ᠨᠢᠭᠡ᠂ ᠨᠡᠶᠢᠲᠡᠯᠡᠭᠰᠡᠨ ᠠᠬᠤᠶ ᠪᠠᠶᠢᠳᠠᠯ | 2020 ᠣᠨ ᠤ 4 ᠰᠠᠷ᠎ᠠ ᠳᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ︽ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ | ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ᠃ 2021 ᠣᠨ ᠤ 4 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ | ᠬᠡᠷᠡᠭᠵᠢᠭᠦᠯᠬᠦ ᠠᠷᠭ᠎ᠠ︾ ᠶᠢ ᠨᠡᠶᠢᠲᠡᠯᠡᠪᠡ᠃ 12 ᠳ᠋ᠤᠭᠠᠷ ᠰᠠᠷ᠎ᠠ ᠳᠤ᠂ ᠠᠶᠢᠮᠠᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠲᠦᠷᠦᠭᠦᠯᠡᠨ᠂ ︽ᠠᠯᠠᠱᠠ ᠠᠶᠢᠮᠠᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠦᠷᠢᠮ ᠢ | ᠥᠭᠡᠷᠡᠴᠢᠯᠡᠨ ᠲᠡᠭᠦᠯᠳᠡᠷᠵᠢᠭᠦᠯᠬᠦ ᠳᠣᠬᠠᠢ ᠬᠡᠷᠡᠭᠵᠢᠭᠦᠯᠬᠦ ᠠᠷᠭ᠎ᠠ︾ ︵ᠳᠣᠷᠣᠭᠰᠢ ︽ᠬᠡᠷᠡᠭᠵᠢᠭᠦᠯᠬᠦ ᠠᠷᠭ᠎ᠠ︾ ᠭᠡᠵᠦ | ᠲᠣᠪᠴᠢᠯᠠᠨ᠎ᠠ︶ ᠶᠢ ᠣᠷᠣᠯᠠᠨ ᠲᠤᠭᠤᠷᠪᠢᠬᠤ ᠶᠢᠨ ᠬᠠᠮᠲᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠰᠠᠶᠢᠲᠤᠷ ᠠᠳᠬᠤᠪᠠ᠃ | ᠬᠤᠶᠠᠷ᠂ ᠨᠡᠶᠢᠳᠡᠯᠡᠭᠰᠡᠨ ᠵᠣᠷᠢᠯᠭ᠎ᠠ | ᠨᠡᠶᠢᠭᠡᠮ ᠤᠨ ᠠᠪᠤᠷᠠᠨ ᠲᠤᠰᠠᠯᠠᠯᠲᠠ ᠨᠢ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠪᠣᠯᠤᠨ | ᠢᠳᠡᠵᠦ ᠡᠮᠦᠰᠬᠦ ᠬᠠᠯᠠᠭᠤᠨ ᠳᠤᠯᠠᠭᠠᠨ ᠳᠤ ᠬᠤᠯᠪᠣᠭᠳᠠᠵᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ | ᠨᠡᠶᠢᠭᠡᠮ ᠤᠨ ᠡᠷᠬᠡ ᠲᠡᠭᠰᠢ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠦᠨᠳᠦᠰᠦᠨ ᠵᠦᠢᠯ ᠢ | ᠪᠠᠲᠤᠯᠠᠬᠤ ᠴᠢᠨᠠᠷᠲᠠᠶ᠂ ᠰᠠᠭᠤᠷᠢ ᠴᠢᠨᠠᠷᠲᠠᠶ ᠲᠦᠷᠢᠮ ᠤᠨ ᠲᠣᠬᠢᠷᠠᠭᠤᠯᠤᠯᠲᠠ ᠪᠣᠯᠤᠨ᠎ᠠ᠃ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ᠂ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠨᠠᠩ ᠣᠯᠠᠨ ᠨᠠᠩ ᠡᠷᠬᠡ ᠲᠡᠭᠰᠢ ᠪᠠᠷ ᠬᠦᠴᠢᠷᠳᠡᠯᠲᠡᠶ ᠣᠯᠠᠨ ᠲᠦᠮᠡᠨ ᠳᠤ | ᠬᠦᠷᠲᠡᠭᠡᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ︽ᠬᠡᠷᠡᠭᠵᠢᠭᠦᠯᠬᠦ ᠠᠷᠭ᠎ᠠ︾ ᠨᠢ ᠮᠠᠨ ᠤ ᠠᠶᠢᠮᠠᠭ ᠤᠨ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠭᠦᠷᠭᠡ ᠶᠢᠨ ᠠᠵᠢᠯ ᠤᠨ | ᠬᠤᠪᠢᠶᠠᠷᠢᠯᠠᠯ ᠢ ᠨᠠᠷᠢᠯᠢᠬᠵᠢᠭᠤᠯᠤᠨ᠂ ᠨᠠᠩ ᠴᠢᠩᠭ᠎ᠠ ᠬᠠᠨᠳᠤᠯᠭᠠᠲᠤ ᠴᠢᠨᠠᠷ ᠪᠠ ᠬᠡᠷᠡᠭᠵᠢᠭᠦᠯᠬᠦ ᠴᠢᠨᠠᠷ ᠲᠠᠢ ᠪᠠᠶᠢᠵᠤ᠂ | ᠮᠠᠨ ᠤ ᠠᠶᠢᠮᠠᠭ ᠤᠨ ᠨᠡᠶᠢᠭᠡᠮ ᠤᠨ ᠠᠪᠤᠷᠠᠨ ᠲᠤᠰᠠᠯᠠᠬᠤ ᠦᠢᠯᠡᠰ ᠤᠨ ᠡᠷᠡᠭᠦᠯ ᠢᠶᠠᠷ ᠲᠦᠷᠭᠡᠨ ᠬᠥᠭᠵᠢᠬᠦ ᠶᠢ | ᠠᠬᠢᠭᠤᠯᠬᠤ᠂ ᠢᠯᠠᠩᠭᠤᠶ᠎ᠠ ᠲᠠᠰ ᠳᠠᠪᠬᠤᠷᠭ᠎ᠠ ᠲᠥᠷᠥᠯ ᠬᠤᠪᠢᠶᠠᠭᠰᠠᠨ ᠶᠡᠷᠦᠩᠬᠡᠶᠢᠯᠡᠭᠰᠡᠨ ᠠᠪᠤᠷᠠᠨ ᠲᠤᠰᠠᠯᠠᠬᠤ | ᠰᠢᠰᠲ᠋ᠧᠮᠵᠢ ᠶᠢ ᠲᠦᠷᠬᠡᠨ ᠪᠠᠶᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ | ᠥᠷᠭᠡᠳᠬᠡᠬᠦ᠂ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠡᠶᠢᠭᠡᠮ ᠤᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠬᠡᠨ ᠤ | ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠴᠢᠬᠤᠯᠠ ᠵᠢᠯᠣᠭᠤᠳᠬᠤ ᠦᠢᠯᠡᠳᠦᠯ ᠲᠠᠢ ᠶᠤᠮ᠃ | ᠭᠤᠷᠪᠠ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ︽ᠬᠡᠷᠡᠭᠵᠢᠭᠦᠯᠬᠦ ᠠᠷᠭ᠎ᠠ︾ ᠶᠢ ᠭᠤᠤᠯᠳᠠᠭᠤ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ | ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 649 ᠳ᠋ᠣᠭᠡᠷ ᠲᠣᠭᠠᠲᠤ︶᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ᠤᠨ ︿ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ | ᠰᠠᠨᠠᠯ﹀ ᠢ ᠳᠠᠷᠤᠮᠠᠯᠯᠠᠨ ᠳᠠᠷᠬᠠᠭᠠᠬᠤ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ﹇2020﹈ 18 ᠳ᠋ᠤᠭᠠᠷ | ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ | ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ | ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠳᠣᠬᠠᠢ ᠬᠡᠷᠡᠭᠵᠢᠭᠦᠯᠬᠦ ᠠᠷᠭ᠎ᠠ﹀ ᠶᠢ | ᠳᠠᠷᠤᠮᠠᠯᠯᠠᠨ ᠳᠠᠷᠬᠠᠭᠠᠬᠤ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ﹇2021﹈ 5 ᠳ᠋ᠤᠭᠠᠷ ᠲᠣᠭᠠᠲᠤ︶ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠬᠦ ᠶᠢᠨ ᠬᠠᠮᠲᠤ᠂ ᠮᠠᠨ ᠤ ᠠᠶᠢᠮᠠᠭ ᠤᠨ ᠪᠣᠳᠠᠲᠠᠶ ᠲᠠᠢ | ᠣᠶᠠᠯᠳᠣᠭᠤᠯᠣᠨ ᠳᠣᠭᠳᠠᠭᠠᠪᠠ᠃ | ᠳᠥᠷᠪᠡ᠂ ᠭᠤᠣᠯ ᠠᠭᠤᠯᠭ᠎ᠠ | ︽ᠬᠡᠷᠡᠭᠵᠢᠭᠦᠯᠬᠦ ᠠᠷᠭ᠎ᠠ︾ ᠨᠢ ᠪᠥᠬᠦ ᠠᠶᠢᠮᠠᠭ ᠤᠨ ᠬᠤᠷᠸ᠎ᠠ ᠴᠢᠨᠠᠷᠲᠠᠶ᠂ ᠰᠢᠰᠲ᠋ᠧᠮᠲᠦ ᠴᠢᠨᠠᠷᠲᠠᠶ᠂ | ᠰᠢᠨ᠎ᠡ ᠶᠢ ᠡᠭᠦᠳᠬᠦ ᠴᠢᠨᠠᠷᠲᠠᠶ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠣᠯᠤᠭᠰᠠᠨ ᠤ ᠬᠤᠪᠢ ᠳᠤ | ᠂ ᠭᠤᠤᠯᠳᠠᠭᠤ ᠲᠤᠯᠤᠭᠠᠨ ᠬᠡᠰᠡᠭ 27 ᠵᠤᠷᠪᠤᠰ ᠠᠭᠤᠯᠭ᠎ᠠ ᠶᠢ ᠪᠠᠭᠲᠠᠭᠠᠨ᠎ᠠ᠃ ᠨᠢᠭᠡᠳᠦᠭᠡᠷ ᠬᠡᠰᠡᠭ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠵᠤ᠂ ᠤᠯᠠᠨ ᠲᠡᠰ ᠳᠠᠪᠬᠤᠷᠭ᠎ᠠ ᠶᠢᠨ ᠶᠡᠷᠦᠩᠬᠡᠶᠢᠯᠡᠭᠰᠡᠨ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠬᠤ᠂ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠮᠠᠶ᠋ᠢᠭ ᠤᠨ ᠰᠢᠨ᠎ᠡ ᠶᠢ | ᠡᠭᠦᠳᠬᠦ᠂ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠨᠢᠭᠡᠳᠦᠯᠲᠡᠢ ᠲᠥᠯᠥᠪᠯᠡᠬᠦ ᠵᠡᠷᠭᠡ | ᠠᠭᠤᠯᠭ᠎ᠠ ᠳᠤ ᠪᠣᠳᠠᠲᠠᠢ ᠲᠣᠭᠲᠠᠭᠠᠯ ᠭᠠᠷᠭᠠᠵᠤ᠂ ᠣᠷᠣᠯᠭ᠎ᠠ ᠪᠠᠭᠠᠲᠠᠢ ᠭᠡᠷ ᠪᠦᠯᠢ ᠶᠢ ᠮᠠᠭᠠᠳᠯᠠᠨ ᠲᠣᠭᠲᠠᠭᠠᠬᠤ | ᠠᠷᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠢ ᠬᠥᠮᠦᠨ ᠠᠮᠠ ᠶᠢ ᠬᠥᠳᠡᠯᠦᠩᠭᠦᠢ ᠪᠠᠷ | ᠬᠢᠨᠠᠨ ᠬᠡᠮᠵᠢᠬᠦ ᠪᠠ ᠪᠠᠶᠢᠩᠭᠤ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ | ᠪᠠᠶᠢᠭ᠎ᠠ ᠬᠥᠮᠦᠰ᠂ ᠣᠷᠣᠯᠭ᠎ᠠ ᠪᠠᠭᠠᠲᠠᠶ ᠬᠡᠷ ᠪᠦᠯᠢ ᠵᠢᠴᠢ ᠵᠠᠪᠠᠯ ᠵᠠᠷᠤᠴᠠᠭᠤᠯᠬᠤ ᠵᠠᠷᠤᠯᠭ᠎ᠠ ᠨᠢ ᠨᠡᠯᠢᠶᠡᠳ ᠶᠡᠭᠡ ᠠᠴᠠ | ᠪᠣᠯᠵᠣ ᠦᠨᠳᠦᠰᠦᠨ ᠠᠮᠢᠳᠤᠷᠠᠯ ᠨᠢ ᠨᠡᠯᠢᠶᠡᠳ ᠬᠦᠴᠢᠷᠳᠡᠯ ᠳᠤ ᠲᠤᠯᠭᠠᠷᠠᠭᠰᠠᠨ ᠬᠡᠷ ᠪᠦᠯᠢ ᠳᠤ ᠪᠣᠳᠠᠲᠠᠶ | ᠬᠡᠷᠡᠭᠴᠡᠭᠡ ᠶᠢ ᠨᠢ ᠦᠨᠳᠦᠰᠦᠯᠡᠨ ᠵᠣᠬᠢᠬᠤ ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ | ᠣᠯᠭᠤᠯᠲᠠ ᠵᠡᠷᠭᠡ ᠲᠤᠰᠬᠠᠶ ᠨᠡᠶᠢᠭᠡᠮ ᠤᠨ ᠠᠪᠤᠷᠠᠨ ᠲᠤᠰᠠᠯᠠᠯᠲᠠ ᠪᠤᠶᠤ ᠪᠤᠰᠤᠳ ᠴᠢᠬᠤᠯᠠ ᠪᠥᠬᠦᠶ ᠠᠪᠤᠷᠠᠨ | ᠲᠤᠰᠠᠯᠠᠬᠤ ᠠᠷᠭ᠎ᠠ ᠬᠡᠮᠵᠢᠶ᠎ᠡ ᠣᠯᠭᠤᠨ᠎ᠠ᠃ ᠡᠯ᠎ᠡ ᠲᠥᠷᠥᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠮᠥᠩᠭᠦ ᠶᠢ | ᠴᠠᠭ ᠬᠤᠭᠤᠴᠠᠭ᠎ᠠ ᠶᠣᠰᠣᠭᠠᠷ ᠣᠯᠭᠤᠬᠤ ᠶᠢ ᠪᠠᠷᠢᠮᠲᠠᠯᠠᠬᠤ ᠶᠢᠨ ᠬᠠᠮᠲᠤ ᠦᠢᠯᠡᠴᠢᠯᠡᠭᠡᠨ ᠤ ᠲᠥᠷᠥᠯ ᠤᠨ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠪᠣᠳᠠᠰ + | ᠦᠢᠯᠡᠴᠢᠯᠡᠭᠡᠨ︾ ᠤ ᠲᠡᠩᠬᠡᠷᠡᠭᠦᠯᠦᠨ ᠲᠤᠰᠠᠯᠠᠬᠤ ᠠᠷᠭ᠎ᠠ ᠮᠠᠶ᠋ᠢᠭ ᠢ ᠪᠤᠶ ᠪᠣᠯᠭᠠᠨ᠎ᠠ︔ ᠬᠤᠶᠠᠳᠤᠭᠠᠷ ᠬᠡᠰᠡᠭ ᠲᠤ | ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠶᠢ ᠪᠠᠬᠢᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠬᠦ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ | ᠲᠡᠵᠢᠭᠡᠬᠦ ᠦᠢᠯᠡᠴᠢᠯᠡᠭᠡ ᠶᠢ ᠴᠢᠩᠭᠠᠳᠬᠠᠬᠤ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠪᠠᠷᠢᠮᠵᠢᠶ᠎ᠠ ᠳᠤ | ᠲᠣᠬᠢᠷᠠᠭᠤᠯᠤᠯᠲᠠ ᠬᠢᠬᠦ ᠲᠣᠭᠲᠠᠴᠠ ᠶᠢ ᠵᠢᠷᠤᠮᠵᠢᠭᠤᠯᠬᠤ᠂ ᠲᠥᠷᠥᠯ ᠬᠤᠪᠢᠶᠠᠭᠰᠠᠨ ᠬᠥᠳᠡᠯᠦᠩᠭᠦᠶ ᠬᠠᠮᠢᠶᠠᠷᠤᠯᠲᠠ ᠶᠢ | ᠴᠢᠩᠭᠠᠳᠬᠠᠬᠤ ᠵᠡᠷᠭᠡ ᠠᠭᠤᠯᠭ᠎ᠠ ᠶᠢᠨ ᠲᠤᠬᠠᠶ ᠪᠣᠳᠠᠲᠠᠶ ᠲᠣᠭᠲᠠᠭᠠᠯ ᠭᠠᠷᠭᠠᠵᠤ᠂ ᠠᠪᠤᠷᠠᠨ ᠲᠤᠰᠠᠯᠠᠬᠤ | ᠪᠠᠲᠤᠯᠠᠭ᠎ᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠦᠬᠦᠯᠢ 18 ᠨᠠᠰᠤ ᠭᠦᠷᠦᠭᠰᠡᠨ ᠪᠣᠯᠪᠠᠴᠤ | ᠮᠥᠨ ᠯᠡ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠵᠦ ᠪᠠᠶᠢᠭ᠎ᠠ ᠪᠤᠶᠤ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠣᠨᠴᠠ ᠬᠦᠴᠢᠷᠳᠡᠯᠲᠡᠶ ᠠᠪᠤᠷᠠᠨ ᠲᠤᠰᠠᠯᠠᠵᠤ ᠠᠰᠠᠷᠠᠨ ᠲᠡᠵᠢᠭᠡᠵᠦ ᠪᠠᠶᠢᠭ᠎ᠠ ᠬᠥᠮᠦᠰ ᠲᠤ ᠠᠪᠤᠷᠠᠨ ᠲᠤᠰᠠᠯᠠᠵᠤ | ᠠᠰᠠᠷᠠᠨ ᠲᠡᠵᠢᠭᠡᠬᠦ ᠬᠠᠷᠠᠭᠠᠯᠵᠠᠯ ᠢ ᠦᠷᠭᠦᠯᠵᠢᠯᠡᠨ ᠬᠦᠷᠲᠡᠭᠡᠵᠦ ᠪᠣᠯᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠠᠯᠬᠤᠮ ᠠᠯᠬᠤᠮ ᠢᠶᠠᠷ ᠪᠤᠴᠠᠭᠠᠬᠤ ᠬᠤᠭᠤᠴᠠᠭᠠᠨ ᠤ ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ | ᠠᠮᠢᠳᠤᠯᠢᠭ ᠢᠶᠠᠷ ᠠᠵᠢᠯ ᠣᠯᠤᠭᠰᠠᠨ᠂ ᠭᠠᠳᠠᠭᠰᠢ ᠭᠠᠷᠴᠤ ᠬᠦᠴᠦ ᠶᠠᠪᠤᠭᠰᠠᠨ ᠵᠡᠷᠭᠡ ᠠᠵᠢᠯ ᠣᠯᠵᠤ ᠠᠳᠠᠯ ᠦᠢᠯᠡᠰ | ᠪᠣᠰᠬᠠᠭᠰᠠᠨ ᠢ ᠪᠡᠶᠡᠯᠡᠭᠦᠯᠦᠭᠰᠡᠨ ᠮᠥᠷᠲᠡᠭᠡᠨ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ | ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠭᠡᠷ ᠪᠦᠯᠢ ᠳᠤ 3 — | 6 ᠰᠠᠷ᠎ᠠ ᠶᠢᠨ ᠠᠯᠬᠤᠮ ᠠᠯᠬᠤᠮ ᠢᠶᠠᠷ ᠪᠤᠴᠠᠭᠠᠬᠤ ᠬᠤᠭᠤᠴᠠᠭ᠎ᠠ ᠶᠢ ᠣᠯᠭᠤᠬᠤ ᠬᠡᠷᠡᠭᠲᠡᠶ︔ ᠮᠠᠯᠵᠢᠬᠤ ᠲᠠᠷᠢᠶᠠᠯᠠᠬᠤ | ᠣᠷᠣᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠣᠲᠣᠷᠠᠬᠢ ᠠᠵᠤ ᠦᠢᠯᠡᠰ ᠢᠶᠠᠷ ᠬᠠᠪᠰᠤᠷᠤᠨ | ᠲᠡᠳᠬᠦᠬᠦ᠂ ᠬᠤᠪᠢᠴᠠᠭᠠᠨ ᠬᠦᠦ ᠪᠠᠷ ᠠᠰᠢᠭ ᠬᠤᠪᠢᠶᠠᠬᠤ᠂ ᠠᠵᠢᠯ ᠣᠯᠭᠤᠯᠲᠠ ᠪᠠᠷ ᠲᠡᠳᠬᠦᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠦᠭᠰᠡᠨ ᠮᠥᠷᠲᠡᠭᠡᠨ ᠭᠡᠷ ᠪᠦᠯᠢ ᠶᠢᠨ ᠬᠥᠮᠦᠨ ᠪᠦᠷᠢ ᠶᠢᠨ | ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ ᠳᠠᠪᠠᠭᠰᠠᠨ ᠭᠡᠷ ᠪᠦᠯᠢ ᠳᠤ 6 — 12 ᠰᠠᠷ᠎ᠠ ᠠᠴᠠ ᠬᠡᠲᠦᠷᠡᠭᠡᠳᠦᠶ ᠪᠠᠷ ᠢᠳᠡᠭ ᠢᠳᠡᠭ ᠢᠶᠠᠷ | ᠪᠤᠴᠠᠭᠠᠨ ᠭᠠᠷᠭᠠᠬᠤ ᠬᠤᠭᠤᠴᠠᠭ᠎ᠠ ᠣᠯᠭᠤᠨ᠎ᠠ᠃ ᠠᠪᠤᠷᠠᠨ ᠲᠤᠰᠠᠯᠠᠬᠤ ᠡᠲᠡᠭᠡᠳ ᠢ ᠲᠥᠷᠥᠯ ᠬᠤᠪᠢᠶᠠᠨ | ᠬᠥᠳᠡᠯᠦᠩᠭᠦᠶ ᠬᠠᠮᠢᠶᠠᠷᠬᠤ ᠶᠢ ᠴᠢᠩᠭᠠᠳᠬᠠᠵᠤ᠂ ᠣᠨᠴᠠ ᠬᠦᠴᠢᠷᠳᠡᠯᠲᠡᠶ ᠬᠥᠮᠦᠰ᠂ ᠣᠬᠤᠷ ᠬᠤᠭᠤᠴᠠᠭᠠᠨ ᠤ | ᠳᠣᠲᠣᠷ᠎ᠠ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠪᠠᠷ ᠪᠠᠭ᠎ᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠭᠥᠷᠳᠡᠵᠦ ᠪᠠᠶᠢᠭ᠎ᠠ ᠬᠡᠷ ᠪᠦᠯᠢ ︵ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ A ᠲᠥᠷᠥᠯ︶ ᠶᠢ ᠵᠢᠯ | ᠪᠦᠷᠢ ᠨᠢᠭᠡ ᠤᠳᠠᠭ᠎ᠠ ᠬᠠᠷᠭᠤᠭᠤᠯᠤᠨ ᠪᠠᠶᠢᠴᠠᠭᠠᠨ᠎ᠠ︔ ᠣᠷᠣᠯᠭ᠎ᠠ ᠶᠢᠨ ᠢᠷᠡᠯᠲᠡ ᠨᠢ ᠲᠣᠭᠲᠠᠮᠠᠯ ᠪᠤᠰᠤ᠂ ᠭᠡᠷ | ᠪᠦᠯᠢ ᠶᠢᠨ ᠪᠦᠷᠢᠯᠳᠦᠬᠦᠨ ᠨᠢ ᠬᠥᠳᠡᠯᠮᠦᠷᠢᠯᠡᠬᠦ ᠴᠢᠳᠠᠪᠤᠷᠢ ᠲᠠᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠭᠡᠷ ᠪᠦᠯᠢ ︵ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ B ᠲᠥᠷᠥᠯ︶ ᠶᠢ ᠬᠠᠭᠠᠰ ᠵᠢᠯ ᠳᠤ ᠨᠢᠭᠡ | ᠤᠳᠠᠭ᠎ᠠ ᠬᠢᠨᠠᠨ ᠪᠠᠶᠢᠴᠠᠭᠠᠬᠤ ᠬᠡᠷᠡᠭᠲᠡᠶ︔ ᠭᠤᠷᠪᠠᠳᠤᠭᠠᠷ ᠬᠡᠰᠡᠭ ᠨᠡᠶᠢᠭᠡᠮ ᠤᠨ ᠲᠤᠰᠬᠠᠢ ᠠᠪᠤᠷᠠᠨ ᠲᠤᠰᠠᠯᠠᠯᠲᠠ ᠶᠢ | ᠪᠦᠷᠢᠨᠰᠢᠬᠦᠯᠬᠦ᠂ ᠡᠮᠴᠢᠯᠡᠭᠡ ᠶᠢ ᠲᠡᠭᠦᠯᠳᠡᠷᠵᠢᠭᠦᠯᠬᠦ᠂ ᠰᠤᠷᠭᠠᠬᠤ᠂ ᠰᠠᠭᠤᠬᠤ᠂ ᠠᠵᠢᠯ ᠣᠯᠭᠤᠯᠲᠠ ᠪᠠ | ᠭᠠᠮᠰᠢᠭᠳᠠᠭᠰᠠᠨ ᠬᠥᠮᠦᠰ ᠵᠡᠷᠭᠡ ᠲᠤᠰᠬᠠᠶ ᠠᠪᠤᠷᠠᠨ ᠲᠤᠰᠠᠯᠠᠬᠤ ᠳᠦᠷᠢᠮ ᠵᠢᠴᠢ ᠪᠤᠰᠤᠳ ᠠᠪᠤᠷᠠᠨ ᠲᠤᠰᠠᠯᠠᠵᠤ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠥᠭᠵᠢᠭᠦᠯᠬᠦ ᠲᠤᠬᠠᠶ ᠪᠣᠳᠠᠲᠠᠶ ᠲᠣᠭᠲᠠᠭᠠᠯ ᠭᠠᠷᠭᠠᠵᠦ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠰᠬᠠᠶ ᠠᠪᠤᠷᠠᠨ ᠲᠤᠰᠠᠯᠠᠬᠤ ᠳᠦᠷᠢᠮ ᠳᠤ ᠡᠭᠦᠷᠭᠡᠯᠡᠬᠦ ᠪᠣᠳᠠᠲᠠᠶ | ᠲᠤᠰᠢᠶᠠᠯ ᠬᠠᠷᠢᠭᠤᠴᠠᠯᠭ᠎ᠠ ᠶᠢ ᠳᠣᠳᠣᠷᠬᠠᠶᠢᠯᠠᠨ᠂ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠮᠠᠶ᠋ᠢᠭ ᠢ ᠤᠯᠠᠮ ᠨᠢᠭᠡ | ᠠᠯᠬᠤᠮ ᠥᠷᠭᠡᠳᠬᠡᠨ ᠲᠡᠭᠦᠯᠳᠡᠷᠵᠢᠭᠦᠯᠬᠦ ᠬᠡᠷᠡᠭᠲᠡᠶ ᠭᠡᠵᠦ ᠭᠤᠣᠯᠴᠢᠯᠠᠨ ᠳᠣᠷᠠᠳᠴᠦ᠂ ︽8 + 1︾ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮ ᠤᠨ ᠰᠠᠭᠤᠷᠢᠨ ᠳᠡᠭᠡᠷ᠎ᠡ ᠬᠠᠤᠯᠢ ᠴᠠᠭᠠᠵᠠ ᠶᠢᠨ ᠲᠤᠰᠠᠯᠠᠮᠵᠢ ᠶᠢ ᠨᠡᠮᠡᠭᠳᠡᠬᠦᠯᠦᠨ᠂ | ᠬᠠᠤᠯᠢ ᠴᠠᠭᠠᠵᠠ ᠶᠢᠨ ᠲᠤᠰᠠᠯᠠᠮᠵᠢ᠂ ᠳᠤᠯᠠᠭᠠᠯᠠᠵᠤ ᠠᠪᠤᠷᠠᠨ ᠲᠤᠰᠠᠯᠠᠬᠤ ᠵᠢᠴᠢ ᠨᠠᠰᠤ ᠪᠠᠷᠠᠭᠰᠠᠨ ᠬᠦᠴᠢᠷᠳᠡᠯᠲᠡᠶ | ᠣᠯᠠᠨ ᠲᠦᠮᠡᠨ ᠤ ᠦᠨᠳᠦᠰᠦᠨ ᠣᠷᠣᠰᠢᠭᠤᠯᠭ᠎ᠠ ᠶᠢᠨ ᠦᠢᠯᠡᠴᠢᠯᠡᠭᠡ ᠵᠡᠷᠭᠡ ᠠᠪᠤᠷᠠᠨ ᠲᠤᠰᠠᠯᠠᠬᠤ ᠲᠥᠷᠥᠯ ᠵᠦᠢᠯ᠂ | ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠡᠲᠡᠭᠡᠳ ᠤᠨ ᠬᠡᠪᠴᠢᠶ᠎ᠡ ᠶᠢ ᠣᠷᠣᠯᠭ᠎ᠠ ᠪᠠᠭᠠᠲᠠᠶ ᠭᠡᠷ ᠪᠦᠯᠢ | ᠬᠦᠷᠲᠡᠯ᠎ᠡ ᠦᠷᠭᠡᠳᠬᠡᠵᠦ᠂ ᠨᠥᠬᠦᠴᠡᠯ ᠳᠤ ᠨᠡᠶᠢᠴᠡᠬᠦ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠲᠤ ᠬᠠᠤᠯᠢ | ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠦᠢᠯᠡᠴᠢᠯᠡᠭᠡ ᠬᠠᠩᠭᠠᠨ᠎ᠠ᠃ ᠬᠠᠤᠯᠢ ᠴᠠᠭᠠᠵᠠ ᠶᠢᠨ | ᠠᠪᠤᠷᠠᠨ ᠲᠤᠰᠠᠯᠠᠯᠲᠠ ᠶᠢ ᠢᠳᠡᠪᠬᠢᠲᠡᠢ ᠥᠷᠨᠢᠭᠦᠯᠵᠦ᠂ ᠬᠠᠯᠳᠠᠯᠭ᠎ᠠ ᠳᠤ ᠤᠴᠠᠷᠠᠭᠰᠠᠨ ᠪᠣᠯᠪᠠᠴᠤ ᠪᠦᠲᠦᠮᠵᠢᠲᠡᠢ | ᠲᠥᠯᠥᠪᠦᠷᠢ ᠣᠯᠵᠤ ᠴᠢᠳᠠᠬᠤ ᠦᠭᠡᠢ ᠠᠮᠢᠳᠤᠷᠠᠯ ᠤᠨ ᠬᠦᠴᠢᠷᠳᠡᠯ ᠲᠠᠢ ᠲᠤᠬᠠᠢ ᠶᠢᠨ ᠬᠥᠮᠦᠨ ᠢ ᠬᠠᠪᠰᠤᠷᠤᠨ | ᠠᠮᠢᠳᠤᠷᠠᠯ ᠤᠨ ᠬᠦᠴᠢᠷᠳᠡᠯ ᠠᠴᠠ ᠨᠢ ᠠᠩᠭᠢᠵᠢᠷᠠᠭᠤᠯᠵᠤ᠂ ᠡᠷᠡᠭᠦᠦ ᠶᠢᠨ ᠬᠡᠷᠡᠭ ᠲᠤ ᠬᠤᠯᠪᠣᠭᠳᠠᠭᠰᠠᠨ ᠭᠡᠷ | ᠪᠦᠯᠢ ᠳᠤ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠂ ᠰᠡᠳᠬᠢᠴᠡ ᠶᠢᠨ ᠵᠢᠯᠤᠭᠤᠳᠤᠯᠭ᠎ᠠ ᠬᠢᠬᠦ᠂ ᠬᠠᠷᠢᠴᠠᠭ᠎ᠠ ᠶᠢ | ᠵᠣᠬᠢᠴᠠᠭᠤᠯᠬᠤ ᠵᠡᠷᠭᠡ ᠦᠢᠯᠡᠴᠢᠯᠡᠭᠡ ᠬᠠᠩᠭᠠᠨ᠎ᠠ᠃ ᠳᠤᠯᠠᠭᠠᠯᠠᠭ᠎ᠠ ᠪᠠᠷ ᠠᠪᠤᠷᠠᠨ ᠲᠤᠰᠠᠯᠠᠬᠤ ᠶᠢ ᠥᠷᠨᠢᠭᠦᠯᠵᠦ᠂ | ᠬᠦᠴᠢᠷᠳᠡᠯᠲᠡᠶ ᠣᠯᠠᠨ ᠲᠦᠮᠡᠨ ᠳᠤ ᠳᠤᠯᠠᠭᠠᠯᠠᠭ᠎ᠠ ᠶᠢᠨ ᠨᠥᠬᠦᠪᠥᠷᠢ ᠣᠯᠭᠤᠵᠤ᠂ ᠳᠤᠯᠠᠭᠠᠨ ᠪᠦᠯᠢᠶᠡᠨ | ᠡᠪᠦᠯᠵᠢᠬᠦ ᠶᠢ ᠨᠢ ᠪᠠᠲᠤᠯᠠᠨ᠎ᠠ︔ ᠳᠥᠷᠪᠡᠳᠦᠭᠡᠷ ᠬᠡᠰᠡᠭ ᠪᠠᠴᠢᠮ ᠬᠦᠴᠢᠷᠳᠡᠯ ᠠᠴᠠ ᠪᠣᠯᠣᠭᠰᠠᠨ ᠠᠪᠤᠷᠠᠨ ᠲᠤᠰᠠᠯᠠᠬᠤ | ᠰᠢᠰᠲ᠋ᠧᠮ ᠢ ᠲᠡᠭᠦᠯᠳᠡᠷᠵᠢᠭᠦᠯᠵᠦ᠂ ᠲᠦᠷ ᠴᠠᠭ ᠤᠨ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠬᠦ᠂ | ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢ ᠴᠢᠩᠭᠠᠳᠬᠠᠨ | ᠰᠠᠶᠢᠵᠢᠷᠠᠭᠤᠯᠬᠤ ᠵᠢᠴᠢ ᠬᠦᠨᠳᠦ ᠶᠡᠭᠡ ᠬᠢᠵᠢᠭ ᠤᠨ ᠪᠠᠶᠢᠳᠠᠯ ᠵᠡᠷᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ | ᠬᠡᠷᠡᠭ ᠤᠨ ᠬᠦᠴᠢᠷᠳᠡᠯᠲᠡᠶ ᠣᠯᠠᠨ ᠲᠦᠮᠡᠨ ᠤ ᠪᠠᠴᠢᠮ ᠬᠦᠴᠢᠷᠳᠡᠯ ᠠᠴᠠ ᠪᠣᠯᠣᠭᠰᠠᠨ ᠠᠪᠤᠷᠠᠨ ᠲᠤᠰᠠᠯᠠᠬᠤ ᠠᠵᠢᠯ ᠢ | ᠰᠠᠶᠢᠲᠤᠷ ᠬᠢᠬᠦ ᠲᠤᠬᠠᠶ ᠪᠣᠳᠠᠲᠠᠶ ᠲᠣᠭᠲᠠᠭᠠᠯ ᠭᠠᠷᠭᠠᠵᠤ᠂ ᠲᠦᠷ ᠴᠠᠭ ᠤᠨ ᠠᠪᠤᠷᠠᠨ ᠲᠤᠰᠠᠯᠠᠬᠤ ᠠᠭᠤᠯᠭ᠎ᠠ ᠶᠢ | ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠠᠳᠠᠯᠢ ᠪᠤᠰᠤ ᠬᠦᠴᠢᠷᠳᠡᠯᠲᠡᠶ ᠪᠠᠶᠢᠳᠠᠯ ᠢ ᠦᠨᠳᠦᠰᠦᠯᠡᠨ᠂ ᠪᠠᠴᠢᠮ | ᠬᠦᠴᠢᠷ ᠬᠡᠯᠪᠡᠷᠢ ᠶᠢᠨ ᠲᠦᠷ ᠴᠠᠭ ᠤᠨ ᠠᠪᠤᠷᠠᠨ ᠲᠤᠰᠠᠯᠠᠬᠤ ᠪᠠ ᠵᠠᠷᠤᠯᠭ᠎ᠠ ᠶᠢᠨ ᠬᠡᠯᠪᠡᠷᠢ ᠶᠢᠨ ᠲᠦᠷ ᠴᠠᠭ ᠤᠨ | ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠪᠠᠴᠢᠮ ᠬᠦᠴᠢᠷ ᠮᠠᠶ᠋ᠢᠭ ᠤᠨ ᠲᠦᠷ ᠴᠠᠭ ᠠᠪᠤᠷᠠᠨ ᠲᠤᠰᠠᠯᠠᠬᠤ ᠳᠤ᠂ | ︽ᠤᠷᠢᠳᠠᠪᠠᠷ ᠠᠪᠤᠷᠠᠨ ᠲᠤᠰᠠᠯᠠᠬᠤ︾ ᠠᠷᠭ᠎ᠠ ᠮᠠᠶ᠋ᠢᠭ ᠢ ᠠᠪᠴᠤ᠂ ᠰᠢᠭᠤᠳ ᠠᠪᠤᠷᠠᠨ ᠲᠤᠰᠠᠯᠠᠵᠤ᠂ ᠪᠠᠴᠢᠮ | ᠬᠦᠴᠢᠷ ᠪᠠᠶᠢᠳᠠᠯ ᠢ ᠲᠠᠶᠢᠯᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠢ ᠨᠥᠬᠦᠪᠥᠷᠢᠯᠡᠬᠦ | ᠬᠡᠷᠡᠭᠲᠡᠶ᠃ ᠪᠠᠴᠢᠮ ᠬᠦᠴᠢᠷᠳᠡᠯᠲᠡᠶ ᠲᠦᠷ ᠴᠠᠭ ᠠᠪᠤᠷᠠᠨ ᠲᠤᠰᠠᠯᠠᠬᠤ ᠡᠷᠦᠬᠡ ᠠᠮᠠ ᠶᠢᠨ ᠪᠠᠶᠢᠭ᠎ᠠ ᠭᠠᠵᠠᠷ᠂ | ᠣᠷᠣᠰᠢᠨ ᠰᠠᠭᠤᠭ᠎ᠠ ᠭᠠᠵᠠᠷ ᠤᠨ ᠭᠤᠶᠤᠴᠢᠯᠠᠯ ᠤᠨ ᠬᠢᠵᠠᠭᠠᠷᠯᠠᠯ ᠢ ᠠᠯᠬᠤᠮ ᠠᠯᠬᠤᠮ ᠢᠶᠠᠷ ᠬᠦᠴᠦᠨ ᠦᠭᠡᠶ | ᠪᠣᠯᠭᠠᠵᠤ᠂ ᠪᠠᠴᠢᠮ ᠬᠦᠴᠢᠷᠳᠡᠯᠲᠡᠶ ᠭᠠᠵᠠᠷ ᠠᠴᠠ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠨ᠂ ᠬᠢᠨᠠᠨ | ᠬᠠᠷᠭᠤᠭᠤᠯᠬᠤ ᠶᠢᠨ ᠬᠠᠮᠲᠤ ᠲᠦᠷ ᠴᠠᠭ ᠠᠪᠤᠷᠠᠨ ᠲᠤᠰᠠᠯᠠᠬᠤ ᠮᠥᠩᠭᠦ ᠶᠢ ᠣᠯᠭᠤᠨ᠎ᠠ᠃ ᠵᠠᠷᠤᠯᠭ᠎ᠠ ᠶᠢᠨ | ᠬᠡᠯᠪᠡᠷᠢ ᠶᠢᠨ ᠲᠦᠷ ᠴᠠᠭ ᠠᠪᠤᠷᠠᠨ ᠲᠤᠰᠠᠯᠠᠬᠤ ᠳᠤ᠂ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠳᠡᠰ | ᠳᠠᠷᠠᠭᠠᠯᠠᠯ ᠶᠣᠰᠣᠭᠠᠷ ᠭᠦᠢᠴᠡᠳᠬᠡᠵᠦ᠂ ︽ᠱᠠᠲᠤ ᠬᠤᠪᠢᠶᠠᠨ ᠬᠢᠨᠠᠨ ᠵᠥᠪᠰᠢᠶᠡᠷᠡᠬᠦ︾᠂ ︽ᠨᠢᠭᠡ ᠤᠳᠠᠭ᠎ᠠ ᠳᠤ | ᠬᠢᠨᠠᠨ ᠵᠥᠪᠰᠢᠶᠡᠷᠡᠬᠦ᠂ ᠱᠠᠲᠤ ᠬᠤᠪᠢᠶᠠᠨ ᠠᠪᠤᠷᠠᠨ ᠲᠤᠰᠠᠯᠠᠬᠤ︾ ᠵᠡᠷᠭᠡ ᠠᠷᠭ᠎ᠠ ᠮᠠᠶ᠋ᠢᠭ ᠢ ᠠᠪᠴᠤ᠂ ᠠᠪᠤᠷᠠᠨ | ᠲᠤᠰᠠᠯᠠᠬᠤ ᠬᠤᠭᠤᠴᠠᠭᠠᠲᠤ ᠴᠢᠨᠠᠷ ᠢ ᠴᠢᠩᠭᠠᠷᠠᠭᠤᠯᠬᠤ ᠬᠡᠷᠡᠭᠲᠡᠶ᠃ ᠡᠭᠦᠨ ᠤ ᠬᠠᠮᠲᠤ ᠬᠦᠨᠳᠦ ᠶᠡᠭᠡ ᠬᠢᠵᠢᠭ ᠤᠨ | ᠪᠠᠶᠢᠳᠠᠯ ᠵᠡᠷᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠬᠦᠴᠢᠷᠳᠡᠯ ᠳᠤ ᠲᠤᠯᠭᠠᠷᠠᠭᠰᠠᠨ ᠣᠯᠠᠨ | ᠲᠦᠮᠡᠨ ᠤ ᠦᠨᠳᠦᠰᠦᠨ ᠡᠮᠴᠢᠯᠡᠭᠡ ᠪᠠ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠬᠡᠷᠡᠭ ᠠᠴᠠ ᠪᠣᠯᠵᠣ ᠬᠦᠴᠢᠷᠳᠡᠯ ᠳᠤ ᠲᠤᠯᠭᠠᠷᠠᠭᠰᠠᠨ ᠬᠥᠮᠦᠰ ᠢ ᠴᠠᠭ | ᠲᠤᠬᠠᠶ ᠳᠤᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠲᠦᠷ ᠴᠠᠭ ᠤᠨ ᠠᠮᠢᠳᠤᠷᠠᠯ ᠤᠨ ᠨᠥᠬᠦᠪᠥᠷᠢ | ᠪᠠ ᠦᠨᠳᠦᠰᠦᠨ ᠠᠮᠢᠳᠤᠷᠠᠯ ᠤᠨ ᠡᠳ᠋ ᠪᠣᠳᠠᠰ ᠣᠯᠭᠤᠬᠤ᠂ ᠦᠨ᠎ᠡ ᠬᠠᠩᠰᠢ ᠶᠢᠨ ᠨᠥᠬᠦᠪᠥᠷᠢ ᠶᠢᠨ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠦᠴᠢᠷᠳᠡᠯᠲᠡᠶ ᠣᠯᠠᠨ | ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠶ︔ ᠲᠠᠪᠤᠳᠤᠭᠠᠷ ᠬᠡᠰᠡᠭ ᠨᠡᠶᠢᠭᠡᠮ ᠤᠨ ᠬᠦᠴᠦᠨ ᠤ | ᠠᠪᠤᠷᠠᠨ ᠲᠤᠰᠠᠯᠠᠬᠤ ᠳᠤ ᠣᠷᠣᠯᠴᠠᠬᠤ ᠶᠢ ᠠᠬᠢᠭᠤᠯᠵᠤ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠ ᠰᠠᠶᠢᠨ | ᠳᠤᠷ᠎ᠠ ᠶᠢᠨ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠳᠤ | ᠣᠷᠣᠯᠴᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠬᠤ᠂ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ | ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠶᠢ ᠠᠬᠢᠭᠤᠯᠬᠤ ᠵᠡᠷᠭᠡ ᠠᠭᠤᠯᠭ᠎ᠠ ᠳᠤ ᠪᠣᠳᠠᠲᠠᠶ ᠲᠣᠭᠲᠠᠭᠠᠯ | ᠭᠠᠷᠭᠠᠵᠤ᠂ ᠦᠢᠯᠡᠴᠢᠯᠡᠬᠡᠨ ᠤ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠢᠳᠡᠪᠬᠢᠲᠡᠶ | ᠰᠦᠪᠡᠭᠴᠢᠯᠡᠬᠦ᠂ ᠨᠡᠶᠢᠭᠡᠮ ᠤᠨ ᠠᠵᠢᠯ ᠤᠨ ᠲᠤᠰᠬᠠᠶ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ | ᠬᠦᠴᠢᠷᠳᠡᠯᠲᠡᠶ ᠣᠯᠠᠨ ᠲᠦᠮᠡᠨ ᠢ ᠡᠷᠬᠢᠨ ᠦᠵᠡᠵᠦ ᠬᠠᠯᠠᠮᠵᠢᠯᠠᠨ ᠬᠠᠶᠢᠷᠠᠯᠠᠬᠤ ᠵᠡᠷᠭᠡ ᠦᠢᠯᠡᠴᠢᠯᠡᠬᠡᠨ ᠤ ᠲᠥᠷᠥᠯ ᠤᠨ | ᠠᠪᠤᠷᠠᠨ ᠲᠤᠰᠠᠯᠠᠯᠲᠠ ᠬᠠᠩᠭᠠᠬᠤ ᠶᠢᠨ ᠬᠠᠮᠲᠤ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠪᠠ | ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠨᠢᠭᠦᠯᠡᠰᠦᠩᠭᠦᠶ ᠶᠢᠨ | ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ | ᠠᠪᠤᠷᠠᠨ ᠲᠤᠰᠠᠯᠠᠬᠤ ᠳᠤ ᠣᠷᠣᠯᠴᠠᠬᠤ ᠶᠢ ᠬᠥᠲᠥᠯᠥᠨ ᠵᠢᠯᠣᠭᠤᠳᠬᠤ ᠪᠠ ᠠᠬᠢᠭᠤᠯᠤᠨ᠎ᠠ᠃ ᠵᠠᠰᠠᠭ ᠤᠨ ᠣᠷᠳᠣᠨ ᠤ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢ ᠬᠤᠳᠠᠯᠳᠤᠨ ᠠᠪᠬᠤ ᠶᠢ ᠡᠷᠬᠢᠯᠡᠨ ᠭᠦᠢᠴᠡᠳᠬᠡᠬᠦ ᠦᠢᠯᠡᠴᠢᠯᠡᠭᠡᠨ ᠤ | ᠡᠷᠴᠢᠮ ᠢ ᠨᠡᠮᠡᠭᠳᠡᠭᠦᠯᠵᠦ᠂ ᠬᠡᠷᠡᠭᠰᠡᠬᠦ ᠵᠠᠷᠤᠳᠠᠯ ᠢ ᠡᠯ᠎ᠡ ᠱᠠᠲᠤᠨ ᠤ ᠨᠢᠭᠡᠨᠲᠡ ᠪᠠᠶᠢᠭ᠎ᠠ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤ ᠠᠵᠢᠯ ᠤᠨ ᠵᠠᠷᠤᠳᠠᠯ ᠪᠤᠶᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠬᠠᠶ ᠵᠠᠷᠤᠳᠠᠯ | ᠳᠣᠲᠣᠷ᠎ᠠ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠵᠠᠷᠴᠢᠮ ᠳᠡᠭᠡᠷ᠎ᠡ ᠪᠠᠨ ᠶᠡᠷᠦᠩᠬᠡᠶ ᠲᠤᠭ᠎ᠠ ᠶᠢ ᠳᠡᠭᠡᠷ᠎ᠡ | ᠵᠢᠯ ᠤᠨ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠬᠦᠴᠢᠷᠳᠡᠯᠲᠡᠶ ᠣᠯᠠᠨ ᠲᠦᠮᠡᠨ ᠢ | ᠲᠡᠩᠬᠡᠷᠡᠭᠦᠯᠦᠨ ᠲᠤᠰᠠᠯᠠᠬᠤ ᠲᠤᠰᠠᠯᠠᠮᠵᠢ ᠶᠢᠨ ᠪᠡᠯᠡ ᠮᠥᠩᠭᠦ ᠶᠢᠨ ᠨᠡᠶᠢᠯᠡᠪᠦᠷᠢ ᠶᠢᠨ 2 % ᠠᠴᠠ ᠬᠡᠲᠦᠷᠡᠭᠦᠯᠵᠦ | ᠪᠣᠯᠬᠤ ᠦᠭᠡᠶ︔ ᠵᠢᠷᠭᠤᠳᠤᠭᠠᠷ ᠬᠡᠰᠡᠭ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠬᠡᠨ ᠤ ᠴᠢᠳᠠᠪᠤᠷᠢ ᠶᠢ | ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ᠂ | ᠨᠡᠶᠢᠭᠡᠮ ᠤᠨ ᠠᠪᠤᠷᠠᠨ ᠲᠤᠰᠠᠯᠠᠬᠤ ᠶᠢ ᠬᠢᠨᠠᠨ ᠬᠠᠷᠭᠤᠭᠤᠯᠵᠤ ᠨᠤᠲᠠᠯᠠᠬᠤ ᠲᠠᠰ ᠳᠠᠷᠠᠭᠠᠯᠠᠯ ᠢ ᠰᠢᠯᠢᠳᠡᠭᠵᠢᠭᠦᠯᠬᠦ᠂ | ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠢ ᠲᠦᠢᠯ ᠤᠨ ᠣᠨᠣᠪᠴᠢᠲᠠᠶ ᠪᠠᠷ ᠮᠠᠭᠠᠳᠯᠠᠨ ᠲᠣᠭᠲᠠᠭᠠᠬᠤ | ᠴᠢᠳᠠᠪᠤᠷᠢ ᠶᠢ ᠳᠡᠭᠡᠭᠰᠢᠯᠡᠭᠦᠯᠬᠦ᠂ ᠣᠶᠤᠨᠴᠢ ᠪᠠᠷ ᠠᠪᠤᠷᠠᠨ ᠲᠤᠰᠠᠯᠠᠬᠤ ᠶᠢ ᠶᠡᠬᠡᠪᠡᠷ ᠠᠬᠢᠭᠤᠯᠬᠤ ᠵᠡᠷᠭᠡ ᠠᠭᠤᠯᠭ᠎ᠠ ᠳᠤ | ᠪᠣᠳᠠᠲᠠᠶ ᠲᠣᠭᠲᠠᠭᠠᠯ ᠭᠠᠷᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠲᠠᠨ ᠬᠦᠢᠴᠡᠳᠭᠡᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠶᠢ ᠬᠢᠨᠠᠨ ᠬᠠᠷᠭᠤᠭᠤᠯᠵᠤ ᠨᠤᠲᠠᠯᠠᠬᠤ ᠲᠠᠰ | ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ | ᠬᠦᠴᠢᠷᠳᠡᠯᠲᠡᠶ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠶᠢ ᠬᠢᠨᠠᠨ ᠬᠠᠷᠭᠤᠭᠤᠯᠵᠤ ᠨᠤᠲᠠᠯᠠᠬᠤ ᠡᠷᠬᠡ ᠶᠢᠨ | ᠬᠢᠵᠠᠭᠠᠷ ᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠪᠠᠭᠤᠯᠭᠠᠬᠤ ᠶᠢ | ᠲᠦᠷᠭᠡᠳᠬᠡᠨ ᠠᠬᠢᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠢᠶᠠᠷ | ᠳᠠᠮᠵᠢᠭᠤᠯᠤᠨ ᠪᠠᠶᠢᠴᠠᠭᠠᠨ ᠯᠠᠪᠯᠠᠵᠤ ᠪᠣᠯᠬᠤ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠦᠴᠦᠨ ᠥᠬᠡᠶ ᠪᠣᠯᠭᠠᠵᠤ᠂ | ᠨᠡᠶᠢᠭᠡᠮ ᠤᠨ ᠠᠪᠤᠷᠠᠨ ᠲᠤᠰᠠᠯᠠᠬᠤ ᠵᠦᠢᠯᠡᠰ ᠢ ᠭᠤᠶᠤᠴᠢᠯᠠᠨ ᠬᠦᠢᠴᠡᠳᠭᠡᠬᠦ ᠶᠢ ᠰᠢᠯᠵᠢᠮᠡᠯ ᠦᠵᠦᠭᠦᠷ ᠳᠠᠰᠢ | ᠤᠷᠲᠤᠳᠬᠠᠬᠤ ᠶᠢ ᠠᠬᠢᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ᠵᠦᠢᠯᠡᠰ ᠢ ︽ᠰᠦᠯᠵᠢᠶᠡᠨ ᠳᠡᠭᠡᠷ᠎ᠡ | ᠬᠦᠢᠴᠡᠳᠭᠡᠬᠦ︾᠂ ︽ᠭᠠᠷ ᠣᠳᠠᠰᠣ ᠪᠠᠷ ᠬᠦᠢᠴᠡᠳᠭᠡᠬᠦ︾ ᠶᠢ ᠪᠡᠶᠡᠯᠡᠭᠦᠯᠦᠨ᠎ᠡ︔ ᠳᠣᠯᠣᠳᠤᠭᠠᠷ ᠬᠡᠰᠡᠭ | ᠪᠠᠲᠤᠯᠠᠭ᠎ᠠ ᠶᠢᠨ ᠠᠷᠭ᠎ᠠ ᠬᠡᠮᠵᠢᠶ᠎ᠡ ᠳᠤ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ᠂ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠪᠠ | ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ ᠵᠡᠷᠭᠡ ᠠᠭᠤᠯᠭ᠎ᠠ ᠳᠤ ᠪᠣᠳᠠᠲᠠᠶ ᠲᠣᠭᠲᠠᠭᠠᠯ ᠭᠠᠷᠭᠠᠪᠠ᠃ | ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠭᠠᠷᠭᠠᠬᠤ ᠶᠢᠨ | ᠬᠠᠮᠲᠤ᠂ ᠵᠢᠯ ᠳᠤ ᠬᠥᠮᠦᠨ ᠪᠦᠷᠢ ᠳᠤ ᠳᠤᠮᠳᠠᠴᠢ ᠪᠠᠷ 2400 ᠲᠥᠭᠦᠷᠢᠭ ᠠᠴᠠ ᠳᠤᠲᠠᠭᠤ ᠥᠬᠡᠶ ᠪᠠᠷᠢᠮᠵᠢᠶ᠎ᠠ ᠪᠠᠷ | ᠠᠵᠢᠯ ᠤᠨ ᠨᠥᠬᠦᠪᠥᠷᠢ ᠣᠯᠭᠤᠵᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠢ ᠴᠢᠩᠭᠠᠷᠠᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠲᠠᠨ | ᠬᠦᠢᠴᠡᠳᠭᠡᠬᠦ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠶ᠃ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ |