ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ | ᠰᠡᠳᠬᠢᠯ ᠤᠨ ᠢᠨᠵᠧᠨᠧᠷᠢᠩ᠂ ᠰᠠᠭᠤᠷᠢ ᠢᠨᠵᠧᠨᠧᠷᠢᠩ ᠮᠥᠨ᠂ ᠪᠠᠰᠠ ᠴᠤ ᠠᠵᠤ ᠠᠬᠤᠢ ᠶᠢᠨ ᠬᠥᠭᠵᠢᠯᠲᠡ ᠶᠢᠨ | ᠬᠠᠮᠤᠭ ᠤᠨ ᠦᠨᠳᠦᠰᠦᠨ ᠲᠤᠯᠭᠠᠭᠤᠷᠢᠯᠠᠯ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠨᠠᠩ ᠬᠦᠢᠴᠡᠳ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ | ᠪᠡᠶᠡᠯᠡᠭᠦᠯᠬᠦ ᠪᠣᠯ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠂ ᠠᠷᠠᠳ ᠲᠦᠮᠡᠨ ᠢᠶᠠᠷ ᠭᠤᠤᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠬᠡᠵᠢᠬᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ | ᠪᠠᠲᠤᠲᠠᠶ ᠠᠬᠢᠭᠤᠯᠬᠤ ᠶᠢᠨ ᠴᠢᠬᠤᠯᠠ ᠰᠠᠭᠤᠷᠢ ᠮᠥᠨ᠃ ᠲᠣᠰ ᠲᠥᠯᠥᠪᠵᠢᠭᠦᠯᠭᠡ ᠨᠢ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ | ᠳᠥᠷᠪᠡᠳᠦᠭᠡᠷ ᠲᠠᠪᠤᠨ ᠵᠢᠯ ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ | ︾᠂ ︽ᠲᠥᠷᠥ ᠶᠢᠨ ᠶᠠᠪᠤᠳᠠᠯ ᠤᠨ ᠬᠤᠷᠢᠶᠠᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠢᠯ | ᠣᠯᠭᠤᠯᠲᠠ ᠶᠢ ᠠᠬᠢᠭᠤᠯᠬᠤ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ ﹀ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠦᠨᠳᠦᠰᠦᠯᠡᠨ | ᠨᠠᠶᠢᠷᠠᠭᠤᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠠᠵᠢᠯ | ᠣᠯᠭᠤᠯᠲᠠ ᠶᠢ ᠠᠬᠢᠭᠤᠯᠬᠤ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠭᠤᠣᠯ ᠬᠠᠷᠠᠯᠲᠠ᠂ | ᠭᠤᠤᠯᠳᠠᠯᠭ᠎ᠠ ᠲᠠᠢ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠣᠷᠠᠳᠴᠦ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠤᠭᠤᠴᠠᠭᠠᠨ ᠤ ᠪᠥᠬᠦ ᠠᠶᠢᠮᠠᠭ ᠤᠨ ᠠᠵᠢᠯ ᠣᠯᠭᠤᠯᠲᠠ ᠶᠢ ᠠᠬᠢᠭᠤᠯᠬᠤ ᠠᠵᠢᠯ ᠤᠨ ᠴᠢᠬᠤᠯᠠ | ᠵᠢᠯᠣᠭᠤᠳᠣᠯᠭ᠎ᠠ ᠮᠥᠨ᠃ | ᠨᠢᠭᠡᠳᠦᠭᠡᠷ ᠪᠦᠯᠦᠭ ᠬᠥᠭᠵᠢᠯᠲᠡ ᠶᠢᠨ ᠣᠷᠴᠢᠨ ᠨᠥᠬᠦᠴᠡᠯ | ᠨᠢᠭᠡᠳᠦᠭᠡᠷ ᠬᠡᠰᠡᠭ ᠬᠥᠭᠵᠢᠯᠲᠡ ᠶᠢᠨ ᠰᠠᠭᠤᠷᠢ | ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠨᠠᠷᠢᠨ | ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠪᠠᠶᠢᠳᠠᠯ | ᠪᠣᠯᠤᠨ ᠬᠠᠲᠠᠭᠤ ᠪᠡᠷᠬᠡ ᠪᠥᠭᠡᠳ ᠨᠦᠰᠡᠷ ᠬᠦᠨᠳᠦ ᠠᠵᠢᠯ ᠣᠯᠭᠤᠯᠲᠠ ᠶᠢᠨ ᠡᠭᠦᠷᠭᠡ ᠶᠢᠨ ᠡᠮᠦᠨ᠎ᠡ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠲᠥᠪ ᠬᠤᠷᠢᠶ᠎ᠠ ᠂ | ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠳᠣᠣᠱᠯᠠᠭᠤᠯᠣᠨ ᠨᠠᠶᠢᠳᠠᠪᠤᠷᠢᠵᠢᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠦ᠂ ᠠᠵᠢᠯ | ᠣᠯᠭᠤᠯᠲᠠ ᠶᠢ ᠠᠬᠢᠭᠤᠯᠬᠤ ᠶᠢ ᠢᠮᠠᠭᠲᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠠᠷᠠᠳ ᠤᠨ | ᠠᠮᠢᠳᠤᠷᠠᠯ ᠤᠨ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠲᠦᠷᠦ ᠶᠢᠨ ᠪᠤᠳᠤᠯᠭ᠎ᠠ ᠶᠢ ᠶᠡᠭᠡ ᠪᠠᠷ ᠭᠡᠷᠡᠭᠵᠢᠬᠦᠯᠦᠨ᠂ ᠢᠳᠡᠪᠬᠢᠲᠡᠶ ᠠᠵᠢᠯ ᠣᠯᠭᠤᠯᠲᠠ ᠶᠢᠨ ᠲᠥᠷᠥ ᠶᠢᠨ | ᠪᠣᠳᠣᠯᠭ᠎ᠠ ᠶᠢ ᠭᠦᠨᠵᠡᠭᠡᠶ ᠨᠠᠶᠢᠳᠠᠪᠣᠷᠢᠵᠢᠭᠤᠯᠵᠦ᠂ ᠠᠵᠢᠯ ᠣᠯᠭᠤᠬᠤ ᠪᠠᠶᠢᠭᠤᠯᠤᠯ ᠲᠣᠭᠲᠠᠴᠠ ᠶᠢᠨ ᠰᠢᠨ᠎ᠡ ᠶᠢ | ᠡᠭᠦᠳᠴᠦ᠂ ᠠᠵᠢᠯ ᠣᠯᠭᠤᠯᠲᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ | ᠠᠵᠢᠯ ᠣᠯᠭᠤᠬᠤ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠪᠥᠬᠦ ᠠᠶᠢᠮᠠᠭ ᠤᠨ ᠬᠤᠲᠠ ᠪᠠᠯᠭᠠᠰᠤᠨ ᠳᠤ | ᠨᠡᠶᠢᠲᠡ 24245 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ ᠶᠢ 3 . 29 % ᠶᠢᠨ ᠨᠡᠯᠢᠶᠡᠳ ᠳᠤᠤᠷ᠎ᠠ ᠲᠦᠪᠰᠢᠨ ᠳᠤ ᠬᠢᠵᠠᠭᠠᠷᠯᠠᠪᠠ᠃ | ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯ ᠯᠠᠪᠳᠠᠭᠤᠨ ᠢᠶᠠᠷ ᠠᠬᠢᠵᠤ᠂ | ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ᠂ ᠠᠵᠢᠯ ᠠᠯᠳᠠᠭᠰᠠᠳ᠂ ᠠᠵᠢᠯ ᠤᠯᠬᠤ ᠳᠤ | ᠬᠦᠴᠢᠷᠲᠡᠢ ᠬᠥᠮᠦᠰ ᠵᠡᠷᠭᠡ ᠶᠢᠨ ᠠᠵᠢᠯ ᠣᠯᠭᠤᠯᠲᠠ ᠦᠨᠳᠦᠰᠦᠨ ᠳᠡᠭᠡᠨ ᠲᠣᠭᠲᠠᠭᠤᠨ ᠪᠠᠶᠢᠨ᠎ᠠ᠃ ᠭᠤᠷᠪᠠᠳᠤᠭᠠᠷ | ᠠᠵᠤ ᠦᠢᠯᠡᠰ ᠨᠢ ᠠᠵᠢᠯ ᠣᠯᠭᠤᠯᠲᠠ ᠶᠢ ᠰᠢᠩᠭᠡᠭᠡᠨ ᠠᠪᠬᠤ ᠭᠤᠣᠯ ᠴᠣᠭᠴᠠ ᠪᠤᠯᠵᠤ᠂ ᠠᠵᠢᠯ ᠣᠯᠭᠤᠯᠲᠠ ᠶᠢᠨ | ᠪᠦᠲᠦᠴᠡ ᠤᠯᠠᠮ ᠨᠢᠭᠡ ᠠᠯᠬᠤᠮ ᠰᠢᠯᠢᠳᠡᠭᠵᠢᠪᠡ᠃ ᠪᠦᠬᠦ ᠬᠥᠳᠡᠯᠮᠦᠷᠢᠴᠢᠳ ᠲᠤ ᠬᠠᠨᠳᠤᠭᠤᠯᠤᠭᠰᠠᠨ ᠨᠠᠰᠤᠨ | ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠢᠮ ᠢ ᠦᠨᠳᠦᠰᠦᠨ ᠳᠡᠭᠡᠨ | ᠪᠦᠷᠢᠯᠳᠦᠭᠦᠯᠵᠦ᠂ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠬᠦᠯᠪᠡ᠃ ︽ | ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠤᠨ ᠠᠵᠢᠯᠯᠠᠭ᠎ᠠ ᠶᠢᠨ ᠠᠯᠠᠱᠠ ᠶᠢᠨ ᠬᠡᠷᠡᠭᠵᠢᠭᠦᠯᠬᠦ | ᠲᠥᠯᠥᠪᠯᠡᠭᠡ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠪᠠ᠃ ᠴᠢᠳᠠᠪᠤᠷᠢᠲᠠᠨ ᠤ ᠦᠢᠯᠡᠴᠢᠯᠡᠭᠡᠨ ᠤ | ᠪᠠᠲᠤᠯᠠᠭ᠎ᠠ ᠶᠢᠨ ᠰᠢᠰᠲ᠋ᠧᠮ᠂ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠬᠦᠯᠪᠡ᠃ | ᠬᠥᠳᠡᠯᠮᠦᠷᠢ ᠬᠦᠴᠦ ᠬᠡᠷᠡᠭᠯᠡᠬᠦ ᠬᠠᠮᠢᠶᠠᠷᠤᠯᠲᠠ ᠡᠳᠦᠷ ᠢᠷᠡᠬᠦᠶ᠎ᠡ ᠵᠢᠷᠤᠮᠵᠢᠵᠤ᠂ ᠬᠥᠳᠡᠯᠮᠦᠷᠢ ᠶᠢᠨ ᠬᠠᠷᠢᠴᠠᠭ᠎ᠠ ᠨᠡᠩ | ᠡᠶ᠎ᠡ ᠵᠣᠬᠢᠴᠠᠯ ᠲᠠᠢ ᠪᠣᠯᠵᠤ᠂ ᠬᠥᠳᠡᠯᠮᠦᠷᠢᠯᠡᠭᠴᠢᠳ ᠤᠨ ᠠᠵᠢᠯ ᠣᠯᠬᠤ ᠡᠷᠬᠡ ᠠᠰᠢᠭ ᠪᠠᠲᠤᠯᠠᠭ᠎ᠠ ᠲᠠᠢ ᠪᠣᠯᠪᠠ᠃ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠥᠬᠦ ᠠᠶᠢᠮᠠᠭ ᠤᠨ ᠠᠵᠢᠯ ᠣᠯᠭᠤᠯᠲᠠ ᠶᠢᠨ ᠪᠠᠶᠢᠳᠠᠯ | ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢ | ᠬᠠᠮᠠᠭᠠᠯᠠᠬᠤ ᠪᠠ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠦ | ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ | ᠬᠤᠶᠠᠳᠤᠭᠠᠷ ᠬᠡᠰᠡᠭ ᠳᠣᠯᠭᠠᠷᠠᠵᠦ ᠪᠠᠶᠢᠭ᠎ᠠ ᠪᠠᠶᠢᠳᠠᠯ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠠᠶᠢᠮᠠᠭ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ | ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ | ᠲᠦᠷᠭᠡᠳᠬᠡᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠂ ᠠᠵᠢᠯ | ᠣᠯᠭᠤᠯᠲᠠ ᠶᠢᠨ ᠠᠵᠢᠯ ᠢ ᠰᠠᠶᠢᠲᠤᠷ ᠬᠢᠬᠦ ᠠᠵᠠ ᠲᠣᠬᠢᠶᠠᠯ ᠪᠠ ᠥᠷᠢᠰᠥᠯᠳᠦᠭᠡᠨ ᠵᠡᠷᠭᠡ ᠪᠠᠷ ᠣᠷᠣᠰᠢᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠠᠴᠠ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠠ ︽ᠨᠢᠭᠡ | ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠳᠤᠷᠠᠳᠴᠤ᠂ ᠠᠮᠢ ᠠᠬᠤᠶ ᠶᠢ ᠳᠡᠷᠢᠬᠦᠨ | ᠳᠤ ᠳᠠᠯᠪᠢᠵᠦ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠵᠠᠮ ᠢᠶᠠᠷ ᠵᠠᠮᠨᠠᠵᠤ᠂ ᠠᠵᠢᠯ ᠣᠯᠭᠤᠯᠲᠠ ᠶᠢ ᠣᠷᠳᠣ ᠬᠤᠭᠤᠴᠠᠭ᠎ᠠ ᠪᠠᠷ ᠲᠣᠭᠲᠠᠪᠤᠷᠢᠵᠢᠭᠤᠯᠬᠤ ᠳᠤ ᠰᠠᠶᠢᠨ | ᠰᠠᠶᠢᠬᠠᠨ ᠨᠥᠬᠦᠴᠡᠯ ᠪᠦᠷᠢᠯᠳᠦᠭᠦᠯᠵᠦ ᠥᠭᠴᠡᠶ︔ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠰᠢᠨ᠎ᠡ ᠪᠠᠷ ᠬᠥᠭᠵᠢᠭᠰᠡᠨ ᠠᠵᠢᠯ | ᠣᠯᠵᠤ ᠠᠳᠠᠯ ᠦᠢᠯᠡᠰ ᠴᠣᠭᠴᠠᠯᠠᠬᠤ ᠲᠣᠬᠢᠶᠠᠯ ᠡᠳᠦᠷ ᠢᠷᠡᠬᠦᠶ᠎ᠡ ᠨᠡᠮᠡᠭᠳᠡᠪᠡ︔ ᠰᠢᠨ᠎ᠡ ᠨᠢᠭᠡ ᠡᠭᠡᠯᠵᠢ ᠶᠢᠨ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ | ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠠᠵᠢᠯ ᠣᠯᠭᠤᠯᠲᠠ ᠶᠢ ᠠᠬᠢᠭᠤᠯᠬᠤ ᠳᠤ ᠰᠢᠨ᠎ᠡ ᠠᠵᠠ ᠲᠣᠬᠢᠶᠠᠯ ᠬᠠᠩᠭᠠᠪᠠ︔ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢ ᠯᠤᠲᠤ | ᠶᠡᠭᠡ ᠬᠥᠭᠵᠢᠯᠲᠡ ᠶᠢᠨ ᠳᠠᠯᠳᠠ ᠬᠦᠴᠦᠨ ᠢ ᠪᠣᠶ ᠪᠣᠯᠭᠠᠵᠤ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ | ᠲᠠᠰᠤᠷᠠᠯᠲᠠ ᠥᠬᠡᠶ ᠢᠯᠡᠷᠡᠨ ᠭᠠᠷᠪᠠ᠃ ᠭᠡᠪᠡᠴᠦ ᠮᠠᠨ ᠤ ᠠᠶᠢᠮᠠᠭ ᠤᠨ ᠬᠠᠷᠠᠬᠠᠨ ᠬᠥᠭᠵᠢᠭᠡᠳᠦᠢ ᠪᠠᠶᠢᠭ᠎ᠠ | ᠦᠨᠳᠦᠰᠦᠨ ᠪᠠᠶᠢᠳᠠᠯ ᠦᠨᠳᠦᠰᠦᠨ ᠠᠴᠠ ᠪᠠᠨ ᠬᠤᠪᠢᠷᠠᠭᠠᠳᠤᠢ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠣᠷᠴᠢᠨ ᠲᠣᠭᠤᠷᠢᠨ ᠡᠳᠦᠷ ᠢᠷᠡᠬᠦᠶ᠎ᠡ ᠪᠤᠳᠤᠯᠢᠶᠠᠨᠲᠠᠢ ᠪᠣᠯᠵᠤ᠂ ᠲᠣᠭᠲᠠᠭᠤᠨ ᠪᠤᠰᠤ ᠲᠣᠭᠲᠠᠭᠠᠯᠲᠤ ᠪᠤᠰᠤ ᠴᠢᠨᠠᠷ | ᠢᠯᠡᠳᠲᠡ ᠨᠡᠮᠡᠭᠳᠡᠵᠦ᠂ ᠠᠵᠢᠯ ᠣᠯᠭᠤᠯᠲᠠ ᠳᠠᠬᠢ ᠨᠥᠯᠥᠭᠡ ᠣᠮᠲᠣᠭᠠᠶᠢᠯᠠᠵᠤ ᠪᠣᠯᠤᠰᠢ ᠦᠭᠡᠢ ᠪᠠᠶᠢᠬᠤ ᠶᠢ ᠣᠯᠵᠤ | ᠬᠠᠷᠠᠬᠤ ᠬᠡᠷᠡᠭᠲᠡᠢ︔ ᠬᠥᠮᠦᠨ ᠠᠮᠠ ᠶᠢᠨ ᠪᠦᠲᠦᠴᠡ ᠬᠢᠭᠡᠳ ᠠᠵᠤ ᠠᠬᠤᠶ ᠶᠢᠨ ᠪᠦᠲᠦᠴᠡ ᠳᠤ ᠭᠦᠨᠵᠡᠭᠡᠶ | ᠲᠣᠬᠢᠷᠠᠭᠤᠯᠤᠯᠲᠠ ᠬᠢᠵᠦ᠂ ᠬᠥᠳᠡᠯᠮᠦᠷᠢ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠳᠤ ᠴᠥᠮ | ᠨᠡᠯᠢᠶᠡᠳ ᠶᠡᠭᠡ ᠬᠤᠪᠢᠷᠠᠯᠲᠠ ᠭᠠᠷᠴᠤ᠂ ᠬᠤᠲᠠ ᠪᠠᠯᠭᠠᠰᠤ ᠶᠢᠨ ᠠᠵᠢᠯ ᠣᠯᠭᠤᠬᠤ ᠳᠠᠷᠤᠯᠲᠠ ᠮᠥᠨ ᠬᠦ ᠨᠡᠯᠢᠶᠡᠳ | ᠶᠡᠭᠡ ᠪᠠᠶᠢᠵᠤ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ | ᠠᠬᠢᠭᠤᠯᠬᠤ ᠡᠭᠦᠷᠭᠡ ᠬᠠᠲᠠᠭᠤ ᠪᠡᠷᠬᠡ ᠪᠠᠶᠢᠵᠤ᠂ ᠬᠡᠪᠴᠢᠶᠡᠲᠦ ᠴᠢᠨᠠᠷᠲᠠᠶ ᠠᠵᠢᠯ ᠠᠯᠳᠠᠬᠤ ᠲᠦᠭᠰᠢᠭᠦᠷᠢ ᠮᠥᠨ ᠬᠦ | ᠣᠷᠣᠰᠢᠭᠰᠠᠭᠠᠷ ᠪᠠᠶᠢᠨ᠎ᠠ︔ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠮᠡᠷᠭᠡᠵᠢᠯ ᠤᠨ | ᠲᠠᠪᠰᠢᠯᠳᠠ ᠨᠢ ᠬᠥᠳᠡᠯᠮᠦᠷᠢᠴᠢᠳ ᠤᠨ ᠤᠷ᠎ᠠ ᠮᠡᠷᠭᠡᠵᠢᠯ ᠳᠤ ᠨᠡᠩ ᠥᠨᠳᠥᠷ ᠱᠠᠭᠠᠷᠳᠠᠯᠭ᠎ᠠ ᠳᠤᠷᠠᠳᠴᠤ᠂ | ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠨᠡᠩ ᠲᠤᠪᠤᠶᠢᠮ᠎ᠠ ᠪᠣᠯᠪᠠ︔ ᠠᠵᠢᠯ ᠣᠯᠭᠤᠯᠲᠠ ᠶᠢᠨ | ᠠᠷᠭ᠎ᠠ ᠬᠡᠯᠪᠡᠷᠢ ᠶᠢ ᠨᠡᠩ ᠤᠯᠠᠨ ᠡᠰᠢᠵᠢᠭᠦᠯᠵᠦ᠂ ᠠᠮᠢᠳᠤᠯᠢᠭ ᠢᠶᠠᠷ ᠠᠵᠢᠯ ᠣᠯᠤᠭᠰᠠᠳ᠂ ᠰᠢᠨ᠎ᠡ ᠠᠵᠢᠯ | ᠣᠯᠭᠤᠯᠲᠠ ᠶᠢᠨ ᠬᠡᠯᠪᠡᠷᠢ ᠶᠢᠨ ᠬᠥᠮᠦᠰ ᠤᠨ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ | ᠴᠢᠬᠤᠯᠠᠲᠠᠢ ᠪᠠᠶᠢᠨ᠎ᠠ︔ ᠬᠥᠳᠡᠯᠮᠦᠷᠢ ᠬᠦᠴᠦᠨ ᠤ ᠬᠠᠩᠭᠠᠯᠭ᠎ᠠ ᠬᠡᠷᠡᠭᠴᠡᠭᠡ ᠳᠤ ᠨᠡᠯᠢᠶᠡᠳ ᠶᠡᠭᠡ ᠬᠤᠪᠢᠷᠠᠯᠲᠠ | ᠭᠠᠷᠴᠤ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠡᠭᠦᠨ ᠯᠦᠭᠡ | ᠲᠣᠬᠢᠷᠠᠯᠴᠠᠬᠤ ᠦᠭᠡᠶ ᠪᠠᠶᠢᠬᠤ᠃ ᠪᠠᠭᠴᠠᠯᠠᠭᠠᠳ ᠬᠡᠯᠡᠪᠡᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ ᠮᠠᠨ ᠤ ᠠᠶᠢᠮᠠᠭ ᠤᠨ ᠠᠵᠢᠯ ᠣᠯᠭᠤᠯᠲᠠ ᠶᠢᠨ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠶ ᠬᠦᠨᠳᠦ | ᠨᠣᠴᠢᠲᠠᠶ ᠪᠠᠶᠢᠨ᠎ᠠ᠃ ᠡᠷᠬᠡᠪᠰᠢ ᠠᠵᠢᠯ ᠣᠯᠭᠤᠯᠲᠠ ᠶᠢᠨ ᠬᠦᠷᠢᠶᠡᠨ ᠳᠠᠬᠢ ᠭᠤᠤᠯ ᠵᠥᠷᠢᠴᠡᠯ ᠤᠨ ᠬᠤᠪᠢᠷᠠᠯᠲᠠ ᠶᠢ | ᠭᠦᠨᠵᠡᠭᠡᠶ ᠲᠠᠨᠢᠵᠤ᠂ ᠲᠤᠯᠭᠠᠷᠠᠵᠤ ᠪᠠᠶᠢᠭ᠎ᠠ ᠥᠷᠢᠰᠥᠯᠳᠦᠭᠡᠨ ᠪᠠ ᠠᠶᠤᠯ ᠲᠦᠭᠰᠢᠭᠦᠷᠢ ᠶᠢ ᠭᠦᠨᠵᠡᠭᠡᠶ ᠵᠠᠳᠠᠯᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ | ᠠᠵᠠ ᠲᠣᠬᠢᠶᠠᠯ ᠢ ᠠᠮᠵᠢᠵᠤ᠂ ᠡᠯ᠎ᠡ ᠵᠦᠢᠯ ᠤᠨ ᠢᠳᠡᠪᠬᠢᠲᠡᠶ ᠬᠦᠴᠦᠨ ᠵᠦᠢᠯ ᠢ ᠳᠠᠶᠢᠴᠢᠯᠠᠵᠤ᠂ ᠠᠵᠢᠯ | ᠣᠯᠭᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠨᠠᠩ ᠬᠦᠢᠴᠡᠳ ᠨᠠᠩ ᠴᠢᠨᠠᠷ | ᠰᠠᠶᠢᠲᠠᠶ ᠠᠵᠢᠯ ᠣᠯᠭᠤᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ | ᠬᠤᠶᠠᠳᠤᠭᠠᠷ ᠪᠦᠯᠦᠭ ᠶᠡᠷᠦᠩᠬᠡᠶ ᠱᠠᠭᠠᠷᠳᠠᠯᠭ᠎ᠠ | ᠨᠢᠭᠡᠳᠦᠭᠡᠷ ᠬᠡᠰᠡᠭ ᠵᠢᠯᠣᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠣᠭᠤᠯᠵᠦ᠂ ᠮᠠᠷᠺᠰ ᠯᠧᠨᠢᠨ ᠤ ᠦᠵᠡᠯ᠂ ᠮᠠᠤ ᠽᠤ᠋ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ | ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠳᠣᠣᠱᠯᠠᠭᠤᠯᠵᠦ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠦ᠂ ︽ᠳᠥᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠦ᠂ ︽ᠰᠢᠨ᠎ᠡ | ᠬᠥᠭᠵᠢᠯᠲᠡ ᠶᠢᠨ ᠱᠠᠲᠤ ᠦᠶ᠎ᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠰᠢᠨ᠎ᠡ ᠬᠥᠭᠵᠢᠯᠲᠡ ᠶᠢᠨ | ᠪᠠᠶᠢᠷᠢᠰᠢᠯ︾᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠳᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠨ᠂ ᠬᠥᠳᠡᠯᠮᠦᠷᠢᠴᠢᠳ ᠤᠨ ᠪᠡᠶ᠎ᠡ ᠪᠠᠨ | ᠳᠠᠭᠠᠭᠠᠵᠤ ᠠᠵᠢᠯ ᠤᠯᠬᠤ ᠶᠢ ᠪᠠᠷᠢᠮᠳᠠᠯᠠᠨ᠂ ᠵᠠᠬ᠎ᠠ ᠳᠡᠯᠭᠡᠭᠦᠷ ᠢᠶᠠᠷ ᠠᠵᠢᠯ ᠣᠯᠭᠤᠯᠲᠠ ᠶᠢ ᠲᠣᠬᠢᠷᠠᠭᠤᠯᠬᠤ᠂ | ᠵᠠᠰᠠᠭ ᠤᠨ ᠣᠷᠳᠣᠨ ᠠᠴᠠ ᠠᠵᠢᠯ ᠣᠯᠭᠤᠯᠲᠠ ᠶᠢ ᠠᠬᠢᠭᠤᠯᠬᠤ ᠪᠠ ᠠᠳᠠᠯ ᠦᠢᠯᠡᠰ ᠴᠣᠭᠴᠠᠯᠠᠬᠤ ᠶᠢ | ᠵᠣᠷᠢᠭᠵᠢᠭᠤᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠦ᠂ ᠨᠠᠩ ᠬᠦᠢᠴᠡᠳ ᠨᠠᠩ ᠴᠢᠨᠠᠷ ᠰᠠᠶᠢᠲᠠᠶ | ᠠᠵᠢᠯ ᠣᠯᠭᠤᠯᠲᠠ ᠶᠢ ᠪᠡᠶᠡᠯᠡᠭᠦᠯᠬᠦ ᠪᠠᠷ ᠭᠤᠤᠯ ᠬᠠᠷᠠᠯᠲᠠ ᠪᠣᠯᠭᠠᠨ᠂ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠬᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭᠠᠳᠬᠠᠵᠦ᠂ ᠨᠠᠩ ᠬᠦᠢᠴᠡᠳ ᠨᠠᠩ ᠴᠢᠨᠠᠷ ᠰᠠᠶᠢᠲᠠᠶ ᠠᠵᠢᠯ | ᠣᠯᠭᠤᠯᠲᠠ ᠳᠤ ᠠᠰᠢᠭᠲᠠᠶ ᠠᠬᠢᠭᠤᠯᠬᠤ ᠲᠣᠭᠲᠠᠴᠠ ᠶᠢ ᠪᠦᠷᠢᠨᠰᠢᠬᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠢᠯ | ᠣᠯᠭᠤᠯᠲᠠ ᠶᠢᠨ ᠪᠠᠭᠲᠠᠭᠠᠮᠵᠢ ᠶᠢ ᠦᠷᠭᠡᠳᠬᠡᠨ᠂ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠶᠢ ᠦᠨᠡᠨ ᠬᠦ | ᠳᠡᠭᠡᠭᠰᠢᠯᠡᠬᠦᠯᠵᠦ᠂ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠬᠦᠴᠦᠯᠡᠨ ᠳᠣᠭᠳᠠᠪᠣᠷᠢᠵᠢᠭᠤᠯᠵᠦ᠂ | ᠠᠵᠢᠯ ᠠᠯᠳᠠᠬᠤ ᠲᠦᠭᠰᠢᠭᠦᠷᠢ ᠶᠢ ᠰᠡᠷᠭᠡᠶᠢᠯᠡᠨ ᠠᠷᠢᠯᠭᠠᠵᠦ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ | ᠵᠥᠷᠢᠴᠡᠯ ᠢ ᠨᠠᠮᠳᠠᠭᠤᠯᠵᠦ᠂ ᠪᠦᠬᠦ ᠠᠶᠢᠮᠠᠭ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠳᠣᠯᠠᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠠᠯᠠᠱᠠ ᠶᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ | ᠬᠡᠷᠡᠭᠲᠡᠢ᠃ | ᠬᠤᠶᠠᠳᠤᠭᠠᠷ ᠬᠡᠰᠡᠭ ᠦᠨᠳᠦᠰᠦᠨ ᠵᠠᠷᠴᠢᠮ | ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢᠨ ᠠᠵᠢᠯ ᠤᠨ ᠲᠤᠬᠠᠶ ᠰᠢᠢᠳᠪᠦᠷᠢᠳᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠮᠠᠭᠠᠳᠯᠠᠬᠤ | ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ | ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠩ ᠬᠦᠢᠴᠡᠳ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ | ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠠᠷᠠᠳ ᠲᠦᠮᠡᠨ ᠤ ᠨᠡᠩ | ᠭᠦᠢᠴᠡᠳ ᠨᠡᠩ ᠴᠢᠨᠠᠷ ᠰᠠᠶᠢᠲᠠᠢ ᠠᠵᠢᠯ ᠤᠯᠬᠤ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ᠂ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠳᠬᠠᠵᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠠᠵᠤ ᠦᠢᠯᠡᠰ᠂ ᠰᠢᠨ᠎ᠡ | ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠳᠤ ᠵᠣᠬᠢᠴᠠᠬᠤ ᠠᠵᠢᠯ ᠣᠯᠭᠤᠬᠤ ᠦᠢᠯᠡᠰ ᠪᠤᠰᠬᠠᠬᠤ | ᠦᠢᠯᠡᠴᠢᠯᠡᠭᠡᠨ ᠤ ᠲᠣᠭᠲᠠᠴᠠ ᠶᠢ ᠪᠦᠷᠢᠨᠰᠢᠬᠦᠯᠵᠤ᠂ ᠬᠥᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠶᠢ | ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠠᠵᠢᠯ ᠣᠯᠭᠤᠯᠲᠠ ᠶᠢ ᠦᠷᠭᠦᠯᠵᠢᠯᠡᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠪᠠ ᠥᠷᠭᠡᠳᠬᠡᠬᠦ ᠪᠠᠷ ᠰᠠᠭᠤᠷᠢ ᠪᠠᠷᠢᠮᠵᠢᠶ᠎ᠠ ᠪᠣᠯᠭᠠᠭᠰᠠᠨ ᠬᠤᠷᠸ᠎ᠠ ᠲᠤᠬᠢᠷᠠᠭᠤᠯᠤᠯ ᠡᠵᠡᠮᠳᠡᠯ ᠢ | ᠬᠡᠷᠡᠭᠵᠢᠭᠦᠯᠵᠦ᠂ ᠠᠳᠠᠯᠢ ᠪᠤᠰᠤ ᠬᠦᠮᠦᠰ ᠤᠨ ᠠᠰᠢᠭ ᠲᠤᠰᠠ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠨ | ᠨᠡᠶᠢᠳᠡ ᠳᠤᠨᠢ ᠬᠠᠷᠠᠭᠠᠯᠵᠠᠵᠤ᠂ ᠲᠦᠷᠦ ᠶᠢᠨ ᠪᠤᠳᠤᠯᠭ᠎ᠠ ᠶᠢᠨ ᠬᠤᠭᠤᠷᠣᠨᠳᠣᠬᠢ ᠵᠣᠯᠭᠠᠯᠳᠤᠯ ᠲᠡᠩᠴᠡᠭᠦᠷᠢ ᠶᠢ | ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠢᠮᠠᠭᠲᠠ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠵᠤ᠂ ᠠᠵᠤ | ᠠᠬᠤᠢ ᠶᠢᠨ ᠬᠥᠭᠵᠢᠯᠲᠡ ᠶᠢᠨ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠵᠦ᠂ ᠠᠵᠢᠯ | ᠣᠯᠭᠤᠯᠲᠠ ᠶᠢᠨ ᠨᠡᠮᠡᠭᠳᠡᠯ ᠪᠣᠯᠤᠨ ᠠᠵᠤ ᠠᠬᠤᠢ ᠶᠢᠨ ᠬᠥᠭᠵᠢᠯᠲᠡ ᠶᠢᠨ ᠰᠠᠶᠢᠨ ᠨᠥᠬᠦᠴᠡᠯᠳᠦᠯ ᠢ ᠪᠡᠶᠡᠯᠡᠭᠦᠯᠦᠨ᠎ᠡ᠃ | ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ ᠨᠠᠩ ᠬᠦᠢᠴᠡᠳ ᠨᠠᠩ | ᠴᠢᠨᠠᠷ ᠰᠠᠶᠢᠲᠠᠶ ᠠᠵᠢᠯ ᠣᠯᠭᠤᠬᠤ ᠬᠠᠷᠠᠯᠲᠠ ᠶᠢ ᠪᠣᠳᠣᠯᠬᠢᠯᠠᠨ᠂ ᠡᠳᠦᠷ ᠢᠷᠡᠬᠦᠶ᠎ᠡ ᠲᠣᠪᠤᠶᠢᠮ᠎ᠠ ᠪᠣᠯᠵᠣ ᠪᠠᠶᠢᠭ᠎ᠠ | ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠨᠠᠩ ᠴᠢᠬᠤᠯᠠᠴᠢᠯᠠᠵᠤ᠂ ︽ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ᠂ ᠠᠵᠢᠯ ᠤᠨ ᠪᠠᠶᠢᠷᠢ ᠶᠢ ᠥᠷᠭᠡᠳᠬᠡᠬᠦ︾ ᠶᠢ ᠵᠡᠷᠭᠡ ᠪᠠᠷ ᠴᠢᠬᠤᠯᠠᠴᠢᠯᠠᠬᠤ ᠪᠠ ︽ᠬᠡᠪᠴᠢᠶ᠎ᠡ᠂ | ᠶᠠᠰᠤ ᠴᠢᠨᠠᠷ︾ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠶᠢ ᠶᠡᠭᠡ ᠪᠠᠷ ᠠᠬᠢᠭᠤᠯᠵᠤ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ | ᠣᠯᠭᠤᠬᠤ ᠶᠢ ᠳᠡᠮᠵᠢᠵᠦ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠵᠢᠯ ᠣᠯᠭᠤᠬᠤ ᠬᠡᠪᠴᠢᠶ᠎ᠡ ᠬᠢᠭᠡᠳ ᠠᠵᠤ ᠠᠬᠤᠶ ᠶᠢᠨ ᠶᠡᠷᠦᠩᠬᠡᠶ | ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠦᠯᠬᠦ᠂ ᠠᠵᠢᠯ ᠣᠯᠭᠤᠬᠤ ᠪᠦᠲᠦᠴᠡ ᠬᠢᠭᠡᠳ ᠠᠵᠤ | ᠦᠢᠯᠡᠰ ᠤᠨ ᠪᠦᠲᠦᠴᠡ ᠶᠢ ᠵᠡᠷᠭᠡ ᠳᠤᠨᠢ ᠰᠢᠯᠢᠳᠡᠭᠵᠢᠭᠦᠯᠬᠦ᠂ ᠠᠵᠢᠯ ᠣᠯᠭᠤᠬᠤ ᠶᠠᠰᠤ ᠴᠢᠨᠠᠷ ᠢ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠯᠤᠭ᠎ᠠ ᠵᠡᠷᠭᠡ ᠳᠤᠨᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ | ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠎ᠠ᠃ ᠵᠠᠬ᠎ᠠ ᠳᠡᠯᠭᠡᠭᠦᠷ ᠢᠶᠠᠷ ᠠᠵᠢᠯ | ᠣᠯᠭᠤᠯᠲᠠ ᠶᠢ ᠠᠬᠢᠭᠤᠯᠬᠤ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠬᠦᠢᠴᠡᠳ ᠪᠠᠳᠠᠷᠠᠭᠤᠯᠵᠤ᠂ ᠵᠠᠰᠠᠭ ᠤᠨ | ᠣᠷᠳᠣᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠯ | ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠲᠥᠷᠥ ᠶᠢᠨ | ᠪᠣᠳᠣᠯᠭ᠎ᠠ ᠶᠢ ᠨᠢᠭᠡᠳᠦᠯᠲᠡᠶ ᠲᠥᠯᠥᠪᠯᠡᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠣᠷᠣᠨ | ᠪᠦᠰᠡ᠂ ᠬᠤᠲᠠ ᠬᠥᠳᠡᠭᠡ ᠶᠢ ᠬᠡᠰᠡᠭᠯᠡᠨ ᠰᠠᠯᠭᠠᠬᠤ ᠶᠢ ᠡᠪᠳᠡᠨ᠂ ᠲᠦᠭᠡᠮᠡᠯ ᠬᠠᠷᠠᠭᠠᠯᠵᠠᠯ ᠭᠥᠷᠳᠡᠬᠦ᠂ ᠠᠳᠠᠯᠢ | ᠲᠡᠭᠰᠢ ᠪᠠᠷ ᠭᠥᠷᠳᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠦᠨᠡᠨ ᠬᠦ ᠪᠠᠲᠤᠯᠠᠵᠤ᠂ ᠠᠵᠢᠯ ᠣᠯᠭᠤᠯᠲᠠ ᠶᠢᠨ | ᠠᠵᠢᠯ ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠬᠠᠮᠵᠢᠯᠴᠠᠬᠤ ᠴᠢᠨᠠᠷ ᠢ ᠴᠢᠩᠭᠠᠷᠠᠭᠤᠯᠤᠨ᠎ᠠ᠃ | ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠳᠠᠯᠠᠨ᠎ᠠ᠃ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ | ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠦᠷᠦᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠣᠨᠣᠪᠴᠢᠳᠠᠢ | ᠪᠠᠷ ᠪᠦᠲᠦᠮᠵᠢᠲᠡᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠭᠠᠵᠠᠷ ᠣᠷᠣᠨ ᠠᠵᠤ ᠠᠬᠤᠶᠢᠯᠠᠯ | ᠬᠥᠮᠦᠨ ᠳᠤᠨᠢ ᠲᠤᠬᠢᠷᠠᠭᠤᠯᠤᠨ ᠲᠦᠷᠦᠯ ᠬᠤᠪᠢᠶᠠᠨ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠵᠢᠯ ᠣᠯᠭᠤᠯᠲᠠ ᠳᠤ ᠦᠵᠡᠭᠦᠯᠬᠦ ᠳᠣᠲᠣᠭᠠᠳᠤ | ᠭᠠᠳᠠᠭᠠᠳᠤ ᠣᠷᠴᠢᠨ ᠨᠥᠬᠦᠴᠡᠯ ᠤᠨ ᠨᠥᠯᠥᠭᠡ ᠶᠢ ᠨᠢᠭᠲᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠣᠯᠭᠤᠯᠲᠠ ᠶᠢᠨ ᠬᠦᠷᠢᠶᠡᠨ | ᠳᠠᠬᠢ ᠠᠶᠤᠯ ᠲᠦᠭᠰᠢᠭᠦᠷᠢ ᠲᠠᠯᠳᠠ ᠭᠡᠮ ᠢ ᠰᠡᠷᠭᠡᠶᠢᠯᠡᠨ ᠠᠷᠢᠯᠭᠠᠨ᠎ᠠ᠃ | ᠭᠤᠷᠪᠠᠳᠤᠭᠠᠷ ᠬᠡᠰᠡᠭ ᠭᠤᠣᠯ ᠬᠠᠷᠠᠯᠲᠠ | 2025 ᠣᠨ ᠪᠣᠯᠬᠤ ᠳᠤ᠂ ᠳᠤᠤᠷᠠᠬᠢ ᠬᠠᠷᠠᠯᠲᠠ ᠶᠢ ᠪᠡᠶᠡᠯᠡᠭᠦᠯᠦᠨ᠎ᠡ᠄ | ᠠᠵᠢᠯ ᠣᠯᠭᠤᠯᠲᠠ ᠶᠢᠨ ᠪᠠᠶᠢᠳᠠᠯ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠨ᠎ᠠ᠃ ᠬᠤᠲᠠ ᠪᠠᠯᠭᠠᠰᠤᠨ ᠳᠤ | 12500 ᠬᠥᠮᠦᠨ ᠠᠴᠠ ᠳᠡᠭᠡᠭᠰᠢ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ | ᠠᠯᠳᠠᠯᠲᠠ ᠶᠢᠨ ᠨᠣᠷᠮ᠎ᠠ ᠶᠢ 6 % ᠣᠷᠴᠢᠮ ᠳᠤ ᠬᠢᠵᠠᠭᠠᠷᠯᠠᠨ᠎ᠠ᠃ ᠬᠤᠲᠠ ᠬᠥᠳᠡᠭᠡ ᠶᠢᠨ ᠠᠵᠢᠯ ᠣᠯᠭᠤᠯᠲᠠ ᠶᠢ | ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠬᠥᠳᠡᠭᠡ | ᠂ ᠣᠷᠣᠨ ᠪᠦᠰᠡ ᠶᠢᠨ ᠠᠵᠢᠯ ᠣᠯᠭᠤᠬᠤ ᠲᠣᠬᠢᠶᠠᠯ ᠤᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠂ ᠳᠡᠭᠡᠳᠦ | ᠰᠤᠷᠭᠠᠭᠤᠯᠢ ᠲᠡᠭᠦᠰᠦᠭᠰᠡᠳ᠂ ᠬᠦᠴᠦ ᠶᠠᠪᠤᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ᠂ ᠵᠡᠮᠳᠡᠭᠴᠦᠳ᠂ | ᠠᠵᠢᠯ ᠣᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠨᠡᠶᠢᠲᠡ ᠴᠣᠭᠴᠠ ᠶᠢᠨ ᠠᠵᠢᠯ ᠣᠯᠭᠤᠯᠲᠠ ᠶᠢ | ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠠᠵᠢᠯ ᠣᠯᠭᠤᠬᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ | ᠂ ᠬᠤᠲᠠ ᠪᠠᠯᠭᠠᠰᠤᠨ ᠤ ᠠᠵᠢᠯ ᠣᠯᠭᠤᠬᠤ ᠬᠤᠪᠢ ᠶᠢᠨ ᠵᠢᠩ ᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠠᠵᠢᠯ | ᠣᠯᠭᠤᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠦᠨᠳᠦᠰᠦᠨ ᠳᠡᠭᠡᠨ ᠲᠡᠩᠴᠡᠭᠦᠷᠢᠲᠡᠶ ᠪᠣᠯᠭᠠᠨ᠎ᠠ᠃ | ᠠᠵᠢᠯ ᠣᠯᠭᠤᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠬᠦᠯᠦᠨ᠎ᠡ᠃ ᠬᠥᠳᠡᠯᠮᠦᠷᠢ ᠶᠢᠨ | ᠬᠠᠷᠢᠴᠠᠭ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠵᠤ᠂ ᠠᠵᠢᠯ ᠣᠯᠭᠤᠬᠤ ᠣᠷᠴᠢᠨ ᠲᠣᠭᠤᠷᠢᠨ ᠢ | ᠢᠯᠡᠷᠬᠡᠶ ᠰᠠᠶᠢᠵᠢᠷᠠᠭᠤᠯᠤᠨ᠂ ᠬᠥᠳᠡᠯᠮᠦᠷᠢ ᠶᠢᠨ ᠬᠥᠯᠥᠰᠥ ᠣᠯᠭᠤᠮᠵᠢ ᠶᠢ ᠳᠡᠭᠡᠭᠰᠢᠯᠡᠭᠦᠯᠬᠦ ᠶᠢ ᠬᠥᠳᠡᠯᠮᠦᠷᠢ | ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠬᠦ ᠯᠦᠭᠡ ᠦᠨᠳᠦᠰᠦᠨ ᠳᠤᠨᠢ ᠵᠡᠷᠭᠡᠴᠡᠭᠦᠯᠵᠦ᠂ ᠬᠤᠲᠠ ᠬᠥᠳᠡᠭᠡ ᠶᠢᠨ | ᠬᠥᠳᠡᠯᠮᠦᠷᠢᠯᠡᠭᠴᠢᠳ ᠢ ᠬᠠᠮᠤᠷᠤᠭᠰᠠᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮᠵᠢ | ᠪᠣᠯᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠨᠡᠩ ᠲᠡᠭᠦᠯᠳᠡᠷᠵᠢᠭᠦᠯᠦᠨ᠂ ᠬᠥᠳᠡᠯᠮᠦᠷᠢᠯᠡᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠵᠤ᠂ ᠨᠡᠩ ᠣᠯᠠᠨ ᠬᠥᠳᠡᠯᠮᠦᠷᠢᠯᠡᠭᠴᠢᠳ ᠢ ᠲᠣᠭᠲᠠᠪᠤᠷᠢᠲᠠᠶ | ᠠᠵᠢᠯ ᠣᠯᠬᠤ ᠶᠢ ᠪᠡᠶᠡᠯᠡᠭᠦᠯᠦᠨ᠎ᠡ᠃ | ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠪᠦᠲᠦᠮᠵᠢᠲᠡᠢ ᠨᠠᠮᠳᠠᠭᠤᠯᠣᠨ᠎ᠠ᠃ | ᠬᠥᠳᠡᠯᠮᠦᠷᠢᠴᠢᠳ ᠤᠨ ᠨᠠᠰᠤᠨ ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ | ᠲᠦᠷᠢᠮ ᠪᠠ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠨᠠᠩ ᠪᠦᠷᠢᠨᠰᠢᠬᠦᠯᠤᠨ᠂ ᠬᠥᠮᠦᠨ ᠤ ᠬᠦᠴᠦᠨ ᠤ ᠡᠬᠢ | ᠪᠠᠶᠠᠯᠢᠭ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠬᠥᠳᠡᠯᠮᠦᠷᠢᠴᠢᠳ ᠤᠨ ᠤᠷ᠎ᠠ ᠴᠢᠳᠠᠪᠤᠷᠢ ᠶᠢᠨ ᠬᠡᠪ | ᠴᠢᠨᠠᠷ ᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠶᠢᠨ | ᠬᠡᠷᠡᠭᠴᠡᠭᠡ ᠳᠤ ᠨᠠᠩ ᠢᠯᠡᠭᠦᠦ ᠨᠡᠶᠢᠴᠡᠭᠦᠯᠵᠦ᠂ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢ ᠲᠠᠰᠤᠷᠠᠯᠲᠠ | ᠥᠬᠡᠶ ᠪᠤᠵᠠᠭᠠᠶᠢᠷᠠᠭᠤᠯᠤᠨ᠂ ᠪᠥᠬᠦ ᠠᠶᠢᠮᠠᠭ ᠤᠨ ᠳᠡᠭᠡᠳᠦ ᠤᠷ᠎ᠠ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ | ᠬᠡᠮᠵᠢᠶ᠎ᠡ ᠶᠢ 10400 ᠬᠥᠮᠦᠨ ᠳᠤ ᠬᠦᠷᠭᠡᠨ᠎ᠡ᠃ | ᠠᠳᠠᠯ ᠦᠢᠯᠡᠰ ᠴᠣᠭᠴᠠᠯᠠᠬᠤ ᠶᠢᠨ ᠳᠠᠶᠢᠴᠢᠯᠠᠬᠤ ᠦᠢᠯᠡᠳᠦᠯ ᠢ ᠨᠡᠩ ᠢᠯᠡᠷᠬᠡᠢ ᠪᠣᠯᠭᠠᠨ᠎ᠠ᠃ ᠦᠢᠯᠡᠰ | ᠴᠣᠭᠴᠠᠯᠠᠬᠤ ᠶᠢᠨ ᠬᠥᠲᠥᠯᠥᠨ ᠳᠠᠭᠠᠭᠤᠯᠬᠤ ᠦᠢᠯᠡᠳᠦᠯ ᠨᠠᠩ ᠲᠣᠪᠤᠶᠢᠮ᠎ᠠ ᠪᠣᠯᠵᠣ᠂ ᠠᠵᠢᠯ ᠣᠯᠭᠤᠯᠲᠠ ᠶᠢ | ᠳᠠᠶᠢᠴᠢᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠣᠨ᠎ᠠ᠃ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠡᠳᠦᠷ ᠢᠷᠡᠬᠦᠶ᠎ᠡ ᠪᠦᠷᠢᠨᠰᠢᠭᠦᠯᠵᠦ᠂ ᠦᠢᠯᠡᠴᠢᠯᠡᠬᠡᠨ ᠤ | ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠠᠳᠠᠯ ᠦᠢᠯᠡᠰ ᠴᠣᠭᠴᠠᠯᠠᠬᠤ ᠣᠷᠴᠢᠨ ᠠᠬᠤᠶ ᠶᠢ ᠨᠠᠩ | ᠰᠢᠯᠢᠳᠡᠭᠵᠢᠭᠦᠯᠵᠦ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠦᠢᠯᠡᠳᠦᠯ ᠢ ᠢᠯᠡᠳᠲᠡ | ᠪᠠᠳᠠᠷᠠᠭᠤᠯᠤᠨ᠂ ᠬᠥᠳᠡᠯᠮᠦᠷᠢᠴᠢᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠵᠢᠯᠯᠠᠭ᠎ᠠ ᠳᠤ | ᠣᠷᠣᠯᠴᠠᠬᠤ ᠢᠳᠡᠪᠬᠢᠵᠢᠯ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ | ᠲᠦᠭᠰᠢᠭᠦᠷᠢ ᠶᠢ ᠠᠷᠭᠠᠴᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠣᠨ᠎ᠠ᠃ ᠠᠵᠢᠯ ᠣᠯᠭᠤᠯᠲᠠ ᠶᠢᠨ | ᠬᠦᠷᠢᠶᠡᠨ ᠳᠠᠬᠢ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ | ᠡᠵᠡᠮᠳᠡᠵᠦ ᠠᠷᠭᠠᠴᠠᠬᠤ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠵᠦ᠂ ᠠᠵᠤ ᠠᠬᠤᠶᠢᠯᠠᠯ ᠢ ᠲᠤᠰᠠᠯᠠᠵᠤ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠦᠨ᠂ ᠠᠵᠢᠯ ᠠᠯᠳᠠᠭᠰᠠᠳ ᠤᠨ ᠪᠠᠲᠤᠯᠠᠭ᠎ᠠ ᠶᠢᠨ ᠬᠡᠪᠴᠢᠶ᠎ᠡ ᠶᠢ ᠪᠦᠲᠦᠮᠵᠢᠲᠡᠶ ᠥᠷᠭᠡᠳᠬᠡᠵᠦ᠂ | ᠪᠠᠲᠤᠯᠠᠭ᠎ᠠ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠠᠵᠢᠯ ᠣᠯᠭᠤᠯᠲᠠ ᠶᠢᠨ ᠠᠮᠤᠷ | ᠲᠦᠪᠰᠢᠨ ᠤ ᠪᠠᠲᠤᠯᠠᠭ᠎ᠠ ᠶᠢ ᠨᠠᠩ ᠬᠦᠴᠦᠲᠡᠶ ᠪᠣᠯᠭᠠᠵᠤ᠂ ᠬᠡᠪᠴᠢᠶᠡᠲᠦ ᠴᠢᠨᠠᠷᠲᠠᠶ ᠠᠵᠢᠯ ᠠᠯᠳᠠᠯᠲᠠ ᠶᠢᠨ ᠠᠶᠤᠯ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠨ᠎ᠡ᠃ | ᠭᠤᠷᠪᠠᠳᠤᠭᠠᠷ ᠪᠦᠯᠦᠭ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠴᠢᠩᠭᠠᠳᠬᠠᠵᠤ᠂ ᠠᠵᠤ | ᠠᠬᠤᠢ ᠶᠢᠨ ᠬᠥᠭᠵᠢᠯᠲᠡ ᠶᠢᠨ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ | ᠠᠵᠤ ᠠᠬᠤᠶ ᠶᠢᠨ ᠬᠥᠭᠵᠢᠯᠲᠡ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ | ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠬᠡᠷᠡᠭᠵᠢᠭᠦᠯᠬᠦ᠂ ᠣᠲᠣ ᠦᠶ᠎ᠡ ᠶᠢᠨ ᠠᠵᠤ ᠦᠢᠯᠡᠰ ᠤᠨ | ᠰᠢᠰᠲ᠋ᠧᠮ ᠢ ᠬᠥᠭᠵᠢᠭᠦᠯᠬᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ ᠶᠢ ᠠᠬᠢᠭᠤᠯᠬᠤ ᠳᠤᠮᠳᠠ᠂ ᠣᠯᠠᠨ ᠶᠠᠩᠵᠤᠴᠢᠯᠠᠭᠰᠠᠨ ᠴᠢᠨᠠᠷ ᠰᠠᠶᠢᠲᠠᠶ ᠠᠵᠢᠯ | ᠣᠯᠭᠤᠯᠲᠠ ᠶᠢ ᠳᠠᠶᠢᠴᠢᠯᠠᠬᠤ ᠶᠢ ᠴᠢᠩᠭᠠᠳᠬᠠᠵᠤ᠂ ᠠᠵᠤ ᠠᠬᠤᠶ ᠶᠢᠨ ᠬᠥᠭᠵᠢᠯᠲᠡ ᠬᠢᠭᠡᠳ ᠠᠵᠢᠯ ᠣᠯᠭᠤᠯᠲᠠ ᠶᠢ | ᠥᠷᠭᠡᠳᠬᠡᠬᠦ ᠶᠢ ᠬᠤᠯᠪᠣᠯᠳᠤᠭᠤᠯᠤᠨᠠ᠃ | ᠨᠢᠭᠡᠳᠦᠭᠡᠷ ᠬᠡᠰᠡᠭ ᠠᠵᠤ ᠠᠬᠤᠢ ᠨᠡᠶᠢᠭᠡᠮ ᠤᠨ ᠲᠦᠷᠦ ᠶᠢᠨ ᠪᠤᠳᠤᠯᠭ᠎ᠠ ᠬᠢᠭᠡᠳ ᠠᠵᠢᠯ ᠣᠯᠭᠤᠯᠲᠠ ᠶᠢ | ᠠᠬᠢᠭᠤᠯᠬᠤ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠶᠢ ᠠᠬᠢᠭᠤᠯᠤᠨ᠎ᠠ | ᠨᠠᠩ ᠬᠦᠢᠴᠡᠳ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠲᠡᠷᠢᠭᠦᠨ ᠬᠠᠷᠠᠯᠲᠠ ᠪᠣᠯᠭᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ᠶᠢ ᠬᠤᠷᠸ᠎ᠠ | ᠡᠵᠡᠮᠰᠢᠯ ᠲᠣᠬᠢᠷᠠᠭᠤᠯᠭ᠎ᠠ ᠶᠢᠨ ᠴᠢᠬᠤᠯᠠ ᠬᠠᠷᠠᠯᠲᠠ ᠪᠣᠯᠭᠠᠵᠤ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠶᠢᠨ | ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠪᠠᠷ ᠠᠵᠢᠯ ᠣᠯᠭᠤᠯᠲᠠ ᠶᠢᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠳᠠᠶᠢᠴᠢᠯᠠᠨ᠎ᠠ᠃ ᠬᠤᠷᠸ᠎ᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠠᠵᠢᠯ ᠣᠯᠭᠤᠯᠲᠠ ᠳᠤ ᠦᠵᠡᠭᠦᠯᠬᠦ | ᠨᠥᠯᠥᠭᠡ ᠶᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠲᠦᠷᠦᠭᠦᠯᠡᠨ ᠭᠤᠤᠯᠯᠠᠨ | ᠤᠳᠤᠷᠢᠳᠤᠭᠰᠠᠨ᠂ ᠰᠠᠯᠠᠭ᠎ᠠ ᠮᠥᠴᠢᠷ ᠲᠥᠷᠥ ᠶᠢᠨ ᠪᠣᠳᠣᠯᠭ᠎ᠠ ᠬᠠᠮᠵᠢᠯᠴᠠᠭᠰᠠᠨ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠥᠷᠭᠡᠨ ᠢᠶᠠᠷ ᠣᠷᠣᠯᠴᠠᠭᠰᠠᠨ ᠠᠵᠢᠯ ᠣᠯᠭᠤᠯᠲᠠ ᠶᠢ ᠠᠬᠢᠭᠤᠯᠬᠤ ᠪᠠᠲᠤᠯᠠᠭ᠎ᠠ ᠶᠢᠨ ᠰᠢᠰᠲ᠋ᠧᠮ ᠢ | ᠪᠠᠶᠢᠭᠤᠯᠵᠤ᠂ ᠠᠵᠢᠯ ᠣᠯᠭᠤᠯᠲᠠ ᠶᠢᠨ ᠬᠠᠷᠠᠯᠲᠠ ᠶᠢ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠵᠦ᠂ ᠨᠠᠩ | ᠬᠦᠢᠴᠡᠳ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠰᠢᠯᠭᠠᠨ ᠬᠢᠨᠠᠵᠤ ᠦᠨᠡᠯᠡᠬᠦ ᠰᠢᠰᠲ᠋ᠧᠮ ᠢ ᠪᠠᠶᠢᠭᠤᠯᠤᠨ᠎ᠠ᠃ | ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠬᠢᠭᠡᠳ ᠡᠳ᠋ ᠤᠨ ᠵᠠᠰᠠᠭ ᠭᠠᠶᠢᠯᠢ᠂ ᠮᠥᠩᠭᠦᠨ ᠬᠦᠢᠯᠬᠡᠬᠡ᠂ ᠪᠠᠯᠠ | ᠣᠷᠣᠭᠤᠯᠤᠯᠲᠠ᠂ ᠬᠡᠷᠡᠭᠯᠡᠭᠡ᠂ ᠠᠵᠤ ᠦᠢᠯᠡᠰ ᠵᠡᠷᠭᠡ ᠲᠥᠷᠥ ᠶᠢᠨ ᠪᠣᠳᠣᠯᠭ᠎ᠠ ᠵᠢᠴᠢ ᠴᠢᠳᠠᠪᠤᠷᠢᠲᠠᠨ᠂ ᠰᠤᠷᠭᠠᠨ | ᠬᠥᠮᠦᠵᠢᠯ᠂ ᠨᠡᠶᠢᠭᠡᠮ ᠤᠨ ᠪᠠᠲᠤᠯᠠᠭ᠎ᠠ ᠵᠡᠷᠭᠡ ᠨᠡᠶᠢᠭᠡᠮ ᠤᠨ ᠲᠥᠷᠥ ᠶᠢᠨ ᠪᠣᠳᠣᠯᠭ᠎ᠠ ᠯᠤᠭ᠎ᠠ ᠬᠠᠮᠵᠢᠯᠴᠠᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ | ᠬᠦᠴᠦᠨ ᠢ ᠬᠥᠭᠵᠢᠭᠡᠨ᠂ ᠠᠵᠤ ᠠᠬᠤᠶ ᠶᠢᠨ ᠨᠡᠮᠡᠭᠳᠡᠯ ᠬᠢᠭᠡᠳ ᠠᠵᠢᠯ ᠣᠯᠭᠤᠯᠲᠠ ᠶᠢ ᠥᠷᠭᠡᠳᠬᠡᠬᠦ ᠰᠠᠶᠢᠨ | ᠰᠠᠶᠢᠬᠠᠨ ᠬᠠᠷᠢᠯᠴᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃ ᠬᠤᠲᠠ ᠬᠥᠳᠡᠭᠡ ᠶᠢᠨ ᠠᠵᠢᠯ ᠣᠯᠭᠤᠯᠲᠠ ᠶᠢᠨ | ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ | ᠬᠦᠴᠦᠨ ᠤ ᠡᠷᠬᠡ ᠲᠡᠭᠰᠢ᠂ ᠴᠢᠨᠠᠷ ᠰᠠᠶᠢᠲᠠᠶ ᠠᠵᠢᠯ ᠣᠯᠭᠤᠯᠲᠠ ᠶᠢ ᠢᠳᠡᠪᠬᠢᠲᠡᠶ ᠬᠥᠲᠥᠯᠥᠨ ᠵᠢᠯᠣᠭᠤᠳᠬᠤ ᠪᠠ | ᠠᠬᠢᠭᠤᠯᠤᠨ᠎ᠠ᠃ ᠳᠣᠲᠣᠭᠠᠳᠤ ᠬᠡᠷᠡᠭᠴᠡᠭᠡ ᠪᠠᠨ ᠥᠷᠭᠡᠳᠬᠡᠨ ᠠᠵᠢᠯ ᠣᠯᠭᠤᠬᠤ ᠠᠵᠢᠯ ᠤᠨ ᠪᠠᠶᠢᠷᠢ ᠡᠭᠦᠳᠴᠦ᠂ | ᠬᠡᠷᠡᠭᠯᠡᠭᠡᠨ ᠪᠠ ᠪᠦᠲᠦᠮᠵᠢᠲᠡᠢ ᠪᠡᠯᠡ ᠣᠷᠣᠭᠤᠯᠤᠯᠲᠠ ᠶᠢᠨ ᠠᠵᠢᠯ ᠣᠯᠭᠤᠯᠲᠠ ᠳᠠᠬᠢ ᠳᠠᠶᠢᠴᠢᠯᠠᠬᠤ ᠦᠢᠯᠡᠳᠦᠯ ᠢ | ᠭᠦᠢᠴᠡᠳ ᠪᠠᠳᠠᠷᠠᠭᠤᠯᠤᠨ᠂ ᠠᠵᠢᠯ ᠣᠯᠭᠤᠬᠤ ᠴᠢᠳᠠᠪᠤᠷᠢ ᠪᠠᠷ ᠴᠢᠩᠭ᠎ᠠ ᠠᠳᠠᠯ ᠦᠢᠯᠡᠰ ᠴᠣᠭᠴᠠᠯᠠᠬᠤ ᠪᠡᠯᠡ | ᠣᠷᠣᠭᠤᠯᠤᠯᠲᠠ ᠶᠢᠨ ᠠᠵᠤ ᠠᠬᠤᠶᠢᠯᠠᠯ ᠢ ᠳᠠᠶᠢᠴᠢᠯᠠᠬᠤ ᠰᠠᠭᠤᠷᠢ ᠮᠥᠩᠭᠦ ᠪᠠᠷ ᠲᠡᠳᠬᠦᠬᠦ᠂ ᠵᠠᠰᠠᠭ ᠤᠨ ᠣᠷᠳᠣᠨ ᠤ | ᠲᠥᠷᠥᠯ ᠵᠦᠢᠯ ᠢ ᠵᠣᠯᠭᠠᠭᠤᠯᠬᠤ ᠵᠡᠷᠭᠡ ᠲᠥᠷᠥ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠦᠨ᠎ᠡ᠃ ᠠᠵᠤ | ᠦᠢᠯᠡᠰ ᠤᠨ ᠰᠠᠭᠤᠷᠢ ᠶᠢ ᠳᠡᠭᠡᠳᠦ ᠳᠡᠰᠵᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠲᠣᠭᠤᠷᠢᠨ ᠳᠤ | ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠶ ᠪᠣᠯᠤᠭᠰᠠᠨ | ᠠᠵᠤ ᠦᠢᠯᠡᠰ ᠪᠣᠯᠤᠨ ᠢᠷᠡᠭᠡᠳᠦᠶ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢ ᠥᠷᠭᠡᠳᠬᠡᠨ᠂ ᠣᠳᠣ | ᠦᠶ᠎ᠡ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠭᠤᠤᠯᠯᠠᠬᠤ ᠥᠷᠢᠰᠥᠯᠳᠦᠬᠦ ᠬᠦᠴᠦᠨ ᠢ ᠨᠡᠮᠡᠭᠳᠡᠭᠦᠯᠵᠦ᠂ | ᠠᠵᠢᠯ ᠣᠯᠭᠤᠯᠲᠠ ᠶᠢ ᠳᠠᠶᠢᠴᠢᠯᠠᠬᠤ ᠳᠠᠯᠳᠠ ᠬᠦᠴᠦᠨ ᠢ ᠨᠡᠮᠡᠭᠳᠡᠭᠦᠯᠦᠨ᠎ᠡ᠃ ᠰᠠᠭᠤᠷᠢ ᠲᠥᠬᠦᠭᠡᠷᠦᠮᠵᠢ᠂ | ᠠᠷᠠᠳ ᠤᠨ ᠠᠮᠢᠳᠤᠷᠠᠯ ᠤᠨ ᠢᠨᠵᠧᠨᠧᠷᠢᠩ᠂ ᠠᠮᠢ ᠠᠬᠤᠢ ᠶᠢᠨ ᠪᠣᠯᠪᠠᠰᠤᠨ ᠵᠡᠷᠭᠡ ᠬᠦᠷᠢᠶᠡᠨ ᠳᠠᠬᠢ ᠪᠡᠯᠡ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ | ᠨᠡᠮᠡᠭᠳᠡᠭᠦᠯᠦᠨ᠎ᠡ᠃ | ᠬᠤᠶᠠᠳᠤᠭᠠᠷ ᠬᠡᠰᠡᠭ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠥᠭᠵᠢᠭᠦᠯᠵᠦ ᠠᠵᠢᠯ | ᠣᠯᠭᠤᠯᠲᠠ ᠶᠢ ᠲᠠᠶᠢᠴᠢᠯᠠᠨ᠎ᠠ | ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠣᠨᠴᠠᠯᠢᠭᠲᠤ ᠳᠠᠪᠠᠭᠤᠯᠢᠭ ᠣᠲᠣ ᠦᠶ᠎ᠡ ᠶᠢᠨ ᠠᠵᠤ | ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠲᠣᠭᠤᠷᠢᠨ ᠳᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠭᠠᠵᠠᠷ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠠᠵᠤ | ᠠᠬᠤᠶᠢᠯᠠᠯ ᠤᠨ ᠪᠣᠬᠢᠷᠲᠤᠯ ᠥᠬᠡᠶ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠤᠨ ᠳᠤᠤᠷ᠎ᠠ | ᠨᠡᠭᠦᠷᠡᠰᠦᠲᠥ᠋ᠷᠥᠭᠴᠢᠲᠦ ᠠᠵᠤ ᠠᠬᠤᠶ ᠪᠠ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠶᠢ | ᠵᠣᠷᠢᠭᠵᠢᠭᠤᠯᠵᠤ᠂ ᠠᠵᠢᠯ ᠣᠯᠭᠤᠬᠤ ᠬᠡᠪᠴᠢᠶ᠎ᠡ ᠶᠢ ᠲᠣᠭᠲᠠᠭᠤᠨ ᠪᠠᠶᠢᠯᠭᠠᠬᠤ ᠪᠠ ᠥᠷᠭᠡᠳᠬᠡᠨ᠎ᠡ᠃ ᠳᠠᠪᠤᠰᠤ | ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠵᠡᠷᠭᠡ ᠶᠢᠨ ᠳᠡᠭᠡᠳᠦ ᠲᠠᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠶᠡᠭᠡ ᠪᠠᠷ | ᠳᠡᠭᠡᠭᠰᠢᠯᠡᠭᠦᠯᠵᠦ᠂ ᠨᠠᠩ ᠴᠢᠩᠭ᠎ᠠ ᠰᠢᠨ᠎ᠡ ᠶᠢ ᠡᠭᠦᠳᠬᠦ ᠬᠦᠴᠦᠨ ᠲᠠᠢ᠂ ᠨᠠᠩ ᠥᠨᠳᠥᠷ ᠨᠡᠮᠡᠯᠲᠡ ᠥᠷᠲᠡᠭ ᠲᠠᠢ᠂ | ᠨᠠᠩ ᠠᠮᠤᠷ ᠲᠦᠪᠰᠢᠨ ᠨᠠᠶᠢᠳᠠᠪᠤᠷᠢᠲᠠᠶ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ | ᠨᠠᠩ ᠶᠡᠭᠡ ᠬᠡᠪᠴᠢᠶᠡᠨ ᠤ᠂ ᠨᠠᠩ ᠴᠢᠨᠠᠷ ᠰᠠᠶᠢᠲᠠᠶ᠂ ᠨᠠᠩ ᠲᠣᠭᠲᠠᠭᠤᠨ ᠠᠵᠢᠯ ᠣᠯᠭᠤᠯᠲᠠ ᠶᠢᠨ ᠠᠵᠢᠯ ᠤᠨ | ᠪᠠᠶᠢᠷᠢ ᠶᠢ ᠡᠭᠦᠳᠦᠨ᠎ᠡ᠃ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠰᠢᠨ᠎ᠡ | ᠮᠠᠶ᠋ᠢᠭ ᠤᠨ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ | ᠮᠠᠲ᠋ᠧᠷᠢᠶᠠᠯ ᠪᠣᠯᠤᠨ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠣᠯᠴᠠᠭᠤᠯᠬᠤ ᠠᠵᠤ ᠦᠢᠯᠡᠰ ᠢ | ᠶᠡᠬᠡᠪᠡᠷ ᠬᠥᠭᠵᠢᠭᠦᠯᠵᠦ᠂ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠨ᠎ᠡ᠃ ᠰᠢᠨ᠎ᠡ ᠬᠥᠳᠡᠯᠭᠡᠬᠦ ᠡᠨᠧᠷᠭᠢ ᠪᠠᠷ | ᠤᠳᠤᠷᠢᠳᠤᠮᠵᠢ ᠪᠣᠯᠭᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠬᠡᠨ ᠪᠠᠶᠢᠭᠤᠯᠵᠤ᠂ ᠨᠡᠩ | ᠤᠯᠠᠨ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠠ ᠲᠣᠬᠢᠶᠠᠯ ᠢ ᠡᠭᠦᠳᠬᠦ ᠬᠡᠷᠡᠭᠲᠡᠢ᠃ ᠲᠠᠷᠢᠶᠠᠯᠠᠩ ᠮᠠᠯ ᠠᠵᠤ | ᠠᠬᠤᠢ ᠶᠢᠨ ᠪᠣᠬᠢᠷᠲᠤᠯ ᠥᠬᠡᠶ ᠳᠡᠭᠡᠳᠦ ᠲᠡᠰ ᠤᠨ ᠰᠣᠳᠣᠨ ᠬᠥᠭᠵᠢᠯᠲᠡ ᠶᠢ ᠠᠬᠢᠭᠤᠯᠬᠤ ᠲᠣᠭᠤᠷᠢᠨ ᠳᠤ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ | ᠬᠥᠲᠥᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠢᠯ ᠣᠯᠭᠤᠬᠤ ᠣᠷᠣᠨ ᠵᠠᠢ ᠶᠢ | ᠥᠷᠭᠡᠳᠬᠡᠨ᠎ᠡ᠃ ᠬᠥᠭᠵᠢᠭᠰᠡᠨ ᠭᠠᠵᠠᠷ ᠣᠷᠣᠨ ᠤ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ | ᠱᠠᠲᠤᠯᠢᠭ ᠰᠢᠯᠵᠢᠯᠲᠡ ᠶᠢ ᠡᠮᠬᠢ ᠵᠢᠷᠤᠮ ᠲᠠᠢ ᠪᠠᠷ ᠵᠠᠯᠭᠠᠨ ᠠᠪᠴᠤ᠂ ᠠᠵᠤ ᠦᠢᠯᠡᠰ ᠤᠨ ᠠᠵᠢᠯ ᠣᠯᠭᠤᠬᠤ ᠣᠷᠣᠨ | ᠵᠠᠶ ᠶᠢ ᠥᠷᠭᠡᠳᠬᠡᠨ᠂ ᠨᠢᠭᠡ ᠪᠦᠯᠦᠭ ᠬᠥᠳᠡᠯᠮᠦᠷᠢ ᠨᠢᠭᠲᠠᠷᠬᠠᠰᠠᠨ ᠬᠡᠯᠪᠡᠷᠢ ᠶᠢᠨ ᠦᠢᠯᠡᠳᠬᠦ ᠠᠵᠤ ᠦᠢᠯᠡᠰ ᠢ | ᠪᠤᠶᠢᠵᠢᠭᠤᠯᠵᠤ᠂ ᠠᠵᠢᠯ ᠣᠯᠭᠤᠬᠤ ᠶᠢᠨ ᠳᠠᠭᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ᠦᠢᠯᠡᠳᠬᠦ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠵᠤ ᠳᠠᠷᠤᠭᠠᠰᠤ ᠶᠢ ᠬᠥᠩᠭᠡᠷᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠂ ᠬᠦᠴᠦᠨ ᠵᠦᠢᠯ ᠤᠨ ᠪᠠᠲᠤᠯᠠᠭ᠎ᠠ ᠪᠠ ᠥᠨᠳᠥᠷ ᠪᠦᠲᠦᠮᠵᠢᠲᠡᠶ ᠦᠢᠯᠡᠴᠢᠯᠡᠭᠡ ᠶᠢ ᠴᠢᠩᠭᠠᠷᠠᠭᠤᠯᠵᠤ᠂ | ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠮᠥᠩᠭᠦᠨ ᠬᠦᠢᠯᠬᠡᠬᠡᠨ ᠤ | ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠪᠠᠯᠠ ᠲᠣᠬᠢᠷᠠᠭᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ | ᠦᠢᠯᠡᠳᠬᠦ ᠦᠢᠯᠡᠰ ᠤᠨ ᠠᠰᠢᠭ ᠣᠯᠵᠠᠪᠤᠷᠢ ᠤᠯᠬᠤ ᠴᠢᠳᠠᠪᠤᠷᠢ ᠪᠠ ᠠᠵᠢᠯ ᠡᠷᠭᠢᠯᠡᠭᠰᠡᠳ ᠤᠨ ᠣᠷᠣᠯᠭ᠎ᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠦᠢᠯᠡᠳᠬᠦ ᠦᠢᠯᠡᠰ ᠤᠨ ᠠᠵᠢᠯᠴᠢᠨ ᠳᠤᠲᠠᠭᠳᠠᠵᠤ ᠪᠠᠶᠢᠭ᠎ᠠ ᠠᠰᠠᠭᠤᠳᠠᠯ ᠢ | ᠨᠠᠮᠳᠠᠭᠤᠯᠤᠨ᠎ᠠ᠃ | ᠭᠤᠷᠪᠠᠳᠤᠭᠠᠷ ᠬᠡᠰᠡᠭ ᠦᠢᠯᠡᠴᠢᠯᠡᠭᠡᠨ ᠤ ᠦᠢᠯᠡᠰ ᠤᠨ ᠠᠵᠢᠯ ᠣᠯᠭᠤᠯᠲᠠ ᠶᠢᠨ ᠠᠭᠤᠯᠤᠮᠵᠢ ᠶᠢᠨ | ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠂ ᠦᠢᠯᠡᠳᠪᠦᠷᠢᠯᠡᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠢ ᠲᠤᠰᠬᠠᠶᠢᠵᠢᠭᠰᠠᠨ ᠪᠠ ᠥᠷᠲᠡᠭ ᠤᠨ ᠬᠡᠯᠬᠢᠶ᠎ᠡ ᠶᠢᠨ ᠳᠡᠭᠡᠳᠦ ᠳᠡᠰ ᠲᠡᠰᠢ | ᠤᠷᠲᠤᠳᠬᠠᠬᠤ ᠶᠢ ᠠᠬᠢᠭᠤᠯᠵᠤ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠶ ᠪᠠ | ᠣᠯᠠᠨ ᠶᠠᠩᠵᠤᠴᠢᠯᠠᠭᠰᠠᠨ ᠳᠡᠰ ᠳᠡᠪᠰᠢᠬᠦ ᠲᠡᠰᠢ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠠᠵᠢᠯ ᠣᠯᠭᠤᠬᠤ | ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠮᠥᠩᠭᠦᠨ ᠭᠦᠢᠯᠭᠡᠭᠡᠨ᠂ ᠣᠳᠣ | ᠦᠶ᠎ᠡ ᠶᠢᠨ ᠪᠠᠷᠠᠭᠠᠨ ᠤ ᠭᠦᠢᠯᠭᠡᠭᠡᠨ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠬᠤᠳᠠᠯᠳᠤᠭᠠᠨ ᠤ | ᠶᠠᠪᠤᠳᠠᠯ ᠤᠨ ᠬᠠᠮ ᠦᠵᠡᠰᠬᠦᠯᠡᠩ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠰᠣᠶᠣᠯ ᠤᠨ ᠪᠦᠲᠦᠭᠡᠯᠴᠢ | ᠲᠥᠰᠦᠪᠯᠡᠯ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ᠂ ᠡᠨᠧᠷᠭᠢ ᠠᠷᠪᠢᠯᠠᠨ ᠣᠷᠴᠢᠨ ᠲᠣᠭᠤᠷᠢᠨ ᠢ | ᠬᠠᠮᠠᠭᠠᠯᠠᠬᠤ ᠦᠢᠯᠡᠴᠢᠯᠡᠭᠡᠨ᠂ ᠬᠠᠤᠯᠢ ᠴᠠᠭᠠᠵᠠ ᠶᠢᠨ ᠦᠢᠯᠡᠴᠢᠯᠡᠭᠡᠨ ᠵᠡᠷᠭᠡ ᠦᠢᠯᠡᠳᠪᠦᠷᠢᠯᠡᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠢ ᠲᠦᠷᠬᠡᠨ ᠬᠥᠭᠵᠢᠭᠦᠯᠦᠨ᠎ᠡ︔ ᠠᠮᠢᠳᠤᠷᠠᠯ ᠤᠨ ᠴᠢᠨᠠᠷᠲᠠᠶ ᠦᠢᠯᠡᠴᠢᠯᠡᠬᠡᠨ ᠤ ᠦᠢᠯᠡᠰ ᠢ | ᠶᠡᠬᠡᠪᠡᠷ ᠬᠥᠭᠵᠢᠭᠦᠯᠵᠦ᠂ ᠨᠠᠰᠤᠲᠠᠨ ᠢ ᠠᠰᠠᠷᠠᠵᠤ ᠨᠢᠯᠬᠠᠰ ᠢ ᠬᠥᠮᠦᠵᠢᠭᠦᠯᠬᠦ᠂ ᠡᠮᠴᠢᠯᠡᠭᠡ ᠰᠤᠪᠢᠯᠠᠯᠲᠠ ᠡᠷᠡᠭᠦᠯ | ᠮᠡᠨᠳᠦ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠵᠡᠷᠭᠡ ︽ᠵᠣᠯ | ᠵᠢᠷᠭᠠᠯᠲᠤ ᠠᠵᠤ ᠦᠢᠯᠡᠰ︾ ᠢ ᠡᠩ ᠲᠡᠷᠢᠭᠦᠨ ᠳᠤ ᠬᠥᠭᠵᠢᠭᠦᠯᠵᠦ᠂ ᠬᠥᠮᠦᠵᠢᠯ ᠪᠣᠯᠪᠠᠰᠤᠷᠠᠭᠤᠯᠤᠯ᠂ ᠮᠡᠳᠡᠯᠭᠡ | ᠵᠠᠷᠤᠳᠠᠯ ᠥᠭᠬᠦ᠂ ᠴᠢᠳᠠᠪᠤᠷᠢ ᠶᠢ ᠥᠷᠭᠡᠳᠬᠡᠬᠦ ᠵᠡᠷᠭᠡ ︽ᠬᠡᠪ ᠴᠢᠨᠠᠷ ᠤᠨ ᠠᠵᠤ ᠦᠢᠯᠡᠰ︾ ᠢ ᠳᠡᠭᠡᠭᠰᠢᠯᠡᠭᠦᠯᠦᠨ | ᠬᠥᠭᠵᠢᠭᠦᠯᠵᠦ᠂ ᠬᠡᠷ ᠠᠬᠤᠶ ᠠᠳᠠᠯ ᠠᠬᠤᠶ᠂ ᠵᠠᠭᠤᠴᠢ ᠦᠢᠯᠡᠴᠢᠯᠡᠭᠡ᠂ ᠵᠠᠰᠠᠵᠤ ᠴᠢᠮᠡᠭᠯᠡᠬᠦ ᠵᠡᠷᠭᠡ ︽ᠬᠡᠷ ᠲᠡᠭᠡᠨ | ᠰᠠᠭᠤᠬᠤ ᠠᠵᠤ ᠦᠢᠯᠡᠰ︾ ᠢ ᠵᠢᠷᠤᠮᠵᠢᠭᠤᠯᠤᠨ ᠬᠥᠭᠵᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠬᠡᠨ ᠤ | ᠠᠵᠢᠯ ᠤᠨ ᠪᠠᠶᠢᠷᠢ ᠶᠢ ᠲᠣᠭᠲᠠᠭᠤᠨ ᠢᠶᠠᠷ ᠥᠷᠭᠡᠳᠬᠡᠨ᠂ ᠬᠤᠲᠠ ᠬᠥᠳᠡᠭᠡ ᠶᠢᠨ ᠡᠯ᠎ᠡ ᠲᠥᠷᠥᠯ ᠤᠨ | ᠬᠥᠳᠡᠯᠮᠦᠷᠢᠯᠡᠭᠴᠢᠳ ᠤᠨ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ | ᠵᠢᠭᠤᠯᠴᠢᠯᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠪᠥᠬᠦ ᠣᠷᠣᠨ ᠪᠦᠰᠡ ᠶᠢᠨ ᠳᠠᠪᠠᠭᠤᠯᠢᠭ ᠠᠵᠤ | ᠦᠢᠯᠡᠰ᠂ ᠦᠢᠯᠡᠴᠢᠯᠡᠬᠡᠨ ᠤ ᠦᠢᠯᠡᠰ ᠤᠨ ᠬᠦᠷᠢᠶᠡᠨ ᠳᠠᠬᠢ ᠲᠤᠯᠭᠠᠭᠤᠷᠢ ᠠᠵᠤ ᠦᠢᠯᠡᠰ ᠪᠣᠯᠤᠨ ᠶᠡᠷᠦᠩᠬᠡᠶᠢᠯᠡᠭᠰᠡᠨ | ᠴᠢᠨᠠᠷᠲᠠᠶ ᠵᠣᠯ ᠵᠢᠷᠭᠠᠯ ᠤᠨ ᠠᠵᠤ ᠦᠢᠯᠡᠰ ᠢ ᠨᠢᠭᠡ ᠴᠣᠭᠴᠠᠵᠢᠭᠤᠯᠤᠭᠰᠠᠨ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠦᠢᠯᠡᠰ ᠢ ᠪᠣᠶ ᠪᠣᠯᠭᠠᠵᠤ᠂ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠂ ᠠᠵᠢᠯ ᠣᠯᠭᠤᠯᠲᠠ ᠶᠢ ᠰᠢᠭᠤᠳ ᠪᠠ ᠳᠠᠮ ᠢᠶᠠᠷ ᠰᠢᠩᠭᠡᠭᠡᠨ ᠠᠪᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠢᠨ᠎ᠡ ᠪᠠᠷ ᠪᠣᠶ ᠪᠣᠯᠤᠭᠰᠠᠨ ᠦᠶ᠋ᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠥᠷᠭᠡᠳᠬᠡᠵᠦ᠂ | ᠡᠯᠧᠺᠲᠷᠣᠨ ᠬᠤᠳᠠᠯᠳᠤᠭᠠᠨ ᠤ ᠶᠠᠪᠤᠳᠠᠯ᠂ ᠬᠠᠮᠲᠤᠪᠠᠷ ᠭᠥᠷᠳᠡᠬᠦ ᠠᠵᠤ ᠠᠬᠤᠶ᠂ ᠠᠯᠤᠰ ᠡᠵᠡᠮᠰᠢᠯᠲᠦ ᠰᠤᠷᠭᠠᠨ | ᠬᠥᠮᠦᠵᠢᠯ ᠡᠮᠴᠢᠯᠡᠭᠡ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠤᠨ ᠠᠵᠢᠯ ᠣᠯᠭᠤᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠳᠥᠷᠪᠡᠳᠦᠭᠡᠷ ᠬᠡᠰᠡᠭ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠨ | ᠠᠪᠬᠤ ᠶᠢ ᠳᠡᠮᠵᠢᠨ᠎ᠡ | ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠭᠤᠯᠲᠠ ᠶᠢ ᠲᠡᠭᠦᠯᠳᠡᠷᠵᠢᠭᠦᠯᠬᠦ ᠪᠠ ᠲᠣᠭᠲᠠᠭᠤᠨ ᠢᠶᠠᠷ | ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠢ ᠲᠤᠰᠠᠯᠠᠵᠤ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠶᠢᠩᠭᠤ ᠶᠢᠨ ᠬᠠᠪᠰᠤᠷᠤᠨ ᠲᠡᠳᠬᠦᠬᠦ ᠲᠣᠭᠲᠠᠴᠠ ᠶᠢ | ᠨᠠᠶᠢᠳᠠᠪᠤᠷᠢᠵᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠮᠢᠳᠤᠷᠠᠯ ᠢ ᠪᠠᠲᠤᠯᠠᠬᠤ᠂ ᠠᠵᠢᠯ ᠠᠯᠳᠠᠬᠤ ᠶᠢ | ᠰᠡᠷᠭᠡᠶᠢᠯᠡᠬᠦ᠂ ᠠᠵᠢᠯ ᠣᠯᠭᠤᠯᠲᠠ ᠶᠢ ᠠᠬᠢᠭᠤᠯᠬᠤ ᠴᠢᠳᠠᠮᠵᠢ ᠶᠢ ᠬᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ | ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠲᠤᠰᠠᠯᠠᠬᠤ ᠬᠡᠷᠡᠭᠲᠡᠶ᠃ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠤᠯᠠᠮ ᠨᠢᠭᠡ ᠠᠯᠬᠤᠮ | ᠴᠢᠯᠥᠭᠡᠲᠡᠢ ᠪᠣᠯᠭᠠᠵᠤ᠂ ᠡᠯ᠎ᠡ ᠲᠦᠷᠦᠯ ᠤᠨ ᠵᠦᠢ ᠵᠤᠬᠢᠰ ᠦᠭᠡᠢ ᠬᠢᠵᠠᠭᠠᠷᠯᠠᠯ ᠪᠠ ᠪᠠᠬᠢᠯᠡᠯᠲᠡ ᠶᠢ ᠬᠦᠴᠦᠨ ᠦᠭᠡᠢ | ᠪᠣᠯᠭᠠᠵᠤ᠂ ᠭᠠᠶᠢᠯᠢ ᠰᠦᠢᠳᠬᠡᠯ ᠤᠨ ᠳᠠᠷᠤᠭᠠᠰᠤ ᠶᠢ ᠬᠥᠩᠭᠡᠷᠡᠭᠦᠯᠵᠦ᠂ ᠡᠵᠡᠩᠨᠡᠯᠲᠡ ᠶᠢᠨ ᠥᠪᠡᠷ ᠤᠨ ᠦᠷᠳᠡᠭ ᠢ | ᠪᠠᠭᠤᠷᠠᠭᠤᠯᠤᠨ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠠᠵᠢᠯ ᠣᠯᠭᠤᠯᠲᠠ ᠶᠢ ᠰᠢᠩᠭᠡᠭᠡᠨ ᠠᠪᠬᠤ ᠴᠢᠳᠠᠪᠤᠷᠢ ᠶᠢ ᠨᠡᠮᠡᠭᠳᠡᠭᠦᠯᠦᠨ᠎ᠡ᠃ ᠳᠤᠮᠳᠠ ᠵᠢᠵᠢᠭ | ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠠᠯᠠ ᠲᠣᠬᠢᠷᠠᠭᠤᠯᠭ᠎ᠠ ᠶᠢᠨ | ᠳᠡᠮᠵᠢᠯᠭᠡ ᠶᠢ ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠬᠦᠢᠯᠬᠡᠬᠡᠨ ᠤ ᠦᠢᠯᠡᠴᠢᠯᠡᠭᠡ ᠶᠢ ᠴᠢᠩᠭᠠᠳᠬᠠᠨ | ᠂ ᠪᠠᠯᠠ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠶᠢ ᠳᠡᠮᠵᠢᠬᠦ ᠰᠢᠰᠲ᠋ᠧᠮᠵᠢ᠂ ᠵᠢᠭᠡᠯᠡᠯᠭᠡ ᠶᠢᠨ | ᠲᠦᠭᠰᠢᠭᠦᠷᠢ ᠶᠢᠨ ᠳᠠᠭᠠᠭᠠᠯᠲᠠ ᠬᠢᠵᠦ ᠨᠥᠬᠦᠪᠥᠷᠢᠯᠡᠬᠦ ᠲᠣᠭᠲᠠᠴᠠ ᠪᠠ ᠵᠠᠰᠠᠭ ᠤᠨ ᠣᠷᠳᠣᠨ ᠤ ᠪᠠᠯᠠ | ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠢᠲᠡᠭᠡᠮᠵᠢᠲᠦ ᠵᠢᠭᠡᠯᠡᠯᠭᠡ ᠲᠠᠯᠪᠢᠬᠤ ᠶᠢ | ᠥᠷᠭᠡᠳᠬᠡᠨ᠂ ᠪᠠᠯᠠ ᠲᠣᠬᠢᠷᠠᠭᠤᠯᠭ᠎ᠠ ᠶᠢᠨ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠢᠨᠵᠧᠨᠧᠷᠢᠩ ᠪᠠ ︽ᠪᠠᠭ᠎ᠠ ᠬᠡᠮᠵᠢᠶ᠎ᠡ ᠪᠠᠷ ᠳᠡᠭᠡᠭᠰᠢᠯᠡᠭᠦᠯᠬᠦ︾ | ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ᠂ ᠠᠳᠠᠯ ᠦᠢᠯᠡᠰ ᠴᠣᠭᠴᠠᠯᠠᠬᠤ | ᠬᠡᠯᠪᠡᠷᠢ ᠶᠢᠨ᠂ ᠬᠥᠳᠡᠯᠮᠦᠷᠢ ᠨᠢᠭᠲᠠᠷᠬᠠᠰᠠᠨ ᠬᠡᠯᠪᠡᠷᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠶᠡᠬᠡᠪᠡᠷ | ᠬᠥᠭᠵᠢᠭᠦᠯᠵᠦ᠂ ᠨᠢᠭᠡ ᠪᠦᠯᠦᠭ ᠥᠷᠢᠰᠦᠯᠳᠦᠬᠦ ᠬᠦᠴᠦᠨ ᠢᠶᠠᠷ ᠴᠢᠩᠭ᠎ᠠ᠂ ᠪᠤᠶᠢᠵᠢᠯᠲᠠ ᠶᠢᠨ ᠴᠢᠨᠠᠷ ᠢᠶᠠᠷ ᠰᠠᠶᠢᠨ᠂ | ᠨᠠᠷᠢᠨ ᠬᠤᠪᠢᠶᠠᠭᠰᠠᠨ ᠵᠠᠬ᠎ᠠ ᠳᠡᠯᠭᠡᠭᠦᠷ ᠲᠤ ᠠᠩᠬᠠᠷᠤᠯ ᠢᠶᠠᠨ ᠲᠠᠯᠪᠢᠭᠰᠠᠨ ︽ᠲᠤᠰᠬᠠᠶ ᠨᠠᠷᠢᠯᠢᠭ ᠣᠨᠴᠠ ᠰᠢᠨ᠎ᠡ︾ | ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠪᠤᠶᠢᠵᠢᠭᠤᠯᠵᠤ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠪᠠ | ᠪᠦᠲᠦᠭᠡᠯᠴᠢ ᠬᠦᠴᠦᠨ ᠢ ᠬᠥᠭᠵᠢᠭᠡᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠠᠵᠢᠯ | ᠣᠯᠭᠤᠯᠲᠠ ᠶᠢ ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠤᠨ᠂ ᠠᠵᠢᠯ ᠣᠯᠭᠤᠯᠲᠠ ᠶᠢᠨ ᠶᠡᠷᠦᠩᠬᠡᠶ ᠬᠡᠪᠴᠢᠶ᠎ᠡ ᠶᠢ | ᠪᠤᠵᠠᠭᠠᠶᠢᠷᠠᠭᠤᠯᠤᠨ᠎ᠠ᠃ | ᠳᠥᠷᠪᠡᠳᠦᠭᠡᠷ ᠪᠦᠯᠦᠭ ᠳᠡᠮᠵᠢᠯᠭᠡ ᠦᠵᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ | ᠬᠦᠮᠦᠰ ᠤᠨ ᠠᠵᠢᠯ ᠣᠯᠭᠤᠯᠲᠠ ᠶᠢ ᠠᠬᠢᠭᠤᠯᠤᠨ᠎ᠠ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠦᠴᠦ ᠶᠠᠪᠤᠭᠰᠠᠳ᠂ ᠠᠵᠢᠯ ᠤᠯᠬᠤ ᠳᠤ ᠬᠦᠴᠢᠷᠲᠡᠶ | ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷᠴᠢᠯᠡᠭᠰᠡᠨ | ᠨᠡᠶᠢᠭᠡᠮᠴᠢᠯᠡᠭᠰᠡᠨ ᠠᠵᠢᠯ ᠣᠯᠭᠤᠯᠲᠠ ᠪᠣᠯᠤᠨ ᠵᠠᠰᠠᠭ ᠤᠨ ᠣᠷᠳᠣᠨ ᠤ ᠦᠨᠳᠦᠰᠦᠨ ᠵᠦᠢᠯ ᠢ ᠪᠠᠲᠤᠯᠠᠵᠤ | ᠬᠠᠪᠰᠤᠷᠤᠨ ᠲᠡᠳᠬᠦᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠣᠯᠠᠨ ᠠᠷᠭ᠎ᠠ ᠵᠠᠮ ᠢᠶᠠᠷ ᠠᠵᠢᠯ ᠣᠯᠵᠤ | ᠦᠢᠯᠡᠰ ᠪᠤᠰᠬᠠᠬᠤ ᠶᠢ ᠠᠬᠢᠭᠤᠯᠵᠤ᠂ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠎ᠠ᠃ | ᠨᠢᠭᠡᠳᠦᠭᠡᠷ ᠬᠡᠰᠡᠭ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ | ᠣᠯᠭᠤᠯᠲᠠ ᠶᠢ ᠦᠷᠭᠦᠯᠵᠢᠯᠡᠨ ᠰᠠᠶᠢᠲᠤᠷ ᠬᠢᠨ᠎ᠠ | ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠤᠶᠤᠨ ᠤ ᠳᠠᠪᠠᠭᠤᠯᠢᠭ ᠢ ᠪᠠᠳᠠᠷᠠᠭᠤᠯᠵᠤ᠂ | ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠬᠥᠭᠵᠢᠭᠦᠯᠬᠦ᠂ ᠠᠵᠤ ᠠᠬᠤᠢ ᠶᠢᠨ | ᠰᠢᠰᠲ᠋ᠧᠮ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠬᠤ ᠳᠤᠮᠳᠠ ᠳᠡᠭᠡᠳᠦ ᠰᠤᠷᠭᠠᠭᠤᠯᠢ | ᠲᠡᠭᠦᠰᠦᠭᠰᠡᠳ ᠲᠤ ᠲᠤᠬᠢᠷᠠᠬᠤ ᠮᠡᠳᠡᠯᠭᠡ ᠮᠡᠷᠭᠡᠵᠢᠯ ᠤᠨ ᠬᠡᠯᠪᠡᠷᠢ ᠶᠢᠨ ᠠᠵᠢᠯ ᠤᠨ ᠪᠠᠶᠢᠷᠢ ᠶᠢ ᠨᠡᠩ ᠤᠯᠠᠨ ᠡᠭᠦᠳᠴᠦ | ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ | ᠬᠥᠭᠵᠢᠭᠰᠡᠨ ᠠᠵᠤ ᠦᠢᠯᠡᠰ᠂ ᠤᠳᠤ ᠦᠶ᠎ᠡ ᠶᠢᠨ ᠲᠠᠷᠢᠶᠠᠯᠠᠩ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ | ᠵᠢᠴᠢ ᠲᠠᠪᠴᠠᠩ ᠤᠨ ᠠᠵᠤ ᠠᠬᠤᠢ᠂ ᠬᠠᠮᠲᠤ ᠪᠠᠷ ᠡᠳ᠋ᠯᠡᠬᠦ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠰᠢᠨ᠎ᠡ ᠵᠠᠭᠪᠤᠷ ᠤᠨ ᠬᠦᠷᠢᠶᠡᠨ ᠳᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠠᠶᠢᠴᠢᠯᠠᠨ᠎ᠠ᠃ | ᠦᠨᠳᠦᠰᠦᠨ ᠱᠠᠲᠤᠨ ᠤ ᠦᠢᠯᠡᠴᠢᠯᠡᠬᠡᠨ ᠤ ᠲᠥᠷᠥᠯ ᠵᠦᠢᠯ ᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ | ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠦᠨᠳᠦᠰᠦᠨ | ᠱᠠᠲᠤᠨ ᠤ ᠦᠰᠦᠨ ᠪᠤᠶᠢᠵᠢᠬᠤ ᠬᠥᠭᠵᠢᠯᠲᠡ ᠶᠢᠨ ᠵᠠᠮ ᠢ ᠰᠢᠯᠤᠭᠤᠳᠬᠠᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠪᠠ ᠦᠨᠳᠦᠰᠦᠨ ᠱᠠᠲᠤᠨ ᠤ ᠵᠠᠰᠠᠯᠲᠠ ᠳᠤ ᠦᠢᠯᠡᠴᠢᠯᠡᠵᠦ᠂ ᠦᠨᠳᠦᠰᠦᠨ ᠱᠠᠲᠤᠨ ᠤ ᠰᠤᠷᠭᠠᠨ | ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠲᠠᠷᠢᠶᠠᠯᠠᠩ ᠮᠠᠯ ᠠᠵᠤ | ᠠᠬᠤᠶ ᠶᠢᠨ ᠮᠡᠷᠭᠡᠵᠢᠯ ᠵᠡᠷᠭᠡ ᠬᠦᠷᠢᠶᠡᠨ ᠳᠠᠬᠢ ᠠᠵᠢᠯ ᠣᠯᠭᠤᠯᠲᠠ ᠶᠢᠨ ᠣᠷᠣᠨ ᠵᠠᠶ ᠶᠢ ᠥᠷᠭᠡᠳᠬᠡᠨ᠎ᠡ᠃ ᠬᠦᠰᠡᠯ | ᠡᠷᠡᠮᠡᠯᠵᠡᠯ ᠲᠠᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠳᠤ ᠪᠠᠯᠠ ᠮᠥᠩᠭᠦ᠂ ᠲᠠᠯᠠᠪᠤᠷ ᠭᠠᠵᠠᠷ ᠪᠠ ᠮᠡᠷᠭᠡᠵᠢᠯ ᠵᠡᠷᠭᠡ ᠣᠯᠠᠨ ᠲᠠᠰ ᠳᠠᠪᠬᠤᠷᠭ᠎ᠠ ᠶᠢᠨ ᠳᠡᠮᠵᠢᠯᠭᠡ | ᠬᠠᠩᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠮᠡᠷᠭᠡᠵᠢᠯ ᠤᠨ ᠬᠥᠭᠵᠢᠯᠲᠡ ᠶᠢᠨ ᠬᠥᠮᠦᠵᠢᠯ ᠪᠣᠯᠤᠨ | ᠠᠵᠢᠯ ᠤᠯᠬᠤ ᠵᠢᠯᠤᠭᠤᠳᠤᠯᠭ᠎ᠠ ᠶᠢ ᠴᠢᠩᠭᠠᠳᠬᠠᠨ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ | ᠠᠵᠢᠯ ᠤᠯᠬᠤ ᠦᠵᠡᠯᠲᠡ᠂ ᠠᠵᠢᠯ ᠰᠣᠩᠭᠤᠬᠤ ᠦᠵᠡᠯᠲᠡ ᠪᠠᠨ ᠬᠤᠪᠢᠷᠠᠭᠤᠯᠬᠤ ᠶᠢ ᠬᠦᠳᠦᠯᠦᠨ ᠵᠢᠯᠣᠭᠤᠳᠴᠤ᠂ | ᠢᠳᠡᠪᠬᠢᠲᠡᠢ ᠪᠥᠭᠡᠳ ᠣᠶᠤᠨᠴᠢ ᠪᠠᠷ ᠠᠵᠢᠯ ᠣᠯᠭᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ᠂ ᠦᠷᠭᠦᠯᠵᠢᠯᠡᠨ | ᠰᠤᠷᠭᠠᠭᠤᠯᠢ ᠳᠡᠪᠰᠢᠭᠰᠡᠨ ᠦᠭᠡᠢ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠲᠡᠭᠦᠰᠦᠭᠰᠡᠳ᠂ ᠬᠤᠲᠠ ᠪᠠᠯᠭᠠᠰᠤᠨ ᠤ ᠠᠵᠢᠯ ᠠᠯᠳᠠᠭᠰᠠᠨ ᠵᠠᠯᠠᠭᠤᠴᠤᠳ᠂ ᠠᠵᠢᠯ ᠤᠨ ᠪᠠᠶᠢᠷᠢ ᠰᠢᠯᠵᠢᠭᠰᠡᠨ | ᠵᠠᠯᠠᠭᠤᠴᠤᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢᠨ ᠠᠶᠠᠯᠠᠯ ᠢ ᠡᠬᠢᠯᠡᠭᠦᠯᠬᠦ ᠲᠥᠯᠥᠪᠯᠡᠭᠡ ᠶᠢ | ᠬᠡᠷᠡᠭᠵᠢᠭᠦᠯᠵᠦ᠂ ᠵᠠᠯᠠᠭᠤᠴᠤᠳ ᠤᠨ ᠣᠨᠴᠠᠯᠢᠭ ᠲᠤ ᠲᠤᠬᠢᠷᠠᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠵᠠᠭᠪᠤᠷ ᠢ ᠬᠠᠶᠢᠨ ᠰᠦᠪᠡᠭᠴᠢᠯᠡᠵᠦ᠂ ᠦᠢᠯᠡᠳᠦᠯᠭᠡ ᠪᠠᠷ ᠬᠦᠲᠦᠯᠦᠨ ᠵᠢᠯᠣᠭᠤᠳᠬᠤ᠂ ᠲᠦᠷᠦᠯ ᠬᠤᠪᠢᠶᠠᠨ | ᠵᠢᠯᠣᠭᠤᠳᠬᠤ ᠪᠠ ᠮᠥᠷᠳᠡᠨ ᠬᠠᠪᠰᠤᠷᠤᠨ ᠲᠡᠳᠬᠦᠬᠦ ᠪᠠᠷ ᠳᠠᠮᠵᠢᠭᠤᠯᠤᠨ᠂ ᠵᠠᠯᠠᠭᠤᠴᠤᠳ ᠤᠨ ᠵᠠᠬ᠎ᠠ ᠳᠡᠯᠭᠡᠭᠦᠷᠴᠢᠯᠡᠨ | ᠠᠵᠢᠯ ᠤᠯᠬᠤ ᠶᠢ ᠬᠠᠪᠰᠤᠷᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ | ᠠᠳᠠᠯ ᠦᠢᠯᠡᠰ ᠴᠣᠭᠴᠠᠯᠠᠬᠤ ᠪᠥᠬᠦ ᠶᠠᠪᠤᠴᠠ ᠶᠢ ᠬᠠᠮᠤᠷᠤᠭᠰᠠᠨ ᠠᠵᠢᠯ ᠣᠯᠭᠤᠬᠤ ᠦᠢᠯᠡᠴᠢᠯᠡᠬᠡᠨ ᠤ | ᠰᠢᠰᠲ᠋ᠧᠮᠵᠢ ᠶᠢ ᠪᠦᠷᠢᠨᠰᠢᠭᠦᠯᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠶᠡᠷᠦᠩᠬᠡᠶᠢᠯᠡᠭᠰᠡᠨ ᠴᠢᠨᠠᠷᠲᠠᠶ | ᠦᠢᠯᠡᠴᠢᠯᠡᠬᠡᠨ ᠤ ᠲᠠᠪᠴᠠᠩ ᠢ ᠪᠠᠶᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠬᠡᠪᠰᠢᠭᠰᠡᠨ ᠮᠡᠳᠡᠭᠡ ᠵᠠᠩᠭᠢ ᠶᠢᠨ ᠦᠶ᠋ᠯᠡᠴᠢᠯᠡᠭᠡ ᠶᠢ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠠᠵᠢᠯ ᠣᠯᠭᠤᠬᠤ ᠦᠢᠯᠡᠴᠢᠯᠡᠭᠡ ᠶᠢ ᠲᠦᠢᠯ ᠤᠨ ᠣᠨᠣᠪᠴᠢᠲᠠᠶ ᠪᠠᠷ ᠵᠣᠬᠢᠶᠠᠨ ᠪᠠᠶᠢᠭᠤᠯᠵᠤ᠂ ᠠᠵᠢᠯ | ᠲᠥᠷᠥᠯ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ ᠲᠤᠰᠬᠠᠶ | ᠲᠠᠯᠠᠪᠠᠶ ᠶᠢᠨ ᠠᠵᠢᠯᠲᠠᠨ ᠡᠯᠰᠡᠬᠦ ᠵᠡᠷᠭᠡ ᠰᠢᠷᠢᠰ ᠠᠵᠢᠯᠯᠠᠭ᠎ᠠ ᠶᠢ ᠡᠷᠭᠢᠯᠡᠨ᠂ ᠠᠵᠢᠯ ᠣᠯᠭᠤᠬᠤ ᠬᠠᠩᠭᠠᠯᠭ᠎ᠠ | ᠬᠡᠷᠡᠭᠴᠡᠭᠡ ᠶᠢ ᠲᠦᠢᠯ ᠤᠨ ᠣᠨᠣᠪᠴᠢᠲᠠᠶ ᠪᠠᠷ ᠵᠣᠯᠭᠠᠭᠤᠯᠬᠤ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠳᠠᠳᠤᠯᠭ᠎ᠠ ᠬᠢᠬᠦ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ | ᠣᠷᠣᠯᠴᠠᠬᠤ ᠶᠢ ᠳᠡᠮᠵᠢᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠪᠠ ᠠᠵᠢᠯ ᠮᠡᠷᠭᠡᠵᠢᠯ ᠤᠨ ᠬᠥᠭᠵᠢᠯᠲᠡ ᠳᠤ | ᠵᠣᠬᠢᠴᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠢ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠲᠤ ᠦᠨᠡᠨ ᠨᠡᠷ᠎ᠡ ᠪᠠᠷ ᠢᠶᠠᠨ ᠦᠢᠯᠡᠴᠢᠯᠡᠬᠦ ᠲᠣᠭᠲᠠᠴᠠ᠂ ᠬᠦᠴᠢᠷᠳᠡᠯ ᠲᠠᠢ | ᠲᠡᠭᠦᠰᠦᠭᠰᠡᠳ ᠲᠤ ᠠᠵᠢᠯ ᠣᠯᠭᠤᠬᠤ ᠲᠤᠰᠠᠯᠠᠮᠵᠢ ᠦᠵᠡᠭᠦᠯᠬᠦ ᠲᠣᠭᠲᠠᠴᠠ ᠪᠠ ᠤᠷᠲᠤ ᠬᠤᠭᠤᠴᠠᠭ᠎ᠠ ᠪᠠᠷ ᠠᠵᠢᠯ | ᠠᠯᠳᠠᠭᠰᠠᠨ ᠵᠠᠯᠠᠭᠤᠴᠤᠳ ᠤᠨ ᠠᠵᠢᠯ ᠤᠯᠬᠤ ᠶᠢ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ | ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠬᠤᠲᠠ | ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ᠂ ᠠᠵᠢᠯ ᠣᠯᠤᠭᠰᠠᠨ | ᠬᠥᠮᠦᠨ ᠦᠭᠡᠢ ᠭᠡᠷ ᠪᠦᠯᠢ ᠪᠠ ᠵᠡᠮᠳᠡᠭ ᠵᠡᠷᠭᠡ ᠵᠠᠯᠠᠭᠤᠴᠤᠳ ᠤᠨ ᠠᠵᠢᠯ ᠤᠯᠬᠤ ᠶᠢ ᠬᠠᠪᠰᠤᠷᠤᠨ ᠲᠡᠳᠬᠦᠬᠦ ᠶᠢ | ᠴᠢᠩᠭᠠᠳᠬᠠᠨ᠎ᠠ᠃ | ᠬᠤᠶᠠᠳᠤᠭᠠᠷ ᠬᠡᠰᠡᠭ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠠᠬᠢᠭᠤᠯᠤᠨ᠎ᠠ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤᠮᠳᠠ᠂ ᠠᠵᠤ ᠠᠬᠤᠢ ᠶᠢᠨ | ᠬᠥᠭᠵᠢᠯᠲᠡ ᠪᠠᠷ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ | ᠳᠠᠯᠳᠠ ᠬᠦᠴᠦᠨ ᠢ ᠬᠦᠢᠴᠡᠳ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ | ᠰᠢᠯᠵᠢᠭᠦᠯᠦᠨ ᠠᠵᠢᠯ ᠣᠯᠭᠤᠬᠤ ᠳᠤ ᠲᠣᠬᠢᠷᠠᠬᠤ ᠨᠠᠩ ᠣᠯᠠᠨ ᠠᠵᠠ ᠲᠣᠬᠢᠶᠠᠯ ᠢ ᠡᠭᠦᠳᠦᠨ᠎ᠡ᠃ ᠰᠢᠶᠠᠨ ᠤ | ᠬᠡᠪᠴᠢᠶᠡᠨ ᠤ ᠠᠵᠤ ᠠᠬᠤᠶ᠂ ᠬᠥᠳᠡᠭᠡ ᠲᠣᠰᠬᠤᠨ ᠤ ᠠᠵᠤ ᠦᠢᠯᠡᠰ ᠲᠤ ᠲᠦᠰᠢᠭᠯᠡᠨ᠂ ᠨᠤᠲᠤᠭ ᠲᠠᠭᠠᠨ ᠪᠤᠴᠠᠵᠤ | ᠠᠳᠠᠯ ᠦᠢᠯᠡᠰ ᠴᠣᠭᠴᠠᠯᠠᠵᠤ᠂ ᠠᠵᠤ ᠦᠢᠯᠡᠰ ᠤᠨ ᠱᠠᠲᠤᠯᠢᠭ ᠰᠢᠯᠵᠢᠯᠲᠡ ᠲᠠᠢ ᠤᠶᠠᠯᠳᠤᠭᠤᠯᠤᠨ᠂ ᠮᠠᠯᠵᠢᠬᠤ | ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠳᠤ ᠲᠤᠬᠠᠶ ᠶᠢᠨ ᠭᠠᠵᠠᠷ ᠣᠶᠢᠷ᠎ᠠ ᠬᠠᠪᠢ ᠶᠢᠨ ᠠᠵᠢᠯ ᠣᠯᠭᠤᠬᠤ | ᠠᠵᠢᠯ ᠤᠨ ᠪᠠᠶᠢᠷᠢ ᠶᠢ ᠨᠡᠩ ᠣᠯᠠᠨ ᠡᠭᠦᠳᠴᠦ ᠥᠭᠭᠦᠨ᠎ᠡ᠃ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ | ᠶᠡᠬᠡᠪᠡᠷ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠠᠶᠢᠷᠢᠰᠢᠭᠤᠯᠤᠯ ᠢ | ᠲᠣᠬᠢᠷᠠᠭᠤᠯᠤᠨ ᠰᠢᠯᠢᠳᠡᠭᠵᠢᠭᠦᠯᠵᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠠᠵᠤ ᠦᠢᠯᠡᠰ ᠤᠨ ᠪᠦᠰᠡ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠥᠪᠯᠡᠷᠡᠯ ᠢ | ᠪᠦᠲᠦᠭᠡᠨ ᠪᠠᠶᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠪᠡᠯᠡᠳᠬᠡᠮᠵᠢ᠂ ᠲᠠᠷᠢᠶᠠᠯᠠᠬᠤ ᠮᠠᠯᠵᠢᠬᠤ | ᠣᠷᠣᠨ ᠤ ᠠᠵᠤ ᠦᠢᠯᠡᠰ ᠤᠨ ᠲᠥᠬᠦᠷ ᠰᠠᠭᠤᠷᠢ ᠪᠡᠯᠡᠳᠬᠡᠮᠵᠢ ᠪᠣᠯᠤᠨ ᠣᠶ ᠰᠢᠭᠤᠶ ᠶᠢᠨ ᠠᠮᠢ ᠠᠬᠤᠶ ᠶᠢᠨ | ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠠᠷᠭ᠎ᠠ ᠮᠠᠶ᠋ᠢᠭ ᠢ ᠳᠡᠯᠭᠡᠷᠡᠭᠦᠯᠬᠦ ᠶᠢᠨ ᠬᠠᠮᠲᠤ ᠬᠥᠳᠡᠯᠮᠦᠷᠢ ᠶᠢᠨ ᠬᠥᠯᠥᠰᠥ ᠣᠯᠭᠤᠮᠵᠢ ᠶᠢ ᠴᠠᠭ | ᠲᠤᠬᠠᠶ ᠳᠤᠨᠢ ᠭᠦᠢᠴᠡᠳ ᠲᠤᠭ᠎ᠠ ᠪᠠᠷ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠳᠤ | ᠠᠵᠢᠯ ᠣᠯᠭᠤᠬᠤ ᠣᠷᠣᠨ ᠵᠠᠶ ᠶᠢ ᠥᠷᠭᠡᠳᠬᠡᠬᠦ ᠬᠡᠷᠡᠭᠲᠡᠶ᠃ ᠬᠦᠴᠦ ᠶᠠᠪᠤᠭᠰᠠᠳ ᠤᠨ ᠬᠡᠪ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠪᠠᠷ ᠪᠣᠶ ᠪᠣᠯᠤᠭᠰᠠᠨ ᠬᠦᠴᠦ ᠶᠠᠪᠤᠭᠰᠠᠳ ᠤᠨ ᠠᠵᠢᠯ ᠮᠡᠷᠭᠡᠵᠢᠯ ᠤᠨ | ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠠᠬᠢᠭᠤᠯᠤᠨ᠎ᠠ᠃ ᠨᠤᠲᠤᠭ ᠲᠠᠭᠠᠨ ᠪᠤᠴᠠᠭᠰᠠᠨ ᠬᠦᠴᠦ | ᠶᠠᠪᠤᠭᠰᠠᠳ ᠤᠨ ᠮᠠᠯᠴᠢᠨ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ᠂ ᠪᠦᠲᠦᠭᠡᠯᠴᠢ ᠲᠠᠷᠢᠶᠠᠯᠠᠩ ᠮᠠᠯ ᠠᠵᠤ | ᠠᠬᠤᠶ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠡᠭᠦᠳᠦᠨ ᠡᠷᠬᠢᠯᠡᠬᠦ ᠶᠢ ᠵᠣᠷᠢᠭᠵᠢᠭᠤᠯᠤᠨ | ᠬᠥᠲᠥᠯᠥᠨ ᠵᠢᠯᠣᠭᠤᠳᠴᠤ᠂ ᠮᠠᠯᠵᠢᠬᠤ ᠲᠠᠷᠢᠶᠠᠯᠠᠬᠤ ᠣᠷᠣᠨ ᠤ ᠨᠠᠩ ᠣᠯᠠᠨ ᠬᠥᠳᠡᠯᠮᠦᠷᠢ ᠬᠦᠴᠦᠨ ᠳᠤ ᠠᠵᠢᠯ | ᠣᠯᠭᠤᠬᠤ ᠶᠢ ᠳᠠᠶᠢᠴᠢᠯᠠᠨ᠎ᠠ᠃ ᠠᠵᠢᠯ ᠣᠯᠭᠤᠬᠤ ᠪᠠᠭᠲᠠᠭᠠᠮᠵᠢ ᠪᠠᠷ ᠶᠡᠭᠡ᠂ ᠪᠠᠷᠢᠮᠵᠢᠶ᠎ᠠ ᠳᠣᠣᠷ᠎ᠠ ᠬᠥᠳᠡᠯᠮᠦᠷᠢ | ᠨᠢᠭᠲᠠᠷᠬᠠᠰᠠᠨ ᠬᠡᠯᠪᠡᠷᠢ ᠶᠢᠨ ᠦᠢᠯᠡᠳᠬᠦ ᠦᠢᠯᠡᠰ᠂ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠲᠡᠳᠬᠦᠵᠦ᠂ ᠠᠵᠤ ᠠᠬᠤᠶᠢᠯᠠᠯ ᠤᠳ ᠤᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠩᠭᠡᠭᠡᠨ | ᠠᠪᠴᠤ ᠠᠵᠢᠯ ᠣᠯᠭᠤᠬᠤ ᠶᠢ ᠳᠡᠮᠵᠢᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ | ᠰᠦᠯᠵᠢᠶ᠎ᠡ ᠪᠠᠷ ᠪᠣᠯᠵᠣᠵᠤ ᠳᠣᠭᠢᠷᠠᠭᠤᠯᠤᠨ ᠬᠦᠷᠭᠡᠬᠦ᠂ ᠰᠢᠭᠤᠳ ᠨᠡᠪᠲᠡᠷᠡᠭᠦᠯᠭᠡ ᠪᠠᠷ ᠪᠣᠷᠣᠯᠠᠭᠤᠯᠬᠤ ᠵᠡᠷᠭᠡ ᠰᠢᠨ᠎ᠡ | ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠢ ᠵᠣᠷᠢᠭᠵᠢᠭᠤᠯᠤᠨ᠎ᠠ᠃ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢᠨ | ᠲᠠᠪᠴᠠᠩ ᠢ ᠪᠠᠶᠢᠭᠤᠯᠵᠤ᠂ ᠣᠷᠣᠨ ᠪᠦᠰᠡ ᠶᠢᠨ ᠬᠤᠭᠤᠷᠣᠨᠳᠣᠬᠢ ᠬᠥᠳᠡᠯᠮᠦᠷᠢ ᠦᠢᠯᠡᠴᠢᠯᠡᠬᠡᠨ ᠤ ᠬᠠᠮᠵᠢᠯᠴᠠᠭ᠎ᠠ ᠶᠢ | ᠥᠷᠭᠡᠨ ᠢᠶᠠᠷ ᠥᠷᠨᠢᠭᠦᠯᠦᠨ᠂ ᠬᠥᠳᠡᠯᠮᠦᠷᠢ ᠬᠦᠴᠦᠨ ᠤ ᠣᠷᠣᠨ ᠪᠦᠰᠡ ᠠᠯᠤᠰᠯᠠᠨ ᠲᠦᠢᠯ ᠤᠨ ᠣᠨᠣᠪᠴᠢᠲᠠᠶ ᠪᠠᠷ | ᠵᠣᠯᠭᠠᠭᠤᠯᠬᠤ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠭᠠᠳᠠᠭᠰᠢ ᠭᠠᠷᠴᠤ | ᠠᠵᠢᠯ ᠤᠯᠬᠤ ᠶᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠰᠡᠭᠦᠯᠴᠢ ᠪᠣᠯᠬᠤ ᠳᠤ᠂ ᠪᠥᠬᠦ ᠠᠶᠢᠮᠠᠭ ᠲᠤ ᠨᠠᠭᠠᠳᠤ ᠵᠠᠬ᠎ᠠ ᠳᠠᠭᠠᠨ 1 ᠬᠦᠴᠦ ᠶᠠᠪᠤᠭᠰᠠᠳ ᠤᠨ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠬᠤᠰᠢᠭᠤ ᠣᠷᠣᠨ ᠢ ᠪᠠᠶᠢᠭᠤᠯᠬᠤ ᠪᠠᠷ | ᠴᠢᠷᠮᠠᠶᠢᠨ᠎ᠠ᠃ | ᠭᠤᠷᠪᠠᠳᠤᠭᠠᠷ ᠬᠡᠰᠡᠭ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢ | ᠴᠢᠩᠭᠠᠳᠬᠠᠨ᠎ᠠ | ᠲᠥᠪᠬᠢᠨᠡᠭᠦᠯᠬᠦ ᠠᠷᠭ᠎ᠠ ᠮᠠᠶ᠋ᠢᠭ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ | ᠲᠥᠷᠥ ᠶᠢᠨ ᠪᠣᠳᠣᠯᠭ᠎ᠠ ᠳᠦᠷᠢᠮ ᠢ ᠵᠣᠯᠭᠠᠭᠤᠯᠬᠤ ᠶᠢ ᠴᠢᠩᠭᠠᠷᠠᠭᠤᠯᠤᠨ᠎ᠠ᠃ ᠴᠡᠷᠢᠭ ᠤᠨ ᠠᠯᠪᠠ ᠠᠴᠠ | ᠬᠠᠯᠠᠭᠳᠠᠭᠰᠠᠳ ᠢ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ | ᠲᠥᠪᠬᠢᠨᠡᠭᠦᠯᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠢᠯᠡ ᠪᠠᠷ ᠲᠥᠪᠬᠢᠨᠡᠭᠦᠯᠬᠦ︾ ᠠᠵᠢᠯ ᠤᠨ | ᠲᠣᠭᠲᠠᠴᠠ ᠶᠢ ᠪᠦᠷᠢᠨᠰᠢᠭᠦᠯᠵᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠠᠭᠪᠤᠷ ᠢ ᠣᠷᠣᠭᠤᠯᠤᠨ ᠠᠪᠴᠢᠷᠠᠵᠤ᠂ | ᠣᠯᠠᠨ ᠠᠷᠭ᠎ᠠ ᠵᠠᠮ᠂ ᠣᠯᠠᠨ ᠡᠰᠢᠵᠢᠬᠦᠯᠦᠨ ᠲᠥᠪᠬᠢᠨᠡᠭᠦᠯᠬᠦ ᠶᠢ ᠴᠢᠩᠭᠠᠷᠠᠭᠤᠯᠤᠨ᠎ᠠ᠃ ᠴᠡᠷᠢᠭ ᠤᠨ ᠠᠯᠪᠠᠨ ᠠᠴᠠ | ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠵᠣᠬᠢᠴᠠᠬᠤ ᠴᠢᠨᠠᠷᠲᠠᠶ ᠪᠣᠯᠪᠠᠰᠤᠷᠠᠭᠤᠯᠤᠯ ᠢ ᠪᠥᠬᠦ | ᠲᠠᠯ᠎ᠠ ᠪᠠᠷ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠳ ᠲᠤ | ᠰᠦᠢᠳᠬᠡᠯ ᠬᠤᠷᠢᠶᠠᠬᠤ ᠥᠬᠡᠶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠢ ᠭᠦᠨᠵᠡᠭᠡᠶ ᠠᠬᠢᠭᠤᠯᠤᠨ᠂ ᠬᠥᠮᠦᠨ ᠬᠡᠷᠡᠭᠯᠡᠬᠦ ᠨᠢᠭᠡᠴᠡ ᠶᠢ ᠵᠣᠷᠢᠭᠵᠢᠭᠤᠯᠵᠤ ᠪᠠᠶᠢᠭᠠᠳ | ᠲᠣᠭᠲᠠᠮᠠᠯ ᠬᠤᠭᠤᠴᠠᠭ᠎ᠠ ᠲᠠᠢ ᠪᠠᠷ ᠴᠡᠷᠢᠭ ᠤᠨ ᠠᠯᠪᠠᠨ ᠠᠴᠠ ᠪᠠᠭᠤᠭᠰᠠᠳ ᠢ ᠵᠣᠬᠢᠶᠠᠨ ᠪᠠᠶᠢᠭᠤᠯᠵᠤ ᠠᠵᠢᠯ ᠤᠨ | ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠠ ᠮᠡᠳᠡᠯᠭᠡ ᠪᠠᠨ ᠰᠢᠨᠡᠳᠬᠡᠬᠦ ᠪᠣᠯᠪᠠᠰᠤᠷᠠᠭᠤᠯᠤᠯ ᠳᠤ | ᠣᠷᠣᠯᠴᠠᠭᠤᠯᠤᠨ᠎ᠠ᠃ ᠣᠲᠣ ᠶᠢᠨ ᠪᠠᠶᠢᠭ᠎ᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢ ᠪᠡᠯᠡᠳᠬᠡᠮᠵᠢ ᠶᠢ ᠴᠡᠷᠢᠭ ᠤᠨ | ᠠᠯᠪᠠ ᠠᠴᠠ ᠪᠠᠭᠤᠭᠰᠠᠳ ᠲᠤ ᠬᠠᠨᠳᠤᠭᠤᠯᠤᠨ ᠴᠢᠯᠥᠭᠡᠲᠡᠶ ᠨᠡᠭᠡᠭᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠦᠨᠡᠮᠯᠡᠯ᠂ ᠲᠤᠰᠬᠠᠶ ᠮᠡᠷᠭᠡᠵᠢᠯ ᠤᠨ ᠬᠢᠷᠢ ᠬᠡᠮ ᠤᠨ ᠦᠨᠡᠮᠯᠡᠯ ᠵᠡᠷᠭᠡ ᠴᠡᠷᠢᠭ ᠠᠩᠭᠢ ᠪᠠ ᠣᠷᠣᠨ ᠨᠤᠲᠤᠭ ᠢ | ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠪᠡᠶ᠎ᠡ ᠪᠠᠨ ᠳᠠᠭᠠᠭᠠᠵᠤ | ᠠᠵᠢᠯ ᠣᠯᠵᠤ ᠦᠢᠯᠡᠰ ᠴᠣᠭᠴᠠᠯᠠᠬᠤ ᠶᠢ ᠳᠡᠮᠵᠢᠵᠦ᠂ ᠴᠡᠷᠢᠭ ᠤᠨ ᠠᠯᠪᠠᠨ ᠠᠴᠠ ᠪᠠᠭᠤᠭᠰᠠᠳ ᠢ ᠣᠲᠣ ᠪᠠᠶᠢᠭ᠎ᠠ | ᠠᠵᠢᠯ ᠣᠯᠭᠤᠯᠲᠠ ᠶᠢᠨ ᠦᠢᠯᠡᠴᠢᠯᠡᠭᠡ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶᠡᠨ ᠳᠤ ᠲᠣᠭᠲᠠᠭᠠᠯ ᠶᠣᠰᠣᠭᠠᠷ ᠣᠷᠣᠭᠤᠯᠵᠤ᠂ ᠠᠵᠢᠯ ᠣᠯᠵᠤ | ᠦᠢᠯᠡᠰ ᠴᠣᠭᠴᠠᠯᠠᠬᠤ ᠥᠷᠢᠰᠥᠯᠳᠦᠬᠦ ᠬᠦᠴᠦᠨ ᠢ ᠨᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠬᠡᠨ ᠤ ᠬᠠᠩᠭᠠᠯᠭ᠎ᠠ ᠶᠢᠨ ᠬᠦᠷᠢᠶ᠎ᠡ ᠶᠢ ᠥᠷᠭᠡᠳᠬᠡᠵᠦ᠂ ᠴᠡᠷᠢᠭ ᠤᠨ ᠠᠯᠪᠠᠨ ᠠᠴᠠ | ᠪᠠᠭᠤᠭᠰᠠᠳ ᠲᠤ ᠳᠣᠭᠢᠷᠠᠬᠤ ᠨᠠᠩ ᠣᠯᠠᠨ ᠠᠵᠢᠯ ᠤᠨ ᠪᠠᠶᠢᠷᠢ ᠶᠢ ᠳᠣᠬᠢᠷᠠᠭᠤᠯᠵᠦ᠂ ᠴᠡᠷᠢᠭ ᠤᠨ ᠠᠯᠪᠠᠨ ᠠᠴᠠ | ᠪᠠᠭᠤᠭᠰᠠᠳ ᠤᠨ ᠵᠠᠬ᠎ᠠ ᠳᠡᠯᠭᠡᠭᠦᠷᠴᠢᠯᠡᠨ ᠠᠵᠢᠯ ᠤᠯᠬᠤ ᠶᠢ ᠠᠬᠢᠭᠤᠯᠤᠨ᠎ᠠ᠃ ︽ᠡᠭᠦᠷ ᠤᠨ ᠱᠦᠵᠢ︾ | ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠭᠠᠴᠠᠭ᠎ᠠ ᠲᠣᠰᠬᠤᠨ ᠳᠤ | ᠠᠵᠢᠯ ᠤᠯᠬᠤ ᠶᠢ ᠠᠬᠢᠭᠤᠯᠤᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶ᠋ᠯᠡᠰ ᠴᠣᠭᠴᠠᠯᠠᠬᠤ | ᠠᠴᠢᠶᠠᠯᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ᠂ ᠡᠯ᠎ᠡ ᠬᠤᠰᠢᠭᠤ ᠣᠷᠣᠨ ᠤ ᠦᠢᠯᠡᠰ ᠴᠣᠭᠴᠠᠯᠠᠬᠤ | ᠬᠦᠷᠢᠶᠡᠯᠡᠩ᠂ ᠪᠣᠶᠢᠵᠢᠭᠤᠯᠬᠤ ᠰᠠᠭᠤᠷᠢᠨ ᠭᠠᠵᠠᠷ ᠵᠡᠷᠭᠡ ᠦᠢᠯᠡᠰ ᠴᠣᠭᠴᠠᠯᠠᠬᠤ ᠠᠴᠢᠶᠠᠯᠠᠪᠤᠷᠢ ᠳᠤ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠦᠢᠯᠡᠰ ᠴᠣᠭᠴᠠᠯᠠᠬᠤ ᠲᠤᠰᠬᠠᠶ ᠲᠣᠭᠤᠷᠢᠭ ᠪᠠᠶᠢᠭᠤᠯᠬᠤ ᠶᠢ ᠠᠬᠢᠭᠤᠯᠵᠤ᠂ | ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ᠂ ᠦᠢᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠲᠡᠳᠬᠦᠨ | ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠨᠤᠲᠤᠭ ᠲᠠᠭᠠᠨ ᠪᠤᠴᠠᠵᠤ ᠦᠢᠯᠡᠰ ᠴᠣᠭᠴᠠᠯᠠᠬᠤ᠂ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠶᠢ ᠠᠬᠢᠭᠤᠯᠤᠨ᠎ᠠ᠃ | ᠲᠣᠭᠲᠠᠮᠠᠯ ᠬᠤᠭᠤᠴᠠᠭ᠎ᠠ ᠲᠠᠢ ᠪᠠᠷ ᠨᠢᠭᠡ ᠪᠦᠯᠦᠭ ᠴᠡᠷᠢᠭ ᠠᠴᠠ ᠬᠠᠯᠠᠭᠳᠠᠭᠰᠠᠳ ᠤᠨ ︽ᠠᠵᠢᠯ ᠣᠯᠭᠤᠯᠲᠠ ᠶᠢᠨ | ᠣᠳᠣᠨ︾᠂ ︽ᠠᠳᠠᠯ ᠦᠢᠯᠡᠰ ᠴᠣᠭᠴᠠᠯᠠᠬᠤ ᠣᠳᠣᠨ︾ ᠢ ᠰᠣᠩᠭᠤᠨ ᠪᠣᠶ ᠪᠣᠯᠭᠠᠵᠤ᠂ ᠴᠡᠷᠢᠭ ᠠᠴᠠ | ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠦᠢᠴᠡᠳ | ᠬᠥᠭᠵᠢᠭᠡᠨ᠎ᠡ᠃ | ᠳᠥᠷᠪᠡᠳᠦᠭᠡᠷ ᠬᠡᠰᠡᠭ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠣᠭᠲᠠᠪᠤᠷᠢᠲᠠᠢ ᠠᠵᠢᠯ | ᠣᠯᠭᠤᠯᠲᠠ ᠶᠢ ᠠᠬᠢᠭᠤᠯᠤᠨ᠎ᠠ | ᠠᠵᠢᠯ ᠣᠯᠭᠤᠯᠲᠠ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ | ᠪᠠᠭᠠᠲᠠᠶ ᠬᠥᠮᠦᠨ ᠠᠮᠠ ᠳᠤ ᠠᠵᠢᠯ ᠣᠯᠭᠤᠵᠤ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠠᠵᠢᠯ ᠣᠯᠭᠤᠵᠤ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠳᠡᠮᠵᠢᠯᠭᠡ᠂ ᠬᠠᠪᠰᠤᠷᠤᠨ ᠲᠡᠳᠬᠦᠬᠦ | ᠬᠦᠴᠦᠨ ᠤ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠰᠢᠶᠠᠨ ᠤ ᠬᠡᠪᠴᠢᠶ᠎ᠡ ᠪᠠᠷ ᠠᠴᠢᠶᠠᠯᠠᠪᠤᠷᠢ | ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠥᠷᠥᠯ ᠤᠨ | ᠦᠢᠯᠡᠳᠪᠦᠷᠢᠯᠡᠯ ᠤᠨ ᠬᠦᠴᠦᠨ ᠵᠦᠢᠯ ᠢ ᠲᠠᠲᠠᠵᠤ ᠰᠢᠶᠠᠨ ᠤ ᠬᠤᠲᠠ ᠲᠡᠰᠢ ᠰᠢᠯᠵᠢᠭᠦᠯᠦᠨ᠂ ᠰᠢᠶᠠᠨ ᠤ | ᠬᠡᠪᠴᠢᠶᠡᠨ ᠤ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠶᠠᠨ ᠤ ᠬᠡᠪᠴᠢᠶᠡᠨ ᠤ ᠠᠵᠢᠯ | ᠣᠯᠭᠤᠬᠤ ᠴᠢᠳᠠᠪᠤᠷᠢ ᠶᠢ ᠨᠡᠮᠡᠭᠳᠡᠭᠦᠯᠦᠨ᠎ᠡ᠃ ᠰᠢᠶᠠᠨ ᠰᠢᠶᠠᠩ ᠲᠣᠰᠬᠤᠨ ᠤ ᠬᠤᠯᠪᠣᠭᠠᠯᠠᠨ ᠬᠥᠭᠵᠢᠬᠦ ᠶᠢ | ᠠᠬᠢᠭᠤᠯᠵᠤ᠂ ︽ᠨᠢᠭᠡ ᠬᠤᠰᠢᠭᠤ ᠰᠢᠶᠠᠨ ︵ᠣᠷᠣᠨ︶ ᠨᠢᠭᠡ ᠦᠢᠯᠡᠰ︾᠂ ︽ᠨᠢᠭᠡ ᠰᠤᠮᠤ ᠰᠢᠶᠠᠩ ᠪᠠᠯᠭᠠᠰᠤ | ᠨᠢᠭᠡ ᠣᠨᠴᠠᠯᠢᠭ︾᠂ ︽ᠨᠢᠭᠡ ᠭᠠᠴᠠᠭ᠎ᠠ ᠲᠣᠰᠬᠤᠨ ᠨᠢᠭᠡ ᠪᠦᠲᠦᠭᠡᠭᠳᠡᠬᠦᠨ︾ ᠤ ᠠᠵᠤ ᠠᠬᠤᠢ ᠶᠢᠨ ᠲᠣᠭᠤᠷᠢᠭ | ᠢ ᠪᠠᠶᠢᠭᠤᠯᠵᠤ᠂ ᠠᠵᠤ ᠦᠢᠯᠡᠰ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠰᠠᠶᠢᠲᠤᠷ ᠬᠢᠨ᠎ᠡ᠃ ᠣᠯᠠᠨ | ᠨᠡᠶᠢᠲᠡ ᠶᠢᠨ ᠠᠵᠢᠯ ᠣᠯᠭᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ | ᠪᠠᠶᠢᠭᠤᠯᠤᠨ᠂ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠶᠠᠳᠠᠭᠤ ᠶᠢ | ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ ᠡᠯ᠎ᠡ ᠲᠥᠷᠥᠯ ᠤᠨ ᠠᠵᠢᠯ ᠣᠯᠭᠤᠯᠲᠠ ᠶᠢᠨ ᠠᠴᠢᠶᠠᠯᠠᠪᠤᠷᠢ ᠶᠢᠨ | ᠪᠠᠶᠢᠭᠤᠯᠤᠯᠲᠠ ᠶᠢ ᠠᠬᠢᠭᠤᠯᠤᠨ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ | ᠳᠡᠮᠵᠢᠵᠦ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠰᠢᠯᠵᠢᠭᠦᠯᠦᠨ | ᠠᠵᠢᠯ ᠣᠯᠭᠤᠬᠤ ᠪᠤᠶᠤ ᠣᠶᠢᠷ᠎ᠠ ᠬᠠᠪᠢ ᠶᠢᠨ ᠲᠤᠬᠠᠶ ᠶᠢᠨ ᠭᠠᠵᠠᠷ ᠲᠤᠨᠢ ᠠᠵᠢᠯ ᠣᠯᠭᠤᠬᠤ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠬᠡᠨ ᠤ ᠲᠥᠷᠥᠯ ᠤᠨ ᠠᠵᠢᠯ ᠤᠨ ᠪᠠᠶᠢᠷᠢ ᠶᠢ ᠰᠢᠨᠵᠢᠯᠡᠬᠦ | ᠤᠬᠠᠭᠠᠨᠴᠢ ᠡᠮᠬᠢ ᠵᠢᠷᠤᠮ ᠲᠠᠢ ᠪᠠᠷ ᠨᠡᠭᠡᠭᠡᠵᠦ᠂ ︽ᠨᠤᠲᠤᠭ ᠠᠴᠠ ᠪᠠᠨ ᠰᠠᠯᠬᠤ ᠶᠢᠨ ᠠᠷᠭ᠎ᠠ ᠥᠬᠡᠶ᠂ ᠲᠡᠳᠬᠦᠵᠦ | ᠪᠣᠯᠬᠤ ᠠᠵᠢᠯ ᠥᠬᠡᠶ︾ ᠮᠥᠷᠲᠡᠭᠡᠨ ᠠᠵᠢᠯ ᠤᠨ ᠪᠠᠶᠢᠷᠢ ᠶᠢᠨ ᠠᠵᠢᠯ ᠢ ᠬᠢᠵᠦ ᠳᠡᠶᠢᠯᠬᠦ ᠴᠢᠳᠠᠪᠤᠷᠢ ᠲᠠᠢ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠲᠣᠬᠢᠲᠠᠶ ᠲᠥᠪᠬᠢᠨᠡᠭᠦᠯᠬᠦ ᠬᠡᠷᠡᠭᠲᠡᠶ᠃ ᠣᠨᠳᠣᠣ ᠭᠠᠵᠠᠷ ᠲᠤ | ᠨᠡᠭᠦᠯᠭᠡᠭᠰᠡᠨ ᠤ ᠳᠠᠷᠠᠭᠠᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ | ᠶᠠᠳᠠᠭᠤ ᠠᠴᠠ ᠠᠩᠭᠢᠵᠢᠷᠠᠭᠰᠠᠨ ᠬᠤᠰᠢᠭᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ | ᠠᠵᠢᠯᠴᠢᠨ ᠤ ᠳᠡᠭᠡᠳᠦ ᠰᠤᠷᠭᠠᠭᠤᠯᠢ︶ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠪᠤᠳᠤᠭᠠᠷ ᠬᠡᠰᠡᠭ ᠪᠤᠰᠤᠳ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ ᠠᠵᠢᠯ ᠢ | ᠨᠢᠭᠡᠳᠦᠯᠲᠡᠢ ᠲᠥᠯᠥᠪᠯᠡᠨ ᠠᠬᠢᠭᠤᠯᠤᠨ᠎ᠠ | ᠠᠵᠢᠯ ᠠᠯᠳᠠᠭᠰᠠᠳ ᠢ ᠪᠠᠶᠢᠩᠭᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠠᠵᠢᠯ | ᠠᠯᠳᠠᠭᠰᠠᠳ ᠲᠤ ᠳᠠᠬᠢᠨ ᠠᠵᠢᠯ ᠣᠯᠭᠤᠬᠤ ᠠᠰᠠᠭᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ | ᠠᠯᠳᠠᠭᠰᠠᠳ ᠤᠨ ᠲᠤᠰᠠᠯᠠᠮᠵᠢ ᠭᠤᠶᠤᠴᠢᠯᠠᠬᠤ ᠠᠷᠭ᠎ᠠ ᠵᠠᠮ ᠢ ᠰᠢᠯᠤᠭᠤᠳᠬᠠᠵᠤ᠂ ᠦᠨᠳᠦᠰᠦᠨ ᠠᠮᠢᠳᠤᠷᠠᠯ ᠢ | ᠪᠠᠲᠤᠯᠠᠨ᠎ᠠ᠃ ᠠᠵᠢᠯ ᠣᠯᠭᠤᠯᠲᠠ ᠶᠢᠨ ᠲᠤᠰᠠᠯᠠᠮᠵᠢ ᠶᠢᠨ ᠲᠦᠷᠢᠮ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠵᠤ ᠦᠢᠯᠡᠰ᠂ ᠲᠥᠷᠥᠯ ᠵᠦᠢᠯ᠂ ᠴᠢᠳᠠᠪᠤᠷᠢᠲᠠᠨ᠂ ᠪᠠᠯᠠ ᠮᠥᠩᠭᠦ ᠵᠡᠷᠭᠡ ᠳᠡᠮᠵᠢᠯᠭᠡ ᠶᠢᠨ | ᠡᠷᠴᠢᠮ ᠢ ᠴᠢᠩᠭᠠᠷᠠᠭᠤᠯᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠬᠡᠨ ᠤ ᠲᠠᠪᠴᠠᠩ ᠳᠤ | ᠲᠦᠰᠢᠭᠯᠡᠨ᠂ ᠲᠥᠷᠥᠯ ᠬᠤᠪᠢᠶᠠᠨ ᠪᠠᠲᠤᠯᠠᠵᠤ᠂ ᠣᠯᠠᠨ ᠲᠠᠯ᠎ᠠ ᠪᠠᠷ ᠬᠦᠴᠦᠯᠡᠵᠦ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢᠨ ᠦᠨᠳᠦᠰᠦᠨ ᠵᠦᠢᠯ ᠢ ᠪᠠᠲᠤᠯᠠᠵᠤ ᠲᠥᠪᠬᠢᠨᠡᠭᠦᠯᠬᠦ ᠵᠡᠷᠭᠡ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ ᠲᠤ ᠴᠠᠭ | ᠲᠤᠬᠠᠶ ᠳᠤᠨᠢ ᠪᠦᠲᠦᠮᠵᠢᠲᠡᠶ ᠠᠵᠢᠯ ᠣᠯᠭᠤᠯᠲᠠ ᠶᠢᠨ ᠬᠠᠪᠰᠤᠷᠤᠯᠭ᠎ᠠ ᠳᠡᠮᠵᠢᠯᠭᠡ ᠬᠠᠩᠭᠠᠨ᠎ᠠ᠃ ᠠᠵᠢᠯ ᠲᠠᠢ ᠬᠥᠮᠦᠨ | ᠦᠭᠡᠢ ᠭᠡᠷ ᠪᠦᠯᠢ ᠶᠢᠨ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ︽ᠨᠢᠭᠡ ᠳᠤ ᠨᠢᠭᠡ︾ ᠠᠵᠢᠯ | ᠣᠯᠭᠤᠯᠲᠠ ᠶᠢᠨ ᠲᠤᠰᠠᠯᠠᠮᠵᠢ ᠬᠠᠩᠭᠠᠵᠤ᠂ ᠠᠵᠢᠯ ᠲᠠᠢ ᠬᠥᠮᠦᠨ ᠦᠭᠡᠢ ᠭᠡᠷ ᠪᠦᠯᠢ ᠶᠢᠨ ᠠᠰᠠᠭᠤᠳᠠᠯ ᠢ | ᠬᠥᠳᠡᠯᠦᠩᠭᠦᠢ ᠪᠠᠶᠢᠳᠠᠯ ᠢᠶᠠᠷ ᠰᠢᠢᠳᠪᠦᠷᠢᠯᠡᠬᠦ ᠶᠢ ᠪᠠᠲᠤᠯᠠᠨ᠎ᠠ᠃ ᠡᠮᠡᠭᠲᠡᠶᠢᠴᠦᠳ ᠤᠨ ᠡᠷᠬᠡ ᠲᠡᠭᠰᠢ ᠪᠠᠷ ᠠᠵᠢᠯ | ᠤᠯᠬᠤ ᠶᠢ ᠳᠡᠮᠵᠢᠵᠦ᠂ ᠬᠦᠢᠰᠦ ᠶᠢᠨ ᠢᠯᠭᠠᠯ ᠤᠨ ᠭᠠᠳᠠᠭᠤᠷᠴᠢᠯᠠᠯ ᠢ ᠡᠷᠡᠰ ᠵᠠᠯᠠᠷᠠᠭᠤᠯᠤᠨ᠂ ᠡᠮᠡᠭᠲᠡᠶᠢᠴᠦᠳ ᠤᠨ | ᠡᠷᠬᠡ ᠲᠡᠭᠰᠢ ᠪᠠᠷ ᠠᠵᠢᠯ ᠤᠯᠬᠤ ᠡᠷᠬᠡ ᠠᠰᠢᠭ ᠢ ᠪᠠᠲᠤᠯᠠᠵᠤ᠂ ᠡᠮᠡᠭᠲᠡᠶᠢᠴᠦᠳ ᠤᠨ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠶᠢ ᠵᠣᠷᠢᠭᠵᠢᠭᠤᠯᠤᠨ᠎ᠠ᠃ ᠵᠡᠮᠳᠡᠭᠴᠦᠳ ᠲᠤ ᠠᠵᠢᠯ ᠣᠯᠭᠤᠬᠤ ᠶᠢ ᠳᠡᠮᠵᠢᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠵᠡᠮᠳᠡᠭᠴᠦᠳ ᠲᠤ ᠠᠵᠢᠯ ᠣᠯᠭᠤᠬᠤ ᠠᠳᠠᠯ ᠦᠢᠯᠡᠰ ᠪᠣᠰᠬᠠᠬᠤ ᠪᠣᠶᠢᠵᠢᠭᠤᠯᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠳᠬᠦᠵᠦ᠂ ᠵᠡᠮᠳᠡᠭᠴᠦᠳ ᠲᠤ ᠬᠠᠷᠢᠴᠠᠯ ᠶᠣᠰᠣᠭᠠᠷ ᠠᠵᠢᠯ | ᠣᠯᠭᠤᠬᠤ ᠳᠦᠷᠢᠮ ᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠵᠡᠮᠳᠡᠭᠴᠦᠳ ᠲᠤ ᠲᠤᠰᠠᠯᠠᠬᠤ ᠴᠢᠨᠠᠷᠲᠠᠶ ᠠᠵᠢᠯ | ᠣᠯᠭᠤᠬᠤ ᠪᠠ ᠠᠮᠢᠳᠤᠯᠢᠭ ᠢᠶᠠᠷ ᠠᠵᠢᠯ ᠣᠯᠭᠤᠬᠤ ᠶᠢ ᠠᠬᠢᠭᠤᠯᠤᠨ᠎ᠠ᠃ ᠠᠵᠢᠯ ᠣᠯᠭᠤᠯᠲᠠ ᠶᠢᠨ ᠭᠠᠳᠠᠭᠤᠷᠴᠢᠯᠠᠯ ᠢ | ᠡᠷᠡᠰ ᠵᠠᠯᠠᠷᠠᠭᠤᠯᠵᠤ᠂ ᠠᠵᠢᠯ ᠣᠯᠭᠤᠯᠲᠠ ᠶᠢᠨ ᠲᠤᠬᠠᠢ ᠵᠦᠢ ᠵᠤᠬᠢᠰ ᠦᠭᠡᠢ ᠬᠢᠵᠠᠭᠠᠷᠯᠠᠯ ᠢ ᠠᠷᠢᠯᠭᠠᠨ᠎ᠠ᠃ | ᠲᠠᠪᠤᠳᠤᠭᠠᠷ ᠪᠦᠯᠦᠭ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠳᠠᠯ | ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠎ᠠ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠵᠦ᠂ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠳᠤ ᠠᠰᠢᠭᠲᠠᠢ ᠬᠥᠭᠵᠢᠯᠲᠡ ᠶᠢᠨ ᠰᠠᠶᠢᠨ | ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠪᠦᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ | ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠣᠷᠣᠨ ᠪᠦᠰᠡ ᠶᠢᠨ ᠴᠢᠨᠠᠷᠲᠠᠢ᠂ | ᠶᠡᠷᠦᠩᠬᠡᠶᠢᠯᠡᠭᠰᠡᠨ ᠴᠢᠨᠠᠷᠲᠠᠢ ᠠᠳᠠᠯ ᠦᠢᠯᠡᠰ ᠴᠣᠭᠴᠠᠯᠠᠬᠤ ᠠᠮᠢ ᠠᠬᠤᠢ ᠶᠢ ᠲᠡᠭᠦᠯᠳᠡᠷᠵᠢᠭᠦᠯᠦᠨ᠂ ᠵᠠᠬ᠎ᠠ | ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠡᠩ ᠶᠡᠭᠡ ᠪᠠᠷ ᠬᠥᠭᠵᠢᠭᠡᠵᠦ᠂ | ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ᠂ ᠡᠯ᠎ᠡ ᠲᠦᠷᠦᠯ ᠤᠨ ᠬᠥᠮᠦᠰ ᠤᠨ ᠠᠳᠠᠯ ᠦᠢᠯᠡᠰ | ᠴᠣᠭᠴᠠᠯᠠᠬᠤ ᠬᠠᠯᠠᠭᠤᠨ ᠰᠡᠳᠬᠢᠯᠭᠡ ᠶᠢ ᠦᠷᠭᠦᠯᠵᠢᠯᠡᠨ ᠨᠡᠮᠡᠭᠳᠡᠭᠦᠯᠦᠨ᠂ ᠠᠳᠠᠯ ᠦᠢᠯᠡᠰ ᠴᠣᠭᠴᠠᠯᠠᠬᠤ ᠬᠥᠳᠡᠯᠭᠡᠭᠴᠢ | ᠡᠨᠧᠷᠭᠢ ᠶᠢ ᠭᠦᠢᠴᠡᠳ ᠪᠠᠳᠠᠷᠠᠭᠤᠯᠵᠤ᠂ ᠠᠵᠢᠯ ᠣᠯᠭᠤᠯᠲᠠ ᠶᠢ ᠠᠬᠢᠭᠤᠯᠬᠤ ᠳᠤ ᠬᠦᠴᠦᠲᠡᠢ ᠲᠦᠰᠢᠭ ᠲᠤᠯᠭᠠᠭᠤᠷᠢ | ᠬᠠᠩᠭᠠᠨ᠎ᠠ᠃ | ᠨᠢᠭᠡᠳᠦᠭᠡᠷ ᠬᠡᠰᠡᠭ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠪᠠ ᠵᠠᠰᠠᠭ ᠤᠨ ᠣᠷᠳᠣᠨ ᠤ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ | ᠬᠦᠢᠴᠡᠳᠭᠡᠬᠦ︾᠂ ︽ᠨᠢᠭᠡ ᠤᠳᠠᠭ᠎ᠠ ᠳᠤ ᠰᠠᠶᠢᠲᠤᠷ ᠬᠦᠢᠴᠡᠳᠭᠡᠬᠦ︾᠂ ︽ᠨᠢᠭᠡ ᠬᠡᠯᠬᠢᠶ᠎ᠡ ᠪᠠᠷ ᠬᠦᠢᠴᠡᠳᠬᠡᠬᠦ︾ ᠶᠢ | ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ ᠲᠡᠷᠢᠭᠦᠨ ᠤ ᠦᠢᠯᠡᠴᠢᠯᠡᠬᠡᠨ ᠤ ᠣᠷᠴᠢᠨ ᠨᠥᠬᠦᠴᠡᠯ ᠢ ᠪᠣᠶ | ᠪᠣᠯᠭᠠᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠪᠠ ᠳᠦᠷᠢᠮ ᠤᠨ ᠴᠢᠨᠠᠷᠲᠠᠢ | ᠠᠷᠠᠯᠵᠢᠶᠠᠨ ᠤ ᠥᠪᠡᠷ ᠤᠨ ᠦᠷᠲᠡᠭ ᠢ ᠪᠠᠭᠤᠷᠠᠭᠤᠯᠵᠤ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ | ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠠᠮᠤᠭ ᠤᠨ ᠶᠡᠭᠡ ᠬᠡᠮᠵᠢᠶ᠎ᠡ ᠪᠠᠷ | ᠠᠷᠢᠯᠭᠠᠵᠤ᠂ ᠨᠡᠩ ᠠᠮᠢᠵᠢᠷᠠᠯ ᠤᠨ ᠬᠦᠴᠦᠨ ᠲᠠᠢ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠪᠤᠢ | ᠪᠣᠯᠭᠠᠨ᠎ᠠ᠃ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠥᠪᠡᠷ ᠤᠨ ᠥᠷᠲᠡᠭ ᠢ ᠤᠯᠠᠮ ᠨᠢᠭᠡ | ᠠᠯᠬᠤᠮ ᠪᠠᠭᠤᠷᠠᠭᠤᠯᠤᠨ᠎ᠠ᠃ ᠲᠣᠮᠣ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠡᠬᠢ ᠪᠠᠶᠠᠯᠢᠭ᠂ | ᠲᠠᠯᠠᠪᠤᠷ ᠭᠠᠵᠠᠷ᠂ ᠬᠡᠷᠡᠭᠯᠡᠭᠡᠨ ᠪᠠ ᠬᠡᠷᠡᠭᠴᠡᠭᠡ ᠱᠠᠭᠠᠷᠳᠠᠯᠭ᠎ᠠ ᠪᠠᠨ ᠴᠢᠯᠥᠭᠡᠲᠡᠶ ᠨᠡᠭᠡᠭᠡᠬᠦ ᠶᠢ ᠵᠣᠷᠢᠭᠵᠢᠭᠤᠯᠵᠤ᠂ ᠠᠵᠤ | ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠳᠤ ᠰᠠᠭᠤᠷᠢᠯᠠᠭᠰᠠᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠣᠷᠴᠢᠨ ᠢ ᠪᠣᠶ ᠪᠣᠯᠭᠠᠨ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠮᠳᠠ ᠳᠤᠤᠷᠠᠳᠤ ᠤᠷᠤᠰᠬᠠᠯ | ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠬᠦᠢᠯᠬᠡᠬᠡᠨ ᠤ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠪᠠᠯᠠ ᠲᠣᠬᠢᠷᠠᠭᠤᠯᠬᠤ ᠣᠷᠴᠢᠨ | ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠵᠢᠭᠡᠯᠡᠯᠭᠡ ᠶᠢᠨ ᠲᠡᠮᠳᠡᠭᠲᠦ᠂ ᠰᠲ᠋ᠣᠺ ᠤᠨ ᠡᠷᠬᠡ ᠵᠡᠷᠭᠡ | ᠪᠠᠯᠠ ᠲᠣᠬᠢᠷᠠᠭᠤᠯᠬᠤ ᠶᠢ ᠳᠡᠮᠵᠢᠬᠦ ᠪᠠᠭᠠᠵᠢ ᠶᠢ ᠲᠡᠭᠦᠯᠳᠡᠷᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠰᠢᠭᠤᠳ ᠪᠠᠯᠠ ᠲᠣᠬᠢᠷᠠᠭᠤᠯᠬᠤ ᠠᠷᠭ᠎ᠠ ᠵᠠᠮ ᠢᠶᠠᠨ ᠥᠷᠭᠡᠳᠬᠡᠬᠦ ᠶᠢ ᠳᠡᠮᠵᠢᠨ᠎ᠡ᠃ ᠡᠯ᠎ᠡ ᠲᠥᠷᠥᠯ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠡᠬᠢ ᠪᠠᠶᠠᠯᠢᠭ᠂ ᠶᠡᠭᠡ ᠳᠡᠭᠡᠳᠦ ᠰᠤᠷᠭᠠᠭᠤᠯᠢ ᠶᠢᠨ ᠰᠤᠳᠤᠯᠤᠨ ᠨᠡᠭᠡᠭᠡᠬᠦ ᠡᠬᠢ | ᠪᠠᠶᠠᠯᠢᠭ ᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠴᠢᠯᠥᠭᠡᠲᠡᠶ | ᠨᠡᠭᠡᠭᠡᠬᠦ ᠶᠢ ᠳᠡᠮᠵᠢᠵᠦ᠂ ᠨᠠᠩ ᠣᠯᠠᠨ ᠠᠳᠠᠯ ᠦᠢᠯᠡᠰ ᠴᠣᠭᠴᠠᠯᠠᠬᠤ ᠠᠵᠠ ᠲᠣᠬᠢᠶᠠᠯ ᠢ ᠡᠭᠦᠳᠦᠨ᠎ᠡ᠃ ᠠᠳᠠᠯ | ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠠᠮ ᠬᠦᠦ ᠲᠠᠢ | ᠪᠡᠯᠡ ᠮᠥᠩᠭᠦ ᠶᠢ ᠵᠦᠢ ᠵᠣᠬᠢᠰᠲᠠᠶ ᠲᠣᠬᠢᠷᠠᠭᠤᠯᠤᠨ᠂ ᠳᠠᠭᠠᠭᠠᠯᠲᠠ ᠶᠢᠨ ᠰᠠᠭᠤᠷᠢ ᠮᠥᠩᠭᠦ ᠶᠢᠨ ᠬᠡᠪᠴᠢᠶ᠎ᠡ ᠶᠢ | ᠵᠣᠬᠢᠬᠤ ᠬᠡᠮᠵᠢᠶ᠎ᠡ ᠪᠠᠷ ᠥᠷᠭᠡᠳᠬᠡᠵᠦ᠂ ᠵᠢᠭᠡᠯᠡᠯᠭᠡ ᠶᠢᠨ ᠳᠥᠭᠦᠮ ᠦᠵᠡᠭᠦᠯᠬᠦ ᠬᠡᠮᠵᠢᠶ᠎ᠡ ᠪᠠ ᠲᠥᠷᠥ ᠶᠢᠨ | ᠪᠣᠳᠣᠯᠭ᠎ᠠ ᠶᠢᠨ ᠬᠦᠷᠲᠡᠭᠡᠯ ᠤᠨ ᠲᠥᠷᠥᠭᠳᠡᠯ ᠢ ᠳᠡᠭᠡᠭᠰᠢᠯᠡᠭᠦᠯᠦᠨ᠎ᠡ᠃ ᠠᠩᠬ᠎ᠠ ᠡᠭᠦᠳᠬᠦ ᠠᠵᠤ ᠠᠬᠤᠶᠢᠯᠠᠯ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠳᠠᠯ | ᠦᠢᠯᠡᠰ ᠴᠣᠭᠴᠠᠯᠠᠬᠤ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠠᠩᠬ᠎ᠠ ᠡᠭᠦᠳᠬᠦ ᠠᠵᠤ | ᠠᠬᠤᠶᠢᠯᠠᠯ ᠤᠨ ᠠᠮᠵᠢᠯᠲᠠ ᠣᠯᠬᠤ ᠨᠣᠷᠮ᠎ᠠ ᠪᠠ ᠦᠷᠭᠦᠯᠵᠢᠯᠡᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠳᠤᠭᠠᠷ ᠬᠡᠰᠡᠭ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ | ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠵᠤ᠂ ᠪᠦᠬᠦ ᠠᠮᠢ ᠠᠬᠤᠶ ᠶᠢᠨ᠂ ᠲᠤᠰᠬᠠᠶᠢᠵᠢᠭᠰᠠᠨ᠂ ᠣᠯᠠᠨ ᠳᠡᠰ | ᠳᠠᠪᠬᠤᠷᠭ᠎ᠠ ᠶᠢᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠤᠶ ᠪᠣᠯᠭᠠᠨ᠎ᠠ᠃ | ᠦᠢᠯᠡᠴᠢᠯᠡᠬᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ | ᠦᠢᠯᠡᠴᠢᠯᠡᠬᠡᠨ ᠤ ᠲᠤᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠠᠳᠠᠯ ᠦᠢᠯᠡᠰ ᠴᠣᠭᠴᠠᠯᠠᠭᠰᠠᠳ ᠲᠤ ᠲᠥᠷᠥ ᠶᠢᠨ | ᠪᠣᠳᠣᠯᠭ᠎ᠠ᠂ ᠲᠥᠷᠥᠯ ᠵᠦᠢᠯ ᠤᠨ ᠲᠠᠨᠢᠯᠴᠠᠭᠤᠯᠭ᠎ᠠ᠂ ᠠᠳᠠᠯ ᠦᠢᠯᠡᠰ ᠴᠣᠭᠴᠠᠯᠠᠬᠤ ᠵᠢᠯᠣᠭᠤᠳᠣᠯᠭ᠎ᠠ᠂ ᠪᠠᠯᠠ | ᠲᠣᠬᠢᠷᠠᠭᠤᠯᠭ᠎ᠠ ᠶᠢ ᠵᠣᠯᠭᠠᠭᠤᠯᠬᠤ ᠵᠡᠷᠭᠡ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠨ᠎ᠠ᠃ | ᠪᠣᠯᠪᠠᠰᠤᠷᠠᠭᠤᠯᠤᠯ ᠤᠨ ᠳᠦᠷᠢᠮ ᠢ ᠪᠦᠷᠢᠨᠰᠢᠭᠦᠯᠵᠦ᠂ ᠪᠣᠯᠪᠠᠰᠤᠷᠠᠭᠤᠯᠤᠯ ᠤᠨ ᠡᠬᠢ ᠪᠠᠶᠠᠯᠢᠭ ᠢ ᠰᠢᠯᠢᠳᠡᠭᠵᠢᠭᠦᠯᠦᠨ᠂ | ᠪᠣᠯᠪᠠᠰᠤᠷᠠᠭᠤᠯᠤᠯ ᠤᠨ ᠵᠠᠭᠪᠤᠷ ᠤᠨ ᠰᠢᠨ᠎ᠡ ᠶᠢ ᠡᠭᠦᠳᠴᠦ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠬᠥᠳᠡᠯᠮᠦᠷᠢᠯᠡᠭᠴᠢᠳ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠪᠣᠶᠢᠵᠢᠭᠤᠯᠬᠤ ᠰᠠᠭᠤᠷᠢᠨ | ᠭᠠᠵᠠᠷ︶ ᠵᠡᠷᠭᠡ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ | ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠠᠳᠠᠯ ᠦᠢᠯᠡᠰ ᠴᠣᠭᠴᠠᠯᠠᠬᠤ ᠪᠣᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠪᠣᠶ ᠪᠣᠯᠭᠠᠵᠤ᠂ ᠨᠢᠭᠡ ᠪᠦᠯᠦᠭ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠲᠠᠢ ᠠᠳᠠᠯ ᠦᠢᠯᠡᠰ | ᠴᠣᠭᠴᠠᠯᠠᠬᠤ ᠬᠦᠷᠢᠶᠡᠯᠡᠩ ︵ᠪᠣᠶᠢᠵᠢᠭᠤᠯᠬᠤ ᠰᠠᠭᠤᠷᠢᠨ ᠭᠠᠵᠠᠷ︶ ᠪᠠ ︽ᠳᠥᠷᠪᠡᠨ ᠣᠯᠠᠨ︾ ᠠᠳᠠᠯ ᠦᠢᠯᠡᠰ | ᠴᠣᠭᠴᠠᠯᠠᠬᠤ ᠲᠤᠯᠭᠠᠭᠤᠷᠢᠯᠠᠯ ᠤᠨ ᠲᠠᠪᠴᠠᠩ ᠢ ᠬᠥᠭᠵᠢᠭᠦᠯᠦᠨ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ | ᠬᠠᠮᠵᠢᠯᠴᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠠᠵᠤ ᠦᠢᠯᠡᠰᠵᠢᠬᠦᠯᠦᠨ ᠬᠠᠮᠲᠤᠷᠠᠯᠴᠠᠬᠤ ᠲᠣᠭᠲᠠᠴᠠ ᠶᠢ | ᠪᠠᠶᠢᠭᠤᠯᠵᠤ᠂ ᠨᠢᠭᠡ ᠪᠦᠯᠦᠭ ᠦᠢᠯᠡᠳᠬᠦ ᠦᠢᠯᠡᠰ ᠤᠨ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ | ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ ᠪᠠ ᠦᠢᠯᠡᠳᠬᠦ ᠦᠢᠯᠡᠰ ᠤᠨ ︽ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ︾ ᠦᠢᠯᠡᠴᠢᠯᠡᠬᠡᠨ ᠤ ᠲᠠᠪᠴᠠᠩ ᠢ ᠳᠡᠮᠵᠢᠨ ᠪᠠᠶᠢᠭᠤᠯᠵᠤ᠂ ᠬᠠᠷᠢᠯᠴᠠᠨ ᠨᠦᠬᠦᠪᠦᠷᠢᠯᠡᠨ᠎ᠡ᠃ ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ︽ᠴᠠᠬᠢᠷᠮ᠎ᠠ ᠲᠥᠯᠥᠪᠯᠡᠭᠡ︾ ᠶᠢ ᠡᠬᠢᠯᠡᠭᠦᠯᠵᠦ᠂ ᠠᠳᠠᠯ ᠦᠢᠯᠡᠰ | ᠴᠣᠭᠴᠠᠯᠠᠬᠤ ᠪᠠᠭᠰᠢ ᠪᠣᠯᠤᠨ ᠠᠳᠠᠯ ᠦᠢᠯᠡᠰ ᠴᠣᠭᠴᠠᠯᠠᠬᠤ ᠶᠢ ᠵᠢᠯᠣᠭᠤᠳᠬᠤ ᠲᠤᠰᠬᠠᠶ ᠮᠡᠷᠭᠡᠵᠢᠯᠲᠡᠨ ᠤ ᠡᠩᠨᠡᠭᠡ ᠶᠢ | ᠰᠢᠯᠢᠳᠡᠭᠵᠢᠭᠦᠯᠦᠨ᠂ ᠠᠳᠠᠯ ᠦᠢᠯᠡᠰ ᠴᠣᠭᠴᠠᠯᠠᠬᠤ ᠵᠢᠯᠣᠭᠤᠳᠣᠭᠴᠢ ᠲᠤᠰᠬᠠᠶ ᠮᠡᠷᠭᠡᠵᠢᠯᠲᠡᠨ ᠤ ᠬᠥᠮᠥᠷᠭᠡ ᠶᠢ | ᠪᠡᠯᠡᠳᠬᠡᠨ ᠪᠠᠶᠢᠭᠤᠯᠵᠤ᠂ ᠠᠳᠠᠯ ᠦᠢᠯᠡᠰ ᠴᠣᠭᠴᠠᠯᠠᠭᠴᠢ ᠳᠤ ᠥᠪᠡᠷ ᠤᠨ ᠥᠷᠲᠡᠭ ᠢᠶᠠᠷ ᠳᠤᠤᠷ᠎ᠠ᠂ ᠪᠥᠬᠦ ᠬᠦᠴᠦᠨ | ᠵᠦᠢᠯ ᠲᠠᠢ᠂ ᠳᠥᠭᠦᠮ ᠳᠥᠲᠡ ᠪᠠᠶᠢᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠨ᠎ᠠ᠃ | ᠭᠤᠷᠪᠠᠳᠤᠭᠠᠷ ᠬᠡᠰᠡᠭ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠮᠢᠳᠤᠯᠢᠭ ᠬᠦᠴᠦᠨ ᠢ | ᠬᠥᠭᠵᠢᠭᠡᠨ᠎ᠡ | ︽ᠠᠳᠠᠯ ᠦᠢᠯᠡᠰ ᠴᠣᠭᠴᠠᠯᠠᠬᠤ ᠠᠯᠠᠱᠨ︾ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ | ᠭᠤᠣᠯᠳᠠᠯᠭ᠎ᠠ ᠲᠠᠢ ᠬᠦᠮᠦᠰ ᠤᠨ ᠠᠳᠠᠯ ᠦᠢᠯᠡᠰ ᠴᠣᠭᠴᠠᠯᠠᠬᠤ ᠶᠢ ᠳᠡᠮᠵᠢᠨ᠎ᠡ᠃ ᠳᠡᠭᠡᠳᠦ ᠰᠤᠷᠭᠠᠭᠤᠯᠢ | ᠲᠡᠭᠦᠰᠦᠭᠰᠡᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠪᠠ ᠬᠥᠲᠥᠯᠥᠨ | ᠵᠢᠯᠣᠭᠤᠳᠴᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠳᠠᠯᠳᠠ ᠬᠦᠴᠦᠨ ᠢᠶᠠᠷ ᠶᠡᠭᠡ᠂ | ᠳᠠᠶᠢᠴᠢᠯᠠᠬᠤ ᠦᠢᠯᠡᠳᠦᠯ ᠢᠶᠠᠷ ᠲᠣᠪᠤᠶᠢᠮ᠎ᠠ᠂ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠲᠤᠯᠭᠠᠮ᠎ᠠ ᠦᠢᠯᠡᠴᠢᠯᠡᠭᠡᠨ ᠤ | ᠬᠦᠷᠢᠶᠡᠨ ᠳᠤ ᠢᠳᠡᠪᠬᠢᠲᠡᠶ ᠣᠷᠣᠯᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠬᠡᠷᠡᠭᠲᠡᠶ᠃ ᠬᠦᠴᠦ | ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠠᠩ ᠣᠯᠠᠨ ᠬᠥᠳᠡᠯᠮᠦᠷᠢ ᠬᠦᠴᠦᠨ ᠳᠤ ᠠᠵᠢᠯ | ᠣᠯᠭᠤᠬᠤ ᠶᠢ ᠳᠠᠶᠢᠴᠢᠯᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠠᠵᠢᠯ ᠤᠨ | ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ᠂ ᠠᠮᠢᠳᠤᠯᠢᠭ ᠢᠶᠠᠷ ᠠᠵᠢᠯ ᠣᠯᠤᠭᠰᠠᠳ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠶᠢ ᠲᠡᠳᠬᠦᠬᠦ ᠡᠷᠴᠢᠮ ᠢ ᠴᠢᠩᠭᠠᠷᠠᠭᠤᠯᠤᠨ᠂ ᠬᠤᠲᠠ ᠪᠠᠯᠭᠠᠰᠤ ᠶᠢᠨ ᠠᠵᠢᠯ ᠠᠯᠳᠠᠭᠰᠠᠳ ᠵᠡᠷᠭᠡ ᠪᠤᠰᠤᠳ | ᠡᠯ᠎ᠡ ᠲᠥᠷᠥᠯ ᠤᠨ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠬᠤ ᠶᠢ ᠠᠬᠢᠭᠤᠯᠤᠨ᠎ᠠ᠃ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠪᠠ | ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠬᠡᠯᠪᠡᠷᠢ ᠶᠢᠨ ᠬᠤᠲᠠ ᠶᠢ | ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠢᠨᠵᠧᠨᠧᠷᠢᠩ ᠪᠠ ︽ᠪᠠᠭ᠎ᠠ ᠬᠡᠮᠵᠢᠶ᠎ᠡ ᠪᠠᠷ ᠳᠡᠭᠡᠭᠰᠢᠯᠡᠭᠦᠯᠬᠦ︾ ᠠᠬᠢᠭᠤᠯᠬᠤ ᠠᠵᠢᠯᠯᠠᠭ᠎ᠠ᠂ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠡᠮᠡᠭᠲᠡᠶᠢᠴᠦᠳ ᠤᠨ ᠠᠵᠢᠯᠯᠠᠭ᠎ᠠ ᠵᠡᠷᠭᠡ ᠶᠢ ᠬᠡᠷᠡᠭᠵᠢᠭᠦᠯᠵᠦ᠂ ᠨᠡᠶᠢᠭᠡᠮ | ᠳᠠᠶᠠᠭᠠᠷ ᠲᠤ ᠠᠳᠠᠯ ᠦᠢᠯᠡᠰ ᠴᠣᠭᠴᠠᠯᠠᠬᠤ ᠬᠡᠪ ᠰᠤᠷᠲᠠᠯ ᠢ ᠶᠡᠬᠡᠪᠡᠷ ᠪᠠᠳᠠᠷᠠᠭᠤᠯᠤᠨ᠂ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠨ᠎ᠡ᠃ | ᠵᠢᠷᠭᠤᠳᠤᠭᠠᠷ ᠪᠦᠯᠦᠭ ᠪᠠᠶᠢᠳᠠᠯ ᠢ ᠲᠠᠭᠠᠨ ᠠᠵᠢᠯᠯᠠᠬᠤ ᠶᠢ ᠪᠠᠷᠢᠮᠲᠠᠯᠠᠵᠤ᠂ ᠤᠯᠠᠨ ᠠᠷᠭ᠎ᠠ ᠵᠠᠮ ᠢᠶᠠᠷ | ᠠᠮᠢᠳᠤᠯᠢᠭ ᠢᠶᠠᠷ ᠠᠵᠢᠯ ᠣᠯᠭᠤᠬᠤ ᠶᠢ ᠲᠡᠮᠵᠢᠨ᠎ᠠ | ᠵᠠᠬ᠎ᠠ ᠳᠡᠯᠭᠡᠭᠦᠷ ᠢᠶᠠᠷ ᠬᠥᠲᠥᠯᠥᠨ ᠵᠢᠯᠣᠭᠤᠳᠣᠭᠤᠯᠬᠤ ᠪᠠ ᠵᠠᠰᠠᠭ ᠤᠨ ᠣᠷᠳᠣᠨ ᠢᠶᠠᠷ ᠬᠥᠲᠥᠯᠥᠨ | ᠵᠢᠯᠣᠭᠤᠳᠣᠭᠤᠯᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠂ ᠴᠢᠯᠥᠭᠡᠲᠡᠶ ᠠᠮᠢᠳᠤᠯᠢᠭ ᠪᠥᠭᠡᠳ | ᠵᠢᠷᠤᠮᠵᠢᠯ ᠲᠠᠢ ᠡᠮᠬᠢ ᠵᠢᠷᠤᠮ ᠲᠠᠢ ᠪᠠᠶᠢᠯᠭᠠᠬᠤ ᠶᠢ ᠵᠡᠷᠭᠡ ᠳᠤᠨᠢ ᠠᠳᠬᠤᠵᠤ᠂ ᠡᠯ᠎ᠡ ᠵᠦᠢᠯ ᠤᠨ ᠵᠦᠶ ᠵᠣᠬᠢᠰ ᠦᠭᠡᠶ | ᠬᠢᠵᠠᠭᠠᠷᠯᠠᠯ ᠢ ᠠᠷᠢᠯᠭᠠᠨ᠂ ᠠᠵᠢᠯ ᠣᠯᠭᠤᠬᠤ ᠠᠮᠢᠳᠤᠯᠢᠭ ᠠᠷᠭ᠎ᠠ ᠵᠠᠮ ᠢ ᠥᠷᠭᠡᠵᠢᠭᠦᠯᠵᠦ᠂ ᠲᠥᠷᠥ ᠶᠢᠨ | ᠪᠣᠳᠣᠯᠭ᠎ᠠ ᠶᠢᠨ ᠦᠢᠯᠡᠴᠢᠯᠡᠬᠡᠨ ᠤ ᠬᠠᠩᠭᠠᠯᠭ᠎ᠠ ᠶᠢ ᠴᠢᠩᠭᠠᠷᠠᠭᠤᠯᠤᠨ᠂ ᠠᠵᠢᠯ ᠣᠯᠭᠤᠬᠤ ᠠᠮᠢᠳᠤᠯᠢᠭ ᠲᠣᠬᠢᠶᠠᠯ ᠢ | ᠨᠡᠩ ᠣᠯᠠᠨ ᠡᠭᠦᠳᠴᠦ᠂ ᠠᠵᠢᠯ ᠣᠯᠭᠤᠬᠤ ᠰᠢᠨ᠎ᠡ ᠬᠡᠯᠪᠡᠷᠢ ᠪᠠᠶᠢᠳᠠᠯ ᠢ ᠳᠡᠮᠵᠢᠨ ᠵᠢᠷᠤᠮᠵᠢᠭᠤᠯᠵᠤ᠂ | ᠠᠮᠢᠳᠤᠯᠢᠭ ᠢᠶᠠᠷ ᠠᠵᠢᠯ ᠣᠯᠭᠤᠬᠤ ᠶᠢ ᠪᠠᠲᠤᠯᠠᠨ ᠳᠡᠮᠵᠢᠬᠦ ᠡᠷᠴᠢᠮ ᠢ ᠨᠡᠮᠡᠭᠳᠡᠭᠦᠯᠦᠨ᠎ᠡ᠃ | ᠨᠢᠭᠡᠳᠦᠭᠡᠷ ᠬᠡᠰᠡᠭ ᠬᠤᠪᠢ ᠶᠢᠨ ᠡᠵᠡᠩᠨᠡᠯᠲᠡ ᠶᠢᠨ ᠬᠥᠭᠵᠢᠯᠲᠡ ᠶᠢ ᠵᠣᠷᠢᠭᠵᠢᠭᠤᠯᠤᠨ᠎ᠠ | ᠬᠥᠳᠡᠯᠮᠦᠷᠢᠯᠡᠭᠴᠢᠳ ᠤᠨ ᠪᠡᠯᠡ ᠣᠷᠣᠭᠤᠯᠤᠯᠲᠠ ᠪᠠᠷ ᠪᠠᠭ᠎ᠠ᠂ ᠠᠮᠵᠢᠯᠲᠠ ᠣᠯᠬᠤ ᠨᠢ ᠲᠦᠷᠭᠡᠨ᠂ | ᠬᠡᠯᠪᠡᠷᠢ ᠪᠠᠨ ᠬᠤᠪᠢᠷᠠᠭᠤᠯᠬᠤ ᠳᠤ ᠬᠢᠯᠪᠠᠷ᠂ ᠲᠦᠭᠰᠢᠭᠦᠷᠢ ᠪᠠᠷ ᠪᠠᠭ᠎ᠠ ᠵᠢᠵᠢᠭ ᠬᠡᠪᠴᠢᠶᠡᠨ ᠤ ᠠᠵᠤ ᠠᠬᠤᠶ ᠶᠢᠨ | ᠪᠣᠳᠠᠲᠤ ᠴᠣᠭᠴᠠ ᠶᠢ ᠡᠭᠦᠳᠦᠨ ᠡᠷᠬᠢᠯᠡᠬᠦ ᠶᠢ ᠳᠡᠮᠵᠢᠨ᠎ᠡ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠦᠢ ᠵᠣᠬᠢᠰ ᠦᠭᠡᠢ ᠬᠢᠵᠠᠭᠠᠷᠯᠠᠯ ᠢ ᠪᠦᠬᠦ ᠲᠠᠯ᠎ᠠ ᠪᠠᠷ | ᠴᠡᠪᠡᠷᠯᠡᠨ ᠬᠦᠴᠦᠨ ᠦᠭᠡᠢ ᠪᠣᠯᠭᠠᠵᠤ᠂ ᠬᠥᠳᠡᠯᠮᠦᠷᠢᠴᠢᠳ ᠲᠤ ᠳᠥᠭᠦᠮ ᠳᠥᠲᠡ ᠥᠨᠳᠥᠷ ᠪᠦᠲᠦᠮᠵᠢᠲᠡᠢ ᠪᠠᠷ | ᠠᠰᠠᠭᠤᠨ ᠯᠠᠪᠯᠠᠵᠤ ᠳᠠᠩᠰᠠᠯᠠᠬᠤ ᠦᠢᠯᠡᠴᠢᠯᠡᠭᠡ ᠶᠢ ᠬᠠᠩᠭᠠᠵᠤ᠂ ᠨᠠᠩ ᠣᠯᠠᠨ ᠠᠮᠢᠳᠤᠯᠢᠭ ᠢᠶᠠᠷ ᠠᠵᠢᠯ ᠣᠯᠬᠤ | ᠲᠣᠬᠢᠶᠠᠯ ᠢ ᠡᠭᠦᠳᠦᠨ᠎ᠡ᠃ ᠡᠯ᠎ᠡ ᠲᠥᠷᠥᠯ ᠤᠨ ᠣᠨᠴᠠᠯᠢᠭᠲᠤ ᠵᠢᠵᠢᠭ ᠳᠡᠯᠭᠡᠭᠦᠷ ᠢ ᠬᠥᠭᠵᠢᠭᠦᠯᠬᠦ ᠶᠢ ᠳᠠᠮᠵᠢᠵᠤ᠂ | ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ | ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢ ᠬᠠᠨᠳᠤᠯᠭ᠎ᠠ ᠲᠠᠢ ᠪᠠᠷ ᠳᠡᠮᠵᠢᠬᠦ ᠳᠣᠣᠷ᠎ᠠ ᠬᠦᠦ ᠲᠠᠢ | ᠵᠢᠭᠡᠯᠡᠯᠭᠡ ᠨᠡᠮᠡᠵᠦ ᠲᠠᠷᠬᠠᠭᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠬᠤᠪᠢ ᠶᠢᠨ | ᠡᠵᠡᠩᠨᠡᠯᠲᠡ ᠶᠢᠨ ᠪᠠᠭ᠎ᠠ ᠲᠣᠭᠠᠨ ᠤ ᠵᠢᠭᠡᠯᠡᠯᠭᠡ ᠳᠤ ︽ᠨᠥᠬᠦᠴᠡᠯ ᠱᠠᠭᠠᠷᠳᠠᠯᠭ᠎ᠠ ᠥᠬᠡᠶ︾ ᠪᠠᠶᠢᠯᠭᠠᠬᠤ ᠲᠥᠷᠥ ᠶᠢᠨ | ᠪᠣᠳᠣᠯᠭ᠎ᠠ ᠶᠢ ᠰᠦᠪᠡᠭᠴᠢᠯᠡᠨ ᠨᠡᠶᠢᠲᠡᠯᠡᠨ᠎ᠡ᠃ | ᠬᠤᠶᠠᠳᠤᠭᠠᠷ ᠬᠡᠰᠡᠭ ᠪᠦᠬᠦᠯᠢ ᠡᠳᠦᠷ ᠤᠨ ᠪᠤᠰᠤ ᠳᠦᠷᠢᠮᠲᠦ ᠠᠵᠢᠯ ᠣᠯᠭᠤᠯᠲᠠ ᠶᠢᠨ ᠲᠣᠬᠢᠶᠠᠯ ᠢ | ᠨᠡᠮᠡᠭᠳᠡᠭᠦᠯᠦᠨ᠎ᠡ | ᠠᠮᠢᠳᠤᠯᠢᠭ ᠠᠵᠢᠯ ᠣᠯᠭᠤᠬᠤ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ | ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠬᠡᠨ ᠤ ᠬᠡᠪᠴᠢᠶᠡᠨ ᠳᠤ ᠣᠷᠣᠭᠤᠯᠵᠤ᠂ ᠬᠠᠩᠭᠠᠯᠭ᠎ᠠ | ᠬᠡᠷᠡᠭᠴᠡᠭᠡ ᠶᠢᠨ ᠮᠡᠳᠡᠭᠡ ᠵᠠᠩᠭᠢ ᠶᠢ ᠰᠦᠢᠳᠬᠡᠯ ᠬᠤᠷᠢᠶᠠᠬᠤ ᠥᠬᠡᠶ ᠪᠠᠷ ᠨᠡᠶᠢᠲᠡᠯᠡᠨ᠂ ᠬᠡᠷᠡᠭᠴᠡᠭᠡ ᠶᠣᠰᠣᠭᠠᠷ | ᠲᠤᠰᠬᠠᠶ ᠲᠠᠯᠠᠪᠠᠶ ᠤᠷᠢᠨ ᠬᠡᠷᠡᠭᠯᠡᠬᠦ ᠶᠢ ᠵᠣᠬᠢᠶᠠᠨ ᠪᠠᠶᠢᠭᠤᠯᠵᠤ᠂ ᠠᠵᠢᠯ ᠮᠡᠷᠭᠡᠵᠢᠯ ᠤᠨ ᠵᠢᠯᠣᠭᠤᠳᠣᠯᠭ᠎ᠠ ᠶᠢᠨ | ᠦᠢᠯᠡᠴᠢᠯᠡᠭᠡ ᠬᠠᠩᠭᠠᠨ᠎ᠠ᠃ ᠬᠤᠰᠢᠭᠤ ᠣᠷᠣᠨ ᠤ ᠵᠠᠮ ᠬᠠᠷᠢᠯᠴᠠᠭ᠎ᠠ ᠳᠥᠭᠦᠮ᠂ ᠬᠥᠮᠦᠰ ᠤᠨ ᠠᠵᠢᠯ ᠡᠷᠢᠬᠦ ᠳᠤ | ᠲᠥᠪᠯᠡᠷᠡᠭᠦᠯᠦᠨ ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ ᠪᠤᠶᠤ ᠡᠳᠦᠷ ᠤᠨ ᠬᠦᠴᠦᠨ ᠤ ᠬᠥᠮᠦᠨ ᠤ ᠵᠠᠬ᠎ᠠ | ᠳᠡᠯᠭᠡᠭᠦᠷ ᠪᠠᠶᠢᠭᠤᠯᠬᠤ ᠶᠢ ᠳᠠᠮᠵᠢᠵᠤ᠂ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ ᠵᠥᠪᠳᠡᠯᠴᠡᠬᠡᠷ ᠢ ᠵᠣᠬᠢᠶᠠᠨ | ᠪᠠᠶᠢᠭᠤᠯᠤᠨ᠎ᠠ᠃ ᠠᠵᠢᠯ ᠣᠯᠭᠤᠯᠲᠠ ᠶᠢ ᠳᠡᠮᠵᠢᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠠᠯᠬᠤᠮ | ᠠᠯᠬᠤᠮ ᠢᠶᠠᠷ ᠪᠦᠬᠦᠯᠢ ᠡᠳᠦᠷ ᠤᠨ ᠳᠦᠷᠢᠮᠲᠦ ᠪᠤᠰᠤ ᠬᠥᠳᠡᠯᠮᠦᠷᠢᠴᠢᠨ ᠬᠦᠷᠲᠡᠯ᠎ᠡ ᠤᠷᠲᠤᠳᠬᠠᠵᠤ᠂ ᠪᠦᠬᠦᠯᠢ | ᠡᠳᠦᠷ ᠤᠨ ᠳᠦᠷᠢᠮᠲᠦ ᠪᠤᠰᠤ ᠬᠥᠳᠡᠯᠮᠦᠷᠢᠴᠢᠨ ᠨᠡᠯᠢᠶᠡᠳ ᠲᠥᠪᠯᠡᠷᠡᠵᠦ ᠪᠠᠶᠢᠭ᠎ᠠ ᠠᠷᠢᠭᠤᠨ ᠴᠡᠪᠡᠷ | ᠨᠣᠭᠤᠭᠠᠷᠠᠭᠤᠯᠤᠯᠲᠠ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠪᠠᠷᠢᠯᠭ᠎ᠠ ᠶᠢᠨ ᠵᠠᠰᠠᠯ ᠴᠢᠮᠡᠭᠯᠡᠯ᠂ | ᠵᠡᠭᠡᠯᠢ ᠭᠤᠳᠤᠮᠵᠢ ᠶᠢᠨ ᠳᠥᠭᠦᠮ ᠬᠤᠭᠤᠯᠠ᠂ ᠳᠡᠯᠭᠡᠭᠡ ᠮᠠᠶᠢᠮᠠᠶ ᠶᠢᠨ ᠠᠵᠤ ᠠᠬᠤᠶ᠂ ᠰᠥᠨᠢ ᠶᠢᠨ ᠵᠠᠬ᠎ᠠ | ᠳᠡᠯᠭᠡᠭᠦᠷ ᠤᠨ ᠠᠵᠤ ᠠᠬᠤᠶ ᠵᠡᠷᠭᠡ ᠠᠵᠢᠯ ᠲᠥᠷᠥᠯ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ | ᠥᠷᠭᠡᠳᠬᠡᠬᠦ ᠶᠢ ᠠᠬᠢᠭᠤᠯᠤᠨ᠎ᠠ᠃ | ᠭᠤᠷᠪᠠᠳᠤᠭᠠᠷ ᠬᠡᠰᠡᠭ ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠪᠠ ᠰᠢᠨ᠎ᠡ ᠠᠵᠢᠯ | ᠣᠯᠭᠤᠯᠲᠠ ᠶᠢᠨ ᠬᠡᠯᠪᠡᠷᠢ ᠶᠢᠨ ᠠᠵᠢᠯ ᠣᠯᠭᠤᠯᠲᠠ ᠶᠢ ᠲᠡᠮᠵᠢᠨ᠎ᠠ | ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠪᠠᠭᠲᠠᠭᠠᠮᠵᠢᠲᠠᠶ ᠪᠥᠭᠡᠳ ᠬᠢᠨᠠᠭᠤᠷ ᠪᠣᠯᠭᠤᠮᠵᠢᠲᠠᠶ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠵᠦ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ | ᠦᠨᠳᠦᠰᠦᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠪᠴᠠᠩ ᠤᠨ ᠠᠵᠤ ᠠᠬᠤᠶ᠂ | ᠬᠠᠮᠲᠤ ᠪᠠᠷ ᠡᠳ᠋ᠯᠡᠬᠦ ᠠᠵᠤ ᠠᠬᠤᠶ᠂ ᠰᠦᠯᠵᠢᠶᠡᠨ ᠤ ᠠᠵᠤ ᠠᠬᠤᠶ᠂ ᠪᠣᠬᠢᠷᠲᠤᠯ ᠥᠬᠡᠶ ᠠᠵᠤ ᠠᠬᠤᠶ᠂ | ᠪᠦᠲᠦᠭᠡᠯᠴᠢ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂ ᠠᠵᠢᠯ | ᠣᠯᠭᠤᠯᠲᠠ ᠶᠢᠨ ᠰᠢᠨ᠎ᠡ ᠬᠦᠷᠢᠶ᠎ᠡ ᠶᠢ ᠡᠭᠦᠳᠴᠦ᠂ ᠦᠷᠭᠦᠯᠵᠢᠯᠡᠬᠦ ᠬᠦᠴᠦᠨ ᠲᠠᠢ ᠠᠵᠢᠯ ᠣᠯᠭᠤᠯᠲᠠ ᠶᠢᠨ ᠰᠢᠨ᠎ᠡ | ᠬᠥᠳᠡᠯᠭᠡᠭᠴᠢ ᠡᠨᠧᠷᠭᠢ ᠶᠢ ᠪᠤᠶᠢᠵᠢᠭᠤᠯᠵᠤ᠂ ᠨᠠᠩ ᠣᠯᠠᠨ ᠰᠢᠨ᠎ᠡ ᠬᠡᠯᠪᠡᠷᠢ ᠶᠢᠨ ᠠᠵᠢᠯ ᠣᠯᠭᠤᠯᠲᠠ ᠶᠢᠨ ᠵᠠᠭᠪᠤᠷ ᠢ | ᠨᠡᠭᠡᠭᠡᠨ ᠬᠥᠭᠵᠢᠭᠦᠯᠦᠨ᠎ᠡ᠃ ᠪᠢᠴᠢᠯ ᠬᠤᠳᠠᠯᠳᠤᠭ᠎ᠠ ᠡᠯᠧᠺᠲᠷᠣᠨ ᠬᠤᠳᠠᠯᠳᠤᠭ᠎ᠠ᠂ ᠰᠦᠯᠵᠢᠶᠡᠨ ᠤ ᠰᠢᠭᠤᠳ | ᠨᠡᠪᠲᠡᠷᠡᠭᠦᠯᠭᠡ ᠵᠡᠷᠭᠡ ᠣᠯᠠᠨ ᠶᠠᠩᠵᠤᠴᠢᠯᠠᠭᠰᠠᠨ ᠪᠡᠶ᠎ᠡ ᠪᠠᠨ ᠳᠠᠭᠠᠭᠠᠵᠤ ᠠᠵᠢᠯ ᠣᠯᠬᠤ᠂ ᠴᠠᠭ ᠬᠤᠪᠢᠶᠠᠨ ᠠᠵᠢᠯ | ᠣᠯᠬᠤ ᠶᠢ ᠳᠠᠮᠵᠢᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ | ᠠᠵᠢᠯ ᠣᠯᠭᠤᠬᠤ ᠣᠷᠣᠨ ᠵᠠᠶ ᠶᠢ ᠵᠦᠶ ᠵᠣᠬᠢᠰᠲᠠᠶ ᠲᠣᠬᠢᠷᠠᠭᠤᠯᠵᠤ᠂ ᠴᠢᠯᠥᠭᠡᠲᠦ ᠵᠠᠬ᠎ᠠ ᠳᠡᠯᠭᠡᠭᠦᠷ᠂ ᠳᠡᠯᠭᠡᠭᠦᠷ᠂ | ᠴᠢᠯᠦᠬᠡᠳᠦ ᠬᠤᠳᠠᠯᠳᠤᠭᠠᠴᠢᠨ ᠢ ᠬᠥᠲᠥᠯᠥᠨ ᠵᠢᠯᠣᠭᠤᠳᠬᠤ ᠴᠡᠭ ᠵᠡᠷᠭᠡ ᠡᠵᠡᠩᠨᠡᠯᠲᠡ ᠦᠢᠯᠡᠴᠢᠯᠡᠬᠡᠨ ᠤ ᠲᠤᠤᠷ ᠴᠡᠭ | ᠢ ᠤᠷᠢᠳᠴᠢᠯᠠᠨ ᠦᠯᠡᠳᠡᠭᠡᠵᠦ᠂ ᠬᠠᠷᠢᠶ᠎ᠠ ᠣᠷᠣᠨ ᠤ ᠳᠣᠲᠣᠷᠠᠬᠢ ᠲᠣᠭᠲᠠᠮᠠᠯ ᠡᠵᠡᠩᠨᠡᠯᠲᠡ ᠶᠢᠨ ᠲᠠᠯᠠᠪᠤᠷ ᠭᠠᠵᠠᠷ | ᠥᠬᠡᠶ ᠳᠡᠯᠭᠡᠭᠦᠷᠴᠢᠨ ᠤ ᠬᠠᠮᠢᠶᠠᠷᠤᠯᠲᠠ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ | ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠳᠡᠮᠵᠢᠨ᠎ᠡ᠃ ᠬᠠᠮᠲᠤ ᠳᠠᠭᠠᠨ | ᠬᠦᠷᠳᠡᠬᠦ ᠠᠵᠢᠯᠴᠢᠨ ᠬᠡᠷᠡᠭᠯᠡᠬᠦ ᠲᠠᠪᠴᠠᠩ ᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠤᠨ ᠤᠯᠠᠷᠢᠯ ᠤᠨ | ᠴᠢᠨᠠᠷᠲᠠᠶ᠂ ᠲᠦᠷ ᠴᠠᠭ ᠤᠨ ᠴᠢᠨᠠᠷᠲᠠᠶ ᠠᠵᠢᠯᠴᠢᠨ ᠬᠡᠷᠡᠭᠯᠡᠬᠦ ᠶᠢᠨ ᠢᠯᠡᠭᠦᠦ ᠳᠤᠲᠠᠭᠤ ᠶᠢᠨ ᠲᠣᠬᠢᠷᠠᠭᠤᠯᠭ᠎ᠠ ᠬᠢᠬᠦ ᠶᠢ | ᠳᠡᠮᠵᠢᠨ᠎ᠡ᠃ ᠰᠦᠯᠵᠢᠶᠡᠨ ᠤ ᠲᠠᠪᠴᠠᠩ ᠤᠨ ᠠᠵᠤ ᠠᠬᠤᠶ ᠵᠢᠴᠢ ᠪᠤᠰᠤᠳ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠰᠢᠨ᠎ᠡ ᠵᠠᠭᠪᠤᠷ ᠤᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ᠂ ᠵᠠᠭᠤᠴᠢ ᠦᠢᠯᠡᠴᠢᠯᠡᠬᠡᠨ ᠤ ᠪᠠᠶᠢᠭᠤᠯᠤᠮᠵᠢ ᠵᠡᠷᠭᠡ | ᠦᠢᠯᠡᠴᠢᠯᠡᠬᠡᠨ ᠤ ᠰᠦᠢᠳᠬᠡᠯ᠂ ᠬᠤᠯᠪᠣᠭᠠᠨ ᠳᠤ ᠣᠷᠣᠬᠤ ᠬᠠᠮᠢᠶᠠᠷᠤᠯᠲᠠ ᠶᠢᠨ ᠰᠦᠢᠳᠬᠡᠯ ᠵᠡᠷᠭᠡ ᠵᠠᠷᠤᠳᠠᠯ ᠢᠶᠠᠨ | ᠪᠠᠭᠤᠷᠠᠭᠤᠯᠬᠤ ᠶᠢ ᠵᠣᠷᠢᠭᠵᠢᠭᠤᠯᠵᠤ᠂ ᠨᠠᠩ ᠣᠯᠠᠨ ᠠᠮᠢᠳᠤᠯᠢᠭ ᠠᠵᠢᠯ ᠤᠨ ᠪᠠᠶᠢᠷᠢ ᠶᠢ ᠡᠭᠦᠳᠦᠨ᠎ᠡ᠃ ᠠᠮᠢᠳᠤᠯᠢᠭ | ᠠᠵᠢᠯ ᠣᠯᠭᠤᠯᠲᠠ ᠪᠠ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠤᠨ ᠠᠵᠢᠯ ᠡᠷᠬᠢᠯᠡᠭᠰᠡᠳ ᠤᠨ | ᠬᠥᠳᠡᠯᠮᠦᠷᠢ ᠶᠢᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢᠳᠤᠯᠢᠭ ᠠᠵᠢᠯ ᠣᠯᠭᠤᠯᠲᠠ ᠪᠠ ᠠᠵᠢᠯ | ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠤᠨ ᠠᠵᠢᠯ ᠡᠷᠬᠢᠯᠡᠭᠰᠡᠳ ᠤᠨ ᠨᠡᠶᠢᠭᠡᠮ ᠤᠨ ᠪᠠᠲᠤᠯᠠᠭ᠎ᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | ᠳᠣᠯᠣᠳᠤᠭᠠᠷ ᠪᠦᠯᠦᠭ ᠤᠷ᠎ᠠ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠪᠦᠲᠦᠴᠡ ᠶᠢᠨ ᠴᠢᠨᠠᠷᠲᠠᠢ | ᠠᠵᠢᠯ ᠣᠯᠭᠤᠯᠲᠠ ᠶᠢᠨ ᠵᠥᠷᠢᠴᠡᠯ ᠢ ᠨᠠᠮᠳᠠᠭᠤᠯᠤᠨ᠎ᠠ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠴᠢᠩᠭ᠎ᠠ ᠠᠩᠬᠠᠷᠴᠤ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠ ᠴᠢᠳᠠᠪᠤᠷᠢᠲᠠᠨ ᠢ ᠨᠡᠭᠡᠭᠡᠨ ᠬᠥᠮᠦᠵᠢᠭᠦᠯᠵᠦ᠂ ᠬᠥᠳᠡᠯᠮᠦᠷᠢ ᠬᠦᠴᠦᠨ ᠤ | ᠴᠢᠬᠤᠯᠠ ᠡᠯᠧᠮᠧᠨ᠋ᠲ ᠤᠨ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ | ᠬᠡᠷᠡᠭᠴᠡᠭᠡ ᠳᠤ ᠨᠡᠶᠢᠴᠡᠭᠰᠡᠨ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠳᠤ ᠵᠣᠬᠢᠴᠠᠭᠰᠠᠨ᠂ ᠨᠡᠯᠢᠶᠡᠳ | ᠥᠨᠳᠥᠷ ᠠᠵᠢᠯ ᠮᠡᠷᠭᠡᠵᠢᠯ ᠤᠨ ᠶᠣᠰᠣ ᠰᠤᠷᠲᠠᠬᠤᠨ ᠤ ᠬᠡᠪ ᠪᠣᠯᠪᠠᠰᠤᠷᠠᠯ ᠲᠠᠢ᠂ ᠪᠦᠲᠦᠴᠡ ᠨᠢ ᠨᠡᠯᠢᠶᠡᠳ ᠵᠦᠶ | ᠵᠣᠬᠢᠰᠲᠠᠶ ᠮᠡᠳᠡᠯᠭᠡ ᠶᠢᠨ ᠬᠡᠯᠪᠡᠷᠢ ᠶᠢᠨ᠂ ᠤᠷ᠎ᠠ ᠴᠢᠳᠠᠪᠤᠷᠢ ᠶᠢᠨ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ | ᠬᠥᠳᠡᠯᠮᠦᠷᠢᠴᠢᠳ ᠤᠨ ᠡᠩᠨᠡᠭᠡ ᠶᠢ ᠪᠠᠶᠢᠭᠤᠯᠤᠨ᠎ᠠ᠃ | ᠨᠢᠭᠡᠳᠦᠭᠡᠷ ᠬᠡᠰᠡᠭ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠢᠰᠲ᠋ᠧᠮ ᠢ | ᠲᠡᠭᠦᠯᠳᠡᠷᠵᠢᠭᠦᠯᠦᠨ᠎ᠡ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠠᠵᠢᠯ ᠣᠯᠭᠤᠵᠤ ᠠᠳᠠᠯ ᠦᠢᠯᠡᠰ ᠴᠣᠭᠴᠠᠯᠠᠬᠤ᠂ ᠴᠢᠳᠠᠪᠤᠷᠢᠲᠠᠨ ᠤ ᠦᠰᠦᠨ ᠪᠤᠶᠢᠵᠢᠬᠤ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠢ ᠶᠡᠭᠡ ᠪᠠᠷ ᠥᠷᠨᠢᠭᠦᠯᠵᠦ᠂ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ | ᠠᠷᠢᠯᠭᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠪᠣᠯᠪᠠᠰᠤᠷᠠᠭᠤᠯᠤᠯ ᠤᠨ ᠭᠤᠤᠯ ᠴᠣᠭᠴᠠ ᠪᠣᠯᠤᠨ ᠵᠠᠰᠠᠭ ᠤᠨ | ᠣᠷᠳᠣᠨ ᠤ ᠲᠥᠷᠥ ᠶᠢᠨ ᠪᠣᠳᠣᠯᠭ᠎ᠠ ᠶᠢᠨ ᠤᠷᠮᠠᠰᠢᠭᠤᠯᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠ ᠠᠵᠢᠯ ᠤᠨ ᠪᠠᠶᠢᠷᠢ ᠰᠢᠯᠵᠢᠵᠦ ᠠᠵᠢᠯ | ᠰᠢᠯᠵᠢᠬᠦ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠣᠷᠣᠬᠤ | ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ | ᠤᠳᠤᠷᠢᠳᠤᠮᠵᠢ ᠪᠣᠯᠭᠠᠵᠤ᠂ ᠭᠤᠤᠯᠳᠠᠯᠭ᠎ᠠ ᠲᠠᠢ ᠬᠥᠮᠦᠰ ᠭᠤᠤᠯᠳᠠᠯᠭ᠎ᠠ ᠲᠠᠢ ᠠᠵᠢᠯ ᠲᠥᠷᠥᠯ ᠤᠨ ᠲᠤᠰᠬᠠᠶ | ᠪᠣᠯᠪᠠᠰᠤᠷᠠᠭᠤᠯᠤᠯ ᠤᠨ ᠲᠥᠯᠥᠪᠯᠡᠭᠡ ᠶᠢ ᠬᠡᠷᠡᠭᠵᠢᠭᠦᠯᠦᠨ᠂ ᠣᠷᠣᠨ ᠪᠦᠰᠡ ᠶᠢᠨ ᠣᠨᠴᠠᠯᠢᠭᠲᠤ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠤᠨ ᠨᠡᠷᠡᠲᠦ ᠲᠥᠷᠥᠯ ᠲᠡᠮᠳᠡᠭᠲᠦ ᠶᠢ ᠪᠤᠢ ᠪᠣᠯᠭᠠᠨ᠎ᠠ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠯ ᠢ 10000 ᠬᠥᠮᠦᠨ ᠤᠳᠠᠭ᠎ᠠ ᠥᠷᠨᠢᠭᠦᠯᠦᠨ᠎ᠡ᠃ ᠣᠯᠠᠨ ᠨᠡᠶᠢᠲᠡ ᠶᠢᠨ | ᠳᠠᠳᠤᠯᠭᠠᠲᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠣᠯᠤᠨ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ | ᠳᠠᠳᠤᠯᠭᠠᠲᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠵᠠᠬ᠎ᠠ ᠳᠡᠯᠭᠡᠭᠦᠷᠴᠢᠯᠡᠬᠦ᠂ ᠨᠡᠶᠢᠭᠡᠮᠴᠢᠯᠡᠨ | ᠬᠥᠭᠵᠢᠭᠦᠯᠬᠦ ᠲᠣᠭᠲᠠᠴᠠ ᠶᠢ ᠪᠠᠶᠢᠭᠤᠯᠤᠨ᠂ ᠡᠬᠢ ᠪᠠᠶᠠᠯᠢᠭ ᠢ ᠬᠠᠮᠲᠤ ᠳᠠᠭᠠᠨ ᠡᠳ᠋ᠯᠡᠬᠦ ᠶᠢ ᠠᠬᠢᠭᠤᠯᠵᠤ᠂ | ᠦᠢᠯᠡᠳᠪᠦᠷᠢᠯᠡᠬᠦ ᠵᠢᠭᠠᠬᠤ ᠶᠢ ᠨᠡᠶᠢᠯᠡᠭᠦᠯᠬᠦ ᠶᠢ ᠠᠬᠢᠭᠤᠯᠵᠤ᠂ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠭᠤᠯᠤᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ + | ᠪᠣᠯᠪᠠᠰᠤᠷᠠᠭᠤᠯᠤᠯ︾ ᠢ ᠶᠡᠬᠡᠪᠡᠷ ᠥᠷᠨᠢᠭᠦᠯᠵᠦ᠂ ᠰᠢᠨ᠎ᠡ ᠠᠵᠢᠯ ᠮᠡᠷᠭᠡᠵᠢᠯ ᠤᠨ ᠲᠣᠭᠠᠴᠢᠯᠠᠭᠰᠠᠨ ᠡᠬᠢ ᠪᠠᠶᠠᠯᠢᠭ ᠤᠨ | ᠪᠣᠯᠪᠠᠰᠤᠷᠠᠭᠤᠯᠤᠯ ᠤᠨ ᠰᠦᠯᠵᠢᠶᠡᠨ ᠳᠡᠭᠡᠷᠡᠬᠢ ᠦᠢᠯᠡᠴᠢᠯᠡᠬᠡᠨ ᠤ ᠲᠠᠪᠴᠠᠩ ᠢ ᠪᠠᠶᠢᠭᠤᠯᠵᠤ᠂ | ᠪᠣᠯᠪᠠᠰᠤᠷᠠᠭᠤᠯᠤᠯ ᠤᠨ ᠲᠥᠬᠦᠮ ᠦᠵᠡᠭᠦᠯᠬᠦ ᠬᠡᠮᠵᠢᠶ᠎ᠡ ᠪᠠ ᠭᠥᠷᠳᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ | ᠵᠠᠬᠢᠶᠠᠯᠠᠭ᠎ᠠ ᠶᠢᠨ ᠬᠡᠯᠪᠡᠷᠢ᠂ ᠬᠠᠨᠳᠤᠯᠭᠠᠲᠤ ᠬᠡᠯᠪᠡᠷᠢ ᠪᠣᠯᠤᠨ ᠢᠵᠢ ᠳᠦᠷᠢᠮᠲᠦ ᠪᠣᠯᠪᠠᠰᠤᠷᠠᠭᠤᠯᠤᠯ ᠢ ᠥᠷᠭᠡᠨ ᠳᠡᠯᠭᠡᠷ | ᠥᠷᠨᠢᠭᠦᠯᠵᠦ᠂ ᠪᠣᠯᠪᠠᠰᠤᠷᠠᠭᠤᠯᠤᠯ ᠤᠨ ᠴᠢᠭᠯᠡᠯᠲᠦ ᠴᠢᠨᠠᠷ ᠪᠣᠯᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨᠬᠦ | ᠳᠡᠭᠡᠭᠰᠢᠯᠡᠭᠦᠯᠬᠦ ᠬᠡᠷᠡᠭᠲᠡᠶ᠃ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠤᠨ ︽ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ︾ ᠲᠥᠷᠥᠯ ᠵᠦᠢᠯ ᠢ ᠦᠷᠭᠦᠯᠵᠢᠯᠡᠨ | ᠬᠡᠷᠡᠭᠵᠢᠭᠦᠯᠦᠨ᠎ᠡ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ | ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠥᠳᠡᠯᠮᠦᠷᠢᠯᠡᠭᠴᠢᠳ ᠢ ᠬᠥᠲᠥᠯᠥᠨ ᠵᠢᠯᠣᠭᠤᠳᠴᠤ | ᠪᠠᠶᠢᠭᠠᠳ ᠵᠥᠪ ᠠᠮᠢᠳᠤᠷᠠᠬᠤᠶ ᠶᠢᠨ ᠦᠵᠡᠯᠲᠡ᠂ ᠥᠷᠲᠡᠭ ᠤᠨ ᠦᠵᠡᠯᠲᠡ᠂ ᠠᠵᠢᠯ ᠣᠯᠬᠤ ᠦᠵᠡᠯᠲᠡ ᠲᠠᠢ | ᠪᠣᠯᠭᠠᠵᠤ᠂ ᠬᠥᠳᠡᠯᠮᠦᠷᠢ ᠥᠩᠭᠡ ᠭᠡᠷᠡᠯᠲᠡᠶ ᠪᠠᠶᠢᠬᠤ ᠨᠡᠶᠢᠭᠡᠮ ᠤᠨ ᠬᠡᠪ ᠰᠤᠷᠲᠠᠯ ᠪᠣᠯᠤᠨ ᠨᠢᠭᠲᠠ ᠠᠴᠠ ᠨᠢᠭᠲᠠ | ᠪᠠᠶᠢᠬᠤ ᠠᠵᠢᠯ ᠦᠢᠯᠡᠰ ᠢᠶᠠᠨ ᠳᠡᠭᠡᠳᠦᠯᠡᠬᠦ ᠬᠡᠪ ᠰᠤᠷᠲᠠᠯ ᠢ ᠪᠣᠶ ᠪᠣᠯᠭᠠᠵᠤ᠂ ᠬᠥᠳᠡᠯᠮᠦᠷᠢᠯᠡᠭᠴᠢᠳ ᠤᠨ ᠡᠷᠬᠢᠯᠡᠭᠰᠡᠨ | ᠠᠵᠢᠯ ᠤᠨ ᠮᠡᠳᠡᠯᠭᠡ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠶᠠᠳᠤᠭᠠᠷ ᠬᠡᠰᠡᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ | ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠦᠷᠬᠡᠨ ᠬᠥᠭᠵᠢᠭᠦᠯᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭᠵᠢᠭᠦᠯᠬᠦ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠰᠠᠭᠤᠷᠢ ᠶᠢ ᠴᠢᠩᠭᠠᠷᠠᠭᠤᠯᠤᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠬᠢᠵᠢᠭᠦᠯᠦᠨ᠎ᠡ᠃ ᠰᠤᠷᠤᠯᠭ᠎ᠠ ᠶᠢᠨ ᠨᠠᠮᠲᠠᠷ ᠤᠨ | ᠰᠤᠷᠭᠠᠨ ᠬᠥᠮᠦᠵᠢᠯ ᠬᠢᠭᠡᠳ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠡᠷᠭᠡᠪᠡᠷ ᠴᠢᠬᠤᠯᠠᠴᠢᠯᠠᠬᠤ ᠶᠢ ᠠᠬᠢᠭᠤᠯᠵᠤ᠂ | ᠠᠵᠢᠯ ᠮᠡᠷᠭᠡᠵᠢᠯ ᠪᠠ ᠡᠩ ᠤᠨ ᠬᠢ ᠶᠢ ᠠᠭᠤᠰᠤᠯᠴᠠᠭᠤᠯᠬᠤ᠂ ᠦᠢᠯᠡᠳᠪᠦᠷᠢᠯᠡᠯ ᠵᠢᠭᠠᠨ ᠰᠤᠷᠭᠠᠯᠲᠠ ᠶᠢ | ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠥᠨᠳᠥᠷ | ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ | ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠥᠨᠳᠥᠷ ᠬᠢᠷᠢ ᠲᠦᠪᠰᠢᠨ ᠪᠥᠬᠦᠶ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠪᠠ | ᠥᠨᠳᠥᠷ ᠬᠢᠷᠢ ᠲᠦᠪᠰᠢᠨ ᠪᠥᠬᠦᠶ ᠲᠤᠰᠬᠠᠶ ᠮᠡᠷᠭᠡᠵᠢᠯ ᠢ ᠪᠤᠶᠢᠵᠢᠭᠤᠯᠵᠤ᠂ ᠨᠢᠭᠡ ᠪᠦᠯᠦᠭ ᠦᠢᠯᠡᠳᠪᠦᠷᠢᠯᠡᠬᠦ ᠵᠢᠭᠠᠬᠤ | ᠰᠤᠳᠤᠯᠬᠤ ᠬᠠᠮᠲᠤᠷᠠᠨ ᠬᠥᠮᠦᠵᠢᠭᠦᠯᠬᠦ ᠰᠠᠭᠤᠷᠢᠨ ᠭᠠᠵᠠᠷ ᠢ ᠪᠣᠶ ᠪᠣᠯᠭᠠᠨ᠎ᠠ᠃ ︽ᠰᠣᠶᠣᠯ ᠤᠨ ᠬᠡᠪ ᠴᠢᠨᠠᠷ + | ᠠᠵᠢᠯ ᠮᠡᠷᠭᠡᠵᠢᠯ ᠤᠨ ᠤᠷ᠎ᠠ ᠴᠢᠳᠠᠪᠤᠷᠢ︾ ᠶᠢᠨ ᠰᠢᠯᠭᠠᠯᠲᠠ ᠪᠠᠷ ᠰᠣᠷᠣᠭᠴᠢ ᠡᠯᠰᠡᠬᠦ ᠠᠷᠭ᠎ᠠ ᠶᠢ | ᠨᠠᠶᠢᠳᠠᠪᠤᠷᠢᠵᠢᠭᠤᠯᠵᠤ᠂ 1 + X ᠦᠨᠡᠮᠯᠡᠯ ᠤᠨ ᠲᠦᠷᠢᠮ ᠤᠨ ᠲᠤᠷᠰᠢᠯᠲᠠ ᠪᠠ ᠣᠲᠣ ᠦᠶ᠎ᠡ ᠶᠢᠨ ᠱᠠᠪᠢ ᠶᠢᠨ | ᠲᠦᠷᠢᠮ ᠤᠨ ᠲᠤᠷᠰᠢᠯᠲᠠ ᠶᠢ ᠠᠬᠢᠭᠤᠯᠵᠤ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠬᠢᠭᠡᠳ | ᠪᠣᠯᠪᠠᠰᠤᠷᠠᠭᠤᠯᠤᠯ ᠢ ᠵᠡᠷᠭᠡ ᠪᠠᠷ ᠴᠢᠬᠤᠯᠠᠴᠢᠯᠠᠬᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠢᠰᠲ᠋ᠧᠮ ᠢ ᠪᠠᠶᠢᠭᠤᠯᠤᠨ᠎ᠠ᠃ ︽ᠢᠨᠲ᠋ᠧᠷ ᠰᠦᠯᠵᠢᠶ᠎ᠡ + ᠠᠵᠢᠯ ᠮᠡᠷᠭᠡᠵᠢᠯ ᠤᠨ ᠰᠤᠷᠭᠠᠨ ᠬᠥᠮᠦᠵᠢᠯ︾ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠬᠡᠶᠢᠰᠪᠦᠷᠢ ᠦᠢᠯᠡᠳᠪᠦᠷᠢ ᠵᠡᠷᠭᠡ ᠰᠦᠯᠵᠢᠶ᠎ᠡ ᠪᠠᠷ | ᠰᠤᠷᠤᠯᠴᠠᠬᠤ ᠣᠷᠣᠨ ᠵᠠᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠳᠡᠮ ᠬᠡᠷᠡᠭᠯᠡᠯᠲᠡ ᠶᠢ ᠠᠬᠢᠭᠤᠯᠤᠨ᠎ᠠ᠃ ᠠᠯᠠᠱᠠ | ᠠᠶᠢᠮᠠᠭ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠨᠳᠦᠰᠦᠨ ᠱᠠᠲᠤᠨ ᠳᠤ | ᠬᠠᠨᠳᠤᠭᠤᠯᠤᠭᠰᠠᠨ ᠪᠠᠴᠢᠮ ᠬᠡᠷᠡᠭᠰᠡᠬᠦ ᠴᠢᠳᠠᠪᠤᠷᠢᠲᠠᠨ ᠢ ︽ᠵᠠᠬᠢᠶᠠᠯᠠᠭ᠎ᠠ ᠶᠢᠨ ᠮᠠᠶ᠋ᠢᠭ︾ ᠢᠶᠠᠷ ᠬᠥᠮᠦᠵᠢᠭᠦᠯᠬᠦ | ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠠᠵᠤ ᠠᠬᠤᠶᠢᠯᠠᠯ ᠪᠣᠯᠤᠨ ᠨᠡᠶᠢᠭᠡᠮ ᠤᠨ ᠬᠦᠴᠦᠨ ᠠᠴᠠ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠬᠢᠯᠡᠬᠦ ᠶᠢ ᠵᠣᠷᠢᠭᠵᠢᠭᠤᠯᠵᠤ᠂ ᠡᠷᠬᠢᠯᠡᠭᠰᠡᠨ ᠠᠵᠢᠯ ᠤᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠢ ᠵᠠᠬ᠎ᠠ ᠳᠡᠯᠭᠡᠭᠦᠷᠴᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ | ᠭᠤᠷᠪᠠᠳᠤᠭᠠᠷ ᠬᠡᠰᠡᠭ ᠡᠩ ᠤᠨ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ | ᠲᠡᠭᠦᠯᠳᠡᠷᠵᠢᠭᠦᠯᠦᠨ᠎ᠡ | ᠬᠥᠳᠡᠯᠮᠦᠷᠢᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠳᠡᠭᠦᠯᠳᠡᠷᠵᠢᠬᠦᠯᠵᠦ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ᠂ ᠰᠤᠷᠤᠭᠴᠢ ᠡᠯᠰᠡᠬᠦ᠂ ᠬᠥᠮᠦᠵᠢᠭᠦᠯᠬᠦ᠂ ᠠᠵᠢᠯ ᠣᠯᠭᠤᠯᠲᠠ ᠶᠢᠨ | ᠬᠤᠯᠪᠣᠯᠳᠤᠬᠤ ᠲᠣᠭᠲᠠᠴᠠ ᠶᠢ ᠤᠯᠠᠮ ᠨᠢᠭᠡ ᠠᠯᠬᠤᠮ ᠳᠡᠬᠦᠯᠳᠡᠷᠵᠢᠬᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢ | ᠬᠥᠲᠥᠯᠦᠨ ᠵᠢᠯᠣᠭᠤᠳᠴᠤ ᠪᠠᠶᠢᠭᠠᠳ ᠪᠣᠳᠠᠲᠠᠶ ᠲᠠᠢ ᠪᠠᠨ ᠤᠶᠠᠯᠳᠤᠭᠤᠯᠤᠨ ᠰᠤᠷᠭᠠᠭᠤᠯᠢ ᠶᠢᠨ ᠪᠠᠶᠢᠷᠢ ᠲᠣᠭᠲᠠᠭᠠᠯᠲᠠ | ᠪᠠ ᠰᠤᠷᠭᠠᠭᠤᠯᠢ ᠡᠷᠭᠢᠯᠡᠬᠦ ᠣᠨᠴᠠᠯᠢᠭ ᠲᠠᠢ ᠳᠣᠭᠢᠷᠠᠯᠴᠠᠭᠰᠠᠨ ᠬᠢᠴᠢᠶᠡᠯ ᠰᠢᠨᠵᠢᠯᠡᠭᠡᠨ ᠤ ᠲᠤᠰᠬᠠᠶ ᠮᠡᠷᠭᠡᠵᠢᠯ ᠤᠨ | ᠰᠢᠰᠲ᠋ᠧᠮᠵᠢ ᠶᠢ ᠪᠠᠶᠢᠭᠤᠯᠣᠨ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠳᠤ ᠪᠠᠴᠢᠮ ᠬᠡᠷᠡᠭᠰᠡᠬᠦ ᠲᠤᠰᠬᠠᠶ ᠮᠡᠷᠭᠡᠵᠢᠯ ᠢ ᠨᠠᠮᠠᠨ ᠳᠣᠬᠢᠷᠠᠭᠤᠯᠵᠦ᠂ ᠰᠢᠨ᠎ᠡ ᠪᠠᠷ ᠬᠥᠭᠵᠢᠭᠰᠡᠨ | ᠡᠵᠡᠩᠨᠡᠯᠲᠡ ᠶᠢᠨ ᠪᠠᠶᠢᠳᠠᠯ ᠳᠤ ᠵᠣᠬᠢᠴᠠᠬᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠴᠢᠳᠠᠪᠤᠷᠢᠲᠠᠨ ᠤ ᠬᠡᠷᠡᠭᠴᠡᠭᠡ᠂ | ᠤᠯᠠᠮᠵᠢᠯᠠᠯᠲᠤ ᠲᠤᠰᠬᠠᠶ ᠮᠡᠷᠭᠡᠵᠢᠯ ᠢ ᠥᠭᠡᠷᠡᠴᠢᠯᠡᠨ ᠳᠡᠰ ᠳᠡᠪᠰᠢᠭᠦᠯᠬᠦ᠂ ᠨᠥᠬᠦᠴᠡᠯ ᠪᠦᠷᠢᠯᠳᠦᠭᠦᠯᠦᠭᠰᠡᠨ ᠳᠡᠭᠡᠳᠦ | ᠵᠡᠷᠭᠡ ᠶᠢᠨ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢ ᠲᠡᠰᠢ ᠬᠤᠪᠢᠷᠠᠭᠤᠯᠬᠤ ᠶᠢ ᠳᠡᠮᠵᠢᠵᠦ᠂ ᠮᠡᠷᠭᠡᠵᠢᠯ ᠤᠷ᠎ᠠ | ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ ᠨᠠᠩ ᠣᠯᠠᠨ ᠬᠦᠮᠦᠵᠢᠬᠦᠯᠦᠨ᠂ ᠴᠠᠭ ᠦᠶ᠎ᠡ ᠶᠢᠨ ᠬᠡᠷᠡᠭᠴᠡᠭᠡ ᠳᠤ | ᠵᠣᠬᠢᠴᠠᠭᠰᠠᠨ ᠠᠵᠤ ᠦᠢᠯᠡᠰ ᠤᠨ ᠴᠢᠳᠠᠪᠤᠷᠢᠲᠠᠨ ᠤ ᠪᠡᠯᠡᠳᠬᠡᠯ ᠴᠡᠷᠢᠭ ᠪᠠ ᠬᠥᠮᠦᠨ ᠤ ᠬᠦᠴᠦᠨ ᠤ ᠡᠬᠢ | ᠪᠠᠶᠠᠯᠢᠭ ᠤᠨ ᠬᠥᠮᠥᠷᠭᠡ ᠶᠢ ᠪᠠᠶᠢᠭᠤᠯᠤᠨ᠎ᠠ᠃ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠢ ᠬᠥᠮᠦᠵᠢᠭᠦᠯᠬᠦ ᠳᠤ ᠣᠷᠣᠯᠴᠠᠭᠤᠯᠤᠨ᠎ᠠ᠃ | ᠳᠥᠷᠪᠡᠳᠦᠭᠡᠷ ᠬᠡᠰᠡᠭ ᠤᠷ᠎ᠠ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ | ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠨᠥᠬᠦᠴᠡᠯ | ᠪᠦᠷᠢᠯᠳᠦᠭᠦᠯᠦᠭᠰᠡᠨ ᠠᠵᠤ ᠠᠬᠤᠶᠢᠯᠠᠯ ᠤᠨ ᠲᠦᠷᠦᠭᠦᠦ ᠮᠠᠰᠲ᠋ᠧᠷ ᠤᠨ ᠲᠦᠷᠢᠮ ᠪᠠᠶᠢᠭᠤᠯᠬᠤ ᠶᠢ ᠠᠬᠢᠭᠤᠯᠤᠨ᠎ᠠ᠃ | ᠮᠡᠷᠭᠡᠵᠢᠯ ᠤᠨ ᠴᠢᠳᠠᠪᠤᠷᠢᠲᠠᠨ ᠢ ᠣᠯᠠᠨ ᠡᠰᠢᠵᠢᠭᠦᠯᠦᠨ ᠦᠨᠡᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ | ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠢᠷᠢ ᠬᠡᠮ ᠢ ᠦᠨᠡᠯᠡᠬᠦ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠ ᠲᠤᠰᠬᠠᠶ ᠲᠥᠷᠥᠯ ᠤᠨ ᠠᠵᠢᠯ ᠮᠡᠷᠭᠡᠵᠢᠯ ᠤᠨ | ᠴᠢᠳᠠᠪᠤᠷᠢ ᠶᠢ ᠰᠢᠯᠭᠠᠨ ᠬᠢᠨᠠᠬᠤ ᠶᠢ ᠥᠷᠨᠢᠭᠦᠯᠦᠨ᠎ᠡ᠃ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠤᠨ ᠲᠤᠰᠬᠠᠶ | ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢᠨ ᠵᠠᠮ ᠢ ᠨᠡᠪᠲᠡᠷᠡᠭᠦᠯᠵᠦ᠂ ᠨᠠᠩ ᠣᠯᠠᠨ | ᠬᠦᠷᠢᠶᠡᠨ ᠳᠤ ᠬᠠᠷᠢᠯᠴᠠᠨ ᠨᠡᠪᠲᠡᠷᠡᠯᠴᠡᠵᠦ ᠬᠠᠷᠢᠯᠴᠠᠨ ᠦᠨᠡᠯᠡᠬᠦ ᠶᠢ ᠪᠡᠶᠡᠯᠡᠭᠦᠯᠦᠨ᠎ᠡ᠃ ᠡᠯ᠎ᠡ ᠲᠥᠷᠥᠯ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠬᠦ ᠪᠠ ᠰᠢᠯᠢᠨ ᠰᠣᠩᠭᠤᠬᠤ | ᠡᠷᠴᠢᠮ ᠢᠶᠠᠨ ᠴᠢᠩᠭᠠᠷᠠᠭᠤᠯᠵᠤ᠂ ᠮᠠᠨ ᠤ ᠠᠶᠢᠮᠠᠭ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠤᠷᠤᠯᠳᠤᠭᠠᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠯᠢᠳᠡᠭ ᠤᠷ᠎ᠠ ᠮᠡᠷᠭᠡᠰᠢᠯᠳᠦ | ᠴᠢᠳᠠᠪᠤᠷᠢᠲᠠᠨ ᠤ ᠴᠣᠯᠭᠤᠷᠠᠨ ᠭᠠᠷᠬᠤ ᠶᠢ ᠠᠬᠢᠭᠤᠯᠤᠨ᠎ᠠ᠃ ᠨᠡᠶᠢᠭᠡᠮ ᠤᠨ ᠴᠢᠨᠠᠷ ᠰᠠᠶᠢᠲᠠᠶ ᠪᠣᠯᠪᠠᠰᠤᠷᠠᠭᠤᠯᠤᠯ ᠤᠨ | ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ | ᠰᠠᠭᠤᠷᠢᠨ ᠭᠠᠵᠠᠷ᠂ ᠮᠡᠷᠭᠡᠵᠢᠯ ᠴᠢᠳᠠᠪᠤᠷᠢᠲᠤ ᠶᠡᠭᠡ ᠮᠠᠰᠲ᠋ᠧᠷ ᠤᠨ ᠠᠵᠢᠯᠯᠠᠬᠤ ᠭᠡᠷ ᠪᠠ ᠠᠯᠠᠱᠠ ᠶᠢᠨ ᠨᠡᠷᠡᠲᠦ | ᠪᠠᠭᠰᠢ ᠶᠢᠨ ᠱᠠᠪᠢ ᠳᠠᠭᠠᠭᠤᠯᠬᠤ ᠠᠵᠢᠯᠯᠠᠬᠤ ᠭᠡᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ | ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ | ᠮᠡᠷᠭᠡᠵᠢᠯ ᠤᠨ ᠴᠢᠳᠠᠪᠤᠷᠢᠲᠠᠨ ᠢ ᠪᠠᠶᠢᠴᠠᠭᠠᠨ ᠪᠦᠷᠢᠳᠬᠡᠬᠦ ᠪᠠ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ ᠠᠵᠢᠯ ᠢ | ᠰᠠᠶᠢᠲᠤᠷ ᠬᠢᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | 1500 ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠᠷ ᠵᠢᠱᠢᠵᠦ ᠪᠠᠶᠢᠨ᠎ᠠ᠃ | ᠨᠠᠢᠮᠠᠳᠤᠭᠠᠷ ᠪᠦᠯᠦᠭ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠩ ᠭᠦᠢᠴᠡᠳ ᠠᠵᠢᠯ | ᠣᠯᠭᠤᠯᠲᠠ ᠶᠢ ᠠᠬᠢᠭᠤᠯᠤᠨ᠎ᠠ | ᠬᠥᠮᠦᠨ ᠤ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ | ᠰᠢᠢᠳᠪᠦᠷᠢᠯᠡᠬᠦ ᠴᠢᠨᠠᠷᠲᠠᠶ ᠦᠢᠯᠡᠳᠦᠯ ᠢ ᠬᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠠᠩ | ᠰᠠᠶᠢᠨ ᠪᠠᠳᠠᠷᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠥᠬᠦ ᠲᠠᠯ᠎ᠠ ᠶᠢᠨ ᠠᠵᠢᠯ ᠣᠯᠭᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡ ᠶᠢ ᠬᠡᠷᠡᠭᠵᠢᠭᠦᠯᠵᠦ᠂ ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠢᠵᠢᠯᠢᠰᠢᠭᠦᠯᠬᠦ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠡᠮᠬᠢ ᠵᠢᠷᠤᠮ ᠲᠠᠢ ᠪᠠᠷ ᠰᠢᠯᠵᠢᠬᠦ᠂ | ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠤᠨ᠎ᠠ᠃ | ᠨᠢᠭᠡᠳᠦᠭᠡᠷ ᠬᠡᠰᠡᠭ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠢᠰᠲ᠋ᠧᠮ ᠢ | ᠲᠡᠭᠦᠯᠳᠡᠷᠵᠢᠭᠦᠯᠦᠨ᠎ᠡ | ᠨᠢᠭᠡᠳᠦᠯᠲᠡᠢ ᠪᠥᠭᠡᠳ ᠨᠡᠭᠡᠭᠡᠯᠲᠡᠲᠡᠢ᠂ ᠥᠷᠢᠰᠥᠯᠳᠦᠭᠡᠨ ᠲᠠᠢ ᠪᠥᠭᠡᠳ ᠡᠮᠬᠢ ᠵᠢᠷᠤᠮ ᠲᠠᠢ ᠬᠥᠮᠦᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠠᠵᠢᠯ ᠣᠯᠭᠤᠬᠤ ᠪᠠ | ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠂ ᠴᠢᠳᠠᠪᠤᠷᠢᠲᠠᠨ ᠤ ᠰᠢᠯᠵᠢᠯᠲᠡ ᠳᠤ ᠦᠢᠯᠡᠴᠢᠯᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠬᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠥᠮᠦᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠬᠡᠨ ᠤ ᠦᠢᠯᠡᠰ ᠤᠨ ᠨᠡᠭᠡᠭᠡᠯᠲᠡᠲᠦ ᠬᠥᠭᠵᠢᠯᠲᠡ ᠶᠢ ᠠᠬᠢᠭᠤᠯᠤᠨ᠎ᠠ᠃ | ᠠᠵᠤ ᠠᠬᠤᠶᠢᠯᠠᠯ ᠤᠨ ᠠᠵᠢᠯᠴᠢᠨ ᠡᠯᠰᠡᠨ ᠬᠡᠷᠡᠭᠯᠡᠬᠦ᠂ ᠠᠵᠢᠯᠲᠠᠨ ᠬᠠᠰᠤᠬᠤ ᠪᠠ ᠤᠷᠢᠬᠤ ᠪᠠᠨ ᠪᠤᠯᠢᠬᠤ ᠦᠢᠯᠡ | ᠠᠵᠢᠯᠯᠠᠭ᠎ᠠ ᠶᠢ ᠵᠢᠷᠤᠮᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠂ ᠰᠦᠯᠵᠢᠶ᠎ᠡ ᠪᠠᠷ ᠤᠷᠢᠬᠤ | ᠵᠡᠷᠭᠡ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠳᠤ ᠰᠢᠨ᠎ᠡ ᠶᠢ ᠡᠭᠦᠳᠬᠦ ᠶᠢ | ᠰᠦᠪᠡᠭᠴᠢᠯᠡᠵᠦ᠂ ᠠᠵᠢᠯ ᠣᠯᠭᠤᠬᠤ ᠭᠠᠳᠠᠭᠤᠷᠴᠢᠯᠠᠯ᠂ ᠬᠠᠤᠯᠢ ᠪᠤᠰᠤ ᠠᠵᠢᠯ ᠤᠨ ᠲᠠᠨᠢᠯᠴᠠᠭᠤᠯᠭ᠎ᠠ ᠵᠡᠷᠭᠡ | ᠬᠥᠳᠡᠯᠮᠦᠷᠢᠯᠡᠭᠴᠢᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠡᠷᠬᠡ ᠲᠡᠭᠰᠢ ᠰᠠᠶᠢᠨ ᠰᠠᠶᠢᠬᠠᠨ ᠠᠵᠢᠯ ᠣᠯᠭᠤᠬᠤ ᠣᠷᠴᠢᠨ ᠲᠣᠭᠤᠷᠢᠨ ᠢ ᠪᠣᠶ | ᠪᠣᠯᠭᠠᠨ᠂ ᠬᠥᠮᠦᠨ ᠬᠡᠷᠡᠭᠯᠡᠬᠦ ᠨᠢᠭᠡᠴᠡ ᠪᠣᠯᠤᠨ ᠬᠥᠳᠡᠯᠮᠦᠷᠢᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ ᠣᠯᠠᠨ ᠨᠡᠶᠢᠲᠡ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠵᠢᠯ | ᠮᠡᠷᠭᠡᠵᠢᠯ ᠤᠨ ᠬᠠᠩᠭᠠᠯᠭ᠎ᠠ ᠬᠡᠷᠡᠭᠴᠡᠭᠡ ᠶᠢᠨ ᠵᠠᠳᠠᠯᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ | ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠵᠢᠴᠢ ᠵᠢᠱᠢᠯᠲᠡ ᠶᠢ ᠴᠠᠭ ᠲᠤᠬᠠᠶ ᠳᠤᠨᠢ ᠨᠡᠶᠢᠲᠡᠯᠡᠨ᠎ᠡ᠃ ᠬᠥᠮᠦᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ | ᠪᠠᠶᠢᠭᠤᠯᠤᠯᠲᠠ ᠶᠢ ᠴᠢᠩᠭᠠᠳᠬᠠᠨ᠂ ᠶᠡᠷᠦᠩᠬᠡᠶᠢᠯᠡᠭᠰᠡᠨ ᠴᠢᠨᠠᠷᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ | ᠤᠳᠤᠷᠢᠳᠤᠮᠵᠢ ᠶᠢ ᠴᠢᠩᠭᠠᠳᠬᠠᠵᠤ᠂ ᠬᠥᠳᠡᠯᠮᠦᠷᠢᠴᠢᠨ ᠪᠠ ᠬᠥᠮᠦᠨ ᠬᠡᠷᠡᠭᠯᠡᠬᠦ ᠨᠢᠬᠡᠴᠡ ᠳᠤ ᠠᠵᠢᠯ ᠡᠷᠢᠵᠦ ᠤᠷᠢᠬᠤ᠂ | ᠬᠠᠮᠢᠶᠠᠷᠤᠯᠲᠠ ᠶᠢᠨ ᠵᠥᠪᠯᠡᠯᠭᠡ ᠥᠭᠬᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠭᠠᠳᠠᠭᠰᠢ | ᠳᠠᠭᠠᠭᠠᠴᠢᠯᠠᠭᠤᠯᠬᠤ᠂ ᠴᠢᠳᠠᠪᠤᠷᠢᠲᠠᠨ ᠢ ᠰᠢᠯᠭᠠᠨ ᠦᠨᠡᠯᠡᠬᠦ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ | ᠬᠡᠷᠡᠭ ᠶᠠᠪᠤᠳᠠᠯ ᠢ ᠣᠷᠣᠯᠠᠨ ᠭᠦᠢᠴᠡᠳᠬᠡᠬᠦ ᠵᠡᠷᠭᠡ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠨ᠎ᠠ᠃ | ︽ᠢᠨᠲ᠋ᠧᠷ ᠰᠦᠯᠵᠢᠶ᠎ᠡ + ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ︾ ᠶᠢᠨ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠰᠢᠯᠵᠢᠮᠡᠯ ᠢᠨᠲ᠋ᠧᠷ ᠰᠦᠯᠵᠢᠶ᠎ᠡ᠂ ᠬᠢᠮᠡᠯ ᠣᠶᠤᠨ | ᠵᠡᠷᠭᠡ ᠰᠢᠨ᠎ᠡ ᠮᠡᠷᠭᠡᠵᠢᠯ ᠢ ᠬᠡᠷᠡᠭᠯᠡᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠬᠡᠨ ᠤ ᠦᠢᠯᠡᠰ ᠤᠨ | ᠰᠢᠨ᠎ᠡ ᠶᠢ ᠡᠭᠦᠳᠦᠨ ᠬᠥᠭᠵᠢᠬᠦ ᠪᠠ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠬᠤᠶᠠᠳᠤᠭᠠᠷ ᠬᠡᠰᠡᠭ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ | ᠪᠦᠷᠢᠨᠰᠢᠬᠦᠯᠦᠨ᠎ᠡ | ᠪᠦᠬᠦ ᠠᠷᠠᠳ ᠢ ᠬᠠᠮᠤᠷᠤᠭᠰᠠᠨ᠂ ᠪᠦᠬᠦ ᠶᠠᠪᠤᠴᠠ ᠳᠤ ᠳᠣᠣᠱᠯᠠᠭᠳᠠᠭᠰᠠᠨ᠂ ᠪᠦᠬᠦ ᠣᠷᠣᠨ ᠪᠦᠰᠡ ᠶᠢ | ᠬᠠᠮᠤᠷᠤᠭᠰᠠᠨ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠢ ᠪᠦᠬᠦ ᠲᠠᠯ᠎ᠠ ᠶᠢᠨ ᠤᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ᠂ ᠬᠥᠳᠡᠯᠮᠦᠷᠢᠴᠢᠨ ᠪᠠ ᠠᠵᠤ ᠠᠬᠤᠶᠢᠯᠠᠯ ᠳᠤ | ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ᠂ ᠠᠵᠢᠯ ᠮᠡᠷᠭᠡᠵᠢᠯ ᠲᠠᠨᠢᠯᠴᠠᠭᠤᠯᠬᠤ᠂ ᠠᠵᠢᠯᠴᠢᠨ ᠬᠡᠷᠡᠭᠯᠡᠬᠦ ᠶᠢ | ᠵᠢᠯᠣᠭᠤᠳᠬᠤ ᠵᠡᠷᠭᠡ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠨ᠎ᠠ᠃ ᠦᠨᠳᠦᠰᠦᠨ | ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠰ ᠪᠣᠰᠬᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠲᠡᠩᠴᠡᠭᠦᠷᠢᠰᠢᠯ᠂ ᠪᠠᠷᠢᠮᠵᠢᠶᠠᠵᠢᠯ᠂ ᠲᠤᠰᠬᠠᠶᠢᠵᠢᠯ᠂ | ᠲᠦᠭᠡᠮᠡᠯ ᠬᠠᠷᠠᠭᠠᠯᠵᠠᠯᠲᠤ ᠪᠠ ᠨᠢᠭᠡ ᠴᠣᠭᠴᠠᠵᠢᠯ ᠢ ᠪᠡᠶᠡᠯᠡᠭᠦᠯᠬᠦ ᠶᠢ ᠠᠬᠢᠭᠤᠯᠵᠤ᠂ ᠪᠦᠬᠦ ᠠᠶᠢᠮᠠᠭ ᠤᠨ ᠬᠤᠲᠠ | ᠬᠥᠳᠡᠭᠡ ᠶᠢ ᠨᠢᠭᠡ ᠴᠣᠭᠴᠠᠵᠢᠭᠤᠯᠤᠭᠰᠠᠨ᠂ ᠲᠡᠩᠴᠡᠭᠦᠷᠢᠲᠡᠢ ᠬᠥᠭᠵᠢᠯᠲᠡ ᠶᠢ ᠬᠠᠮᠤᠷᠤᠭᠰᠠᠨ ᠣᠯᠠᠨ ᠨᠡᠶᠢᠲᠡ ᠶᠢᠨ | ᠠᠵᠢᠯ ᠣᠯᠭᠤᠬᠤ ᠦᠢᠯᠡᠰ ᠪᠣᠰᠬᠠᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠡᠯ᠎ᠡ ᠲᠥᠷᠥᠯ ᠤᠨ ᠠᠵᠢᠯ | ᠣᠯᠭᠤᠬᠤ ᠬᠦᠮᠦᠰ ᠪᠠ ᠬᠥᠮᠦᠨ ᠬᠡᠷᠡᠭᠯᠡᠬᠦ ᠨᠢᠭᠡᠴᠡ ᠳᠤ ᠥᠪᠡᠷᠮᠢᠴᠡ᠂ ᠲᠤᠰᠬᠠᠶᠢᠵᠢᠭᠰᠠᠨ ᠣᠯᠠᠨ ᠨᠡᠶᠢᠲᠡ ᠶᠢᠨ | ᠠᠵᠢᠯ ᠣᠯᠭᠤᠬᠤ ᠦᠢᠯᠡᠰ ᠪᠣᠰᠬᠠᠬᠤ ᠦᠢᠯᠡᠴᠢᠯᠡᠭᠡ ᠶᠢ ᠬᠠᠩᠭᠠᠨ᠎ᠠ᠃ ᠨᠡᠶᠢᠭᠡᠮ ᠤᠨ ᠬᠦᠴᠦᠨ ᠢ ᠵᠣᠷᠢᠭᠵᠢᠭᠤᠯᠤᠨ | ᠬᠥᠲᠥᠯᠥᠨ ᠵᠢᠯᠣᠭᠤᠳᠴᠤ ᠪᠠᠶᠢᠭᠠᠳ ᠠᠵᠢᠯ ᠣᠯᠭᠤᠬᠤ ᠦᠢᠯᠡᠴᠢᠯᠡᠭᠡ ᠳᠤ ᠥᠷᠭᠡᠨ ᠳᠡᠯᠭᠡᠷ ᠭᠦᠨᠵᠡᠭᠡᠶ | ᠣᠷᠣᠯᠴᠠᠭᠤᠯᠵᠤ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠬᠡᠨ ᠤ ᠪᠠᠶᠢᠭᠤᠯᠤᠮᠵᠢ ᠬᠢᠭᠡᠳ ᠨᠡᠶᠢᠭᠡᠮ ᠤᠨ | ᠠᠷᠠᠳ ᠠᠴᠠ ᠡᠵᠡᠩᠨᠡᠭᠰᠡᠨ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠠᠬᠢᠭᠤᠯᠤᠨ᠂ ᠠᠵᠤ ᠠᠬᠤᠶᠢᠯᠠᠯ ᠳᠤ ᠠᠵᠢᠯᠲᠠᠨ | ᠠᠵᠢᠯᠴᠢᠨ ᠤᠷᠢᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠴᠢᠳᠠᠪᠤᠷᠢᠲᠠᠨ ᠣᠷᠣᠭᠤᠯᠤᠨ ᠠᠪᠴᠢᠷᠠᠬᠤ᠂ | ᠨᠡᠶᠢᠭᠡᠮ ᠤᠨ ᠳᠠᠭᠠᠳᠬᠠᠯ ᠤᠨ ᠬᠡᠷᠡᠭ ᠶᠠᠪᠤᠳᠠᠯ ᠢ ᠣᠷᠣᠯᠠᠨ ᠬᠦᠢᠴᠡᠳᠭᠡᠬᠦ ᠵᠡᠷᠭᠡ ᠦᠢᠯᠡᠴᠢᠯᠡᠭᠡ ᠬᠠᠩᠭᠠᠨ᠎ᠠ᠃ ︽ | ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠰᠢᠷᠢᠰ ᠣᠯᠠᠨ ᠨᠡᠶᠢᠲᠡ ᠶᠢᠨ ᠠᠵᠢᠯ ᠣᠯᠭᠤᠬᠤ | ᠦᠢᠯᠡᠴᠢᠯᠡᠬᠡᠨ ᠤ ᠲᠤᠰᠬᠠᠶ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠠᠷ᠎ᠠ ᠪᠦᠷᠢ ᠲᠤᠰᠬᠠᠶ ᠲᠠᠯᠠᠪᠤᠷ ᠲᠠᠢ᠂ | ᠭᠠᠷᠠᠭ ᠪᠦᠷᠢ ᠠᠵᠢᠯᠲᠠᠨ ᠡᠯᠰᠡᠬᠦ᠂ ᠴᠠᠭ ᠢᠮᠠᠭᠲᠠ ᠦᠢᠯᠡᠴᠢᠯᠡᠬᠦ ᠶᠢ ᠪᠡᠶᠡᠯᠡᠭᠦᠯᠦᠨ᠎ᠡ᠃ | ᠭᠤᠷᠪᠠᠳᠤᠭᠠᠷ ᠬᠡᠰᠡᠭ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠰᠦᠯᠵᠢᠶᠡᠨ ᠳᠡᠭᠡᠷᠡᠬᠢ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ | ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠬᠡᠨ ᠤ ᠵᠦᠢᠯᠡᠰ ᠢ ᠪᠥᠬᠦ ᠶᠠᠪᠤᠴᠠ ᠳᠤ ᠰᠦᠯᠵᠢᠶᠡᠨ | ᠳᠡᠭᠡᠷ᠎ᠡ ᠬᠦᠢᠴᠡᠳᠬᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠲᠦᠢᠯ ᠤᠨ ᠣᠨᠣᠪᠴᠢᠲᠠᠶ ᠦᠢᠯᠡᠴᠢᠯᠡᠭᠡ᠂ | ᠨᠠᠷᠠᠲᠤ ᠲᠥᠷᠥᠯ ᠲᠡᠮᠳᠡᠭᠲᠦ ᠶᠢᠨ ᠦᠢᠯᠡᠴᠢᠯᠡᠭᠡ᠂ ᠪᠠᠷᠢᠮᠵᠢᠶᠠᠲᠤ ᠦᠢᠯᠡᠴᠢᠯᠡᠭᠡ᠂ ᠣᠶᠤᠨᠴᠢ ᠦᠢᠯᠡᠴᠢᠯᠡᠭᠡ᠂ | ᠬᠠᠨᠤᠮᠵᠢᠲᠠᠶ ᠦᠢᠯᠡᠴᠢᠯᠡᠭᠡ ᠶᠢ ᠬᠡᠷᠡᠭᠵᠢᠭᠦᠯᠦᠨ᠎ᠡ᠃ ᠣᠶᠤᠨᠴᠢ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ | ᠲᠠᠪᠴᠠᠩ ᠤᠨ ᠪᠠᠶᠢᠭᠤᠯᠤᠯᠲᠠ ᠶᠢ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠥᠪᠯᠡᠷᠡᠭᠰᠡᠨ | ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠲᠣᠮᠣ ᠳ᠋ᠠᠶᠢᠲ᠋ᠠ ᠬᠥᠮᠥᠷᠭᠡ ᠳᠤ ᠲᠦᠰᠢᠭᠯᠡᠨ᠂ ᠬᠥᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠭᠠᠶᠢᠯᠢ ᠶᠢᠨ ᠶᠠᠪᠤᠳᠠᠯ᠂ ᠰᠤᠷᠭᠠᠨ ᠬᠥᠮᠦᠵᠢᠯ ᠵᠡᠷᠭᠡ ᠰᠠᠯᠠᠭ᠎ᠠ | ᠮᠥᠴᠢᠷ ᠤᠨ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤᠪᠠᠷ ᠭᠥᠷᠳᠡᠵᠦ᠂ ᠣᠯᠠᠨ ᠬᠦᠷᠢᠶ᠎ᠡ ᠴᠠᠷᠠᠭ᠎ᠠ ᠳᠤ ᠨᠡᠶᠢᠯᠡᠭᠦᠯᠦᠨ | ᠠᠭᠤᠰᠤᠯᠴᠠᠭᠤᠯᠬᠤ ᠬᠡᠷᠡᠭᠯᠡᠭᠡᠨ ᠤ ᠲᠠᠪᠴᠠᠩ ᠢ ᠪᠠᠶᠢᠭᠤᠯᠤᠨ᠂ ᠠᠵᠢᠯ ᠣᠯᠭᠤᠬᠤ ᠦᠢᠯᠡᠴᠢᠯᠡᠬᠡᠨ ᠢ ᠢᠨᠲ᠋ᠧᠷ | ᠰᠦᠯᠵᠢᠶ᠎ᠡ ᠶᠢᠨ ᠲᠠᠪᠴᠠᠩ ᠠᠴᠠ ᠰᠢᠯᠵᠢᠮᠡᠯ ᠦᠵᠦᠭᠦᠷ᠂ ᠥᠪᠡᠰᠦᠪᠡᠨ ᠦᠢᠯᠡᠴᠢᠯᠡᠬᠦ ᠲᠠᠪᠴᠠᠩ ᠳᠠᠰᠢ | ᠤᠷᠲᠤᠳᠬᠠᠬᠤ ᠶᠢ ᠠᠬᠢᠭᠤᠯᠵᠤ᠂ ᠠᠵᠢᠯ ᠣᠯᠭᠤᠬᠤ ᠬᠠᠮᠢᠶᠠᠷᠤᠯᠲᠠ ᠪᠠ ᠦᠢᠯᠡᠴᠢᠯᠡᠬᠡᠨ ᠤ ᠵᠦᠢᠯᠡᠰ ᠢ ︽ᠨᠢᠭᠡ | ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠮᠡᠳᠡᠭᠡ ᠵᠠᠩᠭᠢ | ᠴᠤᠭᠯᠠᠭᠤᠯᠬᠤ᠂ ᠪᠣᠯᠪᠠᠰᠤᠷᠠᠭᠤᠯᠬᠤ ᠶᠢ ᠵᠣᠯᠭᠠᠭᠤᠯᠬᠤ᠂ ᠠᠵᠢᠯ ᠣᠯᠭᠤᠬᠤ ᠶᠢ ᠵᠣᠯᠭᠠᠭᠤᠯᠬᠤ᠂ ᠮᠥᠷᠳᠡᠨ | ᠦᠢᠯᠡᠴᠢᠯᠡᠬᠦ ︽ᠳᠥᠷᠪᠡ ᠶᠢ ᠨᠢᠭᠡ ᠴᠣᠭᠴᠠᠵᠢᠭᠤᠯᠬᠤ︾ ᠣᠯᠠᠨ ᠨᠡᠶᠢᠲᠡ ᠶᠢᠨ ᠠᠵᠢᠯ ᠣᠯᠭᠤᠬᠤ | ᠦᠢᠯᠡᠴᠢᠯᠡᠬᠡᠨ ᠤ ᠡᠭᠦᠯᠡᠨ ᠲᠠᠪᠴᠠᠩ ᠢ ᠲᠡᠭᠦᠯᠳᠡᠷᠵᠢᠭᠦᠯᠦᠨ ᠳᠡᠯᠭᠡᠷᠡᠭᠦᠯᠵᠦ᠂ ᠠᠳᠠᠯᠢ ᠪᠤᠰᠤ | ᠬᠥᠳᠡᠯᠮᠦᠷᠢᠯᠡᠭᠴᠢᠳ ᠤᠨ ᠲᠣᠰ ᠪᠡᠶ᠎ᠡ ᠶᠢᠨ ᠨᠥᠬᠦᠴᠡᠯ ᠪᠠ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠲᠦᠢᠯ ᠤᠨ ᠣᠨᠣᠪᠴᠢᠲᠠᠶ ᠪᠠᠷ ᠢᠯᠭᠠᠨ ᠲᠠᠨᠢᠬᠤ᠂ ᠲᠦᠢᠯ ᠤᠨ ᠣᠨᠣᠪᠴᠢᠲᠠᠶ ᠪᠠᠷ ᠲᠥᠷᠥᠯ | ᠬᠤᠪᠢᠶᠠᠬᠤ᠂ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠢᠬᠦ ᠦᠢᠯᠡᠴᠢᠯᠡᠬᠡᠨ ᠤ ᠵᠠᠭᠪᠤᠷ ᠢ ᠪᠠᠶᠢᠭᠤᠯᠵᠤ᠂ | ᠥᠪᠡᠷᠮᠢᠴᠡ ᠦᠢᠯᠡᠴᠢᠯᠡᠬᠡᠨ ᠤ ᠠᠷᠭ᠎ᠠ ᠬᠡᠮᠵᠢᠶ᠎ᠡ ᠪᠠ ᠰᠢᠢᠳᠪᠦᠷᠢᠯᠡᠬᠦ ᠲᠥᠰᠦᠯ ᠢ ᠬᠠᠩᠭᠠᠵᠤ᠂ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠢ ᠲᠦᠢᠯ ᠤᠨ ᠣᠨᠣᠪᠴᠢᠲᠠᠶ ᠪᠠᠷ ᠵᠣᠯᠭᠠᠭᠤᠯᠬᠤ᠂ ᠠᠵᠢᠯ ᠣᠯᠭᠤᠬᠤ ᠬᠠᠩᠭᠠᠯᠭ᠎ᠠ | ᠬᠡᠷᠡᠭᠴᠡᠭᠡ ᠶᠢ ᠲᠦᠢᠯ ᠤᠨ ᠣᠨᠣᠪᠴᠢᠲᠠᠶ ᠪᠠᠷ ᠵᠣᠯᠭᠠᠭᠤᠯᠬᠤ ᠶᠢ ᠪᠦᠲᠦᠮᠵᠢᠲᠡᠶ ᠠᠬᠢᠭᠤᠯᠤᠨ᠂ ᠲᠠᠷᠠᠭᠠᠴᠢ ᠶᠢᠨ | ᠮᠥᠷᠳᠡᠨ ᠦᠢᠯᠡᠴᠢᠯᠡᠬᠦ ᠶᠢ ᠴᠢᠩᠭᠠᠷᠠᠭᠤᠯᠤᠨ᠎ᠠ᠃ | ᠳᠥᠷᠪᠡᠳᠦᠭᠡᠷ ᠬᠡᠰᠡᠭ ᠦᠨᠳᠦᠰᠦᠨ ᠱᠠᠲᠤᠨ ᠤ ᠤᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠬᠡᠨ ᠤ ᠭᠠᠷᠲᠠᠨ ᠬᠦᠢᠴᠡᠳᠬᠡᠬᠦ | ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ | ᠦᠢᠯᠡᠴᠢᠯᠡᠬᠡᠨ ᠤ ᠲᠦᠷᠢᠮ ᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠦᠢᠯᠡᠴᠢᠯᠡᠬᠡᠨ ᠪᠠ ᠠᠵᠢᠯᠲᠠᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ︶ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠣᠯᠠᠨ ᠨᠡᠶᠢᠲᠡ ᠶᠢᠨ | ᠠᠵᠢᠯ ᠣᠯᠭᠤᠬᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ᠦᠢᠯᠡᠴᠢᠯᠡᠬᠡᠨ ᠤ ᠲᠠᠪᠴᠠᠩ ᠢ | ᠵᠢᠷᠤᠮᠵᠢᠭᠤᠯᠬᠤ᠂ ᠦᠢᠯᠡᠴᠢᠯᠡᠬᠡᠨ ᠤ ᠬᠤᠲᠠ ᠬᠥᠳᠡᠭᠡ ᠶᠢ ᠲᠡᠩᠴᠡᠭᠦᠷᠢᠰᠢᠭᠦᠯᠬᠦ᠂ ᠦᠢᠯᠡᠴᠢᠯᠡᠬᠡᠨ ᠤ ᠠᠭᠤᠯᠭ᠎ᠠ ᠶᠢ | ᠪᠠᠷᠢᠮᠵᠢᠶᠠᠵᠢᠭᠤᠯᠬᠤ᠂ ᠦᠢᠯᠡᠴᠢᠯᠡᠬᠡᠨ ᠤ ᠡᠩᠨᠡᠭᠡ ᠶᠢ ᠲᠤᠰᠬᠠᠶᠢᠵᠢᠭᠤᠯᠬᠤ᠂ ᠦᠢᠯᠡᠴᠢᠯᠡᠬᠡᠨ ᠤ ᠠᠷᠭ᠎ᠠ ᠮᠠᠶ᠋ᠢᠭ ᠢ | ᠨᠠᠷᠢᠯᠢᠬᠵᠢᠭᠤᠯᠬᠤ ᠶᠢ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠣᠶᠢᠷ᠎ᠠ ᠬᠠᠪᠢ ᠳᠤᠨᠢ | ᠵᠢᠷᠤᠮᠵᠢᠭᠰᠠᠨ᠂ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ ᠣᠯᠠᠨ ᠨᠡᠶᠢᠲᠡ ᠶᠢᠨ ᠠᠵᠢᠯ ᠣᠯᠭᠤᠬᠤ | ᠦᠢᠯᠡᠴᠢᠯᠡᠬᠡᠨ ᠢ ᠬᠦᠷᠲᠡᠭᠡᠨ᠎ᠡ᠃ ᠢᠯᠡ ᠪᠠᠷ ᠡᠯᠰᠡᠨ ᠬᠡᠷᠡᠭᠯᠡᠬᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠳᠤ ᠲᠥᠪᠬᠢᠨᠡᠭᠦᠯᠬᠦ ᠵᠡᠷᠭᠡ ᠠᠷᠭ᠎ᠠ ᠮᠠᠶ᠋ᠢᠭ ᠢ ᠠᠪᠴᠤ᠂ ᠦᠨᠳᠦᠰᠦᠨ ᠱᠠᠲᠤᠨ ᠤ ᠲᠠᠪᠴᠠᠩ ᠤᠨ | ᠠᠵᠢᠯᠲᠠᠨ ᠤ ᠬᠦᠴᠦᠨ ᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯᠲᠠᠨ ᠤ ᠲᠤᠰᠬᠠᠶ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠬᠡᠪ ᠴᠢᠨᠠᠷ᠂ ᠭᠠᠷᠲᠠᠨ | ᠭᠦᠢᠴᠡᠳᠭᠡᠬᠦ ᠴᠢᠳᠠᠪᠤᠷᠢ ᠪᠠ ᠦᠢᠯᠡᠴᠢᠯᠡᠬᠡᠨ ᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠨᠡᠩ ᠨᠠᠷᠢᠯᠢᠭ | ᠣᠨᠣᠪᠴᠢᠳᠠᠢ ᠠᠵᠢᠯ ᠣᠯᠭᠤᠯᠲᠠ ᠶᠢᠨ ᠦᠢᠯᠡᠴᠢᠯᠡᠭᠡ ᠶᠢ ᠬᠡᠷᠡᠭᠵᠢᠭᠦᠯᠵᠦ᠂ ᠥᠨᠳᠥᠷ ᠪᠦᠲᠦᠮᠵᠢᠲᠡᠢ ᠠᠵᠢᠯ | ᠣᠯᠭᠤᠯᠲᠠ ᠶᠢᠨ ᠮᠡᠳᠡᠭᠡ ᠵᠠᠩᠭᠢ ᠶᠢ ᠨᠡᠶᠢᠲᠡᠯᠡᠬᠦ ᠲᠦᠷᠢᠮ ᠢ ᠲᠡᠭᠦᠯᠳᠡᠷᠵᠢᠭᠦᠯᠦᠨ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠡᠯ᠎ᠡ ᠲᠦᠷᠦᠯ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠦᠨ᠎ᠡ᠃ ᠭᠦᠢᠴᠡᠳ ᠠᠵᠢᠯ ᠣᠯᠤᠭᠰᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠵᠡᠭᠡᠯᠢ | ᠭᠤᠳᠤᠮᠵᠢ ︵ᠰᠤᠮᠤ ᠰᠢᠶᠠᠩ ᠪᠠᠯᠭᠠᠰᠤ︶ ᠪᠣᠯᠤᠨ ᠬᠤᠰᠢᠭᠤ ᠣᠷᠣᠨ ᠤ ᠪᠦᠲᠦᠭᠡᠨ ᠪᠠᠶᠢᠭᠤᠯᠤᠯᠲᠠ ᠶᠢ | ᠥᠷᠨᠢᠭᠦᠯᠦᠨ᠎ᠡ᠃ | ᠶᠢᠰᠦᠳᠦᠭᠡᠷ ᠪᠦᠯᠦᠭ ᠠᠵᠢᠯ ᠣᠯᠭᠤᠯᠲᠠ ᠶᠢᠨ ᠨᠥᠬᠦᠴᠡᠯ ᠢ ᠰᠠᠶᠢᠵᠢᠷᠠᠭᠤᠯᠵᠤ᠂ ᠬᠥᠳᠡᠯᠮᠦᠷᠢᠴᠢᠳ ᠤᠨ | ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ | ᠨᠠᠩ ᠬᠦᠢᠴᠡᠳ ᠠᠵᠢᠯ ᠣᠯᠭᠤᠯᠲᠠ ᠶᠢ ᠠᠬᠢᠭᠤᠯᠵᠤ᠂ ᠠᠵᠢᠯ ᠣᠯᠭᠤᠯᠲᠠ ᠶᠢᠨ ᠶᠡᠭᠡ ᠲᠠᠯ᠎ᠠ ᠶᠢᠨ | ᠲᠣᠭᠲᠠᠭᠤᠨ ᠢ ᠪᠠᠲᠤᠯᠠᠬᠤ ᠶᠢᠨ ᠬᠠᠮᠲᠤ᠂ ᠬᠥᠳᠡᠯᠮᠦᠷᠢᠴᠢᠳ ᠤᠨ ᠠᠵᠢᠯ ᠤᠯᠬᠤ ᠣᠷᠴᠢᠨ ᠨᠥᠬᠦᠴᠡᠯ ᠢ ᠲᠠᠰᠤᠷᠠᠯᠲᠠ | ᠥᠬᠡᠶ ᠰᠢᠯᠢᠳᠡᠭᠵᠢᠭᠦᠯᠵᠦ᠂ ᠬᠥᠳᠡᠯᠮᠦᠷᠢᠴᠢᠳ ᠤᠨ ᠠᠵᠢᠯ ᠤᠨ ᠪᠠᠶᠢᠷᠢ ᠶᠢᠨ ᠣᠯᠭᠤᠮᠵᠢ ᠶᠢ ᠳᠡᠭᠡᠭᠰᠢᠯᠡᠭᠦᠯᠵᠦ᠂ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠨᠠᠩ ᠴᠢᠨᠠᠷ ᠰᠠᠶᠢᠲᠠᠶ ᠠᠵᠢᠯ | ᠣᠯᠭᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ | ᠨᠢᠭᠡᠳᠦᠭᠡᠷ ᠬᠡᠰᠡᠭ ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠬᠦᠷᠲᠡᠮᠵᠢ ᠶᠢᠨ ᠲᠦᠷᠦᠭᠳᠡᠯ ᠢ | ᠨᠡᠮᠡᠭᠳᠡᠭᠦᠯᠦᠨ᠎ᠡ | ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠨ᠂ ᠤᠯᠠᠨ ᠵᠦᠢᠯ ᠤᠨ | ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠵᠡᠷᠭᠡᠪᠡᠷ ᠣᠷᠣᠰᠢᠬᠤ ᠶᠢ ᠪᠠᠷᠢᠮᠲᠠᠯᠠᠵᠤ᠂ ᠠᠩᠬᠠᠨ ᠤ ᠬᠤᠪᠢᠶᠠᠷᠢᠯᠠᠯᠲᠠ ᠳᠠᠬᠢ | ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠴᠠᠯᠢᠩ ᠢᠶᠠᠷ ᠲᠣᠭᠲᠠᠭᠠᠬᠤ | ᠂ ᠵᠦᠶ ᠵᠣᠬᠢᠰᠲᠠᠶ ᠨᠡᠮᠡᠭᠳᠡᠭᠦᠯᠬᠦ ᠪᠠ ᠣᠯᠭᠤᠬᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠬᠥᠳᠡᠯᠮᠦᠷᠢᠴᠢᠨ ᠢᠯᠠᠩᠭᠤᠶ᠎ᠠ ᠨᠢᠭᠡᠳᠦᠭᠡᠷ ᠹᠷᠣᠨᠲ ᠤᠨ ᠬᠥᠳᠡᠯᠮᠦᠷᠢᠴᠢᠨ ᠤ ᠬᠥᠳᠡᠯᠮᠦᠷᠢ ᠶᠢᠨ ᠬᠥᠯᠥᠰᠥ | ᠣᠯᠭᠤᠮᠵᠢ ᠶᠢ ᠨᠡᠮᠡᠭᠳᠡᠭᠦᠯᠵᠦ᠂ ᠬᠥᠳᠡᠯᠮᠦᠷᠢ ᠶᠢᠨ ᠬᠥᠯᠥᠰᠥ ᠣᠯᠭᠤᠮᠵᠢ ᠬᠢᠭᠡᠳ ᠬᠥᠳᠡᠯᠮᠦᠷᠢ ᠦᠢᠯᠡᠳᠪᠦᠷᠢᠯᠡᠯ ᠤᠨ | ᠨᠣᠷᠮ᠎ᠠ ᠶᠢ ᠦᠨᠳᠦᠰᠦᠨ ᠳᠡᠭᠡᠨ ᠵᠡᠷᠭᠡ ᠪᠠᠷ ᠳᠡᠭᠡᠭᠰᠢᠯᠡᠭᠦᠯᠦᠨ᠎ᠡ᠃ ᠴᠠᠯᠢᠩ ᠤᠨ ᠵᠢᠯᠣᠭᠤᠳᠬᠤ ᠱᠤᠭᠤᠮ᠂ ᠠᠵᠤ | ᠠᠬᠤᠶᠢᠯᠠᠯ ᠤᠨ ᠴᠠᠯᠢᠩ ᠬᠥᠯᠥᠰᠥ ᠶᠢᠨ ᠪᠠᠶᠢᠴᠠᠭᠠᠯᠲᠠ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ | ᠲᠡᠭᠦᠯᠳᠡᠷᠵᠢᠭᠦᠯᠵᠦ᠂ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠣᠭᠲᠠᠴᠠ ᠶᠢ | ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠴᠠᠯᠢᠩ ᠬᠥᠯᠥᠰᠥ ᠶᠢᠨ ᠵᠢᠯᠣᠭᠤᠳᠤᠮᠵᠢ ᠲᠥᠯᠥᠪᠯᠡᠭᠡ ᠶᠢ | ᠬᠡᠷᠡᠭᠵᠢᠭᠦᠯᠦᠨ᠎ᠡ᠃ ᠴᠠᠯᠢᠩ ᠢ ᠬᠠᠮᠲᠤᠪᠠᠷ ᠵᠥᠪᠳᠡᠯᠴᠡᠬᠦ ᠳᠦᠷᠢᠮ ᠢ ᠢᠳᠡᠪᠬᠢᠲᠡᠶ ᠪᠠᠷ ᠶᠠᠪᠤᠭᠤᠯᠬᠤ ᠬᠡᠷᠡᠭᠲᠡᠶ᠃ | ᠬᠥᠳᠡᠯᠮᠦᠷᠢ᠂ ᠮᠡᠳᠡᠯᠭᠡ᠂ ᠲᠧᠭᠨᠢᠭ ᠮᠡᠷᠭᠡᠵᠢᠯ᠂ ᠬᠠᠮᠢᠶᠠᠷᠤᠯᠲᠠ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠬᠤᠪᠢ | ᠨᠡᠮᠡᠷᠢ ᠶᠢ ᠵᠠᠬ᠎ᠠ ᠳᠡᠯᠭᠡᠭᠦᠷ ᠠᠴᠠ ᠦᠨᠡᠯᠡᠬᠦ᠂ ᠬᠥᠯᠥᠰᠥ ᠣᠯᠭᠤᠮᠵᠢ ᠶᠢ ᠲᠣᠭᠲᠠᠭᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠠᠵᠢᠯ ᠤᠨ ᠪᠠᠶᠢᠷᠢ ᠶᠢᠨ ᠠᠮᠵᠢᠯᠲᠠ ᠪᠦᠲᠦᠮᠵᠢ ᠶᠢ ᠢᠯᠡᠷᠡᠭᠦᠯᠬᠦ ᠪᠠ ᠱᠠᠳᠤ ᠬᠤᠪᠢᠶᠠᠨ | ᠲᠦᠷᠦᠯ ᠬᠤᠪᠢᠶᠠᠨ ᠬᠠᠮᠢᠶᠠᠷᠬᠤ ᠠᠵᠢᠯ ᠦᠢᠯᠡᠰ ᠤᠨ ᠨᠢᠬᠡᠴᠡ ᠶᠢᠨ ᠴᠠᠯᠢᠩ ᠬᠥᠯᠥᠰᠥ ᠶᠢᠨ ᠲᠦᠷᠢᠮ ᠢ | ᠥᠭᠡᠷᠡᠴᠢᠯᠡᠨ ᠲᠡᠭᠦᠯᠳᠡᠷᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠠᠯᠢᠩ ᠤᠨ | ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠭᠦᠨᠵᠡᠭᠡᠶ ᠬᠡᠷᠡᠭᠵᠢᠭᠦᠯᠵᠦ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠷᠴᠢᠮ ᠢ ᠴᠢᠩᠭᠠᠷᠠᠭᠤᠯᠤᠨ᠂ ᠨᠡᠶᠢᠭᠡᠮ ᠤᠨ ᠳᠠᠭᠠᠳᠬᠠᠯ ᠤᠨ | ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠠᠵᠢᠯ ᠢ ᠰᠢᠯᠢᠳᠡᠭᠵᠢᠭᠦᠯᠵᠦ᠂ ᠬᠥᠳᠡᠯᠮᠦᠷᠢᠯᠡᠭᠴᠢᠳ ᠤᠨ | ᠳᠠᠭᠠᠳᠬᠠᠯ ᠳᠤ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠭᠤᠷᠪᠠᠳᠤᠭᠠᠷ ᠲᠤᠯᠭᠠᠭᠤᠷᠢ ᠪᠣᠯᠬᠤ ᠨᠠᠰᠤᠵᠢᠯ ᠤᠨ | ᠳᠠᠭᠠᠳᠬᠠᠯ ᠢ ᠵᠢᠷᠤᠮᠵᠢᠭᠤᠯᠤᠨ ᠬᠥᠭᠵᠢᠭᠦᠯᠵᠦ᠂ ᠠᠵᠤ ᠠᠬᠤᠶᠢᠯᠠᠯ ᠤᠨ ᠣᠨ ᠤ ᠮᠥᠩᠭᠦ᠂ ᠠᠵᠢᠯ ᠮᠡᠷᠭᠡᠵᠢᠯ ᠤᠨ | ᠣᠨ ᠤ ᠮᠥᠩᠭᠦ ᠶᠢ ᠶᠡᠬᠡᠪᠡᠷ ᠬᠥᠭᠵᠢᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ ᠢ ᠥᠪᠡᠷᠲᠡᠭᠡᠨ ᠵᠠᠰᠠᠬᠤ | ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠬᠠᠮᠵᠢᠯᠴᠠᠨ ᠪᠡᠶᠡᠯᠡᠭᠦᠯᠬᠦ ᠬᠡᠷᠡᠭᠲᠡᠶ᠃ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠬᠦᠴᠦ ᠶᠠᠪᠤᠭᠰᠠᠳ ᠲᠥᠷᠥᠯ ᠵᠦᠢᠯ ᠤᠨ ᠶᠣᠰᠣᠭᠠᠷ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠶᠢ ᠠᠬᠢᠭᠤᠯᠵᠤ᠂ ᠠᠵᠢᠯ ᠠᠴᠠ ᠪᠣᠯᠤᠭᠰᠠᠨ | ᠭᠡᠮᠲᠦᠯ ᠢ ᠰᠡᠷᠭᠡᠶᠢᠯᠡᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ | ᠪᠦᠬᠦ ᠠᠵᠢᠯᠲᠠᠨ ᠠᠵᠢᠯᠴᠢᠨ ᠤ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ | ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠭᠤᠷᠬᠠᠶ᠂ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠲᠣᠭᠤᠰᠣᠨ ᠤ ᠬᠤᠣᠷ ᠬᠥᠨᠥᠭᠡᠯ ᠤᠨ ᠲᠤᠰᠬᠠᠶ ᠵᠦᠢᠯ ᠢᠶᠠᠷ | ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠴᠢᠩᠭ᠎ᠠ | ᠬᠡᠷᠡᠭᠵᠢᠭᠦᠯᠵᠦ᠂ ᠠᠶᠤᠯ ᠶᠡᠬᠡᠲᠡᠶ ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠳᠥᠭᠦᠮᠬᠡᠨ ᠢᠶᠠᠷ ᠳᠠᠪᠬᠤᠷᠳᠠᠭᠰᠠᠨ ᠠᠵᠢᠯ ᠤᠨ ᠭᠤᠭᠴᠤᠭ᠎ᠠ | ᠪᠠ ︽ᠠᠶᠤᠯ ᠲᠦᠭᠰᠢᠭᠦᠷᠢ ᠨᠦᠰᠡᠷ ᠬᠦᠨᠳᠦ︾ ᠠᠵᠢᠯ ᠤᠨ ᠪᠠᠶᠢᠷᠢ ᠶᠢᠨ ᠠᠦ᠋ᠲ᠋ᠣᠴᠢᠯᠠᠯᠲᠠ ᠤᠶᠤᠨᠴᠢᠯᠠᠯᠳᠠ ᠶᠢ | ᠲᠦᠷᠭᠡᠬᠡᠨ ᠪᠡᠶᠡᠯᠡᠭᠦᠯᠬᠦ ᠶᠢ ᠠᠬᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ | ᠬᠦᠷᠢᠶᠡᠨ ᠳᠠᠬᠢ ︽ᠮᠠᠰᠢᠨ ᠢᠶᠠᠷ ᠬᠥᠮᠦᠨ ᠢ ᠰᠣᠯᠢᠬᠤ︾ ᠶᠢ ᠲᠦᠷᠭᠡᠳᠬᠡᠨ᠎ᠡ᠃ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ᠂ ᠡᠯ᠎ᠡ ᠲᠥᠷᠥᠯ ᠤᠨ ᠠᠵᠢᠯ ᠣᠯᠤᠭᠰᠠᠨ ᠨᠡᠶᠢᠲᠡ ᠴᠣᠭᠴᠠ ᠶᠢᠨ ᠦᠷ᠎ᠡ ᠬᠡᠦᠬᠡᠳ | ᠤᠨ ᠰᠤᠷᠭᠠᠨ ᠬᠥᠮᠦᠵᠢᠯ᠂ ᠣᠷᠣᠨ ᠰᠠᠭᠤᠴᠠ ᠶᠢᠨ ᠪᠠᠲᠤᠯᠠᠭ᠎ᠠ᠂ ᠡᠷᠡᠭᠦᠯ ᠬᠠᠮᠠᠭᠠᠯᠠᠯ ᠡᠮ ᠡᠮᠨᠡᠯᠭᠡ᠂ ᠰᠣᠶᠣᠯ | ᠤᠨ ᠠᠮᠢᠳᠤᠷᠠᠯ ᠵᠡᠷᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠠᠶᠢᠲᠤᠷ ᠰᠢᠢᠳᠪᠦᠷᠢᠯᠡᠵᠦ᠂ ᠬᠥᠳᠡᠯᠮᠦᠷᠢᠯᠡᠭᠴᠢᠳ | ᠤᠨ ᠲᠣᠭᠲᠠᠭᠤᠨ ᠢᠶᠠᠷ ᠠᠵᠢᠯ ᠣᠯᠬᠤ᠂ ᠠᠮᠤᠷ ᠲᠠᠶᠢᠪᠤᠩ ᠠᠵᠤ ᠲᠦᠷᠦᠭᠦ ᠶᠢ ᠠᠬᠢᠭᠤᠯᠤᠨ᠎ᠠ᠃ | ᠬᠤᠶᠠᠳᠤᠭᠠᠷ ᠬᠡᠰᠡᠭ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ | ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢ ︽ᠡᠶ᠎ᠡ ᠵᠣᠬᠢᠴᠠᠯ ᠲᠠᠢ ᠪᠠᠶᠢᠯᠭᠠᠬᠤ︾ ᠭᠤᠷᠪᠠᠨ ᠵᠢᠯ ᠤᠨ | ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠵᠠᠰᠠᠭ ᠤᠨ ᠣᠷᠳᠣᠨ᠂ ᠠᠵᠢᠯᠴᠢᠨ ᠤ ᠡᠪᠯᠡᠯ᠂ ᠠᠵᠤ | ᠠᠬᠤᠶᠢᠯᠠᠯ ᠬᠠᠮᠲᠤᠪᠠᠷ ᠣᠷᠣᠯᠴᠠᠭᠰᠠᠨ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ | ᠪᠦᠷᠢᠨᠰᠢᠭᠦᠯᠦᠨ᠎ᠡ᠃ ᠠᠵᠢᠯᠳᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠭᠤᠣᠯ ᠬᠡᠯᠪᠡᠷᠢ | ᠪᠣᠯᠭᠠᠭᠰᠠᠨ ᠠᠷᠠᠳᠴᠢᠯᠠᠭᠰᠠᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠳᠤᠮᠳᠠ ᠵᠢᠵᠢᠭ ᠠᠵᠤ | ᠠᠬᠤᠶᠢᠯᠠᠯ ᠤᠨ ᠬᠠᠤᠯᠢ ᠶᠣᠰᠣᠭᠠᠷ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠬᠦᠳᠦᠯᠦᠨ | ᠵᠢᠯᠣᠭᠤᠳᠤᠨ᠎ᠠ᠃ ᠬᠠᠮᠲᠤ ᠪᠠᠷ ᠵᠥᠪᠳᠡᠯᠴᠡᠬᠦ ᠲᠥᠪᠯᠡᠷᠡᠩᠭᠦᠢ ᠪᠣᠯᠵᠣᠯ ᠲᠣᠭᠲᠠᠬᠤ ᠠᠵᠢᠯᠯᠠᠭ᠎ᠠ ᠶᠢ ᠥᠷᠨᠢᠭᠦᠯᠵᠦ᠂ | ᠬᠠᠮᠲᠤ ᠪᠠᠷ ᠵᠥᠪᠳᠡᠯᠴᠡᠬᠦ ᠶᠢ ᠭᠦᠨᠵᠡᠭᠡᠢ ᠠᠬᠢᠭᠤᠯᠤᠨ᠎ᠠ᠃ ᠠᠵᠤ ᠠᠬᠤᠶᠢᠯᠠᠯ ᠤᠨ ᠬᠥᠳᠡᠯᠮᠦᠷᠢ ᠴᠠᠯᠢᠩ ᠣᠨ | ᠵᠥᠪᠳᠡᠯᠴᠡᠬᠦ ᠺᠣᠮᠢᠰ᠂ ᠬᠥᠳᠡᠯᠮᠦᠷᠢ ᠴᠠᠯᠢᠩ ᠤᠨ ᠶᠠᠷᠢᠯᠴᠠᠬᠤ ᠬᠤᠷᠠᠯ ᠵᠡᠷᠭᠡ ᠣᠯᠠᠨ ᠵᠦᠶ᠋ᠯ ᠤᠨ ᠬᠡᠯᠪᠡᠷᠢ ᠶᠢᠨ | ᠠᠷᠠᠳᠴᠢᠯᠠᠯ ᠢᠶᠠᠷ ᠣᠷᠣᠯᠴᠠᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠠᠷᠠᠳᠴᠢᠯᠠᠯ ᠢᠶᠠᠷ ᠰᠢᠢᠳᠪᠦᠷᠢᠳᠦ | ᠪᠣᠳᠣᠯᠭ᠎ᠠ ᠲᠣᠭᠲᠠᠭᠠᠬᠤ ᠰᠢᠨ᠎ᠡ ᠲᠣᠭᠲᠠᠴᠠ ᠶᠢ ᠪᠠᠶᠢᠭᠤᠯᠬᠤ ᠶᠢ ᠵᠣᠷᠢᠭᠵᠢᠭᠤᠯᠵᠤ᠂ ᠬᠥᠳᠡᠯᠮᠦᠷᠢ ᠴᠠᠯᠢᠩ ᠤᠨ | ᠨᠡᠪᠲᠡᠷᠡᠯᠴᠡᠨ ᠵᠣᠬᠢᠴᠠᠯᠳᠤᠬᠤ ᠶᠢᠨ ᠳᠦᠷᠢᠮᠵᠢᠭᠰᠡᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨ᠎ᠡ ᠡᠵᠡᠩᠨᠡᠯᠲᠡ ᠶᠢᠨ | ᠬᠡᠯᠪᠡᠷᠢ ᠶᠢᠨ ᠠᠵᠢᠯ ᠡᠷᠬᠢᠯᠡᠭᠰᠡᠳ ᠤᠨ ᠬᠥᠳᠡᠯᠮᠦᠷᠢ ᠶᠢᠨ ᠡᠷᠬᠡ ᠠᠰᠢᠭ ᠢ ᠪᠠᠲᠤᠯᠠᠬᠤ ᠲᠣᠭᠲᠠᠴᠠ ᠶᠢ ᠪᠠᠶᠢᠭᠤᠯᠵᠤ᠂ | ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠨ᠎ᠠ᠃ | ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠬᠥᠳᠡᠯᠮᠦᠷᠢ ᠶᠢᠨ ᠬᠢᠨᠠᠨ | ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠬᠤᠯᠠ ᠶᠡᠭᠡ | ᠬᠠᠮᠲᠤ ᠶᠢᠨ ᠬᠥᠳᠡᠯᠮᠦᠷᠢ ᠶᠢᠨ ᠮᠠᠷᠭᠤᠯᠳᠤᠭᠠᠨ ᠣᠯᠠᠨ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠶᠢᠨ | ᠬᠠᠮᠲᠤᠷᠠᠨ ᠬᠥᠳᠡᠯᠦᠯᠴᠡᠵᠦ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠡᠶᠡᠳᠡᠭᠦᠯᠬᠦ ᠪᠠ | ᠬᠥᠨᠳᠡᠯᠡᠨ ᠠᠴᠠ ᠲᠠᠰᠤᠯᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠳᠡᠯᠮᠦᠷᠢ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠤᠨ ᠪᠠᠷᠢᠮᠵᠢᠶᠠᠵᠢᠭᠤᠯᠬᠤ᠂ | ᠮᠡᠳᠡᠭᠡ ᠵᠠᠩᠭᠢᠵᠢᠭᠤᠯᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ ᠬᠢᠭᠡᠳ ᠵᠠᠷᠭᠤ ᠬᠢᠬᠦ ᠶᠢ ᠵᠣᠯᠭᠠᠭᠤᠯᠬᠤ ᠶᠢ ᠴᠢᠩᠭᠠᠳᠬᠠᠨ᠎ᠠ᠃ | ᠡᠶᠡᠳᠡᠭᠦᠯᠦᠨ ᠲᠠᠰᠤᠯᠬᠤ ᠦᠢᠯᠡᠴᠢᠯᠡᠬᠡᠨ ᠤ ᠴᠤᠪᠤᠷᠠᠯ ᠢ ᠰᠢᠯᠢᠳᠡᠭᠵᠢᠭᠦᠯᠵᠦ᠂ ᠬᠡᠷᠡᠭ ᠰᠢᠢᠳᠪᠦᠷᠢᠯᠡᠬᠦ ᠶᠢᠨ | ᠣᠶᠤᠨᠴᠢᠯᠠᠭᠰᠠᠨ ᠬᠢᠷᠢ ᠬᠡᠮᠵᠢᠶ᠎ᠡ ᠪᠠ ᠲᠤᠬᠠᠶ ᠶᠢᠨ ᠬᠥᠮᠦᠨ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠦᠨᠳᠦᠰᠦᠨ ᠱᠠᠲᠤᠨ ᠤ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠠᠵᠢᠯ ᠢ ᠴᠢᠩᠭᠠᠳᠬᠠᠨ᠎ᠠ᠃ | ᠭᠤᠷᠪᠠᠳᠤᠭᠠᠷ ᠬᠡᠰᠡᠭ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ | ᠬᠥᠳᠡᠯᠮᠦᠷᠢ ᠶᠢᠨ ᠭᠡᠷ᠎ᠡ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠳᠡᠯᠮᠦᠷᠢ ᠠᠵᠢᠯᠴᠢᠨ | ᠬᠡᠷᠡᠭᠯᠡᠬᠦ ᠶᠢ ᠳᠠᠩᠰᠠᠯᠠᠬᠤ ᠳᠦᠷᠢᠮ ᠢ ᠲᠡᠭᠦᠯᠳᠡᠷᠵᠢᠭᠦᠯᠦᠨ᠂ ᠬᠥᠳᠡᠯᠮᠦᠷᠢ ᠠᠵᠢᠯᠴᠢᠨ ᠬᠡᠷᠡᠭᠯᠡᠬᠦ ᠦᠢᠯᠡ | ᠠᠵᠢᠯᠯᠠᠭ᠎ᠠ ᠶᠢ ᠵᠢᠷᠤᠮᠵᠢᠭᠤᠯᠤᠨ᠎ᠠ᠃ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠵᠢᠯᠯᠠᠬᠤ ᠴᠠᠭ ᠤᠨ ᠲᠦᠷᠢᠮ ᠢ | ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠬᠥᠳᠡᠯᠮᠦᠷᠢᠴᠢᠳ ᠤᠨ ᠠᠮᠠᠷᠠᠬᠤ ᠪᠠ ᠠᠮᠠᠷᠠᠯᠲᠠ ᠠᠪᠬᠤ ᠡᠷᠬᠡ ᠠᠰᠢᠭ ᠢ | ᠪᠠᠲᠤᠯᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠢᠯᠭᠠᠷᠠᠭᠤᠯᠤᠨ | ᠴᠡᠭᠴᠡᠯᠡᠬᠦ ᠲᠤᠰᠬᠠᠶ ᠵᠦᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠷᠢᠬᠤ ᠶᠠᠪᠤᠴᠠ ᠳᠠᠬᠢ ᠬᠤᠳᠠᠯ | ᠬᠠᠭᠤᠷᠮᠠᠭ᠂ ᠮᠡᠬᠡᠯᠡᠨ ᠬᠢᠬᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠦᠴᠦ | ᠶᠠᠪᠤᠭᠰᠠᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠷᠠᠭᠤᠯᠤᠨ᠂ ᠬᠥᠳᠡᠯᠮᠦᠷᠢ ᠶᠢᠨ ᠡᠷᠬᠡ ᠠᠰᠢᠭ ᠢ | ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠬᠦᠴᠦ ᠶᠠᠪᠤᠭᠰᠠᠳ ᠤᠨ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠤ ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠬᠡᠪᠴᠢᠶ᠎ᠡ ᠶᠢ ᠥᠷᠭᠡᠳᠬᠡᠨ᠂ ᠬᠦᠴᠦ | ᠶᠠᠪᠤᠭᠰᠠᠳ ᠤᠨ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠶ᠃ ᠴᠠᠯᠢᠩ ᠥᠷᠢᠲᠦᠬᠦ ᠶᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠲᠡᠭᠦᠯᠳᠡᠷᠵᠢᠭᠦᠯᠵᠦ᠂ ᠬᠦᠴᠦ ᠶᠠᠪᠤᠭᠰᠠᠳ ᠤᠨ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ | ᠵᠠᠰᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠬᠥᠳᠡᠯᠮᠦᠷᠢ ᠬᠦᠴᠦᠨ ᠪᠣᠯᠤᠨ ᠴᠢᠳᠠᠪᠤᠷᠢᠲᠠᠨ ᠤ ᠨᠡᠶᠢᠭᠡᠮ ᠤᠨ | ᠴᠢᠨᠠᠷᠲᠠᠶ ᠰᠢᠯᠵᠢᠯᠲᠡ ᠶᠢᠨ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠬᠤᠲᠠ ᠬᠥᠳᠡᠭᠡ ᠶᠢᠨ ᠬᠥᠳᠡᠯᠮᠦᠷᠢ | ᠬᠦᠴᠦᠨ ᠤ ᠴᠢᠬᠤᠯᠠ ᠬᠦᠴᠦᠨ ᠵᠦᠢᠯ ᠤᠨ ᠬᠤᠶᠠᠷ ᠲᠠᠯ᠎ᠠ ᠪᠠᠷ ᠢᠶᠠᠨ ᠡᠮᠬᠢ ᠵᠢᠷᠤᠮ ᠲᠠᠢ ᠪᠠᠷ ᠰᠢᠯᠵᠢᠬᠦ ᠶᠢ | ᠠᠬᠢᠭᠤᠯᠵᠤ᠂ ᠬᠦᠴᠦ ᠶᠠᠪᠤᠭᠰᠠᠳ ᠢ ᠬᠤᠲᠠ ᠪᠠᠯᠭᠠᠰᠤᠨ ᠤ ᠠᠵᠢᠯᠲᠠᠨ ᠠᠵᠢᠯᠴᠢᠨ ᠲᠠᠢ ᠠᠳᠠᠯᠢ ᠲᠡᠭᠰᠢ ᠪᠠᠷ ᠠᠵᠢᠯ | ᠣᠯᠭᠤᠬᠤ ᠲᠥᠷᠥ ᠶᠢᠨ ᠪᠣᠳᠣᠯᠭ᠎ᠠ ᠶᠢ ᠬᠦᠷᠲᠡᠭᠡᠬᠦ ᠶᠢ ᠪᠡᠶᠡᠯᠡᠭᠦᠯᠬᠦ ᠬᠡᠷᠡᠭᠲᠡᠶ᠃ ᠮᠠᠯᠴᠢᠨ ᠲᠠᠷᠢᠶᠠᠴᠢᠨ ᠬᠤᠲᠠ ᠶᠢᠨ | ᠠᠷᠠᠳ ᠪᠣᠯᠬᠤ ᠶᠢ ᠲᠦᠷᠭᠡᠳᠬᠡᠨ ᠠᠬᠢᠭᠤᠯᠵᠤ᠂ ᠬᠤᠰᠢᠭᠤ ᠰᠢᠶᠠᠨ ᠤ ᠳᠣᠲᠣᠷ᠎ᠠ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠷᠦᠭᠦᠯᠡᠨ ᠪᠡᠶᠡᠯᠡᠭᠦᠯᠵᠦ᠂ ᠬᠦᠴᠦ ᠶᠠᠪᠤᠭᠰᠠᠳ ᠵᠢᠴᠢ ᠲᠡᠳᠡᠨ ᠤ | ᠳᠠᠭᠠᠵᠤ ᠨᠡᠭᠦᠭᠰᠡᠨ ᠭᠡᠷ ᠪᠦᠯᠢ ᠶᠢᠨ ᠬᠢᠨ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠠᠯᠪᠠᠨ ᠵᠢᠷᠤᠮ ᠤᠨ | ᠰᠤᠷᠭᠠᠨ ᠬᠥᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠬᠤᠲᠠ ᠶᠢᠨ | ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ ᠬᠦᠷᠲᠡᠬᠦ ᠶᠢ ᠠᠬᠢᠭᠤᠯᠤᠨ᠎ᠠ᠃ ᠡᠳ᠋ ᠤᠨ | ᠵᠠᠰᠠᠭ ᠤᠨ ᠰᠢᠯᠵᠢᠭᠦᠯᠦᠨ ᠥᠭᠬᠦ ᠶᠢ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ | ᠬᠤᠲᠠ ᠶᠢᠨ ᠠᠷᠠᠳ ᠪᠣᠯᠭᠠᠬᠤ ᠯᠤᠭ᠎ᠠ ᠬᠤᠯᠪᠣᠭᠳᠠᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠬᠤᠲᠠ ᠳᠤ ᠡᠷᠦᠬᠡ ᠠᠮᠠ ᠤᠷᠤᠭᠰᠠᠨ ᠮᠠᠯᠴᠢᠨ ᠲᠠᠷᠢᠶᠠᠴᠢᠳ ᠤᠨ ᠳᠠᠭᠠᠭᠠᠴᠢᠯᠠᠭᠰᠠᠨ | ᠭᠠᠵᠠᠷ᠂ ᠣᠷᠣᠨ ᠰᠠᠭᠤᠴᠠ ᠶᠢᠨ ᠰᠠᠭᠤᠷᠢ ᠭᠠᠵᠠᠷ᠂ ᠨᠤᠲᠤᠭ ᠪᠡᠯᠴᠢᠭᠡᠷ᠂ ᠬᠠᠮᠲᠤ ᠶᠢᠨ ᠡᠳ᠋ ᠬᠥᠷᠥᠩᠭᠡ ᠵᠡᠷᠭᠡ | ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠮᠠᠯᠵᠢᠬᠤ ᠲᠠᠷᠢᠶᠠᠯᠠᠬᠤ ᠡᠷᠦᠬᠡ ᠶᠢᠨ ︽ᠭᠤᠷᠪᠠᠨ ᠡᠷᠬᠡ︾ ᠶᠢ | ᠵᠠᠬ᠎ᠠ ᠳᠡᠯᠭᠡᠭᠦᠷᠴᠢᠯᠡᠨ ᠪᠤᠴᠠᠭᠠᠨ ᠭᠠᠷᠭᠠᠬᠤ ᠲᠣᠭᠲᠠᠴᠠ ᠶᠢ ᠪᠦᠷᠢᠨᠰᠢᠭᠦᠯᠦᠨ᠎ᠡ᠃ ᠬᠥᠳᠡᠯᠮᠦᠷᠢ ᠶᠢᠨ ᠬᠦᠴᠦᠨ ᠤ | ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠥᠳᠡᠯᠮᠦᠷᠢᠴᠢᠳ ᠤᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠡᠷᠬᠡ ᠲᠡᠭᠰᠢ ᠪᠠᠷ ᠣᠷᠣᠯᠴᠠᠬᠤ ᠠᠵᠢᠯ | ᠣᠯᠭᠤᠯᠲᠠ ᠶᠢᠨ ᠲᠣᠭᠲᠠᠴᠠ ᠶᠢ ᠪᠠᠶᠢᠭᠤᠯᠤᠨ᠂ ᠲᠥᠪ ᠭᠤᠣᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ | ᠪᠣᠯᠭᠠᠵᠤ᠂ ᠠᠵᠢᠯ ᠣᠯᠭᠤᠯᠲᠠ ᠶᠢᠨ ᠭᠠᠳᠠᠭᠤᠷᠴᠢᠯᠠᠯ ᠢ ᠠᠯᠬᠤᠮ ᠠᠯᠬᠤᠮ ᠢᠶᠠᠷ ᠠᠷᠢᠯᠭᠠᠨ᠂ ᠡᠷᠬᠡ ᠲᠡᠭᠰᠢ ᠪᠠᠷ | ᠠᠵᠢᠯ ᠤᠯᠬᠤ ᠶᠢ ᠠᠬᠢᠭᠤᠯᠤᠨ᠎ᠠ᠃ | ᠠᠷᠪᠠᠳᠤᠭᠠᠷ ᠪᠦᠯᠦᠭ ᠲᠠᠯᠳᠠ ᠨᠥᠯᠥᠭᠡ ᠶᠢ ᠠᠷᠭᠠᠴᠠᠵᠤ᠂ ᠠᠵᠢᠯ ᠠᠯᠳᠠᠯᠲᠠ ᠶᠢᠨ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠨ᠎ᠠ | ᠠᠵᠢᠯ ᠣᠯᠭᠤᠯᠲᠠ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠵᠦ ᠠᠷᠭᠠᠴᠠᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠠᠵᠢᠯ ᠠᠯᠳᠠᠯᠲᠠ ᠶᠢᠨ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠢᠳᠡᠪᠬᠢᠲᠡᠢ ᠥᠷᠨᠢᠭᠦᠯᠦᠨ᠂ ᠰᠢᠰᠲ᠋ᠧᠮᠲᠦ | ᠴᠢᠨᠠᠷᠲᠠᠢ᠂ ᠣᠷᠣᠨ ᠪᠦᠰᠡ ᠶᠢᠨ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ᠂ ᠬᠡᠪᠴᠢᠶᠡᠲᠦ ᠴᠢᠨᠠᠷᠲᠠᠢ ᠠᠵᠢᠯ | ᠠᠯᠳᠠᠯᠲᠠ ᠶᠢᠨ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠵᠤ᠂ ᠠᠵᠢᠯ | ᠠᠯᠳᠠᠭᠰᠠᠳ ᠤᠨ ᠦᠨᠳᠦᠰᠦᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ᠨᠢᠭᠡᠳᠦᠭᠡᠷ ᠬᠡᠰᠡᠭ ᠠᠵᠢᠯ ᠣᠯᠭᠤᠯᠲᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠨ᠎ᠠ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠬᠤᠪᠢᠷᠠᠯᠲᠠ ᠳᠤ ᠵᠣᠬᠢᠴᠠᠭᠰᠠᠨ ᠠᠵᠢᠯ | ᠣᠯᠭᠤᠯᠲᠠ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠲᠣᠭᠲᠠᠴᠠ ᠶᠢ ᠪᠦᠷᠢᠨᠰᠢᠭᠦᠯᠦᠨ᠂ ᠠᠵᠢᠯ | ᠣᠯᠭᠤᠯᠲᠠ ᠶᠢ ᠪᠦᠷᠢᠳᠬᠡᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠵᠤ᠂ ᠬᠥᠳᠡᠯᠮᠦᠷᠢ ᠬᠦᠴᠦᠨ ᠳᠤ | ᠪᠠᠶᠢᠴᠠᠭᠠᠯᠲᠠ ᠬᠢᠬᠦ ᠳᠦᠷᠢᠮ ᠢ ᠲᠡᠭᠦᠯᠳᠡᠷᠵᠢᠭᠦᠯᠦᠨ᠂ ᠠᠵᠢᠯ ᠠᠯᠳᠠᠯᠲᠠ ᠶᠢᠨ ᠨᠣᠷᠮ᠎ᠠ ᠶᠢ ᠨᠡᠶᠢᠲᠡᠯᠡᠬᠦ ᠠᠵᠢᠯ ᠢ | ᠰᠠᠶᠢᠲᠤᠷ ᠬᠢᠵᠦ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠳᠤ ᠪᠠᠶᠢᠴᠠᠭᠠᠯᠲᠠ ᠬᠢᠬᠦ ᠳᠦᠷᠢᠮ ᠢ ᠰᠦᠪᠡᠭᠴᠢᠯᠡᠨ | ᠪᠠᠶᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ ᠢ ᠬᠥᠳᠡᠯᠦᠩᠭᠦᠶ ᠪᠠᠷ | ᠮᠥᠷᠳᠡᠨ ᠬᠢᠨᠠᠨ ᠰᠢᠨᠵᠢᠬᠦ ᠶᠢ ᠬᠡᠷᠡᠭᠵᠢᠭᠦᠯᠦᠨ᠎ᠡ᠃ ᠠᠵᠢᠯ ᠠᠯᠳᠠᠬᠤ ᠲᠦᠭᠰᠢᠭᠦᠷᠢ ᠶᠢ ᠬᠢᠨᠠᠨ ᠰᠢᠨᠵᠢᠬᠦ ᠠᠷᠭ᠎ᠠ | ᠮᠠᠶ᠋ᠢᠭ ᠲᠤ ᠰᠢᠨ᠎ᠡ ᠶᠢ ᠡᠭᠦᠳᠴᠦ᠂ ᠬᠤᠷᠸ᠎ᠠ ᠠᠵᠤ ᠠᠬᠤᠶ ᠶᠢᠨ ᠲᠤᠭ᠎ᠠ ᠪᠠᠷᠢᠮᠲᠠ᠂ ᠰᠦᠯᠵᠢᠶ᠎ᠡ ᠪᠠᠷ ᠤᠷᠢᠨ | ᠬᠡᠷᠡᠭᠯᠡᠬᠦ ᠲᠤᠭ᠎ᠠ ᠪᠠᠷᠢᠮᠲᠠ᠂ ᠨᠡᠶᠢᠭᠡᠮ ᠤᠨ ᠪᠠᠲᠤᠯᠠᠭ᠎ᠠ ᠶᠢᠨ ᠲᠤᠭ᠎ᠠ ᠪᠠᠷᠢᠮᠲᠠ ᠪᠠ ᠰᠢᠯᠵᠢᠮᠡᠯ ᠴᠢᠮᠡᠭᠡ | ᠬᠤᠯᠪᠣᠭ᠎ᠠ ᠶᠢᠨ ᠲᠤᠭ᠎ᠠ ᠪᠠᠷᠢᠮᠲᠠ ᠶᠢ ᠶᠡᠷᠦᠩᠬᠡᠶᠢᠯᠡᠨ ᠬᠡᠷᠡᠭᠯᠡᠵᠦ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ | ᠬᠤᠪᠢᠷᠠᠯᠲᠠ ᠶᠢ ᠬᠢᠨᠠᠨ ᠰᠢᠨᠵᠢᠵᠦ᠂ ᠬᠥᠳᠡᠯᠮᠦᠷᠢ ᠬᠦᠴᠦᠨ ᠤ ᠰᠢᠯᠵᠢᠯᠲᠡ ᠶᠢᠨ ᠬᠠᠨᠳᠤᠰᠢ ᠶᠢ ᠡᠵᠡᠮᠰᠢᠨ᠂ | ᠪᠠᠶᠢᠳᠠᠯ ᠢ ᠮᠡᠳᠡᠷᠡᠬᠦ᠂ ᠵᠠᠳᠠᠯᠤᠨ ᠰᠤᠳᠤᠯᠵᠤ ᠮᠠᠭᠠᠳᠯᠠᠬᠤ ᠪᠠ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠶᠠᠳᠤᠭᠠᠷ ᠬᠡᠰᠡᠭ ᠠᠵᠢᠯ ᠠᠯᠳᠠᠯᠲᠠ ᠶᠢ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ | ᠲᠣᠭᠲᠠᠴᠠ ᠶᠢ ᠲᠡᠭᠦᠯᠳᠡᠷᠵᠢᠭᠦᠯᠦᠨ᠎ᠡ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠬᠠᠮᠲᠤᠷᠠᠨ | ᠬᠥᠳᠡᠯᠦᠯᠴᠡᠬᠦ ᠶᠢ ᠪᠠᠷᠢᠮᠲᠠᠯᠠᠨ᠂ ᠠᠵᠢᠯ ᠠᠯᠳᠠᠯᠲᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮᠵᠢ ᠶᠢ | ᠲᠡᠭᠦᠯᠳᠡᠷᠵᠢᠭᠦᠯᠵᠦ᠂ ᠠᠵᠢᠯ ᠠᠯᠳᠠᠯᠲᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠰᠢᠰᠲ᠋ᠧᠮ ᠢ | ᠪᠠᠶᠢᠭᠤᠯᠤᠨ᠂ ᠬᠢᠨᠠᠨ ᠬᠡᠮᠵᠢᠵᠦ ᠰᠡᠷᠡᠮᠵᠢᠯᠡᠭᠦᠯᠬᠦ ᠭᠦᠢᠴᠡᠳᠬᠡᠬᠦ ᠲᠤᠭ᠎ᠠ ᠶᠢ ᠵᠦᠢ ᠵᠣᠬᠢᠰᠲᠠᠶ ᠲᠣᠭᠲᠠᠭᠠᠵᠤ᠂ | ᠭᠦᠢᠴᠡᠳᠬᠡᠬᠦ ᠲᠤᠭ᠎ᠠ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠨ᠎ᠡ᠃ ᠬᠡᠪᠴᠢᠶᠡᠲᠦ | ᠴᠢᠨᠠᠷᠲᠠᠶ ᠠᠵᠢᠯ ᠠᠯᠳᠠᠯᠲᠠ ᠶᠢᠨ ᠲᠦᠭᠰᠢᠭᠦᠷᠢ ᠶᠢ ᠪᠠᠴᠢᠮ ᠠᠷᠭᠠᠴᠠᠵᠤ ᠰᠡᠷᠭᠡᠶᠢᠯᠡᠨ ᠡᠵᠡᠮᠳᠡᠬᠦ ᠲᠥᠰᠦᠯ ᠢ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠪᠣᠯᠤᠨ ᠠᠵᠢᠯ ᠤᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠨᠢ ᠲᠣᠬᠢᠷᠠᠭᠤᠯᠤᠨ ᠨᠡᠶᠢᠲᠡᠯᠡᠵᠦ᠂ ᠠᠵᠢᠯ | ᠠᠯᠳᠠᠯᠲᠠ ᠶᠢᠨ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠤ ᠠᠬᠤᠶᠢᠯᠠᠯ ᠤᠨ | ᠬᠡᠪᠴᠢᠶᠡᠲᠦ ᠬᠥᠮᠦᠨ ᠬᠠᠰᠤᠬᠤ ᠪᠠ ᠠᠵᠢᠯᠲᠠᠨ ᠬᠠᠰᠤᠬᠤ ᠵᠢᠴᠢ ᠭᠡᠨᠡᠳᠲᠡ ᠶᠢᠨ ᠬᠡᠷᠡᠭ ᠢ ᠮᠡᠳᠡᠭᠦᠯᠬᠦ ᠳᠦᠷᠢᠮ ᠢ | ᠪᠠᠶᠢᠭᠤᠯᠬᠤ ᠬᠡᠷᠡᠭᠲᠡᠶ᠃ ᠠᠵᠤ ᠠᠬᠤᠶᠢᠯᠠᠯ ᠤᠨ ᠬᠥᠮᠦᠨ ᠬᠠᠰᠤᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠶᠡᠭᠡ | ᠬᠡᠪᠴᠢᠶ᠎ᠡ ᠪᠠᠷ ᠬᠥᠮᠦᠨ ᠬᠠᠰᠤᠬᠤ ᠶᠠᠪᠤᠳᠠᠯ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠶᠠᠷᠢᠶ᠎ᠠ | ᠬᠡᠯᠡᠯᠴᠡᠭᠡᠨ ᠤ ᠪᠠᠶᠢᠳᠠᠯ ᠢ ᠴᠤᠭᠯᠠᠭᠤᠯᠵᠤ ᠰᠤᠳᠤᠯᠤᠨ ᠮᠠᠭᠠᠳᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠬᠡᠪᠴᠢᠶᠡᠵᠢᠭᠦᠯᠦᠨ ᠠᠵᠢᠯᠲᠠᠨ ᠬᠠᠰᠤᠬᠤ᠂ ᠠᠵᠢᠯ ᠠᠯᠳᠠᠬᠤ ᠲᠦᠭᠰᠢᠭᠦᠷᠢ ᠵᠡᠷᠭᠡ ᠶᠠᠷᠢᠶ᠎ᠠ ᠬᠡᠯᠡᠯᠴᠡᠭᠡᠨ ᠤ ᠪᠠᠶᠢᠳᠠᠯ ᠢ | ᠨᠢᠭᠲᠠ ᠠᠩᠬᠠᠷᠴᠤ᠂ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠂ ᠨᠡᠶᠢᠭᠡᠮ ᠤᠨ ᠠᠩᠬᠠᠷᠤᠯ ᠳᠤ ᠬᠠᠷᠢᠭᠤ | ᠲᠤᠰᠬᠠᠨ᠎ᠠ᠃ | ᠭᠤᠷᠪᠠᠳᠤᠭᠠᠷ ᠬᠡᠰᠡᠭ ᠠᠵᠢᠯ ᠠᠯᠳᠠᠯᠲᠠ ᠶᠢᠨ ᠲᠦᠭᠰᠢᠭᠦᠷᠢ ᠶᠢ ᠠᠷᠭᠠᠴᠠᠨ ᠰᠢᠢᠳᠪᠦᠷᠢᠯᠡᠬᠦ ᠠᠵᠢᠯ ᠢ ᠪᠦᠬᠦ | ᠲᠠᠯ᠎ᠠ ᠪᠠᠷ ᠴᠢᠩᠭᠠᠳᠬᠠᠨ᠎ᠠ | ᠱᠠᠳᠤ ᠬᠤᠪᠢᠶᠠᠭᠰᠠᠨ ᠲᠦᠷᠦ ᠶᠢᠨ ᠪᠤᠳᠤᠯᠭ᠎ᠠ ᠶᠢᠨ ᠨᠥᠭᠡᠴᠡᠯᠡᠯᠲᠡ ᠪᠠ ᠲᠦᠭᠰᠢᠭᠦᠷᠢ ᠶᠢ ᠠᠷᠭᠠᠴᠠᠬᠤ | ᠪᠡᠯᠡᠳᠬᠡᠯ ᠲᠥᠰᠦᠯ ᠤᠨ ᠲᠦᠷᠢᠮ ᠢ ᠲᠣᠭᠲᠠᠭᠠᠨ᠎ᠠ᠃ ᠠᠵᠢᠯ ᠠᠯᠳᠠᠯᠲᠠ ᠶᠢᠨ ᠲᠦᠭᠰᠢᠭᠦᠷᠢ ᠶᠢᠨ ᠬᠡᠪᠴᠢᠶᠡᠲᠦ | ᠴᠢᠨᠠᠷᠲᠠᠶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠳᠠᠯ ᠢ ᠴᠢᠩᠭᠠᠳᠬᠠᠨ᠂ ᠠᠵᠢᠯ ᠣᠯᠭᠤᠯᠲᠠ ᠶᠢᠨ | ᠲᠦᠭᠰᠢᠭᠦᠷᠢ ᠶᠢᠨ ᠨᠥᠭᠡᠴᠡ ᠮᠥᠩᠭᠦ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠳᠤ ᠤᠴᠠᠷᠠᠬᠤ᠂ ᠶᠡᠭᠡ ᠬᠡᠮᠵᠢᠶᠡᠨ ᠤ ᠬᠥᠳᠡᠯᠮᠦᠷᠢᠯᠡᠭᠴᠢᠳ ᠠᠵᠢᠯ ᠤᠨ | ᠪᠠᠶᠢᠷᠢ ᠠᠴᠠ ᠪᠠᠨ ᠰᠠᠯᠬᠤ᠂ ᠬᠡᠪᠴᠢᠶᠡᠲᠦ ᠴᠢᠨᠠᠷᠲᠠᠶ ᠠᠵᠢᠯ ᠠᠯᠳᠠᠯᠲᠠ ᠶᠢᠨ ᠲᠦᠭᠰᠢᠭᠦᠷᠢ ᠭᠡᠨᠡᠳᠲᠡ ᠨᠡᠮᠡᠭᠳᠡᠬᠦ | ᠵᠡᠷᠭᠡ ᠪᠠᠶᠢᠳᠠᠯ ᠭᠠᠷᠪᠠᠯ᠂ ᠠᠵᠤ ᠠᠬᠤᠶᠢᠯᠠᠯ ᠢ ᠲᠤᠰᠠᠯᠠᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ | ᠰᠢᠭᠤᠳ ᠬᠡᠷᠡᠭᠯᠡᠨ᠎ᠡ᠃ ᠬᠦᠴᠢᠷᠳᠡᠯᠲᠡᠶ ᠠᠵᠤ ᠠᠬᠤᠶᠢᠯᠠᠯ ᠤᠨ ᠠᠵᠢᠯᠲᠠᠨ ᠠᠵᠢᠯᠴᠢᠨ ᠲᠠᠢ ᠪᠠᠨ ᠵᠥᠪᠳᠡᠯᠴᠡᠨ | ᠨᠢᠭᠡᠳᠦᠭᠰᠡᠨ ᠰᠠᠭᠤᠷᠢᠨ ᠳᠡᠭᠡᠷ᠎ᠡ᠂ ᠬᠠᠤᠯᠢ ᠶᠣᠰᠣᠭᠠᠷ ᠠᠵᠢᠯᠯᠠᠬᠤ ᠴᠠᠭ ᠢ ᠳᠣᠭᠢᠷᠠᠭᠤᠯᠬᠤ᠂ ᠴᠠᠯᠢᠩ ᠬᠥᠯᠥᠰᠥ | ᠵᠡᠷᠭᠡ ᠠᠷᠭ᠎ᠠ ᠮᠠᠶ᠋ᠢᠭ ᠢ ᠠᠪᠴᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠵᠥᠪᠰᠢᠶᠡᠷᠡᠨ᠎ᠡ᠃ ᠠᠵᠤ | ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠠᠵᠢᠯᠲᠠᠨ ᠢᠶᠠᠨ ᠬᠠᠰᠤᠬᠤ ᠶᠢ ᠵᠢᠯᠣᠭᠤᠳᠤᠨ᠎ᠠ᠃ ᠠᠵᠢᠯ | ᠠᠯᠳᠠᠭᠰᠠᠳ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠶᠢ ᠯᠠᠪᠳᠠᠭᠤᠨ ᠢᠶᠠᠷ ᠠᠬᠢᠭᠤᠯᠵᠤ᠂ ᠭᠤᠶᠤᠴᠢᠯᠠᠨ | ᠠᠪᠬᠤ ᠵᠠᠮ ᠮᠥᠷ ᠢ ᠤᠯᠠᠮ ᠨᠢᠭᠡ ᠠᠯᠬᠤᠮ ᠰᠢᠯᠤᠭᠤᠳᠬᠠᠨ᠂ ᠲᠥᠷᠥ ᠶᠢᠨ ᠪᠣᠳᠣᠯᠭ᠎ᠠ ᠶᠢᠨ ᠠᠰᠢᠭ ᠭᠥᠷᠳᠡᠬᠦ | ᠨᠣᠷᠮ᠎ᠠ ᠶᠢ ᠳᠡᠭᠡᠭᠰᠢᠯᠡᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ ᠢ ᠠᠮᠢᠳᠤᠯᠢᠭ ᠬᠡᠷᠡᠭᠯᠡᠨ ᠠᠵᠤ | ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠠᠬᠢᠭᠤᠯᠬᠤ᠂ ᠳᠠᠭᠠᠳᠬᠠᠯ ᠳᠤ ᠣᠷᠣᠯᠴᠠᠭᠰᠠᠨ | ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠬᠦ ᠵᠡᠷᠭᠡ ᠲᠥᠷᠥ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠵᠦ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠠᠮᠢᠳᠤᠷᠠᠯ ᠢ ᠪᠠᠲᠤᠯᠠᠬᠤ ᠦᠨᠳᠦᠰᠦᠨ ᠴᠢᠳᠠᠮᠵᠢ ᠶᠢᠨ ᠦᠢᠯᠡᠳᠦᠯ ᠢ ᠬᠦᠢᠴᠡᠳ | ᠪᠠᠳᠠᠷᠠᠭᠤᠯᠵᠤ᠂ ᠠᠵᠢᠯ ᠠᠯᠳᠠᠬᠤ ᠶᠢ ᠰᠡᠷᠭᠡᠶᠢᠯᠡᠬᠦ᠂ ᠠᠵᠢᠯ ᠣᠯᠭᠤᠯᠲᠠ ᠶᠢ ᠠᠬᠢᠭᠤᠯᠬᠤ ᠴᠢᠳᠠᠮᠵᠢ ᠶᠢᠨ ᠦᠢᠯᠡᠳᠦᠯ | ᠢ ᠪᠦᠲᠦᠮᠵᠢᠲᠡᠶ ᠪᠠᠳᠠᠷᠠᠭᠤᠯᠤᠨ᠎ᠠ᠃ ᠠᠵᠢᠯ ᠠᠯᠳᠠᠭᠰᠠᠳ ᠤᠨ ᠲᠤᠰᠠᠯᠠᠮᠵᠢ ᠭᠤᠶᠤᠴᠢᠯᠠᠬᠤ ᠠᠷᠭ᠎ᠠ ᠵᠠᠮ ᠢ | ᠰᠢᠯᠤᠭᠤᠳᠬᠠᠵᠤ᠂ ᠠᠵᠢᠯ ᠠᠯᠳᠠᠭᠰᠠᠳ ᠢ ᠪᠠᠶᠢᠩᠭᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠂ ᠠᠵᠢᠯ | ᠠᠯᠳᠠᠯᠲᠠ ᠶᠢᠨ ᠳᠠᠩᠰᠠᠯᠠᠯ᠂ ᠠᠵᠢᠯ ᠮᠡᠷᠭᠡᠵᠢᠯ ᠤᠨ ᠵᠢᠯᠣᠭᠤᠳᠣᠯᠭ᠎ᠠ᠂ ᠠᠵᠢᠯ ᠮᠡᠷᠭᠡᠵᠢᠯ ᠤᠨ ᠲᠠᠨᠢᠯᠴᠠᠭᠤᠯᠭ᠎ᠠ᠂ | ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠠᠮᠢᠳᠤᠷᠠᠯ ᠤᠨ ᠪᠠᠲᠤᠯᠠᠭ᠎ᠠ ᠶᠢᠨ ᠬᠤᠯᠪᠣᠭᠠᠯᠠᠨ ᠬᠥᠳᠡᠯᠦᠯᠴᠡᠬᠦ ᠶᠢ | ᠪᠡᠶᠡᠯᠡᠭᠦᠯᠦᠨ᠎ᠡ᠃ | ᠠᠷᠪᠠᠨ ᠨᠢᠭᠡᠳᠦᠭᠡᠷ ᠪᠦᠯᠦᠭ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠵᠤ᠂ | ᠲᠥᠯᠥᠪᠵᠢᠭᠦᠯᠭᠡ ᠶᠢᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ | ᠠᠵᠢᠯ ᠣᠯᠭᠤᠬᠤ ᠠᠵᠢᠯ ᠤᠨ ᠵᠣᠬᠢᠴᠠᠭᠤᠯᠬᠤ ᠲᠣᠭᠲᠠᠴᠠ ᠪᠣᠯᠤᠨ ᠬᠠᠤᠯᠢ ᠶᠣᠰᠣᠭᠠᠷ ᠰᠢᠢᠳᠪᠦᠷᠢᠳᠦ | ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠬᠦᠴᠦᠲᠡᠶ ᠠᠳᠬᠤᠵᠤ᠂ ᠲᠥᠯᠥᠪᠵᠢᠭᠦᠯᠭᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠯᠠᠪᠳᠠᠭᠤᠨ ᠪᠠᠲᠤᠲᠠᠶ | ᠠᠬᠢᠭᠤᠯᠵᠤ᠂ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠨᠢᠭᠡᠳᠦᠭᠡᠷ ᠬᠡᠰᠡᠭ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠵᠢᠯ ᠣᠯᠭᠤᠯᠲᠠ ᠶᠢ ᠠᠬᠢᠭᠤᠯᠬᠤ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ | ᠲᠦᠷᠦᠭᠦᠯᠡᠭᠰᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠣᠷᠣᠯᠴᠠᠭᠰᠠᠨ ᠠᠵᠢᠯ ᠣᠯᠭᠤᠬᠤ ᠠᠵᠢᠯ ᠢ ᠵᠣᠬᠢᠶᠠᠨ | ᠪᠠᠶᠢᠭᠤᠯᠤᠨ ᠤᠳᠤᠷᠢᠳᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠣᠯᠭᠤᠬᠤ ᠠᠵᠢᠯ ᠢ ᠨᠡᠩ | ᠲᠣᠪᠤᠶᠢᠮ᠎ᠠ ᠴᠢᠬᠤᠯᠠ ᠪᠠᠶᠢᠷᠢᠨ ᠳᠤ ᠲᠠᠯᠪᠢᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠣᠨ ᠤ | ᠭᠤᠣᠯᠳᠠᠯᠭ᠎ᠠ ᠲᠠᠢ ᠠᠵᠢᠯ ᠳᠤ ᠣᠷᠣᠭᠤᠯᠵᠤ᠂ ᠨᠠᠶᠢᠳᠠᠪᠤᠷᠢᠵᠢᠭᠤᠯᠤᠯᠲᠠ ᠶᠢ ᠱᠠᠲᠤ ᠱᠠᠲᠤ ᠪᠠᠷ ᠰᠠᠶᠢᠲᠤᠷ ᠠᠳᠬᠤᠬᠤ | ᠬᠡᠷᠡᠭᠲᠡᠶ᠃ ᠡᠯ᠎ᠡ ᠱᠠᠲᠤᠨ ᠤ ᠠᠵᠢᠯ ᠣᠯᠭᠤᠬᠤ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ | ᠦᠢᠯᠡᠳᠦᠯ ᠢ ᠬᠦᠢᠴᠡᠳ ᠪᠠᠳᠠᠷᠠᠭᠤᠯᠤᠨ᠂ ᠬᠠᠷᠠᠯᠲᠠ ᠶᠢᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ | ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠠᠵᠢᠯ ᠣᠯᠭᠤᠬᠤ ᠠᠵᠢᠯ ᠤᠨ | ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠲᠥᠯᠥᠪᠵᠢᠭᠦᠯᠭᠡ ᠶᠢᠨ ᠡᠯ᠎ᠡ ᠵᠦᠢᠯ ᠤᠨ ᠡᠭᠦᠷᠭᠡ ᠶᠢ ᠤᠷᠤᠭᠰᠢᠲᠠᠶ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ | ᠦᠨᠡᠯᠡᠨ ᠵᠢᠱᠢᠬᠦ ᠪᠠᠨ ᠴᠢᠩᠭᠠᠳᠬᠠᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ | ᠳᠡᠯᠭᠡᠷᠡᠭᠦᠯᠵᠦ᠂ ᠬᠡᠷᠡᠭᠵᠢᠭᠦᠯᠬᠦ ᠶᠠᠪᠤᠴᠠ ᠳᠠᠬᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ | ᠠᠷᠠᠳ ᠤᠨ ᠪᠦᠯᠬᠦᠮ ᠪᠣᠯᠤᠨ ᠪᠤᠰᠤᠳ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠠᠵᠢᠯ ᠣᠯᠭᠤᠯᠲᠠ ᠶᠢ ᠳᠡᠮᠵᠢᠬᠦ ᠪᠠ | ᠠᠬᠢᠭᠤᠯᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ | ᠬᠤᠶᠠᠳᠤᠭᠠᠷ ᠬᠡᠰᠡᠭ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠨ᠎ᠠ | ᠠᠵᠢᠯ ᠶᠠᠪᠤᠳᠠᠯ ᠤᠨ ᠡᠷᠬᠡ ᠲᠠᠢ ᠲᠣᠬᠢᠷᠠᠯᠴᠠᠭᠰᠠᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠦᠢᠯᠡᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠳᠠᠯ ᠢ ᠱᠠᠲᠤ ᠬᠤᠪᠢᠶᠠᠨ ᠪᠠᠲᠤᠯᠠᠬᠤ | ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠠᠵᠢᠯ ᠣᠯᠭᠤᠬᠤ ᠬᠦᠷᠢᠶᠡᠨ ᠳᠠᠬᠢ | ᠣᠷᠣᠭᠤᠯᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠠᠵᠢᠯ ᠣᠯᠭᠤᠬᠤ ᠵᠠᠷᠤᠯᠭ᠎ᠠ ᠶᠢ ᠡᠳ᠋ ᠤᠨ ᠵᠠᠰᠠᠭ ᠤᠨ | ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠪᠠᠲᠤᠯᠠᠬᠤ ᠬᠡᠪᠴᠢᠶᠡᠨ ᠳᠤ ᠵᠢᠭᠰᠠᠭᠠᠨ ᠣᠷᠣᠭᠤᠯᠤᠨ᠎ᠠ᠃ ᠠᠵᠢᠯ | ᠣᠯᠭᠤᠯᠲᠠ ᠶᠢᠨ ᠨᠥᠬᠦᠪᠥᠷᠢ ᠪᠡᠯᠡ ᠮᠥᠩᠭᠦ ᠶᠢᠨ ᠦᠷ᠎ᠡ ᠠᠰᠢᠭ ᠢ ᠦᠨᠡᠨ ᠬᠦ ᠪᠠᠳᠠᠷᠠᠭᠤᠯᠵᠤ᠂ ᠠᠵᠢᠯ | ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠵᠡᠷᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠨ᠎ᠡ᠃ | ᠪᠠᠯᠠ ᠮᠥᠩᠭᠦ ᠶᠢ ᠬᠡᠷᠡᠭᠯᠡᠭᠰᠡᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠦᠷ᠎ᠡ ᠳ᠋ᠦᠩ ᠤᠨ | ᠤᠳᠤᠷᠢᠳᠤᠮᠵᠢ ᠶᠢ ᠳᠣᠪᠤᠶᠢᠯᠭᠠᠨ᠎ᠠ᠃ ᠠᠵᠢᠯ ᠣᠯᠭᠤᠬᠤ ᠬᠦᠷᠢᠶ᠎ᠡ ᠴᠠᠷᠠᠭ᠎ᠠ ᠳᠠᠬᠢ ᠨᠡᠶᠢᠭᠡᠮ ᠤᠨ ᠬᠥᠷᠥᠩᠭᠡ ᠶᠢᠨ | ᠣᠷᠣᠬᠤ ᠶᠢ ᠵᠣᠷᠢᠭᠵᠢᠭᠤᠯᠵᠤ᠂ ᠨᠡᠶᠢᠭᠡᠮ ᠤᠨ ᠬᠥᠷᠥᠩᠭᠡ ᠶᠢᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯ | ᠣᠯᠭᠤᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠦᠢᠯᠡᠳᠦᠯ ᠢᠶᠠᠨ | ᠪᠠᠳᠠᠷᠠᠭᠤᠯᠬᠤ ᠶᠢ ᠬᠥᠲᠥᠯᠦᠨ ᠵᠢᠯᠣᠭᠤᠳᠴᠤ ᠳᠠᠶᠢᠴᠢᠯᠠᠨ᠎ᠠ᠃ | ᠭᠤᠷᠪᠠᠳᠤᠭᠠᠷ ᠬᠡᠰᠡᠭ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ | ᠠᠵᠢᠯ ᠣᠯᠭᠤᠯᠲᠠ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ | ᠢᠯᠠᠩᠭᠤᠶ᠎ᠠ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ᠂ ᠪᠡᠯᠡ ᠮᠥᠩᠭᠦ ᠶᠢᠨ ᠪᠠᠲᠤᠯᠠᠭ᠎ᠠ ᠵᠡᠷᠭᠡ ᠪᠠᠶᠢᠳᠠᠯ ᠢ | ᠪᠠᠶᠢᠴᠠᠭᠠᠵᠤ ᠬᠢᠨᠠᠨ ᠵᠢᠯᠣᠭᠤᠳᠬᠤ ᠪᠠᠨ ᠴᠢᠩᠭᠠᠳᠬᠠᠨ᠎ᠠ᠃ ᠠᠵᠢᠯ ᠣᠯᠭᠤᠯᠲᠠ ᠶᠢᠨ ᠪᠦᠷᠢᠳᠬᠡᠯ ᠤᠨ ᠭᠦᠢᠴᠡᠳᠬᠡᠯ | ᠲᠤᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢ ᠪᠦᠷᠢᠳᠬᠡᠬᠦ ᠶᠠᠰᠤ | ᠴᠢᠨᠠᠷ ᠪᠠ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠎ᠡ᠃ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ | ᠬᠢᠨᠠᠨ ᠬᠡᠮᠵᠢᠬᠦ᠂ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠂ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ | ᠪᠠᠶᠢᠳᠠᠯ ᠢ ᠬᠢᠨᠠᠨ ᠬᠡᠮᠵᠢᠵᠦ ᠦᠨᠡᠯᠡᠨ ᠵᠢᠱᠢᠬᠦ ᠶᠢ ᠴᠢᠩᠭᠠᠳᠬᠠᠨ᠂ ᠣᠨ ᠤ ᠲᠥᠯᠥᠪᠯᠡᠭᠡ ᠶᠢ ᠬᠢᠨᠠᠨ ᠬᠡᠮᠵᠢᠬᠦ | ᠭᠦᠢᠴᠡᠳᠬᠡᠬᠦ ᠲᠤᠭ᠎ᠠ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠲᠣᠭᠲᠠᠭᠠᠵᠤ᠂ ᠭᠤᠣᠯᠳᠠᠯᠭ᠎ᠠ ᠲᠠᠢ | ᠭᠦᠢᠴᠡᠳᠬᠡᠬᠦ ᠲᠤᠭ᠎ᠠ ᠶᠢ ᠬᠢᠨᠠᠨ ᠰᠢᠯᠭᠠᠵᠤ ᠦᠨᠡᠯᠡᠨ ᠵᠢᠱᠢᠬᠦ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠂ | ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠣᠨ ᠤ ᠬᠢᠨᠠᠨ ᠬᠡᠮᠵᠢᠬᠦ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ | ᠪᠠ ᠰᠡᠭᠦᠯᠴᠢ ᠶᠢᠨ ᠬᠤᠭᠤᠴᠠᠭᠠᠨ ᠤ ᠳ᠋ᠦᠩᠨᠡᠯᠳᠡ ᠬᠢᠬᠦ ᠶᠢ ᠥᠷᠨᠢᠭᠦᠯᠵᠦ᠂ ᠲᠥᠯᠥᠪᠵᠢᠭᠦᠯᠭᠡ ᠶᠢ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠦᠨᠳᠦᠰᠦᠯᠡᠨ᠂ ᠲᠥᠯᠥᠪᠵᠢᠭᠦᠯᠭᠡ ᠶᠢᠨ ᠲᠣᠬᠢᠷᠠᠭᠤᠯᠤᠯᠲᠠ ᠬᠢᠬᠦ ᠶᠢ ᠴᠠᠭ ᠲᠤᠬᠠᠶ ᠳᠤᠨᠢ | ᠰᠠᠶᠢᠲᠤᠷ ᠬᠢᠬᠦ ᠬᠡᠷᠡᠭᠲᠡᠶ᠃ | ᠳᠥᠷᠪᠡᠳᠦᠭᠡᠷ ᠬᠡᠰᠡᠭ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ | ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠵᠥᠪ ᠣᠨᠣᠪᠴᠢᠲᠠᠶ ᠤᠬᠠᠭᠤᠯᠬᠤ ᠶᠢ ᠪᠠᠷᠢᠮᠲᠠᠯᠠᠨ᠂ ᠠᠵᠢᠯ | ᠣᠯᠭᠤᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠤᠨ | ᠲᠤᠷᠰᠢᠯᠭ᠎ᠠ ᠬᠢᠳᠡᠯ ᠢ ᠶᠡᠬᠡᠪᠡᠷ ᠤᠬᠠᠭᠤᠯᠵᠤ᠂ ᠨᠢᠭᠡ ᠪᠦᠯᠦᠭ ᠠᠵᠢᠯ ᠣᠯᠭᠤᠵᠤ ᠠᠳᠠᠯ ᠦᠢᠯᠡᠰ ᠴᠣᠭᠴᠠᠯᠠᠬᠤ | ᠠᠵᠢᠯ ᠤᠨ ᠨᠡᠶᠢᠲᠡᠯᠢᠭ ᠲᠤᠷᠰᠢᠯᠭ᠎ᠠ᠂ ᠨᠡᠶᠢᠲᠡᠯᠢᠭ ᠬᠥᠮᠦᠰ ᠢ ᠰᠣᠩᠭᠤᠨ ᠪᠣᠶ ᠪᠣᠯᠭᠠᠵᠤ᠂ ᠨᠢᠭᠡ ᠪᠦᠯᠦᠭ | ᠬᠠᠲᠠᠭᠤᠵᠢᠯᠲᠠᠶ ᠠᠯᠤᠰ ᠬᠢᠵᠠᠭᠠᠷ ᠬᠤᠰᠢᠭᠤ ᠣᠷᠣᠨ᠂ ᠬᠤᠲᠠ ᠬᠥᠳᠡᠭᠡ ᠶᠢᠨ ᠦᠨᠳᠦᠰᠦᠨ ᠱᠠᠲᠤᠨ ᠳᠤ ᠠᠵᠢᠯ | ᠣᠯᠭᠤᠵᠤ ᠠᠳᠠᠯ ᠦᠢᠯᠡᠰ ᠴᠣᠭᠴᠠᠯᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠯᠡᠷᠡᠭᠦᠯᠦᠨ᠎ᠡ᠃ ᠶᠠᠷᠢᠶ᠎ᠠ | ᠬᠡᠯᠡᠯᠴᠡᠭᠡᠨ ᠤ ᠪᠠᠶᠢᠳᠠᠯ ᠳᠤ ᠵᠠᠳᠠᠯᠤᠯᠲᠠ ᠬᠢᠬᠦ ᠶᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠪᠤᠷᠤᠭᠤ ᠣᠶᠢᠯᠠᠭᠠᠯᠲᠠ ᠶᠢ ᠠᠷᠢᠯᠭᠠᠨ᠂ ᠨᠡᠶᠢᠭᠡᠮ ᠤᠨ | ᠵᠢᠱᠢᠯᠲᠡ ᠶᠢ ᠲᠣᠭᠲᠠᠭᠤᠨ ᠪᠠᠶᠢᠯᠭᠠᠵᠤ᠂ ᠠᠵᠢᠯ ᠦᠢᠯᠡᠰ ᠤᠨ ᠬᠥᠭᠵᠢᠯᠲᠡ ᠳᠤ ᠠᠰᠢᠭᠲᠠᠶ ᠶᠠᠷᠢᠶ᠎ᠠ ᠬᠡᠯᠡᠯᠴᠡᠭᠡᠨ ᠤ | ᠠᠭᠤᠷ ᠠᠮᠢᠰᠬᠤᠯ ᠢ ᠪᠣᠶ ᠪᠣᠯᠭᠠᠨ᠎ᠠ᠃ |