ᠠᠯᠠᠱᠠ ᠠᠶᠢᠮᠠᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2022/3/8
      ᠨᠢᠭᠡᠳᠦᠭᠡᠷ ᠵᠦᠢᠯ  ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢ  ᠳᠦᠷᠢᠮᠵᠢᠬᠦᠯᠦᠨ ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠥᠭᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠰᠤᠷᠤᠭᠴᠢᠳ ᠢ ᠲᠤᠰᠠᠯᠠᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︽ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ︾ ︵ᠵᠠᠬᠢᠷᠭ᠎ᠠ ᠠᠯᠪᠠᠨ ᠲᠠᠷᠬᠠᠭᠠᠭᠰᠠᠨ ﹇2020﹈ 25 ᠳ᠋ᠤᠭᠠᠷ ᠲᠣᠭᠠᠲᠤ︶ ᠵᠢᠴᠢ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ  ᠲᠤᠰ ᠠᠷᠭ᠎ᠠ ᠨᠢ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠲᠤᠰᠠᠯᠠᠮᠵᠢ ᠶᠢᠨ ᠪᠡᠯᠡ ᠮᠥᠩᠭᠦ ᠳᠤ ᠲᠣᠬᠢᠷᠠᠨ᠎ᠠ᠃       ᠭᠤᠷᠪᠠᠳᠤᠭᠠᠷ ᠵᠦᠢᠯ  ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠠᠯᠠ ᠮᠥᠩᠭᠦ ᠶᠢ ᠠᠶᠢᠮᠠᠭ ᠬᠤᠰᠢᠭᠤ ︵ᠨᠡᠭᠡᠭᠡᠯᠳᠡ ᠶᠢᠨ ᠣᠷᠣᠨ︶ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠴᠠ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠲᠤᠪᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠠᠯᠠ ᠮᠥᠩᠭᠦ ᠶᠢ ᠬᠤᠪᠢᠶᠠᠷᠢᠯᠠᠬᠤ ᠪᠠ ᠲᠥᠰᠦᠪ ᠢ ᠳᠣᠷᠣᠭᠰᠢ ᠪᠠᠭᠤᠯᠭᠠᠬᠤ ᠶᠢ ᠬᠠᠷᠢᠭᠤᠴᠠᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠦᠨᠳᠦᠰᠦᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠶᠢ ᠬᠠᠷᠢᠭᠤᠴᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠠᠯᠠ ᠮᠥᠩᠭᠦ ᠶᠢᠨ ᠣᠨ ᠤ ᠲᠥᠰᠦᠪ ᠢ ᠨᠠᠶᠢᠷᠠᠭᠤᠯᠤᠨ ᠵᠣᠬᠢᠶᠠᠵᠤ᠂ ᠲᠥᠰᠦᠪ ᠤᠨ ᠬᠤᠪᠢᠶᠠᠷᠢᠯᠠᠯᠲᠠ ᠶᠢᠨ ᠰᠠᠨᠠᠭᠤᠯᠭ᠎ᠠ ᠶᠢᠨ ᠲᠥᠰᠦᠯ ᠢ ᠳᠤᠷᠠᠳᠤᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠪᠠᠯᠠ ᠮᠥᠩᠭᠦ ᠶᠢ ᠬᠡᠷᠡᠭᠯᠡᠬᠦ ᠪᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠡᠯ᠎ᠡ ᠬᠡᠦᠬᠡᠳ ᠤᠨ ᠴᠡᠴᠡᠷᠯᠢᠭ ᠤᠳ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠡᠯᠡ ᠮᠥᠩᠭᠦ ᠶᠢ ᠬᠡᠷᠡᠭᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠪᠠᠨ ᠭᠦᠢᠴᠡᠳᠬᠡᠵᠦ᠂ ᠳᠣᠲᠣᠭᠠᠳᠤ ᠬᠠᠮᠢᠶᠠᠷᠤᠯᠲᠠ ᠶᠢᠨ ᠲᠣᠭᠲᠠᠴᠠ ᠪᠠᠨ ᠪᠦᠷᠢᠨᠰᠢᠭᠦᠯᠦᠨ᠂ ᠲᠥᠰᠦᠪ ᠤᠨ ᠬᠡᠷᠡᠭᠵᠢᠭᠦᠯᠦᠯᠲᠡ ᠶᠢ ᠪᠣᠳᠠᠲᠠᠶ ᠵᠣᠬᠢᠶᠠᠨ ᠪᠠᠶᠢᠭᠤᠯᠬᠤ ᠬᠡᠷᠡᠭᠲᠡᠶ᠃       ᠳᠥᠷᠪᠡᠳᠦᠭᠡᠷ ᠵᠦᠢᠯ  ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠲᠤᠰᠠᠯᠠᠮᠵᠢ ᠶᠢᠨ ᠪᠡᠯᠡ ᠮᠥᠩᠭᠦ ᠶᠢᠨ ᠲᠤᠰᠠᠯᠠᠬᠤ ᠪᠠᠷᠢᠮᠵᠢᠶ᠎ᠠ ᠬᠢᠭᠡᠳ ᠬᠡᠪᠴᠢᠶ᠎ᠡ᠄ ᠠᠯᠠᠱᠠ ᠠᠶᠢᠮᠠᠭ ᠤᠨ ᠡᠷᠦᠬᠡ ᠠᠮᠠ ᠲᠠᠢ ᠬᠡᠦᠬᠡᠳ ᠪᠣᠯ ᠰᠤᠷᠤᠭᠴᠢ ᠨᠢᠭᠡᠪᠦᠷᠢ ᠳᠤ ᠰᠠᠷ᠎ᠠ ᠪᠦᠷᠢ ᠶᠢᠨ ᠬᠤᠶᠠᠷ ᠵᠠᠭᠤᠨ ᠲᠥᠭᠦᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠲᠤᠰᠠᠯᠠᠮᠵᠢ ︵ᠨᠢᠭᠡ ᠵᠢᠯ ᠢ ᠶᠢᠰᠦᠨ ᠰᠠᠷ᠎ᠠ ᠪᠠᠷ ᠪᠣᠳᠣᠨ᠎ᠠ︶ ᠶᠢ ᠬᠦᠷᠲᠡᠭᠡᠨ᠎ᠡ᠂ ᠪᠦᠬᠦ ᠠᠶᠢᠮᠠᠭ ᠤᠨ ᠪᠤᠶ ᠪᠦᠬᠦᠢ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ︵ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠᠭᠲᠠᠨ᠎ᠠ︶ ᠤᠨ ᠬᠡᠦᠬᠡᠳ ᠤᠨ ᠴᠡᠴᠡᠷᠯᠢᠭ ᠲᠤ ᠪᠠᠶᠢᠭ᠎ᠠ ᠡᠷᠦᠬᠡ ᠠᠮᠠ ᠲᠠᠢ ᠬᠡᠦᠬᠡᠳ ᠪᠣᠯ ᠴᠥᠮ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠤᠨ᠎ᠠ᠃       ᠲᠠᠪᠤᠳᠤᠭᠠᠷ ᠵᠦᠢᠯ   ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠲᠤᠰᠠᠯᠠᠮᠵᠢ ᠶᠢᠨ ᠪᠡᠯᠡ ᠮᠥᠩᠭᠦ ᠶᠢ ᠭᠤᠣᠯᠳᠠᠭᠤ ᠬᠡᠦᠬᠡᠳ ᠤᠨ ᠠᠰᠠᠷᠠᠨ ᠬᠥᠮᠦᠵᠢᠭᠦᠯᠬᠦ᠂ ᠰᠤᠷᠭᠠᠨ ᠬᠥᠮᠦᠵᠢᠭᠦᠯᠬᠦ ᠠᠵᠢᠯᠯᠠᠭ᠎ᠠ ᠪᠠ ᠬᠡᠦᠬᠡᠳ ᠤᠨ ᠴᠡᠴᠡᠷᠯᠢᠭ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠳᠤ ᠬᠡᠷᠡᠭᠯᠡᠨ᠎ᠡ᠃       ᠵᠢᠷᠭᠤᠳᠤᠭᠠᠷ ᠵᠦᠢᠯ  ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠲᠤᠰᠠᠯᠠᠮᠵᠢ ᠶᠢᠨ ᠪᠡᠯᠡ ᠮᠥᠩᠭᠦ ᠶᠢ ᠡᠯ᠎ᠡ ᠲᠥᠷᠥᠯ ᠤᠨ ᠬᠡᠦᠬᠡᠳ ᠤᠨ ᠴᠡᠴᠡᠷᠯᠢᠭ ᠤᠨ ᠠᠯᠠᠱᠠ ᠠᠶᠢᠮᠠᠭ ᠤᠨ ᠡᠷᠦᠬᠡ ᠠᠮᠠ ᠲᠠᠢ ᠰᠤᠷᠤᠭᠴᠢ ᠶᠢᠨ ᠲᠤᠭ᠎ᠠ᠂ ᠠᠰᠠᠷᠠᠨ ᠬᠥᠮᠦᠵᠢᠭᠦᠯᠬᠦ ᠵᠠᠷᠤᠳᠠᠯ ᠤᠨ ᠪᠠᠷᠢᠮᠵᠢᠶ᠎ᠠ ᠶᠢ ᠦᠨᠳᠦᠰᠦᠯᠡᠨ ᠲᠥᠰᠦᠭᠡᠯᠡᠨ ᠪᠣᠳᠣᠬᠤ ᠬᠡᠷᠡᠭᠲᠡᠶ᠃       ᠳᠣᠯᠣᠳᠤᠭᠠᠷ ᠵᠦᠢᠯ  ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠳᠤ ᠬᠡᠷᠡᠭᠰᠡᠬᠦ ᠪᠠᠯᠠ ᠮᠥᠩᠭᠦ ᠶᠢ ᠠᠶᠢᠮᠠᠭ᠂ ᠬᠤᠰᠢᠭᠤ ︵ᠨᠡᠭᠡᠭᠡᠯᠳᠡ ᠶᠢᠨ ᠣᠷᠣᠨ︶ ᠶᠢᠨ ᠡᠳ᠋ ᠤᠨ ᠵᠠᠰᠠᠭ ᠠᠴᠠ 2᠄ 8 ᠶᠢᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃       ᠨᠠᠢᠮᠠᠳᠣᠭᠠᠷ ᠵᠦᠢᠯ ᠠᠶᠢᠮᠠᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠠᠢ ᠬᠠᠮᠳᠣᠷᠠᠨ ᠰᠢᠯᠵᠢᠭᠦᠯᠦᠨ ᠥᠭᠬᠦ ᠲᠥᠰᠦᠪ ᠤᠨ ᠬᠠᠮᠢᠶᠠᠷᠤᠯᠲᠠ ᠶᠢᠨ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠠᠶᠢᠮᠠᠭ ᠤᠨ ᠱᠠᠲᠤᠨ ᠤ ᠨᠥᠬᠦᠪᠥᠷᠢ ᠥᠭᠬᠦ ᠲᠥᠰᠦᠪ ᠢ ᠪᠠᠭᠤᠯᠭᠠᠬᠤ ᠬᠡᠷᠡᠭᠲᠡᠶ᠃ ᠬᠤᠰᠢᠭᠤ ᠨᠡᠭᠡᠭᠡᠯᠳᠡ ᠶᠢᠨ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠠᠢ ᠬᠠᠮᠲᠤᠷᠠᠨ ᠲᠥᠰᠦᠪ ᠤᠨ ᠬᠠᠮᠢᠶᠠᠷᠤᠯᠲᠠ ᠪᠠᠨ ᠴᠢᠩᠭᠠᠳᠬᠠᠵᠤ᠂ ᠲᠤᠰ ᠱᠠᠲᠤᠨ ᠤ ᠡᠭᠦᠷᠭᠡᠯᠡᠵᠦ ᠪᠠᠶᠢᠭ᠎ᠠ ᠪᠡᠯᠡ ᠮᠥᠩᠭᠦ ᠶᠢ ᠭᠦᠢᠴᠡᠳ ᠲᠤᠭ᠎ᠠ ᠪᠠᠷ ᠲᠣᠬᠢᠷᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠯᠡ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠰᠠᠯᠭᠠᠨ ᠥᠭᠴᠦ ᠪᠣᠳᠠᠲᠠᠶᠢᠵᠢᠭᠤᠯᠬᠤ ᠬᠡᠷᠡᠭᠲᠡᠶ᠃       ᠶᠢᠰᠦᠳᠦᠭᠡᠷ ᠵᠦᠢᠯ   ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠲᠤᠰᠠᠯᠠᠮᠵᠢ ᠶᠢᠨ ᠪᠡᠯᠡ ᠮᠥᠩᠭᠦ ᠶᠢ ᠠᠶᠢᠮᠠᠭ᠂ ᠬᠤᠰᠢᠭᠤᠨ ᠤ ᠵᠠᠰᠠᠭ ᠤᠨ ᠣᠷᠳᠣᠨ ᠤ ᠲᠥᠰᠦᠪ ᠤᠨ ᠬᠠᠮᠢᠶᠠᠷᠤᠯᠲᠠ ᠳᠤ ᠣᠷᠣᠭᠤᠯᠵᠤ᠂ ᠠᠶᠢᠮᠠᠭ᠂ ᠬᠤᠰᠢᠭᠤᠨ ᠤ ᠡᠳ᠋ ᠤᠨ ᠵᠠᠰᠠᠭ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠲᠤᠰᠠᠯᠠᠮᠵᠢ ᠶᠢᠨ ᠪᠡᠯᠡ ᠮᠥᠩᠭᠦ ᠶᠢᠨ ᠲᠥᠰᠦᠪ ᠢ ᠨᠠᠶᠢᠷᠠᠭᠤᠯᠤᠨ ᠵᠣᠬᠢᠶᠠᠬᠤ᠂ ᠬᠡᠷᠡᠭᠵᠢᠭᠦᠯᠬᠦ᠂ ᠲᠥᠰᠦᠪ ᠤᠨ ᠭᠦᠢᠴᠡᠳᠬᠡᠯ ᠵᠡᠷᠭᠡ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃       ᠠᠷᠪᠠᠳᠤᠭᠠᠷ ᠵᠦᠢᠯ   ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠦᠨᠳᠦᠰᠦᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠬᠡᠦᠬᠡᠳ ᠤᠨ ᠴᠡᠴᠡᠷᠯᠢᠭ ᠤᠳ ᠰᠤᠷᠤᠭᠴᠢᠳ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ  ᠳᠦᠷᠢᠮᠵᠢᠬᠦᠯᠦᠨ᠂ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃       ᠠᠷᠪᠠᠨ ᠨᠢᠭᠡᠳᠦᠭᠡᠷ ᠵᠦᠢᠯ   ᠠᠶᠢᠮᠠᠭ᠂ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠠᠯᠠ ᠮᠥᠩᠭᠦ ᠶᠢᠨ ᠬᠡᠷᠡᠭᠯᠡᠯᠲᠡ ᠪᠠ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠬᠡᠦᠬᠡᠳ ᠤᠨ ᠴᠡᠴᠡᠷᠯᠢᠭ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠳᠦᠷᠢᠮᠵᠢᠬᠦᠯᠬᠦ ᠬᠡᠷᠡᠭᠲᠡᠶ᠃       ᠠᠷᠪᠠᠨ ᠬᠤᠶᠠᠳᠤᠭᠠᠷ ᠵᠦᠢᠯ    ᠠᠶᠢᠮᠠᠭ᠂ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠪᠥᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠯ ᠶᠣᠰᠣᠭᠠᠷ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠲᠣᠭᠲᠠᠭᠠᠨ᠂ ᠠᠮᠵᠢᠯᠲᠠ ᠪᠦᠲᠦᠮᠵᠢ ᠶᠢᠨ ᠬᠠᠷᠠᠯᠲᠠ ᠲᠠᠢ ᠬᠠᠷᠢᠴᠠᠭᠤᠯᠤᠨ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ᠂ ᠠᠮᠵᠢᠯᠲᠠ ᠪᠦᠲᠦᠮᠵᠢ ᠶᠢ ᠦᠨᠡᠯᠡᠬᠦ ᠶᠢ ᠰᠠᠶᠢᠲᠤᠷ ᠬᠢᠵᠦ᠂ ᠠᠮᠵᠢᠯᠲᠠ ᠪᠦᠲᠦᠮᠵᠢ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠪᠠᠯᠠ ᠮᠥᠩᠭᠦ ᠶᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃       ᠠᠷᠪᠠᠨ ᠭᠤᠷᠪᠠᠳᠤᠭᠠᠷ ᠵᠦᠢᠯ   ᠠᠶᠢᠮᠠᠭ᠂ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠠᠵᠢᠯᠲᠠᠳ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠵᠠᠷᠤᠳᠠᠯ ᠤᠨ ᠨᠥᠬᠦᠪᠥᠷᠢ ᠪᠠᠯᠠ ᠮᠥᠩᠭᠦ ᠶᠢ ᠬᠤᠪᠢᠶᠠᠷᠢᠯᠠᠬᠤ ᠪᠠ ᠬᠡᠷᠡᠭᠯᠡᠬᠦ ᠶᠠᠪᠤᠴᠠ ᠳᠤ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠬᠤᠪᠢ ᠪᠠᠨ ᠪᠣᠳᠣᠵᠦ ᠬᠠᠤᠯᠢ ᠶᠣᠰᠣ ᠶᠢ ᠵᠥᠷᠢᠴᠡᠭᠰᠡᠨ ᠵᠢᠴᠢ ᠲᠣᠭᠲᠠᠭᠠᠯ ᠠᠴᠠ ᠵᠥᠷᠢᠴᠡᠨ ᠬᠤᠪᠢᠶᠠᠷᠢᠯᠠᠭᠰᠠᠨ ᠪᠤᠶᠤ ᠰᠢᠬᠠᠨ ᠡᠵᠡᠯᠡᠭᠰᠡᠨ᠂ ᠳᠤᠮᠳᠠ ᠠᠴᠠ ᠨᠢ ᠲᠠᠰᠤᠳᠠᠨ ᠦᠯᠡᠳᠡᠭᠡᠭᠰᠡᠨ᠂ ᠲᠡᠭᠰᠢᠳᠬᠡᠨ ᠰᠢᠯᠵᠢᠭᠦᠯᠦᠭᠰᠡᠨ᠂ ᠨᠡᠭᠦᠯᠭᠡᠨ ᠬᠡᠷᠡᠭᠯᠡᠭᠰᠡᠨ᠂ ᠬᠤᠳᠠᠯ ᠢᠶᠠᠷ ᠵᠢᠭᠰᠠᠭᠠᠭᠰᠠᠨ᠂ ᠮᠡᠬᠡᠯᠡᠨ ᠠᠪᠤᠭᠰᠠᠨ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ︽ᠡᠳ᠋  ᠤᠨ ᠵᠠᠰᠠᠭ  ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ  ᠶᠢ ᠰᠢᠳᠬᠡᠨ ᠲᠣᠷᠭᠠᠬᠤ ᠲᠦᠷᠢᠮ︾ ᠵᠡᠷᠭᠡ ᠤᠯᠤᠰ  ᠤᠨ ᠬᠤᠯᠪᠣᠭᠳᠠᠯ  ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠬᠢᠭᠰᠡᠨ ᠰᠡᠵᠢᠭᠯᠡᠯᠲᠡᠶ  ᠪᠣᠯ ᠬᠠᠤᠯᠢ ᠴᠠᠭᠠᠵᠠ  ᠶᠢᠨ ᠪᠠᠶᠢᠭᠤᠯᠤᠯᠭ᠎ᠠ  ᠳᠤ ᠬᠠᠤᠯᠢ ᠶᠣᠰᠣᠭᠠᠷ ᠰᠢᠯᠵᠢᠭᠦᠯᠦᠨ ᠬᠦᠷᠭᠡᠵᠦ ᠰᠢᠢᠳᠪᠦᠷᠢᠯᠡᠬᠦᠯᠬᠦ ᠬᠡᠷᠡᠭᠲᠡᠶ᠃       ᠠᠷᠪᠠᠨ ᠳᠥᠷᠪᠡᠳᠦᠭᠡᠷ ᠵᠦᠢᠯ    ᠲᠣᠰ ᠠᠷᠭ᠎ᠠ ᠶᠢ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃       ᠠᠷᠪᠠᠨ ᠲᠠᠪᠤᠳᠤᠭᠠᠷ ᠵᠦᠢᠯ    ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠠᠷᠠᠭ᠎ᠠ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠃       ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号