ᠨᠡᠶᠢᠭᠡᠮ ᠤᠨ ᠠᠪᠤᠷᠠᠨ ᠲᠤᠰᠠᠯᠠᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ | ᠠᠬᠢᠭᠤᠯᠵᠦ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠨᠢᠭᠡᠳᠦᠯᠲᠡᠢ ᠲᠥᠯᠥᠪᠯᠡᠨ ᠭᠦᠭᠵᠢᠬᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠳᠡᠭᠦᠯᠳᠡᠷᠵᠢᠬᠦᠯᠦᠨ᠂ ᠴᠢᠳᠠᠮᠵᠢ ᠶᠢ ᠲᠡᠭᠦᠯᠳᠡᠷᠵᠢᠭᠦᠯᠬᠦ᠂ ᠨᠢᠭᠡᠳᠦᠯᠲᠡᠶ | ᠲᠥᠯᠥᠪᠯᠡᠨ ᠵᠣᠯᠭᠠᠭᠤᠯᠬᠤ᠂ ᠦᠨᠳᠦᠰᠦᠨ ᠵᠦᠢᠯ ᠢ ᠬᠦᠴᠦᠲᠡᠶ ᠪᠠᠲᠤᠯᠠᠬᠤ ᠰᠢᠨ᠎ᠡ ᠮᠠᠶ᠋ᠢᠭ ᠤᠨ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠵᠦ᠂ ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠶᠠᠩᠵᠤ ᠣᠯᠠᠨ | ᠳᠡᠰ ᠳᠠᠪᠬᠤᠷᠭ᠎ᠠ ᠶᠢᠨ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠨ᠂ ᠦᠨᠳᠦᠰᠦᠨ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠦᠨᠡᠨ ᠬᠦ ᠪᠠᠳᠣᠯᠠᠬᠤ ᠶᠢᠨ ᠳᠣᠰᠠᠳᠠ᠂ ︽︿ | ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠵᠢᠭᠦᠯᠬᠦ ᠰᠠᠨᠠᠯ﹀ ᠢ | ᠳᠠᠷᠤᠮᠠᠯᠯᠠᠨ ᠳᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ | ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠪ ᠠᠯᠪᠠᠨ | ᠲᠠᠷᠬᠠᠭᠠᠭᠰᠠᠨ ﹇2020﹈ 18 ᠳ᠋ᠤᠭᠠᠷ ᠲᠣᠭᠠᠲᠤ︶ ᠪᠠ ︽︿ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ | ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ | ᠲᠠᠷᠬᠠᠭᠠᠭᠰᠠᠨ ﹇2021﹈ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠠᠶᠢᠮᠠᠭ ᠤᠨ | ᠪᠣᠳᠠᠲᠠᠶ ᠲᠠᠢ ᠣᠶᠠᠯᠳᠣᠭᠤᠯᠣᠨ᠂ ᠳᠤᠤᠷᠠᠬᠢ ᠮᠡᠲᠦ ᠠᠷᠭ᠎ᠠ ᠶᠢ ᠳᠣᠭᠳᠠᠭᠠᠪᠠ᠃ | ᠨᠢᠭᠡ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠦᠨ᠎ᠡ | ︵ᠨᠢᠭᠡ︶ ᠣᠯᠠᠨ ᠳᠡᠰ ᠳᠠᠪᠬᠤᠷᠭ᠎ᠠ ᠶᠢᠨ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠰᠢᠰᠲ᠋ᠧᠮᠵᠢ ᠶᠢ | ᠪᠠᠶᠢᠭᠤᠯᠤᠨ᠎ᠠ᠃ ᠦᠨᠳᠦᠰᠦᠨ ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ᠂ ᠲᠤᠰᠬᠠᠢ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤ᠂ ᠪᠠᠴᠢᠮ ᠬᠦᠴᠢᠷᠳᠡᠯ ᠲᠠᠢ ᠠᠴᠠ ᠪᠣᠯᠣᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷ ᠭᠤᠣᠯ | ᠴᠣᠭᠴᠠ ᠪᠣᠯᠭᠠᠭᠰᠠᠨ᠂ ᠨᠡᠶᠢᠭᠡᠮ ᠤᠨ ᠬᠦᠴᠦᠨ ᠣᠷᠣᠯᠴᠠᠬᠤ ᠪᠠᠷ ᠨᠥᠬᠦᠪᠥᠷᠢ ᠪᠣᠯᠭᠠᠭᠰᠠᠨ᠂ ᠬᠤᠳᠠ ᠬᠥᠳᠡᠭᠡ ᠶᠢ | ᠨᠢᠭᠡᠳᠦᠯᠲᠡᠢ ᠲᠥᠯᠥᠪᠯᠡᠭᠰᠡᠨ᠂ ᠱᠠᠳᠤ ᠳᠠᠪᠬᠤᠷᠭ᠎ᠠ ᠬᠤᠪᠢᠶᠠᠭᠰᠠᠨ ᠲᠡᠩᠬᠡᠷᠡᠭᠦᠯᠦᠨ ᠲᠤᠰᠠᠯᠠᠬᠤ ᠲᠥᠷᠢᠮ ᠤᠨ | ᠰᠢᠰᠲ᠋ᠧᠮᠵᠢ ᠶᠢ ᠪᠠᠶᠢᠭᠤᠯᠤᠨ ᠪᠥᠷᠢᠨᠰᠢᠬᠦᠯᠥᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ | ᠣᠨᠴᠠ ᠬᠦᠴᠢᠷᠳᠡᠯᠲᠡᠶ ᠠᠰᠠᠷᠠᠨ ᠲᠡᠵᠢᠭᠡᠭᠰᠡᠳ ᠢ ᠮᠠᠭᠠᠳᠯᠠᠨ ᠲᠣᠭᠲᠠᠭᠠᠬᠤ ᠠᠷᠭ᠎ᠠ ᠶᠢ ᠲᠡᠭᠦᠯᠳᠡᠷᠵᠢᠭᠦᠯᠵᠦ᠂ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠪᠤᠶᠤ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠡᠳ᠋ ᠤᠨ ᠬᠦᠴᠦᠨ ᠤ ᠪᠠᠶᠢᠳᠠᠯ ᠲᠠᠢ | ᠤᠶᠠᠯᠳᠤᠭᠤᠯᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠ ᠣᠨᠴᠠ ᠬᠦᠴᠢᠷᠳᠡᠯᠲᠡᠶ | ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠬᠤ ᠶᠢᠨ ᠬᠠᠮᠲᠤ ᠬᠥᠳᠡᠯᠦᠩᠭᠦᠶ ᠪᠠᠷ | ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠨᠥᠬᠦᠴᠡᠯ ᠳᠤ ᠨᠡᠶᠢᠴᠡᠬᠦ ᠭᠡᠷ ᠪᠦᠯᠢ ᠪᠤᠶᠤ ᠬᠤᠪᠢ ᠬᠥᠮᠦᠨ ᠳᠤ | ᠴᠠᠭ ᠲᠤᠬᠠᠶ ᠳᠤᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠤᠶᠤ ᠣᠨᠴᠠ ᠬᠦᠴᠢᠷᠳᠡᠯᠲᠡᠶ ᠬᠥᠮᠦᠰ ᠢ | ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠡᠷᠡᠭᠲᠡᠶ᠃ ᠣᠷᠣᠯᠭ᠎ᠠ ᠪᠠᠭᠠᠲᠠᠢ ᠭᠡᠷ ᠪᠦᠯᠢ ᠶᠢ ᠮᠠᠭᠠᠳᠯᠠᠨ ᠲᠣᠭᠲᠠᠭᠠᠬᠤ | ᠠᠷᠭ᠎ᠠ ᠶᠢ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠢ ᠬᠥᠮᠦᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠪᠠ | ᠪᠠᠶᠢᠩᠭᠤᠵᠢᠭᠰᠠᠨ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠣᠨᠴᠠ ᠬᠦᠴᠢᠷᠳᠡᠯᠲᠡᠶ | ᠠᠰᠠᠷᠠᠨ ᠲᠡᠵᠢᠭᠡᠵᠦ ᠪᠠᠶᠢᠭ᠎ᠠ ᠬᠥᠮᠦᠰ ᠪᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ | ᠣᠷᠣᠯᠭ᠎ᠠ ᠪᠠᠭᠠᠲᠠᠶ ᠭᠡᠷ ᠪᠦᠯᠢ ᠵᠢᠴᠢ ᠵᠠᠪᠠᠯ ᠵᠠᠷᠤᠴᠠᠭᠤᠯᠬᠤ ᠵᠠᠷᠤᠯᠭ᠎ᠠ ᠨᠢ ᠨᠡᠯᠢᠶᠡᠳ ᠶᠡᠭᠡ ᠠᠴᠠ ᠪᠣᠯᠵᠤ | ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠳᠤ ᠪᠣᠳᠠᠲᠠᠶ | ᠬᠡᠷᠡᠭᠴᠡᠭᠡ ᠶᠢ ᠨᠢ ᠦᠨᠳᠦᠰᠦᠯᠡᠨ ᠵᠣᠬᠢᠬᠤ ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ | ᠣᠯᠭᠤᠯᠲᠠ ᠵᠡᠷᠭᠡ ᠲᠤᠰᠬᠠᠶ ᠨᠡᠶᠢᠭᠡᠮ ᠤᠨ ᠠᠪᠤᠷᠠᠨ ᠲᠤᠰᠠᠯᠠᠬᠤ ᠪᠤᠶᠤ ᠪᠤᠰᠤᠳ ᠴᠢᠬᠤᠯᠠ ᠪᠦᠬᠦᠢ ᠠᠪᠤᠷᠠᠨ | ᠲᠤᠰᠠᠯᠠᠬᠤ ᠠᠷᠭ᠎ᠠ ᠬᠡᠮᠵᠢᠶ᠎ᠡ ᠣᠯᠭᠤᠨ᠎ᠠ᠃ ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠶ ᠭᠡᠮᠲᠦᠯ᠂ ᠬᠦᠨᠳᠦ ᠶᠡᠭᠡ | ᠡᠪᠡᠳᠴᠢᠨ ᠡᠮᠭᠡᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠪᠤᠶᠤ ᠪᠤᠰᠤᠳ | ᠣᠨᠴᠣᠭᠤᠶ ᠰᠢᠯᠲᠠᠭᠠᠨ ᠠᠴᠠ ᠪᠣᠯᠵᠤ᠂ ᠦᠨᠳᠦᠰᠦᠨ ᠠᠮᠢᠳᠤᠷᠠᠯ ᠨᠢ ᠲᠦᠷ ᠴᠠᠭ ᠬᠦᠴᠢᠷᠳᠡᠯ ᠳᠤ ᠤᠴᠠᠷᠠᠭᠰᠠᠨ ᠭᠡᠷ | ᠪᠦᠯᠢ ᠪᠤᠶᠤ ᠬᠤᠪᠢ ᠬᠥᠮᠦᠨ ᠵᠢᠴᠢ ᠲᠦᠷ ᠴᠠᠭ ᠬᠦᠴᠢᠷᠳᠡᠯ ᠳᠤ ᠤᠴᠠᠷᠠᠭᠰᠠᠨ᠂ ᠠᠮᠢᠳᠤᠷᠠᠯ ᠨᠢ ᠪᠠᠲᠤᠯᠠᠭ᠎ᠠ ᠦᠭᠡᠶ | ᠬᠥᠮᠦᠰ ᠲᠤ ᠪᠠᠴᠢᠮ ᠬᠦᠴᠢᠷᠳᠡᠯ ᠤᠨ ᠨᠡᠶᠢᠭᠡᠮ ᠤᠨ ᠲᠤᠰᠠᠯᠠᠮᠵᠢ ᠣᠯᠭᠤᠬᠤ ᠬᠡᠷᠡᠭᠲᠡᠶ᠃ ᠪᠠᠶᠢᠭᠠᠯᠢ ᠶᠢᠨ | ᠭᠠᠮᠰᠢᠭ ᠲᠤ ᠤᠴᠠᠷᠠᠭᠰᠠᠨ ᠪᠠᠶᠢᠪᠠᠯ᠂ ᠭᠠᠮᠰᠢᠭᠳᠠᠭᠰᠠᠨ ᠬᠥᠮᠦᠰ ᠲᠤ ᠠᠪᠤᠷᠠᠨ ᠲᠤᠰᠠᠯᠠᠯᠲᠠ ᠣᠯᠭᠤᠨ᠎ᠠ᠃ ﹇ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠮᠴᠢᠯᠡᠭᠡᠨ ᠤ ᠪᠠᠳᠣᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ︵ | ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ︵ᠬᠤᠶᠠᠷ︶ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠡᠯ᠎ᠡ | ᠲᠥᠷᠥᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢ ᠴᠠᠭ ᠲᠤᠨᠢ ᠣᠯᠭᠤᠬᠤ ᠶᠢ | ᠪᠠᠷᠢᠮᠲᠠᠯᠠᠬᠤ ᠶᠢᠨ ᠬᠠᠮᠲᠤ᠂ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠦᠲᠦᠮᠵᠢᠲᠡᠶ | ᠠᠷᠭ᠎ᠠ ᠵᠠᠮ ᠪᠣᠯᠤᠨ ᠪᠣᠳᠠᠲᠠᠶ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠠᠩᠭᠠᠬᠤ ᠭᠤᠣᠯ | ᠴᠣᠭᠴᠠ᠂ ᠲᠣᠬᠢᠷᠠᠬᠤ ᠡᠲᠡᠭᠡᠳ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠠᠷᠭ᠎ᠠ ᠮᠠᠶ᠋ᠢᠭ᠂ | ᠠᠵᠢᠯᠯᠠᠭᠠᠨ ᠤ ᠲᠣᠭᠲᠠᠴᠠ ᠵᠢᠴᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠪᠣᠯᠤᠨ ᠪᠠᠲᠤᠯᠠᠭ᠎ᠠ ᠶᠢᠨ ᠠᠷᠭ᠎ᠠ | ᠬᠡᠮᠵᠢᠶ᠎ᠡ ᠵᠡᠷᠭᠡ ᠶᠢ ᠲᠣᠳᠣᠷᠬᠠᠶᠢᠯᠠᠨ᠂ ︽ᠪᠣᠳᠠᠰ + ᠦᠢᠯᠡᠴᠢᠯᠡᠭᠡᠨ︾ ᠤ ᠲᠡᠩᠬᠡᠷᠡᠭᠦᠯᠦᠨ ᠲᠤᠰᠠᠯᠠᠬᠤ ᠠᠷᠭ᠎ᠠ | ᠮᠠᠶ᠋ᠢᠭ ᠢ ᠪᠤᠶ ᠪᠣᠯᠭᠠᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ᠂ | ᠨᠡᠶᠢᠭᠡᠮ ᠤᠨ ᠠᠪᠤᠷᠠᠨ ᠲᠤᠰᠠᠯᠠᠬᠤ ᠬᠡᠷ ᠪᠦᠯᠢ ᠶᠢᠨ ᠳᠣᠲᠣᠷᠠᠬᠢ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ | ᠥᠬᠡᠶ ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ ᠵᠡᠮᠳᠡᠭᠴᠦᠳ᠂ ᠬᠦᠨᠳᠦ ᠡᠪᠡᠳᠴᠢᠨ ᠳᠤ | ᠨᠡᠷᠪᠡᠭᠳᠡᠭᠰᠡᠳ ᠲᠤ ᠴᠢᠬᠤᠯᠠ ᠪᠥᠬᠦᠶ ᠡᠷᠬᠢᠨ ᠦᠵᠡᠬᠦ ᠪᠠ ᠠᠰᠠᠷᠠᠨ ᠬᠠᠷᠠᠭᠠᠯᠵᠠᠬᠤ ᠦᠢᠯᠡᠴᠢᠯᠡᠭᠡ ᠬᠠᠩᠭᠠᠬᠤ ᠶᠢ | ᠰᠦᠪᠡᠭᠴᠢᠯᠡᠵᠦ᠂ ᠰᠤᠷᠬᠤ ᠨᠠᠰᠤᠨ ᠤ ᠱᠠᠲᠤᠨ ᠳᠠᠬᠢ ᠨᠠᠰᠤᠨ ᠳᠤ ᠥᠯᠥ ᠬᠦᠷᠦᠭᠰᠡᠳ ᠲᠤ ᠰᠤᠷᠤᠯᠭ᠎ᠠ ᠶᠢᠨ | ᠬᠠᠪᠰᠤᠷᠤᠨ ᠵᠢᠯᠣᠭᠤᠳᠣᠯᠭ᠎ᠠ ᠬᠢᠬᠦ᠂ ᠲᠥᠷᠥᠯ ᠰᠠᠳᠤᠨ ᠤ ᠬᠠᠶᠢᠷ᠎ᠠ ᠰᠡᠳᠬᠢᠯᠭᠡ ᠲᠠᠢ ᠪᠠᠷ ᠪᠠᠷ᠎ᠠ ᠪᠣᠯᠬᠤ ᠵᠡᠷᠭᠡ | ᠦᠢᠯᠡᠴᠢᠯᠡᠭᠡ ᠬᠠᠩᠭᠠᠵᠤ᠂ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠲᠠᠢ ᠬᠥᠮᠦᠰ ᠲᠤ ᠡᠬᠢ ᠪᠠᠶᠠᠯᠢᠭ ᠤᠨ | ᠬᠤᠯᠪᠣᠭᠠᠰᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠦᠢᠯᠡᠴᠢᠯᠡᠭᠡ ᠬᠠᠩᠭᠠᠨ᠎ᠠ᠃ ᠣᠨᠴᠣᠭᠤᠢ | ᠬᠡᠷᠡᠭᠴᠡᠭᠡ ᠱᠠᠭᠠᠷᠳᠠᠯᠭ᠎ᠠ ᠲᠠᠢ ᠨᠡᠶᠢᠭᠡᠮ ᠤᠨ ᠠᠪᠤᠷᠠᠨ ᠲᠤᠰᠠᠯᠠᠬᠤ ᠭᠡᠷ ᠪᠦᠯᠢ ᠳᠤ᠂ ᠠᠮᠢᠳᠤᠷᠠᠯ ᠤᠨ ᠵᠢᠯᠤᠭᠤᠳᠤᠯᠭ᠎ᠠ | ᠂ ᠰᠡᠳᠬᠢᠴᠡ ᠶᠢᠨ ᠲᠠᠶᠢᠳᠬᠤᠷᠠᠭᠤᠯᠤᠯ᠂ ᠨᠡᠶᠢᠭᠡᠮ ᠤᠨ ᠠᠭᠤᠰᠤᠯᠴᠠᠯ ᠵᠡᠷᠭᠡ ᠤᠶᠤᠨ ᠰᠠᠨᠠᠭᠠᠨ ᠤ ᠲᠠᠯ᠎ᠠ ᠶᠢᠨ | ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠨ᠎ᠠ᠃ ᠭᠠᠴᠠᠭ᠎ᠠ ︵ᠨᠡᠶᠢᠭᠡᠮ ᠲᠣᠭᠤᠷᠢᠭ︶ ᠶᠢᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠪᠠᠷ ᠳᠡᠮᠵᠢᠨ ᠨᠡᠶᠢᠭᠡᠮ ᠤᠨ ᠠᠪᠤᠷᠠᠨ ᠲᠤᠰᠠᠯᠠᠬᠤ | ᠬᠥᠭᠵᠢᠯᠲᠡ ᠶᠢ ᠬᠥᠲᠥᠯᠥᠨ ᠳᠠᠭᠠᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ | ᠠᠷᠭ᠎ᠠ ᠬᠡᠮᠵᠢᠶ᠎ᠡ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ ᠨᠡᠶᠢᠭᠡᠮ ᠤᠨ ᠠᠪᠤᠷᠠᠨ | ᠲᠤᠰᠠᠯᠠᠬᠤ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠤᠨ ᠡᠮᠡᠭᠲᠡᠶᠢᠴᠦᠳ ᠤᠨ | ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ | ︵ᠬᠠᠮᠢᠶᠠᠷᠤᠯᠲᠠ ᠶᠢᠨ ᠵᠥᠪᠯᠡᠯ︶﹈ | ︵ᠭᠤᠷᠪᠠ︶ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠨᠢᠭᠡᠳᠦᠯᠲᠡᠶ | ᠲᠥᠯᠥᠪᠯᠡᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ | ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠵᠡᠷᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠢ ᠬᠤᠲᠠ | ᠬᠥᠳᠡᠭᠡ ᠳᠤ ᠨᠢᠭᠡᠳᠦᠯᠲᠡᠶ ᠲᠥᠯᠥᠪᠯᠡᠬᠦ ᠶᠢ ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠣᠷᠣᠭᠤᠯᠤᠯᠲᠠ ᠶᠢ ᠨᠡᠮᠡᠭᠳᠡᠭᠦᠯᠦᠨ᠂ ᠬᠤᠲᠠ ᠬᠥᠳᠡᠭᠡ᠂ ᠣᠷᠣᠨ | ᠪᠦᠰᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠬᠤᠲᠠ ᠬᠥᠳᠡᠭᠡ ᠶᠢᠨ ᠲᠡᠩᠬᠡᠷᠡᠭᠦᠯᠦᠨ ᠲᠤᠰᠠᠯᠠᠬᠤ | ᠦᠢᠯᠡᠴᠢᠯᠡᠬᠡᠨ ᠤ ᠲᠡᠩᠴᠡᠭᠦᠷᠢᠵᠢᠯᠲᠡ ᠶᠢ ᠠᠬᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠶᠢ | ᠴᠢᠩᠭᠠᠳᠬᠠᠬᠤ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠯᠦᠭᠡ ᠪᠦᠲᠦᠮᠵᠢᠲᠡᠶ ᠵᠣᠯᠭᠠᠭᠤᠯᠵᠤ᠂ ᠣᠲᠣ ᠶᠢᠨ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮᠵᠢ ᠪᠠᠷ ᠰᠠᠭᠤᠷᠢ ᠪᠣᠯᠭᠠᠨ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢᠨ | ᠬᠥᠳᠡᠯᠦᠩᠭᠦᠶ ᠬᠢᠨᠠᠨ ᠰᠢᠨᠵᠢᠬᠦ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠬᠥᠳᠡᠯᠮᠦᠷᠢᠯᠡᠬᠦ ᠴᠢᠳᠠᠪᠤᠷᠢ ᠥᠬᠡᠶ | ᠬᠥᠮᠦᠨ ᠠᠮᠠ ᠶᠢᠨ ᠦᠨᠳᠦᠰᠦᠨ ᠵᠦᠢᠯ ᠢ ᠨᠢ ᠴᠠᠭ ᠲᠤᠬᠠᠶ ᠳᠤᠨᠢ ᠪᠠᠲᠤᠯᠠᠨ᠎ᠠ᠃ ᠬᠤᠲᠠ ᠪᠠᠯᠭᠠᠰᠤ ᠶᠢᠨ | ᠬᠦᠴᠢᠷᠳᠡᠯᠲᠡᠶ ᠣᠯᠠᠨ ᠲᠦᠮᠡᠨ ᠢ ᠬᠦᠴᠢᠷᠳᠡᠯ ᠠᠴᠠ ᠨᠢ ᠠᠩᠭᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ | ᠂ ᠬᠤᠲᠠ ᠪᠠᠯᠭᠠᠰᠤ ᠶᠢᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ᠂ ᠦᠨᠳᠦᠰᠦᠨ ᠡᠮᠴᠢᠯᠡᠭᠡ᠂ | ᠰᠤᠷᠭᠠᠨ ᠬᠥᠮᠦᠵᠢᠯ ᠢᠶᠠᠷ ᠠᠪᠤᠷᠠᠨ ᠲᠤᠰᠠᠯᠠᠬᠤ᠂ ᠦᠨᠳᠦᠰᠦᠨ ᠣᠷᠣᠨ ᠰᠠᠭᠤᠴᠠ ᠶᠢᠨ ᠠᠮᠤᠷ ᠲᠦᠪᠰᠢᠨ᠂ ᠠᠵᠢᠯ | ᠣᠯᠭᠤᠵᠤ ᠠᠳᠠᠯ ᠦᠢᠯᠡᠰ ᠴᠣᠭᠴᠠᠯᠠᠬᠤ᠂ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ | ᠣᠯᠭᠤᠮᠵᠢ ᠶᠢᠨ ︽ᠵᠢᠷᠭᠤᠭᠠᠨ ᠪᠠᠲᠤᠯᠠᠭ᠎ᠠ ᠶᠢᠨ ᠱᠤᠭᠤᠮ︾ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠨᠥᠬᠦᠴᠡᠯ ᠲᠠᠢ | ᠬᠤᠰᠢᠭᠤ ︵ᠣᠷᠣᠨ︶ ᠣᠷᠣᠰᠢᠨ ᠰᠠᠭᠤᠬᠤ ᠦᠨᠡᠮᠯᠡᠯ ᠲᠠᠢ ᠬᠥᠮᠦᠰ ᠤᠨ ᠣᠷᠣᠰᠢᠨ ᠰᠠᠭᠤᠭ᠎ᠠ ᠭᠠᠵᠠᠷ ᠲᠠᠭᠠᠨ | ᠨᠡᠶᠢᠭᠡᠮ ᠤᠨ ᠠᠪᠤᠷᠠᠨ ᠲᠤᠰᠠᠯᠠᠯᠲᠠ ᠭᠤᠶᠣᠴᠢᠯᠠᠬᠤ ᠶᠢ ᠢᠳᠡᠪᠬᠢᠲᠡᠶ ᠪᠥᠭᠡᠳ ᠡᠮᠬᠢ ᠵᠢᠷᠤᠮ ᠲᠠᠢ ᠪᠠᠷ ᠠᠬᠢᠭᠤᠯᠤᠨ᠎ᠠ᠃ | ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠡᠮᠴᠢᠯᠡᠭᠡᠨ ᠤ ᠪᠠᠳᠣᠯᠠᠭ᠎ᠠ ᠶᠢᠨ ᠲᠣᠪᠴᠢᠶ᠎ᠠ᠂ | ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ᠬᠤᠶᠠᠷ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠶᠢ ᠪᠠᠬᠢᠵᠢᠭᠦᠯᠦᠨ᠎ᠡ | ︵ᠳᠥᠷᠪᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠬᠠᠮᠲᠤ | ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠰᠠᠷ᠎ᠠ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ | ᠬᠢᠭᠡᠳ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠪᠣᠳᠠᠲᠠᠶ ᠵᠥᠷᠢᠶ᠎ᠡ ᠶᠢ ᠦᠨᠳᠦᠰᠦᠯᠡᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠲᠡᠬᠦ ᠡᠲᠡᠭᠡᠳ ᠢ | ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠬᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ | ᠲᠤᠰᠠᠯᠠᠬᠤ ᠦᠨᠡᠯᠡᠨ ᠵᠢᠱᠢᠬᠦ ᠬᠦᠢᠴᠡᠳᠭᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠷᠦᠬᠡ | ᠠᠮᠠ ᠶᠢᠨ ᠬᠠᠷᠢᠶ᠎ᠠ᠂ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠪᠠ ᠭᠡᠷ ᠪᠦᠯᠢ ᠶᠢᠨ ᠡᠳ᠋ | ᠬᠥᠷᠥᠩᠭᠡ ᠶᠢᠨ ᠪᠠᠶᠢᠳᠠᠯ ᠵᠡᠷᠭᠡ ᠦᠨᠳᠦᠰᠦᠨ ᠨᠥᠬᠦᠴᠡᠯ ᠢ ᠦᠨᠳᠦᠰᠦᠯᠡᠨ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠰᠠᠭᠤᠭᠠᠯᠢ ᠠᠷᠠᠳ ᠤᠨ ᠭᠡᠷ ᠪᠦᠯᠢ ᠳᠤ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠠᠪᠤᠷᠠᠨ ᠲᠤᠰᠠᠯᠠᠬᠤ ᠶᠢ ᠬᠡᠷᠡᠭᠵᠢᠭᠦᠯᠵᠦ᠂ ᠮᠠᠭᠠᠳᠯᠠᠨ ᠲᠣᠭᠲᠠᠭᠠᠬᠤ ᠦᠷ᠎ᠡ ᠪᠦᠲᠦᠮᠵᠢ ᠪᠠ ᠢᠯᠭᠠᠨ | ᠲᠠᠨᠢᠬᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠭᠠᠭᠴᠠ ᠬᠥᠮᠦᠨ ᠤ ᠡᠷᠦᠬᠡ︾ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠣᠷᠣᠯᠭ᠎ᠠ ᠪᠠᠭᠠᠲᠠᠶ ᠭᠡᠷ | ᠪᠦᠯᠢ ᠶᠢᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠬᠦᠨᠳᠦ ᠵᠡᠮᠳᠡᠭᠴᠦᠳ ᠪᠠ ᠭᠤᠷᠪᠠᠳᠤᠭᠠᠷ ᠳᠡᠰ ᠤᠨ | ᠣᠶᠤᠨ ᠤ ᠬᠡᠮᠳᠦᠯ ᠲᠠᠢ᠂ ᠣᠶᠤᠨ ᠮᠡᠳᠡᠷᠡᠯ ᠤᠨ ᠵᠡᠮᠳᠡᠭᠴᠦᠳ ᠵᠢᠴᠢ ᠬᠦᠨᠳᠦ ᠡᠪᠡᠳᠴᠢᠲᠡᠨ ᠵᠡᠷᠭᠡ ᠣᠨᠴᠣᠭᠤᠶ | ᠬᠥᠮᠦᠰ ᠲᠤ ᠲᠤᠰ ᠬᠥᠮᠦᠨ ᠤ ᠭᠤᠶᠤᠴᠢᠯᠠᠯ ᠢᠶᠠᠷ ᠳᠠᠮᠵᠢᠨ᠂ ︽ᠭᠠᠭᠴᠠ ᠬᠥᠮᠦᠨ ᠤ ᠡᠷᠦᠬᠡ︾ ᠪᠠᠷ ᠯᠠᠪᠯᠠᠯᠲᠠ | ᠪᠣᠯᠭᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ ᠪᠣᠯᠤᠨ᠎ᠠ᠃ | ᠨᠡᠶᠢᠭᠡᠮ ᠤᠨ ᠠᠪᠤᠷᠠᠨ ᠲᠤᠰᠠᠯᠠᠬᠤ ᠬᠢᠭᠡᠳ ᠨᠡᠶᠢᠭᠡᠮ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ | ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠢᠳᠡᠭ | ᠢᠳᠡᠭ ᠢᠶᠠᠷ ᠪᠤᠴᠠᠭᠠᠬᠤ ᠬᠤᠭᠤᠴᠠᠭᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ | ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠢᠳᠡᠭ ᠢᠳᠡᠭ ᠢᠶᠠᠷ ᠪᠤᠴᠠᠭᠠᠬᠤ ᠴᠠᠭ ᠬᠤᠭᠤᠴᠠᠭ᠎ᠠ ᠶᠢ | ᠲᠥᠷᠥᠯ ᠪᠠ ᠲᠠᠰ ᠬᠤᠪᠢᠶᠠᠨ ᠲᠣᠭᠲᠠᠭᠠᠵᠤ᠂ ᠠᠮᠢᠳᠤᠯᠢᠭ ᠢᠶᠠᠷ ᠠᠵᠢᠯ ᠤᠯᠬᠤ᠂ ᠭᠠᠳᠠᠭᠰᠢ ᠭᠠᠷᠴᠤ ᠬᠦᠴᠦ | ᠶᠠᠪᠤᠬᠤ ᠵᠡᠷᠭᠡ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠦᠭᠰᠡᠨ ᠪᠥᠭᠡᠳ ᠬᠡᠷ ᠪᠦᠯᠢ ᠶᠢᠨ ᠬᠥᠮᠦᠨ | ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ ᠳᠠᠪᠠᠭᠰᠠᠨ ᠬᠡᠷ ᠪᠦᠯᠢ ᠳᠤ 3 — 6 ᠰᠠᠷ᠎ᠠ ᠶᠢᠨ ᠢᠳᠡᠭ ᠢᠳᠡᠭ ᠢᠶᠠᠷ ᠪᠤᠴᠠᠭᠠᠬᠤ ᠴᠠᠭ | ᠬᠤᠭᠤᠴᠠᠭ᠎ᠠ ᠣᠯᠭᠤᠨ᠎ᠠ︔ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ | ᠳᠣᠲᠣᠷᠠᠬᠢ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠬᠤᠪᠢᠴᠠᠭᠠᠨ ᠤ ᠬᠦᠦ ᠪᠠᠷ ᠠᠰᠢᠭ ᠬᠤᠪᠢᠶᠠᠬᠤ᠂ ᠠᠵᠢᠯ | ᠣᠯᠭᠤᠯᠲᠠ ᠪᠠᠷ ᠲᠡᠳᠬᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠯᠭ᠎ᠠ ᠶᠢᠨ ᠨᠡᠮᠡᠭᠳᠡᠯ ᠢ ᠨᠢ | ᠪᠡᠶᠡᠯᠡᠭᠦᠯᠦᠭᠰᠡᠨ ᠮᠥᠷᠲᠡᠭᠡᠨ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ | ᠭᠠᠵᠠᠷ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠭᠡᠷ ᠪᠦᠯᠢ ᠳᠤ 6 — 12 | ᠰᠠᠷ᠎ᠠ ᠠᠴᠠ ᠬᠡᠲᠦᠷᠡᠭᠦᠯᠬᠦ ᠦᠭᠡᠶ ᠠᠯᠬᠤᠮ ᠠᠯᠬᠤᠮ ᠢᠶᠠᠷ ᠪᠤᠴᠠᠭᠠᠵᠤ ᠭᠠᠷᠭᠠᠬᠤ ᠬᠤᠭᠤᠴᠠᠭ᠎ᠠ ᠣᠯᠭᠤᠨ᠎ᠠ᠃ ﹇ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠶᠢᠮᠠᠭ ᠤᠨ ᠵᠡᠮᠳᠡᠭᠴᠦᠳ ᠤᠨ ᠬᠤᠯᠪᠣᠭ᠎ᠠ᠂ ᠡᠯ᠎ᠡ ᠬᠤᠰᠢᠭᠤ ︵ | ᠣᠷᠣᠨ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ︵ᠲᠠᠪᠤ︶ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | ᠦᠢᠯᠡᠴᠢᠯᠡᠭᠡ ᠶᠢ ᠴᠢᠩᠭᠠᠳᠬᠠᠨ᠎ᠠ᠃ ᠣᠨᠴᠠ ᠬᠦᠴᠢᠷᠳᠡᠯᠲᠡᠶ ᠬᠥᠮᠦᠰ ᠤᠨ ᠨᠠᠰᠤᠨ ᠤ ᠬᠢᠵᠠᠭᠠᠷᠯᠠᠯ ᠢ ᠵᠣᠬᠢᠰᠲᠠᠶ | ᠠᠭᠤᠵᠢᠭᠤ ᠲᠠᠯᠪᠢᠵᠤ᠂ ᠣᠨᠴᠠ ᠬᠦᠴᠢᠷᠳᠡᠯᠲᠡᠶ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠶᠢ ᠬᠠᠮᠤᠷᠤᠭᠰᠠᠨ | ᠨᠠᠰᠤᠨ ᠳᠤ ᠥᠯᠥ ᠭᠦᠷᠦᠭᠰᠡᠳ ᠤᠨ ᠨᠠᠰᠤ ᠶᠢ ᠪᠦᠬᠦᠯᠢ 16 ᠨᠠᠰᠤ ᠪᠠᠶᠢᠭᠰᠠᠨ ᠠᠴᠠ ᠪᠦᠬᠦᠯᠢ 18 ᠨᠠᠰᠤ ᠪᠣᠯᠲᠠᠯ᠎ᠠ | ᠤᠷᠲᠤᠳᠬᠠᠨ᠎ᠠ︔ ᠪᠦᠬᠦᠯᠢ 18 ᠨᠠᠰᠤ ᠬᠦᠷᠦᠭᠰᠡᠨ ᠴᠦ ᠮᠥᠨ ᠯᠡ ᠠᠯᠪᠠᠨ ᠵᠢᠷᠤᠮ ᠤᠨ ᠰᠤᠷᠭᠠᠨ ᠬᠥᠮᠦᠵᠢᠯ | ᠬᠦᠷᠲᠡᠵᠦ ᠪᠠᠶᠢᠭ᠎ᠠ ᠪᠤᠶᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠪᠠᠯ᠂ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | ᠣᠯᠭᠤᠮᠵᠢ ᠶᠢ ᠦᠷᠭᠦᠯᠵᠢᠯᠡᠨ ᠬᠦᠷᠲᠡᠵᠦ ᠪᠣᠯᠤᠨ᠎ᠠ︔ ᠵᠡᠮᠳᠡᠭ ᠤᠨ ᠳᠡᠰ ᠨᠢ ᠨᠢᠭᠡᠳᠦᠭᠡᠷ᠂ ᠬᠤᠶᠠᠳᠤᠭᠠᠷ᠂ | ᠭᠤᠷᠪᠠᠳᠤᠭᠠᠷ ᠳᠡᠰ ᠪᠣᠯᠬᠤ ᠣᠶᠤᠨ ᠤ ᠪᠠ ᠮᠡᠳᠡᠷᠡᠯ ᠤᠨ ᠵᠡᠮᠳᠡᠭ᠂ ᠵᠡᠮᠳᠡᠭ ᠤᠨ ᠳᠡᠰ ᠨᠢ ᠨᠢᠭᠡᠳᠦᠭᠡᠷ᠂ | ᠬᠤᠶᠠᠳᠤᠭᠠᠷ ᠳᠡᠰ ᠪᠣᠯᠬᠤ ᠮᠥᠴᠢ ᠵᠡᠮᠳᠡᠭ᠂ ᠵᠡᠮᠳᠡᠭ ᠤᠨ ᠳᠡᠰ ᠨᠢ ᠨᠢᠭᠡᠳᠦᠭᠡᠷ ᠳᠡᠰ ᠪᠣᠯᠬᠤ ᠬᠠᠷᠠᠭ᠎ᠠ ᠵᠡᠮᠳᠡᠭ | ᠬᠥᠮᠦᠨ ᠢ ᠬᠥᠳᠡᠯᠮᠦᠷᠢᠯᠡᠬᠦ ᠴᠢᠳᠠᠪᠤᠷᠢ ᠦᠭᠡᠶ ᠬᠥᠮᠦᠨ ᠢᠶᠠᠷ ᠲᠣᠭᠲᠠᠭᠠᠨ᠎ᠠ︔ ᠣᠷᠣᠯᠭ᠎ᠠ ᠨᠢ ᠲᠤᠬᠠᠶ ᠶᠢᠨ | ᠭᠠᠵᠠᠷ ᠤᠨ ᠳᠡᠭᠡᠷ᠎ᠡ ᠵᠢᠯ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠠᠴᠠ ᠳᠣᠣᠷ᠎ᠠ ᠪᠠᠶᠢᠭ᠎ᠠ | ᠮᠥᠷᠲᠡᠭᠡᠨ ᠡᠳ᠋ ᠬᠥᠷᠥᠩᠭᠡ ᠨᠢ ᠲᠤᠬᠠᠶ ᠶᠢᠨ ᠭᠠᠵᠠᠷ ᠤᠨ ᠣᠷᠣᠯᠭ᠎ᠠ ᠪᠠᠭᠠᠲᠠᠶ ᠭᠡᠷ ᠪᠦᠯᠢ ᠶᠢᠨ ᠡᠳ᠋ ᠬᠥᠷᠥᠩᠭᠡ ᠶᠢᠨ | ᠪᠠᠶᠢᠳᠠᠯ ᠤᠨ ᠲᠣᠭᠲᠠᠭᠠᠯ ᠳᠤ ᠨᠡᠶᠢᠴᠡᠬᠦ ᠪᠦᠬᠦᠯᠢ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠬᠦᠨᠳᠦ | ᠵᠡᠮᠳᠡᠭ ᠪᠣᠯᠤᠨ ᠵᠡᠮᠳᠡᠭ ᠤᠨ ᠳᠡᠰ ᠢᠶᠠᠷ ᠭᠤᠷᠪᠠᠳᠤᠭᠠᠷ ᠳᠡᠰ ᠪᠣᠯᠭᠠᠭᠰᠠᠨ ᠣᠶᠤᠨ ᠤ ᠪᠠ ᠮᠡᠳᠡᠷᠡᠯ ᠤᠨ | ᠵᠡᠮᠳᠡᠭᠴᠦᠳ ᠢ ᠡᠭᠦᠷᠭᠡ ᠪᠠᠨ ᠭᠦᠢᠴᠡᠳᠬᠡᠬᠦ ᠴᠢᠳᠠᠪᠤᠷᠢ ᠦᠭᠡᠶ ᠪᠠᠷ ᠦᠨᠡᠯᠡᠨ ᠳᠣᠭᠳᠠᠭᠠᠨ᠎ᠠ᠃ ᠣᠨᠴᠠ | ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠮᠥᠩᠭᠦ ᠶᠢ ᠴᠠᠭ ᠲᠤᠬᠠᠶ ᠳᠤᠨᠢ ᠲᠤᠭ᠎ᠠ | ᠶᠣᠰᠣᠭᠠᠷ ᠨᠢ ᠣᠯᠭᠤᠵᠤ᠂ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠎ᠠ᠃ | ᠬᠤᠪᠢᠨ ᠳᠤᠨᠢ ᠠᠰᠠᠷᠠᠨ ᠲᠡᠵᠢᠭᠡᠬᠦ ᠣᠨᠴᠠ ᠬᠦᠴᠢᠷᠳᠡᠯᠲᠡᠶ ᠬᠥᠮᠦᠰ ᠤᠨ ᠬᠠᠷᠠᠭᠠᠯᠵᠠᠨ ᠠᠰᠠᠷᠠᠬᠤ ᠦᠢᠯᠡᠴᠢᠯᠡᠬᠡᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠦᠵᠡᠬᠦ ᠲᠦᠷᠢᠮ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠷᠠᠭᠠᠯᠵᠠᠨ ᠠᠰᠠᠷᠠᠬᠤ ᠦᠢᠯᠡᠴᠢᠯᠡᠬᠡᠨ ᠤ ᠪᠠᠷᠢᠮᠵᠢᠶ᠎ᠠ ᠶᠢ | ᠲᠡᠭᠦᠯᠳᠡᠷᠵᠢᠭᠦᠯᠦᠨ᠂ ᠨᠠᠶᠢᠳᠠᠵᠤ ᠬᠠᠷᠠᠭᠠᠯᠵᠠᠨ ᠠᠰᠠᠷᠠᠬᠤ ᠦᠢᠯᠡᠴᠢᠯᠡᠬᠡᠨ ᠤ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠵᠢᠷᠤᠮᠵᠢᠭᠤᠯᠵᠤ᠂ ᠬᠤᠪᠢᠨ ᠳᠤᠨᠢ ᠠᠰᠠᠷᠠᠨ ᠲᠡᠵᠢᠭᠡᠬᠦ ᠣᠨᠴᠠ ᠬᠦᠴᠢᠷᠳᠡᠯᠲᠡᠶ ᠬᠥᠮᠦᠰ ᠤᠨ | ᠨᠠᠶᠢᠳᠠᠵᠤ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠪᠦᠷᠢᠨ ᠬᠠᠮᠣᠷᠣᠭᠤᠯᠬᠤ ᠶᠢ ᠪᠡᠶᠡᠯᠡᠭᠦᠯᠦᠨ᠎ᠡ᠃ | ᠠᠮᠢᠳᠤᠷᠠᠯ ᠢᠶᠠᠨ ᠠᠷᠭᠠᠴᠠᠬᠤ ᠴᠢᠳᠠᠪᠤᠷᠢ ᠲᠠᠢ ᠣᠨᠴᠠ ᠬᠦᠴᠢᠷᠳᠡᠯᠲᠡᠶ ᠬᠥᠮᠦᠨ ᠨᠢ ᠡᠪᠡᠳᠴᠢᠯᠡᠭᠡᠳ ᠡᠮᠨᠡᠯᠭᠡ ᠳᠤ | ᠰᠠᠭᠤᠭᠰᠠᠨ ᠬᠤᠭᠤᠴᠠᠭᠠᠨ ᠳᠤ ᠠᠮᠢᠳᠤᠷᠠᠯ ᠢᠶᠠᠨ ᠥᠪᠡᠰᠦᠪᠡᠨ ᠠᠷᠭᠠᠴᠠᠵᠤ ᠳᠡᠶᠢᠯᠬᠦ ᠥᠬᠡᠶ ᠪᠠᠶᠢᠪᠠᠯ᠂ ᠱᠠᠲᠤ | ᠦᠶᠡᠴᠢ ᠴᠢᠨᠠᠷᠲᠠᠶ ᠪᠠᠷ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠠᠯᠳᠠᠭᠰᠠᠨ ᠢᠶᠠᠷ ᠦᠵᠡᠵᠦ᠂ ᠨᠠᠶᠢᠳᠠᠯᠭ᠎ᠠ | ᠬᠦᠯᠢᠶᠡᠭᠰᠡᠨ ᠪᠠᠶᠢᠭᠤᠯᠤᠮᠵᠢ ᠪᠤᠶᠤ ᠬᠤᠪᠢ ᠬᠥᠮᠦᠨ ᠠᠴᠠ ᠲᠦᠷ ᠴᠠᠭ ᠤᠨ ᠠᠰᠠᠷᠠᠨ ᠰᠤᠪᠢᠯᠠᠬᠤ ᠦᠢᠯᠡᠴᠢᠯᠡᠭᠡ | ᠬᠠᠩᠭᠠᠨ᠎ᠠ᠃ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠦᠢᠯᠡᠴᠢᠯᠡᠬᠡᠨ ᠤ | ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠣᠲᠣᠭᠠᠳᠤ ᠶᠢᠨ ᠬᠠᠮᠢᠶᠠᠷᠤᠯᠲᠠ᠂ ᠠᠮᠤᠷ ᠲᠦᠪᠰᠢᠨ ᠤ | ᠬᠠᠮᠢᠶᠠᠷᠤᠯᠲᠠ ᠪᠠ ᠦᠢᠯᠡᠴᠢᠯᠡᠬᠡᠨ ᠤ ᠬᠠᠮᠢᠶᠠᠷᠤᠯᠲᠠ ᠵᠡᠷᠭᠡ ᠲᠦᠷᠢᠮ ᠢ ᠪᠦᠷᠢᠨᠰᠢᠬᠦᠯᠵᠦ᠂ ᠲᠥᠪᠯᠡᠷᠡᠭᠦᠯᠦᠨ | ᠬᠠᠷᠠᠭᠠᠯᠵᠠᠨ ᠠᠰᠠᠷᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠮᠴᠢᠯᠡᠭᠡᠨ ᠤ ᠪᠠᠳᠣᠯᠠᠭ᠎ᠠ ᠶᠢᠨ | ᠲᠣᠪᠴᠢᠶ᠎ᠠ᠂ ᠠᠶᠢᠮᠠᠭ ᠤᠨ ᠵᠡᠮᠳᠡᠭᠴᠦᠳ ᠤᠨ ᠬᠤᠯᠪᠣᠭ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ︵ᠵᠢᠷᠭᠤᠭ᠎ᠠ︶ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ | ᠲᠣᠭᠲᠠᠴᠠ ᠶᠢ ᠵᠢᠷᠤᠮᠵᠢᠭᠤᠯᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠳᠤ ᠬᠥᠳᠡᠯᠦᠩᠭᠦᠶ | ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠵᠤ᠂ ᠲᠤᠬᠠᠶ ᠶᠢᠨ ᠭᠠᠵᠠᠷ ᠤᠨ ᠳᠡᠭᠡᠷ᠎ᠡ ᠵᠢᠯ ᠤᠨ ᠬᠤᠲᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠡᠷᠡᠭᠯᠡᠭᠡᠨ ᠤ ᠵᠠᠷᠤᠯᠭ᠎ᠠ | ᠪᠤᠶᠤ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠡᠷᠭᠡ ᠲᠤᠭ᠎ᠠ ᠪᠠᠷᠢᠮᠲᠠ ᠶᠢ ᠶᠡᠷᠦᠩᠬᠡᠶᠢᠯᠡᠨ | ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠡᠳ᠋ ᠤᠨ ᠬᠦᠴᠦᠨ ᠤ ᠪᠠᠶᠢᠳᠠᠯ᠂ ᠪᠠᠷᠠᠭᠠᠨ ᠤ ᠦᠨ᠎ᠡ ᠶᠢᠨ ᠥᠰᠥᠯᠲᠡ ᠵᠢᠴᠢ | ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠰᠠᠨᠠᠯ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠦᠨᠳᠦᠰᠦᠨ | ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠨ᠎ᠠ᠃ ᠣᠨᠴᠠ ᠬᠦᠴᠢᠷᠳᠡᠯᠲᠡᠶ ᠬᠥᠮᠦᠰ ᠤᠨ | ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ 1 . 3 | ᠳᠠᠬᠢᠨ ᠢᠶᠠᠷ ᠲᠣᠭᠲᠠᠭᠠᠨ᠎ᠠ︔ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠪᠤᠶᠤ ᠬᠡᠰᠡᠭ ᠲᠠᠯ᠎ᠠ ᠪᠠᠷ | ᠠᠯᠳᠠᠭᠰᠠᠨ ᠣᠨᠴᠠ ᠬᠦᠴᠢᠷᠳᠡᠯᠲᠡᠶ ᠬᠥᠮᠦᠰ ᠢ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠶᠢ ᠲᠤᠬᠠᠶ ᠶᠢᠨ ᠭᠠᠵᠠᠷ ᠤᠨ | ᠲᠦᠷᠦᠭᠦᠦ ᠵᠢᠯ ᠤᠨ ᠬᠠᠮᠤᠭ ᠤᠨ ᠳᠤᠤᠷ᠎ᠠ ᠴᠠᠯᠢᠩ ᠤᠨ ᠪᠠᠷᠢᠮᠵᠢᠶ᠎ᠠ ᠲᠠᠢ ᠤᠶᠠᠯᠳᠤᠭᠤᠯᠤᠨ 65 % ᠪᠠ 25 | % ᠠᠴᠠ ᠳᠤᠤᠷ᠎ᠠ ᠪᠠᠶᠢᠯᠭᠠᠬᠤ ᠥᠬᠡᠶ ᠪᠠᠷ ᠲᠠᠰ ᠬᠤᠪᠢᠶᠠᠵᠤ ᠲᠣᠭᠲᠠᠭᠠᠨ᠎ᠠ᠃ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠭᠳᠠᠭᠤᠯᠤᠭᠰᠠᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠨ᠎ᠡ ᠬᠠᠩᠰᠢ ᠶᠢᠨ ᠲᠦᠷ ᠴᠠᠭ ᠤᠨ | ᠨᠥᠬᠦᠪᠥᠷᠢ ᠶᠢ ᠴᠠᠭ ᠲᠤᠬᠠᠶ ᠳᠤᠨᠢ ᠬᠦᠢᠴᠡᠳ ᠣᠯᠭᠤᠨ᠎ᠠ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ﹈ | ︵ᠳᠣᠯᠤᠭ᠎ᠠ︶ ᠲᠥᠷᠥᠯ ᠬᠤᠪᠢᠶᠠᠭᠰᠠᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ | ᠬᠤᠰᠢᠭᠤ ︵ᠣᠷᠣᠨ︶ ᠨᠢ ᠪᠣᠳᠠᠲᠠᠶ ᠲᠠᠢ ᠪᠠᠨ ᠤᠶᠠᠯᠳᠤᠭᠤᠯᠤᠨ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠢ | ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ ᠪᠠᠶᠢᠴᠠᠭᠠᠬᠤ ᠠᠷᠭ᠎ᠠ ᠶᠢ ᠲᠣᠭᠲᠠᠭᠠᠵᠤ᠂ ᠣᠨᠴᠠ ᠬᠦᠴᠢᠷᠳᠡᠯᠲᠡᠶ | ᠬᠥᠮᠦᠰ᠂ ᠣᠬᠤᠷ ᠬᠤᠭᠤᠴᠠᠭᠠᠨ ᠤ ᠳᠣᠲᠣᠷ᠎ᠠ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠪᠠᠷ ᠪᠠᠭ᠎ᠠ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ︵A ᠲᠥᠷᠥᠯ ᠤᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠡᠲᠡᠭᠡᠳ︶ ᠶᠢ ᠵᠢᠯ ᠪᠦᠷᠢ ᠨᠢᠭᠡ ᠤᠳᠠᠭ᠎ᠠ ᠬᠠᠷᠭᠤᠭᠤᠯᠤᠨ | ᠪᠠᠶᠢᠴᠠᠭᠠᠬᠤ ᠬᠡᠷᠡᠭᠲᠡᠶ︔ ᠣᠷᠣᠯᠭ᠎ᠠ ᠶᠢᠨ ᠢᠷᠡᠯᠲᠡ ᠨᠢ ᠲᠣᠭᠲᠠᠮᠠᠯ ᠪᠤᠰᠤ᠂ ᠭᠡᠷ ᠪᠦᠯᠢ ᠶᠢᠨ ᠪᠦᠷᠢᠯᠳᠦᠬᠦᠨ ᠨᠢ | ᠬᠥᠳᠡᠯᠮᠦᠷᠢᠯᠡᠬᠦ ᠴᠢᠳᠠᠪᠤᠷᠢ ᠲᠠᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ︵B ᠲᠥᠷᠥᠯ ᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ︶ ᠶᠢ ᠬᠠᠭᠠᠰ ᠵᠢᠯ ᠳᠤ ᠨᠢᠭᠡ ᠤᠳᠠᠭ᠎ᠠ ᠬᠢᠨᠠᠨ | ᠪᠠᠶᠢᠴᠠᠭᠠᠬᠤ ᠬᠡᠷᠡᠭᠲᠡᠶ᠃ ᠠᠪᠤᠷᠠᠨ ᠲᠤᠰᠠᠯᠠᠬᠤ ᠡᠲᠡᠭᠡᠳ ᠤᠨ ᠭᠡᠷ ᠪᠦᠯᠢ ᠶᠢᠨ ᠬᠥᠮᠦᠨ ᠠᠮᠠ᠂ ᠠᠵᠤ ᠠᠬᠤᠶ ᠶᠢᠨ | ᠪᠠᠶᠢᠳᠠᠯ ᠤᠨ ᠴᠢᠬᠤᠯᠠ ᠶᠡᠭᠡ ᠬᠤᠪᠢᠷᠠᠯᠲᠠ ᠶᠢ ᠮᠡᠳᠡᠭᠦᠯᠬᠦ ᠲᠣᠭᠲᠠᠴᠠ ᠶᠢ ᠵᠢᠷᠤᠮᠵᠢᠭᠤᠯᠵᠤ᠂ ᠮᠡᠳᠡᠭᠦᠯᠬᠦ ᠠᠭᠤᠯᠭ᠎ᠠ᠂ | ᠮᠡᠳᠡᠭᠦᠯᠬᠦ ᠴᠠᠭ ᠤᠨ ᠬᠢᠵᠠᠭᠠᠷ ᠵᠡᠷᠭᠡ ᠵᠦᠢᠯ ᠢ ᠲᠣᠳᠣᠷᠬᠠᠶᠢᠯᠠᠬᠤ ᠬᠡᠷᠡᠭᠲᠡᠶ᠃ ᠨᠡᠶᠢᠭᠡᠮ ᠤᠨ ᠠᠪᠤᠷᠠᠨ ᠲᠤᠰᠠᠯᠠᠯᠲᠠ | ᠭᠥᠷᠳᠡᠬᠦ ᠬᠡᠷ ᠪᠦᠯᠢ ᠨᠢ ᠲᠣᠭᠲᠠᠭᠰᠠᠨ ᠬᠤᠭᠤᠴᠠᠭᠠᠨ ᠳᠤ ᠪᠠᠶᠢᠭ᠎ᠠ ᠰᠤᠮᠤ ᠪᠠᠯᠭᠠᠰᠤ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠳᠠᠭᠠᠨ ᠬᠡᠷ ᠪᠦᠯᠢ ᠶᠢᠨ ᠬᠥᠮᠦᠨ ᠠᠮᠠ ᠵᠢᠴᠢ ᠠᠵᠤ ᠠᠬᠤᠶ ᠶᠢᠨ ᠪᠠᠶᠢᠳᠠᠯ ᠤᠨ | ᠬᠤᠪᠢᠷᠠᠯᠲᠠ ᠶᠢᠨ ᠪᠠᠶᠢᠳᠠᠯ ᠢᠶᠠᠨ ᠦᠨᠡᠨ ᠪᠣᠳᠠᠲᠠᠶ ᠪᠠᠷ ᠮᠡᠳᠡᠭᠦᠯᠬᠦ ᠬᠡᠷᠡᠭᠲᠡᠶ᠃ ᠰᠤᠮᠤ ᠪᠠᠯᠭᠠᠰᠤ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠮᠡᠳᠡᠭᠦᠯᠦᠭᠰᠡᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ | ᠮᠡᠳᠡᠭᠦᠯᠦᠭᠰᠡᠨ ᠵᠢᠴᠢ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠬᠤᠰᠢᠭᠤ ᠣᠷᠣᠨ ᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠵᠦᠢ ᠶᠣᠰᠣᠨ ᠤ ᠰᠢᠯᠲᠠᠭᠠᠨ ᠦᠭᠡᠶ ᠪᠠᠷ ᠭᠡᠷ ᠪᠦᠯᠢ ᠶᠢᠨ | ᠠᠵᠤ ᠠᠬᠤᠶ ᠶᠢᠨ ᠪᠠᠶᠢᠳᠠᠯ ᠤᠨ ᠴᠢᠬᠤᠯᠠ ᠶᠡᠭᠡ ᠬᠤᠪᠢᠷᠠᠯᠲᠠ ᠶᠢ ᠴᠠᠭ ᠲᠤᠬᠠᠶ ᠳᠤᠨᠢ ᠮᠡᠳᠡᠭᠦᠯᠦᠭᠰᠡᠨ ᠦᠭᠡᠶ ᠪᠤᠶᠤ | ᠬᠤᠳᠠᠯ ᠮᠡᠳᠡᠭᠦᠯᠦᠭᠰᠡᠨ ᠪᠠᠶᠢᠪᠠᠯ᠂ ᠨᠡᠶᠢᠭᠡᠮ ᠤᠨ ᠠᠪᠤᠷᠠᠨ ᠲᠤᠰᠠᠯᠠᠬᠤ ᠳᠠᠬᠢ ᠢᠲᠡᠭᠡᠯ ᠢᠶᠠᠨ ᠠᠯᠳᠠᠭᠰᠠᠨ | ᠬᠠᠮᠢᠶᠠᠷᠤᠯᠲᠠ ᠳᠤ ᠣᠷᠣᠭᠤᠯᠵᠤ᠂ ᠴᠢᠬᠤᠯᠠᠲᠠᠶ ᠦᠶ᠎ᠡ ᠳᠤ ᠬᠠᠤᠯᠢ ᠶᠣᠰᠣᠭᠠᠷ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠬᠡᠷᠡᠭᠲᠡᠶ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠣᠷᠣᠯᠭ᠎ᠠ ᠪᠠᠭᠠᠲᠠᠶ ᠭᠡᠷ ᠪᠦᠯᠢ ᠶᠢ | ᠮᠠᠭᠠᠳᠯᠠᠨ ᠲᠣᠭᠲᠠᠭᠠᠬᠤ ᠶᠢ ᠬᠥᠳᠡᠯᠦᠩᠭᠦᠶ ᠪᠠᠷ ᠵᠣᠯᠭᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ﹇ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ︵ᠣᠷᠣᠨ︶ | ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ᠭᠤᠷᠪᠠ᠂ ᠨᠡᠶᠢᠭᠡᠮ ᠤᠨ ᠲᠤᠰᠬᠠᠶ ᠠᠪᠤᠷᠠᠨ ᠲᠤᠰᠠᠯᠠᠯᠲᠠ ᠶᠢ ᠪᠦᠷᠢᠨᠰᠢᠬᠦᠯᠦᠨ᠎ᠡ | ︵ᠨᠠᠢᠮᠠ︶ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠪᠦᠷᠢᠨᠰᠢᠬᠦᠯᠦᠨ᠎ᠡ᠃ ᠡᠮᠴᠢᠯᠡᠭᠡᠨ ᠤ | ᠠᠪᠤᠷᠠᠨ ᠲᠤᠰᠠᠯᠠᠯᠲᠠ ᠭᠥᠷᠳᠡᠬᠦ ᠡᠲᠡᠭᠡᠳ ᠢ ᠬᠥᠳᠡᠯᠦᠩᠭᠦᠶ ᠪᠠᠷ ᠮᠠᠭᠠᠳᠯᠠᠨ ᠲᠣᠭᠲᠠᠭᠠᠵᠤ ᠬᠠᠷᠭᠤᠭᠤᠯᠤᠨ | ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ | ᠬᠠᠮᠲᠤ ᠪᠠᠷ ᠭᠥᠷᠳᠡᠬᠦ ᠶᠢ ᠴᠢᠩᠭᠠᠳᠬᠠᠨ᠂ ᠠᠪᠤᠷᠠᠨ ᠲᠤᠰᠠᠯᠠᠬᠤ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠳᠡᠭᠰᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ | ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠵᠡᠷᠭᠡ ᠭᠤᠤᠯᠳᠠᠯᠭ᠎ᠠ ᠲᠠᠢ ᠠᠪᠤᠷᠠᠨ ᠲᠤᠰᠠᠯᠠᠬᠤ | ᠡᠲᠡᠭᠡᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠣᠷᠢᠵᠢᠭᠤᠯᠵᠦ᠂ ᠭᠤᠤᠯᠳᠠᠯᠭ᠎ᠠ ᠲᠠᠢ ᠠᠪᠤᠷᠠᠨ ᠲᠤᠰᠠᠯᠠᠬᠤ ᠡᠲᠡᠭᠡᠳ ᠤᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠰᠦᠢᠳᠭᠡᠯ | ᠲᠤᠰᠢᠶᠠᠬᠤ ᠬᠡᠰᠡᠭ ᠲᠤ ᠨᠥᠬᠦᠪᠥᠷᠢ ᠥᠭᠴᠦ᠂ ᠣᠨᠴᠠ ᠬᠦᠴᠢᠷᠳᠡᠯᠲᠡᠶ ᠬᠥᠮᠦᠰ ᠲᠤ ᠪᠥᠬᠦ ᠲᠤᠭ᠎ᠠ ᠪᠠᠷ ᠨᠢ | ᠲᠤᠰᠠᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠲᠡᠭᠰᠡᠳ ᠲᠤ ᠲᠣᠭᠲᠠᠭᠰᠠᠨ ᠲᠤᠭ᠎ᠠ ᠪᠠᠷ ᠲᠤᠰᠠᠯᠠᠬᠤ ᠬᠡᠷᠡᠭᠲᠡᠶ᠃ | ᠡᠮᠴᠢᠯᠡᠭᠡᠨ ᠤ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠢ ᠰᠢᠭᠤᠳ ᠠᠪᠤᠷᠠᠨ ᠲᠤᠰᠠᠯᠠᠬᠤ ᠠᠵᠢᠯ ᠢ ᠰᠠᠶᠢᠲᠤᠷ | ᠬᠢᠵᠦ᠂ ᠣᠨᠴᠠ ᠬᠦᠴᠢᠷᠳᠡᠯᠲᠡᠶ ᠬᠥᠮᠦᠰ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠦᠨᠳᠦᠰᠦᠨ | ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠪᠤᠰᠤᠳ ᠨᠥᠬᠦᠪᠥᠷᠢ ᠡᠮᠴᠢᠯᠡᠭᠡᠨ ᠤ | ᠳᠠᠭᠠᠳᠬᠠᠯ ᠢᠶᠠᠷ ᠳᠡᠮᠵᠢᠨ ᠳᠥᠯᠥᠭᠰᠡᠨ ᠤ ᠳᠠᠷᠠᠭ᠎ᠠ᠂ ᠬᠤᠪᠢ ᠬᠥᠮᠦᠨ ᠤ ᠥᠪᠡᠷ ᠢᠶᠠᠨ ᠳᠥᠯᠥᠬᠦ ᠶᠡᠷᠦᠩᠬᠡᠶ | ᠵᠠᠷᠤᠳᠠᠯ ᠢ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠳᠠᠮᠵᠢᠭᠤᠯᠤᠨ ᠪᠥᠬᠦ ᠲᠤᠭ᠎ᠠ ᠪᠠᠷ ᠠᠪᠤᠷᠠᠨ ᠲᠤᠰᠠᠯᠠᠨ᠎ᠠ᠃ | ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠲᠡᠭᠦᠯᠳᠡᠷᠵᠢᠭᠦᠯᠦᠨ᠎ᠡ᠃ ᠭᠡᠨᠡᠳᠲᠡ | ᠡᠭᠦᠰᠦᠭᠰᠡᠨ ᠬᠢᠵᠢᠭ ᠤᠨ ᠪᠠᠶᠢᠳᠠᠯ ᠵᠡᠷᠭᠡ ᠪᠠᠴᠢᠮ ᠪᠠᠶᠢᠳᠠᠯ ᠵᠢᠴᠢ ᠣᠨᠴᠠ ᠬᠦᠴᠢᠷᠳᠡᠯᠲᠡᠶ ᠬᠥᠮᠦᠰ᠂ ᠥᠨᠥᠴᠢᠨ | ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠵᠡᠷᠭᠡ ᠣᠨᠴᠠ ᠬᠦᠴᠢᠷᠳᠡᠯᠲᠡᠶ ᠬᠥᠮᠦᠰ | ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠦᠶ᠎ᠡ ᠳᠤ᠂ ᠡᠮᠴᠢᠯᠡᠭᠡᠨ ᠤ | ᠪᠠᠶᠢᠭᠤᠯᠤᠮᠵᠢ ᠶᠢᠨ ᠣᠷᠢᠳᠡᠪᠡᠷ ᠠᠪᠤᠷᠠᠨ ᠵᠠᠰᠠᠵᠤ᠂ ᠳᠠᠷᠠᠭ᠎ᠠ ᠨᠢ ᠰᠦᠢᠳᠬᠡᠯ ᠬᠤᠷᠢᠶᠠᠬᠤ ᠶᠢ ᠦᠨᠡᠨᠬᠦ ᠪᠠᠲᠤᠯᠠᠨ᠎ᠠ᠃ | ᠡᠮᠴᠢᠯᠡᠭᠡᠨ ᠤ ᠠᠪᠤᠷᠠᠨ ᠲᠤᠰᠠᠯᠠᠯᠲᠠ ᠬᠢᠭᠡᠳ ᠪᠤᠰᠤᠳ ᠡᠮᠴᠢᠯᠡᠭᠡᠨ ᠤ ᠪᠠᠲᠤᠯᠠᠭ᠎ᠠ ᠶᠢᠨ ᠲᠦᠷᠢᠮ᠂ ᠨᠡᠶᠢᠭᠡᠮ ᠤᠨ | ᠠᠪᠤᠷᠠᠨ ᠲᠤᠰᠠᠯᠠᠬᠤ ᠲᠦᠷᠢᠮ ᠤᠨ ᠵᠣᠯᠭᠠᠯᠴᠠᠭ᠎ᠠ ᠶᠢ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ ᠤ | ᠡᠪᠡᠳᠴᠢᠨ ᠦᠵᠡᠭᠦᠯᠬᠦ ᠳᠠᠷᠤᠯᠲᠠ ᠶᠢ ᠬᠥᠩᠭᠡᠷᠡᠭᠦᠯᠦᠨ᠎ᠡ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠮᠴᠢᠯᠡᠭᠡᠨ ᠤ ᠪᠠᠳᠣᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤᠨ ︵ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ︵ᠶᠢᠰᠦ︶ ᠰᠤᠷᠭᠠᠨ ᠬᠥᠮᠦᠵᠢᠯ ᠢᠶᠠᠷ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠦᠨ᠎ᠡ᠃ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤ ᠶᠢᠨ ᠰᠤᠷᠭᠠᠨ ᠬᠥᠮᠦᠵᠢᠯ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠪᠠᠭᠲᠠᠨ᠎ᠠ︶ ᠪᠣᠯᠤᠨ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ︵ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠤᠨ | ᠱᠠᠲᠤ ᠳᠤ ᠰᠤᠷᠤᠯᠴᠠᠵᠤ ᠪᠠᠶᠢᠭ᠎ᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠵᠡᠷᠭᠡ | ᠭᠡᠷ ᠪᠦᠯᠢ ᠶᠢᠨ ᠰᠤᠷᠤᠭᠴᠢ᠂ ᠵᠢᠴᠢ ᠪᠡᠶ᠎ᠡ ᠰᠡᠳᠬᠢᠯ ᠤᠨ ᠬᠠᠷᠰᠢ ᠰᠠᠭᠠᠳ ᠵᠡᠷᠭᠡ ᠰᠢᠯᠲᠠᠭᠠᠨ ᠠᠴᠠ ᠪᠣᠯᠵᠤ | ᠰᠤᠷᠭᠠᠭᠤᠯᠢ ᠳᠤ ᠣᠷᠣᠵᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠳᠤ ᠳᠥᠭᠦᠮ ᠦᠭᠡᠢ ᠰᠤᠷᠬᠤ | ᠨᠠᠰᠤᠨ ᠤ ᠵᠡᠮᠳᠡᠭ ᠨᠠᠰᠤᠨ ᠳᠤ ᠦᠯᠦ ᠬᠦᠷᠦᠭᠰᠡᠳ ᠲᠤ ᠠᠳᠠᠯᠢ ᠪᠤᠰᠤ ᠰᠤᠷᠭᠠᠨ ᠬᠥᠮᠦᠵᠢᠯ ᠤᠨ ᠱᠠᠲᠤ ᠦᠶ᠎ᠡ ᠶᠢᠨ | ᠬᠡᠷᠡᠭᠴᠡᠭᠡ ᠱᠠᠭᠠᠷᠳᠠᠯᠭ᠎ᠠ ᠪᠣᠯᠤᠨ ᠪᠣᠳᠠᠲᠤ ᠪᠠᠶᠢᠳᠠᠯ ᠢ ᠨᠢ ᠦᠨᠳᠦᠰᠦᠯᠡᠨ᠂ ᠬᠠᠮᠢᠶ᠎ᠠ ᠪᠦᠬᠦᠢ ᠵᠠᠷᠤᠳᠠᠯ ᠢ ᠬᠠᠰᠤᠵᠤ | ᠬᠡᠯᠲᠦᠷᠢᠭᠦᠯᠬᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ᠂ ᠠᠵᠢᠯ ᠢᠶᠠᠷ ᠰᠤᠷᠤᠯᠭ᠎ᠠ ᠶᠢ ᠲᠡᠳᠬᠦᠬᠦ | ᠠᠵᠢᠯ ᠤᠨ ᠪᠠᠶᠢᠷᠢ ᠲᠣᠬᠢᠷᠠᠭᠤᠯᠬᠤ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠵᠡᠷᠭᠡ ᠠᠷᠭ᠎ᠠ ᠮᠠᠶ᠋ᠢᠭ ᠢ ᠠᠪᠣᠨ᠎ᠠ᠃ | ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ ︵ᠣᠷᠣᠨ︶ ᠭᠤᠷᠪᠠᠨ ᠱᠠᠲᠤᠨ ᠤ ᠬᠠᠮᠵᠢᠯᠴᠠᠨ | ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠨᠠᠢᠳᠠᠪᠤᠷᠢᠵᠢᠭᠤᠯᠬᠤ᠂ ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ | ᠡᠲᠡᠭᠡᠳ ᠤᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠬᠢᠭᠡᠳ ᠲᠤᠭ᠎ᠠ ᠪᠠᠷᠢᠮᠲᠠ ᠶᠢᠨ ᠬᠠᠷᠢᠴᠠᠭᠤᠯᠤᠯ ᠢ | ᠥᠷᠨᠢᠭᠦᠯᠦᠨ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠢ ᠮᠠᠭᠠᠳᠯᠠᠨ ᠲᠣᠭᠲᠠᠭᠠᠬᠤ᠂ ᠡᠯ᠎ᠡ | ᠲᠥᠷᠥᠯ ᠤᠨ ᠡᠳ᠋ ᠮᠥᠩᠭᠦ ᠪᠠᠷ ᠲᠤᠰᠠᠯᠠᠬᠤ ᠪᠡᠯᠡ ᠮᠥᠩᠭᠦ ᠶᠢ ᠦᠨᠡᠯᠡᠨ ᠲᠣᠭᠲᠠᠭᠠᠵᠤ ᠣᠯᠭᠤᠬᠤ ᠵᠡᠷᠭᠡ ᠪᠠᠶᠢᠳᠠᠯ ᠢ | ᠪᠦᠬᠦ ᠶᠠᠪᠤᠴᠠ ᠪᠠᠷ ᠮᠥᠷᠳᠡᠨ ᠬᠠᠮᠢᠶᠠᠷᠴᠤ᠂ ᠴᠠᠭ ᠲᠤᠬᠠᠢ ᠳᠤᠨᠢ ᠣᠯᠭᠤᠬᠤ ᠶᠢ ᠦᠨᠡᠨᠬᠦ ᠪᠠᠲᠤᠯᠠᠨ᠎ᠠ᠃ ﹇ | ᠬᠠᠷᠢᠭᠤᠴᠠᠯᠭᠠᠲᠤ ᠨᠢᠭᠡᠴᠡ᠄ ᠠᠶᠢᠮᠠᠭ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ︵ᠠᠷᠪᠠ︶ ᠣᠷᠣᠨ ᠰᠠᠭᠤᠴᠠ ᠶᠢᠨ ᠠᠪᠤᠷᠠᠨ ᠲᠤᠰᠠᠯᠠᠬᠤ ᠳᠦᠷᠢᠮ ᠢ ᠪᠦᠷᠢᠨᠰᠢᠬᠦᠯᠦᠨ᠎ᠡ᠃ ᠲᠣᠭᠲᠠᠭᠠᠭᠰᠠᠨ | ᠪᠠᠷᠢᠮᠵᠢᠶ᠎ᠠ ᠳᠤ ᠨᠡᠶᠢᠴᠡᠬᠦ ᠣᠷᠣᠨ ᠰᠠᠭᠤᠴᠠ ᠨᠢ ᠬᠦᠴᠢᠷᠳᠡᠯᠲᠡᠶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠭᠥᠷᠳᠡᠵᠦ ᠪᠠᠶᠢᠭ᠎ᠠ ᠬᠡᠷ ᠪᠦᠯᠢ᠂ ᠬᠤᠪᠢᠨ ᠳᠤᠨᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ᠂ | ᠣᠷᠣᠯᠭ᠎ᠠ ᠪᠠᠭᠠᠲᠠᠶ ᠬᠡᠷ ᠪᠦᠯᠢ ᠳᠤ ᠣᠯᠠᠨ ᠨᠡᠶᠢᠲᠡ ᠶᠢᠨ ᠲᠦᠷᠢᠶᠡᠰᠦᠨ ᠰᠠᠭᠤᠴᠠ ᠶᠢ ᠳᠣᠭᠢᠷᠠᠭᠤᠯᠤᠨ | ᠲᠦᠷᠢᠶᠡᠰᠦᠯᠡᠭᠦᠯᠬᠦ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ ᠣᠯᠭᠤᠬᠤ᠂ ᠮᠠᠯᠵᠢᠬᠤ ᠲᠠᠷᠢᠶᠠᠯᠠᠬᠤ | ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠣᠷᠣᠨ ᠰᠠᠭᠤᠴᠠ ᠶᠢᠨ ᠲᠡᠩᠬᠡᠷᠡᠭᠦᠯᠦᠨ ᠲᠤᠰᠠᠯᠠᠬᠤ ᠶᠢ ᠬᠡᠷᠡᠭᠵᠢᠭᠦᠯᠦᠨ᠎ᠡ᠃ ᠵᠥᠷᠢᠶᠡᠴᠢᠯᠡᠭᠰᠡᠨ ᠲᠤᠰᠠᠯᠠᠮᠵᠢ | ᠣᠯᠭᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠪᠤᠷᠠᠨ ᠲᠤᠰᠠᠯᠠᠬᠤ ᠡᠲᠡᠭᠡᠳ ᠤᠨ ᠬᠦᠴᠢᠷᠳᠡᠯ ᠤᠨ | ᠬᠡᠮᠵᠢᠶ᠎ᠡ ᠶᠢ ᠦᠨᠳᠦᠰᠦᠯᠡᠨ ᠠᠳᠠᠯᠢ ᠪᠤᠰᠤ ᠲᠤᠰᠠᠯᠠᠮᠵᠢ ᠣᠯᠭᠤᠬᠤ ᠳᠡᠰ ᠢ ᠲᠣᠬᠢᠷᠠᠭᠤᠯᠬᠤ ᠬᠡᠷᠡᠭᠲᠡᠶ᠃ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠥᠳᠡᠭᠡ ᠲᠣᠰᠬᠤᠨ ᠤ | ᠬᠠᠮᠲᠤ ᠶᠢᠨ ᠨᠡᠶᠢᠲᠡ ᠶᠢᠨ ᠲᠦᠷᠢᠶᠡᠰᠦᠨ ᠬᠡᠷ ᠵᠢᠴᠢ ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠲᠣᠮᠣ | ᠬᠦᠷᠢᠶ᠎ᠡ ᠶᠢ ᠨᠢᠭᠡᠳᠦᠯᠲᠡᠶ ᠪᠠᠶᠢᠭᠤᠯᠬᠤ᠂ ᠰᠤᠯᠠ ᠪᠠᠶᠢᠭ᠎ᠠ ᠲᠠᠷᠢᠶᠠᠴᠢᠳ ᠤᠨ ᠬᠡᠷ ᠪᠠᠶᠢᠰᠢᠩ ᠪᠣᠯᠤᠨ ᠨᠡᠶᠢᠲᠡ ᠶᠢᠨ | ᠬᠡᠷ ᠪᠠᠶᠢᠰᠢᠩ ᠢ ᠠᠰᠢᠭᠯᠠᠨ ᠰᠣᠯᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ | ᠣᠷᠣᠯᠭ᠎ᠠ ᠪᠠᠭᠠᠲᠠᠶ ᠬᠥᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠲᠣᠭᠲᠠᠭᠤᠨ ᠪᠠᠶᠢᠯᠭᠠᠵᠤ᠂ ᠣᠷᠳᠣ | ᠬᠤᠭᠤᠴᠠᠭ᠎ᠠ ᠪᠠᠷ ᠪᠠᠲᠤᠯᠠᠬᠤ ᠶᠢ ᠵᠣᠷᠢᠭᠵᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ | ᠪᠠᠶᠢᠰᠢᠩ ᠢ ᠰᠢᠨᠡᠳᠬᠡᠨ ᠵᠠᠰᠠᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠨᠥᠬᠦᠴᠡᠯ ᠳᠤ ᠨᠡᠶᠢᠴᠡᠬᠦ | ᠮᠠᠯᠵᠢᠬᠤ ᠲᠠᠷᠢᠶᠠᠯᠠᠬᠤ ᠣᠷᠣᠨ ᠤ ᠬᠢᠯᠪᠠᠷᠬᠠᠨ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ᠂ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ | ᠮᠠᠯᠵᠢᠬᠤ ᠲᠠᠷᠢᠶᠠᠯᠠᠬᠤ ᠣᠷᠣᠨ ᠤ ᠬᠤᠪᠢᠨ ᠳᠤᠨᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ᠂ | ᠡᠪᠡᠳᠴᠢᠨ ᠭᠠᠮᠰᠢᠭ ᠠᠴᠠ ᠪᠣᠯᠵᠤ ᠰᠠᠨᠠᠭᠠᠨ ᠳᠤ ᠦᠭᠡᠶ ᠠᠳᠡᠯ ᠵᠡᠷᠭᠡ ᠵᠠᠶᠢᠯᠠᠰᠢ ᠦᠭᠡᠶ ᠵᠠᠷᠤᠯᠭ᠎ᠠ ᠨᠡᠯᠢᠶᠡᠳ ᠶᠡᠭᠡ | ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠤ ᠦᠨᠳᠦᠰᠦᠨ ᠠᠮᠢᠳᠤᠷᠠᠯ ᠨᠢ ᠨᠡᠯᠢᠶᠡᠳ | ᠬᠦᠴᠢᠷᠳᠡᠯ ᠲᠠᠢ ᠪᠣᠯᠤᠭᠰᠠᠨ ᠭᠡᠷ ᠪᠦᠯᠢ᠂ ᠪᠤᠰᠤᠳ ᠶᠠᠳᠠᠭᠤ ᠬᠦᠴᠢᠷᠳᠡᠯᠲᠡᠶ ᠡᠷᠦᠬᠡ ᠪᠣᠯᠤᠨ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠮᠡᠷ ᠪᠠᠶᠢᠭ᠎ᠠ ᠡᠷᠦᠬᠡ ᠵᠡᠷᠭᠡ | ᠭᠤᠣᠯᠳᠠᠯᠭ᠎ᠠ ᠲᠠᠢ ᠡᠲᠡᠭᠡᠳ ᠢ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ | ᠵᠠᠰᠠᠬᠤ ᠬᠡᠪᠴᠢᠶᠡᠨ ᠳᠤ ᠣᠷᠣᠭᠤᠯᠤᠨ᠎ᠠ᠃ ᠳᠤᠮᠳᠠ ᠵᠡᠷᠭᠡ ᠠᠴᠠ ᠳᠣᠣᠷ᠎ᠠ ᠰᠢᠭ᠋ ᠣᠷᠣᠯᠭ᠎ᠠ ᠲᠠᠢ ᠬᠤᠲᠠ | ᠪᠠᠯᠭᠠᠰᠤ ᠶᠢᠨ ᠣᠷᠣᠨ ᠰᠠᠭᠤᠴᠠ ᠪᠠᠷ ᠬᠦᠴᠢᠷᠳᠡᠯᠲᠡᠶ ᠭᠡᠷ ᠪᠦᠯᠢ ᠳᠤ ᠵᠦᠢ ᠵᠣᠬᠢᠰᠲᠠᠶ ᠡᠭᠡᠯᠵᠢᠯᠡᠨ ᠬᠦᠯᠢᠶᠡᠬᠦ | ᠬᠤᠭᠤᠴᠠᠭᠠᠨ ᠳᠣᠲᠣᠷ᠎ᠠ ᠪᠠᠲᠤᠯᠠᠭ᠎ᠠ ᠣᠯᠭᠤᠬᠤ ᠬᠡᠷᠡᠭᠲᠡᠶ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ﹈ | ︵ᠠᠷᠪᠠᠨ ᠨᠢᠭᠡ︶ ᠠᠵᠢᠯ ᠣᠯᠭᠤᠵᠤ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠦᠨ᠎ᠡ᠃ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ᠂ ᠣᠷᠣᠯᠭ᠎ᠠ ᠪᠠᠭᠠᠲᠠᠶ ᠬᠡᠷ ᠪᠦᠯᠢ᠂ ᠬᠤᠲᠠ | ᠪᠠᠯᠭᠠᠰᠤᠨ ᠤ ᠠᠵᠢᠯ ᠲᠠᠢ ᠬᠥᠮᠦᠨ ᠥᠬᠡᠶ ᠬᠡᠷ ᠪᠦᠯᠢ ᠶᠢᠨ ᠬᠥᠳᠡᠯᠮᠦᠷᠢᠯᠡᠬᠦ ᠴᠢᠳᠠᠪᠤᠷᠢ ᠲᠠᠢ ᠪᠥᠭᠡᠳ ᠠᠵᠢᠯ | ᠠᠯᠳᠠᠭᠰᠠᠨ ᠪᠠᠶᠢᠳᠠᠯ ᠳᠤ ᠪᠠᠶᠢᠭ᠎ᠠ ᠪᠦᠷᠢᠯᠳᠦᠬᠦᠨ ᠢ ᠠᠵᠢᠯ ᠣᠯᠭᠤᠯᠲᠠ ᠶᠢᠨ ᠠᠪᠤᠷᠠᠨ ᠲᠤᠰᠠᠯᠠᠬᠤ ᠬᠡᠪᠴᠢᠶᠡᠨ ᠳᠤ | ᠣᠷᠣᠭᠤᠯᠵᠤ᠂ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠠᠵᠢᠯ ᠲᠠᠢ ᠬᠥᠮᠦᠨ ᠥᠬᠡᠶ ᠬᠡᠷ | ᠪᠦᠯᠢ ᠶᠢ ᠬᠥᠳᠡᠯᠦᠩᠭᠦᠶ ᠪᠠᠷ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠠᠵᠢᠯ ᠤᠯᠬᠤ ᠳᠤ | ᠬᠦᠴᠢᠷᠲᠡᠶ ᠬᠥᠮᠦᠰ ᠢ ᠰᠢᠩᠭᠡᠭᠡᠨ ᠠᠪᠴᠤ ᠠᠵᠢᠯ ᠣᠯᠭᠤᠬᠤ ᠶᠢ ᠵᠣᠷᠢᠭᠵᠢᠭᠤᠯᠵᠤ᠂ ᠭᠠᠶᠢᠯᠢ ᠰᠦᠢᠳᠬᠡᠯ ᠢ | ᠬᠠᠰᠤᠵᠤ ᠬᠡᠯᠲᠦᠷᠢᠭᠦᠯᠬᠦ᠂ ᠳᠠᠭᠠᠭᠠᠯᠲᠠ ᠲᠠᠢ ᠵᠢᠭᠡᠯᠡᠯᠭᠡ ᠵᠢᠴᠢ ᠳᠠᠮ ᠬᠦᠦ᠂ ᠠᠵᠢᠯ ᠣᠯᠭᠤᠯᠲᠠ ᠶᠢᠨ ᠨᠥᠬᠦᠪᠥᠷᠢ | ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ᠠᠵᠢᠯ ᠤᠯᠬᠤ ᠳᠤ ᠬᠦᠴᠢᠷᠲᠡᠶ | ᠬᠥᠮᠦᠰ ᠲᠤ ᠠᠮᠢᠳᠤᠯᠢᠭ ᠢᠶᠠᠷ ᠠᠵᠢᠯ ᠣᠯᠭᠤᠭᠰᠠᠨ ᠪᠥᠭᠡᠳ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠤᠨ | ᠰᠦᠢᠳᠬᠡᠯ ᠲᠤᠰᠢᠶᠠᠭᠰᠠᠨ ᠪᠠᠶᠢᠪᠠᠯ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠃ | ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠳᠠᠮᠵᠢᠭᠤᠯᠤᠨ ᠠᠵᠢᠯ ᠣᠯᠭᠤᠬᠤ ᠳᠤ ᠦᠨᠡᠨᠬᠦ ᠬᠦᠴᠢᠷᠲᠡᠶ ᠪᠣᠯ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠠᠰᠢᠭᠯᠠᠨ ᠦᠨᠳᠦᠰᠦᠨ ᠵᠦᠢᠯ ᠢ ᠪᠠᠲᠤᠯᠠᠨ | ᠲᠥᠪᠬᠢᠨᠡᠭᠦᠯᠬᠦ ᠶᠢᠨ ᠬᠠᠮᠲᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ᠂ | ᠨᠡᠶᠢᠭᠡᠮ ᠤᠨ ᠳᠠᠭᠠᠳᠬᠠᠯ ᠤᠨ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠬᠤ ᠬᠡᠷᠡᠭᠲᠡᠶ᠃ ᠬᠦᠴᠢᠷᠳᠡᠯᠲᠡᠶ ᠬᠥᠮᠦᠰ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ | ᠴᠣᠭᠴᠠᠯᠠᠬᠤ ᠶᠢ ᠳᠡᠮᠵᠢᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ᠂ ᠵᠢᠭᠡᠯᠡᠯᠭᠡ ᠶᠢᠨ ᠳᠠᠮ | ᠬᠦᠦ᠂ ᠠᠳᠠᠯ ᠦᠢᠯᠡᠰ ᠴᠣᠭᠴᠠᠯᠠᠬᠤ ᠨᠥᠬᠦᠪᠥᠷᠢ ᠵᠡᠷᠭᠡ ᠲᠡᠳᠬᠦᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠨᠢᠭᠡᠨᠲᠡ ᠠᠵᠢᠯ ᠣᠯᠤᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠲᠤ ᠠᠵᠢᠯ | ᠣᠯᠭᠤᠬᠤ ᠥᠪᠡᠷ ᠤᠨ ᠥᠷᠲᠡᠭ ᠢ ᠨᠢ ᠲᠤᠯᠭᠠᠨ ᠰᠠᠭᠤᠯᠭᠠᠬᠤ᠂ ᠣᠷᠣᠯᠭ᠎ᠠ ᠶᠢ ᠨᠢ ᠬᠡᠯᠲᠦᠷᠢᠭᠦᠯᠬᠦ᠂ | ᠬᠤᠶᠢᠰᠢᠯᠠᠭᠤᠯᠤᠨ ᠪᠤᠴᠠᠭᠠᠵᠤ ᠠᠭᠠᠵᠢᠮ ᠢᠶᠠᠷ ᠭᠠᠷᠭᠠᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠲᠡᠳᠡᠨ ᠢ ᠬᠠᠪᠰᠤᠷᠤᠨ ᠳᠣᠲᠣᠭᠠᠳᠤ ᠬᠥᠭᠵᠢᠯᠲᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ ᠠᠵᠢᠯ | ᠣᠯᠭᠤᠬᠤ ᠦᠢᠯᠡᠴᠢᠯᠡᠬᠡᠨ ᠤ ᠪᠠᠶᠢᠩᠭᠤ ᠰᠠᠭᠤᠭ᠎ᠠ ᠭᠠᠵᠠᠷ ᠢ ᠳᠡᠩᠰᠡᠯᠡᠨ ᠲᠡᠮᠳᠡᠭᠯᠡᠬᠦ ᠲᠦᠷᠢᠮ ᠢ ᠨᠠᠶᠢᠳᠠᠪᠤᠷᠢᠵᠢᠭᠤᠯᠵᠤ | ᠂ ᠨᠥᠬᠦᠴᠡᠯ ᠳᠤ ᠨᠡᠶᠢᠴᠡᠬᠦ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠨᠢ ᠪᠠᠶᠢᠩᠭᠤ ᠰᠠᠭᠤᠭ᠎ᠠ ᠭᠠᠵᠠᠷ ᠲᠠᠭᠠᠨ | ᠠᠵᠢᠯ ᠤᠯᠬᠤ ᠳᠤ ᠬᠦᠴᠢᠷᠲᠡᠶ ᠬᠥᠮᠦᠰ ᠢᠶᠠᠷ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠵᠤ᠂ ᠠᠵᠢᠯ ᠣᠯᠭᠤᠬᠤ | ᠲᠤᠰᠠᠯᠠᠮᠵᠢ ᠶᠢ ᠭᠥᠯᠢᠶᠡᠨ ᠠᠪᠴᠤ ᠪᠣᠯᠤᠨ᠎ᠠ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠷᠠᠳ ᠤᠨ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶﹈ | ︵ᠠᠷᠪᠠᠨ ᠬᠤᠶᠠᠷ︶ ᠭᠠᠮᠰᠢᠭᠳᠠᠭᠰᠠᠨ ᠬᠥᠮᠦᠰ ᠢ ᠠᠪᠤᠷᠠᠨ ᠲᠤᠰᠠᠯᠠᠬᠤ ᠳᠦᠷᠢᠮ ᠢ ᠪᠦᠷᠢᠨᠰᠢᠬᠦᠯᠦᠨ᠎ᠡ᠃ | ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠦᠨ᠂ | ︽ᠠᠯᠠᠱᠠ ᠠᠶᠢᠮᠠᠭ ᠤᠨ ᠪᠠᠶᠢᠭᠠᠯᠢ ᠶᠢᠨ ᠭᠠᠮᠰᠢᠭ ᠠᠴᠠ ᠪᠣᠯᠣᠭᠰᠠᠨ ᠠᠪᠤᠷᠠᠨ ᠲᠤᠰᠠᠯᠠᠬᠤ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠦ | ᠡᠬᠢᠯᠡᠭᠦᠯᠬᠦ ᠪᠠᠷᠢᠮᠵᠢᠶ᠎ᠠ ᠪᠠ ᠨᠥᠬᠦᠴᠡᠯ ᠢ ᠲᠣᠬᠢᠷᠠᠭᠤᠯᠤᠨ ᠰᠢᠯᠢᠳᠡᠭᠵᠢᠭᠦᠯᠵᠦ᠂ ᠬᠦᠨᠳᠦ ᠶᠡᠭᠡ ᠪᠠᠶᠢᠭᠠᠯᠢ ᠶᠢᠨ | ᠭᠠᠮᠰᠢᠭ ᠢ ᠠᠷᠭᠠᠴᠠᠬᠤ ᠳᠡᠰ ᠳᠠᠷᠠᠭᠠᠯᠠᠯ ᠪᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ ᠪᠠᠶᠢᠭᠠᠯᠢ ᠶᠢᠨ ᠭᠠᠮᠰᠢᠭ ᠠᠴᠠ ᠪᠣᠯᠣᠭᠰᠠᠨ ᠠᠪᠤᠷᠠᠨ | ᠲᠤᠰᠠᠯᠠᠬᠤ ᠪᠠᠷᠢᠮᠵᠢᠶ᠎ᠠ ᠶᠢᠨ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠭᠠᠮᠰᠢᠭ ᠠᠴᠠ ᠠᠪᠤᠷᠠᠬᠤ ᠡᠳ᠋ | ᠪᠠᠷᠠᠭ᠎ᠠ ᠨᠥᠭᠡᠴᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠨᠥᠭᠡᠴᠡᠯᠡᠬᠦ ᠪᠠᠶᠢᠷᠢᠰᠢᠭᠤᠯᠤᠯ ᠢ ᠰᠢᠯᠢᠳᠡᠭᠵᠢᠭᠦᠯᠵᠦ᠂ | ᠪᠣᠳᠠᠲᠤ ᠡᠳ᠋ ᠢᠶᠠᠷ ᠨᠥᠭᠡᠴᠡᠯᠡᠬᠦ᠂ ᠵᠥᠪᠯᠡᠯᠴᠡᠭᠡᠷ ᠢᠶᠠᠷ ᠨᠥᠭᠡᠴᠡᠯᠡᠬᠦ ᠪᠠ ᠦᠢᠯᠡᠳᠪᠦᠷᠢᠯᠡᠬᠦ ᠴᠢᠳᠠᠪᠤᠷᠢ ᠪᠠᠷ | ᠨᠥᠭᠡᠴᠡᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠲᠣᠭᠲᠠᠴᠠ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠭᠠᠮᠰᠢᠭ ᠢ ᠠᠷᠭᠠᠴᠠᠬᠤ ᠮᠥᠩᠭᠦᠨ ᠭᠦᠢᠯᠭᠡᠭᠡᠨ ᠤ ᠳᠡᠮᠵᠢᠯᠭᠡ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠳᠠᠭᠠᠳᠬᠠᠯ ᠤᠨ | ᠳᠦᠷᠢᠮ ᠢ ᠪᠦᠷᠢᠨᠰᠢᠭᠦᠯᠬᠦ ᠬᠡᠷᠡᠭᠲᠡᠶ᠃ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ᠂ ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ ᠲᠤᠰᠠᠯᠠᠬᠤ᠂ ᠭᠠᠩ ᠬᠠᠭᠰᠠᠷᠭᠠᠨ ᠤ | ᠲᠦᠷ ᠴᠠᠭ ᠤᠨ ᠠᠮᠢᠳᠤᠷᠠᠯ ᠤᠨ ᠬᠦᠴᠢᠷᠳᠡᠯ ᠢ ᠠᠪᠤᠷᠠᠨ ᠲᠤᠰᠠᠯᠠᠬᠤ᠂ ᠡᠪᠦᠯ ᠬᠠᠪᠤᠷ ᠤᠨ ᠲᠦᠷ ᠴᠠᠭ ᠤᠨ | ᠠᠮᠢᠳᠤᠷᠠᠯ ᠤᠨ ᠬᠦᠴᠢᠷᠳᠡᠯ ᠢ ᠠᠪᠤᠷᠠᠨ ᠲᠤᠰᠠᠯᠠᠬᠤ ᠪᠠ ᠭᠠᠮᠰᠢᠭ ᠠᠴᠠ ᠪᠣᠯᠵᠤ ᠨᠤᠷᠠᠭᠰᠠᠨ ᠠᠷᠠᠳ ᠤᠨ ᠭᠡᠷ | ᠪᠠᠶᠢᠰᠢᠩ ᠢ ᠰᠡᠷᠭᠦᠭᠡᠨ ᠳᠠᠬᠢᠨ ᠪᠠᠶᠢᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠰᠢᠯᠵᠢᠯᠲᠡ ᠶᠢᠨ ᠬᠤᠭᠤᠴᠠᠭᠠᠨ ᠤ ᠠᠮᠢᠳᠤᠷᠠᠯ ᠤᠨ ᠠᠪᠤᠷᠠᠨ | ᠲᠤᠰᠠᠯᠠᠯᠲᠠ ᠪᠠᠷ ᠳᠠᠮᠵᠢᠭᠠᠳ ᠦᠨᠳᠦᠰᠦᠨ ᠠᠮᠢᠳᠤᠷᠠᠯ ᠨᠢ ᠮᠥᠨ ᠬᠦ ᠬᠦᠴᠢᠷᠳᠡᠯᠲᠡᠶ ᠪᠠᠶᠢᠭ᠎ᠠ ᠭᠠᠮᠰᠢᠭᠳᠠᠭᠰᠠᠨ | ᠬᠥᠮᠦᠰ ᠲᠤ ᠴᠠᠭ ᠲᠤᠬᠠᠶ ᠳᠤᠨᠢ ᠪᠤᠰᠤᠳ ᠴᠢᠬᠤᠯᠠ ᠪᠦᠬᠦᠢ ᠠᠪᠤᠷᠠᠨ ᠲᠤᠰᠠᠯᠠᠯᠲᠠ ᠣᠯᠭᠤᠬᠤ ᠬᠡᠷᠡᠭᠲᠡᠶ᠃ ᠡᠯ᠎ᠡ | ᠱᠠᠲᠤᠨ ᠤ ᠭᠠᠶ ᠭᠠᠮᠰᠢᠭ ᠤᠨ ᠮᠡᠳᠡᠭᠡ ᠵᠠᠩᠭᠢ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠭᠠᠶ ᠭᠠᠮᠰᠢᠭ ᠢ ᠲᠦᠢᠯ ᠤᠨ ᠣᠨᠣᠪᠴᠢᠲᠠᠶ ᠪᠠᠷ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ﹇ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ | ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠡᠯ᠎ᠡ ᠬᠤᠰᠢᠭᠤ ︵ᠣᠷᠣᠨ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ︵ᠠᠷᠪᠠᠨ ᠭᠤᠷᠪᠠ︶ ᠪᠤᠰᠤᠳ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠬᠥᠭᠵᠢᠭᠦᠯᠦᠨ᠎ᠡ᠃ ᠡᠯ᠎ᠡ | ᠬᠤᠰᠢᠭᠤ ︵ᠣᠷᠣᠨ︶ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠲᠤᠯᠭᠠᠷᠠᠭᠰᠠᠨ ᠬᠦᠴᠢᠷᠳᠡᠯ ᠤᠨ ᠲᠥᠷᠥᠯ | ᠬᠡᠯᠪᠡᠷᠢ ᠶᠢ ᠦᠨᠳᠦᠰᠦᠯᠡᠨ᠂ ᠴᠠᠭ ᠲᠤᠨᠢ ᠲᠣᠬᠢᠷᠠᠭᠤᠯᠤᠨ ᠬᠠᠤᠯᠢ ᠴᠠᠭᠠᠵᠠ ᠶᠢᠨ ᠲᠤᠰᠠᠯᠠᠮᠵᠢ᠂ ᠳᠤᠯᠠᠭᠠᠯᠠᠭ᠎ᠠ ᠶᠢᠨ | ᠲᠤᠰᠠᠯᠠᠮᠵᠢ ᠵᠢᠴᠢ ᠨᠠᠰᠤ ᠪᠠᠷᠠᠭᠰᠠᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠣᠷᠣᠰᠢᠭᠤᠯᠭ᠎ᠠ ᠶᠢᠨ | ᠦᠢᠯᠡᠴᠢᠯᠡᠭᠡ ᠵᠡᠷᠭᠡ ᠶᠢ ᠵᠣᠬᠢᠬᠤ ᠬᠡᠮᠵᠢᠶ᠎ᠡ ᠪᠠᠷ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠵᠣᠷᠢᠭᠵᠢᠭᠤᠯᠤᠨ᠎ᠠ᠃ | ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ ᠡᠲᠡᠭᠡᠳ ᠤᠨ ᠬᠡᠪᠴᠢᠶ᠎ᠡ ᠶᠢ ᠣᠷᠣᠯᠭ᠎ᠠ ᠪᠠᠭᠠᠲᠠᠶ ᠭᠡᠷ ᠪᠦᠯᠢ ᠬᠦᠷᠲᠡᠯ᠎ᠡ ᠥᠷᠭᠡᠳᠬᠡᠵᠦ᠂ ᠨᠥᠬᠦᠴᠡᠯ ᠳᠤ | ᠨᠡᠶᠢᠴᠡᠬᠦ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠲᠤ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ ᠦᠢᠯᠡᠴᠢᠯᠡᠭᠡ ᠬᠠᠩᠭᠠᠬᠤ ᠬᠡᠷᠡᠭᠲᠡᠶ᠃ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢ ᠢᠳᠡᠪᠬᠢᠲᠡᠢ | ᠥᠷᠨᠢᠭᠦᠯᠵᠦ᠂ ᠬᠠᠯᠳᠠᠯᠭ᠎ᠠ ᠳᠤ ᠤᠴᠠᠷᠠᠭᠰᠠᠨ ᠪᠣᠯᠪᠠᠴᠤ ᠪᠦᠲᠦᠮᠵᠢᠲᠡᠢ ᠲᠥᠯᠥᠪᠦᠷᠢ ᠣᠯᠵᠤ ᠴᠢᠳᠠᠬᠤ ᠦᠭᠡᠢ | ᠠᠮᠢᠳᠤᠷᠠᠯ ᠤᠨ ᠬᠦᠴᠢᠷᠳᠡᠯ ᠲᠠᠢ ᠲᠤᠬᠠᠢ ᠶᠢᠨ ᠬᠥᠮᠦᠨ ᠢ ᠬᠠᠪᠰᠤᠷᠤᠨ ᠠᠮᠢᠳᠤᠷᠠᠯ ᠤᠨ ᠬᠦᠴᠢᠷᠳᠡᠯ ᠠᠴᠠ ᠨᠢ | ᠠᠩᠭᠢᠵᠢᠷᠠᠭᠤᠯᠵᠤ᠂ ᠡᠷᠡᠭᠦᠦ ᠶᠢᠨ ᠬᠡᠷᠡᠭ ᠲᠤ ᠬᠤᠯᠪᠣᠭᠳᠠᠭᠰᠠᠨ ᠭᠡᠷ ᠪᠦᠯᠢ ᠳᠤ ᠠᠪᠤᠷᠠᠨ ᠲᠤᠰᠠᠯᠠᠵᠤ ᠬᠠᠪᠰᠤᠷᠤᠨ | ᠲᠡᠳᠬᠦᠬᠦ᠂ ᠰᠡᠳᠬᠢᠴᠡ ᠶᠢᠨ ᠵᠢᠯᠤᠭᠤᠳᠤᠯᠭ᠎ᠠ ᠬᠢᠬᠦ᠂ ᠬᠠᠷᠢᠴᠠᠭ᠎ᠠ ᠶᠢ ᠵᠣᠬᠢᠴᠠᠭᠤᠯᠬᠤ ᠵᠡᠷᠭᠡ ᠦᠢᠯᠡᠴᠢᠯᠡᠭᠡ | ᠬᠠᠩᠭᠠᠨ᠎ᠠ᠃ ᠳᠤᠯᠠᠭᠠᠯᠠᠭ᠎ᠠ ᠪᠠᠷ ᠠᠪᠤᠷᠠᠨ ᠲᠤᠰᠠᠯᠠᠬᠤ ᠶᠢ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠳᠤ | ᠳᠤᠯᠠᠭᠠᠯᠠᠭ᠎ᠠ ᠶᠢᠨ ᠨᠥᠬᠦᠪᠥᠷᠢ ᠣᠯᠭᠤᠨ᠎ᠠ᠃ ᠬᠦᠴᠢᠷᠳᠡᠯᠲᠡᠶ ᠣᠯᠠᠨ ᠲᠦᠮᠡᠨ ᠤ ᠣᠷᠣᠰᠢᠭᠤᠯᠭ᠎ᠠ ᠶᠢᠨ ᠦᠨᠳᠦᠰᠦᠨ | ᠦᠢᠯᠡᠴᠢᠯᠡᠬᠡᠨ ᠤ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ᠂ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ | ᠪᠠᠲᠤᠯᠠᠭ᠎ᠠ ᠵᠡᠷᠭᠡ ᠠᠵᠢᠯ ᠢ ᠰᠠᠶᠢᠲᠤᠷ ᠬᠢᠵᠦ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠵᠡᠷᠭᠡ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ | ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠦᠴᠢᠷᠳᠡᠯᠲᠡᠶ | ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ | ᠲᠦᠷᠢᠮ ᠢ ᠨᠠᠶᠢᠳᠠᠪᠤᠷᠢᠵᠢᠭᠤᠯᠵᠤ᠂ ᠨᠥᠬᠦᠴᠡᠯ ᠲᠠᠢ ᠬᠤᠰᠢᠭᠤ ︵ᠣᠷᠣᠨ︶ ᠨᠢ ᠬᠦᠴᠢᠷᠳᠡᠯᠲᠡᠶ ᠵᠡᠮᠳᠡᠭᠴᠦᠳ ᠤᠨ | ᠠᠮᠢᠳᠤᠷᠠᠯ ᠤᠨ ᠨᠥᠬᠦᠪᠥᠷᠢ ᠶᠢ ᠣᠷᠣᠯᠭ᠎ᠠ ᠪᠠᠭᠠᠲᠠᠶ ᠬᠡᠷ ᠪᠦᠯᠢ ᠳᠤ ᠬᠦᠷᠲᠡᠯ᠎ᠡ ᠤᠷᠲᠤᠳᠬᠠᠬᠤ ᠶᠢ ᠵᠣᠷᠢᠭᠵᠢᠭᠤᠯᠵᠤ᠂ | ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢ ᠬᠦᠨᠳᠦ ᠪᠤᠰᠤ ᠣᠶᠤᠨ ᠤ ᠪᠠ ᠣᠶᠤᠨ ᠮᠡᠳᠡᠷᠡᠯ ᠤᠨ | ᠵᠡᠮᠳᠡᠭᠴᠦᠳ ᠪᠤᠶᠤ ᠪᠤᠰᠤᠳ ᠵᠡᠮᠳᠡᠭᠴᠦᠳ ᠲᠤ ᠬᠦᠷᠲᠡᠯ᠎ᠡ ᠥᠷᠭᠡᠳᠬᠡᠨ᠎ᠡ᠃ ﹇ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠶᠢᠮᠠᠭ ᠤᠨ ᠠᠷᠠᠳ ᠤᠨ | ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠶᠢᠮᠠᠭ ᠤᠨ | ᠠᠷᠠᠳ ᠤᠨ ᠳᠣᠮᠳᠠᠳᠣ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠪᠢᠶᠠᠷᠢ ᠬᠤᠷᠢᠶ᠎ᠠ᠂ ᠠᠶᠢᠮᠠᠭ ᠤᠨ | ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ᠳᠥᠷᠪᠡ᠂ ᠪᠠᠴᠢᠮ ᠬᠦᠴᠢᠷᠳᠡᠯ ᠪᠦᠬᠦᠢ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ | ᠳᠡᠬᠦᠯᠳᠡᠷᠵᠢᠬᠦᠯᠦᠨ᠎ᠡ | ︵ᠠᠷᠪᠠᠨ ᠳᠦᠷᠪᠡ︶ ᠲᠦᠷ ᠴᠠᠭ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ ᠭᠡᠨᠡᠳᠲᠡ ᠶᠢᠨ | ᠴᠢᠨᠠᠷᠲᠠᠶ᠂ ᠲᠤᠯᠭᠠᠮ᠎ᠠ ᠴᠢᠨᠠᠷᠲᠠᠶ᠂ ᠭᠠᠶ ᠭᠠᠮᠰᠢᠭ ᠤᠨ ᠴᠢᠨᠠᠷᠲᠠᠶ ᠬᠦᠴᠢᠷᠳᠡᠯ ᠳᠤ ᠤᠴᠠᠷᠠᠭᠰᠠᠨ ᠵᠡᠷᠭᠡ | ᠰᠢᠯᠲᠠᠭᠠᠨ ᠠᠴᠠ ᠪᠣᠯᠵᠤ᠂ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠳᠤ | ᠤᠴᠠᠷᠠᠭᠰᠠᠨ᠂ ᠡᠰᠡᠬᠦᠯ᠎ᠡ ᠠᠮᠢᠳᠤᠷᠠᠯ ᠤᠨ ᠴᠢᠬᠤᠯᠠ ᠬᠡᠷᠡᠭᠴᠡᠭᠡ ᠪᠦᠬᠦᠢ ᠵᠠᠷᠤᠯᠭ᠎ᠠ ᠨᠢ ᠭᠡᠨᠡᠳᠲᠡ ᠨᠡᠮᠡᠭᠳᠡᠭᠰᠡᠨ ᠠᠴᠠ | ᠪᠣᠯᠵᠤ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠳᠠᠪᠠᠭᠰᠠᠨ᠂ ᠲᠤᠰ ᠪᠡᠶ᠎ᠡ ᠪᠠ ᠭᠡᠷ ᠪᠦᠯᠢ ᠳᠡᠭᠡᠨ ᠲᠦᠰᠢᠭᠯᠡᠨ | ᠰᠢᠢᠳᠪᠦᠷᠢᠯᠡᠵᠦ ᠳᠡᠶᠢᠯᠬᠦ ᠦᠭᠡᠶ᠂ ᠪᠤᠰᠤᠳ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠲᠦᠷ ᠴᠠᠭ | ᠬᠠᠮᠤᠷᠬᠤ ᠶᠢᠨ ᠠᠷᠭ᠎ᠠ ᠦᠭᠡᠶ ᠪᠤᠶᠤ ᠠᠪᠤᠷᠠᠨ ᠲᠤᠰᠠᠯᠠᠭᠰᠠᠨ ᠤ ᠳᠠᠷᠠᠭ᠎ᠠ ᠠᠮᠢᠳᠤᠷᠠᠯ ᠨᠢ ᠮᠥᠨ ᠬᠦ ᠬᠦᠴᠢᠷᠳᠡᠯᠲᠡᠶ | ᠭᠡᠷ ᠪᠦᠯᠢ ᠪᠤᠶᠤ ᠬᠤᠪᠢ ᠬᠥᠮᠦᠨ ᠳᠤ ᠠᠪᠤᠷᠠᠨ ᠲᠤᠰᠠᠯᠠᠬᠤ ᠮᠥᠩᠭᠦ᠂ ᠪᠣᠳᠠᠲᠤ ᠡᠳ᠋ ᠣᠯᠭᠤᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠲᠦᠷ ᠴᠠᠭ ᠠᠪᠤᠷᠠᠨ ᠲᠤᠰᠠᠯᠠᠬᠤ ᠶᠢ ᠰᠦᠪᠡᠭᠴᠢᠯᠡᠬᠦ ᠬᠡᠷᠡᠭᠲᠡᠶ᠃ ᠬᠦᠴᠢᠷᠳᠡᠯᠲᠡᠶ | ᠪᠠᠶᠢᠳᠠᠯ ᠢ ᠦᠨᠳᠦᠰᠦᠯᠡᠨ ᠲᠦᠷ ᠴᠠᠭ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠵᠤ᠂ ᠲᠥᠷᠥᠯ ᠳᠡᠰ | ᠬᠤᠪᠢᠶᠠᠨ ᠠᠪᠤᠷᠠᠨ ᠲᠤᠰᠠᠯᠠᠬᠤ ᠬᠡᠷᠡᠭᠲᠡᠶ᠃ ᠠᠳᠠᠯᠢ ᠪᠤᠰᠤ ᠬᠦᠴᠢᠷᠳᠡᠯᠲᠡᠶ ᠪᠠᠶᠢᠳᠠᠯ ᠢ ᠦᠨᠳᠦᠰᠦᠯᠡᠨ᠂ ᠪᠠᠴᠢᠮ | ᠬᠦᠴᠢᠷᠳᠡᠯᠲᠡᠶ ᠬᠡᠯᠪᠡᠷᠢ ᠶᠢᠨ ᠲᠦᠷ ᠴᠠᠭ ᠠᠪᠤᠷᠠᠨ ᠲᠤᠰᠠᠯᠠᠬᠤ ᠪᠠ ᠵᠠᠷᠤᠯᠭ᠎ᠠ ᠶᠢᠨ ᠬᠡᠯᠪᠡᠷᠢ ᠶᠢᠨ ᠲᠦᠷ ᠴᠠᠭ | ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠪᠠᠴᠢᠮ ᠬᠦᠴᠢᠷ ᠮᠠᠶ᠋ᠢᠭ ᠤᠨ ᠲᠦᠷ ᠴᠠᠭ ᠠᠪᠤᠷᠠᠨ ᠲᠤᠰᠠᠯᠠᠬᠤ ᠳᠤ᠂ | ︽ᠤᠷᠢᠳᠠᠪᠠᠷ ᠠᠪᠤᠷᠠᠨ ᠲᠤᠰᠠᠯᠠᠬᠤ︾ ᠠᠷᠭ᠎ᠠ ᠮᠠᠶ᠋ᠢᠭ ᠢ ᠠᠪᠴᠤ᠂ ᠰᠢᠭᠤᠳ ᠠᠪᠤᠷᠠᠨ ᠲᠤᠰᠠᠯᠠᠵᠤ᠂ ᠪᠠᠴᠢᠮ | ᠬᠦᠴᠢᠷ ᠪᠠᠶᠢᠳᠠᠯ ᠢ ᠲᠠᠶᠢᠯᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠢ ᠨᠥᠬᠦᠪᠥᠷᠢᠯᠡᠬᠦ | ᠬᠡᠷᠡᠭᠲᠡᠶ᠃ ᠡᠷᠦᠬᠡ ᠠᠮᠠ ᠶᠢᠨ ᠬᠠᠷᠢᠶ᠎ᠠ ᠶᠢᠨ ᠭᠠᠵᠠᠷ᠂ ᠣᠷᠣᠰᠢᠨ ᠰᠠᠭᠤᠭ᠎ᠠ ᠭᠠᠵᠠᠷ ᠤᠨ ᠭᠤᠶᠤᠴᠢᠯᠠᠯ ᠤᠨ | ᠬᠢᠵᠠᠭᠠᠷᠯᠠᠯ ᠢ ᠠᠯᠬᠤᠮ ᠠᠯᠬᠤᠮ ᠢᠶᠠᠷ ᠬᠦᠴᠦᠨ ᠦᠭᠡᠶ ᠪᠣᠯᠭᠠᠵᠤ᠂ ᠪᠠᠴᠢᠮ ᠬᠦᠴᠢᠷᠳᠡᠯᠲᠡᠶ ᠭᠠᠵᠠᠷ ᠣᠷᠣᠨ ᠨᠢ | ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ ᠶᠢᠨ ᠬᠠᠮᠲᠤ ᠲᠦᠷ ᠴᠠᠭ ᠠᠪᠤᠷᠠᠨ | ᠲᠤᠰᠠᠯᠠᠬᠤ ᠮᠥᠩᠭᠦ ᠣᠯᠭᠤᠨ᠎ᠠ᠃ ᠵᠠᠷᠤᠯᠭ᠎ᠠ ᠶᠢᠨ ᠬᠡᠯᠪᠡᠷᠢ ᠶᠢᠨ ᠲᠦᠷ ᠴᠠᠭ ᠠᠪᠤᠷᠠᠨ ᠲᠤᠰᠠᠯᠠᠬᠤ ᠳᠤ᠂ ᠬᠢᠨᠠᠨ | ᠬᠠᠷᠭᠤᠭᠤᠯᠵᠤ ᠮᠠᠭᠠᠳᠯᠠᠨ ᠲᠣᠭᠲᠠᠭᠠᠬᠤ ᠳᠡᠰ ᠳᠠᠷᠠᠭᠠᠯᠠᠯ ᠶᠣᠰᠣᠭᠠᠷ ᠭᠦᠢᠴᠡᠳᠬᠡᠵᠦ᠂ ︽ᠱᠠᠲᠤ ᠬᠤᠪᠢᠶᠠᠨ ᠬᠢᠨᠠᠨ | ᠵᠥᠪᠰᠢᠶᠡᠷᠡᠬᠦ︾᠂ ︽ᠨᠢᠭᠡ ᠤᠳᠠᠭ᠎ᠠ ᠳᠤ ᠬᠢᠨᠠᠨ ᠵᠥᠪᠰᠢᠶᠡᠷᠡᠬᠦ᠂ ᠱᠠᠲᠤ ᠬᠤᠪᠢᠶᠠᠨ ᠠᠪᠤᠷᠠᠨ ᠲᠤᠰᠠᠯᠠᠬᠤ︾ ᠵᠡᠷᠭᠡ | ᠠᠷᠭ᠎ᠠ ᠮᠠᠶ᠋ᠢᠭ ᠢ ᠠᠪᠴᠤ᠂ ᠠᠪᠤᠷᠠᠨ ᠲᠤᠰᠠᠯᠠᠬᠤ ᠬᠤᠭᠤᠴᠠᠭᠠᠲᠤ ᠴᠢᠨᠠᠷ ᠢ ᠴᠢᠩᠭᠠᠷᠠᠭᠤᠯᠬᠤ ᠬᠡᠷᠡᠭᠲᠡᠶ᠃ ᠲᠦᠷ | ᠴᠠᠭ ᠠᠪᠤᠷᠠᠨ ᠲᠤᠰᠠᠯᠠᠬᠤ ᠪᠡᠯᠡ ᠮᠥᠩᠭᠦ ᠣᠯᠭᠤᠬᠤ ᠶᠢ ᠵᠢᠷᠤᠮᠵᠢᠭᠤᠯᠵᠤ᠂ ᠵᠠᠷᠴᠢᠮ ᠳᠡᠭᠡᠷ᠎ᠡ ᠪᠠᠨ ᠠᠪᠤᠷᠠᠨ | ᠲᠤᠰᠠᠯᠠᠬᠤ ᠵᠣᠭᠤᠰ ᠤᠨ ᠲᠤᠭ᠎ᠠ ᠨᠢ ᠲᠤᠬᠠᠶ ᠶᠢᠨ ᠭᠠᠵᠠᠷ ᠤᠨ ᠲᠤᠰ ᠵᠢᠯ ᠤᠨ ᠬᠤᠲᠠ ᠶᠢᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢᠨ 5 ᠳᠠᠬᠢᠨ ︵ᠪᠠᠭᠲᠠᠨ᠎ᠠ︶ ᠤ ᠳᠣᠲᠣᠷ᠎ᠠ ᠪᠠᠶᠢᠪᠠᠯ᠂ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠬᠢᠨᠠᠨ ᠵᠥᠪᠰᠢᠶᠡᠷᠡᠵᠦ ᠮᠠᠭᠠᠳᠯᠠᠨ ᠲᠣᠭᠲᠠᠭᠠᠨ᠎ᠠ︔ 1 . | 5 ᠲᠦᠮᠡᠨ ᠲᠥᠭᠦᠷᠢᠭ ︵ᠪᠠᠭᠲᠠᠨ᠎ᠠ︶ ᠤᠨ ᠳᠣᠲᠣᠷ᠎ᠠ ᠪᠠᠶᠢᠪᠠᠯ᠂ ᠬᠤᠰᠢᠭᠤᠨ ︵ᠲᠣᠭᠤᠷᠢᠭ︶ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ ᠵᠥᠪᠰᠢᠶᠡᠷᠡᠵᠦ ᠮᠠᠭᠠᠳᠯᠠᠨ ᠲᠣᠭᠲᠠᠭᠠᠨ᠎ᠠ︔ 1 . 5 | ᠲᠦᠮᠡᠨ ᠲᠥᠭᠦᠷᠢᠭ ᠠᠴᠠ ᠳᠡᠭᠡᠭᠰᠢ ᠪᠣᠯ᠂ ᠬᠤᠰᠢᠭᠤᠨ ︵ᠣᠷᠣᠨ︶ ᠤ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠠᠴᠠ ︽ᠨᠢᠭᠡ ᠤᠴᠢᠷ ᠢ | ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠨ᠎ᠠ᠃ ᠡᠯ᠎ᠡ ᠬᠤᠰᠢᠭᠤ ︵ | ᠣᠷᠣᠨ︶ ᠪᠣᠳᠠᠲᠠᠶ ᠲᠠᠢ ᠪᠠᠨ ᠤᠶᠠᠯᠳᠤᠭᠤᠯᠤᠨ ᠡᠯ᠎ᠡ ᠱᠠᠲᠤᠨ ᠤ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ | ᠠᠪᠤᠷᠠᠨ ᠲᠤᠰᠠᠯᠠᠬᠤ ᠵᠣᠭᠤᠰᠣᠨ ᠤ ᠲᠤᠭ᠎ᠠ ᠶᠢᠨ ᠡᠷᠬᠡ ᠶᠢᠨ ᠬᠢᠵᠠᠭᠠᠷ ᠢ ᠵᠣᠬᠢᠰᠲᠠᠶ ᠲᠣᠬᠢᠷᠠᠭᠤᠯᠵᠤ ᠪᠣᠯᠤᠨ᠎ᠠ᠃ | ᠪᠠᠴᠢᠮ ᠬᠦᠴᠢᠷᠳᠡᠯ ᠠᠴᠠ ᠪᠣᠯᠣᠭᠰᠠᠨ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠪᠠ ᠪᠠᠴᠢᠮ ᠬᠦᠴᠢᠷᠳᠡᠯ ᠤᠨ | ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠠᠷᠭ᠎ᠠ ᠵᠠᠮ ᠢ ᠰᠢᠯᠤᠭᠤᠳᠬᠠᠵᠤ | ᠂ ᠲᠦᠷᠭᠡᠨ ᠳᠣᠰᠬᠠᠯ ᠲᠠᠢ ᠪᠠᠶᠢᠬᠤ᠂ ᠣᠨᠴᠣᠭᠤᠢ ᠬᠡᠷᠡᠭ ᠢ ᠬᠠᠮᠲᠤᠷᠠᠨ ᠵᠥᠪᠳᠡᠯᠴᠡᠬᠦ ︽ᠪᠠᠴᠢᠮ ᠬᠦᠴᠢᠷᠳᠡᠯ ᠠᠴᠠ | ᠠᠪᠤᠷᠬᠠᠤ︾ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠶᠢᠨ ᠲᠦᠷ ᠴᠠᠭ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢᠨ ᠳᠦᠷᠢᠮ ᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ | ᠬᠢᠨᠠᠨ ᠵᠥᠪᠰᠢᠶᠡᠷᠡᠬᠦ ᠲᠤᠭ᠎ᠠ ᠬᠡᠮᠵᠢᠶ᠎ᠡ ᠶᠢ ᠵᠣᠬᠢᠰᠲᠠᠶ ᠳᠡᠭᠡᠭᠰᠢᠯᠡᠭᠦᠯᠦᠨ᠂ ᠵᠢᠯᠣᠭᠤᠳᠴᠤ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠬᠠᠮᠢᠶᠠᠷᠴᠤ ᠬᠡᠷᠡᠭᠯᠡᠬᠦ ᠶᠢ ᠵᠢᠷᠤᠮᠵᠢᠭᠤᠯᠤᠨ᠎ᠠ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ︵ᠣᠷᠣᠨ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ︵ᠠᠷᠪᠠᠨ ᠲᠠᠪᠤ︶ ᠠᠮᠢᠳᠤᠷᠠᠯ ᠳᠠᠭᠠᠨ ᠵᠥᠪ ᠥᠬᠡᠶ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ | ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠣᠨ᠎ᠠ᠃ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ | ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠠᠷᠠᠳ ᠤᠨ ᠶᠠᠪᠤᠳᠠᠯ᠂ | ᠳᠣᠲᠣᠭᠠᠳᠤ ᠶᠢ ᠬᠠᠮᠠᠭᠠᠯᠠᠬᠤ᠂ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠨᠠᠶᠢᠳᠠᠵᠤ | ᠠᠰᠠᠷᠠᠭᠤᠯᠬᠤ ᠪᠠᠶᠢᠭᠤᠯᠤᠮᠵᠢ ᠵᠡᠷᠭᠡ ᠬᠠᠮᠢᠶ᠎ᠠ ᠪᠥᠬᠦᠢ ᠰᠠᠯᠠᠭ᠎ᠠ ᠮᠥᠴᠢᠷ ᠵᠡᠭᠡᠯᠢ ᠪᠠᠷ ᠲᠣᠭᠤᠷᠢᠨ ᠪᠠᠶᠢᠴᠠᠭᠠᠬᠤ ᠪᠠ | ᠳᠠᠮᠵᠢᠭᠤᠯᠤᠨ ᠲᠠᠨᠢᠯᠴᠠᠭᠤᠯᠵᠤ ᠰᠢᠢᠳᠪᠦᠷᠢᠯᠡᠬᠦ᠂ ᠪᠡᠶ᠎ᠡ ᠭᠠᠷᠤᠯ ᠢ ᠨᠢ ᠪᠠᠶᠢᠴᠠᠭᠠᠨ ᠯᠠᠪᠯᠠᠬᠤ᠂ ᠠᠵᠢᠯ ᠲᠥᠷᠥᠯ ᠤᠨ | ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠱᠠᠲᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠨᠠᠶᠢᠳᠠᠵᠤ | ᠠᠰᠠᠷᠠᠭᠤᠯᠬᠤ ᠪᠠᠶᠢᠭᠤᠯᠤᠮᠵᠢ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠤᠨ ᠪᠡᠶ᠎ᠡ ᠶᠢᠨ ᠠᠮᠤᠷ ᠲᠦᠪᠰᠢᠨ ᠪᠣᠯᠤᠨ | ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠪᠠ ᠡᠭᠡᠭᠦᠯᠦᠨ ᠪᠤᠴᠠᠭᠠᠵᠤ | ᠲᠣᠭᠲᠠᠭᠤᠨ ᠪᠠᠶᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ 3 ᠰᠠᠷ᠎ᠠ ᠶᠢ ᠬᠡᠲᠦᠷᠡᠭᠰᠡᠨ ᠪᠠᠶᠢᠲᠠᠯ᠎ᠠ ᠮᠦᠨ ᠬᠦ | ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠨᠢ ᠪᠠᠶᠢᠴᠠᠭᠠᠨ ᠲᠣᠳᠣᠯᠠᠬᠤ ᠶᠢᠨ ᠠᠷᠭ᠎ᠠ ᠥᠬᠡᠶ ᠪᠠᠶᠢᠭ᠎ᠠ ᠬᠥᠮᠦᠰ ᠲᠤ | ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠢᠴᠢ ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠤᠳ | ᠡᠷᠦᠬᠡ ᠠᠮᠠ ᠣᠷᠣᠭᠤᠯᠵᠤ ᠲᠥᠪᠬᠢᠨᠡᠭᠦᠯᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠨᠥᠬᠦᠴᠡᠯ ᠳᠤ | ᠨᠡᠶᠢᠴᠡᠬᠦ ᠬᠥᠮᠦᠰ ᠲᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠲᠥᠭᠡᠷᠢᠭᠰᠡᠨ᠂ ᠬᠦᠴᠦ ᠶᠠᠪᠤᠬᠤ ᠠᠷᠭ᠎ᠠ ᠦᠭᠡᠶ ᠪᠣᠯᠤᠭᠰᠠᠨ᠂ ᠭᠡᠷ ᠪᠦᠯᠢ ᠶᠢᠨ ᠬᠦᠴᠦᠷᠬᠡᠭᠯᠡᠯ ᠤᠨ ᠬᠤᠬᠢᠷᠠᠯ | ᠠᠮᠰᠠᠭᠴᠢ ᠵᠡᠷᠭᠡ ᠭᠡᠷ ᠠᠴᠠ ᠪᠠᠨ ᠰᠠᠯᠤᠭᠠᠳ ᠲᠦᠷ ᠴᠠᠭ ᠬᠦᠴᠢᠷᠳᠡᠯ ᠳᠤ ᠤᠴᠠᠷᠠᠭᠰᠠᠨ ᠬᠥᠮᠦᠰ ᠲᠤ | ᠢᠳᠡᠪᠬᠢᠲᠡᠶ ᠪᠠᠷ ᠲᠤᠰᠠᠯᠠᠮᠵᠢ ᠬᠠᠩᠭᠠᠨ᠎ᠠ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ︵ᠣᠷᠣᠨ︶ | ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ︵ᠠᠷᠪᠠᠨ ᠵᠢᠷᠭᠤᠭ᠎ᠠ︶ ᠬᠦᠨᠳᠦ ᠶᠡᠭᠡ ᠬᠢᠵᠢᠭ ᠤᠨ ᠪᠠᠶᠢᠳᠠᠯ ᠵᠡᠷᠭᠡ ᠭᠡᠨᠡᠳᠲᠡ ᠡᠭᠦᠰᠬᠦ ᠣᠯᠠᠨ ᠨᠡᠶᠢᠲᠡ ᠶᠢᠨ | ᠬᠡᠷᠡᠭ ᠤᠨ ᠬᠦᠴᠢᠷᠳᠡᠯᠲᠡᠶ ᠣᠯᠠᠨ ᠲᠦᠮᠡᠨ ᠢ ᠪᠠᠴᠢᠮ ᠬᠦᠴᠢᠷᠳᠡᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ | ᠬᠢᠨ᠎ᠡ᠃ ᠬᠦᠴᠢᠷᠳᠡᠯᠲᠡᠶ ᠣᠯᠠᠨ ᠲᠦᠮᠡᠨ ᠤ ᠪᠠᠴᠢᠮ ᠬᠦᠴᠢᠷᠳᠡᠯ ᠠᠴᠠ ᠠᠪᠤᠷᠠᠨ ᠲᠤᠰᠠᠯᠠᠬᠤ ᠶᠢ ᠭᠡᠨᠡᠳᠲᠡ ᠡᠭᠦᠰᠬᠦ | ᠣᠯᠠᠨ ᠨᠡᠶᠢᠲᠡ ᠶᠢᠨ ᠬᠡᠷᠡᠭ ᠤᠨ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ | ᠣᠷᠣᠭᠤᠯᠵᠤ᠂ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠪᠠᠴᠢᠮ ᠠᠪᠤᠷᠠᠨ | ᠲᠤᠰᠠᠯᠠᠬᠤ ᠳᠡᠰ ᠳᠠᠷᠠᠭᠠᠯᠠᠯ ᠢ ᠲᠣᠳᠣᠷᠬᠠᠶᠢᠯᠠᠬᠤ ᠬᠡᠷᠡᠭᠲᠡᠶ᠃ ᠬᠦᠨᠳᠦ ᠶᠡᠭᠡ ᠬᠢᠵᠢᠭ ᠤᠨ ᠪᠠᠶᠢᠳᠠᠯ ᠵᠡᠷᠭᠡ ᠣᠯᠠᠨ | ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠵᠣ ᠨᠥᠯᠥᠭᠡᠯᠡᠭᠳᠡᠭᠰᠡᠨ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠡᠮᠴᠢᠯᠡᠭᠡ ᠪᠠ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠬᠦᠨᠳᠦ ᠶᠡᠭᠡ | ᠬᠢᠵᠢᠭ ᠤᠨ ᠪᠠᠶᠢᠳᠠᠯ ᠵᠡᠷᠭᠡ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠪᠤᠰᠤᠳ | ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠡᠭᠦᠰᠬᠦ ᠳᠤ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ | ᠳᠥᠭᠦᠮᠴᠢᠯᠡᠵᠦ᠂ ᠤᠷᠢᠳᠠᠪᠠᠷ ᠠᠪᠤᠷᠠᠨ ᠲᠤᠰᠠᠯᠠᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠠᠴᠠ ᠪᠣᠯᠵᠤ | ᠬᠦᠴᠢᠷᠳᠡᠯ ᠳᠤ ᠲᠤᠯᠭᠠᠷᠠᠭᠰᠠᠨ ᠬᠥᠮᠦᠰ ᠢ ᠴᠠᠭ ᠲᠤᠬᠠᠶ ᠳᠤᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ | ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠳᠠᠭᠤᠰᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠬᠠᠮᠢᠶ᠎ᠠ | ᠪᠦᠬᠦᠢ ᠭᠠᠷᠳᠠᠮ ᠢ ᠨᠥᠬᠦᠵᠦ ᠪᠦᠷᠢᠳᠦᠭᠦᠯᠬᠦ ᠬᠡᠷᠡᠭᠲᠡᠶ᠃ ᠲᠦᠷ ᠴᠠᠭ ᠤᠨ ᠠᠮᠢᠳᠤᠷᠠᠯ ᠤᠨ ᠨᠥᠬᠦᠪᠥᠷᠢ ᠪᠠ | ᠦᠨᠳᠦᠰᠦᠨ ᠠᠮᠢᠳᠤᠷᠠᠯ ᠤᠨ ᠡᠳ᠋ ᠪᠣᠳᠠᠰ ᠢ ᠱᠠᠳᠣᠴᠢ ᠴᠢᠨᠠᠷᠲᠠᠶ ᠪᠠᠷ ᠣᠯᠭᠤᠬᠤ᠂ ᠦᠨ᠎ᠡ ᠬᠠᠩᠰᠢ ᠶᠢᠨ | ᠨᠥᠬᠦᠪᠥᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ﹇ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠡᠮᠴᠢᠯᠡᠭᠡᠨ ᠤ ᠪᠠᠳᠣᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ︵ | ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ᠲᠠᠪᠤ᠂ ᠨᠡᠶᠢᠭᠡᠮ ᠤᠨ ᠬᠦᠴᠦᠨ ᠤ ᠠᠪᠤᠷᠠᠨ ᠲᠤᠰᠠᠯᠠᠬᠤ ᠳᠤ ᠣᠷᠣᠯᠴᠠᠬᠤ ᠶᠢ ᠠᠬᠢᠭᠤᠯᠤᠨ᠎ᠠ | ︵ᠠᠷᠪᠠᠨ ᠳᠣᠯᠤᠭ᠎ᠠ︶ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ | ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠳᠤ ᠣᠷᠣᠯᠴᠠᠬᠤ ᠶᠢ | ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠ ᠬᠤᠪᠢ | ᠬᠥᠮᠦᠨ ᠢ ᠳᠠᠶᠢᠴᠢᠯᠠᠨ ᠬᠥᠲᠥᠯᠥᠨ ᠵᠢᠯᠣᠭᠤᠳᠴᠤ ᠪᠠᠶᠢᠭᠠᠳ ᠵᠣᠭᠤᠰ ᠮᠥᠩᠭᠦ ᠡᠳ᠋ ᠪᠣᠳᠠᠰ ᠬᠠᠨᠳᠢᠪᠯᠠᠬᠤ᠂ ᠲᠥᠷᠥᠯ | ᠵᠦᠢᠯ ᠪᠠᠶᠢᠭᠤᠯᠬᠤ᠂ ᠦᠢᠯᠡᠴᠢᠯᠡᠭᠡ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠬᠦᠴᠢᠷᠳᠡᠯᠲᠡᠶ ᠣᠯᠠᠨ ᠲᠦᠮᠡᠨ ᠢ | ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠨᠡᠶᠢᠭᠡᠮ ᠤᠨ | ᠠᠪᠤᠷᠠᠨ ᠲᠤᠰᠠᠯᠠᠯᠲᠠ ᠳᠤ ᠣᠷᠣᠯᠴᠠᠭᠰᠠᠨ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠳᠤ ᠭᠠᠶᠢᠯᠢ | ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠲᠤᠪᠤᠶᠢᠮ᠎ᠠ ᠢᠯᠡᠷᠡᠯ ᠲᠠᠢ ᠪᠠᠶᠢᠪᠠᠯ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠨ᠎ᠠ᠃ | ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠪᠠ ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠶᠢ ᠵᠣᠯᠭᠠᠭᠤᠯᠬᠤ | ᠲᠣᠭᠲᠠᠴᠠ ᠶᠢ ᠪᠠᠶᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ | ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠨᠡᠶᠢᠲᠡᠯᠡᠬᠦ᠂ ᠲᠥᠷᠥ ᠶᠢᠨ ᠪᠣᠳᠣᠯᠭ᠎ᠠ ᠶᠢᠨ | ᠯᠠᠪᠯᠠᠯᠭ᠎ᠠ ᠥᠭᠬᠦ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠬᠦ᠂ ᠲᠥᠷᠥᠯ ᠵᠦᠢᠯ ᠤᠨ ᠵᠢᠯᠣᠭᠤᠳᠤᠮᠵᠢ ᠬᠢᠬᠦ᠂ | ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠲᠡᠮᠳᠡᠭᠯᠡᠯ ᠤᠨ ᠭᠡᠷᠡᠴᠢᠯᠡᠯ ᠬᠢᠬᠦ ᠵᠡᠷᠭᠡ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ | ᠬᠠᠶᠢᠷ᠎ᠠ ᠬᠠᠯᠠᠮᠵᠢ ᠬᠦᠷᠲᠡᠭᠰᠡᠳ ᠵᠡᠷᠭᠡ ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠲᠤᠰᠠᠯᠠᠬᠤ ᠰᠠᠶᠢᠨ ᠳᠤᠷ᠎ᠠ ᠶᠢᠨ | ᠦᠢᠯᠡᠴᠢᠯᠡᠭᠡ ᠥᠷᠨᠢᠭᠦᠯᠬᠦ ᠳᠤ ᠨᠥᠬᠦᠴᠡᠯ ᠡᠭᠦᠳᠴᠦ᠂ ᠳᠥᠭᠦᠮ ᠦᠵᠡᠭᠦᠯᠬᠦ ᠬᠡᠷᠡᠭᠲᠡᠶ᠃ ﹇ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠠᠷᠠᠳ ᠤᠨ | ᠶᠠᠪᠤᠳᠠᠯ ᠤᠨ ᠲᠣᠪᠴᠢᠶ᠎ᠠ᠂ ᠠᠶᠢᠮᠠᠭ ᠤᠨ ᠡᠪᠯᠡᠯ ᠤᠨ ᠬᠤᠷᠢᠶ᠎ᠠ᠂ ᠠᠶᠢᠮᠠᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ﹈ | ︵ᠠᠷᠪᠠᠨ ᠨᠠᠢᠮᠠ︶ ᠨᠡᠶᠢᠭᠡᠮ ᠤᠨ ᠠᠵᠢᠯ ᠤᠨ ᠲᠤᠰᠬᠠᠶ ᠬᠦᠴᠦᠨ ᠤ ᠨᠡᠶᠢᠭᠡᠮ ᠤᠨ ᠠᠪᠤᠷᠠᠨ ᠲᠤᠰᠠᠯᠠᠬᠤ ᠳᠤ | ᠣᠷᠣᠯᠴᠠᠬᠤ ᠶᠢ ᠳᠡᠮᠵᠢᠨ᠎ᠡ᠃ ᠨᠡᠶᠢᠭᠡᠮ ᠤᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠶᠢ ᠲᠦᠷᠭᠡᠳᠬᠡᠵᠦ᠂ | ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠠᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠪᠠ | ᠨᠡᠶᠢᠭᠡᠮ ᠤᠨ ᠠᠵᠢᠯᠲᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠵᠢᠨ ᠬᠡᠷᠡᠭᠴᠡᠭᠡ ᠱᠠᠭᠠᠷᠳᠠᠯᠭ᠎ᠠ ᠶᠢ ᠦᠨᠡᠯᠡᠨ | ᠵᠢᠱᠢᠬᠦ ᠵᠡᠷᠭᠡ ᠠᠵᠢᠯ ᠥᠷᠨᠢᠭᠦᠯᠬᠦ ᠶᠢ ᠳᠡᠮᠵᠢᠬᠦ ᠶᠢᠨ ᠬᠠᠮᠲᠤ ᠠᠪᠤᠷᠠᠨ ᠲᠤᠰᠠᠯᠠᠬᠤ ᠡᠲᠡᠭᠡᠳ ᠲᠤ ᠰᠡᠳᠬᠢᠴᠡ ᠶᠢᠨ | ᠵᠢᠯᠣᠭᠤᠳᠣᠯᠭ᠎ᠠ ᠬᠢᠬᠦ᠂ ᠴᠢᠳᠠᠪᠤᠷᠢ ᠶᠢ ᠨᠢ ᠳᠡᠭᠡᠭᠰᠢᠯᠡᠭᠦᠯᠬᠦ ᠵᠡᠷᠭᠡ ᠦᠢᠯᠡᠴᠢᠯᠡᠭᠡ ᠬᠠᠩᠭᠠᠵᠤ᠂ ᠬᠦᠴᠢᠷᠳᠡᠯᠲᠡᠶ ᠣᠯᠠᠨ | ᠲᠦᠮᠡᠨ ᠢ ᠬᠠᠪᠰᠤᠷᠤᠨ ᠭᠡᠷ ᠪᠦᠯᠢ ᠪᠠ ᠨᠡᠶᠢᠭᠡᠮ ᠤᠨ ᠳᠡᠮᠵᠢᠯᠭᠡ ᠶᠢᠨ ᠲᠤᠤᠷ ᠰᠦᠯᠵᠢᠶ᠎ᠡ ᠶᠢ ᠪᠠᠶᠢᠭᠤᠯᠤᠨ᠎ᠠ᠃ ᠨᠠᠮ | ᠣᠯᠠᠨ ᠲᠦᠮᠡᠨ ᠤ ᠦᠢᠯᠡᠴᠢᠯᠡᠬᠡᠨ ᠤ ᠲᠥᠪ᠂ ᠨᠡᠶᠢᠭᠡᠮ ᠲᠣᠭᠤᠷᠢᠭ ᠤᠨ ᠦᠢᠯᠡᠴᠢᠯᠡᠬᠡᠨ ᠤ ᠲᠥᠪ ᠵᠡᠷᠭᠡ | ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠬᠡᠨ ᠤ ᠲᠠᠪᠴᠠᠩ ᠳᠤ ᠲᠦᠰᠢᠭᠯᠡᠨ ᠰᠤᠮᠤ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠠ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ | ᠨᠡᠶᠢᠭᠡᠮ ᠤᠨ ᠠᠵᠢᠯ ᠤᠨ ᠥᠷᠲᠡᠭᠡ ᠶᠢ ᠪᠠᠶᠢᠭᠤᠯᠵᠤ᠂ ᠨᠡᠶᠢᠭᠡᠮ ᠤᠨ ᠠᠵᠢᠯ ᠤᠨ ᠦᠢᠯᠡᠴᠢᠯᠡᠬᠡᠨ ᠤ | ᠪᠠᠶᠢᠭᠤᠯᠤᠮᠵᠢ ᠶᠢᠨ ᠨᠡᠶᠢᠭᠡᠮ ᠤᠨ ᠠᠪᠤᠷᠠᠨ ᠲᠤᠰᠠᠯᠠᠬᠤ ᠳᠤ ᠣᠷᠣᠯᠴᠠᠬᠤ ᠳᠤ ᠴᠢᠬᠤᠯᠠ ᠪᠦᠬᠦᠢ ᠠᠵᠢᠯᠯᠠᠬᠤ ᠲᠠᠯᠠᠪᠤᠷ | ᠬᠠᠩᠭᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠪᠠᠷ ᠭᠤᠤᠯ ᠪᠣᠯᠭᠠᠭᠰᠠᠨ ᠦᠢᠯᠡᠴᠢᠯᠡᠬᠡᠨ ᠤ ᠪᠠᠶᠢᠭᠤᠯᠤᠮᠵᠢ ᠨᠢ | ᠵᠣᠬᠢᠬᠤ ᠬᠠᠷᠢᠴᠠᠯ ᠢᠶᠠᠷ ᠨᠡᠶᠢᠭᠡᠮ ᠤᠨ ᠠᠵᠢᠯ ᠤᠨ ᠲᠤᠰᠬᠠᠶ ᠠᠵᠢᠯ ᠤᠨ ᠪᠠᠶᠢᠷᠢ ᠪᠠᠶᠢᠷᠢᠯᠠᠭᠤᠯᠬᠤ ᠶᠢ | ᠵᠣᠷᠢᠭᠵᠢᠭᠤᠯᠤᠨ ᠬᠥᠲᠥᠯᠦᠨ ᠵᠢᠯᠣᠭᠤᠳᠤᠨ᠎ᠠ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠬᠤᠷᠢᠶ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶﹈ | ︵ᠠᠷᠪᠠ ᠶᠢᠰᠦ︶ ᠵᠠᠰᠠᠭ ᠤᠨ ᠣᠷᠳᠣᠨ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ | ᠠᠪᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ ᠶᠠᠪᠤᠳᠠᠯ ᠢ ᠡᠷᠬᠢᠯᠡᠨ | ᠭᠦᠢᠴᠡᠳᠬᠡᠬᠦ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠬᠦᠴᠦᠨ ᠪᠠ ᠵᠠᠬ᠎ᠠ | ᠳᠡᠯᠭᠡᠭᠦᠷ ᠤᠨ ᠭᠤᠣᠯ ᠴᠣᠭᠴᠠ ᠠᠴᠠ ᠨᠡᠶᠢᠭᠡᠮ ᠤᠨ ᠠᠪᠤᠷᠠᠨ ᠲᠤᠰᠠᠯᠠᠬᠤ ᠶᠠᠪᠤᠳᠠᠯ ᠤᠨ ᠴᠢᠨᠠᠷᠲᠠᠢ᠂ | ᠦᠢᠯᠡᠴᠢᠯᠡᠭᠡᠨ ᠤ ᠴᠢᠨᠠᠷᠲᠠᠢ ᠠᠵᠢᠯ ᠢ ᠬᠤᠳᠠᠯᠳᠤᠨ ᠠᠪᠬᠤ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠡᠷᠬᠢᠯᠡᠨ | ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠬᠦᠷᠦᠯᠴᠡᠬᠦ ᠦᠭᠡᠢ ᠪᠠᠶᠢᠬᠤ ᠶᠢ ᠨᠠᠮᠳᠠᠭᠤᠯᠤᠨ᠎ᠠ᠃ ᠵᠠᠰᠠᠭ ᠤᠨ | ᠣᠷᠳᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭᠰᠡᠬᠦ ᠵᠠᠷᠤᠳᠠᠯ ᠢ | ᠡᠯ᠎ᠡ ᠱᠠᠲᠤᠨ ᠤ ᠨᠢᠭᠡᠨᠲᠡ ᠪᠠᠶᠢᠭ᠎ᠠ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠤᠨ ᠵᠠᠷᠤᠳᠠᠯ ᠪᠤᠶᠤ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠬᠠᠶ ᠵᠠᠷᠤᠳᠠᠯ ᠳᠣᠲᠣᠷ᠎ᠠ ᠠᠴᠠ ᠨᠢᠭᠡᠳᠦᠯᠲᠡᠶ ᠲᠥᠯᠥᠪᠯᠡᠨ | ᠲᠣᠬᠢᠷᠠᠭᠤᠯᠵᠤ᠂ ᠶᠡᠷᠦᠩᠬᠡᠶ ᠲᠤᠭ᠎ᠠ ᠶᠢ ᠵᠠᠷᠴᠢᠮ ᠳᠡᠭᠡᠷ᠎ᠡ ᠪᠠᠨ ᠳᠡᠭᠡᠷ᠎ᠡ ᠵᠢᠯ ᠤᠨ ᠲᠥᠪ ᠪᠠ ᠥᠪᠡᠷᠲᠡᠭᠡᠨ ᠵᠠᠰᠠᠬᠤ | ᠣᠷᠣᠨ ᠤ ᠪᠠᠭᠤᠯᠭᠠᠭᠰᠠᠨ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠲᠤᠰᠠᠯᠠᠮᠵᠢ ᠶᠢᠨ ᠪᠡᠯᠡ | ᠮᠥᠩᠭᠦ ᠶᠢᠨ ᠨᠡᠶᠢᠯᠡᠪᠦᠷᠢ ᠶᠢᠨ 2 % ᠠᠴᠠ ᠬᠡᠲᠦᠷᠡᠭᠦᠯᠵᠦ ᠪᠣᠯᠬᠤ ᠦᠭᠡᠶ᠃ ᠡᠯ᠎ᠡ ᠭᠠᠵᠠᠷ ᠤᠨ ᠬᠢᠨ ᠲᠣᠰ | ᠱᠠᠲᠤᠨ ᠤ ᠲᠣᠬᠢᠷᠠᠭᠤᠯᠤᠭᠰᠠᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠲᠤᠰᠬᠠᠶ ᠪᠠᠯᠠ ᠮᠥᠩᠭᠦ ᠶᠢᠨ | ᠳᠣᠲᠣᠷ᠎ᠠ ᠠᠴᠠ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ | ᠵᠠᠷᠤᠳᠠᠯ ᠢ ᠬᠤᠪᠢᠶᠠᠷᠢᠯᠠᠨ ᠰᠢᠯᠵᠢᠭᠦᠯᠬᠦ ᠳᠡᠭᠡᠨ᠂ ᠲᠥᠰᠦᠪ ᠨᠠᠶᠢᠷᠠᠭᠤᠯᠤᠨ ᠵᠣᠬᠢᠶᠠᠬᠤ ᠡᠬᠢᠨ ᠤ ᠦᠶ᠎ᠡ ᠳᠤ ᠪᠤᠶᠤ | ᠬᠠᠤᠯᠢ ᠶᠣᠰᠣᠭᠠᠷ ᠲᠥᠰᠦᠪ ᠲᠤ ᠲᠣᠬᠢᠷᠠᠭᠤᠯᠤᠯᠲᠠ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠳᠣᠷᠬᠠᠶᠢᠯᠠᠬᠤ | ᠬᠡᠷᠡᠭᠲᠡᠶ᠃ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ | ᠲᠣᠳᠣᠷᠬᠠᠢ ᠬᠠᠭᠤᠳᠠᠰᠤ ᠶᠢ ᠲᠣᠭᠲᠠᠭᠠᠵᠤ᠂ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ | ᠦᠢᠯᠡᠴᠢᠯᠡᠭᠡ ᠬᠤᠳᠠᠯᠳᠤᠨ ᠠᠪᠬᠤ ᠳᠤ ᠲᠠᠯᠪᠢᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭ ᠤᠨ ᠡᠮᠦᠨ᠎ᠡ | ᠂ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯᠳᠤᠨ ᠠᠪᠬᠤ | ᠪᠡᠶᠡᠴᠢ ᠴᠣᠭᠴᠠ᠂ ᠦᠢᠯᠡᠴᠢᠯᠡᠬᠦ ᠡᠲᠡᠭᠡᠳ ᠵᠢᠴᠢ ᠭᠤᠷᠪᠠᠳᠠᠬᠢ ᠡᠲᠡᠭᠡᠳ ᠠᠴᠠ ᠶᠡᠷᠦᠩᠬᠡᠶᠢᠯᠡᠭᠰᠡᠨ ᠴᠢᠨᠠᠷᠲᠠᠢ | ᠦᠨᠡᠯᠡᠯᠲᠡ ᠬᠢᠬᠦ ᠲᠣᠭᠲᠠᠴᠠ ᠶᠢ ᠪᠦᠷᠢᠨᠰᠢᠭᠦᠯᠦᠨ᠎ᠡ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠷᠠᠳ ᠤᠨ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ᠵᠢᠷᠭᠤᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ︵ᠬᠤᠷᠢ︶ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠠᠶᠢᠮᠠᠭ᠂ ᠬᠤᠰᠢᠭᠤ ︵ᠣᠷᠣᠨ︶᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤᠨ ᠤ ᠬᠦᠴᠢᠷᠳᠡᠯᠲᠡᠶ ᠣᠯᠠᠨ ᠲᠦᠮᠡᠨ | ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠰᠤᠷᠪᠤᠯᠵᠢᠯᠠᠬᠤ᠂ ᠠᠪᠤᠷᠠᠨ ᠲᠤᠰᠠᠯᠠᠬᠤ ᠴᠢᠬᠤᠯᠠᠲᠠᠶ ᠬᠦᠴᠢᠷᠳᠡᠯᠲᠡᠶ | ᠣᠯᠠᠨ ᠲᠦᠮᠡᠨ ᠢ ᠣᠯᠵᠤ ᠮᠡᠳᠡᠪᠡᠯ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ ᠪᠠᠶᠢᠭᠤᠯᠤᠯᠲᠠ ᠶᠢᠨ | ᠴᠢᠬᠤᠯᠠ ᠠᠵᠢᠯ ᠤᠨ ᠠᠭᠤᠯᠭ᠎ᠠ ᠳᠤ ᠣᠷᠣᠭᠤᠯᠵᠤ᠂ ᠬᠤᠪᠢᠶᠠᠭᠰᠠᠨ ᠬᠡᠰᠡᠭ ᠤᠨ ᠬᠠᠮᠢᠶᠠᠷᠤᠯᠲᠠ ᠶᠢᠨ ᠠᠵᠢᠯᠲᠠᠨ ᠤ | ᠦᠢᠯᠡᠳᠦᠯ ᠢ ᠬᠦᠢᠴᠡᠳ ᠪᠠᠳᠠᠷᠠᠭᠤᠯᠤᠨ᠂ ᠬᠦᠴᠢᠷᠳᠡᠯᠲᠡᠶ ᠣᠯᠠᠨ ᠲᠦᠮᠡᠨ ᠢ ᠬᠤᠪᠢᠶᠠᠭᠰᠠᠨ ᠬᠡᠰᠡᠭ ᠤᠨ | ᠬᠠᠮᠢᠶᠠᠷᠤᠯᠲᠠ ᠳᠤ ᠣᠷᠣᠭᠤᠯᠤᠨ᠎ᠠ᠃ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠭᠡᠷ ᠪᠦᠯᠢ ᠶᠢᠨ ᠬᠥᠳᠡᠯᠦᠩᠭᠦᠶ | ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠣᠷᠣᠯᠭ᠎ᠠ ᠪᠠᠭᠠᠲᠠᠶ ᠬᠥᠮᠦᠨ ᠠᠮᠠ ᠶᠢᠨ | ᠬᠥᠳᠡᠯᠦᠩᠭᠦᠶ ᠬᠢᠨᠠᠨ ᠬᠡᠮᠵᠢᠬᠦ ᠬᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ᠃ ︽ | 12349︾ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠬᠡᠨ ᠤ ᠤᠲᠠᠰᠤ ᠶᠢ ᠪᠥᠬᠦ ᠠᠶᠢᠮᠠᠭ ᠤᠨ ︽12345︾ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠲᠠᠢ ᠨᠡᠶᠢᠯᠡᠭᠦᠯᠵᠤ᠂ ︽ | 12345︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢᠨ | ᠴᠢᠳᠠᠮᠵᠢ ᠶᠢ ᠬᠦᠢᠴᠡᠳ ᠪᠠᠳᠠᠷᠠᠭᠤᠯᠤᠨ᠂ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠣᠯᠠᠨ ᠲᠦᠮᠡᠨ ᠤ | ᠲᠤᠰᠬᠠᠭᠰᠠᠨ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠬᠦ ᠪᠠ ᠬᠦᠢᠴᠡᠳᠭᠡᠬᠦ ᠶᠢ ᠦᠨᠡᠨᠬᠦ ᠪᠠᠲᠤᠯᠠᠨ᠎ᠠ᠃ | ᠨᠡᠶᠢᠭᠡᠮ ᠤᠨ ᠠᠪᠤᠷᠠᠨ ᠲᠤᠰᠠᠯᠠᠬᠤ ᠬᠦᠰᠡᠯ ᠱᠠᠭᠠᠷᠳᠠᠯᠭ᠎ᠠ ᠶᠢ ᠲᠦᠷᠭᠡᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠪᠠᠴᠢᠮ ᠬᠦᠴᠢᠷᠳᠡᠯ ᠠᠴᠠ ᠪᠣᠯᠣᠭᠰᠠᠨ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠪᠠ | ᠪᠠᠴᠢᠮ ᠬᠦᠴᠢᠷᠳᠡᠯ ᠤᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠶᠢ ᠰᠢᠯᠤᠭᠤᠳᠬᠠᠵᠤ᠂ | ᠰᠠᠨᠠᠭᠠᠴᠢᠯᠠᠭ᠎ᠠ ᠠᠴᠠ ᠪᠠᠨ ᠠᠷᠭ᠎ᠠ ᠵᠠᠮ ᠢ ᠢᠯᠡᠷᠡᠭᠦᠯᠵᠦ᠂ ᠰᠢᠢᠳᠪᠦᠷᠢᠯᠡᠬᠦ ᠵᠦᠢᠯᠡᠰ᠂ ᠲᠠᠰ ᠳᠠᠷᠠᠭᠠᠯᠠᠯ᠂ ᠴᠠᠭ ᠤᠨ | ᠬᠢᠵᠠᠭᠠᠷ ᠢ ᠲᠣᠳᠣᠷᠬᠠᠶᠢᠯᠠᠵᠤ᠂ ᠬᠡᠷᠡᠭᠴᠡᠭᠡ ᠲᠠᠢ ᠬᠦᠴᠢᠷᠳᠡᠯᠲᠡᠶ ᠣᠯᠠᠨ ᠲᠦᠮᠡᠨ ᠳᠤ ᠴᠠᠭ ᠲᠤᠬᠠᠶ ᠳᠤᠨᠢ ᠠᠪᠤᠷᠠᠨ | ᠲᠤᠰᠠᠯᠠᠬᠤ ᠦᠢᠯᠡᠴᠢᠯᠡᠭᠡ ᠬᠠᠩᠭᠠᠨ᠎ᠠ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ᠂ ᠡᠯ᠎ᠡ ᠬᠤᠰᠢᠭᠤ ︵ | ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ︵ᠬᠤᠷᠢᠨ ᠨᠢᠭᠡ︶ ᠨᠡᠶᠢᠭᠡᠮ ᠤᠨ ᠠᠪᠤᠷᠠᠨ ᠲᠤᠰᠠᠯᠠᠬᠤ ᠶᠢ ᠬᠢᠨᠠᠨ ᠬᠠᠷᠭᠤᠭᠤᠯᠵᠤ ᠨᠤᠲᠠᠯᠠᠬᠤ ᠳᠡᠰ | ᠳᠠᠷᠠᠭᠠᠯᠠᠯ ᠢ ᠰᠢᠯᠢᠳᠡᠭᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠶᠢ ᠭᠤᠶᠤᠴᠢᠯᠠᠬᠤ ᠶᠠᠪᠤᠴᠠ ᠶᠢ | ᠳᠥᠭᠦᠮᠴᠢᠯᠡᠵᠦ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠭᠠᠷᠲᠠᠨ | ᠬᠦᠢᠴᠡᠳᠭᠡᠬᠦ ᠪᠠᠶᠢᠭᠤᠯᠤᠮᠵᠢ ᠪᠤᠶᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠤᠨ ᠶᠡᠷᠦᠩᠬᠡᠶᠢᠯᠡᠭᠰᠡᠨ | ᠦᠢᠯᠡᠴᠢᠯᠡᠬᠡᠨ ᠤ ᠴᠤᠩᠬᠤᠪᠴᠢ ᠳᠤ ᠲᠦᠰᠢᠭᠯᠡᠨ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠢ ᠨᠢᠭᠡᠳᠦᠯᠲᠡᠶ | ᠭᠥᠯᠢᠶᠡᠨ ᠠᠪᠴᠤ ᠰᠢᠢᠳᠪᠦᠷᠢᠯᠡᠨ᠎ᠡ᠃ ᠨᠥᠬᠦᠴᠡᠯ ᠲᠠᠢ ᠭᠠᠵᠠᠷ ᠣᠷᠣᠨ ᠨᠢ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠭᠤᠶᠤᠴᠢᠯᠠᠯ ᠢ ᠤᠨᠳᠤᠤ ᠭᠠᠵᠠᠷ ᠲᠤ ᠭᠥᠯᠢᠶᠡᠨ ᠠᠪᠴᠤ | ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ | ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠶᠢ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ ᠰᠤᠮᠤ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠡᠮᠬᠢ ᠵᠢᠷᠤᠮ ᠲᠠᠢ ᠪᠠᠷ ᠪᠠᠭᠤᠯᠭᠠᠬᠤ ᠶᠢ ᠲᠦᠷᠭᠡᠳᠬᠡᠨ | ᠠᠬᠢᠭᠤᠯᠵᠤ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠬᠢᠨᠠᠨ ᠬᠠᠷᠭᠤᠭᠤᠯᠵᠤ | ᠮᠠᠭᠠᠳᠯᠠᠨ ᠲᠣᠭᠲᠠᠭᠠᠬᠤ ᠠᠵᠢᠯ ᠢ ᠬᠠᠷᠢᠭᠤᠴᠠᠨ᠂ ᠬᠤᠰᠢᠭᠤᠨ ︵ᠣᠷᠣᠨ︶ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠠᠴᠠ ᠲᠤᠬᠠᠶᠢᠯᠠᠭᠰᠠᠨ ᠠᠵᠢᠯ ᠢ ᠵᠢᠯᠣᠭᠤᠳᠬᠤ᠂ ᠪᠠᠯᠠ ᠮᠥᠩᠭᠦ ᠣᠯᠭᠤᠬᠤ ᠪᠠ ᠬᠢᠨᠠᠨ ᠬᠠᠮᠢᠶᠠᠷᠬᠤ ᠠᠵᠢᠯ ᠢ | ᠬᠠᠷᠢᠭᠤᠴᠠᠨ᠎ᠠ᠃ ︽ᠨᠢᠭᠡ ᠰᠠᠯᠠᠭ᠎ᠠ ᠮᠥᠴᠢᠷ ᠬᠦᠯᠢᠶᠡᠨ ᠠᠪᠴᠤ᠂ ᠬᠠᠮᠵᠢᠯᠴᠠᠨ ᠭᠦᠢᠴᠡᠳᠬᠡᠬᠦ︾ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠶᠢ ᠬᠢᠨᠠᠨ ᠬᠠᠷᠭᠤᠭᠤᠯᠵᠤ ᠨᠤᠲᠠᠯᠠᠬᠤ ᠳᠡᠰ | ᠳᠠᠷᠠᠭᠠᠯᠠᠯ ᠢ ᠰᠢᠯᠢᠳᠡᠭᠵᠢᠭᠦᠯᠦᠨ᠂ ᠮᠠᠷᠭᠤᠯᠳᠤᠭᠠᠨ ᠦᠭᠡᠶ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠭᠡᠷ | ᠪᠦᠯᠢ ᠳᠤ ᠠᠷᠠᠳᠴᠢᠯᠠᠯ ᠢᠶᠠᠷ ᠦᠨᠡᠯᠡᠯᠲᠡ ᠬᠢᠬᠦ ᠦᠭᠡᠶ ᠪᠠᠶᠢᠵᠤ ᠪᠣᠯᠤᠨ᠎ᠠ᠃ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤ ᠶᠢ ᠭᠤᠶᠤᠴᠢᠯᠠᠭᠰᠠᠨ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠭᠤᠶᠤᠴᠢᠯᠠᠭᠴᠢ ᠶᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠢᠶᠠᠷ ᠳᠠᠮᠵᠢᠭᠤᠯᠤᠨ | ᠪᠠᠶᠢᠴᠠᠭᠠᠨ ᠯᠠᠪᠯᠠᠵᠤ ᠪᠣᠯᠬᠤ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠬᠠᠩᠭᠠᠯᠭᠠᠬᠤ ᠪᠠᠷ ᠳᠠᠭᠢᠵᠤ ᠱᠠᠭᠠᠷᠳᠠᠬᠤ | ᠥᠬᠡᠶ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ︵ | ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶﹈ | ︵ᠬᠤᠷᠢᠨ ᠬᠤᠶᠠᠷ︶ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠢ ᠲᠦᠢᠯ ᠤᠨ ᠣᠨᠣᠪᠴᠢᠲᠠᠶ ᠪᠠᠷ | ᠮᠠᠭᠠᠳᠯᠠᠨ ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠷᠭᠤᠭᠤᠯᠬᠤ ᠠᠵᠢᠯ ᠤᠨ ᠲᠣᠭᠲᠠᠴᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠭᠡᠷ ᠪᠦᠯᠢ ᠶᠢᠨ ᠠᠵᠤ | ᠠᠬᠤᠶ ᠶᠢᠨ ᠪᠠᠶᠢᠳᠠᠯ ᠢ ᠬᠠᠷᠭᠤᠭᠤᠯᠬᠤ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠠᠯᠠᠭ᠎ᠠ | ᠮᠥᠴᠢᠷ ᠤᠳ ᠤᠨ ᠬᠤᠭᠤᠷᠣᠨᠳᠣ ᠪᠠᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠠᠳᠠᠯᠢ ᠪᠤᠰᠤ | ᠰᠠᠯᠠᠭ᠎ᠠ ᠮᠥᠴᠢᠷ ᠤᠨ ᠬᠤᠭᠤᠷᠣᠨᠳᠣᠬᠢ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠭᠡᠷ ᠪᠦᠯᠢ ᠶᠢᠨ ᠬᠠᠮᠢᠶ᠎ᠠ | ᠪᠦᠬᠦᠢ ᠮᠡᠳᠡᠭᠡ ᠵᠠᠩᠭᠢ ᠶᠢ ᠬᠠᠮᠲᠤ ᠳᠠᠭᠠᠨ ᠡᠳᠯᠡᠬᠦ ᠶᠢ ᠪᠡᠶᠡᠯᠡᠭᠦᠯᠬᠦ ᠬᠡᠷᠡᠭᠲᠡᠶ᠃ ᠨᠡᠶᠢᠭᠡᠮ ᠤᠨ ᠠᠪᠤᠷᠠᠨ | ᠲᠤᠰᠠᠯᠠᠬᠤ ᠶᠢ ᠬᠠᠷᠭᠤᠭᠤᠯᠬᠤ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠭᠡᠷ ᠪᠦᠯᠢ ᠶᠢᠨ ᠠᠵᠤ ᠠᠬᠤᠶ ᠶᠢᠨ | ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠢ ᠮᠠᠭᠠᠳᠯᠠᠨ | ᠲᠣᠭᠲᠠᠭᠠᠬᠤ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ᠡᠩ ᠤᠨ ᠪᠠᠶᠢᠳᠠᠯ ᠳᠣᠣᠷ᠎ᠠ᠂ ᠨᠡᠶᠢᠭᠡᠮ ᠤᠨ ᠠᠪᠤᠷᠠᠨ | ᠲᠤᠰᠠᠯᠠᠬᠤ ᠶᠢ ᠰᠢᠨ᠎ᠡ ᠪᠠᠷ ᠭᠤᠶᠤᠴᠢᠯᠠᠭᠰᠠᠨ ᠡᠲᠡᠭᠡᠳ ᠲᠤ ︽ᠠᠪᠤᠷᠠᠨ ᠲᠤᠰᠠᠯᠠᠬᠤ ᠪᠦᠷᠢ ᠵᠠᠪᠠᠯ ᠬᠠᠷᠭᠤᠭᠤᠯᠬᠤ︾ | ᠶᠢ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠶᠢ ᠨᠢᠭᠡᠨᠲᠡ ᠬᠦᠷᠲᠡᠭᠰᠡᠨ ᠡᠲᠡᠭᠡᠳ ᠲᠤ ᠲᠣᠭᠲᠠᠮᠠᠯ | ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳᠠᠬᠢᠨ ᠬᠢᠨᠠᠬᠤ ᠶᠢ ᠬᠡᠷᠡᠭᠵᠢᠭᠦᠯᠦᠨ᠎ᠡ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠵᠢᠴᠢ ᠲᠡᠭᠦᠨ ᠤ ᠭᠡᠷ | ᠪᠦᠯᠢ ᠶᠢᠨ ᠪᠦᠷᠢᠯᠳᠦᠬᠦᠨ ᠳᠤ ᠡᠷᠬᠡ ᠣᠯᠭᠤᠭᠰᠠᠨ ᠤ ᠳᠠᠷᠠᠭ᠎ᠠ᠂ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ | ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠪᠤᠶᠤ | ᠵᠠᠰᠠᠭ ᠤᠨ ᠶᠠᠪᠤᠳᠠᠯ ᠤᠨ ᠡᠬᠢ ᠪᠠᠶᠠᠯᠢᠭ ᠢ ᠬᠠᠮᠲᠤ ᠳᠤ ᠪᠠᠨ ᠭᠥᠷᠳᠡᠵᠦ ᠰᠣᠯᠢᠯᠴᠠᠬᠤ ᠲᠠᠪᠴᠠᠩ ᠳᠤ ᠳᠦᠰᠢᠭᠯᠡᠨ᠂ | ᠨᠡᠶᠢᠭᠡᠮ ᠤᠨ ᠠᠪᠤᠷᠠᠨ ᠲᠤᠰᠠᠯᠠᠬᠤ ᠬᠡᠷ ᠪᠦᠯᠢ ᠵᠢᠴᠢ ᠲᠡᠭᠦᠨ ᠤ ᠬᠡᠷ ᠪᠦᠯᠢ ᠶᠢᠨ ᠬᠠᠮᠢᠶ᠎ᠠ ᠪᠥᠬᠦᠶ ᠪᠦᠷᠢᠯᠳᠦᠬᠦᠨ ᠤ | ᠡᠷᠦᠬᠡ ᠠᠮᠠ ᠶᠢᠨ ᠲᠠᠩᠰᠠ ᠶᠢᠨ ᠪᠠᠶᠢᠳᠠᠯ ᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠯᠠᠪᠯᠠᠵᠦ᠂ ᠮᠠᠰᠢᠨᠲᠤ ᠲᠡᠷᠭᠡ | ᠪᠠᠶᠢᠬᠤ ᠡᠰᠡᠬᠦ᠂ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠪᠠᠶᠢᠳᠠᠯ᠂ ᠨᠡᠶᠢᠭᠡᠮ ᠤᠨ ᠪᠠᠲᠤᠯᠠᠭ᠎ᠠ | ᠲᠤᠰᠢᠶᠠᠭᠰᠠᠨ ᠪᠠ ᠠᠪᠤᠭᠰᠠᠨ ᠪᠠᠶᠢᠳᠠᠯ᠂ ᠭᠠᠶᠢᠯᠢ ᠲᠤᠰᠢᠶᠠᠭᠰᠠᠨ ᠲᠡᠮᠳᠡᠭᠯᠡᠯ᠂ ᠦᠯᠦ ᠬᠥᠳᠡᠯᠬᠦ ᠬᠦ᠋ᠷᠦᠩᠭᠡ ᠶᠢᠨ | ᠳᠠᠩᠰᠠᠯᠠᠯᠲᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠢᠴᠢ ᠪᠠᠩᠬᠢ᠂ | ᠬᠤᠳᠠᠯᠳᠤᠭᠠᠨ ᠤ ᠳᠠᠭᠠᠳᠬᠠᠯ ᠳᠣᠰᠢᠶᠠᠭᠰᠠᠨ᠂ ᠢᠨᠲ᠋ᠧᠷ ᠰᠦᠯᠵᠢᠶᠡᠨ ᠤ ᠮᠥᠩᠭᠦᠨ ᠬᠦᠢᠯᠬᠡᠬᠡᠨ ᠤ ᠡᠳ᠋ ᠬᠥᠷᠥᠩᠭᠡ | ᠵᠡᠷᠭᠡ ᠮᠡᠳᠡᠭᠡ ᠵᠠᠩᠭᠢ ᠶᠢ ᠪᠠᠶᠢᠴᠠᠭᠠᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠪᠠᠶᠢᠭᠤᠯᠤᠮᠵᠢ ᠨᠤᠭᠤᠳ | ᠵᠣᠬᠢᠴᠠᠩᠭᠤᠶ ᠪᠦᠬᠦᠢ ᠠᠵᠢᠯ ᠤᠨ ᠳᠦᠷᠢᠮ ᠪᠠᠶᠢᠭᠤᠯᠵᠦ᠂ ᠪᠣᠳᠠᠲᠠᠶ ᠳᠠᠭᠠᠭᠠᠨ ᠰᠢᠳᠬᠡᠭᠴᠢ ᠶᠢᠨ ᠢᠳᠡᠪᠬᠢᠲᠡᠶ | ᠬᠠᠮᠵᠢᠯᠴᠠᠬᠤ ᠶᠢ ᠲᠣᠳᠣᠷᠬᠠᠶᠢᠯᠠᠨ᠎ᠠ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ | ᠪᠠᠶᠢᠭᠤᠯᠣᠮᠵᠢ ᠣᠷᠣᠨ ᠲᠤᠭ᠎ᠠ ᠶᠢᠨ ᠬᠤᠷᠢᠶᠠᠨ ᠤ ᠠᠯᠪᠠᠨ ᠬᠡᠷ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ᠂ ᠮᠥᠩᠭᠦᠨ ᠬᠦᠢᠯᠬᠡᠬᠡᠨ ᠤ ᠠᠵᠢᠯ ᠤᠨ ᠠᠯᠪᠠᠨ ᠬᠡᠷ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠮᠴᠢᠯᠡᠭᠡᠨ ᠤ ᠪᠠᠳᠣᠯᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠪᠠ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠠᠶᠢᠮᠠᠭ ᠤᠨ ᠵᠡᠮᠳᠡᠭᠴᠦᠳ ᠤᠨ ᠬᠤᠯᠪᠣᠭ᠎ᠠ᠂ | ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠬᠤᠪᠢᠶᠠᠷᠢ ᠲᠣᠪᠴᠢᠶ᠎ᠠ᠂ ᠠᠷᠠᠳ ᠤᠨ ᠪᠠᠩᠬᠢ﹈ | ︵ᠬᠤᠷᠢᠨ ᠭᠤᠷᠪᠠ︶ ᠣᠶᠤᠨᠴᠢ ᠪᠠᠷ ᠠᠪᠤᠷᠠᠨ ᠲᠤᠰᠠᠯᠠᠬᠤ ᠶᠢ ᠶᠡᠬᠡᠪᠡᠷ ᠠᠬᠢᠭᠤᠯᠤᠨ᠎ᠠ᠃ ᠨᠡᠶᠢᠭᠡᠮ ᠤᠨ | ᠠᠪᠤᠷᠠᠨ ᠲᠤᠰᠠᠯᠠᠬᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠠᠶᠢᠮᠠᠭ ᠤᠨ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠪᠠᠷ ᠭᠥᠷᠳᠡᠬᠦ ᠲᠠᠪᠴᠠᠩ ᠳᠤ ᠲᠦᠰᠢᠭᠯᠡᠨ | ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠤᠨ ᠬᠥᠮᠥᠷᠭᠡ ᠪᠠᠶᠢᠭᠤᠯᠬᠤ ᠶᠢᠨ ᠬᠠᠮᠲᠤ᠂ ᠳ᠋ᠠᠶᠢᠲ᠋ᠠ ᠬᠥᠮᠥᠷᠭᠡ | ᠪᠠᠶᠢᠭᠤᠯᠬᠤ᠂ ᠳ᠋ᠠᠶᠢᠲ᠋ᠠ ᠶᠢ ᠬᠠᠷᠢᠭᠤᠴᠠᠯᠭᠠᠲᠤ ᠨᠢᠭᠡᠴᠡ ᠳᠤ ᠴᠤᠭᠯᠠᠭᠤᠯᠬᠤ᠂ ᠵᠠᠰᠠᠭ ᠤᠨ ᠣᠷᠳᠣᠨ ᠤ ᠰᠠᠯᠠᠭ᠎ᠠ | ᠮᠥᠴᠢᠷ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠬᠦᠴᠦᠨ ᠬᠠᠮᠲᠤ ᠪᠠᠷ | ᠭᠥᠷᠳᠡᠬᠦ ᠪᠠᠷ ᠳᠡᠮᠵᠢᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠥᠷᠨᠢᠭᠦᠯᠦᠭᠰᠡᠨ ᠡᠯ᠎ᠡ ᠲᠥᠷᠥᠯ ᠤᠨ | ᠮᠡᠳᠡᠭᠡ ᠵᠠᠩᠭᠢ ᠶᠢ ᠲᠣᠳᠣᠷᠬᠠᠶᠢᠯᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠡ ᠪᠠ ᠨᠡᠶᠢᠭᠡᠮ ᠤᠨ ᠬᠦᠴᠦᠨ ᠤ | ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠳᠤ ᠲᠤᠯᠭᠠᠭᠤᠷᠢᠯᠠᠯ ᠬᠠᠩᠭᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ | ᠦᠢᠯᠡᠴᠢᠯᠡᠭᠡ ᠶᠢ ᠰᠢᠯᠵᠢᠶ᠎ᠡ ᠲᠡᠰᠢ ᠤᠷᠲᠤᠳᠬᠠᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠸᠢᠴᠠᠲ ᠲᠠᠪᠴᠠᠩ ᠳᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠬᠡᠨ ᠤ ᠲᠤᠰᠬᠠᠶ ᠪᠤᠯᠤᠩ ᠨᠡᠭᠡᠭᠡᠵᠦ᠂ | ᠬᠦᠴᠢᠷᠳᠡᠯᠲᠡᠶ ᠣᠯᠠᠨ ᠲᠦᠮᠡᠨ ᠳᠤ ᠠᠪᠤᠷᠠᠨ ᠲᠤᠰᠠᠯᠠᠬᠤ ᠵᠦᠢᠯᠡᠰ ᠢ ᠭᠤᠶᠤᠴᠢᠯᠠᠬᠤ᠂ ᠪᠠᠶᠢᠴᠠᠭᠠᠨ ᠯᠠᠪᠯᠠᠬᠤ᠂ | ᠬᠦᠢᠴᠡᠳᠭᠡᠬᠦ ᠵᠡᠷᠭᠡ ᠦᠢᠯᠡᠴᠢᠯᠡᠭᠡ ᠬᠠᠩᠭᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠸᠢᠴᠠᠲ ᠤᠨ | ᠦᠢᠯᠡᠴᠢᠯᠡᠭᠡ︾ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠨ ᠸᠢᠴᠠᠲ ᠲᠤ ᠲᠦᠰᠢᠭᠯᠡᠨ᠂ ᠠᠵᠢᠯ ᠶᠠᠪᠤᠳᠠᠯ ᠬᠦᠢᠴᠡᠳᠭᠡᠬᠦ ᠣᠯᠠᠨ ᠲᠦᠮᠡᠨ ᠳᠤ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠦᠯᠵᠢᠶᠡᠨ ᠳᠡᠭᠡᠷ᠎ᠡ ᠭᠤᠶᠤᠴᠢᠯᠠᠬᠤ᠂ ᠲᠥᠰᠦᠭᠡᠯᠡᠨ ᠪᠤᠳᠤᠬᠤ ᠵᠡᠷᠭᠡ | ᠦᠢᠯᠡᠴᠢᠯᠡᠭᠡ ᠬᠠᠩᠭᠠᠵᠤ᠂ ᠲᠡᠩᠬᠡᠷᠡᠭᠦᠯᠦᠨ ᠲᠤᠰᠠᠯᠠᠬᠤ ᠵᠦᠢᠯᠡᠰ ᠢ ︽ᠰᠦᠯᠵᠢᠶᠡᠨ ᠳᠡᠭᠡᠷ᠎ᠡ ᠬᠦᠢᠴᠡᠳᠭᠡᠬᠦ︾ ︽ | ᠭᠠᠷ ᠣᠳᠠᠰᠣ ᠪᠠᠷ ᠬᠦᠢᠴᠡᠳᠭᠡᠬᠦ︾ ᠶᠢ ᠪᠡᠶᠡᠯᠡᠭᠦᠯᠦᠨ᠎ᠡ᠃ ﹇ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ | ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠮᠴᠢᠯᠡᠭᠡᠨ ᠤ ᠪᠠᠳᠣᠯᠠᠭ᠎ᠠ ᠶᠢᠨ ᠲᠣᠪᠴᠢᠶ᠎ᠠ᠂ ᠠᠶᠢᠮᠠᠭ ᠤᠨ ᠲᠣᠮᠣ | ᠳ᠋ᠠᠶᠢᠲ᠋ᠠ ᠶᠢᠨ ᠲᠥᠪ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶﹈ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠬᠤᠷᠢᠨ ᠳᠥᠷᠪᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠨᠠᠮ ᠤᠨ | ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠠᠷᠠᠳ ᠤᠨ ᠶᠠᠪᠤᠳᠠᠯ ᠲᠦᠷᠦᠭᠦᠯᠡᠨ ᠬᠢᠬᠦ᠂ | ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠣᠯᠴᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ | ᠡᠯ᠎ᠡ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ | ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠬᠦᠢᠴᠡᠳᠭᠡᠬᠦᠯᠵᠦ ᠨᠠᠶᠢᠳᠠᠪᠤᠷᠢᠵᠢᠭᠤᠯᠬᠤ ᠵᠡᠷᠭᠡ ᠦᠢᠯᠡᠳᠦᠯ ᠢ | ᠬᠦᠢᠴᠡᠳ ᠪᠠᠳᠠᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠤᠨ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠤᠨ | ᠳᠤᠮᠳᠠ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ | ᠬᠡᠷᠡᠭᠲᠡᠶ᠃ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠡᠯ᠎ᠡ ᠬᠤᠰᠢᠭᠤ ︵ᠣᠷᠣᠨ︶᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ | ᠪᠦᠲᠦᠮᠵᠢ ᠶᠢᠨ ᠦᠨᠡᠯᠡᠯᠲᠡ ᠳᠤ ᠣᠷᠣᠭᠤᠯᠤᠨ᠎ᠠ᠃ ᠡᠯ᠎ᠡ ᠬᠤᠰᠢᠭᠤ ︵ᠣᠷᠣᠨ︶᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠮᠵᠢᠯᠴᠠᠭ᠎ᠠ ᠪᠠᠨ ᠴᠢᠩᠭᠠᠳᠬᠠᠵᠤ᠂ | ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠨᠡᠶᠢᠭᠡᠮ ᠤᠨ ᠠᠪᠤᠷᠠᠨ ᠲᠤᠰᠠᠯᠠᠬᠤ ᠲᠦᠷᠦ ᠶᠢᠨ | ᠪᠤᠳᠤᠯᠭ᠎ᠠ ᠶᠢᠨ ᠤᠬᠠᠭᠤᠯᠭ᠎ᠠ ᠪᠠ ᠤᠨᠤᠯ ᠤᠨ ᠰᠤᠳᠤᠯᠭᠠᠨ ᠢ ᠴᠢᠩᠭᠠᠳᠬᠠᠨ᠎ᠠ᠃ ᠨᠡᠶᠢᠭᠡᠮ ᠤᠨ ᠠᠪᠤᠷᠠᠨ | ᠲᠤᠰᠠᠯᠠᠬᠤ ᠶᠢ ᠶᠡᠷᠦᠩᠬᠡᠶᠢᠯᠡᠨ ᠦᠨᠡᠯᠡᠨ ᠵᠢᠱᠢᠬᠦ ᠶᠢ ᠰᠦᠪᠡᠭᠴᠢᠯᠡᠨ ᠥᠷᠨᠢᠭᠦᠯᠵᠦ᠂ ᠨᠡᠶᠢᠭᠡᠮ ᠤᠨ ᠠᠪᠤᠷᠠᠨ | ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠬᠡᠷᠡᠭᠵᠢᠭᠦᠯᠦᠭᠰᠡᠨ ᠦᠷ᠎ᠡ | ᠪᠦᠲᠦᠮᠵᠢ ᠶᠢ ᠪᠥᠬᠦ ᠲᠠᠯ᠎ᠠ ᠪᠠᠷ ᠪᠤᠰᠤᠳᠴᠢ ᠪᠠᠷ ᠣᠶᠢᠯᠠᠭᠠᠬᠤ ᠬᠡᠷᠡᠭᠲᠡᠶ᠃ | ︵ᠬᠤᠷᠢᠨ ᠲᠠᠪᠤ︶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠲᠦᠷᠦᠭᠦᠯᠡᠨ | ᠨᠢᠭᠡᠳᠦᠯᠲᠡᠶ ᠲᠥᠯᠥᠪᠯᠡᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠠᠪᠤᠷᠠᠨ ᠲᠤᠰᠠᠯᠠᠬᠤ ᠶᠢ | ᠬᠠᠷᠢᠭᠤᠴᠠᠨ᠎ᠠ᠃ ᠡᠯ᠎ᠡ ᠱᠠᠲᠤᠨ ᠤ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ | ᠮᠡᠨᠳᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠮᠴᠢᠯᠡᠭᠡᠨ ᠤ ᠪᠠᠲᠤᠯᠠᠭ᠎ᠠ᠂ ᠬᠠᠤᠯᠢ ᠴᠠᠭᠠᠵᠠ ᠵᠡᠷᠭᠡ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠵᠢᠴᠢ ᠪᠤᠰᠤᠳ ᠣᠷᠣᠯᠭ᠎ᠠ ᠪᠠᠭᠠᠲᠠᠶ ᠭᠡᠷ | ᠪᠦᠯᠢ ᠪᠣᠯᠤᠨ ᠵᠠᠪᠠᠯ ᠵᠠᠷᠤᠴᠠᠭᠤᠯᠬᠤ ᠵᠠᠷᠤᠯᠭ᠎ᠠ ᠠᠴᠠ ᠪᠣᠯᠵᠤ ᠦᠨᠳᠦᠰᠦᠨ ᠠᠮᠢᠳᠤᠷᠠᠯ ᠢ ᠨᠢ ᠨᠡᠯᠢᠶᠡᠳ ᠶᠡᠭᠡ | ᠨᠥᠯᠥᠭᠡᠯᠡᠭᠰᠡᠨ ᠭᠡᠷ ᠪᠦᠯᠢ ᠳᠤ ᠵᠣᠬᠢᠴᠠᠩᠭᠤᠶ ᠲᠤᠰᠬᠠᠶ ᠲᠤᠰᠠᠯᠠᠮᠵᠢ ᠦᠵᠡᠭᠦᠯᠬᠦ ᠪᠤᠶᠤ ᠪᠤᠰᠤᠳ ᠴᠢᠬᠤᠯᠠ ᠪᠦᠬᠦᠢ | ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠨᠢ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ | ᠥᠰᠥᠯᠲᠡ ᠯᠦᠭᠡ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ | ᠡᠳ᠋ ᠤᠨ ᠵᠠᠰᠠᠭ ᠤᠨ ᠰᠠᠯᠠᠭ᠎ᠠ ᠮᠥᠴᠢᠷ ᠲᠦᠷᠦᠭᠦᠯᠡᠨ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠪᠡᠯᠡ | ᠮᠥᠩᠭᠦ ᠶᠢ ᠰᠠᠶᠢᠲᠤᠷ ᠪᠠᠳᠣᠯᠠᠨ᠎ᠠ︔ ᠬᠤᠲᠠ ᠶᠢᠨ ᠱᠠᠲᠤᠨ ᠤ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ᠂ ᠨᠡᠶᠢᠭᠡᠮ ᠤᠨ ᠠᠪᠤᠷᠠᠨ ᠲᠤᠰᠠᠯᠠᠬᠤ ᠲᠤᠭ᠎ᠠ | ᠪᠦᠷᠢᠳᠬᠡᠯ ᠤᠨ ᠳᠦᠷᠢᠮ ᠢ ᠪᠠᠶᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠭᠡᠷ ᠪᠦᠯᠢ ᠶᠢᠨ ᠬᠠᠮᠢᠶ᠎ᠠ ᠪᠦᠬᠦᠢ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠦᠷᠲᠡᠬᠦ ᠵᠡᠷᠭᠡ ᠠᠵᠢᠯ ᠢ ᠰᠠᠶᠢᠲᠤᠷ ᠬᠢᠨ᠎ᠡ᠃ | ︵ᠬᠤᠷᠢᠨ ᠵᠢᠷᠭᠤᠭ᠎ᠠ︶ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ᠎ᠡ᠃ ᠡᠯ᠎ᠡ ᠬᠤᠰᠢᠭᠤ ︵ | ᠣᠷᠣᠨ︶ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ᠣᠲᠣ ᠶᠢᠨ ᠪᠠᠶᠢᠭ᠎ᠠ ᠡᠬᠢ | ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ ᠪᠠᠶᠢᠭᠠᠳ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ | ᠦᠢᠯᠡᠴᠢᠯᠡᠬᠡᠨ ᠤ ᠲᠥᠪ ᠢ ᠪᠠᠶᠢᠭᠤᠯᠵᠤ᠂ ᠡᠯ᠎ᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠯᠦᠭᠡ ᠶᠢᠨ ᠠᠵᠢᠯ ᠤᠨ ᠵᠣᠯᠭᠠᠯᠴᠠᠭ᠎ᠠ ᠶᠢ ᠴᠢᠩᠭᠠᠳᠬᠠᠨ᠎ᠠ᠃ ᠰᠤᠮᠤ ᠪᠠᠯᠭᠠᠰᠤ ︵ᠵᠡᠭᠡᠯᠢ ᠭᠤᠳᠤᠮᠵᠢ ᠶᠢᠨ | ᠠᠯᠪᠠᠨ ᠬᠡᠷ︶ ᠶᠢᠨ ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠲᠠᠨ ᠬᠦᠢᠴᠡᠳᠭᠡᠬᠦ ᠪᠠᠶᠢᠭᠤᠯᠤᠮᠵᠢ ᠶᠢᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠶᠡᠷᠦᠩᠬᠡᠶ | ᠲᠤᠭ᠎ᠠ ᠶᠢᠨ ᠳᠣᠲᠣᠷ᠎ᠠ ᠨᠡᠶᠢᠭᠡᠮ ᠤᠨ ᠠᠪᠤᠷᠠᠨ ᠲᠤᠰᠠᠯᠠᠬᠤ ᠲᠤᠰᠬᠠᠶ ᠠᠵᠢᠯᠲᠠᠨ ᠪᠠ ᠲᠤᠰᠢᠶᠠᠯ ᠬᠠᠪᠰᠤᠷᠭᠠᠭᠰᠠᠨ | ᠠᠵᠢᠯᠲᠠᠨ ᠢ ᠵᠦᠶ ᠵᠣᠬᠢᠰᠲᠠᠶ ᠳᠣᠭᠢᠷᠠᠭᠤᠯᠵᠤ᠂ ᠣᠷᠣᠨ ᠲᠤᠭ᠎ᠠ ᠬᠦᠷᠦᠯᠴᠡᠬᠦ ᠥᠬᠡᠶ ᠭᠠᠵᠠᠷ ᠣᠷᠣᠨ ᠨᠢ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠠᠨ᠋ᠥ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠠᠪᠤᠷᠠᠨ ᠲᠤᠰᠠᠯᠠᠬᠤ | ᠨᠡᠶᠢᠲᠡ ᠶᠢᠨ ᠠᠰᠠᠷᠠᠮᠵᠢ ᠶᠢᠨ ᠦᠢᠯᠡᠴᠢᠯᠡᠬᠡᠨ ᠤ ᠠᠵᠢᠯᠲᠠᠨ ᠢ ᠳᠣᠭᠢᠷᠠᠭᠤᠯᠵᠤ ᠪᠣᠯᠤᠨ᠎ᠠ᠃ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠪᠠᠶᠢᠭᠤᠯᠬᠤ ᠶᠢ ᠠᠬᠢᠭᠤᠯᠵᠤ᠂ | ᠠᠵᠢᠯ ᠤᠨ ᠡᠭᠦᠷᠭᠡ ᠬᠠᠷᠢᠭᠤᠴᠠᠯᠭ᠎ᠠ ᠪᠠ ᠰᠣᠩᠭᠤᠨ ᠲᠣᠮᠢᠯᠠᠬᠤ ᠨᠥᠬᠦᠴᠡᠯ ᠢ ᠲᠣᠳᠣᠷᠬᠠᠶᠢᠯᠠᠨ᠂ ᠰᠢᠯᠭᠠᠨ ᠬᠢᠨᠠᠵᠤ | ᠦᠨᠡᠯᠡᠬᠦ ᠪᠠ ᠲᠤᠰᠠᠯᠠᠵᠤ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠎ᠠ᠃ ᠬᠦᠴᠢᠷᠳᠡᠯᠲᠡᠶ ᠣᠯᠠᠨ ᠲᠦᠮᠡᠨ | ᠨᠡᠯᠢᠶᠡᠳ ᠣᠯᠠᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤ ᠦᠢᠯᠡᠴᠢᠯᠡᠭᠡᠨ ᠤ ᠥᠷᠲᠡᠭᠡ ︵ᠴᠡᠭ︶ ᠪᠠᠶᠢᠭᠤᠯᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠤᠬᠠᠶᠢᠯᠠᠭᠰᠠᠨ ᠠᠵᠢᠯ ᠤᠨ ᠯᠠᠪᠯᠠᠯᠭ᠎ᠠ᠂ ᠢᠯᠡ ᠨᠡᠶᠢᠲᠡᠯᠡᠬᠦ᠂ ᠮᠡᠳᠡᠭᠡ | ᠵᠠᠩᠭᠢ ᠪᠦᠷᠢᠳᠬᠡᠬᠦ ᠵᠢᠴᠢ ᠬᠦᠴᠢᠷᠳᠡᠯᠲᠡᠶ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠣᠯᠵᠤ ᠮᠡᠳᠡᠬᠦ᠂ | ᠲᠡᠩᠬᠡᠷᠡᠭᠦᠯᠦᠨ ᠲᠤᠰᠠᠯᠠᠭᠤᠯᠬᠤ ᠪᠠᠷ ᠭᠤᠶᠤᠴᠢᠯᠠᠬᠤ᠂ ᠣᠯᠠᠨ ᠲᠦᠮᠡᠨ ᠦᠨᠡᠯᠡᠨ ᠶᠠᠷᠢᠯᠴᠠᠬᠤ ᠵᠡᠷᠭᠡ ᠠᠵᠢᠯ ᠢ | ᠬᠠᠪᠰᠤᠷᠤᠨ ᠰᠠᠶᠢᠲᠤᠷ ᠠᠳᠬᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠵᠡᠷᠭᠡ ᠦᠨᠳᠦᠰᠦᠨ | ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠲᠡᠳᠡᠨ ᠳᠤ ᠴᠢᠬᠤᠯᠠ | ᠪᠥᠬᠦᠶ ᠠᠵᠢᠯᠯᠠᠬᠤ ᠲᠠᠯᠠᠪᠤᠷ ᠵᠡᠷᠭᠡ ᠠᠵᠢᠯ ᠤᠨ ᠨᠥᠬᠦᠴᠡᠯ ᠬᠠᠩᠭᠠᠵᠤ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ | ᠪᠠ ᠬᠤᠭᠤᠯᠠᠨ ᠤ ᠵᠠᠷᠤᠳᠠᠯ ᠵᠢᠴᠢ ᠴᠠᠯᠢᠩ ᠣᠯᠭᠤᠮᠵᠢ ᠶᠢ ᠨᠢ ᠵᠣᠬᠢᠰᠲᠠᠶ ᠪᠠᠷ ᠨᠥᠬᠦᠪᠥᠷᠢᠯᠡᠵᠦ᠂ ᠵᠠᠷᠴᠢᠮ | ᠳᠡᠭᠡᠷ᠎ᠡ ᠪᠠᠨ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠠᠵᠢᠯ ᠤᠨ ᠨᠥᠬᠦᠪᠥᠷᠢ ᠶᠢᠨ ᠶᠡᠷᠦᠩᠬᠡᠶ | ᠵᠣᠭᠤᠰ ᠤᠨ ᠲᠤᠭ᠎ᠠ ᠶᠢ ᠵᠢᠯ ᠳᠤ ᠬᠥᠮᠦᠨ ᠳᠤᠮᠳᠠᠴᠢ ᠪᠠᠷ 2400 ᠲᠥᠭᠦᠷᠢᠭ ᠠᠴᠠ ᠳᠤᠲᠠᠭᠤ ᠥᠬᠡᠶ ᠪᠠᠶᠢᠯᠭᠠᠵᠤ ᠂ | ᠪᠣᠳᠠᠲᠠᠶ ᠨᠥᠬᠦᠪᠥᠷᠢ ᠶᠢᠨ ᠪᠠᠷᠢᠮᠵᠢᠶ᠎ᠠ ᠶᠢ ᠡᠯ᠎ᠡ ᠬᠤᠰᠢᠭᠤ ︵ᠣᠷᠣᠨ︶ ᠠᠴᠠ ᠲᠤᠬᠠᠶ ᠶᠢᠨ ᠭᠠᠵᠠᠷ ᠤᠨ | ᠪᠣᠳᠠᠲᠠᠶ ᠲᠠᠢ ᠪᠠᠨ ᠤᠶᠠᠯᠳᠤᠭᠤᠯᠤᠨ ᠲᠣᠭᠲᠠᠭᠠᠵᠤ᠂ ᠬᠡᠷᠡᠭᠰᠡᠬᠦ ᠵᠠᠷᠤᠳᠠᠯ ᠢ ᠡᠯ᠎ᠡ ᠱᠠᠲᠤᠨ ᠤ ᠡᠳ᠋ ᠤᠨ ᠵᠠᠰᠠᠭ ᠤᠨ | ᠲᠥᠰᠦᠪ ᠲᠤ ᠣᠷᠣᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠢ ᠴᠢᠩᠭᠠᠳᠬᠠᠨ᠎ᠠ᠃ | ︵ᠬᠤᠷᠢᠨ ᠳᠣᠯᠤᠭ᠎ᠠ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠨᠠᠨ ᠪᠣᠳᠣᠵᠤ ᠬᠢᠨᠠᠯᠲᠠ | ᠲᠠᠯᠪᠢᠬᠤ ᠶᠢ ᠴᠢᠩᠭᠠᠷᠠᠭᠤᠯᠵᠤ᠂ ᠪᠡᠯᠡ ᠮᠥᠩᠭᠦ ᠶᠢ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠪᠠ ᠰᠠᠭᠠᠲᠠᠭᠠᠨ | ᠦᠯᠡᠳᠡᠭᠡᠬᠦ ᠵᠡᠷᠭᠡ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠬᠤ ᠶᠢᠨ ᠬᠠᠮᠲᠤ ᠬᠠᠤᠯᠢ ᠲᠣᠭᠲᠠᠭᠠᠯ ᠰᠠᠬᠢᠯᠭ᠎ᠠ | ᠪᠠᠲᠤ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ | ᠮᠡᠬᠡᠯᠡᠨ ᠠᠪᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠮᠡᠬᠡᠯᠡᠨ | ᠠᠪᠤᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠥᠩᠭᠦ ᠶᠢ ᠬᠠᠤᠯᠢ ᠲᠣᠭᠲᠠᠭᠠᠯ ᠶᠣᠰᠣᠭᠠᠷ ᠨᠡᠬᠡᠮᠵᠢᠯᠡᠨ | ᠠᠪᠴᠢᠷᠠᠬᠤ ᠶᠢᠨ ᠬᠠᠮᠲᠤ ᠬᠠᠷᠢᠭᠤᠴᠠᠯᠭ᠎ᠠ ᠨᠡᠬᠡᠮᠵᠢᠯᠡᠨ᠎ᠡ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ | ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠭᠠᠵᠠᠷ ᠤᠨ ᠬᠢᠨ ᠤ | ᠪᠣᠳᠠᠲᠠᠶ ᠲᠠᠢ ᠪᠠᠨ ᠤᠶᠠᠯᠳᠤᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ | ᠦᠨᠳᠦᠰᠦᠨ ᠱᠠᠲᠤᠨ ᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠵᠣᠷᠢᠭᠵᠢᠭᠤᠯᠵᠤ᠂ ︽ᠭᠤᠷᠪᠠ ᠶᠢ ᠢᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠤᠤᠯᠴᠢ ᠰᠠᠨᠠᠭ᠎ᠠ᠂ | ᠲᠠᠰ ᠳᠠᠷᠠᠭᠠᠯᠠᠯ ᠨᠢ ᠪᠦᠷᠢᠨ ᠪᠦᠲᠦᠨ᠂ ᠪᠡᠶᠡᠴᠢ ᠪᠤᠰᠤ ᠵᠣᠷᠢᠭᠤᠳᠠ ᠪᠣᠰᠣ ᠪᠤᠶᠤ ᠰᠠᠯᠠᠭ᠎ᠠ ᠮᠥᠴᠢᠷ ᠤᠨ ᠲᠤᠭ᠎ᠠ | ᠪᠠᠷᠢᠮᠲᠠ ᠶᠢ ᠬᠠᠮᠲᠤ ᠳᠠᠭᠠᠨ ᠬᠦᠷᠳᠡᠭᠰᠡᠨ ᠨᠢ ᠣᠨᠣᠪᠴᠢ ᠥᠬᠡᠶ ᠵᠢᠴᠢ ᠠᠪᠤᠷᠠᠭᠳᠠᠭᠴᠢ ᠶᠢᠨ ᠵᠣᠷᠢᠭᠤᠳᠠ ᠨᠢᠭᠤᠨ | ᠳᠠᠯᠳᠠᠯᠠᠭᠰᠠᠨ ᠵᠡᠷᠭᠡ ᠪᠤᠰᠤᠳᠴᠢ ᠰᠢᠯᠲᠠᠭᠠᠨ ᠠᠴᠠ ᠪᠣᠯᠵᠣ ᠠᠯᠳᠠᠭ᠎ᠠ ᠪᠤᠷᠤᠭᠤ ᠭᠠᠷᠭᠠᠭᠰᠠᠨ ᠮᠥᠷᠲᠡᠭᠡᠨ ᠪᠤᠷᠤᠭᠤ | ᠲᠠᠷᠬᠠᠭᠠᠭᠰᠠᠨ ᠪᠠᠯᠠ ᠮᠥᠩᠭᠦ ᠶᠢ ᠨᠢ ᠴᠠᠭ ᠲᠤᠬᠠᠶ ᠳᠤᠨᠢ ᠵᠠᠯᠠᠷᠠᠭᠤᠯᠵᠤ ᠴᠢᠳᠠᠭᠰᠠᠨ ᠭᠠᠷᠲᠠᠨ ᠬᠦᠢᠴᠡᠳᠭᠡᠭᠴᠢ ᠠᠴᠠ | ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠬᠡᠯᠡᠯᠴᠡᠬᠦ ᠠᠴᠠ ᠭᠡᠯᠳᠦᠷᠢᠭᠦᠯᠵᠦ ᠪᠣᠯᠤᠨ᠎ᠠ᠃ | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ |