ᠮᠠᠨ ᠤ ᠣᠷᠣᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠦᠯᠲᠡ ᠯᠦᠭᠡ ᠬᠤᠯᠪᠣᠭᠳᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ ᠪᠤᠢ
ᠨᠡᠶᠢᠲᠡᠯᠡᠭᠰᠡᠨ ᠴᠠᠭ᠄
2022/2/14
     ᠪᠦᠭᠦ ᠣᠷᠣᠨ  ᠤ ᠬᠦᠴᠢᠷᠳᠡᠯᠲᠡᠢ ᠣᠯᠠᠨ ᠲᠦᠮᠡᠨ  ᠤ ᠦᠨᠳᠦᠰᠦᠨ ᠠᠮᠢᠳᠤᠷᠠᠯ  ᠤᠨ ᠪᠠᠲᠤᠯᠠᠭ᠎ᠠ  ᠶᠢᠨ ᠠᠵᠢᠯ  ᠢ ᠦᠨᠡᠨ ᠬᠦ ᠰᠠᠶᠢᠲᠤᠷ ᠬᠢᠬᠦ  ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ  ᠤ ᠠᠷᠠᠳ  ᠤᠨ ᠵᠠᠰᠠᠭ  ᠤᠨ ᠣᠷᠳᠣᠨ  ᠤ ᠠᠯᠪᠠᠨ ᠲᠢᠩᠬᠢᠮ ︽ᠨᠡᠶᠢᠭᠡᠮ  ᠤᠨ ᠠᠪᠤᠷᠠᠨ ᠲᠤᠰᠠᠯᠠᠬᠤ  ᠪᠠ ᠪᠠᠲᠤᠯᠠᠭ᠎ᠠ ᠶᠢᠨ ᠪᠠᠷᠢᠮᠵᠢᠶ᠎ᠠ  ᠶᠢ ᠪᠠᠷᠠᠭ᠎ᠠ   ᠶᠢᠨ ᠦᠨ᠎ᠡ  ᠶᠢᠨ ᠥᠰᠦᠯᠲᠡ ᠯᠦᠭᠡ ᠬᠤᠯᠪᠣᠭᠳᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ  ᠶᠢ ᠴᠢᠨᠠᠭᠰᠢᠳᠠ ᠪᠦᠷᠢᠨᠰᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶  ᠢ ᠳᠠᠷᠤᠮᠠᠯᠯᠠᠨ ᠲᠠᠷᠬᠠᠭᠠᠵᠤ᠂ ᠬᠦᠴᠢᠷᠳᠡᠯᠲᠡᠢ ᠣᠯᠠᠨ ᠲᠦᠮᠡᠨ  ᠤ ᠦᠨᠳᠦᠰᠦᠨ ᠠᠮᠢᠳᠤᠷᠠᠯ  ᠳᠤ ᠦᠵᠡᠭᠦᠯᠭᠦ ᠪᠠᠷᠠᠭ᠎ᠠ   ᠶᠢᠨ ᠦᠨ᠎ᠡ  ᠶᠢᠨ ᠥᠰᠦᠯᠲᠡ  ᠶᠢᠨ ᠨᠥᠯᠥᠭᠡ  ᠶᠢ ᠨᠠᠮᠳᠠᠭᠤᠯᠤᠨ᠂ ᠠᠷᠠᠳ  ᠤᠨ ᠦᠨᠳᠦᠰᠦᠨ ᠠᠮᠢᠳᠤᠷᠠᠯ  ᠤᠨ ᠬᠤᠷᠢᠭ᠎ᠠ ᠱᠤᠭᠤᠮ  ᠢ  ᠪᠠᠲᠤ  ᠰᠠᠬᠢᠵᠤ  ᠪᠤᠢ᠃      ︽ᠮᠡᠳᠡᠭᠳᠡᠯ︾  ᠳᠤ᠂ ᠦᠨ᠎ᠡ ᠬᠠᠩᠰᠢ  ᠶᠢᠨ ᠨᠥᠬᠦᠪᠦᠷᠢ  ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ  ᠶᠢᠨ ᠪᠠᠲᠤᠯᠠᠭ᠎ᠠ  ᠶᠢᠨ ᠡᠲᠡᠭᠡᠳ  ᠪᠣᠯ᠄ ᠬᠤᠲᠠ ᠬᠥᠳᠡᠭᠡ  ᠶᠢᠨ ᠠᠮᠢᠳᠤᠷᠠᠯ  ᠤᠨ ᠨᠠᠭᠠᠲᠤ ᠵᠠᠬ᠎ᠠ  ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ᠂ ᠠᠵᠢᠯ ᠠᠯᠳᠠᠯᠲᠠ  ᠶᠢᠨ ᠳᠠᠭᠠᠳᠬᠠᠯ  ᠤᠨ ᠮᠥᠩᠭᠦ ᠠᠪᠴᠤ ᠪᠠᠶᠢᠭ᠎ᠠ ᠬᠥᠮᠥᠰ᠂ ᠤᠯᠤᠰ  ᠤᠨ ᠲᠣᠭᠲᠠᠮᠠᠯ ᠬᠤᠭᠤᠴᠠᠭ᠎ᠠ  ᠲᠠᠢ ᠠᠰᠠᠷᠠᠮᠵᠢ  ᠶᠢᠨ ᠨᠥᠬᠦᠪᠦᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠠᠶᠢᠽ ᠡᠪᠡᠳᠴᠢᠨ  ᠤ ᠸᠢᠷᠦ᠋ᠰ  ᠲᠤ ᠬᠠᠯᠳᠠᠪᠤᠷᠢᠯᠠᠭᠳᠠᠭᠰᠠᠨ ᠬᠡᠦᠬᠡᠳ᠂ ᠶᠡᠭᠡ ᠳᠡᠭᠡᠳᠦ ᠰᠤᠷᠭᠠᠭᠤᠯᠢ  ᠶᠢᠨ ᠭᠡᠷ ᠪᠦᠯᠢ  ᠶᠢᠨ ᠠᠵᠤ ᠠᠬᠤᠢ   ᠨᠢ ᠬᠦᠴᠢᠷᠳᠡᠯᠲᠡᠢ ᠰᠤᠷᠤᠭᠴᠢᠳ ᠪᠣᠯᠣᠨ᠎ᠠ ᠭᠡᠵᠦ ᠲᠣᠭᠲᠠᠭᠠᠪᠠ᠃     ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠢ ᠡᠭᠢᠯᠡᠭᠦᠯᠵ᠂ ᠡᠭᠦᠨ  ᠳᠤ ᠬᠥᠯᠥᠨ ᠪᠤᠶᠢᠷ ᠬᠤᠲᠠ᠂ ᠰᠢᠯᠢ  ᠶᠢᠨ ᠭᠤᠣᠯ ᠠᠶᠢᠮᠠᠭ  ᠲᠤ ᠡᠭᠢᠯᠡᠭᠦᠯᠭᠦ ᠦᠶᠡᠰ ᠮᠠᠨᠵᠤᠤᠷ ᠬᠤᠲᠠ᠂ ᠡᠷᠢᠶᠡᠨ ᠬᠤᠲᠠ  ᠳᠤ ᠲᠣᠰ ᠲᠣᠰ ᠮᠡᠳᠡᠭᠳᠡᠨ ᠵᠡᠷᠭᠡ ᠪᠠᠷ ᠡᠬᠢᠯᠡᠭᠦᠯᠦᠨ᠎ᠡ᠃ ᠰᠠᠭᠤᠭᠠᠯᠢ ᠠᠷᠠᠳ  ᠤᠨ ᠬᠡᠷᠡᠭᠯᠡᠭᠡᠨ  ᠤ ᠦᠨ᠎ᠡ ᠬᠠᠩᠰᠢ  ᠶᠢᠨ ᠭᠦᠢᠴᠡᠳᠬᠡᠯ ᠲᠤᠭ᠎ᠠ ︵CPI︶ ᠭᠠᠭᠴᠠ ᠰᠠᠷ᠎ᠠ  ᠶᠢᠨ ᠠᠳᠠᠯᠢ ᠬᠤᠭᠤᠴᠠᠭᠠᠨ  ᠤ ᠬᠢ  ᠠᠴᠠ ᠥᠰᠦᠭᠰᠡᠨ ᠬᠡᠮᠵᠢᠶ᠎ᠡ ᠨᠢ 3.5% ᠪᠤᠶᠤ CPI ᠶᠢᠨ ᠳᠣᠲᠣᠷᠠᠬᠢ ᠢᠳᠡᠭᠡᠨ  ᠤ ᠵᠦᠢᠯ  ᠤᠨ ᠦᠨ᠎ᠡ ᠬᠠᠩᠰᠢ  ᠶᠢᠨ ᠭᠠᠭᠴᠠ ᠰᠠᠷ᠎ᠠ  ᠶᠢᠨ ᠠᠳᠠᠯᠢ ᠬᠤᠭᠤᠴᠠᠭᠠᠨ  ᠤ  ᠬᠢ ᠠᠴᠠ ᠥᠰᠦᠭᠰᠡᠨ ᠬᠡᠮᠵᠢᠶ᠎ᠡ ᠨᠢ 6% ᠬᠦᠷᠬᠦ ᠦᠶ᠎ᠡ  ᠳᠤ᠂ ᠦᠨ᠎ᠡ ᠬᠠᠩᠰᠢ  ᠶᠢᠨ ᠨᠥᠬᠦᠪᠦᠷᠢ  ᠶᠢᠨ ᠬᠤᠯᠪᠣᠯᠳᠤᠨ ᠬᠥᠳᠡᠯᠦᠯᠴᠡᠬᠦ ᠲᠣᠭᠲᠠᠴᠠ  ᠶᠢ ᠡᠬᠢᠯᠡᠭᠦᠯᠵᠦ᠂ ᠬᠦᠴᠢᠷᠳᠡᠯᠲᠡᠢ ᠣᠯᠠᠨ ᠲᠦᠮᠡᠨ  ᠳᠤ ᠦᠨ᠎ᠡ ᠬᠠᠩᠰᠢ  ᠶᠢᠨ ᠲᠦᠷ ᠴᠠᠭ  ᠤᠨ ᠨᠥᠬᠦᠪᠦᠷᠢ ᠣᠯᠭᠤᠨ᠎ᠠ; ᠲᠣᠰ ᠰᠠᠷ᠎ᠠ  ᠳᠤ ᠳᠡᠭᠡᠷ᠎ᠡ ᠳᠤᠷᠠᠳᠤᠭᠰᠠᠨ  ᠪᠤᠶ ᠪᠦᠬᠦᠢ ᠡᠭᠢᠯᠡᠭᠦᠯᠭᠦ ᠨᠥᠬᠦᠴᠡᠯ  ᠢ ᠴᠥᠮ ᠬᠠᠩᠭᠠᠵᠤ ᠳᠡᠶᠢᠯᠭᠦ ᠦᠭᠡᠢ ᠪᠣᠯ ᠬᠤᠯᠪᠤᠭᠠᠯᠠᠨ ᠠᠵᠢᠯᠯᠠᠬᠤ ᠲᠣᠭᠲᠠᠴᠠ  ᠶᠢ ᠵᠣᠭᠰᠣᠭᠠᠵᠤ᠂ ᠦᠨ᠎ᠡ ᠬᠠᠩᠰᠢ  ᠶᠢᠨ ᠲᠦᠷ ᠴᠠᠭ  ᠤᠨ ᠨᠥᠬᠦᠪᠦᠷᠢ  ᠣᠯᠭᠤᠬᠤ  ᠶᠢ ᠵᠣᠭᠰᠣᠭᠠᠨ᠎ᠠ᠃      ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠠᠶᠢᠮᠠᠭ ᠬᠤᠲᠠ ᠶᠢᠨ ᠬᠤᠲᠠ ᠪᠠᠯᠭᠠᠰᠤ  ᠶᠢᠨ ᠣᠷᠣᠯᠭ᠎ᠠ ᠪᠠᠭ᠎ᠠ ᠰᠠᠭᠤᠭᠠᠯᠢ ᠠᠷᠠᠳ  ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ  ᠶᠢᠨ ᠭᠦᠢᠴᠡᠳᠬᠡᠯ ᠲᠤᠭ᠎ᠠ ︵SCPI︶  ᠪᠠᠷ ᠲᠥᠰᠥᠭᠡᠯᠡᠨ ᠪᠤᠳᠤᠵᠤ᠂ ︽ᠰᠠᠷ᠎ᠠ  ᠪᠠᠷ ᠲᠥᠰᠥᠭᠡᠯᠡᠨ ᠪᠤᠳᠤᠬᠤ᠂ ᠰᠠᠷ᠎ᠠ  ᠪᠠᠷ ᠣᠯᠭᠤᠬᠤ︾ ᠵᠠᠷᠴᠢᠮ  ᠢ ᠦᠨᠳᠦᠰᠦᠯᠡᠨ᠂ ᠬᠠᠮᠢᠶ᠎ᠠ ᠪᠦᠬᠦᠢ ᠦᠨ᠎ᠡ ᠬᠠᠩᠰᠢ  ᠶᠢᠨ ᠭᠦᠢᠴᠡᠳᠬᠡᠯ ᠲᠤᠭ᠎ᠠ  ᠶᠢ ᠨᠡᠶᠢᠲᠡᠯᠡᠭᠰᠡᠨ ᠲᠣᠰ ᠰᠠᠷ᠎ᠠ  ᠳᠤ ᠬᠦᠴᠢᠷᠳᠡᠯᠲᠡᠢ ᠣᠯᠠᠨ ᠲᠦᠮᠡᠨ  ᠳᠤ ᠲᠤᠭ᠎ᠠ ᠶᠣᠰᠣᠭᠠᠷ   ᠨᠢ ᠣᠯᠭᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号