ᠠᠶᠢᠮᠠᠭ ᠤᠨ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠲᠥᠪᠰᠢᠨ ᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2022/2/16
       ︽ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠠᠴᠠ ᠠᠮᠢ ᠠᠬᠤᠶ ᠶᠢᠨ ᠪᠣᠯᠪᠠᠰᠤᠨ ᠤ ︿ᠰᠢᠨ᠎ᠡ ᠳᠠᠪᠠᠭᠤᠯᠢᠭ﹀ ᠢ ᠪᠣᠢ ᠪᠣᠯᠭᠠᠬᠤ ᠳᠤ ᠰᠢᠨ᠎ᠡ ᠱᠠᠭᠠᠷᠳᠠᠯᠭ᠎ᠠ ᠳᠤᠷᠠᠳᠪᠠ᠂ ᠪᠢᠳᠡ ᠣᠶ ᠰᠢᠭᠤᠶ ᠨᠣᠳᠤᠭ ᠪᠡᠯᠴᠢᠭᠡᠷ ᠤᠨ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠪᠥᠬᠦ ᠲᠠᠯ᠎ᠠ ᠪᠠᠷ ᠵᠠᠳᠠᠯᠤᠨ ᠰᠤᠳᠤᠯᠵᠤ ᠮᠠᠭᠠᠳᠯᠠᠨ᠂ ᠡᠨᠡ ᠵᠢᠯ ᠤᠨ ᠠᠵᠢᠯ ᠤᠨ ᠡᠭᠦᠷᠭᠡ ᠪᠠ ᠬᠠᠷᠠᠯᠲᠠ ᠶᠢ ᠰᠠᠶᠢᠲᠤᠷ ᠲᠥᠯᠥᠪᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠵᠣᠷᠢᠭ ᠰᠠᠨᠠᠭ᠎ᠠ ᠶᠢ ᠬᠦᠢᠴᠡᠳ ᠪᠠᠳᠠᠷᠠᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠣᠶ ᠰᠢᠭᠤᠶ ᠨᠣᠳᠤᠭ ᠪᠡᠯᠴᠢᠭᠡᠷ ᠤᠨ  ᠦᠢᠯᠡᠰ ᠤᠨ ᠬᠥᠭᠵᠢᠯᠲᠡ ᠶᠢᠨ ᠰᠢᠨ᠎ᠡ ᠠᠯᠬᠤᠮ ᠢ ᠠᠯᠬᠤᠬᠤ ᠶᠢ ᠯᠠᠪᠳᠠᠭᠤᠨ ᠪᠠᠲᠤᠲᠠᠶ ᠪᠦᠲᠦᠮᠵᠢᠲᠡᠶ ᠠᠬᠢᠭᠤᠯᠤᠨ᠎ᠠ᠃ ᠲᠦᠷᠦᠭᠦᠬᠡᠨ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠳᠣᠣᠱᠯᠠᠭᠤᠯᠣᠨ ᠨᠠᠶᠢᠳᠠᠪᠤᠷᠢᠵᠢᠭᠤᠯᠬᠤ ᠲᠤᠬᠠᠶ᠂ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠲᠥᠪᠰᠢᠨ ᠰᠤᠷᠪᠤᠯᠵᠢᠯᠠᠭ᠎ᠠ ᠬᠦᠯᠢᠶᠡᠬᠦ ᠳᠡᠭᠡᠨ᠂ 2022 ᠣᠨ ᠳᠤ᠂ ᠲᠣᠰ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠠᠬᠢᠭᠤᠯᠵᠤ᠂ ᠣᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠬᠠᠲᠤᠨ ᠭᠤᠤᠯ ᠤᠨ ᠰᠠᠪᠠ ᠭᠠᠵᠠᠷ᠂ ᠡᠵᠡᠨ᠎ᠡ ᠶᠢᠨ ᠨᠣᠭᠤᠭᠠᠨ ᠪᠦᠷᠢᠳᠦ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠠᠯᠠᠱᠠ ᠠᠭᠤᠯᠠ ᠶᠢᠨ ᠠᠮᠢ ᠠᠬᠤᠶ ᠶᠢᠨ ᠬᠤᠩᠭᠢᠯ ᠪᠠ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠪᠥᠬᠦ ᠬᠦᠴᠦᠨ ᠢᠶᠠᠷ ᠢᠶᠠᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
      2022 ᠣᠨ ᠳᠤ᠂ ᠪᠥᠬᠦ ᠠᠶᠢᠮᠠᠭ 1100 ᠲᠦᠮᠡᠨ ᠮᠥ ᠣᠶ ᠰᠢᠭᠤᠶ ᠨᠣᠳᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠡᠭᠦᠷᠭᠡ ᠶᠢ ᠲᠥᠯᠥᠪᠵᠢᠭᠦᠯᠪᠡ᠃ ᠡᠭᠦᠨ ᠳᠤ᠄ ᠨᠤᠲᠤᠭ ᠪᠡᠯᠴᠢᠭᠡᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠡᠭᠦᠷᠭᠡ 1000 ᠲᠦᠮᠡᠨ ᠮᠥ᠂ ᠣᠶᠢᠵᠢᠭᠤᠯᠤᠯᠲᠠ ᠦᠢᠯᠡᠳᠪᠦᠷᠢᠯᠡᠯ ᠤᠨ ᠡᠭᠦᠷᠭᠡ 100 ᠲᠦᠮᠡᠨ ᠮᠥ ᠪᠣᠶ᠃ ᠤᠯᠤᠰ ᠠᠴᠠ ᠪᠠᠭᠤᠯᠭᠠᠭᠰᠠᠨ 2022 ᠣᠨ ᠤ ᠣᠶ ᠰᠢᠭᠤᠶ ᠨᠣᠳᠤᠭ ᠪᠡᠯᠴᠢᠭᠡᠷ ᠤᠨ ᠭᠤᠤᠯᠳᠠᠯᠭ᠎ᠠ ᠲᠠᠢ ᠡᠭᠦᠷᠭᠡ ᠶᠢ ᠤᠷᠢᠳᠴᠢᠯᠠᠨ ᠲᠣᠬᠢᠷᠠᠭᠤᠯᠬᠤ ᠲᠥᠯᠥᠪᠯᠡᠭᠡ ᠶᠢ ᠦᠨᠳᠦᠰᠦᠯᠡᠨ᠂ ᠪᠥᠬᠦ ᠠᠶᠢᠮᠠᠭ ᠤᠨ ᠡᠯ᠎ᠡ ᠱᠠᠲᠤᠨ ᠤ ᠣᠶ ᠰᠢᠭᠤᠶ ᠨᠣᠳᠤᠭ ᠪᠡᠯᠴᠢᠭᠡᠷ ᠤᠨ ᠰᠠᠯᠠᠭ᠎ᠠ ᠮᠥᠴᠢᠷ ᠤᠳ ᠠᠵᠢᠯᠯᠠᠭᠠᠨ ᠤ ᠵᠢᠷᠤᠭ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠠᠷᠢᠶᠠᠨ ᠭᠠᠵᠠᠷ ᠢ ᠨᠠᠶᠢᠳᠠᠪᠤᠷᠢᠵᠢᠭᠤᠯᠬᠤ᠂ ᠴᠢᠬᠢ ᠮᠣᠳᠣᠨ ᠤ ᠦᠷ᠎ᠡ ᠶᠢ ᠨᠥᠭᠡᠴᠡᠯᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠬᠠᠪᠤᠷ ᠤᠨ ᠤᠯᠠᠷᠢᠯ ᠤᠨ ᠣᠶᠢᠵᠢᠭᠤᠯᠤᠯᠲᠠ ᠳᠤ ᠠᠰᠢᠭᠲᠠᠶ ᠴᠠᠭ ᠲᠣᠬᠢᠶᠠᠯ ᠢ ᠵᠠᠪᠳᠤᠨ ᠱᠠᠯᠠᠪᠳᠠᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠣᠨ ᠤ ᠡᠭᠦᠷᠭᠡ ᠳᠤ ︽ᠰᠢᠶᠠᠨ ᠳᠤ ᠰᠢᠭᠤᠳ ᠬᠥᠷᠬᠦ᠂ ᠵᠢᠷᠤᠭ ᠲᠤ ᠣᠷᠣᠭᠤᠯᠵᠤ ᠬᠥᠮᠥᠷᠭᠡ ᠳᠤ ᠣᠷᠣᠭᠤᠯᠬᠤ︾ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠬᠠᠶ ᠶᠢᠨ ᠵᠢᠯ ᠳᠤ ᠪᠡᠶᠡᠯᠡᠭᠦᠯᠦᠭᠰᠡᠨ ᠣᠶᠢᠵᠢᠭᠤᠯᠤᠯᠲᠠ ᠶᠢᠨ ᠡᠭᠦᠷᠭᠡ ᠶᠢ ᠤᠯᠤᠰ ᠤᠨ ᠭᠠᠵᠠᠷ ᠰᠢᠷᠣᠶ ᠶᠢᠨ ᠭᠤᠷᠪᠠᠨ ᠲᠣᠬᠢᠷᠠᠭᠤᠯᠤᠯᠲᠠ ᠶᠢᠨ ᠳ᠋ᠠᠶᠢᠲ᠋ᠠ ᠬᠥᠮᠥᠷᠭᠡ ᠪᠠᠷ ᠰᠠᠭᠤᠷᠢ ᠪᠣᠯᠭᠠᠨ ᠪᠦᠬᠦᠨ ᠢ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠣᠶ ᠶᠢᠨ ᠳᠠᠷᠤᠭ᠎ᠠ ᠶᠢᠨ ᠲᠦᠷᠢᠮ ᠤᠨ ᠠᠵᠢᠯ ᠢ ᠦᠷᠭᠦᠯᠵᠢᠯᠡᠨ ᠠᠬᠢᠭᠤᠯᠵᠤ᠂ 2022 ᠣᠨ ᠤ 6 ᠰᠠᠷ᠎ᠠ ᠪᠣᠯᠬᠤ ᠳᠤ ᠠᠶᠢᠮᠠᠭ᠂ ᠬᠤᠰᠢᠭᠤ ᠨᠡᠭᠡᠭᠡᠯᠳᠡ ᠶᠢᠨ ᠣᠷᠣᠨ ᠂ ᠰᠤᠮᠤ ᠪᠠᠯᠭᠠᠰᠤ᠂ ᠭᠠᠴᠠᠭ᠎ᠠ ᠳᠥᠷᠪᠡᠨ ᠱᠠᠲᠤᠨ ᠤ ᠣᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠬᠠᠷᠢᠭᠤᠴᠠᠯᠭ᠎ᠠ ᠲᠣᠳᠣᠷᠬᠠᠶ᠂ ᠵᠣᠬᠢᠴᠠᠭᠤᠯᠭ᠎ᠠ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠴᠢᠩᠭ᠎ᠠ᠂ ᠬᠠᠮᠠᠭᠠᠯᠠᠯᠲᠠ ᠬᠦᠴᠦᠲᠡᠶ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠲᠣᠭᠲᠠᠴᠠ ᠶᠢ ᠪᠦᠷᠢᠯᠳᠦᠭᠦᠯᠦᠨ᠎ᠡ᠃
      ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠲᠠᠯ᠎ᠠ ᠪᠠᠷ᠂ ᠲᠥᠪᠰᠢᠨ ᠢᠯᠡᠷᠬᠡᠶᠢᠯᠡᠬᠦ ᠳᠡᠭᠡᠨ᠂ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠶᠢᠮᠠᠭ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠤᠨ ᠭᠠᠯ ᠰᠡᠷᠭᠡᠶᠢᠯᠡᠬᠦ ᠲᠤᠰᠬᠠᠶ ᠪᠠᠶᠢᠭᠤᠯᠤᠮᠵᠢ ᠪᠠ ᠠᠵᠢᠯᠲᠠᠨ ᠢ ᠨᠠᠶᠢᠳᠠᠪᠤᠷᠢᠵᠢᠭᠤᠯᠬᠤ ᠠᠵᠢᠯ ᠢ ᠵᠣᠬᠢᠴᠠᠭᠤᠯᠤᠨ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ᠂ ᠭᠠᠯ ᠰᠡᠷᠭᠡᠶᠢᠯᠡᠬᠦ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠨ᠎ᠠ︔ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠨᠡᠶᠢᠳᠡᠮ ᠪᠠᠶᠢᠴᠠᠭᠠᠬᠤ ᠠᠵᠢᠯ ᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠠᠶᠢᠮᠠᠭ ᠤᠨ ᠭᠠᠮᠰᠢᠭ ᠤᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ᠂ ᠵᠠᠳᠠᠯᠤᠨ ᠰᠢᠢᠳᠪᠦᠷᠢᠯᠡᠬᠦ᠂ ᠦᠨᠡᠯᠡᠨ ᠵᠢᠱᠢᠬᠦ ᠣᠷᠣᠨ ᠤ ᠬᠤᠪᠢᠶᠠᠷᠢᠯᠠᠯ ᠢ ᠠᠯᠬᠤᠮ ᠠᠯᠬᠤᠮ ᠢᠶᠠᠷ ᠪᠡᠶᠡᠯᠡᠭᠦᠯᠵᠦ᠂ ᠪᠦᠬᠦ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠨᠡᠶᠢᠳᠡᠮ ᠪᠠᠶᠢᠴᠠᠭᠠᠬᠤ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ︔ ᠭᠠᠯ ᠰᠡᠷᠭᠡᠶᠢᠯᠡᠬᠦ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠨᠢᠭᠡᠨᠲᠡ ᠴᠣᠬᠤᠯᠠᠪᠤᠷᠢᠯᠠᠭᠰᠠᠨ ᠠᠯᠠᠱᠠ ᠠᠶᠢᠮᠠᠭ ᠤᠨ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠣᠰᠣᠭᠠᠷ ᠴᠢᠩᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠯᠤᠭ᠎ᠠ ᠬᠠᠮᠵᠢᠯᠴᠠᠨ ᠠᠯᠠᠱᠠ ᠠᠶᠢᠮᠠᠭ ᠤᠨ ᠣᠶ ᠰᠢᠭᠤᠶ ᠶᠢᠨ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠣᠷᠣᠨ ᠤ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠰᠢᠯᠭᠠᠨ ᠠᠪᠬᠤ ᠶᠢ ᠰᠠᠶᠢᠲᠤᠷ ᠬᠢᠨ᠎ᠡ︔ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠷᠠᠭᠤᠯᠵᠤ᠂ ᠨᠠᠮᠤᠷ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭ᠎ᠠ ᠪᠣᠯᠤᠨ ᠴᠢᠬᠤᠯᠠ ᠴᠠᠭ ᠬᠤᠭᠤᠴᠠᠭ᠎ᠠ ᠶᠢ ᠳᠣᠬᠢᠶᠠᠯᠳᠣᠭᠤᠯᠨ ᠣᠯᠠᠨ ᠬᠡᠯᠪᠡᠷᠢ ᠮᠠᠶ᠋ᠢᠭ ᠪᠦᠬᠦᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠠᠷᠠᠳ ᠣᠯᠠᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠪᠡ᠃
      ︽ᠬᠡᠭᠡᠷ᠎ᠡ ᠶᠢᠨ ᠠᠮᠢᠲᠠᠨ ᠤᠷᠭᠤᠮᠠᠯ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠠᠯ᠎ᠠ ᠪᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠤᠯᠠᠮ ᠨᠢᠭᠡ ᠠᠯᠬᠤᠮ ᠴᠢᠩᠭᠠᠳᠬᠠᠵᠦ᠂ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ᠂ ᠤᠯᠤᠰ ᠣᠷᠣᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠦᠷᠭᠦᠯᠵᠢᠯᠡᠨ ᠰᠢᠮᠳᠠᠭᠤᠯᠣᠨ ᠪᠠᠶᠢᠴᠠᠭᠠᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠣᠨ᠂ ︿ᠨᠣᠭᠤᠭᠠᠨ ᠬᠠᠯᠬᠠᠪᠴᠢ﹀ ᠠᠵᠢᠯᠯᠠᠭ᠎ᠠ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠯᠤᠰ ᠰᠡᠷᠡᠯ ᠤᠨ ᠬᠢᠨᠠᠨ ᠬᠡᠮᠵᠢᠯᠲᠡ ᠲᠠᠢ ᠣᠶᠠᠯᠳᠣᠭᠤᠯᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠠᠭᠤᠷᠬᠠᠶ ᠬᠠᠶᠢᠬᠤ ᠪᠠ ᠠᠭᠤᠷᠬᠠᠶ ᠮᠠᠯᠲᠠᠬᠤ ᠳᠤ ᠴᠢᠩᠭ᠎ᠠ ᠴᠣᠬᠢᠯᠲᠠ ᠦᠭᠴᠦ᠂ ᠴᠢᠯᠠᠭᠤ ᠡᠯᠡᠰᠦ ᠮᠠᠯᠲᠠᠬᠤ ᠵᠡᠷᠭᠡ ᠠᠵᠢᠯᠯᠠᠭ᠎ᠠ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠶᠢ ᠴᠢᠩᠭ᠎ᠠ ᠴᠠᠭᠠᠵᠠᠯᠠᠨ᠂ ᠨᠣᠭᠤᠭᠠᠨ ᠬᠠᠯᠬᠠᠪᠴᠢ ᠶᠢᠨ ᠠᠵᠢᠯᠯᠠᠭ᠎ᠠ ᠪᠠ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠭᠤᠯᠭᠠᠭᠰᠠᠨ ᠠᠰᠠᠭᠤᠳᠠᠯ ᠢ ᠰᠢᠢᠳᠪᠦᠷᠢᠯᠡᠬᠦ ᠠᠵᠢᠯ ᠢ ᠲᠦᠷᠭᠡᠳᠬᠡᠨ ᠠᠬᠢᠭᠤᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠠᠳᠬᠤᠵᠤ ᠨᠠᠷᠢᠯᠢᠭ ᠠᠳᠬᠤᠵᠦ᠂ ᠬᠠᠷᠢᠭᠤ ᠲᠤᠰᠬᠠᠭᠰᠠᠨ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠠᠯᠠᠱᠠ ᠠᠭᠤᠯᠠ ᠶᠢᠨ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠠᠵᠢᠯ ᠢ ᠲᠦᠷᠭᠡᠳᠬᠡᠨ᠂ ᠨᠤᠭᠤ ᠭᠠᠵᠠᠷ ᠢ ᠬᠠᠮᠠᠭᠠᠯᠠᠬᠤ ᠬᠠᠤᠯᠢ ᠲᠣᠭᠲᠠᠭᠠᠯ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠤᠪᠨᠠᠭᠤᠷ ᠵᠡᠷᠭᠡ ᠴᠢᠬᠤᠯᠠ ᠨᠤᠭᠤ ᠭᠠᠵᠠᠷ ᠢ ᠬᠢᠨᠠᠨ ᠰᠢᠨᠵᠢᠬᠦ᠂ ᠲᠣᠭᠤᠷᠢᠨ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠴᠢᠬᠤᠯᠠ ᠨᠤᠭᠤ ᠭᠠᠵᠠᠷ ᠢ ᠪᠥᠲᠥᠭᠡᠨ ᠪᠠᠶᠢᠭᠤᠯᠬᠤ ᠪᠠ ᠨᠡᠭᠡᠭᠡᠨ ᠬᠥᠭᠵᠢᠭᠦᠯᠬᠦ ᠶᠢ ᠴᠢᠩᠭ᠎ᠠ ᠬᠢᠵᠠᠭᠠᠷᠯᠠᠨ᠂ ᠨᠤᠭᠤ ᠭᠠᠵᠠᠷ ᠢ ᠬᠠᠮᠠᠭᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠬᠤ ᠶᠢ ᠰᠠᠶᠢᠲᠤᠷ ᠠᠳᠬᠤᠵᠤ᠂ ᠨᠤᠭᠤ ᠭᠠᠵᠠᠷ ᠢ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ︾ ᠭᠡᠵᠦ ᠲᠥᠪᠰᠢᠨ ᠬᠡᠯᠡᠪᠡ᠃
       ᠲᠥᠪᠰᠢᠨ ᠠᠴᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠲᠠᠰᠤᠷᠠᠯᠲᠠ ᠦᠭᠡᠢ ᠳᠡᠭᠡᠭᠰᠢᠯᠡᠬᠦ ᠶᠢ ᠪᠠᠳᠣᠯᠠᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠢᠨᠠᠨ ᠬᠡᠮᠵᠢᠬᠦ ᠡᠷᠴᠢᠮ ᠢ ᠨᠡᠮᠡᠭᠳᠡᠬᠦᠯᠦᠨ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠡᠭᠡᠷ᠎ᠡ ᠶᠢᠨ ᠠᠮᠢᠲᠠᠨ ᠤᠷᠭᠤᠮᠠᠯ᠂ ᠡᠪᠡᠳᠴᠢᠨ ᠬᠤᠷᠣᠬᠠᠶ ᠶᠢᠨ ᠬᠥᠨᠥᠭᠡᠯ ᠂ ᠣᠷᠴᠢᠨ ᠲᠣᠭᠤᠷᠢᠨ᠂ ᠴᠠᠭ ᠠᠭᠤᠷ ᠵᠡᠷᠭᠡ ᠹᠠᠺᠲ᠋ᠤᠷ ᠤᠨ ᠬᠢᠨᠠᠨ ᠬᠡᠮᠵᠢᠯᠲᠡ ᠶᠢ ᠦᠷᠭᠦᠯᠵᠢᠯᠡᠨ ᠵᠣᠬᠢᠶᠠᠨ ᠪᠠᠶᠢᠭᠤᠯᠵᠤ ᠦᠷᠨᠢᠬᠦᠯᠦᠨ᠂ ᠬᠦᠨᠳᠦ ᠨᠣᠴᠢᠲᠠᠶ ᠬᠤᠤᠷ ᠬᠥᠨᠥᠭᠡᠯ ᠤᠨ ᠬᠠᠮᠠᠭᠠᠯᠠᠯᠲᠠ ᠶᠢᠨ ᠣᠷᠣᠨ ᠤ ᠡᠷᠲᠡᠨ ᠤ ᠬᠤᠤᠷᠳᠦ ᠡᠷᠪᠡᠬᠡᠶ᠂ ᠲᠣᠣᠷᠠᠢ ᠶᠢᠨ ᠠᠪᠠᠭᠠᠯᠳᠠᠶ ᠶᠢ ᠬᠢᠨᠠᠨ ᠬᠡᠮᠵᠢᠬᠦ ᠠᠵᠢᠯ ᠢ ᠦᠷᠨᠢᠬᠦᠯᠦᠨ᠂ ᠤᠯᠤᠰ ᠤᠨ ᠴᠢᠬᠤᠯᠠ ᠨᠤᠭᠤ ᠭᠠᠵᠠᠷ ᠰᠤᠪᠨᠠᠭᠤᠷ ᠵᠡᠷᠭᠡ ᠨᠤᠭᠤ ᠭᠠᠵᠠᠷ ᠤᠨ ᠤᠰᠤᠨ ᠤ ᠴᠢᠨᠠᠷ ᠂ ᠤᠰᠦᠠ ᠤ ᠬᠡᠮᠵᠢᠶ᠎ᠡ᠂ ᠤᠰᠤᠨ ᠤ ᠮᠢᠺᠷᠣᠪ᠂ ᠨᠤᠭᠤ ᠭᠠᠵᠠᠷ ᠤᠨ ᠬᠡᠪᠴᠢᠶᠡᠨ ᠳᠠᠬᠢ ᠬᠡᠭᠡᠷ᠎ᠡ ᠶᠢᠨ ᠠᠮᠢᠲᠠᠨ ᠤᠷᠭᠤᠮᠠᠯ᠂ ᠤᠢ ᠰᠢᠭᠤᠶ ᠶᠢᠨ ᠬᠤᠣᠷᠲᠤ ᠠᠮᠢᠳᠤ ᠪᠣᠳᠠᠰ᠂ ᠤᠰᠤᠨ ᠵᠦᠢ᠂ ᠬᠥᠷᠥᠰᠥ᠂ ᠴᠠᠭ ᠠᠭᠤᠷ᠂ ᠣᠷᠴᠢᠨ ᠲᠣᠭᠤᠷᠢᠨ ᠤ ᠹᠠᠺᠲ᠋ᠤᠷ᠂ ᠬᠢᠯᠢ ᠥᠩᠭᠡᠷᠡᠬᠦ ᠨᠡᠭᠦᠳᠡᠯ ᠤᠨ ᠰᠢᠪᠠᠭᠤ᠂ ᠬᠢᠵᠢᠭ ᠡᠪᠡᠳᠴᠢᠨ ᠵᠡᠷᠭᠡ ᠶᠢᠨ ᠬᠥᠳᠡᠯᠦᠩᠭᠦᠶ ᠬᠢᠨᠠᠨ ᠬᠡᠮᠵᠢᠬᠦ ᠠᠵᠢᠯ ᠢ ᠦᠷᠨᠢᠬᠦᠯᠦᠨ᠂ ᠨᠤᠭᠤ ᠭᠠᠵᠠᠷ ᠢ ᠬᠠᠮᠠᠭᠠᠯᠠᠬᠤ ᠴᠢᠳᠠᠪᠤᠷᠢ ᠪᠠ ᠠᠮᠢ ᠠᠬᠤᠶ ᠶᠢ ᠬᠢᠨᠠᠨ ᠰᠢᠨᠵᠢᠬᠦ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠬᠦᠯᠵᠦ᠂ ᠨᠤᠭᠤ ᠭᠠᠵᠠᠷ ᠤᠨ ᠪᠦᠲᠦᠭᠡᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠳᠤ ᠨᠠᠷᠢᠨ ᠪᠣᠳᠠᠲᠠᠶ ᠲᠤᠭ᠎ᠠ ᠪᠠᠷᠢᠮᠲᠠ ᠶᠢᠨ ᠮᠠᠲ᠋ᠧᠷᠢᠶᠠᠯ ᠬᠠᠩᠭᠠᠨ᠎ᠠ᠃ ᠡᠭᠦᠨ ᠤ ᠬᠠᠮᠲᠤ᠂ ᠬᠠᠪᠤᠷ ᠤᠨ ᠤᠯᠠᠷᠢᠯ᠂ ᠨᠠᠮᠤᠷ ᠡᠪᠦᠯ ᠤᠨ ᠤᠯᠠᠷᠢᠯ ᠤᠨ ᠰᠢᠪᠠᠭᠤᠨ ᠤ ᠲᠥᠷᠥᠯ ᠵᠡᠷᠭᠡ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠵᠢᠴᠢ ᠬᠢᠵᠢᠭ ᠤᠨ ᠰᠤᠷᠪᠤᠯᠵᠢᠲᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠵᠢᠵᠢᠭᠦᠷᠯᠡᠨ ᠰᠠᠬᠢᠬᠤ᠂ ᠬᠡᠭᠡᠷ᠎ᠡ ᠭᠠᠳᠠᠨ᠎ᠠ ᠬᠢᠨᠠᠨ ᠬᠡᠮᠵᠢᠬᠦ᠂ ᠬᠥᠮᠦᠨ ᠬᠢᠭᠡᠳ ᠬᠡᠭᠡᠷ᠎ᠡ ᠶᠢᠨ ᠠᠮᠢᠲᠠᠨ ᠢ ᠨᠢᠭᠲᠠ ᠣᠶᠢᠷᠠᠲᠤᠭᠤᠯᠬᠤ ᠣᠷᠣᠨ ᠪᠦᠰᠡ ᠶᠢᠨ ᠲᠣᠭᠤᠷᠢᠨ ᠪᠠᠶᠢᠴᠠᠭᠠᠬᠤ ᠬᠦᠴᠦᠨ ᠢ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠠᠩᠨᠠᠬᠤ᠂ ᠠᠯᠠᠬᠤ᠂ ᠢᠳᠡᠬᠦ᠂ ᠬᠤᠳᠠᠯᠳᠤᠬᠤ᠂ ᠫᠠᠨᠽᠠᠯᠠᠬᠤ᠂ ᠬᠤᠳᠠᠯᠳᠤᠨ ᠠᠪᠬᠤ ᠪᠠ ᠬᠡᠭᠡᠷ᠎ᠡ ᠶᠢᠨ ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠡᠭᠡᠷ᠎ᠡ ᠶᠢᠨ ᠠᠮᠢᠲᠠᠨ ᠢ ᠬᠠᠮᠠᠭᠠᠯᠠᠵᠤ᠂ ᠠᠮᠢ ᠠᠬᠤᠶ ᠶᠢᠨ ᠪᠣᠯᠪᠠᠰᠤᠨ ᠢ ᠬᠠᠮᠲᠤᠪᠠᠷ ᠪᠠᠶᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号