ᠳᠠᠶᠢᠴᠢᠨ᠄ ᠰᠢᠨ᠎ᠡ ᠴᠠᠭ ᠦᠶ᠎ᠡ ᠶᠢᠨ ᠠᠯᠠᠱᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠣᠶ᠎ᠠ
ᠨᠡᠶᠢᠲᠡᠯᠡᠭᠰᠡᠨ ᠴᠠᠭ᠄
2022/5/26
     ᠰᠢᠨ᠎ᠡ ᠨᠡᠶᠢᠲᠡᠯᠡᠵᠦ ᠬᠡᠷᠡᠭᠵᠢᠭᠦᠯᠦᠭᠰᠡᠨ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠨᠢ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠳᠣᠣᠱᠯᠠᠭᠤᠯᠵᠦ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠲᠦᠷᠢᠮ ᠤᠨ ᠥᠭᠡᠷᠡᠴᠢᠯᠡᠯᠲᠡ ᠶᠢᠨ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠪᠣᠯᠤᠭᠰᠠᠨ ᠪᠥᠭᠡᠳ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠵᠠᠬᠢᠳᠠᠯ ᠰᠤᠷᠪᠤᠯᠵᠢᠯᠠᠯ ᠤᠨ ᠠᠵᠢᠯ ᠢ ᠪᠥᠬᠦ ᠲᠠᠯ᠎ᠠ ᠪᠠᠷ ᠵᠢᠷᠤᠮᠵᠢᠭᠤᠯᠤᠭᠰᠠᠨ ᠠᠩᠬᠠᠳᠠᠭᠴᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠣᠯᠤᠨ᠎ᠠ᠂ ᠡᠨᠡ ᠨᠢ ᠰᠢᠨ᠎ᠡ ᠲᠡᠦᠬᠡ ᠶᠢᠨ ᠭᠠᠷᠤᠭ᠎ᠠ ᠠᠴᠠ ᠵᠠᠬᠢᠳᠠᠯ ᠰᠤᠷᠪᠤᠯᠵᠢᠯᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠠᠯᠠᠱᠠ ᠠᠶᠢᠮᠠᠭ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠳᠣᠣᠱᠯᠠᠭᠤᠯᠣᠨ ᠨᠠᠶᠢᠳᠠᠪᠤᠷᠢᠵᠢᠭᠤᠯᠵᠤ᠂ ︽ᠲᠦᠷᠢᠮ︾ ᠢ ᠰᠤᠷᠤᠯᠴᠠᠨ ᠳᠣᠣᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠭᠤᠤᠯ ᠠᠭᠤᠯᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠠᠯᠠᠱᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃      ︽ᠲᠦᠷᠢᠮ︾ ᠢ ᠰᠤᠷᠤᠯᠴᠠᠨ ᠲᠤᠤᠱᠯᠠᠭᠤᠯᠬᠤ ᠳᠤ᠂ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠬᠤ ᠬᠡᠷᠡᠭᠲᠡᠢ᠃ ︽ᠳᠦᠷᠢᠮ︾ ᠨᠢ ᠮᠠᠨ ᠤ ᠨᠠᠮ ᠤᠨ ᠤᠷᠲᠤ ᠬᠤᠭᠤᠴᠠᠭᠠᠨ ᠤ ᠲᠤᠷᠰᠢ ᠵᠠᠬᠢᠳᠠᠯ ᠰᠤᠷᠪᠤᠯᠵᠢᠯᠠᠯ ᠤᠨ ᠠᠵᠢᠯ ᠢ ᠤᠳᠤᠷᠢᠳᠤᠨ ᠥᠷᠨᠢᠭᠦᠯᠦᠭᠰᠡᠨ ᠲᠤᠷᠰᠢᠯᠭ᠎ᠠ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠢᠰᠲ᠋ᠧᠮ ᠲᠠᠢ ᠳ᠋ᠦᠩᠨᠡᠵᠦ᠂ ᠵᠠᠬᠢᠳᠠᠯ ᠰᠤᠷᠪᠤᠯᠵᠢᠯᠠᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠪᠣᠯᠤᠭᠰᠠᠨ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ︽ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠨᠠᠮ ᠤᠨ ᠲᠥᠯᠥᠭᠡ ᠰᠠᠨᠠᠭᠠᠰᠢᠷᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠨᠠᠮ ᠤᠨ ᠤᠳᠤᠷᠢᠳᠤᠯᠭ᠎ᠠ ᠶᠢ ᠵᠠᠬᠢᠳᠠᠯ ᠰᠤᠷᠪᠤᠯᠵᠢᠯᠠᠯ ᠤᠨ ᠠᠵᠢᠯ ᠤᠨ ᠡᠯ᠎ᠡ ᠲᠠᠯ᠎ᠠ ᠪᠥᠬᠦ ᠶᠠᠪᠤᠴᠠ ᠳᠤ ᠳᠣᠣᠱᠯᠠᠭᠤᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ︽ᠲᠦᠷᠢᠮ︾ ᠤᠨ ᠱᠠᠭᠠᠷᠳᠠᠯᠭ᠎ᠠ ᠪᠠᠷ᠂ ᠵᠠᠬᠢᠳᠠᠯ ᠰᠤᠷᠪᠤᠯᠵᠢᠯᠠᠯ  ᠤᠨ ᠠᠵᠢᠯ ᠤᠨ ᠲᠣᠭᠲᠠᠴᠠ ᠶᠢ ᠰᠢᠯᠤᠭᠤᠳᠬᠠᠵᠤ᠂ ︽ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠵᠣᠬᠢᠴᠠᠭᠤᠯᠬᠤ᠂ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠠᠬᠢᠭᠤᠯᠬᠤ᠂ ᠡᠯ᠎ᠡ ᠲᠠᠯ᠎ᠠ ᠶᠢᠨ ᠬᠢᠨ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ︾ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠷᠢᠰᠢᠯ ᠢ ᠴᠢᠷᠮᠠᠶᠢᠨ ᠪᠠᠶᠢᠭᠤᠯᠵᠤ᠂ ᠨᠠᠮ ᠵᠠᠰᠠᠭ ᠬᠠᠮᠲᠤ ᠪᠠᠷ ᠬᠠᠷᠢᠭᠤᠴᠠᠬᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠱᠠᠳᠤ ᠬᠤᠪᠢᠶᠠᠨ ᠬᠠᠷᠢᠭᠤᠴᠠᠬᠤ᠂ ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ ᠦᠨᠳᠦᠰᠦᠨ ᠵᠠᠷᠴᠢᠮ ᠢ ᠪᠠᠷᠢᠮᠲᠠᠯᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠴᠢᠨᠠᠭᠰᠢᠳᠠ ᠲᠣᠳᠣᠷᠬᠠᠶᠢᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠩ ᠶᠡᠭᠡ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠵᠥᠷᠢᠴᠡᠯ ᠢ ᠨᠠᠮᠳᠠᠭᠤᠯᠬᠤ ᠂ ᠤᠯᠠᠨ ᠲᠦᠮᠡᠨ ᠳᠤ ᠦᠢᠯᠡᠴᠢᠯᠡᠬᠦ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃       ︽ᠲᠦᠷᠢᠮ︾ ᠢ ᠰᠤᠷᠤᠯᠴᠠᠨ ᠲᠤᠤᠱᠯᠠᠭᠤᠯᠬᠤ ᠳᠤ᠂ ᠡᠷᠬᠡᠪᠰᠢ ︽ᠲᠦᠷᠢᠮ︾ ᠤᠨ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ᠃ ︽ᠲᠦᠷᠢᠮ︾ ᠨᠢ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠪᠠᠶᠢᠭᠤᠯᠣᠯ ᠲᠣᠭᠲᠠᠴᠠ᠂ ᠲᠤᠰᠢᠶᠠᠯ ᠬᠠᠷᠢᠭᠤᠴᠠᠯᠭ᠎ᠠ ᠡᠭᠦᠷᠭᠡ ᠂ ᠰᠢᠢᠳᠪᠦᠷᠢᠯᠡᠬᠦ ᠲᠠᠰ ᠳᠠᠷᠠᠭᠠᠯᠠᠯ᠂ ᠬᠢᠨᠠᠯᠲᠠ ᠲᠠᠯᠪᠢᠬᠤ ᠰᠢᠰᠲ᠋ᠧᠮ ᠢ ᠤᠯᠠᠮ ᠴᠢᠨᠠᠭᠰᠢᠳᠠ ᠲᠣᠳᠣᠷᠬᠠᠶᠢᠯᠠᠪᠠ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ︽ᠲᠦᠷᠢᠮ︾ ᠤᠨ ᠲᠣᠭᠲᠠᠭᠠᠯ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠵᠠᠷᠴᠢᠮ ᠪᠠ ᠱᠠᠭᠠᠷᠳᠠᠯᠭ᠎ᠠ ᠶᠢ ᠭᠦᠨᠵᠡᠭᠡᠶ ᠡᠵᠡᠮᠰᠢᠵᠦ᠂ ︽ᠲᠦᠷᠢᠮ︾ ᠤᠨ ᠭᠤᠤᠯ ᠠᠭᠤᠯᠭ᠎ᠠ ᠶᠢ ᠪᠣᠯᠪᠠᠰᠤᠷᠠᠩᠭᠤᠶ ᠡᠵᠡᠮᠰᠢᠵᠦ᠂ ᠲᠥᠪ ᠤᠨ ᠵᠣᠷᠢᠭ ᠰᠠᠨᠠᠭ᠎ᠠ ᠶᠢ ᠣᠨᠣᠪᠴᠢᠲᠠᠶ ᠡᠵᠡᠮᠳᠡᠵᠦ᠂ ᠴᠢᠬᠤᠯᠠ ᠠᠭᠤᠯᠭ᠎ᠠ ᠶᠢ ᠨᠡᠪᠲᠡᠷᠬᠡᠶ ᠣᠶᠢᠯᠠᠭᠠᠵᠤ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠷ ︽ᠲᠦᠷᠢᠮ︾ ᠢ ᠳᠣᠣᠱᠯᠠᠭᠤᠯᠣᠨ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠶ᠃ ᠰᠤᠷᠤᠯᠴᠠᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ︽ᠲᠦᠷᠢᠮ︾ ᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠪᠠ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠬᠥᠮᠦᠵᠢᠯ ᠪᠣᠯᠪᠠᠰᠤᠷᠠᠭᠤᠯᠤᠯ ᠤᠨ ᠴᠢᠬᠤᠯᠠ ᠠᠭᠤᠯᠭ᠎ᠠ ᠪᠣᠯᠭᠠᠵᠤ᠂ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠢᠭᠠᠨ ᠰᠤᠷᠭᠠᠯᠲᠠ ᠶᠢᠨ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠤᠬᠠᠭᠤᠯᠤᠨ ᠲᠠᠶᠢᠯᠪᠤᠷᠢᠯᠠᠵᠤ ᠬᠠᠪᠰᠤᠷᠤᠨ ᠵᠢᠯᠣᠭᠤᠳᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠲᠦᠷᠢᠮ︾ ᠢ ᠲᠣᠭᠲᠠᠭᠠᠵᠤ ᠨᠡᠶᠢᠲᠡᠯᠡᠭᠰᠡᠨ ᠠᠬᠤᠶ ᠪᠠᠶᠢᠳᠠᠯ᠂ ᠠᠴᠢ ᠬᠤᠯᠪᠣᠭᠳᠠᠯ᠂ ᠠᠭᠤᠯᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠲᠦᠷᠢᠮ︾ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠤᠬᠠᠭᠤᠯᠵᠤ ᠬᠥᠳᠤᠯᠤᠨ ᠵᠢᠯᠣᠭᠤᠳᠬᠤ ᠪᠠᠨ ᠴᠢᠩᠭᠠᠳᠬᠠᠵᠤ᠂ ︽ᠲᠦᠷᠢᠮ︾ ᠢ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠴᠢᠬᠤᠯᠠ ᠠᠭᠤᠯᠭ᠎ᠠ ᠪᠣᠯᠭᠠᠵᠤ᠂ ᠲᠥᠪᠯᠡᠷᠡᠭᠦᠯᠦᠨ ᠰᠤᠷᠤᠯᠴᠠᠵᠤ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠲᠦᠷᠢᠮ︾ ᠢ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠨᠢᠬᠡᠴᠡ ᠳᠤ ᠣᠷᠣᠭᠤᠯᠬᠤ ᠶᠢ ᠠᠬᠢᠭᠤᠯᠵᠤ᠂ ᠨᠡᠶᠢᠭᠡᠮ ᠳᠠᠶᠠᠭᠠᠷ ᠲᠤ ᠬᠠᠤᠯᠢ ᠶᠣᠰᠣᠭᠠᠷ ᠠᠵᠢᠯᠯᠠᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠰᠢᠢᠳᠪᠦᠷᠢᠯᠡᠬᠦ ᠳᠤ ᠬᠠᠤᠯᠢ ᠶᠢ ᠲᠦᠰᠢᠭᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃      ︽ᠳᠦᠷᠢᠮ︾ ᠢ ᠰᠤᠷᠤᠯᠴᠠᠨ ᠲᠤᠤᠱᠯᠠᠭᠤᠯᠬᠤ ᠳᠤ ᠡᠷᠬᠡᠪᠰᠢ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠠᠮ ᠤᠨ ᠣᠯᠠᠨ ᠲᠦᠮᠡᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠠᠮ ᠪᠠ ᠵᠠᠰᠠᠭ ᠤᠨ ᠣᠷᠳᠣᠨ ᠤ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠨᠢᠭᠡᠨ ᠴᠢᠬᠤᠯᠠ ᠠᠵᠢᠯ ᠮᠥᠨ᠂ ᠡᠯ᠎ᠡ ᠱᠠᠲᠤᠨ ᠤ ᠪᠠᠶᠢᠭᠤᠯᠭ᠎ᠠ᠂ ᠨᠢᠬᠡᠴᠡ ᠵᠢᠴᠢ ᠲᠡᠭᠦᠨ ᠤ ᠤᠳᠤᠷᠢᠳᠬᠤ ᠺᠠᠳ᠋ᠷ᠂ ᠠᠵᠢᠯᠲᠠᠨ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠴᠢᠬᠤᠯᠠ ᠠᠷᠭ᠎ᠠ ᠵᠠᠮ ᠮᠥᠨ᠃ ᠵᠠᠬᠢᠳᠠᠯ ᠰᠤᠷᠪᠤᠯᠵᠢᠯᠠᠯ ᠪᠣᠯ ᠭᠡᠷ ᠲᠤᠨᠢ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠮᠥᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠪᠣᠯ ᠵᠠᠬᠢᠳᠠᠯ ᠰᠤᠷᠪᠤᠯᠵᠢᠯᠠᠯ ᠤᠨ ᠠᠵᠢᠯ ᠤᠨ ᠦᠷᠲᠡᠭ ᠤᠨ ᠬᠥᠭᠡᠭᠡᠴᠡᠯᠳᠦᠯ ᠮᠥᠨ᠂ ᠪᠠᠰᠠ ᠴᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠠᠷᠠᠳᠴᠢ ᠴᠢᠨᠠᠷ ᠤᠨ ᠢᠯᠡ ᠲᠣᠳᠣ ᠢᠯᠡᠷᠡᠯ ᠮᠥᠨ᠃ ︽ᠲᠦᠷᠢᠮ︾ ᠢ ᠬᠢᠨᠠᠮᠠᠭᠠᠢ ᠰᠤᠷᠤᠯᠴᠠᠨ ᠵᠢᠷᠤᠮᠯᠠᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠶᠢ ᠵᠠᠬᠢᠳᠠᠯ ᠰᠤᠷᠪᠤᠯᠵᠢᠯᠠᠯ  ᠤᠨ ᠠᠵᠢᠯ ᠤᠨ ᠡᠭᠦᠰᠦᠯᠲᠡ ᠪᠠ ᠦᠷ᠎ᠡ ᠳ᠋ᠦᠩ ᠪᠣᠯᠭᠠᠵᠤ᠂ ᠤᠳᠤᠷᠢᠳᠬᠤ ᠺᠠᠳ᠋ᠷ ᠲᠦᠷᠦᠭᠦᠯᠡᠨ ᠰᠤᠷᠪᠤᠯᠵᠢᠯᠠᠭ᠎ᠠ ᠬᠦᠯᠢᠶᠡᠬᠦ᠂ ᠳᠣᠷᠣᠭᠰᠢ ᠰᠤᠷᠪᠤᠯᠵᠢᠯᠠᠬᠤ ᠪᠠ ᠬᠡᠷᠡᠭ ᠢ ᠳᠠᠭᠠᠭᠠᠴᠢᠯᠠᠬᠤ ᠲᠦᠷᠢᠮ ᠢ ᠨᠠᠶᠢᠳᠠᠪᠤᠷᠢᠵᠢᠭᠤᠯᠵᠤ᠂ ᠲᠤᠬᠠᠢ ᠶᠢᠨ ᠲᠠᠯᠠᠪᠤᠷ ᠲᠤ ᠰᠤᠷᠪᠤᠯᠵᠢᠯᠠᠭ᠎ᠠ ᠬᠦᠯᠢᠶᠡᠬᠦ᠂ ᠬᠡᠷᠡᠭ ᠲᠤ ᠴᠢᠭᠯᠡᠭᠦᠯᠦᠨ ᠳᠣᠷᠣᠭᠰᠢ ᠰᠤᠷᠪᠤᠯᠵᠢᠯᠠᠬᠤ᠂ ᠭᠤᠣᠯᠳᠠᠯᠭ᠎ᠠ ᠲᠠᠢ ᠪᠣᠯᠵᠣᠨ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡᠳᠦᠭᠡᠷ ᠹᠷᠣᠨᠲ ᠲᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠢᠳᠡᠪᠬᠢᠲᠡᠢ ᠪᠥᠭᠡᠳ ᠯᠠᠪᠳᠠᠭᠤᠨ ᠢᠶᠠᠷ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠨᠠᠮ ᠪᠠ ᠵᠠᠰᠠᠭ ᠤᠨ ᠣᠷᠳᠣᠨ ᠳᠠᠬᠢ ᠢᠲᠡᠭᠡᠯ ᠢ ᠨᠡᠮᠡᠭᠳᠡᠭᠦᠯᠵᠦ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠤᠯᠠᠨ ᠲᠦᠮᠡᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠠᠶᠢᠮᠠᠭ ᠤᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠨᠠᠮ ᠤᠨ ᠡᠭᠦᠷ ᠤᠨ ᠪᠠᠶᠢᠭᠤᠯᠤᠯᠲᠠ ᠪᠠ ᠰᠦᠯᠵᠢᠶᠡᠵᠢᠭᠰᠡᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠬᠡ ᠶᠢᠨ ᠲᠥᠪ᠂ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠣᠯᠠᠨ ᠲᠦᠮᠡᠨ ᠤ ᠰᠢᠭᠦᠮᠵᠢᠯᠡᠯ᠂ ᠰᠠᠨᠠᠭᠤᠯᠭ᠎ᠠ᠂ ᠭᠤᠮᠣᠳᠠᠯ ᠳᠣᠭᠠᠴᠢᠯᠳᠠ᠂ ᠵᠠᠭᠠᠯᠳᠤᠯᠭ᠎ᠠ ᠪᠤᠶᠤ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠢᠯᠤᠭᠤᠳᠬᠠᠨ ᠵᠢᠷᠤᠮᠵᠢᠭᠤᠯᠵᠤ᠂ ᠣᠯᠠᠨ ᠲᠦᠮᠡᠨ ᠤ ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠂ ᠠᠮᠤᠷ ᠲᠣᠭᠲᠠᠭᠤᠨ ᠪᠤᠰᠤ ᠬᠦᠴᠦᠨ ᠵᠦᠢᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ ᠠᠷᠢᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃       ︽ᠲᠦᠷᠢᠮ︾ ᠢ ᠰᠤᠷᠤᠯᠴᠠᠨ ᠲᠤᠤᠱᠯᠠᠭᠤᠯᠬᠤ ᠳᠤ ᠡᠷᠬᠡᠪᠰᠢ ᠣᠳᠣᠬᠠᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ︽ᠲᠦᠷᠢᠮ︾ ᠨᠢ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢᠬᠢ ᠵᠠᠬᠢᠳᠠᠯ ᠰᠤᠷᠪᠤᠯᠵᠢᠯᠠᠯ ᠤᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠢᠰᠲ᠋ᠧᠮ ᠲᠠᠢ ᠨᠡᠶᠢᠳᠬᠡᠨ ᠳᠡᠭᠡᠭᠰᠢᠯᠡᠭᠦᠯᠵᠦ᠂ ᠨᠡᠯᠢᠶᠡᠳ ᠪᠦᠷᠢᠨ ᠪᠦᠲᠦᠨ ᠵᠠᠬᠢᠳᠠᠯ ᠰᠤᠷᠪᠤᠯᠵᠢᠯᠠᠯ ᠤᠨ ᠠᠵᠢᠯ ᠳᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨᠴᠢ ᠣᠨᠣᠯ ᠢᠶᠠᠷ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠵᠢᠯᠣᠭᠤᠳᠬᠤ ᠳᠡᠭᠡᠳᠦ ᠳᠡᠰ ᠤᠨ ᠲᠥᠯᠥᠪᠯᠡᠭᠡ ᠪᠣᠯᠤᠨ᠎ᠠ᠃ ︽ᠲᠦᠷᠢᠮ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠳᠣᠣᠱᠯᠠᠭᠤᠯᠣᠨ ᠬᠡᠷᠡᠭᠵᠢᠭᠦᠯᠵᠦ᠂ ᠰᠢᠰᠲ᠋ᠧᠮ ᠨᠢ ᠪᠦᠷᠢᠨ ᠲᠡᠭᠦᠯᠳᠡᠷ ᠪᠥᠭᠡᠳ ᠪᠦᠲᠦᠮᠵᠢᠲᠡᠢ ᠢᠵᠢ ᠪᠦᠷᠢᠳᠦᠭᠰᠡᠨ ᠠᠷᠭ᠎ᠠ ᠬᠡᠮᠵᠢᠶ᠎ᠡ ᠪᠠ ᠠᠵᠢᠯᠯᠠᠭᠠᠨ ᠤ ᠲᠣᠭᠲᠠᠴᠠ ᠶᠢ ᠲᠦᠷᠭᠡᠯᠡᠨ ᠪᠠᠶᠢᠭᠤᠯᠵᠤ᠂ ᠬᠠᠤᠯᠢ ᠪᠠᠷ ᠵᠠᠰᠠᠬᠤ ᠵᠠᠮ ᠳᠡᠭᠡᠷ᠎ᠡ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠨ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠶᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠳᠤᠷᠠᠳᠤᠨ ᠭᠠᠷᠭᠠᠬᠤ ᠠᠵᠢᠯ ᠢ ᠰᠠᠶᠢᠵᠢᠷᠠᠭᠤᠯᠬᠤ᠂ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ᠂ ᠬᠠᠷᠢᠭᠤᠴᠠᠯᠭ᠎ᠠ ᠨᠡᠬᠡᠮᠵᠢᠯᠡᠬᠦ ︽ᠭᠤᠷᠪᠠᠨ ᠵᠦᠢᠯ ᠤᠨ ᠰᠠᠨᠠᠭᠤᠯᠭ᠎ᠠ︾ ᠶᠢᠨ ᠲᠤᠰᠢᠶᠠᠯ ᠬᠠᠷᠢᠭᠤᠴᠠᠯᠭ᠎ᠠ ᠶᠢ ᠴᠢᠩᠭᠠᠳᠬᠠᠨ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠨ᠂ ᠬᠢᠨᠠᠯᠲᠠ ᠲᠠᠯᠪᠢᠵᠤ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠥᠷᠢᠴᠡᠯ ᠢ ᠡᠬᠢ ᠡᠭᠦᠰᠦᠯ ᠠᠴᠠ ᠨᠢ ᠵᠠᠰᠠᠵᠤ ᠠᠷᠢᠯᠭᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠰᠡᠷᠭᠡᠶᠢᠯᠡᠬᠦ᠂ ᠡᠮᠦᠨ᠎ᠡ ᠵᠠᠬ᠎ᠠ ᠠᠴᠠ ᠨᠢ ᠠᠷᠢᠯᠭᠠᠬᠤ ᠂ ᠪᠣᠭᠤᠮᠲᠠ ᠶᠢ ᠡᠵᠡᠮᠳᠡᠬᠦ ᠵᠡᠷᠭᠡ ᠵᠠᠰᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢ ᠴᠠᠭᠠᠵᠠ᠂ ᠲᠦᠷᠦ ᠶᠢᠨ ᠪᠤᠳᠤᠯᠭ᠎ᠠ᠂ ᠠᠵᠤ ᠠᠬᠤᠢ᠂ ᠵᠠᠰᠠᠭ ᠵᠠᠬᠢᠷᠭ᠎ᠠ ᠵᠡᠷᠭᠡ ᠠᠷᠭ᠎ᠠ ᠪᠠᠷᠢᠯ ᠪᠠ ᠰᠤᠷᠭᠠᠨ ᠬᠥᠮᠦᠵᠢᠭᠦᠯᠬᠦ᠂ ᠵᠥᠪᠳᠡᠯᠴᠡᠬᠦ᠂ ᠡᠶᠡᠳᠡᠭᠦᠯᠬᠦ᠂ ᠵᠠᠯᠠᠵᠤ ᠵᠢᠯᠣᠭᠤᠳᠬᠤ ᠵᠡᠷᠭᠡ ᠠᠷᠭ᠎ᠠ ᠶᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠵᠥᠷᠢᠴᠡᠯ ᠢ ᠠᠷᠢᠯᠭᠠᠵᠤ᠂ ᠨᠡᠩ ᠤᠯᠠᠨ ᠬᠠᠤᠯᠢ ᠪᠠᠷ ᠵᠠᠰᠠᠬᠤ ᠬᠦᠴᠦᠨ ᠤ ᠬᠦᠲᠦᠯᠦᠨ ᠵᠢᠯᠣᠭᠤᠳᠬᠤ ᠪᠠ ᠵᠠᠯᠠᠵᠤ ᠵᠢᠯᠣᠭᠤᠳᠬᠤ ᠳᠡᠰᠢ ᠬᠦᠴᠦᠯᠡᠬᠦ ᠶᠢ ᠠᠬᠢᠭᠤᠯᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠭᠦᠰᠭᠡᠵᠦ ᠮᠡᠳᠡᠬᠦ ᠵᠥᠷᠢᠴᠡᠯ  ᠵᠢᠭᠤᠷᠠᠯᠳᠣᠭᠠᠨ ᠢ ᠦᠨᠳᠦᠰᠦᠨ ᠱᠠᠲᠤᠨ ᠳᠤᠨᠢ ᠠᠷᠢᠯᠭᠠᠵᠤ᠂ ᠴᠤᠬᠤᠶᠢᠬᠤ ᠦᠶ᠎ᠡ ᠳᠤᠨᠢ ᠠᠷᠢᠯᠭᠠᠬᠤ ᠪᠠᠷ ᠴᠢᠷᠮᠠᠶᠢᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠳᠠᠪᠬᠤᠷᠳᠠᠭᠤᠯᠤᠨ ᠵᠠᠬᠢᠳᠠᠯ ᠰᠤᠷᠪᠤᠯᠵᠢᠯᠠᠯ ᠬᠢᠬᠦ ᠶᠢ ᠵᠠᠰᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠢ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠳᠤ ᠬᠤᠯᠪᠣᠭᠳᠠᠬᠤ ᠬᠡᠯᠪᠡᠷᠢ ᠶᠢᠨ ᠠᠰᠠᠭᠤᠳᠠᠯ ᠲᠠᠢ ᠬᠤᠯᠪᠣᠭᠳᠠᠭᠰᠠᠨ ᠪᠡᠷᠬᠡ ᠰᠡᠳᠦᠪ ᠢ ᠰᠢᠢᠳᠪᠦᠷᠢᠯᠡᠨ᠂ ᠠᠳᠠᠯᠢ ᠲᠦᠷᠦᠯ ᠤᠨ ᠬᠡᠷᠡᠭ ᠢ ᠪᠥᠭᠡᠮ ᠢᠶᠠᠷ ᠰᠢᠢᠳᠪᠦᠷᠢᠯᠡᠬᠦ ᠶᠢ ᠠᠬᠢᠭᠤᠯᠵᠤ᠂ ᠠᠩᠬᠠᠨ ᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠳᠠᠪᠬᠤᠷᠳᠠᠭᠤᠯᠤᠨ ᠰᠤᠷᠪᠤᠯᠵᠢᠯᠠᠬᠤ᠂ ᠱᠠᠳᠤ ᠠᠯᠤᠰᠯᠠᠨ ᠰᠤᠷᠪᠤᠯᠵᠢᠯᠠᠬᠤ ᠶᠢ ᠡᠬᠢ ᠡᠭᠦᠰᠦᠯ ᠠᠴᠠ ᠨᠢ ᠪᠠᠭᠠᠰᠬᠠᠨ᠂ ᠨᠢᠭᠡ ᠲᠠᠯ᠎ᠠ ᠶᠢᠨ ᠬᠢᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠳᠤ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号