ᠣᠶᠢᠷ᠎ᠠ ᠶᠢᠨ ᠵᠢᠯ ᠠᠴᠠ ᠨᠠᠰᠢ᠂ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠨ ᠬᠦ | ᠰᠢᠯᠢᠳᠡᠭᠵᠢᠭᠦᠯᠵᠦ᠂ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠭᠰᠡᠨ ᠬᠥᠭᠵᠢᠯᠲᠡ ᠶᠢ ᠠᠬᠢᠭᠤᠯᠪᠠ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ ᠂ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ | ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠠ ᠠᠵᠢᠯ ᠤᠨ | ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠠᠯᠠᠱᠠ | ᠠᠶᠢᠮᠠᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭᠠᠨ ᠤ | ᠲᠥᠰᠦᠯ︾ ᠤᠨ ᠱᠠᠭᠠᠷᠳᠠᠯᠭ᠎ᠠ ᠶᠣᠰᠣᠭᠠᠷ᠂ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠭᠡᠷ ᠡᠵᠡᠨ᠎ᠡ ᠪᠣᠭᠤᠮᠲᠠ | ᠂ ᠠᠯᠠᠱᠠ ᠪᠣᠭᠤᠮᠲᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠦ᠂ ︽ᠠᠯᠠᠱᠠ ᠠᠶᠢᠮᠠᠭ ᠤᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠳᠡᠭᠡᠭᠰᠢᠯᠡᠭᠦᠯᠵᠦ ᠬᠢᠯᠢ ᠠᠯᠤᠰᠯᠠᠭᠰᠠᠨ ᠠᠷᠠᠯᠵᠢᠶ᠎ᠠ ᠶᠢ ᠳᠥᠭᠦᠮᠴᠢᠯᠡᠨ ᠬᠥᠭᠵᠢᠭᠦᠯᠬᠦ ᠶᠢ ᠠᠬᠢᠭᠤᠯᠬᠤ ᠠᠵᠢᠯ ᠤᠨ | ᠲᠥᠰᠦᠯ︾ ︵ᠳᠣᠷᠣᠭᠰᠢ ︽ᠠᠵᠢᠯ ᠤᠨ ᠲᠥᠰᠦᠯ︾ ᠭᠡᠵᠦ ᠲᠣᠪᠴᠢᠯᠠᠨ᠎ᠠ︶ ᠢ ᠰᠤᠳᠤᠯᠤᠨ ᠳᠣᠭᠳᠠᠭᠠᠪᠠ᠃ ︽ | ᠠᠵᠢᠯ ᠤᠨ ᠲᠥᠰᠦᠯ︾ ᠳᠤ ᠨᠡᠶᠢᠲᠡ ᠳᠥᠷᠪᠡᠨ ᠵᠦᠢᠯ ᠤᠨ ᠭᠤᠤᠯᠳᠠᠯᠭ᠎ᠠ ᠲᠠᠢ ᠡᠭᠦᠷᠭᠡ 31 ᠵᠦᠢᠯ ᠤᠨ ᠪᠣᠳᠠᠲᠠᠶ | ᠠᠷᠭ᠎ᠠ ᠬᠡᠮᠵᠢᠶ᠎ᠡ ᠪᠣᠶ᠃ | ᠨᠢᠭᠡ᠂ ︽ᠠᠵᠢᠯ ᠤᠨ ᠲᠥᠰᠦᠯ︾ ᠤᠨ ᠬᠠᠷᠠᠯᠲᠠ ᠡᠭᠦᠷᠭᠡ | ᠮᠠᠨ ᠤ ᠬᠢᠨ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠡᠷᠢᠭᠦᠨ ᠤ ᠭᠠᠵᠠᠷ | ᠣᠷᠣᠨ ᠤ ᠲᠤᠷᠰᠢᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠰᠢᠩᠭᠡᠭᠡᠨ ᠠᠪᠴᠤ᠂ ᠪᠣᠭᠤᠮᠲᠠ ᠶᠢᠨ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠤᠨ ᠡᠯ᠎ᠡ ᠵᠦᠢᠯ ᠤᠨ ᠬᠦᠢᠴᠡᠳᠭᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠣᠲᠣ ᠶᠢᠨ ᠪᠠᠶᠢᠭ᠎ᠠ ᠥᠭᠡᠷᠡᠴᠢᠯᠡᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠢᠯᠡ | ᠲᠣᠳᠣ᠂ ᠵᠢᠱᠢᠵᠦ ᠪᠣᠯᠬᠤᠶᠢᠴᠠ᠂ ᠥᠷᠢᠰᠦᠯᠳᠦᠬᠦ ᠬᠦᠴᠦᠨ ᠢᠶᠠᠷ ᠴᠢᠩᠭ᠎ᠠ ᠪᠣᠭᠤᠮᠲᠠ ᠶᠢᠨ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠨ᠎ᠠ᠃ ᠪᠣᠭᠤᠮᠲᠠ ᠶᠢᠨ ᠮᠡᠳᠡᠭᠡ ᠵᠠᠩᠭᠢᠵᠢᠯᠲᠠ ᠶᠢᠨ ᠬᠢᠷᠢ | ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ | ᠴᠣᠩᠬᠤᠪᠴᠢ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠭᠤᠶᠤᠴᠢᠯᠠᠨ ᠮᠡᠳᠡᠭᠦᠯᠬᠦ ᠭᠤᠤᠯ ᠪᠣᠯᠬᠤ | ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠨᠣᠷᠮ᠎ᠠ ᠶᠢ 2021 ᠣᠨ ᠤ ᠡᠴᠦᠰ ᠲᠤ 100 % ᠳᠤ ᠬᠦᠷᠭᠡᠨ᠎ᠡ︔ | ᠨᠡᠭᠦᠷᠡᠰᠦᠨ ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠪᠦᠬᠦᠯᠢ ᠴᠣᠭᠴᠠ ᠶᠢᠨ ᠬᠢᠨᠠᠨ ᠬᠡᠮᠵᠢᠬᠦ ᠦᠶᠡᠯᠡᠯ ᠤᠨ ᠬᠤᠭᠤᠴᠠᠭ᠎ᠠ ᠶᠢ ᠤᠤᠯ ᠤᠨ 15 ᠡᠳᠦᠷ ᠪᠠᠶᠢᠭᠰᠠᠨ ᠠᠴᠠ ᠨᠢ | 4 - 5 ᠡᠳᠦᠷ ᠪᠣᠯᠭᠠᠨ ᠪᠣᠭᠤᠨᠢᠰᠬᠠᠨ᠎ᠠ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠭᠤᠭᠴᠤᠭ᠎ᠠ ᠶᠢᠨ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠲᠠᠰᠤᠷᠠᠯᠲᠠ ᠥᠬᠡᠶ ᠪᠠᠭᠤᠷᠠᠭᠤᠯᠵᠤ᠂ ᠮᠠᠨ ᠤ | ᠠᠶᠢᠮᠠᠭ ᠤᠨ ᠳᠠᠩᠰᠠᠯᠠᠭᠤᠯᠤᠨ ᠲᠡᠮᠳᠡᠭᠯᠡᠭᠦᠯᠦᠭᠰᠡᠨ ᠠᠵᠤ ᠠᠬᠤᠶᠢᠯᠠᠯ ᠤᠨ ᠪᠣᠭᠤᠮᠲᠠ ᠶᠢᠨ ᠵᠠᠬ᠎ᠠ ᠳᠡᠯᠭᠡᠭᠦᠷᠴᠢᠯᠡᠭᠰᠡᠨ | ᠰᠦᠢᠳᠬᠡᠯ ᠬᠤᠷᠢᠶᠠᠬᠤ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠰᠦᠢᠳᠬᠡᠯ ᠬᠤᠷᠢᠶᠠᠬᠤ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠬᠠᠤᠯᠢ ᠶᠣᠰᠣᠭᠠᠷ ᠦᠨ᠎ᠡ ᠬᠠᠩᠰᠢ ᠶᠢ ᠢᠯᠡ ᠬᠠᠳᠠᠭᠤᠯᠵᠤ᠂ ᠪᠣᠭᠤᠮᠲᠠ ᠶᠢᠨ | ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠳᠣᠭᠢᠷᠠᠭᠤᠯᠵᠤ᠂ ᠨᠠᠷᠢᠨ | ᠬᠠᠭᠤᠳᠠᠰᠤ ᠠᠴᠠ ᠭᠠᠳᠠᠨ᠎ᠠ ᠰᠦᠢᠳᠬᠡᠯ ᠬᠤᠷᠢᠶᠠᠵᠤ ᠪᠣᠯᠬᠤ ᠥᠬᠡᠶ︔ ᠪᠣᠭᠤᠮᠲᠠ ᠥᠩᠭᠡᠷᠡᠬᠦ ᠪᠦᠬᠦᠯᠢ | ᠴᠣᠭᠴᠠ ᠶᠢᠨ ᠴᠠᠭ ᠤᠨ ᠦᠷ᠎ᠡ ᠪᠦᠲᠦᠮᠵᠢ ᠶᠢ ᠪᠠᠬᠢᠵᠢᠭᠦᠯᠦᠨ ᠪᠠᠭᠠᠰᠬᠠᠵᠤ᠂ ᠪᠣᠭᠤᠮᠲᠠ ᠶᠢᠨ ᠠᠵᠢᠯᠯᠠᠬᠤ | ᠪᠠᠷᠢᠮᠵᠢᠶ᠎ᠠ ᠶᠢᠨ ᠴᠠᠭ ᠤᠨ ᠬᠢᠵᠠᠭᠠᠷ ᠢ ᠢᠯᠡ ᠪᠣᠯᠭᠠᠨ᠎ᠠ᠃ | ᠬᠤᠶᠠᠷ᠂ ᠬᠢᠯᠢ ᠪᠠᠷ ᠣᠷᠣᠭᠤᠯᠵᠤ ᠭᠠᠷᠭᠠᠬᠤ ᠶᠢ ᠬᠢᠨᠠᠨ ᠬᠠᠷᠭᠤᠭᠤᠯᠬᠤ ᠳᠤ ᠵᠠᠷᠤᠴᠠᠭᠤᠯᠬᠤ ᠴᠠᠭ ᠢ ᠤᠯᠠᠮ | ᠨᠢᠭᠡ ᠠᠯᠬᠤᠮ ᠪᠠᠭᠠᠰᠬᠠᠨ᠎ᠠ | ᠨᠢᠭᠡ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠳᠠᠬᠢ ᠬᠢᠨᠠᠯᠲᠠ | ᠬᠠᠮᠢᠶᠠᠷᠤᠯᠲᠠ ᠶᠢᠨ ᠦᠨᠡᠮᠯᠡᠯ ᠤᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠤᠯᠤᠰ ᠤᠨ | ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠬᠢᠨᠠᠨ ᠰᠢᠯᠭᠠᠬᠤ ᠴᠢᠬᠤᠯᠠᠲᠠᠶ ᠦᠨᠡᠮᠯᠡᠯ ᠢ 86 ᠵᠦᠢᠯ | ᠪᠠᠶᠢᠭᠰᠠᠨ ᠠᠴᠠ ᠨᠢ 41 ᠵᠦᠢᠯ ᠪᠣᠯᠭᠠᠨ ᠴᠣᠮᠬᠠᠳᠬᠠᠵᠤ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ | ᠬᠡᠷᠡᠭᠴᠡᠭᠡ ᠵᠡᠷᠭᠡ ᠭᠤᠷᠪᠠᠨ ᠵᠦᠢᠯ ᠤᠨ ᠪᠠᠶᠢᠳᠠᠯ ᠠᠴᠠ ᠪᠣᠯᠵᠣ ᠰᠦᠯᠵᠢᠶ᠎ᠡ ᠬᠤᠯᠪᠣᠵᠤ ᠳᠡᠶᠢᠯᠬᠦ ᠥᠬᠡᠶ ᠶᠢ ᠭᠠᠷᠭᠠᠪᠠᠯ | ᠂ ᠪᠤᠰᠤᠳ 38 ᠵᠦᠢᠯ ᠤᠨ ᠦᠨᠡᠮᠯᠡᠯ ᠢ ᠰᠦᠯᠵᠢᠶᠡᠨ ᠳᠡᠭᠡᠷ᠎ᠡ ᠰᠢᠯᠭᠠᠨ ᠪᠠᠶᠢᠴᠠᠭᠠᠨ᠎ᠠ᠃ ᠬᠤᠶᠠᠷ ᠲᠤ᠂ ᠣᠯᠠᠨ | ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ︾ ᠶᠢ ᠥᠨᠳᠥᠷ ᠬᠢᠷᠢ ᠲᠦᠪᠰᠢᠨ ᠢᠶᠠᠷ ᠬᠡᠷᠡᠭᠯᠡᠵᠦ᠂ ᠣᠯᠠᠨ | ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ︾ ᠶᠢᠨ ᠰᠢᠨ᠎ᠡ ᠪᠠᠷ ᠨᠡᠮᠡᠭᠳᠡᠬᠦ ᠴᠢᠳᠠᠮᠵᠢ ᠶᠢ ᠳᠡᠯᠭᠡᠷᠡᠭᠦᠯᠦᠨ᠂ | ᠤᠤᠯ ᠭᠠᠷᠤᠯᠲᠠ ᠶᠢᠨ ᠣᠷᠣᠨ ᠤ ᠦᠨᠡᠮᠯᠡᠯ᠂ ᠭᠠᠳᠠᠭᠠᠳᠤ ᠭᠠᠷᠭᠠᠯᠲᠠ ᠶᠢᠨ ᠭᠠᠶᠢᠯᠢ ᠶᠢ ᠪᠤᠴᠠᠭᠠᠬᠤ᠂ ᠬᠢᠨᠠᠨ | ᠬᠠᠮᠢᠶᠠᠷᠬᠤ ᠦᠨᠡᠮᠯᠡᠯ ᠭᠤᠶᠤᠴᠢᠯᠠᠨ ᠠᠪᠬᠤ ᠵᠡᠷᠭᠡ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠨᠣᠷᠮ᠎ᠠ ᠶᠢ | ᠳᠡᠭᠡᠭᠰᠢᠯᠡᠭᠦᠯᠵᠦ᠂ ᠪᠣᠭᠤᠮᠲᠠ ᠶᠢᠨ ᠭᠤᠤᠯ ᠪᠣᠯᠬᠤ ᠲᠤᠬᠠᠶᠢᠯᠠᠭᠰᠠᠨ ᠠᠵᠢᠯ ᠤᠨ ︽ᠨᠢᠭᠡ ᠯᠡ ᠴᠣᠩᠬᠤᠪᠴᠢ︾ ᠶᠢᠨ | ᠬᠡᠷᠡᠭᠯᠡᠭᠡᠨ ᠤ ᠨᠣᠷᠮ᠎ᠠ ᠶᠢ 100 % ᠪᠠᠷ ᠪᠠᠲᠤᠯᠠᠬᠤ ᠬᠡᠷᠡᠭᠲᠡᠶ᠃ ︽ᠬᠢᠯᠢ ᠪᠠᠷ ᠣᠷᠣᠬᠤ ᠪᠠᠷᠠᠭ᠎ᠠ ᠶᠢ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠭᠡᠷᠡᠴᠢ︾ ᠶᠢᠨ ᠡᠯᠧᠺᠲᠷᠣᠨᠴᠢᠯᠡᠭᠰᠡᠨ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠢ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ︽ᠨᠢᠭᠡ ᠥᠷᠲᠡᠭᠡ | ᠮᠠᠶ᠋ᠢᠭ ᠤᠨ ᠦᠢᠯᠡᠴᠢᠯᠡᠭᠡ︾ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ ᠴᠠᠭ ᠤᠨ ᠥᠪᠡᠷ ᠤᠨ ᠥᠷᠲᠡᠭ ᠢ | ᠠᠷᠪᠢᠯᠠᠵᠤ ᠥᠭᠭᠦᠨ᠎ᠡ᠃ ᠭᠤᠷᠪᠠ ᠳᠤ᠂ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠬᠢᠨᠠᠨ ᠵᠥᠪᠰᠢᠶᠡᠷᠡᠬᠦ ᠠᠷᠭ᠎ᠠ | ᠮᠠᠶ᠋ᠢᠭ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ︽ᠦᠨᠡᠮᠯᠡᠯ | ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠷᠢᠶ᠎ᠠ ᠣᠷᠣᠨ ᠳᠤ ︽ᠦᠨᠡᠮᠯᠡᠯ ᠪᠠ | ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠵᠦ᠂ ᠣᠷᠣᠬᠤ ᠶᠢ ᠵᠥᠪᠰᠢᠶᠡᠷᠡᠬᠦ | ᠪᠠᠷᠢᠮᠵᠢᠶ᠎ᠠ ᠶᠢ ᠳᠣᠷᠣᠭᠰᠢᠯᠠᠭᠤᠯᠤᠨ᠎ᠠ᠃ | ᠭᠤᠷᠪᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠢᠯᠢ ᠶᠢᠨ ᠬᠢᠨᠠᠨ ᠬᠠᠷᠭᠤᠭᠤᠯᠬᠤ | ᠵᠠᠷᠤᠳᠠᠯ ᠪᠠ ᠬᠠᠭᠤᠳᠠᠰᠤ ᠪᠠᠷᠢᠮᠲᠠ ᠶᠢ ᠬᠢᠨᠠᠨ ᠬᠠᠷᠭᠤᠭᠤᠯᠬᠤ ᠵᠠᠷᠤᠳᠠᠯ ᠢ ᠪᠠᠭᠤᠷᠠᠭᠤᠯᠤᠨ᠎ᠠ | ᠨᠢᠭᠡ ᠳᠤ᠂ ᠪᠣᠭᠤᠮᠲᠠ ᠶᠢᠨ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠬᠥᠳᠡᠯᠦᠩᠭᠦᠶ ᠬᠠᠮᠢᠶᠠᠷᠤᠯᠲᠠ ᠶᠢ | ᠦᠨᠡᠨᠬᠦ ᠴᠢᠩᠭᠠᠳᠬᠠᠬᠤ ᠬᠡᠷᠡᠭᠲᠡᠶ᠃ ᠪᠣᠭᠤᠮᠲᠠ ᠶᠢᠨ ᠰᠦᠶ᠋ᠳᠬᠡᠯ ᠬᠤᠷᠢᠶᠠᠬᠤ ᠶᠢ ᠢᠯᠭᠠᠷᠠᠭᠤᠯᠬᠤ ᠠᠵᠢᠯ ᠤᠨ | ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠪᠣᠭᠤᠮᠲᠠ ᠶᠢᠨ ᠠᠵᠢᠯᠯᠠᠬᠤ ᠲᠠᠯᠠᠪᠤᠷ᠂ ᠣᠯᠠᠨ ᠤᠯᠤᠰ ᠤᠨ | ᠠᠷᠠᠯᠵᠢᠶᠠᠨ ᠤ ︽ᠭᠠᠭᠴᠠ ᠴᠣᠩᠬᠤᠪᠴᠢ︾᠂ ᠫᠤᠷᠲ᠋ᠧᠯ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠲᠠᠪᠴᠠᠩ ᠪᠠ | ᠠᠵᠤ ᠠᠬᠤᠶᠢᠯᠠᠯ ᠤᠨ ᠰᠦᠢᠳᠬᠡᠯ ᠬᠤᠷᠢᠶᠠᠬᠤ ᠲᠤᠬᠠᠶ ᠶᠢᠨ ᠲᠠᠯᠠᠪᠠᠶ ᠳᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠢᠯᠡ | ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠵᠦ᠂ ᠨᠠᠷᠢᠨ ᠬᠠᠭᠤᠳᠠᠰᠤ ᠠᠴᠠ ᠭᠠᠳᠠᠨ᠎ᠠ ᠰᠦᠢᠳᠬᠡᠯ | ᠬᠤᠷᠢᠶᠠᠬᠤ ᠵᠦᠢᠯ ᠥᠬᠡᠶ ᠪᠠᠶᠢᠬᠤ ᠶᠢ ᠪᠡᠶᠡᠯᠡᠬᠦᠯᠦᠨ᠎ᠡ᠃ ᠳᠤᠷ᠎ᠠ ᠪᠠᠷ ᠢᠶᠠᠨ ᠰᠦᠢᠳᠬᠡᠯ ᠬᠤᠷᠢᠶᠠᠵᠤ | ᠳᠤᠷ᠎ᠠ ᠪᠠᠷ ᠢᠶᠠᠨ ᠦᠨ᠎ᠡ ᠥᠰᠬᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ | ᠪᠣᠭᠤᠮᠲᠠ ᠪᠠᠷ ᠥᠩᠭᠡᠷᠡᠭᠦᠯᠬᠦ ᠪᠦᠬᠦᠯᠢ ᠴᠣᠭᠴᠠ ᠶᠢᠨ ᠵᠠᠷᠤᠳᠠᠯ ᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠶ᠃ | ᠬᠤᠶᠠᠷ ᠲᠤ᠂ ᠨᠡᠪᠲᠡᠷᠡᠯᠴᠡᠭᠡ ᠵᠣᠬᠢᠴᠠᠭᠤᠯᠭ᠎ᠠ ᠶᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ | ᠠᠷᠭᠠᠴᠠᠬᠤ ᠶᠢ ᠴᠢᠩᠭᠠᠳᠬᠠᠨ᠎ᠠ᠃ ᠪᠣᠭᠤᠮᠲᠠ ᠶᠢᠨ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ | ᠪᠣᠯᠤᠨ ᠠᠵᠤ ᠠᠬᠤᠶᠢᠯᠠᠯ ᠤᠨ ᠪᠣᠭᠤᠮᠲᠠ ᠶᠢᠨ ᠡᠷᠬᠡ ᠶᠢ ᠠᠰᠢᠭᠯᠠᠨ᠂ ᠪᠣᠭᠤᠮᠲᠠ ᠶᠢᠨ ᠨᠡᠷ᠎ᠡ ᠶᠢ ᠠᠰᠢᠭᠯᠠᠨ | ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠳᠤᠷ᠎ᠠ ᠪᠠᠷ ᠢᠶᠠᠨ ᠦᠨ᠎ᠡ ᠥᠰᠬᠡᠬᠦ ᠶᠢ ᠡᠷᠡᠰ ᠬᠤᠷᠢᠭᠯᠠᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠬᠦᠢᠴᠡᠳᠬᠡᠬᠦ ᠳᠤ ︽ᠡᠩ ᠲᠡᠷᠢᠬᠦᠨ ᠳᠤ ᠠᠰᠠᠭᠤᠬᠤ | ᠬᠠᠷᠢᠭᠤᠴᠠᠯᠭ᠎ᠠ ᠶᠢᠨ ᠲᠦᠷᠢᠮ ᠨᠢᠭᠡ ᠯᠡ ᠤᠳᠠᠭ᠎ᠠ ᠳᠤ ᠮᠡᠳᠡᠭᠳᠡᠬᠦ ᠲᠦᠷᠢᠮ︾ ᠢ ᠬᠡᠷᠡᠭᠵᠢᠭᠦᠯᠦᠨ᠎ᠡ᠃ ᠪᠣᠳᠠᠲᠤ | ᠪᠠᠶᠢᠳᠠᠯ ᠢᠶᠠᠨ ᠦᠨᠳᠦᠰᠦᠯᠡᠨ ᠲᠡᠷᠡ ᠳᠠᠷᠤᠶ ᠳᠤᠨᠢ ᠭᠦᠢᠴᠡᠳᠬᠡᠵᠦ ᠳᠠᠭᠤᠰᠬᠠᠬᠤ᠂ ᠨᠢᠭᠡ ᠯᠡ ᠤᠳᠠᠭ᠎ᠠ ᠳᠤ | ᠭᠦᠢᠴᠡᠳᠬᠡᠵᠦ ᠳᠠᠭᠤᠰᠬᠠᠬᠤ᠂ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠵᠡᠷᠭᠡ ᠳᠦᠷᠢᠮ ᠢ ᠶᠠᠪᠤᠭᠤᠯᠵᠤ᠂ | ᠲᠥᠪᠯᠡᠷᠡᠭᠦᠯᠦᠨ ᠭᠦᠢᠴᠡᠳᠬᠡᠬᠦ᠂ ᠣᠶᠢᠷ᠎ᠠ ᠬᠠᠪᠢ ᠳᠤᠨᠢ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ | ᠣᠨᠳᠣᠣ ᠭᠠᠵᠠᠷ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠶ᠃ ᠭᠤᠷᠪᠠ ᠳᠤ᠂ ᠪᠣᠭᠤᠮᠲᠠ ᠶᠢᠨ ᠭᠠᠶᠢᠯᠢ ᠶᠢ | ᠲᠠᠲᠠᠪᠤᠷᠢᠯᠠᠨ ᠬᠠᠮᠢᠶᠠᠷᠬᠤ ᠪᠦᠬᠦ ᠶᠠᠪᠤᠴᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠲᠥᠷᠥᠯ ᠬᠤᠪᠢᠶᠠᠨ ᠵᠢᠱᠢᠶ᠎ᠡ ᠦᠵᠡᠭᠦᠯᠬᠦ᠂ ᠭᠠᠶᠢᠯᠢ | ᠲᠠᠲᠠᠪᠤᠷᠢ ᠶᠢᠨ ᠬᠦᠴᠦᠨ ᠵᠦᠢᠯ ᠢ ᠤᠷᠢᠳᠴᠢᠯᠠᠨ ᠲᠣᠭᠲᠠᠭᠠᠬᠤ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠶ︔ | ᠳᠠᠭᠠᠳᠬᠠᠯ ᠤᠨ ᠺᠣᠮᠫᠠᠨᠢ ᠶᠢ ᠬᠥᠲᠥᠯᠥᠨ ᠵᠢᠯᠣᠭᠤᠳᠴᠤ ᠪᠠᠶᠢᠭᠠᠳ ᠪᠣᠭᠤᠮᠲᠠ ᠶᠢᠨ ᠭᠠᠶᠢᠯᠢ ᠶᠢᠨ ᠪᠠᠲᠤᠯᠠᠭ᠎ᠠ ᠶᠢᠨ | ᠮᠥᠩᠭᠦ ᠶᠢᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ | ᠨᠠᠮᠳᠠᠭᠤᠯᠤᠨ᠎ᠠ︔ ᠠᠵᠤ ᠠᠬᠤᠶᠢᠯᠠᠯ ᠤᠨ ᠥᠪᠡᠷᠲᠡᠭᠡᠨ ᠳᠠᠷᠤᠮᠠᠯᠯᠠᠵᠤ ᠭᠠᠳᠠᠭᠠᠳᠤ ᠳᠤ ᠭᠠᠷᠭᠠᠬᠤ ᠤᠭ | ᠭᠠᠷᠤᠯᠲᠠ ᠶᠢᠨ ᠣᠷᠣᠨ ᠤ ᠦᠨᠡᠮᠯᠡᠯ᠂ ᠭᠠᠶᠢᠯᠢ ᠶᠢᠨ ᠬᠠᠭᠤᠳᠠᠰᠤ ᠵᠡᠷᠭᠡ ᠭᠡᠷᠡᠴᠢ ᠪᠠᠷᠢᠮᠲᠠ ᠶᠢ ᠳᠡᠯᠭᠡᠷᠡᠭᠦᠯᠵᠦ᠂ | ᠠᠵᠤ ᠠᠬᠤᠶᠢᠯᠠᠯ ᠤᠨ ᠬᠠᠷᠠᠭᠠᠯᠵᠠᠯᠲᠤ ᠬᠡᠯᠡᠯᠴᠡᠭᠡᠷ ᠭᠠᠶᠢᠯᠢ ᠶᠢᠨ ᠨᠣᠷᠮ᠎ᠠ ᠬᠦᠷᠲᠡᠬᠦ ᠳᠤ ᠳᠥᠭᠦᠮ ᠦᠵᠡᠭᠦᠯᠦᠨ᠎ᠡ︔ | ᠬᠠᠷᠢᠶ᠎ᠠ ᠭᠠᠵᠠᠷ ᠤᠨ ᠭᠠᠶᠢᠯᠢ ᠲᠤᠰᠢᠶᠠᠭᠴᠢ ᠶᠢᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠠᠵᠤ ᠠᠬᠤᠶᠢᠯᠠᠯ ᠤᠨ ᠰᠣᠩᠭᠤᠵᠤ ᠪᠣᠯᠬᠤ᠂ ᠦᠷ᠎ᠡ ᠳ᠋ᠦᠩ ᠢ ᠵᠢᠱᠢᠵᠦ ᠪᠣᠯᠬᠤ ᠭᠠᠶᠢᠯᠢ ᠲᠤᠰᠢᠶᠠᠬᠤ | ᠵᠠᠭᠪᠤᠷ ᠢ ᠪᠣᠶ ᠪᠣᠯᠭᠠᠨ᠎ᠠ᠃ ᠳᠥᠷᠪᠡ ᠳᠤ᠂ ᠨᠢᠭᠡᠨᠲᠡ ᠨᠡᠶᠢᠲᠡᠯᠡᠭᠰᠡᠨ ᠡᠯ᠎ᠡ ᠵᠦᠢᠯ ᠤᠨ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ | ᠤᠳᠠᠭᠠᠰᠢᠷᠠᠭᠤᠯᠤᠨ ᠮᠡᠳᠡᠭᠦᠯᠦᠭᠰᠡᠨ ᠮᠥᠩᠭᠦ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ | ᠬᠢᠵᠦ᠂ ᠠᠵᠤ ᠠᠬᠤᠶᠢᠯᠠᠯ ᠤᠨ ᠭᠤᠶᠤᠴᠢᠯᠠᠯ ᠶᠣᠰᠣᠭᠠᠷ ᠬᠠᠰᠤᠵᠤ ᠬᠡᠯᠲᠦᠷᠢᠭᠦᠯᠬᠦ᠂ ᠪᠤᠴᠠᠭᠠᠬᠤ ᠵᠡᠷᠭᠡ ᠠᠵᠢᠯ ᠢ | ᠴᠠᠭ ᠲᠤᠬᠠᠶ ᠳᠤᠨᠢ ᠰᠠᠶᠢᠲᠤᠷ ᠬᠢᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠠᠭᠤᠳᠠᠰᠤ | ᠪᠠᠷᠢᠮᠲᠠ ᠶᠢ ᠬᠢᠨᠠᠨ ᠬᠠᠷᠭᠤᠭᠤᠯᠬᠤ ᠪᠣᠶ ᠪᠥᠬᠦᠶ ᠭᠤᠭᠴᠤᠭ᠎ᠠ ᠠᠴᠠ ᠰᠦᠢᠳᠬᠡᠯ ᠬᠤᠷᠢᠶᠠᠬᠤ ᠥᠬᠡᠶ ᠪᠠᠶᠢᠬᠤ ᠶᠢ | ᠦᠨᠡᠨ ᠬᠦ ᠪᠠᠲᠤᠯᠠᠨ᠎ᠠ᠃ | ᠳᠥᠷᠪᠡ᠂ ᠬᠢᠯᠢ ᠠᠯᠤᠰᠯᠠᠭᠰᠠᠨ ᠠᠷᠠᠯᠵᠢᠶ᠎ᠠ ᠳᠤ ᠲᠥᠬᠦᠮ ᠦᠵᠡᠭᠦᠯᠬᠦ ᠬᠡᠮᠵᠢᠶ᠎ᠡ ᠶᠢ ᠪᠦᠲᠦᠮᠵᠢᠲᠡᠶ | ᠳᠡᠭᠡᠭᠰᠢᠯᠡᠭᠦᠯᠦᠨ᠎ᠡ | ᠨᠢᠭᠡ ᠳᠤ᠂ ᠭᠠᠳᠠᠭᠠᠳᠤ ᠠᠷᠠᠯᠵᠢᠶᠠᠨ ᠤ ᠡᠵᠡᠩᠨᠡᠭᠴᠢ ᠶᠢ ᠪᠦᠷᠢᠳᠬᠡᠨ ᠳᠠᠩᠰᠠᠯᠠᠬᠤ ᠶᠢ ᠰᠦᠯᠵᠢᠶᠡᠨ ᠳᠡᠭᠡᠷ᠎ᠡ | ᠬᠦᠢᠴᠡᠳᠭᠡᠬᠦ ᠶᠢ ᠬᠡᠷᠡᠭᠵᠢᠭᠦᠯᠵᠦ᠂ ᠪᠦᠷᠢᠳᠬᠡᠨ ᠳᠠᠩᠰᠠᠯᠠᠬᠤ ᠲᠤᠬᠠᠶᠢᠯᠠᠭᠰᠠᠨ ᠠᠵᠢᠯ ᠢ ︽ᠬᠤᠳᠠᠯᠳᠤᠭᠠᠨ ᠤ | ᠶᠠᠪᠤᠳᠠᠯ ᠤᠨ ᠶᠠᠮᠤᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠨᠢᠭᠡᠳᠦᠯᠲᠡᠶ ᠲᠠᠪᠴᠠᠩ︾ ᠢᠶᠠᠷ ᠳᠠᠮᠵᠢᠭᠤᠯᠤᠨ | ᠰᠦᠯᠵᠢᠶᠡᠨ ᠳᠡᠭᠡᠷ᠎ᠡ ᠭᠥᠯᠢᠶᠡᠨ ᠠᠪᠴᠤ ᠬᠦᠢᠴᠡᠳᠭᠡᠨ᠎ᠡ᠃ ᠬᠤᠶᠠᠷ ᠲᠤ᠂ ᠤᠶᠤᠨᠲᠤ ᠺᠠᠷᠲ ᠤᠨ ᠬᠡᠷᠡᠭᠯᠡᠭᠡᠨ ᠤ | ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠡᠳ᠋ ᠪᠠᠷᠠᠭ᠎ᠠ ᠶᠢ ︽ᠤᠷᠢᠳᠴᠢᠯᠠᠨ ᠭᠤᠶᠤᠴᠢᠯᠠᠨ ᠮᠡᠳᠡᠭᠦᠯᠬᠦ︾ ᠶᠢ ᠬᠡᠷᠡᠭᠵᠢᠭᠦᠯᠵᠦ᠂ ᠭᠠᠳᠠᠭᠠᠳᠤ ᠠᠴᠠ | ᠣᠷᠣᠭᠤᠯᠬᠤ ᠶᠢᠨ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠪᠣᠭᠤᠮᠲᠠ ᠪᠠᠷ ᠥᠩᠭᠡᠷᠡᠭᠦᠯᠬᠦ ᠵᠠᠭᠪᠤᠷ ᠢ | ᠰᠢᠯᠢᠳᠡᠭᠵᠢᠭᠦᠯᠦᠨ᠂ ︽ᠬᠤᠶᠠᠷ ᠬᠡᠰᠡᠭ ᠢᠶᠠᠷ ᠵᠥᠪᠰᠢᠶᠡᠷᠡᠨ ᠣᠷᠣᠭᠤᠯᠬᠤ︾ ᠲᠤᠬᠠᠶᠢᠯᠠᠭᠰᠠᠨ ᠠᠵᠢᠯ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠴᠢᠨᠠᠷ ᠰᠠᠶᠢᠲᠠᠶ ᠪᠠᠷ ︽ᠤᠷᠢᠳᠴᠢᠯᠠᠨ | ᠭᠤᠶᠤᠴᠢᠯᠠᠨ ᠮᠡᠳᠡᠭᠦᠯᠵᠦ᠂ ᠺᠠᠷᠲ ᠢᠶᠠᠷ ᠰᠢᠯᠭᠠᠨ ᠥᠩᠭᠡᠷᠡᠭᠦᠯᠬᠦ︾ ᠪᠠᠷᠠᠭᠠᠨ ᠤ ᠲᠡᠭᠡᠭᠡᠪᠦᠷᠢ ᠶᠢᠨ ᠬᠢᠨᠠᠯᠲᠠ | ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ ᠨᠡᠪᠲᠡᠷᠡᠬᠦ | ᠵᠠᠮ ᠤᠨ ᠤᠶᠤᠨᠲᠤ ᠺᠠᠷᠲ ᠤᠨ ᠪᠥᠲᠥᠭᠡᠨ ᠪᠠᠶᠢᠭᠤᠯᠤᠯᠲᠠ ᠪᠠ ᠬᠡᠷᠡᠭᠯᠡᠯᠲᠡ ᠶᠢ ᠢᠳᠡᠪᠬᠢᠲᠡᠶ ᠠᠬᠢᠭᠤᠯᠤᠨ᠎ᠠ᠃ | ᠭᠤᠷᠪᠠ ᠳᠤ᠂ ᠳᠤᠮᠳᠠᠳᠤ ᠮᠣᠩᠭᠤᠯ ᠤᠨ ᠬᠢᠯᠢ ᠶᠢᠨ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠬᠠᠮᠲᠤᠷᠠᠨ | ᠬᠢᠨᠠᠨ ᠬᠡᠮᠵᠢᠬᠦ ᠠᠵᠢᠯ ᠢ ᠢᠳᠡᠪᠬᠢᠲᠡᠶ ᠪᠠᠷ ᠠᠬᠢᠭᠤᠯᠵᠤ᠂ ᠮᠣᠩᠭᠤᠯ ᠤᠨ ᠲᠠᠯ᠎ᠠ ᠶᠢᠨ ᠪᠣᠭᠤᠮᠲᠠ᠂ ᠮᠡᠷᠭᠡᠵᠢᠯ ᠤᠨ | ᠬᠢᠨᠠᠯᠲᠠ ᠲᠠᠯᠪᠢᠬᠤ ᠰᠠᠯᠠᠭ᠎ᠠ ᠮᠥᠴᠢᠷ ᠲᠠᠢ ᠬᠠᠮᠵᠢᠯᠴᠠᠨ ᠠᠮᠢᠲᠠᠨ ᠤᠷᠭᠤᠮᠠᠯ ᠤᠨ ᠬᠢᠵᠢᠭ ᠤᠨ ᠬᠦᠨᠳᠦ ᠶᠡᠭᠡ ᠬᠢᠵᠢᠭ | ᠡᠪᠡᠳᠴᠢᠨ ᠤ ᠬᠤᠷᠰᠢᠯᠴᠠᠭ᠎ᠠ ᠶᠢ ᠥᠷᠨᠢᠭᠦᠯᠵᠦ᠂ ᠮᠡᠳᠡᠭᠡ ᠵᠠᠩᠭᠢ ᠶᠢ ᠬᠠᠮᠲᠤ ᠳᠠᠭᠠᠨ ᠬᠦᠷᠳᠡᠬᠦ᠂ ᠲᠦᠭᠰᠢᠭᠦᠷᠢ ᠶᠢ | ᠰᠡᠷᠡᠮᠵᠢᠯᠡᠭᠦᠯᠬᠦ ᠶᠢ ᠪᠡᠶᠡᠯᠡᠭᠦᠯᠬᠦ ᠶᠢ ᠠᠬᠢᠭᠤᠯᠤᠨ᠎ᠠ᠃ ᠳᠥᠷᠪᠡ ᠳᠤ᠂ ᠬᠠᠭᠤᠷᠠᠶ ᠪᠠ ᠲᠡᠮᠦᠷ ᠵᠠᠮ ᠤᠨ ᠬᠠᠮᠲᠤᠷᠠᠭᠰᠠᠨ | ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮᠵᠢ ᠶᠢ ᠢᠳᠡᠪᠬᠢᠲᠡᠶ ᠪᠠᠶᠢᠭᠤᠯᠵᠤ᠂ ᠨᠡᠭᠦᠷᠡᠰᠦᠨ ᠤ | ᠰᠤᠯᠠ ᠪᠠᠷᠠᠭ᠎ᠠ᠂ ᠴᠢᠩᠭᠡᠯᠢᠭ ᠢ ᠬᠠᠭᠤᠷᠠᠶ ᠪᠠ ᠲᠡᠮᠦᠷ ᠵᠠᠮ ᠳᠤ ᠰᠢᠯᠵᠢᠭᠦᠯᠬᠦ ᠰᠠᠭᠤᠷᠢ ᠳᠦᠭᠦᠭᠡᠷᠦᠮᠵᠢ ᠶᠢ | ᠪᠦᠷᠢᠨᠰᠢᠭᠦᠯᠵᠦ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠨᠢᠭᠡᠨᠲᠡ ᠪᠠᠶᠢᠭ᠎ᠠ ᠲᠥᠷᠥ ᠶᠢᠨ ᠪᠣᠳᠣᠯᠭ᠎ᠠ᠂ ᠰᠠᠶᠢᠬᠠᠨ ᠵᠠᠪᠠᠢ ᠪᠣᠭᠤᠮᠳᠠ ᠠᠴᠠ | ᠴᠡᠭᠡ ᠬᠦᠷᠬᠦ ᠲᠡᠮᠦᠷ ᠵᠠᠮ ᠤᠨ ᠨᠡᠪᠲᠡᠷᠡᠬᠦ ᠶᠢ ᠠᠰᠢᠭᠯᠠᠨ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ | ᠬᠥᠭᠵᠢᠯᠲᠡ ᠳᠤ ᠬᠦᠴᠦᠨ ᠨᠡᠮᠡᠷᠢᠯᠡᠨ᠎ᠡ᠃ ᠲᠠᠪᠤ ᠳᠤ᠂ ᠪᠣᠭᠤᠮᠲᠠ᠂ ᠬᠢᠯᠢ ᠶᠢᠨ ᠪᠠᠶᠢᠴᠠᠭᠠᠯᠲᠠ᠂ ᠠᠵᠤ ᠠᠬᠤᠶᠢᠯᠠᠯ᠂ | ᠬᠠᠮᠢᠶᠠᠷᠤᠯᠲᠠ ᠶᠢᠨ ᠵᠥᠪᠯᠡᠯ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ᠂ ᠬᠢᠯᠢ ᠶᠢᠨ ᠪᠣᠭᠤᠮᠲᠠ ᠶᠢᠨ | ᠡᠮᠨᠡᠯᠭᠡ ᠶᠢᠨ ᠬᠤᠷᠢᠶ᠎ᠠ ᠶᠢᠨ ︽ᠴᠡᠭ᠂ ᠱᠤᠭᠤᠮ᠂ ᠳᠠᠯ᠎ᠠ︾ ᠶᠢ ᠪᠥᠬᠦ ᠲᠠᠯ᠎ᠠ ᠪᠠᠷ ᠪᠢᠲᠡᠭᠦᠮᠵᠢᠯᠡᠨ ᠬᠠᠮᠢᠶᠠᠷᠬᠤ | ᠬᠡᠯᠬᠢᠶ᠎ᠡ ᠶᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠶᠢᠨ ᠬᠠᠮᠲᠤ᠂ | ᠠᠵᠢᠯᠯᠠᠬᠤ ᠴᠠᠭ ᠢ ᠡᠷᠲᠡ ᠨᠠᠢᠮᠠ ᠣᠷᠣᠶ ᠨᠠᠢᠮᠠᠨ ᠡᠳᠦᠷ ᠪᠣᠯᠲᠠᠯ᠎ᠠ ᠤᠷᠲᠤᠳᠬᠠᠵᠤ᠂ ᠪᠣᠭᠤᠮᠲᠠ ᠪᠠᠷ ᠪᠠᠷᠠᠭ᠎ᠠ | ᠥᠩᠭᠡᠷᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠭᠦᠷᠡᠰᠦᠨ ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ | ᠴᠤᠪᠤᠷᠠᠯ ᠢ ᠰᠢᠯᠢᠳᠡᠭᠵᠢᠭᠦᠯᠵᠦ᠂ ᠣᠶᠤᠨᠴᠢ ᠥᠯᠢᠭᠡᠷ ᠬᠡᠪ ᠠᠪᠬᠤ ᠰᠢᠰᠲ᠋ᠧᠮ ᠢ ᠠᠰᠢᠭᠯᠠᠨ᠂ ᠥᠯᠢᠭᠡᠷ ᠬᠡᠪ ᠬᠢᠵᠦ | ᠬᠠᠳᠠᠭᠠᠬᠤ ᠶᠢ ᠨᠢᠭᠡ ᠴᠣᠭᠴᠠᠵᠢᠭᠤᠯᠤᠨ ᠠᠵᠢᠯᠯᠠᠭᠤᠯᠵᠤ᠂ ︽ᠬᠤᠶᠠᠷ ᠬᠥᠮᠦᠨ ᠬᠤᠶᠠᠷ ᠮᠠᠰᠢᠨ ᠬᠤᠶᠠᠷ ᠥᠯᠢᠭᠡᠷ | ᠬᠡᠪ︾ ᠢ ᠵᠡᠷᠭᠡ ᠪᠠᠷ ᠨᠡᠯᠢᠶᠡᠳ ᠣᠷᠳᠣ ᠴᠠᠭ ᠵᠠᠷᠤᠴᠠᠭᠤᠯᠤᠭᠰᠠᠨ ︽ᠪᠣᠭᠤᠮᠢ︾ ᠶᠢ ᠡᠪᠳᠡᠬᠦ ᠲᠥᠷᠥᠯ ᠵᠦᠢᠯ ᠤᠨ | ᠪᠠᠶᠢᠴᠠᠭᠠᠨ ᠬᠡᠮᠵᠢᠯᠲᠡ ᠶᠢ ᠥᠷᠨᠢᠭᠦᠯᠵᠦ᠂ ᠪᠠᠶᠢᠴᠠᠭᠠᠨ ᠬᠡᠮᠵᠢᠬᠦ ᠦᠶᠡᠯᠡᠯ ᠤᠨ ᠬᠤᠭᠤᠴᠠᠭ᠎ᠠ ᠶᠢ 15 ᠡᠳᠦᠷ | ᠪᠠᠶᠢᠭᠰᠠᠨ ᠠᠴᠠ 4—5 ᠡᠳᠦᠷ ᠪᠣᠯᠭᠠᠨ ᠪᠣᠭᠤᠨᠢᠰᠬᠠᠨ᠎ᠠ᠃ ᠮᠠᠰᠢᠨ ᠲᠡᠷᠭᠡ ᠪᠠᠷ ᠰᠢᠷᠪᠢᠬᠦ ᠲᠣᠮᠣ ᠬᠡᠯᠪᠡᠷᠢ ᠶᠢᠨ | ᠰᠢᠯᠭᠠᠨ ᠪᠠᠶᠢᠴᠠᠭᠠᠬᠤ ᠲᠥᠬᠦᠭᠡᠷᠦᠮᠵᠢ᠂ ᠠᠴᠢᠶ᠎ᠠ ᠲᠡᠭᠡᠭᠡᠰᠢ ᠶᠢᠨ ᠲᠤᠬᠠᠶ ᠶᠢᠨ ᠲᠠᠯᠠᠪᠠᠶ ᠶᠢᠨ CT ᠮᠠᠰᠢᠨ᠂ | ᠰᠠᠴᠤᠷᠠᠭ ᠢᠶᠠᠷ ᠬᠠᠶᠢᠨ ᠬᠡᠮᠵᠢᠵᠦ ᠢᠯᠭᠠᠨ ᠲᠠᠨᠢᠬᠤ᠂ ᠬᠤᠤᠷᠳᠦ ᠠᠮᠢᠳᠤ ᠪᠣᠳᠠᠰ ᠢ ᠠᠯᠤᠰ ᠠᠴᠠ ᠬᠢᠨᠠᠨ | ᠲᠣᠭᠲᠠᠭᠠᠬᠤ ᠲᠥᠬᠦᠭᠡᠷᠦᠮᠵᠢ ᠶᠢ ᠰᠦᠯᠵᠢᠶᠡᠵᠢᠭᠦᠯᠦᠨ ᠬᠠᠮᠢᠶᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠠᠦ᠋ᠲ᠋ᠣ᠋ ᠪᠠᠷ ᠬᠢᠨᠠᠨ ᠰᠢᠨᠵᠢᠬᠦ᠂ ᠲᠤᠬᠠᠶ ᠶᠢᠨ ᠲᠠᠯᠠᠪᠠᠶ ᠳᠤ ᠲᠦᠷᠭᠡᠨ ᠪᠠᠶᠢᠴᠠᠭᠠᠨ ᠰᠢᠨᠵᠢᠬᠦ ᠲᠥᠬᠦᠭᠡᠷᠦᠮᠵᠢ ᠶᠢ | ᠦᠷᠭᠦᠯᠵᠢᠯᠡᠨ ᠨᠡᠮᠡᠵᠦ ᠳᠣᠭᠢᠷᠠᠭᠤᠯᠤᠨ᠂ ᠰᠢᠯᠭᠠᠨ ᠥᠩᠭᠡᠷᠡᠭᠦᠯᠬᠦ ᠬᠦᠴᠦᠨ ᠴᠢᠳᠠᠪᠤᠷᠢ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠤᠨ ᠲᠣᠭᠲᠠᠴᠠ ᠶᠢ | ᠨᠠᠶᠢᠳᠠᠪᠤᠷᠢᠵᠢᠭᠤᠯᠵᠤ᠂ ᠲᠡᠭᠡᠭᠡᠪᠦᠷᠢ ᠶᠢᠨ ᠪᠠᠭᠠᠵᠢ ᠶᠢ ᠪᠠᠶᠢᠴᠠᠭᠠᠬᠤ᠂ ᠬᠢᠨᠠᠯᠲᠠ ᠬᠠᠮᠢᠶᠠᠷᠤᠯᠲᠠ ᠶᠢᠨ ᠲᠠᠯᠠᠪᠤᠷ | ᠭᠠᠵᠠᠷ ᠢ ᠬᠢᠨᠠᠨ ᠬᠠᠮᠢᠶᠠᠷᠴᠤ ᠪᠠᠶᠢᠴᠠᠭᠠᠨ ᠰᠢᠯᠭᠠᠬᠤ ᠵᠡᠷᠭᠡ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ︽ᠬᠤᠶᠠᠷ ᠢ | ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢ ᠬᠡᠷᠡᠭᠵᠢᠭᠦᠯᠵᠦ᠂ ᠬᠡᠪᠰᠢᠭᠰᠡᠨ ᠬᠠᠮᠢᠶᠠᠷᠤᠯᠲᠠ ᠶᠢᠨ ᠲᠣᠭᠲᠠᠴᠠ ᠶᠢ | ᠪᠣᠶ ᠪᠣᠯᠭᠠᠬᠤ ᠬᠡᠷᠡᠭᠲᠡᠶ᠃ | | | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ |