︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠬᠤ ᠴᠢᠬᠤᠯᠠ ᠴᠠᠭ ᠬᠤᠭᠤᠴᠠᠭ᠎ᠠ ᠪᠣᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠪᠠ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢ | ᠨᠢᠭᠡᠳᠦᠯᠲᠡᠶ ᠲᠥᠯᠥᠪᠵᠢᠭᠦᠯᠬᠦ ᠶᠢᠨ ᠲᠥᠯᠥᠭᠡ᠂ ︽︿ᠡᠷᠡᠭᠦᠯ ᠡᠩᠬᠡ ᠳᠤᠮᠳᠠᠳᠤ ᠤᠯᠤᠰ 2030﹀ | ᠲᠥᠯᠥᠪᠵᠢᠭᠦᠯᠭᠡ ᠶᠢᠨ ᠬᠥᠲᠥᠯᠪᠦᠷᠢ︾᠂ ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠥᠲᠥᠭᠡᠨ | ᠪᠠᠶᠢᠭᠤᠯᠤᠯᠲᠠ ᠶᠢᠨ ᠬᠥᠲᠥᠯᠪᠦᠷᠢ︾᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021— | 2025 ᠣᠨ︶︾ ᠪᠣᠯᠤᠨ ︽ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ︿ᠠᠷᠪᠠᠨ ᠳᠥᠷᠪᠡᠳᠦᠭᠡᠷ | ᠲᠠᠪᠤᠨ ᠵᠢᠯ﹀ ᠤᠨ ᠲᠥᠯᠥᠪᠵᠢᠭᠦᠯᠭᠡ ︾ ᠶᠢᠨ ᠱᠠᠭᠠᠷᠳᠠᠯᠭ᠎ᠠ ᠶᠣᠰᠣᠭᠠᠷ᠂ ᠠᠯᠠᠱᠠ ᠠᠶᠢᠮᠠᠭ ᠤᠨ ᠪᠣᠳᠠᠲᠠᠶ ᠲᠠᠢ | ᠤᠶᠠᠯᠳᠤᠭᠤᠯᠤᠨ᠂ ᠲᠣᠰ ᠲᠥᠯᠥᠪᠵᠢᠭᠦᠯᠭᠡ ᠶᠢ ᠲᠣᠭᠲᠠᠭᠠᠪᠠ᠃ | ᠨᠢᠭᠡ᠂ ᠲᠥᠯᠥᠪᠵᠢᠭᠦᠯᠭᠡ ᠶᠢ ᠳᠣᠭᠳᠠᠭᠠᠭᠰᠠᠨ ᠠᠬᠤᠢ ᠪᠠᠶᠢᠳᠠᠯ | ︵ᠨᠢᠭᠡ︶ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ | ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠠᠮᠵᠢᠯᠲᠠ | 1 . ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠶᠢ | ᠲᠠᠰᠤᠷᠠᠯᠲᠠ ᠥᠬᠡᠶ ᠳᠡᠭᠦᠯᠳᠡᠷᠵᠢᠬᠦᠯᠪᠡ᠃ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ | ᠬᠥᠭᠵᠢᠨ ᠪᠤᠵᠠᠭᠠᠶᠢᠷᠠᠵᠤ᠂ ᠪᠦᠬᠦ ᠠᠶᠢᠮᠠᠭ ᠲᠤ ᠣᠳᠣ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ 184 ᠪᠠᠶᠢᠵᠤ᠂ ︽ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ + ᠳᠠᠩ | ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ + ᠣᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠨᠡᠶᠢᠭᠡᠮᠯᠢᠭ︾ ᠤᠨ | ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠰᠦᠯᠵᠢᠶ᠎ᠡ ᠶᠢ ᠠᠩᠬ᠎ᠠ ᠠᠯᠬᠤᠮ ᠪᠦᠷᠢᠯᠳᠦᠭᠦᠯᠪᠡ᠃ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ ᠮᠢᠩᠭᠠᠨ ᠬᠥᠮᠦᠨ ᠪᠦᠷᠢ ᠳᠤ 3 . 2 ᠨᠡᠷ᠎ᠡ | ᠳᠠᠩᠰᠠᠯᠠᠭᠤᠯᠵᠤ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ ᠪᠡᠶ᠎ᠡ ᠴᠢᠭᠢᠷᠠᠭᠵᠢᠭᠤᠯᠬᠤ ᠥᠷᠲᠡᠭᠡ ᠴᠡᠭ ᠢ | ᠪᠦᠷᠢᠨ ᠪᠥᠷᠬᠦᠭᠦᠯᠬᠦ ᠶᠢ ᠦᠨᠳᠦᠰᠦᠨ ᠳᠡᠭᠡᠨ ᠪᠡᠶᠡᠯᠡᠬᠦᠯᠪᠡ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠶ ᠪᠤᠶᠤ ᠰᠦᠢᠳᠬᠡᠯ ᠪᠠᠭ᠎ᠠ ᠬᠤᠷᠢᠶᠠᠵᠤ ᠨᠡᠶᠢᠭᠡᠮ ᠳᠤ ᠴᠢᠯᠥᠭᠡᠲᠡᠶ | ᠲᠠᠯᠪᠢᠬᠤ ᠶᠢ ᠪᠡᠶᠡᠯᠡᠭᠦᠯᠵᠦ᠂ ᠬᠥᠮᠦᠨ ᠪᠦᠷᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ ᠶᠢ 4 . 8 ᠲᠡᠭᠰᠢ | ᠳᠥᠷᠪᠡᠯᠵᠢᠨ ᠮᠧᠲᠷ ᠲᠤ ᠬᠦᠷᠭᠡᠪᠡ᠃ ᠵᠢᠯ ᠪᠦᠷᠢ ᠳᠤᠮᠳᠠᠴᠢ ᠪᠠᠷ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠤᠷᠤᠯᠳᠤᠭᠠᠨ ᠢ 72 ᠤᠳᠠᠭ᠎ᠠ ᠠᠴᠠ ᠳᠡᠭᠡᠭᠰᠢ ᠡᠷᠬᠢᠯᠡᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ | ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 45 . 11 % ᠳᠤ ᠬᠦᠷᠭᠡᠪᠡ᠃ ᠤᠯᠠᠮᠵᠢᠯᠠᠯᠲᠤ ᠪᠡᠶ᠎ᠡ ᠶᠢᠨ | ᠲᠠᠮᠢᠷ ᠤᠨ ᠲᠥᠷᠥᠯ ᠵᠦᠢᠯ ᠤᠨ ᠤᠯᠠᠮᠵᠢᠯᠠᠯ ᠪᠠ ᠬᠥᠭᠵᠢᠯᠲᠡ ᠨᠢ ᠬᠦᠴᠦᠲᠡᠶ ᠪᠠᠲᠤᠯᠠᠭ᠎ᠠ ᠲᠠᠢ ᠪᠣᠯᠪᠠ᠃ | ᠶᠢᠰᠦᠳᠦᠭᠡᠷ ᠬᠤᠭᠤᠴᠠᠭᠠᠨ ᠤ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ ᠤᠨ ᠴᠤᠭᠯᠠᠭᠠᠨ ᠳᠡᠭᠡᠷ᠎ᠡ ᠮᠠᠨ ᠤ ᠠᠶᠢᠮᠠᠭ ᠨᠡᠶᠢᠲᠡ 3 ᠠᠯᠲᠠᠨ ᠮᠧᠳᠠᠯ᠂ 6 ᠮᠥᠩᠭᠦᠨ ᠮᠧᠳᠠᠯ᠂ 4 ᠬᠦᠷᠡᠯ | ᠮᠧᠳᠠᠯ᠂ 33 ᠪᠤᠰᠤᠳ ᠱᠠᠩᠨᠠᠯ ᠤᠨ ᠮᠧᠳᠠᠯ ᠣᠯᠵᠠᠢ᠃ | 2 . ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠤ ᠳᠤᠮᠳᠠ | ᠳᠡᠭᠡᠭᠰᠢᠯᠡᠪᠡ᠃ ᠬᠠᠮᠢᠶᠠᠷᠤᠯᠲᠠ ᠶᠢᠨ ᠪᠠᠶᠢᠭᠤᠯᠤᠯ᠂ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠡᠭᠡᠷ᠎ᠡ ᠮᠠᠨ ᠤ ᠠᠶᠢᠮᠠᠭ ᠨᠡᠶᠢᠲᠡ 2 ᠠᠯᠲᠠᠨ ᠮᠧᠳᠠᠯ᠂ 3 | ᠮᠥᠩᠭᠦᠨ ᠮᠧᠳᠠᠯ᠂ 9 ᠬᠦᠷᠡᠯ ᠮᠧᠳᠠᠯ᠂ 40 ᠪᠤᠰᠤᠳ ᠱᠠᠩᠨᠠᠯ ᠤᠨ ᠮᠧᠳᠠᠯ ᠣᠯᠵᠠᠶ᠃ | 3 . ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠠᠩᠬ᠎ᠠ ᠠᠯᠬᠤᠮ ᠤᠨ ᠠᠮᠵᠢᠯᠲᠠ ᠣᠯᠪᠠ᠃ | ᠥᠪᠡᠷᠲᠡᠭᠡᠨ ᠵᠠᠰᠠᠬᠤ ᠣᠷᠣᠨ ᠤ ᠲᠡᠰ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ | ᠭᠠᠵᠠᠷ 1᠂ ᠥᠪᠡᠷᠲᠡᠭᠡᠨ ᠵᠠᠰᠠᠬᠤ ᠣᠷᠣᠨ ᠤ ᠲᠡᠰ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ | ᠴᠢᠳᠠᠪᠤᠷᠢᠲᠠᠨ ᠤ ᠰᠠᠭᠤᠷᠢᠨ ᠭᠠᠵᠠᠷ 2᠂ ᠥᠪᠡᠷᠲᠡᠭᠡᠨ ᠵᠠᠰᠠᠬᠤ ᠣᠷᠣᠨ ᠤ ᠲᠡᠰ ᠤᠨ ᠤᠯᠠᠮᠵᠢᠯᠠᠯᠲᠤ ᠲᠥᠷᠥᠯ | ᠵᠦᠢᠯ ᠤᠨ ᠰᠤᠷᠭᠠᠭᠤᠯᠢ 7᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ 6᠂ ᠵᠠᠯᠠᠭᠤᠴᠤᠳ | ᠪᠠᠭᠠᠴᠤᠳ ᠤᠨ ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠤᠸᠠᠷᠠᠨ 1 ᠶᠢ ᠪᠠᠶᠢᠭᠤᠯᠵᠤ᠂ ᠠᠯᠠᠱᠠ | ᠠᠶᠢᠮᠠᠭ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ | ᠰᠠᠭᠤᠷᠢᠨ ᠭᠠᠵᠠᠷ ᠢ 10 ᠨᠡᠷᠡᠶᠢᠳᠪᠡ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ | ᠴᠢᠳᠠᠪᠤᠷᠢᠲᠠᠨ ᠤ ᠵᠢᠭᠰᠠᠯ ᠢ ᠨᠠᠩ ᠲᠡᠭᠦᠯᠳᠡᠷᠵᠢᠭᠦᠯᠵᠦ᠂ ᠵᠠᠯᠠᠭᠤᠴᠤᠳ ᠪᠠᠭᠠᠴᠤᠳ ᠤᠨ ᠲᠠᠮᠢᠷᠴᠢᠨ ᠢ ᠳᠠᠩᠰᠠᠯᠠᠬᠤ | 10 ᠲᠥᠷᠥᠯ ᠵᠦᠢᠯ 1015 ᠬᠥᠮᠦᠨ ᠪᠣᠯᠪᠠ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠤ ᠰᠢᠰᠲ᠋ᠧᠮ ᠶᠠᠭ ᠪᠦᠷᠢᠯᠳᠦᠵᠦ᠂ ᠵᠠᠯᠠᠭᠤᠴᠤᠳ ᠪᠠᠭᠠᠴᠤᠳ ᠤᠨ ᠣᠷᠣᠯᠴᠠᠭᠰᠠᠨ ᠬᠥᠮᠦᠨ ᠤ ᠲᠤᠭ᠎ᠠ | ᠨᠡᠶᠢᠲᠡ 10 ᠲᠦᠮᠡᠨ ᠬᠥᠮᠦᠨ ᠤᠳᠠᠭ᠎ᠠ ᠳᠤ ᠬᠦᠷᠴᠡᠶ᠃ | 4 . ᠪᠡᠶ᠎ᠡ ᠶᠢᠨ ᠲᠠᠮᠢᠷ ᠤᠨ ᠠᠵᠤ ᠦᠢᠯᠡᠰ ᠢ ᠣᠨᠴᠠᠯᠢᠬᠵᠢᠭᠤᠯᠤᠨ ᠬᠦᠭᠵᠢᠬᠦᠯᠪᠡ᠃ ᠠᠯᠠᠱᠠ ᠶᠢᠨ | ᠪᠠᠭᠠᠳᠣᠷᠴᠣᠳ ᠤᠨ ᠴᠣᠭᠯᠠᠭᠠᠨ ᠢᠶᠠᠷ ᠲᠥᠯᠥᠭᠡᠯᠡᠭᠦᠯᠦᠭᠰᠡᠨ ᠲᠣᠮᠣ ᠬᠡᠯᠪᠡᠷᠢ ᠶᠢᠨ ᠨᠠᠷᠠᠲᠤ ᠲᠥᠷᠥᠯ ᠲᠡᠮᠳᠡᠭᠲᠦ ᠶᠢᠨ | ᠤᠷᠤᠯᠳᠤᠭᠠᠨ ᠤ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠨᠢ ᠲᠠᠰᠤᠷᠠᠯᠲᠠ ᠥᠬᠡᠶ ᠥᠷᠭᠡᠳᠴᠡᠶ᠃ ᠪᠡᠶ᠎ᠡ ᠶᠢᠨ | ᠲᠠᠮᠢᠷ ᠤᠨ ᠰᠣᠶᠣᠯ᠂ ᠵᠢᠭᠤᠯᠴᠢᠯᠠᠯ ᠢ ᠲᠠᠰᠤᠷᠠᠯᠲᠠ ᠦᠭᠡᠢ ᠠᠭᠤᠰᠤᠯᠴᠠᠭᠤᠯᠤᠨ ᠬᠥᠭᠵᠢᠭᠦᠯᠵᠦ᠂ ᠤᠯᠤᠰ ᠠᠴᠠ | ᠪᠡᠶ᠎ᠡ ᠶᠢᠨ ᠲᠠᠮᠢᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 1᠂ ᠥᠪᠥᠷ ᠮᠣᠩᠭᠤᠯ ᠤᠨ | ᠪᠡᠶ᠎ᠡ ᠶᠢᠨ ᠲᠠᠮᠢᠷ ᠤᠨ ᠠᠵᠤ ᠦᠢᠯᠡᠰ ᠤᠨ ᠰᠠᠭᠤᠷᠢᠨ ᠭᠠᠵᠠᠷ 1᠂ ᠤᠯᠤᠰ ᠤᠨ ᠲᠡᠰ ᠤᠨ ᠰᠠᠭᠤᠷᠢᠨ ᠭᠠᠵᠠᠷ 1᠂ | ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ | ᠪᠠᠶᠢᠭᠤᠯᠬᠤ ᠲᠥᠷᠥᠯ ᠵᠦᠢᠯ 1᠂ ᠤᠯᠤᠰ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠡᠯᠡᠭᠦᠴᠡᠯ ᠤᠨ ᠣᠨᠴᠠᠯᠢᠭᠲᠤ | ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠥᠷᠥᠯ ᠵᠦᠢᠯ ᠢ ᠠᠮᠵᠢᠯᠲᠠᠲᠠᠢ ᠡᠭᠦᠳᠦᠨ ᠪᠠᠶᠢᠭᠤᠯᠪᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠤᠨ ᠪᠡᠶ᠎ᠡ ᠶᠢᠨ ᠲᠠᠮᠢᠷ ᠤᠨ | ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠬᠡᠴᠡ ᠪᠠ ᠠᠵᠤ ᠦᠢᠯᠡᠰ ᠤᠨ ᠠᠵᠢᠯᠯᠠᠭᠠᠨ ᠤ ᠨᠢᠬᠡᠴᠡ 116 | ᠪᠣᠯᠵᠣ᠂ ᠬᠤᠪᠢ ᠶᠢᠨ ᠡᠵᠡᠩᠨᠡᠯᠲᠡ ᠶᠢᠨ ᠡᠷᠦᠬᠡ 136 ᠪᠣᠯᠪᠠ᠃ ︽ᠠᠷᠪᠠᠨ ᠭᠤᠷᠪᠠᠳᠤᠭᠠᠷ ᠲᠠᠪᠤᠨ ᠵᠢᠯ ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢ ᠨᠡᠶᠢᠲᠡ 6 . 3 | ᠳ᠋ᠦᠩᠰᠢᠭᠤᠷ ᠲᠥᠭᠦᠷᠢᠭ ᠪᠣᠷᠣᠯᠠᠭᠤᠯᠪᠠ᠃ | 5 . ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠵᠣᠬᠢᠶᠠᠨ | ᠪᠠᠶᠢᠭᠤᠯᠤᠨ ᠤᠳᠤᠷᠢᠳᠬᠤ ᠰᠢᠰᠲ᠋ᠧᠮᠵᠢ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ᠂ | ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮᠵᠢ᠂ ᠤᠷᠤᠯᠳᠤᠭᠠᠨ ᠤ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠠᠵᠢᠯᠯᠠᠭᠠᠨ ᠨᠢ ᠰᠠᠶᠢᠨ ᠪᠠᠶᠢᠵᠤ᠂ ᠬᠥᠯ ᠪᠥᠮᠪᠦᠭᠡ ᠶᠢᠨ ᠨᠡᠶᠢᠭᠡᠮᠯᠢᠭ ᠤᠨ | ᠥᠭᠡᠷᠡᠴᠢᠯᠡᠯᠲᠡ ᠶᠢᠨ ᠠᠬᠢᠴᠠ ᠤᠷᠤᠭᠰᠢᠲᠠᠶ ᠪᠠᠶᠢᠨ᠎ᠠ᠃ ︽ᠠᠷᠪᠠᠨ ᠭᠤᠷᠪᠠᠳᠣᠭᠠᠷ ᠳᠠᠪᠣᠨ ᠵᠢᠯ︾ ᠤᠨ | ᠬᠤᠭᠤᠴᠠᠭᠠᠨ ᠳᠤ᠂ ᠵᠡᠷᠭᠡ ᠳᠡᠰ ᠤᠨ ᠰᠤᠷᠭᠠᠭᠴᠢ ᠶᠢ ᠨᠡᠶᠢᠲᠡ 38᠂ ᠵᠡᠷᠭᠡ ᠳᠡᠰ ᠤᠨ ᠬᠢᠨᠠᠭᠴᠢ ᠶᠢ 26 | ᠬᠥᠮᠦᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ | ᠺᠯᠦ᠋ᠪ ᠢ 4᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢ 22᠂ ᠪᠦᠬᠦ ᠤᠯᠤᠰ ᠠᠴᠠ ᠬᠥᠯ ᠪᠥᠮᠪᠦᠭᠡ ᠶᠢᠨ ᠣᠨᠴᠠᠯᠢᠭᠲᠤ | ᠬᠡᠦᠬᠡᠳ ᠤᠨ ᠴᠡᠴᠡᠷᠯᠢᠭ ᠢ 1᠂ ᠥᠪᠡᠷᠲᠡᠭᠡᠨ ᠵᠠᠰᠠᠬᠤ ᠣᠷᠣᠨ ᠤ ᠲᠡᠰ ᠤᠨ ᠵᠠᠯᠠᠭᠤᠴᠤᠳ ᠪᠠᠭᠠᠴᠤᠳ ᠤᠨ ᠬᠥᠯ | ᠪᠥᠮᠪᠦᠭᠡ ᠶᠢᠨ ᠣᠨᠴᠠᠯᠢᠭᠲᠤ ᠰᠤᠷᠭᠠᠭᠤᠯᠢ 8᠂ ᠥᠪᠡᠷᠲᠡᠭᠡᠨ ᠵᠠᠰᠠᠬᠤ ᠣᠷᠣᠨ ᠤ ᠲᠡᠰ ᠤᠨ ᠬᠥᠯ ᠪᠥᠮᠪᠦᠭᠡ ᠶᠢᠨ | ᠣᠨᠴᠠᠯᠢᠭᠲᠤ ᠬᠡᠦᠬᠡᠳ ᠤᠨ ᠴᠡᠴᠡᠷᠯᠢᠭ ᠢ 8 ᠪᠠᠶᠢᠭᠤᠯᠪᠠ᠃ ᠵᠢᠯ ᠤᠨ ᠳᠤᠮᠳᠠᠴᠢ ᠤᠷᠤᠯᠳᠤᠭᠠᠨ ᠨᠢ 415 ᠰᠢᠬᠠᠮ | ᠤᠳᠠᠭ᠎ᠠ ᠶᠠᠪᠤᠭᠳᠠᠵᠤ᠂ ᠰᠢᠭᠤᠳ ᠣᠷᠣᠯᠴᠠᠭᠰᠠᠨ ᠬᠥᠮᠦᠨ ᠤ ᠲᠤᠭ᠎ᠠ 6750 ᠬᠥᠮᠦᠨ ᠤᠳᠠᠭ᠎ᠠ ᠳᠤ ᠬᠦᠷᠴᠡᠶ᠃ | 6 . ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ︽ᠠᠯᠠᠱᠠ ᠠᠶᠢᠮᠠᠭ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠳᠣᠬᠠᠢ ᠬᠡᠷᠡᠭᠵᠢᠭᠦᠯᠬᠦ ᠲᠥᠯᠥᠪᠯᠡᠭᠡ ︵2015—2020︶︾ ︽ᠠᠯᠠᠱᠠ ᠠᠶᠢᠮᠠᠭ ᠤᠨ ︿ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠣᠷᠳᠣᠨ | ᠲᠠᠯᠠᠪᠠᠶ ᠶᠢᠨ ᠪᠡᠯᠡᠳᠬᠡᠮᠵᠢ ᠶᠢ ᠨᠡᠶᠢᠭᠡᠮ ᠳᠤ ᠴᠢᠯᠥᠭᠡᠲᠡᠶ ᠲᠠᠯᠪᠢᠬᠤ ᠬᠡᠷᠡᠭᠵᠢᠭᠦᠯᠬᠦ ᠠᠷᠭ᠎ᠠ﹀ ᠶᠢ ᠲᠤᠤᠱᠯᠠᠭᠤᠯᠬᠤ | ᠳᠣᠬᠠᠢ ᠬᠡᠷᠡᠭᠵᠢᠭᠦᠯᠬᠦ ᠲᠥᠰᠦᠯ︾ ︽ᠠᠯᠠᠱᠠ ᠠᠶᠢᠮᠠᠭ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠵᠦ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︽ | ᠠᠯᠠᠱᠠ ᠠᠶᠢᠮᠠᠭ ᠤᠨ ᠬᠥᠯ ᠪᠥᠮᠪᠦᠭᠡ ᠶᠢᠨ ᠲᠠᠯᠠᠪᠤᠷ ᠲᠠᠯᠠᠪᠠᠶ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ︵2016—2020 ᠣᠨ︶︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠲᠣᠭᠲᠠᠭᠠᠨ ᠨᠡᠶᠢᠲᠡᠯᠡᠪᠡ᠃ | ︵ᠬᠤᠶᠠᠷ︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ | ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠪᠠ ᠥᠷᠢᠰᠥᠯᠳᠦᠭᠡᠨ | 1 . ᠬᠥᠭᠵᠢᠯᠲᠡ ᠶᠢᠨ ᠠᠵᠠ ᠲᠣᠬᠢᠶᠠᠯ᠃ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳ ᠬᠤᠵᠢᠳ ︽ᠪᠡᠶ᠎ᠡ ᠴᠢᠭᠢᠷᠠᠭᠵᠢᠭᠤᠯᠬᠤ | ᠰᠡᠯᠡᠭᠦᠴᠡᠯ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠬᠦ ᠲᠤᠬᠠᠶ ᠵᠢᠯᠣᠭᠤᠳᠬᠤ ᠰᠠᠨᠠᠯ︾᠂ ︽ᠪᠡᠶ᠎ᠡ ᠶᠢᠨ | ᠲᠠᠮᠢᠷ ᠤᠨ ᠤᠷᠤᠯᠳᠤᠭᠠᠨ ᠲᠣᠭᠯᠠᠯᠲᠠ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠬᠦ ᠲᠤᠬᠠᠶ ᠵᠢᠯᠣᠭᠤᠳᠬᠤ | ᠰᠠᠨᠠᠯ︾᠂ ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ︾᠂ | ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠵᠤ ᠪᠡᠶ᠎ᠡ ᠶᠢᠨ | ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾᠂ ︽ᠪᠡᠶ᠎ᠡ ᠶᠢᠨ | ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠲᠤᠬᠠᠶ ᠰᠠᠨᠠᠯ︾ ᠵᠡᠷᠭᠡ ᠰᠢᠷᠢᠰ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠨᠡᠶᠢᠲᠡᠯᠡᠵᠦ᠂ ᠡᠷᠡᠭᠦᠯ ᠡᠩᠬᠡ ᠳᠤᠮᠳᠠᠳᠤ ᠤᠯᠤᠰ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠤᠯᠤᠰ ᠤᠨ | ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ︽ᠪᠡᠶ᠎ᠡ ᠶᠢᠨ ᠲᠠᠮᠢᠷ ᠰᠤᠷᠭᠠᠨ | ᠬᠥᠮᠦᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠬᠥᠯ | ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ︽ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠴᠢᠭᠢᠷᠠᠭ ᠤᠨ ᠭᠦᠨᠵᠡᠭᠡᠶ ᠠᠭᠤᠰᠤᠯᠴᠠᠯ ᠢ | ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠯᠠᠱᠠ ᠶᠢᠨ ᠪᠡᠶ᠎ᠡ ᠶᠢᠨ ᠲᠠᠮᠢᠷ ᠤᠨ | ᠦᠢᠯᠡᠰ ᠤᠨ ᠬᠥᠭᠵᠢᠯᠲᠡ ᠳᠤ ᠴᠢᠭᠯᠡᠯ ᠢ ᠲᠣᠳᠣᠷᠬᠠᠶ ᠵᠢᠭᠠᠵᠤ ᠥᠭᠪᠡ᠃ ᠪᠡᠶ᠎ᠡ ᠶᠢᠨ ᠲᠠᠮᠢᠷ ᠤᠨ ᠦᠢᠯᠡᠰ ᠶᠠᠭ | ᠤᠷᠢᠳᠤ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠲᠣᠬᠢᠶᠠᠯ ᠳᠤ ᠲᠤᠯᠭᠠᠷᠠᠵᠤ ᠪᠠᠶᠢᠨ᠎ᠠ᠃ | 2 . ᠳᠣᠯᠭᠠᠷᠠᠵᠦ ᠪᠠᠶᠢᠭ᠎ᠠ ᠰᠣᠷᠢᠯᠳᠠ᠃ ᠠᠯᠠᠱᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ | ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠬᠦ ᠳᠤᠪᠤᠶᠢᠮ᠎ᠠ ᠪᠠᠶᠢᠨ᠎ᠠ᠃ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡ ᠪᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠮᠥᠨ | ᠬᠦ ᠲᠡᠭᠦᠯᠳᠡᠷᠵᠢᠭᠡᠳᠦᠶ ᠪᠠᠶᠢᠨ᠎ᠠ︔ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ | ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠬᠠᠮᠢᠶᠠᠷᠬᠤ ᠪᠠᠷ ᠬᠦᠷᠦᠯᠴᠡᠬᠦ ᠦᠭᠡᠶ᠂ ᠠᠰᠢᠭᠯᠠᠬᠤ ᠨᠣᠷᠮ᠎ᠠ ᠥᠨᠳᠥᠷ | ᠪᠤᠰᠤ︔ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠭᠡᠴᠡ ᠪᠠ ᠭᠦᠨᠴᠡ ᠶᠢ ᠮᠥᠨ ᠬᠦ | ᠴᠢᠩᠭᠠᠳᠬᠠᠬᠤ ᠴᠢᠬᠤᠯᠠᠲᠠᠶ ᠪᠠᠶᠢᠨ᠎ᠠ︔ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠦᠬᠦ ᠠᠷᠠᠳ ᠤᠨ | ᠡᠷᠡᠭᠦᠯ ᠴᠢᠭᠢᠷᠠᠭ ᠤᠨ ᠭᠦᠨᠵᠡᠭᠡᠶ ᠠᠭᠤᠰᠤᠯᠴᠠᠨ ᠬᠥᠭᠵᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ | ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠭᠠᠨ ᠵᠢᠯᠣᠭᠤᠳᠬᠤ ᠴᠢᠳᠠᠪᠤᠷᠢᠲᠠᠨ ᠤ ᠡᠩᠨᠡᠭᠡ ᠬᠦᠷᠦᠯᠴᠡᠬᠦ | ᠦᠭᠡᠢ ᠪᠠᠢᠨ᠎ᠠ︔ ᠤᠷᠤᠯᠳᠤᠭᠠᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ | ᠲᠡᠭᠦᠯᠳᠡᠷᠵᠢᠭᠡᠳᠦᠶ᠂ ᠰᠠᠭᠤᠷᠢ ᠲᠥᠬᠦᠭᠡᠷᠦᠮᠵᠢ ᠪᠠᠭᠤᠷᠠᠶ ᠪᠠᠶᠢᠬᠤ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ︔ | ᠣᠨᠴᠠᠯᠢᠭᠲᠤ ᠪᠡᠶ᠎ᠡ ᠶᠢᠨ ᠲᠠᠮᠢᠷ ᠤᠨ ᠠᠵᠤ ᠦᠢᠯᠡᠰ ᠢ ᠴᠣᠭᠴᠠᠯᠠᠬᠤ ᠲᠤᠷᠰᠢᠯᠭ᠎ᠠ ᠬᠦᠷᠦᠯᠴᠡᠬᠦ ᠦᠭᠡᠢ︔ ᠰᠢᠶᠠᠨ ᠤ | ᠬᠡᠪᠴᠢᠶᠡᠨ ᠤ ᠬᠥᠯ ᠪᠥᠮᠪᠦᠭᠡ ᠶᠢᠨ ᠬᠥᠭᠵᠢᠯᠲᠡ ᠶᠢᠨ ᠬᠢᠷᠢ ᠲᠦᠪᠰᠢᠨ ᠥᠨᠳᠥᠷ ᠪᠢᠰᠢ︔ ᠪᠡᠶ᠎ᠡ ᠶᠢᠨ ᠲᠠᠮᠢᠷ ᠤᠨ | ᠰᠣᠶᠣᠯ ᠤᠨ ᠬᠥᠭᠵᠢᠯᠲᠡ ᠤᠳᠠᠭᠠᠨ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ | ︵ᠨᠢᠭᠡ︶ ᠵᠢᠯᠣᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠣᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ | ᠲᠠᠮᠢᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠪᠡᠶ᠎ᠡ ᠶᠢᠨ ᠲᠠᠮᠢᠷ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠳᠣᠣᠱᠯᠠᠭᠤᠯᠵᠦ᠂ ᠣᠯᠠᠨ ᠲᠦᠮᠡᠨ ᠤ ᠬᠠᠨᠤᠮᠵᠢᠲᠠᠶ ᠪᠠᠶᠢᠬᠤ᠂ ᠨᠡᠭᠡᠭᠡᠯᠲᠡ | ᠬᠢᠵᠦ ᠬᠠᠮᠲᠤ ᠪᠠᠷ ᠡᠳ᠋ᠯᠡᠬᠦ᠂ ᠠᠭᠤᠰᠤᠯᠳᠤᠨ ᠬᠥᠭᠵᠢᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠦ᠂ ᠠᠷᠠᠳ | ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠢᠮᠠᠭᠲᠠ ᠬᠠᠩᠭᠠᠵᠦ᠂ ᠬᠥᠮᠦᠨ ᠤ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠪᠠᠷ ᠪᠡᠶ᠎ᠡ ᠶᠢᠨ ᠲᠠᠮᠢᠷ ᠤᠨ ᠠᠵᠢᠯ ᠤᠨ ᠡᠭᠦᠰᠦᠯᠲᠡ ᠪᠠ ᠦᠷ᠎ᠡ ᠳ᠋ᠦᠩ ᠪᠣᠯᠭᠠᠵᠦ᠂ | ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠣᠨ᠂ ᠪᠠᠶᠢᠭᠠᠯᠢ ᠶᠢᠨ ᠡᠬᠢ ᠪᠠᠶᠠᠯᠢᠭ ᠢ ᠢᠳᠡᠪᠬᠢᠲᠡᠢ | ᠠᠰᠢᠭᠯᠠᠨ᠂ ᠨᠡᠩ ᠥᠨᠳᠥᠷ ᠲᠦᠪᠰᠢᠨ ᠪᠦᠬᠦᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠣᠨ᠂ ᠣᠯᠠᠨ ᠲᠦᠮᠡᠨᠴᠢ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ | ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ᠂ ᠪᠡᠶ᠎ᠡ ᠶᠢᠨ | ᠲᠠᠮᠢᠷ ᠰᠣᠶᠣᠯ ᠵᠡᠷᠭᠡ ᠡᠯ᠎ᠡ ᠲᠠᠯ᠎ᠠ ᠶᠢᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠣᠨ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠴᠢᠭᠢᠷᠠᠭ ᠤᠨ ᠭᠦᠨᠵᠡᠭᠡᠶ ᠠᠭᠤᠰᠤᠯᠴᠠᠯ ᠢ ᠠᠬᠢᠭᠤᠯᠵᠦ᠂ | ᠪᠡᠶ᠎ᠡ ᠶᠢᠨ ᠲᠠᠮᠢᠷ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠣᠨ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠡᠬᠡ ᠤᠯᠤᠰ ᠤᠨ | ᠤᠮᠠᠷᠠᠲᠤ ᠶᠢᠨ ᠦᠵᠡᠰᠬᠦᠯᠡᠩᠲᠦ ᠰᠠᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠶᠢᠨ ᠳᠦᠯᠦᠬᠡ | ᠠᠯᠠᠱᠠ ᠶᠢᠨ ᠪᠡᠶ᠎ᠡ ᠶᠢᠨ ᠲᠠᠮᠢᠷ ᠤᠨ ᠰᠢᠨ᠎ᠡ ᠬᠤᠪᠢ ᠨᠡᠮᠡᠷᠢ ᠶᠢ ᠦᠵᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | 1 . ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠨᠠᠮ ᠤᠨ ᠪᠡᠶ᠎ᠡ ᠶᠢᠨ ᠲᠠᠮᠢᠷ ᠤᠨ | ᠠᠵᠢᠯ ᠳᠠᠬᠢ ᠤᠳᠤᠷᠢᠳᠬᠤ ᠪᠠᠶᠢᠭᠤᠯᠣᠯ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠳᠣᠣᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ | ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠯᠠᠱᠠ ᠶᠢᠨ ᠪᠡᠶ᠎ᠡ ᠶᠢᠨ ᠲᠠᠮᠢᠷ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠤᠯᠤᠰ ᠲᠥᠷᠥ ᠶᠢᠨ ᠪᠠᠲᠤᠯᠠᠭ᠎ᠠ ᠬᠠᠩᠭᠠᠵᠤ᠂ | ᠠᠯᠠᠱᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠡᠶ᠎ᠡ ᠶᠢᠨ ᠲᠠᠮᠢᠷ ᠤᠨ ᠬᠤᠪᠢ ᠨᠡᠮᠡᠷᠢ ᠦᠵᠡᠭᠦᠯᠦᠨ᠎ᠡ᠃ | 2 . ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠠᠷᠠᠳ ᠣᠯᠠᠨ ᠤ ᠣᠯᠠᠨ ᠡᠰᠢᠵᠢᠭᠰᠡᠨ | ᠪᠡᠶ᠎ᠡ ᠶᠢᠨ ᠲᠠᠮᠢᠷ ᠤᠨ ᠬᠡᠷᠡᠭᠴᠡᠭᠡ ᠶᠢ ᠬᠠᠩᠭᠠᠬᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ | ᠶᠠᠪᠤᠳᠠᠯ ᠢ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠡᠭᠦᠰᠴᠡ ᠪᠠ ᠵᠣᠭᠰᠣᠴᠠ ᠪᠣᠯᠭᠠᠵᠤ᠂ ︽ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠬᠥᠭᠵᠢᠭᠦᠯᠵᠦ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ︾ ᠳᠤ ᠠᠩᠬᠠᠷᠤᠯ ᠢᠶᠠᠨ | ᠲᠥᠪᠯᠡᠷᠡᠭᠦᠯᠦᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ | ᠳᠡᠭᠡᠭᠰᠢᠯᠡᠭᠦᠯᠦᠨ᠂ ᠪᠡᠶ᠎ᠡ ᠶᠢᠨ ᠲᠠᠮᠢᠷ ᠤᠨ ᠦᠢᠯᠡᠰ ᠢ ᠠᠷᠠᠳ ᠣᠯᠠᠨ ᠤ ᠵᠣᠯ ᠵᠢᠷᠭᠠᠯᠲᠤ ᠦᠢᠯᠡᠰ ᠪᠣᠯᠭᠠᠨ | ᠪᠦᠲᠦᠭᠡᠨ ᠪᠠᠶᠢᠭᠤᠯᠤᠨ᠎ᠠ᠃ | 3 . ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃ ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠬᠦᠷᠢᠶ᠎ᠡ ᠳᠤ ᠲᠤᠤᠱᠯᠠᠭᠤᠯᠵᠤ᠂ | ᠪᠡᠶ᠎ᠡ ᠶᠢᠨ ᠲᠠᠮᠢᠷ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠬᠥᠭᠵᠢᠯᠲᠡ ᠶᠢᠨ ᠠᠷᠭ᠎ᠠ ᠮᠠᠶ᠋ᠢᠭ ᠢ | ᠦᠨᠡᠨᠬᠦ ᠬᠤᠪᠢᠷᠠᠭᠤᠯᠵᠤ᠂ ᠬᠠᠮᠢᠶᠠᠷᠤᠯᠲᠠ ᠪᠠ ᠦᠢᠯᠡᠴᠢᠯᠡᠬᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠂ | ᠪᠡᠶ᠎ᠡ ᠶᠢᠨ ᠲᠠᠮᠢᠷ ᠤᠨ ᠦᠢᠯᠡᠰ ᠤᠨ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ | ᠨᠠᠩ ᠦᠷᠭᠦᠯᠵᠢᠯᠡᠬᠦ᠂ ᠨᠠᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ | 4 . ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠠᠯᠠᠱᠠ ᠶᠢᠨ ᠪᠣᠳᠠᠲᠤ | ᠪᠠᠶᠢᠳᠠᠯ ᠠᠴᠠ ᠡᠭᠦᠰᠴᠦ᠂ ᠪᠡᠶ᠎ᠡ ᠶᠢᠨ ᠲᠠᠮᠢᠷ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠪᠡᠶ᠎ᠡ ᠶᠢᠨ ᠲᠠᠮᠢᠷ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠭᠡᠮ ᠤᠨ ᠬᠦᠴᠦᠨ ᠤ ᠪᠡᠶ᠎ᠡ ᠶᠢᠨ ᠲᠠᠮᠢᠷ ᠤᠨ | ᠬᠥᠭᠵᠢᠯᠲᠡ ᠳᠤ ᠣᠷᠣᠯᠴᠠᠬᠤ ᠢᠳᠡᠪᠬᠢᠵᠢᠯ ᠪᠠ ᠪᠦᠲᠦᠭᠡᠯᠴᠢ ᠴᠢᠨᠠᠷ ᠢ ᠬᠦᠢᠴᠡᠳ ᠳᠠᠶᠢᠴᠢᠯᠠᠨ᠎ᠠ᠃ ᠬᠠᠤᠯᠢ | ᠶᠣᠰᠣᠭᠠᠷ ᠪᠡᠶ᠎ᠡ ᠶᠢᠨ ᠲᠠᠮᠢᠷ ᠢ ᠵᠠᠰᠠᠬᠤ ᠶᠢ ᠠᠬᠢᠭᠤᠯᠬᠤ ᠶᠢ ᠪᠠᠷᠢᠮᠲᠠᠯᠠᠵᠤ᠂ ᠪᠡᠶ᠎ᠡ ᠶᠢᠨ ᠲᠠᠮᠢᠷ ᠤᠨ ᠡᠯ᠎ᠡ | ᠬᠦᠷᠢᠶᠡᠨ ᠳᠠᠬᠢ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ︵ᠭᠤᠷᠪᠠ︶ ᠶᠡᠷᠦᠩᠬᠡᠶ ᠬᠠᠷᠠᠯᠲᠠ | 2025 ᠣᠨ ᠪᠣᠯᠬᠤ ᠳᠤ᠂ ᠠᠯᠠᠱᠠ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠪᠥᠬᠦ ᠣᠷᠣᠨ ᠤ ᠳᠤᠮᠳᠠ | ᠵᠡᠷᠭᠡ ᠶᠢᠨ ᠬᠢᠷᠢ ᠲᠦᠪᠰᠢᠨ ᠳᠤ ᠬᠦᠷᠦᠭᠦᠯᠬᠦ ᠪᠠᠷ ᠴᠢᠷᠮᠠᠶᠢᠵᠤ᠂ ᠠᠷᠠᠳ ᠣᠯᠠᠨ ᠤ ᠪᠡᠶ᠎ᠡ ᠶᠢᠨ ᠲᠠᠮᠢᠷ ᠲᠤ | ᠣᠷᠣᠯᠴᠠᠬᠤ ᠵᠣᠯ ᠵᠢᠷᠭᠠᠯᠲᠤ ᠲᠥᠷᠥᠭᠳᠡᠯ ᠢ ᠢᠯᠡᠳᠲᠡ ᠳᠡᠭᠡᠭᠰᠢᠯᠡᠭᠦᠯᠦᠨ᠂ ᠪᠡᠶ᠎ᠡ ᠶᠢᠨ ᠲᠠᠮᠢᠷ ᠤᠨ ᠭᠤᠤᠯᠯᠠᠬᠤ | ᠥᠷᠢᠰᠦᠯᠳᠦᠬᠦ ᠬᠦᠴᠦᠨ᠂ ᠨᠡᠶᠢᠭᠡᠮ ᠤᠨ ᠨᠥᠯᠥᠭᠡᠯᠡᠬᠦ ᠬᠦᠴᠦᠨ ᠢ ᠢᠯᠡᠳᠲᠡ ᠴᠢᠩᠭᠠᠷᠠᠭᠤᠯᠤᠨ᠎ᠠ᠃ | 1 . ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠠᠷᠠᠳ ᠣᠯᠠᠨ ᠤ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠳᠤ ᠣᠷᠣᠯᠴᠠᠬᠤ ᠳᠤ ᠨᠠᠩ ᠲᠥᠬᠦᠮ ᠪᠣᠯᠭᠠᠵᠤ᠂ ᠪᠡᠶ᠎ᠡ ᠴᠢᠭᠢᠷᠠᠭᠵᠢᠭᠤᠯᠬᠤ ᠬᠠᠯᠠᠭᠤᠨ | ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠳᠤ ᠣᠷᠣᠯᠴᠠᠬᠤ ᠬᠥᠮᠦᠨ ᠤ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 45 . 11 % ᠠᠴᠠ ᠳᠡᠭᠡᠭᠰᠢ ᠳᠤ | ᠬᠦᠷᠦᠭᠦᠯᠵᠦ᠂ ᠮᠢᠩᠭᠠᠨ ᠬᠥᠮᠦᠨ ᠪᠦᠷᠢ ᠳᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ 3 . | 2 ᠠᠴᠠ ᠳᠡᠭᠡᠭᠰᠢ ᠪᠠᠶᠢᠯᠭᠠᠵᠤ᠂ ᠬᠥᠮᠦᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢ 4 . 8 ᠲᠡᠭᠰᠢ | ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠵᠦ᠂ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ | ᠰᠢᠨᠵᠢᠬᠦ ᠶᠢᠨ ᠬᠢᠷᠢ ᠲᠡᠩᠴᠡᠭᠰᠡᠨ ᠨᠣᠷᠮ᠎ᠠ ᠶᠢ 90 % ᠳᠤ ᠬᠦᠷᠦᠭᠦᠯᠦᠨ᠎ᠡ᠃ | 2 . ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ | ᠪᠠᠬᠢᠵᠢᠬᠦᠯᠦᠨ᠎ᠡ᠃ ᠭᠤᠣᠯᠳᠠᠯᠭ᠎ᠠ ᠲᠠᠢ ᠬᠥᠭᠵᠢᠭᠦᠯᠬᠦ ᠪᠠ ᠨᠡᠶᠢᠳᠡᠮ ᠳᠡᠯᠭᠡᠷᠡᠭᠦᠯᠬᠦ ᠲᠥᠷᠥᠯ ᠵᠦᠢᠯ ᠢ ᠨᠡᠩ ᠰᠢᠨᠵᠢᠯᠡᠬᠦ | ᠤᠬᠠᠭᠠᠨᠴᠢ ᠵᠦᠢ ᠵᠣᠬᠢᠰᠲᠠᠶ᠂ ᠵᠣᠬᠢᠴᠠᠩᠭᠤᠶ ᠪᠠᠷ ᠬᠥᠭᠵᠢᠭᠦᠯᠵᠦ᠂ ᠪᠡᠯᠡᠳᠬᠡᠯ ᠴᠢᠳᠠᠪᠤᠷᠢᠲᠠᠨ ᠬᠥᠮᠦᠵᠢᠭᠦᠯᠬᠦ | ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠤᠷᠤᠯᠳᠤᠭᠠᠨ ᠤ ᠰᠢᠰᠲ᠋ᠧᠮᠵᠢ ᠶᠢ ᠨᠡᠩ | ᠲᠡᠭᠦᠯᠳᠡᠷᠵᠢᠭᠦᠯᠵᠦ᠂ ᠬᠥᠭᠵᠢᠯᠲᠡ ᠶᠢᠨ ᠪᠣᠳᠠᠲᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠤᠷᠤᠯᠳᠤᠭᠠᠨ ᠤ ᠪᠡᠶ᠎ᠡ ᠶᠢᠨ ᠲᠠᠮᠢᠷ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠬᠢᠭᠤᠯᠬᠤ ᠳᠤᠮᠳᠠᠬᠢ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠨᠠᠩ ᠲᠣᠪᠤᠶᠢᠮ᠎ᠠ ᠪᠣᠯᠭᠠᠨ᠎ᠠ᠃ | 3᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠢᠯᠡᠷᠡᠭᠦᠯᠦᠨ᠎ᠡ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ︽ᠭᠤᠷᠪᠠᠨ ᠶᠡᠭᠡ ᠰᠢᠰᠲ᠋ᠧᠮᠵᠢ︾ ︵ | ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢ ᠠᠬᠢᠭᠤᠯᠬᠤ ᠰᠢᠰᠲ᠋ᠧᠮᠵᠢ᠂ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠢᠰᠲ᠋ᠧᠮᠵᠢ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠤ ᠰᠢᠰᠲ᠋ᠧᠮᠵᠢ︶ ᠶᠢ ᠰᠦᠪᠡᠭᠴᠢᠯᠡᠨ ᠪᠠᠶᠢᠭᠤᠯᠵᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ | ᠠᠭᠤᠰᠤᠯᠴᠠᠭᠤᠯᠬᠤ ᠠᠵᠢᠯ ᠤᠨ ᠦᠷ᠎ᠡ ᠪᠦᠲᠦᠮᠵᠢ ᠶᠢ ᠢᠯᠡᠳᠲᠡ ᠪᠣᠯᠭᠠᠵᠤ᠂ ᠪᠡᠶ᠎ᠡ ᠶᠢᠨ ᠲᠠᠮᠢᠷ ᠤᠨ ᠪᠡᠯᠡᠳᠬᠡᠯ | ᠴᠢᠳᠠᠪᠤᠷᠢᠲᠠᠨ ᠤ ᠰᠠᠭᠤᠷᠢ ᠲᠤᠭ᠎ᠠ ᠶᠢ ᠲᠠᠰᠤᠷᠠᠯᠲᠠ ᠥᠬᠡᠶ ᠥᠷᠭᠡᠳᠬᠡᠵᠦ᠂ ᠡᠩ ᠤᠨ ᠰᠤᠷᠭᠠᠭᠤᠯᠢ ᠪᠠᠷ ᠭᠤᠤᠯ | ᠪᠣᠯᠭᠠᠭᠰᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠᠷ ᠬᠠᠪᠰᠤᠷᠤᠮᠵᠢ ᠪᠣᠯᠭᠠᠭᠰᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ | ᠴᠢᠳᠠᠪᠤᠷᠢᠲᠠᠨ ᠢ ᠬᠦᠴᠦ ᠪᠠᠨ ᠬᠠᠮᠲᠤᠳᠬᠠᠨ ᠬᠥᠮᠦᠵᠢᠭᠦᠯᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ | ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠦᠨ᠎ᠡ᠃ | 4 . ᠪᠡᠶ᠎ᠡ ᠶᠢᠨ ᠲᠠᠮᠢᠷ ᠤᠨ ᠠᠵᠤ ᠦᠢᠯᠡᠰ ᠢ ᠣᠨᠴᠠᠯᠢᠬᠵᠢᠭᠤᠯᠤᠨ ᠬᠥᠭᠵᠢᠭᠦᠯᠬᠦ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠨ᠎ᠡ᠃ ᠪᠡᠶ᠎ᠡ ᠶᠢᠨ ᠲᠠᠮᠢᠷ ᠪᠣᠯᠤᠨ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ | ᠪᠡᠶ᠎ᠡ ᠶᠢᠨ ᠲᠠᠮᠢᠷ ᠪᠣᠯᠤᠨ ᠡᠷᠡᠭᠦᠯ ᠬᠠᠮᠠᠭᠠᠯᠠᠯ ᠤᠨ ᠠᠭᠤᠰᠤᠯᠴᠠᠯ ᠢ ᠠᠬᠢᠭᠤᠯᠵᠤ᠂ ᠪᠡᠶ᠎ᠡ ᠶᠢᠨ ᠲᠠᠮᠢᠷ ᠪᠣᠯᠤᠨ | ᠵᠢᠭᠤᠯᠴᠢᠯᠠᠯ ᠤᠨ ᠠᠭᠤᠰᠤᠯᠴᠠᠯ ᠤᠨ ᠲᠣᠭᠲᠠᠴᠠ ᠶᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ | ᠠᠵᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ | 5 . ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠬᠥᠳᠡᠯᠭᠡᠭᠡᠨ ᠢ ᠤᠯᠠᠮ ᠨᠢᠭᠡ ᠠᠯᠬᠤᠮ | ᠲᠦᠭᠡᠮᠡᠯᠵᠢᠭᠦᠯᠦᠨ᠎ᠡ᠃ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮᠵᠢ ᠶᠢ ᠪᠦᠷᠢᠨᠰᠢᠭᠦᠯᠵᠦ᠂ | ᠣᠯᠠᠨ ᠲᠦᠮᠡᠨ ᠤ ᠬᠥᠯ ᠪᠥᠮᠪᠦᠭᠡ ᠶᠢ ᠶᠡᠬᠡᠪᠡᠷ ᠬᠥᠭᠵᠢᠭᠦᠯᠦᠨ᠎ᠡ᠃ ᠬᠥᠯ ᠪᠥᠮᠪᠦᠭᠡ ᠶᠢᠨ ᠤᠷᠤᠯᠳᠤᠭᠠᠨ ᠤ ᠬᠢᠷᠢ | ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ ᠶᠢ ᠲᠠᠰᠤᠷᠠᠯᠲᠠ | ᠥᠬᠡᠶ ᠲᠡᠭᠦᠯᠳᠡᠷᠵᠢᠭᠦᠯᠦᠨ᠂ ᠨᠡᠶᠢᠭᠡᠮ ᠤᠨ ᠬᠥᠯ ᠪᠥᠮᠪᠦᠭᠡ ᠶᠢ ᠥᠷᠨᠢᠭᠦᠨ ᠬᠥᠭᠵᠢᠭᠦᠯᠵᠦ᠂ ᠭᠠᠳᠠᠭᠠᠳᠤ ᠯᠤᠭ᠎ᠠ ᠶᠢᠨ | ᠰᠣᠯᠢᠯᠴᠠᠭ᠎ᠠ ᠶᠢ ᠡᠳᠦᠷ ᠢᠷᠡᠬᠦᠶ᠎ᠡ ᠬᠥᠭᠵᠢᠶᠡᠨᠲᠡᠶ ᠪᠣᠯᠭᠠᠨ᠂ ᠬᠥᠯ ᠪᠥᠮᠪᠦᠭᠡ ᠶᠢᠨ ᠦᠢᠯᠡᠰ ᠢ ᠡᠷᠡᠭᠦᠯ ᠢᠶᠠᠷ | ᠬᠥᠭᠵᠢᠭᠦᠯᠵᠦ᠂ ᠬᠥᠯ ᠪᠥᠮᠪᠦᠭᠡ ᠶᠢᠨ ᠰᠣᠶᠣᠯ ᠤᠨ ᠠᠭᠤᠷ ᠠᠮᠢᠰᠬᠤᠯ ᠢ ᠨᠠᠩ ᠭᠦᠨ ᠵᠤᠵᠠᠭᠠᠨ ᠪᠣᠯᠭᠠᠨ᠎ᠠ᠃ | 6 . ᠪᠡᠶ᠎ᠡ ᠶᠢᠨ ᠲᠠᠮᠢᠷ ᠰᠣᠶᠣᠯ ᠤᠬᠠᠭᠤᠯᠭ᠎ᠠ ᠶᠢᠨ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠲᠣᠰ ᠪᠡᠶ᠎ᠡ ᠶᠢᠨ ᠴᠢᠳᠠᠮᠵᠢ ᠪᠠ ᠨᠡᠶᠢᠭᠡᠮ ᠤᠨ ᠦᠨ᠎ᠡ ᠥᠷᠲᠡᠭ ᠢ | ᠬᠦᠢᠴᠡᠳ ᠠᠭᠤᠳᠠᠯᠵᠤ᠂ ︽ᠲᠣᠮᠣ ᠪᠡᠶ᠎ᠡ ᠶᠢᠨ ᠲᠠᠮᠢᠷ ᠤᠨ ᠰᠣᠶᠣᠯ ᠤᠨ ᠦᠵᠡᠯᠲᠡ︾ ᠶᠢ ᠪᠣᠶ ᠪᠣᠯᠭᠠᠨ᠂ ᠪᠣᠰᠤᠭ᠎ᠠ | ᠴᠣᠭᠴᠠᠵᠢᠭᠰᠠᠨ᠂ ᠣᠳᠣᠬᠢᠴᠢᠯᠠᠭᠰᠠᠨ᠂ ᠬᠠᠮ ᠵᠠᠭᠤᠴᠢᠯᠠᠭᠤᠷᠵᠢᠭᠰᠠᠨ ᠪᠡᠶ᠎ᠡ ᠶᠢᠨ ᠲᠠᠮᠢᠷ ᠤᠨ ᠤᠬᠠᠭᠤᠯᠭ᠎ᠠ ᠬᠢᠭᠡᠳ | ᠳᠠᠮᠵᠢᠭᠤᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠰᠣᠨᠢᠨ᠂ ᠲᠧᠯᠸᠢᠰ ᠬᠤᠷᠢᠶ᠎ᠠ᠂ ᠰᠦᠯᠵᠢᠶ᠎ᠡ᠂ ᠳᠠᠪᠴᠠᠩ ᠵᠡᠷᠭᠡ | ᠡᠯ᠎ᠡ ᠲᠥᠷᠥᠯ ᠤᠨ ᠬᠠᠪᠲᠠᠭᠠᠶ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠠᠪᠴᠠᠩ ᠤᠨ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠭᠤᠷᠪᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠭᠤᠣᠯ ᠡᠭᠦᠷᠭᠡ | ︵ᠨᠢᠭᠡ︶ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠮᠢᠳᠤᠷᠠᠯᠵᠢᠭᠤᠯᠬᠤ ᠶᠢ ᠠᠬᠢᠭᠤᠯᠵᠤ᠂ ᠡᠷᠡᠭᠦᠯ | ᠡᠩᠬᠡ ᠠᠯᠠᠱᠠ ᠶᠢ ᠪᠠᠶᠢᠭᠤᠯᠬᠤ ᠳᠤ ᠰᠠᠭᠤᠷᠢ ᠲᠠᠯᠪᠢᠨ᠎ᠠ | 1 . ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠭᠤᠤᠯᠯᠠᠨ | ᠤᠳᠤᠷᠢᠳᠤᠭᠰᠠᠨ᠂ ᠨᠡᠶᠢᠭᠡᠮ ᠳᠠᠶᠠᠭᠠᠷ ᠬᠠᠮᠵᠢᠯᠴᠠᠭᠰᠠᠨ᠂ ᠣᠯᠠᠨ ᠨᠡᠶᠢᠲᠡ ᠪᠠᠷ ᠢᠶᠠᠨ ᠣᠷᠣᠯᠴᠠᠭᠰᠠᠨ᠂ ᠬᠠᠤᠯᠢ ᠪᠠᠷ | ᠵᠠᠰᠠᠬᠤ ᠪᠠᠲᠤᠯᠠᠭ᠎ᠠ ᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠎ᠡ᠃ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠲᠠᠢ ᠨᠢᠭᠲᠠ | ᠤᠶᠠᠯᠳᠤᠭᠤᠯᠤᠨ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠣᠬᠢᠶᠠᠨ | ᠪᠠᠶᠢᠭᠤᠯᠤᠯᠲᠠ ᠶᠢ ᠦᠷᠭᠦᠯᠵᠢᠯᠡᠨ ᠪᠦᠷᠢᠨᠰᠢᠭᠦᠯᠵᠦ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠪᠡᠯᠡᠳᠬᠡᠮᠵᠢ ᠶᠢ ᠪᠠᠶᠢᠭᠤᠯᠤᠨ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢ ᠪᠠᠶᠠᠯᠢᠭᠵᠢᠭᠤᠯᠵᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠤᠷᠤᠯᠳᠤᠭᠠᠨ ᠢ ᠳᠡᠮᠵᠢᠵᠦ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠵᠢᠯᠣᠭᠤᠳᠣᠯᠭ᠎ᠠ ᠶᠢ ᠴᠢᠩᠭᠠᠳᠬᠠᠨ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠰᠣᠶᠣᠯ ᠢ ᠪᠠᠳᠠᠷᠠᠭᠤᠯᠵᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠮᠤᠷ ᠲᠦᠪᠰᠢᠨ ᠢ ᠪᠠᠲᠤᠯᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠬᠡᠨ ᠢ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠦᠢᠴᠡᠳᠬᠡᠯ ᠲᠣᠭᠠᠨ ᠤ ᠰᠢᠰᠲ᠋ᠧᠮ ᠪᠠ | ᠰᠢᠯᠭᠠᠷᠠᠭᠤᠯᠬᠤ ᠠᠷᠭ᠎ᠠ ᠶᠣᠰᠣᠭᠠᠷ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠰᠢᠭᠤ ︵ | ᠨᠡᠭᠡᠭᠡᠯᠳᠡ ᠶᠢᠨ ᠣᠷᠣᠨ︶ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠠᠵᠤ ᠠᠬᠤᠶ ᠶᠢᠨ | ᠬᠥᠭᠵᠢᠯᠲᠡ ᠶᠢᠨ ᠬᠢᠷᠢ ᠲᠦᠪᠰᠢᠨ᠂ ᠬᠥᠮᠦᠨ ᠠᠮᠠ ᠶᠢᠨ ᠬᠡᠪᠴᠢᠶ᠎ᠡ᠂ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ | ᠵᠡᠷᠭᠡ ᠬᠦᠴᠦᠨ ᠵᠦᠢᠯ ᠢ ᠦᠨᠳᠦᠰᠦᠯᠡᠨ ᠵᠦᠶ ᠵᠣᠬᠢᠰᠲᠠᠶ ᠲᠡᠩᠴᠡᠭᠦᠷᠢᠲᠡᠶ ᠪᠠᠶᠢᠷᠢᠰᠢᠭᠤᠯᠵᠤ᠂ ᠡᠮᠡᠭᠲᠡᠶᠢᠴᠦᠳ | ᠬᠡᠦᠬᠡᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠭᠤᠤᠯᠳᠠᠯᠭ᠎ᠠ ᠲᠠᠢ ᠬᠥᠮᠦᠰ ᠤᠨ ᠪᠡᠶ᠎ᠡ ᠶᠢᠨ ᠲᠠᠮᠢᠷ ᠤᠨ | ᠦᠨᠳᠦᠰᠦᠨ ᠡᠷᠬᠡ ᠠᠰᠢᠭ ᠢ ᠪᠠᠲᠤᠯᠠᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠡᠬᠢ ᠪᠠᠶᠠᠯᠢᠭ ᠪᠠ | ᠦᠢᠯᠡᠴᠢᠯᠡᠭᠡ ᠶᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠬᠠᠮᠲᠤ ᠪᠠᠷ ᠪᠠᠶᠢᠭᠤᠯᠵᠤ ᠬᠠᠮᠲᠤ ᠪᠠᠷ | ᠡᠳ᠋ᠯᠡᠬᠦ ᠶᠢ ᠠᠬᠢᠭᠤᠯᠤᠨ᠎ᠠ᠃ | 2 . ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠨᠢᠭᠡᠳᠦᠯᠲᠡᠶ | ᠲᠥᠯᠥᠪᠯᠡᠨ ᠪᠠᠶᠢᠭᠤᠯᠤᠨ᠎ᠠ᠃ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ ᠣᠯᠠᠨ ᠲᠦᠮᠡᠨ ᠤ ᠪᠡᠶ᠎ᠡ ᠶᠢᠨ ᠲᠠᠮᠢᠷ ᠢ ᠬᠥᠭᠵᠢᠭᠦᠯᠬᠦ ᠲᠤᠬᠠᠶ ᠰᠠᠨᠠᠯ︾ | ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠬᠠᠮᠲᠤᠪᠠᠷ ᠴᠢᠩᠭᠠᠳᠬᠠᠬᠤ ᠶᠢ ᠠᠬᠢᠭᠤᠯᠤᠨ᠂ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠣᠳᠣᠬᠢ ᠪᠠᠶᠢᠳᠠᠯ ᠤᠨ ᠪᠠᠶᠢᠴᠠᠭᠠᠯᠲᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠰᠤᠯᠠ ᠪᠠᠶᠢᠭ᠎ᠠ ᠲᠠᠯᠠᠪᠤᠷ | ᠭᠠᠵᠠᠷ᠂ ᠳᠠᠭᠠᠯᠲᠠ ᠣᠷᠣᠨ ᠵᠠᠶ᠂ ᠰᠤᠯᠠ ᠪᠠᠶᠢᠭ᠎ᠠ ᠦᠢᠯᠡᠳᠪᠦᠷᠢ ᠶᠢᠨ ᠬᠡᠷ ᠪᠠᠶᠢᠰᠢᠩ᠂ ᠰᠠᠩ ᠬᠥᠮᠥᠷᠭᠡ ᠶᠢ ᠵᠦᠶ | ᠵᠣᠬᠢᠰᠲᠠᠶ ᠠᠰᠢᠭᠯᠠᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠢ ᠥᠭᠡᠷᠡᠴᠢᠯᠡᠵᠦ᠂ ᠬᠤᠰᠢᠭᠤ ︵ ᠨᠡᠭᠡᠭᠡᠯᠳᠡ ᠶᠢᠨ | ᠣᠷᠣᠨ︶᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠭᠤᠷᠪᠠᠨ ᠱᠠᠲᠤᠨ ᠤ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠪᠦᠷᠢᠨ | ᠪᠦᠷᠬᠦᠭᠦᠯᠬᠦ ᠶᠢ ᠠᠬᠢᠭᠤᠯᠤᠨ ᠪᠡᠶᠡᠯᠡᠭᠦᠯᠵᠦ᠂ ᠰᠤᠮᠤ ᠪᠠᠯᠭᠠᠰᠤᠨ ᠤ ︽10 ᠮᠢᠨᠦ᠋ᠲ︾ ᠤᠨ ᠪᠡᠶ᠎ᠡ | ᠴᠢᠭᠢᠷᠠᠭᠵᠢᠭᠤᠯᠬᠤ ᠲᠣᠭᠤᠷᠢᠭ ᠢ ᠢᠳᠡᠪᠬᠢᠲᠡᠶ ᠪᠠᠶᠢᠭᠤᠯᠤᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠣᠷᠳᠣᠨ ᠲᠠᠯᠠᠪᠠᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠣᠷᠳᠣᠨ ᠲᠠᠯᠠᠪᠠᠢ ᠶᠢᠨ ᠦᠨ᠎ᠡ ᠲᠥᠯᠥᠪᠦᠷᠢ ᠥᠬᠡᠶ ᠪᠤᠶᠤ ᠰᠦᠢᠳᠬᠡᠯ ᠪᠠᠭ᠎ᠠ ᠬᠤᠷᠢᠶᠠᠵᠤ | ᠴᠢᠯᠥᠭᠡᠲᠡᠶ ᠲᠠᠯᠪᠢᠬᠤ ᠶᠢ ᠳᠠᠮᠵᠢᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠣᠷᠳᠣᠨ ᠲᠠᠯᠠᠪᠠᠢ ᠶᠢ ᠴᠢᠯᠥᠭᠡᠲᠡᠶ | ᠬᠡᠷᠡᠭᠯᠡᠭᠦᠯᠬᠦ ᠶᠢ ᠦᠨᠡᠯᠡᠨ ᠵᠢᠱᠢᠵᠦ ᠬᠢᠨᠠᠨ ᠵᠢᠯᠣᠭᠤᠳᠬᠤ ᠶᠢ ᠴᠢᠩᠭᠠᠳᠬᠠᠨ᠂ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠣᠷᠳᠣᠨ ᠲᠠᠯᠠᠪᠠᠢ ᠶᠢᠨ ᠦᠢᠯᠡᠴᠢᠯᠡᠬᠡᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠴᠢᠯᠥᠭᠡᠲᠡᠶ ᠲᠠᠯᠪᠢᠬᠤ | ᠦᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠠᠵᠣ ᠠᠬᠤᠶᠢᠯᠠᠯ ᠠᠵᠢᠯ ᠦᠢᠯᠡᠰ ᠤᠨ | ᠨᠢᠬᠡᠴᠡ ᠶᠢᠨ ᠪᠡᠶ᠎ᠡ ᠶᠢᠨ ᠳᠠᠮᠢᠷ ᠤᠨ ᠳᠠᠯᠠᠪᠣᠷ ᠭᠠᠵᠠᠷ ᠤᠨ ᠳᠣᠨᠤᠭ ᠳᠦᠬᠦᠭᠡᠷᠦᠮᠵᠢ ᠶᠢ ᠨᠡᠭᠡᠭᠡᠬᠦ ᠳᠠᠯᠳᠠ ᠬᠦᠴᠦᠨ ᠢ | ᠢᠯᠡᠷᠡᠬᠦᠯᠵᠦ᠂ ᠨᠡᠶᠢᠬᠡᠮ ᠤᠨ ᠬᠦᠴᠦᠨ ᠤ ᠣᠯᠠᠨ ᠨᠡᠶᠢᠳᠡ ᠶᠢᠨ ᠪᠡᠶ᠎ᠡ ᠶᠢᠨ ᠳᠠᠮᠢᠷ ᠤᠨ ᠣᠷᠳᠣᠨ ᠳᠠᠯᠠᠪᠣᠷ ᠢ | ᠡᠵᠡᠩᠨᠡᠵᠦ ᠬᠠᠮᠢᠶᠠᠷᠬᠤ ᠶᠢ ᠵᠣᠷᠢᠭᠵᠢᠭᠤᠯᠣᠨ᠂ ᠣᠯᠠᠨ ᠳᠦᠮᠡᠨ ᠤ ᠣᠯᠠᠨ ᠨᠡᠶᠢᠳᠡ ᠶᠢᠨ ᠪᠡᠶ᠎ᠡ ᠶᠢᠨ ᠳᠠᠮᠢᠷ ᠤᠨ | ᠦᠢᠯᠡᠴᠢᠯᠡᠬᠡᠨ ᠤ ᠳᠣᠬᠠᠢ ᠦᠪᠡᠷᠮᠢᠴᠡ᠂ ᠣᠯᠠᠨ ᠳᠠᠯᠠᠳᠣ ᠬᠡᠷᠡᠭᠴᠡᠭᠡ ᠶᠢ ᠨᠡᠩ ᠰᠠᠶᠢᠳᠣᠷ ᠬᠠᠩᠭᠠᠨ᠎ᠠ᠃ | 3 . ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠦᠨ᠎ᠡ᠃ ᠪᠦᠷᠬᠦᠴᠡ ᠪᠠᠷ ᠥᠷᠭᠡᠨ᠂ ᠳᠡᠰ ᠳᠠᠪᠬᠤᠷᠭ᠎ᠠ ᠨᠢ ᠲᠣᠳᠣᠷᠬᠠᠶ᠂ ᠣᠷᠣᠯᠴᠠᠬᠤ ᠳᠤ ᠳᠥᠭᠦᠮ | ᠤᠷᠤᠯᠳᠤᠭᠠᠨ ᠤ ᠠᠵᠢᠯᠯᠠᠭ᠎ᠠ ᠶᠢ ᠦᠷᠨᠢᠬᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ | ᠥᠷᠭᠡᠴᠡ ᠪᠠ ᠭᠦᠨᠴᠡ ᠶᠢ ᠥᠷᠭᠡᠳᠬᠡᠨ᠎ᠡ᠃ ᠪᠦᠬᠦ ᠠᠶᠢᠮᠠᠭ ᠤᠨ ᠪᠡᠶ᠎ᠡ ᠶᠢᠨ ᠲᠠᠮᠢᠷ ᠤᠨ ᠴᠣᠭᠯᠠᠭᠠᠨ᠂ ᠨᠡᠶᠢᠭᠡᠮ | ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ᠂ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ | ᠰᠢᠷᠢᠰ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ | ᠴᠠᠰᠤᠨ ᠤ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠨᠠᠶᠢᠳᠠᠪᠣᠷᠢᠵᠢᠭᠤᠯᠵᠦ᠂ ᠣᠯᠠᠨ ᠲᠦᠮᠡᠨ ᠤ | ᠮᠥᠰᠥ ᠴᠠᠰᠤᠨ ᠤ ᠬᠥᠳᠡᠯᠭᠡᠭᠡᠨ᠂ ︽ᠭᠤᠷᠪᠠᠨ ᠶᠡᠭᠡ ᠪᠥᠮᠪᠦᠭᠡ︾ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ | ᠳᠤᠷᠠᠲᠠᠢ᠂ ᠡᠯᠪᠡᠭ ᠪᠠᠶᠠᠯᠢᠭ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ ᠢᠨᠲ᠋ᠧᠷ ᠰᠦᠯᠵᠢᠶ᠎ᠡ | ᠪᠠ ᠰᠢᠨ᠎ᠡ ᠵᠠᠭᠤᠴᠢᠯᠠᠭᠤᠷ ᠤᠨ ᠲᠠᠪᠴᠠᠩ ᠢ ᠬᠦᠢᠴᠡᠳ ᠠᠰᠢᠭᠯᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ | ᠵᠠᠭᠪᠤᠷ ᠢ ᠰᠦᠪᠡᠭᠴᠢᠯᠡᠨ ᠪᠣᠢ ᠪᠣᠯᠭᠠᠨ᠎ᠠ᠃ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ | ᠢᠳᠡᠪᠬᠢᠲᠡᠶ ᠥᠷᠨᠢᠭᠦᠯᠦᠨ᠎ᠡ᠃ ︽ᠨᠢᠭᠡ ᠭᠠᠵᠠᠷ ᠲᠤ ᠨᠢᠭᠡ ᠨᠠᠷᠠᠲᠤ ᠲᠥᠷᠥᠯ ᠲᠡᠮᠳᠡᠭᠲᠦ ᠲᠠᠢ᠂ ᠨᠢᠭᠡ ᠭᠠᠵᠠᠷ ᠲᠤ | ᠨᠢᠭᠡ ᠣᠨᠴᠠᠯᠢᠭ ᠲᠠᠢ︾ ᠣᠯᠠᠨ ᠲᠦᠮᠡᠨᠴᠢ ᠴᠢᠨᠠᠷᠲᠠᠶ ᠨᠠᠷᠠᠲᠤ ᠲᠥᠷᠥᠯ ᠲᠡᠮᠳᠡᠭᠲᠦ ᠤᠷᠤᠯᠳᠤᠭᠠᠨ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ | 4 . ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠰᠦᠯᠵᠢᠶ᠎ᠡ ᠶᠢᠨ | ᠰᠢᠰᠲ᠋ᠧᠮᠵᠢ ᠶᠢ ᠰᠢᠯᠢᠳᠡᠭᠵᠢᠭᠦᠯᠦᠨ᠎ᠡ᠃ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ᠂ ᠡᠯ᠎ᠡ ᠱᠠᠲᠤᠨ ᠤ | ᠡᠯ᠎ᠡ ᠲᠥᠷᠥᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠵᠤ᠂ ᠬᠢᠨᠠᠨ ᠬᠠᠮᠢᠶᠠᠷᠬᠤ᠂ ᠦᠢᠯᠡᠴᠢᠯᠡᠬᠦ᠂ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠪᠠ ᠬᠥᠮᠦᠰ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ | ᠪᠠᠶᠢᠭᠠᠳ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠪᠠ ᠲᠠᠯᠠᠪᠤᠷ ᠲᠤ ᠲᠦᠰᠢᠭᠯᠡᠨ ᠪᠡᠶ᠎ᠡ ᠶᠢᠨ ᠲᠠᠮᠢᠷ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠠᠮᠢᠳᠤᠯᠢᠭ ᠪᠥᠭᠡᠳ ᠪᠦᠲᠦᠮᠵᠢᠲᠡᠶ ᠠᠷᠭ᠎ᠠ ᠮᠠᠶ᠋ᠢᠭ ᠢᠶᠠᠷ | ᠵᠠᠰᠠᠭ ᠤᠨ ᠣᠷᠳᠣᠨ ᠤ ᠲᠡᠳᠬᠦᠨ ᠳᠡᠮᠵᠢᠬᠦ ᠪᠠ ᠦᠢᠯᠡᠴᠢᠯᠡᠬᠡᠨ ᠤ ᠰᠢᠰᠲ᠋ᠧᠮᠵᠢ ᠳᠤ ᠣᠷᠣᠭᠤᠯᠵᠤ᠂ ᠪᠡᠶ᠎ᠡ ᠶᠢᠨ | ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠪᠠ ᠭᠠᠴᠠᠭ᠎ᠠ | ᠲᠣᠰᠬᠤᠨ ᠤ ᠪᠥᠲᠥᠭᠡᠨ ᠪᠠᠶᠢᠭᠤᠯᠤᠯᠲᠠ ᠬᠥᠭᠵᠢᠯᠲᠡ ᠶᠢ ᠢᠳᠡᠪᠬᠢᠲᠡᠶ ᠠᠬᠢᠭᠤᠯᠤᠨ᠎ᠠ᠃ ᠪᠡᠶ᠎ᠡ ᠶᠢᠨ ᠲᠠᠮᠢᠷ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠪᠠ ᠠᠭᠤᠷ | ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠵᠤ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ | ᠵᠥᠪᠰᠢᠶᠡᠷᠡᠨ ᠣᠷᠣᠭᠤᠯᠬᠤ᠂ ᠪᠤᠴᠠᠭᠠᠨ ᠭᠠᠷᠭᠠᠬᠤ ᠪᠠ ᠰᠢᠯᠭᠠᠨ ᠦᠨᠡᠯᠡᠵᠦ ᠤᠷᠮᠠᠰᠢᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠨᠢ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠡᠷᠴᠢᠮ ᠢ | ᠴᠢᠩᠭᠠᠷᠠᠭᠤᠯᠤᠨ᠎ᠠ᠃ | 5 . ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠴᠢᠭᠢᠷᠠᠭ ᠤᠨ | ᠭᠦᠨᠵᠡᠭᠡᠶ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ᠃ ᠪᠥᠬᠦ ᠠᠶᠢᠮᠠᠭ ᠤᠨ | ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠡᠶ᠎ᠡ ᠮᠠᠬᠠᠪᠣᠳ ᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠪᠠᠷ ᠴᠢᠷᠮᠠᠶᠢᠬᠤ ᠴᠢᠭᠯᠡᠯ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠬᠢᠭᠡᠳ ᠪᠥᠬᠦ ᠠᠷᠠᠳ ᠤᠨ ᠡᠷᠡᠭᠦᠯ ᠴᠢᠭᠢᠷᠠᠭ ᠤᠨ ᠭᠦᠨᠵᠡᠭᠡᠶ ᠠᠭᠤᠰᠤᠯᠴᠠᠯ ᠤᠨ ᠬᠠᠮᠵᠢᠯᠴᠠᠨ ᠬᠥᠳᠡᠯᠦᠯᠴᠡᠬᠦ | ᠲᠣᠭᠲᠠᠴᠠ ᠪᠠ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠮᠲᠤᠪᠠᠷ ᠪᠠᠶᠢᠭᠤᠯᠵᠤ | ᠬᠠᠮᠲᠤᠪᠠᠷ ᠭᠥᠷᠳᠡᠬᠦ᠂ ᠪᠥᠬᠦ ᠠᠷᠠᠳ ᠤᠨ ᠡᠷᠡᠭᠦᠯ ᠡᠩᠬᠡ ᠪᠠᠷ ᠬᠥᠭᠵᠢᠯᠲᠡ ᠶᠢᠨ ᠬᠠᠷᠠᠯᠲᠠ ᠪᠣᠯᠭᠠᠵᠤ᠂ | ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠂ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠵᠤ᠂ | ᠡᠯ᠎ᠡ ᠲᠥᠷᠥᠯ ᠤᠨ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠢ ᠳᠡᠭᠡᠭᠰᠢᠯᠡᠬᠦᠯᠵᠦ᠂ ᠤᠷᠮᠠᠰᠢᠭᠤᠯᠬᠤ | ᠲᠣᠭᠲᠠᠴᠠ ᠳᠤ ᠰᠢᠨ᠎ᠡ ᠶᠢ ᠡᠭᠦᠳᠴᠦ᠂ ᠬᠢᠨᠠᠨ ᠰᠢᠨᠵᠢᠬᠦ ᠰᠢᠰᠲ᠋ᠧᠮᠵᠢ ᠶᠢ ᠪᠦᠷᠢᠨᠰᠢᠭᠦᠯᠦᠨ᠂ ᠪᠡᠶ᠎ᠡ ᠶᠢᠨ ᠲᠠᠮᠢᠷ | ᠬᠢᠭᠡᠳ ᠡᠷᠡᠭᠦᠯ ᠬᠠᠮᠠᠭᠠᠯᠠᠯ ᠡᠷᠡᠭᠦᠯ ᠡᠩᠬᠡ ᠵᠡᠷᠭᠡ ᠰᠠᠯᠠᠭ᠎ᠠ ᠮᠥᠴᠢᠷ ᠬᠠᠮᠵᠢᠯᠴᠠᠭᠰᠠᠨ᠂ ᠪᠥᠬᠦ ᠨᠡᠶᠢᠭᠡᠮ ᠢᠶᠠᠷ ᠢᠶᠠᠨ | ᠬᠠᠮᠲᠤᠪᠠᠷ ᠣᠷᠣᠯᠴᠠᠭᠰᠠᠨ ᠬᠥᠳᠡᠯᠭᠡᠭᠡᠨ ᠢᠶᠠᠷ ᠡᠷᠡᠭᠦᠯ ᠡᠩᠬᠡ ᠶᠢ ᠠᠬᠢᠭᠤᠯᠬᠤ ᠰᠢᠨ᠎ᠡ ᠵᠠᠭᠪᠤᠷ ᠢ ᠪᠠᠶᠢᠭᠤᠯᠵᠤ᠂ | ᠣᠯᠠᠨ ᠳᠦᠮᠡᠨ ᠤ ᠡᠷᠡᠭᠦᠯ ᠡᠩᠬᠡ ᠶᠢ ᠠᠬᠢᠭᠤᠯᠤᠨ᠎ᠠ᠃ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠰᠢᠨᠵᠢᠬᠦ | ᠪᠠᠶᠢᠭᠤᠯᠤᠮᠵᠢ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠵᠤ᠂ ᠪᠡᠶ᠎ᠡ ᠮᠠᠬᠠᠪᠣᠳ ᠤᠨ ᠡᠷᠡᠭᠦᠯ | ᠬᠠᠮᠠᠭᠠᠯᠠᠯ ᠤᠨ ᠠᠭᠤᠰᠤᠯᠴᠠᠨ ᠬᠥᠭᠵᠢᠭᠰᠡᠨ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠦᠨ᠎ᠡ᠃ | 6 . ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠣᠭᠤᠳᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠷᠠᠭᠤᠯᠤᠯ ᠤᠨ ᠡᠷᠴᠢᠮ ᠪᠠ ᠬᠡᠪᠴᠢᠶ᠎ᠡ ᠶᠢ ᠴᠢᠩᠭᠠᠷᠠᠭᠤᠯᠤᠨ᠂ | ᠡᠩᠨᠡᠭᠡ ᠶᠢ ᠪᠤᠵᠠᠭᠠᠶᠢᠷᠠᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠨ᠂ ᠵᠢᠭᠠᠨ ᠵᠢᠯᠣᠭᠤᠳᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠣᠳᠣᠨ ᠲᠠᠰ ᠤᠨ | ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ᠂ ᠵᠢᠭᠠᠨ ᠵᠢᠯᠣᠭᠤᠳᠣᠭᠴᠢ ᠶᠢᠨ ᠡᠩᠨᠡᠭᠡ ᠶᠢᠨ ᠲᠤᠰᠬᠠᠶ | ᠮᠡᠷᠭᠡᠵᠢᠯ ᠤᠨ ᠮᠡᠷᠭᠡᠵᠢᠯ ᠴᠢᠳᠠᠪᠤᠷᠢ ᠪᠠ ᠦᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠢᠭᠡᠴᠡ ᠪᠠ | ᠬᠤᠪᠢ ᠬᠥᠮᠦᠨ ᠢ ᠵᠣᠷᠢᠭᠵᠢᠭᠤᠯᠵᠤ ᠪᠠᠶᠢᠭᠠᠳ ᠵᠠᠯᠠᠭᠤᠴᠤᠳ ᠪᠠᠭᠠᠴᠤᠳ᠂ ᠡᠮᠡᠭᠲᠡᠶᠢᠴᠦᠳ᠂ ᠨᠠᠰᠤᠲᠠᠶᠢᠴᠤᠳ᠂ | ᠮᠠᠯᠴᠢᠨ ᠲᠠᠷᠢᠶᠠᠴᠢᠨ᠂ ᠠᠵᠢᠯ ᠮᠡᠷᠭᠡᠵᠢᠯ ᠤᠨ ᠬᠥᠮᠦᠰ ᠵᠡᠷᠭᠡ ᠬᠥᠮᠦᠰ ᠲᠤ ᠳᠣᠭᠢᠷᠠᠬᠤ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠲᠥᠷᠥᠯ ᠵᠦᠶ᠋ᠯ ᠪᠠ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠵᠦ᠂ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠂ ᠰᠢᠨᠵᠢᠯᠡᠬᠦ ᠤᠬᠠᠭᠠᠨᠴᠢ ᠪᠠᠷ | ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ ᠬᠠᠩᠭᠠᠨ᠎ᠠ᠃ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ | ᠦᠢᠯᠡᠴᠢᠯᠡᠬᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ | ᠳᠤᠷ᠎ᠠ ᠶᠢᠨ ᠦᠢᠯᠡᠴᠢᠯᠡᠬᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ︽ᠢᠨᠲ᠋ᠧᠷ ᠰᠦᠯᠵᠢᠶ᠎ᠡ + ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ︾ ᠶᠢ ᠡᠷᠦᠬᠡ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ | ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠣᠶᠤᠨᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ | ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠰᠢᠨᠵᠢᠬᠦ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ | ᠪᠠᠷᠢᠮᠵᠢᠶ᠎ᠠ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠳᠠᠯ ᠢ ᠪᠠᠶᠢᠴᠠᠭᠠᠬᠤ ᠲᠦᠷᠢᠮ ᠢ | ᠨᠠᠶᠢᠳᠠᠪᠤᠷᠢᠵᠢᠭᠤᠯᠵᠤ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠶᠢ ᠪᠠᠷᠢᠮᠵᠢᠶ᠎ᠠ ᠳᠤ ᠬᠦᠷᠦᠭᠦᠯᠬᠦ | ᠰᠣᠷᠢᠯᠲᠠ ᠶᠢ ᠬᠡᠷᠡᠭᠵᠢᠭᠦᠯᠵᠦ᠂ ᠬᠡᠪᠰᠢᠭᠰᠡᠨ ᠵᠠᠭᠪᠤᠷ ᠢ ᠪᠦᠷᠢᠯᠳᠦᠭᠦᠯᠦᠨ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠳ᠋ᠠᠶᠢᠲ᠋ᠠ ᠶᠢᠨ ᠦᠨᠳᠦᠰᠦᠯᠡᠯ ᠬᠠᠩᠭᠠᠨ᠎ᠠ᠃ | ︵ᠬᠤᠶᠠᠷ︶ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ | ᠳᠡᠭᠡᠭᠰᠢᠯᠡᠭᠦᠯᠦᠨ᠎ᠡ | 1 . ᠲᠥᠷᠥᠯ ᠵᠦᠢᠯ ᠤᠨ ᠪᠦᠲᠦᠴᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ | ᠪᠠᠶᠢᠯᠭᠠᠬᠤ ᠶᠢ ᠪᠠᠷᠢᠮᠲᠠᠯᠠᠨ᠂ ᠳᠠᠪᠠᠭᠤᠯᠢᠭ ᠲᠠᠯ᠎ᠠ ᠶᠢ ᠨᠢ ᠲᠡᠳᠬᠦᠬᠦ ᠶᠢᠨ ᠬᠠᠮᠲᠤ ᠳᠤᠲᠠᠭᠤᠳᠠᠯ ᠢᠶᠠᠨ ᠨᠥᠬᠦᠪᠥᠷᠢᠯᠡᠨ᠂ | ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠠᠯᠠᠱᠠ ᠶᠢᠨ ᠣᠨᠴᠠᠯᠢᠭ ᠪᠦᠬᠦᠢ ᠪᠡᠶ᠎ᠡ ᠶᠢᠨ ᠲᠠᠮᠢᠷ ᠤᠨ | ᠤᠷᠤᠯᠳᠤᠭᠠᠨ ᠤ ᠲᠥᠷᠥᠯ ᠵᠦᠢᠯ ᠢ ᠬᠥᠭᠵᠢᠭᠦᠯᠬᠦ ᠬᠡᠷᠡᠭᠲᠡᠶ᠃ ᠲᠣᠣᠷ ᠪᠥᠮᠪᠦᠭᠡ᠂ ᠬᠦᠨᠳᠦ ᠬᠥᠩᠭᠡᠨ ᠪᠡᠶ᠎ᠡ ᠶᠢᠨ | ᠲᠠᠮᠢᠷ᠂ ᠰᠤᠷ ᠬᠠᠷᠪᠤᠬᠤ᠂ ᠪᠥᠬᠡ ᠪᠠᠷᠢᠯᠳᠤᠬᠤ ᠵᠡᠷᠭᠡ ᠳᠠᠪᠠᠭᠤᠯᠢᠭ ᠲᠥᠷᠥᠯ ᠵᠦᠢᠯ ᠢ ᠪᠠᠬᠢᠵᠢᠭᠦᠯᠦᠨ ᠥᠷᠭᠡᠳᠬᠡᠵᠦ | ᠂ ᠰᠠᠭᠰᠤᠨ ᠪᠥᠮᠪᠦᠭᠡ᠂ ᠥᠳᠥᠨ ᠪᠥᠮᠪᠦᠭᠡ᠂ ᠫᠢᠩᠫᠣᠩ ᠪᠥᠮᠪᠦᠭᠡ ᠵᠡᠷᠭᠡ ᠣᠯᠠᠨ ᠲᠦᠮᠡᠨ ᠤ ᠰᠠᠭᠤᠷᠢ ᠪᠣᠯᠬᠤ | ᠥᠷᠭᠡᠨ ᠳᠡᠯᠭᠡᠷ ᠲᠥᠷᠥᠯ ᠵᠦᠢᠯ ᠤᠨ ᠤᠷᠤᠯᠳᠤᠭᠠᠨ ᠤ ᠬᠢᠷᠢ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ | ᠮᠣᠩᠭᠤᠯ ᠤᠨ ᠰᠤᠷ ᠬᠠᠷᠪᠤᠬᠤ᠂ ᠵᠡᠪᠰᠡᠭ ᠤᠨ ᠡᠷᠳᠡᠮ᠂ ᠣᠳᠣ ᠦᠶ᠎ᠡ ᠶᠢᠨ ᠲᠠᠪᠤᠨ ᠵᠦᠢᠯ ᠵᠡᠷᠭᠡ ᠳᠠᠯᠳᠠ | ᠳᠠᠪᠠᠭᠤᠯᠢᠭ ᠲᠥᠷᠥᠯ ᠵᠦᠢᠯ ᠢ ᠳᠠᠪᠠᠭᠤᠯᠢᠭ ᠲᠥᠷᠥᠯ ᠵᠦᠢᠯ ᠪᠣᠯᠭᠠᠨ ᠬᠤᠪᠢᠷᠠᠭᠤᠯᠬᠤ ᠶᠢ ᠶᠡᠬᠡᠪᠡᠷ ᠳᠡᠮᠵᠢᠨ᠎ᠡ᠃ | ᠬᠦᠷᠳᠦᠲᠦ ᠲᠡᠰᠢᠭᠦᠷ᠂ ᠬᠠᠭᠤᠷᠠᠶ ᠶᠢᠨ ᠮᠥᠰᠥᠨ ᠳᠡᠪᠦᠷ᠎ᠡ᠂ ᠭᠤᠯᠭᠤᠭᠤᠷ ᠬᠠᠪᠲᠠᠰᠤ ᠵᠡᠷᠭᠡ ᠡᠪᠦᠯ ᠤᠨ ᠤᠯᠠᠷᠢᠯ ᠤᠨ | ᠬᠠᠭᠤᠷᠠᠶ ᠶᠢᠨ ᠲᠥᠷᠥᠯ ᠵᠦᠢᠯ ᠢ ᠲᠦᠭᠡᠮᠡᠯᠵᠢᠭᠦᠯᠵᠦ᠂ ᠣᠶᠢᠷ᠎ᠠ ᠵᠠᠮ ᠤᠨ ᠲᠦᠷᠭᠡᠨ ᠲᠡᠰᠢᠯᠲᠡ ᠪᠣᠯᠤᠨ ᠳᠠᠩ | ᠬᠠᠪᠲᠠᠰᠤ ᠪᠠᠷ ᠴᠠᠰᠤᠨ ᠳᠤ ᠭᠤᠯᠭᠤᠬᠤ ᠴᠢᠳᠠᠪᠤᠷᠢᠲᠠᠨ ᠢ ᠢᠯᠡᠷᠡᠭᠦᠯᠦᠨ ᠬᠥᠮᠦᠵᠢᠭᠦᠯᠵᠦ᠂ ᠮᠥᠰᠥ ᠴᠠᠰᠤᠨ ᠤ | ᠲᠥᠷᠥᠯ ᠵᠦᠢᠯ ᠤᠨ ᠬᠥᠭᠵᠢᠯᠲᠡ ᠶᠢ ᠠᠬᠢᠭᠤᠯᠤᠨ᠎ᠠ᠃ | 2 . ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠯᠠᠱᠠ | ᠠᠶᠢᠮᠠᠭ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠡᠳᠬᠦᠵᠦ᠂ ᠠᠯᠠᠱᠠ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ ᠶᠢ ᠵᠢᠯᠣᠭᠤᠳᠤᠨ ᠥᠨᠳᠥᠷ ᠬᠢᠷᠢ ᠲᠦᠪᠰᠢᠨ | ᠪᠦᠬᠦᠢ ᠰᠤᠷᠭᠠᠭᠴᠢ ᠶᠢ ᠣᠷᠣᠭᠤᠯᠵᠤ ᠢᠷᠡᠨ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ᠂ ᠪᠡᠶ᠎ᠡ ᠶᠢᠨ ᠲᠠᠮᠢᠷ ᠨᠡᠶᠢᠭᠡᠮ ᠤᠨ ᠳᠠᠭᠠᠳᠬᠠᠯ ᠤᠨ | ᠠᠭᠤᠰᠤᠯᠴᠠᠯ ᠢ ᠴᠢᠩᠭᠠᠳᠬᠠᠵᠤ᠂ ᠬᠠᠮᠲᠤ ᠶᠢᠨ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠪᠣᠯᠪᠠᠰᠤᠷᠠᠯ᠂ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ᠂ ᠨᠡᠶᠢᠭᠡᠮ ᠤᠨ ᠪᠡᠶ᠎ᠡ ᠶᠢᠨ ᠲᠠᠮᠢᠷ ᠤᠨ ᠺᠯᠦ᠋ᠪ ᠤᠨ ᠠᠵᠢᠯ ᠤᠨ | ᠴᠢᠯᠥᠭᠡᠨ ᠤ ᠪᠣᠯᠪᠠᠰᠤᠷᠠᠯ ᠢ ᠨᠢᠭᠡ ᠴᠣᠭᠴᠠᠵᠢᠭᠤᠯᠤᠭᠰᠠᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠵᠦ | ᠪᠣᠯᠪᠠᠰᠤᠷᠠᠭᠤᠯᠬᠤ ᠰᠢᠰᠲ᠋ᠧᠮᠵᠢ ᠶᠢ ᠪᠦᠷᠢᠯᠳᠦᠭᠦᠯᠦᠨ᠎ᠡ᠃ ᠪᠣᠶ ᠪᠥᠬᠦᠶ ᠵᠠᠯᠠᠭᠤᠴᠤᠳ ᠪᠠᠭᠠᠴᠤᠳ ᠲᠤ | ᠬᠠᠨᠳᠤᠭᠤᠯᠤᠭᠰᠠᠨ᠂ ᠠᠳᠠᠯᠢ ᠪᠤᠰᠤ ᠨᠠᠰᠤᠨ ᠤ ᠱᠠᠲᠤ ᠦᠶ᠎ᠡ ᠶᠢ ᠬᠠᠷᠢᠯᠴᠠᠨ ᠵᠣᠯᠭᠠᠯᠳᠤᠭᠤᠯᠤᠭᠰᠠᠨ᠂ ᠲᠠᠰ | ᠳᠠᠪᠬᠤᠷᠭ᠎ᠠ ᠲᠥᠷᠥᠯ ᠬᠤᠪᠢᠶᠠᠭᠰᠠᠨ ᠤᠷᠤᠯᠳᠤᠭᠠᠨ ᠤ ᠪᠠᠶᠢᠷᠢᠰᠢᠯ ᠢ ᠲᠡᠭᠦᠯᠳᠡᠷᠵᠢᠭᠦᠯᠬᠦ ᠶᠢ ᠪᠣᠳᠣᠯᠬᠢᠯᠠᠨ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠢᠶᠠᠷ ᠭᠤᠤᠯ ᠴᠣᠭᠴᠠ | ᠪᠣᠯᠭᠠᠭᠰᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠬᠤᠯᠪᠣᠭᠠᠲᠤ ᠤᠷᠤᠯᠳᠤᠭᠠᠨ ᠪᠠ | ᠰᠤᠷᠭᠠᠭᠤᠯᠢ ᠶᠢᠨ ᠬᠤᠭᠤᠷᠣᠨᠳᠣᠬᠢ ᠬᠤᠯᠪᠣᠭᠠᠲᠤ ᠤᠷᠤᠯᠳᠤᠭᠠᠨ ᠢᠶᠠᠷ ᠰᠠᠭᠤᠷᠢ ᠪᠣᠯᠭᠠᠭᠰᠠᠨ ᠤᠷᠤᠯᠳᠤᠭᠠᠨ ᠤ | ᠰᠢᠰᠲ᠋ᠧᠮᠵᠢ ᠶᠢ ᠪᠠᠶᠢᠭᠤᠯᠵᠤ᠂ ᠨᠠᠩ ᠣᠯᠠᠨ ᠴᠢᠳᠠᠪᠤᠷᠢᠲᠠᠨ ᠤ ᠴᠣᠯᠭᠤᠷᠠᠨ ᠭᠠᠷᠬᠤ ᠶᠢ ᠠᠬᠢᠭᠤᠯᠤᠨ᠎ᠠ᠃ ᠵᠠᠯᠠᠭᠤ | ᠪᠠᠭ᠎ᠠ ᠲᠠᠮᠢᠷᠴᠢᠳ ᠤᠨ ᠳᠠᠩᠰᠠᠯᠠᠬᠤ ᠪᠠ ᠰᠣᠯᠢᠯᠴᠠᠬᠤ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠵᠠᠯᠠᠭᠤ | ᠪᠠᠭ᠎ᠠ ᠲᠠᠮᠢᠷᠴᠢᠳ ᠤᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠵᠦ᠂ ᠵᠠᠯᠠᠭᠤ ᠪᠠᠭ᠎ᠠ | ᠲᠠᠮᠢᠷᠴᠢᠳ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠤᠯᠤᠰ ᠤᠨ ᠲᠠᠰ ᠪᠠ ᠥᠪᠡᠷᠲᠡᠭᠡᠨ | ᠵᠠᠰᠠᠬᠤ ᠣᠷᠣᠨ ᠤ ᠲᠠᠰ ᠤᠨ ᠥᠨᠳᠥᠷ ᠬᠢᠷᠢ ᠲᠦᠪᠰᠢᠨ ᠪᠥᠬᠦᠶ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ | ᠰᠠᠭᠤᠷᠢᠨ ᠭᠠᠵᠠᠷ ᠪᠠ ᠵᠠᠯᠠᠭᠤᠴᠤᠳ ᠪᠠᠭᠠᠴᠤᠳ ᠤᠨ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠬᠤᠸᠠᠷᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ︾ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ | ᠪᠣᠯᠪᠠᠰᠤᠷᠠᠯ᠂ ᠤᠷᠤᠯᠳᠤᠭᠠᠨ ᠤ ᠠᠵᠢᠯᠯᠠᠭ᠎ᠠ ᠳᠤ ᠨᠡᠶᠢᠭᠡᠮ ᠤᠨ ᠬᠦᠴᠦᠨ ᠤ ᠪᠠᠯᠠ ᠣᠷᠣᠭᠤᠯᠤᠨ ᠣᠷᠣᠯᠴᠠᠬᠤ ᠶᠢ | ᠵᠣᠷᠢᠭᠵᠢᠭᠤᠯᠤᠨ᠎ᠠ᠃ ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠴᠢᠩᠭᠠᠳᠬᠠᠵᠤ᠂ ᠶᠣᠰᠣ ᠰᠤᠷᠲᠠᠬᠤᠨ ᠤ ᠠᠯᠲᠠᠨ ᠮᠧᠳᠠᠯ᠂ ᠬᠡᠪ ᠨᠠᠮᠪᠠ ᠶᠢᠨ ᠠᠯᠲᠠᠨ ᠮᠧᠳᠠᠯ᠂ ᠠᠷᠢᠭᠤᠨ ᠴᠢᠭᠡᠴᠢ | ᠠᠯᠲᠠᠨ ᠮᠧᠳᠠᠯ ᠤᠨ ᠤᠬᠠᠮᠰᠠᠷ ᠢ ᠴᠢᠩᠭᠠᠳᠬᠠᠵᠤ᠂ ᠭᠦᠭᠰᠡᠬᠦᠯᠬᠦ ᠡᠮ ᠤᠨ ᠠᠰᠠᠭᠤᠳᠠᠯ ︽ᠭᠠᠷᠬᠤ ᠥᠬᠡᠶ︾᠂ | ᠢᠯᠡᠷᠡᠪᠡᠯ ︽ᠥᠴᠦᠬᠡᠨ ᠴᠦ ᠠᠭᠤᠴᠢᠯᠠᠬᠤ ᠥᠬᠡᠶ︾ ᠪᠠᠶᠢᠬᠤ ᠶᠢ ᠡᠷᠡᠰ ᠪᠡᠶᠡᠯᠡᠭᠦᠯᠦᠨ᠎ᠡ᠃ | 3 . ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠣᠨ᠎ᠠ᠃ | ᠳᠠᠪᠠᠭᠤᠯᠢᠭ ᠲᠥᠷᠥᠯ ᠵᠦᠢᠯ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠢᠳᠡᠪᠬᠢᠲᠡᠶ ᠡᠭᠦᠳᠦᠨ ᠪᠠᠶᠢᠭᠤᠯᠵᠤ᠂ | ᠣᠳᠣ ᠪᠠᠶᠢᠭ᠎ᠠ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠳᠡᠰ ᠳᠡᠪᠰᠢᠬᠦ ᠥᠭᠡᠷᠡᠴᠢᠯᠡᠯᠲᠡ ᠶᠢ | ᠲᠦᠷᠭᠡᠳᠬᠡᠬᠦ ᠬᠡᠷᠡᠭᠲᠡᠶ᠃ ᠡᠯ᠎ᠡ ᠪᠡᠶ᠎ᠡ ᠶᠢᠨ ᠲᠠᠮᠢᠷ ᠤᠨ ᠨᠡᠶᠢᠭᠡᠮᠯᠢᠭ᠂ ᠺᠯᠦ᠋ᠪ᠂ ᠰᠤᠷᠭᠠᠭᠤᠯᠢ ᠶᠢᠨ ᠲᠤᠰ ᠪᠡᠶ᠎ᠡ ᠶᠢᠨ | ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠨ ᠵᠣᠷᠢᠭᠵᠢᠭᠤᠯᠵᠤ᠂ ᠤᠯᠤᠰ ᠤᠨ ᠳᠡᠰ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠶᠡᠷᠦᠩᠬᠡᠶᠢᠯᠡᠭᠰᠡᠨ ᠴᠢᠨᠠᠷᠲᠠᠶ ᠪᠤᠶᠤ ᠭᠠᠭᠴᠠ ᠵᠦᠢᠯ ᠤᠨ ᠪᠣᠯᠪᠠᠰᠤᠷᠠᠯ ᠤᠨ ᠰᠠᠭᠤᠷᠢᠨ ᠭᠠᠵᠠᠷ ᠢ | ᠡᠭᠦᠳᠦᠨ ᠪᠠᠶᠢᠭᠤᠯᠤᠨ᠎ᠠ᠃ ᠨᠡᠶᠢᠭᠡᠮ ᠤᠨ ᠴᠢᠨᠠᠷ ᠰᠠᠶᠢᠲᠠᠶ ᠡᠬᠢ ᠪᠠᠶᠠᠯᠢᠭ ᠢ ᠬᠥᠲᠥᠯᠥᠨ ᠵᠢᠯᠣᠭᠤᠳᠴᠤ ᠪᠠᠶᠢᠭᠠᠳ | ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠢ ᠪᠥᠲᠥᠭᠡᠨ | ᠪᠠᠶᠢᠭᠤᠯᠤᠨ᠎ᠠ᠃ ᠨᠡᠶᠢᠭᠡᠮ ᠤᠨ ᠬᠦᠴᠦᠨ ᠤ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠪᠡᠶ᠎ᠡ ᠶᠢᠨ | ᠲᠠᠮᠢᠷ ᠤᠨ ᠡᠷᠡᠭᠦᠯᠵᠢᠯ᠂ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠢ ᠰᠤᠳᠤᠯᠤᠨ ᠨᠡᠭᠡᠭᠡᠬᠦ ᠵᠡᠷᠭᠡ ᠪᠣᠳᠠᠲᠤ ᠴᠣᠭᠴᠠ | ᠡᠷᠬᠢᠯᠡᠬᠦ ᠶᠢ ᠵᠣᠷᠢᠭᠵᠢᠭᠤᠯᠤᠨ᠎ᠠ᠃ | ︵ᠭᠤᠷᠪᠠ︶ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ︾ ᠢ ᠪᠥᠬᠦ ᠲᠠᠯ᠎ᠠ ᠪᠠᠷ | ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ | 1 . ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶ ᠠᠬᠢᠭᠤᠯᠤᠨ᠎ᠠ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠡᠶ᠎ᠡ ᠶᠢᠨ | ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠪᠣᠳᠠᠲᠠᠶᠢᠵᠢᠭᠤᠯᠤᠨ ᠨᠠᠷᠢᠯᠢᠬᠵᠢᠭᠤᠯᠬᠤ ᠶᠢ ᠠᠬᠢᠭᠤᠯᠤᠨ᠎ᠠ᠃ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢ | ᠣᠷᠭᠠᠨᠢᠭ ᠢᠶᠠᠷ ᠵᠣᠯᠭᠠᠭᠤᠯᠤᠭᠰᠠᠨ᠂ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠡᠶ᠎ᠡ ᠶᠢᠨ ᠲᠠᠮᠢᠷ ᠬᠢᠭᠡᠳ ᠡᠷᠡᠭᠦᠯ | ᠡᠩᠬᠡ ᠶᠢᠨ ᠵᠢᠭᠠᠨ ᠰᠤᠷᠭᠠᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠬᠢᠴᠢᠶᠡᠯ ᠢᠶᠠᠷ ᠰᠠᠭᠤᠷᠢ ᠪᠣᠯᠭᠠᠵᠤ᠂ ᠬᠢᠴᠢᠶᠡᠯ ᠤᠨ ᠭᠠᠳᠠᠨᠠᠬᠢ ᠪᠡᠶ᠎ᠡ ᠶᠢᠨ ᠲᠠᠮᠢᠷ ᠤᠨ ᠪᠣᠯᠪᠠᠰᠤᠷᠠᠯ ᠢᠶᠠᠷ | ᠬᠠᠪᠰᠤᠷᠤᠮᠵᠢ ᠪᠣᠯᠭᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠᠷ ᠲᠦᠰᠢᠭ ᠪᠣᠯᠭᠠᠭᠰᠠᠨ ᠰᠤᠷᠤᠭᠴᠢᠳ ᠤᠨ ᠦᠨᠳᠦᠰᠦᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠠᠷᠭ᠎ᠠ ᠵᠠᠮ ᠢ ᠵᠣᠷᠢᠭᠵᠢᠭᠤᠯᠤᠨ ᠳᠡᠮᠵᠢᠨ᠎ᠡ᠃ ᠪᠡᠶ᠎ᠡ ᠶᠢᠨ ᠲᠠᠮᠢᠷ ᠤᠨ | ᠬᠢᠴᠢᠶᠡᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠰᠤᠷᠤᠯᠭ᠎ᠠ ᠶᠢᠨ ᠬᠢᠷᠢ ᠬᠡᠮᠵᠢᠶ᠎ᠡ ᠶᠢ ᠦᠨᠡᠯᠡᠨ ᠵᠢᠱᠢᠬᠦ | ᠬᠦᠢᠴᠡᠳᠭᠡᠯ ᠲᠤᠭ᠎ᠠ ᠳᠤ ᠣᠷᠣᠭᠤᠯᠬᠤ ᠶᠢ ᠠᠬᠢᠭᠤᠯᠤᠨ᠎ᠠ᠃ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ | ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠲᠥᠷᠥᠯ | ᠵᠦᠢᠯ ᠤᠨ ᠰᠣᠶᠣᠯ ᠢᠶᠠᠷ ᠤᠳᠤᠷᠢᠳᠤᠮᠵᠢ ᠪᠣᠯᠭᠠᠨ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ | ᠰᠤᠷᠭᠠᠭᠤᠯᠢ ᠶᠢᠨ ᠲᠥᠷᠥᠯ ᠵᠦᠢᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠰᠣᠶᠣᠯ ᠤᠨ ᠬᠥᠭᠵᠢᠯᠲᠡ ᠶᠢ ᠠᠬᠢᠭᠤᠯᠤᠨ᠎ᠠ᠃ ᠪᠡᠶ᠎ᠡ ᠶᠢᠨ | ᠲᠠᠮᠢᠷ ᠤᠨ ᠠᠵᠢᠯ ᠠᠴᠠ ᠪᠠᠨ ᠰᠠᠯᠬᠤ ᠲᠠᠮᠢᠷᠴᠢᠳ ᠤᠨ ᠪᠡᠶ᠎ᠡ ᠶᠢᠨ ᠲᠠᠮᠢᠷ ᠤᠨ ᠪᠠᠭᠰᠢ ᠪᠤᠶᠤ ᠰᠤᠷᠭᠠᠭᠴᠢ ᠪᠣᠯᠬᠤ ᠶᠢ | ᠵᠣᠷᠢᠭᠵᠢᠭᠤᠯᠤᠨ ᠳᠡᠮᠵᠢᠵᠦ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠳᠤ ᠦᠢᠯᠡᠴᠢᠯᠡᠬᠦᠯᠦᠨ᠎ᠡ᠃ | 2 . ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢ ᠠᠬᠢᠭᠤᠯᠬᠤ ᠰᠢᠰᠲ᠋ᠧᠮ ᠢ ᠪᠠᠶᠢᠭᠤᠯᠤᠨ᠎ᠠ᠃ ︽ | ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠣᠶ ᠪᠣᠯᠭᠠᠨ᠎ᠠ᠃ | ᠵᠠᠯᠠᠭᠤᠴᠤᠳ ᠪᠠᠭᠠᠴᠤᠳ ᠤᠨ ᠰᠣᠶᠣᠯ ᠤᠨ ᠰᠤᠷᠤᠯᠴᠠᠯᠭ᠎ᠠ ᠪᠠ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ | ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ᠂ ᠲᠠᠮᠢᠷᠴᠢᠳ ᠤᠨ ᠰᠣᠶᠣᠯ ᠤᠨ ᠬᠢᠴᠢᠶᠡᠯ ︵ᠦᠵᠡᠯ ᠰᠠᠨᠠᠭ᠎ᠠ ᠤᠯᠤᠰ ᠲᠥᠷᠥ︶ ᠪᠠ | ᠪᠡᠶ᠎ᠡ ᠶᠢᠨ ᠲᠠᠮᠢᠷ ᠤᠨ ᠰᠢᠯᠭᠠᠯᠲᠠ ᠶᠢ ᠬᠡᠷᠡᠭᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ︽ᠡᠷᠡᠭᠦᠯ ᠮᠡᠨᠳᠦ ᠶᠢ ᠳᠠᠭᠠᠭᠠᠴᠢᠯᠠᠬᠤ︾ ᠢᠨᠵᠧᠨᠧᠷᠢᠩ ᠢ ᠠᠬᠢᠭᠤᠯᠤᠨ᠎ᠠ᠃ ᠵᠠᠯᠠᠭᠤᠴᠤᠳ ᠪᠠᠭᠠᠴᠤᠳ ᠤᠨ | ᠮᠠᠷᠢᠶᠠᠯᠠᠬᠤ᠂ ᠣᠶᠢᠷ᠎ᠠ ᠬᠠᠷᠠᠭ᠎ᠠ᠂ ᠪᠦᠭᠳᠦᠷ ᠵᠡᠷᠭᠡ ᠭᠤᠤᠯᠳᠠᠯᠭ᠎ᠠ ᠲᠠᠢ ᠡᠷᠡᠭᠦᠯ ᠮᠡᠨᠳᠦ ᠶᠢᠨ ᠠᠰᠠᠭᠤᠳᠠᠯ ᠳᠤ | ᠴᠢᠭᠯᠡᠭᠦᠯᠦᠨ᠂ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠵᠠᠯᠠᠭᠤᠴᠤᠳ ᠪᠠᠭᠠᠴᠤᠳ ᠤᠨ | ᠪᠡᠶ᠎ᠡ ᠮᠠᠬᠠᠪᠣᠳ ᠢ ᠬᠢᠨᠠᠨ ᠰᠢᠨᠵᠢᠬᠦ ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠣᠭᠤᠳᠴᠣ᠂ ᠵᠠᠯᠠᠭᠤᠴᠤᠳ ᠪᠠᠭᠠᠴᠤᠳ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠪᠠᠶᠠᠯᠢᠭᠵᠢᠭᠤᠯᠤᠨ᠎ᠠ᠃ ︽ᠨᠢᠭᠡ ᠰᠤᠷᠭᠠᠭᠤᠯᠢ ᠨᠢᠭᠡ ᠲᠦᠷᠦᠯ | ᠲᠡᠮᠳᠡᠭ ᠲᠠᠢ︾ ︽ᠨᠢᠭᠡ ᠰᠤᠷᠭᠠᠭᠤᠯᠢ ᠣᠯᠠᠨ ᠲᠦᠷᠦᠯ ᠲᠡᠮᠳᠡᠭ ᠲᠠᠢ︾ ᠵᠡᠷᠭᠡ ᠲᠦᠷᠦᠯ ᠲᠡᠮᠳᠡᠭ ᠢ ᠡᠭᠦᠳᠬᠦ | ᠠᠵᠢᠯᠯᠠᠭ᠎ᠠ ᠶᠢ ᠦᠷᠨᠢᠬᠦᠯᠦᠨ᠎ᠡ᠃ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠲᠥᠷᠥᠯ ᠵᠦᠢᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠵᠠᠯᠠᠭᠤᠴᠤᠳ ᠪᠠᠭᠠᠴᠤᠳ ᠢ | ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠶ ᠣᠷᠣᠯᠴᠠᠭᠤᠯᠤᠨ᠂ | 1 ᠠᠴᠠ 2 ᠵᠦᠢᠯ ᠤᠨ ᠬᠥᠳᠡᠯᠭᠡᠭᠡᠨ ᠤ ᠮᠡᠷᠭᠡᠵᠢᠯ ᠤᠨ ᠴᠢᠳᠠᠪᠤᠷᠢ ᠶᠢ ᠡᠵᠡᠮᠰᠢᠭᠦᠯᠵᠦ᠂ ᠵᠠᠯᠠᠭᠤᠴᠤᠳ | ᠪᠠᠭᠠᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ | 3 . ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠢᠰᠲ᠋ᠧᠮᠵᠢ ᠶᠢ ᠴᠢᠩᠭᠠᠳᠬᠠᠨ᠎ᠠ᠃ | ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ | ᠪᠣᠯᠤᠨ ᠬᠤᠰᠢᠭᠤᠨ ᠤ ᠱᠠᠲᠤᠨ ᠤ ᠠᠵᠢᠯ ᠤᠨ ᠴᠢᠯᠥᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠬᠢᠭᠡᠳ | ᠲᠤᠬᠠᠶ ᠶᠢᠨ ᠭᠠᠵᠠᠷ ᠤᠨ ᠴᠢᠨᠠᠷ ᠰᠠᠶᠢᠲᠠᠶ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠪᠣᠯᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠯᠤᠭ᠎ᠠ | ᠬᠠᠮᠲᠤᠷᠠᠨ ᠰᠤᠷᠭᠠᠭᠤᠯᠢ ᠡᠷᠬᠢᠯᠡᠬᠦ᠂ ᠬᠠᠮᠲᠤᠷᠠᠨ ᠠᠩᠭᠢ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠠᠮᠲᠤᠪᠠᠷ ᠬᠥᠮᠦᠵᠢᠭᠦᠯᠬᠦ | ᠬᠡᠷᠡᠭᠲᠡᠶ᠃ ᠪᠥᠬᠦ ᠠᠶᠢᠮᠠᠭ ᠤᠨ ᠡᠯ᠎ᠡ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠳᠠᠪᠠᠭᠤᠯᠢᠭ ᠪᠠ ᠣᠨᠴᠠᠯᠢᠭ ᠢ | ᠦᠨᠳᠦᠰᠦᠯᠡᠨ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠬᠦᠨᠳᠦ ᠬᠥᠩᠭᠡᠨ ᠪᠡᠶ᠎ᠡ ᠶᠢᠨ ᠲᠠᠮᠢᠷ᠂ ᠭᠤᠷᠪᠠᠨ ᠲᠣᠮᠣ ᠪᠥᠮᠪᠦᠭᠡ ᠵᠡᠷᠭᠡ | ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠪᠤᠶᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠢ ᠶᠡᠬᠡᠪᠡᠷ ᠡᠭᠦᠳᠦᠨ ᠪᠠᠶᠢᠭᠤᠯᠵᠤ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠪᠠᠷᠢᠮᠵᠢᠶᠠᠵᠢᠭᠤᠯᠤᠭᠰᠠᠨ ᠪᠣᠯᠪᠠᠰᠤᠷᠠᠭᠤᠯᠤᠯ᠂ ᠰᠢᠨᠵᠢᠯᠡᠬᠦ | ᠤᠬᠠᠭᠠᠨᠴᠢᠯᠠᠭᠰᠠᠨ ᠪᠣᠯᠪᠠᠰᠤᠷᠠᠭᠤᠯᠤᠯ᠂ ᠵᠢᠷᠤᠮᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ | ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠪᠣᠯᠤᠨ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠤᠨ ᠲᠤᠷᠰᠢᠯᠲᠠ ᠳᠤ ᠲᠦᠰᠢᠭᠯᠡᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠲᠥᠪ ᠢ ᠪᠥᠲᠥᠭᠡᠨ ᠪᠠᠶᠢᠭᠤᠯᠤᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ︽ᠡᠷᠡᠭᠦᠯ ᠮᠡᠨᠳᠦ ᠶᠢᠨ | ᠮᠡᠳᠡᠯᠭᠡ + ᠦᠨᠳᠦᠰᠦᠨ ᠪᠡᠶ᠎ᠡ ᠶᠢᠨ ᠲᠠᠮᠢᠷ ᠤᠨ ᠤᠷ᠎ᠠ ᠴᠢᠳᠠᠪᠤᠷᠢ + ᠲᠤᠰᠬᠠᠶ ᠪᠡᠶ᠎ᠡ ᠶᠢᠨ ᠲᠠᠮᠢᠷ ᠤᠨ ᠤᠷ᠎ᠠ | ᠴᠢᠳᠠᠪᠤᠷᠢ︾ ᠶᠢᠨ ᠬᠥᠭᠵᠢᠯᠲᠡ ᠶᠢᠨ ᠵᠠᠭᠪᠤᠷ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠱᠠᠲᠤᠨ ᠤ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠪᠣᠯᠤᠨ | ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠪᠡᠶ᠎ᠡ ᠶᠢᠨ | ᠲᠠᠮᠢᠷ ᠤᠨ ᠠᠩᠭᠢ ᠳᠤ ᠴᠢᠳᠠᠪᠤᠷᠢᠲᠠᠨ ᠬᠦᠷᠭᠡᠬᠦ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ | 4 . ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ᠲᠠᠮᠢᠷᠴᠢᠳ ᠤᠨ ᠤᠷᠤᠯᠳᠤᠭᠠᠨ ᠳᠤ ᠣᠷᠣᠯᠴᠠᠬᠤ ᠵᠠᠮ | ᠮᠥᠷ ᠢ ᠥᠷᠭᠡᠳᠬᠡᠨ᠂ ᠤᠷᠤᠯᠳᠤᠭᠠᠨ ᠤ ᠶᠠᠪᠤᠳᠠᠯ ᠤᠨ ᠬᠢᠨᠠᠯᠲᠠ ᠬᠠᠮᠢᠶᠠᠷᠤᠯᠲᠠ ᠪᠠ ᠬᠦᠭᠰᠡᠬᠦᠯᠬᠦ ᠡᠮ ᠬᠡᠷᠡᠭᠯᠡᠬᠦ ᠶᠢ | ᠡᠰᠡᠷᠭᠦᠴᠡᠬᠦ ᠠᠵᠢᠯ ᠢ ᠴᠢᠩᠭᠠᠳᠬᠠᠵᠤ᠂ ᠤᠷᠤᠯᠳᠤᠭᠠᠨ ᠤ ᠢᠯᠡ ᠲᠣᠳᠣ ᠬᠡᠮᠵᠢᠶ᠎ᠡ ᠶᠢ ᠨᠡᠮᠡᠭᠳᠡᠭᠦᠯᠦᠨ᠂ | ᠲᠠᠮᠢᠷᠴᠢᠳ ᠲᠤ ᠡᠷᠬᠡ ᠲᠡᠭᠰᠢ ᠡᠶ᠎ᠡ ᠵᠣᠬᠢᠴᠠᠯ ᠲᠠᠢ ᠴᠡᠪᠡᠷ ᠤᠷᠤᠯᠳᠤᠭᠠᠨ ᠤ ᠣᠷᠴᠢᠨ ᠲᠣᠭᠤᠷᠢᠨ ᠢ ᠡᠭᠦᠳᠴᠦ | ᠥᠭᠭᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠤᠷᠤᠯᠳᠤᠭᠠᠨ ᠡᠷᠭᠢᠯᠡᠬᠦ ᠶᠢ | ᠵᠣᠷᠢᠭᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠨᠠᠷᠠᠲᠤ ᠲᠥᠷᠥᠯ ᠲᠡᠮᠳᠡᠭᠲᠦ ᠶᠢᠨ | ᠤᠷᠤᠯᠳᠤᠭᠠᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠤᠷᠤᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ | ᠰᠣᠨᠢᠷᠬᠠᠯᠲᠤ ᠴᠢᠨᠠᠷ ᠪᠠ ᠤᠷᠤᠯᠳᠤᠭᠠᠨ ᠤ ᠨᠠᠷᠠᠲᠤ ᠲᠥᠷᠥᠯ ᠲᠡᠮᠳᠡᠭᠲᠦ ᠶᠢᠨ ᠲᠠᠲᠠᠬᠤ ᠬᠦᠴᠦᠨ ᠢ | ᠴᠢᠩᠭᠠᠷᠠᠭᠤᠯᠤᠨ᠎ᠠ᠃ ᠤᠷᠤᠯᠳᠤᠭᠠᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠦᠨᠡᠯᠡᠬᠦ ᠰᠢᠰᠲ᠋ᠧᠮᠵᠢ ᠶᠢ ᠰᠠᠶᠢᠵᠢᠷᠠᠭᠤᠯᠵᠤ᠂ | ᠤᠷᠤᠯᠳᠤᠭᠠᠨ ᠤ ᠲᠥᠷᠥᠯ ᠵᠦᠢᠯ ᠤᠨ ᠲᠤᠭ᠎ᠠ ᠬᠡᠮᠵᠢᠶ᠎ᠡ ᠶᠢ ᠥᠷᠭᠡᠳᠬᠡᠨ᠂ ᠤᠷᠤᠯᠳᠤᠭᠠᠨ ᠤ ᠵᠣᠬᠢᠶᠠᠨ ᠪᠠᠶᠢᠭᠤᠯᠬᠤ | ᠬᠦᠴᠦᠨ ᠢ ᠴᠢᠩᠭᠠᠷᠠᠭᠤᠯᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠤᠷᠤᠯᠳᠤᠭᠠᠨ ᠤ | ᠶᠠᠪᠤᠳᠠᠯ ᠤᠨ ᠰᠢᠨ᠎ᠡ ᠵᠠᠭᠪᠤᠷ ᠢ ᠰᠦᠪᠡᠭᠴᠢᠯᠡᠨ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠥᠰᠢᠭᠦᠷᠭᠡ ᠶᠢᠨ | ᠦᠢᠯᠡᠳᠦᠯ ᠢ ᠬᠦᠢᠴᠡᠳ ᠪᠠᠳᠠᠷᠠᠭᠤᠯᠤᠨ᠎ᠠ᠃ | ︵ᠳᠦᠷᠪᠡ︶ ᠣᠨᠴᠠᠯᠢᠭᠲᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ | ᠬᠦᠴᠦᠨ ᠢ ᠴᠢᠩᠭᠠᠷᠠᠭᠤᠯᠤᠨ᠎ᠠ | 1 . ᠪᠡᠶ᠎ᠡ ᠶᠢᠨ ᠲᠠᠮᠢᠷ ᠤᠨ ᠠᠵᠤ ᠦᠢᠯᠡᠰ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠦᠨ᠎ᠡ᠃ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠤᠷᠤᠯᠳᠤᠭᠠᠨ ᠤ ᠶᠠᠪᠤᠳᠠᠯ ᠤᠨ ᠠᠵᠢᠯᠯᠠᠭ᠎ᠠ ᠶᠢ ᠳᠠᠭᠠᠭᠠᠨ ᠡᠷᠭᠢᠯᠡᠬᠦ ᠡᠷᠬᠡ ᠪᠠ ᠲᠠᠯᠠᠪᠤᠷ ᠣᠷᠳᠣᠨ ᠤ ᠡᠵᠡᠩᠨᠡᠬᠦ | ᠡᠷᠬᠡ ᠶᠢ ᠳᠠᠭᠠᠭᠠᠴᠢᠯᠠᠯᠲᠠ ᠵᠠᠷᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠲᠤᠰᠢᠶᠠᠨ ᠡᠵᠡᠩᠨᠡᠭᠦᠯᠵᠦ᠂ ᠣᠯᠠᠨ ᠨᠡᠶᠢᠲᠡ ᠶᠢᠨ ᠦᠢᠯᠡᠴᠢᠯᠡᠬᠡᠨ ᠤ ᠬᠠᠩᠭᠠᠯᠭ᠎ᠠ ᠶᠢᠨ ᠣᠯᠠᠨ | ᠡᠰᠢᠵᠢᠭᠰᠡᠨ ᠬᠥᠭᠵᠢᠯᠲᠡ ᠶᠢᠨ ᠪᠠᠶᠢᠷᠢᠰᠢᠯ ᠪᠦᠷᠢᠯᠳᠦᠬᠦ ᠶᠢ ᠠᠬᠢᠭᠤᠯᠤᠨ᠎ᠠ᠃ ᠪᠦᠬᠦ ᠠᠶᠢᠮᠠᠭ ᠤᠨ ᠡᠯ᠎ᠡ | ᠭᠠᠵᠠᠷ ᠤᠨ ᠬᠢᠨ ᠤ ᠲᠡᠦᠬᠡ᠂ ᠰᠣᠶᠣᠯ᠂ ᠣᠷᠴᠢᠨ ᠲᠣᠭᠤᠷᠢᠨ ᠪᠣᠯᠤᠨ ᠠᠭᠤᠷ ᠠᠮᠢᠰᠬᠤᠯ ᠵᠡᠷᠭᠡ | ᠨᠥᠬᠦᠴᠡᠯ ᠲᠠᠢ ᠪᠠᠨ ᠤᠶᠠᠯᠳᠤᠭᠤᠯᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠠᠶᠢᠷᠢᠰᠢᠭᠤᠯᠤᠯ ᠢᠶᠠᠨ | ᠲᠣᠬᠢᠷᠠᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠦᠨ᠂ ᠲᠤᠰ ᠲᠤᠰ ᠤᠨ | ᠣᠨᠴᠠᠯᠢᠭ ᠪᠦᠬᠦᠢ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠥᠪᠯᠡᠷᠡᠯ ᠤᠨ ᠣᠷᠣᠨ ᠢ ᠪᠣᠶ ᠪᠣᠯᠭᠠᠬᠤ ᠶᠢ | ᠳᠡᠮᠵᠢᠬᠦ ᠶᠢᠨ ᠬᠠᠮᠲᠤ ᠴᠡᠭ ᠪᠣᠯᠤᠨ ᠨᠡᠶᠢᠳᠡᠮ ᠢ ᠤᠶᠠᠯᠳᠤᠭᠤᠯᠬᠤ ᠶᠢ ᠪᠠᠷᠢᠮᠲᠠᠯᠠᠨ᠂ ᠣᠷᠣᠨ ᠪᠦᠰᠡ ᠶᠢᠨ ᠬᠠᠮᠲᠤᠷᠠᠨ | ᠬᠥᠳᠡᠯᠦᠯᠴᠡᠬᠦ ᠶᠢ ᠠᠬᠢᠭᠤᠯᠵᠤ᠂ ᠠᠯᠠᠱᠠ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠨᠡᠶᠢᠯᠡᠯ | ᠬᠦᠴᠦᠨ ᠢ ᠪᠣᠶ ᠪᠣᠯᠭᠠᠬᠤ ᠬᠡᠷᠡᠭᠲᠡᠶ᠃ ᠡᠯ᠎ᠡ ᠭᠠᠵᠠᠷ ᠣᠷᠣᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠠᠭᠤᠳᠠᠯᠠᠨ ᠳᠡᠯᠭᠡᠷᠡᠭᠦᠯᠬᠦ ᠶᠢ ᠳᠡᠮᠵᠢᠵᠦ᠂ | ᠤᠷᠤᠯᠳᠤᠭᠠᠨ ᠤ ᠡᠬᠢ ᠪᠠᠶᠠᠯᠢᠭ ᠢ ᠬᠤᠰᠢᠭᠤ ︵ᠨᠡᠭᠡᠭᠡᠯᠳᠡ ᠶᠢᠨ ᠣᠷᠣᠨ︶ ᠳᠠᠰᠢ ᠤᠷᠲᠤᠳᠬᠠᠨ ᠥᠷᠭᠡᠳᠬᠡᠬᠦ ᠶᠢ | ᠠᠬᠢᠭᠤᠯᠤᠨ᠎ᠠ᠃ ᠡᠯ᠎ᠡ ᠭᠠᠵᠠᠷ ᠤᠨ ᠬᠢᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠣᠷᠳᠣᠨ ᠲᠠᠯᠠᠪᠠᠢ ᠶᠢᠨ ︽ | ᠴᠢᠳᠠᠮᠵᠢ ᠶᠢ ᠥᠭᠡᠷᠡᠴᠢᠯᠡᠬᠦ᠂ ᠲᠣᠭᠲᠠᠴᠠ ᠶᠢ ᠥᠭᠡᠷᠡᠴᠢᠯᠡᠬᠦ︾ ᠢᠨᠵᠧᠨᠧᠷᠢᠩ ᠢ ᠠᠬᠢᠭᠤᠯᠬᠤ ᠶᠢ ᠵᠣᠷᠢᠭᠵᠢᠭᠤᠯᠵᠤ᠂ | ᠪᠦᠬᠦ ᠠᠶᠢᠮᠠᠭ ᠤᠨ ᠪᠡᠶ᠎ᠡ ᠶᠢᠨ ᠲᠠᠮᠢᠷ ᠤᠨ ᠣᠷᠳᠣᠨ ᠲᠠᠯᠠᠪᠠᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠡᠮᠬᠢᠯᠡᠨ | ᠨᠡᠶᠢᠯᠡᠭᠦᠯᠦᠨ᠎ᠡ᠃ ᠠᠯᠠᠱᠠ ᠶᠢᠨ ᠪᠠᠭᠠᠲᠤᠷᠴᠤᠳ ᠤᠨ ᠴᠣᠭᠯᠠᠭᠠᠨ ᠳᠤ ᠲᠦᠰᠢᠭᠯᠡᠨ ᠡᠯ᠎ᠡ ᠭᠠᠵᠠᠷ ᠤᠨ ᠬᠢᠨ ᠤ ᠤᠯᠤᠰ | ︵ᠣᠷᠣᠨ︶ ᠤᠨ ᠳᠣᠲᠣᠭᠠᠳᠤ ᠭᠠᠳᠠᠭᠠᠳᠤ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ᠂ ᠬᠥᠳᠡᠯᠭᠡᠭᠡᠨ ᠤ | ᠲᠥᠬᠦᠭᠡᠷᠦᠮᠵᠢ ᠪᠠ ᠮᠠᠰᠢᠨ ᠲᠡᠷᠭᠡ ᠶᠢ ᠥᠭᠡᠷᠡᠴᠢᠯᠡᠨ ᠤᠭᠰᠠᠷᠠᠬᠤ᠂ ᠬᠡᠭᠡᠷᠡᠯᠡᠬᠦ ᠬᠤᠪᠴᠠᠰᠤ ᠵᠠᠰᠠᠯ᠂ ᠬᠡᠷ ᠤᠨ | ᠭᠠᠳᠠᠨᠠᠬᠢ ᠬᠡᠷᠡᠭᠰᠡᠯ ᠵᠡᠷᠭᠡ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠢᠯᠡᠳᠬᠦ ᠠᠵᠤ ᠠᠬᠤᠶᠢᠯᠠᠯ ᠢ | ᠣᠷᠣᠭᠤᠯᠤᠨ ᠠᠪᠴᠢᠷᠠᠬᠤ ᠶᠢ ᠵᠣᠷᠢᠭᠵᠢᠭᠤᠯᠤᠨ᠎ᠠ᠃ | 2 . ᠠᠵᠢᠯ ᠲᠥᠷᠥᠯ ᠠᠯᠤᠰᠯᠠᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠵᠢᠯ ᠲᠥᠷᠥᠯ | ᠠᠯᠤᠰᠯᠠᠨ ᠠᠭᠤᠰᠤᠯᠴᠠᠬᠤ ᠶᠢ ᠬᠥᠨᠳᠡᠯᠡᠨ ᠢᠶᠠᠷ ᠠᠳᠬᠤᠬᠤ᠂ ᠭᠤᠯᠳᠤ ᠪᠠᠷ ᠬᠡᠯᠬᠢᠶ᠎ᠡ ᠤᠷᠲᠤᠳᠬᠠᠬᠤ ᠶᠢ | ᠠᠳᠬᠤᠬᠤ ᠶᠢ ᠪᠠᠷᠢᠮᠲᠠᠯᠠᠵᠤ᠂ ᠪᠡᠶ᠎ᠡ ᠶᠢᠨ ᠲᠠᠮᠢᠷ ᠬᠢᠭᠡᠳ ᠬᠠᠮᠢᠶ᠎ᠠ ᠪᠥᠬᠦᠶ ᠠᠵᠢᠯ ᠲᠥᠷᠥᠯ ᠤᠨ ᠠᠭᠤᠰᠤᠯᠴᠠᠨ | ᠬᠥᠭᠵᠢᠬᠦ ᠶᠢ ᠠᠬᠢᠭᠤᠯᠵᠤ᠂ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠠᠮᠵᠢᠯᠴᠠᠨ | ᠬᠥᠭᠵᠢᠬᠦ ᠶᠢ ᠠᠬᠢᠭᠤᠯᠤᠨ᠎ᠠ᠃ ᠣᠷᠣᠨ ᠪᠦᠰᠡ ᠶᠢᠨ ᠪᠠᠶᠢᠭᠠᠯᠢ ᠶᠢᠨ ᠡᠬᠢ ᠪᠠᠶᠠᠯᠢᠭ ᠢ ᠬᠦᠢᠴᠡᠳ ᠠᠰᠢᠭᠯᠠᠵᠤ᠂ | ᠲᠠᠯ᠎ᠠ ᠨᠤᠲᠤᠭ ᠤᠨ ᠳᠤᠭᠤᠶ ᠤᠨᠤᠵᠤ ᠰᠡᠯᠡᠭᠦᠴᠡᠬᠦ᠂ ᠡᠯᠡᠰᠦ ᠮᠠᠩᠬᠠᠨ ᠤ ᠬᠡᠭᠡᠷ᠎ᠡ ᠭᠠᠳᠠᠨ᠎ᠠ ᠵᠣᠭᠠᠯᠠᠬᠤ᠂ ᠭᠡᠷ ᠤᠨ | ᠭᠠᠳᠠᠨᠠᠬᠢ ᠭᠡᠷᠲᠦ ᠮᠠᠰᠢᠨ ᠲᠡᠷᠭᠡ ᠶᠢᠨ ᠬᠡᠭᠡᠷ᠎ᠡ ᠪᠠᠭᠤᠳᠠᠯᠯᠠᠬᠤ᠂ ᠬᠡᠭᠡᠷᠡᠯᠡᠬᠦ ᠮᠠᠰᠢᠨ ᠲᠡᠷᠭᠡ ᠶᠢᠨ ᠣᠷᠣᠯᠳᠣᠭᠠᠨ᠂ | ᠥᠪᠡᠷᠮᠢᠴᠡ ᠣᠨᠴᠠᠯᠢᠭᠲᠤ ᠭᠦᠶᠦᠯᠲᠡ᠂ ᠬᠥᠯ ᠪᠥᠮᠪᠦᠭᠡ ᠶᠢᠨ ᠤᠷᠤᠯᠳᠤᠭᠠᠨ᠂ ᠦᠨᠳᠦᠰᠦᠲᠡᠨ ᠤ ᠤᠯᠠᠮᠵᠢᠯᠠᠯᠲᠤ | ᠣᠨᠴᠠᠯᠢᠭᠲᠤ ᠵᠢᠭᠤᠯᠴᠢᠯᠠᠯ᠂ ᠡᠵᠡᠨ᠎ᠡ ᠦᠵᠡᠮᠵᠢ ᠶᠢᠨ ᠣᠷᠣᠨ ᠤ ᠣᠨᠴᠠᠯᠢᠭᠲᠤ ᠪᠡᠶ᠎ᠡ ᠶᠢᠨ ᠲᠠᠮᠢᠷ ᠤᠨ ᠲᠥᠷᠥᠯ | ᠵᠦᠢᠯ ᠵᠡᠷᠭᠡ ︽ᠪᠡᠶ᠎ᠡ ᠶᠢᠨ ᠲᠠᠮᠢᠷ +︾ ᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠤᠨ᠎ᠠ᠃ | ᠣᠷᠣᠨ ᠪᠦᠰᠡ ᠶᠢᠨ ᠳᠠᠪᠠᠭᠤᠯᠢᠭ ᠢ ᠢᠳᠡᠪᠬᠢᠲᠡᠶ ᠠᠰᠢᠭᠯᠠᠨ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ | ᠣᠶᠤᠨ ᠴᠢᠳᠠᠪᠤᠷᠢ ᠬᠢᠭᠡᠳ ᠪᠡᠶ᠎ᠡ ᠶᠢᠨ ᠲᠠᠮᠢᠷ ᠤᠨ ᠪᠣᠳᠠᠲᠤ ᠴᠣᠭᠴᠠ ᠶᠢᠨ ᠠᠵᠤ ᠠᠬᠤᠶ ᠶᠢᠨ ᠭᠦᠨᠵᠡᠭᠡᠶ | ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠲᠣᠭᠯᠠᠯᠲᠠ ᠶᠢᠨ ᠲᠥᠷᠥᠯ | ᠵᠦᠢᠯ᠂ ᠲᠠᠯᠠᠪᠤᠷ ᠣᠷᠳᠣᠨ ᠤ ᠡᠵᠡᠩᠨᠡᠯᠲᠡ ᠬᠠᠮᠢᠶᠠᠷᠤᠯᠲᠠ᠂ ᠪᠡᠶ᠎ᠡ ᠶᠢᠨ ᠲᠠᠮᠢᠷ ᠤᠨ ᠵᠢᠭᠤᠯᠴᠢᠯᠠᠯ ᠵᠡᠷᠭᠡ ᠶᠢᠨ ᠵᠠᠬ᠎ᠠ | ᠳᠡᠯᠭᠡᠭᠦᠷᠴᠢᠯᠡᠭᠰᠡᠨ᠂ ᠰᠢᠰᠲ᠋ᠧᠮᠵᠢᠭᠰᠡᠨ᠂ ᠤᠶᠤᠨᠴᠢᠯᠠᠭᠰᠠᠨ ᠪᠠᠶᠢᠬᠤ ᠶᠢ ᠪᠡᠶᠡᠯᠡᠭᠦᠯᠦᠨ᠎ᠡ᠃ | 3 . ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠲᠣᠮᠣ | ᠬᠡᠯᠪᠡᠷᠢ ᠶᠢᠨ ᠪᠡᠶ᠎ᠡ ᠴᠢᠭᠢᠷᠠᠭᠵᠢᠭᠤᠯᠬᠤ ᠺᠯᠦ᠋ᠪ ᠮᠠᠨ ᠤ ᠠᠶᠢᠮᠠᠭ ᠲᠤ ᠨᠤᠲᠤᠭᠰᠢᠬᠤ ᠶᠢ ᠵᠣᠷᠢᠭᠵᠢᠭᠤᠯᠤᠨ ᠳᠠᠮᠵᠢᠵᠤ᠂ | ᠠᠯᠠᠱᠠ ᠶᠢᠨ ᠪᠠᠭᠠᠲᠤᠷᠴᠤᠳ ᠤᠨ ᠴᠣᠭᠯᠠᠭᠠᠨ᠂ ᠲᠣᠣᠷᠠᠢ ᠶᠢᠨ ᠣᠢ ᠶᠢ ᠳᠣᠭᠤᠷᠢᠬᠤ ᠳᠤᠭᠤᠶ ᠶᠢᠨ ᠤᠷᠤᠯᠳᠤᠭᠠᠨ᠂ | ᠲᠡᠮᠡᠭᠡᠨ ᠨᠠᠶᠢᠷ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠷᠢᠭᠵᠢᠭᠤᠯᠤᠨ ᠳᠠᠮᠵᠢᠵᠤ᠂ ᠨᠠᠩ ᠣᠯᠠᠨ | ᠨᠡᠶᠢᠭᠡᠮ ᠤᠨ ᠬᠥᠷᠥᠩᠭᠡ ᠶᠢ ᠲᠡᠳᠡᠨ ᠠᠪᠴᠢᠷᠠᠵᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ | ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠣᠶᠢᠵᠢᠭᠤᠯᠬᠤ ᠲᠠᠪᠴᠠᠩ ᠪᠠᠶᠢᠭᠤᠯᠬᠤ ᠶᠢ | ᠳᠠᠮᠵᠢᠨ᠎ᠠ᠃ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ᠂ ᠤᠬᠠᠭᠠᠯᠠᠨ ᠰᠡᠳᠦᠬᠦ᠂ ᠯᠠᠪᠯᠠᠯᠭ᠎ᠠ ᠥᠭᠬᠦ᠂ ᠵᠠᠭᠤᠴᠢᠯᠠᠬᠤ᠂ | ᠡᠵᠡᠩᠨᠡᠨ ᠪᠣᠷᠣᠯᠠᠭᠤᠯᠬᠤ ᠵᠡᠷᠭᠡ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠬᠡᠷᠡᠭᠴᠡᠭᠡ ᠶᠢ ᠬᠥᠭᠵᠢᠭᠡᠨ᠎ᠡ᠃ ᠡᠯ᠎ᠡ ᠭᠠᠵᠠᠷ ᠤᠨ ᠬᠢᠨ ᠤ | ᠪᠡᠶ᠎ᠡ ᠶᠢᠨ ᠲᠠᠮᠢᠷ ᠤᠨ ᠬᠡᠷᠡᠭᠯᠡᠭᠡ ᠶᠢ ᠬᠥᠲᠥᠯᠥᠨ ᠵᠢᠯᠣᠭᠤᠳᠬᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠳᠡᠮᠵᠢᠵᠦ᠂ | ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠂ | ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠪᠡᠷ ᠢ ᠪᠠᠨ ᠬᠢᠵᠠᠭᠠᠷᠯᠠᠬᠤ᠂ ᠦᠨᠡᠨᠴᠢ | ᠢᠲᠡᠭᠡᠮᠵᠢᠲᠡᠶ ᠪᠠᠷ ᠡᠵᠡᠩᠨᠡᠬᠦ ᠶᠢ ᠠᠬᠢᠭᠤᠯᠤᠨ᠎ᠠ᠃ | ︵ᠲᠠᠪᠤ︶ ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠯᠠᠪᠳᠠᠭᠤᠨ ᠢᠶᠠᠷ ᠬᠥᠭᠵᠢᠬᠦ ᠶᠢ ᠠᠬᠢᠭᠤᠯᠤᠨ᠎ᠠ | 1 . ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠠᠷᠢᠶ᠎ᠠ | ᠭᠠᠵᠠᠷ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠣᠯᠠᠨ ᠨᠡᠶᠢᠲᠡ ᠶᠢᠨ ᠬᠥᠯ ᠪᠥᠮᠪᠦᠭᠡ ᠶᠢᠨ ᠲᠠᠯᠠᠪᠤᠷ ᠭᠠᠵᠠᠷ ᠤᠨ | ᠪᠡᠯᠡᠳᠬᠡᠮᠵᠢ ᠶᠢ ᠬᠠᠮᠠᠭᠠᠯᠠᠬᠤ᠂ ᠬᠡᠷᠡᠭᠯᠡᠬᠦ ᠪᠠ ᠬᠠᠮᠢᠶᠠᠷᠬᠤ ᠶᠢ ᠴᠢᠩᠭᠠᠳᠬᠠᠵᠤ᠂ ᠠᠵᠢᠯᠯᠠᠭᠠᠨ ᠤ ᠴᠢᠳᠠᠪᠤᠷᠢ ᠪᠠ | ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ᠂ | ᠬᠤᠰᠢᠭᠤ ︵ᠨᠡᠭᠡᠭᠡᠯᠳᠡ ᠶᠢᠨ ᠣᠷᠣᠨ︶ ᠪᠠ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠲᠠᠯᠠᠪᠠᠢ ᠳᠤ ᠪᠦᠷᠢᠨ | ᠪᠦᠷᠬᠦᠭᠦᠯᠬᠦ ᠶᠢ ᠪᠡᠶᠡᠯᠡᠭᠦᠯᠦᠨ᠎ᠡ᠃ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠥᠯ | ᠪᠥᠮᠪᠦᠭᠡ ᠶᠢᠨ ᠲᠠᠯᠠᠪᠤᠷ ᠭᠠᠵᠠᠷ ᠢ ᠨᠡᠶᠢᠭᠡᠮ ᠨᠡᠶᠢᠲᠡ ᠳᠤ ᠴᠢᠯᠥᠭᠡᠲᠡᠶ ᠨᠡᠭᠡᠭᠡᠬᠦ ᠶᠢ ᠬᠥᠲᠥᠯᠥᠨ ᠵᠢᠯᠣᠭᠤᠳᠤᠨ᠎ᠠ᠃ | ᠨᠡᠶᠢᠭᠡᠮ ᠤᠨ ᠬᠦᠴᠦᠨ ᠤ ᠬᠥᠯ ᠪᠥᠮᠪᠦᠭᠡ ᠶᠢᠨ ᠲᠠᠯᠠᠪᠠᠢ ᠣᠷᠳᠣᠨ ᠢ ᠪᠦᠲᠦᠭᠡᠨ ᠪᠠᠶᠢᠭᠤᠯᠬᠤ ᠪᠠ ᠣᠯᠠᠨ | ᠨᠡᠶᠢᠲᠡ ᠶᠢᠨ ᠬᠥᠯ ᠪᠥᠮᠪᠦᠭᠡ ᠶᠢᠨ ᠲᠠᠯᠠᠪᠠᠢ ᠭᠠᠵᠠᠷ ᠤᠨ ᠪᠡᠯᠡᠳᠬᠡᠮᠵᠢ ᠶᠢ ᠬᠠᠮᠠᠭᠠᠯᠠᠬᠤ ᠪᠠ ᠬᠠᠮᠢᠶᠠᠷᠬᠤ ᠳᠤ ᠪᠠᠯᠠ | ᠣᠷᠣᠭᠤᠯᠬᠤ ᠶᠢ ᠵᠣᠷᠢᠭᠵᠢᠭᠤᠯᠵᠤ᠂ ᠬᠥᠯ ᠪᠥᠮᠪᠦᠭᠡ ᠶᠢᠨ ᠲᠠᠯᠠᠪᠠᠢ ᠣᠷᠳᠣᠨ ᠢ ᠠᠵᠢᠯᠯᠠᠭᠤᠯᠤᠨ ᠡᠵᠡᠩᠨᠡᠬᠦ | ᠴᠢᠳᠠᠪᠤᠷᠢ ᠪᠠ ᠶᠡᠷᠦᠩᠬᠡᠶᠢᠯᠡᠭᠰᠡᠨ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | 2 . ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠠᠵᠢᠯᠯᠠᠭ᠎ᠠ ᠶᠢ ᠰᠠᠶᠢᠲᠤᠷ ᠠᠳᠬᠤᠨ᠎ᠠ᠃ ᠰᠢᠶᠠᠨ ᠤ | ᠬᠡᠪᠴᠢᠶᠡᠨ ᠤ ᠬᠥᠯ ᠪᠥᠮᠪᠦᠭᠡ ᠶᠢᠨ ᠬᠥᠭᠵᠢᠯᠲᠡ ᠶᠢᠨ ᠣᠨᠴᠠᠯᠢᠭᠲᠤ ᠵᠠᠮ ᠢ ᠰᠦᠪᠡᠭᠴᠢᠯᠡᠨ ᠨᠡᠭᠡᠭᠡᠵᠦ᠂ ᠰᠢᠶᠠᠨ ᠤ | ᠬᠡᠪᠴᠢᠶᠡᠨ ᠤ ᠬᠥᠯ ᠪᠥᠮᠪᠦᠭᠡ ᠶᠢ ᠬᠥᠭᠵᠢᠭᠦᠯᠬᠦ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠢᠨ᠎ᠡ᠃ ᠡᠯ᠎ᠡ ᠱᠠᠲᠤᠨ ᠤ | ᠡᠯ᠎ᠡ ᠲᠥᠷᠥᠯ ᠤᠨ ᠬᠥᠯ ᠪᠥᠮᠪᠦᠭᠡ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠲᠣᠭᠲᠠᠭᠠᠯ ᠶᠣᠰᠣᠭᠠᠷ | ᠠᠵᠢᠯ ᠢᠶᠠᠨ ᠥᠷᠨᠢᠭᠦᠯᠬᠦ ᠶᠢ ᠳᠠᠮᠵᠢᠵᠤ᠂ ᠰᠢᠶᠠᠨ ᠤ ᠬᠡᠪᠴᠢᠶᠡᠨ ᠤ ᠨᠡᠶᠢᠭᠡᠮ ᠤᠨ ᠬᠥᠯ ᠪᠥᠮᠪᠦᠭᠡ ᠶᠢᠨ ᠰᠣᠶᠣᠯ ᠤᠨ | ᠠᠭᠤᠷ ᠠᠮᠢᠰᠬᠤᠯ ᠢ ᠪᠤᠢ ᠪᠣᠯᠭᠠᠨ᠂ ᠨᠡᠶᠢᠭᠡᠮ ᠤᠨ ᠬᠥᠯ ᠪᠥᠮᠪᠦᠭᠡ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ | ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠠᠵᠢᠯ ᠮᠡᠷᠭᠡᠵᠢᠯ ᠤᠨ ᠬᠥᠯ ᠪᠥᠮᠪᠦᠭᠡ ᠵᠡᠷᠭᠡ ᠶᠢᠨ | ᠬᠥᠭᠵᠢᠯᠲᠡ ᠶᠢ ᠠᠬᠢᠭᠤᠯᠵᠤ᠂ ᠠᠯᠠᠱᠨ ᠶᠢᠨ ᠬᠥᠯ ᠪᠥᠮᠪᠦᠭᠡ ᠶᠢᠨ ᠬᠥᠭᠵᠢᠯᠲᠡ ᠶᠢ ᠳᠠᠶᠢᠴᠢᠯᠠᠨ ᠰᠢᠨ᠎ᠡ ᠳᠡᠭᠲᠡᠷ ᠲᠤ | ᠭᠠᠷᠭᠠᠨ᠎ᠠ᠃ | ︵ᠵᠢᠷᠭᠤᠭ᠎ᠠ︶ ᠪᠡᠶ᠎ᠡ ᠶᠢᠨ ᠲᠠᠮᠢᠷ ᠤᠨ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠤᠨ᠎ᠠ | ᠪᠡᠶ᠎ᠡ ᠶᠢᠨ ᠲᠠᠮᠢᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ | ᠵᠡᠷᠭᠡ ᠲᠠᠯ᠎ᠠ ᠶᠢᠨ ᠥᠪᠡᠷᠮᠢᠴᠡ ᠴᠢᠳᠠᠮᠵᠢ ᠶᠢ ᠬᠦᠢᠴᠡᠳ ᠪᠠᠳᠠᠷᠠᠭᠤᠯᠤᠨ᠎ᠠ᠃ ᠪᠡᠶ᠎ᠡ ᠶᠢᠨ ᠲᠠᠮᠢᠷ ᠤᠨ ᠬᠠᠮ | ᠵᠠᠭᠤᠴᠢᠯᠠᠭᠤᠷ ᠤᠨ ᠳᠠᠮᠵᠢᠭᠤᠯᠭ᠎ᠠ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠪᠦᠬᠦ ᠨᠡᠶᠢᠭᠡᠮ ᠢᠶᠠᠷ ᠢᠶᠠᠨ ᠪᠡᠶ᠎ᠡ ᠶᠢᠨ | ᠲᠠᠮᠢᠷ ᠤᠨ ᠬᠥᠭᠵᠢᠯᠲᠡ ᠶᠢ ᠥᠷᠭᠡᠨ ᠢᠶᠠᠷ ᠠᠩᠬᠠᠷᠴᠤ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠪᠡᠶ᠎ᠡ ᠶᠢᠨ ᠲᠠᠮᠢᠷ ᠤᠨ ᠤᠷᠤᠯᠳᠤᠭᠠᠨ᠂ ᠪᠡᠶ᠎ᠡ ᠶᠢᠨ ᠲᠠᠮᠢᠷ ᠤᠨ ᠴᠤᠭᠯᠠᠭᠠᠨ ᠦᠵᠡᠰᠬᠦᠯᠡᠩ᠂ ᠪᠡᠶ᠎ᠡ ᠶᠢᠨ ᠲᠠᠮᠢᠷ ᠤᠨ | ᠵᠠᠭᠤᠴᠢᠯᠠᠭᠤᠷ᠂ ᠪᠡᠶ᠎ᠡ ᠶᠢᠨ ᠲᠠᠮᠢᠷ ᠤᠨ ᠬᠡᠪᠯᠡᠯ᠂ ᠳᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ᠂ ᠪᠡᠶ᠎ᠡ ᠶᠢᠨ | ᠲᠠᠮᠢᠷ ᠤᠨ ᠵᠠᠷ ᠮᠡᠳᠡᠭᠡ᠂ ᠪᠡᠶ᠎ᠡ ᠶᠢᠨ ᠲᠠᠮᠢᠷ ᠤᠨ ᠬᠠᠳᠠᠭᠠᠯᠠᠯᠲᠠ ᠵᠡᠷᠭᠡ ᠪᠡᠶ᠎ᠡ ᠶᠢᠨ ᠲᠠᠮᠢᠷ ᠤᠨ ᠰᠣᠶᠣᠯ ᠤᠨ | ᠪᠦᠲᠦᠭᠡᠯᠴᠢ ᠲᠥᠰᠦᠪᠯᠡᠯ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠢᠳᠡᠪᠬᠢᠲᠡᠢ ᠬᠥᠭᠵᠢᠭᠦᠯᠵᠦ᠂ ᠨᠢᠭᠡ ᠪᠦᠯᠦᠭ | ᠨᠥᠯᠥᠭᠡᠯᠡᠬᠦ ᠬᠦᠴᠦᠨ ᠲᠠᠢ ᠪᠡᠶ᠎ᠡ ᠶᠢᠨ ᠲᠠᠮᠢᠷ ᠤᠨ ᠰᠣᠶᠣᠯ ᠤᠨ ᠪᠦᠲᠦᠭᠡᠭᠳᠡᠬᠦᠨ ᠢ ᠪᠤᠢ ᠪᠣᠯᠭᠠᠨ᠎ᠠ᠃ ᠪᠡᠶ᠎ᠡ ᠶᠢᠨ | ᠲᠠᠮᠢᠷ᠂ ᠦᠨᠳᠦᠰᠦᠲᠡᠨ ᠤ ᠬᠡᠷᠡᠭ ᠶᠠᠪᠤᠳᠠᠯ᠂ ᠰᠣᠶᠣᠯ ᠪᠠ ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠨ | ᠬᠠᠮᠲᠤᠷᠠᠯᠴᠠᠭ᠎ᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠲᠠᠢ ᠤᠶᠠᠯᠳᠤᠭᠤᠯᠤᠨ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠤᠨ ᠠᠭᠤᠯᠤᠭᠳᠠᠬᠤᠨ ᠢ | ᠭᠦᠨᠵᠡᠭᠡᠢ ᠠᠭᠤᠳᠠᠯᠵᠤ᠂ ᠨᠢᠭᠡ ᠪᠦᠯᠦᠭ ᠪᠡᠶ᠎ᠡ ᠶᠢᠨ ᠲᠠᠮᠢᠷ ᠤᠨ ᠰᠣᠶᠣᠯ ᠤᠨ ᠵᠢᠱᠢᠶ᠎ᠡ ᠦᠵᠡᠭᠦᠯᠬᠦ ᠵᠦᠢᠯᠡᠰ ᠢ | ᠬᠠᠮᠲᠤ ᠪᠠᠷ ᠪᠤᠢ ᠪᠣᠯᠭᠠᠵᠤ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ | ᠬᠠᠮᠠᠭᠠᠯᠠᠬᠤ ᠶᠢ ᠴᠢᠩᠭᠠᠳᠬᠠᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ | ᠬᠠᠮᠵᠢᠯᠴᠠᠭ᠎ᠠ ᠶᠢ ᠴᠢᠬᠤᠯᠠᠴᠢᠯᠠᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠦᠬᠦ ᠠᠷᠠᠳ ᠤᠨ | ᠡᠷᠡᠭᠦᠯ ᠴᠢᠭᠢᠷᠠᠭ ᠤᠨ ᠭᠦᠨᠵᠡᠭᠡᠶ ᠠᠭᠤᠰᠤᠯᠴᠠᠬᠤ ᠬᠠᠮᠲᠤᠷᠠᠭᠰᠠᠨ ᠬᠤᠷᠠᠯ ᠵᠡᠷᠭᠡ ᠠᠵᠢᠯ ᠤᠨ ᠲᠣᠭᠲᠠᠴᠠ ᠪᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠯᠠᠭ᠎ᠠ ᠮᠥᠴᠢᠷ ᠤᠨ | ᠬᠤᠭᠤᠷᠣᠨᠳᠣᠬᠢ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠂ ᠡᠬᠢ | ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠬᠠᠮᠵᠢᠯᠴᠠᠨ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠶᠢ | ᠠᠬᠢᠭᠤᠯᠬᠤ ᠠᠯᠠᠱᠠ ᠶᠢᠨ ᠡᠭᠦᠷᠭᠡ ᠶᠢ ᠬᠦᠴᠦ ᠪᠠᠨ ᠬᠠᠮᠲᠤᠳᠬᠠᠨ ᠨᠠᠶᠢᠳᠠᠪᠤᠷᠢᠵᠢᠭᠤᠯᠤᠨ᠎ᠠ᠃ | ︵ᠬᠤᠶᠠᠷ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠵᠠᠭᠪᠤᠷ ᠤᠨ | ᠰᠢᠨ᠎ᠡ ᠶᠢ ᠡᠭᠦᠳᠦᠨ᠎ᠡ᠃ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠡᠭᠦᠷᠭᠡ ᠶᠢ ᠨᠠᠶᠢᠳᠠᠪᠤᠷᠢᠵᠢᠭᠤᠯᠤᠨ᠂ ᠨᠡᠶᠢᠭᠡᠮᠯᠢᠭ ᠤᠨ ᠪᠣᠳᠠᠲᠤ ᠴᠣᠭᠴᠠᠵᠢᠭᠤᠯᠬᠤ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠬᠦᠷ | ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠰᠠᠯᠠᠭ᠎ᠠ ᠮᠥᠴᠢᠷ ᠬᠠᠮᠵᠢᠯᠴᠠᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠦᠨ᠂ ᠪᠡᠶ᠎ᠡ ᠶᠢᠨ ᠲᠠᠮᠢᠷ ᠤᠨ ᠠᠵᠤ ᠦᠶ᠋ᠯᠡᠰ ᠤᠨ ᠬᠥᠭᠵᠢᠯᠲᠡ ᠶᠢ | ᠳᠡᠮᠵᠢᠬᠦ ᠨᠡᠶᠢᠭᠡᠮ ᠤᠨ ᠬᠥᠷᠥᠩᠭᠡ ᠶᠢᠨ ᠬᠤᠷᠢᠭ᠎ᠠ ᠶᠢ ᠪᠠᠭᠤᠷᠠᠭᠤᠯᠵᠤ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ | ᠣᠷᠴᠢᠨ ᠨᠥᠬᠦᠴᠡᠯ ᠢ ᠪᠣᠶ ᠪᠣᠯᠭᠠᠨ᠎ᠠ᠃ ᠪᠡᠶ᠎ᠡ ᠶᠢᠨ ᠲᠠᠮᠢᠷ ᠢ ᠴᠢᠯᠥᠭᠡᠲᠡᠶ ᠡᠷᠬᠢᠯᠡᠬᠦ ᠶᠢ ᠪᠠᠷᠢᠮᠲᠠᠯᠠᠵᠤ᠂ ᠬᠠᠮᠢᠶᠠᠷᠬᠤ | ᠪᠠ ᠡᠷᠬᠢᠯᠡᠬᠦ ᠶᠢ ᠰᠠᠯᠭᠠᠭᠰᠠᠨ᠂ ᠳᠣᠲᠣᠷ᠎ᠠ ᠭᠠᠳᠠᠨᠠᠬᠢ ᠲᠠᠢ ᠬᠠᠮᠲᠤᠷᠠᠨ ᠬᠥᠳᠡᠯᠦᠯᠴᠡᠭᠰᠡᠨ᠂ ᠲᠤᠰ ᠲᠣᠰ ᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ᠂ ᠠᠮᠢᠳᠤᠯᠢᠭ ᠪᠥᠭᠡᠳ ᠥᠨᠳᠥᠷ ᠪᠦᠲᠦᠮᠵᠢᠲᠡᠶ ᠪᠡᠶ᠎ᠡ ᠶᠢᠨ | ᠲᠠᠮᠢᠷ ᠤᠨ ᠬᠥᠭᠵᠢᠯᠲᠡ ᠶᠢᠨ ᠰᠢᠨ᠎ᠡ ᠵᠠᠭᠪᠤᠷ ᠢ ᠴᠣᠭᠴᠠᠯᠠᠨ ᠪᠠᠶᠢᠭᠤᠯᠵᠤ᠂ ᠪᠦᠬᠦ ᠠᠷᠠᠳ ᠬᠠᠮᠲᠤ ᠪᠠᠷ ᠪᠠᠶᠢᠭᠤᠯᠬᠤ | ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠵᠤ | ᠂ ᠠᠯᠠᠱᠠ ᠶᠢᠨ ᠪᠡᠶ᠎ᠡ ᠶᠢᠨ ᠲᠠᠮᠢᠷ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠠᠬᠢᠴᠠ ᠶᠢ ᠠᠬᠢᠭᠤᠯᠤᠨ᠎ᠠ᠃ | ︵ᠭᠤᠷᠪᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠣᠨ᠎ᠠ᠃ ᠬᠠᠤᠯᠢ ᠪᠠᠷ ᠵᠠᠰᠠᠬᠤ ᠪᠠᠲᠤᠯᠠᠭ᠎ᠠ ᠶᠢ | ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠢᠰᠲ᠋ᠧᠮᠵᠢ ᠶᠢ ᠲᠡᠭᠦᠯᠳᠡᠷᠵᠢᠭᠦᠯᠬᠦ ᠶᠢ | ᠠᠬᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠦᠨᠡᠨᠬᠦ | ᠪᠠᠲᠤᠯᠠᠨ᠎ᠠ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠡᠷᠬᠡ ᠬᠠᠷᠢᠭᠤᠴᠠᠯᠭ᠎ᠠ ᠲᠣᠳᠣᠷᠬᠠᠶ᠂ ᠵᠣᠯᠭᠠᠭᠤᠯᠤᠯᠲᠠ ᠨᠢ ᠡᠮᠬᠢ ᠵᠢᠷᠤᠮ ᠲᠠᠢ᠂ ᠳᠠᠮᠵᠢᠭᠤᠯᠭ᠎ᠠ ᠨᠢ ᠪᠦᠲᠦᠮᠵᠢᠲᠡᠶ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠪᠠᠶᠢᠭᠤᠯᠵᠤ᠂ ᠬᠠᠤᠯᠢ ᠶᠣᠰᠣᠭᠠᠷ | ᠪᠡᠶ᠎ᠡ ᠪᠠᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠬᠥᠭᠵᠢᠯᠲᠡ ᠳᠠᠬᠢ ᠡᠳ᠋ ᠤᠨ | ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠡᠯ᠎ᠡ ᠭᠠᠵᠠᠷ ᠣᠷᠣᠨ ᠢ ᠳᠡᠮᠵᠢᠵᠦ ᠪᠠᠶᠢᠭᠠᠳ | ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠤᠨ ᠬᠦᠴᠦᠨ ᠥᠷᠭᠡᠨ ᠢᠶᠠᠷ ᠣᠷᠣᠯᠴᠠᠭᠰᠠᠨ ᠪᠡᠶ᠎ᠡ ᠶᠢᠨ | ᠲᠠᠮᠢᠷ ᠤᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠣᠯᠠᠨ ᠠᠷᠭ᠎ᠠ | ᠵᠠᠮ ᠢᠶᠠᠷ ᠪᠡᠯᠡ ᠮᠥᠩᠭᠦ ᠬᠤᠷᠠᠮᠳᠤᠭᠤᠯᠵᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠳᠡᠮᠵᠢᠬᠦ ᠬᠡᠷᠡᠭᠲᠡᠶ᠃ ᠤᠯᠤᠰ ᠤᠨ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠷᠡᠭᠯᠡᠬᠦ ᠭᠠᠵᠠᠷ | ᠰᠢᠷᠣᠶ ᠶᠢᠨ ᠪᠠᠶᠢᠷᠢᠰᠢᠭᠤᠯᠤᠯ ᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ | ᠣᠷᠣᠭᠤᠯᠤᠨ ᠪᠠᠲᠤᠯᠠᠵᠤ᠂ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠰᠢᠷᠣᠶ ᠶᠢᠨ ᠪᠦᠲᠦᠮᠵᠢᠲᠡᠶ ᠬᠠᠩᠭᠠᠯᠭ᠎ᠠ ᠶᠢ ᠦᠨᠡᠨᠬᠦ ᠪᠠᠲᠤᠯᠠᠨ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠪᠡᠶ᠎ᠡ ᠶᠢᠨ | ᠲᠠᠮᠢᠷ ᠤᠨ ᠬᠠᠮᠢᠶᠠᠷᠤᠯᠲᠠ ᠶᠢᠨ ᠴᠢᠳᠠᠪᠤᠷᠢᠲᠠᠨ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ | ᠴᠢᠳᠠᠪᠤᠷᠢᠲᠠᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠣᠭᠴᠢ᠂ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ | ᠮᠡᠷᠭᠡᠵᠢᠯ ᠪᠣᠯᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠡᠩᠨᠡᠭᠡ ᠶᠢᠨ ᠬᠡᠪ ᠴᠢᠨᠠᠷ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠶᠤᠯᠭᠦᠶ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠷᠤᠯᠳᠤᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ᠂ | ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃ | ︵ᠳᠥᠷᠪᠡ︶ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠬᠢᠨᠠᠯᠲᠠ | ᠲᠠᠯᠪᠢᠵᠤ ᠦᠨᠡᠯᠡᠬᠦ ᠶᠢ ᠴᠢᠩᠭᠠᠷᠠᠭᠤᠯᠤᠨ᠎ᠠ᠃ ᠤᠯᠤᠰ ᠤᠨ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠂ | ᠪᠡᠶ᠎ᠡ ᠶᠢᠨ ᠲᠠᠮᠢᠷ ᠤᠨ ᠦᠢᠯᠡᠰ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷᠢᠮᠵᠢᠶᠠᠲᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠰᠦᠯᠵᠢᠶᠡᠨ ᠤ ᠬᠦᠴᠦᠷᠬᠡᠭ ᠤᠯᠤᠰ᠂ | ᠲᠣᠭᠠᠴᠢᠯᠠᠭᠰᠠᠨ ᠳᠤᠮᠳᠠᠳᠤ ᠤᠯᠤᠰ ᠪᠠ ᠤᠯᠤᠰ ᠤᠨ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠣᠷᠢᠵᠢᠭᠤᠯᠵᠦ᠂ ᠪᠦᠬᠦ ᠠᠶᠢᠮᠠᠭ ᠤᠨ ᠪᠡᠶ᠎ᠡ ᠶᠢᠨ ᠲᠠᠮᠢᠷ ᠤᠨ ᠮᠡᠳᠡᠭᠡ ᠵᠠᠩᠭᠢ ᠶᠢᠨ ᠬᠥᠮᠥᠷᠭᠡ ᠶᠢᠨ | ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠣᠨ ᠤ ᠬᠢᠨᠠᠨ | ᠬᠡᠮᠵᠢᠯᠲᠡ᠂ ᠳᠤᠮᠳᠠ ᠬᠤᠭᠤᠴᠠᠭᠠᠨ ᠤ ᠦᠨᠡᠯᠡᠯᠲᠡ ᠪᠠ ᠡᠴᠦᠰ ᠤᠨ ᠬᠤᠭᠤᠴᠠᠭᠠᠨ ᠤ ᠳ᠋ᠦᠩᠨᠡᠯᠲᠡ ᠶᠢ ᠥᠷᠨᠢᠭᠦᠯᠵᠦ | ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ᠂ ᠲᠥᠯᠥᠪᠵᠢᠭᠦᠯᠭᠡ ᠳᠤ ᠲᠣᠬᠢᠷᠠᠭᠤᠯᠤᠯᠲᠠ | ᠬᠢᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠳᠬᠠᠨ᠂ ᠦᠨᠡᠯᠡᠭᠰᠡᠨ ᠦᠷ᠎ᠡ ᠳ᠋ᠦᠩ ᠢᠶᠠᠷ ᠬᠠᠮᠢᠶᠠᠷᠤᠯᠲᠠ ᠬᠢᠨᠠᠯᠲᠠ᠂ ᠤᠷᠮᠠᠰᠢᠭᠤᠯᠤᠨ ᠬᠢᠵᠠᠭᠠᠷᠯᠠᠬᠤ | ᠴᠢᠬᠤᠯᠠ ᠦᠨᠳᠦᠰᠦᠯᠡᠯ ᠪᠣᠯᠭᠠᠬᠤ ᠶᠢ ᠪᠠᠷᠢᠮᠲᠠᠯᠠᠵᠤ᠂ ᠪᠥᠬᠦ ᠠᠶᠢᠮᠠᠭ ᠤᠨ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ |