ᠨᠢᠭᠡᠳᠦᠭᠡᠷ ᠪᠦᠯᠦᠭ ︽ᠠᠷᠪᠠᠨ ᠭᠤᠷᠪᠠᠳᠣᠭᠠᠷ ᠳᠠᠪᠣᠨ ᠵᠢᠯ︾ ᠤᠨ ᠬᠥᠭᠵᠢᠯᠲᠡ ᠶᠢᠨ ᠦᠷ᠎ᠡ ᠪᠦᠲᠦᠮᠵᠢ | ᠵᠢᠴᠢ ᠣᠷᠣᠰᠢᠵᠤ ᠪᠠᠶᠢᠭ᠎ᠠ ᠠᠰᠠᠭᠤᠳᠠᠯ | ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ᠂ ᠢᠯᠠᠩᠭᠤᠶ᠎ᠠ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠤᠤᠷ᠎ᠠ᠂ ᠪᠦᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠦᠢᠯᠡᠰ ᠨᠢ ᠪᠦᠬᠦ ᠠᠶᠢᠮᠠᠭ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠨ᠂ ᠬᠦᠴᠢᠷ | ᠪᠡᠷᠬᠡᠰᠢᠶᠡᠯ ᠢ ᠢᠯᠠᠨ ᠳᠠᠪᠠᠵᠦ᠂ ᠬᠦᠴᠦᠯᠡᠨ ᠳᠡᠮᠡᠴᠡᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠦᠨ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢ ᠠᠬᠢᠭᠤᠯᠵᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠳᠦᠷᠭᠡᠳᠬᠡᠨ | ᠂ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ ᠬᠡᠷ ᠪᠠᠶᠢᠰᠢᠩ ᠭᠠᠵᠠᠷ | ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠣᠨ᠂ ︽ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠲᠣᠰᠬᠤᠨ ᠪᠠᠯᠭᠠᠰᠤ ᠶᠢᠨ ᠪᠥᠲᠥᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠣᠨ᠂ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ ᠢᠨᠵᠧᠨᠧᠷᠢᠩ ᠤᠨ ᠶᠠᠰᠤ ᠴᠢᠨᠠᠷ ᠠᠶᠤᠯᠭᠦᠶ ᠦᠢᠯᠡᠳᠪᠦᠷᠢᠯᠡᠯ ᠤᠨ ᠬᠢᠷᠢ | ᠲᠦᠪᠰᠢᠨ ᠢ ᠳᠡᠭᠡᠭᠰᠢᠯᠡᠬᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠭᠦᠨᠵᠡᠭᠡᠶ | ᠬᠤᠪᠢᠰᠤᠯᠲᠠ ᠭᠠᠷᠴᠦ᠂ ᠤᠷᠢᠳ ᠡᠮᠦᠨ᠎ᠡ ᠪᠠᠶᠢᠭ᠎ᠠ ᠦᠭᠡᠢ ᠢᠯᠡᠷᠬᠡᠶ ᠦᠷ᠎ᠡ ᠪᠦᠲᠦᠭᠡᠯ ᠣᠯᠪᠠ᠃ | ᠨᠢᠭᠡ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠠᠬᠢᠭᠤᠯᠵᠤ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠪᠡ | ︵ᠨᠢᠭᠡ︶ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠡᠯᠪᠡᠭ ᠦᠷ᠎ᠡ ᠪᠦᠲᠦᠭᠡᠯ ᠣᠯᠪᠠ᠃ | ᠬᠤᠲᠠ ᠶᠢᠨ ︽ᠬᠤᠣᠰ ᠵᠠᠰᠠᠯᠲᠠ︾ ᠨᠢ ᠬᠤᠲᠠ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠭᠤᠣᠯ ᠡᠭᠦᠷᠭᠡ | ᠪᠣᠯᠤᠭᠰᠠᠨ ᠤ ᠬᠤᠪᠢ ᠳᠤ᠂ ᠨᠢᠭᠡ ᠪᠦᠯᠦᠭ ᠬᠤᠲᠠ ᠶᠢᠨ ᠠᠮᠢ ᠠᠬᠤᠶ ᠶᠢ ᠰᠡᠷᠭᠦᠭᠡᠬᠦ᠂ ᠬᠤᠲᠠ ᠶᠢᠨ ᠴᠢᠳᠠᠮᠵᠢ ᠶᠢ | ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠨ᠂ ᠪᠠᠶᠠᠨᠬᠤᠲᠠ ᠶᠢᠨ ᠬᠤᠯᠠᠨ ᠤ ᠲᠠᠯ᠎ᠠ᠂ ᠭᠤᠣᠯᠲᠤ | ᠪᠣᠷᠣ ᠶᠢᠨ ᠬᠦᠷᠢᠶᠡᠯᠡᠩ᠂ ᠣᠪᠣᠭᠠᠨ ᠭᠤᠣᠯ ᠠᠮᠢ ᠠᠬᠤᠶ ᠶᠢᠨ ᠴᠡᠴᠡᠷᠯᠢᠭ᠂ ᠪᠠᠳᠠᠢ ᠶᠢᠨ ᠵᠢᠷᠠᠨ ᠪᠠᠯᠭᠠᠰᠤ ᠶᠢᠨ ᠠᠮᠢ | ᠠᠬᠤᠶ ᠶᠢ ᠰᠡᠷᠭᠦᠭᠡᠬᠦ ᠲᠥᠷᠥᠯ ᠵᠦᠢᠯ᠂ ᠡᠵᠡᠨ᠎ᠡ ᠶᠢᠨ ᠨᠤᠭᠤ ᠭᠠᠵᠠᠷ ᠤᠨ ᠰᠣᠶᠣᠯ ᠤᠨ ᠴᠡᠴᠡᠷᠯᠢᠭ ᠵᠡᠷᠭᠡ ᠪᠠᠷ | ᠭᠤᠣᠯ ᠪᠣᠯᠭᠠᠭᠰᠠᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠪᠠᠶᠢᠭᠤᠯᠪᠠ︔ ᠪᠠᠶᠠᠨᠬᠤᠲᠠ ᠶᠢᠨ ᠰᠢ ᠬᠤᠸᠠ | ᠶᠤᠸᠠᠨ ᠠᠭᠤᠳᠠᠮ ᠲᠠᠯᠠᠪᠠᠶ᠂ ᠴᠡᠭᠡ ᠪᠣᠭᠤᠮᠲᠠ ᠶᠢᠨ ᠴᠢᠩᠭᠢᠰ ᠬᠠᠭᠠᠨ ᠠᠭᠤᠳᠠᠮ ᠲᠠᠯᠠᠪᠠᠶ ᠵᠡᠷᠭᠡ ᠨᠢᠭᠡ ᠪᠦᠯᠦᠭ | ᠬᠤᠲᠠ ᠶᠢᠨ ᠠᠷᠠᠳ ᠤᠨ ᠰᠣᠶᠣᠯ ᠤᠨ ᠠᠭᠤᠳᠠᠮ ᠲᠠᠯᠠᠪᠠᠶ ᠶᠢ ᠥᠭᠡᠷᠡᠴᠢᠯᠡᠨ ᠪᠠᠶᠢᠭᠤᠯᠵᠤ ᠳᠠᠭᠤᠰᠬᠠᠨ᠂ | ᠪᠠᠶᠠᠨᠬᠤᠲᠠ ᠶᠢᠨ ᠰᠢᠨᠬᠤᠸᠠ ᠵᠡᠭᠦᠨ ᠵᠡᠭᠡᠯᠢ᠂ ᠰᠢᠯᠢ ᠶᠢᠨ ᠬᠤᠶᠢᠲᠤ ᠵᠠᠮ᠂ ᠶᠢᠰᠦᠳᠦᠭᠡᠷ ᠳᠣᠮᠳᠠᠳᠣ | ᠰᠣᠷᠭᠠᠭᠤᠯᠢ ᠶᠢᠨ ᠵᠡᠭᠦᠨ ᠵᠠᠮ᠂ ᠳᠤᠯᠠᠭᠠᠨ ᠵᠡᠭᠡᠯᠢ ᠵᠡᠷᠭᠡ ᠨᠢᠭᠡ ᠪᠦᠯᠦᠭ ︽ᠮᠤᠬᠤᠷ ᠵᠠᠮ︾ ᠢ ᠨᠡᠪᠲᠡᠷᠡᠭᠦᠯᠵᠦ᠂ | ᠬᠤᠲᠠ ᠶᠢᠨ ᠴᠢᠳᠠᠮᠵᠢ ᠶᠢ ᠤᠯᠠᠮ ᠨᠢᠭᠡ ᠠᠯᠬᠤᠮ ᠰᠡᠯᠪᠢᠨ ᠵᠠᠰᠠᠪᠠ᠃ ᠠᠯᠠᠱᠠ ᠶᠢᠨ ︽ᠨᠢᠭᠡ ᠪᠦᠰᠡ ᠨᠢᠭᠡ ᠵᠠᠮ︾ | ᠤᠯᠠᠨ ᠤᠯᠤᠰ ᠤᠨ ᠱᠤᠭᠤᠮᠠᠯ ᠤᠨ ᠴᠡᠴᠡᠷᠯᠢᠭ ᠤᠨ ᠲᠦᠷᠦᠯ ᠵᠦᠢᠯ ᠢ ᠡᠬᠢᠯᠡᠭᠦᠯᠵᠦ᠂ ᠤᠯᠤᠰ ᠤᠨ ᠳᠣᠲᠣᠭᠠᠳᠤ | ᠭᠠᠳᠠᠭᠠᠳᠤ ᠶᠢᠨ ᠰᠢᠯᠢᠳᠡᠭ ᠱᠤᠭᠤᠮᠠᠯ ᠤᠨ ᠪᠦᠲᠦᠭᠡᠯ ᠢ ᠥᠷᠭᠡᠨ ᠢᠶᠠᠷ ᠴᠤᠭᠯᠠᠭᠤᠯᠵᠤ᠂ 40 ᠰᠣᠳᠣᠨ ᠱᠤᠭᠤᠮᠠᠯ ᠢ | ᠥᠨᠢᠳᠡ ᠬᠠᠳᠠᠭᠠᠯᠠᠬᠤ ᠪᠠᠷ ᠰᠣᠩᠭᠤᠪᠠ᠃ ᠨᠢᠭᠡ ᠪᠦᠯᠦᠭ ᠳᠡᠯᠡᠬᠡᠢ ᠶᠢᠨ ᠲᠦᠪᠰᠢᠨ ᠲᠠᠢ ᠱᠤᠭᠤᠮᠠᠯ ᠬᠤᠳᠠ ᠶᠢᠨ | ᠲᠥᠪ ᠲᠤ ᠰᠦᠨᠳᠡᠷᠯᠡᠵᠦ᠂ ᠠᠯᠠᠱᠠ ᠠᠶᠢᠮᠠᠭ ᠤᠨ ᠥᠪᠡᠷᠮᠢᠴᠡ ᠣᠨᠴᠠᠯᠢᠭ ᠲᠠᠢ ᠬᠤᠳᠠ ᠶᠢ ᠪᠣᠢ ᠪᠣᠯᠭᠠᠵᠦ᠂ | ᠬᠤᠳᠠ ᠶᠢᠨ ᠰᠣᠶᠣᠯ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠪᠠ᠃ ᠥᠪᠡᠷᠮᠢᠴᠡ᠂ | ᠭᠤᠶᠣ᠂ ᠲᠠᠭᠠᠯᠠᠮᠵᠢᠲᠠᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠥᠬᠦᠭᠡᠷᠦᠮᠵᠢ᠂ ᠣᠯᠠᠨ ᠨᠡᠶᠢᠲᠡ ᠶᠢᠨ | ᠠᠮᠠᠷᠠᠯᠲᠠ ᠶᠢᠨ ᠲᠥᠬᠦᠭᠡᠷᠦᠮᠵᠢ᠂ ᠣᠯᠠᠨ ᠨᠡᠶᠢᠲᠡ ᠶᠢᠨ ᠠᠵᠢᠯᠯᠠᠭᠠᠨ ᠤ ᠲᠥᠬᠦᠭᠡᠷᠦᠮᠵᠢ᠂ ᠣᠷᠴᠢᠨ ᠠᠬᠤᠢ ᠶᠢᠨ | ᠠᠷᠢᠭᠤᠨ ᠴᠡᠪᠡᠷ ᠤᠨ ᠲᠥᠬᠦᠭᠡᠷᠦᠮᠵᠢ ᠪᠠ ᠭᠡᠷᠡᠯᠲᠦᠭᠦᠯᠭᠡ ᠶᠢᠨ ᠲᠥᠬᠦᠭᠡᠷᠦᠮᠵᠢ ᠵᠡᠷᠭᠡ ᠠᠯᠢ ᠣᠯᠠᠨ ᠬᠤᠲᠠ ᠶᠢᠨ | ᠳᠦᠭᠦᠭᠡᠷᠦᠮᠵᠢ ᠶᠢ ᠨᠡᠮᠡᠨ ᠪᠠᠶᠢᠭᠤᠯᠵᠤ᠂ ᠬᠤᠲᠠ ᠶᠢᠨ ᠠᠮᠢ ᠠᠬᠤᠢ ᠶᠢ ᠰᠠᠶᠢᠵᠢᠷᠠᠭᠤᠯᠵᠤ᠂ ᠬᠤᠲᠠ ᠶᠢᠨ ᠳᠦᠷᠰᠦ | ᠪᠠᠶᠢᠳᠠᠯ ᠢ ᠪᠣᠢ ᠪᠣᠯᠭᠠᠵᠤ᠂ ᠬᠤᠲᠠ ᠶᠢᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠪᠠ᠃ ᠲᠡᠦᠬᠡ ᠶᠢᠨ | ᠵᠡᠭᠡᠯᠢ ᠲᠣᠭᠤᠷᠢᠭ ᠵᠢᠴᠢ ᠲᠡᠦᠬᠡ ᠶᠢᠨ ᠪᠠᠷᠢᠯᠭ᠎ᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ | ᠬᠤᠲᠠ ᠶᠢᠨ ᠲᠡᠦᠬᠡ ᠰᠣᠶᠣᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠲᠠᠰᠤᠷᠠᠯᠲᠠ ᠥᠬᠡᠶ ᠴᠢᠩᠭᠠᠳᠬᠠᠨ᠂ | ᠪᠠᠶᠠᠨᠬᠤᠲᠠ ᠶᠢᠨ ᠸᠠᠩ ᠤᠨ ᠣᠷᠳᠣᠨ ᠤ ᠵᠠᠩ ᠦᠢᠯᠡ ᠶᠢᠨ ᠰᠣᠶᠣᠯ ᠤᠨ ᠵᠡᠭᠡᠯᠢ᠂ ᠸᠠᠩ ᠤᠨ ᠣᠷᠳᠣᠨ ᠤ | ᠣᠨᠴᠠᠯᠢᠭᠲᠤ ᠠᠷᠠᠳ ᠤᠨ ᠣᠷᠣᠨ ᠰᠠᠭᠤᠴᠠ ᠶᠢᠨ ᠵᠡᠭᠡᠯᠢ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠰ ᠤᠨ | ᠲᠡᠦᠬᠡ ᠰᠣᠶᠣᠯ ᠤᠨ ᠵᠡᠭᠡᠯᠢ ᠲᠣᠭᠤᠷᠢᠭ ᠲᠤ ᠵᠢᠭᠰᠠᠭᠠᠨ ᠣᠷᠣᠭᠤᠯᠵᠤ᠂ ᠠᠯᠠᠱᠠ ᠵᠡᠭᠦᠨ ᠬᠤᠰᠢᠭᠤᠨ ᠤ ᠸᠠᠩ ᠤᠨ | ᠣᠩᠭᠤᠨ ᠴᠡᠴᠡᠷᠯᠢᠭ ᠵᠡᠷᠭᠡ ᠠᠷᠪᠠᠨ ᠬᠤᠶᠠᠷ ᠪᠠᠷᠢᠯᠭ᠎ᠠ ᠶᠢ ᠲᠡᠦᠬᠡ ᠶᠢᠨ ᠪᠠᠷᠢᠯᠭ᠎ᠠ ᠪᠠᠷ ᠦᠨᠡᠯᠡᠨ ᠲᠣᠭᠲᠠᠭᠠᠪᠠ᠃ | ︽ᠪᠠᠶᠠᠨᠬᠤᠲᠠ ᠪᠠᠯᠭᠠᠰᠤᠨ ᠤ ᠭᠤᠤᠯᠳᠠᠯᠭ᠎ᠠ ᠲᠠᠢ ᠵᠡᠭᠡᠯᠢ ᠲᠣᠭᠤᠷᠢᠭ ᠤᠨ ᠬᠤᠲᠠ ᠶᠢᠨ ᠵᠢᠷᠤᠭ ᠲᠥᠯᠥᠪᠯᠡᠭᠡ︾ ᠶᠢ | ᠨᠠᠶᠢᠷᠠᠭᠤᠯᠤᠨ ᠵᠣᠬᠢᠶᠠᠵᠤ ᠲᠡᠭᠦᠯᠳᠡᠷᠵᠢᠭᠦᠯᠦᠨ᠂ ᠲᠥᠪ ᠤᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ | ᠤᠷᠠᠯᠢᠭ ᠤᠨ ᠰᠤᠳᠤᠯᠭᠠᠨ ᠤ ᠲᠥᠪ ᠲᠠᠢ ︽ᠪᠠᠶᠠᠨᠬᠤᠲᠠ ᠶᠢᠨ ᠣᠯᠠᠨ ᠨᠡᠶᠢᠲᠡ ᠶᠢᠨ ᠣᠷᠣᠨ ᠵᠠᠶ ᠶᠢᠨ ᠤᠷᠠᠯᠢᠭ ᠤᠨ | ᠪᠦᠬᠦᠯᠢ ᠴᠣᠭᠴᠠ ᠶᠢᠨ ᠤᠬᠠᠭᠠᠯᠠᠯ ᠵᠢᠴᠢ ᠴᠢᠬᠤᠯᠠ ᠵᠠᠩᠭᠢᠯᠠᠭ᠎ᠠ ᠶᠢᠨ ᠣᠷᠣᠨ ᠪᠦᠰᠡ ᠶᠢᠨ ᠣᠯᠠᠨ ᠨᠡᠶᠢᠲᠡ ᠶᠢᠨ | ᠤᠷᠠᠯᠢᠭ ᠤᠨ ᠵᠢᠷᠤᠭ ᠲᠥᠯᠥᠪᠯᠡᠭᠡ︾ ᠳᠤ ᠭᠠᠷ ᠤᠨ ᠥᠰᠥᠭ ᠵᠢᠷᠤᠵᠤ᠂ ᠪᠠᠶᠠᠨᠬᠤᠲᠠ ᠶᠢ ᠰᠠᠭᠤᠷᠢᠰᠢᠬᠤ ᠳᠤ | ᠲᠣᠬᠢᠷᠠᠮᠵᠢᠲᠠᠶ᠂ ᠥᠪᠡᠷᠮᠢᠴᠡ ᠣᠨᠴᠠᠯᠢᠭ ᠲᠠᠢ ᠬᠠᠷᠠᠯᠲᠠ ᠪᠠᠶᠢᠷᠢ ᠲᠣᠭᠲᠠᠭᠠᠯᠲᠠ ᠳᠤ ᠴᠢᠭᠯᠡᠬᠦᠯᠦᠨ ᠪᠥᠲᠥᠭᠡᠨ | ᠪᠠᠶᠢᠭᠤᠯᠬᠤ ᠶᠢ ᠲᠣᠳᠣᠷᠬᠠᠶᠢᠯᠠᠵᠤ᠂ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ︽ᠠᠭᠤᠯᠠ᠂ | ᠤᠰᠤ᠂ ᠨᠣᠭᠤᠭᠠᠨ᠂ ᠥᠩᠭᠡ᠂ ᠱᠤᠭᠤᠮ᠂ ᠬᠡᠷ ᠪᠠᠶᠢᠰᠢᠩ᠂ ᠬᠤᠲᠠ᠂ ᠵᠠᠮ᠂ ᠰᠦᠯᠵᠢᠶ᠎ᠡ᠂ ᠨᠢᠭᠤᠷ︾ ᠵᠡᠷᠭᠡ | ᠠᠷᠪᠠᠨ ᠦᠨᠳᠦᠰᠦᠨ ᠡᠯᠧᠮᠧᠨ᠋ᠲ ᠢ ᠳᠤᠷᠠᠳᠤᠨ ᠭᠠᠷᠭᠠᠪᠠ᠃ 2019 ᠣᠨ ᠳᠤ ᠪᠠᠶᠠᠨᠬᠤᠲᠠ ᠪᠠᠯᠭᠠᠰᠤ ᠪᠥᠬᠦ | ᠤᠯᠤᠰ ᠤᠨ ᠠᠩᠬᠠᠳᠤᠭᠠᠷ ᠬᠤᠭᠤᠴᠠᠭᠠᠨ ᠤ ︽ᠵᠢᠵᠢᠭ ᠪᠠᠯᠭᠠᠰᠤᠨ ᠤ ᠭᠤᠸ᠎ᠠ ᠵᠦᠶ ᠶᠢᠨ ᠥᠯᠢᠭᠡᠷ ᠳᠠᠭᠤᠷᠢᠶᠠᠯ︾ | ᠢᠶᠠᠷ ᠰᠣᠩᠭᠤᠭᠳᠠᠪᠠ᠃ ᠡᠪᠡᠰᠦ ᠨᠢ ᠨᠠᠩ ᠨᠣᠭᠤᠭᠠᠨ᠂ ᠴᠡᠴᠡᠭ ᠨᠢ ᠨᠠᠩ ᠠᠩᠬᠢᠯᠤᠮ᠎ᠠ᠂ ᠬᠤᠲᠠ ᠨᠢ ᠨᠠᠩ ᠭᠤᠶᠤ | ᠂ ᠦᠵᠡᠮᠵᠢ ᠨᠢ ᠨᠠᠩ ᠭᠤᠶᠤ᠂ ᠬᠥᠮᠦᠨ ᠪᠦᠬᠦᠨ ᠪᠠᠶᠠᠰᠣᠯᠳᠠᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ | ᠢ ᠢᠯᠡᠷᠡᠭᠦᠯᠪᠡ᠃ | ᠲᠠᠪᠤᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠦᠬᠦ ᠠᠶᠢᠮᠠᠭ ᠤᠨ ᠬᠤᠲᠠ ᠪᠠᠯᠭᠠᠰᠤᠨ ᠤ ᠠᠮᠢ ᠠᠬᠤᠢ ᠶᠢᠨ | ᠣᠷᠴᠢᠨ ᠲᠣᠭᠤᠷᠢᠨ ᠡᠳᠦᠷ ᠢᠷᠡᠬᠦᠶ᠎ᠡ ᠰᠠᠶᠢᠵᠢᠷᠠᠵᠤ᠂ ᠬᠤᠲᠠ ᠶᠢᠨ ᠴᠢᠳᠠᠮᠵᠢ ᠲᠠᠰᠤᠷᠠᠯᠲᠠ ᠦᠭᠡᠢ ᠳᠡᠭᠡᠭᠰᠢᠯᠡᠵᠦ᠂ | ᠬᠤᠲᠠ ᠶᠢᠨ ᠰᠣᠶᠣᠯ ᠤᠨ ᠴᠢᠨᠠᠷ ᠴᠢᠨᠰᠠᠭ᠎ᠠ ᠲᠠᠰᠤᠷᠠᠯᠲᠠ ᠦᠭᠡᠢ ᠲᠣᠳᠣᠷᠠᠵᠤ᠂ ᠬᠤᠲᠠ ᠪᠠᠯᠭᠠᠰᠤᠨ ᠤ ᠰᠢᠰᠲ᠋ᠧᠮᠵᠢ | ᠲᠠᠰᠤᠷᠠᠯᠲᠠ ᠦᠭᠡᠢ ᠰᠢᠯᠢᠳᠡᠭᠵᠢᠵᠦ᠂ ᠬᠤᠲᠠ ᠬᠥᠳᠡᠭᠡ ᠶᠢᠨ ᠨᠢᠭᠡ ᠴᠣᠭᠴᠠᠵᠢᠯᠲᠠ ᠲᠦᠷᠭᠡᠨ ᠬᠥᠭᠵᠢᠵᠦ᠂ ᠬᠤᠲᠠ | ᠪᠠᠯᠭᠠᠰᠤᠨ ᠤ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠤ᠂ ᠬᠤᠲᠠ ᠶᠢᠨ | ᠳᠦᠷᠰᠦ ᠪᠠᠶᠢᠳᠠᠯ ᠡᠳᠦᠷ ᠠᠴᠠ ᠡᠳᠦᠷ ᠰᠢᠨᠡᠳᠦᠨ ᠬᠤᠪᠢᠷᠠᠵᠤ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ | ᠬᠤᠲᠠ ᠪᠠᠯᠭᠠᠰᠤᠨ ᠤ ᠰᠢᠨ᠎ᠡ ᠪᠠᠶᠢᠷᠢᠰᠢᠯ ᠠᠩᠬ᠎ᠠ ᠠᠯᠬᠤᠮ ᠪᠦᠷᠢᠯᠳᠦᠵᠦ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ ᠵᠣᠯ ᠵᠢᠷᠭᠠᠯ ᠤᠨ ᠲᠥᠷᠥᠭᠳᠡᠯ ᠶᠡᠭᠡ ᠪᠠᠷ ᠳᠡᠭᠡᠭᠰᠢᠯᠡᠵᠦ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ | ᠬᠤᠶᠠᠷ᠂ ᠬᠤᠲᠠ ᠪᠠᠯᠭᠠᠰᠤᠨ ᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ ᠬᠤᠲᠠ ᠪᠠᠯᠭᠠᠰᠤᠨ ᠤ | ᠶᠡᠷᠦᠩᠬᠡᠶᠢᠯᠡᠭᠰᠡᠨ ᠬᠠᠮᠢᠶᠠᠷᠤᠯᠲᠠ ᠶᠢ ᠴᠢᠩᠭᠠᠳᠬᠠᠭᠰᠠᠨ ᠦᠷ᠎ᠡ ᠪᠦᠲᠦᠭᠡᠯ ᠢᠯᠡᠳᠲᠡ ᠪᠣᠯᠪᠠ | ︵ᠬᠤᠶᠠᠷ︶ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢ ᠨᠠᠩ ᠳᠡᠬᠦᠯᠳᠡᠷᠵᠢᠬᠦᠯᠪᠡ᠃ ︽ᠠᠷᠪᠠᠨ | ᠭᠤᠷᠪᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠠᠶᠢᠮᠠᠭ ᠤᠨ ᠣᠷᠣᠨ | ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠠᠴᠠ ᠪᠠᠶᠠᠨᠬᠤᠲᠠ ᠶᠢᠨ ᠭᠤᠤᠯᠲᠤ ᠪᠣᠷᠣ ᠶᠢᠨ ᠠᠮᠢ | ᠠᠬᠤᠶ ᠶᠢᠨ ᠴᠡᠴᠡᠷᠯᠢᠭ ᠤᠨ ᠦᠵᠡᠮᠵᠢ ᠶᠢᠨ ᠢᠨᠵᠧᠨᠧᠷᠢᠩ ᠢ ᠲᠥᠪᠯᠡᠷᠡᠭᠦᠯᠦᠨ ᠬᠡᠷᠡᠭᠵᠢᠬᠦᠯᠵᠦ᠂ ᠪᠠᠶᠠᠨᠬᠤᠲᠠ ᠶᠢᠨ | ᠠᠮᠢ ᠠᠬᠤᠶ ᠶᠢᠨ ᠰᠢᠰᠲ᠋ᠧᠮ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ᠂ ᠪᠠᠳᠠᠶ ᠶᠢᠨ ᠵᠢᠷᠠᠨ ᠪᠠᠯᠭᠠᠰᠤᠨ ᠤ | ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ᠂ ᠠᠯᠠᠱᠠ ᠪᠠᠷᠠᠭᠤᠨ ᠬᠤᠰᠢᠭᠤᠨ ᠤ ᠢᠯᠴᠢ ᠶᠢᠨ ᠡᠨᠧᠷᠬᠢ ᠶᠢᠨ | ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠡᠵᠡᠨ᠎ᠡ ᠬᠤᠰᠢᠭᠤᠨ ᠤ ᠲᠠᠯᠠᠶᠢᠬᠦᠪ | ᠪᠠᠯᠭᠠᠰᠤ ᠶᠢᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ PPP | ᠳᠦᠷᠦᠯ ᠵᠦᠢᠯ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠤ ᠬᠤᠲᠠ ᠶᠢᠨ ᠶᠠᠪᠤᠳᠠᠯ ᠤᠨ ᠵᠠᠮ ᠤᠨ | ᠢᠨᠵᠧᠨᠧᠷᠢᠩ ᠵᠡᠷᠭᠡ ᠨᠢᠭᠡ ᠪᠦᠯᠦᠭ ᠬᠤᠲᠠ ᠪᠠᠯᠭᠠᠰᠤᠨ ᠤ ᠵᠠᠮ᠂ ᠤᠰᠤ ᠬᠠᠩᠭᠠᠵᠤ ᠤᠰᠤ ᠵᠠᠯᠠᠬᠤ᠂ | ᠲᠥᠪᠯᠡᠷᠡᠭᠦᠯᠦᠨ ᠢᠯᠴᠢ ᠬᠠᠩᠭᠠᠬᠤ᠂ ᠬᠤᠭ ᠨᠣᠪᠰᠢ ᠰᠢᠢᠳᠪᠦᠷᠢᠯᠡᠬᠦ᠂ ᠴᠡᠴᠡᠷᠯᠢᠭᠵᠢᠭᠦᠯᠦᠨ ᠨᠣᠭᠤᠭᠠᠷᠠᠭᠤᠯᠬᠤ᠂ | ᠪᠠᠶᠢᠭᠠᠯᠢ ᠶᠢᠨ ᠰᠢᠲᠠᠮᠠᠬᠠᠶ ᠬᠡᠢ ᠶᠢᠨ ᠰᠠᠭᠤᠷᠢ ᠲᠥᠬᠦᠭᠡᠷᠦᠮᠵᠢ ᠶᠢᠨ ᠲᠥᠰᠦᠯ᠂ ᠬᠤᠲᠠ ᠪᠠᠯᠭᠠᠰᠤᠨ ᠤ ᠡᠯ᠎ᠡ | ᠲᠥᠷᠥᠯ ᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠨᠡᠶᠢᠲᠡ 107 ᠶᠢ | ᠪᠡᠶᠡᠯᠡᠬᠦᠯᠵᠦ᠂ ᠶᠡᠷᠦᠩᠬᠡᠢ ᠪᠡᠯᠡ ᠣᠷᠣᠭᠤᠯᠤᠯᠲᠠ 61 . 13 ᠳ᠋ᠦᠩᠰᠢᠭᠤᠷ ᠲᠥᠭᠦᠷᠢᠭ ᠪᠣᠯᠪᠠ᠃ | ︵ᠭᠤᠷᠪᠠ︶ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠨᠠᠩ ᠥᠨᠳᠥᠷ ᠪᠦᠲᠦᠮᠵᠢᠲᠡᠶ ᠪᠣᠯᠭᠠᠪᠠ᠃ ︽ | ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠰᠢ᠂ ᠪᠥᠬᠦ ᠠᠶᠢᠮᠠᠭ ᠤᠨ ᠬᠤᠲᠠ ᠪᠠᠯᠭᠠᠰᠤᠨ ᠤ | ᠨᠠᠷᠢᠯᠢᠬᠵᠢᠭᠤᠯᠤᠭᠰᠠᠨ ᠬᠠᠮᠢᠶᠠᠷᠤᠯᠲᠠ ᠰᠢᠨ᠎ᠡ ᠦᠷ᠎ᠡ ᠪᠦᠲᠦᠮᠵᠢ ᠤᠯᠪᠠ᠃ ︽ᠬᠤᠲᠠ ᠶᠢᠨ ᠶᠠᠪᠤᠳᠠᠯ ᠤᠨ | ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠪᠣᠳᠠᠲᠠᠶᠢᠵᠢᠭᠤᠯᠬᠤ᠂ ᠬᠤᠲᠠ ᠶᠢᠨ ᠲᠣᠭᠤᠷᠢᠭ ᠤᠨ | ᠣᠷᠴᠢᠨ ᠲᠣᠭᠤᠷᠢᠨ ᠤ ᠠᠷᠢᠭᠤᠨ ᠴᠡᠪᠡᠷ᠂ ᠣᠷᠣᠨ ᠵᠠᠶ ᠶᠢᠨ ᠪᠣᠰᠤᠭ᠎ᠠ ᠭᠠᠳᠠᠷᠭᠤ ᠨᠢ ᠭᠤᠶᠣ ᠰᠠᠶᠢᠬᠠᠨ ᠡᠮᠬᠢ | ᠵᠢᠷᠤᠮ ᠲᠠᠢ᠂ ᠡᠵᠡᠩᠨᠡᠯᠲᠡ ᠶᠢᠨ ᠡᠮᠬᠢ ᠳᠢᠭᠯᠢᠮ ᠨᠢ ᠨᠠᠩ ᠵᠢᠷᠤᠮᠵᠢᠭᠰᠠᠨ᠂ ᠬᠠᠤᠯᠢ ᠠᠴᠠ ᠵᠥᠷᠢᠴᠡᠭᠰᠡᠨ ᠪᠥᠲᠥᠭᠡᠨ | ᠪᠠᠶᠢᠭᠤᠯᠤᠯᠲᠠ ᠶᠢ ᠪᠦᠲᠦᠮᠵᠢᠲᠡᠶ ᠬᠠᠮᠢᠶᠠᠷᠤᠨ ᠡᠵᠡᠮᠳᠡᠬᠦ᠂ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰ | ᠳᠡᠪᠰᠢᠭᠦᠯᠬᠦ︾ ᠪᠠᠷ ᠪᠠᠷᠢᠮᠵᠢᠶ᠎ᠠ ᠪᠣᠯᠭᠠᠵᠤ᠂ ︽ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠣᠨ︾ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠣᠭᠠᠴᠢᠯᠠᠭᠰᠠᠨ ᠬᠤᠲᠠ ᠪᠠᠯᠭᠠᠰᠤ ᠶᠢᠨ | ᠬᠠᠮᠢᠶᠠᠷᠤᠯᠲᠠ ᠶᠢ ᠬᠡᠷᠡᠭᠵᠢᠭᠦᠯᠦᠨ᠂ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠬᠡᠮᠵᠢᠶ᠎ᠡ | ᠢᠯᠡᠳᠲᠡ ᠳᠡᠭᠡᠭᠰᠢᠯᠡᠵᠦ᠂ ᠬᠤᠲᠠ ᠶᠢᠨ ᠲᠣᠭᠤᠷᠢᠭ ᠤᠨ ᠳᠦᠷᠰᠦ ᠪᠠᠶᠢᠳᠠᠯ ᠴᠣ᠋ ᠰᠢᠨ᠎ᠡ ᠪᠠᠶᠢᠳᠠᠯ ᠲᠠᠢ | ᠪᠣᠯᠪᠠ᠃ | ︵ᠳᠥᠷᠪᠡ︶ ᠭᠤᠣᠯ ᠬᠠᠷᠠᠯᠲᠠ ᠶᠢᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠃ ᠪᠦᠬᠦ | ᠠᠶᠢᠮᠠᠭ ᠤᠨ ᠬᠤᠲᠠ ᠪᠠᠯᠭᠠᠰᠤᠨ ᠤ ᠬᠥᠮᠦᠨ ᠳᠤᠮᠳᠠᠴᠢ ᠶᠢᠨ ᠬᠤᠲᠠ ᠶᠢᠨ ᠵᠠᠮ ᠤᠨ ᠲᠠᠯᠠᠪᠠᠢ 32 . 9 ᠲᠡᠭᠰᠢ | ᠳᠥᠷᠪᠡᠯᠵᠢᠨ ᠮᠧᠲᠷ᠂ ᠬᠠᠷᠠᠯᠲᠠ ᠠᠴᠠ 8 . 6 ᠲᠡᠭᠰᠢ ᠳᠥᠷᠪᠡᠯᠵᠢᠨ ᠮᠧᠲᠷ ᠳᠠᠪᠠᠵᠦ᠂ ᠬᠤᠲᠠ ᠪᠠᠯᠭᠠᠰᠤᠨ ᠤ | ᠲᠥᠪᠯᠡᠷᠡᠩᠭᠦᠢ ᠳᠤᠯᠠᠭᠠᠯᠠᠭ᠎ᠠ ᠶᠢᠨ ᠲᠠᠯᠠᠪᠠᠢ 1073 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠲᠠ | ᠪᠠᠯᠭᠠᠰᠤᠨ ᠤ ᠤᠰᠤ ᠬᠠᠩᠭᠠᠬᠤ ᠶᠢ ᠲᠦᠭᠡᠮᠡᠯᠵᠢᠭᠦᠯᠦᠭᠰᠡᠨ ᠨᠣᠷᠮ᠎ᠠ 99 . 6 % ᠳᠤ ᠬᠦᠷᠴᠦ᠂ ᠬᠤᠲᠠ | ᠪᠠᠯᠭᠠᠰᠤᠨ ᠤ ᠰᠢᠲᠠᠮᠠᠬᠠᠶ ᠬᠡᠶ ᠶᠢᠨ ᠲᠦᠭᠡᠮᠡᠯᠵᠢᠭᠰᠡᠨ ᠨᠣᠷᠮ᠎ᠠ 94 . 1 % ᠳᠤ ᠬᠦᠷᠴᠦ᠂ ᠬᠤᠲᠠ ᠪᠠᠯᠭᠠᠰᠤᠨ ᠤ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ 93 . 6 % ᠳᠤ ᠬᠦᠷᠴᠦ᠂ ᠬᠤᠲᠠ ᠪᠠᠯᠭᠠᠰᠤᠨ ᠤ | ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠭᠰᠡᠨ ᠨᠤᠷᠮ᠎ᠠ 98 . 8 % ᠳᠤ ᠬᠦᠷᠴᠦ᠂ ᠲᠣᠰ ᠲᠣᠰ | ᠬᠠᠷᠠᠯᠲᠠ ᠠᠴᠠ 5 . 6᠂ 19 . 1᠂ 8 . 6᠂ 0 . 8 ᠵᠠᠭᠤᠨ ᠤ ᠨᠢᠭᠡᠴᠢ ᠶᠢ ᠳᠠᠪᠠᠵᠦ᠂ ᠬᠤᠲᠠ | ᠪᠠᠯᠭᠠᠰᠤ ᠶᠢᠨ ᠪᠠᠶᠢᠭᠤᠯᠤᠭᠰᠠᠨ ᠲᠣᠭᠤᠷᠢᠭ ᠤᠨ ᠵᠦᠯᠭᠡ ᠭᠠᠵᠠᠷ ᠤᠨ ᠲᠠᠯᠠᠪᠠᠶ 2070 ᠾᠧᠺᠲ᠋ᠠᠷ ᠲᠤ ᠬᠦᠷᠴᠦ᠂ | ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ 2311 ᠾᠧᠺᠲ᠋ᠠᠷ ᠲᠤ | ᠬᠦᠷᠴᠦ᠂ ᠴᠡᠴᠡᠷᠯᠢᠭ ᠤᠨ ᠨᠣᠭᠤᠭᠠᠨ ᠭᠠᠵᠠᠷ ᠤᠨ ᠲᠠᠯᠠᠪᠠᠶ 646 ᠾᠧᠺᠲ᠋ᠠᠷ ᠲᠤ ᠬᠦᠷᠴᠦ᠂ ᠪᠠᠶᠢᠭᠤᠯᠤᠭᠰᠠᠨ | ᠲᠣᠭᠤᠷᠢᠭ ᠤᠨ ᠵᠦᠯᠭᠡ ᠭᠠᠵᠠᠷ ᠤᠨ ᠨᠣᠷᠮ᠎ᠠ 35 . 8 % ᠳᠤ ᠬᠦᠷᠴᠦ᠂ ᠬᠠᠷᠠᠯᠲᠠ ᠠᠴᠠ ᠵᠠᠭᠤᠨ ᠤ 12 . 3 | ᠨᠢᠭᠡᠴᠢ ᠳᠠᠪᠠᠵᠦ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ 39 . 9 % ᠳᠤ | ᠬᠦᠷᠴᠦ᠂ ᠬᠠᠷᠠᠯᠲᠠ ᠠᠴᠠ ᠵᠠᠭᠤᠨ ᠤ 11 . 9 ᠨᠢᠭᠡᠴᠢ ᠳᠠᠪᠠᠵᠦ᠂ ᠬᠥᠮᠦᠨ ᠳᠤᠮᠳᠠᠴᠢ ᠶᠢᠨ ᠴᠡᠴᠡᠷᠯᠢᠭ ᠤᠨ | ᠨᠣᠭᠤᠭᠠᠨ ᠭᠠᠵᠠᠷ ᠤᠨ ᠲᠠᠯᠠᠪᠠᠶ 45 . 7 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠠᠷᠠᠯᠲᠠ ᠠᠴᠠ 14 . 7 | ᠲᠡᠭᠰᠢ ᠳᠥᠷᠪᠡᠯᠵᠢᠨ ᠮᠧᠲᠷ ᠳᠠᠪᠠᠵᠦ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ | ᠭᠦᠢᠴᠡᠳᠬᠡᠯ ᠲᠤᠭ᠎ᠠ ᠲᠣᠭᠲᠠᠭᠤᠨ ᠢᠶᠠᠷ ᠳᠡᠭᠡᠭᠰᠢᠯᠡᠪᠡ᠃ | ᠲᠠᠪᠤᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠦᠬᠦ ᠠᠶᠢᠮᠠᠭ ᠤᠨ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠨᠢ ᠭᠤᠣᠯᠳᠠᠯᠭ᠎ᠠ ᠲᠠᠢ ᠲᠥᠷᠥᠯ ᠵᠦᠢᠯ ᠢᠶᠠᠷ ᠠᠳᠬᠤᠴᠠ ᠪᠣᠯᠭᠠᠵᠤ᠂ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢᠶᠠᠨ ᠲᠠᠰᠤᠷᠠᠯᠲᠠ ᠦᠭᠡᠢ ᠨᠥᠬᠦᠪᠥᠷᠢᠯᠡᠵᠦ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ᠂ | ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠮᠡᠳᠡᠭᠳᠡᠮ᠎ᠡ | ᠲᠦᠷᠭᠡᠳᠴᠦ᠂ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠰᠢᠰᠲ᠋ᠧᠮ ᠨᠠᠩ ᠲᠡᠭᠦᠯᠳᠡᠷᠵᠢᠵᠦ᠂ ᠬᠤᠲᠠ | ᠪᠠᠯᠭᠠᠰᠤᠨ ᠤ ᠶᠡᠷᠦᠩᠬᠡᠶᠢᠯᠡᠭᠰᠡᠨ ᠳᠠᠭᠠᠭᠠᠴᠠ ᠴᠢᠳᠠᠪᠤᠷᠢ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ | ᠢᠯᠡᠳᠲᠡ ᠳᠡᠭᠡᠭᠰᠢᠯᠡᠵᠦ᠂ ᠬᠤᠲᠠ ᠶᠢᠨ ᠬᠠᠮᠢᠶᠠᠷᠤᠯᠲᠠ ᠶᠢᠨ ᠴᠢᠳᠠᠪᠤᠷᠢ ᠶᠢᠨ ᠵᠠᠰᠠᠯᠲᠠ ᠶᠢᠨ ᠲᠦᠪᠰᠢᠨ ᠨᠠᠩ | ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠪᠣᠯᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠶᠠᠰᠤ | ᠴᠢᠨᠠᠷ ᠶᠡᠭᠡ ᠬᠡᠮᠵᠢᠶ᠎ᠡ ᠪᠠᠷ ᠳᠡᠭᠡᠭᠰᠢᠯᠡᠵᠦ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯ ᠤᠨ | ᠵᠢᠭᠠᠯᠲᠠ ᠲᠤᠭ᠎ᠠ ᠢᠯᠡᠳᠲᠡ ᠨᠡᠮᠡᠭᠳᠡᠪᠡ᠃ | ᠭᠤᠷᠪᠠ᠂ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ ᠭᠡᠷ ᠪᠠᠶᠢᠰᠢᠩ | ᠭᠠᠵᠠᠷ ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠭᠰᠠᠨ ᠦᠷ᠎ᠡ ᠪᠦᠲᠦᠭᠡᠯ ᠢᠯᠡᠳᠲᠡ | ᠪᠣᠯᠪᠠ | ︵ᠲᠠᠪᠤ︶ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ᠃ ᠳᠥᠭᠦᠮ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠨᠢ ᠠᠷᠠᠳ ᠣᠯᠠᠨ ᠤ ᠬᠢᠮᠳᠠ | ᠣᠷᠣᠨ ᠰᠠᠭᠤᠴᠠ ᠶᠢᠨ ᠢᠨᠵᠧᠨᠧᠷᠢᠩ ᠢᠶᠠᠷ ᠭᠤᠤᠯᠳᠠᠯᠭ᠎ᠠ ᠪᠣᠯᠭᠠᠵᠤ᠂ ᠲᠥᠯᠥᠪᠯᠡᠭᠡ ᠶᠢᠨ ᠳᠣᠲᠣᠷᠠᠬᠢ 24 ᠲᠥᠷᠥᠯ | ᠵᠦᠶ᠋ᠯ 22992 ᠢᠵᠢ ᠶᠢ ᠬᠡᠷᠡᠭᠵᠢᠭᠦᠯᠵᠦ᠂ 67 . 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | 253 . 55 ᠲᠦᠮᠡᠨ ᠲᠡᠭᠰᠢ ᠳᠥᠷᠪᠡᠯᠵᠢᠨ ᠮᠧᠲᠷ ᠲᠠᠲᠠᠪᠤᠷᠢᠯᠠᠬᠤ ᠶᠢ ᠪᠡᠶᠡᠯᠡᠭᠦᠯᠵᠦ᠂ ᠪᠠᠷᠤᠭ 5 . 55 ᠲᠦᠮᠡᠨ | ᠬᠥᠮᠦᠨ ︽ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ︾ ᠶᠢ | ᠪᠡᠶᠡᠯᠡᠭᠦᠯᠪᠡ᠃ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠤᠪᠢᠶᠠᠷᠢᠯᠠᠯᠲᠠ ᠶᠢᠨ ᠨᠣᠷᠮ᠎ᠠ ᠶᠢ | 90 % ᠠᠴᠠ ᠳᠡᠭᠡᠭᠰᠢ ᠳᠤ ᠬᠦᠷᠦᠭᠦᠯᠦᠨ᠎ᠡ︔ ᠲᠦᠷᠢᠶᠡᠰᠦᠯᠡᠯ ᠤᠨ ᠨᠥᠬᠦᠪᠥᠷᠢ ᠣᠯᠭᠤᠬᠤ ᠡᠭᠦᠷᠭᠡ ᠶᠢ 733 | ᠪᠡᠶᠡᠯᠡᠭᠦᠯᠵᠦ᠂ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ | ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠮᠡᠷ ᠪᠠᠶᠢᠭ᠎ᠠ ᠡᠷᠦᠬᠡ ᠵᠡᠷᠭᠡ 10 | ᠲᠥᠷᠥᠯ ᠤᠨ ᠬᠦᠴᠢᠷᠳᠡᠯ ᠲᠠᠢ ᠬᠡᠷ ᠪᠦᠯᠢ ᠶᠢ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ | ᠂ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠤᠨ ᠦᠢᠯᠡᠳᠦᠯ ᠢ ᠬᠦᠢᠴᠡᠳ ᠪᠠᠳᠠᠷᠠᠭᠤᠯᠪᠠ᠃ | ︵ᠵᠢᠷᠭᠤᠭ᠎ᠠ︶ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠃ ᠪᠥᠬᠦ | ᠠᠶᠢᠮᠠᠭ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ | ᠨᠡᠶᠢᠲᠡ 71193 . 5 ᠲᠦᠮᠡᠨ ᠲᠡᠭᠰᠢ ᠳᠥᠷᠪᠡᠯᠵᠢᠨ ᠮᠧᠲᠷ ᠬᠡᠷᠡᠭᠵᠢᠭᠦᠯᠵᠦ᠂ 2 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠨᠡᠶᠢᠲᠡ 1 . 2 ᠳ᠋ᠦᠩᠰᠢᠭᠤᠷ ᠲᠥᠭᠦᠷᠢᠭ ᠤᠨ ᠡᠯ᠎ᠡ ᠠᠷᠭ᠎ᠠ ᠵᠠᠮ ᠤᠨ | ᠨᠥᠬᠦᠪᠥᠷᠢ ᠮᠥᠩᠭᠦ ᠣᠯᠵᠠᠶ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠬᠤᠭᠤᠯᠠᠶ ᠱᠤᠭᠤᠮ᠂ ᠵᠠᠮ | ᠱᠤᠭᠤᠮ᠂ ᠨᠣᠭᠤᠭᠠᠷᠠᠭᠤᠯᠤᠯᠲᠠ᠂ ᠭᠡᠷᠡᠯᠲᠦᠭᠦᠯᠭᠡ ᠪᠠ ᠠᠳᠠᠯ ᠠᠬᠤᠶ᠂ ᠰᠠᠭᠤᠭᠠᠯᠢ ᠠᠷᠠᠳ ᠤᠨ ᠠᠵᠢᠯᠯᠠᠭ᠎ᠠ ᠳᠤ | ᠬᠡᠷᠡᠭᠯᠡᠬᠦ ᠬᠡᠷ ᠪᠠᠶᠢᠰᠢᠩ ᠵᠡᠷᠭᠡ ᠢᠵᠢ ᠪᠥᠷᠢᠳᠦᠭᠰᠡᠨ ᠰᠠᠭᠤᠷᠢ ᠪᠡᠯᠡᠳᠬᠡᠮᠵᠢ ᠶᠢ ᠥᠭᠡᠷᠡᠴᠢᠯᠡᠨ ᠰᠠᠶᠢᠵᠢᠷᠠᠭᠤᠯᠬᠤ᠂ | ᠲᠡᠭᠦᠯᠳᠡᠷᠵᠢᠭᠦᠯᠬᠦ ᠪᠠ ᠳᠡᠭᠡᠭᠰᠢᠯᠡᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠲᠣᠭᠤᠷᠢᠭ ᠤᠨ ᠴᠢᠳᠠᠮᠵᠢ ᠶᠢ | ᠨᠠᠩ ᠪᠦᠷᠢᠨ ᠲᠡᠭᠦᠯᠳᠡᠷ ᠪᠣᠯᠭᠠᠵᠤ᠂ ᠳᠦᠷᠰᠦ ᠪᠠᠶᠢᠳᠠᠯ ᠢ ᠨᠢ ᠦᠨᠳᠦᠰᠦᠨ ᠠᠴᠠ ᠨᠢ ᠥᠭᠡᠷᠡᠴᠢᠯᠡᠨ | ᠰᠠᠶᠢᠵᠢᠷᠠᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠨᠠᠩ ᠲᠠᠭᠠᠯᠠᠮᠵᠢᠲᠠᠶ ᠭᠤᠶᠣ ᠰᠠᠶᠢᠬᠠᠨ ᠪᠣᠯᠭᠠᠵᠤ᠂ | ᠪᠥᠬᠦ ᠠᠶᠢᠮᠠᠭ ᠤᠨ 1 . 6 ᠲᠦᠮᠡ ᠭᠠᠷᠤᠶ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ | ︵ᠳᠣᠯᠤᠭ᠎ᠠ︶ ᠠᠳᠠᠯ ᠠᠬᠤᠶ ᠶᠢᠨ ᠬᠠᠮᠢᠶᠠᠷᠤᠯᠲᠠ ᠦᠢᠯᠡᠴᠢᠯᠡᠭᠡ᠃ ︽ᠠᠳᠠᠯ ᠠᠬᠤᠶ ᠶᠢᠨ ᠬᠠᠮᠢᠶᠠᠷᠤᠯᠲᠠ | ᠦᠢᠯᠡᠴᠢᠯᠡᠬᠡᠨ ᠢ ᠵᠢᠷᠤᠮᠵᠢᠭᠤᠯᠬᠤ ᠣᠨ︾ ︽ᠠᠳᠠᠯ ᠠᠬᠤᠶ ᠶᠢᠨ ᠬᠠᠮᠢᠶᠠᠷᠤᠯᠲᠠ ᠦᠢᠯᠡᠴᠢᠯᠡᠬᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠵᠦ᠂ ᠲᠦᠷᠢᠮ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠦᠨ᠂ ︽ᠠᠯᠠᠱᠠ ᠠᠶᠢᠮᠠᠭ ᠤᠨ ᠠᠳᠠᠯ ᠠᠬᠤᠶ ᠶᠢᠨ ᠬᠠᠮᠢᠶᠠᠷᠤᠯᠲᠠ ᠦᠢᠯᠡᠴᠢᠯᠡᠬᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠳᠠᠯ ᠠᠬᠤᠶ ᠶᠢᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠦᠢᠯᠡᠴᠢᠯᠡᠬᠡᠨ ᠤ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠪᠡ︔ ︽ᠣᠷᠣᠨ | ᠰᠠᠭᠤᠴᠠ ᠶᠢᠨ ᠲᠣᠭᠤᠷᠢᠭ ᠤᠨ ᠠᠳᠠᠯ ᠠᠬᠤᠶ ᠶᠢᠨ ᠲᠣᠪᠶᠤᠭ ᠮᠠᠶ᠋ᠢᠭ ᠤᠨ ᠦᠢᠯᠡᠴᠢᠯᠡᠭᠡ ᠪᠠ ᠰᠦᠢᠳᠬᠡᠯ | ᠬᠤᠷᠢᠶᠠᠬᠤ ᠯᠠᠪᠯᠠᠯᠲᠠ ᠶᠢᠨ ᠪᠠᠷᠢᠮᠵᠢᠶ᠎ᠠ︾᠂ ︽ᠤᠶᠤᠨᠲᠤ ᠵᠢᠵᠢᠭ ᠲᠣᠭᠤᠷᠢᠭ ᠪᠠ ᠠᠳᠠᠯ ᠠᠬᠤᠶ ᠶᠢᠨ | ᠬᠠᠮᠢᠶᠠᠷᠤᠯᠲᠠ ᠶᠢᠨ ᠵᠢᠱᠢᠶᠡᠴᠢ ᠵᠢᠵᠢᠭ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠲᠥᠰᠦᠯ︾᠂ ︽ᠠᠳᠠᠯ | ᠠᠬᠤᠶ ᠶᠢᠨ ᠦᠢᠯᠡᠴᠢᠯᠡᠬᠡᠨ ᠤ ᠣᠷᠣᠨ ᠪᠦᠰᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ | ᠴᠢᠩᠭᠠᠳᠬᠠᠬᠤ ᠲᠤᠬᠠᠶ ᠮᠡᠳᠡᠭᠳᠡᠯ︾᠂ ︽ᠠᠳᠠᠯ ᠠᠬᠤᠶ ᠶᠢᠨ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠵᠤ ᠰᠠᠮᠠᠭᠤᠷᠠᠯ ᠢ ᠵᠠᠰᠠᠬᠤ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ | ᠲᠠᠷᠬᠠᠭᠠᠵᠤ᠂ ︽ᠠᠳᠠᠯ ᠠᠬᠤᠶ ᠶᠢᠨ ᠠᠵᠢᠯ ᠲᠥᠷᠥᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ ᠡᠮᠬᠢ ᠳᠢᠭᠯᠢᠮ ᠥᠬᠡᠶ ᠠᠵᠢᠯᠯᠠᠭ᠎ᠠ ᠳᠤ ᠬᠤᠯᠪᠣᠭᠳᠠᠭᠰᠠᠨ ᠭᠤᠤᠯ ᠢᠯᠡᠷᠡᠬᠦ ᠬᠡᠯᠪᠡᠷᠢ 20 ᠵᠤᠷᠪᠤᠰ | ︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠠᠵᠢᠯ ᠲᠥᠷᠥᠯ ᠤᠨ ᠰᠤᠷᠲᠠᠯ ᠤᠨ ᠬᠢᠨᠠᠯᠲᠠ ᠲᠠᠯᠪᠢᠭᠴᠢ ᠶᠢ ᠤᠷᠢᠵᠤ | ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠡᠷᠡᠭᠦᠯ ᠢᠶᠠᠷ ᠬᠥᠭᠵᠢᠬᠦ ᠠᠳᠠᠯ ᠠᠬᠤᠶ ᠶᠢᠨ ᠦᠢᠯᠡᠴᠢᠯᠡᠬᠡᠨ ᠤ ᠵᠠᠬ᠎ᠠ | ᠳᠡᠯᠭᠡᠭᠦᠷ ᠢ ᠬᠦᠴᠦᠯᠡᠨ ᠪᠤᠶᠢᠵᠢᠭᠤᠯᠪᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠲᠠᠰᠤᠷᠠᠯᠲᠠ ᠥᠬᠡᠶ ᠪᠠᠬᠢᠵᠢᠭᠦᠯᠵᠦ᠂ ᠠᠶᠢᠮᠠᠭ᠂ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠣᠯᠤᠨ ᠵᠡᠭᠡᠯᠢ ᠭᠤᠳᠤᠮᠵᠢ᠂ ᠨᠡᠶᠢᠭᠡᠮ | ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠬᠡᠨ ᠤ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ | ᠴᠢᠩᠭᠠᠳᠬᠠᠨ᠂ ᠠᠳᠠᠯ ᠠᠬᠤᠶ ᠶᠢᠨ ᠦᠢᠯᠡᠴᠢᠯᠡᠬᠡᠨ ᠤ ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠠᠳᠠᠯ ᠠᠬᠤᠶ ᠶᠢᠨ ᠵᠠᠬᠢᠶᠠᠯᠠᠭ᠎ᠠ ᠶᠢᠨ ᠮᠠᠶ᠋ᠢᠭ ᠤᠨ ᠦᠢᠯᠡᠴᠢᠯᠡᠭᠡ ᠪᠠ ᠰᠦᠢᠳᠬᠡᠯ | ᠬᠤᠷᠢᠶᠠᠬᠤ ᠯᠠᠪᠯᠠᠯᠲᠠ ᠶᠢᠨ ᠪᠠᠷᠢᠮᠵᠢᠶ᠎ᠠ ᠶᠢ ᠢᠳᠡᠪᠬᠢᠲᠡᠶ ᠳᠡᠯᠭᠡᠷᠡᠭᠦᠯᠪᠡ᠃ ᠠᠳᠠᠯ ᠠᠬᠤᠶ ᠶᠢᠨ ᠠᠵᠢᠯ ᠲᠥᠷᠥᠯ ᠤᠨ | ᠰᠢᠯᠢᠳᠡᠭ ᠢ ᠡᠭᠦᠳᠴᠦ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠨᠡᠯᠢᠶᠡᠳ ᠰᠠᠶᠢᠨ ᠬᠢᠷᠢ ᠪᠦᠲᠦᠮᠵᠢ ᠣᠯᠵᠤ᠂ ᠪᠥᠬᠦ | ᠠᠶᠢᠮᠠᠭ ᠲᠤ ᠨᠡᠶᠢᠲᠡ 45 ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠰᠢᠯᠢᠳᠡᠭ᠂ ᠵᠢᠱᠢᠶ᠎ᠡ ᠦᠵᠡᠭᠦᠯᠬᠦ | ᠠᠳᠠᠯ ᠠᠬᠤᠶ ᠶᠢᠨ ᠬᠠᠮᠢᠶᠠᠷᠤᠯᠲᠠ ᠶᠢᠨ ᠲᠥᠷᠥᠯ ᠵᠦᠢᠯ ᠤᠨ ᠢᠷᠠᠭᠤ ᠠᠯᠳᠠᠷ ᠢ ᠭᠥᠷᠳᠡᠪᠡ᠂ ᠡᠭᠦᠨ ᠳᠤ ᠰᠢᠯᠢᠳᠡᠭ | ᠲᠥᠷᠥᠯ ᠵᠦᠢᠯ 29᠂ ᠵᠢᠱᠢᠶ᠎ᠡ ᠦᠵᠡᠭᠦᠯᠬᠦ ᠲᠥᠷᠥᠯ ᠵᠦᠢᠯ 16 ᠪᠣᠶ᠃ ᠠᠳᠠᠯ ᠠᠬᠤᠶ ᠶᠢᠨ ᠦᠢᠯᠡᠴᠢᠯᠡᠭᠡ᠂ | ᠠᠵᠢᠯᠲᠠᠨ ᠤ ᠪᠣᠯᠪᠠᠰᠤᠷᠠᠭᠤᠯᠤᠯ᠂ ᠨᠥᠬᠦᠪᠥᠷᠢ ᠪᠠᠯᠠ ᠮᠥᠩᠭᠦ ᠶᠢ ᠴᠢᠷᠮᠠᠶᠢᠨ ᠨᠠᠶᠢᠳᠠᠪᠤᠷᠢᠵᠢᠭᠤᠯᠬᠤ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠶᠢ ᠪᠠᠶᠢᠭᠤᠯᠬᠤ᠂ ᠠᠵᠢᠯ ᠲᠥᠷᠥᠯ ᠤᠨ ᠨᠡᠶᠢᠭᠡᠮᠯᠢᠭ ᠤᠨ ᠬᠤᠯᠪᠣᠭᠠᠰᠤ ᠶᠢᠨ ᠦᠢᠯᠡᠳᠦᠯ ᠢ | ᠪᠠᠳᠠᠷᠠᠭᠤᠯᠬᠤ ᠵᠡᠷᠭᠡ ᠲᠠᠯ᠎ᠠ ᠪᠠᠷ ᠨᠡᠯᠢᠶᠡᠳ ᠶᠡᠭᠡ ᠳᠠᠪᠰᠢᠯᠲᠠ ᠲᠠᠢ ᠪᠣᠯᠪᠠ᠃ | ᠪᠥᠬᠦ ᠠᠶᠢᠮᠠᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ 94 . 5 % ᠳᠤ | ᠬᠥᠷᠪᠡ︔ ᠥᠮᠴᠢᠲᠡᠨ ᠤ ᠵᠥᠪᠯᠡᠯ ᠪᠠᠶᠢᠭᠤᠯᠤᠭᠳᠠᠭᠰᠠᠨ ᠬᠠᠷᠢᠴᠠᠯ 63 % ᠳᠤ ᠬᠦᠷᠪᠡ︔ ᠳᠥᠷᠪᠡᠳᠦᠭᠡᠷ ᠳᠡᠰ | ᠵᠢᠴᠢ ᠲᠡᠭᠦᠨ ᠠᠴᠠ ᠳᠡᠭᠡᠭᠰᠢᠬᠢ ᠠᠳᠠᠯ ᠠᠬᠤᠢ ᠶᠢᠨ ᠬᠠᠮᠢᠶᠠᠷᠤᠯᠲᠠ ᠶᠢᠨ ᠪᠠᠷᠢᠮᠵᠢᠶᠠᠲᠤ ᠣᠷᠣᠨ ᠰᠠᠭᠤᠴᠠ ᠶᠢᠨ | ᠲᠣᠭᠤᠷᠢᠭ ᠢ 68 % ᠳᠤ ᠬᠦᠷᠭᠡᠪᠡ︔ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠶᠢ | ᠨᠡᠶᠢᠲᠡ 2 . 16 ᠳ᠋ᠦᠩᠰᠢᠭᠤᠷ ᠲᠥᠭᠦᠷᠢᠭ ᠴᠤᠭᠯᠠᠭᠤᠯᠪᠠ︔ ︽ᠤᠶᠤᠨᠲᠤ ᠲᠣᠭᠤᠷᠢᠭ︾ 8᠂ ᠠᠳᠠᠯ | ᠠᠬᠤᠶ ᠶᠢᠨ ᠬᠠᠮᠢᠶᠠᠷᠤᠯᠲᠠ ᠶᠢᠨ ᠵᠢᠱᠢᠶᠡᠴᠢ ᠲᠣᠭᠤᠷᠢᠭ 26 ᠶᠢ ᠡᠭᠦᠳᠦᠨ ᠪᠠᠶᠢᠭᠤᠯᠪᠠ᠃ | ︵ᠨᠠᠢᠮᠠ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ᠃ | 2020 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠠᠶᠢᠮᠠᠭ ᠨᠡᠶᠢᠲᠡ 36 . 54 | ᠳ᠋ᠦᠩᠰᠢᠭᠤᠷ ᠲᠥᠭᠦᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ | ᠬᠠᠳᠠᠭᠠᠯᠠᠵᠠᠶ᠃ ᠡᠭᠦᠨ ᠳᠤ ︽ᠠᠷᠪᠠᠨ ᠬᠤᠶᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ 1 . 2 ᠳ᠋ᠦᠩᠰᠢᠭᠤᠷ ᠲᠥᠭᠦᠷᠢᠭ | ᠳᠤᠲᠠᠭᠤ ᠲᠤᠰᠢᠶᠠᠭᠰᠠᠨ᠂ ᠲᠤᠰᠢᠶᠠᠵᠤ ᠬᠠᠳᠠᠭᠠᠯᠠᠭᠠᠳᠤᠶ ᠠᠵᠢᠯᠲᠠᠨ ᠠᠵᠢᠯᠴᠢᠨ ᠤ ᠬᠤᠪᠢ ᠬᠥᠮᠦᠨ ᠤ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠲᠡᠰᠦᠯᠦᠨ ᠪᠤᠳᠤᠭᠰᠠᠨ ᠬᠦᠦ ᠮᠥᠩᠭᠦ 2 ᠳ᠋ᠦᠩᠰᠢᠭᠤᠷ ᠲᠥᠭᠦᠷᠢᠭ ᠪᠠᠶᠢᠵᠤ᠂ ︽ | ᠠᠷᠪᠠᠨ ᠬᠤᠶᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 12 . 15 | % ᠪᠠᠷ ᠨᠡᠮᠡᠭᠳᠡᠵᠦ᠂ ᠲᠤᠰᠢᠶᠠᠵᠤ ᠬᠠᠳᠠᠭᠠᠯᠠᠭᠤᠯᠤᠭᠰᠠᠨ ᠶᠡᠷᠦᠩᠬᠡᠶ ᠲᠤᠭ᠎ᠠ 82 . 17 ᠳ᠋ᠦᠩᠰᠢᠭᠤᠷ ᠲᠥᠭᠦᠷᠢᠭ | ᠪᠠᠶᠢᠵᠤ᠂ 80 . 08 % ᠪᠠᠷ ᠨᠡᠮᠡᠭᠳᠡᠵᠦ᠂ ᠲᠤᠰᠢᠶᠠᠵᠤ ᠬᠠᠳᠠᠭᠠᠯᠠᠭᠤᠯᠤᠭᠰᠠᠨ ᠦᠯᠡᠳᠡᠪᠦᠷᠢ ᠲᠤᠭ᠎ᠠ 28 . 47 | ᠳ᠋ᠦᠩᠰᠢᠭᠤᠷ ᠲᠥᠭᠦᠷᠢᠭ ᠲᠤ ᠬᠦᠷᠴᠡᠶ︔ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ | ᠨᠡᠶᠢᠲᠡ 34 . 7 ᠳ᠋ᠦᠩᠰᠢᠭᠤᠷ ᠲᠥᠭᠦᠷᠢᠭ ᠭᠠᠷᠭᠠᠨ ᠠᠪᠴᠤ᠂ 112 . 23 % ᠪᠠᠷ ᠨᠡᠮᠡᠭᠳᠡᠨ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠨᠡᠶᠢᠲᠡ 57 . 71 ᠳ᠋ᠦᠩᠰᠢᠭᠤᠷ ᠲᠥᠭᠦᠷᠢᠭ | ᠭᠠᠷᠭᠠᠨ ᠠᠪᠴᠤ᠂ 182 . 63 % ᠪᠠᠷ ᠨᠡᠮᠡᠭᠳᠡᠪᠡ︔ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠨᠡᠶᠢᠲᠡ 21 . 98 ᠳ᠋ᠦᠩᠰᠢᠭᠤᠷ ᠲᠥᠭᠦᠷᠢᠭ ᠲᠠᠯᠪᠢᠵᠤ᠂ 5 . | 26 % ᠪᠠᠷ ᠪᠠᠭᠠᠰᠬᠠᠨ᠂ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢ ᠨᠡᠶᠢᠲᠡ 60 . 36 | ᠳ᠋ᠦᠩᠰᠢᠭᠤᠷ ᠲᠥᠭᠦᠷᠢᠭ ᠲᠠᠯᠪᠢᠵᠤ᠂ 57 . 27 % ᠪᠠᠷ ᠨᠡᠮᠡᠭᠳᠡᠨ᠂ ᠵᠢᠭᠡᠯᠡᠯᠭᠡ ᠶᠢᠨ ᠦᠯᠡᠳᠡᠪᠦᠷᠢ ᠲᠤᠭ᠎ᠠ 17 . | 03 ᠳ᠋ᠦᠩᠰᠢᠭᠤᠷ ᠲᠥᠭᠦᠷᠢᠭ ᠪᠣᠯᠤᠨ᠎ᠠ᠃ ᠪᠠᠯᠠ ᠮᠥᠩᠭᠦ ᠶᠢᠨ ᠬᠡᠷᠡᠭᠯᠡᠯᠲᠡ ᠶᠢᠨ ᠨᠣᠷᠮ᠎ᠠ 86 . 07 % ᠳᠤ | ᠬᠦᠷᠴᠦ᠂ 13 ᠵᠠᠭᠤᠨ ᠤ ᠨᠢᠭᠡᠴᠢ ᠳᠡᠭᠡᠭᠰᠢᠯᠡᠪᠡ᠃ ᠴᠤᠭᠯᠠᠭᠤᠯᠤᠨ ᠨᠡᠶᠢᠯᠡᠭᠦᠯᠬᠦ ᠬᠡᠪᠴᠢᠶ᠎ᠡ ᠶᠢ ᠡᠮᠬᠢ | ᠵᠢᠷᠤᠮ ᠲᠠᠢ ᠪᠠᠷ ᠠᠬᠢᠭᠤᠯᠵᠤ᠂ ︽ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ︾ ᠵᠠᠷᠴᠢᠮ ᠤᠨ ᠶᠣᠰᠣᠭᠠᠷ | ᠂ ᠪᠠᠶᠢᠭᠤᠯᠤᠮᠵᠢ ᠶᠢᠨ ᠳᠦᠷᠢᠮ ᠤᠨ ᠬᠡᠪᠴᠢᠶ᠎ᠡ ᠶᠢ ᠥᠷᠭᠡᠳᠬᠡᠬᠦ ᠶᠢ ᠯᠠᠪᠳᠠᠭᠤᠨ ᠢᠶᠠᠷ ᠥᠷᠨᠢᠭᠦᠯᠵᠦ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ᠂ ᠴᠢᠯᠥᠭᠡᠲᠦ ᠠᠵᠢᠯᠲᠠᠨ᠂ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠶᠢᠭᠤᠯᠵᠤ ᠲᠤᠰᠢᠶᠠᠬᠤ ᠶᠢ | ᠢᠳᠡᠪᠬᠢᠲᠡᠶ ᠪᠠᠷ ᠠᠬᠢᠭᠤᠯᠵᠤ᠂ ︽ᠤᠷᠢᠳᠠᠪᠠᠷ ᠬᠢᠨᠠᠵᠤ ᠳᠠᠷᠠᠭ᠎ᠠ ᠨᠢ ᠲᠤᠰᠢᠶᠠᠬᠤ︾ ᠳᠦᠷᠢᠮ ᠢ ᠬᠡᠷᠡᠭᠵᠢᠭᠦᠯᠵᠦ᠂ | ᠲᠤᠰᠢᠶᠠᠨ ᠬᠠᠳᠠᠭᠠᠯᠠᠭᠤᠯᠬᠤ ᠶᠢ ᠤᠯᠠᠮ ᠨᠢᠭᠡ ᠠᠯᠬᠤᠮ ᠵᠢᠷᠣᠮᠵᠢᠭᠤᠯᠪᠠ᠃ | ᠵᠢᠭᠡᠯᠡᠯᠭᠡ ᠶᠢᠨ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠪᠠᠷᠢᠴᠠᠭᠠᠯᠠᠨ ᠳᠠᠭᠠᠭᠠᠯᠲᠠ ᠬᠢᠬᠦ ᠠᠷᠭ᠎ᠠ ᠮᠠᠶ᠋ᠢᠭ ᠢ | ᠥᠷᠭᠡᠳᠬᠡᠨ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠨᠡᠭᠡᠭᠡᠨ ᠡᠷᠭᠢᠯᠡᠵᠦ | ᠪᠠᠶᠢᠭ᠎ᠠ ᠪᠠᠶᠢᠭᠤᠯᠵᠤ ᠪᠠᠶᠢᠭ᠎ᠠ ᠠᠰᠠᠷ ᠤᠨ ᠰᠠᠭᠤᠷᠢ ᠶᠢᠨ ᠤᠷᠢᠳᠴᠢᠯᠠᠨ ᠪᠠᠷᠢᠴᠠᠭᠠᠯᠠᠬᠤ ᠳᠠᠭᠠᠭᠠᠯᠲᠠᠲᠤ ᠵᠢᠭᠡᠯᠡᠯᠭᠡ᠂ | ᠤᠨᠳᠤᠤ ᠭᠠᠵᠠᠷ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠬᠤ ᠠᠵᠢᠯᠲᠠᠨ ᠠᠵᠢᠯᠴᠢᠨ | ᠬᠢᠭᠡᠳ ᠲᠣᠰ ᠭᠠᠵᠠᠷ ᠤᠨ ᠲᠤᠰᠢᠶᠠᠨ ᠬᠠᠳᠠᠭᠠᠯᠠᠬᠤ ᠠᠵᠢᠯᠲᠠᠨ ᠠᠵᠢᠯᠴᠢᠨ ᠯᠤᠭ᠎ᠠ ᠠᠳᠠᠯᠢ ᠲᠡᠭᠰᠢ ᠵᠢᠭᠡᠯᠡᠯᠭᠡ ᠶᠢᠨ | ᠡᠷᠬᠡ ᠠᠰᠢᠭ ᠲᠠᠢ ᠪᠠᠶᠢᠬᠤ ᠶᠢ ᠪᠡᠶᠡᠯᠡᠬᠦᠯᠪᠡ᠃ ︽ᠵᠢᠭᠡᠯᠡᠯᠭᠡ ᠲᠠᠯᠪᠢᠬᠤ ᠠᠴᠠ ᠡᠮᠦᠨ᠎ᠡ ᠴᠢᠩᠭ᠎ᠠ ᠬᠢᠨᠠᠬᠤ᠂ | ᠵᠢᠭᠡᠯᠡᠯᠭᠡ ᠲᠠᠯᠪᠢᠬᠤ ᠳᠤᠮᠳᠠ ᠵᠢᠷᠤᠮᠵᠢᠭᠤᠯᠬᠤ᠂ ᠵᠢᠭᠡᠯᠡᠯᠭᠡ ᠲᠠᠯᠪᠢᠭᠰᠠᠨ ᠤ ᠳᠠᠷᠠᠭ᠎ᠠ ᠳᠠᠭᠠᠬᠤ︾ ᠵᠠᠷᠴᠢᠮ ᠢ | ᠬᠢᠨᠠᠮᠠᠭᠠᠶ ᠨᠠᠶᠢᠳᠠᠪᠤᠷᠢᠵᠢᠭᠤᠯᠵᠤ᠂ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠶᠢ ᠬᠢᠨᠠᠨ ᠰᠢᠨᠵᠢᠬᠦ ᠪᠠ ᠬᠠᠮᠢᠶᠠᠷᠬᠤ ᠪᠠᠨ | ᠴᠢᠩᠭᠠᠷᠠᠭᠤᠯᠤᠨ᠂ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠦᠢᠴᠡᠳᠬᠡᠬᠦ ᠶᠢ ᠬᠢᠨᠠᠨ ᠬᠠᠷᠭᠤᠭᠤᠯᠬᠤ ᠪᠠᠨ | ᠴᠢᠩᠳᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ | ᠠᠷᠢᠯᠭᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠪᠠᠶᠢᠭᠤᠯᠤᠨ᠎ᠠ | ᠃ ᠦᠢᠯᠡᠴᠢᠯᠡᠬᠡᠨ ᠤ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠴᠣᠩᠬᠤᠪᠴᠢ ᠶᠢᠨ | ᠦᠢᠯᠡᠴᠢᠯᠡᠭᠡ ᠶᠢ ᠲᠠᠰ ᠳᠡᠪᠰᠢᠭᠦᠯᠦᠨ ᠰᠢᠯᠢᠳᠡᠭᠵᠢᠭᠦᠯᠵᠦ᠂ ︽ᠣᠶᠢᠷ᠎ᠠ ᠬᠠᠪᠢ ᠳᠤᠨᠢ ᠬᠦᠢᠴᠡᠳᠬᠡᠬᠦ︾᠂ ︽ | ᠰᠦᠯᠵᠢᠶᠡᠨ ᠳᠡᠭᠡᠷ᠎ᠡ ᠬᠦᠢᠴᠡᠳᠬᠡᠬᠦ︾᠂ ︽ᠳᠥᠭᠦᠮᠴᠢᠯᠡᠨ ᠬᠦᠢᠴᠡᠳᠬᠡᠬᠦ︾ ᠶᠢ ᠬᠡᠷᠡᠭᠵᠢᠭᠦᠯᠦᠨ᠂ | ᠶᠡᠷᠦᠩᠬᠡᠶᠢᠯᠡᠭᠰᠡᠨ ᠳᠠᠪᠴᠠᠩ ᠤᠨ ᠲᠦᠷᠢᠮ ᠢ ᠬᠡᠷᠡᠭᠵᠢᠭᠦᠯᠵᠦ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠢ | ᠴᠢᠩᠭᠠᠷᠠᠭᠤᠯᠤᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ︽ᠬᠤᠤᠰ | ᠳᠣᠣᠱᠯᠠᠭᠤᠯᠬᠤ ᠪᠠᠷᠢᠮᠵᠢᠶ᠎ᠠ︾ ᠶᠢ ᠪᠡᠶᠡᠯᠡᠭᠦᠯᠵᠦ᠂ ᠪᠥᠬᠦ ᠤᠯᠤᠰ ᠤᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠳ᠋ᠠᠶᠢᠲ᠋ᠠ ᠶᠢᠨ ᠲᠠᠪᠴᠠᠩ ᠳᠤ ᠵᠠᠯᠭᠠᠨ ᠣᠷᠣᠭᠤᠯᠵᠤ᠂ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠶᠢᠨ ᠶᠡᠷᠦᠩᠬᠡᠶ ᠲᠤᠭ᠎ᠠ ᠪᠠᠷᠢᠮᠲᠠ ᠯᠤᠭ᠎ᠠ ᠶᠡᠷᠦᠩᠬᠡᠶ ᠲᠤᠭ᠎ᠠ ᠪᠠᠷᠢᠮᠲᠠ ᠪᠠᠨ ᠰᠣᠯᠢᠯᠴᠠᠬᠤ ᠶᠢ ᠪᠡᠶᠡᠯᠡᠭᠦᠯᠦᠨ | ᠂ ᠪᠥᠬᠦ ᠤᠯᠤᠰ ᠤᠨ ᠤᠨᠳᠤᠤ ᠭᠠᠵᠠᠷ ᠰᠢᠯᠵᠢᠭᠦᠯᠦᠨ ᠥᠭᠬᠦ ᠶᠢ ᠵᠠᠯᠭᠠᠭᠤᠯᠤᠨ ᠰᠦᠯᠵᠢᠶᠡᠨ ᠳᠤ ᠰᠢᠭᠤᠳ ᠬᠤᠯᠪᠣᠵᠤ | ᠂ ᠠᠵᠢᠯᠲᠠᠨ ᠠᠵᠢᠯᠴᠢᠨ ᠤ ᠲᠤᠭ᠎ᠠ ᠪᠠᠷᠢᠮᠲᠠ ᠶᠢ ᠤᠨᠳᠤᠤ ᠭᠠᠵᠠᠷ ᠰᠢᠯᠵᠢᠭᠦᠯᠦᠨ ᠥᠭᠬᠦ ᠪᠠ ᠪᠠᠯᠠ ᠮᠥᠩᠭᠦ | ᠰᠢᠯᠵᠢᠭᠦᠯᠦᠨ ᠥᠭᠬᠦ ᠶᠢ ᠴᠠᠭ ᠲᠤᠬᠠᠶ ᠳᠤᠨᠢ ᠠᠵᠢᠯᠯᠠᠭᠤᠯᠬᠤ ᠪᠠ ᠬᠤᠪᠢᠶᠠᠷᠢᠯᠠᠨ ᠰᠢᠯᠵᠢᠭᠦᠯᠬᠦ ᠶᠢ ᠪᠡᠶᠡᠯᠡᠭᠦᠯᠪᠡ︔ | ᠶᠡᠷᠦᠩᠬᠡᠶᠢᠯᠡᠭᠰᠡᠨ ᠦᠢᠯᠡᠴᠢᠯᠡᠬᠡᠨ ᠤ ᠲᠠᠪᠴᠠᠩ ᠢ ᠲᠦᠷᠬᠡᠨ ᠪᠠᠶᠢᠭᠤᠯᠵᠤ᠂ ᠦᠢᠯᠡᠴᠢᠯᠡᠬᠡᠨ ᠤ ᠠᠷᠭ᠎ᠠ ᠵᠠᠮ ᠢ | ᠰᠦᠯᠵᠢᠶᠡᠨ ᠳᠡᠭᠡᠷᠡᠬᠢ ᠦᠢᠯᠡᠴᠢᠯᠡᠬᠡᠨ ᠤ ᠲᠢᠩᠬᠢᠮ ︿ᠨᠢᠭᠡᠴᠡ ᠶᠢᠨ ᠬᠡᠪᠯᠡᠯ﹀᠂ ᠰᠦᠯᠵᠢᠶᠡᠨ ᠳᠡᠭᠡᠷᠡᠬᠢ | ᠦᠢᠯᠡᠴᠢᠯᠡᠬᠡᠨ ᠤ ᠲᠢᠩᠬᠢᠮ ︿ᠬᠤᠪᠢ ᠬᠥᠮᠦᠨ ᠤ ᠬᠡᠪᠯᠡᠯ﹀᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠭᠠᠷ | ᠤᠲᠠᠰᠤᠨ ᠤ ᠬᠡᠷᠡᠭᠯᠡᠭᠴᠢ ᠶᠢᠨ ᠦᠵᠦᠭᠦᠷ ︿APP﹀᠂ 12329 ᠦᠢᠯᠡᠴᠢᠯᠡᠬᠡᠨ ᠤ ᠤᠲᠠᠰᠤ᠂ ᠠᠦ᠋ᠲ᠋ᠣ᠋ | ᠦᠢᠯᠡᠴᠢᠯᠡᠬᠡᠨ ᠤ ᠦᠵᠦᠭᠦᠷ᠂ 12329 ᠣᠬᠤᠷ ᠮᠡᠳᠡᠭᠡ ᠶᠢᠨ ᠦᠢᠯᠡᠴᠢᠯᠡᠭᠡ ᠵᠡᠷᠭᠡ ᠲᠤᠯᠤᠭᠠᠨ ᠠᠷᠭ᠎ᠠ ᠵᠠᠮ | ᠬᠦᠷᠲᠡᠯ᠎ᠡ ᠥᠷᠭᠡᠳᠬᠡᠨ᠎ᠡ᠃ | ︵ᠶᠢᠰᠦ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ᠃ ᠪᠦᠬᠦ | ᠠᠶᠢᠮᠠᠭ ᠤᠨ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠲᠤ ᠭᠠᠷᠤᠭᠰᠠᠨ ᠲᠠᠸᠠᠷ ᠤᠨ ᠭᠡᠷ ᠪᠠᠶᠢᠰᠢᠩ 27848 | ᠢᠵᠢ 282 ᠲᠦᠮᠡᠨ ᠲᠡᠭᠰᠢ ᠳᠥᠷᠪᠡᠯᠵᠢᠨ ᠮᠧᠲᠷ ︵ᠡᠭᠦᠨ ᠳᠤ ᠣᠷᠣᠨ ᠰᠠᠭᠤᠴᠠ 17240 ᠢᠵᠢ 205 | ᠲᠦᠮᠡᠨ ᠲᠡᠭᠰᠢ ᠳᠥᠷᠪᠡᠯᠵᠢᠨ ᠮᠧᠲᠷ︶ ᠪᠠᠶᠢᠵᠤ᠂ 76 . 4 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠲᠠᠸᠠᠷ ᠤᠨ ᠭᠡᠷ ᠪᠠᠶᠢᠰᠢᠩ 31808 ᠢᠵᠢ 335 ᠲᠦᠮᠡᠨ ᠲᠡᠭᠰᠢ | ᠳᠥᠷᠪᠡᠯᠵᠢᠨ ᠮᠧᠲᠷ ︵ᠡᠭᠦᠨ ᠳᠤ ᠣᠷᠣᠨ ᠰᠠᠭᠤᠴᠠ 21695 ᠢᠵᠢ 257 ᠲᠦᠮᠡᠨ ᠲᠡᠭᠰᠢ ᠳᠥᠷᠪᠡᠯᠵᠢᠨ | ᠮᠧᠲᠷ︶ ᠪᠣᠷᠣᠯᠠᠭᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠴᠦᠰ ᠲᠤ᠂ ᠬᠤᠳᠠᠯᠳᠤᠬᠤ ᠪᠠᠷ | ᠪᠠᠶᠢᠭ᠎ᠠ ᠲᠠᠸᠠᠷ ᠤᠨ ᠬᠡᠷ ᠪᠠᠶᠢᠰᠢᠩ 106 . 24 ᠲᠦᠮᠡᠨ ᠲᠡᠭᠰᠢ ᠳᠥᠷᠪᠡᠯᠵᠢᠨ ᠮᠧᠲᠷ ︵ᠡᠭᠦᠨ ᠳᠤ ᠣᠷᠣᠨ | ᠰᠠᠭᠤᠴᠠ 60 . 78 ᠲᠦᠮᠡᠨ ᠲᠡᠭᠰᠢ ᠳᠥᠷᠪᠡᠯᠵᠢᠨ ᠮᠧᠲᠷ ᠪᠣᠶ︶ ᠪᠠᠶᠢᠵᠤ᠂ ᠪᠥᠬᠦ ᠠᠶᠢᠮᠠᠭ ᠤᠨ ᠣᠷᠣᠨ | ᠰᠠᠭᠤᠴᠠ ᠶᠢᠨ ᠲᠠᠸᠠᠷ ᠤᠨ ᠬᠡᠷ ᠪᠠᠶᠢᠰᠢᠩ ᠤᠨ ᠳᠤᠮᠳᠠᠴᠢ ᠬᠠᠰᠤᠬᠤ ᠦᠶᠡᠯᠡᠯ ᠤᠨ ᠬᠤᠭᠤᠴᠠᠭ᠎ᠠ ᠨᠢ 13 ᠰᠠᠷ᠎ᠠ | ᠪᠠᠶᠢᠵᠤ᠂ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠦᠨᠳᠦᠰᠦᠨ ᠳᠡᠭᠡᠨ ᠪᠠᠲᠤᠯᠠᠵᠤ᠂ ᠣᠷᠣᠨ ᠰᠠᠭᠤᠴᠠ ᠶᠢᠨ | ᠪᠤᠰᠤ ᠲᠠᠸᠠᠷ ᠤᠨ ᠬᠡᠷ ᠪᠠᠶᠢᠰᠢᠩ ᠤᠨ ᠳᠤᠮᠳᠠᠴᠢ ᠬᠠᠰᠤᠬᠤ ᠦᠶᠡᠯᠡᠯ ᠤᠨ ᠬᠤᠭᠤᠴᠠᠭ᠎ᠠ ᠨᠢ 31 ᠰᠠᠷ᠎ᠠ ᠪᠠᠶᠢᠵᠤ᠂ | ᠬᠠᠷᠢᠴᠠᠩᠭᠤᠶ ᠪᠠᠷ ᠨᠡᠯᠢᠶᠡᠳ ᠥᠨᠳᠥᠷ ᠪᠠᠶᠢᠨ᠎ᠠ︔ ᠬᠤᠲᠠ ᠪᠠᠯᠭᠠᠰᠤᠨ ᠤ ᠬᠥᠮᠦᠨ ᠪᠦᠷᠢ ᠶᠢᠨ ᠳᠤᠮᠳᠠᠴᠢ ᠣᠷᠣᠨ | ᠰᠠᠭᠤᠴᠠ ᠶᠢᠨ ᠲᠠᠯᠠᠪᠠᠶ ᠨᠢ 57 ᠲᠡᠭᠰᠢ ᠳᠥᠷᠪᠡᠯᠵᠢᠨ ᠮᠧᠲᠷ ᠪᠠᠶᠢᠵᠦ᠂ ᠡᠭᠦᠨ ᠳᠤ ᠬᠤᠲᠠ ᠪᠠᠯᠭᠠᠰᠤᠨ ᠤ ᠬᠥᠮᠦᠨ | ᠪᠦᠷᠢ ᠶᠢᠨ ᠳᠤᠮᠳᠠᠴᠢ ᠠᠰᠠᠷ ᠤᠨ ᠣᠷᠣᠨ ᠰᠠᠭᠤᠴᠠ ᠶᠢᠨ ᠲᠠᠯᠠᠪᠠᠶ ᠨᠢ 51 ᠲᠡᠭᠰᠢ ᠳᠥᠷᠪᠡᠯᠵᠢᠨ ᠮᠧᠲᠷ ᠪᠠᠶᠢᠵᠤ᠂ | ︽ᠠᠷᠪᠠᠨ ᠬᠤᠶᠠᠳᠤᠭᠠᠷ ᠲᠠᠪᠤᠨ ᠵᠢᠯ ︾ ᠤᠨ ᠡᠴᠦᠰ ᠠᠴᠠ 16 ᠲᠡᠭᠰᠢ ᠳᠥᠷᠪᠡᠯᠵᠢᠨ ᠮᠧᠲᠷ ᠨᠡᠮᠡᠭᠳᠡᠵᠡᠶ᠃ ᠭᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠤᠨ ᠲᠣᠭᠲᠠᠴᠠ ᠶᠢ ᠲᠠᠰᠤᠷᠠᠯᠲᠠ | ᠤᠢᠭᠡᠢ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠬᠠᠩᠭᠠᠯᠭ᠎ᠠ | ᠬᠡᠷᠡᠭᠴᠡᠭᠡ ᠶᠢᠨ ᠲᠡᠩᠴᠡᠭᠦᠷᠢ ᠠᠩᠬ᠎ᠠ ᠠᠯᠬᠤᠮ ᠤᠨ ᠠᠮᠵᠢᠯᠲᠠ ᠣᠯᠵᠤ᠂ ᠲᠠᠸᠠᠷ ᠤᠨ ᠭᠡᠷ ᠪᠠᠶᠢᠰᠢᠩ ᠢ | ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠢᠯᠡᠳᠲᠡ ᠴᠢᠩᠭᠠᠷᠠᠪᠠ᠃ ᠬᠥᠮᠥᠷᠭᠡ ᠶᠢᠨ | ᠬᠠᠳᠠᠭᠠᠯᠠᠯᠲᠠ ᠶᠢ ᠪᠠᠭᠠᠰᠬᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ 2020 ᠣᠨ ᠤ 6 ᠳ᠋ᠤᠭᠠᠷ | ᠰᠠᠷ᠎ᠠ ᠶᠢᠨ ᠰᠡᠭᠦᠯᠴᠢ ᠪᠣᠯᠬᠤ ᠳᠤ᠂ ᠪᠥᠬᠦ ᠠᠶᠢᠮᠠᠭ ᠤᠨ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠬᠤ ᠪᠠᠷ ᠪᠠᠶᠢᠭ᠎ᠠ | ᠲᠠᠯᠠᠪᠠᠶ 106 . 24 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ︽ ᠠᠷᠪᠠᠨ ᠬᠤᠶᠠᠳᠣᠭᠠᠷ ᠳᠠᠪᠣᠨ | ᠵᠢᠯ︾ ᠤᠨ ᠰᠡᠭᠦᠯᠴᠢ ᠶᠢᠨ ᠬᠢ ᠠᠴᠠ 37 . 8 % ᠪᠠᠷ ᠪᠠᠭᠠᠰᠪᠠ᠃ ᠬᠡᠷ ᠪᠠᠶᠢᠰᠢᠩ ᠭᠠᠵᠠᠷ ᠬᠥᠷᠥᠩᠭᠡ ᠶᠢᠨ | ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠵᠢᠯ ᠱᠠᠲᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠵᠣ | ᠂ ᠪᠥᠬᠦ ᠠᠶᠢᠮᠠᠭ ᠲᠤ ᠨᠡᠶᠢᠲᠡ 17032 ᠢᠵᠢ ᠲᠠᠸᠠᠷ ᠤᠨ ᠬᠡᠷ ᠪᠠᠶᠢᠰᠢᠩ ᠲᠡᠦᠬᠡ ᠶᠢᠨ ᠦᠯᠡᠳᠡᠭᠳᠡᠯ ᠠᠰᠠᠭᠤᠳᠠᠯ | ᠣᠷᠣᠰᠢᠵᠤ᠂ 2020 ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 15890 ᠢᠵᠢ ᠶᠢ ᠨᠢ | ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 93 . 3 % ᠳᠤ ᠬᠦᠷᠴᠦ᠂ ᠱᠠᠲᠤ ᠦᠶ᠎ᠡ ᠶᠢᠨ ᠴᠢᠨᠠᠷᠲᠠᠶ | ᠦᠷ᠎ᠡ ᠪᠦᠲᠦᠭᠡᠯ ᠤᠯᠪᠠ᠃ | ᠵᠠᠬ᠎ᠠ ᠳᠡᠯᠭᠡᠭᠦᠷ ᠤᠨ ᠭᠤᠤᠯ ᠴᠣᠭᠴᠠ ᠠᠯᠬᠤᠮ ᠠᠯᠬᠤᠮ ᠢᠶᠠᠷ ᠪᠤᠵᠠᠭᠠᠶᠢᠷᠠᠨ ᠪᠣᠯᠪᠠᠰᠤᠷᠠᠵᠤ᠂ ︽ᠠᠷᠪᠠᠨ | ᠭᠤᠷᠪᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠪᠥᠬᠦ | ᠠᠶᠢᠮᠠᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ 64 ᠪᠣᠯᠪᠠ᠃ ᠡᠭᠦᠨ ᠳᠤ᠂ | ᠬᠤᠶᠠᠳᠤᠭᠠᠷ ᠳᠡᠰ ᠲᠤ 4᠂ ᠭᠤᠷᠪᠠᠳᠤᠭᠠᠷ ᠳᠡᠰ ᠲᠤ 10 ᠪᠣᠯᠪᠠ︔ ᠬᠤᠶᠠᠷ᠂ ᠭᠤᠷᠪᠠᠳᠤᠭᠠᠷ ᠳᠡᠰ ᠤᠨ ᠬᠢᠷᠢ | ᠴᠢᠳᠠᠮᠵᠢ ᠶᠢᠨ ᠡᠵᠡᠯᠡᠬᠦ ᠬᠠᠷᠢᠴᠠᠯ ᠢ 21 . 9 % ᠪᠣᠯᠲᠠᠯ᠎ᠠ ᠨᠡᠮᠡᠭᠳᠡᠭᠦᠯᠵᠦ᠂ ᠨᠡᠭᠡᠭᠡᠨ ᠬᠥᠭᠵᠢᠭᠦᠯᠬᠦ ᠠᠵᠤ | ᠠᠬᠤᠶᠢᠯᠠᠯ ᠤᠨ ᠬᠡᠪᠴᠢᠶᠡᠵᠢᠯ ᠤᠨ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠨᠡᠷᠡᠲᠦ ᠲᠥᠷᠥᠯ | ᠲᠡᠮᠳᠡᠭᠲᠦ ᠶᠢᠨ ᠪᠣᠳᠠᠲᠤ ᠬᠦᠴᠦᠨ ᠪᠠ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠲᠠᠰᠤᠷᠠᠯᠲᠠ ᠤᠢᠭᠡᠢ | ᠳᠡᠭᠡᠭᠰᠢᠯᠡᠭᠦᠯᠵᠦ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠲᠠᠰᠤᠷᠠᠯᠲᠠ ᠤᠢᠭᠡᠢ ᠨᠡᠮᠡᠭᠳᠡᠬᠦᠯᠪᠡ᠃ ᠬᠠᠤᠯᠢ | ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ︽ᠲᠠᠸᠠᠷ ᠤᠨ ᠬᠡᠷ ᠪᠠᠶᠢᠰᠢᠩ ᠢ | ᠤᠷᠢᠳᠴᠢᠯᠠᠨ ︵ᠪᠣᠷᠣᠯᠠᠭᠤᠯᠬᠤ︶ ᠪᠣᠷᠣᠯᠠᠭᠤᠯᠬᠤ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠢ ᠬᠤᠪᠢᠷᠠᠭᠤᠯᠬᠤ | ᠵᠢᠴᠢ ᠬᠦᠴᠦᠨ ᠥᠬᠡᠶ ᠪᠣᠯᠭᠠᠬᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠠᠵᠢᠯ ᠲᠥᠷᠥᠯ ᠤᠨ ᠬᠠᠤᠯᠢ ᠲᠣᠭᠲᠠᠭᠠᠯ ᠤᠨ | ᠰᠢᠰᠲ᠋ᠧᠮ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠵᠢᠯ | ᠲᠥᠷᠥᠯ ᠤᠨ ᠠᠶᠤᠯ ᠲᠦᠭᠰᠢᠭᠦᠷᠢ ᠶᠢ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ ᠨᠡᠭᠡᠭᠡᠨ ᠬᠥᠭᠵᠢᠭᠦᠯᠵᠦ | ᠡᠵᠡᠩᠨᠡᠬᠦ ᠡᠮᠬᠢ ᠵᠢᠷᠤᠮ ᠢ ᠬᠠᠮᠠᠭᠠᠯᠠᠪᠠ᠃ | ᠲᠠᠪᠤᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠨᠢ | ᠶᠠᠳᠠᠭᠤ ᠬᠦᠴᠢᠷᠳᠡᠯᠲᠡᠢ ᠭᠡᠷ ᠪᠦᠯᠢ ᠳᠤ ᠨᠠᠩ ᠢᠯᠡᠭᠦᠦ ᠠᠰᠢᠭ ᠬᠦᠷᠲᠡᠭᠡᠵᠦ᠂ ᠬᠤᠲᠠ ᠪᠠᠯᠭᠠᠰᠤᠨ ᠤ ᠬᠠᠭᠤᠴᠢᠨ | ᠰᠠᠭᠤᠭᠠᠯᠢ ᠲᠣᠭᠤᠷᠢᠭ ᠤᠨ ᠳᠦᠷᠢ ᠲᠥᠷᠬᠦ ᠰᠢᠨᠡᠳᠴᠦ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠤᠷᠬᠤ | ᠬᠡᠪᠴᠢᠶ᠎ᠡ᠂ ᠦᠢᠯᠡᠴᠢᠯᠡᠭᠡᠨ ᠤ ᠶᠠᠰᠤ ᠴᠢᠨᠠᠷ ᠨᠡᠯᠢᠶᠡᠳ ᠲᠦᠷᠭᠡᠨ ᠳᠡᠭᠡᠭᠰᠢᠯᠡᠵᠦ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠣᠷᠣᠨ ᠰᠠᠭᠤᠴᠠ ᠶᠢ ᠰᠠᠶᠢᠵᠢᠷᠠᠭᠤᠯᠬᠤ ᠶᠢ ᠳᠡᠮᠵᠢᠬᠦ ᠦᠢᠯᠡᠳᠦᠯ | ᠦᠷᠭᠦᠯᠵᠢᠯᠡᠨ ᠴᠢᠩᠭᠠᠷᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠳᠠᠭᠠᠯᠠᠯᠲᠠ ᠶᠢ ᠪᠠᠭᠠᠰᠬᠠᠬᠤ | ᠠᠵᠢᠯ ᠢᠯᠡᠳᠲᠡ ᠦᠷ᠎ᠡ ᠪᠦᠲᠦᠮᠵᠢ ᠣᠯᠪᠠ᠃ | ᠳᠥᠷᠪᠡ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠭᠠᠳ ᠢᠯᠡᠳᠲᠡ | ᠦᠷ᠎ᠡ ᠪᠦᠲᠦᠮᠵᠢ ᠤᠯᠪᠠ | ︵ᠠᠷᠪᠠ︶ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ᠃ ᠪᠥᠬᠦ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠪᠠ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠪᠡᠯᠡᠳᠬᠡᠮᠵᠢ ᠶᠢᠨ ᠨᠥᠬᠦᠴᠡᠯ ᠤᠯᠠᠮ ᠨᠢᠭᠡ ᠠᠯᠬᠤᠮ ᠰᠠᠶᠢᠵᠢᠷᠠᠵᠤ᠂ 2020 ᠣᠨ ᠤ 8 ᠰᠠᠷ᠎ᠠ ᠪᠣᠯᠲᠠᠯ᠎ᠠ᠂ | ᠭᠤᠷᠪᠠᠨ ᠬᠤᠰᠢᠭᠤᠨ ᠤ ᠪᠠᠶᠢᠭ᠎ᠠ ᠭᠠᠵᠠᠷ ︵ᠬᠤᠲᠠ ᠶᠢᠨ ᠲᠡᠭᠦᠷᠭᠡ ᠪᠠᠯᠭᠠᠰᠤ︶ ᠠᠴᠠ ᠭᠠᠳᠠᠨ᠎ᠠ᠂ ᠪᠤᠰᠤᠳ ᠰᠤᠮᠤ | ᠪᠠᠯᠭᠠᠰᠤ ᠨᠢᠭᠡᠨᠲᠡ ᠠᠮᠢᠳᠤᠷᠠᠯ ᠤᠨ ᠬᠤᠭ ᠨᠣᠪᠰᠢ ᠶᠢ ᠪᠤᠯᠠᠬᠤ 6 ᠲᠠᠯᠠᠪᠠᠶ᠂ ᠬᠤᠭ ᠨᠣᠪᠰᠢ ᠶᠢ ᠬᠤᠷᠢᠶᠠᠨ | ᠴᠤᠭᠯᠠᠭᠤᠯᠵᠤ ᠰᠢᠯᠵᠢᠭᠦᠯᠦᠨ ᠵᠥᠭᠡᠭᠡᠪᠦᠷᠢᠯᠡᠬᠦ 55 ᠥᠷᠲᠡᠭᠡ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ | ᠠᠭᠤᠷᠰᠢᠭᠤᠯᠬᠤ 19 ᠵᠤᠤᠬ᠎ᠠ᠂ ᠡᠯ᠎ᠡ ᠵᠦᠢᠯ ᠤᠨ ᠮᠠᠰᠢᠨ ᠲᠡᠷᠭᠡ 116 ᠶᠢ ᠬᠤᠳᠠᠯᠳᠤᠨ ᠠᠪᠴᠤ᠂ ᠨᠡᠶᠢᠲᠡ | ᠪᠠᠷᠤᠭ 0 . 72 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃ | ︵ᠠᠷᠪᠠᠨ ᠨᠢᠭᠡ︶ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ | ᠴᠡᠭᠴᠡᠯᠡᠨ ᠵᠠᠰᠠᠪᠠ᠃ ᠵᠧᠵᠢᠶᠠᠩ ᠤᠨ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ | ᠴᠡᠭᠴᠡᠯᠡᠨ ᠵᠠᠰᠠᠬᠤ︾ ᠠᠵᠢᠯ ᠤᠨ ᠲᠤᠷᠰᠢᠯᠭ᠎ᠠ ᠶᠢ ᠰᠤᠷᠤᠯᠴᠠᠨ ᠲᠤᠯᠢᠳᠠᠵᠤ᠂ ᠬᠤᠭ ᠨᠣᠪᠰᠢ ᠶᠢ ᠴᠡᠭᠴᠡᠯᠡᠨ | ᠵᠠᠰᠠᠬᠤ ᠪᠠᠷ ᠭᠤᠣᠯᠳᠠᠯᠭ᠎ᠠ ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠱᠠᠳᠤ ᠳᠠᠷᠠᠭᠠᠯᠠᠨ ᠠᠬᠢᠭᠤᠯᠪᠠ᠃ ᠬᠤᠭ | ᠨᠣᠪᠰᠢ ᠶᠢ ᠴᠡᠭᠴᠡᠯᠡᠨ ᠵᠠᠰᠠᠬᠤ ᠲᠠᠯ᠎ᠠ ᠪᠠᠷ᠂ 2017—2020 ᠣᠨ ᠳᠤ ᠠᠯᠠᠱᠠ ᠵᠡᠭᠦᠨ ᠬᠤᠰᠢᠭᠤ᠂ ᠠᠯᠠᠱᠠ | ᠪᠠᠷᠠᠭᠤᠨ ᠬᠤᠰᠢᠭᠤ᠂ ᠡᠵᠡᠨ᠎ᠡ ᠬᠤᠰᠢᠭᠤᠨ ᠤ ᠵᠢᠵᠢᠭ ᠬᠤᠲᠠ ᠪᠠᠯᠭᠠᠰᠤ ᠵᠢᠴᠢ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠵᠠᠰᠠᠬᠤ ᠲᠥᠷᠥᠯ ᠵᠦᠢᠯ ᠢ ᠨᠢᠭᠡᠨᠲᠡ ᠪᠡᠶᠡᠯᠡᠭᠦᠯᠵᠦ᠂ ᠥᠪᠡᠷᠲᠡᠭᠡᠨ ᠵᠠᠰᠠᠬᠤ | ᠣᠷᠣᠨ ᠤ ᠨᠥᠬᠦᠪᠥᠷᠢ ᠪᠠᠯᠠ ᠮᠥᠩᠭᠦ ᠶᠢ ᠨᠡᠶᠢᠲᠡ 0 . 26 ᠳ᠋ᠦᠩᠰᠢᠭᠤᠷ ᠲᠥᠭᠦᠷᠢᠭ ᠭᠤᠶᠤᠴᠢᠯᠠᠪᠠ᠃ ᠪᠥᠬᠦ | ᠠᠶᠢᠮᠠᠭ ᠲᠤ ᠨᠢᠭᠡᠨᠲᠡ 1347 ᠮᠠᠯᠵᠢᠬᠤ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠡᠭᠦᠷᠭᠡ ᠶᠢ | ᠪᠡᠶᠡᠯᠡᠭᠦᠯᠵᠦ᠂ ᠨᠡᠶᠢᠲᠡ 471 . 45 ᠲᠦᠮᠡᠨ ᠲᠥᠭᠦᠷᠢᠭ ᠤᠨ ᠪᠠᠯᠠ ᠣᠷᠣᠭᠤᠯᠪᠠ᠃ | ︵ᠠᠷᠪᠠᠨ ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠨᠤᠷᠠᠬᠤ ᠠᠶᠤᠯᠲᠠᠢ ᠭᠡᠷ | ᠪᠠᠶᠢᠰᠢᠩ ᠢ ᠥᠭᠡᠷᠡᠴᠢᠯᠡᠨ ᠵᠠᠰᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ | ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ 895 ᠡᠷᠦᠬᠡ ᠰᠢᠨᠡᠳᠬᠡᠨ | ᠵᠠᠰᠠᠵᠤ᠂ ᠪᠦᠬᠦᠨ ᠢ ᠪᠡᠶᠡᠯᠡᠭᠦᠯᠦᠭᠰᠡᠨ ᠪᠥᠭᠡᠳ ᠰᠢᠯᠭᠠᠨ ᠠᠪᠤᠭᠰᠠᠨ ᠪᠠᠶᠢᠨ᠎ᠠ᠃ 2016—2020 ᠣᠨ ᠳᠤ᠂ | ᠮᠠᠯᠵᠢᠬᠤ ᠲᠠᠷᠢᠶᠠᠯᠠᠬᠤ ᠣᠷᠣᠨ ᠤ ᠳᠥᠷᠪᠡᠨ ᠲᠥᠷᠥᠯ ᠤᠨ ᠶᠠᠳᠠᠭᠤ ᠬᠦᠴᠢᠷᠳᠡᠯᠲᠡᠶ ᠬᠥᠮᠦᠰ ᠤᠨ ᠣᠷᠣᠨ | ᠰᠠᠭᠤᠴᠠ ᠶᠢᠨ ᠠᠮᠤᠷ ᠲᠦᠪᠰᠢᠨ ᠢ ᠭᠤᠤᠯᠳᠠᠯᠭ᠎ᠠ ᠲᠠᠢ ᠪᠠᠲᠤᠯᠠᠬᠤ ᠶᠢᠨ ᠬᠠᠮᠲᠤ᠂ ᠬᠥᠳᠡᠯᠦᠩᠭᠦᠶ ᠲᠣᠭᠤᠷᠢᠨ | ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠳᠠᠷᠤᠶ ᠢᠯᠡᠷᠡᠭᠦᠯᠬᠦ᠂ ᠳᠠᠷᠤᠶ ᠰᠢᠢᠳᠪᠦᠷᠢᠯᠡᠬᠦ ᠱᠠᠭᠠᠷᠳᠠᠯᠭ᠎ᠠ | ᠶᠣᠰᠣᠭᠠᠷ᠂ ᠬᠤᠰᠢᠭᠤ ᠣᠷᠣᠨ ᠤ ᠵᠠᠰᠠᠭ ᠤᠨ ᠣᠷᠳᠣᠨ ᠠᠴᠠ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠨ | ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠳᠠᠭᠠᠭᠠᠨ ᠪᠠᠲᠤᠯᠠᠵᠤ ᠰᠢᠢᠳᠪᠦᠷᠢᠯᠡᠪᠡ᠃ ᠡᠭᠦᠨ ᠤ ᠬᠠᠮᠲᠤ᠂ | ᠲᠥᠪ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤᠮᠳᠠ ᠵᠢᠭᠠᠵᠤ ᠭᠠᠷᠭᠠᠭᠰᠠᠨ ᠠᠰᠠᠭᠤᠳᠠᠯ ᠤᠨ ᠲᠣᠭᠤᠷᠢᠨ ᠳᠤ᠂ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ︽ᠡᠷᠬᠢᠨ | ᠬᠠᠷᠠᠬᠤ︾ ︽ᠪᠦᠬᠦᠨ ᠢ ᠪᠠᠷᠢᠮᠵᠢᠶ᠎ᠠ ᠳᠤ ᠬᠦᠷᠦᠭᠦᠯᠬᠦ︾ ᠵᠡᠷᠭᠡ ᠠᠵᠢᠯ ᠲᠠᠢ ᠤᠶᠠᠯᠳᠤᠭᠤᠯᠤᠨ᠂ ᠣᠷᠣᠰᠢᠵᠤ | ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢᠨ | ᠬᠠᠮᠲᠤ᠂ ᠶᠠᠳᠠᠭᠤ ᠬᠦᠴᠢᠷᠳᠡᠯ ᠢ ᠢᠯᠭᠠᠨ ᠲᠠᠨᠢᠬᠤ ᠪᠠ ᠶᠠᠳᠠᠭᠤ ᠠᠴᠠ ᠠᠩᠭᠢᠵᠢᠷᠠᠭᠤᠯᠬᠤ ᠶᠢ ᠬᠢᠨᠠᠨ ᠡᠵᠡᠮᠳᠡᠬᠦ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠪᠡ᠃ | ︵ᠠᠷᠪᠠᠨ ᠭᠤᠷᠪᠠ︶ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠃ ᠪᠦᠬᠦ ᠠᠶᠢᠮᠠᠭ ᠤᠨ 200 | ᠭᠠᠴᠠᠭ᠎ᠠ ᠲᠣᠰᠬᠤᠨ ᠤ ᠳᠣᠲᠣᠷ᠎ᠠ᠂ ᠨᠢᠭᠡᠨᠲᠡ 98 ᠭᠠᠴᠠᠭ᠎ᠠ ᠨᠢ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠠᠮᠢᠳᠤᠷᠠᠯ ᠤᠨ ᠬᠤᠭ | ᠨᠣᠪᠰᠢ ᠶᠢ ᠵᠠᠰᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠵᠠᠰᠠᠭ ᠵᠠᠬᠢᠷᠭᠠᠨ ᠤ ᠲᠣᠰᠬᠤᠨ ᠳᠤ 49 % ᠳᠤ ᠬᠦᠷᠦᠭᠦᠯᠵᠦ᠂ | ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠬᠠᠷᠠᠯᠲᠠ ᠪᠠᠨ ᠨᠢᠭᠡᠨᠲᠡ ᠪᠡᠶᠡᠯᠡᠭᠦᠯᠪᠡ᠃ ᠰᠤᠮᠤ | ᠪᠠᠯᠭᠠᠰᠤᠨ ᠤ ᠤᠰᠤ ᠬᠠᠩᠭᠠᠬᠤ ᠨᠣᠷᠮ᠎ᠠ᠂ ᠪᠥᠬᠦ ᠠᠶᠢᠮᠠᠭ ᠤᠨ ᠭᠤᠷᠪᠠᠨ ᠬᠤᠰᠢᠭᠤᠨ ᠤ ᠰᠠᠭᠤᠭ᠎ᠠ ᠭᠠᠵᠠᠷ ᠠᠴᠠ | ᠭᠠᠳᠠᠨ᠎ᠠ᠂ ᠪᠤᠰᠤᠳ 28 ᠰᠤᠮᠤ ᠪᠠᠯᠭᠠᠰᠤᠨ ᠤ ᠤᠰᠤ ᠬᠠᠩᠭᠠᠬᠤ ᠨᠣᠷᠮ᠎ᠠ 90 . 16 % ᠪᠠᠶᠢᠵᠤ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ | ᠬᠠᠷᠠᠯᠲᠠ ᠶᠢ ᠨᠢᠭᠡᠨᠲᠡ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠨᠡᠷᠡᠲᠦ ᠪᠠᠯᠭᠠᠰᠤ | ᠨᠡᠷᠡᠲᠦ ᠲᠣᠰᠬᠤᠨ ᠢ ᠭᠤᠶᠤᠴᠢᠯᠠᠨ ᠮᠡᠳᠡᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠪᠠᠳᠠᠢ ᠶᠢᠨ ᠵᠢᠷᠠᠨ ᠪᠠᠯᠭᠠᠰᠤ᠂ | ᠳᠠᠯᠠᠶᠢᠬᠦ᠋ᠪ ᠪᠠᠯᠭᠠᠰᠤᠨ ᠤ ᠤᠯᠤᠰ ᠤᠨ ᠲᠡᠰ ᠤᠨ ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠡᠷᠡᠲᠦ | ᠪᠠᠯᠭᠠᠰᠤ ᠶᠢ ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠦᠨ᠂ ᠪᠠᠳᠠᠢ ᠶᠢᠨ ᠵᠢᠷᠠᠨ | ᠪᠠᠯᠭᠠᠰᠤᠨ ᠤ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ ᠵᠢᠵᠢᠭ ᠪᠠᠯᠭᠠᠰᠤ ᠶᠢ | ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠵᠦ᠂ ᠪᠠᠶᠠᠨᠬᠤᠲᠠ᠂ ᠡᠬᠢᠨ ᠬᠦᠰᠢᠬᠦᠷ | ᠭᠠᠴᠠᠭ᠎ᠠ᠂ ᠡᠬᠢᠨᠬᠤᠳᠳᠤᠭ ᠭᠠᠴᠠᠭ᠎ᠠ ᠶᠢᠨ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠠᠭᠠᠯᠠᠮᠵᠢᠲᠠᠢ | ᠭᠠᠴᠠᠭ᠎ᠠ ᠲᠣᠰᠬᠤᠨ ᠢ ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠦᠨ᠂ ᠠᠯᠠᠱᠠ | ᠪᠠᠷᠠᠭᠤᠨ ᠬᠤᠰᠢᠭᠤᠨ ᠤ ᠮᠠᠨᠳᠤᠯ ᠰᠤᠮᠤᠨ ᠤ ᠲᠡᠦᠬᠡ ᠰᠣᠶᠣᠯ ᠤᠨ ᠨᠡᠷᠡᠲᠦ ᠪᠠᠯᠭᠠᠰᠤ᠂ ᠡᠵᠡᠨ᠎ᠡ ᠬᠤᠰᠢᠭᠤᠨ ᠤ | ᠰᠣᠪᠨᠠᠭᠤᠷ ᠰᠤᠮᠤ ᠶᠢᠨ ᠢᠪᠠᠣᠳᠣ ᠭᠠᠴᠠᠭ᠎ᠠ ᠶᠢ ᠭᠤᠶᠤᠴᠢᠯᠠᠨ ᠮᠡᠳᠡᠭᠦᠯᠬᠦ ᠠᠵᠢᠯ ᠵᠢᠴᠢ ᠲᠤᠰᠬᠠᠢ ᠲᠥᠷᠥᠯ ᠤᠨ | ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠠᠵᠢᠯ ᠢ ᠪᠡᠶᠡᠯᠡᠬᠦᠯᠪᠡ᠃ | ᠲᠠᠪᠤᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ | ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ | ᠪᠠᠶᠢᠰᠢᠩ ᠢ ᠥᠭᠡᠷᠡᠴᠢᠯᠡᠨ ᠰᠢᠨᠡᠳᠬᠡᠬᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ | ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ᠂ | ᠬᠤᠭ ᠨᠣᠪᠰᠢ ᠶᠢ ᠰᠢᠢᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ | ᠶᠠᠳᠠᠭᠤ ᠬᠦᠴᠢᠷᠳᠡᠯᠲᠡᠢ ᠡᠷᠦᠬᠡ ᠶᠢᠨ ᠣᠷᠣᠨ ᠰᠠᠭᠤᠴᠠ ᠶᠢᠨ ᠬᠦᠴᠢᠷᠳᠡᠯ ᠪᠠ ᠣᠷᠣᠨ ᠰᠠᠭᠤᠴᠠ ᠶᠢᠨ ᠠᠮᠤᠷ | ᠲᠦᠪᠰᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠲᠡᠦᠬᠡ ᠰᠣᠶᠣᠯ ᠤᠨ ᠨᠡᠷᠡᠲᠦ ᠪᠠᠯᠭᠠᠰᠤ᠂ ᠤᠯᠠᠮᠵᠢᠯᠠᠯᠲᠤ | ᠠᠶᠢᠯ ᠲᠣᠰᠬᠤᠨ᠂ ᠣᠨᠴᠠᠯᠢᠭᠲᠤ ᠵᠢᠭᠤᠯᠴᠢᠯᠠᠯ ᠤᠨ ᠵᠢᠵᠢᠭ ᠪᠠᠯᠭᠠᠰᠤ᠂ ᠦᠵᠡᠰᠬᠦᠯᠡᠩᠲᠦ ᠰᠠᠶᠢᠬᠠᠨ ᠣᠷᠣᠰᠢᠨ | ᠰᠠᠭᠤᠬᠤ ᠳᠤ ᠲᠣᠬᠢᠷᠠᠮᠵᠢᠲᠠᠢ ᠵᠢᠵᠢᠭ ᠪᠠᠯᠭᠠᠰᠤ ᠶᠢ ᠰᠢᠨ᠎ᠡ ᠠᠬᠢᠴᠠ ᠲᠠᠢ ᠪᠣᠯᠭᠠᠨ᠂ ᠲᠣᠰᠬᠤᠨ ᠪᠠᠯᠭᠠᠰᠤ ᠶᠢᠨ | ᠳᠦᠷᠢ ᠲᠥᠷᠬᠦ᠂ ᠠᠮᠢ ᠠᠬᠤᠢ ᠶᠢᠨ ᠣᠷᠴᠢᠨ ᠲᠣᠭᠤᠷᠢᠨ᠂ ᠣᠷᠣᠰᠢᠨ ᠰᠠᠭᠤᠬᠤ ᠣᠷᠴᠢᠨ ᠲᠣᠭᠤᠷᠢᠨ ᠢ | ᠰᠠᠶᠢᠵᠢᠷᠠᠭᠤᠯᠬᠤ ᠳᠤ ᠢᠯᠡᠳᠲᠡ ᠦᠷ᠎ᠡ ᠪᠦᠲᠦᠮᠵᠢ ᠣᠯᠪᠠ᠃ | ᠲᠠᠪᠤ᠂ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ | ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠦᠷ᠎ᠡ ᠪᠦᠲᠦᠭᠡᠯ | ᠢᠯᠡᠳᠲᠡ ᠪᠣᠯᠪᠠ | ︵ᠠᠷᠪᠠᠨ ᠳᠥᠷᠪᠡ︶ ᠪᠠᠷᠢᠯᠭ᠎ᠠ ᠶᠢᠨ ᠦᠢᠯᠡᠰ ᠤᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠪᠠ᠃ | ᠰᠢᠨ᠎ᠡ ᠬᠡᠯᠪᠡᠷᠢ ᠶᠢᠨ ᠪᠠᠷᠢᠯᠭ᠎ᠠ ᠶᠢᠨ ᠦᠢᠯᠡᠰ ᠢ ᠨᠡᠭᠡᠭᠡᠨ ᠬᠥᠭᠵᠢᠭᠦᠯᠵᠦ᠂ ᠬᠥᠭᠵᠢᠯᠲᠡ ᠶᠢᠨ ᠠᠷᠭ᠎ᠠ ᠮᠠᠶ᠋ᠢᠭ ᠢ | ᠢᠳᠡᠪᠬᠢᠲᠡᠢ ᠬᠤᠪᠢᠷᠠᠭᠤᠯᠪᠠ᠃ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠬᠢᠷᠢ | ᠴᠢᠳᠠᠮᠵᠢ ᠶᠢ ᠳᠡᠭᠡᠭᠰᠢᠯᠡᠭᠦᠯᠬᠦ᠂ ᠬᠡᠪᠴᠢᠶ᠎ᠡ ᠶᠢ ᠪᠤᠵᠠᠭᠠᠶᠢᠷᠠᠭᠤᠯᠬᠤ᠂ ᠳᠡᠰ ᠳᠡᠪᠰᠢᠭᠦᠯᠦᠨ ᠬᠥᠭᠵᠢᠭᠦᠯᠬᠦ ᠶᠢ | ᠲᠠᠰᠤᠷᠠᠯᠲᠠ ᠦᠭᠡᠢ ᠠᠬᠢᠭᠤᠯᠪᠠ᠃ ᠪᠦᠬᠦ ᠠᠶᠢᠮᠠᠭ ᠲᠤ ᠨᠡᠶᠢᠲᠡ 77 ᠪᠠᠷᠢᠯᠭ᠎ᠠ ᠶᠢᠨ ᠠᠵᠤ ᠠᠬᠤᠶᠢᠯᠠᠯ᠂ 3 ᠬᠢᠨᠠᠨ | ᠬᠠᠮᠢᠶᠠᠷᠬᠤ ᠠᠵᠤ ᠠᠬᠤᠶᠢᠯᠠᠯ᠂ 6 ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠤ ᠠᠬᠤᠶᠢᠯᠠᠯ᠂ 3 | ᠦᠢᠯᠡᠳᠬᠦ ᠦᠨ᠎ᠡ ᠶᠢᠨ ᠯᠠᠪᠯᠠᠯᠭ᠎ᠠ ᠥᠭᠬᠦ ᠠᠵᠤ ᠠᠬᠤᠶᠢᠯᠠᠯ ᠲᠠᠢ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ᠂ ᠮᠠᠨ ᠤ ᠠᠶᠢᠮᠠᠭ 33 ᠪᠠᠷᠢᠯᠭ᠎ᠠ ᠶᠢᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ 6 ᠬᠢᠷᠢ | ᠴᠢᠳᠠᠮᠵᠢ ᠶᠢ ᠲᠠᠰ ᠳᠡᠪᠰᠢᠭᠦᠯᠵᠦ᠂ 28 ᠲᠥᠷᠥᠯ ᠵᠦᠢᠯ ᠢ ᠨᠡᠮᠡᠭᠳᠡᠭᠦᠯᠪᠡ᠃ ᠡᠭᠦᠨ ᠳᠤ ᠨᠢᠭᠡᠳᠦᠭᠡᠷ ᠳᠡᠰ ᠤᠨ ᠬᠢᠷᠢ | ᠬᠡᠮ ᠲᠠᠢ ᠪᠠᠷᠢᠯᠭ᠎ᠠ ᠶᠢᠨ ᠠᠵᠤ ᠠᠬᠤᠶᠢᠯᠠᠯ 2 ᠪᠤᠶ︔ ᠬᠥᠬᠡ ᠲᠠᠰ ᠤᠨ ᠬᠢᠷᠢ ᠬᠡᠮ ᠢ ᠬᠢᠨᠠᠨ ᠬᠠᠮᠢᠶᠠᠷᠬᠤ ᠠᠵᠤ | ᠠᠬᠤᠶᠢᠯᠠᠯ 1 ᠪᠣᠶ︔ ᠬᠥᠬᠡ ᠲᠡᠰ ᠤᠨ ᠬᠢᠷᠢ ᠴᠢᠳᠠᠮᠵᠢ ᠶᠢ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠭᠰᠡᠨ ᠠᠵᠤ | ᠠᠬᠤᠶᠢᠯᠠᠯ 1 ᠪᠠᠶᠢᠵᠤ᠂ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠶᠡᠷᠦᠩᠬᠡᠶ ᠥᠷᠲᠡᠭ 83 . 06 | ᠳ᠋ᠦᠩᠰᠢᠭᠤᠷ ᠲᠥᠭᠦᠷᠢᠭ᠂ ᠨᠡᠮᠡᠭᠳᠡᠯ ᠥᠷᠲᠡᠭ 7 . 73 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ︽ᠠᠷᠪᠠᠨ | ᠭᠤᠷᠪᠠᠳᠣᠭᠠᠷ ᠳᠠᠪᠣᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠪᠡ᠃ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠵᠢᠯ ᠡᠷᠬᠢᠯᠡᠭᠰᠡᠳ ᠤᠨ ᠬᠥᠳᠡᠯᠦᠩᠭᠦᠢ ᠬᠢᠨᠠᠨ ᠬᠠᠮᠢᠶᠠᠷᠤᠯᠲᠠ ᠶᠢ | ᠴᠢᠩᠭᠠᠳᠬᠠᠵᠤ᠂ ᠪᠦᠬᠦ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠲᠤᠰᠬᠠᠢ | ᠮᠡᠷᠭᠡᠵᠢᠯᠲᠡᠨ ᠤ ᠬᠥᠮᠥᠷᠭᠡ ᠶᠢ ᠪᠠᠶᠢᠭᠤᠯᠪᠠ︔ ︽ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ | ︾ ︽ᠭᠤᠷᠪᠠᠨ ᠱᠠᠲᠤᠨ ᠤ ᠰᠤᠷᠭᠠᠨ ᠬᠥᠮᠦᠵᠢᠯ︾ ᠵᠢᠴᠢ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ | ᠡᠯ᠎ᠡ ᠲᠥᠷᠥᠯ ᠤᠨ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠳᠠᠯᠠᠵᠤ᠂ ᠥᠷᠭᠡᠨ | ᠣᠯᠠᠨ ᠠᠵᠢᠯᠯᠠᠭᠰᠠᠳ ᠤᠨ ᠶᠡᠷᠦᠩᠬᠡᠶᠢᠯᠡᠭᠰᠡᠨ ᠬᠡᠪ ᠴᠢᠨᠠᠷ᠂ ᠮᠡᠷᠭᠡᠵᠢᠯ ᠴᠢᠳᠠᠪᠤᠷᠢ ᠶᠢᠨ ᠬᠢᠷᠢ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠬᠦᠯᠪᠡ᠃ | ︵ᠠᠷᠪᠠᠨ ᠲᠠᠪᠤ︶ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠠᠰᠤᠷᠠᠯᠲᠠ ᠤᠢᠭᠡᠢ | ᠵᠢᠷᠣᠮᠵᠢᠭᠤᠯᠪᠠ᠃ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠣᠯᠤᠨ ᠲᠥᠷᠥᠯ ᠵᠦᠢᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ | ᠤᠢᠭᠡᠢ ᠳᠡᠭᠡᠭᠰᠢᠯᠡᠭᠦᠯᠬᠦ ᠶᠢ ᠠᠬᠢᠭᠤᠯᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ | ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠵᠠᠯᠬᠠᠭᠠᠨ ᠴᠡᠭᠡᠷᠯᠡᠭᠦᠯᠬᠦ ᠡᠷᠴᠢᠮ ᠢ ᠲᠠᠰᠤᠷᠠᠯᠲᠠ ᠥᠬᠡᠶ | ᠴᠢᠩᠭᠠᠷᠠᠭᠤᠯᠪᠠ᠃ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠭᠲᠠᠴᠠ᠂ ᠪᠠᠶᠢᠭᠤᠯᠤᠯ ᠤᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠯᠢ ᠣᠯᠠᠨ ᠳᠦᠷᠢᠮ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠯ᠎ᠡ ᠲᠠᠯ᠎ᠠ ᠶᠢᠨ ᠭᠤᠣᠯ | ᠴᠣᠭᠴᠠ ᠶᠢᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠣᠮᠵᠢᠭᠤᠯᠪᠠ᠃ | ︵ᠠᠷᠪᠠᠨ ᠵᠢᠷᠭᠤᠭ᠎ᠠ︶ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢᠨ ᠬᠢᠨᠠᠯᠲᠠ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠬᠦᠯᠪᠡ᠃ ᠭᠡᠷ ᠪᠠᠶᠢᠰᠢᠩ ᠤᠨ ᠪᠠᠷᠢᠯᠭ᠎ᠠ ᠪᠠ | ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠲᠥᠷᠥᠯ ᠵᠦᠢᠯ ᠢ ᠬᠠᠤᠯᠢ ᠶᠣᠰᠣᠭᠠᠷ | ᠢᠯᠡ ᠪᠠᠷ ᠳᠠᠭᠠᠭᠠᠴᠢᠯᠠᠯᠲᠠ ᠵᠠᠷᠯᠠᠵᠤ ᠪᠥᠬᠦ ᠴᠤᠪᠤᠷᠠᠯ ᠤᠨ ᠡᠯᠧᠺᠲᠷᠣᠨᠴᠢᠯᠠᠭᠰᠠᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠶᠢ ᠪᠡᠶᠡᠯᠡᠬᠦᠯᠪᠡ᠃ ︽ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ | ᠴᠠᠷᠠᠭ᠎ᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ︾ ᠵᠡᠷᠭᠡ ᠲᠤᠰᠬᠠᠶᠢᠯᠠᠨ ᠵᠠᠰᠠᠬᠤ ᠠᠵᠢᠯ ᠢ | ᠥᠷᠨᠢᠭᠦᠯᠵᠦ᠂ ᠨᠡᠶᠢᠲᠡ 94 ᠵᠦᠢᠯ ᠤᠨ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ | ᠪᠡᠯᠡᠳᠬᠡᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠪᠠᠷᠢᠯᠭ᠎ᠠ ᠶᠢᠨ ᠬᠡᠮᠵᠢᠶ᠎ᠡ ᠶᠢᠨ | ᠨᠠᠷᠢᠨ ᠬᠠᠭᠤᠳᠠᠰᠤ ᠶᠢᠨ ᠦᠨ᠎ᠡ ᠪᠤᠳᠤᠬᠤ ᠵᠡᠷᠭᠡ ᠠᠭᠤᠯᠭ᠎ᠠ ᠳᠤ ᠪᠠᠶᠢᠴᠠᠭᠠᠯᠲᠠ ᠬᠢᠵᠦ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢ ᠲᠠᠰᠤᠷᠠᠯᠲᠠ ᠥᠬᠡᠶ ᠥᠭᠡᠷᠡᠴᠢᠯᠡᠨ ᠴᠢᠩᠭᠠᠳᠬᠠᠪᠠ᠃ | ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ | ᠣᠷᠣᠯᠠᠬᠤ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠲᠤᠰᠬᠠᠶ ᠮᠡᠷᠭᠡᠵᠢᠯᠲᠡᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠣᠷᠣᠯᠠᠬᠤ ᠪᠠᠶᠢᠭᠤᠯᠤᠮᠵᠢ ᠶᠢᠨ ᠠᠵᠢᠯ ᠡᠷᠭᠢᠯᠡᠭᠰᠡᠳ ᠪᠠ | ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠢ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠵᠤ᠂ | ᠣᠷᠣᠯᠠᠬᠤ ᠪᠠᠶᠢᠭᠤᠯᠤᠮᠵᠢ ᠶᠢᠨ ᠠᠵᠢᠯ ᠡᠷᠭᠢᠯᠡᠭᠰᠡᠳ᠂ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠤ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠢᠯᠡᠳᠲᠡ ᠳᠡᠭᠡᠭᠰᠢᠯᠡᠬᠦᠯᠪᠡ᠃ | ︵ᠠᠷᠪᠠᠨ ᠳᠣᠯᠤᠭ᠎ᠠ︶ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠬᠦ | ᠬᠦᠴᠦᠨ ᠢᠶᠠᠷ ᠢᠶᠠᠨ ᠪᠠᠳᠣᠯᠠᠪᠠ᠃ ︽ᠬᠦᠴᠦ ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠳᠠᠯᠢ ᠪᠤᠰᠤ ᠴᠠᠭ ᠬᠤᠭᠤᠴᠠᠭᠠᠨ ᠤ ᠵᠠᠩᠭᠢᠯᠠᠭ᠎ᠠ ᠶᠢᠨ ᠦᠶ᠎ᠡ᠂ | ᠠᠳᠠᠯᠢ ᠪᠤᠰᠤ ᠪᠠᠷᠢᠯᠭ᠎ᠠ ᠪᠠᠷᠢᠬᠤ ᠱᠠᠲᠤ ᠦᠶ᠎ᠡ ᠶᠢ ᠦᠨᠳᠦᠰᠦᠯᠡᠨ ᠪᠠᠶᠢᠭᠤᠯᠵᠤ ᠪᠠᠶᠢᠭ᠎ᠠ ᠪᠠᠷᠢᠯᠭ᠎ᠠ᠂ ᠬᠤᠲᠠ ᠶᠢᠨ | ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠵᠣᠭᠤᠰ᠂ ᠬᠦᠴᠦ ᠶᠠᠪᠤᠭᠰᠠᠳ ᠤᠨ ᠴᠠᠯᠢᠩ ᠢ ᠥᠭᠴᠦ | ᠪᠠᠶᠢᠭ᠎ᠠ ᠪᠠᠶᠢᠳᠠᠯ ᠢ ᠵᠢᠭᠰᠠᠭᠠᠨ ᠪᠠᠶᠢᠴᠠᠭᠠᠵᠤ᠂ ᠰᠢᠮᠳᠠᠭᠤᠯᠤᠨ ᠪᠠᠶᠢᠴᠠᠭᠠᠵᠤ᠂ ᠥᠷᠢᠲᠦᠵᠦ ᠪᠠᠶᠢᠭ᠎ᠠ ᠳᠠᠯᠳᠠ ᠭᠡᠮ ᠢ | ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ︽ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ᠂ ᠬᠠᠮᠢᠶᠠᠷᠤᠯᠲᠠ ᠶᠢᠨ ᠪᠠᠶᠢᠭᠤᠯᠤᠯ᠂ ᠲᠣᠭᠲᠠᠴᠠ ᠶᠢᠨ ᠪᠠᠶᠢᠭᠤᠯᠤᠯᠲᠠ ᠶᠢ | ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ | ᠬᠠᠮᠠᠭᠠᠯᠠᠪᠠ᠃ | ︵ᠠᠷᠪᠠᠨ ᠨᠠᠢᠮᠠ︶ ᠪᠠᠷᠢᠯᠭ᠎ᠠ ᠶᠢᠨ ᠡᠨᠧᠷᠭᠢ ᠠᠷᠪᠢᠯᠠᠬᠤ ᠦᠷ᠎ᠡ ᠪᠦᠲᠦᠮᠵᠢ ᠢᠯᠡᠳᠲᠡ ᠪᠣᠯᠪᠠ᠃ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ | ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠮᠠᠨ ᠤ | ᠠᠶᠢᠮᠠᠭ ᠤᠨ ᠣᠨᠴᠠ ᠡᠬᠢ ᠪᠠᠶᠠᠯᠢᠭ ᠢ ᠭᠦᠢᠴᠡᠳ ᠠᠰᠢᠭᠯᠠᠬᠤ ᠶᠢ ᠵᠢᠯᠣᠭᠤᠳᠤᠨ᠂ ᠰᠢᠨ᠎ᠡ ᠬᠡᠯᠪᠡᠷᠢ ᠶᠢᠨ | ᠪᠠᠷᠢᠯᠭ᠎ᠠ ᠶᠢᠨ ᠮᠠᠲ᠋ᠧᠷᠢᠶᠠᠯ ᠢ ᠨᠡᠭᠡᠭᠡᠨ ᠬᠥᠭᠵᠢᠭᠦᠯᠵᠦ᠂ ᠮᠠᠨ ᠤ ᠠᠶᠢᠮᠠᠭ ᠤᠨ ᠪᠠᠷᠢᠯᠭ᠎ᠠ ᠶᠢᠨ ᠦᠢᠯᠡᠰ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ᠃ ︽ᠠᠷᠪᠠᠨ ᠭᠤᠷᠪᠠᠳᠣᠭᠠᠷ ᠳᠠᠪᠣᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ | 21᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ 31 ᠶᠢ ᠰᠢᠨ᠎ᠡ ᠪᠠᠷ ᠨᠡᠮᠡᠭᠳᠡᠬᠦᠯᠪᠡ᠃ ᠪᠣᠬᠢᠷᠲᠤᠯ ᠦᠭᠡᠢ | ᠪᠠᠷᠢᠯᠭ᠎ᠠ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ 149 ᠵᠦᠢᠯ ᠤᠨ ᠪᠣᠬᠢᠷᠲᠤᠯ ᠦᠭᠡᠢ ᠪᠠᠷᠢᠯᠭ᠎ᠠ᠂ | 78 . 57 ᠲᠦᠮᠡᠨ ᠲᠡᠭᠰᠢ ᠳᠥᠷᠪᠡᠯᠵᠢᠨ ᠮᠧᠲᠷ ᠢ ᠬᠢᠨᠠᠨ ᠪᠠᠶᠢᠴᠠᠭᠠᠪᠠ᠃ ᠪᠠᠷᠢᠯᠭ᠎ᠠ ᠶᠢᠨ ᠡᠨᠧᠷᠬᠢ ᠠᠷᠪᠢᠯᠠᠬᠤ᠂ | ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ | ᠪᠠᠶᠢᠴᠠᠭᠠᠵᠤ᠂ ᠪᠠᠷᠢᠯᠭ᠎ᠠ ᠶᠢᠨ ᠡᠨᠧᠷᠬᠢ ᠠᠷᠪᠢᠯᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠪᠦᠳᠦᠭᠡᠨ ᠪᠠᠶᠢᠭᠤᠯᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠪᠠ ᠵᠢᠷᠤᠭ ᠢ ᠬᠢᠨᠠᠬᠤ᠂ | ᠪᠠᠶᠢᠴᠠᠭᠠᠨ ᠬᠡᠮᠵᠢᠬᠦ ᠵᠡᠷᠭᠡ ᠡᠯ᠎ᠡ ᠲᠠᠯ᠎ᠠ ᠶᠢᠨ ᠭᠤᠣᠯ ᠴᠣᠭᠴᠠ ᠶᠢᠨ ᠬᠥᠳᠡᠯᠦᠩᠭᠦᠢ ᠬᠠᠮᠢᠶᠠᠷᠤᠯᠲᠠ ᠶᠢᠨ | ᠲᠣᠭᠲᠠᠴᠠ ᠶᠢ ᠪᠤᠢ ᠪᠣᠯᠭᠠᠵᠤ᠂ ᠪᠦᠬᠦ ᠠᠶᠢᠮᠠᠭ ᠤᠨ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠬᠢ ᠠᠷᠪᠢᠯᠠᠬᠤ | ᠪᠠᠷᠢᠮᠵᠢᠶ᠎ᠠ ᠶᠢ ᠬᠡᠷᠡᠭᠵᠢᠭᠦᠯᠬᠦ ᠨᠤᠷᠮ᠎ᠠ ᠶᠢ 100 % ᠳᠤ ᠬᠦᠷᠭᠡᠪᠡ᠃ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠪᠠᠷ ᠭᠤᠤᠯᠳᠠᠯᠭ᠎ᠠ ᠪᠣᠯᠭᠠᠭᠰᠠᠨ᠂ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢ ᠵᠡᠷᠭᠡ ᠳᠤᠨᠢ ᠶᠠᠪᠤᠭᠳᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠠᠭᠪᠤᠷ ᠢ ᠬᠠᠶᠢᠨ | ᠰᠦᠪᠡᠭᠴᠢᠯᠡᠵᠦ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢᠨ ᠵᠢᠵᠢᠭ ᠲᠣᠭᠤᠷᠢᠭ 23 ᠶᠢ 58᠂ 16 . 59 ᠲᠦᠮᠡᠨ ᠲᠡᠭᠰᠢ ᠳᠥᠷᠪᠡᠯᠵᠢᠨ ᠮᠧᠲᠷ | ᠪᠡᠶᠡᠯᠡᠭᠦᠯᠪᠡ᠃ | ︵ᠠᠷᠪᠠ ᠶᠢᠰᠦ︶ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠶ ᠦᠢᠯᠡᠳᠪᠦᠷᠢᠯᠡᠯ᠃ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠲᠤ 705 ᠲᠥᠷᠥᠯ ᠵᠦᠢᠯ ᠢ ᠪᠡᠶᠡᠯᠡᠭᠦᠯᠵᠦ | ᠂ ᠪᠠᠯᠠ ᠣᠷᠣᠭᠤᠯᠤᠯᠲᠠ ᠨᠢ 151 . 67 ᠳ᠋ᠦᠩᠰᠢᠭᠤᠷ ᠲᠥᠭᠦᠷᠢᠭ ᠲᠤ ᠬᠥᠷᠪᠡ᠃ ᠡᠭᠦᠨ ᠳᠤ᠂ ᠬᠤᠲᠠ ᠶᠢᠨ | ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ 334 ᠪᠠᠶᠢᠵᠤ᠂ ᠨᠡᠶᠢᠲᠡ 69 . 35 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠨᠡᠶᠢᠲᠡ 447 ᠤᠳᠠᠭ᠎ᠠ ᠪᠠᠶᠢᠴᠠᠭᠠᠵᠤ᠂ ᠬᠤᠭᠤᠴᠠᠭ᠎ᠠ | ᠲᠣᠭᠲᠠᠭᠠᠨ ᠴᠡᠭᠴᠡᠯᠡᠨ ᠥᠭᠡᠷᠡᠴᠢᠯᠡᠬᠦ ᠮᠡᠳᠡᠭᠳᠡᠯ ᠤᠨ ᠪᠢᠴᠢᠭ 1137 ᠬᠤᠪᠢ᠂ ᠠᠵᠢᠯ ᠵᠣᠭᠰᠣᠭᠠᠵᠤ ᠴᠡᠭᠴᠡᠯᠡᠨ | ᠥᠭᠡᠷᠡᠴᠢᠯᠡᠬᠦ ᠮᠡᠳᠡᠭᠳᠡᠯ ᠤᠨ ᠪᠢᠴᠢᠭ 132 ᠬᠤᠪᠢ ᠪᠠᠭᠤᠯᠭᠠᠪᠠ᠃ ᠪᠦᠬᠦ ᠠᠶᠢᠮᠠᠭ ᠲᠤ ᠶᠠᠰᠤ ᠴᠢᠨᠠᠷ ᠵᠢᠴᠢ ᠠᠮᠤᠷ | ᠲᠦᠪᠰᠢᠨ ᠤ ᠬᠦᠨᠳᠦ ᠶᠡᠭᠡ ᠠᠳᠡᠯ ᠭᠠᠷᠤᠭᠰᠠᠨ ᠦᠭᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠦᠷᠢᠮ | ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠦ᠂ ︽ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠢ | ᠳᠡᠭᠡᠭᠰᠢᠯᠡᠭᠦᠯᠬᠦ︾ ᠠᠵᠢᠯᠯᠠᠭ᠎ᠠ ᠶᠢ ᠠᠬᠢᠭᠤᠯᠣᠨ᠂ ᠪᠠᠷᠢᠯᠭ᠎ᠠ ᠶᠢᠨ ᠶᠠᠰᠤ ᠴᠢᠨᠠᠷ ᠤᠨ ᠬᠢᠷᠢ ᠬᠡᠮᠵᠢᠶ᠎ᠡ ᠶᠢ | ᠳᠡᠭᠡᠭᠰᠢᠯᠡᠬᠦᠯᠦᠨ᠂ ᠪᠠᠷᠢᠯᠭ᠎ᠠ ᠶᠢᠨ ᠲᠥᠷᠥᠯ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠲᠠᠯᠪᠢᠯᠲᠠ ᠶᠢ ᠪᠠᠷᠢᠮᠵᠢᠶᠠᠵᠢᠭᠤᠯᠬᠤ ᠰᠢᠰᠲ᠋ᠧᠮᠵᠢ ᠶᠢ ᠪᠦᠷᠢᠨᠰᠢᠭᠦᠯᠦᠨ ᠳᠡᠭᠦᠯᠳᠡᠷᠵᠢᠬᠦᠯᠵᠦ᠂ ᠪᠠᠷᠢᠯᠭ᠎ᠠ ᠶᠢᠨ ᠵᠠᠬ᠎ᠠ | ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠭᠰᠡᠨ ᠪᠠᠶᠢᠴᠠᠭᠠᠯᠲᠠ ᠶᠢ ᠪᠦᠬᠦ | ᠲᠠᠯ᠎ᠠ ᠪᠠᠷ ᠦᠷᠨᠢᠬᠦᠯᠵᠦ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠠᠴᠠ ᠵᠥᠷᠢᠴᠡᠭᠰᠡᠨ ᠵᠢᠴᠢ | ᠪᠠᠷᠢᠯᠭ᠎ᠠ ᠶᠢᠨ ᠠᠵᠢᠯ ᠢ ᠰᠢᠯᠵᠢᠭᠦᠯᠦᠨ ᠳᠠᠭᠠᠭᠠᠴᠢᠯᠠᠭᠤᠯᠬᠤ ᠳᠤ ᠴᠢᠩᠭ᠎ᠠ ᠴᠣᠬᠢᠯᠲᠠ ᠦᠭᠴᠦ᠂ ᠬᠠᠤᠯᠢ ᠠᠴᠠ | ᠵᠥᠷᠢᠴᠡᠨ ᠬᠤᠪᠢᠶᠠᠨ ᠳᠠᠭᠠᠭᠠᠴᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠂ ᠭᠡᠷ ᠪᠠᠶᠢᠰᠢᠩ ᠤᠨ | ᠪᠠᠷᠢᠯᠭ᠎ᠠ ᠶᠢᠨ ᠶᠠᠰᠤ ᠴᠢᠨᠠᠷ ᠤᠨ ᠪᠠᠶᠢᠩᠭᠤ ᠲᠣᠬᠢᠶᠠᠯᠳᠤᠳᠠᠭ ᠠᠰᠠᠭᠤᠳᠠᠯ ᠢ ᠰᠡᠷᠭᠡᠶᠢᠯᠡᠨ ᠵᠠᠰᠠᠬᠤ ᠠᠵᠢᠯ ᠢ | ᠠᠬᠢᠭᠤᠯᠣᠨ᠂ ᠪᠠᠷᠢᠯᠭ᠎ᠠ ᠶᠢᠨ ᠶᠠᠰᠤ ᠴᠢᠨᠠᠷ ᠤᠨ ᠦᠯᠢᠭᠡᠷ ᠳᠠᠭᠤᠷᠢᠶᠠᠯ ᠢᠶᠠᠷ ᠵᠠᠮ ᠳᠠᠭᠠᠭᠤᠯᠬᠤ ᠳᠦᠷᠢᠮ ᠢ ᠴᠢᠩᠭ᠎ᠠ | ᠭᠡᠷᠡᠭᠵᠢᠬᠦᠯᠵᠦ᠂ ᠣᠷᠣᠨ ᠰᠠᠭᠤᠴᠠ ᠶᠢᠨ ᠢᠨᠵᠧᠨᠧᠷᠢᠩ ᠢ ᠡᠷᠦᠬᠡ ᠬᠤᠪᠢᠶᠠᠨ ᠰᠢᠯᠭᠠᠨ ᠠᠪᠬᠤ ᠶᠢ ᠦᠷᠭᠦᠯᠵᠢᠯᠡᠨ | ᠠᠬᠢᠭᠤᠯᠵᠦ᠂ ᠪᠡᠯᠡᠳᠬᠡᠯ ᠪᠧᠲ᠋ᠣᠨ ᠤ ᠠᠵᠤ ᠠᠬᠤᠶᠢᠯᠠᠯ ᠢ ᠴᠢᠩᠭᠠᠳᠬᠠᠨ᠂ ᠭᠤᠷᠪᠠᠳᠠᠬᠢ ᠡᠲᠡᠭᠡᠳ ᠤᠨ ᠪᠠᠶᠢᠴᠠᠭᠠᠨ | ᠰᠢᠯᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠪᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ ᠶᠢ ᠬᠢᠨᠠᠨ ᠬᠠᠮᠢᠶᠠᠷᠬᠤ᠂ | ᠰᠢᠯᠭᠠᠨ ᠠᠪᠴᠤ ᠳᠠᠩᠰᠠᠯᠠᠬᠤ ᠠᠵᠢᠯ ᠢ ᠰᠠᠶᠢᠲᠤᠷ ᠬᠢᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ᠂ ᠬᠠᠶᠢᠨ ᠰᠢᠨᠵᠢᠵᠦ ᠵᠢᠷᠤᠵᠤ ᠲᠥᠯᠥᠪᠯᠡᠬᠦ᠂ ᠭᠡᠷ ᠪᠠᠷᠢᠯᠭ᠎ᠠ ᠪᠠ ᠬᠤᠲᠠ ᠶᠢᠨ ᠶᠠᠪᠤᠳᠠᠯ ᠤᠨ | ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ 4524 ᠶᠢ ᠪᠡᠶᠡᠯᠡᠭᠦᠯᠵᠦ᠂ ᠪᠠᠷᠢᠯᠭ᠎ᠠ ᠶᠢᠨ ᠲᠠᠯᠠᠪᠠᠢ 2200 | ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠯᠪᠠᠳᠠᠯᠭ᠎ᠠ ᠶᠢᠨ ᠴᠢᠨᠠᠷᠲᠠᠢ ᠵᠦᠢᠯ ᠵᠤᠷᠪᠤᠰ ᠢ 5800 | ᠭᠠᠷᠤᠢ ᠵᠤᠷᠪᠤᠰ ᠪᠠᠶᠢᠴᠠᠭᠠᠨ ᠭᠠᠷᠭᠠᠵᠤ᠂ ᠭᠠᠳᠠᠨ᠎ᠠ ᠠᠴᠠ ᠣᠷᠣᠵᠤ ᠢᠷᠡᠭᠰᠡᠨ ᠵᠢᠷᠤᠵᠤ ᠲᠥᠯᠥᠪᠯᠡᠬᠦ 250 ᠰᠢᠬᠠᠮ | ᠨᠢᠭᠡᠴᠡ᠂ ᠭᠠᠳᠠᠨ᠎ᠠ ᠠᠴᠠ ᠣᠷᠣᠵᠤ ᠢᠷᠡᠭᠰᠡᠨ 70 ᠰᠢᠬᠠᠮ ᠬᠠᠶᠢᠨ ᠪᠠᠶᠢᠴᠠᠭᠠᠬᠤ ᠨᠢᠭᠡᠴᠡ ᠶᠢᠨ ᠬᠢᠷᠢ ᠬᠡᠮ ᠢ | ᠬᠢᠨᠠᠨ ᠪᠠᠶᠢᠴᠠᠭᠠᠵᠤ᠂ ᠪᠦᠬᠦ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠶᠢᠨ ᠰᠢᠨᠵᠢᠵᠦ | ᠵᠢᠷᠤᠵᠤ ᠲᠥᠯᠥᠪᠯᠡᠬᠦ ᠶᠠᠰᠤ ᠴᠢᠨᠠᠷ ᠢ ᠪᠠᠲᠤᠯᠠᠪᠠ᠃ ᠪᠦᠬᠦ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ | ︵ᠬᠤᠷᠢ︶ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠮᠡᠷᠭᠡᠵᠢᠯ ᠤᠨ ᠦᠢᠯᠡᠴᠢᠯᠡᠭᠡ᠃ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠨᠠᠷᠢᠨ ᠬᠠᠭᠤᠳᠠᠰᠤ ᠶᠢᠨ ᠬᠡᠮᠵᠢᠯᠲᠡ ᠪᠠᠷ ᠦᠨ᠎ᠡ ᠪᠣᠳᠣᠬᠤ ᠵᠢᠷᠤᠮᠵᠢᠯ᠂ | ᠪᠠᠷᠢᠮᠵᠢᠶ᠎ᠠ ᠪᠠᠷ ᠨᠣᠷᠮ᠎ᠠ ᠲᠣᠭᠲᠠᠭᠠᠨ ᠲᠠᠶᠢᠯᠪᠤᠷᠢᠯᠠᠵᠤ ᠬᠡᠷᠡᠭᠯᠡᠬᠦ ᠠᠵᠢᠯ ᠢ ᠭᠦᠨᠵᠡᠭᠡᠶ ᠥᠷᠨᠢᠭᠦᠯᠵᠦ᠂ ᠡᠯ᠎ᠡ ᠱᠠᠲᠤ | ᠦᠶ᠎ᠡ ᠶᠢᠨ ᠦᠨ᠎ᠡ ᠪᠣᠳᠣᠬᠤ ᠦᠨᠳᠦᠰᠦᠯᠡᠯ ᠢ ᠲᠣᠬᠢᠷᠠᠭᠤᠯᠬᠤ ᠪᠠᠷᠢᠮᠵᠢᠶ᠎ᠠ ᠶᠢ ᠴᠠᠭ ᠲᠤᠬᠠᠶ ᠳᠤᠨᠢ ᠨᠡᠶᠢᠳᠡᠯᠡᠪᠡ᠃ | ᠡᠷᠭᠢᠨ ᠲᠣᠭᠤᠷᠢᠨ ᠤ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠥᠷᠭᠡᠨ ᠢᠶᠠᠷ ᠴᠤᠭᠯᠠᠭᠤᠯᠵᠤ᠂ | ᠰᠦᠯᠵᠢᠶᠡᠨ ᠤ ᠮᠡᠳᠡᠭᠡ ᠵᠠᠩᠭᠢ ᠶᠢ ᠢᠳᠡᠪᠬᠢᠲᠡᠶ ᠪᠠᠷ ᠬᠡᠷᠡᠭᠯᠡᠨ᠂ ᠮᠠᠲ᠋ᠧᠷᠢᠶᠠᠯ ᠤᠨ ᠦᠨ᠎ᠡ ᠬᠠᠩᠰᠢ ᠶᠢ ᠲᠥᠰᠦᠭᠡᠯᠡᠨ | ᠪᠣᠳᠣᠬᠤ᠂ ᠵᠠᠳᠠᠯᠬᠤ ᠪᠠ ᠨᠡᠶᠢᠲᠡᠯᠡᠬᠦ ᠶᠢ ᠥᠷᠨᠢᠭᠦᠯᠵᠦ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠡᠮᠵᠢᠯᠲᠡ ᠪᠠᠷ ᠦᠨ᠎ᠡ | ᠪᠣᠳᠣᠬᠤ ᠳᠤ ᠰᠢᠨᠵᠢᠯᠡᠬᠦ ᠤᠬᠠᠭᠠᠨᠴᠢ᠂ ᠣᠨᠣᠪᠴᠢᠲᠠᠶ ᠲᠤᠰᠬᠠᠶ ᠮᠡᠷᠭᠡᠵᠢᠯ ᠤᠨ ᠲᠤᠭ᠎ᠠ ᠪᠠᠷᠢᠮᠲᠠ ᠬᠠᠩᠭᠠᠪᠠ᠃ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ | ᠪᠠᠷᠢᠬᠤ ᠭᠡᠷ᠎ᠡ᠂ ᠦᠨ᠎ᠡ ᠶᠢᠨ ᠵᠢᠭᠤᠷᠠᠭᠠᠨ ᠢ ᠡᠶᠡᠳᠡᠭᠦᠯᠬᠦ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡ ᠶᠢ | ᠢᠳᠡᠪᠬᠢᠲᠡᠢ ᠥᠷᠨᠢᠭᠦᠯᠵᠦ᠂ ᠪᠦᠬᠦ ᠠᠶᠢᠮᠠᠭ ᠤᠨ ᠦᠨ᠎ᠡ ᠶᠢᠨ ᠯᠠᠪᠯᠠᠯᠲᠠ ᠶᠢᠨ ᠲᠤᠬᠠᠶᠢᠯᠠᠭᠰᠠᠨ ᠠᠵᠢᠯ ᠤᠨ ᠵᠠᠬ᠎ᠠ | ᠳᠡᠯᠭᠡᠭᠦᠷᠴᠢᠯᠡᠬᠦ ᠴᠢᠭᠯᠡᠯ ᠲᠡᠰᠢ ᠬᠥᠭᠵᠢᠬᠦ ᠶᠢ ᠠᠬᠢᠭᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ᠂ ᠲᠠᠶᠢᠯᠪᠤᠷᠢᠯᠠᠬᠤ ᠨᠠᠷᠢᠨ ᠲᠠᠩᠰᠠ ᠶᠢᠨ ᠬᠡᠮᠵᠢᠯᠲᠡ ᠪᠠᠷ ᠦᠨ᠎ᠡ ᠪᠤᠳᠤᠬᠤ ᠵᠢᠷᠤᠮᠵᠢᠯ ᠵᠢᠴᠢ | ᠲᠣᠭᠲᠠᠭᠰᠠᠨ ᠲᠣᠭᠠᠨ ᠤ ᠬᠤᠪᠢᠶᠠᠷᠢ ᠲᠥᠷᠥᠯ ᠵᠦᠢᠯ ᠤᠨ ᠬᠡᠷᠡᠭᠯᠡᠯᠲᠡ ᠨᠡᠶᠢᠲᠡ 500 ᠭᠠᠷᠤᠶ ᠪᠠᠶᠢᠵᠤ᠂ ᠦᠨ᠎ᠡ | ᠪᠤᠳᠤᠬᠤ ᠪᠠᠷᠢᠮᠵᠢᠶ᠎ᠠ ᠶᠢ ᠨᠡᠶᠢᠲᠡᠯᠡᠵᠦ 273 ᠵᠦᠢᠯ ᠳᠤ ᠲᠣᠬᠢᠷᠠᠭᠤᠯᠤᠯᠲᠠ ᠬᠢᠪᠠ︔ ᠲᠤᠰᠬᠠᠶ ᠪᠠᠶᠢᠴᠠᠭᠠᠯᠲᠠ ᠶᠢ | 50 ᠭᠠᠷᠤᠶ ᠤᠳᠠᠭ᠎ᠠ ᠥᠷᠨᠢᠭᠦᠯᠵᠦ᠂ ︽ᠠᠯᠠᠱᠠ ᠠᠶᠢᠮᠠᠭ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠮᠠᠲ᠋ᠧᠷᠢᠶᠠᠯ ᠤᠨ ᠦᠨ᠎ᠡ ᠬᠠᠩᠰᠢ ᠶᠢᠨ ᠮᠡᠳᠡᠭᠡ ᠵᠠᠩᠭᠢ︾ ᠶᠢ 40 ᠭᠠᠷᠤᠶ ᠤᠳᠠᠭ᠎ᠠ ᠨᠡᠶᠢᠲᠡᠯᠡᠵᠦ᠂ 8 ᠲᠦᠮᠡ | ᠭᠠᠷᠤᠶ ᠵᠦᠢᠯ ᠤᠨ ᠮᠠᠲ᠋ᠧᠷᠢᠶᠠᠯ ᠤᠨ ᠦᠨ᠎ᠡ ᠬᠠᠩᠰᠢ ᠶᠢ ᠨᠡᠶᠢᠲᠡᠯᠡᠪᠡ︔ ᠪᠥᠬᠦ ᠠᠶᠢᠮᠠᠭ ᠤᠨ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠬᠡᠮᠵᠢᠶ᠎ᠡ ᠶᠢᠨ ᠨᠠᠷᠢᠨ ᠬᠠᠭᠤᠳᠠᠰᠤ ᠶᠢᠨ ᠦᠨ᠎ᠡ ᠪᠤᠳᠤᠬᠤ ᠮᠡᠷᠭᠡᠵᠢᠯ ᠤᠨ | ᠪᠠᠶᠢᠴᠠᠭᠠᠯᠲᠠ ᠶᠢ 90 ᠭᠠᠷᠤᠶ ᠵᠦᠢᠯ ᠥᠷᠨᠢᠭᠦᠯᠵᠦ᠂ ᠳᠠᠭᠠᠭᠠᠴᠢᠯᠠᠯᠲᠠ ᠵᠠᠷᠯᠠᠬᠤ ᠮᠡᠷᠭᠡᠵᠢᠯ ᠤᠨ ᠪᠢᠴᠢᠭ | ᠮᠠᠲ᠋ᠧᠷᠢᠶᠠᠯ ᠢ 300 ᠭᠠᠷᠤᠶ ᠵᠦᠢᠯ ᠨᠠᠶᠢᠷᠠᠭᠤᠯᠤᠨ ᠵᠣᠬᠢᠶᠠᠬᠤ ᠶᠢ ᠵᠢᠯᠣᠭᠤᠳᠴᠤ᠂ ᠪᠠᠷᠢᠯᠭ᠎ᠠ ᠪᠠᠷᠢᠬᠤ ᠭᠡᠷ᠎ᠡ᠂ | ᠪᠠᠶᠢᠭᠤᠯᠤᠭᠰᠠᠨ ᠦᠨ᠎ᠡ ᠶᠢᠨ ᠵᠢᠭᠤᠷᠠᠯᠳᠤᠭᠠᠨ ᠵᠡᠷᠭᠡ ᠬᠤᠯᠪᠣᠭᠳᠠᠯ ᠪᠥᠬᠦᠶ ᠠᠵᠢᠯ ᠢ 60 ᠭᠠᠷᠤᠶ ᠵᠦᠢᠯ | ᠡᠶᠡᠳᠡᠭᠦᠯᠦᠪᠡ᠃ | ᠲᠠᠪᠤᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠠᠷᠢᠯᠭ᠎ᠠ ᠶᠢᠨ ᠦᠢᠯᠡᠰ ᠤᠨ ᠥᠷᠢᠰᠥᠯᠳᠦᠬᠦ ᠪᠣᠳᠠᠲᠤ | ᠬᠦᠴᠦᠨ ᠲᠠᠰᠤᠷᠠᠯᠲᠠ ᠤᠢᠭᠡᠢ ᠴᠢᠩᠭᠠᠷᠠᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠨᠡᠩ ᠵᠢᠷᠤᠮᠵᠢᠯ ᠲᠠᠢ ᠪᠥᠭᠡᠳ ᠡᠮᠬᠢ | ᠵᠢᠷᠤᠮ ᠲᠠᠢ ᠪᠣᠯᠵᠤ᠂ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠨᠡᠩ ᠪᠠᠲᠤᠯᠠᠭ᠎ᠠ ᠲᠠᠢ ᠪᠣᠯᠵᠤ᠂ | ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠶ ᠦᠢᠯᠡᠳᠪᠦᠷᠢᠯᠡᠯ ᠤᠨ ᠬᠢᠷᠢ ᠬᠡᠮᠵᠢᠶ᠎ᠡ ᠨᠡᠯᠢᠶᠡᠳ ᠶᠡᠭᠡ ᠬᠡᠮᠵᠢᠶ᠎ᠡ ᠪᠠᠷ | ᠳᠡᠭᠡᠭᠰᠢᠯᠡᠵᠦ᠂ ᠪᠠᠷᠢᠯᠭ᠎ᠠ ᠶᠢᠨ ᠦᠨ᠎ᠡ ᠪᠣᠳᠣᠬᠤ ᠰᠢᠰᠲ᠋ᠧᠮᠵᠢ ᠤᠯᠠᠮ ᠨᠢᠭᠡ ᠠᠯᠬᠤᠮ ᠲᠡᠭᠦᠯᠳᠡᠷᠵᠢᠨ᠂ | ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠴᠢᠳᠠᠪᠤᠷᠢ ᠤᠯᠠᠮ ᠨᠢᠭᠡ | ᠠᠯᠬᠤᠮ ᠳᠡᠭᠡᠭᠰᠢᠯᠡᠵᠦ᠂ ᠪᠣᠬᠢᠷᠲᠤᠯ ᠦᠭᠡᠶ ᠪᠠᠷᠢᠯᠭ᠎ᠠ᠂ ᠪᠠᠷᠢᠯᠭ᠎ᠠ ᠶᠢᠨ ᠡᠨᠧᠷᠭᠢ ᠠᠷᠪᠢᠯᠠᠬᠤ᠂ ᠪᠠᠷᠢᠯᠭ᠎ᠠ ᠶᠢᠨ | ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠠᠪᠤᠳᠠᠯ ᠢᠯᠡᠳᠲᠡ ᠦᠷ᠎ᠡ ᠪᠦᠲᠦᠮᠵᠢ ᠣᠯᠪᠠ᠃ | ᠵᠢᠷᠭᠤᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠡᠳ ᠢᠯᠡᠳᠲᠡ ᠦᠷ᠎ᠡ ᠪᠦᠲᠦᠭᠡᠯ ᠣᠯᠪᠠ | ︵ᠬᠤᠷᠢᠨ ᠨᠢᠭᠡ︶ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ᠃ 2017 ᠣᠨ ᠳᠤ᠂ ︽ᠬᠤᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ ᠬᠤᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠵᠢᠷᠠᠭᠤᠯᠬᠤ ᠲᠤᠬᠠᠶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠵᠢᠯᠣᠭᠤᠳᠬᠤ ᠰᠠᠨᠠᠯ︾ ︵ᠲᠥᠪ ᠲᠠᠷᠬᠠᠭᠠᠭᠰᠠᠨ ﹇2015﹈ 37 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ︽ᠠᠯᠠᠱᠠ ᠠᠶᠢᠮᠠᠭ ᠤᠨ ᠬᠤᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ ᠬᠤᠲᠠ ᠶᠢᠨ ᠬᠠᠮᠢᠶᠠᠷᠤᠯᠲᠠ ᠶᠢᠨ ᠠᠵᠢᠯ ᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠵᠤ᠂ ᠠᠶᠢᠮᠠᠭ᠂ ᠡᠯ᠎ᠡ ᠬᠤᠰᠢᠭᠤ ︵ᠣᠷᠣᠨ︶ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠪᠠᠶᠢᠭᠤᠯᠤᠮᠵᠢ ᠶᠢ ᠪᠠᠶᠢᠭᠤᠯᠬᠤ ᠶᠢᠨ ᠬᠠᠮᠲᠤ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠡᠮᠬᠢᠯᠡᠨ ᠨᠡᠶᠢᠯᠡᠭᠦᠯᠵᠦ ᠬᠤᠪᠢᠶᠠᠷᠢᠯᠠᠨ | ᠰᠢᠯᠵᠢᠭᠦᠯᠬᠦ᠂ ᠡᠷᠬᠡ ᠶᠢᠨ ᠨᠠᠷᠢᠨ ᠬᠠᠭᠤᠳᠠᠰᠤ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠬᠤ ᠵᠡᠷᠭᠡ | ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ | ᠴᠢᠳᠠᠪᠤᠷᠢ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠡᠷᠬᠡ ᠬᠠᠷᠢᠭᠤᠴᠠᠯᠭ᠎ᠠ ᠶᠢᠨ ᠵᠠᠭᠠᠭ ᠢ ᠤᠯᠠᠮ ᠨᠢᠭᠡ | ᠠᠯᠬᠤᠮ ᠲᠣᠳᠣᠷᠬᠠᠶᠢᠯᠠᠵᠤ᠂ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠳᠡᠬᠦᠯᠳᠡᠷᠵᠢᠬᠦᠯᠪᠡ︔ ᠬᠠᠷᠢᠶ᠎ᠠ | ᠣᠷᠣᠨ ᠤ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠬᠦᠴᠦᠨ ᠢ | ᠳᠣᠷᠣᠭᠰᠢ ᠪᠠᠭᠤᠯᠭᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠡᠭᠦᠷᠭᠡ ᠴᠢᠳᠠᠪᠤᠷᠢ ᠰᠣᠯᠪᠢᠴᠠᠬᠤ᠂ ᠤᠯᠠᠨ | ᠲᠠᠯ᠎ᠠ ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ᠂ ᠤᠯᠠᠨ ᠳᠠᠪᠬᠤᠷᠭ᠎ᠠ ᠪᠠᠷ ᠬᠠᠤᠯᠢ | ᠬᠡᠷᠡᠭᠵᠢᠭᠦᠯᠬᠦ ᠠᠰᠠᠭᠤᠳᠠᠯ ᠢ ᠶᠡᠭᠡ ᠬᠡᠮᠵᠢᠶ᠎ᠡ ᠪᠠᠷ ᠰᠢᠢᠳᠪᠦᠷᠢᠯᠡᠪᠡ᠃ | ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠵᠢᠷᠤᠮᠵᠢᠭᠰᠠᠨ ᠪᠠᠶᠢᠭᠤᠯᠤᠯᠲᠠ ᠶᠢ | ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠬᠦᠯᠪᠡ᠃ ᠬᠤᠲᠠ ᠶᠢᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠩᠨᠡᠭᠡᠨ ᠤ | ᠶᠡᠷᠦᠩᠬᠡᠢᠯᠡᠭᠰᠡᠨ ᠬᠡᠪ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ ︽ᠰᠠᠭᠤᠷᠢ ᠶᠢ ᠴᠢᠩᠭᠠᠳᠬᠠᠬᠤ᠂ | ᠰᠤᠷᠲᠠᠯ ᠢ ᠬᠤᠪᠢᠷᠠᠭᠤᠯᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠠᠵᠢᠯᠯᠠᠭ᠎ᠠ ᠪᠠᠷ ᠭᠠᠷᠳᠠᠴᠠ ᠪᠣᠯᠭᠠᠵᠤ᠂ | ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠬᠦ᠂ ᠬᠡᠪ | ᠴᠢᠨᠠᠷ ᠤᠨ ᠬᠥᠮᠦᠵᠢᠯ ᠢ ᠴᠢᠩᠭᠠᠳᠬᠠᠬᠤ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠲᠦᠷᠢᠮ ᠢ | ᠴᠢᠩᠳᠠᠯᠠᠬᠤ᠂ ᠠᠩᠭᠢ ᠶᠢᠨ ᠬᠡᠪ ᠰᠤᠷᠲᠠᠯ ᠰᠠᠬᠢᠯᠭ᠎ᠠ ᠪᠠᠲᠤ ᠶᠢ ᠴᠡᠭᠴᠡᠯᠡᠬᠦ᠂ ᠴᠡᠷᠢᠭ ᠤᠨ ᠶᠠᠪᠤᠳᠠᠯ ᠤᠨ | ᠪᠣᠯᠪᠠᠰᠤᠷᠠᠯ ᠢ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ | ᠠᠵᠢᠯᠲᠠᠨ ᠤ ᠰᠠᠬᠢᠯᠭ᠎ᠠ ᠪᠠᠲᠤ ᠶᠢᠨ ᠤᠬᠠᠮᠰᠠᠷ ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠵᠤ᠂ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ | ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ᠃ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠲᠣᠨᠤᠭ ᠲᠥᠬᠦᠭᠡᠷᠦᠮᠵᠢ ᠶᠢ ᠴᠢᠩᠭᠠᠳᠬᠠᠵᠤ᠂ ᠬᠠᠤᠯᠢ | ᠬᠡᠷᠡᠭᠵᠢᠭᠦᠯᠬᠦ ᠡᠩᠨᠡᠭᠡᠨ ᠤ ᠬᠦᠴᠦᠨ ᠢ ᠳᠡᠬᠦᠯᠳᠡᠷᠵᠢᠬᠦᠯᠪᠡ᠃ 2018 ᠣᠨ ᠤ ᠳᠡᠭᠡᠷ᠎ᠡ ᠬᠠᠭᠠᠰ ᠵᠢᠯ ᠳᠤ᠂ | ᠤᠯᠤᠰ ᠠᠴᠠ ᠨᠡᠶᠢᠲᠡᠯᠡᠭᠰᠡᠨ ᠨᠢᠭᠡᠳᠦᠯᠲᠡᠶ ᠪᠠᠷᠢᠮᠵᠢᠶ᠎ᠠ ᠶᠣᠰᠣᠭᠠᠷ᠂ ᠪᠥᠬᠦ ᠠᠶᠢᠮᠠᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠳᠦᠷᠢᠮᠲᠦ ᠬᠤᠪᠴᠠᠰᠤ ᠬᠤᠨᠠᠷ ᠢ | ᠨᠢᠭᠡᠳᠦᠯᠲᠡᠶ ᠪᠣᠯᠭᠠᠬᠤ ᠶᠢᠨ ᠬᠠᠮᠲᠤ᠂ ᠬᠠᠤᠯᠢ ᠬᠡᠷᠡᠭᠵᠢᠭᠦᠯᠬᠦ ᠲᠡᠷᠭᠡ ᠬᠥᠰᠬᠡ᠂ ᠬᠠᠤᠯᠢ ᠬᠡᠷᠡᠭᠵᠢᠭᠦᠯᠬᠦ ᠲᠡᠮᠳᠡᠭᠯᠡᠭᠦᠷ᠂ | ᠳᠦᠷᠰᠦ ᠰᠢᠩᠭᠡᠭᠡᠬᠦ ᠮᠠᠰᠢᠨ᠂ ᠵᠢᠯᠣᠭᠤᠴᠢ ᠥᠬᠡᠶ ᠨᠢᠰᠬᠡᠯ ᠵᠡᠷᠭᠡ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ | ᠪᠠᠭᠠᠵᠢ ᠬᠡᠷᠡᠭᠰᠡᠯ ᠢ ᠳᠣᠬᠢᠷᠠᠭᠤᠯᠪᠠ᠃ ᠡᠩᠨᠡᠭᠡ ᠶᠢᠨ ᠲᠣᠨᠤᠭ ᠲᠥᠬᠦᠭᠡᠷᠦᠮᠵᠢ ᠶᠢ ᠴᠢᠩᠭᠠᠳᠬᠠᠬᠤ ᠪᠠᠷ ᠳᠠᠮᠵᠢᠭᠤᠯᠤᠨ | ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠥᠳᠡᠯᠦᠩᠭᠦᠢ ᠴᠢᠨᠠᠷ ᠪᠠ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠲᠠᠰ | ᠳᠠᠷᠠᠭᠠᠯᠠᠯ ᠢ ᠵᠢᠷᠤᠮᠵᠢᠭᠤᠯᠤᠨ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠲᠥᠪ ᠭᠤᠤᠯᠴᠢ ᠢᠯᠡ ᠲᠣᠳᠣ | ᠂ ᠲᠠᠰ ᠳᠠᠷᠠᠭᠠᠯᠠᠯ ᠵᠢᠷᠤᠮᠵᠢᠯ ᠲᠠᠢ ᠪᠠᠶᠢᠬᠤ ᠶᠢ ᠪᠠᠳᠣᠯᠠᠪᠠ᠃ ᠪᠦᠬᠦ ᠠᠶᠢᠮᠠᠭ ᠤᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠰᠢᠰᠲ᠋ᠧᠮ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠢ | ᠨᠠᠶᠢᠳᠠᠪᠣᠷᠢᠵᠢᠭᠤᠯᠵᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠬᠦᠢᠴᠡᠳᠭᠡᠪᠡ᠃ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠨᠡᠶᠢᠲᠡ 667 ᠬᠡᠷᠡᠭ ᠢ ᠳᠡᠩᠰᠡᠯᠡᠵᠦ ᠪᠠᠶᠢᠴᠠᠭᠠᠨ | ᠰᠢᠢᠳᠪᠦᠷᠢᠯᠡᠵᠦ᠂ ᠲᠣᠷᠭᠠᠵᠤ ᠬᠤᠷᠢᠶᠠᠭᠰᠠᠨ ᠵᠣᠭᠤᠰ ᠤᠨ ᠶᠡᠷᠦᠩᠬᠡᠶ ᠲᠤᠭ᠎ᠠ 257 . 85 ᠲᠦᠮᠡᠨ | ᠲᠥᠭᠦᠷᠢᠭ ᠲᠤ ᠬᠦᠷᠴᠦ᠂ 3 . 95 ᠲᠦᠮᠡᠨ ᠲᠡᠭᠰᠢ ᠳᠥᠷᠪᠡᠯᠵᠢᠨ ᠮᠧᠲᠷ ᠬᠠᠤᠯᠢ ᠵᠥᠷᠢᠴᠡᠭᠰᠡᠨ ᠪᠠᠷᠢᠯᠭ᠎ᠠ᠂ | ᠪᠠᠷᠢᠯᠭ᠎ᠠ ᠶᠢᠨ ᠡᠳ᠋ ᠪᠠ ᠪᠤᠰᠤᠳ ᠲᠥᠬᠦᠭᠡᠷᠦᠮᠵᠢ ᠶᠢ ᠨᠤᠷᠠᠭᠠᠪᠠ᠃ ᠮᠡᠳᠡᠭᠡ ᠵᠠᠩᠭᠢ ᠶᠢᠨ ᠲᠠᠪᠴᠠᠩ ᠢ ᠡᠮᠬᠢᠯᠡᠨ | ᠨᠡᠶᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠲᠣᠭᠠᠴᠢᠯᠠᠬᠤ᠂ ᠨᠠᠷᠢᠯᠢᠬᠵᠢᠭᠤᠯᠬᠤ᠂ ᠤᠶᠤᠨᠴᠢᠯᠠᠬᠤ ᠶᠢ | ᠠᠬᠢᠭᠤᠯᠪᠠ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠰᠦᠪᠡᠭᠴᠢᠯᠡᠨ ᠠᠰᠢᠭᠯᠠᠵᠤ᠂ ᠲᠣᠭᠠᠴᠢᠯᠠᠭᠰᠠᠨ | ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠠᠶᠢᠮᠠᠭ ᠤᠨ ᠱᠠᠲᠤ᠂ ᠠᠯᠠᠱᠠ ᠵᠡᠭᠦᠨ ᠬᠤᠰᠢᠭᠤ ᠶᠢ | ᠨᠢᠭᠡ ᠴᠣᠭᠴᠠᠵᠢᠭᠤᠯᠤᠭᠰᠠᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠬᠡᠨ ᠤ ᠲᠠᠪᠴᠠᠩ ᠢ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠪᠡᠶᠡᠯᠡᠭᠦᠯᠦᠨ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ ᠨᠢ ᠲᠣᠭᠠᠴᠢᠯᠠᠭᠰᠠᠨ ᠰᠠᠭᠤᠷᠢ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ | ︵ᠬᠤᠷᠢᠨ ᠬᠤᠶᠠᠷ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠃ ︽ᠠᠯᠠᠱᠠ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ︿ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ﹀ ︵ | 20152020 ᠣᠨ︶ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠲᠥᠰᠦᠯ︾ ᠢ ᠲᠣᠭᠲᠠᠭᠠᠵᠤ | ᠂ ᠣᠨ ᠤ ᠳᠠᠭᠠᠣ ︽ᠠᠯᠠᠱᠠ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠭᠤᠤᠯᠳᠠᠯᠭ᠎ᠠ ᠲᠠᠢ ᠠᠵᠢᠯ ᠤᠨ ᠬᠠᠷᠠᠯᠲᠠᠲᠤ ᠡᠭᠦᠷᠭᠡ ᠶᠢ ᠬᠡᠷᠡᠭᠵᠢᠭᠦᠯᠬᠦ ᠬᠢᠭᠡᠳ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠤᠨ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠠᠵᠢᠯ ᠤᠨ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠤᠯᠠᠮ ᠨᠢᠭᠡ | ᠠᠯᠬᠤᠮ ᠨᠠᠶᠢᠳᠠᠪᠣᠷᠢᠵᠢᠭᠤᠯᠪᠠ᠃ ᠬᠠᠤᠯᠢ ᠪᠠᠷ ᠵᠠᠰᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ | ᠴᠢᠩᠭᠠᠳᠬᠠᠨ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠲᠠᠰ ᠳᠠᠷᠠᠭᠠᠯᠠᠯ ᠢ | ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠲᠣᠪᠴᠢᠶ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ | ᠳᠣᠬᠠᠢ ᠢᠯᠡ ᠪᠠᠷ ᠰᠠᠨᠠᠯ ᠬᠤᠷᠢᠶᠠᠬᠤ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠬᠠᠮᠲᠤ ᠪᠠᠷ ᠬᠢᠨᠠᠨ | ᠶᠠᠷᠢᠯᠴᠠᠵᠤ ᠲᠣᠭᠲᠠᠭᠠᠬᠤ᠂ ᠴᠠᠭ ᠲᠤᠬᠠᠶ ᠳᠤᠨᠢ ᠨᠡᠶᠢᠭᠡᠮ ᠳᠤ ᠢᠯᠡ ᠨᠡᠶᠢᠲᠡᠯᠡᠬᠦ ᠵᠡᠷᠭᠡ ᠲᠠᠰ ᠳᠠᠷᠠᠭᠠᠯᠠᠯ ᠢ ᠤᠯᠠᠮ | ᠨᠢᠭᠡ ᠠᠯᠬᠤᠮ ᠵᠢᠷᠣᠮᠵᠢᠭᠤᠯᠪᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ︽ | ᠭᠤᠷᠪᠠ ᠶᠢ ᠨᠢᠭᠡᠳᠬᠡᠬᠦ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠲᠦᠷᠢᠮ ᠢ ᠴᠢᠩᠭ᠎ᠠ ᠬᠡᠷᠡᠭᠵᠢᠭᠦᠯᠦᠨ᠂ ᠮᠠᠨ ᠤ ᠲᠣᠪᠴᠢᠶ᠎ᠠ ᠶᠢᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠮᠡᠳᠡᠭᠦᠯᠵᠦ ᠳᠠᠩᠰᠠᠯᠠᠭᠤᠯᠬᠤ ᠨᠣᠷᠮ᠎ᠠ᠂ ᠴᠠᠭ ᠲᠤᠬᠠᠶ ᠳᠤᠨᠢ | ᠮᠡᠳᠡᠭᠦᠯᠵᠦ ᠳᠠᠩᠰᠠᠯᠠᠭᠤᠯᠬᠤ ᠨᠣᠷᠮ᠎ᠠ᠂ ᠵᠢᠷᠤᠮᠵᠢᠭᠤᠯᠬᠤ ᠨᠣᠷᠮ᠎ᠠ ᠶᠢ 100 % ᠳᠤ ᠬᠦᠷᠭᠡᠪᠡ᠃ ᠵᠠᠰᠠᠭ | ᠵᠠᠬᠢᠷᠭᠠᠨ ᠢᠶᠠᠷ ᠳᠠᠬᠢᠨ ᠵᠥᠪᠯᠡᠬᠦ ᠠᠵᠢᠯ ᠢ ᠴᠢᠩᠭᠠᠳᠬᠠᠨ᠂ ︽ᠠᠯᠠᠱᠠ ᠠᠶᠢᠮᠠᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠤᠨ | ᠳᠦᠷᠢᠮ︾ ︽ᠠᠯᠠᠱᠠ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠠᠵᠢᠯ ᠤᠨ ᠳᠦᠷᠢᠮ︾ ᠢ ᠲᠣᠭᠲᠠᠭᠠᠨ | ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠭᠦᠬᠦ ᠳᠡᠰ ᠳᠠᠷᠠᠭᠠᠯᠠᠯ ᠢ | ᠵᠢᠷᠣᠮᠵᠢᠭᠤᠯᠪᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢᠨ | ᠲᠦᠷᠢᠮ ᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠢᠷᠢ ᠬᠡᠮ ᠣᠯᠤᠭᠰᠠᠨ ᠠᠵᠢᠯᠲᠠᠨ ᠢ | ᠳᠣᠭᠢᠷᠠᠭᠤᠯᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠬᠢᠯᠭᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ | ᠠᠵᠢᠯᠲᠠᠨ ᠤ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ | ᠬᠦᠢᠴᠡᠳᠭᠡᠬᠦ ᠶᠠᠰᠤ ᠴᠢᠨᠠᠷ ᠢ ᠳᠡᠭᠡᠭᠰᠢᠯᠡᠬᠦᠯᠪᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠰᠢᠰᠲ᠋ᠧᠮ ᠤᠨ ᠡᠭᠦᠷᠭᠡᠯᠡᠵᠦ ᠪᠠᠶᠢᠭ᠎ᠠ ᠬᠢᠨᠠᠨ ᠵᠥᠪᠰᠢᠶᠡᠷᠡᠬᠦ ᠵᠦᠢᠯᠡᠰ ᠢ ᠪᠦᠬᠦᠨ ᠢ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠥᠪ ᠲᠤ ᠣᠷᠣᠭᠤᠯᠤᠨ ᠲᠥᠪᠯᠡᠷᠡᠭᠦᠯᠦᠨ ᠬᠦᠢᠴᠡᠳᠭᠡᠵᠦ᠂ ︽ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠪᠠ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ | ᠶᠢ ᠪᠡᠶᠡᠯᠡᠭᠦᠯᠵᠦ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠭᠠᠷᠳᠠᠴᠠ ᠪᠣᠯᠭᠠᠵᠤ᠂ ᠵᠠᠬ᠎ᠠ ᠳᠡᠯᠭᠡᠭᠦᠷ ᠪᠠ ᠠᠵᠤ ᠠᠬᠤᠶᠢᠯᠠᠯ ᠤᠨ ᠲᠤᠰᠬᠠᠭᠰᠠᠨ ᠲᠣᠪᠤᠶᠢᠮ᠎ᠠ ᠠᠰᠠᠭᠤᠳᠠᠯ ᠳᠤ | ᠴᠢᠭᠯᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠪᠡᠷᠰᠢᠶᠡᠯᠳᠦ ᠴᠡᠭ ᠲᠦᠭᠵᠢᠷᠡᠯ ᠤᠨ | ᠴᠡᠭ ᠢ ᠣᠨᠢᠯᠠᠵᠤ᠂ ᠪᠠᠷᠢᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠢᠨᠠᠨ | ᠵᠥᠪᠰᠢᠶᠡᠷᠡᠬᠦ ᠶᠢ ᠪᠠᠭᠠᠰᠬᠠᠬᠤ ᠪᠠ ᠬᠢᠨᠠᠨ ᠬᠠᠮᠢᠶᠠᠷᠬᠤ ᠶᠢ ᠴᠢᠩᠭᠠᠳᠬᠠᠬᠤ ᠰᠢᠯᠢᠳᠡᠭ ᠦᠢᠯᠡᠴᠢᠯᠡᠭᠡ ᠳᠠᠰᠢ | ᠬᠤᠪᠢᠷᠠᠭᠤᠯᠬᠤ ᠶᠢ ᠠᠬᠢᠭᠤᠯᠵᠤ᠂ ᠪᠠᠯᠠ ᠣᠷᠣᠭᠤᠯᠤᠭᠴᠢ ᠶᠢᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠬᠦᠯᠪᠡ᠃ | ᠲᠠᠪᠤᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ ᠱᠠᠲᠤᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠤᠯᠠᠮ | ᠨᠢᠭᠡ ᠠᠯᠬᠤᠮ ᠪᠦᠷᠢᠨᠰᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢ | ᠵᠢᠷᠤᠮᠵᠢᠭᠤᠯᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠠᠤᠯᠢ ᠬᠡᠷᠡᠭᠵᠢᠭᠦᠯᠬᠦ ᠲᠣᠨᠤᠭ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠬᠠᠮᠢᠶᠠᠷᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ | ᠬᠠᠤᠯᠢ ᠶᠢ ᠭᠤᠣᠯᠴᠢ ᠪᠠᠷ ᠬᠡᠷᠡᠭᠵᠢᠭᠦᠯᠬᠦ᠂ ᠬᠠᠯᠠᠭᠤᠮᠰᠤᠭ ᠦᠢᠯᠡᠴᠢᠯᠡᠬᠦ ᠬᠠᠤᠯᠢ ᠬᠡᠷᠡᠭᠵᠢᠭᠦᠯᠬᠦ ᠳᠦᠷᠢ ᠲᠥᠷᠬᠦ ᠶᠢ | ᠦᠨᠳᠦᠰᠦᠨ ᠳᠤᠨᠢ ᠪᠣᠶ ᠪᠣᠯᠭᠠᠵᠤ᠂ ᠬᠤᠲᠠ ᠶᠢᠨ ᠬᠠᠮᠢᠶᠠᠷᠤᠯᠲᠠ ᠶᠢ ᠲᠣᠭᠠᠵᠢᠭᠤᠯᠬᠤ᠂ ᠨᠠᠷᠢᠯᠢᠬᠵᠢᠭᠤᠯᠬᠤ᠂ | ᠤᠶᠤᠨᠴᠢᠯᠠᠬᠤ ᠶᠢ ᠪᠡᠶᠡᠯᠡᠬᠦᠯᠦᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠳᠦᠷᠭᠡᠳᠬᠡᠪᠡ᠃ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ᠂ ᠦᠢᠯᠡᠴᠢᠯᠡᠭᠡᠨ ᠤ | ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠠ ︽ | ᠳᠠᠯᠪᠢᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢᠯᠡᠳᠲᠡ ᠦᠷ᠎ᠡ | ᠪᠦᠲᠦᠮᠵᠢ ᠤᠯᠪᠠ᠃ | ᠲᠤᠯᠤᠭ᠎ᠠ᠂ ᠣᠷᠣᠰᠢᠵᠤ ᠪᠠᠶᠢᠭ᠎ᠠ ᠠᠰᠠᠭᠤᠳᠠᠯ | ︽ᠠᠷᠪᠠᠨ ᠭᠤᠷᠪᠠᠳᠣᠭᠠᠷ ᠳᠠᠪᠣᠨ ᠵᠢᠯ︾ ᠤᠨ ᠬᠥᠭᠵᠢᠯᠲᠡ ᠶᠢᠨ ᠣᠯᠤᠭᠰᠠᠨ ᠢᠯᠡᠳᠲᠡ ᠦᠷ᠎ᠡ ᠪᠦᠲᠦᠭᠡᠯ ᠢ | ᠬᠢᠨᠠᠮᠠᠭᠠᠶ ᠳ᠋ᠦᠩᠨᠡᠬᠦ ᠶᠢᠨ ᠬᠠᠮᠲᠤ᠂ ᠭᠦᠨᠵᠡᠭᠡᠶ ᠪᠠᠶᠢᠴᠠᠭᠠᠨ ᠰᠤᠳᠤᠯᠵᠤ ᠵᠠᠳᠠᠯᠬᠤ ᠪᠠᠷ ᠳᠠᠮᠵᠢᠭᠠᠳ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠳᠤ ᠮᠥᠨ ᠬᠦ | ᠮᠠᠰᠢ ᠣᠯᠠᠨ ᠠᠰᠠᠭᠤᠳᠠᠯ ᠪᠠ ᠳᠤᠲᠠᠭᠤᠳᠠᠯ ᠣᠷᠣᠰᠢᠵᠤ ᠪᠠᠶᠢᠨ᠎ᠠ᠃ | ︵ᠨᠢᠭᠡ︶ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠬᠢᠷᠢ ᠬᠡᠮᠵᠢᠶ᠎ᠡ ᠶᠢ ᠠᠬᠢᠭᠤᠯᠬᠤ ᠴᠢᠬᠤᠯᠠᠳᠠᠢ | ᠪᠠᠶᠢᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠳᠠᠢ | ᠪᠠᠶᠢᠵᠤ᠂ ᠠᠶᠢᠮᠠᠭ ᠤᠨ ᠬᠡᠪᠴᠢᠶᠡᠨ ᠤ ᠬᠤᠲᠠ ᠪᠠᠯᠭᠠᠰᠤᠨ ᠤ ᠰᠢᠰᠲ᠋ᠧᠮᠵᠢ ᠲᠡᠶᠢᠮᠦ ᠲᠡᠭᠦᠯᠳᠡᠷ ᠪᠤᠰᠤ᠂ ᠭᠤᠣᠯ | ᠬᠤᠲᠠ ᠪᠠᠯᠭᠠᠰᠤ᠂ ᠭᠤᠣᠯᠳᠠᠯᠭ᠎ᠠ ᠲᠠᠢ ᠪᠠᠯᠭᠠᠰᠤ ᠶᠢᠨ ᠬᠡᠪᠴᠢᠶ᠎ᠡ ᠪᠠᠭ᠎ᠠ᠂ ᠨᠥᠯᠥᠭᠡᠯᠡᠨ ᠳᠠᠶᠢᠴᠢᠯᠠᠬᠤ ᠴᠢᠳᠠᠪᠤᠷᠢ | ᠬᠦᠷᠦᠯᠴᠡᠬᠦ ᠦᠭᠡᠶ ᠪᠠᠶᠢᠨ᠎ᠠ᠃ | ︵ᠬᠤᠶᠠᠷ︶ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠬᠦᠷᠦᠯᠴᠡᠬᠦ ᠦᠭᠡᠶ ᠲᠠᠯ᠎ᠠ ᠶᠢ ᠨᠥᠬᠦᠪᠥᠷᠢᠯᠡᠬᠦ | ᠡᠭᠦᠷᠭᠡ ᠮᠥᠨ ᠬᠦ ᠨᠡᠯᠢᠶᠡᠳ ᠬᠦᠨᠳᠦ ᠪᠠᠶᠢᠵᠤ᠂ ᠨᠡᠯᠢᠶᠡᠳ ᠣᠯᠠᠨ ᠠᠮᠤᠷ ᠲᠦᠪᠰᠢᠨ ᠤ ᠳᠠᠯᠳᠠ ᠭᠡᠮ ᠣᠷᠣᠰᠢᠵᠤ᠂ | ᠬᠤᠲᠠ ᠪᠠᠯᠭᠠᠰᠤ ᠶᠢᠨ ᠤᠰᠤ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠤᠰᠤ ᠵᠠᠯᠠᠬᠤ ᠵᠡᠷᠭᠡ ᠬᠤᠭᠤᠯᠠᠶ | ᠲᠣᠣᠷ ᠤᠨ ᠪᠦᠲᠦᠭᠡᠨ ᠪᠠᠶᠢᠭᠤᠯᠤᠯᠲᠠ ᠬᠢᠭᠡᠳ ᠰᠢᠨᠡᠳᠬᠡᠨ ᠥᠭᠡᠷᠡᠴᠢᠯᠡᠬᠦ ᠬᠡᠮᠵᠢᠶ᠎ᠡ ᠶᠡᠭᠡ᠂ ᠬᠡᠪᠴᠢᠶ᠎ᠡ ᠪᠠᠷ ᠥᠷᠭᠡᠨ᠂ | ᠬᠤᠲᠠ ᠶᠢᠨ ᠦᠶᠡᠷ ᠢ ᠰᠡᠷᠭᠡᠶᠢᠯᠡᠨ ᠤᠰᠤᠲᠤᠯ ᠢ ᠵᠠᠯᠠᠬᠤ᠂ ᠤᠶᠤᠨᠲᠤ ᠬᠤᠲᠠ᠂ ᠤᠶᠠᠨ ᠴᠢᠨᠠᠷᠲᠠᠶ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠵᠥᠷᠢᠶ᠎ᠡ ᠨᠡᠯᠢᠶᠡᠳ ᠶᠡᠭᠡ ᠪᠠᠶᠢᠨ᠎ᠠ᠃ | ︵ᠭᠤᠷᠪᠠ︶ ᠬᠤᠲᠠ ᠶᠢᠨ ᠵᠠᠰᠠᠯᠲᠠ ᠶᠢᠨ ᠴᠢᠳᠠᠪᠤᠷᠢ ᠬᠢᠭᠡᠳ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠲᠥᠬᠦᠷᠵᠢᠭᠦᠯᠬᠦ ᠪᠡᠯᠡᠳᠬᠡᠮᠵᠢ ᠬᠠᠷᠠᠬᠠᠨ ᠲᠡᠭᠦᠯᠳᠡᠷᠵᠢᠭᠡᠳᠦᠶ | ᠂ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠬᠤ ᠴᠢᠬᠤᠯᠠᠳᠠᠢ᠂ ᠲᠤᠤᠷᠴᠢᠯᠠᠭᠰᠠᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠳᠠᠢ᠂ ᠬᠤᠲᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠳᠠᠢ ᠪᠠᠶᠢᠨ᠎ᠠ᠃ | ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠭᠡᠳ ᠲᠣᠰᠬᠤᠨ ᠪᠠᠯᠭᠠᠰᠤ ᠶᠢᠨ | ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠴᠢᠬᠤᠯᠠᠲᠠᠶ ᠪᠠᠶᠢᠨ᠎ᠠ᠃ | ︵ᠲᠠᠪᠤ︶ ᠣᠷᠣᠨ ᠰᠠᠭᠤᠴᠠ ᠶᠢᠨ ᠪᠠᠲᠤᠯᠠᠭ᠎ᠠ ᠪᠠ ᠣᠷᠣᠰᠢᠨ ᠰᠠᠭᠤᠬᠤ ᠣᠷᠴᠢᠨ ᠲᠣᠭᠤᠷᠢᠨ ᠨᠢ ᠠᠷᠠᠳ | ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠵᠤ ᠳᠡᠶᠢᠯᠬᠦ ᠥᠬᠡᠶ ᠪᠠᠶᠢᠵᠤ᠂ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠡᠭᠦᠷᠭᠡ ᠬᠠᠲᠠᠭᠤ ᠪᠡᠷᠬᠡ ᠪᠠᠶᠢᠵᠤ᠂ ᠠᠳᠠᠯ ᠠᠬᠤᠢ ᠶᠢᠨ | ᠦᠢᠯᠡᠴᠢᠯᠡᠬᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ | ︵ᠵᠢᠷᠭᠤᠭ᠎ᠠ︶ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ᠂ ᠪᠠᠷᠢᠯᠭ᠎ᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠴᠢᠬᠤᠯᠠᠲᠠᠶ ᠪᠠᠶᠢᠵᠤ᠂ ᠠᠵᠢᠯ | ᠲᠥᠷᠥᠯ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠴᠢᠬᠤᠯᠠᠲᠠᠶ ᠪᠠᠶᠢᠨ᠎ᠠ᠃ | ︵ᠳᠣᠯᠤᠭ᠎ᠠ︶ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠶᠤᠯ ᠦᠭᠡᠶ ᠶᠢᠨ ᠬᠢᠷᠢ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠳᠠᠢ ᠪᠠᠶᠢᠵᠤ᠂ ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ᠂ | ᠪᠠᠷᠢᠯᠭ᠎ᠠ ᠶᠢᠨ ᠡᠨᠧᠷᠭᠢ ᠠᠷᠪᠢᠯᠠᠬᠤ᠂ ᠪᠣᠬᠢᠷᠲᠤᠯ ᠦᠭᠡᠶ ᠪᠠᠷᠢᠯᠭ᠎ᠠ ᠶᠢ ᠳᠡᠯᠭᠡᠷᠡᠭᠦᠯᠦᠨ ᠬᠡᠷᠡᠭᠯᠡᠬᠦ ᠶᠢ ᠤᠯᠠᠮ ᠨᠢᠭᠡ | ᠠᠯᠬᠤᠮ ᠲᠦᠷᠭᠡᠳᠬᠡᠬᠦ ᠴᠢᠬᠤᠯᠠᠳᠠᠢ ᠪᠠᠶᠢᠨ᠎ᠠ᠃ | ︵ᠨᠠᠢᠮᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠬᠠᠤᠯᠢ ᠶᠣᠰᠣᠭᠠᠷ ᠵᠠᠰᠠᠭ | ᠶᠠᠪᠤᠭᠤᠯᠬᠤ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠴᠢᠬᠤᠯᠠᠲᠠᠶ᠃ | ︵ᠶᠢᠰᠦ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ | ᠴᠢᠳᠠᠪᠤᠷᠢᠲᠠᠨ ᠤ ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ | ᠴᠢᠬᠤᠯᠠᠳᠠᠢ ᠪᠠᠶᠢᠨ᠎ᠠ᠃ | ︵ᠠᠷᠪᠠ︶ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ | ᠵᠠᠮ ᠢ ᠤᠯᠠᠮ ᠨᠢᠭᠡ ᠠᠯᠬᠤᠮ ᠥᠷᠭᠡᠳᠬᠡᠬᠦ ᠴᠢᠬᠤᠯᠠᠳᠠᠢ ᠪᠠᠶᠢᠨ᠎ᠠ᠃ | ᠨᠠᠢᠮᠠ᠂ ᠲᠤᠯᠭᠠᠷᠠᠵᠤ ᠪᠠᠶᠢᠭ᠎ᠠ ᠪᠠᠶᠢᠳᠠᠯ | ︵ᠨᠢᠭᠡ︶ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ | ᠳᠥᠷᠪᠡᠳᠦᠭᠡᠷ ᠲᠠᠪᠤᠨ ᠵᠢᠯ ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠠᠴᠠ᠂ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠤᠯᠪᠠ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ | ᠡᠷᠴᠢᠨ ᠳᠡᠭᠡᠷ᠎ᠡ ᠪᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ | ᠠᠩᠬᠠᠳᠤᠭᠠᠷ ᠲᠠᠪᠤᠨ ᠵᠢᠯ ᠪᠣᠯᠤᠨ᠎ᠠ ᠭᠡᠵᠦ ᠳᠤᠷᠠᠳᠴᠠᠢ᠃ ᠨᠠᠮ ᠤᠨ ᠲᠥᠪ ᠬᠤᠷᠢᠶ᠎ᠠ ᠠᠴᠠ ᠪᠦᠬᠦ ᠨᠠᠮ ᠢᠶᠠᠷ ᠢᠶᠠᠨ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ | ᠪᠣᠯᠤᠨ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠠᠴᠠ ᠪᠣᠯᠤᠭᠰᠠᠨ | ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠨᠠᠷᠢᠨ ᠪᠤᠳᠤᠯᠢᠶᠠᠨᠲᠠᠢ ᠤᠯᠠᠨ ᠤᠯᠤᠰ ᠤᠨ | ᠣᠷᠴᠢᠨ ᠲᠣᠭᠤᠷᠢᠨ ᠢ ᠭᠦᠨᠵᠡᠭᠡᠢ ᠲᠠᠨᠢᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠬᠥᠭᠵᠢᠯᠲᠡ ᠶᠢᠨ ᠵᠢᠮ᠎ᠡ ᠶᠣᠰᠣ ᠶᠢ ᠲᠠᠨᠢᠨ ᠡᠵᠡᠮᠳᠡᠵᠦ᠂ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ | ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠵᠤ᠂ | ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠬᠢᠮᠤᠷᠠᠯ ᠤᠨ ᠳᠤᠮᠳᠠ ᠠᠵᠠ ᠲᠣᠬᠢᠶᠠᠯ ᠢ ᠪᠤᠢ ᠪᠣᠯᠭᠠᠬᠤ | ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠬᠦ ᠳᠡᠭᠡᠨ ᠴᠢᠳᠠᠮᠠᠭᠠᠢ ᠪᠠᠶᠢᠵᠤ᠂ ᠠᠵᠠ ᠲᠣᠬᠢᠶᠠᠯ ᠢ ᠠᠮᠵᠢᠵᠤ | ᠂ ᠥᠷᠢᠰᠥᠯᠳᠦᠭᠡᠨ ᠢ ᠠᠷᠭᠠᠴᠠᠭᠠᠵᠤ᠂ ᠬᠠᠨᠳᠤᠰᠢ ᠳᠤ ᠴᠢᠭᠯᠡᠨ ᠬᠤᠣᠷ ᠠᠴᠠ ᠵᠠᠶᠢᠯᠠᠵᠤ᠂ ᠡᠷᠡᠮᠡᠬᠡᠶᠢᠯᠡᠨ | ᠤᠷᠤᠭᠰᠢᠯᠠᠬᠤ ᠬᠡᠷᠡᠭᠲᠡᠢ ᠭᠡᠵᠦ ᠣᠷᠢᠶᠠᠯᠠᠪᠠ᠃ | ︵ᠬᠤᠶᠠᠷ︶ ᠤᠯᠤᠰ ᠠᠴᠠ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠬᠡᠷᠡᠭᠵᠢᠭᠦᠯᠵᠦ᠂ ︽ | ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠪᠠ᠃ ᠠᠯᠠᠱᠠ ᠠᠶᠢᠮᠠᠭ ᠤᠨ ︽ᠬᠥᠬᠡᠬᠤᠲᠠ ᠪᠤᠭᠤᠲᠤ ᠢᠷᠭᠠᠶ ᠲᠡᠮᠡᠭᠡᠲᠦ︾ ︽ᠨᠢᠩᠰᠢᠶᠠ ᠥᠪᠥᠷ | ᠮᠣᠩᠭᠤᠯ ᠱᠠᠨᠰᠢ ᠭᠠᠨᠰᠦ︾ ︽ᠵᠢᠵᠢᠭ ᠭᠤᠷᠪᠠᠯᠵᠢᠨ︾ ᠠᠵᠤ ᠠᠬᠤᠶ ᠶᠢᠨ ᠣᠷᠣᠨ ᠵᠢᠴᠢ ︽ᠯᠠᠨ ᠰᠢᠨ ᠠᠵᠤ | ᠠᠬᠤᠶ ᠶᠢᠨ ᠪᠦᠰᠡ︾ ᠳᠤ ᠠᠭᠤᠰᠤᠯᠴᠠᠬᠤ ᠳᠤ ᠰᠢᠨ᠎ᠡ ᠱᠠᠭᠠᠷᠳᠠᠯᠭ᠎ᠠ ᠳᠤᠷᠠᠳᠪᠠ᠃ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠯᠠᠱᠠ ᠠᠶᠢᠮᠠᠭ ᠥᠨᠳᠥᠷ ᠭᠠᠷᠤᠭ᠎ᠠ ᠠᠴᠠ | ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠬᠤ᠂ ᠥᠨᠳᠥᠷ ᠪᠦᠲᠦᠮᠵᠢᠲᠡᠶ ᠬᠠᠮᠢᠶᠠᠷᠬᠤ᠂ | ᠬᠤᠲᠠ ᠪᠠᠯᠭᠠᠰᠤᠨ ᠤ ᠣᠷᠣᠨ ᠵᠠᠶ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ᠂ ᠬᠤᠲᠠ ᠪᠠᠯᠭᠠᠰᠤᠨ ᠤ ᠴᠢᠳᠠᠮᠵᠢ ᠶᠢ | ᠦᠷᠭᠦᠯᠵᠢᠯᠡᠨ ᠲᠡᠭᠦᠯᠳᠡᠷᠵᠢᠭᠦᠯᠬᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠥᠬᠡᠶ | ᠰᠢᠯᠢᠳᠡᠭᠵᠢᠭᠦᠯᠬᠦ᠂ ᠬᠤᠲᠠ ᠪᠠᠯᠭᠠᠰᠤᠨ ᠤ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠢᠯᠡᠳᠲᠡ ᠴᠢᠩᠭᠠᠳᠬᠠᠬᠤ ᠶᠢ | ᠪᠠᠷᠢᠮᠲᠠᠯᠠᠵᠤ᠂ ᠣᠷᠣᠨ ᠪᠦᠰᠡ ᠶᠢᠨ ᠣᠨᠴᠠᠯᠢᠭ ᠪᠥᠬᠦᠶ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠵᠠᠮ ᠢᠶᠠᠷ | ᠵᠠᠮᠨᠠᠪᠠ᠃ | ︵ᠭᠤᠷᠪᠠ︶ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ | ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ | ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠥᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠡᠷᠡᠭᠲᠡᠶ᠃ ᠠᠷᠭ᠎ᠠ ᠬᠡᠮᠵᠢᠶ᠎ᠡ | ᠠᠪᠴᠤ ᠭᠤᠤᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ | ᠬᠦᠴᠦᠷᠬᠡᠭᠵᠢᠭᠦᠯᠬᠦ ᠶᠢ ᠴᠢᠩᠭᠠᠳᠬᠠᠵᠤ᠂ ᠶᠡᠭᠡ ᠬᠠᠮᠠᠭᠠᠯᠠᠯᠲᠠ᠂ ᠶᠡᠭᠡ ᠨᠡᠭᠡᠭᠡᠯᠲᠡ᠂ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢᠲᠡᠶ᠂ | ᠨᠠᠩ ᠲᠥᠪ ᠭᠤᠤᠯᠴᠢ᠂ ᠨᠠᠩ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ᠂ 2020 ᠣᠨ ᠪᠣᠯᠬᠤ ᠳᠤ ᠪᠠᠷᠠᠭᠤᠨ | ᠣᠷᠣᠨ ᠤ ᠠᠮᠢ ᠠᠬᠤᠶ ᠣᠷᠴᠢᠨ ᠲᠣᠭᠤᠷᠢᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠨᠡᠭᠡᠭᠡᠯᠲᠡ ᠬᠢᠬᠦ | ᠣᠷᠴᠢᠨ ᠲᠣᠭᠤᠷᠢᠨ᠂ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠪᠥᠬᠦ | ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠦᠨ᠎ᠡ︔ 2035 ᠣᠨ ᠪᠣᠯᠬᠤ ᠳᠤ᠂ | ᠪᠠᠷᠠᠭᠤᠨ ᠬᠡᠰᠡᠭ ᠤᠨ ᠭᠠᠵᠠᠷ ᠣᠷᠣᠨ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠶᠢᠨ ᠨᠡᠪᠲᠡᠷᠡᠯᠲᠡ ᠶᠢᠨ | ᠬᠡᠮᠵᠢᠶ᠎ᠡ᠂ ᠠᠷᠠᠳ ᠤᠨ ᠠᠮᠢᠳᠤᠷᠠᠯ ᠤᠨ ᠲᠦᠪᠰᠢᠨ ᠢ ᠵᠡᠭᠦᠨ ᠬᠡᠰᠡᠭ ᠤᠨ ᠭᠠᠵᠠᠷ ᠣᠷᠣᠨ ᠲᠠᠢ ᠶᠡᠭᠡ ᠲᠥᠯᠥᠪ | ᠠᠳᠠᠯᠢ ᠪᠠᠶᠢᠯᠭᠠᠵᠤ᠂ ᠠᠳᠠᠯᠢ ᠪᠤᠰᠤ ᠲᠥᠷᠥᠯ ᠬᠡᠯᠪᠡᠷᠢ ᠶᠢᠨ ᠭᠠᠵᠠᠷ ᠣᠷᠣᠨ ᠤ ᠬᠠᠷᠢᠯᠴᠠᠨ ᠨᠥᠬᠦᠪᠥᠷᠢᠯᠡᠨ ᠬᠥᠭᠵᠢᠬᠦ | ᠂ ᠵᠡᠭᠦᠨᠰᠢ ᠪᠠᠷᠠᠭᠤᠨᠰᠢ ᠬᠤᠤᠰ ᠴᠢᠭᠯᠡᠯ ᠢᠶᠠᠷ ᠨᠡᠭᠡᠭᠡᠯᠲᠡ ᠬᠢᠵᠦ ᠬᠠᠮᠵᠢᠯᠴᠠᠨ ᠤᠷᠤᠭᠰᠢᠯᠠᠬᠤ᠂ ᠦᠨᠳᠦᠰᠦᠲᠡᠨ ᠤ | ᠬᠢᠯᠢ ᠬᠢᠵᠠᠭᠠᠷ ᠣᠷᠣᠨ ᠤ ᠴᠡᠴᠡᠭᠯᠡᠯ ᠬᠥᠭᠵᠢᠯ ᠠᠮᠤᠷ ᠲᠦᠪᠰᠢᠨ ᠲᠣᠭᠲᠠᠭᠤᠨ ᠪᠠᠶᠢᠬᠤ᠂ ᠬᠥᠮᠦᠨ ᠬᠢᠭᠡᠳ | ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠴᠢᠷᠮᠠᠶᠢᠨ ᠪᠡᠶᠡᠯᠡᠭᠦᠯᠦᠨ᠎ᠡ᠃ | ︵ᠳᠥᠷᠪᠡ︶ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠬᠤᠲᠠ ᠶᠢᠨ ᠲᠥᠯᠥᠪᠵᠢᠭᠦᠯᠭᠡ ᠪᠦᠲᠦᠭᠡᠨ | ᠪᠠᠶᠢᠭᠤᠯᠤᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠢ ᠨᠡᠶᠢᠳᠡᠯᠡᠪᠡ᠃ | ᠢᠷᠡᠭᠡᠳᠦᠶ ᠶᠢᠨ ᠬᠤᠲᠠ ᠶᠢᠨ ᠬᠥᠭᠵᠢᠯᠲᠡ ᠶᠢᠨ ᠬᠠᠷᠠᠯᠲᠠ ᠪᠠ ᠡᠭᠦᠷᠭᠡ ᠶᠢ ᠲᠣᠳᠣᠷᠬᠠᠶᠢᠯᠠᠵᠤ᠂ ᠬᠤᠲᠠ ᠶᠢᠨ | ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠠᠵᠢᠯ ᠤᠨ ᠰᠢᠨ᠎ᠡ ᠠᠷᠭ᠎ᠠ ᠵᠠᠮ ᠪᠠ ᠬᠦᠴᠦᠯᠡᠬᠦ | ᠴᠡᠭ ᠢ ᠳᠤᠷᠠᠳᠤᠨ ᠭᠠᠷᠭᠠᠵᠤ᠂ ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠴᠢᠨᠠᠭᠰᠢᠯᠠᠪᠠᠯ | ᠢᠷᠡᠭᠡᠳᠦᠶ ᠶᠢᠨ ᠬᠡᠰᠡᠭ ᠬᠤᠭᠤᠴᠠᠭᠠᠨ ᠳᠠᠬᠢ ᠳᠤᠮᠳᠠᠳᠤ ᠤᠯᠤᠰ ᠤᠨ ᠬᠤᠲᠠ ᠶᠢᠨ ᠬᠥᠭᠵᠢᠯᠲᠡ ᠶᠢᠨ ︽ᠴᠠᠭ ᠤᠨ | ᠬᠦᠰᠦᠨᠦᠭᠲᠦ︾ ᠪᠠ ︽ᠵᠠᠮ ᠤᠨ ᠵᠢᠷᠤᠭ︾ ᠢ ᠲᠣᠭᠲᠠᠭᠠᠪᠠ᠃ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ | ᠦᠭᠡᠶ᠂ ᠨᠡᠭᠡᠭᠡᠯᠲᠡ ᠲᠠᠢ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠣᠶ ᠪᠣᠯᠭᠠᠬᠤ ᠪᠠ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠲᠠᠨᠢᠵᠤ᠂ | ᠬᠦᠨᠳᠦᠳᠬᠡᠵᠦ᠂ ᠳᠠᠭᠠᠵᠤ᠂ ᠬᠠᠤᠯᠢ ᠪᠠᠷ ᠵᠠᠰᠠᠬᠤ ᠶᠢᠨ ᠬᠥᠲᠥᠯᠥᠨ ᠳᠠᠭᠠᠭᠤᠯᠬᠤ ᠪᠠ ᠵᠢᠷᠤᠮᠵᠢᠭᠤᠯᠬᠤ ᠦᠢᠯᠡᠳᠦᠯ ᠢ | ᠨᠡᠩ ᠰᠠᠶᠢᠲᠤᠷ ᠪᠠᠳᠠᠷᠠᠭᠤᠯᠤᠨ᠂ ᠬᠤᠲᠠ ᠶᠢ ᠬᠠᠤᠯᠢ ᠶᠣᠰᠣᠭᠠᠷ ᠲᠥᠯᠥᠪᠵᠢᠭᠦᠯᠵᠦ᠂ ᠪᠦᠲᠦᠭᠡᠨ ᠪᠠᠶᠢᠭᠤᠯᠬᠤ ᠪᠠ | ᠬᠠᠮᠢᠶᠠᠷᠴᠤ᠂ ︽ᠲᠣᠬᠢᠷᠠᠬᠤ᠂ ᠬᠢᠮᠳᠠ᠂ ᠪᠣᠬᠢᠷᠲᠤᠯ ᠦᠭᠡᠶ᠂ ᠭᠤᠶᠣ︾ ᠪᠠᠷᠢᠯᠭ᠎ᠠ ᠶᠢᠨ ᠴᠢᠭᠯᠡᠯᠲᠡ ᠶᠢ | ᠲᠤᠤᠱᠯᠠᠭᠤᠯᠤᠨ᠂ ᠬᠤᠲᠠ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠦᠴᠦᠯᠡᠨ ᠬᠤᠪᠢᠷᠠᠭᠤᠯᠵᠤ᠂ ᠬᠤᠲᠠ ᠶᠢᠨ | ᠣᠨᠴᠠᠯᠢᠭ ᠪᠦᠬᠦᠢ ᠳᠦᠷᠰᠦ ᠪᠠᠶᠢᠳᠠᠯ ᠢ ᠬᠦᠴᠦᠯᠡᠨ ᠪᠣᠶ ᠪᠣᠯᠭᠠᠵᠤ᠂ ᠬᠤᠲᠠ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠢ ᠬᠦᠴᠦᠯᠡᠨ ᠰᠢᠨ᠎ᠡ ᠪᠠᠷ | ᠡᠭᠦᠳᠴᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠬᠤᠲᠠ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠶ | ᠃ | ︵ᠲᠠᠪᠤ︶ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠲᠣᠷᠭᠠᠨ ᠵᠠᠮ ᠤᠨ ᠠᠵᠤ ᠠᠬᠤᠶ ᠶᠢᠨ ᠪᠦᠰᠡ﹀ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠳᠣᠬᠠᠢ | ᠬᠡᠷᠡᠭᠵᠢᠭᠦᠯᠬᠦ ᠲᠥᠰᠦᠯ︾᠂ ︽ᠣᠷᠣᠰ᠂ ᠮᠣᠩᠭᠤᠯ ᠤᠯᠤᠰ ᠯᠤᠭ᠎ᠠ ᠬᠠᠮᠲᠤᠷᠠᠨ ᠠᠵᠢᠯᠯᠠᠬᠤ ᠲᠣᠭᠲᠠᠴᠠ ᠶᠢᠨ | ᠰᠢᠨ᠎ᠡ ᠶᠢ ᠡᠭᠦᠳᠬᠦ ᠳᠣᠬᠠᠢ ᠬᠡᠷᠡᠭᠵᠢᠭᠦᠯᠬᠦ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠣᠩᠭᠤᠯ ᠤᠯᠤᠰ ᠯᠤᠭ᠎ᠠ ᠶᠢᠨ ᠪᠦᠬᠦ ᠠᠶᠢᠮᠠᠭ ᠤᠨ ᠬᠠᠮᠲᠤᠷᠠᠨ ᠠᠵᠢᠯᠯᠠᠬᠤ ᠲᠥᠯᠥᠪᠵᠢᠭᠦᠯᠭᠡ ᠶᠢᠨ | ᠲᠣᠪᠴᠢ︾ ᠵᠡᠷᠭᠡ ᠣᠷᠣᠰ᠂ ᠮᠣᠩᠭᠤᠯ ᠯᠤᠭ᠎ᠠ ᠬᠠᠮᠲᠤᠷᠠᠨ ᠠᠵᠢᠯᠯᠠᠬᠤ ᠠᠯᠢ ᠣᠯᠠᠨ ᠵᠢᠯᠣᠭᠤᠳᠬᠤ ᠰᠠᠨᠠᠯ ᠪᠠ | ᠲᠥᠯᠥᠪᠵᠢᠭᠦᠯᠭᠡ ᠶᠢ ᠨᠡᠶᠢᠲᠡᠯᠡᠪᠡ᠃ ᠮᠣᠩᠭᠤᠯ ᠤᠯᠤᠰ ᠤᠨ ︽ᠲᠠᠯ᠎ᠠ ᠨᠤᠲᠤᠭ ᠤᠨ ᠵᠠᠮ︾ ᠤᠨ ᠰᠠᠨᠠᠭᠠᠴᠢᠯᠠᠭ᠎ᠠ | ᠪᠣᠯᠤᠨ ᠣᠷᠣᠰ ᠤᠨ ᠠᠯᠤᠰ ᠳᠣᠷᠣᠨᠠᠲᠤ ᠶᠢᠨ ᠭᠠᠵᠠᠷ ᠣᠷᠣᠨ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ | ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ︔ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ᠂ ᠠᠵᠤ ᠠᠬᠤᠶ ᠠᠷᠠᠯᠵᠢᠶᠠᠨ ᠤ ᠬᠤᠷᠰᠢᠯᠴᠠᠭ᠎ᠠ᠂ ᠣᠯᠠᠨ ᠤᠯᠤᠰ ᠤᠨ ᠦᠢᠯᠡᠳᠪᠦᠷᠢᠯᠡᠬᠦ | ᠴᠢᠳᠠᠪᠤᠷᠢ ᠶᠢᠨ ᠬᠤᠷᠰᠢᠯᠴᠠᠭ᠎ᠠ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ᠂ ᠣᠯᠠᠨ ᠤᠯᠤᠰ ᠤᠨ ᠵᠢᠭᠤᠯᠴᠢᠯᠠᠯ᠂ | ᠴᠢᠳᠠᠪᠤᠷᠢᠲᠠᠨ ᠤ ᠰᠣᠯᠢᠯᠴᠠᠭ᠎ᠠ ᠵᠡᠷᠭᠡ ᠠᠵᠢᠯ ᠢᠶᠠᠷ ᠭᠤᠣᠯᠳᠠᠯᠭ᠎ᠠ ᠪᠣᠯᠭᠠᠨ᠂ ᠰᠠᠭᠤᠷᠢ ᠴᠢᠨᠠᠷᠲᠠᠶ ᠪᠠ ᠵᠢᠱᠢᠶ᠎ᠡ | ᠦᠵᠡᠭᠦᠯᠬᠦ ᠦᠢᠯᠡᠳᠦᠯ ᠲᠠᠢ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠢ ᠢᠳᠡᠪᠬᠢᠲᠡᠶ ᠪᠠᠷ ᠠᠷᠭ᠎ᠠ | ᠰᠦᠪᠡᠭᠴᠢᠯᠡᠵᠦ᠂ ᠱᠠᠯᠠᠪᠳᠠᠨ ᠬᠡᠷᠡᠭᠵᠢᠭᠦᠯᠦᠨ᠎ᠡ︔ ᠪᠣᠭᠤᠮᠲᠠ᠂ ᠬᠦᠷᠢᠶᠡᠯᠡᠩ ᠲᠣᠭᠤᠷᠢᠭ᠂ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠭᠤᠮᠲᠠ ᠶᠢᠨ ᠠᠵᠤ ᠠᠬᠤᠶ ᠪᠠ ᠬᠠᠮᠢᠶ᠎ᠠ | ᠪᠦᠬᠦᠢ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ | ︵ᠵᠢᠷᠭᠤᠭ᠎ᠠ︶ ᠠᠯᠠᠱᠠ ᠠᠶᠢᠮᠠᠭ ᠤᠨ ᠳᠠᠯ᠎ᠠ ᠳᠤ᠃ ᠲᠣᠷᠭᠠᠨ ᠵᠠᠮ ᠤᠨ ᠠᠵᠤ ᠠᠬᠤᠶ ᠶᠢᠨ ᠪᠦᠰᠡ ᠪᠠ | ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢᠨ ᠭᠦᠨᠵᠡᠭᠡᠶᠢᠷᠡᠨ | ᠠᠭᠢᠬᠤ ᠶᠢ ᠳᠠᠭᠠᠯᠳᠤᠨ᠂ ᠠᠯᠠᠱᠠ ᠠᠶᠢᠮᠠᠭ ︽ᠬᠥᠬᠡᠬᠤᠲᠠ ᠪᠤᠭᠤᠲᠤ ᠢᠷᠭᠠᠶ ᠲᠡᠮᠡᠭᠡᠲᠦ︾᠂ ︽ᠨᠢᠩᠰᠢᠶᠠ ᠥᠪᠥᠷ | ᠮᠣᠩᠭᠤᠯ ᠱᠠᠨᠰᠢ ᠭᠠᠨᠰᠦ︾᠂ ︽ᠵᠢᠵᠢᠭ ᠭᠤᠷᠪᠠᠯᠵᠢᠨ︾ ᠠᠵᠤ ᠠᠬᠤᠶ ᠶᠢᠨ ᠣᠷᠣᠨ ᠵᠢᠴᠢ ︽ᠯᠠᠨ ᠰᠢᠨ ᠠᠵᠤ | ᠠᠬᠤᠶ ᠶᠢᠨ ᠪᠦᠰᠡ︾᠂ ᠪᠠᠶᠠᠨᠬᠤᠲᠠ ᠢᠷᠭᠠᠶ ᠶᠢᠨ ᠲᠦᠷᠭᠡᠨ ᠤ ᠲᠡᠮᠦᠷ ᠵᠠᠮ ᠤᠨ ᠲᠤᠤᠷ ᠵᠢᠴᠢ ᠪᠡᠭᠡᠵᠢᠩ ᠠᠴᠠ | ᠰᠢᠨᠵᠢᠶᠠᠩ ᠬᠦᠷᠬᠦ ᠳᠡᠭᠡᠳᠦ ᠬᠤᠷᠳᠣᠴᠠᠳᠣ ᠵᠠᠰᠠᠮᠠᠯ ᠵᠠᠮ ᠵᠡᠷᠭᠡ ᠰᠠᠭᠤᠷᠢ ᠪᠡᠯᠡᠳᠬᠡᠮᠵᠢ ᠶᠢᠨ ᠬᠤᠯᠪᠣᠯᠳᠤᠨ | ᠨᠡᠪᠲᠡᠷᠡᠯᠴᠡᠬᠦ ᠳᠤ ᠢᠳᠡᠪᠬᠢᠲᠡᠶ ᠠᠭᠤᠰᠤᠯᠴᠠᠵᠤ᠂ ᠠᠯᠠᠱᠠ ᠠᠶᠢᠮᠠᠭ ᠤᠨ ᠣᠷᠣᠨ ᠪᠠᠶᠢᠷᠢ ᠶᠢᠨ ᠳᠠᠪᠠᠭᠤᠯᠢᠭ ᠪᠠ | ᠴᠢᠬᠤᠯᠠ ᠪᠠᠶᠢᠷᠢ ᠰᠠᠭᠤᠷᠢ ᠨᠠᠩ ᠲᠣᠪᠤᠶᠢᠮ᠎ᠠ ᠪᠣᠯᠪᠠ᠃ | ᠬᠤᠶᠠᠳᠤᠭᠠᠷ ᠪᠦᠯᠦᠭ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠭᠤᠤᠯ ᠰᠡᠳᠬᠢᠮᠵᠢ | ᠨᠠᠮ ᠤᠨ ᠲᠥᠪ ᠬᠤᠷᠢᠶ᠎ᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠪᠦᠷᠢᠶ᠎ᠡ ᠨᠢᠭᠡᠨᠲᠡ | ᠬᠠᠩᠭᠢᠨᠠᠯ᠎ᠠ᠂ ᠨᠠᠷᠢᠨ ᠬᠢᠨᠠᠮᠠᠭᠠᠶ ᠰᠣᠷᠣᠯᠴᠠᠵᠦ᠂ ᠭᠦᠨᠵᠡᠭᠡᠶ ᠣᠶᠢᠯᠠᠭᠠᠵᠦ᠂ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠳᠣᠣᠱᠯᠠᠭᠤᠯᠵᠦ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢᠨ | ᠲᠣᠭᠤᠷᠢᠨ ᠳᠤ᠂ ᠨᠠᠷᠢᠨ ᠬᠢᠨᠠᠮᠠᠭᠠᠶ ᠰᠤᠳᠤᠯᠤᠨ ᠲᠥᠯᠥᠪᠯᠡᠵᠦ᠂ ᠠᠷᠠᠳ ᠲᠦᠮᠡᠨ ᠤ ᠬᠠᠯᠠᠮᠵᠢᠯᠠᠨ ᠬᠠᠷᠠᠭᠠᠯᠵᠠᠬᠤ ᠶᠢ | ᠪᠣᠳᠣᠯᠬᠢᠯᠠᠬᠤ᠂ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠨ᠂ ᠪᠦᠬᠦ ᠤᠶᠤᠨ ᠰᠠᠨᠠᠭ᠎ᠠ ᠤᠶᠤᠨ | ᠴᠢᠳᠠᠯ ᠢᠶᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠶᠡᠭᠡ ᠪᠠᠶᠢᠯᠳᠤᠬᠤ ᠪᠤᠳᠤᠯᠭ᠎ᠠ ᠶᠡᠭᠡ ᠬᠠᠷᠠᠯᠲᠠ ᠳᠡᠭᠡᠷ᠎ᠡ | ᠳᠦᠪᠯᠡᠷᠡᠬᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ ᠨᠠᠩ | ᠴᠤᠭ ᠪᠠᠳᠠᠷᠠᠩᠭᠤᠶ ᠲᠡᠮᠡᠴᠡᠯ ᠤᠨ ᠵᠣᠷᠢᠭ ᠰᠠᠨᠠᠭ᠎ᠠ ᠪᠠᠷ ᠰᠠᠨᠠᠭᠠᠴᠢᠯᠠᠭ᠎ᠠ ᠠᠴᠠ ᠪᠠᠨ ᠬᠢᠵᠦ᠂ ᠰᠢᠨ᠎ᠡ | ᠥᠷᠢᠰᠥᠯᠳᠦᠭᠡᠨ ᠢ ᠣᠭᠳᠣᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠯ᠎ᠡ | ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠡᠷᠡᠭᠵᠢᠬᠦᠯᠦᠨ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠨ᠎ᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ | ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠵᠦ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ︽ᠲᠠᠪᠤ ᠶᠢ | ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠬᠤ ᠬᠡᠷᠡᠭᠲᠡᠢ᠃ | ᠳᠤᠲᠠᠭᠤᠳᠠᠯ ᠢᠶᠠᠨ ᠨᠥᠬᠦᠪᠥᠷᠢᠯᠡᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠤᠲᠠ ᠬᠥᠳᠡᠭᠡ ᠶᠢᠨ ᠨᠢᠭᠡ | ᠴᠣᠭᠴᠠᠵᠢᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ᠬᠤᠲᠠ ᠪᠠᠯᠭᠠᠰᠤᠨ ᠤ ᠰᠠᠭᠤᠷᠢ | ᠲᠥᠬᠦᠭᠡᠷᠦᠮᠵᠢ ᠶᠢᠨ ᠴᠢᠳᠠᠪᠬᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢ ᠠᠬᠢᠭᠤᠯᠤᠨ᠎ᠠ︔ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ︔ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠰᠠᠭᠤᠴᠠ ᠶᠢᠨ ᠪᠠᠲᠤᠯᠠᠭ᠎ᠠ᠂ ᠪᠠᠷᠢᠯᠭ᠎ᠠ ᠶᠢᠨ ᠵᠠᠬ᠎ᠠ ᠳᠡᠯᠭᠡᠭᠦᠷ᠂ | ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠᠶᠢᠭᠤᠯᠣᠯ | ᠲᠣᠭᠲᠠᠴᠠ ᠶᠢ ᠤᠯᠠᠮ ᠨᠢᠭᠡ ᠠᠯᠬᠤᠮ ᠰᠢᠨᠡᠴᠢᠯᠡᠵᠦ᠂ ᠪᠠᠷᠢᠯᠭ᠎ᠠ ᠶᠢᠨ ᠰᠢᠨᠵᠢᠯᠡᠭᠡ ᠮᠡᠷᠭᠡᠵᠢᠯ᠂ ᠢᠨᠵᠧᠨᠧᠷᠢᠩ ᠤᠨ | ᠶᠠᠰᠤ ᠴᠢᠨᠠᠷ ᠤᠨ ᠠᠮᠤᠷ ᠲᠦᠪᠰᠢᠨ ᠤ ᠬᠡᠷᠡᠭᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠪᠦᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ | ᠪᠦᠬᠦ ᠲᠠᠯ᠎ᠠ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠪᠡᠶᠡᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠵᠢᠯᠣᠭᠤᠳᠤᠯᠭ᠎ᠠ ᠳᠣᠣᠷ᠎ᠠ᠂ ᠠᠶᠢᠮᠠᠭ ᠤᠨ ᠬᠡᠪᠴᠢᠶ᠎ᠡ᠂ ᠬᠤᠰᠢᠭᠤᠨ ᠤ | ᠬᠡᠪᠴᠢᠶ᠎ᠡ ᠵᠢᠴᠢ ᠬᠤᠲᠠ ᠪᠠᠯᠭᠠᠰᠤᠨ ᠤ ᠡᠯ᠎ᠡ ᠬᠠᠮᠢᠶ᠎ᠠ ᠪᠦᠬᠦᠢ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠴᠢᠩᠭ᠎ᠠ | ᠲᠥᠯᠥᠪᠵᠢᠭᠦᠯᠦᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ | ᠵᠢᠷᠤᠭᠯᠠᠵᠤ᠂ ᠲᠥᠯᠥᠪᠵᠢᠭᠦᠯᠭᠡ ᠶᠢᠨ ᠵᠢᠷᠤᠭ ᠲᠥᠰᠦᠪ ᠢ ᠢᠯᠡ ᠲᠣᠳᠣ ᠣᠨᠴᠠᠯᠢᠭ ᠲᠠᠢ᠂ ᠦᠵᠡᠰᠬᠦᠯᠡᠩᠲᠦ | ᠰᠠᠶᠢᠬᠠᠨ ᠦᠵᠡᠮᠵᠢ ᠲᠠᠢ᠂ ᠲᠣᠬᠢᠯᠢᠭ ᠲᠠᠭᠠᠯᠠᠮᠵᠢᠲᠠᠢ᠂ ᠠᠷᠠᠳ ᠲᠦᠮᠡᠨ ᠵᠣᠯ ᠵᠢᠷᠭᠠᠯ ᠲᠠᠢ ᠦᠵᠡᠰᠬᠦᠯᠡᠩᠲᠦ | ᠰᠠᠶᠢᠬᠠᠨ ᠬᠤᠲᠠ ᠪᠠᠯᠭᠠᠰᠤ ᠬᠥᠳᠡᠭᠡ ᠲᠣᠰᠬᠤᠨ ᠪᠣᠯᠭᠠᠨ ᠬᠤᠪᠢᠷᠠᠭᠤᠯᠤᠨ᠎ᠠ᠃ | ︵ᠬᠤᠶᠠᠷ︶ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠳᠠᠯᠠᠨ᠎ᠠ᠃ ᠡᠯ᠎ᠡ ᠬᠤᠲᠠ | ᠪᠠᠯᠭᠠᠰᠤ ᠶᠢᠨ ᠬᠥᠳᠡᠭᠡ ᠲᠣᠰᠬᠤᠨ ᠤ ᠴᠢᠳᠠᠮᠵᠢ ᠶᠢᠨ ᠪᠠᠶᠢᠷᠢᠰᠢᠭᠤᠯᠤᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠣᠷᠣᠨ ᠪᠦᠰᠡ ᠶᠢᠨ ᠲᠥᠪ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠣᠯᠤᠨ ᠨᠥᠯᠥᠭᠡᠯᠡᠨ | ᠳᠠᠶᠢᠴᠢᠯᠠᠬᠤ ᠦᠢᠯᠡᠳᠦᠯ ᠢ ᠶᠡᠬᠡᠪᠡᠷ ᠳᠡᠭᠡᠭᠰᠢᠯᠡᠭᠦᠯᠦᠨ᠂ ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠬᠢᠭᠡᠳ | ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠮᠠᠯᠵᠢᠬᠤ | ᠲᠠᠷᠢᠶᠠᠯᠠᠬᠤ ᠣᠷᠣᠨ ᠤ ᠬᠥᠮᠦᠨ ᠠᠮᠠ ᠶᠢ ᠰᠢᠯᠵᠢᠭᠦᠯᠬᠦ᠂ ᠰᠠᠭᠤᠷᠢ ᠪᠡᠯᠡᠳᠬᠡᠮᠵᠢ ᠶᠢ ᠲᠠᠷᠢᠶᠠᠯᠠᠬᠤ ᠮᠠᠯᠵᠢᠬᠤ ᠣᠷᠣᠨ | ᠲᠡᠰᠢ ᠤᠷᠲᠤᠳᠬᠠᠬᠤ᠂ ᠣᠯᠠᠨ ᠨᠡᠶᠢᠲᠡ ᠶᠢᠨ ᠦᠢᠯᠡᠴᠢᠯᠡᠭᠡᠨ ᠢ ᠮᠠᠯᠵᠢᠬᠤ ᠲᠠᠷᠢᠶᠠᠯᠠᠬᠤ ᠣᠷᠣᠨ ᠲᠡᠰᠢ | ᠬᠠᠮᠤᠷᠤᠭᠤᠯᠬᠤ ᠶᠢ ᠠᠬᠢᠭᠤᠯᠵᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ᠂ | ᠬᠤᠲᠠ ᠬᠥᠳᠡᠭᠡ ᠶᠢᠨ ᠬᠠᠮᠲᠤᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠦᠨ᠎ᠡ᠃ | ︵ᠭᠤᠷᠪᠠ︶ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠪᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠵᠣᠷᠢᠯᠲᠠ ᠪᠠ | ᠲᠤᠰᠤᠯᠲᠠ ᠪᠣᠯᠭᠠᠵᠤ᠂ ᠬᠥᠮᠦᠨ ᠢᠶᠠᠷ ᠦᠨᠳᠦᠰᠦ ᠪᠣᠯᠭᠠᠬᠤ᠂ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ | ᠪᠣᠶ ᠪᠣᠯᠭᠠᠵᠤ᠂ ᠣᠷᠣᠨ ᠰᠠᠭᠤᠴᠠ ᠶᠢᠨ ᠪᠠᠲᠤᠯᠠᠭ᠎ᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠶ ᠣᠷᠴᠢᠨ | ᠲᠣᠭᠤᠷᠢᠨ᠂ ᠢᠨᠵᠧᠨᠧᠷᠢᠩ ᠤᠨ ᠶᠠᠰᠤ ᠴᠢᠨᠠᠷ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠠᠵᠢᠯ ᠢ | ᠴᠢᠩᠭᠠᠳᠬᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠨᠡᠶᠢᠭᠡᠮ ᠤᠨ ᠡᠶ᠎ᠡ ᠵᠣᠬᠢᠴᠠᠯ ᠢ ᠰᠠᠶᠢᠵᠢᠷᠠᠭᠤᠯᠬᠤ ᠶᠢ | ᠠᠬᠢᠭᠤᠯᠤᠨ᠎ᠠ᠃ | ︵ᠳᠥᠷᠪᠡ︶ ᠰᠢᠨ᠎ᠡ ᠶᠢ ᠡᠭᠦᠳᠦᠨ ᠬᠥᠭᠵᠢᠭᠦᠯᠬᠦ ᠶᠢ ᠪᠠᠷᠢᠮᠲᠠᠯᠠᠨ᠎ᠠ᠃ ᠰᠢᠨ᠎ᠡ ᠴᠠᠭ ᠦᠶ᠎ᠡ ᠳᠤ᠂ | ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠣᠯᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ | ᠡᠭᠦᠳᠬᠦ ᠶᠢ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠬᠡᠨ | ᠬᠤᠪᠢᠷᠠᠭᠤᠯᠬᠤ ᠪᠠᠷ ᠴᠢᠬᠤᠯᠠ ᠲᠤᠯᠭᠠᠭᠤᠷᠢ ᠪᠣᠯᠭᠠᠨ᠎ᠠ᠃ ᠰᠢᠨ᠎ᠡ ᠶᠢ ᠡᠭᠦᠳᠬᠦ ᠬᠥᠭᠵᠢᠯᠲᠡ ᠶᠢᠨ ᠣᠨᠣᠯᠵᠢᠬᠤᠨ ᠢ | ᠪᠣᠶ ᠪᠣᠯᠭᠠᠵᠤ᠂ ᠪᠠᠷᠢᠯᠭ᠎ᠠ ᠶᠢᠨ ᠦᠢᠯᠡᠰ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠠᠳᠠᠯ ᠠᠬᠤᠶ ᠶᠢᠨ | ᠦᠢᠯᠡᠴᠢᠯᠡᠬᠡᠨ ᠤ ᠬᠡᠯᠪᠡᠷᠢ ᠪᠠᠨ ᠬᠤᠪᠢᠷᠠᠭᠤᠯᠬᠤ ᠠᠯᠬᠤᠴᠠ ᠶᠢ ᠲᠦᠷᠭᠡᠳᠬᠡᠨ᠂ ᠬᠤᠲᠠ ᠶᠢᠨ ᠪᠥᠲᠥᠭᠡᠨ | ᠪᠠᠶᠢᠭᠤᠯᠤᠯᠲᠠ᠂ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠮᠡᠳᠡᠭᠡ ᠵᠠᠩᠭᠢᠵᠢᠯᠲᠠ ᠶᠢᠨ ᠠᠷᠭ᠎ᠠ | ᠪᠠᠷᠢᠯ ᠢ ᠬᠡᠷᠡᠭᠯᠡᠨ᠂ ᠵᠠᠰᠠᠯᠲᠠ ᠶᠢᠨ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠲᠠ ᠬᠥᠳᠡᠭᠡ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ᠃ | ︵ᠲᠠᠪᠤ︶ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠨ᠎ᠠ᠃ ᠪᠣᠬᠢᠷᠲᠤᠯ ᠦᠭᠡᠶ ᠬᠥᠭᠵᠢᠭᠦᠯᠬᠦ | ᠣᠨᠣᠯᠵᠢᠬᠤᠨ ᠢ ᠪᠣᠶ ᠪᠣᠯᠭᠠᠵᠤ᠂ ᠪᠣᠬᠢᠷᠲᠤᠯ ᠦᠭᠡᠶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠴᠠᠯ ᠢ | ᠨᠡᠮᠡᠭᠳᠡᠭᠦᠯᠦᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠵᠦ᠂ ᠬᠤᠲᠠ ᠬᠥᠳᠡᠭᠡ ᠶᠢᠨ | ᠨᠣᠭᠤᠭᠠᠷᠠᠭᠤᠯᠤᠯᠲᠠ ᠪᠠ ᠠᠮᠢ ᠠᠬᠤᠶ ᠶᠢᠨ ᠬᠠᠮᠠᠭᠠᠯᠠᠯᠲᠠ ᠶᠢ ᠠᠬᠢᠭᠤᠯᠵᠤ᠂ ᠬᠤᠲᠠ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢᠨ ᠦᠢᠯᠡᠰ ᠤᠨ ᠪᠣᠬᠢᠷᠲᠤᠯ ᠦᠭᠡᠶ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ | ᠠᠬᠢᠭᠤᠯᠵᠤ᠂ ᠡᠬᠢ ᠪᠠᠶᠠᠯᠢᠭ ᠤᠨ ᠡᠨᠧᠷᠭᠢ ᠠᠷᠪᠢᠯᠠᠬᠤ ᠮᠠᠶ᠋ᠢᠭ ᠤᠨ ᠪᠠ ᠣᠷᠴᠢᠨ ᠲᠣᠭᠤᠷᠢᠨ ᠯᠤᠭ᠎ᠠ ᠨᠥᠬᠦᠷᠰᠡᠭ | ᠮᠠᠶ᠋ᠢᠭ ᠤᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠲᠠ ᠬᠥᠳᠡᠭᠡ ᠶᠢᠨ | ᠦᠷᠭᠦᠯᠵᠢᠯᠡᠨ ᠬᠥᠭᠵᠢᠬᠦ ᠴᠢᠳᠠᠪᠤᠷᠢ ᠶᠢ ᠨᠡᠮᠡᠭᠳᠡᠭᠦᠯᠦᠨ᠎ᠡ᠃ | ᠭᠤᠷᠪᠠ᠂ ᠬᠥᠭᠵᠢᠯᠲᠡ ᠶᠢᠨ ᠪᠠᠶᠢᠷᠢ ᠲᠣᠭᠲᠠᠭᠠᠯᠲᠠ | ᠰᠢᠨᠵᠢᠯᠡᠬᠦ ᠤᠬᠠᠭᠠᠨᠴᠢ ᠬᠥᠭᠵᠢᠯᠲᠡ ᠶᠢ ᠪᠠᠷᠢᠮᠲᠠᠯᠠᠵᠤ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ | ᠬᠡᠯᠪᠡᠷᠢ ᠶᠢᠨ ᠬᠤᠳᠠ ᠪᠠᠯᠭᠠᠰᠤᠵᠢᠯᠳᠠ ᠪᠠᠷ ᠭᠤᠣᠯ ᠰᠡᠳᠦᠪ ᠪᠣᠯᠭᠠᠵᠤ᠂ ᠬᠤᠳᠠ ᠬᠥᠳᠡᠭᠡ ᠶᠢ ᠨᠢᠭᠡ | ᠴᠤᠬᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠬᠦ ᠪᠠᠷ ᠭᠤᠣᠯ ᠰᠢᠵᠢᠮ ᠪᠣᠯᠭᠠᠵᠤ᠂ ᠲᠦᠷᠤᠯ | ᠵᠦᠢᠯ ᠤᠨ ᠪᠦᠳᠤᠬᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ︽ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ︾ ᠪᠠᠶᠢᠯᠳᠤᠬᠤ ᠪᠤᠳᠤᠯᠭ᠎ᠠ ᠶᠢ ᠲᠦᠷᠬᠡᠨ ᠬᠡᠷᠡᠭᠵᠢᠭᠦᠯᠵᠦ᠂ ᠲᠤᠰ ᠲᠤᠰ ᠤᠨ ᠣᠨᠴᠠᠯᠢᠭ ᠲᠠᠢ | ᠦᠵᠡᠰᠬᠦᠯᠡᠩᠲᠦ ᠰᠠᠶᠢᠬᠠᠨ ᠬᠤᠲᠠ ᠪᠠᠯᠭᠠᠰᠤ ᠪᠣᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠤᠬᠡᠨ | ᠪᠠᠶᠢᠭᠤᠯᠵᠤ᠂ ᠠᠯᠠᠱᠠ ᠶᠢᠨ ᠬᠤᠳᠠ ᠬᠥᠳᠡᠭᠡ ᠶᠢ ᠦᠢᠯᠡᠴᠢᠯᠡᠭᠡᠨ ᠤ ᠴᠢᠳᠠᠪᠬᠢ ᠪᠦᠷᠢᠨ ᠲᠡᠭᠦᠯᠳᠡᠷ᠂ ᠠᠵᠤ | ᠦᠢᠯᠡᠰ ᠤᠨ ᠪᠠᠶᠢᠷᠢᠰᠢᠯ ᠵᠣᠬᠢᠰᠲᠠᠢ᠂ ᠣᠷᠣᠨ ᠨᠤᠲᠤᠭ ᠤᠨ ᠣᠨᠴᠠᠯᠢᠭ ᠢᠯᠡ ᠲᠣᠳᠣ᠂ ᠠᠮᠢ ᠠᠬᠤᠢ ᠣᠷᠴᠢᠨ | ᠲᠣᠭᠤᠷᠢᠨ ᠭᠤᠶᠢᠳᠠ ᠰᠠᠶᠢᠬᠠᠨ᠂ ᠨᠥᠯᠥᠭᠡᠯᠡᠨ ᠳᠠᠶᠢᠴᠢᠯᠠᠬᠤ ᠦᠢᠯᠡᠳᠦᠯ ᠢᠯᠡᠷᠬᠡᠢ᠂ ᠨᠡᠶᠢᠭᠡᠮ ᠤᠨ ᠦᠢᠯᠡᠰ | ᠬᠥᠭᠵᠢᠨ ᠴᠡᠴᠡᠭᠯᠡᠭᠰᠡᠨ᠂ ᠬᠤᠳᠠ ᠬᠥᠳᠡᠭᠡ ᠬᠠᠮᠲᠤ ᠪᠠᠷ ᠴᠡᠴᠡᠭᠯᠡᠨ ᠬᠥᠭᠵᠢᠭᠰᠡᠨ ᠡᠭᠡ ᠤᠯᠤᠰ ᠤᠨ ᠤᠮᠠᠷᠠᠲᠤ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠤ ᠬᠡᠷᠡᠯᠳᠤ ᠰᠤᠪᠤᠳ ᠪᠣᠯᠭᠠᠨ ᠪᠦᠳᠤᠬᠡᠨ ᠪᠠᠶᠢᠭᠤᠯᠤᠨ᠎ᠠ᠃ | ᠳᠥᠷᠪᠡ᠂ ᠬᠥᠭᠵᠢᠯᠲᠡ ᠶᠢᠨ ᠬᠠᠷᠠᠯᠲᠠ | ︵ᠨᠢᠭᠡ︶ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ | ᠳᠡᠭᠲᠡᠷ ᠲᠤ ᠭᠠᠷᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠪᠥᠬᠦ | ᠠᠶᠢᠮᠠᠭ ᠤᠨ ᠬᠤᠲᠠ ᠪᠠᠯᠭᠠᠰᠤ ᠶᠢᠨ ᠬᠥᠮᠦᠨ ᠳᠤᠮᠳᠠᠴᠢ ᠶᠢᠨ ᠬᠤᠲᠠ ᠶᠢᠨ ᠵᠠᠮ ᠤᠨ ᠲᠠᠯᠠᠪᠠᠶ 36 ᠲᠡᠭᠰᠢ | ᠳᠥᠷᠪᠡᠯᠵᠢᠨ ᠮᠧᠲᠷ᠂ ᠬᠤᠲᠠ ᠪᠠᠯᠭᠠᠰᠤ ᠶᠢᠨ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠶ 1250 ᠲᠦᠮᠡᠨ | ᠲᠡᠭᠰᠢ ᠳᠥᠷᠪᠡᠯᠵᠢᠨ ᠮᠧᠲᠷ᠂ ᠬᠤᠲᠠ ᠪᠠᠯᠭᠠᠰᠤ ᠶᠢᠨ ᠤᠰᠤ ᠬᠠᠩᠭᠠᠬᠤ ᠲᠦᠭᠡᠮᠡᠯᠵᠢᠯᠲᠡ ᠶᠢᠨ ᠨᠣᠷᠮ᠎ᠠ 100 | % ᠳᠤ ᠬᠦᠷᠴᠦ᠂ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠲᠦᠭᠡᠮᠡᠯᠵᠢᠯᠲᠡ ᠶᠢᠨ ᠨᠣᠷᠮ᠎ᠠ 96 % ᠳᠤ | ᠬᠦᠷᠴᠦ᠂ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠨᠣᠷᠮ᠎ᠠ 96 % ᠳᠤ ᠬᠦᠷᠴᠦ᠂ | ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠨᠣᠷᠮ᠎ᠠ 99 . 5 % ᠳᠤ ᠬᠦᠷᠴᠦ᠂ | ᠪᠠᠶᠢᠭᠤᠯᠤᠭᠰᠠᠨ ᠲᠣᠭᠤᠷᠢᠭ ᠤᠨ ᠵᠦᠯᠭᠡ ᠭᠠᠵᠠᠷ ᠤᠨ ᠨᠣᠷᠮ᠎ᠠ 36 % ᠳᠤ ᠬᠦᠷᠴᠦ᠂ ᠪᠠᠶᠢᠭᠤᠯᠤᠭᠰᠠᠨ | ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 40 % ᠳᠤ ᠬᠦᠷᠴᠦ᠂ ᠬᠥᠮᠦᠨ | ᠳᠤᠮᠳᠠᠴᠢ ᠶᠢᠨ ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠶ 46 ᠲᠡᠭᠰᠢ ᠳᠥᠷᠪᠡᠯᠵᠢᠨ ᠮᠧᠲᠷ ᠲᠤ ᠬᠥᠷᠪᠡ᠃ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠲᠣᠭᠲᠠᠭᠤᠨ ᠢᠶᠠᠷ | ᠳᠡᠭᠡᠭᠰᠢᠯᠡᠵᠦ᠂ ︽ᠨᠢᠭᠡ ᠪᠦᠰᠡ ᠨᠢᠭᠡ ᠵᠠᠮ︾ ᠤᠨ ᠱᠤᠭᠤᠮᠠᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠴᠡᠴᠡᠷᠯᠢᠭᠵᠢᠭᠰᠡᠨ ᠬᠤᠲᠠ ᠪᠠᠯᠭᠠᠰᠤ᠂ ᠤᠶᠤᠨᠲᠤ ᠬᠤᠲᠠ ᠪᠠᠯᠭᠠᠰᠤ᠂ | ᠠᠭᠤᠰᠣᠯᠴᠠᠭᠰᠠᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠣᠨ᠎ᠠ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠳᠤ ᠰᠢᠨ᠎ᠡ ᠳᠠᠪᠰᠢᠯᠲᠠ ᠶᠢ | ᠪᠡᠶᠡᠯᠡᠭᠦᠯᠦᠨ᠎ᠡ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠲᠣᠰᠬᠤᠨ ᠤ ᠳᠦᠷᠢ ᠲᠥᠷᠬᠦ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠵᠡᠷᠭᠡ ᠠᠵᠢᠯ ᠢ ᠥᠷᠨᠢᠭᠦᠯᠵᠦ᠂ ᠪᠠᠶᠢᠭᠤᠯᠤᠮᠵᠢᠲᠤ | ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ | ᠵᠡᠷᠭᠡ ᠲᠥᠷᠥᠯ ᠵᠦᠢᠯ ᠢ ᠲᠦᠷᠬᠡᠨ ᠬᠡᠷᠡᠭᠵᠢᠭᠦᠯᠵᠦ᠂ ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠶ ᠲᠤᠤᠷ ᠢ | ᠥᠭᠡᠷᠡᠴᠢᠯᠡᠨ ᠵᠠᠰᠠᠬᠤ ᠵᠢᠴᠢ 66 . 5 ᠺᠢᠯᠣᠮᠧᠲᠷ ᠰᠢᠨ᠎ᠡ ᠪᠠᠷ ᠪᠠᠶᠢᠭᠤᠯᠤᠨ᠎ᠠ᠃ 2025 ᠣᠨ ᠪᠣᠯᠬᠤ ᠳᠤ᠂ | ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ | ᠰᠢᠢᠳᠪᠦᠷᠢᠯᠡᠬᠦ ᠰᠢᠰᠲ᠋ᠧᠮᠵᠢ ᠶᠢ ᠦᠨᠳᠦᠰᠦᠨ ᠳᠡᠭᠡᠨ 60 % ᠠᠴᠠ ᠳᠡᠭᠡᠭᠰᠢ ᠳᠤ ᠬᠦᠷᠦᠭᠦᠯᠵᠦ᠂ ᠣᠷᠣᠰᠢᠨ | ᠠᠮᠢᠳᠤᠷᠠᠬᠤ ᠣᠷᠴᠢᠨ ᠲᠣᠭᠤᠷᠢᠨ ᠭᠤᠷᠪᠠᠨ ᠲᠥᠷᠥᠯ ᠤᠨ ᠬᠤᠰᠢᠭᠤ ᠰᠢᠶᠠᠨ ᠤ ᠴᠡᠪᠡᠷ ᠲᠡᠭᠰᠢ᠂ ᠬᠤᠭ ᠨᠣᠪᠰᠢ ᠶᠢ | ᠳᠤᠷ᠎ᠠ ᠪᠠᠷ ᠣᠪᠣᠭᠠᠯᠠᠬᠤ ᠥᠬᠡᠶ ᠬᠠᠷᠠᠯᠲᠠ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠭᠦᠨᠵᠡᠭᠡᠶ ᠥᠷᠨᠢᠭᠦᠯᠦᠨ᠎ᠡ᠃ | ︵ᠭᠤᠷᠪᠠ︶ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠰᠢᠨ᠎ᠡ ᠳᠡᠭᠡᠭᠰᠢᠯᠡᠯᠲᠡ ᠲᠠᠢ | ᠪᠣᠯᠭᠠᠨ᠎ᠠ᠃ ︽ᠰᠠᠭᠤᠭᠠᠯᠢ ᠠᠷᠠᠳ ᠲᠤ ᠬᠡᠷ ᠪᠠᠶᠢᠰᠢᠩ ᠲᠠᠢ︾ ᠪᠣᠯᠭᠠᠵᠤ᠂ ᠣᠷᠣᠨ ᠰᠠᠭᠤᠴᠠ ᠶᠢᠨ ᠠᠵᠤ | ᠦᠢᠯᠡᠰᠵᠢᠯᠳᠡ᠂ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠠᠳᠠᠯ ᠠᠬᠤᠶ ᠶᠢᠨ ᠦᠢᠯᠡᠴᠢᠯᠡᠬᠡᠨ ᠤ ᠥᠭᠡᠷᠡᠴᠢᠯᠡᠯᠲᠡ ᠬᠥᠭᠵᠢᠯᠲᠡ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠢ ᠴᠢᠩᠭᠠᠳᠬᠠᠨ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ | ᠠᠵᠢᠯᠯᠠᠭ᠎ᠠ ᠶᠢ ᠵᠢᠷᠤᠮᠵᠢᠭᠤᠯᠵᠤ᠂ ᠣᠷᠣᠨ ᠰᠠᠭᠤᠴᠠ ᠶᠢᠨ ᠲᠣᠭᠤᠷᠢᠭ ᠤᠨ ᠲᠥᠯᠥᠪᠵᠢᠭᠦᠯᠭᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠤᠶᠤᠨᠲᠤ ᠰᠠᠭᠤᠭᠠᠯᠢ ᠠᠷᠠᠳ ᠤᠨ ᠲᠣᠭᠤᠷᠢᠭ ᠢ ᠪᠥᠲᠥᠭᠡᠨ | ᠪᠠᠶᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠤᠷᠬᠤ ᠬᠡᠪᠴᠢᠶ᠎ᠡ ᠪᠠ | ᠬᠡᠷᠡᠭᠯᠡᠬᠦ ᠦᠷ᠎ᠡ ᠪᠦᠲᠦᠮᠵᠢ ᠶᠢ ᠥᠷᠭᠡᠳᠬᠡᠨ᠎ᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢ ᠲᠥᠪᠯᠡᠷᠡᠭᠦᠯᠦᠭᠰᠡᠨ ᠶᠡᠷᠦᠩᠬᠡᠶ ᠲᠤᠭ᠎ᠠ 116 . 67 ᠳ᠋ᠦᠩᠰᠢᠭᠤᠷ ᠲᠥᠭᠦᠷᠢᠭ ᠲᠤ ᠬᠦᠷᠴᠦ᠂ ᠪᠠᠯᠠ | ᠮᠥᠩᠭᠦ ᠶᠢᠨ ᠬᠡᠷᠡᠭᠯᠡᠯᠲᠡ ᠶᠢᠨ ᠨᠣᠷᠮ᠎ᠠ 80 % ᠣᠷᠴᠢᠮ ᠪᠠᠶᠢᠬᠤ ᠶᠢ ᠪᠠᠲᠤᠯᠠᠵᠤ᠂ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠬᠡᠨ ᠤ ᠪᠦᠷᠬᠦᠴᠡ ᠶᠢᠨ ᠨᠣᠷᠮ᠎ᠠ 97 . 5 % ᠳᠤ ᠬᠦᠷᠴᠦ᠂ | ᠬᠤᠲᠠ ᠶᠢᠨ 1720 ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠵᠠᠰᠠᠵᠤ᠂ 150 | ᠲᠦᠮᠡᠨ ᠲᠡᠭᠰᠢ ᠳᠥᠷᠪᠡᠯᠵᠢᠨ ᠮᠧᠲᠷ ᠲᠠᠸᠠᠷ ᠤᠨ ᠣᠷᠣᠨ ᠰᠠᠭᠤᠴᠠ ᠶᠢ ᠰᠢᠨ᠎ᠡ ᠪᠠᠷ ᠨᠡᠮᠡᠭᠳᠡᠭᠦᠯᠦᠨ ᠬᠠᠩᠭᠠᠵᠤ᠂ ︽ | ᠬᠡᠷ ᠪᠠᠶᠢᠰᠢᠩ ᠪᠣᠯ ᠰᠠᠭᠤᠬᠤ ᠶᠢᠨ ᠲᠥᠯᠥᠭᠡ ᠶᠤᠮ︾ ᠭᠡᠬᠦ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ︽ | ᠣᠷᠣᠨ ᠰᠠᠭᠤᠴᠠ ᠶᠢ ᠰᠠᠷᠢᠭᠠᠯᠠᠬᠤ ᠥᠬᠡᠶ︾ ᠭᠡᠬᠦ ᠪᠠᠶᠢᠷᠢ ᠲᠣᠭᠲᠠᠭᠠᠯᠲᠠ ᠶᠢ ᠴᠢᠩᠭᠠᠳᠬᠠᠵᠤ᠂ ︽ᠲᠦᠷᠢᠶᠡᠰᠦᠯᠡᠬᠦ | ᠪᠠ ᠬᠤᠳᠠᠯᠳᠤᠨ ᠠᠪᠬᠤ ᠶᠢ ᠵᠡᠷᠭᠡ ᠪᠠᠷ ᠬᠡᠷᠡᠭᠵᠢᠭᠦᠯᠬᠦ︾ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠪᠠ᠃ ᠠᠷᠠᠳ ᠣᠯᠠᠨ ᠳᠤ ᠲᠥᠬᠦᠭᠡᠷᠦᠮᠵᠢ ᠪᠦᠷᠢᠨ᠂ | ᠣᠷᠴᠢᠨ ᠲᠣᠭᠤᠷᠢᠨ ᠭᠤᠶᠣ᠂ ᠦᠢᠯᠡᠴᠢᠯᠡᠭᠡ ᠰᠠᠶᠢᠨ᠂ ᠲᠠᠭᠠᠯᠠᠮᠵᠢᠲᠠᠶ ᠣᠷᠣᠰᠢᠨ ᠰᠠᠭᠤᠬᠤ ᠳᠤ ᠲᠣᠬᠢᠷᠠᠮᠵᠢᠲᠠᠶ | ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ | ︵ᠳᠥᠷᠪᠡ︶ ᠬᠤᠲᠠ ᠶᠢᠨ ᠶᠡᠷᠦᠩᠬᠡᠶᠢᠯᠡᠭᠰᠡᠨ ᠵᠠᠰᠠᠯᠲᠠ ᠰᠢᠨ᠎ᠡ ᠳᠡᠭᠡᠭᠰᠢᠯᠡᠯᠲᠡ ᠲᠠᠢ ᠪᠣᠯᠪᠠ᠃ ᠤᠶᠤᠨᠲᠤ | ᠬᠤᠲᠠ᠂ ᠠᠭᠤᠰᠣᠯᠴᠠᠭᠰᠠᠨ ᠬᠤᠲᠠ᠂ ᠤᠶᠠᠨ ᠬᠠᠳᠠᠨ ᠬᠤᠲᠠ ᠶᠢᠨ ᠪᠦᠲᠦᠭᠡᠨ ᠪᠠᠶᠢᠭᠤᠯᠣᠯᠳᠠ ᠶᠢ ᠴᠢᠩᠭᠠᠳᠬᠠᠵᠤ | ᠂ ︽ᠢᠨᠲ᠋ᠧᠷ ᠰᠦᠯᠵᠢᠶ᠎ᠡ + ᠬᠤᠲᠠ ᠪᠠᠯᠭᠠᠰᠤᠨ ᠤ ᠬᠠᠮᠢᠶᠠᠷᠤᠯᠲᠠ︾ ᠶᠢᠨ ᠰᠢᠰᠲ᠋ᠧᠮ ᠢ ᠪᠠᠶᠢᠭᠤᠯᠵᠤ᠂ ᠨᠢᠭᠡ | ᠪᠦᠯᠦᠭ ᠤᠶᠤᠨᠲᠤ ᠬᠤᠲᠠ ᠶᠢᠨ ᠬᠠᠮᠢᠶᠠᠷᠤᠯᠲᠠ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ | ᠭᠤᠣᠯᠯᠠᠭᠴᠢ ᠬᠤᠲᠠ ᠪᠠᠯᠭᠠᠰᠤᠨ ᠤ ᠲᠥᠪ ᠪᠠᠯᠭᠠᠰᠤ ᠨᠢ ᠬᠤᠲᠠ ᠶᠢᠨ ᠶᠡᠷᠦᠩᠬᠡᠢ ᠬᠠᠮᠢᠶᠠᠷᠤᠯᠲᠠ ᠶᠢᠨ | ᠣᠶᠤᠨᠴᠢᠯᠠᠭᠰᠠᠨ᠂ ᠲᠣᠭᠠᠴᠢᠯᠠᠭᠰᠠᠨ᠂ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠡᠭᠡᠯᠢ᠂ ᠵᠢᠱᠢᠶ᠎ᠡ ᠦᠵᠡᠭᠦᠯᠬᠦ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠦ᠂ ᠬᠤᠲᠠ ᠪᠠᠯᠭᠠᠰᠤ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ | ᠶᠠᠪᠤᠭᠤᠯᠵᠤ᠂ ᠬᠤᠲᠠ ᠪᠠᠯᠭᠠᠰᠤ ᠶᠢᠨ ᠬᠠᠮᠢᠶᠠᠷᠤᠯᠲᠠ ᠶᠢᠨ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠰᠦᠪᠡᠭᠴᠢᠯᠡᠨ | ᠠᠬᠢᠭᠤᠯᠵᠤ᠂ ᠠᠵᠤ ᠠᠬᠤᠶᠢᠯᠠᠯ᠂ ᠨᠡᠶᠢᠭᠡᠮ ᠢ ᠬᠤᠲᠠ ᠪᠠᠯᠭᠠᠰᠤ ᠶᠢᠨ ᠡᠵᠡᠩᠨᠡᠯᠲᠡ ᠬᠠᠮᠢᠶᠠᠷᠤᠯᠲᠠ ᠳᠤ | ᠣᠷᠣᠯᠴᠠᠭᠤᠯᠬᠤ ᠬᠡᠷᠡᠭᠲᠡᠶ᠃ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠴᠡᠴᠡᠷᠯᠢᠭᠵᠢᠭᠦᠯᠦᠨ | ᠨᠣᠭᠤᠭᠠᠷᠠᠭᠤᠯᠬᠤ᠂ ᠬᠤᠲᠠ ᠶᠢᠨ ᠶᠠᠪᠤᠳᠠᠯ ᠤᠨ ᠵᠠᠮ᠂ ᠤᠰᠤ ᠴᠠᠬᠢᠯᠭᠠᠨ ᠢᠯᠴᠢ ᠬᠡᠢ ᠬᠠᠩᠭᠠᠬᠤ᠂ ᠵᠠᠮ ᠢ | ᠭᠡᠷᠡᠯᠲᠦᠭᠦᠯᠬᠦ᠂ ᠡᠯ᠎ᠡ ᠲᠥᠷᠥᠯ ᠤᠨ ᠬᠤᠭᠤᠯᠠᠶ ᠤᠲᠠᠰᠤ᠂ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠵᠡᠷᠭᠡ | ᠬᠤᠲᠠ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠤᠭᠰᠠᠨ ᠵᠢᠷᠤᠮᠵᠢᠭᠰᠠᠨ | ᠬᠠᠮᠢᠶᠠᠷᠤᠯᠲᠠ ᠶᠢᠨ ᠠᠵᠢᠯᠯᠠᠭᠠᠨ ᠤ ᠳᠦᠷᠢᠮ ᠤᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ | ᠪᠠᠯᠭᠠᠰᠤ ᠶᠢᠨ ᠡᠯ᠎ᠡ ᠲᠥᠷᠥᠯ ᠤᠨ ᠪᠡᠯᠡᠳᠬᠡᠮᠵᠢ ᠶᠢᠨ ᠬᠡᠪ ᠤᠨ ᠪᠥᠭᠡᠳ ᠥᠨᠳᠥᠷ ᠦᠷ᠎ᠡ ᠪᠦᠲᠦᠮᠵᠢᠲᠡᠶ | ᠠᠵᠢᠯᠯᠠᠬᠤ ᠶᠢ ᠪᠠᠲᠤᠯᠠᠵᠤ᠂ ᠶᠡᠷᠦᠩᠬᠡᠶᠢᠯᠡᠨ ᠵᠠᠰᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ | ᠬᠤᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ | ᠬᠡᠷᠡᠭᠵᠢᠭᠦᠯᠬᠦ ᠵᠦᠢᠯᠡᠰ ᠤᠨ ᠪᠦᠷᠢᠨ ᠲᠡᠭᠦᠯᠳᠡᠷ ᠨᠠᠷᠢᠨ ᠬᠠᠭᠤᠳᠠᠰᠤ ᠶᠢ ᠪᠠᠶᠢᠭᠤᠯᠤᠨ᠂ ᠬᠠᠤᠯᠢ ᠬᠡᠷᠡᠭᠵᠢᠭᠦᠯᠬᠦ | ᠡᠩᠨᠡᠭᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠪᠡᠶᠡᠯᠡᠭᠦᠯᠵᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠲᠠᠪᠤ︶ ᠪᠠᠷᠢᠯᠭ᠎ᠠ ᠶᠢᠨ ᠦᠢᠯᠡᠰ ᠢ ᠪᠦᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ | ᠪᠡᠶᠡᠯᠡᠭᠦᠯᠦᠨ᠎ᠡ᠃ 2025 ᠣᠨ ᠪᠣᠯᠬᠤ ᠳᠤ᠂ ᠣᠶᠤᠨᠴᠢ ᠪᠠᠷ ᠪᠠᠶᠢᠭᠤᠯᠬᠤ ᠪᠠ ᠪᠠᠷᠢᠯᠭ᠎ᠠ ᠶᠢᠨ ᠠᠵᠤ | ᠦᠢᠯᠡᠳᠪᠦᠷᠢᠵᠢᠯᠲᠡ ᠶᠢ ᠤᠯᠠᠮ ᠨᠢᠭᠡ ᠠᠯᠬᠤᠮ ᠬᠥᠭᠵᠢᠭᠦᠯᠵᠦ᠂ ᠲᠣᠭᠠᠴᠢᠯᠠᠭᠰᠠᠨ᠂ ᠣᠶᠤᠨᠴᠢ ᠪᠠᠷ ᠵᠢᠷᠤᠵᠤ | ᠲᠥᠯᠥᠪᠯᠡᠨ ᠪᠠᠶᠢᠭᠤᠯᠬᠤ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠠᠶᠢᠮᠠᠭ ᠤᠨ ᠳᠣᠲᠣᠭᠠᠳᠤᠬᠢ ᠣᠶᠤᠨᠴᠢ ᠪᠠᠷ | ᠪᠠᠶᠢᠭᠤᠯᠬᠤ ᠲᠣᠯᠣᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠵᠤ᠂ ᠪᠠᠷᠢᠯᠭ᠎ᠠ ᠶᠢᠨ ᠦᠢᠯᠡᠰ ᠤᠨ ᠭᠤᠣᠯᠯᠠᠬᠤ | ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ᠂ | ᠰᠠᠨᠠᠭᠠᠴᠢᠯᠠᠭᠠᠲᠤ ᠪᠤᠰᠤ ᠮᠠᠶ᠋ᠢᠭ ᠤᠨ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠠᠷᠢᠴᠠᠯ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠪᠣᠬᠢᠷᠲᠤᠯ ᠥᠬᠡᠶ ᠪᠠᠷᠢᠯᠭ᠎ᠠ ᠶᠢ ᠪᠥᠬᠦ ᠲᠠᠯ᠎ᠠ ᠪᠠᠷ ᠪᠡᠶᠡᠯᠡᠭᠦᠯᠦᠨ᠂ ᠪᠠᠷᠢᠯᠭ᠎ᠠ ᠶᠢᠨ | ᠡᠨᠧᠷᠭᠢ ᠶᠢᠨ ᠬᠤᠷᠣᠭᠳᠠᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢᠨ ᠨᠡᠮᠡᠭᠳᠡᠬᠦ ᠬᠠᠨᠳᠤᠰᠢ ᠶᠢ ᠪᠦᠲᠦᠮᠵᠢᠲᠡᠶ | ᠡᠵᠡᠮᠳᠡᠵᠦ᠂ ᠪᠠᠷᠢᠯᠭ᠎ᠠ ᠶᠢᠨ ᠦᠢᠯᠡᠰ ᠤᠨ ᠶᠡᠷᠦᠩᠬᠡᠶ ᠬᠥᠭᠵᠢᠯᠲᠡ ᠶᠢᠨ ᠶᠠᠰᠤ ᠴᠢᠨᠠᠷ ᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ | ︵ᠵᠢᠷᠭᠤᠭ᠎ᠠ︶ ︽ᠳᠠᠯᠪᠢᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠰᠢᠨ᠎ᠡ ᠠᠯᠬᠤᠮ ᠢ | ᠠᠯᠬᠤᠪᠠ᠃ ᠬᠠᠤᠯᠢ ᠪᠠᠷ ᠵᠠᠰᠠᠬᠤ ᠪᠠᠶᠢᠭᠤᠯᠤᠯᠲᠠ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠵᠤ᠂ | ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠠᠷᠠᠯᠲᠠᠲᠤ ᠡᠭᠦᠷᠭᠡ ᠶᠢᠨ ᠶᠣᠰᠣᠭᠠᠷ᠂ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ | ᠠᠬᠢᠭᠤᠯᠤᠨ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠣᠯᠠᠨ ᠲᠦᠮᠡᠨ᠂ ᠠᠵᠤ ᠠᠬᠤᠶᠢᠯᠠᠯ ᠢ ᠳᠤᠲᠠᠭᠤ ᠭᠦᠶᠦᠯᠭᠡᠵᠦ᠂ ᠣᠯᠠᠨ | ᠲᠦᠮᠡᠨ᠂ ᠠᠵᠤ ᠠᠬᠤᠶᠢᠯᠠᠯ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ | ᠲᠠᠪᠤ᠂ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ | ᠠᠶᠢᠮᠠᠭ ᠤᠨ ᠳᠦᠪ ᠪᠠᠶᠠᠨᠬᠤᠲᠠ ᠨᠢ ᠬᠥᠮᠦᠨ ᠠᠮᠠ ᠲᠥᠪᠯᠡᠷᠡᠭᠰᠡᠨ᠂ ᠠᠷᠠᠳ ᠲᠦᠮᠡᠨ ᠨᠢ ᠠᠮᠤᠷ | ᠠᠮᠤᠭᠤᠯᠠᠩ ᠣᠷᠣᠰᠢᠨ ᠰᠠᠭᠤᠭᠰᠠᠨ᠂ ᠣᠷᠴᠢᠨ ᠲᠣᠭᠤᠷᠢᠨ ᠨᠢ ᠭᠤᠶᠣ ᠰᠠᠶᠢᠬᠠᠨ᠂ ᠵᠠᠮ ᠬᠠᠷᠢᠯᠴᠠᠭ᠎ᠠ ᠳᠥᠭᠦᠮ | ᠳᠥᠲᠡ᠂ ᠬᠤᠳᠠᠯᠳᠤᠭ᠎ᠠ ᠴᠡᠴᠡᠭᠯᠡᠨ ᠬᠥᠭᠵᠢᠭᠰᠡᠨ᠂ ᠪᠠᠷᠠᠭ᠎ᠠ ᠶᠢᠨ ᠭᠦᠢᠯᠭᠡᠭᠡᠨ ᠰᠠᠭᠠᠳ ᠥᠬᠡᠶ ᠨᠡᠪᠲᠡᠷᠡᠭᠰᠡᠨ᠂ | ᠨᠡᠶᠢᠭᠡᠮ ᠤᠨ ᠠᠵᠢᠯ ᠦᠢᠯᠡᠰ ᠳᠠᠪᠰᠢᠭᠰᠠᠨ᠂ ᠬᠤᠲᠠ ᠶᠢᠨ ᠳᠠᠭᠠᠭᠠᠴᠠ ᠪᠠ ᠨᠥᠯᠥᠭᠡᠯᠡᠨ ᠳᠠᠶᠢᠴᠢᠯᠠᠬᠤ | ᠬᠦᠴᠦᠨ ᠢᠶᠠᠷ ᠨᠡᠯᠢᠶᠡᠳ ᠴᠢᠩᠭ᠎ᠠ᠂ ᠭᠤᠷᠪᠠᠳᠤᠭᠠᠷ ᠠᠵᠤ ᠦᠢᠯᠡᠰ ᠵᠢᠴᠢ ᠵᠢᠭᠤᠯᠴᠢᠯᠠᠯ ᠤᠨ ᠦᠢᠯᠡᠰ ᠨᠡᠯᠢᠶᠡᠳ | ᠲᠦᠷᠭᠡᠨ ᠬᠥᠭᠵᠢᠭᠰᠡᠨ ᠪᠥᠬᠦ ᠠᠶᠢᠮᠠᠭ ᠤᠨ ᠤᠯᠤᠰ ᠲᠥᠷᠥ᠂ ᠠᠵᠤ ᠠᠬᠤᠢ᠂ ᠰᠣᠶᠣᠯ ᠤᠨ ᠲᠥᠪ ᠪᠣᠯᠭᠠᠨ | ᠪᠦᠲᠦᠭᠡᠨ ᠪᠠᠶᠢᠭᠤᠯᠤᠨ᠎ᠠ᠃ | ᠪᠠᠳᠠᠶ ᠶᠢᠨ ᠵᠢᠷᠠᠨ ᠪᠠᠯᠭᠠᠰᠤ᠂ ᠳᠠᠯᠠᠶᠢᠬᠦᠪ ᠪᠠᠯᠭᠠᠰᠤ ᠵᠡᠷᠭᠡ ᠭᠤᠣᠯ ᠬᠤᠲᠠ ᠪᠠᠯᠭᠠᠰᠤ ᠶᠢ ᠠᠮᠢ ᠠᠬᠤᠶ ᠶᠢᠨ | ᠣᠷᠴᠢᠨ ᠲᠣᠭᠤᠷᠢᠨ ᠭᠤᠶᠣ ᠰᠠᠶᠢᠬᠠᠨ᠂ ᠠᠵᠤ ᠦᠢᠯᠡᠰ ᠤᠨ ᠪᠠᠶᠢᠷᠢᠰᠢᠯᠲᠠ ᠵᠦᠢ ᠵᠣᠬᠢᠰᠲᠠᠶ᠂ ᠬᠤᠲᠠ | ᠪᠠᠯᠭᠠᠰᠤᠨ ᠤ ᠣᠨᠴᠠᠯᠢᠭ ᠢᠯᠡ ᠲᠣᠳᠣ᠂ ᠠᠷᠠᠳ ᠲᠦᠮᠡᠨ ᠠᠮᠤᠷ ᠵᠢᠮᠦᠷ ᠠᠵᠤ ᠲᠥᠷᠥᠭᠰᠡᠨ᠂ ᠨᠡᠶᠢᠭᠡᠮ ᠤᠨ | ᠦᠢᠯᠡᠰ ᠳᠠᠪᠰᠢᠭᠰᠠᠨ ᠬᠤᠰᠢᠭᠤ ᠲᠣᠭᠤᠷᠢᠭ ᠤᠨ ᠤᠯᠤᠰ ᠲᠥᠷᠥ᠂ ᠠᠵᠤ ᠠᠬᠤᠶ᠂ ᠰᠣᠶᠣᠯ ᠤᠨ ᠲᠥᠪ ᠪᠣᠯᠭᠠᠨ | ᠪᠦᠲᠦᠭᠡᠨ ᠪᠠᠶᠢᠭᠤᠯᠣᠨ᠎ᠠ᠃ | ᠪᠤᠰᠤᠳ ᠪᠠᠶᠢᠭᠤᠯᠤᠮᠵᠢᠲᠤ ᠪᠠᠯᠭᠠᠰᠤ ᠵᠢᠴᠢ ᠰᠤᠮᠤ ᠶᠢᠨ ᠰᠠᠭᠤᠭ᠎ᠠ ᠭᠠᠵᠠᠷ ᠢ ᠰᠠᠭᠤᠷᠢ ᠪᠡᠯᠡᠳᠬᠡᠮᠵᠢ ᠨᠢ ᠨᠡᠯᠢᠶᠡᠳ | ᠪᠦᠷᠢᠨ ᠲᠡᠭᠦᠯᠳᠡᠷ᠂ ᠠᠮᠢ ᠠᠬᠤᠶ ᠶᠢᠨ ᠣᠷᠴᠢᠨ ᠲᠣᠭᠤᠷᠢᠨ ᠨᠢ ᠢᠯᠡᠳᠲᠡ ᠰᠠᠶᠢᠵᠢᠷᠠᠭᠰᠠᠨ᠂ ᠠᠵᠤ ᠦᠢᠯᠡᠰ ᠤᠨ | ᠬᠡᠪᠴᠢᠶ᠎ᠡ ᠨᠢ ᠵᠣᠬᠢᠰᠲᠠᠶ ᠬᠥᠭᠵᠢᠭᠰᠡᠨ᠂ ᠬᠤᠲᠠ ᠪᠠᠯᠭᠠᠰᠤ ᠶᠢᠨ ᠣᠨᠴᠠᠯᠢᠭ ᠨᠢ ᠥᠪᠡᠷᠮᠢᠴᠡ ᠷᠢᠳᠢ ᠰᠢᠳᠢ ᠲᠠᠢ | ᠰᠢᠨ᠎ᠡ ᠮᠠᠶ᠋ᠢᠭ ᠤᠨ ᠬᠤᠲᠠ ᠪᠠᠯᠭᠠᠰᠤ ᠪᠣᠯᠭᠠᠨ ᠪᠥᠲᠥᠭᠡᠨ ᠪᠠᠶᠢᠭᠤᠯᠤᠨ᠎ᠠ᠃ | ᠡᠯ᠎ᠡ ᠭᠠᠴᠠᠭ᠎ᠠ ︿ᠲᠣᠰᠬᠤᠨ﹀ ᠨᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ | ᠪᠣᠳᠣᠯᠭ᠎ᠠ ᠶᠢ ᠦᠷᠭᠦᠯᠵᠢᠯᠡᠨ ᠶᠡᠬᠡᠪᠡᠷ ᠬᠡᠷᠡᠭᠵᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠵᠠᠰᠠᠬᠤ᠂ ᠨᠤᠷᠠᠬᠤ | ᠠᠶᠤᠯᠲᠠᠶ ᠬᠠᠭᠤᠴᠢᠨ ᠬᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠥᠷᠨᠢᠭᠦᠯᠦᠨ᠂ ᠮᠠᠯᠵᠢᠬᠤ ᠲᠠᠷᠢᠶᠠᠯᠠᠬᠤ | ᠣᠷᠣᠨ ᠤ ᠪᠣᠬᠢᠷ ᠤᠰᠤ ᠰᠢᠢᠳᠪᠦᠷᠢᠯᠡᠬᠦ᠂ ᠬᠤᠭ ᠨᠣᠪᠰᠢ ᠰᠢᠢᠳᠪᠦᠷᠢᠯᠡᠬᠦ᠂ ᠵᠣᠷᠯᠣᠩ ᠵᠡᠷᠭᠡ ᠰᠠᠭᠤᠷᠢ | ᠪᠡᠯᠡᠳᠬᠡᠮᠵᠢ ᠶᠢ ᠪᠥᠲᠥᠭᠡᠨ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ | ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ᠂ ᠡᠯᠧᠺᠲᠷᠣᠨ ᠬᠤᠳᠠᠯᠳᠤᠭ᠎ᠠ᠂ ᠣᠨᠴᠠᠯᠢᠭᠲᠤ ᠵᠢᠭᠤᠯᠴᠢᠯᠠᠯ | ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ︔ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ | ᠰᠠᠭᠤᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ | ᠪᠠᠶᠠᠨ ᠴᠢᠨᠡᠭᠡᠯᠢᠭ ᠨᠡᠶᠢᠭᠡᠮ ᠵᠢᠷᠤᠮ ᠤᠨ ᠰᠢᠨ᠎ᠡ ᠬᠥᠳᠡᠭᠡ ᠲᠣᠰᠬᠤᠨ ᠢ ᠴᠢᠷᠮᠠᠶᠢᠨ ᠪᠦᠲᠦᠭᠡᠨ ᠪᠠᠶᠢᠭᠤᠯᠤᠨ᠎ᠠ᠃ | ︽ᠬᠤᠶᠠᠷ ᠪᠦᠰᠡ ᠨᠢᠭᠡ ᠲᠡᠩᠭᠡᠯᠢᠭ᠂ ᠭᠤᠣᠯᠯᠠᠭᠴᠢ ᠪᠠᠷ ᠳᠠᠶᠢᠴᠢᠯᠠᠬᠤ᠂ ᠪᠦᠯᠦᠭᠯᠡᠨ ᠬᠥᠭᠵᠢᠬᠦ᠂ ᠣᠷᠣᠨ | ᠪᠦᠰᠡ ᠬᠤᠯᠪᠣᠭᠠᠯᠠᠨ ᠬᠥᠳᠡᠯᠦᠯᠴᠡᠬᠦ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ︾ ᠶᠡᠷᠦᠩᠬᠡᠢ ᠣᠷᠣᠨ | ᠵᠠᠢ ᠶᠢᠨ ᠪᠠᠶᠢᠷᠢᠰᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠪᠡᠶᠡᠯᠡᠭᠦᠯᠦᠨ᠎ᠡ᠃ | ᠭᠤᠷᠪᠠᠳᠤᠭᠠᠷ ᠪᠦᠯᠦᠭ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠭᠤᠤᠯᠳᠠᠯᠭ᠎ᠠ ᠪᠠ | ᠭᠤᠤᠯ ᠡᠭᠦᠷᠭᠡ | ᠨᠢᠭᠡ᠂ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠬᠢᠭᠡᠳ ᠬᠤᠲᠠ ᠶᠢᠨ ᠴᠢᠳᠠᠮᠵᠢ ᠶᠢ | ᠳᠡᠭᠡᠭᠰᠢᠯᠡᠭᠦᠯᠦᠨ᠎ᠡ | ︵ᠨᠢᠭᠡ︶ ᠬᠤᠲᠠ ᠪᠠᠯᠭᠠᠰᠤ ᠶᠢᠨ ᠵᠠᠮ᠃ ᠬᠤᠲᠠ ᠪᠠᠯᠭᠠᠰᠤ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠨ᠂ ᠬᠤᠲᠠ ᠪᠠᠯᠭᠠᠰᠤ ᠶᠢᠨ ᠵᠠᠮ ᠤᠨ ᠲᠣᠣᠷ ᠤᠨ ᠨᠢᠭᠲᠠᠴᠠ ᠶᠢ ᠯᠠᠪᠳᠠᠭᠤᠨ ᠢᠶᠠᠷ | ᠳᠡᠭᠡᠭᠰᠢᠯᠡᠭᠦᠯᠵᠦ᠂ ᠲᠦᠷᠭᠡᠨ ᠬᠤᠷᠳᠤ ᠶᠢᠨ ᠵᠠᠮ᠂ ᠭᠤᠣᠯ ᠳᠡᠳ᠋ ᠵᠠᠮ ᠪᠣᠯᠤᠨ ᠰᠠᠯᠪᠤᠷᠢ ᠵᠠᠮ ᠤᠨ ᠱᠠᠲᠤᠨ ᠤ | ᠬᠠᠮᠵᠢᠯᠴᠠᠭᠰᠠᠨ ᠵᠠᠮ ᠤᠨ ᠲᠣᠣᠷ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠲᠥᠷᠥᠯ ᠤᠨ ︽ᠮᠤᠬᠤᠷ | ᠵᠠᠮ︾ ᠢ ᠨᠡᠪᠲᠡᠷᠡᠭᠦᠯᠵᠦ᠂ ᠬᠤᠲᠠ ᠪᠠᠯᠭᠠᠰᠤ ᠶᠢᠨ ᠶᠠᠪᠠᠭᠠᠨ ᠶᠠᠪᠤᠬᠤ ᠪᠠ ᠳᠤᠭᠤᠶ ᠲᠡᠷᠭᠡᠨ ᠤ ᠵᠠᠮ ᠬᠠᠷᠢᠯᠴᠠᠭᠠᠨ ᠤ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ | ᠲᠥᠯᠥᠪᠵᠢᠭᠦᠯᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠲᠡᠷᠭᠡ ᠵᠣᠭᠰᠣᠭᠠᠬᠤ | ᠪᠡᠯᠡᠳᠬᠡᠮᠵᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠬᠦ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠵᠠᠮ ᠢ ᠥᠭᠡᠷᠡᠴᠢᠯᠡᠨ ᠵᠠᠰᠠᠬᠤ᠂ ᠠᠯᠠᠱᠠ | ᠪᠠᠷᠠᠭᠤᠨ ᠬᠤᠰᠢᠭᠤᠨ ᠤ ᠬᠤᠲᠠ ᠶᠢᠨ ᠶᠠᠪᠤᠳᠠᠯ ᠤᠨ ᠵᠠᠮ᠂ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤ ᠶᠢᠨ | ᠬᠤᠲᠠ ᠲᠣᠭᠤᠷᠢᠭᠰᠠᠨ ᠡᠮᠦᠨ᠎ᠡ ᠵᠠᠮ ᠬᠢᠭᠡᠳ ᠭᠠᠯᠲᠤ ᠲᠡᠷᠭᠡᠨ ᠥᠷᠲᠡᠭᠡ ᠶᠢᠨ ᠬᠤᠯᠪᠣᠬᠤ ᠱᠤᠭᠤᠮ ᠢ ᠰᠢᠨ᠎ᠡ ᠪᠠᠷ | ᠪᠠᠶᠢᠭᠤᠯᠬᠤ᠂ ᠥᠷᠭᠡᠷᠢᠭ ᠭᠤᠷᠪᠠᠳᠤᠭᠠᠷ ᠵᠡᠭᠡᠯᠢ ᠵᠡᠷᠭᠡ 4 ᠵᠤᠷᠪᠤᠰ ᠵᠠᠮ ᠢ ᠰᠢᠨ᠎ᠡ ᠪᠠᠷ ᠪᠠᠶᠢᠭᠤᠯᠬᠤ᠂ ᠳᠡᠭᠡᠳᠦ | ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠤ ᠬᠤᠲᠠ ᠶᠢᠨ ᠶᠠᠪᠤᠳᠠᠯ ᠤᠨ ᠵᠠᠮ᠂ ᠬᠤᠶᠠᠷᠬᠤᠳᠳᠤᠭ ᠤᠨ ᠬᠦᠳᠡᠭᠡ | ᠶᠢᠨ ᠬᠤᠲᠠ ᠶᠢᠨ ᠶᠠᠪᠤᠳᠠᠯ ᠤᠨ ᠵᠠᠮ ᠢ ᠲᠠᠰ ᠳᠡᠪᠰᠢᠭᠦᠯᠦᠨ ᠥᠭᠡᠷᠡᠴᠢᠯᠡᠨ ᠵᠠᠰᠠᠬᠤ᠂ ᠤᠯᠠᠭᠠᠨᠪᠤᠬ᠎ᠠ ᠠᠮᠢ | ᠠᠬᠤᠶ ᠶᠢᠨ ᠰᠢᠨ᠎ᠡ ᠲᠣᠭᠤᠷᠢᠭ ᠤᠨ ᠡᠮᠦᠨ᠎ᠡ ᠲᠣᠭᠤᠷᠢᠭ ᠤᠨ ᠬᠤᠲᠠ ᠶᠢᠨ ᠶᠠᠪᠤᠳᠠᠯ ᠤᠨ ᠵᠠᠮ ᠤᠨ ᠲᠤᠤᠷ ᠤᠨ | ᠪᠥᠲᠥᠭᠡᠨ ᠪᠠᠶᠢᠭᠤᠯᠤᠯᠲᠠ᠂ ᠪᠠᠶᠠᠨᠬᠤᠲᠠ ᠶᠢᠨ ᠨᠣᠭᠤᠭᠠᠨ ᠰᠡᠭᠦᠳᠡᠷ ᠲᠠᠢ ᠲᠡᠷᠭᠡᠨ ᠵᠣᠭᠰᠣᠭᠠᠯ ᠵᠡᠷᠭᠡ ᠲᠥᠷᠥᠯ | ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ | ︵ᠬᠤᠶᠠᠷ︶ ᠬᠤᠲᠠ ᠪᠠᠯᠭᠠᠰᠤ ᠶᠢᠨ ᠤᠰᠤ ᠬᠠᠩᠭᠠᠬᠤ᠃ ᠬᠤᠲᠠ ᠪᠠᠯᠭᠠᠰᠤ ᠶᠢᠨ ᠤᠰᠤ ᠬᠠᠩᠭᠠᠬᠤ ᠠᠮᠤᠷ | ᠲᠦᠪᠰᠢᠨ ᠢ ᠦᠨᠡᠨᠬᠦ ᠪᠠᠲᠤᠯᠠᠵᠤ᠂ ᠤᠰᠤᠨ ᠤ ᠡᠬᠢ ᠰᠤᠷᠪᠤᠯᠵᠢ ᠠᠴᠠ ᠲᠡᠭᠦᠰᠬᠡᠯ ᠬᠦᠷᠲᠡᠯᠡᠬᠢ ᠠᠮᠤᠷ ᠲᠦᠪᠰᠢᠨ ᠤ | ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ᠂ ᠤᠰᠤ ᠬᠠᠩᠭᠠᠬᠤ ᠬᠠᠭᠤᠴᠢᠷᠠᠭᠰᠠᠨ ᠪᠡᠯᠡᠳᠬᠡᠮᠵᠢ ᠪᠠ ᠬᠤᠶᠠᠳᠠᠬᠢ | ᠤᠳᠠᠭ᠎ᠠ ᠬᠠᠩᠭᠠᠬᠤ ᠪᠡᠯᠡᠳᠬᠡᠮᠵᠢ ᠶᠢ ᠤᠷᠢᠳᠠᠪᠠᠷ ᠥᠭᠡᠷᠡᠴᠢᠯᠡᠵᠦ᠂ ᠣᠯᠠᠨ ᠨᠡᠶᠢᠲᠡ ᠶᠢᠨ ᠤᠰᠤ ᠬᠠᠩᠭᠠᠬᠤ | ᠦᠢᠯᠡᠴᠢᠯᠡᠬᠡᠨ ᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ᠃ ᠤᠯᠤᠰ ᠤᠨ ᠤᠰᠤ ᠠᠷᠪᠢᠯᠠᠬᠤ ᠮᠠᠶ᠋ᠢᠭ ᠤᠨ | ᠬᠤᠲᠠ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠨ᠂ ᠬᠤᠲᠠ ᠪᠠᠯᠭᠠᠰᠤ ᠶᠢᠨ ᠤᠰᠤᠨ ᠤ ᠶᠠᠪᠤᠳᠠᠯ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠡᠷ᠎ᠡ ᠪᠠᠷ ᠤᠰᠤ ᠠᠷᠪᠢᠯᠠᠬᠤ | ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠠᠬᠢᠭᠤᠯᠵᠤ᠂ ᠬᠤᠲᠠ ᠶᠢᠨ ᠤᠰᠤ ᠬᠠᠩᠭᠠᠬᠤ | ᠬᠤᠭᠤᠯᠠᠶ ᠲᠣᠣᠷ ᠤᠨ ᠥᠭᠡᠷᠡᠴᠢᠯᠡᠯᠲᠡ ᠶᠢ ᠴᠢᠩᠭᠠᠳᠬᠠᠨ᠂ ᠣᠷᠣᠨ ᠬᠤᠪᠢᠶᠠᠨ ᠬᠡᠮᠵᠢᠵᠦ ᠬᠠᠮᠢᠶᠠᠷᠬᠤ ᠵᠡᠷᠭᠡ ᠠᠷᠭ᠎ᠠ | ᠪᠠᠷᠢᠯ ᠢ ᠠᠬᠢᠭᠤᠯᠵᠤ᠂ ᠬᠤᠭᠤᠯᠠᠶ ᠲᠣᠣᠷ ᠤᠨ ᠠᠵᠢᠯᠯᠠᠭᠠᠨ ᠢ ᠬᠠᠮᠠᠭᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠤᠭᠤᠯᠠᠶ ᠲᠣᠣᠷ ᠤᠨ ᠨᠡᠪᠴᠢᠵᠦ ᠭᠤᠭᠤᠵᠢᠬᠤ ᠪᠠ ᠬᠤᠭᠤᠯᠠᠶ ᠶᠢᠨ ᠪᠣᠬᠢᠷᠲᠤᠯ ᠤᠨ ᠠᠰᠠᠭᠤᠳᠠᠯ ᠢ ᠠᠯᠬᠤᠮ | ᠠᠯᠬᠤᠮ ᠢᠶᠠᠷ ᠰᠢᠢᠳᠪᠦᠷᠢᠯᠡᠵᠦ᠂ ᠤᠰᠤ ᠬᠠᠩᠭᠠᠬᠤ ᠬᠤᠭᠤᠯᠠᠶ ᠲᠣᠣᠷ ᠤᠨ ᠭᠤᠭᠤᠵᠢᠵᠤ ᠬᠤᠬᠢᠷᠠᠬᠤ ᠶᠢ ᠪᠠᠶᠢᠴᠠᠭᠠᠨ | ᠬᠡᠮᠵᠢᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠤᠰᠤ ᠬᠠᠩᠭᠠᠬᠤ ᠬᠤᠭᠤᠯᠠᠶ | ᠲᠣᠣᠷ ᠤᠨ ᠭᠤᠭᠤᠵᠢᠵᠤ ᠬᠤᠬᠢᠷᠠᠬᠤ ᠶᠢ ᠬᠢᠵᠠᠭᠠᠷᠯᠠᠬᠤ ᠡᠷᠴᠢᠮ ᠢᠶᠠᠨ ᠨᠡᠮᠡᠭᠳᠡᠭᠦᠯᠵᠦ᠂ ᠬᠤᠭᠤᠯᠠᠶ ᠲᠣᠣᠷ ᠤᠨ | ᠪᠦᠬᠦᠯᠢ ᠴᠣᠭᠴᠠ ᠶᠢᠨ ᠠᠵᠢᠯᠯᠠᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠤᠲᠠ ᠪᠠᠯᠭᠠᠰᠤ ᠶᠢᠨ ᠤᠰᠤ | ᠬᠠᠩᠭᠠᠬᠤ ᠬᠤᠭᠤᠯᠠᠶ ᠲᠣᠣᠷ ᠤᠨ ᠭᠤᠭᠤᠵᠢᠵᠤ ᠬᠤᠬᠢᠷᠠᠬᠤ ᠨᠣᠷᠮ᠎ᠠ ᠶᠢ ᠪᠠᠭᠤᠷᠠᠭᠤᠯᠬᠤ ᠬᠡᠷᠡᠭᠲᠡᠶ᠃ ᠤᠰᠤ | ᠪᠦᠷᠢᠯᠳᠦᠬᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠰᠤ ᠦᠢᠯᠡᠳᠪᠦᠷᠢᠯᠡᠬᠦ ᠴᠢᠳᠠᠪᠤᠷᠢ ᠶᠢᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠡᠮᠡᠭᠳᠡᠭᠦᠯᠵᠦ᠂ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ ᠶᠢᠨ ᠤᠰᠤ ᠶᠢ ᠬᠤᠲᠠ ᠶᠢᠨ ᠨᠣᠭᠤᠭᠠᠷᠠᠭᠤᠯᠬᠤ᠂ ᠵᠠᠮ ᠱᠦᠭᠦᠷᠳᠡᠬᠦ᠂ ᠲᠡᠷᠭᠡ | ᠬᠥᠰᠬᠡ ᠤᠬᠢᠶᠠᠬᠤ᠂ ᠪᠠᠷᠢᠯᠭ᠎ᠠ ᠪᠠᠷᠢᠬᠤ ᠳᠤ ᠬᠡᠷᠡᠭᠯᠡᠬᠦ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠬᠤ | ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠠᠶᠠᠨᠬᠤᠲᠠ ᠶᠢᠨ ᠤᠶᠤᠨᠲᠤ | ᠤᠰᠤᠨ ᠤ ᠶᠠᠪᠤᠳᠠᠯ ᠵᠢᠴᠢ ᠵᠠᠮ ᠤᠨ ᠬᠠᠭᠤᠴᠢᠷᠠᠭᠰᠠᠨ ᠤᠰᠤ ᠬᠠᠩᠭᠠᠬᠤ ᠬᠤᠭᠤᠯᠠᠶ ᠲᠤᠤᠷ ᠢ ᠲᠠᠰ ᠳᠡᠪᠰᠢᠭᠦᠯᠦᠨ | ᠥᠭᠡᠷᠡᠴᠢᠯᠡᠨ ᠪᠠᠶᠢᠭᠤᠯᠬᠤ᠂ ᠪᠠᠶᠠᠨᠬᠤᠲᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠳᠣᠲᠣᠭᠠᠳᠤ ᠶᠢᠨ ᠤᠰᠤ | ᠬᠠᠩᠭᠠᠬᠤ ᠬᠤᠭᠤᠯᠠᠶ ᠲᠤᠤᠷ ᠢ ᠥᠭᠡᠷᠡᠴᠢᠯᠡᠨ ᠪᠠᠶᠢᠭᠤᠯᠬᠤ᠂ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ | ᠪᠠᠯᠭᠠᠰᠤ ᠶᠢᠨ ᠤᠰᠤ ᠬᠠᠩᠭᠠᠬᠤ ᠶᠢ ᠥᠷᠭᠡᠳᠬᠡᠨ ᠪᠠᠶᠢᠭᠤᠯᠬᠤ ︵ᠥᠭᠡᠷᠡᠴᠢᠯᠡᠨ ᠪᠠᠶᠢᠭᠤᠯᠬᠤ︶᠂ ᠳᠠᠯᠠᠶᠢᠬᠦ᠋ᠪ | ᠪᠠᠯᠭᠠᠰᠤ ᠶᠢᠨ ᠠᠮᠤᠷ ᠲᠦᠪᠰᠢᠨ ᠤᠤᠭᠤᠬᠤ ᠤᠰᠤ ᠵᠢᠴᠢ ᠤᠰᠤ ᠬᠠᠩᠭᠠᠬᠤ ᠬᠤᠭᠤᠯᠠᠶ ᠲᠤᠤᠷ ᠢ ᠥᠷᠭᠡᠳᠬᠡᠨ | ᠪᠠᠶᠢᠭᠤᠯᠬᠤ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ | ︵ᠭᠤᠷᠪᠠ︶ ᠬᠤᠲᠠ ᠪᠠᠯᠭᠠᠰᠤᠨ ᠤ ᠤᠰᠤ ᠶᠢ ᠰᠢᠢᠳᠪᠦᠷᠢᠯᠡᠬᠦ᠃ ᠬᠤᠲᠠ ᠪᠠᠯᠭᠠᠰᠤ ᠶᠢᠨ ᠪᠣᠬᠢᠷ ᠤᠰᠤ | ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠵᠤ᠂ ᠪᠣᠬᠢᠷ ᠤᠰᠤ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ᠂ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠪᠠ ᠪᠣᠬᠢᠷ ᠤᠰᠤᠨ ᠤ ᠬᠤᠭᠤᠯᠠᠶ ᠲᠣᠣᠷ ᠢ ᠪᠦᠬᠦᠨ ᠢ | ᠬᠠᠮᠤᠷᠬᠤ᠂ ᠪᠦᠬᠦᠨ ᠢ ᠴᠤᠭᠯᠠᠭᠤᠯᠬᠤ᠂ ᠪᠦᠬᠦᠨ ᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠪᠣᠬᠢᠷ ᠤᠰᠤᠨ ᠤ | ᠬᠤᠭᠤᠯᠠᠶ ᠲᠤᠤᠷ ᠵᠡᠷᠭᠡ ᠪᠡᠯᠡᠳᠬᠡᠮᠵᠢ ᠶᠢᠨ ᠪᠦᠷᠬᠦᠴᠡ ᠶᠢᠨ ᠣᠳᠣᠬᠢ ᠪᠠᠶᠢᠳᠠᠯ᠂ ᠴᠢᠳᠠᠮᠵᠢ ᠶᠢᠨ ᠪᠠᠶᠢᠳᠠᠯ᠂ | ᠬᠤᠯᠢᠯᠳᠤᠭᠤᠯᠤᠨ ᠵᠠᠯᠭᠠᠵᠤ ᠭᠤᠭᠤᠵᠢᠭᠤᠯᠤᠨ ᠵᠠᠯᠭᠠᠬᠤ ᠵᠡᠷᠭᠡ ᠦᠨᠳᠦᠰᠦᠨ ᠪᠠᠶᠢᠳᠠᠯ ᠵᠢᠴᠢ ᠤᠰᠤ | ᠭᠠᠳᠠᠭᠰᠢᠯᠠᠭᠤᠯᠬᠤ ᠡᠷᠦᠬᠡ ᠶᠢᠨ ᠵᠠᠯᠭᠠᠵᠤ ᠣᠷᠣᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ | ᠪᠣᠷᠣᠭᠠᠨ ᠤ ᠤᠰᠤ ᠪᠣᠬᠢᠷ ᠪᠣᠳᠠᠰ ᠢ ᠬᠤᠯᠢᠯᠳᠤᠭᠤᠯᠤᠨ ᠵᠠᠯᠭᠠᠵᠤ ᠥᠭᠡᠷᠡᠴᠢᠯᠡᠬᠦ᠂ ᠬᠤᠭᠤᠯᠠᠶ ᠲᠤᠤᠷ ᠢ ᠰᠢᠨᠡᠳᠬᠡᠬᠦ᠂ | ᠡᠪᠳᠡᠷᠡᠵᠦ ᠰᠦᠢᠳᠦᠭᠰᠡᠨ ᠬᠤᠭᠤᠯᠠᠶ ᠲᠤᠤᠷ ᠢ ᠵᠠᠰᠠᠵᠤ ᠥᠭᠡᠷᠡᠴᠢᠯᠡᠬᠦ ᠶᠢ ᠲᠥᠯᠥᠪᠯᠡᠭᠡ ᠲᠠᠢ ᠪᠠᠷ ᠬᠡᠰᠡᠭ ᠬᠤᠪᠢᠶᠠᠨ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠣᠷᠣᠭᠠᠨ ᠤ ᠤᠰᠤ ᠪᠣᠬᠢᠷ ᠤᠰᠤ ᠶᠢ ᠰᠠᠯᠭᠠᠬᠤ ᠶᠢ ᠪᠡᠶᠡᠯᠡᠭᠦᠯᠦᠨ᠎ᠡ᠃ | ᠠᠭᠤᠰᠣᠯᠴᠠᠭᠰᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠣᠨᠣᠯᠵᠢᠬᠤᠨ ᠶᠣᠰᠣᠭᠠᠷ᠂ ᠬᠤᠲᠠ ᠪᠠᠯᠭᠠᠰᠤ ᠶᠢᠨ | ᠨᠣᠭᠤᠭᠠᠨ ᠲᠣᠣᠷ᠂ ᠤᠰᠤᠨ ᠲᠣᠣᠷ᠂ ᠵᠠᠮ ᠲᠣᠣᠷ ᠤᠨ ᠣᠷᠭᠠᠨᠢᠭ ᠠᠭᠤᠰᠤᠯᠴᠠᠯ ᠤᠨ ᠲᠣᠭᠤᠷᠢᠨ ᠳᠤ᠂ ᠬᠤᠲᠠ | ᠪᠠᠯᠭᠠᠰᠤ ᠶᠢᠨ ᠨᠣᠭᠤᠭᠠᠨ ᠬᠥᠷᠥᠰᠥ ᠶᠢᠨ ᠰᠢᠰᠲ᠋ᠧᠮ ᠤᠨ ᠲᠣᠬᠢᠷᠠᠭᠤᠯᠤᠨ ᠬᠠᠳᠠᠭᠠᠯᠠᠬᠤ᠂ ᠴᠡᠪᠡᠷᠰᠢᠭᠦᠯᠬᠦ᠂ | ᠪᠣᠷᠣᠭᠠᠨ ᠤ ᠤᠰᠤ ᠶᠢ ᠳᠠᠬᠢᠨ ᠠᠰᠢᠭᠯᠠᠬᠤ ᠵᠡᠷᠭᠡ ᠴᠢᠳᠠᠮᠵᠢ ᠶᠢ ᠪᠠᠳᠠᠷᠠᠭᠤᠯᠤᠨ᠎ᠠ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠠᠶᠠᠨᠬᠤᠲᠠ ᠪᠠᠯᠭᠠᠰᠤᠨ ᠤ ᠪᠣᠷᠣᠭᠠᠨ ᠪᠠ ᠪᠣᠬᠢᠷ | ᠤᠰᠤ ᠶᠢ ᠰᠠᠯᠭᠠᠨ ᠤᠷᠤᠰᠬᠠᠬᠤ ᠬᠤᠭᠤᠯᠠᠶ ᠲᠤᠤᠷ ᠢ ᠥᠭᠡᠷᠡᠴᠢᠯᠡᠬᠦ ᠲᠥᠷᠥᠯ ᠵᠦᠢᠯ᠂ ᠠᠯᠠᠱᠠ ᠪᠠᠷᠠᠭᠤᠨ | ᠬᠤᠰᠢᠭᠤᠨ ᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠤᠰᠤᠲᠤᠯ ᠢ ᠰᠡᠷᠭᠡᠶᠢᠯᠡᠬᠦ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ᠂ ᠬᠤᠶᠠᠷᠬᠤᠳᠳᠤᠭ ᠤᠨ ᠭᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ | ᠦᠵᠡᠭᠦᠯᠬᠦ ᠣᠷᠣᠨ ᠤ ᠪᠣᠷᠣᠭᠠᠨ ᠤ ᠤᠰᠤᠨ ᠤ ᠬᠤᠭᠤᠯᠠᠶ ᠲᠤᠤᠷ ᠵᠡᠷᠭᠡ ᠵᠠᠮ ᠤᠨ ᠪᠣᠬᠢᠷ ᠤᠰᠤᠨ ᠤ ᠬᠤᠭᠤᠯᠠᠶ | ᠲᠤᠤᠷ ᠢ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ | ︵ᠳᠥᠷᠪᠡ︶ ᠬᠤᠲᠠ ᠪᠠᠯᠭᠠᠰᠤᠨ ᠤ ᠰᠢᠲᠠᠮᠠᠬᠠᠶ ᠬᠡᠢ᠃ ᠰᠢᠲᠠᠮᠠᠬᠠᠶ ᠬᠡᠢ ᠶᠢᠨ ᠰᠠᠭᠤᠷᠢ ᠪᠡᠯᠡᠳᠬᠡᠮᠵᠢ ᠶᠢᠨ | ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠬᠤᠲᠠ ᠪᠠᠯᠭᠠᠰᠤ ᠶᠢᠨ ᠪᠠᠶᠢᠭᠠᠯᠢ ᠶᠢᠨ ᠰᠢᠲᠠᠮᠠᠬᠠᠶ ᠬᠡᠢ ᠡᠵᠡᠩᠨᠡᠬᠦ ᠠᠵᠤ | ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠲᠠᠮᠠᠬᠠᠶ ᠬᠡᠢ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠢᠲᠠᠮᠠᠬᠠᠶ ᠬᠡᠢ ᠬᠡᠷᠡᠭᠯᠡᠬᠦ ᠪᠦᠲᠦᠴᠡ ᠶᠢ ᠲᠣᠬᠢᠷᠠᠭᠤᠯᠵᠤ᠂ ᠬᠤᠲᠠ | ᠪᠠᠯᠭᠠᠰᠤ ᠶᠢᠨ ᠰᠢᠲᠠᠮᠠᠬᠠᠶ ᠬᠡᠢ ᠶᠢᠨ ᠬᠤᠭᠤᠯᠠᠶ ᠲᠣᠣᠷ ᠤᠨ ᠥᠭᠡᠷᠡᠴᠢᠯᠡᠯᠲᠡ ᠶᠢ ᠠᠬᠢᠭᠤᠯᠵᠤ᠂ ᠰᠢᠲᠠᠮᠠᠬᠠᠶ ᠬᠡᠢ | ᠲᠦᠭᠡᠮᠡᠯᠵᠢᠭᠦᠯᠬᠦ ᠨᠣᠷᠮ᠎ᠠ ᠪᠣᠯᠤᠨ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ | ᠰᠢᠲᠠᠮᠠᠬᠠᠶ ᠬᠡᠢ ᠶᠢᠨ ᠪᠡᠯᠡᠳᠬᠡᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠷᠠᠭᠤᠯᠵᠤ᠂ ᠡᠯ᠎ᠡ ᠠᠵᠤ ᠠᠬᠤᠶᠢᠯᠠᠯ | ᠂ ᠡᠯ᠎ᠡ ᠲᠥᠷᠥᠯ ᠤᠨ ᠪᠡᠯᠡᠳᠬᠡᠮᠵᠢ ᠶᠢᠨ ᠠᠶᠤᠯ ᠦᠭᠡᠶ ᠦᠢᠯᠡᠳᠪᠦᠷᠢᠯᠡᠯ ᠢ ᠪᠠᠶᠢᠴᠠᠭᠠᠬᠤ ᠪᠠ ᠳᠠᠯᠳᠠ ᠭᠡᠮ ᠢ | ᠵᠠᠰᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ ᠬᠤᠲᠠ ᠪᠠᠯᠭᠠᠰᠤ ᠶᠢᠨ ᠰᠢᠲᠠᠮᠠᠬᠠᠶ ᠬᠡᠢ ᠶᠢᠨ ᠠᠶᠤᠯ | ᠦᠭᠡᠶ ᠬᠡᠢ ᠬᠠᠩᠭᠠᠬᠤ ᠪᠠᠲᠤᠯᠠᠭ᠎ᠠ ᠶᠢ ᠰᠠᠶᠢᠲᠤᠷ ᠬᠢᠵᠦ᠂ ᠬᠤᠲᠠ ᠪᠠᠯᠭᠠᠰᠤ ᠶᠢᠨ ᠰᠢᠲᠠᠮᠠᠬᠠᠶ ᠬᠡᠢ ᠶᠢᠨ | ᠦᠢᠯᠡᠳᠪᠦᠷᠢᠯᠡᠯ ᠤᠨ ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠰᠢᠲᠠᠮᠠᠬᠠᠶ ᠬᠡᠶ ᠶᠢ ᠶᠡᠷᠦᠩᠬᠡᠶᠢᠯᠡᠨ | ᠠᠰᠢᠭᠯᠠᠬᠤ ᠲᠥᠷᠥᠯ ᠵᠦᠢᠯ᠂ ᠠᠯᠠᠱᠠ ᠪᠠᠷᠠᠭᠤᠨ ᠬᠤᠰᠢᠭᠤᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ | ᠬᠤᠭᠤᠯᠠᠶ ᠲᠤᠤᠷ ᠤᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ | ︵ᠲᠠᠪᠤ︶ ᠬᠤᠲᠠ ᠪᠠᠯᠭᠠᠰᠤ ᠶᠢᠨ ᠢᠯᠴᠢ ᠬᠠᠩᠭᠠᠬᠤ᠃ ᠢᠯᠴᠢ ᠬᠠᠩᠭᠠᠬᠤ ᠳᠠᠭᠠᠭᠠᠴᠠ᠂ ᠢᠯᠴᠢ ᠬᠠᠩᠭᠠᠬᠤ | ᠲᠠᠯᠠᠪᠠᠶ᠂ ᠬᠤᠭᠤᠯᠠᠶ ᠲᠤᠤᠷ ᠤᠨ ᠬᠡᠪᠴᠢᠶ᠎ᠡ ᠵᠡᠷᠭᠡ ᠬᠦᠢᠴᠡᠳᠬᠡᠬᠦ ᠲᠤᠭ᠎ᠠ ᠶᠢ ᠵᠦᠶ ᠵᠣᠬᠢᠰᠲᠠᠶ ᠲᠣᠭᠲᠠᠭᠠᠵᠤ᠂ | ᠢᠯᠴᠢ ᠬᠠᠩᠭᠠᠬᠤ ᠠᠵᠤ ᠠᠬᠤᠶᠢᠯᠠᠯ ᠯᠤᠭ᠎ᠠ ᠨᠡᠪᠲᠡᠷᠡᠯᠴᠡᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠤᠲᠠ | ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠬᠤ᠂ ᠢᠯᠴᠢ ᠡᠭᠦᠰᠭᠡᠭᠴᠢ ᠶᠢ ᠲᠣᠬᠢᠷᠠᠭᠤᠯᠬᠤ ᠶᠢ ᠬᠦᠢᠴᠡᠳ | ᠪᠣᠳᠣᠯᠬᠢᠯᠠᠬᠤ ᠬᠡᠷᠡᠭᠲᠡᠶ᠃ ᠬᠤᠲᠠ ᠪᠠᠯᠭᠠᠰᠤ ᠶᠢᠨ ᠢᠯᠴᠢ ᠬᠠᠩᠭᠠᠬᠤ ᠬᠤᠭᠤᠯᠠᠶ ᠲᠣᠣᠷ ᠤᠨ ᠪᠦᠲᠦᠭᠡᠨ | ᠪᠠᠶᠢᠭᠤᠯᠤᠯᠲᠠ ᠪᠣᠯᠤᠨ ᠥᠭᠡᠷᠡᠴᠢᠯᠡᠯᠲᠡ ᠶᠢ ᠲᠦᠷᠭᠡᠳᠬᠡᠵᠦ᠂ ᠬᠤᠲᠠ ᠪᠠᠯᠭᠠᠰᠤ ᠶᠢᠨ ᠲᠥᠪᠯᠡᠷᠡᠩᠭᠦᠶ ᠢᠯᠴᠢ | ᠬᠠᠩᠭᠠᠬᠤ ᠪᠦᠷᠬᠦᠴᠡ ᠶᠢᠨ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠬᠤ᠂ ᠣᠯᠠᠨ ᠴᠢᠳᠠᠮᠵᠢ ᠶᠢ ᠳᠣᠭᠢᠷᠠᠭᠤᠯᠬᠤ ᠵᠠᠷᠴᠢᠮ ᠶᠣᠰᠣᠭᠠᠷ᠂ ᠪᠠᠶᠢᠭᠠᠯᠢ ᠶᠢᠨ ᠰᠢᠲᠠᠮᠠᠬᠠᠶ ᠬᠡᠶ ᠵᠡᠷᠭᠡ | ᠰᠢᠨ᠎ᠡ ᠡᠨᠧᠷᠭᠢ ᠶᠢᠨ ᠢᠯᠴᠢ ᠬᠠᠩᠭᠠᠬᠤ ᠶᠢ ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠠᠶᠠᠨᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ | ᠲᠤᠤᠷ ᠤᠨ ᠬᠤᠶᠠᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠠᠳᠠᠢ ᠶᠢᠨ ᠵᠢᠷᠠᠨ | ᠪᠠᠯᠭᠠᠰᠤᠨ ᠤ ᠨᠢᠭᠡᠨᠲᠡ ᠪᠠᠶᠢᠭ᠎ᠠ ᠵᠡᠭᠡᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠲᠤᠤᠷ ᠤᠨ ᠡᠨᠧᠷᠭᠢ | ᠠᠷᠪᠢᠯᠠᠬᠤ ᠥᠭᠡᠷᠡᠴᠢᠯᠡᠯᠲᠡ᠂ ᠳᠠᠯᠠᠶᠢᠬᠦ᠋ᠪ ᠪᠠᠯᠭᠠᠰᠤᠨ ᠤ ᠢᠯᠴᠢ ᠬᠠᠩᠭᠠᠬᠤ ᠬᠤᠭᠤᠯᠠᠶ ᠲᠤᠤᠷ ᠢ ᠥᠭᠡᠷᠡᠴᠢᠯᠡᠵᠦ | ᠥᠷᠭᠡᠳᠬᠡᠨ ᠪᠠᠶᠢᠭᠤᠯᠬᠤ᠂ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ | ᠣᠷᠣᠨ ᠤ ᠲᠥᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ ᠪᠣᠶ᠃ | ︵ᠵᠢᠷᠭᠤᠭ᠎ᠠ︶ ᠬᠤᠭ ᠨᠣᠪᠰᠢ ᠶᠢ ᠰᠢᠢᠳᠪᠦᠷᠢᠯᠡᠬᠦ᠃ ᠬᠤᠭ ᠨᠣᠪᠰᠢ ᠶᠢ ᠲᠥᠷᠥᠯ ᠬᠤᠪᠢᠶᠠᠬᠤ ᠶᠢ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠪᠥᠬᠦ ᠲᠠᠯ᠎ᠠ ᠪᠠᠷ ᠥᠷᠨᠢᠭᠦᠯᠵᠦ᠂ ᠠᠮᠢᠳᠤᠷᠠᠯ ᠤᠨ | ᠬᠤᠭ ᠨᠣᠪᠰᠢ ᠶᠢ ᠪᠦᠷᠢᠳᠬᠡᠬᠦ ᠬᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠨ ᠡᠭᠡᠭᠦᠯᠦᠨ ᠬᠤᠷᠢᠶᠠᠬᠤ ᠪᠠ ᠡᠬᠢ ᠪᠠᠶᠠᠯᠢᠭ ᠢ ᠡᠭᠡᠭᠦᠯᠦᠨ ᠬᠤᠷᠢᠶᠠᠬᠤ | ᠰᠢᠰᠲ᠋ᠧᠮᠵᠢ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠡᠭᠡᠭᠦᠯᠦᠨ ᠬᠤᠷᠢᠶᠠᠵᠤ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠦᠨ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ᠂ ᠴᠡᠴᠡᠷᠯᠢᠭ ᠤᠨ | ᠬᠤᠭ ᠨᠣᠪᠰᠢ᠂ ᠪᠠᠭᠠᠰᠤ ᠰᠢᠭᠡᠰᠦ ᠵᠡᠷᠭᠡ ᠣᠷᠭᠠᠨᠢᠭ ᠪᠣᠳᠠᠰ ᠢ ᠰᠢᠶ᠋ᠳᠪᠦᠷᠢᠯᠡᠬᠦ ᠶᠢ ᠨᠢᠭᠡᠳᠦᠯᠲᠡᠶ ᠲᠥᠯᠥᠪᠯᠡᠵᠦ᠂ | ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ ᠴᠤᠭᠯᠠᠭᠤᠯᠬᠤ ᠪᠠ ᠰᠢᠢᠳᠪᠦᠷᠢᠯᠡᠬᠦ ᠪᠡᠯᠡᠳᠬᠡᠮᠵᠢ ᠶᠢ | ᠪᠦᠲᠦᠭᠡᠨ ᠪᠠᠶᠢᠭᠤᠯᠬᠤ ᠬᠡᠷᠡᠭᠲᠡᠶ᠃ ᠣᠳᠣ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ ᠶᠢᠨ | ᠪᠠᠶᠢᠳᠠᠯ ᠢ ᠣᠶᠢᠯᠠᠭᠠᠬᠤ ᠪᠠ ᠠᠮᠤᠷ ᠲᠦᠪᠰᠢᠨ ᠪᠤᠰᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ | ᠥᠷᠨᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠲᠡᠶ᠃ | ᠲᠣᠭᠤᠭᠠᠨ ᠭᠡᠷ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠡᠭᠡᠭᠦᠯᠦᠨ ᠬᠤᠷᠢᠶᠠᠵᠤ ᠠᠰᠢᠭᠯᠠᠬᠤ | ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ᠃ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠤᠨ | ᠪᠠᠷᠢᠮᠵᠢᠶ᠎ᠠ ᠶᠢ ᠳᠡᠭᠡᠭᠰᠢᠯᠡᠭᠦᠯᠵᠦ᠂ ᠪᠠᠯᠠ ᠲᠣᠬᠢᠷᠠᠭᠤᠯᠭ᠎ᠠ ᠶᠢᠨ ᠲᠦᠷᠢᠶᠡᠰᠦᠯᠡᠬᠦ ᠵᠡᠷᠭᠡ ᠵᠠᠬ᠎ᠠ ᠳᠡᠯᠭᠡᠭᠦᠷᠴᠢᠯᠡᠨ | ᠠᠵᠢᠯᠯᠠᠭᠤᠯᠬᠤ ᠠᠷᠭ᠎ᠠ ᠮᠠᠶ᠋ᠢᠭ ᠢᠶᠠᠷ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠪᠠ ᠮᠠᠰᠢᠨᠴᠢᠯᠠᠨ | ᠠᠵᠢᠯᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠰᠦᠪᠡᠭᠴᠢᠯᠡᠨ᠎ᠡ᠃ ᠨᠡᠶᠢᠲᠡ ᠶᠢᠨ ᠵᠣᠷᠯᠣᠩ ᠤᠨ ᠪᠥᠲᠥᠭᠡᠨ | ᠪᠠᠶᠢᠭᠤᠯᠤᠯᠲᠠ ᠪᠠ ᠨᠡᠶᠢᠲᠡ ᠶᠢᠨ ᠬᠠᠭᠤᠴᠢᠨ ᠵᠣᠷᠯᠣᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ | ᠲᠦᠷᠭᠡᠳᠬᠡᠵᠦ᠂ ᠨᠡᠶᠢᠲᠡ ᠶᠢᠨ ᠵᠣᠷᠯᠣᠩ ᠤᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠬᠠᠮᠤᠷᠬᠤ ᠲᠠᠯᠠᠪᠠᠶ ᠶᠢ | ᠥᠷᠭᠡᠳᠬᠡᠵᠦ᠂ ᠡᠷᠡᠭᠲᠡᠶ ᠡᠮᠡᠭᠲᠡᠶ ᠵᠣᠷᠯᠣᠩ ᠤᠨ ᠬᠠᠷᠢᠴᠠᠯ ᠢ ᠵᠦᠶ ᠵᠣᠬᠢᠰᠲᠠᠶ ᠳᠣᠭᠢᠷᠠᠭᠤᠯᠤᠨ᠂ ᠢᠯᠭᠠᠬᠤ ᠲᠡᠮᠳᠡᠭ | ᠪᠠ ᠬᠥᠲᠥᠯᠦᠨ ᠵᠢᠯᠣᠭᠤᠳᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ᠂ ᠪᠠᠶᠠᠨᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠤᠭ ᠨᠣᠪᠰᠢ ᠶᠢ ᠳᠠᠬᠢᠨ | ᠠᠰᠢᠭᠯᠠᠬᠤ᠂ ᠪᠠᠳᠠᠢ ᠶᠢᠨ ᠵᠢᠷᠠᠨ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ | ᠰᠢᠢᠳᠪᠦᠷᠢᠯᠡᠬᠦ ᠵᠢᠴᠢ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠠᠪᠴᠤ ᠠᠰᠢᠭᠯᠠᠬᠤ᠂ ᠪᠠᠳᠠᠢ ᠶᠢᠨ ᠵᠢᠷᠠᠨ | ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠢᠨᠵᠧᠨᠧᠷᠢᠩ᠂ ᠡᠵᠡᠨ᠎ᠡ | ᠬᠤᠰᠢᠭᠤᠨ ᠤ ᠪᠠᠷᠢᠯᠭ᠎ᠠ ᠶᠢᠨ ᠬᠤᠭ ᠨᠣᠪᠰᠢ ᠶᠢ ᠪᠤᠯᠠᠵᠤ ᠰᠢᠶ᠋ᠳᠪᠦᠷᠢᠯᠡᠬᠦ᠂ ᠳᠠᠯᠠᠳ ᠪᠠᠯᠭᠠᠰᠤᠨ ᠤ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ᠂ ᠬᠤᠶᠠᠷᠬᠤᠳᠳᠤᠭ ᠤᠨ ᠬᠦᠳᠡᠭᠡ ᠠᠮᠢ ᠠᠬᠤᠶ ᠶᠢᠨ | ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠲᠥᠪ᠂ | ᠤᠯᠠᠭᠠᠨᠪᠤᠬ᠎ᠠ ᠵᠢᠱᠢᠶ᠎ᠡ ᠦᠵᠡᠭᠦᠯᠬᠦ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ | ᠰᠢᠢᠳᠪᠦᠷᠢᠯᠡᠬᠦ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ | ︵ᠳᠣᠯᠤᠭ᠎ᠠ︶ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ᠃ ᠤᠰᠤᠨ ᠤ ᠬᠡᠮᠵᠢᠶ᠎ᠡ ᠪᠠᠷ ᠨᠣᠭᠤᠭᠠᠨ ᠢ | ᠲᠣᠭᠲᠠᠭᠠᠬᠤ ᠵᠠᠷᠴᠢᠮ ᠶᠣᠰᠣᠭᠠᠷ᠂ ᠬᠤᠲᠠ ᠪᠠᠯᠭᠠᠰᠤ ᠶᠢᠨ ᠨᠣᠭᠤᠭᠠᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠲᠠ ᠪᠠᠯᠭᠠᠰᠤ ᠶᠢᠨ ᠭᠤᠤᠯ ᠲᠣᠭᠤᠷᠢᠭ ᠤᠨ ᠨᠣᠭᠤᠭᠠᠷᠠᠭᠤᠯᠤᠯᠲᠠ ᠶᠢᠨ ᠬᠡᠮᠵᠢᠶ᠎ᠡ ᠪᠠᠭ᠎ᠠ᠂ ᠲᠠᠷᠬᠠᠯᠲᠠ ᠨᠢ ᠵᠢᠭᠳᠡ | ᠪᠤᠰᠤ᠂ ᠲᠣᠷᠤᠭ ᠮᠣᠳᠣ ᠴᠥᠭᠡᠨ᠂ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠳᠤᠤᠷ᠎ᠠ ᠵᠡᠷᠭᠡ ᠠᠰᠠᠭᠤᠳᠠᠯ ᠳᠤ | ᠴᠢᠭᠯᠡᠭᠦᠯᠦᠨ᠂ ᠠᠭᠤᠰᠣᠯᠴᠠᠭᠰᠠᠨ ᠬᠤᠲᠠ᠂ ᠠᠷᠪᠢᠯᠠᠨ ᠭᠠᠮᠨᠠᠬᠤ ᠬᠡᠯᠪᠡᠷᠢ ᠶᠢᠨ ᠴᠡᠴᠡᠷᠯᠢᠭ ᠵᠡᠷᠭᠡ | ᠣᠨᠣᠯᠵᠢᠬᠤᠨ ᠢᠶᠠᠷ ᠯᠠᠪᠯᠠᠯᠲᠠ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠨᠣᠭᠤᠭᠠᠨ | ᠬᠥᠷᠥᠰᠥ ᠶᠢᠨ ᠪᠠᠶᠢᠷᠢᠰᠢᠭᠤᠯᠤᠯ ᠤᠨ ᠲᠡᠩᠴᠡᠭᠦᠷᠢᠲᠦ ᠴᠢᠨᠠᠷ᠂ ᠪᠦᠷᠢᠨ ᠪᠦᠲᠦᠨ ᠴᠢᠨᠠᠷ᠂ ᠦᠷᠭᠦᠯᠵᠢᠯᠡᠬᠦ ᠴᠢᠨᠠᠷ ᠢ | ᠨᠡᠮᠡᠭᠳᠡᠭᠦᠯᠵᠦ᠂ ᠭᠠᠵᠠᠷ ᠣᠷᠣᠨ ᠤ ᠥᠩᠭᠡ ᠦᠵᠡᠮᠵᠢ ᠶᠢᠨ ᠣᠨᠴᠠᠯᠢᠭ ᠢ ᠪᠣᠶ ᠪᠣᠯᠭᠠᠬᠤ ᠬᠡᠷᠡᠭᠲᠡᠶ᠃ ᠡᠯ᠎ᠡ | ᠱᠠᠲᠤᠨ ᠤ ᠬᠤᠲᠠ ᠪᠠᠯᠭᠠᠰᠤ ᠶᠢᠨ ᠴᠡᠴᠡᠷᠯᠢᠭ ᠤᠨ ᠨᠣᠭᠤᠭᠠᠷᠠᠭᠤᠯᠬᠤ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ | ᠳᠦᠷᠢᠮ ᠢ ᠲᠡᠭᠦᠯᠳᠡᠷᠵᠢᠭᠦᠯᠦᠨ᠂ ᠬᠠᠮᠢᠶᠠᠷᠴᠤ ᠬᠠᠮᠠᠭᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠵᠠᠬ᠎ᠠ | ᠳᠡᠯᠭᠡᠭᠦᠷᠴᠢᠯᠡᠨ ᠥᠷᠢᠰᠥᠯᠳᠦᠬᠦ ᠲᠣᠭᠲᠠᠴᠠ ᠶᠢ ᠬᠡᠷᠡᠭᠯᠡᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠤᠰᠤ ᠠᠷᠪᠢᠯᠠᠵᠤ ᠭᠠᠩ ᠳᠤ ᠲᠡᠰᠪᠦᠷᠢᠲᠡᠶ ᠮᠣᠳᠣ ᠪᠣᠯᠤᠨ ᠴᠡᠴᠡᠭ | ᠡᠪᠡᠰᠦ ᠶᠢ ᠡᠩ ᠲᠡᠷᠢᠭᠦᠨ ᠳᠤ ᠰᠣᠩᠭᠤᠨ ᠬᠡᠷᠡᠭᠯᠡᠵᠦ᠂ ᠰᠦᠷᠴᠢᠨ ᠤᠰᠤᠯᠠᠬᠤ᠂ ᠰᠡᠪᠡᠷᠡᠭᠦᠨ ᠤᠰᠤᠯᠠᠬᠤ ᠵᠡᠷᠭᠡ | ᠤᠰᠤ ᠠᠷᠪᠢᠯᠠᠵᠤ ᠤᠰᠤᠯᠠᠬᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠵᠦ᠂ ᠤᠰᠤ ᠠᠷᠪᠢᠯᠠᠬᠤ᠂ ᠡᠨᠧᠷᠭᠢ ᠠᠷᠪᠢᠯᠠᠬᠤ᠂ | ᠤᠷᠲᠤ ᠬᠤᠭᠤᠴᠠᠭᠠᠨ ᠤ ᠦᠷ᠎ᠡ ᠪᠦᠲᠦᠮᠵᠢᠲᠡᠶ ᠪᠠᠶᠢᠯᠭᠠᠬᠤ ᠬᠡᠷᠡᠭᠲᠡᠶ᠃ ᠤᠰᠤ ᠠᠷᠪᠢᠯᠠᠬᠤ ᠠᠷᠭ᠎ᠠ ᠬᠡᠮᠵᠢᠶ᠎ᠡ ᠶᠢ | ᠬᠠᠮᠤᠭ ᠤᠨ ᠶᠡᠭᠡ ᠬᠡᠮᠵᠢᠶ᠎ᠡ ᠪᠠᠷ ᠰᠠᠶᠢᠲᠤᠷ ᠬᠢᠵᠦ᠂ ᠪᠣᠷᠣᠭᠠᠨ ᠤ ᠤᠰᠤ ᠶᠢ ᠴᠤᠭᠯᠠᠭᠤᠯᠤᠨ ᠠᠰᠢᠭᠯᠠᠬᠤ ᠵᠢᠴᠢ ᠵᠦᠢ | ᠵᠣᠬᠢᠰᠲᠠᠶ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠵᠤ᠂ ᠬᠤᠲᠠ ᠶᠢᠨ ᠲᠦᠭᠡᠭᠡᠯ ᠤᠰᠤ ᠬᠡᠷᠡᠭᠯᠡᠬᠦ ᠶᠢ ᠪᠠᠭᠠᠰᠬᠠᠬᠤ | ᠬᠡᠷᠡᠭᠲᠡᠶ᠃ ᠨᠣᠭᠤᠭᠠᠷᠠᠭᠤᠯᠤᠯᠲᠠ ᠶᠢᠨ ᠵᠤᠯᠵᠠᠭ᠎ᠠ ᠮᠣᠳᠣᠨ ᠤ ᠰᠠᠭᠤᠷᠢᠨ ᠭᠠᠵᠠᠷ ᠬᠢᠭᠡᠳ ᠠᠮᠢ ᠠᠬᠤᠶ ᠶᠢᠨ ᠨᠤᠭᠤ | ᠭᠠᠵᠠᠷ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠲᠤᠰ ᠭᠠᠵᠠᠷ ᠣᠷᠣᠨ ᠤ ᠵᠤᠯᠵᠠᠭ᠎ᠠ ᠮᠣᠳᠣᠨ ᠤ | ᠠᠵᠤ ᠦᠢᠯᠡᠰ ᠢ ᠪᠤᠶᠢᠵᠢᠭᠤᠯᠬᠤ ᠪᠠ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠲᠦᠷᠭᠡᠳᠬᠡᠨ᠂ ᠠᠷᠪᠢᠯᠠᠨ ᠭᠠᠮᠨᠠᠬᠤ | ᠬᠡᠯᠪᠡᠷᠢ ᠶᠢᠨ ᠴᠡᠴᠡᠷᠯᠢᠭ ᠤᠨ ᠨᠣᠭᠤᠭᠠᠨ ᠬᠥᠷᠥᠰᠥ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ | ᠠᠬᠢᠭᠤᠯᠬᠤ ᠬᠡᠷᠡᠭᠲᠡᠶ᠃ ᠴᠡᠴᠡᠷᠯᠢᠭ ᠤᠨ ᠨᠣᠭᠤᠭᠠᠨ ᠬᠥᠷᠥᠰᠥ ᠶᠢ ᠠᠷᠠᠴᠢᠯᠠᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠲᠤᠰᠬᠠᠶᠢᠵᠢᠭᠰᠠᠨ᠂ ᠨᠠᠷᠢᠯᠢᠭᠵᠢᠭᠤᠯᠤᠭᠰᠠᠨ ᠨᠣᠭᠤᠭᠠᠨ ᠬᠥᠷᠥᠰᠥ ᠶᠢᠨ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠷᠠᠭᠤᠯᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠨᠠᠨᠲ᠋ᠢᠶᠠᠨ ᠤ ᠠᠮᠢ ᠠᠬᠤᠶ ᠶᠢ ᠵᠠᠰᠠᠨ | ᠰᠡᠷᠭᠦᠭᠡᠬᠦ ᠲᠥᠷᠥᠯ ᠵᠦᠢᠯ᠂ ᠸᠠᠩ ᠤᠨ ᠣᠷᠳᠣᠨ ᠤ ᠪᠠᠷᠠᠭᠤᠨ ᠴᠡᠴᠡᠷᠯᠢᠭ ᠵᠢᠴᠢ ᠴᠡᠴᠡᠷᠯᠢᠭ ᠤᠨ ᠵᠤᠯᠵᠠᠭ᠎ᠠ | ᠮᠣᠳᠣᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠤᠶᠠᠷᠬᠤᠳᠳᠤᠭ ᠤᠨ ᠬᠦᠳᠡᠭᠡ | ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠰᠠᠶᠢᠷ ᠴᠣᠨᠵᠢ ᠶᠢᠨ ᠨᠣᠭᠤᠭᠠᠷᠠᠭᠤᠯᠤᠯᠲᠠ᠂ | ᠤᠯᠠᠭᠠᠨᠪᠤᠬ᠎ᠠ ᠠᠮᠢ ᠠᠬᠤᠶ ᠶᠢᠨ ᠰᠢᠨ᠎ᠡ ᠲᠣᠭᠤᠷᠢᠭ ᠤᠨ ᠪᠠᠶᠠᠨ ᠶᠡᠭᠡ ᠵᠠᠮ ᠤᠨ ᠨᠣᠭᠤᠭᠠᠷᠠᠭᠤᠯᠤᠯᠲᠠ ᠵᠡᠷᠭᠡ | ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ | ︵ᠨᠠᠢᠮᠠ︶ ᠭᠡᠷᠡᠯᠲᠦᠭᠦᠯᠭᠡ ᠳᠤ ᠵᠠᠷᠣᠴᠠᠭᠤᠯᠬᠤ ᠡᠨᠧᠷᠭᠢ ᠶᠢ ᠠᠷᠪᠢᠯᠠᠨ᠎ᠠ᠃ ᠡᠨᠧᠷᠭᠢ ᠠᠷᠪᠢᠯᠠᠬᠤ᠂ ᠣᠷᠴᠢᠨ | ᠲᠣᠭᠤᠷᠢᠨ ᠢ ᠬᠠᠮᠠᠭᠠᠯᠠᠬᠤ ᠭᠡᠷᠡᠯᠲᠦᠭᠦᠯᠭᠡ ᠶᠢᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠶᠡᠬᠡᠪᠡᠷ ᠳᠡᠯᠭᠡᠷᠡᠭᠦᠯᠦᠨ | ᠬᠡᠷᠡᠭᠯᠡᠵᠦ᠂ ᠬᠤᠲᠠ ᠶᠢᠨ ᠪᠣᠬᠢᠷᠲᠤᠯ ᠦᠭᠡᠶ ᠭᠡᠷᠡᠯᠲᠦᠭᠦᠯᠭᠡ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠪᠣᠯᠤᠨ | ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠶ᠃ ᠬᠤᠲᠠ ᠶᠢᠨ ᠭᠡᠷᠡᠯᠲᠦᠭᠦᠯᠭᠡ ᠳᠤ | ᠡᠨᠧᠷᠭᠢ ᠠᠷᠪᠢᠯᠠᠬᠤ ᠱᠠᠭᠠᠷᠳᠠᠯᠭ᠎ᠠ ᠶᠣᠰᠣᠭᠠᠷ᠂ ᠭᠡᠷᠡᠯᠲᠦᠭᠦᠯᠭᠡ ᠶᠢᠨ ᠨᠡᠭᠡᠭᠡᠬᠦ ᠪᠠ ᠬᠠᠭᠠᠬᠤ ᠴᠠᠭ ᠢ ᠰᠢᠨᠵᠢᠯᠡᠬᠦ | ᠤᠬᠠᠭᠠᠨᠴᠢ ᠪᠠᠷ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠬᠤᠲᠠ ᠶᠢᠨ ᠦᠵᠡᠮᠵᠢ ᠶᠢᠨ ᠭᠡᠷᠡᠯᠲᠦᠭᠦᠯᠭᠡ ᠶᠢᠨ | ᠬᠡᠪᠴᠢᠶ᠎ᠡ᠂ ᠭᠡᠷᠡᠯᠲᠦᠴᠡ ᠪᠣᠯᠤᠨ ᠡᠨᠧᠷᠭᠢ ᠶᠢᠨ ᠬᠤᠷᠣᠭᠳᠠᠭᠤᠯᠭ᠎ᠠ ᠶᠢᠨ ᠨᠢᠭᠲᠠᠴᠠ ᠶᠢ ᠴᠢᠩᠭ᠎ᠠ ᠬᠢᠵᠠᠭᠠᠷᠯᠠᠬᠤ | ᠬᠡᠷᠡᠭᠲᠡᠶ᠃ ᠣᠳᠣ ᠪᠠᠶᠢᠭ᠎ᠠ ᠡᠨᠧᠷᠭᠢ ᠠᠷᠪᠢᠯᠠᠬᠤ ᠳ᠋ᠧᠩ ᠢᠶᠠᠷ ᠬᠡᠷᠡᠭᠯᠡᠭᠡᠳᠦᠶ ᠵᠠᠮ ᠤᠨ ᠳ᠋ᠧᠩ ᠢ ᠠᠯᠬᠤᠮ | ᠠᠯᠬᠤᠮ ᠢᠶᠠᠷ ᠰᠢᠯᠢᠭᠳᠡᠭᠦᠯᠬᠦ ᠪᠠ ᠰᠣᠯᠢᠵᠤ ᠡᠨᠧᠷᠭᠢ ᠠᠷᠪᠢᠯᠠᠬᠤ ᠮᠠᠶ᠋ᠢᠭ ᠤᠨ ᠭᠡᠷᠡᠯ ᠡᠭᠦᠰᠭᠡᠭᠴᠢ ᠪᠣᠯᠭᠠᠬᠤ ᠬᠡᠷᠡᠭᠲᠡᠶ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠠᠶᠠᠨᠬᠤᠲᠠ ᠶᠢᠨ | ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠵᠢᠴᠢ ᠤᠶᠤᠨᠲᠤ ᠠᠯᠤᠰ ᠡᠵᠡᠮᠰᠢᠯᠲᠦ ᠰᠢᠰᠲ᠋ᠧᠮ ᠢ | ᠥᠭᠡᠷᠡᠴᠢᠯᠡᠬᠦ᠂ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ | ᠰᠠᠶᠢᠷ ᠴᠣᠨᠵᠢ ᠶᠢᠨ ᠬᠡᠰᠡᠭ ᠲᠤ ᠵᠠᠮ ᠤᠨ ᠳ᠋ᠧᠩ ᠣᠭᠰᠠᠷᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ ᠪᠣᠶ᠃ | ︵ᠶᠢᠰᠦ︶ ᠰᠣᠶᠣᠯ ᠤᠨ ᠬᠤᠲᠠ ᠶᠢᠨ ᠪᠦᠲᠦᠭᠡᠨ ᠪᠠᠶᠢᠭᠤᠯᠤᠯᠲᠠ᠃ ᠬᠤᠲᠠ ᠶᠢᠨ ᠴᠡᠴᠡᠷᠯᠢᠭ᠂ ᠣᠯᠠᠨ | ᠨᠡᠶᠢᠲᠡ ᠶᠢᠨ ᠪᠡᠯᠡᠳᠬᠡᠮᠵᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ | ᠲᠡᠦᠬᠡ ᠶᠢᠨ ᠪᠠᠷᠢᠯᠭ᠎ᠠ ᠶᠢᠨ ᠪᠠᠭᠤᠷᠢ ᠶᠢ ᠬᠠᠮᠠᠭᠠᠯᠠᠵᠤ ᠰᠡᠯᠪᠢᠨ ᠵᠠᠰᠠᠬᠤ ᠶᠢ ᠨᠡᠮᠡᠭᠳᠡᠭᠦᠯᠦᠨ᠂ ᠬᠤᠲᠠ ᠶᠢᠨ ᠲᠡᠦᠬᠡ | ᠰᠣᠶᠣᠯ ᠤᠨ ᠭᠤᠣᠯ ᠰᠤᠳᠠᠰᠤ ᠶᠢ ᠭᠦᠨᠵᠡᠭᠡᠶ ᠠᠭᠤᠳᠠᠯᠵᠤ᠂ ᠪᠠᠶᠠᠨᠬᠤᠲᠠ ᠶᠢᠨ ᠲᠡᠦᠬᠡ ᠰᠣᠶᠣᠯ ᠤᠨ ᠨᠡᠷᠡᠲᠦ | ᠬᠤᠲᠠ ᠪᠠᠷ ᠮᠡᠳᠡᠭᠦᠯᠬᠦ ᠶᠢ ᠳᠡᠮᠵᠢᠵᠦ᠂ ᠬᠤᠲᠠ ᠶᠢᠨ ᠰᠣᠶᠣᠯ ᠤᠨ ᠳᠦᠷᠰᠦ ᠪᠠᠶᠢᠳᠠᠯ ᠢ ᠪᠣᠶ ᠪᠣᠯᠭᠠᠨ᠂ ᠬᠤᠲᠠ ᠶᠢᠨ | ᠴᠢᠨᠠᠷ ᠴᠢᠨᠰᠠᠭ᠎ᠠ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠡᠯ᠎ᠡ ᠲᠥᠷᠥᠯ ᠤᠨ | ᠬᠤᠲᠠ ᠶᠢᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ 101 ᠬᠡᠷᠡᠭᠵᠢᠭᠦᠯᠵᠦ᠂ 98 . 09 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠡᠭᠦᠨ ᠳᠤ ᠠᠯᠠᠱᠠ ᠵᠡᠭᠦᠨ ᠬᠤᠰᠢᠭᠤ 16 ᠵᠦᠢᠯ ᠢ | ᠬᠡᠷᠡᠭᠵᠢᠭᠦᠯᠬᠦ ᠪᠠᠷ ᠲᠥᠯᠥᠪᠯᠡᠵᠦ᠂ 20 . 73 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ︔ ᠠᠯᠠᠱᠠ | ᠪᠠᠷᠠᠭᠤᠨ ᠬᠤᠰᠢᠭᠤ 19 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 17 . 4 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠨ᠎ᠠ︔ ᠡᠵᠡᠨ᠎ᠡ ᠬᠤᠰᠢᠭᠤ 36 ᠲᠦᠷᠦᠯ ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ᠂ 18 . 41 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ︔ ᠬᠤᠶᠠᠷᠬᠤᠳᠳᠤᠭ ᠤᠨ | ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠳᠤ 15 ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ᠂ 14 . 62 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ︔ ᠳᠡᠭᠡᠳᠦ ᠰᠢᠨ᠎ᠡ ᠮᠡᠷᠭᠡᠵᠢᠯ ᠤᠨ | ᠣᠷᠣᠨ 5 ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 9 . 26 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠨ᠎ᠠ︔ ᠤᠯᠠᠭᠠᠨᠪᠤᠬ᠎ᠠ ᠠᠮᠢ ᠠᠬᠤᠶ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠳᠤ | 10 ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 17 . 67 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠬᠤ ᠪᠠᠷ ᠲᠥᠰᠦᠪᠯᠡᠪᠡ᠃ | ᠬᠤᠶᠠᠷ᠂ ᠬᠤᠲᠠ ᠶᠢᠨ ᠬᠠᠮᠢᠶᠠᠷᠤᠯᠲᠠ ᠬᠢᠭᠡᠳ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ︵ᠠᠷᠪᠠ︶ ᠬᠤᠲᠠ ᠶᠢᠨ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠨᠢᠭᠡ | ᠲᠤᠤᠷ ᠢ ᠡᠮᠬᠢᠯᠡᠨ ᠨᠡᠶᠢᠯᠡᠭᠦᠯᠬᠦ᠂ ᠨᠢᠭᠡ ᠢᠵᠢ ᠪᠠᠷᠢᠮᠵᠢᠶ᠎ᠠ ᠲᠣᠭᠲᠠᠭᠠᠬᠤ᠂ ᠨᠢᠭᠡ ᠢᠵᠢ ᠲᠣᠭᠲᠠᠴᠠ ᠶᠢ ᠪᠠᠶᠢᠭᠤᠯᠬᠤ᠂ | ᠨᠢᠭᠡ ᠰᠢᠰᠲ᠋ᠧᠮᠵᠢ ᠶᠢ ᠲᠡᠭᠦᠯᠳᠡᠷᠵᠢᠭᠦᠯᠬᠦ ᠲᠠᠯ᠎ᠠ ᠠᠴᠠ ᠭᠠᠷᠳᠠᠵᠤ᠂ ᠬᠤᠲᠠ ᠶᠢᠨ ᠵᠠᠰᠠᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠲᠠ ᠶᠢᠨ ᠵᠠᠰᠠᠯᠲᠠ ᠶᠢᠨ ᠨᠠᠷᠢᠯᠢᠭ ᠤᠨ ᠬᠡᠮᠵᠢᠶ᠎ᠡ ᠶᠢ ᠳᠡᠭᠡᠭᠰᠢᠯᠡᠭᠦᠯᠵᠦ᠂ | ᠬᠠᠤᠯᠢ ᠪᠠᠷ ᠵᠠᠰᠠᠬᠤ᠂ ᠮᠡᠷᠭᠡᠵᠢᠯ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠤᠲᠠ ᠶᠢᠨ ᠵᠠᠰᠠᠯᠲᠠ ᠶᠢᠨ | ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠣᠭᠠᠴᠢᠯᠠᠭᠰᠠᠨ ᠲᠠᠪᠴᠠᠩ ᠤᠨ ᠮᠡᠳᠡᠭᠡ ᠵᠠᠩᠭᠢ ᠶᠢ ᠠᠭᠤᠰᠤᠯᠴᠠᠭᠤᠯᠬᠤ ᠪᠠ ᠥᠷᠭᠡᠳᠬᠡᠨ ᠬᠡᠷᠡᠭᠯᠡᠬᠦ ᠶᠢ | ᠠᠬᠢᠭᠤᠯᠤᠨ᠎ᠠ᠃ ᠴᠡᠪᠡᠷ ᠲᠡᠭᠰᠢ᠂ ᠡᠮᠬᠢ ᠵᠢᠷᠤᠮ ᠲᠠᠢ᠂ ᠠᠮᠤᠷ ᠲᠦᠪᠰᠢᠨ᠂ ᠣᠯᠠᠨ ᠲᠦᠮᠡᠨ ᠬᠠᠨᠤᠮᠵᠢᠲᠠᠶ ᠪᠠᠶᠢᠬᠤ | ᠭᠤᠤᠯ ᠬᠠᠷᠠᠯᠲᠠ ᠶᠢᠨ ᠲᠣᠭᠤᠷᠢᠨ ᠳᠤ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠶᠡᠷᠦᠩᠬᠡᠶᠢᠯᠡᠨ | ᠠᠰᠢᠭᠯᠠᠵᠤ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠬᠡᠨ ᠤ ᠲᠠᠪᠴᠠᠩ ᠳᠤ ᠲᠦᠰᠢᠭᠯᠡᠨ᠂ | ᠲᠣᠭᠲᠠᠴᠠ᠂ ᠪᠠᠶᠢᠭᠤᠯᠤᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠠᠶᠢᠮᠠᠭ᠂ ᠬᠤᠰᠢᠭᠤᠨ ᠤ ᠲᠠᠪᠴᠠᠩ | ᠬᠢᠭᠡᠳ ᠥᠪᠡᠷᠲᠡᠭᠡᠨ ᠵᠠᠰᠠᠬᠤ ᠣᠷᠣᠨ᠂ ᠤᠯᠤᠰ ᠤᠨ ᠲᠠᠪᠴᠠᠩ ᠤᠨ ᠲᠤᠭ᠎ᠠ ᠪᠠᠷᠢᠮᠲᠠ ᠶᠢᠨ ᠨᠡᠪᠲᠡᠷᠡᠯᠴᠡᠭᠡ ᠶᠢ | ᠠᠬᠢᠭᠤᠯᠵᠤ᠂ ᠪᠤᠰᠤᠳ ᠠᠵᠢᠯ ᠲᠥᠷᠥᠯ ᠤᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ | ᠬᠢᠭᠡᠳ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠤᠨ᠎ᠠ︔ ᠲᠠᠪᠴᠠᠩ ᠤᠨ ᠠᠵᠢᠯ ᠲᠥᠷᠥᠯ ᠤᠨ | ᠬᠡᠷᠡᠭᠯᠡᠭᠡᠨ ᠤ ᠰᠢᠰᠲ᠋ᠧᠮ ᠤᠨ ᠴᠢᠳᠠᠮᠵᠢ ᠶᠢ ᠠᠯᠬᠤᠮ ᠠᠯᠬᠤᠮ ᠢᠶᠠᠷ ᠡᠮᠬᠢᠯᠡᠨ ᠨᠡᠶᠢᠯᠡᠭᠦᠯᠵᠦ ᠳᠡᠰ ᠳᠡᠪᠰᠢᠭᠦᠯᠦᠨ᠂ | ᠣᠶᠤᠨᠴᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ | ᠥᠭᠡᠷᠡᠴᠢᠯᠡᠯᠲᠡ ᠶᠢ ᠬᠡᠷᠡᠭᠵᠢᠭᠦᠯᠵᠦ᠂ ᠣᠶᠤᠨᠴᠢ ᠬᠤᠲᠠ ᠶᠢᠨ ᠶᠠᠪᠤᠳᠠᠯ᠂ ᠣᠶᠤᠨᠴᠢ ᠴᠡᠴᠡᠷᠯᠢᠭ᠂ ᠣᠶᠤᠨᠴᠢ | ᠣᠷᠴᠢᠨ ᠲᠣᠭᠤᠷᠢᠨ ᠤ ᠠᠷᠢᠭᠤᠨ ᠴᠡᠪᠡᠷ᠂ ᠣᠶᠤᠨᠴᠢ ᠵᠠᠮ ᠤᠨ ᠳ᠋ᠧᠩ᠂ ᠣᠶᠤᠨᠴᠢ ᠲᠡᠷᠭᠡᠨ ᠵᠣᠭᠰᠣᠭᠠᠯ ᠵᠡᠷᠭᠡ | ᠬᠡᠷᠡᠭᠯᠡᠭᠡᠨ ᠤ ᠰᠢᠰᠲ᠋ᠧᠮ ᠳᠤ ᠣᠷᠣᠭᠤᠯᠤᠨ᠂ ᠪᠠᠷᠢᠯᠭ᠎ᠠ ᠶᠢᠨ ᠭᠠᠵᠠᠷ᠂ ᠢᠳᠡᠭᠡᠨ ᠤᠮᠳᠠᠭᠠᠨ ᠤ ᠲᠣᠰᠣ ᠤᠲᠤᠭ᠎ᠠ᠂ | ᠰᠢᠭᠠᠷᠤ ᠰᠢᠷᠣᠶ ᠶᠢᠨ ᠲᠡᠭᠡᠭᠡᠪᠦᠷᠢ᠂ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠵᠠᠰᠠᠬᠤ᠂ ᠪᠣᠬᠢᠷ ᠦᠮᠡᠬᠡᠶ | ᠤᠰᠤᠨ ᠴᠣᠭᠴᠠ ᠶᠢ ᠵᠠᠰᠠᠬᠤ ᠵᠡᠷᠭᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ | ᠥᠷᠭᠡᠳᠬᠡᠬᠦ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠨᠡᠪᠲᠡᠷᠡᠯᠴᠡᠭᠡ ᠲᠦᠷᠭᠡᠨ᠂ ᠬᠠᠷᠢᠭᠤᠴᠠᠯᠭ᠎ᠠ ᠪᠣᠳᠠᠲᠠᠶ᠂ ᠰᠢᠢᠳᠪᠦᠷᠢᠯᠡᠯᠳᠡ ᠴᠠᠭ ᠲᠤᠬᠠᠶ ᠳᠤᠨᠢ᠂ ᠠᠵᠢᠯᠯᠠᠭᠠᠨ | ᠥᠨᠳᠥᠷ ᠪᠦᠲᠦᠮᠵᠢᠲᠡᠶ ᠬᠤᠲᠠ ᠶᠢᠨ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠪᠠ ᠣᠯᠠᠨ | ᠨᠡᠶᠢᠲᠡ ᠶᠢᠨ ᠦᠢᠯᠡᠴᠢᠯᠡᠭᠡ ᠶᠢ ᠰᠢᠢᠳᠪᠦᠷᠢᠯᠡᠵᠦ ᠬᠢᠨᠠᠯᠲᠠ ᠲᠠᠯᠪᠢᠬᠤ ᠰᠢᠨ᠎ᠡ ᠲᠣᠭᠲᠠᠴᠠ ᠶᠢ ᠠᠯᠬᠤᠮ ᠠᠯᠬᠤᠮ ᠢᠶᠠᠷ | ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠬᠤᠲᠠ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠣᠳᠣᠬᠢᠴᠢᠯᠠᠭᠰᠠᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠤ᠂ ᠬᠤᠲᠠ ᠶᠢᠨ ᠵᠠᠰᠠᠯᠲᠠ ᠶᠢᠨ | ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ ᠠᠵᠢᠯᠯᠠᠭᠠᠨ ᠢ ︽ᠨᠢᠭᠡ ᠰᠦᠯᠵᠢᠶ᠎ᠡ ᠪᠠᠷ | ᠨᠢᠭᠡᠳᠦᠯᠲᠡᠶ ᠬᠠᠮᠢᠶᠠᠷᠬᠤ︾ ᠶᠢ ᠪᠡᠶᠡᠯᠡᠭᠦᠯᠬᠦ ᠶᠢ ᠠᠬᠢᠭᠤᠯᠤᠨ᠎ᠠ᠃ | ᠬᠤᠲᠠ ᠶᠢᠨ ᠲᠤᠤᠷᠴᠢᠯᠠᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ᠃ ᠵᠡᠭᠡᠯᠢ | ᠭᠤᠳᠤᠮᠵᠢ ᠪᠤᠶᠤ ᠨᠡᠶᠢᠭᠡᠮ ᠲᠣᠭᠤᠷᠢᠭ ᠢᠶᠠᠷ ᠨᠢᠬᠡᠴᠡ ᠪᠣᠯᠭᠠᠨ ᠲᠤᠤᠷ ᠬᠤᠪᠢᠶᠠᠵᠤ᠂ ᠬᠤᠲᠠ ᠶᠢᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠷᠢᠯᠢᠬᠵᠢᠭᠤᠯᠤᠨ᠎ᠠ᠃ ᠬᠤᠲᠠ ᠶᠢᠨ ᠲᠤᠤᠷᠴᠢᠯᠠᠭᠰᠠᠨ ᠬᠠᠮᠢᠶᠠᠷᠤᠯᠲᠠ ᠳᠠᠬᠢ | ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠨ ᠦᠨᠡᠯᠡᠬᠦ ᠦᠢᠯᠡᠳᠦᠯ ᠢ | ᠴᠢᠩᠭᠠᠳᠬᠠᠵᠤ᠂ ︽ᠤᠶᠤᠨᠲᠤ ᠬᠤᠲᠠ ᠶᠢᠨ ᠬᠠᠮᠢᠶᠠᠷᠤᠯᠲᠠ︾ ᠪᠠᠷ ᠭᠠᠷᠳᠠᠴᠠ ᠪᠣᠯᠭᠠᠨ᠂ ᠠᠰᠠᠭᠤᠳᠠᠯ ᠢ ᠴᠠᠭ | ᠲᠤᠬᠠᠶ ᠳᠤᠨᠢ ᠢᠯᠡᠷᠡᠭᠦᠯᠬᠦ ᠪᠠ ᠰᠢᠢᠳᠪᠦᠷᠢᠯᠡᠵᠦ᠂ ᠲᠣᠮᠣ ᠳ᠋ᠠᠶᠢᠲ᠋ᠠ ᠶᠢ ᠬᠦᠢᠴᠡᠳ ᠬᠡᠷᠡᠭᠯᠡᠨ ᠵᠠᠳᠠᠯᠤᠯᠲᠠ ᠬᠢᠵᠦ᠂ ︽ | ᠬᠤᠲᠠ ᠶᠢᠨ ᠠᠷᠬᠠᠭ ᠬᠡᠮ︾ ᠢ ᠤᠷᠲᠤ ᠬᠤᠭᠤᠴᠠᠭ᠎ᠠ ᠪᠠᠷ ᠪᠦᠲᠦᠮᠵᠢᠲᠡᠶ ᠵᠠᠰᠠᠬᠤ ᠶᠢ ᠴᠢᠩᠭᠠᠳᠬᠠᠨ᠂ ᠡᠯ᠎ᠡ | ᠵᠦᠢᠯ ᠤᠨ ︽ᠬᠤᠲᠠ ᠶᠢᠨ ᠡᠪᠡᠳᠴᠢᠨ︾ ᠢ ᠴᠢᠷᠮᠠᠶᠢᠨ ᠠᠷᠢᠯᠭᠠᠨ᠎ᠠ᠃ ᠨᠡᠶᠢᠭᠡᠮ ᠤᠨ ᠬᠠᠮᠲᠤ ᠪᠠᠷ ᠵᠠᠰᠠᠬᠤ ᠡᠷᠴᠢᠮ ᠢ | ᠴᠢᠩᠭᠠᠷᠠᠭᠤᠯᠵᠤ᠂ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ᠂ ᠣᠯᠠᠨ ᠨᠡᠶᠢᠲᠡ ᠪᠠ ᠰᠠᠶᠢᠨ ᠳᠤᠷᠠᠴᠤᠳ ᠢ | ᠬᠥᠲᠥᠯᠥᠨ ᠵᠢᠯᠣᠭᠤᠳᠴᠤ ᠪᠠᠶᠢᠭᠠᠳ ᠬᠤᠲᠠ ᠶᠢᠨ ᠬᠠᠮᠢᠶᠠᠷᠤᠯᠲᠠ ᠳᠤ ᠡᠮᠬᠢ ᠵᠢᠷᠤᠮ ᠲᠠᠢ ᠪᠠᠷ ᠣᠷᠣᠯᠴᠠᠭᠤᠯᠵᠤ᠂ | ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠤᠨ᠂ | ᠨᠡᠶᠢᠭᠡᠮ ᠤᠨ ᠬᠦᠴᠦᠨ ᠪᠠ ᠨᠡᠶᠢᠭᠡᠮ ᠤᠨ ᠬᠥᠷᠥᠩᠭᠡ ᠶᠢ ᠲᠡᠳᠡᠨ ᠬᠤᠲᠠ ᠶᠢᠨ ᠬᠠᠮᠢᠶᠠᠷᠤᠯᠲᠠ ᠳᠤ ᠣᠷᠣᠯᠴᠠᠭᠤᠯᠤᠨ᠎ᠠ | ᠃ | ᠬᠤᠲᠠ ᠶᠢᠨ ᠬᠠᠮᠢᠶᠠᠷᠤᠯᠲᠠ ᠶᠢ ᠨᠠᠷᠢᠯᠢᠭᠵᠢᠭᠤᠯᠬᠤ ᠶᠢ ᠠᠬᠢᠭᠤᠯᠤᠨ᠎ᠠ᠃ ᠬᠤᠲᠠ ᠶᠢᠨ ᠪᠡᠶ᠎ᠡ ᠶᠢᠨ | ᠪᠠᠶᠢᠴᠠᠭᠠᠯᠲᠠ᠂ ᠬᠤᠲᠠ ᠶᠢᠨ ᠰᠢᠨᠡᠳᠬᠡᠬᠦ ᠠᠵᠢᠯ ᠢ ᠰᠦᠪᠡᠭᠴᠢᠯᠡᠨ ᠥᠷᠨᠢᠭᠦᠯᠦᠨ᠎ᠡ᠃ ᠬᠤᠲᠠ ᠶᠢᠨ | ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ | ᠪᠡᠯᠡᠳᠬᠡᠮᠵᠢ᠂ ᠴᠡᠴᠡᠷᠯᠢᠭᠵᠢᠭᠦᠯᠦᠨ ᠨᠣᠭᠤᠭᠠᠷᠠᠭᠤᠯᠬᠤ᠂ ᠬᠤᠲᠠ ᠶᠢᠨ ᠣᠯᠠᠨ ᠨᠡᠶᠢᠲᠡ ᠶᠢᠨ ᠣᠷᠣᠨ ᠵᠠᠶ ᠶᠢᠨ | ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠮᠬᠢ ᠳᠢᠭᠯᠢᠮ᠂ ᠵᠠᠮ | ᠬᠠᠷᠢᠯᠴᠠᠭ᠎ᠠ᠂ ᠬᠠᠤᠯᠢ ᠠᠴᠠ ᠵᠥᠷᠢᠴᠡᠭᠰᠡᠨ ᠪᠥᠲᠥᠭᠡᠨ ᠪᠠᠶᠢᠭᠤᠯᠤᠯᠲᠠ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ | ᠃ ᠣᠷᠣᠨ ᠨᠤᠲᠤᠭ ᠤᠨ ᠪᠣᠳᠠᠲᠠᠶ ᠳᠤ ᠨᠡᠶᠢᠴᠡᠭᠰᠡᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠ | ᠦᠢᠯᠡᠴᠢᠯᠡᠬᠡᠨ ᠤ ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠠᠵᠢᠯ ᠤᠨ ᠪᠣᠳᠠᠲᠠᠶ ᠬᠡᠪᠴᠢᠶ᠎ᠡ᠂ ᠡᠭᠦᠷᠭᠡ ᠬᠠᠷᠢᠭᠤᠴᠠᠯᠭ᠎ᠠ᠂ ᠴᠤᠪᠤᠷᠠᠯ᠂ ᠪᠠᠷᠢᠮᠵᠢᠶ᠎ᠠ ᠵᠡᠷᠭᠡ ᠶᠢ | ᠨᠠᠷᠢᠨ ᠲᠣᠳᠣᠷᠬᠠᠶ ᠪᠣᠯᠭᠠᠨ᠎ᠠ᠃ ᠬᠤᠲᠠ ᠶᠢᠨ ᠬᠠᠮᠢᠶᠠᠷᠤᠯᠲᠠ ᠶᠢᠨ ᠪᠠᠲᠤᠯᠠᠭ᠎ᠠ ᠲᠤᠯᠭᠠᠭᠤᠷᠢᠯᠠᠯ ᠤᠨ ᠰᠢᠰᠲ᠋ᠧᠮᠵᠢ ᠶᠢ | ᠪᠦᠷᠢᠨᠰᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠬᠤ ᠠᠵᠢᠯ ᠤᠨ ᠨᠢᠭᠡᠳᠦᠯᠲᠡᠶ ᠤᠳᠤᠷᠢᠳᠤᠯᠭ᠎ᠠ ᠶᠢ | ᠴᠢᠩᠭᠠᠳᠬᠠᠨ᠂ ᠬᠤᠲᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠬᠤ ᠵᠠᠷᠤᠳᠠᠯ ᠤᠨ ᠣᠷᠣᠭᠤᠯᠤᠯᠲᠠ ᠶᠢ ᠪᠠᠲᠤᠯᠠᠵᠤ᠂ | ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ | ᠪᠡᠯᠡᠳᠬᠡᠮᠵᠢ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠠᠷᠢᠭᠤᠨ ᠴᠡᠪᠡᠷ᠂ | ᠴᠡᠴᠡᠷᠯᠢᠭ ᠤᠨ ᠨᠣᠭᠤᠭᠠᠷᠠᠭᠤᠯᠤᠯᠲᠠ ᠵᠡᠷᠭᠡ ᠵᠠᠬ᠎ᠠ ᠳᠡᠯᠭᠡᠭᠦᠷᠴᠢᠯᠡᠨ ᠠᠵᠢᠯᠯᠠᠬᠤ ᠪᠠ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠤᠨ᠂ ᠲᠣᠭᠲᠠᠩᠭᠤᠶ ᠲᠡᠷᠭᠡᠨ ᠵᠣᠭᠰᠣᠭᠠᠯ ᠤᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠬᠠᠮᠢᠶᠠᠷᠤᠯᠲᠠ ᠳᠠᠬᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ | ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠬᠦᠢᠴᠡᠳᠭᠡᠯ ᠲᠤᠭ᠎ᠠ ᠶᠢᠨ | ᠰᠢᠰᠲ᠋ᠧᠮᠵᠢ ᠪᠠ ᠰᠢᠯᠭᠠᠨ ᠬᠢᠨᠠᠬᠤ ᠠᠷᠭ᠎ᠠ ᠶᠢᠨ ᠶᠣᠰᠣᠭᠠᠷ᠂ ᠬᠤᠲᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠬᠢᠨᠠᠵᠤ᠂ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠬᠡᠷᠡᠭᠲᠡᠶ᠃ | ︵ᠠᠷᠪᠠᠨ ᠨᠢᠭᠡ︶ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷᠠᠬᠢ | ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠵᠣᠬᠢᠴᠠᠭᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠬᠤᠳᠠ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠳᠡᠭᠡᠳᠦ ᠲᠡᠰ ᠤᠨ ᠵᠣᠬᠢᠴᠠᠭᠤᠯᠭ᠎ᠠ᠂ ᠳᠡᠭᠡᠳᠦ ᠲᠡᠰ ᠤᠨ ᠬᠢᠨᠠᠯᠲᠠ᠂ ᠳᠡᠭᠡᠳᠦ | ᠲᠡᠰ ᠤᠨ ᠬᠢᠨᠠᠨ ᠰᠢᠯᠭᠠᠯᠲᠠ ᠶᠢ ᠠᠬᠢᠭᠤᠯᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ | ᠠᠵᠢᠯ ᠤᠨ ᠡᠷᠬᠡ ᠶᠢ ᠵᠦᠶ ᠵᠣᠬᠢᠰᠲᠠᠶ ᠬᠤᠪᠢᠶᠠᠷᠢᠯᠠᠵᠤ᠂ ᠨᠠᠷᠢᠨ ᠬᠠᠭᠤᠳᠠᠰᠤ ᠮᠠᠶ᠋ᠢᠭ ᠤᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ | ᠬᠢᠭᠡᠳ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠭᠤᠷᠣᠨᠳᠣᠬᠢ | ᠪᠦᠲᠦᠮᠵᠢᠲᠡᠶ ᠵᠣᠯᠭᠠᠭᠤᠯᠤᠨ ᠬᠠᠮᠵᠢᠯᠴᠠᠬᠤ ᠪᠠ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ | ᠴᠢᠩᠭᠠᠳᠬᠠᠵᠤ᠂ ᠡᠷᠬᠡ ᠬᠠᠷᠢᠭᠤᠴᠠᠯᠭ᠎ᠠ ᠲᠣᠳᠣᠷᠬᠠᠶ᠂ ᠦᠢᠯᠡᠴᠢᠯᠡᠭᠡ ᠶᠢ ᠲᠡᠷᠢᠭᠦᠨ ᠳᠤ ᠲᠠᠯᠪᠢᠬᠤ᠂ | ᠬᠠᠮᠢᠶᠠᠷᠤᠯᠲᠠ ᠶᠢ ᠰᠢᠯᠢᠳᠡᠭᠵᠢᠭᠦᠯᠬᠦ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ᠂ ᠠᠮᠤᠷ ᠲᠦᠪᠰᠢᠨ ᠡᠮᠬᠢ | ᠵᠢᠷᠤᠮ ᠲᠠᠢ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠵᠤ᠂ ᠬᠠᠮᠢᠶᠠᠷᠤᠯᠲᠠ ᠪᠠ ᠬᠠᠤᠯᠢ | ᠬᠡᠷᠡᠭᠵᠢᠭᠦᠯᠬᠦ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠬᠠᠤᠯᠢ ᠪᠠᠷᠢᠬᠤ ᠪᠠᠲᠤᠯᠠᠭ᠎ᠠ ᠶᠢ | ᠴᠢᠩᠭᠠᠳᠬᠠᠵᠤ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ | ᠬᠢᠭᠡᠳ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠵᠢᠴᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠠᠤᠯᠢ ᠪᠠᠷᠢᠬᠤ ᠶᠢ ᠵᠣᠯᠭᠠᠯᠳᠤᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠵᠠᠰᠠᠭ | ᠵᠠᠬᠢᠷᠭᠠᠨ ᠤ ᠰᠢᠳᠬᠡᠯ ᠬᠢᠭᠡᠳ ᠡᠷᠡᠭᠦᠦ ᠶᠢᠨ ᠰᠢᠳᠬᠡᠯ ᠢ ᠪᠦᠲᠦᠮᠵᠢᠲᠡᠢ ᠵᠣᠯᠭᠠᠯᠳᠤᠭᠤᠯᠬᠤ ᠶᠢ ᠪᠡᠶᠡᠯᠡᠭᠦᠯᠦᠨ᠎ᠡ᠃ | ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠰᠠᠶᠢᠵᠢᠷᠠᠭᠤᠯᠵᠤ᠂ ᠰᠦᠯᠵᠢᠶᠡᠨ ᠳᠡᠭᠡᠷ᠎ᠡ ᠬᠡᠷᠡᠭ ᠰᠢᠢᠳᠪᠦᠷᠢᠯᠡᠬᠦ ᠶᠢ | ᠠᠬᠢᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠬᠠᠤᠯᠢ | ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠬᠤᠲᠠ ᠶᠢᠨ ᠵᠠᠰᠠᠯᠲᠠ ᠶᠢᠨ ᠡᠳᠦᠷ ᠲᠤᠲᠤᠮ ᠤᠨ ᠪᠠᠶᠢᠴᠠᠭᠠᠯᠲᠠ | ᠪᠣᠯᠤᠨ ᠲᠤᠰᠬᠠᠶ ᠵᠦᠢᠯ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠲᠥᠪ ᠭᠤᠣᠯᠴᠢ᠂ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠬᠠᠤᠯᠢ ᠬᠡᠷᠡᠭᠵᠢᠭᠦᠯᠬᠦ ᠠᠵᠢᠯᠲᠠᠳ ᠤᠨ ᠬᠥᠮᠦᠵᠢᠯ | ᠪᠣᠯᠪᠠᠰᠤᠷᠠᠭᠤᠯᠤᠯ ᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠩᠨᠡᠭᠡᠨ ᠤ ᠶᠡᠷᠦᠩᠬᠡᠶᠢᠯᠡᠭᠰᠡᠨ ᠬᠡᠪ ᠴᠢᠨᠠᠷ ᠢ ᠴᠢᠷᠮᠠᠶᠢᠨ | ᠳᠡᠭᠡᠭᠰᠢᠯᠡᠭᠦᠯᠦᠨ᠎ᠡ︔ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ | ᠬᠠᠤᠯᠢ ᠬᠡᠷᠡᠭᠵᠢᠭᠦᠯᠬᠦ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠎ᠠ︔ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ | ᠬᠠᠮᠢᠶᠠᠷᠤᠯᠲᠠ ᠶᠢᠨ ᠬᠦᠷᠢᠶᠡᠨ ᠤ ᠴᠢᠩᠭ᠎ᠠ᠂ ᠵᠢᠷᠤᠮᠵᠢᠯ ᠲᠠᠢ᠂ ᠭᠤᠤᠯᠴᠢ᠂ ᠪᠣᠯᠪᠠᠰᠤᠨ ᠢᠶᠠᠷ ᠬᠠᠤᠯᠢ | ᠬᠡᠷᠡᠭᠵᠢᠭᠦᠯᠬᠦ ᠶᠢ ᠶᠡᠬᠡᠪᠡᠷ ᠠᠬᠢᠭᠤᠯᠤᠨ᠎ᠠ︔ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠷᠬᠡ | ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠬᠥᠳᠡᠯᠦᠩᠭᠦᠶ ᠪᠠᠷ ᠬᠠᠮᠢᠶᠠᠷᠴᠤ᠂ ᠬᠤᠲᠠ ᠶᠢᠨ ᠥᠨᠳᠥᠷ ᠪᠦᠲᠦᠮᠵᠢᠲᠡᠶ | ᠡᠮᠬᠢ ᠵᠢᠷᠤᠮ ᠲᠠᠢ ᠠᠵᠢᠯᠯᠠᠬᠤ ᠶᠢ ᠠᠬᠢᠭᠤᠯᠤᠨ᠎ᠠ᠃ | ︵ᠠᠷᠪᠠᠨ ᠬᠤᠶᠠᠷ︶ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃ ᠭᠠᠳᠠᠨᠠᠬᠢ | ᠬᠢᠨᠠᠯᠲᠠ ᠲᠠᠯᠪᠢᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠲᠦᠮᠡᠨ ᠤ ᠬᠢᠨᠠᠯᠲᠠ | ᠲᠠᠯᠪᠢᠬᠤ ᠠᠷᠭ᠎ᠠ ᠵᠠᠮ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠢ ᠰᠢᠯᠤᠭᠤᠳᠬᠠᠵᠤ᠂ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠨᠡᠶᠢᠭᠡᠮ ᠤᠨ ᠬᠢᠨᠠᠯᠲᠠ ᠲᠠᠯᠪᠢᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠤᠯᠢ ᠬᠡᠷᠡᠭᠵᠢᠭᠦᠯᠬᠦ ᠶᠢ ᠢᠯᠡ ᠪᠣᠯᠭᠠᠬᠤ ᠶᠢ ᠠᠬᠢᠭᠤᠯᠤᠨ᠎ᠠ᠃ | ᠳᠣᠲᠣᠭᠠᠳᠤ ᠶᠢᠨ ᠬᠢᠨᠠᠯᠲᠠ ᠲᠠᠯᠪᠢᠬᠤ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠱᠠᠳᠤ | ᠳᠠᠪᠬᠤᠷᠭ᠎ᠠ ᠶᠢᠨ ᠬᠢᠨᠠᠯᠲᠠ ᠶᠢ ᠴᠢᠩᠭᠠᠳᠬᠠᠨ᠂ ᠠᠯᠳᠠᠭ᠎ᠠ ᠪᠤᠷᠤᠭᠤ ᠶᠢ ᠵᠠᠯᠠᠷᠠᠭᠤᠯᠬᠤ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠪᠠ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠰᠢᠰᠲ᠋ᠧᠮ ᠪᠣᠯᠤᠨ ᠦᠨᠡᠯᠡᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ | ︵ᠠᠷᠪᠠᠨ ᠭᠤᠷᠪᠠ︶ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ ᠱᠠᠭᠠᠷᠳᠠᠯᠭ᠎ᠠ ᠪᠠ ᠬᠠᠷᠢᠶ᠎ᠠ ᠭᠠᠵᠠᠷ ᠤᠨ ᠬᠠᠮᠢᠶᠠᠷᠤᠯᠲᠠ᠂ ᠡᠷᠬᠡ | ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠬᠦᠴᠦᠨ ᠢ ᠦᠨᠳᠦᠰᠦᠨ ᠱᠠᠲᠤ ᠳᠠᠰᠢ ᠰᠢᠯᠵᠢᠭᠦᠯᠬᠦ ᠶᠢ ᠠᠬᠢᠭᠤᠯᠵᠤ᠂ ᠵᠡᠭᠡᠯᠢ ᠭᠤᠳᠤᠮᠵᠢ᠂ ᠰᠤᠮᠤ | ᠪᠠᠯᠭᠠᠰᠤᠨ ᠤ ᠬᠠᠤᠯᠢ ᠬᠡᠷᠡᠭᠵᠢᠭᠦᠯᠬᠦ ᠡᠩᠨᠡᠭᠡ ᠶᠢ ᠲᠣᠮᠢᠯᠠᠨ ᠰᠠᠭᠤᠯᠭᠠᠵᠤ᠂ ᠬᠠᠤᠯᠢ ᠬᠡᠷᠡᠭᠵᠢᠭᠦᠯᠬᠦ ᠵᠦᠢᠯᠡᠰ ᠢ | ᠬᠠᠷᠢᠶ᠎ᠠ ᠣᠷᠣᠨᠵᠢᠭᠤᠯᠤᠨ ᠬᠠᠮᠢᠶᠠᠷᠬᠤ ᠶᠢ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠠᠵᠢᠯ ᠢ ᠪᠦᠷᠢᠨ ᠬᠠᠮᠣᠷᠣᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢᠨ ᠬᠠᠮᠲᠤ ᠦᠨᠳᠦᠰᠦᠨ ᠱᠠᠲᠤᠨ ᠤ | ᠬᠠᠤᠯᠢ ᠬᠡᠷᠡᠭᠵᠢᠭᠦᠯᠬᠦ ᠡᠩᠨᠡᠭᠡ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠲᠤᠰᠬᠠᠶ ᠮᠡᠷᠭᠡᠵᠢᠯ ᠤᠨ | ᠪᠣᠯᠪᠠᠰᠤᠷᠠᠭᠤᠯᠤᠯ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠠᠵᠢᠯ ᠢ ᠴᠢᠩᠭᠠᠳᠬᠠᠵᠤ᠂ ᠬᠤᠲᠠ | ᠬᠥᠳᠡᠭᠡ ᠶᠢᠨ ᠨᠢᠭᠡ ᠴᠤᠭᠴᠠᠵᠢᠭᠰᠠᠨ ᠬᠥᠭᠵᠢᠯᠲᠡ ᠶᠢ ᠠᠬᠢᠭᠤᠯᠤᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠲᠤ ᠬᠤᠲᠠ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ 7 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 10 . 54 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ᠃ ᠠᠯᠠᠱᠠ ᠵᠡᠭᠦᠨ ᠬᠤᠰᠢᠭᠤ 3 ᠲᠥᠷᠥᠯ ᠢ ᠬᠡᠷᠡᠭᠵᠢᠭᠦᠯᠬᠦ ᠪᠠᠷ | ᠲᠥᠯᠥᠪᠯᠡᠵᠦ᠂ 0 . 6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ︔ ᠠᠯᠠᠱᠠ ᠪᠠᠷᠠᠭᠤᠨ ᠬᠤᠰᠢᠭᠤ | ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ 2 ᠬᠡᠷᠡᠭᠵᠢᠭᠦᠯᠵᠦ᠂ 1 . 5 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠬᠤ ᠪᠠᠷ ᠲᠥᠯᠥᠪᠯᠡᠵᠦ ᠪᠣᠶ︔ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ 1 ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ᠂ 7 . 39 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ︔ ᠬᠤᠶᠠᠷᠬᠤᠳᠳᠤᠭ ᠤᠨ ᠬᠦᠳᠡᠭᠡ | ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠳᠤ 1 ᠲᠥᠷᠥᠯ ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ᠂ 1 . 05 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠃ | ᠭᠤᠷᠪᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠣᠰᠬᠤᠨ ᠪᠠᠯᠭᠠᠰᠤ ᠶᠢᠨ ᠪᠥᠲᠥᠭᠡᠨ | ᠪᠠᠶᠢᠭᠤᠯᠤᠯᠲᠠ | ︵ᠠᠷᠪᠠᠨ ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ᠃ | ᠵᠢᠵᠢᠭ ᠬᠤᠲᠠ ᠪᠠᠯᠭᠠᠰᠤ ᠶᠢᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ | ᠢᠨᠵᠧᠨᠧᠷᠢᠩ ᠢ ᠥᠷᠨᠢᠭᠦᠯᠦᠨ᠎ᠡ᠃ ᠰᠤᠮᠤ ᠪᠠᠯᠭᠠᠰᠤᠨ ᠤ ᠳᠦᠷᠢ ᠲᠥᠷᠬᠦ ᠶᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ | ᠵᠢᠵᠢᠭ ᠬᠤᠲᠠ ᠪᠠᠯᠭᠠᠰᠤᠨ ᠤ ᠳᠦᠷᠢ ᠲᠥᠷᠬᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ | ᠲᠣᠰᠬᠤᠨ ᠤ ᠳᠦᠷᠰᠦ ᠪᠠᠶᠢᠳᠠᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠣᠷᠣᠨ | ᠨᠤᠲᠤᠭ ᠤᠨ ᠣᠨᠴᠠᠯᠢᠭ ᠪᠠ ᠭᠠᠵᠠᠷ ᠣᠷᠣᠨ ᠤ ᠣᠨᠴᠠᠯᠢᠭ ᠢ ᠳᠣᠪᠤᠶᠢᠯᠭᠠᠨ᠂ ᠠᠶᠢᠯ ᠲᠣᠰᠬᠤᠨ ᠤ ᠬᠡᠷ | ᠪᠠᠶᠢᠰᠢᠩ ᠤᠨ ᠡᠮᠦᠨ᠎ᠡ ᠬᠤᠶᠢᠨ᠎ᠠ᠂ ᠥᠨᠴᠥᠭ ᠪᠤᠯᠤᠩ ᠵᠡᠷᠭᠡ ᠪᠠᠷ ᠭᠤᠤᠯᠳᠠᠯᠭ᠎ᠠ ᠪᠣᠯᠭᠠᠵᠤ᠂ ᠠᠮᠢᠳᠤᠷᠠᠯ ᠤᠨ ᠬᠤᠭ | ᠨᠣᠪᠰᠢ ᠶᠢ ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠬᠤ ᠦᠵᠡᠭᠳᠡᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ | ᠬᠡᠷ ᠪᠠᠶᠢᠰᠢᠩ ᠤᠨ ᠡᠮᠦᠨ᠎ᠡ ᠬᠤᠶᠢᠨ᠎ᠠ ᠪᠠ ᠣᠯᠠᠨ ᠨᠡᠶᠢᠲᠡ ᠶᠢᠨ ᠣᠷᠣᠨ ᠪᠦᠰᠡ ᠶᠢᠨ ᠣᠷᠴᠢᠨ ᠲᠣᠭᠤᠷᠢᠨ ᠤ | ᠠᠷᠢᠭᠤᠨ ᠴᠡᠪᠡᠷ ᠡᠮᠬᠢ ᠵᠢᠷᠤᠮ ᠲᠠᠢ ᠪᠠᠶᠢᠬᠤ ᠶᠢ ᠪᠠᠲᠤᠯᠠᠨ᠎ᠠ᠃ ᠮᠠᠯᠵᠢᠬᠤ ᠲᠠᠷᠢᠶᠠᠯᠠᠬᠤ ᠡᠷᠦᠬᠡ ᠶᠢᠨ ᠲᠤᠬᠠᠶ ᠶᠢᠨ | ᠭᠠᠵᠠᠷ ᠠᠴᠠ ᠮᠠᠲ᠋ᠧᠷᠢᠶᠠᠯ ᠠᠪᠴᠤ ᠬᠦᠷᠢᠶ᠎ᠡ ᠬᠠᠰᠢᠶ᠎ᠠ ᠪᠠᠨ ᠬᠠᠲᠠᠭᠤᠷᠠᠭᠤᠯᠬᠤ᠂ ᠵᠣᠬᠢᠬᠤ ᠬᠡᠮᠵᠢᠶ᠎ᠡ ᠪᠠᠷ | ᠨᠣᠭᠤᠭᠠᠷᠠᠭᠤᠯᠬᠤ ᠶᠢ ᠵᠣᠷᠢᠭᠵᠢᠭᠤᠯᠤᠨ᠎ᠠ᠃ | ᠪᠠᠶᠢᠭᠤᠯᠤᠮᠵᠢᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢᠨ ᠵᠠᠰᠠᠯᠲᠠ ᠶᠢ ᠢᠳᠡᠪᠬᠢᠲᠡᠢ ᠪᠠᠷ | ᠠᠬᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠡᠷᠭᠢ ᠳᠠᠭᠠᠤ ᠶᠢᠨ ᠪᠠᠶᠢᠭᠤᠯᠤᠯᠳᠠᠲᠤ ᠪᠠᠯᠭᠠᠰᠤ ᠶᠢ | ᠭᠤᠣᠯᠳᠠᠯᠭ᠎ᠠ ᠲᠠᠢ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠠᠴᠠ ᠭᠠᠳᠠᠨᠠᠬᠢ ᠪᠠᠶᠢᠭᠤᠯᠤᠯᠳᠠᠲᠤ | ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ | ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ 2023 ᠣᠨ | ᠪᠣᠯᠬᠤ ᠳᠤ᠂ ᠬᠠᠲᠤᠨ ᠭᠤᠤᠯ ᠤᠨ ᠰᠠᠪᠠ ᠭᠠᠵᠠᠷ ᠤᠨ ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ ᠪᠣᠬᠢᠷ | ᠤᠰᠤ ᠶᠢ ᠴᠤᠭᠯᠠᠭᠤᠯᠤᠨ ᠰᠢᠢᠳᠪᠦᠷᠢᠯᠡᠬᠦ ᠪᠡᠯᠡᠳᠬᠡᠮᠵᠢ ᠶᠢᠨ ᠦᠢᠯᠡᠴᠢᠯᠡᠬᠡᠨ ᠤ ᠴᠢᠳᠠᠪᠤᠷᠢ ᠶᠢ ᠪᠣᠬᠢᠷ ᠤᠰᠤ ᠶᠢ | ᠰᠢᠢᠳᠪᠦᠷᠢᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠵᠤ᠂ ᠤᠰᠤ ᠶᠢ ᠡᠭᠡᠭᠦᠯᠦᠨ ᠬᠡᠷᠡᠭᠯᠡᠬᠦ | ᠨᠣᠷᠮ᠎ᠠ᠂ ᠪᠣᠬᠢᠷ ᠰᠢᠪᠠᠷ ᠢ ᠬᠤᠤᠷ ᠥᠬᠡᠶᠢᠳᠡᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ | ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠬᠠᠲᠤᠨ ᠭᠤᠤᠯ ᠤᠨ | ᠰᠠᠪᠠ ᠭᠠᠵᠠᠷ ᠤᠨ ᠪᠠᠶᠢᠭᠤᠯᠤᠯᠳᠠᠲᠤ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠨᠣᠷᠮ᠎ᠠ ᠶᠢ 75 % ᠠᠴᠠ | ᠳᠡᠭᠡᠭᠰᠢ ᠳᠤ ᠬᠦᠷᠦᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠪᠠ | ᠰᠢᠢᠳᠪᠦᠷᠢᠯᠡᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠷᠢᠶᠠᠨ ᠲᠡᠭᠡᠭᠡᠪᠦᠷᠢᠯᠡᠬᠦ ᠪᠠ | ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠷᠴᠢᠨ ᠲᠣᠭᠤᠷᠢᠨ ᠢ | ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠬᠤᠭ ᠨᠣᠪᠰᠢ ᠶᠢ ᠰᠢᠲᠠᠭᠠᠨ ᠰᠢᠢᠳᠪᠦᠷᠢᠯᠡᠬᠦ ᠪᠡᠯᠡᠳᠬᠡᠮᠵᠢ ᠶᠢ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠡᠯᠭᠡᠷᠡᠭᠦᠯᠵᠦ᠂ ᠬᠤᠷᠢᠶᠠᠨ ᠲᠡᠭᠡᠭᠡᠪᠦᠷᠢᠯᠡᠵᠦ | ᠰᠢᠢᠳᠪᠦᠷᠢᠯᠡᠬᠦ ᠪᠡᠯᠡᠳᠬᠡᠮᠵᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ | ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠭᠦᠨᠵᠡᠭᠡᠶ ᠥᠷᠨᠢᠭᠦᠯᠵᠦ | ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠰᠢᠢᠳᠪᠦᠷᠢᠯᠡᠬᠦ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ | ᠬᠤᠤᠷ ᠥᠬᠡᠶᠢᠳᠡᠭᠦᠯᠬᠦ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠠᠲᠤᠨ ᠭᠤᠤᠯ ᠤᠨ | ᠰᠠᠪᠠ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠵᠠᠰᠠᠯᠲᠠ ᠶᠢ ᠭᠦᠨᠵᠡᠭᠡᠶ | ᠥᠷᠨᠢᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ | 2021 ᠣᠨ ᠪᠣᠯᠬᠤ ᠳᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠵᠠᠰᠠᠭ ᠵᠠᠬᠢᠷᠭᠠᠨ ᠤ ᠲᠣᠰᠬᠤᠨ ᠳᠤ 30 % ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ︔ 2025 ᠣᠨ ᠪᠣᠯᠬᠤ ᠳᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠵᠠᠰᠠᠭ ᠵᠠᠬᠢᠷᠭᠠᠨ ᠤ ᠲᠣᠰᠬᠤᠨ ᠳᠤ | 60 % ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ | ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ᠂ ᠠᠮᠢᠳᠤᠷᠠᠯ ᠤᠨ ᠬᠤᠭ ᠨᠣᠪᠰᠢ ᠶᠢ ᠵᠠᠰᠠᠬᠤ᠃ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ ᠶᠢ 2 ᠰᠠᠭᠤᠷᠢ ᠪᠠᠶᠢᠭᠤᠯᠬᠤ ᠪᠠᠷ ᠲᠥᠯᠥᠪᠯᠡᠵᠦ᠂ ᠡᠳᠦᠷ ᠲᠤ 500 ᠪᠣᠰᠤᠭ᠎ᠠ | ᠳᠥᠷᠪᠡᠯᠵᠢᠨ ᠮᠧᠲᠷ ᠰᠢᠢᠳᠪᠦᠷᠢᠯᠡᠬᠦ ᠴᠢᠳᠠᠪᠤᠷᠢ ᠲᠠᠢ ᠪᠣᠯᠭᠠᠵᠤ᠂ 0 . 2 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ ᠪᠠᠶᠢᠨ᠎ᠠ︔ ᠠᠮᠢᠳᠤᠷᠠᠯ ᠤᠨ ᠬᠤᠭ ᠨᠣᠪᠰᠢ ᠶᠢ ᠰᠢᠯᠵᠢᠭᠦᠯᠦᠨ ᠵᠥᠭᠡᠭᠡᠪᠦᠷᠢᠯᠡᠬᠦ | ᠥᠷᠲᠡᠭᠡ 2᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠠᠶ 4᠂ ᠬᠤᠭᠤᠯᠠᠨ ᠲᠢᠩᠬᠢᠮ ᠲᠣᠭᠤᠭᠠᠨ ᠬᠡᠷ ᠤᠨ | ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ 1 ᠶᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ ᠪᠠᠷᠤᠭ 0 . | 35 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠲᠥᠯᠥᠪᠵᠢᠭᠦᠯᠭᠡ ᠶᠢᠨ | ᠬᠤᠭᠤᠴᠠᠭᠠᠨ ᠳᠤ ᠭᠠᠴᠠᠭ᠎ᠠ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠦᠨᠳᠦᠰᠦᠨ ᠳᠡᠭᠡᠨ ᠴᠡᠪᠡᠷ | ᠲᠡᠭᠰᠢ ᠪᠠᠶᠢᠯᠭᠠᠬᠤ᠂ ᠬᠤᠭ ᠨᠣᠪᠰᠢ ᠶᠢ ᠳᠤᠷ᠎ᠠ ᠪᠠᠷ ᠣᠪᠣᠭᠠᠯᠠᠬᠤ ᠦᠭᠡᠶ ᠳᠤᠷ᠎ᠠ ᠪᠠᠷ ᠲᠠᠯᠪᠢᠬᠤ ᠦᠬᠡᠢ ᠪᠠᠶᠢᠬᠤ ᠶᠢ | ᠪᠠᠲᠤᠯᠠᠬᠤ ᠪᠠᠷ ᠴᠢᠷᠮᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠰᠢᠢᠳᠪᠦᠷᠢᠯᠡᠬᠦ ᠰᠢᠰᠲ᠋ᠧᠮᠵᠢ ᠶᠢᠨ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠶᠢ ᠪᠡᠶᠡᠯᠡᠬᠦᠯᠦᠨ᠎ᠡ᠃ | ︵ᠠᠷᠪᠠᠨ ᠲᠠᠪᠤ︶ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠤᠨ | ᠥᠭᠡᠷᠡᠴᠢᠯᠡᠯᠲᠡ᠃ ᠮᠠᠯᠵᠢᠬᠤ ᠲᠠᠷᠢᠶᠠᠯᠠᠬᠤ ᠣᠷᠣᠨ ᠤ ᠬᠥᠳᠡᠭᠡ ᠲᠣᠰᠬᠤᠨ ᠤ ᠬᠡᠷ ᠪᠠᠶᠢᠰᠢᠩ ᠤᠨ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠵᠦ᠂ ᠣᠷᠣᠨ ᠰᠠᠭᠤᠴᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠦᠷᠢᠮ | ᠲᠣᠭᠲᠠᠭᠠᠯ ᠪᠠ ᠬᠢᠨᠠᠨ ᠬᠠᠮᠢᠶᠠᠷᠬᠤ ᠪᠠᠶᠢᠭᠤᠯᠤᠯ ᠢ ᠪᠦᠷᠢᠨᠰᠢᠬᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ | ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠ ᠭᠠᠵᠠᠷ ᠬᠥᠳᠡᠯᠦᠯᠲᠡ ᠶᠢᠨ ᠥᠨᠳᠥᠷ ᠬᠦᠴᠦᠯᠡᠴᠡ ᠲᠠᠢ | ᠰᠡᠷᠭᠡᠶᠢᠯᠡᠯᠲᠡ ᠪᠠᠶᠢᠷᠢᠯᠠᠭᠤᠯᠬᠤ ᠭᠠᠵᠠᠷ ᠣᠷᠣᠨ ᠤ ᠬᠥᠳᠡᠭᠡ ᠲᠣᠰᠬᠤᠨ ᠤ ᠬᠡᠷ ᠪᠠᠶᠢᠰᠢᠩ ᠤᠨ ᠭᠠᠵᠠᠷ | ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ | ᠣᠷᠣᠯᠭ᠎ᠠ ᠪᠠᠭᠠᠲᠠᠶ ᠬᠥᠮᠦᠨ ᠠᠮᠠ ᠶᠢᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠬᠡᠪᠴᠢᠶᠡᠲᠦ | ᠪᠠᠷᠢᠯᠭ᠎ᠠ ᠶᠢᠨ ᠠᠵᠤ ᠠᠬᠤᠶᠢᠯᠠᠯ ᠢ ᠳᠡᠮᠵᠢᠵᠦ ᠪᠠᠶᠢᠭᠠᠳ ᠬᠥᠳᠡᠭᠡ ᠲᠣᠰᠬᠤᠨ ᠤ ᠬᠥᠳᠡᠭᠡ ᠲᠣᠰᠬᠤᠨ ᠤ ᠭᠡᠷ | ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠵᠤ᠂ ᠬᠥᠳᠡᠭᠡ ᠲᠣᠰᠬᠤᠨ ᠤ ᠪᠠᠷᠢᠯᠭ᠎ᠠ ᠶᠢᠨ | ᠳᠠᠷᠬᠠᠳ ᠢ ᠵᠢᠷᠤᠮᠵᠢᠭᠤᠯᠬᠤ᠂ ᠲᠤᠰᠬᠠᠶᠢᠵᠢᠭᠤᠯᠬᠤ ᠪᠠ ᠣᠳᠣᠬᠢᠴᠢᠯᠠᠬᠤ ᠶᠢ ᠵᠣᠷᠢᠭᠵᠢᠭᠤᠯᠤᠨ ᠬᠥᠲᠥᠯᠥᠨ | ᠵᠢᠯᠣᠭᠤᠳᠬᠤ ᠬᠡᠷᠡᠭᠲᠡᠶ᠃ ᠬᠥᠳᠡᠭᠡ ᠲᠣᠰᠬᠤᠨ ᠤ ᠭᠡᠷ ᠪᠠᠶᠢᠰᠢᠩ ᠤᠨ ᠪᠠᠷᠢᠯᠭ᠎ᠠ ᠶᠢᠨ ᠳᠠᠷᠬᠠᠨ ᠪᠠ ᠪᠠᠷᠢᠯᠭ᠎ᠠ ᠶᠢᠨ | ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠨᠠᠰᠤᠨ ᠲᠤᠷᠰᠢᠳᠠ ᠶᠢᠨ ᠬᠠᠷᠢᠭᠤᠴᠠᠯᠭ᠎ᠠ ᠶᠢᠨ | ᠳᠦᠷᠢᠮ ᠢ ᠰᠦᠪᠡᠭᠴᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠳᠤ ᠪᠠᠷᠢᠯᠭ᠎ᠠ ᠶᠢᠨ ᠡᠨᠧᠷᠭᠢ | ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠮᠠᠯᠵᠢᠬᠤ | ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠪᠠᠷᠢᠯᠭ᠎ᠠ᠂ ᠡᠯ᠎ᠡ ᠲᠥᠷᠥᠯ ᠤᠨ ᠵᠢᠱᠢᠶ᠎ᠡ ᠦᠵᠡᠭᠦᠯᠬᠦ ᠮᠠᠯᠵᠢᠬᠤ | ᠲᠠᠷᠢᠶᠠᠯᠠᠬᠤ ᠣᠷᠣᠨ ᠤ ᠲᠣᠰᠬᠤᠨ ᠪᠠᠯᠭᠠᠰᠤ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠡᠨᠧᠷᠭᠢ ᠠᠷᠪᠢᠯᠠᠬᠤ ᠵᠢᠴᠢ ᠪᠣᠬᠢᠷᠲᠤᠯ ᠦᠭᠡᠶ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠡᠩ ᠲᠡᠷᠢᠭᠦᠨ ᠳᠤ | ᠬᠡᠷᠡᠭᠵᠢᠭᠦᠯᠬᠦ ᠶᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ | ᠪᠠᠶᠢᠭᠤᠯᠬᠤ ᠪᠠ ᠥᠷᠭᠡᠳᠬᠡᠨ ᠪᠠᠶᠢᠭᠤᠯᠬᠤ ᠣᠷᠣᠨ ᠰᠠᠭᠤᠴᠠ ᠶᠢᠨ ᠪᠠᠷᠢᠯᠭ᠎ᠠ ᠶᠢ ︽ᠥᠪᠥᠷ ᠮᠣᠩᠭᠤᠯ ᠤᠨ ᠮᠠᠯᠵᠢᠬᠤ | ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ | ᠪᠠᠷᠢᠮᠵᠢᠶ᠎ᠠ︾ ᠶᠣᠰᠣᠭᠠᠷ ᠵᠢᠷᠤᠭᠯᠠᠨ ᠲᠥᠯᠥᠪᠯᠡᠬᠦ ᠪᠠ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠬᠤᠳᠠ | ᠬᠥᠳᠡᠭᠡ ᠶᠢᠨ ᠠᠭᠤᠯᠵᠠᠷ ᠬᠡᠰᠡᠭ ᠤᠨ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ | ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠳᠡᠭᠡᠭᠰᠢᠯᠡᠯᠲᠡ ᠶᠢ ᠴᠢᠩᠭᠠᠳᠬᠠᠨ᠎ᠠ᠃ | ᠮᠠᠯᠵᠢᠬᠤ ᠲᠠᠷᠢᠶᠠᠯᠠᠬᠤ ᠣᠷᠣᠨ ᠤ ᠪᠠᠷᠢᠯᠭ᠎ᠠ ᠶᠢᠨ ᠬᠡᠷᠡᠭᠯᠡᠬᠦ ᠡᠨᠧᠷᠭᠢ ᠶᠢ ᠴᠡᠪᠡᠷᠰᠢᠭᠦᠯᠬᠦ᠂ ᠨᠡᠭᠦᠷᠡᠰᠦ ᠦᠭᠡᠢ | ᠪᠣᠯᠭᠠᠬᠤ ᠶᠢ ᠬᠥᠲᠥᠯᠥᠨ ᠵᠢᠯᠣᠭᠤᠳᠴᠤ᠂ ᠭᠡᠷ ᠳᠣᠲᠣᠷᠠᠬᠢ ᠣᠷᠣᠰᠢᠨ ᠰᠠᠭᠤᠬᠤ ᠣᠷᠴᠢᠨ ᠲᠣᠭᠤᠷᠢᠨ ᠢ | ᠰᠠᠶᠢᠵᠢᠷᠠᠭᠤᠯᠤᠨ᠂ ᠡᠩ ᠤᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠤᠨ᠎ᠠ᠃ ᠬᠥᠳᠡᠭᠡ ᠲᠣᠰᠬᠤᠨ ᠤ | ᠪᠠᠷᠢᠯᠭ᠎ᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠬᠥᠳᠡᠭᠡ ᠲᠣᠰᠬᠤᠨ ᠤ ᠥᠩᠭᠡ | ᠦᠵᠡᠮᠵᠢ ᠪᠠᠷᠢᠯᠭ᠎ᠠ ᠶᠢᠨ ᠡᠯᠧᠮᠧᠨ᠋ᠲ ᠢ ᠳ᠋ᠦᠩᠨᠡᠨ ᠪᠣᠯᠪᠠᠰᠤᠷᠠᠭᠤᠯᠵᠤ᠂ ᠠᠶᠢᠯ ᠲᠣᠰᠬᠤᠨ ᠤ ᠲᠡᠦᠬᠡ ᠶᠢᠨ ᠤᠯᠠᠷᠢᠯ | ᠬᠤᠪᠢᠰᠤᠯ᠂ ᠰᠣᠶᠣᠯ ᠤᠨ ᠤᠯᠠᠮᠵᠢᠯᠠᠯ᠂ ᠭᠠᠵᠠᠷ ᠣᠷᠣᠨ ᠤ ᠣᠨᠴᠠᠯᠢᠭ ᠢ ᠭᠦᠨᠵᠡᠭᠡᠶ ᠰᠤᠳᠤᠯᠤᠨ᠂ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠴᠢᠳᠠᠮᠵᠢᠲᠤ ᠣᠷᠣᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ | ᠴᠢᠳᠠᠮᠵᠢᠲᠤ ᠣᠷᠣᠨ ᠤ ᠪᠠᠷᠢᠯᠭ᠎ᠠ ᠶᠢᠨ ᠭᠠᠳᠠᠷ ᠦᠵᠡᠮᠵᠢ ᠪᠠ ᠬᠡᠪ ᠨᠠᠮᠪᠠ ᠶᠢᠨ ᠦᠨᠳᠦᠰᠦᠨ ᠬᠥᠭ ᠠᠶᠠᠰ ᠢ | ᠲᠣᠭᠲᠠᠭᠠᠬᠤ ᠬᠡᠷᠡᠭᠲᠡᠶ᠃ ᠰᠢᠨ᠎ᠡ ᠪᠠᠷ ᠪᠠᠶᠢᠭᠤᠯᠤᠭᠰᠠᠨ ᠬᠡᠷ ᠪᠠᠶᠢᠰᠢᠩ ᠤᠨ ᠪᠠᠭᠲᠠᠭᠠᠮᠵᠢ ᠪᠠ ᠳᠦᠷᠢ ᠲᠥᠷᠬᠦ ᠶᠢ | ᠴᠢᠩᠭ᠎ᠠ ᠡᠵᠡᠮᠳᠡᠵᠦ᠂ ᠨᠢᠭᠡᠨᠲᠡ ᠪᠠᠶᠢᠭ᠎ᠠ ᠪᠠᠷᠢᠯᠭ᠎ᠠ ᠶᠢ ᠶᠠᠰᠤ ᠴᠢᠨᠠᠷ ᠤᠨ ᠠᠮᠤᠷ ᠲᠦᠪᠰᠢᠨ ᠤ ᠥᠭᠡᠷᠡᠴᠢᠯᠡᠯᠲᠡ ᠲᠠᠢ | ᠤᠶᠠᠯᠳᠤᠭᠤᠯᠤᠨ ᠥᠩᠭᠡ ᠲᠥᠷᠬᠦ ᠶᠢ ᠨᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠣᠯᠠᠨ ᠨᠡᠶᠢᠲᠡ ᠶᠢᠨ | ᠪᠠᠷᠢᠯᠭ᠎ᠠ᠂ ᠪᠡᠯᠭᠡ ᠲᠡᠮᠳᠡᠭ ᠤᠨ ᠴᠢᠨᠠᠷᠲᠠᠶ ᠪᠠᠷᠢᠯᠭ᠎ᠠ ᠶᠢᠨ ᠬᠡᠯᠪᠡᠷᠢ ᠳᠦᠷᠰᠦ ᠬᠢᠭᠡᠳ ᠠᠶᠢᠯ ᠲᠣᠰᠬᠤᠨ ᠤ | ᠳᠦᠷᠰᠦ ᠪᠠᠶᠢᠳᠠᠯ ᠢ ᠵᠣᠬᠢᠴᠠᠭᠤᠯᠬᠤ ᠶᠢ ᠴᠢᠬᠤᠯᠠᠴᠢᠯᠠᠨ᠎ᠠ᠃ | ︵ᠠᠷᠪᠠᠨ ᠵᠢᠷᠭᠤᠭ᠎ᠠ︶ ᠲᠡᠦᠬᠡ ᠰᠣᠶᠣᠯ ᠤᠨ ᠨᠡᠷᠡᠲᠦ ᠪᠠᠯᠭᠠᠰᠤ ᠶᠢ ᠡᠭᠦᠳᠦᠨ ᠪᠠᠶᠢᠭᠤᠯᠤᠨ᠎ᠠ᠃ ᠠᠯᠠᠱᠠ | ᠠᠶᠢᠮᠠᠭ ᠤᠨ ᠣᠨᠴᠠᠯᠢᠭᠲᠤ ᠰᠣᠶᠣᠯ ᠢ ᠠᠭᠤᠳᠠᠯᠤᠨ ᠬᠠᠮᠠᠭᠠᠯᠠᠵᠤ ᠤᠯᠠᠮᠵᠢᠯᠠᠨ᠂ ᠡᠯ᠎ᠡ ᠪᠠᠯᠭᠠᠰᠤᠨ ᠤ ᠪᠦᠲᠦᠭᠡᠨ | ᠪᠠᠶᠢᠭᠤᠯᠤᠯᠲᠠ ᠳᠤᠮᠳᠠ ᠡᠯᠡᠰᠦᠨ ᠴᠦᠯ ᠤᠨ ᠰᠣᠶᠣᠯ᠂ ᠬᠠᠳᠠᠨ ᠵᠢᠷᠤᠭ ᠤᠨ ᠰᠣᠶᠣᠯ᠂ ᠲᠡᠮᠡᠭᠡᠨ ᠰᠣᠶᠣᠯ ᠵᠡᠷᠭᠡ | ᠰᠣᠶᠣᠯ ᠤᠨ ᠡᠯᠧᠮᠧᠨ᠋ᠲ ᠢ ᠪᠣᠯᠪᠠᠰᠤᠷᠠᠭᠤᠯᠤᠨ ᠬᠡᠷᠡᠭᠯᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠎ᠡ᠃ | ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠪᠠ ᠵᠦᠶ ᠵᠣᠬᠢᠰᠲᠠᠶ ᠠᠰᠢᠭᠯᠠᠬᠤ ᠶᠢ ᠴᠢᠩᠭᠠᠳᠬᠠᠵᠤ᠂ ᠲᠡᠦᠬᠡ | ᠰᠣᠶᠣᠯ ᠤᠨ ᠨᠠᠷᠠᠲᠤ ᠪᠠᠯᠭᠠᠰᠤ ᠨᠠᠷᠠᠲᠤ ᠲᠣᠰᠬᠤᠨ ᠵᠢᠴᠢ ᠤᠯᠠᠮᠵᠢᠯᠠᠯᠲᠤ ᠠᠶᠢᠯ ᠲᠣᠰᠬᠤᠨ ᠤ ᠬᠠᠮᠠᠭᠠᠯᠠᠯᠲᠠ ᠶᠢ | ᠬᠦᠴᠦᠯᠡᠨ ᠰᠠᠶᠢᠲᠤᠷ ᠠᠳᠬᠤᠵᠤ᠂ ᠡᠷᠲᠡᠨ ᠤ ᠪᠠᠭᠤᠷᠢ᠂ ᠡᠷᠲᠡᠨ ᠤ ᠪᠠᠷᠢᠯᠭ᠎ᠠ᠂ ᠣᠶᠢᠷ᠎ᠠ ᠣᠲᠣ ᠦᠶ᠎ᠡ ᠶᠢᠨ | ᠲᠡᠦᠬᠡ ᠶᠢᠨ ᠪᠠᠷᠢᠯᠭ᠎ᠠ᠂ ᠭᠠᠵᠠᠷ ᠤᠨ ᠨᠡᠷ᠎ᠡ ᠶᠢᠨ ᠰᠣᠶᠣᠯ ᠵᠡᠷᠭᠡ ᠶᠢ ᠰᠠᠶᠢᠲᠤᠷ ᠬᠠᠮᠠᠭᠠᠯᠠᠵᠤ᠂ ᠲᠡᠦᠬᠡ ᠰᠣᠶᠣᠯ ᠤᠨ | ᠣᠯᠠᠮᠵᠢᠯᠠᠯ ᠢ ᠨᠠᠩ ᠰᠠᠶᠢᠲᠤᠷ ᠦᠷᠭᠦᠯᠵᠢᠯᠡᠭᠦᠯᠵᠦ᠂ ᠠᠯᠠᠱᠠ ᠠᠶᠢᠮᠠᠭ ᠤᠨ ᠣᠨᠴᠠᠯᠢᠭᠲᠤ ᠰᠣᠶᠣᠯ ᠤᠨ ᠳᠦᠷᠰᠦ | ᠪᠠᠶᠢᠳᠠᠯ ᠢ ᠢᠯᠡᠷᠡᠭᠦᠯᠦᠨ᠎ᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠲᠤ ᠡᠯ᠎ᠡ ᠲᠥᠷᠥᠯ ᠤᠨ | ᠲᠣᠰᠬᠤᠨ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠨᠡᠶᠢᠲᠡ 13 ᠬᠡᠷᠡᠭᠵᠢᠭᠦᠯᠬᠦ ᠪᠠᠷ | ᠲᠥᠯᠥᠪᠯᠡᠵᠦ᠂ 0 . 55 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ᠃ ᠡᠭᠦᠨ ᠳᠤ ᠠᠯᠠᠱᠠ ᠵᠡᠭᠦᠨ | ᠬᠤᠰᠢᠭᠤ 10 ᠲᠥᠷᠥᠯ ᠢᠶᠠᠷ ᠲᠥᠯᠥᠪᠯᠡᠵᠦ᠂ 0 . 38 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ︔ | ᠠᠯᠠᠱᠠ ᠪᠠᠷᠠᠭᠤᠨ ᠬᠤᠰᠢᠭᠤ ᠲᠣᠰᠬᠤᠨ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ 3 ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ᠂ 0 . 17 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ᠃ | ᠳᠥᠷᠪᠡ᠂ ᠣᠷᠣᠨ ᠰᠠᠭᠤᠴᠠ ᠶᠢᠨ ᠪᠠᠲᠤᠯᠠᠭ᠎ᠠ ᠬᠢᠭᠡᠳ ᠣᠷᠣᠰᠢᠨ ᠰᠠᠭᠤᠬᠤ ᠣᠷᠴᠢᠨ ᠲᠣᠭᠤᠷᠢᠨ | ︵ᠠᠷᠪᠠᠨ ᠳᠣᠯᠤᠭ᠎ᠠ︶ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ᠃ ᠡᠯ᠎ᠡ | ᠬᠤᠰᠢᠭᠤ ᠣᠷᠣᠨ ᠢ ᠵᠢᠯᠣᠭᠤᠳᠤᠨ ︽ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠬᠢᠷᠢ ᠪᠠᠷ ᠢᠶᠠᠨ ᠬᠢᠬᠦ︾ | ᠵᠠᠷᠴᠢᠮ ᠶᠣᠰᠣᠭᠠᠷ᠂ ᠬᠤᠲᠠ ᠪᠠᠯᠭᠠᠰᠤᠨ ᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ | ᠬᠤᠭᠤᠴᠠᠭ᠎ᠠ ᠪᠦᠯᠦᠭ ᠬᠤᠪᠢᠶᠠᠨ ᠲᠥᠷᠥᠯ ᠬᠤᠪᠢᠶᠠᠨ ᠢᠵᠢ ᠪᠦᠷᠢᠳᠦᠭᠡᠳᠦᠶ ᠣᠷᠣᠨ ᠰᠠᠭᠤᠴᠠ ᠶᠢ ᠥᠭᠡᠷᠡᠴᠢᠯᠡᠨ | ᠪᠠᠶᠢᠭᠤᠯᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ᠂ ᠡᠯ᠎ᠡ ᠬᠤᠰᠢᠭᠤ ᠣᠷᠣᠨ ᠤ ᠬᠤᠲᠠ ᠪᠠᠯᠭᠠᠰᠤᠨ ᠤ ᠳᠥᠭᠦᠮ ᠪᠦᠳᠦᠭᠦᠯᠢᠭ ᠣᠷᠣᠨ ᠰᠠᠭᠤᠴᠠᠲᠤ | ᠲᠣᠭᠤᠷᠢᠭ ᠢ 3476 ᠢᠵᠢ ᠥᠭᠡᠷᠡᠴᠢᠯᠡᠨ ᠰᠢᠨᠡᠳᠬᠡᠬᠦ ᠪᠠᠷ ᠲᠥᠯᠥᠪᠯᠡᠵᠦ᠂ 6 . 46 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠡᠭᠦᠨ ᠳᠤ ᠠᠯᠠᠱᠠ ᠵᠡᠭᠦᠨ ᠬᠤᠰᠢᠭᠤᠨ ᠤ 2554 ᠢᠵᠢ | 5 . 1 ᠳ᠋ᠦᠩᠰᠢᠭᠤᠷ ᠲᠥᠭᠦᠷᠢᠭ᠂ ᠠᠯᠠᠱᠠ ᠪᠠᠷᠠᠭᠤᠨ ᠬᠤᠰᠢᠭᠤᠨ ᠤ 310 ᠢᠵᠢ 0 . 23 ᠳ᠋ᠦᠩᠰᠢᠭᠤᠷ | ᠲᠥᠭᠦᠷᠢᠭ᠂ ᠡᠵᠡᠨ᠎ᠡ ᠬᠤᠰᠢᠭᠤᠨ ᠤ 612 ᠢᠵᠢ 1 . 13 ᠳ᠋ᠦᠩᠰᠢᠭᠤᠷ ᠲᠥᠭᠦᠷᠢᠭ ᠪᠣᠯᠤᠨ᠎ᠠ᠃ | ︵ᠠᠷᠪᠠᠨ ᠨᠠᠢᠮᠠ︶ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠃ ᠪᠥᠬᠦ ᠠᠶᠢᠮᠠᠭ ᠬᠤᠲᠠ | ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ 423719 | ᠢᠵᠢ᠂ 858 ᠡᠷᠦᠬᠡ᠂ ᠪᠠᠷᠢᠯᠭ᠎ᠠ ᠶᠢᠨ ᠲᠠᠯᠠᠪᠠᠶ ᠨᠢ 276 . 4 ᠲᠦᠮᠡᠨ ᠲᠡᠭᠰᠢ ᠳᠥᠷᠪᠡᠯᠵᠢᠨ ᠮᠧᠲᠷ᠂ 3 . 8 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠬᠤᠰᠢᠭᠤ ᠣᠷᠣᠨ᠂ ᠠᠯᠠᠱᠠ ᠵᠡᠭᠦᠨ | ᠬᠤᠰᠢᠭᠤᠨ ᠤ 1 ᠲᠥᠷᠥᠯ ᠵᠦᠢᠯ 2 . 1 ᠳ᠋ᠦᠩᠰᠢᠭᠤᠷ ᠲᠥᠭᠦᠷᠢᠭ᠂ ᠠᠯᠠᠱᠠ ᠪᠠᠷᠠᠭᠤᠨ ᠬᠤᠰᠢᠭᠤᠨ ᠤ 1 | ᠲᠥᠷᠥᠯ ᠵᠦᠢᠯ 0 . 81 ᠳ᠋ᠦᠩᠰᠢᠭᠤᠷ ᠲᠥᠭᠦᠷᠢᠭ᠂ ᠡᠵᠡᠨ᠎ᠡ ᠬᠤᠰᠢᠭᠤᠨ ᠤ 1 ᠲᠥᠷᠥᠯ ᠵᠦᠢᠯ 0 . 65 | ᠳ᠋ᠦᠩᠰᠢᠭᠤᠷ ᠲᠥᠭᠦᠷᠢᠭ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ 1 ᠲᠥᠷᠥᠯ ᠵᠦᠢᠯ 0 . 21 ᠳ᠋ᠦᠩᠰᠢᠭᠤᠷ | ᠲᠥᠭᠦᠷᠢᠭ᠃ ᠬᠤᠭᠤᠴᠠᠭ᠎ᠠ ᠶᠣᠰᠣᠭᠠᠷ᠂ 2025 ᠣᠨ ᠠᠴᠠ ᠡᠮᠦᠨ᠎ᠡ ᠰᠠᠭᠤᠭᠠᠯᠢ ᠲᠣᠭᠤᠷᠢᠭ 53᠂ 9953 | ᠡᠷᠦᠬᠡ᠂ 328 ᠰᠠᠭᠤᠷᠢ ᠪᠠᠶᠢᠭᠤᠯᠵᠤ᠂ ᠪᠠᠷᠢᠯᠭ᠎ᠠ ᠶᠢᠨ ᠲᠠᠯᠠᠪᠠᠢ 104 . 7 ᠲᠦᠮᠡᠨ ᠲᠡᠭᠰᠢ ᠳᠥᠷᠪᠡᠯᠵᠢᠨ | ᠮᠧᠳ᠋ᠷ ᠲᠤ ᠬᠦᠷᠴᠦ᠂ 2 . 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠰᠦᠪᠯᠡᠪᠡ︔ 2025 | ᠣᠨ ᠠᠴᠠ ᠰᠡᠭᠦᠯᠡᠷ 38 ᠰᠠᠭᠤᠭᠠᠯᠢ ᠲᠣᠭᠤᠷᠢᠭ᠂ 13766 ᠡᠷᠦᠬᠡ᠂ 530 ᠰᠠᠭᠤᠷᠢ ᠪᠠᠶᠢᠭᠤᠯᠵᠤ᠂ | ᠪᠠᠷᠢᠯᠭ᠎ᠠ ᠶᠢᠨ ᠲᠠᠯᠠᠪᠠᠢ ᠨᠢ 171 . 7 ᠲᠦᠮᠡᠨ ᠲᠡᠭᠰᠢ ᠳᠥᠷᠪᠡᠯᠵᠢᠨ ᠮᠧᠲᠷ᠂ ᠲᠥᠰᠦᠪ ᠤᠨ ᠣᠷᠣᠭᠤᠯᠤᠯᠲᠠ ᠨᠢ | 1 . 5 ᠳ᠋ᠦᠩᠰᠢᠭᠤᠷ ᠲᠥᠭᠦᠷᠢᠭ᠃ | ︵ᠠᠷᠪᠠ ᠶᠢᠰᠦ︶ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ᠃ ᠣᠷᠣᠨ | ᠰᠠᠭᠤᠴᠠ ᠶᠢᠨ ᠲᠣᠭᠤᠷᠢᠭ ᠲᠠᠬᠢ ᠡᠯ᠎ᠡ ᠵᠦᠢᠯ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠪᠠ ᠲᠤᠰᠢᠶᠠᠨ ᠬᠡᠷᠡᠭᠯᠡᠭᠦᠯᠬᠦ ᠬᠠᠮᠢᠶᠠᠷᠤᠯᠲᠠ ᠶᠢ ᠴᠢᠩᠭᠠᠳᠬᠠᠨ᠎ᠠ᠃ ᠢᠨᠲ᠋ᠧᠷ ᠰᠦᠯᠵᠢᠶ᠎ᠡ + ᠭᠡᠷ | ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠬᠠᠨᠳᠤᠰᠢ ᠳᠤ ᠲᠦᠰᠢᠭᠯᠡᠨ᠂ ︽ᠣᠶᠤᠨᠴᠢ ᠰᠠᠭᠤᠭᠠᠯᠢ | ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠬᠥᠮᠦᠨ ᠠᠮᠠ ᠲᠥᠪᠯᠡᠷᠡᠭᠰᠡᠨ | ᠣᠷᠣᠨ ᠤ ᠣᠯᠠᠨ ᠨᠡᠶᠢᠲᠡ ᠶᠢᠨ ᠦᠢᠯᠡᠴᠢᠯᠡᠬᠡᠨ ᠤ ᠲᠥᠬᠦᠷᠵᠢᠭᠦᠯᠬᠦ ᠶᠢ ᠰᠢᠯᠢᠳᠡᠭᠵᠢᠭᠦᠯᠦᠨ᠂ ᠲᠣᠮᠣ ᠳ᠋ᠠᠶᠢᠲ᠋ᠠ᠂ | ᠡᠭᠦᠯᠡᠨ ᠪᠣᠳᠣᠯᠲᠠ᠂ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠮᠡᠷᠭᠡᠵᠢᠯ ᠤᠨ ᠬᠥᠭᠵᠢᠯᠲᠡ ᠶᠢᠨ ᠬᠢᠷᠢ | ᠬᠡᠮᠵᠢᠶ᠎ᠡ ᠲᠠᠢ ᠤᠶᠠᠯᠳᠤᠭᠤᠯᠵᠤ᠂ ᠣᠶᠤᠨᠴᠢ ᠬᠡᠯᠪᠡᠷᠢ ᠶᠢᠨ ᠣᠷᠣᠰᠢᠨ ᠰᠠᠭᠤᠬᠤ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢ ᠰᠢᠨᠡᠳᠬᠡᠬᠦ᠂ ᠪᠣᠬᠢᠷᠲᠤᠯ ᠥᠬᠡᠶ ᠪᠠᠷᠢᠯᠭ᠎ᠠ᠂ ᠬᠤᠲᠠ ᠪᠠᠯᠭᠠᠰᠤ ᠶᠢᠨ | ᠬᠠᠭᠤᠴᠢᠨ ᠰᠠᠭᠤᠭᠠᠯᠢ ᠲᠣᠭᠤᠷᠢᠭ ᠪᠠ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ | ᠰᠢᠨᠡᠳᠬᠡᠬᠦ᠂ ᠠᠭᠤᠰᠣᠯᠴᠠᠭᠰᠠᠨ ᠬᠤᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠢ ᠤᠶᠠᠯᠳᠤᠭᠤᠯᠤᠨ᠂ ᠪᠣᠬᠢᠷᠲᠤᠯ | ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ᠂ ᠬᠤᠲᠠ ᠶᠢᠨ ᠣᠷᠣᠰᠢᠨ ᠰᠠᠭᠤᠬᠤ ᠨᠡᠶᠢᠭᠡᠮ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠬᠦ ᠠᠵᠢᠯᠯᠠᠭ᠎ᠠ ᠶᠢ ᠥᠷᠨᠢᠭᠦᠯᠦᠨ᠎ᠡ᠃ | ︵ᠬᠤᠷᠢ︶ ᠠᠳᠠᠯ ᠠᠬᠤᠶ ᠶᠢᠨ ᠦᠢᠯᠡᠴᠢᠯᠡᠭᠡ ᠬᠠᠮᠢᠶᠠᠷᠤᠯᠲᠠ᠃ ᠠᠳᠠᠯ ᠠᠬᠤᠶ ᠶᠢᠨ | ᠬᠠᠮᠢᠶᠠᠷᠤᠯᠲᠠ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢᠨ ᠦᠷ᠎ᠡ ᠪᠦᠲᠦᠭᠡᠯ ᠢ | ᠰᠠᠶᠢᠲᠤᠷ ᠪᠠᠬᠢᠵᠢᠭᠦᠯᠵᠦ᠂ ᠣᠷᠣᠨ ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠬᠦᠴᠦᠯᠡᠨ | ᠴᠢᠩᠭᠠᠳᠬᠠᠨ ᠰᠠᠶᠢᠵᠢᠷᠠᠭᠤᠯᠤᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠰᠢᠰᠲ᠋ᠧᠮᠵᠢ ᠳᠤ ᠠᠭᠤᠰᠤᠯᠴᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠤᠭᠰᠠᠨ᠂ | ᠨᠡᠶᠢᠭᠡᠮ ᠲᠣᠭᠤᠷᠢᠭ ᠤᠨ ᠵᠠᠰᠠᠯᠲᠠ ᠳᠤᠤᠷᠠᠬᠢ ᠠᠳᠠᠯ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠬᠤ ᠶᠢ ᠠᠬᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠬᠡᠨ ᠤ ᠠᠵᠤ ᠠᠬᠤᠶᠢᠯᠠᠯ ᠳᠤ ᠬᠢᠨᠠᠯᠲᠠ ᠲᠠᠯᠪᠢᠵᠤ | ᠰᠢᠯᠭᠠᠨ ᠦᠨᠡᠯᠡᠬᠦ ᠪᠠ ᠢᠲᠡᠭᠡᠮᠵᠢ ᠶᠢᠨ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠳᠠᠯ | ᠠᠬᠤᠢ ᠶᠢᠨ ᠦᠢᠯᠡᠴᠢᠯᠡᠬᠡᠨ ᠤ ᠵᠠᠬ᠎ᠠ ᠳᠡᠯᠭᠡᠭᠦᠷ ᠪᠠ ᠢᠲᠡᠭᠡᠮᠵᠢ ᠶᠢ ᠨᠢᠭᠡ ᠴᠣᠭᠴᠠᠵᠢᠭᠤᠯᠤᠭᠰᠠᠨ ᠬᠢᠨᠠᠯᠲᠠ | ᠬᠠᠮᠢᠶᠠᠷᠤᠯᠲᠠ ᠶᠢᠨ ᠲᠠᠪᠴᠠᠩ ᠢ ᠰᠤᠳᠤᠯᠤᠨ ᠪᠠᠶᠢᠭᠤᠯᠵᠤ᠂ ᠠᠵᠤ ᠠᠬᠤᠶᠢᠯᠠᠯ ᠤᠨ ᠦᠢᠯᠡᠴᠢᠯᠡᠬᠡᠨ ᠤ ᠶᠠᠰᠤ | ᠴᠢᠨᠠᠷ ᠢᠶᠠᠨ ᠳᠡᠭᠡᠭᠰᠢᠯᠡᠭᠦᠯᠬᠦ ᠳᠤ ᠬᠢᠨᠠᠯᠲᠠ ᠲᠠᠯᠪᠢᠵᠤ᠂ ᠭᠡᠷ᠎ᠡ ᠶᠢᠨ ᠪᠣᠯᠵᠤᠭ᠎ᠠ ᠶᠢ ᠴᠢᠩᠭ᠎ᠠ ᠬᠦᠢᠴᠡᠳᠭᠡᠨ᠎ᠡ᠃ ᠵᠡᠭᠡᠯᠢ | ᠭᠤᠳᠤᠮᠵᠢ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠥᠮᠴᠢᠲᠡᠨ ᠤ ᠵᠥᠪᠯᠡᠯ ᠤᠨ ᠨᠠᠮ ᠤᠨ ᠭᠡᠰᠢᠭᠦᠨ ᠤ ᠬᠠᠷᠢᠴᠠᠯ ᠪᠠ ᠠᠵᠢᠯᠯᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠥᠮᠴᠢᠲᠡᠨ ᠤ ᠥᠪᠡᠷᠲᠡᠭᠡᠨ ᠵᠠᠰᠠᠬᠤ ᠴᠢᠳᠠᠪᠤᠷᠢ ᠪᠠ ᠦᠢᠯᠡᠴᠢᠯᠡᠭᠡ ᠬᠤᠳᠠᠯᠳᠤᠨ ᠠᠪᠬᠤ ᠤᠬᠠᠮᠰᠠᠷ ᠢ ᠴᠢᠷᠮᠠᠶᠢᠨ | ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠨᠡᠶᠢᠭᠡᠮ ᠲᠣᠭᠤᠷᠢᠭ ᠤᠨ ᠠᠮᠢᠳᠤᠷᠠᠯ ᠤᠨ | ᠦᠢᠯᠡᠴᠢᠯᠡᠭᠡ ᠶᠢ ᠠᠬᠢᠭᠤᠯᠵᠤ᠂ ᠬᠡᠷ ᠲᠡᠭᠡᠨ ᠰᠠᠭᠤᠵᠤ ᠪᠠᠶᠢᠭ᠎ᠠ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠭᠡ ᠶᠢ ᠬᠥᠭᠵᠢᠭᠦᠯᠦᠨ᠎ᠡ᠃ ᠠᠳᠠᠯ ᠠᠬᠤᠶ ᠶᠢᠨ ᠦᠢᠯᠡᠴᠢᠯᠡᠬᠡᠨ ᠤ ᠣᠷᠣᠨ ᠪᠦᠰᠡ ᠶᠢᠨ ᠬᠡᠮ ᠰᠣᠭᠤᠭ ᠢ | ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠲᠡᠷᠭᠡ ᠬᠥᠰᠬᠡ ᠶᠢᠨ | ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠵᠢᠵᠢᠭ ᠲᠣᠭᠤᠷᠢᠭ ᠲᠤ ᠣᠷᠣᠭᠤᠯᠬᠤ ᠶᠢ ᠲᠠᠰᠤᠷᠠᠯᠲᠠ ᠥᠬᠡᠶ ᠠᠬᠢᠭᠤᠯᠤᠨ᠂ | ᠠᠳᠠᠯ ᠠᠬᠤᠶ ᠶᠢᠨ ᠬᠠᠮᠢᠶᠠᠷᠤᠯᠲᠠ ᠶᠢᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠡᠷᠡᠰ | ᠬᠠᠮᠠᠭᠠᠯᠠᠨ᠎ᠠ᠃ ᠴᠢᠨᠠᠷ ᠰᠠᠶᠢᠲᠠᠶ ᠠᠳᠠᠯ ᠠᠬᠤᠶ ᠶᠢᠨ ᠦᠢᠯᠡᠴᠢᠯᠡᠬᠡᠨ ᠤ ᠲᠥᠷᠥᠯ ᠵᠦᠢᠯ ᠤᠨ ᠵᠢᠱᠢᠶ᠎ᠡ ᠦᠵᠡᠭᠦᠯᠦᠨ | ᠬᠥᠲᠥᠯᠦᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠣᠶᠤᠨᠴᠢ ᠵᠢᠵᠢᠭ ᠲᠣᠭᠤᠷᠢᠭ ᠪᠠ ᠠᠳᠠᠯ | ᠠᠬᠤᠶ ᠶᠢᠨ ᠬᠠᠮᠢᠶᠠᠷᠤᠯᠲᠠ ᠶᠢᠨ ᠵᠢᠱᠢᠶᠡᠴᠢ ᠵᠢᠵᠢᠭ ᠲᠣᠭᠤᠷᠢᠭ ᠢ ᠦᠷᠭᠦᠯᠵᠢᠯᠡᠨ ᠡᠭᠦᠳᠦᠨ ᠪᠠᠶᠢᠭᠤᠯᠵᠤ᠂ ᠴᠡᠭ ᠢᠶᠠᠷ | ᠨᠡᠶᠢᠳᠡᠮ ᠢ ᠳᠠᠶᠢᠴᠢᠯᠠᠨ ᠠᠳᠠᠯ ᠠᠬᠤᠶ ᠶᠢᠨ ᠠᠵᠢᠯ ᠲᠥᠷᠥᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠰᠢᠨ᠎ᠡ | ᠳᠡᠭᠲᠡᠷ ᠲᠤ ᠭᠠᠷᠭᠠᠵᠤ᠂ ︽ᠶᠠᠰᠤ ᠴᠢᠨᠠᠷ ᠪᠠ ᠦᠨ᠎ᠡ ᠬᠠᠩᠰᠢ ᠬᠠᠷᠢᠯᠴᠠᠨ ᠨᠡᠶᠢᠴᠡᠬᠦ᠂ ᠶᠠᠰᠤ ᠴᠢᠨᠠᠷ ᠢᠶᠠᠷ ᠦᠨ᠎ᠡ | ᠲᠣᠭᠲᠠᠭᠠᠬᠤ᠂ ᠰᠠᠶᠢᠨ ᠰᠠᠶᠢᠬᠠᠨ ᠬᠥᠭᠵᠢᠬᠦ︾ ᠠᠳᠠᠯ ᠠᠬᠤᠶ ᠶᠢᠨ ᠦᠢᠯᠡᠴᠢᠯᠡᠬᠡᠨ ᠤ ᠵᠠᠬ᠎ᠠ ᠳᠡᠯᠭᠡᠭᠦᠷ ᠤᠨ | ᠪᠠᠶᠢᠷᠢᠰᠢᠯ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠪᠥᠬᠦ ᠠᠶᠢᠮᠠᠭ ᠤᠨ ᠠᠳᠠᠯ | ᠠᠬᠤᠶ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠶᠢ 97 . 5 % ᠳᠤ ᠬᠦᠷᠦᠭᠦᠯᠵᠦ᠂ ᠥᠮᠴᠢᠲᠡᠨ ᠤ | ᠵᠥᠪᠯᠡᠯ ᠪᠠᠶᠢᠭᠤᠯᠤᠭᠳᠠᠭᠰᠠᠨ ᠬᠠᠷᠢᠴᠠᠯ ᠢ 75 % ᠳᠤ ᠬᠦᠷᠦᠭᠦᠯᠵᠦ᠂ ᠳᠥᠷᠪᠡᠳᠦᠭᠡᠷ ᠳᠡᠰ ᠵᠢᠴᠢ ᠲᠡᠭᠦᠨ ᠠᠴᠠ | ᠳᠡᠭᠡᠭᠰᠢᠬᠢ ᠠᠳᠠᠯ ᠠᠬᠤᠶ ᠶᠢᠨ ᠬᠠᠮᠢᠶᠠᠷᠤᠯᠲᠠ ᠶᠢᠨ ᠪᠠᠷᠢᠮᠵᠢᠶ᠎ᠠ ᠲᠠᠢ ᠣᠷᠣᠨ ᠰᠠᠭᠤᠴᠠ ᠶᠢᠨ ᠲᠣᠭᠤᠷᠢᠭ ᠢ 80 | % ᠳᠤ ᠬᠦᠷᠦᠭᠦᠯᠵᠦ᠂ ︽ᠤᠶᠤᠨᠲᠤ ᠲᠣᠭᠤᠷᠢᠭ︾ ᠢ 8 ᠰᠢᠨ᠎ᠡ ᠪᠠᠷ ᠡᠭᠦᠳᠦᠨ ᠪᠠᠶᠢᠭᠤᠯᠤᠨ᠎ᠠ᠃ | ︵ᠬᠤᠷᠢᠨ ᠨᠢᠭᠡ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠬᠠᠮᠢᠶᠠᠷᠤᠯᠲᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ | ᠬᠠᠮᠤᠷᠬᠤ ᠬᠡᠪᠴᠢᠶ᠎ᠡ ᠶᠢ ᠥᠷᠭᠡᠳᠬᠡᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠡᠪᠴᠢᠶ᠎ᠡ ᠶᠢ | ᠥᠷᠭᠡᠳᠬᠡᠬᠦ ᠠᠵᠢᠯ ᠢ ᠰᠠᠶᠢᠲᠤᠷ ᠠᠳᠬᠤᠵᠤ᠂ ᠪᠠᠶᠢᠭᠤᠯᠤᠮᠵᠢ ᠶᠢᠨ ᠳᠦᠷᠢᠮ ᠤᠨ ᠠᠵᠢᠯ ᠤᠨ ᠶᠠᠷᠢᠶ᠎ᠠ ᠬᠡᠯᠡᠯᠴᠡᠭᠡᠨ ᠤ | ᠣᠷᠴᠢᠨ ᠠᠬᠤᠶ ᠶᠢ ᠤᠯᠠᠮ ᠨᠢᠭᠡ ᠠᠯᠬᠤᠮ ᠪᠣᠶ ᠪᠣᠯᠭᠠᠬᠤ ᠬᠡᠷᠡᠭᠲᠡᠶ︔ ᠬᠤᠲᠠ ᠳᠤ ᠣᠷᠣᠵᠤ ᠠᠵᠢᠯ ᠬᠢᠭᠰᠡᠳ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠴᠢᠯᠥᠭᠡᠲᠦ ᠠᠵᠢᠯ ᠬᠢᠭᠰᠡᠳ ᠵᠡᠷᠭᠡ ᠰᠢᠨ᠎ᠡ ᠬᠤᠲᠠ ᠶᠢᠨ | ᠠᠷᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠪᠴᠢᠶ᠎ᠡ ᠶᠢ ᠥᠷᠭᠡᠳᠬᠡᠬᠦ | ᠪᠠᠶᠢᠭᠤᠯᠤᠮᠵᠢ ᠶᠢᠨ ᠲᠦᠷᠢᠮ ᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠣᠨᠣᠪᠴᠢᠲᠠᠶ ᠪᠠᠷ | ᠬᠡᠪᠴᠢᠶ᠎ᠡ ᠶᠢ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ | ᠲᠣᠬᠢᠷᠠᠭᠤᠯᠵᠤ ᠪᠠᠶᠢᠭᠠᠳ ᠠᠮᠤᠷ ᠲᠦᠪᠰᠢᠨ ᠢ ᠪᠠᠲᠤᠯᠠᠨ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠦᠭᠰᠢᠭᠦᠷᠢ ᠶᠢ ᠬᠢᠨᠠᠨ ᠡᠵᠡᠮᠳᠡᠵᠦ ᠰᠡᠷᠡᠮᠵᠢᠯᠡᠭᠦᠯᠬᠦ ᠲᠣᠭᠲᠠᠴᠠ ᠪᠣᠯᠤᠨ | ᠠᠵᠢᠯᠯᠠᠭᠠᠨ ᠤ ᠪᠠᠶᠢᠳᠠᠯ ᠢ ᠵᠠᠳᠠᠯᠬᠤ ᠰᠢᠰᠲ᠋ᠧᠮᠵᠢ ᠶᠢ ᠪᠦᠷᠢᠨᠰᠢᠭᠦᠯᠵᠦ᠂ ᠪᠡᠯᠡ ᠮᠥᠩᠭᠦ ᠶᠢ ᠲᠥᠪᠯᠡᠷᠡᠭᠦᠯᠦᠨ ᠳ᠋ᠦᠩᠨᠡᠨ | ᠪᠣᠳᠣᠬᠤ ᠠᠷᠭ᠎ᠠ᠂ ᠠᠵᠢᠯᠯᠠᠭᠤᠯᠬᠤ ᠳᠦᠷᠢᠮ ᠪᠣᠯᠤᠨ ᠲᠣᠬᠢᠷᠠᠭᠤᠯᠬᠤ ᠠᠷᠭ᠎ᠠ ᠶᠢ ᠲᠡᠭᠦᠯᠳᠡᠷᠵᠢᠭᠦᠯᠦᠨ᠂ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠬᠤ ᠬᠡᠷᠡᠭᠲᠡᠶ︔ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠵᠢᠴᠢ ᠣᠷᠣᠨ ᠰᠠᠭᠤᠴᠠ ᠶᠢᠨ ᠵᠠᠬ᠎ᠠ | ᠳᠡᠯᠭᠡᠭᠦᠷ ᠤᠨ ᠬᠤᠪᠢᠷᠠᠯᠲᠠ ᠶᠢᠨ ᠬᠠᠨᠳᠤᠰᠢ ᠶᠢ ᠦᠨᠳᠦᠰᠦᠯᠡᠨ᠂ ᠪᠡᠯᠡ ᠮᠥᠩᠭᠦ ᠶᠢᠨ ᠠᠵᠢᠯᠯᠠᠭᠠᠨ ᠤ ᠪᠠᠶᠢᠳᠠᠯ ᠢ | ᠤᠷᠢᠳᠴᠢᠯᠠᠨ ᠲᠥᠰᠦᠭᠡᠯᠡᠵᠦ᠂ ᠪᠡᠯᠡ ᠮᠥᠩᠭᠦ ᠴᠤᠭᠯᠠᠭᠤᠯᠬᠤ ᠪᠠ ᠬᠡᠷᠡᠭᠯᠡᠬᠦ ᠪᠡᠯᠡᠳᠬᠡᠯ ᠲᠥᠰᠦᠯ ᠢ ᠴᠠᠭ | ᠲᠤᠬᠠᠶ ᠳᠤᠨᠢ ᠰᠠᠶᠢᠲᠤᠷ ᠬᠢᠵᠦ᠂ ᠪᠡᠯᠡ ᠮᠥᠩᠭᠦ ᠶᠢᠨ ᠬᠠᠳᠠᠭᠠᠯᠠᠯᠲᠠ ᠪᠠ ᠥᠷᠲᠡᠭ ᠢ ᠪᠠᠲᠤᠯᠠᠵᠤ ᠥᠷᠲᠡᠭ ᠢ | ᠨᠡᠮᠡᠭᠳᠡᠭᠦᠯᠬᠦ ᠶᠢ ᠵᠦᠢ ᠵᠣᠬᠢᠰᠲᠠᠶ ᠲᠥᠯᠥᠪᠵᠢᠭᠦᠯᠬᠦ ᠬᠡᠷᠡᠭᠲᠡᠶ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠨᠢᠭᠡ ᠯᠡ ᠲᠣᠣᠷ ᠢᠶᠠᠷ᠂ ᠨᠢᠭᠡ | ᠲᠦᠷᠦᠯ᠂ ᠨᠢᠭᠡ ᠤᠳᠠᠭ᠎ᠠ︾ ᠪᠠᠷ ᠬᠠᠷᠠᠯᠲᠠ ᠪᠣᠯᠭᠠᠬᠤ᠂ ︽ᠳᠠᠯᠪᠢᠬᠤ ᠤᠶᠠᠯᠳᠤᠭᠤᠯᠬᠤ ᠰᠢᠯᠢᠳᠡᠭᠵᠢᠭᠦᠯᠬᠦ︾ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠦᠢᠯᠡᠴᠢᠯᠡᠭᠡ ᠳᠤ ᠬᠤᠯᠪᠣᠭᠳᠠᠬᠤ ᠭᠡᠷᠡᠴᠢᠯᠡᠬᠦ ᠮᠠᠲ᠋ᠧᠷᠢᠶᠠᠯ ᠢ ᠤᠯᠠᠮ ᠨᠢᠭᠡ ᠠᠯᠬᠤᠮ ᠡᠮᠬᠢᠯᠡᠨ | ᠳᠦᠭᠦᠮᠴᠢᠯᠡᠨ᠂ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠬᠦᠯᠵᠦ᠂ ᠣᠶᠤᠨᠴᠢ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠲᠠᠪᠴᠠᠩ ᠤᠨ ᠴᠢᠳᠠᠮᠵᠢ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠂ ᠬᠡᠰᠡᠭ ᠲᠤᠬᠠᠶᠢᠯᠠᠭᠰᠠᠨ ᠠᠵᠢᠯ ᠢ ᠬᠦᠢᠴᠡᠳᠭᠡᠬᠦ ᠳᠤ ︽ᠭᠦᠶᠦᠬᠦ ᠥᠬᠡᠶ︾ ︽ | ᠨᠢᠭᠤᠷᠳᠠᠬᠤ ᠥᠬᠡᠶ ᠪᠠᠷ ᠬᠢᠨᠠᠨ ᠵᠥᠪᠰᠢᠶᠡᠷᠡᠬᠦ︾ ᠶᠢ ᠪᠡᠶᠡᠯᠡᠬᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠲᠣᠭᠲᠠᠴᠠ ᠶᠢ ᠪᠠᠶᠢᠭᠤᠯᠬᠤ ᠵᠣᠬᠢᠴᠠᠭᠤᠯᠭ᠎ᠠ ᠨᠡᠪᠲᠡᠷᠡᠯᠴᠡᠭᠡ ᠶᠢᠨ ᠡᠷᠴᠢᠮ ᠢ ᠴᠢᠩᠭᠠᠷᠠᠭᠤᠯᠣᠨ᠂ ᠣᠯᠠᠩᠬᠢ | ᠲᠤᠬᠠᠶᠢᠯᠠᠭᠰᠠᠨ ᠠᠵᠢᠯ ᠤᠨ ᠭᠡᠷᠡᠴᠢ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠶᠢ ᠠᠯᠢ | ᠲᠦᠷᠭᠡᠨ ᠢᠶᠠᠷ ᠪᠡᠶᠡᠯᠡᠬᠦᠯᠵᠦ᠂ ᠬᠠᠮᠲᠤ ᠪᠠᠷ ᠭᠥᠷᠳᠡᠬᠦ ᠲᠤᠭ᠎ᠠ ᠪᠠᠷᠢᠮᠲᠠ ᠶᠢ ᠬᠡᠷᠡᠭᠯᠡᠨ ᠦᠨᠡᠮᠯᠡᠯ ᠢ ᠪᠠᠭᠠᠰᠬᠠᠵᠤ | ᠠᠷᠠᠳ ᠲᠤ ᠲᠥᠬᠦᠮ ᠦᠵᠡᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠣᠨ᠂ ᠠᠵᠢᠯᠲᠠᠨ ᠠᠵᠢᠯᠴᠢᠨ ᠪᠠ | ᠨᠢᠭᠡᠴᠡ ᠳᠤ ᠦᠨᠡᠨᠬᠦ ᠳᠥᠭᠦᠮ ᠦᠵᠡᠬᠦᠯᠵᠦ᠂ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠪᠠᠨ ᠲᠠᠰᠤᠷᠠᠯᠲᠠ | ᠤᠢᠭᠡᠢ ᠳᠡᠭᠡᠭᠰᠢᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠲᠤᠭ᠎ᠠ 34 | ᠳ᠋ᠦᠩᠰᠢᠭᠤᠷ ᠲᠥᠭᠦᠷᠢᠭ ᠲᠤ ᠬᠦᠷᠴᠦ᠂ ᠲᠤᠰᠢᠶᠠᠨ ᠬᠠᠳᠠᠭᠠᠯᠠᠭᠤᠯᠤᠭᠰᠠᠨ ᠶᠡᠷᠦᠩᠬᠡᠶ ᠲᠤᠭ᠎ᠠ 116 . 67 | ᠳ᠋ᠦᠩᠰᠢᠭᠤᠷ ᠲᠥᠭᠦᠷᠢᠭ ᠲᠤ ᠬᠦᠷᠴᠦ᠂ ᠭᠠᠷᠭᠠᠨ ᠠᠪᠤᠭᠰᠠᠨ ᠲᠤᠭ᠎ᠠ 32 . 07 ᠳ᠋ᠦᠩᠰᠢᠭᠤᠷ ᠲᠥᠭᠦᠷᠢᠭ ᠲᠤ | ᠬᠦᠷᠴᠦ᠂ ᠭᠠᠷᠭᠠᠨ ᠠᠪᠤᠭᠰᠠᠨ ᠶᠡᠷᠦᠩᠬᠡᠶ ᠲᠤᠭ᠎ᠠ 87 . 16 ᠳ᠋ᠦᠩᠰᠢᠭᠤᠷ ᠲᠥᠭᠦᠷᠢᠭ ᠲᠤ ᠬᠦᠷᠴᠦ᠂ | ᠵᠢᠭᠡᠯᠡᠯᠭᠡ ᠶᠢᠨ ᠲᠤᠭ᠎ᠠ 17 . 5 ᠳ᠋ᠦᠩᠰᠢᠭᠤᠷ ᠲᠥᠭᠦᠷᠢᠭ ᠲᠤ ᠬᠦᠷᠴᠦ᠂ ᠵᠢᠭᠡᠯᠡᠯᠭᠡ ᠶᠢᠨ ᠶᠡᠷᠦᠩᠬᠡᠶ ᠲᠤᠭ᠎ᠠ 78 | . 62 ᠳ᠋ᠦᠩᠰᠢᠭᠤᠷ ᠲᠥᠭᠦᠷᠢᠭ ᠲᠤ ᠬᠦᠷᠴᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠨᠣᠷᠮ᠎ᠠ 80 % ᠶᠢᠨ | ᠨᠡᠯᠢᠶᠡᠳ ᠥᠨᠳᠥᠷ ᠲᠦᠪᠰᠢᠨ ᠳᠤ ᠪᠠᠶᠢᠬᠤ ᠶᠢ ᠪᠠᠳᠣᠯᠠᠨ᠎ᠠ᠃ | ︵ᠬᠤᠷᠢᠨ ᠬᠤᠶᠠᠷ︶ ᠣᠷᠣᠨ ᠰᠠᠭᠤᠴᠠ ᠶᠢᠨ ᠲᠦᠷᠢᠶᠡᠰᠦᠯᠡᠯ ᠤᠨ ᠬᠠᠩᠭᠠᠯᠭ᠎ᠠ ᠶᠢ ᠥᠷᠭᠡᠳᠬᠡᠨ᠎ᠡ᠃ | ᠣᠯᠠᠨ ᠨᠡᠶᠢᠲᠡ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ | ᠬᠤᠲᠠ ᠶᠢᠨ ᠬᠦᠴᠢᠷᠳᠡᠯᠲᠡᠶ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ | ᠠᠯᠬᠤᠮ ᠠᠯᠬᠤᠮ ᠢᠶᠠᠷ ᠥᠷᠭᠡᠳᠬᠡᠨ᠂ ᠬᠤᠲᠠ ᠪᠠᠯᠭᠠᠰᠤ ᠶᠢᠨ ᠣᠷᠣᠨ ᠰᠠᠭᠤᠴᠠ᠂ ᠣᠷᠣᠯᠭ᠎ᠠ ︽ᠬᠤᠤᠰ | ᠬᠦᠴᠢᠷᠳᠡᠯᠲᠡᠶ︾ ᠭᠡᠷ ᠪᠦᠯᠢ ᠪᠠ ᠠᠰᠠᠷᠠᠨ ᠬᠠᠷᠠᠭᠠᠯᠵᠠᠬᠤ ᠡᠲᠡᠭᠡᠳ ᠤᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠪᠣᠳᠠᠲᠤ ᠪᠣᠳᠠᠰ ᠤᠨ ᠪᠠᠲᠤᠯᠠᠭ᠎ᠠ ᠪᠠ ᠲᠦᠷᠢᠶᠡᠰᠦᠯᠡᠯ ᠤᠨ ᠨᠥᠬᠦᠪᠥᠷᠢ ᠶᠢᠨ ᠪᠠᠲᠤᠯᠠᠭ᠎ᠠ ᠶᠢ | ᠵᠡᠷᠭᠡᠪᠡᠷ ᠬᠡᠷᠡᠭᠵᠢᠭᠦᠯᠬᠦ ᠪᠠᠷ ᠳᠠᠮᠵᠢᠭᠤᠯᠤᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠷᠣᠯᠭ᠎ᠠ ᠪᠠᠭᠠᠲᠠᠶ | ᠪᠥᠭᠡᠳ ᠣᠷᠣᠨ ᠰᠠᠭᠤᠴᠠ ᠶᠢᠨ ᠬᠦᠴᠢᠷᠳᠡᠯᠲᠡᠶ ᠭᠡᠷ ᠪᠦᠯᠢ ᠶᠢᠨ ︽ᠪᠠᠲᠤᠯᠠᠪᠠᠰᠤ ᠵᠣᠬᠢᠬᠤ ᠶᠢ ᠨᠢ ᠪᠦᠬᠦᠨ ᠢ | ᠪᠠᠲᠤᠯᠠᠬᠤ︾ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠬᠥᠮᠦᠰ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ | ᠣᠯᠠᠨ ᠲᠠᠰ ᠳᠠᠪᠬᠤᠷᠭ᠎ᠠ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠢ ᠪᠠᠶᠢᠭᠤᠯᠵᠤ᠂ | ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠭᠤᠴᠢ ᠪᠠᠶᠢᠭᠤᠯᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ | ᠰᠤᠯᠠ ᠪᠠᠶᠢᠭ᠎ᠠ ᠪᠠ ᠦᠯᠡᠳᠡᠭᠡᠵᠦ ᠪᠠᠶᠢᠭ᠎ᠠ ᠡᠯ᠎ᠡ ᠲᠥᠷᠥᠯ ᠤᠨ ᠬᠡᠷ ᠬᠥᠷᠥᠩᠭᠡ ᠶᠢᠨ ᠡᠬᠢ ᠪᠠᠶᠠᠯᠢᠭ ᠢ ᠠᠰᠢᠭᠯᠠᠵᠤ᠂ | ᠵᠢᠷᠤᠮᠵᠢᠭᠰᠠᠨ ᠣᠷᠣᠰᠢᠨ ᠰᠠᠭᠤᠬᠤ ᠦᠢᠯᠡᠴᠢᠯᠡᠭᠡ ᠬᠠᠩᠭᠠᠨ᠂ ᠬᠤᠪᠢ ᠬᠥᠮᠦᠨ ᠤ ᠥᠪᠡᠷ ᠤᠨ ᠰᠤᠯᠠ ᠪᠠᠶᠢᠭ᠎ᠠ | ᠣᠷᠣᠨ ᠰᠠᠭᠤᠴᠠ ᠪᠠᠨ ᠬᠠᠤᠯᠢ ᠶᠣᠰᠣᠭᠠᠷ ᠲᠦᠷᠢᠶᠡᠰᠦᠯᠡᠬᠦ ᠶᠢ ᠵᠣᠷᠢᠭᠵᠢᠭᠤᠯᠵᠤ᠂ ᠣᠷᠣᠨ ᠰᠠᠭᠤᠴᠠ ᠶᠢᠨ | ᠲᠦᠷᠢᠶᠡᠰᠦᠯᠡᠯ ᠤᠨ ᠬᠠᠷᠢᠴᠠᠭ᠎ᠠ ᠶᠢ ᠲᠣᠭᠲᠠᠪᠤᠷᠢᠵᠢᠭᠤᠯᠤᠨ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ | ᠪᠠᠶᠢᠭᠠᠳ ᠬᠡᠷ ᠪᠠᠶᠢᠰᠢᠩ ᠲᠦᠷᠢᠶᠡᠰᠦᠯᠡᠬᠦ ᠪᠠᠷ ᠳᠡᠮᠵᠢᠨ ᠣᠷᠣᠰᠢᠨ ᠰᠠᠭᠤᠬᠤ ᠠᠰᠠᠭᠤᠳᠠᠯ ᠢ ᠰᠢᠢᠳᠪᠦᠷᠢᠯᠡᠨ᠎ᠡ᠃ | ᠲᠠᠪᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠬᠢᠭᠡᠳ ᠭᠡᠷ ᠪᠠᠶᠢᠰᠢᠩ ᠭᠠᠵᠠᠷ | ᠬᠥᠷᠥᠩᠭᠡ ᠶᠢᠨ ᠦᠢᠯᠡᠰ | ︵ᠬᠤᠷᠢᠨ ᠭᠤᠷᠪᠠ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠤᠷᠸ᠎ᠠ | ᠲᠣᠬᠢᠷᠠᠭᠤᠯᠭ᠎ᠠ ᠡᠵᠡᠮᠰᠢᠯ᠃ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠲᠣᠬᠢᠷᠠᠭᠤᠯᠭ᠎ᠠ ᠡᠵᠡᠮᠰᠢᠯ ᠤᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠵᠠᠬ᠎ᠠ | ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠤᠨ ᠬᠠᠮᠲᠤᠷᠠᠭᠰᠠᠨ ᠬᠤᠷᠠᠯ ᠤᠨ ᠳᠦᠷᠢᠮ ᠪᠣᠯᠤᠨ ᠦᠨᠡᠯᠡᠵᠦ ᠬᠢᠨᠠᠨ | ᠰᠢᠯᠭᠠᠬᠤ ᠰᠢᠰᠲ᠋ᠧᠮᠵᠢ ᠶᠢ ᠪᠠᠶᠢᠭᠤᠯᠤᠨ᠂ ᠪᠣᠷᠣᠯᠠᠭᠤᠯᠤᠯᠲᠠ ᠶᠢᠨ ᠵᠠᠬ᠎ᠠ ᠳᠡᠯᠭᠡᠭᠦᠷ ᠤᠨ ᠵᠠᠳᠠᠯᠤᠯᠲᠠ ᠶᠢᠨ ᠦᠷ᠎ᠡ | ᠳ᠋ᠦᠩ ᠤᠨ ᠡᠬᠢ ᠡᠭᠦᠰᠦᠯ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠭ᠎ᠠ ᠡᠵᠡᠮᠰᠢᠯ ᠳᠠᠬᠢ ᠦᠢᠯᠡᠳᠦᠯ ᠢ | ᠬᠦᠢᠴᠡᠳ ᠪᠠᠳᠠᠷᠠᠭᠤᠯᠵᠤ᠂ ᠣᠷᠣᠨ ᠰᠠᠭᠤᠴᠠ ᠶᠢᠨ ᠬᠠᠩᠭᠠᠯᠭ᠎ᠠ ᠶᠢᠨ ᠪᠦᠲᠦᠴᠡ ᠪᠣᠯᠤᠨ ᠴᠠᠭ ᠤᠨ ᠳᠠᠷᠠᠭᠠᠯᠠᠯ ᠢ | ᠲᠠᠰᠤᠷᠠᠯᠲᠠ ᠤᠢᠭᠡᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠵᠢᠱᠢᠯᠲᠡ ᠶᠢ ᠡᠵᠡᠮᠰᠢᠵᠦ᠂ ᠣᠶᠤᠨᠴᠢ ᠪᠠᠷ ᠪᠡᠯᠡ | ᠣᠷᠣᠭᠤᠯᠬᠤ ᠶᠢ ᠬᠥᠲᠥᠯᠥᠨ ᠵᠢᠯᠣᠭᠤᠳᠴᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ | ︵ᠬᠤᠷᠢᠨ ᠳᠥᠷᠪᠡ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ | ᠳᠠᠩᠰᠠᠯᠠᠭᠤᠯᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ | ᠪᠠᠶᠢᠰᠢᠩ᠂ ᠦᠯᠡᠳᠡᠭᠡᠯ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ᠂ ᠭᠡᠷ ᠪᠠᠶᠢᠰᠢᠩ ᠲᠦᠷᠢᠶᠡᠰᠦᠯᠡᠬᠦ ᠭᠡᠷ᠎ᠡ᠂ ᠭᠡᠷ | ᠪᠠᠶᠢᠰᠢᠩ ᠪᠠᠷᠢᠴᠠᠭᠠᠯᠠᠬᠤ ᠭᠡᠷ᠎ᠡ ᠶᠢᠨ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠳᠠᠩᠰᠠᠯᠠᠭᠤᠯᠬᠤ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠦᠨ᠂ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ | ᠳᠠᠩᠰᠠᠯᠠᠭᠤᠯᠬᠤ ᠦᠢᠯᠡᠴᠢᠯᠡᠬᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠪᠠ ᠰᠢᠯᠢᠳᠡᠭᠵᠢᠭᠦᠯᠵᠦ᠂ ᠭᠡᠷ | ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠳᠠᠩᠰᠠᠯᠠᠭᠤᠯᠬᠤ ᠳᠦᠷᠢᠮ ᠢᠶᠠᠷ ᠰᠠᠭᠤᠷᠢ | ᠪᠣᠯᠭᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶ᠎ᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠠᠯᠬᠤᠮ | ᠠᠯᠬᠤᠮ ᠢᠶᠠᠷ ᠪᠠᠶᠢᠭᠤᠯᠤᠨ᠎ᠠ᠃ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠪᠠ | ᠬᠠᠳᠠᠭᠠᠯᠠᠭᠳᠠᠵᠤ ᠪᠠᠶᠢᠭ᠎ᠠ ᠭᠡᠷ ᠪᠠᠶᠢᠰᠢᠩ ᠤᠨ ᠠᠷᠠᠯᠵᠢᠶᠠᠨ ᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠨᠤᠲᠤᠭ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠠᠷᠭ᠎ᠠ ᠶᠢ ᠲᠡᠭᠦᠯᠳᠡᠷᠵᠢᠭᠦᠯᠵᠦ᠂ ᠪᠥᠬᠦ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠤᠷᠢᠳᠴᠢᠯᠠᠨ | ᠬᠤᠳᠠᠯᠳᠤᠬᠤ ᠪᠠᠷ ᠵᠥᠪᠰᠢᠶᠡᠷᠡᠭᠰᠡᠨ ᠲᠠᠸᠠᠷ ᠤᠨ ᠭᠡᠷ ᠪᠠᠶᠢᠰᠢᠩ ᠤᠨ ᠤᠷᠢᠳᠴᠢᠯᠠᠨ ᠬᠤᠳᠠᠯᠳᠤᠬᠤ ᠪᠠᠯᠠ | ᠮᠥᠩᠭᠦ ᠶᠢᠨ ᠬᠤᠷᠢᠶᠠᠨ ᠬᠠᠳᠠᠭᠠᠯᠠᠬᠤ᠂ ᠵᠠᠷᠤᠴᠠᠭᠤᠯᠬᠤ᠂ ᠬᠡᠷᠡᠭᠯᠡᠬᠦ ᠶᠢ ᠪᠦᠬᠦᠨ ᠢ ᠬᠢᠨᠠᠨ ᠬᠠᠮᠢᠶᠠᠷᠬᠤ ᠳᠤ | ᠣᠷᠣᠭᠤᠯᠵᠤ᠂ ᠠᠷᠠᠯᠵᠢᠶᠠᠨ ᠤ ᠲᠦᠭᠰᠢᠭᠦᠷᠢ ᠶᠢ ᠰᠡᠷᠭᠡᠶᠢᠯᠡᠨ᠂ ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ | ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠪᠠᠷ ᠰᠠᠭᠤᠷᠢ ᠪᠣᠯᠭᠠᠭᠰᠠᠨ ᠭᠡᠷ | ᠪᠠᠶᠢᠰᠢᠩ ᠭᠠᠵᠠᠷ ᠬᠥᠷᠥᠩᠭᠡ ᠶᠢᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ | ᠬᠡᠷᠡᠭᠲᠡᠶ᠃ | ︵ᠬᠤᠷᠢᠨ ᠲᠠᠪᠤ︶ ᠬᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡ ᠶᠢᠨ ᠦᠯᠡᠳᠡᠭᠳᠡᠯ ᠠᠰᠠᠭᠤᠳᠠᠯ ᠢ | ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠭᠠᠵᠠᠷ ᠣᠷᠣᠨ ᠪᠠ ᠭᠤᠣᠯᠳᠠᠯᠭ᠎ᠠ ᠲᠠᠢ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠲᠦᠷᠦᠯ ᠬᠤᠪᠢᠶᠠᠨ ᠰᠢᠢᠳᠪᠦᠷᠢᠯᠡᠬᠦ ᠶᠢ | ᠪᠠᠷᠢᠮᠲᠠᠯᠠᠵᠤ᠂ ᠲᠣᠭᠲᠠᠭᠠᠭᠰᠠᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠬᠡᠷ ᠪᠠᠶᠢᠰᠢᠩ | ᠭᠠᠵᠠᠷ ᠬᠥᠷᠥᠩᠭᠡ ᠶᠢᠨ ᠬᠦᠷᠢᠶᠡᠨ ᠳᠠᠬᠢ ᠲᠤᠰᠬᠠᠶ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠰᠠᠯᠠᠭ᠎ᠠ | ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠡᠯ᠎ᠡ ᠭᠠᠵᠠᠷ ᠤᠨ ᠬᠢᠨ ᠬᠡᠷ ᠪᠠᠶᠢᠰᠢᠩ ᠭᠠᠵᠠᠷ ᠬᠥᠷᠥᠩᠭᠡ ᠶᠢᠨ | ᠲᠡᠦᠬᠡᠨ ᠦᠯᠡᠳᠡᠭᠳᠡᠯ ᠠᠰᠠᠭᠤᠳᠠᠯ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠵᠠᠮᠪᠠᠷᠠᠭ᠎ᠠ | ᠥᠬᠡᠶ ᠪᠠᠶᠢᠳᠠᠯ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠠᠤᠯᠢ ᠠᠴᠠ | ᠵᠥᠷᠢᠴᠡᠨ ᠡᠵᠡᠩᠨᠡᠬᠦ ᠵᠡᠷᠭᠡ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠰᠢᠮᠳᠠᠭᠤᠯᠤᠨ ᠵᠢᠯᠣᠭᠤᠳᠤᠨ᠎ᠠ᠃ | ᠵᠢᠷᠭᠤᠭ᠎ᠠ᠂ ᠪᠠᠷᠢᠯᠭ᠎ᠠ ᠶᠢᠨ ᠵᠠᠬ᠎ᠠ ᠳᠡᠯᠭᠡᠭᠦᠷ ᠪᠠ ᠪᠠᠷᠢᠯᠭ᠎ᠠ ᠶᠢᠨ ᠦᠢᠯᠡᠰ | ︵ᠬᠤᠷᠢᠨ ᠵᠢᠷᠭᠤᠭ᠎ᠠ︶ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠢᠯ | ᠲᠥᠷᠥᠯ ᠤᠨ ᠬᠥᠭᠵᠢᠯᠲᠡ ᠶᠢ ᠠᠬᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠠᠬᠢᠭᠤᠯᠵᠤ᠂ ᠰᠢᠨ᠎ᠡ ᠬᠡᠯᠪᠡᠷᠢ ᠶᠢᠨ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠬᠥᠭᠵᠢᠭᠦᠯᠦᠨ᠂ | ᠪᠠᠷᠢᠯᠭ᠎ᠠ ᠶᠢᠨ ᠦᠢᠯᠡᠰ ᠤᠨ ᠠᠵᠤ ᠦᠢᠯᠡᠰ ᠤᠨ ᠳᠡᠰ ᠳᠡᠪᠰᠢᠬᠦ ᠪᠠ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ︽ᠬᠤᠣᠰ ᠠᠮᠵᠢᠯᠲᠠ︾ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ | ᠪᠠᠷᠢᠯᠭ᠎ᠠ ᠶᠢᠨ ᠦᠢᠯᠡᠰ ᠬᠢᠭᠡᠳ ᠮᠡᠳᠡᠭᠡ ᠵᠠᠩᠭᠢᠵᠢᠯᠲᠠ᠂ ᠠᠵᠤ ᠦᠢᠯᠡᠳᠪᠦᠷᠢᠵᠢᠯᠳᠡ ᠶᠢᠨ ᠭᠦᠨᠵᠡᠭᠡᠶ ᠠᠭᠤᠰᠤᠯᠴᠠᠯ ᠢ | ᠠᠬᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠲᠦᠷᠭᠡᠳᠬᠡᠵᠦ᠂ ᠪᠦᠬᠦ ᠶᠠᠪᠤᠴᠠ ᠳᠤ ᠵᠥᠪᠯᠡᠯᠭᠡ ᠥᠭᠬᠦ᠂ ᠪᠠᠷᠢᠯᠭ᠎ᠠ ᠶᠢ ᠶᠡᠷᠦᠩᠬᠡᠶᠢᠯᠡᠨ ᠳᠠᠭᠠᠭᠠᠴᠢᠯᠠᠬᠤ᠂ BIM | ᠮᠡᠷᠭᠡᠵᠢᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ 2025 ᠣᠨ ᠪᠣᠯᠬᠤ ᠳᠤ᠂ ᠪᠡᠶ᠎ᠡ ᠪᠠᠨ ᠳᠠᠭᠠᠭᠠᠭᠰᠠᠨ | ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠴᠢᠳᠠᠪᠤᠷᠢ ᠲᠠᠢ 12 | ᠭᠤᠣᠯᠯᠠᠭᠴᠢ ᠠᠵᠤ ᠠᠬᠤᠶᠢᠯᠠᠯ ᠢ ᠴᠢᠷᠮᠠᠶᠢᠨ ᠪᠤᠶᠢᠵᠢᠭᠤᠯᠵᠤ᠂ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢᠨ | ᠲᠥᠬᠦᠷ ᠲᠥᠷᠥ ᠶᠢᠨ ᠪᠣᠳᠣᠯᠭ᠎ᠠ ᠶᠢ ᠦᠨᠳᠦᠰᠦᠨ ᠳᠡᠭᠡᠨ ᠪᠦᠷᠢᠨᠰᠢᠭᠦᠯᠵᠦ᠂ ᠪᠠᠷᠢᠯᠭ᠎ᠠ ᠶᠢᠨ ᠦᠢᠯᠡᠰ ᠤᠨ | ᠦᠢᠯᠡᠳᠬᠦᠨ ᠤ ᠶᠡᠷᠦᠩᠬᠡᠶ ᠥᠷᠲᠡᠭ ᠢ ᠲᠣᠭᠲᠠᠭᠤᠨ ᠢᠶᠠᠷ ᠨᠡᠮᠡᠭᠳᠡᠭᠦᠯᠦᠨ᠎ᠡ᠃ | ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠡᠷᠦᠩᠬᠡᠶᠢᠯᠡᠭᠰᠡᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠤᠰᠢᠭᠤᠴᠢ ᠦᠢᠯᠡᠳᠦᠯ ᠪᠠ ᠰᠢᠨ᠎ᠡ ᠶᠢ ᠡᠭᠦᠳᠬᠦ | ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠵᠢᠷᠤᠭ ᠲᠥᠯᠥᠪᠯᠡᠭᠡ ᠶᠢ ᠠᠵᠢᠯᠯᠠᠭᠤᠯᠵᠤ ᠪᠠᠲᠤᠯᠠᠬᠤ ᠱᠠᠲᠤ ᠦᠶ᠎ᠡ ᠲᠡᠰᠢ | ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠤ ᠠᠬᠤᠶᠢᠯᠠᠯ ᠤᠨ | ᠪᠦᠬᠦ ᠶᠠᠪᠤᠴᠠ ᠶᠢᠨ ᠯᠠᠪᠯᠠᠯᠭ᠎ᠠ ᠪᠠ ᠪᠠᠷᠢᠯᠭ᠎ᠠ ᠶᠢᠨ ᠶᠡᠷᠦᠩᠬᠡᠢ ᠳᠠᠭᠠᠭᠠᠴᠢᠯᠠᠯᠲᠠ ᠪᠠᠷ ᠲᠥᠯᠥᠭᠡᠯᠡᠭᠴᠢ ᠶᠢ ᠨᠢᠭᠡ | ᠴᠤᠭᠴᠠᠵᠢᠭᠤᠯᠤᠭᠰᠠᠨ ᠦᠢᠯᠡᠴᠢᠯᠡᠭᠡᠨ ᠤ ᠵᠠᠭᠪᠤᠷ ᠪᠠᠶᠢᠭᠤᠯᠬᠤ ᠶᠢ ᠵᠣᠷᠢᠭᠵᠢᠭᠤᠯᠤᠨ᠎ᠠ᠃ ᠵᠢᠷᠤᠭ ᠲᠥᠯᠥᠪᠯᠡᠭᠡ ᠶᠢᠨ | ᠯᠠᠪᠯᠠᠯᠭ᠎ᠠ ᠶᠢᠨ ᠦᠢᠯᠡᠴᠢᠯᠡᠭᠡᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠰᠦᠢᠳᠬᠡᠯ ᠪᠣᠳᠣᠬᠤ | ᠵᠠᠭᠪᠤᠷ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ︽ᠶᠠᠰᠤ ᠴᠢᠨᠠᠷ ᠢᠶᠠᠷ ᠰᠢᠯᠢᠳᠡᠭ ᠢ ᠰᠣᠩᠭᠤᠬᠤ᠂ | ᠴᠢᠨᠠᠷ ᠰᠠᠶᠢᠲᠠᠶ ᠳᠤᠨᠢ ᠰᠠᠶᠢᠨ ᠦᠨ᠎ᠡ ᠥᠭᠬᠦ︾ ᠵᠢᠷᠤᠭ ᠲᠥᠯᠥᠪᠯᠡᠭᠡ ᠶᠢᠨ ᠯᠠᠪᠯᠠᠯᠭ᠎ᠠ ᠥᠭᠬᠦ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠪᠦᠲᠦᠭᠡᠨ ᠪᠠᠶᠢᠭᠤᠯᠬᠤ ᠨᠢᠭᠡᠴᠡ ᠨᠢ | ᠪᠦᠯᠬᠦᠮ ᠨᠡᠶᠢᠲᠡ ᠶᠢᠨ ᠳᠠᠭᠠᠭᠠᠴᠢᠯᠠᠯᠲᠠ ᠵᠠᠷᠯᠠᠬᠤ᠂ ᠰᠢᠭᠤᠳ ᠨᠠᠶᠢᠳᠠᠬᠤ ᠵᠡᠷᠭᠡ ᠠᠷᠭ᠎ᠠ ᠮᠠᠶ᠋ᠢᠭ ᠢ ᠠᠪᠴᠤ | ᠪᠠᠶᠢᠭᠠᠳ ᠲᠤᠷᠰᠢᠯᠭ᠎ᠠ ᠲᠠᠢ᠂ ᠲᠥᠷᠥᠯ ᠵᠦᠢᠯ ᠤᠨ ᠱᠠᠭᠠᠷᠳᠠᠯᠭ᠎ᠠ ᠶᠢ ᠡᠭᠦᠷᠭᠡᠯᠡᠵᠦ ᠳᠡᠶᠢᠯᠬᠦ ᠵᠢᠷᠤᠭ | ᠲᠥᠯᠥᠪᠯᠡᠭᠡ ᠶᠢᠨ ᠨᠢᠭᠡᠴᠡ ᠳᠤ ᠨᠠᠶᠢᠳᠠᠵᠤ ᠪᠣᠯᠤᠨ᠎ᠠ᠃ ᠬᠠᠶᠢᠨ ᠪᠠᠶᠢᠴᠠᠭᠠᠬᠤ ᠦᠢᠯᠡᠴᠢᠯᠡᠬᠡᠨ ᠤ ᠪᠠᠯᠠ | ᠣᠷᠣᠭᠤᠯᠤᠯᠲᠠ ᠶᠢᠨ ᠬᠠᠷᠢᠴᠠᠯ ᠪᠠ ᠪᠣᠳᠠᠲᠤ ᠪᠣᠳᠠᠰ ᠤᠨ ᠠᠵᠢᠯ ᠤᠨ ᠬᠡᠮᠵᠢᠶ᠎ᠡ ᠶᠢ ᠤᠶᠠᠯᠳᠤᠭᠤᠯᠤᠭᠰᠠᠨ ︽ | ᠬᠥᠮᠦᠨ ᠤ ᠬᠦᠴᠦᠨ ᠤ ᠴᠠᠭ︾ ᠤᠨ ᠦᠨ᠎ᠡ ᠪᠤᠳᠤᠬᠤ ᠵᠠᠭᠪᠤᠷ ᠢ ᠰᠦᠪᠡᠭᠴᠢᠯᠡᠨ᠎ᠡ᠃ | ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ | ᠡᠭᠦᠳᠦᠨ᠎ᠡ᠃ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠭᠰᠡᠨ ᠶᠠᠰᠤ ᠴᠢᠨᠠᠷ ᠤᠨ ᠦᠢᠯᠡ | ᠠᠵᠢᠯᠯᠠᠭ᠎ᠠ ᠶᠢᠨ ᠰᠠᠭᠤᠷᠢ ᠲᠤᠭ᠎ᠠ ᠪᠠᠷᠢᠮᠲᠠ ᠴᠤᠭᠯᠠᠭᠤᠯᠬᠤ ᠶᠢ ᠴᠢᠩᠭᠠᠷᠠᠭᠤᠯᠤᠨ᠂ ᠪᠠᠷᠢᠯᠭ᠎ᠠ ᠶᠢᠨ ᠬᠠᠶᠢᠨ | ᠪᠠᠶᠢᠴᠠᠭᠠᠬᠤ ᠪᠦᠬᠦ ᠶᠠᠪᠤᠴᠠ ᠶᠢᠨ ᠮᠡᠳᠡᠭᠡ ᠵᠠᠩᠭᠢᠴᠢᠯᠠᠭᠰᠠᠨ ᠬᠢᠨᠠᠯᠲᠠ ᠬᠠᠮᠢᠶᠠᠷᠤᠯᠲᠠ ᠶᠢ ᠲᠦᠯᠬᠢᠨ ᠠᠬᠢᠭᠤᠯᠵᠤ᠂ | ᠬᠠᠶᠢᠨ ᠪᠠᠶᠢᠴᠠᠭᠠᠭᠰᠠᠨ ᠶᠠᠰᠤ ᠴᠢᠨᠠᠷ ᠢ ᠨᠡᠬᠡᠮᠵᠢᠯᠡᠵᠦ ᠪᠣᠯᠬᠤ ᠳᠦᠷᠢᠮ ᠢ ᠪᠠᠶᠢᠭᠤᠯᠤᠨ᠎ᠠ᠃ ᠪᠠᠷᠢᠯᠭ᠎ᠠ ᠶᠢᠨ ᠵᠢᠷᠤᠭ ᠢ | ᠬᠢᠨᠠᠨ ᠪᠠᠶᠢᠴᠠᠭᠠᠬᠤ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠲᠤᠷᠠᠨ ᠬᠢᠨᠠᠨ ᠪᠠᠶᠢᠴᠠᠭᠠᠬᠤ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠂ ᠪᠠᠷᠢᠯᠭ᠎ᠠ ᠶᠢᠨ ᠵᠢᠷᠤᠭ ᠤᠨ ᠬᠢᠨᠠᠨ ᠪᠠᠶᠢᠴᠠᠭᠠᠬᠤ | ᠠᠭᠤᠯᠭ᠎ᠠ ᠶᠢ ᠴᠣᠮᠬᠠᠳᠬᠠᠵᠤ᠂ ᠪᠠᠷᠢᠮᠵᠢᠶ᠎ᠠ ᠪᠠ ᠬᠡᠮᠵᠢᠶ᠎ᠡ ᠶᠢ ᠨᠢᠭᠡᠳᠦᠯᠲᠡᠶ ᠬᠢᠨᠠᠨ ᠪᠠᠶᠢᠴᠠᠭᠠᠨ᠎ᠠ᠃ | ᠲᠤᠭᠠᠵᠢᠭᠤᠯᠤᠭᠰᠠᠨ ᠵᠢᠷᠤᠭ ᠬᠢᠨᠠᠬᠤ ᠰᠢᠰᠲ᠋ᠧᠮ ᠤᠨ ᠰᠠᠭᠤᠷᠢ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠲᠤᠭᠠᠵᠢᠭᠤᠯᠤᠨ ᠲᠤᠰᠢᠶᠠᠬᠤ ᠵᠢᠴᠢ ᠬᠦᠴᠦᠨ | ᠪᠥᠬᠦᠶ ᠡᠯᠧᠺᠲᠷᠣᠨ ᠲᠠᠮᠠᠭ᠎ᠠ ᠶᠢ ᠭᠡᠷᠡᠴᠢᠯᠡᠬᠦ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠵᠢᠷᠤᠭ ᠢ ᠬᠢᠨᠠᠨ | ᠪᠠᠶᠢᠴᠠᠭᠠᠬᠤ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠬᠤᠷᠢᠨ ᠳᠣᠯᠤᠭ᠎ᠠ︶ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ | ᠵᠢᠷᠣᠮᠵᠢᠭᠤᠯᠣᠨ᠎ᠠ᠃ ᠡᠯᠧᠺᠲᠷᠣᠨᠴᠢᠯᠡᠭᠰᠡᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠢᠨᠠᠯᠲᠠ | ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠵᠢᠷᠠᠭᠤᠯᠤᠨ ᠴᠢᠩᠭᠠᠳᠬᠠᠵᠤ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠬᠢᠭᠡᠳ | ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ ᠤᠨ ᠬᠤᠯᠪᠣᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠶᠢ | ᠴᠢᠩᠭᠠᠳᠬᠠᠨ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠪᠠᠲᠤᠯᠠᠭ᠎ᠠ ᠶᠢᠨ | ᠮᠥᠩᠭᠦ ᠶᠢ ᠦᠷᠭᠦᠯᠵᠢᠯᠡᠨ ᠢᠯᠭᠠᠷᠠᠭᠤᠯᠤᠨ ᠵᠢᠷᠤᠮᠵᠢᠭᠤᠯᠵᠤ᠂ ᠳᠠᠭᠠᠳᠬᠠᠯ ᠤᠨ ᠺᠣᠮᠫᠠᠨᠢ ᠶᠢᠨ ᠪᠠᠲᠤᠯᠠᠭ᠎ᠠ ᠶᠢᠨ | ᠪᠢᠴᠢᠭ᠂ ᠪᠠᠩᠬᠢ ᠶᠢᠨ ᠪᠠᠲᠤᠯᠠᠭ᠎ᠠ ᠶᠢᠨ ᠪᠢᠴᠢᠭ᠂ ᠳᠠᠭᠠᠭᠠᠯᠲᠠ ᠶᠢᠨ ᠺᠣᠮᠫᠠᠨᠢ ᠶᠢᠨ ᠪᠠᠲᠤᠯᠠᠭ᠎ᠠ ᠶᠢᠨ ᠪᠢᠴᠢᠭ ᠢᠶᠠᠷ | ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠣᠷᠣᠯᠠᠭᠤᠯᠬᠤ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠬᠡᠷ ᠪᠠᠶᠢᠰᠢᠩ ᠤᠨ | ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢ ᠬᠠᠤᠯᠢ ᠠᠴᠠ ᠵᠥᠷᠢᠴᠡᠨ | ᠳᠠᠭᠠᠭᠠᠴᠢᠯᠠᠭᠤᠯᠬᠤ᠂ ᠰᠢᠯᠵᠢᠭᠦᠯᠦᠨ ᠳᠠᠭᠠᠭᠠᠴᠢᠯᠠᠭᠤᠯᠬᠤ᠂ ᠬᠤᠪᠢᠶᠠᠨ ᠳᠠᠭᠠᠭᠠᠴᠢᠯᠠᠭᠤᠯᠬᠤ᠂ ᠲᠦᠰᠢᠬᠦ ᠲᠤᠰᠬᠠᠶ | ᠵᠠᠰᠠᠯᠲᠠ ᠶᠢ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠠᠵᠢᠯ ᠲᠥᠷᠥᠯ ᠤᠨ ᠡᠮᠬᠢ ᠵᠠᠮᠪᠠᠷᠠᠭ᠎ᠠ ᠦᠬᠡᠢ ᠦᠵᠡᠭᠳᠡᠯ ᠢ ᠴᠡᠭᠴᠡᠯᠡᠨ ᠵᠠᠰᠠᠨ᠎ᠠ᠃ ᠰᠢᠨ᠎ᠡ ᠴᠠᠭ | ᠦᠶ᠎ᠡ ᠶᠢᠨ ᠪᠠᠷᠢᠯᠭ᠎ᠠ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠲᠦᠷᠬᠡᠨ ᠪᠤᠶᠢᠵᠢᠭᠤᠯᠵᠤ᠂ ᠬᠥᠳᠡᠯᠮᠦᠷᠢ | ᠦᠢᠯᠡᠴᠢᠯᠡᠬᠡᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠬᠥᠲᠥᠯᠦᠨ | ᠵᠢᠯᠣᠭᠤᠳᠴᠤ᠂ ᠲᠤᠰᠬᠠᠶ ᠠᠵᠢᠯ ᠤᠨ ᠠᠵᠤ ᠠᠬᠤᠶᠢᠯᠠᠯ ᠢ ᠶᠡᠬᠡᠪᠡᠷ ᠬᠥᠭᠵᠢᠭᠦᠯᠦᠨ᠂ ᠥᠪᠡᠷ ᠤᠨ ᠪᠠᠷᠢᠯᠭ᠎ᠠ ᠶᠢᠨ | ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠡᠷᠬᠢᠯᠡᠭᠰᠡᠨ ᠠᠵᠢᠯ ᠤᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠷᠭᠡᠵᠢᠯ | ᠴᠢᠳᠠᠪᠤᠷᠢ ᠶᠢᠨ ᠤᠳᠤᠷᠢᠳᠤᠮᠵᠢ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ︽ᠬᠦᠴᠦ | ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠮᠡᠳᠡᠭᠡ | ᠵᠠᠩᠭᠢᠴᠢᠯᠠᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠠᠵᠢᠯ ᠲᠥᠷᠥᠯ ᠤᠨ ᠠᠵᠢᠯᠴᠢᠨ | ᠬᠡᠷᠡᠭᠯᠡᠬᠦ ᠳᠦᠷᠢᠮ ᠢ ᠵᠢᠷᠤᠮᠵᠢᠭᠤᠯᠬᠤ ᠬᠡᠷᠡᠭᠲᠡᠶ᠃ ᠬᠥᠯᠥᠰᠥ ᠣᠯᠭᠤᠮᠵᠢ ᠥᠭᠬᠦ ᠶᠢ ᠪᠠᠲᠤᠯᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ | ᠲᠤᠰᠢᠶᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠳᠣᠯᠤᠭ᠎ᠠ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠶ ᠭᠠᠯ ᠤᠨᠲᠠᠷᠠᠭᠠᠬᠤ | ᠬᠢᠭᠡᠳ ᠪᠠᠷᠢᠯᠭ᠎ᠠ ᠶᠢᠨ ᠦᠨ᠎ᠡ | ︵ᠬᠤᠷᠢᠨ ᠨᠠᠢᠮᠠ︶ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ | ᠬᠡᠷᠡᠭᠲᠡᠶ᠃ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯ ᠱᠤᠭᠤᠮ ᠪᠣᠯᠭᠠᠵᠤ᠂ ᠪᠠᠷᠢᠯᠭ᠎ᠠ ᠶᠢᠨ | ᠠᠵᠢᠯ ᠤᠨ ᠠᠮᠤᠷ ᠲᠦᠪᠰᠢᠨ ᠢᠶᠠᠷ ᠬᠤᠷᠢᠭ᠎ᠠ ᠱᠤᠭᠤᠮ ᠪᠣᠯᠭᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠥᠬᠦ | ᠲᠠᠯ᠎ᠠ ᠪᠠᠷ ᠪᠣᠳᠠᠲᠠᠶᠢᠵᠢᠭᠤᠯᠵᠤ᠂ ᠪᠥᠲᠥᠭᠡᠨ ᠪᠠᠶᠢᠭᠤᠯᠬᠤ ᠨᠢᠬᠡᠴᠡ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ | ᠲᠦᠪᠰᠢᠨ ᠤ ᠲᠡᠷᠢᠭᠦᠨ ᠴᠢᠬᠤᠯᠠ ᠬᠠᠷᠢᠭᠤᠴᠠᠯᠭ᠎ᠠ ᠶᠢ ᠳᠣᠪᠤᠶᠢᠯᠭᠠᠨ᠎ᠠ᠃ ᠪᠠᠷᠢᠯᠭ᠎ᠠ ᠶᠢᠨ ᠶᠠᠰᠤ ᠴᠢᠨᠠᠷ ᠤᠨ ᠠᠶᠤᠯ | ᠦᠭᠡᠶ ᠶᠢᠨ ᠭᠠᠷ ᠳᠡᠪᠲᠡᠷ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠥᠷᠥᠯ ᠵᠦᠢᠯ ᠤᠨ | ᠶᠠᠰᠤ ᠴᠢᠨᠠᠷ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ︵ᠬᠤᠷᠢ ᠶᠢᠰᠦ︶ ᠶᠠᠰᠤ ᠴᠢᠨᠠᠷ ᠤᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢᠨ ᠠᠷᠭ᠎ᠠ ᠮᠠᠶ᠋ᠢᠭ ᠪᠠ ︽ | ᠰᠦᠯᠵᠢᠶ᠎ᠡ + ᠬᠢᠨᠠᠨ ᠬᠠᠮᠢᠶᠠᠷᠬᠤ︾ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠶᠢᠨ ᠶᠠᠰᠤ | ᠴᠢᠨᠠᠷ ᠤᠨ ᠳᠠᠭᠠᠳᠬᠠᠯ ᠤᠨ ᠲᠤᠷᠰᠢᠯᠲᠠ ᠶᠢ ᠲᠦᠯᠬᠢᠨ ᠠᠬᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ | ᠳᠠᠭᠠᠳᠬᠠᠯ ᠢ ᠬᠥᠭᠵᠢᠭᠦᠯᠦᠨ᠎ᠡ᠃ ᠠᠶᠤᠯ ᠥᠬᠡᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ | ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠶᠠᠰᠤ ᠴᠢᠨᠠᠷ ᠤᠨ ᠵᠠᠭᠠᠯᠳᠤᠯᠭ᠎ᠠ | ᠪᠠ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠠᠵᠠᠷ ᠣᠷᠣᠨ ᠤ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠶᠢ ᠰᠦᠪᠡᠭᠴᠢᠯᠡᠨ᠂ ᠪᠠᠷᠢᠯᠭ᠎ᠠ ᠶᠢᠨ | ᠶᠠᠰᠤ ᠴᠢᠨᠠᠷ ᠤᠨ ᠬᠠᠮᠢᠶᠠᠷᠤᠯᠲᠠ᠂ ᠶᠠᠰᠤ ᠴᠢᠨᠠᠷ ᠤᠨ ᠳᠡᠭᠡᠭᠰᠢᠯᠡᠯᠲᠡ ᠶᠢ ᠦᠨᠡᠯᠡᠬᠦ ᠬᠦᠢᠴᠡᠳᠭᠡᠯ ᠲᠤᠭ᠎ᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠡᠯ᠎ᠡ ᠭᠠᠵᠠᠷ ᠤᠨ ᠪᠠᠷᠢᠯᠭ᠎ᠠ ᠶᠢᠨ ᠶᠠᠰᠤ ᠴᠢᠨᠠᠷ ᠤᠨ ᠬᠠᠤᠯᠢ ᠴᠠᠭᠠᠵᠠ | ᠬᠠᠤᠯᠢ ᠲᠣᠭᠲᠠᠭᠠᠯ ᠪᠠ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠬᠡᠷᠡᠭᠵᠢᠭᠦᠯᠬᠦ᠂ ᠶᠠᠰᠤ ᠴᠢᠨᠠᠷ ᠤᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮᠵᠢ ᠶᠢᠨ | ᠪᠠᠶᠢᠭᠤᠯᠤᠯᠲᠠ᠂ ᠶᠠᠰᠤ ᠴᠢᠨᠠᠷ ᠤᠨ ᠬᠢᠨᠠᠯᠲᠠ ᠲᠠᠯᠪᠢᠬᠤ ᠡᠩᠨᠡᠭᠡ ᠶᠢᠨ ᠪᠠᠶᠢᠭᠤᠯᠤᠯᠲᠠ᠂ ᠪᠠᠷᠢᠯᠭ᠎ᠠ ᠶᠢᠨ ᠶᠠᠰᠤ | ᠴᠢᠨᠠᠷ ᠤᠨ ᠬᠥᠭᠵᠢᠯᠲᠡ᠂ ᠣᠯᠠᠨ ᠨᠡᠶᠢᠲᠡ ᠶᠢᠨ ᠲᠠᠭᠠᠰᠢᠶᠠᠯ ᠤᠨ ᠬᠡᠮᠵᠢᠶ᠎ᠡ ᠵᠡᠷᠭᠡ ᠲᠠᠯ᠎ᠠ ᠪᠠᠷ ᠭᠤᠤᠯᠳᠠᠯᠭ᠎ᠠ | ᠪᠣᠯᠭᠠᠭᠰᠠᠨ ᠶᠠᠰᠤ ᠴᠢᠨᠠᠷ ᠤᠨ ᠳᠡᠭᠡᠭᠰᠢᠯᠡᠯᠲᠡ ᠶᠢ ᠦᠨᠡᠯᠡᠬᠦ ᠠᠵᠢᠯ ᠢ ᠰᠦᠪᠡᠭᠴᠢᠯᠡᠨ ᠥᠷᠨᠢᠭᠦᠯᠦᠨ᠎ᠡ᠃ | ︵ᠭᠤᠴᠢ︶ ᠪᠣᠬᠢᠷᠲᠤᠯ ᠥᠬᠡᠶ ᠠᠮᠤᠷ ᠲᠦᠪᠰᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠠᠬᠢᠭᠤᠯᠤᠨ᠎ᠠ᠃ | ᠪᠣᠬᠢᠷᠲᠤᠯ ᠥᠬᠡᠶ ᠪᠠᠷᠢᠯᠭ᠎ᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠵᠦ᠂ ᠪᠠᠷᠢᠯᠭ᠎ᠠ ᠶᠢᠨ ᠭᠠᠵᠠᠷ ᠤᠨ | ᠪᠣᠬᠢᠷᠲᠤᠯ ᠥᠬᠡᠶ ᠪᠠᠷᠢᠯᠭ᠎ᠠ ᠶᠢᠨ ᠠᠵᠢᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠲᠣᠭᠤᠰᠣ ᠳᠡᠭᠳᠡᠬᠦ ᠶᠢ ᠵᠠᠰᠠᠬᠤ᠂ ᠤᠰᠤ ᠶᠢ ᠬᠢᠵᠠᠭᠠᠷᠯᠠᠨ | ᠬᠤᠷᠣᠭᠳᠠᠯ ᠢ ᠪᠠᠭᠠᠰᠬᠠᠬᠤ᠂ ᠰᠢᠭᠠᠷᠤ ᠰᠢᠷᠣᠶ ᠶᠢ ᠲᠡᠭᠡᠭᠡᠪᠦᠷᠢᠯᠡᠬᠦ᠂ ᠲᠠᠭᠤ ᠭᠡᠷᠡᠯ ᠢ ᠭᠠᠳᠠᠭᠰᠢᠯᠠᠭᠤᠯᠬᠤ ᠵᠡᠷᠭᠡ | ᠲᠠᠯ᠎ᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠨᠧᠷᠭᠢ ᠠᠷᠪᠢᠯᠠᠬᠤ᠂ ᠭᠠᠵᠠᠷ ᠠᠷᠪᠢᠯᠠᠬᠤ᠂ ᠤᠰᠤ | ᠠᠷᠪᠢᠯᠠᠬᠤ᠂ ᠮᠠᠲ᠋ᠧᠷᠢᠶᠠᠯ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠡᠨᠧᠷᠭᠢ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠪᠢᠯᠠᠵᠤ᠂ ᠣᠷᠴᠢᠨ | ᠲᠣᠭᠤᠷᠢᠨ ᠳᠤ ᠦᠵᠡᠭᠦᠯᠬᠦ ᠨᠠᠵᠠᠭᠠᠶ ᠨᠥᠯᠥᠭᠡ ᠶᠢ ᠪᠠᠭᠠᠰᠬᠠᠨ᠎ᠠ᠃ 2025 ᠣᠨ ᠪᠣᠯᠬᠤ ᠳᠤ᠂ ᠬᠤᠤᠷ | ᠬᠥᠨᠥᠭᠡᠯ ᠲᠠᠢ ᠬᠠᠶᠠᠭᠳᠠᠮᠠᠯ ᠪᠣᠳᠠᠰ ᠢ 100 % ᠪᠠᠷ ᠬᠤᠷᠢᠶᠠᠨ ᠠᠪᠴᠤ᠂ ᠪᠠᠷᠢᠯᠭ᠎ᠠ ᠶᠢᠨ ᠬᠤᠭ ᠨᠣᠪᠰᠢ ᠶᠢᠨ | ᠡᠭᠦᠰᠬᠦ ᠬᠡᠮᠵᠢᠶ᠎ᠡ ᠶᠢ ᠲᠦᠮᠡᠨ ᠲᠡᠭᠰᠢ ᠳᠥᠷᠪᠡᠯᠵᠢᠨ ᠮᠧᠲᠷ ᠪᠦᠷᠢ ᠳᠤ 300 ᠲᠣᠨ ᠠᠴᠠ ᠳᠤᠲᠠᠭᠤ ᠥᠬᠡᠶ | ᠪᠠᠶᠢᠯᠭᠠᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠲᠦᠮᠡᠨ ᠲᠡᠭᠰᠢ ᠳᠥᠷᠪᠡᠯᠵᠢᠨ ᠮᠧᠲᠷ ᠪᠦᠷᠢ ᠳᠤ 200 | ᠲᠣᠨ ᠠᠴᠠ ᠳᠤᠲᠠᠭᠤ ᠥᠬᠡᠶ ᠪᠠᠶᠢᠯᠭᠠᠨ᠎ᠠ᠃ | ︵ᠭᠤᠴᠢᠨ ᠨᠢᠭᠡ︶ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠ ᠮᠡᠳᠡᠭᠡ ᠵᠠᠩᠭᠢᠵᠢᠭᠤᠯᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠶᠣᠯ ᠦᠬᠡᠢ ᠬᠢᠨᠠᠨ ᠬᠠᠮᠢᠶᠠᠷᠤᠯᠲᠠ ᠶᠢᠨ ᠰᠤᠷᠠᠭ ᠵᠠᠩᠭᠢ ᠶᠢᠨ | ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠡᠯᠭᠡᠷᠡᠭᠦᠯᠵᠦ᠂ ᠪᠠᠷᠢᠮᠵᠢᠶᠠᠵᠢᠭᠰᠠᠨ ᠪᠦᠲᠦᠭᠡᠨ | ᠪᠠᠶᠢᠭᠤᠯᠤᠯᠲᠠ ᠶᠢ ᠪᠦᠬᠦ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠶᠣᠯ ᠦᠬᠡᠢ | ᠦᠢᠯᠡᠳᠪᠦᠷᠢᠯᠡᠯ ᠤᠨ ᠠᠵᠢᠯ ᠢ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠪᠠ ᠤᠷᠲᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠪᠣᠯᠭᠠᠨ᠎ᠠ᠃ ᠪᠠᠷᠢᠯᠭ᠎ᠠ ᠪᠠᠷᠢᠬᠤ ᠠᠵᠤ ᠠᠬᠤᠶᠢᠯᠠᠯ ᠪᠣᠯᠤᠨ ᠪᠠᠷᠢᠯᠭ᠎ᠠ ᠶᠢᠨ ᠲᠤᠬᠠᠶ ᠶᠢᠨ | ᠭᠠᠵᠠᠷ ᠤᠨ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠰᠢᠯᠭᠠᠨ ᠦᠨᠡᠯᠡᠬᠦ ᠠᠷᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠰᠢᠯᠭᠠᠨ ᠦᠨᠡᠯᠡᠬᠦ ᠠᠵᠢᠯ ᠤᠨ ᠵᠢᠷᠤᠮᠵᠢᠭᠤᠯᠤᠯᠲᠠ᠂ ᠳᠦᠷᠢᠮᠵᠢᠭᠦᠯᠦᠯᠲᠡ ᠶᠢ ᠪᠡᠶᠡᠯᠡᠭᠦᠯᠬᠦ | ᠬᠡᠷᠡᠭᠲᠡᠶ᠃ ᠰᠢᠯᠭᠠᠨ ᠦᠨᠡᠯᠡᠬᠦ ᠠᠷᠭ᠎ᠠ ᠪᠠᠷ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠠᠵᠤ | ᠠᠬᠤᠶᠢᠯᠠᠯ ᠤᠨ ᠠᠮᠤᠷ ᠲᠦᠪᠰᠢᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ | ᠤᠢᠭᠡᠢ ᠳᠡᠭᠡᠭᠰᠢᠯᠡᠭᠦᠯᠬᠦ ᠬᠡᠷᠡᠭᠲᠡᠶ᠃ | ︵ᠭᠤᠴᠢᠨ ᠬᠤᠶᠠᠷ︶ ᠬᠦᠨᠳᠦ ᠶᠡᠭᠡ ᠲᠦᠭᠰᠢᠭᠦᠷᠢ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠨ᠎ᠠ᠃ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠᠷ ᠤᠷᠢᠲᠠᠯ ᠪᠣᠯᠭᠠᠵᠤ᠂ ᠳᠠᠯᠳᠠ ᠬᠡᠮ ᠢ ᠴᠢᠩᠭ᠎ᠠ | ᠵᠠᠰᠠᠬᠤ ᠪᠠᠷ ᠪᠠᠲᠤᠯᠠᠭ᠎ᠠ ᠪᠣᠯᠭᠠᠭᠰᠠᠨ ᠠᠳᠡᠯ ᠢ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ | ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ᠲᠤᠰᠬᠠᠶ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠬᠢᠨᠠᠯᠲᠠ | ᠲᠠᠯᠪᠢᠬᠤ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠪᠦᠷᠢᠨ ᠲᠣᠬᠢᠷᠠᠭᠤᠯᠤᠨ᠎ᠠ᠃ ᠠᠶᠤᠯᠲᠠᠢ | ᠪᠥᠭᠡᠳ ᠨᠡᠯᠢᠶᠡᠳ ᠶᠡᠭᠡ ᠳᠦᠭᠰᠢᠬᠦᠷᠢᠳᠡᠢ ᠢᠨᠵᠧᠨᠧᠷᠢᠩ ᠤᠨ ᠲᠤᠰᠬᠠᠢ ᠵᠠᠰᠠᠯᠲᠠ ᠶᠢ ᠥᠷᠨᠢᠭᠦᠯᠵᠦ᠂ ᠠᠶᠤᠯᠲᠠᠢ | ᠪᠥᠭᠡᠳ ᠳᠦᠭᠰᠢᠬᠦᠷᠢ ᠶᠡᠭᠡ ᠢᠨᠵᠧᠨᠧᠷᠢᠩ ᠤᠨ ᠬᠠᠮᠢᠶᠠᠷᠤᠯᠲᠠ ᠡᠵᠡᠮᠳᠡᠯ ᠢ ᠴᠢᠩᠭ᠎ᠠ ᠠᠳᠬᠤᠵᠤ᠂ ᠠᠶᠤᠯᠲᠠᠢ | ᠬᠢᠮᠢ ᠶᠢᠨ ᠵᠦᠢᠯ ᠤᠨ ᠠᠶᠤᠯᠭᠦᠢ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠰᠠᠶᠢᠲᠤᠷ ᠠᠳᠬᠤᠨ᠎ᠠ᠃ ᠠᠳᠡᠯ ᠢ | ᠪᠠᠶᠢᠴᠠᠭᠠᠨ ᠰᠢᠢᠳᠪᠦᠷᠢᠯᠡᠵᠦ ᠱᠠᠯᠠᠪᠳᠠᠭᠤᠯᠤᠨ ᠰᠢᠢᠳᠪᠦᠷᠢᠯᠡᠭᠦᠯᠬᠦ ᠪᠠ ᠠᠵᠢᠯ ᠤᠨ ᠪᠣᠯᠵᠣᠨ ᠶᠠᠷᠢᠯᠴᠠᠬᠤ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠎ᠠ᠃ ᠪᠦᠲᠦᠭᠡᠨ ᠪᠠᠶᠢᠭᠤᠯᠤᠯᠲᠠ ᠶᠢᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ ᠭᠤᠤᠯ | ᠴᠣᠭᠴᠠ ᠶᠢᠨ ᠠᠳᠡᠯ ᠤᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠶ᠃ | ︵ᠭᠤᠴᠢᠨ ᠭᠤᠷᠪᠠ︶ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠠᠬᠢᠭᠤᠯᠤᠨ᠎ᠠ᠃ ᠬᠢᠨᠠᠯᠲᠠ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠡᠭᠦᠯᠳᠡᠷᠵᠢᠭᠦᠯᠦᠨ᠂ | ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ᠂ | ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠬᠤ ᠳᠠᠪᠲᠠᠮᠵᠢ ᠤᠳᠠᠭ᠎ᠠ ᠶᠢ ᠨᠡᠮᠡᠭᠳᠡᠭᠦᠯᠦᠨ᠎ᠡ᠃ ᠬᠢᠨᠠᠨ ᠬᠠᠮᠢᠶᠠᠷᠴᠤ | ᠬᠠᠤᠯᠢ ᠬᠡᠷᠡᠭᠵᠢᠭᠦᠯᠬᠦ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠨ ᠬᠠᠮᠢᠶᠠᠷᠬᠤ ᠪᠠ ᠬᠠᠤᠯᠢ | ᠬᠡᠷᠡᠭᠵᠢᠭᠦᠯᠬᠦ ᠶᠢ ᠬᠠᠷᠢᠯᠴᠠᠨ ᠲᠤᠯᠭᠠᠭᠤᠷᠢᠯᠠᠭᠤᠯᠬᠤ ᠪᠠᠶᠢᠷᠢᠰᠢᠯ ᠢ ᠪᠠᠶᠢᠭᠤᠯᠵᠤ᠂ ᠬᠢᠨᠠᠨ ᠬᠠᠮᠢᠶᠠᠷᠴᠤ ᠬᠠᠤᠯᠢ | ᠬᠡᠷᠡᠭᠵᠢᠭᠦᠯᠬᠦ ᠠᠵᠢᠯ ᠤᠨ ᠬᠦᠴᠦᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ | ︵ᠭᠤᠴᠢᠨ ᠳᠥᠷᠪᠡ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠴᠢᠩᠭᠠᠳᠬᠠᠨ᠎ᠠ᠃ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠪᠠᠶᠢᠭᠤᠯᠤᠮᠵᠢ ᠪᠣᠯᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠭᠠᠯ ᠤᠨᠲᠠᠷᠠᠭᠠᠬᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠵᠢᠷᠤᠭ ᠢ ᠬᠢᠨᠠᠨ ᠪᠠᠶᠢᠴᠠᠭᠠᠬᠤ᠂ | ᠪᠠᠷᠢᠯᠭ᠎ᠠ ᠪᠠᠷᠢᠬᠤ᠂ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠬᠡᠮᠵᠢᠬᠦ᠂ ᠭᠠᠯ ᠤᠨᠲᠠᠷᠠᠭᠠᠬᠤ ᠶᠢ ᠰᠢᠯᠭᠠᠨ | ᠠᠪᠬᠤ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠰᠠᠯᠠᠭ᠎ᠠ | ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠠᠯ ᠰᠡᠷᠭᠡᠶᠢᠯᠡᠯᠲᠡ ᠶᠢᠨ ᠲᠡᠦᠬᠡ ᠶᠢᠨ ᠦᠯᠡᠳᠡᠭᠳᠡᠯ | ᠲᠥᠷᠥᠯ ᠵᠦᠢᠯ ᠤᠨ ᠠᠰᠠᠭᠤᠳᠠᠯ ᠢ ᠰᠢᠢᠳᠪᠦᠷᠢᠯᠡᠨ᠎ᠡ᠃ | ︵ᠭᠤᠴᠢᠨ ᠲᠠᠪᠤ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠪᠣᠳᠣᠬᠤ ᠦᠢᠯᠡᠴᠢᠯᠡᠭᠡ᠃ | ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠪᠣᠳᠣᠬᠤ ᠦᠨᠳᠦᠰᠦᠯᠡᠯ ᠢ | ᠨᠠᠶᠢᠷᠠᠭᠤᠯᠤᠨ ᠵᠣᠬᠢᠶᠠᠬᠤ ᠠᠵᠢᠯ ᠳᠤ ᠢᠳᠡᠪᠬᠢᠲᠡᠶ ᠣᠷᠣᠯᠴᠠᠵᠤ᠂ ᠠᠵᠢᠯ ᠲᠥᠷᠥᠯ ᠤᠨ ᠮᠡᠳᠡᠭᠡ ᠵᠠᠩᠭᠢᠵᠢᠯᠲᠠ ᠶᠢᠨ | ᠲᠠᠰᠤᠷᠠᠯᠲᠠ ᠤᠢᠭᠡᠢ ᠬᠥᠭᠵᠢᠯᠲᠡ ᠳᠤ ᠲᠦᠰᠢᠭᠯᠡᠨ᠂ ᠠᠵᠢᠯ ᠲᠥᠷᠥᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠪᠦᠬᠦ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠮᠵᠢᠶ᠎ᠠ᠂ | ᠵᠢᠷᠤᠮᠵᠢᠭᠰᠠᠨ ᠳᠡᠯᠭᠡᠷᠡᠭᠦᠯᠦᠨ ᠬᠡᠷᠡᠭᠯᠡᠬᠦ ᠶᠢ ᠴᠢᠩᠭᠠᠷᠠᠭᠤᠯᠬᠤ ᠬᠡᠷᠡᠭᠲᠡᠶ︔ ᠪᠣᠬᠢᠷᠲᠤᠯ ᠥᠬᠡᠶ ᠪᠠᠷᠢᠯᠭ᠎ᠠ᠂ | ᠪᠠᠷᠢᠯᠭ᠎ᠠ ᠶᠢᠨ ᠡᠨᠧᠷᠭᠢ ᠠᠷᠪᠢᠯᠠᠬᠤ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ ᠤᠨ ᠦᠨ᠎ᠡ ᠶᠢᠨ | ᠮᠡᠷᠭᠡᠵᠢᠯ ᠤᠨ ᠦᠢᠯᠡᠴᠢᠯᠡᠬᠡᠨ ᠢ ᠥᠷᠨᠢᠭᠦᠯᠵᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠪᠦᠲᠦᠴᠡ᠂ ᠪᠣᠬᠢᠷᠲᠤᠯ ᠥᠬᠡᠶ | ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠠᠭᠤᠰᠣᠯᠴᠠᠭᠰᠠᠨ ᠬᠤᠲᠠ ᠵᠡᠷᠭᠡ ᠲᠥᠷᠥᠯ ᠵᠦᠢᠯ ᠢ ᠬᠡᠷᠡᠭᠵᠢᠭᠦᠯᠬᠦ | ᠳᠤᠮᠳᠠ ᠣᠷᠣᠰᠢᠵᠤ ᠪᠠᠶᠢᠭ᠎ᠠ ᠦᠨ᠎ᠡ ᠪᠤᠳᠤᠬᠤ ᠦᠨᠳᠦᠰᠦᠯᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠪᠤᠳᠤᠬᠤ ᠲᠤᠰᠬᠠᠶᠢᠵᠢᠭᠰᠠᠨ ᠬᠢᠷᠢ ᠬᠡᠮᠵᠢᠶ᠎ᠡ ᠶᠢ ᠶᠡᠬᠡᠪᠡᠷ | ᠳᠡᠭᠡᠭᠰᠢᠯᠡᠭᠦᠯᠦᠨ᠎ᠡ︔ ᠪᠠᠷᠢᠯᠭ᠎ᠠ ᠶᠢᠨ ᠰᠢᠨᠵᠢᠯᠡᠭᠡ ᠮᠡᠷᠭᠡᠵᠢᠯ ᠤᠨ ᠬᠥᠭᠵᠢᠯᠲᠡ ᠪᠠ ᠰᠤᠷᠠᠭ ᠵᠠᠩᠭᠢ ᠶᠢᠨ | ᠮᠡᠷᠭᠡᠵᠢᠯ ᠤᠨ ᠰᠢᠨᠡᠴᠢᠯᠡᠯᠲᠡ ᠲᠠᠢ ᠤᠶᠠᠯᠳᠤᠭᠤᠯᠤᠨ᠂ ᠰᠤᠷᠠᠭ ᠵᠠᠩᠭᠢ ᠶᠢᠨ ᠲᠠᠪᠴᠠᠩ ᠤᠨ ᠪᠦᠷᠬᠦᠴᠡ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠰᠢᠭᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠪᠠᠷᠢᠬᠤ ᠭᠡᠷ᠎ᠡ ᠲᠣᠭᠲᠠᠬᠤ᠂ ᠦᠨ᠎ᠡ | ᠬᠠᠩᠰᠢ ᠶᠢᠨ ᠵᠢᠭᠤᠷᠠᠭᠠᠨ ᠢ ᠡᠶᠡᠳᠡᠭᠦᠯᠬᠦ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠵᠤ᠂ | ᠦᠢᠯᠡᠴᠢᠯᠡᠭᠡᠨ ᠤ ᠥᠷᠭᠡᠴᠡ ᠪᠠ ᠭᠦᠨᠴᠡ ᠶᠢ ᠥᠷᠭᠡᠳᠬᠡᠨ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ | ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠨ᠎ᠠ᠃ | ︵ᠭᠤᠴᠢᠨ ᠵᠢᠷᠭᠤᠭ᠎ᠠ︶ ᠪᠠᠷᠢᠯᠭ᠎ᠠ ᠶᠢᠨ ᠮᠠᠲ᠋ᠧᠷᠢᠶᠠᠯ ᠤᠨ ᠮᠡᠳᠡᠭᠡ ᠵᠠᠩᠭᠢ ᠶᠢ ᠨᠡᠶᠢᠲᠡᠯᠡᠬᠦ᠃ ᠤᠯᠤᠰ ᠤᠨ | ᠥᠮᠴᠢᠯᠡᠯᠲᠦ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠥᠷᠥᠯ ᠢᠯᠭᠠᠯ ᠪᠣᠯᠤᠨ ᠪᠦᠲᠦᠭᠡᠨ | ᠪᠠᠶᠢᠭᠤᠯᠬᠤ ᠪᠠᠷᠢᠯᠭ᠎ᠠ ᠶᠢᠨ ᠰᠢᠨ᠎ᠡ ᠪᠦᠲᠦᠴᠡ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ᠂ ᠰᠢᠨ᠎ᠡ ᠤᠷᠠᠨ | ᠳᠠᠷᠬ᠎ᠠ ᠪᠠᠷ ᠭᠤᠣᠯᠯᠠᠭᠤᠯᠤᠨ᠂ ᠪᠠᠷᠢᠯᠭ᠎ᠠ ᠶᠢᠨ ᠮᠠᠲ᠋ᠧᠷᠢᠶᠠᠯ ᠤᠨ ᠦᠨ᠎ᠡ ᠬᠠᠩᠰᠢ ᠶᠢᠨ ᠪᠠᠶᠢᠴᠠᠭᠠᠯᠲᠠ ᠶᠢ ᠲᠤᠰᠬᠠᠶ | ᠵᠦᠢᠯ ᠢᠶᠠᠷ ᠥᠷᠨᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠮᠠᠲ᠋ᠧᠷᠢᠶᠠᠯ ᠪᠣᠯᠤᠨ ᠭᠠᠵᠠᠷ | ᠬᠥᠷᠥᠩᠭᠡ ᠶᠢᠨ ᠮᠠᠲ᠋ᠧᠷᠢᠶᠠᠯ ᠤᠨ ᠦᠨ᠎ᠡ ᠬᠠᠩᠰᠢ ᠶᠢᠨ ᠮᠡᠳᠡᠭᠡ ᠵᠠᠩᠭᠢ ᠨᠡᠶᠢᠲᠡᠯᠡᠬᠦ ᠰᠢᠨᠵᠢᠯᠡᠬᠦ ᠤᠬᠠᠭᠠᠨᠴᠢ ᠴᠢᠨᠠᠷ᠂ | ᠣᠨᠣᠪᠴᠢᠲᠤ ᠴᠢᠨᠠᠷ ᠪᠣᠯᠤᠨ ᠴᠠᠭ ᠲᠤᠬᠠᠶᠢᠲᠤ ᠴᠢᠨᠠᠷ ᠢ ᠳᠡᠭᠡᠭᠰᠢᠯᠡᠭᠦᠯᠦᠨ᠎ᠡ︔ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠶᠢᠨ ᠡᠵᠡᠮᠳᠡᠬᠦ ᠦᠨ᠎ᠡ᠂ ᠪᠠᠷᠢᠯᠭ᠎ᠠ ᠶᠢᠨ ᠳ᠋ᠦᠩᠨᠡᠨ ᠪᠣᠳᠣᠬᠤ ᠦᠨ᠎ᠡ ᠶᠢᠨ | ᠲᠤᠭ᠎ᠠ ᠪᠠᠷᠢᠮᠲᠠ ᠶᠢ ᠴᠤᠭᠯᠠᠭᠤᠯᠤᠨ ᠣᠷᠣᠭᠤᠯᠵᠤ ᠢᠷᠡᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠴᠤᠭᠯᠠᠭᠤᠯᠬᠤ ᠬᠡᠪᠴᠢᠶ᠎ᠡ ᠶᠢ ᠥᠷᠭᠡᠳᠬᠡᠨ᠂ ᠪᠠᠶᠢᠭᠤᠯᠤᠭᠰᠠᠨ ᠦᠨ᠎ᠡ ᠶᠢᠨ | ᠲᠤᠭ᠎ᠠ ᠪᠠᠷᠢᠮᠲᠠ ᠶᠢ ᠲᠥᠰᠦᠭᠡᠯᠡᠨ ᠪᠣᠳᠣᠬᠤ ᠵᠠᠳᠠᠯᠤᠯᠲᠠ ᠬᠢᠵᠦ᠂ ᠲᠤᠰ ᠭᠠᠵᠠᠷ ᠣᠷᠣᠨ ᠤ ᠪᠠᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠢᠯᠡᠳᠬᠡᠭᠴᠢ ᠲᠤᠭ᠎ᠠ ᠶᠢ ᠨᠡᠶᠢᠲᠡᠯᠡᠬᠦ ᠬᠡᠷᠡᠭᠲᠡᠶ︔ | ᠪᠥᠬᠦ ᠣᠷᠣᠨ ᠤ ᠦᠨ᠎ᠡ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠠᠬᠢᠴᠠ ᠶᠢ ᠦᠨᠳᠦᠰᠦᠯᠡᠨ᠂ | ᠠᠯᠠᠱᠠ ᠠᠶᠢᠮᠠᠭ ᠤᠨ ᠪᠠᠷᠢᠯᠭ᠎ᠠ ᠶᠢᠨ ᠦᠨ᠎ᠡ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ | ᠵᠣᠯᠭᠠᠭᠤᠯᠬᠤ ᠠᠵᠢᠯ ᠢ ᠲᠡᠭᠦᠯᠳᠡᠷᠵᠢᠭᠦᠯᠵᠦ᠂ ᠪᠥᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠦᠨ᠎ᠡ ᠶᠢᠨ ᠮᠡᠳᠡᠭᠡ ᠵᠠᠩᠭᠢ ᠶᠢᠨ ᠳ᠋ᠠᠶᠢᠲ᠋ᠠ ᠶᠢ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ | ᠨᠠᠢᠮᠠ᠂ ᠪᠠᠷᠢᠯᠭ᠎ᠠ ᠶᠢᠨ ᠡᠨᠧᠷᠭᠢ ᠠᠷᠪᠢᠯᠠᠬᠤ ᠬᠢᠭᠡᠳ ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ | ︵ᠭᠤᠴᠢᠨ ᠳᠣᠯᠤᠭ᠎ᠠ︶ ᠪᠠᠷᠢᠯᠭ᠎ᠠ ᠶᠢᠨ ᠡᠨᠧᠷᠭᠢ ᠠᠷᠪᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠭ᠎ᠠ ᠦᠭᠡᠶ ᠪᠠᠷᠢᠯᠭ᠎ᠠ᠂ ᠨᠡᠭᠦᠷᠡᠰᠦᠲᠥ᠋ᠷᠥᠭᠴᠢ ᠦᠭᠡᠶ ᠪᠠᠷᠢᠯᠭ᠎ᠠ ᠶᠢᠨ | ᠪᠠᠷᠢᠮᠵᠢᠶ᠎ᠠ ᠶᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠰᠠᠨᠠᠭᠠᠴᠢᠯᠠᠭᠠᠲᠤ ᠮᠠᠶ᠋ᠢᠭ ᠤᠨ ᠬᠡᠲᠦ ᠪᠠᠭ᠎ᠠ ᠡᠨᠧᠷᠭᠢ ᠶᠢᠨ | ᠬᠤᠷᠣᠭᠳᠠᠯ ᠲᠠᠢ ᠪᠠᠷᠢᠯᠭ᠎ᠠ ᠶᠢᠨ ᠬᠥᠭᠵᠢᠯᠲᠡ ᠶᠢ ᠠᠬᠢᠭᠤᠯᠵᠤ᠂ ᠰᠠᠨᠠᠭᠠᠴᠢᠯᠠᠭᠠᠲᠤ ᠮᠠᠶ᠋ᠢᠭ ᠤᠨ ᠬᠡᠲᠦ ᠪᠠᠭ᠎ᠠ | ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ᠂ ᠪᠠᠷᠤᠭ ᠲᠡᠭ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ᠂ | ᠨᠡᠭᠦᠷᠡᠰᠦᠲᠥ᠋ᠷᠥᠭᠴᠢ ᠦᠭᠡᠢ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠶᠢ ᠰᠦᠪᠡᠭᠴᠢᠯᠡᠨ | ᠥᠷᠨᠢᠭᠦᠯᠦᠨ᠎ᠡ᠃ ᠪᠠᠷᠢᠯᠭ᠎ᠠ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ | ᠪᠦᠷᠢᠨᠰᠢᠭᠦᠯᠵᠦ᠂ ᠡᠨᠧᠷᠭᠢ ᠶᠢᠨ ᠠᠰᠢᠭᠯᠠᠮᠵᠢ ᠶᠢ ᠬᠡᠮᠵᠢᠨ ᠲᠣᠭᠲᠠᠭᠠᠬᠤ ᠬᠠᠮᠢᠶᠠᠷᠤᠯᠲᠠ ᠶᠢ ᠴᠢᠩᠭᠠᠳᠬᠠᠨ᠎ᠠ᠃ | ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠪᠦᠲᠦᠴᠡ ᠬᠢᠭᠡᠳ ᠳᠤᠯᠠᠭᠠᠨ ᠢ ᠬᠠᠳᠠᠭᠠᠯᠠᠬᠤ ᠶᠢ ᠨᠢᠭᠡ ᠴᠣᠭᠴᠠᠵᠢᠭᠤᠯᠬᠤ | ᠮᠡᠷᠭᠡᠵᠢᠯ ᠢ ᠲᠦᠯᠬᠢᠨ ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠥᠷᠨᠢᠭᠦᠯᠦᠨ᠎ᠡ᠃ | ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ 2022 ᠣᠨ ᠳᠤ | ᠪᠥᠬᠦ ᠠᠶᠢᠮᠠᠭ ᠤᠨ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢᠨ ᠲᠣᠭᠤᠷᠢᠭ ᠲᠠᠬᠢ ᠰᠢᠨ᠎ᠡ ᠪᠠᠷ | ᠪᠠᠶᠢᠭᠤᠯᠬᠤ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ︔ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠡᠵᠡᠯᠡᠬᠦ ᠬᠠᠷᠢᠴᠠᠯ ᠢ 15 % ᠳᠤ ᠬᠦᠷᠦᠭᠦᠯᠬᠦ ᠪᠠᠷ ᠴᠢᠷᠮᠠᠶᠢᠨ᠎ᠠ︔ | ᠡᠨᠧᠷᠭᠢ ᠶᠢᠨ ᠬᠤᠷᠣᠭᠳᠠᠭᠤᠯᠭ᠎ᠠ ᠪᠠᠷ ᠬᠡᠳᠦ ᠳᠣᠣᠷ᠎ᠠ ᠰᠠᠨᠠᠭᠠᠴᠢᠯᠠᠭᠠᠲᠤ ᠮᠠᠶ᠋ᠢᠭ ᠤᠨ ᠪᠠᠷᠢᠯᠭ᠎ᠠ ᠶᠢᠨ ᠲᠤᠷᠰᠢᠯᠲᠠ ᠶᠢᠨ | ᠠᠵᠢᠯ ᠢ ᠢᠳᠡᠪᠬᠢᠲᠡᠶ ᠪᠠᠷ ᠥᠷᠨᠢᠭᠦᠯᠦᠨ᠎ᠡ︔ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ 4 ᠲᠦᠮᠡᠨ ᠲᠡᠭᠰᠢ ᠳᠥᠷᠪᠡᠯᠵᠢᠨ ᠮᠠᠲ᠋ᠧᠷ ᠪᠡᠶᠡᠯᠡᠭᠦᠯᠵᠦ᠂ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠤᠨ ᠬᠡᠷᠡᠭᠯᠡᠭᠡᠨ ᠤ ᠲᠠᠯᠠᠪᠠᠢ ᠶᠢ 3 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠭᠡᠨ᠎ᠡ︔ | ᠪᠠᠷᠢᠯᠭ᠎ᠠ ᠶᠢᠨ ᠳᠤᠯᠠᠭᠠᠨ ᠬᠠᠳᠠᠭᠠᠯᠠᠬᠤ ᠪᠦᠲᠦᠴᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ | ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠡᠵᠡᠯᠡᠬᠦ ᠬᠠᠷᠢᠴᠠᠯ ᠢ 10 % ᠳᠤ ᠬᠦᠷᠦᠭᠦᠯᠦᠨ᠎ᠡ︔ ᠳᠠᠬᠢᠨ | ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠬᠡᠷᠡᠭᠯᠡᠬᠦ ᠬᠠᠷᠢᠴᠠᠯ ᠢ 10 | % ᠳᠤ ᠬᠦᠷᠭᠡᠨ᠎ᠡ᠃ | 2025 ᠣᠨ ᠪᠣᠯᠬᠤ ᠳᠤ᠂ ᠪᠥᠬᠦ ᠠᠶᠢᠮᠠᠭ ᠤᠨ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠥᠬᠡᠶ | ᠠᠮᠢ ᠠᠬᠤᠶ ᠶᠢᠨ ᠬᠤᠲᠠ ᠲᠣᠭᠤᠷᠢᠭ᠂ ᠪᠣᠬᠢᠷᠲᠤᠯ ᠥᠬᠡᠶ ᠠᠮᠢ ᠠᠬᠤᠶ ᠶᠢᠨ ᠰᠠᠭᠤᠭᠠᠯᠢ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ | ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠡᠵᠡᠯᠡᠬᠦ ᠬᠠᠷᠢᠴᠠᠯ ᠢ 30 % ᠠᠴᠠ ᠳᠠᠪᠠᠭᠤᠯᠤᠨ᠎ᠠ︔ ᠨᠢᠭᠡᠨᠲᠡ | ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ 10 ᠲᠦᠮᠡᠨ ᠲᠡᠭᠰᠢ | ᠳᠥᠷᠪᠡᠯᠵᠢᠨ ᠮᠧᠲᠷ ᠪᠠᠶᠢᠵᠤ᠂ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠲᠠᠰᠤᠷᠠᠯᠲᠠ | ᠥᠬᠡᠶ ᠳᠡᠭᠡᠭᠰᠢᠯᠡᠬᠦᠯᠦᠨ᠎ᠡ︔ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ ᠲᠠᠯᠠᠪᠠᠶ ᠶᠢ 10 | ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠪᠠᠷᠢᠯᠭ᠎ᠠ ᠶᠢᠨ ᠳᠤᠯᠠᠭᠠᠨ ᠢ ᠬᠠᠳᠠᠭᠠᠯᠠᠬᠤ ᠪᠦᠲᠦᠴᠡ ᠶᠢ | ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠡᠵᠡᠯᠡᠬᠦ ᠬᠠᠷᠢᠴᠠᠯ ᠢ 30 % ᠠᠴᠠ ᠳᠡᠭᠡᠭᠰᠢ ᠳᠤ ᠬᠦᠷᠦᠭᠦᠯᠵᠦ᠂ | ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠬᠦ ᠬᠠᠷᠢᠴᠠᠯ ᠢ 30 | % ᠳᠤ ᠬᠦᠷᠦᠭᠦᠯᠦᠨ᠎ᠡ᠃ | ︵ᠭᠤᠴᠢᠨ ᠨᠠᠢᠮᠠ︶ ᠪᠣᠬᠢᠷᠲᠤᠯ ᠥᠭᠡᠢ ᠪᠠᠷᠢᠯᠭ᠎ᠠ ᠶᠢᠨ ᠬᠡᠪᠴᠢᠶᠡᠵᠢᠨ ᠬᠥᠭᠵᠢᠬᠦ ᠶᠢ ᠲᠥᠯᠬᠢᠨ | ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠭ ᠣᠷᠣᠨ ᠤ ᠠᠷᠠᠳ ᠤᠨ ᠬᠡᠷᠡᠭᠯᠡᠭᠡᠨ ᠤ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠤᠨ | ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠬᠡᠪᠴᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠪᠣᠬᠢᠷᠲᠤᠯ ᠦᠭᠡᠢ ᠪᠠᠷᠢᠯᠭ᠎ᠠ ᠶᠢ ᠳᠠᠩ ᠴᠣᠭᠴᠠ᠂ ᠪᠦᠯᠬᠦᠮ ᠪᠠᠶᠢᠭᠤᠯᠬᠤ ᠠᠴᠠ ᠪᠠᠭ᠎ᠠ ᠲᠣᠭᠤᠷᠢᠭᠴᠢᠯᠠᠬᠤ᠂ ᠣᠷᠣᠨ | ᠪᠦᠰᠡᠴᠢᠯᠡᠬᠦ ᠲᠡᠰᠢ ᠬᠥᠭᠵᠢᠭᠦᠯᠬᠦ ᠶᠢ ᠲᠦᠷᠭᠡᠳᠬᠡᠨ᠂ ᠪᠣᠬᠢᠷᠲᠤᠯ ᠦᠭᠡᠢ ᠠᠮᠢ ᠠᠬᠤᠢ ᠶᠢᠨ ᠬᠤᠲᠠ ᠲᠣᠭᠤᠷᠢᠭ᠂ | ᠪᠣᠬᠢᠷᠲᠤᠯ ᠦᠭᠡᠢ ᠠᠮᠢ ᠠᠬᠤᠢ ᠢᠢᠨ ᠪᠠᠭ᠎ᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ | ᠠᠬᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢᠨ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠬᠦ ᠢᠢ ᠵᠣᠷᠢᠭᠵᠢᠭᠤᠯᠬᠤ | ᠬᠡᠷᠡᠭᠲᠡᠢ᠃ | ︵ᠭᠤᠴᠢ ᠶᠢᠰᠦ︶ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠬᠡᠪᠡᠷ ᠳᠡᠯᠭᠡᠷᠡᠭᠦᠯᠦᠨ᠎ᠡ᠃ ᠪᠧᠲ᠋ᠣᠨ ᠤ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠯᠠᠪᠳᠠᠭᠤᠨ ᠢᠶᠠᠷ ᠳᠡᠯᠭᠡᠷᠡᠭᠦᠯᠵᠦ᠂ ᠤᠭᠰᠠᠷᠠᠯᠲᠠ ᠶᠢᠨ ᠨᠣᠷᠮ᠎ᠠ ᠶᠢᠨ ᠬᠢᠷᠢ | ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠭᠰᠠᠷᠠᠮᠠᠯ ᠮᠠᠶ᠋ᠢᠭ ᠤᠨ ᠪᠣᠯᠣᠳ ᠪᠦᠳᠦᠴᠡᠳᠦ ᠪᠠᠷᠢᠯᠭ᠎ᠠ ᠶᠢ | ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠴᠤ᠂ ᠠᠬᠢᠭᠤᠯᠤᠨ᠎ᠠ᠃ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠣᠨᠴᠠᠯᠢᠭ ᠪᠦᠬᠦᠢ ᠤᠭᠰᠠᠷᠠᠮᠠᠯ ᠮᠠᠶ᠋ᠢᠭ ᠤᠨ ᠮᠣᠳᠣᠨ ᠪᠦᠲᠦᠴᠡᠲᠦ ᠪᠠᠷᠢᠯᠭ᠎ᠠ ᠶᠢ | ᠬᠥᠭᠵᠢᠭᠦᠯᠵᠦ᠂ ᠠᠵᠤ ᠠᠬᠤᠶ ᠶᠢᠨ ᠨᠥᠬᠦᠴᠡᠯ ᠢᠶᠠᠷ ᠨᠡᠯᠢᠶᠡᠳ ᠰᠠᠶᠢᠨ ᠭᠠᠵᠠᠷ ᠣᠷᠣᠨ ᠤ ᠬᠥᠳᠡᠭᠡ ᠲᠣᠰᠬᠤᠨ ᠤ | ᠥᠪᠡᠷ ᠲᠡᠭᠡᠨ ᠣᠷᠣᠨ ᠰᠠᠭᠤᠴᠠ ᠪᠠᠶᠢᠭᠤᠯᠬᠤ ᠶᠢ ᠵᠣᠷᠢᠭᠵᠢᠭᠤᠯᠤᠨ᠂ ᠰᠢᠨ᠎ᠡ ᠬᠥᠳᠡᠭᠡ ᠲᠣᠰᠬᠤᠨ ᠤ ᠰᠠᠭᠤᠭᠠᠯᠢ | ᠠᠷᠠᠳ ᠤᠨ ᠴᠡᠭ ᠤᠨ ᠪᠦᠲᠦᠭᠡᠨ ᠪᠠᠶᠢᠭᠤᠯᠤᠯᠲᠠ ᠳᠤᠮᠳᠠ ᠤᠭᠰᠠᠷᠠᠮᠠᠯ ᠮᠠᠶ᠋ᠢᠭ ᠤᠨ ᠮᠣᠳᠣᠨ ᠪᠦᠲᠦᠴᠡᠲᠦ | ᠲᠠᠷᠢᠶᠠᠴᠢᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠬᠤ | ᠬᠡᠷᠡᠭᠲᠡᠶ᠃ 2022 ᠣᠨ ᠪᠣᠯᠲᠠᠯ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠡᠵᠡᠯᠡᠬᠦ ᠬᠠᠷᠢᠴᠠᠯ ᠢ 15 % ᠳᠤ | ᠬᠦᠷᠦᠭᠦᠯᠬᠦ ᠪᠠᠷ ᠴᠢᠷᠮᠠᠶᠢᠨ᠎ᠠ︔ 2025 ᠣᠨ ᠪᠣᠯᠬᠤ ᠳᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠠᠯᠠᠪᠠᠢ ᠶᠢᠨ | ᠡᠵᠡᠯᠡᠬᠦ ᠬᠠᠷᠢᠴᠠᠯ ᠢ 30 % ᠳᠤ ᠬᠦᠷᠦᠭᠦᠯᠬᠦ ᠪᠠᠷ ᠴᠢᠷᠮᠠᠶᠢᠨ᠎ᠠ᠃ | ︵ᠳᠥᠴᠢ︶ ᠣᠷᠣᠨ ᠰᠠᠭᠤᠴᠠ ᠶᠢ ᠪᠦᠷᠢᠨ ᠵᠠᠰᠠᠵᠤ ᠴᠢᠮᠡᠭᠯᠡᠬᠦ ᠶᠢ ᠢᠳᠡᠪᠬᠢᠲᠡᠶ ᠪᠠᠷ ᠶᠠᠪᠣᠭᠳᠠᠭᠤᠯᠣᠨ᠎ᠠ᠃ | ᠲᠠᠸᠠᠷ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠪᠣᠷᠣᠯᠠᠭᠤᠯᠤᠨ ᠬᠤᠳᠠᠯᠳᠤᠬᠤ ᠬᠠᠮᠢᠶᠠᠷᠤᠯᠲᠠ ᠶᠢᠨ ᠭᠤᠷᠪᠠᠨ | ᠲᠠᠯ᠎ᠠ ᠠᠴᠠ ᠣᠷᠣᠨ ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠶᠢ ᠢᠳᠡᠪᠬᠢᠲᠡᠶ ᠪᠠᠷ ᠬᠡᠷᠡᠭᠵᠢᠭᠦᠯᠦᠨ᠎ᠡ᠃ | ᠪᠣᠯᠪᠠᠰᠤᠷᠠᠭᠤᠯᠤᠭᠰᠠᠨ ᠣᠷᠣᠨ ᠰᠠᠭᠤᠴᠠ ᠶᠢ ᠢᠳᠡᠪᠬᠢᠲᠡᠢ ᠬᠥᠭᠵᠢᠭᠦᠯᠵᠦ᠂ ᠲᠣᠪᠶᠤᠭ ᠮᠠᠶ᠋ᠢᠭ ᠤᠨ ᠵᠠᠰᠠᠯ | ᠴᠢᠮᠡᠭᠯᠡᠯ ᠢ ᠬᠡᠷᠡᠭᠵᠢᠭᠦᠯᠦᠨ᠂ ᠬᠤᠭᠤᠯᠠᠢ ᠤᠲᠠᠰᠤ ᠶᠢ ᠰᠠᠯᠭᠠᠬᠤ᠂ ᠨᠢᠭᠡ ᠴᠤᠭᠴᠠᠵᠢᠭᠤᠯᠤᠭᠰᠠᠨ ᠵᠠᠰᠠᠯ ᠴᠢᠮᠡᠭᠯᠡᠯ ᠤᠨ | ᠮᠡᠷᠭᠡᠵᠢᠯ ᠢ ᠳᠡᠯᠭᠡᠷᠡᠭᠦᠯᠵᠦ᠂ ᠬᠡᠰᠡᠭᠴᠢᠯᠡᠭᠰᠡᠨ ᠬᠤᠷᠠᠮᠠᠯ ᠪᠠᠷᠢᠯᠭ᠎ᠠ ᠶᠢᠨ ᠵᠦᠢᠯᠡᠰ ᠢ ᠳᠡᠯᠭᠡᠷᠡᠭᠦᠯᠵᠦ᠂ ᠵᠠᠰᠠᠯ | ᠴᠢᠮᠡᠭᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠠᠵᠢᠯᠯᠠᠭᠠᠨ ᠢ ᠬᠠᠮᠠᠭᠠᠯᠠᠬᠤ ᠥᠪᠡᠷ ᠤᠨ ᠦᠷᠲᠡᠭ ᠢ | ᠪᠠᠭᠤᠷᠠᠭᠤᠯᠤᠨ᠎ᠠ᠃ | ︵ᠳᠥᠴᠢᠨ ᠨᠢᠭᠡ︶ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠎ᠡ᠃ | ᠨᠡᠷᠡᠨ ᠡᠨᠧᠷᠭᠢ᠂ ᠭᠦᠢᠬᠡᠨ ᠳᠠᠪᠬᠤᠷᠭ᠎ᠠ ᠶᠢᠨ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ ᠡᠨᠧᠷᠭᠢ ᠵᠡᠷᠭᠡ ᠰᠢᠨ᠎ᠡ | ᠡᠨᠧᠷᠭᠢ ᠶᠢᠨ ᠪᠠᠷᠢᠯᠭ᠎ᠠ ᠳᠠᠬᠢ ᠬᠡᠷᠡᠭᠯᠡᠯᠲᠡ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠲᠦᠯᠬᠢᠨ ᠠᠬᠢᠭᠤᠯᠵᠤ᠂ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠩ ᠤᠨ ᠡᠨᠧᠷᠭᠢ ᠶᠢᠨ ᠬᠡᠷᠡᠭᠯᠡᠯᠲᠡ ᠶᠢ | ᠪᠠᠭᠠᠰᠬᠠᠨ᠎ᠠ᠃ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠭᠡᠨ ᠤ ᠢᠨᠵᠧᠨᠧᠷᠢᠩ ᠤᠨ ᠲᠥᠯᠥᠪᠵᠢᠭᠦᠯᠭᠡ ᠬᠢᠬᠦ᠂ | ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠰᠢᠯᠭᠠᠨ ᠠᠪᠬᠤ᠂ ᠠᠵᠢᠯᠯᠠᠭᠤᠯᠬᠤ ᠵᠡᠷᠭᠡ ᠲᠠᠯ᠎ᠠ ᠶᠢᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠨᠡᠷᠡᠨ ᠡᠨᠧᠷᠭᠢ ᠶᠢᠨ ᠤᠰᠤ ᠬᠠᠯᠠᠭᠠᠬᠤ ᠪᠠᠷᠢᠯᠭ᠎ᠠ ᠶᠢ ᠨᠢᠭᠡ | ᠴᠣᠭᠴᠠᠵᠢᠭᠤᠯᠬᠤ ᠰᠢᠰᠲ᠋ᠧᠮᠵᠢ ᠶᠢ ᠶᠡᠬᠡᠪᠡᠷ ᠬᠥᠭᠵᠢᠭᠦᠯᠵᠦ᠂ 12 ᠳᠠᠪᠬᠤᠷᠭ᠎ᠠ ᠠᠴᠠ ᠳᠣᠷᠣᠭᠰᠢᠬᠢ ᠣᠷᠣᠨ | ᠰᠠᠭᠤᠴᠠ ᠶᠢᠨ ᠪᠠᠷᠢᠯᠭ᠎ᠠ ᠪᠠ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠵᠣᠴᠢᠳ ᠤᠨ ᠪᠠᠭᠤᠳᠠᠯ᠂ ᠤᠮᠪᠠᠯᠲᠠ ᠶᠢᠨ | ᠲᠠᠲᠠᠭᠠᠯ᠂ ᠣᠯᠠᠨ ᠨᠡᠶᠢᠲᠡ ᠶᠢᠨ ᠤᠬᠢᠶᠠᠯᠭ᠎ᠠ ᠶᠢᠨ ᠥᠷᠥᠭᠡ ᠵᠡᠷᠭᠡ ᠣᠯᠠᠨ ᠨᠡᠶᠢᠲᠡ ᠶᠢᠨ ᠪᠠᠷᠢᠯᠭ᠎ᠠ ᠳᠤ ᠨᠡᠷᠡᠨ | ᠡᠨᠧᠷᠭᠢ ᠶᠢᠨ ᠭᠡᠷᠡᠯ ᠢᠯᠴᠢ ᠶᠢᠨ ᠪᠠᠷᠢᠯᠭ᠎ᠠ ᠶᠢ ᠨᠢᠭᠡ ᠴᠣᠭᠴᠠᠵᠢᠭᠤᠯᠬᠤ ᠮᠡᠷᠭᠡᠵᠢᠯ ᠢ ᠬᠡᠷᠡᠭᠯᠡᠬᠦ ᠶᠢ ᠲᠦᠯᠬᠢᠨ | ᠠᠬᠢᠭᠤᠯᠤᠨ᠎ᠠ᠃ ᠬᠤᠲᠠ ᠪᠠᠯᠭᠠᠰᠤ ᠶᠢᠨ ᠪᠠᠷᠢᠯᠭ᠎ᠠ ᠳᠤ ᠨᠡᠷᠡᠨ ᠡᠨᠧᠷᠭᠢ ᠶᠢᠨ ᠭᠡᠷᠡᠯ ᠴᠡᠨᠡᠭ ᠤᠨ ᠲᠠᠷᠬᠠᠯᠲᠠ ᠶᠢᠨ | ᠬᠡᠯᠪᠡᠷᠢ᠂ ᠨᠢᠭᠡ ᠴᠣᠭᠴᠠᠵᠢᠭᠤᠯᠤᠭᠰᠠᠨ ᠬᠡᠷᠡᠭᠯᠡᠯᠲᠡ ᠶᠢ ᠥᠷᠭᠡᠳᠬᠡᠨ᠎ᠡ᠃ | ︵ᠳᠥᠴᠢᠨ ᠬᠤᠶᠠᠷ︶ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠨ᠎ᠡ᠃ | ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠦᠨᠡᠮᠰᠢᠨ ᠬᠡᠷᠡᠭᠯᠡᠬᠦ ᠵᠡᠷᠭᠡ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ | ᠦᠢᠯᠡᠳᠬᠦᠨ ᠪᠠ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠤᠶᠢᠵᠢᠭᠤᠯᠵᠤ᠂ ᠪᠣᠬᠢᠷᠲᠤᠯ ᠥᠬᠡᠶ ᠦᠢᠯᠡᠳᠬᠦᠨ ᠤ | ᠬᠡᠷᠡᠭᠯᠡᠭᠡ ᠶᠢ ᠬᠥᠲᠥᠯᠦᠨ ᠵᠢᠯᠣᠭᠤᠳᠴᠤ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠪᠣᠬᠢᠷᠲᠤᠯ ᠦᠭᠡᠶ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠶ | ᠣᠷᠣᠨ ᠰᠠᠭᠤᠴᠠ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠤᠶᠤ ᠬᠡᠷᠡᠭᠯᠡᠭᠰᠡᠨ ᠡᠳ᠋ ᠤᠨ ᠵᠠᠰᠠᠭ ᠤᠨ | ᠪᠡᠯᠡ ᠮᠥᠩᠭᠦ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ 2 ᠲᠦᠮᠡᠨ ᠲᠡᠭᠰᠢ ᠳᠥᠷᠪᠡᠯᠵᠢᠨ | ᠮᠧᠲᠷ ᠠᠴᠠ ᠳᠡᠭᠡᠭᠰᠢᠬᠢ ᠣᠯᠠᠨ ᠨᠡᠶᠢᠲᠡ ᠶᠢᠨ ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠧᠲᠷ ᠠᠴᠠ | ᠳᠡᠭᠡᠭᠰᠢᠬᠢ ᠣᠷᠣᠨ ᠰᠠᠭᠤᠴᠠ ᠶᠢᠨ ᠪᠠᠷᠢᠯᠭ᠎ᠠ ᠶᠢᠨ ᠲᠥᠷᠥᠯ ᠵᠦᠢᠯ ᠳᠤ ᠭᠡᠷᠡᠴᠢᠯᠡᠯ ᠣᠯᠤᠭᠰᠠᠨ ᠪᠣᠬᠢᠷᠲᠤᠯ ᠦᠭᠡᠶ | ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠢ ᠡᠩ ᠲᠡᠷᠢᠭᠦᠨ ᠳᠤ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ︽ | ᠳᠥᠷᠪᠡᠨ ᠰᠢᠨ᠎ᠡ︾ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ᠂ | ᠨᠤᠨᠲᠠᠭ ᠦᠨᠡᠰᠦ᠂ ᠵᠤᠤᠬ᠎ᠠ ᠶᠢᠨ ᠰᠢᠭᠠᠷᠤ᠂ ᠦᠯᠡᠳᠡᠭᠳᠡᠯ ᠬᠦᠳᠡᠷ ᠵᠡᠷᠭᠡ ᠬᠠᠶᠠᠭᠳᠠᠮᠠᠯ ᠪᠣᠳᠠᠰ ᠢᠶᠠᠷ ᠲᠦᠭᠦᠬᠡᠶ | ᠮᠠᠲ᠋ᠧᠷᠢᠶᠠᠯ ᠪᠣᠯᠭᠠᠨ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠶᠢ ᠵᠣᠷᠢᠭᠵᠢᠭᠤᠯᠤᠨ᠎ᠠ᠃ | ᠶᠢᠰᠦ᠂ ᠬᠠᠤᠯᠢ ᠪᠠᠷ ᠵᠠᠰᠠᠬᠤ ᠪᠠᠶᠢᠭᠤᠯᠤᠯᠲᠠ ᠬᠢᠭᠡᠳ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠲᠦᠷᠢᠮ ᠤᠨ ᠥᠭᠡᠷᠡᠴᠢᠯᠡᠯᠲᠡ | ︵ᠳᠥᠴᠢᠨ ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠳᠥᠯᠭᠢᠨ | ᠠᠬᠢᠭᠤᠯᠤᠨ᠎ᠠ᠃ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠶᠢ | ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠳᠣᠣᠱᠯᠠᠭᠤᠯᠵᠦ᠂ ᠤᠳᠤᠷᠢᠳᠬᠤ ᠪᠠᠭ ᠤᠨ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢ ᠰᠤᠷᠬᠤ ᠲᠦᠷᠢᠮ ᠢ | ᠨᠠᠶᠢᠳᠠᠪᠤᠷᠢᠵᠢᠭᠤᠯᠵᠤ᠂ ︽ᠨᠠᠢᠮᠠᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ | ᠪᠠᠲᠤᠲᠠᠶ ᠥᠷᠨᠢᠭᠦᠯᠦᠨ᠎ᠡ᠃ ᠦᠨᠳᠦᠰᠦᠨ ᠬᠠᠤᠯᠢ ᠶᠢ ᠰᠤᠷᠤᠯᠴᠠᠨ ᠤᠬᠠᠭᠤᠯᠬᠤ ᠠᠵᠢᠯ ᠢ ᠴᠢᠩᠭᠠᠳᠬᠠᠨ᠎ᠠ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ | ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠩᠭ᠎ᠠ ᠵᠢᠷᠤᠮᠵᠢᠭᠤᠨ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ︽ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢ ᠴᠠᠭ ᠲᠤᠬᠠᠶ ᠳᠤᠨᠢ | ᠨᠡᠶᠢᠲᠡᠯᠡᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠶᠢ ᠪᠥᠬᠦ | ᠲᠠᠯ᠎ᠠ ᠪᠠᠷ ᠬᠡᠷᠡᠭᠵᠢᠭᠦᠯᠦᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ | ᠲᠥᠷᠥᠯ ᠤᠨ ᠠᠵᠢᠯ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ ᠵᠢᠷᠤᠮᠵᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠥᠬᠦ ᠺᠠᠳ᠋ᠷ ᠠᠵᠢᠯᠲᠠᠨ ᠤ ᠬᠠᠤᠯᠢᠵᠢᠯ ᠤᠨ ᠤᠬᠠᠮᠰᠠᠷ ᠢ | ᠳᠡᠭᠡᠭᠰᠢᠯᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠵᠠᠰᠠᠯᠲᠠ ᠶᠢᠨ ᠴᠢᠳᠠᠪᠤᠷᠢ ᠪᠣᠯᠤᠨ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠭᠦᠷᠭᠡ | ᠬᠠᠷᠢᠭᠤᠴᠠᠯᠭ᠎ᠠ ᠲᠣᠳᠣᠷᠬᠠᠶ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ | ᠰᠢᠰᠲ᠋ᠧᠮ ᠢ ᠪᠠᠶᠢᠭᠤᠯᠤᠨ᠎ᠠ᠃ | ︵ᠳᠥᠴᠢᠨ ᠳᠥᠷᠪᠡ︶ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠢ ᠲᠡᠭᠦᠯᠳᠡᠷᠵᠢᠭᠦᠯᠦᠨ᠎ᠡ᠃ ᠵᠠᠰᠠᠭ | ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ | ᠬᠠᠤᠯᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠣᠭᠲᠠᠴᠠ ᠶᠢ | ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠂ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠣᠳᠣ ᠶᠢᠨ ᠪᠠᠶᠢᠭ᠎ᠠ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠠᠲᠤᠯᠠᠬᠤ ᠬᠡᠷᠡᠭᠲᠡᠶ᠃ ᠴᠢᠬᠤᠯᠠ ᠶᠡᠭᠡ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠪᠠᠶᠢᠴᠠᠭᠠᠬᠤ ᠳᠦᠷᠢᠮ ᠢ | ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠨᠡᠶᠢᠲᠡ | ᠣᠯᠠᠨ ᠢ ᠣᠷᠣᠯᠴᠠᠭᠤᠯᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ | ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠬᠤ ᠵᠡᠷᠭᠡ ᠳᠡᠰ ᠳᠠᠷᠠᠭᠠᠯᠠᠯ ᠢ ᠴᠢᠩᠭ᠎ᠠ | ᠭᠦᠢᠴᠡᠳᠬᠡᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ | ᠵᠢᠷᠤᠮᠵᠢᠭᠤᠯᠤᠨ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠬᠡᠷᠡᠭ ᠤᠨ ᠡᠮᠦᠨ᠎ᠡ ᠦᠨᠡᠯᠡᠨ ᠵᠢᠱᠢᠬᠦ ᠪᠠ | ᠬᠡᠷᠡᠭ ᠤᠨ ᠳᠠᠷᠠᠭ᠎ᠠ ᠦᠨᠡᠯᠡᠬᠦ ᠳᠦᠷᠢᠮ ᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠣᠯᠴᠠᠬᠤ | ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠬᠦ ᠬᠡᠷᠡᠭᠲᠡᠶ᠃ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ | ᠲᠤᠰᠢᠶᠠᠯᠲᠤ ᠬᠠᠤᠯᠢᠴᠢ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ | ᠪᠠ ᠠᠯᠪᠠᠨ ᠲᠤᠰᠢᠶᠠᠯᠲᠤ ᠬᠠᠤᠯᠢᠴᠢ ᠶᠢᠨ ᠬᠠᠤᠯᠢ ᠳᠤ ᠬᠤᠯᠪᠣᠭᠳᠠᠬᠤ ᠠᠰᠠᠭᠤᠳᠠᠯ ᠪᠠ ᠵᠠᠰᠠᠭ ᠵᠠᠬᠢᠷᠭᠠᠨ ᠤ | ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠵᠡᠭᠦᠯᠬᠦ ᠦᠢᠯᠡᠳᠦᠯ ᠢ ᠴᠢᠬᠤᠯᠠᠴᠢᠯᠠᠨ | ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ | ᠬᠦᠯᠢᠶᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠤᠨ ᠠᠩᠬᠠᠷᠤᠯ ᠳᠤ ᠢᠳᠡᠪᠬᠢᠲᠡᠶ ᠬᠠᠷᠢᠭᠤᠯᠲᠠ | ᠥᠭᠭᠦᠨ᠎ᠡ᠃ | ︵ᠳᠥᠴᠢᠨ ᠲᠠᠪᠤ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢ | ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠪᠠᠷ ᠭᠠᠷᠳᠠᠴᠠ ᠪᠣᠯᠭᠠᠨ | ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠢᠨᠠᠨ ᠵᠥᠪᠰᠢᠶᠡᠷᠡᠬᠦ ᠴᠤᠪᠤᠷᠠᠯ ᠢ ᠤᠯᠠᠮ | ᠨᠢᠭᠡ ᠠᠯᠬᠤᠮ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠵᠤ᠂ ᠠᠵᠢᠯ ᠶᠠᠪᠤᠳᠠᠯ | ᠬᠦᠢᠴᠡᠳᠭᠡᠬᠦ ᠴᠠᠭ ᠤᠨ ᠬᠢᠵᠠᠭᠠᠷ ᠢ ᠪᠣᠭᠤᠨᠢᠰᠬᠠᠨ᠂ ᠦᠢᠯᠡᠴᠢᠯᠡᠬᠡᠨ ᠤ ᠴᠢᠳᠠᠮᠵᠢ ᠦᠷ᠎ᠡ ᠪᠦᠲᠦᠮᠵᠢ ᠪᠠ ᠬᠢᠷᠢ | ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠬᠦᠢᠴᠡᠳ ᠬᠡᠷᠡᠭᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠯᠦᠭᠡ ᠨᠢᠭᠡ | ᠴᠣᠠᠠᠴᠠᠵᠢᠭᠤᠯᠥᠠᠠᠰᠠᠨ ᠲᠠᠪᠴᠠᠩ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠠᠭᠠᠨ ᠭᠥᠷᠳᠡᠵᠦ ᠰᠣᠯᠢᠯᠴᠠᠬᠤ | ᠲᠠᠪᠴᠠᠩ ᠢᠶᠠᠷ ᠳᠠᠮᠵᠢᠭᠤᠯᠤᠨ ᠳ᠋ᠠᠶᠢᠲ᠋ᠠ ᠶᠢ ᠬᠠᠮᠲᠤ ᠳᠠᠭᠠᠨ ᠭᠥᠷᠳᠡᠵᠦ᠂ ᠬᠥᠨᠳᠡᠯᠡᠨ ᠭᠤᠯᠳᠤ ᠴᠢᠭᠯᠡᠯ ᠢᠶᠠᠷ ᠣᠷᠣᠨ | ᠪᠦᠰᠡ ᠠᠯᠤᠰᠯᠠᠭᠰᠠᠨ᠂ ᠲᠠᠰ ᠱᠠᠲᠤ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠰᠢᠰᠲ᠋ᠧᠮ ᠠᠯᠤᠰᠯᠠᠭᠰᠠᠨ | ᠳ᠋ᠠᠶᠢᠲ᠋ᠠ ᠶᠢ ᠬᠠᠮᠲᠤ ᠳᠠᠭᠠᠨ ᠭᠥᠷᠳᠡᠵᠦ ᠰᠣᠯᠢᠯᠴᠠᠬᠤ ᠪᠠ ᠲᠤᠬᠠᠶᠢᠯᠠᠭᠰᠠᠨ ᠠᠵᠢᠯ ᠤᠨ ᠵᠣᠬᠢᠴᠠᠯᠳᠤᠨ ᠬᠤᠯᠪᠣᠭᠠᠯᠠᠨ | ᠬᠥᠳᠡᠯᠦᠯᠴᠡᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠣᠯᠠᠨ | ᠲᠦᠮᠡᠨ ᠪᠠ ᠠᠵᠤ ᠠᠬᠤᠶᠢᠯᠠᠯ ᠳᠤ ᠦᠢᠯᠡᠴᠢᠯᠡᠬᠦ ᠤᠬᠠᠮᠰᠠᠷ ᠢ ᠪᠠᠲᠤ ᠪᠣᠶ ᠪᠣᠯᠭᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠥᠬᠦᠮ ᠪᠣᠯᠭᠠᠬᠤ ᠶᠢ ᠠᠬᠢᠭᠤᠯᠵᠤ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠢᠨᠠᠨ ᠵᠥᠪᠰᠢᠶᠡᠷᠡᠬᠦ ᠨᠢ ᠨᠠᠩ ᠴᠥᠭᠡᠨ᠂ | ᠲᠣᠭᠲᠠᠴᠠ ᠨᠢ ᠨᠠᠩ ᠠᠮᠢᠳᠤᠯᠢᠭ᠂ ᠦᠷ᠎ᠡ ᠪᠦᠲᠦᠮᠵᠢ ᠨᠢ ᠨᠠᠩ ᠥᠨᠳᠥᠷ᠂ ᠦᠢᠯᠡᠴᠢᠯᠡᠭᠡ ᠨᠢ ᠨᠠᠩ ᠰᠢᠯᠢᠳᠡᠭ | ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠵᠤ᠂ ᠵᠠᠬ᠎ᠠ ᠳᠡᠯᠭᠡᠭᠦᠷ ᠤᠨ | ᠭᠤᠤᠯ ᠴᠣᠭᠴᠠ ᠪᠠ ᠨᠡᠶᠢᠭᠡᠮ ᠤᠨ ᠣᠯᠠᠨ ᠨᠡᠶᠢᠲᠡ ᠶᠢᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ | ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ | ᠨᠡᠶᠢᠭᠡᠮ ᠤᠨ ᠪᠦᠲᠦᠭᠡᠯᠴᠢ ᠬᠦᠴᠦᠨ ᠢ ᠨᠠᠩ ᠰᠠᠶᠢᠲᠤᠷ ᠬᠥᠭᠵᠢᠭᠡᠨ᠎ᠡ᠃ | ᠳᠥᠷᠪᠡᠳᠦᠭᠡᠷ ᠪᠦᠯᠦᠭ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠨᠠᠮ ᠤᠨ ᠬᠤᠷᠢᠶ᠎ᠠ | ᠵᠠᠬᠢᠷᠭ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠠᠶᠢᠮᠠᠭ ᠤᠨ ᠤᠯᠤᠰ ᠠᠷᠠᠳ ᠤᠨ ᠠᠵᠤ ᠠᠬᠤᠶ | ᠪᠠ ᠨᠡᠶᠢᠭᠡᠮ ᠤᠨ ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ ᠪᠥᠬᠦ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶ᠋ᠯᠡᠰ ᠤᠨ | ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠣᠰᠣᠭᠠᠷ᠂ ᠭᠦᠨᠵᠡᠭᠡᠶ | ᠪᠠᠶᠢᠴᠠᠭᠠᠨ ᠰᠤᠳᠤᠯᠤᠯᠲᠠ ᠬᠢᠵᠦ᠂ ᠨᠠᠷᠢᠨ ᠨᠢᠮᠪᠠᠶ ᠲᠥᠯᠥᠪᠯᠡᠨ᠂ ᠰᠡᠳᠬᠢᠬᠦᠶ ᠶᠢᠨ ᠰᠢᠨ᠎ᠡ ᠶᠢ ᠡᠭᠦᠳᠴᠦ᠂ ᠠᠷᠭ᠎ᠠ | ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠳᠡᠭᠡᠳᠦ ᠳᠤᠤᠷᠠᠳᠤ ᠱᠠᠲᠤ ᠪᠠᠷ ᠢᠶᠠᠨ ᠬᠠᠮᠵᠢᠯᠴᠠᠨ᠂ ᠯᠠᠪᠳᠠᠭᠤᠨ | ᠪᠠᠲᠤᠲᠠᠶ ᠠᠵᠢᠯᠯᠠᠵᠤ᠂ ᠰᠠᠭᠤᠷᠢ ᠶᠢ ᠪᠠᠬᠢᠵᠢᠭᠦᠯᠦᠨ᠂ ᠳᠤᠲᠠᠭᠤᠳᠠᠯ ᠢ ᠨᠥᠬᠦᠪᠥᠷᠢᠯᠡᠵᠦ᠂ ᠪᠥᠬᠦ ᠠᠶᠢᠮᠠᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠴᠢᠩᠳᠠᠯᠠᠬᠤ ᠪᠠᠷ ᠭᠤᠣᠯᠳᠠᠯᠭ᠎ᠠ ᠪᠣᠯᠭᠠᠵᠤ᠂ ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠲᠠ ᠭᠦᠢᠴᠡᠳᠬᠡᠯ ᠲᠤᠭ᠎ᠠ | ᠂ ᠭᠤᠣᠯᠳᠠᠯᠭ᠎ᠠ ᠲᠠᠢ ᠡᠭᠦᠷᠭᠡ ᠶᠣᠰᠣᠭᠠᠷ᠂ ᠬᠠᠷᠠᠯᠲᠠ ᠪᠠᠨ ᠬᠤᠪᠢᠶᠠᠷᠢᠯᠠᠵᠤ᠂ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠨ ᠨᠠᠷᠢᠯᠢᠬᠵᠢᠭᠤᠯᠬᠤ ᠶᠢᠨ ᠬᠠᠮᠲᠤ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠣᠨ ᠤ ᠬᠢᠨᠠᠨ | ᠬᠡᠮᠵᠢᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠡᠴᠦᠰ ᠤᠨ ᠬᠤᠭᠤᠴᠠᠭᠠᠨ ᠤ ᠳ᠋ᠦᠩᠨᠡᠯᠲᠡ ᠶᠢ | ᠥᠷᠨᠢᠭᠦᠯᠵᠦ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ᠂ ᠲᠥᠯᠥᠪᠵᠢᠭᠦᠯᠭᠡ ᠶᠢᠨ | ᠲᠤᠬᠢᠷᠠᠭᠤᠯᠤᠯᠲᠠ ᠶᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠶᠢᠨ ᠤᠬᠠᠮᠰᠠᠷ᠂ | ᠡᠭᠦᠷᠭᠡᠯᠡᠬᠦ ᠤᠬᠠᠮᠰᠠᠷ ᠢ ᠪᠣᠶ ᠪᠣᠯᠭᠠᠵᠤ᠂ ᠨᠠᠮ ᠪᠣᠯᠤᠨ ᠠᠷᠠᠳ ᠲᠦᠮᠡᠨ ᠲᠡᠦᠬᠡ ᠳᠤ ᠳᠡᠭᠡᠳᠦ ᠬᠡᠮᠵᠢᠶ᠎ᠡ ᠪᠠᠷ | ᠬᠠᠷᠢᠭᠤᠴᠠᠬᠤ ᠣᠪᠣᠷ ᠢᠶᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ | ᠪᠥᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ | ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠶ᠃ | ᠲᠥᠷᠥᠯ ᠵᠦᠢᠯ ᠤᠨ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠴᠢᠬᠤᠯᠠ | ᠭᠠᠷᠳᠠᠴᠠ ᠪᠠ ᠰᠢᠪᠲᠤᠯᠤᠯᠲᠠ ᠶᠢᠨ ᠴᠡᠭ ᠪᠣᠯᠭᠠᠵᠤ᠂ ᠲᠥᠷᠥᠯ ᠵᠦᠢᠯ ᠤᠨ ᠪᠣᠯᠤᠮᠵᠢᠲᠤ ᠰᠤᠳᠤᠯᠭᠠᠨ ᠢ ᠨᠠᠷᠢᠨ | ᠬᠢᠨᠠᠮᠠᠭᠠᠶ ᠨᠠᠶᠢᠷᠠᠭᠤᠯᠤᠨ ᠵᠣᠬᠢᠶᠠᠵᠤ᠂ ᠨᠠᠷᠢᠨ ᠨᠢᠮᠪᠠᠶ ᠵᠢᠷᠤᠵᠤ ᠲᠥᠯᠥᠪᠯᠡᠨ᠂ ᠬᠠᠤᠯᠢ ᠪᠠᠷ ᠲᠣᠭᠲᠠᠭᠠᠭᠰᠠᠨ ᠵᠢᠷᠤᠮ | ᠶᠣᠰᠣᠭᠠᠷ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠷᠢᠯᠭ᠎ᠠ ᠪᠠᠷᠢᠬᠤ ᠲᠥᠯᠥᠪᠯᠡᠭᠡ ᠶᠣᠰᠣᠭᠠᠷ | ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠪᠣᠶ ᠪᠥᠬᠦᠶ ᠲᠥᠷᠥᠯ ᠵᠦᠢᠯ ᠤᠨ ᠶᠠᠰᠤ ᠴᠢᠨᠠᠷ ᠪᠠ | ᠲᠤᠭ᠎ᠠ ᠬᠡᠮᠵᠢᠶ᠎ᠡ ᠶᠢ ᠪᠠᠲᠤᠯᠠᠨ ᠬᠤᠭᠤᠴᠠᠭ᠎ᠠ ᠶᠣᠰᠣᠭᠠᠷ ᠪᠠᠷᠢᠯᠭ᠎ᠠ ᠳᠠᠭᠤᠰᠬᠠᠬᠤ ᠶᠢ ᠦᠨᠡᠨ ᠬᠦ ᠪᠠᠲᠤᠯᠠᠨ᠂ ᠠᠵᠤ | ᠠᠬᠤᠶ ᠪᠠ ᠨᠡᠶᠢᠭᠡᠮ ᠤᠨ ᠦᠷ᠎ᠡ ᠠᠰᠢᠭ ᠢ ᠴᠠᠭ ᠲᠤᠬᠠᠶ ᠳᠤᠨᠢ ᠪᠠᠳᠠᠷᠠᠭᠤᠯᠵᠤ᠂ ᠣᠯᠠᠨ ᠲᠦᠮᠡᠨ ᠳᠤ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠡᠳ᠋ᠯᠡᠭᠦᠯᠵᠦ᠂ ᠪᠥᠬᠦ ᠠᠶᠢᠮᠠᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ | ᠪᠥᠬᠦ ᠲᠠᠯ᠎ᠠ ᠪᠠᠷ ᠳᠡᠯᠭᠡᠨ ᠦᠵᠡᠭᠦᠯᠦᠨ᠎ᠡ᠃ | ᠨᠡᠶᠢᠭᠡᠮ ᠤᠨ ᠣᠷᠣᠯᠴᠠᠭ᠎ᠠ ᠶᠢ ᠴᠢᠩᠭᠠᠳᠬᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠴᠠ ᠳᠤ᠂ ᠪᠥᠬᠦ ᠨᠡᠶᠢᠭᠡᠮ ᠢᠶᠠᠷ ᠢᠶᠠᠨ ᠡᠯ᠎ᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠲᠤᠬᠠᠶ ᠶᠢᠨ | ᠭᠠᠵᠠᠷ ᠤᠨ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ᠂ ᠪᠥᠲᠥᠭᠡᠨ ᠪᠠᠶᠢᠭᠤᠯᠤᠯᠲᠠ᠂ | ᠡᠵᠡᠩᠨᠡᠯᠲᠡ ᠳᠤ ᠨᠠᠩ ᠨᠡᠶᠢᠴᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠪᠠᠯᠠ | ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠪᠣᠳᠠᠲᠤ | ᠬᠦᠴᠦᠨ ᠲᠠᠢ ᠺᠣᠮᠫᠠᠨᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠬᠤᠲᠠ ᠬᠥᠳᠡᠭᠡ ᠶᠢᠨ ᠰᠠᠭᠤᠷᠢ | ᠪᠡᠯᠡᠳᠬᠡᠮᠵᠢ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ᠂ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ | ᠡᠵᠡᠩᠨᠡᠯᠲᠡ ᠳᠤ ᠣᠷᠣᠯᠴᠠᠭᠤᠯᠵᠤ᠂ ᠨᠡᠶᠢᠭᠡᠮ ᠨᠡᠶᠢᠲᠡ᠂ ᠣᠯᠠᠨ ᠳᠦᠮᠡᠨ᠂ ᠠᠵᠤ ᠠᠬᠤᠶᠢᠯᠠᠯ ᠵᠡᠷᠭᠡ ᠡᠯ᠎ᠡ | ᠲᠥᠷᠥᠯ ᠤᠨ ᠪᠣᠳᠠᠲᠤ ᠴᠣᠭᠴᠠ ᠶᠢᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠦᠢᠴᠡᠳ ᠳᠠᠶᠢᠴᠢᠯᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ | ᠭᠥᠷᠳᠡᠵᠦ ᠬᠠᠮᠲᠤ ᠪᠠᠷ ᠠᠰᠢᠭ ᠭᠥᠷᠳᠡᠬᠦ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ | ᠪᠦᠷᠢᠯᠳᠦᠭᠦᠯᠬᠦ ᠶᠢ ᠠᠬᠢᠭᠤᠯᠤᠨ᠎ᠠ᠃ | ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠣᠨ᠎ᠠ᠃ ᠭᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢᠨ ᠵᠠᠬ᠎ᠠ ᠳᠡᠯᠭᠡᠭᠦᠷ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠨᠡᠮᠡᠭᠳᠡᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠢᠯᠭᠠᠷᠠᠭᠤᠯᠤᠨ ᠭᠠᠷᠭᠠᠬᠤ ᠳᠦᠷᠢᠮ᠂ | ᠢᠲᠡᠭᠡᠮᠵᠢ ᠶᠢ ᠦᠨᠡᠯᠡᠬᠦ ᠳᠦᠷᠢᠮ ᠢ ᠴᠢᠩᠳᠠᠯᠠᠵᠤ᠂ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠶᠢ ᠤᠯᠠᠮ ᠨᠢᠭᠡ | ᠠᠯᠬᠤᠮ ᠵᠢᠷᠤᠮᠵᠢᠭᠤᠯᠬᠤ ᠬᠡᠷᠡᠭᠲᠡᠶ︔ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠴᠢᠩᠭᠠᠳᠬᠠᠨ᠂ ᠣᠳᠣ | ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠵᠦ᠂ ᠬᠠᠤᠯᠢ ᠬᠡᠷᠡᠭᠵᠢᠭᠦᠯᠬᠦ ᠶᠢ | ᠵᠢᠷᠤᠮᠵᠢᠭᠤᠯᠤᠨ᠂ ᠬᠠᠤᠯᠢ ᠶᠢ ᠪᠣᠯᠪᠠᠰᠤᠨ ᠢᠶᠠᠷ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠡᠷᠡᠭᠲᠡᠶ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠬᠢᠨᠠᠯᠲᠠ | ᠲᠠᠯᠪᠢᠵᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠬᠠᠤᠯᠢ | ᠬᠡᠷᠡᠭᠵᠢᠭᠦᠯᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠨᠡᠨᠴᠢ ᠰᠢᠳᠤᠷᠭᠤ᠂ | ᠴᠡᠪᠡᠷ ᠴᠢᠬᠡᠴᠢ᠂ ᠬᠠᠷᠢᠭᠤᠴᠠᠯᠭ᠎ᠠ ᠲᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠺᠠᠳ᠋ᠷ ᠤᠨ ᠡᠩᠨᠡᠭᠡ ᠶᠢᠨ ᠰᠢᠨ᠎ᠡ ᠳᠦᠷᠢ ᠲᠥᠷᠬᠦ ᠶᠢ ᠪᠠᠲᠤ ᠪᠤᠢ ᠪᠣᠯᠭᠠᠨ᠎ᠠ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠪᠠ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠵᠤ᠂ ᠲᠣᠮᠣ | ᠳ᠋ᠠᠶᠢᠲ᠋ᠠ᠂ ᠢᠨᠲ᠋ᠧᠷ ᠰᠦᠯᠵᠢᠶ᠎ᠡ +᠂ ᠢᠲᠡᠭᠡᠮᠵᠢ ᠶᠢ ᠦᠨᠡᠯᠡᠬᠦ ᠰᠢᠰᠲ᠋ᠧᠮᠵᠢ ᠵᠡᠷᠭᠡ ᠮᠡᠳᠡᠭᠡ ᠵᠠᠩᠭᠢᠵᠢᠯᠲᠠ ᠶᠢᠨ | ᠲᠠᠪᠴᠠᠩ ᠢ ᠬᠦᠢᠴᠡᠳ ᠬᠡᠷᠡᠭᠯᠡᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠵᠠᠬ᠎ᠠ ᠳᠡᠯᠭᠡᠭᠦᠷ ᠤᠨ | ᠣᠷᠴᠢᠨ ᠨᠥᠬᠦᠴᠡᠯ ᠢ ᠪᠠᠶᠢᠭᠤᠯᠵᠤ᠂ ᠵᠠᠬ᠎ᠠ ᠳᠡᠯᠭᠡᠭᠦᠷ᠂ ᠠᠵᠤ ᠠᠬᠤᠶᠢᠯᠠᠯ ᠤᠨ ᠬᠤᠲᠠ ᠶᠢᠨ ᠪᠥᠲᠥᠭᠡᠨ | ᠪᠠᠶᠢᠭᠤᠯᠤᠯᠲᠠ᠂ ᠬᠠᠮᠢᠶᠠᠷᠤᠯᠲᠠ᠂ ᠡᠵᠡᠩᠨᠡᠯᠲᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠬᠥᠳᠡᠯᠭᠡᠬᠦ ᠬᠦᠴᠦᠨ | ᠪᠠ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠤᠲᠠ ᠶᠢᠨ ᠬᠠᠮᠢᠶᠠᠷᠤᠯᠲᠠ ᠡᠵᠡᠩᠨᠡᠯᠲᠡ ᠬᠠᠮᠠᠭᠠᠯᠠᠯᠲᠠ ᠶᠢᠨ | ᠪᠠᠶᠢᠭᠤᠯᠤᠮᠵᠢ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠪᠣᠯᠤᠨ ᠰᠢᠨ᠎ᠡ ᠶᠢ ᠡᠭᠦᠳᠬᠦ ᠶᠢ ᠤᠯᠠᠮ ᠨᠢᠭᠡ | ᠠᠯᠬᠤᠮ ᠲᠦᠷᠭᠡᠳᠬᠡᠵᠦ᠂ ᠡᠵᠡᠩᠨᠡᠯᠲᠡ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ ᠥᠷᠭᠡᠳᠬᠡᠨ᠂ ᠡᠵᠡᠩᠨᠡᠯᠲᠡ | ᠬᠠᠮᠢᠶᠠᠷᠤᠯᠲᠠ ᠶᠢᠨ ᠨᠡᠶᠢᠭᠡᠮ ᠤᠨ ᠠᠵᠤ ᠠᠬᠤᠶ ᠶᠢᠨ ᠦᠷ᠎ᠡ ᠠᠰᠢᠭ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠶ᠃ ᠬᠤᠲᠠ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠤᠰᠬᠠᠶᠢᠵᠢᠭᠰᠠᠨ᠂ ᠮᠠᠰᠢᠨᠴᠢᠯᠠᠭᠰᠠᠨ᠂ ᠣᠳᠣᠬᠢᠴᠢᠯᠠᠭᠰᠠᠨ ᠬᠡᠮᠵᠢᠶ᠎ᠡ ᠪᠠᠷ ᠨᠡᠯᠢᠶᠡᠳ ᠥᠨᠳᠥᠷ | ᠬᠤᠲᠠ ᠶᠢᠨ ᠡᠵᠡᠩᠨᠡᠯᠲᠡ ᠬᠠᠮᠢᠶᠠᠷᠤᠯᠲᠠ ᠶᠢᠨ ᠬᠠᠮᠠᠭᠠᠯᠠᠯᠲᠠ ᠶᠢᠨ ᠪᠠᠶᠢᠭᠤᠯᠤᠮᠵᠢ ᠪᠣᠯᠤᠨ ᠠᠵᠢᠯᠲᠠᠨ ᠤ ᠡᠩᠨᠡᠭᠡ ᠶᠢ | ᠬᠥᠮᠦᠵᠢᠭᠦᠯᠦᠨ᠂ ᠪᠦᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠦᠢᠯᠡᠰ ᠤᠨ ᠬᠥᠭᠵᠢᠯᠲᠡ ᠶᠢᠨ ᠰᠢᠨ᠎ᠡ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ | ᠴᠢᠳᠠᠪᠤᠷᠢᠲᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠲᠦᠭᠡᠨ ᠪᠠᠶᠢᠭᠤᠯᠤᠯᠲᠠ ᠶᠢᠨ ᠠᠵᠢᠯ | ᠲᠥᠷᠥᠯ ᠤᠨ ᠡᠯ᠎ᠡ ᠲᠥᠷᠥᠯ ᠤᠨ ᠴᠢᠳᠠᠪᠤᠷᠢᠲᠠᠨ ᠢ ᠢᠳᠡᠪᠬᠢᠲᠡᠢ ᠬᠥᠮᠦᠵᠢᠭᠦᠯᠬᠦ ᠪᠠ ᠲᠡᠳᠡᠨ ᠣᠷᠣᠭᠤᠯᠵᠤ᠂ | ᠪᠣᠯᠪᠠᠰᠤᠷᠠᠭᠤᠯᠤᠯ᠂ ᠰᠤᠷᠭᠠᠨ ᠬᠥᠮᠦᠵᠢᠯ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠲᠠᠨ ᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠡᠪ | ᠴᠢᠨᠠᠷ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ | ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ ᠵᠡᠷᠭᠡ ᠲᠤᠰᠬᠠᠢ | ᠮᠡᠷᠭᠡᠵᠢᠯ ᠤᠨ ᠠᠵᠢᠯᠲᠠᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠶᠢᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠪᠠᠷᠢᠯᠭ᠎ᠠ ᠶᠢᠨ ᠦᠢᠯᠡᠰ᠂ ᠭᠡᠷ ᠪᠠᠶᠢᠰᠢᠩ | ᠭᠠᠵᠠᠷ ᠬᠥᠷᠥᠩᠭᠡ ᠶᠢᠨ ᠦᠢᠯᠡᠰ᠂ ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠵᠡᠷᠭᠡ ᠠᠵᠢᠯ ᠲᠥᠷᠥᠯ ᠤᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠠᠵᠢᠯ ᠲᠥᠷᠥᠯ ᠤᠨ ᠭᠤᠣᠯᠯᠠᠭᠴᠢ ᠥᠷᠢᠰᠥᠯᠳᠦᠭᠡᠨ ᠤ ᠪᠣᠳᠠᠲᠤ | ᠬᠦᠴᠦᠨ ᠢ ᠴᠢᠷᠮᠠᠶᠢᠨ ᠴᠢᠩᠭᠠᠷᠠᠭᠤᠯᠵᠤ᠂ ᠪᠦᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠰᠢᠨ᠎ᠡ ᠳᠦᠪᠰᠢᠨ ᠢ ᠪᠦᠬᠦ | ᠬᠦᠴᠦᠨ ᠢᠶᠠᠷ ᠴᠣᠭᠴᠠᠯᠠᠨ ᠪᠠᠶᠢᠭᠤᠯᠤᠨ᠎ᠠ᠃ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠷᠠᠭᠤᠯᠤᠨ᠎ᠠ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠳᠦᠯᠦᠪᠵᠢᠬᠦᠯᠬᠡ | ᠬᠢᠭᠡᠳ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠳᠦᠯᠦᠪᠵᠢᠬᠦᠯᠬᠡ᠂ ᠠᠶᠢᠮᠠᠭ ᠤᠨ ᠬᠡᠪᠴᠢᠶᠡᠨ ᠳᠠᠬᠢ | ᠬᠤᠲᠠ ᠪᠠᠯᠭᠠᠰᠤ ᠶᠢᠨ ᠰᠢᠰᠲ᠋ᠧᠮᠵᠢ ᠶᠢᠨ ᠳᠦᠯᠦᠪᠵᠢᠬᠦᠯᠬᠡ ᠵᠡᠷᠭᠡ ᠶᠡᠷᠦᠩᠬᠡᠢ ᠳᠦᠯᠦᠪᠵᠢᠬᠦᠯᠬᠡ ᠪᠠ ᠡᠯ᠎ᠡ | ᠵᠦᠢᠯ ᠤᠨ ᠲᠤᠰᠬᠠᠢ ᠲᠥᠯᠥᠪᠵᠢᠭᠦᠯᠭᠡ ᠶᠢᠨ ᠬᠤᠭᠤᠷᠣᠨᠳᠣᠬᠢ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠵᠡᠷᠭᠡᠪᠡᠷ ᠳᠡᠭᠡᠭᠰᠢᠯᠡᠭᠦᠯᠵᠦ᠂ | ᠪᠦᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ | ᠬᠥᠭᠵᠢᠯᠲᠡ ᠶᠢᠨ ᠰᠢᠨ᠎ᠡ ᠳᠠᠪᠠᠯᠲᠠ ᠶᠢ ᠪᠦᠬᠦ ᠬᠦᠴᠦᠨ ᠢᠶᠠᠷ ᠪᠡᠶᠡᠯᠡᠭᠦᠯᠦᠨ᠎ᠡ᠃ | ᠲᠠᠪᠤᠳᠤᠭᠠᠷ ᠪᠦᠯᠦᠭ 2035 ᠣᠨ ᠤ ᠪᠠᠷᠠᠯᠠᠯ | 2035 ᠣᠨ ᠪᠣᠯᠲᠠᠯ᠎ᠠ᠂ ᠠᠶᠢᠮᠠᠭ ᠤᠨ ᠵᠥᠪ ᠣᠨᠣᠪᠴᠢᠲᠠᠶ ᠤᠳᠤᠷᠢᠳᠤᠯᠭ᠎ᠠ ᠳᠤᠤᠷ᠎ᠠ᠂ ᠪᠦᠬᠦ ᠠᠶᠢᠮᠠᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠦᠬᠦ ᠺᠠᠳ᠋ᠷ | ᠠᠵᠢᠯᠲᠠᠨ ᠠᠵᠢᠯᠴᠢᠨ ᠦᠷᠭᠦᠯᠵᠢᠯᠡᠨ ᠬᠦᠴᠢᠷ ᠵᠣᠪᠠᠭᠤᠷᠢ ᠶᠢ ᠳᠡᠰᠪᠦᠷᠢᠯᠡᠨ᠂ ᠰᠠᠶᠢᠳᠣᠷ ᠠᠵᠢᠯᠯᠠᠵᠦ᠂ ᠣᠨᠴᠠ | ᠬᠠᠷᠠᠮ ᠦᠭᠡᠢ ᠵᠣᠷᠢᠭᠤᠯᠬᠤ ᠰᠢᠯᠢᠳᠡᠭ ᠰᠤᠷᠲᠠᠯ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠨ᠂ ᠰᠢᠨᠵᠢᠯᠡᠬᠦ | ᠤᠬᠠᠭᠠᠨᠴᠢ ᠪᠠᠷ ᠠᠷᠭ᠎ᠠ ᠰᠦᠪᠡᠭᠴᠢᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠦ᠂ ᠵᠣᠷᠢᠭᠲᠠᠶ ᠪᠠᠷ ᠡᠭᠦᠷᠭᠡᠯᠡᠨ᠂ | ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠦ᠂ ᠬᠦᠴᠦᠯᠡᠨ ᠳᠡᠮᠡᠴᠡᠵᠦ᠂ | ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠶ ᠵᠢᠳᠬᠦᠨ ᠴᠢᠷᠮᠠᠶᠢᠵᠦ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠪᠠ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠵᠦ᠂ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠪᠠ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ ᠬᠤᠲᠠ ᠪᠠᠯᠭᠠᠰᠤᠨ ᠤ ᠬᠠᠮᠢᠶᠠᠷᠤᠯᠲᠠ | ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ ︽ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠ ᠭᠠᠴᠠᠭ᠎ᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠲᠦᠯᠬᠢᠨ ᠠᠬᠢᠭᠤᠯᠵᠦ᠂ ᠣᠷᠣᠨ ᠰᠠᠭᠤᠴᠠ ᠶᠢᠨ ᠪᠠᠲᠤᠯᠠᠭ᠎ᠠ ᠪᠠ ᠣᠷᠣᠰᠢᠨ ᠰᠠᠭᠤᠬᠤ ᠣᠷᠴᠢᠨ | ᠨᠥᠬᠦᠴᠡᠯ ᠤᠨ ᠰᠠᠶᠢᠵᠢᠷᠠᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠦᠢᠯᠡᠰ ᠪᠣᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ | ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠦ᠂ ᠪᠠᠷᠢᠯᠭ᠎ᠠ ᠶᠢᠨ ᠦᠢᠯᠡᠰ ᠪᠠ ᠪᠠᠷᠢᠯᠭ᠎ᠠ ᠶᠢᠨ ᠵᠠᠬ᠎ᠠ | ᠳᠡᠯᠭᠡᠭᠦᠷ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ | ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠦᠨ᠎ᠡ ᠶᠢ ᠳᠡᠭᠡᠭᠰᠢᠯᠡᠭᠦᠯᠬᠦ ᠶᠢ | ᠪᠥᠬᠦ ᠬᠦᠴᠦᠨ ᠢᠶᠠᠷ ᠠᠬᠢᠭᠤᠯᠵᠦ᠂ ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠪᠠᠷᠢᠯᠭ᠎ᠠ ᠶᠢᠨ ᠡᠨᠧᠷᠭᠢ | ᠠᠷᠪᠢᠯᠠᠬᠤ ᠬᠡᠷᠡᠭᠯᠡᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ | ᠪᠠ ︽ᠳᠠᠯᠪᠢᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠣᠨ᠎ᠠ᠃ 2026—2035 ᠣᠨ ᠤ ᠪᠥᠲᠥᠭᠡᠨ ᠪᠠᠶᠢᠭᠤᠯᠤᠯᠲᠠ ᠪᠠᠷ ᠳᠡᠮᠵᠢᠨ᠂ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ᠂ ᠬᠤᠲᠠ ᠪᠠᠯᠭᠠᠰᠤᠨ ᠤ ᠰᠠᠭᠤᠷᠢ ᠪᠡᠯᠡᠳᠬᠡᠮᠵᠢ᠂ ᠮᠠᠯᠵᠢᠬᠤ ᠲᠠᠷᠢᠶᠠᠯᠠᠬᠤ ᠣᠷᠣᠨ ᠤ | ᠣᠷᠴᠢᠨ ᠲᠣᠭᠤᠷᠢᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠶᠠᠰᠤ ᠴᠢᠨᠠᠷ᠂ ᠬᠤᠲᠠ ᠶᠢᠨ | ᠶᠡᠷᠦᠩᠬᠡᠶᠢᠯᠡᠭᠰᠡᠨ ᠵᠠᠰᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠨᠠᠩ ᠪᠥᠬᠦ ᠲᠠᠯ᠎ᠠ ᠶᠢᠨ᠂ ᠨᠠᠩ ᠴᠢᠨᠠᠷ | ᠰᠠᠶᠢᠲᠠᠶ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠡᠷᠡᠭᠦᠯ ᠢᠶᠠᠷ | ᠬᠥᠭᠵᠢᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠠᠷᠠᠳ | ᠲᠦᠮᠡᠨ ᠤ ᠵᠣᠯ ᠵᠢᠷᠭᠠᠯ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠳᠤᠮᠳᠠᠳᠤ ᠶᠢᠨ ᠬᠦᠰᠡᠯᠡᠩ ᠢ | ᠪᠡᠶᠡᠯᠡᠬᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ |