ᠠᠯᠠᠱᠠ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠤᠶᠢᠵᠢᠭᠤᠯᠬᠤ ᠳᠣᠬᠠᠢ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2022/2/24
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠤᠨ ︽︿ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠶᠢᠨ ᠵᠢᠱᠢᠶ᠎ᠡ ᠦᠵᠡᠭᠦᠯᠬᠦ ᠡᠷᠦᠬᠡ ᠶᠢ ᠪᠤᠶᠢᠵᠢᠭᠤᠯᠬᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠬᠠᠤᠯᠢ ᠲᠠᠷᠬᠠᠭᠠᠭᠰᠠᠨ ﹇2021﹈ 389 ᠳ᠋ᠣᠭᠡᠷ ᠲᠣᠭᠠᠲᠤ︶ ᠢ ᠦᠨᠳᠦᠰᠦᠯᠡᠨ᠂ ︽ᠨᠠᠢᠮᠠᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠳᠤ ᠪᠠᠶᠢᠷᠢᠯᠠᠭᠤᠯᠤᠭᠰᠠᠨ ᠴᠢᠬᠤᠯᠠ ᠡᠭᠦᠷᠭᠡ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠠᠵᠤ ᠠᠬᠤᠶ ᠶᠢᠨ ᠬᠥᠭᠵᠢᠯᠲᠡ ᠶᠢᠨ ᠬᠠᠷᠠᠯᠲᠠ ᠡᠭᠦᠷᠭᠡ ᠶᠢᠨ ᠲᠣᠭᠤᠷᠢᠨ ᠳᠤ᠂ ︽ᠨᠠᠢᠮᠠᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠪᠠ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠵᠦ ᠵᠢᠱᠢᠶ᠎ᠡ ᠦᠵᠡᠭᠦᠯᠬᠦ ᠡᠷᠦᠬᠡ ᠶᠢ ᠬᠥᠮᠦᠵᠢᠭᠦᠯᠬᠦ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠣᠯᠠᠨ ᠲᠦᠮᠡᠨ ᠤ ᠬᠠᠤᠯᠢᠵᠢᠯ ᠤᠨ ᠬᠡᠪ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃      ᠬᠤᠶᠠᠷ᠂ ᠬᠠᠷᠠᠯᠲᠠ ᠡᠭᠦᠷᠭᠡ      2021 ᠣᠨ ᠠᠴᠠ ᠡᠬᠢᠯᠡᠨ᠂ ᠪᠥᠬᠦ ᠠᠶᠢᠮᠠᠭ ᠤᠨ ᠡᠯ᠎ᠡ ᠬᠤᠰᠢᠭᠤ ᠨᠡᠭᠡᠭᠡᠯᠳᠡ ᠶᠢᠨ ᠣᠷᠣᠨ ᠳᠤ ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠬᠥᠮᠦᠵᠢᠭᠦᠯᠬᠦ ᠠᠵᠢᠯ ᠢ ᠥᠷᠨᠢᠭᠦᠯᠵᠦ᠂ 2022 ᠣᠨ ᠤ ᠡᠴᠦᠰ ᠪᠣᠯᠬᠤ ᠳᠤ 50 % ᠶᠢᠨ ᠭᠠᠴᠠᠭ᠎ᠠ ᠲᠣᠰᠬᠤᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠡᠶᠡᠯᠡᠭᠦᠯᠵᠦ᠂ 2024 ᠣᠨ ᠤ ᠡᠴᠦᠰ ᠪᠣᠯᠬᠤ ᠳᠤ ᠪᠥᠬᠦ ᠠᠶᠢᠮᠠᠭ ᠤᠨ 200 ᠭᠠᠴᠠᠭ᠎ᠠ ᠲᠣᠰᠬᠤᠨ ᠳᠤ ᠴᠥᠮ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠲᠠᠢ ᠪᠣᠯᠭᠠᠬᠤ ᠬᠠᠷᠠᠯᠲᠠ ᠶᠢ ᠪᠡᠶᠡᠯᠡᠭᠦᠯᠦᠨ᠎ᠡ᠃ 2035 ᠣᠨ ᠪᠣᠯᠬᠤ ᠳᠤ ᠭᠠᠴᠠᠭ᠎ᠠ ᠲᠣᠰᠬᠤᠨ ᠨᠢᠭᠡᠪᠦᠷᠢ ᠶᠢᠨ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢᠨ ᠲᠤᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠴᠥᠮ ᠲᠤᠬᠠᠶ ᠶᠢᠨ ᠭᠠᠵᠠᠷ ᠤᠨ ᠬᠠᠤᠯᠢ ᠪᠠᠷ ᠵᠠᠰᠠᠬᠤ ᠠᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠪᠠᠷ ᠴᠢᠷᠮᠠᠶᠢᠨ᠎ᠠ᠃      ᠭᠤᠷᠪᠠ᠂ ᠨᠣᠳᠠᠯᠠᠨ ᠳᠣᠭᠳᠠᠭᠠᠬᠤ ᠪᠠᠷᠢᠮᠵᠢᠶ᠎ᠠ      ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠨᠢ ᠳᠤᠤᠷᠠᠬᠢ ᠦᠨᠳᠦᠰᠦᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠡᠬᠡ ᠤᠯᠤᠰ ᠢᠶᠠᠨ ᠬᠠᠶᠢᠷᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠵᠤ᠂ ᠤᠬᠠᠮᠰᠠᠷ ᠠᠴᠠ ᠪᠠᠨ ᠬᠠᠤᠯᠢ ᠶᠢ ᠬᠦᠨᠳᠦᠳᠬᠡᠵᠦ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠵᠦ᠂ ᠤᠬᠠᠮᠰᠠᠷ ᠠᠴᠠ ᠪᠠᠨ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠬᠡᠵᠢᠬᠦᠯᠬᠦ ᠬᠡᠷᠡᠭᠲᠡᠶ︔ ᠬᠡᠷ ᠪᠦᠯᠢ ᠶᠢᠨ ᠭᠤᠤᠯ ᠪᠦᠷᠢᠯᠳᠦᠬᠦᠨ ᠨᠢ ᠠᠷᠠᠳ ᠢᠷᠭᠡᠨ ᠤ ᠦᠨᠳᠦᠰᠦᠨ ᠡᠷᠬᠡ ᠂ ᠡᠭᠦᠷᠭᠡ ᠶᠢ ᠣᠶᠢᠯᠠᠭᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠵᠡᠷᠭᠡ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠮᠡᠳᠡᠯᠭᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ᠂ ᠲᠠᠷᠢᠶᠠᠯᠠᠩ ᠤᠨ ᠬᠠᠤᠯᠢ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ᠂ ᠲᠠᠷᠢᠶᠠᠴᠢᠳ ᠤᠨ ᠲᠤᠰᠬᠠᠶ ᠬᠤᠷᠰᠢᠶ᠎ᠠ ᠶᠢᠨ ᠬᠠᠤᠯᠢ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ᠂ ᠦᠷ᠎ᠡ ᠶᠢᠨ ᠬᠠᠤᠯᠢ᠂ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ᠂ ᠮᠠᠯ ᠤᠨ ᠡᠮ ᠤᠨ ᠬᠠᠮᠢᠶᠠᠷᠤᠯᠲᠠ ᠶᠢᠨ ᠲᠦᠷᠢᠮ ᠵᠡᠷᠭᠡ ᠭᠤᠤᠯ ᠪᠣᠯᠬᠤ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠨ ᠣᠶᠢᠯᠠᠭᠠᠨ᠎ᠠ︔ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠨᠡᠶᠢᠭᠡᠮ ᠤᠨ ᠠᠵᠤ ᠠᠬᠤᠢ ᠶᠢᠨ ᠠᠵᠢᠯᠯᠠᠭ᠎ᠠ ᠳᠤ ᠣᠷᠣᠯᠴᠠᠵᠤ᠂ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠴᠢᠳᠠᠨ᠎ᠠ︔ ᠭᠠᠴᠠᠭ᠎ᠠ ᠲᠣᠰᠬᠤᠨ ᠵᠢᠴᠢ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠣᠯᠠᠨ ᠲᠦᠮᠡᠨ ᠢ ᠳᠠᠶᠢᠴᠢᠯᠠᠨ ᠬᠠᠤᠯᠢᠵᠢᠯ ᠤᠨ ᠤᠬᠠᠮᠰᠠᠷ ᠢ ᠨᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠠᠰᠠᠭᠤᠳᠠᠯ ᠢ ᠬᠠᠪᠰᠤᠷᠤᠨ ᠵᠢᠯᠣᠭᠤᠳᠴᠤ  ᠰᠢᠢᠳᠪᠦᠷᠢᠯᠡᠵᠦ ᠴᠢᠳᠠᠨ᠎ᠠ︔ ᠵᠥᠷᠢᠴᠡᠯ ᠵᠢᠭᠤᠷᠠᠯᠳᠤᠭᠠᠨ ᠢ ᠢᠳᠬᠠᠨ ᠰᠤᠷᠭᠠᠬᠤ᠂ ᠠᠷᠢᠯᠭᠠᠬᠤ ᠠᠵᠢᠯ ᠳᠤ ᠢᠳᠡᠪᠬᠢᠲᠡᠶ ᠬᠠᠮᠵᠢᠯᠴᠠᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠵᠥᠷᠢᠴᠡᠯ ᠬᠤᠷᠴᠠᠳᠬᠤ᠂ ᠵᠢᠭᠤᠷᠠᠯᠳᠤᠭᠠᠨ ᠳᠡᠰ ᠳᠡᠪᠰᠢᠬᠦ ᠶᠢ ᠰᠡᠷᠭᠡᠶᠢᠯᠡᠨ ᠬᠤᠷᠢᠭᠯᠠᠵᠤ᠂ ᠦᠨᠳᠦᠰᠦᠨ ᠱᠠᠲᠤᠨ ᠤ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠬᠤ ᠬᠡᠷᠡᠭᠲᠡᠶ᠃      ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠵᠢᠱᠢᠶ᠎ᠡ ᠦᠵᠡᠭᠦᠯᠬᠦ ᠡᠷᠦᠬᠡ ᠶᠢᠨ ᠴᠣᠯᠠ ᠶᠢ ᠨᠢ ᠬᠦᠴᠦᠨ ᠦᠭᠡᠶ ᠪᠣᠯᠭᠠᠬᠤ ᠬᠡᠷᠡᠭᠲᠡᠶ᠄ ᠵᠢᠱᠢᠶ᠎ᠡ ᠦᠵᠡᠭᠦᠯᠬᠦ ᠡᠷᠦᠬᠡ ᠶᠢᠨ ᠭᠡᠷ ᠪᠦᠯᠢ ᠶᠢᠨ ᠪᠦᠷᠢᠯᠳᠦᠬᠦᠨ ᠨᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠠᠴᠠ ᠵᠥᠷᠢᠴᠡᠭᠰᠡᠨ︔ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ︔ ᠨᠡᠶᠢᠲᠡ ᠶᠢᠨ ᠡᠮᠬᠢ ᠵᠢᠷᠤᠮ ᠠᠴᠠ ᠵᠥᠷᠢᠴᠡᠬᠦ︔ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠠᠴᠠ ᠵᠥᠷᠢᠴᠡᠬᠦ︔ ᠪᠤᠰᠤᠳ ᠢ ᠥᠳᠥᠭᠡᠵᠦ᠂ ᠵᠢᠭᠠᠨ ᠳᠣᠬᠢᠵᠤ ᠪᠠᠶᠢᠭᠠᠳ ᠬᠠᠤᠯᠢ ᠠᠴᠠ ᠵᠥᠷᠢᠴᠡᠭᠦᠯᠦᠨ ᠶᠠᠯᠠᠲᠤ ᠬᠡᠷᠡᠭ ᠬᠢᠯᠭᠡᠬᠦ︔ ᠨᠡᠶᠢᠭᠡᠮ ᠳᠤ ᠮᠠᠭᠤ ᠨᠥᠯᠥᠭᠡ ᠦᠵᠡᠭᠦᠯᠦᠭᠰᠡᠨ ᠪᠤᠰᠤᠳ ᠪᠠᠶᠢᠳᠠᠯ᠃      ᠳᠥᠷᠪᠡ᠂ ᠠᠵᠢᠯ ᠤᠨ ᠠᠭᠤᠯᠭ᠎ᠠ      ︵ᠨᠢᠭᠡ︶ ᠪᠤᠶᠢᠵᠢᠭᠤᠯᠬᠤ ᠬᠦᠷᠢᠶ᠎ᠡ ᠬᠡᠪᠴᠢᠶ᠎ᠡ ᠪᠠᠨ ᠲᠣᠳᠣᠷᠬᠠᠶᠢᠯᠠᠵᠤ᠂ ᠲᠥᠪ ᠭᠤᠤᠯᠴᠢ ᠢᠯᠡ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠠᠴᠠᠭ᠎ᠠ ᠲᠣᠰᠬᠤᠨ ᠤ ᠬᠤᠶᠠᠷ ᠵᠥᠪᠯᠡᠯ ᠤᠨ ᠺᠠᠳ᠋ᠷ᠂ ᠴᠡᠷᠢᠭ ᠠᠴᠠ ᠬᠠᠯᠠᠭᠳᠠᠭᠰᠠᠳ᠂ ᠠᠬᠠᠮᠠᠳ ᠨᠠᠮ ᠤᠨ ᠭᠡᠰᠢᠭᠦᠨ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠵᠠᠯᠠᠭᠤᠴᠤᠳ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠵᠢᠴᠢ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠵᠡᠷᠭᠡ ᠤᠯᠤᠰ ᠲᠥᠷᠥ ᠶᠢᠨ ᠬᠡᠪ ᠴᠢᠨᠠᠷ ᠢᠶᠠᠷ ᠥᠨᠳᠥᠷ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢᠶᠠᠷ ᠬᠦᠨᠵᠡᠬᠡᠢ᠂ ᠬᠠᠤᠯᠢ ᠪᠠᠷ ᠵᠠᠰᠠᠬᠤ ᠴᠢᠳᠠᠪᠤᠷᠢ ᠪᠠᠷ ᠴᠢᠩᠭ᠎ᠠ ᠬᠥᠮᠦᠰ ᠤᠨ ᠳᠣᠲᠣᠷ᠎ᠠ ᠠᠴᠠ ᠡᠩ ᠲᠡᠷᠢᠭᠦᠨ ᠳᠤ ᠰᠢᠯᠢᠨ ᠰᠣᠩᠭᠤᠬᠤ ᠪᠠ ᠵᠢᠱᠢᠶ᠎ᠡ ᠦᠵᠡᠭᠦᠯᠬᠦ ᠡᠷᠦᠬᠡ ᠶᠢ ᠮᠠᠭᠠᠳᠯᠠᠨ ᠲᠣᠭᠲᠠᠭᠠᠵᠤ ᠪᠤᠶᠢᠵᠢᠭᠤᠯᠬᠤ ᠶᠢᠨ ᠬᠠᠮᠲᠤ᠂ ᠭᠠᠴᠠᠭ᠎ᠠ ᠲᠣᠰᠬᠤᠨ ᠳᠤ ᠢᠯᠡ ᠨᠡᠶᠢᠲᠡᠯᠡᠵᠦ᠂ ᠭᠠᠴᠠᠭ᠎ᠠ ᠲᠣᠰᠬᠤᠨ ᠤ ᠠᠷᠠᠳ ᠤᠨ ᠬᠢᠨᠠᠯᠲᠠ ᠲᠠᠯᠪᠢᠬᠤ ᠶᠢ ᠬᠦᠯᠢᠶᠡᠨ᠎ᠡ᠃      ︵ᠬᠤᠶᠠᠷ︶ ᠪᠤᠶᠢᠵᠢᠭᠤᠯᠬᠤ ᠠᠷᠭ᠎ᠠ ᠮᠠᠶ᠋ᠢᠭ ᠢ ᠪᠠᠶᠠᠯᠢᠭᠵᠢᠭᠤᠯᠵᠤ᠂ ᠪᠤᠶᠢᠵᠢᠭᠤᠯᠬᠤ ᠦᠷ᠎ᠡ ᠪᠦᠲᠦᠮᠵᠢ ᠶᠢ ᠴᠢᠩᠭᠠᠷᠠᠭᠤᠯᠤᠨ᠎ᠠ᠃ ᠨᠢᠭᠡ ᠳᠤ᠂ ︽ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ︾ ᠵᠡᠷᠭᠡ ᠲᠥᠷᠥᠯ ᠵᠦᠢᠯ ᠳᠤ ᠲᠦᠰᠢᠭᠯᠡᠨ᠂ ᠬᠠᠤᠯᠢᠵᠢᠯ ᠤᠨ ᠬᠢᠴᠢᠶᠡᠯ ᠤᠨ ᠲᠠᠩᠬᠢᠮ᠂ ᠲᠠᠷᠢᠶᠠᠨ ᠭᠠᠵᠠᠷ ᠤᠨ ᠬᠢᠴᠢᠶᠡᠯ ᠤᠨ ᠲᠠᠩᠬᠢᠮ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠬᠡᠷᠡᠭᠯᠡᠵᠦ᠂ ᠵᠢᠱᠢᠶ᠎ᠡ ᠦᠵᠡᠭᠦᠯᠬᠦ ᠡᠷᠦᠬᠡ ᠶᠢ ᠵᠣᠬᠢᠶᠠᠨ ᠪᠠᠶᠢᠭᠤᠯᠵᠤ ᠲᠤᠰᠬᠠᠶ ᠲᠥᠷᠥᠯ ᠤᠨ ᠰᠤᠷᠤᠯᠴᠠᠯᠭ᠎ᠠ ᠶᠢ ᠲᠥᠪᠯᠡᠷᠡᠭᠦᠯᠦᠨ ᠥᠷᠨᠢᠭᠦᠯᠦᠨ᠎ᠡ᠃ 2021 ᠣᠨ ᠳᠤ᠂ ᠬᠥᠮᠦᠵᠢᠭᠦᠯᠬᠦ ᠠᠵᠢᠯ ᠤᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ︽ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ︾ ᠪᠣᠯᠪᠠᠰᠤᠷᠠᠯ ᠭᠥᠷᠳᠡᠭᠰᠡᠨ ᠬᠥᠮᠦᠨ ᠤᠳᠠᠭ᠎ᠠ ᠪᠠᠷ ᠲᠦᠷ ᠯᠠᠪᠯᠠᠯᠲᠠ ᠪᠣᠯᠭᠠᠵᠤ᠂ ᠡᠭᠦᠨ ᠠᠴᠠ ᠰᠡᠭᠦᠯᠡᠷ ᠵᠢᠯ ᠪᠦᠷᠢ ᠵᠢᠱᠢᠶ᠎ᠡ ᠦᠵᠡᠭᠦᠯᠬᠦ ᠡᠷᠦᠬᠡ ᠶᠢ ᠬᠥᠮᠦᠵᠢᠭᠦᠯᠬᠦ ᠠᠵᠢᠯ ᠢ ︽ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ︾ ᠭᠤᠤᠯᠳᠠᠯᠭ᠎ᠠ ᠲᠠᠢ ᠠᠭᠤᠯᠭ᠎ᠠ ᠪᠣᠯᠭᠠᠨ ᠬᠡᠷᠡᠭᠵᠢᠭᠦᠯᠦᠨ᠎ᠡ᠃ ᠬᠤᠶᠠᠷ ᠲᠤ᠂ ᠪᠥᠬᠦ ᠤᠯᠤᠰ ᠤᠨ ᠣᠶᠤᠨᠴᠢ ᠬᠠᠤᠯᠢ ᠲᠦᠭᠡᠮᠡᠯᠵᠢᠭᠦᠯᠬᠦ ᠲᠠᠪᠴᠠᠩ᠂ ᠪᠥᠬᠦ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠭᠦᠯᠡᠨ ᠲᠠᠪᠴᠠᠩ᠂ ᠴᠥᠩ ᠨᠦᠩ ᠡᠭᠦᠯᠡᠨ ᠬᠢᠴᠢᠶᠡᠯ ᠤᠨ ᠲᠠᠩᠬᠢᠮ ᠪᠠ ᠬᠠᠤᠯᠢ ᠴᠠᠭᠠᠵᠠ ᠶᠢᠨ ᠰᠦᠯᠵᠢᠶᠡᠨ ᠤ ᠪᠣᠯᠪᠠᠰᠤᠷᠠᠯ ᠤᠨ ᠲᠠᠪᠴᠠᠩ ᠵᠡᠷᠭᠡ ᠠᠴᠢᠶᠠᠯᠠᠪᠤᠷᠢ ᠶᠢ ᠬᠦᠢᠴᠡᠳ ᠠᠰᠢᠭᠯᠠᠵᠤ᠂ ᠰᠦᠯᠵᠢᠶᠡᠨ ᠳᠡᠭᠡᠷ᠎ᠡ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠬᠢᠴᠢᠶᠡᠯ ᠨᠡᠭᠡᠭᠡᠵᠦ᠂ ᠵᠢᠱᠢᠶ᠎ᠡ ᠦᠵᠡᠭᠦᠯᠬᠦ ᠡᠷᠦᠬᠡ ᠶᠢ ᠵᠣᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ ᠰᠤᠷᠤᠯᠴᠠᠭᠤᠯᠵᠤ᠂ ᠵᠢᠱᠢᠶ᠎ᠡ ᠦᠵᠡᠭᠦᠯᠬᠦ ᠡᠷᠦᠬᠡ ᠳᠤ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠯᠠᠪᠯᠠᠭ᠎ᠠ ᠶᠢᠨ ᠦᠢᠯᠡᠴᠢᠯᠡᠭᠡ ᠬᠠᠩᠭᠠᠵᠤ᠂ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ︵ᠭᠤᠷᠪᠠ︶ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠪᠤᠶᠢᠵᠢᠭᠤᠯᠵᠤ ᠵᠢᠯᠣᠭᠤᠳᠬᠤ ᠪᠠᠨ ᠴᠢᠩᠭᠠᠳᠬᠠᠨ᠎ᠠ᠃ ᠨᠢᠭᠡ ᠳᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ᠂ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠰᠬᠠᠶ ᠮᠡᠷᠭᠡᠵᠢᠯ ᠤᠨ ᠨᠡᠶᠢᠭᠡᠮᠯᠢᠭ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠤ ᠰᠠᠭᠤᠷᠢᠨ ᠭᠠᠵᠠᠷ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠪᠣᠯᠪᠠᠰᠤᠷᠠᠭᠤᠯᠤᠯ ᠤᠨ ᠡᠭᠦᠷᠭᠡ ᠪᠠᠨ ᠳᠠᠭᠠᠭᠠᠨ ᠡᠭᠦᠷᠭᠡᠯᠡᠵᠦ᠂ ᠪᠤᠶᠢᠵᠢᠭᠤᠯᠬᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠬᠤᠶᠠᠷ ᠲᠤ᠂ ᠲᠠᠷᠢᠶᠠᠴᠢᠨ ᠠᠶᠢᠯ ᠤᠨ ᠨᠣᠮ ᠤᠨ ᠥᠷᠥᠭᠡ᠂ ᠠᠵᠢᠯᠯᠠᠭᠠᠨ ᠤ ᠠᠭᠤᠳᠠᠮ ᠲᠠᠯᠠᠪᠠᠶ ᠵᠢᠴᠢ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠵᠡᠷᠭᠡ ᠬᠥᠮᠦᠰ ᠬᠤᠷᠠᠨ ᠴᠤᠭᠯᠠᠷᠠᠬᠤ ᠭᠠᠵᠠᠷ ᠲᠠᠯᠠᠪᠤᠷ ᠢ ᠬᠦᠢᠴᠡᠳ ᠠᠰᠢᠭᠯᠠᠬᠤ ᠶᠢᠨ ᠬᠠᠮᠲᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠠᠵᠤ ᠠᠬᠤᠶᠢᠯᠠᠯ᠂ ᠮᠠᠯᠴᠢᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠲᠦᠰᠢᠭᠯᠡᠨ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠬᠥᠮᠦᠵᠢᠯ ᠤᠨ ᠰᠠᠭᠤᠷᠢᠨ ᠭᠠᠵᠠᠷ ᠢ ᠪᠣᠶ ᠪᠣᠯᠭᠠᠵᠤ᠂ ᠮᠠᠯᠴᠢᠨ ᠲᠠᠷᠢᠶᠠᠴᠢᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠳᠤ ᠨᠠᠩ ᠰᠠᠶᠢᠲᠤᠷ ᠦᠢᠯᠡᠴᠢᠯᠡᠨ᠎ᠡ᠃ ᠭᠤᠷᠪᠠ ᠳᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠠᠶᠢᠮᠠᠭ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠣᠭᠤᠷᠢᠭ ᠪᠠ ᠬᠡᠰᠡᠭ ᠢ ᠳᠠᠭᠠᠭᠠᠴᠢᠯᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠨ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠲᠠᠢ ︽ᠬᠠᠪᠰᠤᠷᠤᠯᠴᠠᠭ᠎ᠠ ᠪᠠᠶᠢᠭᠤᠯᠵᠤ︾᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠠᠨᠳᠤᠯᠭᠠᠲᠤ ᠴᠢᠨᠠᠷᠲᠠᠶ ᠬᠥᠮᠦᠵᠢᠭᠦᠯᠦᠨ ᠪᠤᠶᠢᠵᠢᠭᠤᠯᠬᠤ ᠵᠢᠯᠣᠭᠤᠳᠣᠯᠭ᠎ᠠ ᠪᠠ ᠮᠥᠷᠳᠡᠨ ᠦᠢᠯᠡᠴᠢᠯᠡᠭᠡ ᠬᠠᠩᠭᠠᠨ᠎ᠠ᠃       ︵ᠳᠥᠷᠪᠡ︶ ᠵᠢᠱᠢᠶ᠎ᠡ ᠦᠵᠡᠭᠦᠯᠦᠨ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠵᠤ᠂ ᠬᠢᠨᠠᠨ ᠰᠢᠨᠵᠢᠵᠦ ᠦᠨᠡᠯᠡᠨ ᠵᠢᠱᠢᠬᠦ ᠶᠢ ᠰᠠᠶᠢᠲᠤᠷ ᠬᠢᠨ᠎ᠠ᠃ 2021 ᠣᠨ ᠠᠴᠠ ᠡᠬᠢᠯᠡᠨ᠂ ᠬᠥᠳᠡᠭᠡ ᠲᠣᠰᠬᠤᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ ᠶᠢ ᠮᠠᠭᠠᠳᠯᠠᠨ ᠲᠣᠭᠲᠠᠭᠠᠬᠤ ᠪᠠ ᠪᠠᠶᠢᠴᠠᠭᠠᠨ ᠰᠢᠯᠭᠠᠵᠤ ᠦᠨᠡᠯᠡᠨ ᠵᠢᠱᠢᠬᠦ ᠠᠵᠢᠯ ᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠤᠨ᠎ᠠ᠃ ᠡᠯ᠎ᠡ ᠰᠤᠮᠤ ᠪᠠᠯᠭᠠᠰᠤ ᠵᠢᠯ ᠪᠦᠷᠢ ᠶᠢᠨ 2 ᠰᠠᠷ᠎ᠠ ᠶᠢᠨ ᠰᠡᠭᠦᠯᠴᠢ ᠠᠴᠠ ᠡᠮᠦᠨ᠎ᠡ ᠵᠢᠱᠢᠶ᠎ᠡ ᠦᠵᠡᠭᠦᠯᠬᠦ ᠡᠷᠦᠬᠡ ᠶᠢᠨ ᠨᠡᠷᠡᠰ ᠢ ᠬᠤᠰᠢᠭᠤ ᠨᠡᠭᠡᠭᠡᠯᠳᠡ ᠶᠢᠨ ᠣᠷᠣᠨ ᠤ ᠲᠠᠷᠢᠶᠠᠯᠠᠩ ᠮᠠᠯ ᠠᠵᠤ ᠠᠬᠤᠶ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ᠂ ᠬᠤᠰᠢᠭᠤ ᠨᠡᠭᠡᠭᠡᠯᠳᠡ ᠶᠢᠨ ᠣᠷᠣᠨ ᠤ ᠲᠠᠷᠢᠶᠠᠯᠠᠩ ᠮᠠᠯ ᠠᠵᠤ ᠠᠬᠤᠶ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠬᠢᠨᠠᠨ ᠬᠠᠷᠭᠤᠭᠤᠯᠤᠭᠰᠠᠨ ᠤ ᠳᠠᠷᠠᠭ᠎ᠠ ᠠᠶᠢᠮᠠᠭ ᠤᠨ ᠱᠠᠲᠤᠨ ᠤ ᠲᠠᠷᠢᠶᠠᠯᠠᠩ ᠮᠠᠯ ᠠᠵᠤ ᠠᠬᠤᠶ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠠᠶᠢᠮᠠᠭ ᠤᠨ ᠱᠠᠲᠤᠨ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠳᠤ ᠮᠡᠳᠡᠭᠦᠯᠦᠨ ᠬᠦᠷᠭᠡᠨ᠎ᠡ︔ ᠨᠢᠭᠡᠨᠲᠡ ᠮᠠᠭᠠᠳᠯᠠᠨ ᠲᠣᠭᠲᠠᠭᠠᠭᠰᠠᠨ ᠵᠢᠱᠢᠶ᠎ᠡ ᠦᠵᠡᠭᠦᠯᠬᠦ ᠡᠷᠦᠬᠡ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠵᠢᠱᠢᠶ᠎ᠡ ᠦᠵᠡᠭᠦᠯᠬᠦ ᠡᠷᠦᠬᠡ ᠶᠢᠨ ᠴᠣᠯᠠ ᠶᠢ ᠨᠢ ᠬᠦᠴᠦᠨ ᠥᠬᠡᠶ ᠪᠣᠯᠭᠠᠬᠤ ᠴᠢᠬᠤᠯᠠᠳᠠᠢ ᠪᠣᠯ᠂ ᠬᠤᠰᠢᠭᠤ ᠨᠡᠭᠡᠭᠡᠯᠳᠡ ᠶᠢᠨ ᠣᠷᠣᠨ ᠤ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠬᠢᠨᠠᠨ ᠬᠠᠷᠭᠤᠭᠤᠯᠤᠭᠰᠠᠨ ᠤ ᠳᠠᠷᠠᠭ᠎ᠠ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠳᠤ ᠮᠡᠳᠡᠭᠦᠯᠦᠨ ᠬᠦᠷᠭᠡᠵᠦ ᠬᠦᠴᠦᠨ ᠥᠬᠡᠶ ᠪᠣᠯᠭᠠᠬᠤ ᠶᠢᠨ ᠬᠠᠮᠲᠤ ᠲᠡᠮᠳᠡᠭ ᠫᠠᠶᠢᠰᠠ ᠶᠢ ᠨᠢ ᠬᠤᠷᠢᠶᠠᠨ ᠠᠪᠬᠤ ᠬᠡᠷᠡᠭᠲᠡᠶ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠣᠰ ᠲᠥᠰᠦᠯ ᠢ ᠨᠠᠷᠢᠨ ᠬᠢᠨᠠᠮᠠᠭᠠᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠵᠦ ᠵᠢᠱᠢᠶ᠎ᠡ ᠦᠵᠡᠭᠦᠯᠬᠦ ᠡᠷᠦᠬᠡ ᠶᠢ ᠪᠤᠶᠢᠵᠢᠭᠤᠯᠬᠤ ᠠᠵᠢᠯ ᠢ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠪᠠᠯᠠ ᠮᠥᠩᠭᠦ ᠶᠢᠨ ᠣᠷᠣᠭᠤᠯᠤᠯᠲᠠ ᠶᠢ ᠪᠠᠲᠤᠯᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠨᠠᠶᠢᠳᠠᠪᠤᠷᠢᠵᠢᠭᠤᠯᠬᠤ ᠶᠠᠪᠤᠴᠠ ᠳᠤ ᠬᠡᠯᠪᠡᠷᠢᠴᠢ ᠦᠵᠡᠯ ᠪᠠ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠦᠨᠳᠦᠰᠦᠨ ᠱᠠᠲᠤᠨ ᠳᠤ ᠵᠦᠶ ᠵᠣᠬᠢᠰ ᠥᠬᠡᠶ ᠳᠠᠷᠤᠭᠠᠰᠤ ᠨᠡᠮᠡᠭᠳᠡᠭᠦᠯᠬᠦ ᠠᠴᠠ ᠵᠠᠶᠢᠯᠠᠰᠬᠢᠵᠦ᠂ ᠵᠢᠱᠢᠶ᠎ᠡ ᠦᠵᠡᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃      ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠲᠠᠷᠢᠶᠠᠯᠠᠩ ᠮᠠᠯ ᠠᠵᠤ ᠠᠬᠤᠶ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠪᠣᠳᠠᠲᠠᠶ ᠲᠠᠢ ᠪᠠᠨ ᠤᠶᠠᠯᠳᠤᠭᠤᠯᠤᠨ ᠲᠣᠰ ᠭᠠᠵᠠᠷ ᠣᠷᠣᠨ ᠤ ᠪᠠᠨ ᠮᠠᠯᠵᠢᠬᠤ ᠲᠠᠷᠢᠶᠠᠯᠠᠬᠤ ᠣᠷᠣᠨ ᠤ ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠬᠥᠮᠦᠵᠢᠭᠦᠯᠬᠦ ᠠᠵᠢᠯ ᠤᠨ ᠲᠥᠰᠦᠯ ᠢ ᠲᠣᠭᠲᠠᠭᠠᠵᠤ᠂ ᠣᠨ ᠤ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠰᠤᠮᠤ ᠪᠠᠯᠭᠠᠰᠤ ᠶᠢ ᠬᠢᠨᠠᠮᠠᠭᠠᠶ ᠵᠣᠬᠢᠶᠠᠨ ᠪᠠᠶᠢᠭᠤᠯᠵᠤ ᠪᠠᠶᠢᠭᠠᠳ ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠤᠶᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠥᠳᠡᠭᠡ ᠲᠣᠰᠬᠤᠨ ᠤ ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ ᠶᠢ ᠬᠥᠮᠦᠵᠢᠭᠦᠯᠬᠦ ᠠᠵᠢᠯ ᠬᠢᠭᠡᠳ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ᠂ ᠬᠠᠤᠯᠢ ᠴᠠᠭᠠᠵᠠ ᠶᠢ ᠮᠡᠳᠡᠬᠦ ᠬᠥᠮᠦᠨ ᠢ ᠬᠥᠮᠦᠵᠢᠭᠦᠯᠬᠦ ᠵᠡᠷᠭᠡ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠥᠷᠭᠡᠨ ᠣᠯᠠᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠬᠡᠨ ᠤ ᠠᠵᠢᠯᠲᠠᠨ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ ᠵᠢᠱᠢᠶ᠎ᠡ ᠦᠵᠡᠭᠦᠯᠬᠦ ᠡᠷᠦᠬᠡ ᠳᠤ ᠦᠢᠯᠡᠴᠢᠯᠡᠭᠡ ᠪᠠᠨ ᠵᠣᠯᠭᠠᠭᠤᠯᠬᠤ ᠶᠢ ᠥᠷᠨᠢᠭᠦᠯᠵᠦ᠂ ᠪᠤᠶᠢᠵᠢᠭᠤᠯᠬᠤ ᠠᠵᠢᠯ ᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ᠃      ︵ᠭᠤᠷᠪᠠ︶ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ᠂ ᠬᠠᠤᠯᠢ ᠴᠠᠭᠠᠵᠠ ᠶᠢᠨ ᠰᠠᠯᠠᠭ᠎ᠠ ᠮᠦᠴᠢᠷ ᠨᠢ ᠪᠤᠶᠢᠵᠢᠭᠤᠯᠬᠤ ᠪᠥᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠤ᠂ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠨ᠂ ᠪᠤᠶᠢᠵᠢᠭᠤᠯᠬᠤ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ᠂ ᠪᠤᠶᠢᠵᠢᠭᠤᠯᠤᠭᠰᠠᠨ ᠪᠠᠶᠢᠳᠠᠯ ᠢ ᠲᠠᠰᠢᠷᠠᠮ ᠳᠠᠭᠠᠤ ᠰᠤᠭᠤᠴᠢᠨ ᠪᠠᠶᠢᠴᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠬᠥᠮᠦᠵᠢᠭᠦᠯᠬᠦ ᠠᠵᠢᠯ ᠤᠨ ᠬᠥᠳᠡᠯᠦᠩᠭᠦᠶ ᠬᠢᠨᠠᠨ ᠰᠢᠨᠵᠢᠯᠲᠡ ᠶᠢ ᠴᠢᠩᠭᠠᠳᠬᠠᠵᠤ᠂ ᠵᠢᠱᠢᠶ᠎ᠡ ᠦᠵᠡᠭᠦᠯᠬᠦ ᠡᠷᠦᠬᠡ ᠶᠢᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠪᠠ ᠵᠢᠱᠢᠶ᠎ᠡ ᠦᠵᠡᠭᠦᠯᠦᠨ ᠳᠠᠶᠢᠴᠢᠯᠠᠬᠤ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠵᠢᠱᠢᠶ᠎ᠡ ᠦᠵᠡᠭᠦᠯᠬᠦ ᠡᠷᠦᠬᠡ ᠶᠢ ᠬᠥᠮᠦᠵᠢᠭᠦᠯᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠤᠶᠢᠵᠢᠭᠤᠯᠬᠤ ᠠᠵᠢᠯ ᠢ ︽ᠨᠠᠢᠮᠠᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠬᠡᠷᠡᠭᠵᠢᠭᠦᠯᠬᠦ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ᠂ ᠪᠤᠶᠢᠵᠢᠭᠤᠯᠬᠤ ᠠᠵᠢᠯ ᠢ ᠪᠦᠬᠦ ᠲᠠᠯ᠎ᠠ ᠪᠠᠷ ᠬᠢᠨᠠᠨ ᠰᠢᠯᠭᠠᠨ᠎ᠠ᠃      ︵ᠳᠥᠷᠪᠡ︶ ᠴᠠᠭ ᠲᠤᠬᠠᠶ ᠳᠤᠨᠢ ᠳ᠋ᠦᠩᠨᠡᠨ ᠤᠬᠠᠭᠤᠯᠬᠤ ᠬᠡᠷᠡᠭᠲᠡᠶ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠲᠠᠷᠢᠶᠠᠯᠠᠩ ᠮᠠᠯ ᠠᠵᠤ ᠠᠬᠤᠶ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠬᠥᠮᠦᠵᠢᠭᠦᠯᠦᠨ ᠪᠤᠶᠢᠵᠢᠭᠤᠯᠬᠤ ᠠᠵᠢᠯ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠰᠢᠰᠲ᠋ᠧᠮ ᠲᠠᠢ ᠳ᠋ᠦᠩᠨᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠵᠢᠱᠢᠶ᠎ᠡ ᠦᠵᠡᠭᠦᠯᠵᠦ ᠳᠠᠭᠠᠭᠤᠯᠬᠤ  ᠦᠢᠯᠡᠳᠦᠯ ᠢ ᠨᠢ ᠪᠠᠳᠠᠷᠠᠭᠤᠯᠬᠤ ᠶᠢ ᠣᠨᠴᠠᠭᠠᠶᠢᠯᠠᠨ ᠴᠢᠬᠤᠯᠠᠴᠢᠯᠠᠬᠤ ᠬᠡᠷᠡᠭᠲᠡᠶ᠃ ᠰᠢᠯᠢᠳᠡᠭ ᠰᠤᠷᠤᠯᠭᠠᠲᠠᠨ᠂ ᠰᠢᠯᠢᠳᠡᠭ ᠪᠠᠭᠰᠢ᠂ ᠰᠢᠯᠢᠳᠡᠭ ᠠᠵᠢᠯᠲᠠᠨ ᠢ ᠰᠣᠩᠭᠤᠨ ᠲᠠᠨᠢᠯᠴᠠᠭᠤᠯᠵᠤ᠂ ᠰᠣᠳᠣᠨ ᠬᠢᠴᠢᠶᠡᠯ ᠪᠠ ᠰᠢᠯᠢᠳᠡᠭ ᠵᠢᠭᠠᠬᠤ ᠮᠠᠲ᠋ᠧᠷᠢᠶᠠᠯ ᠢ ᠰᠣᠩᠭᠤᠨ ᠰᠢᠯᠭᠠᠷᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ᠂ ᠮᠠᠯᠴᠢᠨ ᠲᠠᠷᠢᠶᠠᠴᠢᠨ ᠤ ᠬᠠᠤᠯᠢᠵᠢᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠪᠥᠬᠦ ᠲᠠᠯ᠎ᠠ ᠪᠠᠷ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃       ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号