ᠳᠠᠶᠢᠴᠢᠨ᠄ ᠮᠢᠩᠭᠠᠨ ᠲᠦᠮᠡᠨ ᠺᠢᠯᠣᠸᠠᠲ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/2/15
      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ  ᠳᠣᠣᠱᠯᠠᠭᠤᠯᠵᠦ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠬᠦᠴᠦᠯᠡᠨ ᠰᠠᠶᠢᠲᠤᠷ ᠠᠳᠬᠤᠵᠤ᠂ ᠠᠯᠠᠱᠠ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠰᠠᠭᠤᠷᠢᠨ ᠢ ᠪᠥᠲᠥᠭᠡᠨ ᠪᠠᠶᠢᠭᠤᠯᠬᠤ ᠶᠢ ᠳᠡᠮᠵᠢᠵᠦ᠂ ᠬᠠᠲᠤᠨ ᠭᠤᠤᠯ ᠤᠨ ᠳᠣᠬᠤᠢ ᠂ ᠡᠵᠡᠨ᠎ᠡ ᠵᠡᠷᠭᠡ ᠳᠠᠪᠠᠭᠤᠯᠢᠭ ᠣᠷᠣᠨ ᠢ ᠡᠩ ᠲᠡᠷᠢᠬᠦᠨ ᠳᠤ ᠬᠥᠭᠵᠢᠭᠦᠯᠬᠦ ᠶᠢ ᠳᠡᠮᠵᠢᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠥᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠶᠢ ᠣᠨᠣᠪᠴᠢᠳᠠᠢ ᠡᠵᠡᠮᠳᠡᠬᠦ ᠪᠠ ᠪᠠᠷᠠᠭᠤᠨ ᠬᠡᠰᠡᠭ ᠤᠨ ᠠᠶᠢᠮᠠᠭ ᠬᠤᠲᠠ ᠶᠢᠨ ᠬᠥᠭᠵᠢᠯᠲᠡ ᠶᠢ ᠬᠠᠯᠠᠮᠵᠢᠯᠠᠵᠤ ᠪᠠᠶᠢᠬᠤ ᠶᠢ ᠬᠦᠢᠴᠡᠳ ᠢᠯᠡᠷᠡᠭᠦᠯᠵᠦ᠂ ᠢᠯᠠᠩᠭᠤᠶ᠎ᠠ ᠠᠯᠠᠱᠠ ᠳᠤ ᠬᠥᠭᠵᠢᠯᠲᠡ ᠶᠢᠨ ᠴᠢᠭᠯᠡᠯ ᠪᠠ ᠠᠷᠭ᠎ᠠ ᠵᠠᠮ ᠢ ᠲᠣᠳᠣᠷᠬᠠᠶ ᠵᠢᠭᠠᠵᠤ ᠥᠭᠴᠡᠶ᠃       ᠢᠯᠡᠳᠬᠡᠯ ᠳᠤ ᠳᠤᠷᠠᠳᠤᠭᠰᠠᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠱᠠᠭᠠᠷᠳᠠᠯᠭ᠎ᠠ ᠶᠣᠰᠣᠭᠠᠷ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠪᠣᠯᠤᠨ ᠠᠯᠠᠱᠠ ᠠᠭᠤᠯᠠ ᠶᠢ ᠨᠢᠭᠡ ᠴᠤᠬᠴᠠᠵᠢᠭᠤᠯᠤᠨ ᠬᠠᠮᠠᠭᠠᠯᠠᠵᠤ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠯᠠᠱᠠ ᠠᠭᠤᠯᠠ ᠶᠢᠨ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠵᠦ᠂ ᠠᠯᠠᠱᠠ ᠠᠭᠤᠯᠠ ᠶᠢᠨ ᠠᠮᠢ ᠠᠬᠤᠢ ᠶᠢᠨ ᠬᠤᠩᠬᠢᠯ᠂ ᠠᠯᠠᠱᠠ ᠠᠭᠤᠯᠠ ᠶᠢᠨ ᠤᠯᠤᠰ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢ ᠭᠦᠨᠵᠡᠭᠡᠢ ᠰᠠᠶᠢᠲᠤᠷ ᠬᠢᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠨᠧᠷᠭᠢ ᠶᠢᠨ ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃       ᠢᠯᠡᠳᠬᠡᠯ ᠳᠤ ᠳᠤᠷᠠᠳᠤᠭᠰᠠᠨ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠶᠡᠬᠡᠪᠡᠷ ᠠᠬᠢᠭᠤᠯᠬᠤ ᠱᠠᠭᠠᠷᠳᠠᠯᠭ᠎ᠠ ᠶᠣᠰᠣᠭᠠᠷ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠡᠯᠡᠰᠦ ᠮᠠᠩᠬ᠎ᠠ᠂ ᠭᠤᠪᠢ ᠣᠷᠣᠨ ᠳᠤ ᠶᠡᠭᠡ ᠬᠡᠪᠴᠢᠶᠡᠨ ᠤ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢᠨ ᠪᠠᠶᠢᠷᠢᠰᠢᠭᠤᠯᠤᠯ ᠢ ᠲᠦᠷᠭᠡᠳᠬᠡᠬᠦ ᠲᠣᠬᠢᠶᠠᠯ ᠢ ᠵᠠᠪᠳᠤᠨ᠂ ᠠᠯᠠᠱᠠ ᠶᠢᠨ ᠰᠠᠯᠬᠢ ᠭᠡᠷᠡᠯ ᠤᠨ ᠡᠬᠢ ᠪᠠᠶᠠᠯᠢᠭ ᠡᠯᠪᠡᠭ ᠳᠡᠯᠪᠡᠭ᠂ ᠭᠤᠪᠢ ᠴᠥᠯ ᠤᠨ ᠲᠠᠯᠠᠪᠠᠶ ᠨᠢ ᠥᠷᠭᠡᠨ ᠠᠭᠤᠳᠠᠮ᠂ ᠭᠠᠵᠠᠷ ᠤᠨ ᠪᠠᠶᠢᠴᠠ ᠲᠡᠭᠰᠢ ᠠᠭᠤᠳᠠᠮ᠂ ᠳᠠᠮᠵᠢᠭᠤᠯᠬᠤ ᠱᠤᠭᠤᠮ ᠨᠢ ᠣᠬᠤᠷ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ ᠵᠡᠷᠭᠡ ᠴᠡᠪᠡᠷ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠬᠤᠶᠠᠷ ᠵᠢᠯ ᠤᠨ ᠳᠣᠲᠣᠷ᠎ᠠ ᠮᠢᠩᠭᠠᠨ ᠲᠦᠮᠡᠨ  ᠺᠢᠯᠣᠸᠠᠲ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠬᠤ ᠪᠠᠷ ᠴᠢᠷᠮᠠᠶᠢᠨ᠎ᠠ᠃       ᠪᠢᠳᠠ ᠱᠢ ᠲᠠᠢ ᠹᠧᠩ ᠱᠦᠵᠢ ᠶᠢᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠳᠤᠷᠠᠳᠤᠭᠰᠠᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠤᠨᠢᠨ ᠳᠡᠭᠡᠷ᠎ᠡ ᠨᠢ ᠬᠦᠴᠦᠯᠡᠬᠦ ᠴᠢᠬᠤᠯᠠ ᠱᠠᠭᠠᠷᠳᠠᠯᠭ᠎ᠠ ᠶᠣᠰᠣᠭᠠᠷ᠂ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠢᠮᠠᠭᠲᠠ ᠲᠡᠷᠢᠭᠦᠨ ᠳᠤ ᠲᠠᠯᠪᠢᠵᠤ᠂ ᠶᠠᠭᠠᠬᠢᠭᠰᠠᠨ ᠴᠤ ᠠᠮᠢ ᠠᠬᠤᠢ ᠣᠷᠴᠢᠨ ᠲᠣᠭᠤᠷᠢᠨ ᠤ ᠦᠷᠡᠭᠳᠡᠯ ᠢᠶᠠᠷ ᠲᠦᠷ ᠴᠠᠭ ᠤᠨ ᠠᠵᠤ ᠠᠬᠤᠢ ᠶᠢᠨ ᠨᠡᠮᠡᠭᠳᠡᠯ ᠢ ᠰᠣᠯᠢᠵᠤ ᠪᠣᠯᠬᠤ ᠦᠭᠡᠢ᠃ ᠠᠮᠢ ᠠᠬᠤᠢ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃
 
ᠢᠷᠡᠯᠲᠡ᠄ ᠠᠯᠠᠱᠠ ᠶᠢᠨ ᠷᠠᠳᠢᠤ᠋ ᠲᠧᠯᠸᠢᠰ ᠬᠤᠷᠢᠶ᠎ᠠ ᠶᠢᠨ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号