ᠮᠠᠨ ᠤ ᠣᠷᠣᠨ ᠤ ᠡᠯ᠎ᠡ ᠱᠠᠲᠤᠨ ᠤ ᠤᠯᠤᠰ ᠤᠨ ᠬᠥᠮᠥᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠶᠢ ᠨᠡᠶᠢᠲᠡ 1.99 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2022/3/2
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠶᠢᠨ ᠲᠥᠯᠥᠭᠡ᠂ ᠠᠷᠠᠳ ᠤᠨ ᠪᠠᠩᠬᠢ ᠶᠢᠨ ᠭᠦᠭᠡᠬᠤᠲᠠ ᠶᠢᠨ ᠲᠥᠪ ᠰᠠᠯᠪᠤᠷᠢ ᠪᠠᠩᠬᠢ ᠪᠦᠭᠦ ᠣᠷᠣᠨ ᠤ ᠡᠯ᠎ᠡ ᠱᠠᠲᠤᠨ ᠤ ᠤᠯᠤᠰ ᠤᠨ ᠬᠥᠮᠥᠷᠭᠡ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠶᠢ ᠪᠠᠭᠤᠯᠭᠠᠨ ᠥᠭᠭᠦ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠪᠡ᠃ 2 ᠰᠠᠷ᠎ᠠ ᠶᠢᠨ 28 ᠤ ᠡᠳᠦᠷ ᠪᠤᠯᠲᠠᠯ᠎ᠠ᠂ ᠪᠦᠭᠦ ᠣᠷᠣᠨ ᠤ ᠡᠯ᠎ᠡ ᠱᠠᠲᠤᠨ ᠤ ᠤᠯᠤᠰ ᠤᠨ ᠬᠥᠮᠥᠷᠭᠡ ᠠᠴᠠ ᠬᠢᠵᠢᠭ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠶᠢ ᠨᠡᠶᠢᠲᠡ 208 ᠤᠳᠠᠭ᠎ᠠ ᠪᠠᠭᠤᠯᠭᠠᠵᠤ᠂ ᠵᠣᠭᠤᠰ ᠤᠨ ᠲᠤᠭ᠎ᠠ ᠨᠢ 1.99 ᠳ᠋ᠦᠩᠰᠢᠭᠤᠷ ᠲᠥᠭᠦᠷᠢᠭ ᠲᠤ ᠬᠦᠷᠴᠡᠢ᠃      ᠬᠢᠵᠢᠭ ᠤᠨ ᠪᠠᠶᠢᠳᠠᠯ ᠳᠤ ᠬᠠᠨᠳᠤᠭᠤᠯᠤᠨ᠂ ᠠᠷᠠᠳ ᠤᠨ ᠪᠠᠩᠬᠢ ᠶᠢᠨ ᠭᠦᠭᠡᠬᠤᠲᠠ ᠶᠢᠨ ᠲᠥᠪ ᠰᠠᠯᠪᠤᠷᠢ ᠪᠠᠩᠬᠢ ᠲᠡᠷᠡ ᠳᠠᠷᠤᠢ ᠳᠤᠨᠢ ᠠᠵᠢᠯ ᠤᠨ ᠵᠠᠷᠯᠢᠭ ᠪᠠᠭᠤᠯᠭᠠᠵᠤ᠂ ᠪᠦᠭᠦ ᠣᠷᠣᠨ ᠤ ᠡᠯ᠎ᠡ ᠱᠠᠲᠤᠨ ᠤ ᠤᠯᠤᠰ ᠤᠨ ᠬᠥᠮᠥᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠦᠴᠦᠲᠡᠢ ᠪᠥᠭᠡᠳ ᠪᠦᠲᠦᠮᠵᠢᠲᠡᠶ ᠨᠠᠶᠢᠳᠠᠪᠤᠷᠢᠵᠢᠭᠤᠯᠵᠤ᠂ ᠤᠯᠤᠰ ᠤᠨ ᠬᠥᠮᠥᠷᠭᠡ ᠶᠢᠨ ᠠᠵᠢᠯᠲᠠᠨ᠂ ᠪᠡᠯᠡ ᠮᠥᠩᠭᠦ᠂ ᠰᠢᠰᠲ᠋ᠧᠮ ᠤᠨ ᠠᠵᠢᠯᠯᠠᠭᠠᠨ ᠤ ᠲᠤᠶᠢᠯ ᠤᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠲᠣᠰ ᠪᠠᠩᠬᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠶᠢ ᠪᠠᠭᠤᠯᠭᠠᠨ ᠦᠭᠭᠦ ᠲᠣᠬᠢᠷᠠᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠠᠷᠭᠠᠴᠠᠭᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠲᠣᠭᠲᠠᠭᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠶᠢ ᠪᠠᠭᠤᠯᠭᠠᠨ ᠥᠭᠭᠦ ᠰᠠᠭᠠᠳ ᠦᠭᠡᠢ ᠨᠡᠪᠲᠡᠷᠡᠬᠦ ᠵᠠᠮ ᠢ ᠳᠠᠷᠤᠢ ᠲᠦᠷᠭᠡᠨ ᠨᠠᠪᠲᠠᠷᠡᠭᠦᠯᠵᠦ᠂︽ᠣᠨᠴᠠᠭᠠᠶ ᠶᠠᠪᠤᠳᠠᠯ ᠢ ᠣᠨᠴᠠᠭᠠᠶ ᠪᠠᠷ ᠰᠢᠢᠳᠪᠦᠷᠢᠯᠡᠬᠦ᠂ ᠳᠠᠷᠤᠢ ᠳᠤᠨᠢ ᠭᠦᠢᠴᠡᠳᠬᠡᠬᠦ᠂ ᠤᠷᠢᠳ ᠢᠶᠠᠷ ᠭᠦᠢᠴᠡᠳᠬᠡᠵᠦ ᠳᠠᠷᠠᠭ᠎ᠠ ᠨᠢ ᠨᠥᠬᠦᠪᠦᠷᠢᠯᠡᠬᠦ︾ᠵᠠᠷᠴᠢᠮ ᠶᠣᠰᠣᠭᠠᠷ᠂ ᠰᠦᠯᠵᠢᠶᠡᠨ ᠳᠡᠭᠡᠷ᠎ᠡ ᠨᠡᠪᠲᠡᠷᠡᠯᠴᠡᠬᠦ᠂ ᠰᠦᠯᠵᠢᠶᠡᠨ ᠭᠠᠳᠠᠨ᠎ᠠ ᠰᠢᠢᠳᠪᠦᠷᠢᠯᠡᠬᠦ ᠠᠷᠭ᠎ᠠ ᠭᠡᠯᠪᠡᠷᠢ ᠶᠢ ᠠᠪᠴᠤ᠂ ᠤᠯᠤᠰ ᠤᠨ ᠬᠥᠮᠥᠷᠭᠡ ᠶᠢᠨ ᠵᠣᠭᠤᠰ ᠮᠥᠩᠭᠦ ᠪᠠᠭᠤᠯᠭᠠᠨ ᠥᠭᠭᠦ ᠲᠤᠬᠠᠶᠢᠯᠠᠭᠰᠠᠨ ᠠᠵᠢᠯ ᠤᠨ ᠬᠢᠨᠠᠨ ᠬᠠᠷᠭᠤᠭᠤᠯᠬᠤ ᠬᠤᠷᠳᠤᠴᠠ ᠶᠢ ᠲᠦᠷᠭᠡᠳᠬᠡᠪᠡ᠃ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠲᠣᠰ ᠪᠠᠩᠬᠢ ᠨᠢ ᠪᠠᠷᠢᠮᠲᠠ ᠳᠦᠷᠰᠦ ᠰᠢᠩᠭᠡᠭᠡᠯᠲᠡ ᠶᠢ ᠬᠢᠨᠠᠨ ᠬᠠᠷᠭᠤᠭᠤᠯᠬᠤ᠂ ᠲᠤᠬᠠᠶᠢᠯᠠᠭᠰᠠᠨ ᠠᠵᠢᠯ ᠢ ᠤᠷᠢᠳ ᠢᠶᠠᠷ ᠭᠦᠢᠴᠡᠳᠬᠡᠬᠦ᠂ ᠬᠡᠷᠡᠭ ᠤᠨ ᠳᠠᠷᠠᠭ᠎ᠠ ᠰᠣᠯᠢᠵᠤ ᠨᠥᠬᠦᠪᠦᠷᠢᠯᠡᠬᠦ ᠠᠷᠭ᠎ᠠ ᠵᠠᠮ ᠢᠶᠠᠷ ᠳᠠᠮᠵᠢᠭᠤᠯᠤᠨ᠂ ᠲᠦᠭᠵᠢᠷᠡᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠶᠢ ᠴᠠᠭ ᠲᠤᠬᠠᠢ ᠳᠤᠨᠢ᠂ ᠠᠮᠤᠷ ᠲᠦᠪᠰᠢᠨ᠂ ᠣᠨᠣᠪᠴᠢᠲᠠᠶ ᠪᠠᠷ ᠪᠠᠭᠤᠯᠭᠠᠨ ᠥᠭᠭᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠲᠣᠰ ᠪᠠᠩᠬᠢ ᠨᠢ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠴᠢᠩᠭᠠᠳᠬᠠᠵᠤ᠂ ᠤᠯᠤᠰ ᠤᠨ ᠬᠥᠮᠥᠷᠭᠡ ᠶᠢᠨ ᠦᠢᠯᠡᠴᠢᠯᠡᠭᠡ ᠦᠯᠦ ᠲᠠᠰᠤᠯᠳᠠᠬᠤ ᠶᠢ ᠪᠡᠶᠡᠯᠡᠭᠦᠯᠵᠦ᠂ AB ᠭᠡᠯᠪᠡᠷᠢ ᠶᠢᠨ ᠠᠵᠢᠯ ᠤᠨ ᠪᠠᠶᠢᠷᠢ ᠶᠢᠨ ᠡᠭᠡᠯᠵᠢᠯᠡᠬᠦ ᠳᠦᠷᠢᠮ ᠢ ᠬᠡᠷᠡᠭᠵᠢᠭᠦᠯᠵᠦ᠂ ᠠᠵᠢᠯᠲᠠᠨ ᠢ ᠲᠣᠬᠢᠷᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢ ᠪᠠᠲᠤᠯᠠᠵᠤ᠂ ᠤᠯᠤᠰ ᠤᠨ ᠬᠥᠮᠥᠷᠭᠡ ᠶᠢᠨ ᠦᠢᠯᠡᠴᠢᠯᠡᠭᠡ ᠵᠣᠭᠰᠣᠰᠢ ᠦᠭᠡᠢ ᠪᠠᠶᠢᠬᠤ ᠶᠢ ᠪᠠᠲᠤᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号