︽ᠠᠯᠠᠱᠠ ᠠᠶᠢᠮᠠᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/3/10
    ᠨᠢᠭᠡ᠂ ︽ᠠᠷᠭ᠎ᠠ︾ ᠶᠢ ᠲᠣᠭᠲᠠᠭᠠᠭᠰᠠᠨ ᠠᠬᠤᠶ ᠪᠠᠶᠢᠳᠠᠯ ᠵᠢᠴᠢ ᠦᠨᠳᠦᠰᠦᠯᠡᠯ     ᠮᠠᠨ ᠤ ᠠᠶᠢᠮᠠᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢ ᠳᠦᠷᠢᠮᠵᠢᠬᠦᠯᠦᠨ ᠴᠢᠩᠭᠠᠳᠬᠠᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠳᠤ ᠨᠥᠬᠦᠪᠥᠷᠢ ᠥᠭᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠳᠣᠯᠠᠬᠤ ᠶᠢᠨ ᠳᠦᠯᠦᠬᠡ᠂ ︽ᠰᠣᠷᠣᠭᠴᠢ ᠶᠢ ᠵᠣᠭᠤᠰ ᠢᠶᠠᠷ ᠲᠤᠰᠠᠯᠠᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︽ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ︹ 2020 ︺ 25 ᠳ᠋ᠤᠭᠠᠷ ᠲᠣᠭᠠᠲᠤ︶ ᠵᠢᠴᠢ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠣᠰ ᠠᠷᠭ᠎ᠠ ᠶᠢ ᠲᠣᠭᠲᠠᠭᠠᠪᠠ᠃      ᠬᠤᠶᠠᠷ᠂ ︽ᠠᠷᠭ᠎ᠠ︾ ᠶᠢᠨ ᠬᠡᠷᠡᠭᠯᠡᠬᠦ ᠬᠡᠪᠴᠢᠶ᠎ᠡ      ᠲᠤᠰ ᠠᠷᠭ᠎ᠠ ᠶᠢ ᠠᠶᠢᠮᠠᠭ ᠤᠨ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠡᠯᠡ ᠮᠥᠩᠭᠦ ᠳᠤ ᠬᠡᠷᠡᠭᠯᠡᠵᠦ᠂ ᠠᠯᠠᠱᠠ ᠠᠶᠢᠮᠠᠭ ᠤᠨ ᠡᠷᠦᠬᠡ ᠠᠮᠠ ᠲᠠᠢ ᠬᠡᠤᠬᠡᠳ ᠲᠤ ᠰᠣᠷᠣᠭᠴᠢ ᠨᠢᠭᠡᠪᠦᠷᠢ ᠳᠤ ᠰᠠᠷ᠎ᠠ ᠪᠦᠷᠢ ᠬᠤᠶᠠᠷ ᠵᠠᠭᠤᠨ ᠲᠥᠭᠦᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ︵ᠨᠢᠭᠡ ᠵᠢᠯ ᠳᠤ ᠰᠠᠷ᠎ᠠ ᠰᠠᠷ᠎ᠠ ᠪᠠᠷ ᠪᠤᠳᠤᠨ᠎ᠠ︶  ᠬᠦᠷᠳᠡᠭᠡᠵᠦ᠂ ᠪᠥᠬᠦ ᠠᠶᠢᠮᠠᠭ ᠤᠨ ᠪᠣᠶ ᠪᠥᠬᠦᠶ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ︵ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠᠭᠲᠠᠨ᠎ᠠ︶ ᠤᠨ ᠴᠡᠴᠡᠷᠯᠢᠭ ᠲᠤ ᠪᠠᠶᠢᠭ᠎ᠠ ᠠᠯᠠᠱᠠ ᠠᠶᠢᠮᠠᠭ ᠤᠨ ᠡᠷᠦᠬᠡ ᠠᠮᠠ ᠲᠠᠢ ᠬᠡᠤᠬᠡᠳ ᠲᠤ ᠴᠥᠮ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠦᠷᠳᠡᠭᠡᠨ᠎ᠡ᠃      ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ      ︽ᠠᠷᠭ᠎ᠠ︾ ᠳᠤ ᠨᠡᠶᠢᠲᠡ ᠠᠷᠪᠠᠨ ᠲᠠᠪᠤᠨ ᠵᠦᠢᠯ ᠪᠤᠶ᠂ ᠡᠭᠦᠨ ᠳᠤ ᠭᠤᠷᠪᠠᠳᠤᠭᠠᠷ ᠵᠦᠢᠯ ᠳᠤ ᠠᠶᠢᠮᠠᠭ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠵᠢᠴᠢ ᠡᠯ᠎ᠡ ᠬᠡᠦᠬᠡᠳ ᠤᠨ ᠴᠡᠴᠡᠷᠯᠢᠭ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠥᠷᠪᠡᠳᠦᠭᠡᠷ ᠵᠦᠢᠯ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠠᠯᠠ ᠮᠥᠩᠭᠦ ᠪᠠᠷ ᠲᠤᠰᠠᠯᠠᠬᠤ ᠪᠠᠷᠢᠮᠵᠢᠶ᠎ᠠ ᠵᠢᠴᠢ ᠬᠦᠷᠢᠶ᠎ᠡ ᠬᠡᠪᠴᠢᠶ᠎ᠡ ᠶᠢ ᠲᠣᠭᠲᠠᠭᠠᠵᠤ᠂ ᠲᠠᠪᠤᠳᠤᠭᠠᠷ ᠵᠦᠢᠯ ᠳᠤ ᠨᠥᠬᠦᠪᠥᠷᠢ ᠪᠠᠯᠠ ᠮᠥᠩᠭᠦ ᠶᠢᠨ ᠭᠤᠤᠯ ᠬᠡᠷᠡᠭᠴᠡᠭᠡ ᠶᠢ ᠲᠣᠭᠲᠠᠭᠠᠵᠤ᠂ ᠵᠢᠷᠭᠤᠳᠤᠭᠠᠷ ᠠᠴᠠ ᠠᠷᠪᠠᠨ ᠭᠤᠷᠪᠠᠳᠤᠭᠠᠷ ᠵᠦᠢᠯ ᠳᠤ ᠪᠠᠯᠠ ᠮᠥᠩᠭᠦ ᠶᠢ ᠬᠤᠪᠢᠶᠠᠷᠢᠯᠠᠬᠤ᠂ ᠰᠢᠯᠵᠢᠭᠦᠯᠦᠨ ᠥᠭᠬᠦ ᠪᠠ ᠬᠡᠷᠡᠭᠯᠡᠬᠦ᠂ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠬᠦ ᠪᠠ ᠬᠢᠨᠠᠨ ᠬᠠᠮᠢᠶᠠᠷᠬᠤ ᠵᠢᠴᠢ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠢ ᠲᠣᠭᠲᠠᠭᠠᠵᠠᠶ᠃      ᠲᠣᠰ ᠠᠷᠭ᠎ᠠ ᠶᠢ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃       ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号