ᠵᠡᠮᠳᠡᠭᠴᠦᠳ ᠤᠨ ᠪᠥᠬᠦ ᠲᠠᠯ᠎ᠠ ᠶᠢᠨ ᠬᠥᠭᠵᠢᠯᠲᠡ ᠪᠠ ᠬᠠᠮᠲᠤ ᠶᠢᠨ ᠴᠢᠨᠡᠭᠡᠯᠢᠭᠵᠢᠯ ᠢ ᠪᠡᠶᠡᠯᠡᠭᠦᠯᠬᠦ ᠶᠢ | ᠠᠬᠢᠭᠤᠯᠵᠤ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠡᠮᠳᠡᠭᠴᠦᠳ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠵᠡᠮᠳᠡᠭᠴᠦᠳ ᠤᠨ ᠦᠢᠯᠡᠰ ᠤᠨ ᠣᠳᠣᠬᠢᠴᠢᠯᠠᠯᠲᠠ ᠶᠢᠨ | ᠰᠢᠨ᠎ᠡ ᠠᠶᠠᠨ ᠢ ᠡᠬᠢᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ | ᠪᠠᠲᠤᠯᠠᠭ᠎ᠠ ᠪᠠ ᠬᠥᠭᠵᠢᠯᠲᠡ ᠶᠢᠨ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ︾ | ᠂ ︽ᠠᠯᠠᠱᠠ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ | ᠳᠥᠷᠪᠡᠳᠦᠭᠡᠷ ᠲᠠᠪᠤᠨ ᠵᠢᠯ ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ | ︾ ᠶᠢ ᠦᠨᠳᠦᠰᠦᠯᠡᠨ᠂ ᠪᠥᠬᠦ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠶᠢ | ᠲᠣᠭᠲᠠᠭᠠᠪᠠ᠃ | ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠪᠠ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ | ᠬᠤᠯᠪᠣᠭ᠎ᠠ ᠶᠢᠨ ᠬᠦᠴᠦᠲᠡᠶ ᠵᠢᠯᠣᠭᠤᠳᠣᠯᠭ᠎ᠠ ᠳᠤᠤᠷ᠎ᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠢᠭᠲᠠ | ᠬᠠᠮᠵᠢᠯᠴᠠᠭ᠎ᠠ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠶ ᠳᠡᠮᠵᠢᠯᠭᠡ ᠳᠤᠤᠷ᠎ᠠ᠂ ᠪᠥᠬᠦ ᠠᠶᠢᠮᠠᠭ ᠤᠨ | ᠵᠡᠮᠳᠡᠭᠴᠦᠳ ᠤᠨ ᠦᠢᠯᠡᠰ ᠲᠦᠷᠭᠡᠨ ᠬᠥᠭᠵᠢᠵᠦ᠂ ︽ᠠᠯᠠᠱᠠ ᠠᠶᠢᠮᠠᠭ ᠤᠨ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠥᠲᠥᠯᠪᠦᠷᠢ︾ ᠶᠢ | ᠠᠮᠵᠢᠯᠲᠠ ᠲᠠᠢ ᠪᠡᠶᠡᠯᠡᠭᠦᠯᠵᠦ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠢᠯᠡᠳᠲᠡ ᠨᠡᠮᠡᠭᠳᠡᠭᠦᠯᠪᠡ᠃ | ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ | ᠲᠠᠯ᠎ᠠ ᠶᠢᠨ ᠢᠯᠠᠯᠲᠠ ᠤᠯᠪᠠ᠃ ᠪᠥᠬᠦ ᠠᠶᠢᠮᠠᠭ ᠤᠨ 1003 ᠡᠷᠦᠬᠡ 1153 ᠨᠡᠷᠡᠰ ᠲᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠶ ᠵᠡᠮᠳᠡᠭᠴᠦᠳ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠨᠣᠷᠮ᠎ᠠ ᠶᠢ 100 % ᠳᠤ ᠬᠦᠷᠦᠭᠦᠯᠵᠦ᠂ ︽ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠡᠶᠡᠯᠡᠭᠦᠯᠬᠦ ᠳᠤ ᠵᠡᠮᠳᠡᠭᠴᠦᠳ ᠢ ᠨᠢᠭᠡ ᠶᠢ ᠴᠦ ᠣᠷᠬᠢᠭᠳᠠᠭᠤᠯᠵᠤ ᠪᠣᠯᠬᠤ ᠥᠬᠡᠶ︾ ᠬᠠᠷᠠᠯᠲᠠ ᠶᠢ ᠬᠤᠭᠤᠴᠠᠭ᠎ᠠ | ᠶᠣᠰᠣᠭᠠᠷ ᠪᠡᠶᠡᠯᠡᠬᠦᠯᠪᠡ᠃ | ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠪᠥᠬᠦ ᠲᠠᠯ᠎ᠠ ᠪᠠᠷ ᠳᠡᠭᠡᠭᠰᠢᠯᠡᠪᠡ᠃ ᠪᠦᠬᠦ | ᠠᠶᠢᠮᠠᠭ ᠤᠨ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠤᠨ ᠬᠦᠨᠳᠦ ᠵᠡᠮᠳᠡᠭᠴᠦᠳ ᠤᠨ | ᠠᠰᠠᠷᠠᠨ ᠰᠤᠪᠢᠯᠠᠬᠤ ᠨᠥᠬᠦᠪᠥᠷᠢ ᠶᠢᠨ ᠪᠠᠷᠢᠮᠵᠢᠶ᠎ᠠ ᠶᠢ ᠰᠠᠷ᠎ᠠ ᠪᠦᠷᠢ ᠬᠥᠮᠦᠨ ᠪᠣᠯᠭᠠᠨ ᠳᠤ 80 ᠲᠥᠭᠦᠷᠢᠭ | ᠪᠠᠶᠢᠭᠰᠠᠨ ᠠᠴᠠ ᠨᠢ ᠰᠠᠷ᠎ᠠ ᠪᠦᠷᠢ ᠬᠥᠮᠦᠨ ᠪᠣᠯᠭᠠᠨ ᠳᠤ 100 ᠲᠥᠭᠦᠷᠢᠭ ᠳᠡᠭᠡᠭᠰᠢᠯᠡᠭᠦᠯᠦᠨ᠎ᠡ᠃ ︽135︾ | ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ | 2930 ᠬᠥᠮᠦᠨ ᠤᠳᠠᠭ᠎ᠠ ᠲᠠᠷᠬᠠᠭᠠᠵᠤ᠂ ᠬᠦᠨᠳᠦ ᠵᠡᠮᠳᠡᠭᠴᠦᠳ ᠢ ᠰᠤᠪᠢᠯᠠᠬᠤ ᠨᠥᠬᠦᠪᠥᠷᠢ ᠶᠢ 8516 ᠬᠥᠮᠦᠨ | ᠤᠳᠠᠭ᠎ᠠ ᠲᠠᠷᠬᠠᠭᠠᠵᠤ᠂ ᠨᠥᠬᠦᠪᠥᠷᠢ ᠶᠢᠨ ᠪᠠᠯᠠ ᠮᠥᠩᠭᠦ ᠨᠢ 1257 ᠲᠦᠮᠡᠨ ᠲᠥᠭᠦᠷᠢᠭ ᠲᠤ ᠬᠥᠷᠪᠡ᠃ ᠪᠥᠬᠦ | ᠠᠶᠢᠮᠠᠭ ᠤᠨ 7017 ᠦᠨᠡᠮᠯᠡᠯ ᠲᠠᠢ ᠵᠡᠮᠳᠡᠭᠴᠦᠳ ᠢ ᠴᠥᠮ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ᠃ 205 . 5 ᠲᠦᠮᠡᠨ ᠲᠥᠭᠦᠷᠢᠭ ᠤᠨ ᠪᠡᠯᠡ ᠣᠷᠣᠭᠤᠯᠵᠤ 690 | ᠡᠷᠦᠬᠡ ᠳᠤ ᠬᠠᠷᠰᠢ ᠰᠠᠭᠠᠳ ᠦᠭᠡᠶ ᠪᠡᠯᠡᠳᠬᠡᠮᠵᠢ ᠶᠢᠨ ᠥᠭᠡᠷᠡᠴᠢᠯᠡᠯᠲᠡ ᠬᠢᠵᠦ᠂ 80 . 1 ᠲᠦᠮᠡᠨ | ᠲᠥᠭᠦᠷᠢᠭ ᠤᠨ ᠪᠡᠯᠡ ᠣᠷᠣᠭᠤᠯᠵᠤ 3078 ᠬᠥᠮᠦᠨ ᠤᠳᠠᠭ᠎ᠠ ᠳᠤ ᠮᠠᠰᠢᠨᠲᠤ ᠬᠦᠷᠳᠦᠲᠦ ᠰᠠᠨᠳᠠᠯᠢ ᠶᠢᠨ | ᠰᠢᠲᠠᠭᠠᠯᠭ᠎ᠠ ᠶᠢᠨ ᠲᠣᠰᠣᠨ ᠤ ᠨᠥᠬᠦᠪᠥᠷᠢ ᠣᠯᠭᠤᠵᠤ᠂ 35 ᠲᠦᠮᠡᠨ ᠲᠥᠭᠦᠷᠢᠭ ᠤᠨ ᠪᠡᠯᠡ ᠣᠷᠣᠭᠤᠯᠵᠤ 234 | ᠬᠥᠮᠦᠨ ᠳᠤ ᠡᠷᠡᠭᠦᠯᠵᠢᠭᠦᠯᠬᠦ ᠨᠠᠶᠢᠳᠠᠨ ᠠᠰᠠᠷᠠᠭᠤᠯᠬᠤ ᠪᠠ ᠡᠳᠦᠷ ᠲᠤᠲᠤᠮ ᠤᠨ ᠬᠠᠷᠠᠭᠠᠯᠵᠠᠬᠤ ᠦᠢᠯᠡᠴᠢᠯᠡᠭᠡ | ᠬᠠᠩᠭᠠᠪᠠ᠃ | ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠪᠠ ᠣᠷᠣᠯᠭ᠎ᠠ ᠶᠢᠨ ᠬᠢᠷᠢ ᠬᠡᠮᠵᠢᠶ᠎ᠡ ᠶᠢ | ᠢᠯᠡᠳᠲᠡ ᠳᠡᠭᠡᠭᠰᠢᠯᠡᠬᠦᠯᠪᠡ᠃ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠠᠵᠤ ᠠᠬᠤᠶᠢᠯᠠᠯ 14 | ᠡᠷᠦᠬᠡ᠂ ᠰᠣᠬᠤᠷ ᠬᠥᠮᠦᠨ ᠤ ᠢᠯᠢᠯᠭᠡ ᠶᠢᠨ ᠪᠠᠶᠢᠭᠤᠯᠤᠮᠵᠢ 12 ᠡᠷᠦᠬᠡ᠂ ᠲᠤᠰᠠᠯᠠᠬᠤ ᠴᠢᠨᠠᠷᠲᠠᠶ ᠠᠵᠢᠯ ᠣᠯᠭᠤᠬᠤ | ᠪᠠᠶᠢᠭᠤᠯᠤᠮᠵᠢ 3 ᠡᠷᠦᠬᠡ ᠪᠠᠶᠢᠭᠤᠯᠵᠤ᠂ 300 ᠭᠠᠷᠤᠶ ᠵᠡᠮᠳᠡᠭᠴᠦᠳ ᠢ ᠨᠥᠯᠥᠭᠡᠯᠡᠨ ᠳᠠᠶᠢᠴᠢᠯᠠᠵᠤ | ᠲᠣᠭᠲᠠᠭᠤᠨ ᠢᠶᠠᠷ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠪᠡ᠃ ᠠᠵᠢᠯ ᠣᠯᠭᠤᠬᠤ ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠬᠤᠲᠠ ᠪᠠᠯᠭᠠᠰᠤ ᠶᠢᠨ ᠮᠠᠯᠵᠢᠬᠤ ᠲᠠᠷᠢᠶᠠᠯᠠᠬᠤ | ᠣᠷᠣᠨ ᠤ ᠵᠡᠮᠳᠡᠭᠴᠦᠳ ᠲᠤ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠣᠯᠤᠨ ᠬᠡᠷᠡᠭᠯᠡᠭᠡᠨ ᠤ | ᠮᠡᠷᠭᠡᠵᠢᠯ ᠤᠨ ᠪᠣᠯᠪᠠᠰᠤᠷᠠᠭᠤᠯᠤᠯ ᠢ ᠨᠡᠶᠢᠲᠡ 5500 ᠬᠥᠮᠦᠨ ᠤᠳᠠᠭ᠎ᠠ ᠥᠷᠨᠢᠭᠦᠯᠵᠦ᠂ 415 ᠬᠥᠮᠦᠨ ᠳᠤ | ᠰᠢᠨ᠎ᠡ ᠪᠠᠷ ᠠᠵᠢᠯ ᠣᠯᠭᠤᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ | ᠠᠶᠢᠮᠠᠭ ᠤᠨ 3349 ᠵᠡᠮᠳᠡᠭᠴᠦᠳ ᠲᠤ 2068 ᠬᠥᠮᠦᠨ ᠳᠤ ᠠᠵᠢᠯ ᠣᠯᠭᠤᠪᠠ᠃ | ᠵᠡᠮᠳᠡᠭᠴᠦᠳ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠪᠦᠲᠦᠮᠵᠢᠲᠡᠶ ᠪᠠᠲᠤᠯᠠᠪᠠ᠃ ᠪᠥᠬᠦ | ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠠᠰᠤᠨ ᠤ 115 ᠵᠡᠮᠳᠡᠭ ᠬᠡᠦᠬᠡᠳ ᠪᠠᠭᠠᠴᠤᠳ ᠠᠩᠭᠢ | ᠳᠠᠭᠠᠵᠤ ᠰᠤᠷᠤᠯᠴᠠᠬᠤ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠰᠤᠷᠤᠯᠴᠠᠬᠤ᠂ ᠰᠤᠷᠭᠠᠨ | ᠬᠥᠮᠦᠵᠢᠯ ᠢ ᠬᠡᠷ ᠲᠤᠨᠢ ᠬᠦᠷᠭᠡᠬᠦ ᠵᠡᠷᠭᠡ ᠬᠡᠯᠪᠡᠷᠢ ᠪᠠᠷ ᠰᠤᠷᠭᠠᠨ ᠬᠥᠮᠦᠵᠢᠯ ᠭᠥᠷᠳᠡᠵᠦ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠤᠷᠤᠭᠰᠠᠨ ᠨᠣᠷᠮ᠎ᠠ 95 % ᠳᠤ ᠬᠦᠷᠴᠡᠶ᠃ ᠠᠯᠠᠱᠠ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠨᠥᠬᠦᠴᠡᠯ ᠳᠤ ᠨᠡᠶᠢᠴᠡᠬᠦ ᠵᠡᠮᠳᠡᠭ ᠰᠤᠷᠤᠭᠴᠢᠳ ᠲᠤ ᠰᠢᠯᠭᠠᠬᠤ | ᠦᠭᠡᠶ ᠪᠠᠷ ᠳᠠᠩᠰᠠᠯᠠᠵᠤ ᠰᠤᠷᠭᠠᠭᠤᠯᠢ ᠳᠤ ᠣᠷᠣᠭᠤᠯᠬᠤ ᠶᠢ ᠬᠡᠷᠡᠭᠵᠢᠭᠦᠯᠵᠦ᠂ 12 ᠨᠡᠷᠡᠰ ᠵᠡᠮᠳᠡᠭ | ᠰᠤᠷᠤᠭᠴᠢᠳ ᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠠᠩᠭᠠᠪᠠ᠃ ᠨᠡᠶᠢᠲᠡ 88 . 7 ᠲᠦᠮᠡᠨ | ᠲᠥᠭᠦᠷᠢᠭ ᠤᠨ ᠪᠡᠯᠡ ᠣᠷᠣᠭᠤᠯᠵᠤ᠂ 246 ᠨᠡᠷᠡᠰ ᠶᠠᠳᠠᠭᠤ ᠬᠦᠴᠢᠷᠳᠡᠯᠲᠡᠶ ᠵᠡᠮᠳᠡᠭ ᠰᠤᠷᠤᠭᠴᠢ ᠶᠢ ᠲᠤᠰᠠᠯᠠᠨ | ᠰᠤᠷᠭᠠᠭᠤᠯᠢ ᠳᠤ ᠣᠷᠣᠭᠤᠯᠪᠠ᠃ | ᠵᠡᠮᠳᠡᠭᠴᠦᠳ ᠤᠨ ᠡᠷᠡᠭᠦᠯᠵᠢᠯ ᠤᠨ ᠦᠢᠯᠡᠰ ᠡᠷᠡᠭᠦᠯ ᠢᠶᠠᠷ ᠬᠥᠭᠵᠢᠪᠡ᠃ ᠡᠷᠡᠭᠦᠯᠵᠢᠯ ᠤᠨ ᠦᠢᠯᠡᠴᠢᠯᠡᠬᠡᠨ ᠤ | ᠰᠢᠰᠲ᠋ᠧᠮ ᠡᠳᠦᠷ ᠢᠷᠡᠬᠦᠶ᠎ᠡ ᠪᠦᠷᠢᠨᠰᠢᠵᠦ᠂ ︽ᠠᠯᠠᠱᠠ ᠠᠶᠢᠮᠠᠭ ᠤᠨ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ | ᠲᠤᠰᠠᠯᠠᠬᠤ ᠲᠦᠷᠢᠮ ᠤᠨ ᠬᠡᠷᠡᠭᠵᠢᠭᠦᠯᠬᠦ ᠨᠠᠷᠢᠨ ᠲᠦᠷᠢᠮ︾ ᠢ ᠲᠣᠭᠲᠠᠭᠠᠨ ᠪᠠᠭᠤᠯᠭᠠᠵᠤ᠂ ᠤᠷᠢᠳ ᠬᠤᠵᠢᠳ | ᠠᠶᠢᠮᠠᠭ᠂ ᠬᠤᠰᠢᠭᠤᠨ ᠤ ᠵᠡᠮᠳᠡᠭᠴᠦᠳ ᠤᠨ ᠡᠷᠡᠭᠦᠯᠵᠢᠯ ᠤᠨ ᠨᠠᠶᠢᠳᠠᠨ ᠠᠰᠠᠷᠠᠭᠤᠯᠬᠤ ᠪᠠᠶᠢᠭᠤᠯᠤᠮᠵᠢ 4᠂ | ᠲᠤᠰᠠᠯᠠᠬᠤ ᠪᠠᠭᠠᠵᠢ ᠶᠢᠨ ᠲᠥᠪ 2᠂ ᠨᠡᠶᠢᠭᠡᠮ ᠲᠣᠭᠤᠷᠢᠭ ᠤᠨ ᠡᠷᠡᠭᠦᠯᠵᠢᠯ ᠤᠨ ᠲᠠᠰᠤᠭ 9᠂ ᠵᠡᠮᠳᠡᠭᠴᠦᠳ ᠤᠨ | ᠬᠠᠯᠠᠭᠤᠨ ᠳᠤᠯᠠᠭᠠᠨ ᠬᠡᠷ ᠣᠷᠣᠨ 4 ᠶᠢ ᠪᠠᠶᠢᠭᠤᠯᠵᠤ᠂ ᠵᠡᠮᠳᠡᠭᠴᠦᠳ ᠤᠨ ᠡᠷᠡᠭᠦᠯᠵᠢᠯ ᠪᠡᠶ᠎ᠡ ᠴᠢᠭᠢᠷᠠᠭᠵᠢᠭᠤᠯᠬᠤ | ᠵᠢᠱᠢᠶ᠎ᠡ ᠦᠵᠡᠭᠦᠯᠬᠦ ᠴᠡᠭ ᠢ ᠰᠢᠨ᠎ᠡ ᠪᠠᠷ 6 ᠪᠠᠶᠢᠭᠤᠯᠪᠠ᠃ 2020 ᠣᠨ ᠤ ᠡᠴᠦᠰ ᠪᠣᠯᠲᠠᠯ᠎ᠠ᠂ ᠡᠷᠡᠭᠦᠯᠵᠢᠭᠦᠯᠬᠦ | ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠬᠡᠨ ᠤ ᠨᠣᠷᠮ᠎ᠠ ᠶᠢ 94 . 6 | % ᠳᠤ ᠬᠦᠷᠦᠭᠦᠯᠵᠦ᠂ ᠲᠤᠰᠠᠯᠠᠬᠤ ᠪᠠᠭᠠᠵᠢ ᠬᠡᠷᠡᠭᠰᠡᠯ ᠳᠣᠭᠢᠷᠠᠭᠤᠯᠬᠤ ᠬᠡᠷᠡᠭᠴᠡᠭᠡ ᠱᠠᠭᠠᠷᠳᠠᠯᠭ᠎ᠠ ᠲᠠᠢ | ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠳᠣᠭᠢᠷᠠᠭᠤᠯᠤᠭᠰᠠᠨ ᠨᠣᠷᠮ᠎ᠠ ᠶᠢ 93 . 1 % ᠳᠤ ᠬᠦᠷᠦᠭᠦᠯᠵᠦ᠂ | ᠵᠡᠮᠳᠡᠭᠴᠦᠳ ᠤᠨ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠥᠷᠨᠢᠭᠦᠯᠵᠦ᠂ ᠭᠡᠷ᠎ᠡ ᠲᠣᠭᠲᠠᠭᠰᠠᠨ | ᠨᠣᠷᠮ᠎ᠠ ᠶᠢ 82 . 1 % ᠳᠤ ᠭᠦᠷᠭᠡᠪᠡ᠃ | ᠵᠡᠮᠳᠡᠭᠴᠦᠳ ᠤᠨ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠪᠠᠶᠠᠯᠢᠭᠵᠢᠪᠠ᠃ ᠪᠥᠬᠦ ᠤᠯᠤᠰ ᠤᠨ | ᠠᠩᠬᠠᠳᠤᠭᠠᠷ ᠬᠤᠭᠤᠴᠠᠭᠠᠨ ᠤ ︽ᠡᠯᠡᠰᠦᠨ ᠴᠥᠯ ᠤᠨ ᠰᠠᠭᠤᠭᠳᠠᠯ︾ ᠵᠡᠮᠳᠡᠭᠴᠦᠳ ᠤᠨ ᠬᠦᠷᠳᠦᠲᠦ ᠰᠠᠨᠳᠠᠯᠢ ᠶᠢᠨ | ᠥᠷᠢᠰᠥᠯᠳᠦᠭᠴᠢ ᠶᠢᠨ ᠶᠡᠭᠡ ᠬᠤᠷᠠᠯ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠵᠡᠮᠳᠡᠭᠴᠦᠳ ᠤᠨ | ᠮᠥᠰᠥ ᠴᠠᠰᠤᠨ ᠤ ᠲᠠᠮᠢᠷ ᠤᠨ ᠰᠢᠷᠢᠰ ᠠᠵᠢᠯᠯᠠᠭ᠎ᠠ᠂ ᠪᠥᠬᠦ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ᠣᠨᠴᠠᠭᠠᠶ | ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠠᠶᠢᠮᠠᠭ ᠤᠨ ᠳᠣᠲᠣᠨ᠎ᠠ ᠭᠠᠳᠠᠨᠠᠬᠢ ᠲᠣᠮᠣ ᠬᠡᠯᠪᠡᠷᠢ ᠶᠢᠨ | ᠤᠷᠤᠯᠳᠤᠭᠠᠨ ᠢ ᠠᠮᠵᠢᠯᠲᠠ ᠲᠠᠢ ᠡᠷᠭᠢᠯᠡᠵᠦ᠂ ᠠᠩᠭᠢ ᠵᠣᠬᠢᠶᠠᠨ ᠪᠠᠶᠢᠭᠤᠯᠤᠨ ᠪᠥᠬᠦ ᠣᠷᠣᠨ ᠤ ᠲᠠᠪᠤᠳᠤᠭᠠᠷ | ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠵᠤ᠂ 10 ᠠᠯᠲᠠᠨ ᠮᠧᠳᠠᠯ᠂ | 8 ᠮᠥᠩᠭᠦᠨ ᠮᠧᠳᠠᠯ᠂ 9 ᠬᠦᠷᠡᠯ ᠮᠧᠳᠠᠯ ᠪᠠ ᠵᠡᠪᠡ ᠶᠢᠨ ᠲᠥᠷᠥᠯ ᠤᠨ ᠲᠠᠩ ᠳᠦᠷᠦᠯ ᠤᠨ ᠶᠡᠷᠦᠩᠬᠡᠶ ᠬᠤᠪᠢ ᠪᠠᠷ | ᠪᠥᠬᠦ ᠣᠷᠣᠨ ᠤ ᠨᠢᠭᠡᠳᠦᠭᠡᠷ ᠲᠤ ᠣᠷᠣᠭᠰᠠᠨ ᠰᠠᠶᠢᠨ ᠬᠢᠷᠢ ᠪᠦᠲᠦᠮᠵᠢ ᠶᠢ ᠣᠯᠵᠤ᠂ 81 . 65 ᠲᠦᠮᠡᠨ | ᠲᠥᠭᠦᠷᠢᠭ ᠤᠨ ᠱᠠᠩᠨᠠᠯ ᠤᠨ ᠪᠠᠯᠠ ᠮᠥᠩᠭᠦ ᠣᠯᠭᠤᠪᠠ᠃ | ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠡᠷᠬᠡ ᠠᠰᠢᠭ ᠤᠨ ᠬᠠᠮᠠᠭᠠᠯᠠᠯᠲᠠ ᠲᠠᠰᠤᠷᠠᠯᠲᠠ ᠦᠭᠡᠢ | ᠴᠢᠩᠭᠠᠷᠠᠪᠠ᠃ ᠪᠦᠬᠦ ᠠᠶᠢᠮᠠᠭ ᠤᠨ ᠵᠡᠮᠳᠡᠭᠴᠦᠳ ᠲᠠᠢ 30 ᠰᠤᠮᠤ ᠪᠠᠯᠭᠠᠰᠤ᠂ 4 ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠪᠦᠬᠦᠨ ᠢᠶᠠᠷ ᠢᠶᠠᠨ ᠵᠡᠮᠳᠡᠭᠴᠦᠳ ᠤᠨ ᠬᠤᠯᠪᠣᠭ᠎ᠠ ᠪᠠᠶᠢᠭᠤᠯᠵᠤ᠂ 251 ᠭᠠᠴᠠᠭ᠎ᠠ ︵ᠨᠡᠶᠢᠭᠡᠮ | ᠲᠣᠭᠤᠷᠢᠭ︶ ᠪᠦᠬᠦᠨ ᠢᠶᠠᠷ ᠢᠶᠠᠨ ᠵᠡᠮᠳᠡᠭᠴᠦᠳ ᠤᠨ ᠨᠡᠶᠢᠭᠡᠮᠯᠢᠭ ᠪᠠᠶᠢᠭᠤᠯᠵᠤ᠂ 5 ᠲᠥᠷᠥᠯ ᠤᠨ ᠲᠤᠰᠬᠠᠶ | ᠨᠡᠶᠢᠭᠡᠮᠯᠢᠭ ᠪᠦᠬᠦᠨ ᠢᠶᠠᠷ ᠢᠶᠠᠨ ᠪᠠᠶᠢᠭᠤᠯᠤᠭᠳᠠᠵᠤ᠂ 32 ᠵᠡᠮᠳᠡᠭᠴᠦᠳ ᠤᠨ ᠬᠠᠤᠯᠢ ᠴᠠᠭᠠᠵᠠ ᠶᠢᠨ ᠠᠪᠤᠷᠠᠨ | ᠲᠤᠰᠠᠯᠠᠬᠤ ᠥᠷᠲᠡᠭᠡ ᠪᠠᠶᠢᠭᠤᠯᠵᠤ᠂ ᠦᠨᠳᠦᠰᠦᠨ ᠱᠠᠲᠤᠨ ᠤ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ | ᠰᠢᠰᠲ᠋ᠧᠮᠵᠢ ᠶᠢᠨ ᠪᠠᠶᠢᠭᠤᠯᠤᠯᠲᠠ ᠲᠠᠰᠤᠷᠠᠯᠲᠠ ᠤᠢᠭᠡᠢ ᠪᠠᠬᠢᠵᠢᠪᠡ᠃ ᠪᠥᠬᠦ ᠠᠶᠢᠮᠠᠭ ᠤᠨ 12385 | ᠵᠡᠮᠳᠡᠭᠴᠦᠳ ᠤᠨ ᠦᠢᠯᠡᠴᠢᠯᠡᠬᠡᠨ ᠤ ᠤᠲᠠᠰᠤ ᠶᠢ ᠪᠥᠬᠦ ᠣᠷᠣᠨ ᠪᠦᠰᠡ ᠪᠠᠷ ᠨᠢ ᠨᠡᠪᠲᠡᠷᠡᠭᠦᠯᠵᠦ᠂ ᠭᠤᠷᠪᠠᠳᠤᠭᠠᠷ | ᠦᠶ᠎ᠡ ᠶᠢᠨ ᠵᠡᠮᠳᠡᠭᠴᠦᠳ ᠤᠨ ᠦᠨᠡᠮᠯᠡᠯ ︵ᠣᠶᠤᠨᠴᠢ︶ ᠢ ᠰᠣᠯᠢᠵᠤ ᠣᠯᠭᠤᠬᠤ ᠠᠵᠢᠯ ᠢ ᠡᠬᠢᠯᠡᠭᠦᠯᠬᠦ ᠶᠢᠨ ᠬᠠᠮᠲᠤ | ᠪᠡᠶᠡᠯᠡᠬᠦᠯᠪᠡ᠃ ᠮᠣᠷᠢᠨ ᠬᠢᠯᠭᠠᠰᠣᠨ ᠤ ᠣᠷᠢᠶᠠᠮᠠᠯ ᠮᠣᠩᠭᠤᠯ ᠲᠠᠩᠺᠠ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠨ ᠵᠠᠯᠭᠠᠮᠵᠢᠯᠠᠭᠴᠢ ᠪᠥᠬᠦ ᠤᠯᠤᠰ ᠤᠨ ᠵᠡᠮᠳᠡᠭᠴᠦᠳ ᠤᠨ ᠦᠢᠯᠡᠰ ᠤᠨ ᠰᠣᠨᠢᠨ ᠮᠡᠳᠡᠭᠡᠨ ᠤ ᠨᠠᠷᠠᠲᠤ | ᠬᠥᠮᠦᠰ ᠤᠨ ᠲᠤᠰᠬᠠᠶ ᠮᠡᠷᠭᠡᠵᠢᠯᠲᠡᠨ ᠤ ᠨᠡᠷ᠎ᠡ ᠳᠤᠷᠠᠳᠤᠯᠲᠠ ᠶᠢᠨ ᠱᠠᠩᠨᠠᠯ ᠢ ᠭᠥᠷᠳᠡᠪᠡ᠃ ᠰᠢᠤᠢ ᠯᠢ ᠰᠢᠨ᠂ | ᠭᠦᠸᠧ ᠯᠢᠨ ᠰᠢᠶᠠᠩ ᠵᠡᠷᠭᠡ ᠨᠢᠭᠡ ᠪᠦᠯᠦᠭ ᠵᠡᠮᠳᠡᠭᠴᠦᠳ ᠤᠨ ᠰᠢᠯᠢᠳᠡᠭ ᠠᠵᠢᠯᠳᠠᠨ ᠵᠢᠴᠢ ᠵᠡᠮᠳᠡᠭᠴᠦᠳ ᠪᠦᠬᠦ | ᠤᠯᠤᠰ᠂ ᠪᠦᠬᠦ ᠣᠷᠣᠨ ᠤ ᠵᠡᠮᠳᠡᠭᠴᠦᠳ ᠤᠨ ᠲᠡᠷᠢᠭᠦᠨ ᠤ ᠠᠵᠢᠯᠳᠠᠨ᠂ ᠵᠡᠮᠳᠡᠭᠴᠦᠳ ᠢ ᠲᠤᠰᠠᠯᠠᠭᠰᠠᠨ ᠲᠡᠷᠢᠭᠦᠨ ᠤ | ᠬᠤᠪᠢ ᠬᠥᠮᠦᠨ᠂ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ᠂ ᠠᠯᠠᠱᠠ ᠶᠢᠨ ᠬᠥᠮᠦᠰ ᠢ | ᠳᠣᠭᠳᠣᠯᠤᠭᠤᠯᠤᠭᠰᠠᠨ ᠵᠡᠷᠭᠡ ᠢᠷᠠᠭᠤ ᠠᠯᠳᠠᠷ ᠤᠨ ᠴᠣᠯᠠ ᠬᠦᠷᠳᠡᠪᠡ᠃ ᠰᠠᠶᠢᠨ ᠳᠤᠷ᠎ᠠ ᠠᠴᠠ ᠪᠠᠨ ᠵᠡᠮᠳᠡᠭᠴᠦᠳ ᠢ | ᠲᠤᠰᠠᠯᠠᠬᠤ ᠶᠢ ᠤᠯᠠᠮ ᠨᠢᠭᠡ ᠠᠯᠬᠤᠮ ᠪᠠᠳᠠᠷᠠᠭᠤᠯᠵᠤ᠂ ︽ᠠᠷᠪᠠᠨ ᠭᠤᠷᠪᠠᠳᠣᠭᠠᠷ ᠳᠠᠪᠣᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠯ᠎ᠡ ᠲᠥᠷᠥᠯ ᠤᠨ ᠰᠠᠶᠢᠨ ᠳᠤᠷ᠎ᠠ ᠠᠴᠠ ᠪᠠᠨ ᠵᠡᠮᠳᠡᠭᠴᠦᠳ ᠢ | ᠲᠤᠰᠠᠯᠠᠵᠤ ᠵᠡᠮᠳᠡᠭᠴᠦᠳ ᠲᠤ 2900 ᠭᠠᠷᠤᠶ ᠬᠥᠮᠦᠨ ᠤᠳᠠᠭ᠎ᠠ ᠦᠢᠯᠡᠴᠢᠯᠡᠪᠡ᠃ | ᠵᠡᠮᠳᠡᠭᠴᠦᠳ ᠤᠨ ᠦᠢᠯᠡᠰ ᠲᠠᠬᠢ ᠨᠠᠮ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠪᠠ᠃ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠵᠡᠮᠳᠡᠭᠴᠦᠳ ᠤᠨ ᠦᠢᠯᠡᠰ ᠲᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ | ᠂ ᠨᠠᠮ ᠤᠨ ᠬᠤᠷᠢᠶᠠᠨ ᠤ ᠤᠳᠤᠷᠢᠳᠤᠯᠭ᠎ᠠ᠂ ᠵᠠᠰᠠᠭ ᠤᠨ ᠣᠷᠳᠣᠨ ᠠᠴᠠ ᠬᠠᠷᠢᠭᠤᠴᠠᠬᠤ ᠵᠡᠮᠳᠡᠭᠴᠦᠳ ᠤᠨ | ᠠᠵᠢᠯ ᠤᠨ ᠤᠳᠤᠷᠢᠳᠬᠤ ᠪᠠᠶᠢᠭᠤᠯᠤᠯ ᠢ ᠪᠦᠷᠢᠨᠰᠢᠭᠦᠯᠦᠨ ᠳᠡᠬᠦᠯᠳᠡᠷᠵᠢᠬᠦᠯᠵᠦ᠂ ᠶᠡᠷᠦᠩᠬᠡᠶ ᠱᠦᠵᠢ ᠰᠢ ᠶᠢᠨ | ᠫᠢᠩ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠴᠣᠬᠤᠯᠠᠪᠤᠷᠢ᠂ ᠵᠢᠭᠠᠪᠤᠷᠢ ᠶᠢᠨ | ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠳᠣᠣᠱᠯᠠᠭᠤᠯᠣᠨ | ᠨᠠᠶᠢᠳᠠᠪᠣᠷᠢᠵᠢᠭᠤᠯᠵᠦ᠂ ᠵᠡᠮᠳᠡᠭᠴᠦᠳ ᠤᠨ ᠤᠯᠠᠨ ᠨᠡᠶᠢᠲᠡ ᠶᠢᠨ ᠦᠢᠯᠡᠴᠢᠯᠡᠭᠡᠨ ᠤ ︽ᠨᠠᠢᠮᠠᠨ ᠲᠣᠣᠷ︾ ᠤᠯᠠᠮ | ᠨᠢᠭᠲᠠ ᠪᠣᠯᠵᠦ᠂ ᠵᠡᠮᠳᠡᠭᠴᠦᠳ ᠤᠨ ᠦᠢᠯᠡᠳᠪᠦᠷᠢᠯᠡᠯ᠂ ᠠᠮᠢᠳᠤᠷᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ | ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠵᠡᠮᠳᠡᠭᠴᠦᠳ ᠨᠠᠮ ᠪᠠ ᠵᠠᠰᠠᠭ ᠤᠨ | ᠣᠷᠳᠣᠨ ᠤ ᠬᠠᠯᠠᠭᠤᠨ ᠳᠤᠯᠠᠭᠠᠨ ᠢ ᠦᠨᠡᠨ ᠬᠦ ᠮᠡᠳᠡᠷᠡᠪᠡ᠃ | ᠡᠲᠡᠭᠡᠷ ᠠᠮᠵᠢᠯᠲᠠ ᠶᠢ ᠣᠯᠤᠭᠰᠠᠨ ᠨᠢ ᠵᠡᠮᠳᠡᠭᠴᠦᠳ ᠤᠨ ᠠᠮᠢᠳᠤᠷᠠᠯ ᠢ ᠪᠦᠲᠦᠮᠵᠢᠲᠡᠶ ᠰᠠᠶᠢᠵᠢᠷᠠᠭᠤᠯᠵᠤ᠂ | ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠬᠦᠴᠦᠲᠡᠶ ᠠᠬᠢᠭᠤᠯᠵᠤ᠂ ᠡᠶ᠎ᠡ ᠵᠣᠬᠢᠴᠠᠩᠭᠤᠶ᠂ ᠦᠵᠡᠰᠬᠦᠯᠡᠩᠲᠦ | ᠰᠠᠶᠢᠬᠠᠨ ᠠᠯᠠᠱᠠ ᠶᠢ ᠪᠥᠲᠥᠭᠡᠨ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠴᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠮᠥᠨ᠂ ᠵᠡᠮᠳᠡᠭᠴᠦᠳ ᠤᠨ ᠦᠢᠯᠡᠰ ᠤᠨ | ᠣᠳᠣᠬᠢᠴᠢᠯᠠᠯᠲᠠ ᠶᠢ ᠠᠬᠢᠭᠤᠯᠬᠤ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠪᠠ ᠬᠠᠮᠲᠤ ᠶᠢᠨ | ᠴᠢᠨᠡᠭᠡᠯᠢᠭᠵᠢᠯ ᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠂ | ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠭᠵᠢᠯᠲᠡ ᠶᠢᠨ ᠠᠵᠠ ᠲᠣᠬᠢᠶᠠᠯ ᠪᠠ | ᠲᠡᠦᠬᠡ ᠶᠢᠨ ᠠᠵᠠ ᠲᠣᠬᠢᠶᠠᠯ ᠲᠤᠯᠭᠠᠷᠠᠵᠤ ᠪᠠᠶᠢᠨ᠎ᠠ᠃ ᠭᠡᠪᠡᠴᠦ ᠪᠦᠬᠦ ᠠᠶᠢᠮᠠᠭ ᠤᠨ ᠵᠡᠮᠳᠡᠭᠴᠦᠳ ᠤᠨ ᠦᠢᠯᠡᠰ ᠤᠨ | ᠬᠥᠭᠵᠢᠯᠲᠡ ᠳᠤ ᠪᠠᠰᠠ ᠵᠠᠷᠢᠮ ᠠᠰᠠᠭᠤᠳᠠᠯ ᠲᠤᠯᠭᠠᠷᠠᠵᠤ ᠪᠤᠶ᠂ ᠵᠢᠱᠢᠶᠡᠯᠡᠪᠡᠯ᠄ ᠬᠡᠰᠡᠭ ᠣᠷᠣᠯᠭ᠎ᠠ ᠪᠠᠭᠠᠲᠠᠶ | ᠵᠡᠮᠳᠡᠭᠴᠦᠳ ᠤᠨ ᠭᠡᠷ ᠪᠦᠯᠢ ᠶᠢᠨ ᠠᠮᠢᠳᠤᠷᠠᠯ ᠤᠨ ᠶᠠᠰᠤ ᠴᠢᠨᠠᠷ ᠳᠣᠣᠷ᠎ᠠ᠂ ᠥᠪᠡᠷᠮᠢᠴᠡ ᠦᠢᠯᠡᠴᠢᠯᠡᠭᠡᠨ ᠢᠶᠠᠨ | ᠳᠡᠭᠡᠭᠰᠢᠯᠡᠭᠦᠯᠬᠦ ᠴᠢᠬᠤᠯᠠᠳᠠᠢ ᠪᠠᠶᠢᠨ᠎ᠠ︔ ᠵᠡᠮᠳᠡᠭᠴᠦᠳ ᠤᠨ ᠠᠵᠢᠯ ᠣᠯᠭᠤᠯᠲᠠ ᠭᠦᠢᠴᠡᠳ ᠪᠤᠰᠤ᠂ ᠲᠣᠭᠲᠠᠭᠤᠨ | ᠪᠤᠰᠤ ᠪᠠᠶᠢᠵᠤ᠂ ᠵᠡᠮᠳᠡᠭᠴᠦᠳ ᠤᠨ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ ᠨᠡᠶᠢᠭᠡᠮ ᠤᠨ | ᠳᠤᠮᠳᠠᠴᠢ ᠬᠢᠷᠢ ᠬᠡᠮᠵᠢᠶ᠎ᠡ ᠯᠦᠭᠡ ᠬᠠᠷᠢᠴᠠᠭᠤᠯᠪᠠᠯ ᠪᠠᠰᠠ ᠵᠥᠷᠢᠶ᠎ᠡ ᠲᠠᠢ ᠪᠠᠶᠢᠭᠰᠠᠭᠠᠷ︔ ᠵᠡᠮᠳᠡᠭᠴᠦᠳ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠪᠠᠰᠠ ᠲᠡᠶᠢᠮᠦ ᠥᠨᠳᠥᠷ ᠪᠢᠰᠢ᠂ ᠵᠡᠮᠳᠡᠭᠴᠦᠳ ᠤᠨ | ᠡᠮᠨᠡᠭᠦᠯᠬᠦ᠂ ᠨᠠᠶᠢᠳᠠᠵᠤ ᠠᠰᠠᠷᠠᠭᠤᠯᠬᠤ᠂ ᠰᠠᠭᠠᠳ ᠦᠭᠡᠶ ᠪᠠᠶᠢᠯᠭᠠᠬᠤ ᠵᠡᠷᠭᠡ ᠣᠯᠠᠨ ᠶᠠᠩᠵᠤᠲᠤ ᠴᠢᠨᠠᠷᠲᠠᠶ | ᠬᠡᠷᠡᠭᠴᠡᠭᠡ ᠱᠠᠭᠠᠷᠳᠠᠯᠭ᠎ᠠ ᠶᠢ ᠪᠠᠰᠠ ᠭᠦᠢᠴᠡᠳ ᠬᠠᠩᠭᠠᠭᠠᠳᠤᠶ ᠪᠠᠶᠢᠨ᠎ᠠ︔ ᠵᠡᠮᠳᠡᠭᠴᠦᠳ ᠤᠨ ᠲᠤᠰᠬᠠᠶ ᠮᠡᠷᠭᠡᠵᠢᠯ ᠤᠨ | ᠴᠢᠳᠠᠪᠤᠷᠢᠲᠠᠨ ᠤ ᠡᠩᠨᠡᠭᠡᠨ ᠤ ᠬᠦᠴᠦᠨ ᠪᠠᠭᠤᠷᠠᠶ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠪᠣᠯᠤᠨ ᠦᠨᠳᠦᠰᠦᠨ | ᠱᠠᠲᠤᠨ ᠤ ᠵᠡᠮᠳᠡᠭᠴᠦᠳ ᠲᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠳᠠᠢ ᠪᠠᠶᠢᠨ᠎ᠠ︔ | ᠵᠡᠮᠳᠡᠭᠴᠦᠳ ᠤᠨ ᠮᠡᠳᠡᠭᠡ ᠵᠠᠩᠭᠢᠵᠢᠯᠲᠠ ᠶᠢᠨ ᠦᠢᠯᠡᠴᠢᠯᠡᠬᠡᠨ ᠤ ᠬᠢᠷᠢ ᠬᠡᠮᠵᠢᠶ᠎ᠡ ᠳᠣᠣᠷ᠎ᠠ ᠪᠠᠶᠢᠵᠤ᠂ ᠲᠣᠭᠠᠴᠢᠯᠠᠭᠰᠠᠨ | ᠪᠠᠶᠢᠭᠤᠯᠤᠯᠲᠠ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ | ᠵᠡᠮᠳᠡᠭᠴᠦᠳ ᠢ ᠡᠩᠨᠡᠭᠡ ᠠᠴᠠ ᠬᠤᠴᠣᠷᠤᠭᠤᠯᠵᠤ ᠤᠬᠳᠤ ᠪᠣᠯᠬᠤ ᠦᠭᠡᠢ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠳᠤ᠂ ᠠᠵᠠ ᠲᠣᠬᠢᠶᠠᠯ ᠤᠨ ᠤᠬᠠᠮᠰᠠᠷ᠂ ᠥᠷᠢᠰᠥᠯᠳᠦᠬᠦ ᠤᠬᠠᠮᠰᠠᠷ᠂ ᠲᠦᠭᠰᠢᠭᠦᠷᠢ ᠶᠢᠨ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠦ᠂ ᠪᠣᠳᠠᠲᠠᠶ ᠳᠤ ᠰᠠᠭᠤᠷᠢᠯᠠᠨ᠂ ᠴᠢᠬᠤᠯᠠ ᠠᠵᠠ | ᠲᠣᠬᠢᠶᠠᠯ ᠤᠨ ᠬᠤᠭᠤᠴᠠᠭ᠎ᠠ ᠶᠢ ᠣᠨᠣᠪᠴᠢᠲᠠᠶ ᠡᠵᠡᠮᠳᠡᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠦᠷᠢᠮ ᠢ | ᠤᠯᠠᠮ ᠨᠢᠭᠡ ᠠᠯᠬᠤᠮ ᠪᠦᠷᠢᠨᠰᠢᠬᠦᠯᠦᠨ᠂ ᠵᠡᠮᠳᠡᠭᠴᠦᠳ ᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠳᠡᠬᠦᠯᠳᠡᠷᠵᠢᠬᠦᠯᠵᠦ᠂ ᠵᠡᠮᠳᠡᠭᠴᠦᠳ ᠤᠨ ᠡᠷᠡᠭᠦᠯᠵᠢᠯ᠂ | ᠰᠤᠷᠭᠠᠬᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠬᠦᠯᠦᠨ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠬᠢᠭᠡᠳ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠣᠨ᠂ ᠵᠡᠮᠳᠡᠭᠴᠦᠳ ᠤᠨ ᠬᠠᠤᠯᠢ ᠶᠣᠰᠣᠨ ᠤ ᠡᠷᠬᠡ | ᠠᠰᠢᠭ ᠢ ᠦᠨᠡᠨᠬᠦ ᠪᠠᠳᠣᠯᠠᠵᠦ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ | ᠥᠬᠡᠶ ᠬᠠᠩᠭᠠᠨ᠂ ᠵᠡᠮᠳᠡᠭᠴᠦᠳ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠬᠦᠯᠵᠦ᠂ ᠵᠡᠮᠳᠡᠭᠴᠦᠳ ᠢ | ᠪᠦᠯᠬᠦᠮᠳᠡᠭᠦᠯᠦᠨ ᠳᠠᠭᠠᠭᠤᠯᠵᠤ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠣᠳᠣᠬᠢᠴᠢᠯᠠᠭᠰᠠᠨ ᠠᠯᠠᠱᠠ ᠶᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠨ᠎ᠡ᠃ | ᠬᠤᠶᠠᠷ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠣᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠵᠦ᠂ ︽ | ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠬᠦᠯᠦᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠵᠡᠮᠳᠡᠭᠴᠦᠳ ᠤᠨ ᠦᠢᠯᠡᠰ ᠤᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠤᠯ ᠰᠡᠳᠦᠪ ᠪᠣᠯᠭᠠᠨ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠵᠦ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ | ᠪᠠ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠭᠤᠣᠯ ᠰᠢᠵᠢᠮ ᠪᠣᠯᠭᠠᠨ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠳᠣᠣᠱᠯᠠᠭᠤᠯᠣᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠬᠡᠨ ᠪᠠᠶᠢᠭᠤᠯᠵᠦ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ | ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠵᠡᠮᠳᠡᠭᠴᠦᠳ ᠤᠨ ᠠᠭᠤᠰᠤᠯᠴᠠᠯ ᠢ ᠠᠬᠢᠭᠤᠯᠣᠨ᠂ ᠪᠦᠬᠦ ᠲᠠᠯ᠎ᠠ ᠪᠠᠷ | ᠬᠥᠭᠵᠢᠬᠦ ᠪᠠ ᠬᠠᠮᠲᠤ ᠪᠠᠷ ᠪᠠᠶᠠᠵᠢᠬᠤ᠂ ᠵᠡᠮᠳᠡᠭᠴᠦᠳ ᠤᠨ ᠦᠢᠯᠡᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ | ᠪᠠᠲᠤ ᠪᠠᠬᠢ ᠰᠠᠭᠤᠷᠢ ᠳᠠᠯᠪᠢᠵᠦ᠂ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠪᠦᠬᠦ ᠠᠶᠢᠮᠠᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠦᠵᠡᠰᠬᠦᠯᠡᠩᠲᠦ ᠰᠠᠶᠢᠬᠠᠨ ᠠᠯᠠᠱᠠ ᠶᠢ ᠪᠦᠲᠦᠭᠡᠨ | ᠪᠠᠶᠢᠭᠤᠯᠵᠦ᠂ ᠠᠭᠤᠤ ᠶᠡᠭᠡ ᠳᠤᠮᠳᠠᠳᠤ ᠶᠢᠨ ᠬᠦᠰᠡᠯᠡᠩ ᠢᠶᠠᠨ ᠬᠠᠮᠲᠤ ᠪᠠᠷ ᠪᠡᠶᠡᠯᠡᠬᠦᠯᠦᠨ᠎ᠡ᠃ | ︵ᠬᠤᠶᠠᠷ︶ ᠦᠨᠳᠦᠰᠦᠨ ᠵᠠᠷᠴᠢᠮ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠎ᠠ᠃ ᠨᠠᠮ ᠤᠨ ᠬᠤᠷᠢᠶ᠎ᠠ ᠤᠳᠤᠷᠢᠳᠴᠤ᠂ | ᠵᠠᠰᠠᠭ ᠤᠨ ᠣᠷᠳᠣᠨ ᠬᠠᠷᠢᠭᠤᠴᠠᠨ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠵᠡᠮᠳᠡᠭᠴᠦᠳ ᠢ ᠲᠡᠳᠬᠦᠵᠦ ᠵᠡᠮᠳᠡᠭᠴᠦᠳ ᠢ | ᠲᠤᠰᠠᠯᠠᠬᠤ ᠳᠤ ᠥᠷᠭᠡᠨ ᠢᠶᠠᠷ ᠣᠷᠣᠯᠴᠠᠭᠰᠠᠨ ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠯ ᠢ | ᠲᠡᠭᠦᠯᠳᠡᠷᠵᠢᠭᠦᠯᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠵᠡᠮᠳᠡᠭᠴᠦᠳ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠡᠮᠳᠡᠭᠴᠦᠳ ᠤᠨ ᠦᠢᠯᠡᠰ ᠲᠠᠬᠢ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠵᠡᠮᠳᠡᠭᠴᠦᠳ ᠤᠨ ᠦᠢᠯᠡᠰ ᠤᠨ ᠵᠠᠰᠠᠯᠲᠠ ᠶᠢᠨ | ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ᠃ ᠵᠡᠮᠳᠡᠭᠴᠦᠳ ᠢ | ᠪᠦᠯᠬᠦᠮᠳᠡᠭᠦᠯᠦᠨ ᠬᠥᠮᠦᠵᠢᠭᠦᠯᠵᠦ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ | ᠳᠠᠭᠠᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠵᠡᠮᠳᠡᠭᠴᠦᠳ ᠤᠨ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠡᠭᠦᠰᠦᠯᠲᠡ ᠪᠣᠯᠭᠠᠵᠤ᠂ ᠵᠡᠮᠳᠡᠭᠴᠦᠳ ᠤᠨ | ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ | ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ | ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠨ᠎ᠠ᠃ ᠬᠥᠮᠦᠯᠢᠭ ᠦᠵᠡᠯ ᠤᠨ ᠦᠵᠡᠯ ᠰᠠᠨᠠᠭ᠎ᠠ ᠪᠣᠯᠤᠨ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠰᠡᠳᠬᠢᠯ | ᠪᠦᠬᠦ ᠵᠣᠷᠢᠭ ᠢᠶᠠᠷ ᠢᠶᠠᠨ ᠵᠡᠮᠳᠡᠭᠴᠦᠳ ᠲᠤ ᠦᠢᠯᠡᠴᠢᠯᠡᠵᠦ᠂ ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ᠂ | ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ | ᠦᠨᠳᠦᠰᠦᠨ ᠵᠦᠢᠯ ᠢ ᠪᠠᠲᠤᠯᠠᠵᠤ᠂ ᠬᠤᠷᠢᠭ᠎ᠠ ᠱᠤᠭᠤᠮ ᠢ ᠰᠠᠬᠢᠬᠤ ᠶᠢ ᠪᠠᠷᠢᠮᠳᠠᠯᠠᠨ᠎ᠠ᠃ ᠵᠡᠮᠳᠡᠭᠴᠦᠳ ᠤᠨ | ᠨᠡᠶᠢᠭᠡᠮ ᠤᠨ ᠠᠰᠠᠷᠠᠮᠵᠢ ᠶᠢᠨ ᠲᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠬᠦᠴᠦᠯᠡᠨ | ᠲᠡᠭᠦᠯᠳᠡᠷᠵᠢᠭᠦᠯᠵᠦ᠂ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠨᠢᠭᠲᠠ | ᠰᠦᠯᠵᠢᠵᠦ᠂ ᠠᠯᠳᠠᠰᠢ ᠶᠢ ᠨᠢ ᠵᠠᠯᠠᠷᠠᠭᠤᠯᠤᠨ᠂ ᠳᠤᠲᠠᠭᠤᠳᠠᠯ ᠢ ᠨᠢ ᠨᠥᠬᠦᠪᠥᠷᠢᠯᠡᠵᠦ᠂ ᠪᠠᠭᠤᠷᠠᠢ ᠲᠠᠯ᠎ᠠ ᠶᠢ ᠨᠢ | ᠬᠦᠴᠦᠷᠬᠡᠭᠵᠢᠭᠦᠯᠦᠨ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ | ᠵᠡᠮᠳᠡᠭᠴᠦᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ | ᠠᠬᠢᠭᠤᠯᠤᠨ᠎ᠠ᠃ | ᠦᠨᠳᠦᠰᠦ ᠰᠠᠭᠤᠷᠢ ᠶᠢ ᠪᠠᠬᠢᠵᠢᠬᠦᠯᠵᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ | ᠥᠭᠡᠷᠡᠴᠢᠯᠡᠯᠲᠡ ᠬᠢᠭᠡᠳ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠡᠮᠳᠡᠭᠴᠦᠳ ᠤᠨ ᠦᠢᠯᠡᠴᠢᠯᠡᠬᠡᠨ ᠤ | ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠡᠮᠳᠡᠭᠴᠦᠳ ᠤᠨ ᠦᠢᠯᠡᠰ ᠤᠨ | ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠭᠡ᠂ ᠮᠡᠳᠡᠭᠡ ᠵᠠᠩᠭᠢᠵᠢᠯᠲᠠ᠂ | ᠤᠶᠤᠨᠴᠢᠯᠠᠯᠳᠠ ᠶᠢᠨ ᠬᠠᠩᠭᠠᠯᠭ᠎ᠠ ᠶᠢᠨ ᠲᠠᠯ᠎ᠠ ᠶᠢᠨ ᠪᠠᠲᠤᠯᠠᠭ᠎ᠠ ᠶᠢᠨ ᠨᠥᠬᠦᠴᠡᠯ ᠢ ᠴᠢᠩᠭᠠᠳᠬᠠᠵᠤ᠂ | ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠵᠡᠮᠳᠡᠭᠴᠦᠳ ᠤᠨ ᠣᠯᠠᠨ ᠲᠠᠰ | ᠳᠠᠪᠬᠤᠷᠭ᠎ᠠ᠂ ᠣᠯᠠᠨ ᠶᠠᠩᠵᠤᠲᠤ ᠴᠢᠨᠠᠷ ᠤᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠨ᠎ᠠ᠃ | ᠬᠠᠤᠯᠢ ᠶᠣᠰᠣᠭᠠᠷ ᠬᠥᠭᠵᠢᠭᠦᠯᠬᠦ ᠶᠢ ᠪᠠᠷᠢᠮᠲᠠᠯᠠᠨ᠎ᠠ᠃ ᠵᠡᠮᠳᠡᠭᠴᠦᠳ ᠤᠨ ᠡᠷᠬᠡ ᠲᠡᠭᠰᠢ ᠡᠷᠬᠡ ᠠᠰᠢᠭ ᠢ | ᠪᠠᠲᠤᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠷᠠᠭᠤᠯᠤᠨ᠂ ᠵᠡᠮᠳᠡᠭᠴᠦᠳ ᠤᠨ ᠦᠢᠯᠡᠰ ᠤᠨ ᠦᠨᠳᠦᠰᠦᠨ ᠲᠦᠷᠢᠮ ᠤᠨ ᠰᠢᠰᠲ᠋ᠧᠮᠵᠢ ᠶᠢ ᠨᠠᠩ | ᠪᠣᠯᠪᠠᠰᠤᠷᠠᠩᠭᠤᠶ ᠨᠠᠩ ᠬᠡᠪᠰᠢᠭᠰᠡᠨ ᠪᠣᠯᠭᠠᠬᠤ ᠶᠢ ᠠᠬᠢᠭᠤᠯᠵᠤ᠂ ᠵᠡᠮᠳᠡᠭᠴᠦᠳ ᠤᠨ ᠦᠢᠯᠡᠰ ᠤᠨ ᠬᠠᠤᠯᠢ ᠪᠠᠷ | ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠣᠶ ᠪᠣᠯᠭᠠᠨ᠎ᠠ᠃ | ᠵᠠᠰᠠᠭ ᠤᠨ ᠣᠷᠳᠣᠨ ᠤ ᠭᠤᠤᠯᠯᠠᠬᠤ ᠦᠢᠯᠡᠳᠦᠯ ᠪᠠ ᠨᠡᠶᠢᠭᠡᠮ ᠤᠨ ᠬᠦᠴᠦᠨ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠬᠠᠮᠵᠢᠯᠴᠠᠬᠤ ᠦᠢᠯᠡᠳᠦᠯ ᠢ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠬᠤᠷᠠᠮᠳᠤᠭᠤᠯᠤᠨ᠂ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠵᠡᠮᠳᠡᠭᠴᠦᠳ ᠤᠨ ᠠᠵᠢᠯ ᠦᠢᠯᠡᠰ ᠤᠨ | ᠬᠤᠲᠠ ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ ᠳᠤ ᠲᠡᠩᠴᠡᠭᠦᠷᠢᠲᠡᠶ ᠬᠥᠭᠵᠢᠬᠦ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠵᠡᠮᠳᠡᠭᠴᠦᠳ ᠤᠨ ᠠᠵᠢᠯ ᠦᠢᠯᠡᠰ ᠬᠢᠭᠡᠳ ᠠᠵᠤ ᠠᠬᠤᠶ ᠨᠡᠶᠢᠭᠡᠮ ᠤᠨ ᠠᠭᠤᠰᠤᠯᠴᠠᠯ᠂ ᠵᠣᠬᠢᠴᠠᠩᠭᠤᠶ | ᠬᠥᠭᠵᠢᠯᠲᠡ ᠶᠢ ᠠᠬᠢᠭᠤᠯᠤᠨ᠎ᠠ᠃ | ︵ᠭᠤᠷᠪᠠ︶ ᠭᠤᠣᠯ ᠬᠠᠷᠠᠯᠲᠠ | ᠪᠥᠬᠦ ᠠᠶᠢᠮᠠᠭ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ | ᠪᠠ ᠥᠷᠢᠰᠥᠯᠳᠦᠭᠡᠨ ᠢ ᠶᠡᠷᠦᠩᠬᠡᠶᠢᠯᠡᠨ ᠪᠣᠳᠣᠯᠬᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | 2025 ᠣᠨ ᠪᠣᠯᠬᠤ ᠳᠤ ᠳᠤᠤᠷᠠᠬᠢ ᠭᠤᠤᠯ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠄ | ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠰᠢᠨ᠎ᠡ ᠰᠠᠶᠢᠵᠢᠷᠠᠯᠲᠠ ᠲᠠᠢ ᠪᠣᠯᠭᠠᠵᠤ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠰᠢᠨ᠎ᠡ ᠲᠦᠪᠰᠢᠨ ᠳᠤ ᠬᠦᠷᠭᠡᠨ᠎ᠡ᠃ | ᠣᠯᠠᠨ ᠳᠡᠰ ᠳᠠᠪᠬᠤᠷᠭ᠎ᠠ ᠪᠦᠬᠦᠢ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ | ᠦᠨᠳᠦᠰᠦᠨ ᠳᠤᠨᠢ ᠪᠠᠶᠢᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠦᠷᠢᠮ ᠢ ᠲᠠᠰᠤᠷᠠᠯᠲᠠ ᠤᠢᠭᠡᠢ | ᠲᠡᠭᠦᠯᠳᠡᠷᠵᠢᠭᠦᠯᠦᠨ᠂ ᠵᠡᠮᠳᠡᠭᠴᠦᠳ ᠤᠨ ᠦᠨᠳᠦᠰᠦᠨ ᠠᠮᠢᠳᠤᠷᠠᠯ ᠢ ᠲᠣᠭᠲᠠᠭᠤᠨ ᠢᠶᠠᠷ ᠪᠠᠲᠤᠯᠠᠵᠤ᠂ ᠬᠦᠨᠳᠦ | ᠵᠡᠮᠳᠡᠭᠴᠦᠳ ᠢ ᠨᠡᠩ ᠰᠠᠶᠢᠲᠤᠷ ᠬᠠᠷᠠᠭᠠᠯᠵᠠᠨ ᠠᠰᠠᠷᠠᠵᠤ᠂ ᠥᠷᠭᠡᠨ ᠣᠯᠠᠨ ᠵᠡᠮᠳᠡᠭᠴᠦᠳ ᠤᠨ ᠠᠮᠢᠳᠤᠷᠠᠯ ᠤᠨ ᠶᠠᠰᠤ | ᠴᠢᠨᠠᠷ ᠢ ᠨᠡᠩ ᠭᠦᠢᠴᠡᠳ ᠪᠣᠯᠭᠠᠨ᠎ᠠ᠃ | ᠣᠯᠠᠨ ᠬᠡᠯᠪᠡᠷᠢ ᠪᠦᠬᠦᠢ ᠵᠡᠮᠳᠡᠭᠴᠦᠳ ᠲᠤ ᠠᠵᠢᠯ ᠣᠯᠭᠤᠬᠤ ᠶᠢ ᠳᠡᠮᠵᠢᠬᠦ ᠰᠢᠰᠲ᠋ᠧᠮᠵᠢ ᠶᠢ | ᠦᠨᠳᠦᠰᠦᠨ ᠳᠤᠨᠢ ᠪᠣᠶ ᠪᠣᠯᠭᠠᠵᠤ᠂ ᠵᠡᠮᠳᠡᠭᠴᠦᠳ ᠲᠤ ᠨᠡᠯᠢᠶᠡᠳ ᠭᠦᠢᠴᠡᠳ ᠨᠡᠯᠢᠶᠡᠳ ᠴᠢᠨᠠᠷ ᠰᠠᠶᠢᠲᠠᠶ ᠠᠵᠢᠯ | ᠣᠯᠭᠤᠬᠤ ᠶᠢ ᠪᠡᠶᠡᠯᠡᠭᠦᠯᠦᠨ᠎ᠡ᠃ | ᠠᠳᠠᠯᠢ ᠲᠡᠭᠰᠢ ᠪᠣᠯᠭᠠᠭᠰᠠᠨ ᠵᠡᠮᠳᠡᠭᠴᠦᠳ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠬᠡᠨ ᠤ | ᠰᠢᠰᠲ᠋ᠧᠮᠵᠢ ᠶᠢ ᠨᠡᠩ ᠲᠡᠭᠦᠯᠳᠡᠷᠵᠢᠭᠦᠯᠵᠦ᠂ ᠵᠡᠮᠳᠡᠭᠴᠦᠳ ᠤᠨ ᠦᠵᠡᠯ ᠰᠠᠨᠠᠭᠠᠨ ᠤ ᠬᠡᠪ ᠴᠢᠨᠠᠷ᠂ ᠰᠢᠨᠵᠢᠯᠡᠬᠦ | ᠤᠬᠠᠭᠠᠨ ᠰᠣᠶᠣᠯ ᠤᠨ ᠬᠡᠪ ᠴᠢᠨᠠᠷ ᠪᠣᠯᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠴᠢᠨᠠᠷ ᠢ ᠢᠯᠡᠳᠲᠡ | ᠳᠡᠭᠡᠭᠰᠢᠯᠡᠭᠦᠯᠵᠦ᠂ ᠨᠡᠶᠢᠭᠡᠮ ᠤᠨ ᠠᠮᠢᠳᠤᠷᠠᠯ ᠳᠤ ᠣᠷᠣᠯᠴᠠᠬᠤ ᠶᠢ ᠨᠡᠩ ᠥᠷᠭᠡᠨ ᠳᠡᠯᠭᠡᠷ ᠭᠦᠨ ᠭᠦᠨᠵᠡᠭᠡᠶ | ᠪᠣᠯᠭᠠᠨ᠎ᠠ᠃ | ᠬᠠᠷᠰᠢ ᠰᠠᠭᠠᠳ ᠥᠬᠡᠶ ᠨᠡᠶᠢᠭᠡᠮ ᠤᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ | ᠵᠡᠮᠳᠡᠭᠴᠦᠳ ᠤᠨ ᠤᠯᠤᠰ ᠲᠥᠷᠥ᠂ ᠠᠵᠤ ᠠᠬᠤᠶ᠂ ᠰᠣᠶᠣᠯ᠂ ᠨᠡᠶᠢᠭᠡᠮ᠂ ᠬᠡᠷ ᠪᠦᠯᠢ ᠶᠢᠨ ᠠᠮᠢᠳᠤᠷᠠᠯ ᠵᠡᠷᠭᠡ ᠡᠯ᠎ᠡ | ᠲᠠᠯ᠎ᠠ ᠶᠢᠨ ᠡᠷᠬᠡ ᠲᠡᠭᠰᠢ ᠡᠷᠬᠡ ᠶᠢ ᠨᠠᠩ ᠰᠠᠶᠢᠲᠤᠷ ᠪᠡᠶᠡᠯᠡᠭᠦᠯᠵᠦ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ | ᠲᠦᠷᠢᠮ ᠢ ᠨᠠᠩ ᠪᠦᠷᠢᠨᠰᠢᠬᠦᠯᠵᠦ᠂ ᠡᠷᠬᠡ ᠲᠡᠭᠰᠢ ᠪᠠᠭᠲᠠᠭᠠᠮᠵᠢᠲᠠᠶ ᠪᠣᠯᠭᠠᠵᠤ᠂ ᠵᠡᠮᠳᠡᠭᠴᠦᠳ ᠢ ᠬᠠᠯᠠᠮᠵᠢᠯᠠᠨ | ᠬᠠᠶᠢᠷᠠᠯᠠᠵᠤ ᠬᠠᠪᠰᠤᠷᠬᠤ ᠨᠡᠶᠢᠭᠡᠮ ᠤᠨ ᠠᠭᠤᠷ ᠠᠮᠢᠰᠬᠤᠯ ᠢ ᠨᠠᠩ ᠥᠳᠬᠡᠨ ᠵᠤᠵᠠᠭᠠᠨ ᠪᠣᠯᠭᠠᠨ᠎ᠠ᠃ | ᠪᠥᠬᠦ ᠬᠦᠷᠢᠶ᠎ᠡ ᠴᠠᠷᠠᠭ᠎ᠠ ᠶᠢᠨ ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠭ᠎ᠠ ᠶᠢᠨ ᠨᠥᠬᠦᠴᠡᠯ ᠢ | ᠢᠯᠡᠳᠲᠡ ᠰᠠᠶᠢᠵᠢᠷᠠᠭᠤᠯᠵᠤ᠂ ᠦᠨᠳᠦᠰᠦᠨ ᠱᠠᠲᠤᠨ ᠤ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ | ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠶᠠᠰᠤ ᠴᠢᠨᠠᠷ ᠦᠷ᠎ᠡ ᠠᠰᠢᠭ ᠢ ᠢᠯᠡᠳᠲᠡ ᠳᠡᠭᠡᠭᠰᠢᠯᠡᠭᠦᠯᠵᠦ᠂ | ᠵᠡᠮᠳᠡᠭᠴᠦᠳ ᠤᠨ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ ᠪᠣᠯᠤᠨ ᠭᠤᠣᠯ ᠠᠷᠭ᠎ᠠ ᠬᠡᠮᠵᠢᠶ᠎ᠡ | ︵ᠨᠢᠭᠡ︶ ᠲᠣᠭᠲᠠᠭᠤᠨ ᠪᠥᠭᠡᠳ ᠨᠠᠶᠢᠳᠠᠪᠤᠷᠢᠲᠠᠶ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠵᠤ᠂ ᠵᠡᠮᠳᠡᠭᠴᠦᠳ ᠤᠨ ᠦᠨᠳᠦᠰᠦᠨ ᠵᠦᠢᠯ ᠢ ᠪᠠᠲᠤᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ | 1 . ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠨ᠎ᠡ᠃ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠵᠦᠢᠯ ᠢ | ᠪᠠᠲᠤᠯᠠᠬᠤ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠳᠠᠬᠢᠨ ᠶᠠᠳᠠᠭᠤᠷᠠᠬᠤ ᠠᠴᠠ ᠰᠡᠷᠭᠡᠶᠢᠯᠡᠵᠦ ᠶᠠᠳᠠᠭᠤᠷᠠᠬᠤ ᠶᠢ | ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠳᠠᠬᠢᠨ ᠶᠠᠳᠠᠭᠤᠷᠠᠬᠤ ᠵᠡᠮᠳᠡᠭᠴᠦᠳ | ᠪᠠ ᠰᠢᠨ᠎ᠡ ᠪᠠᠷ ᠶᠠᠳᠠᠭᠤᠷᠠᠬᠤ ᠵᠡᠮᠳᠡᠭᠴᠦᠳ ᠢ ᠴᠠᠭ ᠲᠤᠬᠠᠶ ᠳᠤᠨᠢ ᠬᠠᠪᠰᠤᠷᠤᠨ ᠲᠡᠳᠬᠦᠵᠦ᠂ ᠵᠡᠮᠳᠡᠭᠴᠦᠳ ᠤᠨ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠯᠤᠭ᠎ᠠ ᠪᠦᠲᠦᠮᠵᠢᠲᠡᠶ ᠵᠣᠯᠭᠠᠭᠤᠯᠬᠤ ᠶᠢ | ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠵᠡᠮᠳᠡᠭᠴᠦᠳ ᠤᠨ ᠭᠡᠷ ᠪᠦᠯᠢ ᠶᠢ | ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠲᠤᠰᠬᠠᠶ ᠪᠠᠶᠢᠭᠤᠯᠤᠮᠵᠢ᠂ | ᠬᠤᠷᠰᠢᠶ᠎ᠠ ᠨᠤᠭᠤᠳ ᠵᠡᠮᠳᠡᠭᠴᠦᠳ ᠢ ᠬᠦᠯᠢᠶᠡᠨ ᠠᠪᠴᠤ ᠬᠦᠴᠦ ᠶᠠᠪᠤᠬᠤ ᠶᠢ ᠵᠣᠷᠢᠭᠵᠢᠭᠤᠯᠬᠤ ᠶᠢᠨ ᠬᠠᠮᠲᠤ ᠠᠵᠢᠯ | ᠣᠯᠭᠤᠵᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠡᠩ ᠲᠡᠷᠢᠭᠦᠨ ᠳᠤ ᠨᠠᠶᠢᠳᠠᠪᠤᠷᠢᠵᠢᠭᠤᠯᠬᠤ ᠬᠡᠷᠡᠭᠲᠡᠶ᠃ | ᠨᠡᠶᠢᠭᠡᠮ ᠤᠨ ᠬᠦᠴᠦᠨ ᠢ ᠦᠷᠭᠦᠯᠵᠢᠯᠡᠨ ᠳᠠᠶᠢᠴᠢᠯᠠᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠢ | ᠬᠠᠪᠰᠤᠷᠤᠨ ᠲᠡᠳᠬᠦᠬᠦ ᠳᠤ ᠣᠷᠣᠯᠴᠠᠭᠤᠯᠵᠤ᠂ ᠬᠥᠳᠡᠯᠮᠦᠷᠢᠯᠡᠬᠦ ᠴᠢᠳᠠᠪᠤᠷᠢ ᠲᠠᠢ ᠮᠠᠯᠵᠢᠬᠤ ᠲᠠᠷᠢᠶᠠᠯᠠᠬᠤ ᠣᠷᠣᠨ ᠤ | ᠵᠡᠮᠳᠡᠭᠴᠦᠳ ᠲᠤ 50 % ᠪᠤᠶᠤ 100 % ᠶᠢᠨ ᠳᠠᠮ ᠬᠦᠦ ᠲᠠᠢ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠦᠵᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠵᠡᠮᠳᠡᠭᠴᠦᠳ ᠤᠨ | ᠭᠡᠷ ᠪᠦᠯᠢ ᠶᠢᠨ ᠣᠷᠣᠯᠭ᠎ᠠ ᠶᠢᠨ ᠬᠢᠷᠢ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠶ᠃ ᠮᠠᠯᠵᠢᠬᠤ | ᠲᠠᠷᠢᠶᠠᠯᠠᠬᠤ ᠣᠷᠣᠨ ᠤ ᠵᠡᠮᠳᠡᠭᠴᠦᠳ ᠤᠨ ᠣᠷᠣᠨ ᠰᠠᠭᠤᠴᠠ ᠶᠢᠨ ᠰᠠᠭᠤᠷᠢ ᠭᠠᠵᠠᠷ᠂ ᠮᠠᠯᠵᠢᠯ ᠤᠨ ᠲᠠᠯᠠᠪᠠᠶ ᠶᠢᠨ | ᠬᠡᠷᠡᠭᠯᠡᠬᠦ ᠡᠷᠬᠡ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ᠂ ᠡᠳ᠋ ᠬᠥᠷᠥᠩᠭᠡ ᠶᠢᠨ ᠠᠰᠢᠭ ᠣᠯᠵᠠᠪᠤᠷᠢ | ᠬᠤᠪᠢᠶᠠᠷᠢᠯᠠᠬᠤ ᠡᠷᠬᠡ ᠵᠡᠷᠭᠡ ᠡᠷᠬᠡ ᠠᠰᠢᠭ ᠢ ᠪᠠᠲᠤᠯᠠᠵᠤ᠂ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ | ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠬᠥᠳᠡᠭᠡ | ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠲᠤ ᠣᠷᠣᠯᠴᠠᠬᠤ ᠶᠢ ᠲᠡᠳᠬᠦᠵᠦ᠂ ᠠᠵᠤ ᠦᠢᠯᠡᠰ ᠤᠨ | ᠬᠡᠯᠬᠢᠶ᠎ᠡ ᠶᠢᠨ ᠥᠷᠲᠡᠭ ᠨᠡᠮᠡᠭᠳᠡᠯ ᠤᠨ ᠠᠰᠢᠭ ᠣᠯᠵᠠᠪᠤᠷᠢ ᠶᠢ ᠬᠤᠪᠢᠶᠠᠨ ᠬᠦᠷᠲᠡᠭᠡᠨ᠎ᠡ᠃ ᠵᠡᠮᠳᠡᠭᠴᠦᠳ ᠤᠨ ᠬᠡᠷ | ᠪᠦᠯᠢ ᠶᠢᠨ ᠬᠠᠷᠰᠢ ᠰᠠᠭᠠᠳ ᠥᠬᠡᠶ ᠣᠷᠴᠢᠨ ᠲᠣᠭᠤᠷᠢᠨ ᠢ ᠥᠭᠡᠷᠡᠴᠢᠯᠡᠨ ᠰᠠᠶᠢᠵᠢᠷᠠᠭᠤᠯᠬᠤ ᠬᠢᠭᠡᠳ ᠬᠥᠳᠡᠭᠡ | ᠲᠣᠰᠬᠤᠨ ᠢ ᠪᠥᠲᠥᠭᠡᠨ ᠪᠠᠶᠢᠭᠤᠯᠬᠤ ᠠᠵᠢᠯᠯᠠᠭ᠎ᠠ ᠶᠢ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠬᠤ ᠶᠢ ᠴᠢᠩᠭᠠᠳᠬᠠᠨ᠎ᠠ᠃ ᠡᠯᠧᠺᠲᠷᠣᠨ | ᠬᠤᠳᠠᠯᠳᠤᠭ᠎ᠠ ᠪᠠᠷ ᠵᠡᠮᠳᠡᠭᠴᠦᠳ ᠢ ᠲᠤᠰᠠᠯᠠᠬᠤ᠂ ᠵᠡᠮᠳᠡᠭ ᠡᠮᠡᠭᠲᠡᠶᠢᠴᠦᠳ ᠤᠨ ᠭᠠᠷ ᠨᠡᠬᠡᠮᠡᠯ ᠵᠡᠷᠭᠡ ᠲᠥᠷᠥᠯ ᠵᠦᠢᠯ ᠢ | ᠰᠠᠶᠢᠲᠤᠷ ᠬᠡᠷᠡᠭᠵᠢᠭᠦᠯᠵᠦ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ | ᠪᠠᠶᠢᠭᠠᠳ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ | ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠠᠷᠠᠳ ᠤᠨ ᠪᠠᠩᠬᠢ ᠶᠢᠨ ᠠᠯᠠᠱᠠ ᠠᠶᠢᠮᠠᠭ ᠤᠨ | ᠲᠥᠪ ᠰᠠᠯᠪᠤᠷᠢ ᠪᠠᠩᠬᠢ︶᠃ | 2 . ᠬᠦᠴᠢᠷᠳᠡᠯᠲᠡᠶ ᠵᠡᠮᠳᠡᠭᠴᠦᠳ ᠢ ᠠᠪᠤᠷᠠᠨ ᠲᠤᠰᠠᠯᠠᠵᠤ ᠪᠠᠲᠤᠯᠠᠬᠤ ᠲᠣᠭᠲᠠᠴᠠ ᠶᠢ ᠴᠢᠩᠭᠠᠷᠠᠭᠤᠯᠤᠨ᠎ᠠ᠃ | ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠨᠥᠬᠦᠴᠡᠯ ᠳᠤ ᠨᠡᠶᠢᠴᠡᠬᠦ | ᠵᠡᠮᠳᠡᠭᠴᠦᠳ ᠪᠠ ᠵᠡᠮᠳᠡᠭᠴᠦᠳ ᠤᠨ ᠭᠡᠷ ᠪᠦᠯᠢ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠤᠶᠤ ᠣᠨᠴᠠ | ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ | ᠣᠷᠣᠯᠭ᠎ᠠ ᠪᠠᠭᠠᠲᠠᠶ ᠪᠠ ᠵᠠᠪᠠᠯ ᠵᠠᠷᠤᠬᠤ ᠵᠠᠷᠤᠯᠭ᠎ᠠ ᠨᠢ ᠨᠡᠯᠢᠶᠡᠳ ᠶᠡᠭᠡ ᠠᠴᠠ ᠪᠣᠯᠵᠣ ᠦᠨᠳᠦᠰᠦᠨ ᠠᠮᠢᠳᠤᠷᠠᠯ ᠨᠢ | ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠭᠰᠠᠨ ᠵᠡᠮᠳᠡᠭᠴᠦᠳ ᠤᠨ ᠬᠡᠷ ᠪᠦᠯᠢ ᠳᠤ ᠪᠣᠳᠠᠲᠠᠶ ᠬᠡᠷᠡᠭᠴᠡᠭᠡ ᠶᠢ ᠨᠢ | ᠦᠨᠳᠦᠰᠦᠯᠡᠨ ᠵᠣᠬᠢᠬᠤ ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠡᠷᠡᠭᠦᠯᠵᠢᠯ | ᠵᠡᠷᠭᠡ ᠨᠡᠶᠢᠭᠡᠮ ᠤᠨ ᠲᠤᠰᠬᠠᠶ ᠲᠤᠰᠠᠯᠠᠮᠵᠢ ᠣᠯᠭᠤᠨ᠎ᠠ᠃ ᠨᠠᠰᠤᠵᠢᠯ ᠢᠶᠠᠷ ᠵᠡᠮᠳᠡᠭ ᠢ ᠠᠰᠠᠷᠠᠬᠤ᠂ ᠨᠢᠭᠡ ᠡᠷᠦᠬᠡ ᠳᠤ | ᠣᠯᠠᠨ ᠵᠡᠮᠳᠡᠭ ᠲᠠᠢ᠂ ᠡᠪᠡᠳᠴᠢᠨ ᠢᠶᠠᠷ ᠵᠡᠮᠳᠡᠭ ᠪᠣᠯᠤᠭᠰᠠᠨ ᠨᠢᠭᠡ ᠴᠣᠭᠴᠠ ᠵᠡᠷᠭᠡ ᠨᠥᠬᠦᠴᠡᠯ ᠳᠤ ᠨᠡᠶᠢᠴᠡᠬᠦ ᠬᠤᠲᠠ | ᠬᠥᠳᠡᠭᠡ ᠶᠢᠨ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠵᠢᠴᠢ ᠬᠦᠴᠢᠷᠳᠡᠯᠲᠡᠶ ᠭᠡᠷ ᠪᠦᠯᠢ ᠶᠢᠨ | ᠵᠡᠮᠳᠡᠭᠴᠦᠳ ᠢ ᠠᠰᠠᠷᠠᠬᠤ ᠬᠥᠮᠦᠨ ᠦᠭᠡᠶ ᠪᠣᠳᠠᠲᠠᠶ ᠪᠠᠶᠢᠳᠠᠯ ᠢ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ᠂ ᠠᠪᠤᠷᠠᠪᠠᠰᠤ ᠵᠣᠬᠢᠬᠤ ᠶᠢ ᠨᠢ ᠠᠯᠢ ᠪᠣᠯᠬᠤᠶᠢᠴᠠ | ᠠᠪᠤᠷᠠᠵᠤ᠂ ᠪᠠᠲᠤᠯᠠᠪᠠᠰᠤ ᠵᠣᠬᠢᠬᠤ ᠶᠢ ᠨᠢ ᠠᠯᠢ ᠪᠣᠯᠬᠤᠶᠢᠴᠠ ᠪᠠᠲᠤᠯᠠᠵᠤ᠂ ᠠᠰᠠᠷᠠᠪᠠᠰᠤ ᠵᠣᠬᠢᠬᠤ ᠶᠢ ᠨᠢ ᠠᠯᠢ | ᠪᠣᠯᠬᠤᠶᠢᠴᠠ ᠠᠰᠠᠷᠠᠬᠤ ᠶᠢ ᠦᠨᠡᠨᠬᠦ ᠪᠠᠲᠤᠯᠠᠨ᠎ᠠ᠃ ᠬᠥᠳᠡᠯᠮᠦᠷᠢᠯᠡᠬᠦ ᠴᠢᠳᠠᠪᠤᠷᠢ ᠥᠬᠡᠶ ᠵᠡᠮᠳᠡᠭᠴᠦᠳ ᠤᠨ | ᠠᠮᠢᠳᠤᠷᠠᠯ ᠢ ᠪᠠᠲᠤᠯᠠᠬᠤ ᠡᠷᠴᠢᠮ ᠢ ᠴᠢᠩᠭᠠᠷᠠᠭᠤᠯᠤᠨ᠎ᠠ᠃ ᠵᠡᠮᠳᠡᠭ ᠥᠨᠥᠴᠢᠨ ᠬᠡᠦᠬᠡᠳ ᠤᠨ ᠠᠮᠢᠳᠤᠷᠠᠯ ᠤᠨ | ᠰᠦᠢᠳᠬᠡᠯ ᠤᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠡᠦᠬᠡᠳ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠦᠢᠯᠡᠴᠢᠯᠡᠬᠡᠨ ᠤ ᠶᠠᠰᠤ ᠴᠢᠨᠠᠷ ᠢ | ᠳᠡᠭᠡᠭᠰᠢᠯᠡᠭᠦᠯᠦᠨ᠂ ᠡᠴᠢᠭᠡ ᠡᠬᠡ ᠨᠢ ᠵᠡᠮᠳᠡᠭ ᠠᠴᠠ ᠪᠣᠯᠵᠣ ᠠᠰᠠᠷᠠᠨ ᠲᠡᠵᠢᠭᠡᠬᠦ ᠴᠢᠳᠠᠯ ᠥᠬᠡᠶ ᠪᠣᠯᠤᠭᠰᠠᠨ | ᠬᠡᠦᠬᠡᠳ ᠢ ᠠᠰᠠᠷᠠᠨ ᠲᠡᠵᠢᠭᠡᠬᠦ ᠬᠥᠮᠦᠨ ᠥᠬᠡᠶ ᠪᠣᠯᠤᠭᠰᠠᠨ ᠬᠡᠦᠬᠡᠳ ᠤᠨ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠤᠨ᠎ᠠ᠃ ᠵᠡᠮᠳᠡᠭᠴᠦᠳ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠵᠡᠮᠳᠡᠭᠴᠦᠳ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠬᠢᠭᠡᠳ ᠡᠮ ᠡᠮᠨᠡᠯᠭᠡ ᠶᠢᠨ ᠪᠠᠲᠤᠯᠠᠭ᠎ᠠ᠂ ᠬᠦᠨᠳᠦ | ᠡᠪᠡᠳᠴᠢᠨ ᠤ ᠳᠠᠭᠠᠳᠬᠠᠯ ᠤᠨ ᠬᠠᠷᠢᠯᠴᠠᠨ ᠨᠥᠬᠦᠪᠥᠷᠢᠯᠡᠬᠦ ᠶᠢ ᠵᠣᠯᠭᠠᠭᠤᠯᠵᠤ᠂ ᠬᠦᠴᠢᠷᠳᠡᠯᠲᠡᠶ ᠵᠡᠮᠳᠡᠭᠴᠦᠳ ᠤᠨ | ᠡᠮ ᠡᠮᠨᠡᠯᠭᠡ ᠶᠢᠨ ᠵᠠᠷᠤᠳᠠᠯ ᠢ ᠤᠯᠠᠮ ᠨᠢᠭᠡ ᠠᠯᠬᠤᠮ ᠬᠠᠰᠤᠵᠤ ᠬᠡᠯᠲᠦᠷᠢᠭᠦᠯᠬᠦ ᠬᠡᠷᠡᠭᠲᠡᠶ᠃ ᠵᠡᠮᠳᠡᠭᠴᠦᠳ ᠤᠨ | ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ ᠶᠢ ᠥᠷᠨᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠳᠤᠮᠳᠠᠳᠤ ᠵᠡᠷᠭᠡ ᠶᠢᠨ ᠰᠤᠷᠭᠠᠨ ᠬᠥᠮᠦᠵᠢᠯ | ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠵᠦ | ᠪᠠᠶᠢᠭ᠎ᠠ ᠣᠷᠣᠯᠭ᠎ᠠ ᠪᠠᠭᠠᠲᠠᠶ ᠭᠡᠷ ᠪᠦᠯᠢ ᠳᠠᠬᠢ ᠵᠡᠮᠳᠡᠭ ᠰᠤᠷᠤᠭᠴᠢ ᠪᠣᠯᠤᠨ ᠣᠷᠣᠯᠭ᠎ᠠ ᠪᠠᠭᠠᠲᠠᠶ ᠵᠡᠮᠳᠡᠭᠴᠦᠳ ᠤᠨ | ᠭᠡᠷ ᠪᠦᠯᠢ ᠶᠢᠨ ᠦᠷ᠎ᠡ ᠬᠡᠦᠬᠡᠳ ᠲᠤ ᠲᠤᠰᠠᠯᠠᠮᠵᠢ ᠦᠵᠡᠭᠦᠯᠬᠦ ᠬᠡᠷᠡᠭᠲᠡᠶ᠃ ᠠᠮᠢᠳᠤᠷᠠᠯ ᠳᠠᠭᠠᠨ ᠵᠥᠪ ᠦᠭᠡᠢ | ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠵᠡᠮᠳᠡᠭᠴᠦᠳ ᠢ ᠠᠪᠤᠷᠠᠨ ᠲᠤᠰᠠᠯᠠᠵᠤ ᠲᠥᠪᠬᠢᠨᠡᠭᠦᠯᠬᠦ ᠪᠠ ᠲᠦᠷᠦᠯ | ᠰᠠᠳᠤᠨ ᠢᠶᠠᠨ ᠡᠷᠢᠬᠦ ᠦᠢᠯᠡᠴᠢᠯᠡᠭᠡ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ | ᠶᠢᠨ ᠲᠣᠪᠴᠢᠶ᠎ᠠ︶᠃ | 3 . ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠪᠠᠲᠤᠯᠠᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ᠃ ᠵᠡᠮᠳᠡᠭᠴᠦᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠯᠭ᠎ᠠ ᠪᠠᠭᠠᠲᠠᠶ ᠭᠡᠷ ᠪᠦᠯᠢ ᠪᠣᠯᠤᠨ ᠭᠡᠷ ᠪᠦᠯᠢ ᠳᠡᠭᠡᠨ ᠲᠦᠰᠢᠭᠯᠡᠨ ᠠᠰᠠᠷᠠᠨ | ᠲᠡᠵᠢᠭᠡᠵᠦ ᠪᠠᠶᠢᠭ᠎ᠠ ᠬᠦᠨᠳᠦ ᠵᠡᠮᠳᠡᠭ ᠬᠥᠮᠦᠨ ᠪᠠ ᠭᠤᠷᠪᠠᠳᠤᠭᠠᠷ ᠳᠡᠰ ᠤᠨ ᠣᠶᠤᠨ ᠰᠠᠨᠠᠭ᠎ᠠ ᠵᠢᠴᠢ ᠣᠶᠤᠨ ᠤ | ᠵᠡᠮᠳᠡᠭ ᠬᠥᠮᠦᠨ ᠳᠤᠨᠢ ᠲᠤᠰ ᠬᠥᠮᠦᠨ ᠪᠤᠶᠤ ᠬᠢᠨᠠᠨ ᠬᠠᠮᠠᠭᠠᠯᠠᠭᠴᠢ ᠨᠢ ᠭᠤᠶᠤᠴᠢᠯᠠᠭᠠᠳ᠂ ︽ᠭᠠᠭᠴᠠ ᠬᠥᠮᠦᠨ ᠤ | ᠡᠷᠦᠬᠡ︾ ᠪᠠᠷ ᠯᠠᠪᠯᠠᠯᠲᠠ ᠪᠣᠯᠭᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠶ᠃ | ᠨᠥᠬᠦᠪᠥᠷᠢ ᠶᠢᠨ ᠪᠠᠷᠢᠮᠵᠢᠶ᠎ᠠ ᠶᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠬᠦᠴᠢᠷᠳᠡᠯᠲᠡᠶ | ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ | ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ | ᠨᠥᠬᠦᠪᠥᠷᠢ ᠶᠢ ᠪᠥᠬᠦ ᠣᠶᠤᠨ ᠴᠢᠳᠠᠪᠤᠷᠢ᠂ ᠣᠶᠤᠨ ᠮᠡᠳᠡᠷᠡᠯ ᠤᠨ ᠵᠡᠮᠳᠡᠭᠴᠦᠳ ᠪᠠ ᠣᠯᠠᠨ ᠳᠠᠪᠬᠤᠷ | ᠵᠡᠮᠳᠡᠭᠴᠦᠳ ᠲᠤ ᠬᠦᠷᠲᠡᠯ᠎ᠡ ᠥᠷᠭᠡᠳᠬᠡᠵᠦ᠂ ᠨᠥᠬᠦᠴᠡᠯ ᠲᠠᠢ ᠬᠤᠰᠢᠭᠤ ᠣᠷᠣᠨ ᠨᠢ ᠬᠦᠴᠢᠷᠳᠡᠯᠲᠡᠶ | ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ ᠣᠷᠣᠯᠭ᠎ᠠ ᠪᠠᠭᠠᠲᠠᠶ ᠵᠡᠮᠳᠡᠭᠴᠦᠳ ᠤᠨ ᠬᠡᠷ ᠪᠦᠯᠢ ᠬᠦᠷᠲᠡᠯ᠎ᠡ | ᠤᠷᠲᠤᠳᠬᠠᠬᠤ ᠶᠢ ᠵᠣᠷᠢᠭᠵᠢᠭᠤᠯᠤᠨ᠎ᠠ᠃ ᠵᠡᠮᠳᠡᠭᠴᠦᠳ ᠤᠨ ᠦᠢᠯᠡᠴᠢᠯᠡᠬᠡᠨ ᠤ ᠪᠠᠶᠢᠭᠤᠯᠤᠮᠵᠢ ᠶᠢᠨ | ᠦᠢᠯᠡᠴᠢᠯᠡᠬᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠡᠮᠳᠡᠭᠴᠦᠳ ᠢ ᠬᠠᠷᠠᠭᠠᠯᠵᠠᠨ ᠠᠰᠠᠷᠠᠬᠤ | ᠪᠠ ᠨᠠᠶᠢᠳᠠᠨ ᠠᠰᠠᠷᠠᠭᠤᠯᠬᠤ ᠦᠢᠯᠡᠴᠢᠯᠡᠬᠡᠨ ᠤ ᠪᠠᠶᠢᠭᠤᠯᠤᠮᠵᠢ ᠶᠢᠨ ᠠᠵᠢᠯᠯᠠᠭᠠᠨ ᠤ ᠨᠥᠬᠦᠪᠥᠷᠢ ᠶᠢᠨ ᠳᠦᠷᠢᠮ ᠢ | ᠪᠠᠶᠢᠭᠤᠯᠤᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠵᠡᠮᠳᠡᠭᠴᠦᠳ ᠢ ᠨᠠᠶᠢᠳᠠᠨ ᠠᠰᠠᠷᠠᠭᠤᠯᠬᠤ | ᠪᠠᠶᠢᠭᠤᠯᠤᠮᠵᠢ᠂ ᠲᠤᠰᠠᠯᠠᠬᠤ ᠴᠢᠨᠠᠷᠲᠠᠶ ᠠᠵᠢᠯ ᠣᠯᠭᠤᠬᠤ ᠪᠠᠶᠢᠭᠤᠯᠤᠮᠵᠢ᠂ ᠵᠡᠮᠳᠡᠭᠴᠦᠳ ᠤᠨ ᠬᠠᠯᠠᠭᠤᠨ ᠳᠤᠯᠠᠭᠠᠨ | ᠭᠡᠷ ᠣᠷᠣᠨ᠂ ᠨᠡᠷᠡᠨ ᠭᠡᠷᠡᠯᠲᠦ ᠭᠡᠷ ᠣᠷᠣᠨ ᠵᠡᠷᠭᠡ ᠪᠠᠶᠢᠭᠤᠯᠤᠮᠵᠢ ᠶᠢ ᠲᠡᠳᠬᠦᠨ ᠳᠡᠮᠵᠢᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠶ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠡᠮᠳᠡᠭᠴᠦᠳ ᠤᠨ | ᠬᠤᠯᠪᠣᠭ᠎ᠠ ᠵᠡᠷᠭᠡ ᠣᠯᠠᠨ ᠰᠠᠯᠠᠭ᠎ᠠ ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠰᠤᠲᠠᠨ ᠢ ᠠᠰᠠᠷᠠᠬᠤ | ᠬᠦᠷᠢᠶᠡᠯᠡᠩ᠂ ᠵᠢᠷᠭᠠᠯᠳᠣ ᠬᠦᠷᠢᠶᠡᠯᠡᠩ᠂ ᠵᠡᠮᠳᠡᠭᠴᠦᠳ ᠤᠨ ᠡᠷᠡᠭᠦᠯᠵᠢᠯ ᠢ ᠨᠠᠶᠢᠳᠠᠨ ᠠᠰᠠᠷᠠᠭᠤᠯᠬᠤ ᠪᠠᠶᠢᠭᠤᠯᠤᠮᠵᠢ | ᠵᠡᠷᠭᠡ ᠶᠢ ᠬᠦᠢᠴᠡᠳ ᠠᠰᠢᠭᠯᠠᠨ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ᠂ ᠣᠷᠳᠣ | ᠬᠤᠭᠤᠴᠠᠭ᠎ᠠ ᠪᠠᠷ ᠬᠠᠷᠠᠭᠠᠯᠵᠠᠬᠤ ᠬᠡᠷᠡᠭᠴᠡᠭᠡ ᠱᠠᠭᠠᠷᠳᠠᠯᠭ᠎ᠠ ᠲᠠᠢ ᠪᠠ ᠬᠦᠰᠡᠯ ᠡᠷᠡᠮᠡᠯᠵᠡᠯ ᠲᠠᠢ ᠬᠦᠨᠳᠦ ᠮᠥᠴᠢ᠂ | ᠣᠶᠤᠨ ᠴᠢᠳᠠᠪᠤᠷᠢ᠂ ᠣᠶᠤᠨ ᠮᠡᠳᠡᠷᠡᠯ ᠤᠨ ᠵᠡᠮᠳᠡᠭᠴᠦᠳ ᠲᠤ ᠲᠥᠪᠯᠡᠷᠡᠭᠦᠯᠦᠨ ᠬᠠᠷᠠᠭᠠᠯᠵᠠᠨ ᠠᠰᠠᠷᠠᠬᠤ | ᠦᠢᠯᠡᠴᠢᠯᠡᠭᠡ ᠬᠠᠩᠭᠠᠨ᠎ᠠ᠃ ᠣᠶᠤᠨᠴᠢ ᠡᠷᠡᠭᠦᠯ ᠮᠡᠨᠳᠦ ᠪᠠᠷ ᠨᠠᠰᠤᠲᠠᠨ ᠢ ᠠᠰᠠᠷᠠᠵᠤ ᠵᠡᠮᠳᠡᠭᠴᠦᠳ ᠢ ᠲᠤᠰᠠᠯᠠᠬᠤ | ᠦᠢᠯᠡᠴᠢᠯᠡᠭᠡ ᠶᠢ ᠥᠷᠭᠡᠳᠬᠡᠵᠦ᠂ ᠢᠨᠲ᠋ᠧᠷ ᠰᠦᠯᠵᠢᠶ᠎ᠡ ᠪᠠᠷ ᠨᠠᠰᠤᠲᠠᠨ ᠢ ᠠᠰᠠᠷᠠᠵᠤ ᠵᠡᠮᠳᠡᠭᠴᠦᠳ ᠢ ᠲᠤᠰᠠᠯᠠᠬᠤ | ᠦᠢᠯᠡᠴᠢᠯᠡᠬᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠵᠡᠮᠳᠡᠭᠴᠦᠳ ᠤᠨ ᠣᠷᠣᠨ ᠰᠠᠭᠤᠴᠠ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠨᠢ | ᠬᠦᠴᠢᠷᠳᠡᠯᠲᠡᠶ ᠣᠷᠣᠯᠭ᠎ᠠ ᠪᠠᠭᠠᠲᠠᠶ ᠵᠡᠮᠳᠡᠭᠴᠦᠳ ᠤᠨ ᠭᠡᠷ ᠪᠦᠯᠢ ᠶᠢ ᠡᠩ ᠲᠡᠷᠢᠭᠦᠨ ᠳᠤ ᠬᠤᠲᠠ ᠶᠢᠨ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠣᠯᠤᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ | ᠪᠠᠶᠢᠰᠢᠩ ᠢ ᠰᠢᠨᠡᠳᠬᠡᠨ ᠵᠠᠰᠠᠬᠤ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠪᠠᠲᠤᠯᠠᠪᠠᠰᠤ ᠵᠣᠬᠢᠬᠤ ᠶᠢ ᠨᠢ | ᠪᠦᠬᠦᠨ ᠢ ᠪᠠᠲᠤᠯᠠᠬᠤ ᠬᠡᠷᠡᠭᠲᠡᠶ᠃ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ | ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠵᠡᠷᠭᠡ ᠳᠤ ᠰᠠᠭᠠᠳ ᠥᠬᠡᠶ ᠶᠢᠨ ᠪᠡᠯᠡᠳᠬᠡᠮᠵᠢ | ᠲᠥᠬᠦᠭᠡᠷᠦᠮᠵᠢ ᠶᠢ ᠪᠥᠲᠥᠭᠡᠨ ᠪᠠᠶᠢᠭᠤᠯᠵᠤ ᠤᠭᠰᠠᠷᠠᠬᠤ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠨ᠎ᠠ᠃ ᠣᠷᠣᠯᠭ᠎ᠠ | ᠪᠠᠭᠠᠲᠠᠶ ᠵᠡᠮᠳᠡᠭᠴᠦᠳ ᠤᠨ ᠭᠡᠷ ᠪᠦᠯᠢ ᠶᠢᠨ ᠠᠮᠢᠳᠤᠷᠠᠯ ᠳᠤ ᠬᠡᠷᠡᠭᠯᠡᠬᠦ ᠤᠰᠤ᠂ ᠴᠠᠬᠢᠯᠭᠠᠨ᠂ ᠰᠢᠲᠠᠮᠠᠬᠠᠶ ᠬᠡᠢ᠂ | ᠳᠤᠯᠠᠭᠠᠯᠠᠯᠭ᠎ᠠ ᠶᠢᠨ ᠵᠠᠷᠤᠳᠠᠯ ᠳᠤ ᠬᠠᠷᠠᠭᠠᠯᠵᠠᠯ ᠲᠠᠢ ᠨᠥᠬᠦᠪᠥᠷᠢ ᠥᠭᠬᠦ ᠪᠠ ᠤᠲᠠᠰᠤᠲᠤ ᠲᠧᠯᠸᠢᠰ᠂ ᠴᠠᠬᠢᠯᠭᠠᠨ | ᠬᠤᠯᠪᠣᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠨᠠᠶᠢᠳᠠᠪᠤᠷᠢᠵᠢᠭᠤᠯᠬᠤ ᠬᠡᠷᠡᠭᠲᠡᠶ᠃ ᠵᠡᠮᠳᠡᠭᠴᠦᠳ ᠢ ᠠᠶᠢᠮᠠᠭ ᠤᠨ ᠳᠣᠲᠣᠷᠠᠬᠢ ᠣᠯᠠᠨ ᠨᠡᠶᠢᠲᠡ ᠶᠢᠨ | ᠵᠠᠮ ᠬᠠᠷᠢᠯᠴᠠᠭᠠᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠰᠦᠢᠳᠬᠡᠯ ᠬᠤᠷᠢᠶᠠᠬᠤ ᠦᠭᠡᠶ ᠪᠠᠷ | ᠰᠠᠭᠤᠯᠭᠠᠬᠤ ᠶᠢ ᠨᠠᠶᠢᠳᠠᠪᠤᠷᠢᠵᠢᠭᠤᠯᠵᠤ᠂ ᠵᠡᠮᠳᠡᠭᠴᠦᠳ ᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠣᠲᠣᠷ᠎ᠠ | ᠣᠷᠣᠨ ᠠᠯᠤᠰᠯᠠᠨ ᠬᠤᠲᠠ ᠶᠢᠨ ᠳᠣᠲᠣᠷᠠᠬᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ | ᠰᠦᠢᠳᠬᠡᠯ ᠬᠤᠷᠢᠶᠠᠬᠤ ᠦᠭᠡᠶ ᠪᠠᠷ ᠰᠠᠭᠤᠯᠭᠠᠵᠤ ᠪᠣᠯᠬᠤ ᠶᠢ ᠪᠡᠶᠡᠯᠡᠭᠦᠯᠦᠨ᠎ᠡ᠃ ᠵᠡᠮᠳᠡᠭᠴᠦᠳ ᠤᠨ ᠮᠠᠰᠢᠨᠲᠤ ᠲᠡᠷᠭᠡ | ᠵᠢᠯᠣᠭᠤᠳᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠥᠷᠢ ᠶᠢᠨ ᠳᠦᠷᠢᠮ ᠢ ᠪᠠᠶᠢᠭᠤᠯᠵᠤ᠂ | ᠵᠡᠮᠳᠡᠭᠴᠦᠳ ᠤᠨ ᠲᠤᠰᠬᠠᠶ ᠲᠡᠷᠭᠡ ᠵᠢᠯᠣᠭᠤᠳᠬᠤ ᠵᠠᠰᠠᠮᠠᠯ ᠵᠠᠮ ᠤᠨ ᠨᠡᠪᠲᠡᠷᠡᠬᠦ ᠵᠠᠷᠤᠳᠠᠯ ᠢ ᠬᠠᠰᠤᠵᠤ | ᠬᠡᠯᠲᠦᠷᠢᠭᠦᠯᠬᠦ ᠶᠢ ᠰᠦᠪᠡᠭᠴᠢᠯᠡᠬᠦ ᠬᠡᠷᠡᠭᠲᠡᠶ᠃ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ | ᠵᠡᠷᠭᠡ ᠨᠢ ᠵᠡᠮᠳᠡᠭᠴᠦᠳ ᠲᠤ ᠬᠠᠷᠠᠭᠠᠯᠵᠠᠯ ᠲᠠᠢ ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ | ᠵᠡᠮᠳᠡᠭᠴᠦᠳ ᠤᠨ ᠨᠢᠰᠬᠡᠯ ᠳᠤ ᠰᠠᠭᠤᠬᠤ ᠠᠰᠠᠷᠠᠮᠵᠢ ᠶᠢᠨ ᠨᠢᠰᠬᠡᠯ ᠤᠨ ᠪᠢᠯᠧᠲ ᠤᠨ ᠲᠥᠷᠥ ᠶᠢᠨ ᠪᠣᠳᠣᠯᠭ᠎ᠠ ᠶᠢ | ᠦᠷᠭᠦᠯᠵᠢᠯᠡᠭᠦᠯᠵᠦ᠂ ᠭᠤᠶᠤᠴᠢᠯᠠᠬᠤ᠂ ᠬᠦᠢᠴᠡᠳᠭᠡᠬᠦ ᠵᠡᠷᠭᠡ ᠦᠢᠯᠡᠴᠢᠯᠡᠬᠡᠨ ᠤ ᠴᠤᠪᠤᠷᠠᠯ ᠢ ᠰᠢᠯᠢᠳᠡᠭᠵᠢᠭᠦᠯᠦᠨ᠎ᠡ᠃ | ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ | ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ | ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠪᠠᠯᠠ | ᠣᠷᠣᠭᠤᠯᠤᠯᠲᠠ ᠶᠢ ᠠᠬᠢᠭᠤᠯᠬᠤ ᠲᠥᠪ᠂ ᠵᠡᠮᠳᠡᠭᠴᠦᠳ ᠤᠨ ᠬᠤᠯᠪᠣᠭ᠎ᠠ︶ | 4 . ᠵᠡᠮᠳᠡᠭᠴᠦᠳ ᠤᠨ ᠶᠡᠷᠦᠩᠬᠡᠶᠢᠯᠡᠭᠰᠡᠨ ᠳᠠᠭᠠᠳᠬᠠᠯ ᠤᠨ ᠪᠠᠲᠤᠯᠠᠭ᠎ᠠ ᠶᠢᠨ ᠲᠣᠭᠲᠠᠴᠠ ᠶᠢ | ᠪᠦᠷᠢᠨᠰᠢᠭᠦᠯᠦᠨ᠎ᠡ᠃ ᠵᠠᠰᠠᠭ ᠤᠨ ᠣᠷᠳᠣᠨ ᠠᠴᠠ ᠬᠦᠨᠳᠦ ᠵᠡᠮᠳᠡᠭᠴᠦᠳ ᠲᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠪᠣᠯᠤᠨ ᠵᠡᠮᠳᠡᠭᠴᠦᠳ ᠤᠨ | ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ᠂ ᠲᠥᠪᠬᠢᠨᠡᠭᠦᠯᠬᠦ ᠠᠵᠢᠯ ᠣᠯᠭᠤᠬᠤ ᠨᠢᠭᠡᠴᠡ ᠶᠢᠨ | ᠨᠡᠶᠢᠭᠡᠮ ᠤᠨ ᠳᠠᠭᠠᠳᠬᠠᠯ ᠤᠨ ᠨᠥᠬᠦᠪᠥᠷᠢ ᠥᠭᠬᠦ ᠳᠦᠷᠢᠮ ᠢ ᠨᠠᠶᠢᠳᠠᠪᠤᠷᠢᠵᠢᠭᠤᠯᠵᠤ᠂ ᠵᠡᠮᠳᠡᠭᠴᠦᠳ ᠢ ᠰᠢᠮᠳᠠᠭᠤᠯᠵᠤ | ᠪᠠᠶᠢᠭᠠᠳ ᠲᠣᠭᠲᠠᠭᠠᠯ ᠶᠣᠰᠣᠭᠠᠷ ᠦᠨᠳᠦᠰᠦᠨ ᠨᠠᠰᠤᠵᠢᠯ ᠤᠨ ᠳᠠᠭᠠᠳᠬᠠᠯ ᠪᠣᠯᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠤᠯᠬᠤ ᠬᠡᠷᠡᠭᠲᠡᠶ᠃ ᠵᠡᠮᠳᠡᠭᠴᠦᠳ ᠤᠨ ᠰᠠᠨᠠᠭᠠᠨ ᠳᠤ ᠥᠬᠡᠶ ᠰᠢᠷᠬᠠᠲᠤᠯ ᠤᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠯᠥᠪᠦᠷᠢ ᠥᠭᠬᠦ ᠶᠢ ᠬᠢᠨᠠᠨ ᠡᠵᠡᠮᠳᠡᠬᠦ ᠶᠢ | ᠴᠢᠩᠭᠠᠳᠬᠠᠨ᠎ᠠ᠃ ᠠᠵᠢᠯ ᠣᠯᠤᠭᠰᠠᠨ ᠵᠡᠮᠳᠡᠭᠴᠦᠳ ᠤᠨ ᠬᠠᠤᠯᠢ ᠶᠣᠰᠣᠭᠠᠷ ᠠᠵᠢᠯ ᠠᠯᠳᠠᠯᠲᠠ ᠶᠢᠨ ᠳᠠᠭᠠᠳᠬᠠᠯ ᠳᠤ | ᠣᠷᠣᠯᠴᠠᠬᠤ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠨ ᠵᠡᠮᠳᠡᠭᠴᠦᠳ ᠲᠤ ᠠᠵᠢᠯ ᠠᠯᠳᠠᠯᠲᠠ ᠶᠢᠨ | ᠳᠠᠭᠠᠳᠬᠠᠯ ᠤᠨ ᠮᠥᠩᠭᠦ ᠪᠤᠶᠤ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠶᠢ ᠴᠠᠭ ᠲᠤᠬᠠᠶ ᠳᠤᠨᠢ ᠣᠯᠭᠤᠬᠤ | ᠬᠡᠷᠡᠭᠲᠡᠶ᠃ ᠬᠥᠮᠦᠨ ᠬᠡᠷᠡᠭᠯᠡᠬᠦ ᠨᠢᠭᠡᠴᠡ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠬᠠᠤᠯᠢ | ᠶᠣᠰᠣᠭᠠᠷ ᠣᠷᠣᠯᠴᠠᠬᠤ ᠶᠢ ᠲᠦᠯᠬᠢᠨ ᠠᠬᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠣᠯᠭᠤᠮᠵᠢ ᠶᠢ ᠲᠣᠭᠲᠠᠭᠠᠯ ᠶᠣᠰᠣᠭᠠᠷ ᠥᠭᠭᠦᠨ᠎ᠡ᠃ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠵᠡᠮᠳᠡᠭ ᠤᠨ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠨᠥᠬᠦᠴᠡᠯ ᠳᠤ ᠨᠡᠶᠢᠴᠡᠬᠦ 29 ᠵᠦᠢᠯ ᠤᠨ ᠵᠡᠮᠳᠡᠭᠴᠦᠳ ᠤᠨ ᠡᠮᠴᠢᠯᠡᠭᠡ ᠡᠷᠡᠭᠦᠯᠵᠢᠯ ᠤᠨ | ᠲᠥᠷᠥᠯ ᠵᠦᠢᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ | ᠲᠥᠷᠥ ᠶᠢᠨ ᠪᠣᠳᠣᠯᠭ᠎ᠠ ᠪᠠ ᠬᠦᠨᠳᠦ ᠬᠡᠮᠵᠢᠶᠡᠨ ᠤ ᠣᠶᠤᠨ ᠮᠡᠳᠡᠷᠡᠯ ᠤᠨ ᠰᠠᠭᠠᠳ ᠢ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠣᠭᠤᠶ ᠡᠪᠡᠳᠴᠢᠨ ᠡᠮᠭᠡᠭ ᠤᠨ ᠲᠥᠷᠥᠯ ᠳᠤ ᠣᠷᠣᠭᠤᠯᠬᠤ ᠶᠢ | ᠰᠠᠶᠢᠲᠤᠷ ᠨᠠᠶᠢᠳᠠᠪᠤᠷᠢᠵᠢᠭᠤᠯᠵᠤ᠂ ᠲᠣᠭᠲᠠᠭᠠᠯ ᠶᠣᠰᠣᠭᠠᠷ ᠬᠦᠨᠳᠦ ᠴᠢᠨᠠᠷᠲᠠᠶ ᠣᠶᠤᠨ ᠮᠡᠳᠡᠷᠡᠯ ᠤᠨ ᠡᠪᠡᠳᠴᠢᠨ ᠢ | ᠡᠮ ᠢᠶᠠᠷ ᠡᠮᠨᠡᠨ ᠵᠠᠰᠠᠬᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ | ᠠᠵᠢᠯ ᠢ ᠰᠠᠶᠢᠲᠤᠷ ᠬᠢᠨ᠎ᠠ᠃ ᠵᠡᠮᠳᠡᠭᠴᠦᠳ ᠤᠨ ᠵᠠᠶᠢᠯᠠᠰᠢ ᠥᠬᠡᠶ ᠴᠢᠨᠠᠷᠲᠠᠶ ᠡᠮᠴᠢᠯᠡᠭᠡᠨ ᠤ ᠵᠠᠷᠤᠯᠭ᠎ᠠ᠂ | ᠡᠷᠡᠭᠦᠯᠵᠢᠯ ᠤᠨ ᠡᠮᠴᠢᠯᠡᠭᠡᠨ ᠤ ᠲᠥᠷᠥᠯ ᠵᠦᠢᠯ ᠪᠠ ᠡᠮᠴᠢᠯᠡᠭᠡ ᠯᠦᠭᠡ ᠨᠢᠭᠲᠠ ᠬᠤᠯᠪᠣᠭ᠎ᠠ ᠲᠠᠢ ᠲᠤᠰᠠᠯᠠᠬᠤ ᠪᠠᠭᠠᠵᠢ | ᠬᠡᠷᠡᠭᠰᠡᠯ ᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠬᠤ ᠠᠵᠢᠯ ᠢ | ᠰᠦᠪᠡᠭᠴᠢᠯᠡᠨ᠎ᠡ᠃ ᠵᠡᠮᠳᠡᠭᠴᠦᠳ ᠤᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ | ᠰᠠᠶᠢᠲᠤᠷ ᠨᠠᠶᠢᠳᠠᠪᠣᠷᠢᠵᠢᠭᠤᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠳᠠᠬᠢ ᠬᠤᠳᠠᠯᠳᠤᠭᠠᠨ ᠤ | ᠳᠠᠭᠠᠳᠬᠠᠯ ᠤᠨ ᠨᠥᠬᠦᠪᠥᠷᠢᠯᠡᠨ ᠲᠡᠭᠦᠯᠳᠡᠷᠵᠢᠭᠦᠯᠬᠦ ᠦᠢᠯᠡᠳᠦᠯ ᠢ ᠬᠦᠢᠴᠡᠳ ᠪᠠᠳᠠᠷᠠᠭᠤᠯᠤᠨ᠂ ᠵᠡᠮᠳᠡᠭᠴᠦᠳ ᠤᠨ | ᠨᠠᠰᠤᠵᠢᠯ ᠤᠨ ᠨᠥᠬᠦᠪᠥᠷᠢ᠂ ᠨᠥᠬᠦᠪᠥᠷᠢ ᠡᠮᠴᠢᠯᠡᠭᠡ ᠵᠡᠷᠭᠡ ᠬᠤᠳᠠᠯᠳᠤᠭᠠᠨ ᠤ ᠳᠠᠭᠠᠳᠬᠠᠯ ᠳᠤ ᠣᠷᠣᠯᠴᠠᠬᠤ ᠶᠢ | ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠵᠡᠮᠳᠡᠭᠴᠦᠳ ᠤᠨ ᠲᠤᠰᠬᠠᠶ | ᠬᠠᠷᠢᠶᠠᠯᠠᠭᠳᠠᠬᠤ ᠳᠠᠭᠠᠳᠬᠠᠯ ᠤᠨ ᠨᠡᠷᠡᠳᠬᠦᠨ ᠢ ᠰᠦᠪᠡᠭᠴᠢᠯᠡᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ | ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 5 . ᠵᠡᠮᠳᠡᠭ ᠴᠡᠷᠢᠭ ᠤᠨ ᠠᠯᠪᠠᠨ ᠠᠴᠠ ᠪᠠᠭᠤᠭᠰᠠᠳ ᠪᠠ ᠵᠡᠮᠳᠡᠭ ᠠᠷᠠᠳ ᠤᠨ ᠴᠠᠭᠳᠠᠭ᠎ᠠ ᠶᠢᠨ ᠠᠰᠠᠷᠠᠮᠵᠢ | ᠬᠠᠷᠠᠭᠠᠯᠵᠠᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ︽ᠵᠡᠮᠳᠡᠭᠴᠦᠳ ᠢ ᠠᠰᠠᠷᠠᠬᠤ | ᠬᠠᠮᠢᠶᠠᠷᠤᠯᠲᠠ ᠶᠢᠨ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠵᠡᠮᠳᠡᠭ ᠢ | ᠦᠨᠡᠯᠡᠨ ᠰᠢᠯᠭᠠᠬᠤ᠂ ᠳᠦᠷᠢᠮᠵᠢᠭᠰᠡᠨ ᠴᠡᠷᠢᠭ ᠤᠨ ᠠᠯᠪᠠ ᠠᠴᠠ ᠪᠠᠭᠤᠭᠰᠠᠳ ᠢ ᠲᠥᠪᠬᠢᠨᠡᠭᠦᠯᠬᠦ᠂ ᠵᠢᠷᠤᠮᠵᠢᠭᠰᠠᠨ | ᠭᠥᠯᠢᠶᠡᠨ ᠠᠪᠴᠤ ᠡᠮᠨᠡᠨ ᠰᠤᠪᠢᠯᠠᠬᠤ᠂ ᠪᠠᠷᠢᠮᠵᠢᠶᠠᠲᠤ ᠣᠯᠭᠤᠮᠵᠢ ᠶᠢᠨ ᠪᠠᠲᠤᠯᠠᠭ᠎ᠠ ᠲᠠᠢ ᠰᠢᠷᠬᠠᠲᠤᠭᠰᠠᠨ | ᠡᠪᠡᠳᠴᠢᠯᠡᠭᠰᠡᠨ ᠵᠡᠮᠳᠡᠭ ᠴᠡᠷᠢᠭ ᠢ ᠲᠥᠪᠬᠢᠨᠡᠭᠦᠯᠬᠦ ᠬᠠᠮᠢᠶᠠᠷᠤᠯᠲᠠ ᠪᠠ ᠦᠢᠯᠡᠴᠢᠯᠡᠬᠡᠨ ᠤ ᠬᠠᠷᠠᠭᠠᠯᠵᠠᠯ ᠤᠨ | ᠰᠢᠰᠲ᠋ᠧᠮᠵᠢ ᠶᠢ ᠪᠠᠶᠢᠭᠤᠯᠵᠤ᠂ ᠰᠢᠷᠬᠠᠲᠤᠭᠰᠠᠨ ᠡᠪᠡᠳᠴᠢᠯᠡᠭᠰᠡᠨ ᠵᠡᠮᠳᠡᠭ ᠴᠡᠷᠢᠭ ᠤᠨ ᠠᠮᠢᠳᠤᠷᠠᠯ ᠤᠨ ᠬᠠᠷᠠᠭᠠᠯᠵᠠᠯ᠂ | ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠬᠤ᠂ ᠬᠡᠷ ᠪᠦᠯᠢ ᠶᠢᠨ ᠬᠢᠨ ᠳᠤᠨᠢ ᠠᠵᠢᠯ ᠣᠯᠭᠤᠬᠤ ᠵᠡᠷᠭᠡ | ᠪᠣᠳᠠᠲᠤ ᠬᠦᠴᠢᠷᠳᠡᠯ ᠢ ᠲᠣᠬᠢᠲᠠᠶ ᠰᠢᠢᠳᠪᠦᠷᠢᠯᠡᠨ᠎ᠡ᠃ ᠵᠡᠮᠳᠡᠭ ᠴᠡᠷᠢᠭ᠂ ᠵᠡᠮᠳᠡᠭ ᠠᠷᠠᠳ ᠤᠨ ᠴᠠᠭᠳᠠᠭ᠎ᠠ ᠶᠢ | ᠬᠠᠪᠰᠤᠷᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠨᠡᠶᠢᠭᠡᠮ ᠤᠨ ᠪᠠᠲᠤᠯᠠᠭ᠎ᠠ ᠪᠠ ᠣᠯᠠᠨ ᠨᠡᠶᠢᠲᠡ ᠶᠢᠨ ᠦᠢᠯᠡᠴᠢᠯᠡᠭᠡ | ᠬᠦᠷᠲᠡᠭᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ | ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ︶᠃ | 6 . ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠶᠠᠪᠤᠳᠠᠯ ᠳᠠᠬᠢ ᠵᠡᠮᠳᠡᠭᠴᠦᠳ ᠤᠨ ᠬᠠᠮᠠᠭᠠᠯᠠᠯᠲᠠ ᠶᠢ | ᠴᠢᠩᠭᠠᠳᠬᠠᠨ᠎ᠠ᠃ ᠵᠡᠮᠳᠡᠭᠴᠦᠳ ᠢ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠲᠥᠰᠦᠯ ᠳᠤ ᠡᠩ ᠲᠡᠷᠢᠭᠦᠨ ᠳᠤ ᠬᠠᠮᠠᠭᠠᠯᠠᠬᠤ ᠡᠲᠡᠭᠡᠳ ᠢᠶᠠᠷ ᠵᠢᠭᠰᠠᠭᠠᠨ ᠣᠷᠣᠭᠤᠯᠣᠨ᠎ᠠ᠃ ᠡᠯ᠎ᠡ ᠱᠠᠲᠤᠨ ᠤ ᠡᠯ᠎ᠡ | ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠪᠠ ᠰᠣᠷᠢᠯᠲᠠ | ᠬᠢᠬᠦ ᠳᠤ ᠵᠡᠮᠳᠡᠭᠴᠦᠳ ᠤᠨ ᠰᠡᠷᠭᠡᠶᠢᠯᠡᠨ ᠬᠠᠮᠠᠭᠠᠯᠠᠬᠤ ᠪᠠ ᠠᠶᠤᠯ ᠠᠴᠠ ᠵᠠᠶᠢᠯᠠᠵᠤ ᠠᠮᠢ ᠵᠢᠭᠤᠲᠠᠬᠤ ᠶᠢ ᠭᠦᠢᠴᠡᠳ | ᠪᠣᠳᠣᠯᠬᠢᠯᠠᠵᠤ᠂ ᠵᠡᠮᠳᠡᠭᠴᠦᠳ ᠤᠨ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ | ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠬᠡᠷᠡᠭᠲᠡᠶ᠃ ᠬᠦᠨᠳᠦ ᠶᠡᠭᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠦᠨᠳᠦ ᠶᠡᠭᠡ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠪᠠᠶᠢᠭᠤᠯᠤᠮᠵᠢ ᠶᠢᠨ ᠨᠢᠭᠡᠳᠦᠯᠲᠡᠶ ᠵᠢᠯᠣᠭᠤᠳᠣᠯᠭ᠎ᠠ ᠳᠤᠤᠷ᠎ᠠ᠂ | ᠡᠷᠡᠭᠦᠯᠵᠢᠯ ᠤᠨ ᠦᠢᠯᠡᠴᠢᠯᠡᠬᠡᠨ ᠤ ᠪᠠᠶᠢᠭᠤᠯᠤᠮᠵᠢ᠂ ᠨᠠᠶᠢᠳᠠᠨ ᠠᠰᠠᠷᠠᠭᠤᠯᠬᠤ ᠦᠢᠯᠡᠴᠢᠯᠡᠬᠡᠨ ᠤ ᠪᠠᠶᠢᠭᠤᠯᠤᠮᠵᠢ᠂ | ᠵᠡᠮᠳᠡᠭᠴᠦᠳ ᠤᠨ ᠲᠤᠰᠠᠯᠠᠬᠤ ᠴᠢᠨᠠᠷᠲᠠᠶ ᠠᠵᠢᠯ ᠣᠯᠭᠤᠯᠲᠠ ᠶᠢᠨ ᠪᠠᠶᠢᠭᠤᠯᠤᠮᠵᠢ᠂ ᠣᠨᠴᠠᠭᠠᠶ ᠰᠤᠷᠭᠠᠨ | ᠬᠥᠮᠦᠵᠢᠯ ᠤᠨ ᠰᠤᠷᠭᠠᠭᠤᠯᠢ ᠵᠡᠷᠭᠡ ᠭᠤᠤᠯᠳᠠᠯᠭ᠎ᠠ ᠲᠠᠢ ᠰᠠᠯᠠᠭ᠎ᠠ ᠮᠥᠴᠢᠷ ᠪᠣᠯᠤᠨ ᠵᠡᠮᠳᠡᠭ ᠬᠡᠦᠬᠡᠳ᠂ ᠣᠶᠤᠨ | ᠰᠠᠨᠠᠭ᠎ᠠ᠂ ᠣᠶᠤᠨ ᠴᠢᠳᠠᠪᠤᠷᠢ ᠪᠣᠯᠤᠨ ᠬᠦᠨᠳᠦ ᠵᠡᠮᠳᠡᠭᠴᠦᠳ ᠵᠡᠷᠭᠡ ᠭᠤᠤᠯᠳᠠᠯᠭ᠎ᠠ ᠲᠠᠢ ᠬᠥᠮᠦᠰ ᠢ ᠳᠣᠪᠤᠶᠢᠯᠭᠠᠵᠤ᠂ | ᠵᠡᠮᠳᠡᠭᠴᠦᠳ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠵᠢᠭ ᠤᠨ ᠪᠠᠶᠢᠳᠠᠯ ᠤᠨ | ᠬᠤᠭᠤᠴᠠᠭᠠᠨ ᠳᠠᠬᠢ ᠦᠢᠯᠡᠳᠪᠦᠷᠢᠯᠡᠯ ᠠᠮᠢᠳᠤᠷᠠᠯ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠨ᠎ᠠ᠃ ᠬᠦᠨᠳᠦ | ᠶᠡᠭᠡ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠮᠰᠢᠭ ᠤᠨ ᠠᠮᠤᠷ ᠲᠦᠪᠰᠢᠨ ᠤ ᠠᠳᠠᠯ ᠵᠡᠷᠭᠡ ᠭᠡᠨᠡᠳᠲᠡ ᠶᠢᠨ ᠣᠯᠠᠨ | ᠨᠡᠶᠢᠲᠡ ᠶᠢᠨ ᠬᠡᠷᠡᠭ ᠳᠤᠮᠳᠠᠬᠢ ᠵᠡᠮᠳᠡᠭᠴᠦᠳ ᠢ ᠰᠡᠷᠭᠡᠶᠢᠯᠡᠨ ᠬᠠᠮᠠᠭᠠᠯᠠᠬᠤ ᠵᠢᠯᠣᠭᠤᠳᠣᠯᠭ᠎ᠠ ᠶᠢ ᠨᠠᠶᠢᠳᠠᠪᠤᠷᠢᠵᠢᠭᠤᠯᠵᠤ᠂ | ᠵᠡᠮᠳᠡᠭᠴᠦᠳ ᠲᠥᠪᠯᠡᠷᠡᠭᠰᠡᠨ ᠲᠠᠯᠠᠪᠤᠷ ᠭᠠᠵᠠᠷ ᠪᠠ ᠵᠡᠮᠳᠡᠭᠴᠦᠳ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠠᠮᠤᠷ | ᠲᠦᠪᠰᠢᠨ ᠤ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡ᠂ ᠭᠠᠯ ᠰᠡᠷᠭᠡᠶᠢᠯᠡᠬᠦ ᠠᠮᠤᠷ | ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠡᠮᠳᠡᠭᠴᠦᠳ ᠤᠨ ᠬᠦᠨᠳᠦ ᠶᠡᠭᠡ ᠬᠢᠵᠢᠭ ᠤᠨ | ᠪᠠᠶᠢᠳᠠᠯ ᠢ ᠠᠷᠭᠠᠴᠠᠬᠤ ᠪᠠ ᠭᠡᠨᠡᠳᠲᠡ ᠶᠢᠨ ᠭᠠᠮᠰᠢᠭ ᠤᠨ ᠮᠡᠷᠭᠡᠵᠢᠯ ᠤᠨ ᠴᠢᠳᠠᠪᠤᠷᠢ ᠶᠢᠨ ᠤᠬᠠᠭᠤᠯᠭ᠎ᠠ ᠪᠣᠯᠤᠨ | ᠪᠣᠯᠪᠠᠰᠤᠷᠠᠭᠤᠯᠤᠯ ᠢ ᠴᠢᠩᠭᠠᠳᠬᠠᠵᠤ᠂ ᠵᠡᠮᠳᠡᠭᠴᠦᠳ ᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ | ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ | ᠵᠥᠪᠯᠡᠯ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ︶ | ︵ᠬᠤᠶᠠᠷ︶ ᠠᠵᠢᠯ ᠣᠯᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ | ᠵᠡᠮᠳᠡᠭᠴᠦᠳ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ | ᠬᠡᠷᠡᠭᠲᠡᠶ | 1 . ᠪᠥᠬᠦ ᠲᠠᠯ᠎ᠠ ᠶᠢᠨ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ | ᠰᠢᠰᠲ᠋ᠧᠮᠵᠢ ᠶᠢ ᠪᠠᠶᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠂ ᠬᠠᠷᠢᠴᠠᠯ | ᠶᠣᠰᠣᠭᠠᠷ ᠠᠵᠢᠯ ᠣᠯᠭᠤᠬᠤ ᠣᠨ ᠤ ᠬᠢᠨᠠᠨ ᠪᠠᠶᠢᠴᠠᠭᠠᠯᠲᠠ ᠶᠢ ᠨᠡᠶᠢᠲᠡ ᠳᠤ ᠵᠠᠷᠯᠠᠬᠤ ᠲᠦᠷᠢᠮ ᠢ ᠪᠠᠶᠢᠭᠤᠯᠵᠤ᠂ | ᠵᠡᠮᠳᠡᠭᠴᠦᠳ ᠲᠤ ᠠᠵᠢᠯ ᠣᠯᠭᠤᠭᠰᠠᠨ ᠪᠠᠶᠢᠳᠠᠯ ᠤᠨ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠨ᠂ | ᠵᠡᠮᠳᠡᠭᠴᠦᠳ ᠲᠤ ᠬᠠᠷᠢᠴᠠᠯ ᠶᠣᠰᠣᠭᠠᠷ ᠠᠵᠢᠯ ᠣᠯᠭᠤᠭᠰᠠᠨ ᠪᠠᠶᠢᠳᠠᠯ ᠢ ᠰᠦᠯᠵᠢᠶ᠎ᠡ ᠪᠠᠷ ᠭᠡᠷᠡᠴᠢᠯᠡᠬᠦ ᠪᠠ ᠮᠤᠵᠢ | ᠠᠯᠤᠰᠯᠠᠨ ᠨᠡᠶᠢᠳᠡᠮ ᠬᠦᠢᠴᠡᠳᠬᠡᠬᠦ ᠶᠢ ᠪᠡᠶᠡᠯᠡᠭᠦᠯᠵᠦ᠂ ᠬᠠᠷᠢᠴᠠᠯ ᠶᠣᠰᠣᠭᠠᠷ ᠵᠡᠮᠳᠡᠭᠴᠦᠳ ᠲᠤ ᠠᠵᠢᠯ | ᠣᠯᠭᠤᠬᠤ ᠪᠠᠷ ᠳᠣᠭᠢᠷᠠᠭᠤᠯᠬᠤ ᠬᠠᠷᠢᠭᠤᠴᠠᠯᠭ᠎ᠠ ᠪᠠᠨ ᠬᠦᠢᠴᠡᠳᠭᠡᠬᠦ ᠶᠢ ᠲᠡᠪᠴᠢᠭᠰᠡᠨ ᠬᠥᠮᠦᠨ ᠬᠡᠷᠡᠭᠯᠡᠬᠦ ᠨᠢᠭᠡᠴᠡ ᠶᠢ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠲᠠᠪᠴᠠᠩ ᠳᠤ ᠵᠢᠭᠰᠠᠭᠠᠨ ᠣᠷᠣᠭᠤᠯᠤᠨ᠎ᠠ᠃ ᠨᠠᠮ | ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠬᠡᠴᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠠᠵᠢᠯ ᠤᠨ ᠬᠡᠷᠡᠭᠴᠡᠭᠡ ᠪᠠᠨ ᠦᠨᠳᠦᠰᠦᠯᠡᠨ ᠵᠡᠮᠳᠡᠭᠴᠦᠳ ᠲᠤ ᠠᠵᠢᠯ ᠣᠯᠭᠤᠬᠤ ᠣᠨᠴᠠᠯᠢᠭ ᠲᠤ ᠨᠡᠶᠢᠴᠡᠭᠰᠡᠨ | ᠠᠵᠢᠯ ᠤᠨ ᠪᠠᠶᠢᠷᠢ ᠭᠠᠷᠭᠠᠬᠤ ᠶᠢ ᠦᠷᠭᠦᠯᠵᠢᠯᠡᠨ ᠠᠬᠢᠭᠤᠯᠵᠤ᠂ ᠵᠡᠮᠳᠡᠭᠴᠦᠳ ᠲᠤ ᠠᠵᠢᠯ ᠣᠯᠭᠤᠬᠤ ᠰᠢᠨ᠎ᠡ ᠠᠷᠭ᠎ᠠ | ᠵᠠᠮ ᠢ ᠬᠠᠶᠢᠨ ᠰᠦᠪᠡᠭᠴᠢᠯᠡᠨ᠎ᠡ᠃ ᠡᠯ᠎ᠡ ᠬᠤᠰᠢᠭᠤ ᠣᠷᠣᠨ ᠨᠢ ᠵᠡᠮᠳᠡᠭᠴᠦᠳ ᠲᠤ ᠬᠠᠨᠳᠤᠭᠤᠯᠤᠭᠰᠠᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠭᠠᠷᠭᠠᠵᠤ ᠨᠥᠬᠦᠴᠡᠯ ᠳᠤ ᠨᠡᠶᠢᠴᠡᠬᠦ ᠵᠡᠮᠳᠡᠭᠴᠦᠳ ᠢ ᠤᠷᠢᠳᠠᠪᠠᠷ | ᠲᠥᠪᠬᠢᠨᠡᠭᠦᠯᠬᠦ ᠶᠢᠨ ᠬᠠᠮᠲᠤ ᠲᠥᠪᠬᠢᠨᠡᠭᠦᠯᠬᠦ ᠴᠠᠭ ᠢ ᠵᠣᠬᠢᠰᠲᠠᠶ ᠤᠷᠲᠤᠳᠬᠠᠬᠤ ᠶᠢ ᠵᠣᠷᠢᠭᠵᠢᠭᠤᠯᠤᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠳᠤ | ᠨᠡᠶᠢᠴᠡᠭᠰᠡᠨ ᠵᠡᠮᠳᠡᠭᠴᠦᠳ᠂ ᠨᠥᠬᠦᠴᠡᠯ ᠲᠠᠢ ᠬᠤᠰᠢᠭᠤ ᠣᠷᠣᠨ ᠢ ᠣᠷᠢᠳᠡᠪᠡᠷ ᠲᠣᠬᠢᠷᠠᠭᠤᠯᠵᠤ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠵᠡᠮᠳᠡᠭᠴᠦᠳ ᠢ ᠲᠥᠪᠬᠢᠨᠡᠭᠦᠯᠵᠦ ᠠᠵᠢᠯ ᠣᠯᠭᠤᠬᠤ ᠬᠠᠷᠢᠴᠠᠯ ᠢ | ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠵᠡᠮᠳᠡᠭᠴᠦᠳ ᠤᠨ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢᠨ | ᠪᠠᠶᠢᠴᠠᠭᠠᠯᠲᠠ ᠶᠢ ᠲᠡᠭᠦᠯᠳᠡᠷᠵᠢᠭᠦᠯᠵᠦ᠂ ᠬᠠᠷᠢᠴᠠᠯ ᠶᠣᠰᠣᠭᠠᠷ ᠠᠵᠢᠯ ᠣᠯᠬᠤ ᠢᠲᠡᠭᠡᠮᠵᠢ᠂ ᠠᠵᠢᠯ ᠠᠯᠳᠠᠬᠤ ᠶᠢ | ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠵᠡᠮᠳᠡᠭᠴᠦᠳ ᠤᠨ ᠲᠤᠰᠢᠶᠠᠯ ᠳᠡᠪᠰᠢᠬᠦ᠂ | ᠳᠡᠰ ᠳᠡᠪᠰᠢᠬᠦ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ᠂ ᠨᠡᠶᠢᠭᠡᠮ ᠤᠨ ᠳᠠᠭᠠᠳᠬᠠᠯ᠂ ᠠᠮᠢᠳᠤᠷᠠᠯ ᠤᠨ | ᠠᠰᠠᠷᠠᠮᠵᠢ ᠵᠡᠷᠭᠡ ᠲᠠᠯ᠎ᠠ ᠳᠤ ᠡᠷᠬᠡ ᠲᠡᠭᠰᠢ ᠣᠯᠭᠤᠮᠵᠢ ᠣᠯᠭᠤᠨ᠎ᠠ᠃ ᠵᠡᠮᠳᠡᠭᠴᠦᠳ ᠲᠤ ᠠᠵᠢᠯ ᠣᠯᠭᠤᠬᠤ | ᠪᠠᠲᠤᠯᠠᠭ᠎ᠠ ᠶᠢᠨ ᠮᠥᠩᠭᠦ ᠶᠢᠨ ᠳᠦᠷᠢᠮ ᠪᠣᠯᠤᠨ ᠵᠡᠮᠳᠡᠭᠴᠦᠳ ᠲᠤ ᠠᠵᠢᠯ ᠣᠯᠭᠤᠬᠤ ᠪᠡᠯᠡ ᠮᠥᠩᠭᠦ ᠶᠢᠨ | ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠲᠤ ᠠᠵᠢᠯ ᠣᠯᠭᠤᠬᠤ ᠪᠣᠯᠪᠠᠰᠤᠷᠠᠭᠤᠯᠤᠯ | ᠬᠢᠬᠦ᠂ ᠱᠠᠩᠨᠠᠬᠤ ᠨᠥᠬᠦᠪᠥᠷᠢ ᠥᠭᠬᠦ᠂ ᠠᠵᠢᠯ ᠣᠯᠭᠤᠬᠤ ᠶᠢ ᠲᠡᠳᠬᠦᠬᠦ᠂ ᠠᠵᠢᠯ ᠣᠯᠭᠤᠬᠤ ᠦᠢᠯᠡᠴᠢᠯᠡᠭᠡᠨ ᠬᠢᠬᠦ | ᠵᠡᠷᠭᠡ ᠵᠠᠷᠤᠯᠭ᠎ᠠ ᠶᠢ ᠪᠠᠲᠤᠯᠠᠨ᠎ᠠ᠃ | ᠠᠯᠠᠱᠠ ᠠᠶᠢᠮᠠᠭ ᠤᠨ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠨᠥᠬᠦᠪᠥᠷᠢ ᠶᠢᠨ ᠳᠦᠷᠢᠮ ᠢ | ᠪᠦᠷᠢᠨᠰᠢᠭᠦᠯᠦᠨ᠎ᠡ᠃ ᠠᠵᠢᠯ ᠣᠯᠭᠤᠬᠤ ᠨᠥᠬᠦᠪᠥᠷᠢ ᠪᠣᠯᠤᠨ ᠠᠵᠢᠯ ᠣᠯᠭᠤᠬᠤ ᠶᠢ ᠲᠡᠳᠬᠦᠬᠦ ᠲᠠᠯ᠎ᠠ ᠪᠠᠷ᠂ ᠪᠡᠶ᠎ᠡ ᠪᠠᠨ | ᠳᠠᠭᠠᠭᠠᠵᠤ ᠠᠳᠠᠯ ᠦᠢᠯᠡᠰ ᠪᠣᠰᠬᠠᠭᠰᠠᠨ᠂ ᠠᠮᠢᠳᠤᠯᠢᠭ ᠢᠶᠠᠷ ᠠᠵᠢᠯ ᠣᠯᠤᠭᠰᠠᠨ ᠵᠡᠮᠳᠡᠭᠴᠦᠳ ᠲᠤ ᠲᠣᠭᠲᠠᠭᠠᠯ | ᠶᠣᠰᠣᠭᠠᠷ ᠵᠣᠬᠢᠴᠠᠩᠭᠤᠶ ᠨᠥᠬᠦᠪᠥᠷᠢ ᠣᠯᠭᠤᠨ᠎ᠠ᠃ ᠲᠤᠰᠠᠯᠠᠬᠤ ᠴᠢᠨᠠᠷᠲᠠᠶ ᠠᠵᠢᠯ ᠣᠯᠭᠤᠬᠤ ᠪᠠᠶᠢᠭᠤᠯᠤᠮᠵᠢ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠵᠡᠮᠳᠡᠭᠴᠦᠳ ᠢ ᠲᠣᠬᠢᠷᠠᠭᠤᠯᠤᠨ ᠠᠵᠢᠯ | ᠣᠯᠭᠤᠭᠰᠠᠨ ᠬᠥᠮᠦᠨ ᠬᠡᠷᠡᠭᠯᠡᠬᠦ ᠨᠢᠭᠡᠴᠡ ᠳᠤ᠂ ᠬᠠᠷᠢᠴᠠᠯ ᠠᠴᠠ ᠳᠠᠪᠠᠭᠤᠯᠤᠨ ᠵᠡᠮᠳᠡᠭᠴᠦᠳ ᠢ ᠲᠣᠬᠢᠷᠠᠭᠤᠯᠤᠨ | ᠠᠵᠢᠯ ᠣᠯᠭᠤᠭᠰᠠᠨ ᠬᠥᠮᠦᠨ ᠬᠡᠷᠡᠭᠯᠡᠬᠦ ᠨᠢᠭᠡᠴᠡ ᠳᠤ ᠵᠣᠬᠢᠴᠠᠩᠭᠤᠶ ᠨᠥᠬᠦᠪᠥᠷᠢ ᠪᠣᠯᠤᠨ ᠱᠠᠩᠨᠠᠯ ᠣᠯᠭᠤᠬᠤ ᠬᠡᠷᠡᠭᠲᠡᠶ᠃ | ᠨᠥᠬᠦᠴᠡᠯ ᠳᠤ ᠨᠡᠶᠢᠴᠡᠬᠦ ᠵᠡᠮᠳᠡᠭᠴᠦᠳ ᠢ ᠲᠥᠪᠯᠡᠷᠡᠭᠦᠯᠦᠨ ᠲᠥᠪᠬᠢᠨᠡᠭᠦᠯᠵᠦ ᠠᠵᠢᠯ ᠣᠯᠭᠤᠬᠤ ᠪᠠᠶᠢᠭᠤᠯᠤᠮᠵᠢ᠂ | ᠵᠡᠮᠳᠡᠭᠴᠦᠳ ᠤᠨ ᠠᠰᠠᠷᠠᠮᠵᠢ ᠶᠢᠨ ᠴᠢᠨᠠᠷᠲᠠᠶ ᠠᠵᠤ ᠠᠬᠤᠶᠢᠯᠠᠯ ᠢ ᠵᠠᠰᠠᠭ ᠤᠨ ᠣᠷᠳᠣᠨ ᠬᠤᠳᠠᠯᠳᠤᠨ ᠠᠪᠬᠤ ᠴᠡᠭ | ᠲᠣᠭᠲᠠᠭᠠᠭᠰᠠᠨ ᠨᠢᠭᠡᠴᠡ ᠳᠤ ᠣᠷᠣᠭᠤᠯᠵᠤ᠂ ᠵᠡᠮᠳᠡᠭᠴᠦᠳ ᠢ ᠲᠥᠪᠬᠢᠨᠡᠭᠦᠯᠬᠦ ᠠᠵᠢᠯ ᠤᠨ ᠪᠠᠶᠢᠷᠢ᠂ ᠡᠷᠬᠢᠯᠡᠭᠰᠡᠨ | ᠠᠵᠢᠯ ᠤᠨ ᠪᠣᠯᠪᠠᠰᠤᠷᠠᠭᠤᠯᠤᠯ᠂ ᠡᠷᠬᠢᠯᠡᠭᠰᠡᠨ ᠠᠵᠢᠯ ᠤᠨ ᠵᠢᠯᠣᠭᠤᠳᠤᠯᠭ᠎ᠠ᠂ ᠡᠷᠬᠢᠯᠡᠭᠰᠡᠨ ᠠᠵᠢᠯ ᠤᠨ ᠴᠢᠳᠠᠪᠤᠷᠢ ᠶᠢᠨ | ᠦᠨᠡᠯᠡᠨ ᠵᠢᠱᠢᠯᠲᠡ ᠵᠡᠷᠭᠡ ᠶᠢ ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠭᠠᠷᠴᠠᠭ ᠲᠤ ᠣᠷᠣᠭᠤᠯᠵᠤ | ᠂ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠢ ᠨᠡᠶᠢᠭᠡᠮᠴᠢᠯᠡᠬᠦ᠂ ᠲᠤᠰᠬᠠᠶᠢᠵᠢᠭᠤᠯᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ᠃ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠬᠢᠭᠡᠳ | ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠴᠢᠩᠭᠠᠳᠬᠠᠵᠤ᠂ ᠨᠥᠬᠦᠴᠡᠯ ᠳᠤ | ᠨᠡᠶᠢᠴᠡᠬᠦ ᠵᠡᠮᠳᠡᠭᠴᠦᠳ ᠲᠤ ᠲᠣᠭᠲᠠᠭᠠᠯ ᠶᠣᠰᠣᠭᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠢᠳᠡᠭ | ᠢᠳᠡᠭ ᠢᠶᠠᠷ ᠪᠤᠴᠠᠭᠠᠬᠤ ᠪᠠ ᠠᠵᠢᠯ ᠣᠯᠭᠤᠯᠲᠠ ᠶᠢᠨ ᠥᠪᠡᠷ ᠤᠨ ᠥᠷᠲᠡᠭ ᠢ ᠬᠠᠰᠤᠵᠤ ᠭᠠᠷᠭᠠᠬᠤ ᠵᠡᠷᠭᠡ | ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠬᠦᠨᠳᠦ ᠶᠡᠭᠡ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠮᠰᠢᠭ ᠵᠡᠷᠭᠡ | ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠲᠠᠬᠢ ᠵᠡᠮᠳᠡᠭᠴᠦᠳ ᠤᠨ ᠠᠷᠠᠳ ᠠᠴᠠ ᠡᠵᠡᠩᠨᠡᠭᠰᠡᠨ ᠵᠢᠵᠢᠭ ᠪᠢᠴᠢᠯ | ᠠᠵᠤ ᠠᠬᠤᠶᠢᠯᠠᠯ ᠪᠣᠯᠤᠨ ᠪᠠᠶᠢᠭᠤᠯᠤᠮᠵᠢ ᠶᠢᠨ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠳᠦᠷᠢᠮ ᠢ ᠪᠠᠶᠢᠭᠤᠯᠵᠤ᠂ | ᠲᠡᠳᠡᠨ ᠢ ᠬᠠᠪᠰᠤᠷᠤᠨ ᠬᠦᠴᠢᠷ ᠢ ᠲᠤᠭᠤᠯᠤᠭᠤᠯᠬᠤ ᠬᠡᠷᠡᠭᠲᠡᠶ᠃ ᠵᠡᠮᠳᠡᠭᠴᠦᠳ ᠲᠤ ᠠᠵᠢᠯ ᠣᠯᠭᠤᠵᠤ ᠠᠳᠠᠯ | ᠦᠢᠯᠡᠰ ᠴᠣᠭᠴᠠᠯᠠᠭᠰᠠᠨ ᠨᠡᠶᠢᠲᠡᠯᠢᠭ ᠵᠢᠱᠢᠶ᠎ᠡ ᠪᠣᠯᠤᠨ ᠵᠡᠮᠳᠡᠭᠴᠦᠳ ᠲᠤ ᠠᠵᠢᠯ ᠣᠯᠭᠤᠬᠤ ᠳᠤ ᠲᠣᠪᠤᠶᠢᠮ᠎ᠠ ᠬᠤᠪᠢ | ᠨᠡᠮᠡᠷᠢ ᠦᠵᠡᠭᠦᠯᠦᠭᠰᠡᠨ ᠨᠢᠭᠡᠴᠡ᠂ ᠬᠤᠪᠢ ᠬᠥᠮᠦᠨ ᠢ ᠬᠥᠬᠢᠭᠦᠯᠦᠨ ᠱᠠᠩᠨᠠᠬᠤ ᠬᠡᠷᠡᠭᠲᠡᠶ᠃ ︵ᠬᠠᠷᠢᠭᠤᠴᠠᠬᠤ | ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ | ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ︶ | 2 . ᠪᠥᠬᠦ ᠬᠡᠯᠬᠢᠶ᠎ᠡ ᠶᠢᠨ ᠵᠡᠮᠳᠡᠭᠴᠦᠳ ᠲᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ | ᠦᠢᠯᠡᠴᠢᠯᠡᠬᠡᠨ ᠤ ᠲᠠᠪᠴᠠᠩ ᠢ ᠪᠤᠢ ᠪᠣᠯᠭᠠᠨ᠎ᠠ᠃ ᠪᠦᠬᠦ ᠠᠶᠢᠮᠠᠭ ᠤᠨ ᠡᠯ᠎ᠡ ᠱᠠᠲᠤᠨ ᠤ ᠵᠡᠮᠳᠡᠭᠴᠦᠳ ᠲᠤ ᠠᠵᠢᠯ | ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠵᠢᠷᠤᠮᠵᠢᠭᠰᠠᠨ ᠪᠠᠶᠢᠭᠤᠯᠤᠯᠲᠠ ᠬᠢᠵᠦ᠂ ᠵᠡᠮᠳᠡᠭᠴᠦᠳ ᠲᠤ | ᠠᠵᠢᠯ ᠣᠯᠭᠤᠬᠤ ᠦᠢᠯᠡᠴᠢᠯᠡᠭᠡᠨ ᠢ ᠪᠠᠷᠢᠮᠵᠢᠶᠠᠵᠢᠭᠤᠯᠬᠤ ᠶᠢ ᠪᠡᠶᠡᠯᠡᠭᠦᠯᠵᠦ᠂ ᠵᠡᠮᠳᠡᠭᠴᠦᠳ ᠤᠨ ᠠᠳᠠᠯ ᠦᠢᠯᠡᠰ | ᠪᠣᠰᠬᠠᠬᠤ ᠵᠢᠱᠢᠶ᠎ᠡ ᠦᠵᠡᠭᠦᠯᠬᠦ ᠴᠡᠭ᠂ ᠲᠤᠰᠠᠯᠠᠬᠤ ᠴᠢᠨᠠᠷᠲᠠᠶ ᠠᠵᠢᠯ ᠣᠯᠭᠤᠬᠤ ᠪᠠᠶᠢᠭᠤᠯᠤᠮᠵᠢ ᠪᠣᠯᠤᠨ | ᠵᠡᠮᠳᠡᠭᠴᠦᠳ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠤᠨ | ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠡᠯ᠎ᠡ ᠲᠥᠷᠥᠯ ᠤᠨ ᠬᠥᠮᠦᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠬᠡᠨ ᠤ ᠪᠠᠶᠢᠭᠤᠯᠤᠮᠵᠢ ᠶᠢᠨ ᠪᠦᠲᠦᠮᠵᠢᠲᠡᠶ ᠡᠬᠢ ᠪᠠᠶᠠᠯᠢᠭ ᠢ ᠬᠦᠢᠴᠡᠳ ᠠᠰᠢᠭᠯᠠᠨ᠂ | ᠬᠤᠲᠠ ᠬᠥᠳᠡᠭᠡ ᠶᠢ ᠬᠠᠮᠤᠷᠤᠭᠰᠠᠨ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠬᠡᠨ ᠤ ᠰᠢᠰᠲ᠋ᠧᠮᠵᠢ ᠶᠢᠨ ᠲᠤᠤᠷ | ᠰᠦᠯᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠶ᠃ ᠠᠵᠤ ᠠᠬᠤᠶᠢᠯᠠᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠨᠡᠶᠢᠭᠡᠮ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠣᠷᠣᠯᠴᠠᠬᠤ ᠶᠢ ᠵᠣᠷᠢᠭᠵᠢᠭᠤᠯᠵᠤ᠂ ᠵᠡᠮᠳᠡᠭᠴᠦᠳ ᠤᠨ ᠠᠵᠢᠯ | ᠮᠡᠷᠭᠡᠵᠢᠯ ᠤᠨ ᠪᠣᠯᠪᠠᠰᠤᠷᠠᠯ ᠤᠨ ᠰᠠᠭᠤᠷᠢᠨ ᠭᠠᠵᠠᠷ ᠪᠣᠯᠤᠨ ᠠᠵᠢᠯ ᠣᠯᠵᠤ ᠠᠳᠠᠯ ᠦᠢᠯᠡᠰ ᠪᠣᠰᠬᠠᠬᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠡᠯ᠎ᠡ ᠬᠤᠰᠢᠭᠤ ᠣᠷᠣᠨ ᠳᠤ ᠵᠡᠮᠳᠡᠭᠴᠦᠳ ᠤᠨ ᠠᠵᠢᠯ ᠣᠯᠬᠤ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠠᠳᠠᠭ ᠲᠠᠭᠠᠨ ᠨᠢᠭᠡ ᠪᠠᠶᠢᠭᠤᠯᠵᠤ᠂ ᠨᠥᠬᠦᠴᠡᠯ ᠲᠠᠢ ᠨᠡᠭᠡᠭᠡᠯᠲᠡ ᠶᠢᠨ | ᠣᠷᠣᠨ᠂ ᠵᠢᠱᠢᠶ᠎ᠡ ᠦᠵᠡᠭᠦᠯᠬᠦ ᠣᠷᠣᠨ ᠤ ᠵᠡᠮᠳᠡᠭᠴᠦᠳ ᠤᠨ ᠠᠵᠢᠯ ᠣᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠶ᠃ ᠵᠡᠮᠳᠡᠭᠴᠦᠳ ᠤᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠢ ᠦᠨᠡᠨᠬᠦ ᠳᠡᠭᠡᠭᠰᠢᠯᠡᠭᠦᠯᠵᠦ᠂ ᠠᠵᠢᠯ ᠣᠯᠬᠤ ᠬᠦᠰᠡᠯ ᠡᠷᠡᠮᠡᠯᠵᠡᠯ ᠲᠠᠢ ᠪᠠ ᠪᠣᠯᠪᠠᠰᠤᠷᠠᠭᠤᠯᠤᠯ ᠤᠨ | ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠢ ᠬᠠᠪᠰᠤᠷᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠵᠣᠬᠢᠬᠤ | ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠨᠡᠶᠢᠳᠡᠮ ᠬᠦᠷᠲᠡᠭᠡᠬᠦ ᠬᠡᠷᠡᠭᠲᠡᠶ᠃ ᠵᠡᠮᠳᠡᠭᠴᠦᠳ ᠲᠤ ᠠᠵᠢᠯ | ᠣᠯᠭᠤᠬᠤ ᠬᠠᠪᠰᠤᠷᠤᠨ ᠵᠢᠯᠣᠭᠤᠳᠣᠭᠴᠢ ᠶᠢᠨ ᠡᠩᠨᠡᠭᠡᠨ ᠤ ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠵᠦ᠂ ᠵᠡᠮᠳᠡᠭᠴᠦᠳ ᠤᠨ ᠪᠣᠯᠪᠠᠰᠤᠷᠠᠭᠤᠯᠤᠯ ᠤᠨ ᠲᠤᠰᠠᠯᠠᠮᠵᠢ ᠪᠣᠯᠤᠨ ᠠᠮᠵᠢᠯᠲᠠ ᠪᠦᠲᠦᠮᠵᠢ ᠶᠢ ᠦᠨᠡᠯᠡᠨ | ᠵᠢᠱᠢᠬᠦ ᠠᠵᠢᠯ ᠢ ᠥᠷᠨᠢᠭᠦᠯᠬᠦ ᠬᠡᠷᠡᠭᠲᠡᠶ᠃ ᠵᠡᠮᠳᠡᠭᠴᠦᠳ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠣᠯᠤᠨ | ᠲᠤᠰᠬᠠᠶ ᠮᠡᠷᠭᠡᠵᠢᠯ ᠤᠨ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ ᠪᠠ ᠰᠢᠯᠢᠨ ᠳᠡᠪᠰᠢᠭᠦᠯᠬᠦ ᠶᠢ ᠴᠢᠬᠤᠯᠠᠴᠢᠯᠠᠵᠤ᠂ | ᠵᠡᠮᠳᠡᠭᠴᠦᠳ ᠤᠨ ᠮᠡᠷᠭᠡᠰᠢᠯᠳᠦ ᠴᠢᠳᠠᠪᠤᠷᠢᠲᠠᠨ ᠤ ᠠᠳᠠᠯ ᠦᠢᠯᠡᠰ ᠪᠣᠰᠬᠠᠬᠤ ᠶᠢ ᠲᠡᠳᠬᠦᠬᠦ ᠬᠡᠷᠡᠭᠲᠡᠶ᠃ | ᠭᠤᠷᠪᠠᠳᠤᠭᠠᠷ ᠬᠤᠭᠤᠴᠠᠭᠠᠨ ᠤ ᠠᠯᠠᠱᠠ ᠠᠶᠢᠮᠠᠭ ᠤᠨ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠢ ᠡᠷᠭᠢᠯᠡᠵᠦ᠂ ᠵᠡᠮᠳᠡᠭᠴᠦᠳ ᠤᠨ ᠥᠷᠢᠰᠥᠯᠳᠦᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ | ᠵᠥᠪᠯᠡᠯ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ | ᠬᠤᠯᠪᠣᠭ᠎ᠠ︶᠃ | 3 . ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠵᠠᠮ ᠮᠥᠷ ᠢ | ᠥᠷᠭᠡᠳᠬᠡᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠡᠮᠳᠡᠭᠴᠦᠳ ᠲᠤ ᠠᠵᠢᠯ | ᠣᠯᠭᠤᠬᠤ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠵᠡᠮᠳᠡᠭᠴᠦᠳ ᠲᠤ ᠠᠵᠢᠯ | ᠣᠯᠭᠤᠬᠤ ᠮᠡᠳᠡᠭᠡ ᠵᠠᠩᠭᠢ ᠶᠢᠨ ᠵᠠᠮ ᠢ ᠨᠡᠪᠲᠡᠷᠡᠭᠦᠯᠵᠦ᠂ ᠵᠡᠮᠳᠡᠭᠴᠦᠳ ᠲᠤ ᠠᠵᠢᠯ ᠣᠯᠭᠤᠬᠤ ᠪᠠ ᠠᠵᠢᠯ | ᠮᠡᠷᠭᠡᠵᠢᠯ ᠤᠨ ᠪᠣᠯᠪᠠᠰᠤᠷᠠᠭᠤᠯᠤᠯ ᠤᠨ ᠦᠨᠡᠨ ᠨᠡᠷ᠎ᠡ ᠶᠢᠨ ᠳᠦᠷᠢᠮ ᠤᠨ ᠮᠡᠳᠡᠭᠡ ᠵᠠᠩᠭᠢ ᠶᠢ ᠪᠦᠷᠢᠳᠬᠡᠨ ᠬᠠᠮᠢᠶᠠᠷᠬᠤ | ᠰᠢᠰᠲ᠋ᠧᠮ ᠳᠤ ᠲᠦᠰᠢᠭᠯᠡᠨ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠮᠡᠳᠡᠭᠡ ᠵᠠᠩᠭᠢ ᠶᠢᠨ | ᠲᠠᠪᠴᠠᠩ ᠯᠤᠭ᠎ᠠ ᠵᠣᠯᠭᠠᠭᠤᠯᠬᠤ ᠪᠠ ᠬᠠᠮᠲᠤᠪᠠᠷ ᠡᠳ᠋ᠯᠡᠬᠦ ᠶᠢ ᠬᠠᠶᠢᠨ ᠰᠦᠪᠡᠭᠴᠢᠯᠡᠨ᠎ᠡ᠃ ᠵᠡᠮᠳᠡᠭᠴᠦᠳ ᠲᠤ | ᠲᠥᠪᠯᠡᠷᠡᠭᠦᠯᠦᠨ ᠠᠵᠢᠯ ᠣᠯᠭᠤᠬᠤ ᠨᠢᠭᠡᠴᠡ ᠳᠤ ᠭᠠᠶᠢᠯᠢ ᠰᠦᠢᠳᠬᠡᠯ ᠤᠨ ᠬᠠᠷᠠᠭᠠᠯᠵᠠᠯ ᠦᠵᠡᠭᠦᠯᠬᠦ᠂ ᠵᠠᠰᠠᠭ ᠤᠨ | ᠣᠷᠳᠣᠨ ᠡᠩ ᠲᠡᠷᠢᠭᠦᠨ ᠳᠤ ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠵᠡᠮᠳᠡᠭᠴᠦᠳ ᠲᠤ | ᠲᠥᠪᠯᠡᠷᠡᠭᠦᠯᠦᠨ ᠠᠵᠢᠯ ᠣᠯᠭᠤᠬᠤ ᠶᠢ ᠲᠣᠭᠲᠠᠭᠤᠨ ᠪᠠᠶᠢᠯᠭᠠᠵᠤ᠂ ᠠᠯᠠᠱᠠ ᠠᠶᠢᠮᠠᠭ ᠤᠨ ᠵᠡᠮᠳᠡᠭᠴᠦᠳ ᠲᠤ | ᠲᠥᠪᠯᠡᠷᠡᠭᠦᠯᠦᠨ ᠠᠵᠢᠯ ᠣᠯᠭᠤᠬᠤ ᠨᠡᠷᠡᠲᠦ ᠲᠦᠷᠦᠯ ᠲᠡᠮᠳᠡᠭ ᠢ ᠪᠤᠶ ᠪᠣᠯᠭᠠᠨ᠎ᠠ᠃ ︽ᠢᠨᠲ᠋ᠧᠷ ᠰᠦᠯᠵᠢᠶ᠎ᠡ +︾ | ᠠᠵᠢᠯ ᠣᠯᠭᠤᠬᠤ᠂ ᠬᠡᠷ ᠲᠡᠭᠡᠨ ᠠᠵᠢᠯ ᠣᠯᠭᠤᠬᠤ᠂ ᠨᠡᠶᠢᠭᠡᠮ ᠲᠣᠭᠤᠷᠢᠭ ᠲᠤ ᠠᠵᠢᠯ ᠣᠯᠭᠤᠬᠤ᠂ ᠠᠮᠢᠳᠤᠯᠢᠭ ᠢᠶᠠᠷ | ᠠᠵᠢᠯ ᠣᠯᠭᠤᠬᠤ᠂ ᠲᠤᠰᠠᠯᠠᠬᠤ ᠴᠢᠨᠠᠷᠲᠠᠶ ᠠᠵᠢᠯ ᠣᠯᠭᠤᠬᠤ ᠵᠡᠷᠭᠡ ᠵᠡᠮᠳᠡᠭᠴᠦᠳ ᠲᠤ ᠳᠣᠭᠢᠷᠠᠬᠤ ᠠᠵᠢᠯ ᠣᠯᠭᠤᠬᠤ | ᠰᠢᠨ᠎ᠡ ᠬᠡᠯᠪᠡᠷᠢ ᠪᠠᠶᠢᠳᠠᠯ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠣᠷᠳᠣᠨ ᠤ ᠨᠡᠭᠡᠭᠡᠨ | ᠬᠥᠭᠵᠢᠭᠦᠯᠦᠭᠰᠡᠨ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠬᠡᠷ ᠲᠡᠭᠡᠨ | ᠰᠠᠭᠤᠵᠤ ᠦᠢᠯᠡᠴᠢᠯᠡᠬᠦ ᠠᠵᠢᠯ ᠤᠨ ᠪᠠᠶᠢᠷᠢ ᠪᠣᠯᠤᠨ ᠬᠤᠲᠠ ᠶᠢᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠬᠡᠨ ᠤ ᠲᠤᠤᠷ ᠴᠡᠭ ᠤᠨ ᠰᠦᠢᠳᠬᠡᠯ ᠬᠤᠷᠢᠶᠠᠬᠤ ᠥᠬᠡᠶ ᠪᠤᠶᠤ ᠬᠢᠮᠳᠠ ᠦᠨ᠎ᠡ ᠪᠠᠷ ᠲᠦᠷᠢᠶᠡᠰᠦᠯᠡᠬᠦ | ᠠᠷᠭ᠎ᠠ ᠮᠠᠶ᠋ᠢᠭ ᠢᠶᠠᠷ ᠵᠡᠮᠳᠡᠭᠴᠦᠳ ᠲᠤ ᠤᠷᠢᠳᠠᠪᠠᠷ ᠬᠠᠩᠭᠠᠨ ᠡᠵᠡᠩᠨᠡᠬᠦ ᠶᠢ ᠵᠣᠷᠢᠭᠵᠢᠭᠤᠯᠤᠨ᠎ᠠ᠃ ᠵᠡᠮᠳᠡᠭᠴᠦᠳ ᠤᠨ | ᠲᠥᠷᠥᠯ ᠰᠠᠳᠤᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠵᠦ᠂ ︽ᠠᠵᠢᠯ ᠣᠯᠤᠭᠰᠠᠨ ᠬᠥᠮᠦᠨ | ᠦᠭᠡᠶ︾ ᠵᠡᠮᠳᠡᠭᠴᠦᠳ ᠤᠨ ᠭᠡᠷ ᠪᠦᠯᠢ ᠳᠤ ᠠᠳᠠᠭ ᠲᠠᠭᠠᠨ 1 ᠬᠥᠮᠦᠨ ᠳᠤ ᠠᠵᠢᠯ ᠣᠯᠭᠤᠬᠤ ᠶᠢ ᠪᠠᠲᠤᠯᠠᠨ᠎ᠠ᠃ | ᠨᠥᠬᠦᠴᠡᠯ ᠳᠤ ᠨᠡᠶᠢᠴᠡᠬᠦ ᠠᠵᠢᠯ ᠤᠯᠬᠤ ᠳᠤ ᠬᠦᠴᠢᠷᠲᠡᠶ ᠵᠡᠮᠳᠡᠭᠴᠦᠳ ᠢ ᠠᠵᠢᠯ ᠣᠯᠭᠤᠯᠲᠠ ᠶᠢᠨ ᠲᠤᠰᠠᠯᠠᠮᠵᠢ | ᠦᠵᠡᠭᠦᠯᠬᠦ ᠬᠡᠪᠴᠢᠶᠡᠨ ᠳᠤ ᠣᠷᠣᠭᠤᠯᠵᠤ᠂ ︽ᠠᠵᠢᠯ ᠣᠯᠭᠤᠯᠲᠠ ᠶᠢᠨ ᠲᠤᠰᠠᠯᠠᠮᠵᠢ ᠦᠵᠡᠭᠦᠯᠬᠦ ᠰᠠᠷ᠎ᠠ︾᠂ ︽ | ᠲᠤᠰᠬᠠᠶ ᠠᠵᠢᠯᠲᠠᠨ ᠡᠯᠰᠡᠬᠦ ᠴᠤᠭᠯᠠᠭᠠᠨ︾ ᠵᠡᠷᠭᠡ ᠠᠵᠢᠯ ᠣᠯᠭᠤᠯᠲᠠ ᠶᠢᠨ ᠲᠤᠰᠬᠠᠶ ᠦᠢᠯᠡᠴᠢᠯᠡᠬᠡᠨ ᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠠᠵᠢᠯ ᠤᠯᠬᠤ ᠳᠤ ᠬᠦᠴᠢᠷᠲᠡᠶ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ︽ᠨᠢᠭᠡ ᠬᠥᠮᠦᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠭᠤᠤᠯᠳᠠᠯᠭ᠎ᠠ ᠲᠠᠢ | ᠬᠠᠪᠰᠤᠷᠤᠨ ᠲᠡᠳᠬᠦᠬᠦ ᠶᠢ ᠥᠷᠨᠢᠭᠦᠯᠵᠦ᠂ ᠡᠵᠡᠩᠨᠡᠯᠲᠡ ᠶᠢᠨ ᠲᠠᠯᠠᠪᠤᠷ ᠭᠠᠵᠠᠷ᠂ ᠪᠡᠯᠡᠳᠬᠡᠮᠵᠢ ᠲᠥᠬᠦᠭᠡᠷᠦᠮᠵᠢ᠂ | ᠮᠥᠩᠭᠦᠨ ᠬᠦᠢᠯᠬᠡᠬᠡᠨ ᠤ ᠢᠲᠡᠭᠡᠮᠵᠢᠲᠦ ᠵᠢᠭᠡᠯᠡᠯᠭᠡ ᠵᠡᠷᠭᠡ ᠲᠠᠯ᠎ᠠ ᠪᠠᠷ ᠪᠠᠲᠤᠯᠠᠨ ᠲᠡᠳᠬᠦᠵᠦ᠂ ᠨᠥᠬᠦᠴᠡᠯ ᠳᠤ | ᠨᠡᠶᠢᠴᠡᠬᠦ ᠵᠡᠮᠳᠡᠭ ᠰᠤᠷᠤᠭᠴᠢᠳ ᠲᠤ ᠳᠠᠳᠤᠯᠭ᠎ᠠ ᠶᠢᠨ ᠬᠤᠭᠤᠴᠠᠭᠠᠨ ᠳᠤ ᠵᠣᠬᠢᠬᠤ ᠪᠠᠷᠢᠮᠵᠢᠶ᠎ᠠ ᠶᠢᠨ ᠨᠥᠬᠦᠪᠥᠷᠢ | ᠣᠯᠭᠤᠨ᠎ᠠ᠃ ᠰᠣᠬᠤᠷ ᠬᠥᠮᠦᠨ ᠤ ᠢᠯᠢᠯᠭᠡ ᠶᠢᠨ ᠪᠠᠶᠢᠭᠤᠯᠤᠮᠵᠢ ᠪᠣᠯᠤᠨ ᠰᠣᠬᠤᠷ ᠬᠥᠮᠦᠨ ᠤ ᠡᠮ ᠡᠮᠨᠡᠯᠭᠡ ᠶᠢᠨ | ᠢᠯᠢᠯᠭᠡ ᠶᠢᠨ ᠡᠮᠨᠡᠯᠭᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠳᠬᠦᠬᠦ ᠡᠷᠴᠢᠮ ᠢᠶᠠᠨ ᠨᠡᠮᠡᠭᠳᠡᠭᠦᠯᠵᠦ᠂ | ᠰᠣᠬᠤᠷ ᠬᠥᠮᠦᠨ ᠤ ᠢᠯᠢᠯᠭᠡ ᠪᠣᠯᠤᠨ ᠡᠷᠡᠭᠦᠯ ᠮᠡᠨᠳᠦ ᠶᠢ ᠬᠠᠮᠠᠭᠠᠯᠠᠬᠤ ᠢᠯᠢᠯᠭᠡ ᠶᠢᠨ ᠳᠡᠭᠡᠭᠰᠢᠯᠡᠭᠦᠯᠬᠦ ᠠᠩᠭᠢ | ᠡᠷᠬᠢᠯᠡᠵᠦ᠂ ᠰᠣᠬᠤᠷ ᠬᠥᠮᠦᠨ ᠤ ᠢᠯᠢᠯᠭᠡ ᠶᠢᠨ ᠠᠵᠢᠯᠲᠠᠨ ᠤ ᠡᠷᠬᠢᠯᠡᠭᠰᠡᠨ ᠠᠵᠢᠯ ᠤᠨ ᠬᠢᠷᠢ ᠬᠡᠮᠵᠢᠶ᠎ᠡ ᠶᠢ | ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠶ᠃ ᠰᠣᠬᠤᠷ ᠬᠥᠮᠦᠨ ᠤ ᠡᠮᠴᠢᠯᠡᠭᠡᠨ ᠤ ᠢᠯᠢᠵᠦ ᠣᠨᠣᠰᠢᠯᠠᠨ ᠵᠠᠰᠠᠬᠤ ᠶᠢ | ᠠᠬᠢᠭᠤᠯᠬᠤ ᠵᠦᠢᠯ ᠢᠯᠭᠠᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ | ᠣᠷᠣᠭᠤᠯᠬᠤ ᠶᠢ ᠰᠦᠪᠡᠭᠴᠢᠯᠡᠨ᠎ᠡ᠃ ᠰᠣᠬᠤᠷᠴᠤᠳ ᠤᠨ ᠰᠣᠶᠣᠯ ᠤᠷᠠᠯᠢᠭ᠂ ᠰᠡᠳᠬᠢᠴᠡ ᠶᠢᠨ ᠡᠷᠡᠭᠦᠯ ᠬᠠᠮᠠᠭᠠᠯᠠᠯ | ᠪᠣᠯᠤᠨ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠵᠡᠷᠭᠡ ᠬᠦᠷᠢᠶᠡᠨ ᠳᠤ ᠠᠵᠢᠯ ᠤᠯᠬᠤ ᠶᠢ ᠳᠡᠮᠵᠢᠨ᠎ᠡ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ | ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠵᠢᠯᠴᠢᠨ ᠤ ᠡᠪᠯᠡᠯ᠂ | ᠵᠡᠮᠳᠡᠭᠴᠦᠳ ᠤᠨ ᠬᠤᠯᠪᠣᠭ᠎ᠠ᠂ ᠠᠷᠠᠳ ᠤᠨ ᠪᠠᠩᠬᠢ ᠶᠢᠨ ᠠᠯᠠᠱᠠ ᠠᠶᠢᠮᠠᠭ ᠤᠨ ᠲᠥᠪ ᠰᠠᠯᠪᠤᠷᠢ ᠪᠠᠩᠬᠢ︶ | ︵ᠭᠤᠷᠪᠠ︶ ᠡᠷᠡᠭᠦᠯᠵᠢᠭᠦᠯᠬᠦ ᠦᠢᠯᠡᠴᠢᠯᠡᠬᠡᠨ ᠤ ᠬᠠᠩᠭᠠᠯᠭ᠎ᠠ ᠶᠢ ᠰᠠᠶᠢᠵᠢᠷᠠᠭᠤᠯᠵᠤ᠂ ᠵᠡᠮᠳᠡᠭᠴᠦᠳ ᠤᠨ | ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ | 1 . ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠠᠵᠢᠯ ᠢ ᠢᠳᠡᠪᠬᠢᠲᠡᠶ ᠥᠷᠨᠢᠭᠦᠯᠦᠨ᠎ᠡ᠃ ︽ | ᠤᠯᠤᠰ ᠤᠨ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠠᠵᠢᠯᠯᠠᠭᠠᠨ ᠤ ᠲᠥᠯᠥᠪᠯᠡᠭᠡ ︵2020—2025 | ᠣᠨ︶︾ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ︵2020—2030 ᠣᠨ︶︾ ︽ᠥᠪᠥᠷ | ᠮᠣᠩᠭᠤᠯ ᠤᠨ ᠣᠶᠤᠨ ᠤ ᠡᠷᠡᠭᠦᠯ ᠬᠠᠮᠠᠭᠠᠯᠠᠯ ᠤᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠠᠷᠭ᠎ᠠ︾ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠡᠷᠡᠭᠦᠯ ᠡᠩᠬᠡ ᠠᠯᠠᠱᠠ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ | ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠤᠳᠤᠷᠢᠳᠤᠯᠭ᠎ᠠ ᠶᠢᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ᠎ᠡ | ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ ᠨᠢ ᠠᠶᠤᠯ ᠶᠡᠬᠡᠲᠡᠶ ᠬᠡᠦᠬᠡᠳ ᠢ | ᠰᠢᠭᠰᠢᠨ ᠪᠠᠶᠢᠴᠠᠭᠠᠵᠤ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ | ᠰᠣᠯᠢᠯᠴᠠᠬᠤ ᠶᠢ ᠬᠠᠮᠲᠤ ᠪᠠᠷ ᠰᠠᠶᠢᠲᠤᠷ ᠬᠢᠵᠦ᠂ ᠨᠠᠷᠢᠯᠢᠭ ᠣᠨᠣᠪᠴᠢᠳᠠᠢ ᠪᠠᠷ ᠭᠠᠷ ᠲᠦᠷᠦᠭᠦ ᠶᠢ ᠪᠡᠶᠡᠯᠡᠬᠦᠯᠵᠦ᠂ | ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠶᠡᠬᠡᠪᠡᠷ ᠦᠷᠨᠢᠬᠦᠯᠦᠨ᠂ ᠵᠡᠮᠳᠡᠭ | ᠪᠣᠯᠬᠤ ᠶᠢ ᠤᠷᠢᠳᠴᠢᠯᠠᠨ ᠰᠡᠷᠭᠡᠶᠢᠯᠡᠬᠦ ᠡᠳᠦᠷ᠂ ᠵᠡᠷᠡᠮᠳᠡᠭ ᠲᠦᠷᠦᠭᠦ ᠶᠢ ᠰᠡᠷᠭᠡᠶᠢᠯᠡᠬᠦ ᠡᠳᠦᠷ᠂ ᠨᠢᠳᠦ ᠬᠠᠮᠠᠭᠠᠯᠠᠬᠤ | ᠡᠳᠦᠷ᠂ ᠴᠢᠬᠢ ᠬᠠᠶᠢᠷᠠᠯᠠᠬᠤ ᠡᠳᠦᠷ᠂ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ | ᠵᠡᠷᠭᠡ ᠪᠠᠶᠠᠷ ᠤᠨ ᠡᠳᠦᠷ ᠤᠨ ᠵᠠᠩᠭᠢᠯᠠᠭ᠎ᠠ ᠶᠢᠨ ᠴᠡᠭ ᠲᠠᠢ ᠣᠶᠠᠯᠳᠣᠭᠤᠯᠣᠨ᠂ ᠵᠡᠮᠳᠡᠭ ᠪᠣᠯᠬᠤ ᠶᠢ ᠤᠷᠢᠳᠴᠢᠯᠠᠨ | ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠦᠷᠨᠢᠬᠦᠯᠦᠨ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠪᠣᠯᠤᠨ ᠠᠶᠤᠯ ᠦᠭᠡᠶ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ | ᠵᠠᠰᠠᠬᠤ ᠶᠢ ᠴᠢᠩᠭᠠᠳᠬᠠᠵᠦ᠂ ᠲᠤᠰᠬᠠᠶ ᠪᠠᠶᠢᠭᠤᠯᠤᠮᠵᠢ ᠳᠤ ᠨᠠᠶᠢᠳᠠᠵᠤ ᠵᠡᠮᠳᠡᠭ ᠪᠣᠯᠤᠭᠰᠠᠨ ᠰᠢᠯᠲᠠᠭᠠᠨ ᠳᠤ | ᠪᠠᠶᠢᠴᠠᠭᠠᠯᠲᠠ ᠵᠠᠳᠠᠯᠤᠯᠲᠠ ᠬᠢᠵᠦ᠂ ᠣᠨᠣᠪᠴᠢᠲᠠᠶ ᠰᠡᠷᠭᠡᠶᠢᠯᠡᠨ᠂ ᠰᠠᠨᠠᠭᠠᠨ ᠳᠤ ᠥᠬᠡᠶ ᠰᠢᠷᠬᠠᠲᠤᠯ᠂ ᠭᠠᠶ ᠭᠠᠮᠰᠢᠭ᠂ | ᠠᠳᠡᠭᠳᠡᠯ᠂ ᠠᠵᠢᠯ ᠮᠡᠷᠭᠡᠵᠢᠯ ᠤᠨ ᠭᠡᠮᠲᠦᠯ ᠵᠡᠷᠭᠡ ᠶᠢ ᠪᠠᠭᠠᠰᠬᠠᠨ᠂ ᠪᠦᠬᠦ ᠬᠥᠮᠦᠰ᠂ ᠪᠦᠬᠦ ᠠᠮᠢ ᠨᠠᠰᠤᠨ ᠤ | ᠦᠶᠡᠯᠡᠯ ᠤᠨ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠤᠬᠠᠮᠰᠠᠷ ᠢ ᠪᠣᠢ ᠪᠣᠯᠭᠠᠨ᠎ᠠ᠃ ᠵᠡᠷᠡᠮᠳᠡᠭ ᠲᠦᠷᠦᠭᠦ ᠶᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠢ | ᠬᠠᠮᠤᠷᠤᠭᠰᠠᠨ᠂ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠨ ᠬᠤᠭᠤᠴᠠᠭ᠎ᠠ᠂ ᠨᠢᠯᠬ᠎ᠠ | ᠬᠡᠦᠬᠡᠳ ᠪᠠ ᠬᠡᠦᠬᠡᠳ ᠤᠨ ᠡᠯ᠎ᠡ ᠱᠠᠲᠤ ᠦᠶ᠎ᠡ ᠶᠢ ᠬᠠᠮᠤᠷᠤᠭᠰᠠᠨ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ | ᠰᠢᠰᠲ᠋ᠧᠮᠵᠢ ᠶᠢ ᠪᠠᠶᠢᠭᠤᠯᠤᠨ᠎ᠠ᠃ ᠵᠡᠮᠳᠡᠭ ᠬᠡᠦᠬᠡᠳ ᠤᠨ ᠲᠤᠭ᠎ᠠ ᠪᠠᠷᠢᠮᠲᠠ ᠳᠤ ᠵᠠᠳᠠᠯᠤᠯᠲᠠ ᠬᠢᠵᠦ ᠪᠠᠶᠢᠴᠠᠭᠠᠨ | ᠬᠡᠮᠵᠢᠬᠦ ᠶᠢ ᠴᠢᠩᠭᠠᠳᠬᠠᠨ᠂ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠷᠡᠭᠦᠯᠵᠢᠭᠦᠯᠵᠦ ᠠᠪᠤᠷᠠᠨ ᠲᠤᠰᠠᠯᠠᠬᠤ ᠶᠢ | ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ 0—7 ᠨᠠᠰᠤᠨ ᠤ ᠬᠡᠦᠬᠡᠳ ᠤᠨ ᠵᠡᠮᠳᠡᠭ ᠢ ᠰᠢᠭᠰᠢᠨ ᠪᠠᠶᠢᠴᠠᠭᠠᠬᠤ ᠶᠢ | ᠶᠡᠬᠡᠪᠡᠷ ᠠᠬᠢᠭᠤᠯᠵᠤ᠂ ᠬᠡᠦᠬᠡᠳ ᠤᠨ ᠵᠡᠮᠳᠡᠭ ᠪᠣᠯᠬᠤ ᠴᠢᠨᠠᠷᠲᠠᠶ ᠡᠪᠡᠳᠴᠢᠨ ᠢ ᠡᠷᠲᠡ ᠢᠯᠡᠷᠡᠭᠦᠯᠬᠦ᠂ ᠡᠷᠲᠡ | ᠣᠨᠣᠰᠢᠯᠠᠬᠤ᠂ ᠡᠷᠲᠡ ᠬᠠᠮᠢᠶᠠᠷᠬᠤ᠂ ᠡᠷᠲᠡ ᠡᠷᠡᠭᠦᠯᠵᠢᠭᠦᠯᠬᠦ ᠴᠢᠳᠠᠪᠤᠷᠢ ᠪᠠ ᠦᠷ᠎ᠡ ᠪᠦᠲᠦᠮᠵᠢ ᠶᠢ ᠲᠠᠰᠤᠷᠠᠯᠲᠠ | ᠤᠢᠭᠡᠢ ᠳᠡᠭᠡᠭᠰᠢᠯᠡᠭᠦᠯᠦᠨ᠎ᠡ᠃ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡ ᠥᠷᠨᠢᠭᠦᠯᠵᠦ᠂ ᠣᠶᠣᠨ ᠮᠡᠳᠡᠷᠡᠯ ᠤᠨ | ᠵᠡᠮᠳᠡᠭ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠨ᠎ᠠ᠃ ᠰᠣᠬᠤᠷ ᠢ ᠰᠡᠷᠭᠡᠶᠢᠯᠡᠨ ᠰᠣᠬᠤᠷ ᠢ ᠵᠠᠰᠠᠬᠤ᠂ | ᠳᠦᠯᠡᠶ ᠶᠢ ᠰᠡᠷᠭᠡᠶᠢᠯᠡᠨ ᠳᠦᠯᠡᠶ ᠶᠢ ᠵᠠᠰᠠᠬᠤ ᠠᠵᠢᠯ ᠢ ᠥᠷᠨᠢᠭᠦᠯᠵᠦ᠂ ᠬᠦᠨᠳᠦ ᠶᠡᠭᠡ ᠡᠪᠡᠳᠴᠢᠨ᠂ ᠤᠳᠠᠭᠠᠨ | ᠴᠢᠨᠠᠷᠲᠠᠶ ᠡᠪᠡᠳᠴᠢᠨ ᠪᠣᠯᠤᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠨ ᠴᠢᠩᠭᠠᠳᠬᠠᠬᠤ | ᠬᠡᠷᠡᠭᠲᠡᠶ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ | ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ︶᠃ | 2 . ᠵᠡᠮᠳᠡᠭᠴᠦᠳ ᠤᠨ ᠡᠷᠡᠭᠦᠯᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠵᠤ᠂ ᠨᠡᠶᠢᠭᠡᠮ ᠲᠣᠭᠤᠷᠢᠭ ᠤᠨ | ᠦᠢᠯᠡᠴᠢᠯᠡᠬᠡᠨ ᠤ ᠲᠥᠪ ᠤᠨ ᠦᠨᠳᠦᠰᠦᠨ ᠱᠠᠲᠤᠨ ᠤ ᠡᠷᠡᠭᠦᠯᠵᠢᠯ ᠤᠨ ᠬᠦᠴᠦᠨ ᠤ ᠪᠠᠶᠢᠭᠤᠯᠤᠯᠲᠠ ᠶᠢ | ᠴᠢᠩᠭᠠᠳᠬᠠᠵᠤ᠂ ᠵᠡᠮᠳᠡᠭᠴᠦᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ | ᠵᠡᠮᠳᠡᠭᠴᠦᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡ ᠪᠣᠯᠤᠨ ᠬᠡᠷ ᠲᠡᠭᠡᠨ ᠰᠠᠭᠤᠵᠤ | ᠡᠷᠡᠭᠦᠯᠵᠢᠯ ᠤᠨ ᠦᠢᠯᠡᠴᠢᠯᠡᠭᠡ ᠬᠦᠷᠳᠡᠬᠦ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠲᠤ | ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠵᠦ ᠡᠷᠡᠭᠦᠯᠵᠢᠭᠦᠯᠬᠦ ᠳᠤ ᠲᠥᠬᠦᠮ ᠦᠵᠡᠭᠦᠯᠦᠨ᠎ᠡ᠃ ᠵᠡᠮᠳᠡᠭᠴᠦᠳ ᠤᠨ | ᠡᠷᠡᠭᠦᠯᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠬᠢᠭᠡᠳ ᠡᠮᠴᠢᠯᠡᠭᠡᠨ ᠤ ᠪᠠᠶᠢᠭᠤᠯᠤᠮᠵᠢ ᠶᠢᠨ ᠬᠤᠤᠰ ᠴᠢᠭᠯᠡᠯ ᠢᠶᠠᠷ | ᠰᠢᠯᠵᠢᠭᠦᠯᠦᠨ ᠣᠨᠣᠰᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠲᠦᠢᠯ ᠤᠨ ᠣᠨᠣᠪᠴᠢᠲᠠᠶ | ᠡᠷᠡᠭᠦᠯᠵᠢᠯ ᠤᠨ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠵᠡᠮᠳᠡᠭᠴᠦᠳ ᠤᠨ ᠡᠷᠡᠭᠦᠯᠵᠢᠯ ᠤᠨ | ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠬᠡᠨ ᠤ ᠶᠠᠰᠤ | ᠴᠢᠨᠠᠷ ᠢ ᠳᠡᠭᠡᠭᠰᠢᠯᠡᠭᠦᠯᠵᠦ᠂ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠬᠡᠨ ᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ᠦᠷᠭᠦᠯᠵᠢᠯᠡᠨ ᠠᠶᠢᠮᠠᠭ᠂ ᠬᠤᠰᠢᠭᠤ ︵ᠣᠷᠣᠨ︶ ᠪᠠᠷ ᠨᠢᠭᠡᠳᠦᠯᠲᠡᠶ ᠲᠥᠯᠥᠪᠯᠡᠬᠦ | ᠨᠢᠭᠡᠴᠡ ᠪᠣᠯᠭᠠᠵᠤ᠂ ᠬᠠᠮᠤᠷᠤᠭᠰᠠᠨ ᠬᠥᠮᠦᠨ ᠠᠮᠠ ᠶᠢᠨ ᠬᠥᠮᠦᠨ ᠪᠦᠷᠢ ᠳᠤ ᠵᠢᠯ ᠪᠦᠷᠢ ᠡᠷᠡᠭᠦᠯᠵᠢᠭᠦᠯᠬᠦ ᠵᠠᠷᠤᠳᠠᠯ ᠢ | 2 ᠲᠥᠭᠦᠷᠢᠭ ᠠᠴᠠ ᠳᠤᠲᠠᠭᠤ ᠦᠭᠡᠶ ᠨᠠᠶᠢᠳᠠᠪᠤᠷᠢᠵᠢᠭᠤᠯᠵᠤ᠂ ᠡᠷᠡᠭᠦᠯᠵᠢᠭᠦᠯᠬᠦ ᠬᠡᠷᠡᠭᠴᠡᠭᠡ ᠱᠠᠭᠠᠷᠳᠠᠯᠭ᠎ᠠ ᠲᠠᠢ | ᠵᠡᠮᠳᠡᠭᠴᠦᠳ ᠪᠠ ᠰᠢᠨ᠎ᠡ ᠪᠠᠷ ᠨᠡᠮᠡᠭᠳᠡᠭᠰᠡᠨ ᠵᠡᠮᠳᠡᠭᠴᠦᠳ ᠲᠤ ᠦᠢᠯᠡᠴᠢᠯᠡᠬᠦ ᠲᠥᠷᠥᠯ ᠵᠦᠢᠯ ᠳᠤ ᠬᠡᠷᠡᠭᠯᠡᠭᠦᠯᠬᠦ | ᠬᠡᠷᠡᠭᠲᠡᠶ᠃ ︽ᠵᠡᠮᠳᠡᠭᠴᠦᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠠᠵᠢᠯ ᠤᠨ ᠪᠠᠷᠢᠮᠵᠢᠶ᠎ᠠ︾ ᠶᠢ | ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠡᠷᠡᠭᠦᠯ ᠮᠡᠨᠳᠦ ᠶᠢᠨ ᠪᠠᠶᠢᠳᠠᠯ ᠢ ᠦᠨᠡᠯᠡᠨ ᠵᠢᠱᠢᠬᠦ ᠪᠠᠶᠢᠴᠠᠭᠠᠯᠲᠠ ᠶᠢ | ᠴᠢᠩᠭᠠᠳᠬᠠᠨ᠂ ᠵᠡᠮᠳᠡᠭᠴᠦᠳ ᠤᠨ ᠨᠡᠶᠢᠭᠡᠮ ᠲᠣᠭᠤᠷᠢᠭ ᠤᠨ ᠡᠷᠡᠭᠦᠯᠵᠢᠯ ᠢ ᠥᠷᠨᠢᠭᠦᠯᠵᠦ᠂ ᠵᠡᠮᠳᠡᠭᠴᠦᠳ ᠤᠨ | ᠰᠠᠨᠠᠭᠠᠴᠢᠯᠠᠭ᠎ᠠ ᠠᠴᠠ ᠪᠠᠨ ᠡᠷᠡᠭᠦᠯᠵᠢᠬᠦ᠂ ᠬᠠᠷᠢᠯᠴᠠᠨ ᠬᠠᠪᠰᠤᠷᠤᠯᠴᠠᠨ ᠡᠷᠡᠭᠦᠯᠵᠢᠬᠦ ᠶᠢ ᠳᠡᠮᠵᠢᠨ᠎ᠡ᠃ | ᠵᠡᠮᠳᠡᠭᠴᠦᠳ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠶᠢ ᠠᠬᠢᠭᠤᠯᠵᠤ᠂ ᠬᠡᠷ ᠪᠦᠯᠢ ᠶᠢᠨ ᠡᠮᠴᠢ ᠶᠢᠨ | ᠦᠢᠯᠡᠳᠦᠯ ᠢ ᠪᠠᠳᠠᠷᠠᠭᠤᠯᠤᠨ᠂ ᠭᠡᠷ᠎ᠡ ᠲᠣᠭᠲᠠᠭᠰᠠᠨ ᠡᠮᠴᠢ ᠶᠢᠨ ᠵᠡᠮᠳᠡᠭᠴᠦᠳ ᠲᠤ ᠦᠨᠳᠦᠰᠦᠨ ᠡᠮᠴᠢᠯᠡᠭᠡ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠪᠠ ᠡᠷᠡᠭᠦᠯᠵᠢᠯ ᠰᠤᠪᠢᠯᠠᠯᠲᠠ ᠵᠡᠷᠭᠡ ᠥᠪᠡᠷᠮᠢᠴᠡᠵᠢᠭᠰᠡᠨ᠂ ᠲᠣᠪᠶᠤᠭ ᠤᠨ | ᠬᠡᠯᠪᠡᠷᠢ ᠶᠢᠨ ᠬᠡᠷ ᠲᠤᠨᠢ ᠬᠦᠷᠴᠦ ᠦᠢᠯᠡᠴᠢᠯᠡᠬᠦ ᠶᠢ ᠳᠡᠮᠵᠢᠬᠦ ᠪᠠ ᠪᠠᠲᠤᠯᠠᠵᠤ᠂ ᠡᠷᠡᠭᠦᠯᠵᠢᠭᠦᠯᠬᠦ ᠲᠥᠰᠦᠯ ᠢ | ᠲᠣᠭᠲᠠᠭᠠᠨ᠂ ︽ᠨᠢᠭᠡ ᠬᠥᠮᠦᠨ ᠳᠤ ᠨᠢᠭᠡ ᠲᠥᠰᠦᠯ︾ ᠲᠠᠢ ᠪᠠᠶᠢᠯᠭᠠᠵᠤ᠂ ᠬᠡᠷ ᠲᠡᠭᠡᠨ ᠡᠷᠡᠭᠦᠯᠵᠢᠬᠦ ᠪᠤᠶᠤ | ᠡᠷᠡᠭᠦᠯᠵᠢᠯ ᠤᠨ ᠪᠠᠶᠢᠭᠤᠯᠤᠮᠵᠢ᠂ ᠡᠮᠨᠡᠯᠭᠡ ᠶᠢᠨ ᠬᠤᠷᠢᠶ᠎ᠠ ᠳᠤ ᠲᠠᠨᠢᠯᠴᠠᠭᠤᠯᠤᠨ ᠡᠷᠡᠭᠦᠯᠵᠢᠭᠦᠯᠦᠨᠡ᠃ ᠵᠡᠮᠳᠡᠭ | ᠡᠮᠡᠭᠲᠡᠶᠢᠴᠦᠳ ᠤᠨ ᠡᠷᠡᠭᠦᠯ ᠮᠡᠨᠳᠦ ᠶᠢ ᠠᠩᠬᠠᠷᠴᠤ᠂ ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠥᠷᠨᠢᠭᠦᠯᠬᠦ | ᠬᠡᠷᠡᠭᠲᠡᠶ᠃ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡ ᠶᠢ | ᠴᠢᠩᠭᠠᠳᠬᠠᠵᠤ᠂ ᠣᠶᠤᠨ ᠮᠡᠳᠡᠷᠡᠯ ᠤᠨ ᠡᠪᠡᠳᠴᠢᠲᠡᠨ ᠤ ᠡᠮ ᠤᠤᠭᠤᠬᠤ ᠪᠠ ᠡᠮᠨᠡᠯᠭᠡ ᠳᠤ ᠰᠠᠭᠤᠬᠤ ᠳᠤ ᠵᠣᠬᠢᠰᠲᠠᠶ | ᠨᠥᠬᠦᠪᠥᠷᠢ ᠥᠭᠴᠦ᠂ ᠣᠶᠤᠨ ᠮᠡᠳᠡᠷᠡᠯ ᠤᠨ ᠰᠠᠭᠠᠳ ᠲᠠᠢ ᠨᠡᠶᠢᠭᠡᠮ ᠲᠣᠭᠤᠷᠢᠭ ᠤᠨ ᠡᠷᠡᠭᠦᠯᠵᠢᠯ ᠤᠨ ᠠᠵᠢᠯ ᠢ | ᠰᠠᠶᠢᠲᠤᠷ ᠥᠷᠨᠢᠭᠦᠯᠵᠦ᠂ ᠰᠡᠳᠬᠢᠴᠡ ᠶᠢᠨ ᠲᠤᠰᠠᠯᠠᠮᠵᠢ ᠶᠢᠨ ᠤᠲᠠᠰᠤ ᠵᠡᠷᠭᠡ ᠲᠤᠰᠬᠠᠶ ᠮᠡᠷᠭᠡᠵᠢᠯ ᠤᠨ ᠡᠬᠢ | ᠪᠠᠶᠠᠯᠢᠭ ᠢ ᠠᠰᠢᠭᠯᠠᠨ᠂ ᠰᠡᠳᠬᠢᠴᠡ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ ᠨᠡᠶᠢᠲᠡ ᠶᠢᠨ ᠠᠰᠠᠷᠠᠮᠵᠢ ᠶᠢᠨ | ᠯᠠᠪᠯᠠᠭ᠎ᠠ ᠶᠢᠨ ᠦᠢᠯᠡᠴᠢᠯᠡᠭᠡ ᠬᠠᠩᠭᠠᠵᠤ᠂ ᠠᠶᠢᠮᠠᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ | ᠲᠥᠪ ᠢᠶᠠᠷ ᠲᠦᠰᠢᠭ ᠪᠣᠯᠭᠠᠭᠰᠠᠨ ᠣᠶᠤᠨ ᠮᠡᠳᠡᠷᠡᠯ ᠤᠨ ᠰᠠᠭᠠᠳ ᠲᠠᠢ ᠨᠡᠶᠢᠭᠡᠮ ᠲᠣᠭᠤᠷᠢᠭ ᠤᠨ ᠡᠷᠡᠭᠦᠯᠵᠢᠯ ᠤᠨ | ᠲᠤᠷᠰᠢᠯᠲᠠ ᠶᠢᠨ ᠠᠵᠢᠯ ᠢ ᠠᠯᠬᠤᠮ ᠠᠯᠬᠤᠮ ᠢᠶᠠᠷ ᠠᠬᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ | ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ︶᠃ | 3 . ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ︽ | ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ︾ ᠪᠠ ︽ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ | ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠡᠷᠡᠭᠵᠢᠭᠦᠯᠬᠦ ᠰᠠᠨᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠡᠷᠡᠭᠦᠯᠵᠢᠯ ᠠᠪᠤᠷᠠᠨ ᠲᠤᠰᠠᠯᠠᠬᠤ | ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠲᠣᠭᠲᠠᠭᠠᠵᠤ᠂ ᠡᠷᠡᠭᠦᠯᠵᠢᠯ ᠤᠨ ᠦᠢᠯᠡᠴᠢᠯᠡᠬᠡᠨ ᠤ | ᠬᠠᠩᠭᠠᠯᠭ᠎ᠠ ᠶᠢ ᠴᠢᠩᠭᠠᠳᠬᠠᠨ᠂ ᠵᠡᠮᠳᠡᠭ ᠬᠡᠦᠬᠡᠳ ᠲᠤ ᠴᠠᠭ ᠲᠤᠬᠠᠶ ᠳᠤᠨᠢ ᠪᠦᠲᠦᠮᠵᠢᠲᠡᠶ ᠦᠨᠳᠦᠰᠦᠨ | ᠡᠷᠡᠭᠦᠯᠵᠢᠯ ᠤᠨ ᠦᠢᠯᠡᠴᠢᠯᠡᠭᠡ ᠬᠦᠷᠲᠡᠭᠡᠬᠦ ᠶᠢ ᠪᠠᠲᠤᠯᠠᠨ᠎ᠠ᠃ ︽ᠠᠯᠠᠱᠠ ᠠᠶᠢᠮᠠᠭ ᠤᠨ ᠵᠡᠮᠳᠡᠭ ᠬᠡᠦᠬᠡᠳ ᠢ | ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ︾ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠤ᠂ 0—7 ᠨᠠᠰᠤᠨ ᠤ ᠵᠡᠮᠳᠡᠭ ᠬᠡᠦᠬᠡᠳ ᠢ ᠠᠪᠤᠷᠠᠨ ᠲᠤᠰᠠᠯᠠᠬᠤ ᠴᠢᠨᠠᠷᠲᠠᠶ ᠡᠷᠡᠭᠦᠯᠵᠢᠯ ᠤᠨ | ᠦᠢᠯᠡᠴᠢᠯᠡᠬᠡᠨ ᠤ ︽ᠠᠪᠤᠷᠠᠨ ᠲᠤᠰᠠᠯᠠᠬᠤ ᠶᠣᠰᠣᠲᠠᠶ ᠶᠢ ᠨᠢ ᠪᠦᠬᠦᠨ ᠢ ᠠᠪᠤᠷᠬᠠᠤ︾ ᠶᠢ ᠪᠡᠶᠡᠯᠡᠭᠦᠯᠦᠭᠰᠡᠨ ᠰᠠᠭᠤᠷᠢᠨ | ᠳᠡᠭᠡᠷ᠎ᠡ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠪᠤᠷᠠᠨ ᠲᠤᠰᠠᠯᠠᠬᠤ ᠨᠠᠰᠤᠨ ᠤ ᠬᠡᠪᠴᠢᠶ᠎ᠡ ᠶᠢ | ᠥᠷᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠵᠡᠮᠳᠡᠭ ᠬᠡᠦᠬᠡᠳ ᠢ | ᠡᠷᠡᠭᠦᠯᠵᠢᠭᠦᠯᠵᠦ ᠠᠪᠤᠷᠠᠨ ᠲᠤᠰᠠᠯᠠᠬᠤ ᠨᠠᠰᠤ ᠶᠢ 0—8 ᠨᠠᠰᠤ ᠪᠣᠯᠲᠠᠯ᠎ᠠ ᠥᠷᠭᠡᠳᠬᠡᠬᠦ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ︽ᠣᠷᠣ ᠶᠢᠨ ᠡᠳᠦᠷ ᠢᠶᠠᠷ ᠪᠤᠳᠤᠵᠤ ᠵᠠᠷᠤᠳᠠᠯ ᠲᠤᠰᠢᠶᠠᠬᠤ︾ ᠠᠷᠭ᠎ᠠ ᠮᠠᠶ᠋ᠢᠭ ᠢᠶᠠᠷ ᠲᠠᠩᠰᠠ | ᠲᠠᠶᠢᠯᠬᠤ ᠶᠢ ᠰᠦᠪᠡᠭᠴᠢᠯᠡᠨ᠎ᠡ᠃ ᠲᠠᠷᠢᠬᠢᠨ ᠤ ᠭᠡᠮᠲᠦᠯ ᠤᠨ ᠠᠶᠤᠯ ᠶᠡᠬᠡᠲᠡᠶ ᠬᠡᠦᠬᠡᠳ ᠢ ᠬᠠᠮᠢᠶᠠᠷᠤᠨ ᠵᠠᠰᠠᠵᠤ | ᠡᠷᠡᠭᠦᠯᠵᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠠᠯᠠᠱᠠ ᠠᠶᠢᠮᠠᠭ ᠤᠨ ᠬᠤᠲᠠ ᠬᠥᠳᠡᠭᠡ ᠶᠢᠨ 1 ᠨᠠᠰᠤᠨ ᠤ | ᠳᠣᠲᠣᠷᠠᠬᠢ ᠲᠠᠷᠢᠬᠢᠨ ᠤ ᠭᠡᠮᠲᠦᠯ ᠤᠨ ᠠᠶᠤᠯ ᠶᠡᠬᠡᠲᠡᠶ ᠬᠡᠦᠬᠡᠳ ᠲᠤ ᠡᠷᠡᠭᠦᠯᠵᠢᠭᠦᠯᠬᠦ ᠪᠣᠯᠪᠠᠰᠤᠷᠠᠯ ᠤᠨ | ᠦᠢᠯᠡᠴᠢᠯᠡᠬᠡᠨ ᠤ ᠨᠥᠬᠦᠪᠥᠷᠢ ᠬᠠᠩᠭᠠᠨ᠎ᠠ᠃ ᠳᠠᠭᠠᠳᠬᠠᠯ ᠳᠤ ᠣᠷᠣᠯᠴᠠᠭᠰᠠᠨ ᠵᠡᠮᠳᠡᠭᠴᠦᠳ ᠤᠨ ᠡᠷᠡᠭᠦᠯᠵᠢᠯ ᠤᠨ | ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠵᠦ᠂ ᠳᠠᠭᠠᠳᠬᠠᠯ ᠳᠤ ᠣᠷᠣᠯᠴᠠᠭᠰᠠᠨ ᠵᠡᠮᠳᠡᠭ ᠬᠡᠦᠬᠡᠳ ᠤᠨ | ᠠᠪᠤᠷᠠᠨ ᠲᠤᠰᠠᠯᠠᠬᠤ ᠬᠠᠷᠢᠴᠠᠯ ᠠᠴᠠ ᠬᠡᠲᠦᠷᠡᠭᠰᠡᠨ ᠵᠠᠷᠤᠳᠠᠯ ᠢ ᠡᠭᠦᠳᠡᠨ ᠡᠮᠨᠡᠯᠭᠡ ᠶᠢᠨ ᠲᠠᠩᠰᠠ ᠲᠠᠶᠢᠯᠬᠤ ᠳᠤ | ᠣᠷᠣᠭᠤᠯᠬᠤ ᠪᠠᠷ ᠴᠢᠷᠮᠠᠶᠢᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠬᠡᠦᠬᠡᠳ ᠤᠨ ᠠᠰᠠᠷᠠᠮᠵᠢ ᠶᠢᠨ | ᠪᠠᠶᠢᠭᠤᠯᠤᠮᠵᠢ᠂ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠷᠡᠭᠦᠯᠵᠢᠯ ᠤᠨ ᠦᠢᠯᠡᠴᠢᠯᠡᠭᠡ | ᠥᠷᠨᠢᠭᠦᠯᠬᠦ ᠶᠢ ᠵᠣᠷᠢᠭᠵᠢᠭᠤᠯᠵᠤ᠂ ᠦᠢᠯᠡᠴᠢᠯᠡᠬᠡᠨ ᠤ ᠬᠡᠯᠬᠢᠶ᠎ᠡ ᠶᠢ ᠤᠷᠲᠤᠳᠬᠠᠨ᠎ᠠ᠃ ︵ᠬᠠᠷᠢᠭᠤᠴᠠᠯᠭᠠᠲᠤ ᠰᠠᠯᠠᠭ᠎ᠠ | ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ | ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ︶᠃ | 4 . ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠬᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠳᠬᠦᠨ ᠢ ᠨᠡᠭᠡᠭᠡᠨ ᠬᠥᠭᠵᠢᠭᠦᠯᠵᠦ | ᠬᠡᠷᠡᠭᠯᠡᠬᠦ ᠴᠢᠳᠠᠪᠤᠷᠢ ᠶᠢ ᠴᠢᠩᠭᠠᠳᠬᠠᠵᠤ᠂ ᠠᠮᠤᠷ ᠲᠦᠪᠰᠢᠨ ᠪᠥᠭᠡᠳ ᠬᠡᠷᠡᠭᠯᠡᠭᠡᠨ ᠳᠤ ᠳᠣᠭᠢᠷᠠᠬᠤ ᠦᠨᠳᠦᠰᠦᠨ | ᠬᠡᠯᠪᠡᠷᠢ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠲᠥᠷᠥᠯ ᠵᠦᠢᠯ ᠢ | ᠬᠡᠷᠡᠭᠵᠢᠭᠦᠯᠦᠨ᠎ᠡ᠃ ᠦᠨᠳᠦᠰᠦᠨ ᠬᠡᠯᠪᠡᠷᠢ᠂ ᠣᠯᠠᠨ ᠲᠦᠮᠡᠨᠴᠢᠯᠡᠭᠰᠡᠨ ᠲᠤᠰᠠᠯᠠᠬᠤ ᠪᠠᠭᠠᠵᠢ ᠬᠡᠷᠡᠭᠰᠡᠯ ᠢᠶᠠᠷ ᠭᠤᠣᠯ | ᠪᠣᠯᠭᠠᠨ᠂ ᠵᠡᠮᠳᠡᠭᠴᠦᠳ ᠤᠨ ᠦᠨᠳᠦᠰᠦᠨ ᠬᠡᠯᠪᠡᠷᠢ ᠶᠢᠨ ᠲᠤᠰᠠᠯᠠᠬᠤ ᠪᠠᠭᠠᠵᠢ ᠬᠡᠷᠡᠭᠰᠡᠯ ᠳᠤ ᠲᠣᠬᠢᠷᠠᠬᠤ ᠨᠥᠬᠦᠪᠥᠷᠢ | ᠥᠭᠬᠦ ᠳᠦᠷᠢᠮ ᠢ ᠪᠠᠶᠢᠭᠤᠯᠵᠤ᠂ ᠵᠡᠮᠳᠡᠭᠴᠦᠳ ᠤᠨ ᠡᠷᠡᠭᠦᠯᠵᠢᠬᠦ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ | ᠦᠨᠳᠦᠰᠦᠯᠡᠨ ᠨᠥᠬᠦᠪᠥᠷᠢ ᠥᠭᠬᠦ ᠭᠠᠷᠴᠠᠭ ᠲᠣᠭᠲᠠᠭᠠᠵᠤ᠂ ᠨᠥᠬᠦᠪᠥᠷᠢ ᠥᠭᠬᠦ ᠪᠠᠷᠢᠮᠵᠢᠶ᠎ᠠ ᠶᠢ ᠲᠣᠭᠲᠠᠭᠠᠨ᠎ᠠ᠃ | ᠦᠨᠳᠦᠰᠦᠨ ᠡᠮᠴᠢᠯᠡᠭᠡᠨ ᠤ ᠴᠢᠨᠠᠷᠲᠠᠶ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠳᠤ ᠠᠯᠬᠤᠮ ᠠᠯᠬᠤᠮ ᠢᠶᠠᠷ ᠣᠷᠣᠭᠤᠯᠵᠤ᠂ ᠨᠡᠶᠢᠭᠡᠮ | ᠲᠣᠭᠤᠷᠢᠭ ᠤᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠲᠦᠷᠢᠶᠡᠰᠦᠯᠡᠬᠦ᠂ ᠡᠭᠡᠭᠦᠯᠦᠨ ᠬᠤᠷᠢᠶᠠᠬᠤ᠂ | ᠰᠡᠯᠪᠢᠨ ᠵᠠᠰᠠᠬᠤ ᠵᠡᠷᠭᠡ ᠦᠢᠯᠡᠴᠢᠯᠡᠭᠡ ᠶᠢ ᠳᠡᠯᠭᠡᠷᠡᠭᠦᠯᠦᠨ᠂ ᠵᠡᠮᠳᠡᠭᠴᠦᠳ ᠤᠨ ᠥᠪᠡᠰᠦᠪᠡᠨ ᠦᠢᠯᠡᠴᠢᠯᠡᠬᠦ᠂ | ᠬᠠᠷᠢᠯᠴᠠᠨ ᠬᠠᠪᠰᠤᠷᠤᠯᠴᠠᠵᠤ ᠡᠷᠡᠭᠦᠯᠵᠢᠭᠦᠯᠬᠦ ᠶᠢ ᠵᠣᠷᠢᠭᠵᠢᠭᠤᠯᠤᠨ᠎ᠠ᠃ ᠡᠷᠡᠭᠦᠯᠵᠢᠯ ᠤᠨ ᠲᠤᠰᠠᠯᠠᠬᠤ ᠪᠠᠭᠠᠵᠢ | ᠬᠡᠷᠡᠭᠰᠡᠯ ᠢ ᠲᠣᠬᠢᠷᠠᠭᠤᠯᠬᠤ ᠦᠢᠯᠡᠴᠢᠯᠡᠬᠡᠨ ᠤ ᠲᠤᠤᠷ ᠰᠦᠯᠵᠢᠶ᠎ᠡ ᠶᠢ ᠵᠣᠷᠢᠭᠵᠢᠭᠤᠯᠤᠨ ᠲᠡᠭᠦᠯᠳᠡᠷᠵᠢᠭᠦᠯᠵᠦ᠂ ᠡᠯ᠎ᠡ | ᠱᠠᠲᠤᠨ ᠤ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠦᠢᠯᠡᠴᠢᠯᠡᠬᠡᠨ ᠤ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠬᠦᠴᠦᠨ ᠵᠢᠴᠢ ᠡᠮᠴᠢᠯᠡᠭᠡ᠂ ᠡᠷᠡᠭᠦᠯᠵᠢᠯ᠂ ᠨᠠᠰᠤᠵᠢᠯ ᠤᠨ | ᠪᠠᠶᠢᠭᠤᠯᠤᠮᠵᠢ ᠪᠠ ᠵᠡᠮᠳᠡᠭᠴᠦᠳ ᠤᠨ ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠶᠢᠳᠠᠨ ᠠᠰᠠᠷᠠᠭᠤᠯᠬᠤ | ᠪᠠᠶᠢᠭᠤᠯᠤᠮᠵᠢ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠦᠢᠯᠡᠴᠢᠯᠡᠭᠡ ᠥᠷᠨᠢᠭᠦᠯᠬᠦ ᠶᠢ | ᠳᠡᠮᠵᠢᠨ᠎ᠡ᠃ ᠠᠯᠠᠱᠠ ᠠᠶᠢᠮᠠᠭ ᠤᠨ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠬᠡᠨ ᠤ ᠢᠨᠲ᠋ᠧᠷ | ᠰᠦᠯᠵᠢᠶᠡᠨ ᠤ ᠲᠠᠪᠴᠠᠩ ᠢ ᠰᠦᠪᠡᠭᠴᠢᠯᠡᠨ ᠪᠠᠶᠢᠭᠤᠯᠵᠤ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ | ᠰᠣᠩᠭᠤᠬᠤ ᠠᠷᠭ᠎ᠠ ᠵᠠᠮ ᠢ ᠥᠷᠭᠡᠳᠬᠡᠨ᠂ ᠥᠪᠡᠷᠮᠢᠴᠡ᠂ ᠲᠦᠢᠯ ᠤᠨ ᠣᠨᠣᠪᠴᠢᠲᠠᠶ ᠦᠢᠯᠡᠴᠢᠯᠡᠭᠡ ᠬᠠᠩᠭᠠᠨ᠎ᠠ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ | ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠠᠷᠠᠳ ᠤᠨ | ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠵᠡᠮᠳᠡᠭᠴᠦᠳ ᠤᠨ ᠬᠤᠯᠪᠣᠭ᠎ᠠ︶᠃ | 5 . ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠬᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠵᠡᠮᠳᠡᠭᠴᠦᠳ ᠤᠨ ᠡᠷᠡᠭᠦᠯᠵᠢᠯ ᠤᠨ ᠬᠠᠮᠢᠶᠠᠷᠤᠯᠲᠠ ᠶᠢ ᠣᠯᠠᠨ ᠨᠡᠶᠢᠲᠡ ᠶᠢᠨ ᠦᠨᠳᠦᠰᠦᠨ ᠡᠷᠡᠭᠦᠯ | ᠬᠠᠮᠠᠭᠠᠯᠠᠯ ᠤᠨ ᠦᠢᠯᠡᠴᠢᠯᠡᠭᠡ ᠳᠤ ᠣᠷᠣᠭᠤᠯᠵᠤ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠵᠡᠮᠳᠡᠭᠴᠦᠳ ᠤᠨ | ᠡᠷᠡᠭᠦᠯᠵᠢᠯ ᠤᠨ ᠲᠥᠪ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠤᠷᠪᠠᠨ | ᠱᠠᠲᠤᠨ ᠤ ᠡᠷᠡᠭᠦᠯᠵᠢᠯ ᠤᠨ ᠰᠢᠰᠲ᠋ᠧᠮᠵᠢ ᠶᠢ ᠪᠦᠷᠢᠨᠰᠢᠬᠦᠯᠥᠨ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠬᠡᠨ ᠤ ᠲᠥᠪ ᠤᠨ ᠦᠢᠯᠡᠳᠦᠯ ᠢ ᠭᠤᠤᠯᠳᠠᠯᠭ᠎ᠠ ᠲᠠᠢ ᠪᠠᠳᠠᠷᠠᠭᠤᠯᠵᠤ᠂ ︽ᠢᠨᠲ᠋ᠧᠷ ᠰᠦᠯᠵᠢᠶ᠎ᠡ + | ᠵᠡᠮᠳᠡᠭᠴᠦᠳ ᠤᠨ ᠡᠷᠡᠭᠦᠯᠵᠢᠯ︾ ᠤᠨ ᠰᠢᠰᠲ᠋ᠧᠮᠵᠢ ᠶᠢ ᠪᠠᠶᠢᠭᠤᠯᠤᠨ᠂ ᠡᠷᠡᠭᠦᠯᠵᠢᠯ ᠤᠨ ᠪᠠᠶᠢᠭᠤᠯᠤᠮᠵᠢ ᠬᠢᠭᠡᠳ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ | ᠪᠠ ᠰᠣᠯᠢᠯᠴᠠᠨ ᠬᠠᠮᠲᠤᠷᠠᠯᠴᠠᠬᠤ ᠶᠢ ᠪᠡᠶᠡᠯᠡᠭᠦᠯᠦᠨ᠎ᠡ᠃ ᠡᠷᠡᠭᠦᠯᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠶᠢᠨ | ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠵᠦ᠂ ᠡᠷᠡᠭᠦᠯᠵᠢᠯ ᠤᠨ ᠲᠤᠬᠠᠶᠢᠯᠠᠭᠰᠠᠨ ᠠᠵᠢᠯ ᠤᠨ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠂ ᠠᠵᠢᠯ ᠮᠡᠷᠭᠡᠵᠢᠯ ᠤᠨ ᠡᠷᠡᠭᠦᠯᠵᠢᠯ᠂ ᠨᠡᠶᠢᠭᠡᠮ ᠤᠨ ᠡᠷᠡᠭᠦᠯᠵᠢᠯ᠂ | ᠰᠡᠳᠬᠢᠴᠡ ᠶᠢᠨ ᠡᠷᠡᠭᠦᠯᠵᠢᠯ ᠵᠡᠷᠭᠡ ᠴᠢᠳᠠᠮᠵᠢ ᠶᠢ ᠲᠡᠭᠦᠯᠳᠡᠷᠵᠢᠭᠦᠯᠵᠦ᠂ ᠠᠶᠢᠮᠠᠭ ᠤᠨ ᠳᠣᠲᠣᠷᠠᠬᠢ ᠡᠯ᠎ᠡ ᠲᠥᠷᠥᠯ ᠤᠨ | ᠡᠷᠡᠭᠦᠯᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠳᠤ ᠲᠦᠰᠢᠭᠯᠡᠨ᠂ ᠠᠶᠢᠮᠠᠭ ᠤᠨ ᠳᠣᠲᠣᠷ᠎ᠠ ᠭᠠᠳᠠᠨᠠᠬᠢ | ᠡᠮᠴᠢᠯᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠭᠡᠳᠦ ᠬᠡᠪ ᠴᠢᠨᠠᠷ ᠲᠠᠢ᠂ | ᠲᠤᠰᠬᠠᠶᠢᠵᠢᠭᠰᠠᠨ ᠡᠷᠡᠭᠦᠯᠵᠢᠯ ᠤᠨ ᠴᠢᠳᠠᠪᠤᠷᠢᠲᠠᠨ ᠢ ᠲᠦᠷᠬᠡᠨ ᠬᠥᠮᠦᠵᠢᠭᠦᠯᠵᠦ᠂ ᠡᠷᠡᠭᠦᠯᠵᠢᠯ ᠤᠨ ᠴᠢᠳᠠᠪᠤᠷᠢᠲᠠᠨ ᠤ | ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠠᠷᠭ᠎ᠠ ᠶᠢ ᠲᠡᠭᠦᠯᠳᠡᠷᠵᠢᠭᠦᠯᠦᠨ᠂ ᠣᠯᠠᠨ ᠵᠢᠯ ᠡᠷᠡᠭᠦᠯᠵᠢᠯ ᠤᠨ | ᠠᠵᠢᠯ ᠬᠢᠭᠰᠡᠨ ᠭᠠᠷᠮᠠᠭᠠᠶ ᠴᠢᠳᠠᠪᠤᠷᠢᠲᠠᠨ ᠢ ᠴᠢᠳᠠᠪᠤᠷᠢᠲᠠᠨ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠢᠶᠠᠷ ᠤᠷᠢᠨ | ᠬᠡᠷᠡᠭᠯᠡᠵᠦ᠂ ᠡᠷᠡᠭᠦᠯᠵᠢᠯ ᠤᠨ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠲᠠᠳ ᠮᠣᠩᠭᠤᠯ ᠡᠮ | ᠡᠮᠨᠡᠯᠭᠡ ᠶᠢᠨ ᠡᠷᠡᠭᠦᠯᠵᠢᠯ ᠤᠨ ᠳᠤᠮᠳᠠᠬᠢ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠡᠷᠡᠭᠦᠯᠵᠢᠯ ᠤᠨ | ᠦᠢᠯᠡᠴᠢᠯᠡᠬᠡᠨ ᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ ᠨᠡᠶᠢᠭᠡᠮ ᠤᠨ ᠬᠦᠴᠦᠨ ᠤ ᠵᠡᠮᠳᠡᠭᠴᠦᠳ ᠢ | ᠲᠡᠳᠬᠦᠵᠦ ᠵᠡᠮᠳᠡᠭᠴᠦᠳ ᠢ ᠲᠤᠰᠠᠯᠠᠬᠤ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ︽ᠤᠮᠠᠷᠠᠲᠤ ᠬᠢᠯᠢ ᠪᠠᠨ | ᠶᠡᠬᠡᠪᠡᠷ ᠬᠠᠶᠢᠷᠠᠯᠠᠵᠤ᠂ ᠡᠷᠡᠭᠦᠯ ᠮᠡᠨᠳᠦ ᠶᠢ ᠪᠠᠲᠤᠯᠠᠨ ᠬᠦᠰᠡᠯ ᠢᠶᠠᠨ ᠲᠡᠷᠭᠡᠯᠰᠢᠭᠦᠯᠬᠦ︾ ᠨᠡᠶᠢᠲᠡ ᠶᠢᠨ ᠠᠰᠠᠷᠠᠮᠵᠢ ᠶᠢᠨ | ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢᠨ ᠲᠦᠷᠦᠯ ᠲᠡᠮᠳᠡᠭ ᠤᠨ ᠦᠷ᠎ᠡ ᠠᠰᠢᠭ ᠪᠠ ᠦᠢᠯᠡᠳᠦᠯ ᠢ ᠨᠡᠩ | ᠭᠦᠢᠴᠡᠳ ᠪᠠᠳᠠᠷᠠᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ | ᠵᠥᠪᠯᠡᠯ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ︶᠃ | ︵ᠳᠥᠷᠪᠡ︶ ᠵᠡᠮᠳᠡᠭᠴᠦᠳ ᠤᠨ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ ᠤᠨ ᠦᠢᠯᠡᠰ ᠢ | ᠬᠥᠭᠵᠢᠭᠦᠯᠵᠦ᠂ ᠵᠡᠮᠳᠡᠭᠴᠦᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ | 1 . ᠵᠡᠮᠳᠡᠭᠴᠦᠳ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠳᠡᠭᠦᠯᠳᠡᠷᠵᠢᠬᠦᠯᠦᠨ᠎ᠡ᠃ ︽ | ᠵᠡᠮᠳᠡᠭᠴᠦᠳ ᠤᠨ ᠰᠤᠷᠭᠠᠨ ᠬᠥᠮᠦᠵᠢᠯ ᠤᠨ ᠳᠦᠷᠢᠮ︾ ᠤᠨ ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠣᠬᠢᠷᠠᠬᠤ ᠨᠠᠰᠤᠨ ᠤ ᠵᠡᠮᠳᠡᠭ ᠬᠡᠦᠬᠡᠳ ᠪᠠᠭᠠᠴᠤᠳ ᠤᠨ ᠬᠥᠮᠦᠨ ᠠᠮᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ | ᠠᠵᠢᠯ ᠢ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠵᠡᠮᠳᠡᠭᠴᠦᠳ ᠤᠨ ᠬᠤᠯᠪᠣᠭ᠎ᠠ ᠶᠢᠨ | ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠬᠢᠭᠡᠳ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠣᠭᠲᠠᠴᠠ ᠶᠢ | ᠪᠠᠶᠢᠭᠤᠯᠬᠤ ᠬᠡᠷᠡᠭᠲᠡᠶ᠃ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠵᠡᠮᠳᠡᠭ | ᠬᠡᠦᠬᠡᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠷᠬᠡᠨ ᠬᠥᠭᠵᠢᠭᠦᠯᠵᠦ᠂ ᠵᠡᠮᠳᠡᠭ | ᠰᠤᠷᠤᠭᠴᠢᠳ ᠤᠨ ᠰᠤᠷᠭᠠᠨ ᠬᠥᠮᠦᠵᠢᠯ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ᠂ ᠠᠯᠠᠱᠠ ᠶᠢᠨ | ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠬᠤ ᠨᠠᠰᠤᠨ ᠠᠴᠠ ᠡᠮᠦᠨᠡᠬᠢ ᠡᠷᠡᠭᠦᠯᠵᠢᠯ ᠤᠨ ᠬᠥᠮᠦᠵᠢᠯ | ᠥᠷᠨᠢᠭᠦᠯᠬᠦ ᠶᠢ ᠳᠡᠮᠵᠢᠵᠦ᠂ ᠰᠤᠷᠬᠤ ᠨᠠᠰᠤᠨ ᠤ ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠢ ᠲᠦᠭᠡᠮᠡᠯᠵᠢᠭᠦᠯᠬᠦ ᠬᠢᠷᠢ ᠬᠡᠮᠵᠢᠶ᠎ᠡ ᠪᠠ ᠪᠠᠬᠢᠵᠢᠭᠦᠯᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠰᠢᠭᠤ | ᠣᠷᠣᠨ ᠤ ᠵᠡᠮᠳᠡᠭᠴᠦᠳ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠤ ᠵᠥᠪᠯᠡᠯ ᠤᠨ ᠦᠢᠯᠡᠳᠦᠯ ᠢ | ᠪᠠᠳᠠᠷᠠᠭᠤᠯᠵᠤ᠂ ︽ᠨᠢᠭᠡ ᠬᠥᠮᠦᠨ ᠳᠤ ᠨᠢᠭᠡ ᠲᠥᠰᠦᠯ︾ ᠢᠶᠠᠷ ᠰᠤᠷᠬᠤ ᠨᠠᠰᠤᠨ ᠤ ᠵᠡᠮᠳᠡᠭ ᠬᠡᠦᠬᠡᠳ | ᠪᠠᠭᠠᠴᠤᠳ ᠤᠨ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠯᠡᠨ ᠵᠢᠱᠢᠵᠦ᠂ ᠨᠥᠬᠦᠴᠡᠯ | ᠪᠦᠷᠢᠯᠳᠦᠭᠦᠯᠵᠦ ᠪᠠᠶᠢᠭᠠᠳ ︽ᠰᠦᠯᠵᠢᠶᠡᠨ ᠳᠡᠭᠡᠷᠡᠬᠢ ᠵᠢᠭᠠᠨ ᠰᠤᠷᠭᠠᠯᠲᠠ︾ ᠶᠢ ᠥᠷᠨᠢᠭᠦᠯᠵᠦ᠂ ᠣᠯᠠᠨ ᠵᠦᠢᠯ ᠤᠨ | ᠬᠡᠯᠪᠡᠷᠢ ᠪᠠᠷ ᠵᠡᠮᠳᠡᠭ ᠬᠡᠦᠬᠡᠳ ᠢ ᠰᠤᠷᠭᠠᠭᠤᠯᠢ ᠳᠤ ᠣᠷᠣᠭᠤᠯᠵᠤ ᠲᠥᠪᠬᠢᠨᠡᠭᠦᠯᠬᠦ ᠶᠢ ᠥᠷᠨᠢᠭᠦᠯᠦᠨ᠎ᠡ᠃ ᠰᠤᠷᠭᠠᠨ | ᠬᠥᠮᠦᠵᠢᠯ ᠢ ᠬᠡᠷ ᠲᠤᠨᠢ ᠬᠦᠷᠭᠡᠬᠦ ᠲᠣᠭᠲᠠᠴᠠ ᠶᠢ ᠪᠦᠷᠢᠨᠰᠢᠬᠦᠯᠵᠦ᠂ ᠠᠭᠤᠰᠤᠯᠴᠠᠭᠰᠠᠨ ᠰᠤᠷᠭᠠᠨ ᠬᠥᠮᠦᠵᠢᠯ ᠢ | ᠢᠳᠡᠪᠬᠢᠲᠡᠶ ᠠᠬᠢᠭᠤᠯᠤᠨ᠂ ᠵᠡᠮᠳᠡᠭ ᠬᠡᠦᠬᠡᠳ ᠪᠠᠭᠠᠴᠤᠳ ᠤᠨ ᠠᠩᠭᠢ ᠳᠠᠭᠠᠵᠤ ᠰᠤᠷᠤᠯᠴᠠᠬᠤ ᠶᠢ ᠳᠡᠮᠵᠢᠬᠦ | ᠪᠠᠲᠤᠯᠠᠭ᠎ᠠ ᠶᠢᠨ ᠰᠢᠰᠲ᠋ᠧᠮᠵᠢ ᠶᠢ ᠰᠢᠯᠢᠳᠡᠭᠵᠢᠭᠦᠯᠦᠨ᠎ᠡ᠃ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠶᠢ 97 % ᠠᠴᠠ ᠳᠡᠭᠡᠭᠰᠢ ᠳᠤ ᠬᠦᠷᠦᠭᠦᠯᠦᠨ᠎ᠡ᠃ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢᠶᠠᠷ ᠭᠤᠤᠯᠳᠠᠯᠭ᠎ᠠ ᠪᠣᠯᠭᠠᠭᠰᠠᠨ ᠵᠡᠮᠳᠡᠭᠴᠦᠳ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠨ ᠬᠥᠮᠦᠵᠢᠯ ᠢ ᠴᠢᠩᠭᠠᠳᠬᠠᠵᠤ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠩ ᠤᠨ ᠰᠤᠷᠭᠠᠨ ᠬᠥᠮᠦᠵᠢᠯ ᠬᠦᠷᠲᠡᠬᠦ ᠴᠢᠳᠠᠪᠤᠷᠢ ᠲᠠᠢ ᠵᠡᠮᠳᠡᠭ | ᠰᠤᠷᠤᠭᠴᠢ ᠡᠯᠰᠡᠬᠦ ᠶᠢ ᠵᠣᠷᠢᠭᠵᠢᠭᠤᠯᠵᠤ᠂ ᠠᠯᠠᠱᠠ ᠶᠢᠨ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠪᠣᠳᠠᠲᠤ ᠪᠠᠶᠢᠳᠠᠯ ᠢᠶᠠᠨ ᠦᠨᠳᠦᠰᠦᠯᠡᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠠᠩᠭᠢ ᠡᠷᠬᠢᠯᠡᠬᠦ ᠶᠢ ᠲᠦᠯᠬᠢᠨ ᠠᠬᠢᠭᠤᠯᠤᠨ᠎ᠠ᠃ ᠵᠡᠮᠳᠡᠭᠴᠦᠳ ᠤᠨ ᠦᠨᠡᠮᠯᠡᠯ ᠲᠠᠢ ᠪᠥᠭᠡᠳ ᠰᠢᠶᠠᠨ ᠤ ᠱᠠᠲᠤ ᠵᠢᠴᠢ | ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠪᠠᠷ ᠬᠢᠨᠠᠨ ᠲᠣᠭᠲᠠᠭᠠᠯᠭᠠᠵᠤ ᠬᠥᠳᠡᠯᠭᠡᠭᠡᠨ ᠬᠢᠬᠦ ᠴᠢᠳᠠᠪᠤᠷᠢ ᠪᠠᠨ | ᠦᠨᠡᠨᠬᠦ ᠠᠯᠳᠠᠭᠰᠠᠨ ᠠᠩᠬ᠎ᠠ ᠳᠣᠮᠳᠠᠳᠣ ᠳᠤ ᠰᠢᠯᠭᠠᠭᠤᠯᠬᠤ ᠰᠢᠯᠭᠠᠭᠤᠯᠤᠭᠴᠢᠳ ᠪᠡᠶ᠎ᠡ ᠶᠢᠨ ᠲᠠᠮᠢᠷ ᠤᠨ ᠲᠥᠷᠥᠯ | ᠵᠦᠢᠯ ᠢ ᠰᠢᠯᠭᠠᠬᠤ ᠠᠴᠠ ᠭᠡᠯᠳᠦᠷᠢᠭᠦᠯᠬᠦ ᠪᠠᠷ ᠭᠤᠶᠤᠴᠢᠯᠠᠵᠤ ᠪᠣᠯᠤᠨ᠎ᠠ᠂ ᠪᠡᠶ᠎ᠡ ᠶᠢᠨ ᠲᠠᠮᠢᠷ ᠤᠨ ᠲᠥᠷᠥᠯ ᠵᠦᠢᠯ ᠢ | ᠶᠡᠷᠦᠩᠬᠡᠶ ᠬᠤᠪᠢ ᠶᠢᠨ 80 % ᠪᠠᠷ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ | ᠰᠢᠯᠭᠠᠯᠲᠠ ᠶᠢᠨ ᠶᠡᠷᠦᠩᠬᠡᠶ ᠬᠤᠪᠢ ᠳᠤ ᠪᠤᠳᠤᠵᠤ ᠣᠷᠣᠭᠤᠯᠤᠨ᠎ᠠ᠃ ᠵᠡᠮᠳᠡᠭ ᠰᠤᠷᠤᠭᠴᠢᠳ ᠲᠤ ᠲᠤᠰᠠᠯᠠᠬᠤ ᠪᠠᠭᠠᠵᠢ | ᠬᠡᠷᠡᠭᠰᠡᠯ᠂ ᠰᠤᠷᠤᠯᠴᠠᠬᠤ ᠣᠨᠴᠣᠭᠤᠶ ᠬᠡᠷᠡᠭᠰᠡᠯ᠂ ᠡᠷᠡᠭᠦᠯᠵᠢᠭᠦᠯᠬᠦ ᠪᠣᠯᠪᠠᠰᠤᠷᠠᠯ ᠪᠣᠯᠤᠨ ᠬᠠᠷᠰᠢ ᠰᠠᠭᠠᠳ ᠦᠭᠡᠶ | ᠵᠡᠷᠭᠡ ᠶᠢ ᠳᠡᠮᠵᠢᠬᠦ ᠦᠢᠯᠡᠴᠢᠯᠡᠭᠡ ᠬᠠᠩᠭᠠᠵᠤ᠂ ᠵᠡᠮᠳᠡᠭ ᠰᠤᠷᠤᠭᠴᠢᠳ ᠤᠨ ᠤᠯᠤᠰ ᠤᠨ ᠰᠤᠷᠭᠠᠨ ᠬᠥᠮᠦᠵᠢᠯ ᠤᠨ | ᠰᠢᠯᠭᠠᠯᠲᠠ ᠪᠣᠯᠤᠨ ᠬᠡᠰᠡᠭ ᠠᠵᠢᠯ ᠮᠡᠷᠭᠡᠵᠢᠯ ᠤᠨ ᠰᠢᠯᠭᠠᠯᠲᠠ ᠳᠤ ᠣᠷᠣᠯᠴᠠᠬᠤ ᠳᠤ ᠵᠦᠢ ᠵᠣᠬᠢᠰᠲᠠᠶ ᠳᠥᠭᠦᠮ | ᠦᠵᠡᠭᠦᠯᠦᠨ᠎ᠡ᠃ ᠶᠡᠭᠡ ᠰᠤᠷᠭᠠᠭᠤᠯᠢ ᠶᠢᠨ ᠵᠡᠮᠳᠡᠭ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ | ᠲᠤᠰᠠᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠵᠡᠮᠳᠡᠭᠴᠦᠳ ᠤᠨ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠯᠠᠱᠠ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠵᠡᠮᠳᠡᠭ ᠣᠶᠤᠲᠠᠨ ᠡᠯᠰᠡᠬᠦ ᠬᠡᠪᠴᠢᠶ᠎ᠡ ᠪᠠᠨ ᠥᠷᠭᠡᠳᠬᠡᠬᠦ ᠶᠢ ᠳᠡᠮᠵᠢᠨ᠎ᠡ᠃ ᠵᠡᠮᠳᠡᠭᠴᠦᠳ ᠤᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠠᠵᠢᠯ ᠮᠡᠷᠭᠡᠵᠢᠯ ᠤᠨ ᠬᠢᠷᠢ ᠬᠡᠮ ᠢ ᠭᠡᠷᠡᠴᠢᠯᠡᠬᠦ ᠲᠥᠷᠢᠮ ᠢ | ᠰᠦᠪᠡᠭᠴᠢᠯᠡᠨ ᠪᠠᠶᠢᠭᠤᠯᠵᠤ᠂ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ | ᠭᠤᠣᠯᠳᠠᠯᠭ᠎ᠠ ᠶᠢ ᠠᠵᠢᠯ ᠮᠡᠷᠭᠡᠵᠢᠯ ᠤᠨ ᠬᠢᠷᠢ ᠬᠡᠮ ᠢ ᠦᠨᠡᠯᠡᠬᠦ ᠯᠦᠭᠡ ᠣᠷᠭᠠᠨᠢᠭ ᠢᠶᠠᠷ ᠤᠶᠠᠯᠳᠤᠭᠤᠯᠤᠨ᠂ | ᠵᠡᠮᠳᠡᠭᠴᠦᠳ ᠤᠨ ᠠᠵᠢᠯ ᠤᠯᠬᠤ ᠵᠠᠶᠢᠯᠠᠰᠢ ᠥᠭᠡᠢ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠬᠤ ᠬᠡᠷᠡᠭᠲᠡᠢ᠃ | ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ | ᠦᠢᠯᠡᠳᠦᠯᠬᠡ ᠶᠢ ᠢᠳᠡᠪᠬᠢᠲᠡᠶ ᠥᠷᠨᠢᠭᠦᠯᠦᠨ᠎ᠡ᠃ ᠵᠡᠮᠳᠡᠭᠴᠦᠳ ᠤᠨ ᠰᠤᠷᠭᠠᠨ ᠬᠥᠮᠦᠵᠢᠯ ᠬᠢᠭᠡᠳ ᠠᠯᠤᠰ ᠠᠴᠠ | ᠵᠢᠭᠠᠬᠤ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ | ᠵᠡᠮᠳᠡᠭᠴᠦᠳ ᠲᠤ ︽ᠬᠥᠮᠦᠨ ᠪᠦᠬᠦᠨ ᠰᠤᠷᠤᠯᠴᠠᠬᠤ᠂ ᠭᠠᠵᠠᠷ ᠪᠣᠯᠭᠠᠨ ᠳᠤ ᠰᠤᠷᠤᠯᠴᠠᠬᠤ᠂ ᠴᠠᠭ ᠢᠮᠠᠭᠲᠠ | ᠰᠤᠷᠤᠯᠴᠠᠬᠤ︾ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ ᠰᠤᠷᠤᠯᠭ᠎ᠠ ᠶᠢᠨ ᠨᠠᠮᠲᠠᠷ ᠤᠨ ᠪᠤᠰᠤ | ᠰᠤᠷᠭᠠᠨ ᠬᠥᠮᠦᠵᠢᠯ ᠤᠨ ᠲᠠᠪᠴᠠᠩ ᠬᠠᠩᠭᠠᠬᠤ ᠬᠡᠷᠡᠭᠲᠡᠶ᠃ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠣᠨᠴᠣᠭᠤᠶ ᠰᠤᠷᠭᠠᠨ ᠬᠥᠮᠦᠵᠢᠯ ᠤᠨ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠵᠢᠭᠠᠨ ᠰᠤᠷᠭᠠᠬᠤ ᠶᠠᠰᠤ ᠴᠢᠨᠠᠷ ᠢ ᠬᠢᠨᠠᠨ ᠬᠡᠮᠵᠢᠵᠦ | ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ︵ᠬᠠᠷᠢᠭᠤᠴᠠᠬᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ | ᠵᠥᠪᠯᠡᠯ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠵᠡᠮᠳᠡᠭᠴᠦᠳ ᠤᠨ ᠬᠤᠯᠪᠣᠭ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶᠃ | 2 . ᠵᠡᠮᠳᠡᠭᠴᠦᠳ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠠᠶᠢᠮᠠᠭ ᠬᠤᠰᠢᠭᠤ ᠬᠤᠶᠠᠷ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠪᠣᠯᠤᠨ | ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠳᠤ ᠲᠦᠰᠢᠭᠯᠡᠨ ᠵᠡᠮᠳᠡᠭᠴᠦᠳ ᠲᠤ ᠥᠪᠡᠷᠮᠢᠴᠡ | ᠂ ᠵᠦᠷᠢᠶᠡᠴᠢᠯᠡᠭᠰᠡᠨ ᠰᠣᠶᠣᠯ ᠤᠨ ᠦᠢᠯᠡᠴᠢᠯᠡᠭᠡ ᠬᠠᠩᠭᠠᠵᠤ᠂ ᠬᠤᠲᠠ ᠶᠢᠨ ᠴᠡᠴᠡᠷᠯᠢᠭ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠰᠦᠢᠳᠬᠡᠯ ᠬᠤᠷᠢᠶᠠᠬᠤ ᠦᠭᠡᠶ ᠪᠠᠷ | ᠵᠡᠮᠳᠡᠭᠴᠦᠳ ᠲᠤ ᠨᠡᠭᠡᠭᠡᠬᠦ ᠶᠢ ᠳᠡᠮᠵᠢᠬᠦ ᠬᠡᠷᠡᠭᠲᠡᠶ᠃ ᠡᠯ᠎ᠡ ᠭᠠᠵᠠᠷ ᠤᠨ ᠬᠢᠨ ᠵᠡᠮᠳᠡᠭᠴᠦᠳ ᠤᠨ ᠦᠢᠯᠡᠴᠢᠯᠡᠭᠡ ᠳᠤ | ᠲᠦᠰᠢᠭᠯᠡᠨ ᠵᠡᠮᠳᠡᠭᠴᠦᠳ ᠤᠨ ᠰᠣᠶᠣᠯ ᠤᠷᠠᠯᠢᠭ ᠤᠨ ᠲᠥᠪ ᠢ ᠪᠠᠶᠢᠭᠤᠯᠬᠤ ᠶᠢ ᠳᠡᠮᠵᠢᠵᠦ᠂ ᠵᠡᠮᠳᠡᠭᠴᠦᠳ ᠤᠨ | ᠡᠷᠡᠭᠦᠯᠵᠢᠯ ᠢ ᠠᠭᠤᠰᠤᠯᠴᠠᠭᠤᠯᠬᠤ ᠨᠢᠭᠡ ᠪᠦᠯᠦᠭ ᠰᠣᠶᠣᠯ ᠤᠨ ᠦᠢᠯᠡᠴᠢᠯᠡᠬᠡᠨ ᠤ ᠵᠢᠱᠢᠶ᠎ᠡ ᠦᠵᠡᠭᠦᠯᠬᠦ ᠲᠥᠪ ︵ | ᠥᠷᠲᠡᠭᠡ᠂ ᠴᠡᠭ︶ ᠢ ᠰᠦᠪᠡᠭᠴᠢᠯᠡᠨ ᠡᠭᠦᠳᠦᠨ ᠪᠠᠶᠢᠭᠤᠯᠤᠨ᠎ᠠ᠃ ᠵᠡᠮᠳᠡᠭᠴᠦᠳ ᠤᠨ ᠰᠣᠶᠣᠯ ᠤᠷᠠᠯᠢᠭ ᠤᠨ | ᠵᠣᠬᠢᠶᠠᠨ ᠪᠦᠲᠦᠭᠡᠬᠦ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠳᠤ ᠣᠷᠣᠯᠴᠠᠬᠤ ᠶᠢ | ᠵᠣᠷᠢᠭᠵᠢᠭᠤᠯᠵᠤ᠂ ᠵᠡᠮᠳᠡᠭᠴᠦᠳ ᠤᠨ ᠰᠣᠶᠣᠯ ᠤᠨ ᠪᠦᠲᠦᠭᠡᠯᠴᠢ ᠠᠵᠤ ᠦᠢᠯᠡᠰ ᠤᠨ ᠨᠢᠭᠡ ᠪᠦᠯᠦᠭ ᠰᠠᠭᠤᠷᠢᠨ | ᠭᠠᠵᠠᠷ ᠢ ᠲᠡᠳᠬᠦᠨ ᠪᠦᠲᠦᠭᠡᠨ ᠪᠠᠶᠢᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠦᠨᠳᠦ ᠲᠠᠰ ᠤᠨ | ᠵᠡᠮᠳᠡᠭᠴᠦᠳ ᠤᠨ ᠰᠣᠶᠣᠯ ᠤᠨ ᠦᠢᠯᠡᠴᠢᠯᠡᠭᠡᠨ ᠢ ᠴᠢᠩᠭᠠᠳᠬᠠᠵᠤ᠂ ᠰᠣᠬᠤᠷ ᠬᠥᠮᠦᠨ᠂ ᠳᠦᠯᠡᠶ ᠬᠥᠮᠦᠨ ᠳᠤ | ᠰᠠᠭᠠᠳ ᠦᠭᠡᠶ ᠰᠣᠶᠣᠯ ᠤᠨ ᠦᠢᠯᠡᠳᠬᠦᠨ ᠬᠠᠩᠭᠠᠬᠤ ᠬᠡᠷᠡᠭᠲᠡᠶ᠃ ᠠᠶᠢᠮᠠᠭ ᠬᠤᠰᠢᠭᠤ ᠬᠤᠶᠠᠷ ᠱᠠᠲᠤᠨ ᠤ ᠷᠠᠳᠢᠣ᠋ | ᠲᠧᠯᠸᠢᠰ ᠬᠤᠷᠢᠶ᠎ᠠ ᠶᠢᠨ ᠤᠯᠤᠰ ᠤᠨ ᠨᠡᠶᠢᠳᠡᠮ ᠬᠡᠷᠡᠭᠯᠡᠬᠦ ᠳᠣᠬᠢᠶᠠᠨ ᠤ ᠬᠡᠯᠡ ᠪᠤᠶᠤ ᠳᠡᠯᠭᠡᠴᠡ ᠶᠢ ᠨᠡᠭᠡᠭᠡᠨ | ᠨᠡᠪᠲᠡᠷᠡᠭᠦᠯᠬᠦ ᠶᠢ ᠳᠠᠮᠵᠢᠵᠤ᠂ ︽ᠠᠯᠠᠱᠠ ᠶᠢᠨ ᠰᠣᠨᠢᠨ ᠮᠡᠳᠡᠭᠡ︾ ᠵᠡᠷᠭᠡ ᠭᠤᠣᠯᠳᠠᠯᠭ᠎ᠠ ᠲᠠᠢ ᠰᠣᠨᠢᠨ ᠮᠡᠳᠡᠭᠡᠨ ᠤ | ᠫᠷᠤᠭ᠍ᠷᠠᠮ ᠳᠤ ᠨᠡᠶᠢᠳᠡᠮ ᠬᠡᠷᠡᠭᠯᠡᠬᠦ ᠳᠣᠬᠢᠶᠠᠨ ᠤ ᠬᠡᠯᠡ ᠶᠢ ᠵᠡᠷᠭᠡᠪᠡᠷ ᠨᠡᠪᠲᠡᠷᠡᠭᠦᠯᠬᠦ ᠶᠢ ᠪᠡᠶᠡᠯᠡᠭᠦᠯᠦᠨ᠎ᠡ᠃ | ᠵᠡᠮᠳᠡᠭᠴᠦᠳ ᠤᠨ ᠰᠣᠶᠣᠯ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ | ᠬᠥᠮᠦᠵᠢᠭᠦᠯᠵᠦ ᠬᠦᠷᠭᠡᠬᠦ ᠲᠣᠭᠲᠠᠴᠠ ᠶᠢ ᠪᠦᠷᠢᠨᠰᠢᠭᠦᠯᠦᠨ᠂ ᠵᠡᠮᠳᠡᠭᠴᠦᠳ ᠤᠨ ᠣᠨᠴᠠᠭᠠᠶ ᠤᠷᠠᠯᠢᠭ ᠤᠨ | ᠬᠥᠭᠵᠢᠯᠲᠡ ᠳᠤ ᠴᠢᠳᠠᠪᠤᠷᠢᠲᠠᠨ ᠨᠥᠭᠡᠴᠡᠯᠡᠵᠦ᠂ ᠴᠢᠳᠠᠪᠤᠷᠢᠲᠠᠨ ᠬᠦᠷᠭᠡᠵᠦ ᠥᠭᠭᠦᠨ᠎ᠡ᠃ ᠠᠯᠠᠱᠠ ᠶᠢᠨ | ᠵᠡᠮᠳᠡᠭᠴᠦᠳ ᠤᠨ ᠤᠷᠠᠯᠢᠭ ᠤᠨ ᠪᠦᠯᠬᠦᠮ ᠢ ᠰᠦᠪᠡᠭᠴᠢᠯᠡᠨ ᠪᠠᠶᠢᠭᠤᠯᠵᠤ᠂ ᠭᠠᠵᠠᠷ ᠣᠷᠣᠨ ᠤ ᠣᠨᠴᠠᠯᠢᠭ ᠪᠦᠬᠦᠢ | ᠵᠡᠮᠳᠡᠭᠴᠦᠳ ᠤᠨ ᠰᠣᠶᠣᠯ ᠤᠷᠠᠯᠢᠭ ᠤᠨ ᠲᠦᠷᠦᠯ ᠲᠡᠮᠳᠡᠭ ᠢ ᠪᠤᠶᠢᠵᠢᠭᠤᠯᠤᠨ᠎ᠠ᠃ ︽ᠪᠢᠴᠢᠭ ᠤᠨ ᠰᠤᠷᠪᠤᠯᠵᠢᠲᠤ | ᠳᠤᠮᠳᠠᠳᠤ ᠤᠯᠤᠰ ᠤᠩᠰᠢᠯᠭ᠎ᠠ ᠳᠤ ᠣᠷᠣᠯᠴᠠᠬᠤ︾ ︽ᠰᠠᠶᠢᠨ ᠰᠠᠶᠢᠬᠠᠨ ᠢ ᠬᠠᠮᠲᠤ ᠪᠠᠷ ᠡᠳ᠋ᠯᠡᠵᠦ ᠰᠠᠶᠢᠨ | ᠰᠠᠶᠢᠬᠠᠨ ᠢ ᠬᠠᠮᠲᠤ ᠪᠠᠷ ᠴᠣᠭᠴᠠᠯᠠᠬᠤ︾ ︽ᠵᠡᠮᠳᠡᠭᠴᠦᠳ ᠤᠨ ᠰᠣᠶᠣᠯ ᠤᠨ ᠭᠠᠷᠠᠭ︾ ᠵᠡᠷᠭᠡ ᠠᠵᠢᠯᠯᠠᠭ᠎ᠠ ᠶᠢ | ᠥᠷᠭᠡᠨ ᠳᠡᠯᠭᠡᠷ ᠥᠷᠨᠢᠭᠦᠯᠵᠦ᠂ ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠵᠡᠮᠳᠡᠭᠴᠦᠳ ᠤᠨ ᠭᠡᠷ | ᠪᠦᠯᠢ ᠶᠢᠨ ︽ᠲᠠᠪᠤᠨ ᠨᠢᠭᠡ︾ ᠶᠢᠨ ᠰᠣᠶᠣᠯ ᠤᠨ ᠲᠥᠷᠥᠯ ᠵᠦᠢᠯ ᠢ ᠢᠳᠡᠪᠬᠢᠲᠡᠶ ᠪᠠᠷ ᠬᠡᠷᠡᠭᠵᠢᠭᠦᠯᠵᠦ᠂ ᠡᠯᠪᠡᠭ | ᠪᠠᠶᠠᠯᠢᠭ ᠪᠦᠬᠦᠢ ᠵᠡᠮᠳᠡᠭᠴᠦᠳ ᠤᠨ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ | ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠵᠢᠯᠳᠠ ᠶᠢᠨ ᠬᠤᠷᠢᠶᠠᠨ ᠤ | ᠠᠯᠪᠠᠨ ᠬᠡᠷ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ | ᠲᠧᠯᠸᠢᠰ ᠲᠣᠪᠴᠢᠶ᠎ᠠ᠂ ᠷᠠᠳᠢᠣ᠋ ᠲᠧᠯᠸᠢᠰ ᠬᠤᠷᠢᠶ᠎ᠠ᠂ ᠵᠡᠮᠳᠡᠭᠴᠦᠳ ᠤᠨ ᠬᠤᠯᠪᠣᠭ᠎ᠠ︶᠃ | 3 . ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠰᠢᠯᠢᠳᠡᠭ ᠵᠡᠮᠳᠡᠭ | ᠲᠠᠮᠢᠷᠴᠢᠨ ᠢ ᠰᠢᠯᠭᠠᠷᠠᠭᠤᠯᠬᠤ ᠪᠠ ᠬᠥᠮᠦᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠤᠷᠤᠯᠳᠤᠭᠠᠨ ᠤ | ᠬᠢᠷᠢ ᠬᠡᠮᠵᠢᠶ᠎ᠡ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠵᠣᠬᠢᠬᠤ ᠬᠠᠷᠢᠴᠠᠯ ᠢᠶᠠᠷ ᠲᠤᠰᠬᠠᠶ ᠵᠦᠢᠯ ᠤᠨ ᠪᠡᠯᠡ | ᠮᠥᠩᠭᠦ ᠬᠤᠪᠢᠶᠠᠷᠢᠯᠠᠨ ᠭᠠᠷᠭᠠᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠰ ᠢ ᠳᠡᠮᠵᠢᠬᠦ ᠳᠤ ᠬᠡᠷᠡᠭᠯᠡᠬᠦ | ᠬᠡᠷᠡᠭᠲᠡᠶ᠃ ᠣᠯᠠᠨ ᠤᠯᠤᠰ ᠤᠨ᠂ ᠤᠯᠤᠰ ᠤᠨ ᠳᠣᠲᠣᠭᠠᠳᠤ ᠶᠢᠨ ᠪᠠ ᠪᠦᠬᠦ ᠣᠷᠣᠨ ᠤ ᠴᠢᠨᠠᠷᠲᠠᠶ ᠪᠡᠶ᠎ᠡ ᠶᠢᠨ | ᠲᠠᠮᠢᠷ ᠤᠨ ᠤᠷᠤᠯᠳᠤᠭᠠᠨ ᠳᠤ ᠵᠡᠮᠳᠡᠭᠴᠦᠳ ᠤᠨ ᠣᠷᠣᠯᠴᠠᠭᠰᠠᠨ ᠢ ᠱᠠᠩᠨᠠᠬᠤ ᠲᠣᠭᠲᠠᠴᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠪᠦᠬᠦ ᠣᠷᠣᠨ ᠤ ᠵᠢᠷᠭᠤᠳᠤᠭᠠᠷ ᠬᠤᠭᠤᠴᠠᠭᠠᠨ ᠤ | ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠤ ᠢᠳᠡᠪᠬᠢᠲᠡᠶ ᠪᠡᠯᠡᠳᠬᠡᠯ ᠬᠢᠨ᠎ᠡ᠃ ᠵᠡᠮᠳᠡᠭᠴᠦᠳ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠬᠥᠭᠵᠢᠭᠦᠯᠵᠦ᠂ ᠵᠡᠮᠳᠡᠭᠴᠦᠳ ᠤᠨ ᠡᠪᠦᠯ ᠤᠨ ᠤᠯᠠᠷᠢᠯ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠡᠮᠳᠡᠭᠴᠦᠳ ᠢ ᠡᠷᠡᠭᠦᠯᠵᠢᠭᠦᠯᠬᠦ ᠪᠡᠶ᠎ᠡ ᠴᠢᠭᠢᠷᠠᠭᠵᠢᠭᠤᠯᠬᠤ ᠪᠡᠶ᠎ᠡ ᠶᠢᠨ | ᠲᠠᠮᠢᠷ ᠤᠨ ᠠᠵᠢᠯᠯᠠᠭ᠎ᠠ ᠶᠢ ᠬᠡᠷᠡᠭᠵᠢᠭᠦᠯᠵᠦ᠂ ᠵᠡᠮᠳᠡᠭᠴᠦᠳ ᠢ ᠭᠤᠤᠯᠳᠠᠯᠭ᠎ᠠ ᠲᠠᠢ ᠬᠥᠮᠦᠰ ᠪᠣᠯᠭᠠᠨ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤ ᠣᠷᠣᠭᠤᠯᠵᠤ | ᠂ ᠵᠡᠮᠳᠡᠭᠴᠦᠳ ᠢ ᠵᠣᠬᠢᠶᠠᠨ ᠪᠠᠶᠢᠭᠤᠯᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ | ᠣᠷᠣᠯᠴᠠᠭᠤᠯᠵᠤ᠂ ᠵᠡᠮᠳᠡᠭᠴᠦᠳ ᠢ ᠡᠷᠡᠭᠦᠯᠵᠢᠭᠦᠯᠬᠦ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠳᠡᠷᠭᠡᠳᠡᠬᠢ | ᠦᠢᠯᠡᠴᠢᠯᠡᠭᠡ ᠶᠢ ᠠᠬᠢᠭᠤᠯᠤᠨ᠎ᠠ᠃ ︽ᠵᠡᠮᠳᠡᠭᠴᠦᠳ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠤᠯᠠᠷᠢᠯ︾᠂ ︽ | ᠵᠡᠮᠳᠡᠭᠴᠦᠳ ᠤᠨ ᠪᠡᠶ᠎ᠡ ᠴᠢᠭᠢᠷᠠᠭᠵᠢᠭᠤᠯᠬᠤ ᠭᠠᠷᠠᠭ︾᠂ ︽ᠣᠨᠴᠣᠭᠤᠶ ᠣᠯᠢᠮᠫᠢᠺ ᠤᠨ ᠡᠳᠦᠷ︾ ᠵᠡᠷᠭᠡ | ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠵᠡᠮᠳᠡᠭᠴᠦᠳ ᠤᠨ ᠣᠷᠣᠯᠴᠠᠬᠤ ᠳᠤ ᠲᠣᠬᠢᠷᠠᠬᠤ ᠡᠯᠡᠰᠦᠨ | ᠴᠥᠯ ᠤᠨ ᠬᠦᠷᠳᠦᠲᠦ ᠰᠠᠨᠳᠠᠯᠢ ᠶᠢᠨ ᠥᠷᠢᠰᠥᠯᠳᠦᠭᠡᠨ ᠤ ᠤᠷᠤᠯᠳᠤᠭᠠᠨ ᠢ ᠳᠡᠯᠭᠡᠷᠡᠭᠦᠯᠵᠦ᠂ ᠵᠡᠮᠳᠡᠭᠴᠦᠳ ᠤᠨ | ᠣᠯᠠᠨ ᠲᠦᠮᠡᠨᠴᠢ ᠪᠡᠶ᠎ᠡ ᠶᠢᠨ ᠲᠠᠮᠢᠷ ᠢ ᠬᠥᠭᠵᠢᠭᠦᠯᠦᠨ ᠬᠥᠭᠵᠢᠶᠡᠨᠲᠡᠶ ᠪᠣᠯᠭᠠᠬᠤ ᠬᠡᠷᠡᠭᠲᠡᠶ᠃ ︵ᠬᠠᠷᠢᠭᠤᠴᠠᠯᠭᠠᠲᠤ | ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ | ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠵᠡᠮᠳᠡᠭᠴᠦᠳ ᠤᠨ ᠬᠤᠯᠪᠣᠭ᠎ᠠ᠂ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ︶᠃ | ︵ᠲᠠᠪᠤ︶ ᠬᠠᠤᠯᠢ ᠪᠠᠷ ᠵᠠᠰᠠᠬᠤ ᠪᠠ ᠬᠠᠷᠰᠢ ᠰᠠᠭᠠᠳ ᠦᠭᠡᠶ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠵᠡᠮᠳᠡᠭᠴᠦᠳ ᠤᠨ ᠡᠷᠬᠡ ᠲᠡᠭᠰᠢ ᠡᠷᠬᠡ ᠡᠳ᠋ᠯᠡᠬᠦ ᠶᠢ ᠪᠠᠲᠤᠯᠠᠬᠤ ᠬᠡᠷᠡᠭᠲᠡᠶ | 1 . ᠵᠡᠮᠳᠡᠭᠴᠦᠳ ᠤᠨ ᠦᠢᠯᠡᠰ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ︽ | ᠦᠨᠳᠦᠰᠦᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾ ᠵᠡᠷᠭᠡ ᠵᠡᠮᠳᠡᠭᠴᠦᠳ ᠤᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠬᠤ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠵᠤ᠂ ︽ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠪᠦᠲᠦᠮᠵᠢᠲᠡᠢ ᠬᠡᠷᠡᠭᠵᠢᠭᠦᠯᠬᠦ ᠶᠢ ᠠᠬᠢᠭᠤᠯᠤᠨ᠎ᠠ᠃ ᠵᠡᠮᠳᠡᠭᠴᠦᠳ ᠤᠨ ᠡᠷᠬᠡ ᠠᠰᠢᠭ ᠢ | ᠪᠠᠲᠤᠯᠠᠬᠤ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠥᠬᠦ | ᠠᠶᠢᠮᠠᠭ ᠤᠨ ︽ᠨᠠᠢᠮᠠᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠭᠤᠤᠯᠳᠠᠯᠭ᠎ᠠ ᠲᠠᠢ ᠡᠭᠦᠷᠭᠡ ᠳᠤ | ᠣᠷᠣᠭᠤᠯᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ | ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠮ ᠵᠠᠭᠤᠴᠢᠯᠠᠭᠤᠷ ᠤᠨ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠵᠡᠮᠳᠡᠭᠴᠦᠳ ᠤᠨ ᠬᠠᠤᠯᠢ ᠶᠢ ᠰᠤᠷᠬᠤ | ᠬᠠᠤᠯᠢ ᠶᠢ ᠬᠡᠷᠡᠭᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠵᠡᠮᠳᠡᠭᠴᠦᠳ ᠤᠨ ᠬᠠᠤᠯᠢ ᠶᠢ ᠮᠡᠳᠡᠬᠦ ᠬᠠᠤᠯᠢ ᠶᠢ | ᠰᠠᠬᠢᠬᠤ ᠬᠠᠤᠯᠢ ᠶᠢ ᠬᠡᠷᠡᠭᠯᠡᠬᠦ ᠶᠢ ᠠᠬᠢᠭᠤᠯᠤᠨ᠎ᠠ᠃ ᠵᠡᠮᠳᠡᠭᠴᠦᠳ ᠤᠨ ᠡᠷᠬᠡ ᠠᠰᠢᠭ ᠲᠤ ᠬᠤᠯᠪᠣᠭᠳᠠᠬᠤ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠠᠭᠠᠨ ᠵᠡᠮᠳᠡᠭᠴᠦᠳ ᠪᠣᠯᠤᠨ ᠵᠡᠮᠳᠡᠭᠴᠦᠳ ᠤᠨ ᠬᠤᠯᠪᠣᠭ᠎ᠠ ᠶᠢᠨ | ᠵᠣᠬᠢᠶᠠᠨ ᠪᠠᠶᠢᠭᠤᠯᠤᠯᠲᠠ ᠶᠢᠨ ᠰᠠᠨᠠᠯ ᠢ ᠬᠤᠷᠢᠶᠠᠵᠤ᠂ ᠵᠡᠮᠳᠡᠭᠴᠦᠳ ᠤᠨ ᠠᠰᠢᠭ ᠲᠤᠰᠠ ᠶᠢ ᠭᠦᠢᠴᠡᠳ ᠪᠠᠲᠤᠯᠠᠨ᠂ | ᠡᠯ᠎ᠡ ᠭᠠᠵᠠᠷ ᠤᠨ ᠬᠢᠨ ᠤ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠬᠠᠷᠠᠭᠠᠯᠵᠠᠨ ᠲᠡᠳᠬᠦᠬᠦ ᠲᠥᠷᠥ ᠶᠢᠨ | ᠪᠣᠳᠣᠯᠭ᠎ᠠ ᠲᠣᠭᠲᠠᠭᠠᠬᠤ ᠶᠢ ᠳᠡᠮᠵᠢᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ᠂ ᠪᠠᠶᠢᠴᠠᠭᠠᠨ ᠦᠵᠡᠬᠦ ᠪᠠ ᠪᠠᠶᠢᠴᠠᠭᠠᠨ | ᠰᠤᠳᠤᠯᠬᠤ ᠠᠵᠢᠯ ᠥᠷᠨᠢᠭᠦᠯᠬᠦ ᠶᠢ ᠳᠡᠮᠵᠢᠵᠦ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠴᠠᠭᠠᠵᠠ | ᠬᠠᠤᠯᠢ ᠲᠣᠭᠲᠠᠭᠠᠯ ᠪᠣᠯᠤᠨ ᠬᠠᠷᠠᠭᠠᠯᠵᠠᠨ ᠲᠡᠳᠬᠦᠬᠦ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ | ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠶ᠃ ᠵᠡᠮᠳᠡᠭᠴᠦᠳ ᠪᠣᠯᠤᠨ ᠵᠡᠮᠳᠡᠭᠴᠦᠳ ᠤᠨ ᠵᠣᠬᠢᠶᠠᠨ | ᠪᠠᠶᠢᠭᠤᠯᠤᠯᠲᠠ ᠶᠢᠨ ᠠᠷᠠᠳᠴᠢᠯᠠᠯ ᠢᠶᠠᠷ ᠣᠷᠣᠯᠴᠠᠬᠤ᠂ ᠠᠷᠠᠳᠴᠢᠯᠠᠯ ᠢᠶᠠᠷ ᠵᠥᠪᠳᠡᠯᠴᠡᠬᠦ ᠠᠷᠭ᠎ᠠ ᠵᠠᠮ ᠢ ᠲᠠᠰᠤᠷᠠᠯᠲᠠ | ᠤᠢᠭᠡᠢ ᠥᠷᠭᠡᠵᠢᠭᠦᠯᠵᠦ᠂ ᠵᠡᠮᠳᠡᠭᠴᠦᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ | ᠬᠢᠨᠠᠯᠲᠠ ᠲᠠᠯᠪᠢᠬᠤ ᠡᠷᠬᠡ ᠶᠢ ᠪᠦᠲᠦᠮᠵᠢᠲᠡᠶ ᠪᠠᠲᠤᠯᠠᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠳᠤᠮᠳᠠ ᠵᠡᠮᠳᠡᠭᠴᠦᠳ᠂ ᠵᠡᠮᠳᠡᠭᠴᠦᠳ ᠤᠨ | ᠲᠥᠷᠥᠯ ᠰᠠᠳᠤᠨ ᠨᠠᠶᠢᠵᠠ ᠨᠥᠬᠦᠳ ᠪᠣᠯᠤᠨ ᠵᠡᠮᠳᠡᠭᠴᠦᠳ ᠤᠨ ᠠᠵᠢᠯᠲᠠᠨ ᠢ ᠪᠠᠲᠤᠯᠠᠨ ᠲᠠᠨᠢᠯᠴᠠᠭᠤᠯᠬᠤ ᠠᠵᠢᠯ ᠢ | ᠰᠠᠶᠢᠲᠤᠷ ᠬᠢᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ | ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ ᠵᠡᠮᠳᠡᠭᠴᠦᠳ ᠤᠨ ᠬᠦᠰᠡᠯ ᠡᠷᠡᠮᠡᠯᠵᠡᠯ | ᠪᠣᠯᠤᠨ ᠬᠦᠰᠡᠯ ᠱᠠᠭᠠᠷᠳᠠᠯᠭ᠎ᠠ ᠶᠢ ᠲᠤᠰᠬᠠᠵᠤ᠂ ᠵᠡᠮᠳᠡᠭᠴᠦᠳ ᠤᠨ ᠦᠢᠯᠡᠰ ᠬᠢᠭᠡᠳ ᠠᠵᠤ ᠠᠬᠤᠶ ᠨᠡᠶᠢᠭᠡᠮ ᠤᠨ | ᠵᠣᠬᠢᠴᠠᠩᠭᠤᠶ ᠪᠠᠷ ᠬᠥᠭᠵᠢᠬᠦ ᠶᠢ ᠲᠦᠯᠬᠢᠨ ᠠᠬᠢᠭᠤᠯᠬᠤ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠬᠤ ᠬᠡᠷᠡᠭᠲᠡᠶ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ | ᠵᠥᠪᠯᠡᠯ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠶᠢᠮᠠᠭ ᠤᠨ ᠠᠷᠠᠳ ᠤᠨ ᠶᠠᠪᠤᠳᠠᠯ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ | ︶᠃ | 2 . ᠵᠡᠮᠳᠡᠭᠴᠦᠳ ᠤᠨ ᠬᠠᠤᠯᠢ ᠴᠠᠭᠠᠵᠠ ᠶᠢᠨ ᠦᠢᠯᠡᠴᠢᠯᠡᠭᠡ ᠪᠠ ᠡᠷᠬᠡ ᠠᠰᠢᠭ ᠢ ᠬᠠᠮᠠᠭᠠᠯᠠᠬᠤ ᠡᠷᠴᠢᠮ ᠢ | ᠳᠡᠭᠡᠭᠰᠢᠯᠡᠭᠦᠯᠦᠨ᠎ᠡ᠃ ᠵᠡᠮᠳᠡᠭᠴᠦᠳ ᠢ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠭᠤᠣᠯᠳᠠᠯᠭ᠎ᠠ ᠲᠠᠢ ᠡᠲᠡᠭᠡᠳ ᠪᠣᠯᠭᠠᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠠᠪᠴᠠᠩ ᠤᠨ ᠰᠠᠭᠠᠳ ᠦᠭᠡᠶ ᠴᠢᠳᠠᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠠᠮᠤᠷᠬᠤ ᠬᠡᠪᠴᠢᠶ᠎ᠡ ᠶᠢ ᠥᠷᠭᠡᠳᠬᠡᠵᠦ᠂ ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠶᠠᠰᠤ ᠴᠢᠨᠠᠷ ᠢ | ᠭᠤᠣᠯᠳᠠᠯᠭ᠎ᠠ ᠲᠠᠢ ᠳᠡᠭᠡᠭᠰᠢᠯᠡᠭᠦᠯᠬᠦ ᠬᠡᠷᠡᠭᠲᠡᠶ᠃ ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ | ᠴᠠᠭᠠᠵᠠ ᠶᠢᠨ ᠦᠢᠯᠡᠴᠢᠯᠡᠭᠡ ᠪᠣᠯᠤᠨ ᠬᠠᠤᠯᠢ ᠴᠠᠭᠠᠵᠠ ᠶᠢᠨ ᠲᠤᠰᠠᠯᠠᠮᠵᠢ ᠶᠢ ᠴᠢᠩᠭᠠᠳᠬᠠᠵᠦ᠂ ᠵᠡᠮᠳᠡᠭᠴᠦᠳ ᠤᠨ | ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ | ᠴᠣᠬᠢᠯᠲᠠ ᠥᠭᠬᠦ ᠬᠡᠷᠡᠭᠲᠡᠶ᠃ ᠵᠡᠮᠳᠡᠭᠴᠦᠳ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠤᠨ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ | ᠳᠤᠷ᠎ᠠ ᠠᠴᠠ ᠪᠠᠨ ᠵᠡᠮᠳᠡᠭᠴᠦᠳ ᠢ ᠲᠤᠰᠠᠯᠠᠬᠤ ᠠᠵᠢᠯᠯᠠᠭ᠎ᠠ ᠶᠢ ᠥᠷᠨᠢᠭᠦᠯᠵᠦ᠂ ᠵᠡᠮᠳᠡᠭᠴᠦᠳ ᠲᠤ ᠴᠠᠭ ᠲᠤᠬᠠᠶ ᠳᠤᠨᠢ | ᠪᠦᠲᠦᠮᠵᠢᠲᠡᠶ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠬᠤ ᠬᠡᠷᠡᠭᠲᠡᠶ᠃ ᠵᠡᠮᠳᠡᠭᠴᠦᠳ ᠢ | ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠬᠠᠤᠯᠢᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ | ᠲᠣᠭᠲᠠᠭᠠᠯ ᠶᠣᠰᠣᠭᠠᠷ ᠵᠡᠮᠳᠡᠭᠴᠦᠳ ᠲᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠨ᠎ᠠ᠃ ᠰᠦᠯᠵᠢᠶᠡᠨ ᠤ ᠵᠠᠬᠢᠳᠠᠯ | ᠰᠤᠷᠪᠤᠯᠵᠢᠯᠠᠯ ᠤᠨ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ 12385 ᠵᠡᠮᠳᠡᠭᠴᠦᠳ ᠤᠨ ᠦᠢᠯᠡᠴᠢᠯᠡᠬᠡᠨ ᠤ | ᠤᠲᠠᠰᠤ ᠪᠣᠯᠤᠨ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠤᠲᠠᠰᠤ ᠶᠢ ᠨᠡᠶᠢᠯᠡᠭᠦᠯᠦᠨ | ᠠᠵᠢᠯᠯᠠᠭᠤᠯᠬᠤ ᠠᠵᠢᠯ ᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠤᠲᠠᠰᠤ ᠶᠢ ᠠᠰᠢᠭᠯᠠᠨ᠂ | ᠵᠡᠮᠳᠡᠭᠴᠦᠳ ᠤᠨ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠨ᠎ᠡ᠃ | ᠵᠡᠮᠳᠡᠭᠴᠦᠳ ᠤᠨ ︽ᠤᠷᠢᠨ ᠰᠤᠷᠪᠤᠯᠵᠢᠯᠠᠬᠤ ᠠᠩᠬᠠᠷᠤᠨ ᠰᠣᠨᠣᠰᠬᠤ︾᠂ ᠡᠷᠭᠢᠵᠦ ᠦᠵᠡᠬᠦ᠂ ᠤᠳᠤᠷᠢᠳᠬᠤ | ᠺᠠᠳ᠋ᠷᠴᠤᠳ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠭ᠎ᠠ ᠬᠦᠯᠢᠶᠡᠬᠦ ᠳᠦᠷᠢᠮ ᠢ ᠪᠠᠶᠢᠭᠤᠯᠵᠤ᠂ | ᠵᠡᠮᠳᠡᠭᠴᠦᠳ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠶ ᠳᠤᠨᠢ ᠰᠢᠢᠳᠪᠦᠷᠢᠯᠡᠵᠦ᠂ ᠵᠥᠷᠢᠴᠡᠯ ᠢ | ᠦᠨᠳᠦᠰᠦᠨ ᠱᠠᠲᠤᠨ ᠳᠤᠨᠢ ᠰᠢᠢᠳᠪᠦᠷᠢᠯᠡᠬᠦ ᠬᠡᠷᠡᠭᠲᠡᠶ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ | ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ︶᠃ | 3 . ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ | ᠪᠠᠶᠢᠭᠤᠯᠤᠯᠲᠠ ᠶᠢᠨ ᠠᠷᠭ᠎ᠠ︾ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠭᠠᠳ ᠥᠬᠡᠶ ᠣᠷᠴᠢᠨ | ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠠᠶᠢᠮᠠᠭ᠂ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠳᠤ ᠣᠷᠣᠭᠤᠯᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠰᠢᠯᠭᠠᠨ ᠬᠢᠨᠠᠬᠤ | ᠵᠢᠷᠤᠮᠵᠢᠯ ᠳᠤ ᠣᠷᠣᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠪᠡᠯᠡᠳᠬᠡᠮᠵᠢ ᠳᠤ ︽ᠰᠠᠭᠠᠳ ᠥᠬᠡᠶ ᠨᠡᠶᠢᠳᠡᠮ | ᠬᠡᠷᠡᠭᠯᠡᠬᠦ ᠵᠢᠷᠤᠮᠵᠢᠯ︾ ᠵᠡᠷᠭᠡ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠣᠷᠣᠨ | ᠰᠠᠭᠤᠴᠠ ᠪᠠ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠤᠳ ᠰᠠᠭᠠᠳ | ᠦᠭᠡᠶ ᠣᠷᠴᠢᠨ ᠲᠣᠭᠤᠷᠢᠨ ᠪᠣᠯᠤᠨ ᠰᠠᠭᠠᠳ ᠦᠭᠡᠶ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ | ᠪᠠᠶᠢᠭᠤᠯᠬᠤ ︵ᠥᠷᠭᠡᠳᠬᠡᠨ ᠪᠠᠶᠢᠭᠤᠯᠬᠤ︶ ᠳᠤᠮᠳᠠᠬᠢ ᠲᠥᠯᠥᠪᠵᠢᠭᠦᠯᠭᠡ᠂ ᠵᠢᠷᠤᠭ ᠲᠥᠯᠥᠪᠯᠡᠭᠡ ᠵᠡᠷᠭᠡ ᠠᠵᠢᠯ ᠢ | ᠴᠢᠩᠭᠠᠷᠠᠭᠤᠯᠬᠤ ᠬᠡᠷᠡᠭᠲᠡᠶ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠬᠤᠲᠠ ᠪᠠᠯᠭᠠᠰᠤ ᠶᠢᠨ ᠪᠠᠲᠤᠯᠠᠭ᠎ᠠ ᠶᠢᠨ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ ᠮᠠᠯᠵᠢᠬᠤ ᠲᠠᠷᠢᠶᠠᠯᠠᠬᠤ ᠣᠷᠣᠨ ᠤ | ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠳᠤ ᠰᠠᠭᠠᠳ ᠥᠬᠡᠶ ᠶᠢᠨ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠵᠡᠷᠭᠡᠪᠡᠷ ᠥᠷᠨᠢᠭᠦᠯᠵᠦ᠂ ᠰᠤᠷᠭᠠᠭᠤᠯᠢ᠂ ᠪᠠᠩᠬᠢ᠂ ᠲᠡᠷᠭᠡᠨ ᠥᠷᠲᠡᠭᠡ᠂ ᠣᠯᠠᠨ | ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠤᠨ | ᠦᠢᠯᠡᠴᠢᠯᠡᠭᠡ᠂ ᠦᠵᠡᠮᠵᠢ ᠶᠢᠨ ᠣᠷᠣᠨ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠰᠠᠭᠠᠳ ᠥᠬᠡᠶ ᠶᠢᠨ | ᠥᠭᠡᠷᠡᠴᠢᠯᠡᠨ ᠰᠢᠨᠡᠳᠬᠡᠬᠦ ᠶᠢ ᠭᠤᠤᠯᠳᠠᠯᠭ᠎ᠠ ᠲᠠᠢ ᠲᠦᠷᠭᠡᠳᠬᠡᠨ᠎ᠡ᠃ ᠡᠮᠨᠡᠯᠭᠡ ᠶᠢᠨ ᠬᠤᠷᠢᠶ᠎ᠠ᠂ ᠪᠠᠩᠬᠢ᠂ ᠵᠠᠰᠠᠭ ᠤᠨ | ᠶᠠᠪᠤᠳᠠᠯ ᠤᠨ ᠲᠢᠩᠬᠢᠮ ᠵᠡᠷᠭᠡ ᠣᠯᠠᠨ ᠨᠡᠶᠢᠲᠡ ᠶᠢᠨ ᠦᠢᠯᠡᠴᠢᠯᠡᠬᠡᠨ ᠤ ᠲᠠᠯᠠᠪᠤᠷ ᠭᠠᠵᠠᠷ ᠲᠤ ᠳᠡᠭᠡᠳᠦ ᠳᠣᠣᠷᠠᠳᠤ | ᠲᠡᠰ ᠤᠨ ᠠᠦ᠋ᠲ᠋ᠣ᠋ ᠣᠯᠠᠨ ᠨᠡᠶᠢᠲᠡ ᠶᠢᠨ ᠦᠢᠯᠡᠴᠢᠯᠡᠬᠡᠨ ᠤ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠬᠤ ᠶᠢ | ᠠᠬᠢᠭᠤᠯᠤᠨ᠎ᠠ᠃ ᠵᠡᠮᠳᠡᠭᠴᠦᠳ ᠤᠨ ᠬᠡᠷ ᠪᠦᠯᠢ ᠶᠢᠨ ᠰᠠᠭᠠᠳ ᠥᠬᠡᠶ ᠪᠣᠯᠭᠠᠬᠤ ᠥᠭᠡᠷᠡᠴᠢᠯᠡᠯᠲᠡ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠬᠦᠴᠢᠷᠳᠡᠯᠲᠡᠶ ᠬᠦᠨᠳᠦ ᠵᠡᠮᠳᠡᠭᠴᠦᠳ᠂ ᠴᠢᠳᠠᠯ ᠲᠡᠩᠬᠡᠭᠡ ᠪᠠᠨ ᠠᠯᠳᠠᠭᠰᠠᠨ ᠪᠠ | ᠬᠠᠭᠠᠰ ᠠᠯᠳᠠᠭᠰᠠᠨ ᠨᠠᠰᠤᠲᠠᠶᠢᠴᠤᠳ ᠲᠤ ᠬᠡᠷ ᠪᠦᠯᠢ ᠶᠢᠨ ᠰᠠᠭᠠᠳ ᠥᠬᠡᠶ ᠪᠣᠯᠭᠠᠬᠤ ᠪᠤᠶᠤ ᠨᠠᠰᠤᠵᠢᠬᠤ ᠳᠤ | ᠳᠣᠭᠢᠷᠠᠬᠤ ᠥᠭᠡᠷᠡᠴᠢᠯᠡᠯᠲᠡ ᠬᠠᠩᠭᠠᠨ᠎ᠠ᠃ ︽ᠵᠣᠷᠯᠣᠩ ᠤᠨ ᠦᠭᠡᠷᠡᠴᠢᠯᠡᠯᠳᠡ︾ ᠲᠠᠢ ᠤᠶᠠᠯᠳᠤᠭᠤᠯᠤᠨ᠂ ᠬᠠᠷᠰᠢ | ᠰᠠᠭᠠᠳ ᠥᠬᠡᠶ ᠨᠡᠶᠢᠲᠡ ᠶᠢᠨ ᠵᠣᠷᠯᠣᠩ ᠢ ᠲᠦᠷᠬᠡᠨ ᠲᠥᠯᠥᠪᠵᠢᠭᠦᠯᠦᠨ ᠳᠡᠯᠭᠡᠷᠡᠭᠦᠯᠬᠦ ᠬᠡᠷᠡᠭᠲᠡᠶ᠃ ᠬᠤᠲᠠ ᠶᠢᠨ ᠵᠠᠮ | ᠬᠠᠷᠢᠯᠴᠠᠭᠠᠨ ᠤ ᠰᠠᠭᠠᠳ ᠦᠭᠡᠶ ᠪᠡᠯᠡᠳᠬᠡᠮᠵᠢ ᠶᠢ ᠲᠡᠭᠦᠯᠳᠡᠷᠵᠢᠭᠦᠯᠵᠦ᠂ ᠰᠠᠭᠠᠳ ᠦᠭᠡᠶ ᠲᠡᠷᠭᠡᠨ ᠵᠣᠭᠰᠣᠭᠠᠯ ᠤᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠂ ᠰᠠᠭᠠᠳ ᠦᠭᠡᠶ ᠲᠡᠷᠭᠡᠨ ᠵᠣᠭᠰᠣᠭᠠᠯ ᠤᠨ ᠲᠤᠭ᠎ᠠ | ᠬᠡᠮᠵᠢᠶ᠎ᠡ ᠶᠢ ᠲᠡᠷᠭᠡᠨ ᠵᠣᠭᠰᠣᠭᠠᠯ ᠤᠨ ᠶᠡᠷᠦᠩᠬᠡᠶ ᠲᠤᠭ᠎ᠠ ᠶᠢᠨ 2 % ᠠᠴᠠ ᠳᠤᠲᠠᠭᠤ ᠦᠭᠡᠶ ᠪᠠᠶᠢᠯᠭᠠᠬᠤ ᠬᠡᠷᠡᠭᠲᠡᠶ᠃ | ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠬᠠᠷᠰᠢ ᠰᠠᠭᠠᠳ ᠦᠭᠡᠶ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠷᠰᠢ | ᠰᠠᠭᠠᠳ ᠦᠭᠡᠶ ᠪᠡᠯᠡᠳᠬᠡᠮᠵᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠵᠡᠮᠳᠡᠭᠴᠦᠳ ᠤᠨ ᠬᠤᠯᠪᠣᠭ᠎ᠠ᠂ ᠵᠡᠮᠳᠡᠭᠴᠦᠳ ᠤᠨ ᠲᠤᠰᠬᠠᠶ ᠨᠡᠶᠢᠭᠡᠮᠯᠢᠭ ᠤᠳ ᠰᠠᠭᠠᠳ ᠦᠭᠡᠶ ᠣᠷᠴᠢᠨ | ᠲᠣᠭᠤᠷᠢᠨ ᠢ ᠣᠶᠢᠯᠠᠭᠠᠬᠤ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠰᠠᠭᠠᠳ ᠦᠭᠡᠶ ᠣᠷᠴᠢᠨ ᠲᠣᠭᠤᠷᠢᠨ ᠢ | ᠣᠶᠢᠯᠠᠭᠠᠬᠤ ᠠᠵᠢᠯᠯᠠᠭ᠎ᠠ ᠥᠷᠨᠢᠭᠦᠯᠦᠨ᠂ ᠰᠠᠭᠠᠳ ᠦᠭᠡᠶ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ | ᠬᠠᠮᠢᠶᠠᠷᠤᠯᠲᠠ ᠶᠢᠨ ᠪᠠᠶᠢᠳᠠᠯ ᠳᠤ ᠬᠠᠨᠤᠮᠵᠢ ᠶᠢᠨ ᠪᠠᠶᠢᠴᠠᠭᠠᠯᠲᠠ ᠬᠢᠬᠦ ᠶᠢᠨ ᠬᠠᠮᠲᠤ ᠴᠠᠭ ᠲᠤᠬᠠᠶ ᠳᠤᠨᠢ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠪᠦᠬᠦ ᠨᠡᠶᠢᠭᠡᠮ ᠤᠨ ᠰᠠᠭᠠᠳ ᠦᠭᠡᠶ | ᠪᠠᠶᠢᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠰᠠᠭᠠᠳ ᠥᠬᠡᠶ ᠣᠷᠴᠢᠨ ᠲᠣᠭᠤᠷᠢᠨ ᠤ ᠠᠶᠢᠮᠠᠭ᠂ | ᠬᠤᠰᠢᠭᠤ ᠣᠷᠣᠨ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ | ︵ᠨᠡᠶᠢᠭᠡᠮ ᠲᠣᠭᠤᠷᠢᠭ︶ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠬᠤᠲᠠ ᠬᠥᠳᠡᠭᠡ ᠶᠢᠨ ᠰᠠᠭᠠᠳ | ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠰᠢᠰᠲ᠋ᠧᠮ ᠲᠠᠢ ᠠᠬᠢᠭᠤᠯᠵᠤ᠂ ᠬᠤᠲᠠ ᠬᠥᠳᠡᠭᠡ ᠶᠢᠨ | ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠵᠥᠷᠢᠶ᠎ᠡ ᠶᠢ ᠪᠠᠭᠠᠰᠬᠠᠨ᠎ᠠ᠃ ᠤᠯᠠᠮᠵᠢᠯᠠᠯᠲᠤ | ᠰᠠᠭᠠᠳ ᠥᠬᠡᠶ ᠣᠷᠴᠢᠨ ᠲᠣᠭᠤᠷᠢᠨ ᠤ ᠪᠡᠯᠡᠳᠬᠡᠮᠵᠢ ᠶᠢ ᠲᠣᠭᠠᠴᠢᠯᠠᠬᠤ ᠪᠠ ᠤᠶᠤᠨᠴᠢᠯᠠᠨ ᠲᠠᠰ ᠳᠡᠪᠰᠢᠭᠦᠯᠬᠦ ᠶᠢ | ᠰᠦᠪᠡᠭᠴᠢᠯᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ | ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠵᠠᠮ ᠬᠠᠷᠢᠯᠴᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ | ᠵᠡᠮᠳᠡᠭᠴᠦᠳ ᠤᠨ ᠬᠤᠯᠪᠣᠭ᠎ᠠ︶᠃ | 4 . ᠮᠡᠳᠡᠭᠡ ᠵᠠᠩᠭᠢ ᠶᠢᠨ ᠰᠠᠭᠠᠳ ᠥᠬᠡᠶ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠮᠡᠳᠡᠭᠡ ᠵᠠᠩᠭᠢ ᠶᠢᠨ ᠰᠠᠭᠠᠳ ᠥᠬᠡᠶ ᠪᠠᠶᠢᠬᠤ ᠶᠢ ᠲᠣᠭᠠᠴᠢᠯᠠᠭᠰᠠᠨ ᠵᠠᠰᠠᠭ ᠤᠨ ᠣᠷᠳᠣᠨ᠂ | ᠲᠣᠭᠠᠴᠢᠯᠠᠭᠰᠠᠨ ᠨᠡᠶᠢᠭᠡᠮ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠪᠣᠯᠪᠠᠰᠤᠨ ᠬᠤᠲᠠ ᠶᠢ | ᠰᠢᠯᠭᠠᠷᠠᠭᠤᠯᠬᠤ ᠬᠦᠢᠴᠡᠳᠬᠡᠯ ᠲᠤᠭ᠎ᠠ ᠳᠤ ᠣᠷᠣᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠫᠤᠷᠲ᠋ᠧᠯ | ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠵᠢᠴᠢ ᠰᠦᠯᠵᠢᠶᠡᠨ ᠳᠡᠭᠡᠷ᠎ᠡ ᠠᠵᠢᠯ ᠶᠠᠪᠤᠳᠠᠯ | ᠬᠦᠢᠴᠡᠳᠭᠡᠬᠦ ᠲᠢᠩᠬᠢᠮ ᠨᠢ ᠤᠯᠤᠰ ᠤᠨ ᠮᠡᠳᠡᠭᠡ ᠵᠠᠩᠭᠢ ᠶᠢᠨ ᠰᠠᠭᠠᠳ ᠥᠬᠡᠶ ᠶᠢᠨ ᠮᠡᠷᠭᠡᠵᠢᠯ ᠤᠨ ᠪᠠᠷᠢᠮᠵᠢᠶ᠎ᠠ | ᠶᠣᠰᠣᠭᠠᠷ ᠰᠠᠭᠠᠳ ᠥᠬᠡᠶ ᠶᠢᠨ ᠰᠦᠯᠵᠢᠶ᠎ᠡ ᠶᠢ ᠵᠢᠷᠤᠵᠤ ᠲᠥᠯᠥᠪᠯᠡᠬᠦ ᠪᠠᠷᠢᠮᠵᠢᠶ᠎ᠠ ᠳᠤ ᠪᠥᠬᠦ ᠲᠠᠯ᠎ᠠ ᠪᠠᠷ ᠬᠦᠷᠦᠭᠦᠯᠵᠦ | ᠂ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠦᠯᠵᠢᠶᠡᠨ ᠳᠤ ᠰᠠᠭᠠᠳ ᠥᠬᠡᠶ | ᠭᠦᠶᠦᠯᠭᠡᠨ ᠦᠵᠡᠬᠦ ᠪᠠᠭᠠᠵᠢ ᠨᠡᠮᠡᠬᠦ ᠶᠢ ᠵᠣᠷᠢᠭᠵᠢᠭᠤᠯᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠢᠩᠬᠢᠮ ᠪᠤᠶᠤ ᠪᠤᠰᠤᠳ ᠣᠯᠠᠨ ᠨᠡᠶᠢᠲᠡ ᠶᠢᠨ ᠦᠢᠯᠡᠴᠢᠯᠡᠬᠡᠨ ᠤ ᠲᠠᠯᠠᠪᠤᠷ ᠭᠠᠵᠠᠷ ᠤᠨ ᠵᠡᠮᠳᠡᠭᠴᠦᠳ ᠲᠤ | ᠠᠪᠢᠶᠠᠨ ᠤ ᠰᠠᠨᠠᠭᠤᠯᠤᠮᠵᠢ᠂ ᠳᠡᠯᠭᠡᠴᠡ ᠶᠢᠨ ᠢᠯᠡᠷᠡᠯᠲᠡ᠂ ᠳᠣᠬᠢᠶᠠᠨ ᠤ ᠬᠡᠯᠡ ᠵᠡᠷᠭᠡ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠵᠤ᠂ ᠰᠣᠨᠣᠷ ᠪᠠ ᠦᠭᠡ ᠬᠡᠯᠡ ᠨᠢ ᠵᠡᠮᠳᠡᠭᠴᠦᠳ ᠲᠤ ᠰᠠᠭᠠᠳ ᠥᠬᠡᠶ ᠪᠠᠶᠢᠬᠤ ᠮᠡᠳᠡᠭᠡ ᠵᠠᠩᠭᠢ ᠶᠢᠨ | ᠦᠢᠯᠡᠴᠢᠯᠡᠬᠡᠨ ᠤ ᠲᠠᠪᠴᠠᠩ ᠪᠠᠶᠢᠭᠤᠯᠬᠤ ᠶᠢ ᠳᠡᠮᠵᠢᠨ᠎ᠡ᠃ ᠨᠡᠶᠢᠲᠡ ᠶᠢᠨ ᠵᠠᠮ ᠬᠠᠷᠢᠯᠴᠠᠭ᠎ᠠ ᠠᠯᠬᠤᠮ ᠠᠯᠬᠤᠮ ᠢᠶᠠᠷ | ᠦᠰᠦᠭᠲᠦ ᠳᠡᠯᠭᠡᠴᠡ᠂ ᠠᠪᠢᠶᠠᠨ ᠤ ᠥᠷᠲᠡᠭᠡ ᠮᠡᠳᠡᠭᠡᠯᠡᠬᠦ ᠲᠥᠬᠦᠭᠡᠷᠦᠮᠵᠢ ᠶᠢ ᠤᠭᠰᠠᠷᠠᠨ᠎ᠠ᠃ ᠵᠡᠮᠳᠡᠭᠴᠦᠳ ᠲᠤ | ᠬᠠᠨᠳᠤᠭᠤᠯᠤᠭᠰᠠᠨ ᠭᠠᠷ ᠤᠲᠠᠰᠤᠨ ᠤ ᠣᠬᠤᠷ ᠮᠡᠳᠡᠭᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ | ᠪᠣᠯᠤᠨ ᠮᠡᠳᠡᠭᠡ ᠵᠠᠩᠭᠢ ᠶᠢᠨ ᠬᠡᠷᠡᠭᠯᠡᠭᠡᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠠᠬᠢᠭᠤᠯᠬᠤ | ᠪᠠ ᠳᠡᠯᠭᠡᠷᠡᠭᠦᠯᠵᠦ᠂ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ︽ᠵᠡᠮᠳᠡᠭᠴᠦᠳ ᠲᠤ | ᠬᠠᠷᠠᠭᠠᠯᠵᠠᠯ ᠦᠵᠡᠭᠦᠯᠬᠦ ᠢᠵᠢ ᠦᠢᠯᠡᠴᠢᠯᠡᠭᠡ︾ ᠨᠡᠶᠢᠲᠡᠯᠡᠬᠦ ᠶᠢ ᠵᠣᠷᠢᠭᠵᠢᠭᠤᠯᠤᠨ ᠠᠬᠢᠭᠤᠯᠵᠤ᠂ ᠢᠯᠠᠩᠭᠤᠶ᠎ᠠ | ᠬᠠᠷᠠᠭ᠎ᠠ ᠪᠠ ᠰᠣᠨᠣᠷ ᠲᠠᠢ ᠵᠡᠮᠳᠡᠭᠴᠦᠳ ᠲᠤ ᠬᠠᠨᠳᠤᠭᠤᠯᠤᠭᠰᠠᠨ ᠬᠠᠷᠠᠭᠠᠯᠵᠠᠯᠲᠤ ᠢᠵᠢ ᠦᠢᠯᠡᠴᠢᠯᠡᠭᠡ ᠪᠣᠯᠤᠨ | ᠲᠣᠣᠷ ᠰᠦᠯᠵᠢᠶᠡᠨ ᠤ ᠬᠠᠷᠠᠭᠠᠯᠵᠠᠯᠲᠤ ᠢᠵᠢ ᠦᠢᠯᠡᠴᠢᠯᠡᠭᠡ᠂ ᠵᠠᠷᠤᠳᠠᠯ ᠰᠦᠢᠳᠬᠡᠯ ᠢ ᠬᠠᠰᠤᠵᠤ ᠬᠡᠯᠲᠦᠷᠢᠭᠦᠯᠬᠦ᠂ | ᠡᠯᠧᠺᠲᠷᠣᠨ ᠬᠡᠪᠯᠡᠯ ᠤᠨ ᠲᠣᠮᠣ ᠦᠰᠦᠭᠲᠦ ᠳᠠᠩᠰᠠ ᠬᠠᠭᠤᠳᠠᠰᠤ᠂ ᠠᠪᠢᠶᠠᠨ ᠤ ᠳᠠᠩᠰᠠ ᠬᠠᠭᠤᠳᠠᠰᠤ ᠵᠡᠷᠭᠡ | ᠦᠢᠯᠡᠴᠢᠯᠡᠭᠡ ᠬᠠᠩᠭᠠᠨ᠎ᠠ᠃ ᠬᠤᠲᠠ ᠪᠠᠯᠭᠠᠰᠤ ᠶᠢᠨ ᠭᠤᠤᠯ ᠵᠠᠮ᠂ ᠬᠤᠳᠠᠯᠳᠤᠭᠠᠨ ᠤ ᠭᠤᠤᠯ ᠲᠣᠭᠤᠷᠢᠭ ᠪᠠ | ᠣᠷᠣᠨ ᠰᠠᠭᠤᠴᠠ ᠶᠢᠨ ᠲᠣᠮᠣ ᠬᠡᠯᠪᠡᠷᠢ ᠶᠢᠨ ᠲᠣᠭᠤᠷᠢᠭ ᠤᠨ ᠶᠠᠪᠠᠭᠠᠨ ᠬᠥᠮᠦᠨ ᠤ ᠵᠠᠮ ᠤᠨ ᠳᠣᠬᠢᠶᠠᠨ ᠳ᠋ᠧᠩ ᠳᠤ | ᠵᠡᠭᠡᠯᠢ ᠥᠩᠭᠡᠷᠡᠬᠦ ᠲᠠᠭᠤ ᠶᠢ ᠰᠠᠨᠠᠭᠤᠯᠬᠤ ᠲᠣᠨᠣᠭᠯᠠᠯ ᠳᠣᠭᠢᠷᠠᠭᠤᠯᠬᠤ ᠬᠡᠷᠡᠭᠲᠡᠶ᠃ ᠳᠣᠬᠢᠶᠠᠨ ᠤ ᠬᠡᠯᠡ ᠶᠢᠨ | ᠰᠣᠬᠤᠷᠴᠤᠳ ᠤᠨ ᠪᠢᠴᠢᠭ ᠢ ᠵᠢᠷᠤᠮᠵᠢᠭᠤᠯᠬᠤ ᠠᠵᠢᠯ ᠢ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ | ᠳᠣᠬᠢᠶᠠᠨ ᠤ ᠬᠡᠯᠡ ᠪᠣᠯᠤᠨ ᠤᠯᠤᠰ ᠤᠨ ᠨᠡᠶᠢᠳᠡᠮ ᠬᠡᠷᠡᠭᠯᠡᠬᠦ ᠰᠣᠬᠤᠷᠴᠤᠳ ᠤᠨ ᠪᠢᠴᠢᠭ ᠢ ᠳᠡᠯᠭᠡᠷᠡᠭᠦᠯᠬᠦ ᠬᠡᠷᠡᠭᠲᠡᠶ᠃ | ᠤᠶᠤᠨᠴᠢᠯᠠᠭᠰᠠᠨ ᠦᠢᠯᠡᠴᠢᠯᠡᠭᠡ ᠶᠢ ᠠᠬᠢᠭᠤᠯᠬᠤ ᠳᠤ ᠵᠡᠮᠳᠡᠭᠴᠦᠳ ᠤᠨ ᠬᠡᠷᠡᠭᠴᠡᠭᠡ ᠳᠤ ᠵᠣᠬᠢᠴᠠᠭᠤᠯᠵᠤ᠂ ᠤᠶᠤᠨ ᠤ | ᠪᠠᠭᠠᠵᠢ ᠶᠢ ᠵᠡᠮᠳᠡᠭᠴᠦᠳ ᠤᠨ ᠡᠳᠦᠷ ᠲᠤᠳᠤᠮ ᠤᠨ ᠠᠮᠢᠳᠤᠷᠠᠯ ᠳᠤ ᠲᠦᠬᠦᠮ ᠦᠵᠡᠭᠦᠯᠬᠦ ᠬᠡᠷᠡᠭᠲᠡᠢ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ | ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ | ᠲᠧᠯᠸᠢᠰ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠣᠪᠴᠢᠶ᠎ᠠ᠂ ᠴᠢᠮᠡᠭᠡ ᠬᠤᠯᠪᠣᠭᠠᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ | ᠬᠡᠷ᠂ ᠵᠡᠮᠳᠡᠭᠴᠦᠳ ᠤᠨ ᠬᠤᠯᠪᠣᠭ᠎ᠠ᠂ ᠴᠠᠬᠢᠯᠭᠠᠨ ᠬᠤᠯᠪᠣᠭᠠᠨ ᠤ ᠠᠵᠢᠯ ᠲᠥᠷᠥᠯ ᠵᠡᠷᠭᠡ ᠭᠤᠷᠪᠠᠨ ᠶᠡᠭᠡ | ᠡᠵᠡᠩᠨᠡᠯᠲᠡ ᠶᠢᠨ ᠺᠣᠮᠫᠠᠨᠢ︶᠃ | ︵ᠵᠢᠷᠭᠤᠭ᠎ᠠ︶ ᠴᠢᠩᠭ᠎ᠠ ᠬᠦᠴᠦᠲᠡᠶ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠵᠤ᠂ ᠵᠡᠮᠳᠡᠭᠴᠦᠳ ᠢ | ᠪᠥᠬᠦ ᠲᠠᠯ᠎ᠠ ᠪᠠᠷ ᠬᠥᠭᠵᠢᠭᠦᠯᠬᠦ ᠳᠤ ᠠᠭᠤᠰᠣᠯᠴᠠᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ | 1 . ᠵᠡᠮᠳᠡᠭᠴᠦᠳ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠪᠠ | ᠵᠡᠮᠳᠡᠭᠴᠦᠳ ᠤᠨ ᠦᠢᠯᠡᠰ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ | ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠵᠡᠮᠳᠡᠭᠴᠦᠳ ᠤᠨ ᠠᠵᠢᠯ ᠤᠨ ᠲᠤᠬᠠᠶ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠳᠣᠣᠱᠯᠠᠭᠤᠯᠣᠨ ᠨᠠᠶᠢᠳᠠᠪᠤᠷᠢᠵᠢᠭᠤᠯᠤᠨ᠎ᠠ᠃ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ | ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠣᠯᠴᠠᠬᠤ᠂ ᠵᠠᠬ᠎ᠠ | ᠳᠡᠯᠭᠡᠭᠦᠷ ᠢᠶᠠᠷ ᠲᠦᠯᠬᠢᠨ ᠠᠬᠢᠭᠤᠯᠬᠤ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠦᠢᠯᠡᠳᠦᠯ ᠢᠶᠠᠨ ᠭᠦᠢᠴᠡᠳ | ᠪᠠᠳᠠᠷᠠᠭᠤᠯᠤᠭᠰᠠᠨ ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠯ ᠪᠣᠯᠤᠨ ᠠᠵᠢᠯ ᠤᠨ ᠲᠣᠭᠲᠠᠴᠠ ᠶᠢ | ᠪᠠᠷᠢᠮᠲᠠᠯᠠᠬᠤ ᠬᠡᠷᠡᠭᠲᠡᠶ᠃ ᠵᠡᠮᠳᠡᠭᠴᠦᠳ ᠤᠨ ᠠᠵᠢᠯ ᠤᠨ ᠵᠦᠪᠯᠡᠯ ᠤᠨ ᠠᠵᠢᠯ ᠤᠨ ᠳᠦᠷᠢᠮ ᠢ ᠲᠡᠭᠦᠯᠳᠡᠷᠵᠢᠭᠦᠯᠵᠦ᠂ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ | ᠰᠤᠳᠤᠯᠤᠨ ᠰᠢᠢᠳᠪᠦᠷᠢᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠵᠡᠮᠳᠡᠭᠴᠦᠳ ᠤᠨ ᠠᠵᠢᠯ ᠢ | ᠲᠦᠯᠬᠢᠨ ᠠᠬᠢᠭᠤᠯᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ | ᠪᠠᠲᠤᠯᠠᠭ᠎ᠠ ᠬᠠᠩᠭᠠᠬᠤ ᠬᠡᠷᠡᠭᠲᠡᠶ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ | ᠵᠥᠪᠯᠡᠯ᠂ ᠠᠶᠢᠮᠠᠭ ᠤᠨ ᠵᠡᠮᠳᠡᠭᠴᠦᠳ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠬᠡᠴᠡ︶᠃ | 2 . ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠎ᠠ᠃ | ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠤᠯᠠᠮ ᠨᠢᠭᠡ | ᠠᠯᠬᠤᠮ ᠴᠢᠩᠭᠠᠳᠬᠠᠨ᠂ ᠨᠠᠮ ᠪᠠ ᠵᠠᠰᠠᠭ ᠤᠨ ᠣᠷᠳᠣᠨ ᠳᠤ ᠲᠠᠭᠠᠰᠢᠶᠠᠭᠳᠠᠭᠰᠠᠨ᠂ ᠵᠡᠮᠳᠡᠭᠴᠦᠳ ᠲᠤ | ᠲᠠᠭᠠᠰᠢᠶᠠᠭᠳᠠᠭᠰᠠᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠴᠢᠷᠮᠠᠶᠢᠨ ᠪᠠᠶᠢᠭᠤᠯᠤᠨ᠎ᠠ᠃ | ᠵᠡᠮᠳᠡᠭᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠠᠵᠢᠯ ᠢ ᠨᠢᠮᠪᠠᠶ ᠥᠷᠨᠢᠭᠦᠯᠵᠦ᠂ ᠠᠶᠢᠮᠠᠭ᠂ ᠬᠤᠰᠢᠭᠤ | ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠳᠣᠲᠣᠭᠠᠳᠤ ᠪᠠᠶᠢᠭᠤᠯᠤᠮᠵᠢ ᠶᠢ ᠵᠦᠶ ᠵᠣᠬᠢᠰᠲᠠᠶ ᠪᠠᠶᠢᠷᠢᠯᠠᠭᠤᠯᠤᠨ᠂ | ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠵᠠᠭᠪᠤᠷ ᠪᠠ ᠠᠵᠢᠯᠯᠠᠭᠠᠨ ᠤ ᠲᠣᠭᠲᠠᠴᠠ ᠶᠢ | ᠰᠢᠯᠢᠳᠡᠭᠵᠢᠭᠦᠯᠦᠨ᠂ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠵᠠᠰᠠᠯᠲᠠ ᠶᠢᠨ ᠴᠢᠳᠠᠪᠤᠷᠢ | ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠷᠠᠳ ᠤᠨ ᠶᠠᠪᠤᠳᠠᠯ ᠤᠨ ᠶᠠᠮᠤᠨ᠂ ᠳᠤᠮᠳᠠᠳᠤ | ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ︽ᠲᠣᠰᠬᠤᠨ ︵ᠨᠡᠶᠢᠭᠡᠮ ᠲᠣᠭᠤᠷᠢᠭ︶ ᠤ ᠵᠡᠮᠳᠡᠭᠴᠦᠳ ᠤᠨ | ᠨᠡᠶᠢᠭᠡᠮᠯᠢᠭ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾᠂ ︽ᠲᠣᠰᠬᠤᠨ ︵ᠨᠡᠶᠢᠭᠡᠮ ᠲᠣᠭᠤᠷᠢᠭ | ︶ ᠤ ᠵᠡᠮᠳᠡᠭᠴᠦᠳ ᠤᠨ ᠨᠡᠶᠢᠭᠡᠮᠯᠢᠭ ᠤᠨ ᠠᠵᠢᠯ ᠤᠨ ᠵᠢᠷᠤᠮᠵᠢᠯ︾᠂ ︽ᠲᠤᠰᠬᠠᠶ ᠲᠤᠰᠢᠶᠠᠯᠲᠤ ᠭᠡᠰᠢᠭᠦᠨ ᠤ | ᠠᠵᠢᠯ ᠤᠨ ᠵᠢᠷᠤᠮᠵᠢᠯ︾ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠵᠡᠮᠳᠡᠭᠴᠦᠳ ᠤᠨ ᠨᠡᠶᠢᠭᠡᠮᠯᠢᠭ ᠢ ᠤᠯᠠᠮ ᠨᠢᠭᠡ ᠠᠯᠬᠤᠮ ᠪᠦᠷᠢᠨᠰᠢᠬᠦᠯᠥᠨ᠂ 2022 | ᠣᠨ ᠤ ᠵᠢᠯ ᠤᠨ ᠰᠡᠭᠦᠯᠴᠢ ᠪᠠᠷ ᠵᠡᠮᠳᠡᠭᠴᠦᠳ ᠤᠨ ᠨᠡᠶᠢᠭᠡᠮᠯᠢᠭ ᠤᠨ ᠪᠦᠷᠬᠦᠴᠡ ᠶᠢᠨ ᠨᠣᠷᠮ᠎ᠠ ᠶᠢ 100 % ᠳᠤ | ᠬᠦᠷᠦᠭᠦᠯᠵᠦ᠂ ᠦᠨᠳᠦᠰᠦᠨ ᠱᠠᠲᠤᠨ ᠤ ᠵᠡᠮᠳᠡᠭᠴᠦᠳ ᠤᠨ ᠨᠡᠶᠢᠭᠡᠮᠯᠢᠭ ᠤᠨ ᠪᠠᠶᠢᠭᠤᠯᠤᠯᠲᠠ ᠶᠢ ᠵᠢᠷᠤᠮᠵᠢᠭᠤᠯᠬᠤ᠂ | ᠠᠵᠢᠯᠯᠠᠭ᠎ᠠ ᠶᠢ ᠪᠠᠶᠢᠩᠭᠤᠵᠢᠭᠤᠯᠬᠤ᠂ ᠦᠢᠯᠡᠴᠢᠯᠡᠬᠡᠨ ᠢ ᠲᠦᠢᠯ ᠤᠨ ᠣᠨᠣᠪᠴᠢᠳᠠᠢ ᠪᠠᠶᠢᠯᠭᠠᠬᠤ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ ᠵᠡᠮᠳᠡᠭᠴᠦᠳ ᠤᠨ ᠨᠡᠶᠢᠭᠡᠮᠯᠢᠭ ᠤᠨ ᠲᠡᠷᠢᠭᠦᠯᠡᠭᠴᠢ ᠶᠢᠨ ᠲᠤᠰᠢᠶᠠᠯ ᠢ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠪᠦᠷᠢᠯᠳᠦᠬᠦᠨ ᠡᠭᠦᠷᠭᠡᠯᠡᠬᠦ ᠲᠣᠭᠲᠠᠭᠠᠯ ᠢ | ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠡᠮᠳᠡᠭᠴᠦᠳ ᠤᠨ ᠨᠡᠶᠢᠭᠡᠮᠯᠢᠭ ᠤᠨ | ᠲᠤᠰᠬᠠᠶ ᠲᠤᠰᠢᠶᠠᠯᠲᠤ ᠭᠡᠰᠢᠭᠦᠨ ᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠤᠶᠤ ᠨᠡᠶᠢᠭᠡᠮ ᠤᠨ | ᠠᠵᠢᠯᠲᠠᠨ ᠤ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠲᠡᠳᠡᠨ ᠤ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ ᠵᠡᠮᠳᠡᠭᠴᠦᠳ ᠤᠨ ᠲᠤᠰᠬᠠᠶ ᠨᠡᠶᠢᠭᠡᠮᠯᠢᠭ ᠤᠨ | ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮᠯᠢᠭ ᠤᠨ ᠵᠠᠷᠤᠳᠠᠯ᠂ ᠲᠠᠯᠠᠪᠤᠷ ᠪᠠ ᠠᠵᠢᠯᠲᠠᠨ ᠤ ᠪᠠᠲᠤᠯᠠᠭ᠎ᠠ ᠶᠢ | ᠨᠠᠶᠢᠳᠠᠪᠤᠷᠢᠵᠢᠭᠤᠯᠤᠨ᠂ ᠠᠶᠢᠮᠠᠭ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠨᠡᠶᠢᠭᠡᠮᠯᠢᠭ ᠨᠢᠭᠡᠪᠦᠷᠢ ᠶᠢ | ᠲᠣᠰ ᠲᠣᠰ 10 ᠲᠦᠮᠡᠨ ᠲᠥᠭᠦᠷᠢᠭ᠂ 3 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠡᠳ᠋ ᠤᠨ ᠵᠠᠰᠠᠭ ᠤᠨ | ᠲᠥᠰᠦᠪ ᠲᠤ ᠣᠷᠣᠭᠤᠯᠤᠨ᠎ᠠ᠃ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠢ | ︽ᠳᠥᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ︽ | ᠲᠥᠯᠥᠭᠡᠯᠡᠬᠦ᠂ ᠦᠢᠯᠡᠴᠢᠯᠡᠬᠦ᠂ ᠬᠠᠮᠢᠶᠠᠷᠬᠤ︾ ᠡᠭᠦᠷᠭᠡ ᠴᠢᠳᠠᠪᠤᠷᠢ ᠪᠠᠨ ᠰᠠᠶᠢᠲᠤᠷ ᠬᠦᠢᠴᠡᠳᠭᠡᠵᠦ᠂ ᠠᠵᠢᠯ ᠤᠨ | ᠰᠤᠷᠲᠠᠯ ᠢᠶᠠᠨ ᠰᠠᠶᠢᠵᠢᠷᠠᠭᠤᠯᠤᠨ᠂ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠳᠤ | ᠭᠦᠨᠵᠡᠭᠡᠶᠢᠷᠡᠨ᠂ ᠵᠡᠮᠳᠡᠭᠴᠦᠳ ᠤᠨ ᠬᠡᠷ ᠪᠦᠯᠢ ᠳᠤ ᠭᠦᠨᠵᠡᠭᠡᠶᠢᠷᠡᠵᠦ᠂ ᠵᠡᠮᠳᠡᠭᠴᠦᠳ ᠤᠨ ᠬᠡᠷ ᠪᠦᠯᠢ ᠳᠤ ᠪᠣᠳᠠᠲᠤ | ᠶᠠᠪᠤᠳᠠᠯ ᠬᠢᠵᠦ ᠥᠭᠭᠦᠨ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠶ᠃ ︵ᠬᠠᠷᠢᠭᠤᠴᠠᠯᠭᠠᠲᠤ | ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ | ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ | ᠬᠤᠯᠪᠣᠭ᠎ᠠ︶᠃ | 3 . ᠵᠡᠮᠳᠡᠭᠴᠦᠳ ᠤᠨ ᠦᠢᠯᠡᠰ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠣᠨ᠎ᠠ᠃ | ᠵᠡᠮᠳᠡᠭᠴᠦᠳ ᠤᠨ ᠬᠤᠯᠪᠣᠭᠠᠨ ᠤ ᠰᠢᠰᠲ᠋ᠧᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠪᠦᠬᠦ ᠠᠶᠢᠮᠠᠭ ᠤᠨ | ᠺᠠᠳ᠋ᠷ ᠤᠨ ᠡᠩᠨᠡᠭᠡ ᠪᠣᠯᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ | ᠲᠥᠯᠥᠪᠵᠢᠭᠦᠯᠭᠡ ᠳᠤ ᠣᠷᠣᠭᠤᠯᠤᠨ᠎ᠠ᠃ ᠵᠡᠮᠳᠡᠭᠴᠦᠳ ᠤᠨ ᠠᠵᠢᠯ ᠤᠨ ᠺᠠᠳ᠋ᠷ ᠢ ᠰᠢᠯᠢᠨ ᠳᠡᠪᠰᠢᠭᠦᠯᠵᠦ | ᠬᠥᠮᠦᠵᠢᠭᠦᠯᠬᠦ ᠶᠢ ᠴᠢᠬᠤᠯᠠᠴᠢᠯᠠᠵᠤ᠂ ᠵᠡᠮᠳᠡᠭᠴᠦᠳ ᠤᠨ ᠠᠵᠢᠯ ᠤᠨ ᠺᠠᠳ᠋ᠷ ᠤᠨ ᠡᠩᠨᠡᠭᠡᠨ ᠤ ᠢᠷᠡᠯᠲᠡ ᠶᠢ | ᠥᠷᠭᠡᠳᠬᠡᠨ ᠲᠡᠭᠦᠯᠳᠡᠷᠵᠢᠭᠦᠯᠵᠦ᠂ ᠵᠡᠮᠳᠡᠭᠴᠦᠳ ᠤᠨ ᠺᠠᠳ᠋ᠷ ᠤᠨ ᠡᠩᠨᠡᠭᠡᠨ ᠤ ᠴᠢᠳᠠᠪᠤᠷᠢ ᠪᠣᠯᠤᠨ ᠬᠡᠪ ᠴᠢᠨᠠᠷ ᠢ | ᠳᠡᠭᠡᠭᠰᠢᠯᠡᠭᠦᠯᠬᠦ ᠬᠡᠷᠡᠭᠲᠡᠶ᠃ ᠵᠡᠮᠳᠡᠭᠴᠦᠳ ᠤᠨ ᠬᠤᠯᠪᠣᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠤᠰᠬᠠᠶ ᠪᠠ ᠬᠠᠪᠰᠤᠷᠭᠠᠨ ᠬᠠᠷᠢᠭᠤᠴᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠵᠡᠮᠳᠡᠭᠴᠦᠳ ᠤᠨ ᠠᠵᠢᠯ ᠤᠨ ᠬᠦᠴᠦᠨ ᠢ ᠲᠠᠰᠤᠷᠠᠯᠲᠠ ᠤᠢᠭᠡᠢ ᠨᠡᠮᠡᠭᠳᠡᠭᠦᠯᠵᠦ᠂ ᠠᠶᠢᠮᠠᠭ᠂ | ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠰᠠᠯᠠᠭ᠎ᠠ ᠮᠥᠴᠢᠷ ᠤᠨ ᠵᠡᠮᠳᠡᠭᠴᠦᠳ ᠤᠨ ᠺᠠᠳ᠋ᠷ ᠤᠨ ᠬᠠᠷᠢᠴᠠᠯ ᠢ | 15 % ᠠᠴᠠ ᠳᠡᠭᠡᠭᠰᠢ ᠳᠤ ᠬᠦᠷᠦᠭᠦᠯᠵᠦ᠂ ᠵᠡᠮᠳᠡᠭᠴᠦᠳ ᠤᠨ ᠬᠤᠯᠪᠣᠭ᠎ᠠ ᠶᠢᠨ ᠤᠳᠤᠷᠢᠳᠬᠤ ᠪᠠᠭ ᠲᠤ ᠵᠠᠷᠴᠢᠮ | ᠳᠡᠭᠡᠷ᠎ᠡ ᠪᠠᠨ ᠠᠳᠠᠭ ᠲᠠᠭᠠᠨ 1 ᠵᠡᠮᠳᠡᠭ ᠺᠠᠳ᠋ᠷ ᠲᠣᠬᠢᠷᠠᠭᠤᠯᠵᠤ᠂ 1 ᠨᠡᠷᠡᠰ ᠲᠤᠰᠢᠶᠠᠯ ᠬᠠᠪᠰᠤᠷᠭᠠᠭᠰᠠᠨ ᠳᠡᠳ᠋ | ᠬᠡᠷᠡᠭ ᠡᠷᠬᠢᠯᠡᠭᠴᠢᠳ ᠤᠨ ᠳᠠᠷᠤᠭ᠎ᠠ ᠪᠠ 1 ᠨᠡᠷᠡᠰ ᠲᠤᠰᠢᠶᠠᠯ ᠡᠭᠦᠷᠭᠡᠯᠡᠭᠰᠡᠨ ᠳᠡᠳ᠋ ᠬᠡᠷᠡᠭ ᠡᠷᠬᠢᠯᠡᠭᠴᠢᠳ ᠤᠨ | ᠳᠠᠷᠤᠭ᠎ᠠ ᠶᠢ ᠰᠣᠩᠭᠤᠨ ᠲᠣᠬᠢᠷᠠᠭᠤᠯᠬᠤ ᠬᠡᠷᠡᠭᠲᠡᠶ᠃ ᠵᠡᠮᠳᠡᠭᠴᠦᠳ ᠤᠨ ᠬᠤᠯᠪᠣᠭ᠎ᠠ ᠶᠢᠨ ᠰᠢᠰᠲ᠋ᠧᠮ ᠤᠨ ᠵᠠᠯᠠᠭᠤ | ᠺᠠᠳ᠋ᠷ ᠢ ᠰᠣᠯᠢᠯᠴᠠᠬᠤ᠂ ᠬᠥᠮᠦᠵᠢᠭᠦᠯᠬᠦ ᠪᠠ ᠰᠢᠯᠢᠨ ᠰᠣᠩᠭᠤᠬᠤ ᠡᠷᠴᠢᠮ ᠢ ᠴᠢᠩᠭᠠᠷᠠᠭᠤᠯᠵᠤ᠂ ᠵᠡᠮᠳᠡᠭᠴᠦᠳ ᠤᠨ | ᠵᠠᠯᠠᠭᠤᠴᠤᠳ ᠤᠨ ᠭᠤᠣᠯᠯᠠᠭᠴᠢ ᠬᠦᠴᠦᠨ ᠢ ᠪᠣᠯᠪᠠᠰᠤᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠯᠠᠱᠠ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠡᠷᠡᠭᠦᠯᠵᠢᠭᠦᠯᠬᠦ ᠡᠮᠨᠡᠨ ᠵᠠᠰᠠᠬᠤ ᠮᠡᠷᠭᠡᠵᠢᠯ᠂ ᠣᠨᠴᠣᠭᠤᠶ ᠰᠤᠷᠭᠠᠨ | ᠬᠥᠮᠦᠵᠢᠯ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠨᠡᠭᠡᠭᠡᠬᠦ ᠶᠢ ᠳᠡᠮᠵᠢᠵᠦ᠂ ᠵᠡᠮᠳᠡᠭᠴᠦᠳ ᠤᠨ ᠡᠷᠡᠭᠦᠯᠵᠢᠯ᠂ | ᠨᠠᠶᠢᠳᠠᠨ ᠠᠰᠠᠷᠠᠭᠤᠯᠵᠤ ᠬᠠᠷᠠᠭᠠᠯᠵᠠᠨ ᠠᠰᠠᠷᠠᠬᠤ᠂ ᠨᠡᠶᠢᠭᠡᠮ ᠤᠨ ᠠᠵᠢᠯ ᠵᠡᠷᠭᠡ ᠲᠤᠰᠬᠠᠶ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠶᠢ ᠲᠦᠷᠬᠡᠨ ᠬᠥᠮᠦᠵᠢᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠵᠡᠮᠳᠡᠭᠴᠦᠳ ᠤᠨ ᠠᠵᠢᠯ ᠡᠷᠭᠢᠯᠡᠭᠰᠡᠳ ᠤᠨ ᠠᠵᠢᠯ | ᠮᠡᠷᠭᠡᠵᠢᠯ ᠤᠨ ᠴᠢᠳᠠᠪᠤᠷᠢ ᠶᠢ ᠦᠨᠡᠯᠡᠨ ᠵᠢᠱᠢᠬᠦ ᠪᠠ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠠᠵᠢᠯ | ᠥᠷᠨᠢᠭᠦᠯᠬᠦ ᠶᠢ ᠳᠡᠮᠵᠢᠨ᠎ᠡ᠃ ᠦᠨᠡᠨᠴᠢ ᠰᠢᠳᠤᠷᠭᠤ᠂ ᠠᠷᠢᠭᠤᠨ ᠴᠢᠬᠡᠴᠢ᠂ ᠡᠭᠦᠷᠭᠡᠯᠡᠯ ᠲᠠᠢ᠂ ᠵᠡᠮᠳᠡᠭᠴᠦᠳ ᠢ | ᠣᠶᠢᠯᠠᠭᠠᠬᠤ᠂ ᠵᠡᠮᠳᠡᠭᠴᠦᠳ ᠢ ᠮᠡᠳᠡᠬᠦ᠂ ᠵᠡᠮᠳᠡᠭᠴᠦᠳ ᠢ ᠬᠠᠶᠢᠷᠠᠯᠠᠬᠤ᠂ ᠵᠡᠮᠳᠡᠭᠴᠦᠳ ᠲᠠᠢ ᠰᠡᠳᠬᠢᠯ ᠵᠢᠷᠦᠬᠡ ᠪᠠᠨ | ᠬᠤᠯᠪᠣᠬᠤ ᠥᠨᠳᠥᠷ ᠬᠡᠪ ᠪᠣᠯᠪᠠᠰᠤᠷᠠᠯ ᠲᠠᠢ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠤᠨ ᠡᠩᠨᠡᠭᠡ ᠶᠢ | ᠬᠥᠮᠦᠵᠢᠭᠦᠯᠦᠨ᠎ᠡ᠃ ︵ᠬᠠᠷᠢᠭᠤᠴᠠᠬᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ | ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠯᠠᠱᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠵᠡᠮᠳᠡᠭᠴᠦᠳ ᠤᠨ ᠬᠤᠯᠪᠣᠭ᠎ᠠ︶᠃ | 4 . ᠵᠡᠮᠳᠡᠭᠴᠦᠳ ᠤᠨ ᠰᠠᠭᠤᠷᠢ ᠦᠢᠯᠡᠴᠢᠯᠡᠬᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ | ᠪᠦᠲᠦᠮᠵᠢᠲᠡᠶ ᠠᠵᠢᠯᠯᠠᠭᠠᠨ ᠢ ᠠᠬᠢᠭᠤᠯᠤᠨ᠎ᠠ᠃ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠤᠷᠲᠤᠪᠲᠤᠷ ᠪᠠ ᠤᠷᠲᠤ | ᠬᠤᠭᠤᠴᠠᠭᠠᠨ ᠤ ᠲᠥᠯᠥᠪᠵᠢᠭᠦᠯᠭᠡ ᠪᠣᠯᠤᠨ ᠵᠠᠰᠠᠭ ᠤᠨ ᠣᠷᠳᠣᠨ ᠤ ᠬᠠᠷᠠᠯᠲᠠᠲᠤ ᠬᠠᠮᠢᠶᠠᠷᠤᠯᠲᠠ ᠳᠤ ᠣᠷᠣᠭᠤᠯᠵᠤ᠂ | ᠲᠥᠷᠥᠯ ᠵᠦᠢᠯ ᠪᠠᠶᠢᠭᠤᠯᠬᠤ᠂ ᠲᠥᠯᠥᠪᠵᠢᠭᠦᠯᠬᠦ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ | ᠲᠠᠯ᠎ᠠ ᠪᠠᠷ ᠡᠩ ᠲᠡᠷᠢᠭᠦᠨ ᠳᠤ ᠲᠣᠬᠢᠷᠠᠭᠤᠯᠬᠤ ᠬᠡᠷᠡᠭᠲᠡᠶ᠃ ᠠᠵᠢᠯ ᠤᠨ ᠲᠣᠭᠲᠠᠴᠠ ᠪᠠ ᠠᠵᠢᠯᠯᠠᠭᠠᠨ ᠤ | ᠲᠣᠭᠲᠠᠴᠠ ᠳᠤ ᠰᠢᠨ᠎ᠡ ᠶᠢ ᠡᠭᠦᠳᠴᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠷᠬᠡ ᠠᠰᠢᠭ ᠢ | ᠪᠠᠲᠤᠯᠠᠭᠰᠠᠨ ᠨᠥᠬᠦᠴᠡᠯ ᠳᠤᠤᠷ᠎ᠠ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠬᠠᠮᠲᠤᠷᠠᠨ | ᠵᠡᠮᠳᠡᠭᠴᠦᠳ ᠤᠨ ᠦᠢᠯᠡᠴᠢᠯᠡᠬᠡᠨ ᠤ ᠪᠡᠯᠡᠳᠬᠡᠮᠵᠢ ᠶᠢᠨ ᠢᠨᠵᠧᠨᠧᠷᠢᠩ ᠤᠨ ᠪᠠᠶᠢᠭᠤᠯᠤᠯᠲᠠ ᠪᠠ ᠡᠵᠡᠩᠨᠡᠯᠲᠡ ᠶᠢ | ᠥᠷᠨᠢᠭᠦᠯᠬᠦ ᠶᠢ ᠵᠣᠷᠢᠭᠵᠢᠭᠤᠯᠤᠨ᠎ᠠ᠃ ᠡᠷᠡᠭᠦᠯᠵᠢᠭᠦᠯᠬᠦ᠂ ᠨᠠᠶᠢᠳᠠᠵᠤ ᠠᠰᠠᠷᠠᠭᠤᠯᠬᠤ ᠵᠡᠷᠭᠡ ᠵᠡᠮᠳᠡᠭᠴᠦᠳ ᠤᠨ | ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠨ᠂ ᠠᠮᠵᠢᠯᠲᠠ ᠪᠦᠲᠦᠮᠵᠢ ᠶᠢᠨ | ᠦᠨᠡᠯᠡᠯᠲᠡ ᠶᠢ ᠪᠦᠬᠦ ᠲᠠᠯ᠎ᠠ ᠪᠠᠷ ᠥᠷᠨᠢᠭᠦᠯᠵᠦ᠂ ᠠᠶᠢᠮᠠᠭ᠂ ᠬᠤᠰᠢᠭᠤ ᠣᠷᠣᠨ ᠤ ᠨᠢᠭᠡᠨᠲᠡ ᠪᠠᠶᠢᠭᠤᠯᠤᠭᠰᠠᠨ | ᠵᠡᠮᠳᠡᠭᠴᠦᠳ ᠤᠨ ᠡᠯ᠎ᠡ ᠲᠥᠷᠥᠯ ᠤᠨ ᠦᠢᠯᠡᠴᠢᠯᠡᠭᠡᠨ ᠤ ᠪᠡᠯᠡᠳᠬᠡᠮᠵᠢ ᠶᠢ ᠵᠢᠷᠤᠮᠵᠢᠭᠤᠯᠤᠨ ᠡᠵᠡᠩᠨᠡᠬᠦ ᠪᠠ ᠦᠷ᠎ᠡ | ᠠᠰᠢᠭ ᠢ ᠨᠢ ᠭᠦᠢᠴᠡᠳ ᠪᠠᠳᠠᠷᠠᠭᠤᠯᠬᠤ ᠶᠢ ᠲᠦᠯᠬᠢᠨ ᠠᠬᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠨᠤᠭᠤᠳ | ᠰᠢᠨ᠎ᠡ ᠪᠠᠷ ᠪᠠᠶᠢᠭᠤᠯᠬᠤ ᠠᠷᠠᠳ ᠠᠴᠠ ᠡᠷᠬᠢᠯᠡᠭᠰᠡᠨ ᠵᠡᠮᠳᠡᠭᠴᠦᠳ ᠢ ᠡᠷᠡᠭᠦᠯᠵᠢᠭᠦᠯᠬᠦ ᠪᠠ ᠨᠠᠶᠢᠳᠠᠨ ᠠᠰᠠᠷᠠᠭᠤᠯᠬᠤ | ᠪᠠᠶᠢᠭᠤᠯᠤᠮᠵᠢ ᠳᠤ ᠳᠡᠮᠵᠢᠯᠭᠡ ᠦᠵᠡᠭᠦᠯᠵᠦ ᠪᠣᠯᠤᠨ᠎ᠠ᠃ ᠬᠤᠰᠢᠭᠤ ᠣᠷᠣᠨ ᠨᠢ ᠵᠠᠰᠠᠭ ᠤᠨ ᠣᠷᠳᠣᠨ ᠤ ᠪᠠᠯᠠ | ᠣᠷᠣᠭᠤᠯᠤᠨ ᠪᠠᠶᠢᠭᠤᠯᠤᠭᠰᠠᠨ ᠵᠡᠮᠳᠡᠭᠴᠦᠳ ᠤᠨ ᠦᠢᠯᠡᠴᠢᠯᠡᠬᠡᠨ ᠤ ᠪᠡᠯᠡᠳᠬᠡᠮᠵᠢ ᠶᠢ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠵᠡᠮᠳᠡᠭᠴᠦᠳ ᠤᠨ ᠦᠢᠯᠡᠴᠢᠯᠡᠬᠡᠨ ᠤ ᠪᠠᠶᠢᠭᠤᠯᠤᠮᠵᠢ ᠳᠤ ᠦᠨ᠎ᠡ | ᠲᠥᠯᠥᠪᠦᠷᠢ ᠥᠬᠡᠶ ᠪᠤᠶᠤ ᠳᠤᠤᠷ᠎ᠠ ᠦᠨ᠎ᠡ ᠪᠠᠷ ᠬᠠᠩᠭᠠᠨ ᠬᠡᠷᠡᠭᠯᠡᠭᠦᠯᠦᠨ᠎ᠡ᠃ ᠰᠤᠮᠤ ᠪᠠᠯᠭᠠᠰᠤ ︵ᠵᠡᠭᠡᠯᠢ ᠭᠤᠳᠤᠮᠵᠢ | ︶᠂ ᠭᠠᠴᠠᠭ᠎ᠠ ︵ᠨᠡᠶᠢᠭᠡᠮ ᠲᠣᠭᠤᠷᠢᠭ︶ ᠵᠡᠮᠳᠡᠭᠴᠦᠳ ᠤᠨ ᠦᠢᠯᠡᠴᠢᠯᠡᠭᠡ ᠳᠤ ᠲᠠᠯᠠᠪᠤᠷ ᠭᠠᠵᠠᠷ ᠤᠨ ᠪᠠᠲᠤᠯᠠᠭ᠎ᠠ | ᠬᠠᠩᠭᠠᠨ᠎ᠠ᠃ ᠵᠡᠮᠳᠡᠭᠴᠦᠳ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠪᠡᠯᠡᠳᠬᠡᠮᠵᠢ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠬᠦ ᠬᠡᠷᠡᠭᠲᠡᠶ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ | ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ︶᠃ | 5 . ᠵᠡᠮᠳᠡᠭᠴᠦᠳ ᠤᠨ ᠦᠢᠯᠡᠰ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢ ᠳᠦᠷᠭᠡᠳᠬᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠲᠤᠰᠠᠯᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ | ᠤᠯᠠᠮᠵᠢᠯᠠᠯᠲᠤ ᠦᠢᠯᠡᠴᠢᠯᠡᠬᠡᠨ ᠤ ᠠᠷᠭ᠎ᠠ ᠮᠠᠶ᠋ᠢᠭ ᠪᠠ ᠣᠶᠤᠨᠴᠢᠯᠠᠭᠰᠠᠨ ᠦᠢᠯᠡᠴᠢᠯᠡᠬᠡᠨ ᠤ ᠰᠢᠨ᠎ᠡ ᠶᠢ ᠡᠭᠦᠳᠬᠦ ᠶᠢ | ᠵᠡᠷᠭᠡᠪᠡᠷ ᠶᠠᠪᠤᠭᠳᠠᠭᠤᠯᠬᠤ ᠶᠢ ᠪᠠᠷᠢᠮᠲᠠᠯᠠᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ | ᠤᠶᠠᠯᠳᠤᠭᠤᠯᠤᠭᠰᠠᠨ ᠵᠡᠮᠳᠡᠭᠴᠦᠳ ᠤᠨ ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠵᠤ᠂ ᠵᠡᠮᠳᠡᠭᠴᠦᠳ ᠲᠤ ᠣᠯᠠᠨ | ᠡᠰᠢᠲᠦ ᠦᠢᠯᠡᠴᠢᠯᠡᠬᠡᠨ ᠤ ᠠᠭᠤᠯᠭ᠎ᠠ ᠪᠠ ᠦᠢᠯᠡᠴᠢᠯᠡᠬᠡᠨ ᠤ ᠠᠷᠭ᠎ᠠ ᠮᠠᠶ᠋ᠢᠭ ᠢ ᠬᠠᠩᠭᠠᠨ᠎ᠠ᠃ ᠵᠡᠮᠳᠡᠭᠴᠦᠳ ᠤᠨ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠬᠡᠨ ᠤ ᠲᠥᠷᠥᠯ ᠵᠦᠢᠯ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠨᠢᠭᠡ ᠴᠣᠭᠴᠠᠵᠢᠭᠤᠯᠬᠤ ᠲᠠᠪᠴᠠᠩ ᠳᠤ ᠣᠷᠣᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠂ ︽ | ᠮᠣᠵᠢ ᠠᠯᠤᠰᠯᠠᠨ ᠨᠡᠶᠢᠳᠡᠮ ᠬᠦᠢᠴᠡᠳᠭᠡᠬᠦ︾ ᠶᠢ ᠪᠡᠶᠡᠯᠡᠭᠦᠯᠬᠦ ᠬᠡᠷᠡᠭᠲᠡᠶ᠃ ᠡᠭᠦᠯᠡᠨ ᠪᠤᠳᠤᠯᠲᠠ᠂ ᠲᠣᠮᠣ ᠳ᠋ᠠᠶᠢᠲ᠋ᠠ᠂ | ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠮᠡᠷᠭᠡᠵᠢᠯ ᠬᠢᠭᠡᠳ ᠵᠡᠮᠳᠡᠭᠴᠦᠳ ᠤᠨ ᠦᠢᠯᠡᠴᠢᠯᠡᠭᠡ ᠶᠢ ᠭᠦᠨᠵᠡᠭᠡᠶ | ᠠᠭᠤᠰᠤᠯᠴᠠᠭᠤᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠲᠠᠢ | ᠬᠠᠮᠵᠢᠯᠴᠠᠨ ᠵᠡᠮᠳᠡᠭᠴᠦᠳ ᠤᠨ ᠮᠡᠳᠡᠭᠡ ᠵᠠᠩᠭᠢ ᠶᠢᠨ ᠣᠳᠣᠬᠢᠴᠢᠯᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠬᠡᠨ ᠤ | ᠲᠠᠪᠴᠠᠩ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ | ᠦᠢᠯᠡᠴᠢᠯᠡᠬᠡᠨ ᠤ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠠᠪᠴᠠᠩ ᠯᠤᠭ᠎ᠠ ᠬᠥᠨᠳᠡᠯᠡᠨ ᠢᠶᠠᠷ ᠵᠣᠯᠭᠠᠭᠤᠯᠵᠤ᠂ ᠰᠤᠷᠭᠠᠨ ᠬᠥᠮᠦᠵᠢᠯ᠂ ᠳᠣᠲᠣᠭᠠᠳᠤ ᠶᠢ | ᠬᠠᠮᠠᠭᠠᠯᠠᠬᠤ᠂ ᠠᠷᠠᠳ ᠤᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ᠂ ᠡᠷᠡᠭᠦᠯ ᠬᠠᠮᠠᠭᠠᠯᠠᠯ ᠡᠷᠡᠭᠦᠯ | ᠮᠡᠨᠳᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠯᠦᠭᠡ ᠴᠠᠭ ᠲᠤᠬᠠᠶ ᠳᠤᠨᠢ | ᠲᠤᠭ᠎ᠠ ᠪᠠᠷᠢᠮᠲᠠ ᠰᠣᠯᠢᠯᠴᠠᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ | ᠬᠡᠪᠰᠢᠭᠰᠡᠨ ᠲᠤᠭ᠎ᠠ ᠪᠠᠷᠢᠮᠲᠠ ᠶᠢ ᠬᠠᠷᠢᠴᠠᠭᠤᠯᠬᠤ ᠲᠣᠭᠲᠠᠴᠠ ᠶᠢ ᠠᠬᠢᠭᠤᠯᠤᠨ᠎ᠠ᠃ ᠵᠡᠮᠳᠡᠭᠴᠦᠳ ᠤᠨ ᠦᠨᠳᠦᠰᠦᠨ | ᠪᠠᠶᠢᠳᠠᠯ ᠤᠨ ᠪᠠᠶᠢᠴᠠᠭᠠᠯᠲᠠ ᠶᠢ ᠪᠠᠶᠢᠩᠭᠤᠵᠢᠭᠤᠯᠬᠤ ᠶᠢ ᠨᠠᠶᠢᠳᠠᠪᠤᠷᠢᠵᠢᠭᠤᠯᠵᠤ᠂ ᠪᠠᠶᠢᠴᠠᠭᠠᠬᠤ ᠠᠷᠭ᠎ᠠ ᠪᠠᠷᠢᠯ ᠢᠶᠠᠨ | ᠰᠠᠶᠢᠵᠢᠷᠠᠭᠤᠯᠤᠨ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠣᠨᠣᠪᠴᠢᠲᠠᠶ ᠪᠠᠷ ᠰᠢᠨᠡᠳᠬᠡᠵᠦ᠂ ᠵᠡᠮᠳᠡᠭᠴᠦᠳ ᠤᠨ | ᠬᠥᠮᠦᠨ ᠠᠮᠠ ᠶᠢᠨ ᠰᠠᠭᠤᠷᠢ ᠮᠡᠳᠡᠭᠡ ᠵᠠᠩᠭᠢ ᠪᠠ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ | ᠬᠥᠮᠥᠷᠭᠡ ᠶᠢ ᠲᠡᠭᠦᠯᠳᠡᠷᠵᠢᠭᠦᠯᠦᠨ᠂ ᠬᠠᠮᠢᠶ᠎ᠠ ᠪᠥᠬᠦᠶ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ | ᠲᠥᠰᠦᠪ ᠲᠤ ᠣᠷᠣᠭᠤᠯᠵᠤ᠂ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠵᠡᠮᠳᠡᠭ ᠢ ᠰᠢᠯᠭᠠᠨ | ᠲᠣᠭᠲᠠᠭᠠᠬᠤ ᠪᠠ ᠵᠡᠮᠳᠡᠭᠴᠦᠳ ᠤᠨ ᠦᠨᠡᠮᠯᠡᠯ ᠢ ᠬᠠᠷᠭᠤᠭᠤᠯᠤᠨ ᠣᠯᠭᠤᠬᠤ ᠬᠠᠮᠢᠶᠠᠷᠤᠯᠲᠠ ᠶᠢ ᠴᠢᠩᠭ᠎ᠠ | ᠵᠢᠷᠤᠮᠵᠢᠭᠤᠯᠵᠤ᠂ ᠵᠡᠮᠳᠡᠭᠴᠦᠳ ᠤᠨ ᠡᠯᠧᠺᠲᠷᠣᠨ ᠦᠨᠡᠮᠯᠡᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠢᠶᠠᠷ | ᠠᠬᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ | ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ | ᠨᠠᠮ ᠤᠨ ᠬᠤᠷᠢᠶᠠᠨ ᠤ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠵᠢᠯᠳᠠ ᠶᠢᠨ ᠬᠤᠷᠢᠶᠠᠨ ᠤ ᠠᠯᠪᠠᠨ ᠬᠡᠷ᠂ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠴᠢᠮᠡᠭᠡ ᠬᠤᠯᠪᠣᠭᠠᠨ ᠤ | ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ︶᠃ | 6 . ᠵᠡᠮᠳᠡᠭᠴᠦᠳ ᠤᠨ ᠨᠢᠭᠦᠯᠡᠰᠦᠩᠭᠦᠶ ᠶᠢᠨ ᠦᠢᠯᠡᠰ ᠪᠠ ᠵᠡᠮᠳᠡᠭᠴᠦᠳ ᠢ ᠲᠡᠳᠬᠦᠨ ᠲᠤᠰᠠᠯᠠᠬᠤ ᠰᠠᠶᠢᠨ | ᠳᠤᠷ᠎ᠠ ᠶᠢᠨ ᠦᠢᠯᠡᠴᠢᠯᠡᠬᠡᠨ ᠢ ᠶᠡᠬᠡᠪᠡᠷ ᠬᠥᠭᠵᠢᠭᠦᠯᠬᠦ ᠬᠡᠷᠡᠭᠲᠡᠶ᠃ ᠰᠠᠶᠢᠨ ᠳᠤᠷ᠎ᠠ ᠠᠴᠠ ᠪᠠᠨ ᠵᠡᠮᠳᠡᠭᠴᠦᠳ ᠢ | ᠲᠤᠰᠠᠯᠠᠬᠤ ᠠᠵᠢᠯ ᠢ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠳᠤ | ᠣᠷᠣᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠰᠠᠶᠢᠨ ᠳᠤᠷ᠎ᠠ ᠠᠴᠠ ᠪᠠᠨ | ᠵᠡᠮᠳᠡᠭᠴᠦᠳ ᠢ ᠲᠤᠰᠠᠯᠠᠬᠤ ᠦᠢᠯᠡᠴᠢᠯᠡᠬᠡᠨ ᠤ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ | ᠃ ᠨᠡᠶᠢᠭᠡᠮ ᠤᠨ ᠵᠡᠮᠳᠡᠭᠴᠦᠳ ᠢ ᠲᠤᠰᠠᠯᠠᠬᠤ ᠳᠠᠶᠢᠴᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠰᠠᠳ ᠤᠨ ᠡᠯᠰᠡᠵᠦ ᠳᠠᠩᠰᠠᠯᠠᠬᠤ᠂ ᠦᠢᠯᠡᠴᠢᠯᠡᠵᠦ | ᠳᠠᠩᠰᠠᠯᠠᠬᠤ᠂ ᠡᠷᠬᠡ ᠠᠰᠢᠭ ᠢ ᠬᠠᠮᠠᠭᠠᠯᠠᠬᠤ᠂ ᠰᠠᠶᠢᠰᠢᠶᠠᠨ ᠵᠣᠷᠢᠭᠵᠢᠭᠤᠯᠬᠤ ᠵᠡᠷᠭᠡ ᠳᠦᠷᠢᠮ ᠢ ᠪᠦᠷᠢᠨᠰᠢᠭᠦᠯᠵᠦ᠂ | ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠰᠠᠳ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ | ᠵᠡᠮᠳᠡᠭᠴᠦᠳ ᠢ ᠲᠤᠰᠠᠯᠠᠬᠤ ᠪᠠᠷ ᠳᠠᠩᠰᠠᠯᠠᠭᠤᠯᠤᠭᠰᠠᠨ ᠰᠠᠶᠢᠨ ᠳᠤᠷ᠎ᠠ ᠶᠢᠨ ᠠᠵᠢᠯᠯᠠᠭᠰᠠᠳ ᠢ ᠶᠡᠷᠦᠩᠬᠡᠶ ᠲᠣᠭᠠᠨ ᠤ | 3 % ᠳᠤ ᠬᠦᠷᠦᠭᠦᠯᠵᠦ᠂ ᠬᠥᠮᠦᠨ ᠪᠦᠷᠢ ᠶᠢᠨ ᠵᠢᠯ ᠪᠦᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠴᠠᠭ ᠢ | 10 ᠴᠠᠭ ᠠᠴᠠ ᠳᠤᠲᠠᠭᠤ ᠦᠭᠡᠶ ᠪᠠᠶᠢᠯᠭᠠᠬᠤ ᠬᠡᠷᠡᠭᠲᠡᠶ᠃ ᠵᠡᠮᠳᠡᠭᠴᠦᠳ ᠢ ᠲᠤᠰᠠᠯᠠᠬᠤ ᠡᠯ᠎ᠡ ᠲᠥᠷᠥᠯ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠪᠠᠷ ᠪᠤᠶᠢᠵᠢᠭᠤᠯᠵᠤ᠂ ᠶᠠᠳᠠᠭᠤ ᠶᠢ ᠲᠡᠳᠬᠦᠵᠦ | ᠬᠦᠴᠢᠷᠳᠡᠯ ᠢ ᠨᠢ ᠰᠢᠢᠳᠪᠦᠷᠢᠯᠡᠬᠦ᠂ ᠠᠮᠢᠳᠤᠷᠠᠯ ᠢ ᠨᠢ ᠬᠠᠷᠠᠭᠠᠯᠵᠠᠬᠤ᠂ ᠰᠤᠷᠭᠠᠨ ᠬᠥᠮᠦᠵᠢᠯ ᠢ ᠳᠡᠮᠵᠢᠵᠦ | ᠰᠤᠷᠤᠯᠭ᠎ᠠ ᠶᠢ ᠨᠢ ᠲᠤᠰᠠᠯᠠᠬᠤ᠂ ᠨᠡᠶᠢᠭᠡᠮ ᠲᠣᠭᠤᠷᠢᠭ ᠤᠨ ᠡᠮᠴᠢᠯᠡᠭᠡ ᠶᠢ ᠵᠢᠯᠣᠭᠤᠳᠬᠤ᠂ ᠰᠣᠶᠣᠯ ᠪᠡᠶ᠎ᠡ ᠶᠢᠨ ᠲᠠᠮᠢᠷ | ᠂ ᠶᠠᠪᠤᠵᠤ ᠰᠠᠭᠤᠬᠤ ᠳᠤ ᠬᠠᠪᠰᠤᠷᠬᠤ ᠵᠡᠷᠭᠡ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ ᠡᠷᠡᠭᠦᠯᠵᠢᠭᠦᠯᠬᠦ | ᠨᠠᠶᠢᠳᠠᠨ ᠠᠰᠠᠷᠠᠭᠤᠯᠬᠤ᠂ ᠠᠵᠢᠯ ᠣᠯᠭᠤᠬᠤ ᠪᠣᠯᠪᠠᠰᠤᠷᠠᠭᠤᠯᠤᠯ᠂ ᠠᠮᠢᠳᠤᠷᠠᠯ ᠤᠨ ᠦᠢᠯᠡᠴᠢᠯᠡᠭᠡᠨ ᠵᠡᠷᠭᠡ | ᠵᠡᠮᠳᠡᠭᠴᠦᠳ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠵᠦᠢᠯ ᠢ ᠵᠡᠮᠳᠡᠭᠴᠦᠳ ᠢ | ᠲᠤᠰᠠᠯᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠡᠰᠢ ᠡᠩ ᠲᠡᠷᠢᠭᠦᠨ ᠳᠤ ᠬᠡᠯᠪᠠᠶᠢᠯᠭᠡᠬᠦ ᠬᠡᠷᠡᠭᠲᠡᠶ᠃ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ | ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠣᠯᠠᠨ ᠳᠦᠮᠡᠨᠴᠢ ᠪᠦᠯᠬᠦᠮ ᠨᠡᠶᠢᠳᠡ ᠶᠢᠨ ᠵᠣᠬᠢᠶᠠᠨ | ᠪᠠᠶᠢᠭᠤᠯᠤᠯᠲᠠ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ | ᠵᠡᠷᠭᠡ ᠶᠢ ᠵᠣᠷᠢᠭᠵᠢᠭᠤᠯᠤᠨ ᠵᠡᠮᠳᠡᠭᠴᠦᠳ ᠢ ᠲᠤᠰᠠᠯᠠᠬᠤ ᠨᠢᠭᠦᠯᠡᠰᠦᠩᠭᠦᠶ ᠶᠢᠨ ᠲᠥᠷᠥᠯ ᠵᠦᠢᠯ ᠢ ᠬᠡᠷᠡᠭᠵᠢᠭᠦᠯᠬᠦ | ᠬᠡᠷᠡᠭᠲᠡᠶ᠃ ᠵᠢᠯ ᠪᠦᠷᠢ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠠᠴᠠ | ᠵᠣᠬᠢᠬᠤ ᠬᠠᠷᠢᠴᠠᠯ ᠤᠨ ᠲᠤᠰᠬᠠᠶ ᠪᠡᠯᠡ ᠮᠥᠩᠭᠦ ᠬᠤᠪᠢᠶᠠᠷᠢᠯᠠᠨ ᠭᠠᠷᠭᠠᠵᠤ᠂ ᠵᠡᠮᠳᠡᠭᠴᠦᠳ ᠤᠨ ᠠᠰᠠᠷᠠᠮᠵᠢ ᠪᠣᠯᠤᠨ | ᠨᠢᠭᠦᠯᠡᠰᠦᠩᠭᠦᠶ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠶ᠃ ᠠᠯᠠᠱᠠ ᠠᠶᠢᠮᠠᠭ ᠤᠨ ᠵᠡᠮᠳᠡᠭᠴᠦᠳ ᠤᠨ | ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠢ ᠰᠦᠪᠡᠭᠴᠢᠯᠡᠨ ᠪᠠᠶᠢᠭᠤᠯᠵᠤ᠂ ᠵᠡᠮᠳᠡᠭᠴᠦᠳ ᠤᠨ | ᠨᠢᠭᠦᠯᠡᠰᠦᠩᠭᠦᠶ ᠶᠢᠨ ᠦᠢᠯᠡᠰ ᠤᠨ ᠴᠤᠭᠯᠠᠭᠤᠯᠬᠤ ᠲᠠᠪᠴᠠᠩ ᠢ ᠪᠠᠶᠢᠭᠤᠯᠵᠤ᠂ ᠨᠡᠶᠢᠭᠡᠮ ᠤᠨ ᠡᠬᠢ ᠪᠠᠶᠠᠯᠢᠭ ᠢ | ᠭᠦᠨᠵᠡᠭᠡᠶ ᠠᠭᠤᠳᠠᠯᠤᠨ᠂ ᠪᠠᠯᠠ ᠮᠥᠩᠭᠦ ᠪᠠ ᠡᠳ᠋ ᠪᠣᠳᠠᠰ ᠢ ᠥᠷᠭᠡᠨ ᠢᠶᠠᠷ ᠴᠤᠭᠯᠠᠭᠤᠯᠵᠤ᠂ ᠵᠡᠮᠳᠡᠭᠴᠦᠳ ᠢ | ᠲᠡᠳᠬᠦᠨ ᠵᠡᠮᠳᠡᠭᠴᠦᠳ ᠢ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠦᠨ᠎ᠡ᠃ ᠠᠶᠢᠮᠠᠭ ᠤᠨ | ᠳᠣᠲᠣᠨ᠎ᠠ ᠭᠠᠳᠠᠨᠠᠬᠢ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠵᠣᠬᠢᠶᠠᠨ ᠪᠠᠶᠢᠭᠤᠯᠤᠯᠲᠠ ᠯᠤᠭ᠎ᠠ ᠶᠢᠨ | ᠰᠣᠯᠢᠯᠴᠠᠭ᠎ᠠ ᠬᠠᠷᠢᠯᠴᠠᠭ᠎ᠠ ᠶᠢ ᠴᠢᠩᠭᠠᠳᠬᠠᠵᠤ᠂ ᠣᠯᠠᠨ ᠳᠡᠰ ᠳᠠᠪᠬᠤᠷᠭ᠎ᠠ᠂ ᠥᠷᠭᠡᠨ ᠬᠦᠷᠢᠶ᠎ᠡ᠂ ᠥᠷᠭᠡᠨ ᠠᠷᠭ᠎ᠠ | ᠵᠠᠮ ᠢᠶᠠᠷ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ | ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠠᠵᠢᠯᠴᠢᠨ ᠤ ᠡᠪᠯᠡᠯ᠂ | ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠷᠠᠳᠢᠣ᠋ ᠲᠧᠯᠸᠢᠰ | ᠬᠤᠷᠢᠶ᠎ᠠ᠂ ᠵᠡᠮᠳᠡᠭᠴᠦᠳ ᠤᠨ ᠬᠤᠯᠪᠣᠭ᠎ᠠ᠂ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ | ᠨᠢᠭᠦᠯᠡᠰᠦᠩᠭᠦᠶ ᠶᠢᠨ ᠪᠠᠶᠢᠭᠤᠯᠤᠮᠵᠢ︶᠃ | 7 . ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠨ᠎ᠠ᠃ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠶᠠᠪᠤᠳᠠᠯ ᠢ ᠠᠷᠠᠳ ᠢᠷᠭᠡᠳ ᠤᠨ ᠶᠣᠰᠣ | ᠮᠣᠷᠠᠯ ᠤᠨ ᠪᠠᠶᠢᠭᠤᠯᠤᠯᠲᠠ ᠳᠤ ᠣᠷᠣᠭᠤᠯᠵᠦ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ᠂ ᠨᠡᠶᠢᠭᠡᠮ | ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠣᠨ᠂ ᠵᠡᠮᠳᠡᠭᠴᠦᠳ ᠤᠨ ᠦᠢᠯᠡᠰ ᠤᠨ ᠤᠬᠠᠭᠤᠯᠭ᠎ᠠ ᠶᠢᠨ ᠡᠷᠴᠢᠮ ᠢ ᠨᠡᠮᠡᠭᠳᠡᠬᠦᠯᠵᠦ᠂ ᠵᠡᠮᠳᠡᠭᠴᠦᠳ ᠤᠨ | ᠦᠢᠯᠡᠰ ᠤᠨ ᠬᠠᠮ ᠵᠠᠭᠤᠴᠢᠯᠠᠭᠤᠷ ᠤᠨ ᠳᠠᠮᠵᠢᠭᠤᠯᠬᠤ ᠴᠢᠳᠠᠪᠤᠷᠢ ᠶᠢ ᠳᠡᠭᠡᠭᠰᠢᠯᠡᠬᠦᠯᠵᠦ᠂ ︽ᠪᠦᠬᠦ ᠤᠯᠤᠰ ᠤᠨ | ᠵᠡᠮᠳᠡᠭᠴᠦᠳ ᠢ ᠲᠤᠰᠠᠯᠠᠬᠤ ᠡᠳᠦᠷ︾᠂ ︽ᠵᠡᠮᠳᠡᠭ ᠪᠣᠯᠬᠤ ᠶᠢ ᠰᠡᠷᠭᠡᠶᠢᠯᠡᠬᠦ ᠡᠳᠦᠷ︾᠂ ︽ᠳᠡᠯᠡᠬᠡᠶ ᠶᠢᠨ | ᠵᠡᠮᠳᠡᠭᠴᠦᠳ ᠤᠨ ᠡᠳᠦᠷ︾ ᠵᠡᠷᠭᠡ ᠭᠤᠣᠯ ᠰᠡᠳᠦᠪᠲᠦ ᠤᠬᠠᠭᠤᠯᠭ᠎ᠠ ᠰᠣᠶᠣᠯ ᠤᠨ ᠠᠵᠢᠯᠯᠠᠭ᠎ᠠ ᠶᠢ ᠰᠠᠶᠢᠲᠤᠷ | ᠵᠣᠬᠢᠶᠠᠨ ᠪᠠᠶᠢᠭᠤᠯᠤᠨ ᠦᠷᠨᠢᠬᠦᠯᠵᠦ᠂ ᠵᠡᠮᠳᠡᠭᠴᠦᠳ ᠤᠨ ᠰᠡᠳᠦᠪᠲᠦ ᠪᠠᠷᠢᠮᠲᠠᠲᠤ ᠹᠢᠯᠢᠮ ᠂ ᠨᠡᠶᠢᠲᠡ ᠶᠢᠨ | ᠠᠰᠠᠷᠠᠮᠵᠢ ᠶᠢᠨ ᠵᠠᠷ ᠮᠡᠳᠡᠭᠡ ᠪᠠ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠨᠢᠭᠡ ᠪᠦᠯᠦᠭ ᠦᠢᠯᠡᠳᠴᠦ | ᠨᠡᠪᠳᠡᠷᠡᠬᠦᠯᠦᠨ᠂ ᠨᠢᠭᠡ ᠪᠦᠯᠦᠭ ᠵᠡᠮᠳᠡᠭᠴᠦᠳ ᠤᠨ ᠥᠪᠡᠷ ᠢ ᠪᠠᠨ ᠬᠦᠴᠦᠷᠬᠡᠭᠵᠢᠭᠦᠯᠬᠦ ᠵᠢᠱᠢᠶᠡᠴᠢ ᠂ ᠰᠣᠨᠢᠨ | ᠮᠡᠳᠡᠭᠡᠨ ᠤ ᠬᠥᠮᠦᠨ᠂ ᠠᠳᠠᠯ ᠦᠢᠯᠡᠰ ᠪᠦᠲᠦᠭᠡᠬᠦ ᠳᠠᠭᠤᠷᠢᠶᠠᠯ᠂ ᠠᠵᠢᠯ ᠲᠥᠷᠥᠯ ᠤᠨ ᠮᠠᠩᠯᠠᠶ᠂ ᠠᠵᠢᠯᠴᠢ | ᠬᠥᠳᠡᠯᠮᠦᠷᠢᠴᠢ ᠪᠠᠷ ᠪᠠᠶᠠᠵᠢᠬᠤ ᠴᠢᠳᠠᠪᠤᠷᠢᠲᠠᠨ ᠢ ᠰᠣᠩᠭᠤᠨ ᠪᠣᠢ ᠪᠣᠯᠭᠠᠵᠦ ᠂ ᠵᠡᠮᠳᠡᠭᠴᠦᠳ ᠤᠨ ᠦᠯᠢᠭᠡᠷ ᠢ | ᠰᠠᠶᠢᠲᠤᠷ ᠶᠠᠷᠢᠵᠦ᠂ ᠵᠡᠮᠳᠡᠭᠴᠦᠳ ᠤᠨ ᠳᠣᠲᠣᠭᠠᠳᠤ ᠬᠥᠳᠡᠯᠭᠡᠬᠦ ᠬᠦᠴᠦᠨ ᠢ ᠭᠦᠭᠵᠢᠬᠡᠨ᠂ ᠵᠡᠮᠳᠡᠭᠴᠦᠳ ᠤᠨ | ᠪᠡᠶ᠎ᠡ ᠪᠠᠨ ᠬᠦᠨᠳᠦᠳᠬᠡᠬᠦ᠂ ᠢᠲᠡᠭᠡᠯ᠂ ᠥᠪᠡᠷ ᠢᠶᠠᠨ ᠬᠦᠴᠦᠷᠬᠡᠭᠵᠢᠬᠦ᠂ ᠪᠡᠶ᠎ᠡ ᠪᠠᠨ ᠳᠠᠭᠠᠭᠠᠬᠤ᠂ ᠣᠶᠢᠯᠠᠭᠠᠯᠲᠠ | ᠡᠭᠦᠳᠬᠦ᠂ ᠬᠦᠨᠳᠦᠳᠬᠡᠬᠦ᠂ ᠬᠠᠯᠠᠮᠵᠢᠯᠠᠬᠤ ᠶᠢ ᠵᠣᠷᠢᠭᠵᠢᠭᠤᠯᠵᠦ᠂ ᠵᠡᠮᠳᠡᠭᠴᠦᠳ ᠢ ᠬᠠᠪᠰᠤᠷᠬᠤ ᠪᠣᠯᠪᠠᠰᠤᠨ | ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤᠨ ᠤ | ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ | ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠶᠢᠮᠠᠭ ᠤᠨ | ᠵᠡᠮᠳᠡᠭᠴᠦᠳ ᠤᠨ ᠬᠤᠯᠪᠣᠭ᠎ᠠ︶᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠲᠤᠰ ᠲᠥᠯᠥᠪᠵᠢᠭᠦᠯᠭᠡ ᠶᠢ ᠰᠠᠶᠢᠲᠤᠷ ᠬᠡᠷᠡᠭᠵᠢᠭᠦᠯᠬᠦ ᠪᠣᠯ ᠡᠯ᠎ᠡ ᠱᠠᠲᠤᠨ ᠤ ᠵᠠᠰᠠᠭ ᠤᠨ ᠣᠷᠳᠣᠨ ᠪᠠ ᠪᠦᠬᠦ | ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠡᠯ᠎ᠡ ᠬᠤᠰᠢᠭᠤ ᠣᠷᠣᠨ ᠲᠣᠰ ᠲᠥᠯᠥᠪᠵᠢᠭᠦᠯᠭᠡ ᠶᠢ | ᠦᠨᠳᠦᠰᠦᠯᠡᠨ ᠲᠣᠰ ᠭᠠᠵᠠᠷ ᠣᠷᠣᠨ ᠤ ᠪᠠᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠣᠭᠲᠠᠭᠠᠵᠤ᠂ ᠠᠶᠢᠮᠠᠭ ᠤᠨ ᠳᠣᠲᠣᠭᠠᠳᠤ ᠶᠢᠨ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠦᠨᠳᠦᠰᠦᠯᠡᠨ ᠪᠣᠳᠠᠲᠠᠶ | ᠠᠷᠭ᠎ᠠ ᠬᠡᠮᠵᠢᠶ᠎ᠡ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠪᠠ ᠠᠬᠢᠴᠠ ᠶᠢᠨ ᠲᠣᠬᠢᠷᠠᠭᠤᠯᠤᠯᠲᠠ ᠶᠢ | ᠲᠣᠳᠣᠷᠬᠠᠶᠢᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠢᠯ ᠤᠨ ᠬᠠᠮᠲᠤᠷᠠᠯ | ᠬᠦᠴᠦᠨ ᠢ ᠪᠦᠷᠢᠯᠳᠦᠭᠦᠯᠦᠨ᠂ ᠭᠤᠤᠯᠳᠠᠯᠭ᠎ᠠ ᠲᠠᠢ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ | ᠦᠨᠡᠨ ᠬᠦ ᠪᠠᠲᠤᠯᠠᠬᠤ ᠬᠡᠷᠡᠭᠲᠡᠶ᠃ | ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠵᠤ᠂ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠂ ᠡᠩ ᠤᠨ ᠣᠯᠠᠨ ᠨᠡᠶᠢᠲᠡ ᠶᠢᠨ ᠲᠥᠰᠦᠪ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠵᠡᠷᠭᠡ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠨ᠂ ᠵᠡᠮᠳᠡᠭᠴᠦᠳ ᠤᠨ ᠠᠵᠢᠯ | ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢ ᠰᠠᠶᠢᠲᠤᠷ ᠨᠠᠢᠳᠠᠪᠤᠷᠢᠵᠢᠭᠤᠯᠬᠤ᠂ ᠨᠡᠶᠢᠭᠡᠮ ᠤᠨ ᠳᠠᠭᠠᠳᠬᠠᠯ ᠤᠨ | ᠠᠪᠤᠷᠠᠨ ᠲᠤᠰᠠᠯᠠᠬᠤ᠂ ᠰᠠᠭᠤᠷᠢ ᠦᠢᠯᠡᠴᠢᠯᠡᠬᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠯᠠ ᠮᠥᠩᠭᠦ | ᠪᠠ ᠦᠢᠯᠡᠴᠢᠯᠡᠬᠡᠨ ᠤ ᠪᠡᠯᠡᠳᠬᠡᠮᠵᠢ ᠶᠢᠨ ᠠᠵᠢᠯᠯᠠᠭᠠᠨ ᠢ ᠪᠠᠲᠤᠯᠠᠬᠤ ᠵᠠᠷᠤᠯᠭ᠎ᠠ ᠶᠢ ᠪᠠᠲᠤᠯᠠᠬᠤ ᠬᠡᠷᠡᠭᠲᠡᠶ᠃ | ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ | ᠵᠡᠮᠳᠡᠭᠴᠦᠳ ᠤᠨ ᠦᠢᠯᠡᠰ ᠲᠤ ᠨᠢᠭᠡᠳᠦᠯᠲᠡᠶ ᠲᠥᠯᠥᠪᠯᠡᠨ ᠬᠡᠷᠡᠭᠯᠡᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠦᠨ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠠᠶᠢᠮᠠᠭ᠂ ᠬᠤᠰᠢᠭᠤᠨ ᠤ ᠵᠡᠮᠳᠡᠭᠴᠦᠳ ᠤᠨ ᠠᠵᠢᠯ ᠤᠨ ᠵᠥᠪᠯᠡᠯ ᠨᠢ ᠲᠥᠯᠥᠪᠵᠢᠭᠦᠯᠭᠡ ᠶᠢ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠲᠥᠯᠥᠪᠵᠢᠭᠦᠯᠭᠡ ᠶᠢ ᠬᠡᠷᠡᠭᠵᠢᠭᠦᠯᠵᠦ | ᠪᠠᠶᠢᠭ᠎ᠠ ᠣᠨ ᠤ ᠬᠢᠨᠠᠨ ᠬᠡᠮᠵᠢᠬᠦ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ ᠪᠠ ᠡᠴᠦᠰ ᠤᠨ ᠬᠤᠭᠤᠴᠠᠭᠠᠨ ᠤ | ᠳ᠋ᠦᠩᠨᠡᠯᠳᠡ ᠬᠢᠵᠦ᠂ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠦᠨᠳᠦᠰᠦᠯᠡᠨ᠂ | ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃ | ᠨᠡᠶᠢᠭᠡᠮ ᠤᠨ ᠬᠢᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ | ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠭᠠᠷᠤᠭᠰᠠᠨ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠨ | ᠰᠢᠢᠳᠪᠦᠷᠢᠯᠡᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠬᠤ ᠬᠡᠷᠡᠭᠲᠡᠶ᠃ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ |