ᠡᠮᠦᠨᠡᠬᠢ ᠦᠭᠡ | ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | ᠠᠷᠪᠠᠨ ᠳᠥᠷᠪᠡᠳᠦᠭᠡᠷ ᠲᠠᠪᠤᠨ ᠵᠢᠯ﹀ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ︾᠂ ︽ᠠᠯᠠᠱᠠ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠬᠥᠲᠥᠯᠪᠦᠷᠢ︾ ᠶᠢ ᠦᠨᠳᠦᠰᠦᠯᠡᠨ᠂ ᠲᠣᠰ ᠲᠥᠯᠥᠪᠵᠢᠭᠦᠯᠭᠡ ᠶᠢ ᠨᠠᠶᠢᠷᠠᠭᠤᠯᠤᠨ ᠲᠣᠭᠲᠠᠭᠠᠪᠠ᠃ | ᠲᠥᠯᠥᠪᠵᠢᠭᠦᠯᠭᠡ ᠶᠢᠨ ᠬᠤᠭᠤᠴᠠᠭ᠎ᠠ ᠨᠢ 2021 ᠣᠨ ᠠᠴᠠ 2025 ᠣᠨ ᠪᠣᠯᠤᠨ᠎ᠠ᠃ ᠲᠣᠰ ᠲᠥᠯᠥᠪᠵᠢᠭᠦᠯᠭᠡ | ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠯᠠᠱᠠ ᠠᠶᠢᠮᠠᠭ ᠤᠨ ᠲᠥᠯᠥᠪᠵᠢᠭᠦᠯᠭᠡ ᠶᠢᠨ ᠰᠢᠰᠲ᠋ᠧᠮ ᠤᠨ | ᠴᠢᠬᠤᠯᠠ ᠪᠦᠷᠢᠯᠳᠦᠬᠦᠨ ᠬᠡᠰᠡᠭ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠥᠬᠦ | ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠵᠢᠯᠣᠭᠤᠳᠬᠤ | ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ | ᠨᠢᠭᠡᠳᠦᠭᠡᠷ ᠪᠦᠯᠦᠭ ᠲᠥᠯᠥᠪᠵᠢᠭᠦᠯᠭᠡ ᠶᠢᠨ ᠠᠬᠤᠶ ᠪᠠᠶᠢᠳᠠᠯ ᠬᠢᠭᠡᠳ ᠶᠡᠷᠦᠩᠬᠡᠶ ᠰᠡᠳᠬᠢᠴᠡ | ᠠᠯᠠᠱᠠ ᠠᠶᠢᠮᠠᠭ 1999 ᠣᠨ ᠠᠴᠠ ᠡᠬᠢᠯᠡᠨ ᠨᠡᠶᠢᠬᠡᠮ ᠤᠨ ᠨᠡᠶᠢᠳᠡᠮ ᠳᠦᠯᠦᠪᠯᠡᠬᠦ ᠪᠠ ᠬᠤᠪᠢ ᠬᠦᠮᠦᠨ ᠤ | ᠳᠠᠩᠰᠠᠨ ᠡᠷᠦᠬᠡ ᠶᠢ ᠣᠶᠠᠯᠳᠣᠭᠤᠯᠬᠤ ᠡᠮ ᠡᠮᠨᠡᠯᠭᠡ ᠶᠢᠨ ᠳᠠᠭᠠᠳᠬᠠᠯ ᠤᠨ ᠠᠵᠢᠯᠯᠠᠭᠠᠨ ᠤ ᠲᠣᠭᠲᠠᠴᠠ ᠶᠢ | ᠰᠦᠪᠡᠭᠴᠢᠯᠡᠵᠦ᠂ 2000 ᠣᠨ ᠠᠴᠠ ᠡᠬᠢᠯᠡᠨ ᠪᠥᠬᠦ ᠠᠶᠢᠮᠠᠭ ᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠦᠨᠳᠦᠰᠦᠨ ᠳᠠᠭᠠᠳᠬᠠᠯ ᠤᠨ ᠲᠦᠷᠢᠮ ᠢ ᠪᠠᠶᠢᠭᠤᠯᠪᠠ︔ 2003 ᠣᠨ ᠳᠤ ᠮᠠᠯᠵᠢᠬᠤ ᠲᠠᠷᠢᠶᠠᠯᠠᠬᠤ ᠣᠷᠣᠨ ᠤ | ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠦᠷᠢᠮ ᠤᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ | 2007 ᠣᠨ ᠳᠤ ᠪᠦᠬᠦ ᠲᠠᠯ᠎ᠠ ᠪᠠᠷ ᠪᠠᠶᠢᠭᠤᠯᠪᠠ︔ 2007 ᠣᠨ ᠳᠤ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠤᠨ ᠠᠵᠢᠯ ᠢ | ᠡᠬᠢᠯᠡᠭᠦᠯᠵᠦ᠂ 2008 ᠣᠨ ᠳᠤ ᠪᠦᠬᠦ ᠲᠠᠯ᠎ᠠ ᠪᠠᠷ ᠪᠠᠶᠢᠭᠤᠯᠪᠠ︔ 2016 ᠣᠨ ᠳᠤ ᠮᠠᠯᠵᠢᠬᠤ ᠲᠠᠷᠢᠶᠠᠯᠠᠬᠤ | ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠪᠣᠯᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠤᠶᠠᠷ ᠵᠦᠢᠯ ᠤᠨ ᠳᠦᠷᠢᠮ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠳᠦᠷᠢᠮ ᠢ | ᠪᠤᠶ ᠪᠣᠯᠭᠠᠪᠠ︔ 2020 ᠣᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ | ᠦᠷᠡᠵᠢᠯ ᠤᠨ ᠳᠠᠭᠠᠳᠬᠠᠯ ᠢ ᠨᠡᠶᠢᠯᠡᠭᠦᠯᠦᠨ ᠬᠡᠷᠡᠭᠵᠢᠬᠦᠯᠪᠡ᠃ 20 ᠭᠠᠷᠤᠶ ᠵᠢᠯ ᠤᠨ ᠬᠠᠶᠢᠨ ᠰᠥᠪᠡᠭᠴᠢᠯᠡᠯᠲᠡ ᠪᠠ | ᠦᠢᠯᠡᠳᠦᠯᠬᠡ ᠪᠠᠷ ᠳᠡᠮᠵᠢᠨ᠂ ᠪᠥᠬᠦ ᠠᠶᠢᠮᠠᠭ ᠢᠶᠠᠷ ᠢᠶᠠᠨ ᠪᠥᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ | ᠨᠢᠭᠡᠳᠦᠯᠲᠡᠶ ᠲᠥᠯᠥᠪᠯᠡᠭᠰᠡᠨ᠂ ᠡᠷᠬᠡ ᠬᠠᠷᠢᠭᠤᠴᠠᠯᠭ᠎ᠠ ᠲᠣᠳᠣᠷᠬᠠᠶ᠂ ᠪᠠᠲᠤᠯᠠᠭ᠎ᠠ ᠲᠣᠬᠢᠷᠠᠮᠵᠢᠲᠠᠶ᠂ ᠬᠥᠭᠵᠢᠯᠲᠡ | ᠦᠷᠭᠦᠯᠵᠢᠯᠡᠭᠰᠡᠨ ᠣᠯᠠᠨ ᠲᠠᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠪᠣᠷᠣ ᠲᠥᠯᠥᠪ ᠢ | ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ | ᠨᠢᠭᠡᠳᠦᠭᠡᠷ ᠬᠡᠰᠡᠭ ᠬᠥᠭᠵᠢᠯᠲᠡ ᠶᠢᠨ ᠠᠮᠵᠢᠯᠲᠠ ᠪᠦᠲᠦᠮᠵᠢ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠤᠨ ᠡᠮᠴᠢᠯᠡᠬᠡᠨ ᠤ | ᠪᠠᠲᠤᠯᠠᠭ᠎ᠠ ᠶᠢᠨ ᠰᠢᠰᠲ᠋ᠧᠮ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠦᠨᠳᠦᠰᠦᠨ ᠵᠦᠢᠯ ᠢ ᠪᠠᠲᠤᠯᠠᠬᠤ᠂ ᠦᠷᠭᠦᠯᠵᠢᠯᠡᠬᠦ᠂ | ᠠᠷᠠᠳ ᠤᠨ ᠵᠣᠪᠠᠨᠢᠯ ᠢ ᠰᠢᠢᠳᠪᠦᠷᠢᠯᠡᠬᠦ᠂ ᠥᠭᠡᠷᠡᠴᠢᠯᠡᠯᠲᠡ ᠶᠢ ᠠᠬᠢᠭᠤᠯᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ | ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠵᠢᠷᠤᠮᠵᠢᠯ ᠢ ᠴᠢᠬᠤᠯᠠᠴᠢᠯᠠᠵᠤ᠂ | ᠳᠡᠭᠡᠭᠰᠢᠯᠡᠯᠲᠡ ᠶᠢ ᠠᠬᠢᠭᠤᠯᠵᠤ᠂ ᠡᠮᠴᠢᠯᠡᠬᠡᠨ ᠤ ᠪᠠᠲᠤᠯᠠᠭ᠎ᠠ ᠶᠢᠨ ᠬᠦᠷᠢᠶᠡᠨ ᠤ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠲᠠᠰᠤᠷᠠᠯᠲᠠ ᠥᠬᠡᠶ ᠲᠡᠭᠦᠯᠳᠡᠷᠵᠢᠵᠦ᠂ ᠡᠮᠴᠢᠯᠡᠬᠡᠨ ᠤ ᠪᠠᠲᠤᠯᠠᠭ᠎ᠠ ᠶᠢᠨ ᠠᠵᠢᠯ ᠲᠦᠷᠭᠡᠨ | ᠬᠥᠭᠵᠢᠯᠲᠡ ᠲᠠᠢ ᠪᠣᠯᠵᠣ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠤᠯᠠᠮ ᠨᠢᠭᠡ ᠠᠯᠬᠤᠮ ᠳᠡᠭᠡᠭᠰᠢᠯᠡᠪᠡ᠃ | ᠨᠢᠭᠡ᠂ ᠳᠦᠷᠢᠮ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ | ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠰᠢᠰᠲ᠋ᠧᠮ ᠢ ᠪᠠᠶᠢᠭᠤᠯᠤᠨ ᠳᠡᠬᠦᠯᠳᠡᠷᠵᠢᠬᠦᠯᠪᠡ᠃ ᠠᠵᠢᠯᠲᠠᠨ | ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢᠶᠠᠷ | ᠭᠤᠤᠯ ᠴᠣᠭᠴᠠ ᠪᠣᠯᠭᠠᠭᠰᠠᠨ᠂ ᠬᠦᠨᠳᠦ ᠡᠪᠡᠳᠴᠢᠨ ᠤ ᠳᠠᠭᠠᠳᠬᠠᠯ᠂ ᠠᠯᠪᠠᠲᠠᠨ ᠤ ᠡᠮ ᠡᠮᠨᠡᠯᠭᠡ ᠶᠢᠨ ᠨᠥᠬᠦᠪᠥᠷᠢ | ᠵᠡᠷᠭᠡ ᠪᠠᠷ ᠨᠥᠬᠦᠪᠥᠷᠢ ᠪᠣᠯᠭᠠᠭᠰᠠᠨ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠪᠠᠷ ᠦᠨᠳᠦᠰᠦᠨ ᠵᠦᠢᠯ ᠢ | ᠪᠠᠲᠤᠯᠠᠭᠰᠠᠨ ᠣᠯᠠᠨ ᠳᠡᠰ ᠳᠠᠪᠬᠤᠷᠭ᠎ᠠ ᠶᠢᠨ ᠡᠮᠴᠢᠯᠡᠬᠡᠨ ᠤ ᠪᠠᠲᠤᠯᠠᠭ᠎ᠠ ᠶᠢᠨ ᠳᠦᠷᠢᠮ ᠤᠨ ᠰᠢᠰᠲ᠋ᠧᠮᠵᠢ ᠶᠢ | ᠦᠨᠳᠦᠰᠦᠨ ᠳᠡᠭᠡᠨ ᠪᠤᠶ ᠪᠣᠯᠭᠠᠪᠠ᠃ ᠦᠷᠡᠵᠢᠯ ᠤᠨ ᠳᠠᠭᠠᠳᠬᠠᠯ ᠪᠠ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠦᠨᠳᠦᠰᠦᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠡᠯᠡ | ᠴᠤᠭᠯᠠᠭᠤᠯᠵᠤ ᠰᠦᠢᠳᠬᠡᠯ ᠲᠤᠰᠢᠶᠠᠬᠤ ᠲᠣᠭᠲᠠᠴᠠ ᠶᠢ ᠪᠦᠷᠢᠨᠰᠢᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ | ᠳᠦᠷᠢᠮ ᠢ ᠳᠡᠬᠦᠯᠳᠡᠷᠵᠢᠬᠦᠯᠪᠡ᠃ | ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠪᠠ᠃ 2019 | ᠣᠨ ᠳᠤ ᠪᠥᠬᠦ ᠠᠶᠢᠮᠠᠭ ᠤᠨ ᠡᠯ᠎ᠡ ᠱᠠᠲᠤᠨ ᠤ ᠡᠮᠴᠢᠯᠡᠬᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ ᠡᠮᠨᠡᠯᠭᠡ ᠶᠢᠨ ᠦᠨ᠎ᠡ ᠬᠠᠩᠰᠢ᠂ | ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠵᠡᠷᠭᠡ ᠡᠭᠦᠷᠭᠡ | ᠴᠢᠳᠠᠪᠬᠢ ᠶᠢ ᠰᠢᠯᠢᠳᠡᠭᠵᠢᠭᠦᠯᠦᠨ ᠨᠡᠶᠢᠳᠬᠡᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠠᠶᠢᠮᠠᠭ ᠤᠨ ᠱᠠᠲᠤᠨ ᠠᠴᠠ | ᠨᠢᠭᠡᠳᠦᠯᠲᠡᠶ ᠲᠥᠯᠥᠪᠵᠢᠭᠦᠯᠬᠦ ᠶᠢ ᠪᠡᠶᠡᠯᠡᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠠᠶᠢᠮᠠᠭ ᠤᠨ ᠱᠠᠲᠤᠨ ᠤ | ᠨᠢᠭᠡᠳᠦᠯᠲᠡᠶ ᠲᠥᠯᠥᠪᠵᠢᠭᠦᠯᠬᠦ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠲᠥᠪᠯᠡᠷᠡᠩᠭᠦᠶ ᠨᠢᠭᠡᠳᠦᠯᠲᠡᠶ ᠡᠮᠴᠢᠯᠡᠬᠡᠨ ᠤ | ᠪᠠᠲᠤᠯᠠᠭ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠠᠩᠬ᠎ᠠ ᠠᠯᠬᠤᠮ ᠪᠠᠶᠢᠭᠤᠯᠪᠠ᠃ | ᠬᠤᠶᠠᠷ᠂ ᠳᠦᠷᠢᠮ ᠤᠨ ᠥᠭᠡᠷᠡᠴᠢᠯᠡᠯᠲᠡ ᠲᠠᠰᠤᠷᠠᠯᠲᠠ ᠤᠢᠭᠡᠢ ᠭᠦᠨᠵᠡᠭᠡᠶᠢᠷᠡᠪᠡ | ᠡᠮ ᠡᠮᠨᠡᠯᠭᠡ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠶᠢ ᠯᠠᠪᠳᠠᠭᠤᠨ ᠢᠶᠠᠷ | ᠬᠡᠷᠡᠭᠵᠢᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ | ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠲᠣᠭᠲᠠᠭᠤᠨ ᠢᠶᠠᠷ | ᠳᠡᠭᠡᠭᠰᠢᠯᠡᠭᠦᠯᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠪᠠ ᠬᠤᠪᠢ ᠬᠥᠮᠦᠨ ᠤ ᠰᠦᠢᠳᠬᠡᠯ | ᠲᠤᠰᠢᠶᠠᠬᠤ ᠬᠠᠷᠢᠴᠠᠯ ᠢ 2᠄ 1 ᠳᠤ ᠬᠦᠷᠭᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠳᠤ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ | ᠪᠠᠷᠢᠮᠵᠢᠶ᠎ᠠ ᠶᠢ 1 . 4 ᠲᠦᠮᠡᠨ ᠲᠥᠭᠦᠷᠢᠭ ᠬᠡᠷᠡᠭᠵᠢᠭᠦᠯᠵᠦ᠂ ᠬᠡᠰᠡᠭ ᠬᠤᠪᠢᠶᠠᠨ ᠲᠠᠩᠰᠠ ᠲᠠᠶᠢᠯᠬᠤ ᠬᠠᠷᠢᠴᠠᠯ ᠢ 5 | % ᠪᠠᠷ ᠳᠡᠭᠡᠭᠰᠢᠯᠡᠭᠦᠯᠵᠦ᠂ 60 % ᠳᠤ ᠬᠦᠷᠭᠡᠪᠡ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠦᠷᠡᠵᠢᠯ ᠤᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠶᠢ | ᠠᠬᠢᠭᠤᠯᠵᠤ᠂ ᠠᠵᠢᠯᠲᠠᠨ ᠠᠵᠢᠯᠴᠢᠨ ᠤ ᠦᠷᠡᠵᠢᠯ ᠤᠨ ᠪᠠᠲᠤᠯᠠᠭ᠎ᠠ ᠶᠢᠨ ᠬᠠᠷᠠᠭᠠᠯᠵᠠᠯ ᠢ ᠬᠤᠪᠢᠷᠠᠭᠤᠯᠬᠤ ᠥᠬᠡᠶ᠂ | ᠲᠦᠷᠢᠮ ᠢ ᠦᠷᠭᠦᠯᠵᠢᠯᠡᠭᠦᠯᠬᠦ ᠶᠢ ᠦᠨᠡᠨ ᠬᠦ ᠪᠠᠳᠣᠯᠠᠪᠠ᠃ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ | ᠡᠪᠡᠳᠴᠢᠨ᠂ ᠰᠢᠬᠢᠷ ᠰᠢᠵᠢᠩ ᠡᠪᠡᠳᠴᠢᠨ ᠢ ︽ᠬᠤᠶᠠᠷ ᠡᠪᠡᠳᠴᠢᠨ︾ ᠤ ᠪᠠᠲᠤᠯᠠᠭ᠎ᠠ ᠶᠢᠨ ᠲᠣᠭᠲᠠᠴᠠ ᠳᠤ | ᠣᠷᠣᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ︽ᠬᠤᠶᠠᠷ ᠡᠪᠡᠳᠴᠢᠨ︾ ᠤ ᠡᠪᠡᠳᠴᠢᠲᠡᠨ ᠤ | ᠡᠮᠴᠢᠯᠡᠭᠡᠨ ᠤ ᠳᠠᠷᠤᠭᠠᠰᠤ ᠶᠢ ᠦᠨᠡᠨᠬᠦ ᠬᠦᠩᠭᠡᠷᠡᠬᠦᠯᠪᠡ᠃ ᠬᠤᠲᠠ ᠪᠠᠯᠭᠠᠰᠤ ᠶᠢᠨ ᠠᠵᠢᠯᠲᠠᠨ ᠠᠵᠢᠯᠴᠢᠳ ᠤᠨ | ᠦᠨᠳᠦᠰᠦᠨ ᠡᠮᠴᠢᠯᠡᠭᠡ ︵ᠦᠷᠡᠵᠢᠯ︶ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠳᠤ | ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ | ᠨᠢᠭᠡᠴᠡ ᠳᠤ ᠠᠵᠢᠯ ᠣᠯᠤᠭᠰᠠᠳ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠨᠢᠭᠡᠳᠦᠯᠲᠡᠶ ᠬᠡᠷᠡᠭᠯᠡᠨ᠂ ᠵᠢᠯ | ᠪᠦᠷᠢ ᠠᠵᠤ ᠠᠬᠤᠶᠢᠯᠠᠯ ᠤᠨ ᠳᠠᠷᠤᠭᠠᠰᠤ ᠶᠢ 2500 ᠲᠦᠮᠡᠨ ᠲᠥᠭᠦᠷᠢᠭ ᠣᠷᠴᠢᠮ ᠬᠦᠩᠬᠡᠷᠡᠬᠦᠯᠪᠡ᠃ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠣᠯᠠᠨ ᠶᠠᠩᠵᠤ ᠶᠢᠨ ᠪᠣᠯᠭᠠᠪᠠ᠃ | ᠶᠡᠷᠦᠩᠬᠡᠶ ᠲᠣᠭᠠᠨ ᠤ ᠲᠥᠰᠦᠪ ᠤᠨ ᠬᠠᠮᠢᠶᠠᠷᠤᠯᠲᠠ ᠳᠤᠤᠷᠠᠬᠢ ᠡᠪᠡᠳᠴᠢᠨ ᠤ ᠲᠥᠷᠥᠯ ᠢᠶᠠᠷ ᠵᠠᠷᠤᠳᠠᠯ | ᠲᠤᠰᠢᠶᠠᠬᠤ ᠪᠠᠷ ᠭᠤᠤᠯ ᠪᠣᠯᠭᠠᠵᠤ᠂ ᠬᠥᠮᠦᠨ ᠤ ᠲᠤᠭ᠎ᠠ᠂ ᠡᠪᠡᠳᠴᠢᠲᠡᠨ ᠤ ᠣᠷᠣ ᠶᠢᠨ ᠡᠳᠦᠷ ᠢᠶᠠᠷ ᠵᠠᠷᠤᠳᠠᠯ | ᠲᠤᠰᠢᠶᠠᠬᠤ ᠵᠡᠷᠭᠡ ᠣᠯᠠᠨ ᠵᠦᠢᠯ ᠤᠨ ᠵᠠᠷᠤᠳᠠᠯ ᠲᠤᠰᠢᠶᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠪᠥᠬᠦ ᠠᠶᠢᠮᠠᠭ ᠤᠨ | ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠭᠠᠷ ᠤᠨ ᠥᠰᠥᠭ ᠵᠢᠷᠤᠭᠰᠠᠨ ᠡᠪᠡᠳᠴᠢᠨ ᠤ ᠲᠥᠷᠥᠯ ᠤᠨ ᠲᠤᠭ᠎ᠠ ᠨᠢ | 154 ᠵᠦᠢᠯ ᠪᠠᠶᠢᠵᠤ᠂ ᠨᠢᠭᠡᠨᠲᠡ ᠭᠠᠷᠤᠭᠰᠠᠨ ᠲᠠᠩ ᠡᠪᠡᠳᠴᠢᠨ ᠤ ᠲᠥᠷᠥᠯ ᠤᠨ ᠵᠠᠷᠤᠳᠠᠯ ᠲᠤᠰᠢᠶᠠᠬᠤ | ᠡᠪᠡᠳᠴᠢᠨ ᠤ ᠲᠥᠷᠥᠯ ᠤᠨ ᠲᠤᠭ᠎ᠠ ᠨᠢ 135 ᠵᠦᠢᠯ ᠪᠠᠶᠢᠵᠤ᠂ ᠤᠬᠤᠷᠢᠨ ᠭᠠᠷᠬᠤ ᠨᠣᠷᠮ᠎ᠠ ︵ᠤᠨᠳᠤᠤᠰᠢᠬᠤ | ᠨᠣᠷᠮ᠎ᠠ︶ ᠨᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 20 % ᠠᠴᠠ ᠬᠡᠲᠦᠷᠡᠭᠰᠡᠨ ᠥᠬᠡᠶ᠃ | ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢ ᠪᠥᠬᠦ ᠣᠷᠣᠨ ᠤ DRG ᠲᠣᠭᠠᠴᠠᠭ᠎ᠠ ᠬᠢᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠨᠢᠭᠡᠴᠡ ᠪᠠᠷ ᠲᠣᠭᠲᠠᠭᠠᠪᠠ᠃ | ᠡᠮ ᠲᠠᠩ ᠪᠠᠭᠠᠵᠢ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ ᠦᠷᠭᠦᠯᠵᠢᠯᠡᠨ ᠠᠬᠢᠭᠤᠯᠪᠠ᠃ | ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢ ᠴᠢᠩᠭᠠᠳᠬᠠᠵᠤ᠂ 2020 | ᠣᠨ ᠳᠤ ᠪᠥᠬᠦ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠠᠪᠴᠠᠩ ᠤᠨ ᠡᠮ ᠤᠨ | ᠵᠦᠢᠯ ᠬᠤᠳᠠᠯᠳᠤᠨ ᠠᠪᠬᠤ ᠳᠤ ᠣᠷᠣᠯᠴᠠᠭᠰᠠᠨ ᠡᠮᠴᠢᠯᠡᠭᠡᠨ ᠤ ᠪᠠᠶᠢᠭᠤᠯᠤᠮᠵᠢ 62 ᠪᠣᠯᠵᠣ᠂ 8 ᠡᠮ ᠤᠨ ᠵᠦᠢᠯ | ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠣᠷᠣᠯᠴᠠᠵᠤ᠂ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ | 33172 . 4 ᠲᠦᠮᠡᠨ ᠲᠥᠭᠦᠷᠢᠭ᠂ ᠳᠣᠭᠢᠷᠠᠭᠤᠯᠤᠨ ᠬᠦᠷᠭᠡᠭᠰᠡᠨ ᠵᠣᠭᠤᠰ ᠤᠨ ᠲᠤᠭ᠎ᠠ ᠨᠢ 32976 . 4 | ᠲᠦᠮᠡᠨ ᠲᠥᠭᠦᠷᠢᠭ ᠲᠤ ᠬᠦᠷᠴᠡᠶ᠃ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠡᠮᠴᠢᠯᠡᠭᠡᠨ ᠤ ᠪᠠᠶᠢᠭᠤᠯᠤᠮᠵᠢ | 49᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ 413 ᠳᠤ ᠣᠷᠣᠯᠴᠠᠵᠤ᠂ ᠬᠤᠳᠠᠯᠳᠤᠨ ᠠᠪᠬᠤ ᠵᠣᠭᠤᠰ ᠤᠨ | ᠲᠤᠭ᠎ᠠ 3634 ᠲᠦᠮᠡᠨ ᠲᠥᠭᠦᠷᠢᠭ᠂ ᠲᠣᠬᠢᠷᠠᠭᠤᠯᠤᠨ ᠬᠦᠷᠭᠡᠬᠦ ᠵᠣᠭᠤᠰ ᠤᠨ ᠲᠤᠭ᠎ᠠ 3585 ᠲᠦᠮᠡᠨ | ᠲᠥᠭᠦᠷᠢᠭ ᠪᠣᠯᠤᠨ᠎ᠠ᠃ 59 ᠡᠮᠴᠢᠯᠡᠭᠡᠨ ᠤ ᠪᠠᠶᠢᠭᠤᠯᠤᠮᠵᠢ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠤᠨ | ᠵᠦᠢᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠠᠵᠢᠯ ᠳᠤ ᠣᠷᠣᠯᠴᠠᠵᠤ᠂ ᠬᠤᠳᠠᠯᠳᠤᠨ | ᠠᠪᠤᠭᠰᠠᠨ ᠵᠣᠭᠤᠰ ᠤᠨ ᠲᠤᠭ᠎ᠠ ᠨᠢ 3712 . 6 ᠲᠦᠮᠡᠨ ᠲᠥᠭᠦᠷᠢᠭ᠂ ᠳᠣᠭᠢᠷᠠᠭᠤᠯᠤᠨ ᠬᠦᠷᠭᠡᠭᠰᠡᠨ ᠵᠣᠭᠤᠰ ᠤᠨ | ᠲᠤᠭ᠎ᠠ ᠨᠢ 3686 . 1 ᠲᠦᠮᠡᠨ ᠲᠥᠭᠦᠷᠢᠭ ᠪᠣᠯᠭᠠᠪᠠ᠃ | ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠨᠡᠩ ᠠᠷᠠᠳ ᠲᠤ ᠠᠰᠢᠭ ᠬᠦᠷᠲᠡᠭᠡᠪᠡ᠃ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠤᠨ ᠨᠡᠮᠡᠭᠦᠷᠢ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠵᠤ᠂ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠬᠠᠩᠰᠢ ᠶᠢ ᠵᠡᠷᠭᠡ ᠳᠤᠨᠢ ᠳᠣᠭᠢᠷᠠᠭᠤᠯᠵᠤ᠂ ᠪᠥᠬᠦ ᠠᠶᠢᠮᠠᠭ ᠤᠨ 54 ᠡᠮᠴᠢᠯᠡᠭᠡᠨ ᠤ | ᠪᠠᠶᠢᠭᠤᠯᠤᠮᠵᠢ ᠰᠢᠰᠲ᠋ᠧᠮ ᠤᠨ ᠭᠠᠷᠴᠠᠭ ︵2020 ᠣᠨ ᠤ ᠬᠡᠪᠯᠡᠯ︶ ᠤᠨ ᠰᠣᠯᠢᠯᠲᠠ ᠶᠢ ᠠᠮᠵᠢᠯᠲᠠ ᠲᠠᠢ | ᠪᠡᠶᠡᠯᠡᠭᠦᠯᠵᠦ᠂ ᠣᠯᠠᠨ ᠲᠦᠮᠡᠨ ᠤ ᠡᠮᠴᠢᠯᠡᠭᠡᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ ᠡᠮᠴᠢᠯᠡᠭᠡ ᠶᠢᠨ | ᠦᠢᠯᠡᠴᠢᠯᠡᠭᠡᠨ ᠤ ᠦᠨ᠎ᠡ ᠬᠠᠩᠰᠢ ᠶᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡ ᠶᠢᠨ ᠦᠨᠳᠦᠰᠦᠨ ᠦᠢᠯᠡᠴᠢᠯᠡᠭᠡᠨ ᠤ ᠦᠨ᠎ᠡ | ᠬᠠᠩᠰᠢ ᠳᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠡᠷᠡᠭᠵᠢᠭᠦᠯᠵᠦ᠂ ᠡᠮᠴᠢᠯᠡᠭᠡ ᠶᠢᠨ ᠦᠨᠳᠦᠰᠦᠨ ᠪᠤᠰᠤ | ᠦᠢᠯᠡᠴᠢᠯᠡᠭᠡᠨ ᠳᠤ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠶᠢ ᠬᠡᠷᠡᠭᠵᠢᠬᠦᠯᠪᠡ᠃ | ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠲᠠᠰᠤᠷᠠᠯᠲᠠ ᠥᠬᠡᠶ ᠴᠢᠩᠭᠠᠷᠠᠪᠠ᠃ ᠪᠥᠬᠦ | ᠣᠷᠣᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ︽ | ᠠᠯᠠᠱᠠ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠲᠥᠪ︾ ᠢ ᠲᠦᠷᠦᠭᠦᠯᠡᠨ | ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ | ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠢ ᠬᠢᠨᠠᠨ | ᠬᠠᠷᠭᠤᠭᠤᠯᠬᠤ ᠵᠡᠷᠭᠡ ᠭᠤᠷᠪᠠᠨ ᠵᠦᠢᠯ ᠤᠨ ᠲᠦᠷᠢᠮ ᠢ ᠲᠣᠭᠲᠠᠭᠠᠨ ᠬᠡᠷᠡᠭᠵᠢᠭᠦᠯᠵᠦ᠂ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠪᠡ᠃ ᠣᠶᠤᠨᠴᠢ ᠪᠠᠷ | ᠬᠢᠨᠠᠨ ᠡᠵᠡᠮᠳᠡᠬᠦ᠂ ᠨᠢᠰᠬᠡᠯ ᠢᠶᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠳᠠᠭᠠᠳᠬᠠᠯ ᠢ ᠮᠡᠬᠡᠯᠡᠨ ᠠᠪᠬᠤ | ᠪᠠ ᠮᠡᠬᠡᠯᠡᠬᠦ ᠳᠤ ᠴᠢᠩᠭ᠎ᠠ ᠴᠣᠬᠢᠯᠲᠠ ᠥᠭᠴᠦ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠪᠠ᠃ | ᠢᠯᠡᠴᠢᠯᠡᠨ ᠮᠡᠳᠡᠭᠦᠯᠬᠦ ᠣᠳᠠᠰᠣ ᠳᠣᠬᠢᠷᠠᠭᠤᠯᠵᠦ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ᠶᠢ | ᠨᠠᠶᠢᠳᠠᠪᠤᠷᠢᠵᠢᠭᠤᠯᠤᠨ᠂ ᠳᠦᠷᠢᠮ ᠢ ᠵᠢᠷᠤᠮᠯᠠᠬᠤ ᠶᠢ ᠣᠶᠤᠨᠴᠢ ᠪᠠᠷ ᠬᠢᠨᠠᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ | ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠮᠡᠳᠡᠭᠡ ᠵᠠᠩᠭᠢ ᠨᠡᠶᠢᠲᠡᠯᠡᠬᠦ | ᠳᠦᠷᠢᠮ ᠢ ᠨᠠᠶᠢᠳᠠᠪᠣᠷᠢᠵᠢᠭᠤᠯᠪᠠ᠃ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠬᠤᠯᠪᠣᠭᠠᠯᠠᠨ | ᠵᠠᠯᠬᠠᠭᠠᠬᠤ ᠶᠢ ᠬᠡᠷᠡᠭᠵᠢᠭᠦᠯᠵᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠪᠠ᠃ | ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠳᠦᠷᠢᠮ ᠠᠯᠬᠤᠮ ᠠᠯᠬᠤᠮ ᠢᠶᠠᠷ ᠲᠡᠭᠦᠯᠳᠡᠷᠵᠢᠪᠡ᠃ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠬᠤ | ᠵᠢᠴᠢ ᠡᠮᠴᠢᠯᠡᠭᠡᠨ ᠤ ᠪᠠᠲᠤᠯᠠᠭ᠎ᠠ ᠶᠢᠨ ᠪᠦᠷᠢᠳᠬᠡᠨ ᠵᠠᠳᠠᠯᠬᠤ ᠲᠦᠷᠢᠮ ᠢ ᠨᠠᠶᠢᠳᠠᠪᠤᠷᠢᠵᠢᠭᠤᠯᠵᠤ᠂ ᠰᠠᠭᠤᠷᠢ | ᠮᠥᠩᠭᠦ ᠶᠢᠨ ᠠᠵᠢᠯᠯᠠᠭᠠᠨ ᠤ ᠪᠠᠶᠢᠳᠠᠯ ᠢ ᠶᠡᠷᠦᠩᠬᠡᠶ ᠳᠤᠨᠢ ᠡᠵᠡᠮᠳᠡᠨ᠂ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠳᠤ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠬᠠᠩᠭᠠᠪᠠ᠃ ᠰᠠᠭᠤᠷᠢ ᠮᠥᠩᠭᠦ ᠶᠢᠨ ᠲᠥᠰᠦᠪ᠂ | ᠲᠥᠰᠦᠪ ᠤᠨ ᠭᠦᠢᠴᠡᠳᠬᠡᠯ ᠢ ᠨᠠᠢᠷᠠᠭᠤᠯᠤᠨ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠰᠠᠭᠤᠷᠢ ᠮᠥᠩᠭᠦ ᠶᠢᠨ | ᠲᠥᠰᠦᠪ ᠪᠠ ᠲᠥᠰᠦᠪ ᠤᠨ ᠭᠦᠢᠴᠡᠳᠬᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠠᠶᠢᠮᠠᠭ ᠤᠨ | ᠡᠮᠴᠢᠯᠡᠬᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠦᠨᠡᠨ | ᠪᠣᠳᠠᠲᠠᠢ᠂ ᠣᠨᠣᠪᠴᠢᠲᠠᠢ᠂ ᠪᠦᠷᠢᠨ ᠪᠦᠲᠦᠨ ᠪᠠᠶᠢᠬᠤ ᠶᠢ ᠪᠠᠳᠣᠯᠠᠪᠠ᠃ | ᠭᠤᠷᠪᠠ᠂ ᠡᠷᠡᠭᠦᠯ ᠡᠩᠬᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠪᠡ | ᠡᠮᠴᠢᠯᠡᠬᠡᠨ ᠤ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ 2020 ᠣᠨ ᠳᠤ᠂ | ᠪᠥᠬᠦ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 204765 ᠬᠥᠮᠦᠨ | ᠪᠠᠶᠢᠵᠤ᠂ ᠡᠭᠦᠨ ᠳᠤ ᠠᠵᠢᠯᠲᠠᠨ ᠠᠵᠢᠯᠴᠢᠨ 92407 ᠬᠥᠮᠦᠨ᠂ ᠰᠠᠭᠤᠭᠠᠯᠢ ᠠᠷᠠᠳ 112358 ᠬᠥᠮᠦᠨ | ᠪᠠᠶᠢᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 95 % ᠠᠴᠠ ᠳᠡᠭᠡᠭᠰᠢ ᠳᠤ ᠬᠦᠷᠴᠡᠶ᠃ ᠪᠥᠬᠦ ᠠᠶᠢᠮᠠᠭ ᠤᠨ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠦᠯᠡᠳᠡᠪᠦᠷᠢ | ᠨᠡᠶᠢᠲᠡ 4 . 61 ᠳ᠋ᠦᠩᠰᠢᠭᠤᠷ ᠲᠥᠭᠦᠷᠢᠭ᠂ ᠬᠤᠪᠢ ᠬᠥᠮᠦᠨ ᠤ ᠲᠠᠩᠰᠠᠨ ᠡᠷᠦᠬᠡ ᠶᠢᠨ ᠦᠯᠡᠳᠡᠪᠦᠷᠢ 3 . 37 | ᠳ᠋ᠦᠩᠰᠢᠭᠤᠷ ᠲᠥᠭᠦᠷᠢᠭ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠨᠥᠬᠦᠪᠥᠷᠢ ᠨᠡᠶᠢᠲᠡ ᠦᠯᠡᠳᠡᠪᠦᠷᠢ ᠨᠡᠶᠢᠲᠡ 0 . 87 ᠳ᠋ᠦᠩᠰᠢᠭᠤᠷ ᠲᠥᠭᠦᠷᠢᠭ ᠪᠣᠯᠤᠨ᠎ᠠ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠦᠯᠡᠳᠡᠪᠦᠷᠢ ᠨᠡᠶᠢᠲᠡ 0 . | 86 ᠳ᠋ᠦᠩᠰᠢᠭᠤᠷ ᠲᠥᠭᠦᠷᠢᠭ ᠪᠠᠶᠢᠵᠤ᠂ ᠰᠠᠭᠤᠷᠢ ᠮᠥᠩᠭᠦ ᠶᠢᠨ ᠠᠵᠢᠯᠯᠠᠭᠠᠨ ᠲᠣᠭᠲᠠᠭᠤᠨ ᠪᠥᠭᠡᠳ ᠦᠷᠭᠦᠯᠵᠢᠯᠡᠵᠦ | ᠪᠠᠶᠢᠨ᠎ᠠ᠃ ᠠᠵᠢᠯᠲᠠᠨ ᠠᠵᠢᠯᠴᠢᠨ ᠪᠣᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠡᠮᠨᠡᠯᠭᠡ ᠳᠤ ᠰᠠᠭᠤᠭᠰᠠᠨ | ᠵᠠᠷᠤᠳᠠᠯ ᠤᠨ ᠥᠭᠬᠦ ᠬᠠᠷᠢᠴᠠᠯ ᠢ 76 % ᠪᠠ 61 % ᠣᠷᠴᠢᠮ ᠳᠤ ᠲᠣᠭᠲᠠᠭᠤᠨ ᠪᠠᠶᠢᠯᠭᠠᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠤ ᠡᠭᠦᠳᠡᠨ | ᠡᠮᠨᠡᠯᠭᠡ ᠳᠤ ᠬᠡᠷᠡᠭᠯᠡᠬᠦ ᠡᠮ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠥᠭᠬᠦ ᠬᠠᠷᠢᠴᠠᠯ ᠢ 50 | % ᠠᠴᠠ ᠳᠡᠭᠡᠭᠰᠢ ᠳᠤ ᠬᠦᠷᠦᠭᠦᠯᠵᠦ᠂ ᠣᠯᠭᠤᠮᠵᠢ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠬᠦᠯᠪᠡ᠃ | ᠡᠮᠨᠡᠯᠭᠡ ᠶᠢᠨ ᠳᠠᠭᠠᠳᠬᠠᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ | ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠣᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ | ᠲᠥᠰᠦᠯ ︵2018—2020 ᠣᠨ︶︾ ᠢ ᠨᠠᠶᠢᠳᠠᠪᠤᠷᠢᠵᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ | ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡ ᠪᠠᠷ ᠠᠪᠤᠷᠠᠨ ᠲᠤᠰᠠᠯᠠᠬᠤ ᠭᠤᠷᠪᠠᠨ ᠴᠢᠬᠤᠯᠠ ᠲᠦᠷᠢᠮ ᠤᠨ | ᠪᠠᠲᠤᠯᠠᠭ᠎ᠠ ᠶᠢ ᠲᠡᠭᠦᠯᠳᠡᠷᠵᠢᠭᠦᠯᠦᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠪᠠᠲᠤᠯᠠᠪᠠᠰᠤ ᠵᠣᠬᠢᠬᠤ ᠶᠢ ᠨᠢ | ᠴᠢᠳᠠᠬᠤ ᠶᠢᠨ ᠬᠢᠷᠢ ᠪᠠᠷ ᠪᠠᠲᠤᠯᠠᠬᠤ ᠶᠢ ᠪᠡᠶᠡᠯᠡᠬᠦᠯᠪᠡ᠃ ᠬᠦᠨᠳᠦ ᠡᠪᠡᠳᠴᠢᠨ ᠤ ᠳᠠᠭᠠᠳᠬᠠᠯ ᠢ ᠲᠠᠩᠰᠠ ᠪᠠ | ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠳᠠᠰᠢ ᠬᠡᠯᠪᠠᠶᠢᠯᠭᠡᠬᠦ ᠡᠷᠴᠢᠮ ᠢ ᠴᠢᠩᠭᠠᠷᠠᠭᠤᠯᠵᠤ᠂ ᠡᠬᠢᠯᠡᠵᠦ | ᠳᠥᠯᠥᠬᠦ ᠪᠠᠷᠢᠮᠵᠢᠶ᠎ᠠ ᠶᠢ 50 % ᠪᠠᠷ ᠪᠠᠭᠤᠷᠠᠭᠤᠯᠤᠨ᠂ ᠳᠥᠯᠥᠬᠦ ᠬᠠᠷᠢᠴᠠᠯ ᠢ 5 ᠵᠠᠭᠤᠨ ᠤ ᠴᠡᠭ ᠢᠶᠠᠷ | ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠲᠠᠩᠰᠠ ᠲᠠᠶᠢᠯᠬᠤ ᠬᠠᠷᠢᠴᠠᠯ ᠢ 65 % ᠠᠴᠠ | ᠳᠤᠤᠷ᠎ᠠ ᠪᠠᠶᠢᠯᠭᠠᠵᠤ ᠪᠣᠯᠬᠤ ᠥᠬᠡᠶ᠂ ᠳᠡᠭᠡᠳᠦ ᠬᠢᠵᠠᠭᠠᠷ ᠱᠤᠭᠤᠮ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠪᠠ᠃ | ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠬᠤᠰᠢᠭᠤᠨ ︵ᠣᠷᠣᠨ︶ ᠤ ᠬᠡᠪᠴᠢᠶᠡᠨ ᠳᠤ | ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠰᠠᠭᠤᠵᠤ ᠡᠮᠨᠡᠯᠭᠡ ᠳᠤ ᠰᠠᠭᠤᠬᠤ ᠳᠤ ︽ᠤᠷᠢᠳᠠᠪᠠᠷ ᠣᠨᠣᠰᠢᠯᠠᠨ | ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ︾ ᠪᠠ ︽ᠨᠢᠭᠡ ᠥᠷᠲᠡᠭᠡᠴᠢᠯᠡᠭᠰᠡᠨ ᠦᠢᠯᠡᠴᠢᠯᠡᠭᠡ᠂ ᠨᠢᠭᠡ | ᠴᠣᠩᠬᠤᠪᠴᠢ ᠪᠠᠷ ᠬᠦᠢᠴᠡᠳᠭᠡᠬᠦ᠂ ᠨᠢᠭᠡ ᠬᠠᠭᠤᠳᠠᠰᠤ ᠪᠠᠷ ᠳ᠋ᠦᠩᠨᠡᠨ ᠪᠤᠳᠤᠬᠤ︾ ᠶᠢ ᠪᠡᠶᠡᠯᠡᠬᠦᠯᠪᠡ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠢᠳᠡᠪᠬᠢᠲᠡᠢ ᠠᠷᠭᠠᠴᠠᠭᠠᠪᠠ᠃ | ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ | ᠲᠥᠷᠥ ᠶᠢᠨ ᠪᠣᠳᠣᠯᠭ᠎ᠠ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ | ᠬᠡᠪᠴᠢᠶᠡᠨ ᠳᠤ ᠣᠷᠣᠭᠤᠯᠵᠤ᠂ 860 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠶᠢ ᠤᠷᠢᠳᠴᠢᠯᠠᠨ | ᠪᠠᠭᠤᠯᠭᠠᠵᠤ᠂ ᠡᠪᠡᠳᠴᠢᠲᠡᠨ ᠤ ᠵᠠᠷᠤᠳᠠᠯ ᠤᠨ ᠠᠰᠠᠭᠤᠳᠠᠯ ᠠᠴᠠ ᠪᠣᠯᠵᠣ ᠡᠮᠨᠡᠭᠦᠯᠬᠦ ᠶᠢ ᠨᠥᠯᠥᠭᠡᠯᠡᠬᠦ ᠥᠬᠡᠶ | ᠪᠠᠶᠢᠬᠤ ᠶᠢ ᠦᠨᠡᠨ ᠬᠦ ᠪᠠᠲᠤᠯᠠᠵᠤ᠂ ᠭᠥᠯᠢᠶᠡᠨ ᠠᠪᠴᠤ ᠡᠮᠨᠡᠨ ᠵᠠᠰᠠᠬᠤ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠠᠴᠠ ᠪᠣᠯᠵᠣ ᠡᠮᠨᠡᠨ ᠠᠪᠤᠷᠬᠠᠤ ᠶᠢ ᠨᠥᠯᠥᠭᠡᠯᠡᠬᠦ | ᠥᠬᠡᠶ ᠪᠠᠶᠢᠬᠤ ᠶᠢ ᠦᠨᠡᠨ ᠬᠦ ᠪᠠᠲᠤᠯᠠᠪᠠ᠃ ︽ᠬᠠᠰᠤᠵᠤ ᠲᠠᠲᠠᠪᠤᠷᠢᠯᠠᠬᠤ︾ ︽ᠬᠤᠶᠢᠰᠢᠯᠠᠭᠤᠯᠤᠨ ᠲᠠᠲᠠᠪᠤᠷᠢᠯᠠᠬᠤ︾ | ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠬᠢᠵᠢᠭ ᠤᠨ ᠬᠤᠭᠤᠴᠠᠭᠠᠨ ᠳᠤ ᠨᠡᠶᠢᠲᠡ 3207 ᠲᠦᠮᠡᠨ ᠲᠥᠭᠦᠷᠢᠭ ᠤᠨ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢ ᠬᠠᠰᠤᠵᠤ ᠲᠠᠲᠠᠪᠤᠷᠢᠯᠠᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ | ᠵᠢᠷᠭᠤᠭ᠎ᠠ ᠶᠢ ᠪᠠᠲᠤᠯᠠᠬᠤ︾ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠳᠠᠷᠤᠭᠠᠰᠤ ᠶᠢ ᠬᠦᠴᠦᠲᠡᠶ ᠬᠥᠩᠭᠡᠷᠡᠭᠦᠯᠵᠦ᠂ ᠠᠵᠤ ᠠᠬᠤᠶᠢᠯᠠᠯ ᠤᠨ ᠠᠯᠢ ᠲᠦᠷᠭᠡᠨ ᠢᠶᠠᠷ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠪᠠ᠃ | ᠳᠥᠷᠪᠡ᠂ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠬᠦᠯᠪᠡ | ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠵᠢᠷᠣᠮᠵᠢᠭᠤᠯᠪᠠ᠃ ᠪᠥᠬᠦ | ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠤᠨ ᠨᠠᠷᠢᠨ | ᠬᠠᠭᠤᠳᠠᠰᠤ ᠶᠢ ᠨᠢᠭᠡᠳᠬᠡᠵᠦ᠂ ᠬᠦᠢᠴᠡᠳᠭᠡᠬᠦ ᠮᠠᠲ᠋ᠧᠷᠢᠶᠠᠯ᠂ ᠠᠵᠢᠯ ᠶᠠᠪᠤᠳᠠᠯ ᠬᠦᠢᠴᠡᠳᠭᠡᠬᠦ ᠴᠤᠪᠤᠷᠠᠯ ᠢ | ᠴᠣᠮᠬᠠᠳᠬᠠᠨ᠂ ᠬᠦᠢᠴᠡᠳᠭᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠣᠯᠠᠨ ᠨᠡᠶᠢᠲᠡ ᠶᠢᠨ ᠦᠢᠯᠡᠴᠢᠯᠡᠭᠡ ᠶᠢ | ᠲᠠᠰᠤᠷᠠᠯᠲᠠ ᠥᠬᠡᠶ ᠰᠢᠯᠢᠳᠡᠭᠵᠢᠬᠦᠯᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ | ᠳᠠᠭᠠᠳᠬᠠᠯ ᠤᠨ ᠨᠠᠶᠢᠳᠠᠯᠭ᠎ᠠ ᠶᠢᠨ ᠬᠤᠳᠠᠯᠳᠤᠭᠠᠨ ᠤ ᠳᠠᠭᠠᠳᠬᠠᠯ ᠢ ᠭᠠᠷᠲᠠᠨ ᠭᠦᠢᠴᠡᠳᠭᠡᠬᠦ ᠦᠢᠯᠡᠴᠢᠯᠡᠭᠡ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ | ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠳᠡᠬᠦᠯᠳᠡᠷᠵᠢᠬᠦᠯᠪᠡ᠃ | ᠪᠥᠬᠦ ᠠᠶᠢᠮᠠᠭ ᠤᠨ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠦᠭᠰᠡᠨ ᠡᠮᠨᠡᠯᠭᠡ ᠳᠤ ᠰᠠᠭᠤᠭᠰᠠᠨ ᠵᠠᠷᠤᠳᠠᠯ ᠢ | ᠰᠢᠭᠤᠳ ᠲᠡᠰᠦᠯᠦᠨ ᠪᠤᠳᠤᠬᠤ ᠶᠢ ᠨᠡᠶᠢᠳᠡᠮ ᠬᠡᠷᠡᠭᠵᠢᠭᠦᠯᠵᠦ᠂ ᠡᠭᠦᠳᠡᠨ ᠡᠮᠨᠡᠯᠭᠡ ᠶᠢ ᠮᠤᠵᠢ ᠠᠯᠤᠰᠯᠠᠨ ᠰᠢᠭᠤᠳ | ᠲᠡᠰᠦᠯᠦᠨ ᠪᠤᠳᠤᠬᠤ ᠲᠤᠷᠰᠢᠯᠲᠠ ᠶᠢ ᠥᠷᠨᠢᠭᠦᠯᠦᠨ᠂ ᠣᠷᠣᠨ ᠤ ᠳᠣᠲᠣᠷᠠᠬᠢ ᠡᠭᠦᠳᠡᠨ ᠡᠮᠨᠡᠯᠭᠡ ᠶᠢᠨ ᠵᠠᠷᠤᠳᠠᠯ ᠢ | ᠤᠨᠳᠤᠤ ᠭᠠᠵᠠᠷ ᠲᠤ ᠰᠢᠭᠤᠳ ᠲᠡᠰᠦᠯᠦᠨ ᠪᠤᠳᠤᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠤᠨᠳᠤᠤ | ᠭᠠᠵᠠᠷ ᠲᠤ ᠡᠮᠨᠡᠭᠦᠯᠬᠦ ᠶᠢᠨ ᠪᠦᠷᠢᠳᠬᠡᠨ ᠳᠠᠩᠰᠠᠯᠠᠬᠤ ᠭᠠᠷᠳᠠᠮ ᠢ ᠳᠥᠭᠦᠮᠴᠢᠯᠡᠵᠦ᠂ ᠰᠦᠯᠵᠢᠶᠡᠨ ᠤ APP᠂ | ᠦᠢᠯᠡᠴᠢᠯᠡᠬᠡᠨ ᠤ ᠳᠠᠪᠴᠠᠩ᠂ ᠤᠲᠠᠰᠤ᠂ ᠡᠮᠴᠢᠯᠡᠭᠡᠨ ᠤ ᠪᠠᠶᠢᠭᠤᠯᠤᠮᠵᠢ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠪᠦᠷᠢᠳᠬᠡᠨ ᠳᠠᠩᠰᠠᠯᠠᠬᠤ ᠶᠢ ᠬᠡᠷᠡᠭᠵᠢᠬᠦᠯᠪᠡ᠃ | ᠮᠡᠳᠡᠭᠡ ᠵᠠᠩᠭᠢᠵᠢᠯᠲᠠ ᠶᠢᠨ ᠪᠠᠷᠢᠮᠵᠢᠶᠠᠵᠢᠯᠲᠠ ᠰᠢᠪᠲᠤᠯᠤᠯᠲᠠ ᠲᠠᠢ ᠪᠣᠯᠪᠠ᠃ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠥᠬᠦ ᠠᠶᠢᠮᠠᠭ ᠤᠨ | ᠣᠲᠣ ᠶᠢᠨ ᠪᠠᠶᠢᠭ᠎ᠠ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ᠂ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡᠨ ᠤ ᠳᠠᠭᠠᠳᠬᠠᠯ᠂ ᠡᠮ ᠤᠨ ᠵᠦᠢᠯ ᠬᠤᠳᠠᠯᠳᠤᠨ ᠠᠪᠬᠤ ᠰᠢᠰᠲ᠋ᠧᠮ ᠢ ᠲᠠᠰ ᠳᠡᠪᠰᠢᠭᠦᠯᠦᠨ | ᠥᠭᠡᠷᠡᠴᠢᠯᠡᠵᠦ᠂ ᠤᠯᠤᠰ ᠤᠨ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠪᠠᠷᠢᠮᠵᠢᠶ᠎ᠠ | ᠪᠠ ᠮᠡᠷᠭᠡᠵᠢᠯ ᠤᠨ ᠪᠠᠷᠢᠮᠵᠢᠶ᠎ᠠ ᠶᠣᠰᠣᠭᠠᠷ᠂ ᠪᠥᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ | ᠶᠢᠨ ᠰᠢᠰᠲ᠋ᠧᠮ ᠢ ᠡᠬᠢᠯᠡᠭᠦᠯᠦᠨ ᠪᠠᠶᠢᠭᠤᠯᠪᠠ᠃ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ | ᠶᠢ ᠳᠡᠯᠭᠡᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠠᠵᠢᠯ ᠢ ᠪᠥᠬᠦ ᠲᠠᠯ᠎ᠠ ᠪᠠᠷ | ᠠᠬᠢᠭᠤᠯᠪᠠ᠃ | ᠬᠤᠶᠠᠳᠤᠭᠠᠷ ᠬᠡᠰᠡᠭ ᠬᠥᠭᠵᠢᠯᠲᠡ ᠶᠢᠨ ᠪᠠᠶᠢᠳᠠᠯ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠪᠠᠰᠠ ᠴᠤ ᠮᠠᠨ ᠤ ᠠᠶᠢᠮᠠᠭ | ᠨᠠᠮ ᠤᠨ ᠲᠥᠪ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠪᠦᠬᠦ ᠠᠷᠠᠳ ᠤᠨ | ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠡᠷᠬᠡᠪᠰᠢ | ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠᠨ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠠᠵᠠ | ᠲᠣᠬᠢᠶᠠᠯ ᠢ ᠡᠵᠡᠮᠳᠡᠵᠦ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠶᠢ ᠪᠠᠬᠢᠵᠢᠭᠦᠯᠬᠦ᠂ ︽ᠡᠷᠡᠭᠦᠯ ᠡᠩᠬᠡ ᠠᠯᠠᠱᠠ︾ ᠪᠠᠶᠢᠯᠳᠤᠬᠤ ᠪᠤᠳᠤᠯᠭ᠎ᠠ ᠶᠢᠨ | ᠬᠡᠷᠡᠭᠵᠢᠭᠦᠯᠦᠯᠲᠡ ᠶᠢ ᠠᠬᠢᠭᠤᠯᠬᠤ ᠪᠠᠷ ᠭᠤᠣᠯᠳᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠨᠡᠩ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ | ᠠᠵᠠ ᠲᠣᠬᠢᠶᠠᠯ ᠠᠴᠠ ᠦᠵᠡᠪᠡᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ | ᠨᠢᠭᠡᠳᠦᠯᠲᠡᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠲᠦᠷᠢᠮ ᠪᠣᠯᠤᠨ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ | ᠣᠨᠴᠠᠯᠢᠭ ᠲᠠᠢ ᠡᠮᠴᠢᠯᠡᠬᠡᠨ ᠤ ᠪᠠᠲᠤᠯᠠᠭ᠎ᠠ ᠶᠢᠨ ᠲᠦᠷᠢᠮ ᠢ ᠪᠦᠬᠦ ᠲᠠᠯ᠎ᠠ ᠪᠠᠷ ᠪᠠᠶᠢᠭᠤᠯᠤᠨ᠎ᠠ ᠭᠡᠵᠦ ᠳᠤᠷᠠᠳᠪᠠ︔ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ | ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠵᠠᠷᠴᠢᠮ ᠢ ᠪᠠᠷᠢᠮᠲᠠᠯᠠᠵᠤ᠂ ᠬᠤᠲᠠ ᠬᠥᠳᠡᠭᠡ ᠶᠢ ᠨᠢᠭᠡᠳᠦᠯᠲᠡᠶ | ᠲᠥᠯᠥᠪᠵᠢᠭᠦᠯᠬᠦ᠂ ᠦᠷᠭᠦᠯᠵᠢᠯᠡᠬᠦ᠋ᠢᠴᠡ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ ᠢ ᠪᠦᠷᠢᠨᠰᠢᠬᠦᠯᠬᠦ | ᠬᠡᠷᠡᠭᠲᠡᠶ ᠭᠡᠵᠦ ᠴᠢᠨᠠᠭᠰᠢᠳᠠ ᠴᠢᠬᠤᠯᠠᠴᠢᠯᠠᠪᠠ︔ ᠲᠠᠪᠤᠳᠤᠭᠠᠷ ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ | ᠳᠤᠷᠠᠳᠴᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠰᠢᠨ᠎ᠡ ᠲᠦᠪᠰᠢᠨ ᠳᠤ ᠬᠦᠷᠴᠦ᠂ ᠣᠯᠠᠨ ᠲᠠᠰ | ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠠᠩ ᠪᠦᠷᠢᠨᠰᠢᠬᠦᠯᠦᠨ᠎ᠡ ᠭᠡᠪᠡ︔ ᠢᠯᠠᠩᠭᠤᠶ᠎ᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ︽ᠡᠮᠴᠢᠯᠡᠭᠡᠨ ᠤ ᠪᠠᠲᠤᠯᠠᠭ᠎ᠠ ᠶᠢᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ︽ᠡᠷᠡᠭᠦᠯ | ᠡᠩᠬᠡ ᠥᠪᠥᠷ ᠮᠣᠩᠭᠤᠯ︾ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠯᠠᠱᠠ ᠠᠶᠢᠮᠠᠭ ᠤᠨ | ᠡᠮᠴᠢᠯᠡᠭᠡᠨ ᠤ ᠪᠠᠲᠤᠯᠠᠭ᠎ᠠ ᠶᠢᠨ ᠥᠭᠡᠷᠡᠴᠢᠯᠡᠯᠲᠡ ᠬᠥᠭᠵᠢᠯᠲᠡ ᠶᠢ ᠴᠢᠨᠠᠷ ᠰᠠᠶᠢᠲᠠᠶ ᠠᠬᠢᠭᠤᠯᠬᠤ ᠳᠤ ᠦᠨᠳᠦᠰᠦᠨ | ᠵᠢᠷᠤᠮᠯᠠᠯ ᠬᠠᠩᠭᠠᠪᠠ᠃ ᠪᠦᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠮᠵᠢ ᠶᠢᠨ | ᠪᠠᠶᠢᠭᠤᠯᠤᠭᠳᠠᠭᠰᠠᠨ ᠨᠢ ᠡᠷᠡᠭᠦᠯ ᠮᠡᠨᠳᠦ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠬᠠᠩᠭᠠᠪᠠ᠃ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ | ᠬᠤᠳᠠᠯᠳᠤᠨ ᠠᠪᠬᠤ᠂ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠪᠠ ᠡᠮ ᠡᠮᠨᠡᠯᠭᠡ ᠶᠢᠨ | ᠦᠢᠯᠡᠴᠢᠯᠡᠬᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠲᠣᠬᠢᠷᠠᠭᠤᠯᠬᠤ᠂ ᠳᠠᠭᠠᠳᠬᠠᠯ ᠢ ᠮᠡᠬᠡᠯᠡᠨ ᠠᠪᠬᠤ | ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠥᠭᠡᠷᠡᠴᠢᠯᠡᠯᠲᠡ ᠨᠢ ᠪᠥᠬᠦ ᠠᠶᠢᠮᠠᠭ ᠤᠨ ᠰᠢᠰᠲ᠋ᠧᠮ ᠤᠨ ᠴᠢᠨᠠᠷᠲᠠᠶ | ᠡᠮᠴᠢᠯᠡᠬᠡᠨ ᠤ ᠪᠠᠲᠤᠯᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠰᠢᠭᠲᠠᠶ ᠰᠥᠪᠡᠭᠴᠢᠯᠡᠯᠲᠡ | ᠬᠠᠩᠭᠠᠪᠠ᠃ | ᠥᠷᠢᠰᠥᠯᠳᠦᠭᠡᠨ ᠠᠴᠠ ᠦᠵᠡᠪᠡᠯ᠂ ᠣᠳᠣᠬᠠᠨ ᠳᠤ ᠪᠥᠬᠦ ᠠᠶᠢᠮᠠᠭ ᠤᠨ ᠬᠥᠭᠵᠢᠯᠲᠡ ᠴᠢᠬᠤᠯᠠ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠠᠵᠤ ᠠᠬᠤᠶ ᠲᠣᠭᠲᠠᠭᠤᠨ ᠤ ᠳᠤᠮᠳᠠ | ᠠᠬᠢᠯᠲᠠ ᠲᠠᠢ ᠪᠣᠯᠵᠣ ᠪᠠᠶᠢᠨ᠎ᠠ᠂ ᠭᠡᠪᠡᠴᠦ ᠪᠠᠰᠠ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠳᠤ | ᠲᠤᠯᠭᠠᠷᠠᠵᠤ᠂ ᠪᠥᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠬᠥᠭᠵᠢᠯᠲᠡ ᠲᠡᠩᠴᠡᠭᠦᠷᠢ ᠥᠬᠡᠶ᠂ ᠪᠠᠲᠤᠯᠠᠭ᠎ᠠ | ᠬᠦᠢᠴᠡᠳ ᠥᠬᠡᠶ᠂ ᠬᠠᠮᠢᠶᠠᠷᠤᠯᠲᠠ ᠨᠠᠷᠢᠯᠢᠭ ᠪᠤᠰᠤ ᠠᠰᠠᠭᠤᠳᠠᠯ ᠮᠥᠨ ᠬᠦ ᠨᠡᠯᠢᠶᠡᠳ ᠲᠣᠪᠤᠶᠢᠮ᠎ᠠ ᠪᠠᠶᠢᠨ᠎ᠠ᠃ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠤᠨ ᠬᠥᠮᠦᠨ ᠠᠮᠠ ᠶᠢᠨ ᠪᠦᠲᠦᠴᠡ | ᠨᠠᠰᠤᠵᠢᠬᠤ ᠬᠠᠨᠳᠤᠰᠢ ᠲᠠᠢ ᠪᠣᠯᠵᠣ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠪᠠᠭᠠᠰᠴᠠᠶ︔ ᠣᠷᠳᠣ | ᠬᠤᠭᠤᠴᠠᠭᠠᠨ ᠤ ᠰᠤᠪᠢᠯᠠᠯᠲᠠ ᠶᠢᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠳᠡᠭᠡᠭᠰᠢᠯᠡᠵᠦ᠂ ᠰᠢᠨ᠎ᠡ | ᠲᠥᠬᠦᠭᠡᠷᠦᠮᠵᠢ᠂ ᠰᠢᠨ᠎ᠡ ᠮᠡᠷᠭᠡᠵᠢᠯ ᠤᠨ ᠬᠡᠷᠡᠭᠯᠡᠯᠲᠡ᠂ ᠰᠠᠭᠤᠷᠢ ᠮᠥᠩᠭᠦᠨ ᠤ ᠵᠠᠷᠤᠯᠭ᠎ᠠ ᠶᠢᠨ ᠳᠠᠷᠤᠯᠲᠠ | ᠦᠷᠭᠦᠯᠵᠢᠯᠡᠨ ᠨᠡᠮᠡᠭᠳᠡᠵᠦ᠂ ᠣᠨᠴᠠ ᠵᠠᠷᠢᠮ ᠭᠠᠵᠠᠷ ᠣᠷᠣᠨ ᠤ ᠰᠠᠭᠤᠷᠢ ᠮᠥᠩᠭᠦᠨ ᠤ ᠠᠮᠤᠷ ᠲᠦᠪᠰᠢᠨ | ᠦᠷᠭᠦᠯᠵᠢᠯᠡᠨ ᠠᠵᠢᠯᠯᠠᠬᠤ ᠳᠤ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ ᠤᠳᠠᠭᠠᠨ ᠴᠢᠨᠠᠷᠲᠠᠶ ᠡᠪᠡᠳᠴᠢᠲᠡᠨ | ᠡᠳᠦᠷ ᠢᠷᠡᠬᠦᠶ᠎ᠡ ᠨᠡᠮᠡᠭᠳᠡᠵᠦ᠂ ᠢᠯᠠᠩᠭᠤᠶ᠎ᠠ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ | ᠡᠪᠡᠳᠴᠢᠨ ᠢᠶᠠᠷ ᠲᠥᠯᠥᠭᠡᠯᠡᠭᠦᠯᠦᠭᠰᠡᠨ ᠤᠳᠠᠭᠠᠨ ᠴᠢᠨᠠᠷᠲᠠᠶ ᠡᠪᠡᠳᠴᠢᠨ ᠳᠤ ᠵᠠᠯᠠᠭᠤᠵᠢᠬᠤ ᠬᠠᠨᠳᠤᠰᠢ ᠢᠯᠡᠷᠡᠵᠦ᠂ | ᠬᠦᠨᠳᠦ ᠣᠨᠴᠠ ᠶᠡᠭᠡ ᠡᠪᠡᠳᠴᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠨᠢ ᠣᠯᠠᠨ ᠲᠦᠮᠡᠨ ᠤ ᠬᠦᠰᠡᠯ | ᠡᠷᠡᠮᠡᠯᠵᠡᠯ ᠯᠦᠭᠡ ᠮᠥᠨ ᠬᠦ ᠵᠥᠷᠢᠶ᠎ᠡ ᠲᠠᠢ ᠪᠠᠶᠢᠵᠤ᠂ ᠬᠡᠳᠦ ᠪᠠᠲᠤᠯᠠᠭ᠎ᠠ ᠪᠠ ᠪᠠᠲᠤᠯᠠᠭ᠎ᠠ ᠬᠦᠷᠦᠯᠴᠡᠬᠦ ᠦᠭᠡᠶ ᠪᠠᠶᠢᠬᠤ | ᠦᠵᠡᠭᠳᠡᠯ ᠵᠡᠷᠭᠡᠪᠡᠷ ᠣᠷᠣᠰᠢᠵᠤ᠂ ᠣᠯᠠᠨ ᠳᠡᠰ ᠳᠠᠪᠬᠤᠷᠭ᠎ᠠ ᠪᠦᠬᠦᠢ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ ᠡᠮᠴᠢᠯᠡᠭᠡᠨ ᠤ ᠪᠠᠲᠤᠯᠠᠭ᠎ᠠ ᠶᠢᠨ ᠥᠭᠡᠷᠡᠴᠢᠯᠡᠯᠲᠡ ᠳᠤ ᠬᠤᠯᠪᠣᠭᠳᠠᠬᠤ | ᠠᠰᠢᠭ ᠲᠤᠰᠠ ᠶᠢᠨ ᠭᠤᠤᠯ ᠴᠣᠭᠴᠠ ᠣᠯᠠᠨ᠂ ᠬᠠᠮᠢᠶᠠᠷᠤᠯᠲᠠ ᠶᠢᠨ ᠬᠡᠯᠬᠢᠶ᠎ᠡ ᠣᠷᠳᠣ᠂ ᠡᠮᠴᠢᠯᠡᠭᠡᠨ ᠤ ᠳᠠᠭᠠᠳᠬᠠᠯ᠂ | ᠡᠮᠴᠢᠯᠡᠭᠡ᠂ ᠡᠮ ᠡᠮᠨᠡᠯᠭᠡ ᠶᠢᠨ ᠵᠠᠰᠠᠯᠲᠠ ᠶᠢᠨ ᠬᠠᠮᠵᠢᠯᠴᠠᠬᠤ ᠴᠢᠨᠠᠷ ᠢ ᠮᠥᠨ ᠬᠦ ᠳᠡᠭᠡᠭᠰᠢᠯᠡᠭᠦᠯᠬᠦ ᠴᠢᠬᠤᠯᠠᠲᠠᠶ | ᠪᠠᠶᠢᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠲᠦᠷᠬᠡᠨ ᠪᠠᠶᠢᠭᠤᠯᠬᠤ ᠴᠢᠬᠤᠯᠠᠲᠠᠶ ᠪᠠᠶᠢᠨ᠎ᠠ᠃ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢᠵᠢᠯᠲᠠ | ᠪᠠ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠨᠢ ᠠᠷᠠᠳ ᠣᠯᠠᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ | ᠬᠦᠢᠴᠡᠳᠭᠡᠬᠦ ᠦᠢᠯᠡᠴᠢᠯᠡᠬᠡᠨ ᠤ ᠳᠥᠭᠦᠮ ᠳᠥᠲᠡ ᠴᠢᠨᠠᠷ᠂ ᠪᠣᠯᠤᠮᠵᠢᠲᠤ ᠴᠢᠨᠠᠷ᠂ ᠴᠠᠭ ᠲᠤᠬᠠᠶᠢᠴᠢ ᠴᠢᠨᠠᠷ ᠤᠨ | ᠱᠠᠭᠠᠷᠳᠠᠯᠭ᠎ᠠ ᠯᠤᠭ᠎ᠠ ᠬᠠᠷᠠᠬᠠᠨ ᠨᠡᠶᠢᠴᠡᠬᠦ ᠥᠬᠡᠶ ᠪᠠᠶᠢᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠠᠵᠢᠯ ᠨᠢ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ | ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠳᠣᠣᠱᠯᠠᠭᠤᠯᠣᠨ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ ᠲᠦᠭᠰᠢᠭᠦᠷᠢ ᠶᠢᠨ | ᠤᠬᠠᠮᠰᠠᠷ ᠢᠶᠠᠨ ᠴᠢᠩᠭᠠᠳᠬᠠᠨ᠂ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠪᠠᠷ ᠭᠤᠤᠯ ᠪᠣᠯᠭᠠᠬᠤ ᠶᠢ | ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠨ᠂ ᠨᠠᠩ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ᠂ ᠠᠷᠠᠳ ᠣᠯᠠᠨ ᠤ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠵᠢᠴᠢ ᠪᠥᠬᠦ | ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠨᠠᠩ ᠪᠠᠲᠤ ᠪᠠᠲᠤᠯᠠᠭ᠎ᠠ ᠬᠠᠩᠭᠠᠬᠤ ᠬᠡᠷᠡᠭᠲᠡᠶ᠃ | ᠭᠤᠷᠪᠠᠳᠤᠭᠠᠷ ᠬᠡᠰᠡᠭ ᠵᠢᠯᠣᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠣᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠳᠣᠣᠱᠯᠠᠭᠤᠯᠵᠦ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠡᠷᠡᠭᠦᠯ ᠡᠩᠬᠡ ᠠᠯᠠᠱᠠ ᠶᠢᠨ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠬᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠢ ᠪᠠᠲᠤ ᠡᠵᠡᠮᠳᠡᠵᠦ᠂ | ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠨᠠᠩ ᠪᠣᠯᠪᠠᠰᠤᠷᠠᠩᠭᠤᠶ ᠬᠡᠪᠰᠢᠭᠦᠯᠦᠨ ᠲᠣᠭᠲᠠᠭᠠᠬᠤ ᠪᠠᠷ ᠭᠤᠤᠯ ᠰᠢᠵᠢᠮ | ᠪᠣᠯᠭᠠᠵᠦ᠂ ᠠᠷᠠᠳ ᠲᠦᠮᠡᠨ ᠤ ᠡᠪᠡᠳᠴᠢᠨ ᠡᠮᠭᠡᠭ ᠤᠨ ᠳᠣᠬᠠᠢ ᠠᠷᠤ ᠲᠠᠯ᠎ᠠ ᠶᠢᠨ ᠵᠣᠪᠠᠨᠢᠯ ᠢ ᠠᠷᠢᠯᠭᠠᠬᠤ ᠪᠠᠷ | ᠦᠨᠳᠦᠰᠦᠨ ᠵᠣᠷᠢᠯᠭ᠎ᠠ ᠪᠣᠯᠭᠠᠨ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ | ᠪᠣᠯᠭᠠᠵᠦ᠂ ᠬᠡᠷᠡᠭᠴᠡᠭᠡ ᠶᠢᠨ ᠲᠠᠯ᠎ᠠ ᠶᠢᠨ ᠬᠠᠮᠢᠶᠠᠷᠤᠯᠲᠠ ᠪᠠ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ | ᠨᠢᠭᠡᠳᠦᠯᠲᠡᠶ ᠳᠦᠯᠦᠪᠯᠡᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠬᠤᠳᠠᠯᠳᠤᠨ ᠠᠪᠬᠤ ᠦᠢᠯᠡᠳᠦᠯ ᠢ | ᠪᠠᠳᠠᠷᠠᠭᠤᠯᠣᠨ᠂ ᠪᠦᠬᠦ ᠠᠷᠠᠳ ᠢ ᠬᠠᠮᠤᠷᠤᠭᠰᠠᠨ ᠪᠦᠲᠦᠭᠡᠨ ᠪᠠᠶᠢᠭᠤᠯᠤᠯᠲᠠ ᠶᠢ ᠳᠦᠷᠭᠡᠳᠬᠡᠵᠦ᠂ ᠬᠤᠳᠠ | ᠬᠥᠳᠡᠭᠡ ᠶᠢ ᠨᠢᠭᠡᠳᠦᠯᠲᠡᠶ ᠲᠥᠯᠥᠪᠯᠡᠬᠦ᠂ ᠭᠤᠣᠯᠴᠢ ᠨᠢᠭᠡᠳᠦᠯ᠂ ᠵᠣᠬᠢᠰᠲᠠᠶ ᠪᠠᠲᠤᠯᠠᠬᠤ᠂ ᠦᠷᠭᠦᠯᠵᠢᠯᠡᠬᠦ ᠣᠯᠠᠨ ᠳᠡᠰ | ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ᠂ ᠲᠥᠪ ᠭᠤᠤᠯᠴᠢ ᠡᠮᠴᠢᠯᠡᠭᠡᠨ ᠤ ᠳᠠᠭᠠᠳᠬᠠᠯ᠂ | ᠬᠠᠤᠯᠢᠵᠢᠯ ᠤᠨ ᠡᠮ ᠡᠮᠨᠡᠯᠭᠡ ᠶᠢᠨ ᠳᠠᠭᠠᠳᠬᠠᠯ᠂ ᠠᠶᠤᠯᠭᠦᠶ ᠡᠮᠨᠡᠯᠭᠡ ᠶᠢᠨ ᠳᠠᠭᠠᠳᠬᠠᠯ᠂ ᠤᠶᠤᠨᠲᠤ ᠡᠮᠨᠡᠯᠭᠡ ᠶᠢᠨ | ᠳᠠᠭᠠᠳᠬᠠᠯ᠂ ᠬᠠᠮᠵᠢᠯᠴᠠᠬᠤ ᠡᠮ ᠡᠮᠨᠡᠯᠭᠡ ᠶᠢᠨ ᠳᠠᠭᠠᠳᠬᠠᠯ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠯᠲᠠ ᠶᠢᠨ | ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠣᠨ᠂ ᠠᠷᠠᠳ | ᠣᠯᠠᠨ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠦ᠂ ᠪᠦᠬᠦᠯᠢ ᠦᠶᠡᠯᠡᠯ᠂ ᠨᠠᠩ ᠥᠨᠳᠥᠷ | ᠦᠨ᠎ᠡ ᠥᠷᠲᠡᠭ᠂ ᠨᠠᠩ ᠨᠠᠶᠢᠳᠠᠪᠤᠷᠢᠲᠠᠶ ᠡᠮ ᠡᠮᠨᠡᠯᠭᠡ ᠶᠢᠨ ᠪᠠᠲᠤᠯᠠᠭ᠎ᠠ ᠬᠠᠩᠭᠠᠬᠤ ᠪᠠᠷ ᠴᠢᠷᠮᠠᠶᠢᠵᠦ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠰᠡᠳᠬᠢᠯᠭᠡ᠂ ᠠᠶᠤᠯᠭᠦᠶ ᠰᠡᠳᠬᠢᠯᠭᠡ ᠶᠢ ᠲᠠᠰᠤᠷᠠᠯᠲᠠ | ᠦᠭᠡᠢ ᠳᠡᠭᠡᠭᠰᠢᠯᠡᠬᠦᠯᠦᠨ᠎ᠡ᠃ | ᠳᠥᠷᠪᠡᠳᠦᠭᠡᠷ ᠬᠡᠰᠡᠭ ᠭᠤᠣᠯ ᠵᠠᠷᠴᠢᠮ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠎ᠠ᠃ ᠡᠮᠴᠢᠯᠡᠭᠡᠨ ᠤ ᠪᠠᠲᠤᠯᠠᠭ᠎ᠠ ᠶᠢᠨ | ᠠᠵᠢᠯ ᠳᠠᠬᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠬᠥᠭᠵᠢᠭᠦᠯᠦᠨ ᠲᠡᠭᠦᠯᠳᠡᠷᠵᠢᠭᠦᠯᠵᠦ᠂ ᠲᠦᠷᠢᠮ ᠤᠨ ᠨᠢᠭᠡᠳᠦᠯᠲᠡᠶ ᠴᠢᠨᠠᠷ | ᠪᠠ ᠵᠢᠷᠤᠮᠵᠢᠯᠳᠤ ᠴᠢᠨᠠᠷ ᠢ ᠪᠠᠷᠢᠮᠲᠠᠯᠠᠵᠤ᠂ ᠲᠦᠷᠢᠮ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠰᠢᠨ᠎ᠡ | ᠬᠥᠭᠵᠢᠯᠲᠡ ᠶᠢᠨ ᠱᠠᠲᠤᠨ ᠤ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠡᠷᠡᠰ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ | ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠪᠣᠯᠪᠠᠰᠤᠷᠠᠩᠭᠤᠶ ᠪᠣᠯᠵᠣ ᠬᠡᠯᠪᠡᠷᠢᠵᠢᠬᠦ ᠳᠤ ᠦᠨᠳᠦᠰᠦᠨ ᠪᠠᠲᠤᠯᠠᠭ᠎ᠠ | ᠬᠠᠩᠭᠠᠨ᠎ᠠ᠃ | ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠠᠷᠠᠳ ᠲᠦᠮᠡᠨ ᠤ ᠡᠷᠡᠭᠦᠯ | ᠮᠡᠨᠳᠦ ᠶᠢ ᠪᠠᠲᠤᠯᠠᠬᠤ ᠶᠢ ᠡᠩ ᠳᠡᠷᠢᠬᠦᠨ ᠳᠤ ᠬᠥᠭᠵᠢᠭᠦᠯᠬᠦ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠤ᠂ ᠤᠯᠠᠨ | ᠲᠦᠮᠡᠨ ᠳᠤ ᠨᠡᠩ ᠲᠥᠪ ᠭᠤᠣᠯᠴᠢ᠂ ᠨᠡᠩ ᠨᠠᠶᠢᠳᠠᠪᠤᠷᠢᠲᠠᠢ᠂ ᠨᠡᠩ ᠭᠦᠢᠴᠡᠳ᠂ ᠨᠡᠩ ᠴᠢᠨᠠᠷ ᠰᠠᠶᠢᠲᠠᠢ | ᠡᠮᠴᠢᠯᠡᠭᠡᠨ ᠤ ᠪᠠᠲᠤᠯᠠᠭ᠎ᠠ ᠬᠠᠩᠭᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠤ | ᠬᠦᠷᠲᠡᠭᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠥᠪ ᠭᠤᠣᠯᠴᠢ ᠶᠢ | ᠠᠬᠢᠭᠤᠯᠵᠤ᠂ ᠬᠠᠮᠲᠤ ᠪᠠᠷ ᠴᠢᠨᠡᠭᠡᠯᠢᠭᠵᠢᠬᠦ ᠳᠤ ᠬᠦᠴᠦᠨ ᠨᠡᠮᠡᠷᠢᠯᠡᠨ᠎ᠡ᠃ | ᠦᠨᠳᠦᠰᠦᠨ ᠵᠦᠢᠯ ᠢ ᠪᠠᠲᠤᠯᠠᠵᠤ᠂ ᠦᠷᠭᠦᠯᠵᠢᠯᠡᠨ ᠠᠵᠢᠯᠯᠠᠭᠤᠯᠬᠤ ᠶᠢ ᠪᠠᠷᠢᠮᠲᠠᠯᠠᠨ᠎ᠠ᠃ ᠴᠢᠳᠠᠯ ᠤᠨ | ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠬᠢᠷᠢ ᠪᠠᠷ ᠢᠶᠠᠨ ᠬᠢᠬᠦ ᠶᠢ ᠪᠠᠷᠢᠮᠲᠠᠯᠠᠨ᠂ ᠣᠯᠭᠤᠮᠵᠢ ᠶᠢ ᠪᠠᠲᠤᠯᠠᠬᠤ | ᠬᠡᠪᠴᠢᠶ᠎ᠡ ᠪᠠ ᠪᠠᠷᠢᠮᠵᠢᠶ᠎ᠠ ᠶᠢ ᠦᠨᠡᠨ ᠠᠴᠠ ᠵᠥᠪ ᠢ ᠡᠷᠢᠵᠦ ᠲᠣᠭᠲᠠᠭᠠᠨ᠂ ᠡᠮᠴᠢᠯᠡᠭᠡᠨ ᠤ ᠪᠠᠲᠤᠯᠠᠭ᠎ᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠶᠢ ᠠᠵᠤ ᠠᠬᠤᠶ ᠪᠠ ᠡᠳ᠋ ᠤᠨ ᠬᠦᠴᠦᠨ ᠤ ᠦᠷᠭᠦᠯᠵᠢᠯᠡᠨ ᠨᠡᠮᠡᠭᠳᠡᠬᠦ ᠰᠠᠭᠤᠷᠢᠨ | ᠳᠡᠭᠡᠷ᠎ᠡ ᠪᠠᠶᠢᠭᠤᠯᠵᠤ᠂ ᠪᠠᠲᠤᠯᠠᠭ᠎ᠠ ᠬᠦᠷᠦᠯᠴᠡᠬᠦ ᠥᠬᠡᠶ ᠪᠠ ᠬᠡᠲᠦᠷᠬᠡᠶ ᠪᠠᠲᠤᠯᠠᠬᠤ ᠶᠢ ᠰᠡᠷᠭᠡᠶᠢᠯᠡᠨ ᠬᠤᠷᠢᠭᠯᠠᠵᠤ᠂ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠷᠢᠯᠴᠠᠨ ᠲᠤᠰᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠰᠠᠭᠤᠷᠢ ᠮᠥᠩᠭᠦ ᠶᠢᠨ ᠠᠵᠢᠯᠯᠠᠭᠠᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠲᠦᠷᠢᠮ ᠢ | ᠦᠷᠭᠦᠯᠵᠢᠯᠡᠭᠦᠯᠬᠦ᠂ ᠰᠠᠭᠤᠷᠢ ᠮᠥᠩᠭᠦ ᠶᠢᠨ ᠲᠤᠯᠭᠠᠭᠤᠷᠢᠯᠠᠵᠤ ᠳᠡᠶᠢᠯᠬᠦ ᠶᠢ ᠦᠨᠡᠨᠬᠦ ᠪᠠᠲᠤᠯᠠᠨ᠎ᠠ᠃ | ᠰᠢᠰᠲ᠋ᠧᠮ ᠲᠠᠢ ᠲᠥᠪᠯᠡᠷᠡᠭᠦᠯᠬᠦ᠂ ᠬᠠᠮᠵᠢᠯᠴᠠᠨ ᠥᠨᠳᠥᠷ ᠪᠦᠲᠦᠮᠵᠢᠲᠡᠶ ᠪᠠᠶᠢᠬᠤ ᠶᠢ ᠪᠠᠷᠢᠮᠲᠠᠯᠠᠨ᠎ᠠ᠃ | ᠰᠢᠰᠲ᠋ᠧᠮ ᠤᠨ ᠦᠵᠡᠯᠲᠡ ᠪᠠ ᠲᠥᠷᠥ ᠶᠢᠨ ᠪᠣᠳᠣᠯᠭ᠎ᠠ ᠶᠢᠨ ᠴᠤᠭᠯᠠᠷᠠᠯ ᠢ ᠴᠢᠩᠭᠠᠷᠠᠭᠤᠯᠵᠤ᠂ ᠨᠢᠭᠡᠳᠦᠯᠲᠡᠶ | ᠲᠥᠯᠥᠪᠯᠡᠨ ᠰᠦᠪᠡᠭᠴᠢᠯᠡᠬᠦ ᠪᠠ ᠵᠣᠬᠢᠴᠠᠭᠤᠯᠤᠨ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ | ᠥᠭᠡᠷᠡᠴᠢᠯᠡᠯᠲᠡ ᠶᠢᠨ ᠠᠷᠭ᠎ᠠ ᠪᠠ ᠰᠢᠨ᠎ᠡ ᠶᠢ ᠡᠭᠦᠳᠬᠦ ᠰᠡᠳᠬᠢᠬᠦᠶ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ | ᠰᠢᠢᠳᠪᠦᠷᠢᠯᠡᠵᠦ᠂ ᠬᠥᠭᠵᠢᠯᠲᠡ ᠶᠢᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠢ | ᠴᠢᠩᠭᠠᠷᠠᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠳᠡᠮᠵᠢᠵᠦ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ | ᠡᠮᠴᠢᠯᠡᠭᠡᠨ ᠤ ᠪᠠᠲᠤᠯᠠᠭ᠎ᠠ ᠪᠠ ᠡᠮ ᠡᠮᠨᠡᠯᠭᠡ ᠶᠢᠨ ᠦᠢᠯᠡᠴᠢᠯᠡᠬᠡᠨ ᠤ ᠴᠢᠨᠠᠷ ᠰᠠᠶᠢᠲᠠᠶ ᠪᠠᠷ ᠬᠠᠮᠵᠢᠯᠴᠠᠨ ᠬᠥᠭᠵᠢᠬᠦ ᠶᠢ | ᠠᠬᠢᠭᠤᠯᠤᠨ᠎ᠠ᠃ | ᠨᠠᠷᠢᠯᠢᠭ ᠬᠠᠮᠢᠶᠠᠷᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠪᠠᠷᠢᠮᠲᠠᠯᠠᠨ᠎ᠠ᠃ ᠡᠮᠴᠢᠯᠡᠭᠡᠨ ᠤ | ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠪᠠ ᠲᠣᠭᠲᠠᠭᠰᠠᠨ ᠡᠮ ᠡᠮᠨᠡᠯᠭᠡ ᠶᠢᠨ | ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠨᠠᠩ ᠦᠷ᠎ᠡ ᠪᠦᠲᠦᠮᠵᠢᠲᠡᠶ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠶᠢ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠬᠦᠯᠵᠦ᠂ | ᠤᠯᠠᠮᠵᠢᠯᠠᠯᠲᠤ ᠦᠢᠯᠡᠴᠢᠯᠡᠬᠡᠨ ᠤ ᠠᠷᠭ᠎ᠠ ᠮᠠᠶ᠋ᠢᠭ ᠪᠠ ᠰᠦᠯᠵᠢᠶᠡᠨ ᠳᠡᠭᠡᠷᠡᠬᠢ ᠦᠢᠯᠡᠴᠢᠯᠡᠬᠡᠨ ᠤ ᠠᠷᠭ᠎ᠠ ᠮᠠᠶ᠋ᠢᠭ ᠢ | ᠨᠢᠭᠡᠳᠦᠯᠲᠡᠶ ᠲᠥᠯᠥᠪᠯᠡᠨ ᠳᠡᠭᠡᠭᠰᠢᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠤᠨ᠂ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠢ ᠳᠡᠭᠡᠭᠰᠢᠯᠡᠭᠦᠯᠦᠨ᠎ᠡ᠃ | ᠬᠠᠮᠲᠤ ᠪᠠᠷ ᠡᠳ᠋ᠯᠡᠵᠦ ᠬᠠᠮᠲᠤ ᠪᠠᠷ ᠵᠠᠰᠠᠬᠤ᠂ ᠣᠯᠠᠨ ᠲᠠᠯ᠎ᠠ ᠶᠢᠨ ᠬᠢᠨ ᠣᠷᠣᠯᠴᠠᠬᠤ ᠶᠢ ᠪᠠᠷᠢᠮᠲᠠᠯᠠᠨ᠎ᠠ᠃ | ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠤᠨ ᠬᠢᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠣᠯᠠᠨ | ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠠᠬᠢᠭᠤᠯᠤᠨ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠪᠠᠶᠢᠯᠳᠤᠬᠤ ᠪᠣᠳᠣᠯᠭ᠎ᠠ ᠶᠢᠨ ᠬᠤᠳᠠᠯᠳᠤᠨ ᠠᠪᠬᠤ | ᠦᠢᠯᠡᠳᠦᠯ ᠢ ᠪᠠᠳᠠᠷᠠᠭᠤᠯᠵᠤ᠂ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠣᠯᠠᠨ ᠭᠤᠤᠯ | ᠴᠣᠭᠴᠠ ᠶᠢᠨ ᠵᠥᠪᠳᠡᠯᠴᠡᠨ ᠬᠠᠮᠲᠤᠪᠠᠷ ᠵᠠᠰᠠᠬᠤ ᠶᠢ ᠴᠢᠩᠭᠠᠷᠠᠭᠤᠯᠤᠨ᠂ ︽ᠡᠮᠴᠢᠯᠡᠭᠡ ᠶᠢᠨ ᠳᠠᠭᠠᠳᠬᠠᠯ ᠪᠠ ᠡᠮ ᠤᠨ | ᠵᠦᠢᠯ ᠭᠤᠷᠪᠠ ᠶᠢᠨ ᠬᠠᠮᠲᠤᠷᠠᠨ ᠬᠥᠳᠡᠯᠦᠯᠴᠡᠬᠦ︾ ᠶᠢ ᠬᠠᠮᠵᠢᠯᠴᠠᠨ ᠠᠬᠢᠭᠤᠯᠵᠤ᠂ ᠨᠡᠶᠢᠭᠡᠮ ᠤᠨ ᠬᠢᠨᠠᠯᠲᠠ | ᠲᠠᠯᠪᠢᠬᠤ ᠶᠢ ᠴᠢᠩᠭᠠᠳᠬᠠᠨ᠂ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠠᠪᠤᠳᠤᠭᠠᠷ ᠬᠡᠰᠡᠭ ᠬᠥᠭᠵᠢᠯᠲᠡ ᠶᠢᠨ ᠬᠠᠷᠠᠯᠲᠠ | ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ᠂ ᠭᠤᠣᠯᠴᠢ ᠪᠥᠭᠡᠳ | ᠨᠢᠭᠡᠳᠦᠯᠲᠡᠶ᠂ ᠪᠠᠲᠤᠯᠠᠭ᠎ᠠ ᠨᠢ ᠵᠣᠬᠢᠰᠲᠠᠶ᠂ ᠦᠷᠭᠦᠯᠵᠢᠯᠡᠭᠰᠡᠨ ᠣᠯᠠᠨ ᠳᠡᠰ ᠳᠠᠪᠬᠤᠷᠭ᠎ᠠ ᠪᠦᠬᠦᠢ ᠡᠮ ᠡᠮᠨᠡᠯᠭᠡ ᠶᠢᠨ | ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | ᠲᠥᠪ ᠭᠤᠤᠯᠴᠢ ᠡᠮᠴᠢᠯᠡᠭᠡᠨ ᠤ ᠳᠠᠭᠠᠳᠬᠠᠯ ᠢ ᠪᠠᠶᠢᠭᠤᠯᠤᠨ᠎ᠠ᠃ ᠦᠨᠳᠦᠰᠦᠨ ᠡᠮᠴᠢᠯᠡᠭᠡᠨ ᠤ | ᠪᠠᠲᠤᠯᠠᠭ᠎ᠠ ᠶᠢᠨ ᠲᠦᠷᠢᠮ ᠢ ᠨᠠᠩ ᠵᠢᠷᠤᠮᠵᠢᠭᠤᠨ ᠨᠢᠭᠡᠳᠦᠯᠲᠡᠶ ᠪᠣᠯᠭᠠᠵᠤ᠂ ᠡᠯ᠎ᠡ ᠲᠠᠯ᠎ᠠ ᠶᠢᠨ ᠪᠠᠯᠠ ᠴᠤᠭᠯᠠᠭᠤᠯᠬᠤ | ᠬᠠᠷᠢᠭᠤᠴᠠᠯᠭ᠎ᠠ ᠶᠢ ᠨᠠᠩ ᠲᠡᠩᠴᠡᠭᠦᠷᠢᠲᠡᠶ ᠪᠣᠯᠭᠠᠵᠤ᠂ ᠬᠠᠷᠠᠭᠠᠯᠵᠠᠯ ᠢ ᠪᠠᠲᠤᠯᠠᠬᠤ ᠲᠣᠭᠲᠠᠴᠠ ᠶᠢ ᠨᠠᠩ ᠲᠥᠪ | ᠭᠤᠤᠯᠴᠢ ᠪᠥᠭᠡᠳ ᠵᠣᠬᠢᠰᠲᠠᠶ ᠪᠣᠯᠭᠠᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ | ᠪᠠᠲᠤᠯᠠᠬᠤ ᠴᠢᠳᠠᠮᠵᠢ ᠶᠢ ᠦᠷᠭᠦᠯᠵᠢᠯᠡᠨ ᠴᠢᠩᠭᠠᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮ ᠢ | ᠨᠠᠩ ᠪᠦᠷᠢᠨᠰᠢᠬᠦᠯᠤᠨ᠂ ᠬᠥᠮᠦᠰ ᠤᠨ ᠬᠤᠭᠤᠷᠣᠨᠳᠣᠬᠢ᠂ ᠣᠷᠣᠨ ᠪᠦᠰᠡ ᠶᠢᠨ ᠬᠤᠭᠤᠷᠣᠨᠳᠣᠬᠢ ᠵᠥᠷᠢᠶ᠎ᠡ ᠶᠢ | ᠠᠯᠬᠤᠮ ᠠᠯᠬᠤᠮ ᠢᠶᠠᠷ ᠪᠠᠭᠠᠰᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠳᠠᠬᠢᠨ ᠬᠤᠪᠢᠶᠠᠷᠢᠯᠠᠯᠲᠠ ᠶᠢᠨ ᠴᠢᠳᠠᠮᠵᠢ ᠶᠢ | ᠤᠯᠠᠮ ᠨᠢᠭᠡ ᠠᠯᠬᠤᠮ ᠪᠠᠳᠠᠷᠠᠭᠤᠯᠤᠨ᠎ᠠ᠃ | ᠬᠠᠤᠯᠢ ᠪᠠᠷ ᠵᠠᠰᠠᠬᠤ ᠡᠮᠴᠢᠯᠡᠭᠡᠨ ᠤ ᠳᠠᠭᠠᠳᠬᠠᠯ ᠢ ᠪᠠᠶᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ | ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠲᠠᠰᠤᠷᠠᠯᠲᠠ ᠥᠬᠡᠶ ᠲᠡᠭᠦᠯᠳᠡᠷᠵᠢᠵᠦ᠂ ᠲᠦᠷᠢᠮ ᠲᠥᠷᠥ ᠶᠢᠨ | ᠪᠣᠳᠣᠯᠭ᠎ᠠ ᠶᠢᠨ ᠬᠠᠤᠯᠢ ᠳᠤ ᠲᠣᠭᠲᠠᠭᠰᠠᠨ ᠬᠡᠮᠵᠢᠶ᠎ᠡ ᠢᠯᠡᠳᠲᠡ ᠳᠡᠭᠡᠭᠰᠢᠯᠡᠵᠦ᠂ ᠬᠤᠪᠢ ᠬᠥᠮᠦᠨ ᠤ ᠬᠠᠤᠯᠢ | ᠶᠣᠰᠣᠭᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠲᠣᠭᠲᠠᠭᠰᠠᠨ ᠡᠮ ᠡᠮᠨᠡᠯᠭᠡ ᠶᠢᠨ | ᠪᠠᠶᠢᠭᠤᠯᠤᠮᠵᠢ ᠶᠢᠨ ᠬᠠᠮᠢᠶᠠᠷᠤᠯᠲᠠ ᠶᠢ ᠨᠠᠩ ᠵᠢᠷᠤᠮᠵᠢᠭᠤᠯᠵᠤ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠢ ᠨᠠᠩ ᠲᠡᠭᠦᠯᠳᠡᠷᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠥᠬᠦ ᠲᠠᠯ᠎ᠠ ᠪᠠᠷ ᠪᠦᠷᠢᠯᠳᠦᠭᠦᠯᠵᠦ᠂ ᠪᠥᠬᠦ ᠨᠡᠶᠢᠭᠡᠮ ᠤᠨ ᠡᠮᠴᠢᠯᠡᠭᠡᠨ ᠤ ᠳᠠᠭᠠᠳᠬᠠᠯ ᠤᠨ | ᠬᠠᠤᠯᠢᠵᠢᠯ ᠤᠨ ᠦᠵᠡᠯᠲᠡ ᠶᠢ ᠢᠯᠡᠳᠲᠡ ᠴᠢᠩᠭᠠᠳᠬᠠᠵᠤ᠂ ᠬᠠᠤᠯᠢᠵᠢᠯ ᠤᠨ ᠡᠮᠴᠢᠯᠡᠭᠡᠨ ᠤ ᠪᠠᠲᠤᠯᠠᠭ᠎ᠠ ᠶᠢᠨ | ᠵᠠᠰᠠᠯᠲᠠ ᠶᠢᠨ ᠰᠢᠰᠲ᠋ᠧᠮ ᠳᠠᠬᠢ ᠦᠢᠯᠡᠳᠦᠯ ᠢ ᠡᠳᠦᠷ ᠢᠷᠡᠬᠦᠶ᠎ᠡ ᠢᠯᠡᠷᠡᠬᠦᠯᠦᠨ᠎ᠡ᠃ | ᠠᠮᠤᠷ ᠲᠦᠪᠰᠢᠨ ᠡᠮᠨᠡᠯᠭᠡ ᠶᠢᠨ ᠳᠠᠭᠠᠳᠬᠠᠯ ᠢ ᠪᠠᠶᠢᠭᠤᠯᠤᠨ᠎ᠠ᠃ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠵᠢᠭᠦᠯᠬᠦ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠡᠮᠴᠢᠯᠡᠭᠡᠨ ᠤ ᠪᠠᠲᠤᠯᠠᠭ᠎ᠠ ᠶᠢᠨ | ᠰᠠᠭᠤᠷᠢ ᠮᠥᠩᠭᠦᠨ ᠤ ᠦᠯᠡᠳᠡᠪᠦᠷᠢ ᠵᠦᠶ ᠵᠣᠬᠢᠰᠲᠠᠶ᠂ ᠠᠶᠤᠯ ᠲᠦᠭᠰᠢᠭᠦᠷᠢ ᠶᠢ ᠡᠵᠡᠮᠳᠡᠵᠦ ᠳᠡᠶᠢᠯᠬᠦ᠂ | ᠠᠵᠢᠯᠯᠠᠭᠠᠨ ᠤ ᠠᠮᠤᠷ ᠲᠦᠪᠰᠢᠨ ᠲᠣᠭᠲᠠᠭᠤᠨ᠂ ᠡᠪᠡᠳᠴᠢᠨ ᠠᠴᠠ ᠪᠣᠯᠵᠣ ᠶᠠᠳᠠᠭᠤᠷᠠᠬᠤ ᠳᠠᠬᠢᠨ ᠶᠠᠳᠠᠭᠤᠷᠠᠬᠤ ᠶᠢ | ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠵᠤ᠂ ᠣᠯᠠᠨ ᠲᠦᠮᠡᠨ ᠤ ᠠᠮᠤᠷ | ᠲᠦᠪᠰᠢᠨ ᠤ ᠲᠥᠷᠥᠭᠳᠡᠯ ᠢ ᠳᠡᠭᠡᠭᠰᠢᠯᠡᠬᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ | ᠲᠠᠪᠴᠠᠩ ᠢ ᠠᠮᠤᠷ ᠲᠦᠪᠰᠢᠨ ᠢᠶᠠᠷ ᠠᠵᠢᠯᠯᠠᠭᠤᠯᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠬᠠᠨ᠎ᠠ᠃ | ᠤᠶᠤᠨᠲᠤ ᠡᠮᠨᠡᠯᠭᠡ ᠶᠢᠨ ᠳᠠᠭᠠᠳᠬᠠᠯ ᠢ ᠪᠠᠶᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ | ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠦᠨ ᠬᠡᠷᠡᠭᠯᠡᠬᠦ᠂ | ᠣᠶᠤᠨᠴᠢ ᠪᠠᠷ ᠬᠢᠨᠠᠨ ᠡᠵᠡᠮᠳᠡᠬᠦ ᠶᠢ ᠪᠥᠬᠦ ᠲᠠᠯ᠎ᠠ ᠪᠠᠷ ᠬᠡᠷᠡᠭᠯᠡᠵᠦ᠂ ᠤᠯᠠᠮᠵᠢᠯᠠᠯᠲᠤ ᠦᠢᠯᠡᠴᠢᠯᠡᠬᠡᠨ ᠤ ᠠᠷᠭ᠎ᠠ ᠮᠠᠶ᠋ᠢᠭ | ᠪᠠ ᠤᠶᠤᠨᠴᠢᠯᠠᠭᠰᠠᠨ ᠦᠢᠯᠡᠴᠢᠯᠡᠬᠡᠨ ᠤ ᠠᠷᠭ᠎ᠠ ᠮᠠᠶ᠋ᠢᠭ ᠢ ᠬᠠᠮᠲᠤᠪᠠᠷ ᠬᠥᠭᠵᠢᠭᠦᠯᠦᠨ᠂ ᠡᠮᠨᠡᠭᠦᠯᠦᠭᠰᠡᠨ ᠵᠠᠷᠤᠳᠠᠯ ᠢ | ᠳ᠋ᠦᠩᠨᠡᠨ ᠪᠤᠳᠤᠬᠤ ᠶᠢ ᠨᠠᠩ ᠳᠥᠭᠦᠮ ᠳᠥᠲᠡ ᠪᠣᠯᠭᠠᠵᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠬᠡᠨ ᠤ | ᠳᠥᠭᠦᠮ ᠳᠥᠲᠡ ᠴᠢᠨᠠᠷ ᠢ ᠢᠯᠡᠳᠲᠡ ᠳᠡᠭᠡᠭᠰᠢᠯᠡᠭᠦᠯᠦᠨ᠎ᠡ᠃ | ᠬᠠᠮᠵᠢᠯᠴᠠᠭᠰᠠᠨ ᠡᠮᠨᠡᠯᠭᠡ ᠶᠢᠨ ᠳᠠᠭᠠᠳᠬᠠᠯ ᠢ ᠪᠠᠶᠢᠭᠤᠯᠤᠨ᠎ᠠ᠃ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ | ᠪᠠᠲᠤᠯᠠᠭ᠎ᠠ ᠶᠢᠨ ᠦᠢᠯᠡᠳᠦᠯ ᠢ ᠬᠠᠮᠵᠢᠯᠴᠠᠨ ᠪᠠᠳᠠᠷᠠᠭᠤᠯᠵᠤ᠂ ᠡᠯ᠎ᠡ ᠲᠥᠷᠥᠯ ᠤᠨ ᠪᠠᠲᠤᠯᠠᠭ᠎ᠠ ᠶᠢ ᠣᠷᠭᠠᠨᠢᠭ ᠢᠶᠠᠷ | ᠵᠣᠯᠭᠠᠭᠤᠯᠤᠨ᠎ᠠ᠃ ︽ᠭᠤᠷᠪᠠᠨ ᠡᠮ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠭᠦᠨᠵᠡᠭᠡᠶᠢᠷᠡᠨ | ᠬᠥᠭᠵᠢᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠪᠠᠶᠢᠯᠳᠤᠬᠤ ᠪᠣᠳᠣᠯᠭ᠎ᠠ ᠶᠢᠨ ᠬᠤᠳᠠᠯᠳᠤᠨ | ᠠᠪᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠡᠮ | ᠡᠮᠨᠡᠯᠭᠡ ᠶᠢᠨ ᠦᠨ᠎ᠡ ᠬᠠᠩᠰᠢ ᠪᠠ ᠬᠤᠳᠠᠯᠳᠤᠨ ᠠᠪᠬᠤ ᠲᠣᠭᠲᠠᠴᠠ ᠶᠢ ᠨᠠᠩ ᠲᠡᠭᠦᠯᠳᠡᠷᠵᠢᠭᠦᠯᠵᠦ᠂ ᠣᠯᠠᠨ ᠭᠤᠤᠯ | ᠴᠣᠭᠴᠠ ᠶᠢᠨ ᠵᠥᠪᠳᠡᠯᠴᠡᠭᠰᠡᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠲᠣᠭᠲᠠᠴᠠ ᠶᠢ | ᠨᠠᠩ ᠪᠦᠷᠢᠨᠰᠢᠭᠦᠯᠵᠦ᠂ ᠡᠷᠡᠭᠦᠯ ᠡᠩᠬᠡ ᠠᠯᠠᠱᠠ ᠶᠢᠨ ᠪᠠᠶᠢᠭᠤᠯᠤᠯᠲᠠ ᠢᠳᠡᠪᠬᠢᠲᠡᠶ ᠠᠬᠢᠴᠠ ᠲᠠᠢ ᠪᠣᠯᠣᠨ᠎ᠠ᠃ | ᠬᠤᠶᠠᠳᠤᠭᠠᠷ ᠪᠦᠯᠦᠭ ᠣᠯᠠᠨ ᠳᠡᠰ ᠳᠠᠪᠬᠤᠷᠭ᠎ᠠ ᠪᠦᠬᠦᠢ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ | ᠰᠢᠰᠲ᠋ᠧᠮᠵᠢ ᠶᠢ ᠪᠦᠷᠢᠨᠰᠢᠭᠦᠯᠦᠨ᠎ᠡ | ᠨᠢᠭᠡᠳᠦᠭᠡᠷ ᠬᠡᠰᠡᠭ ᠠᠷᠠᠳ ᠨᠡᠶᠢᠲᠡ ᠶᠢᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠳᠠᠭᠠᠳᠬᠠᠯ ᠳᠤ | ᠣᠷᠣᠯᠴᠠᠬᠤ ᠬᠠᠮᠤᠷᠬᠤ ᠬᠡᠪᠴᠢᠶ᠎ᠡ ᠶᠢ ᠲᠦᠢᠯ ᠤᠨ ᠣᠨᠣᠪᠴᠢᠲᠠᠶ ᠪᠠᠷ ᠥᠷᠭᠡᠳᠬᠡᠨ᠂ ᠳᠠᠭᠠᠳᠬᠠᠯ ᠳᠤ ᠣᠷᠣᠯᠴᠠᠬᠤ | ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠳᠠᠭᠠᠳᠬᠠᠯ ᠳᠤ ᠣᠷᠣᠯᠴᠠᠨ᠎ᠠ᠃ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠬᠤ᠂ ᠨᠢᠭᠡᠴᠡ ᠶᠢᠨ ᠠᠵᠢᠯ ᠣᠯᠤᠭᠰᠠᠳ | ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ᠂ ᠠᠵᠢᠯ ᠣᠯᠤᠭᠰᠠᠨ ᠥᠬᠡᠶ | ᠬᠥᠮᠦᠰ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ᠂ | ᠠᠮᠢᠳᠤᠯᠢᠭ ᠢᠶᠠᠷ ᠠᠵᠢᠯ ᠣᠯᠤᠭᠰᠠᠳ ᠬᠤᠪᠢ ᠬᠥᠮᠦᠨ ᠤ ᠪᠡᠶ᠎ᠡ ᠭᠠᠷᠤᠯ ᠢᠶᠠᠷ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠪᠤᠶᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠯᠴᠠᠬᠤ ᠶᠢ ᠪᠠᠷᠢᠮᠲᠠᠯᠠᠨ᠎ᠠ᠃ | ᠨᠠᠷᠢᠯᠢᠭ ᠣᠨᠣᠪᠴᠢᠳᠠᠢ ᠪᠠᠷ ᠳᠠᠭᠠᠳᠬᠠᠯ ᠳᠤ ᠣᠷᠣᠯᠴᠠᠵᠤ ᠬᠡᠪᠴᠢᠶ᠎ᠡ ᠶᠢ ᠥᠷᠭᠡᠳᠬᠡᠬᠦ ᠶᠢ ᠬᠡᠷᠡᠭᠵᠢᠭᠦᠯᠦᠨ᠎ᠡ᠃ | ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠭᠠᠶᠢᠯᠢ ᠶᠢᠨ ᠶᠠᠪᠤᠳᠠᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ | ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢᠨ ᠬᠠᠷᠢᠴᠠᠭᠤᠯᠤᠯ ᠢ ᠴᠢᠩᠭᠠᠳᠬᠠᠨ᠂ | ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠳᠠᠬᠢᠨ | ᠶᠠᠳᠠᠭᠤᠷᠠᠬᠤ ᠪᠠ ᠶᠠᠳᠠᠭᠤᠷᠠᠭᠰᠠᠨ ᠬᠥᠮᠦᠨ ᠠᠮᠠ ᠵᠡᠷᠭᠡ ᠬᠦᠴᠢᠷᠳᠡᠯᠲᠡᠶ ᠬᠥᠮᠦᠰ ᠵᠢᠴᠢ ᠨᠢᠯᠬ᠎ᠠ ᠬᠡᠦᠬᠡᠳ᠂ | ᠰᠤᠷᠤᠭᠴᠢ᠂ ᠬᠦᠨᠳᠦ ᠵᠡᠮᠳᠡᠭᠴᠦᠳ ᠵᠡᠷᠭᠡ ᠣᠨᠴᠣᠭᠤᠶ ᠬᠥᠮᠦᠰ ᠤᠨ ᠳᠠᠭᠠᠳᠬᠠᠯ ᠳᠤ ᠣᠷᠣᠯᠴᠠᠬᠤ ᠠᠵᠢᠯ ᠢ | ᠰᠠᠶᠢᠲᠤᠷ ᠬᠢᠵᠦ᠂ ᠬᠦᠴᠢᠷᠳᠡᠯᠲᠡᠶ ᠣᠯᠠᠨ ᠲᠦᠮᠡᠨ ᠢ ᠲᠥᠷᠥᠯ ᠬᠤᠪᠢᠶᠠᠨ ᠵᠣᠭᠤᠰ ᠢᠶᠠᠷ ᠲᠤᠰᠠᠯᠠᠵᠤ ᠳᠠᠭᠠᠳᠬᠠᠯ ᠳᠤ | ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠳᠣᠶᠢᠯ ᠤᠨ ᠣᠨᠣᠪᠴᠢᠲᠠᠶ ᠪᠠᠷ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠵᠦ᠂ ᠳᠠᠭᠠᠳᠬᠠᠯ ᠳᠤ ᠣᠷᠣᠯᠴᠠᠬᠤ ᠮᠡᠳᠡᠭᠡ ᠵᠠᠩᠭᠢ ᠶᠢ ᠴᠠᠭ | ᠲᠤᠬᠠᠶ ᠳᠤᠨᠢ ᠬᠥᠳᠡᠯᠦᠩᠭᠦᠶ ᠪᠠᠷ ᠪᠠᠶᠢᠴᠠᠭᠠᠨ ᠯᠠᠪᠯᠠᠬᠤ ᠶᠢ ᠪᠡᠶᠡᠯᠡᠬᠦᠯᠦᠨ᠎ᠡ᠃ | ᠲᠠᠲᠠᠪᠤᠷᠢᠯᠠᠨ ᠲᠤᠰᠢᠶᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ | ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠨᠢᠭᠡᠴᠡ ᠶᠢᠨ ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠬᠤ ᠪᠠᠷ | ᠭᠤᠶᠤᠴᠢᠯᠠᠨ ᠮᠡᠳᠡᠭᠦᠯᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠮᠤ ᠪᠠᠯᠭᠠᠰᠤ ᠵᠢᠴᠢ ᠵᠡᠭᠡᠯᠢ ᠭᠤᠳᠤᠮᠵᠢ ᠶᠢᠨ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠮᠴᠢᠯᠡᠭᠡᠨ ᠤ ᠳᠠᠭᠠᠳᠬᠠᠯ᠂ ᠭᠠᠶᠢᠯᠢ ᠶᠢᠨ ᠶᠠᠪᠤᠳᠠᠯ᠂ ᠪᠠᠩᠬᠢ | ᠭᠤᠷᠪᠠᠨ ᠲᠠᠯ᠎ᠠ ᠶᠢᠨ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠬᠠᠮᠲᠤᠷᠠᠯᠴᠠᠭ᠎ᠠ ᠪᠠᠨ ᠴᠢᠩᠭᠠᠳᠬᠠᠵᠤ᠂ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠠᠳ ᠲᠤ ᠲᠥᠬᠦᠮ ᠦᠵᠡᠭᠦᠯᠬᠦ ᠠᠷᠭ᠎ᠠ ᠵᠠᠮ ᠢ | ᠪᠠᠶᠠᠯᠢᠭᠵᠢᠭᠤᠯᠤᠨ᠎ᠠ᠃ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠵᠡᠷᠭᠡ ᠠᠮᠢᠳᠤᠯᠢᠭ ᠢᠶᠠᠷ ᠠᠵᠢᠯ | ᠣᠯᠤᠭᠰᠠᠳ ᠤᠨ ᠳᠠᠭᠠᠳᠬᠠᠯ ᠳᠤ ᠣᠷᠣᠯᠴᠠᠵᠤ ᠰᠦᠶ᠋ᠳᠬᠡᠯ ᠲᠤᠰᠢᠶᠠᠬᠤ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ | ᠲᠣᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠪᠤᠰᠤ ᠠᠮᠢᠳᠤᠯᠢᠭ ᠢᠶᠠᠷ ᠠᠵᠢᠯ ᠣᠯᠤᠭᠰᠠᠳ ᠢ ᠳᠠᠭᠠᠳᠬᠠᠯ ᠳᠤ | ᠣᠷᠣᠯᠴᠠᠬᠤ ᠬᠡᠪᠴᠢᠶᠡᠨ ᠳᠤ ᠣᠷᠣᠭᠤᠯᠤᠨ᠎ᠠ᠃ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠠᠯᠤᠰᠯᠠᠭᠰᠠᠨ᠂ | ᠳᠦᠷᠢᠮ ᠠᠯᠤᠰᠯᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ | ᠦᠷᠭᠦᠯᠵᠢᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ | ᠬᠤᠶᠠᠳᠤᠭᠠᠷ ᠬᠡᠰᠡᠭ ᠬᠠᠷᠠᠭᠠᠯᠵᠠᠯ ᠢ ᠪᠠᠲᠤᠯᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ | ᠬᠠᠤᠯᠢ ᠪᠠᠷ ᠲᠣᠭᠲᠠᠭᠠᠭᠰᠠᠨ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠨᠠᠩ ᠪᠣᠯᠪᠠᠰᠤᠷᠠᠩᠭᠤᠶ | ᠬᠡᠪᠰᠢᠭᠦᠯᠵᠦ᠂ ᠡᠯ᠎ᠡ ᠲᠥᠷᠥᠯ ᠤᠨ ᠡᠮᠴᠢᠯᠡᠭᠡᠨ ᠤ ᠪᠠᠲᠤᠯᠠᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ | ᠲᠥᠯᠥᠪᠵᠢᠭᠦᠯᠦᠨ᠂ ᠠᠯᠠᠱᠠ ᠠᠶᠢᠮᠠᠭ ᠤᠨ ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠪᠠ ᠰᠠᠭᠤᠷᠢ | ᠮᠥᠩᠭᠦ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ ᠡᠮᠴᠢᠯᠡᠭᠡᠨ ᠤ ᠪᠠᠲᠤᠯᠠᠭ᠎ᠠ ᠶᠢᠨ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠭᠤᠣᠯᠴᠢ ᠪᠥᠭᠡᠳ ᠨᠢᠭᠡᠳᠦᠯᠲᠡᠢ ᠪᠠᠶᠢᠬᠤ ᠶᠢ ᠠᠬᠢᠭᠤᠯᠤᠨ᠎ᠠ | ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ | ᠪᠠᠷᠢᠮᠲᠠᠯᠠᠨ ᠲᠡᠭᠦᠯᠳᠡᠷᠵᠢᠭᠦᠯᠵᠦ᠂ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠢ ᠲᠥᠷᠥᠯ | ᠬᠤᠪᠢᠶᠠᠨ ᠪᠠᠲᠤᠯᠠᠵᠤ᠂ ᠰᠠᠭᠤᠷᠢ ᠮᠥᠩᠭᠦ ᠳᠤ ᠲᠣᠰ ᠲᠣᠰ ᠲᠠᠩᠰᠠ ᠪᠠᠶᠢᠭᠤᠯᠤᠨ᠂ ᠲᠠᠩᠰᠠ ᠬᠤᠪᠢᠶᠠᠨ | ᠲᠣᠭᠠᠴᠠᠭ᠎ᠠ ᠬᠢᠨ᠎ᠠ᠃ ᠪᠥᠬᠦ ᠤᠯᠤᠰ ᠤᠨ ᠨᠢᠭᠡᠳᠦᠯᠲᠡᠶ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ | ᠵᠦᠢᠯᠡᠰ ᠤᠨ ᠭᠠᠷᠴᠠᠭ ᠪᠠ ᠦᠨᠳᠦᠰᠦᠨ ᠲᠣᠭᠠᠴᠠᠭ᠎ᠠ ᠬᠢᠬᠦ ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠨᠠᠷᠢᠨ ᠬᠠᠭᠤᠳᠠᠰᠤ ᠶᠢᠨ | ᠲᠦᠷᠢᠮ ᠢ ᠳᠣᠣᠱᠯᠠᠭᠤᠯᠣᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠬᠠᠤᠯᠢᠵᠢᠭᠤᠯᠬᠤ᠂ | ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢ ᠰᠢᠨᠵᠢᠯᠡᠬᠦ | ᠤᠬᠠᠭᠠᠨᠴᠢᠯᠠᠬᠤ ᠶᠢ ᠠᠬᠢᠭᠤᠯᠤᠨ᠎ᠠ᠃ | ᠣᠯᠭᠤᠮᠵᠢ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠨ᠎ᠠ᠃ ᠠᠵᠤ ᠠᠬᠤᠶ ᠶᠢᠨ | ᠬᠥᠭᠵᠢᠯᠲᠡ ᠶᠢᠨ ᠬᠢᠷᠢ ᠬᠡᠮᠵᠢᠶ᠎ᠡ ᠪᠣᠯᠤᠨ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ | ᠡᠭᠦᠳᠡᠨ ᠡᠮᠨᠡᠯᠭᠡ ᠪᠣᠯᠤᠨ ᠡᠮᠨᠡᠯᠭᠡ ᠳᠤ ᠰᠠᠭᠤᠬᠤ ᠣᠯᠭᠤᠮᠵᠢ ᠶᠢᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ | ᠨᠢᠭᠡᠳᠦᠯᠲᠡᠶ ᠲᠥᠯᠥᠪᠯᠡᠵᠦ᠂ ᠦᠨᠳᠦᠰᠦᠨ ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠬᠤᠪᠢ ᠬᠥᠮᠦᠨ ᠤ ᠳᠠᠩᠰᠠᠨ ᠡᠷᠦᠬᠡ ᠶᠢ ᠥᠭᠡᠷᠡᠴᠢᠯᠡᠵᠦ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠶ | ᠲᠥᠯᠥᠪᠯᠡᠬᠦ ᠨᠢᠭᠡᠳᠦᠯᠲᠡᠶ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠶᠢᠨ ᠡᠮ | ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠭᠦᠨᠵᠡᠭᠡᠶᠢᠷᠡᠭᠦᠯᠦᠨ᠎ᠡ᠃ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ | ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠢ ᠢᠳᠡᠪᠬᠢᠲᠡᠢ ᠲᠤᠤᠱᠯᠠᠭᠤᠯᠵᠤ᠂ ᠦᠷᠡᠵᠢᠯ ᠤᠨ ᠡᠮ ᠡᠮᠨᠡᠯᠭᠡ ᠶᠢᠨ | ᠵᠠᠷᠤᠳᠠᠯ ᠢ ᠥᠭᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠡᠮᠨᠡᠯᠭᠡ ᠳᠤ ᠰᠠᠭᠤᠵᠤ | ᠬᠥᠩᠭᠡᠵᠢᠬᠦ ᠳᠤ ᠡᠪᠡᠳᠴᠢᠨ ᠤ ᠲᠦᠷᠦᠯ ᠢᠶᠠᠷ ᠥᠭᠴᠦ᠂ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠳᠤ ᠬᠥᠮᠦᠨ ᠤ | ᠲᠤᠭ᠎ᠠ ᠪᠠᠷ ᠥᠭᠴᠦ᠂ ᠦᠷᠡᠵᠢᠯ ᠤᠨ ᠳᠠᠭᠠᠳᠬᠠᠯ ᠤᠨ ᠦᠷᠡᠵᠢᠯ ᠤᠨ ᠨᠡᠮᠡᠭᠦᠷᠢ ᠶᠢ ᠨᠠᠶᠢᠳᠠᠪᠤᠷᠢᠵᠢᠭᠤᠯᠤᠨ᠎ᠠ᠃ | ᠨᠥᠬᠦᠪᠥᠷᠢ ᠡᠮᠨᠡᠯᠭᠡ ᠶᠢᠨ ᠳᠠᠭᠠᠳᠬᠠᠯ ᠢ ᠵᠢᠷᠤᠮᠵᠢᠭᠤᠯᠤᠨ ᠬᠥᠭᠵᠢᠭᠦᠯᠦᠨ᠎ᠡ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ᠂ ᠠᠵᠢᠯᠲᠠᠨ ᠠᠵᠢᠯᠴᠢᠨ ᠤ ᠶᠡᠭᠡ ᠲᠣᠭᠠᠨ ᠤ | ᠡᠮᠨᠡᠯᠭᠡ ᠶᠢᠨ ᠳᠠᠭᠠᠳᠬᠠᠯ᠂ ᠠᠯᠪᠠᠲᠠᠨ ᠤ ᠡᠮᠨᠡᠯᠭᠡ ᠶᠢᠨ ᠨᠥᠬᠦᠪᠥᠷᠢ ᠵᠢᠴᠢ ᠠᠵᠤ ᠠᠬᠤᠶᠢᠯᠠᠯ ᠤᠨ ᠨᠥᠬᠦᠪᠥᠷᠢ | ᠡᠮᠨᠡᠯᠭᠡ ᠶᠢᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠦᠨᠳᠦᠰᠦᠨ ᠡᠮᠨᠡᠯᠭᠡ ᠶᠢᠨ | ᠳᠠᠭᠠᠳᠬᠠᠯ ᠪᠣᠯᠤᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠯᠤᠭ᠎ᠠ ᠵᠣᠯᠭᠠᠭᠤᠯᠬᠤ ᠶᠢ ᠴᠢᠩᠭᠠᠳᠬᠠᠨ᠂ | ᠪᠠᠲᠤᠯᠠᠭ᠎ᠠ ᠶᠢᠨ ᠣᠨᠣᠪᠴᠢ ᠶᠢᠨ ᠬᠡᠮᠵᠢᠶ᠎ᠡ ᠪᠣᠯᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠶᠢ ᠴᠢᠩᠭᠠᠳᠬᠠᠨ᠎ᠠ᠃ | ᠡᠮᠴᠢᠯᠡᠭᠡ ᠪᠠᠷ ᠠᠪᠤᠷᠠᠨ ᠲᠤᠰᠠᠯᠠᠬᠤ ᠳᠦᠷᠢᠮ ᠢ ᠨᠢᠭᠡᠳᠦᠯᠲᠡᠶ ᠵᠢᠷᠤᠮᠵᠢᠭᠤᠯᠤᠨ᠂ ᠠᠪᠤᠷᠠᠨ ᠲᠤᠰᠠᠯᠠᠬᠤ ᠡᠲᠡᠭᠡᠳ ᠢ | ᠴᠠᠭ ᠲᠤᠬᠠᠶ ᠳᠤᠨᠢ ᠲᠦᠢᠯ ᠤᠨ ᠣᠨᠣᠪᠴᠢᠲᠠᠶ ᠪᠠᠷ ᠢᠯᠭᠠᠨ ᠲᠠᠨᠢᠬᠤ ᠲᠣᠭᠲᠠᠴᠠ ᠶᠢ ᠪᠠᠶᠢᠭᠤᠯᠵᠤ᠂ ᠳᠡᠰ | ᠳᠠᠪᠬᠤᠷᠭ᠎ᠠ ᠲᠥᠷᠥᠯ ᠬᠤᠪᠢᠶᠠᠨ ᠠᠪᠤᠷᠠᠨ ᠲᠤᠰᠠᠯᠠᠬᠤ ᠶᠢ ᠬᠡᠷᠡᠭᠵᠢᠭᠦᠯᠦᠨ᠂ ᠠᠪᠤᠷᠠᠨ ᠲᠤᠰᠠᠯᠠᠬᠤ ᠬᠡᠪᠴᠢᠶ᠎ᠡ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠬᠦᠨᠳᠦ ᠡᠪᠡᠳᠴᠢᠨ ᠢ ᠲᠤᠰᠬᠠᠶᠢᠯᠠᠨ ᠠᠪᠤᠷᠠᠨ ᠵᠠᠰᠠᠬᠤ ᠶᠢ | ᠬᠠᠮᠵᠢᠯᠴᠠᠨ ᠬᠡᠷᠡᠭᠵᠢᠭᠦᠯᠦᠨ᠎ᠡ᠃ ᠨᠢᠭᠦᠯᠡᠰᠦᠩᠭᠦᠶ ᠵᠡᠷᠭᠡ ᠨᠡᠶᠢᠭᠡᠮ ᠤᠨ ᠬᠦᠴᠦᠨ ᠤ ᠠᠪᠤᠷᠠᠨ ᠲᠤᠰᠠᠯᠠᠬᠤ | ᠪᠠᠲᠤᠯᠠᠭ᠎ᠠ ᠳᠤ ᠣᠷᠣᠯᠴᠠᠬᠤ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠡᠮᠴᠢᠯᠡᠭᠡᠨ ᠤ ᠠᠪᠤᠷᠠᠨ ᠲᠤᠰᠠᠯᠠᠯᠲᠠ | ᠶᠢ ᠪᠤᠰᠤᠳ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠯᠦᠭᠡ ᠵᠣᠯᠭᠠᠭᠤᠯᠬᠤ ᠶᠢ ᠠᠬᠢᠭᠤᠯᠤᠨ᠂ ᠠᠷᠠᠳ ᠤᠨ | ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠳᠤ ᠬᠦᠴᠦᠨ | ᠨᠡᠮᠡᠷᠢᠯᠡᠨ᠎ᠡ᠃ ᠡᠮᠴᠢᠯᠡᠭᠡᠨ ᠤ ᠳᠠᠭᠠᠳᠬᠠᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠯᠤᠭ᠎ᠠ ᠪᠦᠲᠦᠮᠵᠢᠲᠡᠶ | ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ | ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ | ᠡᠬᠢ ᠪᠠᠶᠠᠯᠢᠭ ᠤᠨ ᠳᠡᠮᠵᠢᠯᠭᠡ ᠶᠢ ᠲᠥᠪᠯᠡᠷᠡᠭᠦᠯᠵᠦ ᠪᠠᠶᠢᠭᠰᠠᠨ ᠠᠴᠠ ᠦᠨᠳᠦᠰᠦᠨ ᠡᠮᠴᠢᠯᠡᠭᠡᠨ ᠤ ᠳᠠᠭᠠᠳᠬᠠᠯ᠂ | ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠭᠤᠷᠪᠠᠨ ᠵᠦᠢᠯ ᠤᠨ ᠲᠦᠷᠢᠮ ᠢ | ᠪᠠᠶᠢᠩᠭᠤᠵᠢᠭᠤᠯᠤᠨ ᠪᠠᠲᠤᠯᠠᠬᠤ ᠳᠠᠰᠢ ᠲᠣᠭᠲᠠᠭᠤᠨ ᠢᠶᠠᠷ ᠰᠢᠯᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠳᠤ ᠬᠡᠯᠪᠠᠶᠢᠯᠭᠡᠬᠦ ᠲᠥᠷᠥ ᠶᠢᠨ ᠪᠣᠳᠣᠯᠭ᠎ᠠ ᠳᠤ ᠲᠥᠷᠥᠯ | ᠬᠤᠪᠢᠶᠠᠨ ᠲᠣᠬᠢᠷᠠᠭᠤᠯᠤᠯᠲᠠ ᠬᠢᠵᠦ᠂ ᠣᠷᠣᠨ ᠨᠤᠲᠤᠭ ᠤᠨ ᠥᠪᠡᠰᠦᠪᠡᠨ ᠥᠷᠨᠢᠭᠦᠯᠦᠭᠰᠡᠨ ᠪᠤᠰᠤᠳ ᠡᠮᠴᠢᠯᠡᠭᠡᠨ ᠤ | ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢᠨ ᠪᠠᠯᠠ ᠮᠥᠩᠭᠦ ᠶᠢ ᠡᠮᠴᠢᠯᠡᠭᠡᠨ ᠤ ᠠᠪᠤᠷᠠᠨ ᠲᠤᠰᠠᠯᠠᠬᠤ | ᠰᠠᠭᠤᠷᠢ ᠮᠥᠩᠭᠦ ᠳᠤ ᠨᠢᠭᠡᠳᠦᠯᠲᠡᠶ ᠨᠡᠶᠢᠯᠡᠭᠦᠯᠦᠨ ᠣᠷᠣᠭᠤᠯᠵᠤ᠂ ᠡᠮᠴᠢᠯᠡᠭᠡᠨ ᠤ ᠳᠠᠭᠠᠳᠬᠠᠯ ᠢᠶᠠᠷ ᠶᠠᠳᠠᠭᠤ ᠶᠢ | ᠲᠡᠳᠬᠦᠬᠦ ᠬᠦᠷᠢᠶᠡᠨ ᠳᠠᠬᠢ ᠬᠡᠲᠦ ᠪᠠᠲᠤᠯᠠᠭ᠎ᠠ ᠶᠢ ᠡᠷᠡᠰ ᠵᠠᠰᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠤᠨ ᠣᠯᠭᠤᠮᠵᠢ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠮᠠᠯᠵᠢᠬᠤ | ᠲᠠᠷᠢᠶᠠᠯᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ | ᠳᠡᠭᠡᠭᠰᠢᠯᠡᠭᠦᠯᠦᠨ᠎ᠡ᠃ | ᠬᠦᠨᠳᠦ ᠶᠡᠭᠡ ᠬᠢᠵᠢᠭ ᠤᠨ ᠪᠠᠶᠢᠳᠠᠯ ᠢ ᠪᠠᠲᠤᠯᠠᠬᠤ ᠲᠣᠭᠲᠠᠴᠠ ᠶᠢ ᠪᠠᠶᠢᠭᠤᠯᠤᠨ᠎ᠠ᠃ ᠬᠦᠨᠳᠦ ᠶᠡᠭᠡ | ᠬᠢᠵᠢᠭ ᠤᠨ ᠡᠮᠴᠢᠯᠡᠭᠡᠨ ᠤ ᠠᠪᠤᠷᠠᠨ ᠵᠠᠰᠠᠬᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ | ᠪᠣᠳᠣᠯᠭ᠎ᠠ ᠶᠢ ᠪᠠᠶᠢᠭᠤᠯᠤᠨ ᠪᠦᠷᠢᠨᠰᠢᠭᠦᠯᠵᠦ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ | ᠪᠤᠳᠤᠬᠤ ᠲᠦᠷᠢᠮ ᠢ ᠲᠡᠭᠦᠯᠳᠡᠷᠵᠢᠭᠦᠯᠦᠨ᠎ᠡ᠃ ᠤᠯᠤᠰ ᠤᠨ ᠣᠨᠴᠣᠭᠤᠶ ᠬᠥᠮᠦᠰ᠂ ᠣᠨᠴᠣᠭᠤᠶ ᠲᠣᠭᠲᠠᠭᠠᠭᠰᠠᠨ | ᠡᠪᠡᠳᠴᠢᠨ ᠡᠮᠭᠡᠭ ᠤᠨ ᠡᠮ ᠡᠮᠨᠡᠯᠭᠡ ᠶᠢᠨ ᠵᠠᠷᠤᠳᠠᠯ ᠢ ᠬᠡᠯᠲᠦᠷᠢᠭᠦᠯᠬᠦ ᠳᠦᠷᠢᠮ ᠢ ᠨᠠᠶᠢᠳᠠᠪᠤᠷᠢᠵᠢᠭᠤᠯᠵᠤ᠂ | ᠬᠦᠴᠢᠷᠳᠡᠯᠲᠡᠶ ᠣᠯᠠᠨ ᠲᠦᠮᠡᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠬᠦ ᠬᠤᠶᠢᠰᠢᠳᠠ ᠶᠢᠨ ᠵᠣᠪᠠᠨᠢᠯ ᠢ | ᠬᠥᠩᠭᠡᠷᠡᠭᠦᠯᠦᠨ᠎ᠡ᠃ | ᠭᠤᠷᠪᠠᠳᠤᠭᠠᠷ ᠬᠡᠰᠡᠭ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠲᠣᠭᠲᠠᠴᠠ ᠶᠢ | ᠰᠢᠯᠢᠳᠡᠭᠵᠢᠭᠦᠯᠦᠨ᠎ᠡ | ᠠᠵᠤ ᠠᠬᠤᠢ ᠶᠢᠨ ᠬᠥᠭᠵᠢᠯᠲᠡ ᠯᠦᠭᠡ ᠵᠣᠬᠢᠴᠠᠯᠳᠤᠭᠰᠠᠨ᠂ ᠡᠯ᠎ᠡ ᠲᠠᠯ᠎ᠠ ᠶᠢᠨ ᠳᠠᠭᠠᠭᠠᠬᠤ ᠴᠢᠳᠠᠪᠤᠷᠢ ᠲᠠᠢ | ᠵᠣᠬᠢᠴᠠᠯᠳᠤᠭᠰᠠᠨ᠂ ᠦᠨᠳᠦᠰᠦᠨ ᠡᠷᠡᠭᠦᠯ ᠮᠡᠨᠳᠦ ᠶᠢᠨ ᠬᠡᠷᠡᠭᠴᠡᠭᠡ ᠲᠠᠢ ᠵᠣᠬᠢᠴᠠᠯᠳᠤᠭᠰᠠᠨ ᠪᠡᠯᠡ ᠴᠤᠭᠯᠠᠭᠤᠯᠬᠤ | ᠲᠣᠭᠲᠠᠴᠠ ᠶᠢ ᠪᠠᠶᠢᠭᠤᠯᠵᠤ᠂ ᠰᠠᠭᠤᠷᠢ ᠮᠥᠩᠭᠦᠨ ᠤ ᠠᠵᠢᠯᠯᠠᠭᠠᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ | ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃ | ᠪᠡᠯᠡ ᠴᠤᠭᠯᠠᠭᠤᠯᠬᠤ ᠶᠢ ᠬᠤᠪᠢᠶᠠᠨ ᠡᠭᠦᠷᠭᠡᠯᠡᠵᠦ ᠲᠤᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠬᠤᠪᠢ ᠬᠥᠮᠦᠨ᠂ ᠬᠥᠮᠦᠨ ᠬᠡᠷᠡᠭᠯᠡᠬᠦ ᠨᠢᠭᠡᠴᠡ᠂ ᠵᠠᠰᠠᠭ ᠣᠨ ᠣᠷᠳᠣᠨ ᠭᠤᠷᠪᠠᠨ ᠲᠠᠯ᠎ᠠ ᠶᠢᠨ ᠪᠠᠯᠠ ᠴᠤᠭᠯᠠᠭᠤᠯᠵᠤ | ᠰᠦᠢᠳᠬᠡᠯ ᠲᠤᠰᠢᠶᠠᠬᠤ ᠬᠠᠷᠢᠭᠤᠴᠠᠯᠭ᠎ᠠ ᠶᠢ ᠲᠡᠩᠴᠡᠭᠦᠷᠢᠰᠢᠭᠦᠯᠬᠦ ᠬᠡᠷᠡᠭᠲᠡᠶ᠃ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠦᠢᠳᠬᠡᠯ ᠤᠨ ᠰᠠᠭᠤᠷᠢ ᠨᠣᠷᠮ᠎ᠠ ᠶᠢᠨ ᠲᠦᠷᠢᠮ ᠢ ᠪᠠᠶᠢᠭᠤᠯᠵᠤ᠂ ᠰᠦᠢᠳᠬᠡᠯ ᠤᠨ ᠨᠣᠷᠮ᠎ᠠ ᠶᠢ ᠵᠦᠶ | ᠵᠣᠬᠢᠰᠲᠠᠶ ᠲᠣᠭᠲᠠᠭᠠᠨ᠂ ᠬᠥᠳᠡᠯᠦᠩᠭᠦᠶ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ ᠰᠦᠢᠳᠬᠡᠯ ᠲᠤᠰᠢᠶᠠᠬᠤ | ᠰᠠᠭᠤᠷᠢ ᠲᠤᠭ᠎ᠠ ᠶᠢᠨ ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ᠎ᠠ᠃ ᠠᠵᠢᠯᠲᠠᠨ ᠠᠵᠢᠯᠴᠢᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠵᠠᠰᠠᠭ ᠤᠨ | ᠣᠷᠳᠣᠨ ᠪᠠ ᠬᠤᠪᠢ ᠬᠥᠮᠦᠨ ᠤ ᠵᠦᠶ ᠵᠣᠬᠢᠰᠲᠠᠶ ᠪᠠᠷ ᠬᠤᠪᠢᠳᠠᠨ ᠡᠭᠦᠷᠭᠡᠯᠡᠬᠦ ᠪᠠᠯᠠ ᠴᠤᠭᠯᠠᠭᠤᠯᠬᠤ ᠲᠣᠭᠲᠠᠴᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠪᠢ ᠬᠥᠮᠦᠨ ᠤ ᠰᠦᠢᠳᠬᠡᠯ ᠲᠤᠰᠢᠶᠠᠬᠤ ᠪᠠ ᠵᠠᠰᠠᠭ ᠤᠨ ᠣᠷᠳᠣᠨ ᠤ | ᠨᠥᠬᠦᠪᠥᠷᠢ ᠥᠭᠬᠦ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ᠬᠤᠪᠢ ᠬᠥᠮᠦᠨ ᠤ ᠰᠦᠢᠳᠬᠡᠯ | ᠲᠤᠰᠢᠶᠠᠬᠤ ᠪᠠ ᠵᠠᠰᠠᠭ ᠤᠨ ᠣᠷᠳᠣᠨ ᠤ ᠨᠥᠬᠦᠪᠥᠷᠢ ᠥᠭᠬᠦ ᠪᠦᠲᠦᠴᠡ ᠶᠢ ᠰᠢᠯᠢᠳᠡᠭᠵᠢᠭᠦᠯᠵᠦ᠂ ᠬᠤᠪᠢ ᠬᠥᠮᠦᠨ ᠤ | ᠰᠦᠢᠳᠬᠡᠯ ᠲᠤᠰᠢᠶᠠᠬᠤ ᠬᠠᠷᠢᠭᠤᠴᠠᠯᠭ᠎ᠠ ᠶᠢ ᠴᠢᠩᠭᠠᠷᠠᠭᠤᠯᠤᠨ᠂ ᠰᠠᠭᠤᠷᠢ ᠮᠥᠩᠭᠦ ᠶᠢᠨ ᠲᠣᠭᠲᠠᠭᠤᠨ ᠢᠶᠠᠷ | ᠦᠷᠭᠦᠯᠵᠢᠯᠡᠨ ᠠᠵᠢᠯᠯᠠᠬᠤ ᠶᠢ ᠠᠬᠢᠭᠤᠯᠤᠨ᠎ᠠ᠃ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠴᠤᠭᠯᠠᠭᠤᠯᠬᠤ | ᠠᠷᠭ᠎ᠠ ᠵᠠᠮ ᠢ ᠥᠷᠭᠡᠵᠢᠭᠦᠯᠦᠨ᠂ ᠨᠡᠶᠢᠭᠡᠮ ᠤᠨ ᠬᠢᠨ ᠤ ᠲᠤᠰᠠᠯᠠᠨ ᠬᠦᠷᠭᠡᠬᠦ ᠪᠠ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠵᠡᠷᠭᠡ ᠣᠯᠠᠨ ᠠᠷᠭ᠎ᠠ ᠵᠠᠮ ᠢᠶᠠᠷ ᠪᠡᠯᠡ ᠴᠤᠭᠯᠠᠭᠤᠯᠬᠤ ᠶᠢ ᠵᠣᠷᠢᠭᠵᠢᠭᠤᠯᠤᠨ ᠬᠥᠲᠥᠯᠥᠨ | ᠵᠢᠯᠣᠭᠤᠳᠴᠤ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠳᠠᠬᠢ ᠡᠳ᠋ ᠤᠨ ᠵᠠᠰᠠᠭ ᠤᠨ ᠣᠷᠣᠭᠤᠯᠤᠯᠲᠠ ᠶᠢ | ᠨᠡᠮᠡᠭᠳᠡᠭᠦᠯᠦᠨ᠎ᠡ᠃ | ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠶ ᠲᠥᠯᠥᠪᠯᠡᠬᠦ ᠳᠡᠰ ᠳᠠᠪᠬᠤᠷᠭ᠎ᠠ ᠶᠢ | ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠬᠡᠬᠦ᠂ ᠰᠠᠭᠤᠷᠢ ᠮᠥᠩᠭᠦᠨ ᠤ ᠣᠷᠣᠯᠭ᠎ᠠ | ᠵᠠᠷᠤᠯᠭ᠎ᠠ᠂ ᠭᠠᠷᠲᠠᠨ ᠭᠦᠢᠴᠡᠳᠬᠡᠬᠦ ᠦᠢᠯᠡᠴᠢᠯᠡᠭᠡ ᠪᠠ ᠮᠡᠳᠡᠭᠡ ᠵᠠᠩᠭᠢ ᠶᠢᠨ ᠰᠢᠰᠲ᠋ᠧᠮ ᠢ ᠪᠠᠷᠢᠮᠲᠠᠯᠠᠬᠤ ᠵᠠᠷᠴᠢᠮ | ᠶᠣᠰᠣᠭᠠᠷ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠠᠶᠢᠮᠠᠭ ᠤᠨ ᠱᠠᠲᠤᠨ ᠳᠤ ᠨᠢᠭᠡᠳᠦᠯᠲᠡᠢ | ᠲᠥᠯᠥᠪᠵᠢᠭᠦᠯᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠱᠠᠲᠤ ᠬᠤᠪᠢᠶᠠᠨ ᠬᠠᠮᠢᠶᠠᠷᠬᠤ᠂ | ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠲᠥᠰᠦᠪ ᠢ ᠰᠢᠯᠭᠠᠨ | ᠬᠢᠨᠠᠬᠤ ᠠᠷᠭ᠎ᠠ ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠥᠪᠡᠷᠲᠡᠭᠡᠨ ᠵᠠᠰᠠᠬᠤ ᠣᠷᠣᠨ ᠤ ᠲᠠᠰ ᠤᠨ ᠨᠢᠭᠡᠳᠦᠯᠲᠡᠶ ᠲᠥᠯᠥᠪᠯᠡᠬᠦ ᠶᠢ ᠠᠬᠢᠭᠤᠯᠬᠤ ᠳᠤ ᠬᠠᠮᠵᠢᠯᠴᠠᠨ᠎ᠠ᠃ ᠡᠮ | ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ | ᠠᠪᠤᠷᠠᠨ ᠲᠤᠰᠠᠯᠠᠬᠤ ᠠᠶᠢᠮᠠᠭ ᠤᠨ ᠱᠠᠲᠤᠨ ᠤ ᠨᠢᠭᠡᠳᠦᠯᠲᠡᠢ ᠲᠥᠯᠥᠪᠯᠡᠬᠦ ᠠᠵᠢᠯ ᠢ ᠰᠠᠶᠢᠲᠤᠷ ᠬᠢᠨ᠎ᠡ᠃ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠬᠠᠮᠢᠶᠠᠷᠤᠯᠲᠠ ᠶᠢ ᠴᠢᠩᠳᠠᠯᠠᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ᠂ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠠᠮᠵᠢᠯᠲᠠ ᠪᠦᠲᠦᠮᠵᠢ ᠶᠢᠨ ᠦᠨᠡᠯᠡᠯᠲᠡ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠂ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠣᠯᠤᠨ ᠡᠮ | ᠡᠮᠨᠡᠯᠭᠡ ᠶᠢᠨ ᠠᠪᠤᠷᠠᠨ ᠲᠤᠰᠠᠯᠠᠬᠤ ᠳᠤ ᠰᠢᠯᠵᠢᠭᠦᠯᠦᠨ ᠥᠭᠬᠦ ᠰᠢᠭᠤᠳ ᠬᠦᠷᠬᠦ ᠲᠣᠭᠲᠠᠴᠠ ᠶᠢ ᠲᠡᠭᠦᠯᠳᠡᠷᠵᠢᠭᠦᠯᠦᠨ᠎ᠡ | ᠃ ᠡᠮᠴᠢᠯᠡᠭᠡᠨ ᠤ ᠵᠠᠷᠤᠳᠠᠯ ᠤᠨ ᠨᠡᠮᠡᠭᠳᠡᠯ᠂ ᠣᠯᠠᠨ ᠲᠦᠮᠡᠨ ᠤ ᠳᠠᠷᠤᠭᠠᠰᠤ ᠶᠢᠨ ᠬᠢᠷᠢ ᠬᠡᠮᠵᠢᠶ᠎ᠡ ᠶᠢᠨ ᠬᠤᠪᠢᠷᠠᠯᠲᠠ ᠶᠢ | ᠬᠢᠨᠠᠨ ᠰᠢᠨᠵᠢᠵᠦ ᠦᠨᠡᠯᠡᠬᠦ ᠶᠢ ᠴᠢᠩᠭᠠᠳᠬᠠᠵᠤ᠂ ᠰᠠᠭᠤᠷᠢ ᠮᠥᠩᠭᠦᠨ ᠤ ᠠᠵᠢᠯᠯᠠᠭᠠᠨ ᠤ ᠲᠦᠭᠰᠢᠭᠦᠷᠢ ᠶᠢ ᠦᠨᠡᠯᠡᠨ | ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠰᠠᠭᠤᠷᠢ ᠮᠥᠩᠭᠦ ᠶᠢᠨ ᠳᠤᠮᠳᠠ | ᠤᠷᠲᠤ ᠬᠤᠭᠤᠴᠠᠭᠠᠨ ᠤ ᠨᠠᠷᠢᠨ ᠪᠣᠳᠣᠯᠲᠠ ᠶᠢ ᠥᠷᠨᠢᠭᠦᠯᠵᠦ᠂ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢᠨ | ᠲᠣᠭᠲᠠᠴᠠ ᠶᠢ ᠪᠠᠶᠢᠭᠤᠯᠤᠨ᠎ᠠ᠃ | ᠳᠥᠷᠪᠡᠳᠦᠭᠡᠷ ᠬᠡᠰᠡᠭ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ | ᠪᠠᠶᠢᠭᠤᠯᠤᠨ᠎ᠠ | ᠬᠥᠮᠦᠨ ᠢᠶᠠᠷ ᠦᠨᠳᠦᠰᠦ ᠪᠣᠯᠭᠠᠬᠤ᠂ ᠲᠤᠰᠠᠭᠠᠷ ᠠᠵᠢᠯᠯᠠᠭᠤᠯᠬᠤ᠂ ᠦᠨᠳᠦᠰᠦᠨ ᠵᠦᠢᠯ ᠢ ᠪᠠᠲᠤᠯᠠᠬᠤ᠂ | ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ ᠲᠣᠭᠲᠠᠴᠠ ᠶᠢᠨ ᠰᠢᠨ᠎ᠡ ᠶᠢ ᠡᠭᠦᠳᠬᠦ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠦᠨᠳᠦᠰᠦᠨ ᠵᠠᠷᠴᠢᠮ ᠢ ᠪᠠᠷᠢᠮᠲᠠᠯᠠᠵᠤ᠂ ᠪᠦᠬᠦ ᠠᠶᠢᠮᠠᠭ ᠤᠨ ᠠᠵᠤ ᠠᠬᠤᠢ ᠶᠢᠨ | ᠬᠥᠭᠵᠢᠯᠲᠡ ᠶᠢᠨ ᠬᠢᠷᠢ ᠲᠦᠪᠰᠢᠨ ᠪᠠ ᠨᠠᠰᠤᠵᠢᠯ ᠤᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠰᠠᠨ ᠤᠷᠲᠤ | ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠥᠷᠦ ᠶᠢᠨ ᠪᠣᠳᠣᠯᠭ᠎ᠠ ᠶᠢᠨ ᠪᠣᠷᠣ ᠲᠥᠯᠥᠪ ᠢ | ᠴᠢᠷᠮᠠᠶᠢᠨ ᠪᠦᠷᠢᠯᠳᠦᠭᠦᠯᠦᠨ᠎ᠡ᠃ ᠬᠠᠷᠢᠯᠴᠠᠨ ᠬᠠᠪᠰᠤᠷᠤᠯᠴᠠᠵᠤ ᠬᠠᠮᠲᠤᠪᠠᠷ ᠲᠤᠰᠠᠯᠠᠬᠤ᠂ ᠬᠠᠷᠢᠭᠤᠴᠠᠯᠭ᠎ᠠ ᠶᠢ | ᠬᠠᠮᠲᠤᠪᠠᠷ ᠡᠭᠦᠷᠭᠡᠯᠡᠬᠦ ᠵᠠᠷᠴᠢᠮ ᠢ ᠵᠢᠷᠤᠮᠯᠠᠨ᠂ ᠣᠯᠠᠨ ᠠᠷᠭ᠎ᠠ ᠵᠠᠮ ᠢᠶᠠᠷ ᠪᠠᠯᠠ ᠴᠤᠭᠯᠠᠭᠤᠯᠬᠤ ᠲᠣᠭᠲᠠᠴᠠ ᠶᠢ | ᠪᠦᠷᠢᠨᠰᠢᠭᠦᠯᠵᠦ᠂ ᠣᠯᠠᠨ ᠲᠦᠮᠡᠨ ᠤ ᠣᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠤᠷᠲᠤ | ᠬᠤᠭᠤᠴᠠᠭᠠᠨ ᠤ ᠰᠤᠪᠢᠯᠠᠯᠲᠠ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠤᠨ᠎ᠠ᠃ | ᠲᠠᠪᠤᠳᠤᠭᠠᠷ ᠬᠡᠰᠡᠭ ᠬᠤᠳᠠᠯᠳᠤᠭᠠᠨ ᠤ ᠡᠮ ᠡᠮᠨᠡᠯᠭᠡ ᠶᠢᠨ ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ | ᠪᠠᠶᠢᠭᠠᠳ ᠦᠢᠯᠡᠳᠬᠦᠨ ᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠡᠮᠴᠢᠯᠡᠭᠡ᠂ ᠡᠷᠡᠭᠦᠯᠵᠢᠯ᠂ ᠬᠠᠷᠠᠭᠠᠯᠵᠠᠨ | ᠠᠰᠠᠷᠠᠬᠤ᠂ ᠬᠥᠩᠭᠡᠵᠢᠬᠦ ᠵᠡᠷᠭᠡ ᠣᠯᠠᠨ ᠬᠦᠷᠢᠶ᠎ᠡ ᠶᠢ ᠪᠠᠭᠲᠠᠭᠠᠭᠰᠠᠨ ᠶᠡᠷᠦᠩᠬᠡᠶᠢᠯᠡᠭᠰᠡᠨ ᠴᠢᠨᠠᠷᠲᠠᠶ ᠡᠷᠡᠭᠦᠯ | ᠮᠡᠨᠳᠦ ᠶᠢᠨ ᠳᠠᠭᠠᠳᠬᠠᠯ ᠤᠨ ᠨᠡᠷᠡᠳᠬᠦᠨ ᠤ ᠦᠢᠯᠡᠴᠢᠯᠡᠭᠡ ᠶᠢ ᠬᠠᠩᠭᠠᠵᠤ᠂ ᠬᠤᠳᠠᠯᠳᠤᠭᠠᠨ ᠤ ᠡᠷᠡᠭᠦᠯ ᠮᠡᠨᠳᠦ ᠶᠢᠨ | ᠳᠠᠭᠠᠳᠬᠠᠯ ᠤᠨ ᠬᠠᠩᠭᠠᠯᠭ᠎ᠠ ᠶᠢ ᠪᠠᠶᠠᠯᠢᠭᠵᠢᠭᠤᠯᠤᠨ᠂ ᠠᠷᠠᠳ ᠣᠯᠠᠨ ᠤ ᠣᠯᠠᠨ ᠶᠠᠩᠵᠤᠴᠢᠯᠠᠭᠰᠠᠨ ᠪᠠᠲᠤᠯᠠᠭ᠎ᠠ ᠶᠢᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠮᠡᠳᠡᠭᠡ | ᠵᠠᠩᠭᠢ ᠶᠢᠨ ᠲᠠᠪᠴᠠᠩ ᠬᠢᠭᠡᠳ ᠪᠥᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ | ᠲᠣᠭᠲᠠᠭᠠᠯ ᠶᠣᠰᠣᠭᠠᠷ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠠᠬᠢᠭᠤᠯᠬᠤ ᠶᠢ ᠰᠦᠪᠡᠭᠴᠢᠯᠡᠨ᠎ᠡ᠃ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ | ᠠᠵᠢᠯ ᠢ ᠳᠠᠭᠠᠭᠠᠨ ᠬᠦᠢᠴᠡᠳᠭᠡᠬᠦ ᠶᠢ ᠵᠢᠷᠤᠮᠵᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠢ ᠭᠠᠷᠲᠠᠨ | ᠬᠦᠢᠴᠡᠳᠭᠡᠬᠦ ᠳᠤ ᠣᠷᠣᠯᠴᠠᠭᠰᠠᠨ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠠᠵᠢᠯ ᠤᠨ ᠠᠮᠵᠢᠯᠲᠠ | ᠪᠦᠲᠦᠮᠵᠢ ᠶᠢ ᠦᠨᠡᠯᠡᠬᠦ ᠲᠣᠭᠲᠠᠴᠠ ᠶᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠵᠦ᠂ ᠢᠲᠡᠭᠡᠮᠵᠢ ᠶᠢᠨ | ᠬᠠᠮᠢᠶᠠᠷᠤᠯᠲᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠳᠤ ᠡᠭᠦᠰᠦᠭᠰᠡᠨ ᠬᠤᠳᠠᠯᠳᠤᠭᠠᠨ ᠤ ᠨᠥᠬᠦᠪᠥᠷᠢ ᠡᠮᠴᠢᠯᠡᠭᠡᠨ ᠤ ᠳᠠᠭᠠᠳᠬᠠᠯ ᠤᠨ | ᠵᠠᠷᠤᠳᠠᠯ ᠢ ᠬᠠᠮᠲᠤ ᠳᠤᠨᠢ ᠬᠢᠨᠠᠨ ᠡᠵᠡᠮᠳᠡᠬᠦ ᠬᠡᠪᠴᠢᠶᠡᠨ ᠳᠤ ᠣᠷᠣᠭᠤᠯᠤᠨ᠎ᠠ᠃ | ᠵᠢᠷᠭᠤᠳᠤᠭᠠᠷ ᠬᠡᠰᠡᠭ ᠡᠮᠴᠢᠯᠡᠭᠡᠨ ᠤ ᠬᠠᠪᠰᠤᠷᠤᠯᠴᠠᠭ᠎ᠠ ᠶᠢᠨ ᠡᠮᠬᠢ ᠵᠢᠷᠤᠮ ᠲᠠᠢ ᠪᠠᠷ ᠬᠥᠭᠵᠢᠬᠦ ᠶᠢ ᠲᠡᠮᠵᠢᠨ᠎ᠠ | ᠠᠵᠢᠯᠴᠢᠨ ᠤ ᠡᠪᠯᠡᠯ ᠤᠨ ᠡᠮ ᠡᠮᠨᠡᠯᠭᠡ ᠶᠢᠨ ᠬᠠᠪᠰᠤᠷᠤᠯᠴᠠᠭ᠎ᠠ ᠶᠢᠨ ᠡᠮᠬᠢ ᠵᠢᠷᠤᠮ ᠲᠠᠢ ᠪᠠᠷ ᠬᠥᠭᠵᠢᠬᠦ ᠶᠢ | ᠵᠣᠷᠢᠭᠵᠢᠭᠤᠯᠵᠤ᠂ ᠠᠵᠢᠯᠴᠢᠨ ᠤ ᠡᠪᠯᠡᠯ ᠤᠨ ᠡᠮ ᠡᠮᠨᠡᠯᠭᠡ ᠶᠢᠨ ᠬᠠᠪᠰᠤᠷᠤᠯᠴᠠᠭ᠎ᠠ ᠬᠢᠭᠡᠳ ᠠᠵᠢᠯᠲᠠᠨ ᠠᠵᠢᠯᠴᠢᠨ ᠤ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠵᠣᠯᠭᠠᠭᠤᠯᠬᠤ ᠶᠢ ᠴᠢᠩᠭᠠᠳᠬᠠᠵᠤ᠂ ᠠᠵᠢᠯᠲᠠᠨ ᠠᠵᠢᠯᠴᠢᠨ ᠤ ᠡᠮ | ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠨᠠᠩ ᠰᠠᠶᠢᠲᠤᠷ ᠬᠥᠩᠭᠡᠷᠡᠭᠦᠯᠦᠨ᠎ᠡ᠃ ᠨᠡᠶᠢᠭᠡᠮ ᠨᠡᠶᠢᠲᠡ ᠶᠢᠨ | ᠠᠰᠠᠷᠠᠮᠵᠢ ᠶᠢᠨ ᠨᠢᠭᠦᠯᠡᠰᠦᠩᠭᠦᠶ ᠶᠢᠨ ᠬᠠᠨᠳᠢᠪᠯᠠᠬᠤ ᠶᠢ ᠵᠣᠷᠢᠭᠵᠢᠭᠤᠯᠵᠤ᠂ ᠨᠡᠶᠢᠲᠡ ᠶᠢᠨ ᠠᠰᠠᠷᠠᠮᠵᠢ ᠶᠢᠨ | ᠨᠢᠭᠦᠯᠡᠰᠦᠩᠭᠦᠶ ᠶᠢᠨ ᠡᠮᠴᠢᠯᠡᠭᠡᠨ ᠤ ᠬᠠᠪᠰᠤᠷᠤᠯᠴᠠᠭ᠎ᠠ᠂ ᠰᠦᠯᠵᠢᠶᠡᠨ ᠤ ᠬᠠᠪᠰᠤᠷᠤᠯᠴᠠᠭ᠎ᠠ ᠶᠢ ᠵᠢᠷᠤᠮᠵᠢᠭᠤᠯᠤᠨ | ᠬᠥᠭᠵᠢᠭᠦᠯᠵᠦ᠂ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠨ᠂ ᠪᠥᠬᠦ ᠨᠡᠶᠢᠭᠡᠮ ᠤᠨ ᠡᠷᠡᠭᠦᠯ ᠮᠡᠨᠳᠦ ᠶᠢᠨ | ᠪᠠᠲᠤᠯᠠᠭ᠎ᠠ ᠶᠢᠨ ᠤᠬᠠᠮᠰᠠᠷ ᠪᠠ ᠬᠠᠪᠰᠤᠷᠤᠯᠴᠠᠬᠤ ᠤᠬᠠᠮᠰᠠᠷ ᠢ ᠳᠡᠭᠡᠭᠰᠢᠯᠡᠭᠦᠯᠵᠦ᠂ ᠬᠦᠨᠳᠦ ᠡᠪᠡᠳᠴᠢᠲᠡᠨ ᠤ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠭᠤᠷᠪᠠᠳᠤᠭᠠᠷ ᠪᠦᠯᠦᠭ ᠡᠮᠴᠢᠯᠡᠭᠡᠨ ᠤ ᠪᠠᠲᠤᠯᠠᠭ᠎ᠠ ᠶᠢᠨ ᠬᠠᠮᠵᠢᠯᠴᠠᠨ ᠵᠠᠰᠠᠬᠤ ᠰᠢᠰᠲ᠋ᠧᠮᠵᠢ ᠶᠢ ᠰᠢᠯᠢᠳᠡᠭᠵᠢᠭᠦᠯᠦᠨ᠎ᠡ | ᠨᠢᠭᠡᠳᠦᠭᠡᠷ ᠬᠡᠰᠡᠭ ᠡᠮᠴᠢᠯᠡᠭᠡᠨ ᠤ ᠪᠠᠲᠤᠯᠠᠭ᠎ᠠ ᠶᠢᠨ ᠲᠦᠯᠦᠬᠦ ᠲᠣᠭᠲᠠᠴᠠ ᠶᠢ ᠰᠠᠶᠢᠵᠢᠷᠠᠭᠤᠯᠤᠨ᠎ᠠ | ᠨᠠᠩ ᠦᠷ᠎ᠡ ᠪᠦᠲᠦᠮᠵᠢᠲᠡᠶ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢ ᠬᠡᠷᠡᠭᠵᠢᠭᠦᠯᠵᠦ᠂ ᠡᠮᠴᠢᠯᠡᠭᠡᠨ ᠤ | ᠬᠡᠷᠡᠭᠴᠡᠭᠡ᠂ ᠵᠦᠶ ᠵᠣᠬᠢᠰᠲᠠᠶ ᠣᠨᠣᠰᠢᠯᠠᠨ ᠡᠮᠨᠡᠬᠦ᠂ ᠲᠣᠬᠢᠷᠠᠮᠵᠢᠲᠠᠶ ᠮᠡᠷᠭᠡᠵᠢᠯ ᠪᠠ ᠬᠢᠲᠠᠳ ᠡᠮᠨᠡᠯᠭᠡ ︵ᠮᠣᠩᠭᠤᠯ | ᠡᠮᠨᠡᠯᠭᠡ︶ ᠬᠢᠭᠡᠳ ᠧᠦ᠋ᠷᠣᠫᠠ ᠡᠮᠨᠡᠯᠭᠡ ᠶᠢ ᠵᠡᠷᠭᠡᠪᠡᠷ ᠴᠢᠬᠤᠯᠠᠴᠢᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠲᠣᠭᠲᠠᠴᠠ ᠶᠢ ᠨᠠᠶᠢᠳᠠᠪᠤᠷᠢᠵᠢᠭᠤᠯᠤᠨ᠂ | ᠵᠥᠪᠳᠡᠯᠴᠡᠬᠡᠷ᠂ ᠳ᠋ᠦᠩᠨᠡᠨ ᠪᠤᠳᠤᠬᠤ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠴᠢᠨᠠᠷ ᠰᠠᠶᠢᠲᠠᠶ | ᠡᠮ ᠡᠮᠨᠡᠯᠭᠡ ᠶᠢᠨ ᠦᠢᠯᠡᠴᠢᠯᠡᠭᠡ ᠭᠥᠷᠳᠡᠬᠦ ᠶᠢ ᠪᠠᠲᠤᠯᠠᠨ᠂ ᠰᠠᠭᠤᠷᠢ ᠮᠥᠩᠭᠦ ᠶᠢᠨ ᠬᠡᠷᠡᠭᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠡᠮ ᠡᠮᠨᠡᠯᠭᠡ ᠶᠢᠨ ᠦᠢᠯᠡᠴᠢᠯᠡᠬᠡᠨ ᠤ ᠬᠦᠷᠢᠶ᠎ᠡ ᠳᠤ ᠦᠵᠡᠭᠦᠯᠬᠦ | ᠤᠷᠮᠠᠰᠢᠭᠤᠯᠬᠤ ᠪᠠ ᠬᠢᠵᠠᠭᠠᠷᠯᠠᠬᠤ ᠦᠢᠯᠡᠳᠦᠯ ᠢ ᠴᠢᠩᠭᠠᠷᠠᠭᠤᠯᠤᠨ᠎ᠠ᠃ | ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠲᠣᠭᠲᠠᠴᠠ ᠶᠢ | ᠨᠠᠶᠢᠳᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ | ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠲᠣᠭᠲᠠᠴᠠ ᠪᠠ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠡᠮ ᠤᠨ ᠵᠦᠢᠯ ᠢ ᠦᠨᠡᠯᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ | ᠡᠮ ᠤᠨ ᠵᠦᠢᠯ ᠤᠨ ᠭᠠᠷᠴᠠᠭ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠨᠵᠢᠬᠦ ᠶᠢ ᠴᠢᠩᠭᠠᠳᠬᠠᠨ᠂ ᠬᠦᠨᠳᠦ | ᠡᠪᠡᠳᠴᠢᠨ ᠡᠮᠭᠡᠭ᠂ ᠬᠡᠦᠬᠡᠳ ᠤᠨ ᠡᠪᠡᠳᠴᠢᠨ ᠡᠮᠭᠡᠭ ᠵᠢᠴᠢ ᠨᠠᠰᠤᠲᠠᠶᠢᠴᠤᠳ ᠤᠨ ᠪᠠᠶᠢᠩᠭᠤ ᠲᠣᠬᠢᠶᠠᠯᠳᠤᠳᠠᠭ | ᠡᠪᠡᠳᠴᠢᠨ ᠵᠡᠷᠭᠡ ᠶᠢᠨ ᠡᠮ ᠭᠡᠷᠡᠭᠯᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠵᠦ᠂ ᠬᠤᠪᠣᠷ ᠲᠣᠬᠢᠶᠠᠯᠳᠤᠬᠤ | ᠡᠪᠡᠳᠴᠢᠨ ᠳᠤ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠰᠦᠪᠡᠭᠴᠢᠯᠡᠨ᠎ᠡ᠃ ᠥᠪᠡᠷᠲᠡᠭᠡᠨ ᠵᠠᠰᠠᠬᠤ ᠣᠷᠣᠨ ᠤ | ᠨᠢᠭᠡᠳᠦᠯᠲᠡᠶ ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠭᠠᠷᠴᠠᠭ᠂ | ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠳᠤ | ᠵᠥᠪᠰᠢᠶᠡᠷᠡᠨ ᠣᠷᠣᠭᠤᠯᠬᠤ ᠬᠡᠯᠡᠯᠴᠡᠭᠡ ᠬᠢᠬᠦ ᠪᠠ ᠪᠤᠴᠠᠭᠠᠨ ᠭᠠᠷᠭᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠢᠭᠡᠳᠦᠯᠲᠡᠶ | ᠲᠥᠯᠥᠪᠯᠡᠨ ᠳᠡᠭᠡᠭᠰᠢᠯᠡᠭᠦᠯᠵᠦ᠂ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠡᠮᠴᠢᠯᠡᠭᠡᠨ ᠤ | ᠳᠠᠭᠠᠳᠬᠠᠯ ᠳᠤ ᠵᠥᠪᠰᠢᠶᠡᠷᠡᠨ ᠣᠷᠣᠭᠤᠯᠬᠤ᠂ ᠵᠠᠷᠤᠴᠠᠭᠤᠯᠬᠤ᠂ ᠬᠢᠨᠠᠨ ᠬᠠᠮᠢᠶᠠᠷᠬᠤ ᠲᠥᠷᠥ ᠶᠢᠨ ᠪᠣᠳᠣᠯᠭ᠎ᠠ ᠶᠢ | ᠲᠣᠳᠣᠷᠬᠠᠶᠢᠯᠠᠨ᠂ ᠡᠮᠴᠢᠯᠡᠭᠡ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠬᠥᠲᠥᠯᠥᠨ ᠵᠢᠯᠣᠭᠤᠳᠴᠤ | ᠵᠢᠷᠤᠮᠵᠢᠭᠤᠯᠤᠨ᠎ᠠ᠃ | ᠡᠮ ᠡᠮᠨᠡᠯᠭᠡ ᠶᠢᠨ ᠳᠠᠭᠠᠳᠬᠠᠯ ᠤᠨ ᠲᠦᠯᠦᠬᠦ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠤᠨ ᠠᠷᠭ᠎ᠠ ᠶᠢ | ᠲᠡᠭᠦᠯᠳᠡᠷᠵᠢᠭᠦᠯᠵᠦ᠂ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠪᠠᠷ ᠭᠤᠤᠯ ᠪᠣᠯᠭᠠᠭᠰᠠᠨ ᠣᠯᠠᠨ ᠡᠰᠢᠲᠦ | ᠨᠡᠶᠢᠯᠡᠮᠡᠯ ᠮᠠᠶ᠋ᠢᠭ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠣᠷᠣᠨ | ᠪᠦᠰᠡ ᠶᠢᠨ ᠴᠡᠭ ᠤᠨ ᠠᠷᠭ᠎ᠠ ᠶᠢᠨ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠬᠤᠪᠢᠶᠠᠷᠢ | ᠥᠷᠲᠡᠭ ︵DIP︶ ᠢᠶᠠᠷ ᠵᠠᠷᠤᠳᠠᠯ ᠲᠤᠰᠢᠶᠠᠬᠤ ᠶᠢ ᠥᠷᠨᠢᠭᠦᠯᠦᠨ᠂ ᠡᠪᠡᠳᠴᠢᠨ ᠡᠮᠭᠡᠭ ᠤᠨ ᠣᠨᠣᠰᠢᠯᠠᠭ᠎ᠠ ᠶᠢᠨ | ᠬᠠᠮᠢᠶ᠎ᠠ ᠪᠥᠬᠦᠶ ᠳᠤᠭᠤᠶᠢᠯᠠᠩ ︵DRG︶ ᠢᠶᠠᠷ ᠵᠠᠷᠤᠳᠠᠯ ᠲᠤᠰᠢᠶᠠᠵᠤ᠂ ᠲᠤᠬᠠᠶ ᠶᠢᠨ ᠭᠠᠵᠠᠷ ᠣᠷᠣᠨᠴᠢᠯᠠᠭᠰᠠᠨ | DIP ᠡᠪᠡᠳᠴᠢᠨ ᠤ ᠲᠥᠷᠥᠯ ᠤᠨ ᠬᠥᠮᠥᠷᠭᠡ ᠶᠢ ᠪᠦᠷᠢᠯᠳᠦᠭᠦᠯᠵᠦ᠂ ᠬᠤᠪᠢ ᠶᠢᠨ ᠥᠷᠲᠡᠭ ᠢ ᠲᠥᠰᠦᠭᠡᠯᠡᠨ | ᠪᠤᠳᠤᠬᠤ ᠶᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠳᠠᠮᠵᠢᠵᠤ᠂ | ᠦᠯᠡᠳᠡᠪᠦᠷᠢ ᠶᠢ ᠦᠯᠡᠳᠡᠭᠡᠨ ᠬᠡᠷᠡᠭᠯᠡᠬᠦ᠂ ᠵᠠᠷᠤᠯᠭ᠎ᠠ ᠠᠴᠠ ᠵᠦᠶ ᠵᠣᠬᠢᠰᠲᠠᠶ ᠬᠡᠲᠦᠷᠡᠭᠦᠯᠦᠨ ᠬᠤᠪᠢᠳᠠᠨ ᠡᠭᠦᠷᠭᠡᠯᠡᠬᠦ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠲᠤ ᠳᠠᠭᠠᠭᠠᠨ ᠠᠪᠴᠤ | ᠵᠠᠷᠤᠳᠠᠯ ᠲᠤᠰᠢᠶᠠᠬᠤ ᠲᠣᠭᠲᠠᠴᠠ ᠶᠢ ᠬᠡᠷᠡᠭᠵᠢᠭᠦᠯᠦᠨ᠎ᠡ︔ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ | ᠴᠣᠭᠴᠠ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠰᠦᠪᠡᠭᠴᠢᠯᠡᠨ | ᠪᠠᠶᠢᠭᠤᠯᠤᠨ᠎ᠠ᠃ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠥᠭᠡᠷᠡᠴᠢᠯᠡᠯᠲᠡ ᠯᠦᠭᠡ ᠬᠠᠮᠵᠢᠯᠴᠠᠨ᠂ ᠬᠡᠷ | ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ | ᠬᠡᠪᠴᠢᠶᠡᠨ ᠳᠤ ᠣᠷᠣᠭᠤᠯᠬᠤ ᠶᠢ ᠰᠦᠪᠡᠭᠴᠢᠯᠡᠵᠦ᠂ ᠡᠭᠦᠳᠡᠨ ᠡᠮᠨᠡᠯᠭᠡ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠴᠢᠩᠭᠠᠳᠬᠠᠨ᠂ ᠡᠪᠡᠳᠴᠢᠨ ᠦᠵᠡᠭᠦᠯᠬᠦ ᠬᠠᠮᠢᠶᠠᠷᠤᠯᠲᠠ ᠶᠢ ᠵᠦᠶ ᠵᠣᠬᠢᠰᠲᠠᠶ ᠬᠥᠲᠥᠯᠦᠨ | ᠵᠢᠯᠣᠭᠤᠳᠴᠤ᠂ ᠦᠨᠳᠦᠰᠦᠨ ᠱᠠᠲᠤᠨ ᠳᠤ ᠤᠷᠢᠳᠠᠪᠠᠷ ᠡᠮᠨᠡᠭᠦᠯᠬᠦ ᠶᠢ ᠠᠬᠢᠭᠤᠯᠤᠨ᠎ᠠ᠃ ᠲᠣᠭᠠᠴᠠᠭ᠎ᠠ ᠬᠢᠬᠦ ᠠᠷᠭ᠎ᠠ | ᠮᠠᠶ᠋ᠢᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠬᠢᠨᠠᠨ ᠬᠠᠮᠢᠶᠠᠷᠬᠤ ᠶᠢ ᠰᠦᠪᠡᠭᠴᠢᠯᠡᠨ | ᠥᠷᠨᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠰᠠᠨᠠᠭᠠᠴᠢᠯᠠᠭ᠎ᠠ ᠠᠴᠠ ᠪᠠᠨ ᠡᠵᠡᠮᠳᠡᠬᠦ ᠶᠢ | ᠵᠣᠷᠢᠭᠵᠢᠭᠤᠯᠬᠤ ᠬᠡᠷᠡᠭᠲᠡᠶ᠃ | ᠬᠤᠶᠠᠷ ᠢ ᠲᠣᠭᠲᠠᠭᠠᠭᠰᠠᠨ ᠪᠠᠶᠢᠭᠤᠯᠤᠮᠵᠢ ᠶᠢᠨ ᠵᠥᠪᠳᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ | ᠵᠥᠪᠯᠡᠯᠴᠡᠭᠡᠷ ᠤᠨ ᠦᠯᠢᠭᠡᠷ ᠢ ᠨᠠᠶᠢᠳᠠᠪᠤᠷᠢᠵᠢᠭᠤᠯᠤᠨ᠂ ᠴᠤᠪᠤᠷᠠᠯ ᠢ ᠰᠢᠯᠢᠳᠡᠭᠵᠢᠭᠦᠯᠦᠨ᠎ᠡ᠃ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠵᠦ᠂ ᠠᠵᠢᠯ ᠤᠨ ᠳᠤᠮᠳᠠᠬᠢ ᠪᠠ ᠠᠵᠢᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠢᠨᠲ᠋ᠧᠷ ᠰᠦᠯᠵᠢᠶ᠎ᠡ +︾ ᠡᠮᠴᠢᠯᠡᠭᠡᠨ ᠤ ᠳᠠᠭᠠᠳᠬᠠᠯ ᠤᠨ | ᠦᠢᠯᠡᠴᠢᠯᠡᠬᠡᠨ ᠤ ᠲᠣᠭᠲᠠᠭᠠᠭᠰᠠᠨ ᠵᠥᠪᠯᠡᠯᠴᠡᠭᠡᠷ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠵᠥᠪᠳᠡᠯᠴᠡᠨ | ᠬᠡᠯᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠶᠡᠷᠦᠩᠬᠡᠶ ᠲᠤᠭ᠎ᠠ ᠶᠢᠨ ᠲᠥᠰᠦᠪ ᠢ ᠨᠠᠶᠢᠷᠠᠭᠤᠯᠤᠨ | ᠵᠣᠬᠢᠶᠠᠬᠤ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ | ᠤᠷᠢᠳᠴᠢᠯᠠᠨ ᠥᠭᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠪᠠ ᠪᠤᠴᠠᠭᠠᠨ ᠭᠠᠷᠭᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠡᠮᠨᠡᠯᠭᠡ ᠳᠤ ᠰᠠᠭᠤᠬᠤ ᠬᠢᠭᠡᠳ ᠡᠭᠦᠳᠡᠨ ᠡᠮᠨᠡᠯᠭᠡ᠂ ᠡᠮ ᠤᠨ ᠵᠦᠢᠯ ᠤᠨ ᠬᠤᠷᠣᠭᠳᠠᠯ | ᠮᠠᠲ᠋ᠧᠷᠢᠶᠠᠯ ᠬᠢᠭᠡᠳ ᠡᠮᠴᠢᠯᠡᠭᠡᠨ ᠤ ᠦᠢᠯᠡᠴᠢᠯᠡᠭᠡ᠂ ᠠᠶᠢᠮᠠᠭ ᠤᠨ ᠳᠣᠲᠣᠷ᠎ᠠ ᠡᠮᠨᠡᠭᠦᠯᠬᠦ ᠪᠠ ᠰᠢᠯᠵᠢᠭᠦᠯᠦᠨ ᠡᠮᠨᠡᠭᠦᠯᠬᠦ | ᠵᠡᠷᠭᠡ ᠶᠢᠨ ᠬᠤᠭᠤᠷᠣᠨᠳᠣᠬᠢ ᠵᠦᠢᠯ ᠬᠤᠪᠢᠶᠠᠭᠰᠠᠨ ᠲᠥᠰᠦᠪ ᠤᠨ ᠲᠣᠭᠲᠠᠴᠠ ᠶᠢ ᠭᠦᠨᠵᠡᠭᠡᠶᠢᠷᠡᠭᠦᠯᠵᠦ᠂ ᠵᠦᠢᠯ | ᠬᠤᠪᠢᠶᠠᠭᠰᠠᠨ ᠲᠥᠰᠦᠪ ᠢ ᠡᠮᠴᠢᠯᠡᠭᠡᠨ ᠤ ᠶᠠᠰᠤ ᠴᠢᠨᠠᠷ᠂ ᠵᠥᠪᠯᠡᠯᠴᠡᠭᠡᠷ ᠢ ᠬᠦᠢᠴᠡᠳᠭᠡᠭᠰᠡᠨ ᠪᠠᠶᠢᠳᠠᠯ᠂ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠦᠷ᠎ᠡ ᠳ᠋ᠦᠩ ᠯᠦᠭᠡ ᠬᠤᠯᠪᠣᠭᠳᠠᠭᠤᠯᠬᠤ ᠲᠣᠭᠲᠠᠴᠠ ᠶᠢ | ᠪᠦᠷᠢᠨᠰᠢᠭᠦᠯᠦᠨ᠎ᠡ᠃ ᠡᠮ ᠡᠮᠨᠡᠯᠭᠡ ᠶᠢᠨ ᠪᠠᠶᠢᠭᠤᠯᠤᠮᠵᠢ ᠬᠢᠭᠡᠳ ᠡᠷᠬᠢᠯᠡᠨ ᠭᠦᠢᠴᠡᠳᠬᠡᠬᠦ ᠪᠠᠶᠢᠭᠤᠯᠤᠮᠵᠢ ᠶᠢᠨ | ᠬᠤᠭᠤᠷᠣᠨᠳᠣᠬᠢ ᠮᠡᠳᠡᠭᠡ ᠵᠠᠩᠭᠢ ᠨᠡᠪᠲᠡᠷᠡᠯᠴᠡᠬᠦ ᠲᠣᠭᠲᠠᠴᠠ ᠶᠢ ᠪᠦᠷᠢᠨᠰᠢᠭᠦᠯᠵᠦ᠂ ᠡᠮᠨᠡᠯᠭᠡ ᠶᠢᠨ ᠳᠠᠭᠠᠳᠬᠠᠯ ᠤᠨ | ᠬᠠᠮᠢᠶᠠᠷᠤᠯᠲᠠ ᠶᠢ ᠨᠠᠷᠢᠯᠢᠬᠵᠢᠭᠤᠯᠬᠤ ᠶᠢ ᠠᠬᠢᠭᠤᠯᠤᠨ᠎ᠠ᠃ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠬᠥᠭᠵᠢᠯᠲᠡ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ | ᠪᠠᠶᠢᠭᠤᠯᠤᠮᠵᠢ ᠶᠢ ᠡᠮᠴᠢᠯᠡᠭᠡᠨ ᠤ ᠳᠠᠭᠠᠳᠬᠠᠯ ᠤᠨ ᠵᠥᠪᠳᠡᠯᠴᠡᠨ ᠬᠠᠮᠢᠶᠠᠷᠬᠤ ᠬᠡᠪᠴᠢᠶᠡᠨ ᠳᠤ ᠣᠷᠣᠭᠤᠯᠤᠨ᠎ᠠ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠭᠲᠠᠭᠠᠯ ᠶᠣᠰᠣᠭᠠᠷ᠂ ᠡᠮᠴᠢᠯᠡᠭᠡᠨ ᠤ | ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠵᠤ᠂ ᠡᠮᠴᠢᠯᠡᠭᠡᠨ ᠳᠤ ᠵᠠᠪᠠᠯ ᠱᠠᠭᠠᠷᠳᠠᠭᠳᠠᠬᠤ᠂ ᠠᠮᠤᠷ ᠲᠦᠪᠰᠢᠨ ᠪᠥᠭᠡᠳ ᠪᠦᠲᠦᠮᠵᠢᠲᠡᠶ᠂ ᠦᠨ᠎ᠡ | ᠬᠠᠩᠰᠢ ᠨᠢ ᠵᠦᠶ ᠵᠣᠬᠢᠰᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠵᠢᠴᠢ | ᠨᠥᠬᠦᠴᠡᠯ ᠳᠤ ᠨᠡᠶᠢᠴᠡᠬᠦ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ ᠳᠣᠲᠣᠭᠠᠳᠤ ᠶᠢᠨ | ᠨᠠᠶᠢᠷᠠᠯᠲᠠ᠂ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ | ᠬᠢᠬᠦ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠣᠨᠴᠠᠯᠢᠭ ᠲᠤ ᠨᠡᠶᠢᠴᠡᠭᠰᠡᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠰᠦᠪᠡᠭᠴᠢᠯᠡᠨ᠎ᠡ᠃ | ᠬᠤᠶᠠᠳᠤᠭᠠᠷ ᠬᠡᠰᠡᠭ ᠡᠮ ᠡᠮᠨᠡᠯᠭᠡ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ | ᠲᠡᠭᠦᠯᠳᠡᠷᠵᠢᠭᠦᠯᠦᠨ᠎ᠡ | ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ | ᠬᠤᠳᠠᠯᠳᠤᠨ ᠠᠪᠬᠤ ᠡᠮ ᠡᠮᠨᠡᠯᠭᠡ ᠶᠢᠨ ᠦᠢᠯᠡᠴᠢᠯᠡᠬᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤᠮᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠡᠮᠴᠢᠯᠡᠭᠡᠨ ᠤ | ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢᠨ ᠰᠢᠰᠲ᠋ᠧᠮ ᠤᠨ | ᠬᠠᠮᠳᠣᠷᠠᠯ ᠢ ᠠᠬᠢᠭᠤᠯᠤᠨ᠂ ᠠᠷᠠᠳ ᠣᠯᠠᠨ ᠤ ᠴᠢᠨᠠᠷ ᠰᠠᠶᠢᠲᠠᠶ᠂ ᠦᠷ᠎ᠡ ᠪᠦᠲᠦᠮᠵᠢᠲᠡᠶ᠂ ᠡᠭᠦᠷᠭᠡᠯᠡᠵᠦ | ᠳᠡᠶᠢᠯᠬᠦᠶᠢᠴᠡ ᠡᠮ ᠡᠮᠨᠡᠯᠭᠡ ᠶᠢᠨ ᠦᠢᠯᠡᠴᠢᠯᠡᠭᠡ ᠭᠥᠷᠳᠡᠬᠦ ᠶᠢ ᠠᠬᠢᠭᠤᠯᠤᠨ᠎ᠠ᠃ | ᠲᠥᠪᠯᠡᠷᠡᠭᠦᠯᠦᠨ ᠳᠠᠭᠠᠭᠠᠴᠢᠯᠠᠯᠲᠠ ᠵᠠᠷᠯᠠᠬᠤ ᠲᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠎ᠠ᠃ | ᠤᠯᠤᠰ ᠤᠨ ᠡᠮ ᠤᠨ ᠵᠦᠢᠯᠡᠰ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ | ᠲᠣᠭᠲᠠᠭᠠᠵᠤ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠳᠤ ᠢᠳᠡᠪᠬᠢᠲᠡᠶ ᠣᠷᠣᠯᠴᠠᠨ᠎ᠠ᠃ | ᠳᠤᠲᠠᠭᠳᠠᠵᠤ ᠪᠠᠶᠢᠭ᠎ᠠ ᠡᠮ ᠤᠨ ᠵᠦᠢᠯᠡᠰ ᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠪᠦᠷᠢᠨᠰᠢᠬᠦᠯᠵᠦ᠂ ᠳᠤᠲᠠᠭᠳᠠᠵᠤ ᠪᠠᠶᠢᠭ᠎ᠠ ᠡᠮ ᠤᠨ ᠵᠦᠢᠯᠡᠰ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠭᠤᠨ ᠪᠠᠶᠢᠯᠭᠠᠬᠤ ᠶᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ᠃ ᠡᠮ ᠤᠨ ᠵᠦᠢᠯ ᠪᠠ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠶᠡᠷᠦᠩᠬᠡᠶ ᠲᠤᠭ᠎ᠠ ᠶᠢᠨ ᠡᠵᠡᠮᠳᠡᠯ ᠳᠤᠤᠷ᠎ᠠ ᠡᠮ ᠡᠮᠨᠡᠯᠭᠡ ᠶᠢᠨ ᠪᠠᠶᠢᠭᠤᠯᠤᠮᠵᠢ ᠯᠤᠭ᠎ᠠ ᠰᠢᠭᠤᠳ ᠳ᠋ᠦᠩᠨᠡᠨ ᠪᠤᠳᠤᠬᠤ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠂ ᠰᠣᠩᠭᠤᠭᠳᠠᠭᠰᠠᠨ ᠦᠶ᠋ᠯᠡᠳᠬᠦᠨ ᠢ ᠤᠷᠢᠳᠠᠪᠠᠷ ᠵᠦᠶ ᠵᠣᠬᠢᠰᠲᠠᠶ ᠬᠡᠷᠡᠭᠯᠡᠬᠦ ᠶᠢ ᠠᠬᠢᠭᠤᠯᠤᠨ᠎ᠠ᠃ | ᠨᠡᠶᠢᠭᠡᠮ ᠤᠨ ᠬᠢᠨ ᠤ ᠡᠮᠴᠢᠯᠡᠭᠡᠨ ᠤ ᠪᠠᠶᠢᠭᠤᠯᠤᠮᠵᠢ᠂ ᠡᠮ ᠤᠨ ᠳᠡᠯᠭᠡᠭᠦᠷ ᠡᠷᠬᠢᠯᠡᠵᠦ ᠲᠥᠪᠯᠡᠷᠡᠭᠦᠯᠦᠨ ᠬᠡᠮᠵᠢᠶ᠎ᠡ | ᠲᠣᠭᠲᠠᠭᠠᠨ ᠬᠤᠳᠠᠯᠳᠤᠨ ᠠᠪᠬᠤ ᠳᠤ ᠣᠷᠣᠯᠴᠠᠬᠤ ᠶᠢ ᠵᠣᠷᠢᠭᠵᠢᠭᠤᠯᠤᠨ᠎ᠠ᠃ | ᠡᠮ ᠡᠮᠨᠡᠯᠭᠡ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯᠡᠰ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠤᠨ ᠦᠨ᠎ᠡ ᠬᠠᠩᠰᠢ ᠶᠢ ᠬᠢᠨᠠᠨ ᠰᠢᠨᠵᠢᠬᠦ ᠲᠣᠭᠲᠠᠴᠠ᠂ ᠬᠤᠳᠠᠯᠳᠤᠨ ᠠᠪᠤᠭᠰᠠᠨ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠬᠡᠪ ᠤᠨ ᠪᠤᠰᠤ ᠬᠤᠪᠢᠷᠠᠯᠲᠠ ᠶᠢ ᠬᠢᠨᠠᠨ ᠰᠢᠨᠵᠢᠵᠦ ᠵᠠᠳᠠᠯᠤᠯᠲᠠ | ᠬᠢᠵᠦ ᠤᠷᠢᠳᠴᠢᠯᠠᠨ ᠰᠡᠷᠡᠮᠵᠢᠯᠡᠭᠦᠯᠵᠦ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ ᠤᠨ ᠵᠦᠢᠯ ᠪᠠ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠬᠠᠮᠢᠶᠠᠷᠤᠯᠲᠠ ᠶᠢ ᠪᠠᠶᠢᠩᠭᠤᠵᠢᠭᠤᠯᠬᠤ | ᠪᠠ ᠲᠤᠭᠳᠠᠴᠠᠵᠢᠭᠤᠯᠬᠤ ᠶᠢ ᠠᠬᠢᠭᠤᠯᠵᠤ᠂ ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠬᠤ | ᠢᠲᠡᠭᠡᠮᠵᠢ ᠶᠢᠨ ᠦᠨᠡᠯᠡᠬᠦ ᠲᠦᠷᠢᠮ ᠢ ᠬᠡᠷᠡᠭᠵᠢᠭᠦᠯᠦᠨ᠂ ᠡᠮ ᠡᠮᠨᠡᠯᠭᠡ ᠶᠢᠨ ᠠᠵᠢᠯ ᠲᠥᠷᠥᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ | ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠰᠦᠪᠡᠭᠴᠢᠯᠡᠨ᠎ᠡ᠃ ᠠᠵᠤ | ᠠᠬᠤᠢ ᠨᠡᠶᠢᠭᠡᠮ ᠤᠨ ᠬᠥᠭᠵᠢᠯᠲᠡ ᠳᠤ ᠵᠣᠬᠢᠴᠠᠬᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ | ᠪᠠᠳᠠᠷᠠᠭᠤᠯᠬᠤ᠂ ᠡᠮᠴᠢᠯᠡᠭᠡᠨ ᠤ ᠪᠠᠶᠢᠭᠤᠯᠤᠮᠵᠢ ᠭᠦᠢᠴᠡᠳ ᠣᠷᠣᠯᠴᠠᠬᠤ᠂ ᠮᠡᠷᠭᠡᠵᠢᠯ ᠤᠨ ᠬᠥᠳᠡᠯᠮᠦᠷᠢ ᠶᠢᠨ | ᠦᠷᠳᠡᠭ ᠢ ᠢᠯᠡᠷᠡᠭᠦᠯᠬᠦ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠬᠠᠶᠢᠨ | ᠰᠦᠪᠡᠭᠴᠢᠯᠡᠨ᠎ᠡ᠃ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠢ ᠣᠷᠣᠭᠤᠯᠬᠤ ᠪᠠ ᠪᠤᠴᠠᠭᠠᠵᠤ ᠭᠠᠷᠭᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ | ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠲᠥᠷᠥᠯ | ᠬᠤᠪᠢᠶᠠᠨ ᠬᠠᠮᠢᠶᠠᠷᠬᠤ᠂ ᠰᠢᠯᠭᠠᠨ ᠬᠢᠨᠠᠵᠤ ᠤᠷᠮᠠᠰᠢᠭᠤᠯᠬᠤ᠂ ᠶᠡᠷᠦᠩᠬᠡᠶᠢᠯᠡᠨ ᠲᠥᠬᠦᠷᠵᠢᠭᠦᠯᠬᠦ ᠶᠢ ᠴᠢᠩᠭᠠᠳᠬᠠᠵᠤ᠂ | ᠡᠮᠴᠢᠯᠡᠭᠡ ᠶᠢᠨ ᠦᠢᠯᠡᠴᠢᠯᠡᠬᠡᠨ ᠤ ᠦᠨ᠎ᠡ ᠬᠠᠩᠰᠢ ᠶᠢ ᠵᠠᠰᠠᠬᠤ ᠨᠡᠶᠢᠭᠡᠮᠴᠢᠯᠡᠭᠰᠡᠨ᠂ ᠪᠠᠷᠢᠮᠵᠢᠶᠠᠵᠢᠭᠰᠠᠨ᠂ | ᠤᠶᠤᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠭᠤᠷᠪᠠᠳᠤᠭᠠᠷ ᠬᠡᠰᠡᠭ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠦᠨ᠎ᠡ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ | ᠰᠢᠰᠲ᠋ᠧᠮᠵᠢ ᠶᠢᠨ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠬᠠᠤᠯᠢ ᠪᠠᠷ ᠵᠠᠰᠠᠬᠤ ᠪᠠᠷ ᠪᠠᠲᠤᠯᠠᠭ᠎ᠠ ᠪᠣᠯᠭᠠᠭᠰᠠᠨ᠂ | ᠢᠲᠡᠭᠡᠮᠵᠢ ᠶᠢᠨ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ᠂ ᠣᠯᠠᠨ ᠬᠡᠯᠪᠡᠷᠢ ᠶᠢᠨ ᠪᠠᠶᠢᠴᠠᠭᠠᠯᠲᠠ᠂ ᠲᠣᠮᠣ | ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠪᠠᠷ ᠲᠦᠰᠢᠭ ᠪᠣᠯᠭᠠᠭᠰᠠᠨ᠂ ᠨᠠᠮ ᠤᠨ ᠬᠤᠷᠢᠶ᠎ᠠ ᠶᠢᠨ ᠤᠳᠤᠷᠢᠳᠤᠯᠭ᠎ᠠ᠂ | ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠢᠨᠠᠯᠲᠠ ᠲᠠᠯᠪᠢᠯᠲᠠ᠂ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ᠂ ᠬᠤᠪᠢ ᠬᠥᠮᠦᠨ ᠤ ᠢᠲᠡᠭᠡᠮᠵᠢ ᠲᠠᠢ ᠪᠠᠶᠢᠬᠤ ᠶᠢ ᠬᠠᠷᠢᠯᠴᠠᠨ ᠤᠶᠠᠯᠳᠤᠭᠤᠯᠤᠭᠰᠠᠨ | ᠪᠥᠬᠦ ᠬᠦᠷᠢᠶ᠎ᠡ ᠴᠠᠷᠠᠭ᠎ᠠ᠂ ᠪᠥᠬᠦ ᠴᠤᠪᠤᠷᠠᠯ᠂ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠷᠢᠰᠢᠯ ᠢ | ᠪᠦᠷᠢᠯᠳᠦᠭᠦᠯᠦᠨ᠎ᠡ᠃ | ᠰᠠᠭᠤᠷᠢ ᠮᠥᠩᠭᠦᠨ ᠤ ᠬᠢᠨᠠᠯᠲᠠ ᠪᠠᠶᠢᠴᠠᠭᠠᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ︽ᠬᠤᠶᠠᠷ ᠢ | ᠰᠤᠭᠤᠴᠢᠵᠤ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠠᠴᠠ ᠬᠠᠤᠯᠢ ᠬᠡᠷᠡᠭᠵᠢᠭᠦᠯᠬᠦ ᠠᠵᠢᠯᠲᠠᠨ ᠤ ᠨᠡᠷᠡᠰ ᠤᠨ ᠬᠥᠮᠥᠷᠭᠡ᠂ | ᠪᠠᠶᠢᠴᠠᠭᠠᠭᠳᠠᠬᠤ ᠡᠲᠡᠭᠡᠳ ᠤᠨ ᠨᠡᠷᠡᠰ ᠤᠨ ᠬᠥᠮᠥᠷᠭᠡ ᠶᠢ ᠬᠠᠮᠲᠤᠷᠠᠨ ᠬᠢᠨᠠᠨ ᠬᠠᠮᠢᠶᠠᠷᠴᠤ᠂ ᠬᠥᠳᠡᠯᠦᠩᠭᠦᠶ ᠪᠠᠷ | ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠡᠳᠦᠷ ᠲᠤᠳᠤᠮ ᠤᠨ ᠪᠦᠬᠦᠨ ᠢ ᠬᠠᠮᠤᠷᠤᠭᠰᠠᠨ ᠲᠣᠭᠤᠷᠢᠨ | ᠪᠠᠶᠢᠴᠠᠭᠠᠯᠲᠠ᠂ ᠲᠤᠰᠬᠠᠢ ᠪᠠᠶᠢᠴᠠᠭᠠᠯᠲᠠ᠂ ᠨᠢᠰᠦᠯᠲᠡ ᠶᠢᠨ ᠪᠠᠶᠢᠴᠠᠭᠠᠯᠲᠠ᠂ ᠭᠤᠣᠯᠳᠠᠯᠭ᠎ᠠ ᠲᠠᠢ ᠪᠠᠶᠢᠴᠠᠭᠠᠯᠲᠠ᠂ | ᠲᠤᠰᠬᠠᠢ ᠮᠡᠷᠭᠡᠵᠢᠯᠲᠡᠨ ᠤ ᠬᠢᠨᠠᠨ ᠪᠠᠶᠢᠴᠠᠭᠠᠯᠲᠠ ᠵᠡᠷᠭᠡ ᠶᠢ ᠤᠶᠠᠯᠳᠤᠭᠤᠯᠤᠭᠰᠠᠨ ᠤᠯᠠᠨ ᠬᠡᠯᠪᠡᠷᠢ ᠶᠢᠨ | ᠪᠠᠶᠢᠴᠠᠭᠠᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠲᠤᠰᠬᠠᠢ ᠡᠩᠨᠡᠭᠡ ᠶᠢ ᠪᠠᠶᠢᠭᠤᠯᠤᠨ᠎ᠠ᠃ ᠬᠠᠮᠢᠶ᠎ᠠ ᠪᠥᠬᠦᠶ ᠬᠢᠷᠢ ᠬᠡᠮ ᠲᠠᠢ ᠭᠤᠷᠪᠠᠳᠠᠬᠢ | ᠡᠲᠡᠭᠡᠳ ᠤᠨ ᠬᠦᠴᠦᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠤᠨ᠂ ᠦᠢᠯᠡᠴᠢᠯᠡᠭᠡ ᠬᠤᠳᠠᠯᠳᠤᠨ ᠠᠪᠬᠤ ᠲᠦᠷᠢᠮ ᠢ | ᠪᠠᠶᠢᠭᠤᠯᠵᠤ᠂ ᠦᠢᠯᠡᠴᠢᠯᠡᠬᠡᠨ ᠤ ᠠᠵᠢᠯ ᠤᠨ ᠠᠮᠵᠢᠯᠲᠠ ᠪᠦᠲᠦᠮᠵᠢ ᠪᠠᠷ ᠰᠦᠢᠳᠬᠡᠯ ᠲᠤᠰᠢᠶᠠᠬᠤ ᠲᠣᠭᠲᠠᠴᠠ ᠶᠢ | ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠡᠷᠬᠡ ᠲᠡᠭᠰᠢ ᠴᠢᠨᠠᠷ᠂ ᠲᠥᠪ ᠭᠤᠤᠯᠴᠢ ᠴᠢᠨᠠᠷ᠂ ᠲᠤᠰᠬᠠᠶ | ᠠᠵᠢᠯ ᠤᠨ ᠴᠢᠨᠠᠷ᠂ ᠲᠦᠢᠯ ᠤᠨ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ | ᠡᠮᠴᠢᠯᠡᠭᠡᠨ ᠤ ᠳᠠᠭᠠᠳᠬᠠᠯ ᠤᠨ ᠣᠶᠤᠨᠴᠢ ᠬᠢᠨᠠᠨ ᠡᠵᠡᠮᠳᠡᠬᠦ ᠳᠦᠷᠢᠮ ᠢ ᠲᠡᠭᠦᠯᠳᠡᠷᠵᠢᠭᠦᠯᠦᠨ᠎ᠡ᠃ | ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠲᠠᠪᠴᠠᠩ ᠢ ᠦᠨᠳᠦᠰᠦᠯᠡᠨ᠂ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠣᠨᠣᠰᠢᠯᠠᠨ ᠡᠮᠨᠡᠬᠦ ᠠᠵᠢᠯᠯᠠᠭ᠎ᠠ ᠶᠢ ᠬᠥᠲᠥᠯᠥᠨ ᠵᠢᠯᠣᠭᠤᠳᠴᠤ | ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ ᠬᠡᠷᠡᠭ ᠤᠨ ᠡᠮᠦᠨ᠎ᠡ᠂ ᠬᠡᠷᠡᠭ ᠤᠨ ᠳᠤᠮᠳᠠ ᠬᠢᠨᠠᠯᠲᠠ ᠬᠠᠮᠢᠶᠠᠷᠤᠯᠲᠠ | ᠬᠢᠬᠦ ᠶᠢ ᠴᠢᠩᠭᠠᠷᠠᠭᠤᠯᠤᠨ᠎ᠠ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠣᠷᠣᠭᠤᠯᠵᠤ | ᠪᠣᠷᠣᠯᠠᠭᠤᠯᠬᠤ ᠴᠠᠭ ᠲᠤᠬᠠᠶ ᠳᠤᠨᠢ ᠬᠠᠮᠢᠶᠠᠷᠬᠤ ᠶᠢ ᠥᠷᠨᠢᠭᠦᠯᠦᠨ᠎ᠡ᠃ ᠤᠨᠳᠤᠤ ᠭᠠᠵᠠᠷ ᠲᠤ ᠡᠪᠡᠳᠴᠢᠨ | ᠦᠵᠡᠭᠦᠯᠵᠦ ᠡᠮ ᠬᠤᠳᠠᠯᠳᠤᠨ ᠠᠪᠬᠤ ᠳᠤ ᠲᠡᠷᠡ ᠳᠠᠷᠤᠶ ᠳᠤᠨᠢ ᠲᠡᠰᠦᠯᠦᠨ ᠪᠤᠳᠤᠬᠤ ᠲᠤᠭ᠎ᠠ ᠪᠠᠷᠢᠮᠲᠠ ᠶᠢ ᠬᠢᠨᠠᠨ | ᠡᠵᠡᠮᠳᠡᠬᠦ ᠬᠡᠪᠴᠢᠶᠡᠨ ᠳᠤ ᠣᠷᠣᠭᠤᠯᠬᠤ ᠶᠢ ᠠᠬᠢᠭᠤᠯᠤᠨ᠎ᠠ᠃ | ᠡᠮᠴᠢᠯᠡᠭᠡᠨ ᠤ ᠳᠠᠭᠠᠳᠬᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠵᠢᠷᠤᠮᠵᠢᠭᠤᠯᠤᠨ᠎ᠠ᠃ | ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠪᠠᠶᠢᠭᠤᠯᠤᠨ᠎ᠠ᠃ | ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠶᠡᠭᠡ ᠡᠮᠴᠢ ︵ᠡᠮ ᠨᠠᠶᠢᠷᠠᠭᠴᠢ | ︶ ᠪᠣᠯᠤᠨ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠢᠲᠡᠭᠡᠮᠵᠢ ᠶᠢ ᠦᠨᠡᠯᠡᠬᠦ ᠳᠦᠷᠢᠮ ᠢ | ᠵᠢᠷᠤᠮᠵᠢᠭᠤᠯᠵᠤ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠳᠤ ᠰᠢᠨ᠎ᠡ ᠶᠢ ᠡᠭᠦᠳᠴᠦ᠂ ᠢᠲᠡᠭᠡᠮᠵᠢ ᠶᠢ ᠦᠨᠡᠯᠡᠬᠦ᠂ | ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠭᠰᠡᠨ ᠦᠷ᠎ᠡ ᠳ᠋ᠦᠩ ᠬᠢᠭᠡᠳ ᠲᠥᠰᠦᠪ ᠤᠨ | ᠬᠠᠮᠢᠶᠠᠷᠤᠯᠲᠠ᠂ ᠪᠠᠶᠢᠴᠠᠭᠠᠵᠤ ᠬᠠᠷᠭᠤᠭᠤᠯᠤᠨ ᠪᠤᠳᠤᠬᠤ᠂ ᠲᠣᠭᠲᠠᠭᠰᠠᠨ ᠬᠡᠯᠡᠯᠴᠡᠭᠡᠷ ᠢᠶᠠᠷ ᠬᠠᠮᠢᠶᠠᠷᠬᠤ ᠵᠢᠴᠢ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠰᠢᠯᠵᠢᠭᠦᠯᠦᠨ ᠥᠭᠬᠦ ᠯᠦᠭᠡ ᠬᠤᠯᠪᠣᠭ᠎ᠠ ᠲᠠᠢ ᠪᠠᠶᠢᠯᠭᠠᠨ᠎ᠠ᠃ | ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠡᠲᠡᠭᠡᠳ ᠪᠠ ᠢᠲᠡᠭᠡᠮᠵᠢ ᠠᠯᠳᠠᠭᠰᠠᠳ ᠢ ᠬᠠᠮᠲᠤᠷᠠᠨ | ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠬᠤᠶᠠᠷ ᠢ ᠲᠣᠭᠲᠠᠭᠠᠭᠰᠠᠨ | ᠪᠠᠶᠢᠭᠤᠯᠤᠮᠵᠢ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ ᠬᠦᠢᠯᠬᠡᠬᠡᠨ ᠤ ᠠᠵᠤ | ᠠᠬᠤᠶᠢᠯᠠᠯ ᠵᠡᠷᠭᠡ ᠶᠢᠨ ᠠᠵᠢᠯ ᠲᠥᠷᠥᠯ ᠤᠨ ᠵᠢᠷᠤᠮᠵᠢᠯ ᠪᠠ ᠥᠪᠡᠷ ᠢ ᠪᠠᠨ ᠱᠠᠭᠠᠷᠳᠠᠬᠤ ᠪᠠᠶᠢᠭᠤᠯᠤᠯᠲᠠ | ᠥᠷᠨᠢᠭᠦᠯᠬᠦ ᠶᠢ ᠵᠣᠷᠢᠭᠵᠢᠭᠤᠯᠤᠨ᠎ᠠ᠃ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ | ᠬᠠᠮᠢᠶᠠᠷᠤᠯᠲᠠ ᠦᠢᠯᠡᠴᠢᠯᠡᠬᠡᠨ ᠤ ᠣᠨᠴᠠᠯᠢᠭ ᠲᠤ ᠵᠣᠬᠢᠴᠠᠭᠤᠯᠤᠨ᠂ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ | ᠬᠠᠮᠵᠢᠯᠴᠠᠬᠤ᠂ ᠬᠠᠮᠵᠢᠯᠴᠠᠨ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠳᠦᠷᠢᠮ ᠢ ᠪᠠᠶᠢᠭᠤᠯᠬᠤ ᠶᠢᠨ | ᠬᠠᠮᠲᠤ ᠲᠡᠭᠦᠯᠳᠡᠷᠵᠢᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠠᠤᠯᠢ ᠴᠠᠭᠠᠵᠠ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠬᠤᠯᠪᠣᠭᠠᠯᠠᠨ ᠬᠠᠤᠯᠢ ᠬᠡᠷᠡᠭᠵᠢᠭᠦᠯᠬᠦ᠂ ᠬᠤᠯᠪᠣᠭᠠᠯᠠᠨ | ᠵᠠᠯᠬᠠᠭᠠᠨ ᠴᠡᠭᠡᠷᠯᠡᠭᠦᠯᠬᠦ ᠣᠯᠠᠨ ᠰᠠᠯᠠᠭ᠎ᠠ ᠮᠥᠴᠢᠷ ᠤᠨ ᠬᠠᠮᠲᠤᠪᠠᠷ ᠵᠠᠰᠠᠵᠤ ᠬᠠᠮᠲᠤᠪᠠᠷ ᠬᠠᠮᠢᠶᠠᠷᠬᠤ ᠨᠡᠶᠢᠯᠡᠮᠡᠯ | ᠬᠦᠴᠦᠨ ᠢ ᠴᠢᠩᠭᠠᠷᠠᠭᠤᠯᠤᠨ᠎ᠠ᠃ ᠪᠠᠶᠢᠴᠠᠭᠠᠨ ᠳᠣᠲᠣᠯᠠᠭᠰᠠᠨ ᠳᠠᠭᠠᠳᠬᠠᠯ ᠢ ᠮᠡᠬᠡᠯᠡᠨ ᠠᠪᠤᠭᠰᠠᠨ ᠦᠢᠯᠡ | ᠠᠵᠢᠯᠯᠠᠭ᠎ᠠ ᠶᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ | ᠶᠣᠰᠣᠭᠠᠷ ᠬᠤᠯᠪᠣᠭᠳᠠᠯ ᠪᠥᠬᠦᠶ ᠨᠢᠭᠡᠴᠡ ᠪᠠ ᠬᠤᠪᠢ ᠬᠥᠮᠦᠨ ᠢ ᠬᠠᠤᠯᠢ ᠲᠣᠭᠲᠠᠭᠠᠯ ᠶᠣᠰᠣᠭᠠᠷ ᠴᠢᠩᠭ᠎ᠠ | ᠰᠢᠢᠳᠪᠦᠷᠢᠯᠡᠨ᠎ᠡ᠃ ᠮᠡᠬᠡᠯᠡᠨ ᠬᠢᠬᠠᠬᠤ ᠳᠠᠭᠠᠳᠬᠠᠯ ᠮᠡᠬᠡᠯᠡᠬᠦ ᠡᠷᠡᠭᠦᠦ ᠰᠢᠳᠬᠡᠯ ᠢ ᠵᠣᠯᠭᠠᠭᠤᠯᠬᠤ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠨᠡᠶᠢᠭᠡᠮ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠳᠦᠷᠢᠮ ᠢ ᠨᠠᠶᠢᠳᠠᠪᠤᠷᠢᠵᠢᠭᠤᠯᠵᠤ᠂ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ | ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠭᠥᠯᠢᠶᠡᠨ ᠠᠪᠴᠤ ᠰᠢᠢᠳᠪᠦᠷᠢᠯᠡᠬᠦ᠂ ᠪᠠᠶᠢᠴᠠᠭᠠᠬᠤ | ᠂ ᠬᠠᠷᠢᠭᠤ ᠲᠤᠰᠬᠠᠬᠤ ᠵᠡᠷᠭᠡ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ | ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠮᠡᠳᠡᠭᠡ ᠵᠠᠩᠭᠢ ᠨᠡᠶᠢᠲᠡᠯᠡᠬᠦ ᠳᠦᠷᠢᠮ ᠢ ᠠᠯᠬᠤᠮ | ᠠᠯᠬᠤᠮ ᠢᠶᠠᠷ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠰᠠᠭᠤᠷᠢ | ᠮᠥᠩᠭᠦ ᠶᠢᠨ ᠣᠷᠣᠯᠭ᠎ᠠ ᠵᠠᠷᠤᠯᠭ᠎ᠠ᠂ ᠦᠯᠡᠳᠡᠪᠦᠷᠢ ᠵᠡᠷᠭᠡ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠭᠡᠮ ᠳᠤ ᠨᠡᠶᠢᠲᠡᠯᠡᠨ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠢ ᠬᠠᠤᠯᠢ ᠲᠣᠭᠲᠠᠭᠠᠯ ᠶᠣᠰᠣᠭᠠᠷ ᠡᠮ | ᠡᠮᠨᠡᠯᠭᠡ ᠶᠢᠨ ᠵᠠᠷᠤᠳᠠᠯ ᠵᠢᠴᠢ ᠵᠠᠷᠤᠳᠠᠯ ᠤᠨ ᠪᠦᠲᠦᠴᠡ ᠪᠠᠨ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨᠠᠯᠲᠠ | ᠲᠠᠯᠪᠢᠬᠤ ᠶᠢ ᠬᠦᠯᠢᠶᠡᠬᠦ ᠬᠡᠷᠡᠭᠲᠡᠶ᠃ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠢᠯᠡᠴᠢᠯᠡᠬᠦ ᠲᠠᠪᠴᠠᠩ ᠢ | ᠪᠠᠶᠢᠭᠤᠯᠵᠤ᠂ ᠬᠦᠨᠳᠦ ᠶᠡᠭᠡ ᠨᠡᠶᠢᠲᠡᠯᠢᠭ ᠬᠡᠷᠡᠭ ᠢ ᠢᠯᠡ ᠪᠣᠯᠭᠠᠬᠤ ᠬᠡᠷᠡᠭᠲᠡᠶ᠃ | ᠳᠥᠷᠪᠡᠳᠦᠭᠡᠷ ᠪᠦᠯᠦᠭ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠢᠭᠡᠳ ᠲᠤᠯᠭᠠᠭᠤᠷᠢᠯᠠᠬᠤ | ᠰᠢᠰᠲ᠋ᠧᠮᠵᠢ ᠶᠢ ᠪᠠᠬᠢᠵᠢᠭᠦᠯᠦᠨ᠎ᠡ | ᠨᠢᠭᠡᠳᠦᠭᠡᠷ ᠬᠡᠰᠡᠭ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ | ᠦᠢᠯᠡᠴᠢᠯᠡᠬᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ | ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠪᠠ ᠨᠢᠭᠡᠴᠡ ᠳᠤ ᠨᠠᠩ ᠳᠥᠭᠦᠮ ᠳᠥᠲᠡ᠂ ᠴᠢᠨᠠᠷ ᠰᠠᠶᠢᠲᠠᠶ᠂ | ᠥᠨᠳᠥᠷ ᠦᠷ᠎ᠡ ᠪᠦᠲᠦᠮᠵᠢᠲᠡᠶ᠂ ᠨᠠᠷᠢᠯᠢᠭ ᠦᠢᠯᠡᠴᠢᠯᠡᠭᠡ ᠬᠠᠩᠭᠠᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ | ᠃ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠬᠡᠨ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ | ᠪᠠᠶᠢᠭᠤᠯᠤᠯᠲᠠ ᠶᠢ ᠠᠬᠢᠭᠤᠯᠵᠤ᠂ ᠭᠠᠷᠲᠠᠨ ᠬᠦᠢᠴᠡᠳᠭᠡᠬᠦ ᠲᠦᠷᠢᠮ ᠲᠣᠭᠲᠠᠭᠠᠯ᠂ ᠦᠢᠯᠡᠴᠢᠯᠡᠬᠡᠨ ᠤ ᠢᠯᠭᠠᠬᠤ | ᠲᠡᠮᠳᠡᠭ᠂ ᠭᠠᠷᠲᠠᠨ ᠬᠦᠢᠴᠡᠳᠭᠡᠬᠦ ᠴᠣᠩᠬᠤᠪᠴᠢ ᠶᠢᠨ ᠲᠣᠬᠢᠷᠠᠭᠤᠯᠤᠯᠲᠠ᠂ ᠦᠢᠯᠡᠴᠢᠯᠡᠬᠡᠨ ᠤ ᠵᠦᠢᠯᠡᠰ ᠤᠨ | ᠴᠤᠪᠤᠷᠠᠯ ᠪᠠ ᠴᠠᠭ ᠤᠨ ᠬᠢᠵᠠᠭᠠᠷ ᠢ ᠨᠢᠭᠡᠳᠦᠯᠲᠡᠶ ᠪᠣᠯᠭᠠᠨ᠂ ᠪᠠᠷᠢᠮᠵᠢᠶᠠᠵᠢᠭᠤᠯᠬᠤ ᠴᠣᠩᠬᠤᠪᠴᠢ ᠪᠠ ᠵᠢᠱᠢᠶ᠎ᠡ | ᠦᠵᠡᠭᠦᠯᠬᠦ ᠴᠡᠭ ᠤᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ︽ᠨᠢᠭᠡ ᠥᠷᠲᠡᠭᠡ | ᠮᠠᠶ᠋ᠢᠭ ᠤᠨ ᠦᠢᠯᠡᠴᠢᠯᠡᠬᠡᠨ᠂ ᠨᠢᠭᠡ ᠴᠣᠩᠬᠤᠪᠴᠢ ᠮᠠᠶ᠋ᠢᠭ ᠤᠨ ᠬᠦᠢᠴᠡᠳᠭᠡᠯ᠂ ᠨᠢᠭᠡ ᠬᠠᠭᠤᠳᠠᠰᠤ ᠪᠠᠷ ᠲᠡᠰᠦᠯᠦᠨ | ᠪᠤᠳᠤᠬᠤ︾ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠰᠦᠯᠵᠢᠶᠡᠨ ᠳᠡᠭᠡᠷ᠎ᠡ | ᠬᠦᠢᠴᠡᠳᠭᠡᠬᠦ ᠶᠢ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠬᠡᠯᠪᠡᠷᠢ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠠᠨ | ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠬᠡᠨ ᠤ ᠲᠠᠪᠴᠠᠩ ᠢ ᠪᠠᠶᠢᠭᠤᠯᠵᠤ᠂ 12345 ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠤᠲᠠᠰᠤ ᠯᠤᠭ᠎ᠠ ᠬᠠᠷᠢᠯᠴᠠᠨ ᠵᠣᠯᠭᠠᠯᠳᠤᠭᠰᠠᠨ ᠡᠮᠴᠢᠯᠡᠭᠡᠨ ᠤ ᠪᠠᠲᠤᠯᠠᠭ᠎ᠠ ᠶᠢᠨ | ᠤᠲᠠᠰᠤ ᠶᠢᠨ ᠦᠢᠯᠡᠴᠢᠯᠡᠭᠡ ᠬᠠᠩᠭᠠᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠨᠡᠯᠡᠬᠦ ᠪᠠᠷᠢᠮᠵᠢᠶ᠎ᠠ ᠶᠢᠨ ᠰᠢᠰᠲ᠋ᠧᠮᠵᠢ ᠪᠠ ᠦᠨᠡᠯᠡᠭᠰᠡᠨ ᠦᠷ᠎ᠡ | ᠳ᠋ᠦᠩ ᠤᠨ ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠡᠮᠴᠢᠯᠡᠭᠡᠨ ᠤ | ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠬᠠᠷᠭᠤᠭᠤᠯᠤᠨ ᠪᠤᠳᠤᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠵᠥᠪᠯᠡᠯᠴᠡᠭᠡᠷ ᠤᠨ ᠬᠠᠮᠢᠶᠠᠷᠤᠯᠲᠠ᠂ ᠵᠠᠷᠤᠳᠠᠯ ᠢ ᠬᠢᠨᠠᠨ ᠡᠵᠡᠮᠳᠡᠬᠦ᠂ ᠪᠠᠶᠢᠴᠠᠭᠠᠵᠤ ᠬᠢᠨᠠᠨ | ᠬᠠᠷᠭᠤᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢ | ᠴᠢᠩᠭᠠᠷᠠᠭᠤᠯᠵᠤ᠂ ᠭᠠᠷᠲᠠᠨ ᠬᠦᠢᠴᠡᠳᠭᠡᠬᠦ ᠭᠤᠭᠴᠤᠭ᠎ᠠ ᠶᠢᠨ ᠲᠦᠭᠰᠢᠭᠦᠷᠢ ᠶᠢᠨ ᠴᠡᠭ ᠢ ᠡᠮᠬᠢᠯᠡᠨ ᠳᠢᠭᠯᠡᠵᠦ᠂ ᠪᠥᠬᠦ | ᠶᠠᠪᠤᠴᠠ ᠶᠢᠨ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠨ᠂ ᠳᠣᠲᠣᠭᠠᠳᠤ ᠬᠢᠨᠠᠯᠲᠠ ᠶᠢᠨ ᠲᠣᠭᠲᠠᠴᠠ ᠶᠢ | ᠪᠠᠶᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠣᠯᠠᠨ | ᠨᠡᠶᠢᠲᠡ ᠶᠢᠨ ᠦᠢᠯᠡᠴᠢᠯᠡᠬᠡᠨ ᠤ ᠶᠠᠪᠤᠴᠠ ᠳᠠᠬᠢ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ | ᠢᠯᠡᠷᠡᠭᠦᠯᠬᠦ ᠶᠢᠨ ᠬᠠᠮᠲᠤ ᠪᠦᠲᠦᠮᠵᠢᠲᠡᠶ ᠰᠡᠷᠭᠡᠶᠢᠯᠡᠨ᠎ᠡ᠃ | ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠰᠢᠯᠢᠳᠡᠭᠵᠢᠭᠦᠯᠦᠨ᠎ᠡ᠃ | ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠬᠠᠮᠤᠷᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ | ᠲᠡᠰᠦᠯᠦᠨ ᠪᠤᠳᠤᠬᠤ ᠶᠢ ᠪᠥᠬᠦ ᠲᠠᠯ᠎ᠠ ᠪᠠᠷ ᠥᠷᠨᠢᠭᠦᠯᠦᠨ᠂ ᠲᠡᠰᠦᠯᠦᠨ ᠪᠤᠳᠤᠬᠤ ᠲᠦᠷᠢᠮ ᠢ ᠵᠢᠷᠤᠮᠵᠢᠭᠤᠯᠤᠨ | ᠰᠢᠯᠢᠳᠡᠭᠵᠢᠭᠦᠯᠵᠦ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠨᠣᠷᠮ᠎ᠠ ᠶᠢ | ᠳᠡᠭᠡᠭᠰᠢᠯᠡᠭᠦᠯᠦᠨ᠎ᠡ᠃ ᠤᠨᠳᠤᠤ ᠭᠠᠵᠠᠷ ᠡᠪᠡᠳᠴᠢᠨ ᠦᠵᠡᠭᠦᠯᠬᠦ ᠵᠠᠷᠤᠳᠠᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠤᠨᠳᠤᠤ ᠭᠠᠵᠠᠷ ᠡᠪᠡᠳᠴᠢᠨ ᠦᠵᠡᠭᠦᠯᠬᠦ ᠳᠤ ᠰᠦᠯᠵᠢᠶ᠎ᠡ ᠪᠠᠷ ᠳ᠋ᠦᠩᠨᠡᠨ ᠪᠤᠳᠤᠬᠤ | ᠬᠠᠮᠢᠶᠠᠷᠤᠯᠲᠠ ᠶᠢ ᠡᠪᠡᠳᠴᠢᠨ ᠦᠵᠡᠭᠦᠯᠬᠦ ᠭᠠᠵᠠᠷ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ | ᠵᠥᠪᠳᠡᠯᠴᠡᠨ ᠬᠠᠮᠢᠶᠠᠷᠬᠤ ᠠᠭᠤᠯᠭ᠎ᠠ ᠳᠤ ᠣᠷᠣᠭᠤᠯᠬᠤ ᠶᠢ ᠰᠦᠪᠡᠭᠴᠢᠯᠡᠨ᠎ᠡ᠃ | ᠭᠠᠷᠲᠠᠨ ᠬᠢᠵᠦ ᠵᠠᠰᠠᠬᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠰᠦᠪᠡᠭᠴᠢᠯᠡᠨ᠎ᠡ᠃ ᠡᠮᠴᠢᠯᠡᠭᠡᠨ ᠤ | ᠪᠠᠲᠤᠯᠠᠭ᠎ᠠ ᠶᠢᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ | ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠡᠮᠴᠢᠯᠡᠭᠡᠨ ᠤ ᠳᠠᠭᠠᠳᠬᠠᠯ ᠤᠨ ᠵᠠᠰᠠᠯᠲᠠ ᠶᠢᠨ | ᠪᠠᠶᠢᠷᠢᠰᠢᠯ ᠢ ᠪᠦᠷᠢᠨᠰᠢᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠪᠠᠶᠢᠭᠤᠯᠤᠮᠵᠢ ᠶᠢᠨ | ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠠᠶᠢᠭᠤᠯᠤᠯᠲᠠ ᠶᠢ ᠰᠦᠪᠡᠭᠴᠢᠯᠡᠵᠦ᠂ ᠡᠮᠴᠢᠯᠡᠭᠡᠨ ᠤ ᠪᠠᠲᠤᠯᠠᠭ᠎ᠠ ᠶᠢᠨ | ᠭᠠᠷᠲᠠᠨ ᠬᠦᠢᠴᠡᠳᠭᠡᠬᠦ ᠬᠠᠮᠢᠶᠠᠷᠤᠯᠲᠠ ᠶᠢᠨ ᠦᠢᠯᠡᠴᠢᠯᠡᠭᠡ ᠶᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠠᠪᠴᠠᠩ ᠯᠤᠭ᠎ᠠ ᠵᠣᠯᠭᠠᠭᠤᠯᠬᠤ ᠶᠢ ᠠᠬᠢᠭᠤᠯᠤᠨ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ | ᠳᠠᠭᠠᠳᠬᠠᠯ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠦᠢᠯᠡᠳᠦᠯ ᠢ ᠪᠠᠳᠠᠷᠠᠭᠤᠯᠵᠤ᠂ ᠬᠤᠳᠠᠯᠳᠤᠭᠠᠨ ᠤ | ᠳᠠᠭᠠᠳᠬᠠᠯ ᠵᠡᠷᠭᠡ ᠨᠡᠶᠢᠭᠡᠮ ᠤᠨ ᠬᠦᠴᠦᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ | ᠬᠠᠮᠢᠶᠠᠷᠤᠯᠲᠠ ᠶᠢᠨ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃ | ᠬᠤᠶᠠᠳᠤᠭᠠᠷ ᠬᠡᠰᠡᠭ ᠡᠮᠴᠢᠯᠡᠭᠡᠨ ᠤ ᠪᠠᠲᠤᠯᠠᠭ᠎ᠠ ᠶᠢᠨ ᠲᠤᠯᠭᠠᠭᠤᠷᠢᠯᠠᠬᠤ ᠰᠢᠰᠲ᠋ᠧᠮ ᠢ ᠴᠢᠩᠭᠠᠳᠬᠠᠨ᠎ᠠ | ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠠᠯᠠᠱᠠ ᠠᠶᠢᠮᠠᠭ ᠲᠤ ᠰᠦᠯᠵᠢᠶᠡᠨ ᠳᠤ | ᠣᠷᠣᠭᠤᠯᠤᠨ ᠠᠵᠢᠯᠯᠠᠭᠤᠯᠬᠤ ᠶᠢ ᠪᠡᠶᠡᠯᠡᠭᠦᠯᠵᠦ᠂ ᠲᠣᠭᠠᠴᠢᠯᠠᠭᠰᠠᠨ ᠮᠡᠷᠭᠡᠵᠢᠯ ᠪᠠ ᠢᠨᠲ᠋ᠧᠷ ᠰᠦᠯᠵᠢᠶᠡᠨ ᠤ | ᠰᠡᠳᠬᠢᠬᠦᠶ ᠶᠢ ᠢᠳᠡᠪᠬᠢᠲᠡᠶ ᠪᠠᠷ ᠬᠡᠷᠡᠭᠯᠡᠨ ᠦᠢᠯᠡᠴᠢᠯᠡᠭᠡ ᠶᠢ ᠰᠠᠶᠢᠵᠢᠷᠠᠭᠤᠯᠤᠨ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠱᠠᠭᠠᠷᠳᠠᠯᠭ᠎ᠠ ᠶᠣᠰᠣᠭᠠᠷ ᠡᠮᠴᠢᠯᠡᠭᠡᠨ ᠤ ᠪᠠᠲᠤᠯᠠᠭ᠎ᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠠᠯᠬᠤᠮ | ᠠᠯᠬᠤᠮ ᠢᠶᠠᠷ ᠪᠦᠷᠢᠨᠰᠢᠬᠦᠯᠵᠦ᠂ ᠺᠠᠳ᠋ᠷ ᠤᠨ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠡᠮᠴᠢᠯᠡᠭᠡᠨ ᠤ | ᠪᠠᠲᠤᠯᠠᠭ᠎ᠠ ᠶᠢᠨ ᠪᠠᠲᠤ ᠪᠠᠬᠢ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠤᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠬᠠᠤᠯᠢᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ | ᠬᠡᠷᠡᠭᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ︾ ᠶᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠲᠣᠭᠲᠠᠭᠰᠠᠨ | ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ᠂ ᠡᠮ ᠤᠨ ᠵᠦᠢᠯ ᠤᠨ ᠦᠨ᠎ᠡ ᠬᠠᠩᠰᠢ ᠶᠢᠨ | ᠬᠠᠮᠢᠶᠠᠷᠤᠯᠲᠠ ᠶᠢᠨ ᠠᠷᠭ᠎ᠠ ᠪᠠ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ | ᠵᠡᠷᠭᠡ ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠲᠣᠭᠲᠠᠭᠠᠬᠤ ᠪᠠ ᠬᠢᠨᠠᠵᠤ ᠬᠠᠮᠢᠶᠠᠷᠬᠤ ᠶᠢ ᠴᠢᠩᠭᠠᠳᠬᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠬᠠᠤᠯᠢ | ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ | ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ | ᠰᠢᠢᠳᠪᠦᠷᠢᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠣᠯᠠᠨ ᠵᠦᠢᠯ ᠤᠨ ᠬᠡᠯᠪᠡᠷᠢ ᠮᠠᠶ᠋ᠢᠭ | ᠪᠦᠬᠦᠢ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ | ᠥᠷᠨᠢᠭᠦᠯᠵᠦ᠂ ᠡᠯ᠎ᠡ ᠵᠦᠢᠯ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ᠃ | ᠣᠶᠤᠨᠴᠢ ᠡᠮᠴᠢᠯᠡᠭᠡᠨ ᠤ ᠪᠠᠲᠤᠯᠠᠭ᠎ᠠ ᠶᠢᠨ ᠬᠥᠭᠵᠢᠯᠲᠡ ᠶᠢ ᠠᠬᠢᠭᠤᠯᠤᠨ᠎ᠠ᠃ ᠤᠯᠤᠰ ᠪᠠ ᠥᠪᠡᠷᠲᠡᠭᠡᠨ | ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ︽ᠨᠢᠭᠡᠳᠦᠯᠲᠡᠶ᠂ ᠥᠨᠳᠥᠷ ᠦᠷ᠎ᠡ ᠪᠦᠲᠦᠮᠵᠢᠲᠡᠶ᠂ | ᠪᠠᠭᠲᠠᠭᠠᠮᠵᠢᠲᠠᠶ᠂ ᠳᠥᠭᠦᠮ ᠳᠥᠲᠡ᠂ ᠠᠮᠤᠷ ᠲᠦᠪᠰᠢᠨ︾ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ | ᠲᠠᠪᠴᠠᠩ ᠢ ᠪᠦᠬᠦ ᠲᠠᠯ᠎ᠠ ᠪᠠᠷ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠤᠭ᠎ᠠ ᠪᠠᠷᠢᠮᠲᠠ ᠶᠢ ᠶᠡᠬᠡᠪᠡᠷ | ᠲᠥᠪᠯᠡᠷᠡᠭᠦᠯᠬᠦ᠂ ᠲᠤᠬᠠᠶᠢᠯᠠᠭᠰᠠᠨ ᠠᠵᠢᠯ ᠢ ᠶᠡᠬᠡᠪᠡᠷ ᠨᠡᠪᠲᠡᠷᠡᠭᠦᠯᠬᠦ ᠶᠢ ᠪᠡᠶᠡᠯᠡᠭᠦᠯᠦᠨ᠎ᠡ᠃ ᠬᠠᠮᠢᠶ᠎ᠠ ᠪᠦᠬᠦᠢ ᠰᠠᠯᠠᠭ᠎ᠠ | ᠮᠥᠴᠢᠷ ᠯᠦᠭᠡ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠪᠡᠶᠡᠯᠡᠭᠦᠯᠦᠨ᠂ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠬᠠᠮᠲᠤᠪᠠᠷ ᠬᠦᠷᠲᠡᠬᠦ ᠶᠢ ᠴᠢᠩᠭᠠᠳᠬᠠᠨ᠎ᠠ᠃ ᠡᠮᠴᠢᠯᠡᠭᠡᠨ ᠤ | ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠨᠡᠶᠢᠳᠡᠮ ᠬᠡᠷᠡᠭᠯᠡᠬᠦ ᠶᠢ ᠠᠬᠢᠭᠤᠯᠵᠤ᠂ ᠳᠠᠭᠠᠳᠬᠠᠯ ᠳᠤ ᠣᠷᠣᠵᠤ | ᠳᠡᠩᠰᠡᠯᠡᠨ ᠲᠡᠮᠳᠡᠭᠯᠡᠬᠦ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠂ ᠵᠠᠷᠤᠳᠠᠯ ᠢ ᠳ᠋ᠦᠩᠨᠡᠨ ᠪᠤᠳᠤᠬᠤ᠂ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠭᠠᠷᠲᠠᠨ ᠬᠦᠢᠴᠡᠳᠭᠡᠬᠦ ᠬᠠᠮᠢᠶᠠᠷᠤᠯᠲᠠ ᠵᠡᠷᠭᠡ ᠣᠯᠠᠨ ᠨᠡᠶᠢᠲᠡ ᠶᠢᠨ | ᠦᠢᠯᠡᠴᠢᠯᠡᠬᠡᠨ ᠤ ᠲᠠᠯ᠎ᠠ ᠪᠠᠷ ᠨᠠᠩ ᠶᠡᠭᠡ ᠦᠢᠯᠡᠳᠦᠯ ᠢ ᠪᠠᠳᠠᠷᠠᠭᠤᠯᠤᠨ᠂ ᠠᠷᠠᠳ ᠣᠯᠠᠨ ᠳᠤ ᠨᠠᠩ ᠢᠯᠡ ᠲᠣᠳᠣ᠂ | ᠨᠠᠩ ᠳᠥᠭᠦᠮ ᠳᠥᠲᠡ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠦᠷᠲᠡᠭᠡᠨ᠎ᠡ᠃ ᠡᠮᠴᠢᠯᠡᠭᠡᠨ ᠤ | ᠪᠠᠲᠤᠯᠠᠭ᠎ᠠ ᠶᠢᠨ ᠢᠨᠲ᠋ᠧᠷ ᠰᠦᠯᠵᠢᠶᠡᠨ ᠤ ᠦᠢᠯᠡᠴᠢᠯᠡᠬᠡᠨ ᠤ ᠲᠠᠪᠴᠠᠩ ᠢ ᠪᠠᠶᠢᠭᠤᠯᠵᠤ᠂ ᠪᠥᠬᠦ ᠠᠷᠭ᠎ᠠ ᠵᠠᠮ᠂ ᠪᠥᠬᠦ | ᠲᠤᠬᠠᠶᠢᠯᠠᠭᠰᠠᠨ ᠠᠵᠢᠯ ᠤᠨ ᠤᠶᠤᠨᠴᠢᠯᠠᠭᠰᠠᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ | ᠦᠢᠯᠡᠴᠢᠯᠡᠬᠡᠨ ᠤ ᠰᠢᠰᠲ᠋ᠧᠮᠵᠢ ᠶᠢ ᠪᠦᠷᠢᠯᠳᠦᠭᠦᠯᠦᠨ᠎ᠡ᠃ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠮᠡᠳᠡᠭᠡ | ᠵᠠᠩᠭᠢ ᠪᠣᠯᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠵᠤ᠂ ᠳᠠᠭᠠᠳᠬᠠᠯ ᠳᠤ | ᠣᠷᠣᠯᠴᠠᠭᠰᠠᠳ ᠤᠨ ᠬᠤᠪᠢ ᠬᠥᠮᠦᠨ ᠤ ᠨᠢᠭᠤᠴᠠ ᠶᠢ ᠵᠠᠳᠠᠷᠠᠭᠤᠯᠬᠤ ᠶᠢ ᠰᠡᠷᠭᠡᠶᠢᠯᠡᠬᠦ ᠬᠡᠷᠡᠭᠲᠡᠶ᠃ | ᠡᠮᠴᠢᠯᠡᠭᠡᠨ ᠤ ᠪᠠᠲᠤᠯᠠᠭ᠎ᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ | ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠪᠠᠷᠢᠮᠵᠢᠶ᠎ᠠ ᠶᠢ ᠠᠯᠬᠤᠮ ᠠᠯᠬᠤᠮ ᠢᠶᠠᠷ | ᠪᠦᠷᠢᠨᠰᠢᠬᠦᠯᠵᠦ᠂ ᠪᠠᠷᠢᠮᠵᠢᠶ᠎ᠠ ᠶᠢᠨ ᠠᠵᠢᠯ ᠡᠷᠭᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠪᠠ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ ᠶᠢ ᠠᠬᠢᠭᠤᠯᠬᠤ ᠵᠡᠷᠭᠡ ᠲᠠᠯ᠎ᠠ ᠪᠠᠷ ᠨᠠᠩ ᠰᠠᠶᠢᠨ ᠦᠢᠯᠡᠳᠦᠯ ᠦᠵᠡᠭᠦᠯᠬᠦ ᠶᠢ | ᠠᠬᠢᠭᠤᠯᠤᠨ᠎ᠠ᠃ ᠪᠠᠷᠢᠮᠵᠢᠶ᠎ᠠ ᠶᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠪᠠᠷᠢᠮᠵᠢᠶ᠎ᠠ | ᠲᠣᠭᠲᠠᠭᠠᠬᠤ᠂ ᠲᠤᠤᠱᠯᠠᠭᠤᠯᠤᠨ ᠬᠡᠷᠡᠭᠵᠢᠭᠦᠯᠬᠦ᠂ ᠬᠢᠨᠠᠯᠲᠠ ᠳᠡᠯᠪᠢᠨ ᠦᠨᠡᠯᠡᠨ ᠵᠢᠱᠢᠬᠦ᠂ ᠵᠠᠰᠠᠪᠤᠷᠢ | ᠣᠷᠣᠭᠤᠯᠬᠤ ᠶᠢᠨ ᠰᠠᠶᠢᠨ ᠣᠷᠴᠢᠯ ᠢ ᠲᠡᠭᠦᠯᠳᠡᠷᠵᠢᠭᠦᠯᠵᠦ᠂ ᠬᠤᠶᠠᠷ ᠢ ᠲᠣᠭᠲᠠᠭᠠᠭᠰᠠᠨ ᠪᠠᠶᠢᠭᠤᠯᠤᠮᠵᠢ ᠳᠤ | ᠲᠣᠳᠣᠷᠬᠠᠶ ᠦᠢᠯᠡᠴᠢᠯᠡᠬᠡᠨ ᠤ ᠪᠠᠷᠢᠮᠵᠢᠶ᠎ᠠ ᠶᠢ ᠬᠠᠩᠭᠠᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ | ᠲᠦᠷᠦ ᠶᠢᠨ ᠪᠠᠷᠢᠮᠵᠢᠶ᠎ᠠ ᠪᠠ ᠤᠯᠤᠰ ᠲᠦᠷᠦ ᠶᠢᠨ ᠱᠠᠭᠠᠷᠳᠠᠯᠭ᠎ᠠ ᠶᠢ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ | ᠪᠦᠬᠦ ᠶᠠᠪᠤᠴᠠ ᠡᠯ᠎ᠡ ᠲᠠᠯ᠎ᠠ ᠳᠤ ᠳᠣᠣᠱᠯᠠᠭᠤᠯᠵᠦ᠂ ᠵᠣᠬᠢᠶᠠᠨ ᠪᠠᠶᠢᠭᠤᠯᠤᠯᠲᠠ ᠶᠢᠨ ᠪᠣᠭᠤᠮᠲᠠ ᠶᠢ ᠰᠠᠬᠢᠬᠤ ᠶᠢ | ᠴᠢᠩᠭᠠᠳᠬᠠᠨ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠢᠯᠡ ᠲᠣᠳᠣ ᠤᠳᠤᠷᠢᠳᠤᠮᠵᠢ ᠶᠢ ᠪᠤᠢ ᠪᠣᠯᠭᠠᠨ᠂ ᠡᠷᠳᠡᠮᠲᠡᠨ ᠴᠢᠳᠠᠪᠤᠷᠢᠲᠠᠨ ᠢ ᠰᠢᠨᠵᠢᠯᠡᠬᠦ ᠤᠬᠠᠭᠠᠨᠴᠢ ᠪᠠᠷ | ᠰᠣᠩᠭᠤᠨ ᠬᠡᠷᠡᠭᠯᠡᠨ᠎ᠡ᠃ ᠡᠮᠴᠢᠯᠡᠭᠡᠨ ᠤ ᠪᠠᠲᠤᠯᠠᠭ᠎ᠠ ᠶᠢᠨ ᠺᠠᠳ᠋ᠷ ᠤᠨ ᠡᠩᠨᠡᠭᠡ ᠶᠢᠨ ᠥᠨᠳᠥᠷ ᠬᠡᠪ ᠴᠢᠨᠠᠷ ᠪᠦᠬᠦᠢ | ᠲᠤᠰᠬᠠᠶᠢᠵᠢᠬᠤ ᠱᠠᠭᠠᠷᠳᠠᠯᠭ᠎ᠠ ᠶᠢ ᠪᠣᠳᠣᠯᠬᠢᠯᠠᠨ᠂ ᠣᠷᠣᠨ ᠲᠤᠭ᠎ᠠ ᠪᠠ ᠠᠵᠢᠯᠲᠠᠨ ᠤ ᠪᠠᠶᠢᠳᠠᠯ ᠢ ᠨᠢᠭᠡᠳᠦᠯᠲᠡᠶ | ᠲᠥᠯᠥᠪᠯᠡᠨ ᠪᠣᠳᠣᠯᠬᠢᠯᠠᠵᠤ᠂ ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡᠲᠦ ᠥᠨᠳᠥᠷ ᠬᠡᠪ ᠴᠢᠨᠠᠷ ᠪᠦᠬᠦᠢ | ᠲᠤᠰᠬᠠᠶᠢᠵᠢᠭᠰᠠᠨ ᠴᠢᠳᠠᠪᠤᠷᠢᠲᠠᠨ ᠢ ᠯᠠᠪᠳᠠᠭᠤᠨ ᠪᠥᠭᠡᠳ ᠡᠮᠬᠢ ᠵᠢᠷᠤᠮ ᠲᠠᠢ ᠣᠷᠣᠭᠤᠯᠤᠨ ᠠᠪᠴᠢᠷᠠᠨ᠎ᠠ᠃ ᠡᠳᠦᠷ | ᠲᠤᠲᠤᠮ ᠤᠨ ᠬᠢᠨᠠᠯᠲᠠ ᠲᠠᠯᠪᠢᠬᠤ ᠶᠢ ᠴᠢᠩᠳᠠᠯᠠᠵᠤ᠂ ᠪᠥᠬᠦ ᠲᠠᠯ᠎ᠠ ᠶᠢᠨ ᠬᠥᠮᠦᠵᠢᠯ ᠬᠠᠮᠢᠶᠠᠷᠤᠯᠲᠠ ᠶᠢ | ᠴᠢᠩᠭᠠᠷᠠᠭᠤᠯᠤᠨ᠂ ᠰᠢᠯᠭᠠᠨ ᠬᠢᠨᠠᠵᠤ ᠤᠷᠮᠠᠰᠢᠭᠤᠯᠬᠤ ᠶᠢ ᠴᠢᠩᠭᠠᠳᠬᠠᠵᠤ᠂ ᠡᠩᠨᠡᠭᠡ ᠶᠢᠨ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ | ᠲᠠᠪᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ ᠬᠢᠭᠡᠳ ᠲᠥᠯᠥᠪᠵᠢᠭᠦᠯᠭᠡ ᠶᠢ ᠬᠡᠷᠡᠭᠵᠢᠭᠦᠯᠬᠦ | ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ ᠤ ᠬᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠤᠳᠤᠷᠢᠳᠤᠯᠭ᠎ᠠ ᠳᠣᠣᠷ᠎ᠠ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ | ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠰ ᠲᠥᠯᠥᠪᠵᠢᠭᠦᠯᠭᠡ ᠶᠢᠨ ᠪᠦᠲᠦᠮᠵᠢᠲᠡᠢ ᠬᠡᠷᠡᠭᠵᠢᠭᠦᠯᠦᠭᠳᠡᠬᠦ ᠶᠢ | ᠪᠠᠲᠤᠯᠠᠬᠤ ᠬᠡᠷᠡᠭᠲᠡᠢ᠃ | ᠨᠢᠭᠡᠳᠦᠭᠡᠷ ᠬᠡᠰᠡᠭ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ | ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ | ᠣᠷᠳᠣᠨ ᠨᠤᠭᠤᠳ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠵᠦ᠂ ᠵᠣᠬᠢᠶᠠᠨ ᠪᠠᠶᠢᠭᠤᠯᠤᠨ ᠤᠳᠤᠷᠢᠳᠬᠤ ᠲᠣᠭᠲᠠᠴᠠ ᠶᠢ | ᠲᠡᠭᠦᠯᠳᠡᠷᠵᠢᠭᠦᠯᠦᠨ᠂ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠤᠷᠸ᠎ᠠ | ᠵᠢᠯᠣᠭᠤᠳᠣᠯᠭ᠎ᠠ ᠪᠠ ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠬᠦᠢᠴᠡᠳᠬᠡᠯ | ᠲᠤᠭ᠎ᠠ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠣᠨ ᠤ ᠭᠤᠤᠯᠳᠠᠯᠭ᠎ᠠ ᠲᠠᠢ ᠠᠵᠢᠯ ᠪᠠ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠳᠤ ᠣᠷᠣᠭᠤᠯᠬᠤ ᠬᠡᠷᠡᠭᠲᠡᠶ᠃ | ᠬᠤᠶᠠᠳᠤᠭᠠᠷ ᠬᠡᠰᠡᠭ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ | ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠥᠯᠥᠪᠵᠢᠭᠦᠯᠭᠡ ᠳᠤ | ᠲᠣᠭᠲᠠᠭᠠᠭᠰᠠᠨ ᠡᠭᠦᠷᠭᠡ ᠪᠠ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢᠨ ᠭᠤᠤᠯ ᠴᠣᠭᠴᠠ᠂ ᠬᠡᠷᠡᠭᠵᠢᠭᠦᠯᠬᠦ | ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠳᠣᠷᠬᠠᠶᠢᠯᠠᠬᠤ ᠬᠡᠷᠡᠭᠲᠡᠶ᠃ ᠣᠨ ᠤ ᠲᠥᠯᠥᠪᠯᠡᠭᠡ ᠶᠢ | ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠶᠢ ᠴᠢᠩᠭᠠᠳᠬᠠᠨ᠂ ᠵᠣᠬᠢᠴᠠᠭᠤᠯᠬᠤ ᠬᠤᠷᠠᠯ ᠢ ᠲᠣᠭᠲᠠᠮᠠᠯ | ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠳᠣᠣᠷᠠᠳᠤ ᠪᠠᠶᠢᠷᠢ ᠶᠢᠨ | ᠲᠥᠯᠥᠪᠵᠢᠭᠦᠯᠭᠡ ᠨᠢ ᠳᠡᠭᠡᠳᠦ ᠪᠠᠶᠢᠷᠢ ᠶᠢᠨ ᠲᠥᠯᠥᠪᠵᠢᠭᠦᠯᠭᠡ ᠶᠢ ᠳᠠᠭᠠᠬᠤ᠂ ᠳᠣᠣᠷᠠᠳᠤ ᠱᠠᠲᠤᠨ ᠤ | ᠲᠥᠯᠥᠪᠵᠢᠭᠦᠯᠭᠡ ᠨᠢ ᠳᠡᠭᠡᠳᠦ ᠱᠠᠲᠤᠨ ᠤ ᠲᠥᠯᠥᠪᠵᠢᠭᠦᠯᠭᠡ ᠳᠤ ᠦᠢᠯᠡᠴᠢᠯᠡᠬᠦ᠂ ᠲᠡᠩᠴᠡᠭᠦᠦ ᠪᠠᠶᠢᠷᠢ ᠶᠢᠨ | ᠲᠥᠯᠥᠪᠵᠢᠭᠦᠯᠭᠡ ᠶᠢ ᠬᠠᠷᠢᠯᠴᠠᠨ ᠵᠣᠬᠢᠴᠠᠭᠤᠯᠬᠤ ᠵᠠᠷᠴᠢᠮ ᠢ ᠵᠢᠷᠤᠮᠯᠠᠨ᠂ ᠲᠥᠯᠥᠪᠵᠢᠭᠦᠯᠭᠡ ᠶᠢ ᠬᠡᠷᠡᠭᠵᠢᠭᠦᠯᠬᠦ | ᠶᠠᠪᠤᠴᠠ ᠳᠤ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ | ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠᠳᠤᠭᠠᠷ ᠬᠡᠰᠡᠭ ᠦᠨᠡᠯᠡᠨ ᠵᠢᠱᠢᠵᠦ ᠬᠢᠨᠠᠨ ᠰᠢᠯᠭᠠᠬᠤ ᠶᠢ ᠴᠢᠩᠭᠠᠳᠬᠠᠨ᠎ᠠ | ᠡᠯ᠎ᠡ ᠱᠠᠲᠤᠨ ᠤ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠲᠥᠯᠥᠪᠵᠢᠭᠦᠯᠭᠡ ᠶᠢ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠲᠣᠭᠲᠠᠴᠠ ᠶᠢ ᠪᠥᠷᠢᠨᠰᠢᠬᠦᠯᠵᠤ᠂ ᠰᠠᠯᠠᠭ᠎ᠠ ᠮᠥᠴᠢᠷ ᠥᠪᠡᠷ ᠢ ᠪᠠᠨ | ᠦᠨᠡᠯᠡᠬᠦ ᠪᠠ ᠨᠡᠶᠢᠭᠡᠮ ᠤᠨ ᠭᠤᠷᠪᠠᠳᠠᠭᠴᠢ ᠡᠲᠡᠭᠡᠳ ᠦᠨᠡᠯᠡᠨ ᠵᠢᠱᠢᠬᠦ ᠶᠢ ᠬᠠᠷᠢᠯᠴᠠᠨ ᠤᠶᠠᠯᠳᠤᠭᠤᠯᠬᠤ ᠠᠷᠭ᠎ᠠ | ᠮᠠᠶ᠋ᠢᠭ ᠢ ᠠᠪᠴᠤ᠂ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠣᠨ ᠤ ᠬᠢᠨᠠᠨ ᠬᠡᠮᠵᠢᠬᠦ᠂ ᠳᠤᠮᠳᠠ | ᠬᠤᠭᠤᠴᠠᠭᠠᠨ ᠤ ᠦᠨᠡᠯᠡᠨ ᠵᠢᠱᠢᠬᠦ ᠪᠠ ᠡᠴᠦᠰ ᠤᠨ ᠬᠤᠭᠤᠴᠠᠭᠠᠨ ᠤ ᠳ᠋ᠦᠩᠨᠡᠯᠳᠡ ᠬᠢᠬᠦ ᠠᠵᠢᠯ ᠢ ᠥᠷᠨᠢᠭᠦᠯᠦᠨ᠂ | ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠦᠨᠳᠦᠰᠦᠯᠡᠨ᠂ ᠲᠥᠯᠥᠪᠵᠢᠭᠦᠯᠭᠡ ᠳᠤ | ᠲᠤᠬᠢᠷᠠᠭᠤᠯᠤᠯᠳᠠ ᠬᠢᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠲᠥᠯᠥᠪᠵᠢᠭᠦᠯᠭᠡ ᠶᠢᠨ ᠡᠭᠦᠷᠭᠡ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠬᠦᠴᠦᠨ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ | ᠳᠥᠷᠪᠡᠳᠦᠭᠡᠷ ᠬᠡᠰᠡᠭ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠨ᠎ᠠ | ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠵᠥᠪ ᠣᠨᠣᠪᠴᠢᠲᠠᠶ ᠤᠬᠠᠭᠤᠯᠭ᠎ᠠ | ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠬᠡᠷᠡᠭᠲᠡᠶ᠃ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ | ᠨᠡᠶᠢᠭᠡᠮ ᠤᠨ ᠵᠢᠱᠢᠯᠲᠡ ᠶᠢ ᠵᠥᠪ ᠢᠶᠠᠷ ᠬᠥᠲᠥᠯᠥᠨ ᠵᠢᠯᠣᠭᠤᠳᠴᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠪᠣᠯᠤᠨ | ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠰᠢᠭᠲᠠᠶ ᠶᠠᠷᠢᠶ᠎ᠠ ᠬᠡᠯᠡᠯᠴᠡᠭᠡᠨ ᠤ ᠣᠷᠴᠢᠨ ᠠᠬᠤᠶ ᠶᠢ ᠪᠤᠶ ᠪᠣᠯᠭᠠᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠵᠠᠰᠠᠭ ᠤᠨ ᠣᠷᠳᠣᠨ ᠤ ᠰᠢᠮᠳᠠᠭᠤᠯᠣᠨ | ᠪᠠᠶᠢᠴᠠᠭᠠᠯᠲᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠨᠡᠶᠢᠭᠡᠮ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠬᠢᠨᠠᠯᠲᠠ ᠶᠢ ᠲᠥᠯᠥᠪᠵᠢᠭᠦᠯᠦᠨ ᠬᠡᠷᠡᠭᠵᠢᠭᠦᠯᠬᠦ ᠪᠦᠬᠦ ᠶᠠᠪᠤᠴᠠ ᠳᠤ | ᠳᠣᠣᠱᠯᠠᠭᠤᠯᠬᠤ ᠬᠡᠷᠡᠭᠳᠡᠢ᠃ |