ᠨᠠᠮ ᠤᠨ ᠬᠤᠷᠢᠳᠤᠭᠠᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠰᠤᠷᠤᠯᠴᠠᠯᠭ᠎ᠠ ᠶᠢᠨ ᠬᠠᠪᠰᠤᠷᠤᠨ ᠵᠢᠯᠣᠭᠤᠳᠬᠤ ᠪᠢᠴᠢᠭ ᠮᠠᠨ ᠤ ᠠᠶᠢᠮᠠᠭ ᠲᠤ ᠬᠤᠳᠠᠯᠳᠤᠵᠦ ᠡᠬᠢᠯᠡᠪᠠ
ᠨᠡᠶᠢᠲᠡᠯᠡᠭᠰᠡᠨ ᠴᠠᠭ᠄
2022/11/15
     11 ᠰᠠᠷ᠎ᠠ ᠶᠢᠨ 13 ᠤ ᠡᠳᠦᠷ᠂ ᠰᠤᠷᠪᠤᠯᠵᠢᠯᠠᠭᠴᠢ ᠪᠠᠶᠠᠨᠬᠤᠲᠠ ᠪᠠᠯᠭᠠᠰᠤᠨ ᠤ ᠰᠢᠨᠬᠤᠸᠠ ᠨᠣᠮ ᠤᠨ ᠳᠡᠯᠭᠡᠭᠦᠷ ᠤᠨ ᠶᠡᠷᠦᠩᠬᠡᠶ ᠳᠡᠯᠭᠡᠭᠦᠷ ᠲᠤ᠂ ᠳᠡᠯᠭᠡᠭᠦᠷ ᠤᠨ ᠭᠤᠤᠯ  ᠪᠠᠶᠢᠷᠢᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠰᠤᠷᠤᠯᠴᠠᠯᠭ᠎ᠠ ᠶᠢᠨ ᠬᠠᠪᠰᠤᠷᠤᠨ ᠵᠢᠯᠣᠭᠤᠳᠬᠤ ᠪᠢᠴᠢᠭ ᠤᠨ ᠦᠵᠡᠭᠦᠯᠭᠡ ᠶᠢᠨ ᠲᠠᠶᠢᠰᠠ ᠲᠣᠬᠢᠷᠠᠭᠤᠯᠵᠤ᠂ ᠴᠥᠭᠡᠨ ᠪᠤᠰᠤ ᠤᠩᠰᠢᠭᠴᠢᠳ ᠤᠨ ᠠᠩᠬᠠᠷᠤᠯ ᠢ ᠲᠠᠲᠠᠵᠤ ᠪᠠᠶᠢᠬᠤ ᠶᠢ ᠣᠯᠵᠤ ᠬᠠᠷᠠᠪᠠ᠃      ︽ᠥᠨᠥᠳᠦᠷ ᠪᠢ ᠲᠤᠰᠬᠠᠶᠢᠯᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠰᠤᠷᠤᠯᠴᠠᠯᠭ᠎ᠠ ᠶᠢᠨ ᠬᠠᠪᠰᠤᠷᠤᠨ ᠵᠢᠯᠣᠭᠤᠳᠬᠤ ᠪᠢᠴᠢᠭ ᠬᠤᠳᠠᠯᠳᠤᠨ ᠠᠪᠴᠦ᠂ ᠭᠡᠷ ᠲᠡᠭᠡᠨ ᠬᠠᠷᠢᠵᠤ ᠨᠠᠷᠢᠨ ᠬᠢᠨᠠᠮᠠᠭᠠᠢ ᠰᠤᠳᠤᠯᠤᠨ ᠤᠩᠰᠢᠬᠤ ᠪᠠᠷ ᠪᠡᠯᠡᠳᠬᠡᠵᠦ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠬᠥᠮᠦᠰ ᠤᠨ ᠰᠡᠳᠬᠢᠯ ᠢ ᠶᠡᠬᠡᠳᠡ ᠵᠣᠷᠢᠭᠵᠢᠭᠤᠯᠪᠠ᠂ ᠠᠷᠠᠳ ᠤᠨ ᠪᠠᠭᠰᠢ ᠪᠣᠯᠤᠭᠰᠠᠨ ᠤ ᠬᠤᠪᠢ ᠳᠤ᠂ ᠪᠢᠳᠡ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠢᠷᠠᠭᠤ ᠠᠯᠳᠠᠷᠲᠤ ᠡᠭᠦᠷᠭᠡ ᠪᠠᠨ ᠢᠮᠠᠭᠲᠠ ᠪᠠᠲᠤ ᠴᠡᠭᠡᠵᠢᠯᠡᠵᠦ᠂ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠥᠪᠡᠷ ᠤᠨ ᠡᠳᠦᠷ ᠲᠤᠳᠤᠮ ᠤᠨ ᠠᠵᠢᠯ ᠢᠶᠠᠨ ᠨᠡᠩ ᠰᠠᠶᠢᠲᠤᠷ ᠵᠢᠯᠤᠭᠤᠳᠤᠭᠤᠯᠬᠤ ᠬᠡᠷᠡᠭᠲᠡᠢ︾ ᠭᠡᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠬᠠᠪᠰᠤᠷᠤᠨ ᠵᠢᠯᠣᠭᠤᠳᠬᠤ ᠪᠢᠴᠢᠭ ᠢ ᠬᠤᠳᠠᠯᠳᠤᠨ ᠠᠪᠴᠤ ᠪᠠᠶᠢᠭ᠎ᠠ ᠠᠯᠠᠱᠠ ᠵᠡᠭᠦᠨ ᠬᠤᠰᠢᠭᠤᠨ ᠤ ᠮᠢᠩ ᠳ᠋ᠧ ᠪᠠᠭ᠎ᠠ ᠰᠤᠷᠭᠠᠭᠤᠯᠢ ᠶᠢᠨ ᠪᠠᠭᠰᠢ ᠸᠠᠩ ᠯᠧ ᠮᠧᠢ ᠬᠡᠯᠡᠨ᠎ᠡ᠃     ᠨᠠᠮ ᠤᠨ ᠬᠤᠷᠢᠳᠤᠭᠠᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠰᠤᠷᠤᠯᠴᠠᠯᠭ᠎ᠠ ᠶᠢᠨ ᠬᠠᠪᠰᠤᠷᠤᠨ ᠵᠢᠯᠣᠭᠤᠳᠬᠤ ᠪᠢᠴᠢᠭ ᠨᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ  ᠳᠤ ᠡᠷᠬᠡ ᠰᠦᠷᠲᠦ᠂ ᠵᠥᠪ ᠣᠨᠣᠪᠴᠢᠲᠠᠢ ᠤᠩᠰᠢᠬᠤ ᠪᠢᠴᠢᠭ ᠬᠠᠩᠭᠠᠭᠰᠠᠨ ᠪᠠᠶᠢᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠤᠳᠠᠭ᠎ᠠ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠲᠤᠰᠬᠠᠶ ᠳᠡᠪᠲᠡᠷ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ᠤᠨ ᠲᠤᠰᠬᠠᠶ ᠳᠡᠪᠲᠡᠷ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠴᠢᠭ ᠮᠠᠲ᠋ᠧᠷᠢᠶᠠᠯ ᠤᠨ ᠡᠮᠬᠢᠳᠬᠡᠯ︾᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠬᠠᠪᠰᠤᠷᠤᠨ ᠵᠢᠯᠣᠭᠤᠳᠬᠤ  ᠪᠢᠴᠢᠭ︾ ᠵᠡᠷᠭᠡ ᠪᠣᠶ᠂ ᠨᠡᠶᠢᠲᠡ 6300 ᠭᠠᠷᠤᠶ ᠳᠡᠪᠲᠡᠷ ᠪᠣᠶ᠃
 
ᠢᠷᠡᠯᠲᠡ᠄ ᠦᠨᠦᠳᠦᠷ ᠤᠨ ᠠᠯᠠᠱᠠ ᠬᠢᠲᠠᠳ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号