ᠲᠥᠪ ᠤᠨ ᠡᠳ᠋ ᠤᠨ ᠵᠠᠰᠠᠭ ᠠᠴᠠ ᠣᠶᠢᠷ᠎ᠠ ᠳᠤ 100 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠪᠠᠭᠤᠯᠭᠠᠵᠤ᠂ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠢ ᠲᠠᠷᠢᠶᠠᠯᠠᠩ | ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠶᠢ ᠳᠠᠬᠢᠨᠲᠠ ᠣᠯᠭᠤᠵᠤ᠂ ᠵᠣᠨ ᠤ ᠬᠤᠷᠢᠶᠠᠯᠲᠠ ᠪᠠ ᠨᠠᠮᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠢ ᠳᠡᠮᠵᠢᠵᠦ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ | ᠥᠰᠦᠭᠰᠡᠨ ᠠᠴᠠ ᠪᠣᠯᠤᠭᠰᠠᠨ ᠠᠮᠤ ᠪᠤᠳᠠᠭ᠎ᠠ ᠳᠠᠷᠢᠬᠤ ᠵᠠᠷᠤᠯᠭ᠎ᠠ ᠨᠡᠮᠡᠭᠳᠡᠭᠰᠡᠨ ᠨᠥᠯᠥᠭᠡ ᠶᠢ ᠨᠠᠮᠳᠠᠭᠤᠯᠵᠤ᠂ | ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠤᠯᠠᠮ ᠴᠢᠨᠠᠭᠰᠢᠳᠠ ᠳᠠᠶᠢᠴᠢᠯᠠᠭᠰᠠᠨ ᠪᠠᠶᠢᠨ᠎ᠠ᠃ | ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ ᠶᠢᠨ ᠲᠥᠯᠥᠭᠡ᠂ ᠲᠥᠪ ᠤᠨ ᠡᠳ᠋ ᠤᠨ | ᠵᠠᠰᠠᠭ ᠠᠴᠠ ᠡᠭᠦᠨ ᠠᠴᠠ ᠡᠮᠦᠨ᠎ᠡ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠨᠢᠭᠡ ᠤᠳᠠᠭ᠎ᠠ ᠶᠢᠨ | ᠴᠢᠨᠠᠷᠲᠠᠢ 200 ᠳ᠋ᠦᠩᠰᠢᠭᠤᠷ ᠲᠥᠭᠦᠷᠢᠭ ᠤᠨ ᠨᠥᠬᠦᠪᠦᠷᠢ ᠶᠢ ᠨᠢᠭᠡᠨᠲᠡ ᠣᠯᠭᠤᠪᠠ᠃ ᠲᠠᠨᠢᠯᠴᠠᠭᠤᠯᠤᠭᠰᠠᠨ ᠢᠶᠠᠷ᠂ | ᠲᠥᠪ ᠤᠨ ᠡᠳ᠋ ᠤᠨ ᠵᠠᠰᠠᠭ ᠠᠴᠠ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠤᠯᠠᠮ ᠴᠢᠨᠠᠭᠰᠢᠳᠠ | ᠲᠡᠭᠦᠯᠳᠡᠷᠵᠢᠭᠦᠯᠵᠦ᠂ ᠨᠥᠬᠦᠪᠦᠷᠢ ᠣᠯᠭᠤᠬᠤ ᠡᠲᠡᠭᠡᠳ ᠪᠣᠯ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ | ᠥᠰᠦᠭᠰᠡᠨ ᠥᠪᠡᠷ ᠤᠨ ᠥᠷᠲᠡᠭ ᠢ ᠪᠣᠳᠠᠲᠠᠢ ᠡᠭᠦᠷᠭᠡᠯᠡᠳᠡᠭ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ | ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃ ᠨᠥᠬᠦᠪᠦᠷᠢ ᠶᠢᠨ ᠪᠠᠷᠢᠮᠵᠢᠶ᠎ᠠ ᠶᠢ ᠡᠯ᠎ᠡ ᠭᠠᠵᠠᠷ ᠣᠷᠣᠨ ᠬᠤᠯᠪᠣᠭᠳᠠᠯ | ᠪᠦᠬᠦᠢ ᠪᠠᠶᠢᠳᠠᠯ ᠲᠠᠢ ᠪᠠᠨ ᠤᠶᠠᠯᠳᠤᠭᠤᠯᠤᠨ ᠶᠡᠷᠦᠩᠬᠡᠶᠢᠯᠡᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠰᠢᠶᠠᠨ ᠤ | ᠬᠡᠪᠴᠢᠶᠡᠨ ᠳᠠᠬᠢ ᠨᠥᠬᠦᠪᠦᠷᠢ ᠶᠢᠨ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠬᠡᠷᠡᠭᠲᠡᠢ᠃ | ᠡᠳ᠋ ᠤᠨ ᠵᠠᠰᠠᠭ ᠤᠨ ᠶᠠᠮᠤᠨ ᠠᠴᠠ᠂ ᠡᠯ᠎ᠡ ᠭᠠᠵᠠᠷ ᠤᠨ ᠬᠢᠨ ᠣᠳᠣᠬᠢᠴᠢᠯᠠᠭᠰᠠᠨ ᠮᠡᠳᠡᠭᠡ ᠵᠠᠩᠭᠢ ᠶᠢᠨ | ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠵᠦ᠂ ᠣᠲᠣ ᠶᠢᠨ ᠪᠠᠶᠢᠭ᠎ᠠ ᠬᠤᠯᠪᠣᠭᠳᠠᠯ ᠪᠦᠬᠦᠢ ᠨᠥᠬᠦᠪᠦᠷᠢ | ᠣᠯᠭᠤᠬᠤ ᠰᠠᠭᠤᠷᠢ ᠲᠤᠭ᠎ᠠ ᠪᠠᠷᠢᠮᠲᠠ ᠶᠢ ᠠᠰᠢᠭᠯᠠᠨ᠂ ︽ᠨᠢᠭᠡ ᠺᠠᠷᠲ ︵ᠬᠠᠳᠠᠭᠠᠯᠠᠮᠵᠢ ᠶᠢᠨ ᠳᠡᠪᠲᠡᠷ︶ ᠢᠶᠠᠷ ᠨᠡᠶᠢᠳᠡᠮ | ᠭᠦᠢᠴᠡᠳᠬᠡᠬᠦ︾ ᠵᠡᠷᠭᠡ ᠠᠷᠭ᠎ᠠ ᠮᠠᠶ᠋ᠢᠭ ᠢ ᠦᠷᠭᠦᠯᠵᠢᠯᠡᠨ ᠬᠡᠷᠡᠭᠯᠡᠵᠦ᠂ ᠨᠥᠬᠦᠪᠦᠷᠢ ᠶᠢᠨ ᠪᠡᠯᠡ ᠮᠥᠩᠭᠦ ᠶᠢ ᠴᠠᠭ | ᠲᠤᠬᠠᠢ ᠳᠤᠨᠢ ᠲᠤᠭ᠎ᠠ ᠶᠣᠰᠣᠭᠠᠷ ᠨᠢ ᠣᠯᠭᠤᠬᠤ ᠬᠡᠷᠡᠭᠲᠡᠢ ᠭᠡᠵᠦ ᠱᠠᠭᠠᠷᠳᠠᠵᠠᠢ᠃ |