ᠮᠠᠨ ᠤ ᠣᠷᠣᠨ ᠲᠥᠪ ᠤᠨ ᠲᠥᠰᠥᠪ ᠤᠨ ᠳᠣᠲᠣᠷᠠᠬᠢ 10250 ᠲᠦᠮᠡᠨ ᠲᠥᠭᠦᠷᠢᠭ ᠣᠨ ᠪᠡᠯᠡ ᠤᠷᠤᠭᠤᠯᠤᠯᠳᠠ ᠶᠢ ᠣᠯᠪᠠ
ᠨᠡᠶᠢᠲᠡᠯᠡᠭᠰᠡᠨ ᠴᠠᠭ᠄
2022/2/25
      ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ︽2022 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠬᠤᠶᠠᠳᠤᠭᠠᠷ ᠪᠦᠯᠦᠭ ᠤᠨ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠪᠠᠭᠤᠯᠭᠠᠬᠤ ᠲᠤᠬᠠᠢ ᠮᠡᠳᠡᠭᠳᠡᠯ︾ ᠪᠠᠭᠤᠯᠭᠠᠵᠤ᠂ ᠮᠠᠨ ᠤ ᠣᠷᠣᠨ ᠤ ᠮᠡᠳᠡᠭᠦᠯᠦᠭᠰᠡᠨ ᠮᠠᠨᠵᠤᠤᠷ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠲᠠᠰᠤᠭ ᠤᠨ ᠴᠢᠳᠠᠪᠤᠷᠢ ᠶᠢ ᠳᠡᠭᠡᠭᠰᠢᠯᠡᠭᠦᠯᠭᠦ ᠲᠥᠷᠥᠯ ᠵᠦᠢᠯ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ ᠵᠡᠷᠭᠡ 4 ᠲᠥᠷᠥᠯ ᠵᠦᠢᠯ ᠴᠥᠮ ᠤᠯᠤᠰ ᠤᠨ ᠬᠢᠨᠠᠨ ᠵᠥᠪᠰᠢᠶᠡᠷᠡᠯ ᠢ ᠣᠯᠵᠤ᠂ ᠨᠡᠶᠢᠲᠡ 10250 ᠲᠦᠮᠡᠨ ᠲᠥᠭᠦᠷᠢᠭ ᠤᠨ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠣᠯᠪᠠ᠃       ᠡᠳᠡᠭᠡᠷ ᠪᠡᠯᠡ ᠮᠥᠩᠭᠦ ᠨᠢ ᠮᠠᠨ ᠤ ᠣᠷᠣᠨ ᠤ ᠬᠢᠯᠢ ᠶᠢᠨ ᠪᠣᠭᠤᠮᠲᠠ ᠶᠢᠨ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠪᠠ ᠠᠪᠤᠷᠠᠨ ᠡᠮᠴᠢᠯᠡᠬᠦ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠶᠡᠭᠡ ᠳᠡᠮᠵᠢᠯᠭᠡ ᠪᠤᠯᠬᠤ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ᠂ ᠤᠯᠤᠰ ᠤᠨ ᠱᠠᠭᠠᠷᠳᠠᠯᠭ᠎ᠠ ᠶᠣᠰᠣᠭᠠᠷ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠴᠠᠭ ᠲᠤᠬᠠᠢ ᠳᠤᠨᠢ ᠪᠠᠭᠤᠯᠭᠠᠨ᠂ ᠬᠠᠮᠢᠶ᠎ᠠ ᠪᠦᠬᠦᠢ ᠠᠶᠢᠮᠠᠭ ᠬᠤᠲᠠ ᠶᠢ ᠵᠣᠬᠢᠶᠠᠨ ᠪᠠᠶᠢᠭᠤᠯᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ᠂ ᠲᠥᠷᠥᠯ ᠵᠦᠢᠯ ᠢ ᠮᠥᠷᠳᠡᠨ ᠬᠠᠮᠢᠶᠠᠷᠬᠤ ᠶᠢ ᠴᠢᠩᠭᠠᠳᠬᠠᠨ᠂ ᠵᠢᠱᠢᠭᠰᠡᠨ ᠠᠮᠵᠢᠯᠲᠠ ᠪᠦᠲᠦᠮᠵᠢ ᠪᠠ ᠬᠠᠷᠠᠯᠲᠠ ᠶᠢ ᠪᠦᠭᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠪᠠᠷ ᠪᠤᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号