ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠮᠥᠩᠭᠦᠨ ᠭᠦᠢᠯᠭᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ | ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠦᠨ᠂ ᠰᠢᠭᠤᠳ ᠪᠡᠯᠡ ᠲᠣᠬᠢᠷᠠᠭᠤᠯᠬᠤ ᠬᠤᠪᠢ ᠶᠢᠨ ᠵᠢᠩ ᠢ | ᠳᠡᠭᠡᠭᠰᠢᠯᠡᠭᠦᠯᠵᠦ᠂ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ | ᠭᠦᠭᠵᠢᠭᠦ ᠶᠢ ᠠᠬᠢᠭᠤᠯᠬᠤ ᠬᠡᠷᠡᠭᠲᠡᠢ᠂ ᠵᠣᠭᠤᠰᠤᠨ ᠤ ᠲᠥᠷᠥ ᠶᠢᠨ ᠪᠣᠳᠣᠯᠭ᠎ᠠ ᠪᠠ ᠬᠤᠷᠸ᠎ᠠ ᠲᠠᠯ᠎ᠠ ᠶᠢᠨ ᠬᠢᠨᠠᠭᠤᠷ | ᠪᠣᠯᠭᠤᠮᠵᠢᠲᠠᠢ ᠲᠥᠷᠥ ᠶᠢᠨ ᠪᠣᠳᠣᠯᠭ᠎ᠠ ᠶᠢᠨ ᠬᠤᠶᠠᠷ ᠲᠤᠯᠭᠠᠭᠤᠷᠢᠲᠤ ᠲᠣᠬᠢᠷᠠᠭᠤᠯᠤᠯ ᠡᠵᠡᠮᠳᠡᠯ ᠤᠨ ᠪᠣᠷᠣ | ᠲᠥᠯᠥᠪ ᠢ ᠲᠡᠭᠦᠯᠳᠡᠷᠵᠢᠭᠦᠯᠵᠦ᠂ ᠬᠦᠦ ᠮᠥᠩᠭᠦ ᠶᠢᠨ ᠨᠣᠷᠮ᠎ᠠ ᠪᠠ ᠭᠤᠪᠢᠭᠤᠯᠭ᠎ᠠ ᠶᠢᠨ ᠨᠣᠷᠮ᠎ᠠ ᠶᠢᠨ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ | ᠲᠦᠭᠰᠢᠭᠦᠷᠢ ᠦᠯᠦ ᠡᠭᠦᠰᠭᠦ ᠬᠤᠷᠢᠭ᠎ᠠ ᠱᠤᠭᠤᠮ ᠢ ᠪᠠᠲᠤ ᠰᠠᠬᠢᠨ᠎ᠠ︾ ᠭᠡᠵᠦ ᠳᠤᠷᠠᠳᠤᠨ ᠭᠠᠷᠭᠠᠪᠠ᠃᠂ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠠᠴᠠ ᠪᠣᠳᠠᠲᠤ | ᠴᠣᠭᠴᠠ ᠶᠢᠨ ᠠᠵᠤ ᠠᠬᠤᠢ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠭᠤᠷᠪᠠᠨ ᠲᠠᠯ᠎ᠠ ᠪᠠᠷ ᠤᠯᠠᠮ ᠨᠢᠭᠡ ᠠᠯᠬᠤᠮ ᠱᠠᠭᠠᠷᠳᠠᠯᠭ᠎ᠠ | ᠭᠠᠷᠭᠠᠵᠤ᠂ ᠰᠢᠨ᠎ᠡ ᠴᠠᠭ ᠦᠶ᠎ᠡ ᠳᠠᠬᠢ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠵᠢᠭᠠᠵᠤ | ᠥᠭᠴᠡᠢ᠃ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠮᠥᠩᠭᠦᠨ ᠭᠦᠢᠯᠭᠡᠭᠡᠨ ᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠰᠠᠨᠠᠭᠠᠴᠢᠯᠠᠭ᠎ᠠ ᠠᠴᠠ ᠪᠠᠨ | ᠬᠠᠷᠢᠴᠠᠭᠤᠯᠤᠨ᠂ ᠠᠯᠢ ᠣᠯᠠᠨ ᠠᠵᠢᠯ ᠤᠨ ᠱᠠᠭᠠᠷᠳᠠᠯᠭ᠎ᠠ ᠶᠢ ᠳᠤᠷᠠᠳᠴᠤ᠂ ︽ᠠᠷᠪᠠᠨ ᠳᠦᠷᠪᠡᠳᠦᠭᠡᠷ ᠳᠠᠪᠣᠨ ᠵᠢᠯ︾ | ᠤᠨ ᠬᠤᠭᠤᠴᠠᠭ᠎ᠠ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ᠂ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠳᠠᠰᠢ ᠴᠡᠷᠢᠭᠯᠡᠭᠰᠡᠨ ᠠᠩᠬᠠᠳᠤᠭᠠᠷ ᠲᠠᠪᠤᠨ ᠵᠢᠯ ᠪᠣᠯᠣᠨ᠎ᠠ᠂ ᠶᠡᠷᠦᠩᠬᠡᠢ ᠱᠦᠵᠢ ᠰᠢ ᠶᠢᠨ | ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠵᠢᠭᠠᠪᠤᠷᠢ᠂ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ | ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠠᠯᠠᠱᠠ | ᠠᠶᠢᠮᠠᠭ ᠤᠨ ︽ᠠᠷᠪᠠᠨ ᠳᠦᠷᠪᠡᠳᠦᠭᠡᠷ ᠳᠠᠪᠣᠨ ᠵᠢᠯ︾ ᠤᠨ ᠲᠤᠰᠬᠠᠢ ᠲᠥᠷᠥᠯ ᠤᠨ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠣᠰᠣᠭᠠᠷ᠂ ︽ᠠᠯᠠᠱᠠ ᠠᠶᠢᠮᠠᠭ ᠤᠨ ︿ᠠᠷᠪᠠᠨ ᠳᠦᠷᠪᠡᠳᠦᠭᠡᠷ ᠳᠠᠪᠣᠨ ᠵᠢᠯ | ﹀ ᠤᠨ ᠲᠥᠯᠦᠪᠵᠢᠭᠦᠯᠭᠡ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ | ᠲᠣᠭᠲᠠᠭᠠᠪᠠ᠃ | ᠨᠢᠭᠡᠳᠦᠭᠡᠷ ᠪᠦᠯᠦᠭ ᠠᠯᠠᠱᠨ ᠠᠶᠢᠮᠠᠭ ᠤᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ | ᠰᠠᠭᠤᠷᠢ | ᠨᠢᠭᠡᠳᠦᠭᠡᠷ ᠬᠡᠰᠡᠭ ︽ᠠᠷᠪᠠᠨ ᠭᠤᠷᠪᠠᠳᠤᠭᠠᠷ ᠲᠠᠪᠤᠨ ᠵᠢᠯ︾ ᠤᠨ ᠮᠥᠩᠭᠦᠨ ᠭᠦᠢᠯᠭᠡᠭᠡᠨ ᠤ ᠦᠢᠯᠡᠰ ᠤᠨ | ᠬᠥᠭᠵᠢᠯᠲᠡ ᠶᠢᠨ ᠠᠮᠵᠢᠯᠲᠠ ᠪᠦᠲᠦᠮᠵᠢ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠠᠶᠢᠮᠠᠭ ᠤᠨ ᠮᠥᠩᠭᠦᠨ | ᠭᠦᠢᠯᠭᠡᠭᠡᠨ ᠤ ᠶᠡᠷᠦᠩᠬᠡᠢ ᠬᠦᠴᠦᠨ ᠤᠯᠠᠮ ᠨᠢᠭᠡ ᠠᠯᠬᠤᠮ ᠴᠢᠩᠭᠠᠷᠠᠵᠤ᠂ ᠮᠥᠩᠭᠦᠨ ᠭᠦᠢᠯᠭᠡᠭᠡᠨ ᠤ ᠦᠢᠯᠡᠰ ᠤᠨ | ᠬᠥᠭᠵᠢᠯᠲᠡ ᠨᠢ ᠬᠤᠷᠳᠤᠴᠠ ᠪᠠᠨ ᠲᠦᠷᠭᠡᠳᠬᠡᠵᠦ᠂ ᠴᠢᠨᠠᠷ ᠴᠢᠨᠰᠠᠭ᠎ᠠ ᠨᠢ ᠳᠡᠭᠡᠭᠰᠢᠯᠡᠨ᠂ ᠡᠷᠭᠢᠯᠲᠡ ᠨᠢ | ᠲᠣᠭᠲᠠᠭᠤᠨ ᠪᠠᠶᠢᠬᠤ ᠪᠠᠶᠢᠳᠠᠯ ᠲᠠᠢ ᠪᠣᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠴᠢᠳᠠᠮᠵᠢ ᠨᠢ ᠠᠯᠬᠤᠮ | ᠠᠯᠬᠤᠮ ᠢᠶᠠᠷ ᠲᠡᠭᠦᠯᠳᠡᠷᠵᠢᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠨᠢ ᠲᠠᠰᠤᠷᠠᠯᠲᠠ ᠦᠭᠡᠢ | ᠴᠢᠩᠭᠠᠷᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠡᠳᠦᠷ ᠢᠷᠡᠬᠦᠶ᠎ᠡ ᠲᠡᠭᠦᠯᠳᠡᠷᠵᠢᠨ | ᠂ ᠪᠦᠭᠦ ᠠᠶᠢᠮᠠᠭ ᠤᠨ ᠨᠡᠶᠢᠭᠡᠮ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠦᠷᠭᠦᠯᠵᠢᠯᠡᠨ | ᠡᠷᠡᠭᠦᠯ ᠢᠶᠠᠷ ᠭᠦᠭᠵᠢᠭᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ | ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠠᠯᠬᠤᠮ ᠠᠯᠬᠤᠮ ᠢᠶᠠᠷ ᠲᠡᠭᠦᠯᠳᠡᠷᠵᠢᠪᠡ᠃ | ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠪᠠᠶᠢᠳᠠᠯ ᠲᠥᠯᠥᠪ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠠᠩᠬᠢ | ᠪᠣᠯᠣᠨ ᠳᠠᠭᠠᠳᠬᠠᠯ ᠤᠨ ᠪᠠᠶᠢᠭᠤᠯᠤᠮᠵᠢ ᠪᠠᠷ ᠭᠤᠣᠯ ᠴᠣᠭᠴᠠ ᠪᠤᠯᠭᠠᠭᠰᠠᠨ᠂ ᠪᠠᠭ᠎ᠠ ᠲᠣᠭᠠᠨ ᠤ ᠵᠢᠭᠡᠯᠡᠯᠭᠡ ᠶᠢᠨ | ᠺᠤᠮᠫᠠᠨᠢ᠂ ᠪᠡᠯᠡ ᠲᠣᠬᠢᠷᠠᠭᠤᠯᠬᠤ ᠴᠢᠨᠠᠷᠲᠠᠢ ᠳᠠᠭᠠᠭᠠᠯᠲᠠ ᠬᠢᠬᠦ ᠺᠤᠮᠫᠠᠨᠢ᠂ ᠳᠠᠨᠵᠢᠯᠠᠬᠤ ᠠᠵᠢᠯ ᠪᠠᠩᠬᠢ ᠵᠢᠴᠢ | ᠲᠡᠮᠳᠡᠭᠲᠦ ᠡᠵᠡᠩᠨᠡᠬᠦ ᠪᠠᠶᠢᠭᠤᠯᠤᠮᠵᠢ ᠶᠢᠨ ᠬᠠᠮᠲᠤᠪᠠᠷ ᠬᠥᠭᠵᠢᠭᠰᠡᠨ ᠣᠯᠠᠨ ᠡᠰᠢᠵᠢᠭᠰᠡᠨ᠂ ᠣᠯᠠᠨ ᠳᠡᠰ ᠳᠠᠪᠬᠤᠷᠭ᠎ᠠ | ᠪᠦᠬᠦᠢ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠤᠢ ᠪᠣᠯᠭᠠᠪᠠ᠃ | 2020 ᠣᠨ ᠤ ᠰᠡᠭᠦᠯᠴᠢ ᠪᠤᠯᠲᠠᠯ᠎ᠠ᠂ ᠪᠦᠭᠦ ᠠᠶᠢᠮᠠᠭ ᠲᠤ ᠨᠡᠶᠢᠲᠡ 13 ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ᠂ 88 ᠡᠵᠡᠩᠨᠡᠯᠲᠡ ᠶᠢᠨ ᠲᠣᠣᠷ ᠴᠡᠭ ᠪᠠᠶᠢᠵᠤ᠂ ᠬᠠᠷᠢᠶᠠᠨ ᠤ ᠳᠣᠲᠣᠷ᠎ᠠ ᠪᠠᠨ | ATM ᠮᠠᠰᠢᠨ ᠢ 257 ᠤᠭᠰᠠᠷᠠᠵᠤ᠂ ᠪᠦᠭᠦ ᠠᠶᠢᠮᠠᠭ ᠤᠨ 30 ᠰᠤᠮᠤ᠂ 199 ᠭᠠᠴᠠᠭ᠎ᠠ ᠵᠠᠰᠠᠭ ᠵᠠᠬᠢᠷᠭᠠᠨ ᠤ | ᠲᠣᠰᠬᠤᠨ ᠢ ᠠᠵᠢᠯ ᠲᠥᠷᠥᠯ ᠢᠶᠠᠷ ᠬᠠᠮᠣᠷᠴᠠᠢ᠃ ᠪᠦᠭᠦ ᠠᠶᠢᠮᠠᠭ ᠤᠨ ᠳᠠᠭᠠᠳᠬᠠᠯ ᠤᠨ ᠪᠠᠶᠢᠭᠤᠯᠤᠮᠵᠢ 15᠂ | ᠡᠵᠡᠩᠨᠡᠯᠲᠡ ᠶᠢᠨ ᠴᠡᠭ 50 ᠪᠤᠢ︔ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ 6᠂ ᠪᠡᠯᠡ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠺᠤᠮᠫᠠᠨᠢ 4᠂ ᠳᠠᠨᠵᠢᠯᠠᠬᠤ ᠭᠠᠵᠠᠷ 2᠂ ᠲᠡᠮᠳᠡᠭᠲᠦ ᠶᠢᠨ ᠡᠵᠡᠩᠨᠡᠯᠲᠡ ᠶᠢᠨ ᠭᠠᠵᠠᠷ 1᠂ | ᠰᠲ᠋ᠣᠺ ᠤᠨ ᠡᠷᠬᠡ᠂ ᠥᠮᠴᠢᠯᠡᠬᠦ ᠡᠷᠬᠡ ᠶᠢᠨ ᠠᠷᠠᠯᠵᠢᠶᠠᠨ ᠤ ᠬᠡᠷᠡᠭ ᠡᠷᠭᠢᠯᠡᠭᠦ ᠭᠠᠵᠠᠷ ᠲᠤᠰ ᠪᠦᠷᠢ 1 ᠪᠤᠢ᠃ | ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠲᠣᠭᠲᠠᠭᠤᠨ ᠢᠶᠠᠷ ᠨᠡᠮᠡᠭᠳᠡᠪᠡ᠃ 2020 ᠣᠨ ᠳᠤ᠂ | ᠪᠦᠭᠦ ᠠᠶᠢᠮᠠᠭ ᠤᠨ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ 13.66 ᠳ᠋ᠦᠩᠰᠢᠭᠤᠷ | ᠲᠥᠭᠦᠷᠢᠭ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠰᠡᠭᠦᠯᠴᠢ ᠶᠢᠨ ᠬᠢ ᠠᠴᠠ 2.61 | ᠳ᠋ᠦᠩᠰᠢᠭᠤᠷ ᠲᠥᠭᠦᠷᠢᠭ ᠨᠡᠮᠡᠭᠳᠡᠵᠦ᠂ ᠵᠢᠯ ᠪᠦᠷᠢ ᠳᠤᠮᠳᠠᠴᠢ ᠪᠠᠷ 1.04 % ᠪᠠᠷ ᠨᠡᠮᠡᠭᠳᠡᠨ᠂ ᠭᠤᠷᠪᠠᠳᠤᠭᠠᠷ | ᠠᠵᠤ ᠦᠢᠯᠡᠰ ᠤᠨ ᠨᠡᠮᠡᠭᠳᠡᠯ ᠥᠷᠲᠡᠭ 12.03 % ᠶᠢ ᠡᠵᠡᠯᠡᠵᠦ᠂ GDP ᠶᠢᠨ 4.48 % ᠶᠢ ᠡᠵᠡᠯᠡᠪᠡ᠃ | 2020 ᠣᠨ ᠤ ᠵᠢᠯ ᠤᠨ ᠡᠴᠦᠰ ᠤᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ | ᠲᠤᠭ᠎ᠠ 408.86 ᠳ᠋ᠦᠩᠰᠢᠭᠤᠷ ᠲᠥᠭᠦᠷᠢᠭ ᠪᠠᠶᠢᠵᠤ᠂ ︽12 ᠆ 5︾ ᠤ ᠲᠥᠯᠦᠪᠵᠢᠭᠦᠯᠭᠡ ᠶᠢᠨ | ᠰᠡᠭᠦᠯᠴᠢ ᠶᠢᠨ ᠬᠢ ᠠᠴᠠ 92.19 ᠳ᠋ᠦᠩᠰᠢᠭᠤᠷ ᠲᠥᠭᠦᠷᠢᠭ ᠨᠡᠮᠡᠭᠳᠡᠵᠦ᠂ 29.11 % ᠪᠠᠷ ᠨᠡᠮᠡᠭᠳᠡᠪᠡ︔ ᠡᠯ᠎ᠡ | ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 368.55 ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ | ᠬᠤᠶᠠᠳᠣᠭᠠᠷ ᠳᠠᠪᠣᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ ᠬᠢ ᠠᠴᠠ 54.88 | ᠳ᠋ᠦᠩᠰᠢᠭᠤᠷ ᠲᠥᠭᠦᠷᠢᠭ ᠨᠡᠮᠡᠭᠳᠡᠵᠦ᠂ 17.5 % ᠪᠠᠷ ᠨᠡᠮᠡᠭᠳᠡᠪᠡ︔ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠪᠦᠭᠦ ᠬᠥᠷᠥᠩᠭᠡ 496.56 ᠳ᠋ᠦᠩᠰᠢᠭᠤᠷ ᠲᠥᠭᠦᠷᠢᠭ ᠲᠤ ᠬᠦᠷᠴᠦ᠂ ︽ | ᠠᠷᠪᠠᠨ ᠬᠤᠶᠠᠳᠣᠭᠠᠷ ᠳᠠᠪᠣᠨ ᠵᠢᠯ︾ ᠤᠨ ᠲᠥᠯᠦᠪᠵᠢᠭᠦᠯᠭᠡ ᠶᠢᠨ ᠰᠡᠭᠦᠯᠴᠢ ᠶᠢᠨ ᠬᠢ ᠠᠴᠠ 66.96 | ᠳ᠋ᠦᠩᠰᠢᠭᠤᠷ ᠲᠥᠭᠦᠷᠢᠭ ᠨᠡᠮᠡᠭᠳᠡᠵᠦ᠂ 15.59 % ᠪᠠᠷ ᠨᠡᠮᠡᠭᠳᠡᠪᠡ᠃ ᠳᠠᠭᠠᠳᠬᠠᠯ ᠤᠨ ᠺᠤᠮᠫᠠᠨᠢ ᠶᠢᠨ | ᠳᠠᠭᠠᠳᠬᠠᠯ ᠤᠨ ᠵᠠᠷᠤᠳᠠᠯ ᠤᠨ ᠣᠷᠣᠯᠭ᠎ᠠ 12.84 ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ | ᠬᠤᠶᠠᠳᠤᠭᠠᠷ ᠲᠠᠪᠤᠨ ᠵᠢᠯ︾ ᠤᠨ ᠰᠡᠭᠦᠯᠴᠢ ᠶᠢᠨ ᠬᠢ ᠠᠴᠠ 6.17 ᠳ᠋ᠦᠩᠰᠢᠭᠤᠷ ᠲᠥᠭᠦᠷᠢᠭ ᠨᠡᠮᠡᠭᠳᠡᠨ᠂ 92. | 5 % ᠪᠠᠷ ᠨᠡᠮᠡᠭᠳᠡᠪᠡ︔ ᠲᠥᠯᠥᠪᠦᠷᠢ ᠥᠭᠭᠦ ᠵᠠᠷᠤᠯᠭ᠎ᠠ ᠶᠢ 3.37 ᠳ᠋ᠦᠩᠰᠢᠭᠤᠷ ᠲᠥᠭᠦᠷᠢᠭ ᠢᠶᠠᠷ | ᠲᠣᠬᠢᠷᠠᠭᠤᠯᠵᠤ᠂ 1.37 ᠳ᠋ᠦᠩᠰᠢᠭᠤᠷ ᠲᠥᠭᠦᠷᠢᠭ ᠨᠡᠮᠡᠭᠳᠡᠭᠦᠯᠦᠨ᠂ 40.65 % ᠪᠠᠷ ᠨᠡᠮᠡᠭᠳᠡᠭᠦᠯᠦᠨ᠎ᠡ᠃ | ᠪᠡᠯᠡ ᠲᠣᠬᠢᠷᠠᠭᠤᠯᠭ᠎ᠠ ᠶᠢᠨ ᠴᠢᠨᠠᠷᠲᠠᠢ ᠳᠠᠭᠠᠭᠠᠯᠲᠠ ᠶᠢᠨ ᠺᠤᠮᠫᠠᠨᠢ ᠶᠢᠨ ᠪᠠᠲᠤᠯᠠᠭ᠎ᠠ ᠶᠢᠨ ᠪᠡᠯᠡ ᠮᠥᠩᠭᠦ 3.61 | ᠳ᠋ᠦᠩᠰᠢᠭᠤᠷ ᠲᠥᠭᠦᠷᠢᠭ ᠪᠠᠶᠢᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠤ ᠰᠡᠭᠦᠯᠴᠢ ᠶᠢᠨ ᠬᠢ ᠠᠴᠠ 0.53 ᠳ᠋ᠦᠩᠰᠢᠭᠤᠷ ᠲᠥᠭᠦᠷᠢᠭ ᠪᠠᠭᠠᠰᠤᠭᠰᠠᠨ ᠪᠠᠶᠢᠨ᠎ᠠ᠃ ᠪᠦᠭᠦ | ᠠᠶᠢᠮᠠᠭ ᠤᠨ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠶᠢᠨ ᠳᠠᠩᠰᠠᠯᠠᠭᠤᠯᠤᠭᠰᠠᠨ ᠬᠥᠷᠥᠩᠭᠡ ᠮᠥᠩᠭᠦ 2.6 | ᠳ᠋ᠦᠩᠰᠢᠭᠤᠷ ᠲᠥᠭᠦᠷᠢᠭ ᠪᠠᠶᠢᠵᠤ᠂ ︽ᠠᠷᠪᠠᠨ ᠬᠤᠶᠠᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢᠨ | ᠬᠤᠭᠤᠴᠠᠭᠠᠨ ᠤ ᠰᠡᠭᠦᠯᠴᠢ ᠶᠢᠨ ᠬᠢ ᠠᠴᠠ 7.5 ᠳ᠋ᠦᠩᠰᠢᠭᠤᠷ ᠲᠥᠭᠦᠷᠢᠭ ᠬᠠᠰᠤᠭᠳᠠᠪᠠ︔ ᠵᠢᠭᠡᠯᠡᠯᠭᠡ ᠶᠢᠨ | ᠦᠯᠡᠳᠡᠪᠦᠷᠢ ᠲᠤᠭ᠎ᠠ 2.29 ᠳ᠋ᠦᠩᠰᠢᠭᠤᠷ ᠲᠥᠭᠦᠷᠢᠭ ᠪᠠᠶᠢᠵᠤ᠂ 6.06 ᠳ᠋ᠦᠩᠰᠢᠭᠤᠷ ᠲᠥᠭᠦᠷᠢᠭ | ᠬᠠᠰᠤᠭᠳᠠᠵᠠᠢ᠃ | ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠰᠢᠨ᠎ᠡ | ᠠᠬᠢᠯᠲᠠ ᠲᠠᠢ ᠪᠣᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠠᠶᠢᠮᠠᠭ | ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠬᠠᠪᠰᠤᠷᠤᠨ ᠵᠢᠯᠤᠭᠤᠳᠬᠤ | ᠪᠣᠯᠪᠠᠰᠤᠷᠠᠯ ᠢᠶᠠᠨ ᠴᠢᠩᠭᠠᠳᠬᠠᠨ᠂ ᠵᠠᠰᠠᠭ ᠤᠨ ᠣᠷᠳᠣᠨ᠂ ᠦᠨᠡᠲᠦ ᠲᠡᠮᠳᠡᠭᠲᠦ ᠶᠢᠨ ᠬᠤᠳᠠᠯᠳᠤᠭ᠎ᠠ᠂ | ᠠᠷᠠᠯᠵᠢᠶᠠᠨ ᠤ ᠭᠠᠵᠠᠷ ᠪᠠ ᠠᠵᠤ ᠠᠬᠤᠶᠢᠯᠠᠯ ᠤᠨ ᠬᠤᠭᠤᠷᠣᠨᠳᠣᠭᠢ ᠬᠠᠷᠢᠯᠴᠠᠨ ᠨᠡᠪᠲᠡᠷᠡᠯᠴᠡᠬᠦ ᠵᠣᠬᠢᠴᠠᠮᠵᠢ ᠶᠢ | ᠢᠳᠡᠪᠬᠢᠲᠡᠢ ᠪᠠᠶᠢᠭᠤᠯᠤᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠭᠦ ᠶᠢ ᠠᠬᠢᠭᠤᠯᠪᠠ᠃ | ︽ᠠᠯᠠᠱᠠ ᠠᠶᠢᠮᠠᠭ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠭᠦ ᠶᠢ ᠠᠬᠢᠭᠤᠯᠬᠤ | ᠭᠤᠷᠪᠠᠨ ᠵᠢᠯ ᠤᠨ ᠬᠡᠷᠡᠭᠵᠢᠭᠦᠯᠬᠦ ᠲᠥᠯᠥᠪᠯᠡᠭᠡ (2018 - 2020 )︾ ᠶᠢ ᠰᠤᠳᠤᠯᠤᠨ ᠭᠠᠷᠭᠠᠵᠤ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠲᠤᠰᠬᠠᠢ ᠵᠦᠢᠯ ᠤᠨ ᠲᠡᠳᠭᠦᠭᠦ ᠪᠡᠯᠡ ᠮᠥᠩᠭᠦ ᠶᠢ | ᠪᠠᠶᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠶᠢ ᠲᠡᠭᠦᠯᠳᠡᠷᠵᠢᠭᠦᠯᠦᠨ᠂ ︽ᠨᠢᠭᠡ | ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠪᠣᠶᠢᠵᠢᠭᠤᠯᠬᠤ᠂ ᠨᠢᠭᠡ ᠪᠦᠯᠦᠭ ᠢ ᠥᠭᠡᠷᠡᠴᠢᠯᠡᠬᠦ᠂ ᠨᠢᠭᠡ ᠪᠦᠯᠦᠭ ᠢ | ᠬᠠᠪᠰᠤᠷᠤᠨ ᠵᠢᠯᠤᠭᠤᠳᠬᠤ᠂ ᠨᠢᠭᠡ ᠪᠦᠯᠦᠭ ᠢ ᠮᠡᠳᠡᠭᠦᠯᠭᠦ᠂ ᠨᠢᠭᠡ ᠪᠦᠯᠦᠭ ᠢ ᠵᠠᠬ᠎ᠠ ᠳᠡᠯᠭᠡᠭᠦᠷ ᠲᠤ ᠭᠠᠷᠭᠠᠬᠤ︾ | ᠱᠠᠲᠤ ᠦᠶ᠎ᠡ ᠶᠢᠨ ᠪᠣᠶᠢᠵᠢᠭᠤᠯᠬᠤ ᠲᠣᠭᠲᠠᠴᠠ ᠶᠢ ᠪᠠᠶᠢᠭᠤᠯᠪᠠ᠃ 2 ᠠᠵᠤ ᠠᠬᠤᠶᠢᠯᠠᠯ ︽ᠰᠢᠨ᠎ᠡ ᠭᠤᠷᠪᠠᠳᠤᠭᠠᠷ | ᠰᠠᠮᠪᠠᠷ᠎ᠠ︾ ᠳᠤ ᠫᠠᠶᠢᠰᠠ ᠡᠯᠭᠦᠭᠳᠡᠵᠦ᠂ ︽ᠰᠢᠨ᠎ᠡ ᠭᠤᠷᠪᠠᠳᠤᠭᠠᠷ ᠰᠠᠮᠪᠠᠷ᠎ᠠ︾ ᠳᠤ ᠫᠠᠶᠢᠰᠠ ᠡᠯᠭᠦᠭᠰᠡᠨ ᠠᠵᠤ | ᠠᠬᠤᠶᠢᠯᠠᠯ ᠦᠭᠡᠢ ᠪᠠᠶᠢᠭᠰᠠᠨ ᠰᠢᠪᠲᠤᠯᠤᠯᠲᠠ ᠶᠢ ᠪᠡᠶᠡᠯᠡᠭᠦᠯᠵᠦ᠂ ᠨᠡᠶᠢᠲᠡ 74 ᠠᠵᠤ ᠠᠬᠤᠶᠢᠯᠠᠯ ᠣᠷᠣᠨ | ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠫᠠᠶᠢᠰᠠ ᠡᠯᠭᠦᠪᠡ᠃ ᠫᠠᠶᠢᠰᠠ | ᠡᠯᠭᠦᠭᠰᠡᠨ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠳᠡᠰ ᠤᠨ ᠣᠯᠠᠨ ᠳᠡᠰ ᠳᠠᠪᠬᠤᠷᠭ᠎ᠠ ᠶᠢᠨ | ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠲᠣᠬᠢᠷᠠᠭᠤᠯᠭ᠎ᠠ ᠶᠢᠨ ᠵᠠᠷᠤᠳᠠᠯ ᠤᠨ ᠨᠥᠬᠦᠪᠦᠷᠢ 175 ᠲᠦᠮᠡᠨ | ᠲᠥᠭᠦᠷᠢᠭ᠂ ᠠᠶᠢᠮᠠᠭ ᠬᠤᠰᠢᠭᠤ ( ᠨᠡᠭᠡᠭᠡᠯᠳᠡ ᠶᠢᠨ ᠣᠷᠣᠨ ) ᠬᠤᠶᠠᠷ ᠱᠠᠲᠤᠨ ᠤ ᠣᠯᠠᠨ ᠳᠡᠰ ᠳᠠᠪᠬᠤᠷᠭ᠎ᠠ ᠶᠢᠨ | ᠬᠥᠷᠥᠩᠭᠡ ᠶᠢᠨ ᠵᠠᠬ᠎ᠠ ᠳᠡᠯᠭᠡᠭᠦᠷ ᠤᠨ ᠱᠠᠩᠨᠠᠯ ᠤᠨ ᠨᠥᠬᠦᠪᠦᠷᠢ 735 ᠲᠦᠮᠡᠨ ᠲᠥᠭᠦᠷᠢᠭ ᠭᠦᠷᠲᠡᠪᠡ᠃ ᠪᠦᠭᠦ | ᠠᠶᠢᠮᠠᠭ ᠲᠤ 1 ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ᠂ 2 ︽ᠰᠢᠨ᠎ᠡ ᠭᠤᠷᠪᠠᠳᠤᠭᠠᠷ ᠰᠠᠮᠪᠠᠷ᠎ᠠ︾ | ᠳᠤ ᠨᠡᠷᠡᠶᠢᠳᠦᠯ ᠢᠶᠠᠨ ᠬᠠᠲᠠᠭᠰᠠᠨ ᠠᠵᠤ ᠠᠬᠤᠶᠢᠯᠠᠯ᠂ 74 ᠣᠷᠣᠨ ᠲᠣᠭᠤᠷᠢᠭ ᠤᠨ ᠰᠲ᠋ᠣᠺ ᠤᠨ ᠡᠷᠬᠡ ᠶᠢᠨ | ᠠᠷᠠᠯᠵᠢᠶᠠᠨ ᠤ ᠵᠠᠬ᠎ᠠ ᠳᠡᠯᠭᠡᠭᠦᠷ ᠤᠨ ᠫᠠᠶᠢᠰᠠ ᠡᠯᠭᠦᠭᠰᠡᠨ ᠠᠵᠤ ᠠᠬᠤᠶᠢᠯᠠᠯ ᠪᠤᠢ᠃ | ᠪᠡᠯᠡ ᠬᠤᠷᠠᠮᠳᠤᠭᠤᠯᠬᠤ ᠦᠢᠯᠡᠴᠢᠯᠡᠭᠡ ᠶᠢ ᠨᠡᠩ ᠡᠯᠪᠡᠭ ᠪᠠᠶᠠᠯᠢᠭ ᠪᠦᠲᠦᠮᠵᠢᠲᠡᠢ ᠪᠣᠯᠭᠠᠪᠠ᠃ | ᠢᠲᠡᠭᠡᠮᠵᠢᠲᠦ ᠵᠢᠭᠡᠯᠡᠯᠭᠡ ᠶᠢᠨ ᠠᠵᠤ ᠠᠬᠤᠶᠢᠯᠠᠯ ᠤᠨ ︽ᠴᠡᠪᠡᠷ ᠨᠡᠷᠡᠰ︾ ᠤᠨ ᠲᠣᠭᠲᠠᠴᠠ ᠶᠢ ᠪᠠᠶᠢᠭᠤᠯᠵᠤ᠂ | ᠠᠶᠢᠮᠠᠭ᠂ ᠬᠤᠰᠢᠭᠤᠨ ᠤ ᠪᠡᠯᠡ ᠬᠤᠷᠠᠮᠳᠤᠭᠤᠯᠬᠤ ᠲᠥᠷᠥᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠪᠡᠯᠡ ᠬᠤᠷᠠᠮᠳᠤᠭᠤᠯᠬᠤ ᠲᠥᠷᠥᠯ ᠵᠦᠢᠯ ᠤᠨ ᠳᠠᠩᠰᠠ ᠶᠢ ᠨᠠᠶᠢᠷᠠᠭᠤᠯᠤᠨ ᠵᠣᠬᠢᠶᠠᠵᠤ᠂ | ᠠᠶᠢᠮᠠᠭ ᠤᠨ ᠳᠣᠲᠣᠭᠠᠳᠤ ᠭᠠᠳᠠᠭᠠᠳᠤ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠢᠳᠡᠪᠬᠢᠲᠡᠢ | ᠰᠠᠨᠠᠭᠠᠴᠢᠯᠠᠭ᠎ᠠ ᠲᠠᠢ ᠪᠠᠷ ᠲᠠᠨᠢᠯᠴᠠᠭᠤᠯᠵᠤ᠂ ᠵᠠᠰᠠᠭ ᠵᠠᠬᠢᠷᠭ᠎ᠠ ᠮᠥᠩᠭᠦᠨ ᠭᠦᠢᠯᠭᠡᠭᠡᠨ ᠤ ᠪᠡᠯᠡ ᠮᠥᠩᠭᠦ ᠶᠢ | ᠵᠣᠯᠭᠠᠭᠤᠯᠬᠤ ᠠᠵᠢᠯᠯᠠᠭ᠎ᠠ ᠶᠢ 30 ᠭᠠᠷᠤᠢ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠢᠭᠡ ᠪᠦᠯᠦᠭ | ᠴᠢᠬᠤᠯᠠ ᠶᠡᠭᠡ ᠲᠥᠷᠥᠯ ᠵᠦᠢᠯ ᠪᠠ ᠭᠤᠣᠯᠳᠠᠯᠭ᠎ᠠ ᠲᠠᠢ ᠠᠵᠤ ᠠᠬᠤᠶᠢᠯᠠᠯ ᠬᠢᠭᠡᠳ ᠮᠥᠩᠭᠦᠨ ᠭᠦᠢᠯᠭᠡᠭᠡᠨ ᠤ | ᠬᠥᠷᠥᠩᠭᠡ ᠶᠢ ᠨᠠᠷᠢᠯᠢᠭ ᠣᠨᠣᠪᠴᠢᠲᠠᠢ ᠵᠣᠯᠭᠠᠭᠤᠯᠬᠤ ᠶᠢ ᠠᠬᠢᠭᠤᠯᠪᠠ᠃ ᠮᠠᠨ ᠤ ᠠᠶᠢᠮᠠᠭ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠢ ᠭᠠᠵᠠᠷ ᠣᠷᠣᠨ ᠤ ᠪᠣᠳᠠᠲᠤ ᠪᠠᠶᠢᠳᠠᠯ ᠳᠤ ᠴᠢᠭᠯᠡᠭᠦᠯᠦᠨ᠂ ᠣᠨᠴᠠᠯᠢᠭᠲᠤ | ᠪᠦᠲᠦᠭᠡᠭᠳᠡᠬᠦᠨ ᠢ ᠢᠳᠡᠪᠬᠢᠲᠡᠢ ᠰᠢᠨᠡᠴᠢᠯᠡᠪᠡ᠃ ᠨᠢᠭᠡ ᠳᠤ᠂ ᠢᠨᠲ᠋ᠧᠷ ᠰᠦᠯᠵᠢᠶ᠎ᠡ᠂ ᠡᠭᠦᠯᠡᠨ ᠪᠣᠳᠣᠯᠲᠠ᠂ ᠲᠣᠮᠣ | ᠳ᠋ᠠᠶᠢᠲ᠋ᠠ ᠵᠡᠷᠭᠡ ᠣᠳᠣᠬᠢᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠦᠢᠯᠡᠴᠢᠯᠡᠭᠡᠨ ᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃ ᠵᠢᠱᠢᠶᠡᠯᠡᠪᠡᠯ᠄ | ᠲᠠᠷᠢᠶᠠᠯᠠᠩ ᠤᠨ ᠪᠠᠩᠬᠢ ᠨᠢ ︽ᠪᠢᠴᠢᠯ ᠳᠥᠭᠦᠮ ᠵᠢᠭᠡᠯᠡᠯᠭᠡ︾᠂ ︽ᠰᠦᠯᠵᠢᠶᠡᠨ ᠳᠥᠲᠡ ᠵᠢᠭᠡᠯᠡᠯᠭᠡ︾᠂ | ᠪᠠᠷᠢᠴᠠᠭᠠᠲᠤ ᠵᠢᠭᠡᠯᠡᠯᠭᠡ᠂ ︽ᠭᠠᠶᠢᠯᠢ ᠲᠤᠰᠢᠶᠠᠭᠰᠠᠨ e ᠵᠢᠭᠡᠯᠡᠯᠭᠡ︾ ᠵᠡᠷᠭᠡ ᠰᠦᠯᠵᠢᠶᠡᠨ ᠪᠦᠳᠦᠭᠡᠭᠳᠡᠬᠦᠨ ᠢ | ᠵᠠᠯᠭᠠᠪᠡᠷ ᠭᠠᠷᠭᠠᠵᠤ᠂ ᠲᠠᠷᠢᠶᠠᠯᠠᠩ ᠤᠨ ᠪᠠᠩᠬᠢ ᠶᠢᠨ ᠶᠡᠭᠡ ᠲᠤᠭ᠎ᠠ ᠪᠠᠷᠢᠮᠲᠠ ᠶᠢᠨ ᠳᠠᠪᠠᠭᠤᠯᠢᠭ ᠢ ᠪᠠᠳᠠᠷᠠᠭᠤᠯᠵᠤ᠂ | ᠬᠡᠷᠡᠭᠯᠡᠭᠴᠢᠳ ᠤᠨ ᠡᠳᠦᠷ ᠲᠤᠲᠤᠮ ᠤᠨ ᠡᠵᠡᠩᠨᠡᠯᠲᠡ ᠶᠢᠨ ᠬᠡᠷᠡᠭᠴᠡᠭᠡ ᠶᠢ ᠬᠠᠩᠭᠠᠵᠤ ᠪᠤᠢ︔ ︽ᠵᠢᠵᠢᠭ ᠪᠢᠴᠢᠯ | ᠲᠦᠷᠭᠡᠨ ᠵᠢᠭᠡᠯᠡᠯᠭᠡ︾ ᠶᠢ ᠭᠠᠷᠭᠠᠨ ᠴᠢᠨᠠᠷ ᠰᠠᠶᠢᠲᠠᠢ ᠵᠢᠵᠢᠭ ᠪᠢᠴᠢᠯ ᠠᠵᠤ ᠠᠬᠤᠶᠢᠯᠠᠯ ᠳᠤ ᠡᠯᠧᠺᠲᠷᠣᠨ ᠠᠷᠭ᠎ᠠ | ᠵᠠᠮ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠵᠤ ᠪᠤᠯᠬᠤ᠂ ᠲᠤᠬᠠᠢ ᠶᠢᠨ ᠴᠠᠭ ᠲᠤᠨᠢ ᠬᠢᠨᠠᠨ | ᠵᠥᠪᠰᠢᠶᠡᠷᠡᠬᠦ᠂ ᠭᠡᠷ᠎ᠡ ᠲᠣᠭᠲᠠᠬᠤ᠂ ᠵᠠᠷᠤᠴᠠᠭᠤᠯᠬᠤ ᠪᠠ ᠵᠣᠭᠤᠰ ᠪᠤᠴᠠᠭᠠᠬᠤ ᠲᠦᠷᠭᠡᠨ ᠪᠥᠭᠡᠳ ᠥᠪᠡᠰᠦᠪᠡᠨ | ᠲᠤᠰᠠᠯᠠᠬᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠶᠠᠪᠣᠭᠤᠯᠪᠠ᠃ ᠬᠤᠶᠠᠷ ᠲᠤ ᠲᠦᠭᠡᠮᠡᠯ ᠠᠰᠢᠭ ᠬᠦᠷᠲᠡᠭᠡᠬᠦ | ᠮᠥᠩᠭᠦᠨ ᠭᠦᠢᠯᠭᠡᠭᠡᠨ ᠤ ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠤᠨ ᠣᠨᠴᠠᠯᠢᠭ ᠪᠠ ᠬᠡᠷᠡᠭᠴᠡᠭᠡ | ᠱᠠᠭᠠᠷᠳᠠᠯᠭ᠎ᠠ ᠳᠤ ᠴᠢᠭᠯᠡᠭᠦᠯᠦᠨ᠂ ᠲᠤᠰᠬᠠᠢ ᠲᠥᠷᠥᠯ ᠤᠨ ᠦᠢᠯᠡᠳᠬᠦᠨ ᠪᠠ ᠦᠢᠯᠡᠴᠢᠯᠡᠭᠡ ᠶᠢ ᠪᠤᠢ ᠪᠣᠯᠭᠠᠪᠠ᠃ | ᠵᠢᠱᠢᠶᠡᠯᠡᠪᠡᠯ᠄ ᠦᠢᠯᠡᠳᠪᠦᠷᠢ ᠬᠤᠳᠠᠯᠳᠤᠭᠠᠨ ᠤ ᠪᠠᠩᠬᠢ ︽ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠨᠡᠶᠢᠳᠡᠮ | ᠬᠠᠷᠠᠭᠠᠯᠵᠠᠯ ᠬᠦᠷᠳᠡᠭᠡᠬᠦ︾ ᠵᠢᠵᠢᠭ ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠤᠬᠠᠭᠤᠯᠭ᠎ᠠ ᠡᠵᠡᠩᠨᠡᠯᠲᠡ | ᠪᠣᠷᠤᠯᠠᠭᠤᠯᠭ᠎ᠠ ᠶᠢᠨ ᠠᠵᠢᠯᠯᠠᠭ᠎ᠠ ᠦᠷᠨᠢᠬᠦᠯᠪᠡ︔ ᠲᠠᠷᠢᠶᠠᠯᠠᠩ ᠤᠨ ᠪᠠᠩᠬᠢ ᠨᠢ ᠪᠦᠭᠦ ᠠᠶᠢᠮᠠᠭ ᠤᠨ ᠡᠯ᠎ᠡ | ᠲᠥᠷᠥᠯ ᠤᠨ ᠳᠤᠮᠳᠠ ᠵᠢᠵᠢᠭ ᠠᠵᠤ ᠠᠬᠤᠶᠢᠯᠠᠯ ᠪᠠ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠢ 6 ᠪᠦᠯᠦᠭ | ᠪᠣᠯᠭᠠᠨ ᠬᠤᠪᠢᠶᠠᠵᠤ᠂ ︽ᠨᠢᠭᠡ ᠤᠳᠠᠭ᠎ᠠ ᠪᠠᠶᠢᠴᠠᠭᠠᠬᠤ᠂ ᠨᠢᠭᠡ ᠤᠳᠠᠭ᠎ᠠ ᠳᠤ ᠬᠢᠨᠠᠨ ᠪᠠᠶᠢᠴᠠᠭᠠᠬᠤ᠂ ᠨᠢᠭᠡ | ᠤᠳᠠᠭ᠎ᠠ ᠳᠤ ᠬᠢᠨᠠᠨ ᠵᠥᠪᠰᠢᠶᠡᠷᠡᠬᠦ︾ ᠭᠡᠯᠪᠡᠷᠢ ᠪᠠᠷ ᠪᠦᠯᠦᠭᠯᠡᠯ ᠤᠨ ᠳᠣᠲᠣᠭᠠᠳᠤ ᠳᠠᠬᠢ ᠵᠢᠭᠡᠯᠡᠯᠭᠡ ᠶᠢ ᠬᠢᠨᠠᠨ | ᠵᠥᠪᠰᠢᠶᠡᠷᠡᠬᠦ ᠦᠷ᠎ᠡ ᠪᠦᠳᠦᠮᠵᠢ ᠶᠢ ᠳᠡᠭᠡᠭᠰᠢᠯᠡᠬᠦᠯᠪᠡ︔ ᠦᠬᠠᠢ ᠪᠠᠩᠬᠢ ᠨᠢ ᠵᠠᠰᠠᠭ ᠤᠨ ᠣᠷᠳᠣᠨ ᠤ ᠬᠥᠳᠡᠭᠡ | ᠲᠣᠰᠬᠤᠨ ᠤ ᠰᠠᠭᠤᠭᠠᠯᠢ ᠡᠷᠦᠭᠡ ᠶᠢᠨ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠪᠡᠯᠡ ᠮᠥᠩᠭᠦ ᠶᠢ | ᠰᠢᠢᠳᠪᠦᠷᠢᠯᠡᠬᠦ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠭᠦ ᠶᠢᠨ ᠲᠥᠯᠥᠭᠡ ︽ᠲᠠᠷᠢᠶᠠᠴᠢᠳ ᠲᠤ ᠲᠤᠰᠠᠯᠠᠬᠤ | ᠵᠢᠭᠡᠯᠡᠯᠭᠡ︾ ᠭᠠᠷᠭᠠᠵᠠᠢ︔ ᠬᠦᠳᠡᠭᠡ ᠳᠣᠰᠬᠤᠨ ᠤ ᠬᠤᠳᠠᠯᠳᠤᠭᠠᠨ ᠤ ᠪᠠᠩᠬᠢ ᠨᠢ ︽ᠬᠤᠳᠠᠯᠳᠤᠭ᠎ᠠ ᠶᠢ ᠲᠤᠰᠠᠯᠠᠬᠤ | ᠵᠢᠭᠡᠯᠡᠯᠭᠡ︾᠂ ︽ᠲᠠᠷᠢᠶᠠᠯᠠᠩ ᠢ ᠲᠤᠰᠠᠯᠠᠬᠤ ᠵᠢᠭᠡᠯᠡᠯᠭᠡ︾᠂ ︽ᠠᠳᠠᠯ ᠦᠢᠯᠡᠰ ᠴᠣᠭᠴᠠᠯᠠᠬᠤ ᠵᠢᠭᠡᠯᠡᠯᠭᠡ︾ ᠵᠡᠷᠭᠡ | ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠢ ᠢᠳᠡᠪᠬᠢᠲᠡᠢ ᠰᠢᠨ᠎ᠡ ᠪᠠᠷ ᠡᠭᠦᠳᠦᠨ ᠳᠡᠯᠭᠡᠷᠡᠭᠦᠯᠵᠦ᠂ ᠮᠠᠯᠴᠢᠨ | ᠲᠠᠷᠢᠶᠠᠴᠢᠨ ᠤ ᠵᠢᠭᠡᠯᠡᠯᠭᠡ ᠵᠢᠭᠡᠯᠡᠬᠦ ᠳᠤ ᠬᠦᠴᠢᠷᠲᠡᠢ᠂ ᠳᠠᠭᠠᠭᠠᠯᠲᠠ ᠬᠢᠬᠦ ᠳᠤ ᠬᠦᠴᠢᠷᠲᠡᠢ ᠵᠡᠷᠭᠡ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠪᠡ᠃ ᠭᠤᠷᠪᠠ ᠳᠤ ᠳᠠᠭᠠᠳᠬᠠᠯ ᠤᠨ ᠪᠠᠶᠢᠭᠤᠯᠤᠮᠵᠢ ᠣᠷᠣᠨ ᠨᠤᠲᠤᠭ ᠤᠨ ᠣᠨᠴᠠᠯᠢᠭᠲᠤ | ᠳᠠᠭᠠᠳᠬᠠᠯ ᠤᠨ ᠲᠥᠷᠥᠯ ᠵᠦᠢᠯ ᠤᠨ ᠦᠷᠭᠦᠯᠵᠢᠯᠡᠨ ᠭᠦᠭᠵᠢᠭᠦ ᠶᠢ ᠢᠳᠡᠪᠬᠢᠲᠡᠢ ᠪᠠᠷ ᠠᠬᠢᠭᠤᠯᠪᠠ᠃ ᠵᠢᠱᠢᠶᠡᠯᠡᠪᠡᠯ᠄ | ᠠᠮᠢ ᠨᠠᠰᠣᠨ ᠤ ᠳᠠᠭᠠᠳᠬᠠᠯ ᠡᠳ᠋ ᠬᠥᠷᠥᠩᠭᠡ ᠶᠢᠨ ᠳᠠᠭᠠᠳᠬᠠᠯ ᠤᠨ ᠠᠯᠠᠱᠠ ᠠᠶᠢᠮᠠᠭ ᠤᠨ ᠬᠤᠪᠢᠶᠠᠷᠢ ᠺᠤᠮᠫᠠᠨᠢ | ᠡᠵᠡᠨ᠎ᠡ ᠬᠤᠰᠢᠭᠤᠨ ᠳᠤ ᠶᠡᠷᠦᠩᠬᠡᠶᠢᠯᠡᠨ ᠵᠠᠰᠠᠬᠤ ᠳᠠᠭᠠᠳᠬᠠᠯ ᠢ ᠲᠤᠷᠰᠢᠨ ᠬᠢᠵᠦ᠂ ᠲᠤᠬᠠᠢ ᠶᠢᠨ ᠭᠠᠵᠠᠷ ᠤᠨ | ᠵᠠᠰᠠᠭ ᠤᠨ ᠣᠷᠳᠣᠨ ᠳᠤ ︽2019 ᠣᠨ ᠤ ᠠᠷᠪᠠᠨ ᠶᠡᠭᠡ ᠠᠷᠠᠳ ᠤᠨ ᠲᠥᠯᠥᠭᠡ ᠪᠣᠳᠠᠲᠠᠢ ᠠᠵᠢᠯ ᠬᠢᠬᠦ︾ | ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠨᠢᠭᠡ ᠪᠠᠷ ᠲᠣᠭᠲᠠᠭᠠᠭᠳᠠᠵᠠᠢ᠃ ᠳᠥᠷᠪᠡ ᠳᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠢ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ | ᠪᠠ ᠠᠵᠢᠯ ᠢᠶᠠᠨ ᠰᠡᠷᠭᠦᠭᠡᠵᠦ ᠳᠠᠭᠢᠨ ᠦᠢᠯᠡᠳᠪᠦᠷᠢᠯᠡᠬᠦ ᠳᠤᠨᠢ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢ | ᠪᠦᠲᠦᠮᠵᠢᠲᠡᠢ ᠬᠠᠩᠭᠠᠭᠰᠠᠨ ᠪᠠᠶᠢᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠮᠠᠨ ᠤ ᠠᠶᠢᠮᠠᠭ ︽ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠ ᠠᠵᠤ ᠠᠬᠤᠶᠢᠯᠠᠯ ᠤᠨ | ᠠᠵᠢᠯ ᠢᠶᠠᠨ ᠰᠡᠷᠭᠦᠭᠡᠬᠦ ᠶᠢ ᠳᠡᠮᠵᠢᠭᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠴᠢᠬᠤᠯᠠ ᠵᠦᠢᠯ︾ ᠢ | ᠡᠮᠬᠢᠳᠬᠡᠨ ᠨᠠᠶᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠮᠥᠩᠭᠦᠨ ᠭᠦᠢᠯᠭᠡᠭᠡᠨ ᠤ | ᠪᠦᠲᠦᠭᠡᠭᠳᠡᠬᠦᠨ ᠢ ᠴᠠᠭ ᠲᠤᠬᠠᠢ ᠳᠤᠨᠢ ᠤᠬᠠᠭᠤᠯᠤᠨ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠭᠤᠣᠯᠳᠠᠯᠭ᠎ᠠ ᠲᠠᠢ ᠡᠮᠨᠡᠯᠭᠡ ᠶᠢᠨ ᠬᠡᠷᠡᠭᠯᠡᠭᠡᠨ ᠤ ᠡᠳ᠋ ᠪᠣᠳᠠᠰ ᠵᠢᠴᠢ ᠠᠮᠢᠳᠤᠷᠠᠯ ᠤᠨ ᠡᠳ᠋ | ᠪᠣᠳᠠᠰ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠭᠤᠣᠯᠳᠠᠯᠭ᠎ᠠ ᠲᠠᠢ ᠪᠠᠲᠤᠯᠠᠬᠤ ᠠᠵᠤ ᠠᠬᠤᠶᠢᠯᠠᠯ ᠲᠠᠢ | ᠢᠳᠡᠪᠬᠢᠲᠡᠢ ᠵᠣᠯᠭᠠᠭᠤᠯᠬᠤ ᠪᠠᠷ ᠬᠥᠲᠥᠯᠥᠨ ᠵᠢᠯᠣᠭᠤᠳᠪᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠢ ᠡᠬᠡ ᠮᠥᠩᠭᠦ ᠪᠠ ᠬᠦᠦ ᠮᠥᠩᠭᠦ ᠶᠢ ᠪᠤᠴᠠᠭᠠᠬᠤ ᠵᠡᠷᠭᠡ ᠮᠥᠩᠭᠦᠨ ᠭᠦᠢᠯᠭᠡᠭᠡᠨ ᠤ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠰᠦᠢᠳᠬᠡᠯ ᠬᠠᠰᠤᠵᠤ ᠠᠰᠢᠭ ᠣᠯᠭᠤᠨ᠂ | ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠬᠤ᠂ ᠡᠬᠡ ᠮᠥᠩᠭᠦ ᠪᠠ ᠵᠢᠭᠡᠯᠡᠯᠭᠡ ᠪᠠᠨ ᠪᠤᠴᠠᠭᠠᠬᠤ ᠦᠭᠡᠢ᠂ ᠬᠦᠦ | ᠮᠥᠩᠭᠦ ᠶᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ | ᠬᠦᠴᠢᠷᠳᠡᠯ ᠠᠴᠠ ᠠᠩᠭᠢᠵᠢᠷᠠᠵᠤ ᠭᠦᠭᠵᠢᠭᠦ ᠶᠢ ᠬᠠᠪᠰᠣᠷᠪᠠ᠃ | ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠲᠠᠰᠤᠷᠠᠯᠲᠠ ᠦᠭᠡᠢ ᠰᠠᠶᠢᠵᠢᠷᠠᠪᠠ᠃ ᠨᠢᠭᠡ ᠳᠤ ᠮᠥᠩᠭᠦᠨ | ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠪᠣᠳᠠᠲᠤ ᠦᠷ᠎ᠡ ᠪᠦᠲᠦᠮᠵᠢ ᠣᠯᠪᠠ᠃ ︽ᠠᠯᠠᠱᠠ | ᠠᠶᠢᠮᠠᠭ ᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠡᠷᠡᠭᠵᠢᠭᠦᠯᠬᠦ | ᠲᠥᠰᠥᠯ︾᠂ ︽ᠠᠯᠠᠱᠠ ᠠᠶᠢᠮᠠᠭ ᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾᠂ ︽ᠠᠯᠠᠱᠠ ᠠᠶᠢᠮᠠᠭ ᠤᠨ ᠮᠥᠩᠭᠦᠨ | ᠭᠦᠢᠯᠭᠡᠭᠡᠨ ᠤ ᠠᠵᠤ ᠦᠢᠯᠡᠰ ᠤᠨ ᠡᠷᠡᠭᠦᠯ ᠢᠶᠠᠷ ᠭᠦᠭᠵᠢᠭᠦ ᠶᠢ ᠠᠬᠢᠭᠤᠯᠬᠤ ᠲᠤᠬᠠᠢ ᠰᠠᠨᠠᠯ︾ ᠵᠡᠷᠭᠡ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠮᠥᠩᠭᠦᠨ ᠭᠦᠢᠯᠭᠡᠭᠡᠨ ᠤ ᠬᠦᠨᠳᠦ ᠶᠡᠭᠡ ᠲᠦᠭᠰᠢᠭᠦᠷᠢ ᠶᠢ | ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠵᠥᠪᠳᠡᠯᠴᠡᠬᠦ ᠪᠠ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠳᠦᠷᠢᠮ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠬᠤᠭᠤᠴᠠᠭᠠᠨ ᠳᠤ᠂ ᠠᠮᠢᠳᠤᠯᠢᠭ ᠢᠶᠠᠷ ᠪᠡᠯᠡᠨ ᠵᠣᠭᠤᠰ ᠬᠤᠷᠢᠶᠠᠵᠤ ᠠᠪᠬᠤ᠂ ᠬᠠᠷᠭᠤᠭᠤᠯᠤᠨ ᠬᠠᠰᠤᠬᠤ ᠵᠡᠷᠭᠡ | ᠣᠯᠠᠨ ᠵᠦᠢᠯ ᠤᠨ ᠠᠷᠭ᠎ᠠ ᠭᠡᠯᠪᠡᠷᠢ ᠶᠢ ᠠᠪᠴᠤ ᠪᠠᠶᠢᠭᠠᠳ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠵᠦ᠂ ᠪᠦᠭᠦ | ᠠᠶᠢᠮᠠᠭ ᠤᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠪᠤᠰᠤ ᠵᠢᠭᠡᠯᠡᠯᠭᠡ ᠶᠢᠨ | ᠨᠣᠷᠮ᠎ᠠ ᠬᠠᠮᠤᠭ ᠤᠨ ᠥᠨᠳᠥᠷ ᠦᠶ᠎ᠡ ᠳᠡᠭᠡᠨ ᠵᠠᠭᠤᠨ ᠤ ᠬᠠᠷᠢᠴᠠᠯ ᠢᠶᠠᠷ 16.47 ᠬᠤᠪᠢ ᠪᠠᠭᠤᠷᠠᠪᠠ᠃ ᠶᠡᠭᠡ | ᠲᠦᠭᠰᠢᠭᠦᠷᠢᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠠᠷᠢᠯᠭᠠᠬᠤ ᠠᠵᠢᠯ ᠦᠷ᠎ᠡ | ᠪᠦᠲᠦᠮᠵᠢ ᠣᠯᠵᠤ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠶᠠᠷ ᠬᠤᠷᠰᠢᠶ᠎ᠠ ᠵᠦᠢ ᠪᠤᠰᠤ ᠵᠢᠭᠡᠯᠡᠯᠭᠡ ᠶᠢᠨ ︽ | ᠬᠤᠶᠠᠷ ᠢ ᠪᠠᠭᠤᠷᠠᠭᠤᠯᠬᠤ︾ ᠬᠠᠷᠠᠯᠲᠠ ᠶᠢ ᠪᠡᠶᠡᠯᠡᠭᠦᠯᠵᠦ᠂ ᠠᠯᠠᠱᠠ ᠪᠠᠷᠠᠭᠤᠨ ᠬᠤᠰᠢᠭᠤᠨ ᠤ ᠢᠲᠡᠭᠡᠮᠵᠢ ᠶᠢᠨ | ᠬᠤᠯᠪᠣᠭᠠᠲᠤ ᠬᠤᠷᠰᠢᠶ᠎ᠠ 1 ᠵᠢᠯ ᠤᠨ ᠡᠮᠦᠨ᠎ᠡ ᠳᠦᠭᠰᠢᠭᠦᠷᠢ ᠶᠡᠬᠡᠲᠡᠢ ᠬᠤᠷᠰᠢᠶ᠎ᠠ ᠶᠢ ᠴᠣᠴᠠᠯᠠᠵᠠᠢ᠃ ᠬᠤᠶᠠᠷ ᠲᠤ | ᠮᠥᠩᠭᠦᠨ ᠭᠦᠢᠯᠭᠡᠭᠡᠨ ᠤ ᠭᠡᠨᠡᠳᠲᠡ ᠶᠢᠨ ᠬᠡᠷᠡᠭ ᠢ ᠬᠢᠨᠠᠨ ᠰᠢᠨᠵᠢᠭᠦ ᠪᠠ ᠰᠢᠢᠳᠪᠦᠷᠢᠯᠡᠬᠦ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠬᠦ ᠪᠠ ᠴᠣᠬᠢᠯᠲᠠ ᠥᠭᠭᠦ ᠵᠡᠷᠭᠡ ᠴᠢᠬᠤᠯᠠ ᠶᠡᠭᠡ ᠲᠤᠰᠬᠠᠢ ᠵᠦᠢᠯ ᠤᠨ ᠠᠵᠢᠯ ᠤᠨ | ᠵᠣᠬᠢᠴᠠᠭᠤᠯᠬᠤ ᠲᠣᠭᠲᠠᠴᠠ ᠶᠢᠨ ᠠᠵᠢᠯᠯᠠᠭᠠᠨ ᠨᠢ ᠤᠷᠤᠭᠰᠢᠲᠠᠢ ᠪᠠᠶᠢᠵᠤ᠂ P2P ᠰᠦᠯᠵᠢᠶᠡᠨ ᠵᠢᠭᠡᠯᠡᠯᠭᠡ ᠶᠢᠨ | ᠪᠠᠶᠢᠭᠤᠯᠤᠮᠵᠢ ᠶᠢ ᠴᠣᠴᠠᠯᠠᠬᠤ ᠠᠵᠢᠯ ᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠦ ᠲᠠᠢ | ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠤᠭᠤᠲᠤ ᠶᠢᠨ | ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠠᠯᠠᠱᠠ ᠬᠤᠪᠢᠶᠠᠷᠢ ᠪᠠᠩᠬᠢ ᠶᠢᠨ | ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠵᠦ᠂ ᠦᠪᠦᠷ ᠮᠣᠩᠭᠤᠯ ᠬᠤᠳᠠᠯᠳᠤᠭᠠᠨ ᠤ | ᠪᠠᠩᠬᠢ ᠶᠢᠨ ᠤᠷᠤᠭᠰᠢᠲᠠᠢ ᠠᠵᠢᠯ ᠡᠭᠢᠯᠡᠭᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ | ᠲᠣᠭᠲᠠᠭᠤᠨ ᠠᠵᠢᠯᠯᠠᠭᠠᠨ ᠢ ᠪᠠᠲᠤᠯᠠᠪᠠ᠃ ᠭᠤᠷᠪᠠ ᠳᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠶᠢᠨ ᠬᠢᠨᠠᠨ ᠬᠠᠮᠢᠶᠠᠷᠬᠤ ᠴᠢᠳᠠᠪᠤᠷᠢ ᠢᠯᠡᠳᠲᠡ ᠳᠡᠭᠡᠭᠰᠢᠯᠡᠪᠡ᠃ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ᠂ ᠠᠵᠢᠯᠲᠠᠨ ᠤ ᠬᠢᠨᠠᠯᠲᠠ | ᠬᠠᠮᠢᠶᠠᠷᠤᠯᠲᠠ᠂ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ᠂ ᠴᠢᠳᠠᠮᠵᠢ ᠶᠢ ᠬᠢᠨᠠᠨ ᠬᠠᠮᠢᠶᠠᠷᠬᠤ ᠶᠢ ᠴᠢᠩᠭᠠᠷᠠᠭᠤᠯᠵᠤ | ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ︽ᠬᠢᠨᠠᠨ ᠬᠠᠮᠢᠶᠠᠷᠬᠤ ᠣᠨ︾ ᠤ | ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠶᠢᠨ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠢ ᠣᠶᠢᠯᠠᠭᠠᠵᠤ᠂ ᠨᠢᠭᠡ ᠪᠦᠯᠦᠭ ︽ | ᠬᠤᠭᠤᠰᠤᠨ ᠬᠠᠭᠤᠳᠠᠰᠤ︾᠂ ︽ᠬᠠᠷᠢᠯᠴᠠᠭ᠎ᠠ ᠲᠠᠰᠤᠷᠠᠭᠰᠠᠨ︾᠂ ︽ᠦᠬᠦᠰᠢᠷᠡᠭᠰᠡᠨ︾ ᠠᠵᠤ ᠠᠬᠤᠶᠢᠯᠠᠯ ᠢ | ᠢᠯᠭᠠᠷᠠᠭᠤᠯᠤᠨ ᠴᠡᠭᠴᠡᠯᠡᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ | ᠡᠷᠡᠭᠦᠯ ᠪᠥᠭᠡᠳ ᠡᠮᠬᠢ ᠵᠢᠷᠤᠮ ᠲᠠᠢ ᠪᠠᠷ ᠭᠦᠭᠵᠢᠭᠦ ᠶᠢ ᠠᠬᠢᠭᠤᠯᠪᠠ᠃ | ᠬᠤᠶᠠᠳᠤᠭᠠᠷ ᠬᠡᠰᠡᠭ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ | ᠬᠦᠷᠦᠯᠴᠡᠬᠦ ᠦᠭᠡᠢ ᠲᠠᠯ᠎ᠠ ᠪᠠ ᠬᠦᠷᠦᠯᠴᠡᠬᠦ ᠦᠭᠡᠢ ᠲᠠᠯ᠎ᠠ | ᠬᠥᠷᠥᠩᠭᠡ ᠬᠤᠷᠠᠮᠳᠤᠭᠤᠯᠬᠤ ᠪᠦᠲᠦᠴᠡ ᠶᠢ ᠮᠥᠨ ᠬᠦ ᠰᠠᠶᠢᠵᠢᠷᠠᠭᠤᠯᠬᠤ ᠴᠢᠬᠤᠯᠠᠳᠠᠢ ᠪᠠᠶᠢᠨ᠎ᠠ᠃ ᠮᠥᠩᠭᠦᠨ | ᠭᠦᠢᠯᠭᠡᠭᠡᠨ ᠤ ᠠᠵᠢᠯ ᠲᠥᠷᠥᠯ ᠤᠨ ᠬᠢᠨ ᠤ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠠᠪᠤᠳᠠᠯ | ᠥᠷᠢᠰᠦᠯᠳᠦᠭᠡᠨ ᠳᠤ ᠲᠤᠯᠭᠠᠷᠠᠵᠤ᠂ ᠦᠢᠯᠡᠳᠬᠦᠨ ᠤ ᠦᠢᠯᠡᠴᠢᠯᠡᠭᠡ ᠨᠢ ᠭᠤᠣᠯᠳᠠᠭᠤ ᠢᠲᠡᠭᠡᠮᠵᠢᠲᠦ ᠵᠢᠭᠡᠯᠡᠯᠭᠡ ᠪᠠᠷ | ᠭᠤᠣᠯ ᠪᠤᠯᠭᠠᠵᠤ᠂ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠮᠥᠨ ᠬᠦ | ᠳᠡᠭᠡᠭᠰᠢᠯᠡᠭᠦᠯᠭᠦ ᠴᠢᠬᠤᠯᠠᠳᠠᠢ ᠪᠠᠶᠢᠨ᠎ᠠ᠃ ᠰᠢᠨ᠎ᠡ ᠪᠠᠷ ᠨᠡᠮᠡᠭᠳᠡᠭᠰᠡᠨ ᠪᠠᠩᠬᠢ ᠶᠢᠨ ᠵᠢᠭᠡᠯᠡᠯᠭᠡ ᠲᠣᠮᠣ ᠳᠤᠮᠳᠠ | ᠭᠡᠯᠪᠡᠷᠢ ᠶᠢᠨ ᠠᠵᠤ ᠠᠬᠤᠶᠢᠯᠠᠯ ᠢ ᠣᠨᠴᠠ ᠰᠠᠶᠢᠵᠢᠷᠠᠭᠤᠯᠵᠤ᠂ ᠠᠷᠠᠳ ᠠᠴᠠ ᠡᠵᠡᠩᠨᠡᠭᠰᠡᠨ ᠪᠠ ᠵᠢᠵᠢᠭ ᠪᠢᠴᠢᠯ ᠠᠵᠤ | ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠢ ᠣᠯᠬᠤ ᠬᠦᠴᠢᠷᠳᠡᠯ ᠬᠠᠷᠢᠴᠠᠩᠭᠤᠢ ᠪᠠᠷ ᠨᠡᠯᠢᠶᠡᠳ | ᠥᠨᠳᠥᠷ ᠪᠠᠶᠢᠨ᠎ᠠ᠃ ᠠᠵᠤ ᠠᠬᠤᠶᠢᠯᠠᠯ ᠤᠳ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠪᠣᠯᠣᠨ ᠰᠲ᠋ᠣᠺ ᠤᠨ | ᠡᠷᠬᠡ ᠶᠢᠨ ᠵᠠᠬ᠎ᠠ ᠳᠡᠯᠭᠡᠭᠦᠷ ᠤᠨ ᠪᠡᠯᠡ ᠲᠣᠬᠢᠷᠠᠭᠤᠯᠬᠤ ᠴᠢᠳᠠᠪᠤᠷᠢ ᠪᠠᠨ ᠴᠢᠩᠭᠠᠳᠬᠠᠬᠤ ᠴᠢᠬᠤᠯᠠᠲᠠᠢ ᠪᠠᠶᠢᠵᠤ᠂ | ᠰᠢᠭᠤᠳ ᠪᠡᠯᠡ ᠲᠣᠬᠢᠷᠠᠭᠤᠯᠭ᠎ᠠ ᠶᠢᠨ ᠦᠯᠡᠳᠡᠪᠦᠷᠢ ᠲᠤᠭ᠎ᠠ ᠨᠢ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶᠡᠨ | ᠳᠤ ᠦᠯᠡᠳᠡᠪᠦᠷᠢ ᠨᠡᠯᠢᠶᠡᠳ ᠳᠣᠣᠷ᠎ᠠ ᠪᠠᠶᠢᠭ᠎ᠠ ᠪᠥᠭᠡᠳ ᠮᠥᠨ ᠬᠦ ᠨᠡᠯᠢᠶᠡᠳ ᠶᠡᠭᠡ ᠳᠡᠭᠡᠭᠰᠢᠯᠡᠭᠦᠯᠭᠦ ᠣᠷᠣᠨ | ᠵᠠᠢ ᠲᠠᠢ ᠪᠠᠶᠢᠨ᠎ᠠ᠃ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠮᠥᠨ ᠬᠦ ᠴᠢᠩᠭᠠᠳᠬᠠᠬᠤ ᠴᠢᠬᠤᠯᠠᠳᠠᠢ | ᠪᠠᠶᠢᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠳᠤ᠂ | ᠪᠦᠭᠦ ᠠᠶᠢᠮᠠᠭ ᠤᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠪᠤᠰᠤ | ᠵᠢᠭᠡᠯᠡᠯᠭᠡ ᠶᠢᠨ ᠦᠯᠡᠳᠡᠪᠦᠷᠢ 32.12 ᠳ᠋ᠦᠩᠰᠢᠭᠤᠷ ᠲᠥᠭᠦᠷᠢᠭ ᠪᠠᠶᠢᠵᠤ᠂ ︽ᠠᠷᠪᠠᠨ ᠬᠤᠶᠠᠳᠤᠭᠠᠷ ᠲᠠᠪᠤᠨ ᠵᠢᠯ︾ | ᠤᠨ ᠰᠡᠭᠦᠯᠴᠢ ᠶᠢᠨ ᠬᠢ ᠠᠴᠠ 10.62 ᠳ᠋ᠦᠩᠰᠢᠭᠤᠷ ᠲᠥᠭᠦᠷᠢᠭ ᠨᠡᠮᠡᠭᠳᠡᠪᠡ᠃ ᠬᠦᠮᠦᠰ ᠤᠨ ᠠᠩᠬᠠᠷᠴᠣ | ᠪᠠᠶᠢᠭ᠎ᠠ ᠵᠢᠭᠡᠯᠡᠯᠭᠡ ᠳᠡᠭᠡᠭᠰᠢᠯᠡᠬᠦ ᠬᠠᠨᠳᠤᠰᠢ ᠲᠠᠢ ᠪᠠᠶᠢᠬᠤ ᠶᠢ ᠠᠩᠬᠠᠷᠴᠤ᠂ ᠵᠦᠢ ᠪᠤᠰᠤ ᠵᠢᠭᠡᠯᠡᠯᠭᠡ ᠨᠢ ᠭᠤᠣᠯᠳᠠᠭᠤ | ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠳᠤ ᠲᠥᠪᠯᠡᠷᠡᠵᠦ᠂ ᠲᠥᠪᠯᠡᠷᠡᠩᠭᠦᠢ ᠬᠡᠮᠵᠢᠶ᠎ᠡ ᠪᠠᠷ ᠥᠨᠳᠥᠷ ᠪᠠᠶᠢᠵᠤ᠂ | ᠪᠦᠬᠦᠶᠢᠯᠡ ᠴᠣᠭᠴᠠ ᠶᠢᠨ ᠲᠠᠯ᠎ᠠ ᠪᠠᠷ ᠪᠦᠭᠦ ᠠᠶᠢᠮᠠᠭ ᠤᠨ ᠵᠦᠢ ᠪᠤᠰᠤ ᠵᠢᠭᠡᠯᠡᠯᠭᠡ ᠶᠢᠨ ᠨᠣᠷᠮ᠎ᠠ ᠶᠢ ᠳᠡᠭᠡᠭᠰᠢᠯᠡᠭᠦᠯᠪᠡ᠃ | ᠬᠠᠷᠢᠶ᠎ᠠ ᠣᠷᠣᠨ ᠤ ᠳᠣᠲᠣᠷᠠᠬᠢ ᠲᠦᠭᠰᠢᠭᠦᠷᠢ ᠶᠡᠬᠡᠲᠡᠢ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠢᠨᠠᠯᠲᠠ ᠬᠠᠮᠢᠶᠠᠷᠤᠯᠲᠠ ᠶᠢᠨ ᠭᠦᠢᠴᠡᠳᠬᠡᠬᠦ ᠲᠤᠭ᠎ᠠ ᠶᠢᠨ ᠵᠠᠢ | ᠨᠢ ᠬᠢᠨᠠᠯᠲᠠ ᠬᠠᠮᠢᠶᠠᠷᠤᠯᠲᠠ ᠶᠢᠨ ᠪᠠᠷᠢᠮᠵᠢᠶ᠎ᠠ ᠠᠴᠠ ᠪᠠᠰᠠ ᠮᠠᠰᠢ ᠶᠡᠭᠡ ᠵᠥᠷᠢᠶ᠎ᠡ ᠲᠠᠢ ᠪᠠᠶᠢᠵᠤ᠂ ᠢᠯᠭᠠᠷᠠᠭᠤᠯᠤᠨ | ᠬᠤᠷᠢᠶᠠᠵᠤ ᠰᠢᠢᠳᠪᠦᠷᠢᠯᠡᠬᠦ ᠠᠷᠭ᠎ᠠ ᠵᠠᠮ ᠨᠢ ᠢᠪᠴᠤᠤ᠂ ᠥᠪᠡᠷ ᠢᠶᠠᠨ ᠨᠠᠮᠳᠠᠭᠤᠯᠬᠤ ᠴᠢᠳᠠᠪᠤᠷᠢ ᠨᠢ ᠪᠠᠭᠤᠷᠠᠢ ᠵᠡᠷᠭᠡ | ᠬᠦᠴᠢᠷᠳᠡᠯ ᠣᠷᠣᠰᠢᠵᠤ᠂ ᠲᠦᠭᠰᠢᠭᠦᠷᠢ ᠶᠢ ᠠᠷᠢᠯᠭᠠᠬᠤ ᠡᠭᠦᠷᠭᠡ ᠬᠠᠲᠠᠭᠤ ᠪᠡᠷᠬᠡ ᠪᠠᠶᠢᠨ᠎ᠠ᠃ ᠣᠷᠣᠨ ᠨᠤᠲᠤᠭ ᠤᠨ | ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠲᠥᠪ ᠤᠨ | ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠮᠢᠯᠠᠭᠰᠠᠨ ᠪᠠᠶᠢᠭᠤᠯᠤᠮᠵᠢ ᠨᠢ ᠬᠢᠨᠠᠨ | ᠬᠠᠮᠢᠶᠠᠷᠬᠤ ᠡᠲᠡᠭᠡᠳ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠡᠷᠬᠡ ᠬᠠᠷᠢᠭᠤᠴᠠᠯᠭ᠎ᠠ | ᠬᠠᠷᠢᠴᠠᠩᠭᠤᠢ ᠪᠠᠷ ᠪᠡᠶ᠎ᠡ ᠪᠠᠨ ᠳᠠᠭᠠᠭᠠᠭᠰᠠᠨ᠂ ᠲᠤᠰ ᠲᠤᠰ ᠤᠨ ᠭᠤᠣᠯᠳᠠᠯᠭ᠎ᠠ ᠲᠠᠢ ᠪᠠᠶᠢᠵᠤ᠂ ᠬᠢᠨᠠᠨ ᠬᠠᠮᠢᠶᠠᠷᠴᠤ | ᠵᠣᠬᠢᠴᠠᠭᠤᠯᠬᠤ ᠲᠣᠭᠲᠠᠴᠠ ᠶᠢ ᠠᠩᠬ᠎ᠠ ᠠᠯᠬᠤᠮ ᠪᠠᠶᠢᠭᠤᠯᠤᠨ ᠲᠡᠭᠦᠯᠳᠡᠷᠵᠢᠭᠦᠯᠬᠦ ᠴᠢᠬᠤᠯᠠᠲᠠᠢ ᠪᠠᠶᠢᠵᠤ᠂ ᠬᠢᠨᠠᠨ | ᠬᠠᠮᠢᠶᠠᠷᠤᠯᠲᠠ ᠶᠢᠨ ᠮᠡᠳᠡᠭᠡ ᠵᠠᠩᠭᠢ ᠨᠢ ᠬᠠᠷᠢᠯᠴᠠᠨ ᠨᠡᠪᠲᠡᠷᠡᠯᠴᠡᠵᠦ ᠬᠠᠮᠲᠤᠪᠠᠷ ᠡᠳ᠋ᠯᠡᠭᠦ ᠲᠣᠭᠲᠠᠴᠠ ᠶᠢ | ᠴᠢᠩᠭᠠᠳᠬᠠᠬᠤ ᠴᠢᠬᠤᠯᠠᠲᠠᠢ ᠪᠠᠶᠢᠵᠤ᠂ ᠪᠦᠭᠦ ᠠᠶᠢᠮᠠᠭ ᠤᠨ ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠪᠠᠶᠢᠳᠠᠯ | ᠲᠥᠯᠥᠪ ᠢ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠭᠦ᠂ ᠰᠢᠢᠳᠪᠦᠷᠢᠯᠡᠬᠦ᠂ ᠬᠠᠷᠢᠭᠤᠴᠠᠯᠭ᠎ᠠ | ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ | ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠴᠢᠳᠠᠬᠤ | ᠦᠭᠡᠢ ᠪᠠᠶᠢᠨ᠎ᠠ᠃ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠬᠡᠰᠡᠭ ᠲᠠᠯ᠎ᠠ ᠪᠠᠷ ᠠᠬᠢᠭᠤᠯᠬᠤ | ᠲᠥᠷᠥ ᠶᠢᠨ ᠪᠣᠳᠣᠯᠭ᠎ᠠ ᠶᠢ ᠮᠥᠨ ᠯᠡ ᠵᠦᠢᠯ ᠳᠠᠷᠠᠭᠠᠯᠠᠨ ᠬᠡᠷᠡᠭᠵᠢᠭᠦᠯᠵᠦ᠂ ᠬᠠᠷᠠᠬᠠᠨ ᠪᠦᠷᠢᠮᠦᠰᠦᠨ | ᠨᠠᠶᠢᠳᠠᠪᠤᠷᠢᠵᠢᠭᠤᠯᠤᠭᠠᠳᠤᠢ ᠪᠠᠶᠢᠵᠤ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠬᠠᠷᠠᠬᠠᠨ ᠪᠦᠷᠢᠮᠦᠰᠦᠨ | ᠪᠠᠳᠠᠷᠠᠭᠤᠯᠤᠭᠠᠳᠤᠢ ᠪᠠᠶᠢᠵᠤ᠂ ᠬᠡᠰᠡᠭ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠦᠷ᠎ᠡ ᠪᠦᠲᠦᠮᠵᠢ ᠨᠢ ᠠᠵᠤ | ᠠᠬᠤᠶᠢᠯᠠᠯ ᠤᠨ ᠵᠢᠱᠢᠯᠲᠡ ᠲᠠᠢ ᠵᠥᠷᠢᠶ᠎ᠡ ᠲᠠᠢ ᠪᠠᠶᠢᠭᠰᠠᠭᠠᠷ᠃ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷ᠂ ᠣᠨᠣᠪᠴᠢᠲᠤ ᠴᠢᠨᠠᠷ ᠢ | ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ᠃ ᠮᠥᠩᠭᠦᠨ ᠭᠦᠢᠯᠭᠡᠭᠡᠨ ᠤ ᠦᠢᠯᠡᠳᠬᠦᠨ ᠲᠠᠯᠪᠢᠭᠰᠠᠨ ᠭᠠᠵᠠᠷ ᠣᠷᠣᠨ | ᠪᠣᠯᠣᠨ ᠠᠵᠢᠯ ᠲᠥᠷᠥᠯ ᠠᠴᠠ ᠠᠪᠴᠤ ᠦᠵᠡᠪᠡᠯ᠂ ᠮᠠᠯᠵᠢᠬᠤ ᠲᠠᠷᠢᠶᠠᠯᠠᠬᠤ ᠣᠷᠣᠨ ᠪᠣᠯᠣᠨ ᠠᠵᠤ ᠦᠢᠯᠡᠰ ᠤᠨ | ᠪᠠᠭᠤᠷᠠᠢ ᠲᠠᠯ᠎ᠠ ᠶᠢᠨ ᠮᠥᠩᠭᠦᠨ ᠭᠦᠢᠯᠭᠡᠭᠡᠨ ᠤ ᠬᠠᠩᠭᠠᠯᠭ᠎ᠠ ᠮᠥᠨ ᠬᠦ ᠬᠦᠷᠦᠯᠴᠡᠬᠦ ᠦᠭᠡᠢ ᠪᠠᠶᠢᠵᠤ᠂ ᠵᠢᠵᠢᠭ ᠪᠢᠴᠢᠯ | ᠠᠵᠤ ᠠᠬᠤᠶᠢᠯᠠᠯ᠂ ᠲᠠᠷᠢᠶᠠᠯᠠᠩ ᠳᠤ ᠬᠤᠯᠪᠣᠭᠳᠠᠬᠤ ᠲᠥᠷᠥᠯ ᠵᠦᠢᠯ ᠤᠨ ᠪᠡᠯᠡ ᠲᠣᠬᠢᠷᠠᠭᠤᠯᠬᠤ ᠳᠤ ᠬᠦᠴᠢᠷᠲᠡᠢ᠂ | ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠮᠥᠨ ᠬᠦ ᠣᠷᠣᠰᠢᠵᠤ ᠪᠤᠢ᠃ ᠮᠥᠩᠭᠦᠨ ᠭᠦᠢᠯᠭᠡᠭᠡᠨ ᠤ | ᠦᠢᠯᠡᠳᠬᠦᠨ ᠤ ᠦᠢᠯᠡᠴᠢᠯᠡᠭᠡᠨ ᠤ ᠲᠠᠯ᠎ᠠ ᠠᠴᠠ ᠦᠵᠡᠪᠡᠯ᠂ ᠠᠳᠠᠯᠢ ᠪᠤᠰᠤ ᠠᠵᠤ ᠠᠬᠤᠶᠢᠯᠠᠯ ᠪᠣᠯᠣᠨ ᠠᠵᠤ | ᠠᠬᠤᠶᠢᠯᠠᠯ ᠤᠨ ᠠᠳᠠᠯᠢ ᠪᠤᠰᠤ ᠱᠠᠲᠤ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠳᠬᠦᠨ ᠪᠣᠯᠣᠨ ᠦᠢᠯᠡᠴᠢᠯᠡᠭᠡᠨ ᠤ | ᠵᠥᠷᠢᠶᠡᠴᠢᠯᠡᠭᠰᠡᠨ᠂ ᠬᠠᠨᠳᠤᠯᠭᠠᠲᠤ ᠴᠢᠨᠠᠷ ᠨᠢ ᠬᠦᠷᠦᠯᠴᠡᠬᠦ ᠦᠭᠡᠢ ᠪᠠᠶᠢᠨ᠎ᠠ᠃ ᠵᠢᠵᠢᠭ ᠪᠢᠴᠢᠯ ᠠᠵᠤ | ᠠᠬᠤᠶᠢᠯᠠᠯ ᠤᠨ ᠲᠤᠰ ᠪᠡᠶ᠎ᠡ ᠶᠢᠨ ᠨᠥᠬᠦᠴᠡᠯ ᠠᠴᠠ ᠠᠪᠴᠤ ᠦᠵᠡᠪᠡᠯ᠂ ᠬᠡᠰᠡᠭ ᠠᠵᠤ ᠠᠬᠤᠶᠢᠯᠠᠯ ᠳᠤ ᠡᠳ᠋ ᠤᠨ | ᠶᠠᠪᠤᠳᠠᠯ ᠨᠢ ᠳᠦᠷᠢᠮᠵᠢᠯ ᠦᠭᠡᠢ᠂ ᠥᠷᠢ ᠰᠢᠷᠢ ᠨᠢ ᠥᠨᠳᠥᠷ ᠵᠡᠷᠭᠡ ᠠᠰᠠᠭᠤᠳᠠᠯ ᠣᠷᠣᠰᠢᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠣᠷᠣᠭᠤᠯᠬᠤ ᠬᠦᠴᠢᠷᠳᠡᠯ ᠨᠡᠯᠢᠶᠡᠳ ᠶᠡᠭᠡ ᠪᠠᠶᠢᠨ᠎ᠠ᠃ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ | ᠮᠠᠨ ᠤ ᠠᠶᠢᠮᠠᠭ ᠲᠤ ᠬᠤᠭᠤᠴᠠᠭᠠᠲᠤ ᠪᠠᠷᠠᠭ᠎ᠠ᠂ ᠢᠲᠡᠭᠡᠮᠵᠢᠲᠦ ᠨᠠᠶᠢᠳᠠᠯᠭ᠎ᠠ ᠵᠡᠷᠭᠡ ᠬᠠᠤᠯᠢ ᠶᠢᠨ ᠡᠷᠬᠡᠲᠡᠨ ᠤ | ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠰᠠᠯᠪᠤᠷᠢ ᠪᠠᠶᠢᠭᠤᠯᠤᠮᠵᠢ ᠬᠠᠷᠠᠬᠠᠨ ᠪᠠᠶᠢᠬᠤ ᠦᠭᠡᠢ ᠪᠠᠶᠢᠭᠰᠠᠭᠠᠷ᠃ | ᠳᠤᠮᠳᠠ ᠵᠢᠵᠢᠭ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ ᠣᠷᠣᠨ ᠨᠤᠲᠤᠭ ᠤᠨ | ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢ ᠵᠠᠰᠠᠬᠤ ᠲᠣᠭᠲᠠᠴᠠ ᠪᠣᠯᠣᠨ ᠲᠦᠭᠰᠢᠭᠦᠷᠢ ᠶᠢᠨ ᠬᠠᠮᠢᠶᠠᠷᠤᠯᠲᠠ ᠶᠢ | ᠲᠡᠭᠦᠯᠳᠡᠷᠵᠢᠭᠦᠯᠬᠦ ᠴᠢᠬᠤᠯᠠᠳᠠᠢ ᠪᠠᠶᠢᠵᠤ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ | ᠨᠡᠮᠡᠭᠳᠡᠭᠦᠯᠬᠦ ᠴᠢᠬᠤᠯᠠᠳᠠᠢ ᠪᠠᠶᠢᠨ᠎ᠠ᠃ ᠵᠢᠵᠢᠭ ᠵᠢᠭᠡᠯᠡᠯᠭᠡ ᠶᠢᠨ ᠺᠤᠮᠫᠠᠨᠢ᠂ ᠪᠡᠯᠡ ᠲᠣᠬᠢᠷᠠᠭᠤᠯᠬᠤ ᠴᠢᠨᠠᠷᠲᠠᠢ | ᠳᠠᠭᠠᠭᠠᠯᠲᠠ ᠬᠢᠬᠦ ᠺᠤᠮᠫᠠᠨᠢ᠂ ᠳᠠᠨᠵᠢᠯᠠᠬᠤ ᠭᠠᠵᠠᠷ ᠵᠡᠷᠭᠡ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠪᠠᠭ᠎ᠠ᠂ ᠲᠠᠷᠠᠬᠠᠢ᠂ ᠪᠠᠭᠤᠷᠠᠢ᠂ ᠳᠣᠲᠣᠭᠠᠳᠤ ᠡᠵᠡᠮᠳᠡᠯ ᠤᠨ ᠳᠦᠷᠢᠮ ᠨᠢ ᠳᠦᠷᠢᠮᠵᠢᠭᠡᠳᠦᠢ᠂ | ᠺᠤᠮᠫᠠᠨᠢ ᠶᠢᠨ ᠵᠠᠰᠠᠯᠲᠠ ᠨᠢ ᠵᠢᠷᠤᠮᠵᠢᠭᠠᠳᠤᠢ᠂ ᠡᠵᠡᠩᠨᠡᠯᠲᠡ ᠶᠢᠨ ᠵᠠᠭᠪᠤᠷ ᠨᠢ ᠨᠡᠯᠢᠶᠡᠳ ᠪᠦᠳᠦᠭᠦᠯᠢᠭ᠂ ᠰᠢᠨ᠎ᠡ ᠶᠢ | ᠡᠭᠦᠳᠭᠦ ᠴᠢᠳᠠᠪᠤᠷᠢ ᠨᠢ ᠨᠡᠯᠢᠶᠡᠳ ᠪᠠᠭᠤᠷᠠᠢ᠂ ᠣᠷᠣᠨ ᠨᠤᠲᠤᠭ ᠤᠨ ᠠᠵᠤ ᠠᠬᠤᠢ ᠳᠤ ᠦᠢᠯᠡᠴᠢᠯᠡᠬᠦ᠂ ᠵᠢᠵᠢᠭ | ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠨᠢ ᠬᠦᠷᠦᠯᠴᠡᠬᠦ ᠦᠭᠡᠢ ᠪᠠᠶᠢᠨ᠎ᠠ᠃ | ᠬᠤᠶᠠᠳᠤᠭᠠᠷ ᠪᠦᠯᠦᠭ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠥᠩᠭᠦᠨ | ᠭᠦᠢᠯᠭᠡᠭᠡᠨ ᠤ ᠬᠥᠭᠵᠢᠯᠲᠡ ᠶᠢᠨ ᠣᠷᠴᠢᠨ ᠨᠥᠬᠦᠴᠡᠯ | ᠨᠢᠭᠡᠳᠦᠭᠡᠷ ᠬᠡᠰᠡᠭ ᠬᠥᠭᠵᠢᠭᠦᠯᠬᠦ ᠠᠵᠠ ᠲᠣᠭᠢᠶᠠᠯ | ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠦᠭᠵᠢᠯᠳᠡ ᠳᠤ ᠣᠯᠠᠨ ᠬᠦᠨᠳᠦ ᠠᠵᠠ ᠲᠣᠭᠢᠶᠠᠯ ᠳᠣᠯᠭᠠᠷᠠᠵᠦ | ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ | ᠠᠶᠢᠮᠠᠭ ᠤᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠬᠦᠴᠦᠨ ᠤᠯᠠᠮ ᠨᠢᠭᠡ ᠠᠯᠬᠤᠮ ᠴᠢᠩᠭᠠᠷᠠᠵᠤ᠂ | ᠪᠦᠲᠦᠴᠡ ᠨᠢ ᠤᠯᠠᠮ ᠨᠢᠭᠡ ᠠᠯᠬᠤᠮ ᠰᠢᠯᠢᠳᠡᠭᠵᠢᠵᠦ᠂ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠳᠤ ᠨᠥᠬᠦᠴᠡᠯ ᠬᠠᠩᠭᠠᠭᠰᠠᠨ ᠪᠠᠶᠢᠨ᠎ᠠ᠃ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠨᠢ ᠲᠦᠷᠭᠡᠨ ᠬᠤᠷᠠᠮᠳᠤᠭᠤᠯᠭ᠎ᠠ ᠠᠴᠠ ᠥᠨᠳᠥᠷ ᠪᠠᠶᠢᠷᠢᠨ ᠳᠤ ᠠᠯᠭᠤᠷ ᠲᠠᠯᠪᠢᠭᠳᠠᠬᠤ ᠳᠠᠰᠢ ᠬᠠᠨᠳᠤᠵᠤ | ᠂ ᠨᠢᠭᠡᠨᠲᠡ ᠢᠯᠡᠷᠡᠭᠦᠯᠦᠭᠰᠡᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠠᠯᠬᠤᠮ ᠠᠯᠬᠤᠮ ᠢᠶᠠᠷ | ᠪᠦᠲᠦᠮᠵᠢᠲᠡᠢ ᠰᠢᠢᠳᠪᠦᠷᠢᠯᠡᠭᠰᠡᠨ ᠪᠠᠶᠢᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ᠂ | ᠤᠷᠢᠳᠴᠢᠯᠠᠨ ᠰᠡᠷᠡᠮᠵᠢᠯᠡᠭᠦᠯᠭᠦ᠂ ᠰᠢᠢᠳᠪᠦᠷᠢᠯᠡᠬᠦ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠤᠨ ᠰᠢᠰᠲ᠋ᠧᠮ | ᠲᠠᠰᠤᠷᠠᠯᠲᠠ ᠦᠭᠡᠢ ᠲᠡᠭᠦᠯᠳᠡᠷᠵᠢᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠤᠯᠠᠮ ᠴᠢᠩᠭᠠᠳᠬᠠᠨ᠂ ᠮᠠᠨ ᠤ ᠠᠶᠢᠮᠠᠭ ᠤᠨ ᠮᠥᠩᠭᠦᠨ ᠭᠦᠢᠯᠭᠡᠭᠡᠨ ᠤ | ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠤ ᠰᠠᠭᠤᠷᠢ ᠶᠢ ᠡᠭᠦᠳᠦᠨ ᠥᠭᠴᠡᠢ᠃ | ᠮᠥᠩᠭᠦᠨ ᠭᠦᠢᠯᠭᠡᠭᠡᠨ ᠤ ᠦᠷᠭᠦᠯᠵᠢᠯᠡᠨ ᠭᠦᠭᠵᠢᠭᠦ ᠳᠤ ᠣᠯᠠᠨ ᠴᠢᠬᠤᠯᠠ ᠪᠠᠶᠢᠯᠳᠤᠬᠤ ᠪᠣᠳᠣᠯᠭ᠎ᠠ ᠶᠢᠨ | ᠠᠵᠠ ᠲᠣᠭᠢᠶᠠᠯ ᠳᠣᠯᠭᠠᠷᠠᠵᠦ ᠪᠠᠶᠢᠨ᠎ᠠ᠃ ᠠᠵᠤ ᠠᠬᠤᠢ ᠶᠢᠨ ᠬᠥᠭᠵᠢᠯᠲᠡ ᠠᠴᠠ ᠦᠵᠡᠪᠡᠯ᠂ ᠮᠠᠨ ᠤ ᠤᠯᠤᠰ ᠶᠠᠭ | ᠰᠠᠶᠢᠬᠠᠨ ᠳᠡᠭᠡᠳᠦ ᠬᠤᠷᠳᠤᠴᠠᠲᠤ ᠬᠥᠭᠵᠢᠯᠲᠡ ᠶᠢᠨ ᠱᠠᠲᠤᠨ ᠠᠴᠠ ᠴᠢᠨᠠᠷ ᠰᠠᠶᠢᠲᠠᠢ ᠬᠥᠭᠵᠢᠯᠲᠡ ᠶᠢᠨ ᠱᠠᠲᠤ ᠦᠶ᠎ᠡ | ᠵᠦᠭ ᠰᠢᠯᠵᠢᠵᠦ᠂ ᠪᠠᠶᠢᠭᠤᠯᠤᠯ ᠤᠨ ᠳᠠᠪᠠᠭᠤᠯᠢᠭ ᠢᠯᠡᠷᠬᠡᠢ᠂ ᠵᠠᠰᠠᠬᠤ ᠦᠷ᠎ᠡ ᠴᠢᠳᠠᠪᠤᠷᠢ ᠳᠡᠭᠡᠭᠰᠢᠯᠡᠵᠦ᠂ ᠠᠵᠤ | ᠠᠬᠤᠢ ᠤᠷᠲᠤ ᠬᠤᠭᠤᠴᠠᠭ᠎ᠠ ᠪᠠᠷ ᠰᠠᠶᠢᠵᠢᠷᠠᠵᠤ ᠪᠠᠶᠢᠨ᠎ᠠ᠃ ᠲᠥᠪ ᠠᠴᠠ ᠤᠯᠤᠰ ᠤᠨ ᠳᠣᠲᠣᠭᠠᠳᠤ ᠶᠢᠨ ᠶᠡᠭᠡ | ᠣᠷᠴᠢᠯ ᠢᠶᠠᠷ ᠭᠤᠣᠯ ᠴᠣᠭᠴᠠ ᠪᠤᠯᠭᠠᠭᠰᠠᠨ᠂ ᠤᠯᠤᠰ ᠤᠨ ᠳᠣᠲᠣᠭᠠᠳᠤ ᠶᠢᠨ ᠪᠠ ᠳᠡᠯᠡᠬᠡᠢ ᠶᠢᠨ ᠬᠤᠶᠠᠷ ᠣᠷᠴᠢᠯ | ᠬᠠᠷᠢᠯᠴᠠᠨ ᠠᠬᠢᠭᠤᠯᠤᠭᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮ ᠢ ᠲᠡᠭᠦᠯᠳᠡᠷᠵᠢᠭᠦᠯᠵᠦ᠂ | ᠬᠡᠷᠡᠭᠴᠡᠭᠡ ᠶᠢ ᠬᠠᠩᠭᠠᠵᠤ᠂ ᠬᠠᠩᠭᠠᠯᠭ᠎ᠠ ᠶᠢ ᠡᠭᠦᠳᠦᠨ ᠪᠦᠲᠦᠭᠡᠬᠦ ᠬᠡᠷᠡᠭᠴᠡᠭᠡ ᠱᠠᠭᠠᠷᠳᠠᠯᠭ᠎ᠠ ᠶᠢᠨ ᠨᠡᠩ ᠥᠨᠳᠥᠷ | ᠬᠢᠷᠢ ᠬᠡᠮᠵᠢᠶᠡᠨ ᠤ ᠬᠥᠳᠡᠯᠦᠩᠭᠦᠢ ᠲᠡᠩᠴᠡᠭᠦᠷᠢ ᠶᠢ ᠪᠤᠢ ᠪᠤᠯᠭᠠᠵᠤ᠂ ᠠᠵᠤ ᠠᠬᠤᠢ ᠶᠢᠨ ᠣᠷᠴᠢᠨ ᠨᠥᠬᠦᠴᠡᠯ ᠤᠨ | ᠲᠣᠭᠲᠠᠭᠤᠨ ᠪᠥᠭᠡᠳ ᠰᠠᠶᠢᠨ ᠪᠤᠯᠬᠤ ᠪᠠᠶᠢᠳᠠᠯ ᠬᠤᠪᠢᠷᠠᠭ᠎ᠠ ᠦᠭᠡᠢ ᠭᠡᠵᠦ ᠳᠤᠷᠠᠳᠤᠨ ᠭᠠᠷᠭᠠᠪᠠ᠃ ᠮᠥᠩᠭᠦᠨ | ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠦᠷᠭᠦᠯᠵᠢᠯᠡᠨ | ᠭᠦᠨᠵᠡᠭᠡᠶᠢᠷᠡᠨ ᠠᠭᠢᠬᠤ ᠶᠢ ᠳᠠᠭᠠᠯᠳᠤᠨ᠂ ᠮᠥᠩᠭᠦᠨ ᠭᠦᠢᠯᠭᠡᠭᠡᠨ ᠤ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠲᠠᠰᠤᠷᠠᠯᠲᠠ ᠦᠭᠡᠢ ᠲᠦᠷᠭᠡᠳᠴᠦ᠂ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠮᠥᠩᠭᠦᠨ ᠭᠦᠢᠯᠭᠡᠭᠡᠨ ᠤ ᠭᠠᠳᠠᠭᠠᠳᠤ ᠨᠡᠭᠡᠭᠡᠯᠲᠡ ᠶᠢᠨ ᠠᠬᠢᠴᠠ | ᠤᠯᠠᠮ ᠨᠢᠭᠡ ᠠᠯᠬᠤᠮ ᠲᠦᠷᠭᠡᠳᠴᠦ᠂ ᠰᠢᠨᠵᠢᠯᠡᠬᠦ ᠤᠬᠠᠭᠠᠨ ᠮᠡᠷᠭᠡᠵᠢᠯ ᠪᠠ ᠮᠥᠩᠭᠦᠨ ᠭᠦᠢᠯᠭᠡᠭᠡᠨ ᠤ ᠠᠭᠤᠰᠤᠯᠴᠠᠯ | ᠠᠯᠬᠤᠮ ᠠᠯᠬᠤᠮ ᠢᠶᠠᠷ ᠭᠦᠨᠵᠡᠭᠡᠶᠢᠷᠡᠵᠦ᠂ ᠮᠠᠨ ᠤ ᠠᠶᠢᠮᠠᠭ ᠤᠨ ᠮᠥᠩᠭᠦᠨ ᠭᠦᠢᠯᠭᠡᠭᠡᠨ ᠤ ᠦᠢᠯᠡᠰ ᠤᠨ | ᠬᠥᠭᠵᠢᠯᠲᠡ ᠶᠢᠨ ᠠᠵᠠ ᠲᠣᠭᠢᠶᠠᠯ ᠥᠷᠭᠡᠨ ᠠᠭᠤᠳᠠᠮ ᠪᠠᠶᠢᠨ᠎ᠠ᠃ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠨᠢ ᠳᠠᠪᠠᠭᠤᠯᠢᠭ ᠣᠨᠴᠠᠯᠢᠭᠲᠤ ᠮᠥᠩᠭᠦᠨ | ᠭᠦᠢᠯᠭᠡᠭᠡ ᠳᠤ ᠠᠵᠠ ᠲᠣᠭᠢᠶᠠᠯ ᠠᠪᠴᠢᠷᠠᠪᠠ᠃ ᠪᠦᠭᠦ ᠣᠷᠣᠨ ᠤ ᠪᠠᠶᠢᠳᠠᠯ ᠠᠴᠠ ᠦᠵᠡᠪᠡᠯ᠂ ᠮᠠᠨ ᠤ ᠣᠷᠣᠨ ᠪᠣᠯ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠮᠠᠨ ᠤ | ᠤᠯᠤᠰ ᠤᠨ ᠴᠢᠬᠤᠯᠠ ᠮᠠᠯ ᠠᠵᠤ ᠠᠬᠤᠢ ᠶᠢᠨ ᠪᠦᠲᠦᠭᠡᠭᠳᠡᠬᠦᠨ ᠤ ᠰᠠᠭᠤᠷᠢᠨ ᠭᠠᠵᠠᠷ ᠪᠣᠯᠣᠨ᠎ᠠ᠂ ︽ᠠᠷᠪᠠᠨ | ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠲᠠᠷᠢᠶᠠᠯᠠᠩ ᠮᠠᠯ ᠠᠵᠤ ᠠᠬᠤᠢ ᠶᠢᠨ | ᠭᠡᠯᠪᠡᠷᠢ ᠪᠠᠨ ᠲᠦᠷᠭᠡᠳᠬᠡᠨ ᠬᠤᠪᠢᠷᠠᠭᠤᠯᠵᠤ᠂ ᠪᠦᠲᠦᠴᠡ ᠶᠢᠨ ᠳᠡᠰ ᠳᠡᠪᠰᠢᠭᠦ ᠨᠢ ᠣᠨᠴᠠᠯᠢᠭᠲᠤ ᠲᠠᠷᠢᠶᠠᠯᠠᠩ ᠮᠠᠯ | ᠠᠵᠤ ᠠᠬᠤᠢ ᠶᠢᠨ ᠮᠥᠩᠭᠦᠨ ᠭᠦᠢᠯᠭᠡᠭᠡᠨ ᠤ ᠬᠥᠭᠵᠢᠯᠲᠡ ᠳᠤ ᠠᠵᠠ ᠲᠣᠭᠢᠶᠠᠯ ᠠᠪᠴᠢᠷᠠᠬᠤ ᠪᠣᠯᠣᠨ᠎ᠠ᠃ ᠮᠠᠨ ᠤ | ᠣᠷᠣᠨ ᠪᠣᠯ ᠪᠠᠰᠠ ᠴᠤ ᠤᠯᠤᠰ ᠤᠨ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠴᠢᠬᠤᠯᠠ ᠡᠬᠢ ᠪᠠᠶᠠᠯᠢᠭ ᠤᠨ | ᠰᠠᠭᠤᠷᠢᠨ ᠭᠠᠵᠠᠷ ᠪᠤᠯᠬᠤ ᠪᠥᠭᠡᠳ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ | ᠠᠮᠠᠯᠠᠯᠲᠠ ᠨᠢ ᠣᠳᠣ ᠦᠶ᠎ᠡ ᠶᠢᠨ ᠡᠨᠧᠷᠭᠢ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠢ ᠡᠭᠦᠳᠴᠦ᠂ ᠣᠳᠣ | ᠦᠶ᠎ᠡ ᠶᠢᠨ ᠡᠨᠧᠷᠭᠢ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢ ᠤᠯᠠᠮ ᠨᠢᠭᠡ ᠠᠯᠬᠤᠮ ᠥᠷᠭᠡᠳᠬᠡᠬᠦ ᠳᠤ | ᠣᠷᠣᠨ ᠵᠠᠢ ᠨᠡᠭᠡᠭᠡᠵᠦ ᠥᠭᠭᠦᠭᠰᠡᠨ ᠪᠠᠶᠢᠨ᠎ᠠ᠃ ᠮᠠᠨ ᠤ ᠠᠶᠢᠮᠠᠭ ᠤᠨ ᠪᠠᠶᠢᠳᠠᠯ ᠠᠴᠠ ᠦᠵᠡᠪᠡᠯ᠂ ᠪᠠᠷᠠᠭᠤᠨ | ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ︽ᠨᠢᠭᠡ ᠪᠦᠰᠡ ᠨᠢᠭᠡ ᠵᠠᠮ︾᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠨᠢ ᠮᠠᠨ ᠤ | ᠠᠶᠢᠮᠠᠭ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠳᠤ ᠠᠵᠠ ᠲᠣᠭᠢᠶᠠᠯ ᠬᠠᠩᠭᠠᠨ᠎ᠠ᠃ | 40 ᠵᠢᠯ ᠤᠨ ᠬᠦᠭᠵᠢᠯᠳᠡ ᠪᠠᠷ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠠᠪᠤᠰᠤ ᠬᠢᠮᠢ ᠶᠢᠨ ᠠᠵᠤ | ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠢ | ᠰᠢᠯᠢᠳᠡᠭᠵᠢᠭᠦᠯᠦᠨ ᠳᠡᠰ ᠳᠡᠪᠰᠢᠭᠦᠯᠵᠦ᠂ ᠪᠣᠭᠤᠮᠲᠠ ᠶᠢᠨ ᠪᠠᠷᠠᠭᠠᠨ ᠤ ᠭᠦᠢᠯᠭᠡᠭᠡ᠂ ᠰᠣᠶᠣᠯ ᠤᠨ ᠵᠢᠭᠤᠯᠴᠢᠯᠠᠯ | ᠲᠦᠷᠭᠡᠨ ᠬᠥᠭᠵᠢᠵᠦ᠂ ᠣᠳᠣ ᠦᠶ᠎ᠡ ᠶᠢᠨ ᠡᠨᠧᠷᠭᠢ᠂ ᠡᠯᠡᠰᠦᠨ ᠤ ᠠᠵᠤ ᠦᠢᠯᠡᠰ ᠵᠡᠷᠭᠡ ᠰᠢᠨ᠎ᠡ ᠪᠠᠷ ᠬᠥᠭᠵᠢᠭᠰᠡᠨ | ᠠᠵᠤ ᠦᠢᠯᠡᠰ ᠶᠠᠭ ᠬᠥᠭᠵᠢᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠲᠤᠶᠢᠯ᠂ ᠨᠡᠮᠡᠭᠳᠡᠯ ᠤᠨ ᠴᠡᠭ | ᠲᠠᠰᠤᠷᠠᠯᠲᠠ ᠦᠭᠡᠢ ᠲᠣᠪᠣᠶᠢᠮ᠎ᠠ ᠪᠣᠯᠵᠤ᠂ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ ᠥᠷᠭᠡᠨ | ᠠᠭᠤᠳᠠᠮ ᠣᠷᠣᠨ ᠵᠠᠢ ᠬᠠᠩᠭᠠᠵᠤ ᠪᠠᠶᠢᠨ᠎ᠠ᠃ | ᠬᠥᠷᠥᠩᠭᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠰᠢᠨ᠎ᠡ ᠠᠵᠠ ᠲᠣᠭᠢᠶᠠᠯ ᠳᠣᠯᠭᠠᠷᠠᠵᠦ | ᠪᠠᠶᠢᠨ᠎ᠠ᠃ ᠤᠯᠤᠰ ᠤᠨ ᠳᠣᠲᠣᠭᠠᠳᠤ ᠳᠤ ᠳᠦᠷᠢᠮᠵᠢᠭᠰᠡᠨ᠂ ᠢᠯᠡ ᠲᠣᠳᠣ᠂ ᠨᠡᠭᠡᠭᠡᠯᠲᠡᠲᠡᠢ᠂ ᠠᠮᠢᠳᠤᠯᠢᠭ | ᠬᠦᠴᠦᠨ ᠲᠠᠢ᠂ ᠤᠶᠠᠨ ᠬᠠᠳᠠᠨ ᠴᠢᠨᠠᠷᠲᠠᠢ ᠬᠥᠷᠥᠩᠭᠡ ᠶᠢᠨ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠵᠤ᠂ | ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ ᠪᠠᠳᠠᠷᠠᠭᠤᠯᠬᠤ ᠶᠠᠪᠤᠳᠠᠯ ᠢ ᠴᠢᠩᠭᠠᠳᠬᠠᠵᠤ᠂ ᠰᠢᠭᠤᠳ ᠪᠡᠯᠡ | ᠲᠣᠬᠢᠷᠠᠭᠤᠯᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ | ᠬᠠᠮᠵᠢᠯᠴᠠᠨ ᠭᠦᠭᠵᠢᠭᠦ ᠶᠢ ᠠᠬᠢᠭᠤᠯᠵᠤ᠂ ᠰᠢᠭᠤᠳ ᠪᠡᠯᠡ ᠲᠣᠬᠢᠷᠠᠭᠤᠯᠭ᠎ᠠ ᠶᠢᠨ ᠡᠵᠡᠯᠡᠭᠦ ᠬᠠᠷᠢᠴᠠᠯ ᠪᠠ ᠬᠠᠮᠤᠷᠬᠤ | ᠬᠡᠪᠴᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ ᠰᠲ᠋ᠣᠺ ᠲᠠᠷᠬᠠᠭᠠᠬᠤ ᠳᠠᠩᠰᠠᠯᠠᠯ ᠤᠨ ᠳᠦᠷᠢᠮ ᠪᠠ ᠵᠢᠭᠡᠯᠡᠯᠭᠡ ᠶᠢᠨ | ᠲᠡᠮᠳᠡᠭᠲᠦ ᠶᠢᠨ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠭᠦ ᠬᠥᠭᠵᠢᠯᠲᠡ ᠨᠢ ᠮᠠᠨ ᠤ ᠠᠶᠢᠮᠠᠭ ᠤᠨ ᠰᠲ᠋ᠣᠺ ᠪᠠ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠭ᠎ᠠ ᠳᠤ ᠰᠢᠨ᠎ᠡ ᠠᠵᠠ ᠲᠣᠭᠢᠶᠠᠯ ᠢ ᠠᠪᠴᠢᠷᠠᠵᠤ ᠥᠭᠪᠡ᠃ | ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠠᠯᠬᠤᠮ | ᠠᠯᠬᠤᠮ ᠢᠶᠠᠷ ᠬᠡᠷᠡᠭᠵᠢᠭᠦᠯᠵᠦ᠂ ᠳᠠᠭᠢᠨ ᠪᠡᠯᠡ ᠴᠤᠭᠯᠠᠭᠤᠯᠬᠤ᠂ ᠨᠡᠶᠢᠯᠡᠭᠦᠯᠦᠨ ᠬᠤᠳᠠᠯᠳᠤᠨ ᠠᠪᠴᠤ ᠳᠠᠭᠢᠨ | ᠵᠣᠬᠢᠶᠠᠨ ᠪᠠᠶᠢᠭᠤᠯᠬᠤ ᠳᠦᠷᠢᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠯᠭᠠᠨ ᠥᠭᠴᠦ ᠵᠠᠬ᠎ᠠ | ᠳᠡᠯᠭᠡᠭᠦᠷ ᠲᠤ ᠭᠠᠷᠭᠠᠬᠤ ᠳᠦᠷᠢᠮ ᠢ ᠨᠠᠶᠢᠳᠠᠪᠤᠷᠢᠵᠢᠭᠤᠯᠤᠨ᠂ ᠮᠠᠨ ᠤ ᠠᠶᠢᠮᠠᠭ ᠤᠨ ᠬᠥᠷᠥᠩᠭᠡ ᠶᠢᠨ ᠵᠠᠬ᠎ᠠ | ᠳᠡᠯᠭᠡᠭᠦᠷ ᠤᠨ ᠬᠥᠭᠵᠢᠯᠲᠡ ᠳᠤ ᠮᠠᠰᠢ ᠣᠯᠠᠨ ᠠᠵᠠ ᠲᠣᠭᠢᠶᠠᠯ ᠠᠪᠴᠢᠷᠠᠪᠠ᠃ | ᠬᠤᠶᠠᠳᠤᠭᠠᠷ ᠬᠡᠰᠡᠭ ᠲᠤᠯᠭᠠᠷᠠᠵᠤ ᠪᠠᠶᠢᠭ᠎ᠠ ᠥᠷᠢᠰᠦᠯᠳᠦᠭᠡᠨ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠳᠤ ᠥᠷᠢᠰᠦᠯᠳᠦᠭᠡᠨ | ᠲᠤᠯᠭᠠᠷᠠᠵᠤ ᠪᠠᠶᠢᠨ᠎ᠠ᠃ ᠰᠢᠨ᠎ᠡ ᠴᠠᠭ ᠦᠶ᠎ᠡ ᠳᠤ ᠮᠥᠩᠭᠦᠨ ᠭᠦᠢᠯᠭᠡᠭᠡᠨ ᠤ ᠠᠵᠢᠯ ᠳᠤ ᠰᠢᠨ᠎ᠡ ᠡᠭᠦᠷᠭᠡ ᠰᠢᠨ᠎ᠡ | ᠱᠠᠭᠠᠷᠳᠠᠯᠭ᠎ᠠ ᠶᠢ ᠳᠤᠷᠠᠳᠴᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠦᠢᠯᠡᠴᠢᠯᠡᠭᠡᠨ ᠤ ᠣᠨᠴᠠᠯᠢᠭᠲᠤ | ᠳᠠᠪᠠᠭᠤᠯᠢᠭ᠂ ᠵᠠᠬ᠎ᠠ ᠳᠡᠯᠭᠡᠭᠦᠷ ᠤᠨ ᠬᠥᠳᠡᠯᠦᠩᠭᠦᠢ ᠪᠠᠶᠢᠳᠠᠯ ᠢ ᠪᠠᠷᠠᠭᠠᠯᠠᠬᠤ ᠳᠠᠪᠠᠭᠤᠯᠢᠭ ᠪᠠ ᠮᠡᠳᠡᠭᠡ ᠵᠠᠩᠭᠢ ᠶᠢᠨ | ᠳᠠᠪᠠᠭᠤᠯᠢᠭ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠬᠤ | ᠲᠠᠯ᠎ᠠ ᠪᠠᠷ ᠵᠣᠬᠢᠬᠤ ᠥᠷᠢᠰᠦᠯᠳᠦᠭᠡᠨ ᠣᠷᠣᠰᠢᠵᠤ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ᠂ ᠬᠢᠯᠢ ᠬᠢᠵᠠᠭᠠᠷ | ᠣᠷᠣᠨ ᠵᠢᠴᠢ ᠠᠷᠠᠳ ᠠᠴᠠ ᠡᠵᠡᠩᠨᠡᠭᠰᠡᠨ ᠪᠠᠭ᠎ᠠ ᠵᠢᠵᠢᠭ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ | ᠦᠢᠯᠡᠴᠢᠯᠡᠭᠡ ᠬᠦᠷᠳᠡᠬᠦ ᠴᠢᠨᠠᠷ ᠢ ᠳᠡᠭᠡᠭᠰᠢᠯᠡᠭᠦᠯᠭᠦ ᠵᠡᠷᠭᠡ ᠲᠠᠯ᠎ᠠ ᠪᠠᠷ ᠮᠥᠨ ᠬᠦ ᠥᠷᠢᠰᠦᠯᠳᠦᠭᠡᠨ ᠳᠤ ᠲᠤᠯᠭᠠᠷᠠᠵᠤ | ᠪᠠᠶᠢᠨ᠎ᠠ᠃ ᠡᠭᠦᠨ ᠤ ᠬᠠᠮᠲᠤ ᠠᠵᠤ ᠦᠢᠯᠡᠰ ᠤᠨ ᠲᠣᠬᠢᠷᠠᠭᠤᠯᠤᠯᠲᠠ ᠨᠢ ᠮᠥᠩᠭᠦᠨ ᠭᠦᠢᠯᠭᠡᠭᠡᠨ ᠤ ᠬᠠᠩᠭᠠᠯᠭ᠎ᠠ ᠶᠢ | ᠪᠠᠲᠤᠯᠠᠬᠤ ᠳᠤ ᠨᠡᠯᠢᠶᠡᠳ ᠶᠡᠭᠡ ᠳᠠᠷᠤᠯᠲᠠ ᠪᠣᠯᠵᠤ᠂ ᠬᠠᠳᠠᠭᠠᠯᠠᠯᠲᠠ ᠶᠢᠨ ᠬᠡᠮᠵᠢᠶ᠎ᠡ ᠶᠢᠨ ᠲᠣᠬᠢᠷᠠᠭᠤᠯᠤᠯᠲᠠ ᠶᠢ | ᠰᠢᠯᠢᠳᠡᠭᠵᠢᠭᠦᠯᠬᠦ᠂ ᠨᠡᠮᠡᠭᠳᠡᠯ ᠢᠷᠡᠯᠲᠡ ᠶᠢ ᠥᠷᠭᠡᠳᠬᠡᠬᠦ᠂ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ | ᠲᠣᠬᠢᠷᠠᠭᠤᠯᠬᠤ᠂ ᠪᠡᠯᠡ ᠮᠥᠩᠭᠦ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠵᠡᠷᠭᠡ ᠳᠤ ᠨᠡᠩ ᠥᠨᠳᠥᠷ | ᠱᠠᠭᠠᠷᠳᠠᠯᠭ᠎ᠠ ᠳᠤᠷᠠᠳᠪᠠ᠃ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠳᠤ ᠰᠢᠨ᠎ᠡ ᠥᠷᠢᠰᠦᠯᠳᠦᠭᠡᠨ | ᠲᠤᠯᠭᠠᠷᠠᠵᠤ ᠪᠠᠶᠢᠨ᠎ᠠ᠃ ︽ᠠᠷᠪᠠᠨ ᠳᠦᠷᠪᠡᠳᠦᠭᠡᠷ ᠳᠠᠪᠣᠨ ᠵᠢᠯ︾ ᠤᠨ ᠬᠤᠭᠤᠴᠠᠭᠠᠨ ᠳᠤ᠂ ᠠᠵᠤ ᠦᠢᠯᠡᠰ ᠤᠨ | ᠪᠦᠲᠦᠴᠡ᠂ ᠡᠨᠧᠷᠭᠢ ᠶᠢᠨ ᠪᠦᠲᠦᠴᠡ ᠳᠤ ᠴᠢᠬᠤᠯᠠ ᠶᠡᠭᠡ ᠲᠣᠬᠢᠷᠠᠭᠤᠯᠤᠯᠲᠠ ᠪᠠ ᠪᠦᠲᠦᠴᠡ ᠶᠢᠨ | ᠲᠣᠬᠢᠷᠠᠭᠤᠯᠤᠯᠲᠠ ᠲᠤᠯᠭᠠᠷᠠᠵᠤ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠬᠤ ᠶᠠᠪᠤᠴᠠ ᠳᠤ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢᠨ ᠲᠥᠪᠯᠡᠷᠡᠯ ᠪᠣᠯᠣᠨ ᠲᠥᠪᠯᠡᠷᠡᠯ ᠡᠭᠦᠰᠭᠦ ᠠᠴᠠ ᠵᠠᠶᠢᠯᠠᠰᠬᠢᠬᠦ ᠪᠣᠯ ᠮᠥᠩᠭᠦᠨ | ᠭᠦᠢᠯᠭᠡᠭᠡᠨ ᠤ ᠦᠢᠯᠡᠰ ᠲᠤ ᠲᠤᠯᠭᠠᠷᠠᠵᠤ ᠪᠠᠶᠢᠭ᠎ᠠ ᠨᠢᠭᠡᠨ ᠴᠢᠬᠤᠯᠠ ᠶᠡᠭᠡ ᠥᠷᠢᠰᠦᠯᠳᠦᠭᠡᠨ ᠪᠤᠯᠬᠤ ᠶᠤᠮ᠃ | ᠵᠠᠰᠠᠭ ᠤᠨ ᠣᠷᠳᠣᠨ ᠤ ᠵᠢᠭᠡᠯᠡᠯᠭᠡ ᠪᠣᠯᠣᠨ ᠠᠵᠤ ᠠᠬᠤᠶᠢᠯᠠᠯ ᠤᠨ ᠥᠷᠢ ᠰᠢᠷᠢ ᠨᠢ ᠬᠤᠭᠤᠴᠠᠭ᠎ᠠ ᠨᠢ ᠲᠣᠯᠣᠭᠠᠳ᠂ | ᠭᠡᠷ᠎ᠡ ᠠᠴᠠ ᠵᠥᠷᠢᠴᠡᠬᠦ ᠳᠠᠯᠳᠠ ᠲᠦᠭᠰᠢᠭᠦᠷᠢ ᠶᠢ ᠲᠥᠪᠯᠡᠷᠡᠭᠦᠯᠦᠨ ᠰᠡᠷᠭᠡᠶᠢᠯᠡᠬᠦ ᠪᠠ ᠰᠢᠢᠳᠪᠦᠷᠢᠯᠡᠬᠦ ᠳᠤ ᠨᠡᠯᠢᠶᠡᠳ | ᠶᠡᠭᠡ ᠥᠷᠢᠰᠦᠯᠳᠦᠭᠡᠨ ᠳᠣᠯᠭᠠᠷᠠᠵᠦ ᠪᠠᠶᠢᠨ᠎ᠠ᠃ ᠢᠨᠲ᠋ᠧᠷ ᠰᠦᠯᠵᠢᠶ᠎ᠡ ᠶᠢᠨ ᠮᠥᠩᠭᠦᠨ ᠭᠦᠢᠯᠭᠡᠭᠡ᠂ ᠰᠦᠯᠵᠢᠶ᠎ᠡ ᠶᠢᠨ | ᠵᠢᠭᠡᠯᠡᠯᠭᠡ ᠵᠡᠷᠭᠡ ᠰᠢᠨ᠎ᠡ ᠭᠡᠯᠪᠡᠷᠢ ᠶᠢᠨ ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠪᠠᠶᠢᠳᠠᠯ ᠲᠥᠯᠥᠪ ᠢ ᠲᠣᠮᠣ | ᠳ᠋ᠠᠶᠢᠲ᠋ᠠ᠂ ᠡᠭᠦᠯᠡᠨ ᠪᠣᠳᠣᠯᠲᠠ ᠵᠡᠷᠭᠡ ᠶᠢ ᠥᠷᠭᠡᠨ ᠢᠶᠠᠷ ᠠᠰᠢᠭᠯᠠᠨ ᠲᠤᠬᠠᠶᠢᠯᠠᠭᠰᠠᠨ ᠠᠵᠢᠯ ᠢᠶᠠᠨ ᠥᠷᠭᠡᠳᠬᠡᠵᠦ᠂ | ᠠᠶᠤᠯ ᠲᠦᠭᠰᠢᠭᠦᠷᠢ ᠶᠢ ᠢᠯᠭᠠᠨ ᠲᠠᠨᠢᠬᠤ᠂ ᠬᠥᠳᠡᠯᠦᠩᠭᠦᠢ ᠪᠠᠶᠢᠳᠠᠯ ᠢ ᠬᠢᠨᠠᠨ ᠰᠢᠯᠭᠠᠬᠤ᠂ ᠲᠤᠬᠠᠶᠢᠯᠠᠭᠰᠠᠨ | ᠠᠵᠢᠯ ᠢ ᠬᠢᠨᠠᠨ ᠬᠠᠮᠢᠶᠠᠷᠴᠤ ᠰᠢᠢᠳᠪᠦᠷᠢᠯᠡᠨ ᠲᠣᠬᠢᠷᠠᠭᠤᠯᠬᠤ ᠵᠡᠷᠭᠡ ᠲᠠᠯ᠎ᠠ ᠪᠠᠷ ᠮᠥᠩᠭᠦᠨ ᠭᠦᠢᠯᠭᠡᠭᠡᠨ ᠤ ᠬᠢᠨᠠᠨ | ᠬᠠᠮᠢᠶᠠᠷᠬᠤ ᠠᠵᠢᠯ ᠳᠤ ᠰᠢᠨ᠎ᠡ ᠥᠷᠢᠰᠦᠯᠳᠦᠭᠡᠨ ᠳᠤᠷᠠᠳᠪᠠ᠃ | ᠭᠤᠷᠪᠠᠳᠤᠭᠠᠷ ᠪᠦᠯᠦᠭ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠬᠥᠭᠵᠢᠭᠦᠯᠬᠦ | ᠬᠠᠷᠠᠯᠲᠠ | ᠨᠢᠭᠡᠳᠦᠭᠡᠷ ᠬᠡᠰᠡᠭ ᠵᠢᠯᠤᠭᠤᠳᠬᠤ ᠦᠵᠡᠯ ᠰᠠᠨᠠᠭ᠎ᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠠᠶᠢᠮᠠᠭ ᠤᠨ ᠮᠥᠩᠭᠦᠨ | ᠭᠦᠢᠯᠭᠡᠭᠡᠨ ᠤ ᠦᠢᠯᠡᠰ ᠤᠨ ᠬᠥᠭᠵᠢᠯᠲᠡ ᠨᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ | ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ᠂ ᠮᠥᠩᠭᠦᠨ ᠭᠦᠢᠯᠭᠡᠭᠡᠨ ᠤ ᠪᠡᠯᠡ ᠮᠥᠩᠭᠦ ᠶᠢᠨ ᠶᠠᠰᠤ ᠴᠢᠨᠠᠷ ᠢ | ᠳᠡᠭᠡᠭᠰᠢᠯᠡᠭᠦᠯᠭᠦ ᠠᠵᠢᠯ ᠤᠨ ᠰᠡᠳᠬᠢᠴᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠂ ︽ | ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠲᠠᠢ ᠤᠶᠠᠯᠳᠤᠭᠤᠯᠤᠨ᠂ ᠠᠯᠠᠱᠠ ᠠᠶᠢᠮᠠᠭ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ | ᠪᠣᠳᠠᠲᠤ ᠪᠠᠶᠢᠳᠠᠯ ᠳᠤ ᠰᠠᠭᠤᠷᠢᠯᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠤᠷᠢᠳᠠᠴᠢ ᠴᠢᠨᠠᠷ ᠢ | ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠠᠵᠤ ᠦᠢᠯᠡᠰ ᠤᠨ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠭᠦ᠂ | ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠮᠥᠩᠭᠦᠨ ᠭᠦᠢᠯᠭᠡᠭᠡᠨ ᠤ | ᠡᠳ᠋ ᠬᠥᠷᠥᠩᠭᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠠᠵᠢᠯ ᠤᠨ ᠰᠡᠳᠬᠢᠴᠡ ᠪᠠᠷ᠂ ᠤᠯᠤᠰ ᠲᠥᠷᠥ ᠮᠥᠩᠭᠦᠨ | ᠭᠦᠢᠯᠭᠡᠭᠡᠨ ᠤ ᠠᠵᠤ ᠠᠬᠤᠶᠢᠯᠠᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠨ᠎ᠡ ᠶᠢ ᠡᠭᠦᠳᠭᠦ ᠴᠢᠳᠠᠪᠤᠷᠢ᠂ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠦᠨ᠂ | ᠮᠥᠩᠭᠦᠨ ᠭᠦᠢᠯᠭᠡᠭᠡᠨ ᠤ ᠠᠮᠤᠷ ᠲᠦᠪᠰᠢᠨ ᠲᠣᠭᠲᠠᠭᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠠᠮᠤᠷ ᠲᠦᠪᠰᠢᠨ᠂ ᠠᠵᠤ ᠠᠬᠤᠢ ᠶᠢᠨ ᠬᠥᠭᠵᠢᠯᠲᠡ ᠶᠢᠨ | ᠰᠢᠨ᠎ᠡ ᠪᠠᠶᠢᠳᠠᠯ ᠢ ᠪᠤᠢ ᠪᠣᠯᠭᠠᠨ᠎ᠠ᠃ | ᠬᠤᠶᠠᠳᠤᠭᠠᠷ ᠬᠡᠰᠡᠭ ᠦᠨᠳᠦᠰᠦᠨ ᠵᠠᠷᠴᠢᠮ | ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠃ | ᠮᠥᠩᠭᠦᠨ ᠭᠦᠢᠯᠭᠡᠭᠡᠨ ᠤ ᠰᠢᠰᠲ᠋ᠧᠮ ᠤᠨ ᠨᠠᠮ ᠤᠨ ᠤᠳᠤᠷᠢᠳᠤᠯᠭ᠎ᠠ ᠪᠠ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠨᠠᠮ ᠪᠠ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ᠂ ᠴᠢᠬᠤᠯᠠ ᠶᠡᠭᠡ | ᠪᠠᠶᠢᠷᠢᠯᠠᠭᠤᠯᠤᠯᠲᠠ ᠶᠢ ᠮᠥᠩᠭᠦᠨ ᠭᠦᠢᠯᠭᠡᠭᠡᠨ ᠤ ᠠᠵᠢᠯ ᠤᠨ ᠳᠤᠮᠳᠠ ᠲᠡᠷᠡ ᠬᠡᠪ ᠢᠶᠠᠷ ᠨᠢ ᠳᠣᠣᠱᠯᠠᠭᠤᠯᠣᠨ | ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠰᠢᠨ᠎ᠡ ᠬᠥᠭᠵᠢᠯᠲᠡ ᠶᠢᠨ ᠣᠨᠣᠯᠵᠢᠬᠤᠨ ᠢ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠪᠦᠭᠦ ᠶᠠᠪᠤᠴᠠ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠡᠯ᠎ᠡ ᠬᠦᠷᠢᠶᠡᠨ ᠳᠤ | ᠲᠤᠤᠱᠯᠠᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠦᠨᠡᠨᠬᠦ ᠬᠤᠪᠢᠷᠠᠭᠤᠯᠵᠤ᠂ ᠮᠥᠩᠭᠦᠨ ᠭᠦᠢᠯᠭᠡᠭᠡᠨ ᠤ | ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠭᠦ ᠬᠦᠴᠦᠨ ᠤ ᠬᠤᠪᠢᠰᠤᠯᠲᠠ ᠶᠢ | ᠠᠬᠢᠭᠤᠯᠤᠨ᠎ᠠ᠃ | ᠰᠢᠰᠲ᠋ᠧᠮ ᠲᠠᠢ ᠪᠠᠷ ᠠᠬᠢᠭᠤᠯᠬᠤ ᠵᠠᠷᠴᠢᠮ ᠢ ᠪᠠᠷᠢᠮᠲᠠᠯᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠬᠢᠭᠡᠳ | ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠯᠦᠭᠡ ᠶᠢᠨ ᠬᠠᠮᠵᠢᠯᠴᠠᠨ | ᠬᠤᠯᠪᠤᠭᠠᠯᠠᠨ ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ | ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠡᠵᠡᠮᠳᠡᠨ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠥᠷᠭᠡᠴᠡ ᠪᠠ | ᠭᠦᠨᠴᠡ ᠶᠢ ᠳᠡᠭᠡᠭᠰᠢᠯᠡᠭᠦᠯᠭᠦ ᠬᠡᠷᠡᠭᠲᠡᠢ᠃ | ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠵᠠᠷᠴᠢᠮ ᠢ ᠪᠠᠷᠢᠮᠲᠠᠯᠠᠨ᠎ᠠ᠃ ᠪᠣᠳᠠᠲᠤ ᠴᠣᠭᠴᠠ ᠶᠢᠨ ᠠᠵᠤ | ᠠᠬᠤᠢ ᠪᠣᠯᠣᠨ ᠠᠷᠠᠳ ᠣᠯᠠᠨ ᠳᠤ ᠦᠢᠯᠡᠴᠢᠯᠡᠬᠦ ᠶᠢ ᠮᠥᠩᠭᠦᠨ ᠭᠦᠢᠯᠭᠡᠭᠡᠨ ᠤ ᠠᠵᠢᠯ ᠤᠨ ᠡᠭᠦᠰᠴᠡ ᠪᠠ | ᠵᠣᠭᠰᠣᠴᠠ ᠪᠤᠯᠭᠠᠵᠤ᠂ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠬᠤᠷᠳᠤᠴᠠ ᠶᠢ ᠪᠠᠲᠤᠯᠠᠵᠤ᠂ | ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢ | ᠴᠢᠩᠭᠠᠳᠬᠠᠵᠤ᠂ ᠠᠷᠠᠳ ᠣᠯᠠᠨ ᠤ ᠣᠯᠠᠨ ᠶᠠᠩᠵᠤᠴᠢᠯᠠᠭᠰᠠᠨ ᠮᠥᠩᠭᠦᠨ ᠭᠦᠢᠯᠭᠡᠭᠡᠨ ᠤ ᠬᠡᠷᠡᠭᠴᠡᠭᠡ ᠶᠢ ᠬᠠᠩᠭᠠᠵᠤ᠂ | ᠮᠥᠩᠭᠦᠨ ᠭᠦᠢᠯᠭᠡᠭᠡᠨ ᠤ ᠠᠵᠤ ᠦᠢᠯᠡᠰ ᠪᠠ ᠳᠠᠪᠠᠭᠤᠯᠢᠭ ᠠᠵᠤ ᠦᠢᠯᠡᠰ ᠤᠨ ᠣᠷᠭᠠᠨᠢᠭ ᠤᠶᠠᠯᠳᠤᠯ ᠢ | ᠪᠡᠶᠡᠯᠡᠭᠦᠯᠵᠦ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠠᠬᠢ ᠮᠥᠩᠭᠦᠨ ᠭᠦᠢᠯᠭᠡᠭᠡᠨ ᠤ ᠦᠢᠯᠡᠰ ᠤᠨ | ᠬᠤᠪᠢ ᠶᠢᠨ ᠵᠢᠩ ᠪᠣᠯᠣᠨ ᠬᠤᠪᠢ ᠨᠡᠮᠡᠷᠢ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ | ᠠᠶᠤᠯ ᠲᠦᠭᠰᠢᠭᠦᠷᠢ ᠶᠢ ᠰᠡᠷᠭᠡᠶᠢᠯᠡᠬᠦ ᠵᠠᠷᠴᠢᠮ ᠢ ᠪᠠᠷᠢᠮᠳᠠᠯᠠᠨ᠎ᠠ᠃ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠣᠬᠢᠴᠠᠭᠤᠯᠬᠤ ᠲᠣᠭᠲᠠᠴᠠ ᠪᠣᠯᠣᠨ | ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠡᠷᠬᠡ | ᠨᠢ ᠲᠣᠳᠣᠷᠬᠠᠢ᠂ ᠠᠵᠢᠯ ᠢᠶᠠᠨ ᠬᠤᠪᠢᠳᠠᠨ ᠬᠠᠮᠵᠢᠯᠴᠠᠭᠰᠠᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ | ᠪᠠᠶᠢᠭᠤᠯᠤᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠪᠣᠯᠣᠨ | ᠠᠷᠭ᠎ᠠ ᠪᠠᠷᠢᠯ ᠢ ᠰᠠᠶᠢᠵᠢᠷᠠᠭᠤᠯᠤᠨ᠂ ᠲᠣᠮᠣ ᠳ᠋ᠠᠶᠢᠲ᠋ᠠ ᠪᠣᠯᠣᠨ ᠬᠥᠮᠥᠨ ᠤ ᠬᠦᠴᠦᠨ ᠤ ᠣᠶᠤᠨ ᠴᠢᠳᠠᠪᠤᠷᠢ ᠶᠢ | ᠭᠦᠢᠴᠡᠳ ᠠᠰᠢᠭᠯᠠᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠤᠯᠢ ᠪᠤᠰᠤ ᠪᠠᠷ | ᠪᠡᠯᠡ ᠴᠤᠭᠯᠠᠭᠤᠯᠬᠤ ᠵᠡᠷᠭᠡ ᠮᠥᠩᠭᠦᠨ ᠭᠦᠢᠯᠭᠡᠭᠡᠨ ᠤ ᠡᠮᠬᠢ ᠳᠢᠭᠯᠢᠮ ᠢ ᠰᠠᠮᠠᠭᠤᠷᠠᠭᠤᠯᠬᠤ ᠦᠢᠯᠡ ᠠᠵᠢᠯᠯᠠᠭ᠎ᠠ ᠳᠤ | ᠴᠣᠬᠢᠯᠲᠠ ᠥᠭᠭᠦ ᠡᠷᠴᠢᠮ ᠢᠶᠠᠨ ᠨᠡᠮᠡᠭᠳᠡᠭᠦᠯᠦᠨ᠂ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠬᠡᠮᠵᠢᠶ᠎ᠡ ᠪᠠᠷ | ᠲᠦᠭᠰᠢᠭᠦᠷᠢ ᠶᠢ ᠪᠠᠭᠠᠰᠬᠠᠵᠤ᠂ ᠳᠦᠷᠢᠮᠵᠢᠭᠰᠡᠨ ᠠᠷᠭ᠎ᠠ ᠮᠠᠶ᠋ᠢᠭ ᠢᠶᠠᠷ ᠲᠦᠭᠰᠢᠭᠦᠷᠢ ᠶᠢ ᠠᠷᠭᠠᠴᠠᠵᠤ᠂ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠪᠦᠭᠦ ᠬᠦᠴᠦᠨ ᠢᠶᠠᠷ ᠢᠶᠠᠨ ᠬᠠᠮᠠᠭᠠᠯᠠᠨ᠎ᠠ᠃ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠵᠠᠷᠴᠢᠮ ᠢ ᠪᠠᠷᠢᠮᠲᠠᠯᠠᠨ᠎ᠠ᠃ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ | ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ ᠶᠢ ᠡᠩ ᠲᠡᠷᠢᠭᠦᠨ ᠳᠤ | ᠪᠠᠶᠢᠯᠭᠠᠬᠤ᠂ ᠪᠣᠬᠢᠷᠳᠤᠯ ᠦᠭᠡᠢ ᠬᠥᠭᠵᠢᠭᠦᠯᠬᠦ ᠦᠨᠳᠦᠰᠦᠨ ᠱᠠᠭᠠᠷᠳᠠᠯᠭ᠎ᠠ ᠶᠢ ᠪᠠᠷᠢᠮᠲᠠᠯᠠᠨ᠂ ᠡᠯ᠎ᠡ ᠵᠦᠢᠯ ᠤᠨ | ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠲᠡᠭᠡᠮᠵᠢᠲᠦ ᠵᠢᠭᠡᠯᠡᠯᠭᠡ | ᠲᠠᠯᠪᠢᠬᠤ ᠪᠠ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠠᠲᠤᠯᠠᠨ᠂ ᠪᠡᠯᠡ | ᠲᠣᠬᠢᠷᠠᠭᠤᠯᠬᠤ ᠪᠦᠲᠦᠴᠡ ᠶᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠣᠯᠠᠨ ᠳᠡᠰ ᠳᠠᠪᠬᠤᠷᠭ᠎ᠠ᠂ ᠣᠯᠠᠨ ᠬᠦᠷᠢᠶ᠎ᠡ᠂ | ᠣᠯᠠᠨ ᠪᠦᠲᠦᠴᠡ ᠪᠦᠬᠦᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠪᠠᠶᠢᠷᠢᠰᠢᠯ ᠢ | ᠪᠠᠶᠢᠭᠤᠯᠤᠨ᠎ᠠ᠃ | ᠭᠤᠷᠪᠠᠳᠤᠭᠠᠷ ᠬᠡᠰᠡᠭ ᠬᠥᠭᠵᠢᠭᠦᠯᠬᠦ ᠬᠠᠷᠠᠯᠲᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠥᠩᠭᠦᠨ ᠭᠦᠢᠯᠭᠡᠭᠡᠨ ᠤ ᠦᠢᠯᠡᠰ ᠤᠨ | ᠬᠥᠭᠵᠢᠯᠲᠡ ᠪᠠ ᠠᠶᠢᠮᠠᠭ ᠤᠨ ᠳᠣᠲᠣᠭᠠᠳᠤ ᠶᠢᠨ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ | ᠦᠨᠳᠦᠰᠦᠨ ᠳᠡᠭᠡᠨ ᠵᠣᠬᠢᠴᠠᠵᠠᠢ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠢᠯᠡᠳᠲᠡ ᠳᠡᠭᠡᠭᠰᠢᠯᠡᠪᠡ᠃ | ᠭᠠᠵᠠᠷ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠭᠠᠵᠠᠷ | ᠣᠷᠣᠨ ᠤ ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠪᠠᠶᠢᠳᠠᠯ ᠲᠥᠯᠥᠪ ᠢ ᠪᠠᠶᠠᠯᠢᠭᠵᠢᠭᠤᠯᠵᠤ᠂ ᠲᠠᠷᠢᠶᠠᠯᠠᠩ ᠮᠠᠯ | ᠠᠵᠤ ᠠᠬᠤᠢ ᠶᠢᠨ ᠣᠨᠴᠠᠯᠢᠭᠲᠤ ᠮᠥᠩᠭᠦᠨ ᠭᠦᠢᠯᠭᠡᠭᠡᠨ᠂ ᠣᠳᠣ ᠦᠶ᠎ᠡ ᠶᠢᠨ ᠡᠨᠧᠷᠭᠢ ᠶᠢᠨ ᠮᠥᠩᠭᠦᠨ ᠭᠦᠢᠯᠭᠡᠭᠡᠨ᠂ | ᠵᠦᠢ ᠶᠣᠰᠣᠨ ᠤ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠵᠡᠷᠭᠡ ᠶᠢ | ᠰᠦᠪᠡᠭᠴᠢᠯᠡᠨ ᠬᠥᠭᠵᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠯᠣᠮᠵᠢᠲᠤ ᠴᠢᠨᠠᠷ ᠪᠠ ᠳᠥᠭᠦᠮ | ᠦᠵᠡᠭᠦᠯᠭᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠪᠡᠯᠡ ᠲᠣᠬᠢᠷᠠᠭᠤᠯᠬᠤ ᠪᠦᠲᠦᠴᠡ ᠶᠢ ᠤᠯᠠᠮ | ᠨᠢᠭᠡ ᠠᠯᠬᠤᠮ ᠰᠢᠯᠢᠳᠡᠭᠵᠢᠭᠦᠯᠵᠦ᠂ ᠪᠡᠯᠡ ᠲᠣᠬᠢᠷᠠᠭᠤᠯᠬᠤ ᠠᠷᠭ᠎ᠠ ᠵᠠᠮ ᠤᠨ ᠢᠷᠡᠯᠲᠡ ᠶᠢ ᠤᠯᠠᠮ ᠨᠢᠭᠡ ᠠᠯᠬᠤᠮ | ᠥᠷᠭᠡᠳᠬᠡᠨ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠦᠷᠭᠦᠯᠵᠢᠯᠡᠨ ᠮᠥᠩᠭᠦᠨ | ᠭᠦᠢᠯᠭᠡᠭᠡᠨ ᠤ ᠪᠠᠲᠤᠯᠠᠭ᠎ᠠ ᠲᠠᠢ ᠪᠣᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠳᠡᠯᠦᠩᠭᠦᠢ ᠴᠢᠨᠠᠷ ᠨᠢ | ᠲᠣᠭᠲᠠᠭᠤᠨ ᠪᠠᠶᠢᠬᠤ ᠶᠢ ᠪᠠᠲᠤᠯᠠᠨ᠂ ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ | ᠫᠠᠶᠢᠰᠠ ᠡᠯᠭᠦᠭᠦ ᠶᠠᠪᠤᠳᠠᠯ ᠰᠢᠨ᠎ᠡ ᠰᠢᠪᠲᠤᠯᠤᠯᠲᠠ ᠲᠠᠢ ᠪᠣᠯᠵᠤ᠂ ᠰᠢᠭᠤᠳ ᠪᠡᠯᠡ ᠲᠣᠬᠢᠷᠠᠭᠤᠯᠬᠤ ᠬᠡᠪᠴᠢᠶᠡᠨ ᠤ | ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶᠡᠵᠢᠯ ᠳᠠᠬᠢ ᠡᠵᠡᠯᠡᠭᠦ ᠬᠤᠪᠢ ᠶᠢᠨ ᠵᠢᠩ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ | ᠮᠥᠩᠭᠦᠨ ᠭᠦᠢᠯᠭᠡᠭᠡᠨ ᠤ ᠨᠡᠶᠢᠳᠡᠮ ᠠᠰᠢᠭ ᠬᠦᠷᠲᠡᠭᠡᠬᠦ ᠬᠡᠮᠵᠢᠶ᠎ᠡ ᠢᠯᠡᠳᠲᠡ ᠨᠡᠮᠡᠭᠳᠡᠪᠡ᠃ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠰᠢᠶᠠᠩ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠷᠠᠳ ᠠᠴᠠ | ᠡᠵᠡᠩᠨᠡᠭᠰᠡᠨ ᠪᠠᠭ᠎ᠠ ᠵᠢᠵᠢᠭ ᠠᠵᠤ ᠠᠬᠤᠶᠢᠯᠠᠯ ᠤᠨ ᠦᠢᠯᠡᠳᠬᠦᠨ ᠪᠠ ᠵᠠᠭᠪᠤᠷ ᠲᠠᠰᠤᠷᠠᠯᠲᠠ ᠦᠭᠡᠢ ᠪᠠᠶᠠᠯᠢᠭᠵᠢᠵᠤ᠂ | ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠲᠠᠰᠤᠷᠠᠯᠲᠠ ᠦᠭᠡᠢ | ᠲᠡᠭᠦᠯᠳᠡᠷᠵᠢᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠯᠠᠨ ᠲᠥᠷᠥᠯ ᠤᠨ ᠵᠣᠭᠤᠰᠤᠨ ᠤ ᠲᠥᠷᠥ ᠶᠢᠨ | ᠪᠣᠳᠣᠯᠭ᠎ᠠ ᠶᠢᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠪᠦᠭᠦ ᠠᠶᠢᠮᠠᠭ ᠤᠨ ᠵᠢᠭᠡᠯᠡᠯᠭᠡ ᠶᠢᠨ ᠬᠦᠦ ᠨᠣᠷᠮ᠎ᠠ ᠶᠢᠨ | ᠬᠢᠷᠢ ᠲᠦᠪᠰᠢᠨ ᠠᠭᠠᠵᠢᠮ ᠢᠶᠠᠷ ᠳᠣᠷᠣᠭᠰᠢᠯᠠᠨ᠂ ᠠᠷᠠᠳ ᠠᠴᠠ ᠡᠵᠡᠩᠨᠡᠭᠰᠡᠨ ᠪᠠᠭ᠎ᠠ ᠵᠢᠵᠢᠭ ᠠᠵᠤ ᠠᠬᠤᠶᠢᠯᠠᠯ ᠤᠨ | ᠪᠡᠯᠡ ᠬᠤᠷᠠᠮᠳᠤᠭᠤᠯᠬᠤ ᠥᠪᠡᠷ ᠤᠨ ᠥᠷᠲᠡᠭ ᠲᠣᠭᠲᠠᠭᠤᠨ ᠢᠶᠠᠷ ᠪᠠᠭᠤᠷᠠᠪᠠ᠃ ᠮᠥᠩᠭᠦᠨ ᠭᠦᠢᠯᠭᠡᠭᠡᠨ ᠤ | ᠬᠡᠷᠡᠭᠯᠡᠭᠴᠢᠳ ᠤᠨ ᠡᠷᠬᠡ ᠠᠰᠢᠭ ᠤᠨ ᠤᠬᠠᠮᠰᠠᠷ ᠪᠠ ᠬᠠᠮᠠᠭᠠᠯᠠᠯᠲᠠ ᠶᠢᠨ ᠡᠷᠴᠢᠮ ᠢᠯᠡᠳᠲᠡ ᠳᠡᠭᠡᠭᠰᠢᠯᠡᠵᠦ᠂ | ᠪᠠᠭᠤᠷᠠᠶᠢᠴᠤᠤᠯ ᠢ ᠳᠡᠮᠵᠢᠭᠦ ᠡᠷᠴᠢᠮ ᠲᠠᠰᠤᠷᠠᠯᠲᠠ ᠦᠭᠡᠢ ᠴᠢᠩᠭᠠᠷᠠᠪᠠ᠃ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠪᠡ᠃ ᠮᠥᠩᠭᠦᠨ ᠭᠦᠢᠯᠭᠡᠭᠡᠨ ᠤ ᠢᠯᠵᠠᠷᠠᠯ ᠢ ᠵᠠᠯᠬᠠᠭᠠᠨ ᠰᠢᠳᠭᠡᠭᠦ ᠪᠠ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ | ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ | ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠵᠤ᠂ ᠵᠦᠢ ᠪᠤᠰᠤ ᠵᠢᠭᠡᠯᠡᠯᠭᠡ ᠶᠢᠨ ᠦᠯᠡᠳᠡᠪᠦᠷᠢ ᠲᠤᠭ᠎ᠠ ᠪᠠ ᠵᠦᠢ | ᠪᠤᠰᠤ ᠵᠢᠭᠡᠯᠡᠯᠭᠡ ᠶᠢᠨ ᠨᠣᠷᠮ᠎ᠠ ᠶᠢ ︽ᠬᠤᠣᠰ ᠢᠶᠠᠷ ᠪᠠᠭᠤᠷᠠᠭᠤᠯᠬᠤ︾ ᠶᠢ ᠪᠡᠶᠡᠯᠡᠭᠦᠯᠵᠦ᠂ ᠲᠦᠭᠰᠢᠭᠦᠷᠢ ᠶᠡᠬᠡᠲᠡᠢ | ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ ᠴᠡᠪᠡᠷᠯᠡᠬᠦ ᠶᠢ ᠪᠡᠶᠡᠯᠡᠭᠦᠯᠦᠨ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ | ᠳᠡᠯᠭᠡᠭᠦᠷ ᠲᠤ ᠭᠡᠷ᠎ᠡ ᠶᠢ ᠵᠥᠷᠢᠴᠡᠭᠰᠡᠨ ᠬᠡᠷᠡᠭ ᠡᠭᠦᠰᠭᠦ ᠦᠭᠡᠢ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ | ᠥᠨᠳᠥᠷ ᠬᠦᠦ ᠲᠠᠢ ᠵᠢᠭᠡᠯᠡᠯᠭᠡ ᠵᠡᠷᠭᠡ ᠮᠥᠩᠭᠦᠨ ᠭᠦᠢᠯᠭᠡᠭᠡᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ | ᠡᠭᠦᠰᠭᠦ ᠨᠣᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠤᠨ᠂ ᠮᠥᠩᠭᠦᠨ ᠭᠦᠢᠯᠭᠡᠭᠡᠨ ᠤ ᠡᠮᠬᠢ ᠳᠢᠭᠯᠢᠮ ᠢ | ᠦᠷᠭᠦᠯᠵᠢᠯᠡᠨ ᠲᠣᠭᠲᠠᠭᠤᠨ ᠪᠤᠯᠭᠠᠬᠤ ᠶᠢ ᠪᠡᠶᠡᠯᠡᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠ ᠵᠢᠵᠢᠭ ᠪᠠᠩᠬᠢ ᠶᠢᠨ ᠬᠥᠷᠥᠩᠭᠡ | ᠮᠥᠩᠭᠦ ᠶᠢᠨ ᠨᠥᠬᠦᠪᠦᠷᠢ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠬᠤᠲᠠ ᠶᠢᠨ ᠬᠤᠳᠠᠯᠳᠤᠭᠠᠨ ᠤ | ᠪᠠᠩᠬᠢ ᠶᠢᠨ ᠥᠭᠡᠷᠡᠴᠢᠯᠡᠯᠲᠡ ᠪᠠ ᠬᠥᠳᠡᠭᠡ ᠠᠵᠤ ᠠᠬᠤᠢ ᠢᠲᠡᠭᠡᠮᠵᠢ ᠶᠢᠨ ᠬᠤᠷᠰᠢᠶᠠᠨ ᠤ ᠥᠭᠡᠷᠡᠴᠢᠯᠡᠯᠲᠡ ᠶᠢ | ᠠᠬᠢᠭᠤᠯᠵᠤ᠂ ᠮᠥᠩᠭᠦᠨ ᠭᠦᠢᠯᠭᠡᠭᠡᠨ ᠤ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰ | ᠭᠠᠵᠠᠷ ᠤᠨ ᠠᠵᠤ ᠠᠬᠤᠢ ᠶᠢᠨ ᠬᠥᠭᠵᠢᠯᠲᠡ ᠳᠤ ᠬᠡᠷᠡᠭᠰᠡᠬᠦ ᠪᠡᠯᠡ ᠮᠥᠩᠭᠦ ᠶᠢᠨ ᠠᠰᠠᠭᠤᠳᠠᠯ ᠢ ᠰᠢᠢᠳᠪᠦᠷᠢᠯᠡᠨ᠎ᠡ᠃ | ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠨᠡᠩ ᠰᠢᠯᠢᠳᠡᠭᠵᠢᠭᠦᠯᠦᠨ᠎ᠡ᠃ ᠮᠥᠩᠭᠦᠨ ᠭᠦᠢᠯᠭᠡᠭᠡᠨ ᠤ | ᠲᠥᠷᠥ ᠶᠢᠨ ᠪᠣᠳᠣᠯᠭ᠎ᠠ ᠶᠢᠨ ᠳᠦᠷᠢᠮ ᠤᠨ ᠰᠢᠰᠲ᠋ᠧᠮᠵᠢ ᠡᠳᠦᠷ ᠢᠷᠡᠬᠦᠶ᠎ᠡ ᠪᠦᠷᠢᠨᠰᠢᠵᠦ᠂ ᠮᠥᠩᠭᠦᠨ ᠭᠦᠢᠯᠭᠡᠭᠡᠨ ᠤ | ᠬᠠᠤᠯᠢᠵᠢᠭᠰᠠᠨ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠨ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠵᠤ᠂ ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠣᠷᠴᠢᠨ | ᠲᠣᠭᠤᠷᠢᠨ ᠢᠯᠡᠳᠲᠡ ᠰᠠᠶᠢᠵᠢᠷᠠᠵᠤ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠷᠴᠢᠨ ᠲᠣᠭᠤᠷᠢᠨ ᠤᠯᠠᠮ | ᠨᠢᠭᠡ ᠠᠯᠬᠤᠮ ᠰᠢᠯᠢᠳᠡᠭᠵᠢᠨ᠂ ᠪᠦᠭᠦ ᠨᠡᠶᠢᠭᠡᠮ ᠤᠨ ᠮᠥᠩᠭᠦᠨ ᠭᠦᠢᠯᠭᠡᠭᠡᠨ ᠤ ᠦᠵᠡᠯ ᠤᠬᠠᠮᠰᠠᠷ᠂ ᠢᠲᠡᠭᠡᠮᠵᠢ ᠶᠢᠨ | ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯ ᠤᠬᠠᠮᠰᠠᠷ ᠲᠠᠰᠤᠷᠠᠯᠲᠠ ᠦᠭᠡᠢ ᠳᠡᠭᠡᠭᠰᠢᠯᠡᠪᠡ᠃ | ︱ ᠪᠠᠩᠬᠢ ᠶᠢᠨ ᠦᠢᠯᠡᠰ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ | ᠮᠥᠩᠭᠦ ᠶᠢᠨ ᠪᠣᠳᠠᠲᠤ ᠬᠦᠴᠦᠨ ᠤᠯᠠᠮ ᠨᠢᠭᠡ ᠠᠯᠬᠤᠮ ᠴᠢᠩᠭᠠᠷᠠᠵᠤ᠂ ᠡᠳ᠋ ᠬᠥᠷᠥᠩᠭᠡ ᠶᠢᠨ ᠶᠠᠰᠤ ᠴᠢᠨᠠᠷ ᠪᠠ | ᠦᠷ᠎ᠡ ᠠᠰᠢᠭ ᠳᠡᠭᠡᠭᠰᠢᠯᠡᠯᠲᠡ ᠲᠠᠢ ᠪᠣᠯᠵᠤ᠂ ᠲᠣᠰᠬᠤᠨ ᠪᠠᠯᠭᠠᠰᠤ ᠶᠢᠨ ᠪᠠᠩᠬᠢ ᠯᠠᠪᠳᠠᠭᠤᠨ ᠢᠶᠠᠷ ᠬᠥᠭᠵᠢᠵᠦ᠂ | ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠳᠠᠲᠤ ᠬᠦᠴᠦᠨ | ᠲᠠᠰᠤᠷᠠᠯᠲᠠ ᠦᠭᠡᠢ ᠴᠢᠩᠭᠠᠷᠠᠪᠠ᠃ | ︱ ᠳᠠᠭᠠᠳᠬᠠᠯ ᠤᠨ ᠦᠢᠯᠡᠰ᠃ ᠳᠠᠭᠠᠳᠬᠠᠯ ᠤᠨ ᠦᠢᠯᠡᠰ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ | ᠂ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠲᠦᠭᠰᠢᠭᠦᠷᠢ ᠶᠢ | ᠪᠠᠲᠤᠯᠠᠬᠤ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠡ᠃ | ︱ ᠲᠡᠮᠳᠡᠭᠲᠦ ᠶᠢᠨ ᠦᠢᠯᠡᠰ᠃ ᠡᠯ᠎ᠡ ᠲᠥᠷᠥᠯ ᠤᠨ ᠰᠲ᠋ᠣᠺ᠂ ᠵᠢᠭᠡᠯᠡᠯᠭᠡ ᠶᠢᠨ ᠲᠡᠮᠳᠡᠭᠲᠦ ᠪᠠ ᠥᠮᠴᠢᠯᠡᠬᠦ | ᠡᠷᠬᠡ ᠶᠢᠨ ᠵᠠᠬ᠎ᠠ ᠳᠡᠯᠭᠡᠭᠦᠷ ᠤᠨ ᠲᠤᠬᠠᠶᠢᠯᠠᠭᠰᠠᠨ ᠠᠵᠢᠯ ᠢ ᠢᠳᠡᠪᠬᠢᠲᠡᠢ ᠪᠠᠷ ᠬᠥᠭᠵᠢᠭᠦᠯᠵᠦ᠂ ᠠᠵᠤ ᠠᠬᠤᠶᠢᠯᠠᠯ ᠤᠨ | ᠤᠯᠤᠰ ᠤᠨ ᠳᠣᠲᠣᠭᠠᠳᠤ ᠭᠠᠳᠠᠭᠠᠳᠤ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠭᠯᠠᠨ ᠪᠡᠯᠡ ᠲᠣᠬᠢᠷᠠᠭᠤᠯᠬᠤ ᠶᠢ | ᠠᠬᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ ᠪᠣᠶᠢᠵᠢᠭᠤᠯᠤᠨ | ᠲᠡᠳᠭᠦᠭᠦ ᠬᠡᠷᠡᠭᠲᠡᠢ᠃ ᠮᠠᠨ ᠤ ᠠᠶᠢᠮᠠᠭ ᠤᠨ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠳᠤ 1 - 2 ᠰᠢᠨ᠎ᠡ ᠪᠠᠷ | ᠨᠡᠮᠡᠭᠳᠡᠵᠦ᠂ ᠰᠢᠨ᠎ᠡ ᠭᠤᠷᠪᠠᠳᠤᠭᠠᠷ ᠰᠠᠮᠪᠠᠷ᠎ᠠ ᠶᠢᠨ ᠫᠠᠶᠢᠰᠠ ᠡᠯᠭᠦᠭᠦ ᠠᠵᠤ ᠠᠬᠤᠶᠢᠯᠠᠯ ᠳᠤ 1 - 2 ᠰᠢᠨ᠎ᠡ ᠪᠠᠷ | ᠨᠡᠮᠡᠭᠳᠡᠵᠦ᠂ ᠣᠷᠣᠨ ᠪᠦᠰᠡ ᠶᠢᠨ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠫᠠᠶᠢᠰᠠ ᠡᠯᠭᠦᠭᠦ ᠠᠵᠤ | ᠠᠬᠤᠶᠢᠯᠠᠯ ᠳᠤ 10 ᠡᠷᠦᠭᠡ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ︱ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ᠃ ᠪᠡᠯᠡ | ᠲᠣᠬᠢᠷᠠᠭᠤᠯᠭ᠎ᠠ ᠶᠢᠨ ᠴᠢᠨᠠᠷᠲᠠᠢ ᠳᠠᠭᠠᠭᠠᠯᠲᠠ ᠬᠢᠬᠦ ᠪᠠᠶᠢᠭᠤᠯᠤᠮᠵᠢ ᠶᠢᠨ ᠠᠯᠬᠤᠴᠠ ᠶᠢ ᠲᠦᠷᠭᠡᠳᠬᠡᠨ | ᠪᠤᠵᠠᠭᠠᠶᠢᠷᠠᠭᠤᠯᠤᠨ᠎ᠠ᠃ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ᠂ ᠳᠠᠨᠵᠢᠯᠠᠬᠤ ᠭᠠᠵᠠᠷ᠂ ᠪᠡᠯᠡ | ᠲᠣᠬᠢᠷᠠᠭᠤᠯᠭ᠎ᠠ ᠶᠢᠨ ᠲᠦᠷᠢᠶᠡᠰᠦᠯᠡᠬᠦ ᠺᠤᠮᠫᠠᠨᠢ᠂ ᠬᠤᠳᠠᠯᠳᠤᠭᠠᠨ ᠤ ᠳᠠᠭᠠᠳᠬᠠᠯ ᠤᠨ ᠺᠤᠮᠫᠠᠨᠢ᠂ ᠣᠷᠣᠨ ᠨᠤᠲᠤᠭ ᠤᠨ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠤᠮᠫᠠᠨᠢ ᠵᠡᠷᠭᠡ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠶᠢ ᠲᠣᠭᠲᠠᠭᠤᠨ ᠢᠶᠠᠷ ᠬᠥᠭᠵᠢᠭᠦᠯᠦᠨ᠎ᠡ᠃ | ᠳᠥᠷᠪᠡᠳᠦᠭᠡᠷ ᠪᠦᠯᠦᠭ ᠠᠯᠠᠱᠠ ᠠᠶᠢᠮᠠᠭ ᠤᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ | ᠭᠤᠣᠯ ᠡᠭᠦᠷᠭᠡ ᠪᠠ ᠠᠷᠭ᠎ᠠ ᠬᠡᠮᠵᠢᠶ᠎ᠡ | ᠨᠢᠭᠡᠳᠦᠭᠡᠷ ᠬᠡᠰᠡᠭ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ | ︵ᠨᠢᠭᠡ︶ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ | ᠪᠠᠶᠢᠭᠤᠯᠤᠨ᠎ᠠ᠃ ᠠᠶᠢᠮᠠᠭ ᠤᠨ ᠭᠠᠳᠠᠨᠠᠬᠢ ᠪᠠᠩᠬᠢ᠂ ᠲᠡᠮᠳᠡᠭᠲᠦ ᠶᠢᠨ ᠺᠤᠮᠫᠠᠨᠢ᠂ ᠢᠲᠡᠭᠡᠮᠵᠢᠲᠦ ᠨᠠᠶᠢᠳᠠᠯᠭ᠎ᠠ ᠶᠢᠨ | ᠺᠤᠮᠫᠠᠨᠢ᠂ ᠳᠠᠭᠠᠳᠬᠠᠯ ᠤᠨ ᠺᠤᠮᠫᠠᠨᠢ᠂ ᠬᠤᠪᠢ ᠪᠠᠷ ᠢᠶᠠᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ | ᠰᠠᠭᠤᠷᠢ ᠮᠥᠩᠭᠦ ᠴᠤᠭᠯᠠᠭᠤᠯᠬᠤ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠢ ᠲᠡᠳᠡᠨ | ᠣᠷᠣᠭᠤᠯᠵᠤ᠂ ᠮᠠᠨ ᠤ ᠠᠶᠢᠮᠠᠭ ᠲᠤ ᠬᠠᠤᠯᠢ ᠶᠢᠨ ᠡᠷᠬᠡᠲᠡᠨ ᠤ ᠪᠠᠶᠢᠭᠤᠯᠤᠮᠵᠢ ᠪᠤᠶᠤ ᠰᠠᠯᠪᠤᠷᠢ ᠪᠠᠶᠢᠭᠤᠯᠤᠮᠵᠢ | ᠪᠠᠶᠢᠭᠤᠯᠵᠤ᠂ ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠪᠠᠶᠢᠳᠠᠯ ᠲᠥᠯᠥᠪ ᠢ ᠲᠠᠰᠤᠷᠠᠯᠲᠠ ᠦᠭᠡᠢ | ᠪᠠᠶᠠᠯᠢᠭᠵᠢᠭᠤᠯᠤᠨ᠎ᠠ᠃ ᠬᠤᠪᠢᠴᠠᠭᠠᠲᠤ ᠪᠠᠩᠬᠢ᠂ ᠬᠤᠲᠠ ᠶᠢᠨ ᠬᠤᠳᠠᠯᠳᠤᠭᠠᠨ ᠤ ᠪᠠᠩᠬᠢ ᠶᠢᠨ ᠮᠠᠨ ᠤ | ᠠᠶᠢᠮᠠᠭ ᠲᠠᠭᠠᠨ ᠪᠠᠶᠢᠭᠤᠯᠤᠮᠵᠢ ᠨᠡᠮᠡᠵᠦ ᠪᠠᠶᠢᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠴᠢᠳᠠᠮᠵᠢ ᠨᠢ | ᠪᠦᠷᠢᠨ᠂ ᠦᠢᠯᠡᠴᠢᠯᠡᠭᠡᠨ ᠨᠢ ᠥᠨᠳᠥᠷ ᠦᠷ᠎ᠡ ᠪᠦᠲᠦᠮᠵᠢᠲᠡᠢ᠂ ᠠᠮᠤᠷ ᠲᠦᠪᠰᠢᠨ ᠪᠥᠭᠡᠳ ᠯᠠᠪᠳᠠᠭᠤᠨ ᠲᠣᠭᠲᠠᠭᠤᠨ | ᠣᠳᠣ ᠦᠶ᠎ᠡ ᠶᠢᠨ ᠪᠠᠩᠬᠢ ᠶᠢᠨ ᠰᠢᠰᠲ᠋ᠧᠮᠵᠢ ᠶᠢ ᠴᠣᠭᠴᠠᠯᠠᠨ ᠪᠠᠶᠢᠭᠤᠯᠤᠨ᠎ᠠ᠃ ᠣᠳᠣ ᠪᠠᠶᠢᠭ᠎ᠠ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠰᠠᠯᠪᠤᠷᠢ ᠪᠠᠶᠢᠭᠤᠯᠤᠮᠵᠢ ᠪᠣᠯᠣᠨ ᠡᠵᠡᠩᠨᠡᠯᠲᠡ ᠶᠢᠨ ᠲᠣᠣᠷ ᠴᠡᠭ ᠢᠶᠠᠨ ᠵᠦᠢ | ᠵᠣᠬᠢᠰᠲᠠᠢ ᠨᠡᠮᠡᠭᠳᠡᠭᠦᠯᠬᠦ ᠶᠢ ᠳᠡᠮᠵᠢᠵᠦ᠂ ᠣᠷᠣᠨ ᠪᠦᠰᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ︵ᠬᠤᠶᠠᠷ︶ ᠠᠷᠠᠳ ᠠᠴᠠ ᠡᠵᠡᠩᠨᠡᠭᠰᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠶᠡᠬᠡᠪᠡᠷ | ᠬᠥᠭᠵᠢᠭᠦᠯᠦᠨ᠎ᠡ᠃ ᠨᠥᠬᠦᠴᠡᠯ ᠪᠦᠷᠢᠯᠳᠦᠭᠦᠯᠦᠭᠰᠡᠨ ᠠᠷᠠᠳ ᠤᠨ ᠳᠤᠮᠳᠠᠬᠢ ᠬᠥᠷᠥᠩᠭᠡ ᠶᠢᠨ ᠣᠷᠣᠨ ᠨᠤᠲᠤᠭ ᠤᠨ | ᠬᠤᠳᠠᠯᠳᠤᠭᠠᠨ ᠤ ᠪᠠᠩᠬᠢ ᠳᠤ ᠬᠤᠪᠢ ᠣᠷᠣᠬᠤ ᠶᠢ ᠳᠡᠮᠵᠢᠨ᠎ᠡ᠃ ᠬᠤᠲᠠ ᠶᠢᠨ ᠬᠤᠳᠠᠯᠳᠤᠭᠠᠨ ᠤ ᠪᠠᠩᠬᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠠᠵᠤ ᠠᠬᠤᠢ ᠳᠤ ᠦᠢᠯᠡᠴᠢᠯᠡᠬᠦ᠂ ᠳᠤᠮᠳᠠ ᠵᠢᠵᠢᠭ | ᠠᠵᠤ ᠠᠬᠤᠶᠢᠯᠠᠯ ᠳᠤ ᠦᠢᠯᠡᠴᠢᠯᠡᠬᠦ᠂ ᠬᠤᠲᠠ ᠶᠢᠨ ᠰᠠᠭᠤᠭᠠᠯᠢ ᠠᠷᠠᠳ ᠲᠤ ᠦᠢᠯᠡᠴᠢᠯᠡᠬᠦ ᠵᠠᠬ᠎ᠠ ᠳᠡᠯᠭᠡᠭᠦᠷ ᠤᠨ | ᠣᠷᠣᠨ ᠪᠠᠶᠢᠷᠢ ᠶᠢᠨ ᠲᠣᠭᠲᠠᠭᠠᠯᠲᠠ ᠲᠠᠢ ᠤᠶᠠᠯᠳᠤᠭᠤᠯᠤᠨ᠂ ᠬᠤᠲᠠ ᠶᠢᠨ ᠬᠤᠳᠠᠯᠳᠤᠭᠠᠨ ᠤ ᠪᠠᠩᠬᠢ ᠶᠢᠨ ᠡᠬᠢ | ᠰᠤᠷᠪᠤᠯᠵᠢ ᠳᠠᠭᠠᠨ ᠪᠤᠴᠠᠬᠤ᠂ ᠲᠤᠰ ᠭᠠᠵᠠᠷ ᠲᠠᠭᠠᠨ ᠭᠦᠨ ᠬᠠᠭᠠᠯᠪᠤᠷᠢᠯᠠᠬᠤ᠂ ᠳᠣᠷᠣᠭᠰᠢ ᠪᠠᠭᠤᠯᠭᠠᠬᠤ | ᠦᠢᠯᠡᠴᠢᠯᠡᠭᠡ ᠶᠢ ᠠᠬᠢᠭᠤᠯᠤᠨ᠎ᠠ︔ ᠬᠤᠲᠠ ᠶᠢᠨ ᠬᠤᠳᠠᠯᠳᠤᠭᠠᠨ ᠤ ᠪᠠᠩᠬᠢ ᠶᠢᠨ ᠵᠦᠷᠢᠶᠡᠵᠢᠭᠰᠡᠨ᠂ | ᠣᠨᠴᠠᠯᠢᠭᠵᠢᠭᠰᠠᠨ ᠬᠥᠭᠵᠢᠯᠲᠡ ᠶᠢ ᠳᠡᠮᠵᠢᠵᠦ᠂ ᠣᠨᠴᠠᠯᠢᠭᠲᠤ ᠦᠢᠯᠡᠳᠬᠦᠨ᠂ ᠦᠢᠯᠡᠴᠢᠯᠡᠭᠡᠨ ᠤ ᠨᠡᠷᠡᠲᠦ ᠲᠥᠷᠥᠯ | ᠲᠡᠮᠳᠡᠭᠲᠦ ᠶᠢ ᠪᠤᠢ ᠪᠤᠯᠭᠠᠬᠤ ᠶᠢ ᠵᠣᠷᠢᠭᠵᠢᠭᠤᠯᠤᠨ᠎ᠠ︔ ᠬᠤᠲᠠ ᠶᠢᠨ ᠬᠤᠳᠠᠯᠳᠤᠭᠠᠨ ᠤ ᠪᠠᠩᠬᠢ ᠶᠢᠨ ᠺᠤᠮᠫᠠᠨᠢ ᠪᠠᠨ | ᠲᠡᠭᠦᠯᠳᠡᠷᠵᠢᠭᠦᠯᠬᠦ ᠶᠢ ᠠᠬᠢᠭᠤᠯᠵᠤ᠂ ᠺᠤᠮᠫᠠᠨᠢ ᠶᠢᠨ ᠬᠠᠮᠢᠶᠠᠷᠤᠯᠲᠠ ᠶᠢ ᠴᠢᠩᠭᠠᠳᠬᠠᠨ᠂ ᠲᠣᠭᠲᠠᠭᠠᠯ ᠠᠴᠠ ᠵᠥᠷᠢᠴᠡᠨ | ᠪᠠᠩᠬᠢ ᠶᠢᠨ ᠪᠡᠯᠡ ᠮᠥᠩᠭᠦ ᠶᠢ ᠡᠵᠡᠯᠡᠨ ᠬᠡᠷᠡᠭᠯᠡᠬᠦ᠂ ᠪᠠᠩᠬᠢ ᠶᠢᠨ ᠡᠵᠡᠩᠨᠡᠯᠲᠡ ᠳᠤ ᠭᠠᠷ ᠲᠥᠷᠥᠭᠦ ᠠᠵᠢᠯᠯᠠᠭ᠎ᠠ ᠶᠢ | ᠴᠢᠩᠭ᠎ᠠ ᠬᠢᠵᠠᠭᠠᠷᠯᠠᠨ᠎ᠠ︔ ᠣᠷᠣᠨ ᠨᠤᠲᠤᠭ ᠤᠨ ᠲᠤᠰᠬᠠᠢ ᠵᠦᠢᠯ ᠤᠨ ᠥᠷᠢ ᠶᠢ ᠠᠰᠢᠭᠯᠠᠨ ᠬᠥᠷᠥᠩᠭᠡ | ᠨᠥᠬᠦᠪᠦᠷᠢᠯᠡᠬᠦ ᠠᠯᠬᠤᠴᠠ ᠶᠢ ᠲᠦᠷᠭᠡᠳᠬᠡᠬᠦ ᠬᠡᠷᠡᠭᠲᠡᠢ᠃ ᠲᠠᠷᠢᠶᠠᠯᠠᠩ ᠤᠨ ᠢᠲᠡᠭᠡᠮᠵᠢ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠢᠲᠡᠭᠡᠮᠵᠢ ᠶᠢᠨ ᠪᠠᠶᠢᠭᠤᠯᠤᠮᠵᠢ ᠶᠢᠨ ᠨᠡᠶᠢᠭᠡᠮ ᠤᠨ | ᠬᠥᠷᠥᠩᠭᠡ ᠶᠢ ᠲᠡᠳᠡᠨ ᠣᠷᠣᠭᠤᠯᠬᠤ ᠵᠡᠷᠭᠡ ᠭᠡᠯᠪᠡᠷᠢ ᠪᠠᠷ ᠳᠠᠮᠵᠢᠨ ᠪᠡᠯᠡ ᠨᠡᠮᠡᠭᠳᠡᠭᠦᠯᠦᠨ ᠬᠤᠪᠢ ᠣᠷᠣᠭᠤᠯᠬᠤ ᠶᠢ | ᠥᠷᠭᠡᠳᠬᠡᠬᠦ ᠶᠢ ᠠᠬᠢᠭᠤᠯᠵᠤ᠂ ᠲᠠᠷᠢᠶᠠᠯᠠᠩ ᠤᠨ ᠢᠲᠡᠭᠡᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠭᠤᠷᠪᠠ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢ | ᠳᠦᠷᠢᠮᠵᠢᠬᠦᠯᠦᠨ ᠬᠥᠭᠵᠢᠭᠦᠯᠦᠨ᠎ᠡ᠃ ᠦᠢᠯᠡᠴᠢᠯᠡᠭᠡ ᠬᠢᠭᠡᠳ ᠬᠢᠨᠠᠯᠲᠠ ᠬᠠᠮᠢᠶᠠᠷᠤᠯᠲᠠ ᠶᠢ ᠵᠡᠷᠭᠡᠪᠡᠷ ᠴᠢᠬᠤᠯᠠᠴᠢᠯᠠᠬᠤ | ᠵᠠᠷᠴᠢᠮ ᠢ ᠪᠠᠷᠢᠮᠲᠠᠯᠠᠵᠤ᠂ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ | ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠤᠨ᠂ ᠪᠠᠭ᠎ᠠ | ᠲᠣᠭᠠᠨ ᠤ ᠵᠢᠭᠡᠯᠡᠯᠭᠡ ᠶᠢᠨ ᠺᠤᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠤᠮᠫᠠᠨᠢ᠂ ᠳᠠᠨᠵᠢᠯᠠᠯ ᠤᠨ | ᠪᠠᠩᠬᠢ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠤᠮᠫᠠᠨᠢ ᠵᠡᠷᠭᠡ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠭᠦᠭᠵᠢᠭᠦ ᠶᠢ ᠬᠥᠲᠥᠯᠥᠨ ᠵᠢᠯᠣᠭᠤᠳᠤᠨ᠎ᠠ᠃ ᠡᠭᠦᠨ ᠤ ᠬᠠᠮᠲᠤ | ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠰᠤᠭᠤᠴᠢᠵᠤ | ᠨᠢᠭᠡ ᠶᠢ ᠢᠯᠡ ᠪᠤᠯᠭᠠᠬᠤ︾ ᠰᠤᠭᠤᠴᠢᠨ ᠪᠠᠶᠢᠴᠠᠭᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠲᠤᠬᠠᠢ ᠶᠢᠨ | ᠲᠠᠯᠠᠪᠠᠢ ᠳᠤ ᠪᠠᠶᠢᠴᠠᠭᠠᠯᠲᠠ ᠬᠢᠬᠦ᠂ ᠲᠤᠬᠠᠢ ᠶᠢᠨ ᠲᠠᠯᠠᠪᠠᠢ ᠳᠤ ᠦᠯᠦ ᠪᠠᠶᠢᠴᠠᠭᠠᠯᠲᠠ ᠬᠢᠬᠦ᠂ ᠪᠠᠶᠢᠭᠤᠯᠤᠮᠵᠢ ᠶᠢᠨ | ᠭᠤᠣᠯ ᠴᠣᠭᠴᠠ ᠶᠢᠨ ᠳᠡᠰ ᠲᠣᠭᠲᠠᠭᠠᠬᠤ ᠬᠠᠷᠢᠯᠴᠠᠨ ᠲᠤᠯᠭᠠᠭᠤᠷᠢᠯᠠᠭᠰᠠᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠪᠦᠷᠢᠯᠳᠦᠭᠦᠯᠦᠨ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠶᠢᠨ ᠨᠡᠶᠢᠳᠡᠮ ᠠᠰᠢᠭ | ᠬᠦᠷᠲᠡᠭᠡᠬᠦ ᠴᠢᠨᠠᠷᠲᠠᠢ ᠪᠠ ︽ᠪᠠᠭ᠎ᠠ ᠲᠤᠭ᠎ᠠ ᠪᠠᠷ ᠲᠠᠷᠠᠬᠠᠢ ᠪᠠᠶᠢᠯᠭᠠᠬᠤ︾ ᠡᠵᠡᠩᠨᠡᠯᠲᠡ ᠶᠢᠨ ᠵᠠᠷᠴᠢᠮ ᠢ | ᠪᠠᠷᠢᠮᠲᠠᠯᠠᠬᠤ ᠶᠢ ᠠᠬᠢᠭᠤᠯᠵᠤ᠂ ᠪᠠᠭ᠎ᠠ ᠲᠣᠭᠠᠨ ᠤ ᠵᠢᠭᠡᠯᠡᠯᠭᠡ ᠶᠢᠨ ᠶᠡᠷᠦᠩᠬᠡᠶᠢᠯᠡᠭᠰᠡᠨ ᠪᠡᠯᠡ ᠲᠣᠬᠢᠷᠠᠭᠤᠯᠬᠤ | ᠥᠪᠡᠷ ᠤᠨ ᠥᠷᠲᠡᠭ ᠢ ᠠᠯᠬᠤᠮ ᠠᠯᠬᠤᠮ ᠢᠶᠠᠷ ᠪᠠᠭᠤᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠳᠠᠭᠠᠭᠠᠯᠲᠠ ᠶᠢᠨ ᠰᠢᠰᠲ᠋ᠧᠮᠵᠢ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠩ ᠭᠤᠷᠪᠠᠨ ᠱᠠᠲᠤ ᠬᠤᠯᠪᠤᠭᠠᠯᠠᠨ ᠬᠥᠳᠡᠯᠦᠯᠴᠡᠭᠰᠡᠨ᠂ ᠵᠠᠰᠠᠭ ᠤᠨ ᠣᠷᠳᠣᠨ᠂ | ᠪᠠᠩᠬᠢ᠂ ᠳᠠᠭᠠᠭᠠᠯᠲᠠ ᠶᠢᠨ ᠪᠠᠶᠢᠭᠤᠯᠤᠮᠵᠢ ᠲᠦᠭᠰᠢᠭᠦᠷᠢ ᠶᠢ ᠵᠦᠢ ᠵᠣᠬᠢᠰᠲᠠᠢ ᠬᠤᠪᠢᠶᠠᠨ ᠡᠭᠦᠷᠭᠡᠯᠡᠭᠰᠡᠨ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠡᠯᠡ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ︽ᠮᠠᠯ ᠠᠵᠤ ᠠᠬᠤᠢ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠬᠦᠷᠢᠶ᠎ᠡ᠂ ᠠᠷᠠᠳ ᠠᠴᠠ ᠡᠵᠡᠩᠨᠡᠭᠰᠡᠨ ᠵᠢᠵᠢᠭ ᠪᠢᠴᠢᠯ | ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠳᠥᠷᠪᠡ︶ ᠣᠷᠣᠨ ᠨᠤᠲᠤᠭ ᠤᠨ ᠪᠡᠯᠡ ᠲᠣᠬᠢᠷᠠᠭᠤᠯᠭ᠎ᠠ ᠶᠢᠨ ᠲᠠᠪᠴᠠᠩ ᠤᠨ ᠭᠡᠯᠪᠡᠷᠢ ᠪᠠᠨ | ᠬᠤᠪᠢᠷᠠᠭᠤᠯᠤᠨ ᠭᠦᠭᠵᠢᠭᠦ ᠶᠢ ᠠᠬᠢᠭᠤᠯᠤᠨ᠎ᠠ᠃ ᠶᠡᠷᠦᠩᠬᠡᠢ ᠲᠥᠯᠦᠪᠵᠢᠭᠦᠯᠭᠡ ᠪᠣᠯᠣᠨ ᠭᠠᠵᠠᠷ ᠣᠷᠣᠨ ᠤ | ᠬᠥᠭᠵᠢᠯᠲᠡ ᠶᠢᠨ ᠣᠷᠣᠨ ᠪᠠᠶᠢᠷᠢ ᠶᠢᠨ ᠬᠡᠷᠡᠭᠴᠡᠭᠡ ᠶᠢ ᠦᠨᠳᠦᠰᠦᠯᠡᠨ᠂ ᠣᠳᠣ ᠶᠢᠨ ᠪᠠᠶᠢᠭ᠎ᠠ ᠲᠠᠪᠴᠠᠩ ᠪᠤᠯᠬᠤ | ᠺᠤᠮᠫᠠᠨᠢ ᠶᠢᠨ ᠰᠠᠭᠤᠷᠢ ᠳᠤ ᠰᠠᠭᠤᠷᠢᠯᠠᠵᠤ᠂ ᠡᠯ᠎ᠡ ᠲᠠᠪᠴᠠᠩ ᠪᠤᠯᠬᠤ ᠺᠤᠮᠫᠠᠨᠢ ᠶᠢᠨ ᠴᠢᠳᠠᠮᠵᠢ ᠶᠢᠨ ᠣᠷᠣᠨ ᠪᠠᠶᠢᠷᠢ | ᠲᠣᠭᠲᠠᠭᠠᠬᠤ ᠪᠠ ᠡᠭᠦᠷᠭᠡ ᠴᠢᠳᠠᠪᠤᠷᠢ ᠶᠢᠨ ᠵᠢᠷᠤᠭ ᠲᠥᠯᠥᠪᠯᠡᠭᠡ ᠶᠢ ᠲᠣᠳᠣᠷᠬᠠᠶᠢᠯᠠᠨ᠂ ᠤᠯᠤᠰ ᠤᠨ ᠥᠮᠴᠢᠯᠡᠯᠲᠦ | ᠬᠥᠷᠥᠩᠭᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠪᠣᠯᠣᠨ ᠠᠵᠤ ᠦᠢᠯᠡᠰ ᠤᠨ ᠬᠥᠭᠵᠢᠯᠲᠡ ᠳᠤ ᠦᠵᠡᠭᠦᠯᠭᠦ | ᠨᠥᠯᠥᠭᠡᠯᠡᠬᠦ ᠬᠦᠴᠦᠨ ᠪᠣᠯᠣᠨ ᠡᠵᠡᠮᠳᠡᠬᠦ ᠬᠦᠴᠦᠨ ᠢ ᠴᠢᠩᠭᠠᠷᠠᠭᠤᠯᠤᠨ᠎ᠠ᠃ ᠪᠡᠯᠡ ᠲᠣᠬᠢᠷᠠᠭᠤᠯᠬᠤ ᠲᠠᠪᠴᠠᠩ ᠤᠨ | ᠺᠤᠮᠫᠠᠨᠢ ᠶᠢ ᠬᠥᠲᠥᠯᠥᠨ ᠵᠢᠯᠤᠭᠤᠳᠴᠤ ᠪᠠᠶᠢᠭᠠᠳ ᠲᠤᠰ ᠲᠤᠰ ᠤᠨ ᠡᠵᠡᠩᠨᠡᠯᠲᠡ ᠶᠢᠨ ᠴᠢᠭᠯᠡᠯ ᠪᠠ ᠪᠡᠯᠡ | ᠲᠣᠬᠢᠷᠠᠭᠤᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠪᠠᠶᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠵᠢᠴᠢ ᠡᠯ᠎ᠡ ᠲᠥᠷᠥᠯ ᠤᠨ ᠪᠡᠯᠡ ᠲᠣᠬᠢᠷᠠᠭᠤᠯᠭ᠎ᠠ ᠶᠢᠨ ᠪᠠᠭᠠᠵᠢ ᠶᠢ | ᠭᠦᠢᠴᠡᠳ ᠠᠰᠢᠭᠯᠠᠨ᠂ ᠮᠥᠩᠭᠦᠨ ᠭᠦᠢᠯᠭᠡᠭᠡᠨ ᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠪᠡᠯᠡ ᠣᠷᠣᠭᠤᠯᠵᠤ | ᠪᠡᠯᠡ ᠲᠣᠬᠢᠷᠠᠭᠤᠯᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠵᠠᠰᠠᠭ ᠤᠨ ᠣᠷᠳᠣᠨ ᠤ ᠪᠡᠯᠡ | ᠣᠷᠣᠭᠤᠯᠵᠤ ᠪᠡᠯᠡ ᠲᠣᠬᠢᠷᠠᠭᠤᠯᠬᠤ ᠰᠠᠶᠢᠨ ᠣᠷᠴᠢᠯ ᠪᠠ ᠬᠥᠷᠥᠩᠭᠡ ᠶᠢᠨ ᠡᠵᠡᠩᠨᠡᠯᠲᠡ ᠶᠢ ᠪᠡᠶᠡᠯᠡᠭᠦᠯᠦᠨ᠎ᠡ᠃ | ᠭᠡᠯᠪᠡᠷᠢ ᠶᠢ ᠬᠤᠪᠢᠷᠠᠭᠤᠯᠬᠤ ᠲᠠᠪᠴᠠᠩ ᠤᠨ ᠠᠵᠤ ᠠᠬᠤᠶᠢᠯᠠᠯ ᠤᠨ ᠭᠦᠢᠴᠡᠳᠬᠡᠬᠦ ᠲᠤᠭ᠎ᠠ ᠶᠢᠨ ᠴᠢᠨᠠᠷᠲᠠᠢ ᠰᠢᠯᠭᠠᠨ | ᠬᠢᠨᠠᠬᠤ ᠶᠢ ᠪᠠᠶᠢᠭᠤᠯᠵᠤ᠂ ᠰᠢᠯᠢᠳᠡᠭ ᠨᠢ ᠢᠯᠠᠵᠤ ᠰᠢᠭᠠᠷᠤ ᠨᠢ ᠰᠢᠭᠰᠢᠭᠳᠡᠬᠦ ᠬᠥᠳᠡᠯᠦᠩᠭᠦᠢ ᠬᠠᠮᠢᠶᠠᠷᠤᠯᠲᠠ ᠶᠢᠨ | ᠲᠣᠭᠲᠠᠴᠠ ᠶᠢ ᠬᠡᠷᠡᠭᠵᠢᠭᠦᠯᠦᠨ᠂ ᠲᠤᠬᠠᠶᠢᠯᠠᠭᠰᠠᠨ ᠠᠵᠢᠯ ᠤᠨ ᠳᠦᠷᠢᠮᠵᠢᠭᠰᠡᠨ ᠴᠢᠨᠠᠷᠲᠠᠢ ᠬᠢᠨᠠᠨ ᠬᠠᠮᠢᠶᠠᠷᠤᠯᠲᠠ ᠶᠢ | ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ | ︵ᠲᠠᠪᠤ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ | ᠮᠥᠩᠭᠦᠨ ᠭᠦᠢᠯᠭᠡᠭᠡᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠣᠷᠣᠨ ᠨᠤᠲᠤᠭ ᠤᠨ ᠴᠢᠨᠠᠷᠲᠠᠢ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠴᠢᠯᠦᠭᠡᠳᠦ | ᠳᠡᠯᠭᠡᠭᠦᠷ᠂ ᠵᠢᠭᠡᠯᠡᠯᠭᠡ ᠶᠢᠨ ᠦᠢᠯᠡᠴᠢᠯᠡᠭᠡᠨ ᠤ ᠲᠥᠪ᠂ ᠦᠷᠭᠦᠯᠵᠢᠯᠡᠨ ᠵᠢᠭᠡᠯᠡᠯᠭᠡ ᠲᠠᠯᠪᠢᠬᠤ ᠲᠥᠪ᠂ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ APP ᠪᠠᠶᠢᠭᠤᠯᠬᠤ ᠶᠢ ᠰᠦᠪᠡᠭᠴᠢᠯᠡᠵᠦ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠴᠢᠳᠠᠮᠵᠢ ᠶᠢ ᠦᠨᠡᠨᠬᠦ ᠪᠠᠶᠠᠯᠢᠭᠵᠢᠭᠤᠯᠤᠨ᠎ᠠ᠃ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠺᠤᠮᠫᠠᠨᠢ ᠶᠢ ᠣᠷᠣᠭᠤᠯᠤᠨ ᠠᠪᠴᠢᠷᠠᠬᠤ ᠪᠤᠶᠤ ᠪᠠᠶᠢᠭᠤᠯᠵᠤ᠂ ᠲᠤᠰ ᠭᠠᠵᠠᠷ ᠤᠨ ᠪᠠᠩᠬᠢ ᠳᠤ ᠠᠮᠢᠳᠤ ᠪᠣᠳᠠᠰ ᠤᠨ | ᠪᠠᠷᠢᠴᠠᠭᠠᠲᠤ ᠵᠢᠭᠡᠯᠡᠯᠭᠡ ᠶᠢᠨ ᠨᠡᠷᠡᠳᠭᠦᠨ ᠢ ᠲᠠᠷᠬᠠᠭᠠᠵᠤ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠣᠷᠣᠨ ᠤ | ᠬᠤᠷᠰᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ | ᠬᠦᠴᠢᠷᠲᠡᠢ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃ | ᠬᠤᠶᠠᠳᠤᠭᠠᠷ ᠬᠡᠰᠡᠭ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠰᠠᠶᠢᠲᠤᠷ | ᠬᠡᠷᠡᠭᠯᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠮᠥᠩᠭᠦᠨ ᠭᠦᠢᠯᠭᠡᠭᠡᠨ ᠢ ᠬᠥᠭᠵᠢᠭᠦᠯᠦᠨ᠎ᠡ᠃ | ︽ᠲᠠᠷᠢᠶᠠᠯᠠᠩ ᠮᠠᠯ ᠠᠵᠤ ᠠᠬᠤᠢ ᠶᠢ ᠪᠠᠭᠠᠰᠬᠠᠬᠤ᠂ ᠬᠥᠳᠡᠭᠡ ᠲᠣᠰᠬᠤᠨ ᠢ ᠡᠮᠬᠢᠯᠡᠨ ᠨᠡᠶᠢᠯᠡᠭᠦᠯᠭᠦ᠂ ᠲᠠᠷᠢᠶᠠᠴᠢᠳ ᠢ | ᠲᠥᠪᠯᠡᠷᠡᠭᠦᠯᠬᠦ︾ ᠪᠠ ︽ᠮᠠᠯ ᠠᠵᠤ ᠠᠬᠤᠢ ᠶᠢ ᠵᠣᠬᠢᠰᠲᠠᠢ ᠬᠥᠭᠵᠢᠭᠦᠯᠬᠦ᠂ ᠮᠠᠯᠵᠢᠬᠤ ᠣᠷᠣᠨ ᠢ ᠵᠣᠬᠢᠰᠲᠠᠢ | ᠪᠠᠶᠢᠷᠢᠯᠠᠭᠤᠯᠬᠤ᠂ ᠮᠠᠯᠴᠢᠳ ᠦᠢᠯᠡᠰ ᠪᠣᠰᠬᠠᠵᠤ ᠬᠢᠯᠢ ᠬᠢᠵᠠᠭᠠᠷ ᠢᠶᠠᠨ ᠰᠠᠬᠢᠬᠤ︾ ᠶᠡᠷᠦᠩᠬᠡᠢ ᠰᠡᠳᠬᠢᠴᠡ ᠶᠣᠰᠣᠭᠠᠷ | ᠂ ᠳᠡᠭᠡᠳᠦ ᠳᠡᠰ ᠤᠨ ᠮᠠᠯ ᠠᠵᠤ ᠠᠬᠤᠢ ᠶᠢ ᠬᠥᠭᠵᠢᠭᠦᠯᠬᠦ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢ | ᠬᠥᠭᠵᠢᠭᠦᠯᠬᠦ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠳᠠᠭᠠᠭᠤᠯᠬᠤ᠂ ᠵᠢᠵᠢᠭ ᠪᠢᠴᠢᠯ᠂ ᠲᠠᠷᠢᠶᠠᠴᠢᠨ ᠡᠷᠦᠭᠡ ᠶᠢ ᠳᠠᠭᠠᠭᠤᠯᠬᠤ᠂ ᠠᠵᠤ ᠦᠢᠯᠡᠰ ᠢ | ᠬᠦᠴᠦᠷᠬᠡᠭᠵᠢᠭᠦᠯᠬᠦ᠂ ᠣᠯᠠᠨ ᠳᠡᠰ ᠳᠠᠪᠬᠤᠷᠭ᠎ᠠ᠂ ᠵᠦᠷᠢᠶᠡᠴᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ | ᠣᠨᠴᠠᠯᠢᠭ ᠲᠤ ᠲᠣᠬᠢᠷᠠᠭᠰᠠᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠬᠡᠷᠡᠭᠲᠡᠢ᠃ | ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠬᠦ ᠬᠡᠷᠡᠭᠲᠡᠢ᠃ ᠬᠤᠪᠢᠴᠠᠭᠠᠲᠤ ᠳᠦᠷᠢᠮ ᠤᠨ ᠪᠠᠩᠬᠢ᠂ ᠣᠷᠣᠨ ᠨᠤᠲᠤᠭ ᠤᠨ ᠬᠤᠳᠠᠯᠳᠤᠭᠠᠨ ᠤ | ᠪᠠᠩᠬᠢ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠨᠤᠭᠤᠳ ᠬᠤᠰᠢᠭᠤ ᠨᠡᠭᠡᠭᠡᠯᠳᠡ ᠶᠢᠨ ᠣᠷᠣᠨ ᠳᠤ | ᠰᠠᠯᠪᠤᠷᠢ ᠪᠠᠶᠢᠭᠤᠯᠤᠮᠵᠢ ᠪᠤᠶᠤ ᠡᠵᠡᠩᠨᠡᠯᠲᠡ ᠶᠢᠨ ᠲᠣᠣᠷ ᠴᠡᠭ ᠨᠡᠮᠡᠵᠦ ᠭᠠᠷᠭᠠᠬᠤ ᠶᠢ ᠳᠡᠮᠵᠢᠵᠦ᠂ ᠬᠠᠮᠤᠷᠬᠤ | ᠬᠡᠪᠴᠢᠶ᠎ᠡ ᠶᠢ ᠨᠢ ᠥᠷᠭᠡᠳᠬᠡᠬᠦ ᠬᠡᠷᠡᠭᠲᠡᠢ᠃ ᠲᠣᠰᠬᠤᠨ ᠪᠠᠯᠭᠠᠰᠤ ᠶᠢᠨ ᠪᠠᠩᠬᠢ᠂ ᠵᠢᠭᠡᠯᠡᠯᠭᠡ ᠶᠢᠨ ᠺᠤᠮᠫᠠᠨᠢ᠂ ᠪᠡᠯᠡ | ᠮᠥᠩᠭᠦ ᠶᠢᠨ ᠬᠠᠪᠰᠤᠷᠤᠯᠴᠠᠬᠤ ᠬᠤᠷᠰᠢᠶ᠎ᠠ ᠶᠢ ᠳᠦᠷᠢᠮᠵᠢᠬᠦᠯᠦᠨ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠳᠤ | ᠦᠢᠯᠡᠴᠢᠯᠡᠬᠦ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠪᠠ ᠪᠡᠯᠡ ᠲᠣᠬᠢᠷᠠᠭᠤᠯᠬᠤ ᠴᠢᠨᠠᠷᠲᠠᠢ ᠳᠠᠭᠠᠭᠠᠯᠲᠠ ᠬᠢᠬᠦ | ᠺᠤᠮᠫᠠᠨᠢ ᠪᠠᠶᠢᠭᠤᠯᠬᠤ ᠶᠢ ᠠᠬᠢᠭᠤᠯᠤᠨ᠎ᠠ᠃ ᠬᠤᠰᠢᠭᠤ ᠰᠢᠶᠠᠩ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠪᠠᠶᠢᠭᠠᠳ ᠲᠡᠳᠡᠨ ᠠᠪᠤᠭᠰᠠᠨ ᠬᠠᠳᠠᠭᠠᠯᠠᠮᠵᠢ ᠪᠠᠨ ᠲᠤᠬᠠᠢ ᠶᠢᠨ ᠭᠠᠵᠠᠷ ᠲᠤ ᠨᠡᠩ | ᠢᠯᠡᠭᠦᠦ ᠬᠡᠷᠡᠭᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠣᠨᠴᠠᠯᠢᠭ ᠲᠤ | ᠲᠣᠬᠢᠷᠠᠭᠰᠠᠨ ᠲᠤᠰᠬᠠᠢ ᠵᠦᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠢ ᠨᠡᠭᠡᠭᠡᠨ ᠬᠥᠭᠵᠢᠭᠦᠯᠬᠦ ᠬᠡᠷᠡᠭᠲᠡᠢ᠃ | ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠦᠢᠯᠡᠳᠬᠦᠨ ᠪᠣᠯᠣᠨ | ᠦᠢᠯᠡᠴᠢᠯᠡᠭᠡᠨ ᠤ ᠰᠢᠨ᠎ᠡ ᠶᠢ ᠡᠭᠦᠳᠭᠦ ᠶᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠪᠠᠶᠢᠭᠠᠳ ᠠᠮᠢᠳᠤ ᠮᠠᠯ ᠤᠨᠤᠭ᠎ᠠ ᠶᠢᠨ ᠪᠠᠷᠢᠴᠠᠭᠠᠲᠤ ᠵᠢᠭᠡᠯᠡᠯᠭᠡ ᠶᠢᠨ ᠲᠤᠬᠠᠶᠢᠯᠠᠭᠰᠠᠨ | ᠠᠵᠢᠯ ᠢ ᠰᠢᠨ᠎ᠡ ᠪᠠᠷ ᠥᠷᠨᠢᠭᠦᠯᠦᠨ᠂ ᠬᠥᠳᠡᠭᠡ ᠲᠣᠰᠬᠤᠨ ᠤ ᠳᠠᠭᠠᠭᠠᠴᠢᠯᠠᠭᠰᠠᠨ ᠭᠠᠵᠠᠷ ᠰᠢᠷᠣᠢ ᠶᠢᠨ | ᠡᠵᠡᠩᠨᠡᠯᠲᠡ ᠶᠢᠨ ᠡᠷᠬᠡ᠂ ᠣᠢ ᠰᠢᠭᠤᠢ ᠶᠢᠨ ᠡᠷᠬᠡ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ | ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠷ ᠪᠠᠷᠢᠴᠠᠭᠠᠲᠤ ᠵᠢᠭᠡᠯᠡᠯᠭᠡ ᠶᠢ | ᠡᠮᠬᠢ ᠵᠢᠷᠤᠮ ᠲᠠᠢ ᠪᠠᠷ ᠥᠷᠨᠢᠭᠦᠯᠦᠨ᠎ᠡ᠃ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠥᠲᠥᠴᠢ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠰᠦ ᠶᠢᠨ ᠮᠥᠩᠭᠦᠨ ᠭᠦᠢᠯᠭᠡᠭᠡᠨ ᠢ ᠬᠥᠭᠵᠢᠭᠦᠯᠬᠦ | ᠲᠣᠭᠤᠷᠢᠨ ᠳᠤ᠂ ᠬᠥᠲᠥᠴᠢ ᠠᠵᠤ ᠠᠬᠤᠶᠢᠯᠠᠯ ᠢᠶᠠᠷ ᠭᠤᠣᠯ ᠪᠤᠯᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠳᠤ ᠰᠢᠭᠢᠳᠬᠡᠵᠦ᠂ ︽ᠠᠵᠤ ᠠᠬᠤᠶᠢᠯᠠᠯ + | ᠮᠠᠯᠴᠢᠨ ᠲᠠᠷᠢᠶᠠᠴᠢᠳ ᠤᠨ ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠭᠡ︾ ︽ᠠᠵᠤ ᠠᠬᠤᠶᠢᠯᠠᠯ + ᠲᠤᠰᠬᠠᠢ | ᠲᠣᠮᠣ ᠡᠷᠦᠭᠡ︾ ︽ᠠᠵᠤ ᠠᠬᠤᠶᠢᠯᠠᠯ + ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ︾ ᠵᠡᠷᠭᠡ ᠲᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶᠡᠰᠦ ᠶᠢᠨ ᠪᠡᠯᠡ ᠲᠣᠬᠢᠷᠠᠭᠤᠯᠬᠤ ᠵᠠᠭᠪᠤᠷ ᠢ ᠪᠦᠷᠢᠨᠰᠢᠭᠦᠯᠵᠦ᠂ | ᠲᠥᠪᠯᠡᠷᠡᠭᠦᠯᠦᠨ ᠲᠥᠯᠥᠭᠦ᠂ ᠳ᠋ᠦᠩᠨᠡᠨ ᠪᠤᠳᠣᠬᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠳᠠᠭᠠᠳᠬᠠᠯ ᠢ ᠨᠢᠭᠡ | ᠴᠣᠭᠴᠠ ᠪᠤᠯᠭᠠᠵᠤ᠂ ᠬᠤᠷᠢᠶᠠᠪᠠᠰᠤ ᠵᠣᠬᠢᠬᠤ ᠳᠠᠩᠰᠠᠨ ᠤ ᠵᠣᠭᠤᠰ᠂ ᠫᠢᠶᠣᠣ ᠪᠠᠷᠢᠮᠲᠠ᠂ ᠪᠠᠷᠠᠭ᠎ᠠ ᠬᠠᠳᠠᠭᠠᠯᠠᠬᠤ᠂ | ᠬᠥᠮᠥᠷᠭᠡ ᠶᠢᠨ ᠬᠠᠭᠤᠳᠠᠰᠤ᠂ ᠵᠠᠬᠢᠶᠠᠯᠠᠭ᠎ᠠ ᠶᠢᠨ ᠪᠡᠯᠡ ᠲᠣᠬᠢᠷᠠᠭᠤᠯᠭ᠎ᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ | ᠬᠠᠷᠢᠯᠴᠠᠨ ᠤᠶᠠᠯᠳᠤᠭᠤᠯᠤᠭᠰᠠᠨ ᠬᠠᠩᠭᠠᠯᠭ᠎ᠠ ᠶᠢᠨ ᠬᠡᠯᠬᠢᠶᠡᠰᠦ ᠶᠢᠨ ᠮᠥᠩᠭᠦᠨ ᠭᠦᠢᠯᠭᠡᠭᠡᠨ ᠢ ᠰᠢᠢᠳᠪᠦᠷᠢᠯᠡᠬᠦ | ᠲᠥᠰᠥᠯ ᠢ ᠪᠤᠢ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠭᠦ ᠲᠣᠭᠤᠷᠢᠨ ᠳᠤ ᠲᠠᠷᠢᠶᠠᠯᠠᠩ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ | ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠤᠷᠰᠢᠯᠴᠠᠭ᠎ᠠ ᠶᠢ ᠴᠢᠩᠭᠠᠳᠬᠠᠨ᠂ ᠲᠠᠷᠢᠶᠠᠯᠠᠩ ᠳᠤ ᠬᠤᠯᠪᠣᠭᠳᠠᠬᠤ ᠨᠡᠩ | ᠣᠯᠠᠨ ᠲᠥᠷᠥᠯ ᠵᠦᠢᠯ ᠢ ᠪᠠᠷᠢᠴᠠᠭᠠᠯᠠᠨ ᠨᠥᠬᠦᠪᠦᠷᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠤᠨ | ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ︽ᠵᠠᠰᠠᠭ ᠤᠨ ᠣᠷᠳᠣᠨ + ᠪᠠᠩᠬᠢ + ᠳᠠᠭᠠᠭᠠᠯᠲᠠ + | ᠳᠠᠭᠠᠳᠬᠠᠯ︾ ᠤᠨ ᠪᠡᠯᠡ ᠲᠣᠬᠢᠷᠠᠭᠤᠯᠭ᠎ᠠ ᠶᠢᠨ ᠬᠤᠷᠰᠢᠯᠴᠠᠬᠤ ᠪᠠ ᠲᠦᠭᠰᠢᠭᠦᠷᠢ ᠶᠢ ᠬᠤᠪᠢᠶᠠᠨ ᠡᠭᠦᠷᠭᠡᠯᠡᠬᠦ | ᠲᠣᠭᠲᠠᠴᠠ ᠪᠠᠶᠢᠭᠤᠯᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ | ᠲᠠᠷᠢᠶᠠᠴᠢᠨ ᠮᠠᠯᠴᠢᠳ ᠤᠨ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠬᠦᠷᠲᠡᠮᠵᠢ ᠶᠢᠨ ᠴᠢᠨᠠᠷ ᠢ | ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠨᠡᠷᠡᠲᠦ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢᠨ ᠲᠣᠭᠤᠷᠢᠨ ᠳᠤ᠂ ᠰᠲ᠋ᠣᠺ ᠤᠨ ᠡᠷᠬᠡ᠂ ᠵᠢᠭᠡᠯᠡᠯᠭᠡ ᠶᠢᠨ ᠲᠡᠮᠳᠡᠭᠲᠦ᠂ ᠬᠤᠭᠤᠴᠠᠭᠠᠲᠤ ᠪᠠᠷᠠᠭ᠎ᠠ᠂ | ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ | ᠲᠥᠷᠥᠯ ᠲᠡᠮᠳᠡᠭᠲᠦ ᠠᠵᠤ ᠠᠬᠤᠶᠢᠯᠠᠯ ᠢ ᠳᠡᠮᠵᠢᠭᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠣᠯᠠᠨ | ᠠᠷᠭ᠎ᠠ ᠵᠠᠮ ᠪᠦᠬᠦᠢ ᠪᠡᠯᠡ ᠮᠥᠩᠭᠦ ᠬᠠᠩᠭᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ | ᠠᠵᠤ ᠦᠢᠯᠡᠰᠵᠢᠭᠦᠯᠦᠨ ᠶᠠᠳᠠᠭᠤ ᠶᠢ ᠲᠡᠳᠭᠦᠭᠦ ᠠᠰᠢᠭ ᠲᠤᠰᠠ ᠶᠢᠨ ᠬᠤᠯᠪᠣᠬᠤ ᠲᠣᠭᠲᠠᠴᠠ ᠶᠢ | ᠳᠦᠷᠢᠮᠵᠢᠬᠦᠯᠦᠨ᠎ᠡ᠃ ᠲᠠᠷᠢᠶᠠᠴᠢᠨ ᠡᠷᠦᠭᠡ ᠶᠢᠨ ᠳᠠᠩᠰᠠ ᠡᠪᠬᠡᠮᠡᠯ ᠪᠠᠶᠢᠭᠤᠯᠬᠤ᠂ ᠳᠡᠰ ᠲᠣᠭᠲᠠᠭᠠᠬᠤ ᠪᠠ | ᠢᠲᠡᠭᠡᠮᠵᠢ ᠣᠯᠭᠤᠬᠤ ᠠᠵᠢᠯ ᠢ ᠦᠷᠭᠦᠯᠵᠢᠯᠡᠨ ᠠᠬᠢᠭᠤᠯᠵᠤ᠂ ᠶᠠᠳᠠᠭᠤ ᠶᠢ ᠲᠡᠳᠭᠦᠭᠦ ᠪᠠᠭ᠎ᠠ ᠲᠣᠭᠠᠨ ᠤ | ᠢᠲᠡᠭᠡᠮᠵᠢᠲᠦ ᠵᠢᠭᠡᠯᠡᠯᠭᠡ ᠲᠠᠯᠪᠢᠬᠤ ᠶᠢ ᠪᠦᠭᠦ ᠲᠠᠯ᠎ᠠ ᠪᠠᠷ ᠳᠦᠷᠢᠮᠵᠢᠬᠦᠯᠦᠨ᠂ ᠵᠢᠭᠡᠯᠡᠯᠭᠡ ᠶᠢᠨ ᠭᠤᠣᠯ ᠴᠣᠭᠴᠠ ᠨᠢ | ᠣᠨᠣᠪᠴᠢᠲᠠᠢ᠂ ᠬᠡᠷᠡᠭᠯᠡᠮᠵᠢ ᠨᠢ ᠣᠨᠣᠪᠴᠢᠲᠠᠢ᠂ ᠣᠷᠣᠭᠤᠯᠤᠯᠲᠠ ᠨᠢ ᠣᠨᠣᠪᠴᠢᠲᠠᠢ᠂ ᠦᠷᠭᠦᠯᠵᠢᠯᠡᠨ ᠵᠢᠭᠡᠯᠡᠯᠭᠡ | ᠲᠠᠯᠪᠢᠬᠤ ᠬᠤᠭᠤᠴᠠᠭ᠎ᠠ ᠨᠢ ᠲᠤᠶᠢᠯ ᠤᠨ ᠣᠨᠣᠪᠴᠢᠲᠠᠢ ᠪᠠᠶᠢᠬᠤ ᠶᠢ ᠦᠨᠡᠨᠬᠦ ᠪᠠᠲᠤᠯᠠᠬᠤ ᠶᠢᠨ ᠵᠡᠷᠭᠡᠴᠡᠭᠡᠪᠡᠷ ᠵᠣᠭᠤᠰ | ᠪᠤᠴᠠᠭᠠᠬᠤ ᠣᠷᠭᠢᠯ ᠤᠨ ᠦᠶ᠎ᠡ ᠶᠢ ᠲᠣᠬᠢᠲᠠᠢ ᠠᠷᠭᠠᠴᠠᠵᠤ᠂ ᠬᠤᠭᠤᠴᠠᠭ᠎ᠠ ᠠᠴᠠ ᠬᠡᠲᠦᠷᠡᠭᠰᠡᠨ ᠲᠦᠭᠰᠢᠭᠦᠷᠢ ᠶᠢ | ᠰᠡᠷᠭᠡᠶᠢᠯᠡᠨ ᠠᠷᠢᠯᠭᠠᠨ᠎ᠠ᠃ ᠰᠡᠯᠡᠭᠦᠴᠡᠯ ᠤᠨ ᠲᠠᠷᠢᠶᠠᠯᠠᠩ᠂ ᠬᠥᠳᠡᠭᠡ ᠲᠣᠰᠬᠤᠨ ᠤ ᠵᠢᠭᠤᠯᠴᠢᠯᠠᠯ᠂ ᠬᠥᠳᠡᠭᠡ | ᠲᠣᠰᠬᠤᠨ ᠤ ᠡᠯᠧᠺᠲᠷᠣᠨ ᠬᠤᠳᠠᠯᠳᠤᠭ᠎ᠠ ᠵᠡᠷᠭᠡ ᠬᠦᠷᠢᠶᠡᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ | ᠪᠠᠶᠠᠯᠢᠭᠵᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠪᠠᠲᠤᠯᠠᠭ᠎ᠠ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠦᠢᠯᠡᠳᠬᠦᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ | ᠪᠦᠷᠢᠮᠦᠰᠦᠨ ᠥᠪᠡᠷ ᠤᠨ ᠥᠷᠲᠡᠭ ᠤᠨ ᠳᠠᠭᠠᠳᠬᠠᠯ᠂ ᠲᠠᠷᠢᠮᠠᠯ ᠤᠨ ᠵᠦᠢᠯ ᠤᠨ ᠣᠷᠣᠯᠭ᠎ᠠ ᠶᠢᠨ ᠳᠠᠭᠠᠳᠬᠠᠯ᠂ ᠶᠡᠭᠡ | ᠭᠠᠮᠰᠢᠭ ᠤᠨ ᠳᠠᠭᠠᠳᠬᠠᠯ ᠵᠡᠷᠭᠡ ᠳᠠᠭᠠᠳᠬᠠᠯ ᠤᠨ ᠦᠢᠯᠡᠳᠬᠦᠨ ᠢ ᠶᠡᠬᠡᠪᠡᠷ ᠬᠥᠭᠵᠢᠭᠦᠯᠦᠨ᠎ᠡ᠃ ᠳᠠᠭᠠᠳᠬᠠᠯ ᠤᠨ | ᠪᠠᠶᠢᠭᠤᠯᠤᠮᠵᠢ ᠶᠢᠨ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠦᠢᠯᠡᠴᠢᠯᠡᠭᠡᠨ ᠤ ᠲᠣᠣᠷ ᠰᠦᠯᠵᠢᠶ᠎ᠡ | ᠪᠠᠶᠢᠭᠤᠯᠤᠨ ᠪᠦᠷᠢᠨᠰᠢᠭᠦᠯᠬᠦ ᠶᠢ ᠵᠣᠷᠢᠭᠵᠢᠭᠤᠯᠬᠤ ᠬᠡᠷᠡᠭᠲᠡᠢ᠃ | ︵ᠬᠤᠶᠠᠷ︶ ᠵᠦᠢ ᠶᠣᠰᠣᠨ ᠤ ᠮᠥᠩᠭᠦᠨ ᠭᠦᠢᠯᠭᠡᠭᠡᠨ ᠢ ᠢᠳᠡᠪᠬᠢᠲᠡᠢ ᠬᠥᠭᠵᠢᠭᠦᠯᠦᠨ᠎ᠡ᠃ ᠠᠮᠢ ᠠᠬᠤᠢ ᠶᠢ | ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠯᠲᠡ ᠶᠢᠨ ᠦᠨᠳᠦᠰᠦᠨ ᠱᠠᠭᠠᠷᠳᠠᠯᠭ᠎ᠠ ᠶᠢ ᠵᠢᠷᠤᠮᠯᠠᠨ᠂ ᠮᠠᠨ ᠤ | ᠠᠶᠢᠮᠠᠭ ᠤᠨ ᠴᠠᠭᠠᠨ ᠭᠤᠶᠣᠣ᠂ ᠤᠯᠠᠭᠠᠨ ᠭᠤᠶᠣᠣ᠂ ᠰᠢᠬᠢᠷ ᠡᠪᠡᠰᠦ᠂ ᠲᠡᠮᠡᠭᠡᠨ ᠤ ᠰᠦ ᠵᠡᠷᠭᠡ ᠡᠯᠡᠰᠦᠨ ᠠᠮᠢᠲᠠᠨ | ᠤᠷᠭᠤᠮᠠᠯ ᠤᠨ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ᠣᠷᠣᠨ ᠪᠦᠰᠡ ᠶᠢᠨ ᠵᠤᠭᠠᠴᠠᠯ᠂ ᠡᠷᠡᠭᠦᠯ ᠡᠮᠴᠢᠯᠡᠭᠡ | ᠰᠤᠪᠢᠯᠠᠯᠲᠠ ᠵᠡᠷᠭᠡ ᠠᠵᠤ ᠦᠢᠯᠡᠰ ᠲᠤ ᠬᠠᠮᠵᠢᠯᠴᠠᠨ᠂ ᠵᠦᠢ ᠶᠣᠰᠣᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢ | ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠦᠢ ᠶᠣᠰᠣᠨ ᠤ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠ ᠬᠢᠨᠠᠨ ᠰᠢᠯᠭᠠᠵᠤ ᠦᠨᠡᠯᠡᠭᠦ ᠲᠣᠭᠲᠠᠴᠠ ᠶᠢ ᠲᠡᠭᠦᠯᠳᠡᠷᠵᠢᠭᠦᠯᠦᠨ᠂ | ᠪᠣᠬᠢᠷᠳᠤᠯ ᠦᠭᠡᠢ ᠲᠥᠷᠥᠯ ᠵᠦᠢᠯ ᠤᠨ ᠬᠥᠮᠥᠷᠭᠡ ᠶᠢ ᠰᠦᠪᠡᠭᠴᠢᠯᠡᠨ ᠪᠠᠶᠢᠭᠤᠯᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠲᠠᠢ ᠢᠳᠡᠪᠬᠢᠲᠡᠢ ᠵᠣᠯᠭᠠᠭᠤᠯᠵᠤ᠂ ᠲᠥᠷᠥᠯ ᠵᠦᠢᠯ ᠤᠨ ᠬᠥᠮᠥᠷᠭᠡ ᠳᠤ ᠣᠷᠣᠭᠰᠠᠳ ᠲᠤ ᠮᠥᠩᠭᠦᠨ | ᠭᠦᠢᠯᠭᠡᠭᠡᠨ ᠤ ᠳᠡᠮᠵᠢᠯᠭᠡ ᠬᠦᠷᠲᠡᠭᠡᠨ᠎ᠡ᠃ | ᠪᠣᠬᠢᠷᠳᠤᠯ ᠦᠭᠡᠢ ᠦᠢᠯᠡᠳᠬᠦᠨ ᠪᠠ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ | ᠪᠣᠬᠢᠷᠳᠤᠯ ᠦᠭᠡᠢ ᠬᠥᠭᠵᠢᠯᠲᠡ ᠲᠠᠢ ᠬᠤᠯᠪᠣᠭᠳᠠᠭᠤᠯᠤᠭᠰᠠᠨ ᠢᠲᠡᠭᠡᠮᠵᠢᠲᠦ ᠵᠢᠭᠡᠯᠡᠯᠭᠡ ᠶᠢᠨ ᠨᠡᠷᠡᠳᠭᠦᠨ ᠢ | ᠰᠦᠪᠡᠭᠴᠢᠯᠡᠨ ᠳᠡᠯᠭᠡᠷᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠨᠧᠷᠭᠢ ᠬᠡᠷᠡᠭᠯᠡᠬᠦ ᠡᠷᠬᠡ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠡᠷᠬᠡ ᠵᠡᠷᠭᠡ | ᠳᠠᠨᠵᠢᠯᠠᠭᠰᠠᠨ ᠡᠳ᠋ ᠲᠤ ᠰᠠᠭᠤᠷᠢᠯᠠᠭᠰᠠᠨ ᠴᠡᠪᠡᠷ ᠢᠲᠡᠭᠡᠮᠵᠢᠲᠦ ᠵᠢᠭᠡᠯᠡᠯᠭᠡ ᠶᠢᠨ ᠨᠡᠷᠡᠳᠭᠦᠨ ᠳᠤ ᠰᠢᠨ᠎ᠡ ᠶᠢ | ᠡᠭᠦᠳᠭᠦ ᠶᠢ ᠳᠡᠮᠵᠢᠵᠦ᠂ ᠲᠤᠰᠬᠠᠢ ᠪᠡᠯᠡ ᠮᠥᠩᠭᠦ᠂ ᠬᠢᠨᠠᠨ ᠵᠥᠪᠰᠢᠶᠡᠷᠡᠬᠦ ᠡᠷᠬᠡ ᠮᠠᠲᠠᠯ ᠪᠠ ᠪᠣᠬᠢᠷᠳᠤᠯ ᠦᠭᠡᠢ | ᠬᠢᠨᠠᠨ ᠵᠥᠪᠰᠢᠶᠡᠷᠡᠬᠦ ᠵᠠᠮ ᠮᠥᠷ ᠢ ᠨᠡᠭᠡᠭᠡᠵᠦ᠂ ᠰᠠᠨᠠᠭᠠᠴᠢᠯᠠᠭ᠎ᠠ ᠠᠴᠠ ᠪᠠᠨ ᠰᠦᠢᠳᠬᠡᠯ ᠬᠠᠰᠤᠵᠤ ᠠᠰᠢᠭ ᠣᠯᠭᠤᠨ᠂ | ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠨᠥᠬᠦᠴᠡᠯ ᠳᠤ ᠨᠡᠶᠢᠴᠡᠭᠦ ᠠᠵᠤ | ᠠᠬᠤᠶᠢᠯᠠᠯ ᠤᠨ ᠵᠦᠢ ᠶᠣᠰᠣᠨ ᠤ ᠥᠷᠢ ᠥᠭᠴᠡᠭᠡ ᠶᠢᠨ ᠪᠡᠯᠡ ᠲᠣᠬᠢᠷᠠᠭᠤᠯᠬᠤ ᠪᠠᠭᠠᠵᠢ᠂ ᠵᠦᠢ ᠶᠣᠰᠣᠨ ᠤ | ᠺᠤᠮᠫᠠᠨᠢ ᠶᠢᠨ ᠵᠢᠭᠡᠯᠡᠯᠭᠡ᠂ ᠵᠦᠢ ᠶᠣᠰᠣᠨ ᠤ ᠠᠵᠤ ᠠᠬᠤᠶᠢᠯᠠᠯ ᠤᠨ ᠵᠢᠭᠡᠯᠡᠯᠭᠡ ᠵᠡᠷᠭᠡ ᠵᠦᠢ ᠶᠣᠰᠣᠨ ᠤ | ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ︔ ᠣᠷᠴᠢᠨ ᠲᠣᠭᠤᠷᠢᠨ ᠤ ᠲᠦᠭᠰᠢᠭᠦᠷᠢ ᠶᠡᠬᠡᠲᠡᠢ ᠬᠦᠷᠢᠶ᠎ᠡ | ᠶᠢᠨ ᠣᠷᠴᠢᠨ ᠲᠣᠭᠤᠷᠢᠨ ᠤ ᠪᠣᠬᠢᠷᠳᠤᠯ ᠤᠨ ᠠᠯᠪᠠᠳᠠᠯᠭ᠎ᠠ ᠶᠢᠨ ᠴᠢᠨᠠᠷᠲᠠᠢ ᠬᠠᠷᠢᠭᠤᠴᠠᠯᠭ᠎ᠠ ᠶᠢᠨ ᠳᠠᠭᠠᠳᠬᠠᠯ ᠢ | ᠢᠳᠡᠪᠬᠢᠲᠡᠢ ᠪᠠᠷ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠠᠮᠢ ᠠᠬᠤᠢ ᠶᠢ ᠬᠠᠮᠠᠭᠠᠯᠠᠬᠤ ᠪᠠ ᠵᠠᠰᠠᠵᠤ ᠰᠡᠷᠭᠦᠭᠡᠬᠦ ᠠᠵᠢᠯ ᠳᠤ ᠦᠢᠯᠡᠴᠢᠯᠡᠬᠦ | ᠶᠢ ᠵᠣᠷᠢᠭᠵᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠡᠷᠭᠡ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶ᠎ᠡ ᠬᠡᠪᠴᠢᠶᠡᠨ ᠤ ᠲᠥᠷᠥᠯ ᠵᠦᠢᠯ ᠤᠨ | ᠨᠡᠭᠡᠭᠡᠯᠲᠡ ᠶᠢᠨ ᠴᠢᠨᠠᠷᠲᠠᠢ ᠵᠢᠭᠡᠯᠡᠯᠭᠡ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠵᠢᠭᠡᠯᠡᠯᠭᠡ ᠶᠢᠨ ᠬᠡᠪᠴᠢᠶ᠎ᠡ ᠶᠢ | ᠴᠢᠷᠮᠠᠶᠢᠨ ᠣᠯᠣᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠴᠢᠨ ᠲᠣᠭᠤᠷᠢᠨ ᠤ ᠳᠠᠷᠤᠯᠲᠠ ᠶᠢᠨ | ᠰᠣᠷᠢᠯᠲᠠ ᠥᠷᠨᠢᠭᠦᠯᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠲᠥᠷᠥᠯ ᠵᠦᠢᠯ ᠤᠨ ᠣᠷᠴᠢᠨ ᠲᠣᠭᠤᠷᠢᠨ ᠪᠠ | ᠨᠡᠶᠢᠭᠡᠮ ᠤᠨ ᠦᠷ᠎ᠡ ᠠᠰᠢᠭ ᠬᠢᠭᠡᠳ ᠥᠪᠡᠷ ᠤᠨ ᠥᠷᠲᠡᠭ ᠤᠨ ᠬᠡᠮᠵᠢᠶ᠎ᠡ ᠶᠢ ᠲᠣᠭᠲᠠᠭᠠᠨ ᠵᠠᠳᠠᠯᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠬᠦᠴᠦᠨ ᠵᠦᠢᠯ᠂ ᠭᠦᠢᠴᠡᠳᠬᠡᠬᠦ ᠲᠤᠭ᠎ᠠ ᠶᠢᠨ ᠡᠷᠬᠡᠰᠢᠶᠡᠯ ᠵᠢᠴᠢ | ᠢᠲᠡᠭᠡᠮᠵᠢ ᠣᠯᠭᠤᠬᠤ ᠴᠤᠪᠤᠷᠠᠯ ᠳᠤᠨᠢ ᠣᠷᠣᠭᠤᠯᠬᠤ ᠶᠢ ᠳᠡᠮᠵᠢᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠲᠥᠯᠥᠨ ᠵᠢᠯᠤᠭᠤᠳᠴᠤ ᠪᠠᠶᠢᠭᠠᠳ ᠪᠣᠬᠢᠷᠳᠤᠯ ᠶᠡᠬᠡᠲᠡᠢ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ | ᠲᠠᠯᠪᠢᠬᠤ ᠶᠢ ᠵᠦᠢ ᠵᠣᠬᠢᠰᠲᠠᠢ ᠬᠠᠮᠢᠶᠠᠷᠤᠨ ᠡᠵᠡᠮᠳᠡᠵᠦ᠂ ᠪᠣᠬᠢᠷᠳᠤᠯ ᠶᠡᠬᠡᠲᠡᠢ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠬᠢᠵᠠᠭᠠᠷ ᠲᠤᠭ᠎ᠠ ᠪᠠ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠢᠯ ᠳᠠᠷᠠᠭᠠᠯᠠᠨ ᠪᠠᠭᠠᠰᠬᠠᠬᠤ ᠪᠡᠯᠡ | ᠲᠣᠬᠢᠷᠠᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠨ᠎ᠡ᠃ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠢᠳᠡᠪᠬᠢᠲᠡᠢ ᠨᠠᠶᠢᠳᠠᠪᠣᠷᠢᠵᠢᠭᠤᠯᠣᠨ᠎ᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠣᠯᠳᠠ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠪᠠᠶᠢᠯᠳᠤᠬᠤ ᠪᠣᠳᠣᠯᠭ᠎ᠠ ᠶᠢᠨ ᠪᠣᠬᠢᠷᠳᠤᠯ ᠦᠭᠡᠢ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠭᠦ ᠶᠢ | ᠠᠬᠢᠭᠤᠯᠵᠤ᠂ ᠴᠡᠪᠡᠷ ᠡᠨᠧᠷᠭᠢ᠂ ᠣᠨᠴᠠ ᠥᠨᠳᠥᠷ ᠬᠦᠴᠦᠳᠡᠯᠳᠦ ᠴᠠᠬᠢᠯᠭᠠᠨ ᠳᠦᠭᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠡᠨᠧᠷᠭᠢ ᠬᠠᠳᠠᠭᠠᠯᠠᠬᠤ᠂ ᠨᠡᠭᠦᠷᠡᠰᠦᠲᠥ᠋ᠷᠥᠭᠴᠢ ᠶᠢ ᠪᠢᠲᠡᠭᠦᠮᠵᠢᠯᠡᠨ ᠬᠠᠳᠠᠭᠠᠯᠠᠬᠤ᠂ | ᠨᠡᠭᠦᠷᠡᠰᠦᠲᠥ᠋ᠷᠥᠭᠴᠢ ᠶᠢ ᠴᠤᠭᠯᠠᠭᠤᠯᠬᠤ ᠵᠢᠴᠢ ᠠᠰᠢᠭᠯᠠᠬᠤ ᠵᠡᠷᠭᠡ ᠪᠣᠬᠢᠷᠳᠤᠯ ᠦᠭᠡᠢ ᠮᠡᠷᠭᠡᠵᠢᠯ᠂ ᠲᠥᠷᠥᠯ ᠵᠦᠢᠯ | ᠪᠣᠯᠣᠨ ᠠᠵᠤ ᠦᠢᠯᠡᠰ ᠵᠢᠴᠢ ᠴᠠᠭᠢᠯᠭᠠᠨ ᠬᠦᠴᠦᠨ᠂ ᠪᠣᠯᠣᠳ ᠲᠡᠮᠦᠷ᠂ ᠬᠢᠮᠢ ᠶᠢᠨ ᠠᠵᠤ ᠦᠢᠯᠡᠳᠪᠦᠷᠢ᠂ | ᠥᠩᠭᠡᠲᠦ ᠲᠡᠮᠦᠷᠯᠢᠭ ᠵᠡᠷᠭᠡ ᠠᠵᠤ ᠦᠢᠯᠡᠳᠪᠦᠷᠢ ᠶᠢᠨ ᠬᠦᠷᠢᠶᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠭᠦ᠂ | ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠢᠯ ᠢ ᠳᠡᠮᠵᠢᠭᠦ ᠡᠷᠴᠢᠮ ᠢ | ᠨᠡᠮᠡᠭᠳᠡᠭᠦᠯᠦᠨ᠎ᠡ᠃ | ︵ᠭᠤᠷᠪᠠ︶ ᠣᠳᠣ ᠦᠶ᠎ᠡ ᠶᠢᠨ ᠡᠨᠧᠷᠭᠢ ᠶᠢᠨ ᠰᠤᠷᠪᠤᠯᠵᠢ ᠮᠥᠩᠭᠦᠨ ᠭᠦᠢᠯᠭᠡᠭᠡ ᠶᠢ ᠢᠳᠡᠪᠬᠢᠲᠡᠢ | ᠬᠥᠭᠵᠢᠭᠦᠯᠦᠨ᠎ᠡ᠃ ᠤᠯᠠᠮᠵᠢᠯᠠᠯᠲᠤ ᠡᠷᠴᠢᠮ ᠬᠦᠴᠦ ᠶᠢ ᠴᠡᠪᠡᠷ ᠥᠨᠳᠥᠷ ᠦᠷ᠎ᠡ ᠠᠰᠢᠭ ᠲᠠᠢ ᠠᠰᠢᠭᠯᠠᠬᠤ ᠶᠢ | ᠠᠬᠢᠭᠤᠯᠣᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠶᠢ | ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠯᠳᠤᠬᠤ ᠪᠣᠳᠣᠯᠭ᠎ᠠ ᠳᠤ | ᠦᠢᠯᠡᠴᠢᠯᠡᠬᠦ ᠶᠢ ᠠᠬᠢᠭᠤᠯᠵᠤ᠂ ᠵᠥᠷᠢᠶᠡᠲᠦ ᠢᠲᠡᠭᠡᠮᠵᠢᠲᠦ ᠵᠢᠭᠡᠯᠡᠯᠭᠡ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ | ᠵᠠᠷᠢᠮ ᠢ ᠨᠢ ᠬᠠᠪᠰᠤᠷᠤᠨ ᠲᠡᠳᠬᠦᠵᠦ ᠵᠠᠷᠢᠮ ᠢ ᠨᠢ ᠬᠢᠵᠠᠭᠠᠷᠯᠠᠬᠤ᠂ ᠵᠠᠷᠢᠮ ᠢ ᠨᠢ ᠪᠠᠲᠤᠯᠠᠨ ᠵᠠᠷᠢᠮ ᠢ ᠨᠢ | ᠪᠠᠭᠠᠰᠬᠠᠬᠤ ᠵᠠᠷᠴᠢᠮ ᠶᠣᠰᠣᠭᠠᠷ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠬᠦ᠂ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠲᠣᠬᠢᠷᠠᠭᠤᠯᠬᠤ᠂ ᠬᠦᠦ ᠮᠥᠩᠭᠦ ᠶᠢᠨ ᠨᠣᠷᠮ᠎ᠠ ᠶᠢᠨ | ᠦᠨ᠎ᠡ ᠶᠢᠨ ᠵᠥᠷᠢᠶ᠎ᠡ ᠶᠢ ᠥᠷᠭᠡᠳᠬᠡᠬᠦ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠤᠯᠠᠮᠵᠢᠯᠠᠯᠲᠤ ᠡᠨᠧᠷᠭᠢ ᠶᠢᠨ | ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢ | ᠳᠠᠶᠠᠭᠳᠠᠵᠦ᠂ ᠴᠡᠪᠡᠷ ᠥᠨᠳᠥᠷ ᠪᠦᠲᠦᠮᠵᠢᠲᠡᠢ ᠡᠨᠧᠷᠭᠢ ᠠᠷᠪᠢᠯᠠᠵᠤ ᠳᠣᠣᠷ᠎ᠠ ᠨᠡᠭᠦᠷᠡᠰᠦᠲᠥ᠋ᠷᠥᠭᠴᠢᠲᠦ ᠳᠡᠰᠢ | ᠬᠤᠪᠢᠷᠠᠭᠤᠯᠤᠨ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠶᠢ ᠴᠢᠩᠭᠠᠷᠠᠭᠤᠯᠵᠤ᠂ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠠᠯᠠᠱᠠ ᠶᠢᠨ ᠰᠠᠯᠬᠢ ᠭᠡᠷᠡᠯ ᠤᠨ ᠡᠨᠧᠷᠭᠢ ᠶᠢᠨ ᠡᠬᠢ ᠪᠠᠶᠠᠯᠢᠭ ᠪᠠ ᠨᠡᠭᠦᠷᠡᠰᠦᠨ ᠤ ᠡᠨᠧᠷᠭᠢ ᠶᠢᠨ | ᠠᠭᠤᠷᠬᠠᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ᠠᠯᠠᠱᠠ ᠠᠶᠢᠮᠠᠭ ᠤᠨ ᠮᠢᠩᠭᠠᠨ ᠲᠦᠮᠡᠨ | ᠺᠢᠯᠣᠸᠠᠲ ᠤᠨ ᠳᠡᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ | ᠵᠠᠰᠠᠭ ᠵᠠᠬᠢᠷᠭ᠎ᠠ ᠠᠵᠤ ᠠᠬᠤᠶᠢᠯᠠᠯ ᠤᠨ ᠪᠠᠶᠢᠩᠭᠤ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠰᠠᠭᠤᠷᠢᠨ ᠭᠠᠵᠠᠷ ᠲᠤ ᠣᠷᠣᠭᠤᠯᠵᠤ᠂ ᠠᠵᠤ | ᠠᠬᠤᠶᠢᠯᠠᠯ ᠳᠤ ᠣᠷᠣᠭᠤᠯᠵᠤ᠂ ᠵᠠᠰᠠᠭ ᠵᠠᠬᠢᠷᠭ᠎ᠠ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠥᠷᠢᠶᠡᠴᠢᠯᠡᠭᠰᠡᠨ ᠢᠲᠡᠭᠡᠮᠵᠢᠲᠦ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠨᠡᠭᠦᠷᠡᠰᠦ ᠶᠢ ᠴᠡᠪᠡᠷ | ᠥᠨᠳᠥᠷ ᠦᠷ᠎ᠡ ᠪᠦᠲᠦᠮᠵᠢᠲᠡᠢ ᠠᠰᠢᠭᠯᠠᠬᠤ ᠶᠢ ᠠᠬᠢᠭᠤᠯᠤᠨ᠎ᠠ᠃ ᠦᠢᠯᠡᠳᠪᠦᠷᠢᠯᠡᠬᠦ ᠴᠢᠳᠠᠪᠤᠷᠢ ᠶᠢ ᠣᠯᠠᠷᠢᠭᠤᠯᠬᠤ᠂ | ᠡᠬᠢ ᠪᠠᠶᠠᠯᠢᠭ ᠤᠨ ᠦᠨ᠎ᠡ ᠶᠢᠨ ᠵᠣᠭᠤᠰ ᠢ ᠲᠤᠰᠢᠶᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠤᠨ ᠢᠲᠡᠭᠡᠮᠵᠢᠲᠦ ᠵᠢᠭᠡᠯᠡᠯᠭᠡ ᠶᠢ ᠳᠡᠮᠵᠢᠭᠦ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠰᠦᠪᠡᠭᠴᠢᠯᠡᠵᠦ᠂ | ᠰᠲ᠋ᠣᠺ ᠤᠨ ᠡᠷᠬᠡ ᠪᠠᠷ ᠪᠡᠯᠡ ᠲᠣᠬᠢᠷᠠᠭᠤᠯᠭ᠎ᠠ ᠶᠢᠨ ᠦᠢᠯᠡᠳᠬᠦᠨ ᠢ ᠨᠡᠶᠢᠯᠡᠭᠦᠯᠦᠨ ᠬᠤᠳᠠᠯᠳᠤᠨ ᠠᠪᠬᠤ ᠲᠣᠬᠢᠷᠠᠬᠤ | ᠬᠡᠪᠴᠢᠶ᠎ᠡ ᠶᠢ ᠥᠷᠭᠡᠳᠬᠡᠨ᠂ ᠨᠡᠭᠦᠷᠡᠰᠦᠨ ᠤ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢᠨ ᠰᠣᠯᠢᠭᠳᠠᠯ ᠢ | ᠳᠡᠮᠵᠢᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠳᠠᠭᠢᠨ ᠲᠣᠬᠢᠷᠠᠭᠤᠯᠬᠤ ᠶᠢ ᠳᠡᠮᠵᠢᠵᠦ᠂ ᠦᠨ᠎ᠡ | ᠬᠠᠩᠰᠢ᠂ ᠬᠤᠭᠤᠴᠠᠭ᠎ᠠ ᠬᠢᠵᠠᠭᠠᠷ ᠵᠡᠷᠭᠡ ᠲᠠᠯ᠎ᠠ ᠪᠠᠷ ᠬᠠᠷᠠᠭᠠᠯᠵᠠᠯ ᠦᠵᠡᠭᠦᠯᠭᠦ ᠬᠡᠷᠡᠭᠲᠡᠢ᠃ ᠢᠲᠡᠭᠡᠮᠵᠢᠲᠦ | ᠵᠢᠭᠡᠯᠡᠯᠭᠡ ᠶᠢᠨ ᠲᠦᠭᠰᠢᠭᠦᠷᠢ ᠶᠡᠬᠡᠲᠡᠢ᠂ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠡᠭᠡ ᠲᠥᠷᠥᠯ | ᠵᠦᠢᠯ ᠳᠤ ᠴᠢᠭᠯᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠨᠧᠷᠭᠢ ᠶᠢᠨ ᠰᠢᠨ᠎ᠡ ᠭᠡᠯᠪᠡᠷᠢ ᠶᠢᠨ | ᠳᠠᠭᠠᠳᠬᠠᠯ ᠤᠨ ᠨᠡᠷᠡᠳᠭᠦᠨ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠮᠵᠢᠯᠴᠠᠨ ᠬᠤᠷᠰᠢᠯᠴᠠᠬᠤ ᠶᠢ ᠥᠷᠨᠢᠭᠦᠯᠦᠨ᠂ ᠬᠢᠨᠠᠨ ᠵᠥᠪᠰᠢᠶᠡᠷᠡᠬᠦ ᠨᠥᠬᠦᠴᠡᠯ ᠢ ᠰᠢᠯᠢᠳᠡᠭᠵᠢᠭᠦᠯᠵᠦ᠂ ᠮᠥᠩᠭᠦᠨ | ᠭᠦᠢᠯᠭᠡᠭᠡᠨ ᠤ ᠪᠦᠯᠭᠦᠮ ᠤᠨ ᠵᠢᠭᠡᠯᠡᠯᠭᠡ᠂ ᠳᠠᠭᠠᠳᠬᠠᠯ ᠤᠨ ᠪᠡᠯᠡ ᠰᠢᠭᠤᠳ ᠣᠷᠣᠭᠤᠯᠤᠯᠲᠠ᠂ ᠲᠤᠰᠬᠠᠢ | ᠲᠥᠷᠥᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠮᠥᠩᠭᠦᠨ ᠭᠦᠢᠯᠭᠡᠭᠡᠨ ᠤ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ | ᠪᠡᠯᠡ ᠲᠣᠬᠢᠷᠠᠭᠤᠯᠭ᠎ᠠ ᠶᠢᠨ ᠢᠷᠡᠯᠲᠡ ᠪᠠ ᠬᠡᠪᠴᠢᠶ᠎ᠡ ᠶᠢ ᠥᠷᠭᠡᠳᠬᠡᠨ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠬᠠᠮᠲᠤᠪᠠᠷ ᠳᠡᠮᠵᠢᠨ᠎ᠡ᠃ | ︽ᠪᠡᠯᠡ ᠲᠣᠬᠢᠷᠠᠭᠤᠯᠬᠤ + ᠣᠶᠤᠨ ᠤᠬᠠᠭᠠᠨ ᠢ ᠬᠤᠷᠠᠮᠳᠤᠭᠤᠯᠬᠤ︾ ᠮᠥᠩᠭᠦᠨ ᠭᠦᠢᠯᠭᠡᠭᠡᠨ ᠤ | ᠦᠢᠯᠡᠴᠢᠯᠡᠭᠡ ᠶᠢ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ | ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠠᠳᠠᠯᠢ ᠪᠤᠰᠤ ᠬᠥᠭᠵᠢᠯᠲᠡ ᠶᠢᠨ ᠱᠠᠲᠤ ᠦᠶ᠎ᠡ ᠪᠣᠯᠣᠨ ᠠᠵᠤ | ᠦᠢᠯᠡᠰ ᠤᠨ ᠬᠡᠯᠬᠢᠶ᠎ᠡ ᠶᠢᠨ ᠡᠯ᠎ᠡ ᠵᠠᠩᠭᠢᠯᠠᠭ᠎ᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ | ᠵᠥᠷᠢᠶᠡᠲᠦ ᠦᠢᠯᠡᠳᠬᠦᠨ ᠤ ᠰᠢᠰᠲ᠋ᠧᠮᠵᠢ ᠶᠢ ᠪᠤᠢ ᠪᠤᠯᠭᠠᠵᠤ᠂ ︽ᠪᠡᠯᠡ ᠲᠣᠬᠢᠷᠠᠭᠤᠯᠬᠤ + ᠣᠶᠤᠨ ᠤᠬᠠᠭᠠᠨ ᠢ | ᠨᠡᠶᠢᠯᠡᠭᠦᠯᠭᠦ︾ ᠵᠡᠷᠭᠡ ᠵᠦᠷᠢᠶᠡᠴᠢᠯᠡᠭᠰᠡᠨ ᠦᠢᠯᠡᠴᠢᠯᠡᠭᠡᠨ ᠬᠠᠩᠭᠠᠵᠤ᠂ ᠣᠷᠣᠨ ᠨᠤᠲᠤᠭ ᠤᠨ ᠬᠥᠲᠥᠴᠢ ᠠᠵᠤ | ᠠᠬᠤᠶᠢᠯᠠᠯ ᠤᠨ ᠲᠣᠭᠤᠷᠢᠨ ᠳᠤ ᠬᠠᠩᠭᠠᠯᠭ᠎ᠠ ᠶᠢᠨ ᠬᠡᠯᠬᠢᠶᠡᠰᠦ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠲᠡᠭᠦᠯᠳᠡᠷᠵᠢᠭᠦᠯᠦᠨ᠎ᠡ᠃ | ︵ᠳᠥᠷᠪᠡ︶ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠢ ᠢᠳᠡᠪᠬᠢᠲᠡᠢ ᠬᠥᠭᠵᠢᠭᠦᠯᠦᠨ᠎ᠡ᠃ | ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ᠲᠣᠣᠷ ᠴᠡᠭ ᠤᠨ ᠪᠠᠶᠢᠷᠢᠰᠢᠭᠤᠯᠤᠯ ᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠭᠤᠣᠯᠳᠠᠯᠭ᠎ᠠ ᠶᠢ ᠵᠦᠢ ᠵᠣᠬᠢᠰᠲᠠᠢ ᠳᠣᠷᠣᠭᠰᠢ ᠪᠠᠭᠤᠯᠭᠠᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠲᠦᠭᠡᠮᠡᠯ ᠭᠦᠷᠲᠡᠭᠡᠮᠵᠢᠳᠦ ᠮᠥᠩᠭᠦᠨ | ᠭᠦᠢᠯᠭᠡᠭᠡᠨ ᠤ ᠠᠵᠢᠯ ᠦᠢᠯᠡᠰ ᠤᠨ ᠶᠠᠮᠤᠨ ᠪᠠ ᠲᠤᠰᠬᠠᠢ ᠡᠵᠡᠩᠨᠡᠯᠲᠡ ᠶᠢᠨ ᠪᠠᠶᠢᠭᠤᠯᠤᠮᠵᠢ ᠪᠠᠶᠢᠭᠤᠯᠵᠤ᠂ ᠲᠦᠭᠡᠮᠡᠯ | ᠭᠦᠷᠲᠡᠭᠡᠮᠵᠢᠳᠦ ᠮᠥᠩᠭᠦᠨ ᠭᠦᠢᠯᠭᠡᠭᠡᠨ ᠤ ᠲᠤᠰᠬᠠᠢ ᠦᠢᠯᠡᠴᠢᠯᠡᠭᠡᠨ ᠤ ᠪᠦᠯᠭᠦᠮ ᠨᠡᠶᠢᠲᠡ ᠶᠢ ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢ | ᠪᠠᠬᠢᠵᠢᠭᠦᠯᠦᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠪᠠᠩᠬᠢ᠂ ᠭᠠᠷ ᠤᠲᠠᠰᠤᠨ ᠤ ᠪᠠᠩᠬᠢ ᠵᠡᠷᠭᠡ | ᠣᠳᠣᠬᠢᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠢ ᠲᠦᠭᠡᠮᠡᠯᠵᠢᠭᠦᠯᠬᠦ ᠶᠢ ᠠᠬᠢᠭᠤᠯᠤᠨ᠎ᠠ᠃ ᠨᠡᠶᠢᠳᠡᠮ | ᠠᠰᠢᠭ ᠬᠦᠷᠲᠡᠭᠡᠬᠦ ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠳᠠᠭᠠᠳᠬᠠᠯ ᠤᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠮᠠᠯᠵᠢᠬᠤ | ᠲᠠᠷᠢᠶᠠᠯᠠᠬᠤ ᠣᠷᠣᠨ ᠤ ᠳᠠᠭᠠᠳᠬᠠᠯ ᠤᠨ ᠦᠢᠯᠡᠴᠢᠯᠡᠭᠡᠨ ᠤ ᠲᠣᠣᠷ ᠴᠡᠭ ᠤᠨ ᠪᠡᠯᠡ ᠮᠥᠩᠭᠦ᠂ ᠬᠥᠮᠥᠨ ᠤ ᠬᠦᠴᠦᠨ | ᠪᠣᠯᠣᠨ ᠮᠡᠷᠭᠡᠵᠢᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠨᠥᠬᠦᠴᠡᠯ ᠳᠤ ᠨᠡᠶᠢᠴᠡᠭᠦ ᠪᠠᠭ᠎ᠠ ᠲᠣᠭᠠᠨ ᠤ | ᠵᠢᠭᠡᠯᠡᠯᠭᠡ ᠶᠢᠨ ᠺᠤᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠤᠮᠫᠠᠨᠢ ᠶᠢᠨ ᠮᠠᠯᠵᠢᠬᠤ ᠲᠠᠷᠢᠶᠠᠯᠠᠬᠤ | ᠣᠷᠣᠨ ᠤ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ | ᠲᠦᠭᠡᠮᠡᠯ ᠭᠦᠷᠲᠡᠭᠡᠮᠵᠢᠲᠦ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠰᠢᠨ᠎ᠡ | ᠡᠭᠦᠳᠦᠯᠲᠡ ᠶᠢ ᠠᠬᠢᠭᠤᠯᠤᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠷᠢᠭᠵᠢᠭᠤᠯᠵᠤ ᠪᠠᠶᠢᠭᠠᠳ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ ᠶᠢᠨ ᠣᠨᠴᠠᠯᠢᠭ ᠲᠤ ᠨᠡᠶᠢᠴᠡᠭᠦ | ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠲᠦᠷᠭᠡᠳᠬᠡᠨ ᠰᠤᠳᠤᠯᠤᠨ ᠨᠡᠭᠡᠭᠡᠨ᠎ᠡ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠬᠠᠩᠭᠠᠯᠭ᠎ᠠ ᠶᠢᠨ ᠬᠡᠯᠬᠢᠶ᠎ᠡ ᠶᠢᠨ ᠲᠠᠪᠴᠠᠩ ᠤᠨ ᠪᠠᠶᠢᠭᠤᠯᠤᠯᠲᠠ ᠳᠤ | ᠣᠷᠣᠯᠴᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠵᠢᠵᠢᠭ ᠪᠢᠴᠢᠯ ᠠᠵᠤ | ᠠᠬᠤᠶᠢᠯᠠᠯ ᠳᠤ ᠭᠤᠣᠯᠯᠠᠬᠤ ᠠᠵᠤ ᠠᠬᠤᠶᠢᠯᠠᠯ ᠤᠨ ᠢᠲᠡᠭᠡᠮᠵᠢ ᠶᠢ ᠨᠡᠮᠡᠭᠳᠡᠭᠦᠯᠬᠦ ᠪᠠᠷ ᠰᠠᠭᠤᠷᠢ ᠪᠤᠯᠭᠠᠭᠰᠠᠨ ᠮᠥᠩᠭᠦᠨ | ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠬᠤᠷᠢᠶᠠᠬᠤ ᠶᠣᠰᠣᠲᠠᠢ ᠠᠪᠴᠠᠭ᠎ᠠ ᠶᠢᠨ ᠵᠣᠭᠤᠰ᠂ ᠣᠨᠴᠠ ᠵᠥᠪᠰᠢᠶᠡᠷᠡᠬᠦ | ᠡᠵᠡᠩᠨᠡᠯᠲᠡ ᠶᠢᠨ ᠡᠷᠬᠡ᠂ ᠵᠠᠬᠢᠶᠠᠯᠠᠭ᠎ᠠ ᠶᠢᠨ ᠪᠡᠯᠡ ᠲᠣᠬᠢᠷᠠᠭᠤᠯᠭ᠎ᠠ ᠵᠡᠷᠭᠡ ᠵᠠᠭᠪᠤᠷ ᠢ ᠳᠡᠯᠭᠡᠷᠡᠭᠦᠯᠦᠨ᠎ᠡ᠃ | ᠨᠡᠭᠡᠭᠡᠯᠲᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠢ | ᠪᠠᠩᠬᠢ ᠨᠤᠭᠤᠳ ᠤᠨ ᠪᠥᠭᠡᠮ ᠢᠶᠠᠷ ᠬᠤᠳᠠᠯᠳᠤᠬᠤ ᠪᠡᠯᠡ ᠮᠥᠩᠭᠦ ᠪᠠᠷ ᠵᠢᠭᠡᠯᠡᠯᠭᠡ ᠰᠢᠯᠵᠢᠭᠦᠯᠭᠦ ᠠᠷᠭ᠎ᠠ ᠮᠠᠶ᠋ᠢᠭ ᠢᠶᠠᠷ | ᠪᠤᠰᠤᠳ ᠪᠠᠩᠬᠢ ᠶᠢᠨ ᠦᠢᠯᠡᠰ ᠤᠨ ᠪᠠᠶᠢᠭᠤᠯᠤᠮᠵᠢ ᠯᠤᠭ᠎ᠠ ᠬᠤᠷᠰᠢᠯᠴᠠᠵᠤ᠂ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠭᠵᠢᠭᠤᠯᠤᠨ᠎ᠠ᠃ ᠰᠲ᠋ᠣᠺ ᠤᠨ ᠡᠷᠬᠡ ᠶᠢᠨ | ᠠᠷᠠᠯᠵᠢᠶᠠᠨ ᠤ ᠲᠥᠪ᠂ ᠪᠠᠭ᠎ᠠ ᠵᠢᠭᠡᠯᠡᠯᠭᠡ᠂ ᠳᠠᠭᠠᠭᠠᠯᠲᠠ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ᠂ | ᠥᠮᠴᠢᠯᠡᠬᠦ ᠡᠷᠬᠡ ᠶᠢᠨ ᠠᠷᠠᠯᠵᠢᠶ᠎ᠠ ᠵᠡᠷᠭᠡ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠥᠬᠦᠷ ᠡᠬᠢ ᠪᠠᠶᠠᠯᠢᠭ ᠢ | ᠭᠦᠢᠴᠡᠳ ᠠᠰᠢᠭᠯᠠᠨ᠂ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ᠂ ᠣᠶᠤᠨ ᠤᠬᠠᠭᠠᠨ ᠢ | ᠬᠤᠷᠠᠮᠳᠤᠭᠤᠯᠬᠤ᠂ ᠡᠬᠢ ᠪᠠᠶᠠᠯᠢᠭ ᠢ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠪᠠᠭ᠎ᠠ ᠵᠢᠵᠢᠭ ᠠᠵᠤ | ᠠᠬᠤᠶᠢᠯᠠᠯ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠭᠦ᠂ ᠠᠳᠠᠯ ᠦᠢᠯᠡᠰ ᠴᠣᠭᠴᠠᠯᠠᠵᠤ ᠳᠡᠯᠭᠡᠨ | ᠦᠵᠡᠭᠦᠯᠭᠦ ᠳᠤ ᠶᠡᠷᠦᠩᠬᠡᠶᠢᠯᠡᠭᠰᠡᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ | ᠳᠤᠮᠳᠠ ᠵᠢᠵᠢᠭ ᠠᠵᠤ ᠠᠬᠤᠶᠢᠯᠠᠯ ᠪᠣᠯᠣᠨ ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠳᠤᠮᠳᠠ ᠵᠢᠵᠢᠭ ᠠᠵᠤ ᠠᠬᠤᠶᠢᠯᠠᠯ ᠤᠨ ᠢᠲᠡᠭᠡᠮᠵᠢ ᠶᠢᠨ | ᠮᠡᠳᠡᠭᠡ ᠵᠠᠩᠭᠢ ᠴᠤᠭᠯᠠᠭᠤᠯᠬᠤ ᠪᠠ ᠬᠡᠷᠡᠭᠯᠡᠬᠦ ᠲᠣᠭᠲᠠᠴᠠ ᠶᠢ ᠪᠦᠷᠢᠨᠰᠢᠭᠦᠯᠵᠦ᠂ ᠳᠤᠮᠳᠠ ᠵᠢᠵᠢᠭ ᠠᠵᠤ | ᠠᠬᠤᠶᠢᠯᠠᠯ ᠤᠨ ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠥᠮᠥᠷᠭᠡ | ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠢᠲᠡᠭᠡᠮᠵᠢ ᠪᠠᠨ ᠵᠢᠷᠤᠮᠯᠠᠭᠤᠯᠤᠨ ᠢᠲᠡᠭᠡᠯ ᠠᠯᠳᠠᠬᠤ ᠶᠢ ᠵᠠᠯᠬᠠᠭᠠᠨ | ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠬᠡᠷᠡᠭᠯᠡᠯᠲᠡ ᠪᠠ ᠮᠥᠩᠭᠦᠨ ᠭᠦᠢᠯᠭᠡᠭᠡᠨ ᠤ ᠬᠥᠲᠥᠯᠥᠨ ᠵᠢᠯᠣᠭᠤᠳᠤᠯᠭ᠎ᠠ ᠶᠢ | ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠯᠤᠭ᠎ᠠ ᠶᠢᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠩᠬᠢ ᠪᠠ ᠠᠵᠤ | ᠠᠬᠤᠶᠢᠯᠠᠯ ᠤᠨ ᠵᠣᠯᠭᠠᠯᠴᠠᠬᠤ ᠲᠠᠪᠴᠠᠩ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠬᠦᠷ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ | ᠭᠦᠢᠴᠡᠳ ᠰᠠᠶᠢᠲᠤᠷ ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠢ ᠶᠢ ᠳᠡᠮᠵᠢᠭᠦ ᠪᠠᠭ᠎ᠠ ᠲᠣᠭᠠᠨ ᠤ ᠵᠢᠭᠡᠯᠡᠯᠭᠡ᠂ | ᠡᠳ᠋ ᠤᠨ ᠵᠠᠰᠠᠭ ᠤᠨ ᠳᠠᠮ ᠬᠦᠦ ᠲᠠᠢ ᠵᠢᠭᠡᠯᠡᠯᠭᠡ ᠶᠢᠨ ᠬᠡᠷᠡᠭᠯᠡᠯᠲᠡ ᠶᠢ ᠴᠢᠩᠭᠠᠷᠠᠭᠤᠯᠤᠨ᠂ ᠲᠦᠭᠡᠮᠡᠯ ᠬᠠᠷᠠᠭᠠᠯᠵᠠᠯᠲᠤ | ᠮᠥᠩᠭᠦᠨ ᠭᠦᠢᠯᠭᠡᠭᠡᠨ ᠤ ᠣᠯᠤᠮᠵᠢᠳᠤ ᠴᠢᠨᠠᠷ ᠢ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠤ ᠬᠥᠭᠵᠢᠯᠲᠡ ᠶᠢᠨ ᠬᠥᠳᠡᠯᠦᠯ ᠪᠠᠶᠢᠳᠠᠯ ᠢ ᠦᠨᠡᠯᠡᠨ ᠵᠢᠱᠢᠭᠦ ᠪᠠ ᠰᠢᠯᠭᠠᠨ ᠬᠢᠨᠠᠬᠤ ᠲᠣᠭᠲᠠᠴᠠ ᠶᠢ | ᠪᠠᠶᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠯᠣᠮᠵᠢᠲᠤ ᠴᠢᠨᠠᠷ᠂ ᠳᠡᠯᠭᠡᠷᠡᠭᠦᠯᠬᠦ ᠳᠠᠬᠢ ᠲᠣᠬᠢᠷᠠᠬᠤ | ᠴᠢᠨᠠᠷ᠂ ᠦᠢᠯᠡᠴᠢᠯᠡᠭᠡᠨ ᠤ ᠶᠠᠰᠤ ᠴᠢᠨᠠᠷ ᠪᠠ ᠬᠠᠨᠤᠮᠵᠢ ᠶᠢᠨ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠶᠢ ᠦᠨᠡᠯᠡᠭᠦ | ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ︽ᠵᠢᠯᠤᠭᠤᠳᠬᠤ︾ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ | ︵ᠲᠠᠪᠤ︶ ᠮᠥᠩᠭᠦᠨ ᠭᠦᠢᠯᠭᠡᠭᠡᠨ ᠢᠶᠠᠷ ᠬᠢᠯᠢ ᠬᠢᠵᠠᠭᠠᠷ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠢ | ᠳᠡᠮᠵᠢᠨ᠎ᠡ᠃ ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠠᠭᠤᠰᠤᠨ ᠣᠷᠣᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠣᠭᠤᠮᠲᠠ ᠶᠢᠨ ᠡᠳ᠋ ᠤᠨ ᠵᠠᠰᠠᠭ ᠤᠨ ᠪᠦᠲᠦᠭᠡᠨ | ᠪᠠᠶᠢᠭᠤᠯᠤᠯᠲᠠ ᠶᠢ ᠳᠡᠮᠵᠢᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠨᠳᠦᠰᠦᠨ ᠱᠠᠳᠣᠨ ᠳᠤ | ᠬᠦᠨᠵᠡᠬᠡᠶᠢᠷᠡᠬᠦ ᠶᠢ ᠬᠥᠲᠥᠯᠥᠨ ᠵᠢᠯᠤᠭᠤᠳᠴᠤ᠂ ᠲᠣᠣᠷ ᠴᠡᠭ ᠤᠨ ᠪᠠᠶᠢᠷᠢᠰᠢᠭᠤᠯᠤᠯ ᠢ ᠲᠡᠭᠦᠯᠳᠡᠷᠵᠢᠭᠦᠯᠦᠨ᠂ | ᠪᠣᠭᠤᠮᠲᠠ ᠶᠢᠨ ᠭᠠᠵᠠᠷ ᠣᠷᠣᠨ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠪᠢᠶᠠᠷᠢ ᠰᠠᠯᠪᠤᠷᠢ | ᠪᠠᠶᠢᠭᠤᠯᠤᠮᠵᠢ ᠪᠠᠶᠢᠭᠤᠯᠬᠤ ᠶᠢ ᠳᠡᠮᠵᠢᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠭᠤᠮᠲᠠ ᠶᠢᠨ ᠭᠠᠵᠠᠷ | ᠣᠷᠣᠨ ᠤ ᠠᠵᠤ ᠠᠬᠤᠢ ᠶᠢᠨ ᠣᠨᠴᠠᠯᠢᠭ ᠢᠶᠠᠷ ᠭᠤᠣᠯᠯᠠᠭᠤᠯᠤᠨ᠂ ᠪᠣᠭᠤᠮᠲᠠ᠂ ᠨᠡᠪᠲᠡᠷᠡᠯ ᠵᠠᠮ᠂ ᠠᠷᠠᠯᠵᠢᠶ᠎ᠠ᠂ | ᠪᠣᠯᠪᠠᠰᠣᠷᠠᠭᠤᠯᠣᠯ ᠢ ᠬᠠᠮᠤᠷᠤᠭᠰᠠᠨ ᠳᠡᠮᠵᠢᠯᠭᠡ ᠪᠦᠬᠦᠢ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠥᠰᠥᠯ ᠲᠣᠭᠲᠠᠭᠠᠬᠤ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠷᠢᠭᠵᠢᠭᠤᠯᠵᠤ ᠪᠠᠶᠢᠭᠠᠳ ᠳ᠋ᠦᠩᠨᠡᠨ ᠪᠤᠳᠣᠬᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠠᠷᠠᠯᠵᠢᠶᠠᠯᠠᠬᠤ᠂ | ᠠᠶᠤᠯ ᠠᠴᠠ ᠵᠠᠶᠢᠯᠠᠬᠤ ᠵᠡᠷᠭᠡ ᠣᠯᠠᠨ ᠲᠥᠷᠥᠯ ᠵᠦᠢᠯ ᠤᠨ ᠦᠢᠯᠡᠳᠬᠦᠨ ᠤ ᠰᠢᠰᠲ᠋ᠧᠮᠵᠢ ᠶᠢ ᠬᠠᠮᠤᠷᠤᠭᠤᠯᠬᠤ | ᠬᠡᠷᠡᠭᠲᠡᠢ᠃ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠭᠦ ᠶᠢ ᠲᠦᠷᠭᠡᠳᠬᠡᠨ᠂ ᠬᠢᠯᠢ ᠠᠯᠤᠰᠯᠠᠭᠰᠠᠨ ᠮᠥᠩᠭᠦᠨ | ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠠᠵᠤ ᠠᠬᠤᠶᠢᠯᠠᠯ | ᠪᠣᠯᠣᠨ ᠬᠤᠳᠠᠯᠳᠤᠭᠠᠨ ᠤ ᠡᠷᠦᠭᠡ ᠶᠢᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠵᠢᠭᠦᠯᠦᠨ᠎ᠡ᠃ | ᠭᠤᠷᠪᠠᠳᠤᠭᠠᠷ ᠬᠡᠰᠡᠭ ᠪᠡᠯᠡ ᠲᠣᠬᠢᠷᠠᠭᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠵᠤ ᠠᠬᠤᠢ ᠶᠢᠨ | ᠪᠦᠲᠦᠴᠡ ᠶᠢ ᠲᠣᠬᠢᠷᠠᠭᠤᠯᠬᠤ ᠪᠠ ᠭᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠭᠦ ᠶᠢ ᠳᠡᠮᠵᠢᠨ᠎ᠡ | ︵ᠨᠢᠭᠡ︶ ᠪᠠᠩᠬᠢ ᠶᠢᠨ ᠦᠢᠯᠡᠰ ᠤᠨ ᠪᠡᠯᠡ ᠲᠣᠬᠢᠷᠠᠭᠤᠯᠭ᠎ᠠ ᠶᠢᠨ ᠨᠡᠷᠡᠳᠭᠦᠨ ᠳᠤ ᠰᠢᠨ᠎ᠡ ᠶᠢ ᠡᠭᠦᠳᠦᠨ᠎ᠡ᠃ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠶᠡᠬᠡᠪᠡᠷ ᠠᠬᠢᠭᠤᠯᠵᠤ ᠪᠠᠶᠢᠭᠠᠳ ᠪᠠᠩᠬᠢ ᠶᠢᠨ | ᠪᠡᠯᠡ ᠲᠣᠬᠢᠷᠠᠭᠤᠯᠭ᠎ᠠ ᠶᠢᠨ ᠦᠢᠯᠡᠳᠬᠦᠨ ᠪᠠ ᠦᠢᠯᠡᠴᠢᠯᠡᠭᠡ ᠳᠤ ᠢᠳᠡᠪᠬᠢᠲᠡᠢ ᠪᠠᠷ ᠰᠢᠨ᠎ᠡ ᠶᠢ ᠡᠭᠦᠳᠴᠦ᠂ | ᠢᠲᠡᠭᠡᠮᠵᠢᠲᠦ ᠵᠢᠭᠡᠯᠡᠯᠭᠡ᠂ ᠡᠳ᠋ ᠬᠥᠷᠥᠩᠭᠡ ᠬᠠᠮᠢᠶᠠᠷᠬᠤ ᠦᠢᠯᠡᠳᠬᠦᠨ᠂ ᠢᠲᠡᠭᠡᠮᠵᠢ ᠶᠢᠨ ᠦᠨᠡᠮᠯᠡᠯ᠂ | ᠪᠠᠲᠤᠯᠠᠭ᠎ᠠ ᠶᠢᠨ ᠵᠠᠬᠢᠳᠠᠯ ᠵᠡᠷᠭᠡ ᠶᠢᠨ ᠭᠠᠳᠠᠨ᠎ᠠ ᠪᠡᠯᠡ ᠲᠣᠬᠢᠷᠠᠭᠤᠯᠬᠤ ᠲᠤᠬᠠᠶᠢᠯᠠᠭᠰᠠᠨ ᠠᠵᠢᠯ ᠢ ᠯᠠᠪᠳᠠᠭᠤᠨ | ᠲᠣᠭᠲᠠᠭᠤᠨ ᠢᠶᠠᠷ ᠬᠥᠭᠵᠢᠭᠦᠯᠦᠨ᠂ ᠪᠠᠩᠬᠢ ᠶᠢᠨ ᠵᠢᠭᠡᠯᠡᠯᠭᠡ ᠶᠢᠨ ᠪᠡᠯᠡ ᠲᠣᠬᠢᠷᠠᠭᠤᠯᠭ᠎ᠠ ᠶᠢᠨ ᠭᠤᠣᠯ ᠠᠷᠭ᠎ᠠ | ᠵᠠᠮ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠣᠳᠠᠲᠤ ᠴᠣᠭᠴᠠᠲᠤ ᠠᠵᠤ ᠠᠬᠤᠢ ᠶᠢ ᠬᠠᠪᠰᠤᠷᠤᠨ ︽ | ᠪᠡᠯᠡ ᠮᠥᠩᠭᠦᠨ ᠤ ᠠᠮᠢᠳᠤᠯᠢᠭ ᠠᠷᠭ᠎ᠠ︾ ᠣᠯᠣᠨ᠎ᠠ᠃ ᠰᠢᠯᠵᠢᠮᠡᠯ ᠮᠡᠳᠡᠭᠡ ᠬᠤᠯᠪᠤᠭ᠎ᠠ ᠶᠢᠨ ᠢᠨᠲ᠋ᠧᠷ ᠰᠦᠯᠵᠢᠶ᠎ᠡ᠂ | ᠲᠣᠮᠣ ᠳ᠋ᠠᠶᠢᠲ᠋ᠠ᠂ ᠬᠢᠮᠡᠯ ᠣᠶᠤᠨ ᠴᠢᠳᠠᠪᠤᠷᠢ᠂ ᠣᠷᠣᠨ ᠬᠡᠰᠡᠭ ᠤᠨ ᠬᠡᠯᠬᠢᠶ᠎ᠡ ᠵᠡᠷᠭᠡ ᠮᠥᠩᠭᠦᠨ ᠭᠦᠢᠯᠭᠡᠭᠡᠨ ᠤ | ᠰᠢᠨᠵᠢᠯᠡᠬᠦ ᠤᠬᠠᠭᠠᠨ ᠮᠡᠷᠭᠡᠵᠢᠯ ᠢ ᠠᠰᠢᠭᠯᠠᠨ᠂ ᠪᠠᠩᠬᠢ ᠶᠢᠨ ᠲᠥᠷᠥᠯ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠥᠪᠡᠷ ᠤᠨ | ᠥᠷᠲᠡᠭ ᠢ ᠪᠠᠭᠤᠷᠠᠭᠤᠯᠤᠨ᠂ ᠦᠢᠯᠡᠴᠢᠯᠡᠭᠡᠨ ᠤ ᠭᠦᠨᠴᠡ ᠪᠠ ᠥᠷᠭᠡᠴᠡ ᠶᠢ ᠥᠷᠭᠡᠳᠬᠡᠨ᠎ᠡ᠃ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠤᠬᠠᠶᠢᠯᠠᠭᠰᠠᠨ | ᠠᠵᠢᠯ ᠤᠨ ᠳᠠᠪᠠᠭᠤᠯᠢᠭ ᠪᠣᠯᠣᠨ ᠠᠵᠤ ᠦᠢᠯᠡᠰ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠤᠨ᠂ ᠮᠥᠩᠭᠦᠨ ᠭᠦᠢᠯᠭᠡᠭᠡᠨ ᠤ ᠵᠥᠪᠯᠡᠭᠴᠢ ᠶᠢᠨ ᠦᠢᠯᠡᠴᠢᠯᠡᠭᠡᠨ ᠤ ᠵᠠᠭᠪᠤᠷ ᠢ ᠲᠡᠭᠦᠯᠳᠡᠷᠵᠢᠭᠦᠯᠵᠦ᠂ | ᠭᠤᠣᠯᠳᠠᠯᠭ᠎ᠠ ᠲᠠᠢ ᠠᠵᠤ ᠦᠢᠯᠡᠰ ᠤᠨ ᠰᠤᠳᠤᠯᠤᠯ ᠤᠨ ᠲᠣᠭᠤᠷᠢᠨ ᠳᠤ ᠣᠨᠣᠪᠴᠢᠲᠤ᠂ ᠲᠤᠰᠬᠠᠶᠢᠵᠢᠭᠰᠠᠨ᠂ | ᠣᠨᠴᠠᠯᠢᠭᠵᠢᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠰᠥᠯ ᠢ ᠬᠠᠩᠭᠠᠨ᠎ᠠ᠃ | ︵ᠬᠤᠶᠠᠷ︶ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠢᠳᠡᠪᠬᠢᠲᠡᠢ ᠠᠰᠢᠭᠯᠠᠨ᠎ᠠ᠃ | ᠬᠥᠷᠥᠩᠭᠡ ᠶᠢᠨ ᠵᠠᠬ᠎ᠠ ᠳᠡᠯᠭᠡᠭᠦᠷ ᠤᠨ ᠳᠠᠩᠰᠠᠯᠠᠭᠤᠯᠬᠤ ᠳᠦᠷᠢᠮ ᠤᠨ ᠥᠭᠡᠷᠡᠴᠢᠯᠡᠯᠲᠡ ᠶᠢᠨ ᠪᠠᠶᠢᠯᠳᠤᠬᠤ | ᠪᠣᠳᠣᠯᠭ᠎ᠠ ᠶᠢᠨ ᠠᠵᠠ ᠲᠣᠭᠢᠶᠠᠯ ᠢ ᠡᠵᠡᠮᠰᠢᠨ᠂ ︽ᠲᠣᠯᠣᠭᠠᠶᠢᠯᠠᠭᠴᠢ ᠶᠢ ᠲᠡᠳᠭᠦᠭᠦ᠂ ᠵᠠᠬ᠎ᠠ ᠳᠡᠯᠭᠡᠭᠦᠷ ᠲᠤ ᠭᠠᠷᠬᠤ | ᠂ ᠠᠵᠤ ᠦᠢᠯᠡᠰ ᠢ ᠬᠦᠴᠦᠷᠬᠡᠭᠵᠢᠭᠦᠯᠬᠦ︾ ᠬᠥᠭᠵᠢᠯᠲᠡ ᠶᠢᠨ ᠰᠡᠳᠬᠢᠴᠡ ᠶᠣᠰᠣᠭᠠᠷ᠂ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠴᠤ ᠠᠶᠠᠯᠠᠯ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠭᠦ ᠪᠠ ᠰᠢᠭᠤᠳ ᠪᠡᠯᠡ | ᠲᠣᠬᠢᠷᠠᠭᠤᠯᠬᠤ ᠳᠠᠬᠢ ᠨᠥᠬᠦᠪᠦᠷᠢ ᠥᠭᠭᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠠᠬ᠎ᠠ | ᠳᠡᠯᠭᠡᠭᠦᠷ ᠲᠤ ᠭᠠᠷᠤᠭᠰᠠᠨ ᠤ ᠪᠡᠯᠡᠳᠬᠡᠯ ᠠᠵᠤ ᠠᠬᠤᠶᠢᠯᠠᠯ ᠤᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ | ᠪᠣᠯᠣᠨ ᠬᠠᠮᠢᠶᠠᠷᠤᠯᠲᠠ ᠶᠢ ᠴᠢᠩᠭᠠᠳᠬᠠᠨ᠂ ᠪᠡᠯᠡᠳᠬᠡᠯ ᠠᠵᠤ ᠠᠬᠤᠶᠢᠯᠠᠯ ᠤᠨ ᠰᠢᠯᠢᠨ ᠰᠣᠩᠭᠤᠬᠤ᠂ ᠦᠨᠡᠯᠡᠭᠦ᠂ | ᠪᠣᠶᠢᠵᠢᠭᠤᠯᠬᠤ ᠪᠠᠷᠢᠮᠵᠢᠶ᠎ᠠ ᠶᠢ ᠨᠠᠷᠢᠯᠢᠭᠵᠢᠭᠤᠯᠵᠤ᠂ ᠵᠠᠬ᠎ᠠ ᠳᠡᠯᠭᠡᠭᠦᠷ ᠲᠤ ᠭᠠᠷᠬᠤ ᠨᠢᠭᠡ ᠪᠦᠯᠦᠭ ᠴᠢᠨᠠᠷ ᠰᠠᠶᠢᠲᠠᠢ | ᠪᠡᠯᠡᠳᠬᠡᠯ ᠠᠵᠤ ᠠᠬᠤᠶᠢᠯᠠᠯ ᠢ ᠲᠦᠷᠭᠡᠳᠬᠡᠨ ᠨᠥᠭᠡᠴᠡᠯᠡᠬᠦ ᠬᠡᠷᠡᠭᠲᠡᠢ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠭᠠᠷᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠲᠤ | ᠭᠠᠷᠬᠤ ᠫᠠᠶᠢᠰᠠ ᠡᠯᠭᠦᠨ ᠠᠷᠠᠯᠵᠢᠶᠠᠯᠠᠬᠤ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠪᠠᠩᠬᠢ᠂ | ᠲᠡᠮᠳᠡᠭᠲᠦ᠂ ᠲᠦᠭᠰᠢᠭᠦᠷᠢᠲᠦ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠵᠡᠷᠭᠡ ᠮᠥᠩᠭᠦᠨ ᠭᠦᠢᠯᠭᠡᠭᠡᠨ ᠤ ᠡᠬᠢ | ᠪᠠᠶᠠᠯᠢᠭ ᠢ ᠭᠦᠢᠴᠡᠳ ᠳᠠᠶᠢᠴᠢᠯᠠᠨ᠂ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠭᠯᠠᠨ ᠬᠦᠴᠦᠷᠬᠡᠭ ᠪᠤᠯᠬᠤ ᠢᠳᠡᠪᠬᠢᠵᠢᠯ ᠢ ᠨᠡᠮᠡᠭᠳᠡᠭᠦᠯᠦᠨ᠎ᠡ | ᠃ ᠭᠤᠣᠯᠳᠠᠯᠭ᠎ᠠ ᠲᠠᠢ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ | ᠠᠬᠢᠴᠠ ᠶᠢ ᠲᠦᠷᠭᠡᠳᠬᠡᠨ ᠠᠬᠢᠭᠤᠯᠵᠤ᠂ ︽ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠥᠭᠡᠷᠡᠴᠢᠯᠡᠬᠦ᠂ | ᠨᠢᠭᠡ ᠪᠦᠯᠦᠭ ᠢ ᠬᠠᠪᠰᠤᠷᠤᠨ ᠵᠢᠯᠤᠭᠤᠳᠬᠤ᠂ ᠨᠢᠭᠡ ᠪᠦᠯᠦᠭ ᠢ ᠮᠡᠳᠡᠭᠦᠯᠭᠦ᠂ ᠨᠢᠭᠡ ᠪᠦᠯᠦᠭ ᠢ ᠵᠠᠬ᠎ᠠ | ᠳᠡᠯᠭᠡᠭᠦᠷ ᠲᠤ ᠭᠠᠷᠭᠠᠬᠤ︾ ᠱᠠᠲᠤ ᠱᠠᠲᠤ ᠪᠠᠷ ᠪᠣᠶᠢᠵᠢᠭᠤᠯᠬᠤ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ | ᠂ ᠴᠢᠨᠠᠷ ᠰᠠᠶᠢᠲᠠᠢ ᠠᠵᠤ ᠠᠬᠤᠶᠢᠯᠠᠯ ᠢ ᠰᠣᠩᠭᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠭᠠᠬᠤ | ᠪᠡᠯᠡᠳᠬᠡᠯ ᠠᠵᠤ ᠠᠬᠤᠶᠢᠯᠠᠯ ᠤᠨ ᠬᠥᠮᠥᠷᠭᠡ ᠳᠤ ᠣᠷᠣᠭᠤᠯᠤᠨ ᠪᠣᠶᠢᠵᠢᠭᠤᠯᠬᠤ᠂ ᠭᠤᠣᠯ ᠠᠵᠤ ᠦᠢᠯᠡᠰ ᠨᠢ | ᠲᠣᠪᠣᠶᠢᠮ᠎ᠠ᠂ ᠥᠷᠢᠰᠦᠯᠳᠦᠬᠦ ᠬᠦᠴᠦᠨ ᠢᠶᠠᠷ ᠴᠢᠩᠭ᠎ᠠ ᠪᠣᠯᠪᠠᠰᠤᠷᠠᠩᠭᠤᠢ ᠭᠡᠯᠪᠡᠷᠢ ᠶᠢᠨ ᠠᠵᠤ ᠠᠬᠤᠶᠢᠯᠠᠯ ᠤᠨ ᠭᠤᠣᠯ | ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠵᠦ᠂ ᠦᠰᠦᠨ ᠪᠣᠶᠢᠵᠢᠬᠤ ᠴᠢᠨᠠᠷ ᠢᠶᠠᠷ ᠴᠢᠩᠭ᠎ᠠ ᠠᠳᠠᠯ ᠦᠢᠯᠡᠰ | ᠴᠣᠭᠴᠠᠯᠠᠬᠤ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠲᠤ ᠭᠠᠷᠴᠤ᠂ ᠤᠯᠤᠰ ᠤᠨ | ᠪᠠᠶᠢᠯᠳᠤᠬᠤ ᠪᠣᠳᠣᠯᠭ᠎ᠠ ᠳᠤ ᠨᠡᠶᠢᠴᠡᠭᠰᠡᠨ᠂ ᠬᠤᠯᠪᠣᠭᠳᠠᠯ ᠪᠦᠬᠦᠢ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠲᠠᠢ | ᠰᠢᠨᠵᠢᠯᠡᠬᠦ ᠤᠬᠠᠭᠠᠨ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠢ ᠰᠢᠨᠵᠢᠯᠡᠬᠦ ᠤᠬᠠᠭᠠᠨ ᠮᠡᠷᠭᠡᠵᠢᠯ ᠤᠨ ᠭᠡᠯᠪᠡᠷᠢ | ᠪᠦᠬᠦᠢ ᠵᠠᠬ᠎ᠠ ᠳᠡᠯᠭᠡᠭᠦᠷ ᠲᠤ ᠭᠠᠷᠭᠠᠬᠤ ᠶᠢ ᠪᠠᠲᠤᠯᠠᠨ᠂ ︽ᠲᠤᠰᠬᠠᠢ᠂ ᠣᠭᠢ᠂ ᠣᠨᠴᠠ᠂ ᠰᠢᠨ᠎ᠡ︾ ᠳᠤᠮᠳᠠ | ᠵᠢᠵᠢᠭ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠵᠦ᠂ ᠨᠥᠬᠦᠴᠡᠯ ᠳᠤ ᠨᠡᠶᠢᠴᠡᠭᠦ ᠠᠵᠤ | ᠠᠬᠤᠶᠢᠯᠠᠯ ᠤᠨ ᠰᠢᠨ᠎ᠡ ᠭᠤᠷᠪᠠᠳᠤᠭᠠᠷ ᠰᠠᠮᠪᠠᠷ᠎ᠠ ᠳᠤ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠵᠦ᠂ ᠣᠷᠣᠨ | ᠪᠦᠰᠡ ᠶᠢᠨ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠭᠠᠷᠬᠤ ᠨᠥᠬᠦᠴᠡᠯ ᠢ ᠨᠢ ᠦᠷᠭᠦᠯᠵᠢᠯᠡᠨ ᠠᠬᠢᠭᠤᠯᠵᠤ᠂ | ᠮᠠᠨ ᠤ ᠠᠶᠢᠮᠠᠭ ᠤᠨ ᠵᠠᠬ᠎ᠠ ᠳᠡᠯᠭᠡᠭᠦᠷ ᠲᠤ ᠭᠠᠷᠬᠤ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠎ᠡ᠃ | ᠡᠭᠦᠨ ᠤ ᠬᠠᠮᠲᠤ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠨ ᠠᠷᠠᠯᠵᠢᠶᠠᠯᠠᠬᠤ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠭᠤᠣᠯ ᠰᠠᠮᠪᠠᠷ᠎ᠠ᠂ ᠰᠢᠨ᠎ᠡ ᠭᠤᠷᠪᠠᠳᠤᠭᠠᠷ ᠰᠠᠮᠪᠠᠷ᠎ᠠ ᠪᠣᠯᠣᠨ ᠣᠷᠣᠨ ᠪᠦᠰᠡ ᠶᠢᠨ | ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠬᠤᠪᠢ ᠣᠷᠣᠭᠤᠯᠤᠯᠲᠠ ᠶᠢ ᠰᠢᠯᠵᠢᠭᠦᠯᠦᠨ ᠥᠭᠭᠦ᠂ ᠰᠲ᠋ᠣᠺ ᠤᠨ | ᠡᠷᠬᠡ ᠪᠠᠷ ᠪᠡᠯᠡ ᠲᠣᠬᠢᠷᠠᠭᠤᠯᠭ᠎ᠠ ᠬᠢᠬᠦ᠂ ᠨᠡᠶᠢᠯᠡᠭᠦᠯᠦᠨ ᠬᠤᠳᠠᠯᠳᠤᠨ ᠠᠪᠴᠤ ᠪᠡᠯᠡ ᠲᠣᠬᠢᠷᠠᠭᠤᠯᠭ᠎ᠠ ᠬᠢᠬᠦ ᠶᠢ | ᠪᠡᠶᠡᠯᠡᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ | ︵ᠭᠤᠷᠪᠠ︶ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠭ᠎ᠠ ᠶᠢ ᠶᠡᠬᠡᠪᠡᠷ ᠬᠥᠭᠵᠢᠭᠦᠯᠦᠨ᠎ᠡ᠃ ᠡᠯ᠎ᠡ | ᠲᠥᠷᠥᠯ ᠤᠨ ᠵᠢᠭᠡᠯᠡᠯᠭᠡ ᠲᠠᠯᠪᠢᠬᠤ ᠶᠢ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠯᠤᠭ᠎ᠠ ᠨᠡᠪᠲᠡᠷᠡᠯᠴᠡᠭᠡ | ᠬᠠᠷᠢᠯᠴᠠᠭ᠎ᠠ ᠪᠠᠨ ᠨᠢᠭᠲᠠᠷᠠᠭᠤᠯᠵᠤ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠲᠣᠬᠢᠷᠠᠭᠤᠯᠭ᠎ᠠ ᠶᠢᠨ ᠪᠣᠯᠪᠠᠰᠤᠷᠠᠭᠤᠯᠤᠯ ᠤᠨ ᠬᠠᠪᠰᠤᠷᠤᠨ ᠵᠢᠯᠤᠭᠤᠳᠬᠤ ᠡᠷᠴᠢᠮ ᠢᠶᠠᠨ ᠨᠡᠮᠡᠭᠳᠡᠭᠦᠯᠦᠨ᠂ ᠲᠥᠷᠥᠯ | ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠦᠲᠦᠴᠡ ᠶᠢ ᠰᠢᠯᠢᠳᠡᠭᠵᠢᠭᠦᠯᠦᠨ᠂ | ᠲᠡᠮᠳᠡᠭᠲᠦ ᠶᠢᠨ ᠬᠤᠳᠠᠯᠳᠤᠭᠠᠴᠢᠨ᠂ ᠳᠡᠰ ᠲᠣᠭᠲᠠᠭᠠᠬᠤ᠂ ᠨᠢᠭᠲᠠᠯᠠᠨ ᠪᠤᠳᠣᠭᠴᠢ ᠶᠢᠨ ᠬᠡᠷᠡᠭ ᠡᠷᠭᠢᠯᠡᠭᠦ ᠭᠠᠵᠠᠷ | ᠵᠡᠷᠭᠡ ᠵᠠᠭᠤᠴᠢ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠥᠬᠦᠴᠡᠯ ᠳᠤ ᠨᠡᠶᠢᠴᠡᠭᠦ ᠠᠵᠤ | ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠵᠢᠭᠡᠯᠡᠯᠭᠡ᠂ ᠪᠣᠬᠢᠷᠳᠤᠯ ᠦᠭᠡᠢ ᠵᠢᠭᠡᠯᠡᠯᠭᠡ ᠵᠡᠷᠭᠡ ᠰᠢᠨ᠎ᠡ ᠭᠡᠯᠪᠡᠷᠢ ᠶᠢᠨ | ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠰᠦᠪᠡᠭᠴᠢᠯᠡᠨ ᠲᠠᠷᠬᠠᠭᠠᠬᠤ ᠶᠢ ᠳᠡᠮᠵᠢᠨ᠎ᠡ᠃ ᠰᠠᠯᠠᠭ᠎ᠠ | ᠮᠥᠴᠢᠷ ᠤᠨ ᠵᠣᠬᠢᠴᠠᠯᠳᠤᠨ ᠬᠤᠷᠰᠢᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠭᠡᠯᠡᠯᠭᠡ ᠲᠠᠷᠬᠠᠭᠠᠬᠤ | ᠠᠵᠤ ᠠᠬᠤᠶᠢᠯᠠᠯ ᠵᠢᠴᠢ ᠲᠡᠭᠦᠨ ᠤ ᠬᠤᠪᠢ ᠣᠷᠣᠭᠤᠯᠤᠭᠴᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠵᠠᠭᠤᠴᠢ | ᠪᠠᠶᠢᠭᠤᠯᠤᠮᠵᠢ ᠵᠡᠷᠭᠡ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠺᠤᠮᠫᠠᠨᠢ ᠶᠢᠨ ᠵᠢᠭᠡᠯᠡᠯᠭᠡ᠂ | ᠬᠤᠪᠢᠷᠠᠭᠤᠯᠵᠤ ᠪᠤᠯᠬᠤ ᠺᠤᠮᠫᠠᠨᠢ ᠶᠢᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ︔ ᠡᠵᠡᠩᠨᠡᠯᠲᠡ ᠨᠢ | ᠲᠣᠭᠲᠠᠭᠤᠨ᠂ ᠠᠮᠵᠢᠯᠲᠠ ᠪᠦᠲᠦᠮᠵᠢ ᠨᠢ ᠰᠢᠯᠢᠳᠡᠭ ᠰᠠᠶᠢᠨ᠂ ᠵᠠᠬ᠎ᠠ ᠳᠡᠯᠭᠡᠭᠦᠷ ᠤᠨ ᠢᠲᠡᠭᠡᠯ ᠬᠦᠨᠳᠦ ᠰᠠᠶᠢᠨ ᠲᠣᠮᠣ | ᠳᠤᠮᠳᠠ ᠭᠡᠯᠪᠡᠷᠢ ᠶᠢᠨ ᠠᠵᠤ ᠠᠬᠤᠶᠢᠯᠠᠯ ᠤᠨ ᠤᠷᠲᠤᠪᠲᠤᠷ ᠬᠤᠭᠤᠴᠠᠭᠠᠨ ᠤ ᠫᠢᠶᠣᠣ ᠪᠠᠷᠢᠮᠲᠠ᠂ ᠣᠬᠤᠷ | ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ ᠵᠡᠷᠭᠡ ᠥᠷᠢ ᠥᠭᠴᠡᠭᠡ ᠶᠢᠨ ᠪᠡᠯᠡ | ᠲᠣᠬᠢᠷᠠᠭᠤᠯᠬᠤ ᠪᠠᠭᠠᠵᠢ ᠶᠢ ᠠᠰᠢᠭᠯᠠᠨ ᠪᠡᠯᠡ ᠲᠣᠬᠢᠷᠠᠭᠤᠯᠬᠤ ᠶᠢ ᠵᠣᠷᠢᠭᠵᠢᠭᠤᠯᠤᠨ᠎ᠠ︔ ᠥᠪᠥᠷ ᠮᠣᠩᠭᠤᠯ ᠤᠨ | ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠲᠦᠰᠢᠭᠯᠡᠨ ᠬᠥᠷᠥᠩᠭᠡ ᠲᠠᠷᠬᠠᠭᠠᠵᠤ ᠪᠠᠭ᠎ᠠ ᠵᠢᠵᠢᠭ ᠠᠵᠤ | ᠠᠬᠤᠶᠢᠯᠠᠯ ᠤᠨ ᠬᠤᠪᠢ ᠪᠠᠷ ᠢᠶᠠᠨ ᠴᠤᠭᠯᠠᠭᠤᠯᠤᠭᠰᠠᠨ ᠵᠢᠭᠡᠯᠡᠯᠭᠡ ᠶᠢ ᠨᠥᠬᠦᠪᠦᠷᠢᠯᠡᠬᠦ︔ ᠨᠥᠬᠦᠴᠡᠯ ᠳᠤ ᠨᠡᠶᠢᠴᠡᠭᠦ | ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠤᠨ | ᠵᠢᠵᠢᠭ ᠪᠢᠴᠢᠯ ᠠᠵᠤ ᠠᠬᠤᠶᠢᠯᠠᠯ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ︾ ᠵᠡᠷᠭᠡ ᠡᠯ᠎ᠡ ᠲᠥᠷᠥᠯ ᠤᠨ ᠲᠤᠰᠬᠠᠢ ᠵᠦᠢᠯ ᠤᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ | ᠲᠠᠷᠬᠠᠭᠠᠵᠤ᠂ ᠬᠥᠷᠥᠩᠭᠡ ᠶᠢᠨ ᠪᠣᠳᠠᠲᠤ ᠬᠦᠴᠦᠨ ᠪᠠ ᠢᠲᠡᠭᠡᠮᠵᠢᠲᠦ ᠵᠢᠭᠡᠯᠡᠯᠭᠡ ᠲᠠᠯᠪᠢᠬᠤ ᠴᠢᠳᠠᠪᠤᠷᠢ ᠶᠢ | ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠨᠡᠩ ᠣᠯᠠᠨ ᠡᠬᠢ ᠪᠠᠶᠠᠯᠢᠭ ᠢ ᠬᠥᠲᠥᠯᠥᠨ ᠵᠢᠯᠤᠭᠤᠳᠴᠤ ᠪᠠᠶᠢᠭᠠᠳ | ᠪᠣᠳᠠᠲᠤ ᠴᠣᠭᠴᠠᠲᠤ ᠠᠵᠤ ᠠᠬᠤᠢ ᠳᠤ ᠣᠷᠣᠭᠤᠯᠤᠨ᠎ᠠ᠃ | ︵ᠳᠥᠷᠪᠡ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠪᠠᠳᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠭᠠᠯᠲᠠ ᠪᠠᠷ ᠭᠤᠣᠯ ᠤᠳᠤᠷᠢᠳᠤᠮᠵᠢ ᠪᠤᠯᠭᠠᠭᠰᠠᠨ | ᠣᠯᠠᠨ ᠳᠡᠰ ᠳᠠᠪᠬᠤᠷᠭ᠎ᠠ ᠶᠢᠨ ᠳᠠᠭᠠᠭᠠᠯᠲᠠ ᠬᠢᠬᠦ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠡᠳ᠋ ᠤᠨ | ᠵᠠᠰᠠᠭ ᠠᠴᠠ ᠬᠥᠷᠥᠩᠭᠡ ᠮᠥᠩᠭᠦ ᠣᠷᠣᠭᠤᠯᠬᠤ᠂ ᠱᠠᠩᠨᠠᠵᠤ ᠨᠥᠬᠦᠪᠦᠷᠢᠯᠡᠬᠦ ᠶᠢ ᠨᠠᠶᠢᠳᠠᠪᠤᠷᠢᠵᠢᠭᠤᠯᠬᠤ᠂ | ᠲᠦᠭᠰᠢᠭᠦᠷᠢ ᠶᠢᠨ ᠨᠥᠬᠦᠪᠦᠷᠢ ᠶᠢ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠤᠮᠫᠠᠨᠢ ᠶᠢᠨ ᠳᠠᠭᠠᠭᠠᠯᠲᠠ ᠬᠢᠬᠦ ᠴᠢᠳᠠᠪᠤᠷᠢ ᠶᠢ ᠳᠡᠭᠡᠭᠰᠢᠯᠡᠭᠦᠯᠵᠦ᠂ ᠵᠢᠵᠢᠭ | ᠪᠢᠴᠢᠯ ᠠᠵᠤ ᠠᠬᠤᠶᠢᠯᠠᠯ ᠢ ᠬᠠᠪᠰᠤᠷᠤᠨ ᠢᠲᠡᠭᠡᠮᠵᠢᠲᠦ ᠪᠡᠯᠡ ᠲᠣᠬᠢᠷᠠᠭᠤᠯᠭ᠎ᠠ ᠶᠢ ᠨᠡᠮᠡᠭᠳᠡᠭᠦᠯᠵᠦ᠂ ᠪᠡᠯᠡ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠶᠢᠨ | ᠬᠥᠭᠵᠢᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠬᠠᠤᠯᠢ ᠶᠣᠰᠣᠨ ᠤ ᠠᠷᠠᠳ ᠠᠴᠠ ᠡᠵᠡᠩᠨᠡᠭᠰᠡᠨ | ᠬᠥᠷᠥᠩᠭᠡ ᠶᠢ ᠵᠣᠷᠢᠭᠵᠢᠭᠤᠯᠤᠨ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ᠂ ᠳᠠᠨᠵᠢᠯᠠᠬᠤ ᠠᠵᠢᠯ ᠲᠥᠷᠥᠯ ᠳᠤ | ᠣᠷᠣᠭᠤᠯᠵᠤ᠂ ᠡᠯ᠎ᠡ ᠲᠥᠷᠥᠯ ᠤᠨ ᠠᠵᠤ ᠦᠢᠯᠡᠰ ᠤᠨ ᠬᠥᠷᠥᠩᠭᠡ ᠶᠢᠨ ᠠᠵᠤ ᠦᠢᠯᠡᠰ ᠤᠨ ᠬᠡᠯᠬᠢᠶ᠎ᠡ ᠳᠤ | ᠦᠢᠯᠡᠴᠢᠯᠡᠬᠦ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠡᠭᠦᠰᠬᠡᠨ ᠪᠠᠶᠢᠭᠤᠯᠬᠤ ᠶᠢ ᠳᠡᠮᠵᠢᠵᠦ᠂ ᠪᠠᠭ᠎ᠠ ᠲᠣᠭᠠᠨ ᠤ | ᠵᠢᠭᠡᠯᠡᠯᠭᠡ ᠶᠢᠨ ᠺᠤᠮᠫᠠᠨᠢ᠂ ᠳᠠᠨᠵᠢᠯᠠᠬᠤ ᠠᠵᠢᠯ ᠲᠥᠷᠥᠯ ᠢ ᠰᠢᠶᠠᠩ ᠤᠨ ᠬᠡᠪᠴᠢᠶᠡᠨ ᠳᠤ ᠦᠢᠯᠡᠴᠢᠯᠡᠬᠦ ᠶᠢ | ᠬᠥᠲᠥᠯᠥᠨ ᠵᠢᠯᠣᠭᠤᠳᠤᠨ᠎ᠠ᠃ ᠳᠡᠨᠵᠢ ᠶᠢᠨ ᠠᠷᠠᠯᠵᠢᠶᠠᠨ ᠤ ᠪᠠᠩᠬᠢ ᠶᠢᠨ ᠨᠥᠬᠦᠪᠦᠷᠢᠯᠡᠨ ᠪᠡᠯᠡ ᠲᠣᠬᠢᠷᠠᠭᠤᠯᠬᠤ | ᠴᠢᠬᠤᠯᠠ ᠦᠢᠯᠡᠳᠦᠯ ᠢ ᠪᠠᠳᠠᠷᠠᠭᠤᠯᠵᠤ᠂ ᠡᠳ᠋ ᠬᠥᠷᠥᠩᠭᠡ ᠶᠢᠨ ᠡᠷᠬᠡ ᠶᠢᠨ ᠳᠠᠨᠵᠢᠯᠠᠬᠤ᠂ ᠢᠷᠭᠡᠨ ᠤ ᠳᠠᠨᠵᠢᠯᠠᠬᠤ | ᠵᠡᠷᠭᠡ ᠲᠤᠬᠠᠶᠢᠯᠠᠭᠰᠠᠨ ᠠᠵᠢᠯ ᠥᠷᠨᠢᠭᠦᠯᠬᠦ ᠶᠢ ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ | ︵ᠲᠠᠪᠤ︶ ᠳᠠᠭᠠᠳᠬᠠᠯ ᠤᠨ ᠦᠢᠯᠡᠴᠢᠯᠡᠭᠡᠨ ᠤ ᠬᠦᠷᠢᠶ᠎ᠡ ᠶᠢ ᠥᠷᠭᠡᠳᠬᠡᠨ᠎ᠡ᠃ ᠣᠯᠠᠨ ᠭᠡᠯᠪᠡᠷᠢ ᠮᠠᠶ᠋ᠢᠭ | ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠢ ᠶᠡᠬᠡᠪᠡᠷ ᠬᠥᠭᠵᠢᠭᠦᠯᠵᠦ᠂ ᠣᠷᠣᠨ ᠨᠤᠲᠤᠭ ᠤᠨ | ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ᠂ ᠲᠠᠷᠢᠶᠠᠴᠢᠨ | ᠮᠠᠯᠴᠢᠳ ᠤᠨ ᠬᠡᠷᠡᠭᠴᠡᠭᠡ ᠱᠠᠭᠠᠷᠳᠠᠯᠭ᠎ᠠ ᠳᠤ ᠲᠣᠬᠢᠷᠠᠭᠰᠠᠨ ᠣᠷᠣᠨ ᠰᠠᠭᠤᠴᠠ᠂ ᠲᠠᠷᠢᠶᠠᠯᠠᠩ ᠮᠠᠯ ᠠᠵᠤ ᠠᠬᠤᠢ ᠶᠢᠨ | ᠮᠠᠰᠢᠨ ᠪᠠᠭᠠᠵᠢ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠡᠯᠡᠳᠬᠡᠮᠵᠢ᠂ ᠨᠠᠰᠤᠵᠢᠯ ᠪᠠ ᠡᠷᠡᠭᠦᠯ ᠮᠡᠨᠳᠦ ᠵᠡᠷᠭᠡ | ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠢᠳᠡᠪᠬᠢᠲᠡᠢ ᠪᠠᠷ | ᠬᠥᠭᠵᠢᠭᠦᠯᠦᠨ᠎ᠡ᠃ ᠬᠤᠲᠠ ᠬᠥᠳᠡᠭᠡ ᠶᠢᠨ ᠡᠮᠴᠢᠯᠡᠭᠡ ᠪᠠ ᠡᠷᠡᠭᠦᠯ ᠮᠡᠨᠳᠦ ᠶᠢᠨ ᠨᠠᠰᠤᠵᠢᠯ ᠤᠨ ᠳᠠᠭᠠᠳᠬᠠᠯ ᠢ | ᠨᠢᠭᠡᠳᠦᠯᠲᠡᠢ ᠲᠥᠯᠥᠪᠯᠡᠨ ᠬᠥᠭᠵᠢᠭᠦᠯᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ | ᠳᠠᠭᠠᠳᠬᠠᠯ ᠢ ᠲᠦᠷᠭᠡᠳᠬᠡᠨ ᠠᠬᠢᠭᠤᠯᠵᠤ᠂ ᠡᠮᠴᠢᠯᠡᠭᠡᠨ ᠤ ᠳᠠᠭᠠᠳᠬᠠᠯ᠂ ᠲᠥᠯᠥᠪᠯᠡᠭᠡᠲᠦ ᠦᠷᠡᠵᠢᠯ ᠤᠨ ᠳᠠᠭᠠᠳᠬᠠᠯ | ᠪᠠ ᠡᠨᠧᠷᠭᠢ ᠠᠯᠳᠠᠭᠰᠠᠨ ᠤ ᠣᠷᠣᠯᠭ᠎ᠠ ᠶᠢᠨ ᠬᠤᠬᠢᠷᠠᠯ ᠤᠨ ᠳᠠᠭᠠᠳᠬᠠᠯ ᠵᠡᠷᠭᠡ ᠦᠢᠯᠡᠳᠬᠦᠨ ᠢ ᠨᠡᠭᠡᠭᠡᠨ | ᠨᠥᠬᠦᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠶᠢᠨ ᠳᠠᠭᠠᠳᠬᠠᠯ ᠢ ᠶᠡᠬᠡᠪᠡᠷ ᠬᠥᠭᠵᠢᠭᠦᠯᠵᠦ᠂ ᠵᠢᠭᠤᠯᠴᠢᠯᠠᠯ ᠤᠨ | ᠦᠢᠯᠡᠴᠢᠯᠡᠭᠡᠨ ᠤ ᠭᠠᠵᠠᠷ ᠤᠨ ᠬᠠᠷᠢᠭᠤᠴᠠᠯᠭ᠎ᠠ ᠶᠢᠨ ᠳᠠᠭᠠᠳᠬᠠᠯ᠂ ᠦᠢᠯᠡᠳᠬᠦᠨ ᠤ ᠶᠠᠰᠤ ᠴᠢᠨᠠᠷ ᠵᠢᠴᠢ ᠡᠯ᠎ᠡ | ᠡᠷᠭᠢᠯᠡᠭᠰᠡᠨ ᠠᠵᠢᠯ ᠤᠨ ᠬᠠᠷᠢᠭᠤᠴᠠᠯᠭ᠎ᠠ ᠶᠢᠨ ᠳᠠᠭᠠᠳᠬᠠᠯ᠂ ᠦᠢᠯᠡᠳᠬᠦᠨ ᠤ ᠬᠠᠷᠢᠭᠤᠴᠠᠯᠭ᠎ᠠ ᠶᠢᠨ ᠳᠠᠭᠠᠳᠬᠠᠯ᠂ | ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠰᠤᠷᠭᠠᠭᠤᠯᠢ ᠶᠢᠨ ᠬᠦᠷᠢᠶᠡᠨ ᠤ | ᠬᠠᠷᠢᠭᠤᠴᠠᠯᠭ᠎ᠠ ᠶᠢᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠳᠡᠯᠭᠡᠷᠡᠭᠦᠯᠵᠦ᠂ | ᠣᠷᠴᠢᠨ ᠲᠣᠭᠤᠷᠢᠨ ᠤ ᠪᠣᠬᠢᠷᠳᠤᠯ᠂ ᠲᠦᠭᠰᠢᠭᠦᠷᠢ ᠶᠡᠬᠡᠲᠡᠢ ᠠᠵᠢᠯ ᠲᠥᠷᠥᠯ᠂ ᠢᠳᠡᠭᠡᠨ ᠤ ᠠᠶᠤᠯ ᠦᠭᠡᠢ ᠵᠡᠷᠭᠡ | ᠠᠯᠪᠠᠳᠠᠯᠭ᠎ᠠ ᠶᠢᠨ ᠬᠠᠷᠢᠭᠤᠴᠠᠯᠭ᠎ᠠ ᠶᠢᠨ ᠳᠠᠭᠠᠳᠬᠠᠯ ᠢ ᠢᠳᠡᠪᠬᠢᠲᠡᠢ ᠪᠠᠷ ᠠᠬᠢᠭᠤᠯᠬᠤ ᠬᠡᠷᠡᠭᠲᠡᠢ᠃ ᠳᠠᠭᠠᠳᠬᠠᠯ ᠤᠨ | ᠲᠤᠬᠠᠶᠢᠯᠠᠭᠰᠠᠨ ᠠᠵᠢᠯ ᠤᠨ ᠴᠢᠳᠠᠮᠵᠢ ᠶᠢ ᠢᠳᠡᠪᠬᠢᠲᠡᠢ ᠪᠠᠷ ᠥᠷᠭᠡᠵᠢᠭᠦᠯᠵᠦ᠂ ᠪᠠᠭ᠎ᠠ ᠵᠢᠵᠢᠭ ᠠᠵᠤ ᠠᠬᠤᠶᠢᠯᠠᠯ ᠤᠨ | ᠵᠢᠭᠡᠯᠡᠯᠭᠡ ᠶᠢᠨ ᠪᠠᠲᠤᠯᠠᠭ᠎ᠠ ᠶᠢᠨ ᠳᠠᠭᠠᠳᠬᠠᠯ ᠢ ᠥᠷᠭᠡᠳᠬᠡᠨ᠂ ᠲᠠᠷᠢᠶᠠᠴᠢᠨ ᠮᠠᠯᠴᠢᠳ ᠤᠨ ᠭᠡᠷ᠎ᠡ ᠪᠠᠨ | ᠭᠦᠢᠴᠡᠳᠬᠡᠬᠦ ᠶᠢ ᠪᠠᠲᠤᠯᠠᠬᠤ ᠲᠤᠬᠠᠶᠢᠯᠠᠭᠰᠠᠨ ᠠᠵᠢᠯ ᠢ ᠥᠷᠭᠡᠳᠬᠡᠬᠦ ᠬᠡᠷᠡᠭᠲᠡᠢ︔ ᠬᠤᠪᠢ ᠬᠥᠮᠥᠨ ᠤ ᠬᠡᠷᠡᠭᠯᠡᠭᠡᠨ ᠤ | ᠵᠢᠭᠡᠯᠡᠯᠭᠡ ᠶᠢᠨ ᠪᠠᠲᠤᠯᠠᠭ᠎ᠠ ᠶᠢᠨ ᠳᠠᠭᠠᠳᠬᠠᠯ ᠢ ᠬᠥᠭᠵᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠳᠠᠯᠳᠠ | ᠬᠦᠴᠦᠨ ᠢ ᠪᠠᠳᠠᠷᠠᠭᠤᠯᠤᠨ᠎ᠠ︔ ᠰᠣᠶᠣᠯ ᠤᠨ ᠠᠵᠤ ᠦᠢᠯᠡᠰ ᠤᠨ ᠳᠠᠭᠠᠳᠬᠠᠯ᠂ ᠪᠠᠷᠠᠭᠠᠨ ᠤ ᠭᠦᠢᠯᠭᠡᠭᠡᠨ ᠤ | ᠳᠠᠭᠠᠳᠬᠠᠯ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠵᠡᠷᠭᠡ ᠰᠢᠨ᠎ᠡ ᠪᠠᠷ ᠪᠤᠢ ᠪᠣᠯᠤᠭᠰᠠᠨ | ᠳᠠᠭᠠᠳᠬᠠᠯ ᠤᠨ ᠲᠤᠬᠠᠶᠢᠯᠠᠭᠰᠠᠨ ᠠᠵᠢᠯ ᠢ ᠢᠳᠡᠪᠬᠢᠲᠡᠢ ᠪᠠᠷ ᠬᠥᠭᠵᠢᠭᠦᠯᠵᠦ᠂ ᠭᠤᠷᠪᠠᠳᠤᠭᠠᠷ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠠᠭᠠᠳᠬᠠᠯ ᠤᠨ ᠪᠡᠯᠡ ᠮᠥᠩᠭᠦ ᠶᠢᠨ ᠪᠡᠯᠡ ᠣᠷᠣᠭᠤᠯᠬᠤ ᠠᠷᠭ᠎ᠠ ᠵᠠᠮ ᠢ | ᠢᠳᠡᠪᠬᠢᠲᠡᠢ ᠪᠠᠷ ᠥᠷᠭᠡᠵᠢᠭᠦᠯᠵᠦ᠂ ᠳᠠᠭᠠᠳᠬᠠᠯ ᠤᠨ ᠶᠡᠷᠦᠩᠬᠡᠢ ᠬᠡᠯᠲᠡᠰ ᠤᠨ ᠪᠠᠶᠢᠭᠤᠯᠤᠮᠵᠢ ᠯᠤᠭ᠎ᠠ ᠶᠢᠨ | ᠬᠤᠷᠰᠢᠯᠴᠠᠭ᠎ᠠ ᠪᠠᠨ ᠴᠢᠩᠭᠠᠳᠬᠠᠨ᠂ ᠳᠠᠭᠠᠳᠬᠠᠯ ᠤᠨ ᠪᠡᠯᠡ ᠮᠥᠩᠭᠦ ᠶᠢ ᠬᠥᠲᠥᠯᠥᠨ ᠵᠢᠯᠤᠭᠤᠳᠴᠤ ᠪᠠᠶᠢᠭᠠᠳ | ᠬᠤᠲᠠ ᠶᠢᠨ ᠰᠠᠭᠤᠷᠢ ᠪᠡᠯᠡᠳᠬᠡᠮᠵᠢ ᠪᠣᠯᠣᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠣᠷᠣᠯᠴᠠᠭᠤᠯᠬᠤ ᠬᠡᠷᠡᠭᠲᠡᠢ᠃ | ᠳᠥᠷᠪᠡᠳᠦᠭᠡᠷ ᠬᠡᠰᠡᠭ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠬᠢᠵᠠᠭᠠᠷᠯᠠᠵᠤ᠂ ᠭᠠᠵᠠᠷ ᠣᠷᠣᠨ ᠤ ᠮᠥᠩᠭᠦᠨ ᠭᠦᠢᠯᠭᠡᠭᠡᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠎ᠠ | ︵ᠨᠢᠭᠡ︶ ᠵᠦᠢ ᠪᠤᠰᠤ ᠵᠢᠭᠡᠯᠡᠯᠭᠡ ᠶᠢᠨ ᠲᠦᠭᠰᠢᠭᠦᠷᠢ ᠶᠢ ᠨᠠᠮᠳᠠᠭᠤᠯᠬᠤ ᠶᠢ ᠴᠢᠩᠭᠠᠷᠠᠭᠤᠯᠤᠨ᠎ᠠ᠃ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠡᠮᠵᠢᠵᠦ ᠠᠵᠤ ᠠᠬᠤᠶᠢᠯᠠᠯ ᠤᠨ | ᠲᠦᠭᠰᠢᠭᠦᠷᠢ ᠶᠢ ᠠᠷᠢᠯᠭᠠᠬᠤ ᠪᠠ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ ᠶᠢᠨ ᠥᠪᠡᠷ ᠢ ᠪᠠᠨ ᠱᠠᠭᠠᠷᠳᠠᠬᠤ | ᠨᠡᠶᠢᠲᠡ ᠶᠢᠨ ᠭᠡᠷ᠎ᠡ ᠶᠢ ᠪᠠᠶᠢᠭᠤᠯᠤᠨ ᠨᠠᠶᠢᠳᠠᠪᠤᠷᠢᠵᠢᠭᠤᠯᠵᠤ᠂ ᠵᠦᠢ ᠪᠤᠰᠤ ᠵᠢᠭᠡᠯᠡᠯᠭᠡ ᠶᠢ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠤᠨ᠂ ᠭᠤᠣᠯᠳᠠᠯᠭ᠎ᠠ ᠲᠠᠢ ᠲᠦᠭᠰᠢᠭᠦᠷᠢ ᠶᠢᠨ ᠠᠵᠤ ᠠᠬᠤᠶᠢᠯᠠᠯ ᠤᠨ ᠢᠲᠡᠭᠡᠮᠵᠢᠲᠦ | ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠬᠦ ᠶᠠᠪᠤᠳᠠᠯ ᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ᠂ ᠪᠠᠩᠬᠢ᠂ | ᠠᠵᠤ ᠠᠬᠤᠶᠢᠯᠠᠯ ᠤᠨ ᠵᠦᠢ ᠪᠤᠰᠤ ᠵᠢᠭᠡᠯᠡᠯᠭᠡ ᠶᠢ ᠠᠷᠢᠯᠭᠠᠬᠤ ᠲᠤᠰᠬᠠᠢ ᠵᠦᠢᠯ ᠤᠨ ᠵᠣᠯᠭᠠᠭᠤᠯᠤᠯᠲᠠ ᠶᠢ ᠰᠠᠶᠢᠲᠤᠷ | ᠬᠢᠵᠦ᠂ ᠬᠠᠮᠲᠤᠷᠠᠭᠰᠠᠨ ᠬᠤᠷᠠᠯᠳᠤᠭᠠᠨ ᠤ ᠳᠦᠷᠢᠮ ᠢ ᠨᠠᠶᠢᠳᠠᠪᠤᠷᠢᠵᠢᠭᠤᠯᠤᠨ᠂ ᠠᠪᠴᠠᠭᠠᠨ ᠤ ᠡᠷᠬᠡᠲᠦ ᠬᠥᠮᠥᠨ ᠤ | ᠵᠥᠪᠯᠡᠯ ᠢ ᠪᠠᠶᠢᠭᠤᠯᠵᠤ᠂ ᠬᠠᠷᠭᠤᠭᠤᠯᠤᠨ ᠪᠣᠷᠣᠯᠠᠭᠤᠯᠬᠤ᠂ ᠢᠯᠭᠠᠷᠠᠭᠤᠯᠤᠨ ᠬᠤᠷᠢᠶᠠᠬᠤ᠂ ᠪᠥᠭᠡᠮ ᠢᠶᠠᠷ | ᠰᠢᠯᠵᠢᠭᠦᠯᠭᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠦᠯᠡᠳᠡᠭᠡᠯ ᠲᠦᠭᠰᠢᠭᠦᠷᠢ ᠶᠢ ᠠᠷᠢᠯᠭᠠᠬᠤ | ᠡᠷᠴᠢᠮ ᠢᠶᠠᠨ ᠴᠢᠩᠭᠠᠷᠠᠭᠤᠯᠤᠨ᠂ ᠪᠦᠲᠦᠮᠵᠢᠲᠡᠢ ᠰᠡᠷᠡᠮᠵᠢᠯᠡᠬᠦ᠂ ᠡᠷᠲᠡᠬᠡᠨ ᠠᠷᠢᠯᠭᠠᠨ ᠰᠢᠢᠳᠪᠦᠷᠢᠯᠡᠬᠦ ᠶᠢ | ᠪᠡᠶᠡᠯᠡᠭᠦᠯᠵᠦ᠂ ᠵᠦᠢ ᠪᠤᠰᠤ ᠵᠢᠭᠡᠯᠡᠯᠭᠡ ᠶᠢᠨ ᠳᠠᠭᠢᠨ ᠨᠡᠮᠡᠭᠳᠡᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠣᠷᠣᠨ ᠨᠤᠲᠤᠭ ᠤᠨ ᠳᠤᠮᠳᠠ ᠪᠠᠭ᠎ᠠ ᠪᠠᠩᠬᠢ ᠶᠢᠨ ᠲᠦᠭᠰᠢᠭᠦᠷᠢ ᠶᠢ ᠨᠠᠮᠳᠠᠭᠠᠬᠤ ᠳᠤ | ᠬᠠᠮᠲᠤᠪᠠᠷ ᠣᠷᠤᠯᠴᠠᠬᠤ ᠶᠢ ᠠᠬᠢᠭᠤᠯᠵᠤ᠂ ᠲᠦᠭᠰᠢᠭᠦᠷᠢ ᠶᠢ ᠰᠢᠢᠳᠪᠦᠷᠢᠯᠡᠬᠦ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠤᠮᠫᠠᠨᠢ ᠶᠢᠨ | ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ | ᠯᠤᠭ᠎ᠠ ᠵᠣᠯᠭᠠᠭᠤᠯᠬᠤ᠂ ᠵᠣᠬᠢᠴᠠᠭᠤᠯᠬᠤ᠂ ᠬᠤᠷᠰᠢᠯᠴᠠᠬᠤ ᠶᠢ ᠴᠢᠩᠭᠠᠳᠬᠠᠨ᠂ ᠵᠠᠬ᠎ᠠ ᠳᠡᠯᠭᠡᠭᠦᠷᠴᠢᠯᠡᠨ | ᠠᠵᠢᠯᠯᠠᠭᠤᠯᠬᠤ ᠶᠣᠰᠣᠭᠠᠷ᠂ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠵᠦᠢ ᠪᠤᠰᠤ ᠵᠢᠭᠡᠯᠡᠯᠭᠡ ᠶᠢ | ᠠᠷᠢᠯᠭᠠᠨ᠂ ᠡᠳ᠋ ᠬᠥᠷᠥᠩᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ ᠬᠠᠤᠯᠢ ᠴᠠᠭᠠᠵᠠ ᠶᠢᠨ ᠰᠠᠯᠠᠭ᠎ᠠ | ᠮᠥᠴᠢᠷ ᠠᠴᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠪᠤᠰᠤ ᠵᠢᠭᠡᠯᠡᠯᠭᠡ ᠶᠢᠨ ᠵᠠᠷᠭᠤ ᠶᠢᠨ ᠬᠡᠷᠡᠭ ᠢ | ᠲᠦᠷᠭᠡᠨ ᠰᠢᠭᠦᠨ ᠰᠢᠢᠳᠪᠦᠷᠢᠯᠡᠬᠦ ᠪᠠ ᠭᠦᠢᠴᠡᠳᠬᠡᠬᠦ ᠶᠢ ᠠᠬᠢᠭᠤᠯᠵᠤ᠂ ᠵᠦᠢ ᠪᠤᠰᠤ ᠬᠥᠷᠥᠩᠭᠡ ᠶᠢ ᠰᠢᠢᠳᠪᠦᠷᠢᠯᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠮᠡᠭᠳᠡᠯ ᠲᠦᠭᠰᠢᠭᠦᠷᠢ ᠶᠢ ᠡᠬᠢ ᠡᠭᠦᠰᠦᠯ ᠠᠴᠠ ᠨᠢ ᠬᠤᠷᠢᠭᠯᠠᠵᠤ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠬᠠᠷᠢᠴᠠᠭᠠᠨ ᠡᠷᠦᠭᠡ ᠳᠤ | ᠵᠥᠪᠰᠢᠶᠡᠷᠡᠨ ᠣᠷᠣᠭᠤᠯᠬᠤ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠢᠲᠡᠭᠡᠮᠵᠢᠲᠦ ᠵᠢᠭᠡᠯᠡᠯᠭᠡ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠨᠢ ᠰᠢᠯᠢᠳᠡᠭᠵᠢᠭᠦᠯᠵᠦ᠂ ᠢᠲᠡᠭᠡᠮᠵᠢᠲᠦ ᠵᠢᠭᠡᠯᠡᠯᠭᠡ ᠶᠢᠨ ᠪᠦᠭᠦ ᠶᠠᠪᠤᠴᠠ ᠶᠢᠨ | ᠬᠠᠮᠢᠶᠠᠷᠤᠯᠲᠠ ᠶᠢ ᠨᠢ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠨ ᠬᠠᠷᠭᠤᠭᠤᠯᠵᠤ | ᠰᠠᠯᠭᠠᠨ ᠪᠡᠯᠡᠳᠬᠡᠬᠦ᠂ ᠡᠳ᠋ ᠬᠥᠷᠥᠩᠭᠡ ᠶᠢᠨ ᠶᠠᠰᠤ ᠴᠢᠨᠠᠷ ᠢ ᠦᠨᠡᠨ ᠪᠣᠳᠠᠲᠠᠢ ᠪᠠᠷ ᠲᠤᠰᠬᠠᠬᠤ ᠠᠵᠢᠯ ᠤᠨ | ᠲᠣᠭᠲᠠᠴᠠ ᠪᠠᠶᠢᠭᠤᠯᠬᠤ ᠶᠢ ᠠᠬᠢᠭᠤᠯᠵᠤ᠂ ᠲᠦᠭᠰᠢᠭᠦᠷᠢ ᠶᠢ ᠬᠠᠮᠢᠶᠠᠷᠬᠤ ᠪᠠᠶᠢᠯᠳᠤᠬᠤ ᠪᠣᠳᠣᠯᠭ᠎ᠠ᠂ ᠪᠣᠷᠣ ᠲᠥᠯᠥᠪ᠂ | ᠳᠦᠷᠢᠮ᠂ ᠴᠤᠪᠤᠷᠠᠯ ᠢ ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠪᠠᠶᠢᠭᠠᠳ ᠲᠣᠮᠣ ᠳ᠋ᠠᠶᠢᠲ᠋ᠠ ᠶᠢᠨ ᠮᠡᠷᠭᠡᠵᠢᠯ ᠳᠤ ᠲᠦᠰᠢᠭᠯᠡᠨ᠂ ᠲᠣᠮᠣ ᠳ᠋ᠠᠶᠢᠲ᠋ᠠ ᠶᠢᠨ ᠨᠢᠭᠡᠳᠦᠯᠲᠡᠢ | ᠲᠦᠭᠰᠢᠭᠦᠷᠢ ᠶᠢ ᠡᠵᠡᠮᠳᠡᠬᠦ ᠲᠠᠪᠴᠠᠩ ᠢ ᠪᠤᠢ ᠪᠤᠯᠭᠠᠵᠤ᠂ ᠪᠦᠭᠦ ᠲᠦᠭᠰᠢᠭᠦᠷᠢ᠂ ᠪᠦᠭᠦ ᠶᠠᠪᠤᠴᠠ ᠶᠢ | ᠣᠶᠤᠨᠴᠢᠯᠠᠭᠰᠠᠨ ᠬᠠᠮᠢᠶᠠᠷᠤᠨ ᠡᠵᠡᠮᠳᠡᠬᠦ ᠶᠢ ᠪᠡᠶᠡᠯᠡᠭᠦᠯᠵᠦ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ | ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠨ ᠪᠤᠳᠣᠬᠤ᠂ ᠬᠢᠨᠠᠯᠲᠠ | ᠲᠠᠯᠪᠢᠭᠴᠢ ᠶᠢᠨ ᠺᠣᠮᠢᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ ᠲᠠᠯᠪᠢᠬᠤ ᠦᠢᠯᠡᠳᠦᠯ ᠢ | ᠴᠢᠩᠭᠠᠷᠠᠭᠤᠯᠵᠤ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ ᠴᠢᠬᠤᠯᠠ ᠬᠥᠮᠥᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠡᠮᠵᠢᠵᠦ | ᠪᠠᠶᠢᠭᠠᠳ ᠠᠵᠤ ᠠᠬᠤᠶᠢᠯᠠᠯ ᠤᠨ ᠡᠳ᠋ ᠬᠥᠷᠥᠩᠭᠡ ᠶᠢᠨ ᠲᠥᠷᠥᠯ ᠬᠤᠪᠢᠶᠠᠷᠢᠯᠠᠯ ᠢᠶᠠᠷ ᠨᠢᠭᠡᠳᠦᠯᠲᠡᠢ ᠠᠵᠢᠯᠯᠠᠭ᠎ᠠ ᠬᠢᠵᠦ | ᠂ ᠲᠥᠷᠥᠯ ᠬᠤᠪᠢᠶᠠᠨ ᠬᠠᠮᠢᠶᠠᠷᠴᠤ᠂ ᠲᠦᠭᠰᠢᠭᠦᠷᠢ ᠶᠢ ᠠᠷᠢᠯᠭᠠᠬᠤ ᠠᠷᠭ᠎ᠠ ᠬᠡᠮᠵᠢᠶ᠎ᠡ ᠶᠢ ᠬᠠᠮᠲᠤ ᠪᠠᠷ ᠰᠤᠳᠤᠯᠤᠨ | ᠲᠣᠭᠲᠠᠭᠠᠵᠤ᠂ ᠠᠵᠤ ᠠᠬᠤᠶᠢᠯᠠᠯ ᠤᠨ ᠬᠥᠰᠢᠭᠦᠷᠭᠡ ᠶᠢᠨ ᠨᠣᠷᠮ᠎ᠠ ᠶᠢ ᠪᠠᠭᠤᠷᠠᠭᠤᠯᠤᠨ᠎ᠠ᠃ | ︵ᠬᠤᠶᠠᠷ︶ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠲᠦᠭᠰᠢᠭᠦᠷᠢ ᠶᠢ ᠨᠢᠭᠲᠠ | ᠠᠩᠬᠠᠷᠬᠤ ᠬᠡᠷᠡᠭᠲᠡᠢ᠃ ᠬᠠᠤᠯᠢ ᠶᠢᠨ ᠡᠷᠬᠡᠲᠡᠨ ᠠᠴᠠ ᠵᠠᠰᠠᠬᠤ ᠪᠦᠲᠦᠴᠡ ᠪᠠ ᠣᠳᠣ ᠦᠶ᠎ᠡ ᠶᠢᠨ ᠠᠵᠤ | ᠠᠬᠤᠶᠢᠯᠠᠯ ᠤᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ | ᠪᠠᠩᠬᠢ ᠶᠢᠨ ᠪᠠᠶᠢᠭᠤᠯᠤᠮᠵᠢ ᠶᠢᠨ ᠵᠣᠭᠤᠰ ᠰᠣᠯᠢᠵᠤ ᠥᠭᠭᠦ ᠲᠦᠭᠰᠢᠭᠦᠷᠢ ᠶᠢ ᠪᠠᠴᠢᠮ ᠠᠷᠭᠠᠴᠠᠬᠤ ᠪᠡᠯᠡᠳᠬᠡᠯ | ᠲᠥᠰᠥᠯ ᠢ ᠲᠡᠭᠦᠯᠳᠡᠷᠵᠢᠭᠦᠯᠦᠨ᠂ ᠥᠷᠢ ᠥᠭᠴᠡᠭᠡ ᠶᠢᠨ ᠬᠡᠯᠬᠢᠶ᠎ᠡ ᠶᠢ ᠠᠷᠢᠯᠭᠠᠬᠤ ᠠᠵᠢᠯ ᠤᠨ ᠡᠷᠴᠢᠮ ᠢ | ᠴᠢᠩᠭᠠᠷᠠᠭᠤᠯᠵᠤ᠂ ᠪᠠᠩᠬᠢ ᠶᠢᠨ ᠵᠦᠢ ᠪᠤᠰᠤ ᠵᠢᠭᠡᠯᠡᠯᠭᠡ ᠶᠢ ᠦᠨᠡᠨᠬᠦ ᠪᠠᠭᠠᠰᠬᠠᠨ᠎ᠠ︔ ᠬᠥᠳᠡᠭᠡ ᠲᠣᠰᠬᠤᠨ ᠤ | ᠢᠲᠡᠭᠡᠮᠵᠢ ᠶᠢᠨ ᠬᠤᠷᠰᠢᠶᠠᠨ ᠤ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠵᠦ᠂ ᠡᠯ᠎ᠡ ᠬᠤᠰᠢᠭᠤᠨ ᠤ ᠵᠠᠰᠠᠭ ᠤᠨ | ᠣᠷᠳᠣᠨ ᠤ ᠬᠠᠷᠢᠶᠠᠲᠤ ᠭᠠᠵᠠᠷ ᠤᠨ ᠲᠦᠭᠰᠢᠭᠦᠷᠢ ᠶᠢ ᠰᠡᠷᠭᠡᠶᠢᠯᠡᠬᠦ ᠬᠠᠷᠢᠭᠤᠴᠠᠯᠭ᠎ᠠ ᠪᠠ ᠬᠥᠳᠡᠭᠡ ᠲᠣᠰᠬᠤᠨ ᠤ | ᠢᠲᠡᠭᠡᠮᠵᠢ ᠶᠢᠨ ᠬᠤᠷᠰᠢᠶᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠵᠡᠨ ᠮᠡᠳᠡᠭᠦ | ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠵᠣᠬᠢᠰ ᠦᠭᠡᠢ ᠵᠢᠭᠡᠯᠡᠯᠭᠡ ᠶᠢ ᠠᠷᠢᠯᠭᠠᠬᠤ ᠶᠢ | ᠢᠳᠡᠪᠬᠢᠲᠡᠢ ᠳᠡᠮᠵᠢᠵᠦ᠂ ᠬᠢᠨᠠᠨ ᠬᠠᠮᠢᠶᠠᠷᠤᠯᠲᠠ ᠶᠢᠨ ᠭᠦᠢᠴᠡᠳᠬᠡᠬᠦ ᠲᠤᠭ᠎ᠠ ᠶᠢ ᠰᠠᠶᠢᠵᠢᠷᠠᠭᠤᠯᠤᠨ᠂ ᠵᠢᠱᠢᠭᠰᠡᠨ | ᠬᠠᠷᠠᠯᠲᠠ ᠪᠠᠨ ᠪᠡᠶᠡᠯᠡᠭᠦᠯᠦᠨ᠎ᠡ᠃ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠬᠢᠨᠠᠨ ᠬᠡᠮᠵᠢᠵᠦ ᠦᠨᠡᠯᠡᠨ ᠵᠢᠱᠢᠭᠦ | ᠰᠢᠰᠲ᠋ᠧᠮᠵᠢ ᠶᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠴᠠᠭ ᠲᠤᠨᠢ | ᠬᠥᠳᠡᠯᠦᠩᠭᠦᠢ ᠶᠣᠰᠣᠭᠠᠷ ᠥᠪᠡᠷ ᠢᠶᠠᠨ ᠦᠨᠡᠯᠡᠨ ᠵᠢᠱᠢᠭᠦ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠳᠡᠰ ᠦᠨᠡᠯᠡᠵᠦ | ᠰᠡᠷᠡᠮᠵᠢᠯᠡᠭᠦᠯᠭᠦ ᠦᠢᠯᠡᠳᠦᠯ ᠢ ᠪᠠᠳᠠᠷᠠᠭᠤᠯᠤᠨ᠎ᠠ᠃ ᠠᠶᠤᠯ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ | ᠬᠠᠷᠢᠭᠤᠴᠠᠯᠭ᠎ᠠ ᠬᠡᠯᠡᠯᠴᠡᠬᠦ ᠰᠢᠨ᠎ᠡ ᠪᠠᠷ ᠨᠡᠮᠡᠭᠳᠡᠬᠦ ᠲᠣᠭᠲᠠᠴᠠ ᠶᠢ ᠪᠠᠶᠢᠭᠤᠯᠤᠨ᠂ ᠰᠢᠨ᠎ᠡ ᠪᠠᠷ ᠨᠡᠮᠡᠭᠳᠡᠬᠦ | ᠲᠦᠭᠰᠢᠭᠦᠷᠢ ᠶᠢ ᠬᠠᠮᠢᠶᠠᠷᠬᠤ ᠰᠠᠯᠠᠭ᠎ᠠ ᠮᠥᠴᠢᠷ ᠠᠴᠠ ᠰᠢᠨ᠎ᠡ ᠪᠠᠷ ᠨᠡᠮᠡᠭᠳᠡᠭᠦᠯᠬᠦ ᠲᠦᠭᠰᠢᠭᠦᠷᠢᠲᠦ ᠪᠠᠶᠢᠭᠤᠯᠤᠮᠵᠢ ᠶᠢᠨ | ᠶᠡᠭᠡ ᠲᠣᠭᠠᠨ ᠤ ᠵᠦᠢ ᠪᠤᠰᠤ ᠵᠢᠭᠡᠯᠡᠯᠭᠡ᠂ ᠬᠡᠷᠡᠭ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠠᠴᠠ | ᠲᠣᠭᠲᠠᠭᠠᠯ ᠠᠴᠠ ᠵᠥᠷᠢᠴᠡᠨ ᠬᠠᠷᠢᠭᠤᠴᠠᠯᠭ᠎ᠠ ᠬᠡᠯᠡᠯᠴᠡᠬᠦ ᠪᠠ ᠵᠠᠯᠬᠠᠭᠠᠨ ᠰᠢᠢᠳᠪᠦᠷᠢᠯᠡᠬᠦ ᠡᠷᠴᠢᠮ ᠢ | ᠴᠢᠩᠭᠠᠷᠠᠭᠤᠯᠤᠨ᠎ᠠ᠃ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠪᠠᠨ | ᠲᠡᠭᠦᠯᠳᠡᠷᠵᠢᠭᠦᠯᠬᠦ ᠶᠢ ᠠᠬᠢᠭᠤᠯᠵᠤ᠂ ᠪᠠᠶᠢᠭᠤᠯᠤᠮᠵᠢ ᠶᠢᠨ ᠳᠣᠲᠣᠭᠠᠳᠤ ᠶᠢᠨ ᠱᠠᠩᠨᠠᠵᠤ ᠲᠣᠷᠭᠠᠬᠤ ᠳᠦᠷᠢᠮ ᠢ | ᠰᠢᠯᠢᠳᠡᠭᠵᠢᠭᠦᠯᠵᠦ᠂ ᠬᠥᠳᠡᠯᠦᠩᠭᠦᠢ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠬᠠᠪᠰᠤᠷᠤᠯᠴᠠᠬᠤ | ᠲᠣᠭᠲᠠᠴᠠ ᠶᠢ ᠲᠡᠭᠦᠯᠳᠡᠷᠵᠢᠭᠦᠯᠦᠨ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠯᠦᠩᠭᠦᠢ | ᠴᠢᠨᠠᠷᠲᠠᠢ ᠲᠦᠭᠰᠢᠭᠦᠷᠢ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ | ︵ᠭᠤᠷᠪᠠ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠮᠬᠢ ᠳᠢᠭᠯᠢᠮ ᠢ ᠦᠷᠭᠦᠯᠵᠢᠯᠡᠨ | ᠳᠦᠷᠢᠮᠵᠢᠬᠦᠯᠦᠨ᠎ᠡ᠃ ᠣᠯᠠᠨ ᠳᠡᠰ ᠳᠠᠪᠬᠤᠷᠭ᠎ᠠ ᠶᠢᠨ ᠬᠢᠨᠠᠨ ᠬᠡᠮᠵᠢᠵᠦ ᠰᠡᠷᠡᠮᠵᠢᠯᠡᠭᠦᠯᠭᠦ ᠠᠵᠢᠯ ᠤᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠭᠠᠵᠠᠷ ᠣᠷᠣᠨ ᠪᠣᠯᠣᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠭᠦ᠂ ᠵᠥᠪᠳᠡᠯᠴᠡᠨ ᠰᠤᠳᠤᠯᠤᠨ ᠮᠠᠭᠠᠳᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠲᠤᠬᠠᠢ ᠶᠢᠨ ᠭᠠᠵᠠᠷ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠰᠦᠯᠵᠢᠶᠡᠨ ᠳᠡᠭᠡᠷ᠎ᠡ | ᠬᠢᠨᠠᠨ ᠰᠢᠨᠵᠢᠭᠦ ᠵᠡᠷᠭᠡ ᠠᠷᠭ᠎ᠠ ᠮᠠᠶ᠋ᠢᠭ ᠢ ᠥᠷᠨᠢᠭᠦᠯᠬᠦ ᠪᠠᠷ ᠳᠠᠮᠵᠢᠭᠤᠯᠤᠨ᠂ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠶᠢᠨ ᠰᠦᠪᠡᠭᠴᠢ ᠶᠢ ᠪᠦᠲᠦᠮᠵᠢᠲᠡᠢ ᠢᠯᠭᠠᠨ ᠲᠠᠨᠢᠬᠤ ᠬᠡᠷᠡᠭᠲᠡᠢ᠃ | ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ | ᠬᠡᠷᠡᠭᠯᠡᠨ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ | ᠮᠡᠳᠡᠭᠡ ᠵᠠᠩᠭᠢ ᠶᠢ ᠭᠦᠨᠵᠡᠭᠡᠢ ᠠᠭᠤᠳᠠᠯᠤᠨ ᠴᠤᠭᠯᠠᠭᠤᠯᠵᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ | ᠲᠣᠭᠲᠠᠴᠠ ᠶᠢ ᠪᠠᠶᠢᠭᠤᠯᠤᠨ᠂ ᠠᠷᠠᠳ ᠤᠨ ᠵᠢᠭᠡᠯᠡᠯᠭᠡ ᠶᠢᠨ ᠠᠵᠢᠯᠯᠠᠭ᠎ᠠ᠂ ᠮᠠᠯᠵᠢᠬᠤ ᠲᠠᠷᠢᠶᠠᠯᠠᠬᠤ ᠣᠷᠣᠨ ᠤ | ᠥᠨᠳᠥᠷ ᠬᠦᠦ ᠲᠠᠢ ᠵᠢᠭᠡᠯᠡᠯᠭᠡ ᠶᠢᠨ ᠠᠵᠢᠯᠯᠠᠭ᠎ᠠ ᠶᠢ ᠳᠦᠷᠢᠮᠵᠢᠬᠦᠯᠵᠦ᠂ ᠠᠶᠢᠮᠠᠭ ᠤᠨ ᠳᠣᠲᠣᠭᠠᠳᠤ ᠶᠢᠨ ᠡᠭᠦᠰᠭᠦ | ᠴᠢᠨᠠᠷᠲᠠᠢ ᠪᠠ ᠠᠶᠢᠮᠠᠭ ᠤᠨ ᠭᠠᠳᠠᠨ᠎ᠠ ᠠᠴᠠ ᠣᠷᠣᠭᠤᠯᠬᠤ ᠴᠢᠨᠠᠷᠲᠠᠢ ᠲᠦᠭᠰᠢᠭᠦᠷᠢ ᠶᠢ ᠡᠷᠲᠡᠬᠡᠨ ᠣᠯᠵᠤ ᠮᠡᠳᠡᠨ᠂ | ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠬᠢᠭᠡᠳ ᠬᠠᠤᠯᠢ | ᠴᠠᠭᠠᠵᠠ ᠶᠢᠨ ᠴᠣᠬᠢᠯᠲᠠ ᠥᠭᠭᠦ ᠶᠢ ᠵᠡᠷᠭᠡᠪᠡᠷ ᠴᠢᠬᠤᠯᠠᠴᠢᠯᠠᠬᠤ᠂ ᠣᠷᠭᠠᠨᠢᠭ ᠢᠶᠠᠷ ᠵᠣᠯᠭᠠᠭᠤᠯᠬᠤ ᠠᠵᠢᠯ ᠤᠨ | ᠲᠣᠭᠲᠠᠴᠠ ᠶᠢ ᠪᠤᠢ ᠪᠣᠯᠭᠠᠨ᠎ᠠ᠃ | ᠵᠢᠭᠡᠯᠡᠯᠭᠡ ᠶᠢᠨ ᠲᠡᠮᠳᠡᠭᠲᠦ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ︽ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠦᠴᠢᠷᠳᠡᠯ ᠬᠥᠭᠵᠢᠭᠦᠯᠦᠯᠲᠡ ᠶᠢᠨ ᠰᠠᠭᠤᠷᠢ ᠮᠥᠩᠭᠦ︾ | ᠪᠣᠯᠣᠨ ︽ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠥᠳᠡᠯᠦᠩᠭᠦᠢ ᠴᠢᠨᠠᠷᠲᠠᠢ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠰᠠᠭᠤᠷᠢ ᠮᠥᠩᠭᠦ︾ ᠶᠢ ᠢᠳᠡᠪᠬᠢᠯᠡᠨ ᠣᠯᠬᠤ ᠪᠠ ᠠᠰᠢᠭᠯᠠᠵᠤ ᠪᠠᠶᠢᠭᠠᠳ ᠵᠠᠬ᠎ᠠ | ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠰᠲ᠋ᠣᠺ ᠤᠨ ᠳᠠᠨᠵᠢᠯᠠᠯ ᠤᠨ ᠲᠦᠭᠰᠢᠭᠦᠷᠢ ᠪᠣᠯᠣᠨ ᠠᠵᠤ ᠠᠬᠤᠶᠢᠯᠠᠯ ᠤᠨ | ᠡᠭᠦᠰᠴᠦ ᠮᠡᠳᠡᠭᠦ ᠭᠦᠢᠯᠭᠡᠭᠡᠨ ᠤ ᠴᠢᠨᠠᠷᠲᠠᠢ ᠲᠦᠭᠰᠢᠭᠦᠷᠢ ᠶᠢ ᠲᠠᠶᠢᠯᠵᠤ ᠥᠭᠭᠦᠨ᠎ᠡ᠃ | ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠭᠡᠷ᠎ᠡ ᠠᠴᠠ ᠵᠥᠷᠢᠴᠡᠭᠰᠡᠨ ᠢ ᠰᠡᠷᠭᠡᠶᠢᠯᠡᠵᠦ᠂ ᠠᠵᠤ | ᠠᠬᠤᠶᠢᠯᠠᠯ ᠤᠨ ᠵᠢᠭᠡᠯᠡᠯᠭᠡ ᠶᠢᠨ ᠲᠡᠮᠳᠡᠭ ᠲᠠᠷᠬᠠᠭᠠᠬᠤ ᠶᠢᠨ ᠭᠡᠷ᠎ᠡ ᠠᠴᠠ ᠵᠥᠷᠢᠴᠡᠭᠰᠡᠨ ᠤ ᠲᠦᠭᠰᠢᠭᠦᠷᠢ ᠶᠢ | ᠰᠤᠳᠤᠯᠤᠨ ᠮᠠᠭᠠᠳᠯᠠᠬᠤ ᠪᠠ ᠰᠡᠷᠡᠮᠵᠢᠯᠡᠭᠦᠯᠭᠦ ᠶᠢ ᠴᠢᠩᠭᠠᠳᠬᠠᠨ᠂ ᠵᠢᠭᠡᠯᠡᠯᠭᠡ ᠶᠢᠨ ᠲᠡᠮᠳᠡᠭ ᠲᠠᠷᠬᠠᠭᠠᠭᠴᠢ᠂ ᠭᠤᠣᠯ | ᠳᠠᠭᠠᠭᠠᠨ ᠪᠣᠷᠣᠯᠠᠭᠤᠯᠬᠤ ᠬᠤᠳᠠᠯᠳᠤᠭᠠᠴᠢᠨ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠪᠣᠯᠣᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠤᠭᠤᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠵᠢᠭᠡᠯᠡᠯᠭᠡ ᠶᠢᠨ ᠲᠡᠮᠳᠡᠭ ᠲᠠᠷᠬᠠᠭᠠᠨ ᠥᠭᠭᠦ ᠬᠤᠭᠤᠴᠠᠭ᠎ᠠ ᠨᠢ ᠲᠤᠯᠤᠭᠰᠠᠨ ᠡᠳᠦᠷ ᠤᠨ ᠬᠠᠮᠢᠶᠠᠷᠤᠯᠲᠠ ᠶᠢ ᠰᠠᠶᠢᠲᠤᠷ | ᠬᠢᠵᠦ᠂ ᠰᠣᠯᠢᠵᠤ ᠥᠭᠭᠦ ᠶᠢᠨ ᠵᠣᠬᠢᠴᠠᠭᠤᠯᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠵᠢᠭᠡᠯᠡᠯᠭᠡ ᠶᠢᠨ | ᠲᠡᠮᠳᠡᠭ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠢᠲᠡᠭᠡᠮᠵᠢ ᠶᠢ ᠡᠷᠡᠰ ᠬᠠᠮᠠᠭᠠᠯᠠᠬᠤ ᠬᠡᠷᠡᠭᠲᠡᠢ᠃ | ︵ᠳᠥᠷᠪᠡ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠳᠦᠷᠢᠮ︾ ᠢ ᠭᠦᠨᠵᠡᠭᠡᠢ ᠲᠤᠤᠱᠯᠠᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠨᠠᠶᠢᠳᠠᠪᠤᠷᠢᠵᠢᠭᠤᠯᠤᠨ᠂ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠪᠣᠷᠣ ᠲᠥᠯᠥᠪ ᠢ ᠲᠡᠭᠦᠯᠳᠡᠷᠵᠢᠭᠦᠯᠵᠦ᠂ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠭᠤᠷᠢ | ᠲᠤᠭ᠎ᠠ ᠶᠢ ᠴᠡᠭᠴᠡᠯᠡᠨ ᠲᠣᠳᠣᠷᠬᠠᠶᠢᠯᠠᠵᠤ᠂ ᠰᠦᠯᠵᠢᠶᠡᠨ ᠳᠡᠭᠡᠷ᠎ᠡ᠂ ᠰᠦᠯᠵᠢᠶᠡᠨ ᠳᠣᠣᠷ᠎ᠠ ᠬᠠᠷᠢᠯᠴᠠᠨ ᠨᠥᠬᠦᠪᠦᠷᠢᠯᠡᠬᠦ | ᠂ ᠬᠢᠵᠠᠭᠠᠷᠯᠠᠬᠤ᠂ ᠤᠷᠮᠠᠰᠢᠭᠤᠯᠬᠤ ᠬᠤᠶᠠᠷ ᠢ ᠬᠠᠷᠢᠯᠴᠠᠨ ᠤᠶᠠᠯᠳᠤᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠠᠷᠭ᠎ᠠ | ᠪᠠᠷᠢᠯ ᠢ ᠪᠠᠶᠢᠭᠤᠯᠤᠨ᠂ ᠲᠤᠬᠠᠢ ᠶᠢᠨ ᠲᠠᠯᠠᠪᠠᠢ ᠶᠢᠨ ᠪᠤᠰᠤ ᠬᠢᠨᠠᠯᠲᠠ ᠬᠠᠮᠢᠶᠠᠷᠤᠯᠲᠠ᠂ ᠲᠤᠬᠠᠢ ᠶᠢᠨ ᠲᠠᠯᠠᠪᠠᠢ ᠶᠢᠨ | ᠪᠠᠶᠢᠴᠠᠭᠠᠯᠲᠠ᠂ ᠭᠤᠷᠪᠠᠳᠤᠭᠠᠷ ᠡᠲᠡᠭᠡᠳ ᠤᠨ ᠬᠠᠪᠰᠤᠷᠤᠨ ᠬᠢᠨᠠᠨ ᠬᠠᠮᠢᠶᠠᠷᠬᠤ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠢᠨᠠᠯᠲᠠ ᠬᠠᠮᠢᠶᠠᠷᠤᠯᠲᠠ ᠶᠢᠨ ᠶᠠᠷᠢᠯᠴᠠᠭ᠎ᠠ᠂ | ᠴᠣᠩᠬᠤᠪᠴᠢ ᠨᠡᠪᠲᠡᠷᠡᠭᠦᠯᠦᠨ ᠵᠢᠯᠤᠭᠤᠳᠬᠤ᠂ ᠰᠡᠷᠡᠮᠵᠢᠯᠡᠬᠦᠯᠬᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ᠂ ᠨᠠᠶᠢᠳᠠᠵᠤ ᠬᠠᠮᠢᠶᠠᠷᠤᠭᠤᠯᠬᠤ ᠭᠥᠯᠢᠶᠡᠨ ᠠᠪᠴᠤ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠶᠢ ᠬᠠᠤᠯᠢ | ᠶᠣᠰᠣᠭᠠᠷ ᠠᠪᠴᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠳᠠᠬᠢ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ᠂ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠠᠵᠢᠯᠲᠠᠨ ᠤ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠬᠢᠨᠠᠨ ᠬᠠᠮᠢᠶᠠᠷᠬᠤ᠂ ᠲᠤᠶᠢᠯ ᠤᠨ | ᠣᠨᠣᠪᠴᠢᠲᠠᠢ ᠪᠠᠷ ᠬᠢᠨᠠᠨ ᠬᠠᠮᠢᠶᠠᠷᠬᠤ᠂ ᠬᠠᠤᠯᠢ ᠶᠣᠰᠣᠭᠠᠷ ᠬᠢᠨᠠᠨ ᠬᠠᠮᠢᠶᠠᠷᠬᠤ᠂ ᠪᠦᠲᠦᠭᠡᠨ ᠪᠠᠶᠢᠭᠤᠯᠬᠤ ᠴᠢᠨᠠᠷᠲᠠᠢ | ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠎ᠡ᠃ | ᠵᠦᠷᠢᠶᠡᠵᠢᠭᠦᠯᠦᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠰᠢᠯᠢᠳᠡᠭ ᠢ ᠨᠢ ᠬᠦᠴᠦᠷᠬᠡᠭᠵᠢᠭᠦᠯᠬᠦ᠂ ᠰᠢᠭᠠᠷᠤ ᠶᠢ ᠨᠢ ᠠᠬᠢᠭᠤᠯᠬᠤ᠂ ᠡᠷᠦᠢ ᠬᠤᠷᠤᠢ ᠦᠭᠡᠢ ᠪᠤᠯᠬᠤ ᠶᠢ ᠵᠠᠰᠠᠬᠤ | ᠬᠢᠨᠠᠯᠲᠠ ᠬᠠᠮᠢᠶᠠᠷᠤᠯᠲᠠ ᠶᠢᠨ ᠤᠳᠤᠷᠢᠳᠤᠮᠵᠢ ᠶᠢ ᠲᠣᠪᠤᠶᠢᠯᠭᠠᠨ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠵᠣᠬᠢᠶᠠᠨ ᠪᠠᠶᠢᠭᠤᠯᠤᠯᠲᠠ ᠶᠢᠨ ᠲᠥᠷᠥᠯ ᠬᠤᠪᠢᠶᠠᠨ ᠳᠡᠰ ᠬᠤᠪᠢᠶᠠᠵᠤ ᠬᠢᠨᠠᠨ ᠬᠠᠮᠢᠶᠠᠷᠬᠤ ᠳᠦᠷᠢᠮ ᠤᠨ | ᠰᠢᠰᠲ᠋ᠧᠮᠵᠢ ᠶᠢ ᠨᠠᠶᠢᠳᠠᠪᠤᠷᠢᠵᠢᠭᠤᠯᠵᠤ᠂ ᠵᠦᠷᠢᠶᠡᠴᠢᠯᠡᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ | ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠺᠤᠮᠫᠠᠨᠢ ᠶᠢᠨ ᠵᠠᠰᠠᠯᠲᠠ᠂ | ᠲᠤᠬᠠᠶᠢᠯᠠᠭᠰᠠᠨ ᠠᠵᠢᠯ ᠤᠨ ᠬᠥᠭᠵᠢᠯᠲᠡ᠂ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ᠂ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ᠂ ᠮᠡᠳᠡᠭᠡ ᠵᠠᠩᠭᠢ ᠨᠡᠶᠢᠲᠡᠯᠡᠬᠦ᠂ ᠨᠡᠶᠢᠭᠡᠮ ᠤᠨ ᠬᠠᠷᠢᠭᠤᠴᠠᠯᠭ᠎ᠠ ᠵᠡᠷᠭᠡ ᠪᠠᠶᠢᠳᠠᠯ ᠳᠤ ᠬᠢᠨᠠᠯᠲᠠ | ᠬᠠᠮᠢᠶᠠᠷᠤᠯᠲᠠ ᠶᠢᠨ ᠳᠡᠰ ᠲᠣᠭᠲᠠᠭᠠᠬᠤ ᠶᠢ ᠥᠷᠨᠢᠭᠦᠯᠦᠨ᠂ ᠲᠦᠭᠰᠢᠭᠦᠷᠢ ᠶᠡᠬᠡᠲᠡᠢ ᠪᠠᠶᠢᠭᠤᠯᠤᠮᠵᠢ ᠳᠤ | ᠭᠤᠣᠯᠳᠠᠯᠭ᠎ᠠ ᠲᠠᠢ ᠬᠢᠨᠠᠨ ᠬᠠᠮᠢᠶᠠᠷᠴᠤ᠂ ᠡᠵᠡᠩᠨᠡᠯᠲᠡ ᠵᠢᠷᠤᠮᠵᠢᠭᠰᠠᠨ ᠪᠠᠶᠢᠭᠤᠯᠤᠮᠵᠢ ᠳᠤ ᠢᠳᠡᠪᠬᠢᠲᠡᠢ ᠪᠠᠷ ᠳᠡᠮᠵᠢᠯᠭᠡ | ᠦᠵᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠦᠬᠦᠯᠢ ᠴᠣᠭᠴᠠ ᠶᠢᠨ ᠲᠣᠬᠢᠷᠠᠭᠤᠯᠤᠯᠲᠠ ᠶᠣᠰᠣᠭᠠᠷ᠂ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ | ᠲᠠᠪᠴᠠᠩ ᠤᠨ ᠠᠵᠢᠯᠯᠠᠭᠠᠨ ᠢ ᠪᠡᠶᠡᠯᠡᠭᠦᠯᠵᠦ᠂ ᠲᠣᠮᠣ ᠳ᠋ᠠᠶᠢᠲ᠋ᠠ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ | ᠠᠰᠢᠭᠯᠠᠨ᠂ ᠠᠵᠢᠯ ᠲᠥᠷᠥᠯ ᠤᠨ ᠪᠠᠶᠢᠳᠠᠯ ᠢ ᠬᠥᠳᠡᠯᠦᠩᠭᠦᠢ ᠪᠠᠷ ᠬᠢᠨᠠᠨ ᠡᠵᠡᠮᠳᠡᠵᠦ᠂ ᠬᠢᠨᠠᠯᠲᠠ ᠬᠠᠮᠢᠶᠠᠷᠤᠯᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠢ ᠠᠰᠢᠭᠯᠠᠨ ᠪᠦᠭᠦ ᠶᠠᠪᠤᠴᠠ ᠶᠢ ᠰᠡᠷᠡᠮᠵᠢᠯᠡᠭᠦᠯᠭᠦ ᠪᠠ ᠬᠢᠨᠠᠨ ᠡᠵᠡᠮᠳᠡᠬᠦ ᠶᠢ | ᠪᠡᠶᠡᠯᠡᠭᠦᠯᠬᠦ ᠬᠡᠷᠡᠭᠲᠡᠢ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠬᠦᠯᠬᠦ ᠬᠡᠷᠡᠭᠲᠡᠢ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠲᠣᠳᠣ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠠᠪᠤᠴᠠ ᠳᠤ ᠣᠷᠣ ᠮᠥᠷ ᠪᠦᠷᠢᠮᠦᠰᠦᠨ ᠦᠯᠡᠳᠡᠭᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ | ᠳᠡᠰ ᠳᠠᠷᠠᠭᠠᠯᠠᠯ ᠪᠦᠷᠢᠨ ᠲᠡᠭᠦᠯᠳᠡᠷ ᠠᠵᠢᠯ ᠤᠨ ᠪᠠᠶᠢᠷᠢᠰᠢᠯ ᠢ ᠪᠤᠢ ᠪᠤᠯᠭᠠᠬᠤ ᠶᠢ ᠠᠬᠢᠭᠤᠯᠤᠨ᠎ᠠ᠃ ᠬᠢᠨᠠᠯᠲᠠ | ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠶᠢᠮᠠᠭ᠂ ᠬᠤᠰᠢᠭᠤ ︵ᠨᠡᠭᠡᠭᠡᠯᠳᠡ ᠶᠢᠨ | ᠣᠷᠣᠨ︶ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠲᠣᠬᠢᠷᠠᠭᠤᠯᠵᠤ᠂ ᠬᠢᠨᠠᠯᠲᠠ | ᠬᠠᠮᠢᠶᠠᠷᠤᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ᠂ ᠲᠤᠰᠬᠠᠶᠢᠵᠢᠬᠤ ᠪᠠ ᠵᠢᠷᠤᠮᠵᠢᠬᠤ ᠪᠠᠶᠢᠭᠤᠯᠤᠯᠲᠠ ᠶᠢ | ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ | ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠺᠤᠮᠫᠠᠨᠢ ᠶᠢᠨ ᠵᠠᠰᠠᠯᠲᠠ ᠶᠢᠨ ᠵᠢᠷᠤᠮᠵᠢᠯ ᠢ ᠴᠢᠩᠭᠠᠳᠬᠠᠨ᠎ᠠ᠃ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠰᠲ᠋ᠣᠺ ᠤᠨ ᠡᠷᠬᠡ ᠶᠢᠨ ᠬᠠᠮᠢᠶᠠᠷᠤᠯᠲᠠ ᠶᠢ ᠴᠢᠩᠭᠠᠳᠬᠠᠵᠤ | ᠂ ᠬᠤᠪᠢ ᠣᠷᠣᠭᠤᠯᠤᠭᠴᠢᠳ ᠤᠨ ᠬᠤᠪᠢ ᠡᠵᠡᠮᠰᠢᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ | ᠺᠤᠮᠫᠠᠨᠢ ᠶᠢ ᠵᠠᠰᠠᠬᠤ ᠪᠦᠲᠦᠴᠡ ᠶᠢ ᠨᠢ ᠲᠡᠭᠦᠯᠳᠡᠷᠵᠢᠭᠦᠯᠦᠨ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠪᠠᠶᠢᠭᠤᠯᠵᠤ᠂ ᠳᠣᠲᠣᠭᠠᠳᠤ ᠶᠢᠨ ᠡᠵᠡᠮᠳᠡᠯ᠂ ᠠᠶᠤᠯ ᠲᠦᠭᠰᠢᠭᠦᠷᠢ ᠶᠢᠨ ᠬᠠᠮᠢᠶᠠᠷᠤᠯᠲᠠ᠂ ᠡᠳ᠋ ᠬᠥᠷᠥᠩᠭᠡ ᠶᠢᠨ ᠶᠠᠰᠤ | ᠴᠢᠨᠠᠷ᠂ ᠬᠤᠬᠢᠷᠠᠯ ᠤᠨ ᠪᠡᠯᠡᠳᠬᠡᠯ ᠵᠡᠷᠭᠡ ᠳᠦᠷᠢᠮ ᠲᠣᠭᠲᠠᠭᠠᠯ ᠢ ᠪᠦᠷᠢᠨᠰᠢᠭᠦᠯᠦᠨ᠂ ᠮᠥᠩᠭᠦᠨ ᠭᠦᠢᠯᠭᠡᠭᠡᠨ ᠤ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠠᠪᠤᠳᠠᠯ ᠢ ᠴᠢᠩᠭᠠᠳᠬᠠᠨ᠎ᠠ᠃ | ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠥᠪᠡᠷ ᠢ ᠪᠠᠨ ᠵᠢᠷᠤᠮᠵᠢᠭᠤᠯᠬᠤ᠂ ᠥᠪᠡᠷ ᠢ ᠪᠠᠨ | ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠣᠯᠠᠨ ᠨᠡᠶᠢᠲᠡ ᠪᠠ ᠶᠠᠷᠢᠶ᠎ᠠ ᠬᠡᠯᠡᠯᠴᠡᠭᠡᠨ ᠤ ᠬᠢᠨᠠᠯᠲᠠ | ᠲᠠᠯᠪᠢᠬᠤ ᠦᠢᠯᠡᠳᠦᠯ ᠢ ᠪᠠᠳᠠᠷᠠᠭᠤᠯᠤᠨ᠂ ᠨᠡᠶᠢᠲᠡ ᠣᠯᠠᠨ ᠤ ᠬᠢᠨᠠᠯᠲᠠ ᠲᠠᠯᠪᠢᠬᠤ ᠳᠤ ᠣᠷᠤᠯᠴᠠᠬᠤ ᠶᠢ | ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢᠶᠠᠨ ᠨᠡᠶᠢᠲᠡᠯᠡᠨ᠂ | ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠢ ᠳᠤᠨᠢ ᠬᠢᠨᠠᠨ | ᠬᠠᠷᠭᠤᠭᠤᠯᠬᠤ ᠬᠡᠷᠡᠭᠲᠡᠢ᠃ | ᠲᠠᠪᠤᠳᠤᠭᠠᠷ ᠬᠡᠰᠡᠭ ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ | ᠂ ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠭᠦ ᠬᠦᠴᠦᠨ ᠢ ᠳᠡᠭᠡᠭᠰᠢᠯᠡᠭᠦᠯᠦᠨ᠎ᠡ | ᠥᠨᠳᠥᠷ ᠦᠷ᠎ᠡ ᠠᠰᠢᠭ ᠲᠠᠢ ᠪᠠᠩᠬᠢ ᠰᠠᠩᠬᠦᠦ ᠶᠢᠨ ᠠᠵᠢᠯ ᠤᠨ ᠳᠣᠭᠳᠠᠴᠠ ᠶᠢ ᠪᠠᠶᠢᠭᠤᠯᠣᠨ᠎ᠠ᠃ ᠬᠠᠷᠢᠶ᠎ᠠ | ᠲᠣᠭᠤᠷᠢᠭ ᠲᠤ ᠰᠠᠭᠤᠷᠢᠯᠠᠨ᠂ ᠮᠥᠩᠭᠦᠨ ᠭᠦᠢᠯᠭᠡᠭᠡ ᠳᠤ ᠰᠠᠭᠤᠷᠢᠯᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠳᠤ | ᠰᠠᠭᠤᠷᠢᠯᠠᠨ᠂ ᠮᠥᠩᠭᠦᠨ ᠭᠦᠢᠯᠭᠡᠭᠡᠨ ᠤ ᠮᠠᠨ ᠤ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠦᠵᠡᠭᠦᠯᠭᠦ ᠴᠢᠬᠤᠯᠠ ᠦᠢᠯᠡᠳᠦᠯ ᠢ ᠳᠣᠪᠤᠶᠢᠯᠭᠠᠵᠤ᠂ ︽ᠲᠣᠭᠲᠠᠴᠠ ᠶᠢ ᠪᠠᠶᠢᠭᠤᠯᠬᠤ᠂ ᠦᠢᠯᠡᠴᠢᠯᠡᠭᠡ ᠶᠢ | ᠰᠢᠯᠢᠳᠡᠭᠵᠢᠭᠦᠯᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ ᠠᠵᠢᠯ ᠤᠨ ᠰᠡᠳᠬᠢᠴᠡ ᠶᠢ ᠡᠭᠦᠳᠦᠨ | ᠪᠠᠶᠢᠭᠤᠯᠵᠤ᠂ ᠪᠦᠭᠦ ᠠᠶᠢᠮᠠᠭ ᠤᠨ ᠳᠡᠭᠡᠳᠦ ᠳᠣᠣᠷᠠᠳᠤ ᠱᠠᠲᠤᠨ ᠤ ᠮᠥᠩᠭᠦᠨ ᠭᠦᠢᠯᠭᠡᠭᠡᠨ ᠢ ᠴᠢᠬᠤᠯᠠᠴᠢᠯᠠᠨ᠂ | ᠮᠥᠩᠭᠦᠨ ᠭᠦᠢᠯᠭᠡᠭᠡᠨ ᠤ ᠬᠥᠭᠵᠢᠯᠲᠡ ᠶᠢ ᠳᠡᠮᠵᠢᠭᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠬᠤᠰᠢᠭᠤ ᠨᠡᠭᠡᠭᠡᠯᠳᠡ ᠶᠢᠨ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠪᠠᠶᠢᠭᠤᠯᠤᠮᠵᠢ ᠶᠢ ᠲᠡᠭᠦᠯᠳᠡᠷᠵᠢᠭᠦᠯᠬᠦ ᠶᠢ | ᠠᠬᠢᠭᠤᠯᠵᠤ᠂ ᠦᠨᠳᠦᠰᠦᠨ ᠱᠠᠲᠤᠨ ᠤ ᠮᠥᠩᠭᠦᠨ ᠭᠦᠢᠯᠭᠡᠭᠡᠨ ᠤ ᠠᠵᠢᠯ ᠤᠨ ᠦᠷ᠎ᠡ ᠳ᠋ᠦᠩ ᠦᠭᠡᠢ ᠠᠰᠠᠭᠤᠳᠠᠯ ᠢ | ᠰᠢᠢᠳᠪᠦᠷᠢᠯᠡᠨ᠎ᠡ᠃ ᠮᠥᠩᠭᠦᠨ ᠭᠦᠢᠯᠭᠡᠭᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠵᠦᠢᠯ ᠤᠨ | ᠠᠷᠭ᠎ᠠ ᠭᠡᠯᠪᠡᠷᠢ ᠶᠢ ᠠᠪᠴᠤ ᠪᠠᠶᠢᠭᠠᠳ ᠮᠥᠩᠭᠦᠨ ᠭᠦᠢᠯᠭᠡᠭᠡᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ᠎ᠡ᠃ | ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠵᠣᠯᠭᠠᠭᠤᠯᠬᠤ ᠦᠢᠯᠡᠴᠢᠯᠡᠭᠡᠨ ᠤ ᠤᠷᠲᠤ ᠬᠤᠭᠤᠴᠠᠭᠠᠨ ᠤ | ᠪᠦᠲᠦᠮᠵᠢᠲᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠩ ᠭᠤᠷᠪᠠᠨ ᠱᠠᠲᠤᠨ ᠤ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ︽ | ᠲᠥᠷᠥᠯ ᠵᠦᠢᠯ ᠢ ᠪᠠᠲᠤᠯᠠᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ | ᠬᠥᠳᠡᠭᠡ ᠲᠣᠰᠬᠤᠨ ᠳᠤ ᠪᠠᠭᠤᠯᠭᠠᠬᠤ︾ ᠳᠥᠷᠪᠡᠨ ᠦᠢᠯᠡᠴᠢᠯᠡᠭᠡᠨ ᠤ ᠡᠲᠡᠭᠡᠳ ᠢ ᠲᠣᠳᠣᠷᠬᠠᠶᠢᠯᠠᠵᠤ᠂ | ᠪᠦᠲᠦᠮᠵᠢᠲᠡᠢ ᠵᠣᠯᠭᠠᠭᠤᠯᠬᠤ ᠲᠠᠪᠴᠠᠩ ᠢ ᠪᠠᠶᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠪᠠᠶᠢᠭᠠᠳ ᠲᠤᠰᠬᠠᠢ ᠲᠥᠰᠥᠯ ᠲᠣᠭᠲᠠᠭᠠᠬᠤ᠂ ᠲᠤᠰᠬᠠᠢ ᠵᠦᠢᠯ ᠤᠨ ᠦᠢᠯᠡᠳᠬᠦᠨ ᠵᠢᠷᠤᠭᠯᠠᠨ | ᠲᠥᠯᠥᠪᠯᠡᠬᠦ᠂ ᠢᠵᠢ ᠪᠦᠷᠢᠳᠦᠭᠦᠯᠬᠦ ᠲᠤᠰᠬᠠᠢ ᠵᠦᠢᠯ ᠤᠨ ᠲᠤᠭ᠎ᠠ ᠬᠡᠮᠵᠢᠶ᠎ᠡ ᠶᠢ ᠪᠠᠭᠲᠠᠭᠠᠭᠰᠠᠨ᠂ ᠲᠤᠰᠬᠠᠢ | ᠵᠦᠢᠯ ᠤᠨ ᠨᠡᠪᠲᠡᠷᠡᠬᠦ ᠵᠠᠮ ᠢ ᠨᠡᠭᠡᠭᠡᠬᠦ᠂ ᠲᠤᠰᠬᠠᠢ ᠬᠥᠮᠥᠨ ᠵᠢᠭᠠᠨ ᠲᠣᠭᠲᠠᠭᠠᠵᠤ ᠵᠣᠯᠭᠠᠭᠤᠯᠤᠭᠰᠠᠨ᠂ ᠲᠤᠰᠬᠠᠢ | ᠵᠦᠢᠯ ᠢᠶᠠᠷ ᠬᠢᠨᠠᠨ ᠰᠢᠯᠭᠠᠯᠲᠠ ᠬᠢᠬᠦ ︽ᠵᠢᠷᠭᠤᠭᠠᠨ ᠲᠤᠰᠬᠠᠢ︾ ᠮᠥᠩᠭᠦᠨ ᠭᠦᠢᠯᠭᠡᠭᠡᠨ ᠤ ᠦᠢᠯᠡᠴᠢᠯᠡᠭᠡᠨ | ᠬᠠᠩᠭᠠᠨ᠎ᠠ᠃ ᠵᠠᠰᠠᠭ ᠪᠠ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠵᠣᠯᠭᠠᠭᠤᠯᠤᠨ ᠲᠥᠭᠦᠷᠵᠢᠭᠦᠯᠭᠦ | ᠦᠢᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ᠂ ᠮᠡᠳᠡᠭᠡ | ᠵᠠᠩᠭᠢ ᠨᠡᠶᠢᠲᠡᠯᠡᠬᠦ᠂ ᠮᠥᠷᠳᠡᠨ ᠦᠢᠯᠡᠴᠢᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠰᠢᠯᠭᠠᠨ | ᠬᠢᠨᠠᠵᠤ ᠮᠡᠳᠡᠭᠡᠯᠡᠬᠦ ᠵᠡᠷᠭᠡ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠠᠵᠤ ᠠᠬᠤᠶᠢᠯᠠᠯ ( ᠲᠥᠷᠥᠯ ᠵᠦᠢᠯ ) ᠤᠨ ᠰᠦᠯᠵᠢᠶᠡᠨ ᠭᠠᠳᠠᠨᠠᠬᠢ ᠶᠢ ᠮᠥᠷᠳᠡᠭᠦ ᠡᠷᠴᠢᠮ ᠢ | ᠴᠢᠩᠭᠠᠳᠬᠠᠬᠤ ᠶᠢ ᠠᠬᠢᠭᠤᠯᠵᠤ᠂ ᠪᠡᠯᠡ ᠲᠣᠬᠢᠷᠠᠭᠤᠯᠬᠤ ᠶᠢ ᠵᠣᠯᠭᠠᠭᠤᠯᠤᠭᠰᠠᠨ ᠦᠷ᠎ᠡ ᠪᠦᠲᠦᠭᠡᠯ ᠵᠢᠴᠢ ᠪᠡᠯᠡ | ᠮᠥᠩᠭᠦ ᠶᠢ ᠪᠣᠳᠠᠲᠠᠶᠢᠵᠢᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ︽ᠨᠢᠭᠡᠳᠦᠭᠡᠷ ᠺᠢᠯᠣᠮᠧᠲᠷ︾ ᠪᠠ ︽ | ᠬᠠᠮᠤᠭ ᠤᠨ ᠡᠴᠦᠰ ᠤᠨ ᠨᠢᠭᠡ ᠺᠢᠯᠣᠮᠧᠲᠷ︾ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠵᠣᠯᠭᠠᠭᠤᠯᠬᠤ | ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠶᠡᠷᠦᠩᠬᠡᠢ ᠬᠡᠯᠲᠡᠰ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠦᠷᠢᠶᠡᠵᠢᠯ ᠢ | ᠳᠡᠮᠵᠢᠭᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠲᠡᠮᠡᠴᠡᠨ ᠣᠯᠣᠨ᠎ᠠ︔ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ | ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠵᠡᠷᠭᠡ ᠬᠦᠷᠢᠶᠡᠨ ᠳᠠᠬᠢ ᠨᠡᠭᠡᠭᠡᠯᠲᠡ ᠶᠢᠨ ᠴᠢᠨᠠᠷᠲᠠᠢ | ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠪᠡᠯᠡ | ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ︔ ᠤᠯᠤᠰ ᠤᠨ ᠥᠮᠴᠢᠯᠡᠯ ᠤᠨ ᠬᠤᠳᠠᠯᠳᠤᠭᠠᠨ ᠤ | ᠪᠠᠩᠬᠢ ᠶᠢᠨ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠭᠦ ᠶᠢ | ᠠᠬᠢᠭᠤᠯᠤᠨ᠎ᠠ︔ ᠬᠤᠪᠢ ᠣᠷᠣᠭᠤᠯᠬᠤ ᠳᠦᠷᠢᠮᠲᠦ ᠬᠤᠳᠠᠯᠳᠤᠭᠠᠨ ᠤ ᠪᠠᠩᠬᠢ ᠶᠢᠨ ᠣᠨᠴᠠᠯᠢᠭᠲᠤ ᠦᠢᠯᠡᠳᠬᠦᠨ ᠪᠠ | ᠦᠢᠯᠡᠴᠢᠯᠡᠭᠡ ᠶᠢ ᠬᠥᠭᠵᠢᠭᠦᠯᠬᠦ ᠶᠢ ᠳᠡᠮᠵᠢᠨ᠎ᠡ︔ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠂ ᠰᠲ᠋ᠣᠺ ᠤᠨ | ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ᠂ ᠦᠨᠡᠲᠦ ᠲᠡᠮᠳᠡᠭᠲᠦ ᠶᠢᠨ ᠬᠤᠳᠠᠯᠳᠤᠭ᠎ᠠ ᠵᠡᠷᠭᠡ ᠯᠦᠭᠡ ᠶᠢᠨ | ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠳᠤ ᠮᠥᠩᠭᠦᠨ ᠭᠦᠢᠯᠭᠡᠭᠡᠨ ᠤ ᠨᠡᠩ ᠣᠯᠠᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠬᠡᠷᠡᠭᠲᠡᠢ᠃ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠠᠮᠵᠢᠯᠴᠠᠨ ᠠᠷᠢᠯᠭᠠᠬᠤ ᠠᠵᠢᠯ ᠤᠨ ᠲᠣᠭᠲᠠᠴᠠ ᠶᠢ | ᠪᠠᠶᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠡᠮᠬᠢᠯᠡᠨ | ᠳᠣᠳᠣᠷᠬᠠᠶᠢᠯᠠᠵᠦ᠂ ᠪᠣᠳᠠᠲᠠᠶᠢᠵᠢᠭᠤᠯᠵᠤ᠂ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ | ᠲᠣᠪᠴᠢᠶᠠᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠮᠠᠭᠤ | ᠵᠢᠭᠡᠯᠡᠯᠭᠡ ᠶᠢ ᠠᠷᠢᠯᠭᠠᠬᠤ ᠶᠢ ᠴᠢᠩᠭ᠎ᠠ ᠠᠳᠬᠤᠵᠤ᠂ ᠠᠶᠤᠯ ᠶᠡᠬᠡᠲᠡᠢ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠲᠦᠭᠰᠢᠭᠦᠷᠢ ᠶᠢ ᠠᠷᠢᠯᠭᠠᠬᠤ ᠵᠡᠷᠭᠡ ᠠᠵᠢᠯ ᠤᠨ ᠭᠤᠣᠯᠳᠠᠯᠭ᠎ᠠ ᠶᠢ ᠠᠯᠬᠤᠮ ᠠᠯᠬᠤᠮ ᠢᠶᠠᠷ | ᠨᠠᠷᠢᠯᠢᠭᠵᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ᠂ | ᠰᠡᠷᠡᠮᠵᠢᠯᠡᠭᠦᠯᠭᠦ᠂ ᠰᠢᠢᠳᠪᠦᠷᠢᠯᠡᠬᠦ ᠠᠵᠢᠯ ᠤᠨ ᠨᠠᠷᠢᠨ ᠬᠠᠭᠤᠳᠠᠰᠤ ᠶᠢ ᠠᠯᠬᠤᠮ ᠠᠯᠬᠤᠮ ᠢᠶᠠᠷ ᠨᠠᠷᠢᠯᠢᠭᠵᠢᠭᠤᠯᠤᠨ᠂ | ᠠᠵᠢᠯ ᠤᠨ ᠲᠣᠬᠢᠷᠠᠭᠤᠯᠤᠯᠲᠠ ᠪᠠ ᠵᠣᠬᠢᠴᠠᠭᠤᠯᠭ᠎ᠠ ᠶᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠬᠠᠮᠲᠤᠪᠠᠷ ᠲᠣᠭᠲᠠᠭᠤᠨ ᠪᠠᠶᠢᠯᠭᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ᠬᠠᠮᠵᠢᠯᠴᠠᠨ ᠪᠠᠩᠬᠢ ᠶᠢᠨ ᠦᠢᠯᠡᠰ᠂ ᠳᠠᠭᠠᠳᠬᠠᠯ ᠤᠨ ᠦᠢᠯᠡᠰ ᠵᠡᠷᠭᠡ ᠬᠦᠷᠢᠶ᠎ᠡ ᠴᠠᠷᠠᠭ᠎ᠠ ᠳᠠᠬᠢ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠭᠦ ᠲᠠᠪᠴᠠᠩ ᠢ ᠰᠦᠪᠡᠭᠴᠢᠯᠡᠨ | ᠪᠠᠶᠢᠭᠤᠯᠵᠤ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠲᠥᠷᠥᠯ ᠢᠯᠭᠠᠯ ᠪᠠ ᠲᠦᠭᠰᠢᠭᠦᠷᠢ ᠶᠡᠬᠡᠲᠡᠢ | ᠪᠠᠶᠢᠭᠤᠯᠤᠮᠵᠢ ᠶᠢᠨ ᠲᠦᠭᠰᠢᠭᠦᠷᠢ ᠶᠢᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠠᠩᠬᠠᠨ ᠤ | ᠣᠷᠣᠯᠴᠠᠭ᠎ᠠ ᠪᠠᠨ ᠴᠢᠩᠭᠠᠳᠬᠠᠨ᠂ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ᠃ ᠲᠦᠭᠰᠢᠭᠦᠷᠢ ᠶᠡᠬᠡᠲᠡᠢ | ᠪᠠᠶᠢᠭᠤᠯᠤᠮᠵᠢ ᠶᠢᠨ ᠲᠦᠭᠰᠢᠭᠦᠷᠢ ᠶᠢ ᠨᠠᠮᠳᠠᠭᠤᠯᠬᠤ ᠳᠤ ᠴᠢᠭᠯᠡᠭᠦᠯᠦᠨ᠂ ᠬᠠᠮᠵᠢᠯᠴᠠᠨ ᠰᠢᠢᠳᠪᠦᠷᠢᠯᠡᠬᠦ ᠠᠵᠢᠯ ᠤᠨ | ᠵᠠᠭᠪᠤᠷ ᠢ ᠪᠠᠶᠢᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ᠂ ᠬᠠᠷᠢᠶᠠᠲᠤ ᠭᠠᠵᠠᠷ ᠤᠨ | ᠲᠣᠭᠲᠠᠭᠤᠨ ᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ | ᠭᠤᠣᠯᠳᠠᠯᠭ᠎ᠠ ᠲᠠᠢ ᠠᠵᠤ ᠠᠬᠤᠶᠢᠯᠠᠯ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠳᠤ ᠴᠢᠭᠯᠡᠭᠦᠯᠦᠨ᠂ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠠᠵᠢᠯ ᠤᠨ ᠪᠠᠶᠢᠭᠤᠯᠤᠮᠵᠢ ᠶᠢᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠢᠭᠡᠯᠡᠯᠭᠡ ᠶᠢᠨ | ᠵᠥᠪᠯᠡᠯ ᠤᠨ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠤᠨ᠎ᠠ᠃ ᠢᠨᠲ᠋ᠧᠷ ᠰᠦᠯᠵᠢᠶ᠎ᠡ ᠶᠢᠨ ᠮᠥᠩᠭᠦᠨ ᠭᠦᠢᠯᠭᠡᠭᠡ | ᠪᠠ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠣᠯᠠᠨ ᠲᠦᠮᠡᠨ ᠳᠤ ᠬᠤᠯᠪᠣᠭᠳᠠᠭᠰᠠᠨ ᠮᠥᠩᠭᠦᠨ ᠭᠦᠢᠯᠭᠡᠭᠡᠨ ᠤ | ᠲᠦᠭᠰᠢᠭᠦᠷᠢ ᠳᠤ ᠴᠢᠭᠯᠡᠭᠦᠯᠦᠨ᠂ ᠳᠣᠲᠣᠭᠠᠳᠤ ᠶᠢ ᠬᠠᠮᠠᠭᠠᠯᠠᠬᠤ᠂ ᠲᠣᠣᠷ ᠰᠦᠯᠵᠢᠶ᠎ᠡ᠂ ᠴᠢᠮᠡᠭᠡ ᠬᠤᠯᠪᠤᠭ᠎ᠠ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠣᠣᠷ ᠰᠦᠯᠵᠢᠶ᠎ᠡ ᠶᠢ | ᠬᠢᠨᠠᠨ ᠡᠵᠡᠮᠳᠡᠬᠦ ᠵᠡᠷᠭᠡ ᠲᠠᠯ᠎ᠠ ᠪᠠᠷ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠢ᠃ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠲᠦᠭᠰᠢᠭᠦᠷᠢ ᠶᠢ | ᠰᠡᠷᠭᠡᠶᠢᠯᠡᠬᠦ᠂ ᠰᠡᠷᠡᠮᠵᠢᠯᠡᠭᠦᠯᠭᠦ᠂ ᠰᠢᠢᠳᠪᠦᠷᠢᠯᠡᠬᠦ᠂ ᠬᠠᠷᠢᠭᠤᠴᠠᠯᠭ᠎ᠠ ᠬᠡᠯᠡᠯᠴᠡᠬᠦ ᠶᠢ ᠬᠠᠮᠵᠢᠯᠴᠠᠨ ᠬᠢᠨᠠᠨ ᠬᠠᠮᠢᠶᠠᠷᠬᠤ | ᠰᠢᠰᠲ᠋ᠧᠮᠵᠢ ᠶᠢ ᠪᠠᠶᠢᠭᠤᠯᠤᠨ᠎ᠠ᠃ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠯᠴᠠᠭ᠎ᠠ ᠶᠢ ᠴᠢᠩᠭᠠᠳᠬᠠᠵᠤ᠂ | ᠰᠲ᠋ᠣᠺ ᠤᠨ ᠡᠷᠬᠡ ᠶᠢᠨ ᠬᠠᠮᠢᠶᠠᠷᠤᠯᠲᠠ᠂ ᠳᠠᠩᠰᠠᠨ ᠡᠷᠦᠭᠡ ᠶᠢᠨ ᠬᠠᠮᠢᠶᠠᠷᠤᠯᠲᠠ᠂ ᠵᠣᠭᠤᠰ ᠤᠬᠢᠶᠠᠬᠤ ᠶᠢ | ᠡᠰᠡᠷᠭᠦᠴᠡᠬᠦ ᠬᠠᠮᠢᠶᠠᠷᠤᠯᠲᠠ᠂ ᠬᠠᠮᠢᠶ᠎ᠠ ᠪᠦᠬᠦᠢ ᠬᠠᠮᠢᠶᠠᠷᠤᠯᠲᠠ᠂ ᠬᠤᠯᠪᠤᠭᠠᠯᠠᠨ ᠠᠷᠠᠯᠵᠢᠶᠠᠯᠠᠬᠤ ᠵᠡᠷᠭᠡ ᠲᠠᠯ᠎ᠠ ᠪᠠᠷ | ᠮᠡᠳᠡᠭᠡ ᠵᠠᠩᠭᠢ ᠶᠢ ᠬᠠᠮᠲᠤᠪᠠᠷ ᠭᠦᠷᠲᠡᠭᠦ᠂ ᠬᠤᠯᠪᠤᠭᠠᠯᠠᠨ ᠬᠥᠳᠡᠯᠦᠯᠴᠡᠬᠦ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ | ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠢᠨᠲ᠋ᠧᠷ ᠰᠦᠯᠵᠢᠶ᠎ᠡ ᠶᠢᠨ ᠮᠥᠩᠭᠦᠨ ᠭᠦᠢᠯᠭᠡᠭᠡᠨ ᠤ | ᠲᠦᠭᠰᠢᠭᠦᠷᠢ ᠶᠢᠨ ᠬᠠᠮᠵᠢᠯᠴᠠᠨ ᠬᠢᠨᠠᠨ ᠬᠠᠮᠢᠶᠠᠷᠬᠤ ᠠᠵᠢᠯ ᠤᠨ ᠵᠠᠭᠪᠤᠷ ᠢ ᠰᠦᠪᠡᠭᠴᠢᠯᠡᠵᠦ᠂ ᠲᠣᠮᠣ ᠲᠤᠭ᠎ᠠ | ᠪᠠᠷᠢᠮᠲᠠ᠂ ᠲᠣᠣᠷ ᠰᠦᠯᠵᠢᠶ᠎ᠡ ᠶᠢᠨ ᠮᠡᠳᠡᠭᠡ ᠵᠠᠩᠭᠢ ᠶᠢᠨ ᠬᠢᠨᠠᠨ ᠡᠵᠡᠮᠳᠡᠬᠦ᠂ ᠳᠠᠩᠰᠠᠨ ᠡᠷᠦᠭᠡ ᠶᠢᠨ ᠬᠡᠪ ᠤᠨ ᠪᠤᠰᠤ | ᠬᠠᠨᠳᠤᠰᠢ ᠵᠡᠷᠭᠡ ᠲᠠᠯ᠎ᠠ ᠪᠠᠷ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠪᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠬᠤ ᠪᠠᠨ ᠴᠢᠩᠭᠠᠳᠬᠠᠨ᠎ᠠ᠃ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠴᠢᠳᠠᠪᠤᠷᠢ ᠪᠠᠨ ᠳᠡᠭᠡᠭᠰᠢᠯᠡᠭᠦᠯᠭᠦ ᠬᠠᠮᠲᠤᠷᠠᠯᠴᠠᠭ᠎ᠠ ᠥᠷᠨᠢᠭᠦᠯᠬᠦ ᠶᠢ | ᠰᠦᠪᠡᠭᠴᠢᠯᠡᠵᠦ᠂ ᠬᠠᠮᠲᠤᠷᠠᠨ ᠪᠤᠯᠪᠠᠰᠤᠷᠠᠭᠤᠯᠬᠤ᠂ ᠺᠠᠳ᠋ᠷ ᠢ ᠲᠤᠰᠢᠶᠠᠯ ᠡᠭᠦᠷᠭᠡᠯᠡᠭᠦᠯᠦᠨ ᠰᠣᠯᠢᠯᠴᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠡᠩᠨᠡᠭᠡ ᠶᠢᠨ ᠦᠢᠯᠡᠳᠦᠯᠭᠡ ᠶᠢᠨ ᠲᠤᠷᠰᠢᠯᠭ᠎ᠠ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠡᠷᠭᠢᠨ ᠲᠣᠭᠤᠷᠢᠨ ᠤ ᠠᠶᠢᠮᠠᠭ ᠬᠤᠲᠠ ᠯᠤᠭ᠎ᠠ ᠶᠢᠨ ᠬᠡᠪᠰᠢᠭᠰᠡᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠣᠨᠳᠣᠣ ᠭᠠᠵᠠᠷ ᠯᠤᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠰᠤᠷᠤᠯᠴᠠᠵᠤ | ᠰᠣᠯᠢᠯᠴᠠᠬᠤ ᠶᠢ ᠥᠷᠨᠢᠭᠦᠯᠦᠨ᠂ ᠲᠡᠷᠢᠭᠦᠨ ᠤ ᠬᠢᠨᠠᠯᠲᠠ ᠬᠠᠮᠢᠶᠠᠷᠤᠯᠲᠠ ᠶᠢᠨ ᠲᠤᠷᠰᠢᠯᠭ᠎ᠠ ᠪᠠᠷ ᠲᠣᠯᠢ ᠪᠤᠯᠭᠠᠬᠤ | ᠬᠡᠷᠡᠭᠲᠡᠢ᠃ | ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠮᠥᠩᠭᠦᠨ | ᠭᠦᠢᠯᠭᠡᠭᠡᠨ ᠤ ᠬᠠᠤᠯᠢᠵᠢᠭᠰᠠᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ | ᠰᠠᠯᠠᠭ᠎ᠠ ᠮᠥᠴᠢᠷ ᠤᠨ ᠢᠲᠡᠭᠡᠯ ᠠᠯᠳᠠᠭᠰᠠᠨ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠮᠡᠬᠡᠯᠡᠯ᠂ ᠮᠠᠭᠤ ᠰᠠᠨᠠᠭ᠎ᠠ ᠲᠠᠢ ᠪᠠᠷ ᠪᠠᠩᠬᠢ ᠶᠢᠨ | ᠥᠷᠢ ᠥᠭᠴᠡᠭᠡ ᠠᠴᠠ ᠵᠠᠶᠢᠯᠠᠵᠤ ᠦᠭᠡᠶᠢᠰᠭᠡᠭᠦ ᠵᠡᠷᠭᠡ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ | ᠴᠡᠭᠡᠷᠯᠡᠭᠦᠯᠬᠦ ᠡᠷᠴᠢᠮ ᠢ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠬᠠᠤᠯᠢ ᠴᠠᠭᠠᠵᠠ ᠶᠢᠨ | ᠪᠠᠶᠢᠭᠤᠯᠭ᠎ᠠ ᠶᠢᠨ ᠲᠦᠷᠭᠡᠨ ᠪᠥᠭᠡᠳ ᠥᠨᠳᠥᠷ ᠪᠦᠲᠦᠮᠵᠢᠲᠡᠢ ᠵᠣᠬᠢᠴᠠᠭᠤᠯᠤᠨ ᠵᠣᠯᠭᠠᠯᠳᠤᠭᠤᠯᠬᠤ ᠲᠣᠭᠲᠠᠴᠠ ᠶᠢ | ᠪᠠᠶᠢᠭᠤᠯᠵᠤ᠂ ᠮᠥᠩᠭᠦᠨ ᠭᠦᠢᠯᠭᠡᠭᠡᠨ ᠤ ᠠᠪᠴᠠᠭᠠᠨ ᠤ ᠡᠷᠬᠡ ᠶᠢᠨ ᠬᠡᠷᠡᠭ ᠢ ᠰᠢᠢᠳᠪᠦᠷᠢᠯᠡᠬᠦ ︽ᠰᠠᠭᠠᠳ ᠦᠭᠡᠢ | ᠨᠡᠪᠲᠡᠷᠡᠬᠦ ᠵᠠᠮ︾ ᠢ ᠪᠠᠶᠢᠭᠤᠯᠤᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠬᠡᠷᠡᠭ ᠢ ᠲᠤᠰᠬᠠᠢ | ᠲᠥᠪᠯᠡᠷᠡᠭᠦᠯᠦᠨ ᠬᠠᠮᠢᠶᠠᠷᠬᠤ ᠵᠢᠴᠢ ᠲᠤᠰᠬᠠᠶᠢᠵᠢᠭᠤᠯᠤᠨ ᠰᠢᠭᠦᠨ ᠲᠠᠰᠤᠯᠬᠤ ᠶᠢ ᠪᠡᠶᠡᠯᠡᠭᠦᠯᠦᠨ᠎ᠡ᠃ ᠢᠲᠡᠭᠡᠮᠵᠢ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠤᠨ ᠪᠦᠭᠦᠨ ᠢ | ᠬᠠᠮᠤᠷᠤᠭᠰᠠᠨ ᠮᠠᠯᠵᠢᠬᠤ ᠲᠠᠷᠢᠶᠠᠯᠠᠬᠤ ᠡᠷᠦᠭᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠢᠲᠡᠭᠡᠯ ᠠᠯᠳᠠᠭᠰᠠᠨ ᠠᠵᠤ ᠠᠬᠤᠶᠢᠯᠠᠯ᠂ ᠢᠲᠡᠭᠡᠯ ᠠᠯᠳᠠᠭᠰᠠᠨ | ᠬᠤᠪᠢ ᠬᠥᠮᠥᠨ ᠤ ᠬᠠᠷ᠎ᠠ ᠳᠠᠩᠰᠠ ᠶᠢ ᠪᠠᠶᠢᠭᠤᠯᠵᠤ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠢᠯᠡᠴᠢᠯᠡᠬᠦ | ᠡᠷᠴᠢᠮ ᠢ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠦᠨᠡᠨᠴᠢ | ᠢᠲᠡᠭᠡᠮᠵᠢᠲᠡᠢ᠂ ᠴᠠᠭ ᠲᠤᠬᠠᠢ ᠳᠤᠨᠢ ᠵᠢᠭᠡᠯᠡᠯᠭᠡ ᠪᠤᠴᠠᠭᠠᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ | ᠮᠠᠯᠵᠢᠬᠤ ᠲᠠᠷᠢᠶᠠᠯᠠᠬᠤ ᠡᠷᠦᠭᠡ ᠳᠤ ᠵᠢᠭᠡᠯᠡᠯᠭᠡ ᠶᠢᠨ ᠬᠦᠦ ᠶᠢᠨ ᠨᠣᠷᠮ᠎ᠠ᠂ ᠲᠤᠭ᠎ᠠ ᠬᠡᠮᠵᠢᠶ᠎ᠡ ᠵᠡᠷᠭᠡ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠭᠦ ᠬᠡᠷᠡᠭᠲᠡᠢ᠃ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ | ᠡᠷᠬᠡ ᠠᠰᠢᠭ ᠢ ᠬᠠᠮᠠᠭᠠᠯᠠᠬᠤ ᠲᠣᠭᠲᠠᠴᠠ ᠶᠢᠨ ᠪᠠᠶᠢᠭᠤᠯᠤᠯᠲᠠ ᠶᠢ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠤ | ᠳᠡᠮᠵᠢᠯᠭᠡ ᠶᠢ ᠲᠦᠭᠡᠮᠡᠯᠵᠢᠭᠦᠯᠬᠦ ᠶᠢ ᠳᠡᠮᠵᠢᠭᠦ ᠤᠷᠲᠤ ᠬᠤᠭᠤᠴᠠᠭᠠᠨ ᠤ ᠦᠷ᠎ᠡ ᠪᠦᠲᠦᠮᠵᠢᠲᠡᠢ ᠲᠣᠭᠲᠠᠴᠠ ᠶᠢ | ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠲᠣᠣᠷ ᠴᠡᠭ ᠤᠨ ᠳᠠᠪᠠᠭᠤᠯᠢᠭ ᠢᠶᠠᠨ | ᠠᠰᠢᠭᠯᠠᠨ ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠲᠦᠭᠡᠮᠡᠯᠵᠢᠭᠦᠯᠬᠦ ᠬᠥᠮᠦᠵᠢᠯ ᠥᠷᠨᠢᠭᠦᠯᠬᠦ ᠶᠢ | ᠵᠣᠷᠢᠭᠵᠢᠭᠤᠯᠤᠨ᠂ ᠷᠠᠳᠢᠤ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ | ᠠᠰᠢᠭᠯᠠᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠪᠠᠨ ᠴᠢᠩᠭᠠᠳᠬᠠᠬᠤ ᠶᠢ ᠨᠢ ᠵᠣᠷᠢᠭᠵᠢᠭᠤᠯᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠣᠷᠣᠭᠤᠯᠤᠭᠴᠢᠳ ᠤᠨ ᠲᠣᠬᠢᠷᠠᠮᠵᠢᠲᠠᠢ ᠬᠠᠮᠢᠶᠠᠷᠤᠯᠲᠠ ᠪᠣᠯᠣᠨ ᠮᠥᠩᠭᠦᠨ | ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠬᠤ ᠶᠢ ᠠᠬᠢᠭᠤᠯᠵᠤ᠂ ᠨᠡᠶᠢᠭᠡᠮ | ᠨᠡᠶᠢᠲᠡ ᠶᠢᠨ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ | ᠲᠠᠪᠤᠳᠤᠭᠠᠷ ᠪᠦᠯᠦᠭ ᠪᠠᠲᠤᠯᠠᠬᠤ ᠠᠷᠭ᠎ᠠ ᠬᠡᠮᠵᠢᠶ᠎ᠡ | ᠨᠢᠭᠡᠳᠦᠭᠡᠷ ᠬᠡᠰᠡᠭ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠨᠠᠮ ᠤᠨ ᠤᠳᠤᠷᠢᠳᠤᠯᠭ᠎ᠠ ᠶᠢ | ᠴᠢᠩᠭᠠᠳᠬᠠᠨ᠎ᠠ | ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ︽ | ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠨᠠᠮ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠲᠥᠷᠥ ᠶᠢᠨ ᠪᠣᠳᠣᠯᠭ᠎ᠠ ᠶᠢ | ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠪᠠ ᠲᠣᠭᠲᠠᠯ ᠬᠦᠴᠦᠨ ᠢ ᠳᠡᠭᠡᠭᠰᠢᠯᠡᠭᠦᠯᠵᠦ᠂ | ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ | ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ | ᠪᠠᠲᠤᠯᠠᠨ᠎ᠠ᠃ ᠨᠠᠮ ᠤᠨ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠠᠬᠢ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠨ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠠᠮ ᠤᠨ ᠤᠳᠤᠷᠢᠳᠤᠯᠭ᠎ᠠ | ᠪᠠ ᠺᠤᠮᠫᠠᠨᠢ ᠶᠢᠨ ᠵᠠᠰᠠᠯᠲᠠ ᠶᠢ ᠬᠠᠷᠢᠯᠴᠠᠨ ᠨᠢᠭᠡᠳᠦᠭᠦᠯᠬᠦ ᠶᠢ ᠠᠬᠢᠭᠤᠯᠵᠤ᠂ ᠬᠦᠰᠡᠯᠡᠩ ᠢᠲᠡᠭᠡᠯ ᠵᠣᠷᠢᠭ ᠤᠨ | ᠬᠥᠮᠦᠵᠢᠯ᠂ ᠨᠠᠮᠴᠢ ᠴᠢᠨᠠᠷ ᠤᠨ ᠬᠥᠮᠦᠵᠢᠯ᠂ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ᠂ ︽ᠨᠠᠮ ᠤᠨ | ᠪᠠᠶᠢᠭᠤᠯᠤᠯᠲᠠ + ᠮᠥᠩᠭᠦᠨ ᠭᠦᠢᠯᠭᠡᠭᠡᠨ︾ ᠤ ᠠᠵᠢᠯ ᠤᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ | ᠪᠠᠶᠢᠭᠤᠯᠤᠯᠲᠠ ᠶᠢᠨ ᠠᠵᠢᠯ ᠢ ᠲᠤᠬᠠᠶᠢᠯᠠᠭᠰᠠᠨ ᠠᠵᠢᠯ ᠲᠠᠢ ᠪᠦᠲᠦᠮᠵᠢᠲᠡᠢ ᠵᠣᠯᠭᠠᠭᠤᠯᠵᠤ᠂ ᠨᠠᠮ ᠤᠨ | ᠪᠠᠶᠢᠭᠤᠯᠤᠯᠲᠠ ᠪᠠᠷ ᠮᠥᠩᠭᠦᠨ ᠭᠦᠢᠯᠭᠡᠭᠡᠨ ᠢ ᠠᠬᠢᠭᠤᠯᠬᠤ᠂ ᠮᠥᠩᠭᠦᠨ ᠭᠦᠢᠯᠭᠡᠭᠡ ᠪᠠᠷ ᠨᠠᠮ ᠤᠨ ᠪᠠᠶᠢᠭᠤᠯᠤᠯᠲᠠ ᠶᠢ | ᠠᠬᠢᠭᠤᠯᠬᠤ ᠠᠵᠢᠯ ᠤᠨ ᠠᠭᠤᠷ ᠠᠮᠢᠰᠬᠤᠯ ᠢ ᠪᠤᠢ ᠪᠤᠯᠭᠠᠬᠤ ᠶᠢ ᠠᠬᠢᠭᠤᠯᠬᠤ ᠬᠡᠷᠡᠭᠲᠡᠢ᠃ | ᠬᠤᠶᠠᠳᠤᠭᠠᠷ ᠬᠡᠰᠡᠭ ᠠᠵᠢᠯ ᠤᠨ ᠬᠠᠮᠵᠢᠯᠴᠠᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ | ᠴᠢᠩᠭᠠᠳᠬᠠᠨ᠎ᠠ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ | ᠲᠣᠪᠴᠢᠶ᠎ᠠ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ ᠪᠠᠳᠠᠷᠠᠭᠤᠯᠤᠨ᠂ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠶᠡᠷᠦᠩᠬᠡᠢ ᠵᠢᠯᠣᠭᠤᠳᠤᠯᠭ᠎ᠠ ᠪᠠ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠥᠯᠦᠪᠵᠢᠭᠦᠯᠭᠡ ᠶᠢ ᠬᠡᠷᠡᠭᠵᠢᠭᠦᠯᠬᠦ | ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠨ᠂ ᠡᠯ᠎ᠡ ᠲᠥᠷᠥᠯ ᠵᠦᠢᠯ ᠤᠨ ᠬᠠᠷᠠᠯᠲᠠ᠂ ᠡᠭᠦᠷᠭᠡ | ᠪᠠ ᠠᠷᠭ᠎ᠠ ᠬᠡᠮᠵᠢᠶ᠎ᠡ ᠶᠢᠨ ᠪᠣᠳᠠᠲᠠᠶᠢᠵᠢᠬᠤ ᠶᠢ ᠦᠨᠡᠨᠬᠦ ᠪᠠᠲᠤᠯᠠᠨ᠎ᠠ᠃ ᠤᠯᠤᠰ ᠤᠨ ᠮᠥᠩᠭᠦᠨ ᠭᠦᠢᠯᠭᠡᠭᠡᠨ ᠤ | ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠤᠯᠭᠠᠵᠤ᠂ | ᠮᠠᠨ ᠤ ᠠᠶᠢᠮᠠᠭ ᠤᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠪᠠ ᠮᠥᠩᠭᠦᠨ ᠭᠦᠢᠯᠭᠡᠭᠡᠨ ᠤ ᠠᠵᠤ ᠦᠢᠯᠡᠰ ᠢ | ᠳᠡᠮᠵᠢᠭᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠶᠢ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠴᠢᠭᠯᠡᠭᠦᠯᠭᠦ ᠴᠢᠨᠠᠷᠲᠠᠢ ᠲᠤᠰᠬᠠᠢ ᠵᠦᠢᠯ ᠢᠶᠠᠷ | ᠲᠡᠳᠭᠦᠭᠦ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠨᠡᠶᠢᠲᠡᠯᠡᠵᠦ᠂ ᠮᠥᠩᠭᠦᠨ ᠭᠦᠢᠯᠭᠡᠭᠡᠨ ᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢᠨ ᠬᠠᠮᠲᠤ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠴᠠᠭ ᠲᠤᠬᠠᠢ ᠳᠤᠨᠢ ᠦᠨᠡᠯᠡᠨ ᠵᠢᠱᠢᠭᠦ ᠬᠡᠷᠡᠭᠲᠡᠢ᠃ ᠡᠯ᠎ᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠴᠢᠷᠮᠠᠶᠢᠨ ᠣᠯᠬᠤ᠂ | ᠣᠷᠣᠨ ᠨᠤᠲᠤᠭ ᠤᠨ ᠬᠥᠭᠵᠢᠯᠲᠡ ᠪᠣᠯᠣᠨ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠪᠠᠶᠢᠭᠤᠯᠤᠯᠲᠠ ᠶᠢᠨ ᠰᠠᠨᠠᠭᠠᠴᠢᠯᠠᠭᠠᠲᠤ ᠴᠢᠨᠠᠷ ᠪᠣᠯᠣᠨ ᠢᠳᠡᠪᠬᠢᠵᠢᠯ ᠢ ᠭᠦᠢᠴᠡᠳ ᠳᠠᠶᠢᠴᠢᠯᠠᠬᠤ | ᠬᠡᠷᠡᠭᠲᠡᠢ᠃ | ᠭᠤᠷᠪᠠᠳᠤᠭᠠᠷ ᠬᠡᠰᠡᠭ ᠮᠥᠩᠭᠦᠨ ᠭᠦᠢᠯᠭᠡᠭᠡᠨ ᠤ ᠴᠢᠳᠠᠪᠤᠷᠢᠲᠠᠨ ᠢ ᠴᠤᠭᠯᠠᠷᠠᠭᠤᠯᠬᠤ | ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠮᠥᠩᠭᠦᠨ ᠭᠦᠢᠯᠭᠡᠭᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠵᠦ᠂ ᠡᠯ᠎ᠡ | ᠲᠥᠷᠥᠯ ᠤᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠢ ᠰᠠᠶᠢᠨ ᠮᠡᠳᠡᠳᠡᠭ᠂ ᠮᠥᠩᠭᠦᠨ ᠭᠦᠢᠯᠭᠡᠭᠡᠨ ᠤ ᠪᠠᠭᠠᠵᠢ | ᠬᠡᠷᠡᠭᠰᠡᠯ ᠢ ᠰᠠᠶᠢᠨ ᠮᠡᠳᠡᠳᠡᠭ ᠳᠡᠭᠡᠳᠦ ᠳᠡᠰ ᠳᠠᠪᠬᠤᠷᠭ᠎ᠠ᠂ ᠳᠠᠭᠠᠭᠤᠯᠤᠭᠴᠢ ᠭᠡᠯᠪᠡᠷᠢ᠂ ᠬᠤᠪᠣᠷ ᠴᠤᠬᠠᠭ | ᠭᠡᠯᠪᠡᠷᠢ ᠶᠢᠨ ᠴᠢᠳᠠᠪᠤᠷᠢᠲᠠᠨ ᠢ ᠬᠦᠴᠦᠯᠡᠨ ᠲᠡᠳᠡᠨ ᠣᠷᠣᠭᠤᠯᠬᠤ ᠬᠡᠷᠡᠭᠲᠡᠢ᠃ ᠰᠤᠷᠭᠠᠭᠤᠯᠢ ᠪᠠ ᠠᠵᠤ | ᠠᠬᠤᠶᠢᠯᠠᠯ ᠤᠨ ᠬᠤᠷᠰᠢᠯᠴᠠᠭ᠎ᠠ᠂ ᠤᠯᠤᠰ ᠲᠥᠷᠥ ᠪᠠ ᠰᠤᠷᠭᠠᠭᠤᠯᠢ ᠬᠢᠭᠡᠳ ᠰᠢᠨᠵᠢᠯᠡᠬᠦ ᠤᠬᠠᠭᠠᠨ ᠤ | ᠰᠤᠳᠤᠯᠤᠯ ᠤᠨ ᠬᠤᠯᠪᠤᠭ᠎ᠠ᠂ ᠦᠢᠯᠡᠳᠪᠦᠷᠢᠯᠡᠬᠦ ᠵᠢᠭᠠᠬᠤ ᠰᠤᠳᠤᠯᠬᠤ ᠬᠤᠯᠪᠤᠭ᠎ᠠ ᠶᠢ ᠴᠢᠩᠭᠠᠳᠬᠠᠨ᠂ ᠪᠡᠯᠡᠳᠬᠡᠯ | ᠴᠢᠳᠠᠪᠤᠷᠢᠲᠠᠨ ᠤ ᠬᠦᠴᠦᠨ ᠢ ᠬᠤᠷᠠᠮᠳᠤᠭᠤᠯᠤᠨ᠎ᠠ᠃ ᠺᠠᠳ᠋ᠷ ᠢ ᠬᠠᠯᠠᠮᠵᠢᠯᠠᠨ ᠬᠠᠶᠢᠷᠠᠯᠠᠵᠤ᠂ ᠴᠢᠩᠭ᠎ᠠ ᠬᠠᠮᠢᠶᠠᠷᠬᠤ ᠪᠠ | ᠭᠦᠨ ᠵᠤᠵᠠᠭᠠᠨ ᠬᠠᠶᠢᠷᠠᠯᠠᠬᠤ ᠶᠢ ᠤᠶᠠᠯᠳᠤᠭᠤᠯᠬᠤ᠂ ᠵᠣᠷᠢᠭᠵᠢᠭᠤᠯᠬᠤ ᠪᠠ ᠬᠢᠵᠠᠭᠠᠷᠯᠠᠬᠤ ᠶᠢ ᠬᠠᠮᠲᠤ ᠳᠤᠨᠢ | ᠴᠢᠬᠤᠯᠠᠴᠢᠯᠠᠬᠤ ᠶᠢ ᠪᠠᠷᠢᠮᠲᠠᠯᠠᠵᠤ᠂ ᠺᠠᠳ᠋ᠷ ᠤᠨ ᠦᠰᠦᠨ ᠪᠣᠶᠢᠵᠢᠬᠤ ᠶᠢ ᠠᠩᠬᠠᠷᠴᠤ᠂ ᠰᠢᠯᠢᠳᠡᠭ ᠺᠠᠳ᠋ᠷ ᠤᠨ | ᠵᠠᠩᠭᠢᠯᠠᠭ᠎ᠠ ᠶᠢᠨ ᠠᠵᠢᠯ ᠤᠨ ᠪᠠᠶᠢᠷᠢᠨ ᠳᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠬᠤ ᠶᠢ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠲᠤᠰᠬᠠᠢ ᠮᠡᠷᠭᠡᠵᠢᠯᠲᠡᠨ ᠡᠷᠳᠡᠮᠲᠡᠳ ᠢ ᠤᠷᠢᠵᠤ ︽ᠮᠥᠩᠭᠦᠨ ᠭᠦᠢᠯᠭᠡᠭᠡᠨ ᠤ ᠣᠶᠤᠨ ᠤ | ᠬᠥᠮᠥᠷᠭᠡ︾ ᠶᠢ ᠪᠠᠶᠢᠭᠤᠯᠵᠤ᠂ ᠮᠠᠨ ᠤ ᠠᠶᠢᠮᠠᠭ ᠤᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ | ᠣᠶᠤᠨ ᠤ ᠪᠠᠲᠤᠯᠠᠭ᠎ᠠ ᠬᠠᠩᠭᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ | ᠮᠥᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ | ᠺᠠᠳ᠋ᠷ ᠢ ᠲᠤᠰᠢᠶᠠᠯ ᠡᠭᠦᠷᠭᠡᠯᠡᠭᠦᠯᠦᠨ ᠪᠤᠯᠪᠠᠰᠤᠷᠠᠭᠤᠯᠬᠤ ᠲᠣᠭᠲᠠᠴᠠ ᠪᠠᠶᠢᠭᠤᠯᠬᠤ ᠶᠢ ᠠᠬᠢᠭᠤᠯᠵᠤ᠂ ᠺᠠᠳ᠋ᠷ ᠤᠨ | ᠮᠥᠩᠭᠦᠨ ᠭᠦᠢᠯᠭᠡᠭᠡᠨ ᠤ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠳᠥᠷᠪᠡᠳᠦᠭᠡᠷ ᠬᠡᠰᠡᠭ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ | ᠳᠡᠭᠡᠭᠰᠢᠯᠡᠭᠦᠯᠦᠨ᠎ᠡ | ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠵᠠᠰᠠᠭ | ᠵᠠᠬᠢᠷᠭ᠎ᠠ ᠪᠠ ᠰᠠᠭᠤᠷᠢ ᠪᠡᠯᠡᠳᠬᠡᠮᠵᠢ ᠶᠢᠨ ᠲᠥᠷᠥᠯ ᠤᠨ ᠳ᠋ᠠᠶᠢᠲ᠋ᠠ ᠶᠢ ᠨᠢᠭᠡᠳᠬᠡᠨ ᠴᠢᠯᠦᠭᠡᠲᠡᠢ ᠪᠤᠯᠭᠠᠬᠤ ᠶᠢ | ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢ | ᠪᠦᠲᠦᠮᠵᠢᠲᠡᠢ ᠵᠣᠬᠢᠶᠠᠨ ᠪᠠᠶᠢᠭᠤᠯᠬᠤ ᠪᠠ ᠠᠰᠢᠭᠯᠠᠵᠤ᠂ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠦᠢᠯᠡᠴᠢᠯᠡᠭᠡᠨ ᠤ ᠵᠠᠮ ᠮᠥᠷ ᠢ ᠪᠠᠶᠠᠯᠢᠭᠵᠢᠭᠤᠯᠵᠤ᠂ ᠮᠥᠩᠭᠦᠨ | ᠭᠦᠢᠯᠭᠡᠭᠡᠨ ᠤ ᠨᠡᠷᠡᠳᠭᠦᠨ ᠤ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠬᠦ ᠶᠢ ᠳᠡᠮᠵᠢᠵᠦ᠂ ᠮᠥᠩᠭᠦᠨ ᠭᠦᠢᠯᠭᠡᠭᠡᠨ ᠤ | ᠨᠡᠷᠡᠳᠭᠦᠨ ᠪᠠ ᠦᠢᠯᠡᠴᠢᠯᠡᠭᠡᠨ ᠢ ᠲᠣᠭᠠᠴᠢᠯᠠᠬᠤ᠂ ᠲᠣᠣᠷ ᠰᠦᠯᠵᠢᠶᠡᠵᠢᠭᠦᠯᠬᠦ᠂ ᠣᠶᠤᠨᠵᠢᠭᠤᠯᠬᠤ ᠴᠢᠭᠯᠡᠯ ᠳᠠᠰᠢ | ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ | ᠲᠠᠪᠤᠳᠤᠭᠠᠷ ᠬᠡᠰᠡᠭ ᠲᠥᠯᠦᠪᠵᠢᠭᠦᠯᠭᠡ ᠶᠢ ᠦᠨᠡᠯᠡᠨ ᠵᠢᠱᠢᠵᠦ ᠬᠢᠨᠠᠨ ᠰᠢᠯᠭᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠭᠦ ᠶᠢ | ᠠᠬᠢᠭᠤᠯᠵᠤ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠪᠤᠰᠤᠳ ᠲᠥᠯᠦᠪᠵᠢᠭᠦᠯᠭᠡ ᠯᠦᠭᠡ | ᠵᠣᠬᠢᠴᠠᠭᠤᠯᠤᠨ ᠵᠣᠯᠭᠠᠯᠳᠤᠭᠤᠯᠬᠤ ᠶᠢ ᠰᠠᠶᠢᠲᠤᠷ ᠬᠢᠵᠦ᠂ ᠠᠵᠢᠯ ᠤᠨ ᠨᠡᠶᠢᠯᠡᠯ ᠬᠦᠴᠦᠨ ᠢ ᠪᠤᠢ ᠪᠤᠯᠭᠠᠬᠤ ᠬᠡᠷᠡᠭᠲᠡᠢ᠃ | ᠬᠡᠪᠰᠢᠭᠰᠡᠨ ᠦᠨᠡᠯᠡᠨ ᠵᠢᠱᠢᠭᠦ ᠲᠣᠭᠲᠠᠴᠠ ᠶᠢ ᠪᠠᠶᠢᠭᠤᠯᠵᠤ᠂ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ | ᠂ ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠣᠯᠵᠤ | ᠮᠡᠳᠡᠨ᠂ ᠴᠢᠭᠯᠡᠭᠦᠯᠭᠦ ᠴᠢᠨᠠᠷᠲᠠᠢ ᠰᠢᠢᠳᠪᠦᠷᠢᠯᠡᠬᠦ ᠲᠥᠰᠥᠯ ᠢ ᠳᠤᠷᠠᠳᠬᠤ ᠬᠡᠷᠡᠭᠲᠡᠢ᠃ ᠲᠥᠯᠦᠪᠵᠢᠭᠦᠯᠭᠡ ᠶᠢ | ᠬᠡᠷᠡᠭᠵᠢᠭᠦᠯᠦᠭᠰᠡᠨ ᠣᠨ ᠤ ᠬᠢᠨᠠᠨ ᠭᠡᠮᠵᠢᠭᠦ᠂ ᠳᠤᠮᠳᠠ ᠬᠤᠭᠤᠴᠠᠭᠠᠨ ᠤ ᠦᠨᠡᠯᠡᠨ ᠵᠢᠱᠢᠭᠦ ᠪᠠ ᠡᠴᠦᠰ ᠤᠨ | ᠬᠤᠭᠤᠴᠠᠭᠠᠨ ᠤ ᠳ᠋ᠦᠩᠨᠡᠯᠲᠡ ᠬᠢᠬᠦ ᠶᠢ ᠥᠷᠨᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ | ᠦᠨᠳᠦᠰᠦᠯᠡᠨ᠂ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ | ᠬᠡᠷᠡᠭᠲᠡᠢ᠃ | ᠵᠢᠷᠭᠤᠳᠤᠭᠠᠷ ᠬᠡᠰᠡᠭ ᠮᠡᠳᠡᠭᠡ ᠵᠠᠩᠭᠢ ᠶᠢᠨ ᠰᠣᠯᠢᠯᠴᠠᠭᠠᠨ ᠤ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠦᠨ᠎ᠡ | ᠣᠷᠣᠨ ᠪᠦᠰᠡ ᠶᠢᠨ ᠣᠨᠴᠠᠯᠢᠭ ᠢ ᠪᠠᠷᠢᠮᠲᠠᠯᠠᠨ᠂ ᠠᠯᠠᠱᠠ ᠶᠢᠨ ᠮᠥᠩᠭᠦᠨ ᠭᠦᠢᠯᠭᠡᠭᠡᠨ ᠤ ᠠᠵᠢᠯ ᠤᠨ | ᠬᠢᠯᠠᠯᠵᠠᠮ᠎ᠠ ᠠᠮᠵᠢᠯᠳᠠ᠂ ᠲᠤᠷᠰᠢᠯᠭ᠎ᠠ ᠶᠢ ᠴᠠᠭ ᠲᠤᠬᠠᠢ ᠳᠤᠨᠢ ᠣᠨᠣᠪᠴᠢᠲᠠᠢ ᠨᠡᠶᠢᠲᠡᠯᠡᠵᠦ᠂ ᠠᠵᠤ ᠠᠬᠤᠢ ᠮᠥᠩᠭᠦᠨ | ᠭᠦᠢᠯᠭᠡᠭᠡᠨ ᠤ ᠬᠦᠷᠢᠶ᠎ᠡ ᠬᠡᠪᠴᠢᠶᠡᠨ ᠳᠠᠬᠢ ᠰᠤᠳᠤᠯᠭᠠᠨ ᠤ ᠡᠮᠦᠨ᠎ᠡ ᠹᠷᠣᠨᠲ ᠪᠣᠯᠣᠨ ᠬᠠᠯᠠᠮᠰᠢᠯ ᠠᠰᠠᠭᠤᠳᠠᠯ ᠢ | ᠲᠤᠰᠬᠠᠨ᠂ ᠣᠷᠣᠨ ᠪᠦᠰᠡ ᠶᠢᠨ ᠠᠵᠤ ᠠᠬᠤᠢ ᠮᠥᠩᠭᠦᠨ ᠭᠦᠢᠯᠭᠡᠭᠡᠨ ᠤ ᠬᠦᠴᠢᠷ ᠠᠰᠠᠭᠤᠳᠠᠯ ᠢ ᠭᠦᠨᠵᠡᠭᠡᠢ | ᠰᠤᠳᠤᠯᠵᠤ᠂ ︽ᠮᠥᠩᠭᠦᠨ ᠭᠦᠢᠯᠭᠡᠭᠡ ᠶᠢ ᠰᠤᠷᠬᠤ᠂ ᠮᠥᠩᠭᠦᠨ ᠭᠦᠢᠯᠭᠡᠭᠡ ᠶᠢ ᠣᠶᠢᠯᠠᠭᠠᠬᠤ᠂ ᠮᠥᠩᠭᠦᠨ | ᠭᠦᠢᠯᠭᠡᠭᠡ ᠶᠢ ᠬᠡᠷᠡᠭᠯᠡᠬᠦ᠂ ᠮᠥᠩᠭᠦᠨ ᠭᠦᠢᠯᠭᠡᠭᠡ ᠶᠢ ᠠᠬᠢᠭᠤᠯᠬᠤ︾ ᠠᠭᠤᠷ ᠠᠮᠢᠰᠬᠤᠯ ᠢ ᠦᠨᠡᠨᠬᠦ ᠪᠤᠢ ᠪᠤᠯᠭᠠᠵᠤ᠂ | ᠮᠥᠩᠭᠦᠨ ᠭᠦᠢᠯᠭᠡᠭᠡᠨ ᠤ ᠮᠡᠳᠡᠭᠡ ᠵᠠᠩᠭᠢ ᠶᠢᠨ ᠰᠣᠯᠢᠯᠴᠠᠭᠠᠨ ᠤ ︽ᠬᠠᠮᠤᠭ ᠤᠨ ᠡᠴᠦᠰ ᠤᠨ ᠨᠢᠭᠡ ᠺᠢᠯᠣᠮᠧᠲᠷ︾ ᠢ | ᠨᠡᠪᠲᠡᠷᠡᠭᠦᠯᠦᠨ᠎ᠡ᠃ | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | | |