ᠮᠠᠨ ᠤ ᠣᠷᠣᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ  ᠶᠢ 11.45 ᠳ᠋ᠦᠩᠰᠢᠭᠤᠷ ᠲᠥᠭᠦᠷᠢᠭ ᠲᠠᠷᠬᠠᠭᠠᠯ᠎ᠠ
ᠨᠡᠶᠢᠲᠡᠯᠡᠭᠰᠡᠨ ᠴᠠᠭ᠄
2022/3/30
      ᠲᠦᠷᠦᠭᠦᠬᠡᠨ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1-2 ᠰᠠᠷ᠎ᠠ ᠳᠤ᠂ ᠮᠠᠨ ᠤ ᠣᠷᠣᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢ 11.45 ᠳ᠋ᠦᠩᠰᠢᠭᠤᠷ ᠲᠥᠭᠦᠷᠢᠭ ᠲᠠᠷᠬᠠᠭᠠᠵᠠᠢ᠃ ᠲᠦᠷ ᠴᠠᠭ ᠤᠨ ᠴᠢᠨᠠᠷᠲᠠᠢ᠂ ᠭᠡᠨᠡᠳᠲᠡ ᠶᠢᠨ ᠴᠢᠨᠠᠷᠲᠠᠢ ᠠᠮᠢᠳᠤᠷᠠᠯ ᠨᠢ ᠬᠦᠴᠢᠷᠳᠡᠯᠲᠡᠢ ᠭᠡᠷ ᠪᠦᠯᠢ ᠳᠤ 4.11 ᠲᠦᠮᠡᠨ ᠬᠥᠮᠥᠨ ᠤᠳᠠᠭ᠎ᠠ ᠶᠢᠨ ᠲᠦᠷ ᠴᠠᠭ ᠤᠨ ᠠᠪᠤᠷᠠᠨ ᠲᠤᠰᠠᠯᠠᠯᠲᠠ ᠬᠢᠵᠦ᠂ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢ 4901.48 ᠲᠦᠮᠡᠨ ᠲᠥᠭᠦᠷᠢᠭ ᠲᠠᠷᠬᠠᠭᠠᠪᠠ᠃       ᠣᠶᠢᠯᠠᠭᠠᠭᠰᠠᠨ ᠢᠶᠠᠷ᠂ 2022 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠭᠦᠯᠵᠦ ᠂ ᠠᠪᠤᠷᠠᠨ ᠲᠤᠰᠠᠯᠠᠬᠤ ᠡᠲᠡᠭᠡᠳ ᠢ ᠣᠨᠣᠪᠴᠢᠲᠠᠶ ᠮᠠᠭᠠᠳᠯᠠᠨ ᠲᠣᠭᠲᠠᠭᠠᠵᠤ᠂ ᠨᠥᠬᠦᠴᠡᠯ ᠳᠤ ᠨᠡᠶᠢᠴᠡᠭᠦ ᠬᠦᠴᠢᠷᠳᠡᠯᠲᠡᠢ ᠬᠥᠮᠥᠰ ᠢ ᠴᠠᠭ ᠲᠤᠬᠠᠢ ᠳᠤᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ᠃ ᠲᠦᠷ ᠴᠠᠭ ᠤᠨ ᠠᠪᠤᠷᠠᠨ ᠲᠤᠰᠠᠯᠠᠯᠲᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠭᠡᠨᠡᠳᠲᠡ ᠶᠢᠨ ᠴᠢᠨᠠᠷᠲᠠᠢ᠂ ᠲᠤᠯᠭᠠᠮ ᠴᠢᠨᠠᠷᠲᠠᠢ᠂ ᠲᠦᠷ ᠴᠠᠭ ᠤᠨ ᠴᠢᠨᠠᠷᠲᠠᠢ ᠬᠦᠴᠢᠷᠳᠡᠯ ᠳᠤ ᠲᠤᠯᠭᠠᠷᠠᠭᠰᠠᠨ ᠬᠥᠮᠥᠰ ᠲᠤ ᠲᠦᠷ ᠴᠠᠭ ᠤᠨ ᠠᠪᠤᠷᠠᠨ ᠲᠤᠰᠠᠯᠠᠬᠤ ᠲᠡᠳᠬᠦᠮᠵᠢ ᠣᠯᠭᠤᠬᠤ ᠶᠢ ᠪᠠᠲᠤᠯᠠᠵᠤ ᠪᠤᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号