ᠠᠯᠠᠱᠠ ᠠᠶᠢᠮᠠᠭ ᠤᠨ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠳᠡᠭᠡᠭᠰᠢᠯᠡᠭᠦᠯᠵᠦ ᠬᠢᠯᠢ ᠠᠯᠤᠰᠯᠠᠭᠰᠠᠨ ᠠᠷᠠᠯᠵᠢᠶ᠎ᠠ ᠶᠢ ᠳᠥᠭᠦᠮᠴᠢᠯᠡᠨ ᠬᠥᠭᠵᠢᠭᠦᠯᠬᠦ ᠶᠢ ᠠᠬᠢᠭᠤᠯᠬᠤ ᠠᠵᠢᠯ ᠤᠨ ᠲᠥᠰᠦᠯ
ᠨᠡᠶᠢᠲᠡᠯᠡᠭᠰᠡᠨ ᠴᠠᠭ᠄
2022/3/4
      ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠯᠠᠱᠠ ᠠᠶᠢᠮᠠᠭ ᠤᠨ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠶᠢᠨ ᠲᠤᠰᠠᠳᠠ᠂ ︽ᠠᠯᠠᠱᠠ ᠠᠶᠢᠮᠠᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠮᠡᠳᠡᠭᠳᠡᠯ︾ ︵ᠠᠯᠠᠱᠠ ᠨᠠᠮ ᠲᠠᠷᠬᠠᠭᠠᠭᠰᠠᠨ  ﹇2021﹈ 7 ᠳ᠋ᠤᠭᠠᠷ ᠲᠣᠭᠠᠲᠤ︶ ᠢ ᠦᠨᠳᠦᠰᠦᠯᠡᠨ᠂ 2020 ᠣᠨ ᠤ ᠪᠥᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠢᠯᠢ ᠠᠯᠤᠰᠯᠠᠭᠰᠠᠨ ᠠᠷᠠᠯᠵᠢᠶᠠᠨ ᠤ ᠬᠦᠢᠴᠡᠳᠭᠡᠯ ᠲᠤᠭ᠎ᠠ ᠶᠢ ᠦᠨᠡᠯᠡᠨ ᠵᠢᠱᠢᠬᠦ ᠠᠵᠢᠯ ᠪᠠ ᠪᠥᠬᠦ ᠠᠶᠢᠮᠠᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠤᠨ ᠱᠠᠭᠠᠷᠳᠠᠯᠭ᠎ᠠ ᠶᠣᠰᠣᠭᠠᠷ᠂ ᠲᠣᠰ ᠠᠵᠢᠯ ᠤᠨ ᠲᠥᠰᠦᠯ ᠢ ᠣᠨᠴᠠᠭᠠᠶᠢᠯᠠᠨ ᠲᠣᠭᠲᠠᠭᠠᠪᠠ᠃       ᠨᠢᠭᠡ᠂ ᠠᠵᠢᠯ ᠤᠨ ᠬᠠᠷᠠᠯᠲᠠ       ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠨ ᠰᠢᠩᠭᠡᠭᠡᠵᠦ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠭᠤᠤᠯ ᠬᠦᠢᠴᠡᠳᠭᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠣᠲᠣ ᠶᠢᠨ ᠪᠠᠶᠢᠭ᠎ᠠ ᠥᠭᠡᠷᠡᠴᠢᠯᠡᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠢᠯᠡ ᠲᠣᠳᠣ᠂ ᠵᠢᠱᠢᠵᠦ ᠪᠣᠯᠬᠤᠶᠢᠴᠠ᠂ ᠥᠷᠢᠰᠦᠯᠳᠦᠬᠦ ᠬᠦᠴᠦᠨ ᠢᠶᠠᠷ ᠴᠢᠩᠭ᠎ᠠ ᠬᠢᠯᠢ ᠳᠠᠭᠠᠤ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠨ᠎ᠠ᠃ ᠪᠣᠭᠤᠮᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠢᠯ ᠤᠨ ᠰᠡᠭᠦᠯᠴᠢ ᠠᠴᠠ ᠡᠮᠦᠨ᠎ᠡ ᠭᠤᠣᠯ ᠪᠣᠯᠬᠤ ᠭᠤᠶᠤᠴᠢᠯᠠᠨ ᠮᠡᠳᠡᠭᠦᠯᠬᠦ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠨᠣᠷᠮ᠎ᠠ ᠶᠢ 100 % ᠳᠤ ᠬᠦᠷᠦᠭᠦᠯᠦᠨ᠎ᠡ︔ ᠨᠡᠭᠦᠷᠡᠰᠦ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠶᠠᠪᠤᠴᠠ ᠶᠢ ᠰᠢᠯᠢᠳᠡᠭᠵᠢᠭᠦᠯᠵᠦ᠂ ᠪᠦᠬᠦᠯᠢ ᠴᠣᠭᠴᠠ ᠶᠢᠨ ᠬᠢᠨᠠᠨ ᠬᠡᠮᠵᠢᠬᠦ ᠦᠶᠡᠯᠡᠯ ᠤᠨ ᠬᠤᠭᠤᠴᠠᠭ᠎ᠠ ᠶᠢ 45 ᠡᠳᠦᠷ ᠪᠣᠯᠭᠠᠨ ᠪᠣᠭᠤᠨᠢᠰᠬᠠᠨ᠎ᠠ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠮᠠᠨ ᠤ ᠠᠶᠢᠮᠠᠭ ᠤᠨ ᠳᠠᠩᠰᠠᠯᠠᠭᠤᠯᠤᠨ ᠲᠡᠮᠳᠡᠭᠯᠡᠭᠦᠯᠦᠭᠰᠡᠨ ᠠᠵᠤ ᠠᠬᠤᠶᠢᠯᠠᠯ ᠤᠨ ᠪᠣᠭᠤᠮᠲᠠ ᠶᠢᠨ ᠵᠠᠬ᠎ᠠ ᠳᠡᠯᠭᠡᠭᠦᠷᠴᠢᠯᠡᠭᠰᠡᠨ ᠰᠦᠢᠳᠬᠡᠯ ᠬᠤᠷᠢᠶᠠᠬᠤ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠰᠦᠢᠳᠬᠡᠯ ᠬᠤᠷᠢᠶᠠᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠠᠤᠯᠢ ᠶᠣᠰᠣᠭᠠᠷ ᠦᠨ᠎ᠡ ᠬᠠᠩᠰᠢ ᠶᠢ ᠢᠯᠡ ᠬᠠᠳᠠᠭᠤᠯᠵᠤ᠂ ᠪᠣᠭᠤᠮᠲᠠ ᠶᠢᠨ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠳᠣᠭᠢᠷᠠᠭᠤᠯᠵᠤ᠂ ᠨᠠᠷᠢᠨ ᠬᠠᠭᠤᠳᠠᠰᠤ ᠠᠴᠠ ᠭᠠᠳᠠᠨ᠎ᠠ ᠰᠦᠢᠳᠬᠡᠯ ᠬᠤᠷᠢᠶᠠᠵᠤ ᠪᠣᠯᠬᠤ ᠥᠬᠡᠶ︔ ᠪᠣᠭᠤᠮᠲᠠ ᠥᠩᠭᠡᠷᠡᠬᠦ ᠪᠦᠬᠦᠯᠢ ᠴᠣᠭᠴᠠ ᠶᠢᠨ ᠴᠠᠭ ᠤᠨ ᠦᠷ᠎ᠡ ᠪᠦᠲᠦᠮᠵᠢ ᠶᠢ ᠪᠠᠬᠢᠵᠢᠭᠦᠯᠦᠨ ᠪᠠᠭᠠᠰᠬᠠᠵᠤ᠂ ᠪᠣᠭᠤᠮᠲᠠ ᠶᠢᠨ ᠠᠵᠢᠯᠯᠠᠬᠤ ᠪᠠᠷᠢᠮᠵᠢᠶ᠎ᠠ ᠶᠢᠨ ᠴᠠᠭ ᠤᠨ ᠬᠢᠵᠠᠭᠠᠷ ᠢ ᠢᠯᠡ ᠪᠣᠯᠭᠠᠨ᠎ᠠ᠃       ᠬᠤᠶᠠᠷ᠂ ᠭᠤᠣᠯᠳᠠᠯᠭ᠎ᠠ ᠲᠠᠢ ᠡᠭᠦᠷᠭᠡ       ︵ᠨᠢᠭᠡ︶ ᠬᠢᠯᠢ ᠪᠠᠷ ᠣᠷᠣᠭᠤᠯᠵᠤ ᠭᠠᠷᠭᠠᠬᠤ ᠶᠢ ᠬᠢᠨᠠᠨ ᠬᠠᠷᠭᠤᠭᠤᠯᠬᠤ ᠳᠤ ᠵᠠᠷᠤᠴᠠᠭᠤᠯᠬᠤ ᠴᠠᠭ ᠢ ᠪᠠᠭᠠᠰᠬᠠᠨ᠎ᠠ       1 . ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠦᠨᠡᠮᠯᠡᠯ ᠤᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠣᠮᠬᠠᠳᠬᠠᠨ᠎ᠠ᠃ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠣᠳᠣᠬᠠᠨ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠬᠢᠨᠠᠨ ᠰᠢᠯᠭᠠᠬᠤ ᠴᠢᠬᠤᠯᠠᠲᠠᠶ ᠦᠨᠡᠮᠯᠡᠯ ᠢ 86 ᠵᠦᠢᠯ ᠪᠠᠶᠢᠭᠰᠠᠨ ᠠᠴᠠ ᠨᠢ 41 ᠵᠦᠢᠯ ᠪᠣᠯᠭᠠᠨ ᠴᠣᠮᠬᠠᠳᠬᠠᠵᠤ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ ᠬᠡᠷᠡᠭᠴᠡᠭᠡ ᠵᠡᠷᠭᠡ ᠭᠤᠷᠪᠠᠨ ᠵᠦᠢᠯ ᠤᠨ ᠪᠠᠶᠢᠳᠠᠯ ᠠᠴᠠ ᠪᠣᠯᠵᠣ ᠰᠦᠯᠵᠢᠶ᠎ᠡ ᠬᠤᠯᠪᠣᠵᠤ ᠳᠡᠶᠢᠯᠬᠦ ᠥᠬᠡᠶ ᠶᠢ ᠭᠠᠷᠭᠠᠪᠠᠯ᠂ ᠪᠤᠰᠤᠳ 38 ᠵᠦᠢᠯ ᠤᠨ ᠦᠨᠡᠮᠯᠡᠯ ᠢ ᠰᠦᠯᠵᠢᠶᠡᠨ ᠳᠡᠭᠡᠷ᠎ᠡ ᠰᠢᠯᠭᠠᠨ ᠪᠠᠶᠢᠴᠠᠭᠠᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       2 . ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠬᠦᠢᠴᠡᠳᠭᠡᠬᠦ︾ ᠶᠢ ᠥᠨᠳᠥᠷ ᠬᠢᠷᠢ ᠲᠦᠪᠰᠢᠨ ᠢᠶᠠᠷ ᠬᠡᠷᠡᠭᠯᠡᠵᠦ᠂ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠬᠦᠢᠴᠡᠳᠭᠡᠬᠦ︾ ᠶᠢᠨ ᠰᠢᠨ᠎ᠡ ᠪᠠᠷ ᠨᠡᠮᠡᠭᠳᠡᠬᠦ ᠴᠢᠳᠠᠮᠵᠢ ᠶᠢ ᠳᠡᠯᠭᠡᠷᠡᠭᠦᠯᠦᠨ᠂ ᠤᠤᠯ ᠭᠠᠷᠤᠯᠲᠠ ᠶᠢᠨ ᠣᠷᠣᠨ ᠤ ᠦᠨᠡᠮᠯᠡᠯ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ᠂ ᠬᠢᠨᠠᠨ ᠬᠠᠮᠢᠶᠠᠷᠬᠤ ᠦᠨᠡᠮᠯᠡᠯ ᠭᠤᠶᠤᠴᠢᠯᠠᠨ ᠠᠪᠬᠤ ᠵᠡᠷᠭᠡ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠨᠣᠷᠮ᠎ᠠ ᠶᠢ ᠳᠡᠭᠡᠭᠰᠢᠯᠡᠭᠦᠯᠵᠦ᠂ ᠪᠣᠭᠤᠮᠲᠠ ᠶᠢᠨ ᠭᠤᠤᠯ ᠪᠣᠯᠬᠤ ᠲᠤᠬᠠᠶᠢᠯᠠᠭᠰᠠᠨ ᠠᠵᠢᠯ ᠤᠨ ︽ᠨᠢᠭᠡ ᠯᠡ ᠴᠣᠩᠬᠤᠪᠴᠢ ᠪᠠᠷ ᠬᠦᠢᠴᠡᠳᠭᠡᠬᠦ︾ ᠶᠢᠨ ᠬᠡᠷᠡᠭᠯᠡᠭᠡᠨ ᠤ ᠨᠣᠷᠮ᠎ᠠ ᠶᠢ 100 % ᠪᠠᠷ ᠪᠠᠲᠤᠯᠠᠬᠤ ᠬᠡᠷᠡᠭᠲᠡᠶ᠃ ᠲᠤᠭ᠎ᠠ ᠪᠠᠷᠢᠮᠲᠠ ᠶᠢ ᠢᠯᠡᠭᠦᠬᠡᠨ ᠠᠵᠢᠯᠯᠠᠭᠤᠯᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ︽ᠬᠢᠯᠢ ᠳᠤ ᠣᠷᠣᠬᠤ ᠪᠠᠷᠠᠭ᠎ᠠ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠭᠡᠷᠡᠴᠢ︾ ᠶᠢ ᠡᠯᠧᠺᠲᠷᠣᠨᠵᠢᠬᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ︽ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ︾ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠴᠠᠭ ᠪᠠ ᠥᠪᠡᠷ ᠤᠨ ᠥᠷᠲᠡᠭ ᠢ ᠠᠷᠪᠢᠯᠠᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       3 . ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠷᠢᠶ᠎ᠠ ᠣᠷᠣᠨ ᠳᠤ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠳᠣᠷᠣᠭᠰᠢᠯᠠᠭᠤᠯᠤᠨ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       4 . ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠪᠴᠠᠩ ᠤᠨ ᠲᠠᠮᠠᠭ᠎ᠠ ᠶᠢ ᠡᠯᠧᠺᠲᠷᠣᠨᠵᠢᠬᠦᠯᠬᠦ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠬᠦᠢᠴᠡᠳᠭᠡᠬᠦ᠂ ᠰᠦᠯᠵᠢᠶᠡᠨ ᠳᠡᠭᠡᠷ᠎ᠡ ᠳᠠᠷᠤᠮᠠᠯᠯᠠᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠬᠥᠳᠡᠯᠦᠩᠭᠦᠶ ᠪᠠᠷ ᠰᠢᠨᠡᠳᠬᠡᠵᠦ᠂ ᠨᠠᠷᠢᠨ ᠬᠠᠭᠤᠳᠠᠰᠤ ᠶᠢᠨ ᠬᠦᠴᠦᠨ ᠵᠦᠢᠯ ᠢ ᠵᠦᠢᠯ ᠳᠠᠷᠠᠭᠠᠯᠠᠨ ᠲᠡᠭᠦᠯᠳᠡᠷᠵᠢᠭᠦᠯᠵᠦ᠂ ᠵᠢᠷᠤᠮᠵᠢᠭᠰᠠᠨ᠂ ᠪᠠᠷᠢᠮᠵᠢᠶᠠᠵᠢᠭᠰᠠᠨ ᠬᠠᠮᠢᠶᠠᠷᠤᠯᠲᠠ ᠶᠢ ᠲᠠᠰᠤᠷᠠᠯᠲᠠ ᠤᠢᠭᠡᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       5 . ︽ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠳᠡᠩᠰᠡᠯᠡᠵᠦ ᠬᠢᠨᠠᠨ ᠵᠥᠪᠰᠢᠶᠡᠷᠡᠬᠦ︾ ︽ᠬᠢᠯᠢ ᠪᠠᠷ ᠣᠷᠣᠭᠤᠯᠵᠤ ᠭᠠᠷᠭᠠᠬᠤ ᠶᠢᠨ ᠬᠢᠵᠢᠭ ᠢ ᠪᠠᠶᠢᠴᠠᠭᠠᠵᠤ ᠰᠢᠢᠳᠪᠦᠷᠢᠯᠡᠬᠦ ᠲᠤᠬᠠᠶᠢᠯᠠᠭᠰᠠᠨ ᠠᠵᠢᠯ ᠡᠷᠭᠢᠯᠡᠬᠦ ᠠᠵᠢᠯᠲᠠᠨ ᠤ ᠬᠢᠷᠢ ᠬᠡᠮ ᠤᠨ ᠵᠥᠪᠰᠢᠶᠡᠷᠡᠯ︾ 2 ᠵᠦᠢᠯ ᠤᠨ ᠵᠥᠪᠰᠢᠶᠡᠷᠡᠯ ᠢ ᠬᠦᠴᠦᠨ ᠥᠬᠡᠶ ᠪᠣᠯᠭᠠᠬᠤ ᠶᠢᠨ ᠬᠠᠮᠲᠤ ᠬᠡᠷᠡᠭ ᠤᠨ ᠳᠤᠮᠳᠠ᠂ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       6 . ᠣᠷᠣᠵᠤ ᠭᠠᠷᠬᠤ ᠭᠤᠭᠴᠣᠭᠠᠨ ᠳᠠᠬᠢ ᠴᠠᠭᠠᠰᠤ ᠬᠡᠷᠡᠭᠯᠡᠬᠦ ᠥᠬᠡᠶ ᠡᠯᠧᠺᠲᠷᠣᠨᠵᠢᠬᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 38 ᠵᠦᠢᠯ ᠤᠨ ᠬᠢᠨᠠᠨ ᠬᠠᠮᠢᠶᠠᠷᠬᠤ ᠭᠡᠷᠡᠴᠢ ᠦᠨᠡᠮᠯᠡᠯ ᠢ ᠰᠦᠯᠵᠢᠶᠡᠨ ᠳᠡᠭᠡᠷ᠎ᠡ ᠭᠤᠶᠤᠴᠢᠯᠠᠨ  ᠬᠦᠢᠴᠡᠳᠭᠡᠬᠦ ᠶᠢ ᠪᠡᠶᠡᠯᠡᠭᠦᠯᠵᠦ᠂ ᠡᠭᠦᠨ ᠳᠤ 19 ᠵᠦᠢᠯ ᠤᠨ ᠭᠡᠷᠡᠴᠢ ᠦᠨᠡᠮᠯᠡᠯ ᠢ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠭᠡᠬᠦ︾ ᠶᠢ ᠪᠡᠶᠡᠯᠡᠬᠦᠯᠦᠨ᠎ᠡ᠃ ᠡᠯ᠎ᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠢᠰᠲ᠋ᠧᠮ ᠢ ᠬᠦᠢᠴᠡᠳ ᠬᠡᠷᠡᠭᠯᠡᠵᠦ᠂ ᠬᠠᠮᠢᠶ᠎ᠠ ᠪᠥᠬᠦᠶ ᠡᠯ᠎ᠡ ᠵᠦᠢᠯ ᠤᠨ ᠬᠢᠨᠠᠯᠲᠠ ᠬᠠᠮᠢᠶᠠᠷᠤᠯᠲᠠ ᠶᠢᠨ ᠦᠨᠡᠮᠯᠡᠯ ᠢ ᠰᠦᠯᠵᠢᠶᠡᠵᠢᠭᠦᠯᠦᠨ ᠬᠠᠷᠭᠤᠭᠤᠯᠤᠨ ᠪᠠᠶᠢᠴᠠᠭᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠠᠷᠠᠭᠠᠨ ᠤ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠠᠭᠠᠰᠤᠵᠢᠭᠤᠯᠬᠤ ᠶᠢ ᠦᠷᠭᠦᠯᠵᠢᠯᠡᠨ ᠠᠬᠢᠭᠤᠯᠵᠤ᠂ ᠥᠷᠥᠭᠡᠨ ᠤ ᠬᠠᠭᠤᠳᠠᠰᠤ ᠵᠢᠴᠢ ᠬᠠᠮᠢᠶ᠎ᠠ ᠪᠥᠬᠦᠶ ᠡᠯᠧᠺᠲᠷᠣᠨ ᠳ᠋ᠠᠶᠢᠲ᠋ᠠ ᠶᠢ ᠬᠤᠪᠢᠷᠠᠭᠤᠯᠬᠤ ᠠᠵᠢᠯ ᠢ ᠴᠠᠭᠠᠰᠤᠵᠢᠭᠤᠯᠬᠤ᠂ ᠬᠢᠯᠢ ᠪᠠᠷ ᠣᠷᠣᠭᠤᠯᠵᠤ ᠭᠠᠷᠭᠠᠬᠤ ᠲᠡᠭᠡᠭᠡᠪᠦᠷᠢ ᠶᠢᠨ ᠪᠠᠭᠠᠵᠢ ᠶᠢ ᠪᠦᠷᠢᠳᠬᠡᠨ ᠳᠠᠩᠰᠠᠯᠠᠬᠤ ᠵᠢᠴᠢ ᠬᠢᠯᠢ ᠪᠠᠷ ᠣᠷᠣᠭᠤᠯᠵᠤ ᠭᠠᠷᠭᠠᠬᠤ ᠶᠢ ᠬᠢᠨᠠᠨ ᠬᠠᠮᠢᠶᠠᠷᠬᠤ ᠬᠦᠷᠢᠶ᠎ᠡ ᠬᠡᠪᠴᠢᠶᠡᠨ ᠳᠤ ᠠᠵᠢᠯᠯᠠᠬᠤ ᠶᠢ ᠴᠠᠭᠠᠰᠤᠵᠢᠭᠤᠯᠬᠤ ᠶᠢ ᠪᠥᠬᠦ ᠲᠠᠯ᠎ᠠ ᠪᠠᠷ ᠥᠷᠨᠢᠭᠦᠯᠦᠨ᠂ ᠪᠣᠭᠤᠮᠲᠠ ᠰᠢᠯᠵᠢᠭᠦᠯᠬᠦ ᠠᠵᠢᠯ ᠢ ᠴᠠᠭᠠᠰᠤᠵᠢᠭᠤᠯᠬᠤ ᠶᠢ ᠪᠡᠶᠡᠯᠡᠭᠦᠯᠦᠨ᠎ᠡ᠃ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠭᠤᠣᠯ ᠪᠣᠯᠬᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠨᠣᠷᠮ᠎ᠠ ᠶᠢ 100 % ᠳᠤ ᠬᠦᠷᠦᠭᠦᠯᠦᠭᠰᠡᠨ ᠰᠠᠭᠤᠷᠢᠨ ᠳᠡᠭᠡᠷ᠎ᠡ᠂ ᠨᠡᠩ ᠣᠯᠠᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ︽ᠨᠢᠭᠡ ᠥᠷᠲᠡᠭᠡ ᠮᠠᠶ᠋ᠢᠭ︾ ᠤᠨ ᠪᠣᠭᠤᠮᠲᠠ ᠪᠠᠷ ᠥᠩᠭᠡᠷᠡᠬᠦ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠢ ᠬᠡᠷᠡᠭᠯᠡᠭᠦᠯᠵᠦ᠂ ︽ᠬᠢᠯᠢ ᠪᠠᠷ ᠣᠷᠣᠬᠤ ᠪᠠᠷᠠᠭ᠎ᠠ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠭᠡᠷᠡᠴᠢ︾ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠬ ᠭᠠᠷᠤᠯᠲᠠ ᠶᠢᠨ ᠭᠠᠵᠠᠷ ᠤᠨ ᠦᠨᠡᠮᠯᠡᠯ ᠵᠡᠷᠭᠡ ᠶᠢ ︽ᠨᠢᠭᠡ ᠯᠡ ᠴᠣᠩᠬᠤᠪᠴᠢ ᠪᠠᠷ ᠭᠦᠢᠴᠡᠳᠬᠡᠬᠦ︾ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠬᠦ᠂ ᠡᠯᠧᠺᠲᠷᠣᠨ ᠭᠠᠷ ᠤᠨ ᠦᠰᠦᠭ ᠵᠢᠷᠤᠵᠤ ᠶᠠᠪᠤᠭᠤᠯᠬᠤ᠂ ᠪᠠᠶᠢᠴᠠᠭᠠᠨ ᠯᠠᠪᠯᠠᠬᠤ ᠪᠠᠷ ᠮᠥᠷᠳᠡᠬᠦ ᠪᠠ ᠠᠵᠤ ᠠᠬᠤᠶᠢᠯᠠᠯ ᠤᠨ ᠥᠪᠡᠰᠦᠪᠡᠨ ᠳᠠᠷᠤᠮᠠᠯᠯᠠᠵᠤ ᠭᠠᠷᠭᠠᠬᠤ ᠬᠠᠷᠢᠴᠠᠯ ᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶᠃        ︵ᠬᠤᠶᠠᠷ︶ ᠬᠢᠯᠢ ᠪᠠᠷ ᠣᠷᠣᠭᠤᠯᠵᠤ ᠭᠠᠷᠭᠠᠬᠤ ᠶᠢ ᠬᠢᠨᠠᠨ ᠬᠠᠷᠭᠤᠭᠤᠯᠬᠤ ᠵᠠᠷᠤᠳᠠᠯ ᠢ ᠪᠠᠭᠤᠷᠠᠭᠤᠯᠤᠨ᠎ᠠ       7 . ᠪᠣᠭᠤᠮᠲᠠ ᠶᠢᠨ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠨ᠎ᠠ᠃ ᠪᠣᠭᠤᠮᠲᠠ ᠶᠢᠨ ᠰᠦᠢᠳᠬᠡᠯ ᠬᠤᠷᠢᠶᠠᠬᠤ ᠶᠢ ᠢᠯᠭᠠᠷᠠᠭᠤᠯᠬᠤ ᠠᠵᠢᠯ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠪᠣᠭᠤᠮᠲᠠ ᠶᠢᠨ ᠠᠵᠢᠯᠯᠠᠬᠤ ᠲᠠᠯᠠᠪᠤᠷ᠂ ᠥᠪᠥᠷ ᠮᠣᠩᠭᠤᠯ ᠤᠨ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾᠂ ᠬᠠᠮᠢᠶᠠᠷᠤᠯᠲᠠ ᠶᠢᠨ ᠵᠥᠪᠯᠡᠯ ᠤᠨ ᠫᠤᠷᠲ᠋ᠧᠯ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠲᠠᠪᠴᠠᠩ ᠪᠠ ᠠᠵᠤ ᠠᠬᠤᠶᠢᠯᠠᠯ ᠤᠨ ᠰᠦᠢᠳᠬᠡᠯ ᠬᠤᠷᠢᠶᠠᠬᠤ ᠲᠤᠬᠠᠶ ᠶᠢᠨ ᠲᠠᠯᠠᠪᠠᠶ ᠳᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠵᠦ᠂ ᠨᠠᠷᠢᠨ ᠬᠠᠭᠤᠳᠠᠰᠤ ᠠᠴᠠ ᠭᠠᠳᠠᠨ᠎ᠠ ᠰᠦᠢᠳᠬᠡᠯ ᠬᠤᠷᠢᠶᠠᠬᠤ ᠵᠦᠢᠯ ᠥᠬᠡᠶ ᠪᠠᠶᠢᠬᠤ ᠶᠢ  ᠬᠦᠢᠴᠡᠳᠭᠡᠨ᠎ᠡ᠃ ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠳᠤᠷ᠎ᠠ ᠪᠠᠷ ᠢᠶᠠᠨ ᠦᠨ᠎ᠡ ᠥᠰᠬᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠪᠣᠭᠤᠮᠲᠠ ᠪᠠᠷ ᠥᠩᠭᠡᠷᠡᠭᠦᠯᠬᠦ ᠪᠦᠬᠦᠯᠢ ᠴᠣᠭᠴᠠ ᠶᠢᠨ ᠵᠠᠷᠤᠳᠠᠯ ᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠠᠮᠢᠶ᠎ᠠ ᠪᠥᠬᠦᠶ ᠰᠦᠢᠳᠬᠡᠯ ᠬᠤᠷᠢᠶᠠᠬᠤ ᠠᠵᠤ ᠠᠬᠤᠶᠢᠯᠠᠯ︶᠃       ︵ᠭᠤᠷᠪᠠ︶ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠠᠭᠤᠳᠠᠰᠤ ᠪᠠᠷᠢᠮᠲᠠ ᠶᠢ ᠬᠢᠨᠠᠨ ᠬᠠᠷᠭᠤᠭᠤᠯᠬᠤ ᠵᠠᠷᠤᠳᠠᠯ ᠢ ᠪᠠᠭᠤᠷᠠᠭᠤᠯᠣᠨ᠎ᠠ       8 . ᠨᠡᠪᠲᠡᠷᠡᠯᠴᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠠᠨ ᠴᠢᠩᠭᠠᠳᠬᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠣᠷᠣᠨ ᠨᠤᠲᠤᠭ ᠤᠨ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠪᠣᠭᠤᠮᠲᠠ ᠶᠢᠨ ᠡᠷᠬᠡ ᠪᠠᠨ ᠠᠰᠢᠭᠯᠠᠨ᠂ ᠪᠣᠭᠤᠮᠲᠠ ᠶᠢᠨ ᠨᠡᠷ᠎ᠡ ᠪᠠᠷ ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠳᠤᠷ᠎ᠠ ᠪᠠᠷ ᠢᠶᠠᠨ ᠦᠨ᠎ᠡ ᠥᠰᠬᠡᠬᠦ ᠶᠢ ᠡᠷᠡᠰ ᠬᠤᠷᠢᠭᠯᠠᠨ᠎ᠠ᠃ ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠵᠦᠢᠯᠡᠰ ᠢ ᠬᠦᠢᠴᠡᠳᠭᠡᠬᠦ ᠳᠤ ︽ᠡᠩ ᠲᠡᠷᠢᠬᠦᠨ ᠳᠤ ᠠᠰᠠᠭᠤᠬᠤ ᠬᠠᠷᠢᠭᠤᠴᠠᠯᠭ᠎ᠠ ᠶᠢᠨ ᠲᠦᠷᠢᠮ︾ ᠢ ᠨᠢᠭᠡ ᠯᠡ ᠤᠳᠠᠭ᠎ᠠ ᠳᠤ ᠮᠡᠳᠡᠭᠳᠡᠬᠦ ᠲᠦᠷᠢᠮ ᠢ ᠬᠡᠷᠡᠭᠵᠢᠭᠦᠯᠵᠦ᠂ ᠡᠯ᠎ᠡ ᠵᠦᠢᠯ ᠤᠨ ᠪᠠᠶᠢᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠵᠦ ᠳᠡᠶᠢᠯᠬᠦ ᠥᠬᠡᠶ ᠠᠰᠠᠭᠤᠳᠠᠯ ᠢ ᠱᠠᠲᠤ ᠳᠠᠷᠠᠭᠠᠯᠠᠨ ᠳᠡᠭᠡᠭᠰᠢ ᠮᠡᠳᠡᠭᠦᠯᠦᠨ᠎ᠡ᠃ ᠪᠣᠳᠠᠲᠤ ᠪᠠᠶᠢᠳᠠᠯ ᠢᠶᠠᠨ ᠦᠨᠳᠦᠰᠦᠯᠡᠨ ᠲᠡᠷᠡ ᠳᠠᠷᠤᠶ ᠳᠤᠨᠢ ᠭᠦᠢᠴᠡᠳᠬᠡᠵᠦ ᠳᠠᠭᠤᠰᠬᠠᠬᠤ᠂ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ᠂ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠵᠡᠷᠭᠡ ᠳᠦᠷᠢᠮ ᠢ ᠶᠠᠪᠤᠭᠤᠯᠵᠤ᠂ ᠲᠥᠪᠯᠡᠷᠡᠭᠦᠯᠦᠨ ᠭᠦᠢᠴᠡᠳᠬᠡᠬᠦ᠂ ᠣᠶᠢᠷ᠎ᠠ ᠬᠠᠪᠢ ᠳᠤᠨᠢ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠨᠳᠣᠣ ᠭᠠᠵᠠᠷ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠶ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶᠃       9 . ᠪᠣᠭᠤᠮᠲᠠ ᠶᠢᠨ ᠭᠠᠶᠢᠯᠢ ᠶᠢ ᠲᠠᠲᠠᠪᠤᠷᠢᠯᠠᠨ ᠬᠠᠮᠢᠶᠠᠷᠬᠤ ᠪᠦᠬᠦ ᠶᠠᠪᠤᠴᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠳᠤ ᠲᠥᠷᠥᠯ ᠬᠤᠪᠢᠶᠠᠨ ᠵᠢᠱᠢᠶ᠎ᠡ ᠦᠵᠡᠭᠦᠯᠬᠦ᠂ ᠭᠠᠶᠢᠯᠢ ᠲᠠᠲᠠᠪᠤᠷᠢ ᠶᠢᠨ ᠬᠦᠴᠦᠨ ᠵᠦᠢᠯ ᠢ ᠤᠷᠢᠳᠴᠢᠯᠠᠨ ᠲᠣᠭᠲᠠᠭᠠᠬᠤ ᠵᠡᠷᠭᠡ ᠦᠢᠯᠡᠴᠢᠯᠡᠭᠡ ᠬᠠᠩᠭᠠᠨ᠎ᠠ︔ ᠳᠠᠭᠠᠳᠬᠠᠯ ᠤᠨ ᠺᠣᠮᠫᠠᠨᠢ ᠶᠢ ᠬᠥᠲᠥᠯᠥᠨ ᠵᠢᠯᠣᠭᠤᠳᠴᠤ ᠪᠠᠶᠢᠭᠠᠳ ᠪᠣᠭᠤᠮᠲᠠ ᠶᠢᠨ ᠭᠠᠶᠢᠯᠢ ᠶᠢᠨ ᠪᠠᠲᠤᠯᠠᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠨᠠᠮᠳᠠᠭᠤᠯᠤᠨ᠎ᠠ︔ ᠠᠵᠤ ᠠᠬᠤᠶᠢᠯᠠᠯ ᠤᠨ ᠥᠪᠡᠷᠲᠡᠭᠡᠨ ᠳᠠᠷᠤᠮᠠᠯᠯᠠᠵᠤ ᠭᠠᠳᠠᠭᠠᠳᠤ ᠳᠤ ᠭᠠᠷᠭᠠᠬᠤ ᠤᠭ ᠭᠠᠷᠤᠯᠲᠠ ᠶᠢᠨ ᠣᠷᠣᠨ ᠤ ᠦᠨᠡᠮᠯᠡᠯ᠂ ᠭᠠᠶᠢᠯᠢ ᠶᠢᠨ ᠬᠠᠭᠤᠳᠠᠰᠤ ᠵᠡᠷᠭᠡ ᠭᠡᠷᠡᠴᠢ ᠪᠠᠷᠢᠮᠲᠠ ᠶᠢ ᠳᠡᠯᠭᠡᠷᠡᠭᠦᠯᠵᠦ᠂ ᠠᠵᠤ ᠠᠬᠤᠶᠢᠯᠠᠯ ᠤᠨ ᠬᠠᠷᠠᠭᠠᠯᠵᠠᠯᠲᠤ ᠬᠡᠯᠡᠯᠴᠡᠭᠡᠷ ᠭᠠᠶᠢᠯᠢ ᠶᠢᠨ ᠨᠣᠷᠮ᠎ᠠ ᠬᠦᠷᠲᠡᠬᠦ ᠳᠤ ᠳᠥᠭᠦᠮ ᠦᠵᠡᠭᠦᠯᠦᠨ᠎ᠡ︔ ᠬᠠᠷᠢᠶ᠎ᠠ ᠭᠠᠵᠠᠷ ᠤᠨ ᠭᠠᠶᠢᠯᠢ ᠲᠤᠰᠢᠶᠠᠭᠴᠢ ᠶᠢᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠣᠩᠭᠤᠵᠤ ᠪᠣᠯᠬᠤ᠂ ᠦᠷ᠎ᠡ ᠳ᠋ᠦᠩ ᠢ ᠵᠢᠱᠢᠵᠦ ᠪᠣᠯᠬᠤ ᠭᠠᠶᠢᠯᠢ ᠲᠤᠰᠢᠶᠠᠬᠤ ᠵᠠᠭᠪᠤᠷ ᠢ ᠪᠣᠶ ᠪᠣᠯᠭᠠᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶      10 . ᠨᠢᠭᠡᠨᠲᠡ ᠨᠡᠶᠢᠲᠡᠯᠡᠭᠰᠡᠨ ᠡᠯ᠎ᠡ ᠵᠦᠢᠯ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠤᠳᠠᠭᠠᠰᠢᠷᠠᠭᠤᠯᠤᠨ ᠮᠡᠳᠡᠭᠦᠯᠦᠭᠰᠡᠨ ᠵᠣᠭᠤᠰ ᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ ᠂ ᠠᠵᠤ ᠠᠬᠤᠶᠢᠯᠠᠯ ᠤᠨ ᠭᠤᠶᠤᠴᠢᠯᠠᠯ ᠶᠣᠰᠣᠭᠠᠷ ᠬᠠᠰᠤᠵᠤ ᠭᠡᠯᠳᠦᠷᠢᠭᠦᠯᠬᠦ᠂ ᠪᠤᠴᠠᠭᠠᠬᠤ ᠵᠡᠷᠭᠡ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠠᠭᠤᠳᠠᠰᠤ ᠪᠠᠷᠢᠮᠲᠠ ᠶᠢ ᠬᠢᠨᠠᠨ ᠬᠠᠷᠭᠤᠭᠤᠯᠬᠤ ᠪᠣᠶ ᠪᠥᠬᠦᠶ ᠵᠠᠩᠭᠢᠯᠠᠭ᠎ᠠ ᠳᠤ ᠰᠦᠢᠳᠬᠡᠯ ᠥᠯᠥ ᠬᠤᠷᠢᠶᠠᠬᠤ ᠶᠢ ᠦᠨᠡᠨ ᠬᠦ ᠪᠠᠲᠤᠯᠠᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       ︵ᠳᠥᠷᠪᠡ︶ ᠬᠢᠯᠢ ᠠᠯᠤᠰᠯᠠᠭᠰᠠᠨ ᠠᠷᠠᠯᠵᠢᠶ᠎ᠠ ᠶᠢᠨ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ      11 . ᠭᠠᠳᠠᠭᠠᠳᠤ ᠠᠷᠠᠯᠵᠢᠶ᠎ᠠ ᠡᠵᠡᠩᠨᠡᠭᠴᠢ ᠶᠢ ᠪᠦᠷᠢᠳᠬᠡᠨ ᠳᠠᠩᠰᠠᠯᠠᠬᠤ ᠶᠢ ᠰᠦᠯᠵᠢᠶᠡᠨ ᠳᠡᠭᠡᠷ᠎ᠡ ᠬᠦᠢᠴᠡᠳᠭᠡᠭᠦ ᠶᠢ ᠬᠡᠷᠡᠭᠵᠢᠭᠦᠯᠵᠦ᠂ ᠪᠦᠷᠢᠳᠬᠡᠨ ᠳᠠᠩᠰᠠᠯᠠᠬᠤ ᠲᠤᠬᠠᠶᠢᠯᠠᠭᠰᠠᠨ ᠠᠵᠢᠯ ᠢ ︽ᠬᠤᠳᠠᠯᠳᠤᠭᠠᠨ ᠤ ᠶᠠᠪᠤᠳᠠᠯ ᠤᠨ ᠶᠠᠮᠤᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠨᠢᠭᠡᠳᠦᠯᠲᠡᠶ ᠲᠠᠪᠴᠠᠩ︾ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠥᠯᠢᠶᠡᠨ ᠠᠪᠴᠤ ᠬᠦᠢᠴᠡᠳᠭᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶      12 . ᠤᠶᠤᠨᠲᠤ ᠺᠠᠷᠲ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠤᠶᠤᠨᠲᠤ ᠺᠠᠷᠲ ᠤᠨ ᠵᠢᠷᠤᠮᠵᠢᠭᠰᠠᠨ ᠠᠵᠢᠯᠯᠠᠭᠠᠨ ᠢ ᠳᠡᠭᠡᠭᠰᠢᠯᠡᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ ︽ᠤᠷᠢᠳᠴᠢᠯᠠᠨ ᠭᠤᠶᠤᠴᠢᠯᠠᠨ ᠮᠡᠳᠡᠭᠦᠯᠬᠦ︾ ᠶᠢ ᠬᠡᠷᠡᠭᠵᠢᠭᠦᠯᠵᠦ᠂ ᠭᠠᠳᠠᠭᠠᠳᠤ ᠠᠴᠠ ᠣᠷᠣᠭᠤᠯᠬᠤ ᠶᠢᠨ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠪᠣᠭᠤᠮᠲᠠ ᠪᠠᠷ ᠥᠩᠭᠡᠷᠡᠭᠦᠯᠬᠦ ᠵᠠᠭᠪᠤᠷ ᠢ ᠰᠢᠯᠢᠳᠡᠭᠵᠢᠭᠦᠯᠦᠨ᠂ ︽ᠬᠤᠶᠠᠷ ᠬᠡᠰᠡᠭ ᠢᠶᠠᠷ ᠵᠥᠪᠰᠢᠶᠡᠷᠡᠨ ᠣᠷᠣᠭᠤᠯᠬᠤ︾ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠴᠢᠨᠠᠷ ᠰᠠᠶᠢᠲᠠᠶ ᠪᠠᠷ ︽ᠤᠷᠢᠳᠴᠢᠯᠠᠨ ᠭᠤᠶᠤᠴᠢᠯᠠᠨ ᠮᠡᠳᠡᠭᠦᠯᠵᠦ᠂ ᠺᠠᠷᠲ ᠢᠶᠠᠷ ᠰᠢᠯᠭᠠᠨ ᠥᠩᠭᠡᠷᠡᠭᠦᠯᠬᠦ︾ ᠪᠠᠷᠠᠭᠠᠨ ᠤ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ ᠨᠡᠪᠲᠡᠷᠡᠬᠦ ᠵᠠᠮ ᠤᠨ ᠤᠶᠤᠨᠲᠤ ᠺᠠᠷᠲ ᠤᠨ ᠪᠠᠶᠢᠭᠤᠯᠤᠯᠲᠠ ᠪᠠ ᠬᠡᠷᠡᠭᠯᠡᠯᠲᠡ ᠶᠢ ᠢᠳᠡᠪᠬᠢᠲᠡᠶ ᠠᠬᠢᠭᠤᠯᠤᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶      13 . ᠳᠤᠮᠳᠠᠳᠤ ᠮᠣᠩᠭᠤᠯ ᠤᠨ ᠬᠢᠯᠢ ᠶᠢᠨ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠬᠠᠮᠲᠤᠷᠠᠨ ᠬᠢᠨᠠᠨ ᠬᠡᠮᠵᠢᠬᠦ ᠠᠵᠢᠯ ᠢ ᠢᠳᠡᠪᠬᠢᠲᠡᠶ ᠪᠠᠷ ᠠᠬᠢᠭᠤᠯᠵᠤ᠂ ᠮᠣᠩᠭᠤᠯ ᠤᠨ ᠲᠠᠯ᠎ᠠ ᠶᠢᠨ ᠪᠣᠭᠤᠮᠲᠠ᠂ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠲᠠᠢ ᠬᠠᠮᠵᠢᠯᠴᠠᠨ ᠠᠮᠢᠲᠠᠨ ᠤᠷᠭᠤᠮᠠᠯ ᠤᠨ ᠬᠢᠵᠢᠭ ᠤᠨ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠬᠦ ᠬᠤᠷᠰᠢᠯᠴᠠᠭ᠎ᠠ ᠶᠢ ᠥᠷᠨᠢᠭᠦᠯᠵᠦ᠂ ᠮᠡᠳᠡᠭᠡ ᠵᠠᠩᠭᠢ ᠶᠢ ᠬᠠᠮᠲᠤ ᠳᠠᠭᠠᠨ ᠬᠦᠷᠳᠡᠬᠦ᠂ ᠲᠦᠭᠰᠢᠭᠦᠷᠢ ᠶᠢ ᠰᠡᠷᠡᠮᠵᠢᠯᠡᠭᠦᠯᠬᠦ ᠶᠢ ᠪᠡᠶᠡᠯᠡᠭᠦᠯᠬᠦ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶      14 . ᠪᠠᠷᠠᠭᠤᠨ ᠣᠷᠣᠨ ᠤ ᠬᠠᠭᠤᠷᠠᠶ ᠶᠢᠨ ᠰᠢᠨ᠎ᠡ ᠨᠡᠪᠲᠡᠷᠡᠬᠦ ᠪᠣᠭᠤᠮᠲᠠ ᠪᠠᠷ ᠥᠩᠭᠡᠷᠡᠬᠦ ᠶᠢ ᠲᠥᠬᠦᠮ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠬᠤᠯᠪᠣᠭᠠᠯᠠᠨ ᠬᠠᠮᠵᠢᠯᠴᠠᠬᠤ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠳᠤ ᠪᠥᠭᠡᠮ ᠢᠶᠠᠷ ᠳᠠᠮᠵᠢᠭᠤᠯᠬᠤ ᠶᠢ ᠰᠦᠪᠡᠭᠴᠢᠯᠡᠨ ᠥᠷᠨᠢᠭᠦᠯᠵᠦ᠂ ᠰᠢᠯᠵᠢᠭᠦᠯᠪᠡᠰᠦ ᠵᠣᠬᠢᠬᠤ ᠶᠢ ᠨᠢ ᠪᠦᠬᠦᠨ ᠢ ᠰᠢᠯᠵᠢᠭᠦᠯᠬᠦ ᠶᠢ ᠪᠡᠶᠡᠯᠡᠭᠦᠯᠵᠦ᠂ ᠭᠠᠶᠢᠯᠢ ᠲᠠᠲᠠᠪᠤᠷᠢ ᠶᠢ ᠲᠠᠲᠠᠪᠤᠷᠢᠯᠠᠨ ᠬᠠᠮᠢᠶᠠᠷᠬᠤ ᠪᠠ ᠣᠷᠣᠨ ᠪᠦᠰᠡ ᠶᠢᠨ ᠭᠠᠶᠢᠯᠢ ᠳᠤ ᠬᠤᠯᠪᠣᠭᠳᠠᠬᠤ ᠰᠢᠨᠵᠢᠯᠡᠨ ᠰᠢᠯᠭᠠᠬᠤ ᠬᠠᠮᠲᠤᠷᠠᠯᠴᠠᠭ᠎ᠠ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠠᠯᠠᠱᠠ ᠪᠣᠭᠤᠮᠲᠠ︶      15 . ᠪᠣᠭᠤᠮᠲᠠ᠂ ᠬᠢᠯᠢ ᠶᠢᠨ ᠪᠠᠶᠢᠴᠠᠭᠠᠯᠲᠠ᠂ ᠠᠵᠤ ᠠᠬᠤᠶᠢᠯᠠᠯ᠂ ᠬᠠᠮᠢᠶᠠᠷᠤᠯᠲᠠ ᠶᠢᠨ ᠵᠥᠪᠯᠡᠯ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ᠂ ᠬᠢᠯᠢ ᠶᠢᠨ ᠪᠣᠭᠤᠮᠲᠠ ᠶᠢᠨ ᠡᠮᠨᠡᠯᠭᠡ ᠶᠢᠨ ᠬᠤᠷᠢᠶ᠎ᠠ ᠶᠢᠨ ︽ᠴᠡᠭ᠂ ᠱᠤᠭᠤᠮ᠂ ᠲᠠᠯ᠎ᠠ︾ ᠶᠢ ᠪᠥᠬᠦ ᠲᠠᠯ᠎ᠠ ᠪᠠᠷ ᠪᠢᠲᠡᠭᠦᠮᠵᠢᠯᠡᠨ ᠬᠠᠮᠢᠶᠠᠷᠬᠤ ᠬᠡᠯᠬᠢᠶ᠎ᠡ ᠶᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠶᠢᠨ ᠬᠠᠮᠲᠤ᠂ ᠠᠵᠢᠯᠯᠠᠬᠤ ᠴᠠᠭ ᠢ ᠡᠷᠲᠡ ᠨᠠᠢᠮᠠ ᠣᠷᠣᠶ ᠨᠠᠢᠮᠠᠨ ᠡᠳᠦᠷ ᠪᠣᠯᠲᠠᠯ᠎ᠠ ᠤᠷᠲᠤᠳᠬᠠᠵᠤ᠂ ᠪᠣᠭᠤᠮᠲᠠ ᠪᠠᠷ ᠪᠠᠷᠠᠭ᠎ᠠ ᠥᠩᠭᠡᠷᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠭᠦᠷᠡᠰᠦᠨ ᠤ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠤᠪᠤᠷᠠᠯ ᠢ ᠰᠢᠯᠢᠳᠡᠭᠵᠢᠭᠦᠯᠵᠦ᠂ ᠣᠶᠤᠨᠴᠢ ᠥᠯᠢᠭᠡᠷ ᠬᠡᠪ ᠠᠪᠬᠤ ᠰᠢᠰᠲ᠋ᠧᠮ ᠢ ᠠᠰᠢᠭᠯᠠᠨ᠂ ᠥᠯᠢᠭᠡᠷ ᠬᠡᠪ ᠬᠢᠵᠦ ᠬᠠᠳᠠᠭᠠᠬᠤ ᠶᠢ ᠨᠢᠭᠡ ᠴᠣᠭᠴᠠᠵᠢᠭᠤᠯᠤᠨ ᠠᠵᠢᠯᠯᠠᠭᠤᠯᠵᠤ᠂ ︽ᠬᠤᠶᠠᠷ ᠬᠥᠮᠦᠨ ᠬᠤᠶᠠᠷ ᠮᠠᠰᠢᠨ ᠬᠤᠶᠠᠷ ᠥᠯᠢᠭᠡᠷ ᠬᠡᠪ︾ ᠢ ᠵᠡᠷᠭᠡ ᠪᠠᠷ ᠨᠡᠯᠢᠶᠡᠳ ᠣᠷᠳᠣ ᠴᠠᠭ ᠵᠠᠷᠤᠴᠠᠭᠤᠯᠤᠭᠰᠠᠨ ︽ᠪᠣᠭᠤᠮᠢ︾ ᠶᠢ ᠡᠪᠳᠡᠬᠦ ᠲᠥᠷᠥᠯ ᠵᠦᠢᠯ ᠤᠨ ᠰᠢᠯᠭᠠᠨ ᠪᠠᠶᠢᠴᠠᠭᠠᠯᠲᠠ ᠶᠢ ᠥᠷᠨᠢᠭᠦᠯᠵᠦ᠂ ᠰᠢᠯᠭᠠᠨ ᠪᠠᠶᠢᠴᠠᠭᠠᠬᠤ ᠦᠶᠡᠯᠡᠯ ᠤᠨ ᠬᠤᠭᠤᠴᠠᠭ᠎ᠠ ᠶᠢ ᠨᠢᠭᠡ ᠭᠠᠷᠠᠭ ᠪᠠᠶᠢᠭᠰᠠᠨ ᠠᠴᠠ 4—5 ᠡᠳᠦᠷ ᠪᠣᠯᠭᠠᠨ ᠪᠣᠭᠤᠨᠢᠰᠬᠠᠨ᠎ᠠ᠃ ᠮᠠᠰᠢᠨ ᠲᠡᠷᠭᠡ ᠪᠠᠷ ᠰᠢᠷᠪᠢᠬᠦ ᠲᠣᠮᠣ ᠬᠡᠯᠪᠡᠷᠢ ᠶᠢᠨ ᠮᠠᠰᠢᠨ ᠰᠢᠯᠭᠠᠨ ᠪᠠᠶᠢᠴᠠᠭᠠᠬᠤ ᠲᠥᠬᠦᠭᠡᠷᠦᠮᠵᠢ᠂ ᠠᠴᠢᠶ᠎ᠠ ᠲᠡᠭᠡᠭᠡᠰᠢ ᠶᠢᠨ ᠲᠤᠬᠠᠶ ᠶᠢᠨ ᠲᠠᠯᠠᠪᠠᠶ ᠶᠢᠨ CT ᠮᠠᠰᠢᠨ᠂ ᠰᠠᠴᠤᠷᠠᠭ ᠢᠶᠠᠷ ᠬᠠᠶᠢᠨ ᠬᠡᠮᠵᠢᠵᠦ ᠢᠯᠭᠠᠨ ᠲᠠᠨᠢᠬᠤ᠂ ᠬᠤᠤᠷᠳᠦ ᠠᠮᠢᠳᠤ ᠪᠣᠳᠠᠰ ᠢ ᠠᠯᠤᠰ ᠠᠴᠠ ᠬᠢᠨᠠᠨ ᠲᠣᠭᠲᠠᠭᠠᠬᠤ ᠲᠥᠬᠦᠭᠡᠷᠦᠮᠵᠢ ᠶᠢ ᠰᠦᠯᠵᠢᠶᠡᠵᠢᠭᠦᠯᠦᠨ ᠬᠠᠮᠢᠶᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠦ᠋ᠲ᠋ᠣ᠋ ᠪᠠᠷ ᠬᠢᠨᠠᠨ ᠰᠢᠨᠵᠢᠬᠦ᠂ ᠲᠤᠬᠠᠶ ᠶᠢᠨ ᠲᠠᠯᠠᠪᠠᠶ ᠳᠤ ᠲᠦᠷᠭᠡᠨ ᠪᠠᠶᠢᠴᠠᠭᠠᠨ ᠰᠢᠨᠵᠢᠬᠦ ᠲᠥᠬᠦᠭᠡᠷᠦᠮᠵᠢ ᠶᠢ ᠦᠷᠭᠦᠯᠵᠢᠯᠡᠨ ᠨᠡᠮᠡᠵᠦ ᠳᠣᠭᠢᠷᠠᠭᠤᠯᠤᠨ᠂ ᠰᠢᠯᠭᠠᠨ ᠥᠩᠭᠡᠷᠡᠭᠦᠯᠬᠦ ᠬᠦᠴᠦᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠡᠭᠡᠭᠡᠪᠦᠷᠢ ᠶᠢᠨ ᠪᠠᠭᠠᠵᠢ ᠶᠢ ᠪᠠᠶᠢᠴᠠᠭᠠᠬᠤ᠂ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠢ ᠬᠢᠨᠠᠨ ᠬᠠᠮᠢᠶᠠᠷᠴᠤ ᠪᠠᠶᠢᠴᠠᠭᠠᠨ ᠰᠢᠯᠭᠠᠬᠤ ᠵᠡᠷᠭᠡ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢ ᠬᠡᠷᠡᠭᠵᠢᠭᠦᠯᠵᠦ᠂ ᠬᠡᠪᠰᠢᠭᠰᠡᠨ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ︶      16 . ᠥᠯᠥ ᠬᠦᠷᠦᠯᠴᠡᠬᠦ ᠬᠡᠯᠪᠡᠷᠢ ᠶᠢᠨ ᠪᠠᠶᠢᠴᠠᠭᠠᠯᠲᠠ ᠶᠢᠨ ᠬᠠᠷᠢᠴᠠᠯ ᠢ ᠳᠡᠭᠡᠭᠰᠢᠯᠡᠭᠦᠯᠵᠦ᠂ ︽ᠣᠶᠤᠨᠴᠢ ᠬᠢᠨᠠᠨ ᠪᠤᠳᠤᠯᠲᠠ ᠶᠢᠨ ᠵᠢᠷᠤᠭ︾ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠠᠮᠢᠳᠤᠯᠢᠭ ᠢᠶᠠᠷ ᠪᠠᠶᠢᠴᠠᠭᠠᠨ ᠰᠢᠯᠭᠠᠬᠤ ᠶᠢ ᠬᠡᠷᠡᠭᠵᠢᠭᠦᠯᠵᠦ᠂ ᠣᠨᠴᠠᠭᠠᠶ ᠲᠡᠭᠡᠭᠡᠪᠦᠷᠢ ᠶᠢᠨ ᠱᠠᠭᠠᠷᠳᠠᠯᠭ᠎ᠠ ᠲᠠᠢ ᠬᠢᠯᠢ ᠪᠠᠷ ᠭᠠᠷᠴᠤ ᠣᠷᠣᠬᠤ ᠡᠳ᠋ ᠪᠠᠷᠠᠭ᠎ᠠ ᠳᠤ ᠤᠷᠢᠳᠴᠢᠯᠠᠨ ᠪᠣᠯᠵᠣᠵᠤ ᠪᠠᠶᠢᠴᠠᠭᠠᠨ ᠰᠢᠯᠭᠠᠬᠤ᠂ ᠦᠢᠯᠡᠳᠪᠦᠷᠢ ᠳᠤ ᠬᠦᠷᠴᠦ ᠪᠠᠶᠢᠴᠠᠭᠠᠨ ᠰᠢᠯᠭᠠᠬᠤ᠂ ᠬᠥᠮᠥᠷᠭᠡ ᠳᠤ ᠣᠷᠣᠵᠤ ᠪᠠᠶᠢᠴᠠᠭᠠᠨ ᠰᠢᠯᠭᠠᠬᠤ ᠵᠡᠷᠭᠡ ᠠᠷᠭ᠎ᠠ ᠮᠠᠶ᠋ᠢᠭ ᠢ ᠠᠮᠢᠳᠤᠯᠢᠭ ᠢᠶᠠᠷ ᠠᠪᠴᠤ᠂ ᠡᠳ᠋ ᠪᠠᠷᠠᠭ᠎ᠠ ᠶᠢ ᠨᠡᠭᠦᠯᠭᠡᠨ ᠪᠤᠴᠠᠭᠠᠬᠤ ᠤᠳᠠᠭ᠎ᠠ ᠪᠠ ᠠᠵᠤ ᠠᠬᠤᠶᠢᠯᠠᠯ ᠤᠨ ᠬᠦᠯᠢᠶᠡᠬᠦ ᠴᠠᠭ ᠢ ᠪᠠᠭᠠᠰᠬᠠᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ︶      17 . ᠭᠠᠳᠠᠭᠠᠳᠤ ᠠᠴᠠ ᠣᠷᠣᠭᠤᠯᠤᠭᠰᠠᠨ ᠦᠢᠯᠡᠳᠪᠦᠷᠢᠯᠡᠯ ᠤᠨ ᠲᠥᠬᠦᠭᠡᠷᠦᠮᠵᠢ ᠪᠠ ᠲᠦᠭᠦᠬᠡᠶ ᠮᠠᠲ᠋ᠧᠷᠢᠶᠠᠯ ᠢ ᠰᠢᠯᠭᠠᠨ ᠪᠠᠶᠢᠴᠠᠭᠠᠵᠤ ᠲᠠᠯᠪᠢᠵᠤ ᠶᠠᠪᠤᠭᠤᠯᠬᠤ ᠶᠢ ᠲᠦᠷᠭᠡᠳᠬᠡᠨ᠎ᠡ᠃ ᠠᠵᠤ ᠠᠬᠤᠶᠢᠯᠠᠯ ᠤᠨ ᠦᠢᠯᠡᠳᠪᠦᠷᠢᠯᠡᠯ ᠳᠤ ᠭᠠᠳᠠᠭᠠᠳᠤ ᠠᠴᠠ ᠣᠷᠣᠭᠤᠯᠬᠤ ᠪᠠᠴᠢᠮ ᠬᠡᠷᠡᠭᠴᠡᠭᠡ ᠲᠠᠢ ᠮᠠᠰᠢᠨ ᠲᠥᠬᠦᠭᠡᠷᠦᠮᠵᠢ᠂ ᠲᠦᠭᠦᠬᠡᠶ ᠮᠠᠲ᠋ᠧᠷᠢᠶᠠᠯ ᠢ ᠲᠦᠷᠭᠡᠨ ᠰᠢᠯᠭᠠᠨ ᠥᠩᠭᠡᠷᠡᠭᠦᠯᠬᠦ ᠶᠢ ᠬᠦᠢᠴᠡᠳᠭᠡᠵᠦ᠂ ᠬᠡᠷᠪᠡ ᠰᠢᠯᠭᠠᠨ ᠪᠠᠶᠢᠴᠠᠭᠠᠬᠤ ᠴᠢᠬᠤᠯᠠᠲᠠᠶ ᠪᠣᠯ᠂ ᠮᠠᠰᠢᠨ ᠢᠶᠠᠷ ᠪᠠᠶᠢᠴᠠᠭᠠᠬᠤ ᠬᠠᠷᠢᠴᠠᠯ ᠢ ᠨᠢ ᠠᠯᠢ ᠴᠢᠳᠠᠬᠤ ᠪᠠᠷ ᠳᠡᠭᠡᠭᠰᠢᠯᠡᠭᠦᠯᠦᠨ᠂ ᠬᠠᠶᠢᠷᠴᠠᠭ ᠨᠡᠭᠡᠭᠡᠵᠦ ᠪᠠᠶᠢᠴᠠᠭᠠᠬᠤ ᠶᠢ ᠪᠠᠭᠠᠰᠬᠠᠵᠤ᠂ ᠪᠠᠶᠢᠳᠠᠯ ᠢ ᠨᠢ ᠦᠵᠡᠵᠦ ᠪᠠᠶᠢᠭᠠᠳ ᠪᠠᠷᠠᠭ᠎ᠠ ᠪᠠᠭᠤᠯᠭᠠᠬᠤ ᠶᠠᠪᠤᠴᠠ ᠳᠤ ᠪᠠᠶᠢᠴᠠᠭᠠᠨ ᠰᠢᠯᠭᠠᠬᠤ᠂ ᠵᠠᠢ ᠠᠴᠠ ᠪᠠᠶᠢᠴᠠᠭᠠᠨ ᠰᠢᠯᠭᠠᠬᠤ᠂ ᠲᠥᠬᠦᠭᠡᠷᠦᠮᠵᠢ ᠤᠭᠰᠠᠷᠠᠬᠤ ᠳᠤ ᠰᠢᠯᠭᠠᠨ ᠪᠠᠶᠢᠴᠠᠭᠠᠬᠤ ᠵᠡᠷᠭᠡ ᠤᠷᠤᠭᠰᠢᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠠᠪᠴᠤ ᠪᠣᠯᠤᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶      18 . ᠪᠣᠭᠤᠮᠲᠠ ᠳᠤ ᠮᠡᠳᠡᠭᠦᠯᠬᠦ ᠬᠠᠭᠤᠳᠠᠰᠤ ᠶᠢᠨ ᠠᠵᠢᠯᠯᠠᠭᠠᠨ ᠢ ᠬᠢᠨᠠᠨ ᠡᠵᠡᠮᠳᠡᠬᠦ ᠶᠢ ᠴᠢᠩᠭᠠᠷᠠᠭᠤᠯᠤᠨ᠎ᠠ᠃ ᠡᠳᠦᠷ ᠤᠨ ᠬᠢᠨᠠᠨ ᠡᠵᠡᠮᠳᠡᠬᠦ᠂ ᠰᠠᠷ᠎ᠠ ᠶᠢᠨ ᠲᠣᠬᠢᠷᠠᠭᠤᠯᠤᠯᠲᠠ ᠶᠢᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠬᠦ ᠬᠠᠮᠢᠶᠠᠷᠤᠯᠲᠠ ᠶᠢᠨ ᠰᠢᠰᠲ᠋ᠧᠮ ︵H 2010᠂ H 2018︶᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠰᠢᠢᠳᠪᠦᠷᠢᠯᠡᠬᠦ ᠪᠠ ᠬᠢᠨᠠᠨ ᠪᠤᠳᠤᠵᠤ ᠬᠢᠨᠠᠯᠲᠠ ᠲᠠᠯᠪᠢᠬᠤ ᠬᠤᠪᠢᠶᠠᠷᠢ ᠰᠢᠰᠲ᠋ᠧᠮ ︵HLS 2017︶ ᠢ ᠬᠦᠢᠴᠡᠳ ᠠᠰᠢᠭᠯᠠᠨ ᠡᠳᠦᠷ ᠲᠤᠲᠤᠮ ᠤᠨ ᠬᠤᠯᠪᠣᠭᠳᠠᠬᠤ ᠴᠢᠨᠠᠷᠲᠠᠶ ᠬᠢᠨᠠᠨ ᠰᠢᠨᠵᠢᠬᠦ ᠪᠠ ᠵᠠᠳᠠᠯᠤᠯᠲᠠ ᠬᠢᠬᠦ ᠶᠢ ᠰᠠᠶᠢᠲᠤᠷ ᠬᠢᠵᠦ᠂ ᠪᠣᠭᠤᠮᠲᠠ ᠳᠤ ᠮᠡᠳᠡᠭᠦᠯᠬᠦ ᠣᠷᠳᠣ ᠬᠤᠭᠤᠴᠠᠭᠠᠨ ᠤ ᠬᠠᠭᠤᠳᠠᠰᠤᠨ ᠳᠤ ᠴᠠᠭ ᠲᠤᠬᠠᠶ ᠳᠤᠨᠢ ᠠᠩᠬᠠᠷᠤᠯ ᠲᠠᠯᠪᠢᠵᠤ᠂ 24 ᠴᠠᠭ ᠤᠨ ᠲᠠᠯᠪᠢᠵᠤ ᠶᠠᠪᠤᠭᠤᠯᠬᠤ ᠨᠣᠷᠮ᠎ᠠ ᠶᠢ ᠬᠢᠨᠠᠨ ᠰᠢᠨᠵᠢᠬᠦ ᠶᠢ ᠥᠷᠨᠢᠭᠦᠯᠦᠨ᠂ 48 ᠴᠠᠭ ᠢ ᠬᠡᠲᠦᠷᠡᠭᠰᠡᠨ ᠪᠠᠶᠢᠲᠠᠯ᠎ᠠ ᠲᠠᠯᠪᠢᠵᠤ ᠶᠠᠪᠤᠭᠤᠯᠤᠭᠰᠠᠨ ᠥᠬᠡᠶ ᠭᠠᠳᠠᠭᠠᠳᠤ ᠠᠴᠠ ᠣᠷᠣᠭᠤᠯᠵᠤ ᠪᠣᠭᠤᠮᠲᠠ ᠳᠤ ᠮᠡᠳᠡᠭᠦᠯᠬᠦ ᠬᠠᠭᠤᠳᠠᠰᠤ ᠶᠢᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠬᠠᠭᠤᠳᠠᠰᠤ ᠪᠠᠷᠢᠮᠲᠠ ᠪᠠᠷ ᠲᠠᠯᠪᠢᠵᠤ ᠶᠠᠪᠤᠭᠤᠯᠬᠤ ᠶᠢ ᠲᠦᠷᠭᠡᠬᠡᠨ ᠥᠷᠨᠢᠭᠦᠯᠦᠨ᠎ᠡ᠃ ᠬᠡᠷᠡᠭ ᠲᠤ ᠬᠤᠯᠪᠣᠭᠳᠠᠭᠰᠠᠨ ᠮᠡᠳᠡᠭᠦᠯᠬᠦ ᠬᠠᠭᠤᠳᠠᠰᠤ ᠶᠢ ᠬᠡᠷᠡᠭ ᠲᠤ ᠬᠤᠯᠪᠣᠭᠳᠠᠭᠰᠠᠨ ᠬᠥᠮᠥᠷᠭᠡ ᠳᠤ ᠲᠦᠷᠭᠡᠬᠡᠨ ᠰᠢᠯᠵᠢᠭᠦᠯᠦᠨ ᠣᠷᠣᠭᠤᠯᠣᠨ᠎ᠠ᠃ ᠳᠡᠭᠡᠳᠦ ᠳᠤᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠦᠨ᠂ ᠪᠣᠭᠤᠮᠲᠠ ᠥᠩᠭᠡᠷᠡᠬᠦ ᠪᠦᠬᠦᠯᠢ ᠴᠣᠭᠴᠠ  ᠶᠢᠨ ᠴᠠᠭ  ᠢ ᠪᠣᠭᠤᠨᠢᠰᠬᠠᠵᠤ ᠦᠷ᠎ᠡ ᠪᠦᠲᠦᠮᠵᠢ  ᠶᠢ  ᠨᠢ ᠵᠦᠶ ᠵᠣᠬᠢᠰᠲᠠᠶ ᠬᠡᠪᠴᠢᠶᠡᠨ  ᠳᠤ ᠲᠣᠭᠲᠠᠪᠤᠷᠢᠵᠢᠭᠤᠯᠤᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶      19 . ᠰᠢᠨᠵᠢᠯᠡᠬᠦ ᠤᠬᠠᠭᠠᠨᠴᠢ ᠪᠠᠷ ᠲᠠᠰᠢᠷᠠᠮ ᠳᠠᠭᠠᠤ ᠡᠵᠡᠮᠳᠡᠬᠦ ᠶᠢ ᠳᠡᠯᠭᠡᠷᠡᠭᠦᠯᠬᠦ᠂ ᠪᠠᠶᠢᠴᠠᠭᠠᠨ ᠰᠢᠯᠭᠠᠬᠤ ᠨᠣᠷᠮ᠎ᠠ ᠳᠤ ᠲᠣᠬᠢᠷᠠᠭᠤᠯᠤᠯᠲᠠ ᠬᠢᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠡᠵᠡᠮᠳᠡᠯ ᠤᠨ ᠴᠢᠭᠯᠡᠯᠲᠦ ᠴᠢᠨᠠᠷ ᠪᠠ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠵᠦ᠂ ᠬᠠᠤᠯᠢ ᠶᠢ ᠰᠠᠬᠢᠵᠤ ᠲᠣᠭᠲᠠᠭᠠᠯ ᠳᠤ ᠨᠡᠶᠢᠴᠡᠭᠰᠡᠨ ᠠᠵᠤ ᠠᠬᠤᠶᠢᠯᠠᠯ ᠪᠠ ᠳᠤᠤᠷ᠎ᠠ ᠲᠦᠭᠰᠢᠭᠦᠷᠢᠲᠦ ᠲᠠᠸᠠᠷ ᠢ ᠪᠠᠶᠢᠴᠠᠭᠠᠨ ᠰᠢᠯᠭᠠᠬᠤ ᠨᠣᠷᠮ᠎ᠠ ᠶᠢ ᠪᠠᠭᠤᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠬᠤᠶᠠᠷ ᠱᠠᠲᠤᠨ ᠤ ᠪᠣᠭᠤᠮᠲᠠ ᠶᠢᠨ ᠠᠮᠤᠷ ᠲᠦᠪᠰᠢᠨ ᠤ ᠲᠦᠭᠰᠢᠭᠦᠷᠢ ᠶᠢ ᠬᠠᠮᠲᠤᠷᠠᠨ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠴᠠ ᠶᠢᠨ ᠱᠠᠭᠠᠷᠳᠠᠯᠭ᠎ᠠ ᠶᠣᠰᠣᠭᠠᠷ᠂ ᠲᠦᠭᠰᠢᠭᠦᠷᠢ ᠶᠢ ᠬᠠᠮᠲᠤᠷᠠᠨ ᠰᠤᠳᠤᠯᠤᠨ ᠮᠠᠭᠠᠳᠯᠠᠬᠤ ᠶᠢ ᠴᠢᠩᠭᠠᠷᠠᠭᠤᠯᠵᠤ᠂ ᠪᠣᠭᠤᠮᠲᠠ ᠶᠢᠨ ᠠᠮᠤᠷ ᠲᠦᠪᠰᠢᠨ ᠤ ᠲᠦᠭᠰᠢᠭᠦᠷᠢ ᠶᠢ ᠬᠠᠮᠲᠤᠷᠠᠨ ᠰᠡᠷᠭᠡᠶᠢᠯᠡᠨ ᠡᠵᠡᠮᠳᠡᠬᠦ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠴᠡᠭᠡ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠥᠯᠵᠡᠶ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ︶᠃       20 . ᠬᠠᠷᠭᠤᠭᠤᠯᠤᠨ ᠪᠠᠶᠢᠴᠠᠭᠠᠬᠤ ᠬᠦᠷᠢᠶᠡᠨ ᠳᠠᠬᠢ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢ ᠠᠬᠢᠭᠤᠯᠵᠤ᠂ ᠲᠥᠷᠥᠯ ᠬᠤᠪᠢᠶᠠᠨ ᠬᠠᠷᠭᠤᠭᠤᠯᠤᠨ ᠪᠠᠶᠢᠴᠠᠭᠠᠬᠤ ᠶᠢ ᠬᠡᠷᠡᠭᠵᠢᠭᠦᠯᠦᠨ᠎ᠡ᠃ ︽ᠬᠤᠶᠠᠷ ᠢ ᠰᠤᠭᠤᠴᠢᠨ ᠪᠠᠶᠢᠴᠠᠭᠠᠬᠤ︾ ᠪᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠲᠣᠮᠣ ᠳ᠋ᠠᠶᠢᠲ᠋ᠠ ᠶᠢᠨ ᠮᠡᠷᠭᠡᠵᠢᠯ ᠢ ᠬᠦᠢᠴᠡᠳ ᠬᠡᠷᠡᠭᠯᠡᠨ᠂ ᠠᠳᠠᠯᠢ ᠪᠤᠰᠤ ᠲᠦᠭᠰᠢᠭᠦᠷᠢ ᠪᠠ ᠢᠲᠡᠭᠡᠮᠵᠢ ᠶᠢᠨ ᠵᠡᠷᠭᠡ ᠳᠡᠰ ᠤᠨ ᠪᠠᠶᠢᠴᠠᠭᠠᠬᠤ ᠡᠲᠡᠭᠡᠳ ᠲᠤ ᠴᠢᠭᠯᠡᠭᠦᠯᠦᠨ᠂ ᠵᠦᠷᠢᠶᠡᠴᠢᠯᠡᠭᠰᠡᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       21 . ᠬᠠᠷᠢᠶ᠎ᠠ ᠣᠷᠣᠨ ᠤ ᠭᠠᠶᠢᠯᠢ ᠪᠠᠲᠤᠯᠠᠬᠤ ᠪᠠᠷᠠᠭᠠᠨ ᠤ ᠬᠦᠢᠯᠭᠡᠭᠡᠨ ᠤ ᠲᠥᠪ ︵B ᠬᠡᠯᠪᠡᠷᠢ︶ ᠢ ᠭᠤᠶᠤᠴᠢᠯᠠᠨ ᠪᠠᠶᠢᠭᠤᠯᠬᠤ ᠨᠤᠲᠠᠯᠠᠯᠲᠠ ᠶᠢᠨ ᠠᠵᠢᠯ ᠳᠤ ᠢᠳᠡᠪᠬᠢᠲᠡᠶ ᠣᠷᠣᠯᠴᠠᠵᠤ᠂ ᠭᠠᠶᠢᠯᠢ ᠪᠠᠲᠤᠯᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ ᠤᠬᠠᠭᠤᠯᠬᠤ ᠶᠢ ᠰᠠᠶᠢᠲᠤᠷ ᠬᠢᠨ᠎ᠠ᠃ ︵ᠬᠠᠷᠢᠭᠤᠴᠠᠯᠭᠠᠲᠤ ᠨᠢᠭᠡᠴᠡ ᠄ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠭᠡᠷ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠯᠠᠱᠠ ᠪᠣᠭᠤᠮᠲᠠ︶       22᠂ ᠬᠠᠭᠤᠷᠠᠶ ᠪᠠ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮᠵᠢ ᠶᠢ ᠢᠳᠡᠪᠬᠢᠲᠡᠶ ᠪᠠᠷ ᠪᠠᠶᠢᠭᠤᠯᠵᠤ᠂ ᠨᠡᠭᠦᠷᠡᠰᠦᠨ ᠤ ᠰᠤᠯᠠ ᠪᠠᠷᠠᠭ᠎ᠠ᠂ ᠴᠢᠩᠭᠡᠯᠢᠭ ᠢ ᠬᠠᠭᠤᠷᠠᠶ ᠪᠠ ᠲᠡᠮᠦᠷ ᠵᠠᠮ ᠳᠤ ᠰᠢᠯᠵᠢᠭᠦᠯᠬᠦ ᠰᠠᠭᠤᠷᠢ ᠳᠦᠭᠦᠭᠡᠷᠦᠮᠵᠢ ᠶᠢ ᠪᠦᠷᠢᠨ ᠪᠣᠯᠭᠠᠨ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠢᠭᠡᠨᠲᠡ ᠪᠠᠶᠢᠭ᠎ᠠ ᠲᠥᠷᠥ ᠶᠢᠨ ᠪᠣᠳᠣᠯᠭ᠎ᠠ᠂ ᠰᠠᠶᠢᠬᠠᠨ ᠵᠠᠪᠠᠢ ᠪᠣᠭᠤᠮᠳᠠ ᠠᠴᠠ ᠴᠡᠭᠡ ᠬᠦᠷᠬᠦ ᠲᠡᠮᠦᠷ ᠵᠠᠮ ᠤᠨ ᠨᠡᠪᠲᠡᠷᠡᠬᠦ ᠶᠢ ᠠᠰᠢᠭᠯᠠᠨ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠬᠥᠭᠵᠢᠯᠲᠡ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ︶       23᠂ ᠴᠡᠭᠡ ᠪᠣᠭᠤᠮᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠡᠭᠦᠷᠭᠡ ᠴᠢᠳᠠᠪᠤᠷᠢᠲᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠥᠬᠦᠷ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠪᠣᠭᠤᠮᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠳᠤ ᠣᠷᠣᠯᠴᠠᠭᠰᠠᠨ ᠡᠯ᠎ᠡ ᠲᠠᠯ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠵᠢᠷᠤᠮᠵᠢᠭᠤᠯᠤᠨ᠂ ᠨᠡᠶᠢᠭᠡᠮᠴᠢᠯᠡᠭᠰᠡᠨ ᠬᠤᠳᠠᠯᠳᠤᠭᠠᠴᠢᠨ ᠤᠷᠢᠬᠤ ᠠᠵᠢᠯ ᠢ ᠢᠳᠡᠪᠬᠢᠲᠡᠶ ᠪᠠᠷ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ︶       24 . ︽ᠢᠨᠲ᠋ᠧᠷ ᠰᠦᠯᠵᠢᠶ᠎ᠡ + ᠵᠠᠰᠠᠮᠠᠯ ᠵᠠᠮ ᠤᠨ ᠲᠡᠭᠡᠭᠡᠪᠦᠷᠢ︾ ᠪᠠ ︽ᠣᠶᠤᠨᠴᠢ ᠪᠣᠭᠤᠮᠲᠠ︾ ᠶᠢ ᠬᠥᠭᠵᠢᠭᠦᠯᠵᠦ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠤᠬᠠᠶᠢᠯᠠᠭᠰᠠᠨ ᠠᠵᠢᠯ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠣᠯᠠᠨ ᠨᠡᠶᠢᠲᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠮᠡᠳᠡᠭᠡ ᠵᠠᠩᠭᠢᠵᠢᠯᠲᠠ ᠶᠢᠨ ᠲᠠᠪᠴᠠᠩ ᠢ ᠬᠦᠢᠴᠡᠳ ᠠᠰᠢᠭᠯᠠᠨ᠂ ᠪᠠᠷᠠᠭᠠᠨ ᠤ ᠬᠦᠢᠯᠬᠡᠬᠡᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ  ᠤ ᠬᠠᠮᠢᠶᠠᠷᠤᠯᠲᠠ ᠶᠢᠨ ᠵᠥᠪᠯᠡᠯ︶       25 . ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠴᠤᠭᠯᠠᠭᠤᠯᠬᠤ᠂ ᠬᠠᠷᠢᠭᠤ ᠲᠤᠰᠬᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠠᠰᠠᠭᠤᠳᠠᠯ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ︽ᠳᠤᠮᠳᠠᠳᠤ ᠤᠯᠤᠰ ᠤᠨ ᠪᠣᠭᠤᠮᠲᠠ ᠶᠢᠨ ᠢᠲᠡᠭᠡᠮᠵᠢ ᠶᠢᠨ ᠬᠠᠮᠢᠶᠠᠷᠤᠯᠲᠠ︾ ᠸᠢᠴᠠᠲ ᠤᠨ ᠲᠠᠪᠴᠠᠩ᠂ ᠪᠣᠭᠤᠮᠲᠠ ᠶᠢᠨ 12360 ᠦᠢᠯᠡᠴᠢᠯᠡᠬᠡᠨ ᠤ ᠤᠲᠠᠰᠤ᠂ ᠪᠣᠭᠤᠮᠲᠠ ᠶᠢᠨ ᠲᠤᠭ᠎ᠠ ᠪᠦᠷᠢᠳᠬᠡᠯ ᠤᠨ ᠲᠤᠰᠬᠠᠶ ᠪᠠᠶᠢᠴᠠᠭᠠᠨ ᠰᠤᠳᠤᠯᠬᠤ ᠰᠢᠰᠲ᠋ᠧᠮ ᠤᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠢ ᠥᠷᠭᠡᠨ ᠢᠶᠠᠷ ᠴᠤᠭᠯᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠦ ᠥᠭᠭᠦᠨ᠎ᠡ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       26 . ᠠᠳᠠᠯᠢ ᠪᠤᠰᠤ ᠠᠵᠤ ᠠᠬᠤᠶᠢᠯᠠᠯ ᠤᠨ ᠠᠳᠠᠯᠢ ᠪᠤᠰᠤ ᠠᠰᠠᠭᠤᠳᠠᠯ ᠢ ᠦᠨᠳᠦᠰᠦᠯᠡᠨ᠂ ︽ᠨᠢᠭᠡ ᠳᠤ ᠨᠢᠭᠡ︾ ᠲᠤᠰᠬᠠᠶ ᠲᠤᠰᠢᠶᠠᠯ ᠤᠨ ᠵᠣᠬᠢᠴᠠᠭᠤᠯᠤᠭᠴᠢ ᠭᠠᠷᠭᠠᠵᠤ᠂ ᠠᠵᠤ ᠠᠬᠤᠶᠢᠯᠠᠯ ᠤᠨ ᠵᠢᠯᠣᠭᠤᠳᠣᠯᠭ᠎ᠠ ᠶᠢ ᠣᠯᠠᠨ ᠠᠷᠭ᠎ᠠ ᠵᠠᠮ ᠢᠶᠠᠷ ᠴᠢᠩᠭᠠᠳᠬᠠᠨ᠂ ᠴᠢᠭᠯᠡᠭᠦᠯᠬᠦ ᠴᠢᠨᠠᠷᠲᠠᠶ ᠪᠠᠷ ᠦᠢᠯᠡᠴᠢᠯᠡᠭᠡ ᠬᠠᠩᠭᠠᠨ᠎ᠠ᠃ ︽ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠷᠠᠯᠵᠢᠶᠠᠨ ᠤ ᠬᠡᠯᠡᠯᠴᠡᠭᠡᠷ︾ ᠤᠨ ᠣᠬ ᠭᠠᠷᠤᠯᠲᠠ ᠶᠢᠨ ᠣᠷᠣᠨ ᠤ ︽ᠨᠢᠭᠡ ᠯᠡ ᠴᠣᠩᠬᠤᠪᠴᠢ︾ ᠶᠢᠨ ᠠᠵᠤ ᠠᠬᠤᠶᠢᠯᠠᠯ ᠤᠨ ᠦᠵᠦᠭᠦᠷ ᠤᠨ ᠭᠠᠷ ᠠᠪᠤᠯᠭ᠎ᠠ ᠶᠢ ᠠᠵᠢᠯᠯᠠᠬᠤ ᠭᠠᠷ ᠠᠪᠤᠯᠭ᠎ᠠ ᠳᠤ ᠣᠷᠣᠭᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠭᠦᠨᠵᠡᠭᠡᠶᠢᠷᠡᠨ ︽ᠭᠠᠷ ᠠᠪᠤᠯᠭ᠎ᠠ︾ ᠶᠢᠨ ᠵᠢᠯᠤᠭᠤᠳᠤᠯᠭ᠎ᠠ ᠥᠷᠨᠢᠭᠦᠯᠵᠦ᠂ ᠪᠣᠭᠤᠮᠲᠠ ᠶᠢᠨ ᠭᠠᠶᠢᠯᠢ ᠶᠢᠨ ᠬᠥᠩᠭᠡᠯᠡᠯᠲᠡ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       27 . AEO ᠶᠢᠨ ᠠᠵᠤ ᠠᠬᠤᠶᠢᠯᠠᠯ ᠤᠨ ᠪᠣᠭᠤᠮᠲᠠ ᠪᠠᠷ ᠳᠥᠭᠦᠮ ᠳᠥᠲᠡ ᠥᠩᠭᠡᠷᠡᠭᠦᠯᠬᠦ ᠶᠢ ᠳᠡᠮᠵᠢᠵᠦ ᠂ AEO ᠶᠢᠨ ᠳᠦᠷᠢᠮ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠳ᠋ᠦᠩᠨᠡᠨ ᠦᠨᠡᠯᠡᠵᠦ᠂ AEO ᠶᠢᠨ ᠭᠡᠷᠡᠴᠢᠯᠡᠯ ᠤᠨ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠭᠠᠳᠠᠭᠠᠳᠤ ᠠᠷᠠᠯᠵᠢᠶᠠᠨ ᠤ ᠭᠤᠤᠯᠯᠠᠬᠤ ᠠᠵᠤ ᠠᠬᠤᠶᠢᠯᠠᠯ ᠤᠨ AEO ᠠᠵᠤ ᠠᠬᠤᠶᠢᠯᠠᠯ ᠪᠣᠯᠬᠤ ᠶᠢ ᠳᠡᠮᠵᠢᠵᠦ᠂ ᠴᠢᠨᠠᠷ ᠰᠠᠶᠢᠲᠠᠶ ᠭᠠᠳᠠᠭᠠᠳᠤ ᠳᠤ ᠭᠠᠷᠭᠠᠬᠤ ᠢᠳᠡᠭᠡᠨ ᠤ ᠠᠵᠤ ᠠᠬᠤᠶᠢᠯᠠᠯ ᠤᠨ ᠢᠳᠡᠪᠬᠢᠲᠡᠶ ᠪᠠᠷ ᠭᠠᠳᠠᠭᠰᠢ ᠲᠠᠨᠢᠯᠴᠠᠭᠤᠯᠤᠨ ᠳᠠᠩᠰᠠᠯᠠᠭᠤᠯᠬᠤ ᠶᠢ ᠵᠣᠷᠢᠭᠵᠢᠭᠤᠯᠬᠤ ᠬᠡᠷᠡᠭᠲᠡᠶ᠃ AEO ᠠᠵᠤ ᠠᠬᠤᠶᠢᠯᠠᠯ ᠤᠨ ᠲᠤᠰᠬᠠᠶ ᠵᠣᠬᠢᠴᠠᠭᠤᠯᠤᠭᠴᠢ ᠶᠢᠨ ᠲᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠬᠢᠯᠢ ᠠᠯᠤᠰᠯᠠᠨ ᠲᠥᠬᠦᠮ ᠦᠵᠡᠭᠦᠯᠬᠦ ᠲᠠᠯ᠎ᠠ ᠪᠠᠷ ᠣᠨᠣᠪᠴᠢᠲᠠᠶ ᠳᠡᠮᠵᠢᠯᠭᠡ ᠦᠵᠡᠭᠦᠯᠦᠨ᠎ᠡ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       28 . 2021 ᠣᠨ ᠤ ᠪᠣᠭᠤᠮᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠰᠬᠠᠶ ᠠᠵᠢᠯᠯᠠᠭ᠎ᠠ ︵ᠯᠦᠩ ᠲᠤᠩ ᠠᠵᠢᠯᠯᠠᠭ᠎ᠠ 2021︶ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠲᠤᠰᠬᠠᠶ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠭᠠᠳᠠᠭᠠᠳᠤ ᠳᠤ ᠭᠠᠷᠭᠠᠬᠤ ᠡᠷᠬᠡ ᠳᠤ ᠬᠠᠯᠳᠠᠭᠰᠠᠨ ᠡᠳ᠋ ᠪᠠᠷᠠᠭ᠎ᠠ ᠶᠢ ᠪᠠᠶᠢᠴᠠᠭᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ︵ᠬᠠᠷᠢᠭᠤᠴᠠᠯᠭᠠᠲᠤ ᠨᠢᠬᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       29᠂ ᠬᠥᠬᠡᠬᠤᠲᠠ ᠪᠣᠭᠤᠮᠲᠠ᠂ ᠠᠶᠢᠮᠠᠭ ᠤᠨ ᠨᠠᠮ ᠤᠨ ᠬᠤᠷᠢᠶ᠎ᠠ ᠶᠢᠨ ᠵᠠᠬᠢᠷᠭ᠎ᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠢᠯᠢ ᠠᠯᠤᠰᠯᠠᠭᠰᠠᠨ ᠠᠷᠠᠯᠵᠢᠶ᠎ᠠ ᠶᠢᠨ ᠳᠥᠭᠦᠮᠴᠢᠯᠡᠭᠰᠡᠨ ᠬᠢᠷᠢ ᠬᠡᠮᠵᠢᠶ᠎ᠡ ᠶᠢ ᠦᠨᠡᠯᠡᠨ ᠵᠢᠱᠢᠬᠦ ᠠᠵᠢᠯ ᠳᠤ ᠢᠳᠡᠪᠬᠢᠲᠡᠶ ᠣᠷᠣᠯᠴᠠᠵᠤ᠂ ᠦᠨᠡᠯᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠡᠶᠡᠯᠡᠭᠦᠯᠦᠨ᠎ᠡ᠃ ᠪᠣᠭᠤᠮᠲᠠ ᠶᠢᠨ ᠠᠵᠢᠯ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠲᠣᠭᠲᠠᠯᠴᠠᠭ᠎ᠠ ᠶᠢᠨ ᠪᠣᠷᠣ ᠲᠥᠯᠥᠪ ᠢ ᠰᠦᠪᠡᠭᠴᠢᠯᠡᠨ᠂ ᠮᠠᠨ ᠤ ᠠᠶᠢᠮᠠᠭ ᠤᠨ ᠪᠣᠳᠠᠲᠠᠢ ᠳᠤ ᠨᠡᠶᠢᠴᠡᠭᠰᠡᠨ ᠪᠣᠭᠤᠮᠲᠠ ᠶᠢᠨ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢᠨ ᠦᠨᠡᠯᠡᠨ ᠵᠢᠱᠢᠬᠦ ᠲᠣᠭᠲᠠᠯᠴᠠᠭ᠎ᠠ ᠶᠢ ᠪᠠᠶᠢᠭᠤᠯᠵᠤ᠂ ᠮᠠᠨ ᠤ ᠠᠶᠢᠮᠠᠭ ᠤᠨ ᠠᠷᠠᠯᠵᠢᠶ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       30 . ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠰᠠᠶᠢᠨ ᠮᠠᠭᠤ ᠦᠨᠡᠯᠡᠯᠲᠡ︾ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠲᠤᠬᠠᠶ ᠶᠢᠨ ᠲᠠᠯᠠᠪᠠᠶ ᠶᠢᠨ ᠤᠬᠠᠭᠤᠯᠭ᠎ᠠ ᠶᠢᠨ ᠪᠤᠯᠤᠩ᠂ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠠᠴᠢᠶᠠᠯᠠᠪᠤᠷᠢ ᠶᠢᠨ ᠲᠠᠪᠴᠠᠩ ᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠪᠣᠭᠤᠮᠲᠠ ᠶᠢᠨ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢ ᠦᠨᠡᠯᠡᠬᠦ ᠠᠷᠭ᠎ᠠ ᠮᠠᠶ᠋ᠢᠭ᠂ ᠦᠨᠡᠯᠡᠬᠦ ᠠᠷᠭ᠎ᠠ ᠵᠠᠮ᠂ ᠦᠨᠡᠯᠡᠬᠦ ᠠᠭᠤᠯᠭ᠎ᠠ ᠵᠡᠷᠭᠡ ᠶᠢ ᠢᠯᠡ ᠪᠣᠯᠭᠠᠨ᠎ᠠ᠃ ᠠᠵᠤ ᠠᠬᠤᠶᠢᠯᠠᠯ ᠤᠯᠠᠨ ᠲᠦᠮᠡᠨ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠦᠨᠡᠯᠡᠯᠲᠡ ᠳᠤ ᠣᠷᠣᠯᠴᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠯᠠᠨ ᠲᠦᠮᠡᠨ ᠢ ᠬᠠᠪᠰᠤᠷᠤᠨ ᠦᠨᠡᠯᠡᠯᠲᠡ ᠶᠢᠨ ᠳᠤᠮᠳᠠᠬᠢ ᠬᠦᠴᠢᠷᠳᠡᠯ ᠠᠰᠠᠭᠤᠳᠠᠯ ᠢ ᠨᠢ ᠰᠢᠢᠳᠪᠦᠷᠢᠯᠡᠵᠦ᠂ ᠦᠨᠡᠯᠡᠯᠲᠡ ᠶᠢᠨ ᠪᠠᠶᠢᠳᠠᠯ ᠢ ᠴᠠᠭ ᠲᠤᠬᠠᠢ ᠳᠤᠨᠢ ᠳᠠᠭᠠᠬᠤ ᠬᠡᠷᠡᠭᠲᠡᠢ᠃ ᠲᠤᠭ᠎ᠠ ᠪᠠᠷᠢᠮᠲᠠ ᠶᠢ ᠪᠦᠷᠢᠳᠬᠡᠨ ᠵᠠᠳᠠᠯᠬᠤ ᠶᠢ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠦᠨᠡᠯᠡᠯᠲᠡ ᠲᠥᠪᠯᠡᠷᠡᠩᠭᠦᠶ ᠪᠠᠶᠢᠬᠤ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠶᠢ ᠠᠬᠢᠭᠤᠯᠵᠤ᠂ ᠪᠣᠭᠤᠮᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠵᠤ ᠠᠬᠤᠶᠢᠯᠠᠯ ᠪᠠ ᠣᠯᠠᠨ ᠲᠦᠮᠡᠨ ᠤ ᠦᠨᠡᠯᠡᠯᠲᠡ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠠᠶᠢᠵᠢᠷᠠᠭᠤᠯᠬᠤ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ︽ᠵᠢᠯᠣᠭᠤᠳᠣᠮᠵᠢ︾ ᠪᠣᠯᠭᠠᠨ᠎ᠠ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ︶       31 . ᠪᠠᠶᠢᠴᠠᠭᠠᠨ ᠰᠤᠳᠤᠯᠤᠯᠲᠠ ᠪᠠ ᠤᠬᠠᠭᠤᠯᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠬᠤᠭᠤᠷᠣᠨᠳᠣᠬᠢ ᠰᠢᠭᠤᠳ ᠰᠢᠯᠤᠭᠤᠨ ᠪᠥᠭᠡᠳ ᠪᠦᠲᠦᠮᠵᠢᠲᠡᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ ᠭᠠᠶᠢᠯᠢ ᠬᠥᠩᠭᠡᠯᠡᠵᠦ  ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ 12360᠂ ᠰᠢᠨ᠎ᠡ ᠵᠠᠭᠤᠴᠢᠯᠠᠭᠤᠷ᠂ ᠸᠢᠴᠠᠲ ᠤᠨ ᠴᠤᠭᠯᠠᠷᠠᠯ ᠵᠡᠷᠭᠡ ᠪᠠᠷ ᠳᠠᠮᠵᠢᠭᠤᠯᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠳᠠᠮᠵᠢᠭᠤᠯᠤᠨ ᠬᠦᠷᠭᠡᠵᠦ᠂ ᠠᠵᠤ ᠠᠬᠤᠶᠢᠯᠠᠯ ᠢ ᠬᠠᠪᠰᠤᠷᠤᠨ ᠥᠭᠡᠷᠡᠴᠢᠯᠡᠯᠲᠡ ᠶᠢᠨ ᠰᠢᠨ᠎ᠡ ᠲᠥᠷᠥ ᠶᠢᠨ ᠪᠣᠳᠣᠯᠭ᠎ᠠ ᠶᠢ ᠲᠡᠷᠡ ᠳᠠᠷᠤᠶ ᠳᠤᠨᠢ ᠤᠶᠢᠯᠠᠭᠠᠨ ᠡᠵᠡᠮᠰᠢᠭᠦᠯᠵᠦ᠂ ᠥᠭᠡᠷᠡᠴᠢᠯᠡᠯᠲᠡ ᠶᠢᠨ ᠠᠰᠢᠭ ᠢ ᠭᠦᠢᠴᠡᠳ᠃ ︵ᠬᠠᠷᠢᠭᠤᠴᠠᠬᠤ ᠨᠢᠭᠡᠴᠡ᠄ ᠡᠵᠡᠨ᠎ᠡ ᠪᠣᠭᠤᠮᠲᠠ᠂ ᠠᠯᠠᠱᠠ ᠪᠣᠭᠤᠮᠲᠠ ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ︶᠃       ᠭᠤᠷᠪᠠ᠂ ᠠᠵᠢᠯ ᠤᠨ ᠱᠠᠭᠠᠷᠳᠠᠯᠭ᠎ᠠ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠨᠢ ᠡᠳᠦᠷ ᠲᠤᠲᠤᠮ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠬᠠᠷᠢᠭᠤᠴᠠᠬᠤ ᠶᠢᠨ ᠬᠠᠮᠲᠤ ᠪᠥᠬᠦ ᠠᠶᠢᠮᠠᠭ ᠤᠨ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠠᠵᠢᠯ ᠢ ᠠᠬᠢᠭᠤᠯᠤᠨ ᠨᠠᠶᠢᠳᠠᠪᠤᠷᠢᠵᠢᠭᠤᠯᠬᠤ ᠶᠢ ᠲᠦᠷᠦᠭᠦᠯᠡᠨ ᠬᠠᠷᠢᠭᠤᠴᠠᠨ᠎ᠠ᠃ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠵᠡᠨ᠎ᠡ ᠪᠣᠭᠤᠮᠲᠠ᠂ ᠠᠯᠠᠱᠠ ᠪᠣᠭᠤᠮᠲᠠ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠥᠯᠵᠡᠶ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ᠂ ᠴᠡᠭᠡ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠦᠯᠵᠡᠢ ᠬᠢᠯᠢ ᠪᠠᠷ ᠣᠷᠣᠵᠤ ᠭᠠᠷᠬᠤ ᠶᠢ ᠪᠠᠶᠢᠴᠠᠭᠠᠬᠤ ᠥᠷᠲᠡᠭᠡ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠬᠦᠨ ᠨᠢᠭᠡᠴᠡ ᠪᠣᠯᠭᠠᠨ᠎ᠠ᠃       ︵ᠬᠤᠶᠠᠷ︶ ᠠᠵᠢᠯ ᠤᠨ ᠠᠬᠢᠴᠠ ᠪᠠᠨ ᠲᠣᠳᠣᠷᠬᠠᠶᠢᠯᠠᠬᠤ ᠬᠡᠷᠡᠭᠲᠡᠶ᠃ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠪᠣᠭᠤᠮᠲᠠ ᠶᠢᠨ ᠪᠠᠶᠢᠴᠠᠭᠠᠬᠤ ᠨᠢᠭᠡᠴᠡ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠢᠯᠢ ᠠᠯᠤᠰᠯᠠᠭᠰᠠᠨ ᠠᠷᠠᠯᠵᠢᠶ᠎ᠠ ᠶᠢ ᠠᠬᠢᠭᠤᠯᠬᠤ ᠶᠢ ᠪᠥᠬᠦ ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠡᠨᠡ ᠬᠦ ᠠᠵᠢᠯ ᠤᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠭᠤᠤᠯ ᠤᠳᠤᠷᠢᠳᠤᠯᠭ᠎ᠠ ᠳᠠᠭᠠᠭᠤᠯᠤᠨ᠂ ᠡᠭᠦᠷᠭᠡ ᠪᠠᠨ ᠨᠠᠷᠢᠯᠢᠬᠵᠢᠭᠤᠯᠤᠨ ᠬᠤᠪᠢᠶᠠᠷᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠨᠠᠷᠢᠯᠢᠭᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠶ᠃       ︵ᠭᠤᠷᠪᠠ︶ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠡᠵᠡᠨ᠎ᠡ ᠪᠣᠭᠤᠮᠲᠠ᠂ ᠠᠯᠠᠱᠠ ᠪᠣᠭᠤᠮᠲᠠ ᠨᠢ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠮᠡᠳᠡᠭᠡ ᠵᠠᠩᠭᠢ ᠶᠢ ᠢᠯᠡ ᠪᠣᠯᠭᠠᠬᠤ᠂ ᠪᠠᠶᠢᠴᠠᠭᠠᠨ ᠰᠤᠳᠤᠯᠵᠤ ᠪᠣᠯᠪᠠᠰᠤᠷᠠᠭᠤᠯᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠵᠣᠯᠭᠠᠭᠤᠯᠬᠤ  ᠦᠢᠯᠡᠴᠢᠯᠡᠭᠡ ᠶᠢ ᠰᠠᠶᠢᠲᠤᠷ ᠬᠢᠵᠦ᠂ ᠪᠣᠭᠤᠮᠲᠠ ᠪᠠᠷ ᠥᠩᠭᠡᠷᠡᠬᠦ ᠦᠢᠯᠡᠴᠢᠯᠡᠬᠡᠨ ᠤ ᠲᠦᠭᠡᠮᠡᠯ ᠬᠠᠷᠠᠭᠠᠯᠵᠠᠯ ᠤᠨ ᠴᠢᠨᠠᠷ ᠪᠠ ᠦᠷᠭᠦᠯᠵᠢᠯᠡᠬᠦ ᠴᠢᠨᠠᠷ ᠢ ᠴᠢᠩᠭᠠᠳᠬᠠᠨ᠂ ᠪᠥᠬᠦ ᠨᠡᠶᠢᠭᠡᠮ ᠢᠶᠠᠷ ᠢᠶᠠᠨ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃       ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号