︽ᠠᠯᠠᠱᠠ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/3/28
    ᠣᠶᠢᠷ᠎ᠠ ᠳᠤ᠂ ᠠᠶᠢᠮᠠᠭ ᠤᠨ ᠵᠠᠬᠢᠷᠭ᠎ᠠ ︽ᠠᠯᠠᠱᠠ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ﹇2021﹈ 54 ᠳ᠋ᠣᠭᠡᠷ ᠲᠣᠭᠠᠲᠤ᠂ ᠳᠣᠷᠣᠭᠰᠢ ︽ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠳᠤᠤᠷᠠᠬᠢ ᠮᠡᠲᠦ ᠲᠠᠶᠢᠯᠤᠮᠵᠢ ᠬᠢᠶ᠎ᠠ᠃     ᠨᠢᠭᠡ᠂ ︽ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠨᠡᠶᠢᠲᠡᠯᠡᠭᠰᠡᠨ ᠠᠬᠤᠶ ᠪᠠᠶᠢᠳᠠᠯ     ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠣᠬᠢᠶᠠᠨ ᠪᠠᠶᠢᠭᠤᠯᠬᠤ ᠲᠤᠰᠬᠠᠶ ᠠᠩᠭᠢ 2020 ᠣᠨ ᠤ 10 ᠰᠠᠷ᠎ᠠ ᠠᠴᠠ ᠡᠬᠢᠯᠡᠨ ᠠᠯᠠᠱᠠ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠪᠢᠴᠢᠵᠦ᠂ ᠡᠯ᠎ᠡ ᠰᠠᠯᠠᠭ᠎ᠠ᠂ ᠡᠯ᠎ᠡ ᠬᠤᠰᠢᠭᠤ  ᠨᠡᠭᠡᠭᠡᠯᠳᠡ ᠶᠢᠨ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠦ᠂ ᠮᠠᠨ ᠤ ᠠᠶᠢᠮᠠᠭ ᠤᠨ ᠪᠣᠳᠠᠲᠤ ᠪᠠᠶᠢᠳᠠᠯ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ ᠳᠦᠯᠦᠪᠵᠢᠬᠦᠯᠬᠡ ᠳᠣᠭᠳᠠᠭᠠᠨ᠂ ᠲᠤᠰᠬᠠᠶ ᠮᠡᠷᠭᠡᠵᠢᠯᠲᠡᠨ ᠢ ᠤᠷᠢᠵᠤ ᠲᠥᠯᠥᠪᠵᠢᠭᠦᠯᠭᠡ ᠶᠢᠨ ᠲᠥᠰᠦᠯ ᠢ ᠬᠢᠨᠠᠨ ᠳᠣᠭᠳᠠᠭᠠᠯᠭᠠᠵᠦ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠣᠯᠭᠠᠭᠤᠯᠬᠤ ᠰᠠᠨᠠᠯ ᠲᠠᠢ ᠬᠢᠨᠠᠨ ᠬᠠᠷᠭᠤᠭᠤᠯᠵᠦ᠂ ᠬᠤᠪᠢᠳᠠᠨ ᠬᠠᠮᠢᠶᠠᠷᠬᠤ ᠠᠶᠢᠮᠠᠭ ᠤᠨ ᠳᠠᠷᠤᠭ᠎ᠠ ᠶᠢᠨ ᠬᠤᠷᠠᠯ ᠢᠶᠠᠷ ᠪᠠᠲᠤᠯᠠᠭᠰᠠᠨ ᠤ ᠳᠠᠷᠠᠭ᠎ᠠ᠂ 2021 ᠣᠨ ᠤ 12 ᠰᠠᠷ᠎ᠠ ᠳᠤ᠂ ᠠᠶᠢᠮᠠᠭ ᠤᠨ ᠵᠠᠬᠢᠷᠭ᠎ᠠ ᠶᠢᠨ ᠨᠡᠷ᠎ᠡ ᠪᠠᠷ ︽ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠳᠠᠷᠤᠮᠠᠯᠯᠠᠨ ᠲᠠᠷᠬᠠᠭᠠᠪᠠ᠃     ᠬᠤᠶᠠᠷ᠂ ︽ᠰᠤᠷᠭᠠᠨ ᠬᠥᠮᠦᠵᠢᠯ ᠢ ᠬᠥᠭᠵᠢᠭᠦᠯᠬᠦ ᠲᠥᠯᠥᠪᠵᠢᠭᠦᠯᠭᠡ︾ ᠶᠢᠨ ᠵᠢᠯᠣᠭᠤᠳᠬᠤ ᠦᠵᠡᠯ ᠰᠠᠨᠠᠭ᠎ᠠ     ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠣᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ  ᠳᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠪᠦᠬᠦ ᠤᠯᠤᠰ᠂ ᠪᠦᠬᠦ ᠣᠷᠣᠨ ᠤ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠳᠣᠣᠱᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠵᠦ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠪᠠᠷ ᠦᠨᠳᠦᠰᠦᠨ ᠪᠠᠲᠤᠯᠠᠭ᠎ᠠ ᠪᠣᠯᠭᠠᠨ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠪᠠᠷ ᠭᠤᠤᠯ ᠬᠠᠷᠠᠯᠲᠠ ᠪᠣᠯᠭᠠᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠡᠨᠡ ᠬᠦ ᠭᠤᠤᠯ ᠰᠢᠵᠢᠮ ᠤᠨ ᠲᠣᠭᠤᠷᠢᠨ ᠳᠤ᠂ ᠡᠯ᠎ᠡ ᠲᠦᠷᠦᠯ ᠤᠨ ᠢᠨᠵᠧᠨᠧᠷᠢᠩ ᠤᠨ ᠵᠦᠢᠯᠡᠰ ᠪᠠ ᠠᠵᠢᠯᠯᠠᠭᠠᠨ ᠤ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠬᠡᠷᠡᠭᠵᠢᠬᠦᠯᠵᠦ᠂ ᠥᠭᠡᠷᠡᠴᠢᠯᠡᠯᠲᠡ ᠶᠢ ᠬᠦᠴᠦᠯᠡᠨ ᠬᠦᠨᠵᠡᠭᠡᠶᠢᠷᠡᠬᠦᠯᠵᠦ᠂ ᠠᠮᠢᠵᠢᠷᠠᠯ ᠤᠨ ᠬᠦᠴᠦᠨ ᠢ ᠭᠦᠭᠵᠢᠬᠡᠨ᠂ ᠳᠤᠲᠠᠭᠤᠳᠠᠯ ᠢ ᠬᠦᠴᠦᠯᠡᠨ ᠨᠦᠬᠦᠪᠦᠷᠢᠯᠡᠵᠦ᠂ ᠪᠦᠲᠦᠴᠡ ᠶᠢ ᠰᠢᠯᠢᠳᠡᠭᠵᠢᠬᠦᠯᠦᠨ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠦᠮᠦᠵᠢᠬᠦᠯᠦᠨ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠡᠷᠬᠢᠯᠡᠬᠦ᠂ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠭᠤᠷᠢ ᠶᠢ ᠪᠠᠬᠢᠵᠢᠭᠦᠯᠪᠡ᠃      ᠭᠤᠷᠪᠠ᠂ ︽ᠰᠤᠷᠭᠠᠨ ᠬᠥᠮᠦᠵᠢᠯ ᠢ ᠬᠥᠭᠵᠢᠭᠦᠯᠬᠦ ᠲᠥᠯᠥᠪᠵᠢᠭᠦᠯᠭᠡ︾ ᠶᠢᠨ ᠬᠠᠷᠠᠯᠲᠠ ᠡᠭᠦᠷᠭᠡ      2025 ᠣᠨ ᠪᠣᠯᠬᠤ ᠳᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠪᠦᠲᠦᠴᠡ ᠶᠢ ᠨᠠᠩ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠪᠦᠲᠦᠮᠵᠢᠲᠡᠢ ᠠᠬᠢᠭᠤᠯᠵᠤ᠂ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠴᠢᠬᠤᠯᠠ ᠠᠬᠢᠯᠲᠠ ᠲᠠᠢ ᠪᠣᠯᠭᠠᠨ᠎ᠠ᠃ ᠰᠤᠷᠭᠠᠨ ᠬᠥᠮᠦᠵᠢᠯ ᠤᠨ ᠭᠤᠣᠯ ᠭᠦᠢᠴᠡᠳᠬᠡᠬᠦ ᠲᠤᠭ᠎ᠠ ᠶᠢ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠳᠤ ᠬᠦᠷᠦᠭᠦᠯᠵᠦ᠂ ᠶᠡᠷᠦᠩᠬᠡᠶ ᠬᠥᠭᠵᠢᠯᠲᠡ ᠶᠢᠨ ᠬᠢᠷᠢ ᠬᠡᠮᠵᠢᠶ᠎ᠡ ᠶᠢ ᠪᠦᠬᠦ ᠣᠷᠣᠨ ᠤ ᠳᠤᠮᠳᠠ ᠵᠡᠷᠭᠡ ᠶᠢᠨ ᠡᠩᠨᠡᠭᠡᠨ ᠳᠤ ᠣᠷᠣᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠨᠡᠩ ᠢᠯᠡᠭᠦᠦ ᠨᠡᠩ ᠭᠤᠣᠯᠴᠢ ᠪᠠᠷ ᠬᠦᠷᠲᠡᠭᠡᠨ᠎ᠡ᠃      2025 ᠣᠨ ᠪᠣᠯᠲᠠᠯ᠎ᠠ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠲᠣᠭᠠᠨ ᠤ ᠡᠵᠡᠯᠡᠬᠦ ᠬᠠᠷᠢᠴᠠᠯ ᠢ ᠲᠣᠰ ᠲᠣᠰ 85 % ᠳᠤ ᠳᠣᠭᠳᠠᠪᠣᠷᠢᠵᠢᠭᠤᠯᠵᠦ᠂ 60 % ᠠᠴᠠ ᠳᠡᠭᠡᠭᠰᠢ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠥᠬᠦ ᠨᠣᠷᠮ᠎ᠠ ᠶᠢ 97 % ᠠᠴᠠ ᠳᠡᠭᠡᠭᠰᠢ ᠪᠠᠶᠢᠯᠭᠠᠬᠤ ᠶᠢ ᠪᠠᠳᠣᠯᠠᠵᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 99 % ᠠᠴᠠ ᠳᠡᠭᠡᠭᠰᠢ ᠪᠠᠶᠢᠯᠭᠠᠬᠤ ᠶᠢ ᠪᠠᠳᠣᠯᠠᠵᠦ᠂ 30 % ᠣᠷᠴᠢᠮ ᠤᠨ ᠬᠤᠰᠢᠭᠤ ︵ᠨᠡᠭᠡᠭᠡᠯᠳᠡ ᠶᠢᠨ ᠣᠷᠣᠨ︶ ᠶᠢ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ ᠰᠢᠶᠠᠨ ᠤ ᠰᠢᠯᠭᠠᠨ ᠪᠠᠶᠢᠴᠠᠭᠠᠯᠲᠠ ᠳᠤ ᠪᠠᠲᠤᠯᠠᠭᠤᠯᠬᠤ ᠪᠠᠷ ᠴᠢᠷᠮᠠᠶᠢᠵᠦ᠂ ᠪᠥᠬᠦ ᠠᠶᠢᠮᠠᠭ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠤᠷᠤᠭᠰᠠᠨ ᠪᠥᠬᠦ ᠨᠣᠷᠮ᠎ᠠ ᠶᠢ 96 % ᠠᠴᠠ ᠳᠡᠭᠡᠭᠰᠢ ᠪᠠᠶᠢᠯᠭᠠᠬᠤ ᠶᠢ ᠪᠠᠳᠣᠯᠠᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠤᠤᠰ ᠮᠡᠷᠭᠡᠵᠢᠯ ᠲᠠᠢ︾ ᠪᠠᠭᠰᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ᠳᠠᠬᠢ ᠡᠵᠡᠯᠡᠬᠦ ᠬᠠᠷᠢᠴᠠᠯ ᠢ 50 % ᠳᠤ ᠬᠦᠷᠭᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠢ ᠪᠠᠭᠰᠢ ᠶᠢᠨ ᠲᠤᠰᠬᠠᠢ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠬᠦ ᠬᠠᠷᠢᠴᠠᠯ ᠢ 80 % ᠳᠤ ᠬᠦᠷᠭᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ ᠪᠠᠭᠰᠢ ᠶᠢᠨ ᠬᠠᠷᠢᠴᠠᠯ ᠢ 80 % ᠳᠤ ᠬᠦᠷᠭᠡᠨ᠎ᠡ᠃      ᠳᠥᠷᠪᠡ᠂ ︽ᠰᠤᠷᠭᠠᠨ ᠬᠥᠮᠦᠵᠢᠯ ᠢ ᠬᠥᠭᠵᠢᠭᠦᠯᠬᠦ ᠲᠥᠯᠥᠪᠵᠢᠭᠦᠯᠭᠡ︾ ᠶᠢᠨ ᠭᠤᠣᠯᠳᠠᠯᠭ᠎ᠠ ᠲᠠᠢ ᠡᠭᠦᠷᠭᠡ       ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠯᠠᠱᠠ ᠠᠶᠢᠮᠠᠭ ᠭᠤᠤᠯᠳᠠᠭᠤ ᠳᠤᠤᠷᠠᠬᠢ ᠶᠢᠰᠦᠨ ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ᠎ᠠ᠃       ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠦᠮᠦᠵᠢᠬᠦᠯᠦᠨ᠎ᠡ       ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠨ ᠦᠢᠯᠡᠳᠦᠯᠬᠡᠵᠢᠬᠦᠯᠦᠨ᠎ᠡ᠃ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠴᠢᠩᠭᠠᠳᠬᠠᠨ᠎ᠠ᠃ ᠭᠤᠷᠪᠠ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ ᠲᠦᠷᠪᠡ ᠳᠤ᠂ ᠳᠤᠮᠳᠠᠳᠤ ᠪᠠᠭ᠎ᠠ ᠰᠤᠷᠭᠠᠭᠤᠯᠢ ᠶᠢ ᠨᠢᠭᠡ ᠴᠤᠭᠴᠠᠵᠢᠭᠤᠯᠤᠭᠰᠠᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠰᠢᠰᠲ᠋ᠧᠮ ᠢ ᠪᠠᠶᠢᠭᠤᠯᠤᠨ᠎ᠠ᠃ ᠲᠠᠪᠤ ᠳᠤ᠂ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠣᠯᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠵᠢᠷᠭᠤᠭ᠎ᠠ ᠳᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠪᠣᠯᠤᠨ ᠡᠷᠡᠭᠦᠯ ᠮᠡᠨᠳᠦ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠴᠢᠩᠭᠠᠳᠬᠠᠨ᠎ᠠ᠃       ︵ᠬᠤᠶᠠᠷ︶ ᠲᠡᠩᠴᠡᠭᠦᠷᠢᠰᠢᠭᠦᠯᠬᠦ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ       ᠨᠢᠭᠡ ᠳᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠤᠨ᠎ᠠ᠃ ᠬᠤᠶᠠᠷ ᠲᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ ᠭᠤᠷᠪᠠ ᠳᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠳᠥᠷᠪᠡ ᠳᠤ᠂ ᠣᠨᠴᠣᠭᠤᠶ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃       ︵ᠭᠤᠷᠪᠠ︶ ᠣᠨᠴᠠᠯᠢᠭ ᠢᠶᠠᠷ ᠲᠣᠪᠤᠶᠢᠮ᠎ᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠢᠷᠢ ᠲᠦᠪᠰᠢᠨ ᠪᠠ  ᠦᠢᠯᠡᠴᠢᠯᠡᠬᠡᠨ ᠤ ᠴᠢᠳᠠᠪᠤᠷᠢ ᠶᠢ ᠴᠢᠨᠠᠷ ᠰᠠᠶᠢᠲᠠᠶ ᠬᠥᠮᠦᠵᠢᠭᠦᠯᠦᠨ ᠳᠡᠭᠡᠭᠰᠢᠯᠡᠭᠦᠯᠦᠨ᠎ᠡ       ᠨᠢᠭᠡ ᠳᠤ᠂ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠎ᠠ᠃ ᠬᠤᠶᠠᠷ ᠲᠤ᠂ ᠪᠠᠶᠢᠷᠢᠰᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠭᠤᠷᠪᠠ ᠳᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠳᠥᠷᠪᠡ ᠳᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃       ︵ᠳᠥᠷᠪᠡ︶ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠎ᠡ       ᠨᠢᠭᠡ ᠳᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠶᠠᠷ ᠲᠤ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠭᠤᠷᠪᠠ ᠳᠤ᠂ ᠪᠠᠭᠰᠢ ᠶᠢᠨ ᠴᠢᠳᠠᠪᠤᠷᠢ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠳᠥᠷᠪᠡ ᠳᠤ᠂ ᠪᠠᠭᠰᠢ ᠶᠢᠨ ᠡᠷᠬᠡ ᠠᠰᠢᠭ ᠪᠠ ᠬᠠᠷᠠᠭᠠᠯᠵᠠᠯ ᠢ ᠪᠠᠲᠤᠯᠠᠨ᠎ᠠ᠃       ︵ᠲᠠᠪᠤ︶ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠲᠣᠭᠠᠴᠢᠯᠠᠭᠰᠠᠨ ᠰᠤᠷᠭᠠᠨ ᠬᠥᠮᠦᠵᠢᠯ ᠢ ᠬᠠᠮᠲᠤ ᠪᠠᠷ ᠭᠥᠷᠳᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ       ︵ᠵᠢᠷᠭᠤᠭ᠎ᠠ︶ ᠵᠢᠷᠤᠮᠵᠢᠭᠤᠯᠬᠤ ᠪᠠ ᠳᠡᠮᠵᠢᠬᠦ ᠶᠢ ᠵᠡᠷᠭᠡ ᠳᠤᠨᠢ ᠠᠳᠬᠤᠵᠤ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ       ︵ᠳᠣᠯᠤᠭ᠎ᠠ︶ ᠰᠤᠷᠭᠠᠨ ᠬᠥᠮᠦᠵᠢᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ       ︵ᠨᠠᠢᠮᠠ︶ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠳᠣᠶᠢᠯ ᠤᠨ ᠣᠨᠣᠪᠴᠢᠲᠠᠶ ᠪᠠᠷ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ       ︵ᠶᠢᠰᠦ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ ᠵᠢᠯᠣᠭᠤᠳᠬᠤ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ       ᠲᠠᠪᠤ᠂ ︽ᠰᠤᠷᠭᠠᠨ ᠬᠥᠮᠦᠵᠢᠯ ᠢ ᠬᠥᠭᠵᠢᠭᠦᠯᠬᠦ ᠲᠥᠯᠥᠪᠵᠢᠭᠦᠯᠭᠡ︾ ᠶᠢᠨ ᠥᠭᠡᠷᠡᠴᠢᠯᠡᠯᠲᠡ ᠶᠢᠨ ᠡᠭᠦᠷᠭᠡ       ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠡᠭᠦᠷᠭᠡ ᠨᠢ ᠭᠤᠤᠯᠳᠠᠭᠤ ᠳᠤᠤᠷᠠᠬᠢ ᠲᠠᠪᠤᠨ ᠲᠠᠯ᠎ᠠ ᠪᠣᠯᠤᠨ᠎ᠠ᠃       ︵ᠨᠢᠭᠡ︶ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃       ᠨᠢᠭᠡ ᠳᠤ᠂ ᠰᠤᠷᠭᠠᠭᠤᠯᠢ ᠶᠢᠨ ᠦᠨᠡᠯᠡᠯᠲᠡ ᠶᠢ ᠥᠭᠡᠷᠡᠴᠢᠯᠡᠨ᠎ᠡ᠃ ᠬᠤᠶᠠᠷ ᠲᠤ᠂ ᠪᠠᠭᠰᠢ ᠶᠢᠨ ᠦᠨᠡᠯᠡᠯᠲᠡ ᠶᠢ ᠥᠭᠡᠷᠡᠴᠢᠯᠡᠨ᠎ᠡ᠃ ᠭᠤᠷᠪᠠ ᠳᠤ᠂ ᠰᠤᠷᠤᠭᠴᠢᠳ ᠤᠨ ᠦᠨᠡᠯᠡᠯᠲᠡ ᠶᠢ ᠥᠭᠡᠷᠡᠴᠢᠯᠡᠨ᠎ᠡ᠃       ︵ᠬᠤᠶᠠᠷ︶ ᠰᠣᠷᠣᠭᠴᠢ ᠡᠯᠰᠡᠬᠦ ᠰᠢᠯᠭᠠᠯᠲᠠ  ᠶᠢᠨ ᠲᠦᠷᠢᠮ  ᠤᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠦᠨ᠎ᠡ᠃       ᠭᠤᠣᠯᠳᠠᠯᠭ᠎ᠠ ᠨᠢ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠡᠰᠡᠭ ᠬᠤᠪᠢᠶᠠᠨ ᠰᠤᠷᠤᠭᠴᠢ ᠡᠯᠰᠡᠬᠦ ᠪᠠ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠡᠶ᠎ᠡ ᠪᠠᠨ ᠳᠠᠭᠠᠭᠠᠵᠤ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃       ︵ᠭᠤᠷᠪᠠ︶ ᠵᠢᠭᠠᠨ ᠰᠤᠷᠭᠠᠯᠲᠠ ᠶᠢᠨ ᠰᠤᠳᠤᠯᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃       ᠭᠤᠤᠯᠳᠠᠯᠭ᠎ᠠ ᠨᠢ ᠵᠢᠭᠠᠨ ᠰᠤᠳᠤᠯᠬᠤ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠵᠤ᠂ ᠠᠶᠢᠮᠠᠭ᠂ ᠬᠤᠰᠢᠭᠤ ︵ᠨᠡᠭᠡᠭᠡᠯᠳᠡ ᠶᠢᠨ ᠣᠷᠣᠨ︶᠂ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠵᠢᠭᠠᠨ ᠰᠤᠳᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃       ︵ᠳᠦᠷᠪᠡ︶ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃       ᠭᠤᠣᠯᠳᠠᠯᠭ᠎ᠠ ᠨᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠥᠪᠰᠢᠶᠡᠷᠡᠯ ᠤᠨ ᠵᠦᠢᠯ ᠤᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠪᠣᠯᠤᠨ ᠠᠵᠢᠯ ᠤᠨ ᠴᠤᠪᠤᠷᠠᠯ ᠢ ᠪᠦᠷᠢᠨᠰᠢᠭᠦᠯᠵᠦ᠂ ᠨᠢᠭᠡ ᠥᠷᠲᠡᠭᠡᠯᠢᠭ ᠭᠦᠢᠴᠡᠳᠬᠡᠬᠦ ᠶᠢ ᠪᠡᠶᠡᠯᠡᠭᠦᠯᠦᠨ᠎ᠡ᠃       ︵ᠲᠠᠪᠤ︶ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃       ᠨᠢᠭᠡ ᠳᠤ᠂ ᠰᠤᠷᠭᠠᠭᠤᠯᠢ  ᠶᠢᠨ ᠵᠠᠰᠠᠯᠲᠠ  ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠶᠠᠷ ᠲᠤ᠂ ᠰᠤᠷᠭᠠᠭᠤᠯᠢ  ᠶᠢᠨ ᠬᠠᠤᠯᠢ ᠶᠣᠰᠣᠭᠠᠷ ᠰᠤᠷᠭᠠᠭᠤᠯᠢ  ᠶᠢ ᠵᠠᠰᠠᠬᠤ ᠬᠢᠷᠢ ᠬᠡᠮᠵᠢᠶ᠎ᠡ  ᠶᠢ ᠳᠡᠭᠡᠭᠰᠢᠯᠡᠭᠦᠯᠦᠨ᠎ᠡ᠃       ᠵᠢᠷᠭᠤᠭ᠎ᠠ᠂ ︽ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠥᠪᠵᠢᠭᠦᠯᠭᠡ︾ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ       ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠶᠠᠷ ᠲᠤ᠂ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠷᠪᠠ ᠳᠤ᠂ ᠦᠨᠳᠦᠰᠦᠨ ᠱᠠᠲᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠳᠥᠷᠪᠡ ᠳᠤ᠂ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠲᠠᠪᠤ ᠳᠤ᠂ ᠬᠢᠨᠠᠨ ᠵᠢᠯᠣᠭᠤᠳᠴᠤ ᠦᠨᠡᠯᠡᠬᠦ ᠶᠢ ᠴᠢᠩᠭᠠᠳᠬᠠᠨ᠎ᠠ᠃ ᠵᠢᠷᠭᠤᠭ᠎ᠠ ᠳᠤ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠯᠤᠭ᠎ᠠ ᠳᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠴᠢᠩᠭᠠᠳᠬᠠᠨ᠎ᠠ᠃       ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号