ᠮᠠᠨ ᠤ ᠣᠷᠣᠨ ᠭᠤᠣᠯ ᠮᠥᠷᠡᠨ ᠤ ᠰᠠᠪᠠ ᠭᠠᠵᠠᠷ ᠤᠨ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2022/4/1
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ︽ᠥᠪᠥᠷ ᠮᠣᠩᠭᠤᠯ ᠤᠨ ᠭᠤᠣᠯ ᠮᠥᠷᠡᠨ ᠤ ᠰᠠᠪᠠ ᠭᠠᠵᠠᠷ ᠤᠨ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠠᠵᠢᠯ  ᠤᠨ ᠲᠥᠰᠥᠯ︵2022 - 2025 ᠣᠨ︶︾ ᠢ  ᠳᠠᠷᠤᠮᠠᠯᠯᠠᠨ ᠲᠠᠷᠬᠠᠭᠠᠪᠠ᠃      ︽ᠲᠥᠰᠥᠯ︾ ᠳᠤ᠂ 2025 ᠣᠨ ᠪᠤᠯᠬᠤ ᠳᠤ ᠮᠠᠨ ᠤ ᠣᠷᠣᠨ︽ᠨᠠᠷᠢᠯᠢᠭ ᠬᠢᠨᠠᠨ ᠬᠡᠮᠵᠢᠭᠰᠡᠨ᠂ ᠨᠠᠷᠢᠯᠢᠭ ᠤᠷᠢᠳᠴᠢᠯᠠᠨ ᠮᠡᠳᠡᠭᠡᠯᠡᠭᠰᠡᠨ᠂ ᠨᠠᠷᠢᠯᠢᠭ ᠦᠢᠯᠡᠴᠢᠯᠡᠭᠰᠡᠨ︾ ᠰᠠᠪᠠ ᠭᠠᠵᠠᠷ ᠤᠨ ᠴᠠᠭ ᠠᠭᠤᠷ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠮᠠᠨ ᠤ  ᠣᠷᠣᠨ ᠤ  ᠭᠤᠣᠯ ᠮᠥᠷᠡᠨ  ᠤ ᠰᠠᠪᠠ ᠭᠠᠵᠠᠷ ᠤᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠭᠤᠣᠯᠯᠠᠬᠤ ᠵᠠᠩᠭᠢᠯᠠᠭ᠎ᠠ  ᠶᠢᠨ ᠮᠡᠷᠭᠡᠵᠢᠯ ᠤᠨ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠣᠶᠤᠨᠴᠢ ᠴᠠᠭ ᠠᠭᠤᠷ   ᠢᠶᠠᠷ  ᠭᠤᠣᠯ  ᠬᠠᠷᠠᠯᠲᠠ ᠪᠣᠯᠭᠠᠨ᠂ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠭᠰᠡᠨ᠂ ᠬᠠᠮᠵᠢᠯᠴᠠᠨ ᠰᠢᠨ᠎ᠡ ᠶᠢ ᠡᠭᠦᠳᠦᠭᠰᠡᠨ ᠭᠤᠣᠯ ᠮᠥᠷᠡᠨ ᠤ ᠰᠠᠪᠠ ᠭᠠᠵᠠᠷ ᠤᠨ ᠣᠲᠣ ᠦᠶ᠎ᠡ ᠶᠢᠨ ᠴᠠᠭ ᠠᠭᠤᠷ ᠤᠨ ᠪᠠᠲᠤᠯᠠᠭ᠎ᠠ ᠶᠢᠨ ᠰᠢᠨ᠎ᠡ ᠪᠠᠶᠢᠷᠢᠰᠢᠯ   ᠢ  ᠪᠤᠶ  ᠪᠣᠯᠭᠠᠨ᠎ᠠ  ᠭᠡᠵᠦ ᠲᠣᠳᠣᠷᠬᠠᠶᠢᠯᠠᠵᠠᠢ᠃      ᠮᠠᠨ ᠤ ᠣᠷᠣᠨ ᠳᠤ ᠶᠡᠭᠡ ᠪᠠᠭ᠎ᠠ ᠭᠤᠣᠯ ᠮᠥᠷᠡᠨ 1000 ᠭᠠᠷᠤᠢ ᠪᠠᠶᠢᠵᠤ᠂ ᠰᠠᠪᠠ ᠭᠠᠵᠠᠷ ᠤᠨ ᠲᠠᠯᠠᠪᠠᠶ  ᠨᠢ 1000 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢᠬᠢ ᠭᠤᠣᠯ ᠮᠥᠷᠡᠨ 100 ᠭᠠᠷᠤᠢ ᠪᠤᠢ᠃ ᠡᠭᠦᠨ  ᠳᠤ ᠬᠠᠲᠤᠨ ᠭᠤᠣᠯ᠂ ᠡᠷᠭᠦᠨ᠎ᠡ ᠭᠤᠣᠯ᠂ ᠨᠤᠨ ᠮᠥᠷᠡᠨ᠂ ᠪᠠᠷᠠᠭᠤᠨ ᠯᠢᠶᠣᠤ ᠾᠧ ᠭᠤᠣᠯ ᠮᠡᠲᠦ ᠶᠢᠨ ᠭᠤᠣᠯᠳᠠᠯᠭ᠎ᠠ  ᠲᠠᠢ  ᠭᠤᠣᠯ ᠮᠥᠷᠡᠨ ᠤᠳ ᠪᠠᠶᠢᠵᠤ᠂ ᠤᠰᠤᠨ ᠤ ᠡᠬᠢ ᠪᠠᠶᠠᠯᠢᠭ ᠤᠨ ᠲᠠᠷᠬᠠᠯᠲᠠ ᠵᠢᠭᠳᠡ ᠪᠤᠰᠤ ᠪᠠᠶᠢᠳᠠᠭ᠃ ᠡᠶᠢᠮᠦᠷᠬᠦᠦ ᠣᠨᠴᠠᠭᠠᠢ ᠭᠠᠵᠠᠷ ᠵᠦᠢ ᠶᠢᠨ ᠨᠥᠬᠦᠴᠡᠯ ᠳᠤ ᠠᠭᠤᠯᠠᠨ ᠦᠶᠡᠷ᠂ ᠭᠠᠵᠠᠷ ᠰᠢᠨᠵᠢᠯᠡᠭᠡᠨ ᠤ ᠭᠠᠮᠰᠢᠭ ᠵᠡᠷᠭᠡ ᠲᠦᠭᠰᠢᠭᠦᠷᠢ ᠶᠢ ᠰᠡᠷᠭᠡᠶᠢᠯᠡᠬᠦ ᠬᠡᠷᠡᠭᠴᠡᠭᠡ ᠱᠠᠭᠠᠷᠳᠠᠯᠭ᠎ᠠ ᠨᠡᠯᠢᠶᠡᠳ ᠥᠨᠳᠥᠷ ᠪᠠᠶᠢᠵᠤ᠂ ᠰᠠᠪᠠ ᠭᠠᠵᠠᠷ ᠤᠨ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ  ᠶᠢᠨ ᠠᠮᠤᠷ ᠲᠦᠪᠰᠢᠨ ᠪᠣᠯᠣᠨ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠶᠢᠯᠠᠭᠠᠭᠰᠠᠨ ᠢᠶᠠᠷ᠂︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠣᠷᠣᠨ  ᠭᠤᠣᠯ  ᠮᠥᠷᠡᠨ ᠤ  ᠰᠠᠪᠠ  ᠭᠠᠵᠠᠷ ᠤᠨ  ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠲᠤᠯᠭᠠᠭᠤᠷᠢᠯᠠᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠯᠲᠠ ᠳᠤ ᠦᠨᠳᠦᠰᠦᠯᠡᠯ ᠬᠠᠩᠭᠠᠵᠤ᠂ ᠪᠦᠭᠦ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ  ᠶᠢ  ᠠᠬᠢᠭᠤᠯᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号