ᠠᠯᠠᠱᠠ ᠠᠶᠢᠮᠠᠭ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠳᠣᠬᠠᠢ ᠬᠡᠷᠡᠭᠵᠢᠭᠦᠯᠬᠦ ᠳᠦᠰᠦᠯ
ᠨᠡᠶᠢᠲᠡᠯᠡᠭᠰᠡᠨ ᠴᠠᠭ᠄
2022/1/6
     ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠦᠷᠭᠡᠳᠬᠡᠬᠦ ᠶᠢᠨ ᠳᠣᠰᠠᠳᠠ᠂ ︽ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ︵ᠥᠪᠥᠷ ᠰᠤᠷᠭᠠᠨ ᠲᠠᠷᠬᠠᠭᠠᠭᠰᠠᠨ ︹ 2021 ︺ 7 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠡᠩᠰᠡᠯᠡᠨ ᠺᠠᠷᠲᠯᠠᠭᠰᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠡᠷ ᠪᠦᠯᠢ ᠶᠢᠨ ᠦᠷ᠎ᠡ ᠬᠡᠤᠬᠡᠳ ᠲᠤ ᠭᠤᠤᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠠᠵᠢᠯ ᠤᠨ ᠪᠠᠷᠢᠮᠵᠢᠶ᠎ᠠ ᠶᠢ ᠪᠠᠭᠤᠷᠠᠭᠤᠯᠬᠤ ᠥᠬᠡᠶ᠂ ᠡᠷᠴᠢᠮ ᠢ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠪᠡᠶ᠎ᠡ ᠮᠠᠬᠠᠪᠣᠳ ᠤᠨ ᠰᠢᠯᠲᠠᠭᠠᠨ ᠠᠴᠠ ᠪᠣᠯᠵᠣ ᠰᠤᠷᠤᠯᠴᠠᠬᠤ ᠴᠢᠳᠠᠪᠤᠷᠢ ᠥᠬᠡᠶ ᠪᠠᠶᠢᠬᠤ ᠶᠢ ᠭᠠᠷᠭᠠᠪᠠᠯ᠂ ᠶᠠᠳᠠᠭᠤ ᠠᠴᠠ ᠠᠩᠭᠢᠵᠢᠷᠠᠭᠰᠠᠨ ᠬᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠬᠤ ᠨᠠᠰᠤᠨ ᠤ ᠬᠡᠤᠬᠡᠳ ᠪᠠᠭᠠᠴᠤᠳ ᠤᠨ ᠶᠠᠳᠠᠭᠤ ᠬᠦᠴᠢᠷᠳᠡᠯᠲᠡᠶ ᠠᠴᠠ ᠪᠣᠯᠵᠣ ᠰᠣᠷᠣᠯᠭ᠎ᠠ ᠪᠠᠨ ᠵᠣᠭᠰᠣᠬᠤ ᠦᠵᠡᠭᠳᠡᠯ ᠢ ᠡᠷᠡᠰ ᠴᠡᠭᠡᠷᠯᠡᠨ᠎ᠡ᠃      ᠬᠤᠶᠠᠷ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠠᠤᠯᠢ ᠶᠣᠰᠣᠭᠠᠷ ᠬᠢᠵᠠᠭᠠᠷᠯᠠᠬᠤ ᠶᠢ ᠪᠠᠷᠢᠮᠲᠠᠯᠠᠨ᠎ᠠ      1. ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠬᠤᠰᠢᠭᠤ  ᠨᠡᠭᠡᠭᠡᠯᠳᠡ ᠶᠢᠨ ᠣᠷᠣᠨ ᠤ ᠬᠢᠨ ︽ᠬᠤᠶᠠᠷ ᠱᠤᠭᠤᠮ ᠳᠥᠷᠪᠡᠨ ᠳᠠᠭᠠᠭᠠᠴᠢᠯᠠᠯᠲᠠ︾ ᠶᠢᠨ ᠠᠵᠢᠯ ᠤᠨ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠲᠦᠷᠦᠭᠦᠯᠡᠬᠦ ᠬᠠᠷᠢᠭᠤᠴᠠᠯᠭ᠎ᠠ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠷᠭᠠᠭᠤᠯᠢ᠂ ᠬᠡᠷ ᠪᠦᠯᠢ ᠶᠢᠨ ᠣᠯᠠᠨ ᠲᠠᠯ᠎ᠠ ᠶᠢᠨ ᠬᠤᠯᠪᠣᠭᠠᠯᠠᠨ ᠡᠵᠡᠮᠳᠡᠵᠦ ᠬᠤᠯᠪᠣᠭᠠᠯᠠᠨ ᠪᠠᠲᠤᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠨᠢᠭᠡ ᠭᠠᠵᠠᠷ ᠨᠢᠭᠡ ᠬᠡᠷᠡᠭ︾ ︽ᠨᠢᠭᠡ ᠰᠤᠷᠭᠠᠭᠤᠯᠢ ᠨᠢᠭᠡ ᠬᠡᠷᠡᠭ︾ ᠤᠨ ᠶᠣᠰᠣᠭᠠᠷ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠪᠠᠨ ᠪᠠᠲᠤᠯᠠᠬᠤ ᠠᠵᠢᠯ ᠤᠨ ᠲᠥᠰᠦᠯ ᠢ ᠲᠡᠭᠦᠯᠳᠡᠷᠵᠢᠭᠦᠯᠵᠦ᠂ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠭᠡᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ᠂ ᠵᠡᠷᠭᠡ ᠪᠠᠷ ᠠᠳᠬᠤᠵᠦ᠂ ᠬᠠᠮᠳᠣ ᠪᠠᠷ ᠬᠠᠮᠢᠶᠠᠷᠣᠨ᠂ ᠣᠷᠳᠣ ᠬᠤᠭᠤᠴᠠᠭ᠎ᠠ ᠬᠦᠴᠦᠨ ᠲᠠᠢ ᠪᠠᠶᠢᠯᠭᠠᠨ᠎ᠠ᠃      2. ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠪᠠᠨ ᠪᠠᠲᠤᠯᠠᠬᠤ ᠶᠢ ᠵᠢᠭᠰᠠᠭᠠᠨ ᠪᠠᠶᠢᠴᠠᠭᠠᠬᠤ ᠶᠢ ᠲᠥᠪᠯᠡᠷᠡᠭᠦᠯᠦᠨ ᠥᠷᠨᠢᠭᠦᠯᠦᠨ᠎ᠡ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠨᠢ ᠬᠠᠷᠢᠶᠠᠲᠤ ᠣᠷᠣᠨ ᠤ ᠳᠣᠲᠣᠷᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠯᠭ᠎ᠠ ᠠᠯᠳᠠᠭᠰᠠᠨ ᠰᠡᠵᠢᠭᠯᠡᠯᠲᠡᠶ ᠬᠡᠤᠬᠡᠳ ᠪᠠᠭᠠᠴᠤᠳ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠡᠷᠦᠬᠡ ᠠᠮᠠ ᠶᠢᠨ ᠲᠠᠩᠰᠠ᠂ ᠰᠤᠷᠭᠠᠭᠤᠯᠢ ᠶᠢᠨ ᠬᠠᠷᠢᠶ᠎ᠠ ᠶᠢᠨ ᠰᠢᠰᠲ᠋ᠧᠮ᠂ ᠰᠤᠷᠭᠠᠭᠤᠯᠢ ᠳᠤ ᠪᠠᠶᠢᠭ᠎ᠠ ᠰᠣᠷᠣᠭᠴᠢ᠂ ᠳᠡᠩᠰᠡᠯᠡᠨ ᠺᠠᠷᠲᠯᠠᠭᠰᠠᠨ ᠶᠠᠳᠠᠭᠤ ᠠᠴᠠ ᠠᠩᠭᠢᠵᠢᠷᠠᠭᠰᠠᠨ ᠬᠡᠷ ᠪᠦᠯᠢ ᠶᠢᠨ ᠰᠣᠷᠣᠭᠴᠢ ᠵᠡᠷᠭᠡ ᠶᠢᠨ ᠲᠤᠭ᠎ᠠ ᠪᠠᠷᠢᠮᠲᠠ ᠶᠢᠨ ᠬᠠᠷᠢᠴᠠᠭᠤᠯᠤᠯ ᠳᠤ ᠲᠦᠰᠢᠭᠯᠡᠨ᠂ ᠰᠤᠷᠬᠤ ᠨᠠᠰᠤᠨ ᠳᠠᠭᠠᠨ ᠰᠤᠷᠭᠠᠭᠤᠯᠢ ᠳᠤ ᠣᠷᠤᠭ᠎ᠠ ᠥᠬᠡᠶ᠂ ᠬᠠᠷᠢᠶ᠎ᠠ ᠨᠢ ᠪᠠᠶᠢᠬᠤ ᠨᠢ ᠰᠤᠷᠭᠠᠭᠤᠯᠢ ᠳᠤ ᠪᠠᠶᠢᠬᠤ ᠥᠬᠡᠶ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠬᠦ ᠬᠡᠷᠡᠭᠲᠡᠶ᠃ ᠰᠤᠷᠭᠠᠭᠤᠯᠢ ᠨᠤᠭᠤᠳ ᠰᠢᠯᠲᠠᠭᠠᠨ ᠥᠬᠡᠶ ᠪᠠᠷ ᠰᠤᠷᠭᠠᠭᠤᠯᠢ ᠳᠤ ᠬᠢᠴᠢᠶᠡᠯ ᠣᠷᠣᠬᠤ ᠥᠬᠡᠶ ᠰᠣᠷᠣᠭᠴᠢ ᠶᠢᠨ ᠬᠡᠷ ᠤᠨ ᠰᠤᠷᠪᠤᠯᠵᠢᠯᠠᠭ᠎ᠠ ᠪᠠ ᠮᠥᠷᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠰᠤᠷᠤᠯᠭ᠎ᠠ ᠡᠬᠢᠯᠡᠬᠦ ᠶᠢᠨ ᠤᠷᠢᠳ ᠬᠤᠵᠢᠳ ᠢᠶᠠᠷ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠪᠠᠨ ᠪᠠᠲᠤᠯᠠᠬᠤ ᠶᠢ ᠵᠢᠭᠰᠠᠭᠠᠨ ᠪᠠᠶᠢᠴᠠᠭᠠᠬᠤ ᠶᠢ ᠲᠥᠪᠯᠡᠷᠡᠭᠦᠯᠦᠨ ᠥᠷᠨᠢᠭᠦᠯᠬᠦ ᠶᠢᠨ ᠬᠠᠮᠲᠤ ᠰᠤᠷᠤᠯᠭ᠎ᠠ ᠪᠠᠨ ᠳᠣᠷᠭᠤᠨ ᠵᠣᠭᠰᠣᠭᠰᠠᠨ ᠢᠶᠠᠷ ᠰᠡᠵᠢᠭᠯᠡᠭᠳᠡᠭᠰᠡᠨ ᠰᠣᠷᠣᠭᠴᠢ ᠶᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠠ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠵᠦ᠂ ᠵᠠᠰᠠᠭ ᠵᠠᠬᠢᠷᠭᠠᠨ ᠤ ᠬᠦᠴᠦᠨ ᠤ ᠦᠳᠲᠡᠷ ᠲᠦᠷᠭᠡᠨ ᠣᠷᠣᠯᠴᠠᠬᠤ ᠶᠢ ᠦᠨᠡᠨ ᠬᠦ ᠪᠠᠲᠤᠯᠠᠵᠤ᠂ ᠰᠤᠷᠤᠯᠭ᠎ᠠ ᠪᠠᠨ ᠳᠣᠷᠭᠤᠨ ᠵᠣᠭᠰᠣᠭᠰᠠᠨ ᠠᠰᠠᠭᠤᠳᠠᠯ ᠢ ᠴᠤᠬᠤᠶᠢᠵᠤ ᠪᠠᠶᠢᠭ᠎ᠠ ᠬᠤᠭᠤᠴᠠᠭᠠᠨ ᠳᠤᠨᠢ ᠰᠢᠢᠳᠪᠦᠷᠢᠯᠡᠨ᠎ᠡ᠃ ᠡᠭᠦᠨ ᠤ ᠵᠡᠷᠭᠡᠴᠡᠭᠡᠪᠡᠷ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠤᠨ ᠰᠤᠷᠤᠯᠭ᠎ᠠ ᠳᠠᠭᠠᠨ ᠬᠦᠴᠢᠷᠳᠡᠬᠦ᠂ ᠭᠠᠳᠠᠭᠰᠢ ᠭᠠᠷᠴᠤ ᠬᠥᠯᠥᠰᠥᠨ ᠠᠵᠢᠯ ᠬᠢᠬᠦ᠂ ᠡᠷᠲᠡ ᠤᠷᠤᠭᠯᠠᠵᠤ ᠡᠷᠲᠡ ᠬᠡᠦᠬᠡᠳ ᠠᠪᠬᠤ᠂ ᠱᠠᠰᠢᠨ ᠰᠢᠲᠦᠬᠦ ᠵᠡᠷᠭᠡ ᠰᠢᠯᠲᠠᠭᠠᠨ ᠠᠴᠠ ᠪᠤᠯᠵᠤ ᠰᠤᠷᠤᠯᠭ᠎ᠠ ᠪᠠᠨ ᠲᠤᠷᠭᠤᠨ ᠵᠣᠭᠰᠣᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠵᠤ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠶᠢ ᠲᠣᠬᠢᠲᠠᠶ ᠲᠣᠬᠢᠷᠠᠭᠤᠯᠬᠤ ᠬᠡᠷᠡᠭᠲᠡᠶ᠃      3. ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠠᠤᠯᠢ ᠶᠣᠰᠣᠭᠠᠷ ᠬᠢᠵᠠᠭᠠᠷᠯᠠᠨ ᠵᠠᠰᠠᠬᠤ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠬᠢᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠠᠤᠯᠢ ᠶᠣᠰᠣᠭᠠᠷ ᠬᠢᠵᠠᠭᠠᠷᠯᠠᠨ ᠵᠠᠰᠠᠬᠤ ᠲᠣᠭᠲᠠᠴᠠ ᠶᠢ ᠪᠦᠷᠢᠨᠰᠢᠬᠦᠯᠵᠦ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠰᠤᠷᠤᠯᠭ᠎ᠠ ᠪᠠᠨ ᠰᠡᠷᠭᠦᠭᠡᠬᠦ ᠶᠢ ᠢᠳᠬᠠᠬᠤ ᠠᠵᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠰᠤᠷᠤᠯᠭ᠎ᠠ ᠠᠯᠳᠠᠭᠰᠠᠨ ᠪᠠ ᠰᠤᠷᠤᠯᠭ᠎ᠠ ᠪᠠᠨ ᠳᠣᠷᠭᠤᠨ ᠵᠣᠭᠰᠣᠭᠰᠠᠨ ᠬᠡᠤᠬᠡᠳ ᠢ ᠢᠳᠬᠠᠨ ᠪᠤᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠢᠳᠬᠠᠨ ᠪᠤᠴᠠᠭᠠᠬᠤ ᠤᠳᠠᠭ᠎ᠠ ᠶᠢ 5 ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ ᠰᠤᠷᠤᠯᠭ᠎ᠠ ᠠᠯᠳᠠᠭᠰᠠᠨ ᠪᠠ ᠰᠤᠷᠤᠯᠭ᠎ᠠ ᠪᠠᠨ ᠳᠣᠷᠭᠤᠨ ᠵᠣᠭᠰᠣᠭᠰᠠᠨ ᠰᠣᠷᠣᠭᠴᠢ ᠶᠢ ︽ᠡᠷᠢᠵᠦ ᠤᠯᠬᠤ᠂ ᠢᠳᠬᠠᠨ ᠪᠤᠴᠠᠭᠠᠵᠤ ᠳᠡᠶᠢᠯᠬᠦ︾ ᠶᠢ ᠦᠨᠡᠨᠬᠦ ᠪᠠᠲᠤᠯᠠᠬᠤ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ ᠶᠢᠨ ᠬᠠᠷᠢᠶ᠎ᠠ ᠶᠢᠨ ᠰᠢᠰᠲ᠋ᠧᠮ ᠪᠠ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠬᠠᠮᠢᠶᠠᠷᠤᠯᠲᠠ ᠶᠢᠨ ᠬᠥᠳᠡᠯᠦᠩᠭᠦᠶ ᠳ᠋ᠠᠶᠢᠲ᠋ᠠ ᠬᠥᠮᠥᠷᠭᠡ︾ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠠᠷᠭᠤᠭᠤᠯᠬᠤ᠂ ᠢᠳᠬᠠᠨ ᠪᠤᠴᠠᠭᠠᠬᠤ ᠠᠵᠢᠯ ᠢᠶᠠᠷ ᠳᠡᠮᠵᠢᠨ᠂ ᠰᠤᠷᠤᠯᠭ᠎ᠠ ᠠᠯᠳᠠᠭᠰᠠᠨ ᠪᠠ ᠰᠤᠷᠤᠯᠭ᠎ᠠ ᠪᠠᠨ ᠳᠣᠷᠭᠤᠨ ᠵᠣᠭᠰᠣᠭᠰᠠᠨ ᠰᠡᠵᠢᠭᠯᠡᠯᠲᠡᠶ ᠰᠣᠷᠣᠭᠴᠢ ᠶᠢᠨ ᠪᠣᠳᠠᠲᠠᠶ ᠪᠠᠶᠢᠳᠠᠯ ᠳᠤ ᠬᠤᠪᠢᠷᠠᠯᠲᠠ ᠭᠠᠷᠤᠭᠰᠠᠨ ᠪᠠᠶᠢᠪᠠᠯ᠂ ᠰᠤᠷᠭᠠᠭᠤᠯᠢ ᠶᠢᠨ ᠬᠠᠷᠢᠶ᠎ᠠ ᠶᠢᠨ ᠪᠠᠶᠢᠳᠠᠯ ᠢ ᠵᠠᠯᠠᠷᠠᠭᠤᠯᠬᠤ ᠶᠢᠨ ᠬᠠᠮᠲᠤ᠂ ᠰᠤᠷᠭᠠᠭᠤᠯᠢ ᠶᠢᠨ ᠬᠠᠷᠢᠶ᠎ᠠ ᠶᠢᠨ ᠰᠢᠰᠲ᠋ᠧᠮ ᠤᠨ ᠳᠣᠲᠣᠷᠠᠬᠢ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠡᠬᠡ ᠲᠠᠩᠰᠠᠨ ᠳᠤ ᠴᠠᠭ ᠲᠤᠬᠠᠶ ᠳᠤᠨᠢ ᠲᠤᠭ᠎ᠠ ᠪᠠᠷᠢᠮᠲᠠ ᠶᠢ ᠰᠢᠨᠡᠳᠬᠡᠬᠦ ᠬᠡᠷᠡᠭᠲᠡᠶ᠃     4. ᠰᠤᠷᠤᠭᠴᠢᠳ ᠢ ᠲᠥᠪᠬᠢᠨᠡᠭᠦᠯᠬᠦ ᠬᠠᠮᠢᠶᠠᠷᠤᠯᠲᠠ ᠶᠢᠨ ᠲᠣᠭᠲᠠᠴᠠ ᠶᠢ ᠪᠥᠷᠢᠨᠰᠢᠬᠦᠯᠥᠨ᠎ᠡ᠃ ᠰᠤᠷᠤᠯᠭ᠎ᠠ ᠪᠠᠨ ᠰᠡᠷᠭᠦᠭᠡᠬᠦ ᠪᠠᠷ ᠢᠳᠬᠠᠭᠰᠠᠨ ᠰᠤᠷᠤᠭᠴᠢᠳ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠵᠢᠭᠠᠨ ᠰᠤᠷᠭᠠᠬᠤ ᠲᠥᠯᠥᠪᠯᠡᠭᠡ ᠶᠢ ᠴᠢᠭᠯᠡᠭᠦᠯᠬᠦ ᠴᠢᠨᠠᠷᠲᠠᠶ ᠪᠠᠷ ᠲᠣᠭᠲᠠᠭᠠᠵᠤ᠂ ᠠᠩᠭᠢ ᠳᠤ ᠪᠠᠭᠤᠬᠤ᠂ ᠲᠤᠰᠠᠭᠠᠷ ᠠᠩᠭᠢ ᠬᠤᠪᠢᠶᠠᠬᠤ᠂ ᠡᠩ ᠤᠨ ᠪᠠ ᠠᠵᠢᠯ ᠮᠡᠷᠭᠡᠵᠢᠯ ᠢ ᠠᠭᠤᠰᠤᠯᠴᠠᠭᠤᠯᠬᠤ᠂ ᠲᠤᠰᠬᠠᠶ ᠬᠠᠪᠰᠤᠷᠤᠨ ᠵᠢᠯᠣᠭᠤᠳᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠯᠭ᠎ᠠ ᠪᠠᠨ ᠰᠡᠷᠭᠦᠭᠡᠬᠦ ᠪᠠᠷ ᠢᠳᠬᠠᠭᠰᠠᠨ ᠰᠤᠷᠤᠭᠴᠢᠳ ᠢ ᠲᠥᠪᠬᠢᠨᠡᠭᠦᠯᠬᠦ ᠠᠵᠢᠯ ᠢ ᠦᠨᠡᠨᠬᠦ ᠰᠠᠶᠢᠲᠤᠷ ᠬᠢᠵᠦ᠂ ᠰᠤᠷᠤᠯᠭ᠎ᠠ ᠪᠠᠨ ᠰᠡᠷᠭᠦᠭᠡᠬᠦ ᠪᠠᠷ ᠢᠳᠬᠠᠭᠰᠠᠨ ᠰᠤᠷᠤᠭᠴᠢᠳ ᠤᠨ ︽ᠦᠯᠡᠳᠡᠵᠦ ᠳᠡᠶᠢᠯᠬᠦ᠂ ᠰᠠᠶᠢᠨ ᠰᠤᠷᠴᠤ ᠳᠡᠶᠢᠯᠬᠦ︾ ᠶᠢ ᠦᠨᠡᠨᠬᠦ ᠪᠠᠲᠤᠯᠠᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢᠨ ᠳᠠᠬᠢᠨ ᠳᠠᠪᠲᠠᠨ ᠰᠡᠷᠭᠦᠬᠦ ᠶᠢ ᠡᠷᠡᠰ ᠬᠤᠷᠢᠭᠯᠠᠬᠤ ᠬᠡᠷᠡᠭᠲᠡᠶ᠃ ᠡᠭᠦᠨ ᠤ ᠬᠠᠮᠲᠤ᠂ ᠰᠤᠷᠭᠠᠭᠤᠯᠢ ᠳᠠᠭᠠᠨ ᠪᠤᠴᠠᠵᠤ ᠰᠤᠷᠤᠯᠭ᠎ᠠ ᠪᠠᠨ ᠰᠡᠷᠭᠦᠭᠡᠬᠦ ᠰᠤᠷᠤᠭᠴᠢᠳ ᠤᠨ ᠦᠵᠡᠯ ᠰᠠᠨᠠᠭᠠᠨ ᠤ ᠵᠢᠯᠣᠭᠤᠳᠣᠯᠭ᠎ᠠ᠂ ᠰᠤᠷᠭᠠᠨ ᠬᠥᠮᠦᠵᠢᠯ ᠤᠨ ᠵᠠᠯᠠᠷᠠᠭᠤᠯᠭ᠎ᠠ ᠪᠠ ᠬᠠᠪᠰᠤᠷᠤᠨ ᠲᠡᠳᠬᠦᠬᠦ ᠵᠢᠯᠣᠭᠤᠳᠣᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃     ︵ᠬᠤᠶᠠᠷ︶ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ ᠶᠢ ᠪᠠᠳᠣᠯᠠᠨ ᠴᠢᠩᠭᠠᠷᠠᠭᠤᠯᠤᠨ᠎ᠠ     1. ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠵᠠᠩᠭᠢᠯᠠᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠂ ᠰᠢᠯᠢᠳᠡᠭ ᠡᠷᠳᠡᠮ ᠤᠨ ᠴᠣᠯᠠ ᠶᠢᠨ ᠬᠠᠩᠭᠠᠯᠭ᠎ᠠ ᠶᠢ ᠡᠮᠬᠢ ᠵᠢᠷᠤᠮ ᠲᠠᠢ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠢᠵᠢ ᠪᠦᠷᠢᠳᠦᠭᠦᠯᠬᠦ ᠰᠤᠷᠭᠠᠭᠤᠯᠢ ᠶᠢ ᠦᠷᠭᠦᠯᠵᠢᠯᠡᠨ ᠲᠡᠳᠬᠦᠨ ᠳᠡᠮᠵᠢᠬᠦ ᠠᠵᠢᠯ ᠢ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠡᠷ ᠠᠴᠠ ᠪᠠᠨ ᠣᠶᠢᠷᠠᠬᠠᠨ ᠰᠤᠷᠭᠠᠭᠤᠯᠢ ᠳᠤ ᠣᠷᠣᠬᠤ ᠶᠢ ᠪᠠᠲᠤᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢᠰᠢᠯ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ᠂ ᠦᠨᠡᠨ ᠠᠴᠠ ᠵᠥᠪ ᠢ ᠡᠷᠢᠬᠦ᠂ ᠬᠡᠪᠴᠢᠶ᠎ᠡ ᠶᠢ ᠲᠣᠬᠢᠷᠠᠮᠵᠢᠲᠠᠶ ᠪᠠᠶᠢᠯᠭᠠᠬᠤ ᠪᠠ ᠰᠤᠷᠭᠠᠨ ᠬᠥᠮᠦᠵᠢᠯ ᠤᠨ ᠶᠠᠰᠤ ᠴᠢᠨᠠᠷ ᠢ ᠪᠠᠲᠤᠯᠠᠬᠤ ᠳᠤ ᠠᠰᠢᠭᠲᠠᠶ ᠪᠠᠶᠢᠯᠭᠠᠬᠤ ᠵᠠᠷᠴᠢᠮ ᠢ ᠪᠠᠷᠢᠮᠲᠠᠯᠠᠨ᠂ ᠰᠤᠷᠭᠠᠭᠤᠯᠢ ᠶᠢᠨ ᠪᠠᠶᠢᠷᠢᠰᠢᠯ ᠤᠨ ᠪᠠᠶᠢᠭᠤᠯᠤᠯᠲᠠ ᠬᠢᠭᠡᠳ ᠬᠥᠮᠦᠨ ᠠᠮᠠ ᠶᠢᠨ ᠰᠢᠯᠵᠢᠯᠲᠡ ᠶᠢᠨ ᠬᠠᠨᠳᠤᠰᠢ ᠶᠢᠨ ᠬᠠᠷᠢᠯᠴᠠᠨ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠᠶᠢᠭᠤᠯᠬᠤ ᠶᠢ ᠳᠡᠮᠵᠢᠵᠦ᠂ ᠴᠢᠬᠤᠯᠠ ᠪᠦᠬᠦᠢ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢ ᠦᠯᠡᠳᠡᠭᠡᠵᠦ ᠰᠠᠶᠢᠲᠤᠷ ᠡᠷᠬᠢᠯᠡᠬᠦ ᠬᠡᠷᠡᠭᠲᠡᠶ᠃     2. ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠬᠡᠷᠡᠭᠯᠡᠯᠲᠡ ᠶᠢ ᠶᠡᠬᠡᠪᠡᠷ ᠠᠬᠢᠭᠤᠯᠤᠨ᠎ᠠ᠃ ᠰᠤᠷᠭᠠᠭᠤᠯᠢ ᠶᠢᠨ ᠰᠦᠯᠵᠢᠶᠡᠨ ᠤ ᠰᠠᠭᠤᠷᠢ ᠳᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠬᠡᠷᠡᠭᠯᠡᠯᠲᠡ ᠶᠢ ᠠᠬᠢᠭᠤᠯᠤᠨ᠂ ᠮᠡᠳᠡᠭᠡ ᠵᠠᠩᠬᠢᠴᠢᠯᠠᠯᠳᠠ ᠶᠢᠨ ᠠᠷᠭ᠎ᠠ ᠪᠠᠷᠢᠯ ᠢ ᠠᠰᠢᠭᠯᠠᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︽ᠭᠤᠷᠪᠠᠨ ᠬᠢᠴᠢᠶᠡᠯ ᠤᠨ ᠲᠠᠩᠬᠢᠮ︾ ᠤᠨ ᠵᠠᠭᠪᠤᠷ ᠤᠨ ᠬᠡᠷᠡᠭᠯᠡᠯᠲᠡ ᠶᠢ ᠴᠢᠩᠭᠠᠳᠬᠠᠵᠤ᠂ ︽ᠠᠳᠠᠯᠢ ᠳᠠᠪᠲᠠᠮᠵᠢ ᠪᠠᠷ ᠬᠠᠷᠢᠯᠴᠠᠨ ᠦᠢᠯᠡᠳᠦᠯᠴᠡᠬᠦ ᠬᠢᠴᠢᠶᠡᠯ ᠤᠨ ᠲᠠᠩᠬᠢᠮ︾ ᠤᠨ ᠪᠠᠶᠢᠭᠤᠯᠤᠯᠲᠠ ᠪᠠ ᠬᠡᠷᠡᠭᠯᠡᠯᠲᠡ ᠶᠢ ᠦᠷᠭᠦᠯᠵᠢᠯᠡᠨ ᠠᠬᠢᠭᠤᠯᠵᠤ᠂ ᠢᠨᠲ᠋ᠧᠷ ᠰᠦᠯᠵᠢᠶ᠎ᠡ ᠶᠢ ᠠᠰᠢᠭᠯᠠᠨ ᠬᠤᠲᠠ ᠪᠠᠯᠭᠠᠰᠤ ᠶᠢᠨ ᠴᠢᠨᠠᠷ ᠰᠠᠶᠢᠲᠠᠶ ᠰᠤᠷᠭᠠᠭᠤᠯᠢ ᠪᠠ ᠮᠠᠯᠵᠢᠬᠤ ᠲᠠᠷᠢᠶᠠᠯᠠᠬᠤ ᠣᠷᠣᠨ ᠤ ᠪᠠᠭᠤᠷᠠᠶ ᠰᠤᠷᠭᠠᠭᠤᠯᠢ ᠶᠢᠨ ᠬᠤᠭᠤᠷᠣᠨᠳᠣ ᠠᠯᠤᠰ ᠠᠴᠠ ᠬᠠᠷᠢᠯᠴᠠᠨ ᠦᠢᠯᠡᠳᠦᠯᠴᠡᠬᠦ ᠵᠢᠭᠠᠨ ᠰᠤᠷᠭᠠᠯᠲᠠ ᠪᠠ ᠵᠢᠭᠠᠨ ᠰᠤᠳᠤᠯᠬᠤ ᠠᠵᠢᠯ ᠢ ᠥᠷᠨᠢᠭᠦᠯᠵᠦ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠵᠥᠷᠢᠶ᠎ᠡ ᠶᠢ ᠪᠠᠭᠠᠰᠬᠠᠬᠤ ᠶᠢ ᠲᠦᠷᠭᠡᠳᠬᠡᠨ᠎ᠠ᠃ ︽ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ 2.0︾ ︽ᠠᠯᠠᠱᠠ ᠠᠶᠢᠮᠠᠭ ᠤᠨ ᠤᠶᠤᠨᠲᠤ ᠰᠤᠷᠭᠠᠨ ᠬᠥᠮᠦᠵᠢᠯ ᠤᠨ ᠡᠭᠦᠯᠡᠨ ᠲᠠᠪᠴᠠᠩ ᠤᠨ ᠬᠡᠷᠡᠭᠯᠡᠯᠲᠡ︾ ᠶᠢᠨ ᠲᠥᠷᠥᠯ ᠵᠦᠢᠯ ᠢ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ᠂ ᠵᠢᠭᠠᠨ ᠰᠤᠳᠤᠯᠤᠭᠴᠢ᠂ ᠮᠡᠳᠡᠭᠡ ᠵᠠᠩᠭᠢ ᠶᠢᠨ ᠮᠡᠷᠭᠡᠵᠢᠯ ᠤᠨ ᠲᠤᠰᠬᠠᠶ ᠪᠠᠭᠰᠢ ᠪᠠ ᠰᠢᠨᠵᠢᠯᠡᠭᠡᠨ ᠤ ᠰᠠᠯᠠᠭ᠎ᠠ ᠶᠢᠨ ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠪᠦᠬᠦᠯᠢ ᠴᠣᠭᠴᠠ ᠶᠢᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      3. ᠰᠤᠷᠭᠠᠨ ᠬᠥᠮᠦᠵᠢᠯ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠰᠤᠷᠤᠭᠴᠢᠳ ᠢ ᠵᠣᠭᠤᠰ ᠢᠶᠠᠷ ᠲᠤᠰᠠᠯᠠᠬᠤ ᠰᠠᠯᠠᠭ᠎ᠠ ᠮᠥᠴᠢᠷ᠂ ᠡᠯ᠎ᠡ ᠰᠤᠷᠭᠠᠭᠤᠯᠢ ᠨᠤᠭᠤᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠲᠣᠭᠲᠠᠭᠠᠯ ᠶᠣᠰᠣᠭᠠᠷ ᠵᠣᠭᠤᠰ ᠢᠶᠠᠷ ᠲᠤᠰᠠᠯᠠᠬᠤ ᠶᠢ ᠪᠠᠲᠤᠯᠠᠵᠤ᠂ ᠰᠤᠷᠤᠭᠴᠢᠳ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ︽ᠲᠤᠰᠠᠯᠠᠪᠠᠰᠤ ᠵᠣᠬᠢᠬᠤ ᠶᠢ ᠨᠢ ᠪᠦᠬᠦ ᠬᠦᠴᠦᠨ ᠢᠶᠠᠷ ᠢᠶᠠᠨ ᠳᠣᠰᠠᠯᠠᠨ᠎ᠠ︾᠃ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠯᠦᠭᠡ ᠶᠢᠨ ᠲᠤᠭ᠎ᠠ ᠪᠠᠷᠢᠮᠲᠠ ᠶᠢ ᠬᠠᠷᠢᠴᠠᠭᠤᠯᠬᠤ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠲᠤᠰᠠᠯᠠᠮᠵᠢ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠭᠦᠨ ᠤ ᠬᠠᠮᠳᠣ᠂ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠦᠬᠦᠨ ᠢ ᠬᠠᠮᠤᠷᠬᠤ ᠶᠢ ᠦᠨᠡᠨ ᠬᠦ ᠪᠠᠲᠤᠯᠠᠵᠤ᠂ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠤᠬᠠᠶ ᠣᠯᠠᠨ ᠲᠦᠮᠡᠨ ᠤ ᠣᠶᠢᠯᠠᠭᠠᠯᠳᠠ ᠶᠢ ᠨᠡᠮᠡᠭᠳᠡᠬᠦᠯᠦᠨ᠎ᠡ᠃     4. ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠡᠷᠬᠡ ᠶᠢ ᠶᠡᠬᠡᠪᠡᠷ ᠪᠠᠲᠤᠯᠠᠨ᠎ᠠ᠃ ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ᠂ ᠬᠡᠷ ᠲᠡᠭᠡᠨ ᠬᠤᠴᠣᠷᠤᠭᠰᠠᠨ ᠬᠡᠤᠬᠡᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ︽ᠬᠤᠶᠠᠷ ᠢᠶᠠᠷ ᠭᠤᠤᠯ ᠪᠣᠯᠭᠠᠵᠤ᠂ ᠬᠤᠶᠠᠷ ᠢ ᠣᠷᠣᠭᠤᠯᠬᠤ︾ ᠵᠠᠷᠴᠢᠮ ᠶᠣᠰᠣᠭᠠᠷ᠂ ᠳᠠᠭᠠᠵᠤ ᠨᠡᠭᠦᠭᠰᠡᠨ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠳᠤ ᠣᠶᠢᠷ᠎ᠠ ᠬᠠᠪᠢ ᠳᠠᠭᠠᠨ ᠰᠢᠯᠭᠠᠬᠤ ᠥᠬᠡᠶ ᠪᠠᠷ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠠᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠣᠷᠣᠰᠢᠨ ᠰᠠᠭᠤᠬᠤ ᠦᠨᠡᠮᠯᠡᠯ ᠢᠶᠠᠷ ᠭᠤᠤᠯ ᠦᠨᠳᠦᠰᠦᠯᠡᠯ ᠪᠣᠯᠭᠠᠭᠰᠠᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠡᠷᠡᠭᠴᠡᠭᠡ ᠥᠬᠡᠶ ᠭᠡᠷᠡᠴᠢᠯᠡᠬᠦ ᠮᠠᠲ᠋ᠧᠷᠢᠶᠠᠯ ᠢ ᠡᠷᠡᠰ ᠬᠦᠴᠦᠨ ᠥᠬᠡᠶ ᠪᠣᠯᠭᠠᠵᠤ᠂ ᠳᠠᠭᠠᠵᠤ ᠨᠡᠭᠦᠭᠰᠡᠨ ᠦᠷ᠎ᠡ ᠬᠡᠤᠬᠡᠳ ᠤᠨ ᠲᠤᠬᠠᠶ ᠶᠢᠨ ᠭᠠᠵᠠᠷ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠦᠷ᠎ᠡ ᠬᠡᠤᠬᠡᠳ ᠯᠦᠭᠡ ᠠᠳᠠᠯᠢ ᠣᠯᠭᠤᠮᠵᠢ ᠭᠥᠷᠳᠡᠬᠦ ᠶᠢ ᠪᠠᠲᠤᠯᠠᠬᠤ ᠬᠡᠷᠡᠭᠲᠡᠶ᠃ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠦᠨᠡᠨᠬᠦ ᠨᠠᠶᠢᠳᠠᠪᠤᠷᠢᠵᠢᠭᠤᠯᠵᠤ᠂ ᠳᠠᠭᠠᠵᠤ ᠨᠡᠭᠦᠭᠰᠡᠨ ᠦᠷ᠎ᠡ ᠬᠡᠤᠬᠡᠳ ᠤᠨ ᠲᠣᠭᠲᠠᠭᠠᠯ ᠶᠣᠰᠣᠭᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠭᠥᠷᠳᠡᠬᠦ ᠶᠢ ᠦᠨᠡᠨᠬᠦ ᠪᠠᠲᠤᠯᠠᠬᠤ ᠶᠢᠨ ᠬᠠᠮᠲᠤ᠂ ᠳᠠᠭᠠᠵᠤ ᠨᠡᠭᠦᠭᠰᠡᠨ ᠦᠷ᠎ᠡ ᠬᠡᠤᠬᠡᠳ ᠲᠤ ᠲᠤᠬᠠᠶ ᠶᠢᠨ ᠭᠠᠵᠠᠷ ᠤᠨ ᠰᠣᠷᠣᠭᠴᠢ ᠲᠠᠢ ᠠᠳᠠᠯᠢᠬᠠᠨ ᠵᠠᠷᠤᠳᠠᠯ ᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠪᠣᠯᠤᠨ ᠳᠤᠮᠳᠠᠳᠤ ᠰᠤᠷᠭᠠᠭᠤᠯᠢ ᠳᠤ ᠰᠢᠯᠭᠠᠵᠤ ᠰᠤᠷᠭᠠᠭᠤᠯᠢ ᠳᠡᠪᠰᠢᠬᠦ ᠵᠢᠴᠢ ᠰᠠᠯᠭᠠᠨ ᠡᠯᠰᠡᠬᠦ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠳᠠᠭᠠᠵᠤ ᠨᠡᠭᠦᠭᠰᠡᠨ ᠦᠷ᠎ᠡ ᠬᠡᠤᠬᠡᠳ ᠲᠤ ᠴᠠᠭ ᠲᠤᠬᠠᠶ ᠳᠤᠨᠢ ᠰᠤᠷᠭᠠᠭᠤᠯᠢ ᠶᠢᠨ ᠬᠠᠷᠢᠶ᠎ᠠ ᠪᠠᠶᠢᠭᠤᠯᠤᠨ ᠥᠭᠴᠦ᠂ ᠨᠢᠭᠡᠳᠦᠯᠲᠡᠶ ᠬᠠᠷᠢᠶ᠎ᠠ ᠪᠠᠶᠢᠭᠤᠯᠬᠤ᠂ ᠨᠢᠭᠡᠳᠦᠯᠲᠡᠶ ᠬᠠᠮᠢᠶᠠᠷᠬᠤ᠂ ᠬᠥᠮᠦᠨ ᠨᠢ ᠪᠠᠶᠢᠪᠠᠯ ᠬᠠᠷᠢᠶ᠎ᠠ ᠨᠢ ᠪᠠᠶᠢᠬᠤ᠂ ᠬᠠᠷᠢᠶ᠎ᠠ ᠨᠢ ᠬᠥᠮᠦᠨ ᠢᠶᠠᠨ ᠳᠠᠭᠠᠵᠤ ᠶᠠᠪᠤᠬᠤ᠂ ᠡᠴᠦᠰ ᠲᠤᠨᠢ ᠲᠤᠯᠲᠠᠯ᠎ᠠ ᠮᠥᠷᠳᠡᠬᠦ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠵᠦ᠂ ᠳᠠᠭᠠᠵᠤ ᠨᠡᠭᠦᠭᠰᠡᠨ ᠦᠷ᠎ᠡ ᠬᠡᠤᠬᠡᠳ ᠤᠨ ᠡᠴᠢᠭᠡ ᠡᠬᠡ ᠶᠢᠨ ᠬᠢᠨᠢ ᠰᠢᠯᠵᠢᠭᠰᠡᠨ ᠠᠴᠠ ᠪᠣᠯᠵᠣ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠶᠠᠰᠤ ᠴᠢᠨᠠᠷ ᠢᠶᠠᠷ ᠰᠤᠷᠤᠯᠭ᠎ᠠ ᠪᠠᠨ ᠳᠣᠷᠭᠤᠨ ᠵᠣᠭᠰᠣᠬᠤ ᠶᠢ ᠴᠢᠨᠠᠷᠯᠢᠭ ᠬᠢᠵᠠᠭᠠᠷᠯᠠᠬᠤ ᠶᠢ ᠬᠡᠷᠡᠭᠵᠢᠬᠦᠯᠦᠨ᠎ᠡ      1. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠤᠭᠤᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠭᠠᠭᠰᠠᠨ ᠬᠢᠴᠢᠶᠡᠯ ᠢ ᠬᠦᠢᠴᠡᠳ ᠨᠡᠭᠡᠭᠡᠵᠦ᠂ ᠲᠣᠭᠲᠠᠭᠠᠯ ᠠᠴᠠ ᠵᠥᠷᠢᠴᠡᠨ ᠬᠢᠴᠢᠶᠡᠯ ᠪᠠ ᠬᠢᠴᠢᠶᠡᠯ ᠤᠨ ᠴᠠᠭ ᠢ ᠨᠡᠮᠡᠵᠦ ᠬᠠᠰᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ︽ᠬᠤᠶᠠᠷ ᠢ ᠬᠦᠩᠭᠡᠷᠡᠬᠦᠯᠬᠦ︾ ︽ᠲᠠᠪᠤᠨ ᠵᠦᠢᠯ ᠤᠨ ᠬᠠᠮᠢᠶᠠᠷᠤᠯᠲᠠ︾ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠴᠢᠶᠡᠯ ᠲᠥᠷᠥᠯ ᠳᠤ ᠰᠠᠭᠤᠷᠢᠯᠠᠭᠰᠠᠨ ᠬᠢᠴᠢᠶᠡᠯ ᠤᠨ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢ ᠰᠦᠪᠡᠭᠴᠢᠯᠡᠨ᠂ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠵᠢᠭᠠᠨ ᠰᠤᠷᠭᠠᠯᠲᠠ ᠶᠢᠨ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠲᠣᠭᠲᠠᠭᠠᠵᠤ᠂ ᠵᠢᠭᠠᠨ ᠰᠤᠷᠭᠠᠯᠲᠠ ᠶᠢᠨ ᠭᠤᠭᠴᠤᠭ᠎ᠠ ᠶᠢ ᠰᠢᠯᠢᠳᠡᠭᠵᠢᠭᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠳᠠᠰᠬᠠᠯ ᠰᠢᠯᠭᠠᠯᠲᠠ ᠶᠢᠨ ᠬᠠᠪᠰᠤᠷᠤᠨ ᠵᠢᠯᠣᠭᠤᠳᠬᠤ ᠶᠢ ᠲᠡᠭᠦᠯᠳᠡᠷᠵᠢᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠰᠤᠷᠤᠯᠭ᠎ᠠ ᠬᠦᠴᠢᠷᠳᠡᠯ ᠲᠠᠢ ᠰᠤᠷᠤᠭᠴᠢᠳ ᠢ ᠬᠠᠪᠰᠤᠷᠤᠨ ᠲᠡᠳᠬᠦᠬᠦ ᠲᠦᠷᠢᠮ ᠢ ᠪᠠᠶᠢᠭᠤᠯᠵᠤ᠂ ᠰᠤᠷᠤᠯᠭ᠎ᠠ ᠶᠢᠨ ᠪᠠᠶᠢᠳᠠᠯ ᠢ ᠨᠠᠷᠢᠯᠢᠭ ᠣᠨᠣᠪᠴᠢᠳᠠᠢ ᠪᠠᠷ ᠵᠠᠳᠠᠯᠵᠤ᠂ ᠵᠦᠷᠢᠶᠡᠴᠢᠯᠡᠭᠰᠡᠨ ᠵᠢᠭᠠᠨ ᠰᠤᠷᠭᠠᠯᠲᠠ ᠪᠠ ᠳᠣᠰᠬᠠᠢ ᠵᠢᠯᠤᠭᠤᠳᠤᠯᠭ᠎ᠠ ᠶᠢ ᠴᠢᠬᠤᠯᠠᠴᠢᠯᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ᠂ ᠪᠠᠭᠰᠢ ᠶᠢᠨ ︽ᠨᠢᠭᠡ ᠳᠤ ᠨᠢᠭᠡ︾ ᠪᠠᠷ ᠬᠠᠪᠰᠤᠷᠤᠨ ᠲᠡᠳᠬᠦᠬᠦ᠂ ᠬᠠᠮᠲᠤ ᠰᠤᠷᠤᠭᠴᠢᠳ ᠤᠨ ︽ᠭᠠᠷ ᠭᠠᠷ ᠢᠶᠠᠨ ᠬᠤᠯᠪᠣᠯᠴᠠᠵᠤ︾ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠯᠭ᠎ᠠ ᠬᠦᠴᠢᠷᠳᠡᠯ ᠲᠠᠢ ᠰᠤᠷᠤᠭᠴᠢᠳ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ  ᠤᠨ ᠰᠡᠳᠬᠢᠴᠡ  ᠶᠢᠨ ᠬᠠᠪᠰᠤᠷᠤᠨ ᠵᠢᠯᠣᠭᠤᠳᠣᠯᠭ᠎ᠠ  ᠪᠠ ᠰᠤᠷᠭᠠᠨ ᠬᠥᠮᠦᠵᠢᠭᠦᠯᠵᠦ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠵᠤ᠂ ᠰᠤᠷᠤᠯᠴᠠᠬᠤ  ᠳᠤ ᠬᠦᠴᠢᠷᠲᠡᠶ  ᠠᠴᠠ ᠪᠣᠯᠵᠣ ᠰᠤᠷᠤᠯᠭ᠎ᠠ  ᠪᠠᠨ ᠳᠣᠷᠭᠤᠨ ᠵᠣᠭᠰᠣᠬᠤ  ᠶᠢ ᠡᠷᠡᠰ ᠬᠤᠷᠢᠭᠯᠠᠬᠤ ᠬᠡᠷᠡᠭᠲᠡᠶ᠃     2. ᠣᠨᠴᠣᠭᠤᠶ ᠰᠤᠷᠭᠠᠨ ᠬᠥᠮᠦᠵᠢᠯ ᠤᠨ ᠴᠢᠨᠠᠷ ᠰᠠᠶᠢᠲᠠᠶ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠭᠤᠷᠪᠠᠳᠤᠭᠠᠷ ᠬᠤᠭᠤᠴᠠᠭᠠᠨ ᠤ ᠣᠨᠴᠣᠭᠤᠶ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ ᠂ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠬᠢ ᠪᠠᠶᠠᠯᠢᠭ ᠤᠨ ᠲᠥᠪ ᠪᠠ ᠡᠬᠢ ᠪᠠᠶᠠᠯᠢᠭ ᠤᠨ ᠬᠢᠴᠢᠶᠡᠯ ᠤᠨ ᠬᠡᠷ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠂ ᠠᠩᠭᠢ ᠳᠠᠭᠠᠵᠤ ᠰᠤᠷᠤᠯᠴᠠᠬᠤ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠭᠥᠯᠢᠶᠡᠨ ᠠᠪᠬᠤ ᠴᠢᠳᠠᠪᠤᠷᠢ ᠲᠠᠢ ᠵᠡᠮᠳᠡᠭ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠦᠨ᠎ᠡ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠲᠣᠰ ᠬᠠᠷᠢᠶ᠎ᠠ ᠣᠷᠣᠨ ᠤ ᠪᠠᠨ ᠦᠨᠡᠮᠯᠡᠯ ᠲᠠᠢ ᠵᠡᠮᠳᠡᠭ ᠬᠡᠤᠬᠡᠳ ᠪᠠᠭᠠᠴᠤᠳ ᠪᠠ ᠦᠨᠡᠮᠯᠡᠯ ᠥᠬᠡᠶ ᠪᠣᠯᠪᠠᠴᠤ ᠬᠡᠷᠡᠭ ᠳᠡᠭᠡᠷ᠎ᠡ ᠪᠠᠨ ᠵᠡᠮᠳᠡᠭ ᠬᠡᠤᠬᠡᠳ ᠪᠠᠭᠠᠴᠤᠳ ᠤᠨ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠨᠠᠷᠢᠯᠢᠭ ᠣᠨᠣᠪᠴᠢᠳᠠᠢ ᠪᠠᠷ ᠡᠵᠡᠮᠰᠢᠬᠦ ᠬᠡᠷᠡᠭᠲᠡᠶ᠃ ᠰᠤᠷᠭᠠᠭᠤᠯᠢ ᠳᠤ ᠣᠷᠣᠭᠠᠳᠤᠶ ᠰᠤᠷᠬᠤ ᠨᠠᠰᠤᠨ ᠤ ᠵᠡᠮᠳᠡᠭ ᠬᠡᠤᠬᠡᠳ ᠪᠠᠭᠠᠴᠤᠳ ᠲᠤ ᠵᠡᠮᠳᠡᠭᠴᠦᠳ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠤ ᠵᠥᠪᠯᠡᠯ ᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠪᠡᠶ᠎ᠡ ᠮᠠᠬᠠᠪᠣᠳ ᠤᠨ ᠦᠨᠡᠯᠡᠨ ᠵᠢᠱᠢᠯᠲᠡ ᠬᠢᠯᠭᠡᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠲᠣᠬᠢᠲᠠᠶ ᠲᠥᠪᠬᠢᠨᠡᠭᠦᠯᠦᠨ᠂ ︽ᠨᠢᠭᠡ ᠬᠥᠮᠦᠨ ᠳᠤ ᠨᠢᠭᠡ ᠬᠡᠷᠡᠭ︾ ᠢ ᠬᠦᠢᠴᠡᠳᠭᠡᠵᠦ᠂ ᠰᠤᠷᠬᠤ ᠨᠠᠰᠤᠨ ᠤ ᠵᠡᠮᠳᠡᠭ ᠬᠡᠤᠬᠡᠳ ᠤᠨ ᠰᠤᠷᠭᠠᠭᠤᠯᠢ ᠳᠤ ᠣᠷᠣᠬᠤ ᠡᠷᠬᠡ ᠶᠢ ᠬᠦᠢᠴᠡᠳ ᠪᠠᠲᠤᠯᠠᠬᠤ ᠬᠡᠷᠡᠭᠲᠡᠶ᠃     3. ᠮᠠᠯᠵᠢᠬᠤ ᠲᠠᠷᠢᠶᠠᠯᠠᠬᠤ ᠣᠷᠣᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠴᠢᠩᠭᠠᠳᠬᠠᠬᠤ ᠲᠤᠬᠠᠶ ᠰᠤᠷᠭᠠᠨ ᠬᠥᠮᠦᠵᠢᠯ ᠤᠨ ᠶᠠᠮᠤᠨ ᠵᠡᠷᠭᠡ ᠵᠢᠷᠭᠤᠭᠠᠨ ᠰᠠᠯᠠᠭ᠎ᠠ ᠮᠥᠴᠢᠷ ᠤᠨ ᠰᠠᠨᠠᠯ︾ ︵ᠪᠠᠭᠰᠢ ︹ 2020 ︺ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠭᠰᠢ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠪᠠᠭᠰᠢ ᠶᠢᠨ ︽ᠬᠤᠰᠢᠭᠤ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ︽ᠰᠠᠭᠠᠳ ᠥᠬᠡᠶ ᠨᠡᠪᠲᠡᠷᠡᠬᠦ ᠵᠠᠮ︾᠂ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠥᠷᠥᠯ ᠤᠨ ᠪᠠᠭᠰᠢ ᠶᠢ ᠵᠢᠯ ᠪᠦᠷᠢ ᠴᠠᠭ ᠲᠤᠬᠠᠶ ᠳᠤᠨᠢ ᠨᠥᠬᠦᠪᠥᠷᠢᠯᠡᠵᠦ᠂ ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠬᠢᠭᠡᠳ ᠠᠯᠪᠠᠲᠠᠨ ᠤ ᠴᠠᠯᠢᠩ ᠢ ᠬᠤᠯᠪᠣᠯᠳᠤᠭᠤᠯᠤᠨ ᠨᠡᠮᠡᠭᠳᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠵᠢᠯ ᠤᠨ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠠᠴᠠ ᠳᠣᠣᠷ᠎ᠠ ᠦᠬᠡᠢ ᠪᠣᠶᠣ ᠦᠨᠳᠦᠷ ᠪᠠᠶᠢᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠡᠷᠭᠡᠵᠢᠯ ᠤᠨ ᠴᠣᠯᠠ ᠲᠣᠭᠲᠠᠭᠠᠬᠤ ᠤᠷᠢᠬᠤ᠂ ᠰᠠᠶᠢᠰᠢᠶᠠᠨ ᠬᠥᠬᠢᠭᠦᠯᠬᠦ ᠵᠡᠷᠭᠡ ᠲᠠᠯ᠎ᠠ ᠪᠠᠷ ᠮᠠᠯᠵᠢᠬᠤ ᠲᠠᠷᠢᠶᠠᠯᠠᠬᠤ ᠣᠷᠣᠨ ᠤ ᠪᠠᠭᠰᠢ ᠳᠠᠰᠢ ᠬᠡᠯᠪᠠᠶᠢᠯᠭᠡᠨ᠎ᠡ᠃      4. ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠥᠮᠦᠵᠢᠯ ᠢ ᠴᠢᠩᠭᠠᠳᠬᠠᠨ᠎ᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠨ᠂ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠠᠵᠢᠯ ᠤᠨ ᠪᠠᠷᠢᠮᠵᠢᠶ᠎ᠠ ᠳᠤ ᠬᠥᠷᠬᠦ ᠰᠤᠷᠭᠠᠭᠤᠯᠢ ᠶᠢ ᠡᠭᠦᠳᠦᠨ ᠪᠠᠶᠢᠭᠤᠯᠬᠤ ᠶᠢ ᠥᠷᠨᠢᠭᠦᠯᠵᠦ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ ᠬᠥᠮᠦᠵᠢᠯ ᠢ ᠴᠢᠩᠭᠠᠳᠬᠠᠵᠤ᠂ ᠰᠤᠷᠬᠤ ᠨᠠᠰᠤᠨ ᠤ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠠᠴᠠ ᠡᠮᠦᠨ᠎ᠡ ᠨᠡᠶᠢᠲᠡᠯᠢᠭ ᠬᠡᠯᠡ ᠶᠢ ᠰᠣᠨᠣᠰᠴᠤ ᠣᠶᠢᠯᠠᠭᠠᠬᠤ ᠪᠠ ᠬᠡᠯᠡᠵᠦ ᠴᠢᠳᠠᠬᠤ ᠶᠢ ᠠᠬᠢᠭᠤᠯᠵᠤ᠂ ᠲᠡᠳᠡᠨ ᠤ ᠰᠤᠷᠭᠠᠭᠤᠯᠢ ᠳᠤ ᠤᠷᠤᠭᠰᠠᠨ ᠤ ᠲᠠᠷᠠᠭ᠎ᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠶ ᠬᠡᠷᠡᠭᠯᠡᠨ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠶᠢ ᠪᠠᠲᠤᠯᠠᠨ᠎ᠠ᠃ ᠡᠯ᠎ᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠤᠭᠤᠳ ᠳᠤᠮᠳᠠᠳᠤ ᠶᠢᠨ ᠰᠣᠩᠭᠤᠳᠠᠭ ᠪᠦᠲᠦᠭᠡᠯ ᠢ ᠤᠩᠰᠢᠬᠤ ᠢᠨᠵᠧᠨᠧᠷᠢᠩ ᠲᠠᠢ ᠤᠶᠠᠯᠳᠤᠭᠤᠯᠤᠨ᠂ ︽ᠡᠯᠢᠬᠡᠨ ᠬᠠᠶᠢᠷᠠᠳᠣ ᠳᠤᠮᠳᠠᠳᠤ ᠤᠯᠤᠰ︾ ᠳᠤᠮᠳᠠᠳᠤ ᠶᠢᠨ ᠰᠣᠩᠭᠤᠳᠠᠭ ᠪᠦᠲᠦᠭᠡᠯ ᠢ ᠤᠯᠠᠮᠵᠢᠯᠠᠨ ᠳᠡᠯᠭᠡᠷᠡᠭᠦᠯᠬᠦ ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ ᠤᠯᠠᠮᠵᠢᠯᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠬᠤ ᠬᠡᠷᠡᠭᠲᠡᠶ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠠᠵᠢᠯ ᠪᠣᠯᠭᠠᠨ ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠵᠤ᠂ ︽ᠳᠦᠷᠦᠭᠦᠦ ᠬᠠᠷᠢᠭᠤᠴᠠᠯᠭᠠᠳᠠᠨ︾ ᠬᠠᠷᠢᠭᠤᠴᠠᠬᠤ ᠲᠦᠷᠢᠮ ᠢ ᠬᠡᠷᠡᠭᠵᠢᠭᠦᠯᠦᠨ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠰᠢᠭᠤᠳ ᠠᠳᠬᠤᠬᠤ ᠶᠢ ᠪᠠᠷᠢᠮᠲᠠᠯᠠᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃      ︵ᠬᠤᠶᠠᠷ︶ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠡᠯ᠎ᠡ ᠵᠦᠢᠯ ᠤᠨ ᠠᠷᠭ᠎ᠠ ᠵᠠᠮ ᠢᠶᠠᠷ ᠳᠡᠮᠵᠢᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠦ᠂ ᠠᠷᠠᠳ ᠤᠯᠠᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠦᠨᠡᠨ ᠬᠦ ᠴᠢᠩᠭᠠᠳᠬᠠᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠤᠨ ᠬᠠᠤᠯᠢ ᠶᠣᠰᠣᠭᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠡᠷᠬᠡ ᠶᠢ ᠨᠢ ᠬᠦᠨᠳᠦᠳᠬᠡᠨ ᠬᠠᠮᠠᠭᠠᠯᠠᠭᠤᠯᠵᠤ᠂ ᠬᠠᠤᠯᠢ ᠲᠣᠭᠲᠠᠭᠠᠯ ᠢ ᠵᠥᠷᠢᠴᠡᠭᠰᠡᠨ ᠠᠴᠠ ᠪᠣᠯᠤᠭᠰᠠᠨ ᠡᠯ᠎ᠡ ᠵᠦᠢᠯ ᠤᠨ ᠰᠤᠷᠤᠯᠭ᠎ᠠ ᠪᠠᠨ ᠲᠤᠷᠭᠤᠨ ᠵᠣᠭᠰᠣᠬᠤ ᠦᠵᠡᠭᠳᠡᠯ ᠢ ᠡᠷᠡᠰ ᠴᠠᠭᠠᠵᠠᠯᠠᠨ᠎ᠠ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠭᠰᠠᠨ ᠠᠵᠢᠯ ᠤᠨ ᠦᠷ᠎ᠡ ᠪᠦᠲᠦᠭᠡᠯ ᠢ ᠬᠢᠨᠠᠮᠠᠭᠠᠶ ᠳ᠋ᠦᠩᠨᠡᠵᠦ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠢᠳᠡᠪᠬᠢᠲᠡᠶ ᠳᠡᠯᠭᠡᠷᠡᠭᠦᠯᠦᠨ᠂ ᠲᠡᠷᠢᠭᠦᠨ ᠤ ᠦᠢᠯᠡ ᠠᠵᠢᠯᠯᠠᠭ᠎ᠠ ᠪᠠ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠤᠨ ᠰᠠᠶᠢᠰᠢᠶᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠲᠠᠰᠤᠷᠠᠯᠲᠠ ᠥᠬᠡᠶ ᠪᠣᠶ ᠪᠣᠯᠭᠠᠬᠤ ᠬᠡᠷᠡᠭᠲᠡᠶ᠃      ︵ᠭᠤᠷᠪᠠ︶ ᠬᠢᠨᠠᠨ ᠵᠢᠯᠣᠭᠤᠳᠬᠤ ᠪᠠᠨ ᠴᠢᠩᠭᠠᠷᠠᠭᠤᠯᠵᠤ᠂ ᠴᠢᠩᠭ᠎ᠠ ᠰᠢᠯᠭᠠᠨ ᠬᠢᠨᠠᠨ᠎ᠠ᠃ ᠡᠯ᠎ᠡ ᠭᠠᠵᠠᠷ ᠤᠨ ᠬᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠳᠣᠬᠠᠢ ᠬᠢᠨᠠᠨ ᠵᠢᠯᠣᠭᠤᠳᠬᠤ ᠲᠣᠭᠲᠠᠴᠠ ᠪᠠ ᠰᠢᠯᠭᠠᠨ ᠬᠢᠨᠠᠵᠤ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠰᠢᠭᠤ ︵ᠨᠡᠭᠡᠭᠡᠯᠳᠡ ᠶᠢᠨ ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠦᠨᠡᠯᠡᠬᠦ ᠬᠡᠪᠴᠢᠶᠡᠨ ᠳᠤ ᠣᠷᠣᠭᠤᠯᠣᠨ᠎ᠠ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠪᠣᠯᠵᠣᠨ ᠶᠠᠷᠢᠯᠴᠠᠬᠤ ᠲᠦᠷᠢᠮ ᠪᠠ ᠵᠠᠷᠯᠠᠨ ᠮᠡᠳᠡᠭᠳᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠤᠨ ᠳᠤᠮᠳᠠ ᠲᠠᠨᠢᠯᠲᠠ ᠲᠣᠳᠣᠷᠬᠠᠶ ᠥᠬᠡᠶ᠂ ᠡᠭᠦᠷᠭᠡ ᠲᠤᠰᠢᠶᠠᠯ ᠢᠶᠠᠨ ᠰᠠᠶᠢᠲᠤᠷ ᠬᠦᠢᠴᠡᠳᠭᠡᠭᠰᠡᠨ ᠥᠬᠡᠶ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ᠂ ᠦᠷᠭᠦᠯᠵᠢᠯᠡᠨ ᠬᠤᠴᠣᠷᠤᠩᠭᠤᠶ ᠮᠥᠷᠲᠡᠭᠡᠨ ᠮᠠᠭᠤ ᠨᠥᠯᠥᠭᠡ ᠭᠠᠷᠭᠠᠭᠰᠠᠨ ᠭᠠᠵᠠᠷ ᠣᠷᠣᠨ᠂ ᠰᠤᠷᠭᠠᠭᠤᠯᠢ ᠲᠠᠢ ᠪᠣᠯᠵᠣᠨ ᠶᠠᠷᠢᠯᠴᠠᠬᠤ ᠶᠢᠨ ᠬᠠᠮᠲᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃      ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号