ᠮᠠᠨ ᠤ ᠣᠷᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2022/2/28
       ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠪᠣᠯᠣᠨ ᠭᠦᠭᠡᠬᠤᠲᠠ ᠶᠢᠨ ᠵᠠᠰᠠᠭ ᠤᠨ ᠣᠷᠳᠣᠨ ᠶᠠᠷᠢᠯᠴᠠᠬᠤ ᠬᠤᠷᠠᠯ ᠬᠤᠷᠠᠯᠳᠤᠭᠤᠯᠵᠤ᠂ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠠᠵᠢᠯ ᠢ ᠵᠣᠯᠭᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠬᠠᠮᠲᠤ ᠪᠠᠷ ᠪᠦᠲᠦᠭᠡᠨ ᠪᠠᠶᠢᠭᠤᠯᠬᠤ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠰᠤᠳᠤᠯᠤᠨ ᠲᠣᠭᠲᠠᠭᠠᠪᠠ᠃        ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠢᠭᠡᠳ ᠭᠦᠭᠡᠬᠤᠲᠠ ᠶᠢᠨ ᠵᠠᠰᠠᠭ ᠤᠨ ᠣᠷᠳᠣᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠠᠮᠵᠢᠨ ᠣᠷᠣᠨ ᠤ ᠲᠥᠪ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠲᠢᠩᠬᠢᠮ ᠬᠤᠲᠠ ᠬᠤᠶᠠᠷ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠪᠦᠭᠦ ᠶᠠᠪᠤᠴᠠ ᠶᠢᠨ ᠦᠢᠯᠡᠴᠢᠯᠡᠭᠡ ᠶᠢ ᠬᠠᠮᠲᠤ ᠪᠠᠷ ᠴᠣᠭᠴᠠᠯᠠᠵᠤ᠂ ᠣᠷᠣᠨ ᠤ ᠲᠥᠪ ᠬᠤᠲᠠ ᠶᠢᠨ ᠰᠢᠨ᠎ᠡ ᠶᠢ ᠡᠭᠦᠳᠭᠦ ᠥᠨᠳᠦᠷᠯᠢᠭ ᠢ ᠪᠠᠶᠢᠭᠤᠯᠬᠤ ᠶᠢᠨ ᠤᠯᠠᠮ ᠢᠶᠠᠷ ᠪᠦᠭᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠳᠠᠶᠢᠴᠢᠯᠠᠵᠤ᠂ ᠮᠠᠨ ᠤ ᠣᠷᠣᠨ ᠤ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠣᠨ᠎ᠠ᠃        ᠶᠠᠷᠢᠯᠴᠠᠬᠤ ᠬᠤᠷᠠᠯ ᠳᠤ᠂ ᠭᠦᠭᠡᠬᠤᠲᠠ ᠶᠢᠨ ᠵᠠᠰᠠᠭ ᠤᠨ ᠣᠷᠳᠣᠨ ᠤ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠤᠯᠠᠷᠢᠭᠤᠯᠬᠤ ᠠᠵᠢᠯ ᠤᠨ ᠰᠡᠳᠬᠢᠴᠡ ᠪᠠ ᠪᠠᠶᠢᠷᠢᠰᠢᠭᠤᠯᠤᠯᠲᠠ ᠪᠠᠨ ᠲᠠᠨᠢᠯᠴᠠᠭᠤᠯᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠠᠵᠠ ᠲᠣᠭᠢᠶᠠᠯ ᠪᠤᠯᠭᠠᠵᠤ᠂ ᠣᠷᠣᠨ ᠤ ᠲᠥᠪ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠡᠬᠢ ᠪᠠᠶᠠᠯᠢᠭ ᠢ ᠲᠥᠪᠯᠡᠷᠡᠭᠦᠯᠦᠨ ᠨᠡᠶᠢᠳᠬᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠮᠥᠩᠭᠦᠨ ᠭᠦᠢᠯᠭᠡᠭᠡ᠂ ᠠᠵᠤ ᠦᠢᠯᠡᠰ᠂ ᠴᠢᠳᠠᠪᠤᠷᠢᠲᠠᠨ ᠤ ᠤᠶᠠᠯᠳᠤᠯ ᠢ ᠠᠬᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠢ ᠶᠢ ᠬᠥᠭᠵᠢᠭᠦᠯᠬᠦ᠂ ᠣᠳᠣᠬᠢᠴᠢᠯᠠᠭᠰᠠᠨ ᠣᠷᠣᠨ ᠪᠦᠰᠡ ᠶᠢᠨ ᠰᠢᠨ᠎ᠡ ᠶᠢ ᠡᠭᠦᠳᠭᠦ ᠬᠤᠲᠠ ᠶᠢ ᠪᠠᠶᠢᠭᠤᠯᠬᠤ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠵᠢᠯᠣᠭᠤᠳᠤᠯᠭ᠎ᠠ ᠪᠠ ᠳᠡᠮᠵᠢᠯᠭᠡ ᠶᠢ ᠣᠯᠬᠤ ᠶᠢ ᠬᠦᠰᠡᠵᠦ ᠪᠠᠶᠢᠬᠤ ᠪᠠᠨ ᠢᠯᠡᠳᠬᠡᠪᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠭᠦᠭᠡᠬᠤᠲᠠ ᠪᠤᠭᠤᠲᠤ ᠣᠷᠳᠣᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠵᠢᠱᠢᠶ᠎ᠡ ᠦᠵᠡᠭᠦᠯᠭᠦ ᠣᠷᠣᠨ᠂ ᠬᠤᠷᠢᠨᠭᠡᠷ ᠰᠢᠨ᠎ᠡ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠬᠤ ᠶᠢ ᠳᠡᠮᠵᠢᠭᠦ ᠪᠠᠨ ᠢᠯᠡᠳᠬᠡᠵᠦ᠂ ᠭᠦᠭᠡᠬᠤᠲᠠ ᠶᠢᠨ ᠬᠢᠨ ᠢ ᠡᠯ᠎ᠡ ᠲᠥᠷᠥᠯ ᠤᠨ ᠰᠢᠨ᠎ᠡ ᠶᠢ ᠡᠭᠦᠳᠭᠦ ᠲᠠᠪᠴᠠᠩ ᠤᠨ ᠲᠦᠷᠭᠡᠨ ᠬᠥᠭᠵᠢᠯᠲᠡ ᠶᠢ ᠠᠬᠢᠭᠤᠯᠬᠤ ᠶᠢ ᠬᠦᠰᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号