ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠭᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠵᠠᠢ
ᠨᠡᠶᠢᠲᠡᠯᠡᠭᠰᠡᠨ ᠴᠠᠭ᠄
2022/3/22
      3 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠭᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠭᠢᠯᠡᠪᠡ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ ᠪᠠᠷ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠡᠨᠡ ᠬᠠᠪᠤᠷ ᠠᠴᠠ ᠨᠠᠭᠠᠰᠢᠬᠢ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠪᠠᠶᠢᠳᠠᠯ ᠲᠡᠶᠢᠮᠦ ᠰᠠᠶᠢᠨ ᠪᠢᠰᠢ ᠪᠠᠶᠢᠨ᠎ᠠ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠢᠮᠡᠷ ᠤᠨ ᠠᠶᠤᠯ ᠢ ᠤᠷᠢᠳᠴᠢᠯᠠᠨ ᠰᠡᠷᠡᠮᠵᠢᠯᠡᠬᠦ ᠪᠠᠨ ᠴᠢᠩᠭᠠᠳᠬᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠬᠢᠯᠢ ᠶᠢᠨ ᠭᠠᠳᠠᠨᠠᠬᠢ ᠪᠠ ᠠᠶᠤᠩᠭ᠎ᠠ ᠠᠴᠠ ᠪᠣᠯᠤᠭᠰᠠᠨ ᠲᠦᠢᠮᠡᠷ ᠢ ᠰᠡᠷᠭᠡᠶᠢᠯᠡᠬᠦ ᠬᠡᠷᠡᠭᠲᠡᠢ᠃ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠢᠵᠢᠭᠦᠷ ᠤᠨ ᠲᠣᠬᠢᠷᠠᠭᠤᠯᠤᠯᠲᠠ ᠶᠢ ᠴᠢᠩᠳᠠᠯᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠴᠢᠩᠭᠠᠳᠬᠠᠵᠤ᠂ ᠲᠦᠢᠮᠡᠷ ᠤᠨᠲᠠᠷᠠᠭᠠᠬᠤ ᠵᠢᠯᠣᠭᠤᠳᠤᠯᠭ᠎ᠠ ᠪᠠᠨ ᠴᠢᠩᠭᠠᠳᠬᠠᠵᠤ᠂ ᠲᠦᠢᠮᠡᠷ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠵᠠᠷᠤᠳᠠᠯ ᠤᠨ ᠪᠠᠲᠤᠯᠠᠭ᠎ᠠ᠂ ᠡᠩᠨᠡᠭᠡᠨ ᠤ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠪᠣᠯᠣᠨ ᠰᠢᠨᠵᠢᠯᠡᠬᠦ ᠤᠬᠠᠭᠠᠨ ᠲ᠊ ᠸᠭᠨᠢᠭ ᠮᠡᠷᠭᠡᠵᠢᠯ ᠤᠨ ᠲᠤᠯᠭᠠᠭᠤᠷᠢᠯᠠᠯ ᠵᠡᠷᠭᠡ ᠲᠠᠯ᠎ᠠ ᠪᠠᠷ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠶᠡᠷᠦᠩᠬᠡᠶᠢᠯᠡᠭᠰᠡᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠣᠷᠵᠢᠭᠤᠯᠤᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号