︽ᠠᠯᠠᠱᠠ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠤᠶᠢᠵᠢᠭᠤᠯᠬᠤ ᠳᠣᠬᠠᠢ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/2/28
     ᠨᠢᠭᠡ᠂ ︽ᠬᠡᠷᠡᠭᠵᠢᠭᠦᠯᠬᠦ ᠲᠥᠰᠦᠯ︾ ᠢ ᠲᠣᠭᠲᠠᠭᠠᠭᠰᠠᠨ ᠠᠬᠤᠶ ᠪᠠᠶᠢᠳᠠᠯ      ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠤᠶᠢᠵᠢᠭᠤᠯᠬᠤ ᠠᠵᠢᠯ ᠢ ᠰᠠᠶᠢᠲᠤᠷ ᠬᠢᠵᠦ᠂ ︽ᠨᠠᠢᠮᠠᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠠ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠤᠨ ︽︿ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠤᠶᠢᠵᠢᠭᠤᠯᠬᠤ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠬᠠᠤᠯᠢ ᠲᠠᠷᠬᠠᠭᠠᠭᠰᠠᠨ  ﹇2021﹈ 389 ᠳ᠋ᠣᠭᠡᠷ ᠲᠣᠭᠠᠲᠤ︶ ᠢ ᠦᠨᠳᠦᠰᠦᠯᠡᠨ᠂ ︽ᠨᠠᠢᠮᠠᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠳᠤ ᠪᠠᠶᠢᠷᠢᠯᠠᠭᠤᠯᠤᠭᠰᠠᠨ ᠴᠢᠬᠤᠯᠠ ᠡᠭᠦᠷᠭᠡ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃       ᠬᠤᠶᠠᠷ᠂ ᠮᠠᠯᠵᠢᠬᠤ ᠲᠠᠷᠢᠶᠠᠯᠠᠬᠤ ᠣᠷᠣᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠤᠶᠢᠵᠢᠭᠤᠯᠬᠤ ᠬᠠᠷᠠᠯᠲᠠ ᠡᠭᠦᠷᠭᠡ       2021 ᠣᠨ ᠠᠴᠠ ᠡᠬᠢᠯᠡᠨ᠂ ᠪᠥᠬᠦ ᠠᠶᠢᠮᠠᠭ ᠤᠨ ᠡᠯ᠎ᠡ ᠬᠤᠰᠢᠭᠤ ᠨᠡᠭᠡᠭᠡᠯᠳᠡ ᠶᠢᠨ ᠣᠷᠣᠨ ᠳᠤ ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠬᠥᠮᠦᠵᠢᠭᠦᠯᠬᠦ ᠠᠵᠢᠯ ᠢ ᠥᠷᠨᠢᠭᠦᠯᠵᠦ᠂ 2022 ᠣᠨ ᠤ ᠡᠴᠦᠰ ᠪᠣᠯᠬᠤ ᠳᠤ 50 % ᠶᠢᠨ ᠭᠠᠴᠠᠭ᠎ᠠ ᠲᠣᠰᠬᠤᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠣᠢ ᠪᠣᠯᠭᠠᠵᠦ᠂ 2024 ᠣᠨ ᠤ ᠡᠴᠦᠰ ᠪᠣᠯᠬᠤ ᠳᠤ ᠪᠥᠬᠦ ᠠᠶᠢᠮᠠᠭ ᠤᠨ 200 ᠭᠠᠴᠠᠭ᠎ᠠ ᠲᠣᠰᠬᠤᠨ ᠳᠤ ᠴᠥᠮ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠲᠠᠢ ᠪᠣᠯᠭᠠᠬᠤ ᠬᠠᠷᠠᠯᠲᠠ ᠶᠢ ᠪᠡᠶᠡᠯᠡᠭᠦᠯᠦᠨ᠎ᠡ᠃ 2035 ᠤᠨ ᠪᠣᠯᠬᠤ ᠳᠤ ᠭᠠᠴᠠᠭ᠎ᠠ ᠲᠣᠰᠬᠤᠨ ᠨᠢᠭᠡᠪᠦᠷᠢ ᠶᠢᠨ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢᠨ ᠲᠤᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠴᠥᠮ ᠲᠤᠬᠠᠶ ᠶᠢᠨ ᠭᠠᠵᠠᠷ ᠤᠨ ᠬᠠᠤᠯᠢ ᠪᠠᠷ ᠵᠠᠰᠠᠬᠤ ᠠᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠪᠠᠷ ᠴᠢᠷᠮᠠᠶᠢᠨ᠎ᠠ᠃       ᠭᠤᠷᠪᠠ᠂ ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ       ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠨᠢ ᠳᠤᠤᠷᠠᠬᠢ ᠦᠨᠳᠦᠰᠦᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠡᠬᠡ ᠤᠯᠤᠰ ᠢᠶᠠᠨ ᠬᠠᠶᠢᠷᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠵᠤ᠂ ᠤᠬᠠᠮᠰᠠᠷ ᠠᠴᠠ ᠪᠠᠨ ᠬᠠᠤᠯᠢ ᠶᠢ ᠬᠦᠨᠳᠦᠳᠬᠡᠵᠦ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠵᠦ᠂ ᠤᠬᠠᠮᠰᠠᠷ ᠠᠴᠠ ᠪᠠᠨ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠬᠡᠵᠢᠬᠦᠯᠬᠦ ᠬᠡᠷᠡᠭᠲᠡᠶ︔ ᠬᠡᠷ ᠪᠦᠯᠢ ᠶᠢᠨ ᠭᠤᠤᠯ ᠪᠦᠷᠢᠯᠳᠦᠬᠦᠨ ᠨᠢ ᠠᠷᠠᠳ ᠢᠷᠭᠡᠨ ᠤ ᠦᠨᠳᠦᠰᠦᠨ ᠡᠷᠬᠡ ᠂ ᠡᠭᠦᠷᠭᠡ ᠶᠢ ᠣᠶᠢᠯᠠᠭᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠵᠡᠷᠭᠡ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠮᠡᠳᠡᠯᠭᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ᠂ ᠲᠠᠷᠢᠶᠠᠯᠠᠩ ᠤᠨ ᠬᠠᠤᠯᠢ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ᠂ ᠲᠠᠷᠢᠶᠠᠴᠢᠳ ᠤᠨ ᠲᠤᠰᠬᠠᠶ ᠬᠤᠷᠰᠢᠶ᠎ᠠ ᠶᠢᠨ ᠬᠠᠤᠯᠢ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ᠂ ᠦᠷ᠎ᠡ ᠶᠢᠨ ᠬᠠᠤᠯᠢ᠂ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ᠂ ᠮᠠᠯ ᠤᠨ ᠡᠮ ᠤᠨ ᠬᠠᠮᠢᠶᠠᠷᠤᠯᠲᠠ ᠶᠢᠨ ᠲᠦᠷᠢᠮ ᠵᠡᠷᠭᠡ ᠭᠤᠤᠯ ᠪᠣᠯᠬᠤ ᠲᠠᠷᠢᠶᠠᠯᠠᠩ ᠮᠠᠯ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠨ ᠣᠶᠢᠯᠠᠭᠠᠨ᠎ᠠ︔ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ ᠨᠡᠶᠢᠭᠡᠮ ᠤᠨ ᠠᠵᠤ ᠠᠬᠤᠢ ᠶᠢᠨ ᠠᠵᠢᠯᠯᠠᠭ᠎ᠠ ᠳᠤ ᠣᠷᠣᠯᠴᠠᠵᠤ᠂ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠴᠢᠳᠠᠨ᠎ᠠ︔ ᠭᠠᠴᠠᠭ᠎ᠠ ᠲᠣᠰᠬᠤᠨ ᠵᠢᠴᠢ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠣᠯᠠᠨ ᠲᠦᠮᠡᠨ ᠢ ᠳᠠᠶᠢᠴᠢᠯᠠᠨ ᠬᠠᠤᠯᠢᠵᠢᠯ ᠤᠨ ᠤᠬᠠᠮᠰᠠᠷ ᠢ ᠨᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠠᠰᠠᠭᠤᠳᠠᠯ ᠢ ᠬᠠᠪᠰᠤᠷᠤᠨ ᠵᠢᠯᠣᠭᠤᠳᠴᠤ  ᠰᠢᠢᠳᠪᠦᠷᠢᠯᠡᠵᠦ ᠴᠢᠳᠠᠨ᠎ᠠ︔ ᠵᠥᠷᠢᠴᠡᠯ ᠵᠢᠭᠤᠷᠠᠯᠳᠤᠭᠠᠨ ᠢ ᠢᠳᠬᠠᠨ ᠰᠤᠷᠭᠠᠬᠤ᠂ ᠠᠷᠢᠯᠭᠠᠬᠤ ᠠᠵᠢᠯ ᠳᠤ ᠢᠳᠡᠪᠬᠢᠲᠡᠶ ᠬᠠᠮᠵᠢᠯᠴᠠᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠵᠥᠷᠢᠴᠡᠯ ᠬᠤᠷᠴᠠᠳᠬᠤ᠂ ᠵᠢᠭᠤᠷᠠᠯᠳᠤᠭᠠᠨ ᠳᠡᠰ ᠳᠡᠪᠰᠢᠬᠦ ᠶᠢ ᠰᠡᠷᠭᠡᠶᠢᠯᠡᠨ ᠬᠤᠷᠢᠭᠯᠠᠵᠤ᠂ ᠦᠨᠳᠦᠰᠦᠨ ᠱᠠᠲᠤᠨ ᠤ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠢᠱᠢᠶ᠎ᠡ ᠦᠵᠡᠭᠦᠯᠬᠦ ᠡᠷᠦᠬᠡ ᠶᠢᠨ ᠨᠡᠷᠡᠶᠢᠳᠦᠯ ᠢ ᠨᠢ ᠬᠦᠴᠦᠨ ᠥᠬᠡᠶ ᠪᠣᠯᠭᠠᠬᠤ ᠬᠡᠷᠡᠭᠲᠡᠶ᠄ ᠵᠢᠱᠢᠶ᠎ᠡ ᠦᠵᠡᠭᠦᠯᠬᠦ ᠡᠷᠦᠬᠡ ᠶᠢᠨ ᠬᠡᠷ ᠪᠦᠯᠢ ᠶᠢᠨ ᠪᠦᠷᠢᠯᠳᠦᠬᠦᠨ ᠨᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠵᠥᠷᠢᠴᠡᠭᠰᠡᠨ︔ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ︔ ᠨᠡᠶᠢᠲᠡ ᠶᠢᠨ ᠡᠮᠬᠢ ᠵᠢᠷᠤᠮ ᠠᠴᠠ ᠵᠥᠷᠢᠴᠡᠬᠦ︔ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠠᠴᠠ ᠵᠥᠷᠢᠴᠡᠬᠦ︔ ᠪᠤᠰᠤᠳ ᠢ ᠥᠳᠥᠭᠡᠵᠦ᠂ ᠵᠢᠭᠠᠨ ᠳᠣᠬᠢᠵᠤ ᠪᠠᠶᠢᠭᠠᠳ ᠬᠠᠤᠯᠢ ᠠᠴᠠ ᠵᠥᠷᠢᠴᠡᠭᠦᠯᠦᠨ ᠶᠠᠯᠠᠲᠤ ᠬᠡᠷᠡᠭ ᠬᠢᠯᠭᠡᠬᠦ︔ ᠨᠡᠶᠢᠭᠡᠮ ᠳᠤ ᠮᠠᠭᠤ ᠨᠥᠯᠥᠭᠡ ᠦᠵᠡᠭᠦᠯᠦᠭᠰᠡᠨ ᠪᠤᠰᠤᠳ ᠪᠠᠶᠢᠳᠠᠯ᠃      ᠳᠥᠷᠪᠡ᠂ ᠮᠠᠯᠵᠢᠬᠤ  ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠤᠶᠢᠵᠢᠭᠤᠯᠬᠤ ᠠᠵᠢᠯ ᠤᠨ ᠠᠭᠤᠯᠭ᠎ᠠ      ︵ᠨᠢᠭᠡ︶ ᠪᠤᠶᠢᠵᠢᠭᠤᠯᠬᠤ ᠬᠦᠷᠢᠶ᠎ᠡ ᠬᠡᠪᠴᠢᠶ᠎ᠡ ᠪᠠᠨ ᠲᠣᠳᠣᠷᠬᠠᠶᠢᠯᠠᠵᠤ᠂ ᠲᠥᠪ ᠭᠤᠤᠯᠴᠢ ᠢᠯᠡ ᠪᠣᠯᠭᠠᠬᠤ ᠶᠢ ᠦᠨᠡᠨᠬᠦ ᠪᠠᠳᠣᠯᠠᠨ᠎ᠠ᠃ ᠭᠠᠴᠠᠭ᠎ᠠ ᠲᠣᠰᠬᠤᠨ ᠤ ᠬᠤᠶᠠᠷ ᠵᠥᠪᠯᠡᠯ ᠤᠨ ᠺᠠᠳ᠋ᠷ᠂ ᠴᠡᠷᠢᠭ ᠠᠴᠠ ᠬᠠᠯᠠᠭᠳᠠᠭᠰᠠᠳ᠂ ᠠᠬᠠᠮᠠᠳ ᠨᠠᠮ ᠤᠨ ᠭᠡᠰᠢᠭᠦᠨ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠵᠠᠯᠠᠭᠤᠴᠤᠳ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠵᠢᠴᠢ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠵᠡᠷᠭᠡ ᠤᠯᠤᠰ ᠲᠥᠷᠥ ᠶᠢᠨ ᠬᠡᠪ ᠴᠢᠨᠠᠷ ᠢᠶᠠᠷ ᠥᠨᠳᠥᠷ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠨᠢ ᠬᠦᠨᠵᠡᠭᠡᠢ᠂ ᠬᠠᠤᠯᠢ ᠪᠠᠷ ᠵᠠᠰᠠᠬᠤ ᠴᠢᠳᠠᠪᠤᠷᠢ ᠪᠠᠷ ᠴᠢᠩᠭ᠎ᠠ ᠬᠥᠮᠦᠰ ᠤᠨ ᠳᠣᠲᠣᠷ᠎ᠠ ᠠᠴᠠ ᠡᠩ ᠲᠡᠷᠢᠭᠦᠨ ᠳᠤ ᠰᠢᠯᠢᠨ ᠰᠣᠩᠭᠤᠬᠤ ᠪᠠ ᠵᠢᠱᠢᠶ᠎ᠡ ᠦᠵᠡᠭᠦᠯᠬᠦ ᠡᠷᠦᠬᠡ ᠶᠢ ᠮᠠᠭᠠᠳᠯᠠᠨ ᠲᠣᠭᠲᠠᠭᠠᠵᠤ ᠪᠤᠶᠢᠵᠢᠭᠤᠯᠬᠤ ᠶᠢᠨ ᠬᠠᠮᠲᠤ᠂ ᠭᠠᠴᠠᠭ᠎ᠠ ᠲᠣᠰᠬᠤᠨ ᠳᠤ ᠢᠯᠡ ᠨᠡᠶᠢᠲᠡᠯᠡᠵᠦ᠂ ᠭᠠᠴᠠᠭ᠎ᠠ ᠲᠣᠰᠬᠤᠨ ᠤ ᠠᠷᠠᠳ ᠤᠨ ᠬᠢᠨᠠᠯᠲᠠ ᠲᠠᠯᠪᠢᠬᠤ ᠶᠢ ᠬᠦᠯᠢᠶᠡᠨ᠎ᠡ᠃      ︵ᠬᠤᠶᠠᠷ︶ ᠪᠤᠶᠢᠵᠢᠭᠤᠯᠬᠤ ᠠᠷᠭ᠎ᠠ ᠮᠠᠶ᠋ᠢᠭ ᠢ ᠪᠠᠶᠠᠯᠢᠭᠵᠢᠭᠤᠯᠵᠤ᠂ ᠪᠤᠶᠢᠵᠢᠭᠤᠯᠬᠤ ᠦᠷ᠎ᠡ ᠪᠦᠲᠦᠮᠵᠢ ᠶᠢ ᠴᠢᠩᠭᠠᠷᠠᠭᠤᠯᠤᠨ᠎ᠠ᠃ ︽ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ︾ ᠵᠡᠷᠭᠡ ᠲᠥᠷᠥᠯ ᠵᠦᠢᠯ ᠳᠤ ᠲᠦᠰᠢᠭᠯᠡᠨ᠂ ᠬᠠᠤᠯᠢᠵᠢᠯ ᠤᠨ ᠬᠢᠴᠢᠶᠡᠯ ᠤᠨ ᠲᠠᠩᠬᠢᠮ᠂ ᠲᠠᠷᠢᠶᠠᠨ ᠭᠠᠵᠠᠷ ᠤᠨ ᠬᠢᠴᠢᠶᠡᠯ ᠤᠨ ᠲᠠᠩᠬᠢᠮ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠬᠡᠷᠡᠭᠯᠡᠵᠦ᠂ ᠵᠢᠱᠢᠶ᠎ᠡ ᠦᠵᠡᠭᠦᠯᠬᠦ ᠡᠷᠦᠬᠡ ᠶᠢ ᠵᠣᠬᠢᠶᠠᠨ ᠪᠠᠶᠢᠭᠤᠯᠵᠤ ᠲᠤᠰᠬᠠᠶ ᠰᠤᠷᠤᠯᠴᠠᠯᠭ᠎ᠠ ᠶᠢ ᠲᠥᠪᠯᠡᠷᠡᠭᠦᠯᠦᠨ ᠥᠷᠨᠢᠭᠦᠯᠦᠨ᠎ᠡ᠃ ᠪᠥᠬᠦ ᠤᠯᠤᠰ ᠤᠨ ᠣᠶᠤᠨᠴᠢ ᠬᠠᠤᠯᠢ ᠲᠦᠭᠡᠮᠡᠯᠵᠢᠭᠦᠯᠬᠦ ᠲᠠᠪᠴᠠᠩ᠂ ᠪᠥᠬᠦ ᠤᠯᠤᠰ  ᠤᠨ ᠲᠠᠷᠢᠶᠠᠯᠠᠩ  ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ  ᠤᠨ ᠡᠭᠦᠯᠡᠨ ᠲᠠᠪᠴᠠᠩ᠂ ᠴᠥᠩ ᠨᠦᠩ ᠡᠭᠦᠯᠡᠨ ᠬᠢᠴᠢᠶᠡᠯ  ᠤᠨ ᠲᠠᠩᠬᠢᠮ  ᠪᠠ ᠬᠠᠤᠯᠢ ᠴᠠᠭᠠᠵᠠ  ᠶᠢᠨ ᠰᠦᠯᠵᠢᠶᠡᠨ  ᠤ ᠪᠣᠯᠪᠠᠰᠤᠷᠠᠭᠤᠯᠤᠯ  ᠤᠨ ᠲᠠᠪᠴᠠᠩ ᠵᠡᠷᠭᠡ ᠠᠴᠢᠶᠠᠯᠠᠪᠤᠷᠢ  ᠶᠢ ᠬᠦᠢᠴᠡᠳ ᠠᠰᠢᠭᠯᠠᠨ᠂ ᠰᠦᠯᠵᠢᠶᠡᠨ ᠳᠡᠭᠡᠷ᠎ᠡ ᠬᠠᠤᠯᠢ ᠰᠤᠷᠴᠤ ᠬᠠᠤᠯᠢ ᠬᠡᠷᠡᠭᠯᠡᠬᠦ ᠬᠢᠴᠢᠶᠡᠯ ᠨᠡᠭᠡᠭᠡᠵᠦ᠂ ᠵᠢᠱᠢᠶ᠎ᠡ ᠦᠵᠡᠭᠦᠯᠬᠦ ᠡᠷᠦᠬᠡ  ᠶᠢ ᠵᠣᠬᠢᠶᠠᠨ ᠪᠠᠶᠢᠭᠤᠯᠤᠨ ᠰᠦᠯᠵᠢᠶᠡᠨ  ᠳᠡᠭᠡᠷ᠎ᠡ ᠰᠤᠷᠤᠯᠴᠠᠭᠤᠯᠵᠤ᠂ ᠵᠢᠱᠢᠶ᠎ᠡ ᠦᠵᠡᠭᠦᠯᠬᠦ ᠡᠷᠦᠬᠡ  ᠳᠤ ᠰᠦᠯᠵᠢᠶᠡᠨ  ᠳᠡᠭᠡᠷᠡᠬᠢ ᠬᠠᠤᠯᠢ ᠴᠠᠭᠠᠵᠠ  ᠶᠢᠨ ᠦᠢᠯᠡᠴᠢᠯᠡᠭᠡ ᠬᠠᠩᠭᠠᠵᠤ᠂ ᠪᠤᠶᠢᠵᠢᠭᠤᠯᠤᠨ ᠬᠡᠷᠡᠭᠵᠢᠭᠦᠯᠬᠦ ᠦᠷ᠎ᠡ ᠪᠦᠲᠦᠮᠵᠢ  ᠶᠢ ᠳᠡᠭᠡᠭᠰᠢᠯᠡᠭᠦᠯᠦᠨ᠎ᠡ᠃      ︵ᠭᠤᠷᠪᠠ︶ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠪᠤᠶᠢᠵᠢᠭᠤᠯᠵᠤ ᠵᠢᠯᠣᠭᠤᠳᠬᠤ ᠪᠠᠨ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ᠂ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠰᠬᠠᠶ ᠮᠡᠷᠭᠡᠵᠢᠯ ᠤᠨ ᠨᠡᠶᠢᠭᠡᠮᠯᠢᠭ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠤ ᠰᠠᠭᠤᠷᠢᠨ ᠭᠠᠵᠠᠷ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠪᠣᠯᠪᠠᠰᠤᠷᠠᠭᠤᠯᠤᠯ ᠤᠨ ᠡᠭᠦᠷᠭᠡ ᠶᠢ ᠳᠠᠭᠠᠭᠠᠨ ᠡᠭᠦᠷᠭᠡᠯᠡᠵᠦ᠂ ᠪᠤᠶᠢᠵᠢᠭᠤᠯᠬᠤ ᠦᠢᠯᠡᠴᠢᠯᠡᠭᠡ ᠬᠠᠩᠭᠠᠬᠤ ᠬᠡᠷᠡᠭᠲᠡᠶ︔ ᠲᠠᠷᠢᠶᠠᠴᠢᠨ ᠠᠶᠢᠯ ᠤᠨ ᠨᠣᠮ ᠤᠨ ᠥᠷᠥᠭᠡ᠂ ᠠᠵᠢᠯᠯᠠᠭᠠᠨ ᠤ ᠠᠭᠤᠳᠠᠮ ᠲᠠᠯᠠᠪᠠᠶ ᠵᠢᠴᠢ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠵᠡᠷᠭᠡ ᠬᠥᠮᠦᠰ ᠬᠤᠷᠠᠨ ᠴᠤᠭᠯᠠᠷᠠᠬᠤ ᠭᠠᠵᠠᠷ ᠲᠠᠯᠠᠪᠤᠷ ᠢ ᠬᠦᠢᠴᠡᠳ ᠠᠰᠢᠭᠯᠠᠬᠤ ᠶᠢᠨ ᠬᠠᠮᠲᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠠᠵᠤ ᠠᠬᠤᠶᠢᠯᠠᠯ᠂ ᠮᠠᠯᠴᠢᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠲᠦᠰᠢᠭᠯᠡᠨ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠬᠥᠮᠦᠵᠢᠯ ᠤᠨ ᠰᠠᠭᠤᠷᠢᠨ ᠭᠠᠵᠠᠷ ᠢ ᠪᠣᠶ ᠪᠣᠯᠭᠠᠵᠤ᠂ ᠮᠠᠯᠴᠢᠨ ᠲᠠᠷᠢᠶᠠᠴᠢᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠳᠤ ᠨᠠᠩ ᠰᠠᠶᠢᠲᠤᠷ ᠦᠢᠯᠡᠴᠢᠯᠡᠨ᠎ᠡ︔ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ  ᠨᠠᠶᠢᠳᠠᠪᠣᠷᠢᠵᠢᠭᠤᠯᠬᠤ᠂ ᠠᠶᠢᠮᠠᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠤᠭᠤᠳ ᠲᠣᠭᠤᠷᠢᠭ ᠢ ᠳᠠᠭᠠᠭᠠᠴᠢᠯᠠᠨ ᠬᠡᠰᠡᠭ ᠭᠠᠵᠠᠷ ᠢ ᠳᠠᠭᠠᠭᠠᠴᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠨ ᠬᠠᠤᠯᠢ ᠰᠤᠷᠴᠤ ᠬᠠᠤᠯᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ ᠲᠠᠢ ︽ᠬᠤᠤᠰᠯᠠᠵᠤ︾᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠴᠢᠭᠯᠡᠭᠦᠯᠬᠦ ᠴᠢᠨᠠᠷᠲᠠᠶ ᠬᠥᠮᠦᠵᠢᠭᠦᠯᠦᠨ ᠪᠤᠶᠢᠵᠢᠭᠤᠯᠬᠤ ᠵᠢᠯᠣᠭᠤᠳᠣᠯᠭ᠎ᠠ ᠪᠠ ᠮᠥᠷᠳᠡᠨ ᠦᠢᠯᠡᠴᠢᠯᠡᠭᠡ ᠬᠠᠩᠭᠠᠬᠤ ᠬᠡᠷᠡᠭᠲᠡᠶ᠃      ︵ᠳᠥᠷᠪᠡ︶ ᠵᠢᠱᠢᠶ᠎ᠡ ᠦᠵᠡᠭᠦᠯᠦᠨ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠵᠤ᠂ ᠬᠢᠨᠠᠨ ᠰᠢᠨᠵᠢᠵᠦ ᠦᠨᠡᠯᠡᠨ ᠵᠢᠱᠢᠬᠦ ᠶᠢ ᠰᠠᠶᠢᠲᠤᠷ ᠬᠢᠨ᠎ᠠ᠃ 2021 ᠣᠨ ᠠᠴᠠ ᠡᠬᠢᠯᠡᠨ᠂ ᠬᠥᠳᠡᠭᠡ ᠲᠣᠰᠬᠤᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ ᠶᠢ ᠮᠠᠭᠠᠳᠯᠠᠨ ᠲᠣᠭᠲᠠᠭᠠᠬᠤ ᠪᠠ ᠪᠠᠶᠢᠴᠠᠭᠠᠨ ᠰᠢᠯᠭᠠᠵᠤ ᠦᠨᠡᠯᠡᠨ ᠵᠢᠱᠢᠬᠦ ᠠᠵᠢᠯ ᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠤᠨ᠎ᠠ᠃ ᠡᠯ᠎ᠡ ᠰᠤᠮᠤ ᠪᠠᠯᠭᠠᠰᠤ ᠵᠢᠯ ᠪᠦᠷᠢ ᠶᠢᠨ 2 ᠰᠠᠷ᠎ᠠ ᠶᠢᠨ ᠰᠡᠭᠦᠯᠴᠢ ᠠᠴᠠ ᠡᠮᠦᠨ᠎ᠡ ᠵᠢᠱᠢᠶ᠎ᠡ ᠦᠵᠡᠭᠦᠯᠬᠦ ᠡᠷᠦᠬᠡ ᠶᠢᠨ ᠨᠡᠷᠡᠰ ᠢ ᠬᠤᠰᠢᠭᠤ ᠨᠡᠭᠡᠭᠡᠯᠳᠡ ᠶᠢᠨ ᠣᠷᠣᠨ ᠤ ᠲᠠᠷᠢᠶᠠᠯᠠᠩ ᠮᠠᠯ ᠠᠵᠤ ᠠᠬᠤᠶ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ᠂ ᠬᠤᠰᠢᠭᠤ  ᠨᠡᠭᠡᠭᠡᠯᠳᠡ ᠶᠢᠨ ᠣᠷᠣᠨ ᠤ ᠲᠠᠷᠢᠶᠠᠯᠠᠩ ᠮᠠᠯ ᠠᠵᠤ ᠠᠬᠤᠶ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠬᠢᠨᠠᠨ ᠬᠠᠷᠭᠤᠭᠤᠯᠤᠭᠰᠠᠨ ᠤ ᠳᠠᠷᠠᠭ᠎ᠠ ᠠᠶᠢᠮᠠᠭ ᠤᠨ ᠱᠠᠲᠤᠨ ᠤ ᠲᠠᠷᠢᠶᠠᠯᠠᠩ ᠮᠠᠯ ᠠᠵᠤ ᠠᠬᠤᠶ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠠᠶᠢᠮᠠᠭ ᠤᠨ ᠱᠠᠲᠤᠨ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠲᠢᠩᠬᠢᠮ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠳᠤ ᠮᠡᠳᠡᠭᠦᠯᠦᠨ ᠬᠦᠷᠭᠡᠨ᠎ᠡ︔ ᠨᠢᠭᠡᠨᠲᠡ ᠮᠠᠭᠠᠳᠯᠠᠨ ᠲᠣᠭᠲᠠᠭᠠᠭᠰᠠᠨ ᠵᠢᠱᠢᠶ᠎ᠡ ᠦᠵᠡᠭᠦᠯᠬᠦ ᠡᠷᠦᠬᠡ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠵᠢᠱᠢᠶ᠎ᠡ ᠦᠵᠡᠭᠦᠯᠬᠦ ᠡᠷᠦᠬᠡ ᠶᠢᠨ ᠴᠣᠯᠠ ᠶᠢ ᠨᠢ ᠬᠦᠴᠦᠨ ᠥᠬᠡᠶ ᠪᠣᠯᠭᠠᠬᠤ ᠴᠢᠬᠤᠯᠠᠳᠠᠢ ᠪᠣᠯ᠂ ᠬᠤᠰᠢᠭᠤ ᠨᠡᠭᠡᠭᠡᠯᠳᠡ ᠶᠢᠨ ᠣᠷᠣᠨ ᠤ ᠲᠠᠷᠢᠶᠠᠯᠠᠩ ᠮᠠᠯ ᠠᠵᠤ ᠠᠬᠤᠶ  ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠬᠢᠨᠠᠨ ᠬᠠᠷᠭᠤᠭᠤᠯᠤᠭᠰᠠᠨ ᠤ ᠳᠠᠷᠠᠭ᠎ᠠ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠳᠤ ᠮᠡᠳᠡᠭᠦᠯᠦᠨ ᠬᠦᠷᠭᠡᠵᠦ ᠬᠦᠴᠦᠨ ᠥᠬᠡᠶ ᠪᠣᠯᠭᠠᠬᠤ ᠶᠢᠨ ᠬᠠᠮᠲᠤ ᠲᠡᠮᠳᠡᠭ ᠫᠠᠶᠢᠰᠠ ᠶᠢ ᠨᠢ ᠬᠤᠷᠢᠶᠠᠨ ᠠᠪᠬᠤ ᠬᠡᠷᠡᠭᠲᠡᠶ᠃      ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号