ᠠᠮᠢᠲᠠᠨ ᠤ ᠬᠢᠵᠢᠭ ᠢ ᠰᠡᠷᠭᠡᠶᠢᠯᠡᠬᠦ ᠠᠵᠢᠯᠯᠠᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠵᠦ᠂ ᠬᠢᠵᠠᠭᠠᠷᠯᠠᠵᠤ᠂ ᠠᠷᠢᠯᠭᠠᠵᠦ᠂ | ᠤᠰᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠬᠥᠮᠦᠨ ᠤ ᠪᠡᠶ᠎ᠡ ᠶᠢᠨ ᠡᠷᠡᠭᠦᠯ | ᠮᠡᠨᠳᠦ ᠶᠢ ᠪᠠᠲᠤᠯᠠᠬᠤ ᠶᠢᠨ ᠲᠥᠯᠥᠭᠡ᠂ ᠮᠠᠨ ᠤ ᠠᠶᠢᠮᠠᠭ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠰᠢᠯᠤᠭᠤᠳᠬᠠᠵᠤ᠂ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ | ᠪᠠᠲᠤᠯᠠᠬᠤ ᠶᠢᠨ ᠲᠥᠯᠥᠭᠡ᠂ ᠲᠣᠰ ᠰᠠᠨᠠᠯ ᠢ ᠣᠨᠴᠣᠭᠤᠶᠢᠯᠠᠨ ᠲᠣᠭᠲᠠᠭᠠᠪᠠ᠃ | ᠨᠢᠭᠡ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ | ᠪᠥᠬᠦ ᠠᠶᠢᠮᠠᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠨᠢ ᠬᠢᠵᠢᠭ ᠢ | ᠰᠡᠷᠭᠡᠶᠢᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠳᠤ ᠰᠠᠭᠤᠷᠢᠯᠠᠵᠤ᠂ ︽ᠭᠤᠷᠪᠠᠨ ᠲᠠᠯ᠎ᠠ︾ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠴᠢᠩᠭᠠᠳᠬᠠᠵᠤ᠂ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ | ︵ᠨᠢᠭᠡ︶ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ | ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠬᠠᠷᠢᠶ᠎ᠠ ᠣᠷᠣᠨ ᠤ ᠪᠠᠨ | ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠨᠢᠭᠡᠳᠦᠯᠲᠡᠶ ᠤᠳᠤᠷᠢᠳᠴᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ | ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠳᠦᠰᠦᠨ | ᠱᠠᠲᠤᠨ ᠤ ᠪᠠᠶᠢᠭᠤᠯᠤᠮᠵᠢ ᠶᠢᠨ ᠡᠩᠨᠡᠭᠡ ᠶᠢ ᠲᠣᠭᠲᠠᠪᠤᠷᠢᠵᠢᠭᠤᠯᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠡᠩᠨᠡᠭᠡᠨ ᠤ | ᠪᠠᠶᠢᠭᠤᠯᠤᠯᠲᠠ ᠪᠠᠨ ᠴᠢᠩᠭᠠᠳᠬᠠᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠬᠤᠶᠠᠷ︶ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶ | ᠬᠦᠢᠴᠡᠳᠭᠡᠨ᠎ᠡ᠃ ᠨᠢᠭᠡ ᠳᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠠᠮᠢᠲᠠᠨ | ᠲᠡᠵᠢᠭᠡᠬᠦ᠂ ᠨᠢᠲᠤᠯᠬᠤ᠂ ᠡᠵᠡᠩᠨᠡᠬᠦ᠂ ᠲᠤᠰᠠᠭᠠᠷᠯᠠᠬᠤ᠂ ᠲᠡᠭᠡᠭᠡᠪᠦᠷᠢᠯᠡᠬᠦ ᠵᠢᠴᠢ ᠠᠮᠢᠲᠠᠨ ᠤ ᠠᠰᠢᠭ ᠰᠢᠮ᠎ᠡ | ᠦᠢᠯᠡᠳᠪᠦᠷᠢᠯᠡᠬᠦ᠂ ᠡᠵᠡᠩᠨᠡᠬᠦ᠂ ᠪᠣᠯᠪᠠᠰᠣᠷᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠡᠷᠭᠡ ᠠᠵᠢᠯᠯᠠᠭ᠎ᠠ ᠳᠠᠬᠢ | ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠬᠤ ᠬᠡᠷᠡᠭᠲᠡᠶ᠃ | ᠬᠤᠶᠠᠷ ᠲᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠤᠮᠵᠢ ᠨᠤᠭᠤᠳ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠵᠢᠴᠢ ᠵᠠᠰᠠᠭ ᠵᠠᠬᠢᠷᠭᠠᠨ ᠤ | ᠰᠢᠳᠬᠡᠯ ᠲᠣᠷᠭᠠᠭᠤᠯᠢ ᠲᠠᠢ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ ᠠᠴᠠ | ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠭᠤᠷᠪᠠ ᠳᠤ ᠡᠯ᠎ᠡ ᠱᠠᠲᠤᠨ ᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠵᠢᠴᠢ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ | ᠪᠣᠯᠤᠨ ᠮᠡᠷᠭᠡᠵᠢᠯ ᠳᠡᠯᠭᠡᠷᠡᠭᠦᠯᠬᠦ ᠲᠥᠪ ᠨᠢ ᠠᠮᠢᠲᠠᠨ ᠤ ᠬᠢᠵᠢᠭ ᠡᠪᠡᠳᠴᠢᠨ ᠢ ᠠᠷᠢᠯᠭᠠᠬᠤ᠂ ᠤᠰᠠᠳᠬᠠᠬᠤ ᠪᠠ | ᠠᠮᠢᠲᠠᠨ᠂ ᠠᠮᠢᠲᠠᠨ ᠤ ᠠᠰᠢᠭ ᠰᠢᠮ᠎ᠡ ᠶᠢᠨ ᠬᠢᠵᠢᠭ ᠢ ᠪᠠᠶᠢᠴᠠᠭᠠᠬᠤ ᠵᠢᠴᠢ ᠡᠪᠡᠳᠴᠢᠨ ᠢᠶᠠᠷ ᠦᠬᠦᠭᠰᠡᠨ ᠠᠮᠢᠲᠠᠨ᠂ | ᠡᠪᠡᠳᠴᠢᠨ ᠬᠥᠨᠥᠭᠡᠯ ᠲᠠᠢ ᠠᠮᠢᠲᠠᠨ ᠤ ᠠᠰᠢᠭ ᠰᠢᠮ᠎ᠡ ᠶᠢ ᠬᠤᠣᠷ ᠥᠬᠡᠶᠢᠳᠡᠭᠦᠯᠦᠨ ᠰᠢᠢᠳᠪᠦᠷᠢᠯᠡᠬᠦ ᠵᠡᠷᠭᠡ | ᠮᠡᠷᠭᠡᠵᠢᠯ ᠤᠨ ᠠᠵᠢᠯ ᠢ ᠬᠠᠷᠢᠭᠤᠴᠠᠬᠤ ᠬᠡᠷᠡᠭᠲᠡᠶ᠃ ᠳᠥᠷᠪᠡ ᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠨᠢᠭᠡᠳᠦᠯᠲᠡᠶ ᠤᠳᠤᠷᠢᠳᠤᠯᠭ᠎ᠠ ᠶᠢᠨ ᠳᠣᠣᠷ᠎ᠠ᠂ ᠬᠠᠮᠵᠢᠯᠴᠠᠭ᠎ᠠ ᠪᠠᠨ | ᠴᠢᠩᠭᠠᠳᠬᠠᠨ᠂ ᠨᠢᠭᠲᠠ ᠬᠠᠮᠵᠢᠯᠴᠠᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ | ︵ᠭᠤᠷᠪᠠ︶ ᠦᠢᠯᠡᠳᠪᠦᠷᠢᠯᠡᠯ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ | ᠪᠣᠳᠠᠲᠠᠶᠢᠵᠢᠭᠤᠯᠤᠨ᠎ᠠ᠃ ᠨᠢᠭᠡ ᠳᠤ ᠠᠮᠢᠲᠠᠨ ᠲᠡᠵᠢᠭᠡᠵᠦ ᠪᠠᠶᠢᠭ᠎ᠠ ᠨᠢᠭᠡᠴᠡ ᠪᠣᠯᠤᠨ ᠬᠤᠪᠢ ᠬᠥᠮᠦᠨ ᠨᠢ ᠠᠮᠢᠲᠠᠨ ᠤ | ᠦᠯᠦ ᠬᠠᠯᠳᠠᠭᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠯᠦ ᠬᠠᠯᠳᠠᠭᠠᠯᠲᠠ ᠶᠢᠨ | ᠳᠠᠩᠰᠠ ᠡᠪᠬᠡᠮᠡᠯ ᠪᠠᠶᠢᠭᠤᠯᠤᠨ᠂ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠢᠯᠡᠳᠬᠡᠯᠲᠡ ᠲᠡᠮᠳᠡᠭ ᠲᠠᠯᠪᠢᠵᠤ᠂ | ᠬᠢᠵᠢᠭ ᠡᠪᠡᠳᠴᠢᠨ ᠤ ᠡᠬᠢ ᠰᠤᠷᠪᠤᠯᠵᠢ ᠶᠢ ᠨᠡᠬᠡᠮᠵᠢᠯᠡᠵᠦ ᠪᠣᠯᠬᠤ ᠶᠢ ᠪᠠᠲᠤᠯᠠᠬᠤ ᠬᠡᠷᠡᠭᠲᠡᠶ᠃ ᠬᠤᠶᠠᠷ ᠲᠤ | ᠠᠮᠢᠲᠠᠨ ᠢ ᠲᠡᠵᠢᠭᠡᠬᠦ᠂ ᠨᠢᠲᠤᠯᠬᠤ᠂ ᠡᠵᠡᠩᠨᠡᠬᠦ᠂ ᠲᠤᠰᠠᠭᠠᠷᠯᠠᠬᠤ᠂ ᠲᠡᠭᠡᠭᠡᠪᠦᠷᠢᠯᠡᠬᠦ ᠵᠢᠴᠢ ᠠᠮᠢᠲᠠᠨ ᠤ ᠠᠰᠢᠭ | ᠰᠢᠮ᠎ᠡ ᠶᠢ ᠦᠢᠯᠡᠳᠪᠦᠷᠢᠯᠡᠬᠦ᠂ ᠡᠵᠡᠩᠨᠡᠬᠦ᠂ ᠡᠳ᠋ᠰᠢᠭᠦᠯᠬᠦ᠂ ᠬᠠᠳᠠᠭᠠᠯᠠᠬᠤ ᠵᠡᠷᠭᠡ ᠠᠵᠢᠯᠯᠠᠭ᠎ᠠ ᠬᠢᠵᠦ ᠪᠠᠶᠢᠭ᠎ᠠ ᠨᠢᠭᠡᠴᠡ | ᠪᠠ ᠬᠤᠪᠢ ᠬᠥᠮᠦᠨ ᠨᠢ ᠠᠮᠢᠲᠠᠨ ᠤ ᠬᠢᠵᠢᠭ ᠢ ᠰᠡᠷᠭᠡᠶᠢᠯᠡᠬᠦ ᠬᠠᠮᠢᠶ᠎ᠠ ᠪᠥᠬᠦᠶ ᠭᠤᠤᠯ ᠴᠣᠭᠴᠠ ᠶᠢᠨ | ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠵᠦ᠂ ᠠᠳᠠᠯᠢ ᠪᠤᠰᠤ ᠭᠤᠭᠴᠤᠭ᠎ᠠ ᠶᠣᠰᠣᠭᠠᠷ ᠠᠷᠢᠭᠤᠳᠬᠠᠬᠤ᠂ | ᠪᠠᠶᠢᠴᠠᠭᠠᠨ ᠰᠢᠯᠭᠠᠬᠤ᠂ ᠲᠤᠰᠠᠭᠠᠷᠯᠠᠬᠤ᠂ ᠴᠡᠪᠡᠷᠰᠢᠭᠦᠯᠬᠦ᠂ ᠤᠰᠠᠳᠬᠠᠬᠤ ᠵᠢᠴᠢ ᠬᠤᠤᠷ ᠥᠬᠡᠶᠢᠳᠡᠭᠦᠯᠦᠨ | ᠰᠢᠢᠳᠪᠦᠷᠢᠯᠡᠬᠦ ᠵᠡᠷᠭᠡ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠪᠡᠯ ᠵᠣᠬᠢᠨ᠎ᠠ᠃ | ᠬᠤᠶᠠᠷ᠂ ᠬᠢᠵᠢᠭ ᠤᠨ ᠪᠠᠶᠢᠳᠠᠯ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠵᠦ ᠱᠠᠩᠨᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ ᠤᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ | ᠬᠢᠵᠢᠭ ᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ ᠶᠣᠰᠣᠭᠠᠷ | ᠨᠠᠶᠢᠳᠠᠪᠤᠷᠢᠵᠢᠭᠤᠯᠵᠤ᠂ ᠠᠮᠢᠲᠠᠨ ᠤ ᠬᠢᠵᠢᠭ ᠡᠪᠡᠳᠴᠢᠨ ᠤ ᠡᠬᠢ ᠡᠭᠦᠰᠦᠯ ᠢ ᠰᠡᠷᠭᠡᠶᠢᠯᠡᠨ ᠡᠵᠡᠮᠳᠡᠬᠦ ᠪᠠᠨ | ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠬᠥᠳᠡᠯᠭᠡᠭᠡᠨ ᠤ ᠪᠣᠳᠠᠰ ᠵᠢᠴᠢ ᠦᠢᠯᠡᠳᠬᠦᠨ ᠢᠶᠠᠨ | ᠰᠢᠯᠵᠢᠭᠦᠯᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠮᠤᠵᠢ ᠠᠯᠤᠰᠯᠠᠨ | ᠰᠢᠯᠵᠢᠭᠦᠯᠦᠨ ᠲᠡᠭᠡᠭᠡᠪᠦᠷᠢᠯᠡᠬᠦ ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢ ᠡᠷᠬᠡᠪᠰᠢ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠠᠴᠠ ᠲᠣᠭᠲᠠᠭᠠᠭᠰᠠᠨ ᠨᠡᠪᠲᠡᠷᠡᠬᠦ ᠵᠠᠮ ᠢᠶᠠᠷ ᠬᠢᠯᠢ ᠳᠤ ᠣᠷᠣᠭᠤᠯᠬᠤ ᠬᠡᠷᠡᠭᠲᠡᠶ᠃ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠱᠠᠩᠨᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ᠂ ᠠᠷᠠᠳ ᠣᠯᠠᠨ ᠢ ᠵᠣᠷᠢᠭᠵᠢᠭᠤᠯᠤᠨ ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ | ᠣᠷᠣᠯᠴᠠᠭᠤᠯᠵᠤ᠂ ᠭᠠᠳᠠᠨ᠎ᠠ ᠠᠴᠠ ᠠᠮᠢᠲᠠᠨ ᠤ ᠬᠢᠵᠢᠭ ᠳᠠᠮᠵᠢᠨ ᠬᠠᠯᠳᠠᠪᠣᠷᠢᠯᠠᠬᠤ ᠶᠢ ᠰᠡᠷᠭᠡᠶᠢᠯᠡᠨ ᠬᠤᠷᠢᠭᠯᠠᠬᠤ | ᠬᠡᠷᠡᠭᠲᠡᠶ᠃ | ᠭᠤᠷᠪᠠ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ | ︵ᠨᠢᠭᠡ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠨᠡᠭᠡᠭᠡᠯᠳᠡ ᠶᠢᠨ ᠣᠷᠣᠨ᠂ ᠵᠢᠱᠢᠶ᠎ᠡ | ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠠᠮᠢᠲᠠᠨ ᠤ ᠬᠢᠵᠢᠭ ᠢ ᠰᠡᠷᠭᠡᠶᠢᠯᠡᠬᠦ ᠵᠠᠷᠤᠳᠠᠯ ᠢ ᠲᠤᠰ | ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠯᠤᠭ᠎ᠠ | ᠲᠣᠬᠢᠷᠠᠯᠴᠠᠭᠰᠠᠨ ᠠᠯᠪᠠᠨ ᠤ ᠮᠠᠯ ᠤᠨ ᠡᠮᠴᠢ ᠶᠢ ᠳᠣᠬᠢᠷᠠᠭᠤᠯᠵᠦ᠂ ᠦᠨᠳᠦᠰᠦᠨ ᠱᠠᠲᠤᠨ ᠤ ᠠᠮᠢᠲᠠᠨ ᠤ ᠬᠢᠵᠢᠭ ᠤᠨ | ᠪᠠᠶᠢᠴᠠᠭᠠᠯᠲᠠ ᠶᠢ ᠪᠦᠷᠢᠨ ᠳᠣᠬᠢᠷᠠᠭᠤᠯᠵᠦ᠂ ᠪᠠᠶᠢᠴᠠᠭᠠᠨ ᠬᠡᠮᠵᠢᠬᠦ ᠲᠥᠬᠦᠭᠡᠷᠦᠮᠵᠢ᠂ ᠬᠢᠵᠢᠭ ᠪᠠᠶᠢᠴᠠᠭᠠᠬᠤ | ᠮᠡᠳᠡᠭᠦᠯᠦᠯᠲᠡ ᠶᠢᠨ ᠴᠡᠭ ᠢ ᠵᠣᠬᠢᠰᠲᠠᠶ ᠳᠣᠬᠢᠷᠠᠭᠤᠯᠵᠦ᠂ ᠠᠮᠢᠲᠠᠨ ᠤ ᠬᠢᠵᠢᠭ ᠢ ᠪᠠᠶᠢᠴᠠᠭᠠᠬᠤ ᠠᠵᠢᠯ ᠢ ᠤᠷᠤᠭᠰᠢᠲᠠᠶ | ᠡᠮᠬᠢ ᠵᠢᠷᠤᠮ ᠲᠠᠢ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ︵ᠬᠤᠶᠠᠷ︶ ᠡᠯ᠎ᠡ ᠰᠤᠮᠤ ᠪᠠᠯᠭᠠᠰᠤ ᠦᠨᠳᠦᠰᠦᠨ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠬᠦ | ᠠᠵᠢᠯᠲᠠᠨ ᠢ ᠰᠣᠩᠭᠤᠨ ᠬᠡᠷᠡᠭᠯᠡᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠢᠲᠠᠨ ᠤ ᠬᠢᠵᠢᠭ ᠢ | ᠰᠡᠷᠭᠡᠶᠢᠯᠡᠬᠦ ᠲᠤᠰᠬᠠᠶ ᠠᠵᠢᠯᠲᠠᠨ ᠢ ᠣᠨᠴᠠ ᠤᠷᠢᠬᠤ ᠲᠥᠯᠥᠪᠯᠡᠭᠡ ᠶᠢ ᠬᠡᠷᠡᠭᠵᠢᠭᠦᠯᠬᠦ ᠶᠢ ᠠᠬᠢᠭᠤᠯᠵᠤ᠂ | ᠲᠤᠬᠠᠶᠢᠯᠠᠭᠰᠠᠨ ᠠᠵᠢᠯ ᠢ ᠣᠶᠢᠯᠠᠭᠠᠬᠤ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠬᠥᠮᠦᠰ ᠢ ᠡᠯᠰᠡᠨ ᠭᠠᠴᠠᠭ᠎ᠠ | ᠲᠣᠰᠬᠤᠨ ᠤ ᠬᠢᠵᠢᠭ ᠢ ᠰᠡᠷᠭᠡᠶᠢᠯᠡᠭᠴᠢ ᠶᠢᠨ ᠠᠵᠢᠯ ᠢ ᠬᠢᠯᠭᠡᠬᠦ ᠬᠡᠷᠡᠭᠲᠡᠶ᠃ ᠲᠤᠬᠠᠶᠢᠯᠠᠭᠰᠠᠨ ᠠᠵᠢᠯ ᠤᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠶᠡᠷᠦᠩᠬᠡᠶᠢᠯᠡᠭᠰᠡᠨ ᠬᠡᠪ ᠴᠢᠨᠠᠷ ᠢ ᠨᠢ ᠲᠠᠰᠤᠷᠠᠯᠲᠠ ᠤᠢᠭᠡᠢ | ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠵᠠᠰᠠᠭ ᠤᠨ ᠵᠠᠷᠯᠢᠭ ᠰᠠᠭᠠᠳ ᠦᠭᠡᠶ | ᠨᠡᠪᠲᠡᠷᠡᠭᠰᠡᠨ᠂ ᠵᠢᠯᠣᠭᠤᠳᠣᠯᠭ᠎ᠠ ᠨᠢ ᠬᠦᠴᠦᠲᠡᠶ ᠵᠣᠬᠢᠶᠠᠨ ᠪᠠᠶᠢᠭᠤᠯᠤᠨ ᠬᠠᠮᠢᠶᠠᠷᠬᠤ ᠰᠢᠰᠲ᠋ᠧᠮᠵᠢ ᠶᠢ ᠠᠯᠬᠤᠮ | ᠠᠯᠬᠤᠮ ᠢᠶᠠᠷ ᠪᠠᠶᠢᠭᠤᠯᠬᠤ ᠬᠡᠷᠡᠭᠲᠡᠶ᠃ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠳᠤᠮᠳᠠ ᠴᠣᠯᠭᠤᠷᠠᠨ | ᠭᠠᠷᠤᠭᠰᠠᠨ ᠲᠡᠷᠢᠭᠦᠨ ᠤ ᠬᠠᠮᠲᠤ ᠪᠣᠯᠤᠨ ᠬᠤᠪᠢ ᠬᠥᠮᠦᠨ ᠢ ᠴᠠᠭ ᠲᠤᠬᠠᠶ ᠳᠤᠨᠢ ᠨᠡᠶᠢᠳᠡᠯᠡᠨ ᠰᠠᠶᠢᠰᠢᠶᠠᠬᠤ | ᠬᠡᠷᠡᠭᠲᠡᠶ᠃ | ᠳᠥᠷᠪᠡ᠂ ᠮᠠᠯ ᠠᠵᠤ ᠠᠬᠤᠶ ᠮᠠᠯ ᠡᠮᠨᠡᠯᠭᠡ ᠶᠢᠨ ᠠᠵᠢᠯᠲᠠᠨ ᠤ ᠣᠯᠭᠤᠮᠵᠢ ᠶᠢ ᠪᠠᠲᠤᠯᠠᠬᠤ ᠪᠠ | ᠳᠡᠭᠡᠭᠰᠢᠯᠡᠬᠦᠯᠦᠨ᠎ᠡ | ︵ᠨᠢᠭᠡ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠨᠡᠭᠡᠭᠡᠯᠲᠡ ᠶᠢᠨ ᠣᠷᠣᠨ᠂ | ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ᠂ | ᠬᠢᠵᠢᠭ ᠢ ᠪᠠᠶᠢᠴᠠᠭᠠᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠲᠤᠬᠠᠶ ᠶᠢᠨ ᠲᠠᠯᠠᠪᠠᠶ ᠶᠢᠨ ᠬᠢᠵᠢᠭ ᠤᠨ ᠪᠠᠶᠢᠳᠠᠯ ᠢ | ᠰᠢᠢᠳᠪᠦᠷᠢᠯᠡᠬᠦ ᠵᠢᠴᠢ ᠠᠵᠢᠯ ᠤᠨ ᠳᠤᠮᠳᠠ ᠠᠮᠢᠲᠠᠨ ᠤ ᠬᠢᠵᠢᠭ ᠡᠪᠡᠳᠴᠢᠨ ᠡᠭᠦᠰᠭᠡᠭᠴᠢ ᠲᠠᠢ ᠣᠶᠢᠷᠠᠲᠤᠭᠰᠠᠳ ᠲᠤ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠣᠷ ᠬᠥᠨᠥᠭᠡᠯ ᠳᠤ ᠣᠴᠠᠷᠠᠭᠰᠠᠨ ᠡᠷᠡᠭᠦᠯᠵᠢᠯ ᠤᠨ | ᠨᠦᠬᠦᠪᠦᠷᠢ᠂ ᠮᠠᠯ ᠠᠵᠤ ᠠᠬᠤᠶ ᠮᠠᠯ ᠡᠮᠨᠡᠯᠭᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠨᠦᠬᠦᠪᠦᠷᠢ ᠵᠢᠴᠢ | ᠠᠵᠢᠯ ᠠᠴᠠ ᠪᠣᠯᠤᠭᠰᠠᠨ ᠭᠡᠮᠲᠦᠯ ᠵᠡᠷᠭᠡ ᠬᠠᠮᠢᠶ᠎ᠠ ᠪᠦᠬᠦᠢ ᠣᠯᠭᠤᠮᠵᠢ ᠶᠢ ᠨᠠᠶᠢᠳᠠᠪᠤᠷᠢᠵᠢᠭᠤᠯᠵᠤ᠂ ᠮᠠᠯ ᠠᠵᠤ ᠠᠬᠤᠶ | ᠮᠠᠯ ᠡᠮᠨᠡᠯᠭᠡ ᠶᠢᠨ ᠠᠵᠢᠯᠲᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠨᠡᠭᠡᠭᠡᠯᠲᠡ ᠶᠢᠨ ᠣᠷᠣᠨ᠂ | ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠤᠳ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠭᠠᠴᠠᠭ᠎ᠠ ᠲᠣᠰᠬᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯᠲᠠᠨ ᠤ ᠡᠷᠬᠡ ᠠᠰᠢᠭ ᠢ | ᠪᠠᠲᠤᠯᠠᠬᠤ ᠬᠡᠷᠡᠭᠲᠡᠶ᠃ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠳᠤ ᠣᠷᠣᠯᠴᠠᠭᠰᠠᠨ ᠠᠴᠠ ᠪᠣᠯᠵᠤ ᠵᠡᠮᠳᠡᠭ | ᠪᠣᠯᠤᠭᠰᠠᠨ᠂ ᠡᠪᠡᠳᠴᠢᠯᠡᠭᠰᠡᠨ᠂ ᠨᠠᠰᠣ ᠪᠠᠷᠠᠭᠰᠠᠳ ᠲᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠨᠥᠬᠦᠪᠥᠷᠢ ᠪᠤᠶᠤ ᠠᠰᠠᠷᠠᠮᠵᠢ ᠣᠯᠭᠤᠨ᠎ᠠ︔ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠭᠠᠴᠠᠭ᠎ᠠ | ᠲᠣᠰᠬᠤᠨ ᠤ ᠬᠢᠵᠢᠭ ᠢ ᠰᠡᠷᠭᠡᠶᠢᠯᠡᠭᠴᠢ ᠶᠢ ᠵᠣᠬᠢᠶᠠᠨ ᠪᠠᠶᠢᠭᠤᠯᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠵᠠᠰᠠᠬᠤ ᠠᠵᠢᠯ ᠳᠤ ᠣᠷᠣᠯᠴᠠᠭᠤᠯᠵᠤ᠂ ᠭᠠᠴᠠᠭ᠎ᠠ ᠲᠣᠰᠬᠤᠨ ᠤ ᠬᠢᠵᠢᠭ ᠢ ᠰᠡᠷᠭᠡᠶᠢᠯᠡᠭᠴᠢ ᠶᠢᠨ ᠴᠠᠯᠢᠩ | ᠣᠯᠭᠤᠮᠵᠢ ᠶᠢ ᠳᠡᠭᠡᠭᠰᠢᠯᠡᠭᠦᠯᠦᠨ᠂ ᠵᠦᠶ ᠵᠣᠬᠢᠰᠲᠠᠶ ᠬᠥᠳᠡᠯᠮᠦᠷᠢ ᠦᠢᠯᠡᠴᠢᠯᠡᠬᠡᠨ ᠤ ᠬᠥᠯᠥᠰᠥ ᠣᠯᠭᠤᠮᠵᠢ ᠶᠢ | ᠪᠠᠲᠤᠯᠠᠵᠤ᠂ ᠲᠡᠳᠡᠨ ᠢ ᠨᠢᠭᠡ ᠰᠡᠳᠬᠢᠯ ᠢᠶᠠᠷ ᠦᠨᠳᠦᠰᠦᠨ ᠱᠠᠲᠤᠨ ᠤ ᠮᠠᠯ ᠠᠵᠤ ᠠᠬᠤᠶ ᠮᠠᠯ ᠡᠮᠨᠡᠯᠭᠡ ᠶᠢᠨ ᠠᠵᠢᠯ ᠢ | ᠬᠢᠯᠭᠡᠬᠦ ᠬᠡᠷᠡᠭᠲᠡᠶ᠃ | ᠲᠠᠪᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠡᠮᠬᠢ ᠵᠢᠷᠤᠮ ᠲᠠᠢ ᠪᠠᠷ ᠬᠥᠭᠵᠢᠬᠦ ᠶᠢ | ᠠᠬᠢᠭᠤᠯᠤᠨ᠎ᠠ | ᠲᠡᠵᠢᠭᠡᠨ ᠦᠷᠡᠵᠢᠭᠦᠯᠬᠦ ᠠᠴᠠ ᠠᠪᠤᠭᠠᠳ ᠠᠯᠠᠵᠤ ᠨᠢᠲᠤᠯᠬᠤ ᠬᠦᠷᠲᠡᠯᠡᠬᠢ ᠪᠥᠬᠦ ᠬᠡᠯᠬᠢᠶᠡᠨ ᠤ ᠮᠠᠯ | ᠡᠮᠨᠡᠯᠭᠡ ᠶᠢᠨ ᠡᠷᠡᠭᠦᠯ ᠬᠠᠮᠠᠭᠠᠯᠠᠯ ᠤᠨ ᠵᠠᠰᠠᠬᠤ ᠴᠢᠳᠠᠪᠤᠷᠢ ᠪᠣᠯᠤᠨ ᠮᠠᠯ ᠠᠵᠤ ᠠᠬᠤᠶ ᠶᠢᠨ ᠪᠥᠬᠦ ᠠᠵᠤ ᠦᠢᠯᠡᠰ ᠤᠨ | ᠬᠡᠯᠬᠢᠶᠡᠨ ᠤ ᠬᠥᠭᠵᠢᠯᠲᠡ ᠳᠤ ᠦᠢᠯᠡᠴᠢᠯᠡᠬᠦ ᠬᠡᠷᠡᠭᠴᠡᠭᠡ ᠱᠠᠭᠠᠷᠳᠠᠯᠭ᠎ᠠ ᠶᠢ ᠴᠢᠩᠭᠠᠷᠠᠭᠤᠯᠬᠤ ᠳᠤ ᠰᠠᠭᠤᠷᠢᠯᠠᠨ᠂ | ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠵᠢᠭᠰᠡᠨ ᠵᠠᠷᠴᠢᠮ ᠶᠣᠰᠣᠭᠠᠷ᠂ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠡᠭᠦᠷᠭᠡ ᠴᠢᠳᠠᠪᠤᠷᠢ ᠶᠢ ᠴᠢᠩᠭᠠᠷᠠᠭᠤᠯᠵᠤ᠂ ᠭᠠᠴᠠᠭ᠎ᠠ | ᠲᠣᠰᠬᠤᠨ ᠤ ᠬᠢᠵᠢᠭ ᠰᠡᠷᠭᠡᠶᠢᠯᠡᠭᠴᠢ᠂ ᠬᠥᠳᠡᠭᠡ ᠲᠣᠰᠬᠤᠨ ᠤ ᠮᠠᠯ ᠤᠨ ᠡᠮᠴᠢ᠂ ᠳᠣᠬᠠᠶᠢᠯᠠᠭᠰᠠᠨ ᠮᠠᠯ ᠤᠨ | ᠡᠮᠴᠢ ᠶᠢᠨ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠦᠢᠯᠡᠳᠦᠯ ᠢ ᠬᠦᠢᠴᠡᠳ ᠪᠠᠳᠠᠷᠠᠭᠤᠯᠤᠨ᠂ ᠣᠲᠣ ᠶᠢᠨ | ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠮᠢᠲᠠᠨ ᠤ ᠬᠢᠵᠢᠭ ᠰᠡᠷᠭᠡᠶᠢᠯᠡᠬᠦ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ᠂ ᠮᠡᠷᠭᠡᠵᠢᠯ ᠤᠨ ᠦᠢᠯᠡᠴᠢᠯᠡᠬᠡᠨ ᠤ ᠺᠣᠮᠫᠠᠨᠢ ᠵᠡᠷᠭᠡ ᠶᠢ ᠡᠭᠦᠳᠦᠨ ᠪᠠᠶᠢᠭᠤᠯᠬᠤ ᠶᠢ ᠲᠡᠳᠬᠦᠨ | ᠳᠡᠮᠵᠢᠨ᠎ᠡ︔ ᠲᠣᠮᠣ ᠬᠡᠯᠪᠡᠷᠢ ᠶᠢᠨ ᠲᠡᠵᠢᠭᠡᠨ ᠦᠷᠡᠵᠢᠭᠦᠯᠬᠦ ᠦᠢᠯᠡᠰ᠂ ᠮᠠᠯ ᠤᠨ ᠡᠮ ᠲᠡᠵᠢᠭᠡᠯ ᠪᠣᠷᠳᠤᠭ᠎ᠠ ᠶᠢᠨ | ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠬᠠᠮᠢᠶ᠎ᠠ ᠪᠥᠬᠦᠶ ᠮᠠᠯ ᠡᠮᠨᠡᠯᠭᠡ ᠶᠢᠨ ᠪᠠᠶᠢᠴᠠᠭᠠᠨ ᠰᠢᠨᠵᠢᠬᠦ ᠪᠠᠶᠢᠭᠤᠯᠤᠮᠵᠢ᠂ | ᠠᠵᠢᠯ ᠲᠥᠷᠥᠯ ᠤᠨ ᠨᠡᠶᠢᠭᠡᠮᠯᠢᠭ ᠵᠡᠷᠭᠡ ᠶᠢᠨ ᠬᠠᠤᠯᠢ ᠶᠣᠰᠣᠭᠠᠷ ᠳᠡᠩᠰᠡᠯᠡᠨ ᠲᠡᠮᠳᠡᠭᠯᠡᠭᠰᠡᠨ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠵᠤ᠂ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠬᠡᠨ ᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠬᠠᠩᠭᠠᠯᠭ᠎ᠠ ᠨᠢ ᠬᠦᠢᠴᠡᠳ᠂ | ᠠᠮᠢᠳᠤᠯᠢᠭ ᠪᠥᠭᠡᠳ ᠣᠯᠠᠨ ᠶᠠᠩᠵᠤ ᠶᠢᠨ ᠦᠢᠯᠡᠴᠢᠯᠡᠬᠡᠨ ᠤ ᠠᠷᠭ᠎ᠠ ᠮᠠᠶ᠋ᠢᠭ ᠢ ᠡᠭᠦᠳᠦᠨ ᠪᠠᠶᠢᠭᠤᠯᠵᠤ᠂ ᠭᠤᠤᠯ | ᠴᠣᠭᠴᠠ ᠨᠢ ᠣᠯᠠᠨ ᠡᠰᠢᠵᠢᠭᠰᠡᠨ᠂ ᠪᠥᠬᠦ ᠲᠠᠯ᠎ᠠ ᠶᠢ ᠬᠠᠮᠤᠷᠤᠭᠰᠠᠨ᠂ ᠦᠢᠯᠡᠴᠢᠯᠡᠬᠡᠨ ᠤ ᠲᠤᠰᠬᠠᠶ ᠮᠡᠷᠭᠡᠵᠢᠯ ᠲᠠᠢ᠂ | ᠲᠣᠭᠲᠠᠴᠠ ᠨᠢ ᠣᠷᠳᠣ ᠬᠤᠭᠤᠴᠠᠭ᠎ᠠ ᠬᠦᠴᠦᠨ ᠲᠠᠢ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ ᠮᠠᠯ | ᠡᠮᠨᠡᠯᠭᠡ ᠶᠢᠨ ᠦᠢᠯᠡᠴᠢᠯᠡᠬᠡᠨ ᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠂ ᠮᠠᠯ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠤᠨ᠎ᠠ᠃ | ᠲᠣᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ᠂ ᠤᠤᠯ ᠤᠨ ︽ᠪᠥᠬᠦ ᠠᠶᠢᠮᠠᠭ ᠤᠨ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ | ᠠᠯᠠᠱᠠ ᠠᠶᠢᠮᠠᠭ ᠤᠨ ᠵᠠᠬᠢᠷᠭ᠎ᠠ ᠶᠢᠨ ᠰᠠᠨᠠᠯ︾ ︵ᠠᠯᠠᠱᠠ ᠵᠠᠬᠢᠷᠭ᠎ᠠ ᠲᠠᠷᠬᠠᠭᠠᠭᠰᠠᠨ ﹇2016﹈ 29 ᠳ᠋ᠣᠭᠡᠷ | ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ |