ᠪᠦᠭᠦ ᠣᠷᠣᠨ ᠤ ᠵᠤᠨ ᠤ ᠤᠯᠠᠷᠢᠯ ᠤᠨ ᠤᠷᠢᠵᠤ ᠡᠯᠰᠡᠭᠦ ᠴᠤᠭᠯᠠᠭᠠᠨ 5 ᠰᠠᠷ᠎ᠠ ᠶᠢᠨ 22  ᠤᠨ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2022/5/19
    5 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ 2022 ᠣᠨ ᠤ ᠪᠦᠭᠦ ᠣᠷᠣᠨ ᠤ ᠠᠵᠢᠯ ᠣᠯᠭᠤᠵᠤ ᠦᠢᠯᠡᠰ ᠪᠣᠰᠬᠠᠬᠤ ᠶᠢ ᠠᠬᠢᠭᠤᠯᠬᠤ ᠬᠤᠷᠠᠯ ᠵᠢᠴᠢ ᠵᠤᠨ ᠤ ᠤᠯᠠᠷᠢᠯ ᠤᠨ ᠤᠷᠢᠵᠤ ᠡᠯᠰᠡᠭᠦ ᠴᠤᠭᠯᠠᠭᠠᠨ ᠤ ᠦᠨᠳᠦᠰᠦᠨ ᠪᠠᠶᠢᠳᠠᠯ ᠢ ᠲᠠᠨᠢᠯᠴᠠᠭᠤᠯᠪᠠ᠃     ᠣᠶᠢᠯᠠᠭᠠᠭᠰᠠᠨ ᠢᠶᠠᠷ᠂ ᠲᠣᠰ ᠠᠵᠢᠯᠯᠠᠭ᠎ᠠ 5 ᠰᠠᠷ᠎ᠠ ᠶᠢᠨ 22 ᠤᠨ ᠡᠳᠦᠷ ᠠᠴᠠ ᠡᠬᠢᠯᠡᠨ 8 ᠰᠠᠷ᠎ᠠ ᠶᠢᠨ 31  ᠤ ᠡᠳᠦᠷ ᠪᠤᠯᠳᠠᠯ᠎ᠠ ᠶᠠᠪᠤᠭᠳᠠᠬᠤ ᠪᠥᠭᠡᠳ︽ᠠᠵᠢᠯ ᠤᠨ ᠪᠠᠶᠢᠷᠢ ᠴᠢᠮ᠎ᠠ ᠶᠢ ᠬᠦᠯᠢᠶᠡᠵᠦ᠂ ᠠᠵᠢᠯ ᠣᠯᠭᠤᠯᠲᠠ ᠲᠠᠢ ᠬᠠᠮᠲᠤ ᠪᠠᠷ ᠠᠶᠠᠯᠠᠶ᠎ᠠ︾ᠭᠡᠬᠦ ᠭᠤᠣᠯ ᠰᠡᠳᠦᠪ ᠤᠨ ᠲᠣᠭᠤᠷᠢᠨ ᠳᠤ ᠶᠠᠪᠤᠭᠳᠠᠬᠤ ᠪᠣᠯᠣᠨ᠎ᠠ᠃ ᠡᠭᠦᠨ ᠳᠤ᠂ ᠭᠤᠣᠯ ᠬᠤᠷᠠᠯ ᠤᠨ ᠲᠠᠯᠠᠪᠠᠶ ᠶᠢᠨ ᠡᠭᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ  ᠳᠤ ᠶᠠᠪᠤᠭᠳᠠᠬᠤ  ᠮᠥᠷᠲᠡᠭᠡᠨ 12 ᠠᠶᠢᠮᠠᠭ ᠬᠤᠲᠠ ᠪᠣᠯᠣᠨ  ᠠᠰ ᠲᠠᠭᠠᠨ ᠲᠥᠯᠥᠪᠯᠡᠭᠡ ᠬᠢᠬᠦ 2 ᠬᠤᠲᠠ ᠳᠤ ᠵᠡᠷᠭᠡ ᠪᠠᠷ ᠡᠬᠢᠯᠡᠭᠦᠯᠵᠦ᠂︽1 + 14︾ᠵᠠᠭᠪᠤᠷ ᠢᠶᠠᠷ ᠥᠷᠨᠢᠭᠦᠯᠵᠦ᠂ ᠰᠦᠯᠵᠢᠶ᠎ᠡ ᠪᠠᠷ ᠤᠷᠢᠨ ᠡᠯᠰᠡᠭᠦ᠂ ᠰᠢᠨ᠎ᠡ ᠵᠠᠭᠤᠴᠢᠯᠠᠭᠤᠷ ᠢᠶᠠᠷ ᠲᠠᠨᠢᠯᠴᠠᠭᠤᠯᠬᠤ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠶᠢᠬᠤ︾ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠠ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠬᠠᠩᠭᠠᠨ᠎ᠠ᠃ ᠠᠵᠢᠯᠯᠠᠭ᠎ᠠ ᠳᠤ᠂ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠶ ᠳᠤ ᠰᠦᠯᠵᠢᠶ᠎ᠡ ᠪᠠᠷ ᠤᠷᠢᠨ ᠡᠯᠰᠡᠭᠦ᠂ ᠲᠥᠷᠥ ᠶᠢᠨ ᠪᠣᠳᠣᠯᠭ᠎ᠠ ᠶᠢᠨ ᠡᠭᠦᠯᠡᠨ ᠤᠬᠠᠭᠤᠯᠭ᠎ᠠ᠂ ᠠᠵᠢᠯ ᠣᠯᠭᠤᠯᠲᠠ ᠶᠢᠨ ᠡᠭᠦᠯᠡᠨ ᠵᠢᠯᠣᠭᠤᠳᠤᠯᠭ᠎ᠠ᠂ ᠦᠢᠯᠡᠰ ᠪᠣᠰᠬᠠᠬᠤ ᠡᠭᠦᠯᠡᠨ ᠦᠢᠯᠡᠴᠢᠯᠡᠭᠡ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠡᠭᠦᠯᠡᠨ ᠦᠢᠯᠡᠴᠢᠯᠡᠭᠡ᠂ ᠵᠠᠭᠤᠴᠢᠯᠠᠭᠤᠷ ᠤᠨ ᠲᠥᠪ ᠵᠡᠷᠭᠡ 6 ᠲᠤᠰᠬᠠᠢ ᠲᠣᠭᠤᠷᠢᠭ ᠲᠣᠭᠢᠷᠠᠭᠤᠯᠤᠨ᠎ᠠ;︽ᠵᠠᠭᠤᠨ ᠡᠳᠦᠷ ᠤᠨ ᠰᠦᠯᠵᠢᠶ᠎ᠡ ᠪᠠᠷ  ᠤᠷᠢᠵᠤ ᠡᠯᠰᠡᠭᠦ︾ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ︽ᠳᠥᠷᠪᠡ ᠶᠢ ᠨᠢᠭᠡ ᠴᠣᠭᠴᠠᠵᠢᠭᠤᠯᠬᠤ︾ ᠠᠵᠢᠯ ᠣᠯᠭᠤᠬᠤ ᠦᠢᠯᠡᠴᠢᠯᠡᠭᠡᠨ ᠤ ᠡᠭᠦᠯᠡᠨ ᠲᠠᠪᠴᠠᠩ᠂ ᠠᠶᠢᠮᠠᠭ ᠬᠤᠲᠠ ᠬᠠᠷᠢᠯᠴᠠᠨ ᠬᠥᠳᠡᠯᠦᠯᠴᠡᠬᠦ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ᠂ ᠠᠵᠤ ᠠᠬᠤᠶᠢᠯᠠᠯ ᠳᠤ ᠭᠦᠨᠵᠡᠭᠡᠶᠢᠷᠡᠨ ᠠᠵᠢᠯ ᠤᠨ ᠪᠠᠶᠢᠷᠢ ᠬᠠᠶᠢᠬᠤ 4 ᠵᠦᠢᠯ ᠤᠨ ᠠᠵᠢᠯᠯᠠᠭ᠎ᠠ ᠶᠢᠨ ᠠᠭᠤᠯᠭ᠎ᠠ ᠶᠢ ᠪᠠᠭᠲᠠᠭᠠᠵᠤ᠂ ᠣᠳᠣᠬᠠᠨ ᠳᠤ ᠪᠦᠭᠦ ᠣᠷᠣᠨ ᠳᠤ ᠨᠢᠭᠡᠨᠲᠡ 964 ᠠᠵᠤ ᠠᠬᠤᠶᠢᠯᠠᠯ ᠢ ᠡᠯᠰᠡᠨ ᠴᠤᠭᠯᠠᠭᠤᠯᠵᠤ᠂ 1.9 ᠲᠦᠮᠡᠨ ᠠᠵᠢᠯ ᠤᠨ ᠪᠠᠶᠢᠷᠢ ᠬᠠᠩᠭᠠᠬᠤ ᠪᠤᠯᠤᠨ᠎ᠠ; ᠲᠥᠷᠥ ᠶᠢᠨ ᠪᠣᠳᠣᠯᠭ᠎ᠠ ᠶᠢᠨ ᠡᠭᠦᠯᠡᠨ ᠤᠬᠠᠭᠤᠯᠤᠨ ᠲᠠᠶᠢᠯᠪᠤᠷᠢᠯᠠᠬᠤ  ᠠᠵᠢᠯᠯᠠᠭ᠎ᠠ ᠨᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ᠂  ᠦᠢᠯᠡᠰ ᠪᠣᠰᠬᠠᠬᠤ ᠲᠥᠷᠥ ᠶᠢᠨ ᠪᠣᠳᠣᠯᠭ᠎ᠠ᠂ ᠠᠵᠢᠯ ᠣᠯᠭᠤᠬᠤ ᠲᠥᠷᠥ ᠶᠢᠨ ᠪᠣᠳᠣᠯᠭ᠎ᠠ᠂ ᠮᠡᠷᠭᠡᠵᠢᠯ ᠴᠢᠳᠠᠪᠤᠷᠢ ᠶᠢᠨ ᠲᠥᠷᠥ ᠶᠢᠨ ᠪᠣᠳᠣᠯᠭ᠎ᠠ ᠵᠡᠷᠭᠡ 3 ᠲᠥᠷᠥ ᠶᠢᠨ ᠪᠣᠳᠣᠯᠭ᠎ᠠ ᠶᠢᠨ ᠡᠭᠦᠯᠡᠨ ᠤᠬᠠᠭᠤᠯᠭ᠎ᠠ ᠶᠢᠨ ᠰᠢᠭᠤᠳ ᠨᠡᠪᠲᠡᠷᠡᠭᠦᠯᠬᠦ ᠲᠠᠰᠤᠭ ᠭᠠᠷᠭᠠᠵᠤ᠂ ᠮᠠᠨ ᠤ ᠣᠷᠣᠨ ᠤ ᠠᠵᠢᠯ ᠣᠯᠭᠤᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠨ᠎ᠠ; ᠡᠯ᠎ᠡ ᠠᠶᠢᠮᠠᠭ ᠬᠤᠲᠠ ᠭᠤᠣᠯ ᠬᠤᠷᠠᠯ ᠤᠨ ᠲᠠᠯᠠᠪᠠᠶ ᠪᠠᠷ ᠯᠠᠪᠯᠠᠯᠲᠠ ᠪᠤᠯᠭᠠᠵᠤ ᠰᠢᠷᠢᠰ ᠠᠵᠢᠯᠯᠠᠭ᠎ᠠ ᠡᠷᠭᠢᠯᠡᠭᠦ ᠶᠢᠨ ᠬᠠᠮᠲᠤ 8 ᠰᠠᠷ᠎ᠠ ᠶᠢᠨ 31   ᠤ ᠡᠳᠦᠷ ᠠᠴᠠ ᠡᠮᠦᠨ᠎ᠡ ᠳᠥᠷᠪᠡᠨ ᠵᠦᠢᠯ ᠤᠨ ᠰᠢᠷᠢᠰ ᠠᠵᠢᠯᠯᠠᠭ᠎ᠠ ᠶᠢ ᠵᠡᠷᠭᠡ ᠪᠠᠷ  ᠥᠷᠨᠢᠭᠦᠯᠬᠦ  ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号