ᠯᠢ ᠵᠥᠩ ᠽᠧᠩ᠄ ᠰᠢᠨ᠎ᠡ ᠴᠠᠭ ᠦᠶ᠎ᠡ ᠶᠢᠨ ᠠᠯᠠᠱᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠶ᠎ᠡ
ᠨᠡᠶᠢᠲᠡᠯᠡᠭᠰᠡᠨ ᠴᠠᠭ᠄
2022/5/30
     ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠠᠮ ᠤᠨ ᠣᠯᠠᠨ ᠲᠦᠮᠡᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠠᠮ ᠪᠠ ᠵᠠᠰᠠᠭ ᠤᠨ ᠣᠷᠳᠣᠨ ᠤ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠨᠢᠭᠡᠨ ᠴᠢᠬᠤᠯᠠ ᠠᠵᠢᠯ ᠮᠥᠨ᠃ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠣᠶᠢᠷ᠎ᠠ ᠳᠤ ᠳᠠᠷᠤᠮᠠᠯᠯᠠᠨ ᠲᠠᠷᠬᠠᠭᠠᠭᠰᠠᠨ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠪᠣᠯ ᠵᠠᠬᠢᠳᠠᠯ ᠰᠤᠷᠪᠤᠯᠵᠢᠯᠠᠯ ᠤᠨ ᠠᠵᠢᠯ ᠢ ᠪᠦᠬᠦ ᠲᠠᠯ᠎ᠠ ᠪᠠᠷ ᠵᠢᠷᠤᠮᠵᠢᠭᠤᠯᠬᠤ ᠠᠩᠬᠠᠳᠠᠭᠴᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠮᠥᠨ᠂ ᠵᠠᠬᠢᠳᠠᠯ ᠰᠤᠷᠪᠤᠯᠵᠢᠯᠠᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠵᠠᠬᠢᠳᠠᠯ ᠰᠤᠷᠪᠤᠯᠵᠢᠯᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ᠂ ᠵᠠᠬᠢᠳᠠᠯ ᠰᠤᠷᠪᠤᠯᠵᠢᠯᠠᠯ ᠤᠨ ᠠᠵᠢᠯ ᠢ ᠵᠢᠷᠤᠮᠵᠢᠭᠤᠯᠬᠤ᠂ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠯᠠᠱᠠ ᠠᠶᠢᠮᠠᠭ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠢ ᠳᠣᠣᠱᠯᠠᠭᠤᠯᠣᠨ ᠬᠡᠷᠡᠭᠵᠢᠭᠦᠯᠬᠦ ᠶᠢ ᠰᠠᠶᠢᠲᠤᠷ ᠠᠳᠬᠤᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠨ᠂ ᠰᠢᠨ᠎ᠡ ᠴᠠᠭ ᠦᠶ᠎ᠡ ᠶᠢᠨ ᠠᠯᠠᠱᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃     ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠵᠥᠪ ᠤᠯᠤᠰ ᠲᠦᠷᠦ ᠶᠢᠨ ᠴᠢᠭᠯᠡᠯ ᠢ ᠡᠵᠡᠮᠳᠡᠨ᠎ᠡ     ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠳᠤ ᠵᠠᠬᠢᠳᠠᠯ ᠰᠤᠷᠪᠤᠯᠵᠢᠯᠠᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠵᠠᠬᠢᠳᠠᠯ ᠰᠤᠷᠪᠤᠯᠵᠢᠯᠠᠯ ᠤᠨ ᠠᠵᠢᠯ ᠤᠨ ᠡᠯ᠎ᠡ ᠲᠠᠯ᠎ᠠ ᠪᠣᠯᠣᠨ ᠪᠦᠭᠦ ᠶᠠᠪᠤᠴᠠ ᠳᠤ ᠲᠤᠤᠱᠯᠠᠭᠤᠯᠬᠤ ᠶᠢ ᠲᠣᠳᠣᠷᠬᠠᠢ ᠳᠤᠷᠠᠳᠴᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠶᠢᠨ ᠬᠠᠮᠤᠭ ᠤᠨ ᠳᠡᠭᠡᠳᠦ ᠵᠠᠷᠴᠢᠮ᠂ ᠬᠠᠮᠤᠭ ᠤᠨ ᠶᠡᠭᠡ ᠳᠠᠪᠠᠭᠤᠯᠢᠭ ᠢ ᠭᠦᠢᠴᠡᠳ ᠬᠠᠷᠠᠭᠤᠯᠤᠭᠰᠠᠨ ᠪᠠᠶᠢᠨ᠎ᠠ᠃ ᠡᠷᠬᠡᠪᠰᠢ ᠤᠯᠤᠰ ᠲᠥᠷᠥ ᠶᠢᠨ ᠥᠨᠳᠥᠷᠴᠡ᠂ ᠪᠦᠭᠦ ᠲᠠᠯ᠎ᠠ ᠶᠢᠨ ᠳᠡᠭᠡᠳᠦ ᠬᠡᠮᠵᠢᠶᠡᠨ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠤᠨ ᠭᠤᠣᠯᠯᠠᠬᠤ ᠠᠴᠢ ᠬᠤᠯᠪᠣᠭᠳᠠᠯ᠂ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠤᠭᠳᠠᠬᠤᠨ ᠢ ᠪᠦᠭᠦ ᠲᠠᠯ᠎ᠠ ᠪᠠᠷ ᠣᠶᠢᠯᠠᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢᠨ ᠲᠠᠯ᠎ᠠ ᠳᠤ ᠦᠨᠡᠨᠬᠦ ᠨᠢᠭᠡᠳᠬᠡᠵᠦ᠂ ᠠᠷᠠᠳ ᠤᠨ ᠲᠥᠯᠥᠭᠡ ᠬᠦᠴᠢᠷᠳᠡᠯ ᠢ ᠰᠢᠢᠳᠪᠦᠷᠢᠯᠡᠬᠦ᠂ ᠨᠠᠮ ᠤᠨ ᠰᠠᠨᠠᠭᠠᠰᠢᠷᠠᠯ ᠢ ᠰᠢᠢᠳᠪᠦᠷᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠦᠷ᠎ᠡ ᠪᠦᠲᠦᠮᠵᠢ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃     ᠬᠤᠶᠠᠷ ᠲᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠭᠦᠨᠵᠡᠭᠡᠢ ᠪᠠᠶᠢᠴᠠᠭᠠᠨ ᠰᠤᠳᠤᠯᠵᠤ᠂ ᠵᠥᠷᠢᠴᠡᠯ ᠪᠠ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠨ᠎ᠠ     ᠵᠠᠬᠢᠳᠠᠯ ᠰᠤᠷᠪᠤᠯᠵᠢᠯᠠᠯ ᠤᠨ ᠠᠵᠢᠯ ᠤᠨ ᠴᠡᠭ ᠣᠯᠠᠨ ᠲᠠᠯ᠎ᠠ ᠥᠷᠭᠡᠨ᠂ ᠲᠦᠪᠡᠭ ᠪᠤᠳᠤᠯᠢᠶᠠᠨᠲᠠᠢ ᠪᠣᠯᠬᠤᠷ ᠵᠥᠷᠢᠴᠡᠯ ᠡᠭᠦᠰᠭᠦ ᠠᠴᠠ ᠡᠮᠦᠨ᠎ᠡ ᠠᠰᠠᠭᠤᠳᠠᠯ ᠢ ᠢᠯᠡᠷᠡᠭᠦᠯᠵᠦ ᠴᠢᠳᠠᠬᠤ ᠡᠰᠡᠬᠦ ᠨᠢ ᠲᠤᠶᠢᠯ ᠤᠨ ᠴᠢᠬᠤᠯᠠ ᠶᠤᠮ᠃ ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠣᠯᠠᠨ ᠲᠦᠮᠡᠨ ᠤ ᠵᠣᠭᠰᠣᠯᠲᠠ ᠳᠤ ᠲᠣᠭᠲᠠᠭᠤᠨ ᠪᠠᠶᠢᠯᠭᠠᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠥᠮᠥᠰ ᠲᠤ ᠭᠦᠨᠵᠡᠭᠡᠶᠢᠷᠡᠨ᠂ ᠦᠨᠡᠨ ᠠᠴᠠ ᠵᠥᠪ ᠢ ᠡᠷᠢᠵᠦ ᠪᠠᠶᠢᠴᠠᠭᠠᠨ ᠰᠤᠳᠤᠯᠤᠯᠲᠠ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠬᠤ ᠪᠠ ᠬᠥᠳᠡᠯᠦᠩᠭᠦᠢ ᠵᠢᠭᠰᠠᠭᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠵᠥᠷᠢᠴᠡᠯ ᠢ ᠠᠷᠢᠯᠭᠠᠬᠤ ᠶᠢ ᠬᠠᠷᠢᠯᠴᠠᠨ ᠤᠶᠠᠯᠳᠤᠭᠤᠯᠵᠤ᠂ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠭᠡᠮ ᠢ ᠠᠷᠭᠠᠴᠠᠬᠤ ᠲᠥᠰᠥᠯ ᠪᠠ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢ ᠣᠨᠣᠪᠴᠢᠲᠠᠢ ᠡᠵᠡᠮᠰᠢᠨ᠂ ᠨᠠᠷᠢᠨ ᠲᠣᠳᠣᠷᠬᠠᠢ ᠭᠡᠯᠪᠡᠷᠢ᠂ ᠡᠬᠡ ᠳᠠᠩᠰᠠ ᠶᠢᠨ ᠭᠡᠯᠪᠡᠷᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢ ᠶᠡᠷᠦᠩᠬᠡᠶᠢᠯᠡᠨ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠷᠠᠭᠤᠯᠤᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠣᠳᠣᠷᠬᠠᠢ ᠪᠤᠯᠭᠠᠵᠤ᠂ ᠠᠰᠠᠭᠤᠳᠠᠯ ᠢ ᠣᠨᠣᠪᠴᠢᠲᠠᠢ ᠡᠷᠢᠵᠦ᠂ ᠵᠥᠷᠢᠴᠡᠯ ᠤᠨ ᠮᠥᠨ ᠴᠢᠨᠠᠷ ᠢ ᠭᠦᠨᠵᠡᠭᠡᠢ ᠠᠭᠤᠳᠠᠯᠤᠨ᠂ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠪᠡᠳᠴᠢᠨ ᠤ ᠪᠠᠶᠢᠳᠠᠯ ᠳᠤᠨᠢ ᠴᠢᠭᠯᠡᠭᠦᠯᠦᠨ ᠡᠮ ᠬᠡᠷᠡᠭᠯᠡᠵᠦ᠂ ᠴᠠᠭ ᠬᠢᠵᠠᠭᠠᠷᠯᠠᠨ ᠭᠦᠢᠴᠡᠳᠬᠡᠵᠦ᠂ ᠵᠥᠷᠢᠴᠡᠯ ᠲᠦᠭᠰᠢᠭᠦᠷᠢ ᠶᠢᠨ ᠳᠠᠯᠳᠠ ᠭᠡᠮ ᠤᠨ ᠠᠰᠠᠭᠤᠳᠠᠯ ᠢ ᠰᠡᠷᠭᠡᠶᠢᠯᠡᠵᠦ᠂ ᠪᠠᠭ᠎ᠠ ᠪᠠᠶᠢᠬᠤ ᠳᠤᠨᠢ ᠰᠢᠢᠳᠪᠦᠷᠢᠯᠡᠬᠦ ᠬᠡᠷᠡᠭᠲᠡᠢ᠃     ᠭᠤᠷᠪᠠ ᠳᠤ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠵᠠᠰᠠᠬᠤ ᠴᠢᠳᠠᠪᠤᠷᠢ ᠶᠢ ᠳᠡᠭᠡᠭᠰᠢᠯᠡᠬᠦᠯᠦᠨ᠎ᠡ     ︽ᠵᠠᠬᠢᠶ᠎ᠠ ᠰᠤᠷᠪᠤᠯᠵᠢᠯᠠᠯ ᠤᠨ ᠠᠵᠢᠯ ᠤᠨ ᠳᠦᠷᠢᠮ︾ ᠳᠤ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠠᠪᠴᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠠᠪᠴᠤ᠂ ᠬᠦᠴᠦᠯᠡᠬᠦ ᠴᠡᠭ ᠢᠶᠠᠨ ᠤᠭ ᠡᠬᠢ ᠠᠴᠠ ᠨᠢ ᠰᠡᠷᠭᠡᠶᠢᠯᠡᠬᠦ ᠪᠠ ᠨᠠᠮᠳᠠᠭᠤᠯᠤᠨ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠡᠭᠦᠰᠬᠡᠵᠦ ᠮᠡᠳᠡᠭᠦ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠠᠷᠢᠯᠭᠠᠨ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠨᠠᠮᠳᠠᠭᠤᠯᠬᠤ ᠬᠡᠷᠡᠭᠲᠡᠢ ᠭᠡᠵᠦ ᠳᠤᠷᠠᠳᠴᠠᠢ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠬᠦᠴᠦᠲᠡᠢ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠷᠠᠭᠤᠯᠤᠨ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠬᠦ᠂ ᠵᠢᠭᠰᠠᠭᠠᠨ ᠪᠠᠶᠢᠴᠠᠭᠠᠬᠤ᠂ ᠦᠨᠡᠯᠡᠨ ᠵᠢᠱᠢᠭᠦ᠂ ᠠᠷᠢᠯᠭᠠᠬᠤ ᠵᠡᠷᠭᠡ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠲᠦᠮᠡᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠨᠡᠶᠢᠭᠡᠮ ᠤᠨ ᠠᠵᠢᠯᠲᠠᠳ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ᠬᠠᠮᠲᠤᠷᠠᠨ ᠪᠠᠶᠢᠭᠤᠯᠬᠤ ᠬᠠᠮᠲᠤᠷᠠᠨ ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ᠂ ᠢᠳᠡᠭᠡᠨ ᠤ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠪᠠᠴᠢᠮ ᠬᠦᠴᠢᠷᠳᠡᠯᠲᠡᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠪᠠᠷ ᠪᠠᠶᠢᠭᠤᠯᠤᠨ ᠬᠠᠮᠲᠤᠪᠠᠷ ᠵᠠᠰᠠᠵᠤ ᠬᠠᠮᠲᠤᠪᠠᠷ ᠡᠳ᠋ᠯᠡᠭᠦ ᠪᠠᠶᠢᠷᠢᠰᠢᠯ ᠢ ᠬᠦᠴᠦᠯᠡᠨ ᠪᠠᠶᠢᠭᠤᠯᠵᠤ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠭᠠᠷᠬᠤ ᠦᠭᠡᠢ᠂ ᠵᠥᠷᠢᠴᠡᠯ ᠡᠭᠦᠰᠬᠦ ᠦᠭᠡᠢ︾ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃     ᠳᠥᠷᠪᠡ ᠳᠤ᠂ ᠤᠬᠠᠭᠤᠯᠭ᠎ᠠ ᠵᠢᠯᠣᠭᠤᠳᠣᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠬᠦᠯᠦᠨ᠎ᠡ     ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠳᠤ ᠵᠠᠬᠢᠳᠠᠯ ᠰᠤᠷᠪᠤᠯᠵᠢᠯᠠᠯ ᠢ ᠬᠠᠤᠯᠢ ᠪᠠᠷ ᠵᠠᠰᠠᠬᠤ ᠵᠠᠮ ᠳᠤ ᠣᠷᠣᠭᠤᠯᠵᠤ᠂ ᠣᠯᠠᠨ ᠲᠦᠮᠡᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠵᠠᠬᠢᠳᠠᠯ ᠰᠤᠷᠪᠤᠯᠵᠢᠯᠠᠯ ᠤᠨ ᠡᠮᠬᠢ ᠵᠢᠷᠤᠮ ᠢ ᠵᠢᠷᠤᠮᠵᠢᠭᠤᠯᠤᠨ᠎ᠠ ᠭᠡᠵᠦ ᠲᠣᠳᠣᠷᠬᠠᠶ ᠵᠢᠭᠠᠵᠤ ᠭᠠᠷᠭᠠᠵᠠᠶ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠢᠨᠠᠮᠠᠭᠠᠢ ᠰᠤᠷᠤᠯᠴᠠᠨ ᠳᠣᠣᠱᠯᠠᠭᠤᠯᠵᠦ᠂ ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠨ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢᠶᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠳᠤ ᠦᠵᠡᠭᠦᠯᠬᠦ ᠬᠠᠤᠯᠢ ᠪᠠᠷ ᠵᠠᠰᠠᠬᠤ ᠶᠢᠨ ᠬᠦᠲᠦᠯᠦᠨ ᠳᠠᠭᠠᠭᠤᠯᠬᠤ᠂ ᠪᠠᠲᠤᠯᠠᠬᠤ ᠦᠢᠯᠡᠳᠦᠯ ᠢ ᠭᠦᠢᠴᠡᠳ ᠲᠠᠨᠢᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠵᠥᠷᠢᠴᠡᠯ ᠢ ᠠᠷᠢᠯᠭᠠᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠦᠢᠯᠡ ᠠᠵᠢᠯᠯᠠᠭ᠎ᠠ ᠶᠢ ᠬᠦᠲᠦᠯᠦᠨ ᠵᠢᠯᠣᠭᠤᠳᠬᠤ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠵᠠᠬᠢᠳᠠᠯ ᠰᠤᠷᠪᠤᠯᠵᠢᠯᠠᠯ ᠤᠨ ᠠᠵᠢᠯ ᠤᠨ ᠪᠦᠬᠦ ᠶᠠᠪᠤᠴᠠ ᠳᠤ ᠳᠣᠣᠱᠯᠠᠭᠤᠯᠣᠨ᠂ ᠤᠬᠠᠭᠤᠯᠭ᠎ᠠ ᠬᠥᠮᠦᠵᠢᠯ ᠢ ᠲᠡᠰ ᠳᠠᠪᠬᠤᠷᠭ᠎ᠠ ᠲᠦᠷᠦᠯ ᠬᠤᠪᠢᠶᠠᠨ ᠥᠷᠨᠢᠭᠦᠯᠵᠦ᠂ ᠨᠡᠶᠢᠭᠡᠮ ᠳᠠᠶᠠᠭᠠᠷ ᠤᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠬᠦᠴᠦᠯᠡᠨ ᠴᠢᠩᠭᠠᠳᠬᠠᠵᠤ᠂ ᠠᠵᠢᠯ ᠬᠢᠬᠦ ᠳᠤ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠡᠮᠬᠢ ᠵᠢᠷᠤᠮ ᠲᠠᠢ ᠶᠠᠪᠤᠭᠳᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃     ᠲᠠᠪᠤ ᠳᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠬᠢᠳᠠᠯ ᠰᠤᠷᠪᠤᠯᠵᠢᠯᠠᠯ ᠢ ᠪᠣᠶ ᠪᠣᠯᠭᠠᠨ᠎ᠠ     ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠳᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯᠳᠤᠭᠠᠨ᠂ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠵᠢᠴᠢ ᠡᠯ᠎ᠡ ᠲᠠᠯ᠎ᠠ ᠶᠢᠨ ᠬᠦᠴᠦᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠪᠠᠶᠢᠷᠢ ᠲᠣᠭᠲᠠᠭᠠᠯᠲᠠ ᠪᠠ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠪᠠᠶᠢᠷᠢᠰᠢᠯ ᠢ ᠪᠤᠶ ᠪᠣᠯᠭᠠᠭᠰᠠᠨ ᠪᠠᠶᠢᠨ᠎ᠠ᠃ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠢ ᠰᠠᠶᠢᠲᠤᠷ ᠳᠣᠣᠱᠯᠠᠭᠤᠯᠵᠦ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠡᠷᠬᠡᠪᠰᠢ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠳᠠᠯᠠᠵᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ᠂ ᠤᠷᠤᠨᠴᠢᠯᠠᠨ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠤᠯ ᠬᠠᠮᠢᠶᠠᠷᠤᠭᠴᠢ ᠪᠣᠯ ᠬᠡᠨ ᠬᠠᠷᠢᠭᠤᠴᠠᠬᠤ ᠦᠨᠳᠦᠰᠦᠨ ᠵᠠᠷᠴᠢᠮ ᠶᠣᠰᠣᠭᠠᠷ᠂ ᠠᠵᠢᠯ ᠢᠶᠠᠨ ᠳᠣᠷᠣᠭᠰᠢ ᠪᠠᠭᠤᠯᠭᠠᠬᠤ ᠶᠢ ᠠᠬᠢᠭᠤᠯᠬᠤ᠂ ᠭᠤᠤᠯᠳᠠᠯᠭ᠎ᠠ ᠲᠠᠢ ᠪᠣᠯᠵᠣᠨ ᠰᠤᠷᠪᠤᠯᠵᠢᠯᠠᠬᠤ ᠶᠢ ᠴᠢᠩᠭᠠᠳᠬᠠᠬᠤ᠂ ᠲᠣᠭᠲᠠᠭᠰᠠᠨ ᠬᠤᠭᠤᠴᠠᠭ᠎ᠠ ᠲᠠᠢ ᠰᠤᠷᠪᠤᠯᠵᠢᠯᠠᠭ᠎ᠠ ᠬᠦᠯᠢᠶᠡᠬᠦ᠂ ᠬᠡᠷᠡᠭ ᠤᠨ ᠲᠠᠯᠠᠪᠠᠢ ᠶᠢᠨ ᠰᠤᠷᠪᠤᠯᠵᠢᠯᠠᠭ᠎ᠠ ᠶᠢ ᠬᠦᠯᠢᠶᠡᠬᠦ᠂ ᠤᠳᠤᠷᠢᠳᠤᠯᠭ᠎ᠠ ᠬᠡᠷᠡᠭ ᠳᠠᠭᠠᠭᠠᠴᠢᠯᠠᠬᠤ᠂ ᠴᠡᠭ ᠲᠤ ᠰᠠᠭᠤᠵᠤ ᠵᠢᠯᠣᠭᠤᠳᠬᠤ ᠡᠷᠴᠢᠮ ᠢ ᠴᠢᠩᠭᠠᠷᠠᠭᠤᠯᠵᠦ᠂ ᠪᠠᠶᠢᠭᠤᠯᠤᠯ ᠲᠣᠭᠲᠠᠴᠠ ᠶᠢ ᠳᠡᠬᠦᠯᠳᠡᠷᠵᠢᠬᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠦ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠰᠠᠶᠢᠲᠤᠷ ᠠᠳᠬᠤᠨ᠂ ᠵᠠᠬᠢᠳᠠᠯ ᠰᠤᠷᠪᠤᠯᠵᠢᠯᠠᠯ ᠤᠨ ᠠᠵᠢᠯ ᠢ ᠬᠢᠨᠠᠨ ᠰᠢᠯᠭᠠᠬᠤ ᠰᠢᠰᠲ᠋ᠧᠮ ᠳᠤ ᠣᠷᠣᠭᠤᠯᠬᠤ ᠶᠢ ᠠᠬᠢᠭᠤᠯᠵᠦ᠂ ᠱᠠᠲᠤ ᠱᠠᠲᠤ ᠪᠠᠷ ᠳᠠᠷᠤᠯᠲᠠ ᠦᠭᠴᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠣᠨ᠂ ᠦᠨᠳᠦᠰᠦᠨ ᠱᠠᠲᠤᠨ ᠤ ᠬᠠᠷᠢᠶ᠎ᠠ ᠭᠠᠵᠠᠷ ᠲᠤᠨᠢ ᠠᠳᠬᠤᠭᠤᠯᠬᠤ ᠶᠠᠪᠤᠳᠠᠯ ᠢ ᠦᠨᠡᠨᠬᠦ ᠪᠣᠶ ᠪᠣᠯᠭᠠᠵᠦ᠂ ᠬᠠᠷᠢᠭᠤᠴᠠᠯᠭᠠᠲᠤ ᠨᠢᠭᠡᠴᠡ ᠶᠢᠨ ᠠᠯᠪᠠᠨ ᠬᠡᠷ᠂ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠰᠢᠮᠳᠠᠭᠤᠯᠬᠤ ᠠᠵᠢᠯ ᠤᠨ ᠨᠡᠶᠢᠯᠡᠮᠡᠯ ᠬᠦᠴᠦᠨ ᠢ ᠪᠣᠢ ᠪᠣᠯᠭᠠᠨ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠬᠢᠳᠠᠯ ᠰᠤᠷᠪᠤᠯᠵᠢᠯᠠᠯ ᠢ ᠬᠦᠴᠦᠯᠡᠨ ᠪᠣᠶ ᠪᠣᠯᠭᠠᠬᠤ ᠬᠡᠷᠡᠭᠲᠡᠶ᠃     ᠵᠢᠷᠭᠤᠭ᠎ᠠ ᠳᠤ᠂ ᠠᠶᠤᠯ ᠲᠦᠭᠰᠢᠭᠦᠷᠢ ᠥᠷᠢᠰᠥᠯᠳᠦᠭᠡᠨ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠰᠲ᠋ᠧᠮ ᠲᠠᠢ ᠵᠠᠰᠠᠬᠤ ᠲᠦᠪᠰᠢᠨ ᠢᠶᠠᠨ  ᠳᠡᠭᠡᠭᠰᠢᠯᠡᠬᠦᠯᠦᠨ᠎ᠡ     ᠰᠢᠨ᠎ᠡ ᠴᠠᠭ ᠦᠶ᠎ᠡ ᠳᠤ᠂ ᠬᠥᠭᠵᠢᠯᠲᠡ ᠶᠢᠨ ᠠᠵᠠ ᠲᠣᠬᠢᠶᠠᠯ ᠪᠣᠯᠤᠨ ᠠᠶᠤᠯ ᠲᠦᠭᠰᠢᠭᠦᠷᠢ ᠥᠷᠢᠰᠥᠯᠳᠦᠭᠡᠨ ᠵᠡᠷᠭᠡᠪᠡᠷ ᠣᠷᠣᠰᠢᠵᠤ ᠪᠠᠶᠢᠨ᠎ᠠ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠡᠷᠬᠡᠪᠰᠢ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠥᠷᠢᠰᠥᠯᠳᠦᠭᠡᠨ ᠳᠤ ᠲᠠᠰᠤᠷᠠᠯᠲᠠ ᠥᠬᠡᠶ ᠵᠣᠬᠢᠴᠠᠬᠤ ᠬᠡᠷᠡᠭᠲᠡᠶ᠃ ᠰᠠᠨᠠᠭᠠᠴᠢᠯᠠᠭ᠎ᠠ ᠲᠠᠢ ᠪᠠᠶᠢᠬᠤ᠂ ᠪᠠᠶᠢᠳᠠᠯ ᠳᠤᠨᠢ ᠲᠣᠬᠢᠷᠠᠭᠤᠯᠤᠨ ᠬᠢᠬᠦ᠂ ᠪᠠᠶᠢᠳᠠᠯ ᠢ ᠦᠵᠡᠵᠦ ᠬᠢᠬᠦ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠳᠦᠪᠯᠡᠷᠡᠬᠦᠯᠦᠨ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠶ ᠪᠠᠨ ᠴᠢᠩᠭᠠᠳᠬᠠᠬᠤ᠂ ᠰᠢᠨ᠎ᠡ ᠶᠢ ᠡᠭᠦᠳᠬᠦ ᠰᠡᠳᠬᠢᠬᠦᠶ᠂ ᠪᠡᠶᠡᠲᠦ ᠰᠡᠳᠬᠢᠬᠦᠶ᠂ ᠵᠠᠬᠢᠳᠠᠯ ᠰᠤᠷᠪᠤᠯᠵᠢᠯᠠᠯ ᠤᠨ ᠠᠵᠢᠯ ᠪᠣᠯᠤᠨ ᠠᠮᠤᠷ ᠠᠮᠤᠭᠤᠯᠠᠩ ᠤᠨ ᠪᠠᠶᠢᠭᠤᠯᠤᠯᠲᠠ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠵᠡᠷᠭᠡ ᠶᠢ ᠭᠦᠨᠵᠡᠭᠡᠶ ᠠᠭᠤᠰᠣᠯᠴᠠᠭᠤᠯᠵᠦ᠂ ᠪᠦᠬᠦ ᠲᠠᠯ᠎ᠠ ᠶᠢᠨ ᠴᠢᠨᠠᠷ᠂ ᠠᠯᠤᠰ ᠭᠡᠳᠦ ᠶᠢᠨ ᠴᠢᠨᠠᠷ᠂ ᠦᠨᠳᠦᠰᠦᠨ ᠠᠴᠠ ᠨᠢ ᠠᠰᠠᠭᠤᠳᠠᠯ ᠢ ᠪᠣᠳᠣᠯᠬᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠳᠠᠯᠠᠨ᠂ ᠬᠠᠤᠯᠢ ᠪᠠᠷ ᠵᠠᠰᠠᠬᠤ ᠪᠠᠲᠤᠯᠠᠭ᠎ᠠ᠂ ᠰᠣᠶᠣᠯ ᠤᠨ ᠲᠦᠰᠢᠭ ᠲᠤᠯᠭᠠᠭᠤᠷᠢ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠰᠡᠳᠬᠢᠴᠡ᠂ ᠪᠠᠶᠢᠭᠤᠯᠤᠯ ᠲᠣᠭᠲᠠᠴᠠ᠂ ᠠᠷᠭ᠎ᠠ ᠪᠠᠷᠢᠯ ᠢᠶᠠᠷ ᠳᠠᠮᠵᠢᠭᠤᠯᠣᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠠᠷᠢᠯᠢᠭ ᠣᠨᠣᠪᠴᠢᠳᠠᠢ ᠪᠣᠯᠭᠠᠬᠤ ᠶᠢ ᠠᠬᠢᠭᠤᠯᠣᠨ᠂ ᠮᠡᠳᠡᠭᠡ ᠵᠠᠩᠭᠢᠵᠢᠯᠲᠠ᠂ ᠬᠠᠤᠯᠢᠵᠢᠭᠰᠠᠨ ᠬᠥᠭᠵᠢᠯᠲᠡ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠬᠦᠯᠦᠨ᠂ ᠪᠦᠬᠦ ᠬᠦᠴᠦ ᠪᠠᠷ ᠢᠶᠠᠨ ᠰᠡᠷᠭᠡᠶᠢᠯᠡᠨ ᠨᠠᠮᠳᠠᠭᠤᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠵᠦ᠂ ᠠᠮᠤᠷ ᠲᠦᠪᠰᠢᠨ ᠲᠣᠭᠲᠠᠭᠤᠨ ᠤ ᠰᠠᠭᠤᠷᠢ ᠶᠢ ᠦᠨᠡᠨ ᠬᠦ ᠪᠠᠬᠢᠵᠢᠬᠦᠯᠵᠦ᠂ ᠯᠠᠪᠳᠠᠭᠤᠨ ᠪᠠᠲᠤᠲᠠᠶ ᠠᠵᠢᠯ ᠤᠨ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠶ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号