ᠮᠠᠨ ᠤ ᠣᠷᠣᠨ 4000 ᠵᠢᠯ ᠤᠨ ᠡᠮᠦᠨᠡᠬᠢ ᠰᠣᠶᠣᠯ ᠤᠨ ᠪᠠᠭᠤᠷᠢ ᠶᠢ ᠢᠯᠡᠷᠡᠭᠦᠯᠪᠡ
ᠨᠡᠶᠢᠲᠡᠯᠡᠭᠰᠡᠨ ᠴᠠᠭ᠄
2022/2/17
      ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠬᠦᠷᠢᠶᠡᠯᠡᠩ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠬᠠᠭᠤᠴᠢ ᠰᠤᠳᠤᠯᠤᠭᠴᠢᠳ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠠᠴᠠ 4000 ᠵᠢᠯ ᠤᠨ ᠡᠮᠦᠨᠡᠬᠢ ᠵᠦ ᠺᠠᠢ ᠭᠧᠦ ᠶᠢᠨ ᠨᠢᠭᠡᠨ ᠰᠣᠶᠣᠯ ᠤᠨ ᠪᠠᠭᠤᠷᠢ ᠶᠢ ᠢᠯᠡᠷᠡᠭᠦᠯᠵᠦ᠂ ᠭᠡᠷ ᠤᠨ ᠪᠠᠭᠤᠷᠢ ᠪᠠ ᠣᠩᠭᠤᠨ ᠵᠡᠷᠭᠡ ᠣᠯᠠᠨ ᠵᠦᠢᠯ ᠤᠨ ᠰᠣᠶᠣᠯ ᠤᠨ ᠦᠯᠡᠳᠡᠭᠳᠡᠯ ᠢ ᠴᠡᠪᠡᠷᠯᠡᠨ ᠢᠯᠡᠷᠡᠭᠦᠯᠪᠡ᠃ ᠡᠳᠡᠭᠡᠷ ᠰᠢᠨ᠎ᠡ ᠢᠯᠡᠷᠡᠭᠦᠯᠦᠯᠲᠡ ᠨᠢ ᠵᠦ ᠺᠠᠢ ᠭᠧᠦ ᠶᠢᠨ ᠰᠣᠶᠣᠯ ᠤᠨ ᠠᠭᠤᠯᠤᠭᠳᠠᠬᠤᠨ ᠢ ᠰᠤᠳᠤᠯᠤᠨ ᠶᠠᠷᠢᠯᠴᠠᠬᠤ ᠳᠤ ᠰᠢᠨ᠎ᠡ ᠮᠠᠲ᠋ᠧᠷᠢᠶᠠᠯ ᠨᠡᠮᠡᠷᠢᠯᠡᠭᠰᠡᠨ ᠪᠠᠶᠢᠨ᠎ᠠ᠃
     ᠤᠳᠤ ᠠᠴᠠ 4000 ᠭᠠᠷᠤᠢ ᠵᠢᠯ ᠤᠨ ᠡᠮᠦᠨᠡᠬᠢ ᠵᠦ ᠺᠠᠢ ᠭᠧᠦ ᠰᠣᠶᠣᠯ ᠤᠨ ᠪᠠᠭᠤᠷᠢ ᠶᠢ ᠰᠢᠷᠠᠲᠠᠯ᠎ᠠ ᠶᠢᠨ ᠪᠠᠭᠤᠷᠢ ᠬᠡᠮᠡᠨ ᠨᠡᠷᠡᠶᠢᠳᠴᠦ᠂ ᠥᠪᠡᠷᠲᠡᠭᠡᠨ ᠵᠠᠰᠠᠬᠤ ᠣᠷᠣᠨ ᠤ ᠣᠷᠳᠣᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠡᠵᠡᠨ ᠬᠤᠷᠤᠭ᠎ᠠ ᠪᠠᠯᠭᠠᠰᠤ ᠶᠢᠨ ᠰᠢᠷᠠᠲᠠᠯ᠎ᠠ ᠲᠣᠰᠬᠤᠨ ᠳᠤ ᠪᠠᠶᠢᠷᠢᠯᠠᠵᠤ᠂ ᠪᠠᠭᠤᠷᠢ ᠶᠢᠨ ᠲᠠᠯᠠᠪᠠᠢ ᠨᠢ 50 ᠲᠦᠮᠡᠨ ᠲᠡᠭᠰᠢ ᠳᠥᠷᠪᠡᠯᠵᠢᠨ ᠮᠸᠲᠷ ᠰᠢᠬᠠᠮ ᠪᠠᠶᠢᠯ᠎ᠠ᠃      2021 ᠣᠨ ᠳᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠬᠦᠷᠢᠶᠡᠯᠡᠩ ᠰᠢᠷᠠᠲᠠᠯ᠎ᠠ ᠶᠢᠨ ᠪᠠᠭᠤᠷᠢ ᠶᠢ ᠲᠦᠷᠭᠡᠨ ᠠᠪᠤᠷᠠᠯᠲᠠ ᠶᠢᠨ ᠴᠢᠨᠠᠷᠲᠠᠢ ᠪᠠᠷ ᠮᠠᠯᠲᠠᠵᠤ᠂ 500 ᠲᠡᠭᠰᠢ ᠳᠥᠷᠪᠡᠯᠵᠢᠨ ᠮᠸᠲᠷ ᠲᠠᠯᠠᠪᠠᠢ ᠶᠢ ᠮᠠᠯᠲᠠᠨ᠂ 8 ᠭᠡᠷ ᠤᠨ ᠪᠠᠭᠤᠷᠢ᠂ 30 ᠦᠨᠡᠰᠦᠨ ᠭᠤᠤ᠂ 31 ᠤᠩᠭᠤᠨ᠂ 2 ᠵᠠᠮ ᠤᠨ ᠭᠠᠳᠠᠷᠭᠤ᠂ 1 ᠵᠤᠤᠬ᠎ᠠ ᠶᠢᠨ ᠪᠠᠭᠤᠷᠢ ᠶᠢ ᠴᠡᠪᠡᠷᠯᠡᠵᠦ᠂ ᠸᠠᠭᠠᠷ ᠰᠠᠪᠠ᠂ ᠴᠢᠯᠠᠭᠤᠨ ᠬᠡᠷᠡᠭᠰᠡᠯ᠂ ᠬᠠᠰ ᠡᠳ᠋ᠯᠡᠯ᠂ ᠶᠠᠰᠤᠨ ᠬᠡᠷᠡᠭᠰᠡᠯ᠂ ᠬᠢᠰᠤᠭ᠎ᠠ ᠶᠢᠨ ᠡᠪᠡᠷ ᠵᠡᠷᠭᠡ 150 ᠭᠠᠷᠤᠢ ᠰᠢᠷᠬᠡᠭ ᠢ ᠮᠠᠯᠲᠠᠨ ᠭᠠᠷᠭᠠᠪᠠ᠃      ᠮᠠᠯᠲᠠᠵᠤ ᠭᠠᠷᠭᠠᠭᠰᠠᠨ ᠭᠡᠷ ᠤᠨ ᠪᠠᠭᠤᠷᠢ ᠶᠢᠨ ᠣᠯᠠᠩᠬᠢ ᠨᠢ ᠲᠣᠭᠤᠷᠢᠭ ᠬᠡᠯᠪᠡᠷᠢᠲᠡᠢ᠂ ᠲᠣᠭᠤᠷᠢᠭ ᠥᠨᠴᠥᠭᠲᠦ ᠳᠥᠷᠪᠡᠯᠵᠢᠨ ᠬᠡᠯᠪᠡᠷᠢᠲᠡᠢ᠂ ᠳᠥᠷᠪᠡᠯᠵᠢᠨ ᠬᠡᠯᠪᠡᠷᠢᠲᠡᠢ ᠪᠠᠶᠢᠵᠤ᠂ ᠭᠤᠷᠪᠠᠯᠵᠢᠨ ᠭᠡᠯᠪᠡᠷᠢ ᠶᠢᠨ ᠪᠦᠲᠦᠴᠡ ᠲᠠᠢ᠂ ᠬᠠᠳᠠᠭᠠᠯᠠᠭᠰᠠᠨ ᠲᠠᠯ᠎ᠠ ᠪᠠᠷ ᠠᠨᠠᠢ ᠪᠠᠶᠢᠪᠠ᠃ ᠦᠨᠡᠰᠦᠨ ᠨᠦᠬᠡ ᠶᠢᠨ ᠣᠯᠠᠩᠬᠢ ᠨᠢ ᠲᠣᠭᠤᠷᠢᠭ ᠭᠡᠯᠪᠡᠷᠢ ᠲᠠᠢ᠂ ᠲᠡᠭᠰᠢ ᠢᠷᠤᠭᠠᠷ ᠪᠤᠶᠤ ᠨᠠᠷᠢᠨ ᠢᠷᠤᠭᠠᠷ ᠲᠠᠢ᠂ ᠣᠨᠴᠠ ᠵᠠᠷᠢᠮ ᠦᠨᠡᠰᠦᠨ ᠨᠦᠬᠡ ᠳᠣᠲᠣᠷ᠎ᠠ ᠨᠢ ᠪᠦᠷᠢᠨ ᠪᠦᠲᠦᠨ ᠨᠣᠬᠠᠢ ᠶᠢᠨ ᠶᠠᠰᠤ ᠲᠠᠢ᠂ ᠲᠠᠭᠢᠯᠭ᠎ᠠ ᠶᠢᠨ ᠰᠢᠨᠵᠢ ᠴᠢᠨᠠᠷ ᠲᠠᠢ ᠪᠠᠶᠢᠯ᠎ᠠ᠃ ᠮᠠᠯᠲᠠᠵᠤ ᠭᠠᠷᠭᠠᠭᠰᠠᠨ ᠤᠩᠭᠤᠨ ᠨᠢ ᠪᠦᠷ ᠰᠢᠷᠣᠢ ᠶᠢᠨ ᠨᠦᠬᠡ ᠲᠠᠢ ᠪᠣᠰᠤᠭ᠎ᠠ ᠤᠩᠭᠤᠨ ᠪᠠᠶᠢᠵᠤ᠂ ᠣᠯᠠᠩᠬᠢ ᠨᠢ ᠲᠣᠭᠤᠷᠢᠭ ᠥᠨᠴᠥᠭ ᠪᠤᠶᠤ ᠨᠤᠮᠤᠯᠵᠢᠨ ᠲᠠᠯ᠎ᠠ ᠶᠢᠨ ᠤᠷᠳᠤ ᠳᠥᠷᠪᠡᠯᠵᠢᠨ ᠬᠡᠯᠪᠡᠷᠢᠲᠡᠢ᠂ ᠤᠩᠭᠤᠨ ᠨᠢ ᠨᠠᠰᠤᠨ ᠳᠤ ᠭᠦᠷᠦᠭᠰᠡᠳ ᠪᠠ ᠬᠡᠦᠬᠡᠳ ᠢ ᠣᠷᠣᠰᠢᠭᠤᠯᠬᠤ ᠬᠤᠶᠠᠷ ᠵᠦᠢᠯ ᠪᠠᠶᠢᠵᠤ᠂ ᠣᠯᠠᠩᠬᠢ ᠨᠢ ᠭᠠᠭᠴᠠ ᠬᠥᠮᠥᠨ ᠢ ᠣᠷᠣᠰᠢᠭᠤᠯᠤᠭᠰᠠᠨ ᠪᠠᠶᠢᠵᠤ᠂ ᠪᠠᠷᠤᠭ ᠣᠷᠣᠰᠢᠭᠤᠯᠬᠤ ᠬᠡᠷᠡᠭᠰᠡᠯ ᠦᠭᠡᠢ ᠪᠠᠶᠢᠯ᠎ᠠ᠃      ᠬᠠᠭᠤᠴᠢ ᠰᠤᠳᠤᠯᠤᠭᠴᠢᠳ ᠤᠨ ᠲᠠᠨᠢᠯᠴᠠᠭᠤᠯᠤᠭᠰᠠᠨ ᠢᠶᠠᠷ᠂ ᠪᠠᠭᠤᠷᠢ ᠠᠴᠠ ᠶᠡᠭᠡ ᠬᠡᠮᠵᠢᠶᠡᠨ ᠤ ᠬᠠᠰ ᠡᠳ᠋ᠯᠡᠯ ᠪᠠ ᠬᠢᠰᠤᠭ᠎ᠠ ᠵᠠᠰᠠᠯ ᠣᠯᠳᠠᠭᠰᠠᠨ ᠪᠤᠯᠪᠠᠴᠤ ᠲᠡᠳᠡᠭᠡᠷ ᠨᠢ ᠲᠣᠰ ᠭᠠᠵᠠᠷ ᠤᠨ ᠣᠨᠴᠠ ᠭᠠᠷᠤᠯᠲᠠ ᠪᠢᠰᠢ᠂ ᠬᠠᠷᠢᠨ ᠠᠯᠤᠰ ᠬᠤᠯᠠ ᠶᠢᠨ ᠭᠠᠵᠠᠷ ᠣᠷᠣᠨ ᠠᠴᠠ ᠰᠣᠯᠢᠯᠴᠠᠵᠤ ᠢᠷᠡᠭᠰᠡᠨ ᠪᠠᠶᠢᠨ᠎ᠠ᠂ ᠡᠨᠡ ᠨᠢ ᠲᠤᠬᠠᠢ ᠶᠢᠨ ᠦᠶ᠎ᠡ ᠳᠤ ᠠᠳᠡ ᠠᠮᠢᠳᠤᠷᠠᠵᠤ ᠪᠠᠶᠢᠭᠰᠠᠨ ᠡᠪᠦᠭᠡ ᠳᠡᠭᠡᠳᠦᠰ ᠨᠢ ᠪᠤᠰᠤᠳ ᠭᠠᠵᠠᠷ ᠣᠷᠣᠨ ᠲᠠᠢ ᠨᠢᠭᠲᠠ ᠰᠣᠶᠣᠯ ᠤᠨ ᠰᠣᠯᠢᠯᠴᠠᠭ᠎ᠠ ᠪᠠ ᠡᠳ᠋ ᠪᠣᠳᠠᠰ ᠤᠨ ᠰᠣᠯᠢᠯᠴᠠᠭ᠎ᠠ ᠬᠢᠭᠰᠡᠨ ᠢ ᠬᠠᠷᠠᠭᠤᠯᠵᠤ ᠪᠠᠶᠢᠨ᠎ᠠ᠃ ᠲᠡᠷᠡ ᠮᠥᠷᠲᠡᠭᠡᠨ ᠭᠠᠵᠠᠷ ᠤᠨ ᠭᠠᠳᠠᠷᠭᠤ ᠠᠴᠠ ᠴᠤᠭᠯᠠᠭᠤᠯᠤᠭᠰᠠᠨ ᠬᠦᠷᠡᠯ ᠪᠠᠭᠠᠵᠢ ᠪᠣᠯᠣᠨ ᠬᠠᠶᠢᠯᠤᠭᠤᠯᠵᠤ ᠰᠢᠲᠠᠭᠠᠭᠰᠠᠨ ᠬᠡᠰᠡᠭ ᠨᠢ ᠪᠠᠭᠤᠷᠢ ᠳᠤ ᠬᠦᠷᠡᠯ ᠪᠠᠭᠠᠵᠢ ᠶᠢ ᠪᠤᠯᠪᠠᠰᠤᠷᠠᠭᠤᠯᠵᠤ ᠴᠢᠳᠬᠤᠬᠤ ᠪᠠ ᠬᠡᠷᠡᠭᠯᠡᠬᠦ ᠠᠵᠢᠯᠯᠠᠭ᠎ᠠ ᠣᠷᠣᠰᠢᠵᠤ ᠪᠠᠶᠢᠭᠰᠠᠨ ᠢ ᠬᠠᠷᠠᠭᠤᠯᠵᠤ ᠪᠠᠶᠢᠨ᠎ᠠ᠃      ᠪᠠᠭᠤᠷᠢ ᠠᠴᠠ ᠪᠠᠰᠠ ᠶᠡᠭᠡ ᠬᠡᠮᠵᠢᠶᠡᠨ ᠤ ᠭᠤᠷᠪᠠᠨ ᠬᠥᠯᠲᠦ ᠸᠠᠭᠠᠷ ᠰᠠᠪᠠ᠂ ᠳᠡᠭᠡᠰᠦᠨ ᠬᠡ᠂ ᠳᠠᠩ ᠪᠠᠷᠢᠭᠤᠯ ᠲᠠᠢ ᠸᠠᠭᠠᠷ ᠰᠠᠪᠠ ᠣᠯᠳᠠᠵᠠᠶ; ᠴᠢᠯᠠᠭᠤᠨ ᠵᠡᠪᠰᠡᠭ ᠨᠢ ᠴᠢᠯᠠᠭᠤᠨ ᠭᠢᠲᠤᠭ᠎ᠠ ᠪᠠᠷ ᠭᠤᠣᠯᠯᠠᠵᠤ᠂ ᠶᠠᠰᠤᠨ ᠵᠡᠪᠰᠡᠭ ᠲᠤ ᠱᠣᠪᠣᠭᠤᠷ᠂ ᠵᠡᠭᠦᠦ᠂ ᠲᠦᠩᠰᠡ᠂ ᠬᠠᠳᠬᠤᠭᠤᠷ ᠵᠡᠷᠭᠡ ᠪᠠᠶᠢᠪᠠ; ᠲᠥᠯᠭᠡ ᠶᠢᠨ ᠶᠠᠰᠤ ᠶᠢ ᠦᠬᠡᠷ ᠤᠨ ᠪᠤᠶᠤ ᠢᠮᠠᠭᠠᠨ ᠤ ᠳᠠᠯᠤ ᠶᠢᠨ ᠶᠠᠰᠤ ᠪᠠᠷ ᠬᠢᠵᠦ᠂ ᠬᠠᠯᠠᠭᠠᠬᠤ᠂ ᠬᠠᠭᠠᠷᠢᠬᠤ᠂ ᠥᠷᠥᠮᠳᠡᠬᠦ ᠮᠡᠷᠭᠡᠵᠢᠯ ᠢᠶᠠᠷ ᠬᠢᠭᠰᠡᠨ ᠪᠠᠶᠢᠨ᠎ᠠ᠃      ᠬᠠᠭᠤᠴᠢ ᠰᠤᠳᠤᠯᠤᠭᠴᠢᠳ ᠤᠨ ᠦᠵᠡᠬᠦ ᠪᠠᠷ᠂ ᠰᠢᠷᠠᠲᠠᠯ᠎ᠠ ᠶᠢᠨ ᠪᠠᠭᠤᠷᠢ ᠨᠢ ᠪᠠᠯᠠᠷ ᠡᠷᠲᠡᠨ ᠤ ᠪᠣᠷᠣᠳᠣᠬᠤᠢ ᠣᠷᠣᠨ ᠤ ᠰᠠᠭᠤᠷᠢᠰᠢᠯ ᠪᠠ ᠨᠡᠶᠢᠭᠡᠮ ᠤᠨ ᠭᠡᠯᠪᠡᠷᠢ ᠪᠠᠶᠢᠳᠠᠯ ᠢ ᠰᠤᠳᠤᠯᠬᠤ ᠳᠤ ᠬᠤᠪᠣᠷ ᠨᠠᠨᠳᠢᠨ ᠪᠣᠳᠠᠲᠤ ᠪᠣᠳᠠᠰ ᠤᠨ ᠮᠠᠲ᠋ᠧᠷᠢᠶᠠᠯ ᠬᠠᠩᠭᠠᠭᠰᠠᠨ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号