ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠤᠯᠠᠭᠠᠨᠪᠤᠬ᠎ᠠ ᠠᠮᠢ ᠠᠬᠤᠶ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠵᠠᠩ ᠼᠦᠨ ᠭᠤᠸᠠᠩ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2022/2/9
      ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠠᠴᠠ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠶ ᠵᠠᠳᠠᠯᠵᠤ᠂ ᠡᠨᠡ ᠵᠢᠯ ᠤᠨ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠠ ᠭᠤᠤᠯᠳᠠᠯᠭ᠎ᠠ ᠲᠠᠢ ᠠᠵᠢᠯ ᠢ ᠰᠢᠰᠲ᠋ᠧᠮ ᠲᠠᠢ ᠪᠠᠶᠢᠷᠢᠯᠠᠭᠤᠯᠵᠤ᠂ ᠮᠠᠨ ᠤ ᠠᠶᠢᠮᠠᠭ ᠲᠤ ᠡᠨᠡ ᠵᠢᠯ ᠴᠢᠨᠠᠭᠰᠢᠯᠠᠪᠠᠯ ᠬᠤᠶᠢᠰᠢᠳᠠ ᠶᠢᠨ ᠨᠠᠩ ᠣᠷᠳᠣ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠵᠤ ᠥᠭᠴᠡᠶ᠂ ᠡᠨᠡ ᠬᠦ ᠵᠢᠷᠤᠭ ᠲᠥᠯᠥᠪᠯᠡᠭᠡ ᠳᠤ ᠠᠶᠢᠮᠠᠭ ᠤᠨ ᠨᠠᠮ ᠤᠨ ᠬᠤᠷᠢᠶᠠᠨ ᠤ ᠡᠷᠡᠰ ᠪᠠᠲᠤ ᠤᠯᠤᠰ ᠲᠥᠷᠥ ᠶᠢᠨ ᠣᠪᠣᠷ᠂ ᠲᠤᠭ ᠲᠡᠮᠳᠡᠭ ᠲᠣᠳᠣᠷᠬᠠᠶ ᠬᠥᠭᠵᠢᠯᠲᠡ ᠶᠢᠨ ᠤᠳᠤᠷᠢᠳᠤᠮᠵᠢ᠂ ᠲᠣᠳᠣᠷᠬᠠᠶ ᠬᠠᠷᠠᠯᠲᠠ ᠡᠭᠦᠷᠭᠡ᠂ ᠬᠦᠴᠦᠲᠡᠶ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠠᠭᠤᠯᠤᠭᠳᠠᠵᠤ᠂ ᠪᠥᠬᠦ ᠠᠶᠢᠮᠠᠭ ᠤᠨ ᠳᠡᠭᠡᠳᠦ ᠳᠤᠤᠷᠠᠳᠤ ᠱᠠᠲᠤ ᠪᠠᠷ ᠢᠶᠠᠨ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠢᠲᠡᠭᠡᠯ ᠵᠣᠷᠢᠭ ᠨᠡᠮᠡᠷᠢᠯᠡᠵᠦ᠂ ᠬᠦᠴᠦᠨ ᠴᠢᠳᠠᠯ ᠢ ᠨᠢᠭᠲᠠᠷᠠᠭᠤᠯᠵᠠᠶ᠃ ᠣᠶᠢᠷ᠎ᠠ ᠳᠤ᠂ ᠰᠤᠷᠪᠤᠯᠵᠢᠯᠠᠭᠴᠢ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠤᠯᠠᠭᠠᠨᠪᠤᠬ᠎ᠠ ᠠᠮᠢ ᠠᠬᠤᠶ ᠡᠯᠡᠰᠦᠨ ᠤ ᠠᠵᠤ  ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠵᠠᠩ ᠼᠦᠨ ᠭᠤᠸᠠᠩ ᠢ ᠲᠤᠰᠬᠠᠶᠢᠯᠠᠨ ᠰᠤᠷᠪᠤᠯᠵᠢᠯᠠᠪᠠ᠃
      ᠵᠠᠩ ᠼᠦᠨ ᠭᠤᠸᠠᠩ᠄ ︽ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠵᠦ᠂ ︿ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠣᠭᠲᠠᠭᠤᠨ ᠤ ᠳᠤᠮᠳᠠ ᠰᠠᠶᠢᠵᠢᠷᠠᠬᠤ ᠰᠢᠨ᠎ᠡ ᠪᠠᠶᠢᠳᠠᠯ ᠢ ᠪᠣᠶ ᠪᠣᠯᠭᠠᠬᠤ﹀ ᠪᠠᠷ ᠭᠤᠤᠯ ᠰᠢᠵᠢᠮ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠡᠭᠦᠳᠦᠨ ᠪᠠᠶᠢᠭᠤᠯᠬᠤ ᠬᠠᠷᠠᠯᠲᠠ ᠶᠢ ᠴᠢᠩᠭ᠎ᠠ ᠠᠩᠬᠠᠷᠴᠤ᠂ ᠲᠣᠭᠲᠠᠭᠰᠠᠨ ᠬᠠᠷᠠᠯᠲᠠ ᠲᠡᠰᠢ ᠯᠠᠪᠳᠠᠭᠤᠨ ᠪᠠᠲᠤᠲᠠᠶ ᠤᠷᠤᠭᠰᠢᠯᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠤᠯᠠᠭᠠᠨᠪᠤᠬ᠎ᠠ ᠠᠮᠢ ᠠᠬᠤᠶ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠳᠤ ᠦᠨᠳᠦᠰᠦ ᠬᠠᠳᠬᠤᠨ ᠰᠣᠶᠣᠭᠠᠯᠠᠭᠤᠯᠵᠦ᠂ ᠪᠣᠳᠠᠳᠣ ᠦᠷ᠎ᠡ ᠪᠦᠳᠦᠮᠵᠢ ᠣᠯᠬᠤ ᠶᠢ ᠠᠬᠢᠭᠤᠯᠤᠨ᠎ᠠ︾  ᠭᠡᠪᠡ᠃
     ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠤᠯᠠᠭᠠᠨᠪᠤᠬ᠎ᠠ ᠠᠮᠢ ᠠᠬᠤᠶ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠨᠢ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ︾ ᠶᠢ ᠪᠠᠷᠢᠮᠲᠠᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠳᠤᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄      ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠨᠠᠮ ᠤᠨ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠦᠨᠳᠦᠰᠦᠨ ᠱᠠᠭᠠᠷᠳᠠᠯᠭ᠎ᠠ ᠶᠢ ᠡᠷᠡᠰ ᠳᠣᠣᠱᠯᠠᠭᠤᠯᠵᠦ᠂ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠨ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠲᠠᠰᠤᠷᠠᠯᠳᠠ ᠦᠭᠡᠢ ᠵᠡᠪᠰᠡᠭᠯᠡᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠳᠡᠭᠡᠳᠦ ᠰᠢᠨ᠎ᠡ ᠮᠡᠷᠭᠡᠵᠢᠯ ᠤᠨ ᠣᠷᠣᠨ᠂ ᠵᠢᠱᠢᠶ᠎ᠡ ᠦᠵᠡᠭᠦᠯᠬᠦ ᠣᠷᠣᠨ ᠤ ᠡᠯ᠎ᠡ ᠠᠵᠢᠯ ᠦᠢᠯᠡᠰ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠳᠣᠯᠠᠨ᠎ᠠ᠃
     ᠬᠤᠶᠠᠷ ᠲᠤ᠂ ᠣᠷᠴᠢᠯ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠳᠠᠪᠠᠭᠤᠯᠢᠭ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠤᠳᠤᠷᠢᠳᠤᠮᠵᠢ ᠪᠣᠯᠭᠠᠵᠤ᠂ ᠦᠢᠯᠡᠳᠬᠦᠨ ᠤ ᠪᠦᠲᠦᠴᠡ᠂ ᠦᠢᠯᠡᠳᠪᠦᠷᠢᠯᠡᠯ ᠤᠨ ᠤᠷᠠᠯᠠᠯ᠂ ᠮᠡᠷᠭᠡᠵᠢᠯ ᠲᠣᠨᠣᠭᠯᠠᠯ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠲᠡᠰᠢ ᠬᠤᠪᠢᠷᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠣᠷᠴᠢᠯᠳᠤᠭᠤᠯᠤᠨ ᠨᠡᠶᠢᠯᠡᠭᠦᠯᠬᠦ᠂ ᠠᠵᠤ ᠠᠬᠤᠶᠢᠯᠠᠯ ᠤᠨ ᠣᠷᠴᠢᠯᠳᠤᠭᠤᠯᠤᠨ ᠦᠢᠯᠡᠳᠪᠦᠷᠢᠯᠡᠬᠦ ᠶᠢ ᠪᠡᠶᠡᠯᠡᠭᠦᠯᠵᠦ᠂ ᠡᠬᠢ ᠪᠠᠶᠠᠯᠢᠭ ᠤᠨ ᠦᠢᠯᠡᠳᠪᠦᠷᠢᠯᠡᠵᠦ ᠭᠠᠷᠭᠠᠬᠤ ᠨᠤᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠦᠨ᠎ᠡ᠃ ᠲᠡᠷᠢᠭᠦᠨ ᠤ ᠲᠡᠮᠦᠷᠯᠢᠭ ᠮᠠᠲ᠋ᠧᠷᠢᠶᠠᠯ᠂ ᠳᠡᠭᠡᠳᠦ ᠲᠡᠰ ᠤᠨ ᠲᠣᠨᠣᠭᠯᠠᠯ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠲᠡᠷᠢᠭᠦᠨ ᠤ ᠲᠤᠮᠤ ᠮᠣᠯᠧᠺᠦ᠋ᠯᠳᠣ ᠮᠠᠲ᠋ᠧᠷᠢᠶᠠᠯ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠲᠦᠷᠭᠡᠯᠡᠨ ᠠᠬᠢᠭᠤᠯᠵᠤ᠂ ᠤᠯᠤᠰ ᠤᠨ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠤᠷᠢᠳᠠᠪᠠᠷ ᠬᠢᠵᠦ᠂ ᠬᠤᠶᠠᠷ ᠢ ᠳᠠᠪᠠᠭᠤᠯᠬᠤ︾ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠪᠣᠯᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠵᠢᠴᠢ ᠬᠥᠷᠰᠢ ᠵᠡᠷᠭᠡᠯᠡᠳᠡᠭᠡ ᠠᠶᠢᠮᠠᠭ ᠬᠤᠲᠠ ᠶᠢᠨ ᠪᠠᠭᠲᠠᠭᠠᠨ ᠰᠢᠩᠭᠡᠭᠡᠬᠦ ᠳᠠᠪᠠᠭᠤᠯᠢᠭ ᠢ ᠠᠳᠬᠤᠵᠤ᠂ ︽ᠰᠢᠨ᠎ᠡ ᠡᠨᠧᠷᠭᠢ + ᠠᠮᠢ ᠠᠬᠤᠶ ᠶᠢᠨ ᠵᠠᠰᠠᠯᠲᠠ︾᠂ ︽ᠰᠢᠨ᠎ᠡ ᠡᠨᠧᠷᠭᠢ + ᠢᠵᠢ ᠪᠥᠷᠢᠳᠦᠭᠰᠡᠨ ᠨᠥᠭᠡᠴᠡ ᠡᠨᠧᠷᠭᠢ︾᠂ ︽ᠰᠢᠨ᠎ᠡ ᠡᠨᠧᠷᠭᠢ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠳᠤᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠳᠪᠦᠷᠢ ᠶᠢᠨ ᠬᠦᠷᠢᠶᠡᠯᠡᠩ ᠤᠨ ᠵᠢᠱᠢᠶ᠎ᠡ ᠦᠵᠡᠭᠦᠯᠬᠦ ᠢᠨᠵᠧᠨᠧᠷᠢᠩ︾ ᠢ ᠬᠡᠷᠡᠭᠵᠢᠭᠦᠯᠵᠦ᠂ ᠪᠥᠬᠦ ᠣᠷᠣᠨ  ᠳᠤ ᠣᠲᠣ ᠦᠶ᠎ᠡ  ᠶᠢᠨ ᠡᠨᠧᠷᠭᠢ  ᠶᠢᠨ ᠠᠵᠤ ᠠᠬᠤᠶ ᠶᠢᠨ ᠰᠢᠰᠲ᠋ᠧᠮᠵᠢ ᠶᠢ ᠤᠷᠢᠳᠠᠪᠠᠷ ᠪᠠᠶᠢᠭᠤᠯᠤᠨ᠎ᠠ᠃      ᠭᠤᠷᠪᠠ ᠳᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠰᠠᠭᠤᠷᠢ ᠶᠢ ᠪᠠᠬᠢᠵᠢᠭᠦᠯᠵᠦ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠨ᠎ᠠ᠃ ︽ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ︾ ᠶᠢᠨ ᠠᠵᠢᠯᠯᠠᠭ᠎ᠠ ᠶᠢ ᠬᠦᠴᠦᠲᠡᠶ ᠠᠬᠢᠭᠤᠯᠵᠤ᠂ ᠨᠡᠭᠦᠷᠡᠰᠦ ᠬᠢᠵᠠᠭᠠᠷᠯᠠᠬᠤ᠂ ᠲᠣᠭᠤᠰᠣ ᠪᠠᠭᠤᠷᠠᠭᠤᠯᠬᠤ᠂ ᠪᠣᠬᠢᠷᠲᠤᠯ ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠮᠡᠷᠭᠡᠵᠢᠯ ᠢᠶᠠᠷ ᠰᠡᠷᠭᠡᠶᠢᠯᠡᠬᠦ︾ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠂ ᠭᠤᠤᠯᠳᠠᠯᠭ᠎ᠠ ᠲᠠᠢ ᠣᠷᠣᠨ ᠪᠦᠰᠡ᠂ ᠠᠵᠢᠯ ᠲᠥᠷᠥᠯ᠂ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠪᠥᠬᠦ ᠵᠢᠯ ᠤᠨ ᠡᠯ᠎ᠡ ᠵᠦᠢᠯ ᠤᠨ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠪᠠ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮᠵᠢ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠮᠤᠷ ᠲᠦᠪᠰᠢᠨ ᠤ ᠠᠳᠠᠯ ᠭᠠᠷᠬᠤ ᠶᠢ ᠡᠷᠡᠰ ᠪᠦᠲᠦᠮᠵᠢᠲᠡᠶ ᠬᠤᠷᠢᠭᠯᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠤᠰᠤ ᠡᠯᠡᠰᠦ ᠶᠢ ᠲᠣᠬᠢᠷᠠᠭᠤᠯᠤᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ᠂ ᠣᠯᠠᠨ ᠡᠬᠢᠲᠦ ᠪᠣᠬᠢᠷᠲᠤᠯ ᠤᠨ ᠵᠠᠰᠠᠯᠲᠠ ᠶᠢ ᠦᠷᠭᠦᠯᠵᠢᠯᠡᠨ ᠴᠢᠩᠭᠠᠷᠠᠭᠤᠯᠵᠤ᠂ ᠭᠤᠤᠯ ᠳᠠᠭᠠᠤ ᠶᠢᠨ ᠬᠤᠶᠠᠷ ᠬᠥᠪᠡᠭᠡᠨ ᠤ ᠠᠮᠢ ᠠᠬᠤᠶ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃
      ᠳᠥᠷᠪᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠭᠠᠵᠠᠷ ᠣᠷᠣᠨ ᠤ ᠰᠤᠳᠤᠯᠤᠯ ᠬᠢᠭᠡᠳ ᠲᠤᠷᠰᠢᠯᠲᠠ ᠶᠢᠨ ᠬᠥᠭᠵᠢᠯᠲᠡ ︵R D︶ ᠶᠢᠨ ᠵᠠᠷᠤᠳᠠᠯ ᠢ ᠵᠢᠯ ᠳᠠᠷᠠᠭᠠᠯᠠᠨ ᠨᠡᠮᠡᠭᠳᠡᠭᠦᠯᠬᠦ ᠶᠢ ᠪᠡᠶᠡᠯᠡᠬᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ ᠢ ᠪᠤᠶᠢᠵᠢᠭᠤᠯᠵᠤ᠂ ᠨᠢᠭᠡ ᠪᠦᠯᠦᠭ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠪᠠ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠬᠤ᠂ ᠬᠠᠮᠠᠭᠠᠯᠠᠬᠤ᠂ ᠱᠠᠩᠨᠠᠬᠤ ᠲᠦᠷᠢᠮ ᠢ ᠲᠡᠭᠦᠯᠳᠡᠷᠵᠢᠭᠦᠯᠵᠦ᠂ ᠳᠡᠭᠡᠳᠦ ᠲᠡᠰ ᠤᠨ ᠴᠢᠳᠠᠪᠤᠷᠢᠲᠠᠨ ᠤ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠴᠢᠳᠠᠪᠤᠷᠢᠲᠠᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃       ᠲᠠᠪᠤ ᠳᠤ᠂ ᠦᠢᠯᠡᠴᠢᠯᠡᠭᠡ ᠶᠢ ᠲᠡᠷᠢᠭᠦᠨ ᠳᠤ ᠲᠠᠯᠪᠢᠵᠤ᠂ ᠬᠠᠮᠢᠶᠠᠷᠤᠯᠲᠠ ᠶᠢ ᠬᠤᠶᠢᠰᠢ ᠲᠠᠯᠪᠢᠬᠤ ᠶᠢ ᠪᠠᠷᠢᠮᠲᠠᠯᠠᠨ᠂ ᠪᠦᠬᠦ ᠠᠶᠢᠮᠠᠭ ᠤᠨ ︽ᠠᠷᠠᠯᠵᠢᠶ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ︾ ᠦᠯᠢᠭᠡᠷ ᠳᠠᠭᠤᠷᠢᠶᠠᠯ ᠪᠣᠯᠬᠤ ᠣᠷᠣᠨ ᠢ ᠪᠦᠬᠦ ᠬᠦᠴᠦᠨ ᠢᠶᠠᠷ ᠪᠠᠶᠢᠭᠤᠯᠤᠨ᠎ᠠ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠳᠣᠲᠣᠨᠣ︾ ︽ᠴᠢᠬᠡᠴᠢ︾ ᠵᠠᠰᠠᠭ ᠬᠤᠳᠠᠯᠳᠣᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠨᠡᠶᠢᠲᠡᠯᠢᠭ ᠵᠢᠱᠢᠶ᠎ᠡ ᠶᠢ ᠪᠣᠢ ᠪᠣᠯᠭᠠᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠥᠭᠡᠷᠡᠴᠢᠯᠡᠯᠲᠡ ᠶᠢᠨ ︽ᠲᠦᠭᠰᠢᠭᠦᠷᠢ ᠶᠢ ᠲᠤᠭᠤᠯᠬᠤ ᠬᠤᠭᠤᠴᠠᠭ᠎ᠠ︾ ᠳᠤ ᠲᠦᠷᠦᠭᠦᠯᠡᠨ ᠣᠷᠣᠨ᠎ᠠ᠃ ︽ᠪᠠᠩᠬᠢ ᠶᠢ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠦᠨ᠂ ᠠᠵᠤ ᠠᠬᠤᠶᠢᠯᠠᠯ ᠪᠣᠯᠤᠨ ᠪᠠᠩᠬᠢ ᠶᠢᠨ ᠬᠤᠭᠤᠷᠣᠨᠳᠣᠬᠢ ᠮᠡᠳᠡᠭᠡ ᠵᠠᠩᠭᠢ ᠲᠡᠩᠴᠡᠭᠦᠷᠢ ᠦᠭᠡᠶ ᠪᠠᠶᠢᠬᠤ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠥᠲᠥᠯᠥᠨ ᠵᠢᠯᠣᠭᠤᠳᠴᠤ᠂ ᠠᠵᠤ ᠠᠬᠤᠶᠢᠯᠠᠯ ᠤᠨ ᠬᠥᠭᠵᠢᠯᠲᠡ ᠶᠢᠨ ᠪᠦᠬᠦ ᠶᠠᠪᠤᠴᠠ ᠶᠢ ᠮᠥᠷᠳᠡᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠤ ᠠᠬᠤᠶᠢᠯᠠᠯ ᠳᠤ ᠦᠢᠯᠡᠴᠢᠯᠡᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠨᠢᠭᠡ ᠲᠣᠭᠤᠷᠢᠭ ᠭᠤᠷᠪᠠᠨ ᠬᠦᠷᠢᠶᠡᠯᠡᠩ︾ ᠤᠨ ᠥᠭᠡᠷᠡᠴᠢᠯᠡᠯᠲᠡ ᠶᠢᠨ ᠡᠭᠦᠷᠭᠡ ᠶᠢ ᠤᠯᠠᠮ ᠨᠢᠭᠡ ᠠᠯᠬᠤᠮ  ᠨᠠᠶᠢᠳᠠᠪᠣᠷᠢᠵᠢᠭᠤᠯᠬᠤ᠂ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠯ ᠢ ᠰᠢᠯᠢᠳᠡᠭᠵᠢᠭᠦᠯᠦᠨ᠎ᠡ᠃ ᠡᠭᠦᠨ ᠤ ᠬᠠᠮᠲᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠣᠬᠢᠶᠠᠯ ᠪᠣᠯᠭᠠᠨ᠂ ᠤᠰᠤᠲᠠᠶ ᠪᠠᠯᠭᠠᠰᠤᠨ ᠳᠤ ᠬᠤᠲᠠ ᠪᠠᠶᠢᠭᠤᠯᠬᠤ ᠠᠵᠢᠯ ᠢ ᠬᠠᠶᠢᠨ ᠰᠦᠪᠡᠭᠴᠢᠯᠡᠨ᠎ᠡ᠃
      ᠵᠢᠷᠭᠤᠭ᠎ᠠ ᠳᠤ᠂ ᠠᠷᠠᠳ ᠲᠦᠮᠡᠨ ᠢ ᠳᠡᠭᠡᠳᠦᠯᠡᠬᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠤᠰᠬᠠᠬᠤ ᠳᠤ ᠳᠣᠬᠢᠷᠠᠮᠵᠢᠳᠠᠢ ᠪᠠᠶᠢᠬᠤ ᠶᠢ ᠪᠠᠷᠢᠮᠲᠠᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠣᠨᠣᠪᠴᠢᠲᠠᠢ ᠨᠠᠶᠢᠳᠠᠪᠤᠷᠢᠵᠢᠭᠤᠯᠵᠤ᠂ ︽ᠲᠦᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ︽ᠲᠦᠷᠪᠡᠨ ᠡᠷᠲᠡ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠡᠷᠡᠰ ᠰᠠᠶᠢᠲᠤᠷ ᠰᠠᠬᠢᠨ ᠬᠠᠮᠠᠭᠠᠯᠠᠨ᠎ᠠ᠃ ︽ᠨᠠᠷᠠᠲᠤ ᠪᠠᠭᠰᠢ ᠨᠠᠷᠠᠲᠤ ᠰᠤᠷᠭᠠᠭᠤᠯᠢ ᠨᠠᠷᠠᠲᠤ ᠬᠦᠷᠢᠶᠡᠯᠡᠩ︾ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠦᠢᠯᠡᠴᠢᠯᠡᠬᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠠᠩ ᠬᠦᠢᠴᠡᠳ᠂ ᠵᠢᠷᠭᠠᠯᠲᠤ ᠲᠥᠷᠥᠭᠳᠡᠯ ᠢ ᠨᠠᠩ ᠦᠷᠭᠦᠯᠵᠢᠯᠡᠬᠦ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠨ᠎ᠠ᠃       ᠲᠤᠯᠤᠭ᠎ᠠ ᠳᠤ᠂ ᠦᠨᠡᠨ ᠠᠴᠠ ᠵᠥᠪ ᠢ ᠡᠷᠢᠬᠦ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠶᠢ ᠪᠠᠷᠢᠮᠲᠠᠯᠠᠵᠤ ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠴᠢᠨᠠᠭᠰᠢᠳᠠ ᠪᠠᠳᠠᠷᠠᠭᠤᠯᠣᠨ᠎ᠠ᠃ ᠪᠡᠶ᠎ᠡ ᠪᠠᠷ ᠢᠶᠠᠨ ᠣᠷᠣᠯᠴᠠᠨ ᠬᠢᠵᠦ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠦᠨᠳᠦᠰᠦᠨ ᠱᠠᠳᠣᠨ ᠳᠤ ᠬᠦᠨᠵᠡᠬᠡᠶᠢᠷᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠦᠢᠯᠡᠳᠪᠦᠷᠢᠯᠡᠯ ᠪᠣᠯᠤᠨ ᠠᠷᠠᠳ ᠣᠯᠠᠨ ᠤ ᠳᠣᠮᠳᠠ ᠬᠦᠷᠴᠦ᠂ ᠠᠩᠬᠠᠨ ᠤ ᠮᠡᠳᠡᠭᠡ ᠵᠠᠩᠭᠢ ᠶᠢᠨ ᠮᠠᠲ᠋ᠧᠷᠢᠶᠠᠯ ᠢ ᠣᠶᠢᠯᠠᠭᠠᠨ  ᠡᠵᠡᠮᠰᠢᠨ᠎ᠡ᠃ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠰᠢᠨᠡᠳᠬᠡᠵᠦ᠂ ᠭᠦᠨᠵᠡᠭᠡᠢ ᠵᠠᠳᠠᠯᠤᠨ ᠪᠣᠳᠣᠯᠬᠢᠯᠠᠬᠤ ᠳᠡᠭᠡᠷ᠎ᠡ ᠬᠦᠴᠦ ᠣᠷᠣᠭᠤᠯᠵᠤ᠂ ᠤᠯᠠᠨ ᠲᠦᠮᠡᠨ᠂ ᠠᠵᠤ ᠠᠬᠤᠶᠢᠯᠠᠯᠲᠠᠨ᠂ ᠲᠤᠰᠬᠠᠢ ᠮᠡᠷᠭᠡᠵᠢᠯᠲᠡᠨ ᠲᠠᠢ ᠨᠠᠶᠢᠵᠠᠯᠠᠵᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠣᠯᠵᠤ᠂ ᠨᠢᠭᠡᠳ ᠨᠢᠭᠡ ᠪᠠᠷ ᠬᠢᠵᠦ᠂ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠶᠢᠴᠡᠬᠦ ᠰᠢᠨ᠎ᠡ ᠵᠠᠮ ᠢ ᠭᠠᠷᠭᠠᠬᠤ ᠬᠡᠷᠡᠭᠲᠡᠢ᠃ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠢᠳᠬᠦᠯ ᠴᠢᠷᠮᠠᠶᠢᠯᠭ᠎ᠠ ᠲᠠᠢ ᠪᠣᠯ ᠰᠠᠶ᠋ᠢ ᠣᠷᠣᠨ ᠪᠠᠶᠢᠷᠢ ᠲᠠᠢ ᠪᠠᠶᠢᠬᠤ᠂ ᠣᠷᠣᠨ ᠪᠠᠶᠢᠷᠢ ᠲᠠᠢ ᠪᠣᠯ ᠨᠡᠩ ᠢᠯᠡᠬᠦᠦ ᠵᠢᠳᠬᠦᠯ ᠴᠢᠷᠮᠠᠶᠢᠯᠭ᠎ᠠ ᠲᠠᠢ ᠪᠠᠶᠢᠬᠤ ᠬᠥᠮᠦᠨ ᠰᠣᠩᠭᠤᠨ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠵᠤ᠂ ᠤᠯᠤᠰ ᠲᠥᠷᠥ ᠶᠢᠨ ᠵᠣᠭᠰᠣᠯᠲᠠ ᠪᠠᠲᠤ᠂ ᠠᠵᠢᠯ ᠬᠢᠵᠦ ᠦᠢᠯᠡᠰ ᠪᠤᠰᠬᠠᠬᠤ ᠬᠠᠶᠢᠷ᠎ᠠ ᠰᠡᠳᠬᠢᠯᠭᠡ ᠲᠠᠢ ᠰᠠᠶᠢᠨ ᠺᠠᠳ᠋ᠷ ᠢ ᠦᠨᠡᠨ ᠬᠦ ᠬᠦᠮᠦᠵᠢᠬᠦᠯᠦᠨ᠎ᠡ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号