ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠮᠥᠷᠡᠨ ᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2022/2/11
      ︽2022 ᠣᠨ ᠳᠤ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠨᠢ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠠᠮᠢ ᠠᠬᠤᠢ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ︿ᠬᠤᠶᠠᠷ ᠬᠠᠯᠬᠠᠪᠴᠢ﹀ ︿ᠬᠤᠶᠠᠷ ᠰᠠᠭᠤᠷᠢᠨ﹀ ︿ᠨᠢᠭᠡ ᠪᠠᠬᠢᠯᠡᠯᠲᠡ﹀ ᠶᠢᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠰᠠᠶᠢᠲᠤᠷ ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠣᠯᠤᠨ᠎ᠠ᠃︾ ᠣᠶᠢᠷ᠎ᠠ ᠳᠤ᠂ ᠠᠶᠢᠮᠠᠭ ᠤᠨ ᠨᠠᠮ ᠤᠨ ᠬᠤᠷᠢᠶ᠎ᠠ ᠶᠢᠨ  ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠮᠥᠷᠡᠨ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃
     ᠮᠥᠷᠡᠨ ᠬᠡᠯᠡᠬᠦ ᠳᠡᠭᠡᠨ᠂ ᠴᠡᠭᠡ ᠪᠣᠭᠤᠮᠲᠠ ᠨᠢ ᠭᠤᠤᠯᠳᠠᠭᠤ ᠳᠤᠤᠷᠠᠬᠢ ᠬᠡᠳᠦᠨ ᠲᠠᠯ᠎ᠠ ᠪᠠᠷ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠣᠯᠤᠨ᠎ᠠ᠃      ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠯᠡᠨ ᠰᠠᠶᠢᠲᠤᠷ ᠠᠳᠬᠤᠨ᠎ᠠ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠢ ᠣᠳᠣᠬᠠᠨ ᠤ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠪᠴᠢᠲᠠᠶ ᠪᠠᠶᠢᠯᠭᠠᠬᠤ᠂ ᠬᠤᠯᠪᠣᠭᠠᠯᠠᠨ ᠰᠡᠷᠭᠡᠶᠢᠯᠡᠬᠦ ᠬᠠᠷᠢᠭᠤᠴᠠᠯᠭ᠎ᠠ ᠶᠢ ᠪᠠᠲᠤᠳᠬᠠᠬᠤ᠂ ᠲᠠᠰᠢᠷᠠᠮ ᠢᠶᠠᠷ ᠰᠢᠢᠳᠪᠦᠷᠢᠯᠡᠬᠦ ᠶᠢ ᠡᠷᠡᠰ ᠰᠢᠭᠤᠷᠬᠠᠶ ᠪᠠᠶᠢᠯᠭᠠᠬᠤ ᠶᠢ ᠦᠨᠡᠨ ᠬᠦ ᠪᠡᠶᠡᠯᠡᠭᠦᠯᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠴᠢᠩᠭ᠎ᠠ ᠪᠣᠳᠠᠲᠠᠶ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠳᠠᠷᠤᠶ ᠲᠦᠷᠭᠡᠨ ᠡᠵᠡᠮᠰᠢᠨ᠎ᠡ᠃ ᠪᠣᠭᠤᠮᠲᠠ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ᠂ ᠨᠢᠭᠡᠳᠦᠭᠡᠷ ᠬᠠᠷᠠᠭᠤᠯ ᠤᠨ ᠴᠡᠭ᠂ ᠨᠢᠭᠡᠳᠦᠭᠡᠷ ᠵᠢᠭᠰᠠᠭᠠᠯ ᠤᠨ ᠭᠠᠵᠠᠷ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠰᠡᠷᠭᠡᠶᠢᠯᠡᠯᠲᠡ ᠶᠢᠨ ᠱᠤᠭᠤᠮ ᠪᠠ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠪᠠᠷ ᠭᠠᠷᠳᠠᠬᠤ ᠴᠡᠭ ᠪᠣᠯᠭᠠᠵᠤ ᠂ ᠰᠡᠷᠭᠡᠶᠢᠯᠡᠨ ᠡᠵᠡᠮᠳᠡᠬᠦ ᠲᠥᠰᠦᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ︽ᠭᠤᠷᠪᠠᠨ ᠪᠢᠳᠡᠬᠦᠮᠵᠢᠯᠡᠭᠰᠡᠨ︾ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠪᠣᠭᠤᠮᠲᠠ ᠶᠢᠨ ᠵᠢᠭᠰᠠᠭᠠᠯ ᠤᠨ ᠭᠠᠵᠠᠷ ᠢ ᠡᠷᠡᠰ ᠰᠠᠶᠢᠲᠤᠷ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠴᠠᠯᠠᠰᠢ ᠥᠬᠡᠶ ᠠᠮᠤᠷ ᠲᠦᠪᠰᠢᠨ ᠢ ᠪᠡᠶᠡᠯᠡᠭᠦᠯᠦᠭᠰᠡᠨ ᠪᠠᠶᠢᠳᠠᠯ ᠳᠤᠤᠷ᠎ᠠ᠂ ᠪᠣᠭᠤᠮᠲᠠ ᠪᠠᠷ ᠥᠩᠭᠡᠷᠡᠭᠦᠯᠬᠦ ᠶᠢ ᠡᠮᠬᠢ ᠵᠢᠷᠤᠮ ᠲᠠᠢ ᠪᠠᠷ ᠰᠡᠷᠭᠦᠭᠡᠨ᠎ᠡ᠃
     ᠬᠤᠶᠠᠷ ᠲᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ ᠥᠬᠡᠶ ᠭᠦᠨᠵᠡᠭᠡᠶ ᠳᠣᠣᠱᠯᠠᠭᠤᠯᠵᠦ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠶ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠭᠰᠠᠨ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠳᠠᠬᠢ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠷᠢᠨ ᠲᠣᠭᠤᠰᠣᠨ ᠤ ᠪᠣᠬᠢᠷᠲᠤᠯ ᠢ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠪᠣᠬᠢᠷᠲᠤᠯ ᠥᠬᠡᠶ ᠬᠢᠯᠢ ᠶᠢᠨ ᠪᠣᠭᠤᠮᠲᠠ ᠶᠢ ᠪᠥᠲᠥᠭᠡᠨ ᠪᠠᠶᠢᠭᠤᠯᠤᠨ᠎ᠠ᠃      ᠭᠤᠷᠪᠠ ᠳᠤ᠂ ᠲᠥᠷᠥᠯ ᠵᠦᠢᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ᠂ ᠪᠣᠭᠤᠮᠲᠠ ᠶᠢᠨ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠢ  ᠬᠦᠢᠴᠡᠳ ᠪᠠᠳᠠᠷᠠᠭᠤᠯᠤᠨ᠂ ᠠᠵᠤ ᠦᠢᠯᠡᠰ ᠤᠨ ᠭᠤᠤᠯᠳᠠᠯᠭ᠎ᠠ ᠶᠢ ᠳᠣᠪᠤᠶᠢᠯᠭᠠᠵᠤ᠂ ᠨᠠᠷᠢᠨ ᠬᠠᠭᠤᠳᠠᠰᠤᠲᠤ ᠮᠠᠶ᠋ᠢᠭ ᠤᠨ ᠬᠠᠮᠢᠶᠠᠷᠤᠯᠲᠠ᠂ ᠬᠠᠷᠢᠭᠤᠴᠠᠯᠭ᠎ᠠ ᠶᠢᠨ ᠲᠦᠷᠢᠮ ᠤᠨ  ᠦᠢᠯᠡᠴᠢᠯᠡᠭᠡ ᠶᠢ ᠴᠢᠩᠭᠠᠷᠠᠭᠤᠯᠤᠨ᠂ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠬᠦᠢᠴᠡᠳ ᠰᠠᠶᠢᠲᠤᠷ ᠬᠡᠷᠡᠭᠯᠡᠵᠦ᠂ ᠬᠢᠯᠢ ᠠᠯᠤᠰᠯᠠᠭᠰᠠᠨ ᠲᠡᠮᠦᠷ ᠵᠠᠮ᠂ ᠮᠢᠬᠠᠨ ᠤ ᠪᠦᠳᠦᠭᠡᠭᠳᠡᠬᠦᠨ ᠢ ᠡᠳ᠋ᠰᠢᠭᠦᠯᠬᠦ᠂ ᠵᠢᠯᠣᠭᠤᠴᠢ ᠥᠬᠡᠶ ᠲᠡᠷᠭᠡ ᠵᠢᠯᠣᠭᠤᠳᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠲᠡᠭᠡᠭᠡᠪᠦᠷᠢᠯᠡᠬᠦ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠬᠠᠷᠢᠯᠴᠠᠨ ᠠᠷᠠᠯᠵᠢᠶᠠᠯᠠᠬᠤ ᠲᠣᠭᠤᠷᠢᠭ᠂ ᠢᠯᠴᠢ ᠬᠠᠩᠭᠠᠬᠤ᠂ ᠤᠰᠤ ᠬᠠᠩᠭᠠᠬᠤ᠂ ᠪᠣᠬᠢᠷ ᠤᠰᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠰᠠᠭᠤᠷᠢ ᠳᠦᠭᠦᠭᠡᠷᠦᠮᠵᠢ ᠵᠢᠴᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠠᠯ᠎ᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠬᠢᠯᠢ ᠠᠯᠤᠰᠯᠠᠭᠰᠠᠨ ᠲᠡᠮᠦᠷ ᠵᠠᠮ᠂ ᠵᠢᠯᠣᠭᠤᠴᠢ ᠥᠬᠡᠶ ᠮᠠᠰᠢᠨ ᠲᠡᠷᠭᠡ᠂ ᠨᠡᠭᠦᠷᠡᠰᠦ ᠶᠢ ᠤᠬᠢᠶᠠᠨ ᠰᠢᠯᠢᠬᠦ᠂ ᠮᠢᠬᠠᠨ ᠤ ᠪᠦᠳᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠢᠴᠢ ᠡᠮᠴᠢᠯᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠨᠥᠭᠡᠴᠡ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ︽ᠨᠡᠪᠲᠡᠷᠡᠬᠦ ᠵᠠᠮ ᠤᠨ ᠠᠵᠤ ᠠᠬᠤᠶ︾ ᠠᠴᠠ ︽ᠰᠠᠭᠤᠷᠢᠰᠢᠮᠠᠯ ᠠᠵᠤ ᠠᠬᠤᠶ︾ ᠳᠠᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃
     ᠲᠦᠷᠪᠡ ᠳᠤ᠂ ᠨᠡᠶᠢᠭᠡᠮ ᠤᠨ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠴᠡᠭᠡ ᠪᠠᠯᠭᠠᠰᠤ ᠶᠢᠨ ︽ᠭᠤᠷᠪᠠ ᠶᠢ ᠲᠣᠭᠲᠠᠭᠠᠬᠤ ᠲᠥᠰᠦᠯ︾ ᠪᠣᠯᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ︽ᠲᠠᠪᠤ ᠶᠢ ᠲᠣᠭᠲᠠᠭᠠᠬᠤ︾ ᠲᠥᠰᠦᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠠᠶᠢᠮᠠᠭ᠂ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠠᠵᠢᠯ ᠤᠨ ᠵᠣᠯᠭᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠲᠣᠬᠢᠷᠠᠭᠤᠯᠤᠯᠲᠠ᠂ ᠵᠠᠰᠠᠭ ᠵᠠᠬᠢᠷᠭᠠᠨ ᠤ ᠡᠷᠬᠡ ᠶᠢ ᠵᠣᠯᠭᠠᠭᠤᠯᠬᠤ ᠠᠵᠢᠯ ᠢ ᠲᠦᠷᠭᠡᠳᠬᠡᠨ ᠠᠬᠢᠭᠤᠯᠤᠨ᠎ᠠ᠃ ︽ᠠᠮᠤᠭᠤᠯᠠᠩ ᠲᠠᠶᠢᠪᠤᠩ ᠴᠡᠭᠡ︾ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠣᠰᠤᠭ᠎ᠠ ᠴᠣᠭᠴᠠᠵᠢᠭᠰᠠᠨ᠂ ᠣᠳᠣᠬᠢᠴᠢᠯᠠᠭᠰᠠᠨ᠂ ᠮᠡᠳᠡᠭᠡ ᠵᠠᠩᠬᠢᠵᠢᠭᠰᠠᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠲᠦᠭᠰᠢᠭᠦᠷᠢ ᠶᠢ ᠤᠷᠢᠳᠴᠢᠯᠠᠨ ᠵᠢᠱᠢᠵᠦ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠨᠢᠭᠡ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠨ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠣᠰᠣᠭᠠᠷ᠂ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠨ᠎ᠠ᠃      ᠲᠠᠪᠤ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ ᠰᠢᠯᠢᠳᠡᠭᠵᠢᠭᠦᠯᠦᠨ᠎ᠡ᠃ ᠰᠦᠢᠳᠬᠡᠯ ᠬᠠᠰᠤᠵᠤ ᠭᠠᠶᠢᠯᠢ ᠪᠠᠭᠤᠷᠠᠭᠤᠯᠬᠤ ᠵᠡᠷᠭᠡ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠠᠷᠢᠭᠤᠴᠠᠬᠤ ᠰᠡᠳᠬᠢᠬᠦᠶ︾ ᠶᠢ ᠪᠠᠲᠤ ᠪᠣᠶ ᠪᠣᠯᠭᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠪᠡᠶᠡᠯᠡᠭᠳᠡᠬᠦ ᠨᠣᠷᠮ᠎ᠠ ᠶᠢ ᠳᠡᠭᠡᠭᠰᠢᠯᠡᠭᠦᠯᠵᠦ᠂ ᠡᠯ᠎ᠡ ᠲᠥᠷᠥ ᠶᠢᠨ ᠪᠣᠳᠣᠯᠭ᠎ᠠ ᠶᠢᠨ ᠲᠥᠪ ᠭᠤᠤᠯᠴᠢ ᠲᠦᠭᠡᠮᠡᠯ ᠠᠰᠢᠭ ᠬᠦᠷᠲᠡᠭᠡᠬᠦ᠂ ᠰᠢᠭᠤᠳ ᠬᠦᠷᠳᠡᠭᠡᠬᠦ ᠶᠢ ᠦᠨᠡᠨ ᠬᠦ ᠪᠠᠲᠤᠯᠠᠨ᠎ᠠ᠃ ᠤᠯᠤᠰ ᠠᠴᠠ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠠᠬᠢᠭᠤᠯᠵᠤ ᠪᠣᠳᠠᠲᠤ ᠴᠣᠭᠴᠠ ᠶᠢᠨ ᠠᠵᠤ ᠠᠬᠤᠶ ᠢᠯᠠᠩᠭᠤᠶ᠎ᠠ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ ᠠᠰᠢᠭᠲᠠᠶ ᠠᠵᠠ ᠲᠣᠬᠢᠶᠠᠯ ᠢ ᠠᠮᠵᠢᠵᠤ᠂ ᠵᠠᠰᠠᠭ ᠤᠨ ᠣᠷᠳᠣᠨ ᠤ  ᠬᠤᠯᠪᠣᠭᠠᠰᠤ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠲᠦᠭᠡᠮᠡᠯ ᠬᠠᠷᠠᠭᠠᠯᠵᠠᠯᠲᠤ ᠮᠥᠩᠭᠦᠨ ᠬᠦᠢᠯᠭᠡᠭᠡᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠶᠢ ᠰᠠᠶᠢᠲᠤᠷ ᠬᠡᠷᠡᠭᠯᠡᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠬᠡᠮᠵᠢᠶ᠎ᠡ ᠶᠢ ᠨᠡᠮᠡᠭᠳᠡᠭᠦᠯᠬᠦ᠂ ᠬᠡᠪᠴᠢᠶ᠎ᠡ ᠶᠢ ᠥᠷᠭᠡᠳᠬᠡᠬᠦ᠂ ᠦᠨ᠎ᠡ ᠬᠠᠩᠰᠢ ᠶᠢ ᠪᠠᠭᠤᠷᠠᠭᠤᠯᠬᠤ ᠶᠢ ᠠᠬᠢᠭᠤᠯᠵᠤ᠂ ᠪᠠᠯᠠ ᠬᠤᠷᠠᠮᠳᠤᠭᠤᠯᠬᠤ ᠬᠦᠷᠲᠡᠮᠵᠢ ᠶᠢᠨ ᠴᠢᠨᠠᠷ ᠪᠠ ᠲᠥᠬᠦᠮ ᠴᠢᠨᠠᠷ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠠᠵᠢᠯ ᠶᠠᠪᠤᠳᠠᠯ ᠬᠦᠢᠴᠡᠳᠬᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠪᠣᠷ ᠰᠤᠷᠲᠠᠯ ᠤᠨ ᠬᠤᠪᠢᠷᠠᠭᠤᠯᠤᠯᠲᠠ ᠶᠢ ᠴᠢᠩᠭᠠᠳᠬᠠᠨ᠂ ᠴᠢᠨᠠᠷ ᠰᠠᠶᠢᠲᠠᠶ ᠦᠢᠯᠡᠴᠢᠯᠡᠬᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠴᠢᠩᠭᠠᠷᠠᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠦᠨ᠂ ︽ᠳᠣᠲᠣᠨᠣ︾ ︽ᠴᠢᠬᠡᠴᠢ︾ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠳᠣᠲᠣᠨᠣ ᠪᠥᠭᠡᠳ ᠬᠡᠮᠵᠢᠶ᠎ᠡ ᠲᠠᠢ᠂ ᠴᠢᠬᠡᠴᠢ ᠪᠥᠭᠡᠳ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃
      ᠵᠢᠷᠭᠤᠭ᠎ᠠ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠥᠷᠨᠢᠭᠦᠯᠬᠦ ᠶᠢ ᠠᠬᠢᠭᠤᠯᠤᠨ᠎ᠠ᠃ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠪᠠᠨ ᠨᠢᠭᠲᠠᠷᠠᠭᠤᠯᠬᠤ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠠᠬᠢᠭᠤᠯᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠡᠷᠡᠰ ᠪᠠᠲᠤ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠬᠠᠮᠢᠶᠠᠷᠤᠯᠲᠠ ᠶᠢᠨ ᠡᠷᠬᠡ ᠬᠡᠯᠡᠬᠦ ᠡᠷᠬᠡ ᠶᠢ ᠪᠠᠲᠤ ᠡᠵᠡᠮᠳᠡᠵᠦ᠂ ᠲᠦᠷᠢᠮ ᠲᠣᠭᠲᠠᠭᠠᠯ ᠲᠣᠭᠲᠠᠭᠠᠬᠤ ᠪᠠ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠦᠷᠳᠡᠭ ᠤᠨ ᠬᠠᠨᠳᠤᠰᠢ ᠶᠢ ᠴᠢᠩᠭᠠᠳᠬᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠴᠡᠭᠡ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠪᠠ ᠶᠠᠷᠢᠶ᠎ᠠ ᠬᠡᠯᠡᠯᠴᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠤᠬᠠᠮᠰᠠᠷ ᠢᠶᠠᠨ ᠪᠠᠲᠤᠳᠬᠠᠵᠤ᠂ ︽ᠲᠦᠷᠪᠡᠨ ᠰᠤᠷᠲᠠᠯ︾ ᠢ ᠡᠷᠡᠰ ᠭᠤᠶᠢᠪᠢᠰᠢ ᠦᠭᠡᠢ ᠵᠠᠯᠠᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ᠃ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠶᠢ ᠬᠡᠷᠡᠭᠵᠢᠭᠦᠯᠬᠦ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠰᠠᠶᠢᠲᠤᠷ ᠬᠡᠷᠡᠭᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠪᠢᠰᠢᠷᠡᠨ ᠵᠢᠷᠦᠬᠡᠰᠢᠶᠡᠬᠦ ᠶᠢ ᠮᠡᠳᠡᠭᠦᠯᠵᠦ᠂ ᠬᠤᠷᠢᠭ᠎ᠠ ᠱᠤᠭᠤᠮ ᠢ ᠰᠠᠬᠢᠵᠤ᠂ ︽ ᠦᠨᠴᠦᠭ ᠪᠣᠯᠣᠩ ᠦᠯᠡᠳᠡᠭᠡᠯ ᠦᠭᠡᠢ︾᠂ ︽ᠪᠦᠬᠦᠨ ᠢ ᠪᠦᠷᠬᠦᠬᠦᠯᠬᠦ︾᠂ ︽ᠤᠬᠳᠤ ᠠᠭᠤᠴᠢᠯᠠᠬᠤ ᠦᠭᠡᠢ︾ ᠪᠠᠶᠢᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠣᠷᠴᠢᠨ ᠢ ᠪᠤᠢ ᠪᠣᠯᠭᠠᠨ᠎ᠠ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号