︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠦᠷᠢᠮ︾ ︽ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ | ᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠪᠠᠷᠢᠯᠭ᠎ᠠ ᠶᠢᠨ ᠡᠨᠧᠷᠭᠢ | ᠠᠷᠪᠢᠯᠠᠬᠤ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠳᠤᠤᠷᠠᠬᠢ ᠠᠷᠭ᠎ᠠ ᠬᠡᠮᠵᠢᠶ᠎ᠡ ᠶᠢ ᠳᠤᠷᠠᠳᠪᠠ᠃ | ᠨᠢᠭᠡ᠂ ᠭᠤᠣᠯ ᠬᠠᠷᠠᠯᠲᠠ | 2022 ᠣᠨ ᠳᠤ᠂ ᠪᠥᠬᠦ ᠠᠶᠢᠮᠠᠭ ᠤᠨ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢᠨ ᠣᠷᠣᠨ ᠤ | ᠳᠣᠲᠣᠷᠠᠬᠢ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ | ᠲᠠᠯ᠎ᠠ ᠪᠠᠷ ᠬᠡᠷᠡᠭᠵᠢᠭᠦᠯᠦᠨ᠎ᠡ︔ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠡᠵᠡᠯᠡᠬᠦ ᠬᠠᠷᠢᠴᠠᠯ ᠢ 15 % ᠳᠤ | ᠬᠦᠷᠦᠭᠦᠯᠬᠦ ᠪᠠᠷ ᠴᠢᠷᠮᠠᠶᠢᠨ᠎ᠠ︔ ᠡᠯ᠎ᠡ ᠬᠤᠰᠢᠭᠤ ᠣᠷᠣᠨ ᠳᠤ ᠡᠨᠧᠷᠭᠢ ᠶᠢᠨ ᠬᠤᠷᠣᠭᠳᠠᠯ ᠬᠡᠲᠦ ᠪᠠᠭ᠎ᠠ ᠬᠡᠯᠪᠡᠷᠢ ᠶᠢᠨ | ᠪᠠᠷᠢᠯᠭ᠎ᠠ ᠶᠢᠨ ᠲᠤᠷᠰᠢᠯᠲᠠ ᠶᠢᠨ ᠠᠵᠢᠯ ᠢ ᠦᠷᠨᠢᠬᠦᠯᠦᠨ᠎ᠡ︔ ᠨᠢᠭᠡᠨᠲᠡ ᠪᠠᠶᠢᠭ᠎ᠠ ᠣᠷᠣᠨ ᠰᠠᠭᠤᠴᠠ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 4 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ | ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠯᠡᠭᠡᠨ ᠤ ᠲᠠᠯᠠᠪᠠᠢ ᠶᠢ 3 ᠲᠦᠮᠡᠨ ᠲᠡᠭᠰᠢ ᠳᠥᠷᠪᠡᠯᠵᠢᠨ | ᠮᠧᠲᠷ ᠲᠤ ᠬᠦᠷᠭᠡᠨ᠎ᠡ︔ ᠪᠠᠷᠢᠯᠭ᠎ᠠ ᠶᠢᠨ ᠳᠤᠯᠠᠭᠠᠨ ᠢ ᠬᠠᠳᠠᠭᠠᠯᠠᠬᠤ ᠪᠦᠲᠦᠴᠡ ᠶᠢ ᠨᠢᠭᠡ ᠴᠣᠭᠴᠠᠵᠢᠭᠤᠯᠤᠭᠰᠠᠨ | ᠲᠥᠷᠥᠯ ᠵᠦᠢᠯ ᠤᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠡᠵᠡᠯᠡᠬᠦ ᠬᠠᠷᠢᠴᠠᠯ ᠢ 10 % ᠳᠤ | ᠬᠦᠷᠦᠭᠦᠯᠦᠨ᠎ᠡ︔ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ | ᠬᠡᠷᠡᠭᠯᠡᠬᠦ ᠬᠠᠷᠢᠴᠠᠯ ᠢ 10 % ᠳᠤ ᠬᠦᠷᠭᠡᠨ᠎ᠡ᠃ | 2025 ᠣᠨ ᠪᠣᠯᠬᠤ ᠳᠤ᠂ ᠪᠥᠬᠦ ᠠᠶᠢᠮᠠᠭ ᠤᠨ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠥᠬᠡᠶ | ᠠᠮᠢ ᠠᠬᠤᠶ ᠶᠢᠨ ᠬᠤᠲᠠ ᠲᠣᠭᠤᠷᠢᠭ᠂ ᠪᠣᠬᠢᠷᠲᠤᠯ ᠥᠬᠡᠶ ᠠᠮᠢ ᠠᠬᠤᠶ ᠶᠢᠨ ᠰᠠᠭᠤᠭᠠᠯᠢ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ | ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠡᠵᠡᠯᠡᠬᠦ ᠬᠠᠷᠢᠴᠠᠯ ᠢ 30 % ᠠᠴᠠ ᠳᠠᠪᠠᠭᠤᠯᠤᠨ᠎ᠠ︔ ᠤᠭᠰᠠᠷᠠᠮᠠᠯ | ᠮᠠᠶ᠋ᠢᠭ ᠤᠨ ᠪᠠᠷᠢᠯᠭ᠎ᠠ ᠶᠢᠨ ᠲᠠᠯᠠᠪᠠᠢ ᠶᠢᠨ ᠡᠵᠡᠯᠡᠬᠦ ᠬᠠᠷᠢᠴᠠᠯ ᠢ 30 % ᠳᠤ ᠬᠦᠷᠦᠭᠦᠯᠬᠦ ᠪᠠᠷ ᠴᠢᠷᠮᠠᠶᠢᠨ᠎ᠠ︔ | ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ 10 ᠲᠦᠮᠡᠨ | ᠲᠡᠭᠰᠢ ᠳᠥᠷᠪᠡᠯᠵᠢᠨ ᠮᠧᠲᠷ ᠪᠠᠶᠢᠵᠤ᠂ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠲᠠᠰᠤᠷᠠᠯᠲᠠ | ᠥᠬᠡᠶ ᠳᠡᠭᠡᠭᠰᠢᠯᠡᠨ᠎ᠡ︔ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ ᠲᠠᠯᠠᠪᠠᠶ ᠶᠢ 10 ᠲᠦᠮᠡᠨ | ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠪᠠᠷᠢᠯᠭ᠎ᠠ ᠶᠢᠨ ᠳᠤᠯᠠᠭᠠᠨ ᠢ ᠬᠠᠳᠠᠭᠠᠯᠠᠬᠤ ᠪᠦᠲᠦᠴᠡ ᠶᠢ ᠨᠢᠭᠡ | ᠴᠣᠭᠴᠠᠵᠢᠭᠤᠯᠤᠭᠰᠠᠨ ᠲᠥᠷᠥᠯ ᠵᠦᠢᠯ ᠤᠨ ᠡᠵᠡᠯᠡᠬᠦ ᠬᠠᠷᠢᠴᠠᠯ ᠢ 30 % ᠠᠴᠠ ᠳᠡᠭᠡᠭᠰᠢ ᠳᠤ ᠬᠦᠷᠦᠭᠦᠯᠵᠦ᠂ | ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠬᠦ ᠬᠠᠷᠢᠴᠠᠯ ᠢ 30 | % ᠳᠤ ᠬᠦᠷᠦᠭᠦᠯᠦᠨ᠎ᠡ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠶᠢ | ᠴᠢᠩᠭᠠᠳᠬᠠᠨ᠎ᠠ | 1 . ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ | ᠬᠡᠷᠡᠭᠲᠡᠶ᠃ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ︽ᠣᠷᠣᠨ ᠰᠠᠭᠤᠴᠠ ᠶᠢᠨ ᠪᠠᠷᠢᠯᠭ᠎ᠠ ᠶᠢᠨ | ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ 3 — 352019︶ ᠪᠣᠯᠤᠨ ︽ | ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ 3 — | 272017︶ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠷᠢᠯᠭ᠎ᠠ ᠶᠢᠨ ᠡᠭᠦᠳᠡ ᠴᠣᠩᠬᠤ᠂ ᠭᠠᠳᠠᠷ ᠬᠡᠷᠡᠮ ᠤᠨ | ᠳᠤᠯᠠᠭᠠᠨ ᠢ ᠬᠠᠮᠠᠭᠠᠯᠠᠬᠤ ᠵᠡᠷᠭᠡ ᠵᠠᠩᠭᠢᠯᠠᠭ᠎ᠠ ᠶᠢᠨ ᠬᠡᠰᠡᠭ ᠤᠨ ᠡᠨᠧᠷᠭᠢ ᠠᠷᠪᠢᠯᠠᠬᠤ ᠴᠢᠳᠠᠮᠵᠢ ᠶᠢ ᠭᠤᠣᠯᠳᠠᠯᠭ᠎ᠠ ᠲᠠᠢ | ᠳᠡᠭᠡᠭᠰᠢᠯᠡᠭᠦᠯᠦᠨ᠂ ᠵᠢᠷᠤᠭ ᠲᠥᠯᠥᠪᠯᠡᠭᠡ᠂ ᠵᠢᠷᠤᠭ ᠬᠢᠨᠠᠬᠤ᠂ ᠪᠠᠷᠢᠯᠭ᠎ᠠ ᠪᠠᠷᠢᠬᠤ᠂ ᠪᠠᠶᠢᠴᠠᠭᠠᠨ ᠬᠡᠮᠵᠢᠬᠦ᠂ ᠬᠢᠨᠠᠨ | ᠬᠠᠮᠢᠶᠠᠷᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠭᠤᠭᠴᠤᠭ᠎ᠠ ᠶᠢᠨ ᠡᠨᠧᠷᠭᠢ ᠠᠷᠪᠢᠯᠠᠬᠤ ᠶᠠᠰᠤ | ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠩ ᠥᠨᠳᠥᠷ ᠪᠠᠷᠢᠮᠵᠢᠶᠠᠲᠤ ᠡᠨᠧᠷᠭᠢ ᠶᠢᠨ ᠬᠤᠷᠣᠭᠳᠠᠭᠤᠯᠭ᠎ᠠ | ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠠᠶᠢᠮᠠᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠣᠷᠣᠨ ᠤ ᠠᠷᠠᠳ ᠤᠨ | ᠵᠠᠰᠠᠭ ᠤᠨ ᠣᠷᠳᠣᠨ ᠬᠠᠮᠢᠶᠠᠷᠤᠯᠲᠠ ᠶᠢᠨ ᠵᠥᠪᠯᠡᠯ ᠬᠠᠷᠢᠭᠤᠴᠠᠨ᠎ᠠ᠃ ᠳᠣᠣᠷ᠎ᠠ ᠡᠯ᠎ᠡ ᠬᠤᠰᠢᠭᠤ ︵ ᠣᠷᠣᠨ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠬᠠᠷᠢᠭᠤᠴᠠᠨ᠎ᠠ ᠭᠡᠵᠦ ᠳᠣᠪᠴᠢᠯᠠᠨᠠ᠂ ᠳᠠᠬᠢᠵᠤ | ᠨᠣᠷᠱᠣᠬᠤ ᠦᠭᠡᠢ᠃ | 2 . ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ | ᠪᠠᠷᠢᠯᠭ᠎ᠠ ᠳᠤ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠯᠭᠡᠷᠡᠭᠦᠯᠬᠦ ᠭᠠᠷᠴᠠᠭ ᠲᠠᠬᠢ ᠪᠣᠬᠢᠷᠲᠤᠯ | ᠥᠬᠡᠶ ᠮᠡᠷᠭᠡᠵᠢᠯ ᠪᠠ ᠦᠢᠯᠡᠳᠬᠦᠨ ᠢ ᠰᠣᠩᠭᠤᠨ ᠬᠡᠷᠡᠭᠯᠡᠬᠦ ᠳᠤ ᠳᠣᠭᠢᠷᠠᠨ᠎ᠠ᠃ ᠡᠭᠦᠨ ᠳᠤ ᠪᠠᠭᠲᠠᠬᠤ ᠨᠢ᠄ | ︵1︶ ᠰᠢᠨ᠎ᠡ ᠬᠡᠯᠪᠡᠷᠢ ᠶᠢᠨ ᠡᠨᠧᠷᠭᠢ ᠠᠷᠪᠢᠯᠠᠬᠤ ᠬᠡᠷᠡᠮ ᠤᠨ ᠮᠠᠲ᠋ᠧᠷᠢᠶᠠᠯ᠂ ᠭᠡᠷ ᠤᠨ ᠳᠤᠯᠠᠭᠠᠨ | ᠬᠠᠳᠠᠭᠠᠯᠠᠵᠤ ᠢᠯᠴᠢ ᠶᠢ ᠬᠥᠨᠳᠡᠶᠢᠷᠡᠭᠦᠯᠬᠦ ᠮᠡᠷᠭᠡᠵᠢᠯ ᠬᠢᠭᠡᠳ ᠦᠢᠯᠡᠳᠬᠦᠨ᠂ ᠡᠨᠧᠷᠭᠢ ᠠᠷᠪᠢᠯᠠᠬᠤ ᠡᠭᠦᠳᠡ ᠴᠣᠩᠬᠤ | ᠵᠡᠷᠭᠡ ᠡᠨᠧᠷᠭᠢ ᠠᠷᠪᠢᠯᠠᠬᠤ ᠮᠡᠷᠭᠡᠵᠢᠯ ᠬᠢᠭᠡᠳ ᠦᠢᠯᠡᠳᠬᠦᠨ︔ | ︵2︶ ᠢᠯᠴᠢ ᠬᠠᠩᠭᠠᠬᠤ᠂ ᠰᠠᠯᠬᠢ ᠨᠡᠪᠲᠡᠷᠡᠭᠦᠯᠬᠦ ᠬᠢᠭᠡᠳ ᠠᠭᠠᠷ ᠲᠣᠬᠢᠷᠠᠭᠤᠯᠬᠤ ᠰᠢᠰᠲ᠋ᠧᠮ ᠢ | ᠲᠣᠬᠢᠷᠠᠭᠤᠯᠤᠨ ᠡᠵᠡᠮᠳᠡᠬᠦ᠂ ᠬᠡᠮᠵᠢᠬᠦ᠂ ᠡᠨᠧᠷᠭᠢ ᠠᠷᠪᠢᠯᠠᠬᠤ ᠮᠡᠷᠭᠡᠵᠢᠯ ᠬᠢᠭᠡᠳ ᠦᠢᠯᠡᠳᠬᠦᠨ︔ | ︵3︶ ᠨᠡᠷᠡᠨ ᠤ ᠡᠨᠧᠷᠭᠢ᠂ ᠭᠠᠵᠠᠷ ᠤᠨ ᠢᠯᠴᠢ ᠶᠢᠨ ᠡᠨᠧᠷᠭᠢ᠂ ᠰᠠᠯᠬᠢᠨ ᠤ ᠡᠨᠧᠷᠭᠢ ᠵᠡᠷᠭᠡ ᠳᠠᠬᠢᠨ | ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠮᠡᠷᠭᠡᠵᠢᠯ ᠬᠢᠭᠡᠳ ᠦᠢᠯᠡᠳᠬᠦᠨ︔ | ︵4︶ ᠪᠣᠷᠣᠭᠠᠨ ᠤ ᠤᠰᠤ ᠶᠢ ᠬᠤᠷᠠᠮᠳᠣᠭᠤᠯᠬᠤ᠂ ᠤᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠤᠰᠤ | ᠠᠷᠪᠢᠯᠠᠬᠤ ᠮᠡᠷᠭᠡᠵᠢᠯ ᠬᠢᠭᠡᠳ ᠪᠦᠲᠦᠭᠡᠭᠳᠡᠬᠦᠨ︔ | ︵5︶ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠮᠡᠷᠭᠡᠵᠢᠯ ᠬᠢᠭᠡᠳ ᠪᠦᠲᠦᠭᠡᠭᠳᠡᠬᠦᠨ︔ | ︵6︶ ᠪᠠᠷᠢᠯᠭ᠎ᠠ ᠶᠢᠨ ᠪᠣᠬᠢᠷᠲᠤᠯ ᠥᠬᠡᠶ ᠭᠡᠷᠡᠯᠲᠦᠭᠦᠯᠭᠡ ᠵᠢᠴᠢ ᠣᠶᠤᠨᠴᠢᠯᠠᠭᠰᠠᠨ ᠡᠨᠧᠷᠭᠢ ᠠᠷᠪᠢᠯᠠᠬᠤ | ᠮᠡᠷᠭᠡᠵᠢᠯ ᠬᠢᠭᠡᠳ ᠦᠢᠯᠡᠳᠬᠦᠨ︔ | ︵7︶ ᠰᠤᠯᠠ ᠰᠠᠪᠠᠯᠠᠬᠤ ᠱᠦᠢᠨᠢ᠂ ᠤᠷᠢᠳᠴᠢᠯᠠᠨ ᠵᠢᠭᠤᠷᠠᠬᠤ ᠪᠧᠲ᠋ᠤᠨ᠂ ᠤᠷᠢᠳᠴᠢᠯᠠᠨ ᠵᠢᠭᠤᠷᠠᠬᠤ | ᠰᠢᠪᠡᠷ︔ | ︵8︶ ᠪᠤᠰᠤᠳ ᠲᠡᠷᠢᠭᠦᠨ ᠤ ᠪᠣᠬᠢᠷᠲᠤᠯ ᠦᠭᠡᠢ᠂ ᠡᠨᠧᠷᠭᠢ ᠠᠷᠪᠢᠯᠠᠬᠤ ᠮᠡᠷᠭᠡᠵᠢᠯ᠂ ᠦᠢᠯᠡᠳᠬᠦᠨ ᠪᠠ | ᠮᠠᠲ᠋ᠧᠷᠢᠶᠠᠯ ᠵᠡᠷᠭᠡ᠃ ︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 3 . ᠢᠳᠡᠪᠬᠢ ᠪᠤᠰᠤ ᠮᠠᠶ᠋ᠢᠭ ᠤᠨ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ | ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠢᠳᠡᠪᠬᠢ ᠪᠤᠰᠤ ᠮᠠᠶ᠋ᠢᠭ ᠤᠨ ᠬᠡᠲᠦ ᠳᠣᠣᠷ᠎ᠠ ᠡᠨᠧᠷᠭᠢ ᠶᠢᠨ | ᠬᠤᠷᠣᠭᠳᠠᠯ ᠲᠠᠢ ᠪᠠᠷᠢᠯᠭ᠎ᠠ᠂ ᠡᠨᠧᠷᠭᠢ ᠶᠢᠨ ᠬᠤᠷᠣᠭᠳᠠᠯ ᠪᠠᠭ᠎ᠠ ᠪᠠᠷᠢᠯᠭ᠎ᠠ ᠶᠢᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠶᠢ ᠥᠷᠨᠢᠭᠦᠯᠵᠦ᠂ ᠢᠳᠡᠪᠬᠢ ᠪᠤᠰᠤ ᠮᠠᠶ᠋ᠢᠭ ᠤᠨ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ᠂ | ᠡᠨᠧᠷᠭᠢ ᠶᠢᠨ ᠬᠤᠷᠣᠭᠳᠠᠯ ᠪᠠᠭ᠎ᠠ ᠪᠠᠷᠢᠯᠭ᠎ᠠ ᠶᠢᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ ︵ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠬᠠᠷᠢᠭᠤᠴᠠᠨ᠎ᠠ︶ | 4 . ᠪᠠᠷᠢᠯᠭ᠎ᠠ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠦᠨ᠎ᠡ᠃ | ᠪᠠᠷᠢᠯᠭ᠎ᠠ ᠶᠢᠨ ᠡᠨᠧᠷᠭᠢ ᠶᠢᠨ ᠬᠤᠷᠣᠭᠳᠠᠭᠤᠯᠭ᠎ᠠ ᠶᠢᠨ ᠬᠤᠶᠠᠷ ᠢ ᠬᠢᠵᠠᠭᠠᠷᠯᠠᠬᠤ ᠬᠠᠷᠠᠯᠲᠠ ᠶᠢᠨ ᠡᠭᠦᠷᠭᠡ ᠶᠢ ᠴᠢᠩᠭ᠎ᠠ | ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠭᠤᠯᠭ᠎ᠠ ᠶᠢ ᠪᠦᠷᠢᠳᠬᠡᠬᠦ᠂ ᠡᠨᠧᠷᠭᠢ ᠶᠢ ᠬᠢᠨᠠᠨ ᠪᠣᠳᠣᠬᠤ᠂ | ᠡᠨᠧᠷᠭᠢ ᠶᠢᠨ ᠬᠤᠷᠣᠭᠳᠠᠭᠤᠯᠭ᠎ᠠ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠡᠨᠧᠷᠭᠢ ᠶᠢᠨ ᠠᠰᠢᠭᠯᠠᠮᠵᠢ ᠶᠢ ᠢᠯᠡ | ᠨᠡᠶᠢᠲᠡᠯᠡᠬᠦ ᠵᠡᠷᠭᠡ ᠠᠵᠢᠯ ᠢ ᠴᠢᠩᠭᠠᠳᠬᠠᠨ᠂ ᠪᠠᠷᠢᠯᠭ᠎ᠠ ᠶᠢᠨ ᠠᠵᠢᠯᠯᠠᠭᠠᠨ ᠤ ᠱᠠᠲᠤ ᠦᠶ᠎ᠡ ᠶᠢᠨ ᠡᠨᠧᠷᠭᠢ ᠶᠢᠨ | ᠠᠰᠢᠭᠯᠠᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ | ᠰᠢᠯᠭᠠᠨ ᠲᠣᠭᠲᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠢᠯᠭᠠᠬᠤ ᠲᠡᠮᠳᠡᠭ ᠤᠨ ᠮᠡᠳᠡᠭᠡ ᠵᠠᠩᠭᠢ ᠶᠢ ᠢᠯᠡ | ᠪᠣᠯᠭᠠᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ | ᠬᠠᠮᠢᠶᠠᠷᠤᠯᠲᠠ ᠶᠢ ᠥᠷᠨᠢᠭᠦᠯᠵᠦ᠂ ᠪᠠᠶᠢᠭᠤᠯᠭ᠎ᠠ ᠶᠢᠨ ᠠᠯᠪᠠᠯᠠᠬᠤ ᠪᠠᠷᠢᠯᠭ᠎ᠠ ᠪᠠ ᠲᠣᠮᠣ ᠬᠡᠯᠪᠡᠷᠢ ᠶᠢᠨ ᠣᠯᠠᠨ | ᠨᠡᠶᠢᠲᠡ ᠶᠢᠨ ᠪᠠᠷᠢᠯᠭ᠎ᠠ ᠳᠤ ᠡᠨᠧᠷᠭᠢ ᠠᠷᠪᠢᠯᠠᠬᠤ ᠶᠢ ᠬᠢᠨᠠᠨ ᠰᠢᠨᠵᠢᠬᠦ ᠰᠢᠰᠲ᠋ᠧᠮ ᠤᠭᠰᠠᠷᠠᠬᠤ ᠶᠢ ᠠᠬᠢᠭᠤᠯᠤᠨ᠎ᠠ᠃ | ᠣᠯᠠᠨ ᠨᠡᠶᠢᠲᠡ ᠶᠢᠨ ᠪᠠᠷᠢᠯᠭ᠎ᠠ ᠶᠢᠨ ᠵᠦᠢ ᠵᠣᠬᠢᠰᠲᠠᠶ ᠡᠨᠧᠷᠭᠢ ᠬᠡᠷᠡᠭᠯᠡᠬᠦ᠂ ᠡᠨᠧᠷᠭᠢ ᠶᠢᠨ ᠬᠤᠷᠣᠭᠳᠠᠭᠤᠯᠭ᠎ᠠ ᠶᠢᠨ | ᠬᠢᠵᠠᠭᠠᠷᠯᠠᠭᠰᠠᠨ ᠲᠤᠭ᠎ᠠ᠂ ᠲᠥᠷᠥᠯ ᠬᠤᠪᠢᠶᠠᠭᠰᠠᠨ ᠪᠠᠷᠢᠯᠭ᠎ᠠ ᠶᠢᠨ ᠡᠨᠧᠷᠭᠢ ᠬᠡᠷᠡᠭᠯᠡᠬᠦ ᠬᠡᠪ ᠳᠠᠭᠤᠷᠢᠶᠠᠯ ᠵᠡᠷᠭᠡ | ᠳᠦᠷᠢᠮ ᠢ ᠪᠠᠶᠢᠭᠤᠯᠬᠤ ᠬᠡᠷᠡᠭᠲᠡᠶ᠃ ︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠬᠡᠨ ᠤ ᠲᠥᠪ ᠬᠠᠷᠢᠭᠤᠴᠠᠨ᠎ᠠ︶ | 5 . ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠳᠤ ᠪᠠᠷᠢᠯᠭ᠎ᠠ ᠶᠢᠨ ᠡᠨᠧᠷᠭᠢ ᠠᠷᠪᠢᠯᠠᠬᠤ | ᠪᠠᠷᠢᠮᠵᠢᠶ᠎ᠠ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠠᠯᠠ ᠣᠷᠣᠭᠤᠯᠤᠭᠰᠠᠨ ᠮᠠᠯᠵᠢᠬᠤ ᠲᠠᠷᠢᠶᠠᠯᠠᠬᠤ | ᠣᠷᠣᠨ ᠤ ᠣᠯᠠᠨ ᠨᠡᠶᠢᠲᠡ ᠶᠢᠨ ᠪᠠᠷᠢᠯᠭ᠎ᠠ᠂ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠥᠯ ᠤᠨ ᠬᠡᠷ | ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠪᠣᠬᠢᠷᠲᠤᠯ ᠥᠬᠡᠶ ᠡᠨᠧᠷᠭᠢ | ᠠᠷᠪᠢᠯᠠᠬᠤ ᠮᠡᠷᠭᠡᠵᠢᠯ ᠢ ᠰᠣᠩᠭᠤᠨ ᠬᠡᠷᠡᠭᠯᠡᠬᠦ ᠶᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠨ | ᠰᠠᠭᠤᠴᠠ ᠶᠢᠨ ᠪᠠᠷᠢᠯᠭ᠎ᠠ ᠶᠢ ᠬᠥᠲᠥᠯᠦᠨ ᠵᠢᠯᠣᠭᠤᠳᠴᠤ ᠪᠠᠶᠢᠭᠠᠳ ︽ᠮᠠᠯᠵᠢᠬᠤ ᠲᠠᠷᠢᠶᠠᠯᠠᠬᠤ ᠣᠷᠣᠨ ᠤ ᠣᠷᠣᠨ | ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ 03 — | 782017︶ ᠶᠢ ᠬᠡᠷᠡᠭᠵᠢᠭᠦᠯᠦᠨ᠎ᠡ᠃ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠨᠢᠭᠡᠨᠲᠡ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ | ᠠᠰᠢᠭᠯᠠᠮᠵᠢ ᠶᠢᠨ ᠳᠡᠭᠡᠭᠰᠢᠯᠡᠯᠲᠡ ᠶᠢ ᠴᠢᠩᠭᠠᠳᠬᠠᠨ᠎ᠠ᠃ ᠪᠣᠬᠢᠷᠲᠤᠯ ᠦᠭᠡᠢ ᠲᠠᠷᠢᠶᠠᠴᠢᠨ ᠤ ᠭᠡᠷ ᠪᠠᠶᠢᠰᠢᠩ ᠤᠨ | ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠠᠷᠢᠭᠤᠨ ᠴᠡᠪᠡᠷ ᠳᠤᠯᠠᠭᠠᠯᠠᠭ᠎ᠠ ᠶᠢ ᠳᠡᠯᠭᠡᠷᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠪᠠᠷᠢᠯᠭ᠎ᠠ ᠶᠢᠨ ᠬᠡᠷᠡᠭᠯᠡᠬᠦ ᠡᠨᠧᠷᠭᠢ ᠶᠢ ᠴᠡᠪᠡᠷᠰᠢᠭᠦᠯᠬᠦ᠂ ᠨᠡᠭᠦᠷᠡᠰᠦ ᠥᠬᠡᠶ ᠪᠣᠯᠭᠠᠬᠤ ᠶᠢ | ᠬᠥᠲᠥᠯᠦᠨ ᠵᠢᠯᠣᠭᠤᠳᠴᠤ᠂ ᠬᠡᠷ ᠳᠣᠲᠣᠷᠠᠬᠢ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ︵ᠠᠶᠢᠮᠠᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ ᠬᠠᠷᠢᠭᠤᠴᠠᠨ᠎ᠠ︶ | ︵ᠬᠤᠶᠠᠷ︶ ᠪᠣᠬᠢᠷᠲᠤᠯ ᠦᠭᠡᠢ ᠪᠠᠷᠢᠯᠭ᠎ᠠ ᠶᠢᠨ ᠬᠡᠪᠴᠢᠶᠡᠵᠢᠨ ᠬᠥᠭᠵᠢᠬᠦ ᠶᠢ ᠠᠬᠢᠭᠤᠯᠤᠨ᠎ᠠ | 1 . ᠨᠣᠭᠤᠭᠠᠷᠠᠭᠤᠯᠬᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠬᠡᠪᠴᠢᠶ᠎ᠡ ᠶᠢ ᠴᠢᠩᠭ᠎ᠠ | ᠨᠠᠶᠢᠳᠠᠪᠣᠷᠢᠵᠢᠭᠤᠯᠣᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢ ᠬᠥᠭᠵᠢᠭᠦᠯᠬᠦ ᠲᠦᠷᠢᠮ︾ ᠤᠨ | ᠳᠥᠴᠢᠳᠦᠭᠡᠷ ᠵᠦᠢᠯ ᠳᠤ ᠲᠣᠭᠲᠠᠭᠠᠭᠰᠠᠨ ᠰᠢᠨ᠎ᠡ ᠪᠠᠷ ᠪᠠᠶᠢᠭᠤᠯᠬᠤ ︽ᠳᠥᠷᠪᠡᠨ ᠲᠥᠷᠥᠯ︾ ᠤᠨ ᠠᠷᠠᠳ ᠤᠨ | ᠬᠡᠷᠡᠭᠯᠡᠭᠡᠨ ᠤ ᠪᠠᠷᠢᠯᠭ᠎ᠠ ᠶᠢ ᠨᠢᠭᠡ ᠣᠳᠣᠨ ᠲᠠᠰ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠥᠬᠡᠶ ᠪᠠᠷᠢᠯᠭ᠎ᠠ ᠶᠢᠨ | ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ ᠪᠠᠶᠢᠭᠤᠯᠤᠨ᠎ᠠ᠃ ᠪᠣᠬᠢᠷᠲᠤᠯ ᠥᠬᠡᠶ ᠪᠠᠷᠢᠯᠭ᠎ᠠ ᠶᠢ ᠲᠠᠩ ᠴᠣᠭᠴᠠ᠂ | ᠳᠤᠭᠤᠶᠢᠯᠠᠩ ᠠᠴᠠ ᠵᠢᠵᠢᠭ ᠲᠣᠭᠤᠷᠢᠭᠵᠢᠭᠤᠯᠬᠤ᠂ ᠣᠷᠣᠨ ᠪᠦᠰᠡᠵᠢᠭᠦᠯᠬᠦ ᠳᠠᠰᠢ ᠬᠥᠭᠵᠢᠭᠦᠯᠬᠦ ᠶᠢ ᠠᠬᠢᠭᠤᠯᠵᠤ᠂ | ᠪᠣᠬᠢᠷᠲᠤᠯ ᠥᠬᠡᠶ ᠠᠮᠢ ᠠᠬᠤᠶ ᠶᠢᠨ ᠵᠢᠵᠢᠭ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ | ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ︵ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠠᠷᠢᠭᠤᠴᠠᠨ᠎ᠠ︶ | 2 . ᠥᠨᠳᠥᠷ ᠣᠳᠣᠨ ᠲᠠᠰ ᠤᠨ ᠪᠣᠬᠢᠷᠲᠤᠯ ᠦᠭᠡᠶ ᠪᠠᠷᠢᠯᠭ᠎ᠠ ᠶᠢ ᠬᠥᠭᠵᠢᠭᠦᠯᠦᠨ᠎ᠡ᠃ ᠪᠠᠷᠢᠯᠭ᠎ᠠ᠂ | ᠪᠦᠲᠦᠴᠡ᠂ ᠮᠠᠰᠢᠨ ᠴᠠᠬᠢᠯᠭᠠᠨ᠂ ᠵᠠᠰᠠᠵᠤ ᠴᠢᠮᠡᠭᠯᠡᠬᠦ ᠵᠡᠷᠭᠡ ᠲᠤᠰᠬᠠᠶ ᠠᠵᠢᠯ ᠤᠨ ᠬᠠᠮᠵᠢᠯᠴᠠᠭ᠎ᠠ ᠵᠢᠴᠢ ᠵᠢᠷᠤᠭᠯᠠᠨ | ᠲᠥᠯᠥᠪᠯᠡᠬᠦ᠂ ᠦᠢᠯᠡᠳᠪᠦᠷᠢᠯᠡᠬᠦ᠂ ᠬᠤᠳᠠᠯᠳᠤᠨ ᠠᠪᠬᠤ ᠪᠦᠬᠦ ᠶᠠᠪᠤᠴᠠ ᠳᠤ ᠨᠢᠭᠡᠳᠦᠯᠲᠡᠶ ᠲᠥᠯᠥᠪᠯᠡᠭᠰᠡᠨ ᠪᠣᠬᠢᠷᠲᠤᠯ | ᠦᠭᠡᠶ ᠪᠠᠷᠢᠯᠭ᠎ᠠ ᠶᠢᠨ ᠮᠡᠷᠭᠡᠵᠢᠯ ᠤᠨ ᠳᠦᠪᠯᠡᠷᠡᠩᠬᠦᠢ ᠬᠡᠷᠡᠭᠯᠡᠯᠲᠡ ᠶᠢ ᠳᠡᠯᠭᠡᠷᠡᠭᠦᠯᠦᠨ᠎ᠡ᠃ ᠵᠢᠱᠢᠶ᠎ᠡ ᠦᠵᠡᠭᠦᠯᠬᠦ | ᠬᠤᠲᠠ ᠲᠣᠭᠤᠷᠢᠭ ᠲᠤ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠪᠠᠷᠢᠯᠭ᠎ᠠ ᠶᠢ ᠰᠢᠨ᠎ᠡ ᠪᠠᠷ ᠪᠠᠶᠢᠭᠤᠯᠬᠤ ᠳᠤ᠂ ᠡᠯ᠎ᠡ ᠲᠥᠷᠥᠯ ᠤᠨ ᠳᠠᠩ ᠴᠣᠭᠴᠠᠲᠤ ᠪᠠᠷᠢᠯᠭ᠎ᠠ ᠶᠢᠨ ᠲᠠᠯᠠᠪᠠᠶ ᠨᠢ 2 | ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠶᠢ | ᠬᠤᠶᠠᠷ ᠣᠳᠣᠨ ᠳᠡᠰ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠪᠠᠷ | ᠲᠥᠯᠥᠪᠵᠢᠭᠦᠯᠵᠦ᠂ ᠵᠢᠷᠤᠭᠯᠠᠨ ᠲᠥᠯᠥᠪᠯᠡᠵᠦ᠂ ᠪᠦᠲᠦᠭᠡᠨ ᠪᠠᠶᠢᠭᠤᠯᠬᠤ ᠪᠠ ᠡᠵᠡᠩᠨᠡᠬᠦ ᠬᠡᠷᠡᠭᠲᠡᠶ᠃ ᠪᠠᠷᠢᠯᠭ᠎ᠠ ᠶᠢᠨ | ᠲᠠᠯᠠᠪᠠᠶ ᠨᠢ 10 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ ᠲᠣᠭᠤᠷᠢᠭ ᠢ | ᠬᠤᠶᠠᠷ ᠣᠳᠣᠨ ᠳᠡᠰ ᠠᠴᠠ ᠳᠡᠭᠡᠭᠰᠢᠬᠢ ᠪᠣᠬᠢᠷᠲᠤᠯ ᠦᠭᠡᠶ ᠪᠠᠷᠢᠯᠭ᠎ᠠ ᠪᠠᠷ ᠲᠥᠯᠥᠪᠵᠢᠭᠦᠯᠬᠦ᠂ ᠵᠢᠷᠤᠭᠯᠠᠨ | ᠲᠥᠯᠥᠪᠯᠡᠬᠦ᠂ ᠪᠦᠲᠦᠭᠡᠨ ᠪᠠᠶᠢᠭᠤᠯᠬᠤ ᠪᠠ ᠠᠵᠢᠯᠯᠠᠭᠤᠯᠤᠨ ᠬᠠᠮᠢᠶᠠᠷᠬᠤ ᠶᠢ ᠵᠣᠷᠢᠭᠵᠢᠭᠤᠯᠤᠨ᠎ᠠ᠃ ᠭᠤᠤᠯ | ᠦᠵᠡᠮᠵᠢ ᠶᠢᠨ ᠬᠡᠰᠡᠭ ᠲᠣᠭᠤᠷᠢᠭ ᠵᠢᠴᠢ ᠣᠷᠣᠨ ᠪᠠᠶᠢᠷᠢ ᠶᠢᠨ ᠳᠠᠪᠠᠭᠤᠯᠢᠭ ᠢᠶᠠᠷ ᠢᠯᠡᠷᠬᠡᠶ ᠠᠵᠤ ᠠᠬᠤᠶ ᠶᠢᠨ | ᠦᠨ᠎ᠡ ᠥᠷᠲᠡᠭ ᠪᠤᠶᠤ ᠨᠡᠶᠢᠭᠡᠮ ᠤᠨ ᠦᠨ᠎ᠡ ᠥᠷᠲᠡᠭ ᠲᠠᠢ ᠲᠥᠷᠥᠯ ᠵᠦᠢᠯ ᠢ ᠪᠠᠶᠢᠷᠢᠰᠢᠭᠤᠯᠵᠦ᠂ ᠬᠤᠶᠠᠷ ᠣᠳᠣᠨ | ᠲᠠᠰ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠪᠠᠷ ᠲᠥᠯᠥᠪᠵᠢᠭᠦᠯᠬᠦ᠂ ᠵᠢᠷᠤᠵᠤ | ᠲᠥᠯᠥᠪᠯᠡᠬᠦ᠂ ᠪᠥᠲᠥᠭᠡᠨ ᠪᠠᠶᠢᠭᠤᠯᠬᠤ ᠪᠠ ᠠᠵᠢᠯᠯᠠᠭᠤᠯᠤᠨ ᠬᠠᠮᠢᠶᠠᠷᠬᠤ ᠶᠢ ᠵᠣᠷᠢᠭᠵᠢᠭᠤᠯᠤᠨ᠎ᠠ᠃ | ᠪᠣᠬᠢᠷᠲᠤᠯ ᠥᠬᠡᠶ ᠪᠠᠷᠢᠯᠭ᠎ᠠ ᠶᠢᠨ ᠢᠯᠭᠠᠬᠤ ᠲᠡᠮᠳᠡᠭ ᠢ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ | ᠨᠢᠭᠡ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠦᠨᠡᠯᠡᠬᠦ ᠢᠯᠭᠠᠬᠤ ᠲᠡᠮᠳᠡᠭ ᠤᠨ ᠠᠵᠢᠯ ︵ᠬᠤᠶᠠᠷ | ᠣᠳᠣᠨ ᠲᠠᠰ ᠤᠨ᠂ ᠭᠤᠷᠪᠠᠨ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ ᠢᠯᠭᠠᠬᠤ ᠲᠡᠮᠳᠡᠭ ᠢ ᠲᠣᠰ | ᠲᠣᠰ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠶᠠᠮᠤᠨ ᠠᠴᠠ ᠣᠯᠭᠤᠨ᠎ᠠ︶ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠬᠢᠷᠲᠤᠯ ᠥᠬᠡᠶ ᠪᠠᠷᠢᠯᠭ᠎ᠠ ᠶᠢᠨ ᠢᠯᠭᠠᠬᠤ | ᠲᠡᠮᠳᠡᠭ ᠢ ᠭᠤᠶᠤᠴᠢᠯᠠᠨ ᠮᠡᠳᠡᠭᠦᠯᠬᠦ᠂ ᠬᠢᠨᠠᠨ ᠪᠠᠶᠢᠴᠠᠭᠠᠬᠤ᠂ ᠢᠯᠡ ᠨᠡᠶᠢᠲᠡᠯᠡᠬᠦ ᠲᠦᠷᠢᠮ ᠢ ᠲᠡᠭᠦᠯᠳᠡᠷᠵᠢᠭᠦᠯᠦᠨ᠂ | ᠡᠯ᠎ᠡ ᠬᠤᠰᠢᠭᠤ ᠣᠷᠣᠨ ᠤ ᠵᠢᠯ ᠪᠦᠷᠢ ᠶᠢᠨ ᠦᠨᠡᠯᠡᠬᠦ ᠢᠯᠭᠠᠬᠤ ᠲᠡᠮᠳᠡᠭ ᠢ ᠣᠯᠤᠭᠰᠠᠨ ᠪᠣᠬᠢᠷᠲᠤᠯ ᠥᠬᠡᠶ | ᠪᠠᠷᠢᠯᠭ᠎ᠠ ᠶᠢ 1 ᠠᠴᠠ ᠳᠤᠲᠠᠭᠤ ᠦᠬᠡᠢ ᠪᠠᠶᠢᠯᠭᠠᠨ᠎ᠠ︔ ᠲᠡᠮᠳᠡᠭ ᠢ ᠬᠦᠴᠦᠨ ᠦᠭᠡᠶ ᠪᠣᠯᠭᠠᠬᠤ ᠲᠣᠭᠲᠠᠴᠠ ᠶᠢ | ᠪᠠᠶᠢᠭᠤᠯᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠦᠢᠯᠡ ᠠᠵᠢᠯᠯᠠᠭ᠎ᠠ ᠶᠢ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ ︵ᠠᠶᠢᠮᠠᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶ | 3 . ᠪᠣᠬᠢᠷᠲᠤᠯ ᠥᠬᠡᠶ ᠣᠷᠣᠨ ᠰᠠᠭᠤᠴᠠ ᠶᠢᠨ ᠬᠡᠷᠡᠭᠯᠡᠭᠴᠢ ᠳᠤ ᠬᠢᠨᠠᠯᠲᠠ ᠲᠠᠯᠪᠢᠬᠤ ᠲᠣᠭᠲᠠᠴᠠ ᠶᠢ | ᠪᠠᠶᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ | ᠪᠣᠬᠢᠷᠲᠤᠯ ᠥᠬᠡᠶ ᠣᠷᠣᠨ ᠰᠠᠭᠤᠴᠠ ᠬᠤᠳᠠᠯᠳᠤᠨ ᠠᠪᠤᠭᠴᠢ ᠶᠢᠨ ᠭᠡᠷ ᠪᠠᠶᠢᠰᠢᠩ ᠰᠢᠯᠭᠠᠬᠤ ᠵᠢᠯᠣᠭᠤᠳᠣᠮᠵᠢ︾ ᠪᠠ | ᠪᠣᠬᠢᠷᠲᠤᠯ ᠥᠬᠡᠶ ᠣᠷᠣᠨ ᠰᠠᠭᠤᠴᠠ ᠶᠢᠨ ᠬᠡᠷᠡᠭᠯᠡᠭᠴᠢ ᠳᠤ ᠬᠢᠨᠠᠯᠲᠠ ᠲᠠᠯᠪᠢᠬᠤ ᠠᠵᠢᠯ ᠤᠨ ᠱᠠᠭᠠᠷᠳᠠᠯᠭ᠎ᠠ ᠶᠢ | ᠬᠢᠨᠠᠮᠠᠭᠠᠶ ᠨᠠᠶᠢᠳᠠᠪᠣᠷᠢᠵᠢᠭᠤᠯᠵᠦ᠂ ᠪᠣᠬᠢᠷᠲᠤᠯ ᠥᠬᠡᠶ ᠣᠷᠣᠨ ᠰᠠᠭᠤᠴᠠ ᠶᠢ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠨᠢᠭᠡᠴᠡ ᠶᠢ ᠬᠥᠲᠥᠯᠥᠨ ᠵᠢᠯᠣᠭᠤᠳᠴᠤ ᠪᠠᠶᠢᠭᠠᠳ ᠭᠡᠷ ᠪᠠᠶᠢᠰᠢᠩ ᠬᠤᠳᠠᠯᠳᠤᠨ ᠠᠪᠤᠭᠴᠢ ᠲᠠᠢ | ᠬᠠᠮᠵᠢᠯᠴᠠᠨ ᠭᠡᠷ ᠪᠠᠶᠢᠰᠢᠩ ᠰᠢᠯᠭᠠᠬᠤ ᠠᠵᠢᠯ ᠢ ᠰᠠᠶᠢᠲᠤᠷ ᠬᠢᠯᠭᠡᠨ᠎ᠡ᠃ ᠡᠯ᠎ᠡ ᠬᠤᠰᠢᠭᠤ ᠣᠷᠣᠨ ᠢ ᠵᠣᠷᠢᠭᠵᠢᠭᠤᠯᠵᠤ | ᠪᠠᠶᠢᠭᠠᠳ ᠣᠷᠣᠨ ᠰᠠᠭᠤᠴᠠ ᠶᠢᠨ ᠪᠣᠬᠢᠷᠲᠤᠯ ᠥᠬᠡᠶ ᠴᠢᠳᠠᠮᠵᠢ ᠪᠠ ᠪᠦᠷᠢᠨ ᠵᠠᠰᠠᠵᠤ ᠴᠢᠮᠡᠭᠯᠡᠬᠦ ᠶᠠᠰᠤ ᠴᠢᠨᠠᠷ ᠤᠨ | ᠬᠠᠮᠢᠶ᠎ᠠ ᠪᠥᠬᠦᠶ ᠬᠦᠢᠴᠡᠳᠬᠡᠯ ᠲᠤᠭ᠎ᠠ ᠶᠢ ᠬᠡᠷ ᠪᠠᠶᠢᠰᠢᠩ ᠢ ᠬᠤᠳᠠᠯᠳᠤᠭᠠᠯᠠᠬᠤ ᠭᠡᠷ᠎ᠡ᠂ ᠣᠷᠣᠨ ᠰᠠᠭᠤᠴᠠ ᠶᠢᠨ ᠶᠠᠰᠤ | ᠴᠢᠨᠠᠷ ᠤᠨ ᠪᠠᠲᠤᠯᠠᠭ᠎ᠠ ᠶᠢᠨ ᠪᠢᠴᠢᠭ ᠪᠠ ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠲᠤ | ᠣᠷᠣᠭᠤᠯᠵᠤ᠂ ᠶᠠᠰᠤ ᠴᠢᠨᠠᠷ ᠢ ᠪᠠᠲᠤᠯᠠᠬᠤ ᠬᠠᠷᠢᠭᠤᠴᠠᠯᠭ᠎ᠠ ᠪᠠ ᠵᠢᠭᠤᠷᠠᠯᠳᠤᠭᠠᠨ ᠢ ᠰᠢᠢᠳᠪᠦᠷᠢᠯᠡᠬᠦ ᠠᠷᠭ᠎ᠠ ᠮᠠᠶ᠋ᠢᠭ ᠢ | ᠲᠣᠳᠣᠷᠬᠠᠶᠢᠯᠠᠨ᠎ᠠ᠃ ᠨᠢᠭᠡ ᠪᠦᠯᠦᠭ ᠣᠷᠣᠨ ᠰᠠᠭᠤᠴᠠ ᠶᠢᠨ ᠡᠷᠡᠭᠦᠯ ᠡᠩᠬᠡ ᠳᠤ ᠳᠣᠰᠠᠳᠠᠢ ᠵᠢᠱᠢᠶ᠎ᠡ ᠦᠵᠡᠭᠦᠯᠬᠦ | ᠲᠥᠷᠥᠯ ᠵᠦᠢᠯ ᠢ ᠠᠬᠢᠭᠤᠯᠵᠤ᠂ ᠣᠷᠣᠨ ᠰᠠᠭᠤᠴᠠ ᠶᠢᠨ ᠡᠷᠡᠭᠦᠯ ᠡᠩᠬᠡ ᠳᠤ ᠳᠣᠰᠠᠳᠠᠢ ᠴᠢᠳᠠᠮᠵᠢ ᠶᠢᠨ ᠵᠢᠷᠤᠭ | ᠲᠥᠯᠥᠪᠯᠡᠭᠡ ᠶᠢᠨ ᠱᠠᠭᠠᠷᠳᠠᠯᠭ᠎ᠠ ᠶᠢ ᠴᠢᠩᠭᠠᠷᠠᠭᠤᠯᠤᠨ᠂ ᠪᠠᠷᠢᠯᠭ᠎ᠠ ᠳᠠᠭᠤᠰᠴᠤ ᠰᠢᠯᠭᠠᠨ ᠠᠪᠬᠤ ᠬᠠᠮᠢᠶᠠᠷᠤᠯᠲᠠ ᠶᠢ | ᠴᠢᠩᠳᠠᠯᠠᠵᠤ᠂ ᠪᠣᠬᠢᠷᠲᠤᠯ ᠥᠬᠡᠶ ᠡᠷᠡᠭᠦᠯ ᠡᠩᠬᠡ ᠳᠤ ᠳᠣᠰᠠᠳᠠᠢ ᠣᠷᠣᠨ ᠰᠠᠭᠤᠴᠠ ᠶᠢᠨ ᠶᠠᠰᠤ ᠴᠢᠨᠠᠷ ᠢ ᠪᠠᠲᠤᠯᠠᠨ᠎ᠠ᠃ | ︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠬᠠᠷᠢᠭᠤᠴᠠᠨ᠎ᠠ︶ | ︵ᠭᠤᠷᠪᠠ︶ ᠪᠠᠷᠢᠯᠭ᠎ᠠ ᠶᠢᠨ ᠠᠵᠤ ᠦᠢᠯᠡᠳᠪᠦᠷᠢᠵᠢᠯᠳᠡ ᠶᠢᠨ ᠬᠥᠭᠵᠢᠯᠲᠡ ᠶᠢ ᠠᠬᠢᠭᠤᠯᠣᠨ᠎ᠠ | 1 . ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠢᠳᠡᠪᠬᠢᠲᠡᠶ ᠬᠥᠭᠵᠢᠭᠦᠯᠦᠨ᠎ᠡ᠃ ᠤᠷᠢᠳᠴᠢᠯᠠᠨ ᠦᠢᠯᠡᠳᠦᠭᠰᠡᠨ | ᠪᠠᠷᠢᠮᠵᠢᠶᠠᠲᠤ ᠤᠭᠰᠠᠷᠠᠭ᠎ᠠ ᠦᠢᠯᠡᠳᠬᠦᠨ ᠢᠶᠠᠷ ᠰᠠᠭᠤᠷᠢ ᠪᠣᠯᠭᠠᠭᠰᠠᠨ ᠲᠤᠰᠬᠠᠶᠢᠵᠢᠭᠰᠠᠨ᠂ ᠬᠡᠪᠴᠢᠶᠡᠵᠢᠭᠰᠡᠨ᠂ | ᠮᠡᠳᠡᠭᠡ ᠵᠠᠩᠭᠢᠵᠢᠭᠰᠠᠨ ᠦᠢᠯᠡᠳᠪᠦᠷᠢᠯᠡᠯ ᠤᠨ ᠰᠢᠰᠲ᠋ᠧᠮᠵᠢ ᠶᠢ ᠪᠠᠶᠢᠭᠤᠯᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ | ᠠᠵᠤ ᠦᠢᠯᠡᠰ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠷᠢᠰᠢᠭᠤᠯᠤᠨ᠂ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠬᠡᠷᠡᠭᠯᠡᠬᠦ ᠭᠠᠵᠠᠷ ᠢ ᠪᠠᠲᠤᠯᠠᠵᠤ᠂ | ᠢᠷᠭᠠᠶ᠂ ᠦᠬᠠᠶ ᠵᠡᠷᠭᠡ ᠭᠠᠵᠠᠷ ᠤᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ ᠰᠦᠷᠦᠭᠵᠢᠯ ᠳᠤ | ᠲᠦᠰᠢᠭᠯᠡᠨ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠤᠨ ᠮᠡᠳᠡᠭᠡ ᠵᠠᠩᠭᠢ ᠶᠢᠨ ᠬᠥᠮᠥᠷᠭᠡ ᠪᠠ ᠠᠵᠤ | ᠦᠢᠯᠡᠰ ᠤᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠭᠰᠠᠷᠠᠮᠠᠯ ᠮᠠᠶ᠋ᠢᠭ ᠤᠨ ᠪᠧᠲ᠋ᠤᠨ ᠪᠦᠲᠦᠴᠡ ᠶᠢᠨ | ᠲᠥᠷᠥᠯ ᠵᠦᠢᠯ ᠳᠤ ᠤᠷᠢᠳᠠᠪᠠᠷ ᠳᠣᠲᠣᠷ᠎ᠠ ᠭᠠᠳᠠᠨᠠᠬᠢ ᠬᠡᠷᠡᠮ ᠤᠨ ᠬᠠᠪᠲᠠᠰᠤ᠂ ᠠᠰᠠᠷ ᠤᠨ ᠬᠠᠪᠲᠠᠰᠤ᠂ ᠠᠰᠠᠷ ᠤᠨ | ᠱᠠᠲᠤ ᠵᠡᠷᠭᠡ ᠤᠭᠰᠠᠷᠠᠭ᠎ᠠ ᠲᠣᠨᠤᠭ ᠢ ᠬᠡᠷᠡᠭᠯᠡᠵᠦ᠂ ᠳᠠᠬᠢᠭᠠᠳ ᠠᠯᠬᠤᠮ ᠠᠯᠬᠤᠮ ᠢᠶᠠᠷ ᠪᠣᠰᠤᠭ᠎ᠠ ᠴᠢᠭᠯᠡᠯ ᠤᠨ | ᠲᠣᠨᠣᠭᠯᠠᠭᠠᠰᠤ ᠶᠢ ᠬᠡᠷᠡᠭᠯᠡᠬᠦ ᠶᠢ ᠠᠬᠢᠭᠤᠯᠵᠦ᠂ ᠤᠭᠰᠠᠷᠠᠯᠲᠠ ᠶᠢᠨ ᠨᠣᠷᠮ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠠᠯᠪᠠᠨ ᠠᠰᠠᠷ᠂ ᠡᠮᠨᠡᠯᠭᠡ ᠶᠢᠨ | ᠬᠤᠷᠢᠶ᠎ᠠ᠂ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ | ᠡᠯ᠎ᠡ ᠲᠥᠷᠥᠯ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠤᠭᠰᠠᠷᠠᠮᠠᠯ ᠮᠠᠶ᠋ᠢᠭ ᠤᠨ ᠪᠣᠯᠣᠳ ᠪᠦᠲᠦᠴᠡ ᠶᠢ | ᠠᠬᠢᠭᠤᠯᠵᠤ᠂ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠤᠭᠰᠠᠷᠠᠮᠠᠯ | ᠮᠠᠶ᠋ᠢᠭ ᠤᠨ ᠪᠣᠯᠣᠳ ᠪᠦᠳᠦᠴᠡᠳᠦ ᠣᠷᠣᠨ ᠰᠠᠭᠤᠴᠠ ᠶᠢ ᠪᠥᠲᠥᠭᠡᠨ ᠪᠠᠶᠢᠭᠤᠯᠤᠨ᠎ᠠ᠃ ᠵᠢᠭᠤᠯᠴᠢᠯᠠᠯ ᠤᠨ | ᠦᠵᠡᠮᠵᠢ ᠶᠢᠨ ᠣᠷᠣᠨ᠂ ᠴᠡᠴᠡᠷᠯᠢᠭ᠂ ᠥᠪᠡᠷ ᠢᠶᠠᠨ ᠲᠡᠷᠭᠡ ᠵᠢᠯᠣᠭᠤᠳᠴᠤ ᠵᠤᠭᠠᠴᠠᠭᠰᠠᠳ ᠤᠨ ᠪᠠᠭᠤᠳᠠᠯ ᠵᠢᠴᠢ | ᠠᠮᠠᠷᠠᠯᠲᠠ ᠶᠢᠨ ᠣᠷᠣᠨ ᠵᠡᠷᠭᠡ ᠣᠷᠣᠨ ᠪᠦᠰᠡ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠤᠳᠤ ᠦᠶ᠎ᠡ ᠶᠢᠨ ᠤᠭᠰᠠᠷᠠᠮᠠᠯ ᠮᠠᠶ᠋ᠢᠭ ᠤᠨ ᠮᠣᠳᠣᠨ ᠪᠦᠲᠦᠴᠡ ᠶᠢ | ᠬᠥᠭᠵᠢᠭᠦᠯᠦᠨ᠎ᠡ᠃ ︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠬᠠᠷᠢᠭᠤᠴᠠᠨ᠎ᠠ︶ | 2 . ᠣᠷᠣᠨ ᠰᠠᠭᠤᠴᠠ ᠶᠢ ᠪᠦᠷᠢᠨ ᠵᠠᠰᠠᠵᠤ ᠴᠢᠮᠡᠭᠯᠡᠬᠦ ᠶᠢ ᠢᠳᠡᠪᠬᠢᠲᠡᠢ ᠬᠡᠷᠡᠭᠵᠢᠭᠦᠯᠦᠨ᠎ᠡ᠃ ᠣᠷᠣᠨ | ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠲᠥᠷᠥᠯ ᠵᠦᠢᠯ ᠳᠤ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢᠨ | ᠠᠷᠭ᠎ᠠ ᠮᠠᠶ᠋ᠢᠭ ᠢ ᠬᠡᠷᠡᠭᠵᠢᠭᠦᠯᠬᠦ ᠶᠢ ᠠᠬᠢᠭᠤᠯᠵᠤ᠂ ᠵᠢᠷᠤᠭᠯᠠᠨ ᠲᠥᠯᠥᠪᠯᠡᠬᠦ᠂ ᠬᠤᠳᠠᠯᠳᠤᠨ ᠠᠪᠬᠤ᠂ ᠪᠠᠷᠢᠯᠭ᠎ᠠ | ᠪᠠᠷᠢᠬᠤ ᠶᠢ ᠨᠢᠭᠡ ᠴᠣᠠᠠᠴᠠᠵᠢᠭᠤᠯᠬᠤ ᠶᠢ ᠪᠡᠶᠡᠯᠡᠭᠦᠯᠦᠨ᠎ᠡ᠃ ᠲᠣᠪᠶᠤᠭ ᠮᠠᠶ᠋ᠢᠭ ᠤᠨ ᠵᠠᠰᠠᠯ ᠴᠢᠮᠡᠭᠯᠡᠯ ᠢ ᠬᠡᠷᠡᠭᠵᠢᠭᠦᠯᠵᠦ | ᠂ ᠥᠪᠡᠷᠮᠢᠴᠡ ᠱᠠᠭᠠᠷᠳᠠᠯᠭ᠎ᠠ ᠶᠢ ᠬᠠᠩᠭᠠᠨ᠎ᠠ᠃ ᠬᠠᠭᠤᠷᠠᠶ ᠮᠠᠶ᠋ᠢᠭ ᠤᠨ ᠠᠵᠢᠯ ᠤᠨ ᠠᠰᠠᠷ ︵ᠭᠠᠵᠠᠷ︶᠂ ᠲᠣᠭᠤᠭᠠᠨ | ᠬᠡᠷ᠂ ᠵᠣᠷᠯᠣᠩ᠂ ᠬᠤᠭᠤᠯᠠᠶ ᠤᠲᠠᠰᠤ ᠵᠡᠷᠭᠡ ᠳᠤ ᠤᠭᠰᠠᠷᠠᠮᠠᠯ ᠮᠠᠶ᠋ᠢᠭ ᠤᠨ ᠵᠠᠰᠠᠵᠤ ᠴᠢᠮᠡᠵᠦ ᠤᠭᠰᠠᠷᠠᠵᠤ | ᠪᠠᠶᠢᠭᠤᠯᠬᠤ ᠶᠢ ᠠᠬᠢᠭᠤᠯᠤᠨ᠎ᠠ᠃ ᠣᠷᠣᠨ ᠰᠠᠭᠤᠴᠠ ᠶᠢ ᠪᠦᠷᠢᠨ ᠵᠠᠰᠠᠵᠤ ᠴᠢᠮᠡᠭᠯᠡᠬᠦ ᠶᠢ ᠬᠢᠨᠠᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠪᠣᠷᠣᠯᠠᠭᠤᠯᠤᠨ ᠬᠤᠳᠠᠯᠳᠤᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ | ᠪᠡᠯᠡᠨ ᠣᠷᠣᠨ ᠰᠠᠭᠤᠴᠠ ᠶᠢ ᠵᠠᠰᠠᠵᠤ ᠴᠢᠮᠡᠭᠯᠡᠬᠦ᠂ ᠣᠷᠴᠢᠨ ᠲᠣᠭᠤᠷᠢᠨ ᠢ ᠬᠠᠮᠠᠭᠠᠯᠠᠬᠤ ᠪᠠ ᠬᠡᠷ ᠳᠣᠲᠣᠷᠠᠬᠢ | ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠤ ᠭᠤᠣᠯ ᠬᠤᠲᠠ | ᠲᠣᠭᠤᠷᠢᠭ ᠤᠨ ᠬᠡᠪᠴᠢᠶᠡᠨ ᠳᠠᠬᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠳᠤ ᠪᠠᠷᠢᠯᠭ᠎ᠠ ᠶᠢᠨ ᠪᠦᠬᠦᠨ ᠢ | ᠵᠠᠰᠠᠵᠤ ᠴᠢᠮᠡᠭᠯᠡᠬᠦ ᠶᠢ ᠬᠡᠷᠡᠭᠵᠢᠭᠦᠯᠵᠦ᠂ ᠪᠦᠲᠦᠭᠡᠭᠳᠡᠬᠦᠨ ᠤ ᠭᠡᠷ ᠪᠠᠶᠢᠰᠢᠩ ᠤᠨ ᠠᠷᠠᠯᠵᠢᠶ᠎ᠠ ᠶᠢ ᠪᠡᠶᠡᠯᠡᠭᠦᠯᠦᠨ᠎ᠡ︔ | ᠪᠤᠰᠤᠳ ᠣᠷᠣᠨ ᠪᠦᠰᠡ ᠶᠢᠨ ᠳᠣᠲᠣᠷᠠᠬᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠳᠤ ᠪᠦᠷᠢᠨ ᠵᠠᠰᠠᠵᠤ | ᠴᠢᠮᠡᠭᠯᠡᠬᠦ ᠪᠠ ᠪᠦᠲᠦᠭᠡᠭᠳᠡᠬᠦᠨ ᠢᠶᠠᠨ ᠲᠤᠰᠢᠶᠠᠬᠤ ᠭᠡᠷ ᠪᠠᠶᠢᠰᠢᠩ ᠤᠨ ᠬᠡᠷᠡᠭᠵᠢᠭᠦᠯᠬᠦ ᠬᠦᠷᠢᠶ᠎ᠡ ᠬᠡᠪᠴᠢᠶ᠎ᠡ ᠪᠠ ᠴᠠᠭ | ᠬᠤᠭᠤᠴᠠᠭ᠎ᠠ ᠶᠢ ᠲᠣᠳᠣᠷᠬᠠᠶᠢᠯᠠᠵᠤ᠂ ᠣᠷᠣᠨ ᠰᠠᠭᠤᠴᠠ ᠶᠢ ᠪᠦᠷᠢᠨ ᠵᠠᠰᠠᠵᠤ ᠴᠢᠮᠡᠭᠯᠡᠬᠦ ᠶᠢ ᠠᠬᠢᠭᠤᠯᠤᠨ᠎ᠠ᠃ ︵ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠬᠠᠷᠢᠭᠤᠴᠠᠨ᠎ᠠ︶ | ︵ᠳᠥᠷᠪᠡ︶ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠯᠠᠪᠳᠠᠭᠤᠨ ᠢᠶᠠᠷ | ᠠᠬᠢᠭᠤᠯᠤᠨ᠎ᠠ | 1 . ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠠᠵᠢᠯ ᠢ | ᠦᠷᠭᠦᠯᠵᠢᠯᠡᠨ ᠠᠬᠢᠭᠤᠯᠤᠨ᠎ᠠ᠃ ᠬᠤᠲᠠ ᠶᠢᠨ ᠬᠤᠤᠰ ᠵᠠᠰᠠᠯᠲᠠ᠂ ᠴᠡᠪᠡᠷ ᠳᠤᠯᠠᠭᠠᠯᠠᠭ᠎ᠠ᠂ ᠬᠤᠲᠠ ᠪᠠᠯᠭᠠᠰᠤ ᠶᠢᠨ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠵᠡᠷᠭᠡ ᠲᠠᠢ ᠤᠶᠠᠯᠳᠤᠭᠤᠯᠤᠨ᠂ ᠡᠳ᠋ ᠤᠨ | ᠵᠠᠰᠠᠭ ᠤᠨ ᠴᠢᠨᠠᠷᠲᠠᠶ ᠪᠠᠯᠠ ᠮᠥᠩᠭᠦ ᠪᠠᠷ ᠬᠥᠲᠥᠯᠦᠨ ᠵᠢᠯᠣᠭᠤᠳᠬᠤ᠂ ᠥᠮᠴᠢᠲᠡᠨ ᠤ ᠨᠢᠭᠡᠴᠡ ᠪᠠ ᠢᠯᠴᠢ | ᠬᠠᠩᠭᠠᠬᠤ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠬᠤᠭᠤᠯᠠᠶ ᠤᠲᠠᠰᠤ ᠶᠢᠨ ᠨᠢᠭᠡᠴᠡ ᠬᠠᠮᠲᠤᠪᠠᠷ | ᠪᠠᠶᠢᠭᠤᠯᠤᠭᠰᠠᠨ᠂ ᠠᠰᠢᠭ ᠭᠥᠷᠳᠡᠭᠰᠡᠨ ᠰᠠᠭᠤᠭᠠᠯᠢ ᠠᠷᠠᠳ ᠣᠷᠣᠯᠴᠠᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ | ᠡᠨᠧᠷᠭᠢ ᠠᠷᠪᠢᠯᠠᠬᠤ ᠣᠯᠠᠨ ᠡᠰᠢᠲᠦ ᠥᠭᠡᠷᠡᠴᠢᠯᠡᠯᠲᠡ ᠶᠢᠨ ᠵᠠᠭᠪᠤᠷ ᠢ ᠢᠳᠡᠪᠬᠢᠲᠡᠶ ᠪᠠᠷ ᠳᠡᠯᠭᠡᠷᠡᠭᠦᠯᠦᠨ᠎ᠡ᠃ ᠨᠢᠭᠡᠨᠲᠡ | ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢ ᠪᠣᠬᠢᠷᠲᠤᠯ ᠥᠬᠡᠶ ᠪᠣᠯᠭᠠᠨ ᠥᠭᠡᠷᠡᠴᠢᠯᠡᠨ ᠰᠢᠨᠡᠳᠬᠡᠬᠦ ᠶᠢ | ᠵᠣᠷᠢᠭᠵᠢᠭᠤᠯᠤᠨ᠎ᠠ᠃ ︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ | ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ | ᠬᠠᠷᠢᠭᠤᠴᠠᠨ᠎ᠠ︶ | 2 . ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠥᠷᠨᠢᠭᠦᠯᠦᠨ᠎ᠡ᠃ ᠣᠯᠠᠨ | ᠨᠡᠶᠢᠲᠡ ᠶᠢᠨ ᠪᠠᠷᠢᠯᠭ᠎ᠠ ᠶᠢᠨ ᠡᠨᠧᠷᠭᠢ ᠬᠡᠷᠡᠭᠯᠡᠬᠦ ᠬᠠᠮᠢᠶᠠᠷᠤᠯᠲᠠ ᠶᠢ ᠴᠢᠩᠭᠠᠷᠠᠭᠤᠯᠵᠤ᠂ ᠠᠵᠤ ᠦᠢᠯᠡᠰ ᠪᠠ ᠮᠥᠩᠭᠦᠨ | ᠬᠦᠢᠯᠭᠡᠭᠡᠨ ᠤ ᠰᠢᠨ᠎ᠡ ᠶᠢ ᠡᠭᠦᠳᠬᠦ ᠦᠢᠯᠡᠴᠢᠯᠡᠭᠡ ᠶᠢ ᠠᠬᠢᠭᠤᠯᠤᠨ᠎ᠠ᠃ ᠪᠠᠶᠢᠭᠤᠯᠭ᠎ᠠ ᠶᠢᠨ ᠠᠯᠪᠠᠯᠠᠬᠤ ᠪᠠᠷᠢᠯᠭ᠎ᠠ᠂ | ᠵᠠᠰᠠᠭ ᠤᠨ ᠣᠷᠳᠣᠨ ᠠᠴᠠ ᠪᠠᠯᠠ ᠣᠷᠣᠭᠤᠯᠤᠭᠰᠠᠨ ᠣᠯᠠᠨ ᠨᠡᠶᠢᠲᠡ ᠶᠢᠨ ᠪᠠᠷᠢᠯᠭ᠎ᠠ ᠪᠠ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠪᠠᠷᠢᠯᠭ᠎ᠠ ᠳᠤ ᠤᠷᠢᠳᠠᠪᠠᠷ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ ᠦᠢᠯᠡᠴᠢᠯᠡᠭᠡ | ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ ᠡᠨᠧᠷᠭᠢ ᠠᠷᠪᠢᠯᠠᠬᠤ ᠠᠵᠢᠯᠯᠠᠭᠠᠨ ᠤ ᠬᠠᠮᠢᠶᠠᠷᠤᠯᠲᠠ ᠶᠢ | ᠬᠡᠷᠡᠭᠵᠢᠭᠦᠯᠬᠦ ᠶᠢ ᠵᠣᠷᠢᠭᠵᠢᠭᠤᠯᠤᠨ᠂ ᠭᠡᠷ᠎ᠡ ᠳᠠᠬᠢ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠶᠣᠰᠣᠭᠠᠷ ᠡᠨᠧᠷᠭᠢ | ᠠᠷᠪᠢᠯᠠᠬᠤ ᠦᠢᠯᠡᠴᠢᠯᠡᠬᠡᠨ ᠤ ᠺᠣᠮᠫᠠᠨᠢ ᠳᠤ ᠥᠭᠭᠦᠭᠰᠡᠨ ᠵᠠᠷᠤᠯᠭ᠎ᠠ ᠶᠢ ᠡᠨᠧᠷᠭᠢ ᠶᠢᠨ ᠵᠠᠷᠤᠳᠠᠯ ᠲᠠᠢ ᠠᠳᠠᠯᠢ ᠪᠠᠷ | ᠦᠵᠡᠨ᠎ᠡ᠃ ᠡᠯ᠎ᠡ ᠬᠤᠰᠢᠭᠤ ᠣᠷᠣᠨ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢᠨ ᠠᠵᠢᠯ ᠢ ᠢᠳᠡᠪᠬᠢᠲᠡᠶ ᠪᠠᠷ ᠠᠬᠢᠭᠤᠯᠬᠤ ᠬᠡᠷᠡᠭᠲᠡᠶ᠃ ︵ᠠᠶᠢᠮᠠᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ | ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠬᠡᠨ ᠤ ᠲᠥᠪ᠂ ᠠᠯᠠᠱᠠ ᠶᠢᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠬᠠᠷᠢᠭᠤᠴᠠᠨ᠎ᠠ︶ | ︵ᠲᠠᠪᠤ︶ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ | 1 . ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠪᠣᠬᠢᠷᠲᠤᠯ ᠥᠬᠡᠶ ᠪᠠᠷ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃ ᠡᠷᠴᠢᠮᠵᠢᠬᠦᠯᠦᠭᠰᠡᠨ ᠪᠣᠯᠣᠳ᠂ ᠦᠨᠳᠦᠷ ᠴᠢᠳᠡᠪᠬᠢᠳᠦ ᠪᠧᠲ᠋ᠤᠨ᠂ | ᠦᠨᠳᠦᠷ ᠴᠢᠳᠡᠪᠬᠢᠳᠦ ᠪᠠᠷᠢᠮᠠᠯ ᠮᠠᠲ᠋ᠧᠷᠢᠶᠠᠯ᠂ ᠳᠤᠯᠠᠭᠠᠯᠠᠬᠤ ᠪᠦᠲᠦᠴᠡ ᠶᠢ ᠨᠢᠭᠡ ᠴᠣᠭᠴᠠᠵᠢᠭᠤᠯᠤᠭᠰᠠᠨ ᠬᠡᠷᠡᠮ ᠤᠨ | ᠬᠠᠪᠲᠠᠰᠤ ᠵᠡᠷᠭᠡ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠶᠡᠬᠡᠪᠡᠷ ᠬᠥᠭᠵᠢᠭᠦᠯᠵᠦ᠂ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠦᠢᠯᠡᠳᠬᠦᠨ ᠪᠠ ᠵᠢᠱᠢᠶ᠎ᠡ ᠦᠵᠡᠭᠦᠯᠬᠦ ᠠᠵᠤ ᠠᠬᠤᠶᠢᠯᠠᠯ ᠢ | ᠪᠤᠶᠢᠵᠢᠭᠤᠯᠤᠨ᠎ᠠ᠃ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠭᠡᠷᠡᠴᠢᠯᠡᠯ ᠤᠨ ᠲᠦᠷᠢᠮ ᠢ | ᠬᠡᠷᠡᠭᠵᠢᠭᠦᠯᠬᠦ ᠶᠢ ᠠᠬᠢᠭᠤᠯᠵᠤ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠦᠢᠯᠡᠳᠪᠦᠷᠢᠯᠡᠬᠦ᠂ | ᠭᠡᠷᠡᠴᠢᠯᠡᠯ ᠬᠢᠬᠦ᠂ ᠮᠡᠳᠡᠭᠡ ᠵᠠᠩᠭᠢ ᠴᠤᠭᠯᠠᠭᠤᠯᠵᠤ ᠬᠡᠷᠡᠭᠯᠡᠬᠦ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠬᠤ ᠶᠢ | ᠴᠢᠩᠭᠠᠳᠬᠠᠨ᠎ᠠ᠃ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ | ᠪᠦᠷᠢᠨᠰᠢᠬᠦᠯᠵᠦ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠶᠠᠰᠤ ᠴᠢᠨᠠᠷ ᠢ | ᠳᠡᠭᠡᠭᠰᠢᠯᠡᠭᠦᠯᠦᠨ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠬᠠᠩᠭᠠᠯᠭ᠎ᠠ ᠶᠢ | ᠨᠡᠮᠡᠭᠳᠡᠭᠦᠯᠵᠦ᠂ ᠪᠣᠬᠢᠷᠲᠤᠯ ᠥᠬᠡᠶ ᠦᠢᠯᠡᠳᠬᠦᠨ ᠤ ᠬᠡᠷᠡᠭᠯᠡᠭᠡ ᠶᠢ ᠬᠥᠲᠥᠯᠦᠨ ᠵᠢᠯᠣᠭᠤᠳᠴᠤ᠂ ᠪᠠᠷᠢᠯᠭ᠎ᠠ ᠶᠢᠨ | ᠮᠠᠲ᠋ᠧᠷᠢᠶᠠᠯ ᠤᠨ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠤᠨ᠎ᠠ᠃ ︵ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠠᠷᠢᠭᠤᠴᠠᠨ᠎ᠠ︶ | 2 . ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠷᠠᠭᠤᠯᠤᠨ᠎ᠠ᠃ | ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠤ᠂ ᠪᠣᠬᠢᠷᠲᠤᠯ | ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠰᠢᠨ᠎ᠡ | ᠬᠡᠯᠪᠡᠷᠢ ᠶᠢᠨ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠬᠥᠭᠵᠢᠭᠦᠯᠵᠦ᠂ ᠪᠣᠬᠢᠷᠲᠤᠯ ᠥᠬᠡᠶ ᠪᠠᠷᠢᠯᠭ᠎ᠠ ᠶᠢᠨ | ᠮᠠᠲ᠋ᠧᠷᠢᠶᠠᠯ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠦᠨ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠦᠨᠡᠯᠡᠬᠦ | ᠲᠡᠮᠳᠡᠭ ᠤᠨ ᠲᠦᠷᠢᠮ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠤᠨ᠎ᠠ᠃ ᠪᠣᠬᠢᠷᠲᠤᠯ ᠦᠭᠡᠶ ᠪᠠᠷᠢᠯᠭ᠎ᠠ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠤᠶᠤ | ᠬᠡᠷᠡᠭᠯᠡᠭᠰᠡᠨ ᠡᠳ᠋ ᠤᠨ ᠵᠠᠰᠠᠭ ᠤᠨ ᠪᠡᠯᠡ ᠮᠥᠩᠭᠦ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ 2 | ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠯᠠᠨ ᠨᠡᠶᠢᠲᠡ ᠶᠢᠨ ᠪᠠᠷᠢᠯᠭ᠎ᠠ᠂ 5 ᠲᠦᠮᠡᠨ ᠲᠡᠭᠰᠢ | ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ ᠪᠠᠷᠢᠯᠭ᠎ᠠ ᠶᠢᠨ ᠲᠥᠷᠥᠯ ᠵᠦᠢᠯ ᠳᠤ ᠭᠡᠷᠡᠴᠢᠯᠡᠯ | ᠣᠯᠤᠭᠰᠠᠨ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠢ ᠡᠩ ᠲᠡᠷᠢᠭᠦᠨ ᠳᠤ ᠬᠡᠷᠡᠭᠯᠡᠬᠦ ᠶᠢ | ᠠᠬᠢᠭᠤᠯᠤᠨ᠎ᠠ᠃ ︵ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠠᠷᠢᠭᠤᠴᠠᠨ᠎ᠠ︶ | 3 . ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠦᠲᠦᠴᠡ ᠶᠢ ᠨᠢᠭᠡ ᠴᠣᠭᠴᠠᠵᠢᠭᠤᠯᠬᠤ ᠶᠢ ᠬᠡᠷᠡᠭᠵᠢᠭᠦᠯᠦᠨ᠎ᠡ᠃ | ᠡᠯ᠎ᠡ ᠬᠤᠰᠢᠭᠤ ᠣᠷᠣᠨ ᠨᠢ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠬᠢᠭᠡᠳ ᠪᠦᠲᠦᠴᠡ ᠶᠢ ᠨᠢᠭᠡ | ᠴᠣᠭᠴᠠᠵᠢᠭᠤᠯᠤᠨ ᠳᠡᠯᠭᠡᠷᠡᠭᠦᠯᠦᠨ ᠬᠡᠷᠡᠭᠯᠡᠬᠦ ᠲᠥᠰᠦᠯ ᠢ ᠲᠣᠭᠲᠠᠭᠠᠵᠤ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ | ᠰᠢᠨ᠎ᠡ ᠮᠠᠲ᠋ᠧᠷᠢᠶᠠᠯ ᠤᠨ ᠬᠡᠷᠡᠭᠯᠡᠯᠲᠡ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠪᠦᠬᠦ ᠠᠶᠢᠮᠠᠭ ᠤᠨ ᠪᠠᠲᠤᠯᠠᠭ᠎ᠠ ᠶᠢᠨ | ᠴᠢᠨᠠᠷᠲᠠᠶ ᠣᠷᠣᠨ ᠰᠠᠭᠤᠴᠠ᠂ ᠪᠣᠬᠢᠷᠲᠤᠯ ᠦᠭᠡᠶ ᠪᠠᠷᠢᠯᠭ᠎ᠠ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ | ᠣᠯᠠᠨ ᠨᠡᠶᠢᠲᠡ ᠶᠢᠨ ᠪᠠᠷᠢᠯᠭ᠎ᠠ ᠪᠣᠯᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ ᠳᠤ ᠨᠢᠭᠡ | ᠴᠣᠭᠴᠠᠵᠢᠭᠤᠯᠤᠭᠰᠠᠨ ᠮᠡᠷᠭᠡᠵᠢᠯ ᠬᠡᠷᠡᠭᠯᠡᠬᠦ ᠶᠢ ᠠᠬᠢᠭᠤᠯᠤᠨ᠎ᠠ᠃ ︵ᠠᠶᠢᠮᠠᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠷᠢᠭᠤᠴᠠᠨ᠎ᠠ︶ | ︵ᠵᠢᠷᠭᠤᠭ᠎ᠠ︶ ᠳᠠᠬᠢᠨ ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ ᠶᠢᠨ ᠬᠡᠷᠡᠭᠯᠡᠭᠡᠨ ᠤ ᠬᠡᠪᠴᠢᠶ᠎ᠡ ᠶᠢ | ᠥᠷᠭᠡᠳᠬᠡᠨ᠎ᠡ | ᠳᠠᠬᠢᠨ ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ ᠶᠢᠨ ᠬᠡᠷᠡᠭᠯᠡᠯᠲᠡ ᠶᠢ ᠴᠢᠩᠭᠠᠳᠬᠠᠨ᠂ ᠨᠡᠷᠡᠨ ᠡᠨᠧᠷᠭᠢ᠂ ᠭᠦᠢᠬᠡᠨ | ᠳᠠᠪᠬᠤᠷᠭ᠎ᠠ ᠶᠢᠨ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ ᠡᠨᠧᠷᠭᠢ ᠵᠡᠷᠭᠡ ᠰᠢᠨ᠎ᠡ ᠡᠨᠧᠷᠭᠢ ᠶᠢᠨ | ᠪᠠᠷᠢᠯᠭ᠎ᠠ ᠳᠠᠬᠢ ᠬᠡᠷᠡᠭᠯᠡᠯᠲᠡ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ | ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠩ ᠤᠨ ᠡᠨᠧᠷᠭᠢ ᠶᠢᠨ ᠬᠡᠷᠡᠭᠯᠡᠯᠲᠡ ᠶᠢ ᠪᠠᠭᠠᠰᠬᠠᠨ᠎ᠠ᠃ ᠳᠠᠬᠢᠨ ᠡᠭᠦᠰᠴᠦ | ᠪᠣᠯᠬᠤ ᠡᠨᠧᠷᠭᠢ ᠶᠢᠨ ᠪᠠᠷᠢᠯᠭ᠎ᠠ ᠶᠢᠨ ᠬᠡᠷᠡᠭᠯᠡᠭᠡᠨ ᠤ ᠢᠨᠵᠧᠨᠧᠷᠢᠩ ᠤᠨ ᠲᠥᠯᠥᠪᠵᠢᠭᠦᠯᠭᠡ᠂ ᠵᠢᠷᠤᠭ ᠲᠥᠯᠥᠪᠯᠡᠭᠡ᠂ | ᠪᠠᠷᠢᠯᠭ᠎ᠠ ᠪᠠᠷᠢᠬᠤ᠂ ᠰᠢᠯᠭᠠᠨ ᠠᠪᠬᠤ᠂ ᠠᠵᠢᠯᠯᠠᠭᠤᠯᠬᠤ ᠵᠡᠷᠭᠡ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠶ᠃ ᠨᠡᠷᠡᠨ ᠡᠨᠧᠷᠭᠢ ᠶᠢᠨ ᠤᠰᠤ ᠬᠠᠯᠠᠭᠠᠬᠤ ᠪᠠᠷᠢᠯᠭ᠎ᠠ ᠶᠢᠨ ᠨᠢᠭᠡ ᠴᠣᠭᠴᠠᠵᠢᠭᠤᠯᠬᠤ ᠰᠢᠰᠲ᠋ᠧᠮᠵᠢ ᠶᠢ | ᠶᠡᠬᠡᠪᠡᠷ ᠬᠥᠭᠵᠢᠭᠦᠯᠵᠦ᠂ 12 ᠳᠠᠪᠬᠤᠷᠭ᠎ᠠ ᠠᠴᠠ ᠳᠣᠷᠣᠭᠰᠢᠬᠢ ᠣᠷᠣᠨ ᠰᠠᠭᠤᠴᠠ ᠶᠢᠨ ᠪᠠᠷᠢᠯᠭ᠎ᠠ ᠪᠠ ᠡᠮᠨᠡᠯᠭᠡ ᠶᠢᠨ | ᠬᠤᠷᠢᠶ᠎ᠠ᠂ ᠰᠤᠷᠭᠠᠭᠤᠯᠢ᠂ ᠵᠣᠴᠢᠳ ᠤᠨ ᠪᠠᠭᠤᠳᠠᠯ᠂ ᠤᠮᠪᠠᠯᠲᠠ ᠶᠢᠨ ᠲᠠᠲᠠᠭᠠᠯ᠂ ᠣᠯᠠᠨ ᠨᠡᠶᠢᠲᠡ ᠶᠢᠨ | ᠤᠬᠢᠶᠠᠯᠭ᠎ᠠ ᠶᠢᠨ ᠥᠷᠥᠭᠡ ᠵᠡᠷᠭᠡ ᠣᠯᠠᠨ ᠨᠡᠶᠢᠲᠡ ᠶᠢᠨ ᠪᠠᠷᠢᠯᠭ᠎ᠠ ᠳᠤ ᠨᠡᠷᠡᠨ ᠡᠨᠧᠷᠭᠢ ᠶᠢᠨ ᠭᠡᠷᠡᠯ ᠢᠯᠴᠢ ᠶᠢᠨ | ᠪᠠᠷᠢᠯᠭ᠎ᠠ ᠶᠢ ᠨᠢᠭᠡ ᠴᠣᠭᠴᠠᠵᠢᠭᠤᠯᠬᠤ ᠮᠡᠷᠭᠡᠵᠢᠯ ᠢ ᠬᠡᠷᠡᠭᠯᠡᠬᠦ ᠶᠢ ᠠᠬᠢᠭᠤᠯᠤᠨ᠎ᠠ᠃ ᠬᠤᠲᠠ ᠪᠠᠯᠭᠠᠰᠤ ᠶᠢᠨ | ᠪᠠᠷᠢᠯᠭ᠎ᠠ ᠳᠤ ᠨᠡᠷᠡᠨ ᠡᠨᠧᠷᠭᠢ ᠶᠢᠨ ᠭᠡᠷᠡᠯ ᠴᠡᠨᠡᠭ ᠤᠨ ᠲᠠᠷᠬᠠᠯᠲᠠ ᠶᠢᠨ ᠬᠡᠯᠪᠡᠷᠢ᠂ ᠨᠢᠭᠡ ᠴᠣᠭᠴᠠᠵᠢᠭᠤᠯᠤᠨ | ᠬᠡᠷᠡᠭᠯᠡᠬᠦ ᠶᠢ ᠳᠡᠯᠭᠡᠷᠡᠭᠦᠯᠵᠦ᠂ ᠲᠤᠬᠠᠶ ᠶᠢᠨ ᠭᠠᠵᠠᠷ ᠲᠤᠨᠢ ᠦᠢᠯᠡᠳᠪᠦᠷᠢᠯᠡᠬᠦ ᠪᠠ ᠪᠠᠭᠲᠠᠭᠠᠨ ᠠᠪᠬᠤ ᠶᠢ | ᠪᠡᠶᠡᠯᠡᠭᠦᠯᠦᠨ᠎ᠡ᠃ ︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠡᠨᠧᠷᠭᠢ ᠶᠢᠨ ᠲᠣᠪᠴᠢᠶ᠎ᠠ ᠬᠠᠷᠢᠭᠤᠴᠠᠨ᠎ᠠ︶ | ︵ᠳᠣᠯᠤᠭ᠎ᠠ︶ ᠪᠣᠬᠢᠷᠲᠤᠯ ᠥᠬᠡᠶ ᠪᠠᠷᠢᠯᠭ᠎ᠠ ᠶᠢᠨ ᠠᠵᠢᠯ ᠢ ᠠᠬᠢᠭᠤᠯᠤᠨ᠎ᠠ | ᠪᠣᠬᠢᠷᠲᠤᠯ ᠦᠭᠡᠢ ᠪᠠᠷ ᠪᠠᠷᠢᠯᠭ᠎ᠠ ᠪᠠᠷᠢᠬᠤ ᠪᠠ ᠠᠮᠤᠷ ᠲᠦᠪᠰᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ | ᠠᠬᠢᠭᠤᠯᠤᠨ᠎ᠠ᠃ ᠪᠣᠬᠢᠷᠲᠤᠯ ᠥᠬᠡᠶ ᠪᠠᠷᠢᠯᠭ᠎ᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠲᠡᠷᠢᠭᠦᠨ ᠤ | ᠮᠡᠷᠭᠡᠵᠢᠯ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠪᠠ ᠬᠡᠷᠡᠭᠯᠡᠬᠦ ᠪᠠᠷ ᠳᠠᠮᠵᠢᠭᠤᠯᠤᠨ᠂ ᠪᠠᠷᠢᠯᠭ᠎ᠠ ᠶᠢᠨ ᠬᠤᠭ | ᠲᠣᠭᠤᠰᠣ ᠶᠢ ᠠᠷᠢᠯᠭᠠᠬᠤ᠂ ᠤᠰᠤ ᠠᠷᠪᠢᠯᠠᠵᠤ ᠬᠤᠷᠣᠭᠳᠠᠯ ᠢ ᠪᠠᠭᠠᠰᠬᠠᠬᠤ᠂ ᠰᠢᠭᠠᠷᠤ ᠶᠢ ᠳᠡᠭᠡᠭᠡᠪᠦᠷᠢᠯᠡᠬᠦ᠂ | ᠱᠤᠤᠬᠢᠶᠠᠨ ᠤ ᠪᠣᠬᠢᠷᠲᠤᠯ᠂ ᠵᠠᠳᠠᠯᠵᠤ ᠪᠠᠭᠤᠯᠭᠠᠬᠤ ᠡᠷᠭᠢᠯᠳᠦᠭᠦᠯᠦᠨ ᠠᠰᠢᠭᠯᠠᠬᠤ ᠵᠡᠷᠭᠡ ᠲᠠᠯ᠎ᠠ ᠶᠢᠨ ᠬᠠᠮᠢᠶᠠᠷᠤᠨ | ᠡᠵᠡᠮᠳᠡᠬᠦ ᠶᠢ ᠴᠢᠩᠭᠠᠳᠬᠠᠵᠤ᠂ ︽ᠳᠥᠷᠪᠡ ᠶᠢ ᠠᠷᠪᠢᠯᠠᠵᠤ ᠨᠢᠭᠡ ᠣᠷᠴᠢᠨ ᠲᠣᠭᠤᠷᠢᠨ ᠢ ᠬᠠᠮᠠᠭᠠᠯᠠᠬᠤ︾ ︵ | ᠡᠨᠧᠷᠭᠢ ᠠᠷᠪᠢᠯᠠᠬᠤ᠂ ᠭᠠᠵᠠᠷ ᠰᠢᠷᠣᠶ ᠠᠷᠪᠢᠯᠠᠬᠤ᠂ ᠤᠰᠤ ᠠᠷᠪᠢᠯᠠᠬᠤ᠂ ᠮᠠᠲ᠋ᠧᠷᠢᠶᠠᠯ ᠠᠷᠪᠢᠯᠠᠬᠤ ᠪᠠ ᠣᠷᠴᠢᠨ | ᠲᠣᠭᠤᠷᠢᠨ ᠢ ᠬᠠᠮᠠᠭᠠᠯᠠᠬᠤ︶ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠮᠤᠭ ᠤᠨ ᠶᠡᠭᠡ ᠬᠡᠮᠵᠢᠶ᠎ᠡ ᠪᠠᠷ ᠡᠨᠧᠷᠭᠢ | ᠠᠷᠪᠢᠯᠠᠵᠤ ᠬᠤᠷᠣᠭᠳᠠᠯ ᠢ ᠪᠠᠭᠤᠷᠠᠭᠤᠯᠵᠤ᠂ ᠪᠠᠷᠢᠯᠭ᠎ᠠ ᠶᠢᠨ ᠭᠠᠵᠠᠷ ᠤᠨ ᠪᠣᠬᠢᠷᠲᠤᠯ ᠥᠬᠡᠶ ᠪᠠᠷᠢᠯᠭ᠎ᠠ ᠪᠠᠷᠢᠬᠤ ᠪᠠ | ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠠᠶᠢᠮᠠᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠬᠠᠷᠢᠭᠤᠴᠠᠨ᠎ᠠ︶ | ︵ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ︽ᠳᠥᠷᠪᠡᠨ ᠰᠢᠨ᠎ᠡ︾ | ᠮᠡᠷᠭᠡᠵᠢᠯ ᠤᠨ ᠬᠡᠷᠡᠭᠯᠡᠭᠡᠨ ᠢ ᠴᠢᠩᠭᠠᠳᠬᠠᠨ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰᠵᠢᠭᠦᠯᠦᠨ ᠬᠥᠭᠵᠢᠭᠦᠯᠬᠦ ᠶᠢ | ᠠᠬᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠰᠢᠨ᠎ᠡ ᠮᠡᠷᠭᠡᠵᠢᠯ᠂ | ᠰᠢᠨ᠎ᠡ ᠤᠷᠠᠨ ᠳᠠᠷᠬ᠎ᠠ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ ᠢ ᠢᠳᠡᠪᠬᠢᠲᠡᠶ ᠪᠠᠷ ᠣᠷᠣᠭᠤᠯᠵᠤ ᠢᠷᠡᠨ᠂ | ᠰᠢᠩᠭᠡᠭᠡᠨ ᠠᠪᠬᠤ ᠬᠡᠷᠡᠭᠲᠡᠶ᠃ ᠪᠠᠶᠢᠭᠠᠯᠢ ᠶᠢᠨ ᠬᠡᠷᠡᠯ ᠲᠤᠰᠬᠠᠬᠤ᠂ ᠰᠠᠯᠬᠢ ᠨᠡᠪᠲᠡᠷᠡᠭᠦᠯᠬᠦ᠂ ᠪᠣᠷᠣᠭᠠᠨ ᠤ ᠤᠰᠤ ᠶᠢ | ᠬᠤᠷᠠᠮᠳᠣᠭᠤᠯᠬᠤ᠂ ᠤᠰᠤ ᠶᠢ ᠠᠰᠢᠭᠯᠠᠬᠤ᠂ ᠤᠰᠤ ᠠᠷᠪᠢᠯᠠᠬᠤ᠂ ᠱᠣᠣᠬᠢᠶᠠᠨ ᠢ ᠨᠠᠮᠳᠠᠭᠤᠯᠬᠤ ᠵᠡᠷᠭᠡ | ᠪᠣᠯᠪᠠᠰᠤᠷᠠᠩᠭᠤᠶ ᠪᠣᠯᠤᠭᠰᠠᠨ ᠮᠡᠷᠭᠡᠵᠢᠯ ᠤᠨ ᠦᠢᠯᠡᠳᠬᠦᠨ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ᠳᠡᠯᠭᠡᠷᠡᠭᠦᠯᠵᠦ᠂ ᠪᠠᠷᠢᠯᠭ᠎ᠠ ᠶᠢᠨ ᠬᠤᠭ ᠨᠣᠪᠰᠢ᠂ ᠨᠡᠭᠦᠷᠡᠰᠦᠨ ᠴᠢᠯᠠᠭᠤ᠂ ᠨᠤᠨᠲᠠᠭ ᠦᠨᠡᠰᠦ᠂ | ᠵᠤᠤᠬ᠎ᠠ ᠶᠢᠨ ᠰᠢᠭᠠᠷᠤ᠂ ᠦᠯᠡᠳᠡᠭᠳᠡᠯ ᠬᠦᠳᠡᠷ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠶᠠᠷ ᠲᠦᠭᠦᠬᠡᠶ | ᠮᠠᠲ᠋ᠧᠷᠢᠶᠠᠯ ᠪᠣᠯᠭᠠᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠶᠢ ᠵᠣᠷᠢᠭᠵᠢᠭᠤᠯᠤᠨ᠎ᠠ᠃ ︵ᠠᠶᠢᠮᠠᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ | ᠲᠣᠪᠴᠢᠶ᠎ᠠ ᠬᠠᠷᠢᠭᠤᠴᠠᠨ᠎ᠠ︶ | ᠭᠤᠷᠪᠠ᠂ ᠤᠳᠤᠷᠢᠳᠤᠯᠭ᠎ᠠ ᠪᠠᠨ ᠴᠢᠩᠭᠠᠳᠬᠠᠨ᠂ ᠠᠷᠭ᠎ᠠ ᠬᠡᠮᠵᠢᠶ᠎ᠡ ᠶᠢ ᠪᠠᠳᠣᠯᠠᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠭᠦᠯᠦᠯᠲᠡ ᠶᠢᠨ ᠲᠣᠪᠴᠢᠶ᠎ᠠ ᠶᠢᠨ | ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ᠤ ᠳᠦᠷᠢᠮ ᠢ ᠪᠠᠶᠢᠭᠤᠯᠵᠤ᠂ ᠬᠠᠮᠲᠤᠷᠠᠭᠰᠠᠨ ᠬᠤᠷᠠᠯᠳᠤᠭᠠᠨ ᠤ | ᠠᠯᠪᠠᠨ ᠭᠡᠷ ᠢ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ︵ᠳᠣᠷᠣᠭᠰᠢ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠭᠡᠵᠦ ᠲᠣᠪᠴᠢᠯᠠᠨ᠎ᠠ︶ ᠳᠤ ᠲᠣᠬᠢᠷᠠᠭᠤᠯᠵᠤ | ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠭᠦᠯᠦᠯᠲᠡ ᠶᠢᠨ ᠠᠵᠢᠯ ᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠬᠤᠰᠢᠭᠤ ᠣᠷᠣᠨ ᠵᠣᠬᠢᠴᠠᠩᠭᠤᠶ ᠤᠳᠤᠷᠢᠳᠬᠤ ᠪᠠᠶᠢᠭᠤᠯᠤᠮᠵᠢ | ᠪᠠᠶᠢᠭᠤᠯᠬᠤ ᠬᠡᠷᠡᠭᠲᠡᠶ᠃ ᠲᠤᠰ ᠠᠷᠭ᠎ᠠ ᠬᠡᠮᠵᠢᠶ᠎ᠡ ᠶᠢ ᠪᠠᠭᠤᠯᠭᠠᠭᠰᠠᠨ ᠤ ᠳᠠᠷᠠᠭ᠎ᠠ 2 ᠰᠠᠷ᠎ᠠ ᠶᠢᠨ ᠳᠣᠲᠣᠷ᠎ᠠ ᠲᠥᠬᠦᠷ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠤᠶᠤ ᠲᠥᠰᠦᠯ ᠲᠣᠭᠲᠠᠭᠠᠵᠤ᠂ ᠬᠠᠷᠠᠯᠲᠠ ᠡᠭᠦᠷᠭᠡ ᠪᠠᠨ | ᠨᠠᠷᠢᠯᠢᠭᠵᠢᠭᠤᠯᠤᠨ᠂ ᠬᠠᠷᠢᠭᠤᠴᠠᠯᠭᠠᠲᠤ ᠨᠢᠭᠡᠴᠡ ᠶᠢ ᠲᠣᠳᠣᠷᠬᠠᠶᠢᠯᠠᠵᠤ᠂ ᠳᠡᠮᠵᠢᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ | ᠬᠡᠷᠡᠭᠲᠡᠶ᠃ ︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠷᠢᠭᠤᠴᠠᠨ᠎ᠠ︶ | ︵ᠬᠤᠶᠠᠷ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠦᠬᠦ ᠶᠠᠪᠤᠴᠠ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢ ᠬᠥᠭᠵᠢᠭᠦᠯᠬᠦ ᠲᠦᠷᠢᠮ︾ | ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠲᠥᠷᠥᠯ ᠵᠦᠢᠯ | ᠪᠠᠶᠢᠭᠤᠯᠬᠤ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠵᠢᠷᠤᠭᠯᠠᠨ ᠲᠥᠯᠥᠪᠯᠡᠬᠦ᠂ ᠵᠢᠷᠤᠭ ᠢ ᠬᠢᠨᠠᠬᠤ᠂ ᠪᠠᠷᠢᠯᠭ᠎ᠠ | ᠪᠠᠷᠢᠬᠤ᠂ ᠪᠠᠶᠢᠴᠠᠭᠠᠨ ᠬᠡᠮᠵᠢᠬᠦ᠂ ᠰᠢᠯᠭᠠᠨ ᠠᠪᠬᠤ᠂ ᠦᠨᠡᠯᠡᠬᠦ ᠵᠡᠷᠭᠡ ᠪᠥᠬᠦ ᠶᠠᠪᠤᠴᠠ ᠶᠢ ᠬᠢᠨᠠᠨ ᠬᠠᠮᠢᠶᠠᠷᠬᠤ | ᠲᠣᠭᠲᠠᠴᠠ ᠶᠢ ᠲᠡᠭᠦᠯᠳᠡᠷᠵᠢᠭᠦᠯᠵᠦ᠂ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ᠂ ᠬᠠᠶᠢᠨ ᠪᠠᠶᠢᠴᠠᠭᠠᠵᠤ | ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ | ᠵᠡᠷᠭᠡ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠡᠯ᠎ᠡ ᠲᠠᠯ᠎ᠠ ᠶᠢᠨ ᠭᠤᠤᠯ ᠴᠣᠭᠴᠠ ᠶᠢᠨ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠠᠮᠢᠶ᠎ᠠ ᠪᠥᠬᠦᠶ ᠬᠠᠤᠯᠢ ᠲᠣᠭᠲᠠᠭᠠᠯ ᠲᠥᠷᠥ ᠶᠢᠨ | ᠪᠣᠳᠣᠯᠭ᠎ᠠ᠂ ᠪᠠᠷᠢᠮᠵᠢᠶ᠎ᠠ ᠶᠢᠨ ᠵᠢᠷᠤᠮᠵᠢᠯ ᠢ ᠬᠡᠷᠡᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ | ᠱᠠᠲᠤᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠱᠠᠲᠤ ᠦᠶ᠎ᠡ ᠳᠤ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠡᠰ ᠳᠠᠷᠠᠭᠠᠯᠠᠯ ᠳᠤ ᠣᠷᠣᠭᠤᠯᠵᠦ᠂ ᠪᠠᠷᠢᠯᠭ᠎ᠠ ᠶᠢᠨ ᠵᠢᠷᠤᠭ ᠤᠨ | ᠬᠢᠨᠠᠨ ᠪᠠᠶᠢᠴᠠᠭᠠᠯᠲᠠ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ | ᠳᠠᠩᠰᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠦ᠂ ᠬᠤᠤᠰ ᠲᠠᠰᠢᠷᠠᠮ ᠤᠨ ᠳᠠᠭᠠᠤ᠂ ᠨᠢᠭᠡ | ᠢᠯᠡ ᠪᠣᠯᠭᠠᠬᠤ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠵᠠᠭᠪᠤᠷ ᠢ ᠠᠰᠢᠭᠯᠠᠨ᠂ ᠡᠳᠦᠷ | ᠲᠤᠲᠤᠮ ᠤᠨ ᠪᠠᠶᠢᠴᠠᠭᠠᠬᠤ ᠪᠠ ᠰᠣᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠪᠠᠶᠢᠴᠠᠭᠠᠬᠤ ᠠᠷᠭ᠎ᠠ | ᠮᠠᠶ᠋ᠢᠭ ᠢ ᠠᠪᠴᠦ᠂ ᠡᠯ᠎ᠡ ᠲᠠᠯ᠎ᠠ ᠶᠢᠨ ᠭᠤᠤᠯ ᠴᠣᠭᠴᠠ ᠶᠢᠨ ᠬᠢᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ | ᠪᠣᠬᠢᠷᠲᠤᠯ ᠦᠭᠡᠶ ᠪᠠᠷᠢᠯᠭ᠎ᠠ ᠶᠢᠨ ᠬᠠᠮᠢᠶ᠎ᠠ ᠪᠦᠬᠦᠢ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠶᠢ ᠭᠤᠤᠯᠳᠠᠯᠭ᠎ᠠ ᠲᠠᠢ | ᠪᠠᠶᠢᠴᠠᠭᠠᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠵᠢᠷᠤᠭ ᠲᠥᠯᠥᠪᠯᠡᠭᠡᠨ ᠤ | ᠲᠤᠰᠬᠠᠶ ᠬᠠᠭᠤᠳᠠᠰᠤ᠂ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠤᠨ ᠬᠢᠨᠠᠨ ᠪᠠᠶᠢᠴᠠᠭᠠᠯᠲᠠ ᠶᠢᠨ | ᠶᠠᠰᠤ ᠴᠢᠨᠠᠷ᠂ ᠪᠠᠷᠢᠯᠭ᠎ᠠ ᠶᠢᠨ ᠲᠤᠰᠬᠠᠶ ᠮᠡᠷᠭᠡᠵᠢᠯ ᠤᠨ ᠲᠥᠰᠦᠯ᠂ ᠲᠤᠰᠬᠠᠶ ᠵᠦᠢᠯ ᠤᠨ ᠬᠢᠨᠠᠨ ᠬᠠᠮᠢᠶᠠᠷᠬᠤ ᠨᠠᠷᠢᠨ | ᠲᠦᠷᠢᠮ ᠵᠡᠷᠭᠡ ᠶᠢ ᠨᠠᠶᠢᠷᠠᠭᠤᠯᠤᠨ ᠬᠢᠨᠠᠬᠤ ᠪᠠ ᠬᠡᠷᠡᠭᠵᠢᠭᠦᠯᠦᠭᠰᠡᠨ ᠪᠠᠶᠢᠳᠠᠯ᠂ ᠡᠯ᠎ᠡ ᠲᠠᠯ᠎ᠠ ᠶᠢᠨ ᠭᠤᠣᠯ | ᠴᠣᠭᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠶᠠᠰᠤ ᠴᠢᠨᠠᠷ ᠤᠨ ᠦᠢᠯᠡ | ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠡᠯ᠎ᠡ ᠵᠦᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︵ᠠᠶᠢᠮᠠᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠨ᠎ᠠ︶ | ︵ᠭᠤᠷᠪᠠ︶ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠲᠥᠷᠥ ᠶᠢᠨ | ᠪᠣᠳᠣᠯᠭ᠎ᠠ ᠲᠠᠢ ᠤᠶᠠᠯᠳᠤᠭᠤᠯᠤᠨ᠂ ᠰᠠᠨᠠᠭᠠᠴᠢᠯᠠᠭᠠᠲᠤ ᠪᠤᠰᠤ ᠮᠠᠶ᠋ᠢᠭ ᠤᠨ ᠬᠡᠲᠦ ᠳᠤᠤᠷ᠎ᠠ ᠡᠨᠧᠷᠭᠢ ᠶᠢᠨ | ᠬᠤᠷᠣᠭᠳᠠᠯ ᠲᠠᠢ ᠪᠠ ᠡᠨᠧᠷᠭᠢ ᠶᠢᠨ ᠬᠤᠷᠣᠭᠳᠠᠯ ᠥᠬᠡᠶ ᠪᠠᠷᠢᠯᠭ᠎ᠠ᠂ ᠪᠣᠬᠢᠷᠲᠤᠯ ᠥᠬᠡᠶ ᠠᠮᠢ ᠠᠬᠤᠶ ᠶᠢᠨ ᠬᠤᠲᠠ | ᠲᠣᠭᠤᠷᠢᠭ᠂ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠳᠠᠬᠢᠨ | ᠡᠭᠦᠰᠴᠦ ᠪᠣᠯᠬᠤ ᠡᠨᠧᠷᠭᠢ ᠶᠢᠨ ᠬᠡᠷᠡᠭᠯᠡᠯᠲᠡ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ ᠭᠡᠷ᠎ᠡ ᠳᠠᠬᠢ | ᠡᠨᠧᠷᠭᠢ ᠶᠢᠨ ᠬᠠᠮᠢᠶᠠᠷᠤᠯᠲᠠ ᠶᠢᠨ ᠲᠥᠷᠥᠯ ᠵᠦᠢᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ | ᠰᠠᠭᠤᠷᠢ ᠴᠢᠳᠠᠪᠤᠷᠢ ᠶᠢᠨ ᠪᠠᠶᠢᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ ᠭᠤᠤᠯᠳᠠᠯᠭ᠎ᠠ ᠲᠠᠢ ᠴᠢᠩᠭᠠᠷᠠᠭᠤᠯᠤᠨ᠎ᠠ᠃ | ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠤᠶᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠭᠰᠠᠨ ᠤᠭᠰᠠᠷᠠᠮᠠᠯ ᠮᠠᠶ᠋ᠢᠭ᠂ | ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠦᠲᠦᠴᠡ ᠶᠢ ᠨᠢᠭᠡ | ᠴᠣᠭᠴᠠᠵᠢᠭᠤᠯᠤᠭᠰᠠᠨ ᠵᠡᠷᠭᠡ ᠦᠢᠯᠡᠳᠪᠦᠷᠢᠯᠡᠯ ᠤᠨ ᠠᠵᠤ ᠠᠬᠤᠶᠢᠯᠠᠯ ᠳᠤ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠶᠢ | ᠬᠦᠷᠲᠡᠭᠡᠨ᠎ᠡ᠃ ᠪᠣᠬᠢᠷᠲᠤᠯ ᠥᠬᠡᠶ ᠪᠠᠷᠢᠯᠭ᠎ᠠ ᠶᠢᠨ ᠦᠨᠡᠯᠡᠬᠦ ᠢᠯᠭᠠᠬᠤ ᠲᠡᠮᠳᠡᠭ ᠤᠨ ᠲᠥᠷᠥᠯ ᠵᠦᠢᠯ ᠨᠢ ᠭᠠᠶᠢᠯᠢ | ᠰᠦᠢᠳᠬᠡᠯ ᠢ ᠬᠠᠰᠤᠵᠤ ᠭᠡᠯᠳᠦᠷᠢᠭᠦᠯᠬᠦ ᠪᠠ ᠰᠢᠯᠢᠳᠡᠭ ᠢ ᠰᠢᠯᠭᠠᠷᠠᠭᠤᠯᠵᠤ ᠰᠢᠨ᠎ᠡ ᠶᠢ ᠡᠭᠦᠳᠬᠦ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠤᠶᠠᠷ ᠣᠳᠣᠨ ᠲᠠᠰ ᠠᠴᠠ ᠳᠡᠭᠡᠭᠰᠢᠬᠢ ᠪᠣᠬᠢᠷᠲᠤᠯ ᠥᠬᠡᠶ | ᠪᠠᠷᠢᠯᠭ᠎ᠠ ᠶᠢᠨ ᠢᠯᠭᠠᠬᠤ ᠲᠡᠮᠳᠡᠭ ᠤᠨ ᠦᠨᠡᠮᠯᠡᠯ ᠣᠯᠤᠭᠰᠠᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ | ᠠᠵᠤ ᠠᠬᠤᠶᠢᠯᠠᠯ ᠨᠢ ᠣᠨ ᠤ ᠢᠲᠡᠭᠡᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠳᠠᠭᠠᠨ ᠬᠤᠪᠢ ᠨᠡᠮᠡᠵᠦ | ᠪᠣᠯᠤᠨ᠎ᠠ᠃ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠡᠨᠧᠷᠭᠢ ᠶᠢᠨ ᠬᠤᠷᠣᠭᠳᠠᠯ ᠢᠶᠠᠷ | ᠬᠡᠲᠦ ᠪᠠᠭ᠎ᠠ ᠮᠠᠶ᠋ᠢᠭ ᠤᠨ ᠪᠠᠷᠢᠯᠭ᠎ᠠ ᠶᠢᠨ ᠮᠥᠩᠭᠦᠨ ᠬᠦᠢᠯᠬᠡᠬᠡᠨ ᠤ ᠦᠢᠯᠡᠴᠢᠯᠡᠭᠡ ᠶᠢ ᠲᠡᠭᠦᠯᠳᠡᠷᠵᠢᠭᠦᠯᠵᠦ᠂ ᠮᠥᠩᠭᠦᠨ | ᠬᠦᠢᠯᠬᠡᠬᠡᠨ ᠤ ᠪᠠᠶᠢᠭᠤᠯᠤᠮᠵᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠲᠣᠬᠢᠷᠠᠭᠤᠯᠭ᠎ᠠ ᠡᠵᠡᠮᠰᠢᠯ ᠤᠨ | ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠤᠷᠢᠲᠠᠯ ᠳᠤᠤᠷ᠎ᠠ᠂ ᠬᠤᠳᠠᠯᠳᠤᠨ ᠠᠪᠤᠭᠴᠢ ᠳᠤ ᠵᠢᠭᠡᠯᠡᠯᠭᠡ ᠶᠢᠨ | ᠵᠣᠭᠤᠰ ᠤᠨ ᠲᠤᠭ᠎ᠠ ᠪᠤᠶᠤ ᠬᠦᠦ ᠶᠢᠨ ᠨᠣᠷᠮ᠎ᠠ ᠶᠢᠨ ᠬᠠᠷᠠᠭᠠᠯᠵᠠᠯ ᠦᠵᠡᠭᠦᠯᠬᠦ ᠶᠢ ᠳᠠᠮᠵᠢᠵᠤ᠂ ᠪᠣᠬᠢᠷᠲᠤᠯ ᠥᠬᠡᠶ | ᠮᠥᠩᠭᠦᠨ ᠬᠦᠢᠯᠬᠡᠬᠡᠨ ᠢᠶᠠᠷ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ | ᠬᠥᠭᠵᠢᠯᠲᠡ ᠶᠢ ᠳᠠᠮᠵᠢᠵᠤ᠂ ᠤᠯᠤᠰ ᠤᠨ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ | ᠬᠡᠷᠡᠭᠯᠡᠬᠦ ᠶᠢ ᠠᠬᠢᠭᠤᠯᠤᠨ᠂ ᠣᠯᠠᠨ ᠨᠡᠶᠢᠲᠡ ᠶᠢᠨ ᠦᠢᠯᠡᠴᠢᠯᠡᠬᠡᠨ ᠤ ᠬᠦᠷᠢᠶ᠎ᠡ ᠴᠠᠷᠠᠭ᠎ᠠ ᠳᠤ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠠᠷᠭ᠎ᠠ ᠮᠠᠶ᠋ᠢᠭ ᠢ ᠬᠡᠷᠡᠭᠯᠡᠨ ᠠᠵᠢᠯ ᠢᠶᠠᠨ | ᠠᠬᠢᠭᠤᠯᠬᠤ ᠶᠢ ᠵᠣᠷᠢᠭᠵᠢᠭᠤᠯᠬᠤ ᠬᠡᠷᠡᠭᠲᠡᠶ᠃ ︵ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠠᠯᠠᠱᠠ ᠠᠶᠢᠮᠠᠭ ᠤᠨ ᠲᠥᠪ ᠰᠠᠯᠪᠤᠷᠢ ᠪᠠᠩᠬᠢ᠂ ᠠᠯᠠᠱᠠ ᠶᠢᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠬᠠᠷᠢᠭᠤᠴᠠᠨ᠎ᠠ︶ | ︵ᠳᠥᠷᠪᠡ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠡᠯ᠎ᠡ | ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠣᠯ ᠲᠣᠰ | ᠭᠠᠵᠠᠷ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ | ᠠᠬᠢᠭᠤᠯᠬᠤ ᠨᠢᠭᠡᠳᠦᠭᠡᠷ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠯ ᠢ ᠡᠵᠡᠮᠳᠡᠬᠦ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠬᠢᠨᠠᠬᠤ ᠵᠡᠷᠭᠡ ᠪᠠᠷᠢᠯᠭ᠎ᠠ ᠶᠢᠨ ᠡᠨᠧᠷᠭᠢ ᠠᠷᠪᠢᠯᠠᠬᠤ | ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠤᠬᠠᠶ ᠱᠠᠭᠠᠷᠳᠠᠯᠭ᠎ᠠ ᠶᠣᠰᠣᠭᠠᠷ᠂ ᠠᠵᠢᠯ ᠤᠨ | ᠲᠣᠭᠲᠠᠴᠠ ᠶᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ | ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠡᠯ᠎ᠡ | ᠵᠦᠢᠯ ᠤᠨ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠠᠵᠢᠯ ᠤᠨ ᠠᠬᠢᠴᠠ ᠪᠠ ᠦᠷ᠎ᠡ ᠪᠦᠲᠦᠮᠵᠢ ᠪᠠᠨ ᠴᠠᠭ ᠲᠤᠬᠠᠶ ᠳᠤᠨᠢ ᠳ᠋ᠦᠩᠨᠡᠵᠦ᠂ ᠣᠨ ᠤ ᠮᠡᠳᠡᠭᠦᠯᠦᠯᠲᠡ ᠪᠠᠨ ᠪᠣᠶ | ᠪᠣᠯᠭᠠᠨ᠂ ᠵᠢᠯ ᠪᠦᠷᠢ ᠶᠢᠨ ᠵᠢᠯ ᠤᠨ ᠰᠡᠭᠦᠯᠴᠢ ᠠᠴᠠ ᠡᠮᠦᠨ᠎ᠡ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ | ᠮᠡᠳᠡᠭᠦᠯᠬᠦ ᠬᠡᠷᠡᠭᠲᠡᠶ᠃ ᠬᠠᠮᠲᠤᠷᠠᠭᠰᠠᠨ ᠬᠤᠷᠠᠯ ᠤᠨ ᠠᠯᠪᠠᠨ ᠬᠡᠷ ᠲᠣᠬᠢᠷᠠᠮᠵᠢᠲᠠᠶ ᠦᠶ᠎ᠡ ᠳᠤ ᠡᠯ᠎ᠡ ᠬᠤᠰᠢᠭᠤ | ᠣᠷᠣᠨ ᠤ ᠠᠵᠢᠯ ᠢ ᠬᠥᠳᠡᠯᠦᠩᠭᠦᠶ ᠪᠠᠷ ᠵᠢᠯᠣᠭᠤᠳᠴᠤ᠂ ᠬᠢᠨᠠᠨ ᠰᠢᠯᠭᠠᠬᠤ ᠪᠠ ᠦᠷ᠎ᠡ ᠪᠦᠲᠦᠮᠵᠢ ᠶᠢ ᠦᠨᠡᠯᠡᠨ | ᠵᠢᠱᠢᠨ᠎ᠡ᠃ ︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠷᠢᠭᠤᠴᠠᠨ᠎ᠠ︶ | ︵ᠲᠠᠪᠤ︶ ᠤᠬᠠᠭᠤᠯᠬᠤ ᠡᠷᠴᠢᠮ ᠢᠶᠠᠨ ᠨᠡᠮᠡᠭᠳᠡᠬᠦᠯᠦᠨ᠎ᠡ᠃ ᠤᠬᠠᠭᠤᠯᠭ᠎ᠠ ᠶᠢᠨ ᠬᠡᠯᠪᠡᠷᠢ ᠪᠠ | ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ | ᠦᠭᠡᠶ ᠪᠠᠷᠢᠯᠭ᠎ᠠ ᠶᠢᠨ ᠲᠤᠬᠠᠶ ᠬᠦᠯᠢᠶᠡᠨ ᠵᠥᠪᠰᠢᠶᠡᠷᠡᠬᠦ ᠬᠡᠮᠵᠢᠶ᠎ᠡ ᠶᠢ ᠳᠡᠭᠡᠭᠰᠢᠯᠡᠭᠦᠯᠦᠨ᠂ ᠨᠡᠶᠢᠭᠡᠮ ᠤᠨ ᠰᠠᠶᠢᠨ | ᠰᠠᠶᠢᠬᠠᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃ ︵ᠠᠶᠢᠮᠠᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ | ᠬᠠᠷᠢᠭᠤᠴᠠᠨ᠎ᠠ︶ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | |