ᠸᠠᠩ ᠯᠢ ᠰᠢᠶᠠ᠄ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ ᠴᠠᠭ ᠮᠥᠴᠡ ᠶᠢ ᠠᠯᠳᠠᠯ ᠦᠭᠡᠢ ᠴᠢᠷᠮᠠᠶᠢᠵᠤ ᠭᠠᠳᠠᠭᠰᠢ ᠬᠠᠯᠳᠠᠪᠤᠷᠢᠯᠠᠬᠤ ᠶᠢ ᠰᠡᠷᠭᠡᠶᠢᠯᠡᠵᠦ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ
ᠨᠡᠶᠢᠲᠡᠯᠡᠭᠰᠡᠨ ᠴᠠᠭ᠄
2022/2/24
      2 ᠰᠠᠷ᠎ᠠ ᠶᠢᠨ 23  ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠪᠤᠭᠤᠲᠤ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ᠂ ᠴᠠᠭ ᠮᠥᠴᠡ ᠶᠢ ᠠᠯᠳᠠᠯ ᠦᠭᠡᠢ ᠴᠢᠷᠮᠠᠶᠢᠵᠤ ᠭᠠᠳᠠᠭᠰᠢ ᠬᠠᠯᠳᠠᠪᠤᠷᠢᠯᠠᠬᠤ ᠶᠢ ᠰᠡᠷᠭᠡᠶᠢᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃       ᠸᠠᠩ ᠯᠢ ᠰᠢᠶᠠ᠂ ᠣᠳᠣᠬᠠᠨ ᠳᠤ ᠪᠤᠭᠤᠲᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠨ᠎ᠠ᠂ ᠡᠷᠬᠡᠪᠰᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠴᠥᠬᠡᠨ ᠴᠦ ᠮᠢᠨᠴᠦᠭᠦᠷᠡᠨ ᠠᠯᠮᠠᠶᠢᠷᠠᠵᠤ᠂ ᠰᠤᠯᠠᠷᠠᠵᠤ ᠴᠠᠯᠠᠭᠠᠶᠢᠷᠠᠵᠤ ᠪᠤᠯᠬᠤ ᠦᠭᠡᠢ᠂ ᠡᠷᠬᠡᠪᠰᠢ ᠪᠠᠶᠢᠳᠠᠯ ᠢ ᠨᠠᠩ ᠬᠦᠨᠳᠦ ᠨᠣᠴᠢᠲᠠᠢ ᠵᠢᠱᠢᠵᠦ᠂ ᠬᠦᠴᠢᠷᠳᠡᠯ ᠢ ᠨᠠᠩ ᠭᠦᠢᠴᠡᠳ ᠵᠢᠱᠢᠵᠦ᠂ ᠠᠷᠭ᠎ᠠ ᠬᠡᠮᠵᠢᠶ᠎ᠡ ᠪᠠᠨ ᠨᠠᠩ ᠪᠦᠷᠢᠨ ᠭᠦᠢᠴᠡᠳ ᠪᠣᠳᠣᠯᠬᠢᠯᠠᠵᠤ᠂ ᠴᠠᠭ ᠮᠥᠴᠡ ᠲᠠᠢ ᠤᠷᠤᠯᠳᠤᠵᠤ᠂ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠬᠠᠮᠤᠭ ᠤᠨ ᠶᠡᠭᠡ ᠬᠡᠪᠴᠢᠶᠡᠨ ᠳᠤ ᠴᠢᠩᠭ᠎ᠠ ᠵᠢᠭᠰᠠᠭᠠᠨ ᠪᠠᠶᠢᠴᠠᠭᠠᠵᠤ᠂ ᠬᠠᠮᠤᠭ ᠤᠨ ᠪᠠᠭ᠎ᠠ ᠬᠡᠪᠴᠢᠶᠡᠨ ᠳᠤ ᠣᠨᠣᠴᠠᠲᠠᠢ ᠬᠠᠮᠢᠶᠠᠷᠤᠨ ᠡᠵᠡᠮᠳᠡᠬᠦ ᠶᠢ ᠪᠡᠶᠡᠯᠡᠭᠦᠯᠵᠦ᠂ ᠬᠠᠮᠤᠭ ᠤᠨ ᠲᠦᠷᠭᠡᠨ ᠬᠤᠷᠳᠤᠴᠠ ᠪᠠᠷ᠂ ᠬᠠᠮᠤᠭ ᠤᠨ ᠣᠬᠤᠷ ᠬᠤᠭᠤᠴᠠᠭᠠᠨ ᠳᠤ ᠬᠢᠵᠢᠭ ᠤᠨ ᠬᠠᠯᠳᠠᠪᠤᠷᠢᠯᠠᠬᠤ ᠬᠡᠯᠬᠢᠶ᠎ᠡ ᠶᠢ ᠲᠠᠰᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠸᠠᠩ ᠯᠢ ᠰᠢᠶᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠪᠦᠭᠦ ᠬᠦᠴᠦᠨ ᠢᠶᠠᠷ ᠢᠶᠠᠨ ᠤᠳᠤ ᠶᠢᠨ ᠪᠠᠶᠢᠭ᠎ᠠ ᠡᠪᠡᠳᠴᠢᠨ ᠤ ᠵᠢᠱᠢᠶ᠎ᠡ ᠶᠢ ᠪᠠᠭᠠᠰᠬᠠᠵᠤ᠂ ᠡᠪᠡᠳᠴᠢᠨ ᠤ ᠵᠢᠱᠢᠶ᠎ᠡ ᠨᠡᠮᠡᠭᠳᠡᠬᠦ  ᠶᠢ ᠬᠤᠷᠢᠭᠯᠠᠵᠤ᠂ ᠭᠠᠳᠠᠭᠰᠢ ᠬᠠᠯᠳᠠᠪᠤᠷᠢᠯᠠᠬᠤ ᠶᠢ ᠰᠡᠷᠭᠡᠶᠢᠯᠡᠬᠦ ᠬᠡᠷᠡᠭᠲᠡᠢ᠃ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ︽ᠬᠥᠮᠥᠨ ᠢ ᠡᠷᠢᠨ ᠣᠯᠵᠤ︾᠂ ᠬᠠᠮᠤᠭ  ᠤᠨ ᠲᠡᠷᠢᠭᠦᠨ ᠳᠤ ᠲᠠᠬᠤᠯ ᠡᠪᠡᠳᠴᠢᠨ ᠢ ᠪᠠᠶᠢᠴᠠᠭᠠᠵᠤ ᠡᠬᠢ ᠰᠤᠷᠪᠤᠯᠵᠢ ᠶᠢ ᠮᠦᠷᠳᠡᠭᠦ ᠠᠵᠢᠯ ᠢ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠤᠯᠠᠨ ᠨᠠᠶᠢᠳᠠ ᠶᠢᠨ ᠡᠷᠡᠭᠦᠯ  ᠬᠠᠮᠠᠭᠠᠯᠠᠯ  ᠤᠨ ᠰᠠᠯᠠᠭ᠎ᠠ ᠮᠥᠴᠢᠷ ᠤᠨ ᠠᠭᠤᠰᠤᠯᠴᠠᠯ ᠢ ᠴᠢᠩᠭᠠᠳᠬᠠᠵᠤ᠂ ᠡᠪᠡᠳᠴᠢᠨ ᠤ ᠵᠢᠱᠢᠶ᠎ᠡ ᠶᠢᠨ ᠠᠵᠢᠯᠯᠠᠭ᠎ᠠ ᠶᠢᠨ ᠤᠯᠠ ᠮᠥᠷ ᠢ ᠭᠦᠨᠵᠡᠭᠡᠢ ᠠᠭᠤᠳᠠᠯᠵᠤ᠂ ᠨᠠᠷᠢᠨ ᠪᠠᠶᠢᠴᠠᠭᠠᠵᠤ᠂ ᠨᠢᠭᠲᠠ ᠣᠶᠢᠷᠠᠲᠤᠭᠴᠢ᠂ ᠳᠡᠮ ᠣᠶᠢᠷᠠᠲᠤᠭᠴᠢ ᠶᠢ ᠳᠠᠷᠤᠢ ᠲᠦᠷᠭᠡᠨ ᠡᠷᠢᠵᠦ ᠭᠠᠷᠭᠠᠵᠤ᠂ ᠬᠠᠮᠢᠶᠠᠷᠤᠨ ᠡᠵᠡᠮᠳᠡᠬᠦ ᠬᠡᠷᠡᠭᠲᠡᠢ᠃ ᠪᠥᠭᠡᠮ ᠬᠦᠴᠢᠯ ᠤᠨ ᠪᠠᠶᠢᠴᠠᠭᠠᠯᠲᠠ ᠶᠢ ᠲᠡᠷᠡ ᠳᠠᠷᠤᠢ ᠳᠤᠨᠢ ᠥᠷᠨᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ ᠪᠠ ᠬᠥᠮᠥᠰ ᠢ ᠲᠣᠪᠤᠶᠢᠯᠭᠠᠨ᠂ ᠪᠠᠶᠢᠴᠠᠭᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠭ᠎ᠠ ᠴᠢᠨᠠᠷ ᠢᠯᠡᠷᠡᠪᠡᠯ ᠡᠷᠬᠡᠪᠰᠢ ᠮᠡᠳᠡᠭᠦᠯᠵᠦ᠂ ᠠᠷᠭ᠎ᠠ ᠴᠢᠨᠠᠷ ᠢᠯᠡᠷᠡᠪᠡᠯ ᠳᠠᠷᠤᠢ ᠳᠤᠨᠢ ᠮᠡᠳᠡᠭᠦᠯᠵᠦ᠂ ᠢᠯᠡᠷᠡᠭᠰᠡᠭᠡᠷ ᠲᠦᠷᠭᠡᠨ ᠮᠡᠳᠡᠭᠦᠯᠭᠦ ᠬᠡᠷᠡᠭᠲᠡᠢ᠃ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ︽ᠬᠥᠮᠥᠨ ᠢ ᠰᠠᠶᠢᠲᠤᠷ ᠬᠠᠮᠢᠶᠠᠷᠴᠤ︾᠂ ᠲᠤᠰᠠᠭᠠᠷᠯᠠᠬᠤ ᠴᠡᠭ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠲᠤᠰᠠᠭᠠᠷᠯᠠᠬᠤ ᠶᠣᠰᠣᠲᠠᠢ ᠶᠢ ᠨᠢ ᠪᠦᠭᠦᠨ ᠢ ᠲᠤᠰᠠᠭᠠᠷᠯᠠᠵᠤ᠂ ᠴᠠᠭ ᠲᠤᠬᠠᠢ ᠳᠤᠨᠢ ᠲᠤᠰᠠᠭᠠᠷᠯᠠᠵᠤ᠂ ᠵᠢᠷᠤᠮᠵᠢᠭᠤᠯᠤᠨ ᠲᠤᠰᠠᠭᠠᠷᠯᠠᠬᠤ ᠶᠢ ᠪᠡᠶᠡᠯᠡᠭᠦᠯᠵᠦ᠂ ᠴᠡᠭ ᠤᠨ ᠳᠣᠲᠣᠷ᠎ᠠ ᠰᠣᠯᠪᠢᠴᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠵᠦ᠂ ᠬᠥᠮᠥᠨ ᠬᠠᠷ᠎ᠠ ᠬᠠᠯᠳᠠᠪᠤᠷᠢᠯᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ︽ᠬᠥᠮᠥᠨ ᠢ ᠰᠠᠶᠢᠲᠤᠷ ᠡᠮᠨᠡᠨ ᠵᠠᠰᠠᠵᠤ︾᠂ ᠣᠨᠣᠰᠢᠯᠠᠭᠳᠠᠭᠰᠠᠨ ᠡᠪᠡᠳᠴᠢᠲᠡᠨ ᠢ ᠪᠦᠭᠦ ᠬᠦᠴᠦᠨ ᠢᠶᠠᠷ ᠢᠶᠠᠨ ᠡᠮᠨᠡᠨ ᠠᠪᠤᠷᠠᠵᠤ᠂ ᠬᠦᠨᠳᠦ ᠡᠪᠡᠳᠴᠢᠲᠡᠨ ᠢ ᠬᠥᠩᠭᠡᠨ ᠡᠪᠡᠳᠴᠢᠲᠡᠨ ᠪᠤᠯᠭᠠᠬᠤ᠂ ᠬᠥᠩᠭᠡᠨ ᠡᠪᠡᠳᠴᠢᠲᠡᠨ ᠢ ᠪᠢᠯᠢᠭ ᠴᠢᠨᠠᠷ ᠲᠠᠢ ᠪᠤᠯᠭᠠᠬᠤ ᠶᠢ ᠲᠦᠷᠭᠡᠨ ᠪᠡᠶᠡᠯᠡᠭᠦᠯᠬᠦ ᠬᠡᠷᠡᠭᠲᠡᠢ᠃ ᠡᠮᠴᠢ ᠰᠤᠪᠢᠯᠠᠭᠴᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢ ᠴᠢᠩᠭᠠᠳᠬᠠᠵᠤ᠂ ᠳᠣᠲᠣᠭᠠᠳᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠦᠯᠦ ᠡᠭᠦᠰᠭᠦ ᠶᠢ ᠦᠨᠡᠨ ᠬᠦ ᠪᠠᠲᠤᠯᠠᠬᠤ ᠬᠡᠷᠡᠭᠲᠡᠢ᠃ ᠸᠠᠺᠼᠢᠨ ᠤ ᠴᠢᠩᠭᠠᠳᠬᠠᠬᠤ ᠲᠠᠷᠢᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠯᠭ᠎ᠠ ᠬᠢᠬᠦ ᠶᠣᠰᠣᠲᠠᠢ ᠨᠢ ᠪᠦᠭᠦᠨ ᠢᠶᠠᠷ ᠲᠠᠷᠢᠵᠤ᠂ ᠲᠠᠷᠢᠯᠭ᠎ᠠ ᠬᠢᠬᠦ ᠶᠣᠰᠣᠲᠠᠢ ᠨᠢ ᠲᠦᠷᠭᠡᠨ ᠳᠠᠷᠢᠬᠤ ᠶᠢ ᠪᠡᠶᠡᠯᠡᠭᠦᠯᠵᠦ᠂ ᠪᠦᠭᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠱᠦᠵᠢ ᠮᠧᠩ ᠹᠠᠨ ᠯᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠲᠤᠰ ᠲᠤᠰ ᠪᠤᠭᠤᠲᠤ᠂ ᠭᠦᠭᠡᠬᠤᠲᠠ ᠳᠤ ᠬᠤᠷᠠᠯ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号