ᠳᠠᠶᠢᠴᠢᠨ᠄ ᠲᠥᠪᠯᠡᠷᠡᠩᠭᠦᠶ ᠵᠠᠰᠠᠯᠲᠠ ᠶᠢ ᠨᠠᠷᠢᠯᠢᠭ ᠣᠨᠣᠪᠴᠢᠲᠠᠶ ᠯᠠᠪᠳᠠᠭᠤᠨ ᠪᠠᠲᠤᠲᠠᠶ ᠥᠷᠨᠢᠭᠦᠯᠵᠦ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠥᠬᠦ ᠲᠠᠯ᠎ᠠ ᠪᠠᠷ ᠴᠢᠩᠳᠠᠯᠠᠬᠤ ᠬᠡᠷᠡᠭᠲᠡᠶ
ᠨᠡᠶᠢᠲᠡᠯᠡᠭᠰᠡᠨ ᠴᠠᠭ᠄
2022/5/12
     ᠪᠦᠬᠦ ᠣᠷᠣᠨ ᠳᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠤᠯᠬᠢᠵᠢᠭᠤᠯᠤᠨ ᠠᠷᠠᠯᠵᠢᠶᠠᠯᠠᠬᠤ ᠠᠰᠠᠭᠤᠳᠠᠯ ᠢ ᠳᠦᠪᠯᠡᠷᠡᠬᠦᠯᠦᠨ ᠵᠠᠰᠠᠬᠤ ᠶᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ  ᠳᠣᠣᠱᠯᠠᠭᠤᠯᠣᠨ ᠨᠠᠶᠢᠳᠠᠪᠤᠷᠢᠵᠢᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠪᠠᠶᠢᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠢ ᠪᠤᠢ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠯᠠᠱᠠ ᠠᠶᠢᠮᠠᠭ ᠤᠨ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠬᠡᠵᠢᠬᠦᠯᠬᠦ ᠦᠨᠳᠦᠷᠴᠡ ᠳᠤ ᠵᠣᠭᠰᠣᠵᠤ᠂ ᠲᠥᠪᠯᠡᠷᠡᠭᠦᠯᠦᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠶᠡᠷᠦᠮᠳᠡᠭ ᠪᠣᠯᠭᠠᠬᠤ᠂ ᠰᠠᠨᠠᠭᠠᠨ ᠲᠠᠪᠠ ᠪᠠᠷ ᠢᠶᠠᠨ ᠪᠣᠯᠭᠠᠬᠤ᠂ ᠪᠣᠯᠬᠢᠴᠢᠯᠠᠬᠤ᠂ ᠠᠷᠠᠯᠵᠢᠶᠠᠯᠠᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠦᠨᠡᠨ ᠬᠦ ᠪᠥᠬᠦ ᠲᠠᠯ᠎ᠠ ᠪᠠᠷ ᠴᠢᠩᠳᠠᠯᠠᠵᠤ ᠪᠣᠳᠠᠲᠠᠶᠢᠵᠢᠭᠤᠯᠬᠤ ᠬᠡᠷᠡᠭᠲᠡᠶ᠃      ᠲᠥᠪᠯᠡᠷᠡᠭᠦᠯᠦᠨ ᠵᠠᠰᠠᠬᠤ ᠶᠢ ᠥᠷᠨᠢᠭᠦᠯᠬᠦ ᠳᠤ ᠡᠷᠬᠡᠪᠰᠢ ᠬᠥᠮᠦᠵᠢᠭᠦᠯᠵᠦ ᠬᠦᠳᠦᠯᠦᠨ ᠵᠢᠯᠣᠭᠤᠳᠬᠤ ᠶᠢ ᠪᠣᠳᠠᠲᠠᠢ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠲᠤᠬᠠᠢ ᠴᠢᠬᠤᠯᠠ ᠥᠭᠦᠯᠡᠯᠲᠡ ᠪᠠ ᠨᠠᠮ ᠤᠨ ᠲᠦᠷᠢᠮ᠂ ︽ᠰᠢᠨ᠎ᠡ ᠪᠠᠶᠢᠳᠠᠯ ᠳᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠵᠢᠴᠢ ᠨᠠᠵᠠᠭᠠᠢ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠶᠢ ᠵᠠᠪᠠᠯ ᠰᠤᠷᠤᠯᠴᠠᠬᠤ ᠠᠭᠤᠯᠭ᠎ᠠ ᠪᠣᠯᠭᠠᠵᠤ᠂ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠶᠢᠨ ᠤᠨᠤᠯ ᠰᠣᠷᠣᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ ᠡᠭᠦᠷ ᠤᠨ ᠰᠤᠷᠤᠯᠴᠠᠯᠭ᠎ᠠ᠂ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ᠂ ᠰᠡᠷᠡᠮᠵᠢᠯᠡᠭᠦᠯᠬᠦ ᠬᠥᠮᠦᠵᠢᠯ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠤᠬᠠᠮᠰᠠᠷ ᠪᠠ ᠵᠣᠬᠢᠶᠠᠨ ᠪᠠᠶᠢᠭᠤᠯᠤᠯᠲᠠ ᠶᠢᠨ ᠦᠵᠡᠯᠲᠡ ᠶᠢ ᠬᠦᠴᠦᠯᠡᠨ ᠴᠢᠩᠭᠠᠳᠬᠠᠵᠤ᠂ ᠬᠡᠷᠡᠭ ᠢᠶᠠᠷ ᠰᠡᠷᠡᠮᠵᠢᠯᠡᠭᠦᠯᠵᠦ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠭᠦᠨᠵᠡᠭᠡᠢ ᠰᠤᠷᠤᠯᠴᠠᠯᠭ᠎ᠠ ᠶᠢᠨ ᠳᠤᠮᠳᠠ ᠦᠵᠡᠯ ᠰᠠᠨᠠᠭ᠎ᠠ ᠪᠠᠨ ᠴᠡᠪᠡᠷᠰᠢᠬᠦᠯᠵᠦ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠶᠢ ᠬᠦᠳᠦᠯᠦᠨ ᠵᠢᠯᠣᠭᠤᠳᠬᠤ ᠬᠡᠷᠡᠭᠳᠡᠢ᠃      ᠲᠥᠪᠯᠡᠷᠡᠭᠦᠯᠦᠨ ᠵᠠᠰᠠᠬᠤ ᠶᠢ ᠥᠷᠨᠢᠭᠦᠯᠬᠦ ᠳᠤ ᠡᠷᠬᠡᠪᠰᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠣᠳᠠᠲᠠᠢ ᠠᠳᠬᠤᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠢ ᠰᠢᠮᠳᠠᠭᠤᠯᠵᠦ ᠪᠠᠶᠢᠭᠠᠳ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠤᠨ ᠲᠣᠳᠣᠷᠬᠠᠢ ᠬᠠᠭᠤᠳᠠᠰᠤ ᠲᠠᠢ ᠬᠠᠷᠭᠤᠭᠤᠯᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠲᠠᠢ ᠬᠠᠷᠭᠤᠭᠤᠯᠵᠤ᠂ ᠲᠣᠭᠤᠷᠢᠨ ᠪᠠᠶᠢᠴᠠᠭᠠᠬᠤ᠂ ᠬᠠᠷᠢᠭᠤ ᠲᠤᠰᠬᠠᠬᠤ ᠪᠠ ᠤᠯᠠᠨ ᠲᠦᠮᠡᠨ ᠤ ᠲᠤᠰᠬᠠᠭᠰᠠᠨ ᠠᠰᠠᠭᠤᠳᠠᠯ ᠲᠠᠢ ᠬᠠᠷᠭᠤᠭᠤᠯᠵᠤ᠂ ᠬᠢᠳᠤᠭᠠᠨ ᠢᠷ ᠢ ᠳᠣᠲᠣᠭᠰᠢ ᠬᠠᠨᠳᠤᠭᠤᠯᠬᠤ ᠰᠥᠰᠥ ᠵᠣᠷᠢᠭ ᠢᠶᠠᠷ ᠦᠨᠳᠦᠰᠦ ᠰᠤᠷᠪᠤᠯᠵᠢ ᠶᠢ ᠨᠢ ᠭᠦᠨ ᠠᠭᠤᠳᠠᠯᠵᠤ᠂ ᠳᠤᠲᠠᠭᠳᠠᠯ ᠢᠶᠠᠨ ᠢᠯᠡᠴᠢᠯᠡᠨ ᠮᠠᠭᠤ ᠪᠠᠨ ᠢᠯᠡᠴᠢᠯᠡᠵᠦ᠂ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠨᠠᠷᠢᠯᠢᠭ ᠪᠠᠶᠢᠴᠠᠭᠠᠵᠤ᠂ ᠵᠠᠩᠭᠢᠯᠠᠭ᠎ᠠ ᠶᠢ ᠨᠢ ᠡᠷᠢᠵᠦ᠂ ᠪᠠᠷᠢᠨ ᠪᠠᠶᠢᠴᠠᠭᠠᠵᠤ ᠪᠠᠷᠢᠨ ᠰᠠᠶᠢᠵᠢᠷᠠᠭᠤᠯᠵᠤ᠂ ᠦᠨᠡᠨ ᠪᠠᠶᠢᠴᠠᠭᠠᠵᠤ ᠦᠨᠡᠨ ᠬᠦ ᠰᠠᠶᠢᠵᠢᠷᠠᠭᠤᠯᠵᠤ᠂ ᠠᠮᠠᠯᠠᠯᠲᠠ ᠬᠢᠵᠦ ᠠᠮᠠᠯᠠᠯᠲᠠ ᠪᠠᠨ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠺᠠᠳ᠋ᠷ ᠤᠨ ᠲᠠᠰᠤᠷᠠᠯᠳᠠ ᠦᠭᠡᠢ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃      ᠲᠥᠪᠯᠡᠷᠡᠭᠦᠯᠦᠨ ᠵᠠᠰᠠᠬᠤ ᠶᠢ ᠥᠷᠨᠢᠭᠦᠯᠬᠦ ᠳᠤ ᠡᠷᠬᠡᠪᠰᠢ ᠵᠥᠪ ᠢ ᠪᠠᠷᠢᠮᠳᠠᠯᠠᠨ ᠪᠤᠷᠤᠭᠤ ᠶᠢ ᠵᠠᠯᠠᠷᠠᠭᠤᠯᠬᠤ ᠶᠢ ᠪᠣᠳᠠᠲᠠᠢ ᠠᠳᠬᠤᠬᠤ ᠬᠡᠷᠡᠭᠲᠡᠢ᠃ ︽ᠴᠢᠩᠭ᠎ᠠ ᠪᠠᠶᠢᠬᠤ︾ ᠭᠤᠣᠯ ᠬᠦᠭ ᠠᠶᠠᠰ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠡᠨᠡ ᠬᠦ ᠰᠠᠭᠤᠷᠢ ᠢᠨᠵᠧᠨᠧᠷᠢᠩ ᠢ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠲᠠᠢ ᠨᠢᠭᠡ ᠴᠤᠬᠴᠠᠵᠢᠭᠤᠯᠤᠨ ᠠᠬᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠨ ᠠᠷᠠᠯᠵᠢᠶᠠᠯᠠᠬᠤ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠱᠠᠭᠠᠷᠳᠠᠯᠭ᠎ᠠ ᠲᠠᠢ ᠬᠠᠷᠭᠤᠭᠤᠯᠵᠤ᠂ ᠰᠠᠨᠠᠭᠤᠯᠬᠤ᠂ ᠵᠠᠬᠢᠳᠠᠯ ᠢᠶᠠᠷ ᠠᠰᠠᠭᠤᠬᠤ᠂ ᠰᠡᠷᠡᠮᠵᠢᠯᠡᠭᠦᠯᠦᠨ ᠢᠳᠬᠠᠬᠤ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠪᠠ ᠰᠠᠬᠢᠯᠭ᠎ᠠ ᠪᠠᠲᠤ ᠶᠢᠨ ᠰᠢᠳᠬᠡᠯ ᠥᠭᠬᠦ ᠵᠡᠷᠭᠡ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ 11 ᠲᠠᠯ᠎ᠠ ᠶᠢᠨ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠲᠠᠢ ᠪᠠᠷ ᠬᠦᠴᠦᠯᠡᠵᠦ᠂ ᠤᠨᠢᠨ ᠳᠡᠭᠡᠷ᠎ᠡ ᠨᠢ ᠵᠠᠰᠠᠵᠤ᠂ ᠠᠰᠠᠭᠤᠳᠠᠯ ᠤᠨ ᠪᠤᠢ ᠪᠣᠯᠬᠤ ᠬᠥᠷᠥᠰᠥ ᠰᠢᠷᠣᠢ ᠶᠢ ᠡᠷᠡᠰ ᠠᠷᠢᠯᠭᠠᠵᠤ ᠂ ᠠᠷᠢᠭᠤᠨ ᠴᠢᠬᠡᠴᠢ ᠨᠥᠬᠦᠳ ᠤᠨ ᠬᠠᠷᠢᠴᠠᠭ᠎ᠠ᠂ ᠶᠣᠰᠣ ᠲᠦᠷᠢᠮ ᠲᠠᠢ ᠳᠡᠭᠡᠳᠦ ᠲᠤᠤᠷᠠᠳᠤ ᠱᠠᠲᠤᠨ ᠤ ᠬᠠᠷᠢᠴᠠᠭ᠎ᠠ ᠪᠦᠷᠢᠯᠳᠦᠬᠦ ᠶᠢ ᠠᠬᠢᠭᠤᠯᠬᠤ ᠬᠡᠷᠡᠭᠲᠡᠢ᠃      ᠲᠥᠪᠯᠡᠷᠡᠭᠦᠯᠦᠨ ᠵᠠᠰᠠᠬᠤ ᠶᠢ ᠥᠷᠨᠢᠭᠦᠯᠬᠦ ᠳᠤ ᠡᠷᠬᠡᠪᠰᠢ ᠦᠷ᠎ᠡ ᠪᠦᠲᠦᠭᠡᠯ ᠢ ᠪᠠᠬᠢᠵᠢᠭᠦᠯᠬᠦ ᠶᠢ ᠪᠣᠳᠠᠲᠠᠢ ᠠᠳᠬᠤᠬᠤ ᠬᠡᠷᠡᠭᠲᠡᠢ᠃ ᠣᠳᠣᠬᠠᠨ ᠳᠤ ᠰᠠᠶᠢᠵᠢᠷᠠᠭᠤᠯᠬᠤ ᠪᠠ ᠤᠷᠳᠤ ᠬᠤᠭᠤᠴᠠᠭ᠎ᠠ ᠪᠠᠷ ᠪᠠᠶᠢᠭᠤᠯᠬᠤ ᠶᠢ ᠤᠶᠠᠯᠳᠤᠭᠤᠯᠵᠤ᠂ ᠪᠠᠶᠢᠩᠭᠤ ᠰᠠᠨᠠᠭᠤᠯᠬᠤ᠂ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ᠂ ᠬᠥᠮᠦᠨ ᠰᠣᠩᠭᠤᠬᠤ ᠬᠥᠮᠦᠨ ᠬᠡᠷᠡᠭᠯᠡᠬᠦ  ᠵᠠᠩᠬᠢᠯᠠᠭ᠎ᠠ ᠶᠢ ᠠᠳᠬᠤᠬᠤ᠂ ᠰᠦᠪᠡᠭᠴᠢ ᠶᠢ ᠢᠯᠡᠷᠡᠭᠦᠯᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠵᠢᠷᠤᠮᠵᠢᠭᠤᠯᠬᠤ ᠶᠢ ᠡᠳᠦᠷ ᠲᠤᠳᠤᠮ ᠤᠨ ᠠᠵᠢᠯ ᠳᠠᠭᠠᠨ ᠠᠳᠬᠤᠵᠤ᠂ ᠪᠠᠶᠢᠩᠭᠤ ᠶᠢᠨ ᠪᠠᠶᠢᠳᠠᠯ ᠳᠤ ᠠᠭᠤᠰᠤᠯᠴᠠᠭᠤᠯᠵᠤ᠂ ᠪᠠᠶᠢᠩᠭᠤ ᠶᠢᠨ ᠪᠠᠶᠢᠳᠠᠯ ᠳᠤ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠶᠢ ᠪᠠᠲᠤᠯᠠᠵᠤ᠂ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷ ᠢ ᠢᠮᠠᠭᠲᠠ ᠰᠡᠳᠬᠢᠯ ᠳᠡᠭᠡᠨ ᠡᠮᠢᠶᠡᠬᠦ ᠵᠦᠢᠯ ᠲᠠᠢ᠂ ᠦᠭᠡ ᠶᠠᠷᠢᠶ᠎ᠠ ᠳᠠᠭᠠᠨ ᠴᠡᠭᠡᠷᠯᠡᠯ ᠲᠠᠢ᠂ ᠦᠢᠯᠡ ᠠᠵᠢᠯᠯᠠᠭ᠎ᠠ ᠳᠠᠭᠠᠨ ᠬᠤᠷᠢᠭ᠎ᠠ ᠴᠡᠭᠡᠷ ᠲᠠᠢ ᠪᠠᠶᠢᠯᠭᠠᠵᠤ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠶᠢᠴᠢᠨ ᠴᠢᠨᠠᠷ ᠢ ᠦᠨᠡᠨ ᠬᠦ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号