ᠨᠢᠭᠡ᠂ ︽ᠲᠥᠯᠥᠪᠵᠢᠭᠦᠯᠭᠡ︾ ᠶᠢ ᠨᠡᠶᠢᠲᠡᠯᠡᠭᠰᠡᠨ ᠠᠬᠤᠶ ᠪᠠᠶᠢᠳᠠᠯ | ᠪᠦᠬᠦ ᠠᠷᠠᠳ ᠤᠨ ᠡᠷᠡᠭᠦᠯ ᠮᠡᠨᠳᠦ ᠪᠠᠶᠢᠬᠤ ᠦᠭᠡᠢ ᠪᠣᠯ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠪᠠᠶᠢᠵᠤ | ᠴᠢᠳᠠᠬᠤ ᠦᠭᠡᠢ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠠᠯᠠᠱᠠ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠠᠶᠢᠮᠠᠭ ᠤᠨ ᠪᠡᠶ᠎ᠡ ᠶᠢᠨ | ᠲᠠᠮᠢᠷ ᠤᠨ ᠰᠢᠰᠲ᠋ᠧᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ | ᠫᠢᠩ ᠤᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ | ᠭᠤᠶᠢᠪᠢᠰᠢ ᠥᠬᠡᠶ ᠳᠣᠣᠱᠯᠠᠭᠤᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠢ ᠠᠮᠢᠳᠤᠷᠠᠯᠵᠢᠭᠤᠯᠬᠤ᠂ | ᠤᠷᠤᠯᠳᠤᠭᠠᠨ ᠤ ᠪᠡᠶ᠎ᠡ ᠶᠢᠨ ᠲᠠᠮᠢᠷ ᠢ ᠡᠷᠴᠢᠮᠵᠢᠭᠦᠯᠬᠦ᠂ ᠪᠡᠶ᠎ᠡ ᠶᠢᠨ ᠲᠠᠮᠢᠷ ᠤᠨ ᠠᠵᠤ ᠦᠢᠯᠡᠰ ᠢ ᠵᠠᠬ᠎ᠠ | ᠳᠡᠯᠭᠡᠭᠦᠷᠴᠢᠯᠡᠬᠦ᠂ ᠪᠡᠶ᠎ᠡ ᠶᠢᠨ ᠲᠠᠮᠢᠷ ᠤᠨ ᠰᠣᠶᠣᠯ ᠢ ᠣᠯᠠᠨ ᠶᠠᠩᠵᠤᠵᠢᠭᠤᠯᠬᠤ ᠶᠢ ᠭᠦᠨᠵᠡᠭᠡᠶ ᠠᠬᠢᠭᠤᠯᠵᠤ᠂ | ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠪᠠ᠃ ᠠᠷᠠᠳ ᠣᠯᠠᠨ ᠤ | ᠲᠠᠰᠤᠷᠠᠯᠲᠠ ᠦᠭᠡᠢ ᠴᠢᠩᠭᠠᠷᠠᠭᠰᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠨᠢ ᠠᠯᠠᠱᠠ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠢᠯᠡᠳᠲᠡ ᠦᠷ᠎ᠡ ᠪᠦᠲᠦᠭᠡᠯ ᠢ | ᠢᠯᠡᠷᠡᠭᠦᠯᠪᠡ᠃ | ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠦᠷᠭᠦᠯᠵᠢᠯᠡᠨ | ᠴᠢᠷᠮᠠᠶᠢᠯᠭ᠎ᠠ ᠪᠠᠷ ᠳᠡᠮᠵᠢᠨ᠂ ᠠᠯᠠᠱᠠ ᠠᠶᠢᠮᠠᠭ ᠤᠨ ᠪᠡᠶ᠎ᠡ ᠶᠢᠨ ᠲᠠᠮᠢᠷ ᠤᠨ ᠦᠢᠯᠡᠰ ᠲᠦᠷᠭᠡᠨ ᠳᠠᠪᠰᠢᠯᠲᠠ ᠲᠠᠢ | ᠪᠣᠯᠵᠣ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ᠂ ᠬᠥᠯ ᠪᠥᠮᠪᠦᠭᠡ ᠶᠢᠨ ᠥᠭᠡᠷᠡᠴᠢᠯᠡᠯᠲᠡ | ᠬᠥᠭᠵᠢᠯᠲᠡ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠵᠡᠷᠭᠡ ᠡᠯ᠎ᠡ ᠬᠦᠷᠢᠶᠡᠨ ᠳᠤ ᠴᠥᠮ ᠨᠡᠯᠢᠶᠡᠳ ᠶᠡᠭᠡ | ᠠᠬᠢᠴᠠ ᠲᠠᠢ ᠪᠣᠯᠪᠠ᠃ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯ᠎ᠠ ᠪᠠᠷ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ | ᠵᠣᠬᠢᠶᠠᠨ ᠪᠠᠶᠢᠭᠤᠯᠤᠯᠲᠠ ᠬᠥᠭᠵᠢᠨ ᠪᠤᠵᠠᠭᠠᠶᠢᠷᠠᠵᠤ᠂ ᠪᠥᠬᠦ ᠠᠶᠢᠮᠠᠭ ᠲᠤ ᠣᠳᠣᠬᠠᠨ ᠳᠤ ᠡᠯ᠎ᠡ ᠱᠠᠲᠤᠨ ᠤ ᠡᠯ᠎ᠡ | ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ 184 ᠪᠠᠶᠢᠵᠤ᠂ ︽ᠪᠡᠶ᠎ᠡ ᠶᠢᠨ | ᠲᠠᠮᠢᠷ ᠤᠨ ᠶᠡᠷᠦᠩᠬᠡᠶ ᠨᠡᠶᠢᠭᠡᠮᠯᠢᠭ + ᠭᠠᠭᠴᠠ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ + ᠬᠥᠮᠦᠰ ᠤᠨ | ᠪᠡᠶ᠎ᠡ ᠶᠢᠨ ᠲᠠᠮᠢᠷ ᠤᠨ ᠨᠡᠶᠢᠭᠡᠮᠯᠢᠭ︾ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠣᠬᠢᠶᠠᠨ | ᠪᠠᠶᠢᠭᠤᠯᠤᠯᠲᠠ ᠶᠢᠨ ᠰᠦᠯᠵᠢᠶ᠎ᠡ ᠶᠢ ᠠᠩᠬ᠎ᠠ ᠠᠯᠬᠤᠮ ᠪᠦᠷᠢᠯᠳᠦᠭᠦᠯᠪᠡ᠃ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠭᠠᠨ ᠵᠢᠯᠣᠭᠤᠳᠣᠭᠴᠢ ᠶᠢ ᠮᠢᠩᠭᠠᠨ ᠬᠥᠮᠦᠨ ᠪᠦᠷᠢ ᠳᠤ 3 . 2 ᠨᠡᠷ᠎ᠡ ᠳᠠᠩᠰᠠᠯᠠᠭᠤᠯᠵᠤ᠂ ᠨᠡᠶᠢᠭᠡᠮ ᠲᠣᠭᠤᠷᠢᠭ᠂ | ᠭᠠᠴᠠᠭ᠎ᠠ ᠲᠣᠰᠬᠤᠨ ᠤ ᠪᠡᠶ᠎ᠡ ᠴᠢᠭᠢᠷᠠᠭᠵᠢᠭᠤᠯᠬᠤ ᠥᠷᠲᠡᠭᠡ ᠴᠡᠭ ᠢ ᠪᠦᠷᠢᠨ ᠪᠥᠷᠬᠦᠭᠦᠯᠬᠦ ᠶᠢ ᠦᠨᠳᠦᠰᠦᠨ ᠳᠡᠭᠡᠨ | ᠪᠡᠶᠡᠯᠡᠬᠦᠯᠪᠡ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠶ ᠪᠤᠶᠤ | ᠰᠦᠢᠳᠬᠡᠯ ᠪᠠᠭ᠎ᠠ ᠬᠤᠷᠢᠶᠠᠵᠤ ᠨᠡᠶᠢᠭᠡᠮ ᠳᠤ ᠴᠢᠯᠥᠭᠡᠲᠡᠶ ᠲᠠᠯᠪᠢᠬᠤ ᠶᠢ ᠪᠡᠶᠡᠯᠡᠭᠦᠯᠵᠦ᠂ ᠬᠥᠮᠦᠨ ᠪᠦᠷᠢ ᠶᠢᠨ | ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ ᠶᠢ 4 . 8 ᠲᠡᠭᠰᠢ ᠳᠥᠷᠪᠡᠯᠵᠢᠨ ᠮᠧᠲᠷ ᠲᠤ ᠭᠦᠷᠦᠭᠦᠯᠪᠡ᠃ ᠵᠢᠯ | ᠪᠦᠷᠢ ᠳᠤᠮᠳᠠᠴᠢ ᠪᠠᠷ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠢ 72 ᠤᠳᠠᠭ᠎ᠠ ᠠᠴᠠ ᠳᠡᠭᠡᠭᠰᠢ | ᠡᠷᠬᠢᠯᠡᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ | 45 . 11 % ᠳᠤ ᠬᠦᠷᠭᠡᠪᠡ᠃ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠤᠯᠠᠮᠵᠢᠯᠠᠯ ᠪᠠ | ᠬᠥᠭᠵᠢᠯᠲᠡ ᠬᠦᠴᠦᠲᠡᠢ ᠪᠠᠲᠤᠯᠠᠭ᠎ᠠ ᠲᠠᠢ ᠪᠣᠯᠵᠤ᠂ ᠶᠢᠰᠦᠳᠦᠭᠡᠷ ᠬᠤᠭᠤᠴᠠᠭᠠᠨ ᠤ ᠪᠦᠬᠦ ᠣᠷᠣᠨ ᠤ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠡᠭᠡᠷ᠎ᠡ ᠮᠠᠨ ᠤ ᠠᠶᠢᠮᠠᠭ ᠨᠡᠶᠢᠲᠡ 3 | ᠠᠯᠲᠠᠨ ᠮᠧᠳᠠᠯ᠂ 6 ᠮᠥᠩᠭᠦᠨ ᠮᠧᠳᠠᠯ᠂ 4 ᠭᠠᠤᠯᠢᠨ ᠮᠧᠳᠠᠯ᠂ 33 ᠪᠤᠰᠤᠳ ᠱᠠᠩᠨᠠᠯ ᠤᠨ ᠮᠧᠳᠠᠯ ᠣᠯᠵᠠᠢ᠃ | ᠤᠷᠤᠯᠳᠤᠭᠠᠨ ᠤ ᠪᠡᠶ᠎ᠡ ᠶᠢᠨ ᠲᠠᠮᠢᠷ ᠤᠨ ᠲᠠᠯ᠎ᠠ ᠪᠠᠷ᠂ ᠬᠠᠮᠢᠶᠠᠷᠤᠯᠲᠠ ᠶᠢᠨ ᠪᠠᠶᠢᠭᠤᠯᠤᠯ᠂ ᠠᠵᠢᠯᠯᠠᠭᠠᠨ ᠤ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠡᠭᠡᠷ᠎ᠡ ᠮᠠᠨ ᠤ ᠠᠶᠢᠮᠠᠭ | ᠨᠡᠶᠢᠲᠡ 2 ᠠᠯᠲᠠᠨ ᠮᠧᠳᠠᠯ᠂ 3 ᠮᠥᠩᠭᠦᠨ ᠮᠧᠳᠠᠯ᠂ 9 ᠬᠦᠷᠡᠯ ᠮᠧᠳᠠᠯ᠂ 40 ᠪᠤᠰᠤᠳ ᠱᠠᠩᠨᠠᠯ ᠤᠨ ᠮᠧᠳᠠᠯ | ᠣᠯᠵᠠᠶ᠃ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ | ᠱᠠᠲᠤᠨ ᠤ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ 1᠂ ᠥᠪᠡᠷᠲᠡᠭᠡᠨ ᠵᠠᠰᠠᠬᠤ | ᠣᠷᠣᠨ ᠤ ᠱᠠᠲᠤᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ 2᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ 7᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ 6᠂ ᠵᠠᠯᠠᠭᠤᠴᠤᠳ ᠪᠠᠭᠠᠴᠤᠳ ᠤᠨ ᠭᠡᠷ ᠤᠨ ᠭᠠᠳᠠᠨᠠᠬᠢ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠬᠤᠸᠠᠷᠠᠨ 1 ᠶᠢ ᠪᠠᠶᠢᠭᠤᠯᠵᠤ᠂ ᠠᠯᠠᠱᠠ ᠠᠶᠢᠮᠠᠭ ᠤᠨ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠢᠶᠠᠷ 10 ᠶᠢ ᠨᠡᠷᠡᠶᠢᠳᠪᠡ᠃ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠡᠩᠨᠡᠭᠡ ᠶᠢ ᠨᠠᠩ | ᠲᠡᠭᠦᠯᠳᠡᠷᠵᠢᠭᠦᠯᠵᠦ᠂ ᠵᠠᠯᠠᠭᠤ ᠪᠠᠭ᠎ᠠ ᠲᠠᠮᠢᠷᠴᠢᠨ ᠢ ᠳᠠᠩᠰᠠᠯᠠᠬᠤ 10 ᠲᠥᠷᠥᠯ ᠵᠦᠢᠯ 1015 ᠬᠥᠮᠦᠨ ᠪᠣᠯᠪᠠ᠃ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠰᠲ᠋ᠧᠮ ᠶᠠᠭ ᠪᠦᠷᠢᠯᠳᠦᠵᠦ᠂ | ᠵᠠᠯᠠᠭᠤᠴᠤᠳ ᠪᠠᠭᠠᠴᠤᠳ ᠤᠨ ᠣᠷᠣᠯᠴᠠᠭᠰᠠᠨ ᠬᠥᠮᠦᠨ ᠤ ᠲᠤᠭ᠎ᠠ ᠨᠡᠶᠢᠲᠡ 10 ᠲᠦᠮᠡᠨ ᠬᠥᠮᠦᠨ ᠤᠳᠠᠭ᠎ᠠ ᠳᠤ | ᠬᠦᠷᠴᠡᠶ᠃ | ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠠᠯ᠎ᠠ ᠪᠠᠷ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠢᠶᠠᠷ | ᠲᠥᠯᠥᠭᠡᠯᠡᠭᠦᠯᠦᠭᠰᠡᠨ ᠲᠤᠮᠤ ᠬᠡᠯᠪᠡᠷᠢ ᠶᠢᠨ ᠲᠦᠷᠦᠯ ᠲᠡᠮᠳᠡᠭ ᠤᠨ ᠤᠷᠤᠯᠳᠤᠭᠠᠨ ᠤ ᠠᠵᠢᠯᠯᠠᠭ᠎ᠠ ᠶᠢᠨ ᠠᠯᠳᠠᠷᠰᠢᠯ | ᠪᠣᠯᠤᠨ ᠨᠥᠯᠥᠭᠡᠯᠡᠬᠦ ᠬᠦᠴᠦᠨ ᠲᠠᠰᠤᠷᠠᠯᠳᠠ ᠦᠭᠡᠢ ᠥᠷᠭᠡᠵᠢᠪᠡ᠃ ᠪᠡᠶ᠎ᠡ ᠶᠢᠨ ᠲᠠᠮᠢᠷ ᠤᠨ ᠰᠣᠶᠣᠯ᠂ | ᠵᠢᠭᠤᠯᠴᠢᠯᠠᠯ ᠢ ᠲᠠᠰᠤᠷᠠᠯᠲᠠ ᠦᠭᠡᠢ ᠠᠭᠤᠰᠤᠯᠴᠠᠭᠤᠯᠤᠨ ᠬᠥᠭᠵᠢᠭᠦᠯᠵᠦ᠂ ᠤᠯᠤᠰ ᠤᠨ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 1᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠰᠠᠭᠤᠷᠢᠨ ᠭᠠᠵᠠᠷ 1᠂ ᠤᠯᠤᠰ ᠤᠨ ᠲᠡᠰ ᠤᠨ ᠰᠠᠭᠤᠷᠢᠨ ᠭᠠᠵᠠᠷ 1᠂ ᠤᠯᠤᠰ ᠤᠨ ᠪᠡᠶ᠎ᠡ ᠶᠢᠨ | ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠲᠥᠷᠥᠯ ᠵᠦᠢᠯ 1᠂ | ᠤᠯᠤᠰ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠡᠯᠡᠭᠦᠴᠡᠯ ᠤᠨ ᠣᠨᠴᠠᠯᠢᠭᠲᠤ ᠵᠢᠵᠢᠭ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢ ᠳᠡᠮᠵᠢᠬᠦ ᠲᠥᠷᠥᠯ ᠵᠦᠢᠯ ᠢ ᠠᠮᠵᠢᠯᠲᠠᠲᠠᠢ ᠡᠭᠦᠳᠦᠨ ᠪᠠᠶᠢᠭᠤᠯᠪᠠ᠃ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠠᠤᠯᠢ ᠶᠢᠨ | ᠡᠷᠬᠡᠲᠡᠨ ᠤ ᠨᠢᠭᠡᠴᠡ ᠪᠠ ᠠᠵᠤ ᠦᠢᠯᠡᠰ ᠤᠨ ᠠᠵᠢᠯᠯᠠᠭᠠᠨ ᠤ ᠨᠢᠬᠡᠴᠡ 116 ᠪᠣᠯᠵᠣ᠂ ᠬᠤᠪᠢ ᠶᠢᠨ | ᠡᠵᠡᠩᠨᠡᠯᠲᠡ ᠶᠢᠨ ᠡᠷᠦᠬᠡ 136 ᠪᠣᠯᠪᠠ᠃ ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢ ᠨᠡᠶᠢᠲᠡ 6 . 3 ᠳ᠋ᠦᠩᠰᠢᠭᠤᠷ ᠲᠥᠭᠦᠷᠢᠭ | ᠪᠣᠷᠣᠯᠠᠭᠤᠯᠪᠠ᠃ | ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠲᠠᠯ᠎ᠠ ᠪᠠᠷ᠂ ᠵᠣᠬᠢᠶᠠᠨ ᠪᠠᠶᠢᠭᠤᠯᠤᠨ ᠤᠳᠤᠷᠢᠳᠬᠤ | ᠰᠢᠰᠲ᠋ᠧᠮᠵᠢ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ᠂ ᠴᠢᠳᠠᠪᠤᠷᠢᠲᠠᠨ ᠬᠥᠮᠦᠵᠢᠭᠦᠯᠬᠦ | ᠰᠢᠰᠲ᠋ᠧᠮᠵᠢ᠂ ᠤᠷᠤᠯᠳᠤᠭᠠᠨ ᠤ ᠰᠢᠰᠲ᠋ᠧᠮᠵᠢ ᠤᠯᠠᠮ ᠨᠢᠭᠡ ᠠᠯᠬᠤᠮ ᠲᠡᠭᠦᠯᠳᠡᠷᠵᠢᠨ᠂ ᠠᠵᠢᠯᠯᠠᠭᠠᠨ ᠨᠢ ᠰᠠᠶᠢᠨ | ᠪᠠᠶᠢᠵᠤ᠂ ᠬᠥᠯ ᠪᠥᠮᠪᠦᠭᠡ ᠶᠢᠨ ᠨᠡᠶᠢᠭᠡᠮᠯᠢᠭ ᠤᠨ ᠥᠭᠡᠷᠡᠴᠢᠯᠡᠯᠲᠡ ᠤᠷᠤᠭᠰᠢᠲᠠᠶ ᠶᠠᠪᠤᠭᠳᠠᠪᠠ᠃ ︽ᠠᠷᠪᠠᠨ | ᠭᠤᠷᠪᠠᠳᠣᠭᠠᠷ ᠳᠠᠪᠣᠨ ᠵᠢᠯ︾ ᠤᠨ ᠬᠤᠭᠤᠴᠠᠭᠠᠨ ᠳᠤ᠂ ᠵᠡᠷᠭᠡ ᠳᠡᠰ ᠤᠨ ᠰᠤᠷᠭᠠᠭᠴᠢ ᠶᠢ ᠨᠡᠶᠢᠲᠡ 38᠂ ᠵᠡᠷᠭᠡ | ᠳᠡᠰ ᠤᠨ ᠬᠢᠨᠠᠭᠴᠢ ᠶᠢ 26 ᠬᠥᠮᠦᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠵᠠᠯᠠᠭᠤᠴᠤᠳ | ᠪᠠᠭᠠᠴᠤᠳ ᠤᠨ ᠬᠥᠯ ᠪᠥᠮᠪᠦᠭᠡ ᠶᠢᠨ ᠺᠯᠦ᠋ᠪ ᠢ 4᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ | ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢ 22᠂ ᠪᠦᠬᠦ ᠤᠯᠤᠰ ᠤᠨ ᠬᠥᠯ | ᠪᠥᠮᠪᠦᠭᠡ ᠶᠢᠨ ᠣᠨᠴᠠᠯᠢᠭᠲᠤ ᠬᠡᠦᠬᠡᠳ ᠤᠨ ᠴᠡᠴᠡᠷᠯᠢᠭ ᠢ 1᠂ ᠥᠪᠡᠷᠲᠡᠭᠡᠨ ᠵᠠᠰᠠᠬᠤ ᠣᠷᠣᠨ ᠤ ᠲᠡᠰ ᠤᠨ | ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ 8᠂ ᠥᠪᠡᠷᠲᠡᠭᠡᠨ ᠵᠠᠰᠠᠬᠤ | ᠣᠷᠣᠨ ᠤ ᠲᠡᠰ ᠤᠨ ᠬᠥᠯ ᠪᠥᠮᠪᠦᠭᠡ ᠶᠢᠨ ᠣᠨᠴᠠᠯᠢᠭᠲᠤ ᠬᠡᠦᠬᠡᠳ ᠤᠨ ᠴᠡᠴᠡᠷᠯᠢᠭ ᠢ 8 ᠪᠠᠶᠢᠭᠤᠯᠪᠠ᠃ ᠵᠢᠯ ᠤᠨ | ᠳᠤᠮᠳᠠᠴᠢ ᠤᠷᠤᠯᠳᠤᠭᠠᠨ ᠨᠢ 415 ᠰᠢᠬᠠᠮ ᠤᠳᠠᠭ᠎ᠠ ᠶᠠᠪᠤᠭᠳᠠᠵᠤ᠂ ᠰᠢᠭᠤᠳ ᠣᠷᠣᠯᠴᠠᠭᠰᠠᠨ ᠬᠥᠮᠦᠨ ᠤ ᠲᠤᠭ᠎ᠠ | 6750 ᠬᠥᠮᠦᠨ ᠤᠳᠠᠭ᠎ᠠ ᠳᠤ ᠬᠦᠷᠴᠡᠶ᠃ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠠᠯ᠎ᠠ ᠪᠠᠷ᠂ ︽ᠠᠷᠪᠠᠨ ᠭᠤᠷᠪᠠᠳᠤᠭᠠᠷ ᠲᠠᠪᠤᠨ ᠵᠢᠯ ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ︽ᠠᠯᠠᠱᠠ ᠠᠶᠢᠮᠠᠭ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2015—2020︶︾᠂ ︽ᠠᠯᠠᠱᠠ ᠠᠶᠢᠮᠠᠭ ᠤᠨ ︿ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠣᠷᠳᠣᠨ | ᠲᠠᠯᠠᠪᠠᠶ ᠶᠢᠨ ᠪᠡᠯᠡᠳᠬᠡᠮᠵᠢ ᠶᠢ ᠨᠡᠶᠢᠭᠡᠮ ᠳᠤ ᠴᠢᠯᠥᠭᠡᠲᠡᠶ ᠲᠠᠯᠪᠢᠬᠤ ᠶᠢᠨ ᠬᠡᠷᠡᠭᠵᠢᠭᠦᠯᠬᠦ ᠠᠷᠭ᠎ᠠ﹀ ᠶᠢ ᠲᠤᠤᠱᠯᠠᠭᠤᠯᠬᠤ | ᠳᠣᠬᠠᠢ ᠬᠡᠷᠡᠭᠵᠢᠭᠦᠯᠬᠦ ᠲᠥᠰᠦᠯ︾᠂ ︽ᠠᠯᠠᠱᠠ ᠠᠶᠢᠮᠠᠭ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠵᠦ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠳᠣᠬᠠᠢ ᠬᠡᠷᠡᠭᠵᠢᠭᠦᠯᠬᠦ ᠰᠠᠨᠠᠯ︾᠂ | ︽ᠠᠯᠠᠱᠠ ᠠᠶᠢᠮᠠᠭ ᠤᠨ ᠬᠥᠯ ᠪᠥᠮᠪᠦᠭᠡ ᠶᠢᠨ ᠲᠠᠯᠠᠪᠤᠷ ᠲᠠᠯᠠᠪᠠᠶ ᠶᠢᠨ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ︵2016—2020 ᠣᠨ︶ ᠶᠢᠨ ᠬᠡᠷᠡᠭᠵᠢᠭᠦᠯᠬᠦ ᠲᠥᠰᠦᠯ︾ ᠵᠡᠷᠭᠡ ᠠᠯᠢ | ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠪᠡ᠃ | ᠠᠯᠠᠱᠠ ᠠᠶᠢᠮᠠᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠬᠡᠳᠦ᠋ᠢᠪᠡᠷ ᠠᠯᠢ ᠣᠯᠠᠨ ᠢᠯᠡᠳᠲᠡ ᠦᠷ᠎ᠡ | ᠪᠦᠲᠦᠮᠵᠢ ᠣᠯᠤᠭᠰᠠᠨ ᠪᠣᠯᠪᠠᠴᠤ ᠠᠯᠠᠱᠠ ᠠᠶᠢᠮᠠᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ | ᠲᠡᠩᠴᠡᠭᠦᠷᠢ ᠥᠬᠡᠶ ᠬᠦᠢᠴᠡᠳ ᠥᠬᠡᠶ ᠪᠠᠶᠢᠬᠤ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠭᠤᠤᠯᠳᠠᠭᠤ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡ ᠪᠠ ᠵᠣᠬᠢᠶᠠᠨ ᠪᠠᠶᠢᠭᠤᠯᠤᠯᠲᠠ ᠶᠢᠨ | ᠰᠢᠰᠲ᠋ᠧᠮᠵᠢ ᠮᠥᠨ ᠬᠦ ᠲᠡᠭᠦᠯᠳᠡᠷᠵᠢᠭᠡᠳᠦᠶ︔ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ | ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠬᠠᠮᠢᠶᠠᠷᠬᠤ ᠪᠠᠷ ᠬᠦᠷᠦᠯᠴᠡᠬᠦ ᠦᠭᠡᠶ᠂ ᠠᠰᠢᠭᠯᠠᠬᠤ ᠨᠣᠷᠮ᠎ᠠ ᠥᠨᠳᠥᠷ | ᠪᠤᠰᠤ︔ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠭᠡᠴᠡ ᠪᠠ ᠭᠦᠨᠴᠡ ᠶᠢ ᠮᠥᠨ ᠬᠦ | ᠴᠢᠩᠭᠠᠳᠬᠠᠬᠤ ᠴᠢᠬᠤᠯᠠᠲᠠᠶ ᠪᠠᠶᠢᠨ᠎ᠠ︔ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠦᠬᠦ ᠠᠷᠠᠳ ᠤᠨ | ᠡᠷᠡᠭᠦᠯ ᠴᠢᠭᠢᠷᠠᠭ ᠤᠨ ᠭᠦᠨᠵᠡᠭᠡᠶ ᠠᠭᠤᠰᠤᠯᠴᠠᠨ ᠬᠥᠭᠵᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ | ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠭᠠᠨ ᠵᠢᠯᠣᠭᠤᠳᠬᠤ ᠴᠢᠳᠠᠪᠤᠷᠢᠲᠠᠨ ᠤ ᠡᠩᠨᠡᠭᠡ ᠬᠦᠷᠦᠯᠴᠡᠬᠦ | ᠦᠭᠡᠢ ᠪᠠᠶᠢᠨ᠎ᠠ︔ ᠤᠷᠤᠯᠳᠤᠭᠠᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ | ᠲᠡᠭᠦᠯᠳᠡᠷᠵᠢᠭᠡᠳᠦᠶ᠂ ᠰᠠᠭᠤᠷᠢ ᠲᠥᠬᠦᠭᠡᠷᠦᠮᠵᠢ ᠪᠠᠭᠤᠷᠠᠶ ᠪᠠᠶᠢᠬᠤ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ︔ | ᠣᠨᠴᠠᠯᠢᠭᠲᠤ ᠪᠡᠶ᠎ᠡ ᠶᠢᠨ ᠲᠠᠮᠢᠷ ᠤᠨ ᠠᠵᠤ ᠦᠢᠯᠡᠰ ᠢ ᠴᠣᠭᠴᠠᠯᠠᠬᠤ ᠲᠤᠷᠰᠢᠯᠭ᠎ᠠ ᠬᠦᠷᠦᠯᠴᠡᠬᠦ ᠦᠭᠡᠢ︔ ᠰᠢᠶᠠᠨ ᠤ | ᠬᠡᠪᠴᠢᠶᠡᠨ ᠤ ᠬᠥᠯ ᠪᠥᠮᠪᠦᠭᠡ ᠶᠢᠨ ᠬᠥᠭᠵᠢᠯᠲᠡ ᠶᠢᠨ ᠬᠢᠷᠢ ᠲᠦᠪᠰᠢᠨ ᠥᠨᠳᠥᠷ ᠪᠢᠰᠢ︔ ᠪᠡᠶ᠎ᠡ ᠶᠢᠨ ᠲᠠᠮᠢᠷ ᠤᠨ | ᠰᠣᠶᠣᠯ ᠤᠨ ᠬᠥᠭᠵᠢᠯᠲᠡ ᠤᠳᠠᠭᠠᠨ ᠵᠡᠷᠭᠡ ᠳᠠᠯ᠎ᠠ ᠳᠤ ᠢᠯᠡᠷᠡᠵᠦ ᠪᠠᠶᠢᠨ᠎ᠠ᠃ ᠡᠲᠡᠭᠡᠷ ᠠᠰᠠᠭᠤᠳᠠᠯ ᠤᠨ ᠣᠷᠣᠰᠢᠵᠤ | ᠪᠠᠶᠢᠭ᠎ᠠ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠠᠩ ᠰᠠᠶᠢᠨ | ᠠᠷᠭ᠎ᠠ ᠰᠦᠪᠡᠭᠴᠢᠯᠡᠨ ᠰᠢᠢᠳᠪᠦᠷᠢᠯᠡᠬᠦ ᠶᠢ ᠳᠣᠯᠭᠠᠮ᠎ᠠ ᠱᠠᠭᠠᠷᠳᠠᠵᠤ ᠪᠠᠶᠢᠨ᠎ᠠ᠃ | ᠬᠤᠶᠠᠷ᠂ ︽ᠲᠥᠯᠥᠪᠵᠢᠭᠦᠯᠭᠡ︾ ᠶᠢ ᠨᠡᠶᠢᠲᠡᠯᠡᠭᠰᠡᠨ ᠶᠠᠪᠤᠴᠠ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠦᠨᠳᠦᠰᠦᠯᠡᠨ᠂ 2020 ᠣᠨ ᠤ 10 ᠰᠠᠷ᠎ᠠ ᠳᠤ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠲᠤᠰᠬᠠᠶ ᠠᠩᠭᠢ ᠵᠣᠬᠢᠶᠠᠨ ᠪᠠᠶᠢᠭᠤᠯᠵᠤ ︽ᠠᠯᠠᠱᠠ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ | ﹀ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ | ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠡᠬᠢᠯᠡᠨ ᠲᠤᠭᠤᠷᠪᠢᠪᠠ᠃ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠶᠠᠪᠤᠴᠠ ᠳᠤ᠂ ᠲᠤᠰᠬᠠᠢ ᠰᠡᠳᠦᠪᠲᠦ ᠬᠤᠷᠠᠯ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ | ᠵᠡᠷᠭᠡ ᠪᠠᠷ ᠳᠠᠮᠵᠢᠭᠤᠯᠤᠨ ︽ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠲᠤᠬᠠᠢ ᠲᠤᠰᠬᠠᠢ ᠰᠡᠳᠦᠪᠲᠦ | ᠰᠤᠳᠤᠯᠭᠠᠨ ᠢ ᠥᠷᠨᠢᠭᠦᠯᠵᠦ᠂ ᠭᠦᠢᠴᠡᠳ ᠰᠤᠳᠤᠯᠤᠭᠰᠠᠨ ᠰᠠᠭᠤᠷᠢᠨ ᠳᠡᠭᠡᠷ᠎ᠡ ︽ᠲᠥᠯᠥᠪᠵᠢᠭᠦᠯᠭᠡ ︵ᠰᠠᠨᠠᠯ | ᠬᠤᠷᠢᠶᠠᠬᠤ ᠨᠤᠤᠷᠠᠭ︶︾ ᠢ ᠪᠦᠷᠢᠯᠳᠦᠭᠦᠯᠪᠡ᠃ 2021 ᠣᠨ ᠤ 6 ᠳ᠋ᠤᠭᠠᠷ ᠰᠠᠷ᠎ᠠ ᠶᠢᠨ 2 ᠤᠨ ᠡᠳᠦᠷ᠂ ᠪᠥᠬᠦ | ᠠᠶᠢᠮᠠᠭ ᠤᠨ 3 ᠬᠤᠰᠢᠭᠤ 3 ᠣᠷᠣᠨ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ | ᠡᠯ᠎ᠡ ᠬᠤᠰᠢᠭᠤ ᠣᠷᠣᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︵ᠨᠡᠶᠢᠭᠡᠮ ᠤᠨ ᠬᠡᠷᠡᠭ | ᠶᠠᠪᠤᠳᠠᠯ ᠤᠨ ᠲᠣᠪᠴᠢᠶ᠎ᠠ᠂ ᠠᠵᠤ ᠦᠢᠯᠡᠰ ᠤᠨ ᠬᠥᠭᠵᠢᠯᠲᠡ ᠶᠢᠨ ᠲᠣᠪᠴᠢᠶ᠎ᠠ︶ ᠵᠢᠴᠢ ᠪᠠᠶᠢᠭᠤᠯᠭ᠎ᠠ ᠶᠢᠨ ᠡᠯ᠎ᠡ | ᠰᠠᠯᠠᠭ᠎ᠠ ᠲᠠᠰᠤᠭ᠂ ᠲᠣᠪᠴᠢᠶ᠎ᠠ ᠶᠢᠨ ᠬᠠᠷᠢᠶ᠎ᠠ ᠠᠶᠢᠮᠠᠭ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠬᠡᠨ ᠤ | ᠲᠥᠪ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠣᠯᠠᠭᠤᠯᠭ᠎ᠠ ᠶᠢᠨ ᠬᠠᠮᠢᠶᠠᠷᠤᠯᠲᠠ ᠶᠢᠨ ᠲᠥᠪ ᠵᠡᠷᠭᠡ | ᠨᠢᠭᠡᠴᠡ ᠠᠴᠠ ᠰᠠᠨᠠᠯ ᠰᠠᠨᠠᠭᠤᠯᠭ᠎ᠠ ᠬᠤᠷᠢᠶᠠᠪᠠ᠃ ᠠᠯᠠᠱᠠ ᠶᠢᠨ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠣᠷᠣᠨ ᠤ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠠᠷᠢᠭᠤ ᠲᠤᠰᠬᠠᠭᠰᠠᠨ 1 ᠵᠤᠷᠪᠤᠰ ᠰᠠᠨᠠᠯ | ᠰᠠᠨᠠᠭᠤᠯᠭ᠎ᠠ ᠶᠢ ᠭᠥᠯᠢᠶᠡᠨ ᠠᠪᠴᠤ᠂ ᠰᠠᠨᠠᠭᠤᠯᠭ᠎ᠠ ᠶᠢ ᠵᠦᠶ ᠵᠣᠬᠢᠰᠲᠠᠶ ᠭᠥᠯᠢᠶᠡᠨ ᠠᠪᠴᠤ ᠬᠡᠷᠡᠭᠯᠡᠭᠰᠡᠨ ᠪᠥᠭᠡᠳ | ᠪᠤᠰᠤᠳ ᠨᠢᠭᠡᠴᠡ ᠴᠥᠮ ᠵᠠᠰᠠᠪᠤᠷᠢ ᠣᠷᠣᠭᠤᠯᠬᠤ ᠰᠠᠨᠠᠯ ᠥᠬᠡᠶ ᠪᠠᠶᠢᠪᠠ᠃ 12 ᠳ᠋ᠤᠭᠠᠷ ᠰᠠᠷ᠎ᠠ ᠶᠢᠨ 8 ᠤ ᠡᠳᠦᠷ᠂ | ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ︵ | ᠥᠷᠭᠡᠳᠬᠡᠭᠰᠡᠨ︶ ᠬᠤᠷᠠᠯ ᠢ ᠬᠤᠷᠠᠯᠳᠤᠭᠤᠯᠵᠤ᠂ ᠲᠣᠪᠴᠢᠶ᠎ᠠ ᠶᠢᠨ ᠪᠠᠭ᠂ ᠪᠠᠶᠢᠭᠤᠯᠭ᠎ᠠ ᠶᠢᠨ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ︽ᠲᠥᠯᠥᠪᠵᠢᠭᠦᠯᠭᠡ ︵ᠰᠠᠨᠠᠯ ᠬᠤᠷᠢᠶᠠᠬᠤ ᠨᠤᠤᠷᠠᠭ︶︾ ᠳᠤ | ᠳᠠᠬᠢᠨᠲᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠲᠥᠯᠥᠪᠵᠢᠭᠦᠯᠭᠡ ︵ᠬᠢᠨᠠᠭᠤᠯᠬᠤ ᠨᠤᠤᠷᠠᠭ︶︾ ᠶᠢ | ᠪᠦᠷᠢᠯᠳᠦᠭᠦᠯᠪᠡ᠃ 2021 ᠣᠨ ᠤ 12 ᠳ᠋ᠤᠭᠠᠷ ᠰᠠᠷ᠎ᠠ ᠶᠢᠨ 31 ᠤ ᠡᠳᠦᠷ᠂ ᠠᠶᠢᠮᠠᠭ ᠤᠨ ᠵᠠᠬᠢᠷᠭ᠎ᠠ ᠠᠴᠠ | ᠰᠤᠳᠤᠯᠤᠨ ᠵᠥᠪᠰᠢᠶᠡᠷᠡᠭᠦᠯᠦᠭᠡᠳ᠂ ᠳᠠᠷᠤᠮᠠᠯᠯᠠᠨ ᠲᠠᠷᠬᠠᠭᠠᠪᠠ᠃ | ᠭᠤᠷᠪᠠ᠂ ︽ᠲᠥᠯᠥᠪᠵᠢᠭᠦᠯᠭᠡ︾ ᠶᠢ ᠨᠡᠶᠢᠲᠡᠯᠡᠭᠰᠡᠨ ᠦᠨᠳᠦᠰᠦᠯᠡᠯ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠬᠤ ᠴᠢᠬᠤᠯᠠ ᠴᠠᠭ ᠬᠤᠭᠤᠴᠠᠭ᠎ᠠ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠪᠠ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢ | ᠨᠢᠭᠡᠳᠦᠯᠲᠡᠶ ᠲᠥᠯᠥᠪᠵᠢᠭᠦᠯᠬᠦ ᠶᠢᠨ ᠲᠥᠯᠥᠭᠡ᠂ ︽︿ᠡᠷᠡᠭᠦᠯ ᠡᠩᠬᠡ ᠳᠤᠮᠳᠠᠳᠤ ᠤᠯᠤᠰ 2030﹀ | ᠲᠥᠯᠥᠪᠵᠢᠭᠦᠯᠭᠡ ᠶᠢᠨ ᠬᠥᠲᠥᠯᠪᠦᠷᠢ︾᠂ ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠥᠲᠥᠭᠡᠨ | ᠪᠠᠶᠢᠭᠤᠯᠤᠯᠲᠠ ᠶᠢᠨ ᠬᠥᠲᠥᠯᠪᠦᠷᠢ︾᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021— | 2025 ᠣᠨ︶︾ ᠪᠣᠯᠤᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ︿ᠠᠷᠪᠠᠨ ᠳᠥᠷᠪᠡᠳᠦᠭᠡᠷ | ᠲᠠᠪᠤᠨ ᠵᠢᠯ﹀ ᠤᠨ ᠲᠥᠯᠥᠪᠵᠢᠭᠦᠯᠭᠡ ︾ ᠶᠢᠨ ᠱᠠᠭᠠᠷᠳᠠᠯᠭ᠎ᠠ ᠶᠣᠰᠣᠭᠠᠷ᠂ ᠠᠯᠠᠱᠠ ᠠᠶᠢᠮᠠᠭ ᠤᠨ ᠪᠣᠳᠠᠲᠠᠶ ᠲᠠᠢ | ᠤᠶᠠᠯᠳᠤᠭᠤᠯᠤᠨ᠂ ᠲᠣᠰ ᠲᠥᠯᠥᠪᠵᠢᠭᠦᠯᠭᠡ ᠶᠢ ᠲᠣᠭᠲᠠᠭᠠᠪᠠ᠃ ︽ᠲᠥᠯᠥᠪᠵᠢᠭᠦᠯᠭᠡ︾ ᠳᠤ᠂ 2025 ᠣᠨ | ᠪᠣᠯᠬᠤ ᠳᠤ᠂ ᠠᠯᠠᠱᠠ ᠠᠶᠢᠮᠠᠭ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠪᠥᠬᠦ ᠣᠷᠣᠨ ᠤ ᠳᠤᠮᠳᠠ ᠵᠡᠷᠭᠡ ᠶᠢᠨ | ᠬᠢᠷᠢ ᠲᠦᠪᠰᠢᠨ ᠳᠤ ᠬᠦᠷᠭᠡᠵᠦ᠂ ᠠᠷᠠᠳ ᠣᠯᠠᠨ ᠤ ᠪᠡᠶ᠎ᠡ ᠶᠢᠨ ᠲᠠᠮᠢᠷ ᠲᠤ ᠣᠷᠣᠯᠴᠠᠬᠤ ᠵᠣᠯ ᠵᠢᠷᠭᠠᠯᠲᠤ | ᠲᠥᠷᠥᠭᠳᠡᠯ ᠢ ᠢᠯᠡᠳᠲᠡ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠭᠤᠤᠯᠯᠠᠬᠤ ᠥᠷᠢᠰᠦᠯᠳᠦᠬᠦ ᠬᠦᠴᠦᠨ᠂ | ᠨᠡᠶᠢᠭᠡᠮ ᠤᠨ ᠨᠥᠯᠥᠭᠡᠯᠡᠬᠦ ᠬᠦᠴᠦᠨ ᠢ ᠢᠯᠡᠳᠲᠡ ᠴᠢᠩᠭᠠᠷᠠᠭᠤᠯᠤᠨ᠎ᠠ᠃ ︽ᠲᠥᠯᠥᠪᠵᠢᠭᠦᠯᠭᠡ︾ ᠳᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠠᠯᠠᠱᠠ ᠶᠢᠨ ᠪᠡᠶ᠎ᠡ ᠶᠢᠨ ᠲᠠᠮᠢᠷ ᠤᠨ ᠦᠢᠯᠡᠰ ᠤᠨ | ᠵᠢᠷᠭᠤᠭᠠᠨ ᠶᠡᠭᠡ ᠬᠥᠭᠵᠢᠯᠲᠡ ᠶᠢᠨ ᠬᠠᠷᠠᠯᠲᠠ ᠪᠣᠯ ᠲᠣᠰ ᠲᠣᠰ᠄ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠷᠤᠯᠳᠤᠭᠠᠨ ᠤ | ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠢᠯᠡᠷᠡᠭᠦᠯᠵᠦ᠂ ᠪᠡᠶ᠎ᠡ ᠶᠢᠨ | ᠲᠠᠮᠢᠷ ᠤᠨ ᠠᠵᠤ ᠦᠢᠯᠡᠰ ᠢ ᠣᠨᠴᠠᠯᠢᠭ ᠲᠠᠢ ᠬᠥᠭᠵᠢᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ | ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠬᠥᠳᠡᠯᠭᠡᠭᠡᠨ ᠢ ᠤᠯᠠᠮ ᠨᠢᠭᠡ ᠠᠯᠬᠤᠮ ᠲᠦᠭᠡᠮᠡᠯᠵᠢᠭᠦᠯᠬᠦ ᠪᠠ | ᠪᠡᠶ᠎ᠡ ᠶᠢᠨ ᠲᠠᠮᠢᠷ ᠤᠨ ᠰᠣᠶᠣᠯ ᠤᠬᠠᠭᠤᠯᠭ᠎ᠠ ᠶᠢᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ᠳᠥᠷᠪᠡ᠂ ︽ᠲᠥᠯᠥᠪᠵᠢᠭᠦᠯᠭᠡ︾ ᠶᠢᠨ ᠦᠨᠳᠦᠰᠦᠨ ᠵᠠᠭᠪᠣᠷ | ︽ᠲᠥᠯᠥᠪᠵᠢᠭᠦᠯᠭᠡ︾ ᠨᠢ ᠬᠤᠶᠢᠰᠢᠳᠠ ᠶᠢᠨ ᠲᠠᠪᠤᠨ ᠵᠢᠯ ᠤᠨ ᠬᠠᠷᠠᠯᠲᠠ ᠡᠭᠦᠷᠭᠡ ᠪᠠ ᠴᠢᠬᠤᠯᠠ ᠶᠡᠭᠡ | ᠠᠷᠭ᠎ᠠ ᠬᠡᠮᠵᠢᠶ᠎ᠡ ᠲᠠᠢ ᠨᠢᠭᠲᠠ ᠤᠶᠠᠯᠳᠤᠭᠤᠯᠤᠨ᠂ ᠠᠯᠠᠱᠠ ᠠᠶᠢᠮᠠᠭ ᠤᠨ ᠪᠡᠶ᠎ᠡ ᠶᠢᠨ ᠲᠠᠮᠢᠷ ᠤᠨ ᠥᠭᠡᠷᠡᠴᠢᠯᠡᠯᠲᠡ | ᠬᠥᠭᠵᠢᠯᠲᠡ ᠶᠢᠨ ᠪᠣᠳᠠᠲᠤ ᠪᠠᠶᠢᠳᠠᠯ ᠪᠠ ᠬᠡᠷᠡᠭᠴᠡᠭᠡ ᠲᠠᠢ ᠤᠶᠠᠯᠳᠤᠭᠤᠯᠵᠤ᠂ 2025 ᠣᠨ ᠤ ᠪᠡᠶ᠎ᠡ ᠶᠢᠨ | ᠲᠠᠮᠢᠷ ᠤᠨ ᠦᠢᠯᠡᠰ ᠤᠨ ᠬᠥᠭᠵᠢᠯᠲᠡ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠦᠵᠡᠯ ᠰᠠᠨᠠᠭ᠎ᠠ᠂ | ᠦᠨᠳᠦᠰᠦᠨ ᠵᠠᠷᠴᠢᠮ᠂ ᠬᠥᠭᠵᠢᠯᠲᠡ ᠶᠢᠨ ᠬᠠᠷᠠᠯᠲᠠ᠂ ᠭᠤᠤᠯ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ | ᠪᠣᠷᠣ ᠲᠥᠯᠥᠪ ᠢ ᠳᠤᠷᠠᠳᠤᠨ ᠭᠠᠷᠭᠠᠪᠠ᠃ | ︽ᠲᠥᠯᠥᠪᠵᠢᠭᠦᠯᠭᠡ︾ ᠶᠢᠨ ᠨᠢᠬᠡᠳᠦᠭᠡᠷ ᠬᠡᠰᠡᠭ ᠲᠤ ︽ᠠᠷᠪᠠᠨ ᠭᠤᠷᠪᠠᠳᠤᠭᠠᠷ ᠲᠠᠪᠤᠨ ᠵᠢᠯ ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠯᠠᠱᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ | ᠣᠯᠤᠭᠰᠠᠨ ᠠᠮᠵᠢᠯᠲᠠ ᠪᠦᠲᠦᠮᠵᠢ ᠶᠢ ᠰᠢᠰᠲ᠋ᠧᠮ ᠲᠠᠢ ᠪᠥᠬᠦ ᠲᠠᠯ᠎ᠠ ᠪᠠᠷ ᠳ᠋ᠦᠩᠨᠡᠵᠦ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢᠨ ᠠᠵᠠ ᠲᠣᠬᠢᠶᠠᠯ ᠪᠠ ᠥᠷᠢᠰᠥᠯᠳᠦᠭᠡᠨ ᠢ ᠭᠦᠨᠵᠡᠭᠡᠶ ᠵᠠᠳᠠᠯᠪᠠ᠃ | ︽ᠲᠥᠯᠥᠪᠵᠢᠭᠦᠯᠭᠡ︾ ᠶᠢᠨ ᠬᠤᠶᠠᠳᠤᠭᠠᠷ ᠬᠡᠰᠡᠭ ᠲᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠤ ᠠᠯᠠᠱᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ | ᠂ ᠦᠨᠳᠦᠰᠦᠨ ᠵᠠᠷᠴᠢᠮ ᠪᠠ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠪᠠ᠃ ᠲᠥᠯᠥᠪᠵᠢᠭᠦᠯᠭᠡ ᠨᠢ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠣᠭᠤᠯᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠠᠵᠢᠯ ᠤᠨ | ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠳᠣᠣᠱᠯᠠᠭᠤᠯᠵᠦ ᠂ ᠣᠯᠠᠨ ᠲᠦᠮᠡᠨ ᠤ ᠬᠠᠨᠤᠮᠵᠢᠲᠠᠶ ᠪᠠᠶᠢᠬᠤ ᠶᠢ ᠪᠠᠲᠤ ᠪᠤᠢ ᠪᠣᠯᠭᠠᠵᠦ᠂ ᠨᠡᠭᠡᠭᠡᠯᠲᠡ ᠬᠢᠵᠦ | ᠬᠠᠮᠲᠤ ᠪᠠᠷ ᠡᠳ᠋ᠯᠡᠬᠦ᠂ ᠠᠭᠤᠰᠤᠯᠴᠠᠨ ᠬᠥᠭᠵᠢᠬᠦ ᠣᠶᠢᠯᠠᠭᠠᠭᠳᠠᠬᠤᠨ ᠠᠴᠠ ᠭᠠᠷᠳᠠᠵᠦ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠳᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠥᠷᠪᠡᠨ ᠶᠡᠭᠡ | ᠵᠠᠷᠴᠢᠮ ᠢ ᠪᠠᠷᠢᠮᠲᠠᠯᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ᠂ ᠰᠢᠶᠠᠨ ᠤ ᠬᠡᠪᠴᠢᠶᠡᠨ ᠤ | ᠬᠥᠯ ᠪᠥᠮᠪᠦᠭᠡ᠂ ᠪᠡᠶ᠎ᠡ ᠶᠢᠨ ᠲᠠᠮᠢᠷ ᠤᠨ ᠰᠣᠶᠣᠯ ᠵᠡᠷᠭᠡ 6 ᠲᠠᠯ᠎ᠠ ᠶᠢᠨ ᠲᠣᠭᠤᠷᠢᠨ ᠳᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠥᠭᠵᠢᠯᠲᠡ ᠶᠢᠨ ᠪᠣᠳᠠᠲᠠᠶ ᠬᠠᠷᠠᠯᠲᠠ ᠶᠢ ᠲᠣᠭᠲᠠᠭᠠᠭᠰᠠᠨ ᠪᠥᠭᠡᠳ 2025 ᠣᠨ ᠤ | ᠠᠯᠤᠰ ᠤᠨ ᠬᠠᠷᠠᠯᠲᠠ ᠶᠢ ᠪᠠᠷᠠᠯᠠᠪᠠ᠃ 2025 ᠣᠨ ᠪᠣᠯᠬᠤ ᠳᠤ᠂ ᠠᠯᠠᠱᠠ ᠶᠢᠨ ᠪᠡᠶ᠎ᠡ ᠶᠢᠨ ᠲᠠᠮᠢᠷ ᠤᠨ | ᠬᠥᠭᠵᠢᠯᠲᠡ ᠶᠢ ᠮᠠᠨ ᠤ ᠤᠯᠤᠰ ᠤᠨ ᠳᠤᠮᠳᠠ ᠵᠡᠷᠭᠡ ᠶᠢᠨ ᠬᠢᠷᠢ ᠲᠦᠪᠰᠢᠨ ᠳᠤ ᠬᠦᠷᠭᠡᠵᠦ᠂ ᠠᠷᠠᠳ ᠣᠯᠠᠨ ᠤ | ᠪᠡᠶ᠎ᠡ ᠶᠢᠨ ᠲᠠᠮᠢᠷ ᠲᠤ ᠣᠷᠣᠯᠴᠠᠬᠤ ᠵᠣᠯ ᠵᠢᠷᠭᠠᠯᠲᠤ ᠲᠥᠷᠥᠭᠳᠡᠯ ᠢ ᠢᠯᠡᠳᠲᠡ ᠳᠡᠭᠡᠭᠰᠢᠯᠡᠭᠦᠯᠵᠦ᠂ ᠪᠡᠶ᠎ᠡ ᠶᠢᠨ | ᠲᠠᠮᠢᠷ ᠤᠨ ᠭᠤᠤᠯᠯᠠᠬᠤ ᠥᠷᠢᠰᠦᠯᠳᠦᠬᠦ ᠬᠦᠴᠦᠨ᠂ ᠨᠡᠶᠢᠭᠡᠮ ᠤᠨ ᠨᠥᠯᠥᠭᠡᠯᠡᠬᠦ ᠬᠦᠴᠦᠨ ᠢ ᠢᠯᠡᠳᠲᠡ | ᠴᠢᠩᠭᠠᠷᠠᠭᠤᠯᠤᠨ᠎ᠠ᠃ ᠠᠷᠠᠳ ᠣᠯᠠᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠶᠢ ᠨᠠᠩ ᠲᠥᠬᠦᠮ | ᠪᠣᠯᠭᠠᠵᠤ᠂ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠬᠥᠮᠦᠨ ᠤ ᠲᠤᠭ᠎ᠠ ᠶᠢ ᠦᠷᠭᠦᠯᠵᠢᠯᠡᠨ | ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ | ᠬᠠᠷᠢᠴᠠᠯ ᠢ 45 . 11 % ᠠᠴᠠ ᠳᠡᠭᠡᠭᠰᠢ ᠳᠤ ᠬᠦᠷᠦᠭᠦᠯᠵᠦ᠂ ᠮᠢᠩᠭᠠᠨ ᠬᠥᠮᠦᠨ ᠪᠦᠷᠢ ᠳᠤ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ 3 . 2 ᠠᠴᠠ ᠳᠡᠭᠡᠭᠰᠢ ᠪᠠᠶᠢᠯᠭᠠᠵᠤ᠂ ᠬᠥᠮᠦᠨ ᠪᠦᠷᠢ ᠶᠢᠨ | ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ ᠶᠢ 4 . 8 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠳᠤ | ᠬᠦᠷᠦᠭᠦᠯᠵᠦ᠂ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠰᠢᠨᠵᠢᠬᠦ ᠶᠢᠨ ᠬᠢᠷᠢ ᠲᠡᠩᠴᠡᠭᠰᠡᠨ ᠨᠣᠷᠮ᠎ᠠ ᠶᠢ 90 | % ᠳᠤ ᠬᠦᠷᠦᠭᠦᠯᠦᠨ᠎ᠡ᠃ | ︽ᠲᠥᠯᠥᠪᠵᠢᠭᠦᠯᠭᠡ︾ ᠶᠢᠨ ᠭᠤᠷᠪᠠᠳᠤᠭᠠᠷ ᠬᠡᠰᠡᠭ ᠲᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠮᠠᠨ ᠤ ᠠᠶᠢᠮᠠᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠭᠤᠣᠯ ᠡᠭᠦᠷᠭᠡ ᠶᠢ | 6 ᠵᠤᠷᠪᠤᠰ ᠳᠤᠷᠠᠳᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠶᠢ ᠠᠮᠢᠳᠤᠷᠠᠯᠵᠢᠭᠤᠯᠬᠤ ᠶᠢ ᠠᠬᠢᠭᠤᠯᠵᠤ᠂ ᠡᠷᠡᠭᠦᠯ ᠡᠩᠬᠡ ᠠᠯᠠᠱᠠ ᠶᠢ ᠪᠥᠲᠥᠭᠡᠨ | ᠪᠠᠶᠢᠭᠤᠯᠬᠤ ᠳᠤ ᠰᠠᠭᠤᠷᠢ ᠲᠠᠯᠪᠢᠨ᠎ᠠ︔ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ | ᠬᠦᠴᠦᠨ ᠢ ᠳᠡᠭᠡᠭᠰᠢᠯᠡᠭᠦᠯᠦᠨ᠎ᠡ︔ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ︾ ᠢ ᠪᠥᠬᠦ | ᠲᠠᠯ᠎ᠠ ᠪᠠᠷ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ︔ | ᠣᠨᠴᠠᠯᠢᠭᠲᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠬᠦᠴᠦᠨ ᠢ ᠴᠢᠩᠭᠠᠷᠠᠭᠤᠯᠤᠨ᠎ᠠ︔ | ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠲᠣᠭᠲᠠᠭᠤᠨ ᠬᠥᠭᠵᠢᠯᠲᠡ ᠶᠢ ᠠᠬᠢᠭᠤᠯᠤᠨ᠎ᠠ︔ ᠪᠡᠶ᠎ᠡ ᠶᠢᠨ | ᠲᠠᠮᠢᠷ ᠤᠨ ᠰᠣᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠤᠨ᠎ᠠ᠃ | ︽ᠲᠥᠯᠥᠪᠵᠢᠭᠦᠯᠭᠡ︾ ᠶᠢᠨ ᠳᠥᠷᠪᠡᠳᠦᠭᠡᠷ ᠬᠡᠰᠡᠭ ᠲᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠤ ᠮᠠᠨ ᠤ ᠠᠶᠢᠮᠠᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ 4 ᠵᠦᠢᠯ ᠤᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ ᠲᠣᠰ ᠲᠣᠰ᠄ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠬᠤᠯᠠᠴᠢᠯᠠᠨ᠎ᠠ︔ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠦᠨ᠎ᠡ︔ | ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠢᠨ | ᠪᠠᠲᠤᠯᠠᠭ᠎ᠠ ᠶᠢ ᠴᠢᠩᠭᠠᠳᠬᠠᠨ᠎ᠠ︔ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠬᠢᠨᠠᠯᠲᠠ ᠲᠠᠯᠪᠢᠵᠤ ᠦᠨᠡᠯᠡᠬᠦ ᠶᠢ ᠴᠢᠩᠭᠠᠷᠠᠭᠤᠯᠬᠤ ᠵᠡᠷᠭᠡ ᠲᠠᠪᠤᠨ ᠲᠠᠯ᠎ᠠ ᠪᠣᠯᠣᠨ᠎ᠠ᠃ | ᠲᠠᠪᠤ᠂ ︽ᠲᠥᠯᠥᠪᠵᠢᠭᠦᠯᠭᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠲᠤᠯᠠᠭ᠎ᠠ ᠶᠢᠨ ᠠᠷᠭ᠎ᠠ | ᠬᠡᠮᠵᠢᠶ᠎ᠡ | ︽ᠲᠥᠯᠥᠪᠵᠢᠭᠦᠯᠭᠡ︾ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠵᠢᠯᠣᠭᠤᠳᠬᠤ ᠴᠢᠬᠤᠯᠠ ᠪᠢᠴᠢᠭ ᠮᠠᠲ᠋ᠧᠷᠢᠶᠠᠯ | ᠪᠣᠯᠤᠨ᠎ᠠ᠃ ︽ᠲᠥᠯᠥᠪᠵᠢᠭᠦᠯᠭᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠶᠢᠨ | ᠲᠤᠰᠠᠳᠠ᠂ ᠳᠣᠣᠷᠠᠬᠢ ᠬᠡᠳᠦᠨ ᠲᠠᠯ᠎ᠠ ᠪᠠᠷ ᠪᠠᠲᠤᠯᠠᠬᠤ ᠬᠡᠷᠡᠭᠲᠡᠶ᠃ | ᠨᠢᠭᠡ ᠳᠤ᠂ ᠨᠠᠮ ᠤᠨ ︽ᠲᠥᠯᠥᠪᠵᠢᠭᠦᠯᠭᠡ︾ ᠶᠢ ᠬᠡᠷᠡᠭᠵᠢᠭᠦᠯᠬᠦ ᠠᠵᠢᠯ ᠳᠠᠬᠢ ᠪᠥᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠤᠳᠤᠷᠢᠳᠬᠤ ᠪᠠᠶᠢᠭᠤᠯᠣᠯ | ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠣᠭᠤᠳᠣᠭᠤᠯᠵᠤ᠂ ᠪᠡᠶ᠎ᠡ ᠶᠢᠨ ᠲᠠᠮᠢᠷ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ | ᠴᠢᠩᠭᠠᠳᠬᠠᠵᠤ᠂ ᠪᠡᠶ᠎ᠡ ᠶᠢᠨ ᠲᠠᠮᠢᠷ ᠤᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠡᠷᠡᠰ ᠪᠠᠲᠤ ᠵᠥᠪ | ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤᠯᠠᠨ᠎ᠠ᠃ | ᠬᠤᠶᠠᠷ ᠲᠤ᠂ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ᠃ ᠣᠯᠠᠨ ᠵᠦᠢᠯ ᠤᠨ ᠬᠡᠯᠪᠡᠷᠢ ᠪᠠᠷ ︽ | ᠲᠥᠯᠥᠪᠵᠢᠭᠦᠯᠭᠡ︾ ᠳᠤ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ᠂ ᠭᠤᠤᠯ ᠡᠭᠦᠷᠭᠡ ᠵᠢᠴᠢ ᠬᠠᠮᠢᠶ᠎ᠠ ᠪᠥᠬᠦᠶ ᠠᠷᠭ᠎ᠠ | ᠬᠡᠮᠵᠢᠶ᠎ᠡ ᠶᠢ ᠤᠬᠠᠭᠤᠯᠤᠨ ᠲᠠᠶᠢᠯᠪᠤᠷᠢᠯᠠᠵᠤ᠂ ᠪᠥᠬᠦ ᠠᠶᠢᠮᠠᠭ ᠤᠨ ᠪᠡᠶ᠎ᠡ ᠶᠢᠨ ᠲᠠᠮᠢᠷ ᠤᠨ ᠹᠷᠣᠨᠲ ᠤᠨ ᠦᠵᠡᠯ | ᠰᠠᠨᠠᠭ᠎ᠠ ᠲᠠᠨᠢᠯᠲᠠ ᠶᠢ ᠨᠢᠭᠡᠳᠬᠡᠨ᠂ ︽ᠲᠥᠯᠥᠪᠵᠢᠭᠦᠯᠭᠡ︾ ᠶᠢ ᠬᠡᠷᠡᠭᠵᠢᠭᠦᠯᠬᠦ ᠳᠤ ᠰᠠᠶᠢᠨ ᠰᠠᠶᠢᠬᠠᠨ | ᠬᠥᠭᠵᠢᠯᠲᠡ ᠶᠢᠨ ᠠᠭᠤᠷ ᠠᠮᠢᠰᠬᠤᠯ ᠢ ᠪᠣᠶ ᠪᠣᠯᠭᠠᠵᠤ ᠥᠭᠭᠦᠨ᠎ᠡ᠃ | ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠡᠩᠬᠡ ᠶᠢᠨ ᠭᠦᠨ ᠠᠭᠤᠰᠤᠯᠴᠠᠯ ᠤᠨ ᠬᠠᠮᠲᠤᠷᠠᠭᠰᠠᠨ ᠬᠤᠷᠠᠯ | ᠵᠡᠷᠭᠡ ᠠᠵᠢᠯ ᠤᠨ ᠲᠣᠭᠲᠠᠴᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠬᠦᠢᠴᠡᠳ | ᠪᠠᠳᠠᠷᠠᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠥᠯᠥᠪᠵᠢᠭᠦᠯᠭᠡ ᠬᠢᠭᠡᠳ ᠲᠥᠷᠥ ᠶᠢᠨ ᠪᠣᠳᠣᠯᠭ᠎ᠠ ᠶᠢᠨ | ᠬᠠᠮᠵᠢᠯᠴᠠᠭ᠎ᠠ ᠶᠢ ᠴᠢᠩᠭᠠᠳᠬᠠᠨ᠂ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠠᠬᠢᠭᠤᠯᠵᠤ᠂ ᠣᠯᠠᠨ ᠨᠡᠶᠢᠲᠡ ᠶᠢᠨ | ᠦᠢᠯᠡᠴᠢᠯᠡᠬᠡᠨ ᠤ ᠬᠢᠷᠢ ᠬᠡᠮᠵᠢᠶ᠎ᠡ ᠶᠢ ᠬᠠᠮᠵᠢᠯᠴᠠᠨ ᠳᠡᠭᠡᠭᠰᠢᠯᠡᠭᠦᠯᠦᠨ᠎ᠡ᠃ | ᠳᠥᠷᠪᠡ ᠳᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠪᠡᠶ᠎ᠡ ᠶᠢᠨ ᠲᠠᠮᠢᠷ ᠤᠨ | ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠳᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ᠨᠡᠶᠢᠭᠡᠮᠯᠢᠭ ᠤᠨ ᠪᠣᠳᠠᠲᠤ | ᠴᠣᠭᠴᠠᠵᠢᠭᠤᠯᠬᠤ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠬᠥᠭᠵᠢᠯᠲᠡ ᠶᠢ ᠲᠡᠳᠬᠦᠬᠦ ᠲᠥᠬᠦᠷ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ᠃ ᠪᠡᠶ᠎ᠡ ᠶᠢᠨ ᠲᠠᠮᠢᠷ ᠢ ᠴᠢᠯᠥᠭᠡᠲᠡᠶ | ᠡᠷᠬᠢᠯᠡᠬᠦ ᠶᠢ ᠪᠠᠷᠢᠮᠲᠠᠯᠠᠵᠤ᠂ ᠪᠦᠬᠦ ᠠᠷᠠᠳ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ | ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠨ᠎ᠠ᠃ | ᠲᠠᠪᠤ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠬᠠᠤᠯᠢ ᠪᠠᠷ ᠵᠠᠰᠠᠬᠤ | ᠪᠠᠲᠤᠯᠠᠭ᠎ᠠ ᠶᠢ ᠴᠢᠩᠭᠠᠳᠬᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ | ᠪᠠᠲᠤᠯᠠᠨ᠎ᠠ᠃ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠷᠬᠡ ᠬᠠᠷᠢᠭᠤᠴᠠᠯᠭ᠎ᠠ ᠲᠣᠳᠣᠷᠬᠠᠶ᠂ | ᠵᠣᠯᠭᠠᠭᠤᠯᠤᠯᠲᠠ ᠨᠢ ᠡᠮᠬᠢ ᠵᠢᠷᠤᠮ ᠲᠠᠢ᠂ ᠳᠠᠮᠵᠢᠭᠤᠯᠭ᠎ᠠ ᠨᠢ ᠪᠦᠲᠦᠮᠵᠢᠲᠡᠶ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠪᠠᠶᠢᠭᠤᠯᠵᠤ᠂ ᠬᠠᠤᠯᠢ ᠶᠣᠰᠣᠭᠠᠷ ᠪᠡᠶ᠎ᠡ ᠪᠠᠨ ᠵᠠᠰᠠᠬᠤ ᠶᠢ ᠪᠥᠬᠦ | ᠲᠠᠯ᠎ᠠ ᠪᠠᠷ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠬᠥᠭᠵᠢᠯᠲᠡ ᠳᠠᠬᠢ ᠡᠳ᠋ ᠤᠨ ᠵᠠᠰᠠᠭ ᠤᠨ ᠣᠷᠣᠭᠤᠯᠤᠯᠲᠠ ᠶᠢᠨ | ᠡᠷᠴᠢᠮ ᠢ ᠨᠡᠮᠡᠭᠳᠡᠭᠦᠯᠵᠦ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ ᠪᠡᠶ᠎ᠡ ᠶᠢᠨ ᠲᠠᠮᠢᠷ ᠤᠨ | ᠬᠥᠭᠵᠢᠯᠲᠡ ᠶᠢ ᠳᠡᠮᠵᠢᠬᠦ ᠬᠡᠷᠡᠭᠲᠡᠶ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠶ ᠶᠢᠨ ᠪᠦᠲᠦᠮᠵᠢᠲᠡᠶ ᠬᠠᠩᠭᠠᠯᠭ᠎ᠠ ᠶᠢ ᠦᠨᠡᠨᠬᠦ ᠪᠠᠲᠤᠯᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ | ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠢᠳᠡᠪᠬᠢᠲᠡᠶ ᠪᠠᠷ ᠣᠷᠣᠭᠤᠯᠵᠤ ᠢᠷᠡᠨ᠂ ᠪᠡᠶ᠎ᠡ ᠶᠢᠨ ᠲᠠᠮᠢᠷ ᠤᠨ | ᠴᠢᠳᠠᠪᠤᠷᠢᠲᠠᠨ ᠤ ᠡᠩᠨᠡᠭᠡᠨ ᠤ ᠬᠡᠪ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠠᠶᠤᠯᠭᠦᠶ ᠦᠢᠯᠡᠳᠪᠦᠷᠢᠯᠡᠯ | ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ | ᠪᠡᠶ᠎ᠡ ᠶᠢᠨ ᠲᠠᠮᠢᠷ ᠤᠨ ᠤᠷᠤᠯᠳᠤᠭᠠᠨ᠂ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ | ᠪᠠᠲᠤᠯᠠᠨ᠎ᠠ᠃ | ᠵᠢᠷᠭᠤᠭ᠎ᠠ ᠳᠤ᠂ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠳᠬᠠᠨ᠎ᠠ᠃ ᠲᠥᠯᠥᠪᠵᠢᠭᠦᠯᠭᠡ ᠶᠢ | ᠬᠡᠷᠡᠭᠵᠢᠭᠦᠯᠬᠦ ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ ᠦᠨᠡᠯᠡᠯᠲᠡ ᠪᠠ ᠡᠴᠦᠰ ᠤᠨ ᠬᠤᠭᠤᠴᠠᠭᠠᠨ ᠤ | ᠳ᠋ᠦᠩᠨᠡᠯᠲᠡ ᠶᠢ ᠥᠷᠨᠢᠭᠦᠯᠵᠦ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ᠂ | ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠦᠨᠡᠯᠡᠯᠲᠡ ᠶᠢᠨ | ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠦᠨᠡᠯᠡᠭᠰᠡᠨ ᠦᠷ᠎ᠡ ᠳ᠋ᠦᠩ ᠢ ᠬᠠᠮᠢᠶᠠᠷᠴᠤ ᠬᠢᠨᠠᠯᠲᠠ ᠲᠠᠯᠪᠢᠬᠤ᠂ | ᠤᠷᠮᠠᠰᠢᠭᠤᠯᠵᠤ ᠬᠢᠵᠠᠭᠠᠷᠯᠠᠬᠤ ᠴᠢᠬᠤᠯᠠ ᠦᠨᠳᠦᠰᠦᠯᠡᠯ ᠪᠣᠯᠭᠠᠬᠤ ᠶᠢ ᠪᠠᠷᠢᠮᠲᠠᠯᠠᠵᠤ᠂ ᠪᠥᠬᠦ ᠠᠶᠢᠮᠠᠭ ᠤᠨ ᠪᠡᠶ᠎ᠡ ᠶᠢᠨ | ᠲᠠᠮᠢᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠲᠥᠯᠥᠪᠵᠢᠭᠦᠯᠭᠡ︾ ᠶᠢᠨ ᠶᠡᠷᠦᠩᠬᠡᠶ | ᠬᠠᠷᠠᠯᠲᠠ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ |