ᠮᠠᠨ ᠤ ᠣᠷᠣᠨ ᠤ ᠭᠤᠣᠯᠳᠠᠯᠭ᠎ᠠ ᠲᠠᠢ ᠡᠳ᠋ ᠪᠠᠷᠠᠭᠠᠨ ᠤ ᠳᠡᠭᠡᠭᠡᠪᠦᠷᠢ ᠶᠢᠨ ᠳᠡᠷᠭᠡ ᠬᠦᠰᠬᠡ ᠶᠢᠨ ᠨᠡᠪᠳᠡᠷᠡᠬᠦ ᠦᠨᠡᠮᠯᠡᠯ ᠢ 3 ᠳᠦᠮᠡ ᠭᠠᠷᠣᠢ ᠬᠤᠪᠢ ᠳᠠᠷᠬᠠᠭᠠᠪᠠ
ᠨᠡᠶᠢᠲᠡᠯᠡᠭᠰᠡᠨ ᠴᠠᠭ᠄
2022/5/12
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠳᠠᠯ᠎ᠠ ᠮᠠᠨ ᠤ ᠣᠷᠣᠨ ᠪᠦᠭᠦ ᠤᠯᠤᠰ ᠤᠨ ᠨᠢᠭᠡᠳᠦᠯᠲᠡᠢ ᠬᠡᠪ ᠵᠠᠭᠪᠤᠷ ᠪᠦᠬᠦᠢ ᠭᠤᠣᠯᠳᠠᠯᠭ᠎ᠠ ᠲᠠᠢ ᠡᠳ᠋ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ︵ᠨᠣᠭᠤᠭᠠᠨ ᠦᠨᠡᠮᠯᠡᠯ︶ ᠪᠣᠯᠣᠨ ᠣᠷᠣᠨ ᠤ ᠳᠣᠲᠣᠷᠠᠬᠢ ᠨᠡᠪᠲᠡᠷᠡᠬᠦ ᠦᠨᠡᠮᠯᠡᠯ︵ᠬᠥᠬᠡ ᠦᠨᠡᠮᠯᠡᠯ︶ ᠢ ᠨᠢᠭᠡᠨᠲᠡ 3 ᠲᠦᠮᠡ ᠭᠠᠷᠤᠢ ᠬᠤᠪᠢ ᠲᠠᠷᠬᠠᠭᠠᠵᠤ ᠵᠡᠷᠭᠡ ᠪᠠᠷ ᠬᠡᠷᠡᠭᠯᠡᠭᠦᠯᠪᠡ᠃      ᠪᠦᠭᠦ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ᠂ ᠮᠠᠨ ᠤ ᠣᠷᠣᠨ ᠤ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠪᠦᠭᠦ ᠤᠯᠤᠰ ᠤᠨ ᠡᠯ᠎ᠡ ᠮᠤᠵᠢ︵ᠥᠪᠡᠷᠲᠡᠭᠡᠨ ᠵᠠᠰᠠᠬᠤ ᠣᠷᠣᠨ᠂ ᠬᠤᠲᠠ︶ᠵᠢᠴᠢ ᠣᠷᠣᠨ ᠤ ᠳᠣᠲᠣᠷᠠᠬᠢ ᠡᠯ᠎ᠡ ᠭᠠᠵᠠᠷ ᠢᠶᠠᠷ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ︽ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ ᠤᠨ ᠳᠦᠷᠢᠮ︾ ᠢ ᠳᠠᠷᠤᠮᠠᠯᠯᠠᠨ ᠲᠠᠷᠬᠠᠭᠠᠵᠤ᠂ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ ᠢ ᠡᠬᠢᠯᠡᠨ ᠬᠡᠷᠡᠭᠯᠡᠭᠦᠯᠵᠦ᠂ ᠡᠯ᠎ᠡ ᠠᠶᠢᠮᠠᠭ ᠬᠤᠲᠠ ᠶᠢ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠤᠷᠢᠳ ᠢᠶᠠᠷ ᠨᠡᠪᠲᠡᠷᠡᠭᠦᠯᠬᠦ ᠶᠢ ᠱᠠᠭᠠᠷᠳᠠᠵᠠᠢ᠃      ᠨᠡᠪᠲᠡᠷᠡᠬᠦ ᠦᠨᠡᠮᠯᠡᠯ ᠤᠨ ᠬᠡᠷᠡᠭᠯᠡᠬᠦ ᠬᠡᠪᠴᠢᠶ᠎ᠡ ᠳᠤ ᠡᠮᠴᠢᠯᠡᠭᠡᠨ ᠤ ᠡᠳ᠋ ᠪᠣᠳᠠᠰ᠂ ᠰᠢᠨ᠎ᠡ ᠰᠣᠷᠭᠤᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠭᠤᠣᠯᠳᠠᠯᠭ᠎ᠠ ᠲᠠᠢ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠡᠨᠧᠷᠭᠢ ᠶᠢᠨ ᠡᠳ᠋ ᠪᠣᠳᠠᠰ᠂ ᠰᠢᠤᠳᠠᠨ ᠤ ᠲᠦᠷᠭᠡᠨ ᠬᠦᠷᠭᠡᠯᠲᠡ ᠵᠡᠷᠭᠡ ᠡᠯ᠎ᠡ ᠲᠥᠷᠥᠯ ᠤᠨ ᠭᠤᠣᠯᠳᠠᠯᠭ᠎ᠠ ᠲᠠᠢ ᠡᠳ᠋ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠪᠠᠭᠲᠠᠨ᠎ᠠ᠃ ᠦᠨᠡᠮᠯᠡᠯ ᠭᠤᠶᠤᠴᠢᠯᠠᠬᠤ ᠠᠵᠤ ᠠᠬᠤᠶᠢᠯᠠᠯ ᠳᠤ ᠡᠩ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠪᠠᠲᠤᠯᠠᠭ᠎ᠠ ᠶᠢᠨ ᠠᠵᠤ ᠠᠬᠤᠶᠢᠯᠠᠯ ᠪᠠ ᠭᠤᠣᠯᠳᠠᠯᠭ᠎ᠠ ᠲᠠᠢ ᠡᠳ᠋ ᠪᠠᠷᠠᠭ᠎ᠠ ᠶᠢᠨ ᠪᠠᠲᠤᠯᠠᠭ᠎ᠠ ᠶᠢᠨ ᠠᠵᠤ ᠠᠬᠤᠶᠢᠯᠠᠯ ᠪᠠᠭᠲᠠᠵᠤ᠂ ᠲᠣᠰ ᠲᠣᠰ ᠠᠶᠢᠮᠠᠭ ᠬᠤᠲᠠ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠠᠷᠠᠭᠠᠯᠵᠠᠭᠰᠠᠨ ᠰᠠᠯᠠᠭ᠎ᠠ ᠮᠥᠴᠢᠷ ᠲᠤ ᠭᠤᠶᠤᠴᠢᠯᠠᠨ ᠭᠦᠢᠴᠡᠳᠬᠡᠨ᠎ᠡ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号