠤ ᠰᠠᠯᠠᠭ᠎ᠠ ᠶᠢᠨ ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠪᠦᠬᠦᠯᠢ | ᠴᠣᠭᠴᠠ ᠶᠢᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 3. ᠰᠤᠷᠭᠠᠨ ᠬᠥᠮᠦᠵᠢᠯ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠰᠤᠷᠤᠭᠴᠢᠳ ᠢ ᠵᠣᠭᠤᠰ ᠢᠶᠠᠷ ᠲᠤᠰᠠᠯᠠᠬᠤ ᠰᠠᠯᠠᠭ᠎ᠠ ᠮᠥᠴᠢᠷ᠂ | ᠡᠯ᠎ᠡ ᠰᠤᠷᠭᠠᠭᠤᠯᠢ ᠨᠤᠭᠤᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠢ ᠵᠣᠭᠤᠰ ᠢᠶᠠᠷ | ᠲᠤᠰᠠᠯᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠰᠤᠷᠤᠭᠴᠢᠳ ᠤᠨ ᠲᠣᠭᠲᠠᠭᠠᠯ ᠶᠣᠰᠣᠭᠠᠷ ᠵᠣᠭᠤᠰ ᠢᠶᠠᠷ ᠲᠤᠰᠠᠯᠠᠬᠤ ᠶᠢ ᠪᠠᠲᠤᠯᠠᠵᠤ᠂ | ᠰᠤᠷᠤᠭᠴᠢᠳ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠵᠤ᠂ ︽ᠲᠤᠰᠠᠯᠠᠪᠠᠰᠤ ᠵᠣᠬᠢᠬᠤ ᠶᠢ ᠨᠢ ᠪᠦᠬᠦ ᠬᠦᠴᠦᠨ ᠢᠶᠠᠷ ᠢᠶᠠᠨ ᠳᠣᠰᠠᠯᠠᠨ᠎ᠠ︾᠃ ᠠᠷᠠᠳ ᠤᠨ | ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠯᠦᠭᠡ ᠶᠢᠨ ᠲᠤᠭ᠎ᠠ | ᠪᠠᠷᠢᠮᠲᠠ ᠶᠢ ᠬᠠᠷᠢᠴᠠᠭᠤᠯᠬᠤ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠲᠤᠰᠠᠯᠠᠮᠵᠢ ᠶᠢᠨ | ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠭᠦᠨ ᠤ ᠬᠠᠮᠳᠣ᠂ ᠡᠳ᠋ ᠮᠥᠩᠭᠦ ᠪᠠᠷ ᠲᠤᠰᠠᠯᠠᠬᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠪᠦᠬᠦᠨ ᠢ ᠬᠠᠮᠤᠷᠬᠤ ᠶᠢ ᠦᠨᠡᠨ ᠬᠦ ᠪᠠᠲᠤᠯᠠᠵᠤ᠂ ᠡᠳ᠋ ᠮᠥᠩᠭᠦ ᠪᠠᠷ ᠲᠤᠰᠠᠯᠠᠬᠤ | ᠲᠥᠷᠥ ᠶᠢᠨ ᠪᠣᠳᠣᠯᠭ᠎ᠠ ᠶᠢᠨ ᠲᠤᠬᠠᠶ ᠣᠯᠠᠨ ᠲᠦᠮᠡᠨ ᠤ ᠣᠶᠢᠯᠠᠭᠠᠯᠳᠠ ᠶᠢ ᠨᠡᠮᠡᠭᠳᠡᠬᠦᠯᠦᠨ᠎ᠡ᠃ | 4. ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠡᠷᠬᠡ ᠶᠢ ᠶᠡᠬᠡᠪᠡᠷ ᠪᠠᠲᠤᠯᠠᠨ᠎ᠠ᠃ | ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ | ᠳᠠᠭᠠᠵᠤ ᠨᠡᠭᠦᠭᠰᠡᠨ ᠦᠷ᠎ᠡ ᠬᠡᠤᠬᠡᠳ᠂ ᠬᠡᠷ ᠲᠡᠭᠡᠨ ᠬᠤᠴᠣᠷᠤᠭᠰᠠᠨ ᠬᠡᠤᠬᠡᠳ ᠤᠨ ᠰᠤᠷᠭᠠᠭᠤᠯᠢ ᠳᠤ ᠣᠷᠣᠬᠤ | ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ︽ᠬᠤᠶᠠᠷ ᠢᠶᠠᠷ ᠭᠤᠤᠯ ᠪᠣᠯᠭᠠᠵᠤ᠂ ᠬᠤᠶᠠᠷ ᠢ ᠣᠷᠣᠭᠤᠯᠬᠤ︾ | ᠵᠠᠷᠴᠢᠮ ᠶᠣᠰᠣᠭᠠᠷ᠂ ᠳᠠᠭᠠᠵᠤ ᠨᠡᠭᠦᠭᠰᠡᠨ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ | ᠭᠥᠷᠳᠡᠬᠦ ᠳᠤ ᠣᠶᠢᠷ᠎ᠠ ᠬᠠᠪᠢ ᠳᠠᠭᠠᠨ ᠰᠢᠯᠭᠠᠬᠤ ᠥᠬᠡᠶ ᠪᠠᠷ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠠᠰ ᠳᠠᠷᠠᠭᠠᠯᠠᠯ ᠢ ᠤᠯᠠᠮ ᠨᠢᠭᠡ | ᠠᠯᠬᠤᠮ ᠳᠥᠭᠦᠮᠴᠢᠯᠡᠵᠦ᠂ ᠣᠷᠣᠰᠢᠨ ᠰᠠᠭᠤᠬᠤ ᠦᠨᠡᠮᠯᠡᠯ ᠢᠶᠠᠷ ᠭᠤᠤᠯ ᠦᠨᠳᠦᠰᠦᠯᠡᠯ ᠪᠣᠯᠭᠠᠭᠰᠠᠨ ᠳᠠᠭᠠᠵᠤ | ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ | ᠬᠡᠷᠡᠭᠴᠡᠭᠡ ᠥᠬᠡᠶ ᠭᠡᠷᠡᠴᠢᠯᠡᠬᠦ ᠮᠠᠲ᠋ᠧᠷᠢᠶᠠᠯ ᠢ ᠡᠷᠡᠰ ᠬᠦᠴᠦᠨ ᠥᠬᠡᠶ ᠪᠣᠯᠭᠠᠵᠤ᠂ ᠳᠠᠭᠠᠵᠤ ᠨᠡᠭᠦᠭᠰᠡᠨ ᠦᠷ᠎ᠡ | ᠬᠡᠤᠬᠡᠳ ᠤᠨ ᠲᠤᠬᠠᠶ ᠶᠢᠨ ᠭᠠᠵᠠᠷ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠦᠷ᠎ᠡ ᠬᠡᠤᠬᠡᠳ ᠯᠦᠭᠡ ᠠᠳᠠᠯᠢ | ᠣᠯᠭᠤᠮᠵᠢ ᠭᠥᠷᠳᠡᠬᠦ ᠶᠢ ᠪᠠᠲᠤᠯᠠᠬᠤ ᠬᠡᠷᠡᠭᠲᠡᠶ᠃ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠦᠨᠡᠨᠬᠦ ᠨᠠᠶᠢᠳᠠᠪᠤᠷᠢᠵᠢᠭᠤᠯᠵᠤ᠂ ᠳᠠᠭᠠᠵᠤ ᠨᠡᠭᠦᠭᠰᠡᠨ | ᠦᠷ᠎ᠡ ᠬᠡᠤᠬᠡᠳ ᠤᠨ ᠲᠣᠭᠲᠠᠭᠠᠯ ᠶᠣᠰᠣᠭᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠶᠢ | ᠲᠤᠰᠠᠯᠠᠬᠤ ᠲᠥᠷᠥ ᠶᠢᠨ ᠪᠣᠳᠣᠯᠭ᠎ᠠ ᠶᠢ ᠭᠥᠷᠳᠡᠬᠦ ᠶᠢ ᠦᠨᠡᠨᠬᠦ ᠪᠠᠲᠤᠯᠠᠬᠤ ᠶᠢᠨ ᠬᠠᠮᠲᠤ᠂ ᠳᠠᠭᠠᠵᠤ ᠨᠡᠭᠦᠭᠰᠡᠨ ᠦᠷ᠎ᠡ | ᠬᠡᠤᠬᠡᠳ ᠲᠤ ᠲᠤᠬᠠᠶ ᠶᠢᠨ ᠭᠠᠵᠠᠷ ᠤᠨ ᠰᠣᠷᠣᠭᠴᠢ ᠲᠠᠢ ᠠᠳᠠᠯᠢᠬᠠᠨ ᠵᠠᠷᠤᠳᠠᠯ ᠢ ᠬᠠᠰᠤᠵᠤ ᠭᠡᠯᠳᠦᠷᠢᠭᠦᠯᠬᠦ | ᠲᠥᠷᠥ ᠶᠢᠨ ᠪᠣᠳᠣᠯᠭ᠎ᠠ ᠪᠣᠯᠤᠨ ᠳᠤᠮᠳᠠᠳᠤ ᠰᠤᠷᠭᠠᠭᠤᠯᠢ ᠳᠤ ᠰᠢᠯᠭᠠᠵᠤ ᠰᠤᠷᠭᠠᠭᠤᠯᠢ ᠳᠡᠪᠰᠢᠬᠦ ᠵᠢᠴᠢ ᠰᠠᠯᠭᠠᠨ | ᠡᠯᠰᠡᠬᠦ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠳᠠᠭᠠᠵᠤ ᠨᠡᠭᠦᠭᠰᠡᠨ ᠦᠷ᠎ᠡ ᠬᠡᠤᠬᠡᠳ ᠲᠤ ᠴᠠᠭ ᠲᠤᠬᠠᠶ ᠳᠤᠨᠢ | ᠰᠤᠷᠭᠠᠭᠤᠯᠢ ᠶᠢᠨ ᠬᠠᠷᠢᠶ᠎ᠠ ᠪᠠᠶᠢᠭᠤᠯᠤᠨ ᠥᠭᠴᠦ᠂ ᠨᠢᠭᠡᠳᠦᠯᠲᠡᠶ ᠬᠠᠷᠢᠶ᠎ᠠ ᠪᠠᠶᠢᠭᠤᠯᠬᠤ᠂ ᠨᠢᠭᠡᠳᠦᠯᠲᠡᠶ ᠬᠠᠮᠢᠶᠠᠷᠬᠤ᠂ | ᠬᠥᠮᠦᠨ ᠨᠢ ᠪᠠᠶᠢᠪᠠᠯ ᠬᠠᠷᠢᠶ᠎ᠠ ᠨᠢ ᠪᠠᠶᠢᠬᠤ᠂ ᠬᠠᠷᠢᠶ᠎ᠠ ᠨᠢ ᠬᠥᠮᠦᠨ ᠢᠶᠠᠨ ᠳᠠᠭᠠᠵᠤ ᠶᠠᠪᠤᠬᠤ᠂ ᠡᠴᠦᠰ ᠲᠤᠨᠢ | ᠲᠤᠯᠲᠠᠯ᠎ᠠ ᠮᠥᠷᠳᠡᠬᠦ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠵᠦ᠂ ᠳᠠᠭᠠᠵᠤ ᠨᠡᠭᠦᠭᠰᠡᠨ ᠦᠷ᠎ᠡ ᠬᠡᠤᠬᠡᠳ ᠤᠨ | ᠡᠴᠢᠭᠡ ᠡᠬᠡ ᠶᠢᠨ ᠬᠢᠨᠢ ᠰᠢᠯᠵᠢᠭᠰᠡᠨ ᠠᠴᠠ ᠪᠣᠯᠵᠣ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠶᠠᠰᠤ ᠴᠢᠨᠠᠷ ᠢᠶᠠᠷ ᠰᠤᠷᠤᠯᠭ᠎ᠠ ᠪᠠᠨ ᠳᠣᠷᠭᠤᠨ ᠵᠣᠭᠰᠣᠬᠤ ᠶᠢ ᠴᠢᠨᠠᠷᠯᠢᠭ ᠬᠢᠵᠠᠭᠠᠷᠯᠠᠬᠤ ᠶᠢ | ᠬᠡᠷᠡᠭᠵᠢᠬᠦᠯᠦᠨ᠎ᠡ | 1. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠨᠤᠭᠤᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠭᠠᠭᠰᠠᠨ | ᠬᠢᠴᠢᠶᠡᠯ ᠢ ᠬᠦᠢᠴᠡᠳ ᠨᠡᠭᠡᠭᠡᠵᠦ᠂ ᠲᠣᠭᠲᠠᠭᠠᠯ ᠠᠴᠠ ᠵᠥᠷᠢᠴᠡᠨ ᠬᠢᠴᠢᠶᠡᠯ ᠪᠠ ᠬᠢᠴᠢᠶᠡᠯ ᠤᠨ ᠴᠠᠭ ᠢ ᠨᠡᠮᠡᠵᠦ | ᠬᠠᠰᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ︽ᠬᠤᠶᠠᠷ ᠢ ᠬᠦᠩᠭᠡᠷᠡᠬᠦᠯᠬᠦ︾ ︽ᠲᠠᠪᠤᠨ ᠵᠦᠢᠯ ᠤᠨ | ᠬᠠᠮᠢᠶᠠᠷᠤᠯᠲᠠ︾ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠴᠢᠶᠡᠯ ᠲᠥᠷᠥᠯ ᠳᠤ | ᠰᠠᠭᠤᠷᠢᠯᠠᠭᠰᠠᠨ ᠬᠢᠴᠢᠶᠡᠯ ᠤᠨ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢ ᠰᠦᠪᠡᠭᠴᠢᠯᠡᠨ᠂ ᠵᠢᠭᠠᠨ ᠰᠤᠷᠭᠠᠯᠲᠠ ᠶᠢᠨ | ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠵᠢᠭᠠᠨ ᠰᠤᠷᠭᠠᠯᠲᠠ ᠶᠢᠨ ᠲᠥᠯᠥᠪᠯᠡᠭᠡ ᠶᠢ ᠨᠢᠭᠡᠳᠦᠯᠲᠡᠶ | ᠲᠥᠯᠥᠪᠯᠡᠨ ᠲᠣᠭᠲᠠᠭᠠᠵᠤ᠂ ᠵᠢᠭᠠᠨ ᠰᠤᠷᠭᠠᠯᠲᠠ ᠶᠢᠨ ᠭᠤᠭᠴᠤᠭ᠎ᠠ ᠶᠢ ᠰᠢᠯᠢᠳᠡᠭᠵᠢᠭᠦᠯᠦᠨ᠂ ᠬᠢᠴᠢᠶᠡᠯ ᠤᠨ | ᠳᠠᠷᠠᠭᠠᠬᠢ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠳᠠᠰᠬᠠᠯ ᠰᠢᠯᠭᠠᠯᠲᠠ ᠶᠢᠨ ᠬᠠᠪᠰᠤᠷᠤᠨ ᠵᠢᠯᠣᠭᠤᠳᠬᠤ ᠶᠢ | ᠲᠡᠭᠦᠯᠳᠡᠷᠵᠢᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨ ᠬᠦ | ᠳᠡᠭᠡᠭᠰᠢᠯᠡᠭᠦᠯᠬᠦ ᠬᠡᠷᠡᠭᠲᠡᠶ᠃ ᠰᠤᠷᠤᠯᠭ᠎ᠠ ᠬᠦᠴᠢᠷᠳᠡᠯ ᠲᠠᠢ ᠰᠤᠷᠤᠭᠴᠢᠳ ᠢ ᠬᠠᠪᠰᠤᠷᠤᠨ ᠲᠡᠳᠬᠦᠬᠦ ᠲᠦᠷᠢᠮ ᠢ | ᠪᠠᠶᠢᠭᠤᠯᠵᠤ᠂ ᠰᠤᠷᠤᠯᠭ᠎ᠠ ᠶᠢᠨ ᠪᠠᠶᠢᠳᠠᠯ ᠢ ᠨᠠᠷᠢᠯᠢᠭ ᠣᠨᠣᠪᠴᠢᠳᠠᠢ ᠪᠠᠷ ᠵᠠᠳᠠᠯᠵᠤ᠂ ᠵᠦᠷᠢᠶᠡᠴᠢᠯᠡᠭᠰᠡᠨ ᠵᠢᠭᠠᠨ | ᠰᠤᠷᠭᠠᠯᠲᠠ ᠪᠠ ᠳᠣᠰᠬᠠᠢ ᠵᠢᠯᠤᠭᠤᠳᠤᠯᠭ᠎ᠠ ᠶᠢ ᠴᠢᠬᠤᠯᠠᠴᠢᠯᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ᠂ | ᠪᠠᠭᠰᠢ ᠶᠢᠨ ︽ᠨᠢᠭᠡ ᠳᠤ ᠨᠢᠭᠡ︾ ᠪᠠᠷ ᠬᠠᠪᠰᠤᠷᠤᠨ ᠲᠡᠳᠬᠦᠬᠦ᠂ ᠬᠠᠮᠲᠤ ᠰᠤᠷᠤᠭᠴᠢᠳ ᠤᠨ ︽ᠭᠠᠷ ᠭᠠᠷ ᠢᠶᠠᠨ | ᠬᠤᠯᠪᠣᠯᠴᠠᠵᠤ︾ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠯᠭ᠎ᠠ ᠬᠦᠴᠢᠷᠳᠡᠯ ᠲᠠᠢ | ᠰᠤᠷᠤᠭᠴᠢᠳ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ | ᠣᠷᠣᠨ ᠤ ᠬᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠰᠡᠳᠬᠢᠴᠡ | ᠶᠢᠨ ᠬᠠᠪᠰᠤᠷᠤᠨ ᠵᠢᠯᠣᠭᠤᠳᠣᠯᠭ᠎ᠠ ᠪᠠ ᠰᠤᠷᠭᠠᠨ ᠬᠥᠮᠦᠵᠢᠭᠦᠯᠵᠦ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠵᠤ᠂ | ᠰᠤᠷᠤᠯᠴᠠᠬᠤ ᠳᠤ ᠬᠦᠴᠢᠷᠲᠡᠶ ᠠᠴᠠ ᠪᠣᠯᠵᠣ ᠰᠤᠷᠤᠯᠭ᠎ᠠ ᠪᠠᠨ ᠳᠣᠷᠭᠤᠨ ᠵᠣᠭᠰᠣᠬᠤ ᠶᠢ ᠡᠷᠡᠰ ᠬᠤᠷᠢᠭᠯᠠᠬᠤ | ᠬᠡᠷᠡᠭᠲᠡᠶ᠃ | 2. ᠣᠨᠴᠣᠭᠤᠶ ᠰᠤᠷᠭᠠᠨ ᠬᠥᠮᠦᠵᠢᠯ ᠤᠨ ᠴᠢᠨᠠᠷ ᠰᠠᠶᠢᠲᠠᠶ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠭᠤᠷᠪᠠᠳᠤᠭᠠᠷ ᠬᠤᠭᠤᠴᠠᠭᠠᠨ ᠤ ᠣᠨᠴᠣᠭᠤᠶ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ | ᠂ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠬᠢ ᠪᠠᠶᠠᠯᠢᠭ ᠤᠨ ᠲᠥᠪ ᠪᠠ ᠡᠬᠢ | ᠪᠠᠶᠠᠯᠢᠭ ᠤᠨ ᠬᠢᠴᠢᠶᠡᠯ ᠤᠨ ᠬᠡᠷ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ | ᠂ ᠠᠩᠭᠢ ᠳᠠᠭᠠᠵᠤ ᠰᠤᠷᠤᠯᠴᠠᠬᠤ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠭᠥᠯᠢᠶᠡᠨ ᠠᠪᠬᠤ | ᠴᠢᠳᠠᠪᠤᠷᠢ ᠲᠠᠢ ᠵᠡᠮᠳᠡᠭ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠦᠨ᠎ᠡ᠃ ᠡᠯ᠎ᠡ ᠬᠤᠰᠢᠭᠤ ᠨᠡᠭᠡᠭᠡᠯᠳᠡ ᠶᠢᠨ | ᠣᠷᠣᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠵᠡᠮᠳᠡᠭᠴᠦᠳ ᠤᠨ ᠬᠤᠯᠪᠣᠭ᠎ᠠ ᠵᠡᠷᠭᠡ | ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠲᠣᠰ ᠬᠠᠷᠢᠶ᠎ᠠ ᠣᠷᠣᠨ ᠤ ᠪᠠᠨ | ᠦᠨᠡᠮᠯᠡᠯ ᠲᠠᠢ ᠵᠡᠮᠳᠡᠭ ᠬᠡᠤᠬᠡᠳ ᠪᠠᠭᠠᠴᠤᠳ ᠪᠠ ᠦᠨᠡᠮᠯᠡᠯ ᠥᠬᠡᠶ ᠪᠣᠯᠪᠠᠴᠤ ᠬᠡᠷᠡᠭ ᠳᠡᠭᠡᠷ᠎ᠡ ᠪᠠᠨ ᠵᠡᠮᠳᠡᠭ ᠬᠡᠤᠬᠡᠳ | ᠪᠠᠭᠠᠴᠤᠳ ᠤᠨ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠨᠠᠷᠢᠯᠢᠭ ᠣᠨᠣᠪᠴᠢᠳᠠᠢ ᠪᠠᠷ | ᠡᠵᠡᠮᠰᠢᠬᠦ ᠬᠡᠷᠡᠭᠲᠡᠶ᠃ ᠰᠤᠷᠭᠠᠭᠤᠯᠢ ᠳᠤ ᠣᠷᠣᠭᠠᠳᠤᠶ ᠰᠤᠷᠬᠤ ᠨᠠᠰᠤᠨ ᠤ ᠵᠡᠮᠳᠡᠭ ᠬᠡᠤᠬᠡᠳ ᠪᠠᠭᠠᠴᠤᠳ ᠲᠤ | ᠵᠡᠮᠳᠡᠭᠴᠦᠳ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠤ ᠵᠥᠪᠯᠡᠯ ᠤᠨ ᠲᠤᠰᠬᠠᠶ ᠮᠡᠷᠭᠡᠵᠢᠯᠲᠡᠨ ᠢ | ᠵᠣᠬᠢᠶᠠᠨ ᠪᠠᠶᠢᠭᠤᠯᠤᠨ ᠪᠡᠶ᠎ᠡ ᠮᠠᠬᠠᠪᠣᠳ ᠤᠨ ᠦᠨᠡᠯᠡᠨ ᠵᠢᠱᠢᠯᠲᠡ ᠬᠢᠯᠭᠡᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ | ᠳ᠋ᠦᠩ ᠢ ᠦᠨᠳᠦᠰᠦᠯᠡᠨ ᠲᠣᠬᠢᠲᠠᠶ ᠲᠥᠪᠬᠢᠨᠡᠭᠦᠯᠦᠨ᠂ ︽ᠨᠢᠭᠡ ᠬᠥᠮᠦᠨ ᠳᠤ ᠨᠢᠭᠡ ᠬᠡᠷᠡᠭ︾ ᠢ ᠬᠦᠢᠴᠡᠳᠭᠡᠵᠦ᠂ | ᠰᠤᠷᠬᠤ ᠨᠠᠰᠤᠨ ᠤ ᠵᠡᠮᠳᠡᠭ ᠬᠡᠤᠬᠡᠳ ᠤᠨ ᠰᠤᠷᠭᠠᠭᠤᠯᠢ ᠳᠤ ᠣᠷᠣᠬᠤ ᠡᠷᠬᠡ ᠶᠢ ᠬᠦᠢᠴᠡᠳ ᠪᠠᠲᠤᠯᠠᠬᠤ ᠬᠡᠷᠡᠭᠲᠡᠶ᠃ | 3. ᠮᠠᠯᠵᠢᠬᠤ ᠲᠠᠷᠢᠶᠠᠯᠠᠬᠤ ᠣᠷᠣᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ︽ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠴᠢᠩᠭᠠᠳᠬᠠᠬᠤ ᠲᠤᠬᠠᠶ ᠰᠤᠷᠭᠠᠨ ᠬᠥᠮᠦᠵᠢᠯ ᠤᠨ ᠶᠠᠮᠤᠨ ᠵᠡᠷᠭᠡ ᠵᠢᠷᠭᠤᠭᠠᠨ | ᠰᠠᠯᠠᠭ᠎ᠠ ᠮᠥᠴᠢᠷ ᠤᠨ ᠰᠠᠨᠠᠯ︾ ︵ᠪᠠᠭᠰᠢ ︹ 2020 ︺ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠭᠰᠢ ᠶᠢᠨ ᠪᠣᠯᠪᠠᠰᠤᠷᠠᠭᠤᠯᠤᠯ ᠤᠨ ᠡᠷᠴᠢᠮ ᠢ | ᠴᠢᠩᠭᠠᠷᠠᠭᠤᠯᠵᠤ᠂ ᠪᠠᠭᠰᠢ ᠶᠢᠨ ︽ᠬᠤᠰᠢᠭᠤ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠠᠵᠢᠯ ᠤᠨ | ᠲᠣᠭᠲᠠᠴᠠ ᠶᠢ ᠨᠠᠶᠢᠳᠠᠪᠤᠷᠢᠵᠢᠭᠤᠯᠵᠤ᠂ ︽ᠰᠠᠭᠠᠳ ᠥᠬᠡᠶ ᠨᠡᠪᠲᠡᠷᠡᠬᠦ ᠵᠠᠮ︾᠂ ᠠᠵᠢᠯ ᠦᠢᠯᠡᠰ ᠤᠨ ᠨᠢᠭᠡᠴᠡ ᠶᠢᠨ | ᠢᠯᠡ ᠪᠠᠷ ᠤᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠴᠢᠮ ᠳᠤᠲᠠᠭᠳᠠᠵᠤ ᠪᠠᠶᠢᠭ᠎ᠠ ᠬᠢᠴᠢᠶᠡᠯ | ᠲᠥᠷᠥᠯ ᠤᠨ ᠪᠠᠭᠰᠢ ᠶᠢ ᠵᠢᠯ ᠪᠦᠷᠢ ᠴᠠᠭ ᠲᠤᠬᠠᠶ ᠳᠤᠨᠢ ᠨᠥᠬᠦᠪᠥᠷᠢᠯᠡᠵᠦ᠂ ᠪᠠᠭᠰᠢ ᠶᠢᠨ ᠡᠩᠨᠡᠭᠡ ᠶᠢᠨ ᠪᠦᠬᠦᠯᠢ | ᠴᠣᠭᠴᠠ ᠶᠢᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠰᠢ ᠬᠢᠭᠡᠳ ᠠᠯᠪᠠᠲᠠᠨ ᠤ ᠴᠠᠯᠢᠩ ᠢ ᠬᠤᠯᠪᠣᠯᠳᠤᠭᠤᠯᠤᠨ ᠨᠡᠮᠡᠭᠳᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠵᠢᠯ ᠤᠨ ᠳᠤᠮᠳᠠᠴᠢ | ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ | ᠣᠷᠣᠯᠭ᠎ᠠ ᠠᠴᠠ ᠳᠣᠣᠷ᠎ᠠ ᠦᠬᠡᠢ ᠪᠣᠶᠣ ᠦᠨᠳᠦᠷ ᠪᠠᠶᠢᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠪᠠᠭᠰᠢ ᠶᠢᠨ | ᠠᠮᠢᠳᠤᠷᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠡᠷᠭᠡᠵᠢᠯ ᠤᠨ ᠴᠣᠯᠠ | ᠲᠣᠭᠲᠠᠭᠠᠬᠤ ᠤᠷᠢᠬᠤ᠂ ᠰᠠᠶᠢᠰᠢᠶᠠᠨ ᠬᠥᠬᠢᠭᠦᠯᠬᠦ ᠵᠡᠷᠭᠡ ᠲᠠᠯ᠎ᠠ ᠪᠠᠷ ᠮᠠᠯᠵᠢᠬᠤ ᠲᠠᠷᠢᠶᠠᠯᠠᠬᠤ ᠣᠷᠣᠨ ᠤ ᠪᠠᠭᠰᠢ ᠳᠠᠰᠢ | ᠬᠡᠯᠪᠠᠶᠢᠯᠭᠡᠨ᠎ᠡ᠃ | 4. ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠥᠮᠦᠵᠢᠯ ᠢ ᠴᠢᠩᠭᠠᠳᠬᠠᠨ᠎ᠠ᠃ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠨ᠂ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ | ᠠᠵᠢᠯ ᠤᠨ ᠪᠠᠷᠢᠮᠵᠢᠶ᠎ᠠ ᠳᠤ ᠬᠥᠷᠬᠦ ᠰᠤᠷᠭᠠᠭᠤᠯᠢ ᠶᠢ ᠡᠭᠦᠳᠦᠨ ᠪᠠᠶᠢᠭᠤᠯᠬᠤ ᠶᠢ ᠥᠷᠨᠢᠭᠦᠯᠵᠦ᠂ ᠪᠠᠭᠰᠢ ᠶᠢᠨ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ | ᠬᠡᠯᠡᠨ ᠤ ᠬᠥᠮᠦᠵᠢᠯ ᠢ ᠴᠢᠩᠭᠠᠳᠬᠠᠵᠤ᠂ ᠰᠤᠷᠬᠤ ᠨᠠᠰᠤᠨ ᠤ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ | ᠬᠥᠷᠳᠡᠬᠦ ᠠᠴᠠ ᠡᠮᠦᠨ᠎ᠡ ᠨᠡᠶᠢᠲᠡᠯᠢᠭ ᠬᠡᠯᠡ ᠶᠢ ᠰᠣᠨᠣᠰᠴᠤ ᠣᠶᠢᠯᠠᠭᠠᠬᠤ ᠪᠠ ᠬᠡᠯᠡᠵᠦ ᠴᠢᠳᠠᠬᠤ ᠶᠢ ᠠᠬᠢᠭᠤᠯᠵᠤ᠂ | ᠲᠡᠳᠡᠨ ᠤ ᠰᠤᠷᠭᠠᠭᠤᠯᠢ ᠳᠤ ᠤᠷᠤᠭᠰᠠᠨ ᠤ ᠲᠠᠷᠠᠭ᠎ᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠪᠣᠯᠪᠠᠰᠤᠷᠠᠩᠭᠤᠶ ᠬᠡᠷᠡᠭᠯᠡᠨ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠶᠢ ᠪᠠᠲᠤᠯᠠᠨ᠎ᠠ᠃ ᠡᠯ᠎ᠡ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠤᠭᠤᠳ ᠳᠤᠮᠳᠠᠳᠤ ᠶᠢᠨ ᠰᠣᠩᠭᠤᠳᠠᠭ ᠪᠦᠲᠦᠭᠡᠯ ᠢ | ᠤᠩᠰᠢᠬᠤ ᠢᠨᠵᠧᠨᠧᠷᠢᠩ ᠲᠠᠢ ᠤᠶᠠᠯᠳᠤᠭᠤᠯᠤᠨ᠂ ︽ᠡᠯᠢᠬᠡᠨ ᠬᠠᠶᠢᠷᠠᠳᠣ ᠳᠤᠮᠳᠠᠳᠤ ᠤᠯᠤᠰ︾ ᠳᠤᠮᠳᠠᠳᠤ ᠶᠢᠨ | ᠰᠣᠩᠭᠤᠳᠠᠭ ᠪᠦᠲᠦᠭᠡᠯ ᠢ ᠤᠯᠠᠮᠵᠢᠯᠠᠨ ᠳᠡᠯᠭᠡᠷᠡᠭᠦᠯᠬᠦ ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ ᠤᠯᠠᠮᠵᠢᠯᠠᠬᠤ ᠠᠷᠭ᠎ᠠ | ᠮᠠᠶ᠋ᠢᠭ ᠤᠨ ᠰᠢᠨ᠎ᠡ ᠶᠢ ᠡᠭᠦᠳᠴᠦ᠂ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠬᠤ ᠬᠡᠷᠡᠭᠲᠡᠶ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠬᠤᠰᠢᠭᠤ | ᠨᠡᠭᠡᠭᠡᠯᠳᠡ ᠶᠢᠨ ᠣᠷᠣᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠬᠢᠨ ᠤᠯᠤᠰ | ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠠᠵᠢᠯ ᠪᠣᠯᠭᠠᠨ ᠡᠳᠦᠷ ᠲᠤᠲᠤᠮ ᠤᠨ ᠵᠥᠪᠯᠡᠬᠦ ᠵᠦᠢᠯ ᠳᠡᠭᠡᠨ | ᠣᠷᠣᠭᠤᠯᠵᠤ᠂ ︽ᠳᠦᠷᠦᠭᠦᠦ ᠬᠠᠷᠢᠭᠤᠴᠠᠯᠭᠠᠳᠠᠨ︾ ᠬᠠᠷᠢᠭᠤᠴᠠᠬᠤ ᠲᠦᠷᠢᠮ ᠢ ᠬᠡᠷᠡᠭᠵᠢᠭᠦᠯᠦᠨ᠂ ᠭᠤᠤᠯ | ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠰᠢᠭᠤᠳ | ᠠᠳᠬᠤᠬᠤ ᠶᠢ ᠪᠠᠷᠢᠮᠲᠠᠯᠠᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ | ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠨ᠎ᠡ᠃ | ︵ᠬᠤᠶᠠᠷ︶ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠭᠠᠵᠠᠷ | ᠡᠯ᠎ᠡ ᠰᠤᠷᠭᠠᠭᠤᠯᠢ ᠶᠢᠨ ᠬᠢᠨ ᠡᠯ᠎ᠡ ᠵᠦᠢᠯ ᠤᠨ ᠠᠷᠭ᠎ᠠ ᠵᠠᠮ ᠢᠶᠠᠷ ᠳᠡᠮᠵᠢᠵᠦ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠦ᠂ ᠠᠷᠠᠳ ᠤᠯᠠᠨ ᠤ | ᠬᠠᠤᠯᠢ ᠴᠠᠭᠠᠵᠠ ᠶᠢᠨ ᠦᠵᠡᠯ ᠤᠬᠠᠮᠰᠠᠷ ᠢ ᠦᠨᠡᠨ ᠬᠦ ᠴᠢᠩᠭᠠᠳᠬᠠᠵᠤ᠂ ᠥᠷᠭᠡᠨ ᠤᠯᠠᠨ ᠲᠦᠮᠡᠨ ᠢ ᠬᠥᠲᠥᠯᠥᠨ | ᠵᠢᠯᠣᠭᠤᠳᠴᠤ ᠪᠠᠶᠢᠭᠠᠳ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠤᠨ ᠬᠠᠤᠯᠢ ᠶᠣᠰᠣᠭᠠᠷ | ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠡᠷᠬᠡ ᠶᠢ ᠨᠢ ᠬᠦᠨᠳᠦᠳᠬᠡᠨ ᠬᠠᠮᠠᠭᠠᠯᠠᠭᠤᠯᠵᠤ᠂ ᠬᠠᠤᠯᠢ | ᠲᠣᠭᠲᠠᠭᠠᠯ ᠢ ᠵᠥᠷᠢᠴᠡᠭᠰᠡᠨ ᠠᠴᠠ ᠪᠣᠯᠤᠭᠰᠠᠨ ᠡᠯ᠎ᠡ ᠵᠦᠢᠯ ᠤᠨ ᠰᠤᠷᠤᠯᠭ᠎ᠠ ᠪᠠᠨ ᠲᠤᠷᠭᠤᠨ ᠵᠣᠭᠰᠣᠬᠤ ᠦᠵᠡᠭᠳᠡᠯ ᠢ | ᠡᠷᠡᠰ ᠴᠠᠭᠠᠵᠠᠯᠠᠨ᠎ᠠ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠭᠰᠠᠨ | ᠠᠵᠢᠯ ᠤᠨ ᠦᠷ᠎ᠡ ᠪᠦᠲᠦᠭᠡᠯ ᠢ ᠬᠢᠨᠠᠮᠠᠭᠠᠶ ᠳ᠋ᠦᠩᠨᠡᠵᠦ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠢᠳᠡᠪᠬᠢᠲᠡᠶ | ᠳᠡᠯᠭᠡᠷᠡᠭᠦᠯᠦᠨ᠂ ᠲᠡᠷᠢᠭᠦᠨ ᠤ ᠦᠢᠯᠡ ᠠᠵᠢᠯᠯᠠᠭ᠎ᠠ ᠪᠠ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠤᠨ | ᠰᠠᠶᠢᠰᠢᠶᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠲᠠᠰᠤᠷᠠᠯᠲᠠ ᠥᠬᠡᠶ ᠪᠣᠶ ᠪᠣᠯᠭᠠᠬᠤ ᠬᠡᠷᠡᠭᠲᠡᠶ᠃ | ︵ᠭᠤᠷᠪᠠ︶ ᠬᠢᠨᠠᠨ ᠵᠢᠯᠣᠭᠤᠳᠬᠤ ᠪᠠᠨ ᠴᠢᠩᠭᠠᠷᠠᠭᠤᠯᠵᠤ᠂ ᠴᠢᠩᠭ᠎ᠠ ᠰᠢᠯᠭᠠᠨ ᠬᠢᠨᠠᠨ᠎ᠠ᠃ ᠡᠯ᠎ᠡ | ᠭᠠᠵᠠᠷ ᠤᠨ ᠬᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠳᠣᠬᠠᠢ ᠬᠢᠨᠠᠨ ᠵᠢᠯᠣᠭᠤᠳᠬᠤ ᠲᠣᠭᠲᠠᠴᠠ ᠪᠠ ᠰᠢᠯᠭᠠᠨ ᠬᠢᠨᠠᠵᠤ | ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠬᠢᠭᠡᠳ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ | ᠬᠤᠰᠢᠭᠤ ︵ᠨᠡᠭᠡᠭᠡᠯᠳᠡ ᠶᠢᠨ ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ | ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠦᠨᠡᠯᠡᠬᠦ ᠬᠡᠪᠴᠢᠶᠡᠨ ᠳᠤ | ᠣᠷᠣᠭᠤᠯᠣᠨ᠎ᠠ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠪᠣᠯᠵᠣᠨ | ᠶᠠᠷᠢᠯᠴᠠᠬᠤ ᠲᠦᠷᠢᠮ ᠪᠠ ᠵᠠᠷᠯᠠᠨ ᠮᠡᠳᠡᠭᠳᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠤᠨ ᠳᠤᠮᠳᠠ ᠲᠠᠨᠢᠯᠲᠠ ᠲᠣᠳᠣᠷᠬᠠᠶ ᠥᠬᠡᠶ᠂ ᠡᠭᠦᠷᠭᠡ | ᠲᠤᠰᠢᠶᠠᠯ ᠢᠶᠠᠨ ᠰᠠᠶᠢᠲᠤᠷ ᠬᠦᠢᠴᠡᠳᠭᠡᠭᠰᠡᠨ ᠥᠬᠡᠶ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ᠂ | ᠦᠷᠭᠦᠯᠵᠢᠯᠡᠨ ᠬᠤᠴᠣᠷᠤᠩᠭᠤᠶ ᠮᠥᠷᠲᠡᠭᠡᠨ ᠮᠠᠭᠤ ᠨᠥᠯᠥᠭᠡ ᠭᠠᠷᠭᠠᠭᠰᠠᠨ ᠭᠠᠵᠠᠷ ᠣᠷᠣᠨ᠂ ᠰᠤᠷᠭᠠᠭᠤᠯᠢ ᠲᠠᠢ | ᠪᠣᠯᠵᠣᠨ ᠶᠠᠷᠢᠯᠴᠠᠬᠤ ᠶᠢᠨ ᠬᠠᠮᠲᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | | |