ᠠᠯᠠᠱᠠ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ
ᠨᠡᠶᠢᠲᠡᠯᠡᠭᠰᠡᠨ ᠴᠠᠭ᠄
2022/6/27
     ᠡᠮᠦᠨᠡᠬᠢ ᠦᠭᠡ      ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠠᠯᠠᠱᠠ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠦᠨᠳᠦᠰᠦᠯᠡᠨ᠂ ᠲᠣᠰ ᠲᠥᠯᠥᠪᠵᠢᠭᠦᠯᠭᠡ ᠶᠢ ᠨᠠᠶᠢᠷᠠᠭᠤᠯᠤᠨ ᠲᠣᠭᠲᠠᠭᠠᠪᠠ᠃ ᠲᠥᠯᠥᠪᠵᠢᠭᠦᠯᠭᠡ ᠶᠢᠨ ᠬᠤᠭᠤᠴᠠᠭ᠎ᠠ ᠨᠢ 2021 ᠣᠨ ᠠᠴᠠ 2025 ᠣᠨ ᠪᠣᠯᠤᠨ᠎ᠠ᠃ ᠲᠣᠰ ᠲᠥᠯᠥᠪᠵᠢᠭᠦᠯᠭᠡ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠯᠠᠱᠠ ᠠᠶᠢᠮᠠᠭ ᠤᠨ ᠲᠥᠯᠥᠪᠵᠢᠭᠦᠯᠭᠡ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠥᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃     ᠨᠢᠭᠡᠳᠦᠭᠡᠷ ᠪᠦᠯᠦᠭ ᠲᠥᠯᠥᠪᠵᠢᠭᠦᠯᠭᠡ ᠶᠢᠨ ᠠᠬᠤᠶ ᠪᠠᠶᠢᠳᠠᠯ ᠬᠢᠭᠡᠳ ᠶᠡᠷᠦᠩᠬᠡᠶ ᠰᠡᠳᠬᠢᠴᠡ     ᠠᠯᠠᠱᠠ ᠠᠶᠢᠮᠠᠭ 1999 ᠣᠨ ᠠᠴᠠ ᠡᠬᠢᠯᠡᠨ ᠨᠡᠶᠢᠬᠡᠮ ᠤᠨ ᠨᠡᠶᠢᠳᠡᠮ ᠳᠦᠯᠦᠪᠯᠡᠬᠦ ᠪᠠ ᠬᠤᠪᠢ ᠬᠦᠮᠦᠨ ᠤ ᠳᠠᠩᠰᠠᠨ ᠡᠷᠦᠬᠡ ᠶᠢ ᠣᠶᠠᠯᠳᠣᠭᠤᠯᠬᠤ ᠡᠮ ᠡᠮᠨᠡᠯᠭᠡ ᠶᠢᠨ ᠳᠠᠭᠠᠳᠬᠠᠯ ᠤᠨ ᠠᠵᠢᠯᠯᠠᠭᠠᠨ ᠤ ᠲᠣᠭᠲᠠᠴᠠ ᠶᠢ ᠰᠦᠪᠡᠭᠴᠢᠯᠡᠵᠦ᠂ 2000 ᠣᠨ ᠠᠴᠠ ᠡᠬᠢᠯᠡᠨ ᠪᠥᠬᠦ ᠠᠶᠢᠮᠠᠭ ᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠷᠢᠮ ᠢ ᠪᠠᠶᠢᠭᠤᠯᠪᠠ︔ 2003 ᠣᠨ ᠳᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠦᠷᠢᠮ ᠤᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ 2007 ᠣᠨ ᠳᠤ ᠪᠦᠬᠦ ᠲᠠᠯ᠎ᠠ ᠪᠠᠷ ᠪᠠᠶᠢᠭᠤᠯᠪᠠ︔ 2007 ᠣᠨ ᠳᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠦ᠂ 2008 ᠣᠨ ᠳᠤ ᠪᠦᠬᠦ ᠲᠠᠯ᠎ᠠ ᠪᠠᠷ ᠪᠠᠶᠢᠭᠤᠯᠪᠠ︔ 2016 ᠣᠨ ᠳᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠪᠣᠯᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠤᠶᠠᠷ ᠵᠦᠢᠯ ᠤᠨ ᠳᠦᠷᠢᠮ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠳᠦᠷᠢᠮ ᠢ ᠪᠤᠶ ᠪᠣᠯᠭᠠᠪᠠ︔ 2020 ᠣᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠦᠷᠡᠵᠢᠯ ᠤᠨ ᠳᠠᠭᠠᠳᠬᠠᠯ ᠢ ᠨᠡᠶᠢᠯᠡᠭᠦᠯᠦᠨ ᠬᠡᠷᠡᠭᠵᠢᠬᠦᠯᠪᠡ᠃ 20 ᠭᠠᠷᠤᠶ ᠵᠢᠯ ᠤᠨ ᠬᠠᠶᠢᠨ ᠰᠥᠪᠡᠭᠴᠢᠯᠡᠯᠲᠡ ᠪᠠ ᠦᠢᠯᠡᠳᠦᠯᠬᠡ ᠪᠠᠷ ᠳᠡᠮᠵᠢᠨ᠂ ᠪᠥᠬᠦ ᠠᠶᠢᠮᠠᠭ ᠢᠶᠠᠷ ᠢᠶᠠᠨ ᠪᠥᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ᠂ ᠡᠷᠬᠡ ᠬᠠᠷᠢᠭᠤᠴᠠᠯᠭ᠎ᠠ ᠲᠣᠳᠣᠷᠬᠠᠶ᠂ ᠪᠠᠲᠤᠯᠠᠭ᠎ᠠ ᠲᠣᠬᠢᠷᠠᠮᠵᠢᠲᠠᠶ᠂ ᠬᠥᠭᠵᠢᠯᠲᠡ ᠦᠷᠭᠦᠯᠵᠢᠯᠡᠭᠰᠡᠨ ᠣᠯᠠᠨ ᠲᠠᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃      ᠨᠢᠭᠡᠳᠦᠭᠡᠷ ᠬᠡᠰᠡᠭ ᠬᠥᠭᠵᠢᠯᠲᠡ ᠶᠢᠨ ᠠᠮᠵᠢᠯᠲᠠ ᠪᠦᠲᠦᠮᠵᠢ      ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠤᠨ ᠡᠮᠴᠢᠯᠡᠬᠡᠨ ᠤ ᠪᠠᠲᠤᠯᠠᠭ᠎ᠠ ᠶᠢᠨ ᠰᠢᠰᠲ᠋ᠧᠮ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠦᠨᠳᠦᠰᠦᠨ ᠵᠦᠢᠯ ᠢ ᠪᠠᠲᠤᠯᠠᠬᠤ᠂ ᠦᠷᠭᠦᠯᠵᠢᠯᠡᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ᠂ ᠥᠭᠡᠷᠡᠴᠢᠯᠡᠯᠲᠡ ᠶᠢ ᠠᠬᠢᠭᠤᠯᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠵᠢᠷᠤᠮᠵᠢᠯ ᠢ ᠴᠢᠬᠤᠯᠠᠴᠢᠯᠠᠵᠤ᠂ ᠳᠡᠭᠡᠭᠰᠢᠯᠡᠯᠲᠡ ᠶᠢ ᠠᠬᠢᠭᠤᠯᠵᠤ᠂ ᠡᠮᠴᠢᠯᠡᠬᠡᠨ ᠤ ᠪᠠᠲᠤᠯᠠᠭ᠎ᠠ ᠶᠢᠨ ᠬᠦᠷᠢᠶᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠠᠰᠤᠷᠠᠯᠲᠠ ᠥᠬᠡᠶ ᠲᠡᠭᠦᠯᠳᠡᠷᠵᠢᠵᠦ᠂ ᠡᠮᠴᠢᠯᠡᠬᠡᠨ ᠤ ᠪᠠᠲᠤᠯᠠᠭ᠎ᠠ ᠶᠢᠨ ᠠᠵᠢᠯ ᠲᠦᠷᠭᠡᠨ ᠬᠥᠭᠵᠢᠯᠲᠡ ᠲᠠᠢ ᠪᠣᠯᠵᠣ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠤᠯᠠᠮ ᠨᠢᠭᠡ ᠠᠯᠬᠤᠮ ᠳᠡᠭᠡᠭᠰᠢᠯᠡᠪᠡ᠃     ᠨᠢᠭᠡ᠂ ᠳᠦᠷᠢᠮ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ     ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠰᠢᠰᠲ᠋ᠧᠮ ᠢ ᠪᠠᠶᠢᠭᠤᠯᠤᠨ ᠳᠡᠬᠦᠯᠳᠡᠷᠵᠢᠬᠦᠯᠪᠡ᠃ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢᠶᠠᠷ ᠭᠤᠤᠯ ᠴᠣᠭᠴᠠ ᠪᠣᠯᠭᠠᠭᠰᠠᠨ᠂ ᠬᠦᠨᠳᠦ ᠡᠪᠡᠳᠴᠢᠨ ᠤ ᠳᠠᠭᠠᠳᠬᠠᠯ᠂ ᠠᠯᠪᠠᠲᠠᠨ ᠤ ᠡᠮ ᠡᠮᠨᠡᠯᠭᠡ ᠶᠢᠨ ᠨᠥᠬᠦᠪᠥᠷᠢ ᠵᠡᠷᠭᠡ ᠪᠠᠷ ᠨᠥᠬᠦᠪᠥᠷᠢ ᠪᠣᠯᠭᠠᠭᠰᠠᠨ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠪᠠᠷ ᠦᠨᠳᠦᠰᠦᠨ ᠵᠦᠢᠯ ᠢ ᠪᠠᠲᠤᠯᠠᠭᠰᠠᠨ ᠣᠯᠠᠨ ᠳᠡᠰ ᠳᠠᠪᠬᠤᠷᠭ᠎ᠠ ᠶᠢᠨ ᠡᠮᠴᠢᠯᠡᠬᠡᠨ ᠤ ᠪᠠᠲᠤᠯᠠᠭ᠎ᠠ ᠶᠢᠨ ᠳᠦᠷᠢᠮ ᠤᠨ ᠰᠢᠰᠲ᠋ᠧᠮᠵᠢ ᠶᠢ ᠦᠨᠳᠦᠰᠦᠨ ᠳᠡᠭᠡᠨ ᠪᠤᠶ ᠪᠣᠯᠭᠠᠪᠠ᠃ ᠦᠷᠡᠵᠢᠯ ᠤᠨ ᠳᠠᠭᠠᠳᠬᠠᠯ ᠪᠠ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠡᠯᠡ ᠴᠤᠭᠯᠠᠭᠤᠯᠵᠤ ᠰᠦᠢᠳᠬᠡᠯ ᠲᠤᠰᠢᠶᠠᠬᠤ ᠲᠣᠭᠲᠠᠴᠠ ᠶᠢ ᠪᠦᠷᠢᠨᠰᠢᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠳᠡᠬᠦᠯᠳᠡᠷᠵᠢᠬᠦᠯᠪᠡ᠃      ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠪᠠ᠃ 2019 ᠣᠨ ᠳᠤ ᠪᠥᠬᠦ ᠠᠶᠢᠮᠠᠭ ᠤᠨ ᠡᠯ᠎ᠡ ᠱᠠᠲᠤᠨ ᠤ ᠡᠮᠴᠢᠯᠡᠬᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ ᠡᠮᠨᠡᠯᠭᠡ ᠶᠢᠨ ᠦᠨ᠎ᠡ ᠬᠠᠩᠰᠢ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠵᠡᠷᠭᠡ ᠡᠭᠦᠷᠭᠡ ᠴᠢᠳᠠᠪᠬᠢ ᠶᠢ ᠰᠢᠯᠢᠳᠡᠭᠵᠢᠭᠦᠯᠦᠨ ᠨᠡᠶᠢᠳᠬᠡᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠠᠶᠢᠮᠠᠭ ᠤᠨ ᠱᠠᠲᠤᠨ ᠠᠴᠠ ᠨᠢᠭᠡᠳᠦᠯᠲᠡᠶ ᠲᠥᠯᠥᠪᠵᠢᠭᠦᠯᠬᠦ ᠶᠢ ᠪᠡᠶᠡᠯᠡᠭᠦᠯᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠠᠶᠢᠮᠠᠭ ᠤᠨ ᠱᠠᠲᠤᠨ ᠤ ᠨᠢᠭᠡᠳᠦᠯᠲᠡᠶ ᠲᠥᠯᠥᠪᠵᠢᠭᠦᠯᠬᠦ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠲᠥᠪᠯᠡᠷᠡᠩᠭᠦᠶ ᠨᠢᠭᠡᠳᠦᠯᠲᠡᠶ ᠡᠮᠴᠢᠯᠡᠬᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠠᠩᠬ᠎ᠠ ᠠᠯᠬᠤᠮ ᠪᠠᠶᠢᠭᠤᠯᠪᠠ᠃      ᠬᠤᠶᠠᠷ᠂ ᠳᠦᠷᠢᠮ ᠤᠨ ᠥᠭᠡᠷᠡᠴᠢᠯᠡᠯᠲᠡ ᠲᠠᠰᠤᠷᠠᠯᠲᠠ ᠤᠢᠭᠡᠢ ᠭᠦᠨᠵᠡᠭᠡᠶᠢᠷᠡᠪᠡ      ᠡᠮ ᠡᠮᠨᠡᠯᠭᠡ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠶᠢ ᠯᠠᠪᠳᠠᠭᠤᠨ ᠢᠶᠠᠷ ᠬᠡᠷᠡᠭᠵᠢᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠲᠣᠭᠲᠠᠭᠤᠨ ᠢᠶᠠᠷ ᠳᠡᠭᠡᠭᠰᠢᠯᠡᠭᠦᠯᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠪᠠ ᠬᠤᠪᠢ ᠬᠥᠮᠦᠨ ᠤ ᠰᠦᠢᠳᠬᠡᠯ ᠲᠤᠰᠢᠶᠠᠬᠤ ᠬᠠᠷᠢᠴᠠᠯ ᠢ 2᠄ 1 ᠳᠤ ᠬᠦᠷᠭᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠳᠤ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠷᠢᠮᠵᠢᠶ᠎ᠠ ᠶᠢ 1 . 4 ᠲᠦᠮᠡᠨ ᠲᠥᠭᠦᠷᠢᠭ ᠬᠡᠷᠡᠭᠵᠢᠭᠦᠯᠵᠦ᠂ ᠬᠡᠰᠡᠭ ᠬᠤᠪᠢᠶᠠᠨ ᠲᠠᠩᠰᠠ ᠲᠠᠶᠢᠯᠬᠤ ᠬᠠᠷᠢᠴᠠᠯ ᠢ 5 % ᠪᠠᠷ ᠳᠡᠭᠡᠭᠰᠢᠯᠡᠭᠦᠯᠵᠦ᠂ 60 % ᠳᠤ ᠬᠦᠷᠭᠡᠪᠡ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠦᠷᠡᠵᠢᠯ ᠤᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠶᠢ ᠠᠬᠢᠭᠤᠯᠵᠤ᠂ ᠠᠵᠢᠯᠲᠠᠨ ᠠᠵᠢᠯᠴᠢᠨ ᠤ ᠦᠷᠡᠵᠢᠯ ᠤᠨ ᠪᠠᠲᠤᠯᠠᠭ᠎ᠠ ᠶᠢᠨ ᠬᠠᠷᠠᠭᠠᠯᠵᠠᠯ ᠢ ᠬᠤᠪᠢᠷᠠᠭᠤᠯᠬᠤ ᠥᠬᠡᠶ᠂ ᠲᠦᠷᠢᠮ ᠢ ᠦᠷᠭᠦᠯᠵᠢᠯᠡᠭᠦᠯᠬᠦ ᠶᠢ ᠦᠨᠡᠨ ᠬᠦ ᠪᠠᠳᠣᠯᠠᠪᠠ᠃ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠢ ︽ᠬᠤᠶᠠᠷ ᠡᠪᠡᠳᠴᠢᠨ︾ ᠤ ᠪᠠᠲᠤᠯᠠᠭ᠎ᠠ ᠶᠢᠨ ᠲᠣᠭᠲᠠᠴᠠ ᠳᠤ ᠣᠷᠣᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ︽ᠬᠤᠶᠠᠷ ᠡᠪᠡᠳᠴᠢᠨ︾ ᠤ ᠡᠪᠡᠳᠴᠢᠲᠡᠨ ᠤ ᠡᠮᠴᠢᠯᠡᠭᠡᠨ ᠤ ᠳᠠᠷᠤᠭᠠᠰᠤ ᠶᠢ ᠦᠨᠡᠨᠬᠦ ᠬᠦᠩᠭᠡᠷᠡᠬᠦᠯᠪᠡ᠃ ᠬᠤᠲᠠ ᠪᠠᠯᠭᠠᠰᠤ ᠶᠢᠨ ᠠᠵᠢᠯᠲᠠᠨ ᠠᠵᠢᠯᠴᠢᠳ ᠤᠨ ᠦᠨᠳᠦᠰᠦᠨ ᠡᠮᠴᠢᠯᠡᠭᠡ ︵ᠦᠷᠡᠵᠢᠯ︶ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠳᠤ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ ᠨᠢᠭᠡᠴᠡ ᠳᠤ ᠠᠵᠢᠯ ᠣᠯᠤᠭᠰᠠᠳ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠨᠢᠭᠡᠳᠦᠯᠲᠡᠶ ᠬᠡᠷᠡᠭᠯᠡᠨ᠂ ᠵᠢᠯ ᠪᠦᠷᠢ ᠠᠵᠤ ᠠᠬᠤᠶᠢᠯᠠᠯ ᠤᠨ ᠳᠠᠷᠤᠭᠠᠰᠤ ᠶᠢ 2500 ᠲᠦᠮᠡᠨ ᠲᠥᠭᠦᠷᠢᠭ ᠣᠷᠴᠢᠮ ᠬᠦᠩᠬᠡᠷᠡᠬᠦᠯᠪᠡ᠃      ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠣᠯᠠᠨ ᠶᠠᠩᠵᠤ ᠶᠢᠨ ᠪᠣᠯᠭᠠᠪᠠ᠃ ᠶᠡᠷᠦᠩᠬᠡᠶ ᠲᠣᠭᠠᠨ ᠤ ᠲᠥᠰᠦᠪ ᠤᠨ ᠬᠠᠮᠢᠶᠠᠷᠤᠯᠲᠠ ᠳᠤᠤᠷᠠᠬᠢ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠪᠠᠷ ᠭᠤᠤᠯ ᠪᠣᠯᠭᠠᠵᠤ᠂ ᠬᠥᠮᠦᠨ ᠤ ᠲᠤᠭ᠎ᠠ᠂ ᠡᠪᠡᠳᠴᠢᠲᠡᠨ ᠤ ᠣᠷᠣ ᠶᠢᠨ ᠡᠳᠦᠷ ᠢᠶᠠᠷ ᠵᠠᠷᠤᠳᠠᠯ ᠲᠤᠰᠢᠶᠠᠬᠤ ᠵᠡᠷᠭᠡ ᠣᠯᠠᠨ  ᠵᠦᠢᠯ ᠤᠨ ᠵᠠᠷᠤᠳᠠᠯ ᠲᠤᠰᠢᠶᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠪᠥᠬᠦ ᠠᠶᠢᠮᠠᠭ ᠤᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠭᠠᠷ ᠤᠨ ᠥᠰᠥᠭ ᠵᠢᠷᠤᠭᠰᠠᠨ ᠡᠪᠡᠳᠴᠢᠨ ᠤ ᠲᠥᠷᠥᠯ ᠤᠨ ᠲᠤᠭ᠎ᠠ ᠨᠢ 154 ᠵᠦᠢᠯ ᠪᠠᠶᠢᠵᠤ᠂ ᠨᠢᠭᠡᠨᠲᠡ ᠭᠠᠷᠤᠭᠰᠠᠨ ᠲᠠᠩ ᠡᠪᠡᠳᠴᠢᠨ ᠤ ᠲᠥᠷᠥᠯ ᠤᠨ ᠵᠠᠷᠤᠳᠠᠯ ᠲᠤᠰᠢᠶᠠᠬᠤ ᠡᠪᠡᠳᠴᠢᠨ ᠤ ᠲᠥᠷᠥᠯ ᠤᠨ ᠲᠤᠭ᠎ᠠ ᠨᠢ 135 ᠵᠦᠢᠯ ᠪᠠᠶᠢᠵᠤ᠂ ᠤᠬᠤᠷᠢᠨ ᠭᠠᠷᠬᠤ ᠨᠣᠷᠮ᠎ᠠ ︵ᠤᠨᠳᠤᠤᠰᠢᠬᠤ ᠨᠣᠷᠮ᠎ᠠ︶ ᠨᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 20 % ᠠᠴᠠ ᠬᠡᠲᠦᠷᠡᠭᠰᠡᠨ ᠥᠬᠡᠶ᠃ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢ ᠪᠥᠬᠦ ᠣᠷᠣᠨ ᠤ DRG ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠨᠢᠭᠡᠴᠡ ᠪᠠᠷ ᠲᠣᠭᠲᠠᠭᠠᠪᠠ᠃      ᠡᠮ ᠲᠠᠩ ᠪᠠᠭᠠᠵᠢ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ ᠦᠷᠭᠦᠯᠵᠢᠯᠡᠨ ᠠᠬᠢᠭᠤᠯᠪᠠ᠃ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢ ᠴᠢᠩᠭᠠᠳᠬᠠᠵᠤ᠂ 2020 ᠣᠨ ᠳᠤ ᠪᠥᠬᠦ ᠠᠶᠢᠮᠠᠭ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠠᠪᠴᠠᠩ ᠤᠨ ᠡᠮ ᠤᠨ ᠵᠦᠢᠯ ᠬᠤᠳᠠᠯᠳᠤᠨ ᠠᠪᠬᠤ ᠳᠤ ᠣᠷᠣᠯᠴᠠᠭᠰᠠᠨ ᠡᠮᠴᠢᠯᠡᠭᠡᠨ ᠤ ᠪᠠᠶᠢᠭᠤᠯᠤᠮᠵᠢ 62 ᠪᠣᠯᠵᠣ᠂ 8 ᠡᠮ ᠤᠨ ᠵᠦᠢᠯ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠣᠷᠣᠯᠴᠠᠵᠤ᠂ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ 33172 . 4 ᠲᠦᠮᠡᠨ ᠲᠥᠭᠦᠷᠢᠭ᠂ ᠳᠣᠭᠢᠷᠠᠭᠤᠯᠤᠨ ᠬᠦᠷᠭᠡᠭᠰᠡᠨ ᠵᠣᠭᠤᠰ ᠤᠨ ᠲᠤᠭ᠎ᠠ ᠨᠢ 32976 . 4 ᠲᠦᠮᠡᠨ ᠲᠥᠭᠦᠷᠢᠭ ᠲᠤ ᠬᠦᠷᠴᠡᠶ᠃ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠡᠮᠴᠢᠯᠡᠭᠡᠨ ᠤ ᠪᠠᠶᠢᠭᠤᠯᠤᠮᠵᠢ 49᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ 413 ᠳᠤ ᠣᠷᠣᠯᠴᠠᠵᠤ᠂ ᠬᠤᠳᠠᠯᠳᠤᠨ ᠠᠪᠬᠤ ᠵᠣᠭᠤᠰ ᠤᠨ ᠲᠤᠭ᠎ᠠ 3634 ᠲᠦᠮᠡᠨ ᠲᠥᠭᠦᠷᠢᠭ᠂ ᠲᠣᠬᠢᠷᠠᠭᠤᠯᠤᠨ ᠬᠦᠷᠭᠡᠬᠦ ᠵᠣᠭᠤᠰ ᠤᠨ ᠲᠤᠭ᠎ᠠ 3585 ᠲᠦᠮᠡᠨ ᠲᠥᠭᠦᠷᠢᠭ ᠪᠣᠯᠤᠨ᠎ᠠ᠃ 59 ᠡᠮᠴᠢᠯᠡᠭᠡᠨ ᠤ ᠪᠠᠶᠢᠭᠤᠯᠤᠮᠵᠢ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠤᠨ ᠵᠦᠢᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠠᠵᠢᠯ ᠳᠤ ᠣᠷᠣᠯᠴᠠᠵᠤ᠂ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ 3712 . 6 ᠲᠦᠮᠡᠨ ᠲᠥᠭᠦᠷᠢᠭ᠂ ᠳᠣᠭᠢᠷᠠᠭᠤᠯᠤᠨ ᠬᠦᠷᠭᠡᠭᠰᠡᠨ ᠵᠣᠭᠤᠰ ᠤᠨ ᠲᠤᠭ᠎ᠠ ᠨᠢ 3686 . 1 ᠲᠦᠮᠡᠨ ᠲᠥᠭᠦᠷᠢᠭ ᠪᠣᠯᠭᠠᠪᠠ᠃      ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠨᠡᠩ ᠠᠷᠠᠳ ᠲᠤ ᠠᠰᠢᠭ ᠬᠦᠷᠲᠡᠭᠡᠪᠡ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠨᠡᠮᠡᠭᠦᠷᠢ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠵᠤ᠂ ᠡᠮᠴᠢᠯᠡᠭᠡᠨ ᠤ  ᠦᠢᠯᠡᠴᠢᠯᠡᠭᠡ ᠶᠢᠨ ᠦᠨ᠎ᠡ ᠬᠠᠩᠰᠢ ᠶᠢ ᠵᠡᠷᠭᠡ ᠳᠤᠨᠢ ᠳᠣᠭᠢᠷᠠᠭᠤᠯᠵᠤ᠂ ᠪᠥᠬᠦ ᠠᠶᠢᠮᠠᠭ ᠤᠨ 54 ᠡᠮᠴᠢᠯᠡᠭᠡᠨ ᠤ ᠪᠠᠶᠢᠭᠤᠯᠤᠮᠵᠢ ᠰᠢᠰᠲ᠋ᠧᠮ ᠤᠨ ᠭᠠᠷᠴᠠᠭ ︵2020 ᠣᠨ ᠤ ᠬᠡᠪᠯᠡᠯ︶ ᠤᠨ ᠰᠣᠯᠢᠯᠲᠠ ᠶᠢ ᠠᠮᠵᠢᠯᠲᠠ ᠲᠠᠢ ᠪᠡᠶᠡᠯᠡᠭᠦᠯᠵᠦ᠂ ᠣᠯᠠᠨ ᠲᠦᠮᠡᠨ ᠤ ᠡᠮᠴᠢᠯᠡᠭᠡᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡ ᠶᠢᠨ ᠦᠨᠳᠦᠰᠦᠨ ᠦᠢᠯᠡᠴᠢᠯᠡᠭᠡᠨ ᠤ ᠦᠨ᠎ᠡ ᠬᠠᠩᠰᠢ ᠳᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠡᠷᠡᠭᠵᠢᠭᠦᠯᠵᠦ᠂ ᠡᠮᠴᠢᠯᠡᠭᠡ ᠶᠢᠨ ᠦᠨᠳᠦᠰᠦᠨ ᠪᠤᠰᠤ ᠦᠢᠯᠡᠴᠢᠯᠡᠭᠡᠨ ᠳᠤ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠶᠢ ᠬᠡᠷᠡᠭᠵᠢᠬᠦᠯᠪᠡ᠃      ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠲᠠᠰᠤᠷᠠᠯᠲᠠ ᠥᠬᠡᠶ ᠴᠢᠩᠭᠠᠷᠠᠪᠠ᠃ ᠪᠥᠬᠦ ᠣᠷᠣᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ︽ᠠᠯᠠᠱᠠ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠲᠥᠪ︾ ᠢ ᠲᠦᠷᠦᠭᠦᠯᠡᠨ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠢ ᠬᠢᠨᠠᠨ ᠬᠠᠷᠭᠤᠭᠤᠯᠬᠤ ᠵᠡᠷᠭᠡ ᠭᠤᠷᠪᠠᠨ ᠵᠦᠢᠯ ᠤᠨ ᠲᠦᠷᠢᠮ ᠢ ᠲᠣᠭᠲᠠᠭᠠᠨ ᠬᠡᠷᠡᠭᠵᠢᠭᠦᠯᠵᠦ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠪᠡ᠃ ᠣᠶᠤᠨᠴᠢ ᠪᠠᠷ ᠬᠢᠨᠠᠨ ᠡᠵᠡᠮᠳᠡᠬᠦ᠂ ᠨᠢᠰᠬᠡᠯ ᠢᠶᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠳᠠᠭᠠᠳᠬᠠᠯ ᠢ ᠮᠡᠬᠡᠯᠡᠨ ᠠᠪᠬᠤ ᠪᠠ ᠮᠡᠬᠡᠯᠡᠬᠦ ᠳᠤ ᠴᠢᠩᠭ᠎ᠠ ᠴᠣᠬᠢᠯᠲᠠ ᠥᠭᠴᠦ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠪᠠ᠃ ᠢᠯᠡᠴᠢᠯᠡᠨ ᠮᠡᠳᠡᠭᠦᠯᠬᠦ  ᠣᠳᠠᠰᠣ ᠳᠣᠬᠢᠷᠠᠭᠤᠯᠵᠦ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ᠶᠢ ᠨᠠᠶᠢᠳᠠᠪᠤᠷᠢᠵᠢᠭᠤᠯᠤᠨ᠂ ᠳᠦᠷᠢᠮ ᠢ ᠵᠢᠷᠤᠮᠯᠠᠬᠤ ᠶᠢ ᠣᠶᠤᠨᠴᠢ ᠪᠠᠷ ᠬᠢᠨᠠᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠮᠡᠳᠡᠭᠡ ᠵᠠᠩᠭᠢ ᠨᠡᠶᠢᠲᠡᠯᠡᠬᠦ ᠳᠦᠷᠢᠮ ᠢ ᠨᠠᠶᠢᠳᠠᠪᠣᠷᠢᠵᠢᠭᠤᠯᠪᠠ᠃ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠬᠤᠯᠪᠣᠭᠠᠯᠠᠨ ᠵᠠᠯᠬᠠᠭᠠᠬᠤ ᠶᠢ ᠬᠡᠷᠡᠭᠵᠢᠭᠦᠯᠵᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠪᠠ᠃     ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠳᠦᠷᠢᠮ ᠠᠯᠬᠤᠮ ᠠᠯᠬᠤᠮ ᠢᠶᠠᠷ ᠲᠡᠭᠦᠯᠳᠡᠷᠵᠢᠪᠡ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠬᠤ ᠵᠢᠴᠢ ᠡᠮᠴᠢᠯᠡᠭᠡᠨ ᠤ ᠪᠠᠲᠤᠯᠠᠭ᠎ᠠ ᠶᠢᠨ ᠪᠦᠷᠢᠳᠬᠡᠨ ᠵᠠᠳᠠᠯᠬᠤ ᠲᠦᠷᠢᠮ ᠢ ᠨᠠᠶᠢᠳᠠᠪᠤᠷᠢᠵᠢᠭᠤᠯᠵᠤ᠂ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠶᠡᠷᠦᠩᠬᠡᠶ ᠳᠤᠨᠢ ᠡᠵᠡᠮᠳᠡᠨ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠬᠠᠩᠭᠠᠪᠠ᠃ ᠰᠠᠭᠤᠷᠢ ᠮᠥᠩᠭᠦ ᠶᠢᠨ ᠲᠥᠰᠦᠪ᠂ ᠲᠥᠰᠦᠪ ᠤᠨ ᠭᠦᠢᠴᠡᠳᠬᠡᠯ ᠢ ᠨᠠᠢᠷᠠᠭᠤᠯᠤᠨ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠠᠶᠢᠮᠠᠭ ᠤᠨ ᠡᠮᠴᠢᠯᠡᠬᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠣᠨᠣᠪᠴᠢᠲᠠᠢ᠂ ᠪᠦᠷᠢᠨ ᠪᠦᠲᠦᠨ ᠪᠠᠶᠢᠬᠤ ᠶᠢ ᠪᠠᠳᠣᠯᠠᠪᠠ᠃     ᠭᠤᠷᠪᠠ᠂ ᠡᠷᠡᠭᠦᠯ ᠡᠩᠬᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠪᠡ     ᠡᠮᠴᠢᠯᠡᠬᠡᠨ ᠤ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ 2020 ᠣᠨ ᠳᠤ᠂ ᠪᠥᠬᠦ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 204765 ᠬᠥᠮᠦᠨ ᠪᠠᠶᠢᠵᠤ᠂ ᠡᠭᠦᠨ ᠳᠤ ᠠᠵᠢᠯᠲᠠᠨ ᠠᠵᠢᠯᠴᠢᠨ 92407 ᠬᠥᠮᠦᠨ᠂ ᠰᠠᠭᠤᠭᠠᠯᠢ ᠠᠷᠠᠳ 112358 ᠬᠥᠮᠦᠨ ᠪᠠᠶᠢᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 95 % ᠠᠴᠠ ᠳᠡᠭᠡᠭᠰᠢ ᠳᠤ ᠬᠦᠷᠴᠡᠶ᠃ ᠪᠥᠬᠦ ᠠᠶᠢᠮᠠᠭ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠦᠯᠡᠳᠡᠪᠦᠷᠢ ᠨᠡᠶᠢᠲᠡ 4 . 61 ᠳ᠋ᠦᠩᠰᠢᠭᠤᠷ ᠲᠥᠭᠦᠷᠢᠭ᠂ ᠬᠤᠪᠢ ᠬᠥᠮᠦᠨ ᠤ ᠲᠠᠩᠰᠠᠨ ᠡᠷᠦᠬᠡ ᠶᠢᠨ ᠦᠯᠡᠳᠡᠪᠦᠷᠢ 3 . 37 ᠳ᠋ᠦᠩᠰᠢᠭᠤᠷ ᠲᠥᠭᠦᠷᠢᠭ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠨᠥᠬᠦᠪᠥᠷᠢ ᠨᠡᠶᠢᠲᠡ ᠦᠯᠡᠳᠡᠪᠦᠷᠢ ᠨᠡᠶᠢᠲᠡ 0 . 87 ᠳ᠋ᠦᠩᠰᠢᠭᠤᠷ ᠲᠥᠭᠦᠷᠢᠭ ᠪᠣᠯᠤᠨ᠎ᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠦᠯᠡᠳᠡᠪᠦᠷᠢ ᠨᠡᠶᠢᠲᠡ 0 . 86 ᠳ᠋ᠦᠩᠰᠢᠭᠤᠷ ᠲᠥᠭᠦᠷᠢᠭ ᠪᠠᠶᠢᠵᠤ᠂ ᠰᠠᠭᠤᠷᠢ ᠮᠥᠩᠭᠦ ᠶᠢᠨ ᠠᠵᠢᠯᠯᠠᠭᠠᠨ ᠲᠣᠭᠲᠠᠭᠤᠨ ᠪᠥᠭᠡᠳ ᠦᠷᠭᠦᠯᠵᠢᠯᠡᠵᠦ ᠪᠠᠶᠢᠨ᠎ᠠ᠃ ᠠᠵᠢᠯᠲᠠᠨ ᠠᠵᠢᠯᠴᠢᠨ ᠪᠣᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠡᠮᠨᠡᠯᠭᠡ ᠳᠤ ᠰᠠᠭᠤᠭᠰᠠᠨ ᠵᠠᠷᠤᠳᠠᠯ ᠤᠨ ᠥᠭᠬᠦ ᠬᠠᠷᠢᠴᠠᠯ ᠢ 76 % ᠪᠠ 61 % ᠣᠷᠴᠢᠮ ᠳᠤ ᠲᠣᠭᠲᠠᠭᠤᠨ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠳᠤ ᠬᠡᠷᠡᠭᠯᠡᠬᠦ ᠡᠮ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠥᠭᠬᠦ ᠬᠠᠷᠢᠴᠠᠯ ᠢ 50 % ᠠᠴᠠ ᠳᠡᠭᠡᠭᠰᠢ ᠳᠤ ᠬᠦᠷᠦᠭᠦᠯᠵᠦ᠂ ᠣᠯᠭᠤᠮᠵᠢ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠬᠦᠯᠪᠡ᠃     ᠡᠮᠨᠡᠯᠭᠡ ᠶᠢᠨ ᠳᠠᠭᠠᠳᠬᠠᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠣᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ︵2018—2020 ᠣᠨ︶︾ ᠢ ᠨᠠᠶᠢᠳᠠᠪᠤᠷᠢᠵᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡ ᠪᠠᠷ ᠠᠪᠤᠷᠠᠨ ᠲᠤᠰᠠᠯᠠᠬᠤ ᠭᠤᠷᠪᠠᠨ ᠴᠢᠬᠤᠯᠠ ᠲᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠪᠠᠲᠤᠯᠠᠬᠤ ᠶᠢ ᠪᠡᠶᠡᠯᠡᠬᠦᠯᠪᠡ᠃ ᠬᠦᠨᠳᠦ ᠡᠪᠡᠳᠴᠢᠨ ᠤ ᠳᠠᠭᠠᠳᠬᠠᠯ ᠢ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠳᠠᠰᠢ ᠬᠡᠯᠪᠠᠶᠢᠯᠭᠡᠬᠦ ᠡᠷᠴᠢᠮ ᠢ ᠴᠢᠩᠭᠠᠷᠠᠭᠤᠯᠵᠤ᠂ ᠡᠬᠢᠯᠡᠵᠦ ᠳᠥᠯᠥᠬᠦ ᠪᠠᠷᠢᠮᠵᠢᠶ᠎ᠠ ᠶᠢ 50 % ᠪᠠᠷ ᠪᠠᠭᠤᠷᠠᠭᠤᠯᠤᠨ᠂ ᠳᠥᠯᠥᠬᠦ ᠬᠠᠷᠢᠴᠠᠯ ᠢ 5 ᠵᠠᠭᠤᠨ ᠤ ᠴᠡᠭ ᠢᠶᠠᠷ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠲᠠᠩᠰᠠ ᠲᠠᠶᠢᠯᠬᠤ ᠬᠠᠷᠢᠴᠠᠯ ᠢ 65 % ᠠᠴᠠ ᠳᠤᠤᠷ᠎ᠠ ᠪᠠᠶᠢᠯᠭᠠᠵᠤ ᠪᠣᠯᠬᠤ ᠥᠬᠡᠶ᠂ ᠳᠡᠭᠡᠳᠦ ᠬᠢᠵᠠᠭᠠᠷ ᠱᠤᠭᠤᠮ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠪᠠ᠃ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠬᠤᠰᠢᠭᠤᠨ ︵ᠣᠷᠣᠨ︶ ᠤ ᠬᠡᠪᠴᠢᠶᠡᠨ ᠳᠤ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠰᠠᠭᠤᠵᠤ ᠡᠮᠨᠡᠯᠭᠡ ᠳᠤ ᠰᠠᠭᠤᠬᠤ ᠳᠤ ︽ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ︾ ᠪᠠ ︽ᠨᠢᠭᠡ ᠥᠷᠲᠡᠭᠡᠴᠢᠯᠡᠭᠰᠡᠨ  ᠦᠢᠯᠡᠴᠢᠯᠡᠭᠡ᠂ ᠨᠢᠭᠡ ᠴᠣᠩᠬᠤᠪᠴᠢ ᠪᠠᠷ ᠬᠦᠢᠴᠡᠳᠭᠡᠬᠦ᠂ ᠨᠢᠭᠡ ᠬᠠᠭᠤᠳᠠᠰᠤ ᠪᠠᠷ ᠳ᠋ᠦᠩᠨᠡᠨ ᠪᠤᠳᠤᠬᠤ︾ ᠶᠢ ᠪᠡᠶᠡᠯᠡᠬᠦᠯᠪᠡ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠢᠳᠡᠪᠬᠢᠲᠡᠢ ᠠᠷᠭᠠᠴᠠᠭᠠᠪᠠ᠃ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ 860 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠶᠢ ᠤᠷᠢᠳᠴᠢᠯᠠᠨ ᠪᠠᠭᠤᠯᠭᠠᠵᠤ᠂ ᠡᠪᠡᠳᠴᠢᠲᠡᠨ ᠤ ᠵᠠᠷᠤᠳᠠᠯ ᠤᠨ ᠠᠰᠠᠭᠤᠳᠠᠯ ᠠᠴᠠ ᠪᠣᠯᠵᠣ ᠡᠮᠨᠡᠭᠦᠯᠬᠦ ᠶᠢ ᠨᠥᠯᠥᠭᠡᠯᠡᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠭᠥᠯᠢᠶᠡᠨ ᠠᠪᠴᠤ ᠡᠮᠨᠡᠨ ᠵᠠᠰᠠᠬᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠠᠴᠠ ᠪᠣᠯᠵᠣ ᠡᠮᠨᠡᠨ ᠠᠪᠤᠷᠬᠠᠤ ᠶᠢ ᠨᠥᠯᠥᠭᠡᠯᠡᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ︽ᠬᠠᠰᠤᠵᠤ ᠲᠠᠲᠠᠪᠤᠷᠢᠯᠠᠬᠤ︾ ︽ᠬᠤᠶᠢᠰᠢᠯᠠᠭᠤᠯᠤᠨ ᠲᠠᠲᠠᠪᠤᠷᠢᠯᠠᠬᠤ︾ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠢᠵᠢᠭ ᠤᠨ ᠬᠤᠭᠤᠴᠠᠭᠠᠨ ᠳᠤ ᠨᠡᠶᠢᠲᠡ 3207 ᠲᠦᠮᠡᠨ ᠲᠥᠭᠦᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠠᠰᠤᠵᠤ ᠲᠠᠲᠠᠪᠤᠷᠢᠯᠠᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠦᠴᠦᠲᠡᠶ ᠬᠥᠩᠭᠡᠷᠡᠭᠦᠯᠵᠦ᠂ ᠠᠵᠤ ᠠᠬᠤᠶᠢᠯᠠᠯ ᠤᠨ ᠠᠯᠢ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠪᠠ᠃      ᠳᠥᠷᠪᠡ᠂ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠬᠦᠯᠪᠡ      ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠵᠢᠷᠣᠮᠵᠢᠭᠤᠯᠪᠠ᠃ ᠪᠥᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠤᠨ ᠨᠠᠷᠢᠨ ᠬᠠᠭᠤᠳᠠᠰᠤ ᠶᠢ ᠨᠢᠭᠡᠳᠬᠡᠵᠦ᠂ ᠬᠦᠢᠴᠡᠳᠭᠡᠬᠦ ᠮᠠᠲ᠋ᠧᠷᠢᠶᠠᠯ᠂ ᠠᠵᠢᠯ ᠶᠠᠪᠤᠳᠠᠯ ᠬᠦᠢᠴᠡᠳᠭᠡᠬᠦ ᠴᠤᠪᠤᠷᠠᠯ ᠢ ᠴᠣᠮᠬᠠᠳᠬᠠᠨ᠂  ᠬᠦᠢᠴᠡᠳᠭᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠬᠦᠯᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠨᠠᠶᠢᠳᠠᠯᠭ᠎ᠠ ᠶᠢᠨ ᠬᠤᠳᠠᠯᠳᠤᠭᠠᠨ ᠤ ᠳᠠᠭᠠᠳᠬᠠᠯ ᠢ ᠭᠠᠷᠲᠠᠨ ᠭᠦᠢᠴᠡᠳᠭᠡᠬᠦ ᠦᠢᠯᠡᠴᠢᠯᠡᠭᠡ  ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠮ ᠡᠮᠨᠡᠯᠭᠡ  ᠶᠢᠨ ᠳᠠᠭᠠᠳᠬᠠᠯ  ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠠᠩᠬ᠎ᠠ ᠠᠯᠬᠤᠮ  ᠤᠨ ᠦᠷ᠎ᠡ ᠪᠦᠲᠦᠮᠵᠢ ᠤᠯᠪᠠ᠃      ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠳᠡᠬᠦᠯᠳᠡᠷᠵᠢᠬᠦᠯᠪᠡ᠃ ᠪᠥᠬᠦ ᠠᠶᠢᠮᠠᠭ ᠤᠨ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠦᠭᠰᠡᠨ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠨᠡᠶᠢᠳᠡᠮ ᠬᠡᠷᠡᠭᠵᠢᠭᠦᠯᠵᠦ᠂ ᠡᠭᠦᠳᠡᠨ ᠡᠮᠨᠡᠯᠭᠡ ᠶᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠲᠤᠷᠰᠢᠯᠲᠠ ᠶᠢ ᠥᠷᠨᠢᠭᠦᠯᠦᠨ᠂ ᠣᠷᠣᠨ ᠤ ᠳᠣᠲᠣᠷᠠᠬᠢ ᠡᠭᠦᠳᠡᠨ ᠡᠮᠨᠡᠯᠭᠡ ᠶᠢᠨ ᠵᠠᠷᠤᠳᠠᠯ ᠢ ᠤᠨᠳᠤᠤ ᠭᠠᠵᠠᠷ ᠲᠤ ᠰᠢᠭᠤᠳ ᠲᠡᠰᠦᠯᠦᠨ ᠪᠤᠳᠤᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠤᠨᠳᠤᠤ ᠭᠠᠵᠠᠷ ᠲᠤ ᠡᠮᠨᠡᠭᠦᠯᠬᠦ ᠶᠢᠨ ᠪᠦᠷᠢᠳᠬᠡᠨ ᠳᠠᠩᠰᠠᠯᠠᠬᠤ ᠭᠠᠷᠳᠠᠮ ᠢ ᠳᠥᠭᠦᠮᠴᠢᠯᠡᠵᠦ᠂ ᠰᠦᠯᠵᠢᠶᠡᠨ ᠤ APP᠂ ᠦᠢᠯᠡᠴᠢᠯᠡᠬᠡᠨ ᠤ  ᠳᠠᠪᠴᠠᠩ᠂ ᠤᠲᠠᠰᠤ᠂ ᠡᠮᠴᠢᠯᠡᠭᠡᠨ ᠤ ᠪᠠᠶᠢᠭᠤᠯᠤᠮᠵᠢ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠪᠦᠷᠢᠳᠬᠡᠨ ᠳᠠᠩᠰᠠᠯᠠᠬᠤ ᠶᠢ ᠬᠡᠷᠡᠭᠵᠢᠬᠦᠯᠪᠡ᠃ᠮᠡᠳᠡᠭᠡ ᠵᠠᠩᠭᠢᠵᠢᠯᠲᠠ ᠶᠢᠨ ᠪᠠᠷᠢᠮᠵᠢᠶᠠᠵᠢᠯᠲᠠ ᠰᠢᠪᠲᠤᠯᠤᠯᠲᠠ ᠲᠠᠢ ᠪᠣᠯᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠥᠬᠦ ᠠᠶᠢᠮᠠᠭ ᠤᠨ ᠣᠲᠣ ᠶᠢᠨ ᠪᠠᠶᠢᠭ᠎ᠠ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ᠂ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠡᠮ ᠤᠨ ᠵᠦᠢᠯ ᠬᠤᠳᠠᠯᠳᠤᠨ ᠠᠪᠬᠤ ᠰᠢᠰᠲ᠋ᠧᠮ ᠢ ᠲᠠᠰ ᠳᠡᠪᠰᠢᠭᠦᠯᠦᠨ ᠥᠭᠡᠷᠡᠴᠢᠯᠡᠵᠦ᠂ ᠤᠯᠤᠰ ᠤᠨ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠪᠠ ᠮᠡᠷᠭᠡᠵᠢᠯ ᠤᠨ ᠪᠠᠷᠢᠮᠵᠢᠶ᠎ᠠ ᠶᠣᠰᠣᠭᠠᠷ᠂ ᠪᠥᠬᠦ ᠠᠶᠢᠮᠠᠭ  ᠤᠨ ᠡᠮᠴᠢᠯᠡᠭᠡᠨ  ᠤ ᠪᠠᠲᠤᠯᠠᠭ᠎ᠠ  ᠶᠢᠨ ᠮᠡᠳᠡᠭᠡ ᠵᠠᠩᠭᠢ  ᠶᠢᠨ ᠰᠢᠰᠲ᠋ᠧᠮ  ᠢ ᠡᠬᠢᠯᠡᠭᠦᠯᠦᠨ ᠪᠠᠶᠢᠭᠤᠯᠪᠠ᠃ ᠡᠮᠴᠢᠯᠡᠭᠡᠨ  ᠤ ᠳᠠᠭᠠᠳᠬᠠᠯ  ᠤᠨ ᠡᠯᠧᠺᠲᠷᠣᠨ ᠭᠡᠷᠡᠴᠢ ᠪᠠᠷᠢᠮᠲᠠ   ᠶᠢ ᠳᠡᠯᠭᠡᠷᠡᠭᠦᠯᠵᠦ᠂ ᠡᠮᠴᠢᠯᠡᠭᠡᠨ  ᠤ ᠳᠠᠭᠠᠳᠬᠠᠯ ᠤᠨ ᠮᠡᠳᠡᠭᠡ ᠵᠠᠩᠭᠢᠵᠢᠯᠲᠠ  ᠶᠢᠨ ᠠᠵᠢᠯ  ᠢ ᠪᠥᠬᠦ ᠲᠠᠯ᠎ᠠ  ᠪᠠᠷ ᠠᠬᠢᠭᠤᠯᠪᠠ᠃      ᠬᠤᠶᠠᠳᠤᠭᠠᠷ ᠬᠡᠰᠡᠭ ᠬᠥᠭᠵᠢᠯᠲᠡ ᠶᠢᠨ ᠪᠠᠶᠢᠳᠠᠯ      ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠪᠠᠰᠠ ᠴᠤ ᠮᠠᠨ ᠤ ᠠᠶᠢᠮᠠᠭ ᠨᠠᠮ ᠤᠨ ᠲᠥᠪ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠪᠦᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠡᠷᠬᠡᠪᠰᠢ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠᠨ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠬᠢᠵᠢᠭᠦᠯᠬᠦ᠂ ︽ᠡᠷᠡᠭᠦᠯ ᠡᠩᠬᠡ ᠠᠯᠠᠱᠠ︾ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠪᠠᠷ ᠭᠤᠣᠯᠳᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠨᠡᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃      ᠠᠵᠠ ᠲᠣᠬᠢᠶᠠᠯ ᠠᠴᠠ ᠦᠵᠡᠪᠡᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠨᠢᠭᠡᠳᠦᠯᠲᠡᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠪᠣᠯᠤᠨ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠡᠮᠴᠢᠯᠡᠬᠡᠨ ᠤ ᠪᠠᠲᠤᠯᠠᠭ᠎ᠠ ᠶᠢᠨ ᠲᠦᠷᠢᠮ ᠢ ᠪᠦᠬᠦ ᠲᠠᠯ᠎ᠠ ᠪᠠᠷ ᠪᠠᠶᠢᠭᠤᠯᠤᠨ᠎ᠠ ᠭᠡᠵᠦ ᠳᠤᠷᠠᠳᠪᠠ︔ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠵᠠᠷᠴᠢᠮ ᠢ ᠪᠠᠷᠢᠮᠲᠠᠯᠠᠵᠤ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ᠂ ᠦᠷᠭᠦᠯᠵᠢᠯᠡᠬᠦ᠋ᠢᠴᠡ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ ᠢ ᠪᠦᠷᠢᠨᠰᠢᠬᠦᠯᠬᠦ ᠬᠡᠷᠡᠭᠲᠡᠶ ᠭᠡᠵᠦ ᠴᠢᠨᠠᠭᠰᠢᠳᠠ ᠴᠢᠬᠤᠯᠠᠴᠢᠯᠠᠪᠠ︔ ᠲᠠᠪᠤᠳᠤᠭᠠᠷ ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠳᠤᠷᠠᠳᠴᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠰᠢᠨ᠎ᠡ ᠲᠦᠪᠰᠢᠨ ᠳᠤ ᠬᠦᠷᠴᠦ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠠᠩ ᠪᠦᠷᠢᠨᠰᠢᠬᠦᠯᠦᠨ᠎ᠡ ᠭᠡᠪᠡ︔ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ︽ᠡᠷᠡᠭᠦᠯ ᠡᠩᠬᠡ ᠥᠪᠥᠷ ᠮᠣᠩᠭᠤᠯ︾ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠯᠠᠱᠠ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠥᠭᠡᠷᠡᠴᠢᠯᠡᠯᠲᠡ ᠬᠥᠭᠵᠢᠯᠲᠡ ᠶᠢ ᠴᠢᠨᠠᠷ ᠰᠠᠶᠢᠲᠠᠶ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠃ ᠪᠦᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠮᠵᠢ ᠶᠢᠨ ᠪᠠᠶᠢᠭᠤᠯᠤᠭᠳᠠᠭᠰᠠᠨ ᠨᠢ ᠡᠷᠡᠭᠦᠯ ᠮᠡᠨᠳᠦ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ ᠬᠤᠳᠠᠯᠳᠤᠨ ᠠᠪᠬᠤ᠂ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠪᠠ ᠡᠮ ᠡᠮᠨᠡᠯᠭᠡ  ᠶᠢᠨ ᠦᠢᠯᠡᠴᠢᠯᠡᠬᠡᠨ ᠤ ᠦᠨ᠎ᠡ ᠬᠠᠩᠰᠢ  ᠶᠢ ᠬᠥᠳᠡᠯᠦᠩᠭᠦᠶ  ᠪᠠᠷ ᠲᠣᠬᠢᠷᠠᠭᠤᠯᠬᠤ᠂ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ  ᠳᠤ ᠴᠣᠬᠢᠯᠲᠠ ᠥᠭᠬᠦ ᠵᠡᠷᠭᠡ ᠥᠭᠡᠷᠡᠴᠢᠯᠡᠯᠲᠡ  ᠨᠢ ᠪᠥᠬᠦ ᠠᠶᠢᠮᠠᠭ  ᠤᠨ ᠰᠢᠰᠲ᠋ᠧᠮ ᠤᠨ ᠴᠢᠨᠠᠷᠲᠠᠶ ᠡᠮᠴᠢᠯᠡᠬᠡᠨ   ᠤ ᠪᠠᠲᠤᠯᠠᠭ᠎ᠠ  ᠶᠢᠨ ᠥᠭᠡᠷᠡᠴᠢᠯᠡᠯᠲᠡ  ᠶᠢ ᠭᠦᠨᠵᠡᠭᠡᠶᠢᠷᠡᠭᠦᠯᠬᠦ ᠳᠤ ᠠᠰᠢᠭᠲᠠᠶ ᠰᠥᠪᠡᠭᠴᠢᠯᠡᠯᠲᠡ ᠬᠠᠩᠭᠠᠪᠠ᠃      ᠥᠷᠢᠰᠥᠯᠳᠦᠭᠡᠨ ᠠᠴᠠ ᠦᠵᠡᠪᠡᠯ᠂ ᠣᠳᠣᠬᠠᠨ ᠳᠤ ᠪᠥᠬᠦ ᠠᠶᠢᠮᠠᠭ ᠤᠨ ᠬᠥᠭᠵᠢᠯᠲᠡ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠠᠵᠤ ᠠᠬᠤᠶ ᠲᠣᠭᠲᠠᠭᠤᠨ ᠤ ᠳᠤᠮᠳᠠ ᠠᠬᠢᠯᠲᠠ ᠲᠠᠢ ᠪᠣᠯᠵᠣ ᠪᠠᠶᠢᠨ᠎ᠠ᠂ ᠭᠡᠪᠡᠴᠦ ᠪᠠᠰᠠ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠳᠤ ᠲᠤᠯᠭᠠᠷᠠᠵᠤ᠂ ᠪᠥᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠬᠥᠭᠵᠢᠯᠲᠡ ᠲᠡᠩᠴᠡᠭᠦᠷᠢ ᠥᠬᠡᠶ᠂ ᠪᠠᠲᠤᠯᠠᠭ᠎ᠠ ᠬᠦᠢᠴᠡᠳ ᠥᠬᠡᠶ᠂ ᠬᠠᠮᠢᠶᠠᠷᠤᠯᠲᠠ ᠨᠠᠷᠢᠯᠢᠭ ᠪᠤᠰᠤ ᠠᠰᠠᠭᠤᠳᠠᠯ ᠮᠥᠨ ᠬᠦ ᠨᠡᠯᠢᠶᠡᠳ ᠲᠣᠪᠤᠶᠢᠮ᠎ᠠ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠤᠨ ᠬᠥᠮᠦᠨ ᠠᠮᠠ ᠶᠢᠨ ᠪᠦᠲᠦᠴᠡ ᠨᠠᠰᠤᠵᠢᠬᠤ ᠬᠠᠨᠳᠤᠰᠢ ᠲᠠᠢ ᠪᠣᠯᠵᠣ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠪᠠᠭᠠᠰᠴᠠᠶ︔ ᠣᠷᠳᠣ ᠬᠤᠭᠤᠴᠠᠭᠠᠨ ᠤ ᠰᠤᠪᠢᠯᠠᠯᠲᠠ ᠶᠢᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠳᠡᠭᠡᠭᠰᠢᠯᠡᠵᠦ᠂ ᠰᠢᠨ᠎ᠡ ᠲᠥᠬᠦᠭᠡᠷᠦᠮᠵᠢ᠂ ᠰᠢᠨ᠎ᠡ ᠮᠡᠷᠭᠡᠵᠢᠯ ᠤᠨ ᠬᠡᠷᠡᠭᠯᠡᠯᠲᠡ᠂ ᠰᠠᠭᠤᠷᠢ ᠮᠥᠩᠭᠦᠨ ᠤ ᠵᠠᠷᠤᠯᠭ᠎ᠠ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ᠂ ᠣᠨᠴᠠ ᠵᠠᠷᠢᠮ ᠭᠠᠵᠠᠷ ᠣᠷᠣᠨ ᠤ ᠰᠠᠭᠤᠷᠢ ᠮᠥᠩᠭᠦᠨ ᠤ ᠠᠮᠤᠷ ᠲᠦᠪᠰᠢᠨ ᠦᠷᠭᠦᠯᠵᠢᠯᠡᠨ ᠠᠵᠢᠯᠯᠠᠬᠤ ᠳᠤ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ ᠤᠳᠠᠭᠠᠨ ᠴᠢᠨᠠᠷᠲᠠᠶ ᠡᠪᠡᠳᠴᠢᠲᠡᠨ ᠡᠳᠦᠷ ᠢᠷᠡᠬᠦᠶ᠎ᠡ ᠨᠡᠮᠡᠭᠳᠡᠵᠦ᠂ ᠢᠯᠠᠩᠭᠤᠶ᠎ᠠ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠢᠶᠠᠷ ᠲᠥᠯᠥᠭᠡᠯᠡᠭᠦᠯᠦᠭᠰᠡᠨ ᠤᠳᠠᠭᠠᠨ ᠴᠢᠨᠠᠷᠲᠠᠶ ᠡᠪᠡᠳᠴᠢᠨ ᠳᠤ ᠵᠠᠯᠠᠭᠤᠵᠢᠬᠤ ᠬᠠᠨᠳᠤᠰᠢ ᠢᠯᠡᠷᠡᠵᠦ᠂ ᠬᠦᠨᠳᠦ ᠣᠨᠴᠠ ᠶᠡᠭᠡ ᠡᠪᠡᠳᠴᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠨᠢ ᠣᠯᠠᠨ ᠲᠦᠮᠡᠨ ᠤ ᠬᠦᠰᠡᠯ ᠡᠷᠡᠮᠡᠯᠵᠡᠯ ᠯᠦᠭᠡ ᠮᠥᠨ ᠬᠦ ᠵᠥᠷᠢᠶ᠎ᠡ ᠲᠠᠢ ᠪᠠᠶᠢᠵᠤ᠂ ᠬᠡᠳᠦ ᠪᠠᠲᠤᠯᠠᠭ᠎ᠠ ᠪᠠ ᠪᠠᠲᠤᠯᠠᠭ᠎ᠠ ᠬᠦᠷᠦᠯᠴᠡᠬᠦ ᠦᠭᠡᠶ ᠪᠠᠶᠢᠬᠤ ᠦᠵᠡᠭᠳᠡᠯ ᠵᠡᠷᠭᠡᠪᠡᠷ ᠣᠷᠣᠰᠢᠵᠤ᠂ ᠣᠯᠠᠨ ᠳᠡᠰ ᠳᠠᠪᠬᠤᠷᠭ᠎ᠠ ᠪᠦᠬᠦᠢ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ ᠡᠮᠴᠢᠯᠡᠭᠡᠨ ᠤ ᠪᠠᠲᠤᠯᠠᠭ᠎ᠠ ᠶᠢᠨ ᠥᠭᠡᠷᠡᠴᠢᠯᠡᠯᠲᠡ ᠳᠤ ᠬᠤᠯᠪᠣᠭᠳᠠᠬᠤ ᠠᠰᠢᠭ ᠲᠤᠰᠠ ᠶᠢᠨ ᠭᠤᠤᠯ ᠴᠣᠭᠴᠠ ᠣᠯᠠᠨ᠂ ᠬᠠᠮᠢᠶᠠᠷᠤᠯᠲᠠ ᠶᠢᠨ ᠬᠡᠯᠬᠢᠶ᠎ᠡ ᠣᠷᠳᠣ᠂ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠵᠠᠰᠠᠯᠲᠠ ᠶᠢᠨ ᠬᠠᠮᠵᠢᠯᠴᠠᠬᠤ ᠴᠢᠨᠠᠷ ᠢ ᠮᠥᠨ ᠬᠦ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠬᠡᠨ ᠪᠠᠶᠢᠭᠤᠯᠬᠤ ᠴᠢᠬᠤᠯᠠᠲᠠᠶ ᠪᠠᠶᠢᠨ᠎ᠠ᠃ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢᠵᠢᠯᠲᠠ ᠪᠠ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠨᠢ ᠠᠷᠠᠳ ᠣᠯᠠᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠦᠢᠯᠡᠴᠢᠯᠡᠬᠡᠨ ᠤ ᠳᠥᠭᠦᠮ ᠳᠥᠲᠡ ᠴᠢᠨᠠᠷ᠂ ᠪᠣᠯᠤᠮᠵᠢᠲᠤ ᠴᠢᠨᠠᠷ᠂ ᠴᠠᠭ ᠲᠤᠬᠠᠶᠢᠴᠢ ᠴᠢᠨᠠᠷ ᠤᠨ ᠱᠠᠭᠠᠷᠳᠠᠯᠭ᠎ᠠ ᠯᠤᠭ᠎ᠠ ᠬᠠᠷᠠᠬᠠᠨ ᠨᠡᠶᠢᠴᠡᠬᠦ ᠥᠬᠡᠶ ᠪᠠᠶᠢᠨ᠎ᠠ᠃      ᠡᠮᠴᠢᠯᠡᠭᠡᠨ ᠤ ᠪᠠᠲᠤᠯᠠᠭ᠎ᠠ ᠶᠢᠨ ᠠᠵᠢᠯ ᠨᠢ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠳᠣᠣᠱᠯᠠᠭᠤᠯᠣᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠨ᠂ ᠨᠠᠩ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ᠂ ᠠᠷᠠᠳ ᠣᠯᠠᠨ ᠤ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠵᠢᠴᠢ ᠪᠥᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠨᠠᠩ ᠪᠠᠲᠤ ᠪᠠᠲᠤᠯᠠᠭ᠎ᠠ ᠬᠠᠩᠭᠠᠬᠤ ᠬᠡᠷᠡᠭᠲᠡᠶ᠃       ᠭᠤᠷᠪᠠᠳᠤᠭᠠᠷ ᠬᠡᠰᠡᠭ ᠵᠢᠯᠣᠭᠤᠳᠬᠤ ᠦᠵᠡᠯ ᠰᠠᠨᠠᠭ᠎ᠠ       ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠣᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠳᠣᠣᠱᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠡᠷᠡᠭᠦᠯ ᠡᠩᠬᠡ ᠠᠯᠠᠱᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠬᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠢ ᠪᠠᠲᠤ  ᠡᠵᠡᠮᠳᠡᠵᠦ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠨᠠᠩ ᠪᠣᠯᠪᠠᠰᠤᠷᠠᠩᠭᠤᠶ ᠬᠡᠪᠰᠢᠭᠦᠯᠦᠨ ᠲᠣᠭᠲᠠᠭᠠᠬᠤ ᠪᠠᠷ ᠭᠤᠤᠯ ᠰᠢᠵᠢᠮ ᠪᠣᠯᠭᠠᠵᠦ᠂ ᠠᠷᠠᠳ ᠲᠦᠮᠡᠨ ᠤ ᠡᠪᠡᠳᠴᠢᠨ ᠡᠮᠭᠡᠭ ᠤᠨ ᠳᠣᠬᠠᠢ ᠠᠷᠤ ᠲᠠᠯ᠎ᠠ ᠶᠢᠨ ᠵᠣᠪᠠᠨᠢᠯ ᠢ ᠠᠷᠢᠯᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠦ᠂ ᠬᠡᠷᠡᠭᠴᠡᠭᠡ ᠶᠢᠨ ᠲᠠᠯ᠎ᠠ ᠶᠢᠨ ᠬᠠᠮᠢᠶᠠᠷᠤᠯᠲᠠ ᠪᠠ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠶ ᠳᠦᠯᠦᠪᠯᠡᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠬᠤᠳᠠᠯᠳᠤᠨ ᠠᠪᠬᠤ ᠦᠢᠯᠡᠳᠦᠯ ᠢ  ᠪᠠᠳᠠᠷᠠᠭᠤᠯᠣᠨ᠂ ᠪᠦᠬᠦ ᠠᠷᠠᠳ ᠢ ᠬᠠᠮᠤᠷᠤᠭᠰᠠᠨ ᠪᠦᠲᠦᠭᠡᠨ ᠪᠠᠶᠢᠭᠤᠯᠤᠯᠲᠠ ᠶᠢ ᠳᠦᠷᠭᠡᠳᠬᠡᠵᠦ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠬᠦ᠂ ᠭᠤᠣᠯᠴᠢ ᠨᠢᠭᠡᠳᠦᠯ᠂ ᠵᠣᠬᠢᠰᠲᠠᠶ ᠪᠠᠲᠤᠯᠠᠬᠤ᠂ ᠦᠷᠭᠦᠯᠵᠢᠯᠡᠬᠦ ᠣᠯᠠᠨ ᠳᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ᠂ ᠲᠥᠪ ᠭᠤᠤᠯᠴᠢ ᠡᠮᠴᠢᠯᠡᠭᠡᠨ ᠤ ᠳᠠᠭᠠᠳᠬᠠᠯ᠂ ᠬᠠᠤᠯᠢᠵᠢᠯ ᠤᠨ ᠡᠮ ᠡᠮᠨᠡᠯᠭᠡ ᠶᠢᠨ ᠳᠠᠭᠠᠳᠬᠠᠯ᠂ ᠠᠶᠤᠯᠭᠦᠶ ᠡᠮᠨᠡᠯᠭᠡ ᠶᠢᠨ ᠳᠠᠭᠠᠳᠬᠠᠯ᠂ ᠤᠶᠤᠨᠲᠤ ᠡᠮᠨᠡᠯᠭᠡ ᠶᠢᠨ ᠳᠠᠭᠠᠳᠬᠠᠯ᠂ ᠬᠠᠮᠵᠢᠯᠴᠠᠬᠤ ᠡᠮ ᠡᠮᠨᠡᠯᠭᠡ ᠶᠢᠨ ᠳᠠᠭᠠᠳᠬᠠᠯ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠣᠨ᠂ ᠠᠷᠠᠳ ᠣᠯᠠᠨ ᠳᠤ ᠪᠦᠬᠦ ᠲᠠᠯ᠎ᠠ ᠶᠢᠨ  ᠦᠢᠯᠡᠴᠢᠯᠡᠭᠡ ᠬᠠᠩᠭᠠᠬᠤ ᠪᠠᠷ ᠴᠢᠷᠮᠠᠶᠢᠵᠦ᠂ ᠪᠦᠬᠦᠯᠢ ᠦᠶᠡᠯᠡᠯ᠂ ᠨᠠᠩ ᠥᠨᠳᠥᠷ ᠦᠨ᠎ᠡ ᠥᠷᠲᠡᠭ᠂ ᠨᠠᠩ ᠨᠠᠶᠢᠳᠠᠪᠤᠷᠢᠲᠠᠶ ᠡᠮ ᠡᠮᠨᠡᠯᠭᠡ ᠶᠢᠨ ᠪᠠᠲᠤᠯᠠᠭ᠎ᠠ ᠬᠠᠩᠭᠠᠬᠤ ᠪᠠᠷ ᠴᠢᠷᠮᠠᠶᠢᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠰᠡᠳᠬᠢᠯᠭᠡ᠂ ᠠᠶᠤᠯᠭᠦᠶ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠬᠦᠯᠦᠨ᠎ᠡ᠃      ᠳᠥᠷᠪᠡᠳᠦᠭᠡᠷ ᠬᠡᠰᠡᠭ ᠭᠤᠣᠯ ᠵᠠᠷᠴᠢᠮ      ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠬᠥᠭᠵᠢᠭᠦᠯᠦᠨ ᠲᠡᠭᠦᠯᠳᠡᠷᠵᠢᠭᠦᠯᠵᠦ᠂ ᠲᠦᠷᠢᠮ ᠤᠨ ᠨᠢᠭᠡᠳᠦᠯᠲᠡᠶ ᠴᠢᠨᠠᠷ ᠪᠠ ᠵᠢᠷᠤᠮᠵᠢᠯᠳᠤ ᠴᠢᠨᠠᠷ ᠢ ᠪᠠᠷᠢᠮᠲᠠᠯᠠᠵᠤ᠂ ᠲᠦᠷᠢᠮ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠱᠠᠲᠤᠨ ᠤ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠪᠣᠯᠪᠠᠰᠤᠷᠠᠩᠭᠤᠶ ᠪᠣᠯᠵᠣ ᠬᠡᠯᠪᠡᠷᠢᠵᠢᠬᠦ ᠳᠤ ᠦᠨᠳᠦᠰᠦᠨ ᠪᠠᠲᠤᠯᠠᠭ᠎ᠠ ᠬᠠᠩᠭᠠᠨ᠎ᠠ᠃      ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠡᠩ ᠳᠡᠷᠢᠬᠦᠨ ᠳᠤ ᠬᠥᠭᠵᠢᠭᠦᠯᠬᠦ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠤ᠂ ᠤᠯᠠᠨ ᠲᠦᠮᠡᠨ ᠳᠤ ᠨᠡᠩ ᠲᠥᠪ ᠭᠤᠣᠯᠴᠢ᠂ ᠨᠡᠩ ᠨᠠᠶᠢᠳᠠᠪᠤᠷᠢᠲᠠᠢ᠂ ᠨᠡᠩ ᠭᠦᠢᠴᠡᠳ᠂ ᠨᠡᠩ ᠴᠢᠨᠠᠷ ᠰᠠᠶᠢᠲᠠᠢ ᠡᠮᠴᠢᠯᠡᠭᠡᠨ ᠤ ᠪᠠᠲᠤᠯᠠᠭ᠎ᠠ ᠬᠠᠩᠭᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠤ ᠬᠦᠷᠲᠡᠭᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠥᠪ ᠭᠤᠣᠯᠴᠢ ᠶᠢ ᠠᠬᠢᠭᠤᠯᠵᠤ᠂ ᠬᠠᠮᠲᠤ ᠪᠠᠷ ᠴᠢᠨᠡᠭᠡᠯᠢᠭᠵᠢᠬᠦ ᠳᠤ ᠬᠦᠴᠦᠨ ᠨᠡᠮᠡᠷᠢᠯᠡᠨ᠎ᠡ᠃      ᠦᠨᠳᠦᠰᠦᠨ ᠵᠦᠢᠯ ᠢ ᠪᠠᠲᠤᠯᠠᠵᠤ᠂ ᠦᠷᠭᠦᠯᠵᠢᠯᠡᠨ ᠠᠵᠢᠯᠯᠠᠭᠤᠯᠬᠤ ᠶᠢ ᠪᠠᠷᠢᠮᠲᠠᠯᠠᠨ᠎ᠠ᠃ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠬᠢᠷᠢ ᠪᠠᠷ ᠢᠶᠠᠨ ᠬᠢᠬᠦ ᠶᠢ ᠪᠠᠷᠢᠮᠲᠠᠯᠠᠨ᠂ ᠣᠯᠭᠤᠮᠵᠢ ᠶᠢ ᠪᠠᠲᠤᠯᠠᠬᠤ ᠬᠡᠪᠴᠢᠶ᠎ᠡ ᠪᠠ ᠪᠠᠷᠢᠮᠵᠢᠶ᠎ᠠ ᠶᠢ ᠦᠨᠡᠨ ᠠᠴᠠ ᠵᠥᠪ ᠢ ᠡᠷᠢᠵᠦ ᠲᠣᠭᠲᠠᠭᠠᠨ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠵᠤ ᠠᠬᠤᠶ ᠪᠠ ᠡᠳ᠋ ᠤᠨ ᠬᠦᠴᠦᠨ ᠤ ᠦᠷᠭᠦᠯᠵᠢᠯᠡᠨ ᠨᠡᠮᠡᠭᠳᠡᠬᠦ ᠰᠠᠭᠤᠷᠢᠨ ᠳᠡᠭᠡᠷ᠎ᠡ ᠪᠠᠶᠢᠭᠤᠯᠵᠤ᠂ ᠪᠠᠲᠤᠯᠠᠭ᠎ᠠ ᠬᠦᠷᠦᠯᠴᠡᠬᠦ ᠥᠬᠡᠶ ᠪᠠ ᠬᠡᠲᠦᠷᠬᠡᠶ ᠪᠠᠲᠤᠯᠠᠬᠤ ᠶᠢ ᠰᠡᠷᠭᠡᠶᠢᠯᠡᠨ ᠬᠤᠷᠢᠭᠯᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠷᠢᠯᠴᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠠᠭᠤᠷᠢ ᠮᠥᠩᠭᠦ ᠶᠢᠨ ᠠᠵᠢᠯᠯᠠᠭᠠᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠲᠦᠷᠢᠮ ᠢ ᠦᠷᠭᠦᠯᠵᠢᠯᠡᠭᠦᠯᠬᠦ᠂ ᠰᠠᠭᠤᠷᠢ ᠮᠥᠩᠭᠦ ᠶᠢᠨ ᠲᠤᠯᠭᠠᠭᠤᠷᠢᠯᠠᠵᠤ ᠳᠡᠶᠢᠯᠬᠦ ᠶᠢ ᠦᠨᠡᠨᠬᠦ ᠪᠠᠲᠤᠯᠠᠨ᠎ᠠ᠃      ᠰᠢᠰᠲ᠋ᠧᠮ ᠲᠠᠢ ᠲᠥᠪᠯᠡᠷᠡᠭᠦᠯᠬᠦ᠂ ᠬᠠᠮᠵᠢᠯᠴᠠᠨ ᠥᠨᠳᠥᠷ ᠪᠦᠲᠦᠮᠵᠢᠲᠡᠶ ᠪᠠᠶᠢᠬᠤ ᠶᠢ ᠪᠠᠷᠢᠮᠲᠠᠯᠠᠨ᠎ᠠ᠃ ᠰᠢᠰᠲ᠋ᠧᠮ ᠤᠨ ᠦᠵᠡᠯᠲᠡ ᠪᠠ ᠲᠥᠷᠥ ᠶᠢᠨ ᠪᠣᠳᠣᠯᠭ᠎ᠠ ᠶᠢᠨ ᠴᠤᠭᠯᠠᠷᠠᠯ ᠢ ᠴᠢᠩᠭᠠᠷᠠᠭᠤᠯᠵᠤ᠂ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠪᠠ ᠵᠣᠬᠢᠴᠠᠭᠤᠯᠤᠨ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠥᠭᠡᠷᠡᠴᠢᠯᠡᠯᠲᠡ ᠶᠢᠨ ᠠᠷᠭ᠎ᠠ ᠪᠠ ᠰᠢᠨ᠎ᠡ ᠶᠢ ᠡᠭᠦᠳᠬᠦ ᠰᠡᠳᠬᠢᠬᠦᠶ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠢ ᠴᠢᠩᠭᠠᠷᠠᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠳᠡᠮᠵᠢᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠡᠮᠴᠢᠯᠡᠭᠡᠨ ᠤ ᠪᠠᠲᠤᠯᠠᠭ᠎ᠠ ᠪᠠ ᠡᠮ ᠡᠮᠨᠡᠯᠭᠡ ᠶᠢᠨ ᠦᠢᠯᠡᠴᠢᠯᠡᠬᠡᠨ ᠤ ᠴᠢᠨᠠᠷ ᠰᠠᠶᠢᠲᠠᠶ ᠪᠠᠷ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃      ᠨᠠᠷᠢᠯᠢᠭ ᠬᠠᠮᠢᠶᠠᠷᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠪᠠᠷᠢᠮᠲᠠᠯᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠪᠠ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠨᠠᠩ ᠦᠷ᠎ᠡ ᠪᠦᠲᠦᠮᠵᠢᠲᠡᠶ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠬᠦᠯᠵᠦ᠂ ᠤᠯᠠᠮᠵᠢᠯᠠᠯᠲᠤ ᠦᠢᠯᠡᠴᠢᠯᠡᠬᠡᠨ ᠤ ᠠᠷᠭ᠎ᠠ ᠮᠠᠶ᠋ᠢᠭ ᠪᠠ ᠰᠦᠯᠵᠢᠶᠡᠨ ᠳᠡᠭᠡᠷᠡᠬᠢ ᠦᠢᠯᠡᠴᠢᠯᠡᠬᠡᠨ ᠤ ᠠᠷᠭ᠎ᠠ ᠮᠠᠶ᠋ᠢᠭ ᠢ ᠨᠢᠭᠡᠳᠦᠯᠲᠡᠶ ᠲᠥᠯᠥᠪᠯᠡᠨ ᠳᠡᠭᠡᠭᠰᠢᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠢ ᠳᠡᠭᠡᠭᠰᠢᠯᠡᠭᠦᠯᠦᠨ᠎ᠡ᠃      ᠬᠠᠮᠲᠤ ᠪᠠᠷ ᠡᠳ᠋ᠯᠡᠵᠦ ᠬᠠᠮᠲᠤ ᠪᠠᠷ ᠵᠠᠰᠠᠬᠤ᠂ ᠣᠯᠠᠨ ᠲᠠᠯ᠎ᠠ ᠶᠢᠨ ᠬᠢᠨ ᠣᠷᠣᠯᠴᠠᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠤᠨ ᠬᠢᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠣᠯᠠᠨ ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠠᠬᠢᠭᠤᠯᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠪᠠᠶᠢᠯᠳᠤᠬᠤ ᠪᠣᠳᠣᠯᠭ᠎ᠠ ᠶᠢᠨ ᠬᠤᠳᠠᠯᠳᠤᠨ ᠠᠪᠬᠤ ᠦᠢᠯᠡᠳᠦᠯ ᠢ ᠪᠠᠳᠠᠷᠠᠭᠤᠯᠵᠤ᠂ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠣᠯᠠᠨ ᠭᠤᠤᠯ ᠴᠣᠭᠴᠠ ᠶᠢᠨ ᠵᠥᠪᠳᠡᠯᠴᠡᠨ ᠬᠠᠮᠲᠤᠪᠠᠷ ᠵᠠᠰᠠᠬᠤ ᠶᠢ ᠴᠢᠩᠭᠠᠷᠠᠭᠤᠯᠤᠨ᠂ ︽ᠡᠮᠴᠢᠯᠡᠭᠡ ᠶᠢᠨ ᠳᠠᠭᠠᠳᠬᠠᠯ ᠪᠠ ᠡᠮ ᠤᠨ ᠵᠦᠢᠯ ᠭᠤᠷᠪᠠ ᠶᠢᠨ ᠬᠠᠮᠲᠤᠷᠠᠨ ᠬᠥᠳᠡᠯᠦᠯᠴᠡᠬᠦ︾ ᠶᠢ ᠬᠠᠮᠵᠢᠯᠴᠠᠨ ᠠᠬᠢᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠳᠬᠠᠨ᠂ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠲᠠᠪᠤᠳᠤᠭᠠᠷ ᠬᠡᠰᠡᠭ ᠬᠥᠭᠵᠢᠯᠲᠡ ᠶᠢᠨ ᠬᠠᠷᠠᠯᠲᠠ      ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ᠂ ᠭᠤᠣᠯᠴᠢ ᠪᠥᠭᠡᠳ ᠨᠢᠭᠡᠳᠦᠯᠲᠡᠶ᠂ ᠪᠠᠲᠤᠯᠠᠭ᠎ᠠ ᠨᠢ ᠵᠣᠬᠢᠰᠲᠠᠶ᠂ ᠦᠷᠭᠦᠯᠵᠢᠯᠡᠭᠰᠡᠨ ᠣᠯᠠᠨ ᠳᠡᠰ ᠳᠠᠪᠬᠤᠷᠭ᠎ᠠ ᠪᠦᠬᠦᠢ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃      ᠲᠥᠪ ᠭᠤᠤᠯᠴᠢ ᠡᠮᠴᠢᠯᠡᠭᠡᠨ ᠤ ᠳᠠᠭᠠᠳᠬᠠᠯ ᠢ ᠪᠠᠶᠢᠭᠤᠯᠤᠨ᠎ᠠ᠃ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠨᠠᠩ ᠵᠢᠷᠤᠮᠵᠢᠭᠤᠨ ᠨᠢᠭᠡᠳᠦᠯᠲᠡᠶ ᠪᠣᠯᠭᠠᠵᠤ᠂ ᠡᠯ᠎ᠡ ᠲᠠᠯ᠎ᠠ ᠶᠢᠨ ᠪᠠᠯᠠ ᠴᠤᠭᠯᠠᠭᠤᠯᠬᠤ ᠬᠠᠷᠢᠭᠤᠴᠠᠯᠭ᠎ᠠ ᠶᠢ ᠨᠠᠩ ᠲᠡᠩᠴᠡᠭᠦᠷᠢᠲᠡᠶ ᠪᠣᠯᠭᠠᠵᠤ᠂ ᠬᠠᠷᠠᠭᠠᠯᠵᠠᠯ ᠢ ᠪᠠᠲᠤᠯᠠᠬᠤ ᠲᠣᠭᠲᠠᠴᠠ ᠶᠢ ᠨᠠᠩ ᠲᠥᠪ ᠭᠤᠤᠯᠴᠢ ᠪᠥᠭᠡᠳ ᠵᠣᠬᠢᠰᠲᠠᠶ ᠪᠣᠯᠭᠠᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠴᠢᠳᠠᠮᠵᠢ ᠶᠢ ᠦᠷᠭᠦᠯᠵᠢᠯᠡᠨ ᠴᠢᠩᠭᠠᠷᠠᠭᠤᠯᠵᠤ᠂ ᠣᠯᠠᠨ ᠨᠡᠶᠢᠲᠡ ᠶᠢᠨ  ᠦᠢᠯᠡᠴᠢᠯᠡᠬᠡᠨ ᠤ ᠰᠢᠰᠲ᠋ᠧᠮ ᠢ ᠨᠠᠩ ᠪᠦᠷᠢᠨᠰᠢᠬᠦᠯᠤᠨ᠂ ᠬᠥᠮᠦᠰ ᠤᠨ ᠬᠤᠭᠤᠷᠣᠨᠳᠣᠬᠢ᠂ ᠣᠷᠣᠨ ᠪᠦᠰᠡ ᠶᠢᠨ ᠬᠤᠭᠤᠷᠣᠨᠳᠣᠬᠢ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠳᠠᠬᠢᠨ ᠬᠤᠪᠢᠶᠠᠷᠢᠯᠠᠯᠲᠠ ᠶᠢᠨ ᠴᠢᠳᠠᠮᠵᠢ ᠶᠢ ᠤᠯᠠᠮ ᠨᠢᠭᠡ ᠠᠯᠬᠤᠮ ᠪᠠᠳᠠᠷᠠᠭᠤᠯᠤᠨ᠎ᠠ᠃      ᠬᠠᠤᠯᠢ ᠪᠠᠷ ᠵᠠᠰᠠᠬᠤ ᠡᠮᠴᠢᠯᠡᠭᠡᠨ ᠤ ᠳᠠᠭᠠᠳᠬᠠᠯ ᠢ ᠪᠠᠶᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠲᠠᠰᠤᠷᠠᠯᠲᠠ ᠥᠬᠡᠶ ᠲᠡᠭᠦᠯᠳᠡᠷᠵᠢᠵᠦ᠂ ᠲᠦᠷᠢᠮ ᠲᠥᠷᠥ ᠶᠢᠨ ᠪᠣᠳᠣᠯᠭ᠎ᠠ ᠶᠢᠨ ᠬᠠᠤᠯᠢ ᠳᠤ ᠲᠣᠭᠲᠠᠭᠰᠠᠨ ᠬᠡᠮᠵᠢᠶ᠎ᠡ ᠢᠯᠡᠳᠲᠡ ᠳᠡᠭᠡᠭᠰᠢᠯᠡᠵᠦ᠂ ᠬᠤᠪᠢ ᠬᠥᠮᠦᠨ ᠤ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠨᠠᠩ ᠵᠢᠷᠤᠮᠵᠢᠭᠤᠯᠵᠤ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠥᠬᠦ ᠲᠠᠯ᠎ᠠ ᠪᠠᠷ ᠪᠦᠷᠢᠯᠳᠦᠭᠦᠯᠵᠦ᠂ ᠪᠥᠬᠦ ᠨᠡᠶᠢᠭᠡᠮ ᠤᠨ ᠡᠮᠴᠢᠯᠡᠭᠡᠨ ᠤ ᠳᠠᠭᠠᠳᠬᠠᠯ ᠤᠨ ᠬᠠᠤᠯᠢᠵᠢᠯ ᠤᠨ ᠦᠵᠡᠯᠲᠡ ᠶᠢ ᠢᠯᠡᠳᠲᠡ ᠴᠢᠩᠭᠠᠳᠬᠠᠵᠤ᠂ ᠬᠠᠤᠯᠢᠵᠢᠯ ᠤᠨ ᠡᠮᠴᠢᠯᠡᠭᠡᠨ ᠤ ᠪᠠᠲᠤᠯᠠᠭ᠎ᠠ ᠶᠢᠨ ᠵᠠᠰᠠᠯᠲᠠ ᠶᠢᠨ ᠰᠢᠰᠲ᠋ᠧᠮ ᠳᠠᠬᠢ ᠦᠢᠯᠡᠳᠦᠯ ᠢ ᠡᠳᠦᠷ ᠢᠷᠡᠬᠦᠶ᠎ᠡ ᠢᠯᠡᠷᠡᠬᠦᠯᠦᠨ᠎ᠡ᠃      ᠠᠮᠤᠷ ᠲᠦᠪᠰᠢᠨ ᠡᠮᠨᠡᠯᠭᠡ ᠶᠢᠨ ᠳᠠᠭᠠᠳᠬᠠᠯ ᠢ ᠪᠠᠶᠢᠭᠤᠯᠤᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠦᠯᠡᠳᠡᠪᠦᠷᠢ ᠵᠦᠶ ᠵᠣᠬᠢᠰᠲᠠᠶ᠂ ᠠᠶᠤᠯ ᠲᠦᠭᠰᠢᠭᠦᠷᠢ ᠶᠢ ᠡᠵᠡᠮᠳᠡᠵᠦ ᠳᠡᠶᠢᠯᠬᠦ᠂ ᠠᠵᠢᠯᠯᠠᠭᠠᠨ ᠤ ᠠᠮᠤᠷ ᠲᠦᠪᠰᠢᠨ ᠲᠣᠭᠲᠠᠭᠤᠨ᠂ ᠡᠪᠡᠳᠴᠢᠨ ᠠᠴᠠ ᠪᠣᠯᠵᠣ ᠶᠠᠳᠠᠭᠤᠷᠠᠬᠤ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ  ᠳᠡᠭᠡᠭᠰᠢᠯᠡᠬᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠠᠮᠤᠷ ᠲᠦᠪᠰᠢᠨ ᠢᠶᠠᠷ ᠠᠵᠢᠯᠯᠠᠭᠤᠯᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ᠃      ᠤᠶᠤᠨᠲᠤ ᠡᠮᠨᠡᠯᠭᠡ ᠶᠢᠨ ᠳᠠᠭᠠᠳᠬᠠᠯ ᠢ ᠪᠠᠶᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ᠂ ᠤᠶᠤᠨᠴᠢᠯᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠦᠨ ᠬᠡᠷᠡᠭᠯᠡᠬᠦ᠂ ᠣᠶᠤᠨᠴᠢ ᠪᠠᠷ ᠬᠢᠨᠠᠨ ᠡᠵᠡᠮᠳᠡᠬᠦ ᠶᠢ ᠪᠥᠬᠦ ᠲᠠᠯ᠎ᠠ ᠪᠠᠷ ᠬᠡᠷᠡᠭᠯᠡᠵᠦ᠂ ᠤᠯᠠᠮᠵᠢᠯᠠᠯᠲᠤ ᠦᠢᠯᠡᠴᠢᠯᠡᠬᠡᠨ ᠤ ᠠᠷᠭ᠎ᠠ ᠮᠠᠶ᠋ᠢᠭ ᠪᠠ ᠤᠶᠤᠨᠴᠢᠯᠠᠭᠰᠠᠨ ᠦᠢᠯᠡᠴᠢᠯᠡᠬᠡᠨ ᠤ ᠠᠷᠭ᠎ᠠ ᠮᠠᠶ᠋ᠢᠭ ᠢ ᠬᠠᠮᠲᠤᠪᠠᠷ ᠬᠥᠭᠵᠢᠭᠦᠯᠦᠨ᠂ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ ᠨᠠᠩ ᠳᠥᠭᠦᠮ ᠳᠥᠲᠡ ᠪᠣᠯᠭᠠᠵᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠬᠡᠨ ᠤ ᠳᠥᠭᠦᠮ ᠳᠥᠲᠡ ᠴᠢᠨᠠᠷ ᠢ ᠢᠯᠡᠳᠲᠡ ᠳᠡᠭᠡᠭᠰᠢᠯᠡᠭᠦᠯᠦᠨ᠎ᠡ᠃      ᠬᠠᠮᠵᠢᠯᠴᠠᠭᠰᠠᠨ ᠡᠮᠨᠡᠯᠭᠡ ᠶᠢᠨ ᠳᠠᠭᠠᠳᠬᠠᠯ ᠢ ᠪᠠᠶᠢᠭᠤᠯᠤᠨ᠎ᠠ᠃ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠦᠢᠯᠡᠳᠦᠯ ᠢ ᠬᠠᠮᠵᠢᠯᠴᠠᠨ ᠪᠠᠳᠠᠷᠠᠭᠤᠯᠵᠤ᠂ ᠡᠯ᠎ᠡ ᠲᠥᠷᠥᠯ ᠤᠨ ᠪᠠᠲᠤᠯᠠᠭ᠎ᠠ ᠶᠢ ᠣᠷᠭᠠᠨᠢᠭ ᠢᠶᠠᠷ ᠵᠣᠯᠭᠠᠭᠤᠯᠤᠨ᠎ᠠ᠃ ︽ᠭᠤᠷᠪᠠᠨ ᠡᠮ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠭᠦᠨᠵᠡᠭᠡᠶᠢᠷᠡᠨ ᠬᠥᠭᠵᠢᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠪᠠᠶᠢᠯᠳᠤᠬᠤ ᠪᠣᠳᠣᠯᠭ᠎ᠠ ᠶᠢᠨ ᠬᠤᠳᠠᠯᠳᠤᠨ ᠠᠪᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠡᠮ ᠡᠮᠨᠡᠯᠭᠡ ᠶᠢᠨ ᠦᠨ᠎ᠡ ᠬᠠᠩᠰᠢ ᠪᠠ ᠬᠤᠳᠠᠯᠳᠤᠨ ᠠᠪᠬᠤ ᠲᠣᠭᠲᠠᠴᠠ ᠶᠢ ᠨᠠᠩ ᠲᠡᠭᠦᠯᠳᠡᠷᠵᠢᠭᠦᠯᠵᠦ᠂ ᠣᠯᠠᠨ ᠭᠤᠤᠯ ᠴᠣᠭᠴᠠ ᠶᠢᠨ ᠵᠥᠪᠳᠡᠯᠴᠡᠭᠰᠡᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠲᠣᠭᠲᠠᠴᠠ ᠶᠢ ᠨᠠᠩ ᠪᠦᠷᠢᠨᠰᠢᠭᠦᠯᠵᠦ᠂ ᠡᠷᠡᠭᠦᠯ ᠡᠩᠬᠡ ᠠᠯᠠᠱᠠ ᠶᠢᠨ ᠪᠠᠶᠢᠭᠤᠯᠤᠯᠲᠠ ᠢᠳᠡᠪᠬᠢᠲᠡᠶ ᠠᠬᠢᠴᠠ ᠲᠠᠢ ᠪᠣᠯᠣᠨ᠎ᠠ᠃      ᠬᠤᠶᠠᠳᠤᠭᠠᠷ ᠪᠦᠯᠦᠭ ᠣᠯᠠᠨ ᠳᠡᠰ ᠳᠠᠪᠬᠤᠷᠭ᠎ᠠ ᠪᠦᠬᠦᠢ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ᠎ᠡ      ᠨᠢᠭᠡᠳᠦᠭᠡᠷ ᠬᠡᠰᠡᠭ ᠠᠷᠠᠳ ᠨᠡᠶᠢᠲᠡ ᠶᠢᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ      ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠬᠤ ᠬᠠᠮᠤᠷᠬᠤ ᠬᠡᠪᠴᠢᠶ᠎ᠡ ᠶᠢ ᠲᠦᠢᠯ ᠤᠨ ᠣᠨᠣᠪᠴᠢᠲᠠᠶ ᠪᠠᠷ ᠥᠷᠭᠡᠳᠬᠡᠨ᠂ ᠳᠠᠭᠠᠳᠬᠠᠯ ᠳᠤ ᠣᠷᠣᠯᠴᠠᠬᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠳᠠᠭᠠᠳᠬᠠᠯ ᠳᠤ ᠣᠷᠣᠯᠴᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠬᠤ᠂ ᠨᠢᠭᠡᠴᠡ ᠶᠢᠨ ᠠᠵᠢᠯ ᠣᠯᠤᠭᠰᠠᠳ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ᠂ ᠠᠵᠢᠯ ᠣᠯᠤᠭᠰᠠᠨ ᠥᠬᠡᠶ ᠬᠥᠮᠦᠰ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ᠂ ᠠᠮᠢᠳᠤᠯᠢᠭ ᠢᠶᠠᠷ ᠠᠵᠢᠯ ᠣᠯᠤᠭᠰᠠᠳ ᠬᠤᠪᠢ ᠬᠥᠮᠦᠨ ᠤ ᠪᠡᠶ᠎ᠡ ᠭᠠᠷᠤᠯ ᠢᠶᠠᠷ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠪᠤᠶᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠪᠠᠷᠢᠮᠲᠠᠯᠠᠨ᠎ᠠ᠃      ᠨᠠᠷᠢᠯᠢᠭ ᠣᠨᠣᠪᠴᠢᠳᠠᠢ ᠪᠠᠷ ᠳᠠᠭᠠᠳᠬᠠᠯ ᠳᠤ ᠣᠷᠣᠯᠴᠠᠵᠤ ᠬᠡᠪᠴᠢᠶ᠎ᠡ ᠶᠢ ᠥᠷᠭᠡᠳᠬᠡᠬᠦ ᠶᠢ ᠬᠡᠷᠡᠭᠵᠢᠭᠦᠯᠦᠨ᠎ᠡ᠃ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢᠨ ᠬᠠᠷᠢᠴᠠᠭᠤᠯᠤᠯ ᠢ ᠴᠢᠩᠭᠠᠳᠬᠠᠨ᠂ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠳᠠᠬᠢᠨ ᠶᠠᠳᠠᠭᠤᠷᠠᠬᠤ ᠪᠠ ᠶᠠᠳᠠᠭᠤᠷᠠᠭᠰᠠᠨ ᠬᠥᠮᠦᠨ ᠠᠮᠠ ᠵᠡᠷᠭᠡ ᠬᠦᠴᠢᠷᠳᠡᠯᠲᠡᠶ ᠬᠥᠮᠦᠰ ᠵᠢᠴᠢ ᠨᠢᠯᠬ᠎ᠠ ᠬᠡᠦᠬᠡᠳ᠂ ᠰᠤᠷᠤᠭᠴᠢ᠂ ᠬᠦᠨᠳᠦ ᠵᠡᠮᠳᠡᠭᠴᠦᠳ ᠵᠡᠷᠭᠡ ᠣᠨᠴᠣᠭᠤᠶ ᠬᠥᠮᠦᠰ ᠤᠨ ᠳᠠᠭᠠᠳᠬᠠᠯ ᠳᠤ ᠣᠷᠣᠯᠴᠠᠬᠤ ᠠᠵᠢᠯ ᠢ ᠰᠠᠶᠢᠲᠤᠷ ᠬᠢᠵᠦ᠂ ᠬᠦᠴᠢᠷᠳᠡᠯᠲᠡᠶ ᠣᠯᠠᠨ ᠲᠦᠮᠡᠨ ᠢ ᠲᠥᠷᠥᠯ ᠬᠤᠪᠢᠶᠠᠨ ᠵᠣᠭᠤᠰ ᠢᠶᠠᠷ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠳᠣᠶᠢᠯ ᠤᠨ ᠣᠨᠣᠪᠴᠢᠲᠠᠶ ᠪᠠᠷ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠵᠦ᠂ ᠳᠠᠭᠠᠳᠬᠠᠯ ᠳᠤ ᠣᠷᠣᠯᠴᠠᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠬᠥᠳᠡᠯᠦᠩᠭᠦᠶ ᠪᠠᠷ ᠪᠠᠶᠢᠴᠠᠭᠠᠨ ᠯᠠᠪᠯᠠᠬᠤ ᠶᠢ  ᠪᠡᠶᠡᠯᠡᠬᠦᠯᠦᠨ᠎ᠡ᠃      ᠲᠠᠲᠠᠪᠤᠷᠢᠯᠠᠨ ᠲᠤᠰᠢᠶᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠨᠢᠭᠡᠴᠡ ᠶᠢᠨ ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠮᠤ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠮᠴᠢᠯᠡᠭᠡᠨ ᠤ ᠳᠠᠭᠠᠳᠬᠠᠯ᠂ ᠭᠠᠶᠢᠯᠢ ᠶᠢᠨ ᠶᠠᠪᠤᠳᠠᠯ᠂ ᠪᠠᠩᠬᠢ ᠭᠤᠷᠪᠠᠨ ᠲᠠᠯ᠎ᠠ ᠶᠢᠨ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠠᠳ ᠲᠤ ᠲᠥᠬᠦᠮ ᠦᠵᠡᠭᠦᠯᠬᠦ ᠠᠷᠭ᠎ᠠ ᠵᠠᠮ ᠢ ᠪᠠᠶᠠᠯᠢᠭᠵᠢᠭᠤᠯᠤᠨ᠎ᠠ᠃ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠵᠡᠷᠭᠡ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠵᠤ ᠰᠦᠶ᠋ᠳᠬᠡᠯ ᠲᠤᠰᠢᠶᠠᠬᠤ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠲᠣᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠪᠤᠰᠤ ᠠᠮᠢᠳᠤᠯᠢᠭ ᠢᠶᠠᠷ ᠠᠵᠢᠯ ᠣᠯᠤᠭᠰᠠᠳ ᠢ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠣᠷᠣᠭᠤᠯᠤᠨ᠎ᠠ᠃ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠠᠯᠤᠰᠯᠠᠭᠰᠠᠨ᠂ ᠳᠦᠷᠢᠮ ᠠᠯᠤᠰᠯᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃      ᠬᠤᠶᠠᠳᠤᠭᠠᠷ ᠬᠡᠰᠡᠭ ᠬᠠᠷᠠᠭᠠᠯᠵᠠᠯ ᠢ ᠪᠠᠲᠤᠯᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ      ᠬᠠᠤᠯᠢ ᠪᠠᠷ ᠲᠣᠭᠲᠠᠭᠠᠭᠰᠠᠨ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠨᠠᠩ ᠪᠣᠯᠪᠠᠰᠤᠷᠠᠩᠭᠤᠶ ᠬᠡᠪᠰᠢᠭᠦᠯᠵᠦ᠂ ᠡᠯ᠎ᠡ ᠲᠥᠷᠥᠯ ᠤᠨ ᠡᠮᠴᠢᠯᠡᠭᠡᠨ ᠤ ᠪᠠᠲᠤᠯᠠᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ᠂ ᠠᠯᠠᠱᠠ ᠠᠶᠢᠮᠠᠭ ᠤᠨ ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠪᠠ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ ᠡᠮᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃      ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠭᠤᠣᠯᠴᠢ ᠪᠥᠭᠡᠳ ᠨᠢᠭᠡᠳᠦᠯᠲᠡᠢ ᠪᠠᠶᠢᠬᠤ ᠶᠢ ᠠᠬᠢᠭᠤᠯᠤᠨ᠎ᠠ ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠷᠢᠮᠲᠠᠯᠠᠨ ᠲᠡᠭᠦᠯᠳᠡᠷᠵᠢᠭᠦᠯᠵᠦ᠂ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠢ ᠲᠥᠷᠥᠯ ᠬᠤᠪᠢᠶᠠᠨ ᠪᠠᠲᠤᠯᠠᠵᠤ᠂ ᠰᠠᠭᠤᠷᠢ ᠮᠥᠩᠭᠦ ᠳᠤ ᠲᠣᠰ ᠲᠣᠰ ᠲᠠᠩᠰᠠ ᠪᠠᠶᠢᠭᠤᠯᠤᠨ᠂ ᠲᠠᠩᠰᠠ ᠬᠤᠪᠢᠶᠠᠨ ᠲᠣᠭᠠᠴᠠᠭ᠎ᠠ ᠬᠢᠨ᠎ᠠ᠃ ᠪᠥᠬᠦ ᠤᠯᠤᠰ ᠤᠨ ᠨᠢᠭᠡᠳᠦᠯᠲᠡᠶ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠪᠠ ᠦᠨᠳᠦᠰᠦᠨ ᠲᠣᠭᠠᠴᠠᠭ᠎ᠠ ᠬᠢᠬᠦ ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠨᠠᠷᠢᠨ ᠬᠠᠭᠤᠳᠠᠰᠤ ᠶᠢᠨ ᠲᠦᠷᠢᠮ ᠢ ᠳᠣᠣᠱᠯᠠᠭᠤᠯᠣᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠬᠠᠤᠯᠢᠵᠢᠭᠤᠯᠬᠤ᠂ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ ᠶᠢ ᠠᠬᠢᠭᠤᠯᠤᠨ᠎ᠠ᠃      ᠣᠯᠭᠤᠮᠵᠢ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠨ᠎ᠠ᠃ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠣᠯᠤᠨ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠡᠭᠦᠳᠡᠨ ᠡᠮᠨᠡᠯᠭᠡ ᠪᠣᠯᠤᠨ ᠡᠮᠨᠡᠯᠭᠡ ᠳᠤ ᠰᠠᠭᠤᠬᠤ ᠣᠯᠭᠤᠮᠵᠢ ᠶᠢᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠦᠨᠳᠦᠰᠦᠨ ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢ ᠥᠭᠡᠷᠡᠴᠢᠯᠡᠵᠦ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠨᠢᠭᠡᠳᠦᠯᠲᠡᠶ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠭᠦᠨᠵᠡᠭᠡᠶᠢᠷᠡᠭᠦᠯᠦᠨ᠎ᠡ᠃ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠢ ᠢᠳᠡᠪᠬᠢᠲᠡᠢ ᠲᠤᠤᠱᠯᠠᠭᠤᠯᠵᠤ᠂ ᠦᠷᠡᠵᠢᠯ ᠤᠨ ᠡᠮ ᠡᠮᠨᠡᠯᠭᠡ ᠶᠢᠨ ᠵᠠᠷᠤᠳᠠᠯ ᠢ ᠥᠭᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠡᠮᠨᠡᠯᠭᠡ ᠳᠤ ᠰᠠᠭᠤᠵᠤ ᠬᠥᠩᠭᠡᠵᠢᠬᠦ ᠳᠤ ᠡᠪᠡᠳᠴᠢᠨ ᠤ ᠲᠦᠷᠦᠯ ᠢᠶᠠᠷ ᠥᠭᠴᠦ᠂ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠳᠤ ᠬᠥᠮᠦᠨ ᠤ ᠲᠤᠭ᠎ᠠ ᠪᠠᠷ ᠥᠭᠴᠦ᠂ ᠦᠷᠡᠵᠢᠯ ᠤᠨ ᠳᠠᠭᠠᠳᠬᠠᠯ ᠤᠨ ᠦᠷᠡᠵᠢᠯ ᠤᠨ ᠨᠡᠮᠡᠭᠦᠷᠢ ᠶᠢ ᠨᠠᠶᠢᠳᠠᠪᠤᠷᠢᠵᠢᠭᠤᠯᠤᠨ᠎ᠠ᠃      ᠨᠥᠬᠦᠪᠥᠷᠢ ᠡᠮᠨᠡᠯᠭᠡ ᠶᠢᠨ ᠳᠠᠭᠠᠳᠬᠠᠯ ᠢ ᠵᠢᠷᠤᠮᠵᠢᠭᠤᠯᠤᠨ ᠬᠥᠭᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠨᠡᠯᠭᠡ ᠶᠢᠨ ᠳᠠᠭᠠᠳᠬᠠᠯ᠂ ᠠᠯᠪᠠᠲᠠᠨ ᠤ ᠡᠮᠨᠡᠯᠭᠡ ᠶᠢᠨ ᠨᠥᠬᠦᠪᠥᠷᠢ ᠵᠢᠴᠢ ᠠᠵᠤ ᠠᠬᠤᠶᠢᠯᠠᠯ ᠤᠨ ᠨᠥᠬᠦᠪᠥᠷᠢ ᠡᠮᠨᠡᠯᠭᠡ ᠶᠢᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠦᠨᠳᠦᠰᠦᠨ ᠡᠮᠨᠡᠯᠭᠡ ᠶᠢᠨ ᠳᠠᠭᠠᠳᠬᠠᠯ ᠪᠣᠯᠤᠨ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠯᠤᠭ᠎ᠠ ᠵᠣᠯᠭᠠᠭᠤᠯᠬᠤ ᠶᠢ ᠴᠢᠩᠭᠠᠳᠬᠠᠨ᠂ ᠪᠠᠲᠤᠯᠠᠭ᠎ᠠ ᠶᠢᠨ ᠣᠨᠣᠪᠴᠢ ᠶᠢᠨ ᠬᠡᠮᠵᠢᠶ᠎ᠡ ᠪᠣᠯᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠶᠢ ᠴᠢᠩᠭᠠᠳᠬᠠᠨ᠎ᠠ᠃ ᠡᠮᠴᠢᠯᠡᠭᠡ ᠪᠠᠷ ᠠᠪᠤᠷᠠᠨ ᠲᠤᠰᠠᠯᠠᠬᠤ ᠳᠦᠷᠢᠮ ᠢ ᠨᠢᠭᠡᠳᠦᠯᠲᠡᠶ ᠵᠢᠷᠤᠮᠵᠢᠭᠤᠯᠤᠨ᠂ ᠠᠪᠤᠷᠠᠨ ᠲᠤᠰᠠᠯᠠᠬᠤ ᠡᠲᠡᠭᠡᠳ ᠢ ᠴᠠᠭ ᠲᠤᠬᠠᠶ ᠳᠤᠨᠢ ᠲᠦᠢᠯ ᠤᠨ ᠣᠨᠣᠪᠴᠢᠲᠠᠶ ᠪᠠᠷ ᠢᠯᠭᠠᠨ ᠲᠠᠨᠢᠬᠤ ᠲᠣᠭᠲᠠᠴᠠ ᠶᠢ ᠪᠠᠶᠢᠭᠤᠯᠵᠤ᠂ ᠳᠡᠰ ᠳᠠᠪᠬᠤᠷᠭ᠎ᠠ ᠲᠥᠷᠥᠯ ᠬᠤᠪᠢᠶᠠᠨ ᠠᠪᠤᠷᠠᠨ ᠲᠤᠰᠠᠯᠠᠬᠤ ᠶᠢ ᠬᠡᠷᠡᠭᠵᠢᠭᠦᠯᠦᠨ᠂ ᠠᠪᠤᠷᠠᠨ ᠲᠤᠰᠠᠯᠠᠬᠤ ᠬᠡᠪᠴᠢᠶ᠎ᠡ  ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠬᠦᠨᠳᠦ ᠡᠪᠡᠳᠴᠢᠨ  ᠢ ᠲᠤᠰᠬᠠᠶᠢᠯᠠᠨ ᠠᠪᠤᠷᠠᠨ ᠵᠠᠰᠠᠬᠤ ᠶᠢ ᠬᠠᠮᠵᠢᠯᠴᠠᠨ ᠬᠡᠷᠡᠭᠵᠢᠭᠦᠯᠦᠨ᠎ᠡ᠃ ᠨᠢᠭᠦᠯᠡᠰᠦᠩᠭᠦᠶ ᠵᠡᠷᠭᠡ ᠨᠡᠶᠢᠭᠡᠮ  ᠤᠨ ᠬᠦᠴᠦᠨ  ᠤ ᠠᠪᠤᠷᠠᠨ ᠲᠤᠰᠠᠯᠠᠬᠤ ᠪᠠᠲᠤᠯᠠᠭ᠎ᠠ  ᠳᠤ ᠣᠷᠣᠯᠴᠠᠬᠤ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠡᠮᠴᠢᠯᠡᠭᠡᠨ  ᠤ ᠠᠪᠤᠷᠠᠨ ᠲᠤᠰᠠᠯᠠᠯᠲᠠ   ᠶᠢ ᠪᠤᠰᠤᠳ ᠨᠡᠶᠢᠭᠡᠮ  ᠤᠨ ᠠᠪᠤᠷᠠᠨ ᠲᠤᠰᠠᠯᠠᠬᠤ ᠲᠦᠷᠢᠮ ᠯᠦᠭᠡ ᠵᠣᠯᠭᠠᠭᠤᠯᠬᠤ  ᠶᠢ ᠠᠬᠢᠭᠤᠯᠤᠨ᠂ ᠠᠷᠠᠳ  ᠤᠨ ᠠᠮᠢᠳᠤᠷᠠᠯ  ᠤᠨ ᠦᠨᠳᠦᠰᠦᠨ ᠵᠦᠢᠯ   ᠢ ᠪᠠᠲᠤᠯᠠᠬᠤ ᠰᠡᠷᠭᠡᠶᠢᠯᠡᠯᠲᠡ  ᠶᠢᠨ ᠱᠤᠭᠤᠮ ᠢ ᠪᠠᠬᠢᠵᠢᠭᠦᠯᠦᠨ᠎ᠡ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ᠃ ᠡᠮᠴᠢᠯᠡᠭᠡᠨ ᠤ ᠳᠠᠭᠠᠳᠬᠠᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠡᠬᠢ ᠪᠠᠶᠠᠯᠢᠭ ᠤᠨ ᠳᠡᠮᠵᠢᠯᠭᠡ ᠶᠢ ᠲᠥᠪᠯᠡᠷᠡᠭᠦᠯᠵᠦ ᠪᠠᠶᠢᠭᠰᠠᠨ ᠠᠴᠠ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠭᠤᠷᠪᠠᠨ ᠵᠦᠢᠯ ᠤᠨ ᠲᠦᠷᠢᠮ ᠢ ᠪᠠᠶᠢᠩᠭᠤᠵᠢᠭᠤᠯᠤᠨ ᠪᠠᠲᠤᠯᠠᠬᠤ ᠳᠠᠰᠢ ᠲᠣᠭᠲᠠᠭᠤᠨ ᠢᠶᠠᠷ ᠰᠢᠯᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠳᠤ ᠬᠡᠯᠪᠠᠶᠢᠯᠭᠡᠬᠦ ᠲᠥᠷᠥ ᠶᠢᠨ ᠪᠣᠳᠣᠯᠭ᠎ᠠ ᠳᠤ ᠲᠥᠷᠥᠯ ᠬᠤᠪᠢᠶᠠᠨ ᠲᠣᠬᠢᠷᠠᠭᠤᠯᠤᠯᠲᠠ ᠬᠢᠵᠦ᠂ ᠣᠷᠣᠨ ᠨᠤᠲᠤᠭ ᠤᠨ ᠥᠪᠡᠰᠦᠪᠡᠨ ᠥᠷᠨᠢᠭᠦᠯᠦᠭᠰᠡᠨ ᠪᠤᠰᠤᠳ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢᠨ ᠪᠠᠯᠠ ᠮᠥᠩᠭᠦ ᠶᠢ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠳᠤ ᠨᠢᠭᠡᠳᠦᠯᠲᠡᠶ ᠨᠡᠶᠢᠯᠡᠭᠦᠯᠦᠨ ᠣᠷᠣᠭᠤᠯᠵᠤ᠂ ᠡᠮᠴᠢᠯᠡᠭᠡᠨ ᠤ ᠳᠠᠭᠠᠳᠬᠠᠯ ᠢᠶᠠᠷ ᠶᠠᠳᠠᠭᠤ ᠶᠢ ᠲᠡᠳᠬᠦᠬᠦ ᠬᠦᠷᠢᠶᠡᠨ ᠳᠠᠬᠢ ᠬᠡᠲᠦ ᠪᠠᠲᠤᠯᠠᠭ᠎ᠠ ᠶᠢ ᠡᠷᠡᠰ ᠵᠠᠰᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠯᠭᠤᠮᠵᠢ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠦᠨ᠎ᠡ᠃      ᠬᠦᠨᠳᠦ ᠶᠡᠭᠡ ᠬᠢᠵᠢᠭ ᠤᠨ ᠪᠠᠶᠢᠳᠠᠯ ᠢ ᠪᠠᠲᠤᠯᠠᠬᠤ ᠲᠣᠭᠲᠠᠴᠠ ᠶᠢ ᠪᠠᠶᠢᠭᠤᠯᠤᠨ᠎ᠠ᠃ ᠬᠦᠨᠳᠦ ᠶᠡᠭᠡ ᠬᠢᠵᠢᠭ ᠤᠨ ᠡᠮᠴᠢᠯᠡᠭᠡᠨ ᠤ ᠠᠪᠤᠷᠠᠨ ᠵᠠᠰᠠᠬᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠪᠠᠶᠢᠭᠤᠯᠤᠨ ᠪᠦᠷᠢᠨᠰᠢᠭᠦᠯᠵᠦ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠦᠷᠢᠮ ᠢ ᠲᠡᠭᠦᠯᠳᠡᠷᠵᠢᠭᠦᠯᠦᠨ᠎ᠡ᠃ ᠤᠯᠤᠰ ᠤᠨ ᠣᠨᠴᠣᠭᠤᠶ ᠬᠥᠮᠦᠰ᠂ ᠣᠨᠴᠣᠭᠤᠶ ᠲᠣᠭᠲᠠᠭᠠᠭᠰᠠᠨ ᠡᠪᠡᠳᠴᠢᠨ ᠡᠮᠭᠡᠭ ᠤᠨ ᠡᠮ ᠡᠮᠨᠡᠯᠭᠡ ᠶᠢᠨ ᠵᠠᠷᠤᠳᠠᠯ ᠢ ᠬᠡᠯᠲᠦᠷᠢᠭᠦᠯᠬᠦ ᠳᠦᠷᠢᠮ ᠢ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠬᠦ ᠬᠤᠶᠢᠰᠢᠳᠠ ᠶᠢᠨ ᠵᠣᠪᠠᠨᠢᠯ ᠢ ᠬᠥᠩᠭᠡᠷᠡᠭᠦᠯᠦᠨ᠎ᠡ᠃      ᠭᠤᠷᠪᠠᠳᠤᠭᠠᠷ ᠬᠡᠰᠡᠭ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠲᠣᠭᠲᠠᠴᠠ ᠶᠢ ᠰᠢᠯᠢᠳᠡᠭᠵᠢᠭᠦᠯᠦᠨ᠎ᠡ      ᠠᠵᠤ ᠠᠬᠤᠢ ᠶᠢᠨ ᠬᠥᠭᠵᠢᠯᠲᠡ ᠯᠦᠭᠡ ᠵᠣᠬᠢᠴᠠᠯᠳᠤᠭᠰᠠᠨ᠂ ᠡᠯ᠎ᠡ ᠲᠠᠯ᠎ᠠ ᠶᠢᠨ ᠳᠠᠭᠠᠭᠠᠬᠤ ᠴᠢᠳᠠᠪᠤᠷᠢ ᠲᠠᠢ ᠵᠣᠬᠢᠴᠠᠯᠳᠤᠭᠰᠠᠨ᠂ ᠦᠨᠳᠦᠰᠦᠨ ᠡᠷᠡᠭᠦᠯ ᠮᠡᠨᠳᠦ ᠶᠢᠨ ᠬᠡᠷᠡᠭᠴᠡᠭᠡ ᠲᠠᠢ ᠵᠣᠬᠢᠴᠠᠯᠳᠤᠭᠰᠠᠨ ᠪᠡᠯᠡ ᠴᠤᠭᠯᠠᠭᠤᠯᠬᠤ ᠲᠣᠭᠲᠠᠴᠠ ᠶᠢ ᠪᠠᠶᠢᠭᠤᠯᠵᠤ᠂ ᠰᠠᠭᠤᠷᠢ ᠮᠥᠩᠭᠦᠨ ᠤ ᠠᠵᠢᠯᠯᠠᠭᠠᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃      ᠪᠡᠯᠡ ᠴᠤᠭᠯᠠᠭᠤᠯᠬᠤ ᠶᠢ ᠬᠤᠪᠢᠶᠠᠨ ᠡᠭᠦᠷᠭᠡᠯᠡᠵᠦ ᠲᠤᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠪᠢ ᠬᠥᠮᠦᠨ᠂ ᠬᠥᠮᠦᠨ ᠬᠡᠷᠡᠭᠯᠡᠬᠦ ᠨᠢᠭᠡᠴᠡ᠂ ᠵᠠᠰᠠᠭ ᠣᠨ ᠣᠷᠳᠣᠨ ᠭᠤᠷᠪᠠᠨ ᠲᠠᠯ᠎ᠠ ᠶᠢᠨ ᠪᠠᠯᠠ ᠴᠤᠭᠯᠠᠭᠤᠯᠵᠤ ᠰᠦᠢᠳᠬᠡᠯ ᠲᠤᠰᠢᠶᠠᠬᠤ ᠬᠠᠷᠢᠭᠤᠴᠠᠯᠭ᠎ᠠ ᠶᠢ ᠲᠡᠩᠴᠡᠭᠦᠷᠢᠰᠢᠭᠦᠯᠬᠦ ᠬᠡᠷᠡᠭᠲᠡᠶ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠤᠨ ᠰᠠᠭᠤᠷᠢ ᠨᠣᠷᠮ᠎ᠠ ᠶᠢᠨ ᠲᠦᠷᠢᠮ ᠢ ᠪᠠᠶᠢᠭᠤᠯᠵᠤ᠂ ᠰᠦᠢᠳᠬᠡᠯ ᠤᠨ ᠨᠣᠷᠮ᠎ᠠ ᠶᠢ ᠵᠦᠶ ᠵᠣᠬᠢᠰᠲᠠᠶ ᠲᠣᠭᠲᠠᠭᠠᠨ᠂ ᠬᠥᠳᠡᠯᠦᠩᠭᠦᠶ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ᠎ᠠ᠃ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠵᠠᠰᠠᠭ ᠤᠨ ᠣᠷᠳᠣᠨ ᠪᠠ ᠬᠤᠪᠢ ᠬᠥᠮᠦᠨ ᠤ ᠵᠦᠶ ᠵᠣᠬᠢᠰᠲᠠᠶ ᠪᠠᠷ ᠬᠤᠪᠢᠳᠠᠨ ᠡᠭᠦᠷᠭᠡᠯᠡᠬᠦ ᠪᠠᠯᠠ ᠴᠤᠭᠯᠠᠭᠤᠯᠬᠤ ᠲᠣᠭᠲᠠᠴᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠪᠢ ᠬᠥᠮᠦᠨ ᠤ ᠰᠦᠢᠳᠬᠡᠯ ᠲᠤᠰᠢᠶᠠᠬᠤ ᠪᠠ ᠵᠠᠰᠠᠭ ᠤᠨ ᠣᠷᠳᠣᠨ ᠤ ᠨᠥᠬᠦᠪᠥᠷᠢ ᠥᠭᠬᠦ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ᠬᠤᠪᠢ ᠬᠥᠮᠦᠨ ᠤ ᠰᠦᠢᠳᠬᠡᠯ ᠲᠤᠰᠢᠶᠠᠬᠤ ᠪᠠ ᠵᠠᠰᠠᠭ ᠤᠨ ᠣᠷᠳᠣᠨ ᠤ ᠨᠥᠬᠦᠪᠥᠷᠢ ᠥᠭᠬᠦ ᠪᠦᠲᠦᠴᠡ ᠶᠢ ᠰᠢᠯᠢᠳᠡᠭᠵᠢᠭᠦᠯᠵᠦ᠂ ᠬᠤᠪᠢ ᠬᠥᠮᠦᠨ ᠤ ᠰᠦᠢᠳᠬᠡᠯ ᠲᠤᠰᠢᠶᠠᠬᠤ ᠬᠠᠷᠢᠭᠤᠴᠠᠯᠭ᠎ᠠ ᠶᠢ ᠴᠢᠩᠭᠠᠷᠠᠭᠤᠯᠤᠨ᠂ ᠰᠠᠭᠤᠷᠢ ᠮᠥᠩᠭᠦ ᠶᠢᠨ ᠲᠣᠭᠲᠠᠭᠤᠨ ᠢᠶᠠᠷ ᠦᠷᠭᠦᠯᠵᠢᠯᠡᠨ ᠠᠵᠢᠯᠯᠠᠬᠤ ᠶᠢ ᠠᠬᠢᠭᠤᠯᠤᠨ᠎ᠠ᠃ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠴᠤᠭᠯᠠᠭᠤᠯᠬᠤ ᠠᠷᠭ᠎ᠠ ᠵᠠᠮ ᠢ ᠥᠷᠭᠡᠵᠢᠭᠦᠯᠦᠨ᠂ ᠨᠡᠶᠢᠭᠡᠮ ᠤᠨ ᠬᠢᠨ ᠤ ᠲᠤᠰᠠᠯᠠᠨ ᠬᠦᠷᠭᠡᠬᠦ ᠪᠠ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠵᠡᠷᠭᠡ ᠣᠯᠠᠨ ᠠᠷᠭ᠎ᠠ ᠵᠠᠮ ᠢᠶᠠᠷ ᠪᠡᠯᠡ ᠴᠤᠭᠯᠠᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠳᠠᠬᠢ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃       ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠶ ᠲᠥᠯᠥᠪᠯᠡᠬᠦ ᠳᠡᠰ ᠳᠠᠪᠬᠤᠷᠭ᠎ᠠ ᠶᠢ ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠬᠡᠬᠦ᠂ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ᠂ ᠭᠠᠷᠲᠠᠨ ᠭᠦᠢᠴᠡᠳᠬᠡᠬᠦ ᠦᠢᠯᠡᠴᠢᠯᠡᠭᠡ ᠪᠠ ᠮᠡᠳᠡᠭᠡ ᠵᠠᠩᠭᠢ ᠶᠢᠨ ᠰᠢᠰᠲ᠋ᠧᠮ ᠢ ᠪᠠᠷᠢᠮᠲᠠᠯᠠᠬᠤ ᠵᠠᠷᠴᠢᠮ ᠶᠣᠰᠣᠭᠠᠷ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠠᠶᠢᠮᠠᠭ ᠤᠨ ᠱᠠᠲᠤᠨ ᠳᠤ ᠨᠢᠭᠡᠳᠦᠯᠲᠡᠢ ᠲᠥᠯᠥᠪᠵᠢᠭᠦᠯᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠱᠠᠲᠤ ᠬᠤᠪᠢᠶᠠᠨ ᠬᠠᠮᠢᠶᠠᠷᠬᠤ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠲᠥᠰᠦᠪ ᠢ ᠰᠢᠯᠭᠠᠨ ᠬᠢᠨᠠᠬᠤ ᠠᠷᠭ᠎ᠠ ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠨᠢᠭᠡᠳᠦᠯᠲᠡᠶ ᠲᠥᠯᠥᠪᠯᠡᠬᠦ ᠶᠢ ᠠᠬᠢᠭᠤᠯᠬᠤ ᠳᠤ ᠬᠠᠮᠵᠢᠯᠴᠠᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠠᠶᠢᠮᠠᠭ ᠤᠨ ᠱᠠᠲᠤᠨ ᠤ ᠨᠢᠭᠡᠳᠦᠯᠲᠡᠢ ᠲᠥᠯᠥᠪᠯᠡᠬᠦ ᠠᠵᠢᠯ ᠢ ᠰᠠᠶᠢᠲᠤᠷ ᠬᠢᠨ᠎ᠡ᠃      ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠬᠠᠮᠢᠶᠠᠷᠤᠯᠲᠠ ᠶᠢ ᠴᠢᠩᠳᠠᠯᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢᠨ ᠦᠨᠡᠯᠡᠯᠲᠡ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠣᠯᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠳᠤ ᠰᠢᠯᠵᠢᠭᠦᠯᠦᠨ ᠥᠭᠬᠦ ᠰᠢᠭᠤᠳ ᠬᠦᠷᠬᠦ ᠲᠣᠭᠲᠠᠴᠠ ᠶᠢ ᠲᠡᠭᠦᠯᠳᠡᠷᠵᠢᠭᠦᠯᠦᠨ᠎ᠡ ᠃ ᠡᠮᠴᠢᠯᠡᠭᠡᠨ ᠤ ᠵᠠᠷᠤᠳᠠᠯ ᠤᠨ ᠨᠡᠮᠡᠭᠳᠡᠯ᠂ ᠣᠯᠠᠨ ᠲᠦᠮᠡᠨ ᠤ ᠳᠠᠷᠤᠭᠠᠰᠤ ᠶᠢᠨ ᠬᠢᠷᠢ ᠬᠡᠮᠵᠢᠶ᠎ᠡ ᠶᠢᠨ ᠬᠤᠪᠢᠷᠠᠯᠲᠠ ᠶᠢ ᠬᠢᠨᠠᠨ ᠰᠢᠨᠵᠢᠵᠦ ᠦᠨᠡᠯᠡᠬᠦ ᠶᠢ ᠴᠢᠩᠭᠠᠳᠬᠠᠵᠤ᠂ ᠰᠠᠭᠤᠷᠢ ᠮᠥᠩᠭᠦᠨ ᠤ ᠠᠵᠢᠯᠯᠠᠭᠠᠨ ᠤ ᠲᠦᠭᠰᠢᠭᠦᠷᠢ ᠶᠢ ᠦᠨᠡᠯᠡᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠰᠠᠭᠤᠷᠢ ᠮᠥᠩᠭᠦ ᠶᠢᠨ ᠳᠤᠮᠳᠠ ᠤᠷᠲᠤ ᠬᠤᠭᠤᠴᠠᠭᠠᠨ ᠤ ᠨᠠᠷᠢᠨ ᠪᠣᠳᠣᠯᠲᠠ ᠶᠢ ᠥᠷᠨᠢᠭᠦᠯᠵᠦ᠂ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢᠨ ᠲᠣᠭᠲᠠᠴᠠ ᠶᠢ ᠪᠠᠶᠢᠭᠤᠯᠤᠨ᠎ᠠ᠃       ᠳᠥᠷᠪᠡᠳᠦᠭᠡᠷ ᠬᠡᠰᠡᠭ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠤᠨ᠎ᠠ       ᠬᠥᠮᠦᠨ ᠢᠶᠠᠷ ᠦᠨᠳᠦᠰᠦ ᠪᠣᠯᠭᠠᠬᠤ᠂ ᠲᠤᠰᠠᠭᠠᠷ ᠠᠵᠢᠯᠯᠠᠭᠤᠯᠬᠤ᠂ ᠦᠨᠳᠦᠰᠦᠨ ᠵᠦᠢᠯ ᠢ ᠪᠠᠲᠤᠯᠠᠬᠤ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ ᠲᠣᠭᠲᠠᠴᠠ ᠶᠢᠨ ᠰᠢᠨ᠎ᠡ ᠶᠢ ᠡᠭᠦᠳᠬᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠨᠳᠦᠰᠦᠨ ᠵᠠᠷᠴᠢᠮ ᠢ ᠪᠠᠷᠢᠮᠲᠠᠯᠠᠵᠤ᠂ ᠪᠦᠬᠦ ᠠᠶᠢᠮᠠᠭ ᠤᠨ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠪᠠ ᠨᠠᠰᠤᠵᠢᠯ ᠤᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠰᠠᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠥᠷᠦ ᠶᠢᠨ ᠪᠣᠳᠣᠯᠭ᠎ᠠ ᠶᠢᠨ ᠪᠣᠷᠣ ᠲᠥᠯᠥᠪ ᠢ ᠴᠢᠷᠮᠠᠶᠢᠨ ᠪᠦᠷᠢᠯᠳᠦᠭᠦᠯᠦᠨ᠎ᠡ᠃ ᠬᠠᠷᠢᠯᠴᠠᠨ ᠬᠠᠪᠰᠤᠷᠤᠯᠴᠠᠵᠤ ᠬᠠᠮᠲᠤᠪᠠᠷ ᠲᠤᠰᠠᠯᠠᠬᠤ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ ᠵᠠᠷᠴᠢᠮ ᠢ ᠵᠢᠷᠤᠮᠯᠠᠨ᠂ ᠣᠯᠠᠨ ᠠᠷᠭ᠎ᠠ ᠵᠠᠮ ᠢᠶᠠᠷ ᠪᠠᠯᠠ ᠴᠤᠭᠯᠠᠭᠤᠯᠬᠤ ᠲᠣᠭᠲᠠᠴᠠ ᠶᠢ ᠪᠦᠷᠢᠨᠰᠢᠭᠦᠯᠵᠦ᠂ ᠣᠯᠠᠨ ᠲᠦᠮᠡᠨ ᠤ ᠣᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠤᠷᠲᠤ ᠬᠤᠭᠤᠴᠠᠭᠠᠨ ᠤ ᠰᠤᠪᠢᠯᠠᠯᠲᠠ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠤᠨ᠎ᠠ᠃       ᠲᠠᠪᠤᠳᠤᠭᠠᠷ ᠬᠡᠰᠡᠭ ᠬᠤᠳᠠᠯᠳᠤᠭᠠᠨ ᠤ ᠡᠮ ᠡᠮᠨᠡᠯᠭᠡ ᠶᠢᠨ ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ       ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠦᠢᠯᠡᠳᠬᠦᠨ ᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠡᠮᠴᠢᠯᠡᠭᠡ᠂ ᠡᠷᠡᠭᠦᠯᠵᠢᠯ᠂ ᠬᠠᠷᠠᠭᠠᠯᠵᠠᠨ ᠠᠰᠠᠷᠠᠬᠤ᠂ ᠬᠥᠩᠭᠡᠵᠢᠬᠦ ᠵᠡᠷᠭᠡ ᠣᠯᠠᠨ ᠬᠦᠷᠢᠶ᠎ᠡ ᠶᠢ ᠪᠠᠭᠲᠠᠭᠠᠭᠰᠠᠨ ᠶᠡᠷᠦᠩᠬᠡᠶᠢᠯᠡᠭᠰᠡᠨ ᠴᠢᠨᠠᠷᠲᠠᠶ ᠡᠷᠡᠭᠦᠯ ᠮᠡᠨᠳᠦ ᠶᠢᠨ ᠳᠠᠭᠠᠳᠬᠠᠯ ᠤᠨ ᠨᠡᠷᠡᠳᠬᠦᠨ ᠤ ᠦᠢᠯᠡᠴᠢᠯᠡᠭᠡ ᠶᠢ ᠬᠠᠩᠭᠠᠵᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠠᠩᠭᠠᠯᠭ᠎ᠠ ᠶᠢ ᠪᠠᠶᠠᠯᠢᠭᠵᠢᠭᠤᠯᠤᠨ᠂ ᠠᠷᠠᠳ ᠣᠯᠠᠨ ᠤ ᠣᠯᠠᠨ ᠶᠠᠩᠵᠤᠴᠢᠯᠠᠭᠰᠠᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠬᠢᠭᠡᠳ ᠪᠥᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠲᠣᠭᠲᠠᠭᠠᠯ ᠶᠣᠰᠣᠭᠠᠷ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠠᠬᠢᠭᠤᠯᠬᠤ ᠶᠢ ᠰᠦᠪᠡᠭᠴᠢᠯᠡᠨ᠎ᠡ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠳᠠᠭᠠᠭᠠᠨ ᠬᠦᠢᠴᠡᠳᠭᠡᠬᠦ ᠶᠢ ᠵᠢᠷᠤᠮᠵᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠢ ᠭᠠᠷᠲᠠᠨ ᠬᠦᠢᠴᠡᠳᠭᠡᠬᠦ ᠳᠤ ᠣᠷᠣᠯᠴᠠᠭᠰᠠᠨ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠵᠦ᠂ ᠢᠲᠡᠭᠡᠮᠵᠢ ᠶᠢᠨ ᠬᠠᠮᠢᠶᠠᠷᠤᠯᠲᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠭᠦᠰᠦᠭᠰᠡᠨ ᠬᠤᠳᠠᠯᠳᠤᠭᠠᠨ ᠤ ᠨᠥᠬᠦᠪᠥᠷᠢ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠬᠠᠮᠲᠤ ᠳᠤᠨᠢ ᠬᠢᠨᠠᠨ ᠡᠵᠡᠮᠳᠡᠬᠦ ᠬᠡᠪᠴᠢᠶᠡᠨ ᠳᠤ ᠣᠷᠣᠭᠤᠯᠤᠨ᠎ᠠ᠃      ᠵᠢᠷᠭᠤᠳᠤᠭᠠᠷ ᠬᠡᠰᠡᠭ ᠡᠮᠴᠢᠯᠡᠭᠡᠨ ᠤ ᠬᠠᠪᠰᠤᠷᠤᠯᠴᠠᠭ᠎ᠠ ᠶᠢᠨ ᠡᠮᠬᠢ ᠵᠢᠷᠤᠮ ᠲᠠᠢ ᠪᠠᠷ ᠬᠥᠭᠵᠢᠬᠦ ᠶᠢ ᠲᠡᠮᠵᠢᠨ᠎ᠠ      ᠠᠵᠢᠯᠴᠢᠨ ᠤ ᠡᠪᠯᠡᠯ ᠤᠨ ᠡᠮ ᠡᠮᠨᠡᠯᠭᠡ ᠶᠢᠨ ᠬᠠᠪᠰᠤᠷᠤᠯᠴᠠᠭ᠎ᠠ ᠶᠢᠨ ᠡᠮᠬᠢ ᠵᠢᠷᠤᠮ ᠲᠠᠢ ᠪᠠᠷ ᠬᠥᠭᠵᠢᠬᠦ ᠶᠢ ᠵᠣᠷᠢᠭᠵᠢᠭᠤᠯᠵᠤ᠂ ᠠᠵᠢᠯᠴᠢᠨ ᠤ ᠡᠪᠯᠡᠯ ᠤᠨ ᠡᠮ ᠡᠮᠨᠡᠯᠭᠡ ᠶᠢᠨ ᠬᠠᠪᠰᠤᠷᠤᠯᠴᠠᠭ᠎ᠠ ᠬᠢᠭᠡᠳ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠵᠣᠯᠭᠠᠭᠤᠯᠬᠤ ᠶᠢ ᠴᠢᠩᠭᠠᠳᠬᠠᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠨᠠᠩ ᠰᠠᠶᠢᠲᠤᠷ ᠬᠥᠩᠭᠡᠷᠡᠭᠦᠯᠦᠨ᠎ᠡ᠃ ᠨᠡᠶᠢᠭᠡᠮ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠬᠠᠨᠳᠢᠪᠯᠠᠬᠤ ᠶᠢ ᠵᠣᠷᠢᠭᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠡᠮᠴᠢᠯᠡᠭᠡᠨ ᠤ ᠬᠠᠪᠰᠤᠷᠤᠯᠴᠠᠭ᠎ᠠ᠂ ᠰᠦᠯᠵᠢᠶᠡᠨ ᠤ ᠬᠠᠪᠰᠤᠷᠤᠯᠴᠠᠭ᠎ᠠ ᠶᠢ ᠵᠢᠷᠤᠮᠵᠢᠭᠤᠯᠤᠨ ᠬᠥᠭᠵᠢᠭᠦᠯᠵᠦ᠂ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠨ᠂ ᠪᠥᠬᠦ ᠨᠡᠶᠢᠭᠡᠮ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠤᠬᠠᠮᠰᠠᠷ ᠪᠠ ᠬᠠᠪᠰᠤᠷᠤᠯᠴᠠᠬᠤ ᠤᠬᠠᠮᠰᠠᠷ ᠢ ᠳᠡᠭᠡᠭᠰᠢᠯᠡᠭᠦᠯᠵᠦ᠂ ᠬᠦᠨᠳᠦ ᠡᠪᠡᠳᠴᠢᠲᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ᠭᠤᠷᠪᠠᠳᠤᠭᠠᠷ ᠪᠦᠯᠦᠭ ᠡᠮᠴᠢᠯᠡᠭᠡᠨ ᠤ ᠪᠠᠲᠤᠯᠠᠭ᠎ᠠ ᠶᠢᠨ ᠬᠠᠮᠵᠢᠯᠴᠠᠨ ᠵᠠᠰᠠᠬᠤ ᠰᠢᠰᠲ᠋ᠧᠮᠵᠢ ᠶᠢ ᠰᠢᠯᠢᠳᠡᠭᠵᠢᠭᠦᠯᠦᠨ᠎ᠡ ᠨᠢᠭᠡᠳᠦᠭᠡᠷ ᠬᠡᠰᠡᠭ ᠡᠮᠴᠢᠯᠡᠭᠡᠨ ᠤ ᠪᠠᠲᠤᠯᠠᠭ᠎ᠠ ᠶᠢᠨ ᠲᠦᠯᠦᠬᠦ ᠲᠣᠭᠲᠠᠴᠠ ᠶᠢ ᠰᠠᠶᠢᠵᠢᠷᠠᠭᠤᠯᠤᠨ᠎ᠠ ᠨᠠᠩ ᠦᠷ᠎ᠡ ᠪᠦᠲᠦᠮᠵᠢᠲᠡᠶ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢ ᠬᠡᠷᠡᠭᠵᠢᠭᠦᠯᠵᠦ᠂ ᠡᠮᠴᠢᠯᠡᠭᠡᠨ ᠤ ᠬᠡᠷᠡᠭᠴᠡᠭᠡ᠂ ᠵᠦᠶ ᠵᠣᠬᠢᠰᠲᠠᠶ ᠣᠨᠣᠰᠢᠯᠠᠨ ᠡᠮᠨᠡᠬᠦ᠂ ᠲᠣᠬᠢᠷᠠᠮᠵᠢᠲᠠᠶ ᠮᠡᠷᠭᠡᠵᠢᠯ ᠪᠠ ᠬᠢᠲᠠᠳ ᠡᠮᠨᠡᠯᠭᠡ ︵ᠮᠣᠩᠭᠤᠯ ᠡᠮᠨᠡᠯᠭᠡ︶ ᠬᠢᠭᠡᠳ ᠧᠦ᠋ᠷᠣᠫᠠ ᠡᠮᠨᠡᠯᠭᠡ ᠶᠢ ᠵᠡᠷᠭᠡᠪᠡᠷ ᠴᠢᠬᠤᠯᠠᠴᠢᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠵᠥᠪᠳᠡᠯᠴᠡᠬᠡᠷ᠂ ᠳ᠋ᠦᠩᠨᠡᠨ ᠪᠤᠳᠤᠬᠤ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠴᠢᠨᠠᠷ ᠰᠠᠶᠢᠲᠠᠶ ᠡᠮ ᠡᠮᠨᠡᠯᠭᠡ ᠶᠢᠨ ᠦᠢᠯᠡᠴᠢᠯᠡᠭᠡ ᠭᠥᠷᠳᠡᠬᠦ ᠶᠢ ᠪᠠᠲᠤᠯᠠᠨ᠂ ᠰᠠᠭᠤᠷᠢ ᠮᠥᠩᠭᠦ ᠶᠢᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠡᠮ ᠡᠮᠨᠡᠯᠭᠡ ᠶᠢᠨ ᠦᠢᠯᠡᠴᠢᠯᠡᠬᠡᠨ ᠤ ᠬᠦᠷᠢᠶ᠎ᠡ ᠳᠤ ᠦᠵᠡᠭᠦᠯᠬᠦ ᠤᠷᠮᠠᠰᠢᠭᠤᠯᠬᠤ ᠪᠠ ᠬᠢᠵᠠᠭᠠᠷᠯᠠᠬᠤ ᠦᠢᠯᠡᠳᠦᠯ ᠢ ᠴᠢᠩᠭᠠᠷᠠᠭᠤᠯᠤᠨ᠎ᠠ᠃      ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠲᠣᠭᠲᠠᠴᠠ ᠪᠠ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠡᠮ ᠤᠨ ᠵᠦᠢᠯ ᠢ ᠦᠨᠡᠯᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠨᠵᠢᠬᠦ ᠶᠢ ᠴᠢᠩᠭᠠᠳᠬᠠᠨ᠂ ᠬᠦᠨᠳᠦ ᠡᠪᠡᠳᠴᠢᠨ ᠡᠮᠭᠡᠭ᠂ ᠬᠡᠦᠬᠡᠳ ᠤᠨ ᠡᠪᠡᠳᠴᠢᠨ ᠡᠮᠭᠡᠭ ᠵᠢᠴᠢ ᠨᠠᠰᠤᠲᠠᠶᠢᠴᠤᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠵᠡᠷᠭᠡ ᠶᠢᠨ ᠡᠮ ᠭᠡᠷᠡᠭᠯᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠵᠦ᠂ ᠬᠤᠪᠣᠷ ᠲᠣᠬᠢᠶᠠᠯᠳᠤᠬᠤ ᠡᠪᠡᠳᠴᠢᠨ ᠳᠤ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠰᠦᠪᠡᠭᠴᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠭᠠᠷᠴᠠᠭ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠳᠤ ᠵᠥᠪᠰᠢᠶᠡᠷᠡᠨ ᠣᠷᠣᠭᠤᠯᠬᠤ ᠬᠡᠯᠡᠯᠴᠡᠭᠡ ᠬᠢᠬᠦ ᠪᠠ ᠪᠤᠴᠠᠭᠠᠨ ᠭᠠᠷᠭᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠳᠡᠭᠡᠭᠰᠢᠯᠡᠭᠦᠯᠵᠦ᠂ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠡᠮᠴᠢᠯᠡᠭᠡᠨ ᠤ ᠳᠠᠭᠠᠳᠬᠠᠯ ᠳᠤ ᠵᠥᠪᠰᠢᠶᠡᠷᠡᠨ ᠣᠷᠣᠭᠤᠯᠬᠤ᠂ ᠵᠠᠷᠤᠴᠠᠭᠤᠯᠬᠤ᠂ ᠬᠢᠨᠠᠨ ᠬᠠᠮᠢᠶᠠᠷᠬᠤ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠨ᠂ ᠡᠮᠴᠢᠯᠡᠭᠡ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠬᠥᠲᠥᠯᠥᠨ ᠵᠢᠯᠣᠭᠤᠳᠴᠤ ᠵᠢᠷᠤᠮᠵᠢᠭᠤᠯᠤᠨ᠎ᠠ᠃       ᠡᠮ ᠡᠮᠨᠡᠯᠭᠡ ᠶᠢᠨ ᠳᠠᠭᠠᠳᠬᠠᠯ ᠤᠨ ᠲᠦᠯᠦᠬᠦ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠤᠨ ᠠᠷᠭ᠎ᠠ ᠶᠢ ᠲᠡᠭᠦᠯᠳᠡᠷᠵᠢᠭᠦᠯᠵᠦ᠂ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠪᠠᠷ ᠭᠤᠤᠯ ᠪᠣᠯᠭᠠᠭᠰᠠᠨ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠣᠷᠣᠨ ᠪᠦᠰᠡ ᠶᠢᠨ ᠴᠡᠭ ᠤᠨ ᠠᠷᠭ᠎ᠠ ᠶᠢᠨ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠬᠤᠪᠢᠶᠠᠷᠢ ᠥᠷᠲᠡᠭ ︵DIP︶ ᠢᠶᠠᠷ ᠵᠠᠷᠤᠳᠠᠯ ᠲᠤᠰᠢᠶᠠᠬᠤ ᠶᠢ ᠥᠷᠨᠢᠭᠦᠯᠦᠨ᠂ ᠡᠪᠡᠳᠴᠢᠨ ᠡᠮᠭᠡᠭ ᠤᠨ ᠣᠨᠣᠰᠢᠯᠠᠭ᠎ᠠ ᠶᠢᠨ ᠬᠠᠮᠢᠶ᠎ᠠ ᠪᠥᠬᠦᠶ ᠳᠤᠭᠤᠶᠢᠯᠠᠩ ︵DRG︶ ᠢᠶᠠᠷ ᠵᠠᠷᠤᠳᠠᠯ ᠲᠤᠰᠢᠶᠠᠵᠤ᠂ ᠲᠤᠬᠠᠶ ᠶᠢᠨ ᠭᠠᠵᠠᠷ ᠣᠷᠣᠨᠴᠢᠯᠠᠭᠰᠠᠨ DIP ᠡᠪᠡᠳᠴᠢᠨ ᠤ ᠲᠥᠷᠥᠯ ᠤᠨ ᠬᠥᠮᠥᠷᠭᠡ ᠶᠢ ᠪᠦᠷᠢᠯᠳᠦᠭᠦᠯᠵᠦ᠂ ᠬᠤᠪᠢ ᠶᠢᠨ ᠥᠷᠲᠡᠭ ᠢ ᠲᠥᠰᠦᠭᠡᠯᠡᠨ ᠪᠤᠳᠤᠬᠤ ᠶᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠳᠠᠮᠵᠢᠵᠤ᠂ ᠦᠯᠡᠳᠡᠪᠦᠷᠢ ᠶᠢ ᠦᠯᠡᠳᠡᠭᠡᠨ ᠬᠡᠷᠡᠭᠯᠡᠬᠦ᠂ ᠵᠠᠷᠤᠯᠭ᠎ᠠ ᠠᠴᠠ ᠵᠦᠶ ᠵᠣᠬᠢᠰᠲᠠᠶ ᠬᠡᠲᠦᠷᠡᠭᠦᠯᠦᠨ ᠬᠤᠪᠢᠳᠠᠨ ᠡᠭᠦᠷᠭᠡᠯᠡᠬᠦ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠲᠤ ᠳᠠᠭᠠᠭᠠᠨ ᠠᠪᠴᠤ ᠵᠠᠷᠤᠳᠠᠯ ᠲᠤᠰᠢᠶᠠᠬᠤ ᠲᠣᠭᠲᠠᠴᠠ ᠶᠢ ᠬᠡᠷᠡᠭᠵᠢᠭᠦᠯᠦᠨ᠎ᠡ︔ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠪᠠᠶᠢᠭᠤᠯᠤᠨ᠎ᠠ᠃ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠥᠭᠡᠷᠡᠴᠢᠯᠡᠯᠲᠡ ᠯᠦᠭᠡ ᠬᠠᠮᠵᠢᠯᠴᠠᠨ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠶᠢ ᠰᠦᠪᠡᠭᠴᠢᠯᠡᠵᠦ᠂ ᠡᠭᠦᠳᠡᠨ ᠡᠮᠨᠡᠯᠭᠡ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠴᠢᠩᠭᠠᠳᠬᠠᠨ᠂ ᠡᠪᠡᠳᠴᠢᠨ ᠦᠵᠡᠭᠦᠯᠬᠦ ᠬᠠᠮᠢᠶᠠᠷᠤᠯᠲᠠ ᠶᠢ ᠵᠦᠶ ᠵᠣᠬᠢᠰᠲᠠᠶ ᠬᠥᠲᠥᠯᠦᠨ ᠵᠢᠯᠣᠭᠤᠳᠴᠤ᠂ ᠦᠨᠳᠦᠰᠦᠨ ᠱᠠᠲᠤᠨ ᠳᠤ ᠤᠷᠢᠳᠠᠪᠠᠷ ᠡᠮᠨᠡᠭᠦᠯᠬᠦ ᠶᠢ ᠠᠬᠢᠭᠤᠯᠤᠨ᠎ᠠ᠃ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠬᠢᠨᠠᠨ ᠬᠠᠮᠢᠶᠠᠷᠬᠤ ᠶᠢ ᠰᠦᠪᠡᠭᠴᠢᠯᠡᠨ ᠥᠷᠨᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠰᠠᠨᠠᠭᠠᠴᠢᠯᠠᠭ᠎ᠠ ᠠᠴᠠ ᠪᠠᠨ ᠡᠵᠡᠮᠳᠡᠬᠦ ᠶᠢ ᠵᠣᠷᠢᠭᠵᠢᠭᠤᠯᠬᠤ ᠬᠡᠷᠡᠭᠲᠡᠶ᠃       ᠬᠤᠶᠠᠷ ᠢ ᠲᠣᠭᠲᠠᠭᠠᠭᠰᠠᠨ ᠪᠠᠶᠢᠭᠤᠯᠤᠮᠵᠢ ᠶᠢᠨ ᠵᠥᠪᠳᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠵᠥᠪᠯᠡᠯᠴᠡᠭᠡᠷ ᠤᠨ ᠦᠯᠢᠭᠡᠷ ᠢ ᠨᠠᠶᠢᠳᠠᠪᠤᠷᠢᠵᠢᠭᠤᠯᠤᠨ᠂ ᠴᠤᠪᠤᠷᠠᠯ ᠢ ᠰᠢᠯᠢᠳᠡᠭᠵᠢᠭᠦᠯᠦᠨ᠎ᠡ᠃ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠵᠦ᠂ ᠠᠵᠢᠯ ᠤᠨ ᠳᠤᠮᠳᠠᠬᠢ ᠪᠠ ᠠᠵᠢᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠢᠨᠲ᠋ᠧᠷ ᠰᠦᠯᠵᠢᠶ᠎ᠡ +︾ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠬᠡᠨ ᠤ ᠲᠣᠭᠲᠠᠭᠠᠭᠰᠠᠨ ᠵᠥᠪᠯᠡᠯᠴᠡᠭᠡᠷ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠵᠥᠪᠳᠡᠯᠴᠡᠨ ᠬᠡᠯᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠶᠡᠷᠦᠩᠬᠡᠶ ᠲᠤᠭ᠎ᠠ ᠶᠢᠨ ᠲᠥᠰᠦᠪ ᠢ ᠨᠠᠶᠢᠷᠠᠭᠤᠯᠤᠨ ᠵᠣᠬᠢᠶᠠᠬᠤ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠪᠠ ᠪᠤᠴᠠᠭᠠᠨ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮᠨᠡᠯᠭᠡ ᠳᠤ ᠰᠠᠭᠤᠬᠤ ᠬᠢᠭᠡᠳ ᠡᠭᠦᠳᠡᠨ ᠡᠮᠨᠡᠯᠭᠡ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠬᠢᠭᠡᠳ ᠡᠮᠴᠢᠯᠡᠭᠡᠨ ᠤ ᠦᠢᠯᠡᠴᠢᠯᠡᠭᠡ᠂ ᠠᠶᠢᠮᠠᠭ ᠤᠨ ᠳᠣᠲᠣᠷ᠎ᠠ ᠡᠮᠨᠡᠭᠦᠯᠬᠦ ᠪᠠ ᠰᠢᠯᠵᠢᠭᠦᠯᠦᠨ ᠡᠮᠨᠡᠭᠦᠯᠬᠦ ᠵᠡᠷᠭᠡ ᠶᠢᠨ ᠬᠤᠭᠤᠷᠣᠨᠳᠣᠬᠢ ᠵᠦᠢᠯ ᠬᠤᠪᠢᠶᠠᠭᠰᠠᠨ ᠲᠥᠰᠦᠪ ᠤᠨ ᠲᠣᠭᠲᠠᠴᠠ ᠶᠢ ᠭᠦᠨᠵᠡᠭᠡᠶᠢᠷᠡᠭᠦᠯᠵᠦ᠂ ᠵᠦᠢᠯ ᠬᠤᠪᠢᠶᠠᠭᠰᠠᠨ ᠲᠥᠰᠦᠪ ᠢ ᠡᠮᠴᠢᠯᠡᠭᠡᠨ ᠤ ᠶᠠᠰᠤ ᠴᠢᠨᠠᠷ᠂ ᠵᠥᠪᠯᠡᠯᠴᠡᠭᠡᠷ ᠢ ᠬᠦᠢᠴᠡᠳᠭᠡᠭᠰᠡᠨ ᠪᠠᠶᠢᠳᠠᠯ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠦᠷ᠎ᠡ ᠳ᠋ᠦᠩ ᠯᠦᠭᠡ ᠬᠤᠯᠪᠣᠭᠳᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠡᠮ ᠡᠮᠨᠡᠯᠭᠡ ᠶᠢᠨ ᠪᠠᠶᠢᠭᠤᠯᠤᠮᠵᠢ ᠬᠢᠭᠡᠳ ᠡᠷᠬᠢᠯᠡᠨ ᠭᠦᠢᠴᠡᠳᠬᠡᠬᠦ ᠪᠠᠶᠢᠭᠤᠯᠤᠮᠵᠢ ᠶᠢᠨ ᠬᠤᠭᠤᠷᠣᠨᠳᠣᠬᠢ ᠮᠡᠳᠡᠭᠡ ᠵᠠᠩᠭᠢ ᠨᠡᠪᠲᠡᠷᠡᠯᠴᠡᠬᠦ ᠲᠣᠭᠲᠠᠴᠠ ᠶᠢ ᠪᠦᠷᠢᠨᠰᠢᠭᠦᠯᠵᠦ᠂ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢ ᠨᠠᠷᠢᠯᠢᠬᠵᠢᠭᠤᠯᠬᠤ ᠶᠢ ᠠᠬᠢᠭᠤᠯᠤᠨ᠎ᠠ᠃       ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢ ᠡᠮᠴᠢᠯᠡᠭᠡᠨ ᠤ ᠳᠠᠭᠠᠳᠬᠠᠯ ᠤᠨ ᠵᠥᠪᠳᠡᠯᠴᠡᠨ ᠬᠠᠮᠢᠶᠠᠷᠬᠤ ᠬᠡᠪᠴᠢᠶᠡᠨ ᠳᠤ ᠣᠷᠣᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠭᠲᠠᠭᠠᠯ ᠶᠣᠰᠣᠭᠠᠷ᠂ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠡᠮᠴᠢᠯᠡᠭᠡᠨ ᠳᠤ ᠵᠠᠪᠠᠯ ᠱᠠᠭᠠᠷᠳᠠᠭᠳᠠᠬᠤ᠂ ᠠᠮᠤᠷ ᠲᠦᠪᠰᠢᠨ ᠪᠥᠭᠡᠳ ᠪᠦᠲᠦᠮᠵᠢᠲᠡᠶ᠂ ᠦᠨ᠎ᠡ ᠬᠠᠩᠰᠢ ᠨᠢ ᠵᠦᠶ ᠵᠣᠬᠢᠰᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠵᠢᠴᠢ ᠨᠥᠬᠦᠴᠡᠯ ᠳᠤ ᠨᠡᠶᠢᠴᠡᠬᠦ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ ᠳᠣᠲᠣᠭᠠᠳᠤ ᠶᠢᠨ ᠨᠠᠶᠢᠷᠠᠯᠲᠠ᠂ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠤ ᠨᠡᠶᠢᠴᠡᠭᠰᠡᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠰᠦᠪᠡᠭᠴᠢᠯᠡᠨ᠎ᠡ᠃       ᠬᠤᠶᠠᠳᠤᠭᠠᠷ ᠬᠡᠰᠡᠭ ᠡᠮ ᠡᠮᠨᠡᠯᠭᠡ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ       ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠡᠮ ᠡᠮᠨᠡᠯᠭᠡ ᠶᠢᠨ ᠦᠢᠯᠡᠴᠢᠯᠡᠬᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢᠨ ᠰᠢᠰᠲ᠋ᠧᠮ ᠤᠨ ᠬᠠᠮᠳᠣᠷᠠᠯ ᠢ ᠠᠬᠢᠭᠤᠯᠤᠨ᠂ ᠠᠷᠠᠳ ᠣᠯᠠᠨ ᠤ ᠴᠢᠨᠠᠷ ᠰᠠᠶᠢᠲᠠᠶ᠂ ᠦᠷ᠎ᠡ ᠪᠦᠲᠦᠮᠵᠢᠲᠡᠶ᠂ ᠡᠭᠦᠷᠭᠡᠯᠡᠵᠦ ᠳᠡᠶᠢᠯᠬᠦᠶᠢᠴᠡ ᠡᠮ ᠡᠮᠨᠡᠯᠭᠡ ᠶᠢᠨ ᠦᠢᠯᠡᠴᠢᠯᠡᠭᠡ ᠭᠥᠷᠳᠡᠬᠦ ᠶᠢ ᠠᠬᠢᠭᠤᠯᠤᠨ᠎ᠠ᠃       ᠲᠥᠪᠯᠡᠷᠡᠭᠦᠯᠦᠨ ᠳᠠᠭᠠᠭᠠᠴᠢᠯᠠᠯᠲᠠ ᠵᠠᠷᠯᠠᠬᠤ ᠲᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠡᠮ ᠤᠨ ᠵᠦᠢᠯᠡᠰ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠳᠤ ᠢᠳᠡᠪᠬᠢᠲᠡᠶ ᠣᠷᠣᠯᠴᠠᠨ᠎ᠠ᠃ ᠳᠤᠲᠠᠭᠳᠠᠵᠤ ᠪᠠᠶᠢᠭ᠎ᠠ ᠡᠮ ᠤᠨ ᠵᠦᠢᠯᠡᠰ ᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠬᠦᠯᠵᠦ᠂ ᠳᠤᠲᠠᠭᠳᠠᠵᠤ ᠪᠠᠶᠢᠭ᠎ᠠ ᠡᠮ ᠤᠨ ᠵᠦᠢᠯᠡᠰ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ᠃  ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢᠨ ᠡᠵᠡᠮᠳᠡᠯ ᠳᠤᠤᠷ᠎ᠠ ᠡᠮ ᠡᠮᠨᠡᠯᠭᠡ ᠶᠢᠨ ᠪᠠᠶᠢᠭᠤᠯᠤᠮᠵᠢ ᠯᠤᠭ᠎ᠠ ᠰᠢᠭᠤᠳ ᠳ᠋ᠦᠩᠨᠡᠨ ᠪᠤᠳᠤᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠰᠣᠩᠭᠤᠭᠳᠠᠭᠰᠠᠨ ᠦᠶ᠋ᠯᠡᠳᠬᠦᠨ ᠢ ᠤᠷᠢᠳᠠᠪᠠᠷ ᠵᠦᠶ ᠵᠣᠬᠢᠰᠲᠠᠶ ᠬᠡᠷᠡᠭᠯᠡᠬᠦ ᠶᠢ ᠠᠬᠢᠭᠤᠯᠤᠨ᠎ᠠ᠃ ᠨᠡᠶᠢᠭᠡᠮ ᠤᠨ ᠬᠢᠨ ᠤ ᠡᠮᠴᠢᠯᠡᠭᠡᠨ ᠤ ᠪᠠᠶᠢᠭᠤᠯᠤᠮᠵᠢ᠂ ᠡᠮ ᠤᠨ ᠳᠡᠯᠭᠡᠭᠦᠷ ᠡᠷᠬᠢᠯᠡᠵᠦ ᠲᠥᠪᠯᠡᠷᠡᠭᠦᠯᠦᠨ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠳᠤ ᠣᠷᠣᠯᠴᠠᠬᠤ ᠶᠢ ᠵᠣᠷᠢᠭᠵᠢᠭᠤᠯᠤᠨ᠎ᠠ᠃      ᠡᠮ ᠡᠮᠨᠡᠯᠭᠡ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯᠡᠰ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠬᠢᠨᠠᠨ ᠰᠢᠨᠵᠢᠬᠦ ᠲᠣᠭᠲᠠᠴᠠ᠂ ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠬᠡᠪ ᠤᠨ ᠪᠤᠰᠤ ᠬᠤᠪᠢᠷᠠᠯᠲᠠ ᠶᠢ ᠬᠢᠨᠠᠨ ᠰᠢᠨᠵᠢᠵᠦ ᠵᠠᠳᠠᠯᠤᠯᠲᠠ ᠬᠢᠵᠦ ᠤᠷᠢᠳᠴᠢᠯᠠᠨ ᠰᠡᠷᠡᠮᠵᠢᠯᠡᠭᠦᠯᠵᠦ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠬᠠᠮᠢᠶᠠᠷᠤᠯᠲᠠ ᠶᠢ ᠪᠠᠶᠢᠩᠭᠤᠵᠢᠭᠤᠯᠬᠤ ᠪᠠ ᠲᠤᠭᠳᠠᠴᠠᠵᠢᠭᠤᠯᠬᠤ ᠶᠢ ᠠᠬᠢᠭᠤᠯᠵᠤ᠂ ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠬᠤ ᠢᠲᠡᠭᠡᠮᠵᠢ ᠶᠢᠨ ᠦᠨᠡᠯᠡᠬᠦ ᠲᠦᠷᠢᠮ ᠢ ᠬᠡᠷᠡᠭᠵᠢᠭᠦᠯᠦᠨ᠂ ᠡᠮ ᠡᠮᠨᠡᠯᠭᠡ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃      ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠰᠦᠪᠡᠭᠴᠢᠯᠡᠨ᠎ᠡ᠃ ᠠᠵᠤ ᠠᠬᠤᠢ ᠨᠡᠶᠢᠭᠡᠮ ᠤᠨ ᠬᠥᠭᠵᠢᠯᠲᠡ ᠳᠤ ᠵᠣᠬᠢᠴᠠᠬᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠬᠤ᠂ ᠡᠮᠴᠢᠯᠡᠭᠡᠨ ᠤ ᠪᠠᠶᠢᠭᠤᠯᠤᠮᠵᠢ ᠭᠦᠢᠴᠡᠳ ᠣᠷᠣᠯᠴᠠᠬᠤ᠂ ᠮᠡᠷᠭᠡᠵᠢᠯ ᠤᠨ ᠬᠥᠳᠡᠯᠮᠦᠷᠢ ᠶᠢᠨ ᠦᠷᠳᠡᠭ ᠢ ᠢᠯᠡᠷᠡᠭᠦᠯᠬᠦ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠬᠠᠶᠢᠨ ᠰᠦᠪᠡᠭᠴᠢᠯᠡᠨ᠎ᠡ᠃ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠢ ᠣᠷᠣᠭᠤᠯᠬᠤ ᠪᠠ ᠪᠤᠴᠠᠭᠠᠵᠤ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠲᠥᠷᠥᠯ ᠬᠤᠪᠢᠶᠠᠨ ᠬᠠᠮᠢᠶᠠᠷᠬᠤ᠂ ᠰᠢᠯᠭᠠᠨ ᠬᠢᠨᠠᠵᠤ ᠤᠷᠮᠠᠰᠢᠭᠤᠯᠬᠤ᠂ ᠶᠡᠷᠦᠩᠬᠡᠶᠢᠯᠡᠨ ᠲᠥᠬᠦᠷᠵᠢᠭᠦᠯᠬᠦ ᠶᠢ ᠴᠢᠩᠭᠠᠳᠬᠠᠵᠤ᠂ ᠡᠮᠴᠢᠯᠡᠭᠡ ᠶᠢᠨ ᠦᠢᠯᠡᠴᠢᠯᠡᠬᠡᠨ ᠤ ᠦᠨ᠎ᠡ ᠬᠠᠩᠰᠢ ᠶᠢ ᠵᠠᠰᠠᠬᠤ ᠨᠡᠶᠢᠭᠡᠮᠴᠢᠯᠡᠭᠰᠡᠨ᠂ ᠪᠠᠷᠢᠮᠵᠢᠶᠠᠵᠢᠭᠰᠠᠨ᠂ ᠤᠶᠤᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃      ᠭᠤᠷᠪᠠᠳᠤᠭᠠᠷ ᠬᠡᠰᠡᠭ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ      ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮᠵᠢ ᠶᠢᠨ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠬᠠᠤᠯᠢ ᠪᠠᠷ ᠵᠠᠰᠠᠬᠤ ᠪᠠᠷ ᠪᠠᠲᠤᠯᠠᠭ᠎ᠠ ᠪᠣᠯᠭᠠᠭᠰᠠᠨ᠂ ᠢᠲᠡᠭᠡᠮᠵᠢ ᠶᠢᠨ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ᠂ ᠣᠯᠠᠨ ᠬᠡᠯᠪᠡᠷᠢ ᠶᠢᠨ ᠪᠠᠶᠢᠴᠠᠭᠠᠯᠲᠠ᠂ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠪᠠᠷ ᠲᠦᠰᠢᠭ ᠪᠣᠯᠭᠠᠭᠰᠠᠨ᠂ ᠨᠠᠮ ᠤᠨ ᠬᠤᠷᠢᠶ᠎ᠠ ᠶᠢᠨ ᠤᠳᠤᠷᠢᠳᠤᠯᠭ᠎ᠠ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠢᠨᠠᠯᠲᠠ ᠲᠠᠯᠪᠢᠯᠲᠠ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠬᠤᠪᠢ ᠬᠥᠮᠦᠨ ᠤ ᠢᠲᠡᠭᠡᠮᠵᠢ ᠲᠠᠢ ᠪᠠᠶᠢᠬᠤ ᠶᠢ ᠬᠠᠷᠢᠯᠴᠠᠨ ᠤᠶᠠᠯᠳᠤᠭᠤᠯᠤᠭᠰᠠᠨ ᠪᠥᠬᠦ ᠬᠦᠷᠢᠶ᠎ᠡ ᠴᠠᠷᠠᠭ᠎ᠠ᠂ ᠪᠥᠬᠦ ᠴᠤᠪᠤᠷᠠᠯ᠂ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠷᠢᠰᠢᠯ ᠢ ᠪᠦᠷᠢᠯᠳᠦᠭᠦᠯᠦᠨ᠎ᠡ᠃      ᠰᠠᠭᠤᠷᠢ ᠮᠥᠩᠭᠦᠨ ᠤ ᠬᠢᠨᠠᠯᠲᠠ ᠪᠠᠶᠢᠴᠠᠭᠠᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠬᠠᠤᠯᠢ ᠬᠡᠷᠡᠭᠵᠢᠭᠦᠯᠬᠦ ᠠᠵᠢᠯᠲᠠᠨ ᠤ ᠨᠡᠷᠡᠰ ᠤᠨ ᠬᠥᠮᠥᠷᠭᠡ᠂ ᠪᠠᠶᠢᠴᠠᠭᠠᠭᠳᠠᠬᠤ ᠡᠲᠡᠭᠡᠳ ᠤᠨ ᠨᠡᠷᠡᠰ ᠤᠨ ᠬᠥᠮᠥᠷᠭᠡ ᠶᠢ ᠬᠠᠮᠲᠤᠷᠠᠨ ᠬᠢᠨᠠᠨ ᠬᠠᠮᠢᠶᠠᠷᠴᠤ᠂ ᠬᠥᠳᠡᠯᠦᠩᠭᠦᠶ ᠪᠠᠷ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠡᠳᠦᠷ ᠲᠤᠳᠤᠮ ᠤᠨ ᠪᠦᠬᠦᠨ ᠢ ᠬᠠᠮᠤᠷᠤᠭᠰᠠᠨ ᠲᠣᠭᠤᠷᠢᠨ ᠪᠠᠶᠢᠴᠠᠭᠠᠯᠲᠠ᠂ ᠲᠤᠰᠬᠠᠢ ᠪᠠᠶᠢᠴᠠᠭᠠᠯᠲᠠ᠂ ᠨᠢᠰᠦᠯᠲᠡ ᠶᠢᠨ ᠪᠠᠶᠢᠴᠠᠭᠠᠯᠲᠠ᠂ ᠭᠤᠣᠯᠳᠠᠯᠭ᠎ᠠ ᠲᠠᠢ ᠪᠠᠶᠢᠴᠠᠭᠠᠯᠲᠠ᠂ ᠲᠤᠰᠬᠠᠢ ᠮᠡᠷᠭᠡᠵᠢᠯᠲᠡᠨ ᠤ ᠬᠢᠨᠠᠨ ᠪᠠᠶᠢᠴᠠᠭᠠᠯᠲᠠ ᠵᠡᠷᠭᠡ ᠶᠢ ᠤᠶᠠᠯᠳᠤᠭᠤᠯᠤᠭᠰᠠᠨ ᠤᠯᠠᠨ ᠬᠡᠯᠪᠡᠷᠢ ᠶᠢᠨ ᠪᠠᠶᠢᠴᠠᠭᠠᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠤᠰᠬᠠᠢ ᠡᠩᠨᠡᠭᠡ ᠶᠢ ᠪᠠᠶᠢᠭᠤᠯᠤᠨ᠎ᠠ᠃ ᠬᠠᠮᠢᠶ᠎ᠠ ᠪᠥᠬᠦᠶ ᠬᠢᠷᠢ ᠬᠡᠮ ᠲᠠᠢ ᠭᠤᠷᠪᠠᠳᠠᠬᠢ ᠡᠲᠡᠭᠡᠳ ᠤᠨ ᠬᠦᠴᠦᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠤᠨ᠂ ᠦᠢᠯᠡᠴᠢᠯᠡᠭᠡ ᠬᠤᠳᠠᠯᠳᠤᠨ ᠠᠪᠬᠤ ᠲᠦᠷᠢᠮ ᠢ ᠪᠠᠶᠢᠭᠤᠯᠵᠤ᠂ ᠦᠢᠯᠡᠴᠢᠯᠡᠬᠡᠨ ᠤ ᠠᠵᠢᠯ ᠤᠨ ᠠᠮᠵᠢᠯᠲᠠ ᠪᠦᠲᠦᠮᠵᠢ ᠪᠠᠷ  ᠰᠦᠢᠳᠬᠡᠯ ᠲᠤᠰᠢᠶᠠᠬᠤ ᠲᠣᠭᠲᠠᠴᠠ ᠶᠢ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠡᠷᠬᠡ ᠲᠡᠭᠰᠢ ᠴᠢᠨᠠᠷ᠂ ᠲᠥᠪ ᠭᠤᠤᠯᠴᠢ ᠴᠢᠨᠠᠷ᠂ ᠲᠤᠰᠬᠠᠶ ᠠᠵᠢᠯ ᠤᠨ ᠴᠢᠨᠠᠷ᠂ ᠲᠦᠢᠯ ᠤᠨ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃      ᠡᠮᠴᠢᠯᠡᠭᠡᠨ ᠤ ᠳᠠᠭᠠᠳᠬᠠᠯ ᠤᠨ ᠣᠶᠤᠨᠴᠢ ᠬᠢᠨᠠᠨ ᠡᠵᠡᠮᠳᠡᠬᠦ ᠳᠦᠷᠢᠮ ᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠲᠠᠪᠴᠠᠩ ᠢ ᠦᠨᠳᠦᠰᠦᠯᠡᠨ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠣᠨᠣᠰᠢᠯᠠᠨ ᠡᠮᠨᠡᠬᠦ ᠠᠵᠢᠯᠯᠠᠭ᠎ᠠ ᠶᠢ ᠬᠥᠲᠥᠯᠥᠨ ᠵᠢᠯᠣᠭᠤᠳᠴᠤ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ ᠬᠡᠷᠡᠭ ᠤᠨ ᠡᠮᠦᠨ᠎ᠡ᠂ ᠬᠡᠷᠡᠭ ᠤᠨ ᠳᠤᠮᠳᠠ ᠬᠢᠨᠠᠯᠲᠠ ᠬᠠᠮᠢᠶᠠᠷᠤᠯᠲᠠ ᠬᠢᠬᠦ ᠶᠢ ᠴᠢᠩᠭᠠᠷᠠᠭᠤᠯᠤᠨ᠎ᠠ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠣᠷᠣᠭᠤᠯᠵᠤ ᠪᠣᠷᠣᠯᠠᠭᠤᠯᠬᠤ ᠴᠠᠭ ᠲᠤᠬᠠᠶ ᠳᠤᠨᠢ ᠬᠠᠮᠢᠶᠠᠷᠬᠤ ᠶᠢ ᠥᠷᠨᠢᠭᠦᠯᠦᠨ᠎ᠡ᠃ ᠤᠨᠳᠤᠤ ᠭᠠᠵᠠᠷ ᠲᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠲᠡᠷᠡ ᠳᠠᠷᠤᠶ ᠳᠤᠨᠢ ᠲᠡᠰᠦᠯᠦᠨ ᠪᠤᠳᠤᠬᠤ ᠲᠤᠭ᠎ᠠ ᠪᠠᠷᠢᠮᠲᠠ ᠶᠢ ᠬᠢᠨᠠᠨ ᠡᠵᠡᠮᠳᠡᠬᠦ ᠬᠡᠪᠴᠢᠶᠡᠨ ᠳᠤ ᠣᠷᠣᠭᠤᠯᠬᠤ ᠶᠢ ᠠᠬᠢᠭᠤᠯᠤᠨ᠎ᠠ᠃      ᠡᠮᠴᠢᠯᠡᠭᠡᠨ ᠤ ᠳᠠᠭᠠᠳᠬᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠵᠢᠷᠤᠮᠵᠢᠭᠤᠯᠤᠨ᠎ᠠ᠃ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠪᠠᠶᠢᠭᠤᠯᠤᠨ᠎ᠠ᠃ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠶᠡᠭᠡ ᠡᠮᠴᠢ ︵ᠡᠮ ᠨᠠᠶᠢᠷᠠᠭᠴᠢ ︶ ᠪᠣᠯᠤᠨ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠢᠲᠡᠭᠡᠮᠵᠢ ᠶᠢ ᠦᠨᠡᠯᠡᠬᠦ ᠳᠦᠷᠢᠮ ᠢ ᠵᠢᠷᠤᠮᠵᠢᠭᠤᠯᠵᠤ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠳᠤ ᠰᠢᠨ᠎ᠡ ᠶᠢ ᠡᠭᠦᠳᠴᠦ᠂ ᠢᠲᠡᠭᠡᠮᠵᠢ ᠶᠢ ᠦᠨᠡᠯᠡᠬᠦ᠂ ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠭᠰᠡᠨ ᠦᠷ᠎ᠡ ᠳ᠋ᠦᠩ ᠬᠢᠭᠡᠳ ᠲᠥᠰᠦᠪ ᠤᠨ ᠬᠠᠮᠢᠶᠠᠷᠤᠯᠲᠠ᠂ ᠪᠠᠶᠢᠴᠠᠭᠠᠵᠤ ᠬᠠᠷᠭᠤᠭᠤᠯᠤᠨ ᠪᠤᠳᠤᠬᠤ᠂  ᠲᠣᠭᠲᠠᠭᠰᠠᠨ ᠬᠡᠯᠡᠯᠴᠡᠭᠡᠷ ᠢᠶᠠᠷ ᠬᠠᠮᠢᠶᠠᠷᠬᠤ ᠵᠢᠴᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠰᠢᠯᠵᠢᠭᠦᠯᠦᠨ ᠥᠭᠬᠦ ᠯᠦᠭᠡ ᠬᠤᠯᠪᠣᠭ᠎ᠠ ᠲᠠᠢ ᠪᠠᠶᠢᠯᠭᠠᠨ᠎ᠠ᠃ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠡᠲᠡᠭᠡᠳ ᠪᠠ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠬᠤᠶᠠᠷ ᠢ ᠲᠣᠭᠲᠠᠭᠠᠭᠰᠠᠨ ᠪᠠᠶᠢᠭᠤᠯᠤᠮᠵᠢ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ ᠬᠦᠢᠯᠬᠡᠬᠡᠨ ᠤ ᠠᠵᠤ ᠠᠬᠤᠶᠢᠯᠠᠯ ᠵᠡᠷᠭᠡ ᠶᠢᠨ ᠠᠵᠢᠯ ᠲᠥᠷᠥᠯ ᠤᠨ ᠵᠢᠷᠤᠮᠵᠢᠯ ᠪᠠ ᠥᠪᠡᠷ ᠢ ᠪᠠᠨ ᠱᠠᠭᠠᠷᠳᠠᠬᠤ ᠪᠠᠶᠢᠭᠤᠯᠤᠯᠲᠠ ᠥᠷᠨᠢᠭᠦᠯᠬᠦ ᠶᠢ ᠵᠣᠷᠢᠭᠵᠢᠭᠤᠯᠤᠨ᠎ᠠ᠃      ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠦᠢᠯᠡᠴᠢᠯᠡᠬᠡᠨ ᠤ ᠣᠨᠴᠠᠯᠢᠭ ᠲᠤ ᠵᠣᠬᠢᠴᠠᠭᠤᠯᠤᠨ᠂ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ ᠬᠠᠮᠵᠢᠯᠴᠠᠬᠤ᠂ ᠬᠠᠮᠵᠢᠯᠴᠠᠨ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠳᠦᠷᠢᠮ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠠᠤᠯᠢ ᠴᠠᠭᠠᠵᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠬᠤᠯᠪᠣᠭᠠᠯᠠᠨ ᠬᠠᠤᠯᠢ ᠬᠡᠷᠡᠭᠵᠢᠭᠦᠯᠬᠦ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠣᠯᠠᠨ ᠰᠠᠯᠠᠭ᠎ᠠ ᠮᠥᠴᠢᠷ ᠤᠨ ᠬᠠᠮᠲᠤᠪᠠᠷ ᠵᠠᠰᠠᠵᠤ ᠬᠠᠮᠲᠤᠪᠠᠷ ᠬᠠᠮᠢᠶᠠᠷᠬᠤ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃ ᠪᠠᠶᠢᠴᠠᠭᠠᠨ ᠳᠣᠲᠣᠯᠠᠭᠰᠠᠨ ᠳᠠᠭᠠᠳᠬᠠᠯ ᠢ ᠮᠡᠬᠡᠯᠡᠨ ᠠᠪᠤᠭᠰᠠᠨ ᠦᠢᠯᠡ ᠠᠵᠢᠯᠯᠠᠭ᠎ᠠ ᠶᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠶᠣᠰᠣᠭᠠᠷ ᠬᠤᠯᠪᠣᠭᠳᠠᠯ ᠪᠥᠬᠦᠶ ᠨᠢᠭᠡᠴᠡ ᠪᠠ ᠬᠤᠪᠢ ᠬᠥᠮᠦᠨ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠮᠡᠬᠡᠯᠡᠨ ᠬᠢᠬᠠᠬᠤ ᠳᠠᠭᠠᠳᠬᠠᠯ ᠮᠡᠬᠡᠯᠡᠬᠦ ᠡᠷᠡᠭᠦᠦ ᠰᠢᠳᠬᠡᠯ ᠢ ᠵᠣᠯᠭᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃      ᠨᠡᠶᠢᠭᠡᠮ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠭᠥᠯᠢᠶᠡᠨ ᠠᠪᠴᠤ ᠰᠢᠢᠳᠪᠦᠷᠢᠯᠡᠬᠦ᠂ ᠪᠠᠶᠢᠴᠠᠭᠠᠬᠤ ᠂ ᠬᠠᠷᠢᠭᠤ ᠲᠤᠰᠬᠠᠬᠤ ᠵᠡᠷᠭᠡ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠮᠡᠳᠡᠭᠡ ᠵᠠᠩᠭᠢ ᠨᠡᠶᠢᠲᠡᠯᠡᠬᠦ ᠳᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ᠂ ᠦᠯᠡᠳᠡᠪᠦᠷᠢ ᠵᠡᠷᠭᠡ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠨ᠂  ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠢ ᠬᠠᠤᠯᠢ ᠲᠣᠭᠲᠠᠭᠠᠯ ᠶᠣᠰᠣᠭᠠᠷ ᠡᠮ ᠡᠮᠨᠡᠯᠭᠡ ᠶᠢᠨ ᠵᠠᠷᠤᠳᠠᠯ ᠵᠢᠴᠢ ᠵᠠᠷᠤᠳᠠᠯ ᠤᠨ ᠪᠦᠲᠦᠴᠡ ᠪᠠᠨ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠢᠯᠡᠴᠢᠯᠡᠬᠦ ᠲᠠᠪᠴᠠᠩ ᠢ ᠪᠠᠶᠢᠭᠤᠯᠵᠤ᠂ ᠬᠦᠨᠳᠦ ᠶᠡᠭᠡ ᠨᠡᠶᠢᠲᠡᠯᠢᠭ ᠬᠡᠷᠡᠭ ᠢ ᠢᠯᠡ ᠪᠣᠯᠭᠠᠬᠤ ᠬᠡᠷᠡᠭᠲᠡᠶ᠃      ᠳᠥᠷᠪᠡᠳᠦᠭᠡᠷ ᠪᠦᠯᠦᠭ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠢᠭᠡᠳ ᠲᠤᠯᠭᠠᠭᠤᠷᠢᠯᠠᠬᠤ ᠰᠢᠰᠲ᠋ᠧᠮᠵᠢ ᠶᠢ ᠪᠠᠬᠢᠵᠢᠭᠦᠯᠦᠨ᠎ᠡ      ᠨᠢᠭᠡᠳᠦᠭᠡᠷ ᠬᠡᠰᠡᠭ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ      ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠪᠠ ᠨᠢᠭᠡᠴᠡ ᠳᠤ ᠨᠠᠩ ᠳᠥᠭᠦᠮ ᠳᠥᠲᠡ᠂ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ᠂ ᠨᠠᠷᠢᠯᠢᠭ ᠦᠢᠯᠡᠴᠢᠯᠡᠭᠡ ᠬᠠᠩᠭᠠᠨ᠎ᠠ᠃      ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ ᠃ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠬᠡᠨ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠭᠠᠷᠲᠠᠨ ᠬᠦᠢᠴᠡᠳᠭᠡᠬᠦ ᠲᠦᠷᠢᠮ ᠲᠣᠭᠲᠠᠭᠠᠯ᠂ ᠦᠢᠯᠡᠴᠢᠯᠡᠬᠡᠨ ᠤ ᠢᠯᠭᠠᠬᠤ ᠲᠡᠮᠳᠡᠭ᠂ ᠭᠠᠷᠲᠠᠨ ᠬᠦᠢᠴᠡᠳᠭᠡᠬᠦ ᠴᠣᠩᠬᠤᠪᠴᠢ ᠶᠢᠨ ᠲᠣᠬᠢᠷᠠᠭᠤᠯᠤᠯᠲᠠ᠂ ᠦᠢᠯᠡᠴᠢᠯᠡᠬᠡᠨ ᠤ ᠵᠦᠢᠯᠡᠰ ᠤᠨ ᠴᠤᠪᠤᠷᠠᠯ ᠪᠠ ᠴᠠᠭ ᠤᠨ ᠬᠢᠵᠠᠭᠠᠷ ᠢ ᠨᠢᠭᠡᠳᠦᠯᠲᠡᠶ ᠪᠣᠯᠭᠠᠨ᠂ ᠪᠠᠷᠢᠮᠵᠢᠶᠠᠵᠢᠭᠤᠯᠬᠤ ᠴᠣᠩᠬᠤᠪᠴᠢ ᠪᠠ ᠵᠢᠱᠢᠶ᠎ᠡ ᠦᠵᠡᠭᠦᠯᠬᠦ ᠴᠡᠭ ᠤᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ︽ᠨᠢᠭᠡ ᠥᠷᠲᠡᠭᠡ ᠮᠠᠶ᠋ᠢᠭ ᠤᠨ ᠦᠢᠯᠡᠴᠢᠯᠡᠬᠡᠨ᠂ ᠨᠢᠭᠡ ᠴᠣᠩᠬᠤᠪᠴᠢ ᠮᠠᠶ᠋ᠢᠭ ᠤᠨ ᠬᠦᠢᠴᠡᠳᠭᠡᠯ᠂ ᠨᠢᠭᠡ ᠬᠠᠭᠤᠳᠠᠰᠤ ᠪᠠᠷ ᠲᠡᠰᠦᠯᠦᠨ ᠪᠤᠳᠤᠬᠤ︾ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠰᠦᠯᠵᠢᠶᠡᠨ ᠳᠡᠭᠡᠷ᠎ᠡ ᠬᠦᠢᠴᠡᠳᠭᠡᠬᠦ ᠶᠢ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠬᠡᠯᠪᠡᠷᠢ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠬᠡᠨ ᠤ ᠲᠠᠪᠴᠠᠩ ᠢ ᠪᠠᠶᠢᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠤᠲᠠᠰᠤ ᠯᠤᠭ᠎ᠠ ᠬᠠᠷᠢᠯᠴᠠᠨ ᠵᠣᠯᠭᠠᠯᠳᠤᠭᠰᠠᠨ ᠡᠮᠴᠢᠯᠡᠭᠡᠨ ᠤ ᠪᠠᠲᠤᠯᠠᠭ᠎ᠠ ᠶᠢᠨ ᠤᠲᠠᠰᠤ ᠶᠢᠨ ᠦᠢᠯᠡᠴᠢᠯᠡᠭᠡ ᠬᠠᠩᠭᠠᠨ᠎ᠠ᠃      ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠨᠡᠯᠡᠬᠦ ᠪᠠᠷᠢᠮᠵᠢᠶ᠎ᠠ ᠶᠢᠨ ᠰᠢᠰᠲ᠋ᠧᠮᠵᠢ ᠪᠠ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠬᠠᠷᠭᠤᠭᠤᠯᠤᠨ ᠪᠤᠳᠤᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠥᠪᠯᠡᠯᠴᠡᠭᠡᠷ ᠤᠨ ᠬᠠᠮᠢᠶᠠᠷᠤᠯᠲᠠ᠂ ᠵᠠᠷᠤᠳᠠᠯ ᠢ ᠬᠢᠨᠠᠨ ᠡᠵᠡᠮᠳᠡᠬᠦ᠂ ᠪᠠᠶᠢᠴᠠᠭᠠᠵᠤ ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠭᠠᠷᠲᠠᠨ ᠬᠦᠢᠴᠡᠳᠭᠡᠬᠦ ᠭᠤᠭᠴᠤᠭ᠎ᠠ ᠶᠢᠨ ᠲᠦᠭᠰᠢᠭᠦᠷᠢ ᠶᠢᠨ ᠴᠡᠭ ᠢ ᠡᠮᠬᠢᠯᠡᠨ ᠳᠢᠭᠯᠡᠵᠦ᠂ ᠪᠥᠬᠦ ᠶᠠᠪᠤᠴᠠ ᠶᠢᠨ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠨ᠂ ᠳᠣᠲᠣᠭᠠᠳᠤ ᠬᠢᠨᠠᠯᠲᠠ ᠶᠢᠨ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ ᠶᠠᠪᠤᠴᠠ ᠳᠠᠬᠢ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠪᠦᠲᠦᠮᠵᠢᠲᠡᠶ ᠰᠡᠷᠭᠡᠶᠢᠯᠡᠨ᠎ᠡ᠃       ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠰᠢᠯᠢᠳᠡᠭᠵᠢᠭᠦᠯᠦᠨ᠎ᠡ᠃ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠶᠢ ᠪᠥᠬᠦ ᠲᠠᠯ᠎ᠠ ᠪᠠᠷ ᠥᠷᠨᠢᠭᠦᠯᠦᠨ᠂ ᠲᠡᠰᠦᠯᠦᠨ ᠪᠤᠳᠤᠬᠤ ᠲᠦᠷᠢᠮ ᠢ ᠵᠢᠷᠤᠮᠵᠢᠭᠤᠯᠤᠨ ᠰᠢᠯᠢᠳᠡᠭᠵᠢᠭᠦᠯᠵᠦ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠤᠨᠳᠤᠤ ᠭᠠᠵᠠᠷ ᠡᠪᠡᠳᠴᠢᠨ ᠦᠵᠡᠭᠦᠯᠬᠦ ᠵᠠᠷᠤᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠤᠨᠳᠤᠤ ᠭᠠᠵᠠᠷ ᠡᠪᠡᠳᠴᠢᠨ ᠦᠵᠡᠭᠦᠯᠬᠦ ᠳᠤ ᠰᠦᠯᠵᠢᠶ᠎ᠡ ᠪᠠᠷ ᠳ᠋ᠦᠩᠨᠡᠨ ᠪᠤᠳᠤᠬᠤ ᠬᠠᠮᠢᠶᠠᠷᠤᠯᠲᠠ ᠶᠢ ᠡᠪᠡᠳᠴᠢᠨ ᠦᠵᠡᠭᠦᠯᠬᠦ ᠭᠠᠵᠠᠷ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠳᠡᠯᠴᠡᠨ ᠬᠠᠮᠢᠶᠠᠷᠬᠤ ᠠᠭᠤᠯᠭ᠎ᠠ ᠳᠤ ᠣᠷᠣᠭᠤᠯᠬᠤ ᠶᠢ ᠰᠦᠪᠡᠭᠴᠢᠯᠡᠨ᠎ᠡ᠃      ᠭᠠᠷᠲᠠᠨ ᠬᠢᠵᠦ ᠵᠠᠰᠠᠬᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠰᠦᠪᠡᠭᠴᠢᠯᠡᠨ᠎ᠡ᠃ ᠡᠮᠴᠢᠯᠡᠭᠡᠨ ᠤ ᠪᠠᠲᠤᠯᠠᠭ᠎ᠠ ᠶᠢᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠡᠮᠴᠢᠯᠡᠭᠡᠨ ᠤ ᠳᠠᠭᠠᠳᠬᠠᠯ ᠤᠨ ᠵᠠᠰᠠᠯᠲᠠ ᠶᠢᠨ ᠪᠠᠶᠢᠷᠢᠰᠢᠯ ᠢ ᠪᠦᠷᠢᠨᠰᠢᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠠᠶᠢᠭᠤᠯᠤᠯᠲᠠ ᠶᠢ ᠰᠦᠪᠡᠭᠴᠢᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠬᠠᠮᠢᠶᠠᠷᠤᠯᠲᠠ ᠶᠢᠨ ᠦᠢᠯᠡᠴᠢᠯᠡᠭᠡ ᠶᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠯᠤᠭ᠎ᠠ ᠵᠣᠯᠭᠠᠭᠤᠯᠬᠤ ᠶᠢ ᠠᠬᠢᠭᠤᠯᠤᠨ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠦᠢᠯᠡᠳᠦᠯ ᠢ ᠪᠠᠳᠠᠷᠠᠭᠤᠯᠵᠤ᠂ ᠬᠤᠳᠠᠯᠳᠤᠭᠠᠨ ᠤ ᠳᠠᠭᠠᠳᠬᠠᠯ ᠵᠡᠷᠭᠡ ᠨᠡᠶᠢᠭᠡᠮ ᠤᠨ ᠬᠦᠴᠦᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠬᠠᠮᠢᠶᠠᠷᠤᠯᠲᠠ ᠶᠢᠨ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃      ᠬᠤᠶᠠᠳᠤᠭᠠᠷ ᠬᠡᠰᠡᠭ ᠡᠮᠴᠢᠯᠡᠭᠡᠨ ᠤ ᠪᠠᠲᠤᠯᠠᠭ᠎ᠠ ᠶᠢᠨ ᠲᠤᠯᠭᠠᠭᠤᠷᠢᠯᠠᠬᠤ ᠰᠢᠰᠲ᠋ᠧᠮ ᠢ ᠴᠢᠩᠭᠠᠳᠬᠠᠨ᠎ᠠ      ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠠᠯᠠᠱᠠ ᠠᠶᠢᠮᠠᠭ ᠲᠤ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠶᠢ ᠪᠡᠶᠡᠯᠡᠭᠦᠯᠵᠦ᠂ ᠲᠣᠭᠠᠴᠢᠯᠠᠭᠰᠠᠨ ᠮᠡᠷᠭᠡᠵᠢᠯ ᠪᠠ ᠢᠨᠲ᠋ᠧᠷ ᠰᠦᠯᠵᠢᠶᠡᠨ ᠤ ᠰᠡᠳᠬᠢᠬᠦᠶ ᠶᠢ ᠢᠳᠡᠪᠬᠢᠲᠡᠶ ᠪᠠᠷ ᠬᠡᠷᠡᠭᠯᠡᠨ ᠦᠢᠯᠡᠴᠢᠯᠡᠭᠡ ᠶᠢ ᠰᠠᠶᠢᠵᠢᠷᠠᠭᠤᠯᠤᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠡᠮᠴᠢᠯᠡᠭᠡᠨ ᠤ ᠪᠠᠲᠤᠯᠠᠭ᠎ᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠪᠦᠷᠢᠨᠰᠢᠬᠦᠯᠵᠦ᠂ ᠺᠠᠳ᠋ᠷ ᠤᠨ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠪᠠᠲᠤ ᠪᠠᠬᠢ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠤᠨ᠎ᠠ᠃      ᠡᠮᠴᠢᠯᠡᠭᠡᠨ ᠤ ᠪᠠᠲᠤᠯᠠᠭ᠎ᠠ ᠶᠢᠨ ᠬᠠᠤᠯᠢᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ︾ ᠶᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ᠂ ᠡᠮ ᠤᠨ ᠵᠦᠢᠯ ᠤᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ ᠪᠠ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ᠵᠡᠷᠭᠡ ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠬᠢᠨᠠᠵᠤ ᠬᠠᠮᠢᠶᠠᠷᠬᠤ ᠶᠢ ᠴᠢᠩᠭᠠᠳᠬᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ ᠰᠢᠢᠳᠪᠦᠷᠢᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠣᠯᠠᠨ ᠵᠦᠢᠯ ᠤᠨ ᠬᠡᠯᠪᠡᠷᠢ ᠮᠠᠶ᠋ᠢᠭ ᠪᠦᠬᠦᠢ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠡᠯ᠎ᠡ ᠵᠦᠢᠯ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ᠃       ᠣᠶᠤᠨᠴᠢ ᠡᠮᠴᠢᠯᠡᠭᠡᠨ ᠤ ᠪᠠᠲᠤᠯᠠᠭ᠎ᠠ ᠶᠢᠨ ᠬᠥᠭᠵᠢᠯᠲᠡ ᠶᠢ ᠠᠬᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ︽ᠨᠢᠭᠡᠳᠦᠯᠲᠡᠶ᠂ ᠥᠨᠳᠥᠷ ᠦᠷ᠎ᠡ ᠪᠦᠲᠦᠮᠵᠢᠲᠡᠶ᠂ ᠪᠠᠭᠲᠠᠭᠠᠮᠵᠢᠲᠠᠶ᠂ ᠳᠥᠭᠦᠮ ᠳᠥᠲᠡ᠂ ᠠᠮᠤᠷ ᠲᠦᠪᠰᠢᠨ︾ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠪᠦᠬᠦ ᠲᠠᠯ᠎ᠠ ᠪᠠᠷ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠤᠭ᠎ᠠ ᠪᠠᠷᠢᠮᠲᠠ ᠶᠢ ᠶᠡᠬᠡᠪᠡᠷ ᠲᠥᠪᠯᠡᠷᠡᠭᠦᠯᠬᠦ᠂ ᠲᠤᠬᠠᠶᠢᠯᠠᠭᠰᠠᠨ ᠠᠵᠢᠯ ᠢ ᠶᠡᠬᠡᠪᠡᠷ ᠨᠡᠪᠲᠡᠷᠡᠭᠦᠯᠬᠦ ᠶᠢ ᠪᠡᠶᠡᠯᠡᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠬᠠᠮᠲᠤᠪᠠᠷ ᠬᠦᠷᠲᠡᠬᠦ ᠶᠢ ᠴᠢᠩᠭᠠᠳᠬᠠᠨ᠎ᠠ᠃ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠨᠡᠶᠢᠳᠡᠮ ᠬᠡᠷᠡᠭᠯᠡᠬᠦ ᠶᠢ ᠠᠬᠢᠭᠤᠯᠵᠤ᠂ ᠳᠠᠭᠠᠳᠬᠠᠯ ᠳᠤ ᠣᠷᠣᠵᠤ ᠳᠡᠩᠰᠡᠯᠡᠨ ᠲᠡᠮᠳᠡᠭᠯᠡᠬᠦ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠂ ᠵᠠᠷᠤᠳᠠᠯ ᠢ ᠳ᠋ᠦᠩᠨᠡᠨ ᠪᠤᠳᠤᠬᠤ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠭᠠᠷᠲᠠᠨ ᠬᠦᠢᠴᠡᠳᠭᠡᠬᠦ ᠬᠠᠮᠢᠶᠠᠷᠤᠯᠲᠠ ᠵᠡᠷᠭᠡ ᠣᠯᠠᠨ ᠨᠡᠶᠢᠲᠡ ᠶᠢᠨ ᠦᠢᠯᠡᠴᠢᠯᠡᠬᠡᠨ ᠤ ᠲᠠᠯ᠎ᠠ ᠪᠠᠷ ᠨᠠᠩ ᠶᠡᠭᠡ ᠦᠢᠯᠡᠳᠦᠯ ᠢ ᠪᠠᠳᠠᠷᠠᠭᠤᠯᠤᠨ᠂ ᠠᠷᠠᠳ ᠣᠯᠠᠨ ᠳᠤ ᠨᠠᠩ ᠢᠯᠡ ᠲᠣᠳᠣ᠂ ᠨᠠᠩ ᠳᠥᠭᠦᠮ ᠳᠥᠲᠡ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠦᠷᠲᠡᠭᠡᠨ᠎ᠡ᠃ ᠡᠮᠴᠢᠯᠡᠭᠡᠨ ᠤ ᠪᠠᠲᠤᠯᠠᠭ᠎ᠠ ᠶᠢᠨ ᠢᠨᠲ᠋ᠧᠷ ᠰᠦᠯᠵᠢᠶᠡᠨ ᠤ ᠦᠢᠯᠡᠴᠢᠯᠡᠬᠡᠨ ᠤ ᠲᠠᠪᠴᠠᠩ ᠢ ᠪᠠᠶᠢᠭᠤᠯᠵᠤ᠂ ᠪᠥᠬᠦ ᠠᠷᠭ᠎ᠠ ᠵᠠᠮ᠂ ᠪᠥᠬᠦ ᠲᠤᠬᠠᠶᠢᠯᠠᠭᠰᠠᠨ ᠠᠵᠢᠯ ᠤᠨ ᠤᠶᠤᠨᠴᠢᠯᠠᠭᠰᠠᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠦᠢᠯᠡᠴᠢᠯᠡᠬᠡᠨ ᠤ ᠰᠢᠰᠲ᠋ᠧᠮᠵᠢ ᠶᠢ ᠪᠦᠷᠢᠯᠳᠦᠭᠦᠯᠦᠨ᠎ᠡ᠃ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠮᠡᠳᠡᠭᠡ ᠵᠠᠩᠭᠢ ᠪᠣᠯᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠵᠤ᠂ ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠦᠨ ᠤ ᠨᠢᠭᠤᠴᠠ ᠶᠢ ᠵᠠᠳᠠᠷᠠᠭᠤᠯᠬᠤ ᠶᠢ ᠰᠡᠷᠭᠡᠶᠢᠯᠡᠬᠦ ᠬᠡᠷᠡᠭᠲᠡᠶ᠃       ᠡᠮᠴᠢᠯᠡᠭᠡᠨ ᠤ ᠪᠠᠲᠤᠯᠠᠭ᠎ᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠪᠦᠷᠢᠨᠰᠢᠬᠦᠯᠵᠦ᠂ ᠪᠠᠷᠢᠮᠵᠢᠶ᠎ᠠ ᠶᠢᠨ ᠠᠵᠢᠯ ᠡᠷᠭᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠪᠠ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠠᠬᠢᠭᠤᠯᠬᠤ ᠵᠡᠷᠭᠡ ᠲᠠᠯ᠎ᠠ ᠪᠠᠷ ᠨᠠᠩ ᠰᠠᠶᠢᠨ ᠦᠢᠯᠡᠳᠦᠯ ᠦᠵᠡᠭᠦᠯᠬᠦ ᠶᠢ ᠠᠬᠢᠭᠤᠯᠤᠨ᠎ᠠ᠃ ᠪᠠᠷᠢᠮᠵᠢᠶ᠎ᠠ ᠶᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠪᠠᠷᠢᠮᠵᠢᠶ᠎ᠠ ᠲᠣᠭᠲᠠᠭᠠᠬᠤ᠂ ᠲᠤᠤᠱᠯᠠᠭᠤᠯᠤᠨ ᠬᠡᠷᠡᠭᠵᠢᠭᠦᠯᠬᠦ᠂ ᠬᠢᠨᠠᠯᠲᠠ ᠳᠡᠯᠪᠢᠨ ᠦᠨᠡᠯᠡᠨ ᠵᠢᠱᠢᠬᠦ᠂ ᠵᠠᠰᠠᠪᠤᠷᠢ ᠣᠷᠣᠭᠤᠯᠬᠤ ᠶᠢᠨ ᠰᠠᠶᠢᠨ ᠣᠷᠴᠢᠯ ᠢ ᠲᠡᠭᠦᠯᠳᠡᠷᠵᠢᠭᠦᠯᠵᠦ᠂ ᠬᠤᠶᠠᠷ ᠢ ᠲᠣᠭᠲᠠᠭᠠᠭᠰᠠᠨ ᠪᠠᠶᠢᠭᠤᠯᠤᠮᠵᠢ ᠳᠤ ᠲᠣᠳᠣᠷᠬᠠᠶ ᠦᠢᠯᠡᠴᠢᠯᠡᠬᠡᠨ ᠤ ᠪᠠᠷᠢᠮᠵᠢᠶ᠎ᠠ ᠶᠢ ᠬᠠᠩᠭᠠᠨ᠎ᠠ᠃       ᠡᠮᠴᠢᠯᠡᠭᠡᠨ ᠤ ᠪᠠᠲᠤᠯᠠᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠲᠦᠷᠦ ᠶᠢᠨ ᠪᠠᠷᠢᠮᠵᠢᠶ᠎ᠠ ᠪᠠ ᠤᠯᠤᠰ ᠲᠦᠷᠦ ᠶᠢᠨ ᠱᠠᠭᠠᠷᠳᠠᠯᠭ᠎ᠠ ᠶᠢ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠪᠦᠬᠦ ᠶᠠᠪᠤᠴᠠ ᠡᠯ᠎ᠡ ᠲᠠᠯ᠎ᠠ ᠳᠤ ᠳᠣᠣᠱᠯᠠᠭᠤᠯᠵᠦ᠂ ᠵᠣᠬᠢᠶᠠᠨ ᠪᠠᠶᠢᠭᠤᠯᠤᠯᠲᠠ ᠶᠢᠨ ᠪᠣᠭᠤᠮᠲᠠ ᠶᠢ ᠰᠠᠬᠢᠬᠤ ᠶᠢ ᠴᠢᠩᠭᠠᠳᠬᠠᠨ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠯᠡ ᠲᠣᠳᠣ ᠤᠳᠤᠷᠢᠳᠤᠮᠵᠢ ᠶᠢ ᠪᠤᠢ ᠪᠣᠯᠭᠠᠨ᠂ ᠡᠷᠳᠡᠮᠲᠡᠨ ᠴᠢᠳᠠᠪᠤᠷᠢᠲᠠᠨ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠨ᠎ᠡ᠃ ᠡᠮᠴᠢᠯᠡᠭᠡᠨ ᠤ ᠪᠠᠲᠤᠯᠠᠭ᠎ᠠ ᠶᠢᠨ ᠺᠠᠳ᠋ᠷ ᠤᠨ ᠡᠩᠨᠡᠭᠡ ᠶᠢᠨ ᠥᠨᠳᠥᠷ ᠬᠡᠪ ᠴᠢᠨᠠᠷ ᠪᠦᠬᠦᠢ ᠲᠤᠰᠬᠠᠶᠢᠵᠢᠬᠤ ᠱᠠᠭᠠᠷᠳᠠᠯᠭ᠎ᠠ ᠶᠢ ᠪᠣᠳᠣᠯᠬᠢᠯᠠᠨ᠂ ᠣᠷᠣᠨ ᠲᠤᠭ᠎ᠠ ᠪᠠ ᠠᠵᠢᠯᠲᠠᠨ ᠤ ᠪᠠᠶᠢᠳᠠᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡᠲᠦ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠴᠢᠳᠠᠪᠤᠷᠢᠲᠠᠨ ᠢ ᠯᠠᠪᠳᠠᠭᠤᠨ ᠪᠥᠭᠡᠳ ᠡᠮᠬᠢ ᠵᠢᠷᠤᠮ ᠲᠠᠢ ᠣᠷᠣᠭᠤᠯᠤᠨ ᠠᠪᠴᠢᠷᠠᠨ᠎ᠠ᠃ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠴᠢᠩᠳᠠᠯᠠᠵᠤ᠂ ᠪᠥᠬᠦ ᠲᠠᠯ᠎ᠠ ᠶᠢᠨ ᠬᠥᠮᠦᠵᠢᠯ ᠬᠠᠮᠢᠶᠠᠷᠤᠯᠲᠠ ᠶᠢ ᠴᠢᠩᠭᠠᠷᠠᠭᠤᠯᠤᠨ᠂ ᠰᠢᠯᠭᠠᠨ ᠬᠢᠨᠠᠵᠤ ᠤᠷᠮᠠᠰᠢᠭᠤᠯᠬᠤ ᠶᠢ ᠴᠢᠩᠭᠠᠳᠬᠠᠵᠤ᠂ ᠡᠩᠨᠡᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃       ᠲᠠᠪᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ ᠬᠢᠭᠡᠳ ᠲᠥᠯᠥᠪᠵᠢᠭᠦᠯᠭᠡ ᠶᠢ ᠬᠡᠷᠡᠭᠵᠢᠭᠦᠯᠬᠦ       ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ ᠤ ᠬᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠳᠤᠷᠢᠳᠤᠯᠭ᠎ᠠ ᠳᠣᠣᠷ᠎ᠠ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠰ ᠲᠥᠯᠥᠪᠵᠢᠭᠦᠯᠭᠡ ᠶᠢᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ᠃       ᠨᠢᠭᠡᠳᠦᠭᠡᠷ ᠬᠡᠰᠡᠭ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ       ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠵᠦ᠂ ᠵᠣᠬᠢᠶᠠᠨ ᠪᠠᠶᠢᠭᠤᠯᠤᠨ ᠤᠳᠤᠷᠢᠳᠬᠤ ᠲᠣᠭᠲᠠᠴᠠ ᠶᠢ ᠲᠡᠭᠦᠯᠳᠡᠷᠵᠢᠭᠦᠯᠦᠨ᠂ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠤᠷᠸ᠎ᠠ ᠵᠢᠯᠣᠭᠤᠳᠣᠯᠭ᠎ᠠ ᠪᠠ ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠬᠦᠢᠴᠡᠳᠬᠡᠯ ᠲᠤᠭ᠎ᠠ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠣᠨ ᠤ ᠭᠤᠤᠯᠳᠠᠯᠭ᠎ᠠ ᠲᠠᠢ ᠠᠵᠢᠯ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠳᠤ ᠣᠷᠣᠭᠤᠯᠬᠤ ᠬᠡᠷᠡᠭᠲᠡᠶ᠃      ᠬᠤᠶᠠᠳᠤᠭᠠᠷ ᠬᠡᠰᠡᠭ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ      ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠥᠯᠥᠪᠵᠢᠭᠦᠯᠭᠡ ᠳᠤ ᠲᠣᠭᠲᠠᠭᠠᠭᠰᠠᠨ ᠡᠭᠦᠷᠭᠡ ᠪᠠ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢᠨ ᠭᠤᠤᠯ ᠴᠣᠭᠴᠠ᠂ ᠬᠡᠷᠡᠭᠵᠢᠭᠦᠯᠬᠦ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠳᠣᠷᠬᠠᠶᠢᠯᠠᠬᠤ ᠬᠡᠷᠡᠭᠲᠡᠶ᠃ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠶᠢ ᠴᠢᠩᠭᠠᠳᠬᠠᠨ᠂ ᠵᠣᠬᠢᠴᠠᠭᠤᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠳᠣᠣᠷᠠᠳᠤ ᠪᠠᠶᠢᠷᠢ ᠶᠢᠨ ᠲᠥᠯᠥᠪᠵᠢᠭᠦᠯᠭᠡ ᠨᠢ ᠳᠡᠭᠡᠳᠦ ᠪᠠᠶᠢᠷᠢ ᠶᠢᠨ ᠲᠥᠯᠥᠪᠵᠢᠭᠦᠯᠭᠡ ᠶᠢ ᠳᠠᠭᠠᠬᠤ᠂ ᠳᠣᠣᠷᠠᠳᠤ ᠱᠠᠲᠤᠨ ᠤ ᠲᠥᠯᠥᠪᠵᠢᠭᠦᠯᠭᠡ ᠨᠢ ᠳᠡᠭᠡᠳᠦ ᠱᠠᠲᠤᠨ ᠤ ᠲᠥᠯᠥᠪᠵᠢᠭᠦᠯᠭᠡ ᠳᠤ ᠦᠢᠯᠡᠴᠢᠯᠡᠬᠦ᠂ ᠲᠡᠩᠴᠡᠭᠦᠦ ᠪᠠᠶᠢᠷᠢ ᠶᠢᠨ ᠲᠥᠯᠥᠪᠵᠢᠭᠦᠯᠭᠡ ᠶᠢ ᠬᠠᠷᠢᠯᠴᠠᠨ ᠵᠣᠬᠢᠴᠠᠭᠤᠯᠬᠤ ᠵᠠᠷᠴᠢᠮ ᠢ ᠵᠢᠷᠤᠮᠯᠠᠨ᠂ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠴᠢᠬᠤᠯᠠ ᠶᠡᠭᠡ ᠠᠰᠠᠭᠤᠳᠠᠯ ᠢ ᠰᠤᠳᠤᠯᠤᠨ  ᠰᠢᠢᠳᠪᠦᠷᠢᠯᠡᠵᠦ᠂ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃       ᠭᠤᠷᠪᠠᠳᠤᠭᠠᠷ ᠬᠡᠰᠡᠭ ᠦᠨᠡᠯᠡᠨ ᠵᠢᠱᠢᠵᠦ ᠬᠢᠨᠠᠨ ᠰᠢᠯᠭᠠᠬᠤ ᠶᠢ ᠴᠢᠩᠭᠠᠳᠬᠠᠨ᠎ᠠ       ᠡᠯ᠎ᠡ ᠱᠠᠲᠤᠨ ᠤ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠲᠣᠭᠲᠠᠴᠠ ᠶᠢ ᠪᠥᠷᠢᠨᠰᠢᠬᠦᠯᠵᠤ᠂ ᠰᠠᠯᠠᠭ᠎ᠠ ᠮᠥᠴᠢᠷ ᠥᠪᠡᠷ ᠢ ᠪᠠᠨ ᠦᠨᠡᠯᠡᠬᠦ ᠪᠠ ᠨᠡᠶᠢᠭᠡᠮ ᠤᠨ ᠭᠤᠷᠪᠠᠳᠠᠭᠴᠢ ᠡᠲᠡᠭᠡᠳ ᠦᠨᠡᠯᠡᠨ ᠵᠢᠱᠢᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠣᠨ ᠤ ᠬᠢᠨᠠᠨ ᠬᠡᠮᠵᠢᠬᠦ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ ᠪᠠ ᠡᠴᠦᠰ ᠤᠨ ᠬᠤᠭᠤᠴᠠᠭᠠᠨ ᠤ  ᠳ᠋ᠦᠩᠨᠡᠯᠳᠡ ᠬᠢᠬᠦ ᠠᠵᠢᠯ ᠢ ᠥᠷᠨᠢᠭᠦᠯᠦᠨ᠂ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠦᠨᠳᠦᠰᠦᠯᠡᠨ᠂ ᠲᠥᠯᠥᠪᠵᠢᠭᠦᠯᠭᠡ ᠳᠤ ᠲᠤᠬᠢᠷᠠᠭᠤᠯᠤᠯᠳᠠ ᠬᠢᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠲᠥᠯᠥᠪᠵᠢᠭᠦᠯᠭᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃      ᠳᠥᠷᠪᠡᠳᠦᠭᠡᠷ ᠬᠡᠰᠡᠭ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠨ᠎ᠠ      ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠵᠥᠪ ᠣᠨᠣᠪᠴᠢᠲᠠᠶ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠶ᠃ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠨᠡᠶᠢᠭᠡᠮ ᠤᠨ ᠵᠢᠱᠢᠯᠲᠡ ᠶᠢ ᠵᠥᠪ ᠢᠶᠠᠷ ᠬᠥᠲᠥᠯᠥᠨ ᠵᠢᠯᠣᠭᠤᠳᠴᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠰᠢᠭᠲᠠᠶ ᠶᠠᠷᠢᠶ᠎ᠠ ᠬᠡᠯᠡᠯᠴᠡᠭᠡᠨ ᠤ ᠣᠷᠴᠢᠨ ᠠᠬᠤᠶ ᠶᠢ ᠪᠤᠶ ᠪᠣᠯᠭᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠵᠠᠰᠠᠭ ᠤᠨ ᠣᠷᠳᠣᠨ ᠤ ᠰᠢᠮᠳᠠᠭᠤᠯᠣᠨ ᠪᠠᠶᠢᠴᠠᠭᠠᠯᠲᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠯᠲᠠ ᠶᠢ ᠲᠥᠯᠥᠪᠵᠢᠭᠦᠯᠦᠨ ᠬᠡᠷᠡᠭᠵᠢᠭᠦᠯᠬᠦ ᠪᠦᠬᠦ ᠶᠠᠪᠤᠴᠠ ᠳᠤ ᠳᠣᠣᠱᠯᠠᠭᠤᠯᠬᠤ ᠬᠡᠷᠡᠭᠳᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号