ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢᠨ | ᠲᠤᠰᠠᠳᠠ᠂ ︽ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ 2035︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠥᠲᠥᠯᠪᠦᠷᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠵᠢᠴᠢ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠤᠬᠠᠶ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠦᠨᠳᠦᠰᠦᠯᠡᠨ᠂ ᠠᠯᠠᠱᠠ ᠠᠶᠢᠮᠠᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠶᠢ ᠲᠣᠭᠲᠠᠭᠠᠪᠠ᠃ | ᠨᠢᠭᠡ᠂ ᠦᠨᠳᠦᠰᠦᠨ ᠪᠠᠶᠢᠳᠠᠯ | ︵ᠨᠢᠭᠡ︶ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠠᠮᠵᠢᠯᠲᠠ | 1 . ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠦᠷᠭᠦᠯᠵᠢᠯᠡᠨ ᠨᠡᠮᠡᠭᠳᠡᠵᠦ᠂ ᠰᠤᠷᠭᠠᠨ | ᠬᠥᠮᠦᠵᠢᠯ ᠤᠨ ᠪᠠᠲᠤᠯᠠᠭ᠎ᠠ ᠶᠢᠨ ᠴᠢᠳᠠᠪᠤᠷᠢ ᠢᠯᠡᠳᠲᠡ ᠴᠢᠩᠭᠠᠷᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠬᠤᠭᠤᠴᠠᠭᠠᠨ ᠳᠤ ᠪᠦᠬᠦ ᠠᠶᠢᠮᠠᠭ ᠤᠨ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠥᠮᠦᠵᠢᠯ ᠤᠨ ᠵᠠᠷᠤᠳᠠᠯ | 50 . 91 ᠳ᠋ᠦᠩᠰᠢᠭᠤᠷ ᠲᠥᠭᠦᠷᠢᠭ ᠲᠤ ᠬᠦᠷᠴᠦ᠂ ᠳᠤᠮᠳᠠᠴᠢ ᠪᠠᠷ ᠵᠢᠯ ᠪᠦᠷᠢ 10 . 67 % ᠪᠠᠷ ᠨᠡᠮᠡᠭᠳᠡᠪᠡ᠃ | 2020 ᠣᠨ ᠳᠤ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠥᠮᠦᠵᠢᠯ ᠤᠨ ᠵᠠᠷᠤᠳᠠᠯ ᠢ 12 . 66 ᠳ᠋ᠦᠩᠰᠢᠭᠤᠷ | ᠲᠥᠭᠦᠷᠢᠭ ᠲᠤ ᠬᠦᠷᠭᠡᠵᠦ᠂ 2015 ᠣᠨ ᠤ ᠬᠢ ᠠᠴᠠ 4 . 66 ᠳ᠋ᠦᠩᠰᠢᠭᠤᠷ ᠲᠥᠭᠦᠷᠢᠭ ᠨᠡᠮᠡᠭᠳᠡᠬᠦᠯᠪᠡ᠃ | ᠣᠷᠣᠨ ᠨᠤᠲᠤᠭ ᠤᠨ ᠣᠷᠣᠭᠤᠯᠤᠯᠲᠠ ᠶᠢ ᠨᠡᠮᠡᠭᠳᠡᠭᠦᠯᠬᠦ ᠶᠢᠨ ᠬᠠᠮᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠳᠡᠮᠵᠢᠯᠭᠡ ᠶᠢ ᠢᠳᠡᠪᠬᠢᠯᠡᠨ ᠣᠯᠵᠤ᠂ 2016 ᠣᠨ ᠠᠴᠠ ᠣᠲᠣ ᠪᠣᠯᠲᠠᠯ᠎ᠠ᠂ ᠳᠡᠭᠡᠳᠦ ᠱᠠᠲᠤᠨ ᠤ ᠪᠠᠯᠠ ᠮᠥᠩᠭᠦ ᠶᠢ | ᠨᠡᠶᠢᠲᠡ 11 . 53 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠢᠯᠡᠴᠢᠯᠡᠭᠡ ᠶᠢ ᠲᠡᠭᠦᠯᠳᠡᠷᠵᠢᠭᠦᠯᠬᠦ ᠳᠤ ᠬᠦᠴᠦᠲᠡᠶ ᠡᠳ᠋ ᠤᠨ ᠬᠦᠴᠦᠨ ᠤ ᠪᠠᠲᠤᠯᠠᠭ᠎ᠠ ᠬᠠᠩᠭᠠᠪᠠ᠃ | 2 . ᠰᠤᠷᠭᠠᠨ ᠬᠥᠮᠦᠵᠢᠯ ᠤᠨ ᠬᠠᠲᠠᠭᠤ ᠬᠡᠷᠡᠭᠰᠡᠯ ᠤᠨ ᠣᠷᠣᠭᠤᠯᠤᠯᠲᠠ ᠲᠠᠰᠤᠷᠠᠯᠲᠠ ᠤᠢᠭᠡᠢ ᠨᠡᠮᠡᠭᠳᠡᠵᠦ᠂ | ᠰᠤᠷᠭᠠᠭᠤᠯᠢ ᠡᠷᠬᠢᠯᠡᠬᠦ ᠨᠥᠬᠦᠴᠡᠯ ᠢᠯᠡᠷᠬᠡᠶ ᠰᠠᠶᠢᠵᠢᠷᠠᠪᠠ᠃ ︽ᠠᠷᠪᠠᠨ ᠭᠤᠷᠪᠠᠳᠣᠭᠠᠷ ᠳᠠᠪᠣᠨ ᠵᠢᠯ︾ ᠤᠨ | ᠲᠥᠯᠥᠪᠵᠢᠭᠦᠯᠭᠡ ᠠᠴᠠ ᠨᠠᠰᠢ᠂ ︽ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠤᠷᠠᠶ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠰᠠᠭᠤᠷᠢ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠬᠤ | ᠲᠥᠷᠥᠯ ᠵᠦᠢᠯ︾᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠷᠢᠮᠵᠢᠶᠠᠵᠢᠭᠤᠯᠤᠭᠰᠠᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ︾᠂ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ | ᠵᠢᠭᠠᠨ ᠰᠤᠷᠭᠠᠯᠲᠠ ᠶᠢ ᠠᠭᠤᠰᠤᠯᠴᠠᠭᠤᠯᠬᠤ ᠢᠨᠵᠧᠨᠧᠷᠢᠩ︾᠂ ︽ᠬᠢᠯᠢ ᠬᠢᠵᠠᠭᠠᠷ ᠤᠨ ᠬᠠᠲᠠᠭᠤᠵᠢᠯᠲᠠᠶ ᠭᠠᠵᠠᠷ | ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠲᠦᠷ ᠰᠠᠭᠤᠬᠤ ᠪᠠᠶᠢᠷᠢ ᠶᠢᠨ ᠬᠡᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ︾ ᠪᠣᠯᠤᠨ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠠᠬᠢᠭᠤᠯᠬᠤ ᠢᠨᠵᠧᠨᠧᠷᠢᠩ︾ ᠵᠡᠷᠭᠡ ᠠᠯᠢ ᠣᠯᠠᠨ ᠰᠠᠭᠤᠷᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠬᠡᠷᠡᠭᠵᠢᠭᠦᠯᠪᠡ᠃ ᠪᠦᠬᠦ ᠠᠶᠢᠮᠠᠭ ᠲᠤ ᠨᠡᠶᠢᠲᠡ 11 . 12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | 16 ᠬᠡᠦᠬᠡᠳ ᠤᠨ ᠴᠡᠴᠡᠷᠯᠢᠭ᠂ 3 ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠤᠭᠰᠠᠨ ᠪᠤᠶᠤ | ᠥᠷᠭᠡᠳᠬᠡᠨ ᠪᠠᠶᠢᠭᠤᠯᠵᠤ᠂ ᠰᠤᠷᠭᠠᠭᠤᠯᠢ ᠶᠢᠨ ᠪᠠᠶᠢᠷᠢ ᠶᠢᠨ ᠲᠠᠯᠠᠪᠠᠢ 28 . 02 ᠲᠦᠮᠡᠨ ᠲᠡᠭᠰᠢ ᠳᠥᠷᠪᠡᠯᠵᠢᠨ | ᠮᠧᠲᠷ ᠲᠤ ᠬᠦᠷᠴᠦ᠂ ᠪᠦᠬᠦ ᠠᠶᠢᠮᠠᠭ ᠤᠨ ᠰᠤᠷᠭᠠᠭᠤᠯᠢ ᠡᠷᠬᠢᠯᠡᠬᠦ ᠨᠥᠬᠦᠴᠡᠯ ᠶᠡᠬᠡᠪᠡᠷ ᠰᠠᠶᠢᠵᠢᠷᠠᠪᠠ᠃ | 3 . ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠵᠣᠬᠢᠴᠠᠩᠭᠤᠶ ᠬᠥᠭᠵᠢᠵᠦ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠲᠦᠷᠭᠡᠨ ᠬᠥᠭᠵᠢᠪᠡ᠃ ᠠᠯᠠᠱᠠ ᠠᠶᠢᠮᠠᠭ ᠤᠨ ᠬᠤᠶᠠᠳᠤᠭᠠᠷ ᠬᠤᠭᠤᠴᠠᠭ᠎ᠠ᠂ | ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭᠠᠨ ᠤ | ᠲᠥᠯᠥᠪᠯᠡᠭᠡ ᠶᠢ ᠪᠡᠶᠡᠯᠡᠭᠦᠯᠵᠦ᠂ ᠪᠥᠬᠦ ᠠᠶᠢᠮᠠᠭ ᠲᠤ 1 . 49 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ | ᠬᠡᠦᠬᠡᠳ ᠤᠨ ᠴᠡᠴᠡᠷᠯᠢᠭ ᠢ ᠪᠥᠲᠥᠭᠡᠨ ᠪᠠᠶᠢᠭᠤᠯᠬᠤ᠂ 16 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ | ᠥᠭᠡᠷᠡᠴᠢᠯᠡᠵᠦ ᠥᠷᠭᠡᠳᠬᠡᠨ ᠪᠠᠶᠢᠭᠤᠯᠬᠤ ᠳᠤ ᠬᠡᠷᠡᠭᠯᠡᠪᠡ᠂ ᠡᠭᠦᠨ ᠳᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ | ᠠᠷᠠᠳ ᠠᠴᠠ ᠡᠷᠭᠢᠯᠡᠭᠰᠡᠨ 6 ᠬᠡᠦᠬᠡᠳ ᠤᠨ ᠴᠡᠴᠡᠷᠯᠢᠭ ᠢ ᠲᠡᠳᠬᠦᠨ ᠪᠠᠶᠢᠭᠤᠯᠵᠤ᠂ ᠬᠡᠦᠬᠡᠳ ᠤᠨ ᠴᠡᠴᠡᠷᠯᠢᠭ ᠤᠨ | ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠰᠤᠷᠭᠠᠭᠤᠯᠢ ᠡᠷᠭᠢᠯᠡᠬᠦ ᠨᠥᠬᠦᠴᠡᠯ ᠢ ᠢᠯᠡᠳᠲᠡ ᠰᠠᠶᠢᠵᠢᠷᠠᠭᠤᠯᠵᠤ᠂ | ᠭᠤᠤᠯᠳᠠᠯᠭ᠎ᠠ ᠲᠠᠢ ᠪᠠᠯᠭᠠᠰᠤ ᠶᠢᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠬᠤ ᠳᠤ | ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠪᠠ᠃ ᠪᠥᠬᠦ ᠠᠶᠢᠮᠠᠭ ᠤᠨ ᠰᠤᠷᠬᠤ ᠨᠠᠰᠤᠨ ᠠᠴᠠ | ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠤᠷᠤᠭᠰᠠᠨ ᠪᠥᠬᠦ ᠨᠣᠷᠮ᠎ᠠ 97 % ᠳᠤ ᠬᠦᠷᠴᠦ᠂ ᠪᠥᠬᠦ | ᠣᠷᠣᠨ ᠤ ᠬᠢ ᠠᠴᠠ 2 . 6 ᠵᠠᠭᠤᠨ ᠤ ᠴᠡᠭ ᠥᠨᠳᠥᠷ ᠪᠣᠯᠪᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ | ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 85 . 4 % ᠳᠤ ᠬᠦᠷᠴᠦ᠂ ᠠᠯᠪᠠᠨ ᠠᠴᠠ ᠡᠷᠭᠢᠯᠡᠭᠰᠡᠨ | ᠬᠡᠦᠬᠡᠳ ᠤᠨ ᠴᠡᠴᠡᠷᠯᠢᠭ ᠤᠨ ᠬᠡᠦᠬᠡᠳ ᠤᠨ ᠴᠡᠴᠡᠷᠯᠢᠭ ᠲᠠᠬᠢ ᠡᠵᠡᠯᠡᠬᠦ ᠬᠠᠷᠢᠴᠠᠯ 60 . 69 % ᠳᠤ ᠬᠦᠷᠴᠦ᠂ | ᠬᠤᠶᠠᠷ ᠵᠦᠢᠯ ᠤᠨ ᠬᠦᠢᠴᠡᠳᠭᠡᠯ ᠲᠤᠭ᠎ᠠ ᠨᠢ ᠴᠥᠮ ᠤᠯᠤᠰ ᠤᠨ ᠱᠠᠭᠠᠷᠳᠠᠯᠭ᠎ᠠ ᠳᠤ ᠤᠷᠢᠳᠴᠢᠯᠠᠨ ᠬᠥᠷᠪᠡ ︵ | 2020 ᠣᠨ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠬᠠᠮᠤᠷᠬᠤ ᠨᠣᠷᠮ᠎ᠠ 80 | % ᠳᠤ ᠬᠦᠷᠴᠦ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠡᠦᠬᠡᠳ ᠤᠨ ᠴᠡᠴᠡᠷᠯᠢᠭ ᠲᠠᠬᠢ | ᠡᠵᠡᠯᠡᠬᠦ ᠬᠠᠷᠢᠴᠠᠯ 50 % ᠳᠤ ᠬᠥᠷᠪᠡ︶᠃ ᠪᠦᠬᠦ ᠠᠶᠢᠮᠠᠭ ᠲᠤ ᠥᠪᠡᠷᠲᠡᠭᠡᠨ ᠵᠠᠰᠠᠬᠤ ᠣᠷᠣᠨ ᠤ ᠲᠠᠰ ᠤᠨ | ᠵᠢᠱᠢᠶ᠎ᠡ ᠦᠵᠡᠭᠦᠯᠬᠦ ᠴᠡᠴᠡᠷᠯᠢᠭ 9 ᠪᠠᠶᠢᠵᠤ᠂ ᠪᠦᠬᠦ ᠠᠶᠢᠮᠠᠭ ᠤᠨ ᠠᠯᠪᠠᠨ ᠠᠴᠠ ᠡᠷᠬᠢᠯᠡᠭᠰᠡᠨ ᠴᠡᠴᠡᠷᠯᠢᠭ ᠤᠨ | ᠳᠣᠲᠣᠷ᠎ᠠ ᠡᠵᠡᠯᠡᠬᠦ ᠬᠠᠷᠢᠴᠠᠯ ᠢ 50 % ᠳᠤ ᠬᠦᠷᠭᠡᠪᠡ᠃ | ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠭᠦᠭᠵᠢᠬᠦᠯᠪᠡ᠃ ᠪᠦᠬᠦ ᠠᠶᠢᠮᠠᠭ ᠤᠨ ᠶᠢᠰᠦᠨ | ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠨᠢ 100 % ᠳᠤ ᠬᠦᠷᠴᠦ᠂ | ᠪᠦᠬᠦ ᠣᠷᠣᠨ ᠤ ᠳᠤᠮᠳᠠᠴᠢ ᠬᠢᠷᠢ ᠲᠦᠪᠰᠢᠨ ᠠᠴᠠ 7 ᠵᠠᠭᠤᠨ ᠤ ᠴᠡᠭ ᠥᠨᠳᠥᠷ ᠪᠣᠯᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠭᠦᠯᠦᠭᠰᠡᠨ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ᠂ ᠵᠣᠬᠢᠬᠤ | ᠨᠠᠰᠤᠨ ᠤ ᠬᠥᠮᠦᠨ ᠠᠮᠠ ᠶᠢᠨ ᠰᠤᠷᠭᠠᠭᠤᠯᠢ ᠳᠤ ᠣᠷᠣᠭᠰᠠᠨ ᠨᠣᠷᠮ᠎ᠠ ᠨᠢ ᠴᠥᠮ 100 % ᠳᠤ ᠬᠦᠷᠪᠡ᠃ | 2016 ᠣᠨ ᠳᠤ᠂ ᠮᠠᠨ ᠤ ᠠᠶᠢᠮᠠᠭ ᠡᠩ ᠲᠡᠷᠢᠭᠦᠨ ᠳᠤ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠶ ᠬᠤᠰᠢᠭᠤ ᠶᠢ ᠪᠦᠬᠦᠯᠢ ᠴᠣᠭᠴᠠ ᠪᠠᠷ | ᠪᠡᠶᠡᠯᠡᠭᠦᠯᠦᠭᠰᠡᠨ ᠠᠶᠢᠮᠠᠭ ᠬᠤᠲᠠ ᠪᠣᠯᠪᠠ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ | ᠲᠣᠭᠲᠠᠭᠤᠨ ᠢᠶᠠᠷ ᠳᠡᠭᠡᠭᠰᠢᠯᠡᠪᠡ᠃ ᠪᠥᠬᠦ ᠠᠶᠢᠮᠠᠭ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠲᠦᠭᠡᠮᠡᠯᠵᠢᠭᠦᠯᠬᠦ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠰᠤᠷᠭᠠᠭᠤᠯᠢ ᠳᠤ ᠤᠷᠤᠭᠰᠠᠨ | ᠪᠥᠬᠦ ᠨᠣᠷᠮ᠎ᠠ 96 . 5 % ᠳᠤ ᠬᠥᠷᠪᠡ᠃ ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢ | ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠴᠢᠨᠠᠷᠲᠠᠶ ᠡᠩ ᠤᠨ ᠥᠨᠳᠥᠷ ᠳᠤᠮᠳᠠᠳᠤ ᠪᠣᠯᠭᠠᠨ | ᠪᠠᠶᠢᠭᠤᠯᠵᠤ᠂ ᠪᠥᠬᠦ ᠠᠶᠢᠮᠠᠭ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠨᠥᠯᠥᠭᠡᠯᠡᠨ ᠳᠠᠶᠢᠴᠢᠯᠠᠵᠤ᠂ ᠪᠥᠬᠦ ᠠᠶᠢᠮᠠᠭ ᠤᠨ ︽ᠬᠤᠤᠰ | ᠲᠡᠷᠢᠭᠦᠨ ᠲᠠᠰ︾ ᠲᠤ ᠰᠢᠯᠭᠠᠨ ᠤᠷᠤᠭᠰᠠᠨ ᠶᠡᠭᠡ ᠰᠤᠷᠭᠠᠭᠤᠯᠢ ᠶᠢᠨ ᠬᠥᠮᠦᠨ ᠤ ᠲᠤᠭ᠎ᠠ ᠶᠢ ᠦᠷᠭᠦᠯᠵᠢᠯᠡᠨ | ᠨᠡᠮᠡᠭᠳᠡᠭᠦᠯᠪᠡ᠃ 2019 ᠣᠨ ᠳᠤ᠂ 3 . 9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠠᠯᠠᠱᠠ | ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠮᠠᠨ ᠤ ᠠᠶᠢᠮᠠᠭ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ | ᠴᠢᠨᠠᠷ ᠰᠠᠶᠢᠲᠠᠶ ᠬᠠᠲᠠᠭᠤ ᠵᠥᠭᠡᠯᠡᠨ ᠰᠠᠭᠤᠷᠢ ᠨᠥᠬᠦᠴᠡᠯ ᠢ ᠡᠭᠦᠳᠪᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠦᠷᠭᠦᠯᠵᠢᠯᠡᠬᠦ ᠰᠤᠷᠭᠠᠨ ᠬᠥᠮᠦᠵᠢᠯ ᠢ ᠨᠢᠭᠡᠳᠦᠯᠲᠡᠢ | ᠲᠥᠯᠥᠪᠯᠡᠨ ᠭᠦᠭᠵᠢᠬᠦᠯᠪᠡ᠃ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠰᠤᠷᠭᠠᠭᠤᠯᠢ ᠪᠠ | ᠠᠵᠤ ᠠᠬᠤᠶᠢᠯᠠᠯ ᠬᠠᠮᠲᠤᠷᠠᠯᠴᠠᠬᠤ᠂ ᠵᠠᠬᠢᠶᠠᠯᠠᠭ᠎ᠠ ᠪᠠᠷ ᠬᠥᠮᠦᠵᠢᠭᠦᠯᠬᠦ ᠰᠤᠷᠭᠠᠭᠤᠯᠢ ᠡᠷᠭᠢᠯᠡᠬᠦ ᠵᠠᠭᠪᠤᠷ ᠢᠯᠡᠳᠲᠡ | ᠦᠷ᠎ᠡ ᠪᠦᠲᠦᠮᠵᠢ ᠣᠯᠵᠤ᠂ 2020 ᠣᠨ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠰᠣᠷᠣᠭᠴᠢ ᠡᠯᠰᠡᠬᠦ ᠠᠵᠢᠯ ᠮᠡᠷᠭᠡᠵᠢᠯ ᠤᠨ ᠰᠤᠷᠭᠠᠭᠤᠯᠢ ᠡᠯᠰᠡᠬᠦ ᠬᠠᠷᠢᠴᠠᠯ ᠢ ᠶᠡᠭᠡ ᠲᠥᠯᠥᠪ ᠠᠳᠠᠯᠢ | ᠪᠣᠯᠭᠠᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠨᠣᠷᠮ᠎ᠠ ᠶᠢ | 95 % ᠠᠴᠠ ᠳᠡᠭᠡᠭᠰᠢ ᠪᠠᠶᠢᠯᠭᠠᠬᠤ ᠶᠢ ᠪᠠᠲᠤᠯᠠᠪᠠ᠃ ᠵᠢᠯ ᠪᠦᠷᠢ ᠡᠯ᠎ᠡ ᠱᠠᠲᠤᠨ ᠤ ᠡᠯ᠎ᠡ ᠲᠥᠷᠥᠯ ᠤᠨ ᠡᠷᠬᠢᠯᠡᠭᠰᠡᠨ | ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠲᠦᠮᠡ ᠭᠠᠷᠤᠶ ᠬᠥᠮᠦᠨ ᠤᠳᠠᠭ᠎ᠠ ᠥᠷᠨᠢᠭᠦᠯᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠮᠵᠢ ᠶᠢ | ᠬᠦᠢᠴᠡᠳ ᠪᠠᠳᠠᠷᠠᠭᠤᠯᠪᠠ᠃ ᠡᠯ᠎ᠡ ᠱᠠᠲᠤᠨ ᠤ ᠡᠯ᠎ᠡ ᠲᠥᠷᠥᠯ ᠤᠨ ᠨᠠᠰᠤᠨ ᠳᠤ ᠬᠦᠷᠦᠭᠰᠡᠳ ᠤᠨ ᠰᠤᠷᠤᠯᠭ᠎ᠠ ᠶᠢᠨ | ᠨᠠᠮᠲᠠᠷ ᠤᠨ ᠰᠤᠷᠭᠠᠨ ᠬᠥᠮᠦᠵᠢᠯ᠂ ᠤᠯᠤᠰ ᠤᠨ ᠨᠡᠭᠡᠭᠡᠯᠲᠡᠲᠦ ᠶᠡᠭᠡ ᠰᠤᠷᠭᠠᠭᠤᠯᠢ ᠶᠢᠨ ᠨᠡᠭᠡᠭᠡᠯᠲᠡᠲᠦ ᠰᠤᠷᠭᠠᠨ | ᠬᠥᠮᠦᠵᠢᠯ ᠤᠨ ᠲᠤᠰᠬᠠᠶ ᠮᠡᠷᠭᠡᠵᠢᠯ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠲᠤᠰᠬᠠᠶ ᠮᠡᠷᠭᠡᠵᠢᠯ ᠢ 24 ᠣᠷᠴᠢᠮ ᠪᠠᠶᠢᠯᠭᠠᠵᠤ᠂ 3273 ᠰᠣᠷᠣᠭᠴᠢ ᠲᠠᠢ ᠪᠠᠶᠢᠵᠤ᠂ ︽ | ᠠᠯᠠᠱᠠ ᠠᠶᠢᠮᠠᠭ ᠤᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠶᠡᠭᠡ ᠰᠤᠷᠭᠠᠭᠤᠯᠢ︾ ᠳᠤ ᠲᠦᠰᠢᠭᠯᠡᠨ᠂ | ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠢ ᠭᠦᠨᠵᠡᠭᠡᠶ ᠥᠷᠨᠢᠭᠦᠯᠪᠡ᠃ ᠥᠪᠥᠷ ᠮᠣᠩᠭᠤᠯ ᠤᠨ | ᠴᠠᠬᠢᠯᠭᠠᠨ ᠶᠡᠭᠡ ᠰᠤᠷᠭᠠᠭᠤᠯᠢ ᠶᠢᠨ ︽ᠴᠠᠬᠢᠯᠭᠠᠨ ᠶᠡᠭᠡ ᠨᠣᠮ ᠤᠨ ᠥᠷᠥᠭᠡ︾ ᠶᠢᠨ ᠲᠥᠷᠥᠯ ᠵᠦᠢᠯ ᠢ ᠠᠰᠢᠭᠯᠠᠨ᠂ | ᠨᠡᠶᠢᠭᠡᠮ ᠲᠣᠭᠤᠷᠢᠭ ᠤᠨ ᠨᠣᠮ ᠤᠨ ᠥᠷᠥᠭᠡ ᠶᠢᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠪᠠ᠃ ︽ᠭᠤᠷᠪᠠᠨ | ᠬᠤᠰᠢᠭᠤ ᠬᠤᠶᠠᠷ ᠨᠡᠭᠡᠭᠡᠯᠳᠡ ᠶᠢᠨ ᠣᠷᠣᠨ︾ ᠳᠤ 13 ︽ᠴᠠᠬᠢᠯᠭᠠᠨ ᠲᠣᠮᠣ ᠨᠣᠮ ᠤᠨ ᠥᠷᠥᠭᠡ︾ ᠶᠢ ᠫᠠᠶᠢᠰᠠ | ᠡᠯᠭᠦᠨ ᠪᠠᠶᠢᠭᠤᠯᠪᠠ᠃ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠬᠦᠷᠳᠡᠬᠦ ᠵᠢᠴᠢ | ᠨᠡᠶᠢᠭᠡᠮ ᠳᠤ ᠨᠡᠭᠡᠭᠡᠬᠦ ᠶᠢ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠯᠠᠨ ᠳᠡᠰ ᠳᠠᠪᠬᠤᠷᠭ᠎ᠠ᠂ | ᠣᠯᠠᠨ ᠶᠠᠩᠵᠤᠴᠢᠯᠠᠭᠰᠠᠨ ᠰᠤᠷᠤᠯᠴᠠᠬᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠤᠢᠭᠡᠢ ᠬᠠᠩᠭᠠᠪᠠ᠃ | ᠣᠨᠴᠣᠭᠤᠢ ᠰᠤᠷᠭᠠᠨ ᠬᠥᠮᠦᠵᠢᠯ ᠢ ᠲᠡᠳᠬᠦᠨ ᠳᠡᠮᠵᠢᠬᠦ ᠡᠷᠴᠢᠮ ᠲᠠᠰᠤᠷᠠᠯᠲᠠ ᠦᠭᠡᠢ ᠴᠢᠩᠭᠠᠷᠠᠪᠠ᠃ ᠪᠦᠬᠦ | ᠠᠶᠢᠮᠠᠭ ᠤᠨ ᠵᠡᠮᠳᠡᠭ ᠬᠡᠦᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠨᠣᠷᠮ᠎ᠠ ᠶᠢ 95 % ᠳᠤ ᠬᠦᠷᠦᠭᠦᠯᠵᠦ᠂ | ᠰᠤᠷᠤᠭᠴᠢ ᠨᠢᠭᠡᠪᠦᠷᠢ ᠶᠢᠨ ᠳᠤᠮᠳᠠᠴᠢ ᠠᠯᠪᠠᠨ ᠬᠡᠷᠡᠭᠯᠡᠭᠡᠨ ᠤ ᠵᠠᠷᠤᠳᠠᠯ ᠢ ᠵᠢᠯ ᠳᠤ 6000 ᠲᠥᠭᠦᠷᠢᠭ ᠲᠤ | ᠬᠦᠷᠭᠡᠪᠡ︔ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠶᠢᠨ | ᠨᠡᠮᠡᠭᠦᠷᠢ ᠶᠢ 25 % ᠪᠠᠶᠢᠭᠰᠠᠨ ᠠᠴᠠ ᠨᠢ 30 % ᠪᠣᠯᠲᠠᠯ᠎ᠠ ᠳᠡᠭᠡᠭᠰᠢᠯᠡᠭᠦᠯᠵᠦ᠂ ᠠᠯᠠᠱᠠ ᠶᠢᠨ ᠣᠨᠴᠣᠭᠤᠶ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠥᠪ ᠢ ᠪᠠᠶᠢᠭᠤᠯᠤᠨ᠂ ᠪᠦᠬᠦ ᠠᠶᠢᠮᠠᠭ ᠲᠤ ᠣᠨᠴᠣᠭᠤᠶ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠬᠢᠴᠢᠶᠡᠯ ᠤᠨ ᠭᠡᠷ ᠢ 4 ᠲᠠᠰᠤᠯᠭ᠎ᠠ ᠪᠠᠶᠢᠭᠤᠯᠵᠤ᠂ ︽ᠨᠢᠭᠡ ᠬᠥᠮᠦᠨ ᠳᠤ ᠨᠢᠭᠡ | ᠲᠥᠰᠦᠯ︾ ᠢ ᠨᠠᠶᠢᠳᠠᠪᠤᠷᠢᠵᠢᠭᠤᠯᠤᠨ᠂ ᠵᠡᠮᠳᠡᠭ ᠪᠠᠭᠠᠴᠤᠳ ᠬᠡᠦᠬᠡᠳ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ | ᠪᠠᠳᠣᠯᠠᠪᠠ᠃ | ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠳᠦᠷᠢᠮᠵᠢᠬᠦᠯᠦᠨ ᠬᠦᠭᠵᠢᠬᠦᠯᠪᠡ᠃ ︽ᠨᠡᠶᠢᠭᠡᠮ ᠤᠨ | ᠬᠦᠴᠦᠨ ᠤ ᠰᠤᠷᠭᠠᠨ ᠬᠥᠮᠦᠵᠢᠯ ᠡᠷᠭᠢᠯᠡᠬᠦ ᠶᠢ ᠵᠣᠷᠢᠭᠵᠢᠭᠤᠯᠵᠤ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠠᠯᠠᠱᠠ ᠠᠶᠢᠮᠠᠭ ᠤᠨ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ︽ | ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠢᠨᠠᠨ | ᠵᠥᠪᠰᠢᠶᠡᠷᠡᠬᠦ ᠪᠠ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠮᠠᠨ ᠤ ᠠᠶᠢᠮᠠᠭ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠲᠤᠭ᠎ᠠ | ᠬᠡᠮᠵᠢᠶ᠎ᠡ ᠠᠴᠠ ᠶᠠᠰᠤ ᠴᠢᠨᠠᠷ ᠳᠠᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠪᠡ᠃ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠶᠡᠷᠦᠩᠬᠡᠶᠢᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠵᠦ᠂ | ᠨᠡᠶᠢᠲᠡ ︽ᠬᠠᠷ᠎ᠠ ᠲᠠᠩᠰᠠ︾ 53 ᠡᠷᠦᠬᠡ᠂ ︽ᠴᠠᠭᠠᠨ ᠲᠠᠩᠰᠠ︾ 52 ᠡᠷᠦᠬᠡ ᠶᠢ ᠨᠡᠶᠢᠲᠡᠯᠡᠪᠡ᠃ | ᠠᠯᠪᠠᠨ ᠠᠴᠠ ᠪᠠᠶᠢᠭᠤᠯᠵᠤ ᠠᠷᠠᠳ ᠠᠴᠠ ᠡᠷᠬᠢᠯᠡᠬᠦ᠂ ᠠᠯᠪᠠᠨ ᠠᠴᠠ ᠲᠤᠰᠠᠯᠠᠵᠤ ᠠᠷᠠᠳ ᠠᠴᠠ ᠡᠷᠬᠢᠯᠡᠬᠦ ᠵᠡᠷᠭᠡ | ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠲᠡᠳᠬᠦᠬᠦ | ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠠᠯᠠᠱᠠ ᠠᠶᠢᠮᠠᠭ | ᠤᠨ ᠬᠡᠦᠬᠡᠳ ᠤᠨ ᠰᠤᠷᠭᠠᠨ ᠬᠥᠮᠦᠵᠢᠯ ᠤᠨ ᠬᠤᠯᠪᠣᠭᠠᠨ ᠳᠤ ᠣᠷᠣᠭᠤᠯᠵᠤ᠂ ᠠᠷᠠᠳ ᠠᠴᠠ ᠡᠷᠬᠢᠯᠡᠭᠰᠡᠨ ᠬᠡᠦᠬᠡᠳ | ᠤᠨ ᠴᠡᠴᠡᠷᠯᠢᠭ ᠤᠨ ᠪᠠᠭᠰᠢ ᠳᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠥᠷᠨᠢᠭᠦᠯᠦᠨ᠂ ᠠᠯᠪᠠᠨ᠂ ᠠᠷᠠᠳ | ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠬᠤᠣᠰᠯᠠᠯ ᠪᠤᠯᠵᠤ ᠬᠠᠪᠰᠤᠷᠤᠨ ᠲᠡᠳᠬᠦᠵᠦ ᠬᠥᠭᠵᠢᠭᠦᠯᠬᠦ ᠵᠡᠷᠭᠡ | ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠭᠠᠨ | ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠬᠦᠯᠪᠡ᠃ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠰᠢᠨ᠎ᠡ ᠴᠠᠭ ᠦᠶ᠎ᠡ ᠶᠢᠨ | ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ︽ᠰᠢᠨ᠎ᠡ ᠴᠠᠭ ᠦᠶ᠎ᠡ ᠶᠢᠨ | ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ | ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠪᠠᠭᠰᠢ ᠡᠯᠰᠡᠬᠦ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ | ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢ ᠦᠷᠭᠦᠯᠵᠢᠯᠡᠨ ᠨᠥᠬᠦᠪᠥᠷᠢᠯᠡᠨ ᠪᠤᠵᠠᠭᠠᠶᠢᠷᠠᠭᠤᠯᠪᠠ᠃ | ᠪᠥᠬᠦ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠶᠢᠨ ᠵᠢᠯ ᠤᠨ | ᠳᠤᠮᠳᠠᠴᠢ ᠴᠠᠯᠢᠩ ᠨᠢ ᠪᠥᠬᠦ ᠠᠶᠢᠮᠠᠭ ᠤᠨ ᠠᠯᠪᠠᠲᠠᠨ ᠤ ᠵᠢᠯ ᠤᠨ ᠳᠤᠮᠳᠠᠴᠢ ᠴᠠᠯᠢᠩ ᠠᠴᠠ ᠥᠨᠳᠥᠷ ᠪᠠᠶᠢᠵᠤ᠂ | ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ ᠢ ᠪᠠᠭᠲᠠᠭᠠᠨ᠎ᠠ︶᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠨᠡᠮᠡᠭᠦᠷᠢ ᠶᠢ ᠲᠣᠰ ᠲᠣᠰ ᠬᠥᠮᠦᠨ | ᠨᠢᠭᠡᠪᠦᠷᠢ ᠳᠤ ᠰᠠᠷ᠎ᠠ ᠪᠦᠷᠢ 500 ᠲᠥᠭᠦᠷᠢᠭ᠂ 700 ᠲᠥᠭᠦᠷᠢᠭ ᠪᠠ 1000 ᠲᠥᠭᠦᠷᠢᠭ ᠪᠣᠯᠭᠠᠨ | ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ | ᠠᠵᠢᠯᠲᠠᠨ ᠠᠵᠢᠯᠴᠢᠨ ᠨᠢᠭᠡᠪᠦᠷᠢ ᠳᠤ ᠵᠢᠯ ᠪᠦᠷᠢ 1 ᠲᠦᠮᠡᠨ ᠲᠥᠭᠦᠷᠢᠭ ᠤᠨ ᠠᠮᠢᠳᠤᠷᠠᠯ ᠤᠨ ᠵᠠᠷᠤᠳᠠᠯ ᠤᠨ | ᠨᠥᠬᠦᠪᠥᠷᠢ ᠬᠦᠷᠲᠡᠭᠡᠵᠦ᠂ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ ᠶᠢᠨ ᠲᠦᠷ ᠰᠠᠭᠤᠬᠤ ᠬᠡᠷ ᠪᠠᠶᠢᠰᠢᠩ ᠢ | ᠪᠦᠷᠢᠨ ᠪᠦᠷᠬᠦᠭᠦᠯᠬᠦ ᠶᠢ ᠪᠡᠶᠡᠯᠡᠭᠦᠯᠦᠨ᠂ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ ᠪᠣᠯᠪᠠᠰᠤᠷᠠᠭᠤᠯᠤᠯ ᠤᠨ | ᠵᠠᠷᠤᠳᠠᠯ ᠪᠠ ᠵᠢᠭᠠᠨ ᠰᠤᠳᠤᠯᠬᠤ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ | ᠪᠠᠭᠰᠢ ᠶᠢᠨ ᠣᠯᠭᠤᠮᠵᠢ ᠶᠢ ᠢᠯᠡᠳᠲᠡ ᠳᠡᠭᠡᠭᠰᠢᠯᠡᠬᠦᠯᠪᠡ᠃ | ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠳᠦᠷᠭᠡᠳᠭᠡᠨ ᠠᠬᠢᠭᠤᠯᠪᠠ᠃ 2016 ᠣᠨ ᠠᠴᠠ ᠨᠠᠰᠢ | ᠬᠤᠲᠠ ᠬᠥᠳᠡᠭᠡ ᠶᠢᠨ ᠰᠤᠷᠭᠠᠭᠤᠯᠢ ᠶᠢᠨ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠳᠤ 3440 | ᠲᠦᠮᠡᠨ ᠲᠥᠭᠦᠷᠢᠭ ᠵᠠᠷᠤᠴᠠᠭᠤᠯᠵᠤ᠂ ᠮᠠᠨ ᠤ ᠠᠶᠢᠮᠠᠭ ᠪᠥᠬᠦ ᠣᠷᠣᠨ ᠳᠤ ᠡᠯ᠎ᠡ ᠱᠠᠲᠤᠨ ᠤ ᠡᠯ᠎ᠡ ᠲᠥᠷᠥᠯ ᠤᠨ | ᠳᠤᠮᠳᠠᠳᠤ ᠪᠠᠭ᠎ᠠ ᠰᠤᠷᠭᠠᠭᠤᠯᠢ ᠶᠢᠨ ᠠᠳᠠᠯᠢ ᠠᠯᠬᠤᠮ ᠤᠨ ᠦᠢᠯᠡᠳᠦᠯᠴᠡᠬᠦ ᠴᠢᠳᠠᠮᠵᠢ ᠶᠢ ᠬᠠᠮᠤᠷᠤᠭᠰᠠᠨ ᠣᠯᠠᠨ | ᠵᠠᠭᠤᠴᠢᠳᠤ ᠬᠢᠴᠢᠶᠡᠯ ᠤᠨ ᠬᠡᠷ ᠤᠨ ᠲᠣᠬᠢᠷᠠᠭᠤᠯᠤᠯᠲᠠ ᠶᠢ ᠨᠡᠶᠢᠳᠡᠮ ᠪᠥᠷᠬᠦᠭᠦᠯᠪᠡ᠃ ᠪᠦᠬᠦ ᠣᠷᠣᠨ ᠳᠤ ᠡᠩ | ᠲᠡᠷᠢᠭᠦᠨ ᠳᠤ ᠠᠯᠠᠱᠠ ᠠᠶᠢᠮᠠᠭ ᠤᠨ ᠱᠠᠲᠤᠨ ᠤ ︽ᠠᠳᠠᠯᠢ ᠠᠯᠬᠤᠮ ᠢᠶᠠᠷ ᠬᠤᠷᠰᠢᠯᠴᠠᠬᠤ ᠬᠢᠴᠢᠶᠡᠯ ᠤᠨ ᠲᠠᠩᠬᠢᠮ︾ | ᠤᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠪᠦᠬᠦ ᠠᠶᠢᠮᠠᠭ ᠤᠨ ᠡᠯ᠎ᠡ ᠱᠠᠲᠤᠨ ᠤ ᠰᠤᠷᠭᠠᠭᠤᠯᠢ ᠶᠢᠨ | ᠠᠳᠠᠯᠢ ᠠᠯᠬᠤᠮ ᠢᠶᠠᠷ ᠬᠤᠷᠰᠢᠯᠴᠠᠬᠤ ᠶᠢ ᠰᠢᠩᠭᠡᠭᠡᠨ ᠨᠡᠪᠲᠡᠷᠡᠭᠦᠯᠬᠦ ᠬᠢᠴᠢᠶᠡᠯ ᠤᠨ ᠭᠡᠷ ᠢ ᠨᠢᠭᠡᠳᠦᠯᠲᠡᠶ ᠬᠠᠮᠢᠶᠠᠷᠤᠨ | ᠡᠵᠡᠮᠳᠡᠬᠦ ᠶᠢ ᠪᠡᠶᠡᠯᠡᠭᠦᠯᠪᠡ᠃ ᠠᠯᠠᠱᠠ ᠠᠶᠢᠮᠠᠭ ᠤᠨ ᠤᠶᠤᠨᠲᠤ ᠰᠤᠷᠭᠠᠨ ᠬᠥᠮᠦᠵᠢᠯ ᠤᠨ ᠡᠭᠦᠯᠡᠨ ᠲᠠᠪᠴᠠᠩ ᠢ | ᠪᠠᠶᠢᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠨᠢ ᠪᠠᠭ᠎ᠠ ᠰᠤᠷᠭᠠᠭᠤᠯᠢ ᠥᠨᠳᠥᠷ ᠳᠤᠮᠳᠠᠳᠤ ᠶᠢ ᠪᠥᠬᠦ | ᠲᠠᠯ᠎ᠠ ᠪᠠᠷ ᠬᠠᠮᠤᠷᠤᠭᠰᠠᠨ ᠪᠥᠭᠡᠳ ᠴᠢᠨᠠᠷ ᠰᠠᠶᠢᠲᠠᠶ ᠡᠬᠢ ᠪᠠᠶᠠᠯᠢᠭ ᠤᠨ ︽ᠠᠩᠭᠢ ᠪᠣᠯᠭᠠᠨ ᠳᠤ ᠨᠡᠪᠲᠡᠷᠡᠬᠦ︾ ᠶᠢ | ᠪᠦᠲᠦᠮᠵᠢᠲᠡᠶ ᠲᠤᠯᠭᠠᠭᠤᠷᠢᠯᠠᠵᠤ ᠴᠢᠳᠠᠪᠠ᠃ | ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠦᠴᠦᠲᠡᠶ | ᠠᠬᠢᠭᠤᠯᠪᠠ᠃ ᠰᠤᠷᠬᠤ ᠨᠠᠰᠤᠨ ᠠᠴᠠ ᠡᠮᠦᠨᠡᠬᠢ ᠠᠴᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤ ᠦᠶ᠎ᠡ | ᠬᠦᠷᠲᠡᠯᠡᠬᠢ ᠰᠣᠷᠣᠭᠴᠢ ᠶᠢ ᠲᠡᠳᠬᠦᠨ ᠲᠤᠰᠠᠯᠠᠬᠤ ᠪᠦᠷᠢᠨ ᠲᠡᠭᠦᠯᠳᠡᠷ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠪᠠᠶᠢᠭᠤᠯᠤᠨ ᠪᠦᠷᠢᠨᠰᠢᠭᠦᠯᠵᠦ᠂ 2016 ᠣᠨ ᠠᠴᠠ ᠨᠠᠰᠢ ᠡᠯ᠎ᠡ ᠲᠥᠷᠥᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ | ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠯᠠ ᠮᠥᠩᠭᠦ ᠨᠡᠶᠢᠲᠡ 29579 . | 55 ᠲᠦᠮᠡᠨ ᠲᠥᠭᠦᠷᠢᠭ ᠲᠤ ᠬᠦᠷᠴᠦ᠂ 35 . 68 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠪᠣᠶ | ᠪᠥᠬᠦᠶ ᠬᠡᠦᠬᠡᠳ ᠤᠨ ᠰᠤᠷᠭᠠᠭᠤᠯᠢ ᠳᠤ ᠣᠷᠣᠬᠤ᠂ ᠰᠠᠶᠢᠨ ᠰᠤᠷᠭᠠᠭᠤᠯᠢ ᠳᠤ ᠰᠤᠷᠤᠯᠴᠠᠬᠤ ᠶᠢ ᠦᠨᠡᠨ ᠬᠦ | ᠪᠠᠲᠤᠯᠠᠪᠠ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠬᠥᠳᠡᠯᠦᠩᠭᠦᠶ | ᠬᠢᠨᠠᠨ ᠬᠡᠮᠵᠢᠬᠦ ᠲᠣᠭᠲᠠᠴᠠ ᠶᠢ ᠬᠡᠷᠡᠭᠵᠢᠭᠦᠯᠵᠦ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠡᠷ ᠪᠦᠯᠢ ᠶᠢᠨ | ᠰᠤᠷᠤᠭᠴᠢᠳ ᠢ ᠬᠥᠳᠡᠯᠦᠩᠭᠦᠶ ᠪᠠᠷ ᠬᠠᠮᠢᠶᠠᠷᠴᠤ᠂ ᠪᠥᠬᠦ ᠠᠶᠢᠮᠠᠭ ᠲᠤ ᠰᠣᠷᠣᠭᠴᠢ ᠶᠢᠨ ᠶᠠᠳᠠᠭᠤ ᠬᠦᠴᠢᠷᠳᠡᠯ ᠠᠴᠠ | ᠪᠣᠯᠵᠣ ᠰᠤᠷᠤᠯᠭ᠎ᠠ ᠪᠠᠨ ᠳᠣᠷᠭᠤᠨ ᠵᠣᠭᠰᠣᠬᠤ ᠥᠬᠡᠶ ᠪᠠᠶᠢᠬᠤ ᠶᠢ ᠦᠨᠡᠨ ᠬᠦ ᠪᠠᠳᠣᠯᠠᠪᠠ᠃ | ︵ᠬᠤᠶᠠᠷ︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠠᠵᠠ ᠲᠣᠬᠢᠶᠠᠯ ᠪᠣᠯᠤᠨ | ᠲᠤᠯᠭᠠᠷᠠᠵᠤ ᠪᠠᠶᠢᠭ᠎ᠠ ᠥᠷᠢᠰᠥᠯᠳᠦᠭᠡᠨ | 1 . ᠬᠥᠭᠵᠢᠯᠲᠡ ᠶᠢᠨ ᠠᠵᠠ ᠲᠣᠬᠢᠶᠠᠯ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ | ᠤᠯᠤᠰ ᠢ ᠪᠦᠬᠦ ᠲᠠᠯ᠎ᠠ ᠪᠠᠷ ᠪᠠᠶᠢᠭᠤᠯᠬᠤ ᠠᠤᠭ᠎ᠠ ᠬᠠᠷᠠᠯᠲᠠ ᠶᠢ ᠳᠤᠷᠠᠳᠴᠤ᠂ ᠰᠤᠷᠭᠠᠨ ᠬᠥᠮᠦᠵᠢᠯ ᠤᠨ | ᠣᠳᠣᠬᠢᠴᠢᠯᠠᠯᠲᠠ ᠪᠠᠷ ᠤᠯᠤᠰ ᠤᠨ ᠣᠳᠣᠬᠢᠴᠢᠯᠠᠯᠲᠠ ᠶᠢ ᠲᠤᠯᠭᠠᠭᠤᠷᠢᠯᠠᠵᠤ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠲᠤᠯᠭᠠᠭᠤᠷᠢᠯᠠᠨ᠎ᠠ ᠭᠡᠪᠡ᠃ ︽ | ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠬᠤ ᠬᠡᠷᠡᠭᠲᠡᠶ᠂ ᠡᠨᠡ ᠪᠣᠯ | ᠮᠠᠨ ᠤ ᠤᠯᠤᠰ ᠤᠨ ᠬᠥᠭᠵᠢᠯᠲᠡ ᠶᠢᠨ ᠱᠠᠲᠤ᠂ ᠬᠥᠭᠵᠢᠯᠲᠡ ᠶᠢᠨ ᠣᠷᠴᠢᠨ᠂ ᠬᠥᠭᠵᠢᠯᠲᠡ ᠶᠢᠨ ᠨᠥᠬᠦᠴᠡᠯ ᠤᠨ | ᠬᠤᠪᠢᠷᠠᠯᠲᠠ ᠶᠢ ᠦᠨᠳᠦᠰᠦᠯᠡᠨ ᠭᠠᠷᠭᠠᠭᠰᠠᠨ ᠰᠢᠨᠵᠢᠯᠡᠬᠦ ᠤᠬᠠᠭᠠᠨᠴᠢ ᠮᠠᠭᠠᠳᠯᠠᠯᠲᠠ ᠮᠥᠨ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠠᠶᠢᠮᠠᠭ ᠤᠨ ᠰᠤᠷᠭᠠᠨ | ᠬᠥᠮᠦᠵᠢᠯ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠣᠷᠣᠵᠤ᠂ ᠠᠯᠢ ᠣᠯᠠᠨ ᠰᠢᠨ᠎ᠡ ᠠᠵᠠ ᠲᠣᠬᠢᠶᠠᠯ ᠰᠢᠨ᠎ᠡ | ᠥᠷᠢᠰᠥᠯᠳᠦᠭᠡᠨ ᠳᠤ ᠲᠤᠯᠭᠠᠷᠠᠪᠠ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠭᠠᠳᠠᠭᠠᠳᠤ | ᠣᠷᠴᠢᠨ ᠪᠣᠯᠤᠨ ᠬᠤᠷᠸ᠎ᠠ ᠲᠦᠷᠦ ᠶᠢᠨ ᠪᠤᠳᠤᠯᠭ᠎ᠠ ᠶᠢᠨ ᠣᠷᠴᠢᠨ ᠳᠤ ᠨᠢᠭᠡᠨᠲᠡ ᠭᠦᠨᠵᠡᠭᠡᠢ ᠬᠤᠪᠢᠷᠠᠯᠲᠠ ᠭᠠᠷᠴᠠᠢ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠬᠤ ᠠᠩᠬᠠᠳᠤᠭᠠᠷ | ᠲᠠᠪᠤᠨ ᠵᠢᠯ ᠤᠨ ᠲᠥᠯᠥᠪᠵᠢᠭᠦᠯᠭᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠦᠶ᠎ᠡ ᠶᠢᠨ ᠠᠩᠬᠠᠳᠠᠭᠴᠢ ᠰᠤᠷᠭᠠᠨ | ᠬᠥᠮᠦᠵᠢᠯ ᠤᠨ ᠲᠥᠯᠥᠪᠵᠢᠭᠦᠯᠭᠡ ᠪᠣᠯᠤᠨ᠎ᠠ᠃ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ᠂ | ᠳᠤᠲᠠᠭᠤᠳᠠᠯ ᠢ ᠨᠥᠬᠦᠪᠥᠷᠢᠯᠡᠬᠦ᠂ ᠵᠥᠷᠢᠶ᠎ᠡ ᠶᠢ ᠪᠠᠭᠠᠰᠬᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ | ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠦᠢᠯᠡᠰ ᠤᠨ ᠡᠩ ᠲᠡᠷᠢᠬᠦᠨ ᠳᠤ | ᠬᠥᠭᠵᠢᠬᠦ ᠶᠢ ᠠᠬᠢᠭᠤᠯᠬᠤ ᠳᠤ ᠰᠠᠶᠢᠨ ᠰᠠᠶᠢᠬᠠᠨ ᠲᠡᠦᠬᠡᠨ ᠬᠥᠭᠵᠢᠯᠲᠡ ᠶᠢᠨ ᠠᠵᠠ ᠲᠣᠬᠢᠶᠠᠯ ᠪᠠ ᠬᠦᠴᠦᠷᠬᠡᠭ ᠶᠡᠭᠡ | ᠬᠥᠳᠡᠯᠭᠡᠬᠦ ᠬᠦᠴᠦᠨ ᠬᠠᠩᠭᠠᠪᠠ᠃ | 2 . ᠳᠣᠯᠭᠠᠷᠠᠵᠦ ᠪᠠᠶᠢᠭ᠎ᠠ ᠥᠷᠢᠰᠥᠯᠳᠦᠭᠡᠨ | ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠰᠢ᠂ ᠮᠠᠨ ᠤ ᠠᠶᠢᠮᠠᠭ ᠤᠨ ᠰᠤᠷᠭᠠᠨ ᠬᠥᠮᠦᠵᠢᠯ | ᠢᠯᠡᠳᠲᠡ ᠠᠮᠵᠢᠯᠲᠠ ᠣᠯᠤᠭᠰᠠᠨ ᠪᠣᠯᠪᠠᠴᠤ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠠᠴᠠ ᠲᠣᠭᠲᠠᠭᠠᠭᠰᠠᠨ | ᠠᠯᠠᠱᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠬᠤ ᠬᠠᠷᠠᠯᠲᠠ | ᠡᠭᠦᠷᠭᠡ ᠲᠠᠢ ᠬᠠᠷᠢᠴᠠᠭᠤᠯᠪᠠᠯ᠂ ᠠᠷᠠᠳ ᠣᠯᠠᠨ ᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠨ᠎ᠡ ᠬᠦᠰᠡᠯ | ᠡᠷᠡᠮᠡᠯᠵᠡᠯ ᠢ ᠬᠠᠩᠭᠠᠬᠤ ᠲᠠᠢ ᠬᠠᠷᠢᠴᠠᠭᠤᠯᠪᠠᠯ ᠪᠠᠰᠠ ᠮᠠᠰᠢ ᠣᠯᠠᠨ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ | ᠪᠠᠶᠢᠨ᠎ᠠ᠄ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠬᠠᠷᠠᠬᠠᠨ ᠪᠠᠲᠤ ᠪᠣᠶ ᠪᠣᠯᠭᠠᠭᠠᠳᠤᠶ | ᠪᠠᠶᠢᠵᠤ᠂ ᠰᠢᠯᠭᠠᠯᠲᠠ ᠶᠢ ᠠᠷᠭᠠᠴᠠᠬᠤ ᠰᠤᠷᠭᠠᠨ ᠬᠥᠮᠦᠵᠢᠯ ᠤᠨ ᠦᠵᠡᠭᠳᠡᠯ ᠮᠥᠨ ᠬᠦ ᠨᠡᠯᠢᠶᠡᠳ ᠲᠣᠪᠤᠶᠢᠮ᠎ᠠ | ᠪᠠᠶᠢᠨ᠎ᠠ︔ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ | ᠲᠦᠪᠰᠢᠨ ᠢᠯᠠᠩᠭᠤᠶ᠎ᠠ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠤᠯᠠᠮ | ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠰᠤᠷᠭᠠᠨ ᠬᠥᠮᠦᠵᠢᠯ ᠤᠨ ᠪᠦᠲᠦᠴᠡ ᠪᠣᠯᠤᠨ ᠪᠠᠶᠢᠷᠢᠰᠢᠭᠤᠯᠤᠯ | ᠪᠦᠷᠢᠨ ᠰᠢᠨᠵᠢᠯᠡᠬᠦ ᠤᠬᠠᠭᠠᠨᠴᠢ ᠪᠤᠰᠤ ᠵᠦᠢ ᠵᠣᠬᠢᠰ ᠦᠭᠡᠶ ᠪᠠᠶᠢᠵᠤ᠂ ᠬᠤᠲᠠ ᠬᠥᠳᠡᠭᠡ᠂ ᠣᠷᠣᠨ ᠪᠦᠰᠡ᠂ | ᠰᠤᠷᠭᠠᠭᠤᠯᠢ ᠨᠤᠭᠤᠳ ᠤᠨ ᠬᠤᠭᠤᠷᠣᠨᠳᠣᠬᠢ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ᠂ ᠵᠢᠭᠠᠨ ᠰᠤᠷᠭᠠᠬᠤ ᠶᠠᠰᠤ | ᠴᠢᠨᠠᠷ ᠵᠡᠷᠭᠡ ᠲᠠᠯ᠎ᠠ ᠶᠢᠨ ᠵᠥᠷᠢᠶ᠎ᠡ ᠣᠷᠣᠰᠢᠵᠤ ᠪᠠᠶᠢᠬᠤ︔ ᠭᠤᠣᠯᠳᠠᠯᠭ᠎ᠠ ᠲᠠᠢ ᠪᠠᠯᠭᠠᠰᠤᠨ ᠤ ︽ᠠᠯᠪᠠᠨ ᠠᠴᠠ | ᠡᠷᠬᠢᠯᠡᠭᠰᠡᠨ ᠴᠡᠴᠡᠷᠯᠢᠭ ᠲᠤ ᠣᠷᠣᠬᠤ ᠳᠤ ᠬᠦᠴᠢᠷ︾ ᠠᠰᠠᠭᠤᠳᠠᠯ ᠮᠥᠨ ᠣᠷᠣᠰᠢᠭᠰᠠᠭᠠᠷ︔ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ | ᠬᠠᠮᠲᠤᠷᠠᠯᠴᠠᠭᠠᠨ ᠤ ᠪᠠᠶᠢᠭᠤᠯᠣᠯ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ︔ ᠪᠠᠭᠰᠢ ᠶᠢᠨ | ᠡᠩᠨᠡᠭᠡᠨ ᠤ ᠪᠦᠲᠦᠴᠡ ᠵᠣᠬᠢᠰ ᠦᠭᠡᠢ᠂ ︽ᠬᠤᠰᠢᠭᠤ ︵ᠨᠡᠭᠡᠭᠡᠯᠳᠡ ᠶᠢᠨ ᠣᠷᠣᠨ︶ ᠰᠤᠷᠭᠠᠭᠤᠯᠢ ᠶᠢ ᠬᠠᠮᠢᠶᠠᠷᠬᠤ | ᠤᠷᠢᠬᠤ︾ ᠲᠣᠭᠲᠠᠴᠠ ᠬᠠᠷᠠᠬᠠᠨ ᠪᠦᠬᠦ ᠲᠠᠯ᠎ᠠ ᠪᠠᠷ ᠪᠦᠷᠢᠯᠳᠦᠭᠡᠳᠦᠶ︔ ᠰᠤᠷᠭᠠᠨ ᠬᠥᠮᠦᠵᠢᠯ ᠤᠨ ᠦᠨᠡᠯᠡᠯᠲᠡ ᠶᠢᠨ | ᠰᠢᠨᠵᠢᠯᠡᠬᠦ ᠤᠬᠠᠭᠠᠨᠴᠢ ᠴᠢᠨᠠᠷ᠂ ᠲᠤᠰᠬᠠᠶ ᠮᠡᠷᠭᠡᠵᠢᠯ ᠤᠨ ᠴᠢᠨᠠᠷ᠂ ᠪᠤᠰᠤᠳᠴᠢ ᠴᠢᠨᠠᠷ ᠢ ᠪᠠᠰᠠ ᠳᠡᠭᠡᠭᠰᠢᠯᠡᠭᠦᠯᠬᠦ | ᠴᠢᠬᠤᠯᠠᠲᠠᠶ ᠪᠠᠶᠢᠨ᠎ᠠ︔ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠯ ᠲᠣᠭᠲᠠᠴᠠ ᠪᠠᠰᠠ | ᠲᠡᠭᠦᠯᠳᠡᠷᠵᠢᠭᠡᠳᠦᠶ︔ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠮᠡᠷᠭᠡᠵᠢᠯ ᠬᠢᠭᠡᠳ ᠰᠤᠷᠭᠠᠨ | ᠬᠥᠮᠦᠵᠢᠯ ᠤᠨ ᠠᠭᠤᠰᠤᠯᠴᠠᠯ ᠤᠨ ᠬᠤᠷᠳᠤᠴᠠ᠂ ᠥᠷᠭᠡᠴᠡ ᠪᠠ ᠭᠦᠨᠴᠡ ᠶᠢ ᠳᠡᠭᠡᠭᠰᠢᠯᠡᠭᠦᠯᠬᠦ ᠴᠢᠬᠤᠯᠠᠲᠠᠶ | ᠪᠠᠶᠢᠨ᠎ᠠ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ | ︵ᠨᠢᠭᠡ︶ ᠵᠢᠯᠣᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠣᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠳᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠪᠦᠬᠦ ᠤᠯᠤᠰ᠂ ᠪᠦᠬᠦ ᠣᠷᠣᠨ ᠤ ᠰᠤᠷᠭᠠᠨ | ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠵᠦ᠂ | ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ ᠪᠠᠷ ᠦᠨᠳᠦᠰᠦᠨ ᠪᠠᠲᠤᠯᠠᠭ᠎ᠠ ᠪᠣᠯᠭᠠᠨ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ | ᠪᠠᠶᠢᠭᠤᠯᠬᠤ ᠪᠠᠷ ᠭᠤᠤᠯ ᠬᠠᠷᠠᠯᠲᠠ ᠪᠣᠯᠭᠠᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ | ᠠᠬᠢᠭᠤᠯᠬᠤ ᠡᠨᠡ ᠬᠦ ᠭᠤᠤᠯ ᠰᠢᠵᠢᠮ ᠤᠨ ᠲᠣᠭᠤᠷᠢᠨ ᠳᠤ᠂ ᠡᠯ᠎ᠡ ᠲᠦᠷᠦᠯ ᠤᠨ ᠢᠨᠵᠧᠨᠧᠷᠢᠩ ᠤᠨ ᠵᠦᠢᠯᠡᠰ ᠪᠠ | ᠠᠵᠢᠯᠯᠠᠭᠠᠨ ᠤ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠭᠡᠷᠡᠭᠵᠢᠬᠦᠯᠵᠦ᠂ ᠥᠭᠡᠷᠡᠴᠢᠯᠡᠯᠲᠡ ᠶᠢ ᠬᠦᠴᠦᠯᠡᠨ | ᠬᠦᠨᠵᠡᠭᠡᠶᠢᠷᠡᠬᠦᠯᠵᠦ᠂ ᠠᠮᠢᠵᠢᠷᠠᠯ ᠤᠨ ᠬᠦᠴᠦᠨ ᠢ ᠭᠦᠭᠵᠢᠬᠡᠵᠦ᠂ ᠳᠤᠲᠠᠭᠤᠳᠠᠯ ᠢ ᠬᠦᠴᠦᠯᠡᠨ ᠨᠦᠬᠦᠪᠦᠷᠢᠯᠡᠨ᠂ | ᠪᠦᠲᠦᠴᠡ ᠶᠢ ᠰᠢᠯᠢᠳᠡᠭᠵᠢᠬᠦᠯᠦᠨ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ | ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠦᠮᠦᠵᠢᠬᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠡᠷᠬᠢᠯᠡᠨ᠂ ᠪᠦᠬᠦ ᠠᠶᠢᠮᠠᠭ ᠤᠨ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠭᠤᠷᠢ ᠶᠢ ᠪᠠᠬᠢᠵᠢᠬᠦᠯᠦᠨ᠎ᠡ᠃ | ︵ᠬᠤᠶᠠᠷ︶ ᠦᠨᠳᠦᠰᠦᠨ ᠵᠠᠷᠴᠢᠮ | ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠬᠥᠭᠵᠢᠭᠦᠯᠦᠨ᠎ᠡ᠃ | ᠨᠠᠮ ᠤᠨ ᠤᠯᠤᠰ ᠲᠦᠷᠦ ᠶᠢᠨ ᠤᠳᠤᠷᠢᠳᠤᠯᠭ᠎ᠠ᠂ ᠦᠵᠡᠯ ᠰᠠᠨᠠᠭᠠᠨ ᠤ ᠤᠳᠤᠷᠢᠳᠤᠯᠭ᠎ᠠ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠦᠬᠦ ᠶᠠᠪᠤᠴᠠ ᠳᠤ | ᠳᠣᠣᠱᠯᠠᠭᠤᠯᠣᠨ᠎ᠠ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠰᠤᠷᠭᠠᠨ ᠬᠥᠮᠦᠵᠢᠯ ᠤᠨ ᠦᠨᠳᠦᠰᠦᠨ | ᠡᠭᠦᠷᠭᠡ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣ ᠪᠣᠯᠤᠨ | ᠰᠤᠷᠤᠭᠴᠢᠳ ᠤᠨ ᠦᠰᠦᠨ ᠪᠤᠶᠢᠵᠢᠬᠤ ᠵᠢᠮ᠎ᠡ ᠶᠣᠰᠣ ᠶᠢ ᠵᠢᠷᠤᠮᠯᠠᠵᠤ᠂ ᠨᠡᠶᠢᠭᠡᠮ ᠵᠢᠷᠤᠮ ᠤᠨ ᠭᠤᠤᠯᠯᠠᠭᠴᠢ | ᠥᠷᠲᠡᠭ ᠤᠨ ᠦᠵᠡᠯᠲᠡ ᠶᠢᠨ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠬᠡᠪ ᠴᠢᠨᠠᠷ ᠤᠨ ᠰᠤᠷᠭᠠᠨ | ᠬᠥᠮᠦᠵᠢᠯ ᠢ ᠪᠥᠬᠦ ᠲᠠᠯ᠎ᠠ ᠪᠠᠷ ᠠᠬᠢᠭᠤᠯᠵᠤ᠂ ᠰᠤᠷᠤᠭᠴᠢᠳ ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ | ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ | ᠶᠠᠰᠤ ᠴᠢᠨᠠᠷ ᠢ ᠲᠡᠷᠢᠭᠦᠨ ᠳᠤ ᠲᠠᠯᠪᠢᠵᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠪᠠᠷᠢᠮᠲᠠᠯᠠᠨ᠎ᠠ᠃ | ᠰᠤᠷᠭᠠᠨ ᠬᠥᠮᠦᠵᠢᠯ ᠤᠨ ᠬᠥᠭᠵᠢᠯᠲᠡ ᠶᠢᠨ ᠣᠶᠢᠯᠠᠭᠠᠭᠳᠠᠬᠤᠨ ᠪᠠ ᠠᠷᠭ᠎ᠠ ᠬᠡᠯᠪᠡᠷᠢ ᠶᠢ ᠦᠨᠡᠨ ᠬᠦ ᠬᠤᠪᠢᠷᠠᠭᠤᠯᠵᠤ᠂ | ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ ᠬᠦᠴᠦᠨ ᠤ | ᠬᠤᠪᠢᠰᠤᠯᠲᠠ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ | ᠣᠷᠣᠭᠤᠯᠤᠯᠲᠠ ᠪᠠᠨ ᠨᠡᠮᠡᠭᠳᠡᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠨ᠂ ᠪᠠᠭᠤᠷᠠᠶ ᠲᠠᠯ᠎ᠠ ᠪᠠᠨ | ᠬᠦᠴᠦᠷᠬᠡᠭᠵᠢᠭᠦᠯᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠂ | ᠬᠤᠲᠠ ᠬᠥᠳᠡᠭᠡ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠥᠷᠢᠶ᠎ᠡ ᠶᠢ ᠪᠠᠭᠠᠰᠬᠠᠵᠤ᠂ | ᠰᠤᠷᠭᠠᠨ ᠬᠥᠮᠦᠵᠢᠯ ᠤᠨ ᠡᠷᠬᠡ ᠲᠡᠭᠰᠢ ᠲᠡᠩᠴᠡᠭᠦᠷᠢᠲᠡᠶ ᠪᠠᠶᠢᠬᠤ ᠶᠢ ᠠᠬᠢᠭᠤᠯᠤᠨ᠎ᠠ᠃ ᠡᠯ᠎ᠡ ᠱᠠᠲᠤ ᠡᠯ᠎ᠡ | ᠲᠥᠷᠥᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠰᠤᠷᠭᠠᠨ | ᠬᠥᠮᠦᠵᠢᠯ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ᠃ | ᠪᠦᠲᠦᠴᠡ ᠶᠢ ᠰᠢᠯᠢᠳᠡᠭᠵᠢᠭᠦᠯᠵᠦ᠂ ᠵᠣᠬᠢᠴᠠᠩᠭᠤᠶ ᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠠᠯᠠᠱᠠ ᠶᠢᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠯ᠎ᠡ ᠱᠠᠲᠤᠨ ᠤ | ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠵᠦ᠂ ᠰᠤᠷᠭᠠᠭᠤᠯᠢ ᠶᠢᠨ ᠪᠠᠶᠢᠷᠢᠰᠢᠭᠤᠯᠤᠯᠲᠠ | ᠂ ᠬᠢᠴᠢᠶᠡᠯ ᠲᠥᠷᠥᠯ ᠲᠤᠰᠬᠠᠶ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠪᠠ ᠡᠩ ᠤᠨ ᠰᠤᠷᠭᠠᠨ ᠬᠥᠮᠦᠵᠢᠯ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ | ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ ᠬᠥᠮᠦᠵᠢᠯ ᠵᠡᠷᠭᠡ ᠶᠢ ᠬᠠᠷᠢᠯᠴᠠᠨ ᠠᠬᠢᠭᠤᠯᠬᠤ᠂ ᠣᠷᠭᠠᠨᠢᠭ ᠢᠶᠠᠷ | ᠵᠣᠯᠭᠠᠭᠤᠯᠬᠤ᠂ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ | ᠥᠭᠡᠷᠡᠴᠢᠯᠡᠯᠲᠡ ᠶᠢ ᠭᠦᠨᠵᠡᠭᠡᠶᠢᠷᠡᠬᠦᠯᠵᠦ᠂ ᠨᠡᠭᠡᠭᠡᠯᠲᠡ ᠬᠢᠵᠦ ᠬᠥᠭᠵᠢᠭᠦᠯᠬᠦ ᠶᠢ ᠪᠠᠷᠢᠮᠲᠠᠯᠠᠨ᠎ᠠ᠃ ᠰᠢᠨ᠎ᠡ | ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠵᠢᠯᠣᠭᠤᠳᠤᠮᠵᠢ ᠪᠣᠯᠭᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠬᠥᠳᠡᠯᠭᠡᠬᠦ | ᠬᠦᠴᠦᠨ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠬᠤᠯᠪᠣᠭᠳᠠᠬᠤ ᠴᠢᠨᠠᠷ᠂ ᠰᠢᠰᠲ᠋ᠧᠮ᠂ | ᠬᠠᠮᠵᠢᠯᠴᠠᠭ᠎ᠠ ᠶᠢ ᠣᠨᠣᠪᠴᠢᠲᠠᠢ ᠡᠵᠡᠮᠳᠡᠵᠦ᠂ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ | ᠬᠥᠭᠵᠢᠯᠲᠡ ᠶᠢ ᠪᠦᠬᠦᠯᠢ ᠴᠣᠭᠴᠠ ᠪᠠᠷ ᠠᠬᠢᠭᠤᠯᠬᠤ ᠬᠡᠷᠡᠭᠲᠡᠢ᠃ ᠰᠢᠯᠢᠳᠡᠭ ᠡᠬᠢ ᠪᠠᠶᠠᠯᠢᠭ ᠢ ᠨᠢᠭᠲᠠᠷᠠᠭᠤᠯᠵᠤ᠂ | ᠥᠭᠡᠷᠡᠴᠢᠯᠡᠯᠲᠡ ᠨᠡᠭᠡᠭᠡᠯᠲᠡ ᠪᠠᠷ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ | ︵ᠭᠤᠷᠪᠠ︶ ᠭᠤᠣᠯ ᠬᠠᠷᠠᠯᠲᠠ | 2025 ᠣᠨ ᠪᠣᠯᠬᠤ ᠳᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ | ᠰᠤᠷᠭᠠᠨ ᠬᠥᠮᠦᠵᠢᠯ ᠤᠨ ᠪᠦᠲᠦᠴᠡ ᠶᠢ ᠨᠠᠩ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠡᠷᠬᠡ ᠲᠡᠭᠰᠢ ᠶᠢ | ᠪᠦᠲᠦᠮᠵᠢᠲᠡᠢ ᠠᠬᠢᠭᠤᠯᠵᠤ᠂ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠴᠢᠬᠤᠯᠠ | ᠠᠬᠢᠯᠲᠠ ᠲᠠᠢ ᠪᠣᠯᠭᠠᠨ᠎ᠠ᠃ ᠰᠤᠷᠭᠠᠨ ᠬᠥᠮᠦᠵᠢᠯ ᠤᠨ ᠭᠤᠣᠯ ᠭᠦᠢᠴᠡᠳᠬᠡᠬᠦ ᠲᠤᠭ᠎ᠠ ᠶᠢ ᠪᠦᠬᠦ ᠣᠷᠣᠨ ᠤ ᠳᠤᠮᠳᠠᠴᠢ | ᠬᠢᠷᠢ ᠬᠡᠮᠵᠢᠶ᠎ᠡ ᠳᠤ ᠬᠦᠷᠦᠭᠦᠯᠵᠦ᠂ ᠶᠡᠷᠦᠩᠬᠡᠶ ᠬᠥᠭᠵᠢᠯᠲᠡ ᠶᠢᠨ ᠬᠢᠷᠢ ᠬᠡᠮᠵᠢᠶ᠎ᠡ ᠶᠢ ᠪᠦᠬᠦ ᠣᠷᠣᠨ ᠤ ᠳᠤᠮᠳᠠ | ᠵᠡᠷᠭᠡ ᠶᠢᠨ ᠡᠩᠨᠡᠭᠡᠨ ᠳᠤ ᠣᠷᠣᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ | ᠢᠯᠡᠳᠲᠡ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ | ᠠᠷᠠᠳ ᠣᠯᠠᠨ ᠳᠤ ᠨᠡᠩ ᠢᠯᠡᠭᠦᠦ ᠨᠡᠩ ᠭᠤᠣᠯᠴᠢ ᠪᠠᠷ ᠬᠦᠷᠲᠡᠭᠡᠨ᠎ᠡ᠃ | 1 . ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠡᠬᠢ | ᠪᠠᠶᠠᠯᠢᠭ ᠤᠨ ᠬᠠᠩᠭᠠᠯᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠬᠡᠦᠬᠡᠳ ᠤᠨ ᠴᠡᠴᠡᠷᠯᠢᠭ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠢᠭᠠᠨ ᠰᠤᠳᠤᠯᠤᠯᠲᠠ ᠪᠠ ᠵᠢᠯᠤᠭᠤᠳᠤᠯᠭ᠎ᠠ ᠶᠢ | ᠲᠡᠭᠦᠯᠳᠡᠷᠵᠢᠭᠦᠯᠦᠨ᠎ᠡ᠃ ᠠᠶᠢᠮᠠᠭ ᠤᠨ ᠱᠠᠲᠤᠨ ᠤ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠵᠢᠭᠦᠯᠬᠦ᠂ | ᠬᠤᠰᠢᠭᠤ ︵ᠨᠡᠭᠡᠭᠡᠯᠳᠡ ᠶᠢᠨ ᠣᠷᠣᠨ︶ ᠶᠢᠨ ᠵᠠᠰᠠᠭ ᠤᠨ ᠣᠷᠳᠣᠨ ᠢᠶᠠᠷ ᠭᠤᠣᠯ ᠴᠣᠭᠴᠠ ᠪᠣᠯᠭᠠᠭᠰᠠᠨ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠬᠦ ᠬᠠᠷᠢᠭᠤᠴᠠᠯᠭ᠎ᠠ ᠶᠢᠨ ᠲᠣᠭᠲᠠᠴᠠ ᠶᠢ | ᠨᠠᠶᠢᠳᠠᠪᠣᠷᠢᠵᠢᠭᠤᠯᠵᠦ᠂ ᠠᠯᠪᠠᠨ ᠠᠴᠠ ᠡᠷᠬᠢᠯᠡᠭᠰᠡᠨ ᠴᠡᠴᠡᠷᠯᠢᠭ ᠢ ᠶᠡᠬᠡᠪᠡᠷ ᠬᠥᠭᠵᠢᠭᠦᠯᠦᠨ᠎ᠡ᠃ ᠬᠤᠲᠠ ᠬᠥᠳᠡᠭᠡ ᠶᠢ | ᠬᠠᠮᠤᠷᠤᠭᠰᠠᠨ᠂ ᠪᠠᠶᠢᠷᠢᠰᠢᠯ ᠨᠢ ᠵᠦᠶ ᠵᠣᠬᠢᠰᠲᠠᠶ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠦᠵᠢᠭᠦᠯᠦᠭᠰᠡᠨ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠵᠤ᠂ 2025 ᠣᠨ ᠪᠣᠯᠬᠤ ᠳᠤ᠂ ᠲᠦᠭᠡᠮᠡᠯ ᠬᠠᠷᠠᠭᠠᠯᠵᠠᠯ ᠦᠵᠡᠭᠦᠯᠬᠦ ᠴᠢᠨᠠᠷᠲᠠᠶ ᠬᠡᠦᠬᠡᠳ ᠤᠨ | ᠴᠡᠴᠡᠷᠯᠢᠭ ᠤᠨ ᠬᠠᠮᠤᠷᠬᠤ ᠨᠣᠷᠮ᠎ᠠ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ | ᠪᠠᠶᠢᠭ᠎ᠠ ᠲᠣᠭᠠᠨ ᠤ ᠡᠵᠡᠯᠡᠬᠦ ᠬᠠᠷᠢᠴᠠᠯ ᠢ ᠲᠣᠰ ᠲᠣᠰ 85 %᠂ 60 % ᠠᠴᠠ ᠳᠡᠭᠡᠭᠰᠢ ᠳᠤ | ᠲᠣᠭᠲᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠥᠬᠦ | ᠨᠣᠷᠮ᠎ᠠ ᠶᠢ 97 % ᠠᠴᠠ ᠳᠡᠭᠡᠭᠰᠢ ᠪᠠᠶᠢᠯᠭᠠᠨ᠎ᠠ᠃ ︽ᠲᠠᠪᠤᠨ ᠬᠥᠮᠦᠵᠢᠯ︾ ᠢ ᠵᠡᠷᠭᠡ ᠳᠤᠨᠢ ᠡᠷᠬᠢᠮᠯᠡᠬᠦ ᠶᠢ | ᠪᠠᠷᠢᠮᠲᠠᠯᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠠᠵᠢᠯ ᠢ ᠪᠥᠬᠦ | ᠲᠠᠯ᠎ᠠ ᠪᠠᠷ ᠰᠠᠶᠢᠵᠢᠷᠠᠭᠤᠯᠤᠨ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠬᠦ ᠶᠢ ᠲᠥᠯᠬᠢᠨ ᠠᠬᠢᠭᠤᠯᠵᠤ᠂ ︽ᠪᠠᠷᠢᠮᠵᠢᠶ᠎ᠠ ᠪᠠᠷ ᠬᠥᠳᠥᠯᠥᠨ ᠳᠠᠭᠠᠭᠤᠯᠤᠭᠰᠠᠨ᠂ | ᠬᠠᠮᠢᠶᠠᠷᠤᠯᠲᠠ ᠨᠢ ᠵᠢᠷᠤᠮᠵᠢᠭᠰᠠᠨ᠂ ᠠᠭᠤᠯᠤᠭᠳᠠᠬᠤᠨ ᠨᠢ ᠬᠥᠭᠵᠢᠭᠰᠡᠨ᠂ ᠣᠨᠴᠠᠯᠢᠭ ᠢᠶᠠᠷ ᠪᠠᠶᠠᠯᠢᠭ︾ ᠰᠤᠷᠭᠠᠭᠤᠯᠢ | ᠡᠷᠬᠢᠯᠡᠬᠦ ᠪᠠᠶᠢᠷᠢᠰᠢᠯ ᠢ ᠠᠯᠬᠤᠮ ᠠᠯᠬᠤᠮ ᠢᠶᠠᠷ ᠪᠤᠢ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠶᠠᠰᠤ ᠴᠢᠨᠠᠷ ᠪᠣᠯᠤᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃ | 2025 ᠣᠨ ᠪᠣᠯᠬᠤ ᠳᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ | ᠨᠣᠷᠮ᠎ᠠ ᠶᠢ 99 % ᠠᠴᠠ ᠳᠡᠭᠡᠭᠰᠢ ᠪᠠᠶᠢᠯᠭᠠᠵᠤ᠂ 30 % ᠣᠷᠴᠢᠮ ᠤᠨ ᠬᠤᠰᠢᠭᠤ ︵ᠨᠡᠭᠡᠭᠡᠯᠳᠡ ᠶᠢᠨ ᠣᠷᠣᠨ︶ | ᠢ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ | ᠰᠢᠶᠠᠨ ᠤ ᠰᠢᠯᠭᠠᠨ ᠪᠠᠶᠢᠴᠠᠭᠠᠯᠲᠠ ᠳᠤ ᠪᠠᠲᠤᠯᠠᠭᠤᠯᠬᠤ ᠪᠠᠷ ᠴᠢᠷᠮᠠᠶᠢᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠴᠢᠨᠠᠷ ᠰᠠᠶᠢᠲᠠᠶ ᠡᠬᠢ ᠪᠠᠶᠠᠯᠢᠭ ᠢ ᠢᠳᠡᠪᠬᠢᠲᠡᠶ ᠪᠠᠷ ᠥᠷᠭᠡᠳᠬᠡᠨ᠂ ᠰᠤᠷᠭᠠᠭᠤᠯᠢ ᠡᠷᠬᠢᠯᠡᠬᠦ | ᠨᠥᠬᠦᠴᠡᠯ ᠢ ᠨᠢ ᠰᠠᠶᠢᠵᠢᠷᠠᠭᠤᠯᠤᠨ᠎ᠠ᠃ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠬᠠᠮᠢᠶᠠᠷᠤᠯᠲᠠ ᠶᠢᠨ | ᠠᠵᠢᠯ ᠢ ᠴᠢᠩᠭᠠᠳᠬᠠᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠰᠣᠩᠭᠤᠨ ᠠᠩᠭᠢ | ᠰᠣᠯᠢᠵᠤ ᠵᠢᠭᠠᠨ ᠰᠤᠷᠭᠠᠬᠤ᠂ ᠰᠤᠷᠤᠯᠭ᠎ᠠ ᠠᠮᠢᠳᠤᠷᠠᠯ ᠤᠨ ᠵᠢᠯᠣᠭᠤᠳᠣᠯᠭ᠎ᠠ᠂ ᠶᠡᠷᠦᠩᠬᠡᠶᠢᠯᠡᠭᠰᠡᠨ ᠬᠡᠪ ᠴᠢᠨᠠᠷ ᠤᠨ | ᠦᠨᠡᠯᠡᠯᠲᠡ ᠵᠡᠷᠭᠡ ᠠᠵᠢᠯ ᠢ ᠰᠠᠶᠢᠲᠤᠷ ᠬᠢᠵᠦ᠂ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ᠃ ᠪᠥᠬᠦ ᠠᠶᠢᠮᠠᠭ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠤᠷᠤᠭᠰᠠᠨ ᠪᠥᠬᠦ ᠨᠣᠷᠮ᠎ᠠ ᠶᠢ 96 % ᠠᠴᠠ ᠳᠡᠭᠡᠭᠰᠢ | ᠪᠠᠶᠢᠯᠭᠠᠬᠤ ᠶᠢ ᠪᠠᠳᠣᠯᠠᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠮᠦᠨ ᠬᠥᠮᠦᠵᠢᠭᠦᠯᠬᠦ | ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠣᠯᠠᠨ ᠶᠠᠩᠵᠤᠴᠢᠯᠠᠭᠰᠠᠨ ᠣᠨᠴᠠᠯᠢᠭ ᠲᠠᠢ ᠬᠥᠭᠵᠢᠯᠲᠡ ᠶᠢ ᠠᠬᠢᠭᠤᠯᠤᠨ᠎ᠠ᠃ ᠣᠨᠴᠣᠭᠤᠶ | ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠷᠡᠭᠦᠯᠵᠢᠭᠦᠯᠬᠦ ᠪᠡᠯᠡᠳᠬᠡᠮᠵᠢ ᠶᠢ ᠪᠦᠬᠦ | ᠲᠠᠯ᠎ᠠ ᠪᠠᠷ ᠰᠠᠶᠢᠵᠢᠷᠠᠭᠤᠯᠵᠤ᠂ ᠰᠤᠷᠭᠠᠨ ᠬᠥᠮᠦᠵᠢᠯ ᠤᠨ ᠡᠷᠡᠭᠦᠯᠵᠢᠭᠦᠯᠬᠦ ᠠᠷᠭ᠎ᠠ ᠮᠠᠶ᠋ᠢᠭ ᠢ ᠰᠢᠯᠢᠳᠡᠭᠵᠢᠭᠦᠯᠦᠨ᠂ | ᠵᠡᠮᠳᠡᠭ ᠰᠤᠷᠤᠭᠴᠢᠳ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠪᠠᠲᠤᠯᠠᠨ᠎ᠠ᠃ | 2 . ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠤᠢᠭᠡᠢ | ᠴᠢᠩᠭᠠᠳᠬᠠᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠭᠤᠷᠢ ᠶᠢ ᠪᠠᠬᠢᠵᠢᠭᠦᠯᠵᠦ᠂ | ᠠᠯᠠᠱᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠨᠢᠭᠡ ᠪᠦᠯᠦᠭ ᠣᠨᠴᠠᠯᠢᠭᠲᠤ ᠲᠤᠰᠬᠠᠶ ᠮᠡᠷᠭᠡᠵᠢᠯ ᠢ ᠪᠠᠶᠢᠭᠤᠯᠤᠨ᠂ | ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ | ᠰᠤᠷᠭᠠᠭᠤᠯᠢ ᠰᠤᠷᠭᠠᠭᠤᠯᠢ ᠬᠠᠮᠲᠤᠷᠠᠯᠴᠠᠬᠤ ᠶᠢ ᠭᠦᠨᠵᠡᠭᠡᠶᠢᠷᠡᠭᠦᠯᠵᠦ᠂ ᠰᠤᠷᠤᠭᠴᠢᠳ ᠤᠨ ᠠᠳᠠᠯ ᠦᠢᠯᠡᠰ | ᠴᠣᠭᠴᠠᠯᠠᠨ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠴᠢᠶᠡᠯ ᠲᠥᠷᠥᠯ ᠤᠨ ᠲᠤᠰᠬᠠᠶ ᠮᠡᠷᠭᠡᠵᠢᠯ ᠤᠨ | ᠪᠠᠶᠢᠷᠢᠰᠢᠭᠤᠯᠤᠯᠲᠠ ᠪᠠ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠰᠢᠯᠢᠳᠡᠭᠵᠢᠭᠦᠯᠵᠦ᠂ ︽ᠬᠤᠤᠰ | ᠮᠡᠷᠭᠡᠵᠢᠯ ᠲᠠᠢ︾ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ 2025 ᠣᠨ ᠪᠣᠯᠬᠤ ᠳᠤ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠤᠤᠰ ᠮᠡᠷᠭᠡᠵᠢᠯ ᠲᠠᠢ︾ ᠪᠠᠭᠰᠢ ᠶᠢᠨ ᠲᠤᠰᠬᠠᠶ | ᠮᠡᠷᠭᠡᠵᠢᠯ ᠤᠨ ᠬᠢᠴᠢᠶᠡᠯ ᠤᠨ ᠪᠠᠭᠰᠢ ᠳᠠᠬᠢ ᠡᠵᠡᠯᠡᠬᠦ ᠬᠠᠷᠢᠴᠠᠯ ᠢ 50 % ᠳᠤ ᠬᠦᠷᠦᠭᠦᠯᠦᠨ᠎ᠡ᠃ ᠠᠵᠢᠯ | ᠮᠡᠷᠭᠡᠵᠢᠯ ᠤᠨ ᠪᠣᠯᠪᠠᠰᠤᠷᠠᠯ ᠤᠨ ᠠᠵᠢᠯᠯᠠᠭ᠎ᠠ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠵᠦ ᠰᠢᠯᠢᠳᠡᠭ ᠢ ᠬᠥᠮᠦᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠎ᠡ᠃ ᠬᠢᠯᠢ | ᠬᠢᠵᠠᠭᠠᠷ ᠤᠨ ᠵᠢᠵᠢᠭ ᠪᠠᠯᠭᠠᠰᠤᠨ ᠤ ᠣᠨᠴᠠᠯᠢᠭᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠢᠳᠡᠪᠬᠢᠲᠡᠢ ᠪᠤᠢ | ᠪᠣᠯᠭᠠᠨ᠎ᠠ︔ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ | ᠬᠥᠮᠦᠵᠢᠯ ᠤᠨ ᠵᠣᠬᠢᠴᠠᠩᠭᠤᠢ ᠬᠥᠭᠵᠢᠯᠲᠡ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠰᠤᠷᠭᠠᠨ ᠬᠥᠮᠦᠵᠢᠯ | ᠪᠠ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭᠠᠬᠢ ᠰᠤᠷᠭᠠᠨ ᠬᠥᠮᠦᠵᠢᠯ ᠤᠨ ᠪᠦᠲᠦᠮᠵᠢᠲᠡᠢ ᠵᠣᠯᠭᠠᠯᠳᠤᠯ ᠢ | ᠠᠬᠢᠭᠤᠯᠵᠤ᠂ ᠠᠮᠢᠳᠤᠯᠢᠭ ᠪᠥᠭᠡᠳ ᠨᠡᠭᠡᠭᠡᠯᠲᠡᠲᠡᠢ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠨᠠᠰᠤᠨ | ᠲᠤᠷᠰᠢᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ | 3 . ᠪᠠᠭᠰᠢ ᠶᠢᠨ ᠡᠩᠨᠡᠭᠡᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠳᠡᠭᠡᠳᠦ ᠲᠠᠰ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠵᠦ᠂ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ ᠶᠢᠨ ᠪᠠᠭᠰᠢ ᠶᠢᠨ ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠦᠨ᠂ 2025 ᠣᠨ ᠪᠣᠯᠬᠤ ᠳᠤ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠪᠠᠭᠰᠢ ᠶᠢᠨ ᠲᠤᠰᠬᠠᠶ ᠮᠡᠷᠭᠡᠵᠢᠯ ᠤᠨ ᠰᠤᠷᠭᠠᠨ | ᠬᠥᠮᠦᠵᠢᠯ ᠭᠥᠷᠳᠡᠬᠦ ᠬᠠᠷᠢᠴᠠᠯ ᠢ 80 % ᠳᠤ ᠬᠦᠷᠦᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ | ᠦᠶ᠎ᠡ ᠳᠠᠬᠢ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ ᠪᠠᠭᠰᠢ ᠶᠢᠨ ᠬᠠᠷᠢᠴᠠᠯ ᠢ 80 % ᠳᠤ | ᠬᠦᠷᠦᠭᠦᠯᠦᠨ᠎ᠡ᠃ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠦᠬᠦ | ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ᠂ ᠪᠠᠭᠰᠢ ᠶᠢᠨ ᠲᠥᠷᠥᠯ ᠬᠤᠪᠢᠶᠠᠬᠤ᠂ | ᠳᠡᠰ ᠬᠤᠪᠢᠶᠠᠬᠤ᠂ ᠠᠵᠢᠯ ᠤᠨ ᠪᠠᠶᠢᠷᠢ ᠬᠤᠪᠢᠶᠠᠬᠤ ᠪᠣᠯᠪᠠᠰᠤᠷᠠᠭᠤᠯᠤᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ | ᠪᠠᠭᠰᠢ ᠶᠢᠨ ᠪᠣᠯᠪᠠᠰᠤᠷᠠᠭᠤᠯᠤᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | 4 . ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠨᠡᠩ ᠲᠡᠭᠦᠯᠳᠡᠷᠵᠢᠭᠦᠯᠦᠨ᠎ᠡ᠃ ᠰᠢᠨᠵᠢᠯᠡᠬᠦ | ᠤᠬᠠᠭᠠᠨᠴᠢ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠪᠤᠢ ᠪᠣᠯᠭᠠᠵᠤ᠂ ᠶᠣᠰᠣ ᠰᠤᠷᠲᠠᠬᠤᠨ | ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠲᠠᠪᠤᠨ ᠬᠥᠮᠦᠵᠢᠯ ᠢ ᠵᠡᠷᠭᠡ ᠪᠠᠷ ᠴᠢᠬᠤᠯᠠᠴᠢᠯᠠᠬᠤ | ᠰᠤᠷᠭᠠᠨ ᠬᠥᠮᠦᠵᠢᠯ ᠤᠨ ᠰᠢᠰᠲ᠋ᠧᠮ ᠢ ᠨᠡᠩ ᠪᠦᠷᠢᠨᠰᠢᠬᠦᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ | ᠲᠠᠯ᠎ᠠ ᠪᠠᠷ ᠬᠥᠭᠵᠢᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠪᠠᠭᠰᠢ ᠶᠢᠨ ᠡᠩᠨᠡᠭᠡᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ | ᠪᠠᠭᠰᠢ ᠶᠢᠨ ᠶᠡᠷᠦᠩᠬᠡᠶᠢᠯᠡᠭᠰᠡᠨ ᠬᠡᠪ ᠴᠢᠨᠠᠷ ᠪᠠ ᠲᠤᠰᠬᠠᠶᠢᠵᠢᠭᠰᠠᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ | ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠥᠬᠡᠶ ᠴᠢᠩᠭᠠᠷᠠᠵᠤ᠂ | ᠬᠠᠮᠢᠶᠠᠷᠤᠯᠲᠠ ᠶᠢᠨ ᠬᠢᠷᠢ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠪᠡ᠃ ︽ᠢᠨᠲ᠋ᠧᠷ ᠰᠦᠯᠵᠢᠶ᠎ᠡ + ᠰᠤᠷᠭᠠᠨ | ᠬᠥᠮᠦᠵᠢᠯ︾ ᠢ ᠠᠬᠢᠭᠤᠯᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠰᠤᠷᠭᠠᠨ ᠬᠥᠮᠦᠵᠢᠯ ᠤᠨ | ᠵᠢᠭᠠᠨ ᠰᠤᠷᠭᠠᠯᠲᠠ ᠶᠢᠨ ᠭᠦᠨ ᠠᠭᠤᠰᠤᠯᠴᠠᠯ ᠢ ᠠᠬᠢᠭᠤᠯᠤᠨ᠎ᠠ᠃ | 5 . ᠰᠤᠷᠭᠠᠨ ᠬᠥᠮᠦᠵᠢᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠬᠦᠯᠦᠨ᠎ᠡ᠃ ᠰᠤᠷᠭᠠᠨ ᠬᠥᠮᠦᠵᠢᠯ ᠤᠨ | ᠬᠠᠮᠢᠶᠠᠷᠤᠯᠲᠠ ᠶᠢᠨ ᠪᠠᠶᠢᠭᠤᠯᠤᠯ ᠪᠠ ᠰᠤᠷᠭᠠᠭᠤᠯᠢ ᠶᠢᠨ ᠳᠣᠲᠣᠭᠠᠳᠤ ᠶᠢᠨ ᠵᠠᠰᠠᠯᠲᠠ ᠶᠢᠨ ᠪᠦᠲᠦᠴᠡ ᠶᠢ ᠡᠳᠦᠷ | ᠢᠷᠡᠬᠦᠶ᠎ᠡ ᠳᠡᠭᠦᠯᠳᠡᠷᠵᠢᠬᠦᠯᠦᠨ᠎ᠡ᠃ ᠰᠤᠷᠭᠠᠭᠤᠯᠢ ᠶᠢᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠰᠤᠷᠭᠠᠭᠤᠯᠢ | ᠡᠷᠭᠢᠯᠡᠬᠦ ᠡᠷᠬᠡ ᠶᠢ ᠨᠠᠩ ᠰᠠᠶᠢᠨ ᠪᠠᠲᠤᠯᠠᠵᠤ᠂ ᠨᠡᠶᠢᠭᠡᠮ ᠤᠨ ᠬᠢᠨ ᠰᠤᠷᠭᠠᠨ ᠬᠥᠮᠦᠵᠢᠯ ᠳᠤ ᠥᠷᠭᠡᠨ ᠢᠶᠠᠷ | ᠣᠷᠣᠯᠴᠠᠨ ᠳᠡᠮᠵᠢᠬᠦ ᠲᠣᠭᠲᠠᠴᠠ᠂ ᠠᠷᠭ᠎ᠠ ᠵᠠᠮ ᠢ ᠨᠠᠩ ᠲᠡᠭᠦᠯᠳᠡᠷᠵᠢᠭᠦᠯᠦᠨ᠎ᠡ᠃ ᠬᠠᠤᠯᠢ ᠪᠠᠷ ᠰᠤᠷᠭᠠᠭᠤᠯᠢ ᠶᠢ | ᠵᠠᠰᠠᠬᠤ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠡᠷᠬᠡ ᠶᠢ ᠨᠠᠩ ᠢᠯᠡ ᠲᠣᠳᠣ ᠪᠣᠯᠭᠠᠨ᠎ᠠ᠃ ᠣᠳᠣ ᠦᠶ᠎ᠡ ᠶᠢᠨ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠰᠢᠰᠲ᠋ᠧᠮᠵᠢ ᠶᠢ ᠠᠩᠬ᠎ᠠ ᠠᠯᠬᠤᠮ ᠪᠣᠶ ᠪᠣᠯᠭᠠᠵᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠶᠢ | ᠬᠠᠤᠯᠢᠵᠢᠭᠤᠯᠬᠤ᠂ ᠲᠤᠰᠬᠠᠶᠢᠵᠢᠭᠤᠯᠬᠤ᠂ ᠣᠳᠣᠬᠢᠴᠢᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠨᠡᠮᠡᠭᠳᠡᠭᠦᠯᠦᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠦᠮᠦᠵᠢᠬᠦᠯᠦᠨ᠎ᠡ | 1 . ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠨ ᠦᠢᠯᠡᠳᠦᠯᠬᠡᠵᠢᠬᠦᠯᠦᠨ᠎ᠡ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠦᠭ ᠰᠦᠨᠡᠰᠦ ᠶᠢ | ᠱᠤᠭᠤᠵᠤ ᠬᠥᠮᠦᠨ ᠢ ᠬᠥᠮᠦᠵᠢᠭᠦᠯᠬᠦ ᠪᠠᠷ ᠭᠤᠤᠯ ᠰᠢᠵᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠳᠠᠪᠤᠷᠢᠲᠠᠨ ᠢ ᠬᠥᠮᠦᠵᠢᠭᠦᠯᠬᠦ | ᠪᠠ ᠪᠠᠭᠰᠢ ᠶᠢᠨ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠳᠤ ᠣᠷᠣᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠵᠢᠭᠠᠬᠤ | ᠮᠠᠲ᠋ᠧᠷᠢᠶᠠᠯ ᠳᠤ ᠣᠷᠣᠬᠤ᠂ ᠬᠢᠴᠢᠶᠡᠯ ᠤᠨ ᠲᠠᠩᠬᠢᠮ ᠳᠤ ᠣᠷᠣᠬᠤ᠂ ᠰᠦᠯᠵᠢᠶᠡᠨ ᠳᠤ ᠣᠷᠣᠬᠤ᠂ ᠪᠠᠭᠰᠢ | ᠰᠤᠷᠤᠭᠴᠢ ᠶᠢᠨ ᠲᠠᠷᠢᠬᠢ ᠲᠣᠯᠣᠭᠠᠶ ᠳᠤ ᠣᠷᠣᠬᠤ︾ ᠶᠢ ᠪᠦᠬᠦ ᠲᠠᠯ᠎ᠠ ᠪᠠᠷ ᠠᠬᠢᠭᠤᠯᠣᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ | ᠭᠤᠤᠯ ᠰᠢᠵᠢᠮ ᠪᠣᠯᠭᠠᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠭ᠎ᠠ ᠰᠤᠷᠭᠠᠭᠤᠯᠢ ᠵᠢᠴᠢ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠳᠤ ᠠᠭᠤᠰᠬᠠᠨ ᠣᠷᠣᠭᠤᠯᠬᠤ ᠶᠢ ᠠᠬᠢᠭᠤᠯᠵᠦ᠂ ᠥᠨᠳᠥᠷ ᠳᠤᠮᠳᠠᠳᠤ ᠶᠢᠨ ᠱᠠᠲᠤᠨ ᠤ ︽ | ᠦᠵᠡᠯ ᠰᠠᠨᠠᠭ᠎ᠠ ᠤᠯᠤᠰ ᠲᠥᠷᠥ︾ ᠶᠢᠨ ᠬᠢᠴᠢᠶᠡᠯ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠭᠴᠢᠳ ᠤᠨ ᠤᠩᠰᠢᠬᠤ ᠪᠢᠴᠢᠭ︾ ᠢ | ᠰᠠᠶᠢᠲᠤᠷ ᠭᠡᠷᠡᠭᠯᠡᠵᠦ᠂ ᠰᠤᠷᠭᠠᠨ ᠬᠥᠮᠦᠵᠢᠯ ᠤᠨ ᠰᠢᠰᠲ᠋ᠧᠮ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ | ᠳᠣᠣᠱᠯᠠᠭᠤᠯᠬᠤ ᠪᠠᠲᠤ ᠴᠢᠩᠭ᠎ᠠ ᠵᠢᠭᠰᠠᠭᠠᠯ ᠤᠨ ᠭᠠᠵᠠᠷ ᠪᠣᠯᠭᠠᠨ᠎ᠠ᠃ ︽ᠭᠤᠷᠪᠠᠨ ᠪᠦᠬᠦ ᠪᠠᠷ ᠬᠥᠮᠦᠨ ᠢ | ᠬᠥᠮᠦᠵᠢᠭᠦᠯᠬᠦ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ᠂ ᠰᠣᠶᠣᠯ | ᠮᠡᠳᠡᠯᠭᠡ ᠶᠢᠨ ᠬᠥᠮᠦᠵᠢᠯ᠂ ᠮᠡᠷᠭᠡᠵᠢᠯ ᠤᠷ᠎ᠠ ᠴᠢᠳᠠᠪᠤᠷᠢ ᠶᠢᠨ ᠬᠥᠮᠦᠵᠢᠯ᠂ ᠨᠡᠶᠢᠭᠡᠮ ᠤᠨ ᠦᠢᠯᠡᠳᠦᠯᠬᠡ ᠶᠢᠨ | ᠬᠥᠮᠦᠵᠢᠯ ᠵᠡᠷᠭᠡ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠴᠢᠭᠯᠡᠯ ᠨᠢ ᠵᠥᠪ᠂ ᠠᠭᠤᠯᠭ᠎ᠠ ᠨᠢ ᠪᠦᠷᠢᠨ | ᠲᠡᠭᠦᠯᠳᠡᠷ᠂ ᠰᠤᠷᠤᠯᠭ᠎ᠠ ᠶᠢᠨ ᠱᠠᠲᠤ ᠶᠢ ᠵᠣᠯᠭᠠᠭᠤᠯᠤᠭᠰᠠᠨ᠂ ᠠᠴᠢᠶᠠᠯᠠᠪᠤᠷᠢ ᠨᠢ ᠪᠠᠶᠠᠯᠢᠭ᠂ ᠬᠡᠪ ᠤᠨ ᠪᠠᠶᠢᠳᠠᠯ ᠢᠶᠠᠷ | ᠥᠷᠨᠢᠭᠦᠯᠦᠭᠰᠡᠨ ᠳᠤᠮᠳᠠᠳᠤ ᠪᠠᠭ᠎ᠠ ᠰᠤᠷᠭᠠᠭᠤᠯᠢ ᠶᠢ ᠨᠢᠭᠡ ᠴᠣᠭᠴᠠᠵᠢᠭᠤᠯᠤᠭᠰᠠᠨ ᠶᠣᠰᠣ ᠰᠤᠷᠲᠠᠬᠤᠨ ᠤ | ᠬᠥᠮᠦᠵᠢᠯ ᠤᠨ ᠠᠵᠢᠯ ᠤᠨ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠤᠨ᠎ᠠ᠃ ᠬᠦᠰᠡᠯᠡᠩ ᠢᠲᠡᠭᠡᠯ ᠪᠢᠰᠢᠷᠡᠯ᠂ | ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯ ᠤᠨ ᠤᠯᠠᠮᠵᠢᠯᠠᠯ᠂ ᠪᠣᠯᠪᠠᠰᠤᠨ ᠤ ᠬᠡᠪ ᠪᠣᠯᠪᠠᠰᠤᠷᠠᠯ | ᠵᠡᠷᠭᠡ ᠬᠥᠮᠦᠵᠢᠯ ᠢ ᠶᠡᠬᠡᠪᠡᠷ ᠥᠷᠨᠢᠭᠦᠯᠵᠦ᠂ ᠨᠠᠮ ᠤᠨ ᠲᠡᠦᠬᠡ ᠪᠠᠷ ᠭᠤᠤᠯᠳᠠᠯᠭ᠎ᠠ ᠪᠣᠯᠭᠠᠭᠰᠠᠨ ︽ᠳᠥᠷᠪᠡᠨ ᠲᠡᠦᠬᠡ︾ | ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ | 2 . ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠬᠥᠮᠦᠵᠢᠯ ᠢ ᠴᠢᠩᠭᠠᠳᠬᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠵᠦ᠂ ᠶᠡᠷᠦᠩᠬᠡᠢ ᠱᠦᠵᠢ | ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠡᠵᠡᠮᠰᠢᠵᠦ᠂ ᠰᠤᠷᠤᠭᠴᠢᠳ ᠢ ᠬᠥᠮᠦᠵᠢᠭᠦᠯᠵᠦ | ᠵᠥᠪ ᠣᠨᠣᠪᠴᠢᠲᠠᠢ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠲᠡᠦᠬᠡ ᠶᠢᠨ ᠦᠵᠡᠯᠲᠡ᠂ | ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠵᠤ᠂ ᠵᠢᠷᠭᠠᠯ ᠵᠣᠪᠠᠯ ᠢᠶᠠᠨ | ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ | ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠭᠤᠷᠪᠠᠨ ᠬᠡᠨ ᠠᠯᠢᠨ ᠠᠴᠠ ᠪᠠᠨ ᠰᠠᠯᠵᠤ ᠴᠢᠳᠠᠬᠤ | ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠪᠣᠯᠤᠨ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠣᠶᠢᠯᠠᠭᠠᠭᠳᠠᠬᠤᠨ ᠢ ᠰᠡᠳᠬᠢᠯ ᠳᠤ ᠭᠦᠨ ᠬᠠᠳᠠᠩᠰᠢᠭᠤᠯᠬᠤ ᠬᠡᠷᠡᠭᠲᠡᠢ᠃ ᠳᠤᠮᠳᠠᠳᠤ ᠪᠠᠭ᠎ᠠ | ᠰᠤᠷᠭᠠᠭᠤᠯᠢ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠲᠤᠰᠬᠠᠶ ᠰᠡᠳᠦᠪᠲᠦ ᠬᠢᠴᠢᠶᠡᠯ | ᠨᠡᠭᠡᠭᠡᠬᠦ ᠶᠢᠨ ᠬᠠᠮᠲᠤ ᠡᠯ᠎ᠡ ᠬᠢᠴᠢᠶᠡᠯ ᠲᠥᠷᠥᠯ ᠤᠨ ᠵᠢᠭᠠᠨ ᠰᠤᠷᠭᠠᠯᠲᠠ ᠳᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠦᠵᠢᠯ ᠤᠨ ᠠᠭᠤᠯᠭ᠎ᠠ ᠶᠢ | ᠣᠷᠭᠠᠨᠢᠭ ᠢᠶᠠᠷ ᠠᠭᠤᠰᠣᠯᠴᠠᠭᠤᠯᠣᠨ᠎ᠠ᠃ ︽ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠳᠤᠮᠳᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠪᠥᠬᠦ | ᠲᠠᠯ᠎ᠠ ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠬᠦ ᠲᠤᠬᠠᠶ ᠠᠵᠢᠯᠯᠠᠭᠠᠨ ᠤ ᠲᠥᠰᠦᠯ ︵2021—2025 | ︶︾ ᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠥᠮᠦᠵᠢᠯ ᠢᠶᠠᠷ ᠭᠤᠤᠯ ᠰᠢᠵᠢᠮ ᠪᠣᠯᠭᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ︾᠂ | ︽ᠭᠠᠷ ᠭᠠᠷ ᠢᠶᠠᠨ ᠬᠤᠯᠪᠣᠨ ᠰᠡᠳᠬᠢᠯ ᠵᠢᠷᠦᠬᠡ ᠪᠠᠨ ᠬᠤᠯᠪᠣᠬᠤ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ | ᠬᠥᠮᠦᠨ ᠮᠡᠲᠦ ᠳᠣᠲᠣᠨᠣ︾ ᠵᠡᠷᠭᠡ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠰᠠᠶᠢᠲᠤᠷ ᠵᠣᠬᠢᠶᠠᠨ | ᠪᠠᠶᠢᠭᠤᠯᠤᠨ᠎ᠠ︔ ᠰᠤᠷᠭᠠᠭᠤᠯᠢ ᠶᠢᠨ ᠬᠦᠷᠢᠶ᠎ᠡ᠂ ᠨᠣᠮ ᠤᠨ ᠰᠠᠩ᠂ ᠬᠢᠴᠢᠶᠡᠯ ᠤᠨ ᠭᠡᠷ᠂ ᠪᠠᠶᠢᠷᠢ ᠵᠡᠷᠭᠡ ᠭᠠᠵᠠᠷ ᠲᠤ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠭᠤᠯᠭ᠎ᠠ ᠶᠢ ᠬᠠᠷᠠᠭᠤᠯᠤᠭᠰᠠᠨ ᠪᠦᠲᠦᠭᠡᠯ ᠢ ᠳᠡᠯᠭᠡᠨ ᠦᠵᠡᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠠᠳᠠᠷᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ | ᠪᠤᠶ ᠪᠣᠯᠭᠠᠨ᠎ᠠ᠃ ᠦᠨᠳᠦᠰᠦᠲᠡᠨ ᠨᠦᠭᠦᠳ ᠤᠨ ᠰᠤᠷᠤᠭᠴᠢᠳ ᠤᠨ ᠰᠤᠷᠭᠠᠭᠤᠯᠢ ᠲᠠᠢ ᠬᠠᠮᠲᠤ ᠠᠩᠭᠢ ᠨᠡᠶᠢᠯᠡᠬᠦ ᠶᠢ | ᠠᠬᠢᠭᠤᠯᠵᠤ᠂ ᠣᠯᠠᠨ ᠶᠠᠩᠵᠤ ᠬᠡᠯᠪᠡᠷᠢ ᠶᠢᠨ ᠦᠨᠳᠦᠰᠦᠲᠡᠨ ᠤ ᠪᠦᠯᠬᠦᠮᠳᠡᠯ ᠤᠨ ᠨᠥᠬᠦᠷᠯᠡᠯ ᠤᠨ ᠠᠵᠢᠯᠯᠠᠭ᠎ᠠ ᠶᠢ | ᠥᠷᠨᠢᠭᠦᠯᠵᠦ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠬᠠᠮᠲᠤ ᠪᠠᠷ ᠰᠤᠷᠤᠯᠴᠠᠵᠤ ᠬᠠᠮᠲᠤ ᠪᠠᠷ | ᠤᠷᠤᠭᠰᠢᠯᠠᠬᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ | 3 . ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠡᠷᠴᠢᠮ ᠢ | ᠴᠢᠩᠭᠠᠷᠠᠭᠤᠯᠤᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠨ᠎ᠡ᠃ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ | ᠡᠬᠢᠯᠡᠨ᠂ ᠪᠥᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠪᠠᠭ᠎ᠠ ᠰᠤᠷᠭᠠᠭᠤᠯᠢ ᠶᠢᠨ | ᠨᠢᠭᠡᠳᠦᠭᠡᠷ᠂ ᠬᠤᠶᠠᠳᠤᠭᠠᠷ ᠣᠨ ᠳᠤ ᠴᠥᠮ ᠨᠢᠭᠡᠳᠦᠯᠲᠡᠶ ᠨᠠᠶᠢᠷᠠᠭᠤᠯᠤᠭᠰᠠᠨ ︽ᠶᠣᠰᠣ ᠰᠤᠷᠲᠠᠬᠤᠨ ᠬᠢᠭᠡᠳ | ᠬᠠᠤᠯᠢ ᠪᠠᠷ ᠵᠠᠰᠠᠬᠤᠢ︾᠂ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠲᠤ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠵᠢᠭᠠᠨ ᠰᠤᠷᠭᠠᠨ᠎ᠠ︔ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠴᠥᠮ ᠨᠢᠭᠡᠳᠦᠯᠲᠡᠢ ᠨᠠᠶᠢᠷᠠᠭᠤᠯᠤᠭᠰᠠᠨ ︽ᠶᠣᠰᠣ | ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ ︽ᠬᠡᠯᠡ ᠪᠢᠴᠢᠭ︾᠂ ︽ᠲᠡᠦᠬᠡ︾ ᠶᠢᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠪᠥᠭᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠣᠷᠭᠠᠨ᠎ᠠ᠃ | 2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠨᠢᠭᠡᠳᠦᠭᠡᠷ ᠣᠨ ᠳᠤ ᠴᠥᠮ ᠨᠢᠭᠡᠳᠦᠯᠲᠡᠢ ᠨᠠᠶᠢᠷᠠᠭᠤᠯᠤᠭᠰᠠᠨ ︽ᠦᠵᠡᠯ ᠰᠠᠨᠠᠭ᠎ᠠ ᠤᠯᠤᠰ ᠲᠦᠷᠦ | ︾᠂ ︽ᠬᠡᠯᠡ ᠪᠢᠴᠢᠭ︾᠂ ︽ᠲᠡᠦᠬᠡ︾ ᠶᠢᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠲᠤ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠨ᠎ᠠ᠃ 2023 ᠣᠨ ᠤ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠳᠡᠪᠰᠢᠬᠦ ᠰᠢᠯᠭᠠᠯᠲᠠ ᠶᠢᠨ ᠦᠶ᠎ᠡ ᠶᠢᠨ ︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ ︽ᠬᠡᠯᠡ ᠪᠢᠴᠢᠭ | ︾᠂ ︽ᠲᠡᠦᠬᠡ︾ ᠶᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠰᠡᠳᠦᠪ ᠭᠠᠷᠭᠠᠵᠤ᠂ | ᠰᠢᠯᠭᠠᠯᠲᠠ ᠶᠢᠨ ᠬᠠᠭᠤᠳᠠᠰᠤ ᠶᠢ ᠬᠠᠷᠢᠭᠤᠯᠣᠨ᠎ᠠ᠃ 2025 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠲᠡᠭᠦᠰᠬᠦ ᠰᠤᠷᠤᠭᠴᠢᠳ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ | ᠦᠶ᠎ᠡ ᠳᠤ᠂ ︽ᠦᠵᠡᠯ ᠰᠠᠨᠠᠭ᠎ᠠ ᠤᠯᠤᠰ ᠲᠥᠷᠥ︾᠂ ︽ᠬᠡᠯᠡ ᠪᠢᠴᠢᠭ︾᠂ ︽ᠲᠡᠦᠬᠡ︾ ᠶᠢᠨ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠬᠤᠯᠪᠣᠭᠳᠠᠭᠰᠠᠨ ᠬᠢᠴᠢᠶᠡᠯ ᠲᠥᠷᠥᠯ ᠳᠤ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠰᠡᠳᠦᠪ ᠭᠠᠷᠭᠠᠵᠤ᠂ ᠰᠢᠯᠭᠠᠯᠲᠠ ᠶᠢᠨ | ᠬᠠᠭᠤᠳᠠᠰᠤ ᠶᠢ ᠬᠠᠷᠢᠭᠤᠯᠣᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ | ᠭᠤᠶᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠨ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠦᠷᠭᠦᠯᠵᠢᠯᠡᠨ | ᠴᠢᠩᠭᠠᠷᠠᠭᠤᠯᠤᠨ᠎ᠠ᠃ 2025 ᠣᠨ ᠪᠣᠯᠬᠤ ᠳᠤ᠂ ᠪᠥᠬᠦ ᠠᠶᠢᠮᠠᠭ ᠤᠨ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡᠨ ᠤ ᠲᠦᠭᠡᠮᠡᠯᠵᠢᠯᠲᠡ ᠶᠢᠨ ᠨᠣᠷᠮ᠎ᠠ ᠶᠢ 85 % ᠳᠤ ᠬᠦᠷᠭᠡᠵᠦ᠂ ᠳᠤᠮᠳᠠᠳᠤ ᠪᠠᠭ᠎ᠠ ᠰᠤᠷᠭᠠᠭᠤᠯᠢ ᠪᠠ | ᠬᠡᠦᠬᠡᠳ ᠤᠨ ᠴᠡᠴᠡᠷᠯᠢᠭ ᠤᠨ ᠪᠠᠷᠢᠮᠵᠢᠶ᠎ᠠ ᠳᠤ ᠭᠦᠷᠦᠭᠰᠡᠨ ᠰᠤᠷᠭᠠᠭᠤᠯᠢ ︵ᠴᠡᠴᠡᠷᠯᠢᠭ︶ ᠶᠢᠨ ᠪᠥᠲᠥᠭᠡᠨ | ᠪᠠᠶᠢᠭᠤᠯᠤᠯᠲᠠ ᠶᠢᠨ ᠰᠢᠯᠭᠠᠨ ᠠᠪᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ 2022 ᠣᠨ ᠠᠴᠠ ᠡᠬᠢᠯᠡᠨ | ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠨᠡᠶᠢᠲᠡᠯᠢᠭ ᠬᠡᠯᠡᠨ ᠤ ᠬᠢᠷᠢ | ᠲᠦᠪᠰᠢᠨ ᠤ ᠬᠤᠶᠠᠳᠤᠭᠠᠷ ᠳᠡᠰ ᠤᠨ ᠬᠥᠬᠡᠭᠴᠢᠨ ᠲᠠᠰ ᠤᠨ ᠣᠷᠣᠬᠤ ᠶᠢ ᠵᠥᠪᠰᠢᠶᠡᠷᠡᠬᠦ ᠲᠦᠷᠢᠮ ᠢ ᠬᠡᠷᠡᠭᠵᠢᠭᠦᠯᠵᠦ᠂ | ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠭᠤᠤᠯᠯᠠᠬᠤ ᠬᠡᠪ ᠪᠣᠯᠪᠠᠰᠤᠷᠠᠯ ᠪᠠ | ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠪᠣᠯᠤᠨ ᠵᠢᠭᠠᠨ ᠰᠤᠳᠤᠯᠤᠭᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠪᠦᠬᠦ ᠪᠠᠭᠰᠢ ᠶᠢᠨ ᠪᠣᠯᠪᠠᠰᠤᠷᠠᠯ ᠢ | ᠥᠷᠨᠢᠭᠦᠯᠵᠦ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠴᠢᠳᠠᠪᠤᠷᠢ | ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ︔ ᠵᠢᠭᠠᠬᠤ | ᠰᠤᠳᠤᠯᠬᠤ ᠶᠢ ᠳᠠᠭᠠᠭᠠᠴᠢᠯᠠᠨ ᠬᠠᠷᠢᠯᠴᠠᠵᠦ ᠵᠢᠯᠣᠭᠤᠳᠬᠤ ᠳᠦᠷᠢᠮ ᠢ ᠪᠠᠶᠢᠭᠤᠯᠵᠤ᠂ ᠰᠤᠷᠤᠯᠭ᠎ᠠ ᠶᠢᠨ ᠪᠠᠶᠢᠳᠠᠯ ᠢ | ᠵᠠᠳᠠᠯᠬᠤ᠂ ᠵᠢᠭᠠᠨ ᠰᠤᠷᠭᠠᠯᠲᠠ ᠶᠢ ᠵᠢᠯᠣᠭᠤᠳᠬᠤ ᠪᠠ ᠶᠠᠰᠤ ᠴᠢᠨᠠᠷ ᠢ ᠬᠢᠨᠠᠨ ᠰᠢᠨᠵᠢᠬᠦ ᠶᠢ ᠪᠠᠶᠢᠩᠭᠤᠵᠢᠭᠤᠯᠤᠨ | ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠢ ᠪᠠᠲᠤᠯᠠᠨ᠎ᠠ᠃ | 4 . ᠳᠤᠮᠳᠠᠳᠤ ᠪᠠᠭ᠎ᠠ ᠰᠤᠷᠭᠠᠭᠤᠯᠢ ᠶᠢ ᠨᠢᠭᠡ ᠴᠣᠭᠴᠠᠵᠢᠭᠤᠯᠬᠤ ᠦᠵᠡᠯ ᠰᠠᠨᠠᠭ᠎ᠠ ᠤᠯᠤᠰ ᠲᠥᠷᠥ ᠶᠢᠨ | ᠠᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ | ᠳᠣᠣᠱᠯᠠᠭᠤᠯᠵᠦ᠂ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ | ᠬᠢᠴᠢᠶᠡᠯ ᠤᠨ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠵᠤ᠂ ᠬᠢᠴᠢᠶᠡᠯ ᠤᠨ ᠬᠠᠷᠠᠯᠲᠠ᠂ ᠡᠩᠨᠡᠭᠡ ᠶᠢᠨ ᠬᠥᠭᠵᠢᠯᠲᠡ᠂ ᠵᠢᠭᠠᠨ ᠰᠤᠷᠭᠠᠯᠲᠠ ᠶᠢᠨ | ᠰᠤᠳᠤᠯᠭᠠᠨ᠂ ᠰᠤᠷᠭᠠᠨ ᠬᠥᠮᠦᠵᠢᠯ ᠤᠨ ᠦᠨᠡᠯᠡᠯᠲᠡ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠦᠨ᠎ᠡ᠃ 2025 | ᠣᠨ ᠪᠣᠯᠬᠤ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠥᠬᠦ | ᠲᠠᠯ᠎ᠠ ᠪᠠᠷ ᠬᠥᠮᠦᠵᠢᠭᠦᠯᠬᠦ᠂ ᠪᠥᠬᠦ ᠠᠵᠢᠯᠲᠠᠨ ᠢ ᠬᠥᠮᠦᠵᠢᠭᠦᠯᠬᠦ᠂ ᠪᠥᠬᠦ ᠶᠠᠪᠤᠴᠠ ᠪᠠᠷ ᠬᠥᠮᠦᠵᠢᠭᠦᠯᠬᠦ ᠰᠢᠨ᠎ᠡ | ᠪᠠᠶᠢᠷᠢᠰᠢᠯ ᠢ ᠪᠦᠷᠢᠯᠳᠦᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠶᠠᠰᠤ ᠴᠢᠨᠠᠷ ᠪᠠ | ᠴᠢᠳᠠᠪᠤᠷᠢᠲᠠᠨ ᠬᠥᠮᠦᠵᠢᠭᠦᠯᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ ᠳᠤᠮᠳᠠᠳᠤ ᠪᠠᠭ᠎ᠠ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠬᠠᠷᠠᠯᠲᠠ ᠶᠢ ᠨᠠᠶᠢᠳᠠᠪᠤᠷᠢᠵᠢᠭᠤᠯᠬᠤ ᠳᠤ᠂ | ᠪᠠᠭ᠎ᠠ ᠰᠤᠷᠭᠠᠭᠤᠯᠢ ᠶᠢᠨ ᠱᠠᠲᠤᠨ ᠤ ᠭᠤᠣᠯᠳᠠᠯᠭ᠎ᠠ ᠨᠢ ᠰᠤᠷᠤᠭᠴᠢᠳ ᠤᠨ ᠶᠣᠰᠣ ᠰᠤᠷᠲᠠᠬᠤᠨ ᠤ ᠰᠡᠳᠬᠢᠯᠭᠡ ᠶᠢ | ᠬᠥᠮᠦᠵᠢᠭᠦᠯᠬᠦ ᠳᠤ ᠪᠤᠢ᠂ ᠠᠩᠬ᠎ᠠ ᠳᠤᠮᠳᠠᠳᠤ ᠶᠢᠨ ᠱᠠᠲᠤᠨ ᠤ ᠭᠤᠣᠯᠳᠠᠯᠭ᠎ᠠ ᠨᠢ ᠰᠤᠷᠤᠭᠴᠢᠳ ᠤᠨ ᠦᠵᠡᠯ | ᠰᠠᠨᠠᠭᠠᠨ ᠤ ᠰᠠᠭᠤᠷᠢ ᠶᠢ ᠪᠠᠬᠢᠵᠢᠭᠦᠯᠬᠦ ᠳᠤ ᠪᠤᠢ᠂ ᠥᠨᠳᠥᠷ ᠳᠤᠮᠳᠠᠳᠤ ᠶᠢᠨ ᠱᠠᠲᠤᠨ ᠤ ᠭᠤᠣᠯᠳᠠᠯᠭ᠎ᠠ ᠨᠢ | ᠰᠤᠷᠤᠭᠴᠢᠳ ᠤᠨ ᠤᠯᠤᠰ ᠲᠦᠷᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠪᠤᠢ᠂ ᠥᠷᠭᠡᠨ ᠤᠯᠠᠨ | ᠰᠤᠷᠤᠭᠴᠢᠳ ᠢ ᠬᠦᠲᠦᠯᠦᠨ ᠵᠢᠯᠣᠭᠤᠳᠴᠤ ᠪᠠᠶᠢᠭᠠᠳ ︽ᠳᠦᠷᠪᠡᠨ ᠢᠲᠡᠭᠡᠯ︾ ᠢ ᠨᠢ ᠪᠠᠲᠤᠳᠬᠠᠵᠤ᠂ ᠶᠣᠰᠣ | ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠭᠠᠨ᠎ᠠ᠃ ᠬᠢᠴᠢᠶᠡᠯ ᠤᠨ | ᠪᠠᠶᠢᠷᠢᠯᠠᠭᠤᠯᠤᠯᠲᠠ ᠶᠢ ᠵᠢᠷᠤᠮᠵᠢᠭᠤᠯᠵᠤ᠂ ᠬᠢᠴᠢᠶᠡᠯ ᠤᠨ ᠠᠭᠤᠯᠭ᠎ᠠ ᠶᠢ ᠪᠠᠶᠠᠯᠢᠭᠵᠢᠭᠤᠯᠤᠨ᠂ ᠪᠤᠢ ᠪᠦᠬᠦᠢ | ᠬᠢᠴᠢᠶᠡᠯ ᠤᠨ ᠬᠥᠮᠦᠨ ᠢ ᠬᠥᠮᠦᠵᠢᠭᠦᠯᠬᠦ ᠴᠢᠳᠠᠮᠵᠢ ᠶᠢ ᠠᠭᠤᠳᠠᠯᠵᠤ᠂ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠬᠢᠭᠡᠳ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ᠂ ᠬᠢᠴᠢᠶᠡᠯ ᠤᠨ ᠳᠣᠲᠣᠷᠠᠬᠢ ᠰᠤᠷᠭᠠᠨ ᠬᠥᠮᠦᠵᠢᠯ | ᠬᠢᠭᠡᠳ ᠬᠢᠴᠢᠶᠡᠯ ᠤᠨ ᠭᠠᠳᠠᠨᠠᠬᠢ ᠰᠤᠷᠭᠠᠨ ᠬᠥᠮᠦᠵᠢᠯ ᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠂ ᠡᠯ᠎ᠡ | ᠲᠥᠷᠥᠯ ᠤᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠬᠢᠭᠡᠳ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠢ ᠢᠵᠢᠯ ᠴᠢᠭᠯᠡᠯ ᠢᠶᠠᠷ ᠵᠡᠷᠭᠡᠪᠡᠷ ᠶᠠᠪᠤᠭᠳᠠᠭᠤᠯᠵᠤ᠂ ᠬᠠᠮᠵᠢᠯᠴᠠᠬᠤ ᠦᠷ᠎ᠡ ᠨᠥᠯᠥᠭᠡ ᠶᠢ ᠪᠤᠢ ᠪᠣᠯᠭᠠᠨ᠎ᠠ᠃ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠤᠰᠬᠠᠶ ᠪᠠᠭᠰᠢ ᠶᠢᠨ ᠡᠩᠨᠡᠭᠡ ᠶᠢ ᠬᠦᠢᠴᠡᠳ | ᠰᠢᠯᠢᠳᠡᠭᠵᠢᠬᠦᠯᠦᠨ ᠳᠣᠭᠢᠷᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢ ᠵᠥᠪᠰᠢᠶᠡᠷᠡᠨ | ᠣᠷᠣᠭᠤᠯᠬᠤ ᠲᠦᠷᠢᠮ ᠢ ᠨᠠᠶᠢᠳᠠᠪᠤᠷᠢᠵᠢᠭᠤᠯᠤᠨ᠂ 3 ᠵᠢᠯ ᠢᠶᠠᠷ ᠦᠶᠡᠯᠡᠬᠦ ᠬᠤᠭᠤᠴᠠᠭ᠎ᠠ ᠪᠣᠯᠭᠠᠨ ᠳᠤᠮᠳᠠᠳᠤ ᠪᠠᠭ᠎ᠠ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠬᠠᠷᠢᠴᠠᠩᠭᠤᠶ | ᠲᠣᠭᠲᠠᠭᠤᠨ ᠪᠠᠶᠢᠬᠤ ᠶᠢ ᠪᠠᠲᠤᠯᠠᠨ᠎ᠠ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢ | ᠬᠥᠮᠦᠵᠢᠭᠦᠯᠦᠨ ᠪᠣᠯᠪᠠᠰᠤᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ 3 ᠵᠢᠯ ᠪᠣᠯᠬᠤ ᠪᠦᠷᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠪᠠᠭᠰᠢ ᠶᠢ ᠠᠳᠠᠭ ᠲᠠᠭᠠᠨ ᠨᠢᠭᠡ ᠤᠳᠠᠭ᠎ᠠ ᠪᠣᠯᠪᠠᠰᠤᠷᠠᠭᠤᠯᠵᠤ᠂ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠬᠡᠪ ᠴᠢᠨᠠᠷ ᠤᠨ ᠴᠢᠳᠠᠪᠤᠷᠢ ᠪᠠ ᠲᠤᠰᠬᠠᠶ ᠮᠡᠷᠭᠡᠵᠢᠯ ᠤᠨ ᠬᠢᠷᠢ | ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | 5 . ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠣᠯᠤᠨ ᠰᠤᠷᠭᠠᠭᠤᠯᠢ ᠶᠢᠨ | ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠦᠷᠦ ᠶᠢᠨ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ | ᠰᠢᠰᠲ᠋ᠧᠮ ᠢ ᠵᠢᠭᠠᠨ ᠰᠤᠷᠭᠠᠯᠲᠠ ᠶᠢᠨ ᠰᠢᠰᠲ᠋ᠧᠮ᠂ ᠵᠢᠭᠠᠬᠤ ᠮᠠᠲ᠋ᠧᠷᠢᠶᠠᠯ ᠤᠨ ᠰᠢᠰᠲ᠋ᠧᠮ᠂ ᠬᠠᠮᠢᠶᠠᠷᠤᠯᠲᠠ ᠶᠢᠨ | ᠰᠢᠰᠲ᠋ᠧᠮ ᠳᠤ ᠳᠣᠣᠱᠯᠠᠭᠤᠯᠬᠤ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠶᠠᠰᠤ ᠴᠢᠨᠠᠷ ᠢ | ᠦᠨᠡᠨ ᠬᠦ ᠳᠡᠭᠡᠭᠰᠢᠯᠡᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠬᠦᠳᠤᠯᠤᠨ | ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠣᠯᠭᠠᠭᠰᠠᠨ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠠᠶᠢᠭᠤᠯᠵᠤ᠂ ︽ᠰᠦᠭ ᠰᠦᠨᠡᠰᠦ ᠶᠢ | ᠱᠤᠭᠤᠵᠤ ᠬᠥᠮᠦᠨ ᠢ ᠬᠥᠮᠦᠵᠢᠭᠦᠯᠵᠦ ᠦᠨᠳᠦᠰᠦ ᠶᠢ ᠪᠤᠶᠢᠵᠢᠭᠤᠯᠬᠤ ᠢᠨᠵᠧᠨᠧᠷᠢᠩ︾ ᠤᠨ ᠲᠠᠪᠤᠨ ᠵᠢᠯ ᠤᠨ | ᠠᠵᠢᠯᠯᠠᠭ᠎ᠠ ᠶᠢ ᠬᠡᠷᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠣᠷᠴᠢᠨ ᠲᠣᠭᠤᠷᠢᠨ ᠤ | ᠪᠠᠷᠢᠮᠵᠢᠶᠠᠵᠢᠯᠲᠠ᠂ ᠵᠢᠷᠤᠮᠵᠢᠯᠲᠠ᠂ ᠳᠦᠷᠢᠮᠵᠢᠯᠲᠡ ᠶᠢ ᠠᠬᠢᠭᠤᠯᠵᠤ᠂ ᠪᠠᠭᠰᠢ ᠰᠤᠷᠤᠭᠴᠢᠳ ᠤᠨ ᠨᠡᠶᠢᠲᠡᠯᠢᠭ | ᠴᠢᠨᠠᠷ ᠢᠶᠠᠨ ᠨᠡᠮᠡᠭᠳᠡᠭᠦᠯᠬᠦ᠂ ᠵᠥᠷᠢᠶᠡᠲᠦ ᠴᠢᠨᠠᠷ ᠢ ᠬᠦᠨᠳᠦᠳᠬᠡᠬᠦ ᠦᠨᠳᠦᠰᠦᠲᠡᠨ ᠤ ᠠᠵᠢᠯ ᠤᠨ ᠴᠢᠬᠤᠯᠠ ᠵᠠᠷᠴᠢᠮ ᠢ | ᠪᠠᠷᠢᠮᠲᠠᠯᠠᠬᠤ ᠶᠢ ᠬᠦᠳᠤᠯᠤᠨ ᠵᠢᠯᠣᠭᠤᠳᠴᠤ᠂ ᠳᠤᠮᠳᠠᠳᠤ ᠶᠢᠨ ᠰᠣᠶᠣᠯ ᠪᠣᠯᠤᠨ ᠡᠯ᠎ᠡ ᠦᠨᠳᠦᠰᠦᠲᠡᠨ ᠤ ᠰᠣᠶᠣᠯ ᠤᠨ | ᠬᠠᠷᠢᠴᠠᠭ᠎ᠠ ᠶᠢ ᠵᠥᠪ ᠡᠵᠡᠮᠳᠡᠵᠦ᠂ ᠨᠡᠶᠢᠲᠡᠯᠢᠭ ᠴᠢᠨᠠᠷ ᠪᠣᠯᠤᠨ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ | ᠡᠵᠡᠮᠳᠡᠵᠦ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠳᠤ ︽ᠪᠠᠭ᠎ᠠ ᠰᠤᠷᠭᠠᠭᠤᠯᠢ ᠶᠢᠨ ᠳᠥᠷᠪᠡᠨ ᠲᠡᠦᠬᠡ ᠶᠢ | ᠰᠣᠷᠣᠯᠴᠠᠵᠦ ᠡᠭᠦᠷᠢᠳᠡ ᠨᠠᠮ ᠢᠶᠠᠨ ᠳᠠᠭᠠᠬᠤ︾ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠵᠡᠷᠭᠡ | ᠠᠵᠢᠯᠯᠠᠭ᠎ᠠ ᠥᠷᠨᠢᠭᠦᠯᠵᠦ᠂ ᠠᠵᠢᠯ ᠮᠡᠷᠭᠡᠵᠢᠯ ᠤᠨ ᠰᠤᠷᠭᠠᠭᠤᠯᠢ ᠳᠤ ︽ᠪᠣᠯᠪᠠᠰᠤᠨ ᠴᠤᠭ ᠵᠢᠪᠬᠤᠭ᠎ᠠ︾ ᠵᠡᠷᠭᠡ | ᠶᠣᠰᠣ ᠰᠤᠷᠲᠠᠬᠤᠨ ᠤ ᠬᠥᠮᠦᠵᠢᠯ ᠤᠨ ᠦᠢᠯᠡᠳᠦᠯᠬᠡ ᠶᠢᠨ ᠠᠵᠢᠯᠯᠠᠭ᠎ᠠ ᠦᠷᠨᠢᠬᠦᠯᠦᠨ᠎ᠡ᠃ ᠰᠤᠷᠤᠭᠴᠢᠳ ᠤᠨ ᠠᠮᠢ | ᠠᠬᠤᠢ ᠶᠢᠨ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠪᠣᠬᠢᠷᠲᠤᠯ ᠦᠭᠡᠢ ᠰᠤᠷᠭᠠᠭᠤᠯᠢ ᠶᠢᠨ ᠬᠦᠷᠢᠶ᠎ᠡ ᠶᠢ | ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠠᠷᠪᠢᠯᠠᠨ ᠭᠠᠮᠨᠠᠬᠤ ᠬᠡᠯᠪᠡᠷᠢ ᠶᠢᠨ ᠰᠤᠷᠭᠠᠭᠤᠯᠢ ᠶᠢᠨ ᠬᠦᠷᠢᠶᠡᠨ ᠤ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤ ᠠᠷᠪᠢᠯᠠᠬᠤ ᠠᠮᠤ ᠪᠤᠳᠠᠭ᠎ᠠ ᠠᠷᠪᠢᠯᠠᠬᠤ ᠴᠠᠬᠢᠯᠭᠠᠨ ᠠᠷᠪᠢᠯᠠᠬᠤ | ᠠᠵᠢᠯᠯᠠᠭ᠎ᠠ ᠶᠢ ᠥᠷᠨᠢᠭᠦᠯᠦᠨ᠎ᠡ᠃ ︽ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠵᠢᠯᠣᠭᠤᠳᠬᠤ ᠬᠥᠲᠥᠯᠪᠦᠷᠢ︾ ᠶᠢ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠰᠤᠷᠤᠭᠴᠢᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠪᠦᠬᠦ | ᠲᠠᠯ᠎ᠠ ᠪᠠᠷ ᠴᠢᠩᠭᠠᠳᠬᠠᠨ᠎ᠠ᠃ ᠶᠡᠷᠦᠩᠬᠡᠶᠢᠯᠡᠭᠰᠡᠨ ᠦᠢᠯᠡᠳᠦᠯᠬᠡ ᠶᠢᠨ ᠠᠵᠢᠯᠯᠠᠭ᠎ᠠ ᠵᠡᠷᠭᠡ ᠬᠢᠴᠢᠶᠡᠯ ᠳᠤᠮᠳᠠ | ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠲᠣᠬᠢᠷᠠᠭᠤᠯᠵᠤ᠂ | ᠪᠠᠭᠠᠴᠤᠳ ᠤᠨ ᠬᠤᠰᠢᠭᠤᠴᠢ ᠠᠩᠭᠢ ᠶᠢᠨ ᠦᠢᠯᠡᠳᠦᠯᠬᠡ ᠪᠠᠷ ᠬᠥᠮᠦᠨ ᠢ ᠬᠥᠮᠦᠵᠢᠭᠦᠯᠬᠦ ᠦᠢᠯᠡᠳᠦᠯ ᠢ | ᠴᠢᠩᠭᠠᠳᠬᠠᠨ᠎ᠠ᠃ | 6 . ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠬᠢᠭᠡᠳ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠨ᠎ᠠ᠃ ᠪᠡᠶ᠎ᠡ ᠶᠢᠨ | ᠲᠠᠮᠢᠷ ᠤᠨ ᠬᠢᠴᠢᠶᠡᠯ ᠢ ᠭᠦᠢᠴᠡᠳ ᠰᠠᠶᠢᠲᠤᠷ ᠣᠷᠣᠵᠤ᠂ ᠰᠤᠷᠭᠠᠭᠤᠯᠢ ᠶᠢᠨ ᠳᠣᠲᠣᠭᠠᠳᠤ ᠶᠢᠨ ︽ᠭᠠᠷᠠᠭ ᠪᠦᠷᠢ | ᠨᠢᠭᠡ ᠬᠢᠴᠢᠶᠡᠯ ᠲᠠᠢ ᠪᠠᠶᠢᠬᠤ ᠣᠨᠴᠠᠯᠢᠭ ᠲᠠᠢ ᠪᠡᠶ᠎ᠡ ᠶᠢᠨ ᠲᠠᠮᠢᠷ ᠤᠨ ᠬᠢᠴᠢᠶᠡᠯ︾ ᠢ ᠴᠢᠩᠭ᠎ᠠ ᠨᠠᠶᠢᠳᠠᠪᠤᠷᠢᠵᠢᠭᠤᠯᠵᠤ᠂ | ᠰᠤᠷᠤᠭᠴᠢᠳ ᠤᠨ ᠡᠳᠦᠷ ᠪᠦᠷᠢ ᠰᠤᠷᠭᠠᠭᠤᠯᠢ ᠶᠢᠨ ᠳᠣᠲᠣᠷᠠᠬᠢ 1 ᠴᠠᠭ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠴᠠᠭ ᠢ ᠪᠠᠲᠤᠯᠠᠬᠤ ᠬᠡᠷᠡᠭᠲᠡᠶ᠃ ᠪᠡᠶ᠎ᠡ ᠶᠢᠨ ᠲᠠᠮᠢᠷ ᠬᠢᠭᠡᠳ ᠡᠷᠡᠭᠦᠯ ᠡᠩᠬᠡ ᠶᠢᠨ ᠪᠠᠭᠰᠢ ᠶᠢ | ᠬᠦᠢᠴᠡᠳ ᠰᠢᠯᠢᠳᠡᠭᠵᠢᠬᠦᠯᠦᠨ ᠲᠣᠬᠢᠷᠠᠭᠤᠯᠵᠤ᠂ ᠪᠡᠶ᠎ᠡ ᠶᠢᠨ ᠲᠠᠮᠢᠷ ᠤᠨ ᠬᠢᠴᠢᠶᠡᠯ ᠪᠠ ᠵᠢᠭᠠᠬᠤ ᠮᠠᠲ᠋ᠧᠷᠢᠶᠠᠯ ᠤᠨ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ︽ᠡᠷᠡᠭᠦᠯ ᠡᠩᠬᠡ ᠶᠢᠨ ᠮᠡᠳᠡᠯᠭᠡ + ᠦᠨᠳᠦᠰᠦᠨ ᠪᠡᠶ᠎ᠡ ᠶᠢᠨ | ᠲᠠᠮᠢᠷ ᠤᠨ ᠮᠡᠷᠭᠡᠵᠢᠯ ᠴᠢᠳᠠᠪᠤᠷᠢ + ᠲᠤᠰᠬᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠮᠡᠷᠭᠡᠵᠢᠯ ᠴᠢᠳᠠᠪᠤᠷᠢ︾ ᠶᠢᠨ | ᠵᠢᠭᠠᠨ ᠰᠤᠷᠭᠠᠯᠲᠠ ᠶᠢᠨ ᠵᠠᠭᠪᠤᠷ ᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢ ᠵᠣᠯᠭᠠᠭᠤᠯᠬᠤ ᠶᠢ | ᠴᠢᠬᠤᠯᠠᠴᠢᠯᠠᠨ᠂ ᠰᠤᠷᠤᠭᠴᠢᠳ ᠢ ᠬᠠᠪᠰᠤᠷᠤᠨ 1 ᠠᠴᠠ 2 ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠮᠡᠷᠭᠡᠵᠢᠯ ᠴᠢᠳᠠᠪᠤᠷᠢ ᠶᠢ ᠡᠵᠡᠮᠰᠢᠭᠦᠯᠦᠨ᠎ᠡ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ᠂ | ᠪᠣᠯᠪᠠᠰᠤᠷᠠᠯ᠂ ᠤᠷᠤᠯᠳᠤᠭᠠᠨ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠢᠴᠢᠶᠡᠯ | ᠲᠥᠷᠥᠯ ᠢ ᠠᠩᠬ᠎ᠠ ᠵᠡᠷᠭᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ | ᠰᠢᠯᠭᠠᠯᠲᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠤᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠰᠢᠯᠭᠠᠭᠤᠯᠬᠤ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠠᠭᠤᠯᠭ᠎ᠠ᠂ ᠠᠷᠭ᠎ᠠ ᠮᠠᠶ᠋ᠢᠭ ᠪᠠ ᠬᠤᠪᠢ ᠪᠤᠳᠤᠬᠤ ᠠᠷᠭ᠎ᠠ ᠶᠢ | ᠰᠠᠶᠢᠵᠢᠷᠠᠭᠤᠯᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠡᠩ ᠤᠨ ᠦᠶ᠎ᠡ ᠶᠢᠨ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠬᠤᠪᠢ ᠶᠢᠨ | ᠥᠷᠲᠡᠭ ᠲᠤ ᠣᠷᠣᠭᠤᠯᠬᠤ ᠶᠢᠨ ᠬᠠᠮᠲᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ | ᠪᠡᠶ᠎ᠡ ᠶᠢᠨ ᠲᠠᠮᠢᠷ ᠤᠨ ᠰᠢᠯᠭᠠᠯᠲᠠ ᠶᠢᠨ ᠬᠤᠪᠢ ᠶᠢᠨ ᠥᠷᠲᠡᠭ ᠢ 80 ᠬᠤᠪᠢ ᠪᠣᠯᠲᠠᠯ᠎ᠠ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠎ᠡ᠃ ᠲᠦᠭᠡᠮᠡᠯᠵᠢᠭᠦᠯᠬᠦ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ | ᠂ ᠳᠤᠮᠳᠠᠳᠤ ᠶᠢᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠶ᠋ᠯ ᠢ ᠶᠡᠬᠡᠪᠡᠷ ᠳᠡᠯᠭᠡᠷᠡᠭᠦᠯᠦᠨ᠂ ᠪᠠᠶᠢᠩᠭᠤ ᠶᠢᠨ | ᠤᠷᠤᠯᠳᠤᠭᠠᠨ ᠤ ᠲᠣᠭᠲᠠᠴᠠ ᠶᠢ ᠴᠢᠩᠭᠠᠷᠠᠭᠤᠯᠵᠤ᠂ ᠰᠤᠷᠭᠠᠭᠤᠯᠢ ᠨᠤᠭᠤᠳ ᠤᠨ ᠵᠢᠯ ᠪᠦᠷᠢ ᠠᠳᠠᠭ ᠲᠠᠭᠠᠨ ᠨᠢᠭᠡ | ᠤᠳᠠᠭ᠎ᠠ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠬᠢᠬᠦ ᠶᠢ ᠨᠠᠶᠢᠳᠠᠪᠤᠷᠢᠵᠢᠭᠤᠯᠤᠨ᠎ᠠ᠃ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠶᠡᠬᠡᠪᠡᠷ ᠬᠥᠭᠵᠢᠭᠦᠯᠵᠦ᠂ ᠰᠢᠶᠠᠨ ᠤ ᠬᠡᠪᠴᠢᠶᠡᠨ ᠤ ᠲᠤᠰᠬᠠᠶ | ᠵᠦᠢᠯ ᠤᠨ ︽ᠰᠣᠳᠣᠨ ᠪᠦᠮᠪᠦᠭᠡᠴᠢᠨ︾ ᠤ ᠪᠣᠯᠪᠠᠰᠤᠷᠠᠯ ᠤᠨ ᠬᠤᠸᠠᠷᠠᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ | ᠰᠤᠷᠭᠠᠭᠤᠯᠢ ᠶᠢᠨ ᠰᠢᠯᠢᠳᠡᠭ ᠬᠥᠯ ᠪᠥᠮᠪᠦᠭᠡ ᠶᠢᠨ ᠲᠠᠮᠢᠷᠴᠢᠨ ᠤ ᠰᠤᠷᠭᠠᠭᠤᠯᠢ ᠳᠡᠪᠰᠢᠬᠦ ︽ᠰᠢᠭᠤᠳ ᠨᠡᠪᠲᠡᠷᠡᠬᠦ︾ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ | ᠠᠭᠤᠰᠤᠯᠴᠠᠯ ᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠨᠡᠶᠢᠭᠡᠮ ᠤᠨ ᠪᠦᠯᠬᠦᠮ ᠪᠠ ᠺᠯᠦ᠋ᠪ ᠤᠨ ᠬᠥᠭᠵᠢᠯᠲᠡ ᠶᠢ | ᠠᠬᠢᠭᠤᠯᠤᠨ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ | ᠲᠠᠯᠠᠪᠠᠢ ᠣᠷᠳᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠤᠷᠤᠭᠴᠢᠳ ᠤᠨ ᠬᠢᠴᠢᠶᠡᠯ ᠤᠨ | ᠭᠠᠳᠠᠭᠤᠷ 1 ᠴᠠᠭ ᠪᠣᠯᠪᠠᠰᠤᠷᠠᠬᠤ ᠶᠢ ᠪᠠᠲᠤᠯᠠᠨ᠎ᠠ᠃ | ᠭᠤᠸ᠎ᠠ ᠰᠠᠶᠢᠬᠠᠨ ᠤ ᠬᠥᠮᠦᠵᠢᠯ ᠢ ᠴᠢᠩᠭᠠᠳᠬᠠᠨ᠎ᠠ᠃ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠢ | ᠬᠦᠢᠴᠡᠳ ᠨᠡᠭᠡᠭᠡᠵᠦ᠂ ︽ᠭᠠᠷᠠᠭ ᠠᠯᠤᠰᠯᠠᠨ ᠨᠢᠭᠡ ᠴᠠᠭ ᠤᠨ ᠤᠷᠠᠨ ᠪᠢᠴᠢᠯᠭᠡ ᠶᠢᠨ ᠬᠢᠴᠢᠶᠡᠯ᠂ ᠠᠩᠭᠢ ᠪᠦᠷᠢ | ᠨᠢᠭᠡ ᠨᠠᠶᠢᠷᠠᠯ ᠳᠠᠭᠤᠤ ᠶᠢᠨ ᠪᠦᠯᠬᠦᠮ᠂ ᠭᠠᠷᠠᠭ ᠪᠦᠷᠢ ᠨᠢᠭᠡ ᠤᠳᠠᠭ᠎ᠠ ᠨᠠᠶᠢᠷᠠᠯ ᠳᠠᠭᠤᠤ ᠶᠢᠨ ᠠᠵᠢᠯᠯᠠᠭ᠎ᠠ︾ ᠶᠢ | ᠪᠥᠬᠦ ᠲᠠᠯ᠎ᠠ ᠪᠠᠷ ᠨᠠᠶᠢᠳᠠᠪᠣᠷᠢᠵᠢᠭᠤᠯᠵᠦ᠂ ︽ᠤᠷᠠᠯᠢᠭ ᠤᠨ ᠰᠠᠭᠤᠷᠢ ᠮᠡᠳᠡᠯᠭᠡ ᠶᠢᠨ ᠦᠨᠳᠦᠰᠦᠨ ᠮᠡᠷᠭᠡᠵᠢᠯ | ᠴᠢᠳᠠᠪᠤᠷᠢ + ᠤᠷᠠᠯᠢᠭ ᠤᠨ ᠭᠤᠸ᠎ᠠ ᠰᠠᠶᠢᠬᠠᠨ ᠤ ᠮᠡᠳᠡᠷᠡᠮᠵᠢ + ᠤᠷᠠᠯᠢᠭ ᠤᠨ ᠲᠤᠰᠬᠠᠶ ᠣᠨᠴᠠ ᠴᠢᠳᠠᠪᠤᠷᠢ︾ ᠶᠢᠨ | ᠵᠢᠭᠠᠨ ᠰᠤᠷᠭᠠᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠰᠤᠷᠤᠭᠴᠢᠳ ᠢ ᠬᠠᠪᠰᠤᠷᠤᠨ | 1 ᠠᠴᠠ 2 ᠵᠦᠢᠯ ᠤᠨ ᠤᠷᠠᠯᠢᠭ ᠤᠨ ᠣᠨᠴᠠ ᠴᠢᠳᠠᠪᠤᠷᠢ ᠶᠢ ᠡᠵᠡᠮᠰᠢᠭᠦᠯᠦᠨ᠎ᠡ᠃ ᠭᠤᠸ᠎ᠠ ᠰᠠᠶᠢᠬᠠᠨ ᠤ | ᠬᠥᠮᠦᠵᠢᠯ ᠤᠨ ᠦᠨᠡᠯᠡᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠳᠠᠭᠤᠤ ᠬᠥᠭᠵᠢᠮ᠂ ᠤᠷᠠᠨ ᠵᠢᠷᠤᠭ᠂ ᠤᠷᠠᠨ ᠪᠢᠴᠢᠯᠭᠡ ᠵᠡᠷᠭᠡ ᠤᠷᠠᠯᠢᠭ ᠤᠨ | ᠲᠥᠷᠥᠯ ᠤᠨ ᠬᠢᠴᠢᠶᠡᠯ ᠰᠤᠷᠤᠯᠴᠠᠬᠤ ᠵᠢᠴᠢ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠤᠷᠠᠯᠢᠭ ᠤᠨ | ᠦᠢᠯᠡᠳᠦᠯᠬᠡ ᠶᠢᠨ ᠠᠵᠢᠯᠯᠠᠭ᠎ᠠ ᠳᠤ ᠣᠷᠣᠯᠴᠠᠭᠰᠠᠨ ᠪᠠᠶᠢᠳᠠᠯ ᠢ ᠰᠤᠷᠤᠯᠭ᠎ᠠ ᠶᠢᠨ ᠱᠠᠭᠠᠷᠳᠠᠯᠭ᠎ᠠ ᠳᠤ ᠣᠷᠣᠭᠤᠯᠵᠤ᠂ | ᠤᠷᠠᠯᠢᠭ ᠤᠨ ᠬᠢᠴᠢᠶᠡᠯ ᠲᠥᠷᠥᠯ ᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠡᠪᠴᠢᠶᠡᠨ ᠳᠤ ᠣᠷᠣᠭᠤᠯᠬᠤ ᠶᠢᠨ ᠬᠠᠮᠲᠤ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠭᠤᠸ᠎ᠠ ᠰᠠᠶᠢᠬᠠᠨ ᠤ ᠬᠥᠮᠦᠵᠢᠯ ᠤᠨ | ᠰᠢᠯᠭᠠᠯᠲᠠ ᠶᠢᠨ ᠬᠤᠪᠢ ᠶᠢᠨ ᠥᠷᠲᠡᠭ ᠢ ᠠᠯᠬᠤᠮ ᠠᠯᠬᠤᠮ ᠢᠶᠠᠷ 20 ᠬᠤᠪᠢ ᠬᠦᠷᠲᠡᠯ᠎ᠡ ᠳᠡᠭᠡᠭᠰᠢᠯᠡᠭᠦᠯᠦᠨ᠎ᠡ᠃ | ᠰᠤᠷᠤᠭᠴᠢᠳ ᠤᠨ ︽ᠪᠠᠶᠢᠩᠭᠤ ᠳᠡᠯᠭᠡᠨ ᠦᠵᠡᠭᠦᠯᠬᠦ ︵ᠲᠣᠭᠯᠠᠬᠤ︶︾ ᠲᠣᠭᠲᠠᠴᠠ ᠶᠢ ᠪᠠᠶᠢᠭᠤᠯᠵᠤ᠂ | ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠂ ︽ᠡᠷᠬᠢᠮᠰᠦᠭ | ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠪᠠ ︽ᠰᠤᠷᠭᠠᠭᠤᠯᠢ ᠶᠢᠨ ᠭᠤᠸ᠎ᠠ ᠰᠠᠶᠢᠬᠠᠨ ᠤ | ᠭᠦᠮᠦᠵᠢᠯ ᠤᠨ ᠲᠥᠯᠥᠪᠯᠡᠭᠡ︾ ᠶᠢ ᠠᠬᠢᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ︵ᠰᠤᠷᠭᠠᠭᠤᠯᠢ︶ ᠪᠠ ᠭᠤᠸ᠎ᠠ ᠰᠠᠶᠢᠬᠠᠨ ᠤ ᠬᠥᠮᠦᠵᠢᠯ ᠤᠨ ᠵᠢᠱᠢᠶ᠎ᠡ | ᠦᠵᠡᠭᠦᠯᠬᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ | ᠬᠥᠳᠡᠯᠮᠦᠷᠢ ᠶᠢᠨ ᠬᠥᠮᠦᠵᠢᠯ ᠢ ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠳᠤ ᠬᠥᠳᠡᠯᠮᠦᠷᠢ ᠶᠢᠨ | ᠬᠥᠮᠦᠵᠢᠯ ᠤᠨ ᠵᠠᠪᠠᠯ ᠰᠤᠷᠬᠤ ᠬᠢᠴᠢᠶᠡᠯ ᠢ ᠪᠠᠶᠢᠭᠤᠯᠤᠨ᠎ᠠ᠂ ᠳᠤᠮᠳᠠᠳᠤ ᠪᠠᠭ᠎ᠠ ᠰᠤᠷᠭᠠᠭᠤᠯᠢ ᠶᠢᠨ ︽ᠭᠠᠷᠠᠭ ᠪᠦᠷᠢ | ᠨᠢᠭᠡ ᠴᠠᠭ ᠤᠨ ᠬᠥᠳᠡᠯᠮᠦᠷᠢ ᠶᠢᠨ ᠬᠥᠮᠦᠵᠢᠯ ᠤᠨ ᠬᠢᠴᠢᠶᠡᠯ᠂ ᠰᠠᠷ᠎ᠠ ᠪᠦᠷᠢ ᠨᠢᠭᠡ ᠤᠳᠠᠭᠠᠨ ᠤ ᠬᠥᠳᠡᠯᠮᠦᠷᠢ ᠶᠢᠨ | ᠦᠢᠯᠡᠳᠦᠯᠬᠡ ᠶᠢᠨ ᠡᠳᠦᠷ︾᠂ ᠰᠤᠷᠤᠯᠭ᠎ᠠ ᠶᠢᠨ ᠬᠤᠭᠤᠴᠠᠭ᠎ᠠ ᠬᠤᠪᠢᠶᠠᠨ ︽ᠶᠡᠭᠡ ᠳᠤᠮᠳᠠᠳᠤ ᠪᠠᠭ᠎ᠠ | ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠵᠢᠯᠣᠭᠤᠳᠬᠤ ᠬᠥᠲᠥᠯᠪᠦᠷᠢ︾ ᠶᠢ ᠨᠠᠶᠢᠳᠠᠪᠤᠷᠢᠵᠢᠭᠤᠯᠤᠨ᠎ᠠ᠃ | ᠪᠣᠳᠠᠲᠠᠶ ᠲᠠᠢ ᠪᠠᠨ ᠤᠶᠠᠯᠳᠤᠭᠤᠯᠤᠨ ᠰᠤᠷᠤᠯᠭ᠎ᠠ ᠶᠢᠨ ᠱᠠᠲᠤ ᠬᠤᠪᠢᠶᠠᠨ ᠬᠥᠳᠡᠯᠮᠦᠷᠢ ᠶᠢᠨ ᠬᠥᠮᠦᠵᠢᠯ ᠤᠨ | ᠭᠤᠤᠯᠳᠠᠯᠭ᠎ᠠ ᠲᠠᠢ ᠠᠭᠤᠯᠭ᠎ᠠ ᠶᠢᠨ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠦ᠂ ᠡᠳᠦᠷ ᠲᠤᠲᠤᠮ ᠤᠨ ᠠᠮᠢᠳᠤᠷᠠᠯ᠂ | ᠰᠤᠷᠭᠠᠭᠤᠯᠢ ᠶᠢᠨ ᠬᠦᠷᠢᠶ᠎ᠡ ᠪᠠ ᠭᠡᠷ ᠪᠦᠯᠢ ᠶᠢᠨ ᠬᠥᠳᠡᠯᠮᠦᠷᠢ᠂ ᠭᠡᠷ ᠤᠨ ᠶᠠᠪᠤᠳᠠᠯ ᠤᠨ ᠰᠤᠷᠤᠯᠴᠠᠯᠭ᠎ᠠ᠂ | ᠰᠤᠷᠭᠠᠭᠤᠯᠢ ᠶᠢᠨ ᠳᠣᠲᠣᠨ᠎ᠠ ᠭᠠᠳᠠᠨᠠᠬᠢ ᠦᠢᠯᠡᠳᠪᠦᠷᠢᠯᠡᠯ ᠬᠥᠳᠡᠯᠮᠦᠷᠢ ᠪᠠ ᠦᠢᠯᠡᠴᠢᠯᠡᠬᠡᠨ ᠤ ᠴᠢᠨᠠᠷᠲᠠᠶ ᠬᠥᠳᠡᠯᠮᠦᠷᠢ | ᠵᠢᠴᠢ ᠠᠵᠢᠯ ᠮᠡᠷᠭᠡᠵᠢᠯ ᠤᠨ ᠬᠥᠳᠡᠯᠮᠦᠷᠢ ᠪᠠᠷ ᠭᠤᠤᠯ ᠠᠭᠤᠯᠭ᠎ᠠ ᠪᠣᠯᠭᠠᠨ᠂ ᠰᠢᠨᠵᠢᠯᠡᠭᠡᠨ ᠤ ᠰᠠᠯᠠᠭ᠎ᠠ ᠲᠤᠰᠬᠠᠶ | ᠮᠡᠷᠭᠡᠵᠢᠯ ᠳᠤ ᠬᠥᠳᠡᠯᠮᠦᠷᠢ ᠶᠢᠨ ᠬᠥᠮᠦᠵᠢᠯ ᠢ ᠣᠷᠭᠠᠨᠢᠭ ᠢᠶᠠᠷ ᠠᠭᠤᠰᠣᠭᠤᠯᠬᠤ ᠶᠢ ᠴᠢᠬᠤᠯᠠᠴᠢᠯᠠᠨ᠂ ᠬᠢᠴᠢᠶᠡᠯ ᠤᠨ | ᠭᠠᠳᠠᠨᠠᠬᠢ ᠰᠤᠷᠭᠠᠭᠤᠯᠢ ᠶᠢᠨ ᠭᠠᠳᠠᠨᠠᠬᠢ ᠬᠥᠳᠡᠯᠭᠡᠭᠡᠨ ᠤ ᠳᠤᠮᠳᠠ ᠬᠥᠳᠡᠯᠮᠦᠷᠢ ᠶᠢᠨ ᠦᠢᠯᠡᠳᠦᠯᠬᠡ ᠶᠢ | ᠳᠣᠬᠢᠷᠠᠭᠤᠯᠣᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠳᠤ ᠬᠥᠳᠡᠯᠮᠦᠷᠢ ᠶᠢᠨ ᠰᠣᠶᠣᠯ ᠢ | ᠢᠯᠡᠷᠡᠬᠦᠯᠦᠨ᠂ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ | ᠳᠠᠮᠵᠢᠭᠤᠯᠤᠨ᠂ ᠬᠥᠳᠡᠯᠮᠦᠷᠢ ᠶᠢᠨ ᠦᠷ᠎ᠡ ᠪᠦᠲᠦᠭᠡᠯ ᠤᠨ ᠦᠵᠡᠭᠦᠯᠦᠯᠭᠡ᠂ ᠬᠥᠳᠡᠯᠮᠦᠷᠢ ᠶᠢᠨ ᠲᠥᠷᠥᠯ ᠵᠦᠢᠯ ᠤᠨ | ᠦᠢᠯᠡᠳᠦᠯᠬᠡ ᠵᠡᠷᠭᠡ ᠠᠵᠢᠯᠯᠠᠭ᠎ᠠ᠂ ᠬᠥᠳᠡᠯᠮᠦᠷᠢ ᠶᠢᠨ ᠬᠥᠮᠦᠵᠢᠯ ᠪᠠ ᠰᠤᠷᠤᠭᠴᠢ ᠶᠢᠨ ᠬᠤᠪᠢ ᠬᠥᠮᠦᠨ ᠤ | ᠠᠮᠢᠳᠤᠷᠠᠯ ᠂ ᠰᠤᠷᠭᠠᠭᠤᠯᠢ ᠶᠢᠨ ᠬᠦᠷᠢᠶᠡᠨ ᠤ ᠠᠮᠢᠳᠤᠷᠠᠯ᠂ ᠨᠡᠶᠢᠭᠡᠮ ᠤᠨ ᠠᠮᠢᠳᠤᠷᠠᠯ ᠢ ᠣᠷᠭᠠᠨᠢᠭ ᠢᠶᠠᠷ | ᠣᠶᠠᠯᠳᠣᠭᠤᠯᠣᠨ᠂ ᠬᠥᠳᠡᠯᠮᠦᠷᠢ ᠶᠢᠨ ᠪᠡᠶᠡᠴᠢ ᠣᠶᠢᠯᠠᠭᠠᠯᠲᠠ ᠶᠢ ᠪᠠᠶᠠᠯᠢᠭᠵᠢᠭᠤᠯᠣᠨ᠂ ᠬᠥᠳᠡᠯᠮᠦᠷᠢ ᠶᠢᠨ ᠮᠡᠷᠭᠡᠵᠢᠯ | ᠴᠢᠳᠠᠪᠤᠷᠢ ᠶᠢ ᠳᠡᠭᠡᠭᠰᠢᠯᠡᠬᠦᠯᠦᠨ᠎ᠡ᠃ ᠬᠥᠳᠡᠯᠮᠦᠷᠢ ᠶᠢᠨ ᠬᠡᠪ ᠴᠢᠨᠠᠷ ᠢ ᠰᠤᠷᠤᠭᠴᠢᠳ ᠤᠨ ᠶᠡᠷᠦᠩᠬᠡᠶᠢᠯᠡᠭᠰᠡᠨ ᠬᠡᠪ | ᠴᠢᠨᠠᠷ ᠤᠨ ᠦᠨᠡᠯᠡᠯᠲᠡ ᠶᠢᠨ ᠰᠢᠰᠲ᠋ᠧᠮ ᠳᠤ ᠣᠷᠣᠭᠤᠯᠵᠤ᠂ ᠰᠤᠷᠤᠭᠴᠢᠳ ᠤᠨ ᠬᠥᠳᠡᠯᠮᠦᠷᠢ ᠶᠢᠨ ᠬᠥᠮᠦᠵᠢᠯ ᠤᠨ | ᠬᠢᠴᠢᠶᠡᠯ ᠤᠨ ᠰᠤᠷᠤᠯᠴᠠᠯᠭ᠎ᠠ ᠪᠠ ᠦᠢᠯᠡᠳᠦᠯᠬᠡ ᠳᠤ ᠣᠷᠣᠯᠴᠠᠭᠰᠠᠨ ᠪᠠᠶᠢᠳᠠᠯ ᠢ ᠶᠡᠷᠦᠩᠬᠡᠶᠢᠯᠡᠭᠰᠡᠨ ᠬᠡᠪ ᠴᠢᠨᠠᠷ ᠤᠨ | ᠦᠨᠡᠯᠡᠯᠲᠡ ᠶᠢᠨ ᠲᠠᠩᠰᠠ ᠡᠪᠬᠡᠮᠡᠯ ᠳᠤ ᠣᠷᠣᠭᠤᠯᠤᠨ᠎ᠠ᠃ ᠬᠥᠳᠡᠯᠮᠦᠷᠢ ᠶᠢᠨ ᠬᠥᠮᠦᠵᠢᠯ ᠤᠨ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠪᠠ ᠦᠢᠯᠡᠳᠦᠯᠭᠡ ᠶᠢᠨ ᠰᠠᠭᠤᠷᠢᠨ ᠭᠠᠵᠠᠷ ᠤᠨ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠯᠮᠦᠷᠢ ᠶᠢᠨ ᠬᠥᠮᠦᠵᠢᠯ ᠤᠨ ᠲᠤᠰᠬᠠᠶᠢᠵᠢᠭᠰᠠᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ | ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠠᠵᠢᠯᠯᠠᠭ᠎ᠠ ᠶᠢ ᠵᠢᠷᠤᠮᠵᠢᠭᠤᠯᠤᠨ ᠬᠠᠮᠢᠶᠠᠷᠴᠤ᠂ ᠤᠶᠤᠲᠠᠳ ᠤᠨ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠶᠡᠬᠡᠪᠡᠷ | ᠠᠬᠢᠭᠤᠯᠤᠨ᠎ᠠ᠃ | ᠰᠤᠷᠭᠠᠭᠤᠯᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠳᠠᠪᠤᠷᠢ ᠶᠢᠨ ᠪᠠᠶᠢᠭᠤᠯᠤᠯᠲᠠ ᠪᠣᠯᠤᠨ | ᠰᠤᠷᠤᠭᠴᠢᠳ ᠤᠨ ᠠᠮᠤᠷ ᠲᠦᠪᠰᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠨ᠎ᠠ᠃ ᠰᠤᠷᠭᠠᠭᠤᠯᠢ ᠶᠢᠨ | ᠬᠦᠷᠢᠶᠡᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠳᠡᠯᠭᠡᠷ ᠭᠦᠨᠵᠡᠭᠡᠶ | ᠥᠷᠨᠢᠭᠦᠯᠵᠦ᠂ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠪᠠᠷ ᠰᠡᠷᠭᠡᠶᠢᠯᠡᠬᠦ ᠪᠠ ᠣᠯᠠᠨ ᠡᠪᠡᠳᠴᠢᠨ ᠢ | ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠶᠢ ᠠᠭᠤᠰᠤᠯᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠲᠣᠭᠲᠠᠴᠠ ᠶᠢ | ᠲᠡᠭᠦᠯᠳᠡᠷᠵᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ | ᠬᠢᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠡᠮᠨᠡᠯᠭᠡ ᠶᠢᠨ ᠲᠠᠰᠤᠭ ︵ᠡᠷᠡᠭᠦᠯᠵᠢᠯ ᠤᠨ ᠲᠠᠰᠤᠭ︶ ᠤᠨ | ᠪᠠᠶᠢᠭᠤᠯᠤᠯᠲᠠ ᠶᠢ ᠵᠢᠷᠤᠮᠵᠢᠭᠤᠯᠵᠤ᠂ ᠰᠤᠷᠭᠠᠭᠤᠯᠢ ᠶᠢᠨ ᠡᠮᠴᠢ ᠳᠤᠲᠠᠭᠳᠠᠵᠤ ᠪᠠᠶᠢᠬᠤ᠂ ᠮᠡᠷᠭᠡᠵᠢᠯ ᠤᠨ ᠬᠦᠴᠦᠨ | ᠬᠦᠷᠦᠯᠴᠡᠬᠦ ᠥᠬᠡᠶ ᠪᠠᠶᠢᠬᠤ ᠵᠡᠷᠭᠡ ᠠᠰᠠᠭᠤᠳᠠᠯ ᠢ ᠣᠯᠠᠨ ᠠᠷᠭ᠎ᠠ ᠵᠠᠮ ᠢᠶᠠᠷ ᠰᠢᠢᠳᠪᠦᠷᠢᠯᠡᠵᠦ᠂ ᠡᠷᠡᠭᠦᠯ ᠮᠡᠨᠳᠦ ᠶᠢᠨ | ᠰᠤᠷᠭᠠᠨ ᠬᠥᠮᠦᠵᠢᠯ ᠤᠨ ᠠᠵᠢᠯᠲᠠᠨ ᠢ ᠬᠦᠢᠴᠡᠳ ᠰᠢᠯᠢᠳᠡᠭᠵᠢᠬᠦᠯᠦᠨ ᠳᠣᠭᠢᠷᠠᠭᠤᠯᠵᠤ᠂ ᠰᠤᠷᠭᠠᠭᠤᠯᠢ ᠶᠢᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠴᠢᠳᠠᠪᠤᠷᠢ ᠪᠠ ᠰᠤᠷᠭᠠᠨ ᠬᠥᠮᠦᠵᠢᠯ ᠤᠨ ᠴᠢᠳᠠᠪᠤᠷᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠬᠢᠨᠠᠨ | ᠬᠡᠮᠵᠢᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠡᠶ᠎ᠡ ᠮᠠᠬᠠᠪᠣᠳ ᠤᠨ ᠬᠢᠨᠠᠨ ᠬᠡᠮᠵᠢᠬᠦ ᠶᠢ ᠰᠤᠷᠤᠭᠴᠢᠳ ᠤᠨ | ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ ᠠᠮᠤᠷ ᠲᠦᠪᠰᠢᠨ᠂ | ᠪᠠᠴᠢᠮ ᠪᠠᠶᠢᠳᠠᠯ ᠢ ᠠᠷᠭᠠᠴᠠᠬᠤ ᠬᠥᠮᠦᠵᠢᠯ ᠢ ᠥᠷᠭᠡᠨ ᠳᠡᠯᠭᠡᠷ ᠭᠦᠨᠵᠡᠭᠡᠶ ᠥᠷᠨᠢᠭᠦᠯᠵᠦ᠂ ᠭᠡᠨᠡᠳᠲᠡ ᠶᠢᠨ | ᠪᠠᠶᠢᠳᠠᠯ ᠤᠨ ᠡᠳᠦᠷ ᠲᠤᠲᠤᠮ ᠤᠨ ᠰᠣᠷᠢᠯᠲᠠ ᠬᠢᠬᠦ ᠪᠠ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠨᠠᠰᠤᠨ ᠳᠤ ᠦᠯᠦ ᠬᠦᠷᠦᠭᠰᠡᠳ ᠤᠨ ᠪᠡᠶ᠎ᠡ ᠶᠢᠨ ᠠᠮᠤᠷ ᠲᠦᠪᠰᠢᠨ᠂ ᠥᠪᠡᠷ ᠢ ᠪᠠᠨ ᠬᠠᠮᠠᠭᠠᠯᠠᠬᠤ ᠵᠡᠷᠭᠡ ᠠᠮᠤᠷ | ᠲᠦᠪᠰᠢᠨ ᠤ ᠦᠵᠡᠯ ᠤᠬᠠᠮᠰᠠᠷ ᠢ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠦᠵᠡᠯ ᠤᠬᠠᠮᠰᠠᠷ ᠪᠣᠯᠤᠨ ᠥᠪᠡᠷ ᠢ ᠪᠠᠨ ᠰᠡᠷᠭᠡᠶᠢᠯᠡᠨ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠶ᠃ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢᠨ | ᠨᠣᠷᠮ᠎ᠠ ᠶᠢ ᠵᠢᠯ ᠪᠦᠷᠢ ᠳᠤᠮᠳᠠᠴᠢ ᠪᠠᠷ 0 . 5 ᠵᠠᠭᠤᠨ ᠤ ᠴᠡᠭ ᠠᠴᠠ ᠳᠡᠭᠡᠭᠰᠢ ᠪᠠᠭᠤᠷᠠᠭᠤᠯᠵᠤ᠂ ᠰᠢᠨ᠎ᠡ ᠪᠠᠷ | ᠡᠭᠦᠰᠬᠦ ᠣᠶᠢᠷ᠎ᠠ ᠬᠠᠷᠠᠭ᠎ᠠ ᠶᠢᠨ ᠨᠣᠷᠮ᠎ᠠ ᠶᠢ ᠢᠯᠡᠳᠲᠡ ᠪᠠᠭᠤᠷᠠᠭᠤᠯᠬᠤ ᠪᠠᠷ ᠴᠢᠷᠮᠠᠶᠢᠨ᠎ᠠ᠃ ᠰᠡᠳᠬᠢᠴᠡ ᠶᠢᠨ ᠡᠷᠡᠭᠦᠯ | ᠮᠡᠨᠳᠦ ᠶᠢᠨ ᠪᠠᠭᠰᠢ ᠶᠢᠨ ᠡᠩᠨᠡᠭᠡ ᠶᠢ ᠲᠦᠷᠬᠡᠨ ᠨᠥᠬᠦᠪᠥᠷᠢᠯᠡᠵᠦ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠪᠠ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠥᠷᠨᠢᠭᠦᠯᠦᠨ᠂ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ ᠤᠨ ᠦᠢᠯᠡᠴᠢᠯᠡᠭᠡ ᠶᠢ ᠵᠢᠷᠤᠮᠵᠢᠭᠤᠯᠤᠨ ᠬᠥᠭᠵᠢᠭᠦᠯᠦᠨ᠎ᠡ᠃ ᠪᠠᠭᠰᠢ ᠰᠤᠷᠤᠭᠴᠢᠳ ᠤᠨ ᠬᠥᠮᠦᠯᠢᠭ | ᠬᠠᠯᠠᠮᠵᠢᠯᠠᠯ ᠪᠠ ᠰᠡᠳᠬᠢᠴᠡ ᠶᠢᠨ ᠵᠢᠯᠣᠭᠤᠳᠤᠮᠵᠢ ᠶᠢ ᠴᠢᠩᠭᠠᠳᠬᠠᠵᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ | ᠮᠡᠨᠳᠦ ᠶᠢ ᠤᠷᠢᠳᠴᠢᠯᠠᠨ ᠰᠡᠷᠡᠮᠵᠢᠯᠡᠭᠦᠯᠬᠦ᠂ ᠨᠥᠯᠥᠭᠡᠯᠡᠬᠦ ᠪᠠ ᠰᠢᠯᠵᠢᠭᠦᠯᠦᠨ ᠲᠠᠨᠢᠯᠴᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ | ︵ᠬᠤᠶᠠᠷ︶ ᠲᠡᠩᠴᠡᠭᠦᠷᠢᠰᠢᠭᠦᠯᠬᠦ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠠᠭᠤᠷᠢ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ | 1 . ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ | ᠬᠠᠷᠠᠭᠠᠯᠵᠠᠯᠲᠤ ᠬᠥᠭᠵᠢᠯᠲᠡ ᠶᠢ ᠠᠬᠢᠭᠤᠯᠤᠨ᠎ᠠ᠃ ᠳᠥᠷᠪᠡᠳᠦᠭᠡᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠨᠡᠶᠢᠳᠡᠮ ᠬᠠᠷᠠᠭᠠᠯᠵᠠᠬᠤ ᠴᠢᠨᠠᠷ ᠢᠶᠠᠷ | ᠭᠤᠤᠯ ᠴᠣᠭᠴᠠ ᠪᠣᠯᠭᠠᠭᠰᠠᠨ᠂ ᠠᠯᠪᠠᠨ ᠠᠴᠠ ᠡᠷᠭᠢᠯᠡᠬᠦ ᠪᠠᠷ ᠭᠤᠤᠯ ᠬᠦᠴᠦᠨ ᠪᠣᠯᠭᠠᠭᠰᠠᠨ᠂ ᠬᠤᠲᠠ ᠬᠥᠳᠡᠭᠡ ᠶᠢ | ᠬᠠᠮᠤᠷᠤᠭᠰᠠᠨ᠂ ᠪᠠᠶᠢᠷᠢᠰᠢᠯ ᠨᠢ ᠵᠦᠶ ᠵᠣᠬᠢᠰᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ | ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠎ᠠ᠃ ᠠᠯᠪᠠᠨ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠤᠨ ᠦᠨᠳᠦᠰᠦᠨ ᠵᠦᠢᠯ ᠢ ᠪᠠᠲᠤᠯᠠᠬᠤ᠂ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ᠂ | ᠴᠢᠭᠯᠡᠯ ᠢ ᠬᠥᠲᠥᠯᠥᠨ ᠳᠠᠭᠠᠭᠤᠯᠬᠤ᠂ ᠰᠦᠢᠳᠬᠡᠯ ᠬᠤᠷᠢᠶᠠᠬᠤ ᠶᠢ ᠲᠡᠭᠰᠢᠷᠡᠭᠦᠯᠬᠦ ᠭᠤᠣᠯ ᠠᠷᠭ᠎ᠠ ᠵᠠᠮ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠠᠯᠪᠠᠨ ᠠᠴᠠ ᠡᠷᠬᠢᠯᠡᠭᠰᠡᠨ ᠨᠢᠭᠡ ᠪᠦᠯᠦᠭ ᠬᠡᠦᠬᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ | ᠲᠥᠯᠥᠪᠵᠢᠭᠦᠯᠦᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠤᠨ ᠬᠥᠭᠵᠢᠯᠲᠡ ᠶᠢ ᠳᠡᠮᠵᠢᠵᠦ᠂ ᠠᠰᠢᠭ ᠬᠤᠨᠵᠢᠪᠣᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠤᠨ ᠬᠥᠭᠵᠢᠯᠲᠡ ᠶᠢ ᠵᠢᠷᠤᠮᠵᠢᠭᠤᠯᠵᠤ᠂ ᠭᠡᠷ ᠤᠨ ᠠᠬᠠᠮᠠᠳ ᠤᠨ ᠠᠳᠠᠯᠢ ᠪᠤᠰᠤ | ᠬᠡᠷᠡᠭᠴᠡᠭᠡ ᠶᠢ ᠬᠠᠩᠭᠠᠨ᠎ᠠ᠃ ᠰᠢᠨ᠎ᠡ ᠪᠠᠷ ᠨᠡᠮᠡᠭᠳᠡᠭᠰᠡᠨ ᠰᠠᠭᠤᠭᠠᠯᠢ ᠲᠣᠭᠤᠷᠢᠭ ᠤᠨ ᠢᠵᠢ ᠪᠥᠷᠢᠳᠦᠭᠰᠡᠨ | ᠬᠡᠦᠬᠡᠳ ᠤᠨ ᠴᠡᠴᠡᠷᠯᠢᠭ ᠢ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠣᠯᠭᠠᠨ ᠡᠷᠭᠢᠯᠡᠬᠦ ᠪᠤᠶᠤ ᠲᠦᠭᠡᠮᠡᠯ | ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠣᠯᠭᠠᠨ ᠨᠠᠶᠢᠳᠠᠨ ᠡᠷᠭᠢᠯᠡᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠡᠷᠡᠭᠴᠡᠭᠡ ᠲᠠᠢ ᠰᠤᠮᠤ ᠪᠠᠯᠭᠠᠰᠤ ᠨᠢ ᠵᠠᠷᠴᠢᠮ ᠳᠡᠭᠡᠷ᠎ᠡ ᠪᠠᠨ ᠲᠦᠭᠡᠮᠡᠯ | ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠢ ᠨᠠᠭᠠᠳᠤ ᠵᠠᠬ᠎ᠠ ᠳᠠᠭᠠᠨ 1 ᠶᠢ ᠰᠠᠶᠢᠲᠤᠷ ᠡᠷᠭᠢᠯᠡᠨ᠎ᠡ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠪᠡᠷ ᠤᠨ ᠥᠷᠲᠡᠭ ᠢ ᠬᠤᠪᠢᠶᠠᠨ ᠡᠭᠦᠷᠭᠡᠯᠡᠬᠦ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠦᠬᠡᠳ ᠤᠨ ᠴᠡᠴᠡᠷᠯᠢᠭ ᠡᠷᠬᠢᠯᠡᠬᠦ ᠥᠪᠡᠷ ᠤᠨ ᠥᠷᠲᠡᠭ ᠢ | ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠠᠰᠠᠷᠠᠨ ᠬᠥᠮᠦᠵᠢᠭᠦᠯᠬᠦ ᠵᠠᠷᠤᠳᠠᠯ ᠢ ᠬᠥᠳᠡᠯᠦᠩᠭᠦᠶ ᠪᠠᠷ | ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠵᠠᠷᠤᠳᠠᠯ ᠢ | ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ | ᠰᠣᠷᠣᠭᠴᠢ ᠳᠤᠮᠳᠠᠴᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠪᠠ ᠲᠦᠭᠡᠮᠡᠯ | ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠨᠥᠬᠦᠪᠥᠷᠢ ᠶᠢᠨ ᠪᠠᠷᠢᠮᠵᠢᠶ᠎ᠠ ᠶᠢ | ᠨᠠᠶᠢᠳᠠᠪᠤᠷᠢᠵᠢᠭᠤᠯᠤᠨ᠎ᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠬᠢᠭᠡᠳ ᠴᠢᠨᠠᠷ ᠰᠠᠶᠢᠲᠠᠶ ᠬᠡᠦᠬᠡᠳ ᠤᠨ ᠴᠡᠴᠡᠷᠯᠢᠭ ᠲᠠᠢ ᠬᠠᠮᠵᠢᠯᠴᠠᠨ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠪᠠᠶᠢᠭᠤᠯᠬᠤ ᠶᠢ ᠳᠥᠯᠭᠢᠨ ᠠᠬᠢᠭᠤᠯᠵᠤ᠂ ᠲᠤᠰᠬᠠᠶ ᠮᠡᠷᠭᠡᠵᠢᠯ ᠤᠨ ᠰᠤᠷᠤᠯᠴᠠᠯᠭ᠎ᠠ ᠬᠢᠭᠡᠳ | ᠠᠵᠢᠯ ᠤᠨ ᠪᠠᠶᠢᠷᠢ ᠶᠢ ᠳᠠᠭᠠᠵᠤ ᠦᠢᠯᠡᠳᠦᠯᠬᠡ ᠬᠢᠬᠦ ᠶᠢ ᠴᠢᠩᠭᠠᠷᠠᠭᠤᠯᠤᠨ᠂ ᠪᠠᠭᠰᠢ ᠶᠢᠨ ᠪᠣᠯᠪᠠᠰᠤᠷᠠᠭᠤᠯᠤᠯ ᠢ | ᠴᠢᠩᠭᠠᠳᠬᠠᠵᠤ᠂ ᠪᠣᠯᠪᠠᠰᠤᠷᠠᠭᠤᠯᠤᠯ ᠤᠨ ᠵᠠᠭᠪᠤᠷ ᠲᠤ ᠰᠢᠨ᠎ᠡ ᠶᠢ ᠡᠭᠦᠳᠦᠨ᠎ᠡ᠃ ᠵᠢᠩᠬᠢᠨᠢ ᠠᠩᠭᠢ ᠶᠢᠨ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠷᠥᠯ ᠤᠨ ᠪᠠᠭᠰᠢ ᠶᠢᠨ ᠮᠡᠷᠭᠡᠵᠢᠯ ᠤᠨ ᠤᠶᠤᠲᠠᠳ ᠢ | ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠬᠡᠦᠬᠡᠳ ᠤᠨ ᠴᠡᠴᠡᠷᠯᠢᠭ ᠤᠨ ᠪᠠᠭᠰᠢ ᠶᠢᠨ | ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠶᠢ ᠴᠢᠩᠭ᠎ᠠ ᠱᠠᠭᠠᠷᠳᠠᠵᠤ᠂ ᠬᠡᠦᠬᠡᠳ ᠤᠨ ᠴᠡᠴᠡᠷᠯᠢᠭ ᠤᠨ | ᠪᠠᠭᠰᠢ ᠶᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ ᠠᠳᠬᠤᠬᠤ ᠬᠡᠷᠡᠭᠲᠡᠶ᠃ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠢ ᠥᠷᠨᠢᠭᠦᠯᠵᠦ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤᠨ ᠳᠤ ᠨᠡᠶᠢᠲᠡᠯᠢᠭ ᠬᠡᠯᠡ ᠶᠢ ᠪᠦᠬᠦ ᠲᠠᠯ᠎ᠠ ᠪᠠᠷ | ᠲᠦᠭᠡᠮᠡᠯᠵᠢᠭᠦᠯᠦᠨ᠎ᠡ᠃ ᠠᠰᠠᠷᠠᠨ ᠬᠥᠮᠦᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠡᠦᠬᠡᠳ ᠤᠨ | ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠰᠢᠨᠵᠢᠯᠡᠬᠦ ᠤᠬᠠᠭᠠᠨᠴᠢ ᠪᠠᠷ ᠠᠰᠠᠷᠠᠨ | ᠬᠥᠮᠦᠵᠢᠭᠦᠯᠬᠦ ᠣᠨᠣᠯᠵᠢᠬᠤᠨ ᠢ ᠪᠣᠶ ᠪᠣᠯᠭᠠᠵᠤ᠂ ᠲᠣᠭᠯᠠᠭᠠᠮ ᠢᠶᠠᠷ ᠦᠨᠳᠦᠰᠦᠨ ᠠᠵᠢᠯᠯᠠᠭ᠎ᠠ ᠪᠣᠯᠭᠠᠬᠤ ᠶᠢ | ᠪᠠᠷᠢᠮᠲᠠᠯᠠᠨ᠂ ᠬᠡᠦᠬᠡᠳ ᠤᠨ ᠪᠠᠶᠠᠷ ᠬᠥᠷ ᠲᠠᠢ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ᠃ ᠬᠡᠦᠬᠡᠳ ᠤᠨ | ᠴᠡᠴᠡᠷᠯᠢᠭ ᠬᠢᠭᠡᠳ ᠪᠠᠭ᠎ᠠ ᠰᠤᠷᠭᠠᠭᠤᠯᠢ ᠶᠢ ᠪᠦᠲᠦᠮᠵᠢᠲᠡᠶ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ | ᠬᠡᠦᠬᠡᠳ ᠤᠨ ᠴᠡᠴᠡᠷᠯᠢᠭ ᠬᠢᠭᠡᠳ ᠪᠠᠭ᠎ᠠ ᠰᠤᠷᠭᠠᠭᠤᠯᠢ ᠶᠢ ᠬᠤᠤᠰ ᠴᠢᠭᠯᠡᠯ ᠢᠶᠠᠷ ᠵᠣᠯᠭᠠᠭᠤᠯᠬᠤ ᠶᠢ ᠠᠬᠢᠭᠤᠯᠬᠤ | ᠬᠡᠷᠡᠭᠲᠡᠶ᠃ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠶᠢ ᠬᠢᠨᠠᠨ | ᠵᠢᠯᠣᠭᠤᠳᠴᠤ ᠦᠨᠡᠯᠡᠬᠦ ᠶᠢ ᠬᠡᠷᠡᠭᠵᠢᠭᠦᠯᠵᠦ᠂ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠢ | ᠦᠨᠡᠯᠡᠬᠦ ᠵᠢᠯᠣᠭᠤᠳᠣᠮᠵᠢ ᠶᠢ ᠨᠠᠶᠢᠳᠠᠪᠤᠷᠢᠵᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠵᠢᠭᠠᠨ ᠰᠤᠳᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢᠶᠠᠷ | ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠬᠠᠪᠰᠤᠷᠤᠨ ᠲᠡᠳᠬᠦᠭᠦᠯᠬᠦ᠂ ᠬᠤᠲᠠ ᠪᠠᠯᠭᠠᠰᠤ ᠶᠢᠨ | ᠬᠡᠦᠬᠡᠳ ᠤᠨ ᠴᠡᠴᠡᠷᠯᠢᠭ ᠢᠶᠠᠷ ᠮᠠᠯᠵᠢᠬᠤ ᠲᠠᠷᠢᠶᠠᠯᠠᠬᠤ ᠣᠷᠣᠨ ᠤ ᠬᠡᠦᠬᠡᠳ ᠤᠨ ᠴᠡᠴᠡᠷᠯᠢᠭ ᠢ ᠬᠠᠪᠰᠤᠷᠤᠨ | ᠲᠡᠳᠬᠦᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠡᠴᠡᠷᠯᠢᠭ ᠤᠨ | ᠨᠥᠯᠥᠭᠡᠯᠡᠨ ᠳᠠᠶᠢᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠪᠠᠭᠤᠷᠠᠶ ᠬᠡᠦᠬᠡᠳ ᠤᠨ ᠴᠡᠴᠡᠷᠯᠢᠭ ᠲᠤ | ᠲᠤᠰᠬᠠᠶ ᠵᠢᠯᠣᠭᠤᠳᠣᠯᠭ᠎ᠠ ᠪᠠ ᠦᠢᠯᠡᠳᠦᠯᠬᠡ ᠶᠢᠨ ᠵᠢᠯᠣᠭᠤᠳᠣᠯᠭ᠎ᠠ ᠬᠢᠬᠦ ᠶᠢ ᠴᠢᠩᠭᠠᠳᠬᠠᠬᠤ ᠬᠡᠷᠡᠭᠲᠡᠶ᠃ ᠠᠰᠢᠭ | ᠬᠤᠨᠵᠢᠪᠣᠷᠢ ᠶᠢᠨ ᠪᠤᠰᠤ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ | ᠥᠪᠡᠷ ᠤᠨ ᠦᠷᠳᠡᠭ ᠪᠠ ᠰᠦᠢᠳᠬᠡᠯ ᠬᠤᠷᠢᠶᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠳᠦ ᠥᠨᠳᠥᠷ | ᠰᠦᠢᠳᠬᠡᠯ ᠬᠤᠷᠢᠶᠠᠬᠤ ᠶᠢ ᠬᠤᠷᠢᠭᠯᠠᠨ᠎ᠠ᠃ ᠨᠥᠬᠦᠴᠡᠯ ᠲᠠᠢ ᠬᠡᠦᠬᠡᠳ ᠤᠨ ᠴᠡᠴᠡᠷᠯᠢᠭ ᠤᠨ ᠣᠲᠣ ᠶᠢᠨ ᠪᠠᠶᠢᠭ᠎ᠠ | ᠡᠬᠢ ᠪᠠᠶᠠᠯᠢᠭ ᠢᠶᠠᠨ ᠠᠰᠢᠭᠯᠠᠨ᠂ ᠬᠡᠦᠬᠡᠳ ᠰᠠᠭᠠᠲᠠᠭᠤᠯᠬᠤ ᠠᠩᠭᠢ ᠭᠠᠷᠭᠠᠵᠤ᠂ ᠬᠡᠦᠬᠡᠳ ᠰᠠᠭᠠᠲᠠᠭᠤᠯᠬᠤ | ᠦᠢᠯᠡᠴᠢᠯᠡᠭᠡ ᠬᠠᠩᠭᠠᠬᠤ ᠶᠢ ᠳᠡᠮᠵᠢᠨ᠎ᠡ᠃ | 2 . ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠶᠢ | ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠦᠷ᠎ᠡ | ᠪᠦᠲᠦᠭᠡᠯ ᠢ ᠪᠠᠬᠢᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ | ᠬᠥᠭᠵᠢᠭᠦᠯᠬᠦ ᠬᠠᠷᠢᠭᠤᠴᠠᠯᠭ᠎ᠠ ᠶᠢᠨ ᠲᠣᠭᠲᠠᠴᠠ᠂ ᠠᠵᠢᠯ ᠤᠨ ᠲᠣᠭᠲᠠᠴᠠ᠂ ᠬᠢᠨᠠᠨ ᠦᠨᠡᠯᠡᠬᠦ ᠲᠣᠭᠲᠠᠴᠠ᠂ | ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠢᠮᠠᠭ ᠤᠨ ᠬᠡᠪᠴᠢᠶᠡᠨ ᠳᠠᠬᠢ ᠠᠯᠪᠠᠨ | ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠶᠢ ᠠᠬᠢᠭᠤᠯᠵᠤ᠂ ᠡᠯ᠎ᠡ | ᠬᠤᠰᠢᠭᠤ ︵ᠨᠡᠭᠡᠭᠡᠯᠳᠡ ᠶᠢᠨ ᠣᠷᠣᠨ︶ ᠶᠢᠨ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ ᠪᠠᠶᠢᠭᠠᠳ ᠠᠯᠪᠠᠨ | ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠬᠠᠷᠠᠯᠲᠠ ᠡᠭᠦᠷᠭᠡ ᠪᠠᠨ | ᠤᠷᠢᠳᠴᠢᠯᠠᠨ ᠪᠡᠶᠡᠯᠡᠭᠦᠯᠬᠦ ᠶᠢ ᠵᠣᠷᠢᠭᠵᠢᠭᠤᠯᠤᠨ᠎ᠠ᠃ ᠬᠦᠷᠦᠯᠴᠡᠬᠦ᠋ᠢᠴᠡ ᠲᠠᠯᠠᠪᠠᠶ ᠲᠠᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠬᠤ ᠳᠤ | ᠬᠡᠷᠡᠭᠯᠡᠬᠦ ᠭᠠᠵᠠᠷ ᠢ ᠰᠢᠨ᠎ᠡ ᠪᠠᠷ ᠪᠠᠶᠢᠭᠤᠯᠬᠤ ᠪᠤᠶᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠬᠤᠲᠠ ᠪᠠᠯᠭᠠᠰᠤ ᠶᠢᠨ | ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠦᠨᠡᠨᠬᠦ ᠪᠠᠲᠤᠯᠠᠨ᠎ᠠ᠃ ᠨᠢᠭᠡ ᠪᠦᠯᠦᠭ | ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠬᠤᠲᠠ ᠪᠠᠯᠭᠠᠰᠤ ᠶᠢᠨ | ᠰᠤᠷᠭᠠᠭᠤᠯᠢ ᠶᠢᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠵᠦᠶ ᠵᠣᠬᠢᠰᠲᠠᠶ ᠡᠮᠬᠢ ᠵᠢᠷᠤᠮ ᠲᠠᠢ ᠪᠠᠷ ᠥᠷᠭᠡᠳᠬᠡᠨ᠂ | ︽ᠰᠣᠷᠣᠭᠴᠢ ᠶᠢᠨ ᠲᠤᠭ᠎ᠠ ᠬᠡᠲᠦᠷᠡᠭᠰᠡᠨ ᠠᠩᠭᠢ︾᠂ ︽ᠰᠣᠷᠣᠭᠴᠢ ᠶᠢᠨ ᠲᠤᠭ᠎ᠠ ᠬᠡᠲᠦᠷᠡᠭᠰᠡᠨ ᠰᠤᠷᠭᠠᠭᠤᠯᠢ︾ | ᠲᠠᠢ ᠪᠠᠶᠢᠬᠤ ᠶᠢ ᠡᠷᠡᠰ ᠬᠤᠷᠢᠭᠯᠠᠨ᠎ᠠ᠃ ᠬᠤᠲᠠ ᠬᠥᠳᠡᠭᠡ ᠶᠢᠨ ᠪᠠᠭᠰᠢ ᠰᠤᠷᠭᠠᠭᠤᠯᠢ ᠶᠢᠨ ᠵᠠᠬᠢᠷᠤᠯ ᠤᠨ ᠠᠵᠢᠯ ᠤᠨ | ᠪᠠᠶᠢᠷᠢ ᠶᠢ ᠡᠭᠡᠯᠵᠢᠯᠡᠨ ᠰᠣᠯᠢᠯᠴᠠᠬᠤ ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ | ᠬᠤᠭᠤᠷᠣᠨᠳᠣᠬᠢ ᠪᠠᠭᠰᠢ ᠶᠢᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠠᠮᠲᠤᠷᠠᠭᠰᠠᠨ ᠵᠢᠭᠠᠨ ᠰᠤᠳᠤᠯᠬᠤ | ᠳᠦᠷᠢᠮ ᠢ ᠲᠡᠭᠦᠯᠳᠡᠷᠵᠢᠭᠦᠯᠵᠦ᠂ ᠰᠢᠨ᠎ᠡ ᠴᠢᠨᠠᠷ ᠰᠠᠶᠢᠲᠠᠶ ᠰᠤᠷᠭᠠᠭᠤᠯᠢ ᠶᠢᠨ ᠬᠦᠭᠵᠢᠬᠦ ᠶᠢ ᠠᠬᠢᠭᠤᠯᠤᠨ᠎ᠠ᠃ | ᠪᠠᠭᠤᠷᠠᠶ ᠰᠤᠷᠭᠠᠭᠤᠯᠢ ᠪᠠ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢ ᠲᠡᠳᠬᠦᠨ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠬᠦᠴᠦᠷᠬᠡᠭ ᠰᠤᠷᠭᠠᠭᠤᠯᠢ ᠨᠢ ᠪᠠᠭᠤᠷᠠᠶ ᠰᠤᠷᠭᠠᠭᠤᠯᠢ ᠶᠢ ᠳᠠᠶᠢᠴᠢᠯᠠᠬᠤ᠂ ᠬᠤᠰᠢᠭᠤᠨ ᠤ | ᠬᠤᠯᠪᠣᠭ᠎ᠠ ᠵᠡᠷᠭᠡ ᠵᠠᠭᠪᠤᠷ ᠢᠶᠠᠷ ᠳᠠᠮᠵᠢᠭᠤᠯᠤᠨ᠂ ᠨᠢᠭᠡ ᠪᠦᠯᠦᠭ ᠴᠢᠨᠠᠷ ᠰᠠᠶᠢᠲᠠᠶ ᠰᠤᠷᠭᠠᠭᠤᠯᠢ ᠶᠢᠨ ᠨᠠᠷᠠᠲᠤ | ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ ︽ᠠᠳᠠᠯᠢ ᠠᠯᠬᠤᠮ ᠢᠶᠠᠷ ᠬᠠᠷᠢᠯᠴᠠᠨ ᠬᠥᠳᠡᠯᠦᠯᠴᠡᠬᠦ︾ ᠬᠢᠴᠢᠶᠡᠯ ᠤᠨ | ᠲᠠᠩᠬᠢᠮ ᠤᠨ ᠪᠠᠶᠢᠭᠤᠯᠤᠯᠲᠠ ᠶᠢᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠢᠨᠠᠷ ᠰᠠᠶᠢᠲᠠᠶ | ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ | ᠬᠡᠦᠬᠡᠳ ᠤᠨ ᠡᠬᠡ ᠲᠠᠩᠰᠠ ᠶᠢ ᠪᠠᠶᠢᠭᠤᠯᠬᠤ ᠶᠢᠨ ᠬᠠᠮᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ | ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ᠂ ᠬᠠᠤᠯᠢ ᠪᠠᠷ ᠵᠠᠰᠠᠬᠤ ᠬᠥᠮᠦᠵᠢᠯ ᠪᠠ ᠠᠮᠤᠷ ᠲᠦᠪᠰᠢᠨ ᠤ | ᠬᠥᠮᠦᠵᠢᠯ ᠢ ᠴᠢᠩᠭᠠᠳᠬᠠᠨ᠎ᠠ᠃ ᠬᠢᠴᠢᠶᠡᠯ ᠤᠨ ᠬᠡᠷᠡᠭᠵᠢᠭᠦᠯᠦᠯᠲᠡ ᠶᠢ ᠰᠢᠯᠢᠳᠡᠭᠵᠢᠭᠦᠯᠵᠦ᠂ ᠤᠯᠤᠰ ᠤᠨ | ᠬᠢᠴᠢᠶᠡᠯ ᠤᠨ ᠪᠠᠷᠢᠮᠵᠢᠶ᠎ᠠ ᠪᠠ ᠬᠢᠴᠢᠶᠡᠯ ᠤᠨ ᠲᠥᠯᠥᠪᠯᠡᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠭᠠᠯ ᠠᠴᠠ | ᠵᠥᠷᠢᠴᠡᠨ ᠬᠢᠴᠢᠶᠡᠯᠯᠡᠬᠦ ᠬᠢᠭᠡᠳ ᠬᠢᠴᠢᠶᠡᠯ ᠤᠨ ᠴᠠᠭ ᠢ ᠨᠡᠮᠡᠵᠦ ᠬᠠᠰᠤᠬᠤ ᠶᠢ ᠴᠢᠩᠭ᠎ᠠ ᠴᠠᠭᠠᠵᠠᠯᠠᠨ᠎ᠠ᠃ ᠵᠢᠭᠠᠨ | ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠦᠨ | ᠂ ᠰᠤᠷᠤᠭᠴᠢᠳ ᠤᠨ ᠳᠠᠰᠬᠠᠯ᠂ ᠭᠠᠷ ᠤᠲᠠᠰᠤ᠂ ᠤᠨᠲᠠᠯᠭ᠎ᠠ᠂ ᠪᠡᠶ᠎ᠡ ᠮᠠᠬᠠᠪᠣᠳ᠂ ᠤᠩᠰᠢᠬᠤ ᠪᠢᠴᠢᠭ ᠤᠨ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠢᠯᠡ ᠪᠠᠷ ᠰᠣᠷᠣᠭᠴᠢ | ᠡᠯᠰᠡᠬᠦ᠂ ᠢᠯᠡ ᠪᠠᠷ ᠠᠩᠭᠢ ᠬᠤᠪᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠷᠣᠰᠢᠨ ᠰᠠᠭᠤᠬᠤ | ᠦᠨᠡᠮᠯᠡᠯ ᠢᠶᠠᠷ ᠭᠤᠤᠯ ᠦᠨᠳᠦᠰᠦᠯᠡᠯ ᠪᠣᠯᠭᠠᠭᠰᠠᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠰᠤᠷᠭᠠᠭᠤᠯᠢ ᠳᠤ | ᠣᠷᠣᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ | ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠬᠠᠷᠠᠭᠠᠯᠵᠠᠯ ᠢ ᠠᠳᠠᠯᠢ | ᠬᠤᠲᠠᠵᠢᠭᠤᠯᠵᠤ᠂ ᠬᠠᠷᠠᠭᠠᠯᠵᠠᠬᠤ ᠡᠲᠡᠭᠡᠳ ᠤᠨ ᠦᠷ᠎ᠡ ᠬᠡᠦᠬᠡᠳ ᠢ ᠬᠠᠷᠠᠭᠠᠯᠵᠠᠬᠤ᠂ ᠳᠡᠭᠡᠳᠦ ᠲᠠᠰ ᠤᠨ | ᠴᠢᠳᠠᠪᠤᠷᠢᠲᠠᠨ ᠤ ᠦᠷ᠎ᠡ ᠬᠡᠦᠬᠡᠳ ᠢ ᠣᠷᠣᠭᠤᠯᠤᠨ ᠠᠪᠴᠢᠷᠠᠵᠤ ᠰᠤᠷᠭᠠᠭᠤᠯᠢ ᠳᠤ ᠣᠷᠣᠭᠤᠯᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠪᠢ ᠪᠠᠷ ᠢᠶᠠᠨ ᠲᠡᠮᠳᠡᠭ ᠨᠠᠭᠠᠬᠤ ᠰᠢᠨᠵᠢᠯᠡᠬᠦ ᠤᠬᠠᠭᠠᠨᠴᠢ | ᠪᠤᠰᠤ ᠬᠢᠳᠡᠯ ᠢ ᠲᠡᠪᠴᠢᠵᠦ᠂ ᠰᠢᠨᠵᠢᠯᠡᠬᠦ ᠤᠬᠠᠭᠠᠨᠴᠢ ᠴᠢᠳᠠᠪᠤᠷᠢᠲᠠᠨ ᠤ ᠦᠵᠡᠯᠲᠡ ᠶᠢ ᠪᠣᠶ ᠪᠣᠯᠭᠠᠵᠤ᠂ ᠰᠤᠷᠭᠠᠭᠤᠯᠢ | ᠳᠡᠪᠰᠢᠬᠦ ᠬᠦᠢᠴᠡᠳᠭᠡᠯ ᠲᠤᠭ᠎ᠠ ᠶᠢ ᠳᠣᠷᠣᠭᠰᠢ ᠪᠠᠭᠤᠯᠭᠠᠬᠤ ᠪᠤᠶᠤ ᠰᠤᠷᠭᠠᠭᠤᠯᠢ ᠳᠡᠪᠰᠢᠬᠦ ᠨᠣᠷᠮ᠎ᠠ ᠪᠠᠷ ᠰᠤᠷᠭᠠᠭᠤᠯᠢ | ᠪᠠ ᠪᠠᠭᠰᠢ ᠶᠢ ᠥᠷᠥᠭᠡᠰᠦᠭᠡᠯ ᠢᠶᠠᠷ ᠦᠨᠡᠯᠡᠬᠦ ᠶᠢ ᠴᠢᠩᠭ᠎ᠠ ᠴᠠᠭᠠᠵᠠᠯᠠᠨ᠎ᠠ᠃ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠵᠢᠷᠤᠮᠵᠢᠭᠤᠯᠵᠤ᠂ ᠳᠡᠩᠰᠡᠯᠡᠨ ᠲᠡᠮᠳᠡᠭᠯᠡᠬᠦ᠂ ᠵᠢᠭᠠᠨ ᠰᠤᠷᠭᠠᠬᠤ᠂ ᠰᠦᠢᠳᠬᠡᠯ ᠬᠤᠷᠢᠶᠠᠬᠤ᠂ ᠬᠢᠨᠠᠨ ᠬᠠᠷᠭᠤᠭᠤᠯᠬᠤ | ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠬᠠᠤᠯᠢ ᠲᠣᠭᠲᠠᠭᠠᠯ ᠠᠴᠠ ᠵᠥᠷᠢᠴᠡᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠡᠷᠭᠢᠯᠡᠬᠦ ᠶᠢ ᠲᠤᠰᠬᠠᠶ ᠴᠡᠭᠴᠡᠯᠡᠨ ᠵᠠᠰᠠᠬᠤ | ᠠᠵᠢᠯ ᠢ ᠥᠷᠨᠢᠭᠦᠯᠦᠨ᠎ᠡ᠃ ᠵᠠᠰᠠᠭ ᠤᠨ ᠣᠷᠳᠣᠨ᠂ ᠰᠤᠷᠭᠠᠭᠤᠯᠢ᠂ ᠬᠡᠷ ᠪᠦᠯᠢ᠂ ᠨᠡᠶᠢᠭᠡᠮ ᠤᠨ ᠬᠢᠨ ᠤ | ᠳᠠᠷᠤᠭᠠᠰᠤ ᠶᠢ ᠬᠥᠩᠭᠡᠷᠡᠭᠦᠯᠬᠦ ᠳᠤ ᠬᠠᠮᠲᠤ ᠪᠠᠷ ᠣᠷᠣᠯᠴᠠᠬᠤ ᠲᠣᠭᠲᠠᠴᠠ ᠶᠢ ᠪᠦᠷᠢᠨᠰᠢᠬᠦᠯᠵᠦ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠭᠴᠢᠳ ᠤᠨ ᠬᠡᠲᠦ ᠬᠦᠨᠳᠦ ᠳᠠᠰᠬᠠᠯ ᠤᠨ ᠳᠠᠷᠤᠭᠠᠰᠤ ᠪᠠ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃ ᠵᠠᠰᠠᠭ ᠤᠨ | ᠣᠷᠳᠣᠨ ᠪᠠ ᠬᠡᠷ ᠪᠦᠯᠢ ᠶᠢᠨ ᠵᠦᠶ ᠵᠣᠬᠢᠰᠲᠠᠶ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠬᠢᠴᠢᠶᠡᠯ ᠤᠨ | ᠳᠠᠷᠠᠭᠠᠬᠢ ᠦᠢᠯᠡᠴᠢᠯᠡᠭᠡ ᠶᠢ ᠪᠥᠬᠦ ᠲᠠᠯ᠎ᠠ ᠪᠠᠷ ᠥᠷᠨᠢᠭᠦᠯᠦᠨ᠂ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ | ᠵᠣᠭᠰᠣᠬᠤ ᠶᠢ ᠡᠵᠡᠮᠳᠡᠨ ᠰᠤᠷᠤᠯᠭ᠎ᠠ ᠶᠢ ᠪᠠᠲᠤᠯᠠᠬᠤ ᠬᠥᠳᠡᠯᠦᠩᠭᠦᠶ ᠬᠢᠨᠠᠨ ᠡᠵᠡᠮᠳᠡᠬᠦ ᠲᠣᠭᠲᠠᠴᠠ ᠶᠢ ᠪᠦᠷᠢᠨᠰᠢᠬᠦᠯᠵᠦ | ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠡᠵᠡᠮᠳᠡᠨ ᠰᠤᠷᠤᠯᠭ᠎ᠠ ᠶᠢ ᠪᠠᠲᠤᠯᠠᠬᠤ ᠠᠵᠢᠯ ᠤᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ | 3 . ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠯᠠᠨ | ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ︽ᠥᠪᠡᠷᠲᠡᠭᠡᠨ ᠵᠠᠰᠠᠬᠤ | ᠣᠷᠣᠨ ᠤ ᠲᠡᠰ ᠤᠨ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾᠂ ︽ᠬᠤᠰᠢᠭᠤᠨ ᠤ | ᠬᠡᠪᠴᠢᠶᠡᠨ ᠳᠠᠬᠢ ᠰᠢᠯᠢᠳᠡᠭ ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾ ᠶᠢ ᠡᠭᠦᠳᠦᠨ | ᠪᠠᠶᠢᠭᠤᠯᠬᠤ ᠠᠵᠢᠯ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠲᠠ ᠬᠥᠳᠡᠭᠡ ᠶᠢᠨ ᠪᠠᠭᠤᠷᠠᠶ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠬᠤᠰᠢᠭᠤ ᠨᠢᠭᠡᠪᠦᠷᠢ | ᠠᠳᠠᠭ ᠲᠠᠭᠠᠨ 1 ᠰᠢᠯᠢᠳᠡᠭ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠲᠤᠷ ᠡᠷᠭᠢᠯᠡᠬᠦ ᠶᠢ | ᠳᠡᠮᠵᠢᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠶᠢᠨ ᠨᠡᠶᠢᠲᠡ ᠶᠢᠨ | ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠪᠠᠷ ᠲᠤᠰᠠᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠮᠣ ᠠᠩᠭᠢ ᠲᠠᠢ ᠪᠠ ᠬᠡᠲᠦ ᠶᠡᠭᠡ ᠬᠡᠪᠴᠢᠶ᠎ᠡ ᠲᠠᠢ | ᠰᠤᠷᠭᠠᠭᠤᠯᠢ ᠲᠠᠢ ᠪᠠᠶᠢᠬᠤ ᠶᠢ ᠡᠷᠡᠰ ᠬᠤᠷᠢᠭᠯᠠᠨ᠎ᠠ᠃ ᠥᠪᠡᠷᠮᠢᠴᠡ ᠣᠨᠴᠠᠯᠢᠭ ᠲᠠᠢ ᠰᠤᠷᠭᠠᠭᠤᠯᠢ ᠡᠷᠭᠢᠯᠡᠬᠦ | ᠰᠠᠭᠤᠷᠢ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠥᠭᠡᠷᠡᠴᠢᠯᠡᠯᠲᠡ ᠪᠠᠷ | ᠳᠠᠮᠵᠢᠭᠤᠯᠤᠨ᠂ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠴᠢᠬᠤᠯᠠ ᠦᠢᠯᠡᠳᠦᠯ ᠢ ᠬᠦᠢᠴᠡᠳ | ᠪᠠᠳᠠᠷᠠᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠤᠴᠢᠯᠠᠭᠰᠠᠨ | ᠥᠪᠡᠷᠮᠢᠴᠡ ᠣᠨᠴᠠᠯᠢᠭ ᠲᠠᠢ ᠬᠥᠭᠵᠢᠯᠲᠡ ᠶᠢ ᠢᠳᠡᠪᠬᠢᠲᠡᠶ ᠠᠬᠢᠭᠤᠯᠬᠤ ᠶᠢ ᠵᠣᠷᠢᠭᠵᠢᠭᠤᠯᠤᠨ᠎ᠠ᠃ ᠶᠡᠷᠦᠩᠬᠡᠶᠢᠯᠡᠭᠰᠡᠨ | ᠬᠡᠪ ᠴᠢᠨᠠᠷ ᠤᠨ ᠬᠥᠮᠦᠵᠢᠯ ᠢ ᠴᠢᠩᠭᠠᠷᠠᠭᠤᠯᠤᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠢᠨ᠎ᠡ ᠬᠢᠴᠢᠶᠡᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠵᠢᠭᠠᠬᠤ ᠮᠠᠲ᠋ᠧᠷᠢᠶᠠᠯ ᠢ ᠬᠡᠷᠡᠭᠯᠡᠨ᠂ ᠣᠨᠴᠠᠯᠢᠭᠲᠤ | ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠪᠡᠯᠡᠳᠬᠡᠬᠦ᠂ ᠵᠢᠭᠠᠬᠤ᠂ ᠦᠨᠡᠯᠡᠬᠦ︾ ᠶᠢ ᠨᠢᠭᠡ | ᠴᠣᠭᠴᠠᠵᠢᠭᠤᠯᠤᠭᠰᠠᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠢᠴᠢᠶᠡᠯ ᠰᠣᠩᠭᠤᠨ ᠠᠩᠭᠢ ᠰᠢᠯᠵᠢᠬᠦ ᠶᠢ ᠥᠷᠨᠢᠭᠦᠯᠵᠦ᠂ | ᠰᠤᠷᠤᠭᠴᠢᠳ ᠤᠨ ᠠᠳᠠᠯᠢ ᠪᠤᠰᠤ ᠬᠥᠭᠵᠢᠯᠲᠡ ᠶᠢᠨ ᠬᠡᠷᠡᠭᠴᠡᠭᠡ ᠶᠢ ᠬᠠᠩᠭᠠᠨ᠎ᠠ᠃ ᠲᠤᠰᠬᠠᠶ ᠪᠠ ᠲᠤᠰᠢᠶᠠᠯ | ᠬᠠᠪᠰᠤᠷᠭᠠᠬᠤ ᠶᠢ ᠤᠶᠠᠯᠳᠤᠭᠤᠯᠤᠭᠰᠠᠨ ᠵᠢᠭᠠᠨ ᠵᠢᠯᠣᠭᠤᠳᠬᠤ ᠪᠠᠭᠰᠢ ᠶᠢᠨ ᠡᠩᠨᠡᠭᠡ ᠶᠢ ᠪᠠᠶᠢᠭᠤᠯᠵᠤ᠂ ᠬᠢᠴᠢᠶᠡᠯ | ᠲᠥᠷᠥᠯ ᠤᠨ ᠵᠢᠭᠠᠨ ᠰᠤᠷᠭᠠᠯᠲᠠ ᠳᠤ ᠠᠭᠤᠰᠣᠭᠤᠯᠬᠤ᠂ ᠵᠢᠭᠠᠨ ᠵᠢᠯᠣᠭᠤᠳᠬᠤ ᠬᠢᠴᠢᠶᠡᠯ ᠨᠡᠭᠡᠭᠡᠬᠦ᠂ ᠲᠤᠰᠬᠠᠶ | ᠰᠡᠳᠦᠪᠲᠦ ᠲᠠᠶᠢᠯᠤᠮᠵᠢ ᠡᠷᠭᠢᠯᠡᠬᠦ᠂ ᠠᠵᠢᠯ ᠮᠡᠷᠭᠡᠵᠢᠯ ᠤᠨ ᠣᠶᠢᠯᠠᠭᠠᠯᠲᠠ ᠥᠷᠨᠢᠭᠦᠯᠬᠦ ᠵᠡᠷᠭᠡ ᠪᠠᠷ ᠳᠠᠮᠵᠢᠭᠤᠯᠤᠨ | ᠰᠤᠷᠤᠭᠴᠢᠳ ᠤᠨ ᠬᠥᠭᠵᠢᠯᠲᠡ ᠳᠤ ᠰᠢᠷᠢᠰ ᠲᠥᠯᠥᠪᠵᠢᠭᠦᠯᠭᠡ ᠶᠢᠨ ᠵᠢᠯᠣᠭᠤᠳᠣᠯᠭ᠎ᠠ ᠬᠢᠨ᠎ᠠ᠃ | 4 . ᠣᠨᠴᠣᠭᠤᠶ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠡᠷᠡᠭᠦᠯ ᠢᠶᠠᠷ ᠬᠥᠭᠵᠢᠬᠦ ᠶᠢ ᠲᠦᠯᠬᠢᠨ | ᠠᠬᠢᠭᠤᠯᠤᠨ᠎ᠠ᠃ ᠭᠤᠷᠪᠠᠳᠤᠭᠠᠷ ᠬᠤᠭᠤᠴᠠᠭᠠᠨ ᠤ ᠣᠨᠴᠣᠭᠤᠶ ᠰᠤᠷᠭᠠᠨ ᠬᠥᠮᠦᠵᠢᠯ ᠢ ᠳᠡᠭᠡᠭᠰᠢᠯᠡᠭᠦᠯᠬᠦ | ᠲᠥᠯᠥᠪᠯᠡᠭᠡ ᠶᠢ ᠬᠡᠷᠡᠭᠵᠢᠭᠦᠯᠵᠦ᠂ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠣᠨᠴᠣᠭᠤᠶ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ | ᠡᠬᠢ ᠪᠠᠶᠠᠯᠢᠭ ᠤᠨ ᠲᠥᠪ ᠪᠣᠯᠤᠨ ᠡᠬᠢ ᠪᠠᠶᠠᠯᠢᠭ ᠤᠨ ᠬᠢᠴᠢᠶᠡᠯ ᠤᠨ ᠭᠡᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠲᠣᠬᠢᠷᠠᠬᠤ ᠨᠠᠰᠤᠨ ᠤ ᠵᠡᠮᠳᠡᠭ ᠬᠡᠦᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠶᠢ ᠪᠠᠲᠤᠯᠠᠵᠤ | ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ᠂ ᠠᠩᠭᠢ ᠳᠠᠭᠠᠵᠤ ᠰᠤᠷᠤᠯᠴᠠᠬᠤ ᠪᠠᠲᠤᠯᠠᠭ᠎ᠠ ᠶᠢᠨ ᠲᠣᠭᠲᠠᠴᠠ ᠶᠢ | ᠰᠦᠪᠡᠭᠴᠢᠯᠡᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ᠂ ᠠᠩᠭᠢ ᠳᠠᠭᠠᠵᠤ ᠰᠤᠷᠤᠯᠴᠠᠬᠤ | ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠬᠦᠯᠢᠶᠡᠨ ᠠᠪᠬᠤ ᠴᠢᠳᠠᠪᠤᠷᠢ ᠲᠠᠢ ᠵᠡᠮᠳᠡᠭ ᠬᠡᠦᠬᠡᠳ | ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠪᠦᠬᠦ ᠲᠠᠯ᠎ᠠ ᠪᠠᠷ | ᠪᠠᠬᠢᠵᠢᠭᠦᠯᠦᠨ ᠳᠡᠭᠡᠭᠰᠢᠯᠡᠭᠦᠯᠦᠨ᠎ᠡ᠃ ᠣᠨᠴᠣᠭᠤᠶ ᠰᠤᠷᠭᠠᠨ ᠬᠥᠮᠦᠵᠢᠯ ᠢ ᠰᠤᠷᠬᠤ ᠨᠠᠰᠤᠨ ᠠᠴᠠ ᠡᠮᠦᠨᠡᠬᠢ ᠪᠠ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠲᠡᠰᠢ ᠤᠷᠲᠤᠳᠬᠠᠬᠤ ᠶᠢ ᠲᠦᠯᠬᠢᠨ ᠠᠬᠢᠭᠤᠯᠵᠤ᠂ | ᠨᠥᠬᠦᠴᠡᠯ ᠲᠠᠢ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠣᠨᠴᠣᠭᠤᠶ ᠰᠤᠷᠭᠠᠨ | ᠬᠥᠮᠦᠵᠢᠯ ᠤᠨ ᠠᠩᠭᠢ ᠨᠡᠭᠡᠭᠡᠬᠦ ᠶᠢ ᠳᠡᠮᠵᠢᠨ᠎ᠡ᠃ ᠵᠡᠮᠳᠡᠭᠴᠦᠳ ᠲᠤ ᠡᠷᠬᠢᠯᠡᠭᠰᠡᠨ ᠠᠵᠢᠯ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ ᠬᠢᠬᠦ ᠡᠷᠴᠢᠮ ᠪᠣᠯᠤᠨ ᠠᠵᠢᠯ ᠣᠯᠭᠤᠬᠤ ᠵᠢᠯᠣᠭᠤᠳᠣᠯᠭ᠎ᠠ ᠶᠢ ᠴᠢᠩᠭᠠᠳᠬᠠᠨ᠂ | ᠵᠡᠮᠳᠡᠭᠴᠦᠳ ᠤᠨ ᠰᠤᠷᠭᠠᠨ ᠬᠥᠮᠦᠵᠢᠯ ᠬᠢᠭᠡᠳ ᠠᠵᠢᠯ ᠣᠯᠭᠤᠬᠤ ᠶᠢ ᠵᠣᠯᠭᠠᠭᠤᠯᠬᠤ ᠠᠵᠢᠯ ᠢ ᠰᠠᠶᠢᠲᠤᠷ ᠬᠢᠬᠦ | ᠬᠡᠷᠡᠭᠲᠡᠶ᠃ | ︵ᠭᠤᠷᠪᠠ︶ ᠣᠨᠴᠠᠯᠢᠭ ᠢᠶᠠᠷ ᠲᠣᠪᠤᠶᠢᠮ᠎ᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠠᠶᠢᠲᠤᠷ | ᠡᠷᠭᠢᠯᠡᠵᠦ᠂ ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠢᠷᠢ | ᠲᠦᠪᠰᠢᠨ ᠪᠠ ᠦᠢᠯᠡᠴᠢᠯᠡᠬᠡᠨ ᠤ ᠴᠢᠳᠠᠪᠤᠷᠢ ᠶᠢ ᠴᠢᠨᠠᠷ ᠰᠠᠶᠢᠲᠠᠶ ᠬᠥᠮᠦᠵᠢᠭᠦᠯᠦᠨ ᠳᠡᠭᠡᠭᠰᠢᠯᠡᠭᠦᠯᠦᠨ᠎ᠡ | 1 . ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ︽ | ᠰᠣᠶᠣᠯ ᠤᠨ ᠬᠡᠪ ᠴᠢᠨᠠᠷ + ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ︾ ᠶᠢᠨ ᠰᠢᠯᠭᠠᠯᠲᠠ ᠪᠠᠷ ᠰᠤᠷᠤᠭᠴᠢ | ᠡᠯᠰᠡᠬᠦ ᠠᠷᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ | ᠦᠶ᠎ᠡ ᠶᠢᠨ ᠰᠤᠷᠭᠠᠨ ᠬᠥᠮᠦᠵᠢᠯ ᠤᠨ ᠡᠷᠬᠢᠯᠡᠭᠰᠡᠨ ᠠᠵᠢᠯ ᠤᠨ ᠮᠡᠷᠭᠡᠵᠢᠯ ᠳᠡᠯᠭᠡᠷᠡᠭᠦᠯᠬᠦ ᠬᠠᠷᠢᠴᠠᠯ ᠢ ᠵᠦᠶ ᠵᠣᠬᠢᠰᠲᠠᠶ | ᠪᠦᠲᠦᠴᠡ ᠲᠠᠢ ᠪᠠᠶᠢᠯᠭᠠᠬᠤ ᠶᠢ ᠲᠦᠯᠬᠢᠨ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ | ᠡᠷᠭᠢᠯᠡᠬᠦ ᠪᠠᠶᠢᠷᠢ ᠲᠣᠭᠲᠠᠭᠠᠯᠲᠠ ᠨᠢ ᠲᠣᠳᠣᠷᠬᠠᠶ᠂ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠪᠠ ᠴᠢᠳᠠᠪᠤᠷᠢᠲᠠᠨ ᠤ | ᠬᠠᠩᠭᠠᠯᠭ᠎ᠠ ᠶᠢᠨ ᠪᠦᠲᠦᠴᠡ ᠨᠢ ᠲᠠᠰᠤᠷᠠᠯᠲᠠ ᠥᠬᠡᠶ ᠰᠢᠯᠢᠳᠡᠭᠵᠢᠵᠦ᠂ ᠵᠢᠯ ᠪᠦᠷᠢ ᠨᠡᠶᠢᠭᠡᠮ ᠳᠤ ᠴᠢᠨᠠᠷ ᠰᠠᠶᠢᠲᠠᠶ | ᠮᠡᠷᠭᠡᠵᠢᠯ ᠴᠢᠳᠠᠪᠤᠷᠢ ᠪᠦᠬᠦᠢ ᠴᠢᠳᠠᠪᠤᠷᠢᠲᠠᠨ ᠢ ᠬᠦᠮᠦᠵᠢᠬᠦᠯᠦᠨ᠎ᠡ᠃ | 2 . ᠪᠠᠶᠢᠷᠢᠰᠢᠭᠤᠯᠤᠯ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠠᠭᠤᠷᠢ ᠪᠣᠯᠬᠤ ᠪᠠᠶᠢᠷᠢ ᠰᠠᠭᠤᠷᠢ ᠶᠢ ᠪᠠᠬᠢᠵᠢᠭᠦᠯᠵᠦ᠂ ᠠᠯᠠᠱᠠ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ | ᠰᠤᠷᠭᠠᠭᠤᠯᠢ ᠪᠣᠯᠭᠠᠨ ᠪᠥᠲᠥᠭᠡᠨ ᠪᠠᠶᠢᠭᠤᠯᠬᠤ ᠶᠢ ᠭᠤᠤᠯᠳᠠᠯᠭ᠎ᠠ ᠲᠠᠢ ᠳᠡᠮᠵᠢᠵᠦ᠂ ᠠᠯᠠᠱᠠ ᠪᠠᠷᠠᠭᠤᠨ ᠬᠤᠰᠢᠭᠤᠨ ᠤ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ᠂ ᠡᠵᠡᠨ᠎ᠡ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ | ᠰᠤᠷᠭᠠᠭᠤᠯᠢ ᠶᠢᠨ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢ | ᠳᠡᠮᠵᠢᠵᠦ᠂ ᠲᠤᠰᠬᠠᠶ ᠮᠡᠷᠭᠡᠵᠢᠯ ᠤᠨ ᠳᠦᠪᠯᠡᠷᠡᠯ ᠢ ᠪᠦᠷᠢᠯᠳᠦᠭᠦᠯᠦᠨ᠎ᠡ᠃ | 3 . ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠠᠵᠤ ᠦᠢᠯᠡᠰ ᠪᠠ | ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠠᠵᠢᠯᠯᠠᠬᠤ ᠰᠤᠷᠤᠯᠴᠠᠬᠤ ᠶᠢ ᠤᠶᠠᠯᠳᠤᠭᠤᠯᠬᠤ᠂ ᠮᠡᠳᠡᠬᠦᠶ ᠬᠢᠬᠦᠶ ᠶᠢ ᠨᠢᠭᠡᠳᠬᠡᠬᠦ ᠶᠢ | ᠴᠢᠩᠭᠠᠳᠬᠠᠵᠤ᠂ ᠮᠣᠷᠠᠯ ᠮᠡᠷᠭᠡᠵᠢᠯ ᠢ ᠵᠡᠷᠭᠡ ᠪᠠᠷ ᠵᠠᠰᠠᠵᠤ ᠬᠥᠮᠦᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠣᠯᠠᠨ | ᠡᠰᠢᠲᠦ ᠬᠠᠮᠲᠤ ᠪᠠᠷ ᠵᠠᠰᠠᠬᠤ ᠶᠠᠰᠤ ᠴᠢᠨᠠᠷ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠣᠲᠣ ᠦᠶ᠎ᠡ ᠶᠢᠨ | ᠱᠠᠪᠢ ᠠᠵᠢᠯᠴᠢᠨ ᠤ ᠲᠦᠷᠢᠮ ᠪᠠ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠠᠵᠢᠯᠴᠢᠨ ᠤ ᠲᠦᠷᠢᠮ ᠢ | ᠬᠦᠴᠦᠯᠡᠨ ᠬᠡᠷᠡᠭᠵᠢᠭᠦᠯᠵᠦ᠂ ︽1 + X︾ ᠦᠨᠡᠮᠯᠡᠯ ᠤᠨ ᠲᠦᠷᠢᠮ ᠤᠨ ᠲᠤᠷᠰᠢᠯᠲᠠ ᠶᠢᠨ ᠴᠡᠭ ᠤᠨ ᠠᠵᠢᠯ ᠢ | ᠪᠥᠬᠦ ᠲᠠᠯ᠎ᠠ ᠪᠠᠷ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ | 4 . ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠪᠠᠭᠰᠢ ᠶᠢ ᠪᠣᠯᠪᠠᠰᠤᠷᠠᠭᠤᠯᠤᠨ ᠬᠥᠮᠦᠵᠢᠭᠦᠯᠬᠦ ᠡᠷᠴᠢᠮ ᠢ ᠴᠢᠩᠭᠠᠷᠠᠭᠤᠯᠵᠤ᠂ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢᠨ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠪᠠ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ᠨᠠᠷ ᠢ ᠵᠢᠯ ᠪᠦᠷᠢ ᠠᠳᠠᠭ ᠲᠠᠭᠠᠨ ᠨᠢᠭᠡ ᠰᠠᠷ᠎ᠠ ᠠᠵᠤ ᠠᠬᠤᠶᠢᠯᠠᠯ | ᠪᠤᠶᠤ ᠪᠠᠭᠰᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠠᠵᠢᠯ ᠤᠨ ᠪᠠᠶᠢᠷᠢ ᠪᠠᠨ ᠳᠠᠭᠠᠵᠤ | ᠦᠢᠯᠡᠳᠦᠯᠬᠡᠵᠢᠬᠦᠯᠬᠦ ᠶᠢ ᠪᠥᠬᠦ ᠲᠠᠯ᠎ᠠ ᠪᠠᠷ ᠥᠷᠨᠢᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠷᠣᠨ | ᠲᠤᠭ᠎ᠠ ᠶᠢ ᠬᠠᠷᠭᠤᠭᠤᠯᠤᠨ ᠲᠣᠭᠲᠠᠭᠠᠬᠤ ᠪᠠᠷᠢᠮᠵᠢᠶ᠎ᠠ ᠶᠢ ᠰᠢᠯᠢᠳᠡᠭᠵᠢᠭᠦᠯᠬᠦ ᠶᠢ ᠠᠬᠢᠭᠤᠯᠵᠤ᠂ ᠠᠵᠢᠯ ᠮᠡᠷᠭᠡᠵᠢᠯ ᠤᠨ | ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠶᠢ ᠦᠨᠡᠨᠬᠦ ᠪᠠᠲᠤᠯᠠᠨ᠎ᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ | ᠲᠤᠰᠢᠶᠠᠯ ᠬᠠᠪᠰᠤᠷᠭᠠᠭᠰᠠᠨ ᠪᠠᠭᠰᠢ ᠶᠢ ᠤᠷᠢᠨ ᠲᠣᠮᠢᠯᠠᠬᠤ ᠠᠷᠭ᠎ᠠ ᠶᠢ ᠪᠠᠶᠢᠭᠤᠯᠤᠨ ᠪᠦᠷᠢᠨᠰᠢᠭᠦᠯᠵᠦ᠂ ︽ᠬᠤᠤᠰ | ᠬᠢᠷᠢ ᠬᠡᠮ ᠲᠠᠢ ᠪᠠᠭᠰᠢ︾ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠠᠭᠠᠳ ᠥᠬᠡᠶ ᠵᠠᠮ ᠢ ᠰᠢᠯᠤᠭᠤᠳᠬᠠᠵᠤ᠂ | ᠳ᠋ᠣᠺᠲ᠋ᠣᠷ ᠤᠨ ᠡᠷᠳᠡᠮ ᠤᠨ ᠴᠣᠯᠠ ᠲᠠᠢ ᠪᠠᠭᠰᠢ ᠶᠢᠨ ᠬᠠᠷᠢᠴᠠᠯ ᠢ ᠰᠢᠪᠲᠤᠯᠤᠯᠲᠠ ᠲᠠᠢ ᠪᠣᠯᠭᠠᠨ᠎ᠠ᠃ | ︵ᠳᠥᠷᠪᠡ︶ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠦᠨ᠎ᠡ | 1 . ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠴᠠᠭ | ᠦᠶ᠎ᠡ ᠶᠢᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭ᠎ᠠ ᠶᠢᠨ ᠠᠷᠪᠠᠨ ᠪᠠᠷᠢᠮᠵᠢᠶ᠎ᠠ ᠶᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠵᠦ᠂ ︽ᠪᠠᠭᠰᠢ ᠶᠢᠨ ᠶᠣᠰᠣ ᠮᠣᠷᠠᠯ ᠢ ᠴᠢᠩᠭᠠᠳᠬᠠᠵᠤ᠂ ᠪᠠᠭᠰᠢ ᠶᠢᠨ ᠰᠦᠭ ᠰᠦᠨᠡᠰᠦ ᠶᠢ | ᠱᠤᠭᠤᠬᠤ︾ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠭᠰᠢ ᠶᠢᠨ ᠶᠣᠰᠣ ᠮᠣᠷᠠᠯ ᠤᠨ ᠢᠯᠡᠷᠡᠯ ᠢ | ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ᠂ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ | ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠰᠢᠯᠢᠳᠡᠭ ᠢ ᠰᠢᠯᠭᠠᠷᠠᠭᠤᠯᠤᠨ ᠱᠠᠩᠨᠠᠬᠤ᠂ ᠴᠢᠳᠠᠪᠤᠷᠢᠲᠠᠨ ᠢ ᠭᠤᠶᠤᠴᠢᠯᠠᠨ | ᠮᠡᠳᠡᠭᠦᠯᠬᠦ ᠲᠥᠯᠥᠪᠯᠡᠭᠡ ᠶᠢᠨ ᠲᠡᠷᠢᠭᠦᠨ ᠴᠢᠬᠤᠯᠠ ᠨᠥᠬᠦᠴᠡᠯ ᠪᠣᠯᠭᠠᠵᠤ᠂ ᠪᠠᠭᠰᠢ ᠶᠢᠨ ᠶᠣᠰᠣ ᠮᠣᠷᠠᠯ ᠤᠨ ᠢᠯᠡᠷᠡᠯ ᠢ | ᠨᠢᠭᠡ ᠪᠢᠯᠧᠲ ᠢᠶᠠᠷ ᠦᠭᠡᠶᠢᠰᠬᠡᠬᠦ ᠳᠦᠷᠢᠮ ᠢ ᠬᠡᠷᠡᠭᠵᠢᠭᠦᠯᠦᠨ᠎ᠡ᠃ ᠪᠠᠭᠰᠢ ᠶᠢᠨ ᠢᠷᠠᠭᠤ ᠠᠯᠳᠠᠷ ᠤᠨ ᠲᠦᠷᠢᠮ ᠢ | ᠪᠦᠷᠢᠨᠰᠢᠬᠦᠯᠵᠦ᠂ ᠪᠠᠭᠰᠢ ᠶᠢᠨ ᠶᠣᠰᠣ ᠮᠣᠷᠠᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠤᠨ ᠪᠣᠶ | ᠪᠣᠯᠭᠠᠬᠤ᠂ ᠤᠬᠠᠭᠤᠯᠬᠤ᠂ ᠰᠠᠶᠢᠰᠢᠶᠠᠨ ᠬᠥᠬᠢᠭᠦᠯᠬᠦ᠂ ᠱᠠᠩᠨᠠᠨ ᠬᠥᠬᠢᠭᠦᠯᠬᠦ ᠡᠷᠴᠢᠮ ᠢ ᠴᠢᠩᠭᠠᠷᠠᠭᠤᠯᠤᠨ᠎ᠠ᠃ | ᠪᠠᠭᠰᠢ ᠶᠢ ᠤᠷᠢᠵᠤ ᠬᠡᠷᠡᠭᠯᠡᠬᠦ ᠠᠴᠠ ᠡᠮᠦᠨᠡᠬᠢ ᠦᠵᠡᠯ ᠰᠠᠨᠠᠭ᠎ᠠ ᠤᠯᠤᠰ ᠲᠥᠷᠥ ᠶᠢᠨ ᠢᠯᠡᠷᠡᠯ ᠪᠠ ᠰᠠᠬᠢᠯᠭ᠎ᠠ ᠪᠠᠲᠤ | ᠬᠠᠤᠯᠢ ᠴᠠᠭᠠᠵᠠ ᠶᠢ ᠵᠥᠷᠢᠴᠡᠭᠰᠡᠨ ᠪᠠᠶᠢᠳᠠᠯ ᠢ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ | ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠨᠠᠷ ᠰᠦᠢᠳᠬᠡᠯ ᠬᠤᠷᠢᠶᠠᠵᠤ ᠬᠢᠴᠢᠶᠡᠯ | ᠨᠥᠬᠦᠬᠦ᠂ ᠰᠦᠯᠵᠢᠶᠡᠨ ᠳᠡᠭᠡᠷ᠎ᠡ ᠰᠦᠢᠳᠬᠡᠯ ᠬᠤᠷᠢᠶᠠᠵᠤ ᠬᠢᠴᠢᠶᠡᠯ ᠨᠥᠬᠦᠬᠦ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ ᠬᠢᠴᠢᠶᠡᠯ ᠨᠥᠬᠦᠬᠦ | ᠵᠡᠷᠭᠡ ᠲᠣᠪᠤᠶᠢᠮ᠎ᠠ ᠠᠰᠠᠭᠤᠳᠠᠯ ᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ ᠪᠠᠭᠰᠢ ᠶᠢᠨ | ᠳᠠᠷᠤᠭᠠᠰᠤ ᠶᠢ ᠬᠥᠩᠭᠡᠷᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ | ᠪᠦᠷᠢᠨᠰᠢᠭᠦᠯᠵᠦ᠂ ᠡᠯ᠎ᠡ ᠭᠠᠵᠠᠷ ᠡᠯ᠎ᠡ ᠰᠤᠷᠭᠠᠭᠤᠯᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠳᠠᠷᠤᠭᠠᠰᠤ ᠶᠢ ᠬᠥᠩᠭᠡᠷᠡᠭᠦᠯᠬᠦ ᠨᠠᠷᠢᠨ ᠲᠠᠩᠰᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠠᠭᠰᠢ ᠶᠢ ᠨᠢᠭᠡ | ᠰᠡᠳᠬᠢᠯ ᠢᠶᠠᠷ ᠪᠢᠴᠢᠭ ᠵᠢᠭᠠᠵᠤ ᠬᠥᠮᠦᠨ ᠬᠥᠮᠦᠵᠢᠭᠦᠯᠬᠦ ᠪᠣᠯᠭᠠᠬᠤ ᠬᠡᠷᠡᠭᠲᠡᠶ᠃ ᠪᠠᠭᠰᠢ ᠶᠢᠨ ᠶᠣᠰᠣ ᠮᠣᠷᠠᠯ ᠤᠨ | ᠬᠥᠮᠦᠵᠢᠯ ᠢ ᠰᠢᠨ᠎ᠡ ᠪᠠᠷ ᠠᠵᠢᠯ ᠳᠤ ᠣᠷᠣᠬᠤ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠭᠤᠯᠤᠯ ᠪᠠ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ | ᠵᠠᠪᠠᠯ ᠰᠤᠷᠬᠤ ᠬᠢᠴᠢᠶᠡᠯ ᠪᠣᠯᠭᠠᠵᠤ᠂ ᠪᠠᠭᠰᠢ ᠶᠢᠨ ᠬᠥᠮᠦᠵᠢᠭᠦᠯᠦᠯ ᠪᠣᠯᠪᠠᠰᠤᠷᠠᠭᠤᠯᠤᠯ ᠤᠨ ᠪᠥᠬᠦ ᠶᠠᠪᠤᠴᠠ ᠳᠤ | ᠲᠤᠤᠱᠯᠠᠭᠤᠯᠤᠨ᠎ᠠ᠃ ᠰᠢᠨ᠎ᠡ ᠪᠠᠭᠰᠢ ᠶᠢᠨ ᠠᠵᠢᠯ ᠳᠤ ᠣᠷᠣᠬᠤ ᠲᠠᠩᠭᠠᠷᠢᠭ ᠤᠨ ᠲᠦᠷᠢᠮ ᠢ ᠨᠠᠶᠢᠳᠠᠪᠤᠷᠢᠵᠢᠭᠤᠯᠵᠤ᠂ | ᠪᠠᠭᠰᠢ ᠶᠢᠨ ᠶᠣᠰᠣ ᠮᠣᠷᠠᠯ ᠤᠨ ᠨᠡᠶᠢᠲᠡᠯᠢᠭ ᠵᠢᠱᠢᠶ᠎ᠡ ᠶᠢ ᠶᠡᠬᠡᠪᠡᠷ ᠰᠣᠩᠭᠤᠨ ᠪᠣᠶ ᠪᠣᠯᠭᠠᠵᠤ᠂ ᠵᠢᠱᠢᠶᠡᠴᠢ ᠶᠢᠨ ᠵᠣᠷᠢᠭ | ᠰᠠᠨᠠᠭ᠎ᠠ ᠶᠢ ᠪᠠᠳᠠᠷᠠᠭᠤᠯᠤᠨ᠂ ᠪᠠᠭᠰᠢ ᠶᠢ ᠬᠥᠲᠥᠯᠦᠨ ᠵᠢᠯᠣᠭᠤᠳᠴᠤ ᠪᠠᠶᠢᠭᠠᠳ ︽ᠳᠥᠷᠪᠡ ᠶᠢ ᠪᠦᠷᠢᠯᠳᠦᠭᠦᠯᠦᠭᠰᠡᠨ︾ | ᠰᠠᠶᠢᠨ ᠪᠠᠭᠰᠢ ᠪᠠ ︽ᠳᠥᠷᠪᠡᠨ ᠵᠠᠮᠴᠢᠯᠠᠭᠴᠢ︾ ᠪᠣᠯᠭᠠᠬᠤ ᠪᠠᠷ ᠴᠢᠷᠮᠠᠶᠢᠨ᠎ᠠ᠃ ᠠᠵᠢᠯ ᠮᠡᠷᠭᠡᠵᠢᠯ ᠤᠨ ᠶᠣᠰᠣ | ᠮᠣᠷᠠᠯ ᠢ ᠬᠦᠨᠳᠦ ᠨᠣᠴᠢᠲᠠᠢ ᠵᠥᠷᠢᠴᠡᠭᠰᠡᠨ ᠪᠠᠭᠰᠢ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ | ᠰᠢᠢᠳᠪᠦᠷᠢᠯᠡᠵᠦ᠂ ᠪᠠᠭᠰᠢ ᠶᠢᠨ ᠶᠣᠰᠣ ᠮᠣᠷᠠᠯ ᠤᠨ ᠵᠢᠷᠤᠮᠵᠢᠯ ᠢᠶᠠᠨ ᠠᠯᠳᠠᠭᠰᠠᠨ ᠵᠡᠷᠭᠡ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ | 2 . ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠰᠤᠷᠬᠤ ᠨᠠᠰᠤᠨ ᠠᠴᠠ | ᠡᠮᠦᠨᠡᠬᠢ ᠪᠠᠭᠰᠢ ᠶᠢᠨ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠠᠯᠪᠠᠨ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠣᠷᠣᠨ ᠲᠤᠭ᠎ᠠ ᠶᠢᠨ ᠬᠠᠮᠢᠶᠠᠷᠤᠯᠲᠠ ᠶᠢᠨ | ᠠᠵᠢᠯ ᠢ ᠵᠢᠷᠤᠮᠵᠢᠭᠤᠯᠤᠨ ᠥᠷᠨᠢᠭᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ | ᠠᠵᠢᠯᠲᠠᠨ ᠤ ᠣᠷᠣᠨ ᠲᠤᠭ᠎ᠠ ᠶᠢ ᠵᠦᠢ ᠵᠣᠬᠢᠰᠲᠠᠶ ᠬᠢᠨᠠᠨ ᠲᠣᠭᠲᠠᠭᠠᠵᠤ᠂ ᠬᠡᠦᠬᠡᠳ ᠤᠨ ᠴᠡᠴᠡᠷᠯᠢᠭ ᠤᠨ ᠪᠠᠭᠰᠢ ᠶᠢ | ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠬᠤ ᠶᠢ ᠴᠢᠩᠭ᠎ᠠ ᠱᠠᠭᠠᠷᠳᠠᠵᠤ᠂ ᠬᠡᠦᠬᠡᠳ ᠤᠨ ᠴᠡᠴᠡᠷᠯᠢᠭ ᠤᠨ | ᠪᠠᠭᠰᠢ ᠶᠢ ᠵᠥᠪᠰᠢᠶᠡᠷᠡᠨ ᠣᠷᠣᠭᠤᠯᠬᠤ ᠬᠤᠷᠢᠭ᠎ᠠ ᠶᠢ ᠴᠢᠩᠭ᠎ᠠ ᠠᠳᠬᠤᠬᠤ ᠬᠡᠷᠡᠭᠲᠡᠶ᠃ ᠲᠤᠷᠰᠢᠯᠲᠠ ᠶᠢᠨ ᠴᠡᠭ ᠢ | ᠤᠷᠢᠳᠠᠪᠠᠷ ᠬᠡᠷᠡᠭᠵᠢᠭᠦᠯᠬᠦ᠂ ᠴᠡᠭ ᠢᠶᠠᠷ ᠨᠡᠶᠢᠳᠡᠮ ᠢ ᠳᠠᠶᠢᠴᠢᠯᠠᠬᠤ ᠶᠢ ᠪᠠᠷᠢᠮᠲᠠᠯᠠᠨ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ︽ᠬᠤᠰᠢᠭᠤ ︵ᠨᠡᠭᠡᠭᠡᠯᠳᠡ ᠶᠢᠨ ᠣᠷᠣᠨ︶ ᠠᠴᠠ ᠰᠤᠷᠭᠠᠭᠤᠯᠢ ᠶᠢ ᠬᠠᠮᠢᠶᠠᠷᠴᠤ ᠤᠷᠢᠬᠤ | ︾ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠪᠠᠭᠰᠢ ᠵᠠᠬᠢᠷᠤᠯ ᠢ ᠰᠣᠯᠢᠯᠴᠠᠨ ᠠᠵᠢᠯ ᠤᠨ ᠪᠠᠶᠢᠷᠢ | ᠡᠭᠡᠯᠵᠢᠯᠡᠭᠦᠯᠬᠦ ᠶᠢ ᠲᠦᠯᠬᠢᠨ ᠠᠬᠢᠭᠤᠯᠵᠤ᠂ ᠬᠤᠰᠢᠭᠤ ︵ᠨᠡᠭᠡᠭᠡᠯᠳᠡ ᠶᠢᠨ ᠣᠷᠣᠨ︶ ᠶᠢᠨ ᠬᠤᠭᠤᠷᠣᠨᠳᠣᠬᠢ | ᠰᠤᠷᠭᠠᠨ ᠬᠥᠮᠦᠵᠢᠯ ᠢ ᠳᠡᠮᠵᠢᠬᠦ ᠰᠣᠯᠢᠯᠴᠠᠭ᠎ᠠ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠰᠤᠷᠭᠠᠭᠤᠯᠢ ᠶᠢᠨ ᠬᠤᠭᠤᠷᠣᠨᠳᠣ᠂ ᠬᠤᠲᠠ | ᠬᠥᠳᠡᠭᠡ ᠶᠢᠨ ᠬᠤᠭᠤᠷᠣᠨᠳᠣ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠶᠢ ᠳᠦᠷᠢᠮᠵᠢᠭᠦᠯᠵᠦ᠂ | ᠪᠠᠶᠢᠩᠭᠤᠵᠢᠭᠤᠯᠬᠤ ᠬᠡᠷᠡᠭᠲᠡᠶ᠃ ᠬᠤᠲᠠ ᠪᠠᠯᠭᠠᠰᠤ ᠶᠢᠨ ᠰᠤᠷᠭᠠᠭᠤᠯᠢ ᠬᠢᠭᠡᠳ ᠮᠠᠯᠵᠢᠬᠤ ᠲᠠᠷᠢᠶᠠᠯᠠᠬᠤ ᠣᠷᠣᠨ ᠤ | ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠲᠤᠰᠠᠯᠠᠬᠤ ᠠᠵᠢᠯ ᠢ ᠲᠦᠯᠬᠢᠨ ᠠᠬᠢᠭᠤᠯᠵᠤ᠂ ᠰᠤᠷᠭᠠᠭᠤᠯᠢ ᠶᠢᠨ | ᠬᠤᠭᠤᠷᠣᠨᠳᠣᠬᠢ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠤᠨ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠤᠲᠠ ᠬᠥᠳᠡᠭᠡ ᠶᠢᠨ ᠰᠤᠷᠭᠠᠭᠤᠯᠢ ᠶᠢᠨ ᠪᠠᠭᠰᠢ ᠶᠢᠨ | ᠲᠣᠬᠢᠷᠠᠭᠤᠯᠤᠯᠲᠠ ᠶᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠬᠤ ᠶᠢ ᠤᠯᠠᠮ ᠨᠢᠭᠡ ᠠᠯᠬᠤᠮ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ︽ᠠᠯᠪᠠᠨ ᠠᠴᠠ ᠰᠦᠢᠳᠬᠡᠯ ᠭᠠᠷᠭᠠᠬᠤ ᠪᠠᠭᠰᠢ ᠶᠢᠨ ᠮᠡᠷᠭᠡᠵᠢᠯ ᠤᠨ ᠤᠶᠤᠲᠠᠳ ᠢ | ᠬᠥᠮᠦᠵᠢᠭᠦᠯᠬᠦ ᠲᠥᠯᠥᠪᠯᠡᠭᠡ︾ ︽ᠰᠢᠯᠢᠳᠡᠭ ᠪᠠᠭᠰᠢ ᠶᠢ ᠬᠥᠮᠦᠵᠢᠭᠦᠯᠬᠦ ᠲᠥᠯᠥᠪᠯᠡᠭᠡ︾ ︽ᠣᠨᠴᠣᠭᠤᠢ ᠠᠵᠢᠯ ᠤᠨ | ᠪᠠᠶᠢᠷᠢ ᠶᠢᠨ ᠲᠥᠯᠥᠪᠯᠡᠭᠡ︾ ︽ᠪᠤᠭᠤᠷᠤᠯᠴᠤᠳ ᠤᠨ ᠬᠢᠴᠢᠶᠡᠯ ᠣᠷᠣᠬᠤ ᠲᠥᠯᠥᠪᠯᠡᠭᠡ︾ ᠵᠡᠷᠭᠡ ᠶᠢ | ᠨᠠᠶᠢᠳᠠᠪᠤᠷᠢᠵᠢᠭᠤᠯᠵᠤ᠂ ᠪᠠᠭᠰᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠪᠠᠷᠢᠮᠵᠢᠶ᠎ᠠ ᠶᠣᠰᠣᠭᠠᠷ | ᠪᠠᠭᠰᠢ ᠠᠵᠢᠯᠲᠠᠨ ᠠᠵᠢᠯᠴᠢᠨ ᠢ ᠴᠢᠩᠭ᠎ᠠ ᠲᠣᠬᠢᠷᠠᠭᠤᠯᠵᠤ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ | ᠠᠵᠢᠯᠲᠠᠨ ᠠᠵᠢᠯᠴᠢᠨ ᠢ ᠴᠠᠭ ᠲᠤᠬᠠᠶ ᠳᠤᠨᠢ ᠨᠥᠬᠦᠪᠥᠷᠢᠯᠡᠵᠦ᠂ ︽ᠣᠷᠣᠨ ᠲᠤᠭ᠎ᠠ ᠪᠠᠶᠢᠭᠠᠳ ᠨᠥᠬᠦᠪᠥᠷᠢᠯᠡᠬᠦ | ᠦᠭᠡᠶ︾᠂ ᠣᠷᠣᠯᠠᠨ ᠬᠢᠴᠢᠶᠡᠯᠯᠡᠬᠦ ᠪᠠᠭᠰᠢ ᠶᠢ ᠤᠷᠲᠤ ᠬᠤᠭᠤᠴᠠᠭ᠎ᠠ ᠪᠠᠷ ᠬᠡᠷᠡᠭᠯᠡᠬᠦ ᠶᠢ ᠴᠢᠩᠭ᠎ᠠ ᠴᠠᠭᠠᠵᠠᠯᠠᠬᠤ | ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ︽ | ᠤᠯᠤᠰ ᠤᠨ ᠰᠢᠯᠭᠠᠯᠲᠠ︾ ᠪᠠ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢ ᠲᠣᠭᠲᠠᠮᠠᠯ | ᠬᠤᠭᠤᠴᠠᠭ᠎ᠠ ᠲᠠᠢ ᠬᠥᠳᠡᠯᠦᠩᠭᠦᠶ ᠪᠠᠷ ᠲᠣᠬᠢᠷᠠᠭᠤᠯᠬᠤ ᠲᠦᠷᠢᠮ ᠵᠢᠴᠢ ᠬᠤᠰᠢᠭᠤᠨ ︵ᠨᠡᠭᠡᠭᠡᠯᠳᠡ ᠶᠢᠨ ᠣᠷᠣᠨ︶ ᠤ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠣᠷᠣᠨ ᠲᠤᠭ᠎ᠠ ᠶᠢᠨ ᠶᠡᠷᠦᠩᠬᠡᠶ | ᠬᠡᠮᠵᠢᠶ᠎ᠡ ᠶᠢᠨ ᠳᠣᠲᠣᠷ᠎ᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠬᠡᠷᠡᠭᠯᠡᠭᠰᠡᠨ ᠤ ᠳᠠᠷᠠᠭᠠᠬᠢ ᠪᠦᠷᠢᠳᠬᠡᠨ | ᠳᠠᠩᠰᠠᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠷᠣᠨ | ᠲᠤᠭ᠎ᠠ ᠶᠢ ︽ ᠠᠮᠢᠳᠣᠯᠢᠭ ᠴᠢᠯᠦᠭᠡᠳᠡᠢ︾ ᠪᠠᠶᠢᠯᠭᠠᠵᠦ᠂ ᠲᠦᠷ ᠴᠠᠭ ᠤᠨ ᠪᠠᠴᠢᠮ ᠬᠡᠷᠡᠭᠴᠡᠭᠡ ᠪᠠ ᠱᠠᠲᠤ | ᠦᠶ᠎ᠡ ᠶᠢᠨ ᠴᠢᠨᠠᠷᠲᠠᠶ ᠣᠷᠣᠨ ᠲᠤᠭ᠎ᠠ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ | 3 . ᠪᠠᠭᠰᠢ ᠶᠢᠨ ᠴᠢᠳᠠᠪᠤᠷᠢ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠲᠤᠰᠬᠠᠶ ᠮᠡᠷᠭᠡᠵᠢᠯᠲᠡᠨ ᠤ | ᠬᠡᠯᠪᠡᠷᠢ ᠶᠢᠨ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢ ᠪᠠᠶᠢᠭᠤᠯᠣᠨ᠎ᠠ᠃ ︽ᠰᠤᠷᠭᠠᠭᠤᠯᠢ ᠶᠢᠨ ᠵᠠᠬᠢᠷᠤᠯ ᠢ | ᠳᠠᠭᠠᠭᠤᠯᠤᠨ ᠬᠥᠮᠦᠵᠢᠭᠦᠯᠬᠦ ᠲᠥᠯᠥᠪᠯᠡᠭᠡ︾᠂ ︽ᠰᠤᠷᠭᠠᠭᠤᠯᠢ ᠶᠢᠨ ᠵᠠᠬᠢᠷᠤᠯ ᠬᠢᠴᠢᠶᠡᠯ ᠤᠨ ᠲᠠᠩᠬᠢᠮ ᠳᠤ ᠣᠷᠣᠬᠤ | ︾ ᠲᠥᠯᠥᠪᠯᠡᠭᠡ ᠶᠢ ᠬᠡᠷᠡᠭᠵᠢᠭᠦᠯᠬᠦ᠂ ︽ᠰᠤᠷᠭᠠᠭᠤᠯᠢ ᠶᠢᠨ ᠵᠠᠬᠢᠷᠤᠯ ᠤᠨ ᠶᠠᠷᠢᠶᠠᠨ ᠤ ᠲᠠᠪᠴᠠᠩ︾ ᠢ ᠵᠣᠬᠢᠶᠠᠨ | ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠴᠢᠭᠯᠡᠭᠦᠯᠬᠦ ᠴᠢᠨᠠᠷᠲᠠᠶ ᠪᠠᠷ ᠰᠤᠷᠭᠠᠭᠤᠯᠢ ᠶᠢᠨ ᠵᠠᠬᠢᠷᠤᠯ ᠤᠨ | ᠡᠩᠨᠡᠭᠡ ᠶᠢ ᠬᠥᠮᠦᠵᠢᠭᠦᠯᠵᠦ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠷ ᠥᠨᠳᠥᠷ᠂ ᠶᠡᠷᠦᠩᠬᠡᠶᠢᠯᠡᠭᠰᠡᠨ ᠬᠡᠪ | ᠴᠢᠨᠠᠷ ᠢᠶᠠᠷ ᠴᠢᠩᠭ᠎ᠠ ᠨᠢᠭᠡᠨ ᠰᠠᠯᠠᠭ᠎ᠠ ᠲᠤᠰᠬᠠᠶ ᠮᠡᠷᠭᠡᠵᠢᠯᠲᠡᠨ ᠤ ᠬᠡᠯᠪᠡᠷᠢ ᠶᠢᠨ ᠰᠤᠷᠭᠠᠭᠤᠯᠢ ᠶᠢᠨ ᠵᠠᠬᠢᠷᠤᠯ ᠤᠨ | ᠡᠩᠨᠡᠭᠡ ᠶᠢ ᠪᠠᠶᠢᠭᠤᠯᠤᠨ᠎ᠠ᠃ ᠪᠠᠭᠰᠢ ᠶᠢᠨ ᠪᠣᠯᠪᠠᠰᠤᠷᠠᠯ ᠤᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ 5 | ᠵᠢᠯ ᠪᠦᠷᠢ ᠳᠤ ᠨᠢᠭᠡ ᠦᠶᠡᠯᠡᠯ ᠤᠨ ᠬᠤᠭᠤᠴᠠᠭ᠎ᠠ ᠲᠠᠢ ᠪᠦᠬᠦ ᠪᠠᠭᠰᠢ ᠶᠢ ᠡᠭᠡᠯᠵᠢᠯᠡᠨ ᠪᠣᠯᠪᠠᠰᠤᠷᠠᠭᠤᠯᠬᠤ ᠲᠦᠷᠢᠮ ᠢ | ᠨᠠᠶᠢᠳᠠᠪᠤᠷᠢᠵᠢᠭᠤᠯᠤᠨ᠎ᠠ᠃ ᠪᠠᠭᠰᠢ ᠶᠢᠨ ᠠᠵᠢᠯ ᠤᠨ ᠪᠠᠶᠢᠷᠢ ᠳᠡᠭᠡᠷ᠎ᠡ ᠪᠠᠨ ᠰᠤᠳᠤᠯᠤᠨ ᠰᠤᠷᠤᠯᠴᠠᠬᠤ ᠪᠠᠷ ᠳᠡᠮᠵᠢᠨ | ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠪᠠᠭᠰᠢ ᠶᠢᠨ ᠡᠩᠨᠡᠭᠡᠨ ᠤ ᠬᠡᠪ | ᠪᠣᠯᠪᠠᠰᠤᠷᠠᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠡᠰ ᠳᠠᠪᠬᠤᠷᠭ᠎ᠠ ᠬᠤᠪᠢᠶᠠᠨ᠂ ᠪᠦᠯᠦᠭ ᠤᠳᠠᠭ᠎ᠠ | ᠬᠤᠪᠢᠶᠠᠨ᠂ ᠲᠦᠷᠦᠯ ᠬᠤᠪᠢᠶᠠᠨ ᠪᠠᠭᠰᠢ ᠨᠠᠷ ᠢ ᠬᠥᠮᠦᠵᠢᠭᠦᠯᠵᠦ᠂ ︽ᠭᠠᠷᠮᠠᠭᠠᠢ ᠪᠠᠭᠰᠢ ᠶᠢ ᠬᠥᠮᠦᠵᠢᠭᠦᠯᠬᠦ | ᠲᠥᠯᠥᠪᠯᠡᠭᠡ︾᠂ ︽ᠭᠤᠣᠯᠯᠠᠭᠴᠢ ᠪᠠᠭᠰᠢ ᠶᠢ ᠬᠥᠮᠦᠵᠢᠭᠦᠯᠬᠦ ᠲᠥᠯᠥᠪᠯᠡᠭᠡ︾᠂ ︽ᠬᠥᠳᠡᠭᠡ ᠲᠣᠰᠬᠤᠨ ᠤ | ᠰᠢᠯᠢᠳᠡᠭ ᠵᠠᠯᠠᠭᠤ ᠪᠠᠭᠰᠢ ᠶᠢ ᠬᠥᠮᠦᠵᠢᠭᠦᠯᠬᠦ ᠲᠥᠯᠥᠪᠯᠡᠭᠡ︾ ᠵᠡᠷᠭᠡ ᠶᠢ ᠬᠡᠷᠡᠭᠵᠢᠭᠦᠯᠬᠦ ᠪᠠᠷ ᠳᠠᠮᠵᠢᠭᠤᠯᠵᠤ᠂ ᠥᠨᠳᠥᠷ | ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ︽ᠨᠠᠷᠠᠲᠤ ᠪᠠᠭᠰᠢ ᠶᠢᠨ | ᠠᠵᠢᠯᠯᠠᠬᠤ ᠲᠠᠰᠤᠭ︾ ᠢ ᠪᠠᠶᠢᠭᠤᠯᠬᠤ ᠪᠠᠷ ᠳᠠᠮᠵᠢᠭᠤᠯᠤᠨ᠂ ᠰᠢᠯᠢᠳᠡᠭ ᠪᠠᠭᠰᠢ ᠶᠢᠨ ᠨᠥᠯᠥᠭᠡᠯᠡᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠭᠤᠤᠯᠯᠠᠭᠴᠢ ᠪᠠᠭᠰᠢ ᠶᠢᠨ ᠡᠩᠨᠡᠭᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠎ᠠ᠃ | ᠵᠢᠭᠠᠨ ᠰᠤᠳᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠳᠤᠯᠤᠭᠴᠢ ᠶᠢ ᠰᠢᠯᠢᠨ | ᠰᠣᠩᠭᠤᠬᠤ ᠲᠦᠷᠢᠮ ᠢ ᠲᠡᠭᠦᠯᠳᠡᠷᠵᠢᠭᠦᠯᠦᠨ᠂ ︽ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤ | ᠦᠢᠯᠡᠴᠢᠯᠡᠬᠦ᠂ ᠪᠠᠭᠰᠢ ᠶᠢᠨ ᠲᠤᠰᠬᠠᠶ ᠮᠡᠷᠭᠡᠵᠢᠯ ᠤᠨ ᠪᠤᠶᠢᠵᠢᠯᠲᠠ ᠳᠤ ᠦᠢᠯᠡᠴᠢᠯᠡᠬᠦ᠂ ᠰᠤᠷᠤᠭᠴᠢᠳ ᠤᠨ ᠪᠥᠬᠦ | ᠲᠠᠯ᠎ᠠ ᠶᠢᠨ ᠬᠥᠭᠵᠢᠯᠲᠡ ᠳᠤ ᠦᠢᠯᠡᠴᠢᠯᠡᠬᠦ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠢᠢᠳᠪᠦᠷᠢᠳᠦ | ᠪᠣᠳᠣᠯᠭ᠎ᠠ ᠳᠤ ᠦᠢᠯᠡᠴᠢᠯᠡᠬᠦ︾ ᠪᠠᠷ ᠦᠨᠳᠦᠰᠦ ᠪᠣᠯᠭᠠᠵᠤ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠭᠤᠷᠢᠯᠠᠭᠰᠠᠨ ᠵᠢᠭᠠᠨ ᠰᠤᠳᠤᠯᠬᠤ ᠲᠣᠭᠲᠠᠴᠠ ᠶᠢ ᠪᠠᠶᠢᠭᠤᠯᠤᠨ᠎ᠠ᠃ | 4 . ᠪᠠᠭᠰᠢ ᠶᠢᠨ ᠡᠷᠬᠡ ᠠᠰᠢᠭ ᠪᠠ ᠣᠯᠭᠤᠮᠵᠢ ᠶᠢ ᠪᠠᠲᠤᠯᠠᠨ᠎ᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢᠨᠠᠷ ᠤᠨ ᠠᠯᠪᠠᠲᠠᠨ ᠤ ᠴᠠᠯᠢᠩ ᠯᠤᠭ᠎ᠠ ᠬᠠᠮᠲᠤᠷᠠᠨ ᠬᠥᠳᠡᠯᠦᠯᠴᠡᠬᠦ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠤᠬᠠᠶ ᠶᠢᠨ ᠭᠠᠵᠠᠷ ᠤᠨ | ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠠᠴᠠ ᠳᠣᠣᠷ᠎ᠠ ᠪᠠᠶᠢᠯᠭᠠᠬᠤ ᠦᠭᠡᠶ ᠪᠠᠶᠢᠬᠤ ᠶᠢ | ᠪᠠᠲᠤᠯᠠᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠢᠳᠡᠭ ᠪᠠᠭᠰᠢ᠂ ᠲᠡᠷᠢᠭᠦᠨ ᠤ ᠰᠤᠷᠭᠠᠨ | ᠬᠥᠮᠦᠵᠢᠯ ᠤᠨ ᠠᠵᠢᠯᠲᠠᠨ᠂ ᠰᠢᠨᠵᠢᠯᠡᠭᠡᠨ ᠤ ᠳᠠᠭᠠᠭᠤᠯᠤᠭᠴᠢ᠂ ᠵᠢᠭᠠᠨ ᠰᠤᠷᠭᠠᠯᠲᠠ ᠶᠢᠨ ᠴᠢᠳᠠᠪᠤᠷᠢᠲᠠᠨ ᠢ | ᠰᠢᠯᠭᠠᠷᠠᠭᠤᠯᠬᠤ ᠠᠵᠢᠯ ᠢ ᠥᠷᠨᠢᠭᠦᠯᠦᠨ᠎ᠡ᠃ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ | ᠲᠦᠷᠢᠮ ᠢ ᠨᠠᠶᠢᠳᠠᠪᠤᠷᠢᠵᠢᠭᠤᠯᠵᠤ᠂ ᠰᠤᠮᠤ ︵ᠪᠠᠯᠭᠠᠰᠤ︶ ᠶᠢᠨ ᠠᠵᠢᠯ ᠤᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠮᠠᠯᠵᠢᠬᠤ ᠲᠠᠷᠢᠶᠠᠯᠠᠬᠤ ᠣᠷᠣᠨ ᠤ | ᠦᠨᠳᠦᠰᠦᠨ ᠱᠠᠲᠤ ᠪᠠ ᠬᠠᠲᠠᠭᠤ ᠪᠡᠷᠬᠡᠰᠢᠶᠡᠯᠲᠡᠶ ᠪᠤᠶᠢᠳᠠ ᠪᠦᠭᠯᠡᠭᠦᠦ ᠭᠠᠵᠠᠷ ᠣᠷᠣᠨ ᠳᠤ ᠣᠷᠳᠣ ᠬᠤᠭᠤᠴᠠᠭ᠎ᠠ ᠪᠠᠷ | ᠠᠵᠢᠯᠯᠠᠵᠤ ᠪᠠᠶᠢᠭ᠎ᠠ ᠪᠠᠭᠰᠢ ᠠᠵᠢᠯᠲᠠᠨ ᠠᠵᠢᠯᠴᠢᠨ ᠳᠤ ᠴᠠᠯᠢᠩ ᠬᠥᠯᠥᠰᠥ ᠶᠢᠨ ᠬᠠᠷᠠᠭᠠᠯᠵᠠᠯ ᠦᠵᠡᠭᠦᠯᠬᠦ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ | ᠬᠥᠬᠢᠭᠦᠯᠦᠨ ᠱᠠᠩᠨᠠᠬᠤ ᠵᠡᠷᠭᠡ ᠲᠠᠯ᠎ᠠ ᠪᠠᠷ ᠮᠠᠯᠵᠢᠬᠤ ᠲᠠᠷᠢᠶᠠᠯᠠᠬᠤ ᠣᠷᠣᠨ ᠤ ᠵᠠᠯᠠᠭᠤ ᠪᠠᠭᠰᠢ ᠳᠤ ᠬᠠᠷᠠᠭᠠᠯᠵᠠᠯ | ᠦᠵᠡᠭᠦᠯᠦᠨ᠎ᠡ᠃ | ︵ᠲᠠᠪᠤ︶ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ | ᠲᠣᠭᠠᠴᠢᠯᠠᠭᠰᠠᠨ ᠰᠤᠷᠭᠠᠨ ᠬᠥᠮᠦᠵᠢᠯ ᠢ ᠬᠠᠮᠲᠤ ᠪᠠᠷ ᠭᠥᠷᠳᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ | ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠢ ᠠᠬᠢᠭᠤᠯᠵᠤ᠂ ᠰᠤᠷᠭᠠᠨ ᠬᠥᠮᠦᠵᠢᠯ ᠤᠨ ᠮᠡᠳᠡᠭᠡ | ᠵᠠᠩᠭᠢᠵᠢᠯᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠲᠣᠭᠠᠴᠢᠯᠠᠭᠰᠠᠨ | ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠨ ᠤ ᠬᠡᠪ ᠳᠠᠭᠤᠷᠢᠶᠠᠯ ᠰᠤᠷᠭᠠᠭᠤᠯᠢ ᠶᠢᠨ ᠨᠥᠯᠥᠭᠡᠯᠡᠬᠦ ᠬᠡᠪᠴᠢᠶ᠎ᠡ ᠶᠢ | ᠥᠷᠭᠡᠳᠬᠡᠨ᠂ ᠰᠤᠷᠭᠠᠭᠤᠯᠢ ᠶᠢᠨ ᠤᠶᠤᠨᠴᠢᠯᠠᠯᠲᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ | ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠴᠢᠩᠭᠠᠳᠬᠠᠵᠤ᠂ ︽ᠠᠯᠠᠱᠠ | ᠠᠶᠢᠮᠠᠭ ᠤᠨ ᠠᠳᠠᠯᠢ ᠠᠯᠬᠤᠮ ᠢᠶᠠᠷ ᠬᠤᠷᠰᠢᠯᠴᠠᠬᠤ ᠬᠠᠮᠢᠶᠠᠷᠤᠯᠲᠠ ᠶᠢᠨ ᠲᠠᠪᠴᠠᠩ︾ ᠢ ᠦᠷᠭᠦᠯᠵᠢᠯᠡᠨ | ᠰᠢᠯᠢᠳᠡᠭᠵᠢᠭᠦᠯᠵᠦ᠂ ᠲᠣᠰ ᠭᠠᠵᠠᠷ ᠤᠨ ᠴᠢᠨᠠᠷ ᠰᠠᠶᠢᠲᠠᠶ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠰᠤᠳᠤᠯᠤᠨ | ᠨᠡᠭᠡᠭᠡᠬᠦ ᠪᠠ ᠬᠠᠮᠲᠤ ᠪᠠᠷ ᠡᠳ᠋ᠯᠡᠵᠦ᠂ ︽ᠭᠤᠷᠪᠠᠨ ᠬᠢᠴᠢᠶᠡᠯ ᠤᠨ ᠲᠠᠩᠬᠢᠮ︾ ᠤᠨ ᠬᠡᠷᠡᠭᠯᠡᠯᠲᠡ ᠶᠢ ᠠᠬᠢᠭᠤᠯᠤᠨ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠭᠰᠠᠨ ᠪᠣᠰᠤᠭ᠎ᠠ ᠴᠣᠭᠴᠠᠲᠤ ᠴᠢᠨᠠᠷ | ᠰᠠᠶᠢᠲᠠᠶ ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠦᠢᠯᠡᠴᠢᠯᠡᠬᠡᠨ ᠤ ᠰᠢᠰᠲ᠋ᠧᠮᠵᠢ ᠶᠢ | ᠪᠠᠶᠢᠭᠤᠯᠵᠤ᠂ ᠴᠢᠨᠠᠷ ᠰᠠᠶᠢᠲᠠᠶ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ᠰᠦᠯᠵᠢᠶᠡᠨ ᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠵᠡᠷᠭᠡ ᠳᠡᠰ ᠤᠨ | ᠬᠠᠮᠠᠭᠠᠯᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ᠂ ᠲᠣᠭᠲᠠᠭᠤᠨ᠂ ᠥᠨᠳᠥᠷ | ᠪᠦᠲᠦᠮᠵᠢᠲᠡᠶ ᠰᠤᠷᠭᠠᠨ ᠬᠥᠮᠦᠵᠢᠯ ᠤᠨ ᠰᠦᠯᠵᠢᠶᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃ | ︵ᠵᠢᠷᠭᠤᠭ᠎ᠠ︶ ᠵᠢᠷᠤᠮᠵᠢᠭᠤᠯᠬᠤ ᠪᠠ ᠳᠡᠮᠵᠢᠬᠦ ᠶᠢ ᠵᠡᠷᠭᠡ ᠳᠤᠨᠢ ᠠᠳᠬᠤᠵᠤ᠂ ᠠᠷᠠᠳ ᠠᠴᠠ ᠡᠷᠬᠢᠯᠡᠭᠰᠡᠨ | ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠰᠣᠷᠣᠭᠴᠢ ᠪᠦᠷᠢ ᠳᠤ ᠣᠯᠭᠤᠬᠤ ᠡᠳ᠋ ᠤᠨ | ᠵᠠᠰᠠᠭ ᠤᠨ ᠨᠥᠬᠦᠪᠥᠷᠢ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ | ᠴᠢᠭᠯᠡᠯ ᠳᠠᠰᠢ ᠬᠥᠭᠵᠢᠬᠦ ᠶᠢ ᠭᠤᠤᠯᠳᠠᠯᠭ᠎ᠠ ᠲᠠᠢ ᠳᠡᠮᠵᠢᠨ᠎ᠡ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ | ᠲᠥᠷᠥᠯ ᠬᠤᠪᠢᠶᠠᠬᠤ ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠤᠷᠭᠠᠭᠤᠯᠢ | ᠡᠷᠬᠢᠯᠡᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠲᠣᠳᠣᠷᠬᠠᠶᠢᠯᠠᠨ ᠪᠠᠲᠤᠯᠠᠵᠤ᠂ ᠲᠥᠷᠥ ᠶᠢᠨ ᠪᠣᠳᠣᠯᠭ᠎ᠠ ᠪᠠᠷ | ᠬᠥᠲᠥᠯᠥᠨ ᠵᠢᠯᠣᠭᠤᠳᠬᠤ ᠪᠠᠷ ᠳᠠᠮᠵᠢᠭᠤᠯᠤᠨ᠂ ᠰᠤᠷᠭᠠᠭᠤᠯᠢ ᠡᠷᠬᠢᠯᠡᠭᠰᠡᠳ ᠨᠢ ᠰᠠᠶᠢᠨ ᠳᠤᠷ᠎ᠠ ᠠᠴᠠ ᠪᠠᠨ ᠠᠰᠢᠭ | ᠬᠤᠨᠵᠢᠪᠣᠷᠢ ᠶᠢᠨ ᠪᠤᠰᠤ ᠴᠢᠨᠠᠷᠲᠠᠶ ᠪᠤᠶᠤ ᠠᠰᠢᠭ ᠬᠤᠨᠵᠢᠪᠣᠷᠢ ᠶᠢᠨ ᠴᠢᠨᠠᠷᠲᠠᠶ ᠰᠣᠩᠭᠤᠯᠲᠠ ᠬᠢᠵᠦ᠂ ᠠᠷᠠᠳ ᠠᠴᠠ | ᠡᠷᠬᠢᠯᠡᠭᠰᠡᠨ ᠰᠤᠷᠭᠠᠭᠤᠯᠢ ᠶᠢ ᠲᠥᠷᠥᠯ ᠬᠤᠪᠢᠶᠠᠨ ᠳᠠᠩᠰᠠᠯᠠᠬᠤ ᠶᠢ ᠲᠦᠯᠬᠢᠨ ᠠᠬᠢᠭᠤᠯᠵᠤ᠂ ᠠᠷᠠᠳ ᠠᠴᠠ | ᠡᠷᠬᠢᠯᠡᠭᠰᠡᠨ ᠰᠤᠷᠭᠠᠨ ᠬᠥᠮᠦᠵᠢᠯ ᠤᠨ ᠬᠦᠷᠢᠶᠡᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ | ︵ᠳᠣᠯᠤᠭ᠎ᠠ︶ ᠰᠤᠷᠭᠠᠨ ᠬᠥᠮᠦᠵᠢᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ | ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠳᠥᠷᠪᠡ ᠶᠢ | ᠠᠪᠴᠤ ᠬᠠᠶᠠᠬᠤ ᠥᠬᠡᠶ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠤᠷᠠᠶ ᠲᠠᠯ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠭᠦᠨᠵᠡᠭᠡᠶ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠶᠢ | ᠬᠦᠴᠦᠯᠡᠨ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ | ᠦᠶ᠎ᠡ ᠶᠢᠨ ᠰᠤᠷᠭᠠᠭᠤᠯᠢ ᠶᠢᠨ ᠪᠠᠭᠰᠢ ᠶᠢᠨ ᠣᠨᠴᠣᠭᠤᠶ ᠠᠵᠢᠯ ᠤᠨ ᠪᠠᠶᠢᠷᠢ ᠶᠢᠨ ᠲᠥᠯᠥᠪᠯᠡᠭᠡ᠂ ᠳᠤᠮᠳᠠᠳᠤ ᠪᠠᠭ᠎ᠠ | ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠠᠭᠰᠢ ᠶᠢᠨ ᠤᠯᠤᠰ ᠤᠨ ᠲᠠᠰ ᠤᠨ ᠪᠣᠯᠪᠠᠰᠤᠷᠠᠭᠤᠯᠤᠯ ᠤᠨ | ᠲᠥᠯᠥᠪᠯᠡᠭᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠭᠰᠢ ᠶᠢᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ 2025 ᠣᠨ ᠪᠣᠯᠬᠤ ᠳᠤ᠂ ᠰᠤᠷᠭᠠᠨ ᠬᠥᠮᠦᠵᠢᠯ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ | ᠰᠠᠭᠤᠷᠢ ᠶᠢ ᠨᠠᠩ ᠪᠠᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠰᠤᠷᠤᠭᠴᠢᠳ ᠢ ᠰᠤᠷᠭᠠᠨ ᠬᠥᠮᠦᠵᠢᠭᠦᠯᠵᠦ ᠬᠠᠪᠰᠤᠷᠤᠨ ᠲᠡᠳᠬᠦᠬᠦ ᠲᠣᠭᠲᠠᠴᠠ ᠶᠢ ᠤᠯᠠᠮ | ᠴᠢᠨᠠᠭᠰᠢᠳᠠ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠵᠥᠷᠢᠶ᠎ᠡ ᠶᠢ ᠤᠯᠠᠮ | ᠴᠢᠨᠠᠭᠰᠢᠳᠠ ᠪᠠᠭᠠᠰᠬᠠᠵᠤ᠂ ᠰᠤᠷᠭᠠᠨ ᠬᠥᠮᠦᠵᠢᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠦᠢᠯᠡᠴᠢᠯᠡᠬᠦ ᠴᠢᠳᠠᠪᠤᠷᠢ ᠪᠠ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠤᠷᠭᠠᠨ | ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠ ᠰᠤᠷᠭᠠᠨ ᠬᠥᠮᠦᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠶᠢᠨ ᠣᠷᠴᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ | ︵ᠨᠠᠢᠮᠠ︶ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠳᠣᠶᠢᠯ ᠤᠨ | ᠣᠨᠣᠪᠴᠢᠲᠠᠶ ᠪᠠᠷ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ | ᠬᠤᠯᠪᠣᠭ᠎ᠠ᠂ ᠠᠵᠢᠯᠴᠢᠨ ᠤ ᠡᠪᠯᠡᠯ ᠵᠡᠷᠭᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ | ᠵᠣᠯᠭᠠᠭᠤᠯᠬᠤ ᠪᠠ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠡᠳ᠋ ᠮᠥᠩᠭᠦ ᠪᠠᠷ ᠲᠤᠰᠠᠯᠠᠬᠤ ᠲᠤᠭ᠎ᠠ ᠪᠠᠷᠢᠮᠲᠠ ᠶᠢᠨ | ᠶᠠᠰᠤ ᠴᠢᠨᠠᠷ ᠢ ᠳᠡᠭᠡᠭᠰᠢᠯᠡᠭᠦᠯᠦᠨ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠪᠦᠬᠦᠨ ᠢ | ᠡᠳ᠋ ᠮᠥᠩᠭᠦ ᠪᠠᠷ ᠲᠤᠰᠠᠯᠠᠬᠤ ᠶᠢ ᠪᠡᠶᠡᠯᠡᠭᠦᠯᠦᠨ᠎ᠡ᠃ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ | ᠰᠤᠷᠤᠭᠴᠢᠳ ᠢ ᠲᠣᠭᠲᠠᠭᠠᠯ ᠶᠣᠰᠣᠭᠠᠷ ᠡᠳ᠋ ᠮᠥᠩᠭᠦ ᠪᠠᠷ ᠲᠤᠰᠠᠯᠠᠬᠤ ᠶᠢ ᠪᠠᠲᠤᠯᠠᠵᠤ᠂ ᠡᠯ᠎ᠡ ᠰᠤᠷᠤᠯᠭ᠎ᠠ ᠶᠢᠨ | ᠱᠠᠲᠤᠨ ᠤ ᠰᠤᠷᠤᠭᠴᠢᠳ ᠢ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠲᠤᠰᠠᠯᠠᠪᠠᠰᠤ ᠵᠣᠬᠢᠬᠤ ᠶᠢ ᠨᠢ ᠪᠦᠬᠦᠨ ᠢ ᠲᠤᠰᠠᠯᠠᠬᠤ᠂ ᠳᠣᠶᠢᠯ ᠤᠨ | ᠣᠨᠣᠪᠴᠢᠲᠠᠶ ᠪᠠᠷ ᠡᠳ᠋ ᠮᠥᠩᠭᠦ ᠪᠠᠷ ᠲᠤᠰᠠᠯᠠᠬᠤ ᠶᠢ ᠪᠡᠶᠡᠯᠡᠭᠦᠯᠬᠦ ᠬᠡᠷᠡᠭᠲᠡᠶ᠃ ᠰᠤᠷᠤᠭᠴᠢᠳ ᠤᠨ ᠦᠨᠡᠨᠴᠢ | ᠢᠲᠡᠭᠡᠮᠵᠢᠲᠡᠶ᠂ ᠠᠴᠢ ᠬᠠᠷᠢᠭᠤᠯᠠᠬᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠭᠡᠷ ᠪᠦᠯᠢ ᠶᠢᠨ ᠠᠵᠤ | ᠠᠬᠤᠶ ᠨᠢ ᠬᠦᠴᠢᠷᠳᠡᠯᠲᠡᠶ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠠᠮᠢᠳᠤᠷᠠᠬᠤᠶ ᠶᠢᠨ | ᠦᠵᠡᠯᠲᠡ᠂ ᠥᠷᠲᠡᠭ ᠤᠨ ᠦᠵᠡᠯᠲᠡ ᠲᠠᠢ ᠪᠣᠯᠭᠠᠵᠤ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠂ | ᠲᠤᠰᠠᠯᠠᠮᠵᠢ ᠬᠦᠷᠲᠡᠬᠦ ᠰᠤᠷᠤᠭᠴᠢᠳ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ᠂ ᠦᠨᠡᠨᠴᠢ ᠢᠲᠡᠭᠡᠮᠵᠢᠲᠡᠶ᠂ | ᠵᠣᠷᠢᠭᠲᠠᠶ ᠪᠠᠷ ᠡᠭᠦᠷᠭᠡᠯᠡᠬᠦ ᠰᠠᠶᠢᠨ ᠰᠠᠶᠢᠬᠠᠨ ᠵᠠᠩ ᠴᠢᠨᠠᠷ ᠢ ᠬᠥᠮᠦᠵᠢᠭᠦᠯᠦᠨ᠎ᠡ᠃ ᠡᠳ᠋ ᠪᠣᠳᠠᠰ ᠢᠶᠠᠷ ᠬᠠᠪᠰᠤᠷᠬᠤ᠂ | ᠶᠣᠰᠣ ᠰᠤᠷᠲᠠᠬᠤᠨ ᠢᠶᠠᠷ ᠨᠦᠯᠦᠬᠡᠯᠡᠬᠦ᠂ ᠴᠢᠳᠠᠪᠤᠷᠢ ᠶᠢ ᠥᠷᠭᠡᠳᠬᠡᠬᠦ᠂ ᠤᠶᠤᠨ ᠰᠠᠨᠠᠭ᠎ᠠ ᠪᠠᠷ ᠤᠷᠮᠠᠰᠢᠭᠤᠯᠬᠤ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠢᠳᠡᠪᠬᠢᠲᠡᠢ ᠪᠠᠶᠢᠭᠤᠯᠤᠨ᠎ᠠ᠃ | ︵ᠶᠢᠰᠦ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠢᠨᠠᠨ ᠵᠢᠯᠣᠭᠤᠳᠬᠤ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ | ᠠᠶᠢᠮᠠᠭ᠂ ᠬᠤᠰᠢᠭᠤ ︵ᠨᠡᠭᠡᠭᠡᠯᠳᠡ ᠶᠢᠨ ᠣᠷᠣᠨ︶ ᠶᠢᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ | ᠬᠢᠨᠠᠨ ᠵᠢᠯᠣᠭᠤᠳᠬᠤ ᠵᠥᠪᠯᠡᠯ ᠵᠢᠴᠢ ᠬᠡᠷᠡᠭ ᠡᠷᠬᠢᠯᠡᠬᠦ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠪᠡᠶᠡᠯᠡᠭᠦᠯᠵᠦ᠂ | ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠡᠯ᠎ᠡ | ᠱᠠᠲᠤᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠶᠢᠨ ᠠᠵᠢᠯ ᠤᠨ ᠳᠦᠷᠢᠮ ᠢ | ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠶᠢᠨ ᠰᠢᠨᠵᠢᠯᠡᠬᠦ ᠤᠬᠠᠭᠠᠨᠴᠢᠯᠠᠭᠰᠠᠨ᠂ | ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠬᠦᠴᠦᠨ ᠢ | ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠱᠠᠲᠤ ᠬᠤᠪᠢᠶᠠᠨ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠶᠢᠨ | ᠪᠡᠶ᠎ᠡ ᠪᠠᠨ ᠳᠠᠭᠠᠭᠠᠵᠤ ᠡᠭᠦᠷᠭᠡ ᠴᠢᠳᠠᠪᠤᠷᠢ ᠪᠠᠨ ᠬᠡᠷᠡᠭᠵᠢᠭᠦᠯᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠢ ᠬᠢᠨᠠᠨ | ᠵᠢᠯᠣᠭᠤᠳᠬᠤ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠠ ᠦᠨᠡᠯᠡᠨ ᠵᠢᠱᠢᠵᠦ ᠬᠢᠨᠠᠨ ᠬᠡᠮᠵᠢᠬᠦ ᠠᠵᠢᠯ ᠢ ᠪᠦᠬᠦ | ᠲᠠᠯ᠎ᠠ ᠪᠠᠷ ᠥᠷᠨᠢᠭᠦᠯᠦᠨ᠎ᠡ᠃ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠴᠤ ᠮᠡᠳᠡᠭᠦᠯᠬᠦ ᠪᠠ ᠬᠠᠷᠢᠭᠤ | ᠲᠤᠰᠬᠠᠬᠤ ᠲᠦᠷᠢᠮ᠂ ᠴᠡᠭᠴᠡᠯᠡᠨ ᠰᠠᠶᠢᠵᠢᠷᠠᠭᠤᠯᠬᠤ ᠪᠠ ᠳᠠᠬᠢᠨ ᠪᠠᠶᠢᠴᠠᠭᠠᠬᠤ ᠲᠦᠷᠢᠮ᠂ ᠤᠷᠮᠠᠰᠢᠭᠤᠯᠬᠤ ᠲᠦᠷᠢᠮ᠂ | ᠪᠣᠯᠵᠣᠨ ᠶᠠᠷᠢᠯᠴᠠᠬᠤ ᠲᠦᠷᠢᠮ ᠢ ᠵᠢᠷᠤᠮᠵᠢᠭᠤᠯᠵᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠠ ᠨᠡᠶᠢᠭᠡᠮ ᠤᠨ | ᠵᠣᠬᠢᠶᠠᠨ ᠪᠠᠶᠢᠭᠤᠯᠤᠯᠲᠠ ᠳᠤ ᠨᠠᠶᠢᠳᠠᠵᠤ ᠦᠨᠡᠯᠡᠨ ᠵᠢᠱᠢᠵᠦ ᠬᠢᠨᠠᠨ ᠰᠢᠨᠵᠢᠬᠦ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠶᠢᠨ ᠬᠢᠨᠠᠨ ᠰᠢᠨᠵᠢᠯᠲᠡ᠂ ᠵᠠᠭᠤᠴᠢᠯᠠᠭᠤᠷ ᠤᠨ ᠬᠢᠨᠠᠯᠲᠠ | ᠲᠠᠯᠪᠢᠯᠲᠠ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠵᠤ᠂ ᠰᠤᠷᠭᠠᠨ ᠬᠥᠮᠦᠵᠢᠯ ᠤᠨ | ᠰᠢᠮᠳᠠᠭᠤᠯᠤᠨ ᠵᠢᠯᠣᠭᠤᠳᠬᠤ ᠶᠢᠨ ︽ᠬᠤᠷᠴᠠ ᠵᠡᠪᠰᠡᠭ︾ ᠢ ᠠᠬᠢᠭᠤᠯᠤᠨ᠎ᠠ᠃ ᠰᠤᠷᠭᠠᠭᠤᠯᠢ ᠳᠤ ᠬᠢᠨᠠᠯᠲᠠ | ᠲᠠᠯᠪᠢᠵᠤ ᠤᠷᠢᠨ ᠬᠡᠷᠡᠭᠯᠡᠬᠦ ᠪᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠰᠤᠷᠭᠠᠭᠤᠯᠢ ᠳᠤ ᠬᠢᠨᠠᠯᠲᠠ | ᠲᠠᠯᠪᠢᠵᠤ ᠤᠷᠢᠨ ᠬᠡᠷᠡᠭᠯᠡᠬᠦ ︵ᠲᠣᠮᠢᠯᠠᠬᠤ︶ ᠲᠣᠭᠲᠠᠭᠠᠯ ᠢ ᠨᠠᠶᠢᠳᠠᠪᠤᠷᠢᠵᠢᠭᠤᠯᠤᠨ᠂ ᠰᠤᠷᠭᠠᠭᠤᠯᠢ ᠳᠤ ᠬᠢᠨᠠᠯᠲᠠ | ᠲᠠᠯᠪᠢᠵᠤ ᠪᠣᠯᠪᠠᠰᠤᠷᠠᠭᠤᠯᠬᠤ ᠲᠣᠭᠲᠠᠴᠠ᠂ ᠤᠷᠮᠠᠰᠢᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ︽ᠤᠯᠤᠰ ᠲᠥᠷᠥ ᠶᠢ ᠡᠷᠬᠢᠮᠯᠡᠬᠦ᠂ ᠰᠤᠷᠭᠠᠨ ᠬᠥᠮᠦᠵᠢᠯ ᠢ ᠣᠶᠢᠯᠠᠭᠠᠬᠤ᠂ ᠵᠣᠷᠢᠭᠲᠠᠶ ᠪᠠᠷ | ᠡᠭᠦᠷᠭᠡᠯᠡᠬᠦ︾ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠳᠤ ᠬᠢᠨᠠᠯᠲᠠ ᠲᠠᠯᠪᠢᠬᠤ ᠡᠩᠨᠡᠭᠡ ᠶᠢ ᠰᠠᠶᠢᠲᠤᠷ ᠰᠣᠩᠭᠤᠵᠤ᠂ | ᠰᠠᠶᠢᠲᠤᠷ ᠲᠣᠬᠢᠷᠠᠭᠤᠯᠵᠤ᠂ ᠰᠠᠶᠢᠲᠤᠷ ᠬᠡᠷᠡᠭᠯᠡᠵᠦ᠂ ᠰᠤᠷᠭᠠᠭᠤᠯᠢ ᠳᠤ ᠬᠢᠨᠠᠯᠲᠠ ᠲᠠᠯᠪᠢᠵᠤ ᠲᠤᠰᠬᠠᠶᠢᠵᠢᠭᠤᠯᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠤᠨ ᠵᠠᠷᠤᠳᠠᠯ ᠢ ᠲᠣᠰ ᠱᠠᠲᠤᠨ ᠤ ᠡᠳ᠋ ᠤᠨ | ᠵᠠᠰᠠᠭ ᠤᠨ ᠲᠥᠰᠦᠪ ᠲᠤ ᠣᠷᠣᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ | ᠠᠵᠢᠯ ᠤᠨ ᠨᠥᠬᠦᠴᠡᠯ ᠢ ᠪᠠᠲᠤᠯᠠᠨ᠎ᠠ᠃ 2025 ᠣᠨ ᠪᠣᠯᠬᠤ ᠳᠤ᠂ ᠪᠥᠬᠦ ᠲᠠᠯ᠎ᠠ ᠶᠢ ᠬᠠᠮᠤᠷᠤᠭᠰᠠᠨ᠂ | ᠠᠵᠢᠯᠯᠠᠭᠠᠨ ᠨᠢ ᠥᠨᠳᠥᠷ ᠪᠦᠲᠦᠮᠵᠢᠲᠡᠶ᠂ ᠦᠷ᠎ᠡ ᠳ᠋ᠦᠩ ᠨᠢ ᠨᠠᠶᠢᠳᠠᠪᠣᠷᠢᠳᠠᠢ᠂ ᠬᠠᠷᠢᠭᠤᠴᠠᠯᠭ᠎ᠠ ᠬᠡᠯᠡᠯᠴᠡᠬᠦ ᠬᠦᠴᠦᠨ | ᠪᠥᠬᠦᠶ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠪᠠᠶᠢᠭᠤᠯᠤᠯ ᠲᠣᠭᠲᠠᠴᠠ ᠶᠢ ᠪᠦᠷᠢᠯᠳᠦᠭᠦᠯᠦᠨ᠎ᠡ᠃ | ᠳᠥᠷᠪᠡ᠂ ᠰᠤᠷᠭᠠᠨ ᠬᠥᠮᠦᠵᠢᠯ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | ︵ᠨᠢᠭᠡ︶ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ | ᠰᠤᠷᠭᠠᠭᠤᠯᠢ ᠶᠢᠨ ᠦᠨᠡᠯᠡᠯᠲᠡ ᠶᠢ ᠥᠭᠡᠷᠡᠴᠢᠯᠡᠨ᠎ᠡ᠃ ᠬᠡᠦᠬᠡᠳ ᠤᠨ ᠴᠡᠴᠡᠷᠯᠢᠭ ᠤᠨ ᠠᠰᠠᠷᠠᠨ | ᠬᠥᠮᠦᠵᠢᠭᠦᠯᠬᠦ ᠶᠠᠰᠤ ᠴᠢᠨᠠᠷ ᠢ ᠦᠨᠡᠯᠡᠨ ᠵᠢᠱᠢᠬᠦ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠷᠢᠮᠵᠢᠶ᠎ᠠ ᠶᠢ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠬᠡᠦᠬᠡᠳ ᠤᠨ ᠴᠡᠴᠡᠷᠯᠢᠭ ᠢ ᠶᠠᠰᠤ ᠴᠢᠨᠠᠷ ᠢ ᠦᠨᠡᠯᠡᠨ ᠵᠢᠱᠢᠬᠦ | ᠬᠡᠪᠴᠢᠶᠡᠨ ᠳᠤ ᠣᠷᠣᠭᠤᠯᠤᠨ᠂ ᠦᠨᠡᠯᠡᠨ ᠵᠢᠱᠢᠭᠰᠡᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠶᠠᠰᠤ ᠴᠢᠨᠠᠷ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠪᠠ | ᠰᠤᠷᠤᠭᠴᠢᠳ ᠤᠨ ᠬᠥᠭᠵᠢᠯᠲᠡ ᠶᠢᠨ ᠶᠠᠰᠤ ᠴᠢᠨᠠᠷ ᠢ ᠦᠨᠡᠯᠡᠬᠦ ᠲᠥᠬᠦᠷ ᠨᠠᠷᠢᠨ ᠲᠦᠷᠢᠮ ᠵᠢᠴᠢ ᠶᠠᠰᠤ ᠴᠢᠨᠠᠷ ᠢ | ᠦᠨᠡᠯᠡᠨ ᠵᠢᠱᠢᠵᠦ ᠬᠢᠨᠠᠨ ᠰᠢᠨᠵᠢᠬᠦ ᠠᠵᠢᠯ ᠤᠨ ᠲᠥᠰᠦᠯ ᠢ ᠨᠠᠶᠢᠳᠠᠪᠤᠷᠢᠵᠢᠭᠤᠯᠵᠤ᠂ ᠶᠠᠪᠤᠴᠠ ᠶᠢᠨ ᠴᠢᠨᠠᠷᠲᠠᠶ ᠪᠠ | ᠬᠥᠭᠵᠢᠯᠲᠡ ᠶᠢᠨ ᠴᠢᠨᠠᠷᠲᠠᠶ ᠦᠨᠡᠯᠡᠯᠲᠡ ᠶᠢ ᠴᠢᠩᠭᠠᠷᠠᠭᠤᠯᠤᠨ᠂ ᠬᠢᠨᠠᠨ ᠰᠢᠨᠵᠢᠭᠰᠡᠨ ᠦᠷ᠎ᠡ ᠳ᠋ᠦᠩ ᠤᠨ | ᠬᠡᠷᠡᠭᠯᠡᠯᠲᠡ ᠶᠢ ᠴᠢᠩᠭᠠᠳᠬᠠᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ | ᠡᠷᠭᠢᠯᠡᠬᠦ ᠶᠠᠰᠤ ᠴᠢᠨᠠᠷ ᠤᠨ ᠦᠨᠡᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠶᠡᠷᠦᠩᠬᠡᠶᠢᠯᠡᠭᠰᠡᠨ ᠬᠡᠪ | ᠴᠢᠨᠠᠷ ᠤᠨ ᠦᠨᠡᠯᠡᠯᠲᠡ᠂ ᠰᠤᠷᠤᠭᠴᠢᠳ ᠤᠨ ᠬᠥᠭᠵᠢᠯᠲᠡ ᠶᠢᠨ ᠵᠢᠯᠣᠭᠤᠳᠣᠯᠭ᠎ᠠ᠂ ᠵᠢᠭᠠᠨ ᠰᠤᠷᠭᠠᠯᠲᠠ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠬᠢᠴᠢᠶᠡᠯ ᠰᠣᠩᠭᠤᠨ ᠠᠩᠭᠢ ᠰᠢᠯᠵᠢᠬᠦ ᠵᠡᠷᠭᠡ ᠠᠭᠤᠯᠭ᠎ᠠ ᠶᠢ | ᠭᠤᠤᠯᠳᠠᠯᠭ᠎ᠠ ᠲᠠᠢ ᠠᠩᠬᠠᠷᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ | ᠡᠷᠭᠢᠯᠡᠬᠦ ᠴᠢᠳᠠᠪᠤᠷᠢ ᠶᠢ ᠦᠨᠡᠯᠡᠨ ᠵᠢᠱᠢᠬᠦ ᠶᠢ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠠᠵᠤ ᠠᠬᠤᠶᠢᠯᠠᠯ ᠤᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠦᠨᠡᠯᠡᠯᠲᠡ ᠳᠤ ᠣᠷᠣᠯᠴᠠᠬᠤ᠂ ᠠᠵᠢᠯ ᠲᠥᠷᠥᠯ ᠤᠨ ᠠᠵᠤ ᠠᠬᠤᠶᠢᠯᠠᠯ | ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠲᠥᠰᠦᠯ ᠲᠣᠭᠲᠠᠭᠠᠬᠤ ᠳᠤ ᠣᠷᠣᠯᠴᠠᠬᠤ ᠶᠢ | ᠥᠷᠭᠡᠳᠬᠡᠨ᠎ᠡ᠃ | ᠪᠠᠭᠰᠢ ᠶᠢᠨ ᠦᠨᠡᠯᠡᠯᠲᠡ ᠶᠢ ᠥᠭᠡᠷᠡᠴᠢᠯᠡᠨ᠎ᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠣᠳᠠᠲᠤ | ᠠᠮᠵᠢᠯᠲᠠ ᠶᠢ ᠳᠣᠪᠤᠶᠢᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠭᠦᠷᠭᠡ ᠬᠠᠷᠢᠭᠤᠴᠠᠯᠭ᠎ᠠ ᠶᠢ | ᠬᠢᠨᠠᠮᠠᠭᠠᠶ ᠭᠦᠢᠴᠡᠳᠭᠡᠬᠦ ᠪᠠᠷ ᠪᠠᠭᠰᠢ ᠶᠢ ᠦᠨᠡᠯᠡᠬᠦ ᠦᠨᠳᠦᠰᠦᠨ ᠱᠠᠭᠠᠷᠳᠠᠯᠭ᠎ᠠ ᠪᠣᠯᠭᠠᠨ᠎ᠠ᠃ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠳᠣᠭᠠᠴᠢᠯᠳᠠ ᠦᠨᠡᠯᠡᠯᠲᠡ ᠶᠢᠨ ᠲᠦᠷᠢᠮ ᠢ | ᠨᠠᠶᠢᠳᠠᠪᠤᠷᠢᠵᠢᠭᠤᠯᠵᠤ᠂ ᠳᠣᠭᠠᠴᠢᠯᠳᠠ ᠦᠨᠡᠯᠡᠯᠲᠡ ᠶᠢᠨ ᠪᠠᠶᠢᠳᠠᠯ ᠢ ᠪᠠᠭᠰᠢ ᠶᠢ ᠬᠢᠨᠠᠨ ᠰᠢᠯᠭᠠᠬᠤ ᠠᠭᠤᠯᠭ᠎ᠠ ᠳᠤ | ᠣᠷᠣᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠠᠷᠭ᠎ᠠ ᠶᠢ ᠲᠡᠭᠦᠯᠳᠡᠷᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ | ᠠᠩᠭᠢ ᠶᠢᠨ ᠡᠷᠬᠢᠯᠡᠭᠴᠢ᠂ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠪᠠ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ ᠪᠠᠭᠰᠢ ᠳᠤ ᠬᠡᠯᠪᠠᠶᠢᠯᠭᠡᠨ᠎ᠡ᠃ ︽ᠬᠤᠤᠰ | ᠮᠡᠷᠭᠡᠵᠢᠯ ᠲᠠᠢ︾ ᠪᠠᠭᠰᠢ ᠶᠢ ᠮᠠᠭᠠᠳᠯᠠᠨ ᠲᠣᠭᠲᠠᠭᠠᠬᠤ᠂ ᠤᠷᠢᠨ ᠬᠡᠷᠡᠭᠯᠡᠬᠦ᠂ ᠰᠢᠯᠭᠠᠨ ᠬᠢᠨᠠᠬᠤ ᠵᠡᠷᠭᠡ ᠶᠢ ᠦᠨᠡᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ | ᠦᠢᠯᠡᠳᠦᠯᠬᠡ ᠶᠢᠨ ᠮᠡᠷᠭᠡᠵᠢᠯ ᠴᠢᠳᠠᠪᠤᠷᠢ ᠶᠢᠨ ᠬᠢᠷᠢ ᠬᠡᠮᠵᠢᠶ᠎ᠡ ᠪᠠ ᠲᠤᠰᠬᠠᠶ ᠮᠡᠷᠭᠡᠵᠢᠯ ᠤᠨ ᠵᠢᠭᠠᠨ ᠰᠤᠷᠭᠠᠯᠲᠠ ᠶᠢᠨ | ᠴᠢᠳᠠᠪᠤᠷᠢ ᠵᠡᠷᠭᠡ ᠲᠠᠯ᠎ᠠ ᠶᠢᠨ ᠦᠨᠡᠯᠡᠯᠲᠡ ᠶᠢ ᠳᠣᠪᠤᠶᠢᠯᠭᠠᠨ᠎ᠠ᠃ | ᠰᠤᠷᠤᠭᠴᠢ ᠶᠢᠨ ᠦᠨᠡᠯᠡᠯᠲᠡ ᠶᠢ ᠥᠭᠡᠷᠡᠴᠢᠯᠡᠨ᠎ᠡ᠃ ᠰᠤᠷᠤᠭᠴᠢ᠂ ᠭᠡᠷ ᠤᠨ ᠠᠬᠠᠮᠠᠳ᠂ ᠪᠠᠭᠰᠢ᠂ ᠨᠡᠶᠢᠭᠡᠮ | ᠲᠣᠭᠤᠷᠢᠭ ᠵᠡᠷᠭᠡ ᠣᠯᠠᠨ ᠲᠠᠯ᠎ᠠ ᠶᠢᠨ ᠬᠢᠨ ᠤ ᠦᠨᠡᠯᠡᠯᠲᠡ ᠳᠤ ᠣᠷᠣᠯᠴᠠᠬᠤ ᠪᠦᠲᠦᠮᠵᠢᠲᠡᠶ ᠠᠷᠭ᠎ᠠ ᠮᠠᠶ᠋ᠢᠭ ᠢ | ᠰᠦᠪᠡᠭᠴᠢᠯᠡᠵᠦ᠂ ᠰᠤᠷᠤᠭᠴᠢ ᠶᠢᠨ ᠵᠠᠩ ᠰᠤᠷᠲᠠᠯ ᠤᠨ ᠡᠳᠦᠷ ᠲᠤᠲᠤᠮ ᠤᠨ ᠢᠯᠡᠷᠡᠯ ᠪᠣᠯᠤᠨ ᠳᠣᠪᠤᠶᠢᠮ᠎ᠠ ᠢᠯᠡᠷᠡᠯ ᠢ | ᠪᠤᠰᠤᠳᠴᠢ ᠪᠠᠷ ᠲᠡᠮᠳᠡᠭᠯᠡᠬᠦ ᠬᠡᠷᠡᠭᠲᠡᠶ᠃ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠬᠢᠨᠠᠨ | ᠬᠡᠮᠵᠢᠬᠦ ᠠᠷᠭ᠎ᠠ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ | ᠴᠢᠭᠢᠷᠠᠭ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠢ | ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠵᠤ᠂ ᠰᠤᠷᠤᠭᠴᠢᠳ ᠤᠨ ᠪᠡᠶ᠎ᠡ ᠶᠢᠨ ᠲᠠᠮᠢᠷ ᠪᠣᠯᠤᠨ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠤᠨ ᠬᠢᠨᠠᠨ ᠬᠡᠮᠵᠢᠯᠲᠡ ᠶᠢ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | ᠳᠠᠭᠤᠤ ᠬᠥᠭᠵᠢᠮ᠂ ᠤᠷᠠᠨ ᠵᠢᠷᠤᠭ ᠵᠡᠷᠭᠡ ᠤᠷᠠᠯᠢᠭ ᠤᠨ ᠬᠢᠴᠢᠶᠡᠯ ᠵᠢᠴᠢ ᠰᠤᠷᠭᠠᠭᠤᠯᠢ ᠶᠢᠨ ᠵᠣᠬᠢᠶᠠᠨ | ᠪᠠᠶᠢᠭᠤᠯᠤᠭᠰᠠᠨ ᠤᠷᠠᠯᠢᠭ ᠤᠨ ᠦᠢᠯᠡᠳᠦᠯᠬᠡ ᠶᠢᠨ ᠠᠵᠢᠯᠯᠠᠭ᠎ᠠ ᠳᠤ ᠣᠷᠣᠯᠴᠠᠭᠰᠠᠨ ᠪᠠᠶᠢᠳᠠᠯ ᠢ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠳᠤ ᠣᠷᠣᠭᠤᠯᠬᠤ ᠬᠡᠷᠡᠭᠲᠡᠶ᠃ | ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠬᠡᠪ ᠴᠢᠨᠠᠷ ᠢ ᠰᠢᠯᠭᠠᠨ ᠦᠨᠡᠯᠡᠬᠦ ᠶᠢ ᠬᠡᠷᠡᠭᠵᠢᠭᠦᠯᠵᠦ᠂ ᠰᠢᠯᠭᠠᠨ | ᠦᠨᠡᠯᠡᠭᠰᠡᠨ ᠦᠷ᠎ᠡ ᠳ᠋ᠦᠩ ᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠦᠨᠡᠯᠡᠬᠦ ᠳᠤ ᠣᠷᠣᠭᠤᠯᠤᠨ᠎ᠠ᠃ | ᠬᠥᠳᠡᠯᠮᠦᠷᠢ ᠶᠢᠨ ᠨᠠᠷᠢᠨ ᠬᠠᠭᠤᠳᠠᠰᠤ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠰᠤᠷᠤᠭᠴᠢᠳ ᠤᠨ | ᠬᠥᠳᠡᠯᠮᠦᠷᠢ ᠳᠤ ᠣᠷᠣᠯᠴᠠᠬᠤ ᠪᠣᠳᠠᠲᠠᠶ ᠠᠭᠤᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ | ︵ᠬᠤᠶᠠᠷ︶ ᠰᠣᠷᠣᠭᠴᠢ ᠡᠯᠰᠡᠬᠦ ᠰᠢᠯᠭᠠᠯᠲᠠ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ | ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠡᠰᠡᠭ ᠬᠤᠪᠢᠶᠠᠨ ᠰᠣᠷᠣᠭᠴᠢ ᠡᠯᠰᠡᠬᠦ ᠪᠠ | ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠡᠶ᠎ᠡ ᠪᠠᠨ ᠳᠠᠭᠠᠭᠠᠵᠤ ᠰᠣᠷᠣᠭᠴᠢ ᠡᠯᠰᠡᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠣᠶᠢᠷ᠎ᠠ ᠬᠠᠪᠢ ᠳᠠᠭᠠᠨ | ᠰᠤᠷᠭᠠᠭᠤᠯᠢ ᠳᠤ ᠣᠷᠣᠬᠤ᠂ ᠬᠡᠰᠡᠭ ᠬᠤᠪᠢᠶᠠᠨ ᠰᠤᠷᠤᠭᠴᠢ ᠡᠯᠰᠡᠬᠦ ᠶᠢ ᠬᠠᠷᠢᠯᠴᠠᠨ ᠤᠶᠠᠯᠳᠤᠭᠤᠯᠤᠭᠰᠠᠨ ᠡᠯᠰᠡᠨ | ᠠᠪᠬᠤ ᠠᠷᠭ᠎ᠠ ᠪᠠ ᠣᠷᠣᠰᠢᠨ ᠰᠠᠭᠤᠬᠤ ᠦᠨᠡᠮᠯᠡᠯ ᠢᠶᠠᠷ ᠭᠤᠣᠯ ᠦᠨᠳᠦᠰᠦᠯᠡᠯ ᠪᠣᠯᠭᠠᠭᠰᠠᠨ ᠳᠠᠭᠠᠵᠤ ᠨᠡᠭᠦᠭᠰᠡᠨ | ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠢᠯᠡ ᠪᠠᠷ | ᠰᠤᠷᠤᠭᠴᠢ ᠡᠯᠰᠡᠬᠦ︾᠂ ︽ᠢᠯᠡ ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ | ᠰᠤᠷᠤᠭᠴᠢᠳ ᠤᠨ ᠡᠷᠬᠡ ᠲᠡᠭᠰᠢ ᠪᠠᠷ ᠰᠤᠷᠭᠠᠨ ᠬᠥᠮᠦᠵᠢᠯ ᠬᠦᠷᠲᠡᠬᠦ ᠡᠷᠬᠡ ᠠᠰᠢᠭ ᠢ ᠪᠠᠲᠤᠯᠠᠨ᠎ᠠ᠃ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠤᠭᠴᠢ ᠡᠯᠰᠡᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠡᠶ᠎ᠡ ᠶᠢᠨ ᠲᠠᠮᠢᠷ᠂ ᠤᠷᠠᠯᠢᠭ ᠤᠨ ᠲᠥᠷᠥᠯ ᠤᠨ ᠬᠢᠴᠢᠶᠡᠯ ᠲᠥᠷᠥᠯ ᠢ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ | ᠰᠢᠯᠭᠠᠯᠲᠠ ᠶᠢᠨ ᠬᠡᠪᠴᠢᠶᠡᠨ ᠳᠤ ᠣᠷᠣᠭᠤᠯᠤᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ | ᠬᠢᠷᠢ ᠬᠡᠮᠵᠢᠶ᠎ᠡ ᠶᠢᠨ ᠰᠢᠯᠭᠠᠯᠲᠠ ᠶᠢᠨ ᠬᠢᠷᠢ ᠪᠦᠲᠦᠮᠵᠢ ᠳᠤ ᠰᠠᠭᠤᠷᠢᠯᠠᠭᠰᠠᠨ᠂ ᠶᠡᠷᠦᠩᠬᠡᠶᠢᠯᠡᠭᠰᠡᠨ ᠬᠡᠪ ᠴᠢᠨᠠᠷ ᠤᠨ | ᠦᠨᠡᠯᠡᠯᠲᠡ ᠶᠢ ᠬᠠᠷᠢᠯᠴᠠᠨ ᠤᠶᠠᠯᠳᠤᠭᠤᠯᠤᠭᠰᠠᠨ ᠰᠤᠷᠤᠭᠴᠢ ᠡᠯᠰᠡᠬᠦ ᠠᠷᠭ᠎ᠠ ᠮᠠᠶ᠋ᠢᠭ ᠢ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢ ᠵᠢᠷᠤᠮᠵᠢᠭᠤᠯᠤᠨ᠎ᠠ᠃ | ︵ᠭᠤᠷᠪᠠ︶ ᠵᠢᠭᠠᠨ ᠰᠤᠷᠭᠠᠯᠲᠠ ᠶᠢᠨ ᠰᠤᠳᠤᠯᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | ᠵᠢᠭᠠᠬᠤ ᠶᠢ ᠰᠤᠳᠤᠯᠬᠤ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠵᠤ᠂ ᠠᠶᠢᠮᠠᠭ᠂ ᠬᠤᠰᠢᠭᠤ ︵ | ᠨᠡᠭᠡᠭᠡᠯᠳᠡ ᠶᠢᠨ ᠣᠷᠣᠨ︶᠂ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠵᠢᠭᠠᠬᠤ ᠶᠢ | ᠰᠤᠳᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠢᠴᠢᠶᠡᠯᠯᠡᠭᠡ ᠶᠢᠨ ᠥᠭᠡᠷᠡᠴᠢᠯᠡᠯᠲᠡ ᠳᠠᠬᠢ ᠵᠢᠭᠠᠨ | ᠰᠤᠷᠭᠠᠯᠲᠠ ᠶᠢᠨ ᠰᠤᠳᠤᠯᠭᠠᠨ ᠤ ᠬᠥᠲᠥᠯᠥᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ | ᠬᠢᠴᠢᠶᠡᠯᠯᠡᠭᠡ ᠶᠢᠨ ᠬᠡᠷᠡᠭᠵᠢᠭᠦᠯᠦᠯᠲᠡ᠂ ᠵᠢᠭᠠᠨ ᠰᠤᠷᠭᠠᠬᠤ ᠠᠷᠭ᠎ᠠ᠂ ᠳᠠᠰᠬᠠᠯ ᠤᠨ ᠵᠢᠷᠤᠭ ᠲᠥᠯᠥᠪᠯᠡᠭᠡ ᠪᠠ | ᠰᠢᠯᠭᠠᠯᠲᠠ ᠦᠨᠡᠯᠡᠯᠲᠡ ᠵᠡᠷᠭᠡ ᠬᠥᠮᠦᠨ ᠬᠥᠮᠦᠵᠢᠭᠦᠯᠬᠦ ᠵᠠᠩᠭᠢᠯᠠᠭ᠎ᠠ ᠶᠢᠨ ᠭᠤᠭᠴᠤᠭ᠎ᠠ ᠶᠢᠨ ᠰᠤᠳᠤᠯᠭᠠᠨ ᠢ | ᠴᠢᠩᠭᠠᠳᠬᠠᠵᠤ᠂ ᠵᠢᠭᠠᠨ ᠰᠤᠳᠤᠯᠬᠤ ᠠᠵᠢᠯ ᠤᠨ ᠵᠢᠷᠤᠮᠵᠢᠯ ᠢ ᠴᠢᠩᠭᠠᠳᠬᠠᠨ ᠰᠠᠶᠢᠵᠢᠷᠠᠭᠤᠯᠵᠤ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠣᠷᠣᠨ ᠪᠦᠰᠡ ᠶᠢᠨ ᠵᠢᠭᠠᠨ ᠰᠤᠳᠤᠯᠬᠤ᠂ ᠰᠦᠯᠵᠢᠶᠡᠨ ᠤ ᠵᠢᠭᠠᠨ | ᠰᠤᠳᠤᠯᠬᠤ᠂ ᠶᠡᠷᠦᠩᠬᠡᠶᠢᠯᠡᠭᠰᠡᠨ ᠵᠢᠭᠠᠨ ᠰᠤᠳᠤᠯᠬᠤ᠂ ᠭᠤᠤᠯ ᠰᠡᠳᠦᠪᠲᠦ ᠵᠢᠭᠠᠨ ᠰᠤᠳᠤᠯᠬᠤ ᠵᠢᠴᠢ ᠵᠢᠭᠠᠨ | ᠰᠤᠷᠭᠠᠯᠲᠠ ᠶᠢᠨ ᠦᠵᠡᠭᠦᠯᠦᠯᠭᠡ᠂ ᠲᠤᠬᠠᠶ ᠶᠢᠨ ᠲᠠᠯᠠᠪᠠᠶ ᠶᠢᠨ ᠵᠢᠯᠣᠭᠤᠳᠣᠯᠭ᠎ᠠ᠂ ᠲᠥᠷᠥᠯ ᠵᠦᠢᠯ ᠤᠨ ᠰᠤᠳᠤᠯᠤᠯ | ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ ᠵᠢᠭᠠᠨ ᠰᠤᠳᠤᠯᠬᠤ ᠠᠵᠢᠯ ᠤᠨ ᠬᠠᠨᠳᠤᠯᠭᠠᠲᠤ ᠴᠢᠨᠠᠷ ᠪᠠ | ᠪᠣᠳᠠᠲᠤ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠦᠨ᠎ᠡ᠃ ᠵᠢᠭᠠᠨ ᠰᠤᠳᠤᠯᠬᠤ ᠠᠵᠢᠯᠲᠠᠨ ᠤ ᠪᠠᠭᠤᠷᠠᠶ | ᠰᠤᠷᠭᠠᠭᠤᠯᠢ ᠯᠤᠭ᠎ᠠ ᠬᠠᠷᠢᠯᠴᠠᠬᠤ ᠴᠡᠭ᠂ ᠰᠤᠷᠭᠠᠭᠤᠯᠢ ᠳᠤ ᠰᠠᠭᠤᠭ᠎ᠠ ᠲᠤᠰᠠᠯᠠᠬᠤ ᠪᠠᠭᠰᠢ ᠪᠣᠯᠤᠨ ᠬᠥᠲᠥᠯᠥᠨ | ᠳᠠᠭᠠᠭᠤᠯᠵᠤ ᠵᠢᠱᠢᠶ᠎ᠡ ᠦᠵᠡᠭᠦᠯᠬᠦ ᠳᠦᠷᠢᠮ ᠢ ᠪᠠᠶᠢᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠤᠨ ᠠᠬᠤᠶ ᠪᠠᠶᠢᠳᠠᠯ | ᠳᠣᠣᠷᠠᠬᠢ ᠵᠢᠭᠠᠨ ᠰᠤᠳᠤᠯᠬᠤ ᠵᠠᠭᠪᠤᠷ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ | ᠵᠢᠭᠠᠨ ᠰᠤᠳᠤᠯᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠳᠤᠯᠤᠭᠴᠢ ᠶᠢ ᠵᠥᠪᠰᠢᠶᠡᠷᠡᠨ | ᠣᠷᠣᠭᠤᠯᠬᠤ᠂ ᠪᠤᠴᠠᠭᠠᠨ ᠭᠠᠷᠭᠠᠬᠤ᠂ ᠰᠢᠯᠭᠠᠨ ᠬᠢᠨᠠᠵᠤ ᠤᠷᠮᠠᠰᠢᠭᠤᠯᠬᠤ᠂ ᠲᠤᠰᠬᠠᠶ ᠮᠡᠷᠭᠡᠵᠢᠯ ᠢᠶᠠᠷ ᠬᠥᠭᠵᠢᠭᠦᠯᠬᠦ | ᠲᠣᠭᠲᠠᠴᠠ ᠶᠢ ᠪᠦᠷᠢᠨᠰᠢᠬᠦᠯᠵᠦ᠂ ᠵᠢᠭᠠᠨ ᠰᠤᠳᠤᠯᠬᠤ ᠠᠵᠢᠯ ᠤᠨ ᠵᠠᠷᠤᠳᠠᠯ ᠢ ᠪᠠᠲᠤᠯᠠᠨ ᠳᠡᠮᠵᠢᠬᠦ ᠡᠷᠴᠢᠮ ᠢ | ᠴᠢᠩᠭᠠᠷᠠᠭᠤᠯᠤᠨ᠎ᠠ᠃ ᠰᠢᠯᠢᠳᠡᠭ ᠰᠤᠷᠭᠠᠭᠤᠯᠢ ᠶᠢ ᠰᠢᠯᠢᠨ ᠰᠣᠩᠭᠤᠵᠤ ᠰᠢᠨᠵᠢᠯᠡᠭᠡᠨ ᠤ ᠵᠢᠭᠠᠨ ᠰᠤᠳᠤᠯᠬᠤ ᠰᠠᠭᠤᠷᠢᠨ | ᠭᠠᠵᠠᠷ ᠪᠣᠯᠭᠠᠵᠤ᠂ ᠣᠷᠣᠨ ᠪᠦᠰᠡ ᠠᠯᠤᠰᠯᠠᠨ ᠬᠠᠮᠲᠤᠷᠠᠭᠰᠠᠨ ᠵᠢᠭᠠᠨ ᠰᠤᠳᠤᠯᠬᠤ᠂ ᠰᠤᠷᠭᠠᠭᠤᠯᠢ ᠬᠤᠯᠪᠣᠭᠠᠯᠠᠨ | ᠬᠠᠮᠲᠤᠪᠠᠷ ᠰᠤᠷᠤᠯᠴᠠᠵᠤ ᠬᠠᠮᠲᠤᠪᠠᠷ ᠰᠤᠳᠤᠯᠬᠤ ᠲᠣᠮᠣ ᠵᠢᠭᠠᠨ ᠰᠤᠳᠤᠯᠬᠤ ᠳᠦᠷᠢᠮ ᠢ ᠪᠠᠶᠢᠭᠤᠯᠵᠤ᠂ ᠡᠯ᠎ᠡ | ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ | ᠳᠡᠭᠡᠭᠰᠢᠯᠡᠭᠦᠯᠦᠨ᠎ᠡ᠃ | ︵ᠳᠦᠷᠪᠡ︶ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠥᠪᠰᠢᠶᠡᠷᠡᠬᠦ ᠵᠦᠢᠯ ᠤᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠪᠣᠯᠤᠨ | ᠠᠵᠢᠯ ᠤᠨ ᠴᠤᠪᠤᠷᠠᠯ ᠢ ᠪᠦᠷᠢᠨᠰᠢᠭᠦᠯᠵᠦ᠂ ᠨᠢᠭᠡ ᠥᠷᠲᠡᠭᠡᠯᠢᠭ ᠭᠦᠢᠴᠡᠳᠬᠡᠬᠦ ᠶᠢ ᠪᠡᠶᠡᠯᠡᠭᠦᠯᠦᠨ᠎ᠡ᠃ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠪᠠ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ | ᠰᠤᠷᠭᠠᠭᠤᠯᠢ ᠶᠢᠨ ᠡᠯ᠎ᠡ ᠲᠥᠷᠥᠯ ᠤᠨ ᠪᠠᠶᠢᠴᠠᠭᠠᠯᠲᠠ᠂ ᠦᠨᠡᠯᠡᠯᠲᠡ ᠶᠢ ᠶᠡᠭᠡ ᠪᠠᠷ ᠪᠠᠭᠠᠰᠬᠠᠨ᠎ᠠ᠃ ᠦᠨᠳᠦᠰᠦᠨ | ᠦᠢᠯᠡᠴᠢᠯᠡᠬᠡᠨ ᠤ ᠲᠦᠷᠢᠮ ᠢ ᠪᠦᠷᠢᠨᠰᠢᠭᠦᠯᠵᠦ᠂ ︽ᠶᠡᠭᠡ ᠲᠢᠩᠬᠢᠮ ᠳᠤ ᠬᠦᠢᠴᠡᠳᠭᠡᠬᠦ︾ ᠶᠢ ᠪᠥᠬᠦ ᠬᠦᠴᠦᠨ ᠢᠶᠠᠷ | ᠠᠬᠢᠭᠤᠯᠵᠤ᠂ ︽ᠰᠦᠯᠵᠢᠶᠡᠨ ᠳᠡᠭᠡᠷ᠎ᠡ ᠬᠦᠢᠴᠡᠳᠭᠡᠬᠦ︾ ᠶᠢ ᠪᠥᠬᠦ ᠲᠠᠯ᠎ᠠ ᠪᠠᠷ ᠪᠡᠶᠡᠯᠡᠭᠦᠯᠵᠦ᠂ ︽ ᠭᠠᠷ ᠣᠳᠠᠰᠣ | ᠪᠠᠷ ᠬᠦᠢᠴᠡᠳᠭᠡᠬᠦ︾ ᠶᠢ ᠡᠮᠬᠢ ᠵᠢᠷᠤᠮ ᠲᠠᠢ ᠠᠬᠢᠭᠤᠯᠵᠤ᠂ ᠤᠷᠢᠳᠴᠢᠯᠠᠨ ᠪᠣᠯᠵᠣᠬᠤ᠂ ᠬᠠᠪᠰᠤᠷᠤᠨ ᠬᠦᠢᠴᠡᠳᠭᠡᠬᠦ᠂ | ᠬᠠᠮᠲᠤᠷᠠᠨ ᠬᠦᠢᠴᠡᠳᠭᠡᠬᠦ ᠵᠢᠴᠢ ᠴᠠᠭ ᠵᠥᠷᠢᠭᠦᠯᠬᠦ᠂ ᠴᠠᠭ ᠣᠷᠳᠣᠳᠬᠠᠬᠤ ᠦᠢᠯᠡᠴᠢᠯᠡᠭᠡ ᠵᠡᠷᠭᠡ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ︽ᠲᠤᠭ᠎ᠠ ᠪᠠᠷᠢᠮᠲᠠ ᠶᠢ ᠢᠯᠡᠭᠦᠬᠡᠨ ᠠᠵᠢᠯᠯᠠᠭᠤᠯᠵᠦ᠂ ᠣᠯᠠᠨ ᠲᠦᠮᠡᠨ ᠢ | ᠳᠤᠲᠠᠭᠤ ᠭᠦᠶᠦᠯᠭᠡᠬᠦ︾ ᠪᠣᠯᠭᠠᠨ᠎ᠠ᠃ | ︵ᠲᠠᠪᠤ︶ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | ᠰᠤᠷᠭᠠᠭᠤᠯᠢ ᠶᠢᠨ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢᠨ | ᠲᠦᠷᠢᠮ ᠲᠣᠭᠲᠠᠭᠠᠯ ᠢᠶᠠᠷ ᠭᠤᠤᠯ ᠪᠣᠯᠭᠠᠭᠰᠠᠨ ᠲᠦᠷᠢᠮ ᠤᠨ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠂ | ᠰᠤᠷᠭᠠᠭᠤᠯᠢ ᠶᠢᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ | ᠰᠤᠷᠭᠠᠭᠤᠯᠢ ᠡᠷᠭᠢᠯᠡᠬᠦ ᠠᠮᠢᠵᠢᠷᠠᠯ ᠤᠨ ᠬᠦᠴᠦᠨ ᠪᠠ ᠥᠪᠡᠷ ᠢ ᠪᠠᠨ ᠬᠢᠨᠠᠨ ᠬᠠᠮᠢᠶᠠᠷᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠠᠵᠢᠯ ᠲᠥᠷᠥᠯ ᠤᠨ ᠠᠵᠤ ᠠᠬᠤᠶᠢᠯᠠᠯ | ᠣᠷᠣᠯᠴᠠᠭᠰᠠᠨ ᠬᠡᠷᠡᠭ ᠡᠷᠬᠢᠯᠡᠭᠴᠢᠳ ᠤᠨ ᠬᠤᠷᠠᠯ ᠤᠨ ᠲᠦᠷᠢᠮ ᠢ ᠴᠢᠩᠭᠠᠷᠠᠭᠤᠯᠵᠤ᠂ ᠠᠵᠤ ᠦᠢᠯᠡᠰ ᠪᠠ ᠰᠤᠷᠭᠠᠨ | ᠬᠥᠮᠦᠵᠢᠯ ᠤᠨ ᠠᠭᠤᠰᠤᠯᠴᠠᠯ ᠢ ᠠᠬᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠬᠡᠷ ᠤᠨ ᠠᠬᠠᠮᠠᠳ ᠤᠨ | ᠵᠥᠪᠯᠡᠯ ᠤᠨ ᠲᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠬᠠᠮᠢᠶᠠᠷᠤᠯᠲᠠ ᠶᠢᠨ ᠠᠷᠠᠳᠴᠢᠯᠠᠯ ᠤᠨ ᠲᠦᠪᠰᠢᠨ ᠢ | ᠳᠡᠭᠡᠭᠰᠢᠯᠡᠭᠦᠯᠦᠨ᠎ᠡ᠃ ᠲᠣᠮᠣ ᠳ᠋ᠠᠶᠢᠲ᠋ᠠ ᠶᠢᠨ ᠵᠠᠳᠠᠯᠤᠯᠲᠠ ᠶᠢ ᠦᠨᠳᠦᠰᠦᠯᠡᠨ ᠰᠤᠷᠭᠠᠭᠤᠯᠢ ᠶᠢᠨ ᠬᠠᠮᠢᠶᠠᠷᠤᠯᠲᠠ ᠶᠢ | ᠲᠦᠢᠯ ᠤᠨ ᠣᠨᠣᠪᠴᠢᠲᠠᠶ᠂ ᠰᠢᠨᠵᠢᠯᠡᠬᠦ ᠤᠬᠠᠭᠠᠨᠴᠢᠯᠠᠬᠤ ᠶᠢ ᠠᠬᠢᠭᠤᠯᠬᠤ ᠪᠦᠲᠦᠮᠵᠢᠲᠡᠶ ᠠᠷᠭ᠎ᠠ ᠮᠠᠶ᠋ᠢᠭ ᠢ | ᠰᠦᠪᠡᠭᠴᠢᠯᠡᠨ᠎ᠡ᠃ | ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠠᠤᠯᠢ ᠶᠣᠰᠣᠭᠠᠷ | ᠵᠠᠰᠠᠬᠤ ᠬᠦᠴᠦᠨ ᠴᠢᠳᠠᠪᠤᠷᠢ ᠶᠢ ᠰᠤᠷᠭᠠᠭᠤᠯᠢ ᠶᠢᠨ ᠤᠳᠤᠷᠢᠳᠬᠤ ᠪᠠᠭ ᠢ ᠰᠢᠯᠭᠠᠨ ᠬᠢᠨᠠᠬᠤ ᠴᠢᠬᠤᠯᠠ ᠬᠦᠢᠴᠡᠳᠭᠡᠯ | ᠲᠤᠭ᠎ᠠ ᠪᠣᠯᠭᠠᠵᠤ᠂ ᠰᠤᠷᠭᠠᠭᠤᠯᠢ ᠶᠢᠨ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ ᠦᠵᠡᠯ ᠤᠬᠠᠮᠰᠠᠷ ᠪᠠ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠭᠰᠢ ᠰᠤᠷᠤᠭᠴᠢ ᠶᠢᠨ ᠡᠷᠬᠡ ᠠᠰᠢᠭ ᠢ ᠪᠠᠲᠤᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠨᠠᠰᠤᠨ ᠳᠤ ᠬᠦᠷᠦᠭᠡᠳᠦᠢ ᠰᠤᠷᠤᠭᠴᠢ ᠶᠢᠨ ᠰᠤᠷᠭᠠᠭᠤᠯᠢ ᠶᠢ ᠬᠠᠮᠠᠭᠠᠯᠠᠬᠤ ᠲᠣᠭᠲᠠᠴᠠ ᠶᠢ | ᠪᠠᠶᠢᠭᠤᠯᠵᠤ᠂ ᠰᠤᠷᠭᠠᠭᠤᠯᠢ ᠶᠢᠨ ᠦᠢᠮᠡᠭᠡᠨ ᠢ ᠬᠠᠤᠯᠢ ᠶᠣᠰᠣᠭᠠᠷ ᠵᠠᠰᠠᠨ᠎ᠠ᠃ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠦᠴᠦᠨ ᠢ ᠳᠣᠷᠣᠭᠰᠢ | ᠪᠠᠭᠤᠯᠭᠠᠬᠤ ᠶᠢ ᠠᠬᠢᠭᠤᠯᠤᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ | ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ | ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ︽ᠠᠩᠬᠠᠨ ᠤ | ᠵᠣᠷᠢᠯᠳᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠥᠷᠭᠡᠨ ᠣᠯᠠᠨ ᠺᠠᠳ᠋ᠷ ᠪᠠᠭᠰᠢ ᠰᠤᠷᠤᠭᠴᠢᠳ ᠢ | ᠬᠥᠮᠦᠵᠢᠭᠦᠯᠦᠨ ᠵᠢᠯᠣᠭᠤᠳᠴᠤ ᠪᠠᠶᠢᠭᠠᠳ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ | ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠳᠦᠷᠢᠮ ᠢ | ᠳᠣᠣᠱᠯᠠᠭᠤᠯᠣᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ | ᠤᠳᠤᠷᠢᠳᠤᠯᠭ᠎ᠠ ᠶᠢ ᠰᠤᠷᠭᠠᠭᠤᠯᠢ ᠡᠷᠬᠢᠯᠡᠬᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ | ᠪᠦᠬᠦ ᠶᠠᠪᠤᠴᠠ ᠳᠤ ᠳᠣᠣᠱᠯᠠᠭᠤᠯᠬᠤ ᠶᠢ ᠦᠨᠡᠨ ᠬᠦ ᠪᠠᠲᠤᠯᠠᠨ᠎ᠠ᠃ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠡᠯ᠎ᠡ | ᠵᠦᠢᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ | ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠣᠯᠤᠨ ᠢᠯᠵᠡᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠬᠡᠷᠡᠭᠲᠡᠢ᠃ | ︵ᠬᠤᠶᠠᠷ︶ ᠳᠦᠷᠢᠮ ᠤᠨ ᠪᠠᠶᠢᠭᠤᠯᠤᠯᠲᠠ ᠶᠢ ᠴᠢᠩᠭᠠᠷᠠᠭᠤᠯᠤᠨ᠎ᠠ | ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠲᠥᠷᠥᠯ ᠬᠤᠪᠢᠶᠠᠨ | ᠣᠨᠣᠪᠴᠢᠲᠠᠶ ᠵᠢᠯᠣᠭᠤᠳᠬᠤ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠪᠠᠶᠢᠭᠤᠯᠤᠯᠲᠠ | ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠰᠤᠷᠭᠠᠨ | ᠬᠥᠮᠦᠵᠢᠯ ᠤᠨ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠵᠢᠭᠰᠠᠭᠠᠯ ᠤᠨ ᠭᠠᠵᠠᠷ᠂ ᠭᠤᠤᠯᠳᠠᠯᠭ᠎ᠠ ᠲᠠᠢ ᠬᠥᠮᠦᠨ᠂ | ᠭᠤᠤᠯᠳᠠᠯᠭ᠎ᠠ ᠲᠠᠢ ᠭᠤᠭᠴᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ | ᠳᠣᠲᠣᠭᠠᠳᠤ ᠶᠢᠨ ᠴᠠᠭᠳᠠᠨ ᠪᠠᠶᠢᠴᠠᠭᠠᠯᠲᠠ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠶᠢ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠠᠬᠢᠭᠤᠯᠤᠨ᠎ᠠ᠃ ᠡᠯ᠎ᠡ ᠵᠦᠢᠯ ᠤᠨ ᠪᠤᠷᠤᠭᠤ | ᠦᠵᠡᠯᠲᠡ ᠶᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ ᠬᠤᠷᠢᠭᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ | ᠠᠮᠤᠷ ᠲᠦᠪᠰᠢᠨ ᠢ ᠦᠨᠡᠨ ᠬᠦ ᠪᠠᠳᠣᠯᠠᠨ᠎ᠠ᠃ ᠰᠤᠷᠭᠠᠨ ᠬᠥᠮᠦᠵᠢᠯ ᠬᠢᠭᠡᠳ ᠱᠠᠰᠢᠨ ᠰᠤᠷᠲᠠᠬᠤᠨ ᠢ ᠰᠠᠯᠭᠠᠬᠤ | ᠵᠠᠷᠴᠢᠮ ᠢ ᠪᠠᠷᠢᠮᠲᠠᠯᠠᠵᠤ᠂ ᠰᠤᠷᠭᠠᠭᠤᠯᠢ ᠶᠢᠨ ᠬᠦᠷᠢᠶᠡᠨ ᠤ ᠱᠠᠰᠢᠨ ᠳᠡᠯᠭᠡᠷᠡᠭᠦᠯᠬᠦ᠂ ᠱᠠᠰᠢᠨ ᠰᠤᠷᠲᠠᠬᠤᠨ ᠤ | ᠨᠡᠪᠴᠢᠯᠲᠡ ᠬᠢᠬᠦ ᠶᠢ ᠡᠰᠡᠷᠭᠦᠴᠡᠨ ᠰᠡᠷᠭᠡᠶᠢᠯᠡᠨ᠎ᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠷᠢᠨ ᠳᠠᠩᠰᠠ ᠲᠣᠭᠲᠠᠭᠠᠬᠤ ᠶᠢ ᠱᠠᠯᠠᠪᠳᠠᠭᠤᠯᠤᠨ ᠵᠢᠯᠣᠭᠤᠳᠴᠤ᠂ | ᠬᠠᠷᠢᠭᠤᠴᠠᠯᠭ᠎ᠠ ᠶᠢᠨ ᠬᠡᠯᠬᠢᠶ᠎ᠡ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠨᠠᠷᠢᠯᠢᠭᠵᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠬᠠᠲᠠᠭᠤᠵᠢᠬᠤ ᠶᠢ ᠲᠠᠰᠤᠷᠠᠯᠲᠠ ᠦᠭᠡᠢ | ᠠᠬᠢᠭᠤᠯᠬᠤ ᠬᠡᠷᠡᠭᠲᠡᠢ᠃ | ︵ᠭᠤᠷᠪᠠ︶ ᠦᠨᠳᠦᠰᠦᠨ ᠱᠠᠲᠤᠨ ᠤ ᠪᠠᠶᠢᠭᠤᠯᠤᠯᠲᠠ ᠶᠢ ᠴᠢᠩᠭᠠᠷᠠᠭᠤᠯᠤᠨ᠎ᠠ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠠ ᠰᠢᠨ᠎ᠡ ᠴᠠᠭ | ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠨᠠᠶᠢᠳᠠᠪᠣᠷᠢᠵᠢᠭᠤᠯᠵᠦ᠂ ︽ᠲᠠᠪᠤ ᠶᠢ | ᠬᠠᠮᠵᠢᠯᠴᠠᠭᠤᠯᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠨᠠᠶᠢᠳᠠᠪᠣᠷᠢᠵᠢᠭᠤᠯᠵᠦ᠂ ᠰᠢᠰᠲ᠋ᠧᠮᠵᠢᠭᠦᠯᠦᠨ ᠲᠥᠰᠦᠪᠯᠡᠬᠦ᠂ ᠳᠦᠷᠢᠮᠵᠢᠭᠦᠯᠦᠨ ᠵᠢᠷᠤᠮᠵᠢᠭᠤᠯᠬᠤ᠂ ᠪᠠᠷᠢᠮᠵᠢᠶᠠᠵᠢᠭᠤᠯᠤᠨ | ᠪᠦᠲᠦᠭᠡᠨ ᠪᠠᠶᠢᠭᠤᠯᠬᠤ᠂ ᠲᠥᠷᠥᠯᠵᠢᠭᠦᠯᠦᠨ ᠠᠬᠢᠭᠤᠯᠬᠤ᠂ ᠮᠡᠳᠡᠭᠡ ᠵᠠᠩᠭᠢᠵᠢᠭᠤᠯᠤᠨ ᠲᠤᠯᠭᠠᠭᠤᠷᠢᠯᠠᠬᠤ ᠶᠢ | ᠪᠠᠷᠢᠮᠲᠠᠯᠠᠵᠤ᠂ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠪᠠ ᠨᠠᠮ ᠤᠨ ᠭᠡᠰᠢᠭᠦᠨ ᠤ ᠨᠡᠷᠡᠳᠤ | ᠪᠠᠭᠰᠢ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠠᠷᠠᠳ ᠠᠴᠠ ᠡᠷᠭᠢᠯᠡᠭᠰᠡᠨ ᠰᠤᠷᠭᠠᠭᠤᠯᠢ᠂ ᠬᠡᠦᠬᠡᠳ ᠤᠨ | ᠴᠡᠴᠡᠷᠯᠢᠭ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠵᠢᠯ ᠤᠨ | ᠲᠣᠭᠲᠠᠴᠠ ᠶᠢ ᠰᠢᠯᠢᠳᠡᠭᠵᠢᠭᠦᠯᠦᠨ᠂ ᠠᠷᠠᠳ ᠠᠴᠠ ᠡᠷᠭᠢᠯᠡᠭᠰᠡᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠳᠤ ᠰᠢᠯᠢᠳᠡᠭ ᠪᠥᠭᠡᠳ ᠴᠢᠩᠭ᠎ᠠ ᠲᠣᠬᠢᠷᠠᠭᠤᠯᠤᠯᠲᠠ | ᠬᠢᠵᠦ᠂ ᠨᠠᠮ ᠤᠨ ᠵᠣᠬᠢᠶᠠᠨ ᠪᠠᠶᠢᠭᠤᠯᠤᠯᠲᠠ ᠶᠢ ᠢᠯᠡ ᠪᠦᠷᠬᠦᠴᠡ ᠲᠠᠢ ᠪᠠᠶᠢᠭᠰᠠᠨ ᠠᠴᠠ ᠪᠦᠲᠦᠮᠵᠢᠲᠡᠶ | ᠪᠦᠷᠬᠦᠴᠡ ᠲᠠᠢ ᠪᠣᠯᠭᠠᠬᠤ ᠲᠡᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠵᠠᠯᠠᠭᠤ ᠪᠠᠭᠰᠢ ᠪᠠ ᠰᠤᠷᠤᠭᠴᠢᠳ ᠤᠨ | ᠳᠣᠲᠣᠷ᠎ᠠ ᠠᠴᠠ ᠨᠠᠮ ᠤᠨ ᠭᠡᠰᠢᠭᠦᠨ ᠡᠯᠰᠡᠬᠦ ᠠᠵᠢᠯ ᠢ ᠰᠠᠶᠢᠲᠤᠷ ᠬᠢᠨ᠎ᠠ᠃ ᠡᠪ ᠬᠠᠮᠲᠤ ᠵᠠᠯᠠᠭᠤᠴᠤᠳ ᠤᠨ ᠡᠪᠯᠡᠯ᠂ | ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠨᠠᠮ ᠤᠨ ᠪᠠᠶᠢᠭᠤᠯᠤᠯᠲᠠ ᠪᠠᠷ ᠪᠦᠯᠬᠦᠮ ᠵᠣᠬᠢᠶᠠᠨ | ᠪᠠᠶᠢᠭᠤᠯᠤᠯᠲᠠ ᠶᠢ ᠳᠠᠶᠢᠴᠢᠯᠠᠬᠤ ᠪᠠᠶᠢᠭᠤᠯᠤᠯᠲᠠ ᠶᠢ ᠴᠢᠩᠭᠠᠳᠬᠠᠵᠤ᠂ ᠨᠠᠮ᠂ ᠡᠪᠯᠡᠯ᠂ ᠬᠤᠰᠢᠭᠤᠴᠢ ᠠᠩᠭᠢ ᠶᠢ | ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ | ︵ᠳᠥᠷᠪᠡ︶ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ | ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠤᠷᠭᠠᠨ | ᠬᠥᠮᠦᠵᠢᠯ ᠤᠨ ᠣᠷᠣᠭᠤᠯᠤᠯᠲᠠ ᠶᠢ ᠡᠩ ᠲᠡᠷᠢᠬᠦᠨ ᠳᠤ ᠪᠠᠲᠤᠯᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ | ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠰᠤᠷᠭᠠᠨ | ᠬᠥᠮᠦᠵᠢᠯ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠡᠩ ᠲᠡᠷᠢᠬᠦᠨ ᠳᠤ ᠨᠠᠶᠢᠳᠠᠪᠤᠷᠢᠵᠢᠭᠤᠯᠵᠤ᠂ ᠵᠢᠯ ᠤᠨ ᠡᠬᠢᠨ ᠤ | ᠲᠥᠰᠦᠪ ᠤᠨ ᠲᠣᠬᠢᠷᠠᠭᠤᠯᠤᠯᠲᠠ ᠳᠤ ᠰᠤᠷᠭᠠᠨ ᠬᠥᠮᠦᠵᠢᠯ ᠤᠨ ᠣᠷᠣᠭᠤᠯᠤᠯᠲᠠ ᠶᠢ ᠡᠩ ᠲᠡᠷᠢᠬᠦᠨ ᠳᠤ ᠪᠠᠲᠤᠯᠠᠵᠤ᠂ | ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠯᠭ᠎ᠠ ᠶᠢ ᠵᠢᠯ ᠳᠠᠷᠠᠭᠠᠯᠠᠨ | ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠲᠤᠭ᠎ᠠ ᠪᠠᠷ ᠲᠡᠭᠰᠢᠳᠬᠡᠭᠰᠡᠨ | ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠯᠭ᠎ᠠ ᠶᠢ ᠵᠢᠯ ᠳᠠᠷᠠᠭᠠᠯᠠᠨ | ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ ᠰᠤᠷᠤᠭᠴᠢ ᠨᠢᠭᠡᠪᠦᠷᠢ ᠳᠤ ᠳᠤᠮᠳᠠᠴᠢ ᠪᠠᠷ ᠵᠣᠭᠤᠰ ᠰᠠᠯᠭᠠᠨ ᠥᠭᠬᠦ | ᠪᠠᠷᠢᠮᠵᠢᠶ᠎ᠠ᠂ ᠰᠤᠷᠤᠭᠴᠢ ᠶᠢ ᠵᠣᠭᠤᠰ ᠢᠶᠠᠷ ᠲᠤᠰᠠᠯᠠᠬᠤ ᠪᠠᠷᠢᠮᠵᠢᠶ᠎ᠠ᠂ ᠰᠤᠷᠭᠠᠨ ᠬᠥᠮᠦᠵᠢᠯ ᠤᠨ ᠰᠦᠢᠳᠬᠡᠯ | ᠬᠤᠷᠢᠶᠠᠬᠤ ᠪᠠᠷᠢᠮᠵᠢᠶ᠎ᠠ ᠶᠢᠨ ᠬᠥᠳᠡᠯᠦᠩᠭᠦᠶ ᠪᠠᠷ ᠬᠤᠯᠪᠣᠭᠠᠯᠠᠨ ᠬᠥᠳᠡᠯᠦᠯᠴᠡᠵᠦ ᠲᠣᠬᠢᠷᠠᠭᠤᠯᠬᠤ ᠲᠣᠭᠲᠠᠴᠠ ᠶᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ | ᠪᠠᠷᠢᠮᠲᠠᠯᠠᠨ᠂ ᠤᠯᠤᠰ᠂ ᠨᠡᠶᠢᠭᠡᠮ ᠪᠣᠯᠤᠨ ᠰᠤᠷᠭᠠᠨ ᠬᠥᠮᠦᠵᠢᠯ ᠬᠦᠷᠲᠡᠭᠴᠢᠳ ᠠᠯᠪᠠᠨ ᠵᠢᠷᠤᠮ ᠤᠨ ᠪᠤᠰᠤ ᠰᠤᠷᠭᠠᠨ | ᠬᠥᠮᠦᠵᠢᠯ ᠤᠨ ᠬᠥᠮᠦᠵᠢᠭᠦᠯᠬᠦ ᠥᠪᠡᠷ ᠤᠨ ᠥᠷᠲᠡᠭ ᠢ ᠵᠦᠶ ᠵᠣᠬᠢᠰᠲᠠᠶ ᠬᠤᠪᠢᠳᠠᠨ ᠡᠭᠦᠷᠭᠡᠯᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ | ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠰᠤᠷᠭᠠᠨ | ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠪᠦᠲᠦᠴᠡ ᠶᠢᠨ ᠭᠤᠤᠯᠳᠠᠯᠭ᠎ᠠ ᠶᠢ ᠬᠡᠪᠴᠢᠶ᠎ᠡ ᠶᠢᠨ ᠥᠷᠭᠡᠳᠬᠡᠯ ᠠᠴᠠ | ᠶᠠᠰᠤ ᠴᠢᠨᠠᠷ ᠢ ᠳᠡᠭᠡᠭᠰᠢᠯᠡᠭᠦᠯᠬᠦ᠂ ᠪᠦᠲᠦᠴᠡ ᠶᠢ ᠰᠢᠯᠢᠳᠡᠭᠵᠢᠭᠦᠯᠬᠦ ᠲᠡᠰᠢ ᠰᠢᠯᠵᠢᠭᠦᠯᠬᠦ᠂ ᠬᠠᠲᠠᠭᠤ ᠬᠡᠷᠡᠭᠰᠡᠯ ᠤᠨ | ᠪᠡᠯᠡᠳᠬᠡᠮᠵᠢ ᠠᠴᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠲᠡᠰᠢ ᠰᠢᠯᠵᠢᠭᠦᠯᠬᠦ᠂ ᠵᠠᠩᠭᠢᠯᠠᠭ᠎ᠠ ᠶᠢᠨ ᠬᠦᠷᠢᠶ᠎ᠡ ᠪᠠ ᠬᠦᠴᠢᠷᠳᠡᠯᠲᠡᠶ ᠭᠠᠵᠠᠷ ᠣᠷᠣᠨ᠂ ᠪᠠᠭᠤᠷᠠᠶ | ᠲᠠᠯ᠎ᠠ ᠲᠡᠰᠢ ᠬᠡᠯᠪᠠᠶᠢᠯᠭᠡᠬᠦ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠬᠦ ᠶᠢ ᠭᠤᠣᠯᠳᠠᠯᠭ᠎ᠠ ᠲᠠᠢ ᠪᠠᠲᠤᠯᠠᠵᠤ᠂ ᠬᠤᠳᠠ ᠬᠥᠳᠡᠭᠡ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠬᠢᠵᠢᠭᠦᠯᠦᠨ ᠲᠡᠭᠦᠯᠳᠡᠷᠵᠢᠭᠦᠯᠦᠨ᠎ᠡ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠪᠡᠷ ᠤᠨ ᠥᠷᠲᠡᠭ ᠢ ᠬᠤᠪᠢᠳᠠᠨ ᠡᠭᠦᠷᠭᠡᠯᠡᠬᠦ | ᠲᠣᠭᠲᠠᠴᠠ ᠶᠢ ᠪᠦᠷᠢᠨᠰᠢᠭᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ | ᠨᠢᠭᠡᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠲᠣᠭᠲᠠᠭᠰᠠᠨ ᠰᠠᠭᠤᠷᠢ ᠲᠤᠭ᠎ᠠ ᠪᠠ ᠨᠡᠶᠢᠳᠡᠮ | ᠬᠠᠷᠠᠭᠠᠯᠵᠠᠬᠤ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠲᠤᠰᠠᠯᠠᠬᠤ ᠪᠠᠷᠢᠮᠵᠢᠶ᠎ᠠ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠶ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢ ᠨᠢᠭᠡᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠤᠷᠤᠭᠴᠢ ᠨᠢᠭᠡᠪᠦᠷᠢ ᠳᠤ ᠵᠢᠯ ᠪᠦᠷᠢ 1000 | ᠲᠥᠭᠦᠷᠢᠭ ᠠᠴᠠ ᠳᠡᠭᠡᠭᠰᠢᠬᠢ ᠪᠠᠷᠢᠮᠵᠢᠶ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠵᠦ᠂ ᠰᠢᠶᠠᠨ ᠤ | ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ | ᠰᠤᠷᠭᠠᠬᠤ ᠨᠥᠬᠦᠴᠡᠯ ᠢ ᠰᠠᠶᠢᠵᠢᠷᠠᠭᠤᠯᠬᠤ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠤᠷᠤᠭᠴᠢ ᠨᠢᠭᠡᠪᠦᠷᠢ ᠳᠤ ᠳᠤᠮᠳᠠᠴᠢ ᠪᠠᠷ ᠵᠣᠭᠤᠰ ᠰᠠᠯᠭᠠᠨ ᠥᠭᠬᠦ ᠳᠦᠷᠢᠮ ᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠤᠨ᠎ᠠ᠃ | ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠰᠤᠷᠭᠠᠨ | ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢ ᠬᠡᠷᠡᠭᠯᠡᠬᠦ ᠬᠠᠮᠢᠶᠠᠷᠤᠯᠲᠠ ᠶᠢᠨ ᠪᠥᠬᠦ ᠶᠠᠪᠤᠴᠠ ᠶᠢ ᠬᠠᠮᠤᠷᠤᠭᠰᠠᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢᠨ ᠬᠢᠵᠠᠭᠠᠷᠯᠠᠯ ᠢ | ᠴᠢᠩᠭᠠᠳᠬᠠᠨ᠂ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠰᠤᠷᠭᠠᠨ ᠬᠥᠮᠦᠵᠢᠯ ᠤᠨ | ᠵᠠᠷᠤᠳᠠᠯ ᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠎ᠡ᠃ ᠰᠤᠷᠭᠠᠨ ᠬᠥᠮᠦᠵᠢᠯ ᠤᠨ ᠳᠣᠲᠣᠭᠠᠳᠤ ᠶᠢᠨ ᠬᠢᠨᠠᠨ | ᠪᠤᠳᠤᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠪᠤᠳᠤᠬᠤ ᠲᠥᠷᠥᠯ ᠵᠦᠢᠯ ᠢ ᠪᠠᠶᠠᠯᠢᠭᠵᠢᠭᠤᠯᠤᠨ᠂ | ᠬᠢᠨᠠᠨ ᠪᠤᠳᠤᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠰᠤᠷᠭᠠᠭᠤᠯᠢ ᠶᠢᠨ ᠡᠳ᠋ ᠤᠨ ᠶᠠᠪᠤᠳᠠᠯ ᠤᠨ | ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ | ᠪᠠᠨ ᠬᠦᠯᠢᠶᠡᠨ᠎ᠡ᠃ ᠵᠠᠰᠠᠭ ᠤᠨ ᠣᠷᠳᠣᠨ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ ᠶᠢ ᠡᠷᠡᠰ | ᠨᠠᠶᠢᠳᠠᠪᠣᠷᠢᠵᠢᠭᠤᠯᠵᠦ᠂ ᠠᠵᠢᠯᠴᠢ ᠠᠷᠪᠢᠴᠢ ᠪᠠᠷ ᠰᠤᠷᠭᠠᠨ ᠬᠥᠮᠦᠵᠢᠯ ᠡᠷᠬᠢᠯᠡᠬᠦ ᠶᠢ ᠪᠠᠷᠢᠮᠲᠠᠯᠠᠨ᠂ ᠪᠠᠷᠢᠮᠵᠢᠶ᠎ᠠ ᠠᠴᠠ | ᠬᠡᠲᠦᠷᠡᠭᠦᠯᠦᠨ ᠬᠡᠭᠡᠨᠴᠢᠷ ᠰᠤᠷᠭᠠᠭᠤᠯᠢ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ | ︵ᠲᠠᠪᠤ︶ ᠬᠢᠨᠠᠨ ᠵᠢᠯᠣᠭᠤᠳᠴᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ | ᠰᠤᠷᠭᠠᠨ ᠬᠥᠮᠦᠵᠢᠯ ᠤᠨ ᠬᠦᠷᠢᠶᠡᠨ ᠤ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ | ᠰᠠᠶᠢᠵᠢᠷᠠᠭᠤᠯᠵᠤ᠂ ᠬᠠᠮᠲᠤᠷᠠᠨ ᠰᠢᠮᠳᠠᠭᠤᠯᠤᠨ ᠪᠠᠶᠢᠴᠠᠭᠠᠬᠤ᠂ ᠪᠠᠶᠢᠴᠠᠭᠠᠨ ᠰᠤᠳᠤᠯᠵᠤ ᠰᠢᠮᠳᠠᠭᠤᠯᠤᠨ ᠪᠠᠶᠢᠴᠠᠭᠠᠬᠤ᠂ | ᠨᠠᠶᠢᠳᠠᠪᠤᠷᠢᠵᠢᠭᠤᠯᠤᠭᠰᠠᠨ ᠮᠡᠳᠡᠭᠦᠯᠦᠯᠲᠡ᠂ ᠬᠠᠷᠭᠤᠭᠤᠯᠤᠨ ᠪᠠᠶᠢᠴᠠᠭᠠᠵᠤ ᠳᠠᠬᠢᠨ ᠬᠢᠨᠠᠬᠤ᠂ ᠰᠢᠮᠳᠠᠭᠤᠯᠤᠨ | ᠴᠡᠭᠴᠡᠯᠡᠨ ᠰᠠᠶᠢᠵᠢᠷᠠᠭᠤᠯᠬᠤ ᠵᠡᠷᠭᠡ ᠲᠦᠷᠢᠮ ᠢ ᠪᠦᠷᠢᠨᠰᠢᠬᠦᠯᠵᠦ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ | ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠡᠴᠦᠰ ᠤᠨ ᠬᠤᠭᠤᠴᠠᠭᠠᠨ ᠤ | ᠳ᠋ᠦᠩᠨᠡᠯᠲᠡ ᠶᠢ ᠥᠷᠨᠢᠭᠦᠯᠵᠦ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠪᠠᠶᠢᠳᠠᠯ ᠢ ᠦᠨᠳᠦᠰᠦᠯᠡᠨ᠂ | ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢᠨ ᠠᠵᠢᠯ ᠢ ᠰᠠᠶᠢᠲᠤᠷ ᠬᠢᠨ᠎ᠠ᠃ ᠬᠤᠰᠢᠭᠤᠨ ︵ᠨᠡᠭᠡᠭᠡᠯᠳᠡ ᠶᠢᠨ | ᠣᠷᠣᠨ︶ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ | ᠬᠢᠨᠠᠨ ᠵᠢᠯᠣᠭᠤᠳᠴᠤ ᠦᠨᠡᠯᠡᠬᠦ ᠪᠠ ᠰᠢᠯᠭᠠᠨ ᠬᠢᠨᠠᠬᠤ ᠶᠢ ᠥᠷᠨᠢᠭᠦᠯᠦᠨ᠎ᠡ︔ ᠰᠤᠷᠭᠠᠨ ᠬᠥᠮᠦᠵᠢᠯ ᠤᠨ | ᠬᠦᠷᠢᠶ᠎ᠡ ᠳᠠᠬᠢ ᠬᠠᠯᠠᠮᠰᠢᠯ᠂ ᠬᠦᠴᠢᠷ ᠠᠰᠠᠭᠤᠳᠠᠯ ᠪᠠ ᠴᠢᠬᠤᠯᠠ ᠶᠡᠭᠡ ᠰᠤᠷᠭᠠᠨ ᠬᠥᠮᠦᠵᠢᠯ ᠤᠨ ᠲᠥᠷᠥᠯ ᠵᠦᠢᠯ ᠤᠨ | ᠨᠠᠶᠢᠳᠠᠪᠤᠷᠢᠵᠢᠭᠤᠯᠤᠯᠲᠠ᠂ ᠴᠢᠬᠤᠯᠠ ᠶᠡᠭᠡ ᠭᠡᠨᠡᠳᠲᠡ ᠶᠢᠨ ᠬᠡᠷᠡᠭ ᠲᠤ ᠲᠤᠰᠬᠠᠶ ᠰᠢᠮᠳᠠᠭᠤᠯᠤᠨ ᠵᠢᠯᠣᠭᠤᠳᠬᠤ ᠶᠢ | ᠥᠷᠨᠢᠭᠦᠯᠦᠨ᠎ᠡ︔ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠨ ᠵᠢᠱᠢᠵᠦ ᠬᠢᠨᠠᠨ ᠬᠡᠮᠵᠢᠬᠦ ᠳᠦᠷᠢᠮ ᠢ | ᠪᠠᠶᠢᠭᠤᠯᠤᠨ᠂ ᠦᠨᠡᠯᠡᠨ ᠵᠢᠱᠢᠵᠦ ᠬᠢᠨᠠᠨ ᠬᠡᠮᠵᠢᠬᠦ ᠭᠦᠢᠴᠡᠳᠬᠡᠬᠦ ᠲᠤᠭ᠎ᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ | ︵ᠵᠢᠷᠭᠤᠭ᠎ᠠ︶ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠴᠢᠩᠭᠠᠷᠠᠭᠤᠯᠤᠨ᠎ᠠ | ᠵᠢᠭᠠᠬᠤ ᠮᠠᠲ᠋ᠧᠷᠢᠶᠠᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ | ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠬᠤ ᠶᠢ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢᠨ ᠦᠨᠳᠦᠰᠦᠨ | ᠵᠠᠷᠴᠢᠮ ᠪᠣᠯᠭᠠᠬᠤ ᠶᠢ ᠪᠠᠷᠢᠮᠲᠠᠯᠠᠵᠤ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ | ᠵᠢᠷᠤᠮᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠪᠠᠶᠢᠭᠤᠯᠤᠯ ᠢ | ᠪᠠᠶᠢᠭᠤᠯᠤᠨ ᠲᠡᠭᠦᠯᠳᠡᠷᠵᠢᠭᠦᠯᠵᠦ᠂ ᠠᠶᠢᠮᠠᠭ ᠤᠨ ᠵᠢᠭᠠᠬᠤ ᠮᠠᠲ᠋ᠧᠷᠢᠶᠠᠯ ᠤᠨ ᠺᠣᠮᠢᠰ ᠤᠨ ᠤᠳᠤᠷᠢᠳᠬᠤ᠂ ᠨᠢᠭᠡᠳᠦᠯᠲᠡᠶ | ᠲᠥᠯᠥᠪᠯᠡᠬᠦ᠂ ᠵᠣᠬᠢᠴᠠᠭᠤᠯᠬᠤ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠮᠠᠨ ᠤ ᠠᠶᠢᠮᠠᠭ ᠤᠨ ᠵᠢᠭᠠᠬᠤ ᠮᠠᠲ᠋ᠧᠷᠢᠶᠠᠯ ᠤᠨ ᠠᠵᠢᠯ ᠤᠨ ᠬᠢᠷᠢ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠬᠦ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠢᠭᠠᠬᠤ ᠮᠠᠲ᠋ᠧᠷᠢᠶᠠᠯ ᠤᠨ | ᠬᠠᠮᠢᠶᠠᠷᠤᠯᠲᠠ ᠶᠢᠨ ᠠᠷᠭ᠎ᠠ ᠵᠢᠴᠢ ᠨᠠᠷᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ︽ᠨᠠᠶᠢᠷᠠᠭᠤᠯᠬᠤ ᠪᠣᠯᠭᠠᠨ ᠵᠠᠪᠠᠯ ᠬᠢᠨᠠᠬᠤ︾᠂ ︽ᠰᠣᠩᠭᠤᠬᠤ ᠪᠣᠯᠭᠠᠨ ᠵᠠᠪᠠᠯ ᠬᠢᠨᠠᠬᠤ︾ ᠶᠢ | ᠪᠠᠷᠢᠮᠲᠠᠯᠠᠵᠤ᠂ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢ ᠨᠠᠷᠢᠯᠢᠬᠵᠢᠭᠤᠯᠬᠤ ᠲᠦᠪᠰᠢᠨ ᠢ ᠦᠨᠡᠨ ᠬᠦ | ᠳᠡᠭᠡᠭᠰᠢᠯᠡᠭᠦᠯᠦᠨ᠎ᠡ᠃ | ︵ᠳᠣᠯᠤᠭ᠎ᠠ︶ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠴᠢᠩᠭᠠᠷᠠᠭᠤᠯᠤᠨ᠎ᠠ | ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ | ᠠᠬᠢᠭᠤᠯᠬᠤ ᠶᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠵᠤ᠂ ᠲᠤᠰ ᠭᠠᠵᠠᠷ ᠣᠷᠣᠨ ᠤ ᠪᠠᠨ | ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ | ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ | ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠡᠯ᠎ᠡ ᠵᠦᠢᠯ ᠤᠨ ᠠᠵᠢᠯᠯᠠᠭᠠᠨ ᠤ | ᠲᠥᠯᠥᠪᠯᠡᠭᠡ ᠪᠠ ᠭᠤᠤᠯᠳᠠᠯᠭ᠎ᠠ ᠲᠠᠢ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠵᠢᠯ ᠤᠨ | ᠠᠬᠢᠴᠠ ᠶᠢᠨ ᠲᠣᠬᠢᠷᠠᠭᠤᠯᠤᠯᠲᠠ᠂ ᠴᠠᠭ ᠤᠨ ᠵᠠᠩᠭᠢᠶᠠᠰᠤ ᠶᠢ ᠲᠣᠳᠣᠷᠬᠠᠶᠢᠯᠠᠨ᠂ ᠬᠥᠳᠡᠯᠦᠩᠭᠦᠶ ᠪᠠᠷ ᠬᠢᠨᠠᠨ ᠰᠢᠨᠵᠢᠵᠦ | ᠵᠠᠳᠠᠯᠤᠯᠲᠠ ᠬᠢᠬᠦ ᠶᠢ ᠴᠢᠩᠭᠠᠳᠬᠠᠵᠤ᠂ ᠬᠠᠷᠠᠯᠲᠠᠲᠤ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠡᠯ᠎ᠡ ᠭᠠᠵᠠᠷ ᠡᠯ᠎ᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ | ᠠᠬᠢᠭᠤᠯᠬᠤ ᠶᠠᠪᠤᠴᠠ ᠳᠠᠬᠢ ᠨᠡᠶᠢᠲᠡᠯᠢᠭ ᠲᠤᠷᠰᠢᠯᠭ᠎ᠠ ᠪᠠ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ | ᠤᠬᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠬᠠᠮᠲᠤ ᠪᠠᠷ | ᠬᠠᠯᠠᠮᠵᠢᠯᠠᠬᠤ᠂ ᠳᠡᠮᠵᠢᠬᠦ ᠪᠠ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠶᠢ ᠬᠥᠲᠥᠯᠥᠨ | ᠵᠢᠯᠣᠭᠤᠳᠬᠤ ᠬᠡᠷᠡᠭᠲᠡᠶ᠃ | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ |