ᠠᠯᠠᠱᠠ ᠠᠶᠢᠮᠠᠭ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠬᠡᠷᠡᠭᠵᠢᠭᠦᠯᠬᠦ ᠨᠠᠷᠢᠨ ᠲᠦᠷᠢᠮ
ᠨᠡᠶᠢᠲᠡᠯᠡᠭᠰᠡᠨ ᠴᠠᠭ᠄
2022/10/27
    ᠨᠢᠭᠡᠳᠦᠭᠡᠷ ᠪᠦᠯᠦᠭ ᠶᠡᠷᠦᠩᠬᠡᠶ ᠳᠦᠷᠢᠮ     ᠨᠢᠭᠡᠳᠦᠭᠡᠷ ᠵᠦᠢᠯ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 82 ᠳ᠋ᠤᠭᠠᠷ ᠲᠣᠭᠠᠲᠤ︶ ᠢ ᠦᠨᠳᠦᠰᠦᠯᠡᠨ᠂ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠥᠪᠥᠷ ᠡᠮ ᠡᠮᠨᠡᠯᠭᠡ ᠶᠢᠨ ᠳᠠᠭᠠᠳᠬᠠᠯ ᠠᠯᠪᠠᠨ ᠲᠠᠷᠬᠠᠭᠠᠭᠰᠠᠨ ﹇2021﹈ 42 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠰᠠᠯᠠᠯᠴᠠᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠳᠣᠷᠣᠭᠰᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠭᠡᠵᠦ ᠲᠣᠪᠴᠢᠯᠠᠨ᠎ᠠ︶ ᠤᠨ ᠳᠦᠷᠢᠮ ᠢ ᠨᠠᠶᠢᠳᠠᠪᠣᠷᠢᠵᠢᠭᠤᠯᠣᠨ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠰᠠᠭᠤᠳᠠᠯ ᠢ ᠨᠠᠩ ᠰᠠᠶᠢᠲᠤᠷ ᠰᠢᠢᠳᠪᠦᠷᠢᠯᠡᠵᠦ᠂ ᠠᠵᠢᠯᠲᠠᠨ ᠠᠵᠢᠯᠴᠢᠳ ᠤᠨ ᠡᠮ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ︵ᠳᠣᠷᠣᠭᠰᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠭᠡᠵᠦ ᠲᠣᠪᠴᠢᠯᠠᠨ᠎ᠠ︶ ᠬᠠᠷᠢᠯᠴᠠᠨ ᠲᠤᠰᠠᠯᠠᠯᠴᠠᠬᠤ ᠲᠣᠭᠲᠠᠴᠠ ᠶᠢ ᠪᠠᠶᠢᠭᠤᠯᠬᠤ ᠶᠢᠨ ᠳᠣᠰᠠᠳᠠ᠂ ᠲᠤᠰ ᠨᠠᠷᠢᠨ ᠳᠦᠷᠢᠮ ᠢ ᠲᠣᠭᠲᠠᠭᠠᠪᠠ᠃     ᠬᠤᠶᠠᠳᠤᠭᠠᠷ ᠵᠦᠢᠯ ᠬᠠᠮᠤᠷᠬᠤ ᠬᠡᠪᠴᠢᠶ᠎ᠡ᠃ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ᠃     ᠭᠤᠷᠪᠠᠳᠤᠭᠠᠷ ᠵᠦᠢᠯ ᠥᠭᠬᠦ ᠬᠦᠷᠢᠶ᠎ᠡ ᠬᠡᠪᠴᠢᠶ᠎ᠡ᠃ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠣᠯᠭᠤᠮᠵᠢ ᠥᠭᠬᠦ ᠬᠦᠷᠢᠶ᠎ᠡ ᠬᠡᠪᠴᠢᠶ᠎ᠡ ᠨᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠣᠯᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠪᠣᠯᠤᠨ᠎ᠠ︔ ᠨᠥᠬᠦᠴᠡᠯ ᠳᠤ ᠨᠡᠶᠢᠴᠡᠬᠦ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠩᠭᠠᠭᠰᠠᠨ ᠡᠮ ᠬᠡᠷᠡᠭᠯᠡᠬᠦ ᠪᠠᠲᠤᠯᠠᠭ᠎ᠠ ᠶᠢᠨ ᠦᠢᠯᠡᠴᠢᠯᠡᠭᠡ ᠶᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃     ᠳᠥᠷᠪᠡᠳᠦᠭᠡᠷ ᠵᠦᠢᠯ ᠣᠨᠴᠣᠭᠤᠶ ᠡᠪᠡᠳᠴᠢᠨ ᠡᠮᠭᠡᠭ᠂ ᠣᠵᠢᠭ ᠡᠪᠡᠳᠴᠢᠨ ᠤ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠣᠭᠤᠶ ᠡᠪᠡᠳᠴᠢᠨ᠂ ᠣᠵᠢᠭ ᠡᠪᠡᠳᠴᠢᠨ ᠤ ᠣᠯᠭᠤᠮᠵᠢ ᠶᠢᠨ ᠪᠠᠲᠤᠯᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠵᠠᠷᠤᠳᠠᠯ ᠤᠨ ᠪᠠᠲᠤᠯᠠᠭ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃     ᠬᠤᠶᠠᠳᠤᠭᠠᠷ ᠪᠦᠯᠦᠭ ᠬᠤᠪᠢ ᠬᠥᠮᠦᠨ ᠤ ᠳᠠᠩᠰᠠᠨ ᠡᠷᠦᠬᠡ ᠶᠢᠨ ᠬᠠᠮᠢᠶᠠᠷᠤᠯᠲᠠ     ᠲᠠᠪᠤᠳᠤᠭᠠᠷ ᠵᠦᠢᠯ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠬᠤ ᠠᠷᠭ᠎ᠠ ᠶᠢ ᠰᠠᠶᠢᠵᠢᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠬᠤᠪᠢ ᠬᠥᠮᠦᠨ ᠤ ᠳᠠᠩᠰᠠᠨ ᠳᠤ ᠪᠣᠳᠣᠵᠤ ᠣᠷᠣᠭᠤᠯᠬᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠲᠣᠭᠲᠠᠭᠠᠵᠤ᠂ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠣᠯᠤᠨ ᠬᠤᠪᠢ ᠬᠥᠮᠦᠨ ᠤ ᠳᠠᠩᠰᠠᠨ ᠳᠤ ᠣᠷᠣᠭᠤᠯᠬᠤ ᠪᠦᠲᠦᠴᠡ ᠳᠤ ᠲᠣᠬᠢᠷᠠᠭᠤᠯᠤᠯᠲᠠ ᠬᠢᠵᠦ᠂ ᠨᠡᠮᠡᠭᠳᠡᠭᠦᠯᠦᠭᠰᠡᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠭᠤᠣᠯᠳᠠᠭᠤ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠳᠤ ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠣᠯᠭᠤᠮᠵᠢ ᠶᠢ ᠳᠡᠭᠡᠭᠰᠢᠯᠡᠬᠦᠯᠦᠨ᠎ᠡ᠃     2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ᠂ ᠨᠢᠭᠡᠴᠡ ᠶᠢᠨ ᠲᠤᠰᠢᠶᠠᠭᠰᠠᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠵᠠᠷᠤᠳᠠᠯ ᠢ ᠪᠦᠬᠦᠨ ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠳᠤ ᠪᠤᠳᠤᠵᠤ ᠣᠷᠣᠭᠤᠯᠤᠨ᠎ᠠ᠃ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠦᠨ ᠤ ᠲᠠᠩᠰᠠᠨ ᠡᠷᠦᠬᠡ ᠳᠤ ᠂ ᠬᠤᠪᠢ ᠬᠥᠮᠦᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ 2 % ᠢᠶᠠᠷ ᠲᠤᠰᠢᠶᠠᠭᠰᠠᠨ ᠦᠨᠳᠦᠰᠦᠨ ᠡᠮ ᠡᠮᠨᠡᠯᠬᠡ ᠶᠢᠨ ᠳᠠᠭᠠᠳᠬᠠᠯ ᠤᠨ ᠵᠠᠷᠤᠳᠠᠯ ᠢ ᠪᠤᠳᠤᠵᠤ ᠣᠷᠣᠭᠤᠯᠤᠨ᠎ᠠ᠃ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠬᠤᠪᠢ ᠬᠥᠮᠦᠨ ᠤ ᠲᠠᠩᠰᠠᠨ ᠡᠷᠦᠬᠡ ᠶᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠠᠴᠠ ᠲᠣᠭᠲᠠᠭᠰᠠᠨ ᠨᠣᠷᠮ᠎ᠠ ᠪᠠᠷ ᠬᠤᠪᠢᠶᠠᠷᠢᠯᠠᠨ ᠣᠷᠣᠭᠤᠯᠬᠤ ᠬᠦᠷᠲᠡᠯ᠎ᠡ᠂ 2021 ᠣᠨ ᠤ ᠪᠥᠬᠦ ᠣᠷᠣᠨ ᠤ ᠳᠤᠮᠳᠠᠴᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠰᠠᠭᠤᠷᠢ ᠲᠤᠭ᠎ᠠ ᠪᠣᠯᠭᠠᠵᠤ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ 3 % ᠶᠢᠨ ᠬᠠᠷᠢᠴᠠᠯ ᠤᠨ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠵᠤ᠂ 2023 ᠣᠨ ᠠᠴᠠ ᠡᠬᠢᠯᠡᠨ 2 % ᠤᠨ ᠬᠠᠷᠢᠴᠠᠯ ᠤᠨ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠤᠨ᠎ᠠ᠃     ᠵᠢᠷᠭᠤᠳᠤᠭᠠᠷ ᠵᠦᠢᠯ ᠬᠤᠪᠢ ᠬᠥᠮᠦᠨ ᠤ ᠲᠠᠩᠰᠠᠨ ᠡᠷᠦᠬᠡ ᠶᠢᠨ ᠲᠣᠭᠠᠴᠠᠭ᠎ᠠ ᠬᠢᠬᠦ ᠬᠡᠪᠴᠢᠶ᠎ᠡ᠃ ᠬᠤᠪᠢ ᠬᠥᠮᠦᠨ ᠤ ᠳᠠᠩᠰᠠᠨ ᠡᠷᠦᠬᠡ ᠶᠢ ᠭᠤᠣᠯᠳᠠᠭᠤ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠥᠪᠡᠷ ᠲᠡᠭᠡᠨ ᠥᠭᠬᠦ ᠵᠠᠷᠤᠳᠠᠯ ᠢ ᠥᠭᠬᠦ ᠳᠤ ᠬᠡᠷᠡᠭᠯᠡᠨ᠎ᠡ᠃ ᠬᠤᠪᠢ ᠬᠥᠮᠦᠨ ᠤ ᠲᠠᠩᠰᠠᠨ ᠡᠷᠦᠬᠡ ᠶᠢ ᠳᠠᠭᠠᠳᠬᠠᠯ ᠳᠤ ᠣᠷᠣᠯᠴᠠᠭᠰᠠᠳ ᠤᠨ ᠲᠣᠰ ᠬᠥᠮᠦᠨ ᠵᠢᠴᠢ ᠲᠡᠭᠦᠨ ᠤ ᠬᠠᠨᠢ ᠨᠦᠬᠦᠷ᠂ ᠡᠴᠢᠭᠡ ᠡᠬᠡ᠂ ᠦᠷ᠎ᠡ ᠬᠡᠦᠬᠡᠳ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠦᠭᠰᠡᠨ ᠠᠴᠠ ᠪᠣᠯᠤᠭᠰᠠᠨ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠤᠭᠰᠠᠨ ᠠᠴᠠ ᠪᠣᠯᠤᠭᠰᠠᠨ ᠬᠤᠪᠢ ᠬᠥᠮᠦᠨ ᠤ ᠡᠭᠦᠷᠭᠡᠯᠡᠬᠦ ᠵᠠᠷᠤᠳᠠᠯ ᠢ ᠳᠥᠯᠥᠬᠦ ᠳᠤ ᠬᠡᠷᠡᠭᠯᠡᠵᠦ ᠪᠣᠯᠤᠨ᠎ᠠ᠃ ᠬᠤᠪᠢ ᠬᠥᠮᠦᠨ ᠤ ᠳᠠᠩᠰᠠᠨ ᠡᠷᠦᠬᠡ ᠶᠢ ᠪᠠᠰᠠ ᠬᠠᠨᠢ ᠨᠦᠬᠦᠷ᠂ ᠡᠴᠢᠭᠡ ᠡᠬᠡ᠂ ᠦᠷ᠎ᠡ ᠬᠡᠦᠬᠡᠳ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮ ᠡᠮᠨᠡᠯᠭᠡ ᠶᠢᠨ ᠵᠠᠷᠤᠳᠠᠯ ᠤᠨ ᠨᠥᠬᠦᠪᠥᠷᠢ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠵᠡᠷᠭᠡ ᠬᠤᠪᠢ ᠬᠥᠮᠦᠨ  ᠤ ᠲᠤᠰᠢᠶᠠᠬᠤ ᠵᠠᠷᠤᠳᠠᠯ ᠳᠤ ᠬᠡᠷᠡᠭᠯᠡᠵᠦ ᠪᠣᠯᠤᠨ᠎ᠠ᠃ ᠬᠤᠪᠢ ᠬᠥᠮᠦᠨ ᠤ ᠳᠠᠩᠰᠠᠨ ᠡᠷᠦᠬᠡ  ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠷᠤᠳᠠᠯ᠂ ᠪᠡᠶ᠎ᠡ  ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ  ᠪᠤᠶᠤ ᠪᠡᠶ᠎ᠡ ᠰᠤᠪᠢᠯᠠᠯᠲᠠ ᠡᠷᠡᠭᠦᠯᠵᠢᠯ  ᠤᠨ ᠬᠡᠷᠡᠭᠯᠡᠭᠡ  ᠵᠡᠷᠭᠡ ᠦᠨᠳᠦᠰᠦᠨ ᠡᠮᠴᠢᠯᠡᠭᠡᠨ  ᠤ ᠳᠠᠭᠠᠳᠬᠠᠯ ᠤᠨ ᠪᠠᠲᠤᠯᠠᠭ᠎ᠠ  ᠶᠢᠨ ᠬᠡᠪᠴᠢᠶᠡᠨ  ᠳᠤ ᠬᠠᠷᠢᠶᠠᠯᠠᠭᠳᠠᠬᠤ ᠦᠭᠡᠶ ᠵᠠᠷᠤᠯᠭ᠎ᠠ  ᠳᠤ ᠬᠡᠷᠡᠭᠯᠡᠵᠦ ᠪᠣᠯᠬᠤ ᠦᠭᠡᠶ᠃     ᠭᠤᠷᠪᠠᠳᠤᠭᠠᠷ ᠪᠦᠯᠦᠭ ᠣᠯᠭᠤᠮᠵᠢ ᠶᠢᠨ ᠲᠥᠷᠥ ᠶᠢᠨ ᠪᠣᠳᠣᠯᠭ᠎ᠠ     ᠳᠣᠯᠣᠳᠤᠭᠠᠷ ᠵᠦᠢᠯ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠣᠯᠭᠤᠮᠵᠢ ᠶᠢᠨ ᠲᠥᠷᠥ ᠶᠢᠨ ᠪᠣᠳᠣᠯᠭ᠎ᠠ     ︵ᠨᠢᠭᠡ︶ ᠡᠬᠢᠯᠡᠵᠦ ᠥᠭᠬᠦ ᠪᠠᠷᠢᠮᠵᠢᠶ᠎ᠠ᠃ ᠲᠥᠷᠥ  ᠶᠢᠨ ᠪᠣᠳᠣᠯᠭ᠎ᠠ  ᠶᠢᠨ ᠬᠡᠪᠴᠢᠶᠡᠨ  ᠳᠠᠬᠢ ᠡᠭᠦᠳᠡᠨ ᠡᠮᠨᠡᠯᠭᠡ  ᠶᠢᠨ ᠡᠮᠴᠢᠯᠡᠭᠡᠨ ᠤ ᠵᠠᠷᠤᠳᠠᠯ ᠤᠨ ᠣᠨ ᠤ ᠡᠬᠢᠯᠡᠵᠦ ᠥᠭᠬᠦ ᠪᠠᠷᠢᠮᠵᠢᠶ᠎ᠠ  ᠶᠢ ᠨᠢᠭᠡᠳᠦᠯᠲᠡᠶ  ᠪᠠᠷ 1000 ᠲᠥᠭᠦᠷᠢᠭ ᠪᠣᠯᠭᠠᠨ᠎ᠠ᠃     ︵ᠬᠤᠶᠠᠷ︶ ᠣᠨ ᠤ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ᠃ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠣᠨ ᠤ ᠥᠭᠬᠦ ᠬᠢᠵᠠᠭᠠᠷ ᠲᠤᠭ᠎ᠠ ᠨᠢ 5000 ᠲᠥᠭᠦᠷᠢᠭ ᠪᠣᠯᠤᠨ᠎ᠠ︔ ᠠᠵᠢᠯ ᠠᠴᠠ ᠪᠠᠭᠤᠭᠰᠠᠳ ᠤᠨ ᠣᠨ ᠤ ᠥᠭᠬᠦ ᠬᠢᠵᠠᠭᠠᠷ ᠲᠤᠭ᠎ᠠ ᠨᠢ 6000 ᠲᠥᠭᠦᠷᠢᠭ ᠪᠣᠯᠤᠨ᠎ᠠ᠃     ︵ᠭᠤᠷᠪᠠ︶ ᠥᠭᠬᠦ ᠬᠠᠷᠢᠴᠠᠯ᠃ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠠᠴᠠ ᠳᠣᠷᠣᠭᠰᠢ᠂ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ᠂ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠳᠥᠯᠥᠬᠦ ᠬᠠᠷᠢᠴᠠᠯ ᠨᠢ ᠲᠣᠰ ᠲᠣᠰ 65 %᠂ 75 % ᠪᠣᠯᠤᠨ᠎ᠠ︔ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ᠂ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠲᠣᠭᠠᠴᠠᠭ᠎ᠠ ᠬᠢᠬᠦ ᠬᠠᠷᠢᠴᠠᠯ ᠨᠢ ᠲᠣᠰ ᠲᠣᠰ 70 %᠂ 80 % ᠪᠣᠯᠤᠨ᠎ᠠ᠃     ᠨᠠᠢᠮᠠᠳᠣᠭᠠᠷ ᠵᠦᠢᠯ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ᠃ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠣᠨ ᠤ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠶᠢ ᠡᠮᠨᠡᠯᠭᠡ ᠳᠤ ᠰᠠᠭᠤᠬᠤ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠣᠨ ᠤ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠳᠤ ᠣᠷᠣᠭᠤᠯᠤᠨ ᠪᠤᠳᠤᠨ᠎ᠠ᠃     ᠳᠥᠷᠪᠡᠳᠦᠭᠡᠷ ᠪᠦᠯᠦᠭ ᠣᠯᠭᠤᠬᠤ ᠲᠥᠷᠥ ᠶᠢᠨ ᠪᠣᠳᠣᠯᠭ᠎ᠠ     ᠶᠢᠰᠦᠳᠦᠭᠡᠷ ᠵᠦᠢᠯ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠲᠥᠷᠥᠯ ᠬᠤᠪᠢᠶᠠᠬᠤ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠶ᠃ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠯᠦᠭᠡ ᠬᠠᠷᠢᠯᠴᠠᠨ ᠲᠣᠬᠢᠷᠠᠯᠴᠠᠭᠰᠠᠨ ᠵᠠᠷᠤᠳᠠᠯ ᠲᠤᠰᠢᠶᠠᠬᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠪᠣᠯᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ  ᠦᠢᠯᠡᠴᠢᠯᠡᠬᠦ ᠳᠦᠷᠢᠮ ᠤᠨ ᠪᠠᠶᠢᠭᠤᠯᠤᠯᠲᠠ ᠶᠢ ᠳᠡᠮᠵᠢᠨ᠎ᠡ᠃ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠤ ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ᠂ ᠡᠭᠦᠳᠡᠨ ᠡᠮᠨᠡᠯᠭᠡ ᠶᠢᠨ ᠤᠵᠢᠭ ᠡᠪᠡᠳᠴᠢᠨ ᠤ ᠬᠠᠮᠢᠶᠠᠷᠤᠯᠲᠠ ᠬᠢᠭᠡᠳ ᠬᠥᠮᠦᠨ ᠤ ᠲᠤᠭ᠎ᠠ ᠪᠠᠷ ᠵᠠᠷᠤᠳᠠᠯ ᠲᠤᠰᠢᠶᠠᠬᠤ ᠶᠢ ᠬᠠᠷᠢᠯᠴᠠᠨ ᠤᠶᠠᠯᠳᠤᠭᠤᠯᠬᠤ ᠶᠢ ᠰᠦᠪᠡᠭᠴᠢᠯᠡᠨ᠎ᠡ᠃ ᠡᠳᠦᠷ ᠤᠨ ᠮᠡᠰᠡ ᠵᠠᠰᠠᠯ ᠵᠢᠴᠢ ᠨᠥᠬᠦᠴᠡᠯ ᠳᠤ ᠨᠡᠶᠢᠴᠡᠬᠦ ᠡᠭᠦᠳᠡᠨ ᠡᠮᠨᠡᠯᠭᠡ ᠶᠢᠨ ᠣᠨᠴᠣᠭᠤᠶ ᠡᠮᠨᠡᠨ ᠵᠠᠰᠠᠬᠤ ᠡᠪᠡᠳᠴᠢᠨ ᠤ ᠵᠦᠢᠯ ᠢ ᠡᠪᠡᠳᠴᠢᠨ ᠤ ᠲᠥᠷᠥᠯ ᠪᠤᠶᠤ ᠡᠪᠡᠳᠴᠢᠨ ᠡᠮᠭᠡᠭ ᠤᠨ ᠣᠨᠣᠰᠢᠯᠠᠭ᠎ᠠ ᠪᠠᠷ ᠬᠠᠮᠢᠶ᠎ᠠ ᠪᠥᠬᠦᠶ ᠳᠤᠭᠤᠶᠢᠯᠠᠩ ᠬᠤᠪᠢᠶᠠᠨ ᠵᠠᠷᠤᠳᠠᠯ ᠲᠤᠰᠢᠶᠠᠬᠤ ᠶᠢ ᠠᠬᠢᠭᠤᠯᠤᠨ᠎ᠠ᠃ ᠪᠣᠭᠤᠳᠠᠯᠯᠠᠵᠤ ᠵᠠᠷᠤᠳᠠᠯ ᠲᠤᠰᠢᠶᠠᠬᠤ ᠳᠤ ᠲᠣᠬᠢᠷᠠᠬᠤ ᠦᠭᠡᠶ ᠡᠭᠦᠳᠡᠨ ᠡᠮᠨᠡᠯᠭᠡ ᠶᠢᠨ ᠵᠠᠷᠤᠳᠠᠯ ᠳᠤ ᠲᠥᠷᠥᠯ ᠵᠦᠢᠯ ᠤᠨ ᠶᠣᠰᠣᠭᠠᠷ ᠵᠠᠷᠤᠳᠠᠯ ᠲᠤᠰᠢᠶᠠᠬᠤ ᠶᠢ ᠬᠡᠷᠡᠭᠵᠢᠭᠦᠯᠦᠨ᠎ᠡ᠃     ᠠᠷᠪᠠᠳᠤᠭᠠᠷ ᠵᠦᠢᠯ ᠬᠡᠯᠡᠯᠴᠡᠭᠡ ᠬᠢᠬᠦ ᠡᠮ ᠤᠨ ᠵᠦᠢᠯ ᠢ ᠪᠣᠳᠠᠲᠠᠶᠢᠵᠢᠭᠤᠯᠬᠤ ᠶᠢ ᠢᠳᠡᠪᠬᠢᠲᠡᠶ ᠠᠬᠢᠭᠤᠯᠤᠨ᠎ᠠ᠃ ᠬᠡᠯᠡᠯᠴᠡᠭᠡ ᠬᠢᠬᠦ ᠡᠮ ᠤᠨ ᠵᠦᠢᠯ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠵᠢᠴᠢ ︽ᠬᠤᠤᠰ ᠵᠠᠮ︾ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠡᠯᠡᠯᠴᠡᠭᠡ ᠬᠢᠬᠦ ᠡᠮ ᠤᠨ ᠵᠦᠢᠯ ᠢ ᠪᠣᠳᠠᠲᠠᠶᠢᠵᠢᠭᠤᠯᠬᠤ ᠶᠢ ᠬᠢᠨᠠᠨ ᠰᠢᠨᠵᠢᠬᠦ ᠶᠢ ᠰᠠᠶᠢᠲᠤᠷ ᠬᠢᠬᠦ ᠬᠡᠷᠡᠭᠲᠡᠶ᠃ ᠨᠥᠬᠦᠴᠡᠯ ᠳᠤ ᠨᠡᠶᠢᠴᠡᠬᠦ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠩᠭᠠᠭᠰᠠᠨ ᠡᠮ ᠬᠡᠷᠡᠭᠯᠡᠬᠦ ᠪᠠᠲᠤᠯᠠᠭ᠎ᠠ ᠶᠢᠨ ᠦᠢᠯᠡᠴᠢᠯᠡᠭᠡ ᠶᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠲᠣᠭᠳ᠋ᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠠᠳᠠᠨ᠎ᠠ ᠨᠠᠶᠢᠷᠠᠭᠤᠯᠤᠭᠰᠠᠨ ᠵᠣᠷ ᠢᠶᠠᠷ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠳ᠋ᠦᠩᠨᠡᠨ ᠪᠤᠳᠤᠬᠤ ᠪᠠ ᠡᠮ ᠨᠠᠶᠢᠷᠠᠭᠤᠯᠬᠤ ᠶᠢ ᠳᠡᠮᠵᠢᠵᠦ᠂ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠠᠷᠠᠳ ᠲᠤ ᠲᠥᠬᠦᠮ ᠦᠵᠡᠭᠦᠯᠬᠦ᠂ ᠭᠥᠷᠳᠡᠵᠦ ᠪᠣᠯᠬᠤᠶᠢᠴᠠ ᠦᠢᠯᠡᠳᠦᠯ ᠢ  ᠬᠦᠢᠴᠡᠳ ᠪᠠᠳᠠᠷᠠᠭᠤᠯᠣᠨ᠎ᠠ᠃     ᠠᠷᠪᠠᠨ ᠨᠢᠭᠡᠳᠦᠭᠡᠷ ᠵᠦᠢᠯ ᠡᠮ ᠤᠨ ᠵᠦᠢᠯ ᠥᠭᠬᠦ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠡᠮ ᠤᠨ ᠵᠦᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠤᠷᠮᠠᠰᠢᠭᠤᠯᠵᠤ ᠬᠢᠵᠠᠭᠠᠷᠯᠠᠬᠤ ᠪᠠ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ ᠲᠣᠭᠲᠠᠴᠠ ᠶᠢ ᠪᠦᠷᠢᠯᠳᠦᠭᠦᠯᠦᠨ᠂ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠠᠵᠢᠯᠯᠠᠭ᠎ᠠ ᠶᠢ ᠵᠢᠷᠤᠮᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠪᠣᠯᠤᠨ ᠡᠪᠡᠳᠴᠢᠲᠡᠨ ᠢ ᠠᠯᠬᠤᠮ ᠠᠯᠬᠤᠮ ᠢᠶᠠᠷ ᠬᠥᠲᠥᠯᠥᠨ ᠵᠢᠯᠣᠭᠤᠳᠴᠤ ᠪᠠᠶᠢᠭᠠᠳ ᠡᠮᠴᠢᠯᠡᠭᠡᠨ ᠤ ᠲᠤᠰᠠ ᠨᠢ ᠣᠨᠣᠪᠴᠢᠲᠠᠶ᠂ ᠦᠨ᠎ᠡ ᠬᠠᠩᠰᠢ ᠨᠢ ᠵᠦᠶ ᠵᠣᠬᠢᠰᠲᠠᠶ ᠡᠮ ᠤᠨ  ᠵᠦᠢᠯ ᠢ ᠰᠠᠨᠠᠭᠠᠴᠢᠯᠠᠭ᠎ᠠ ᠠᠴᠠ ᠪᠠᠨ ᠬᠡᠷᠡᠭᠯᠡᠭᠦᠯᠦᠨ᠎ᠡ᠃     ᠲᠠᠪᠤᠳᠤᠭᠠᠷ ᠪᠦᠯᠦᠭ ᠭᠠᠷᠲᠠᠨ ᠬᠦᠢᠴᠡᠳᠭᠡᠬᠦ ᠦᠢᠯᠡᠴᠢᠯᠡᠭᠡ     ᠠᠷᠪᠠᠨ ᠬᠤᠶᠠᠳᠤᠭᠠᠷ ᠵᠦᠢᠯ ᠦᠢᠯᠡᠴᠢᠯᠡᠬᠡᠨ ᠤ ᠬᠠᠮᠢᠶᠠᠷᠤᠯᠲᠠ ᠶᠢ ᠨᠢᠭᠡᠳᠬᠡᠨ᠎ᠡ᠃ ︽ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠤᠨ ᠨᠠᠷᠢᠨ ᠬᠠᠭᠤᠳᠠᠰᠤ︾ ᠶᠢᠨ ᠱᠠᠭᠠᠷᠳᠠᠯᠭ᠎ᠠ ᠶᠣᠰᠣᠭᠠᠷ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠬᠦᠢᠴᠡᠳᠭᠡᠬᠦ ᠮᠠᠲ᠋ᠧᠷᠢᠶᠠᠯ᠂ ᠬᠦᠢᠴᠡᠳᠭᠡᠬᠦ ᠴᠠᠭ ᠤᠨ ᠬᠢᠵᠠᠭᠠᠷ᠂ ᠬᠦᠢᠴᠡᠳᠭᠡᠬᠦ ᠭᠤᠭᠴᠤᠭ᠎ᠠ ᠵᠡᠷᠭᠡ ᠦᠢᠯᠡᠴᠢᠯᠡᠬᠡᠨ ᠤ ᠵᠦᠢᠯᠡᠰ ᠢ ᠵᠢᠷᠣᠮᠵᠢᠭᠤᠯᠣᠨ᠎ᠠ᠃     ᠠᠷᠪᠠᠨ ᠭᠤᠷᠪᠠᠳᠤᠭᠠᠷ ᠵᠦᠢᠯ ᠵᠥᠪᠯᠡᠯᠴᠡᠭᠡᠷ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠶᠢ ᠡᠮ ᠡᠮᠨᠡᠯᠬᠡ ᠶᠢᠨ ᠳᠠᠭᠠᠳᠬᠠᠯ ᠤᠨ ᠲᠣᠭᠲᠠᠭᠰᠠᠨ ᠦᠢᠯᠡᠴᠢᠯᠡᠬᠡᠨ ᠤ ᠵᠥᠪᠳᠡᠯᠴᠡᠬᠡᠷ ᠤᠨ ᠬᠡᠪᠴᠢᠶᠡᠨ ᠳᠤ ᠣᠷᠣᠭᠤᠯᠵᠤ᠂ ᠡᠭᠦᠳᠡᠨ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢ ᠬᠢᠨᠠᠨ ᠡᠵᠡᠮᠳᠡᠬᠦ᠂ ᠵᠠᠳᠠᠯᠬᠤ ᠪᠠ ᠰᠢᠯᠭᠠᠨ ᠬᠢᠨᠠᠬᠤ ᠰᠢᠰᠲ᠋ᠧᠮᠵᠢ ᠶᠢ ᠪᠦᠷᠢᠨᠰᠢᠬᠦᠯᠥᠨ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠳᠡᠯᠴᠡᠬᠡᠷ ᠤᠨ ᠠᠵᠢᠯ ᠤᠨ ᠠᠮᠵᠢᠯᠲᠠ ᠪᠦᠲᠦᠮᠵᠢ ᠶᠢ ᠬᠦᠢᠴᠡᠳᠭᠡᠬᠦ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠵᠢᠷᠤᠮᠵᠢᠭᠰᠠᠨ ᠪᠠᠲᠤᠯᠠᠭ᠎ᠠ ᠶᠢᠨ  ᠦᠢᠯᠡᠴᠢᠯᠡᠭᠡ ᠬᠠᠩᠭᠠᠯᠭᠠᠬᠤ ᠬᠡᠷᠡᠭᠲᠡᠶ᠃     ᠵᠢᠷᠭᠤᠳᠤᠭᠠᠷ ᠪᠦᠯᠦᠭ ᠰᠠᠭᠤᠷᠢ ᠮᠥᠩᠭᠦᠨ ᠤ ᠬᠢᠨᠠᠯᠲᠠ     ᠠᠷᠪᠠᠨ ᠳᠥᠷᠪᠡᠳᠦᠭᠡᠷ ᠵᠦᠢᠯ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠠᠭᠤᠷᠢ ᠮᠥᠩᠭᠦ ᠶᠢᠨ ᠠᠮᠤᠷ ᠲᠦᠪᠰᠢᠨ ᠥᠨᠳᠥᠷ ᠪᠦᠲᠦᠮᠵᠢᠲᠡᠶ᠂ ᠵᠦᠶ ᠵᠣᠬᠢᠰᠲᠠᠶ ᠬᠡᠷᠡᠭᠯᠡᠭᠳᠡᠬᠦ ᠶᠢ ᠦᠨᠡᠨᠬᠦ ᠪᠠᠲᠤᠯᠠᠨ᠎ᠠ᠃     ᠠᠷᠪᠠᠨ ᠲᠠᠪᠤᠳᠤᠭᠠᠷ ᠵᠦᠢᠯ ᠡᠮᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠣᠨ᠎ᠠ᠃ ᠬᠠᠭᠤᠷᠮᠠᠭ ᠡᠪᠡᠳᠴᠢᠲᠡᠨ᠂ ᠬᠠᠭᠤᠷᠮᠠᠭ ᠡᠪᠡᠳᠴᠢᠨ ᠤ ᠪᠠᠶᠢᠳᠠᠯ᠂ ᠬᠠᠭᠤᠷᠮᠠᠭ ᠫᠢᠶᠣᠣ ᠪᠠᠷᠢᠮᠲᠠ ᠵᠡᠷᠭᠡ ︽ᠭᠤᠷᠪᠠᠨ ᠬᠠᠭᠤᠷᠮᠠᠭ︾ ᠤᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠦᠨ᠎ᠡ᠃     ᠠᠷᠪᠠᠨ ᠵᠢᠷᠭᠤᠳᠤᠭᠠᠷ ᠵᠦᠢᠯ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠭᠤᠷᠪᠠᠳᠠᠬᠢ ᠡᠲᠡᠭᠡᠳ ᠢ ᠢᠳᠡᠪᠬᠢᠲᠡᠶ ᠪᠠᠷ ᠲᠡᠳᠡᠨ ᠣᠷᠣᠭᠤᠯᠵᠤ᠂ ᠲᠤᠰᠬᠠᠶ ᠮᠡᠷᠭᠡᠵᠢᠯ ᠤᠨ ᠳᠡᠮᠵᠢᠯᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠤᠨ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠵᠤ᠂ ᠬᠢᠨᠠᠯᠲᠠ ᠬᠠᠮᠢᠶᠠᠷᠤᠯᠲᠠ ᠶᠢᠨ ᠲᠤᠰᠬᠠᠶ ᠠᠵᠢᠯ ᠤᠨ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃     ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ     ᠠᠷᠪᠠᠨ ᠳᠣᠯᠣᠳᠤᠭᠠᠷ ᠵᠦᠢᠯ 2023 ᠣᠨ ᠤ ᠰᠡᠭᠦᠯᠴᠢ ᠠᠴᠠ ᠡᠮᠦᠨ᠎ᠡ᠂ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃     ᠠᠷᠪᠠᠨ ᠨᠠᠢᠮᠠᠳᠣᠭᠠᠷ ᠵᠦᠢᠯ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠳᠠᠬᠢ ᠲᠤᠰ ᠨᠠᠷᠢᠨ ᠳᠦᠷᠢᠮ ᠯᠦᠭᠡ ᠨᠢᠭᠡᠳᠦᠯ ᠦᠭᠡᠶ ᠶᠢ ᠨᠢ ᠲᠤᠰ ᠨᠠᠷᠢᠨ ᠳᠦᠷᠢᠮ ᠢᠶᠠᠷ ᠪᠠᠷᠢᠮᠵᠢᠶ᠎ᠠ ᠪᠣᠯᠭᠠᠨ᠎ᠠ᠃ᠠᠷᠪᠠ ᠶᠢᠰᠦᠳᠦᠭᠡᠷ ᠵᠦᠢᠯ ᠲᠣᠰ ᠨᠠᠷᠢᠨ ᠲᠦᠷᠢᠮ ᠢ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠨᠡᠬᠦ ᠬᠤᠭᠤᠴᠠᠭᠠᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠣᠬᠢᠶᠠᠯᠳᠤᠪᠠᠯ᠂ ᠲᠡᠷᠡ ᠲᠣᠭᠲᠠᠭᠠᠯ ᠢᠶᠠᠷ ᠶᠠᠪᠤᠭᠤᠯᠤᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号