| ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠭᠡᠭᠰᠡᠨ︶ ᠬᠤᠷᠠᠯ ᠳᠡᠭᠡᠷᠡᠬᠢ ᠶᠠᠷᠢᠶ᠎ᠠ | ︵2022 ᠤᠨ ᠤ 1 ᠰᠠᠷ᠎ᠠ ᠶᠢᠨ 6 ᠤ ᠡᠳᠦᠷ︶ | ᠯᠢ ᠵᠦᠩ ᠽᠧᠩ | | | ᠰᠠᠶ᠋ᠢᠬᠠᠨ᠂ ᠳᠠᠶᠢᠴᠢᠨ ᠱᠦᠵᠢ ︽ᠡᠬᠢᠯᠡᠯᠲᠡ ᠶᠢᠨ ᠵᠢᠯ︾ ᠤᠨ ᠡᠯ᠎ᠡ ᠵᠦᠢᠯ ᠤᠨ ᠠᠵᠢᠯ ᠢᠶᠠᠨ ᠪᠥᠬᠦ | ᠲᠠᠯ᠎ᠠ ᠪᠠᠷ ᠳ᠋ᠦᠩᠨᠡᠵᠦ᠂ ᠣᠳᠣᠬᠠᠨ ᠤ ᠪᠠᠶᠢᠳᠠᠯ ᠢ ᠭᠦᠨᠵᠡᠭᠡᠶ ᠵᠠᠳᠠᠯᠤᠨ᠂ ᠪᠥᠬᠦ ᠠᠶᠢᠮᠠᠭ ᠤᠨ ᠬᠥᠭᠵᠢᠯᠲᠡ ᠶᠢᠨ | ᠰᠢᠨ᠎ᠡ ᠰᠡᠳᠬᠢᠴᠡ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠲᠣᠳᠣᠷᠬᠠᠶ ᠳᠤᠷᠠᠳᠪᠠ᠃ ᠳᠠᠶᠢᠴᠢᠨ ᠱᠦᠵᠢ ᠶᠢᠨ | ᠶᠠᠷᠢᠶ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠤᠷᠢᠶᠠᠯᠠᠭ᠎ᠠ ᠶᠢ ᠴᠢᠩᠭ᠎ᠠ ᠲᠠᠭᠠᠵᠤ᠂ ᠨᠠᠮ ᠤᠨ ᠲᠥᠪ ᠬᠤᠷᠢᠶ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠵᠤ᠂ ᠠᠯᠠᠱᠠ ᠶᠢᠨ ᠪᠣᠳᠠᠲᠤ | ᠪᠠᠶᠢᠳᠠᠯ ᠢ ᠦᠨᠳᠦᠰᠦᠯᠡᠨ᠂ ᠤᠯᠤᠰ ᠲᠦᠷᠦ ᠶᠢᠨ ᠵᠣᠭᠰᠣᠴᠠ ᠥᠨᠳᠥᠷ᠂ ᠵᠠᠳᠠᠯᠤᠯᠲᠠ ᠰᠤᠳᠤᠯᠤᠨ ᠮᠠᠭᠠᠳᠯᠠᠯ | ᠣᠨᠣᠪᠴᠢᠲᠠᠢ᠂ ᠰᠢᠰᠲ᠋ᠧᠮ ᠲᠠᠢ ᠲᠦᠯᠦᠪᠵᠢᠭᠦᠯᠦᠯᠳᠡ ᠭᠦᠨᠵᠡᠭᠡᠢ᠂ ᠠᠵᠢᠯ ᠤᠨ ᠨᠠᠶᠢᠳᠠᠪᠤᠷᠢᠵᠢᠭᠤᠯᠤᠯᠲᠠ ᠪᠣᠳᠠᠲᠠᠢ᠂ | ᠠᠯᠤᠰ ᠬᠡᠳᠦ ᠶᠢ ᠪᠣᠳᠣᠯᠬᠢᠯᠠᠵᠤ᠂ ᠪᠦᠬᠦ ᠲᠠᠯ᠎ᠠ ᠶᠢ ᠨᠢᠭᠡᠳᠦᠯᠲᠡᠢ ᠲᠦᠯᠦᠪᠵᠢᠭᠦᠯᠦᠭᠰᠡᠨ ᠢᠶᠠᠷ ᠪᠠᠷᠠᠬᠤ ᠦᠭᠡᠢ ᠪᠠᠰᠠ | ᠪᠠᠷᠢᠮᠵᠢᠶᠠᠯᠠᠨ ᠬᠠᠷᠭᠤᠭᠤᠯᠵᠤ᠂ ᠭᠤᠣᠯᠳᠠᠯᠭ᠎ᠠ ᠶᠢ ᠳᠤᠪᠤᠶᠢᠯᠭᠠᠵᠦ᠂ ᠡᠨᠡ ᠵᠢᠯ ᠪᠠ ᠬᠤᠶᠢᠰᠢᠲᠠ ᠶᠢᠨ ᠨᠢᠬᠡ | ᠬᠤᠭᠤᠴᠠᠭᠠᠨ ᠤ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠪᠤᠯᠤᠭᠰᠠᠨ ᠪᠠᠶᠢᠨ᠎ᠠ᠃ ᠪᠢᠳᠡ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠪᠠᠨ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠡᠷᠡᠰ | ᠨᠢᠭᠡᠳᠬᠡᠵᠦ᠂ ᠪᠦᠬᠦ ᠬᠦᠴᠦᠨ ᠢᠶᠠᠷ ᠢᠶᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ | ᠬᠡᠷᠡᠭᠳᠡᠢ᠃ ᠳᠣᠣᠷ᠎ᠠ ᠪᠢ ᠡᠨᠡ ᠵᠢᠯ ᠤᠨ ᠠᠵᠢᠯ ᠢ ᠰᠠᠶᠢᠲᠤᠷ ᠬᠢᠬᠦ ᠲᠣᠭᠤᠷᠢᠨ ᠳᠤ ᠲᠦᠷᠪᠡᠨ ᠲᠠᠯ᠎ᠠ ᠶᠢᠨ ᠰᠠᠨᠠᠯ ᠢᠶᠠᠨ | ᠶᠠᠷᠢᠶ᠎ᠠ᠃ | ᠨᠢᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠤᠨ | ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠲᠦᠢᠯ ᠤᠨ ᠬᠢᠯᠪᠡᠷ ᠪᠤᠰᠤ᠂ ᠲᠦᠢᠯ ᠤᠨ ᠶᠡᠷᠦ ᠪᠤᠰᠤ ᠶᠢᠨ ᠨᠢᠭᠡ | ᠵᠢᠯ ᠮᠥᠨ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠠᠭᠠᠷᠢᠯᠲᠠ ᠪᠠ ᠬᠦᠨᠳᠦ | ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠤᠨ ᠡᠮᠦᠨ᠎ᠡ᠂ ᠪᠢᠳᠡ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ | ᠂ ᠬᠠᠷᠢᠭᠤᠴᠠᠯᠭ᠎ᠠ ᠡᠭᠦᠷᠭᠡᠯᠡᠯ ᠢᠶᠠᠷ ᠨᠠᠮ ᠤᠨ ᠵᠠᠭᠤᠨ ᠵᠢᠯ ᠤᠨ ᠣᠶ ᠶᠢ ᠪᠡᠯᠭᠡᠯᠡᠵᠦ᠂ ᠪᠣᠳᠠᠲᠠᠶ ᠠᠵᠢᠯᠯᠠᠨ | ᠡᠷᠡᠮᠡᠬᠡᠶᠢᠯᠡᠨ ᠲᠡᠮᠡᠴᠡᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠲᠣᠭᠲᠠᠭᠤᠨ᠂ ᠳᠠᠪᠰᠢᠭᠰᠠᠨ᠂ ᠰᠠᠶᠢᠨ | ᠂ ᠰᠢᠯᠢᠳᠡᠭ︾ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ | ---- ᠬᠢᠵᠢᠭ ᠤᠨ ᠪᠠᠶᠢᠳᠠᠯ ᠲᠠᠢ ᠬᠦᠴᠦᠯᠡᠨ ᠲᠡᠮᠡᠴᠡᠵᠦ᠂ ᠠᠵᠤ ᠠᠬᠤᠶ ᠶᠢ ᠠᠬᠢᠭᠤᠯᠤᠨ᠂ ︽ᠲᠣᠭᠲᠠᠭᠤᠨ︾ | ᠤ ᠰᠠᠭᠤᠷᠢ ᠶᠢ ᠦᠷᠭᠦᠯᠵᠢᠯᠡᠨ ᠪᠠᠬᠢᠵᠢᠭᠦᠯᠪᠡ᠃ ᠨᠢᠭᠡ ᠳᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠪᠠᠲᠤᠯᠠᠪᠠ᠃ ᠪᠦᠬᠦ ᠬᠦᠴᠦᠨ ᠢᠶᠠᠷ ᠢᠶᠠᠨ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠨ᠂ | ᠲᠣᠭᠲᠠᠭᠤᠨ ᠢ ᠬᠠᠮᠠᠭᠠᠯᠠᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ | ᠵᠠᠰᠠᠯᠲᠠ ᠶᠢ ᠴᠢᠩᠭᠠᠳᠬᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠷᠭᠦᠯᠵᠢᠯᠡᠨ ᠪᠠᠲᠤᠯᠠᠪᠠ᠃ | ᠢᠯᠠᠩᠭᠤᠶ᠎ᠠ ᠭᠡᠨᠡᠳᠲᠡ ᠳᠡᠯᠭᠡᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠡᠮᠦᠨ᠎ᠡ᠂ ᠪᠢᠳᠡ ᠪᠦᠬᠦ ᠬᠦᠴᠦᠨ ᠢᠶᠠᠷ ᠬᠢᠵᠢᠭ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠤᠯᠪᠠ᠃ | ᠬᠢᠵᠢᠭ ᠤᠨ ᠪᠠᠶᠢᠳᠠᠯ ᠥᠩᠭᠡᠷᠡᠭᠰᠡᠨ ᠤ ᠲᠠᠷᠠᠭ᠎ᠠ᠂ ᠪᠢᠳᠡ ᠡᠪᠡᠷᠰᠢᠶᠡᠯ ᠢ ᠲᠡᠰᠪᠦᠷᠢᠯᠡᠨ ᠪᠡᠷᠭᠡᠰᠢᠶᠡᠯ ᠢ ᠪᠤᠳᠤᠯᠬᠢᠯᠠᠵᠦ᠂ | ᠬᠠᠮᠤᠭ ᠤᠨ ᠬᠤᠷᠳᠤᠨ ᠢᠶᠠᠷ ᠪᠦᠬᠦ ᠲᠠᠯ᠎ᠠ ᠪᠠᠷ ᠡᠷᠭᠢᠴᠡᠭᠦᠯᠦᠨ ᠲᠤᠩᠭᠠᠵᠦ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠨ᠂ | ᠲᠦᠷᠢᠮ ᠲᠣᠭᠲᠠᠴᠠ ᠪᠠᠨ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠤᠨ᠂ ᠳᠤᠲᠠᠭᠤᠳᠠᠯ | ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠡᠪ ᠤᠨ ᠦᠢᠯᠡᠳᠪᠦᠷᠢᠯᠡᠯ | ᠠᠮᠢᠳᠤᠷᠠᠯ ᠤᠨ ᠡᠮᠬᠢ ᠳᠢᠭᠯᠢᠮ ᠢ ᠰᠡᠷᠭᠦᠭᠡᠨ᠂ ᠬᠢᠯᠪᠠᠷ ᠪᠤᠰᠤ ᠢᠷᠡᠭᠰᠡᠨ ᠰᠡᠷᠭᠡᠶᠢᠯᠡᠨ ᠡᠵᠡᠮᠳᠡᠭᠰᠡᠨ ᠦᠷ᠎ᠡ | ᠪᠦᠲᠦᠭᠡᠯ ᠢᠶᠠᠨ ᠪᠠᠬᠢᠵᠢᠭᠦᠯᠪᠡ᠃ ᠬᠤᠶᠠᠷ ᠲᠤ ᠠᠵᠤ ᠠᠬᠤᠢ ᠶᠢᠨ ᠡᠷᠭᠢᠯᠲᠡ ᠶᠢᠨ ᠲᠣᠭᠲᠠᠭᠤᠨ ᠢ ᠪᠠᠲᠤᠯᠠᠪᠠ᠃ | ᠵᠠᠳᠠᠯᠤᠨ ᠵᠤᠬᠢᠴᠠᠭᠤᠯᠬᠤ ᠪᠠᠨ ᠴᠢᠩᠭᠠᠳᠬᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ | ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠢᠱᠢᠭᠰᠡᠨ ᠢᠶᠠᠷ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ | 8% ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 4% ᠪᠠᠷ | ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7.95% ᠪᠠᠷ ᠨᠡᠮᠡᠭᠳᠡᠭᠦᠯᠵᠦ᠂ ᠠᠵᠤ | ᠠᠬᠤᠶ ᠶᠢᠨ ᠡᠷᠭᠢᠯᠲᠡ ᠶᠢ ᠵᠦᠶ ᠵᠣᠬᠢᠰᠲᠠᠶ ᠬᠡᠪᠴᠢᠶᠡᠨ ᠳᠤ ᠪᠠᠶᠢᠯᠭᠠᠵᠤ᠂ ᠣᠨ ᠤ ᠵᠢᠱᠢᠭᠰᠡᠨ ᠬᠠᠷᠠᠯᠲᠠ ᠪᠠᠨ | ᠨᠡᠯᠢᠶᠡᠳ ᠰᠠᠶᠢᠨ ᠪᠡᠶᠡᠯᠡᠭᠦᠯᠪᠡ᠃ ᠭᠤᠷᠪᠠ ᠳᠤ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠤᠨ ᠲᠣᠭᠲᠠᠭᠤᠨ ᠢ | ᠪᠠᠲᠤᠯᠠᠪᠠ᠃ ᠵᠢᠱᠢᠭᠰᠡᠨ ᠢᠶᠠᠷ ᠪᠥᠬᠦ ᠵᠢᠯ ᠤᠨ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 4.7 ᠲᠦᠮᠡᠨ ᠲᠥᠭᠦᠷᠢᠭ ᠲᠤ ᠬᠦᠷᠴᠦ᠂ 7% ᠪᠠᠷ | ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ | ᠡᠵᠡᠮᠳᠡᠵᠦ ᠪᠣᠯᠬᠤ ᠣᠷᠣᠯᠭ᠎ᠠ 2.5 ᠲᠦᠮᠡᠨ ᠲᠥᠭᠦᠷᠢᠭ ᠲᠤ ᠬᠦᠷᠴᠦ᠂ 8% ᠪᠠᠷ ᠨᠡᠮᠡᠭᠳᠡᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠵᠤ ᠠᠬᠤᠶ ᠶᠢᠨ ᠨᠡᠮᠡᠭᠳᠡᠯ ᠤᠨ | ᠬᠤᠷᠳᠤᠴᠠ ᠠᠴᠠ ᠥᠨᠳᠥᠷ ᠪᠠᠶᠢᠬᠤ ᠰᠠᠶᠢᠨ ᠰᠠᠶᠢᠬᠠᠨ ᠪᠠᠶᠢᠳᠠᠯ ᠢ ᠪᠠᠲᠤᠯᠠᠪᠠ︔ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.61% ᠶᠢᠨ ᠨᠡᠯᠢᠶᠡᠳ ᠳᠣᠣᠷ᠎ᠠ ᠬᠢᠷᠢ ᠬᠡᠮᠵᠢᠶᠡᠨ ᠳᠤ | ᠬᠢᠵᠠᠭᠠᠷᠯᠠᠪᠠ᠃ ᠳᠦᠷᠪᠡ ᠳᠤ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠲᠣᠭᠲᠠᠭᠤᠨ ᠢ ᠪᠠᠲᠤᠯᠠᠪᠠ᠃ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠯᠠᠪᠳᠠᠭᠤᠨ ᠢᠶᠠᠷ ᠰᠢᠢᠳᠪᠦᠷᠢᠯᠡᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠳᠠᠬᠢ ᠭᠠᠶᠢᠯᠢ ᠲᠠᠲᠠᠪᠤᠷᠢ ᠬᠢᠭᠡᠳ ᠭᠠᠶᠢᠯᠢ ᠶᠢᠨ ᠪᠤᠰᠤ ᠣᠷᠣᠯᠭ᠎ᠠ ᠶᠢᠨ | ᠪᠦᠲᠦᠴᠡ ᠶᠢ 70.5᠄ 29.5 ᠪᠤᠯᠭᠠᠨ ᠲᠤᠬᠢᠷᠠᠭᠤᠯᠵᠦ᠂ ᠵᠦᠶ ᠪᠤᠰᠤ ᠵᠢᠭᠡᠯᠡᠯᠭᠡ ᠶᠢᠨ ᠨᠣᠷᠮ᠎ᠠ ᠨᠢ ᠪᠠᠭᠤᠷᠠᠭᠠᠳ | 3.64 % ᠪᠤᠯᠪᠠ᠃ ᠡᠨᠡ ︽ᠳᠥᠷᠪᠡᠨ ᠲᠣᠭᠲᠠᠭᠤᠨ︾ ᠨᠢ ᠠᠵᠤ ᠠᠬᠤᠶ ᠶᠢ ᠲᠣᠭᠲᠠᠪᠤᠷᠢᠵᠢᠭᠤᠯᠵᠤ᠂ | ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠵᠤ᠂ ᠬᠥᠭᠵᠢᠯᠲᠡ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠵᠤ᠂ | ᠪᠦᠲᠦᠴᠡ ᠶᠢ ᠨᠡᠩ ᠰᠠᠶᠢᠨ ᠲᠤᠬᠢᠷᠠᠭᠤᠯᠬᠤ᠂ ᠴᠢᠳᠠᠪᠬᠢ ᠶᠢ ᠨᠡᠩ ᠰᠠᠶᠢᠨ ᠬᠤᠪᠢᠷᠠᠭᠤᠯᠬᠤ᠂ ᠶᠠᠰᠤ ᠴᠢᠨᠠᠷ ᠢ ᠨᠡᠩ | ᠰᠠᠶᠢᠨ ᠳᠡᠭᠡᠭᠰᠢᠯᠡᠭᠦᠯᠬᠦ ᠳᠤ ᠰᠠᠭᠤᠷᠢ ᠲᠠᠯᠪᠢᠵᠤ ᠥᠭᠴᠡᠶ᠃ | ---- ᠬᠦᠴᠦ ᠪᠠᠨ ᠲᠥᠪᠯᠡᠷᠡᠭᠦᠯᠦᠨ ᠲᠥᠷᠥᠯ ᠵᠦᠢᠯ ᠢ ᠠᠳᠬᠤᠵᠤ᠂ ᠠᠵᠤ ᠦᠢᠯᠡᠰ ᠢ | ᠬᠦᠴᠦᠷᠭᠡᠭᠵᠢᠭᠦᠯᠦᠭᠰᠡᠨ ᠠᠴᠠ ︽ᠲᠠᠪᠰᠢᠬᠤ︾ ᠴᠢᠳᠠᠪᠬᠢ ᠢᠯᠡᠳᠲᠡ ᠴᠢᠩᠭᠠᠷᠠᠪᠠ᠃ ᠨᠢᠭᠡ ᠳᠤ | ᠭᠤᠣᠯᠳᠠᠯᠭ᠎ᠠ ᠲᠠᠢ ᠲᠦᠷᠦᠯ ᠵᠦᠢᠯ ᠢ ᠭᠦᠨᠵᠡᠭᠡᠢ ᠠᠬᠢᠭᠤᠯᠪᠠ᠃ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ | ᠡᠬᠢᠯᠡᠭᠦᠯᠦᠨ ᠰᠡᠷᠭᠦᠭᠡᠭᠰᠡᠨ ᠨᠣᠷᠮ᠎ᠠ᠂ ᠪᠡᠯᠡ ᠣᠷᠣᠭᠤᠯᠤᠯᠲᠠ ᠶᠢᠨ ᠬᠡᠮᠵᠢᠶᠡᠨ ᠤ ︽ᠬᠤᠣᠰ ᠨᠡᠮᠡᠭᠳᠡᠯ︾ ᠢ | ᠪᠡᠶᠡᠯᠡᠭᠦᠯᠵᠦ᠂ 160 ᠲᠦᠮᠡᠨ ᠺᠢᠯᠤᠸᠤᠯᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ᠂ ᠪᠥᠸᠧ | ᠶᠤᠸᠠᠨ ᠪᠠᠶᠢᠭᠠᠯᠢ ᠶᠢᠨ ᠬᠤᠵᠢᠷ᠂ ᠬᠤ᠋ ᠮᠧᠩ ᠳᠡᠭᠡᠳᠦ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠠᠵᠤ ᠦᠢᠯᠡᠰ ᠤᠨ | ᠰᠠᠭᠤᠷᠢᠨ ᠭᠠᠵᠠᠷ ᠤᠨ 3 ᠵᠠᠭᠤᠨ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠢ ᠲᠦᠷᠭᠡᠳᠬᠡᠨ ᠪᠦᠲᠦᠭᠡᠨ | ᠪᠠᠶᠢᠭᠤᠯᠪᠠ᠃ ᠪᠠᠯᠠ ᠣᠷᠣᠭᠤᠯᠤᠯᠲᠠ ᠶᠢᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ ᠰᠠᠭᠤᠷᠢ | ᠳᠦᠬᠦᠭᠡᠷᠦᠮᠵᠢ᠂ ᠠᠵᠤ ᠦᠢᠯᠡᠰ ᠤᠨ ᠲᠥᠷᠥᠯ ᠵᠦᠢᠯ ᠨᠢ ᠪᠥᠬᠦ ᠪᠠᠯᠠ ᠣᠷᠣᠭᠤᠯᠤᠯᠲᠠ ᠶᠢᠨ 15.7 % ᠪᠠ 68. | 5 % ᠶᠢ ᠡᠵᠡᠯᠡᠪᠡ᠂ ᠡᠭᠦᠨ ᠳᠤ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 27.1 % ᠪᠠᠷ ᠨᠡᠮᠡᠭᠳᠡᠵᠦ | ᠂ ᠴᠡᠪᠡᠷ ᠡᠨᠧᠷᠭᠢ ᠶᠢᠨ ᠪᠠᠯᠠ ᠣᠷᠣᠭᠤᠯᠤᠯᠲᠠ 49.6 % ᠪᠠᠷ ᠨᠡᠮᠡᠭᠳᠡᠪᠡ᠃ ᠬᠤᠶᠠᠷ ᠲᠤ ᠲᠠᠷᠢᠶᠠᠯᠠᠩ ᠮᠠᠯ ᠠᠵᠤ | ᠠᠬᠤᠢ ᠶᠢᠨ ᠦᠷ᠎ᠡ ᠠᠰᠢᠭ ᠤᠨ ᠨᠡᠮᠡᠭᠳᠡᠯ ᠢ ᠯᠠᠪᠳᠠᠭᠤᠨ ᠠᠬᠢᠭᠤᠯᠪᠠ᠃ ᠲᠠᠷᠢᠮᠠᠯ ᠤᠨ ᠶᠡᠷᠦᠩᠬᠡᠶ ᠳᠠᠷᠢᠬᠤ ᠲᠠᠯᠠᠪᠠᠶ ᠶᠢ | 48 ᠲᠦᠮᠡᠨ ᠮᠥ ᠳᠤ ᠲᠣᠭᠲᠠᠪᠤᠷᠢᠵᠢᠭᠤᠯᠵᠤ᠂ ᠮᠠᠯ ᠤᠨ ᠲᠤᠭ᠎ᠠ ᠲᠣᠯᠣᠭᠠᠶ 127 ᠲᠦᠮᠡ ᠳᠤ ᠬᠦᠷᠴᠦ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠵᠦ ᠤᠯᠠᠷᠢᠭᠤᠯᠤᠭᠰᠠᠨ ᠨᠣᠷᠮ᠎ᠠ | 76.5 % ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ | ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ 9.9 % ᠪᠠᠷ ᠨᠡᠮᠡᠭᠳᠡᠵᠦ᠂ ᠤᠨᠴᠠᠯᠢᠭᠳᠤ ᠠᠵᠤ ᠦᠢᠯᠡᠰ ᠤᠨ | ᠡᠵᠡᠯᠡᠬᠦ ᠬᠠᠷᠢᠴᠠᠯ 70 % ᠳᠤ ᠬᠥᠷᠪᠡ᠃ ᠭᠤᠷᠪᠠ ᠳᠤ ᠠᠵᠤ ᠦᠢᠯᠡᠳᠪᠦᠷᠢ ᠶᠢᠨ ᠳᠡᠰ ᠳᠡᠪᠰᠢᠯᠲᠡ ᠶᠢ | ᠲᠦᠷᠭᠡᠳᠬᠡᠨ ᠠᠬᠢᠭᠤᠯᠪᠠ᠃ ︽ᠬᠤᠶᠠᠷ ᠲᠣᠭᠤᠷᠢᠭ ᠭᠤᠷᠪᠠᠨ ᠬᠦᠷᠢᠶᠡᠯᠡᠩ︾ ᠤᠨ ᠪᠠᠶᠢᠷᠢᠯᠠᠭᠤᠯᠤᠯᠲᠠ | ᠪᠦᠷᠢᠯᠳᠦᠵᠦ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠪᠤᠯᠭᠠᠨ ᠲᠡᠰ ᠲᠡᠪᠰᠢᠬᠦ ᠠᠵᠢᠯ ᠨᠢᠭᠡᠨᠲᠡ ᠰᠢᠨᠵᠢᠯᠡᠭᠡ ᠮᠡᠷᠭᠡᠵᠢᠯ ᠤᠨ ᠶᠠᠮᠤᠨ ᠤ ᠰᠢᠨᠵᠢᠯᠡᠨ | ᠪᠠᠶᠢᠴᠠᠭᠠᠬᠤ ᠨᠥᠬᠦᠴᠡᠯ ᠢ ᠪᠦᠷᠢᠯᠳᠦᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠦᠢᠯᠡᠳᠬᠦᠨ ᠤ | ᠦᠷᠲᠡᠭ ᠤᠨ ᠬᠤᠪᠢ ᠶᠢᠨ ᠵᠢᠩ 30 % ᠣᠷᠴᠢᠮ ᠳᠤ ᠬᠦᠷᠴᠡᠢ︔ ᠤᠯᠤᠰ ᠤᠨ ᠲᠠᠰ ᠤᠨ ᠴᠢᠬᠤᠯᠠ ᠴᠡᠪᠡᠷ | ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠪᠠᠶᠢᠭᠤᠯᠤᠯᠲᠠ ᠶᠢ ᠰᠠᠨᠠᠭᠠᠴᠢᠯᠠᠨ ᠲᠦᠯᠬᠢᠨ ᠠᠬᠢᠭᠤᠯᠵᠦ᠂ ᠪᠥᠲᠥᠭᠡᠨ | ᠪᠠᠶᠢᠭᠤᠯᠵᠦ ᠪᠠᠶᠢᠭ᠎ᠠ ᠲᠥᠷᠥᠯ ᠵᠦᠢᠯ 7᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 170 ᠲᠦᠮᠡᠨ ᠺᠢᠯᠦᠸᠤᠯᠲ᠂ | ᠪᠥᠲᠥᠭᠡᠨ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ 18᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 250 | ᠲᠦᠮᠡᠨ ᠺᠢᠯᠦᠸᠤᠯᠲ᠂ ᠨᠥᠭᠡᠴᠡᠯᠡᠵᠦ ᠪᠠᠶᠢᠭ᠎ᠠ ᠴᠢᠬᠤᠯᠠ ᠶᠡᠭᠡ ᠲᠥᠷᠥᠯ ᠵᠦᠢᠯ 8᠂ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ 1670 ᠲᠦᠮᠡᠨ ᠺᠢᠯᠦᠸᠤᠯᠲ᠂ 7 ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠥᠷᠥᠯ | ᠵᠦᠢᠯ ᠢ ᠵᠥᠪᠳᠡᠨ ᠶᠠᠷᠢᠯᠴᠠᠵᠦ ᠪᠤᠢ᠃ ᠳᠥᠷᠪᠡ ᠳᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠠᠬᠢᠭᠤᠯᠪᠠ᠃ ᠵᠢᠭᠤᠯᠴᠢᠯᠠᠯ ᠤᠨ ᠠᠵᠤ ᠦᠢᠯᠡᠰ ᠬᠢᠵᠢᠭ ᠤᠨ ᠲᠠᠭᠠᠷᠢᠯᠲᠠ ᠳᠤ | ᠤᠴᠠᠷᠠᠭᠰᠠᠨ ᠪᠣᠯᠪᠠᠴᠤ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠵᠢᠱᠢᠭᠰᠡᠨ ᠢᠶᠠᠷ ᠵᠢᠭᠤᠯᠴᠢᠯᠠᠯ ᠤᠨ ᠬᠥᠮᠦᠨ ᠤ | ᠲᠤᠭ᠎ᠠ ᠪᠠ ᠵᠢᠭᠤᠯᠴᠢᠯᠠᠯ ᠤᠨ ᠣᠷᠣᠯᠭ᠎ᠠ ᠲᠣᠰ ᠲᠣᠰ 522 ᠲᠦᠮᠡᠨ ᠬᠥᠮᠦᠨ ᠤᠳᠠᠭ᠎ᠠ ᠪᠠ 59.6 ᠳ᠋ᠦᠩᠰᠢᠭᠤᠷ | ᠲᠥᠭᠦᠷᠢᠭ ᠲᠤ ᠬᠦᠷᠴᠡᠢ︔ ᠪᠣᠭᠤᠮᠲᠠ ᠶᠢᠨ ᠠᠵᠤ ᠠᠬᠤᠶ ᠶᠢ ᠲᠣᠭᠲᠠᠪᠤᠷᠢᠵᠢᠭᠤᠯᠤᠨ ᠶᠠᠰᠤ ᠴᠢᠨᠠᠷ ᠢ | ᠳᠡᠭᠡᠭᠰᠢᠯᠡᠭᠦᠯᠵᠦ᠂ ᠴᠡᠭᠡ ᠪᠠᠯᠭᠠᠰᠤᠨ ᠤ ᠪᠠᠶᠢᠭᠤᠯᠤᠯᠲᠠ ᠶᠢᠨ ᠵᠦᠪᠰᠢᠶᠡᠷᠡᠯ ᠢ ᠤᠯᠵᠦ᠂ ᠡᠵᠡᠨ᠎ᠡ ᠶᠢᠨ ᠳᠤᠮᠳᠠᠳᠤ | ᠮᠣᠩᠭᠤᠯ ᠤᠨ ᠣᠯᠠᠨ ᠤᠯᠤᠰ ᠤᠨ ᠲᠠᠸᠠᠷ ᠤᠨ ᠦᠵᠡᠰᠬᠦᠯᠡᠩ ᠤᠨ ᠵᠥᠪᠳᠡᠯᠴᠡᠬᠡᠷ ᠤᠨ ᠬᠤᠷᠠᠯ ᠢ ᠤᠯᠤᠰ ᠤᠨ | ᠲᠠᠰ ᠤᠨ ᠦᠵᠡᠰᠬᠦᠯᠡᠩ ᠪᠣᠯᠭᠠᠨ ᠳᠡᠰ ᠳᠡᠪᠰᠢᠬᠦᠯᠵᠦ᠂ ᠥᠯᠵᠡᠶ ᠪᠣᠭᠤᠮᠲᠠ ᠶᠢ ᠲᠦᠷ ᠨᠡᠭᠡᠭᠡᠵᠦ ᠪᠣᠭᠤᠮᠲᠠ ᠪᠠᠷ | ᠦᠩᠭᠡᠷᠡᠬᠦ ᠪᠠᠷᠠᠭ᠎ᠠ ᠶᠠᠪᠤᠭᠤᠯᠬᠤ ᠶᠢ ᠪᠡᠶᠡᠯᠡᠭᠦᠯᠪᠡ︔ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠶᠢᠰᠦᠨ ᠶᠡᠭᠡ ᠠᠵᠢᠯ ᠲᠥᠷᠥᠯ ᠤᠨ ︽ᠳᠣᠯᠤᠭ᠎ᠠ ᠶᠢ ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠵᠤ︾᠂ | ᠲᠤᠭᠳᠠᠭᠤᠨ ᠰᠠᠶᠢᠨ ᠬᠠᠨᠳᠤᠰᠢ ᠶᠢ ᠦᠷᠭᠦᠯᠵᠢᠯᠡᠨ ᠪᠠᠲᠤᠳᠬᠠᠪᠠ᠃ ᠡᠨᠡ ᠬᠦ ︽ᠳᠥᠷᠪᠡᠨ ᠳᠠᠪᠰᠢᠯᠲᠠ︾ ᠨᠢ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠲᠠᠰᠤᠷᠠᠯᠲᠠ ᠥᠬᠡᠶ ᠲᠦᠷᠭᠡᠳᠴᠦ᠂ ᠠᠵᠤ ᠦᠢᠯᠡᠰ ᠤᠨ | ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠵᠦ᠂ ᠠᠵᠤ ᠠᠬᠤᠶ ᠶᠢᠨ ᠬᠥᠭᠵᠢᠯᠲᠡ ᠨᠢ ᠴᠢᠨᠠᠷ ᠰᠠᠶᠢᠲᠠᠶ | ᠬᠥᠭᠵᠢᠯᠲᠡ ᠲᠡᠰᠢ ᠲᠦᠷᠭᠡᠨ ᠠᠬᠢᠵᠦ ᠪᠠᠶᠢᠬᠤ ᠶᠢ ᠲᠥᠪᠯᠡᠷᠡᠩᠭᠦᠶ ᠢᠯᠡᠷᠡᠭᠦᠯᠵᠡᠶ᠃ | ---- ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ | ᠬᠦᠴᠦᠷᠭᠡᠭᠵᠢᠭᠦᠯᠦᠭᠰᠡᠨ ᠠᠴᠠ ︽ᠰᠠᠶᠢᠨ︾ ᠪᠠᠶᠢᠳᠠᠯ ᠠᠯᠬᠤᠮ ᠠᠯᠬᠤᠮ ᠢᠶᠠᠷ ᠥᠷᠭᠡᠳᠪᠡ᠃ ᠨᠢᠭᠡ ᠳᠤ ᠠᠮᠢ | ᠠᠬᠤᠢ ᠶᠢᠨ ᠣᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ ︽ᠭᠤᠷᠪᠠᠨ ᠲᠣᠭᠤᠷᠢᠭ ᠭᠤᠷᠪᠠᠨ ᠱᠤᠭᠤᠮ︾ ᠢ | ᠬᠤᠪᠢᠶᠠᠷᠢᠯᠠᠨ ᠲᠣᠭᠲᠠᠭᠠᠵᠤ᠂ ︽ᠭᠤᠷᠪᠠᠨ ᠱᠤᠭᠤᠮ ᠨᠢᠭᠡ ᠬᠠᠭᠤᠳᠠᠰᠦ︾ ᠶᠢ ᠲᠡᠭᠦᠯᠳᠡᠷᠵᠢᠭᠦᠯᠵᠦ᠂ 55.9 | % ᠶᠢᠨ ᠤᠯᠤᠰ ᠤᠨ ᠨᠤᠲᠤᠭ ᠳᠡᠪᠢᠰᠬᠡᠷ ᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ | ᠬᠤᠪᠢᠶᠠᠷᠢᠯᠠᠨ ᠣᠷᠣᠭᠤᠯᠪᠠ︔ 100 ᠲᠦᠮᠡᠨ ᠮᠥ ᠭᠠᠵᠠᠷ ᠢ ᠣᠶᠢᠵᠢᠭᠤᠯᠵᠤ᠂ 1000 ᠲᠦᠮᠡᠨ ᠮᠥ ᠭᠠᠵᠠᠷ ᠤᠨ | ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠬᠢᠭᠰᠡᠨ ᠪᠠᠶᠢᠨ᠎ᠠ︔ 120 ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠦᠷᠦᠯ ᠵᠦᠢᠯ ᠢ ᠪᠡᠶᠡᠯᠡᠭᠦᠯᠪᠡ︔ ᠠᠯᠠᠱᠠ ᠠᠭᠤᠯᠠᠨ ᠤ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ | 13 ᠵᠠᠰᠠᠯᠲᠠ ᠶᠢᠨ ᠲᠦᠷᠦᠯ ᠵᠦᠢᠯ ᠠᠵᠢᠯ ᠳᠠᠭᠤᠰᠴᠦ ᠰᠢᠯᠭᠠᠨ ᠪᠠᠶᠢᠴᠠᠭᠠᠯᠳᠠ ᠶᠢ ᠬᠦᠯᠢᠶᠡᠵᠦ᠂ ᠮᠠᠯᠲᠠᠵᠤ | ᠬᠥᠨᠳᠡᠶᠢᠷᠡᠭᠦᠯᠦᠭᠰᠡᠨ ᠣᠷᠣᠨ ᠤ 5 ᠭᠠᠮᠰᠢᠭ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢ ᠲᠦᠷᠭᠡᠳᠬᠡᠨ | ᠬᠡᠷᠡᠭᠵᠢᠭᠦᠯᠪᠡ᠃ ᠬᠤᠶᠠᠷ ᠲᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ | ᠰᠠᠶᠢᠵᠢᠷᠠᠪᠠ᠃ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ 12 | ᠰᠠᠭᠤᠷᠢ ᠲᠦᠬᠦᠭᠡᠷᠦᠮᠵᠢ ᠶᠢᠨ ᠲᠥᠷᠥᠯ ᠵᠦᠢᠯ ᠢ ᠠᠵᠢᠯ ᠡᠬᠢᠯᠡᠭᠦᠯᠵᠦ᠂ ᠵᠢᠦᠴᠢᠦᠸᠠᠨ ᠠᠴᠠ ᠡᠵᠡᠨ᠎ᠡ ᠬᠦᠷᠬᠦ ᠲᠡᠮᠦᠷ | ᠵᠠᠮ ᠤᠨ ᠵᠢᠦᠴᠢᠦᠸᠠᠨ ᠠᠴᠠ ᠳ᠋ᠦᠩᠹᠧᠩ ᠰᠠᠨᠰᠠᠷ ᠤᠨ ᠬᠤᠲᠠ ᠶᠢᠨ ᠡᠮᠦᠨ᠎ᠡ ᠬᠡᠰᠡᠭ ᠬᠦᠷᠬᠦ ᠲᠡᠮᠦᠷ ᠵᠠᠮ | ᠵᠢᠩᠬᠢᠨᠢ ᠪᠠᠷ ᠨᠡᠪᠲᠡᠷᠡᠵᠦ᠂ ᠪᠠᠶᠠᠨᠬᠤᠳᠳᠤᠭ ᠠᠴᠠ ᠪᠠᠶᠠᠨᠬᠤᠲᠠ ᠬᠦᠷᠬᠦ ᠦᠨᠳᠦᠷ ᠬᠤᠷᠳᠤᠴᠠᠲᠦ ᠵᠠᠰᠠᠮᠠᠯ ᠵᠠᠮ᠂ | ᠪᠠᠶᠠᠨᠬᠤᠲᠠ ᠠᠴᠠ ᠢᠷᠭᠠᠢ ᠬᠦᠷᠬᠦ ᠬᠤᠷᠳᠤᠨ ᠤ ᠲᠡᠮᠦᠷ ᠵᠠᠮ᠂ ᠠᠯᠠᠱᠠ ᠵᠡᠭᠦᠨ ᠬᠤᠰᠢᠭᠤᠨ ᠤ ᠠᠵᠢᠯ ᠤᠨ | ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠤᠯᠭᠠᠨ ᠳᠡᠰ ᠳᠡᠪᠰᠢᠬᠦᠯᠬᠦ | ᠪᠠ ᠳᠠᠯᠠᠶᠢᠬᠦ᠋ᠪ ᠠᠴᠠ ᠳ᠋ᠦᠩᠹᠧᠩ ᠰᠠᠨᠰᠠᠷ ᠤᠨ ᠬᠤᠲᠠ᠂ ᠳ᠋ᠦᠩᠹᠧᠩ ᠰᠠᠨᠰᠠᠷ ᠤᠨ ᠬᠤᠲᠠ ᠠᠴᠠ ᠠᠷᠪᠠᠨ | ᠳᠦᠷᠪᠡᠳᠦᠭᠡᠷ ᠰᠠᠭᠤᠷᠢᠨ ᠭᠠᠵᠠᠷ ᠬᠦᠷᠬᠦ ᠵᠡᠷᠭᠡ ᠵᠠᠰᠠᠮᠠᠯ ᠵᠠᠮ ᠢ ᠲᠦᠷᠭᠡᠳᠬᠡᠨ ᠠᠬᠢᠭᠤᠯᠪᠠ᠃ ᠭᠤᠷᠪᠠ ᠳᠤ ᠡᠵᠡᠩᠨᠡᠨ | ᠠᠷᠠᠯᠵᠢᠶᠠᠯᠠᠬᠤ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠬᠠᠮᠤᠭ ᠤᠨ ᠣᠯᠠᠨ ᠳᠠᠭᠠᠨ ᠨᠢᠭᠡ ᠤᠳᠠᠭ᠎ᠠ ᠳᠤ ᠬᠦᠢᠴᠡᠳᠬᠡᠬᠦ ᠬᠠᠷᠢᠴᠠᠯ 99.7 % ᠳᠤ ᠬᠦᠷᠴᠦ᠂ | ᠪᠥᠬᠦ ᠶᠠᠪᠤᠴᠠ ᠳᠤ ᠰᠦᠯᠵᠢᠶ᠎ᠡ ᠪᠠᠷ ᠬᠦᠢᠴᠡᠳᠬᠡᠬᠦ ᠬᠠᠷᠢᠴᠠᠯ 82 % ᠳᠤ ᠬᠦᠷᠴᠦ᠂ ᠠᠮᠠᠯᠠᠯᠲᠠ ᠶᠢᠨ ᠴᠠᠭ ᠤᠨ | ᠬᠢᠵᠠᠭᠠᠷ ᠢ ᠪᠠᠭᠠᠰᠬᠠᠭᠰᠠᠨ ᠬᠠᠷᠢᠴᠠᠯ 86.1 % ᠳᠤ ᠬᠦᠷᠴᠦ᠂ 91 ᠵᠦᠢᠯ ᠢ ᠮᠤᠵᠢ ᠠᠯᠤᠰᠯᠠᠨ ᠬᠦᠢᠴᠡᠳᠬᠡᠵᠦ᠂ | ᠠᠶᠢᠮᠠᠭ ᠤᠨ ᠬᠡᠪᠴᠢᠶᠡᠨ ᠳᠤ 256 ᠵᠦᠢᠯ ᠢ ᠨᠡᠶᠢᠳᠡᠮ ᠬᠦᠢᠴᠡᠳᠬᠡᠪᠡ᠃ ︽12345︾ ᠬᠠᠯᠠᠮᠰᠢᠯ | ᠤᠲᠠᠰᠤᠨ ᠤ ᠦᠢᠯᠡᠴᠢᠯᠡᠭᠡᠨ ᠤ ᠶᠠᠰᠤ ᠴᠢᠨᠠᠷ ᠪᠥᠬᠦ ᠤᠯᠤᠰ ᠤᠨ 335 ᠵᠢᠱᠢᠶᠡᠴᠢ ᠬᠤᠲᠠ ᠶᠢᠨ ᠳᠣᠲᠣᠷ᠎ᠠ 75 | ᠳ᠋ᠤᠭᠠᠷ ᠲᠤ ᠵᠢᠭᠰᠠᠭᠠᠭᠳᠠᠪᠠ᠃ ᠳᠥᠷᠪᠡ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠳᠠᠪᠬᠢ | ᠦᠷᠭᠦᠯᠵᠢᠯᠡᠨ ᠰᠠᠶᠢᠵᠢᠷᠠᠪᠠ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ | 239 ᠳᠤ ᠬᠦᠷᠴᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 35 ᠪᠣᠯᠪᠠ︔ ᠲᠤᠰᠬᠠᠶ | ᠮᠡᠷᠭᠡᠵᠢᠯᠲᠡᠨ ᠤ ᠵᠥᠪᠯᠡᠭᠴᠢ ᠶᠢᠨ ᠪᠦᠯᠬᠦᠮ ᠳᠤ 29 ᠬᠥᠮᠦᠨ ᠰᠢᠨ᠎ᠡ ᠪᠠᠷ ᠨᠡᠮᠡᠭᠳᠡᠵᠦ᠂ 98 ᠴᠢᠳᠠᠪᠤᠷᠢᠲᠠᠨ ᠢ | ᠤᠶᠠᠨ ᠴᠢᠨᠠᠷᠲᠠᠢ ᠤᠷᠢᠨ ᠤᠷᠤᠭᠤᠯᠵᠡᠢ᠃ ᠡᠨᠡ ︽ᠳᠥᠷᠪᠡᠨ ᠰᠠᠶᠢᠨ︾ ᠨᠢ ᠬᠥᠭᠵᠢᠯᠲᠡ ᠶᠢᠨ ᠣᠷᠴᠢᠨ ᠲᠤᠭᠤᠷᠢᠨ | ᠲᠠᠰᠤᠷᠠᠯᠲᠠ ᠥᠬᠡᠶ ᠰᠢᠯᠢᠳᠡᠭᠵᠢᠵᠦ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠪᠡᠶᠡᠴᠢ | ᠴᠣᠭᠴᠠ ᠶᠢᠨ ᠬᠥᠭᠵᠢᠨ ᠪᠤᠵᠠᠭᠠᠶᠢᠷᠬᠠᠤ ᠶᠢ ᠲᠦᠯᠬᠢᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠳᠤ ᠳᠠᠯᠳᠠ | ᠬᠦᠴᠦᠨ ᠣᠯᠭᠤᠵᠤ᠂ ᠬᠦᠳᠡᠯᠭᠡᠬᠦ ᠡᠨᠧᠷᠭᠢ ᠬᠤᠷᠠᠮᠳᠤᠭᠤᠯᠪᠠ᠃ | ---- ᠡᠶ᠎ᠡ ᠵᠣᠬᠢᠴᠠᠯ ᠢ ᠪᠥᠬᠦ ᠬᠦᠴᠦᠨ ᠢᠶᠠᠷ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠭᠰᠡᠨ ᠠᠴᠠ ︽ᠰᠢᠯᠢᠳᠡᠭ︾ ᠴᠢᠨᠠᠷ ᠴᠢᠨᠰᠠᠭ᠎ᠠ ᠲᠠᠰᠤᠷᠠᠯᠲᠠ ᠥᠬᠡᠶ ᠳᠡᠭᠡᠭᠰᠢᠯᠡᠪᠡ᠃ ᠨᠢᠭᠡ ᠳᠤ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢ ᠨᠡᠩ ᠲᠡᠷᠢᠭᠦᠨ ᠪᠠᠶᠢᠷᠢᠨ ᠳᠤ ᠲᠠᠯᠪᠢᠪᠠ᠃ ᠠᠷᠠᠳ ᠤᠨ ᠠᠮᠢᠳᠤᠷᠠᠯ ᠢ ᠲᠡᠷᠢᠭᠦᠨ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠠᠷᠪᠢᠴᠢ ᠪᠠᠷ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ | ᠪᠣᠯᠭᠠᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ | 70.4 % ᠶᠢ ᠡᠵᠡᠯᠡᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ 157 ᠵᠦᠢᠯ ᠢ | ᠬᠡᠷᠡᠭᠵᠢᠭᠦᠯᠵᠦ᠂ 1.46 ᠲᠦᠮᠡᠨ ᠬᠥᠮᠦᠨ ᠳᠤ ︽ᠬᠤᠶᠠᠷ ᠲᠣᠨ ᠨᠡᠭᠦᠷᠡᠰᠦ︾ ᠶᠢᠨ ᠠᠰᠢᠭ ᠬᠦᠷᠲᠡᠭᠡᠪᠡ᠃ | ᠬᠤᠶᠠᠷ ᠲᠤ ᠨᠡᠶᠢᠭᠡᠮ ᠤᠨ ᠪᠠᠲᠤᠯᠠᠭ᠎ᠠ ᠶᠢ ᠨᠡᠩ ᠰᠠᠶᠢᠨ ᠰᠢᠯᠢᠳᠡᠭᠵᠢᠭᠦᠯᠪᠡ᠃ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠰᠠᠷ᠎ᠠ ᠳᠤ 425 ᠲᠥᠭᠦᠷᠢᠭ ᠲᠤ ᠬᠦᠷᠭᠡᠵᠦ᠂ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 6 % ᠪᠠᠷ | ᠳᠡᠭᠡᠭᠰᠢᠯᠡᠭᠦᠯᠵᠦ᠂ ᠲᠤᠰ ᠲᠤᠰ ᠬᠦᠮᠦᠨ ᠪᠦᠷᠢ ᠰᠠᠷ᠎ᠠ ᠳᠤ 995 ᠲᠥᠭᠦᠷᠢᠭ ᠪᠠ ᠬᠥᠮᠦᠨ ᠪᠦᠷᠢ ᠵᠢᠯ ᠳᠤ | 9161 ᠲᠥᠭᠦᠷᠢᠭ ᠲᠤ ᠬᠦᠷᠭᠡᠵᠦ᠂ ᠪᠦᠬᠦ ᠣᠷᠣᠨ ᠤ ᠡᠮᠦᠨ᠎ᠡ ᠡᠩᠨᠡᠭᠡᠨ ᠳᠤ ᠵᠢᠭᠰᠠᠭᠠᠭᠳᠠᠪᠠ︔ ᠡᠮ ᠡᠮᠨᠡᠯᠭᠡ ᠶᠢᠨ | ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠭᠤᠷᠪᠠ ᠳᠤ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠨᠡᠩ ᠰᠠᠶᠢᠨ ᠪᠤᠯᠭᠠᠪᠠ᠃ ᠠᠶᠢᠮᠠᠭ ᠤᠨ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠵᠢᠩᠬᠢᠨᠢ ᠪᠠᠷ ᠠᠰᠢᠭᠯᠠᠯᠲᠠ ᠳᠤ | ᠣᠷᠣᠭᠤᠯᠵᠤ᠂ ᠰᠢᠨ᠎ᠡ ᠪᠠᠷ ᠪᠠᠶᠢᠭᠤᠯᠤᠭᠰᠠᠨ ᠪᠠ ᠦᠷᠭᠦᠯᠵᠢᠯᠡᠨ ᠪᠠᠶᠢᠭᠤᠯᠵᠦ ᠪᠠᠶᠢᠭ᠎ᠠ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ 7 ᠪᠣᠶ︔ ᠲᠩᠷᠢ ᠨᠡᠭᠡᠭᠡᠯᠲᠡ ᠶᠢᠨ ᠤᠷᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ | ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠪᠡ︔ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ 235 ᠬᠥᠮᠦᠨ ᠢ ᠤᠷᠢᠨ ᠣᠷᠣᠭᠤᠯᠪᠠ᠃ ᠠᠮᠤᠷ | ᠲᠦᠪᠰᠢᠨ ᠤ ᠬᠡᠷᠡᠭ᠂ ᠠᠶᠤᠯᠭᠦᠢ ᠦᠢᠯᠡᠳᠪᠦᠷᠢᠯᠡᠯ ᠤᠨ ᠠᠳᠡᠯ ᠤᠨ ᠲᠤᠭ᠎ᠠ ᠶᠡᠷᠦᠩᠬᠡᠢ ᠳᠡᠭᠡᠨ ᠪᠠᠭᠤᠷᠠᠪᠠ᠃ | ᠳᠥᠷᠪᠡ ᠳᠤ ᠣᠷᠣᠰᠢᠨ ᠰᠠᠭᠤᠷᠢᠰᠢᠬᠤ ᠤᠷᠴᠢᠨ ᠲᠤᠭᠤᠷᠢᠨ ᠨᠠᠩ ᠭᠤᠶᠣ ᠰᠠᠶᠢᠬᠠᠨ ᠪᠣᠯᠪᠠ᠃ ᠪᠥᠬᠦ ᠣᠷᠣᠨ ᠤ | ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠤ ᠬᠤᠰᠢᠭᠤ ᠰᠢᠶᠠᠨ ᠢᠶᠠᠷ ᠭᠤᠤᠯ ᠪᠣᠯᠭᠠᠭᠰᠠᠨ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠶᠢᠨ | ᠲᠠᠯᠠᠪᠠᠢ ᠶᠢᠨ ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ᠬᠤᠲᠠ ᠶᠢᠨ ᠶᠠᠪᠤᠳᠠᠯ ᠤᠨ ᠪᠡᠯᠡᠳᠭᠡᠮᠵᠢ | ᠳᠦᠬᠦᠭᠡᠷᠦᠮᠵᠢ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ 12 ᠲᠥᠷᠥᠯ ᠵᠦᠢᠯ ᠢ ᠬᠡᠷᠡᠭᠵᠢᠭᠦᠯᠵᠦ᠂ | 21 ᠬᠠᠭᠤᠴᠢᠨ ᠰᠠᠭᠤᠭᠠᠯᠢ ᠲᠣᠭᠤᠷᠢᠭ᠂ 560 ᠢᠵᠢ ᠲᠥᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ | ᠪᠠ 3 ᠲᠦᠮᠡᠨ ᠮᠥ ᠭᠤᠤᠯᠳᠠᠯᠭ᠎ᠠ ᠲᠠᠢ ᠣᠷᠣᠨ ᠤ ᠨᠣᠭᠤᠭᠠᠷᠠᠭᠤᠯᠤᠯᠲᠠ ᠶᠢ ᠦᠭᠡᠷᠡᠴᠢᠯᠡᠨ ᠰᠠᠶᠢᠵᠢᠷᠠᠭᠤᠯᠪᠠ︔ | 106 ᠭᠠᠴᠠᠭ᠎ᠠ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠰᠢᠢᠳᠪᠦᠷᠢᠯᠡᠬᠦ ᠰᠢᠰᠲ᠋ᠧᠮᠵᠢ ᠶᠢ | ᠪᠠᠶᠢᠭᠤᠯᠵᠤ᠂ 1368 ᠡᠷᠦᠬᠡ ᠶᠢᠨ ᠵᠣᠷᠯᠣᠩ ᠢ ᠦᠭᠡᠷᠡᠴᠢᠯᠡᠨ ᠵᠠᠰᠠᠪᠠ᠃ ᠡᠨᠡ ︽ᠳᠥᠷᠪᠡᠨ ᠰᠢᠯᠢᠳᠡᠭ︾ ᠨᠢ | ᠬᠥᠭᠵᠢᠯᠲᠡ ᠶᠢᠨ ᠦᠷ᠎ᠡ ᠪᠦᠲᠦᠭᠡᠯ ᠢ ᠨᠡᠶᠢᠳᠡᠮ ᠬᠦᠷᠲᠡᠭᠡᠵᠦ ᠬᠠᠮᠲᠤ ᠪᠠᠷ ᠡᠳ᠋ᠯᠡᠬᠦ ᠶᠢ ᠲᠥᠪᠯᠡᠷᠡᠩᠭᠦᠶ ᠢᠯᠡᠷᠡᠭᠦᠯᠵᠦ᠂ | ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ | ᠲᠡᠭᠦᠯᠳᠡᠷ᠂ ᠨᠠᠩ ᠪᠠᠲᠤᠯᠠᠭ᠎ᠠ ᠲᠠᠢ ᠪᠣᠯᠭᠠᠪᠠ᠃ | ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠵᠤᠪᠠᠭᠤᠷᠢ ᠶᠢ ᠮᠡᠳᠡᠬᠦ ᠦᠭᠡᠢ ᠭᠡᠳᠡᠭ ᠢᠶᠠᠷ ᠳᠡᠭᠡᠷᠡᠬᠢ | ᠠᠮᠵᠢᠯᠲᠠ ᠪᠦᠲᠦᠮᠵᠢ ᠶᠢ ᠤᠯᠤᠭᠰᠠᠨ ᠨᠢ ᠲᠤᠶᠢᠯ ᠤᠨ ᠬᠢᠯᠪᠡᠷ ᠪᠤᠰᠤ ᠶᠤᠮ᠃ ᠠᠮᠵᠢᠯᠲᠠ ᠪᠠᠨ ᠨᠤᠲᠠᠯᠠᠬᠤ ᠶᠢᠨ | ᠬᠠᠮᠲᠤ᠂ ᠪᠢᠳᠡ ᠪᠠᠰᠠ ᠠᠵᠤ ᠠᠬᠤᠶ ᠶᠢᠨ ᠡᠷᠬᠢᠯᠲᠡ ᠶᠢᠨ ᠲᠣᠭᠲᠠᠭᠤᠨ ᠤ ᠳᠤᠳᠤᠷᠠᠬᠢ ᠪᠡᠷᠭᠡᠰᠢᠶᠡᠯ ᠢ ᠣᠯᠵᠤ | ᠬᠠᠷᠠᠬᠤ ᠬᠡᠷᠡᠭᠲᠡᠶ᠄ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠡᠭᠡ ᠪᠤᠰᠤ᠂ ᠠᠵᠤ ᠦᠢᠯᠡᠰ ᠤᠨ ᠥᠷᠢᠰᠥᠯᠳᠦᠬᠦ | ᠬᠦᠴᠦᠨ ᠪᠠ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠤᠰᠤ᠂ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ | ᠪᠠᠰᠠ ᠲᠡᠶᠢᠮᠦ ᠣᠯᠠᠨ ᠪᠢᠰᠢ᠂ ᠲᠡᠶᠢᠮᠦ ᠰᠢᠯᠢᠳᠡᠭ ᠪᠢᠰᠢ︔ ᠠᠵᠤ ᠦᠢᠯᠡᠰ ᠤᠨ ᠪᠦᠲᠦᠴᠡ᠂ ᠡᠨᠧᠷᠭᠢ ᠶᠢᠨ | ᠪᠦᠲᠦᠴᠡ ᠪᠠᠰᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ | ᠦᠭᠡᠢ ᠪᠠᠶᠢᠵᠤ᠂ ᠤᠰᠤᠨ ᠤ ᠡᠬᠢ ᠪᠠᠶᠠᠯᠢᠭ ᠳᠤᠳᠠᠮᠠᠭ᠂ ᠦᠢᠯᠡᠳᠪᠦᠷᠢᠯᠡᠯ ᠤᠨ ᠴᠢᠳᠠᠪᠬᠢ ᠶᠢᠨ ᠬᠢᠵᠠᠭᠠᠷᠯᠠᠯ᠂ | ᠨᠢᠭᠡᠴᠢ ᠡᠨᠧᠷᠭᠢ ᠶᠢᠨ ᠬᠤᠷᠣᠭᠳᠠᠭᠤᠯᠤᠯ ᠶᠡᠭᠡ ᠪᠠᠶᠢᠬᠤ ᠵᠡᠷᠭᠡ ᠠᠰᠠᠭᠤᠳᠠᠯ ᠬᠠᠷᠢᠴᠠᠩᠭᠤᠢ ᠲᠤᠪᠤᠶᠢᠮ᠎ᠠ ᠣᠷᠣᠰᠢᠵᠤ | ᠪᠠᠶᠢᠨ᠎ᠠ︔ ᠠᠮᠢ ᠠᠬᠤᠶ ᠶᠢᠨ ᠣᠷᠴᠢᠨ ᠲᠣᠭᠤᠷᠢᠨ ᠮᠥᠨ ᠬᠦ ᠲᠦᠢᠯ ᠤᠨ ᠬᠡᠪᠡᠷᠡᠭ ᠪᠠᠶᠢᠵᠤ᠂ ᠭᠤᠣᠯ ᠬᠤᠲᠠ | ᠪᠠᠯᠭᠠᠰᠦᠨ ᠤ ᠳᠠᠶᠢᠴᠢᠯᠠᠬᠤ ᠴᠢᠳᠠᠪᠤᠷᠢ ᠴᠢᠩᠭ᠎ᠠ ᠪᠤᠰᠤ᠂ ᠰᠠᠭᠤᠷᠢ ᠳᠦᠬᠦᠭᠡᠷᠦᠮᠵᠢ ᠶᠢᠨ ᠵᠡᠷᠭᠡ ᠳᠡᠰ ᠨᠡᠯᠢᠶᠡᠳ | ᠳᠣᠣᠷ᠎ᠠ ᠪᠠᠶᠢᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠴᠢᠬᠤᠯᠠᠳᠠᠢ ᠪᠤᠢ︔ ᠠᠷᠠᠳ ᠤᠨ | ᠠᠮᠢᠳᠤᠷᠠᠯ ᠤᠨ ᠲᠤᠭᠤᠷᠢᠨ ᠳᠠᠬᠢ ᠠᠵᠢᠯ ᠨᠢ ᠤᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠠᠴᠠ ᠪᠠᠰᠠ ᠨᠡᠯᠢᠶᠡᠳ | ᠵᠦᠷᠢᠶ᠎ᠡ ᠲᠠᠢ ᠪᠠᠶᠢᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ | ᠬᠦᠷᠦᠯᠴᠡᠬᠦ ᠦᠭᠡᠢ᠂ ᠰᠤᠷᠭᠠᠨ ᠬᠥᠮᠦᠵᠢᠯ᠂ ᠡᠮ ᠡᠮᠨᠡᠯᠭᠡ᠂ ᠭᠦᠢᠯᠭᠡᠭᠡ᠂ ᠮᠡᠳᠡᠭᠡ ᠵᠠᠩᠭᠢᠵᠢᠯᠲᠠ ᠵᠡᠷᠭᠡ | ᠬᠦᠷᠢᠶᠡᠨ ᠳᠠᠬᠢ ᠳᠤᠲᠠᠭᠤᠳᠠᠯ ᠨᠡᠯᠢᠶᠡᠳ ᠠᠷᠪᠢᠨ ᠪᠤᠢ︔ ᠡᠳ᠋ ᠤᠨ ᠵᠠᠰᠠᠭ ᠭᠠᠶᠢᠯᠢ ᠶᠢᠨ ᠢᠷᠡᠯᠲᠡ ᠶᠢᠨ ᠪᠦᠲᠦᠴᠡ | ᠳᠠᠩ ᠴᠤᠯᠭᠤᠢ᠂ ᠣᠷᠣᠯᠭ᠎ᠠ ᠵᠠᠷᠤᠯᠭ᠎ᠠ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ᠂ ᠮᠥᠩᠭᠦᠨ ᠭᠦᠢᠯᠭᠡᠭᠡ ᠪᠠ | ᠥᠷᠢ ᠥᠭᠴᠡᠭᠡ ᠶᠢᠨ ᠲᠦᠭᠰᠢᠭᠦᠷᠢ ᠶᠢᠨ ᠳᠠᠷᠤᠯᠲᠠ ᠮᠥᠨ ᠯᠡ ᠨᠡᠯᠢᠶᠡᠳ ᠶᠡᠭᠡ ᠪᠤᠢ︔ ᠨᠡᠶᠢᠭᠡᠮ ᠤᠨ ᠵᠠᠰᠠᠯᠲᠠ ᠶᠢᠨ | ᠬᠦᠷᠢᠶᠡᠨ ᠳᠠᠬᠢ ᠳᠠᠯᠳᠠ ᠲᠦᠭᠰᠢᠭᠦᠷᠢ ᠬᠡᠮ ᠰᠣᠭᠤᠭ ᠮᠥᠨ ᠬᠦ ᠣᠷᠣᠰᠢᠵᠤ᠂ ᠵᠠᠰᠠᠯᠲᠠ ᠶᠢᠨ ᠴᠢᠳᠠᠪᠤᠷᠢ ᠶᠢ | ᠲᠦᠷᠭᠡᠭᠡᠨ ᠳᠡᠭᠡᠭᠰᠢᠯᠡᠭᠦᠯᠬᠦ ᠴᠢᠬᠤᠯᠠᠲᠠᠶ ᠪᠤᠢ ᠵᠡᠷᠭᠡ᠃ | ᠳᠡᠭᠡᠷ᠎ᠡ ᠳᠤᠷᠠᠳᠤᠭᠰᠠᠨ ᠡᠳᠡᠭᠡᠷ ᠠᠰᠠᠭᠤᠳᠠᠯ ᠳᠤ ᠬᠤᠷᠸ᠎ᠠ ᠪᠠᠶᠢᠳᠠᠯ ᠪᠠ ᠭᠠᠳᠠᠭᠠᠳᠤ ᠣᠷᠴᠢᠨ ᠨᠥᠬᠦᠴᠡᠯ ᠤᠨ | ᠲᠠᠭᠠᠷᠢᠯᠳᠠ ᠶᠢᠨ ᠨᠥᠯᠥᠭᠡ ᠪᠠᠶᠢᠬᠤ ᠪᠠᠷ ᠪᠠᠷᠠᠬᠤ ᠦᠭᠡᠢ᠂ ᠪᠠᠰᠠ ᠤᠷᠤᠨ ᠪᠠᠶᠢᠷᠢ ᠶᠢᠨ ᠨᠥᠬᠦᠴᠡᠯ ᠪᠠ ᠡᠬᠢ | ᠪᠠᠶᠠᠯᠢᠭ ᠤᠨ ᠬᠢᠵᠠᠭᠠᠷᠯᠠᠬᠤ ᠬᠦᠴᠦᠨ ᠵᠦᠢᠯ ᠪᠠᠶᠢᠨ᠎ᠠ᠂ ᠣᠬᠤᠷ ᠬᠤᠭᠤᠴᠠᠭᠠᠨ ᠤ ᠬᠢ ᠪᠠᠶᠢᠬᠤ ᠪᠠᠷ ᠪᠠᠷᠠᠬᠤ ᠦᠭᠡᠢ | ᠪᠠᠰᠠ ᠤᠷᠳᠤ ᠬᠤᠭᠤᠴᠠᠭᠠᠨ ᠤ ᠬᠢ ᠪᠠᠶᠢᠨ᠎ᠠ᠂ ᠦᠶᠡᠯᠡᠬᠦ ᠴᠢᠨᠠᠷᠲᠠᠢ ᠪᠠᠶᠢᠬᠤ ᠪᠠᠷ ᠪᠠᠷᠠᠬᠤ ᠦᠭᠡᠢ ᠪᠠᠰᠠ | ᠪᠦᠲᠦᠴᠡ ᠶᠢᠨ ᠴᠢᠨᠠᠷᠲᠠᠢ ᠪᠠᠶᠢᠨ᠎ᠠ᠂ ᠭᠡᠪᠡᠴᠦ ᠡᠴᠦᠰ ᠤᠨ ᠡᠴᠦᠰ ᠲᠡᠭᠡᠨ ᠬᠥᠭᠵᠢᠯᠲᠡ ᠭᠦᠢᠴᠡᠳ ᠦᠭᠡᠢ | ᠪᠠᠶᠢᠬᠤ ᠠᠴᠠ ᠪᠤᠯᠤᠭᠰᠠᠨ ᠪᠠᠶᠢᠨ᠎ᠠ᠃ ᠡᠲᠡᠭᠡᠷ ᠠᠰᠠᠭᠤᠳᠠᠯ ᠤᠨ ᠡᠮᠦᠨ᠎ᠡ᠂ ᠪᠢᠳᠡ ᠬᠤᠷᠢᠭ᠎ᠠ ᠱᠤᠭᠤᠮ ᠤᠨ | ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ︽ᠲᠣᠭᠲᠠᠭᠤᠨ ᠪᠠᠶᠢᠯᠭᠠᠬᠤ︾ ᠱᠠᠭᠠᠷᠳᠠᠯᠭ᠎ᠠ ᠶᠢ ᠰᠤᠯᠠᠷᠠᠭᠤᠯᠤᠯ | ᠥᠬᠡᠶ ᠪᠠᠷᠢᠮᠲᠠᠯᠠᠵᠤ᠂ ︽ᠤᠷᠤᠭᠰᠢᠯᠠᠬᠤ︾ ᠪᠠᠶᠢᠳᠠᠯ ᠢ ᠬᠤᠪᠢᠷᠠᠭᠤᠯᠬᠤ ᠥᠬᠡᠶ᠂ ︽ᠰᠠᠶᠢᠨ ᠪᠠᠶᠢᠬᠤ︾ | ᠤᠳᠤᠷᠢᠳᠤᠮᠵᠢ ᠶᠢ ᠭᠤᠶᠢᠪᠢᠯᠵᠠᠭᠤᠯᠬᠤ ᠥᠬᠡᠶ᠂ ︽ᠰᠢᠯᠢᠳᠡᠭ ᠪᠠᠶᠢᠬᠤ︾ ᠪᠠᠷᠢᠮᠵᠢᠶ᠎ᠠ ᠶᠢ ᠪᠠᠭᠤᠷᠠᠭᠤᠯᠬᠤ ᠥᠬᠡᠶ | ᠪᠠᠶᠢᠵᠤ᠂ ᠬᠦᠴᠢᠷ ᠢ ᠳᠤᠭᠤᠯᠤᠨ ᠡᠷᠡᠮᠡᠬᠡᠶᠢᠯᠡᠨ ᠤᠷᠤᠭᠰᠢᠯᠠᠬᠤ ᠳᠤᠮᠳᠠ ᠬᠥᠭᠵᠢᠯᠲᠡ ᠶᠢᠨ ᠢᠲᠡᠪᠬᠢ ᠪᠠᠶᠢᠳᠠᠯ ᠢ | ᠲᠡᠮᠡᠴᠡᠨ ᠤᠯᠵᠦ᠂ ᠬᠦᠴᠢᠷᠳᠡᠯ ᠢ ᠰᠢᠪᠲᠤᠯᠤᠨ ᠰᠢᠢᠳᠪᠦᠷᠢᠯᠡᠬᠦ ᠳᠤᠮᠳᠠ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠵᠦ᠂ | ᠰᠢᠨ᠎ᠡ ᠴᠠᠭ ᠦᠶ᠎ᠡ ᠶᠢᠨ ᠵᠠᠮ ᠢᠶᠠᠷ ᠰᠠᠶᠢᠲᠤᠷ ᠵᠠᠮᠨᠠᠬᠤ ᠶᠢ ᠡᠷᠡᠰ ᠪᠠᠷᠢᠮᠳᠠᠯᠠᠨ᠎ᠠ᠃ | ᠬᠤᠶᠠᠷ᠂ ᠠᠶᠢᠮᠠᠭ ᠤᠨ ᠨᠠᠮ ᠤᠨ ᠬᠤᠷᠢᠶᠠᠨ ᠤ ᠶᠡᠭᠡ ᠪᠠᠶᠢᠳᠠᠯ ᠤᠨ ᠵᠠᠳᠠᠯᠤᠨ ᠰᠤᠳᠤᠯᠤᠯᠲᠠ ᠶᠢ | ᠣᠨᠣᠪᠴᠢᠲᠠᠶ ᠡᠵᠡᠮᠰᠢᠨ᠎ᠡ | ᠠᠯᠠᠱᠠ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢ ᠰᠠᠭᠤᠷᠢ᠂ ᠤᠯᠤᠰ ᠤᠨ ᠪᠠᠲᠤᠯᠠᠨ | ᠬᠠᠮᠠᠭᠠᠯᠠᠯᠲᠠ ᠴᠡᠷᠢᠭ ᠤᠨ ᠶᠠᠪᠤᠳᠠᠯ ᠤᠨ ᠪᠠᠶᠢᠷᠢ ᠰᠠᠭᠤᠷᠢ᠂ ᠠᠮᠤᠷ ᠲᠦᠪᠰᠢᠨ ᠲᠣᠭᠲᠠᠭᠤᠨ ᠤ ᠪᠠᠶᠢᠷᠢ ᠰᠠᠭᠤᠷᠢ | ᠲᠤᠩ ᠴᠢᠬᠤᠯᠠ ᠶᠤᠮ᠃ ᠪᠢᠳᠠ ᠢᠮᠠᠭᠲᠠ ᠬᠡᠬᠦᠳᠡᠭ ᠴᠡᠭᠡᠵᠢᠨ ᠳᠡᠭᠡᠨ ᠤᠯᠤᠰ ᠬᠦᠷᠤᠨ ᠤ ᠶᠡᠭᠡ ᠲᠠᠯ᠎ᠠ ᠶᠢ | ᠪᠠᠭᠲᠠᠭᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ᠂ ᠥᠪᠡᠷᠲᠡᠭᠡᠨ ᠵᠠᠰᠠᠬᠤ | ᠣᠷᠣᠨ ᠤ ᠬᠥᠭᠵᠢᠯᠲᠡ ᠶᠢᠨ ᠲᠣᠭᠲᠠᠭᠤᠨ ᠢ ᠪᠠᠲᠤᠯᠠᠬᠤ ᠴᠢᠬᠤᠯᠠ ᠶᠡᠭᠡ ᠤᠯᠤᠰ ᠲᠦᠷᠤ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠨᠢᠭᠡᠨᠲᠡ ᠪᠦᠷᠢᠯᠳᠦᠭᠰᠡᠨ ᠪᠠᠲᠤ ᠪᠠᠬᠢ ᠰᠠᠭᠤᠷᠢ ᠪᠣᠯᠤᠨ ᠰᠠᠶᠢᠨ ᠰᠠᠶᠢᠬᠠᠨ ᠪᠠᠶᠢᠳᠠᠯ ᠢ ᠣᠯᠵᠤ | ᠬᠠᠷᠠᠬᠤ ᠪᠠᠷ ᠪᠠᠷᠠᠬᠤ ᠦᠬᠡᠢ᠂ ᠪᠠᠰᠠ ᠪᠤᠰᠤᠳᠴᠢ ᠪᠠᠷ ᠣᠷᠣᠰᠢᠵᠤ ᠪᠠᠶᠢᠭ᠎ᠠ ᠤᠤᠯ ᠤᠨ ᠬᠦᠷᠤᠯᠴᠡᠬᠦ ᠦᠬᠡᠢ ᠲᠠᠯ᠎ᠠ | ᠪᠣᠯᠤᠨ ᠬᠥᠭᠵᠢᠯᠲᠡ ᠶᠢᠨ ᠵᠦᠷᠢᠶ᠎ᠡ ᠶᠢ ᠣᠯᠵᠤ ᠬᠠᠷᠠᠵᠤ᠂ ᠥᠪᠡᠷ ᠢ ᠪᠠᠨ ᠰᠡᠷᠭᠡᠭ ᠲᠠᠨᠢᠬᠤ ᠳᠤᠮᠳᠠ ᠶᠡᠭᠡ | ᠬᠠᠨᠳᠤᠰᠢ ᠶᠢ ᠠᠵᠢᠭᠯᠠᠵᠤ᠂ ᠶᠡᠭᠡ ᠲᠠᠯ᠎ᠠ ᠶᠢ ᠪᠣᠳᠣᠯᠬᠢᠯᠠᠵᠤ᠂ ᠶᠡᠭᠡ ᠶᠠᠪᠤᠳᠠᠯ ᠢ ᠪᠦᠲᠦᠭᠡᠵᠦ᠂ ᠰᠠᠶᠢᠨ ᠰᠠᠶᠢᠬᠠᠨ | ᠢᠷᠡᠭᠡᠳᠦᠢ ᠶᠢᠨ ᠬᠥᠭᠡᠭᠡᠴᠡᠯᠳᠦᠯ ᠳᠤᠮᠳᠠ ᠡᠷᠴᠢ ᠬᠦᠴᠦ ᠪᠠᠨ ᠨᠡᠮᠡᠭᠳᠡᠭᠦᠯᠵᠦ᠂ ᠢᠲᠡᠭᠡᠯ ᠵᠣᠷᠢᠭ ᠢᠶᠠᠨ ᠬᠥᠪᠴᠢᠯᠡᠵᠦ | ᠂ ᠠᠯᠠᠱᠠ ᠶᠢᠨ ᠰᠠᠶᠢᠨ ᠰᠠᠶᠢᠬᠠᠨ ᠢᠷᠡᠭᠡᠳᠦᠢ ᠶᠢᠨ ᠲᠥᠯᠥᠭᠡ ᠴᠥᠬᠦᠷᠡᠰᠢ ᠦᠬᠡᠢ ᠲᠡᠮᠡᠴᠡᠬᠦ ᠴᠢᠬᠤᠯᠠᠳᠠᠢ᠃ | ︵ᠨᠢᠭᠡ︶ ᠬᠥᠭᠵᠢᠯᠲᠡ ᠶᠢᠨ ︽ᠠᠵᠠ ᠲᠣᠬᠢᠶᠠᠯ︾ ᠢ ᠣᠨᠣᠪᠴᠢᠲᠠᠢ ᠡᠵᠡᠮᠳᠡᠨ᠎ᠡ᠃ ᠰᠢᠨ᠎ᠡ ᠬᠥᠭᠵᠢᠯᠲᠡ ᠶᠢᠨ | ᠱᠠᠳᠤ ᠦᠶ᠎ᠡ ᠪᠢᠳᠡᠨ ᠳᠤ ᠤᠷᠢᠳ ᠡᠮᠦᠨ᠎ᠡ ᠪᠠᠶᠢᠭ᠎ᠠ ᠦᠭᠡᠢ ᠰᠢᠨ᠎ᠡ ᠠᠵᠠ ᠲᠣᠬᠢᠶᠠᠯ ᠢ ᠠᠪᠴᠢᠷᠠᠵᠤ ᠥᠭᠪᠡ᠃ | ᠴᠠᠭ ᠦᠶ᠎ᠡ ᠶᠢᠨ ᠠᠵᠠ ᠲᠣᠬᠢᠶᠠᠯ ᠨᠠᠩ ᠡᠷᠬᠢᠮ ᠨᠠᠨᠳᠢᠨ᠃ ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ | ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠶᠢ ᠥᠩᠭᠡᠷᠡᠭᠡᠵᠦ᠂ ᠮᠠᠨ ᠤ ᠤᠯᠤᠰ ᠤᠨ ᠬᠥᠭᠵᠢᠯᠲᠡ ᠴᠦ ᠰᠢᠨ᠎ᠡ | ᠱᠠᠲᠤᠨ ᠳᠤ ᠤᠷᠤᠭᠰᠠᠨ ᠪᠠᠶᠢᠨ᠎ᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠲᠦᠯᠦᠪᠰᠢᠯ ᠢ ᠴᠣᠭᠴᠠᠯᠠᠬᠤ ᠨᠢ ᠵᠠᠶᠢᠯᠠᠰᠢ ᠥᠬᠡᠶ ᠨᠠᠩ ᠭᠦᠨ | ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠶ ᠲᠣᠬᠢᠷᠠᠭᠤᠯᠤᠯᠲᠠ ᠶᠢ ᠠᠪᠴᠢᠷᠠᠵᠤ᠂ ᠨᠠᠩ ᠶᠡᠭᠡ ᠰᠢᠨ᠎ᠡ ᠣᠷᠣᠨ ᠵᠠᠶ | ᠪᠣᠯᠤᠨ ᠨᠠᠩ ᠣᠯᠠᠨ ᠬᠥᠳᠡᠯᠭᠡᠬᠦ ᠬᠦᠴᠦᠨ ᠢ ᠪᠠᠳᠠᠷᠠᠭᠤᠯᠬᠤ ᠪᠣᠯᠤᠨ᠎ᠠ᠃ ᠲᠥᠷᠥ ᠶᠢᠨ ᠪᠣᠳᠣᠯᠭ᠎ᠠ ᠶᠢᠨ ᠠᠵᠠ | ᠲᠣᠬᠢᠶᠠᠯ ᠤᠴᠠᠷᠠᠨ ᠳᠠᠪᠬᠤᠴᠠᠪᠠ᠃ ︽ᠨᠢᠭᠡ ᠪᠦᠰᠡ ᠨᠢᠭᠡ ᠵᠠᠮ︾᠂ ᠬᠠᠲᠤᠨ ᠭᠤᠤᠯ ᠤᠨ ᠰᠠᠪᠠ ᠭᠠᠵᠠᠷ ᠤᠨ | ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ᠂ ᠬᠠᠮᠲᠤ ᠶᠢᠨ ᠪᠠᠶᠠᠵᠢᠨ ᠴᠢᠨᠡᠭᠡᠯᠢᠭᠵᠢᠯ᠂ ︽ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ︾᠂ ᠡᠨᠧᠷᠭᠢ ᠶᠢᠨ ᠠᠮᠤᠷ ᠲᠦᠪᠰᠢᠨ ᠵᠡᠷᠭᠡ ᠠᠯᠢ ᠣᠯᠠᠨ ᠤᠯᠤᠰ ᠤᠨ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ︽ᠬᠤᠶᠠᠷ ᠬᠠᠯᠬᠠᠪᠴᠢ︾᠂ ︽ᠬᠤᠶᠠᠷ | ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢᠨ ᠲᠣᠭᠤᠷᠢᠨ ᠳᠤ ᠠᠯᠢ ᠣᠯᠠᠨ ᠲᠥᠷᠥ ᠶᠢᠨ ᠪᠣᠳᠣᠯᠭ᠎ᠠ ᠶᠢ | ᠬᠤᠶᠢᠨ᠎ᠠ ᠬᠤᠶᠢᠨ᠎ᠠ ᠨᠢ ᠲᠤᠭᠲᠠᠭᠠᠨ ᠬᠡᠷᠡᠭᠵᠢᠬᠦᠯᠵᠦ᠂ ᠢᠲᠡᠪᠬᠢ ᠵᠦᠪ ᠲᠠᠯ᠎ᠠ ᠶᠢᠨ ᠳᠣᠬᠢᠶ᠎ᠠ ᠥᠭᠴᠦ᠂ ᠯᠤᠲᠤ | ᠶᠡᠭᠡ ᠠᠰᠢᠭ ᠲᠤᠰᠠ ᠶᠢ ᠠᠪᠴᠢᠷᠠᠪᠠ᠃ ᠬᠡᠯᠪᠡᠷᠢ ᠪᠠᠨ ᠬᠤᠪᠢᠷᠠᠭᠤᠯᠬᠤ ᠠᠵᠠ ᠲᠣᠬᠢᠶᠠᠯ ᠢ ᠬᠢᠴᠢᠶᠡᠮᠵᠢ ᠦᠭᠡᠢ ᠪᠤᠯ | ᠠᠯᠳᠠᠵᠦ ᠶᠠᠪᠤᠭᠤᠯᠤᠨ᠎ᠠ᠃ ᠮᠠᠨ ᠤ ᠠᠶᠢᠮᠠᠭ ᠤᠨ ᠠᠵᠤ ᠦᠢᠯᠡᠰ ᠨᠢᠭᠡᠨᠲᠡ ᠬᠤᠪᠢᠷᠠᠭᠤᠯᠬᠤ ᠥᠬᠡᠶ ᠪᠠᠶᠢᠬᠤ ᠶᠢᠨ | ᠠᠷᠭ᠎ᠠ ᠥᠬᠡᠶ᠂ ᠤᠷᠤᠭᠰᠢᠯᠠᠬᠤ ᠥᠬᠡᠶ ᠪᠣᠯ ᠤᠬᠤᠷᠢᠬᠤ ᠵᠠᠩᠭᠢᠯᠠᠭ᠎ᠠ ᠶᠢᠨ ᠴᠠᠭ ᠦᠶ᠎ᠡ ᠳᠤ ᠬᠦᠷᠦᠭᠰᠡᠨ ᠪᠠᠶᠢᠨ᠎ᠠ᠂ | ︽ᠬᠤᠪᠢᠷᠠᠭᠤᠯᠬᠤ︾ ᠪᠣᠯ ᠬᠠᠮᠤᠭ ᠤᠨ ᠶᠡᠭᠡ ᠬᠦᠴᠢᠷᠳᠡᠯ ᠮᠥᠨ᠂ ᠨᠠᠩ ᠴᠤ ᠬᠠᠮᠤᠭ ᠤᠨ ᠰᠠᠶᠢᠨ ᠠᠷᠭ᠎ᠠ ᠵᠠᠮ | ᠮᠥᠨ᠂ ︽ᠤᠷᠤᠭᠰᠢᠯᠠᠬᠤ︾ ᠪᠣᠯ ᠪᠠᠶᠢᠳᠠᠯ ᠢ ᠲᠠᠭᠠᠨ ᠤᠷᠤᠭᠰᠢᠯᠠᠬᠤ ᠰᠣᠩᠭᠤᠯᠲᠠ ᠮᠥᠨ᠂ ᠨᠠᠩ ᠴᠤ | ᠢᠯᠠᠯᠲᠠ ᠶᠢᠨ ᠡᠷᠴᠢᠨ ᠳᠡᠭᠡᠷᠡᠬᠢ ᠠᠵᠠ ᠲᠣᠬᠢᠶᠠᠯ ᠮᠥᠨ᠂ ᠬᠥᠭᠵᠢᠯᠲᠡ ᠪᠣᠯ ᠪᠢᠳᠡᠨ ᠳᠤ ᠲᠤᠯᠭᠠᠷᠠᠵᠤ ᠪᠠᠶᠢᠭ᠎ᠠ | ᠠᠯᠢ ᠣᠯᠠᠨ ᠠᠰᠠᠭᠤᠳᠠᠯ ᠢ ᠰᠢᠢᠳᠪᠦᠷᠢᠯᠡᠬᠦ ᠠᠯᠲᠠᠨ ᠲᠦᠯᠬᠢᠭᠦᠷ ᠮᠥᠨ᠃ | ︵ᠬᠤᠶᠠᠷ︶ ᠤᠷᠤᠭᠰᠢᠯᠠᠯᠲᠠ ᠶᠢᠨ ︽ᠪᠠᠶᠢᠳᠠᠯ︾ ᠢ ᠢᠳᠡᠪᠬᠢᠲᠡᠢ ᠪᠤᠢ ᠪᠤᠯᠭᠠᠨ᠎ᠠ᠃ ᠠᠯᠠᠱᠠ ᠳᠤ ᠠᠪᠴᠦ | ᠬᠡᠯᠡᠪᠡᠯ ᠶᠡᠭᠡ ᠬᠥᠭᠵᠢᠯᠲᠡ ᠶᠢ ᠪᠡᠶᠡᠯᠡᠭᠦᠯᠬᠦ ᠨᠢ ᠳᠠᠪᠠᠭᠤᠯᠢᠭ ᠲᠠᠢ ᠮᠥᠷᠲᠡᠭᠡᠨ ᠨᠡᠩ ᠴᠤ ᠬᠠᠨᠳᠤᠰᠢ ᠮᠥᠨ᠃ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠨ᠎ᠠ᠃ ᠠᠯᠠᠱᠠ ᠪᠣᠯ ᠤᠮᠠᠷᠠᠲᠤ ᠶᠢᠨ ᠡᠯᠡᠰᠦ ᠶᠢ | ᠰᠡᠷᠭᠡᠶᠢᠯᠡᠬᠦ ᠪᠦᠰᠡ ᠶᠢᠨ ᠵᠠᠩᠭᠢᠯᠠᠭ᠎ᠠ ᠶᠢᠨ ᠭᠤᠭᠴᠤᠭ᠎ᠠ᠂ ᠭᠤᠷᠪᠠᠨ ᠶᠡᠭᠡ ᠡᠯᠡᠰᠦ ᠶᠢ ᠬᠤᠷᠢᠭᠯᠠᠬᠤ ᠴᠢᠬᠤᠯᠠ | ᠵᠠᠩᠭᠢᠯᠠᠭ᠎ᠠ ᠶᠢᠨ ᠴᠡᠭ ᠪᠠᠶᠢᠵᠤ᠂ ᠬᠠᠳᠤᠨ ᠭᠤᠣᠯ ᠤᠨ ᠤᠷᠳᠤ ᠤᠳᠠᠭᠠᠨ ᠠᠮᠤᠷ ᠲᠦᠪᠰᠢᠨ ᠪᠠ ᠠᠮᠢ ᠠᠬᠤᠢ ᠶᠢᠨ | ᠠᠮᠤᠷ ᠲᠦᠪᠰᠢᠨ ᠢ ᠪᠠᠲᠤᠯᠠᠬᠤ ᠡᠮᠦᠨ᠎ᠡ ᠹᠷᠣᠨᠲ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢᠨ ᠴᠢᠬᠤᠯᠠ ᠲᠤᠯᠭᠠᠭᠤᠷᠢᠯᠠᠬᠤ ᠴᠡᠭ ᠪᠣᠯᠤᠨ᠎ᠠ᠃ ᠠᠮᠢ ᠠᠬᠤᠶ ᠣᠷᠴᠢᠨ | ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠪᠡᠰᠦ ᠵᠣᠬᠢᠬᠤ | ᠡᠭᠦᠷᠭᠡᠯᠡᠯ ᠪᠣᠯᠬᠤ ᠪᠥᠭᠡᠳ ᠪᠠᠰᠠ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ | ᠬᠤᠪᠢᠷᠠᠭᠤᠯᠤᠯᠲᠠ ᠶᠢ ᠠᠬᠢᠭᠤᠯᠬᠤ ᠳᠠᠯᠳᠠ ᠬᠦᠴᠦᠨ ᠪᠣᠯᠤᠨ᠎ᠠ᠃ ᠤᠯᠤᠰ ᠤᠨ ᠡᠨᠧᠷᠭᠢ ᠶᠢᠨ ᠠᠮᠤᠷ ᠲᠦᠪᠰᠢᠨ ᠢ | ᠡᠷᠬᠡᠪᠰᠢ ᠪᠠᠲᠤᠯᠠᠨ᠎ᠠ᠃ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠳᠠ ᠶᠢ ᠤᠷᠬᠢᠯ ᠬᠡᠮᠵᠢᠭᠳᠡᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠪᠣᠯ ᠨᠠᠮ ᠤᠨ ᠲᠥᠪ ᠬᠤᠷᠢᠶ᠎ᠠ ᠠᠴᠠ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ ᠭᠠᠷᠭᠠᠭᠰᠠᠨ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠪᠣᠯᠤᠨ᠎ᠠ᠂ ᠡᠨᠧᠷᠭᠢ ᠶᠢᠨ ᠠᠮᠤᠷ ᠲᠦᠪᠰᠢᠨ ᠪᠣᠯ ᠤᠯᠤᠰ ᠤᠨ ᠶᠡᠷᠦᠩᠬᠡᠢ | ᠠᠮᠤᠷ ᠲᠦᠪᠰᠢᠨ ᠤ ᠦᠵᠡᠯᠲᠡ ᠶᠢᠨ ᠴᠢᠬᠤᠯᠠ ᠪᠦᠷᠢᠯᠳᠦᠬᠦᠨ ᠪᠣᠯᠤᠨ᠎ᠠ᠂ ᠤᠯᠤᠰ ᠤᠨ ᠴᠢᠬᠤᠯᠠ ᠡᠨᠧᠷᠭᠢ ᠶᠢᠨ | ᠰᠠᠭᠤᠷᠢᠨ ᠢ ᠪᠦᠳᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠳᠠᠯᠪᠢᠭᠰᠠᠨ | ᠢᠷᠠᠭᠤ ᠠᠯᠳᠠᠷᠲᠤ ᠡᠭᠦᠷᠭᠡ ᠪᠣᠯᠤᠨ᠎ᠠ᠃ ᠮᠠᠨ ᠤ ᠠᠶᠢᠮᠠᠭ ᠤᠨ ᠴᠡᠪᠡᠷ ᠡᠨᠧᠷᠭᠢ ᠶᠢᠨ ᠬᠥᠭᠵᠢᠯᠲᠡ ᠶᠢᠨ | ᠲᠠᠯ᠎ᠠ ᠪᠠᠷ ᠬᠢ ᠳᠠᠪᠠᠭᠤᠯᠢᠭ ᠥᠪᠡᠷᠮᠢᠴᠡ᠂ ᠳᠠᠯᠳᠠ ᠬᠦᠴᠦᠨ ᠯᠤᠲᠤ ᠶᠡᠭᠡ᠂ ᠶᠡᠭᠡ ᠦᠢᠯᠡᠳᠦᠯ ᠦᠵᠡᠭᠦᠯᠪᠡᠯ | ᠵᠣᠬᠢᠨ᠎ᠠ᠃ ᠬᠤᠶᠠᠷ ᠣᠷᠴᠢᠯ ᠤᠨ ︽ᠬᠠᠨᠳᠤᠰᠢ︾ ᠳᠤ ᠠᠭᠤᠰᠤᠯᠴᠠᠬᠤ ᠶᠢ ᠵᠠᠪᠠᠯ ᠪᠡᠶᠡᠯᠡᠬᠦᠯᠦᠨ᠎ᠡ᠃ ᠳᠠᠪᠠᠭᠤᠯᠢᠭ | ᠠᠵᠤ ᠦᠢᠯᠡᠳᠪᠦᠷᠢ ᠶᠢᠨ ᠪᠦᠲᠦᠭᠡᠭᠳᠡᠬᠦᠨ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ᠂ | ᠴᠡᠪᠡᠷ ᠡᠨᠧᠷᠭᠢ ᠶᠢ ᠭᠠᠳᠠᠭᠰᠢ ᠭᠠᠷᠭᠠᠬᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ᠂ ᠪᠣᠭᠤᠮᠲᠠ ᠶᠢᠨ ᠠᠵᠤ | ᠠᠬᠤᠢ ᠪᠣᠯ ᠮᠠᠨ ᠤ ᠠᠶᠢᠮᠠᠭ ᠤᠨ ︽ᠬᠤᠶᠠᠷ ᠣᠷᠴᠢᠯ︾ ᠳᠤ ᠠᠭᠤᠰᠤᠯᠴᠠᠬᠤ ᠬᠠᠮᠤᠭ ᠤᠨ ᠰᠠᠶᠢᠨ ᠭᠠᠷᠳᠠᠬᠤ ᠴᠡᠭ | ᠮᠥᠨ᠂ ᠭᠠᠭᠴᠠ ᠬᠦ ᠠᠵᠤ ᠠᠬᠤᠢ ᠶᠢᠨ ᠶᠡᠭᠡ ᠣᠷᠴᠢᠯ ᠤᠨ ᠬᠡᠯᠬᠢᠶ᠎ᠡ ᠶᠢ ᠨᠢᠭᠳᠠᠷᠠᠭᠤᠯᠪᠠᠯ ᠰᠠᠶ᠋ᠢ ᠤᠯᠤᠰ ᠠᠴᠠ | ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠢ ᠠᠰᠢᠭᠯᠠᠨ ᠪᠦᠬᠦ ᠠᠶᠢᠮᠠᠭ ᠤᠨ ᠠᠵᠤ ᠠᠬᠤᠢ ᠶᠢᠨ ᠶᠡᠭᠡ | ᠬᠥᠭᠵᠢᠯᠲᠡ ᠶᠢ ᠳᠠᠶᠢᠴᠢᠯᠠᠵᠤ ᠴᠢᠳᠠᠨ᠎ᠠ᠃ | ︵ᠭᠤᠷᠪᠠ︶ ᠤᠷᠤᠭᠰᠢᠯᠠᠯᠲᠠ ᠶᠢᠨ ︽ᠠᠷᠭ᠎ᠠ ᠪᠤᠳᠤᠯᠭ᠎ᠠ︾ ᠶᠢ ᠦᠨᠡᠨ ᠬᠦ ᠣᠨᠣᠪᠴᠢᠲᠠᠢ ᠡᠷᠢᠨ᠎ᠡ᠃ | ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠪᠢᠳᠡ ᠠᠷᠭ᠎ᠠ ᠪᠣᠳᠣᠯᠭ᠎ᠠ ᠰᠦᠪᠡᠭᠴᠢᠯᠡᠨ᠂ ᠬᠠᠷᠠᠯᠲᠠ ᠲᠠᠢ ᠪᠠᠷ | ᠠᠷᠭ᠎ᠠ ᠪᠣᠳᠣᠯᠭ᠎ᠠ ᠲᠣᠭᠲᠠᠭᠠᠵᠤ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠶ᠃ ᠰᠢᠢᠳᠪᠦᠷᠢᠳᠦ | ᠪᠣᠳᠣᠯᠭ᠎ᠠ ᠳᠣᠭᠳᠠᠭᠠᠬᠤ ᠳᠠᠭᠠᠨ ᠰᠣᠳᠣᠯᠭᠠᠨ ᠳᠤ ᠲᠦᠰᠢᠭᠯᠡᠨ᠎ᠡ᠃ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ | ᠂ ᠦᠪᠡᠷ ᠤᠨ ᠪᠠᠶᠢᠳᠠᠯ ᠢᠶᠠᠨ ᠦᠨᠡᠨ ᠬᠦ ᠲᠣᠳᠣᠷᠬᠠᠢ ᠣᠶᠢᠯᠠᠭᠠᠵᠤ᠂ ᠳᠠᠪᠠᠭᠤᠯᠢᠭ ᠲᠠᠯ᠎ᠠ ᠪᠠ ᠪᠠᠭᠤᠷᠠᠢ ᠲᠠᠯ᠎ᠠ ᠪᠠᠨ | ᠵᠥᠪ ᠣᠶᠢᠯᠠᠭᠠᠵᠤ᠂ ᠬᠢᠵᠦ ᠪᠣᠯᠬᠤ ᠪᠠ ᠬᠢᠵᠦ ᠦᠯᠦ ᠦᠭᠡᠢ ᠵᠦᠢᠯ ᠢ ᠲᠣᠳᠣᠷᠬᠠᠢ ᠣᠶᠢᠯᠠᠭᠠᠵᠤ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠠᠷᠢᠯᠢᠭ ᠣᠨᠣᠪᠴᠢᠳᠠᠢ ᠪᠠᠷ ᠰᠢᠢᠳᠪᠦᠷᠢᠲᠦ ᠪᠤᠳᠤᠯᠭ᠎ᠠ | ᠲᠣᠭᠲᠠᠭᠠᠬᠤ ᠶᠢ ᠪᠡᠶᠡᠯᠡᠭᠦᠯᠬᠦ ᠬᠡᠷᠡᠭᠲᠡᠢ᠃ ᠪᠣᠳᠣᠯᠭ᠎ᠠ ᠲᠣᠭᠲᠠᠭᠠᠬᠤ ᠳᠠᠭᠠᠨ ᠳᠦᠷᠦᠯ ᠵᠦᠢᠯ ᠳᠤ ᠲᠦᠰᠢᠭᠯᠡᠨ᠎ᠡ᠃ | ︽ᠬᠦᠶᠦᠵᠦ ᠠᠵᠢᠭᠯᠠᠬᠤ ᠳᠡᠰᠪᠦᠷᠢ ᠲᠠᠢ ᠪᠠᠶᠢᠬᠤ ᠴᠢᠷᠮᠠᠶᠢᠬᠤ︾ ᠳᠥᠷᠪᠡᠨ ᠳᠠᠯ᠎ᠠ ᠶᠢ ᠰᠠᠶᠢᠲᠤᠷ ᠬᠡᠷᠡᠭᠯᠡᠵᠦ᠂ ᠲᠣᠮᠣ | ᠲᠥᠷᠥᠯ ᠵᠦᠢᠯ ᠢ ᠠᠳᠬᠤᠵᠤ᠂ ᠲᠥᠷᠥᠯ ᠵᠦᠢᠯ ᠢ ᠶᠡᠭᠡ ᠪᠠᠷ ᠠᠳᠬᠤᠵᠤ᠂ ᠶᠡᠭᠡ ᠬᠡᠮᠵᠢᠶᠡᠨ ᠤ ᠴᠢᠨᠠᠷ ᠰᠠᠶᠢᠲᠠᠶ | ᠲᠥᠷᠥᠯ ᠵᠦᠢᠯ ᠢ ᠬᠡᠷᠡᠭᠯᠡᠵᠦ ᠪᠠᠶᠢᠭᠠᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠥᠷᠪᠡᠨ ᠨᠢᠷᠤᠭᠤ ᠨᠠᠢᠮᠠᠨ | ᠲᠤᠯᠭᠠᠭᠤᠷᠢ ᠶᠢ ᠴᠣᠭᠴᠠᠯᠠᠬᠤ ᠬᠡᠷᠡᠭᠳᠡᠢ᠃ ᠠᠷᠭ᠎ᠠ ᠪᠣᠳᠣᠯᠭ᠎ᠠ ᠳᠣᠭᠳᠠᠭᠠᠬᠤ ᠳᠤ ᠠᠵᠤ ᠠᠬᠤᠶᠢᠯᠠᠯ ᠳᠤ | ᠲᠦᠰᠢᠭᠯᠡᠨ᠎ᠡ᠃ ᠣᠨᠣᠪᠴᠢᠳᠠᠢ ᠪᠠᠷ ᠬᠤᠳᠠᠯᠳᠤᠭᠠᠴᠢᠨ ᠤᠷᠢᠬᠤ᠂ ᠣᠨᠣᠪᠴᠢᠳᠠᠢ ᠪᠠᠷ ᠦᠢᠯᠡᠴᠢᠯᠡᠬᠦ ᠶᠢ ᠠᠵᠤ | ᠠᠬᠤᠢ ᠶᠢᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠣᠷᠣᠭᠤᠯᠵᠤ ᠠᠪᠴᠢᠷᠠᠬᠤ | ᠮᠥᠷᠲᠡᠭᠡᠨ ᠦᠯᠡᠳᠡᠭᠡᠬᠦ ᠬᠡᠷᠡᠭᠲᠡᠢ᠂ ᠨᠡᠩ ᠴᠤ ᠠᠵᠤ ᠠᠬᠤᠶᠢᠯᠠᠯ ᠢ ᠬᠠᠪᠰᠤᠷᠤᠨ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠬᠡᠷᠡᠭᠲᠡᠢ᠃ ᠠᠷᠭ᠎ᠠ ᠪᠣᠳᠣᠯᠭ᠎ᠠ ᠳᠣᠭᠳᠠᠭᠠᠬᠤ ᠳᠤ ᠣᠶᠣᠨ ᠣᠬᠠᠭᠠᠨ ᠳᠤ ᠲᠦᠰᠢᠭᠯᠡᠨ᠎ᠡ᠃ | ᠭᠤᠤᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ᠂ ᠳᠤᠲᠠᠭᠤᠳᠠᠯ ᠪᠠᠭᠤᠷᠠᠶ ᠲᠠᠯ᠎ᠠ ᠶᠢᠨ ᠲᠣᠭᠤᠷᠢᠨ ᠳᠤ᠂ | ᠲᠤᠰᠬᠠᠶ ᠮᠡᠷᠭᠡᠵᠢᠯᠲᠡᠨ ᠵᠥᠪᠯᠡᠭᠴᠢ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ | ᠴᠢᠳᠠᠪᠤᠷᠢᠲᠠᠨ ᠢ ᠤᠷᠢᠨ ᠣᠶᠤᠨ ᠤᠬᠠᠭᠠᠨ ᠢ ᠠᠪᠴᠢᠷᠠᠵᠦ᠂ ᠴᠢᠳᠠᠪᠤᠷᠢᠲᠠᠨ ᠲᠤ ᠲᠦᠰᠢᠭᠯᠡᠨ ᠣᠶᠤᠨ | ᠤᠬᠠᠭᠠᠨ ᠢ ᠨᠢ ᠵᠢᠭᠡᠯᠡᠨ᠂ ᠴᠢᠳᠠᠪᠤᠷᠢᠲᠠᠨ ᠢ ᠠᠰᠢᠭᠯᠠᠨ ᠣᠶᠤᠨ ᠤᠬᠠᠭᠠᠨ ᠢ ᠨᠢ ᠬᠡᠷᠡᠭᠯᠡᠨ᠎ᠡ᠃ ᠠᠷᠠᠳ ᠲᠤ ᠠᠷᠭ᠎ᠠ | ᠪᠣᠳᠣᠯᠭ᠎ᠠ ᠬᠡᠷᠡᠭᠵᠢᠬᠦᠯᠦᠨ᠎ᠡ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠡᠳ᠋ ᠤᠨ ᠬᠦᠴᠦᠨ ᠢ ᠠᠷᠠᠳ ᠤᠨ ᠠᠮᠢᠳᠤᠷᠠᠯ ᠲᠡᠶᠢᠰᠢ ᠲᠥᠪᠯᠡᠷᠡᠭᠦᠯᠬᠦ᠂ ᠲᠥᠷᠥ ᠶᠢᠨ ᠪᠣᠳᠣᠯᠭ᠎ᠠ ᠶᠢ | ᠠᠷᠠᠳ ᠤᠨ ᠠᠮᠢᠳᠤᠷᠠᠯ ᠲᠡᠶᠢᠰᠢ ᠬᠡᠯᠪᠠᠶᠢᠯᠭᠡᠬᠦ᠂ ᠦᠢᠯᠡᠴᠢᠯᠡᠭᠡ ᠶᠢ ᠠᠷᠠᠳ ᠤᠨ ᠠᠮᠢᠳᠤᠷᠠᠯ ᠳᠤ ᠬᠠᠮᠣᠷᠣᠭᠤᠯᠬᠤ ᠶᠢ | ᠠᠬᠢᠭᠤᠯᠤᠨ᠎ᠠ᠃ | ︵ᠲᠦᠷᠪᠡ︶ ᠨᠢᠭᠤᠭᠳᠠᠵᠤ ᠪᠠᠶᠢᠭ᠎ᠠ ︽ᠠᠶᠤᠯ ᠲᠦᠭᠰᠢᠭᠦᠷᠢ︾ ᠶᠢ ᠴᠠᠭ ᠢᠮᠠᠭᠲᠠ ᠰᠡᠷᠡᠮᠵᠢᠯᠡᠨ᠎ᠡ᠃ | ᠡᠮᠦᠨᠡᠬᠢ ᠵᠠᠮ ᠭᠡᠭᠡᠨ ᠰᠠᠷᠠᠭᠤᠯ᠂ ᠠᠮᠤᠷ ᠲᠦᠪᠰᠢᠨ ᠪᠠᠶᠢᠬᠤ ᠦᠶ᠎ᠡ ᠳᠡᠭᠡᠨ ᠨᠠᠩ ᠴᠤ ᠠᠶᠤᠯ ᠲᠦᠭᠰᠢᠭᠦᠷᠢ ᠶᠢ | ᠪᠣᠳᠣᠯᠬᠢᠯᠠᠬᠤ ᠬᠡᠷᠡᠭᠲᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠣᠷ | ᠬᠥᠨᠥᠭᠡᠯ ᠮᠦᠨ ᠬᠦ ᠣᠷᠣᠰᠢᠭᠰᠠᠭᠠᠷ ᠪᠤᠢ᠃ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠮᠥᠨ ᠬᠦ ᠮᠠᠰᠢ ᠶᠡᠭᠡ | ᠪᠠᠶᠢᠵᠤ᠂ ᠰᠡᠷᠭᠡᠶᠢᠯᠡᠨ ᠡᠵᠡᠮᠳᠡᠬᠦ ᠴᠢᠳᠠᠪᠤᠷᠢ ᠮᠥᠨ ᠬᠦ ᠪᠠᠭᠤᠷᠠᠶ ᠪᠠᠶᠢᠭᠰᠠᠭᠠᠷ᠂ ᠪᠠᠭ᠎ᠠ ᠯᠠ ᠬᠢᠴᠢᠶᠡᠬᠦ ᠦᠭᠡᠢ ᠪᠣᠯ ︽ | ᠵᠣᠭᠰᠣᠩᠭᠢᠷᠠᠵᠤ︾ ᠮᠡᠳᠡᠨ᠎ᠡ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢᠲᠦ ᠪᠠᠶᠢᠳᠠᠯ ᠮᠥᠨ | ᠣᠷᠣᠰᠢᠭᠰᠠᠭᠠᠷ ᠪᠤᠢ᠃ ᠵᠠᠰᠠᠭ ᠤᠨ ᠣᠷᠳᠣᠨ ᠤ ᠥᠷᠢ ᠥᠭᠴᠡᠭᠡ ᠶᠡᠭᠡ᠂ ᠮᠥᠩᠭᠦᠨ ᠭᠦᠢᠯᠭᠡᠭᠡᠨ ᠤ ᠶᠡᠷᠦᠩᠬᠡᠢ | ᠬᠡᠮᠵᠢᠶ᠎ᠡ ᠪᠠᠭ᠎ᠠ᠂ ᠪᠠᠭᠤᠷᠠᠢ᠂ ᠪᠠᠭ᠎ᠠ ᠯᠠ ᠬᠢᠴᠢᠶᠡᠬᠦ ᠦᠭᠡᠢ ᠪᠣᠯ ᠠᠶᠣᠯ ᠳᠣᠯᠭᠠᠷᠠᠵᠦ ᠮᠡᠳᠡᠨ᠎ᠡ᠃ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠮᠤᠷᠠᠯ ᠮᠥᠨ ᠬᠦ ᠣᠷᠣᠰᠢᠭᠰᠠᠭᠠᠷ ᠪᠤᠢ᠃ ᠠᠮᠢ ᠠᠬᠤᠢ ᠶᠢᠨ | ᠬᠠᠮᠠᠭᠠᠯᠠᠯᠲᠠ ᠳᠤ ᠪᠠᠰᠠ ᠳᠤᠲᠠᠭᠤᠳᠠᠯ ᠣᠷᠣᠰᠢᠵᠤ᠂ ᠵᠠᠰᠠᠯᠲᠠ ᠶᠢᠨ ᠥᠷᠢ ᠮᠥᠨ ᠨᠡᠯᠢᠶᠡᠳ ᠤᠯᠠᠨ ᠪᠠᠶᠢᠵᠤ᠂ | ᠪᠠᠭ᠎ᠠ ᠯᠠ ᠬᠢᠴᠢᠶᠡᠬᠦ ᠦᠭᠡᠢ ᠪᠣᠯ ᠬᠤᠷᠢᠭ᠎ᠠ ᠴᠡᠭᠡᠷ ᠢ ᠡᠪᠳᠡᠵᠦ ᠮᠡᠳᠡᠨ᠎ᠠ᠃ ᠠᠶᠤᠯᠭᠦᠶ ᠦᠢᠯᠡᠳᠪᠦᠷᠢᠯᠡᠯ ᠤᠨ ᠠᠶᠤᠯ | ᠲᠦᠭᠰᠢᠭᠦᠷᠢ ᠮᠦᠨ ᠬᠦ ᠣᠷᠣᠰᠢᠭᠰᠠᠭᠠᠷ ᠪᠤᠢ᠃ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠠᠶᠤᠯ | ᠲᠦᠭᠰᠢᠭᠦᠷᠢ ᠶᠡᠭᠡ᠂ ᠠᠮᠤᠷ ᠲᠦᠪᠰᠢᠨ ᠤ ᠠᠳᠡᠯ ᠣᠯᠠᠨᠲᠠ ᠡᠭᠦᠰᠴᠦ᠂ ᠪᠠᠭ᠎ᠠ ᠯᠠ ᠬᠢᠴᠢᠶᠡᠬᠦ ᠦᠭᠡᠢ ᠪᠣᠯ ︽ | ᠰᠢᠷᠬᠠᠲᠤᠵᠤ︾ ᠮᠡᠳᠡᠨ᠎ᠡ᠃ | ᠪᠠᠶᠢᠳᠠᠯ ᠢ ᠲᠣᠳᠣᠷᠬᠠᠶ ᠲᠠᠨᠢᠬᠤ ᠨᠢ ᠪᠠᠶᠢᠷᠢ ᠲᠣᠭᠲᠠᠭᠠᠯᠲᠠ ᠶᠢ ᠨᠠᠩ ᠰᠠᠶᠢᠲᠤᠷ ᠲᠣᠳᠣᠷᠬᠠᠶᠢᠯᠠᠵᠤ᠂ | ᠬᠠᠷᠠᠯᠲᠠ ᠶᠢ ᠨᠠᠩ ᠰᠠᠶᠢᠲᠤᠷ ᠲᠣᠭᠲᠠᠭᠠᠵᠤ᠂ ᠪᠠᠶᠢᠳᠠᠯ ᠢ ᠵᠠᠳᠠᠯᠬᠤ ᠨᠢ ᠰᠡᠳᠬᠢᠬᠦᠢ ᠪᠠᠨ ᠡᠮᠬᠢᠯᠡᠵᠦ ᠠᠷᠭ᠎ᠠ ᠵᠠᠮ ᠢ | ᠤᠨᠤᠪᠴᠢᠲᠠᠢ ᠡᠷᠢᠬᠦ ᠶᠢᠨ ᠲᠥᠯᠥᠭᠡ ᠶᠤᠮ᠃ ᠪᠢᠳᠠ ᠬᠦᠴᠢᠷ ᠠᠴᠠ ᠠᠶᠤᠬᠤ ᠥᠬᠡᠶ ᠰᠥᠰᠥ ᠵᠣᠷᠢᠭ ᠲᠠᠢ ᠪᠠᠷ | ᠦᠨᠡᠨᠬᠦ ᠠᠳᠬᠤᠨ ᠲᠦᠷᠭᠡᠨ ᠠᠵᠢᠯᠯᠠᠵᠤ ᠡᠷᠡᠮᠡᠬᠡᠶᠢᠯᠡᠨ ᠤᠷᠤᠭᠰᠢᠯᠠᠳᠠᠭ ᠯᠠ ᠶᠤᠮ ᠪᠣᠯ ᠠᠶᠢᠮᠠᠭ ᠤᠨ ᠨᠠᠮ ᠤᠨ | ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠠᠯᠠᠱᠠ ᠨᠤᠲᠤᠭ ᠲᠤ ᠨᠠᠶᠢᠳᠠᠪᠤᠷᠢᠵᠢᠭᠤᠯᠵᠤ | ᠴᠢᠳᠠᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃ | ᠭᠤᠷᠪᠠ᠂ ᠰᠢᠨ᠎ᠡ ᠠᠶᠠᠨ ᠳᠤ ᠠᠯᠠᠱᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ | ᠳᠠᠶᠢᠴᠢᠨ ᠱᠦᠵᠢ ᠡᠨᠡ ᠵᠢᠯ ᠤᠨ ᠠᠵᠢᠯ ᠤᠨ ᠶᠡᠷᠦᠩᠬᠡᠶ ᠱᠠᠭᠠᠷᠳᠠᠯᠭ᠎ᠠ᠂ ᠭᠤᠣᠯ ᠬᠠᠷᠠᠯᠲᠠ ᠪᠣᠯᠤᠨ | ᠭᠤᠣᠯᠳᠠᠯᠭ᠎ᠠ ᠲᠠᠢ ᠡᠭᠦᠷᠭᠡ ᠶᠢᠨ ᠲᠤᠬᠠᠶ ᠨᠢᠭᠡᠨᠲᠡ ᠪᠠᠶᠢᠷᠢᠯᠠᠭᠤᠯᠤᠯᠲᠠ ᠬᠢᠵᠡᠶ᠃ ᠪᠢᠳᠡ ᠲᠣᠭᠲᠠᠭᠤᠨ ᠪᠠᠶᠢᠯᠭᠠᠬᠤ ᠶᠢ | ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠪᠦᠬᠦ | ᠬᠦᠴᠦᠨ ᠢᠶᠠᠷ ᠢᠶᠠᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠬᠤᠷᠳᠤᠴᠠ ᠪᠠᠨ ᠲᠦᠷᠭᠡᠳᠬᠡᠬᠦ ᠪᠠᠷ | ᠬᠦᠴᠦᠯᠡᠨ ᠴᠢᠷᠮᠠᠶᠢᠬᠤ ᠬᠡᠷᠡᠭᠲᠡᠢ᠃ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠠᠮᠢ ᠠᠬᠤᠢ ᠶᠢᠨ ᠪᠣᠯᠪᠠᠰᠤᠨ ᠤ ︽ᠰᠢᠨ᠎ᠡ ᠳᠠᠪᠠᠭᠤᠯᠢᠭ︾ ᠢ ᠪᠣᠢ ᠪᠣᠯᠭᠠᠨ᠎ᠠ᠃ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠤᠨ᠎ᠠ᠃ ︽ | ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ︾ ᠭᠤᠷᠪᠠᠨ ᠶᠡᠭᠡ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠰᠠᠭᠤᠷᠢ ᠳᠦᠭᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ | ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠢ ᠭᠦᠨᠵᠡᠭᠡᠶᠢᠷᠡᠭᠦᠯᠵᠦ᠂ | ᠭᠤᠤᠯ ᠮᠥᠷᠡᠨ ᠨᠠᠭᠤᠷ ᠴᠥᠭᠦᠷᠥᠮ ᠤᠨ ︽ᠵᠠᠮᠪᠠᠷᠠᠭ᠎ᠠ ᠦᠬᠡᠢ ᠳᠥᠷᠪᠡᠨ ᠵᠦᠢᠯ ᠢ ᠴᠡᠭᠴᠡᠯᠡᠬᠦ︾ ᠶᠢ | ᠪᠠᠶᠢᠩᠭᠤᠵᠢᠭᠤᠯᠤᠨ ᠥᠷᠨᠢᠭᠦᠯᠵᠦ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ᠂ ᠬᠤᠲᠠ ᠬᠥᠳᠡᠭᠡ ᠶᠢᠨ ᠪᠣᠬᠢᠷ | ᠤᠰᠤ ᠶᠢ ᠰᠢᠢᠳᠪᠦᠷᠢᠯᠡᠬᠦ ᠶᠢ ᠴᠢᠩᠭᠠᠳᠬᠠᠨ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠴᠢᠩᠭᠠᠷᠠᠭᠤᠯᠤᠨ᠎ᠠ᠃ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠠᠬᠢᠭᠤᠯᠤᠨ᠎ᠠ᠃ | ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠶ ᠰᠢᠭᠤᠶ ᠡᠪᠡᠰᠦ ᠪᠡᠯᠴᠢᠭᠡᠷ ᠤᠨ | ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ᠂ ᠰᠤᠪᠨᠠᠭᠤᠷ ᠤᠨ | ᠠᠮᠢ ᠠᠬᠤᠶ ᠶᠢᠨ ᠨᠣᠭᠤᠭᠠᠨ ᠪᠦᠷᠢᠳᠦ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠵᠠᠰᠠᠯᠲᠠ ᠬᠠᠮᠠᠭᠠᠯᠠᠯᠲᠠ ᠶᠢ | ᠴᠢᠩᠭᠠᠳᠬᠠᠵᠤ᠂ ︽ᠬᠠᠲᠤᠨ ᠭᠤᠤᠯ ᠤᠨ ᠵᠡᠭᠦᠨ ᠡᠷᠭᠢ ᠳᠠᠬᠢ ᠡᠯᠡᠰᠦᠨ ᠴᠥᠯ ᠤᠨ ᠴᠤᠭᠯᠠᠷᠠᠯ ᠤᠨ ᠪᠦᠰᠡ ᠶᠢᠨ | ᠬᠥᠷᠥᠰᠥ ᠰᠢᠷᠣᠶ ᠶᠢ ᠬᠠᠮᠠᠭᠠᠯᠠᠬᠤ ᠪᠠ ᠰᠢᠭᠤᠷᠭ᠎ᠠ ᠶᠢ ᠰᠡᠷᠭᠡᠶᠢᠯᠡᠵᠦ ᠡᠯᠡᠰᠦ ᠶᠢ ᠵᠠᠰᠠᠬᠤ︾ ᠲᠥᠷᠥᠯ ᠵᠦᠢᠯ ᠢ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠣᠷᠣᠭᠤᠯᠬᠤ ᠪᠠᠷ ᠴᠢᠷᠮᠠᠶᠢᠵᠤ᠂ ︽ᠣᠯᠠᠭᠠᠠᠪᠣᠬ᠎ᠠ ᠠᠯᠠᠱᠠ | ᠠᠭᠤᠯᠠ ᠣᠷᠳᠣᠰ ᠤᠨ ᠦᠨᠳᠦᠷᠯᠢᠭ︾ ᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠢᠨᠵᠧᠨᠧᠷᠢᠩ᠂ | ᠬᠠᠷ᠎ᠠ ᠭᠤᠤᠯ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠲᠥᠷᠥᠯ ᠵᠦᠢᠯ ᠪᠣᠯᠭᠠᠨ | ᠬᠡᠷᠡᠭᠵᠢᠭᠦᠯᠬᠦ ᠶᠢ ᠠᠬᠢᠭᠤᠯᠵᠤ᠂ ᠬᠠᠷ᠎ᠠ ᠭᠤᠤᠯ ᠤᠨ ᠳᠤᠤᠷᠠᠳᠤ ᠤᠷᠤᠰᠬᠠᠯ ᠤᠨ ᠠᠮᠢ ᠠᠬᠤᠶ ᠶᠢᠨ ᠤᠰᠤ | ᠲᠣᠬᠢᠷᠠᠭᠤᠯᠬᠤ ᠡᠷᠴᠢᠮ ᠢ ᠴᠢᠩᠭᠠᠷᠠᠭᠤᠯᠵᠤ᠂ ᠵᠢᠷᠠᠲᠠᠶ ᠶᠢᠨ ᠳᠠᠪᠤᠰᠤᠨ ᠨᠠᠭᠤᠷ᠂ ᠪᠠᠳᠠᠶ ᠶᠢᠨ ᠵᠢᠷᠠᠨ ᠤ ᠡᠯᠡᠰᠦᠨ | ᠴᠣᠬᠢᠶ᠎ᠠ ᠨᠠᠭᠤᠷ ᠤᠳ ᠢ ᠬᠠᠮᠠᠭᠠᠯᠠᠬᠤ ᠠᠵᠢᠯᠯᠠᠭ᠎ᠠ ᠶᠢ ᠡᠬᠢᠯᠡᠭᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ ᠠᠬᠢᠭᠤᠯᠵᠤ᠂ ᠠᠯᠠᠱᠠ ᠠᠭᠤᠯᠠ ᠶᠢᠨ ᠠᠭᠤᠷᠬᠠᠶ ᠶᠢᠨ | ᠠᠮᠢ ᠠᠬᠤᠶ ᠣᠷᠴᠢᠨ ᠲᠣᠭᠤᠷᠢᠨ ᠤ ᠲᠤᠰᠬᠠᠶ ᠴᠡᠭᠴᠡᠯᠡᠨ ᠵᠠᠰᠠᠯᠲᠠ ᠶᠢ ᠰᠠᠶᠢᠲᠤᠷ ᠠᠳᠬᠤᠵᠤ᠂ ᠨᠤᠲᠤᠭ ᠪᠡᠯᠴᠢᠭᠡᠷ | ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ | ᠵᠠᠰᠠᠬᠤ ᠶᠢ ᠠᠬᠢᠭᠤᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠲᠦᠷᠭᠡᠳᠬᠡᠨ | ᠠᠬᠢᠭᠤᠯᠤᠨ᠎ᠠ᠃ ︽ᠭᠤᠷᠪᠠᠨ ᠲᠣᠭᠤᠷᠢᠭ ᠭᠤᠷᠪᠠᠨ ᠱᠤᠭᠤᠮ︾ ᠢ ᠴᠢᠩᠭ᠎ᠠ ᠰᠠᠬᠢᠵᠤ᠂ ︽ᠭᠤᠷᠪᠠᠨ ᠱᠤᠭᠤᠮ ᠨᠢᠭᠡ | ᠬᠠᠭᠤᠳᠠᠰᠤ︾ ᠶᠢ ᠨᠠᠶᠢᠳᠠᠪᠤᠷᠢᠵᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ᠂ | ᠡᠷᠬᠢᠯᠳᠡᠳᠦ ᠥᠭᠡᠷᠡᠴᠢᠯᠡᠯᠲᠡ ᠶᠢ ᠬᠡᠷᠡᠭᠵᠢᠭᠦᠯᠵᠦ᠂ ᠡᠯ᠎ᠡ ᠬᠦᠷᠢᠶᠡᠨ ᠤ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠬᠡᠯᠪᠡᠷᠢ ᠳᠡᠶᠢᠰᠢ ᠬᠤᠪᠢᠷᠠᠭᠤᠯᠬᠤ ᠶᠢ ᠠᠬᠢᠭᠤᠯᠵᠤ᠂ ︽ᠬᠤᠶᠠᠷ ᠥᠨᠳᠥᠷ︾ ᠲᠦᠷᠦᠯ | ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠨ᠎ᠠ᠃ ᠪᠣᠬᠢᠷᠲᠤᠯ ᠥᠬᠡᠶ ᠠᠮᠢᠳᠤᠷᠠᠯ ᠢ ᠶᠡᠬᠡᠪᠡᠷ | ᠰᠠᠨᠠᠭᠠᠴᠢᠯᠠᠵᠤ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ | ᠬᠤᠨᠣᠭᠰᠢᠭᠤᠯᠣᠨ᠎ᠠ᠃ | ︵ᠬᠤᠶᠠᠷ︶ ᠠᠵᠤ ᠦᠢᠯᠡᠳᠪᠦᠷᠢ ᠶᠢᠨ ᠳᠡᠰ ᠳᠡᠪᠰᠢᠬᠦ ︽ᠰᠢᠨ᠎ᠡ ᠠᠯᠬᠤᠮ︾ ᠢ ᠠᠯᠬᠤᠨ᠎ᠠ᠃ ᠳᠡᠭᠡᠳᠦ | ᠳᠦᠪᠰᠢᠨ ᠢ ᠥᠨᠳᠥᠷ ᠪᠤᠯᠭᠠᠨ᠎ᠠ᠃ ᠡᠨᠧᠷᠭᠢ ᠶᠢᠨ ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ | ᠬᠢᠵᠠᠭᠠᠷᠯᠠᠬᠤ ᠱᠠᠭᠠᠷᠳᠠᠯᠭ᠎ᠠ ᠪᠠᠷ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ | ᠱᠠᠯᠠᠪᠳᠠᠭᠤᠯᠬᠤ ᠶᠢ ᠪᠠᠷᠢᠮᠲᠠᠯᠠᠵᠤ᠂ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠡᠷᠡᠰ ᠳᠠᠶᠠᠭᠳᠠᠵᠦ᠂ | ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠶᠡᠬᠡᠪᠡᠷ ᠠᠬᠢᠭᠤᠯᠤᠨ᠂ ᠴᠡᠪᠡᠷ ᠡᠨᠧᠷᠭᠢ ᠪᠠᠷ ᠣᠷᠣᠯᠠᠭᠤᠯᠬᠤ | ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠤᠨ ᠡᠷᠴᠢᠮ ᠢ ᠪᠠᠭᠤᠷᠠᠭᠤᠯᠤᠨ᠂ | ᠡᠨᠧᠷᠭᠢ ᠬᠡᠷᠡᠭᠯᠡᠬᠦ ᠣᠷᠣᠨ ᠵᠠᠶ ᠶᠢ ᠰᠤᠯᠠᠯᠠᠵᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ︽ᠳᠡᠭᠡᠳᠦ ᠳᠦᠪᠰᠢᠨ︾ | ᠢ ᠲᠤᠯᠭᠠᠭᠤᠷᠢᠯᠠᠬᠤ ᠬᠡᠷᠡᠭᠲᠡᠶ᠃ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠨ᠎ᠠ᠃ ︽ᠬᠡᠯᠬᠢᠶ᠎ᠡ ᠶᠢᠨ ᠳᠠᠷᠤᠭ᠎ᠠ︾ | ᠶᠢᠨ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠰ ᠤᠨ ᠪᠠᠶᠢᠷᠢᠰᠢᠭᠤᠯᠤᠯ ᠢ ᠲᠥᠰᠦᠪᠯᠡᠬᠦ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠠᠵᠤ ᠠᠬᠤᠶᠢᠯᠠᠯ ᠤᠨ ᠡᠷᠬᠢᠯᠲᠡ ᠡᠵᠡᠩᠨᠡᠯᠲᠡ ᠶᠢ ᠪᠥᠬᠦ | ᠶᠠᠪᠤᠴᠠ ᠳᠤ ᠮᠥᠷᠳᠡᠨ ᠦᠢᠯᠡᠴᠢᠯᠡᠬᠦ᠂ ᠶᠡᠷᠦᠩᠬᠡᠶᠢᠯᠡᠨ ᠪᠠᠲᠤᠯᠠᠬᠤ ᠶᠢ ᠬᠡᠷᠡᠭᠵᠢᠭᠦᠯᠦᠨ᠎ᠡ᠃ ᠤᠯᠠᠮᠵᠢᠯᠠᠯᠲᠤ ᠠᠵᠤ | ᠦᠢᠯᠡᠰ ᠤᠨ ᠳᠡᠰ ᠳᠡᠪᠰᠢᠬᠦ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠦᠢᠯᠡᠰ ᠤᠨ ᠳᠡᠭᠡᠳᠦ ᠲᠤᠤᠷᠠᠳᠤ | ᠬᠡᠯᠬᠢᠶ᠎ᠡ ᠶᠢ ᠵᠣᠯᠭᠠᠯᠳᠤᠭᠤᠯᠬᠤ᠂ ᠵᠡᠭᠦᠨ ᠪᠠᠷᠠᠭᠤᠨ ᠱᠤᠭᠤᠮ ᠢ ᠠᠪᠴᠠᠯᠳᠤᠭᠤᠯᠬᠤ᠂ ᠪᠦᠬᠦ ᠠᠵᠤ ᠦᠢᠯᠡᠰ ᠤᠨ | ᠬᠡᠯᠬᠢᠶ᠎ᠡ ᠶᠢ ᠣᠷᠴᠢᠯᠳᠤᠭᠤᠯᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ᠃ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠨᠢ ᠠᠯᠺᠧᠨ᠂ ᠬᠡᠤᠳᠡᠰᠦ ᠶᠢ ᠨᠠᠷᠢᠯᠢᠭ ᠡᠳ᠋ᠰᠢᠭᠦᠯᠬᠦ | ᠵᠡᠷᠭᠡ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠤᠷᠲᠤᠳᠬᠠᠵᠤ᠂ ᠳᠠᠪᠣᠰᠣ ᠬᠢᠮᠢ ᠶᠢᠨ ᠠᠵᠤ ᠦᠢᠯᠡᠳᠪᠦᠷᠢ ᠨᠢ | ︽ᠾᠯᠣᠷ᠂ ᠤᠰᠤᠲᠥ᠋ᠷᠥᠭᠴᠢ᠂ ᠬᠤᠵᠢᠷ︾ ᠭᠤᠷᠪᠠᠨ ᠶᠡᠭᠡ ᠦᠢᠯᠡᠳᠬᠦᠨ ᠤ ᠰᠢᠰᠲ᠋ᠧᠮᠵᠢ ᠶᠢ ᠶᠡᠬᠡᠪᠡᠷ ᠥᠷᠭᠡᠳᠬᠡᠨ | ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠨᠢ ᠳᠡᠭᠡᠳᠦ ᠲᠠᠰ ᠤᠨ ᠲᠠᠷᠢᠶᠠᠨ ᠡᠮ᠂ ᠰᠢᠨ᠎ᠡ ᠡᠮ | ᠡᠮᠨᠡᠯᠭᠡ ᠶᠢᠨ ᠠᠵᠤ ᠦᠢᠯᠡᠰ ᠢ ᠥᠷᠭᠡᠳᠬᠡᠨ ᠬᠥᠭᠵᠢᠭᠦᠯᠵᠦ᠂ ᠲᠡᠮᠦᠷᠯᠢᠭ ᠨᠠᠲᠷᠢ᠂ ᠣᠨᠴᠠ ᠲᠥᠷᠥᠯ ᠤᠨ PVC | ᠵᠡᠷᠭᠡ ᠠᠵᠤ ᠦᠢᠯᠡᠰ ᠤᠨ ᠰᠦᠷᠦᠭᠵᠢᠯ ᠤᠨ ᠪᠤᠶᠢᠵᠢᠯᠲᠠ ᠶᠢ ᠲᠦᠷᠭᠡᠳᠬᠡᠨ᠎ᠡ᠂ ︽ᠬᠤᠶᠠᠷ ᠰᠢᠨ᠎ᠡ︾ ᠠᠵᠤ | ᠦᠢᠯᠡᠰ ᠤᠨ ᠬᠡᠯᠬᠢᠶ᠎ᠡ ᠶᠢ ᠲᠦᠷᠭᠡᠳᠬᠡᠨ᠂ ᠪᠤᠶᠢᠵᠢᠭᠤᠯᠤᠨ ᠪᠣᠵᠠᠭᠠᠶᠢᠷᠠᠭᠤᠯᠬᠤ ᠶᠢ ᠲᠦᠷᠭᠡᠳᠬᠡᠨ᠂ ᠵᠥᠩ ᠱᠧᠩ᠂ | ᠯᠠᠨ ᠲᠠᠢ ᠵᠡᠷᠭᠡ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠲᠤ ᠲᠦᠰᠢᠭᠯᠡᠨ᠂ | ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢᠶᠠᠨ ᠪᠣᠳᠠᠲᠠᠶᠢᠵᠢᠭᠤᠯᠤᠨ ᠤᠯᠠᠷᠢᠭᠤᠯᠬᠤ ᠶᠢ ᠵᠣᠷᠢᠭᠵᠢᠭᠤᠯᠤᠨ ᠳᠡᠮᠵᠢᠵᠦ᠂ | ᠣᠨᠴᠠ ᠲᠥᠷᠥᠯ ᠤᠨ ᠬᠠᠶᠢᠯᠤᠰᠢ᠂ ᠳᠡᠭᠡᠳᠦ ᠮᠣᠯᠧᠺᠦ᠋ᠯᠳᠦ ᠳᠠᠪᠠᠷᠬᠠᠶ᠂ ᠡᠨᠧᠷᠭᠢ ᠬᠠᠳᠠᠭᠠᠯᠠᠬᠤ ᠴᠡᠨᠡᠭ ᠵᠡᠷᠭᠡ | ᠰᠢᠨ᠎ᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠵᠤ᠂ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠠᠵᠤ ᠠᠬᠤᠶᠢᠯᠠᠯ ᠢ ᠬᠦᠴᠦᠷᠭᠡᠭᠵᠢᠭᠦᠯᠦᠨ᠎ᠡ᠃ ᠠᠵᠤ | ᠠᠬᠤᠶᠢᠯᠠᠯ ᠤᠨ ᠦᠨᠳᠦᠷ ᠳᠦᠪᠰᠢᠨ ᠢ ᠴᠢᠭᠯᠡᠵᠦ ᠤᠷ᠎ᠠ ᠮᠡᠷᠭᠡᠵᠢᠯ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ | ᠰᠢᠨ᠎ᠡ ᠶᠢ ᠡᠭᠦᠳᠴᠦ ᠦᠢᠯᠡᠳᠬᠦᠨ ᠢᠶᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠠᠮᠢᠶᠠᠷᠤᠯᠲᠠ ᠶᠢᠨ ᠲᠣᠭᠤᠷᠢᠨ ᠳᠤ᠂ ᠵᠠᠬ᠎ᠠ ᠳᠡᠯᠭᠡᠭᠦᠷ ᠤᠨ ᠦᠷ᠎ᠡ ᠠᠰᠢᠭ ᠢ | ᠳᠡᠭᠡᠭᠰᠢᠯᠡᠭᠦᠯᠬᠦ ᠶᠢ ᠠᠩᠬᠠᠷᠴᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠠᠵᠢᠯ ᠲᠦᠷᠦᠯ ᠤᠨ | ᠲᠠᠭᠠᠭᠤᠯᠤᠬᠴᠢ ᠠᠵᠤ ᠠᠬᠤᠶᠢᠯᠠᠯ ᠢ ᠢᠳᠡᠪᠬᠢᠲᠡᠢ ᠪᠠᠷ ᠪᠤᠶᠢᠵᠢᠭᠤᠯᠤᠨ ᠣᠷᠣᠭᠤᠯᠤᠨ ᠠᠪᠴᠢᠷᠠᠵᠤ᠂ ᠵᠠᠬ᠎ᠠ | ᠳᠡᠯᠭᠡᠭᠦᠷ ᠤᠨ ᠡᠵᠡᠯᠡᠬᠦ ᠨᠤᠷᠮ᠎ᠠ ᠪᠠᠷ ᠥᠨᠳᠥᠷ ᠲᠠᠭᠠᠭᠤᠯᠤᠬᠴᠢ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ | ᠰᠢᠨ᠎ᠡ︾ ᠠᠵᠤ ᠠᠬᠤᠶᠢᠯᠠᠯ᠂ ᠠᠵᠤ ᠦᠢᠯᠡᠰ ᠤᠨ ᠬᠡᠯᠬᠢᠶ᠎ᠡ ᠳᠠᠬᠢ ᠵᠠᠩᠭᠢᠯᠠᠭ᠎ᠠ ᠶᠢᠨ ᠠᠵᠤ ᠠᠬᠤᠶᠢᠯᠠᠯ ᠳᠤ | ᠵᠦᠷᠢᠶᠡᠴᠢᠯᠡᠭᠰᠡᠨ᠂ ᠥᠪᠡᠷᠮᠢᠴᠡᠴᠢᠯᠡᠭᠰᠡᠨ ᠳᠡᠮᠵᠢᠯᠭᠡ ᠦᠵᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠢ | ᠰᠢᠯᠢᠳᠡᠭᠵᠢᠬᠦᠯᠦᠨ᠎ᠡ᠃ ︽ᠬᠤᠶᠠᠷ ᠲᠣᠭᠤᠷᠢᠭ ᠭᠤᠷᠪᠠᠨ ᠬᠦᠷᠢᠶᠡᠯᠡᠩ︾ ᠢ ᠡᠮᠬᠢᠯᠡᠨ ᠨᠡᠶᠢᠯᠡᠭᠦᠯᠬᠦ ᠥᠭᠡᠷᠡᠴᠢᠯᠡᠯᠲᠡ | ᠪᠠ ᠶᠡᠷᠦᠩᠬᠡᠢ ᠲᠥᠯᠥᠪᠵᠢᠭᠦᠯᠭᠡ ᠶᠢ ᠲᠦᠷᠭᠡᠳᠬᠡᠵᠦ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ | ᠣᠷᠣᠨ ᠢ ᠡᠭᠦᠳᠦᠨ ᠪᠠᠶᠢᠭᠤᠯᠤᠨ᠎ᠠ᠃ ᠡᠯ᠎ᠡ ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠦᠢᠯᠡᠰ ᠤᠨ ᠴᠢᠭᠯᠡᠯ᠂ ᠠᠵᠤ ᠦᠢᠯᠡᠰ ᠤᠨ ᠭᠤᠣᠯᠳᠠᠯᠭ᠎ᠠ ᠶᠢ ᠵᠣᠬᠢᠰᠲᠠᠢ | ᠪᠠᠶᠢᠷᠢᠰᠢᠭᠤᠯᠤᠨ᠂ ᠤᠰᠤᠲᠠᠢ ᠬᠦᠷᠢᠶᠡᠯᠡᠩ ᠲᠣᠭᠤᠷᠢᠭ᠂ ᠤᠯᠠᠭᠠᠨᠪᠤᠬ᠎ᠠ ᠬᠦᠷᠢᠶᠡᠯᠡᠩ ᠲᠣᠭᠤᠷᠢᠭ᠂ ᠣᠯᠠᠨᠪᠤᠯᠠᠭ | ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠠᠷᠢᠯᠴᠠᠨ ᠬᠥᠳᠡᠯᠦᠯᠴᠡᠬᠦ᠂ ᠡᠨᠧᠷᠭᠢ ᠬᠠᠷᠢᠯᠴᠠᠨ ᠨᠥᠬᠦᠪᠥᠷᠢᠯᠡᠬᠦ᠂ | ᠴᠡᠭ ᠢ ᠬᠤᠯᠪᠣᠨ ᠱᠤᠭᠤᠮ ᠪᠣᠯᠭᠠᠬᠤ᠂ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠲᠩᠷᠢ | ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠪᠠᠷ ᠳᠡᠭᠡᠭᠰᠢᠯᠡᠬᠦ ᠶᠢ ᠳᠠᠮᠵᠢᠵᠤ᠂ ᠶᠠᠪᠠᠷᠠᠢ ᠬᠦᠷᠢᠶᠡᠯᠡᠩ | ᠲᠣᠭᠤᠷᠢᠭ ᠤᠨ ︽ᠳᠠᠩᠰᠠᠯᠠᠬᠤ︾ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠡᠯ᠎ᠡ ᠬᠤᠰᠢᠭᠤ ᠨᠡᠭᠡᠭᠡᠯᠳᠡ ᠶᠢᠨ | ᠣᠷᠣᠨ ᠤ ︽ᠣᠷᠣᠨ ᠪᠦᠰᠡ ᠶᠢ ᠬᠤᠯᠪᠣᠭᠰᠠᠨ ᠬᠦᠷᠢᠶᠡᠯᠡᠩ ᠲᠣᠭᠤᠷᠢᠭ︾ ᠢ ᠬᠠᠮᠲᠤᠷᠠᠨ ᠪᠠᠶᠢᠭᠤᠯᠬᠤ ᠶᠢ | ᠵᠣᠷᠢᠭᠵᠢᠭᠤᠯᠤᠨ᠎ᠠ᠃ | ︵ᠭᠤᠷᠪᠠ︶ ᠡᠨᠧᠷᠭᠢ ᠶᠢ ᠳᠡᠪᠲᠠᠨ ᠣᠷᠣᠯᠠᠭᠤᠯᠬᠤ ︽ᠰᠢᠨ᠎ᠡ ᠵᠢᠷᠤᠭ ᠲᠥᠰᠦᠪ︾ ᠢ ᠡᠬᠢᠯᠡᠭᠦᠯᠦᠨ᠎ᠡ᠃ | ᠬᠥᠭᠵᠢᠯᠲᠡ ᠶᠢᠨ ᠠᠵᠠ ᠲᠣᠬᠢᠶᠠᠯ ᠢ ᠠᠳᠬᠤᠨ᠎ᠠ᠃ ᠤᠯᠤᠰ ᠠᠴᠠ ᠡᠯᠡᠰᠦᠨ ᠴᠥᠯ ᠭᠤᠪᠢ ᠳᠤ ᠳᠠᠬᠢᠨ ᠡᠭᠦᠰᠴᠦ | ᠪᠣᠯᠬᠤ ᠡᠨᠧᠷᠭᠢ ᠶᠢ ᠶᠡᠬᠡᠪᠡᠷ ᠬᠥᠭᠵᠢᠭᠦᠯᠬᠦ ᠶᠢ ᠳᠡᠮᠵᠢᠵᠦ ᠪᠠᠶᠢᠬᠤ᠂ ᠥᠪᠡᠷᠲᠡᠭᠡᠨ ᠵᠠᠰᠠᠬᠤ ᠣᠷᠣᠨ ᠠᠴᠠ | ᠳᠣᠷᠠᠳᠣᠭᠰᠠᠨ ︽ᠬᠤᠶᠠᠷ ᠢ ᠣᠷᠢᠳᠴᠢᠯᠠᠨ ᠬᠢᠬᠦ︾ ︽ᠬᠤᠶᠠᠷ ᠢ ᠳᠠᠪᠠᠭ᠋ᠣ︾ ᠬᠥᠭᠵᠢᠯᠲᠡ ᠶᠢᠨ ᠬᠠᠷᠠᠯᠲᠠ ᠶᠢᠨ | ᠡᠷᠬᠢᠮ ᠨᠠᠨᠳᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠪᠠᠳᠣ ᠡᠵᠡᠮᠰᠢᠵᠦ᠂ ᠮᠠᠨ ᠤ ᠠᠶᠢᠮᠠᠭ ᠤᠨ | ᠲᠥᠷᠥ ᠶᠢᠨ ᠪᠣᠳᠣᠯᠭ᠎ᠠ ᠳᠠᠪᠬᠤᠴᠠᠭᠰᠠᠨ᠂ ᠨᠤᠲᠤᠭ ᠳᠡᠪᠢᠰᠬᠡᠷ ᠤᠨ ᠣᠷᠣᠨ ᠵᠠᠶ ᠶᠡᠭᠡ᠂ ᠣᠷᠣᠨ ᠪᠠᠶᠢᠷᠢ | ᠳᠠᠪᠠᠭᠤᠯᠢᠭ ᠲᠠᠢ᠂ ᠠᠮᠢ ᠠᠬᠤᠶ ᠶᠢᠨ ᠦᠨ᠎ᠡ ᠥᠷᠲᠡᠭ ᠪᠠᠭ᠎ᠠ ᠵᠡᠷᠭᠡ ︽ᠳᠣᠯᠣᠭᠠᠨ ᠶᠡᠭᠡ ᠳᠠᠪᠠᠭᠤᠯᠢᠭ︾ ᠢ | ᠬᠦᠢᠴᠡᠳ ᠪᠠᠳᠠᠷᠠᠭᠤᠯᠣᠨ᠂ ᠪᠡᠶ᠎ᠡ ᠪᠠᠨ ᠳᠠᠭᠠᠭᠠᠵᠤ ᠰᠢᠩᠭᠡᠭᠡᠬᠦ ᠪᠠ ᠭᠠᠳᠠᠭᠰᠢ ᠬᠦᠷᠭᠡᠬᠦ ᠬᠤᠶᠠᠷ ᠠᠵᠢᠯ ᠢ ᠬᠦᠨᠵᠡᠬᠡᠢ | ᠰᠦᠪᠡᠭᠴᠢᠯᠡᠵᠦ ᠯᠠᠪᠳᠠᠭᠤᠨ ᠪᠠᠳᠣᠳᠠᠢ ᠬᠢᠵᠦ᠂ ᠴᠡᠪᠡᠷ ᠡᠨᠧᠷᠭᠢ ᠶᠢᠨ ᠠᠵᠤ ᠦᠢᠯᠡᠰ ᠢ ᠰᠢᠨ᠎ᠡ ᠨᠡᠮᠡᠭᠳᠡᠯ ᠤᠨ ᠲᠦᠢᠯ | ᠪᠠ ᠲᠦᠯᠬᠢᠭᠴᠢ ᠬᠦᠴᠦᠨ ᠪᠣᠯᠭᠠᠨ ᠪᠦᠲᠦᠭᠡᠨ ᠪᠠᠶᠢᠭᠤᠯᠬᠤ ᠶᠢ ᠭᠤᠶᠢᠪᠢᠰᠢ ᠦᠭᠡᠢ ᠪᠠᠷᠢᠮᠳᠠᠯᠠᠵᠦ᠂ ᠮᠠᠨ ᠤ | ᠠᠶᠢᠮᠠᠭ ᠤᠨ ᠡᠨᠧᠷᠭᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠦ᠂ | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠦᠴᠦᠨ | ᠴᠢᠳᠠᠯ ᠢᠶᠠᠨ ᠡᠷᠬᠦᠵᠦ᠂ ᠡᠭᠦᠨ ᠤ ᠤᠯᠠᠮ ᠢᠶᠠᠷ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠨ᠎ᠠ᠃ | ᠤᠯᠤᠰ ᠤᠨ ᠴᠢᠬᠤᠯᠠ ᠳᠠᠬᠢᠨ ᠡᠭᠦᠰᠴᠦ ᠪᠣᠯᠬᠤ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠵᠥᠪᠯᠡᠭᠴᠢ ᠶᠢᠨ ᠪᠦᠯᠬᠦᠮ ᠢ ᠵᠣᠬᠢᠶᠠᠨ | ᠪᠠᠶᠢᠭᠤᠯᠵᠤ ᠨᠣᠳᠠᠯᠠᠭᠤᠯᠣᠨ᠂ ᠴᠡᠪᠡᠷ ᠡᠨᠧᠷᠭᠢ ᠶᠢᠨ ᠬᠦᠷᠢᠶᠡᠨ ᠤ ᠲᠡᠷᠢᠭᠦᠨ ᠲᠠᠰ ᠤᠨ ᠲᠤᠰᠬᠠᠶ ᠮᠡᠷᠭᠡᠵᠢᠯᠲᠡᠨ᠂ | ᠳᠠᠭᠠᠭᠤᠯᠤᠭᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠰᠠᠨᠠᠭᠤᠯᠭ᠎ᠠ ᠳᠤᠷᠠᠳᠴᠤ᠂ ᠠᠷᠭ᠎ᠠ ᠪᠦᠬᠦᠨ ᠢ | ᠰᠦᠪᠡᠭᠴᠢᠯᠡᠨ ᠠᠯᠠᠱᠠ ᠶᠢᠨ ᠳ᠋ᠦᠩᠰᠢᠭᠤᠷ ᠺᠢᠯᠣᠸᠠᠲ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠲᠣᠮᠣ ᠰᠠᠭᠤᠷᠢᠨ | ᠭᠠᠵᠠᠷ ᠪᠠ ᠭᠠᠳᠠᠭᠰᠢ ᠬᠦᠷᠭᠡᠬᠦ ᠱᠣᠭᠤᠮ ᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠳᠤ | ᠣᠷᠣᠭᠤᠯᠬᠤ ᠪᠠᠷ ᠴᠢᠷᠮᠠᠶᠢᠵᠤ᠂ ᠮᠠᠨ ᠤ ᠠᠶᠢᠮᠠᠭ ᠤᠨ ᠶᠡᠷᠦᠩᠬᠡᠶ ᠲᠥᠯᠥᠪᠵᠢᠭᠦᠯᠭᠡ ᠶᠢ ᠢᠵᠢ ᠪᠦᠷᠢᠳᠦᠭᠦᠯᠦᠨ | ᠨᠠᠶᠢᠷᠠᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠠᠬᠢᠯᠭᠠᠨ ᠤ | ᠳᠠᠭᠠᠭᠠᠴᠠ ᠶᠢᠨ ᠪᠣᠭᠤᠮᠢ ᠶᠢ ᠰᠢᠢᠳᠪᠦᠷᠢᠯᠡᠵᠦ᠂ ᠴᠠᠬᠢᠯᠭᠠᠨ ᠲᠤᠤᠷ ᠤᠨ ᠲᠤᠯᠭᠠᠭᠤᠷᠢᠯᠠᠯ ᠢ ᠴᠢᠩᠭᠠᠷᠠᠭᠤᠯᠤᠨ᠂ | ᠳᠤᠳᠤᠭᠠᠳᠤ ᠳᠠᠭᠠᠨ ᠬᠠᠩᠭᠠᠬᠤ ᠵᠠᠮ ᠢ ᠨᠡᠪᠲᠡᠷᠡᠭᠦᠯᠵᠦ᠂ ᠡᠷᠴᠢᠮᠵᠢᠭᠦᠯᠦᠨ ᠬᠤᠷᠠᠭᠤᠯᠬᠤ ᠶᠢ ᠠᠬᠢᠭᠤᠯᠤᠨ᠂ ᠪᠥᠬᠦ | ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ ᠪᠠᠶᠢᠭᠤᠯᠵᠤ ᠪᠠᠶᠢᠭ᠎ᠠ | ᠲᠥᠷᠥᠯ ᠵᠦᠢᠯ᠂ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ᠂ ᠳᠦᠰᠦᠪᠯᠡᠨ ᠨᠥᠭᠡᠴᠡᠯᠡᠬᠦ ᠲᠥᠷᠥᠯ ᠵᠦᠢᠯ ᠤᠨ ᠪᠥᠬᠦ | ᠲᠠᠯ᠎ᠠ ᠶᠢᠨ ᠬᠤᠷᠳᠤᠴᠠ ᠶᠢ ᠲᠦᠷᠭᠡᠳᠬᠡᠬᠦ ᠶᠢ ᠠᠬᠢᠭᠤᠯᠵᠦ᠂ ᠬᠡᠷᠡᠯ ᠢᠯᠴᠢ ᠶᠢᠨ ᠨᠥᠭᠡᠴᠡ ᠡᠨᠧᠷᠭᠢ᠂ ᠠᠭᠠᠷ ᠤᠨ | ᠨᠥᠭᠡᠴᠡ ᠡᠨᠧᠷᠭᠢ ᠶᠢ ᠪᠠᠭᠠᠰᠬᠠᠬᠤ᠂ ᠴᠠᠬᠢᠯᠭᠠᠨ ᠬᠢᠮᠢ ᠶᠢᠨ ᠨᠥᠭᠡᠴᠡ ᠡᠨᠧᠷᠭᠢ᠂ ᠢᠯᠴᠢ ᠶᠢᠨ ᠴᠠᠬᠢᠯᠭᠠᠨ ᠤ | ᠪᠠᠭᠲᠠᠭᠠᠮᠵᠢ ᠶᠢ ᠥᠷᠭᠡᠳᠬᠡᠬᠦ᠂ ᠨᠡᠪᠲᠡᠷᠡᠬᠦ ᠱᠣᠭᠤᠮ ᠤᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ | ᠡᠷᠲᠡᠬᠡᠨ ᠨᠠᠶᠢᠳᠠᠪᠤᠷᠢᠵᠢᠭᠤᠯᠵᠤ᠂ ᠬᠠᠮᠤᠭ ᠤᠨ ᠲᠦᠷᠭᠡᠨ ᠬᠤᠷᠳᠤᠴᠠ ᠪᠠᠷ ᠮᠢᠩᠭᠠᠨ ᠲᠦᠮᠡᠨ ᠺᠢᠯᠣᠸᠠᠲ ᠤᠨ | ᠣᠶᠢᠷ᠎ᠠ ᠶᠢᠨ ᠬᠤᠭᠤᠴᠠᠭᠠᠨ ᠤ ᠬᠠᠷᠠᠯᠲᠠ ᠶᠢ ᠪᠡᠶᠡᠯᠡᠭᠦᠯᠬᠦ ᠶᠢᠨ ᠬᠠᠮᠲᠤ᠂ ᠤᠯᠤᠰ᠂ ᠥᠪᠡᠷᠲᠡᠭᠡᠨ ᠵᠠᠰᠠᠬᠤ ᠣᠷᠣᠨ ᠤ | ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠳ᠋ᠦᠩᠰᠢᠭᠤᠷ ᠺᠢᠯᠣᠸᠠᠲ ᠤᠨ ᠳᠠᠬᠢᠨ ᠡᠭᠦᠰᠴᠦ ᠪᠣᠯᠬᠤ ᠡᠨᠧᠷᠭᠢ ᠶᠢᠨ | ᠲᠣᠮᠣ ᠰᠠᠭᠤᠷᠢᠨ ᠭᠠᠵᠠᠷ ᠢ ᠪᠠᠶᠢᠭᠤᠯᠬᠤ ᠬᠠᠷᠠᠯᠳᠠ ᠳᠡᠶᠢᠰᠢ ᠪᠥᠬᠦ ᠬᠦᠴᠦᠨ ᠢᠶᠠᠷ ᠢᠶᠠᠨ ᠤᠷᠤᠭᠰᠢᠯᠠᠨ᠎ᠠ᠃ ᠴᠡᠪᠡᠷ | ᠡᠨᠧᠷᠭᠢ ᠪᠠᠷ ᠣᠷᠣᠯᠠᠭᠤᠯᠵᠤ ᠣᠯᠠᠷᠢᠭᠤᠯᠣᠨ ᠬᠡᠷᠡᠭᠯᠡᠬᠦ ᠵᠢᠱᠢᠶ᠎ᠡ ᠦᠵᠡᠭᠦᠯᠬᠦ ᠣᠷᠣᠨ ᠢ ᠲᠦᠷᠭᠡᠪᠴᠢᠯᠡᠨ | ᠪᠠᠶᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ | ᠭᠤᠤᠯ ᠰᠠᠭᠤᠷᠢᠨ ᠭᠠᠵᠠᠷ ᠪᠣᠯᠭᠠᠵᠤ᠂ ᠨᠢᠭᠡᠨᠲᠡ ᠪᠠᠶᠢᠭ᠎ᠠ ᠳᠠᠭᠠᠭᠠᠴᠠ ᠲᠠᠢ ᠴᠡᠪᠡᠷ ᠡᠨᠧᠷᠭᠢ ᠪᠠᠷ ᠣᠷᠣᠯᠠᠭᠤᠯᠬᠤ ᠶᠢ | ᠡᠮᠬᠢ ᠵᠢᠷᠤᠮ ᠲᠠᠢ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ ᠳᠠᠭᠠᠭᠠᠴᠠ ᠲᠠᠢ ᠰᠢᠨ᠎ᠡ ᠡᠨᠧᠷᠭᠢ ᠶᠢ ᠬᠦᠢᠴᠡᠳ ᠰᠠᠶᠢᠨ | ᠬᠡᠷᠡᠭᠯᠡᠵᠦ᠂ ᠪᠠᠭᠲᠠᠭᠠᠨ ᠰᠢᠩᠭᠡᠭᠡᠬᠦ ᠬᠠᠷᠢᠴᠠᠯ ᠢ ᠯᠠᠪᠳᠠᠭᠤᠨ ᠢᠶᠠᠷ ᠥᠷᠭᠡᠳᠬᠡᠵᠦ᠂ ᠴᠡᠪᠡᠷ ᠡᠨᠧᠷᠭᠢ ᠶᠢᠨ | ᠬᠠᠩᠭᠠᠯᠭ᠎ᠠ ᠶᠢᠨ ᠬᠠᠷᠢᠴᠠᠯ ᠢ ᠡᠬᠢᠨ ᠤ ᠬᠤᠭᠤᠴᠠᠭᠠᠨ ᠳᠤ 50 % ᠳᠤ ᠬᠦᠷᠬᠦ ᠶᠢ ᠠᠬᠢᠭᠤᠯᠬᠤ ᠶᠢᠨ ᠬᠠᠮᠲᠤ᠂ ︽ | ᠪᠣᠬᠢᠷᠳᠣᠯ ᠦᠬᠡᠢ︾ ᠭᠠᠳᠠᠭᠰᠢᠯᠠᠭᠤᠯᠬᠤ ᠳᠡᠶᠢᠰᠢ ᠢᠳᠡᠪᠬᠢᠲᠡᠶ ᠯᠠᠪᠳᠠᠭᠤᠨ ᠢᠶᠠᠷ ᠤᠷᠤᠭᠰᠢᠯᠠᠨ᠎ᠠ᠃ ᠣᠷᠣᠨ | ᠪᠦᠰᠡ ᠶᠢᠨ ᠴᠡᠪᠡᠷ ᠡᠨᠧᠷᠭᠢ ᠶᠢᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠢ ᠲᠦᠷᠭᠡᠪᠴᠢᠯᠡᠨ | ᠪᠠᠶᠢᠭᠤᠯᠤᠨ᠎ᠠ᠃ ᠲᠣᠰ ᠪᠡᠶ᠎ᠡ ᠶᠢᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ᠂ ᠰᠠᠨᠠᠭᠠᠴᠢᠯᠠᠭ᠎ᠠ ᠠᠴᠠ ᠪᠠᠨ ᠠᠬ᠎ᠠ | ᠳᠡᠭᠦᠦ ᠠᠶᠢᠮᠠᠭ ᠬᠤᠲᠠ᠂ ᠡᠷᠬᠢᠨ ᠲᠣᠭᠤᠷᠢᠨ ᠤ ᠮᠤᠵᠢ ᠣᠷᠣᠨ ᠯᠤᠭ᠎ᠠ ᠴᠡᠪᠡᠷ ᠡᠨᠧᠷᠭᠢ ᠶᠢᠨ ᠬᠠᠮᠲᠤᠷᠠᠯᠴᠠᠭ᠎ᠠ | ᠥᠷᠨᠢᠭᠦᠯᠵᠦ᠂ ︽ᠣᠷᠣᠨ ᠠᠯᠤᠰᠯᠠᠨ ᠴᠠᠬᠢᠯᠭᠠᠨ ᠬᠦᠷᠭᠡᠬᠦ︾ ᠵᠡᠷᠭᠡ ᠰᠢᠨ᠎ᠡ ᠵᠠᠭᠪᠤᠷ ᠢ ᠰᠦᠪᠡᠭᠴᠢᠯᠡᠵᠦ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠪᠦᠯᠬᠦᠮᠳᠡᠨ ᠬᠥᠭᠵᠢᠬᠦ᠂ ᠬᠠᠮᠲᠤᠷᠠᠯᠴᠠᠵᠤ ᠬᠠᠮᠲᠤ ᠪᠠᠷ ᠠᠰᠢᠭ | ᠭᠥᠷᠳᠡᠬᠦ ᠰᠢᠨ᠎ᠡ ᠲᠦᠯᠦᠪᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃ | ︵ᠳᠥᠷᠪᠡ︶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠰᠢᠨ᠎ᠡ ᠦᠷ᠎ᠡ ᠪᠦᠲᠦᠮᠵᠢ︾ ᠶᠢ | ᠣᠯᠤᠨ᠎ᠠ᠃ ᠲᠥᠰᠦᠯ ᠢ ᠲᠥᠰᠦᠪᠯᠡᠬᠦ ᠳᠡᠭᠡᠨ ᠨᠠᠷᠢᠯᠢᠭ ᠪᠠᠶᠢᠯᠭᠠᠨ᠎ᠠ᠃ ᠠᠵᠤ ᠦᠢᠯᠡᠰ ᠤᠨ ᠭᠤᠤᠯᠳᠠᠯᠭ᠎ᠠ ᠶᠢ | ᠳᠣᠪᠤᠶᠢᠯᠭᠠᠨ᠂ ᠬᠠᠮᠳᠣᠷᠠᠭᠤᠯᠬᠤ᠂ ᠲᠥᠷᠥᠯ ᠵᠦᠢᠯ ᠢ ᠡᠮᠬᠢᠯᠡᠨ ᠨᠡᠶᠢᠯᠡᠭᠦᠯᠵᠦ᠂ ᠲᠦᠢᠯ ᠤᠨ ᠣᠨᠣᠪᠴᠢᠲᠠᠶ ᠪᠠᠷ | ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠰᠠᠶᠢᠲᠤᠷ ᠠᠳᠬᠤᠨ᠂ ᠨᠠᠩ ᠣᠯᠠᠨ ᠲᠥᠷᠥᠯ ᠵᠦᠢᠯ ᠢ | ᠤᠯᠤᠰ᠂ ᠥᠪᠡᠷᠲᠡᠭᠡᠨ ᠵᠠᠰᠠᠬᠤ ᠣᠷᠣᠨ ᠤ ᠶᠡᠭᠡ ᠳᠠᠯ᠎ᠠ ᠳᠤ ᠣᠷᠣᠭᠤᠯᠬᠤ ᠪᠠᠷ ᠴᠢᠷᠮᠠᠶᠢᠵᠤ᠂ ︽ᠨᠢᠭᠡ ᠪᠦᠯᠦᠭ ᠢ | ᠨᠥᠭᠡᠴᠡᠯᠡᠬᠦ᠂ ᠨᠢᠭᠡ ᠪᠦᠯᠦᠭ ᠢ ᠣᠷᠣᠭᠤᠯᠤᠨ ᠠᠪᠴᠢᠷᠠᠬᠤ᠂ ᠨᠢᠭᠡ ᠪᠦᠯᠦᠭ ᠢ ᠪᠥᠲᠥᠭᠡᠨ ᠪᠠᠶᠢᠭᠤᠯᠬᠤ᠂ ᠨᠢᠭᠡ | ᠪᠦᠯᠦᠭ ᠢ ᠠᠰᠢᠭᠯᠠᠯᠲᠠ ᠳᠤ ᠣᠷᠣᠭᠤᠯᠬᠤ︾ ᠰᠠᠶᠢᠨ ᠣᠷᠴᠢᠯ ᠢ ᠪᠣᠶ ᠪᠣᠯᠭᠠᠨ᠎ᠠ᠃ ᠲᠦᠷᠦᠯ ᠵᠦᠢᠯ ᠢ ᠲᠦᠷᠭᠡᠨ | ᠠᠬᠢᠭᠤᠯᠤᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠶᠢᠮᠠᠭ ᠤᠨ | ᠲᠡᠰ ᠤᠨ 112 ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠠᠳᠬᠤᠵᠤ᠂ ᠵᠠᠭᠤᠨ ᠳ᠋ᠦᠩᠰᠢᠭᠤᠷ | ᠲᠥᠭᠦᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠢ ᠦᠷᠭᠦᠯᠵᠢᠯᠡᠨ ᠪᠠᠶᠢᠭᠤᠯᠬᠤ ᠠᠬᠢᠴᠠ ᠶᠢ ᠲᠦᠷᠭᠡᠳᠬᠡᠨ᠂ ︽ | ᠰᠠᠶᠢᠨ ᠡᠬᠢᠯᠡᠯᠲᠡ︾ ᠶᠢ ᠪᠦᠬᠦ ᠬᠦᠴᠦᠨ ᠢᠶᠠᠷ ᠪᠡᠶᠡᠯᠡᠭᠦᠯᠦᠨ᠎ᠡ᠃ ᠳᠦᠷᠦᠯ ᠵᠦᠢᠯ ᠳᠤ ᠰᠢᠯᠢᠳᠡᠭ ᠦᠢᠯᠡᠴᠢᠯᠡᠭᠡ | ᠬᠠᠩᠭᠠᠨ᠎ᠠ᠃ ᠨᠠᠷᠢᠨ ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ᠂ ᠬᠠᠷᠢᠭᠤᠴᠠᠯᠭ᠎ᠠ ᠶᠢᠨ ᠲᠦᠷᠢᠮ ᠤᠨ | ᠦᠢᠯᠡᠴᠢᠯᠡᠭᠡ ᠶᠢ ᠴᠢᠩᠭᠠᠳᠬᠠᠵᠤ᠂ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠬᠦᠢᠴᠡᠳ ᠰᠠᠶᠢᠲᠤᠷ ᠬᠡᠷᠡᠭᠯᠡᠵᠦ᠂ | ︽ᠨᠢᠭᠡ ᠲᠥᠷᠥᠯ ᠵᠦᠢᠯ᠂ ᠨᠢᠭᠡ ᠪᠠᠭ ᠤᠨ ᠬᠦᠮᠦᠰ᠂ ᠨᠢᠭᠡ ᠢᠵᠢ ᠲᠥᠰᠦᠯ︾ ᠢ ᠪᠡᠶᠡᠯᠡᠭᠦᠯᠵᠦ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ᠂ ᠴᠢᠬᠤᠯᠠ ᠬᠦᠴᠦᠨ ᠵᠦᠢᠯ ᠤᠨ ᠪᠠᠲᠤᠯᠠᠭ᠎ᠠ᠂ ᠮᠥᠷᠳᠡᠨ ᠦᠢᠯᠡᠴᠢᠯᠡᠬᠦ ︽ᠭᠤᠷᠪᠠ ᠶᠢ | ᠪᠣᠳᠠᠲᠠᠶᠢᠵᠢᠭᠤᠯᠬᠤ︾ ᠶᠢ ᠦᠨᠡᠨ ᠬᠦ ᠪᠠᠲᠤᠯᠠᠨ᠎ᠠ᠃ ᠬᠡᠯᠡᠪᠡᠯ ᠦᠭᠡ ᠬᠢᠰᠬᠢᠪᠡᠯ ᠭᠠᠵᠠᠷ᠂ ᠣᠴᠢᠷ ᠲᠠᠢ ᠪᠣᠯ | ᠦᠢᠯᠡᠴᠢᠯᠡᠵᠦ᠂ ᠣᠴᠢᠷ ᠦᠬᠡᠢ ᠪᠣᠯ ᠦᠢᠮᠡᠬᠦᠯᠬᠦ ᠦᠬᠡᠢ ᠪᠠᠶᠢᠵᠦ᠂ ᠵᠠᠰᠠᠭ ᠬᠤᠳᠠᠯᠳᠣᠭᠠᠴᠢᠨ ᠤ ᠳᠣᠳᠣᠨᠣ ᠴᠢᠭᠡᠴᠢ | ᠬᠠᠷᠢᠴᠠᠭ᠎ᠠ ᠶᠢ ᠪᠠᠶᠢᠭᠤᠯᠣᠨ᠎ᠠ᠃ | ︵ᠲᠠᠪᠤ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ︽ᠰᠢᠨ᠎ᠡ ᠬᠥᠳᠡᠯᠭᠡᠭᠴᠢ ᠡᠨᠧᠷᠭᠢ︾ ᠶᠢ | ᠬᠥᠭᠵᠢᠭᠡᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠳᠠᠯᠳᠠ ᠬᠦᠴᠦᠨ ᠢ ᠭᠦᠢᠴᠡᠳ ᠠᠭᠤᠳᠠᠯᠠᠨ᠎ᠠ᠃ | ︽ᠬᠠᠨ ᠳᠡᠭᠷᠢ ᠠᠯᠠᠱᠠ︾ ᠶᠢᠨ ᠨᠡᠷ᠎ᠡ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠤᠯᠤᠰ ᠤᠨ | ᠨᠠᠷᠠᠲᠤ ᠵᠢᠭᠤᠯᠴᠢᠯᠠᠯ ᠤᠨ ᠬᠠᠷᠠᠯᠳᠠᠳᠣ ᠣᠷᠣᠨ᠂ ᠳᠣᠮᠳᠠᠳᠣᠴᠣᠳ ᠤᠨ ᠵᠢᠭᠤᠯᠴᠢᠯᠠᠯ ᠤᠨ ᠵᠠᠪᠠᠯ ᠵᠣᠷᠢᠬᠤ ᠭᠠᠵᠠᠷ᠂ | ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠵᠢᠷᠤᠭ ᠠᠪᠬᠤ ᠰᠠᠭᠤᠷᠢᠨ ᠭᠠᠵᠠᠷ᠂ ᠳᠡᠭᠡᠳᠦ ᠲᠠᠰ ᠤᠨ ᠰᠣᠶᠣᠯ | ᠵᠢᠭᠤᠯᠴᠢᠯᠠᠯ ᠤᠨ ᠠᠵᠢᠯᠯᠠᠭ᠎ᠠ ᠡᠷᠭᠢᠯᠡᠬᠦ ᠭᠠᠵᠠᠷ᠂ ᠤᠨᠴᠠᠯᠢᠬᠳᠤ ᠠᠷᠠᠳ ᠤᠨ ᠰᠠᠭᠤᠴᠠ ᠶᠢ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠯ ᠤᠨ IP ᠶᠢ ᠡᠳ᠋ ᠬᠥᠷᠥᠩᠭᠡ ᠪᠣᠯᠭᠠᠨ ᠬᠤᠪᠢᠷᠠᠭᠤᠯᠬᠤ ᠶᠢ | ᠠᠬᠢᠭᠤᠯᠵᠤ᠂ ᠪᠥᠬᠦ ᠣᠷᠣᠨ ᠪᠦᠰᠡ᠂ ᠪᠥᠬᠦ ᠤᠯᠠᠷᠢᠯ ᠤᠨ᠂ ᠵᠦᠷᠢᠶᠡᠴᠢᠯᠡᠭᠰᠡᠨ ᠳᠡᠭᠡᠳᠦ ᠲᠠᠰ ᠤᠨ ᠬᠥᠭᠵᠢᠯᠲᠡ ᠶᠢ | ᠠᠬᠢᠭᠤᠯᠤᠨ᠎ᠠ᠃ ᠰᠣᠳᠣᠨ ᠵᠢᠭᠤᠯᠴᠢᠯᠠᠯ ᠤᠨ ᠱᠤᠭᠤᠮ᠂ ᠳᠡᠭᠡᠳᠦ ᠲᠡᠰ ᠤᠨ ᠵᠢᠭᠤᠯᠴᠢᠯᠠᠯ ᠤᠨ ᠪᠦᠲᠦᠭᠡᠭᠳᠡᠬᠦᠨ ᠢ | ᠶᠡᠬᠡᠪᠡᠷ ᠨᠡᠭᠡᠭᠡᠨ ᠬᠥᠭᠵᠢᠭᠦᠯᠵᠦ᠂ ᠡᠯ᠎ᠡ ᠲᠥᠷᠥᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠨᠢᠮᠪᠠᠢ ᠵᠣᠬᠢᠶᠠᠨ | ᠪᠠᠶᠢᠭᠤᠯᠵᠤ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠪᠠ | ᠰᠣᠶᠣᠯ ᠵᠢᠭᠤᠯᠴᠢᠯᠠᠯ ᠤᠨ ᠲᠣᠭᠠᠴᠢᠯᠠᠭᠰᠠᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠢᠭᠤᠯᠴᠢᠯᠠᠯ ᠤᠨ ᠰᠢᠨ᠎ᠡ | ᠡᠵᠡᠩᠨᠡᠯᠲᠡ ᠶᠢᠨ ᠬᠡᠯᠪᠡᠷᠢ᠂ ᠰᠢᠨ᠎ᠡ ᠨᠠᠭᠠᠳᠬᠤ ᠠᠷᠭ᠎ᠠ᠂ ᠰᠢᠨ᠎ᠡ ᠬᠤᠳᠠᠯᠳᠤᠭᠠᠨ ᠤ ᠵᠠᠭᠪᠤᠷ ᠢ ᠪᠣᠢ ᠪᠣᠯᠭᠠᠵᠤ᠂ | ᠡᠯ᠎ᠡ ᠠᠵᠢᠯ ᠲᠥᠷᠥᠯ ᠯᠦᠭᠡ ᠨᠢᠭᠲᠠ ᠵᠣᠯᠭᠠᠭᠤᠯᠤᠨ᠂ ᠠᠭᠤᠰᠤᠯᠴᠠᠨ ᠬᠥᠭᠵᠢᠵᠦ᠂ ᠠᠷᠠᠳ ᠢᠶᠠᠨ ᠨᠠᠩ | ᠪᠠᠶᠠᠵᠢᠭᠤᠯᠤᠨ᠂ 3.0 ᠤᠨ ᠴᠠᠭ ᠦᠶ᠎ᠡ ᠳᠤ ᠲᠦᠷᠭᠡᠨ ᠠᠯᠬᠤᠨ ᠣᠷᠣᠨ᠎ᠠ᠃ ᠪᠣᠭᠤᠮᠲᠠ ᠶᠢᠨ ᠠᠵᠤ ᠠᠬᠤᠢ ᠶᠢ | ᠶᠡᠭᠡ ᠪᠠᠷ ᠬᠦᠭᠵᠢᠬᠦᠯᠦᠨ᠎ᠡ᠃ ︽ᠬᠢᠯᠢ ᠶᠢᠨ ᠪᠣᠭᠤᠮᠲᠠ +︾ ᠠᠵᠤ ᠦᠢᠯᠡᠰ ᠢ ᠬᠠᠶᠢᠨ ᠰᠦᠪᠡᠭᠴᠢᠯᠡᠵᠦ᠂ ︽ | ᠦᠪᠡᠷ ᠤᠨ ᠬᠦᠴᠦ ᠪᠠᠷ ᠢᠶᠠᠨ ᠮᠦᠩᠬᠦ ᠳᠦᠷᠦᠬᠦᠯᠬᠦ︾ ᠶᠢ ᠲᠦᠷᠭᠡᠳᠬᠡᠨ ᠪᠡᠶᠡᠯᠡᠭᠦᠯᠦᠨ᠎ᠡ᠃ ᠴᠡᠭᠡ ᠪᠣᠭᠤᠮᠲᠠ᠂ | ᠥᠯᠵᠡᠶ ᠪᠣᠭᠤᠮᠲᠠ ᠶᠢᠨ ᠵᠦᠷᠢᠶᠡᠴᠢᠯᠡᠭᠰᠡᠨ ᠬᠥᠭᠵᠢᠯᠲᠡ ᠶᠢ ᠠᠬᠢᠭᠤᠯᠵᠤ᠂ ᠴᠡᠭᠡ ᠪᠣᠭᠤᠮᠲᠠ ᠶᠢᠨ ᠬᠢᠯᠢ | ᠠᠯᠤᠰᠯᠠᠭᠰᠠᠨ ᠲᠡᠮᠦᠷ ᠵᠠᠮ᠂ ᠮᠢᠬᠠᠨ ᠤ ᠪᠦᠳᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠵᠢᠯᠣᠭᠤᠴᠢ ᠥᠬᠡᠶ | ᠪᠣᠭᠤᠮᠲᠠ ᠪᠠᠷ ᠥᠩᠭᠡᠷᠡᠭᠦᠯᠬᠦ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠦᠯᠵᠡᠢ ᠪᠣᠭᠤᠮᠲᠠ ᠶᠢ | ᠡᠷᠲᠡᠬᠡᠨ ᠨᠡᠪᠳᠡᠷᠡᠬᠦᠯᠬᠦ ᠪᠠᠷ ᠴᠢᠷᠮᠠᠶᠢᠨ᠎ᠠ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ | ᠢᠳᠡᠪᠬᠢᠲᠡᠢ ᠠᠬᠢᠭᠤᠯᠤᠨ᠎ᠠ᠃ ᠬᠠᠷᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠤ ᠦᠢᠯᠡᠰ ᠤᠨ | ᠳᠠᠪᠠᠭᠤᠯᠢᠭ ᠲᠠᠭᠠᠨ ᠲᠦᠰᠢᠭᠯᠡᠨ᠂ ᠳᠡᠭᠡᠳᠦ ᠰᠢᠨ᠎ᠡ ᠮᠠᠲ᠋ᠧᠷᠢᠶᠠᠯ᠂ ᠴᠡᠷᠢᠭ ᠤᠨ ᠠᠵᠤ ᠦᠢᠯᠡᠳᠪᠦᠷᠢ ᠶᠢᠨ ᠮᠡᠷᠭᠡᠵᠢᠯ᠂ | ᠠᠭᠠᠷ ᠠᠶᠠᠯᠠᠯ ᠰᠠᠨᠰᠠᠷ ᠠᠶᠠᠯᠠᠯ ᠤᠨ ᠣᠷᠭᠠᠨᠢᠭ ᠠᠭᠤᠰᠤᠯᠴᠠᠯ ᠢ ᠠᠬᠢᠭᠤᠯᠵᠤ᠂ ᠴᠡᠷᠢᠭ ᠤᠨ ᠬᠡᠷᠡᠭᠯᠡᠭᠡ ᠠᠷᠠᠳ ᠤᠨ | ᠬᠡᠷᠡᠭᠯᠡᠭᠡ ᠪᠤᠯᠵᠤ ᠬᠤᠪᠢᠷᠠᠬᠤ᠂ ᠠᠷᠠᠳ ᠤᠨ ᠬᠡᠷᠡᠭᠯᠡᠭᠡ ᠴᠡᠷᠢᠭ ᠤᠨ ᠬᠡᠷᠡᠭᠯᠡᠭᠡ ᠳᠤ ᠣᠷᠣᠯᠴᠠᠬᠤ ᠤᠨᠴᠠᠯᠢᠬᠳᠤ ᠠᠵᠤ | ᠦᠢᠯᠡᠰ ᠢ ᠬᠥᠭᠵᠢᠭᠦᠯᠦᠨ᠎ᠡ︔ ᠰᠣᠶᠣᠯ ᠵᠢᠭᠤᠯᠴᠢᠯᠠᠯ᠂ ᠠᠷᠤ ᠲᠠᠯ᠎ᠠ ᠶᠢᠨ ᠪᠠᠲᠤᠯᠠᠭ᠎ᠠ᠂ ᠨᠡᠶᠢᠭᠡᠮ ᠤᠨ ᠦᠢᠯᠡᠴᠢᠯᠡᠭᠡ | ᠵᠡᠷᠭᠡ ᠲᠠᠯ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ ᠰᠦᠪᠡᠭᠴᠢᠯᠡᠵᠦ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠭᠰᠠᠨ ᠬᠤᠰᠢᠭᠤᠴᠢ ᠣᠷᠣᠨ᠂ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ | ︵ᠵᠢᠷᠭᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ ᠰᠢᠪᠲᠤᠯᠤᠯᠲᠠ︾ ᠶᠢ | ᠪᠡᠶᠡᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠤᠯᠭᠠᠭᠤᠯᠤᠨ᠎ᠠ᠃ ︽ | ᠳᠥᠷᠪᠡ ᠶᠢ ᠲᠠᠶᠠᠭᠳᠠᠬᠤ ᠥᠬᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠣᠨᠣᠪᠴᠢᠲᠠᠶ ᠪᠠᠷ ᠬᠠᠪᠰᠤᠷᠤᠨ ᠲᠡᠳᠬᠦᠬᠦ | ᠲᠣᠭᠲᠠᠴᠠ ᠶᠢ ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ | ᠲᠤᠭᠲᠠᠪᠤᠷᠢᠵᠢᠭᠤᠯᠤᠨ ᠠᠵᠢᠯ ᠤᠯᠭᠤᠬᠤ ᠶᠢ ᠰᠠᠶᠢᠲᠤᠷ ᠬᠢᠵᠦ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠯ | ᠡᠭᠦᠰᠬᠦ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠲᠠᠷᠢᠶᠠᠯᠠᠩ ᠮᠠᠯ ᠠᠵᠤ ᠠᠬᠤᠶ ᠶᠢᠨ | ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ ︽ᠤᠰᠤ ᠪᠠᠷ ᠲᠠᠷᠢᠶ᠎ᠠ ᠶᠢ ᠲᠣᠭᠲᠠᠭᠠᠬᠤ᠂ | ᠤᠰᠤ ᠪᠠᠷ ᠤᠨᠠᠯᠲᠠ ᠶᠢ ᠲᠣᠭᠲᠠᠭᠠᠬᠤ︾ ᠶᠢ ᠪᠠᠷᠢᠮᠲᠠᠯᠠᠨ᠂ ︽ᠨᠡᠮᠡᠵᠦ ᠬᠠᠰᠤᠬᠤ ᠠᠷᠭ᠎ᠠ︾ ᠶᠢ ᠰᠠᠶᠢᠲᠤᠷ ᠬᠢᠵᠦ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠶ ᠶᠢ ᠥᠷᠭᠡᠳᠬᠡᠨ᠂ ᠭᠠᠵᠠᠷ ᠰᠢᠷᠣᠶ ᠶᠢᠨ ᠮᠥ ᠪᠦᠷᠢ ᠶᠢᠨ | ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠯᠠᠩ ᠤᠨ ᠨᠠᠶᠢᠳᠠᠨ ᠬᠠᠮᠢᠶᠠᠷᠤᠭᠤᠯᠬᠤ ᠰᠢᠨ᠎ᠡ ᠬᠡᠪ ᠮᠠᠶ᠋ᠢᠭ ᠢ | ᠰᠦᠪᠡᠭᠴᠢᠯᠡᠨ᠂ ᠬᠤᠶᠠᠷᠬᠤᠳᠳᠤᠭ ᠤᠨ ᠬᠦᠳᠡᠭᠡ᠂ ᠣᠯᠠᠨᠪᠤᠯᠠᠭ᠂ ᠪᠠᠷᠠᠭᠤᠨ ᠪᠡᠯ ᠵᠡᠷᠭᠡ ᠲᠠᠷᠢᠶᠠᠯᠠᠩ ᠲᠥᠪᠯᠡᠷᠡᠭᠰᠡᠨ | ᠭᠠᠵᠠᠷ ᠣᠷᠣᠨ ᠳᠤ ᠥᠨᠳᠥᠷ ᠪᠠᠷᠢᠮᠵᠢᠶᠠᠲᠦ᠂ ᠡᠷᠴᠢᠮᠵᠢᠭᠰᠡᠨ ᠲᠦᠬᠦᠭᠡᠷᠦᠮᠵᠢ ᠪᠦᠬᠦᠢ ᠲᠠᠷᠢᠶᠠᠯᠠᠩ ᠢ | ᠬᠥᠭᠵᠢᠭᠦᠯᠬᠦ ᠶᠢ ᠠᠬᠢᠭᠤᠯᠤᠨ᠎ᠠ︔ ︽ᠲᠠᠷᠢᠶᠠᠴᠢᠳ ᠲᠠᠷᠢᠶᠠᠨ ᠭᠠᠵᠠᠷ ᠢᠶᠠᠨ ᠬᠠᠩᠭᠠᠬᠤ᠂ ᠠᠵᠤ ᠠᠬᠤᠶᠢᠯᠠᠯ ᠬᠦᠴᠦ | ᠶᠠᠪᠤᠬᠤ᠂ ᠲᠠᠷᠢᠶᠠᠯᠠᠩ ᠬᠡᠲᠦ ᠳᠡᠯᠭᠡᠭᠦᠷ ᠢ ᠵᠣᠯᠭᠠᠭᠤᠯᠬᠤ︾ ᠦᠢᠯᠡᠳᠪᠦᠷᠢᠯᠡᠯ ᠬᠠᠩᠭᠠᠨ ᠪᠣᠷᠣᠯᠠᠭᠤᠯᠭ᠎ᠠ ᠶᠢ ᠨᠢᠭᠡ | ᠴᠣᠭᠴᠠᠵᠢᠭᠤᠯᠤᠭᠰᠠᠨ ᠢᠳᠡᠰᠢᠨ ᠨᠤᠭᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠬᠡᠪ ᠮᠠᠶ᠋ᠢᠭ ᠢ ᠳᠡᠯᠭᠡᠷᠡᠭᠦᠯᠵᠦ᠂ | ᠢᠳᠡᠰᠢᠨ ᠨᠣᠭᠤᠭ᠎ᠠ ᠶᠢ ᠦᠪᠡᠷᠲᠡᠭᠡᠨ ᠬᠠᠩᠭᠠᠬᠤ ᠶᠢ ᠯᠠᠪᠳᠠᠭᠤᠨ ᠢᠶᠠᠷ ᠪᠡᠶᠡᠯᠡᠭᠦᠯᠦᠨ᠂ ᠠᠷᠠᠳ ᠣᠯᠠᠨ ᠤ ︽ | ᠢᠳᠡᠰᠢᠨ ᠨᠤᠭᠤᠭᠠᠨ ᠤ ᠰᠠᠩ︾ ᠢ ᠦᠨᠡᠨᠬᠦ ᠲᠣᠭᠲᠠᠭᠤᠨ ᠪᠠᠶᠢᠯᠭᠠᠨ᠎ᠠ︔ ᠰᠢᠨ᠎ᠡ ᠲᠥᠷᠥᠯ ᠵᠦᠢᠯ ᠢ ᠣᠷᠣᠭᠤᠯᠤᠨ | ᠠᠪᠴᠢᠷᠠᠬᠤ ᠪᠠ ᠲᠠᠷᠢᠶᠠᠯᠠᠩ ᠤᠨ ᠪᠦᠲᠦᠭᠡᠭᠳᠡᠬᠦᠨ ᠢ ᠪᠤᠭᠤᠳᠠᠯᠯᠠᠵᠦ ᠡᠵᠡᠩᠨᠡᠨ ᠪᠣᠷᠣᠯᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠰᠤᠪᠨᠠᠭᠤᠷ ᠤᠨ ᠪᠠᠯᠲᠤ ᠬᠡᠮᠬᠡ᠂ ᠰᠢᠬᠢᠷᠯᠢᠭ ᠡᠷᠳᠡᠨᠢ ᠰᠢᠰᠢ ᠵᠡᠷᠭᠡ ᠣᠨᠴᠠᠯᠢᠭᠲᠤ | ᠪᠦᠲᠦᠭᠡᠭᠳᠡᠬᠦᠨ ᠢ ᠪᠤᠢ ᠪᠣᠯᠭᠠᠵᠤ᠂ ᠥᠨᠳᠥᠷ ᠨᠡᠮᠡᠯᠲᠡ ᠥᠷᠲᠡᠭ ᠪᠦᠬᠦᠢ ᠰᠣᠳᠣᠨ ᠲᠠᠷᠢᠶᠠᠯᠠᠩ ᠢ ᠬᠥᠭᠵᠢᠭᠦᠯᠦᠨ᠎ᠡ᠃ | ᠠᠯᠠᠱᠠ ᠶᠢᠨ ᠴᠠᠭᠠᠨ ᠨᠤᠯᠤᠤᠷᠲᠦ ᠢᠮᠠᠭ᠎ᠠ᠂ ᠠᠯᠠᠱᠠ ᠶᠢᠨ ᠬᠤᠤᠰ ᠪᠥᠬᠦᠲᠦ ᠲᠡᠮᠡᠭᠡ᠂ ᠠᠯᠠᠱᠠ ᠶᠢᠨ ᠰᠢᠷ᠎ᠠ ᠦᠬᠡᠷ | ᠵᠡᠷᠭᠡ ᠰᠢᠯᠢᠳᠡᠭ ᠮᠠᠯ ᠤᠨ ᠡᠭᠦᠯᠳᠡᠷ ᠤᠨ ᠡᠬᠢ ᠪᠠᠶᠠᠯᠢᠭ ᠲᠤ ᠲᠦᠰᠢᠭᠯᠡᠨ᠂ ᠨᠢᠭᠡ ᠪᠦᠯᠦᠭ ︽ᠤᠳᠤᠬᠢᠴᠢᠯᠠᠭᠰᠠᠨ | ᠮᠠᠯᠵᠢᠯ ᠤᠨ ᠲᠠᠯᠠᠪᠠᠶ︾ ᠶᠢ ᠪᠥᠲᠥᠭᠡᠨ ᠪᠠᠶᠢᠭᠤᠯᠵᠤ᠂ ᠰᠦ ᠮᠢᠬ᠎ᠠ ᠨᠣᠯᠤᠤᠷ ᠤᠨ ᠠᠵᠤ ᠦᠢᠯᠡᠰᠵᠢᠭᠰᠡᠨ᠂ | ᠨᠠᠷᠢᠯᠢᠭᠵᠢᠭᠤᠯᠤᠨ ᠭᠦᠨᠵᠡᠭᠡᠶᠢᠷᠡᠭᠰᠡᠨ᠂ ᠳᠡᠭᠡᠳᠦ ᠲᠠᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ | ᠴᠠᠭᠠᠨ ᠭᠤᠶᠣᠣ᠂ ᠤᠯᠠᠭᠠᠨ ᠭᠤᠶᠣᠣ ᠵᠡᠷᠭᠡ ᠣᠨᠴᠠᠯᠢᠭᠲᠤ ᠡᠯᠡᠰᠦᠨ ᠤ ᠠᠮᠢᠳᠤ ᠪᠣᠳᠠᠰ ᠤᠨ ᠡᠬᠢ ᠪᠠᠶᠠᠯᠢᠭ ᠤᠨ | ᠲᠣᠭᠤᠷᠢᠨ ᠳᠤ᠂ ᠠᠮᠢ ᠠᠬᠤᠢ ᠶᠢᠨ ᠠᠵᠤ ᠦᠢᠯᠡᠰ ᠤᠨ ᠣᠨᠴᠠᠯᠢᠭᠲᠤ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ︽ | ᠬᠤᠶᠠᠳᠤᠭᠠᠷ ᠠᠵᠦ ᠦᠢᠯᠡᠰ ᠲᠠᠢ ᠬᠤᠯᠪᠤᠭᠳᠠᠭᠤᠯᠵᠤ ᠭᠤᠷᠪᠠᠳᠤᠭᠠᠷ ᠠᠵᠦ ᠦᠢᠯᠡᠰ ᠲᠠᠢ ᠵᠠᠯᠭᠠᠭᠤᠯᠬᠤ︾ ᠠᠵᠢᠯ ᠢ | ᠰᠠᠶᠢᠲᠤᠷ ᠬᠢᠵᠦ᠂ ᠠᠯᠠᠱᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠡᠭᠦᠳᠦᠨ᠂ | ᠠᠵᠤ ᠦᠢᠯᠡᠰ ᠢ ᠠᠭᠤᠰᠤᠯᠴᠠᠭᠤᠯᠬᠤ ᠵᠠᠮ ᠢᠶᠠᠷ ᠰᠠᠶᠢᠲᠤᠷ ᠵᠠᠮᠨᠠᠵᠤ᠂ ︽ᠨᠡᠷᠡᠳᠦ ᠰᠢᠯᠢᠳᠡᠭ ᠣᠨᠴᠠ ᠰᠢᠨ᠎ᠡ︾ | ᠦᠢᠯᠡᠳᠬᠦᠨ ᠢ ᠰᠠᠶᠢᠲᠤᠷ ᠡᠭᠦᠳᠴᠦ᠂ ᠠᠯᠠᠱᠠ ᠶᠢᠨ ᠰᠠᠶᠢᠨ ᠪᠦᠲᠦᠭᠡᠭᠳᠡᠬᠦᠨ ᠢ ᠰᠠᠶᠢᠨ ᠦᠨ᠎ᠡ ᠪᠠᠷ ᠬᠤᠳᠠᠯᠳᠤᠬᠤ | ᠪᠠᠶᠢᠳᠠᠯ ᠢ ᠪᠤᠢ ᠪᠣᠯᠭᠠᠨ᠎ᠠ᠃ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠵᠢᠯᠯᠠᠭ᠎ᠠ ᠶᠢ ᠶᠡᠬᠡᠪᠡᠷ | ᠬᠡᠷᠡᠭᠵᠢᠭᠦᠯᠵᠦ᠂ ᠮᠠᠯᠴᠢᠨ ᠲᠠᠷᠢᠶᠠᠴᠢᠳ ᠤᠨ ᠠᠵᠤ ᠦᠢᠯᠡᠰ ᠤᠨ ᠣᠷᠣᠯᠭ᠎ᠠ ᠶᠢ ᠬᠤᠶᠠᠷ ᠣᠷᠣᠨᠲᠤ ᠲᠤᠭ᠎ᠠ ᠪᠠᠷ | ᠨᠡᠮᠡᠭᠳᠡᠬᠦᠯᠬᠦ ᠪᠠᠷ ᠴᠢᠷᠮᠠᠶᠢᠵᠦ᠂ 5 ᠵᠢᠯ ᠣᠷᠴᠢᠮ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠳᠠᠬᠢᠨ ᠢᠶᠠᠷ | ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠰᠢᠯᠢᠳᠡᠭᠵᠢᠯ ᠢ ᠦᠷᠭᠦᠯᠵᠢᠯᠡᠨ | ᠠᠬᠢᠭᠤᠯᠵᠤ᠂ ᠤᠰᠤ ᠴᠠᠬᠢᠯᠭᠠᠨ ᠵᠠᠮ ᠴᠢᠮᠡᠭᠡ ᠬᠤᠯᠪᠤᠭᠠᠨ ᠤ ᠰᠠᠭᠤᠷᠢ ᠲᠥᠬᠦᠭᠡᠷᠦᠮᠵᠢ ᠶᠢᠨ ᠳᠡᠰ ᠳᠡᠪᠰᠢᠬᠦ ᠶᠢ | ᠲᠦᠷᠭᠡᠳᠬᠡᠨ ᠠᠬᠢᠭᠤᠯᠵᠤ᠂ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠰᠣᠭᠤᠭ ᠢ ᠮᠦᠷᠳᠡᠨ ᠪᠠᠶᠢᠴᠠᠭᠠᠵᠤ | ᠴᠡᠭᠴᠡᠯᠡᠨ ᠵᠠᠰᠠᠬᠤ ᠪᠠ ᠵᠣᠷᠯᠣᠩ ᠤᠨ ᠦᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠵᠣᠯ ᠵᠢᠷᠭᠠᠯᠲᠤ ᠠᠮᠢᠳᠤᠷᠠᠯ ᠰᠠᠶᠢᠨ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠤᠨ᠎ᠠ᠃ | ︵ᠳᠣᠯᠤᠭ᠎ᠠ︶ ᠬᠥᠭᠵᠢᠯᠲᠡ ᠶᠢᠨ ᠣᠷᠴᠢᠨ ᠲᠣᠭᠤᠷᠢᠨ ᠤ ︽ᠰᠢᠨ᠎ᠡ ᠲᠤᠯᠭᠠᠭᠤᠷᠢᠯᠠᠯ︾ ᠢ ᠴᠣᠭᠴᠠᠯᠠᠨ | ᠪᠠᠶᠢᠭᠤᠯᠤᠨ᠎ᠠ᠃ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠭᠦᠳᠬᠦ ᠬᠥᠳᠡᠯᠭᠡᠭᠦᠷ ᠢ ᠴᠢᠩᠭᠠᠳᠬᠠᠨ᠎ᠠ᠃ ︽ | ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ | 4 + 8 + N︾ ᠬᠠᠮᠲᠤᠷᠠᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠡᠯᠬᠢᠶ᠎ᠡ | ᠰᠢᠨ᠎ᠡ ᠶᠢ ᠡᠭᠦᠳᠬᠦ ᠬᠡᠯᠬᠢᠶ᠎ᠡ ᠶᠢᠨ ᠨᠢᠭᠲᠠ ᠬᠤᠯᠪᠤᠯᠳᠤᠯ ᠨᠢᠭᠲᠠ ᠵᠤᠯᠭᠠᠯᠳᠤᠭᠠ ᠶᠢ ᠠᠬᠢᠭᠤᠯᠵᠤ᠂ ᠲᠢᠩᠬᠢᠮ | ᠠᠶᠢᠮᠠᠭ ᠬᠠᠮᠲᠤᠷᠠᠨ ᠵᠥᠪᠳᠡᠯᠴᠡᠬᠦ᠂ ᠬᠦᠷᠢᠶᠡᠯᠡᠩ ᠭᠠᠵᠠᠷ ᠣᠷᠣᠨ ᠬᠠᠮᠲᠤᠷᠠᠨ ᠠᠵᠢᠯᠯᠠᠬᠤ᠂ ᠰᠤᠷᠭᠠᠭᠤᠯᠢ ᠠᠵᠤ | ᠠᠬᠤᠶᠢᠯᠠᠯ ᠬᠤᠯᠪᠣᠭᠠᠯᠠᠬᠤ᠂ ᠣᠶᠤᠨ ᠤ ᠬᠥᠮᠥᠷᠭᠡ ᠶᠢ ᠪᠠᠶᠢᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠨᠢᠭᠡ ᠪᠦᠯᠦᠭ ᠲᠠᠪᠴᠠᠩ ᠤᠨ | ᠠᠴᠢᠶᠠᠯᠠᠪᠤᠷᠢ ᠶᠢ ᠲᠦᠷᠭᠡᠳᠬᠡᠨ ᠪᠠᠶᠢᠭᠤᠯᠵᠤ᠂ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠨᠢᠭᠡ | ᠪᠦᠯᠦᠭ ᠭᠤᠤᠯᠯᠠᠬᠤ ᠨᠠᠷᠠᠲᠤ ᠲᠡᠮᠳᠡᠭᠲᠦ ᠶᠢ ᠪᠣᠶ ᠪᠤᠯᠭᠠᠨ᠂ ᠪᠣᠳᠠᠲᠤ ᠴᠣᠭᠴᠠ ᠶᠢᠨ ᠠᠵᠤ ᠠᠬᠤᠶ ᠶᠢᠨ | ᠬᠥᠭᠵᠢᠯᠲᠡ ᠶᠢᠨ ᠦᠨᠳᠦᠰᠦ ᠰᠠᠭᠤᠷᠢ ᠶᠢ ᠪᠠᠬᠢᠵᠢᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ | ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠨᠠᠷ ᠰᠠᠶᠢᠲᠠᠢ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ | ᠪᠤᠢ ᠪᠤᠯᠭᠠᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ | ᠲᠣᠭᠠᠴᠢᠯᠠᠭᠰᠠᠨ ᠵᠠᠰᠠᠭ ᠤᠨ ᠣᠷᠳᠣᠨ︾ ᠢ ᠯᠠᠪᠳᠠᠭᠤᠨ ᠪᠠᠲᠤᠲᠠᠶ ᠪᠠᠶᠢᠭᠤᠯᠤᠨ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ︽ | ᠮᠥᠩᠬᠡ ᠰᠤᠪᠠᠭ ᠢᠶᠠᠷ ᠬᠦᠢᠴᠡᠳᠭᠡᠬᠦ︾᠂ ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ᠂ ᠨᠢᠭᠡ ᠬᠡᠷᠡᠴᠢ ᠪᠠᠷ | ᠨᠡᠶᠢᠳᠡᠮ ᠬᠦᠢᠴᠡᠳᠬᠡᠬᠦ᠂ ᠨᠢᠭᠡ ᠦᠨᠡᠮᠯᠡᠯ ᠢᠶᠠᠷ ᠨᠡᠶᠢᠳᠡᠮ ᠬᠦᠢᠴᠡᠳᠬᠡᠬᠦ᠂ ᠠᠶᠢᠮᠠᠭ ᠤᠨ ᠬᠡᠪᠴᠢᠶᠠᠨ ᠳᠤ ᠨᠡᠶᠢᠳᠡᠮ | ᠬᠦᠢᠴᠡᠳᠭᠡᠬᠦ᠂ ᠣᠷᠣᠨ ᠪᠦᠰᠡ ᠪᠠᠷ ᠬᠤᠯᠪᠣᠭᠠᠯᠠᠨ ᠬᠦᠢᠴᠡᠳᠭᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠬ᠎ᠠ | ᠳᠡᠯᠭᠡᠭᠦᠷ ᠲᠤ ᠣᠷᠣᠬᠤ ᠵᠦᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠬᠡᠷᠡᠭᠵᠢᠭᠦᠯᠵᠦ᠂ ︽ᠨᠢᠭᠡ | ᠳᠠᠩᠰᠠᠨ ᠳᠤ ᠪᠦᠬᠦᠨ ᠢ ᠵᠢᠭᠰᠠᠭᠠᠬᠤ︾᠂ ︽ᠳᠠᠩᠰᠠᠨ ᠤ ᠭᠠᠳᠠᠨ᠎ᠠ ᠳᠠᠩᠰᠠ ᠥᠬᠡᠶ ᠪᠠᠶᠢᠬᠤ︾ ᠶᠢ ᠪᠡᠶᠡᠯᠡᠭᠦᠯᠦᠨ᠎ᠡ᠃ | ᠮᠥᠩᠭᠦᠨ ᠭᠦᠢᠯᠭᠡᠭᠡ᠂ ᠡᠨᠧᠷᠭᠢ᠂ ᠵᠠᠮ ᠬᠠᠷᠢᠯᠴᠠᠭ᠎ᠠ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠳᠤ | ᠬᠤᠯᠪᠣᠭᠳᠠᠭᠰᠠᠨ ᠦᠢᠯᠡᠴᠢᠯᠡᠭᠡᠨ ᠤ ᠰᠢᠯᠢᠳᠡᠭᠵᠢᠯ ᠢ ᠠᠬᠢᠭᠤᠯᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ᠂ ᠮᠥᠩᠭᠦᠨ ᠭᠦᠢᠯᠭᠡᠭᠡ ᠪᠠᠷ ᠲᠡᠳᠬᠦᠨ ᠳᠡᠮᠵᠢᠬᠦ ᠵᠡᠷᠭᠡ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠣᠨᠣᠪᠴᠢᠲᠠᠶ ᠪᠠᠷ ᠬᠠᠪᠰᠤᠷᠤᠨ ᠳᠡᠮᠵᠢᠵᠦ ᠪᠤᠳᠠᠳᠤ ᠬᠦᠴᠢᠷᠳᠡᠯ ᠢ ᠨᠢ | ᠰᠢᠢᠳᠪᠦᠷᠢᠯᠡᠵᠦ ᠥᠭᠭᠦᠨ᠎ᠡ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠬᠦᠯᠦᠨᠠ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠥᠬᠦ | ᠲᠠᠯ᠎ᠠ ᠪᠠᠷ ᠪᠡᠶᠡᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢ ᠪᠦᠷᠢᠳᠬᠡᠬᠦ᠂ | ᠡᠮᠬᠢᠯᠡᠨ ᠨᠡᠶᠢᠯᠡᠭᠦᠯᠵᠦ ᠳᠠᠬᠢᠨ ᠲᠤᠬᠢᠷᠠᠭᠤᠯᠬᠤ᠂ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ | ᠲᠦᠷᠭᠡᠳᠬᠡᠨ ᠠᠬᠢᠭᠤᠯᠤᠨ᠎ᠠ︔ ᠡᠳ᠋ ᠤᠨ ᠵᠠᠰᠠᠭ ᠤᠨ ᠲᠥᠰᠦᠪ ᠤᠨ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢ | ᠬᠡᠷᠡᠭᠵᠢᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠠᠷᠢᠮᠵᠢᠶᠠᠴᠢᠯᠠᠯᠲᠠ ᠶᠢ ᠲᠦᠯᠬᠢᠨ ᠠᠬᠢᠭᠤᠯᠤᠨ᠎ᠠ︔ | ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠦᠨ᠎ᠡ ᠬᠠᠩᠰᠢ ᠶᠢᠨ | ᠭᠠᠭᠴᠠᠭᠠᠷ ᠡᠵᠡᠮᠰᠢᠯ ᠢ ᠡᠰᠡᠷᠭᠦᠴᠡᠬᠦ᠂ ᠰᠠᠯᠠᠭ᠎ᠠ ᠮᠥᠴᠢᠷ ᠬᠠᠮᠵᠢᠯᠴᠠᠬᠤ ᠦᠨ᠎ᠡ ᠬᠠᠩᠰᠢ ᠶᠢᠨ ᠬᠢᠨᠠᠯᠲᠠ | ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠦᠭᠵᠢᠯᠲᠡ ᠶᠢᠨ ᠰᠠᠭᠤᠷᠢ ᠶᠢ | ᠪᠠᠬᠢᠵᠢᠭᠦᠯᠦᠨ᠎ᠡ᠃ ᠪᠠᠶᠠᠨᠬᠤᠳᠤᠭ ᠠᠴᠠ ᠪᠠᠶᠠᠨᠬᠤᠲᠠ ᠬᠦᠷᠬᠦ ᠲᠦᠷᠭᠡᠨ ᠤ ᠵᠠᠰᠠᠮᠠᠯ ᠵᠠᠮ᠂ ᠪᠠᠶᠠᠨᠬᠤᠲᠠ ᠠᠴᠠ ᠢᠷᠭᠠᠢ | ᠬᠦᠷᠬᠦ ᠦᠨᠳᠦᠷ ᠬᠤᠷᠳᠤᠴᠠᠲᠤ ᠲᠡᠮᠦᠷ ᠵᠠᠮ᠂ ᠠᠯᠠᠱᠠ ᠵᠡᠭᠦᠨ ᠬᠤᠰᠢᠭᠤᠨ ᠤ ᠠᠵᠢᠯ ᠤᠨ ᠬᠡᠷᠡᠭᠯᠡᠭᠡᠨ ᠤ | ᠨᠢᠰᠬᠡᠯ ᠤᠨ ᠪᠠᠭᠤᠳᠠᠯ ᠢ ᠳᠡᠰ ᠳᠡᠪᠰᠢᠭᠦᠯᠦᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠤᠯᠭᠠᠬᠤ᠂ ᠬᠤᠤ ᠶᠠ | 500 ᠺᠢᠯᠦᠸᠤᠯᠲ ᠤᠨ ᠴᠠᠬᠢᠯᠭᠠᠨ ᠬᠦᠷᠭᠡᠵᠦ ᠬᠦᠴᠦᠳᠡᠯ ᠦᠭᠡᠷᠡᠴᠢᠯᠡᠬᠦ᠂ 5G ᠶᠢᠨ ᠬᠡᠷᠡᠭᠯᠡᠯᠲᠡ ᠶᠢᠨ | ᠬᠡᠪᠴᠢᠶ᠎ᠡ ᠶᠢ ᠥᠷᠭᠡᠳᠬᠡᠬᠦ ᠵᠡᠷᠭᠡ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠴᠢᠩᠭ᠎ᠠ | ᠠᠳᠬᠤᠵᠦ᠂ ᠵᠢᠷᠤᠭ ᠡᠯᠭᠦᠨ ᠠᠵᠢᠯᠯᠠᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ | ᠲᠤᠰᠬᠠᠢ ᠡᠭᠡᠯᠵᠢ ᠪᠠᠷ ᠠᠬᠢᠭᠤᠯᠤᠨ᠎ᠠ᠃ ᠳᠡᠭᠡᠷᠡᠬᠢ ᠲᠠᠢ ᠵᠤᠯᠭᠠᠯᠴᠠᠬᠤ ᠡᠷᠴᠢᠮ ᠢᠶᠠᠨ ᠴᠢᠩᠭᠠᠷᠠᠭᠤᠯᠵᠤ᠂ ᠡᠵᠡᠨ᠎ᠡ | ᠬᠤᠰᠢᠭᠤᠨ ᠤ ᠨᠢᠰᠬᠡᠯ ᠤᠨ ᠪᠠᠭᠤᠳᠠᠯ ᠢ ᠲᠠᠰ ᠳᠡᠪᠰᠢᠭᠦᠯᠬᠦ᠂ ᠵᠢᠤᠴᠢᠤᠸᠠᠨ ᠠᠴᠠ ᠡᠵᠡᠨ᠎ᠡ ᠬᠦᠷᠬᠦ ᠲᠡᠮᠦᠷ ᠵᠠᠮ ᠤᠨ | ᠳ᠋ᠦᠩᠹᠧᠩ ᠰᠠᠨᠰᠠᠷ ᠤᠨ ᠬᠤᠲᠠ ᠶᠢᠨ ᠡᠮᠦᠨ᠎ᠡ ᠬᠡᠰᠡᠭ ᠠᠴᠠ ᠳᠠᠯᠠᠶᠢᠬᠦ᠋ᠪ ᠬᠥᠷᠬᠦ ᠬᠡᠰᠡᠭ᠂ ᠬᠠᠲᠤᠨ ᠭᠤᠤᠯ ᠤᠨ | ᠥᠪᠥᠷ ᠮᠣᠩᠭᠤᠯ ᠤᠨ ᠪᠠᠴᠢᠮ ᠢ ᠠᠷᠭᠠᠴᠠᠭᠠᠨ ᠬᠠᠯᠢᠶ᠎ᠠ ︵ᠦᠶᠡᠷ︶ ᠶᠢ ᠰᠠᠯᠭᠠᠬᠤ ᠢᠨᠵᠧᠨᠧᠷᠢᠩ ᠵᠡᠷᠭᠡ ᠰᠢᠨ᠎ᠡ | ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠲᠡᠬᠡᠨ ᠪᠤᠳᠠᠳᠠᠶᠢᠵᠢᠭᠤᠯᠬᠤ ᠶᠢ ᠲᠥᠯᠥᠪᠵᠢᠭᠦᠯᠦᠨ | ᠠᠬᠢᠭᠤᠯᠤᠨ᠎ᠠ᠃ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠠᠵᠤ | ᠠᠬᠤᠶᠢᠯᠠᠯ ᠤᠨ ᠡᠭᠦᠯᠡᠨ ᠲᠠᠪᠴᠠᠩ ᠳᠤ ᠭᠠᠷᠬᠤ ᠶᠢ ᠠᠬᠢᠭᠤᠯᠵᠤ᠂ ᠳᠠᠪᠠᠭᠤᠯᠢᠭ ᠠᠵᠤ ᠦᠢᠯᠡᠰ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠪᠣᠯᠤᠨ ᠲᠤᠮᠤ ᠳ᠋ᠠᠶᠢᠲ᠋ᠠ᠂ ᠡᠭᠦᠯᠡᠨ ᠪᠤᠳᠤᠯᠳᠠ ᠵᠡᠷᠭᠡ ᠶᠢᠨ ᠣᠷᠭᠠᠨᠢᠭ ᠠᠭᠤᠰᠤᠯᠴᠠᠯ ᠢ | ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠶᠢ ᠪᠤᠶᠢᠵᠢᠭᠤᠯᠤᠨ ᠬᠥᠭᠵᠢᠭᠦᠯᠦᠨ᠎ᠡ᠃ ᠮᠥᠩᠭᠦᠨ ᠭᠦᠢᠯᠭᠡᠭᠡᠨ ᠤ | ᠠᠵᠢᠯ ᠤᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ | ᠪᠠᠭᠠᠰᠬᠠᠵᠦ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠢᠳᠪᠦᠷᠢᠯᠡᠵᠦ᠂ ᠠᠷᠠᠳ ᠠᠴᠠ ᠡᠷᠬᠢᠯᠡᠭᠰᠡᠨ | ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ ᠳᠥᠯᠥᠵᠦ ᠳᠠᠭᠤᠰᠬᠠᠨ᠂ ᠵᠦᠢ ᠪᠤᠰᠤ ᠵᠢᠭᠡᠯᠡᠯᠭᠡ ᠶᠢ | ᠬᠥᠳᠡᠯᠦᠩᠭᠦᠶ ᠪᠠᠷ ᠡᠶᠡᠳᠡᠭᠦᠯᠦᠨ ᠰᠢᠢᠳᠪᠦᠷᠢᠯᠡᠬᠦ ᠶᠢ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠪᠣᠳᠠᠲᠤ ᠴᠣᠭᠴᠠ ᠶᠢᠨ ᠠᠵᠤ ᠠᠬᠤᠶ ᠳᠤ ᠨᠠᠶᠢᠷ ᠲᠠᠯᠪᠢᠵᠦ ᠠᠰᠢᠭ ᠬᠦᠷᠲᠡᠭᠡᠬᠦ ᠶᠢ ᠠᠬᠢᠭᠤᠯᠵᠤ᠂ ᠵᠢᠭᠡᠯᠡᠯᠭᠡ | ᠲᠠᠯᠪᠢᠬᠤ ᠱᠠᠭᠠᠷᠳᠠᠯᠭ᠎ᠠ ᠪᠠᠷᠢᠮᠵᠢᠶ᠎ᠠ ᠶᠢ ᠪᠠᠭᠤᠷᠠᠭᠤᠯᠵᠤ᠂ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠤ ᠰᠢᠨ᠎ᠡ ᠶᠢ | ᠡᠭᠦᠳᠴᠦ᠂ ᠵᠢᠵᠢᠭ ᠪᠠᠭ᠎ᠠ ᠠᠵᠤ ᠠᠬᠤᠶᠢᠯᠠᠯ ᠢ ᠲᠡᠳᠬᠦᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠳᠡᠮᠵᠢᠨ᠎ᠡ᠃ | ︵ᠨᠠᠢᠮᠠ︶ ᠠᠷᠠᠳ ᠣᠯᠠᠨ ᠤ ︽ᠰᠢᠨ᠎ᠡ ᠬᠦᠰᠡᠯ ᠡᠷᠡᠮᠡᠯᠵᠡᠯ︾ ᠢ ᠬᠠᠩᠭᠠᠨ᠎ᠠ᠃ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠲᠥᠷᠥᠯ ᠤᠨ ᠭᠤᠣᠯᠳᠠᠯᠭ᠎ᠠ ᠲᠠᠢ ᠬᠥᠮᠦᠰ ᠤᠨ ᠦᠢᠯᠡᠰ ᠪᠤᠰᠠᠬᠠᠵᠦ ᠠᠵᠢᠯ | ᠤᠯᠬᠤ ᠶᠢ ᠰᠠᠶᠢᠲᠤᠷ ᠠᠳᠬᠤᠵᠤ᠂ ᠨᠡᠶᠢᠭᠡᠮ ᠤᠨ ᠳᠠᠭᠠᠳᠬᠠᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠨ | ᠬᠠᠷᠠᠭᠠᠯᠵᠠᠯ ᠢ ᠳᠡᠭᠡᠭᠰᠢᠯᠡᠬᠦᠯᠬᠦ ᠠᠵᠢᠯ ᠢ ᠰᠠᠶᠢᠳᠤᠷ ᠬᠢᠵᠦ᠂ ᠰᠤᠮᠤ ᠪᠠᠯᠭᠠᠰᠤ᠂ ᠵᠡᠭᠡᠯᠢ ᠭᠤᠳᠤᠮᠵᠢ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠳᠡᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠰᠢᠰᠲ᠋ᠧᠮᠵᠢ ᠶᠢᠨ ᠠᠪᠤᠷᠠᠨ ᠲᠤᠰᠠᠯᠠᠬᠤ | ᠬᠠᠮᠤᠭ ᠤᠨ ᠶᠡᠭᠡ ᠪᠣᠳᠠᠲᠤ ᠦᠷ᠎ᠡ ᠠᠰᠢᠭ ᠭᠠᠷᠭᠠᠬᠤ ᠶᠢ ᠲᠦᠯᠬᠢᠨ ᠠᠬᠢᠭᠤᠯᠤᠨ᠎ᠠ᠃ ᠰᠤᠷᠭᠠᠨ ᠬᠥᠮᠦᠵᠢᠯ ᠤᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢᠨ | ᠬᠤᠭᠤᠴᠠᠭᠠᠨ ᠳᠤ ᠬᠤᠷᠢᠶᠠᠭᠰᠠᠨ ᠰᠠᠨᠠᠯ ᠳᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠰᠤᠷᠭᠠᠨ ᠬᠥᠮᠦᠵᠢᠯ ᠤᠨ | ᠶᠠᠰᠤ ᠴᠢᠨᠠᠷ ᠤᠨ ᠳᠡᠭᠡᠭᠰᠢᠯᠡᠯᠲᠡ ᠳᠤ ᠤᠨᠴᠠᠭᠠᠢ ᠠᠩᠬᠠᠷᠤᠯ ᠲᠠᠯᠪᠢᠵᠦ᠂ ᠬᠦᠰᠡᠯ ᠱᠠᠭᠠᠷᠳᠠᠯᠭ᠎ᠠ ᠲᠦᠢᠯ ᠤᠨ | ᠲᠤᠯᠭᠠᠮ᠎ᠠ ᠪᠤᠢ᠂ ᠪᠢᠳᠡ ᠵᠠᠪᠠᠯ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ᠂ ᠦᠨᠡᠨ ᠪᠣᠳᠠᠲᠠᠶ | ᠠᠵᠢᠯᠯᠠᠭ᠎ᠠ ᠪᠠᠷ ᠢᠶᠠᠨ ᠠᠷᠠᠳ ᠣᠯᠠᠨ ᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠲᠤᠬᠠᠶ ᠰᠢᠨ᠎ᠡ ᠬᠦᠰᠡᠯ | ᠡᠷᠡᠮᠡᠯᠵᠡᠯ᠂ ᠰᠢᠨ᠎ᠡ ᠱᠠᠭᠠᠷᠳᠠᠯᠭ᠎ᠠ ᠶᠢ ᠴᠢᠷᠮᠠᠶᠢᠨ ᠪᠡᠶᠡᠯᠡᠭᠦᠯᠦᠨ᠎ᠡ᠃ ᠳᠠᠯᠳᠠ ᠬᠦᠴᠦᠨ ᠢ ᠠᠭᠤᠳᠠᠯᠠᠵᠦ ᠵᠢᠭᠠᠨ | ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠬᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ᠪᠠᠭᠰᠢ ᠶᠢᠨ ᠵᠢᠭᠠᠨ | ᠰᠤᠷᠭᠠᠯᠲᠠ ᠶᠢᠨ ᠪᠤᠰᠤ ᠵᠦᠶ ᠵᠣᠬᠢᠰ ᠥᠬᠡᠶ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠰᠤᠷᠭᠠᠭᠤᠯᠢ ᠶᠢ ᠨᠢᠭᠡ | ᠰᠡᠳᠬᠢᠯ ᠢᠶᠠᠷ ᠰᠤᠷᠭᠠᠭᠤᠯᠢ ᠡᠷᠭᠢᠯᠡᠬᠦ᠂ ᠪᠠᠭᠰᠢ ᠨᠠᠷ ᠢ ᠨᠢᠭᠡ ᠰᠡᠳᠬᠢᠯ ᠢᠶᠠᠷ ᠬᠢᠴᠢᠶᠡᠯ ᠬᠦᠮᠦᠵᠢᠯ ᠤᠨ ᠦᠢᠯᠡᠰ ᠲᠤ | ᠰᠢᠮᠳᠠᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ | ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ | ᠬᠡᠷᠡᠭᠯᠡᠬᠦ ᠶᠢ ᠰᠠᠶᠢᠲᠤᠷ ᠪᠡᠶᠡᠯᠡᠬᠦᠯᠵᠦ᠂ ︽ᠬᠤᠶᠠᠷ ᠢ ᠬᠦᠩᠭᠡᠷᠡᠬᠦᠯᠬᠦ︾ ᠲᠦᠷᠦ ᠶᠢᠨ ᠪᠤᠳᠤᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ ᠵᠢᠭᠠᠨ ᠰᠤᠷᠭᠠᠯᠲᠠ ᠶᠢᠨ ᠪᠤᠳᠠᠳᠤ ᠦᠷ᠎ᠠ ᠪᠦᠲᠦᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠨᠢᠭᠡᠳᠦᠭᠡᠷ ᠹᠷᠣᠨᠲ ᠤᠨ ᠪᠠᠭᠰᠢ ᠪᠠ ᠰᠢᠯᠢᠳᠡᠭ ᠪᠠᠭᠰᠢ ᠶᠢᠨ ᠬᠠᠷᠠᠭᠠᠯᠵᠠᠯ ᠤᠨ ᠬᠢᠷᠢ | ᠲᠦᠪᠰᠢᠨ ᠢ ᠳᠡᠭᠡᠭᠰᠢᠯᠡᠭᠦᠯᠬᠦ᠂ ᠪᠠᠭᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ | ᠬᠠᠷᠠᠭᠠᠯᠵᠠᠯ ᠤᠨ ᠨᠡᠮᠡᠭᠳᠡᠯ ᠲᠠᠢ ᠬᠤᠯᠪᠣᠭᠳᠠᠭᠤᠯᠬᠤ ᠲᠣᠭᠲᠠᠴᠠ ᠶᠢ ᠰᠦᠪᠡᠭᠴᠢᠯᠡᠬᠦ᠂ ᠳᠡᠪᠰᠢᠵᠦ ᠪᠠᠭᠤᠵᠤ ᠳᠡᠶᠢᠯᠬᠦ | ᠮᠡᠷᠭᠡᠵᠢᠯ ᠤᠨ ᠴᠣᠯᠠ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠲᠣᠭᠲᠠᠴᠠ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ | ᠬᠠᠷᠠᠭᠠᠯᠵᠠᠨ ᠬᠢᠵᠠᠭᠠᠷᠯᠠᠬᠤ ᠪᠠᠬᠢᠯᠡᠯᠲᠡ ᠶᠢ ᠴᠢᠷᠮᠠᠶᠢᠨ ᠡᠪᠳᠡᠵᠦ᠂ ᠰᠢᠯᠢᠳᠡᠭ ᠪᠠᠭᠰᠢ ᠶᠢ ᠬᠥᠮᠦᠨ ᠪᠦᠬᠦᠨ ᠤ | ᠥᠷᠢᠰᠥᠯᠳᠦᠬᠦ ᠬᠠᠷᠠᠯᠲᠠ ᠪᠣᠯᠭᠠᠨ᠎ᠠ᠃ ᠬᠥᠳᠡᠯᠭᠡᠬᠦ ᠬᠦᠴᠦᠨ ᠢ ᠴᠢᠩᠭᠠᠷᠠᠭᠤᠯᠵᠦ ᠴᠢᠳᠠᠪᠤᠷᠢᠲᠠᠨ ᠢ ᠤᠷᠢᠨ | ᠬᠦᠮᠦᠵᠢᠬᠦᠯᠬᠦ ᠳᠤ ᠠᠩᠬᠠᠷᠤᠯ ᠢᠶᠠᠨ ᠲᠦᠪᠯᠡᠷᠡᠬᠦᠯᠵᠦ᠂ ᠨᠠᠩ ᠶᠡᠭᠡ ᠲᠠᠲᠠᠬᠤ ᠬᠦᠴᠦᠨ ᠪᠦᠬᠦᠢ ᠴᠢᠳᠠᠪᠤᠷᠢᠲᠠᠨ ᠢ | ᠤᠷᠢᠨ ᠤᠷᠤᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠡᠯ᠎ᠡ ᠬᠢᠴᠢᠶᠡᠯ ᠲᠦᠷᠦᠯ ᠤᠨ ᠳᠠᠭᠠᠭᠤᠯᠤᠭᠴᠢ | ᠴᠢᠳᠠᠪᠤᠷᠢᠲᠠᠨ ᠢ ᠢᠳᠡᠪᠬᠢᠲᠡᠶ ᠤᠷᠢᠨ ᠤᠷᠤᠭᠤᠯᠤᠨ᠎ᠠ︔ ᠵᠠᠯᠠᠭᠤ ᠪᠠᠭᠰᠢ ᠶᠢ ᠬᠥᠮᠦᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠥᠨᠳᠥᠷ ᠰᠤᠷᠤᠯᠭ᠎ᠠ ᠶᠢᠨ ᠨᠠᠮᠲᠠᠷ ᠲᠠᠢ᠂ ᠥᠨᠳᠥᠷ ᠲᠡᠰ ᠤᠨ ᠪᠠᠭᠰᠢ ᠶᠢ ᠠᠯᠠᠱᠠ ᠶᠢᠨ ᠰᠤᠷᠭᠠᠨ | ᠬᠥᠮᠦᠵᠢᠯ ᠤᠨ ᠦᠢᠯᠡᠰ ᠲᠤ ᠣᠷᠣᠯᠴᠠᠭᠤᠯᠤᠨ᠎ᠠ᠃ ᠭᠠᠳᠠᠭᠠᠳᠤ ᠬᠦᠴᠦᠨ ᠢ ᠠᠰᠢᠭᠯᠠᠨ ᠥᠷᠢᠰᠥᠯᠳᠦᠭᠡᠨ ᠤ | ᠬᠦᠴᠦᠨ ᠢ ᠬᠥᠭᠵᠢᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦ ᠶᠢᠨ ᠱᠠᠩᠨᠠᠯ ᠵᠢᠭᠠᠨ ᠰᠤᠷᠭᠠᠯᠲᠠ ᠶᠢᠨ ᠬᠦᠬᠢᠬᠦᠯᠬᠦ ᠮᠦᠩᠬᠦ | ᠪᠠᠶᠢᠭᠤᠯᠬᠤ ᠶᠢ ᠬᠦᠬᠢᠬᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢᠶᠠᠷ | ᠲᠤᠷᠰᠢᠯᠳᠠ ᠶᠢᠨ ᠴᠡᠭ ᠪᠤᠯᠭᠠᠨ ᠲᠡᠷᠢᠭᠦᠨ ᠤ ᠭᠠᠵᠠᠷ ᠣᠷᠣᠨ ᠤ ᠨᠠᠷᠠᠲᠤ ᠰᠤᠷᠭᠠᠭᠤᠯᠢ ᠯᠤᠭ᠎ᠠ ︽ᠵᠤᠯᠭᠠᠯᠳᠤᠬᠤ︾᠂ | ᠰᠤᠷᠭᠠᠨ ᠬᠥᠮᠦᠵᠢᠯ ᠤᠨ ᠪᠦᠯᠦᠭᠯᠡᠯ ᠠᠴᠠ ᠨᠠᠶᠢᠳᠠᠨ ᠬᠠᠮᠢᠶᠠᠷᠤᠭᠤᠯᠬᠤ᠂ ᠴᠢᠨᠠᠷ ᠰᠠᠶᠢᠲᠠᠶ ᠠᠷᠠᠳ ᠠᠴᠠ ᠡᠷᠭᠢᠯᠡᠭᠰᠡᠨ | ᠰᠤᠷᠭᠠᠨ ᠬᠥᠮᠦᠵᠢᠯ ᠢ ᠤᠷᠢᠨ ᠤᠷᠤᠭᠤᠯᠬᠤ ᠵᠡᠷᠭᠡ ᠬᠡᠪ ᠮᠠᠶ᠋ᠢᠭ ᠢ ᠰᠦᠪᠡᠭᠴᠢᠯᠡᠨ ᠬᠡᠷᠡᠭᠵᠢᠭᠦᠯᠵᠦ᠂ ᠡᠬᠢ ᠪᠠᠶᠠᠯᠢᠭ ᠢ | ᠰᠢᠯᠢᠳᠡᠭᠵᠢᠭᠦᠯᠦᠨ ᠳᠣᠭᠢᠷᠠᠭᠤᠯᠬᠤ ᠶᠢ ᠠᠬᠢᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ | ᠵᠢᠷᠤᠮ ᠲᠠᠢ ᠦᠷᠢᠰᠦᠯᠳᠦᠭᠡᠨ᠂ ᠰᠠᠶᠢᠨ ᠰᠠᠶᠢᠬᠠᠨ ᠦᠢᠯᠡᠳᠦᠯᠴᠡᠬᠦ ᠶᠢ ᠠᠬᠢᠭᠤᠯᠵᠤ᠂ ᠠᠯᠠᠱᠠ ᠶᠢᠨ ᠬᠡᠦᠬᠡᠳ ᠤᠳ ᠢ | ᠨᠤᠲᠤᠭ ᠤᠷᠤᠨ ᠳᠤᠨᠢ ᠨᠠᠩ ᠴᠢᠨᠠᠷ ᠰᠠᠶᠢᠲᠠᠶ ᠰᠤᠷᠭᠠᠨ ᠬᠥᠮᠦᠵᠢᠯ ᠬᠦᠷᠲᠡᠭᠡᠨ᠎ᠡ᠃ ᠡᠮᠴᠢᠯᠡᠭᠡᠨ ᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠬᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ | ᠡᠮᠴᠢᠯᠡᠭᠡᠨ ᠤ ᠠᠪᠤᠷᠠᠨ ᠵᠠᠰᠠᠬᠤ ᠵᠡᠷᠭᠡ ᠦᠨᠳᠦᠰᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠢᠮᠠᠭ ᠤᠨ | ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠶᠢ ᠡᠬᠢᠯᠡᠨ ᠪᠠᠶᠢᠭᠤᠯᠵᠤ᠂ ᠠᠶᠢᠮᠠᠭ ᠬᠤᠰᠢᠭᠤ ᠬᠤᠶᠠᠷ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠷᠡᠭᠦᠯ ᠮᠡᠨᠳᠦ ᠶᠢᠨ ᠬᠢᠨᠠᠨ ᠬᠡᠮᠵᠢᠬᠦ ᠲᠥᠪ ᠪᠠ | ᠪᠠᠴᠢᠮ ᠪᠠᠶᠢᠳᠠᠯ ᠢ ᠠᠷᠭᠠᠴᠠᠭᠠᠬᠤ ᠬᠢᠵᠢᠭ ᠢ ᠰᠡᠷᠭᠡᠶᠢᠯᠡᠬᠦ ᠲᠠᠯᠠᠪᠤᠷ ᠤᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠵᠢᠭᠦᠯᠵᠦ᠂ ᠰᠠᠭᠤᠷᠢ ᠲᠥᠬᠦᠭᠡᠷᠦᠮᠵᠢ ᠲᠤᠨᠤᠭᠯᠠᠯ ᠤᠨ ᠳᠤᠲᠠᠭᠤᠳᠠᠯ ᠢ ᠨᠥᠬᠦᠪᠥᠷᠢᠯᠡᠨ᠎ᠡ᠃ ᠲᠤᠰᠬᠠᠶ | ᠮᠡᠷᠭᠡᠵᠢᠯ ᠤᠨ ᠴᠢᠳᠠᠪᠤᠷᠢᠲᠠᠨ ᠢ ᠤᠷᠢᠨ ᠤᠷᠤᠭᠤᠯᠵᠦ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠡᠩᠨᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠨᠴᠠ ᠲᠥᠷᠥᠯ ᠤᠨ ᠡᠮ᠂ | ᠪᠠᠴᠢᠮ ᠬᠡᠷᠡᠭᠰᠡᠬᠦ ᠡᠮ᠂ ᠪᠠᠶᠢᠩᠭᠤ ᠬᠡᠷᠡᠭᠯᠡᠬᠦ ᠡᠮ ᠤᠨ ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠢ ︽ᠡᠮ | ᠬᠡᠷᠡᠭᠯᠡᠬᠦ ᠳᠤ ᠰᠡᠳᠬᠢᠯ ᠠᠮᠤᠷ︾ ᠪᠠᠶᠢᠯᠭᠠᠨ᠎ᠠ᠃ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠩᠭᠠᠯᠭ᠎ᠠ ᠶᠢ | ᠰᠢᠯᠢᠳᠡᠭᠵᠢᠭᠦᠯᠦᠨ᠎ᠡ᠃ ᠬᠤᠲᠠ ᠬᠥᠳᠡᠭᠡ ᠶᠢᠨ ᠣᠯᠠᠨ ᠨᠡᠶᠢᠲᠠ ᠶᠢᠨ ᠰᠣᠶᠣᠯ ᠤᠨ ᠦᠢᠯᠡᠴᠢᠯᠡᠭᠡᠨ ᠤ ᠨᠢᠭᠡ | ᠴᠤᠭᠴᠠᠵᠢᠭᠤᠯᠤᠯᠲᠠ ᠶᠢ ᠠᠬᠢᠭᠤᠯᠵᠤ᠂ ᠤᠯᠠᠭᠠᠨᠮᠥ᠋ᠴᠢᠷ ᠤᠨ ᠬᠥᠭᠵᠢᠯᠲᠡ ᠶᠢ ᠳᠠᠮᠵᠢᠵᠤ᠂ ᠤᠷᠤᠨ ᠨᠤᠲᠤᠭ ᠤᠨ | ᠰᠣᠶᠣᠯ ᠤᠨ ᠴᠢᠳᠠᠪᠤᠷᠢᠲᠠᠨ ᠢ ᠬᠦᠮᠦᠵᠢᠭᠦᠯᠦᠨ᠂ ᠰᠣᠳᠣᠨ ᠰᠠᠶᠢᠨ ᠪᠦᠲᠦᠭᠡᠯ ᠢ ᠵᠣᠬᠢᠶᠠᠨ ᠪᠦᠲᠦᠭᠡᠵᠦ᠂ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠰᠠᠭᠤᠷᠢ | ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠦᠨ᠂ ᠨᠣᠮ ᠤᠨ ᠰᠠᠩ᠂ ᠮᠦᠽᠧᠶ᠂ ᠣᠯᠠᠨ ᠲᠦᠮᠡᠨ ᠤ ᠤᠷᠠᠯᠢᠭ ᠤᠨ | ᠣᠷᠳᠣᠨ᠂ ᠰᠢᠨᠵᠢᠯᠡᠭᠡ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠶᠢᠨ ᠦᠢᠯᠡᠴᠢᠯᠡᠭᠡᠨ ᠤ | ᠴᠢᠳᠠᠮᠵᠢ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠶᠢᠨ | ᠴᠢᠳᠠᠪᠬᠢ᠂ ᠬᠤᠳᠠ ᠶᠢᠨ ᠶᠠᠪᠤᠳᠠᠯ ᠤᠨ ᠦᠢᠯᠡᠴᠢᠯᠡᠭᠡ ᠳᠠᠬᠢ ᠲᠦᠭᠵᠢᠷᠡᠯ᠂ ᠡᠪᠡᠷᠰᠢᠶᠡᠯ᠂ ᠬᠦᠴᠢᠷ ᠠᠰᠠᠭᠤᠳᠠᠯ ᠢ | ᠰᠠᠶᠢᠲᠤᠷ ᠰᠢᠢᠳᠪᠦᠷᠢᠯᠡᠵᠦ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠵᠦ᠂ | ︽ᠮᠤᠬᠤᠷ ᠵᠠᠮ︾᠂ ︽ᠤᠰᠤ ᠬᠤᠷᠠᠭᠰᠠᠨ ᠵᠠᠮ︾ ᠢ ᠨᠡᠪᠲᠡᠷᠡᠭᠦᠯᠵᠦ᠂ ᠬᠤᠳᠠ ᠶᠢᠨ ᠶᠠᠪᠤᠳᠠᠯ ᠤᠨ 25 ᠰᠠᠭᠤᠷᠢ | ᠲᠥᠬᠦᠭᠡᠷᠦᠮᠵᠢ᠂ ᠬᠤᠳᠠ ᠪᠠᠯᠭᠠᠰᠤᠨ ᠤ 14 ᠬᠠᠭᠤᠴᠢᠨ ᠰᠠᠭᠤᠭᠠᠯᠢ ᠲᠣᠭᠤᠷᠢᠭ᠂ ᠬᠤᠳᠠ ᠪᠠᠯᠭᠠᠰᠤᠨ ᠤ | ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ 550 ᠢᠵᠢ ᠪᠦᠷᠢᠨ ᠲᠦᠬᠦᠷ ᠪᠤᠰᠤ ᠣᠷᠣᠨ | ᠰᠠᠭᠤᠴᠠ ᠶᠢᠨ ᠥᠭᠡᠷᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠵᠦ᠂ ᠭᠤᠶᠤᠵᠢᠭᠤᠯᠤᠯᠳᠠ | ᠨᠣᠭᠤᠭᠠᠷᠠᠭᠤᠯᠤᠯᠲᠠ ᠶᠢ ᠵᠣᠬᠢᠰᠲᠠᠢ ᠥᠷᠨᠢᠭᠦᠯᠵᠦ᠂ ᠵᠢᠵᠢᠭ ᠮᠥᠷᠲᠡᠭᠡᠨ ᠨᠠᠷᠢᠯᠢᠭ᠂ ᠨᠠᠷᠢᠯᠢᠭ ᠮᠦᠷᠲᠡᠭᠡᠨ ᠭᠤᠶᠤ | ᠬᠤᠳᠠ ᠶᠢ ᠪᠦᠲᠦᠭᠡᠨ ᠪᠠᠶᠢᠭᠤᠯᠤᠨ᠎ᠠ᠃ ᠨᠡᠶᠢᠬᠡᠮ ᠤᠨ ᠵᠠᠰᠠᠯᠲᠠ ᠶᠢᠨ ᠰᠢᠨ᠎ᠡ ᠢ ᠡᠭᠦᠳᠦᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠴᠢᠷᠮᠠᠶᠢᠨ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ | ᠬᠠᠩᠭᠠᠯᠭ᠎ᠠ ᠶᠢ ᠬᠦᠴᠦᠯᠡᠨ ᠪᠠᠲᠤᠯᠠᠵᠤ᠂ ᠪᠠᠷᠠᠭᠠᠨ ᠤ ᠦᠨ᠎ᠡ ᠶᠢ ᠲᠤᠭᠲᠠᠪᠤᠷᠢᠵᠢᠭᠤᠯᠤᠨ᠎ᠠ᠃ ᠬᠢᠯᠢ ᠶᠢᠨ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ | ᠬᠠᠮᠲᠤᠳᠬᠠᠨ ᠬᠢᠯᠢ ᠬᠢᠵᠠᠭᠠᠷ ᠢᠶᠠᠨ ᠬᠦᠴᠦᠷᠬᠡᠭᠵᠢᠭᠦᠯᠵᠦ ᠰᠡᠷᠭᠡᠶᠢᠯᠡᠯᠲᠡ ᠪᠠᠨ ᠪᠠᠬᠢᠵᠢᠭᠦᠯᠬᠦ ᠶᠢ ᠴᠢᠩᠭᠠᠳᠬᠠᠨ᠎ᠠ᠃ | ᠠᠶᠢᠮᠠᠭ ᠤᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ | ᠠᠬᠢᠭᠤᠯᠵᠤ᠂ ᠪᠦᠬᠦ ᠠᠶᠢᠮᠠᠭ ᠤᠨ ᠨᠢᠭᠡ ᠴᠤᠭᠴᠠᠵᠢᠭᠤᠯᠤᠭᠰᠠᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠲᠠᠪᠴᠠᠩ ᠢ ᠲᠦᠷᠭᠡᠳᠬᠡᠨ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ | ᠪᠠᠶᠢᠩᠭᠤᠵᠢᠭᠤᠯᠤᠨ ᠠᠬᠢᠭᠤᠯᠵᠤ᠂ ᠵᠥᠷᠢᠴᠡᠯ ᠮᠦᠷᠭᠦᠯᠳᠦᠭᠡᠨ ᠢ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ | ᠪᠦᠷᠢᠨᠰᠢᠭᠦᠯᠵᠦ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ | ᠂ ᠠᠶᠤᠯᠭᠦᠶ ᠦᠢᠯᠡᠳᠪᠦᠷᠢᠯᠡᠯ ᠢ ᠦᠷᠭᠦᠯᠵᠢᠯᠡᠨ ᠰᠠᠶᠢᠲᠤᠷ ᠠᠳᠬᠤᠵᠤ᠂ ᠠᠮᠤᠷ ᠠᠮᠤᠭᠤᠯᠠᠩ ᠠᠯᠠᠱᠠ ᠶᠢ | ᠪᠥᠲᠥᠭᠡᠨ ᠪᠠᠶᠢᠭᠤᠯᠤᠨ᠎ᠠ᠃ | ᠠᠳᠡ ᠪᠠᠰᠠ ᠭᠤᠤᠯᠴᠢᠯᠠᠨ ᠴᠢᠬᠤᠯᠠᠴᠢᠯᠠᠬᠤ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠥᠴᠦᠬᠡᠨ ᠴᠦ ᠰᠤᠯᠠᠷᠠᠭᠤᠯᠤᠯ ᠦᠭᠡᠢ ᠴᠢᠩᠭᠠᠯᠠᠵᠤ᠂ ᠪᠦᠬᠦ ᠬᠥᠮᠦᠰ ᠤᠨ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ᠂ ᠮᠡᠳᠡᠭᠡ ᠵᠠᠩᠭᠢᠴᠢᠯᠠᠭᠰᠠᠨ ᠲᠤᠮᠤ ᠳ᠋ᠠᠶᠢᠲ᠋ᠠ ᠶᠢ ᠰᠢᠭᠰᠢᠨ ᠪᠠᠶᠢᠴᠠᠭᠠᠬᠤ᠂ ᠡᠬᠢ ᠢᠷᠡᠯᠲᠡ ᠠᠴᠠ ᠨᠢ | ᠮᠦᠷᠳᠡᠨ ᠪᠠᠶᠢᠴᠠᠭᠠᠬᠤ᠂ ᠲᠤᠰᠠᠭᠠᠷᠯᠠᠨ ᠰᠢᠯᠵᠢᠭᠦᠯᠦᠨ ᠵᠥᠭᠡᠭᠡᠪᠦᠷᠢᠯᠡᠬᠦ᠂ ᠨᠡᠶᠢᠭᠡᠮ ᠤᠨ ᠬᠠᠮᠢᠶᠠᠷᠤᠯᠲᠠ ᠡᠵᠡᠮᠳᠡᠯ᠂ | ᠡᠮᠴᠢᠯᠡᠭᠡᠨ ᠤ ᠠᠪᠤᠷᠠᠨ ᠵᠠᠰᠠᠬᠤ᠂ ᠤᠬᠠᠭᠤᠯᠤᠨ ᠬᠦᠳᠦᠯᠥᠨ ᠳᠠᠭᠠᠭᠤᠯᠬᠤ᠂ ᠵᠢᠯᠣᠭᠤᠳᠤᠨ ᠲᠤᠬᠢᠷᠠᠭᠤᠯᠬᠤ᠂ ᠠᠷᠤ | ᠲᠠᠯ᠎ᠠ ᠶᠢᠨ ᠪᠠᠲᠤᠯᠠᠭ᠎ᠠ ᠶᠢᠨ ︽ᠶᠢᠰᠦᠨ ᠶᠡᠭᠡ ᠦᠨᠳᠦᠰᠦᠨ ᠴᠢᠳᠠᠪᠤᠷᠢ︾ ᠶᠢ ᠳᠡᠭᠡᠭᠰᠢᠯᠡᠭᠦᠯᠬᠦ ᠲᠣᠭᠤᠷᠢᠨ ᠳᠤ᠂ ︽ | ᠰᠡᠷᠭᠡᠶᠢᠯᠡᠬᠦ︾ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ︽ᠬᠠᠮᠢᠶᠠᠷᠬᠤ︾ ᠴᠢᠳᠠᠪᠤᠷᠢ ᠶᠢ ᠪᠦᠬᠦ ᠲᠠᠯ᠎ᠠ ᠪᠠᠷ | ᠴᠢᠩᠭᠠᠳᠬᠠᠵᠤ᠂ ︽ᠡᠵᠡᠮᠳᠡᠬᠦ︾ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠭᠠᠳᠠᠨ᠎ᠠ ᠠᠴᠠ | ᠬᠠᠯᠳᠠᠪᠤᠷᠢᠯᠠᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ ᠠᠵᠢᠯ ᠢ ᠡᠷᠡᠰ ᠰᠠᠶᠢᠨ | ᠬᠢᠨ᠎ᠡ᠃ ︽ᠰᠡᠷᠭᠡᠶᠢᠯᠡᠯᠲᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠢᠨᠵᠢᠯᠡᠬᠦ ᠤᠬᠠᠭᠠᠨᠴᠢ ᠤᠨᠤᠪᠴᠢᠲᠠᠢ | ᠪᠠᠶᠢᠩᠭᠤᠵᠢᠬᠰᠠᠨ ᠰᠡᠷᠭᠡᠶᠢᠯᠡᠯᠲᠡ ᠡᠵᠡᠮᠳᠠᠯ ᠢ ᠦᠷᠭᠦᠯᠵᠢᠯᠡᠨ ᠲᠦᠯᠬᠢᠨ ᠠᠬᠢᠭᠤᠯᠵᠤ᠂ ᠰᠡᠷᠭᠡᠶᠢᠯᠡᠯᠲᠡ ᠶᠢᠨ | ᠱᠤᠭᠤᠮ ᠤᠨ ᠬᠡᠯᠬᠢᠶ᠎ᠡ ᠶᠢ ᠨᠠᠷᠢᠯᠢᠭ ᠪᠠᠶᠢᠷᠢᠯᠠᠭᠤᠯᠵᠦ᠂ ᠠᠵᠤ ᠠᠬᠤᠢ ᠨᠡᠶᠢᠭᠡᠮ ᠢ ᠦᠨᠡᠨ ᠬᠦ ᠪᠠᠲᠤ ᠪᠠᠬᠢ | ᠬᠢᠵᠢᠭ ᠤᠨ ᠰᠡᠷᠭᠡᠶᠢᠯᠡᠯᠲᠡ ᠶᠢᠨ ᠱᠤᠭᠤᠮ ᠤᠨ ᠳᠣᠲᠣᠷ᠎ᠠ ᠲᠣᠭᠲᠠᠭᠤᠨ ᠢᠶᠠᠷ ᠠᠵᠢᠯᠯᠠᠭᠤᠯᠤᠨ᠎ᠠ᠃ ᠨᠢᠭᠡ | ᠴᠤᠭᠴᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ | ᠰᠠᠶᠢᠲᠤᠷ ᠬᠢᠵᠦ᠂ ᠪᠣᠯᠪᠠᠰᠤᠷᠠᠯ ᠰᠣᠷᠢᠯᠲᠠ ᠶᠢ ᠰᠠᠶᠢᠲᠤᠷ ᠠᠳᠬᠤᠨ᠂ ᠬᠢᠵᠢᠭ ᠲᠠᠢ ᠲᠡᠮᠡᠴᠡᠬᠦ ᠳᠠᠶᠢᠴᠢᠨ ᠡᠩᠨᠡᠭᠡ ᠶᠢ | ᠴᠢᠷᠮᠠᠶᠢᠨ ᠪᠠᠶᠢᠭᠤᠯᠤᠨ᠎ᠠ᠃ ︽ᠬᠠᠮᠢᠶᠠᠷᠬᠤ︾ ᠶᠢ ᠲᠦᠢᠯ ᠤᠨ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ | ᠪᠠᠶᠢᠯᠭᠠᠵᠤ᠂ ᠣᠶᠤᠨᠴᠢ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ︽ᠠᠯᠠᠱᠠ ᠶᠢᠨ ᠡᠷᠡᠭᠦᠯ ᠮᠡᠨᠳᠦ ᠶᠢᠨ | ᠲᠠᠪᠴᠠᠩ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠶᠢᠮᠠᠭ ᠲᠤ ᠣᠷᠣᠬᠤ ᠵᠠᠮ ᠱᠤᠭᠤᠮ᠂ ᠨᠡᠶᠢᠭᠡᠮ ᠲᠣᠭᠤᠷᠢᠭ ᠤᠨ | ᠲᠤᠤᠷᠵᠢᠯ᠂ ᠭᠤᠤᠯᠳᠠᠯᠭ᠎ᠠ ᠲᠠᠢ ᠲᠠᠯᠠᠪᠤᠷ ᠭᠠᠵᠠᠷ ᠵᠡᠷᠭᠡ ᠵᠠᠩᠭᠢᠯᠠᠭ᠎ᠠ ᠶᠢᠨ ᠬᠡᠰᠡᠭ ᠤᠨ ᠮᠡᠳᠡᠭᠡ ᠵᠠᠩᠬᠢᠵᠢᠬᠰᠠᠨ | ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠬᠢᠵᠢᠬᠰᠠᠨ | ᠵᠢᠯᠣᠭᠤᠳᠬᠤ ᠲᠠᠪᠴᠠᠩ ᠢ ᠪᠠᠶᠢᠭᠤᠯᠵᠤ᠂ ᠡᠯ᠎ᠡ ᠱᠠᠲᠤᠨ ᠤ ᠰᠡᠷᠭᠡᠶᠢᠯᠡᠨ ᠡᠵᠡᠮᠳᠡᠬᠦ ᠬᠦᠴᠦᠨ ᠢ ᠮᠡᠳᠡᠭᠡ | ᠵᠠᠩᠬᠢᠵᠢᠬᠰᠠᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠤᠨ᠂ ᠴᠠᠭ ᠲᠤᠬᠠᠶ ᠳᠤᠨᠢ ᠬᠤᠯᠪᠣᠭᠠᠯᠠᠨ | ᠨᠡᠪᠲᠡᠷᠡᠯᠴᠡᠭᠰᠡᠨ ᠥᠨᠳᠥᠷ ᠪᠦᠲᠦᠮᠵᠢᠲᠡᠶ ᠬᠠᠮᠵᠢᠯᠴᠠᠭ᠎ᠠ ᠶᠢ ᠦᠨᠡᠨ ᠬᠦ ᠪᠠᠲᠤᠯᠠᠨ᠎ᠠ᠃ ᠬᠢᠯᠢ ᠶᠢᠨ ᠪᠣᠭᠤᠮᠲᠠ ᠶᠢ | ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ᠂ | ᠨᠢᠭᠡᠳᠦᠭᠡᠷ ᠬᠠᠷᠠᠭᠤᠯ ᠤᠨ ᠴᠡᠭ᠂ ᠨᠢᠭᠡᠳᠦᠭᠡᠷ ᠵᠢᠭᠰᠠᠭᠠᠯ ᠤᠨ ᠭᠠᠵᠠᠷ ᠪᠣᠯᠭᠠᠵᠤ᠂ ᠲᠥᠰᠦᠯ ᠢ ᠥᠨᠳᠥᠷ | ᠪᠠᠷᠢᠮᠵᠢᠶ᠎ᠠ ᠪᠠᠷ ᠵᠢᠷᠤᠵᠤ ᠲᠥᠯᠥᠪᠯᠡᠨ᠂ ᠰᠡᠷᠭᠡᠶᠢᠯᠡᠨ ᠬᠠᠮᠠᠭᠠᠯᠠᠬᠤ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠪᠣᠭᠤᠮᠲᠠ ᠪᠠᠷ ᠥᠩᠭᠡᠷᠡᠬᠦ ᠬᠡᠪ ᠮᠠᠶ᠋ᠢᠭ ᠢ ᠲᠦᠷᠭᠡᠳᠬᠡᠨ ᠰᠠᠶᠢᠵᠢᠷᠠᠭᠤᠯᠵᠤ᠂ ︽ᠭᠤᠷᠪᠠ ᠶᠢ ᠪᠢᠲᠡᠭᠦᠮᠵᠢᠯᠡᠭᠰᠡᠨ︾ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠬᠠᠯᠳᠠᠪᠤᠷᠢᠯᠠᠨ ᠣᠷᠣᠵᠤ | ᠢᠷᠡᠬᠦ ᠪᠠ ᠳᠠᠷᠬᠠᠨ ᠳᠡᠯᠭᠡᠷᠡᠬᠦ ᠲᠦᠭᠰᠢᠭᠦᠷᠢ ᠶᠢ ᠬᠠᠮᠤᠭ ᠤᠨ ᠳᠤᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃ | ︽ᠬᠠᠷᠢᠭᠤᠴᠠᠯᠭ᠎ᠠ︾ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠤ ᠪᠠᠶᠢᠩᠭᠤᠵᠢᠬᠰᠠᠨ ᠰᠡᠷᠭᠡᠶᠢᠯᠡᠨ ᠡᠵᠡᠮᠳᠡᠯ ᠤᠨ ᠲᠥᠪᠯᠡᠷᠡᠭᠦᠯᠦᠨ ᠠᠯᠪᠠᠯᠠᠬᠤ᠂ ᠪᠣᠳᠠᠲᠤ | ᠴᠣᠭᠴᠠᠵᠢᠭᠤᠯᠤᠨ ᠠᠵᠢᠯᠯᠠᠭᠤᠯᠬᠤ ᠶᠢ ᠠᠬᠢᠭᠤᠯᠵᠤ᠂ ︽ᠠᠯᠠᠱᠠ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠡᠩ ᠤᠨ ᠪᠠᠶᠢᠳᠠᠯ ᠪᠠ ᠪᠠᠴᠢᠮ ᠪᠠᠶᠢᠳᠠᠯ ᠢ ᠨᠢᠭᠡ ᠴᠣᠭᠴᠠᠵᠢᠭᠤᠯᠬᠤ ᠠᠵᠢᠯ ᠤᠨ ᠲᠥᠰᠦᠯ ︵ | ᠨᠢᠭᠡᠳᠦᠭᠡᠷ ᠬᠡᠪᠯᠡᠯ︶︾ ᠢ ᠴᠢᠩᠭ᠎ᠠ ᠨᠠᠶᠢᠳᠠᠪᠤᠷᠢᠵᠢᠭᠤᠯᠵᠤ᠂ ︽ᠶᠢᠰᠦᠨ ᠶᠡᠭᠡ ᠦᠨᠳᠦᠰᠦᠨ ᠴᠢᠳᠠᠪᠤᠷᠢ + N | ᠲᠦᠷᠦᠯ ᠤᠨ ᠭᠤᠤᠯᠳᠠᠯᠭ᠎ᠠ ᠲᠠᠢ ᠠᠵᠢᠯ︾ ᠤᠨ ᠡᠭᠦᠷᠭᠡ ᠶᠢᠨ ᠡᠬᠡ ᠲᠠᠩᠰᠠ ᠲᠠᠢ ᠪᠠᠷᠢᠮᠵᠢᠶᠠᠯᠠᠨ ᠬᠠᠷᠭᠤᠭᠤᠯᠵᠤ᠂ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠦᠢᠯ ᠳᠠᠷᠠᠭᠠᠯᠠᠨ ᠰᠠᠶᠢᠲᠤᠷ ᠠᠳᠬᠤᠨ᠎ᠠ᠃ | ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ | ᠨᠠᠶᠢᠳᠠᠪᠤᠷᠢᠵᠢᠭᠤᠯᠤᠯᠲᠠ ᠨᠢ ᠬᠦᠴᠦᠨ ᠥᠬᠡᠶ ᠪᠣᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠰᠡᠷᠭᠡᠶᠢᠯᠡᠨ ᠡᠵᠡᠮᠳᠡᠬᠦ | ᠬᠠᠷᠢᠭᠤᠴᠠᠯᠭ᠎ᠠ ᠶᠢ ᠪᠦᠲᠦᠮᠵᠢᠲᠠᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠪᠢᠳᠡ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ | ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ | ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠶᠢᠯᠠᠭᠠᠬᠤ ᠴᠢᠳᠠᠪᠤᠷᠢ᠂ ᠤᠯᠤᠰ | ᠲᠥᠷᠥ ᠶᠢᠨ ᠬᠡᠷᠡᠭᠵᠢᠭᠦᠯᠬᠦ ᠬᠦᠴᠦᠨ ᠢ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠰᠤᠷᠤᠯᠴᠠᠯᠭ᠎ᠠ ᠶᠢᠨ | ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠰᠤᠷᠤᠯᠴᠠᠯᠭ᠎ᠠ ᠶᠢ ᠢᠮᠠᠭᠲᠠ ᠲᠣᠪᠤᠶᠢᠮ᠎ᠠ ᠪᠠᠶᠢᠷᠢᠨ ᠳᠤ | ᠲᠠᠯᠪᠢᠵᠤ᠂ ᠨᠠᠮ ᠤᠨ ᠲᠡᠦᠬᠡ ᠶᠢ ᠰᠤᠷᠤᠯᠴᠠᠬᠤ᠂ ᠣᠨᠣᠯ ᠢ ᠰᠤᠷᠤᠯᠴᠠᠬᠤ᠂ ᠲᠥᠷᠥ ᠶᠢᠨ ᠪᠣᠳᠣᠯᠭ᠎ᠠ ᠶᠢ | ᠰᠤᠷᠤᠯᠴᠠᠬᠤ᠂ ᠠᠵᠤ ᠠᠬᠤᠶ ᠶᠢ ᠰᠤᠷᠤᠯᠴᠠᠬᠤ᠂ ᠲᠤᠬᠠᠶᠢᠯᠠᠭᠰᠠᠨ ᠠᠵᠢᠯ ᠢ ᠰᠤᠷᠤᠯᠴᠠᠬᠤ᠂ ︽ᠰᠤᠷᠤᠯᠴᠠᠬᠤ᠂ | ᠰᠤᠳᠤᠯᠬᠤ᠂ ᠰᠦᠪᠡᠭᠴᠢᠯᠡᠬᠦ᠂ ᠠᠵᠢᠯᠯᠠᠬᠤ︾ ᠳᠥᠷᠪᠡᠨ ᠵᠦᠢᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠡᠳᠬᠢᠴᠡ ᠶᠢᠨ | ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠪᠠᠷᠢᠮᠲᠠᠯᠠᠨ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠴᠢᠩᠭᠠᠳᠬᠠᠨ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠲᠦᠭᠰᠢᠭᠦᠷᠢ ᠶᠢ ᠦᠨᠡᠯᠡᠨ ᠵᠢᠱᠢᠬᠦ | ᠲᠣᠭᠲᠠᠴᠠ ᠶᠢ ᠲᠡᠭᠦᠯᠳᠡᠷᠵᠢᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠰᠢᠢᠳᠪᠦᠷᠢᠲᠦ ᠪᠤᠳᠤᠯᠭ᠎ᠠ | ᠲᠣᠭᠲᠠᠭᠠᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨᠵᠢᠯᠡᠬᠦ ᠤᠬᠠᠭᠠᠨᠴᠢᠯᠠᠯᠲᠠ᠂ | ᠬᠠᠤᠯᠢᠵᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠠᠳ ᠤᠨ ᠲᠥᠯᠥᠭᠡ ᠲᠥᠷᠥ ᠪᠠᠷᠢᠬᠤ ᠣᠨᠣᠯᠵᠢᠬᠤᠨ ᠢ | ᠪᠠᠲᠤ ᠪᠠᠬᠢ ᠪᠣᠶ ᠪᠣᠯᠭᠠᠵᠤ᠂ ᠡᠷᠡᠯᠬᠡᠭᠯᠡᠨ ᠲᠡᠮᠡᠴᠡᠵᠦ ᠤᠷᠤᠭᠰᠢᠯᠠᠨ ᠳᠠᠪᠰᠢᠬᠤ ᠶᠢ ᠶᠡᠬᠡᠪᠡᠷ ᠰᠠᠨᠠᠭᠠᠴᠢᠯᠠᠨ᠂ ︽ | ᠪᠤᠷᠬᠠᠨᠴᠢ︾ ᠪᠣᠳᠣᠯ ᠰᠡᠳᠬᠢᠯᠭᠡ ᠶᠢ ᠡᠷᠡᠰ ᠡᠰᠡᠷᠭᠦᠴᠡᠵᠦ᠂ ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠶᠢ | ᠶᠡᠬᠡᠪᠡᠷ ᠰᠠᠨᠠᠭᠠᠴᠢᠯᠠᠨ᠂ ︽ᠬᠡᠪ ᠢᠶᠠᠨ ᠰᠠᠬᠢᠬᠤ︾ ᠣᠪᠣᠷ ᠪᠠᠶᠢᠳᠠᠯ ᠢ ᠡᠷᠡᠰ ᠡᠰᠡᠷᠭᠦᠴᠡᠵᠦ᠂ ᠦᠨᠡᠨ ᠢ ᠪᠠᠷᠢᠮᠲᠠᠯᠠᠨ | ᠪᠣᠳᠠᠲᠠᠶ ᠶᠢ ᠡᠷᠬᠢᠮᠯᠡᠬᠦ ᠶᠢ ᠶᠡᠬᠡᠪᠡᠷ ᠰᠠᠨᠠᠭᠠᠴᠢᠯᠠᠨ᠂ ︽ᠬᠤᠭᠤᠰᠣᠨ ᠶᠠᠷᠢᠬᠤ︾ ᠪᠠᠶᠢᠳᠠᠯ ᠢ ᠡᠷᠡᠰ ᠡᠰᠡᠷᠭᠦᠴᠡᠵᠦ᠂ | ᠵᠠᠰᠠᠭ ᠤᠨ ᠣᠷᠳᠣᠨ ᠤ ᠰᠢᠰᠲ᠋ᠧᠮ ᠳᠤ ︽ᠪᠡᠶ᠎ᠡ ᠶᠢᠨ ᠭᠠᠷᠤᠯ ᠢᠶᠠᠨ ᠢᠯᠡ ᠪᠣᠯᠭᠠᠵᠤ ᠳᠦᠷᠢ ᠲᠥᠷᠬᠦ ᠪᠠᠨ | ᠳᠡᠭᠡᠭᠰᠢᠯᠡᠭᠦᠯᠬᠦ᠂ ᠡᠭᠦᠷᠭᠡ ᠬᠠᠷᠢᠭᠤᠴᠠᠯᠭ᠎ᠠ ᠪᠠᠨ ᠢᠯᠡ ᠪᠣᠯᠭᠠᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ | ᠠᠮᠠᠯᠠᠯᠲᠠ ᠪᠠᠨ ᠢᠯᠡ ᠪᠣᠯᠭᠠᠵᠤ ᠦᠢᠯᠡᠴᠢᠯᠡᠭᠡ ᠪᠠᠨ ᠳᠡᠭᠡᠭᠰᠢᠯᠡᠭᠦᠯᠬᠦ︾ ᠭᠤᠤᠯ ᠰᠡᠳᠦᠪᠲᠦ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯᠯᠠᠭᠠᠨ ᠤ ᠬᠦᠴᠦᠨ᠂ | ᠨᠠᠶᠢᠳᠠᠪᠤᠷᠢᠵᠢᠭᠤᠯᠬᠤ ᠬᠦᠴᠦᠨ᠂ ᠬᠡᠷᠡᠭᠵᠢᠭᠦᠯᠬᠦ ᠬᠦᠴᠦᠨ ᠢ ᠦᠨᠡᠨᠬᠦ ᠳᠡᠭᠡᠭᠰᠢᠯᠡᠭᠦᠯᠦᠨ᠎ᠡ᠃ ᠠᠷᠢᠭᠤᠨ ᠴᠢᠬᠡᠴᠢ | ᠵᠠᠰᠠᠭ ᠤᠨ ᠣᠷᠳᠣᠨ ᠢ ᠪᠠᠶᠢᠭᠤᠯᠤᠨ᠎ᠠ᠃ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ︾ ᠶᠢ ᠬᠢᠨᠠᠮᠠᠭᠠᠶ | ᠬᠦᠢᠴᠡᠳᠬᠡᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠂ ᠮᠥᠩᠭᠦᠨ ᠭᠦᠢᠯᠭᠡᠭᠡ᠂ ᠬᠠᠩᠭᠠᠨ | ᠪᠤᠷᠤᠯᠠᠭᠤᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠮᠤ ᠪᠤᠳᠠᠭ᠎ᠠ ᠬᠤᠳᠠᠯᠳᠤᠨ ᠠᠪᠴᠦ | ᠪᠣᠷᠣᠯᠠᠭᠤᠯᠬᠤ ᠰᠢᠰᠲ᠋ᠧᠮ ᠵᠢᠴᠢ ᠨᠡᠭᠡᠭᠡᠯᠲᠡ ᠶᠢᠨ ᠤᠷᠤᠨ ᠵᠡᠷᠭᠡ ᠬᠦᠷᠢᠶᠡᠨ ᠳᠠᠬᠢ ᠲᠤᠰᠬᠠᠶ ᠵᠦᠢᠯ ᠢᠶᠠᠷ ᠴᠡᠭᠴᠡᠯᠡᠨ | ᠵᠠᠰᠠᠬᠤ ᠶᠢ ᠡᠷᠡᠰ ᠲᠦᠯᠬᠢᠨ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠳᠥᠷᠪᠡᠨ ᠰᠤᠷᠲᠠᠯ︾ ᠢ ᠭᠦᠨᠵᠡᠭᠡᠶ ᠵᠠᠯᠠᠷᠠᠭᠤᠯᠤᠨ | ᠵᠠᠰᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠠᠷᠢᠭᠤᠨ ᠴᠢᠬᠡᠴᠢ ᠪᠠᠷ ᠵᠠᠰᠠᠭ ᠶᠠᠪᠤᠭᠤᠯᠬᠤ ᠶᠢ ᠢᠮᠠᠭᠲᠠ | ᠪᠡᠶᠡᠯᠡᠭᠦᠯᠦᠨ᠎ᠡ᠃ ᠠᠷᠪᠢᠯᠠᠨ ᠭᠠᠮᠨᠠᠬᠤ ᠶᠢ ᠪᠠᠷᠢᠮᠲᠠᠯᠠᠨ᠂ ᠡᠩ ᠤᠨ ᠴᠢᠨᠠᠷᠲᠠᠢ ᠵᠠᠷᠤᠯᠭ᠎ᠠ ᠪᠠ ︽ᠭᠤᠷᠪᠠᠨ ᠠᠯᠪᠠᠨ︾ | ᠤ ᠵᠠᠷᠤᠳᠠᠯ ᠢ ᠦᠷᠭᠦᠯᠵᠢᠯᠡᠨ ᠪᠠᠭᠠᠰᠬᠠᠵᠤ᠂ ᠲᠥᠪ ᠭᠤᠣᠯᠴᠢ ᠠᠷᠢᠭᠤᠨ ᠴᠢᠬᠡᠴᠢ ᠰᠠᠶᠢᠨ ᠰᠠᠶᠢᠬᠠᠨ ᠳᠦᠷᠢ | ᠲᠥᠷᠬᠦ ᠶᠢ ᠬᠠᠮᠠᠭᠠᠯᠠᠨ᠎ᠠ᠃ | ᠨᠥᠬᠦᠳ ᠡ᠂ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ | ᠭᠡᠳᠡᠭ᠃ ᠪᠢᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠡᠩ ᠰᠠᠶᠢᠨ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠯᠬᠡᠭᠯᠡᠨ | ᠲᠡᠮᠡᠴᠡᠵᠦ᠂ ᠪᠣᠳᠠᠲᠠᠢ ᠠᠵᠢᠯᠯᠠᠵᠤ᠂ ᠦᠨᠡᠨ ᠪᠣᠳᠠᠲᠠᠢ ᠠᠵᠢᠯ ᠤᠨ ᠠᠮᠵᠢᠯᠲᠠ ᠪᠠᠷ ᠢᠶᠠᠨ ᠠᠯᠠᠱᠠ ᠶᠢᠨ | ᠬᠥᠭᠵᠢᠯᠲᠡ ᠶᠢ ᠡᠷᠢᠯᠬᠢᠯᠡᠨ᠂ ᠠᠷᠠᠳ ᠲᠦᠮᠡᠨ ᠳᠤ ᠪᠤᠶᠠᠨ ᠦᠢᠯᠡᠳᠴᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕ |