ᠳᠠᠶᠢᠴᠢᠨ ᠲᠥᠯᠥᠭᠡᠯᠡᠭᠴᠢ᠄ ᠠᠯᠠᠱᠠ ᠶᠢᠨ ᠡᠭᠦᠷᠭᠡᠯᠡᠯ ᠢ ᠢᠯᠡᠷᠡᠭᠦᠯᠵᠦ ᠠᠯᠠᠱᠠ ᠶᠢᠨ ᠬᠤᠪᠢ ᠨᠡᠮᠡᠷᠢ ᠶᠢ ᠦᠵᠡᠭᠦᠯᠦᠨ᠎ᠡ
ᠨᠡᠶᠢᠲᠡᠯᠡᠭᠰᠡᠨ ᠴᠠᠭ᠄
2022/10/25
   ︽ᠨᠠᠮ ᠤᠨ ᠬᠤᠷᠢᠳᠤᠭᠠᠷ ᠶᠡᠭᠡ ᠬᠤᠷᠠᠯ ᠤᠨ ᠠᠵᠢᠯ ᠦᠢᠯᠡᠰ ᠤᠨ ᠬᠥᠭᠵᠢᠯᠲᠡ ᠶᠢᠨ ᠦᠨᠳᠦᠰᠦᠨ ᠴᠢᠭᠯᠡᠯᠲᠡ ᠪᠠ ᠠᠵᠢᠯᠯᠠᠭᠠᠨ ᠤ ᠬᠥᠲᠥᠯᠪᠦᠷᠢ ᠮᠥᠨ︾ ᠭᠡᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠢᠯᠡᠳᠬᠡᠯ ᠢ ᠰᠤᠷᠤᠯᠴᠠᠬᠰᠠᠨ ᠲᠥᠷᠥᠭᠳᠡᠯ ᠢᠶᠠᠨ ᠬᠤᠪᠢᠶᠠᠯᠴᠠᠨ᠎ᠠ᠃     ︽ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠲᠠᠯ᠎ᠠ ᠪᠠᠷ ᠠᠯᠠᠱᠠ ᠶᠢᠨ ᠡᠭᠦᠷᠭᠡᠯᠡᠯ ᠢ ᠢᠯᠡᠷᠡᠭᠦᠯᠵᠦ ᠂ ᠠᠯᠠᠱᠠ ᠶᠢᠨ ᠬᠤᠪᠢ ᠨᠡᠮᠡᠷᠢ ᠶᠢ ᠦᠵᠡᠭᠦᠯᠦᠨ᠎ᠡ︾ ᠭᠡᠵᠦ ᠳᠠᠶᠢᠴᠢᠨ ᠲᠥᠯᠥᠭᠡᠯᠡᠭᠴᠢ ᠢᠯᠡᠳᠬᠡᠪᠡ᠃     ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃ ᠠᠯᠠᠱᠠ ᠠᠶᠢᠮᠠᠭ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠨᠠᠩ ᠪᠠᠲᠤ ᠴᠣᠭᠴᠠᠯᠠᠨ᠎ᠠ᠃     ᠬᠢᠯᠢ ᠬᠢᠵᠠᠭᠠᠷ ᠤᠨ ᠠᠮᠤᠷ ᠲᠦᠪᠰᠢᠨ ᠢ ᠰᠠᠶᠢᠲᠤᠷ ᠰᠠᠬᠢᠨ᠎ᠠ᠃ ᠠᠯᠠᠱᠠ ᠠᠶᠢᠮᠠᠭ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ᠂ ᠦᠨᠳᠦᠰᠦᠲᠡᠨ ᠤ ᠪᠦᠯᠬᠦᠮᠳᠡᠯ᠂ ᠬᠢᠯᠢ ᠶᠢ ᠬᠥᠭᠵᠢᠭᠦᠯᠵᠦ ᠠᠷᠠᠳ ᠢ ᠪᠠᠶᠠᠵᠢᠭᠤᠯᠬᠤ ᠡᠯ᠎ᠡ ᠵᠦᠢᠯ ᠤᠨ ᠠᠵᠢᠯ ᠢ ᠬᠢᠨᠠᠮᠠᠭᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠬᠥᠭᠵᠢᠭᠰᠡᠨ᠂ ᠦᠨᠳᠦᠰᠦᠲᠡᠨ ᠪᠦᠯᠬᠦᠮᠳᠡᠭᠰᠡᠨ᠂ ᠨᠡᠶᠢᠭᠡᠮ ᠲᠣᠭᠲᠠᠭᠤᠨ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ᠎ᠡ᠃     ᠴᠡᠪᠡᠷ ᠡᠨᠧᠷᠭᠢ ᠶᠢᠨ ᠰᠠᠭᠤᠷᠢᠨ ᠢ ᠲᠦᠷᠭᠡᠳᠬᠡᠨ ᠪᠠᠶᠢᠭᠤᠯᠤᠨ᠎ᠠ᠃ ᠠᠯᠠᠱᠠ ᠠᠶᠢᠮᠠᠭ ᠣᠶᠢᠷ᠎ᠠ ᠶᠢᠨ ᠬᠤᠭᠤᠴᠠᠭᠠᠨ ᠳᠤ ᠮᠢᠩᠭᠠᠨ ᠲᠦᠮᠡᠨ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠰᠠᠭᠤᠷᠢᠨ ᠢ ᠪᠠᠶᠢᠭᠤᠯᠬᠤ᠂ ᠣᠷᠳᠣ ᠬᠤᠭᠤᠴᠠᠭᠠᠨ ᠳᠤ ᠳ᠋ᠦᠩᠰᠢᠭᠤᠷ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠲᠣᠮᠣ ᠰᠠᠭᠤᠷᠢᠨ ᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠴᠡᠪᠡᠷ ᠡᠨᠧᠷᠭᠢ ᠶᠢ ᠨᠡᠭᠡᠭᠡᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠳᠤ ᠬᠦᠴᠦᠨ ᠴᠢᠳᠠᠯ ᠢᠶᠠᠨ ᠡᠷᠭᠦᠭᠦ ᠪᠠᠷ ᠴᠢᠷᠮᠠᠶᠢᠨ᠎ᠠ᠃     ᠳᠠᠪᠠᠭᠤᠯᠢᠭ ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠦᠨ ᠬᠥᠭᠵᠢᠭᠦᠯᠦᠨ᠎ᠡ᠃ ᠠᠯᠠᠱᠠ ᠠᠶᠢᠮᠠᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠭᠦᠨᠵᠡᠭᠡᠢ ᠠᠭᠤᠰᠤᠯᠴᠠᠯ ᠢ ᠪᠦᠭᠦ ᠲᠠᠯ᠎ᠠ ᠪᠠᠷ ᠠᠬᠢᠭᠤᠯᠵᠤ᠂ ᠳᠠᠪᠠᠭᠤᠯᠢᠭ ᠣᠨᠴᠠᠯᠢᠭᠲᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠨᠠᠩ ᠣᠯᠠᠨ ᠪᠣᠬᠢᠷᠳᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠴᠢᠷᠮᠠᠶᠢᠨ ᠨᠡᠮᠡᠭᠳᠡᠭᠦᠯᠦᠨ᠎ᠡ᠃     ᠨᠡᠭᠡᠭᠡᠯᠲᠡᠲᠤ ᠬᠥᠭᠵᠢᠯᠲᠡ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠠᠯᠠᠱᠠ ᠠᠶᠢᠮᠠᠭ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠳᠤ ᠠᠯᠠᠱᠠ ᠶᠢᠨ ᠬᠤᠪᠢ ᠨᠡᠮᠡᠷᠢ ᠶᠢ ᠦᠵᠡᠭᠦᠯᠦᠨ᠎ᠡ᠃     ᠳᠠᠶᠢᠴᠢᠨ ᠲᠥᠯᠥᠭᠡᠯᠡᠭᠴᠢ᠄ ︽ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠶᠣᠰᠣᠭᠠᠷ᠂ ᠠᠯᠠᠱᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠤᠨ᠎ᠠ︾ ᠭᠡᠵᠦ ᠶᠠᠷᠢᠯ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠬᠢᠳᠠᠳ ᠬᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号