ᠮᠠᠨ ᠤ ᠣᠷᠣᠨ 2025 ᠣᠨ ᠪᠤᠯᠬᠤ ᠳᠤ ᠬᠤᠳᠠ ᠪᠠᠯᠭᠠᠰᠤᠵᠢᠯᠲᠠ ᠶᠢᠨ ᠨᠤᠷᠮ᠎ᠠ ᠶᠢ 69% ᠣᠷᠴᠢᠮ  ᠳᠤ ᠬᠦᠷᠭᠡᠨ᠎ᠡ
ᠨᠡᠶᠢᠲᠡᠯᠡᠭᠰᠡᠨ ᠴᠠᠭ᠄
2022/2/15
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠡᠷᠭᠢᠯᠡᠨ ᠶᠠᠪᠤᠭᠳᠠᠭᠤᠯᠤᠭᠰᠠᠨ ᠲᠦᠷᠦ ᠶᠢᠨ ᠪᠣᠳᠣᠯᠭ᠎ᠠ ᠶᠢᠨ ᠲᠤᠬᠠᠢ ᠪᠠᠶᠢᠳᠠᠯ ᠢ ᠮᠡᠳᠡᠭᠳᠡᠬᠦ ᠬᠤᠷᠠᠯ ᠠᠴᠠ ᠣᠶᠢᠯᠠᠭᠠᠭᠰᠠᠨ  ᠢᠶᠠᠷ᠂  ᠮᠠᠨ ᠤ ᠣᠷᠣᠨ 2025 ᠣᠨ ᠪᠤᠯᠬᠤ ᠳᠤ ᠪᠦᠭᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠳᠠ ᠪᠠᠯᠭᠠᠰᠤᠵᠢᠯᠲᠠ ᠶᠢᠨ ᠨᠤᠷᠮ᠎ᠠ ᠶᠢ 69% ᠣᠷᠴᠢᠮ ᠳᠤ ᠬᠦᠷᠭᠡᠵᠦ᠂ 2035 ᠣᠨ ᠪᠤᠯᠬᠤ ᠳᠤ ᠪᠦᠭᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠳᠠ ᠪᠠᠯᠭᠠᠰᠤᠵᠢᠯᠲᠠ ᠶᠢᠨ ᠨᠤᠷᠮ᠎ᠠ ᠶᠢ 72% ᠣᠷᠴᠢᠮ  ᠳᠤ ᠭᠦᠷᠭᠡᠭᠦ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠨᠡ ᠬᠦ ᠣᠶᠢᠷ᠎ᠠ ᠶᠢᠨ ᠬᠠᠷᠠᠯᠲᠠ ᠪᠠ ᠠᠯᠤᠰ ᠤᠨ ᠬᠠᠷᠠᠯᠲᠠ ᠳᠤ ᠬᠦᠷᠬᠦ ᠶᠢᠨ ᠲᠥᠯᠥᠭᠡ᠂ ᠮᠠᠨ ᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠬᠤᠳᠠ ᠪᠠᠯᠭᠠᠰᠤᠵᠢᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠭᠠᠵᠠᠷ ᠨᠤᠲᠤᠭ ᠠᠭᠤᠳᠠᠮ ᠬᠥᠮᠥᠨ ᠠᠮᠠ ᠴᠥᠭᠡᠨ᠂ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠲᠠᠷᠠᠬᠠᠢ ᠪᠤᠲᠠᠷᠬᠠᠢ ᠪᠠᠶᠢᠬᠤ ᠪᠣᠳᠠᠲᠤ ᠪᠠᠶᠢᠳᠠᠯ ᠳᠤ ᠰᠠᠭᠤᠷᠢᠯᠠᠨ᠂ ᠣᠯᠠᠨ ᠲᠥᠪ ᠢᠶᠠᠷ ᠳᠠᠶᠢᠴᠢᠯᠠᠭᠰᠠᠨ᠂ ᠣᠯᠠᠨ ᠱᠠᠲᠤ ᠳᠠᠪᠬᠤᠷᠭ᠎ᠠ ᠪᠠᠷ ᠬᠤᠯᠪᠤᠭᠠᠯᠠᠨ ᠬᠥᠳᠡᠯᠦᠯᠴᠡᠭᠰᠡᠨ᠂ ᠣᠯᠠᠨ ᠵᠠᠩᠭᠢᠯᠠᠭ᠎ᠠ ᠶᠢᠨ ᠴᠡᠭ ᠬᠤᠷᠰᠢᠯᠴᠠᠭᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠢ ᠪᠠᠶᠢᠭᠤᠯᠤᠨ᠎ᠠ᠃ ᠬᠤᠲᠠ ᠪᠠᠯᠭᠠᠰᠤᠨ ᠤ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠰᠢᠨ᠎ᠡ ᠬᠠᠨᠳᠤᠰᠢ ᠳᠤ ᠵᠣᠬᠢᠴᠠᠭᠤᠯᠤᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠰᠢᠨ᠎ᠡ ᠶᠢ ᠡᠭᠦᠳᠦᠭᠰᠡᠨ᠂ ᠣᠶᠤᠨᠴᠢ᠂ ᠪᠣᠬᠢᠷᠳᠤᠯ ᠦᠭᠡᠢ᠂ ᠰᠣᠶᠣᠯ ᠢᠷᠭᠡᠨᠰᠢᠯ  ᠤᠨ ᠣᠨᠴᠠᠯᠢᠭ ᠲᠠᠢ᠂ ᠤᠶᠠᠨ ᠬᠠᠲᠠᠨ ᠴᠢᠨᠠᠷᠲᠠᠢ᠂ ᠢᠷᠡᠭᠡᠳᠦᠢ ᠳᠤ ᠬᠠᠨᠳᠤᠭᠰᠠᠨ ᠣᠲᠣ ᠦᠶ᠎ᠡ ᠶᠢᠨ ᠬᠤᠲᠠ ᠪᠠᠯᠭᠠᠰᠤ ᠶᠢ ᠪᠦᠲᠦᠭᠡᠨ ᠪᠠᠶᠢᠭᠤᠯᠵᠤ᠂ ᠬᠤᠲᠠ ᠪᠠᠯᠭᠠᠰᠤ ᠶᠢ ᠠᠷᠠᠳ ᠤᠯᠠᠨ ᠤ ᠴᠢᠨᠠᠷᠯᠢᠭ ᠰᠠᠶᠢᠨ ᠠᠮᠢᠳᠤᠷᠠᠯ ᠤᠨ ᠣᠷᠣᠨ ᠵᠠᠢ ᠪᠣᠯᠭᠠᠨ ᠴᠤᠭᠴᠠᠯᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ  ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠬᠤᠲᠠ ᠪᠠᠯᠭᠠᠰᠤ ᠬᠢᠭᠡᠳ ᠬᠥᠳᠡᠭᠡ ᠲᠣᠰᠬᠤᠨ ᠤ ᠠᠭᠤᠰᠤᠯᠴᠠᠨ ᠭᠦᠭᠵᠢᠭᠦ ᠬᠤᠣᠰ ᠬᠦᠷᠳᠦᠲᠦ ᠣᠷᠴᠢᠯᠲᠠ ᠶᠢ ᠴᠢᠬᠤᠯᠠᠴᠢᠯᠠᠨ᠂ ᠬᠤᠲᠠ ᠬᠥᠳᠡᠭᠡ ᠶᠢᠨ ᠴᠢᠬᠤᠯᠠ ᠡᠯᠧᠮᠧᠨ᠋ᠲ ᠤᠨ ᠰᠢᠯᠵᠢᠯᠲᠡ ᠶᠢᠨ ᠳᠦᠷᠢᠮ ᠤᠨ ᠴᠢᠨᠠᠷᠲᠠᠢ ᠵᠠᠮ ᠱᠤᠭᠤᠮ ᠢ ᠨᠠᠪᠲᠠᠷᠡᠭᠦᠯᠵᠦ᠂ ︽ᠬᠥᠮᠥᠨ ᠬᠠᠷ᠎ᠠ᠂ ᠭᠠᠵᠠᠷ ᠰᠢᠷᠣᠢ᠂ ᠵᠣᠭᠤᠰ ᠮᠥᠩᠭᠦ᠂ ᠲᠧᠭᠨᠢᠭ ᠮᠡᠷᠭᠡᠵᠢᠯ︾ ᠵᠡᠷᠭᠡ ᠴᠢᠬᠤᠯᠠ ᠡᠯᠧᠮᠧᠨ᠋ᠲ ᠤᠨ ᠬᠤᠲᠠ ᠬᠥᠳᠡᠭᠡ ᠶᠢᠨ ᠬᠤᠭᠤᠷᠣᠨᠳᠤ ᠡᠷᠬᠡ ᠲᠡᠭᠰᠢ ᠪᠠᠷ ᠰᠣᠯᠢᠯᠴᠠᠨ᠂ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号