ᠮᠠᠨ ᠤ ᠤᠯᠤᠰ L-SAR 01 ᠳᠤᠭᠤᠶᠢᠯᠠᠩ ᠤᠨ B ᠲᠠᠭᠠᠭᠤᠯᠢ ᠤᠳᠤ ᠶᠢ ᠠᠮᠵᠢᠯᠲᠠᠢ ᠬᠠᠷᠪᠤᠪᠠ
ᠨᠡᠶᠢᠲᠡᠯᠡᠭᠰᠡᠨ ᠴᠠᠭ᠄
2022/3/3
      2022 ᠤᠨ ᠤ 2 ᠳ᠋ᠤᠭᠠᠷ ᠰᠠᠷ᠎ᠠ ᠶᠢᠨ 27 ᠤ ᠡᠳᠦᠷ ᠤᠨ 7 ᠴᠠᠭ 44 ᠮᠢᠨᠦ᠋ᠲ ᠳᠤ᠂ ᠮᠠᠨ ᠤ ᠤᠯᠤᠰ ᠤᠨ ᠵᠢᠤᠴᠢᠤᠸᠠᠨ ᠤ ᠳᠠᠭᠠᠭᠤᠯᠢ ᠣᠳᠣᠨ ᠤ ᠬᠠᠷᠪᠤᠯᠲᠠ ᠶᠢᠨ ᠲᠥᠪ ᠠᠴᠠ ᠴᠠᠩ ᠵᠧᠩ ᠳᠦᠷᠪᠡᠳᠦᠭᠡᠷ ᠤᠨ ᠭᠤᠳᠠᠭᠠᠷ ᠲᠡᠰ ᠤᠨ ᠲᠡᠶᠢᠷᠦᠯᠲᠦ ᠰᠤᠮᠤ ᠪᠠᠷ L-SAR 01 ᠳᠤᠭᠤᠶᠢᠯᠠᠩ ᠤᠨ B ᠲᠠᠭᠠᠭᠤᠯᠢ ᠤᠳᠤ ᠶᠢ ᠤᠭᠲᠠᠷᠭᠤᠢ ᠳᠤ ᠠᠮᠵᠢᠯᠲᠠᠢ ᠬᠠᠷᠪᠤᠨ ᠭᠠᠷᠭᠠᠪᠠ᠃ ᠳᠠᠭᠠᠭᠤᠯᠢ ᠤᠳᠤ ᠵᠢᠱᠢᠭᠰᠡᠨ ᠲᠤᠭᠤᠷᠢᠯᠲᠡ ᠶᠢᠨ ᠵᠠᠮ ᠳᠠᠭᠠᠨ ᠤᠷᠤᠭᠰᠢᠲᠠᠢ ᠤᠷᠤᠵᠤ᠂ ᠬᠠᠷᠪᠤᠯᠲᠠ ᠶᠢᠨ ᠡᠭᠦᠷᠭᠡ ᠲᠡᠭᠦᠰ ᠠᠮᠵᠢᠯᠲᠠᠢ ᠪᠤᠯᠵᠠᠢ᠃ ᠲᠤᠰ ᠳᠠᠭᠠᠭᠤᠯᠢ ᠤᠳᠤ ᠨᠢ ᠭᠤᠤᠯᠳᠠᠭᠤ ᠭᠠᠵᠠᠷ ᠰᠢᠨᠵᠢᠯᠡᠭᠡᠨ ᠤ ᠤᠷᠴᠢᠨ ᠲᠤᠭᠤᠷᠢᠨ᠂ ᠠᠭᠤᠯᠠ ᠨᠤᠷᠠᠬᠤ ᠪᠠ ᠭᠠᠵᠠᠷ ᠬᠦᠳᠡᠯᠦᠯᠲᠡ ᠶᠢᠨ ᠭᠠᠮᠰᠢᠭ ᠵᠡᠷᠭᠡ ᠳᠤ ᠪᠦᠲᠦᠮᠵᠢᠲᠠᠢ ᠬᠢᠨᠠᠨ ᠬᠡᠮᠵᠢᠯᠲᠡ ᠬᠢᠵᠤ ᠴᠢᠳᠠᠨ᠎ᠠ᠃ ᠲᠤᠰ ᠤᠳᠠᠭᠠᠨ ᠤ ᠡᠭᠦᠷᠭᠡ ᠪᠤᠯ ᠴᠠᠩ ᠵᠧᠩ ᠰᠢᠷᠢᠰ ᠲᠡᠶᠢᠷᠦᠯᠲᠦ ᠰᠤᠮᠤ ᠶᠢᠨ 408 ᠳ᠋ᠤᠭᠠᠷ ᠤᠳᠠᠭᠠᠨ ᠤ ᠨᠢᠰᠦᠯᠲᠡ ᠪᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号