ᠮᠠᠨ ᠤ ᠣᠷᠣᠨ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠢᠶᠠᠷ ᠳᠠᠨᠵᠢᠯᠠᠵᠤ ᠪᠡᠯᠡ ᠬᠤᠷᠠᠮᠳᠤᠭᠤᠯᠬᠤ ᠵᠢᠭᠡᠯᠡᠯᠭᠡ ᠶᠢᠨ ᠬᠤᠭᠤᠰᠤᠨ ᠢ ᠨᠥᠬᠦᠪᠦᠷᠢᠯᠡᠪᠡ
ᠨᠡᠶᠢᠲᠡᠯᠡᠭᠰᠡᠨ ᠴᠠᠭ᠄
2022/3/1
     ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠶᠢ ᠴᠢᠩᠭᠠᠳᠬᠠᠬᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠤᠷᠪᠤᠯᠵᠢᠯᠠᠬᠤ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠠᠩᠬᠠᠳᠠᠭᠴᠢ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠢᠶᠠᠷ ᠳᠠᠨᠵᠢᠯᠠᠭᠰᠠᠨ ᠪᠡᠯᠡ ᠬᠤᠷᠠᠮᠳᠤᠭᠤᠯᠬᠤ ᠵᠢᠭᠡᠯᠡᠯᠭᠡ ᠶᠢ ᠪᠣᠳᠠᠲᠠᠶᠢᠵᠢᠭᠤᠯᠬᠤ ᠶᠢ ᠪᠦᠭᠦ ᠬᠦᠴᠦᠨ ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠢᠶᠠᠷ ᠳᠠᠨᠵᠢᠯᠠᠵᠤ ᠪᠡᠯᠡ ᠬᠤᠷᠠᠮᠳᠤᠭᠤᠯᠬᠤ ᠵᠢᠭᠡᠯᠡᠯᠭᠡ ᠶᠢᠨ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ᠃ ᠭᠠᠵᠠᠷ ᠵᠦᠢ ᠶᠢᠨ ᠢᠯᠡᠷᠬᠡᠶᠢᠯᠡᠯᠲᠦ ᠠᠵᠤ ᠠᠬᠤᠶᠢᠯᠠᠯ ᠳᠤ ᠢᠲᠡᠭᠡᠮᠵᠢ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠢᠶᠠᠷ ᠳᠠᠨᠵᠢᠯᠠᠬᠤ ᠳᠤ ᠦᠨᠡᠯᠡᠨ ᠵᠢᠱᠢᠭᠦ ᠳᠤ ᠬᠦᠴᠢᠷᠲᠡᠢ᠂ ᠪᠡᠯᠡ ᠬᠤᠷᠠᠮᠳᠤᠭᠤᠯᠬᠤ ᠳᠤ ᠬᠦᠴᠢᠷᠲᠡᠢ ᠵᠡᠷᠭᠡ ᠠᠰᠠᠭᠤᠳᠠᠯ  ᠢ ᠰᠢᠢᠳᠪᠦᠷᠢᠯᠡᠵᠦ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠳᠤ ᠴᠢᠩᠭ᠎ᠠ ᠬᠦᠴᠦᠲᠡᠢ ᠬᠥᠳᠡᠯᠭᠡᠭᠦ  ᠬᠦᠴᠦᠨ ᠨᠡᠮᠡᠷᠢᠯᠡᠪᠡ᠃      ᠣᠶᠢᠷ᠎ᠠ ᠶᠢᠨ ᠵᠢᠯ ᠤᠳ ᠲᠤ᠂ ᠹᠧᠩᠵᠧᠨ ᠶᠧᠪᠡᠩ ᠤᠨ ᠠᠵᠤ ᠦᠢᠯᠡᠰ ᠤᠨ ᠨᠡᠷ᠎ᠡ ᠠᠯᠳᠠᠷ ᠲᠠᠰᠤᠷᠠᠯᠲᠠ ᠦᠭᠡᠢ ᠳᠡᠭᠡᠭᠰᠢᠯᠡᠵᠦ᠂ ᠪᠣᠷᠣᠯᠠᠭᠤᠯᠤᠯᠲᠠ ᠶᠢᠨ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ ᠪᠣᠷᠣᠯᠠᠭᠤᠯᠤᠯᠲᠠ ᠶᠢᠨ ᠬᠡᠪᠴᠢᠶ᠎ᠡ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠠᠴᠠ ᠭᠠᠳᠠᠨ᠎ᠠ᠂ ᠨᠢᠭᠡᠨᠲᠡ ᠱᠠᠨ ᠰᠢ᠂ ᠾᠧᠪᠧᠢ᠂ ᠪᠡᠭᠡᠵᠢᠩ᠂ ᠭᠤᠸᠠᠩᠵᠧᠦ᠂ ᠱᠧᠨ᠋ᠵᠧᠨ ᠵᠡᠷᠭᠡ ᠭᠠᠵᠠᠷ ᠣᠷᠣᠨ ᠢ ᠬᠠᠮᠤᠷᠴᠤ᠂ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠵᠢᠯ ᠤᠨ ᠦᠢᠯᠡᠳᠬᠦᠨ ᠤ ᠥᠷᠲᠡᠭ ᠨᠢᠭᠡᠨᠲᠡ 2 ᠳ᠋ᠦᠩᠰᠢᠭᠤᠷ ᠲᠥᠭᠦᠷᠢᠭ ᠲᠤ ᠬᠦᠷᠴᠦ᠂ 8000 ᠭᠠᠷᠤᠢ ᠬᠥᠮᠥᠨ ᠤ ᠠᠵᠢᠯ ᠣᠯᠭᠤᠯᠲᠠ ᠶᠢ ᠲᠠᠶᠢᠴᠢᠯᠠᠵᠠᠢ᠃ ᠠᠵᠤ ᠦᠢᠯᠡᠰ ᠤᠨ ᠬᠥᠭᠵᠢᠯᠲᠡ ᠶᠢ ᠳᠠᠭᠠᠯᠳᠤᠨ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠬᠡᠷᠡᠭᠴᠡᠭᠡ ᠦᠷᠭᠦᠯᠵᠢᠯᠡᠨ ᠨᠡᠮᠡᠭᠳᠡᠭᠰᠡᠨ ᠪᠤᠯᠪᠠᠴᠤ ᠲᠣᠰ ᠠᠵᠢᠯ ᠲᠥᠷᠥᠯ ᠨᠢ ᠤᠯᠠᠷᠢᠯ ᠤᠨ ᠴᠢᠨᠠᠷ ᠢᠶᠠᠷ ᠴᠢᠩᠭ᠎ᠠ᠂ ᠪᠡᠯᠡ ᠮᠥᠩᠭᠦ ᠶᠢᠨ ᠬᠡᠷᠡᠭᠴᠡᠭᠡ ᠲᠥᠪᠯᠡᠷᠡᠵᠦ᠂ ᠪᠡᠷᠢᠴᠠᠭᠠᠨ ᠤ ᠪᠣᠳᠠᠰ ᠨᠡᠶᠢᠳᠡᠮ ᠲᠤᠲᠠᠭᠳᠠᠵᠤ᠂ ᠪᠡᠯᠡ ᠬᠤᠷᠠᠮᠳᠤᠭᠤᠯᠬᠤ ᠳᠤ ᠬᠦᠴᠢᠷᠲᠡᠢ ᠠᠰᠠᠭᠤᠳᠠᠯ ᠢ ᠢᠮᠠᠭᠲᠠ ᠪᠦᠲᠦᠮᠵᠢᠲᠡᠶ ᠰᠢᠢᠳᠪᠦᠷᠢᠯᠡᠵᠦ ᠴᠢᠳᠠᠬᠤ ᠦᠭᠡᠢ ᠪᠠᠶᠢᠵᠤ᠂ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠭᠦ ᠪᠦᠲᠦᠮᠵᠢᠲᠡᠶ ᠰᠢᠪᠲᠤᠯᠤᠯᠲᠠ ᠶᠢ ᠪᠠᠴᠢᠮ ᠱᠠᠭᠠᠷᠳᠠᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠦᠴᠦᠲᠡᠢ ᠠᠬᠢᠭᠤᠯᠤᠯ ᠳᠣᠣᠷ᠎ᠠ᠂ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠹᠧᠩᠵᠧᠨ ᠬᠤᠲᠠ ᠶᠢᠨ ᠶᠧᠪᠡᠩ ᠤᠨ ᠨᠡᠶᠢᠭᠡᠮᠯᠢᠭ ᠪᠣᠯᠣᠨ ᠹᠧᠩᠵᠧᠨ ᠬᠤᠲᠠ ᠶᠢᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠠᠢ ᠢᠳᠡᠪᠬᠢᠲᠡᠢ ᠵᠣᠯᠭᠠᠵᠤ᠂ ᠲᠤᠬᠠᠢ ᠶᠢᠨ ᠭᠠᠵᠠᠷ ᠤᠨ ᠶᠧᠪᠡᠩ ᠤᠨ ᠠᠵᠤ ᠦᠢᠯᠡᠰ ᠤᠨ ᠠᠵᠤ ᠠᠬᠤᠶᠢᠯᠠᠯ ᠳᠤ ᠣᠯᠠᠨ ᠤᠳᠠᠭ᠎ᠠ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ᠂ ᠠᠵᠤ ᠦᠢᠯᠡᠰ ᠤᠨ ᠣᠨᠴᠠᠯᠢᠭ ᠲᠠᠢ ᠤᠶᠠᠯᠳᠤᠭᠤᠯᠵᠤ᠂ ᠠᠵᠤ ᠠᠬᠤᠶᠢᠯᠠᠯ  ᠤᠨ ᠲᠠᠸᠠᠷ ᠤᠨ ᠲᠡᠮᠳᠡᠭ᠂ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠢ ᠳᠠᠨᠵᠢᠯᠠᠬᠤ ᠪᠠᠷ ᠲᠦᠭᠰᠢᠭᠦᠷᠢ ᠶᠢ ᠨᠠᠮᠳᠠᠭᠠᠬᠤ ᠠᠷᠭ᠎ᠠ ᠬᠡᠮᠵᠢᠶ᠎ᠡ ᠪᠤᠯᠭᠠᠭᠰᠠᠨ ᠲᠤᠰᠬᠠᠢ ᠬᠠᠷᠢᠶᠠᠲᠤ ︽ᠶᠧᠪᠡᠩ ᠤᠨ ᠬᠠᠷᠠᠭᠠᠯᠵᠠᠯᠲᠤ ᠵᠢᠭᠡᠯᠡᠯᠭᠡ︾ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠰᠥᠯ ᠢ ᠰᠢᠨ᠎ᠡ ᠪᠠᠷ ᠡᠭᠦᠳᠦᠨ ᠭᠠᠷᠭᠠᠵᠤ᠂ ︽ᠹᠧᠩᠵᠧᠨ ᠶᠧᠪᠡᠩ︾ ᠤᠨ ᠭᠠᠵᠠᠷ ᠵᠦᠢ ᠶᠢᠨ ᠢᠯᠡᠷᠬᠡᠶᠢᠯᠡᠯᠲᠦ ᠠᠵᠤ  ᠦᠢᠯᠡᠰ  ᠤᠨ  ᠬᠥᠭᠵᠢᠯᠲᠡ  ᠶᠢ ᠳᠡᠮᠵᠢᠪᠡ᠃ ᠣᠳᠣᠬᠠᠨ ᠳᠤ᠂ ︽ᠹᠧᠩᠵᠧᠨ ᠶᠧᠪᠡᠩ  ᠤᠨ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠬᠡᠷᠡᠭᠯᠡᠭᠴᠢ ᠹᠧᠩᠵᠧᠨ ᠬᠤᠳᠠ ᠶᠢᠨ ᠬᠠᠢ ᠫᠧᠩ ᠢᠳᠡᠭᠡᠨ ᠤ ᠵᠦᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ︾ ᠨᠢ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠠᠴᠠ 500 ᠲᠦᠮᠡᠨ ᠲᠥᠭᠦᠷᠢᠭ ᠤᠨ ᠢᠲᠡᠭᠡᠮᠵᠢ ᠣᠯᠭᠤᠬᠤ ᠳᠡᠮᠵᠢᠯᠭᠡ ᠶᠢ  ᠣᠯᠣᠭᠰᠠᠨ ᠪᠠᠶᠢᠨ᠎ᠠ᠃      ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠡᠯ᠎ᠡ ᠲᠣᠮᠣ ᠪᠠᠩᠬᠢ ᠦᠷᠭᠦᠯᠵᠢᠯᠡᠨ ᠣᠷᠣᠨ ᠪᠦᠰᠡ ᠶᠢᠨ ᠣᠨᠴᠠᠯᠢᠭᠲᠤ ᠠᠵᠤ ᠦᠢᠯᠡᠰ ᠢ ᠳᠡᠮᠵᠢᠭᠦ ᠪᠠᠷ ᠮᠥᠩᠭᠦᠨ ᠭᠦᠢᠯᠭᠡᠭᠡᠨ ᠢᠶᠠᠷ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠦᠴᠦᠯᠡᠬᠦ ᠴᠡᠭ ᠪᠤᠯᠭᠠᠵᠤ᠂ ︽ᠨᠢᠭᠡ ᠠᠵᠤ ᠦᠢᠯᠡᠰ ᠨᠢᠭᠡ ᠲᠥᠷᠥ ᠶᠢᠨ ᠪᠣᠳᠣᠯᠭ᠎ᠠ︾ ᠶᠢᠨ ᠰᠡᠳᠬᠢᠮᠵᠢ ᠶᠢ ᠪᠠᠷᠢᠮᠲᠠᠯᠠᠨ᠂ ᠦᠷᠭᠦᠯᠵᠢᠯᠡᠨ ᠰᠢᠨ᠎ᠡ ᠶᠢ ᠡᠭᠦᠳᠴᠦ᠂ ᠨᠠᠩ ᠣᠯᠠᠨ ᠣᠷᠣᠨ ᠪᠦᠰᠡ ᠶᠢᠨ ᠣᠨᠴᠠᠯᠢᠭᠲᠤ ᠠᠵᠤ ᠦᠢᠯᠡᠰ᠂ ᠣᠨᠴᠠᠯᠢᠭᠲᠤ ᠠᠵᠤ ᠠᠬᠤᠶᠢᠯᠠᠯ ᠤᠨ ᠥᠪᠥᠷ ᠮᠣᠩᠭᠤᠯ ᠠᠴᠠ ᠭᠠᠷᠴᠤ᠂ ᠪᠦᠭᠦ ᠤᠯᠤᠰ᠂ ᠳᠡᠯᠡᠬᠡᠢ ᠳ᠋ᠠᠬᠢᠨ ᠳᠤ ᠬᠠᠨᠳᠤᠬᠤ ᠳᠤ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号