ᠰᠢᠨ᠎ᠡ ᠬᠡᠪᠯᠡᠯ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠢᠨ᠎ᠡ ᠡᠮ ᠤᠨ ᠵᠦᠢᠯ ᠤᠨ ᠭᠠᠷᠴᠠᠭ ᠢ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ
ᠨᠡᠶᠢᠲᠡᠯᠡᠭᠰᠡᠨ ᠴᠠᠭ᠄
2022/2/14
     ᠰᠢᠨ᠎ᠡ ᠬᠡᠪᠯᠡᠯ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠡᠨᠡ ᠨᠢ ᠡᠭᠦᠨ ᠠᠴᠠ ᠡᠮᠦᠨ᠎ᠡ ᠬᠡᠯᠡᠯᠴᠡᠭᠡ ᠬᠢᠭᠡᠳ ᠠᠮᠵᠢᠯᠲᠠ ᠣᠯᠣᠭᠰᠠᠨ 94 ᠡᠮ ᠤᠨ ᠵᠦᠢᠯ ᠡᠮ ᠡᠮᠨᠡᠯᠭᠡ ᠶᠢᠨ ᠳᠠᠭᠠᠳᠬᠠᠯ ᠳᠤ ᠣᠷᠣᠵᠤ᠂ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠲᠡᠨ ᠤ ᠡᠲᠡᠭᠡᠷ ᠡᠮ ᠤᠨ ᠵᠦᠢᠯ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠵᠦ ᠪᠠᠶᠢᠬᠤ ᠶᠢ ᠬᠠᠷᠠᠭᠤᠯᠵᠤ ᠪᠠᠶᠢᠨ᠎ᠠ᠃      ᠰᠢᠨ᠎ᠡ ᠬᠡᠪᠯᠡᠯ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠭᠠᠷᠴᠠᠭ ᠠᠴᠠ ᠭᠠᠳᠠᠨᠠᠬᠢ 74 ᠡᠮ ᠢ ᠰᠢᠨ᠎ᠡ ᠪᠠᠷ ᠨᠡᠮᠡᠵᠦ᠂ 21 ᠡᠮᠴᠢᠯᠡᠭᠡᠨ ᠤ ᠬᠡᠰᠡᠭ ᠲᠤ ᠬᠤᠯᠪᠣᠭᠳᠠᠪᠠ᠂ ᠡᠭᠦᠨ ᠳᠤ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠴᠢᠰᠤᠨ ᠥᠭᠡᠬᠦ ᠥᠨᠳᠥᠷ ᠡᠪᠡᠳᠴᠢᠨ᠂ ᠮᠡᠳᠡᠷᠡᠯ ᠤᠨ ᠡᠪᠡᠳᠴᠢᠨ ᠵᠡᠷᠭᠡ ᠤᠵᠢᠭ ᠡᠪᠡᠳᠴᠢᠨ ᠳᠤ ᠬᠡᠷᠡᠭᠯᠡᠬᠦ ᠡᠮ 20 ᠵᠦᠢᠯ᠂ ᠬᠠᠪᠤᠳᠠᠷ ᠤᠨ ᠡᠮ 18 ᠵᠦᠢᠯ᠂ ᠡᠯᠢᠭᠡᠨ ᠤ C ᠦᠷᠪᠢᠰᠦᠯ᠂ ᠠᠶᠢᠽ ᠡᠪᠡᠳᠴᠢᠨ ᠵᠡᠷᠭᠡ ᠬᠠᠯᠳᠠᠪᠤᠷᠢᠯᠠᠯ ᠢ ᠡᠰᠡᠷᠭᠦᠴᠡᠬᠦ ᠳᠤ ᠬᠡᠷᠡᠭᠯᠡᠬᠦ ᠡᠮ 15 ᠵᠦᠢᠯ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ 7 ᠵᠦᠢᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠳᠤ ᠬᠡᠷᠡᠭᠯᠡᠬᠦ ᠡᠮ 2 ᠵᠦᠢᠯ᠂ ᠪᠤᠰᠤᠳ ᠬᠦᠷᠢᠶᠡᠨ ᠳᠤ ᠬᠡᠷᠡᠭᠯᠡᠬᠦ ᠡᠮ 12 ᠵᠦᠢᠯ ᠪᠠᠶᠢᠵᠤ᠂ ᠡᠪᠡᠳᠴᠢᠲᠡᠨ ᠤ ᠠᠰᠢᠭ ᠭᠦᠷᠳᠡᠭᠦ ᠬᠡᠪᠴᠢᠶ᠎ᠡ ᠥᠷᠭᠡᠨ ᠪᠣᠯᠵᠠᠢ᠃      ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠭᠠᠰᠢ᠂ 4 ᠵᠢᠯ ᠳᠠᠷᠠᠭᠠᠯᠠᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠵᠦ᠂ ᠨᠡᠶᠢᠲᠡ 507 ᠡᠮ ᠤᠨ ᠵᠦᠢᠯ ᠢ ᠪᠦᠭᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠳᠥᠯᠥᠭᠦ ᠬᠡᠪᠴᠢᠶᠡᠨ ᠳᠤ ᠰᠢᠨ᠎ᠡ ᠪᠠᠷ ᠣᠷᠣᠭᠤᠯᠪᠠ᠃ ᠡᠭᠦᠨ ᠳᠤ ᠬᠡᠯᠡᠯᠴᠡᠭᠡ ᠬᠢᠭᠰᠡᠨ ᠡᠮ ᠤᠨ ᠵᠦᠢᠯ ᠤᠨ ᠦᠨ᠎ᠡ ᠶᠢᠨ ᠪᠠᠭᠤᠷᠠᠯᠲᠠ ᠨᠢ 50% ᠶᠢ ᠳᠠᠪᠠᠵᠤ᠂ ᠬᠡᠯᠡᠯᠴᠡᠭᠡ ᠬᠢᠵᠦ ᠦᠨ᠎ᠡ ᠪᠠᠭᠤᠷᠠᠭᠤᠯᠬᠤ ᠪᠠ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠠᠪᠬᠤᠷ ᠦᠢᠯᠡᠳᠦᠯ ᠢᠶᠠᠷ ᠳᠠᠮᠵᠢᠭᠤᠯᠤᠨ᠂ ᠡᠪᠡᠳᠴᠢᠲᠡᠨ ᠤ ᠡᠮ ᠬᠡᠷᠡᠭᠯᠡᠬᠦ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ᠃      ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠡᠮ ᠤᠨ ᠵᠦᠢᠯ ᠤᠨ ᠬᠡᠯᠡᠯᠴᠡᠭᠡ ᠬᠢᠬᠦ ᠶᠢᠨ ᠭᠤᠣᠯ ᠵᠣᠷᠢᠯᠭ᠎ᠠ ᠪᠣᠯ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠪᠠᠶᠢᠯᠳᠤᠬᠤ ᠪᠣᠳᠣᠯᠭ᠎ᠠ ᠶᠢᠨ ᠬᠤᠳᠠᠯᠳᠤᠨ ᠠᠪᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠯᠡᠯᠴᠡᠭᠡ ᠬᠢᠬᠦ ᠬᠡᠪᠴᠢᠶᠡᠨ ᠳᠤ ᠣᠷᠣᠭᠤᠯᠤᠭᠰᠠᠨ ᠡᠮ ᠤᠨ ᠵᠦᠢᠯ ᠳᠤ ︽ᠪᠦᠭᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠬᠡᠷᠡᠭᠯᠡᠬᠦ ᠬᠡᠮᠵᠢᠶ᠎ᠡ︾ ᠪᠠᠷ ᠠᠵᠤ ᠠᠬᠤᠶᠢᠯᠠᠯ ᠲᠠᠢ ᠵᠥᠪᠳᠡᠯᠴᠡᠨ ᠦᠨ᠎ᠡ ᠵᠥᠪᠯᠡᠵᠦ᠂ ᠰᠠᠭᠤᠷᠢ ᠮᠥᠩᠭᠦ ᠶᠢᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠤ᠂ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠬᠦ ᠬᠠᠷᠠᠯᠲᠠ ᠶᠢ ᠨᠢᠭᠡᠳᠦᠯᠲᠡᠢ ᠲᠥᠯᠥᠪᠯᠡᠨ ᠪᠡᠶᠡᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠬᠢᠵᠠᠭᠠᠷᠲᠠᠢ ᠪᠡᠯᠡ ᠮᠥᠩᠭᠦ ᠶᠢ ᠬᠡᠷᠡᠭᠯᠡᠨ ᠬᠠᠮᠤᠭ ᠤᠨ ᠶᠡᠭᠡ ᠪᠠᠲᠤᠯᠠᠭ᠎ᠠ ᠶᠢᠨ ᠦᠢᠯᠡᠳᠦᠯ ᠴᠢᠳᠠᠪᠤᠷᠢ ᠶᠢ ᠪᠠᠳᠠᠷᠠᠭᠤᠯᠬᠤ ᠶᠢᠨ ᠲᠥᠯᠥᠭᠡ ᠶᠤᠮ᠃ ᠡᠭᠦᠨ ᠤ ᠵᠡᠷᠭᠡ ᠪᠠᠷ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠥᠷᠲᠡᠭ ᠢ ᠬᠤᠳᠠᠯᠳᠤᠨ ᠠᠪᠬᠤ᠂ ᠪᠠᠶᠢᠯᠳᠤᠬᠤ ᠪᠣᠳᠣᠯᠭ᠎ᠠ ᠶᠢᠨ ᠬᠤᠳᠠᠯᠳᠤᠨ ᠠᠪᠬᠤ ᠪᠠᠷ ᠳᠠᠮᠵᠢᠭᠤᠯᠤᠨ᠂ ᠡᠮ ᠡᠮᠨᠡᠯᠭᠡ ᠶᠢᠨ ᠠᠵᠤ ᠦᠢᠯᠡᠰ ᠤᠨ ᠰᠢᠨ᠎ᠡ ᠶᠢ ᠡᠭᠦᠳᠭᠦ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠬᠥᠲᠥᠯᠥᠨ ᠵᠢᠯᠣᠭᠤᠳᠤᠨ᠎ᠠ ᠭᠡᠵᠦ ᠲᠠᠨᠢᠯᠴᠠᠭᠤᠯᠪᠠ᠃      ᠤᠯᠤᠰ ᠠᠴᠠ 2000 ᠣᠨ ᠠᠴᠠ ᠨᠠᠭᠠᠰᠢ ᠤᠷᠢᠳ ᠬᠤᠵᠢᠳ 8 ᠬᠡᠪᠯᠡᠯ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠨᠡᠶᠢᠲᠡᠯᠡᠵᠦ᠂ ᠭᠠᠷᠴᠠᠭ ᠲᠠᠬᠢ ᠡᠮ ᠤᠨ ᠵᠦᠢᠯ ᠤᠨ ᠲᠤᠭ᠎ᠠ 1535 ᠵᠦᠢᠯ ᠪᠠᠶᠢᠭᠰᠠᠨ ᠠᠴᠠ ᠪᠠᠨ 2860 ᠵᠦᠢᠯ ᠪᠣᠯᠵᠤ ᠨᠡᠮᠡᠭᠳᠡᠪᠡ᠃      ᠡᠭᠦᠨ ᠠᠴᠠ ᠡᠮᠦᠨᠡᠬᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠡᠯ᠎ᠡ ᠮᠤᠵᠢ ᠣᠷᠣᠨ ᠬᠤᠲᠠ ᠶᠢᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ 2021 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠬᠡᠯᠡᠯᠴᠡᠭᠡ ᠬᠢᠭᠰᠡᠨ ᠡᠮ ᠤᠨ ᠵᠦᠢᠯ ᠢ ᠮᠤᠵᠢ ᠶᠢᠨ ᠱᠠᠲᠤᠨ ᠤ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠠᠴᠠ ᠰᠢᠭᠤᠳ ᠰᠦᠯᠵᠢᠶ᠎ᠡ ᠪᠠᠷ ᠬᠤᠳᠠᠯᠳᠤᠨ ᠠᠪᠤᠨ᠎ᠠ᠃ ᠡᠯ᠎ᠡ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠤᠨ ᠳᠣᠲᠣᠷᠠᠬᠢ ᠡᠮ ᠤᠨ ᠵᠦᠢᠯ ᠢ ᠵᠦᠢ ᠵᠣᠬᠢᠰᠲᠠᠢ ᠲᠣᠬᠢᠷᠠᠭᠤᠯᠬᠤ ᠪᠠ ᠬᠡᠷᠡᠭᠯᠡᠬᠦ ᠶᠢ ᠵᠢᠯᠣᠭᠤᠳᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号