ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2022/3/7
     ᠱᠢ ᠲᠠᠢ ᠹᠧᠩ ᠲᠥᠯᠥᠭᠡᠯᠡᠭᠴᠢ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ︶      ᠰᠢᠨ᠎ᠡ ᠡᠨᠧᠷᠭᠢ ᠶᠢ ᠬᠥᠭᠵᠢᠭᠦᠯᠬᠦ ᠳᠤ ᠡᠷᠬᠡᠪᠰᠢ ᠰᠢᠰᠲ᠋ᠧᠮᠳᠦ ᠦᠵᠡᠯᠲᠡ᠂ ᠬᠡᠯᠬᠢᠶᠡᠵᠢᠭᠰᠡᠨ ᠰᠡᠳᠬᠢᠬᠦᠢ ᠶᠢ ᠴᠢᠩᠭᠠᠳᠬᠠᠵᠤ᠂ ᠰᠢᠨ᠎ᠡ ᠡᠨᠧᠷᠭᠢ ᠪᠠᠷ ᠬᠠᠭᠤᠴᠢᠨ ᠡᠨᠧᠷᠭᠢ ᠶᠢ ᠣᠷᠣᠯᠠᠭᠤᠯᠬᠤ ᠶᠢ ᠡᠮᠬᠢ ᠴᠡᠭᠴᠡ ᠲᠠᠢ ᠠᠬᠢᠭᠤᠯᠵᠤ᠂ ᠡᠨᠧᠷᠭᠢ ᠶᠢᠨ ᠠᠮᠤᠷ ᠲᠦᠪᠰᠢᠨ ᠪᠥᠭᠡᠳ ᠲᠣᠭᠲᠠᠭᠤᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ      ᠥᠪᠥᠷ ᠮᠣᠩᠭᠤᠯ ᠨᠢ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠠᠬᠤᠢ ᠶᠢᠨ ᠶᠡᠭᠡ ᠣᠷᠴᠢᠯ ᠢ ᠰᠠᠭᠠᠳ ᠦᠭᠡᠢ ᠨᠡᠪᠲᠡᠷᠡᠭᠦᠯᠬᠦ ᠲᠠᠯ᠎ᠠ ᠪᠠᠷ ᠲᠤᠶᠢᠯ ᠤᠨ ᠴᠢᠬᠤᠯᠠ ᠪᠠᠶᠢᠷᠢ ᠰᠠᠭᠤᠷᠢ ᠲᠠᠢ ᠶᠤᠮ᠂ ᠶᠡᠷᠦᠩᠬᠡᠢ ᠱᠦᠵᠢ ᠰᠢ ᠶᠢᠨ ᠫᠢᠩ ᠪᠢᠳᠡᠨ ᠳᠤ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠨᠠᠶᠢᠳᠠᠪᠠ᠃ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠣᠯ ᠥᠪᠥᠷ ᠮᠣᠩᠭᠤᠯ ᠤᠨ ᠶᠡᠭᠡ ᠲᠠᠯ᠎ᠠ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠤᠯᠤᠰ ᠤᠨ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠢᠰᠲ᠋ᠧᠮ ᠢ ᠪᠠᠶᠢᠭᠤᠯᠬᠤ ᠳᠤ ᠦᠢᠯᠡᠴᠢᠯᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ ᠨᠡᠭᠦᠷᠡᠰᠤᠳᠦ᠋ᠷᠦᠭᠴᠢ ᠶᠢ ᠰᠠᠭᠠᠷᠮᠠᠭᠵᠢᠭᠤᠯᠬᠤ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠤᠯᠬᠤ ᠪᠠᠷ ᠪᠠᠷᠠᠬᠤ ᠦᠭᠡᠢ᠂ ᠪᠠᠰᠠ ᠴᠤ ᠥᠪᠥᠷ ᠮᠣᠩᠭᠤᠯ ᠤᠨ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠠᠪᠠᠭᠤᠯᠢᠭ ᠢ ᠪᠤᠢ ᠪᠤᠯᠭᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠦᠭᠡᠢ ᠰᠣᠩᠭᠤᠯᠲᠠ ᠪᠣᠯᠣᠨ᠎ᠠ᠃      ︽ᠬᠤᠣᠰ ᠨᠡᠭᠦᠷᠡᠰᠦᠲᠥ᠋ᠷᠥᠭᠴᠢ︾ ᠶᠢᠨ ᠠᠬᠤᠢ ᠪᠠᠶᠢᠳᠠᠯ ᠳᠣᠣᠷ᠎ᠠ᠂ ᠰᠢᠨ᠎ᠡ ᠡᠨᠧᠷᠭᠢ ᠨᠢ ᠶᠠᠭ ᠪᠡᠯᠡᠳᠬᠡᠯ ᠬᠦᠴᠦᠨ ᠪᠠᠶᠢᠭᠰᠠᠨ ᠠᠴᠠ ᠪᠠᠨ ᠭᠤᠣᠯ ᠬᠦᠴᠦᠨ ᠪᠣᠯᠵᠤ ᠬᠤᠪᠢᠷᠠᠵᠤ ᠪᠠᠶᠢᠨ᠎ᠠ᠃ ᠥᠪᠥᠷ ᠮᠣᠩᠭᠤᠯ ᠰᠢᠨ᠎ᠡ ᠡᠨᠧᠷᠭᠢ ᠶᠢ ᠬᠥᠭᠵᠢᠭᠦᠯᠬᠦ ᠲᠠᠯ᠎ᠠ ᠪᠠᠷ ᠥᠪᠡᠷᠮᠢᠴᠡ ᠳᠠᠪᠠᠭᠤᠯᠢᠭ ᠲᠠᠢ ᠪᠥᠭᠡᠳ ᠨᠡᠯᠢᠶᠡᠳ ᠰᠠᠶᠢᠨ ᠠᠵᠤ ᠦᠢᠯᠡᠰ ᠤᠨ ᠰᠠᠭᠤᠷᠢ ᠪᠠ ᠨᠡᠯᠢᠶᠡᠳ ᠶᠡᠭᠡ ᠬᠥᠭᠵᠢᠯᠲᠡ ᠶᠢᠨ ᠬᠡᠪᠴᠢᠶ᠎ᠡ ᠶᠢ ᠪᠦᠷᠢᠯᠳᠦᠭᠦᠯᠵᠡᠢ᠃ ᠰᠠᠯᠬᠢᠨ ᠬᠦᠴᠦᠨ ᠤ ᠴᠠᠭᠢᠯᠭᠠᠨ᠂ ᠭᠡᠷᠡᠯᠴᠢ ᠴᠡᠨᠡᠭ ᠵᠡᠷᠭᠡ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠲᠦᠷᠭᠡᠨ ᠠᠬᠢᠭᠤᠯᠵᠤ᠂ ᠨᠢᠭᠡ ᠪᠦᠯᠦᠭ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠢ ᠬᠦᠴᠦᠯᠡᠨ ᠪᠠᠶᠢᠭᠤᠯᠵᠤ᠂ ᠪᠦᠭᠦ ᠤᠯᠤᠰ ᠲᠤ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠭᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠢ ᠤᠷᠢᠳ ᠢᠶᠠᠷ ᠪᠠᠶᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠭᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠤᠷᠢᠳ ᠢᠶᠠᠷ ᠪᠠᠶᠢᠭᠤᠯᠵᠤ᠂ 2025 ᠣᠨ ᠪᠤᠯᠬᠤ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠵᠤ᠂ 2030 ᠣᠨ ᠳᠤ ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠶᠢ ᠢᠯᠴᠢ ᠶᠢᠨ ᠴᠠᠭᠢᠯᠭᠠᠨ ᠤ ᠶᠡᠷᠦᠩᠬᠡᠢ ᠬᠡᠮᠵᠢᠶ᠎ᠡ ᠠᠴᠠ ᠳᠠᠪᠠᠭᠤᠯᠬᠤ ᠶᠢ ᠪᠠᠲᠤᠯᠠᠵᠤ᠂ ᠴᠢᠯᠠᠭᠤᠵᠢᠮᠠᠯ ᠡᠨᠧᠷᠭᠢ ᠶᠢᠨ ᠲᠣᠮᠣ ᠣᠷᠣᠨ ᠠᠴᠠ ᠴᠡᠪᠡᠷ ᠡᠨᠧᠷᠭᠢ ᠶᠢᠨ ᠲᠣᠮᠣ ᠣᠷᠣᠨ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠢᠨ᠎ᠡ ᠡᠨᠧᠷᠭᠢ ᠶᠢ ᠬᠥᠭᠵᠢᠭᠦᠯᠬᠦ ᠳᠤ᠂ ᠡᠷᠬᠡᠪᠰᠢ ᠰᠢᠰᠲ᠋ᠧᠮᠳᠦ ᠦᠵᠡᠯᠲᠡ᠂ ᠬᠡᠯᠬᠢᠶᠡᠵᠢᠭᠰᠡᠨ ᠰᠡᠳᠬᠢᠬᠦᠢ ᠶᠢ ᠴᠢᠩᠭᠠᠳᠬᠠᠵᠤ᠂ ︽ᠰᠠᠯᠬᠢ ᠭᠡᠷᠡᠯ ᠤᠨ ᠡᠬᠢ ᠪᠠᠶᠠᠯᠢᠭ︾  ᠢ ᠨᠡᠭᠡᠭᠡᠨ ᠬᠥᠭᠵᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠢᠵᠢ ᠪᠦᠷᠢᠳᠦᠭᠦᠯᠬᠦ ᠪᠠ ᠠᠬᠤᠢ ᠲᠠᠯᠠᠪᠠᠶ ᠶᠢᠨ ᠬᠡᠷᠡᠭᠯᠡᠯᠲᠡ ᠶᠢ ᠥᠷᠭᠡᠳᠬᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠣᠷᠭᠢᠯ ᠤᠨ ᠦᠶ᠎ᠡ ᠶᠢᠨ ᠴᠠᠭᠢᠯᠭᠠᠨ ᠡᠭᠦᠰᠬᠡᠭᠴᠢ ᠳᠤ ᠲᠣᠬᠢᠷᠠᠭᠤᠯᠤᠯᠲᠠ ᠬᠢᠬᠦ᠂ ᠴᠠᠭᠢᠯᠭᠠᠨ ᠲᠣᠣᠷ ᠤᠨ ᠲᠥᠬᠦᠭᠡᠷᠦᠮᠵᠢ᠂ ᠡᠨᠧᠷᠭᠢ ᠬᠠᠳᠠᠭᠠᠯᠠᠬᠤ ᠲᠣᠨᠣᠭᠯᠠᠯ᠂ ᠤᠰᠤᠲᠥ᠋ᠷᠥᠭᠴᠢ ᠡᠨᠧᠷᠭᠢ ᠶᠢᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠶᠯᠡᠳᠭᠦ ᠦᠢᠯᠡᠰ ᠪᠠ ᠲᠡᠭᠡᠭᠡᠪᠦᠷᠢᠯᠡᠨ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠵᠦ᠂ ︽ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ︾᠂ ︽ᠴᠠᠭᠢᠯᠭᠠᠨ ᠭᠠᠷᠭᠠᠵᠤ ᠴᠠᠭᠢᠯᠭᠠᠨ ᠬᠤᠳᠠᠯᠳᠤᠬᠤ︾ ᠬᠠᠭᠤᠴᠢᠨ ᠵᠠᠮ ᠢᠶᠠᠷ ᠳᠠᠭᠢᠵᠤ ᠶᠠᠪᠤᠵᠤ ᠪᠤᠯᠬᠤ ᠦᠭᠡᠢ᠃      ᠡᠨᠧᠷᠭᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠳᠤ ᠡᠷᠬᠡᠪᠰᠢ ᠨᠡᠭᠦᠷᠡᠰᠦ ᠪᠣᠯ ᠮᠠᠨ ᠤ ᠤᠯᠤᠰ ᠤᠨ ᠭᠤᠣᠯ ᠡᠨᠧᠷᠭᠢ ᠪᠤᠯᠬᠤ ᠡᠨᠡ ᠬᠦ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ᠡᠨᠧᠷᠭᠢ ᠪᠠᠷ ᠬᠠᠭᠤᠴᠢᠨ ᠡᠨᠧᠷᠭᠢ ᠶᠢ ᠣᠷᠣᠯᠠᠭᠤᠯᠬᠤ ᠶᠢ ᠴᠡᠭᠴᠡ ᠲᠠᠢ ᠠᠬᠢᠭᠤᠯᠵᠤ᠂ ᠨᠡᠭᠦᠷᠡᠰᠦ ᠪᠠ ᠰᠢᠨ᠎ᠡ ᠡᠨᠧᠷᠭᠢ ᠶᠢᠨ ᠨᠡᠶᠢᠯᠡᠯ ᠢ ᠰᠢᠯᠢᠳᠡᠭᠵᠢᠭᠦᠯᠦᠨ᠂ ᠡᠨᠧᠷᠭᠢ ᠶᠢ ᠠᠮᠤᠷ ᠲᠦᠪᠰᠢᠨ ᠲᠣᠭᠲᠠᠭᠤᠨ ᠢᠶᠠᠷ ᠬᠠᠩᠭᠠᠬᠤ ᠪᠠ ᠲᠣᠭᠲᠠᠭᠤᠨ ᠢᠶᠠᠷ ᠰᠢᠯᠵᠢᠭᠦ ᠶᠢ ᠪᠠᠲᠤᠯᠠᠬᠤ ᠬᠡᠷᠡᠭᠲᠡᠢ᠃ ᠡᠬᠢ ᠪᠠᠶᠠᠯᠢᠭ ᠢ ᠣᠨᠳᠣᠣᠰᠢᠭᠤᠯᠤᠨ ᠦᠷᠳᠡᠭ ᠢ ᠨᠢ ᠨᠡᠮᠡᠭᠳᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠭᠦ ᠪᠠᠷ ᠬᠦᠴᠦᠯᠡᠵᠦ᠂ ᠨᠡᠭᠦᠷᠡᠰᠦᠨ ᠤ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠬᠤᠪᠣᠷ ᠰᠢᠷᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠠᠰᠢᠭᠯᠠᠯᠲᠠ᠂ ᠴᠢᠨᠠᠷ ᠰᠠᠶᠢᠲᠠᠢ ᠠᠰᠢᠭᠯᠠᠯᠲᠠ᠂ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠢ ᠨᠠᠷᠢᠯᠢᠭᠵᠢᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠬᠡᠷᠡᠭᠲᠡᠢ᠃      ᠥᠪᠥᠷ ᠮᠣᠩᠭᠤᠯ ᠨᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠵᠡᠷᠭᠡ ᠭᠠᠵᠠᠷ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠭᠦᠷᠭᠡᠯᠡᠵᠦ ᠪᠤᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠠᠷᠭ᠎ᠠ ᠪᠠᠷᠢᠯ ᠢ ᠪᠦᠲᠦᠮᠵᠢᠲᠡᠢ ᠬᠡᠷᠡᠭᠯᠡᠵᠦ᠂ ᠡᠨᠧᠷᠭᠢ ᠶᠢᠨ ᠲᠣᠭᠲᠠᠭᠤᠨ ᠨᠠᠶᠢᠳᠠᠪᠤᠷᠢᠲᠠᠢ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠬᠤ ᠳᠤ ᠡᠷᠬᠡᠪᠰᠢ ᠠᠮᠢ ᠠᠬᠤᠢ ᠶᠢᠨ ᠤᠯᠠᠭᠠᠨ ᠱᠤᠭᠤᠮ ᠪᠠ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠬᠠᠩᠭᠠᠯᠭ᠎ᠠ ᠶᠢ ᠪᠠᠲᠤᠯᠠᠬᠤ ᠨᠡᠷ᠎ᠡ ᠪᠠᠷ ᠪᠠᠯᠠᠮᠠᠳ ᠪᠦᠳᠦᠭᠦᠯᠢᠭ ᠮᠠᠶ᠋ᠢᠭ ᠤᠨ ᠨᠡᠭᠡᠭᠡᠨ ᠬᠥᠭᠵᠢᠭᠦᠯᠦᠯᠲᠡ ᠬᠢᠬᠦ ᠶᠢ ᠴᠢᠩᠭ᠎ᠠ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ  ᠨᠢ ᠪᠠᠷᠢᠮᠵᠢᠶ᠎ᠠ ᠳᠤ ᠬᠦᠷᠬᠦ ᠦᠭᠡᠢ ᠨᠡᠭᠦᠷᠡᠰᠦᠨ ᠠᠭᠤᠷᠬᠠᠢ ᠶᠢᠨ ︽ᠨᠡᠷ᠎ᠡ ᠠᠰᠢᠭᠯᠠᠨ ᠨᠡᠭᠡᠭᠡᠯᠲᠡ ᠬᠢᠬᠦ︾  ᠶᠢ ᠴᠢᠩᠭ᠎ᠠ ᠰᠡᠷᠭᠡᠶᠢᠯᠡᠬᠦ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号